— 2010 ᠤᠨ ᠤ 2 ᠳ᠋ᠣᠭᠠᠷ ᠰᠠᠷ᠎ᠠ ᠶᠢᠨ 28 ᠤ ᠡᠳᠦᠷ ᠣᠷᠳᠣᠰ ᠬᠤᠲᠠ ᠶᠢᠨ | ᠬᠤᠶᠠᠳᠣᠭᠠᠷ ᠬᠤᠭᠤᠴᠠᠭᠠᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ | ᠲᠦᠷᠪᠡᠳᠦᠬᠡᠷ ᠣᠳᠠᠭᠠᠨ ᠤ ᠬᠤᠷᠠᠯᠳᠤᠭᠠᠨ ᠲᠡᠭᠡᠷ᠎ᠡ | ᠤᠷᠳᠤᠰ ᠬᠤᠲᠠ ᠶᠢᠨ ᠲᠠᠷᠤᠭ᠎ᠠ ᠶᠦᠨ ᠭᠤᠸᠠᠩ ᠵᠦᠩ | | | ᠲᠦᠯᠦᠬᠡᠯᠡᠭᠴᠢᠳ ᠡ᠄ | ᠤᠳᠤ ᠪᠢ ᠬᠤᠲᠠ ᠶᠢᠨ ᠠᠷᠠᠳ ᠤᠨ ᠵᠠᠰᠠᠭ ᠤᠨ ᠤᠷᠳᠤᠨ ᠢ ᠲᠦᠯᠦᠬᠡᠯᠡᠨ ᠶᠡᠭᠡ ᠬᠤᠷᠠᠯ ᠳᠤ ᠢᠯᠡᠳᠭᠡᠯ ᠬᠢᠶ᠎ᠡ᠂ ᠬᠢᠨᠠᠨ ᠵᠦᠪᠯᠡᠬᠦ ᠪᠤᠯᠪᠠᠤ᠂ | ᠲᠡᠷᠡᠴᠢᠯᠡᠨ ᠬᠤᠲᠠ ᠶᠢᠨ ᠤᠯᠤᠰ ᠲᠦᠷᠦ ᠶᠢᠨ ᠵᠦᠪᠯᠡᠯᠬᠡᠨ ᠤ ᠬᠡᠰᠢᠬᠦᠳ ᠪᠤᠯᠤᠨ ᠪᠤᠰᠤᠳ ᠬᠤᠷᠠᠯ ᠳᠤ ᠰᠣᠯᠠ ᠤᠷᠤᠯᠴᠠᠭᠰᠠᠳ ᠰᠠᠨᠠᠯ ᠢᠶᠠᠨ ᠲᠤᠷᠠᠳᠬᠤ | ᠪᠤᠯᠪᠠᠤ᠃ | | ᠨᠢᠬᠡ᠂ 2009 ᠤᠨ ᠤ ᠠᠵᠢᠯ ᠤᠨ ᠡᠷᠬᠢᠴᠡᠬᠦᠯᠦᠯ | | 2009 ᠤᠨ ᠪᠤᠯ ᠮᠠᠨ ᠤ ᠬᠤᠲᠠ ᠶᠢᠨ ᠬᠦᠭᠵᠢᠯᠲᠡ ᠶᠢᠨ ᠲᠡᠤᠭᠡᠨ ᠳᠠᠬᠢ ᠲᠤᠩ ᠶᠡᠷᠦ ᠪᠤᠰᠤ ᠶᠢᠨ ᠨᠢᠬᠡ ᠵᠢᠯ ᠪᠤᠯᠤᠨ᠎ᠠ᠂ ᠮᠦᠨᠴᠦ ᠡᠬᠢᠯᠡᠯᠲᠡ ᠨᠢ | ᠬᠦᠴᠢᠷ ᠪᠡᠷᠭᠡᠰᠢᠶᠡᠯ ᠲᠠᠢ᠂ ᠲᠡᠭᠦᠰᠭᠡᠯ ᠨᠢ ᠦᠩᠭᠡ ᠬᠢᠯᠠᠯᠵᠠᠮ᠎ᠠ ᠨᠢᠬᠡ ᠵᠢᠯ ᠪᠤᠯᠤᠨ᠎ᠠ᠃ ᠨᠢᠬᠡ ᠵᠢᠯ ᠤᠨ ᠲᠤᠷᠰᠢ᠂ ᠬᠤᠲᠠ ᠶᠢᠨ ᠠᠷᠠᠳ ᠤᠨ ᠵᠠᠰᠠᠭ ᠤᠨ | ᠤᠷᠳᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ ᠬᠤᠲᠠ ᠶᠢᠨ ᠨᠠᠮ ᠤᠨ ᠬᠤᠷᠢᠶᠠᠨ ᠤ ᠵᠦᠪ ᠤᠨᠤᠪᠴᠢᠲᠠᠢ | ᠤᠳᠤᠷᠢᠳᠤᠯᠭ᠎ᠠ ᠲᠤᠤᠷ᠎ᠠ᠂ ᠰᠢᠨᠵᠢᠯᠡᠬᠦ ᠤᠬᠠᠭᠠᠨᠴᠢ ᠬᠦᠭᠵᠢᠯᠲᠡ ᠶᠢᠨ ᠦᠵᠡᠯᠲᠡ ᠪᠠᠷ ᠪᠦᠬᠦ ᠲᠠᠯ᠎ᠠ ᠶᠢ ᠬᠠᠮᠤᠷᠴᠦ᠂ ᠬᠤᠲᠠ ᠶᠢᠨ ᠬᠤᠶᠠᠳᠤᠭᠠᠷ ᠬᠤᠭᠤᠴᠠᠭᠠᠨ | ᠤ ᠭᠤᠷᠪᠠᠳᠣᠭᠠᠷ ᠣᠳᠠᠭᠠᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠡᠯ᠎ᠡ ᠵᠦᠢᠯ ᠤᠨ ᠰᠢᠢᠳᠪᠦᠷᠢ ᠶᠢ ᠨᠠᠷᠢᠨ ᠬᠢᠨᠠᠮᠠᠭᠠᠢ ᠭᠡᠷᠡᠭᠵᠢᠬᠦᠯᠵᠤ᠂ | ᠪᠦᠬᠦ ᠬᠤᠲᠠ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠬᠦᠯᠦᠨ ᠲᠠᠶᠢᠴᠢᠯᠠᠵᠤ᠂ ᠲᠡᠯᠡᠬᠡᠢ ᠶᠢᠨ ᠮᠦᠩᠬᠦᠨ ᠬᠦᠢᠯᠭᠡᠭᠡᠨ ᠤ ᠬᠢᠮᠤᠷᠠᠯ ᠢ | ᠢᠳᠡᠪᠬᠢᠲᠠᠢ ᠠᠷᠭᠠᠴᠠᠵᠤ᠂ ︽ᠬᠤᠶᠠᠷ ᠲᠤᠮᠤ ᠪᠠᠶᠢᠯᠳᠤᠬᠤ ᠪᠤᠳᠤᠯᠭ᠎ᠠ︾ ᠶᠢ ᠨᠢᠮᠪᠠᠢ ᠭᠡᠷᠡᠭᠵᠢᠬᠦᠯᠵᠤ᠂ ᠪᠦᠬᠦ ᠬᠦᠴᠦᠨ ᠢᠶᠠᠷ ᠨᠡᠮᠡᠭᠳᠡᠯ ᠢ ᠪᠠᠲᠤᠯᠠᠨ᠂ ᠪᠦᠲᠦᠴᠡ | ᠶᠢᠨ ᠲᠤᠬᠢᠷᠠᠭᠤᠯᠤᠯᠲᠠ ᠬᠢᠵᠤ᠂ ᠠᠷᠠᠳ ᠤᠨ ᠠᠮᠢᠲᠤᠷᠠᠯ ᠢ ᠬᠠᠷᠠᠭᠠᠯᠵᠠᠨ᠂ ᠲᠤᠭᠳᠠᠭᠤᠨ ᠪᠠᠶᠢᠳᠠᠯ ᠢ ᠪᠠᠲᠤᠯᠠᠵᠤ᠂ ᠠᠵᠤ ᠠᠬᠤᠢ ᠨᠡᠶᠢᠬᠡᠮ ᠪᠡᠷᠭᠡᠰᠢᠶᠡᠯᠲᠦ | ᠪᠠᠶᠢᠳᠠᠯ ᠤᠨ ᠲᠤᠤᠷ᠎ᠠ ᠰᠢᠨ᠎ᠡ ᠬᠦᠭᠵᠢᠯᠲᠡ ᠶᠢ ᠪᠡᠶᠡᠯᠡᠬᠦᠯᠵᠤ᠂ ᠰᠢᠨ᠎ᠡ ᠲᠡᠭᠳᠡᠷ ᠲᠤ ᠭᠠᠷᠪᠠ᠃ | — ᠭᠠᠵᠠᠷ ᠤᠷᠤᠨ ᠤ ᠶᠡᠷᠦᠩᠬᠡᠶᠢᠯᠡᠭᠰᠡᠨ ᠪᠤᠳᠠᠳᠣ ᠬᠦᠴᠦᠨ ᠮᠡᠳᠡᠭᠳᠡᠭᠦᠶᠢᠴᠡ ᠴᠢᠩᠭᠠᠷᠠᠪᠠ᠃ ᠠᠵᠤ ᠠᠬᠤᠢ ᠶᠢᠨ ᠬᠦᠭᠵᠢᠯᠲᠡ ᠦᠷᠬᠦᠯᠵᠢᠯᠡᠨ ᠪᠦᠬᠦ | ᠤᠷᠤᠨ ᠳᠠᠭᠠᠨ ᠲᠡᠷᠢᠬᠦᠯᠡᠵᠤ᠂ ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ 2161 ᠳ᠋ᠦᠩᠰᠢᠭᠤᠷ ᠲᠦᠬᠦᠷᠢᠭ ᠲᠤ ᠬᠦᠷᠴᠦ᠂ ᠲᠡᠬᠡᠷ᠎ᠡ ᠵᠢᠯ | ᠤᠨ ᠠᠳᠠᠯᠢ ᠬᠤᠭᠤᠴᠠᠭᠠᠨ ᠠᠴᠠ 23% ᠨᠡᠮᠡᠭᠳᠡᠪᠡ᠃ ᠬᠡᠪᠴᠢᠶᠡᠵᠢᠯ ᠠᠴᠠ ᠲᠡᠭᠡᠭᠰᠢᠬᠢ ᠠᠵᠤ ᠦᠢᠯᠡᠳᠪᠦᠷᠢ ᠶᠢᠨ1031.6 ᠳ᠋ᠦᠩᠰᠢᠭᠤᠷ ᠲᠦᠬᠦᠷᠢᠭ ᠲᠤ | ᠬᠦᠷᠴᠦ᠂ 22.6% ᠨᠡᠮᠡᠭᠳᠡᠵᠤ᠂ ᠶᠡᠷᠦᠩᠬᠡᠢ ᠬᠡᠮᠵᠢᠶ᠎ᠡ ᠨᠢ ᠪᠦᠬᠦ ᠤᠷᠤᠨ ᠳᠠᠭᠠᠨ ᠲᠡᠷᠢᠬᠦᠨ ᠪᠠᠶᠢᠷᠢᠨ ᠳᠤ ᠲᠠᠪᠰᠢᠨ ᠤᠷᠤᠪᠠ᠃ ᠡᠳ᠋ ᠤᠨ ᠵᠠᠰᠠᠭ ᠤᠨ | ᠤᠷᠤᠯᠭ᠎ᠠ 365.8 ᠳ᠋ᠦᠩᠰᠢᠭᠤᠷ ᠲᠦᠬᠦᠷᠢᠭ ᠲᠤ ᠬᠦᠷᠴᠦ᠂ 38% ᠨᠡᠮᠡᠭᠳᠡᠵᠤ᠂ ᠡᠩ ᠤᠨ ᠲᠦᠰᠦᠪ ᠤᠨ ᠤᠷᠤᠯᠭ᠎ᠠ 162.1 ᠳ᠋ᠦᠩᠰᠢᠭᠤᠷ ᠲᠦᠬᠦᠷᠢᠭ | ᠲᠤ ᠬᠦᠷᠴᠦ᠂ 37.1% ᠨᠡᠮᠡᠭᠳᠡᠵᠤ᠂ ᠡᠳ᠋ ᠤᠨ ᠵᠠᠰᠠᠭ ᠤᠨ ᠤᠷᠤᠯᠭ᠎ᠠ ᠶᠢᠨ ᠶᠡᠷᠦᠩᠬᠡᠢ ᠬᠡᠮᠵᠢᠶ᠎ᠡ᠂ ᠨᠡᠮᠡᠭᠳᠡᠭᠰᠡᠨ ᠬᠤᠷᠳᠣᠴᠠ ᠨᠢ ᠴᠦᠮ ᠪᠦᠬᠦ ᠤᠷᠤᠨ | ᠳᠠᠭᠠᠨ ᠲᠡᠷᠢᠬᠦᠯᠡᠪᠡ︔ ᠳ᠋ᠦᠩᠱᠧᠩ ᠲᠤᠭᠤᠷᠢᠭ᠂ ᠵᠡᠬᠦᠨᠭᠠᠷ ᠬᠤᠰᠢᠭᠤᠨ ᠤ ᠡᠳ᠋ ᠤᠨ ᠵᠠᠰᠠᠭ ᠤᠨ ᠤᠷᠤᠯᠭ᠎ᠠ ᠵᠠᠭᠤᠨ ᠳ᠋ᠦᠩᠰᠢᠭᠤᠷ ᠲᠦᠬᠦᠷᠢᠭ ᠤᠨ ᠶᠡᠭᠡ | ᠪᠤᠭᠤᠮᠳᠠ ᠶᠢ ᠰᠢᠪᠲᠤᠯᠪᠠ᠃ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠲᠠ ᠶᠢ 1562.4 ᠳ᠋ᠦᠩᠰᠢᠭᠤᠷ ᠲᠦᠬᠦᠷᠢᠭ ᠪᠡᠶᠡᠯᠡᠬᠦᠯᠵᠤ᠂ 46% ᠨᠡᠮᠡᠭᠳᠡᠪᠡ | ᠃ ᠪᠦᠬᠦᠶᠢᠯᠡ ᠠᠵᠤ ᠠᠬᠤᠢ ᠶᠢᠨ ᠶᠡᠷᠦᠩᠬᠡᠢ ᠦᠷᠢᠰᠦᠯᠳᠦᠬᠦ ᠬᠦᠴᠦᠨ ᠪᠠ ᠬᠤᠲᠠ ᠶᠢᠨ ᠨᠦᠯᠦᠬᠡᠯᠡᠬᠦ ᠬᠦᠴᠦᠨ ᠤᠯᠠᠮ ᠨᠢᠬᠡ ᠠᠯᠬᠤᠮ ᠲᠡᠭᠡᠭᠰᠢᠯᠡᠪᠡ᠃ ᠲᠦᠪ | ᠤᠨ ᠡᠳ᠋ ᠤᠨ ᠵᠠᠰᠠᠭ ᠠᠵᠤ ᠠᠬᠤᠢ ᠶᠢᠨ ᠠᠵᠢᠯ ᠤᠨ ᠤᠳᠤᠷᠢᠳᠬᠤ ᠲᠤᠭᠤᠶᠢᠯᠠᠩ ᠤᠨ ᠠᠯᠪᠠᠨ ᠭᠡᠷ ᠤᠨ ᠬᠢᠨ ᠳᠤ ᠰᠢᠨᠵᠢᠯᠡᠬᠦ ᠤᠬᠠᠭᠠᠨᠴᠢ ᠬᠦᠭᠵᠢᠯᠲᠡ | ᠶᠢᠨ ᠦᠵᠡᠯᠲᠡ ᠶᠢ ᠰᠣᠷᠣᠯᠴᠠᠨ ᠦᠢᠯᠡᠳᠦᠯᠬᠡᠵᠢᠬᠦᠯᠦᠭᠰᠡᠨ ᠨᠡᠶᠢᠲᠡᠯᠢᠭ ᠬᠤᠲᠠ ᠪᠠᠷ ᠲᠤᠭᠳᠠᠭᠠᠭᠳᠠᠨ ᠳ᠋ᠦᠩᠨᠡᠨ ᠤᠬᠠᠭᠤᠯᠤᠭᠳᠠᠪᠠ᠃ | — ᠠᠵᠤ ᠦᠢᠯᠡᠰ ᠤᠨ ᠪᠦᠲᠦᠴᠡ ᠶᠢᠨ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠬᠦᠯᠬᠦ ᠳᠤ ᠴᠢᠬᠤᠯᠠ ᠠᠯᠬᠤᠮ ᠢ ᠠᠯᠬᠤᠪᠠ᠃ ᠱᠧᠨ ᠬᠤᠸᠠ᠂ | ᠢ ᠲᠠᠢ ᠶᠢᠨ ᠨᠡᠬᠦᠷᠡᠰᠦ ᠶᠢ ᠰᠢᠩᠬᠡᠨᠵᠢᠬᠦᠯᠬᠦ ᠲᠦᠷᠦᠯ ᠵᠦᠢᠯ ᠢ ᠲᠤᠷᠰᠢᠨ ᠠᠰᠢᠭᠯᠠᠯᠲᠠ ᠳᠤ ᠤᠷᠤᠭᠤᠯᠵᠤ᠂ ᠰᠢᠨ ᠣᠣ ᠶᠢᠨ ᠨᠡᠬᠦᠷᠡᠰᠦ ᠪᠠᠷ ᠮᠧᠲ᠋ᠢᠯ ᠠᠯᠺᠤᠤᠯ | ᠦᠢᠯᠡᠳᠬᠦ ᠵᠡᠷᠭᠡ ᠲᠦᠷᠦᠯ ᠵᠦᠢᠯ ᠢ ᠪᠠᠶᠢᠭᠤᠯᠵᠤ ᠠᠰᠢᠭᠯᠠᠯᠲᠠ ᠳᠤ ᠤᠷᠤᠭᠤᠯᠤᠨ᠂ ᠱᠧᠨ ᠬᠤᠸᠠ ᠶᠢᠨ ᠨᠡᠬᠦᠷᠡᠰᠦ ᠪᠠᠷ ᠪᠠᠶᠢᠭᠠᠯᠢ ᠶᠢᠨ ᠰᠢᠲᠠᠮᠠᠬᠠᠢ ᠬᠡᠢ | ᠦᠢᠯᠡᠳᠬᠦ᠂ ᠤᠯᠤᠰ ᠤᠨ ᠴᠠᠬᠢᠯᠭᠠᠨ ᠭᠠᠷᠭᠠᠬᠤ ᠺᠤᠮᠫᠠᠨᠢ ᠶᠢᠨ ᠣᠯᠠᠨ ᠲᠠᠯᠠᠰᠲᠤ ᠴᠠᠬᠢᠭᠤᠷ ᠤᠨ ᠲᠦᠷᠦᠯ ᠵᠦᠢᠯ᠂ ᠳ᠋ᠠ ᠲᠠᠩ ᠤᠨ ᠬᠦᠩᠬᠡᠨᠴᠠᠭᠠᠨ ᠴᠠᠬᠢᠭᠤᠷ | ᠲᠢᠲ᠋ᠠᠨ ᠤ ᠲᠦᠷᠦᠯ ᠵᠦᠢᠯ ᠪᠠᠷᠢᠯᠭ᠎ᠠ ᠡᠬᠢᠯᠡᠪᠡ᠃ ᠬᠤᠸᠠ ᠲᠠᠢ ᠶᠢᠨ ᠡᠸᠦ ᠢ ᠳ᠋ᠧ ᠬᠦᠳᠡᠯᠬᠡᠬᠦᠷ ᠮᠠᠰᠢᠨ᠂ ᠠᠦ᠋ᠲ᠋ᠣ᠋ ᠬᠤᠷᠳᠣᠴᠠ ᠦᠬᠡᠷᠡᠴᠢᠯᠡᠭᠴᠢ ᠶᠢ | ᠦᠢᠯᠡᠳᠪᠦᠷᠢᠯᠡᠨ ᠭᠠᠷᠭᠠᠪᠠ᠃ ᠠᠵᠤ ᠦᠢᠯᠡᠰ ᠢ ᠤᠯᠠᠨ ᠡᠰᠢᠵᠢᠬᠦᠯᠦᠨ ᠬᠦᠭᠵᠢᠬᠦᠯᠬᠦ᠂ ᠬᠡᠯᠪᠡᠷᠢ ᠶᠢ ᠨᠢ ᠬᠤᠪᠢᠷᠠᠭᠤᠯᠤᠨ ᠬᠦᠭᠵᠢᠬᠦᠯᠬᠦ ᠪᠠᠶᠢᠳᠠᠯ ᠠᠩᠬ᠎ᠠ | ᠴᠣᠬᠤᠶᠢᠵᠤ᠂ ᠦᠷᠬᠦᠯᠵᠢᠯᠡᠭᠰᠡᠨ ᠬᠦᠭᠵᠢᠯᠲᠡ ᠶᠢᠨ ᠴᠢᠳᠠᠪᠤᠷᠢ ᠴᠢᠨᠠᠭᠰᠢᠲᠠ ᠴᠢᠩᠭᠠᠷᠠᠪᠠ᠃ | — ᠬᠤᠲᠠ ᠶᠢᠨ ᠴᠢᠨᠠᠷ ᠲᠡᠰ ᠪᠠ ᠲᠦᠷᠢ ᠲᠦᠷᠬᠦ ᠶᠢ ᠶᠡᠬᠡᠪᠡᠷ ᠰᠠᠶᠢᠵᠢᠷᠠᠭᠤᠯᠪᠠ᠃ ᠬᠤᠲᠠ ᠶᠢᠨ ᠪᠠᠭᠳᠠᠭᠠᠮᠵᠢ ᠶᠢ ᠲᠦᠷᠭᠡᠭᠡᠨ ᠶᠡᠬᠡᠰᠭᠡᠵᠤ᠂ | ᠦᠢᠯᠡᠳᠦᠯ ᠴᠢᠳᠠᠪᠤᠷᠢ ᠶᠢ ᠨᠢ ᠲᠠᠰᠣᠷᠠᠯᠲᠠ ᠦᠬᠡᠢ ᠲᠡᠬᠦᠯᠳᠡᠷᠵᠢᠬᠦᠯᠵᠤ᠂ ᠤᠯᠠᠭᠠᠨᠮᠦ᠋ᠷᠡᠨ ᠤ ᠦᠵᠡᠮᠵᠢ ᠶᠢᠨ ᠨᠠᠭᠤᠷ᠂ ᠠᠽᠢᠶ᠎ᠠ ᠲᠢᠪ ᠤᠨ ᠱᠣᠭᠤᠮᠠᠯ ᠤᠷᠠᠯᠢᠭ | ᠤᠨ ᠭᠤᠤᠯ ᠰᠡᠳᠣᠪᠲᠦ ᠴᠡᠴᠡᠷᠯᠢᠭ ᠵᠡᠷᠭᠡ ᠨᠢᠬᠡ ᠶᠡᠭᠡ ᠪᠦᠯᠦᠭ ᠪᠡᠯᠬᠡ ᠲᠡᠮᠳᠡᠭ ᠤᠨ ᠴᠢᠨᠠᠷᠲᠠᠢ ᠦᠵᠡᠮᠵᠢ ᠶᠢᠨ ᠢᠨᠵᠧᠨᠧᠷᠢᠩ ᠣᠷᠢᠳ ᠬᠤᠵᠢᠳ ᠪᠠᠷᠢᠯᠭ᠎ᠠ | ᠲᠠᠭᠤᠰᠴᠣ᠂ ᠭᠤᠤᠯ ᠬᠤᠲᠠ ᠶᠢᠨ ᠲᠤᠭᠤᠷᠢᠭ ᠤᠨ ᠦᠩᠬᠡ ᠲᠦᠷᠰᠦ ᠶᠢ ᠶᠡᠬᠡᠪᠡᠷ ᠰᠠᠶᠢᠵᠢᠷᠠᠭᠤᠯᠪᠠ᠃ ︽ᠲᠤᠮᠳᠠᠳᠣ ᠣᠯᠣᠰ ᠤᠨ ᠬᠠᠮᠤᠭ ᠰᠢᠯᠢᠳᠡᠭ ᠠᠮᠢ | ᠠᠬᠤᠢ ᠶᠢᠨ ᠵᠤᠭᠠᠴᠠᠯ ᠤᠨ ᠬᠤᠲᠠ︾ ᠶᠢᠨ ᠢᠷᠠᠭᠤ ᠠᠯᠳᠠᠷ ᠤᠨ ᠴᠤᠯᠠ ᠶᠢ ᠣᠯᠪᠠ᠃ | — ᠠᠷᠠᠳ ᠣᠯᠠᠨ ᠨᠡᠩ ᠠᠷᠪᠢᠨ ᠪᠤᠲᠠᠲᠤ ᠠᠰᠢᠭ ᠬᠦᠷᠳᠡᠪᠡ᠃ ᠡᠯ᠎ᠡ ᠲᠦᠷᠦᠯ ᠤᠨ ᠠᠷᠠᠳ ᠤᠨ ᠠᠮᠢᠲᠤᠷᠠᠯ ᠤᠨ ᠢᠨᠵᠧᠨᠧᠷᠢᠩ ᠢ ᠪᠦᠲᠦᠮᠵᠢᠲᠠᠢ | ᠭᠡᠷᠡᠭᠵᠢᠬᠦᠯᠵᠤ᠂ ᠠᠷᠠᠳ ᠲᠤ ᠠᠰᠢᠭ ᠬᠦᠷᠳᠡᠭᠡᠭᠦ ᠲᠦᠷᠦ ᠶᠢᠨ ᠪᠤᠳᠤᠯᠭ᠎ᠠ ᠶᠢ ᠴᠠᠭ ᠲᠤᠬᠠᠢ ᠳᠤᠨᠢ ᠲᠤᠯᠭᠠᠨ ᠨᠠᠶᠢᠲᠠᠪᠤᠷᠢᠵᠢᠭᠤᠯᠵᠤ᠂ ᠬᠤᠲᠠ ᠪᠠᠯᠭᠠᠰᠣᠨ ᠤ | ᠰᠠᠭᠤᠭᠠᠯᠢ ᠠᠷᠠᠳ ᠤᠨ ᠬᠦᠮᠦᠨ ᠲᠤᠮᠳᠠᠴᠢ ᠲᠤᠬᠢᠷᠠᠭᠤᠯᠵᠤ ᠪᠤᠯᠬᠤ ᠤᠷᠤᠯᠭ᠎ᠠ 21883 ᠲᠦᠬᠦᠷᠢᠭ ᠲᠤ ᠬᠦᠷᠴᠦ᠂ 10.9% ᠨᠡᠮᠡᠭᠳᠡᠪᠡ︔ ᠮᠠᠯᠴᠢᠨ | ᠲᠠᠷᠢᠶᠠᠴᠢᠳ ᠤᠨ ᠬᠦᠮᠦᠨ ᠲᠤᠮᠳᠠᠴᠢ ᠴᠡᠪᠡᠷ ᠤᠷᠤᠯᠭ᠎ᠠ 7803 ᠲᠦᠭᠦᠷᠢᠭ ᠲᠤ ᠬᠦᠷᠴᠦ᠂ 10.6% ᠨᠡᠮᠡᠭᠳᠡᠪᠡ᠃ ᠠᠷᠠᠳ ᠤᠨ ᠠᠮᠢᠲᠤᠷᠠᠯ ᠨᠡᠩ | ᠴᠢᠨᠡᠭᠡᠯᠢᠭᠵᠢᠪᠡ᠃ | ᠨᠢᠬᠡ ᠵᠢᠯ ᠤᠨ ᠲᠤᠷᠰᠢᠬᠢ ᠭᠤᠤᠯ ᠠᠵᠢᠯ ᠪᠤᠯ᠄ | ︵ᠨᠢᠬᠡ︶ ᠠᠷᠭ᠎ᠠ ᠪᠦᠬᠦᠨ ᠢ ᠰᠦᠪᠡᠭᠴᠢᠯᠡᠨ ᠠᠵᠤ ᠦᠢᠯᠡᠳᠪᠦᠷᠢ ᠶᠢᠨ ᠠᠵᠤ ᠠᠬᠤᠢ ᠶᠢᠨ ᠲᠤᠭᠳᠠᠭᠤᠨ ᠪᠦᠬᠡᠳ ᠨᠡᠯᠢᠶᠡᠳ ᠲᠦᠷᠭᠡᠨ ᠬᠦᠭᠵᠢᠯᠲᠡ | ᠶᠢ ᠪᠠᠲᠤᠯᠠᠪᠠ᠃ ᠡᠳ᠋ ᠤᠨ ᠵᠠᠰᠠᠭ ᠠᠴᠠ ᠲᠡᠮᠵᠢᠬᠦ᠂ ᠵᠢᠬᠡᠯᠡᠯᠬᠡ ᠪᠠᠷ ᠲᠤᠰᠠᠯᠠᠬᠤ᠂ ᠤᠯᠠᠨ ᠲᠠᠯᠠᠲᠤ ᠠᠷᠠᠯᠵᠢᠶ᠎ᠠ ᠬᠢᠬᠦ᠂ ᠨᠡᠶᠢᠬᠡᠮ ᠤᠨ ᠲᠠᠭᠠᠳᠬᠠᠯ ᠤᠨ | ᠵᠠᠷᠤᠳᠠᠯ ᠢ ᠭᠡᠳᠡᠷᠬᠦᠤ ᠬᠠᠰᠣᠵᠣ ᠨᠦᠬᠦᠪᠦᠷᠢᠯᠡᠬᠦ ᠵᠡᠷᠭᠡ ᠲᠦᠷᠦ ᠶᠢᠨ ᠪᠤᠳᠤᠯᠭ᠎ᠠ ᠠᠷᠭ᠎ᠠ ᠭᠡᠮᠵᠢᠶ᠎ᠡ ᠶᠢ ᠶᠡᠷᠦᠩᠬᠡᠶᠢᠯᠡᠨ ᠭᠡᠷᠡᠭᠯᠡᠵᠤ᠂ ᠮᠧᠲ᠋ᠢᠯ ᠠᠯᠺᠤᠤᠯ᠂ PVC᠂ | ᠴᠠᠬᠢᠯᠭᠠᠨ ᠬᠦᠴᠦᠨ᠂ ᠨᠡᠬᠡᠮᠡᠯ ᠵᠡᠷᠭᠡ ᠠᠵᠤ ᠠᠬᠤᠶᠢᠯᠠᠯ ᠢ ᠲᠦᠷᠭᠡᠭᠡᠨ ᠬᠦᠴᠢᠷᠳᠡᠯ ᠠᠴᠠ ᠵᠠᠶᠢᠯᠠᠭᠤᠯᠪᠠ᠃ ᠪᠦᠬᠦ ᠵᠢᠯ ᠳᠤ ᠡᠳ᠋ ᠤᠨ ᠵᠠᠰᠠᠭ ᠠᠴᠠ ᠦᠪᠡᠷᠳᠡᠭᠡᠨ | ᠵᠠᠰᠠᠬᠤ ᠤᠷᠤᠨ ᠤ ᠬᠠᠷᠠᠭᠠᠯᠵᠠᠲᠤ ᠴᠠᠬᠢᠯᠭᠠᠨ ᠤ ᠦᠨ᠎ᠡ ᠶᠢᠨ ᠨᠦᠬᠦᠪᠦᠷᠢ ᠶᠢ ᠦᠷᠬᠦᠯᠵᠢᠯᠡᠬᠦᠯᠬᠦ ᠳᠤ 1 ᠳ᠋ᠦᠩᠰᠢᠭᠤᠷ ᠲᠦᠬᠦᠷᠢᠭ ᠵᠠᠷᠤᠴᠠᠭᠤᠯᠵᠤ᠂ ᠮᠦᠩᠬᠦᠨ | ᠬᠦᠢᠯᠬᠡᠬᠡᠨ ᠤ ᠪᠠᠶᠢᠭᠤᠯᠤᠮᠵᠢ ᠲᠠᠢ ᠢᠳᠡᠪᠬᠢᠲᠠᠢ ᠬᠠᠷᠢᠯᠴᠠᠵᠤ ᠠᠵᠤ ᠠᠬᠤᠶᠢᠯᠠᠯ ᠳᠤ 30 ᠭᠠᠷᠤᠢ ᠳ᠋ᠦᠩᠰᠢᠭᠤᠷ ᠲᠦᠬᠦᠷᠢᠭ ᠤᠨ ᠦᠢᠯᠡᠳᠪᠦᠷᠢᠯᠡᠯ ᠪᠦᠲᠦᠬᠡᠨ | ᠪᠠᠶᠢᠭᠤᠯᠤᠯᠲᠠ ᠶᠢᠨ ᠪᠡᠯᠡ ᠮᠦᠩᠬᠦ ᠶᠢ ᠨᠠᠶᠢᠲᠠᠪᠤᠷᠢᠵᠢᠭᠤᠯᠪᠠ᠃ ᠲᠠᠪᠠᠭᠤᠯᠢᠭ ᠦᠢᠯᠡᠳᠬᠦᠨ ᠤ ᠵᠠᠬ᠎ᠠ ᠲᠡᠯᠬᠡᠬᠦᠷ ᠨᠡᠬᠡᠬᠡᠬᠦ ᠶᠢ ᠴᠢᠷᠮᠠᠶᠢᠨ ᠲᠡᠮᠵᠢᠵᠤ᠂ ᠨᠡᠭᠦᠷᠡᠰᠦ᠂ | ᠱᠦᠢᠨᠢ᠂ ᠬᠢᠮᠢ ᠶᠢᠨ ᠪᠤᠷᠳᠤᠭᠤᠷ ᠤᠨ ᠭᠠᠷᠤᠯᠲᠠ ᠶᠢᠨ ᠬᠡᠮᠵᠢᠶ᠎ᠡ ᠲᠤᠰᠪᠤᠷᠢ 21.4%᠂ 42.9% ᠪᠠ 333.7% ᠨᠡᠮᠡᠭᠳᠡᠪᠡ᠃ ᠲᠠᠪᠠᠭᠤᠯᠢᠭ ᠠᠵᠤ | ᠦᠢᠯᠡᠰ ᠤᠨ ᠬᠢᠷᠢ ᠲᠦᠪᠰᠢᠨ ᠢᠶᠠᠨ ᠲᠡᠭᠡᠭᠰᠢᠯᠡᠬᠦᠯᠬᠦ ᠶᠢ ᠪᠦᠬᠦ ᠬᠦᠴᠦᠨ ᠢᠶᠠᠷ ᠲᠡᠮᠵᠢᠵᠤ᠂ ᠢ ᠲᠠᠢ᠂ ᠢ ᠯᠢ᠂ ᠪᠦᠸᠧ ᠶᠤᠸᠠᠨ ᠵᠡᠷᠭᠡ ᠤᠷᠤᠨ ᠨᠤᠳᠤᠭ ᠤᠨ | ᠠᠵᠤ ᠠᠬᠤᠶᠢᠯᠠᠯ ᠬᠤᠸᠠ ᠳ᠋ᠢᠶᠠᠨ᠂ ᠱᠠᠩᠬᠠᠢ ᠶᠢᠨ ᠬᠤᠸᠠ ᠢ᠂ ᠲᠤᠮᠳᠠᠳᠣ ᠶᠢᠨ ᠨᠡᠬᠦᠷᠡᠰᠦ ᠵᠡᠷᠭᠡ ᠲᠤᠮᠤ ᠠᠵᠤ ᠠᠬᠤᠶᠢᠯᠠᠯ ᠲᠠᠢ ᠪᠠᠶᠢᠯᠲᠤᠬᠤ ᠪᠤᠳᠤᠯᠭ᠎ᠠ ᠶᠢᠨ | ᠴᠢᠨᠠᠷᠲᠠᠢ ᠬᠠᠮᠲᠤᠷᠠᠨ ᠠᠵᠢᠯᠯᠠᠬᠤ ᠶᠢ ᠢᠳᠡᠪᠬᠢᠲᠠᠢ ᠲᠦᠯᠬᠢᠨ ᠠᠬᠢᠭᠤᠯᠵᠤ᠂ ᠴᠢᠬᠤᠯᠠ ᠶᠡᠭᠡ ᠬᠢᠮᠢ ᠶᠢᠨ ᠠᠵᠤ ᠦᠢᠯᠡᠳᠪᠦᠷᠢ ᠶᠢᠨ ᠲᠦᠷᠦᠯ ᠵᠦᠢᠯ ᠤᠨ | ᠭᠡᠷᠡᠭᠵᠢᠬᠦᠯᠦᠯᠲᠡ ᠶᠢ ᠲᠦᠯᠬᠢᠨ ᠠᠬᠢᠭᠤᠯᠵᠤ᠂ ᠪᠦᠬᠦ ᠵᠢᠯ ᠳᠤ 294 ᠲᠦᠮᠡᠨ ᠲᠤᠨ ᠤ ᠬᠢᠮᠢ ᠶᠢᠨ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠴᠢᠳᠠᠪᠤᠷᠢ | ᠶᠢ ᠰᠢᠨ᠎ᠡ ᠪᠠᠷ ᠨᠡᠮᠡᠭᠳᠡᠬᠦᠯᠵᠤ᠂ ᠪᠦᠲᠦᠬᠡᠨ ᠪᠠᠶᠢᠭᠤᠯᠵᠤ ᠪᠠᠶᠢᠭ᠎ᠠ ᠪᠠ ᠨᠢᠬᠡᠨᠳᠡ ᠪᠤᠢ ᠪᠤᠯᠤᠭᠰᠠᠨ ᠬᠢᠮᠢ ᠶᠢᠨ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ | ᠴᠢᠳᠠᠪᠤᠷᠢ ᠮᠢᠩᠭᠠᠨ ᠲᠦᠮᠡᠨ ᠲᠤᠨ ᠢ ᠲᠠᠪᠠᠪᠠ᠃ ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠤᠨ ᠲᠤᠨᠤᠭ ᠲᠦᠬᠦᠬᠡᠷᠦᠮᠵᠢ ᠶᠢ ᠶᠡᠬᠡᠪᠡᠷ ᠢᠵᠢ | ᠪᠦᠷᠢᠯᠳᠦᠬᠦ ᠶᠢ ᠬᠦᠴᠦ ᠲᠠᠯᠪᠢᠨ ᠲᠦᠯᠬᠢᠨ ᠠᠬᠢᠭᠤᠯᠵᠤ᠂ 14 ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠤᠨ ᠴᠢᠬᠤᠯᠠ ᠬᠦᠴᠦᠨ ᠵᠦᠢᠯ ᠤᠨ | ᠲᠤᠯᠭᠠᠭᠤᠷᠢᠯᠠᠬᠤ ᠴᠢᠳᠠᠪᠤᠷᠢ ᠪᠠ ᠠᠵᠤ ᠦᠢᠯᠡᠰ ᠤᠨ ᠴᠤᠭᠯᠠᠷᠠᠯ ᠤᠨ ᠴᠢᠳᠠᠪᠤᠷᠢ ᠢᠯᠡᠳᠳᠡ ᠴᠢᠩᠭᠠᠷᠠᠵᠤ᠂ ᠪᠦᠬᠦ ᠬᠤᠲᠠ ᠶᠢᠨ ᠠᠵᠤ ᠦᠢᠯᠡᠳᠪᠦᠷᠢ ᠶᠢᠨ | ᠠᠵᠤ ᠠᠬᠤᠢ ᠶᠢ ᠲᠦᠪᠯᠡᠷᠡᠬᠦᠯᠦᠨ ᠡᠷᠴᠢᠮᠵᠢᠬᠦᠯᠦᠨ ᠬᠦᠭᠵᠢᠬᠦᠯᠬᠦ ᠶᠢ ᠬᠦᠴᠦᠲᠠᠢ ᠲᠦᠯᠬᠢᠨ ᠠᠬᠢᠭᠤᠯᠪᠠ᠃ ᠪᠦᠬᠦ ᠵᠢᠯ ᠳᠤ 1132.1 ᠳ᠋ᠦᠩᠰᠢᠭᠤᠷ ᠲᠦᠬᠦᠷᠢᠭ | ᠤᠨ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠢ ᠪᠡᠶᠡᠯᠡᠬᠦᠯᠵᠤ᠂ 22% ᠨᠡᠮᠡᠭᠳᠡᠪᠡ᠃ | ︵ᠬᠤᠶᠠᠷ︶ ᠲᠦᠷᠦᠯ ᠵᠦᠢᠯ ᠨᠤᠳᠤᠭᠰᠢᠭᠤᠯᠬᠤ ᠪᠠ ᠪᠡᠯᠡ ᠮᠦᠩᠬᠦ ᠲᠡᠮᠡᠴᠡᠨ ᠤᠯᠬᠤ ᠶᠢ ᠪᠦᠬᠦ ᠬᠦᠴᠦᠨ ᠢᠶᠠᠷ ᠲᠦᠯᠬᠢᠨ ᠠᠬᠢᠭᠤᠯᠪᠠ᠃ ᠪᠦᠬᠦ ᠵᠢᠯ ᠳᠤ | ᠳ᠋ᠦᠩᠰᠢᠭᠤᠷ ᠲᠦᠬᠦᠷᠢᠭ ᠠᠴᠠ ᠲᠡᠭᠡᠭᠰᠢᠬᠢ ᠲᠦᠷᠦᠯ ᠵᠦᠢᠯ ᠢ 192 ᠵᠦᠢᠯ ᠭᠡᠷᠡᠭᠵᠢᠬᠦᠯᠵᠤ᠂ ᠡᠬᠦᠨ ᠳᠤ 10 ᠳ᠋ᠦᠩᠰᠢᠭᠤᠷ ᠲᠦᠬᠦᠷᠢᠭ ᠠᠴᠠ ᠲᠡᠭᠡᠭᠰᠢᠬᠢ | ᠲᠦᠷᠦᠯ ᠵᠦᠢᠯ 78 ᠪᠠᠶᠢᠵᠤ᠂ ᠠᠮᠧᠷᠢᠺᠠ ᠶᠢᠨ ᠨᠢᠬᠡᠳᠦᠬᠡᠷ ᠨᠠᠷᠠᠨ ᠡᠨᠧᠷᠬᠢ ᠶᠢᠨ ᠺᠤᠮᠫᠠᠨᠢ ᠶᠢᠨ ᠭᠡᠷᠡᠯᠯᠢᠭ ᠸᠣᠯᠲ ᠢᠶᠠᠷ ᠴᠠᠬᠢᠯᠭᠠᠨ ᠭᠠᠷᠭᠠᠬᠤ᠂ ᠴᠢ ᠷᠦᠢ | ᠮᠠᠰᠢᠨ ᠲᠡᠷᠭᠡ ᠦᠢᠯᠡᠳᠬᠦ ᠵᠡᠷᠭᠡ ᠨᠢᠬᠡ ᠪᠦᠯᠦᠭ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠪᠤᠢ ᠪᠤᠯᠤᠭᠰᠠᠨ ᠠᠵᠤ ᠦᠢᠯᠡᠰ ᠢ ᠮᠠᠨ ᠤ ᠬᠤᠲᠠ ᠳᠤ | ᠨᠤᠳᠤᠭᠰᠢᠭᠤᠯᠵᠤ᠂ ᠪᠦᠲᠦᠴᠡ ᠶᠢᠨ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠬᠦᠯᠬᠦ ᠬᠦᠴᠦᠷᠭᠡᠭ ᠶᠡᠭᠡ ᠨᠦᠬᠡᠴᠡ ᠬᠦᠴᠦᠨ ᠢ ᠬᠤᠷᠠᠮᠳᠤᠭᠤᠯᠪᠠ᠃ ᠶᠡᠭᠡ | ᠭᠡᠪᠴᠢᠶ᠎ᠡ ᠪᠠᠷ ᠬᠤᠳᠠᠯᠳᠤᠭᠠᠴᠢᠨ ᠤᠷᠢᠵᠤ ᠪᠡᠯᠡ ᠲᠠᠳᠠᠭᠰᠠᠨ ᠪᠠ ᠲᠦᠷᠦᠯ ᠵᠦᠢᠯ ᠤᠨ ᠪᠡᠯᠡ ᠴᠤᠭᠯᠠᠭᠤᠯᠵᠤ᠂ ᠪᠦᠬᠦ ᠵᠢᠯ ᠳᠤ ᠤᠯᠤᠰ ᠤᠨ ᠲᠤᠳᠤᠭᠠᠳᠤ | ᠤᠷᠤᠨ ᠤ ᠭᠠᠳᠠᠨᠠᠬᠢ ᠪᠡᠯᠡ ᠮᠦᠩᠬᠦ ᠶᠢ 350 ᠳ᠋ᠦᠩᠰᠢᠭᠤᠷ ᠲᠦᠬᠦᠷᠢᠭ ᠤᠷᠤᠭᠤᠯᠤᠨ ᠠᠪᠴᠢᠷᠠᠵᠤ᠂ 2.2% ᠨᠡᠮᠡᠭᠳᠡᠨ᠂ ᠪᠤᠲᠠᠲᠠᠢ ᠠᠰᠢᠭᠯᠠᠭᠰᠠᠨ ᠭᠠᠳᠠᠭᠠᠲᠤ | ᠪᠡᠯᠡ ᠨᠢ 10 ᠳ᠋ᠦᠩᠰᠢᠭᠤᠷ ᠳ᠋ᠤᠯᠯᠠᠷ ᠲᠤ ᠬᠦᠷᠴᠦ᠂ 18.8% ᠨᠡᠮᠡᠭᠳᠡᠪᠡ︔ ᠪᠤᠲᠠᠲᠠᠢ ᠤᠷᠤᠨᠵᠢᠭᠰᠠᠨ ᠢᠳᠡᠭᠡᠮᠵᠢᠲᠦ ᠵᠢᠬᠡᠯᠡᠯᠬᠡ ᠶᠢᠨ ᠪᠡᠯᠡ ᠮᠦᠩᠬᠦ ᠨᠢ 260 | ᠳ᠋ᠦᠩᠰᠢᠭᠤᠷ ᠲᠦᠬᠦᠷᠢᠭ ᠲᠤ ᠬᠦᠷᠴᠦ᠂ ᠲᠦᠪ ᠤᠨ ᠲᠤᠳᠤᠭᠠᠲᠤ ᠭᠡᠷᠡᠭᠴᠡᠭᠡ ᠶᠢ ᠦᠷᠭᠡᠳᠭᠡᠭᠦ ᠪᠡᠯᠡ ᠮᠦᠩᠬᠦ ᠶᠢ 12 ᠳ᠋ᠦᠩᠰᠢᠭᠤᠷ ᠲᠦᠬᠦᠷᠢᠭ ᠲᠡᠮᠡᠴᠡᠨ | ᠤᠯᠵᠤ᠂ ᠴᠢᠬᠤᠯᠠ ᠶᠡᠭᠡ ᠲᠦᠷᠦᠯ ᠵᠦᠢᠯ ᠤᠨ ᠪᠦᠲᠦᠬᠡᠨ ᠪᠠᠶᠢᠭᠤᠯᠤᠯᠲᠠ ᠳᠤ ᠬᠦᠴᠦᠨ ᠪᠦᠬᠦᠢ ᠪᠡᠯᠡ ᠮᠦᠩᠬᠦᠨ ᠤ ᠪᠠᠲᠤᠯᠠᠭ᠎ᠠ ᠬᠠᠩᠭᠠᠭᠰᠠᠨ ᠪᠠᠶᠢᠨ᠎ᠠ᠃ ᠪᠡᠯᠡ | ᠤᠷᠤᠭᠤᠯᠤᠯᠲᠠ ᠶᠢᠨ ᠪᠦᠲᠦᠴᠡ ᠶᠢ ᠢᠳᠡᠪᠬᠢᠲᠠᠢ ᠲᠤᠬᠢᠷᠠᠭᠤᠯᠤᠨ ᠰᠢᠯᠢᠳᠡᠭᠵᠢᠬᠦᠯᠵᠤ᠂ ᠨᠢᠬᠡᠳᠦᠭᠡᠷ ᠠᠵᠤ ᠦᠢᠯᠡᠰ ᠪᠠ ᠭᠤᠷᠪᠠᠳᠣᠭᠠᠷ ᠠᠵᠤ ᠦᠢᠯᠡᠰ ᠤᠨ ᠪᠡᠯᠡ | ᠤᠷᠤᠭᠤᠯᠤᠯᠲᠠ ᠶᠢᠨ ᠨᠡᠮᠡᠭᠳᠡᠯ ᠨᠢ ᠲᠣᠰᠪᠤᠷᠢ 256.4% ᠪᠠ 100.5% ᠳᠤ ᠬᠦᠷᠴᠦ᠂ ᠠᠷᠠᠳ ᠤᠨ ᠪᠡᠯᠡ ᠤᠷᠤᠭᠤᠯᠤᠯᠲᠠ ᠪᠡᠯᠡ ᠤᠷᠤᠭᠤᠯᠤᠯᠲᠠ ᠶᠢᠨ | ᠶᠡᠷᠦᠩᠬᠡᠢ ᠲᠤᠭᠠᠨ ᠤ 55.2% ᠢ ᠡᠵᠡᠯᠡᠪᠡ᠃ | ︵ᠭᠤᠷᠪᠠ︶ ᠬᠡᠷᠡᠭᠯᠡᠬᠡᠨ ᠤ ᠠᠵᠤ ᠠᠬᠤᠢ ᠶᠢᠨ ᠨᠡᠮᠡᠭᠳᠡᠯ ᠳᠤ ᠦᠵᠡᠬᠦᠯᠬᠦ ᠲᠠᠶᠢᠴᠢᠯᠠᠨ ᠲᠠᠭᠠᠭᠤᠯᠬᠤ ᠦᠢᠯᠡᠳᠦᠯ ᠢ ᠲᠠᠰᠣᠷᠠᠯᠲᠠ ᠦᠬᠡᠢ ᠴᠢᠩᠭᠠᠳᠬᠠᠪᠠ᠃ | ᠭᠠᠵᠠᠷ ᠤᠷᠤᠨ ᠤ ᠭᠡᠷᠡᠭᠯᠡᠬᠡᠨ ᠤ ᠭᠡᠪᠴᠢᠶ᠎ᠡ ᠶᠢ ᠦᠷᠬᠦᠯᠵᠢᠯᠡᠨ ᠦᠷᠭᠡᠳᠭᠡᠵᠤ᠂ ᠪᠦᠬᠦ ᠵᠢᠯ ᠳᠤ ᠨᠡᠶᠢᠬᠡᠮ ᠤᠨ ᠭᠡᠷᠡᠭᠯᠡᠬᠡᠨ ᠤ ᠦᠢᠯᠡᠳᠬᠦᠨ ᠤ ᠵᠢᠵᠢᠭᠯᠡᠨ | ᠬᠤᠳᠠᠯᠳᠤᠬᠤ ᠶᠡᠷᠦᠩᠬᠡᠢ ᠬᠡᠮᠵᠢᠶ᠎ᠠ 321 ᠳ᠋ᠦᠩᠰᠢᠭᠤᠷ ᠲᠦᠬᠦᠷᠢᠭ ᠲᠤ ᠬᠦᠷᠴᠦ᠂ 19% ᠨᠡᠮᠡᠭᠳᠡᠪᠡ᠃ ᠭᠡᠷᠡᠭᠯᠡᠬᠡᠨ ᠤ ᠲᠡᠰ ᠲᠠᠪᠬᠤᠷᠭ᠎ᠠ ᠶᠢ ᠴᠢᠷᠮᠠᠶᠢᠨ | ᠲᠡᠭᠡᠭᠰᠢᠯᠡᠬᠦᠯᠵᠤ᠂ ᠮᠠᠰᠢᠨ ᠲᠡᠷᠭᠡᠨ ᠤ ᠪᠤᠷᠤᠯᠠᠭᠤᠯᠤᠯᠲᠠ ᠶᠢᠨ ᠬᠡᠮᠵᠢᠶ᠎ᠡ᠂ ᠲᠠᠸᠠᠷ ᠤᠨ ᠭᠡᠷ ᠪᠠᠶᠢᠰᠢᠩ ᠤᠨ ᠪᠤᠷᠤᠯᠠᠭᠤᠯᠤᠯᠲᠠ ᠶᠢᠨ ᠲᠠᠯᠠᠪᠠᠢ᠂ ᠵᠤᠭᠠᠴᠠᠭᠰᠠᠳ ᠢ | ᠬᠦᠯᠢᠶᠡᠨ ᠠᠪᠤᠭᠰᠠᠨ ᠲᠤᠭ᠎ᠠ ᠲᠤᠰᠪᠤᠷᠢ 25%᠂ 45.9 %᠂ 10.1% ᠨᠡᠮᠡᠭᠳᠡᠪᠡ᠃ ᠮᠠᠯᠵᠢᠬᠤ ᠲᠠᠷᠢᠶᠠᠯᠠᠬᠤ ᠤᠷᠤᠨ ᠤ ᠬᠡᠷᠡᠭᠯᠡᠬᠡᠨ ᠤ ᠵᠠᠬ᠎ᠠ ᠲᠡᠯᠭᠡᠭᠦᠷ | ᠢ ᠢᠳᠡᠪᠬᠢᠲᠠᠢ ᠨᠡᠭᠡᠭᠡᠵᠤ᠂ ᠭᠡᠷ ᠤᠨ ᠴᠠᠬᠢᠯᠭᠠᠨ ᠬᠡᠷᠡᠭᠰᠡᠯ᠂ ᠲᠠᠷᠢᠶᠠᠯᠠᠩ ᠤᠨ ᠮᠠᠰᠢᠨ ᠢ ᠬᠦᠳᠡᠭᠡ ᠪᠠᠭᠤᠯᠭᠠᠬᠤ ᠠᠵᠢᠯᠯᠠᠭ᠎ᠠ ᠶᠢ ᠲᠦᠯᠬᠢᠨ ᠠᠬᠢᠭᠤᠯᠵᠤ᠂ | ᠰᠢᠶᠠᠨ ᠤ ᠱᠠᠲᠤᠨ ᠠᠴᠠ ᠲᠤᠷᠤᠭᠰᠢᠬᠢ ᠬᠡᠷᠡᠭᠯᠡᠬᠡᠨ ᠤ ᠦᠢᠯᠡᠳᠬᠦᠨ ᠤ ᠵᠢᠵᠢᠭᠯᠡᠨ ᠬᠤᠳᠠᠯᠳᠣᠬᠤ ᠬᠡᠮᠵᠢᠶ᠎ᠠ 16.9 % ᠨᠡᠮᠡᠭᠳᠡᠪᠡ᠃ ᠭᠡᠷᠡᠭᠯᠡᠬᠡᠨ ᠤ ᠠᠵᠤ | ᠠᠬᠤᠢ ᠶᠢᠨ ᠨᠡᠮᠡᠭᠳᠡᠯ ᠳᠤ ᠦᠵᠡᠬᠦᠯᠬᠦ ᠲᠠᠶᠢᠴᠢᠯᠠᠨ ᠲᠠᠭᠠᠭᠤᠯᠬᠤ ᠦᠢᠯᠡᠳᠦᠯ ᠢ ᠴᠢᠨᠠᠭᠰᠢᠲᠠ ᠢᠯᠡᠷᠡᠬᠦᠯᠵᠤ᠂ ᠪᠦᠬᠦ ᠵᠢᠯ ᠳᠤ ᠭᠤᠷᠪᠠᠳᠣᠭᠠᠷ ᠠᠵᠤ ᠦᠢᠯᠡᠰ ᠤᠨ | ᠨᠡᠮᠡᠭᠳᠡᠯ ᠦᠷᠳᠡᠭ 839.9 ᠳ᠋ᠦᠩᠰᠢᠭᠤᠷ ᠲᠦᠬᠦᠷᠢᠭ ᠲᠤ ᠬᠦᠷᠴᠦ᠂ 24.5% ᠨᠡᠮᠡᠭᠳᠡᠪᠡ᠃ | ︵ᠲᠦᠷᠪᠡ︶ ᠬᠦᠴᠦ ᠪᠠᠨ ᠲᠦᠪᠯᠡᠷᠡᠬᠦᠯᠦᠨ ᠬᠤᠲᠠ ᠶᠢᠨ ᠭᠤᠤᠯ ᠲᠤᠭᠤᠷᠢᠭ ᠢ ᠪᠦᠲᠦᠬᠡᠨ ᠪᠠᠶᠢᠭᠤᠯᠪᠠ᠃ 93.8 ᠳ᠋ᠦᠩᠰᠢᠭᠤᠷ ᠲᠦᠬᠦᠷᠢᠭ ᠤᠨ | ᠪᠡᠯᠡ ᠤᠷᠤᠭᠤᠯᠤᠨ᠂ ᠭᠤᠤᠯ ᠬᠤᠲᠠ ᠶᠢᠨ ᠲᠤᠭᠤᠷᠢᠭ ᠤᠨ ᠪᠦᠲᠦᠬᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ 242 ᠬᠠᠪᠲᠠᠭᠠᠢ ᠲᠦᠷᠪᠡᠯᠵᠢᠨ ᠮᠧᠲᠷ | ᠨᠤᠷᠠᠭᠠᠵᠤ ᠨᠡᠬᠦᠯᠬᠡᠬᠦ ᠡᠬᠦᠷᠭᠡ ᠶᠢ ᠪᠡᠶᠡᠯᠡᠬᠦᠯᠵᠤ᠂ ᠰᠢᠨ᠎ᠡ ᠪᠠᠷ ᠠᠵᠢᠯ ᠢᠶᠠᠨ ᠡᠬᠢᠯᠡᠬᠦᠯᠦᠭᠰᠡᠨ ᠪᠠᠷᠢᠯᠭ᠎ᠠ ᠶᠢᠨ ᠲᠠᠯᠠᠪᠠᠢ 1079 ᠲᠦᠮᠡᠨ ᠬᠠᠪᠲᠠᠭᠠᠢ | ᠲᠦᠷᠪᠡᠯᠵᠢᠨ ᠮᠧᠲᠷ ᠬᠦᠷᠴᠦ᠂ ᠰᠢᠨ᠎ᠡ ᠨᠡᠮᠡᠭᠳᠡᠭᠰᠡᠨ ᠨᠤᠭᠤᠭᠠᠷᠠᠭᠤᠯᠤᠯᠲᠠ ᠶᠢᠨ ᠲᠠᠯᠠᠪᠠᠢ 1421 ᠲᠦᠮᠡᠨ ᠬᠠᠪᠲᠠᠭᠠᠢ ᠲᠦᠷᠪᠡᠯᠵᠢᠨ ᠮᠧᠲᠷ ᠲᠤ ᠬᠦᠷᠪᠡ᠃ | ᠳ᠋ᠦᠩᠱᠧᠩ ᠤᠨ ᠲᠡᠮᠦᠷ ᠵᠠᠮ ᠤᠨ ᠪᠠᠷᠠᠭᠤᠨ ᠲᠤᠭᠤᠷᠢᠭ ᠤᠨ ᠬᠤᠶᠠᠳᠣᠭᠠᠷ ᠬᠤᠭᠤᠴᠠᠭ᠎ᠠ᠂ ᠠᠯᠳᠠᠨᠰᠢᠷᠡᠭᠡᠲᠦ ᠪᠠᠯᠭᠠᠰᠣ ᠶᠢᠨ ᠪᠠᠯᠭᠠᠰᠣᠨ ᠲᠤᠭᠤᠷᠢᠭ ᠢ | ᠲᠦᠷᠭᠡᠭᠡᠨ ᠦᠷᠭᠡᠳᠭᠡᠵᠤ᠂ ᠬᠢᠶ᠎ᠠ ᠪᠠᠭᠰᠢ ᠰᠢᠨ᠎ᠡ ᠲᠤᠭᠤᠷᠢᠭ ᠤᠨ ᠬᠤᠶᠢᠲᠦ ᠲᠤᠭᠤᠷᠢᠭ ᠤᠨ ᠪᠦᠲᠦᠬᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠡᠬᠢᠯᠡᠬᠦᠯᠵᠤ᠂ | ᠭᠤᠤᠯ ᠬᠤᠲᠠ ᠶᠢᠨ ᠲᠤᠭᠤᠷᠢᠭ ᠤᠨ ᠪᠤᠷᠤ ᠲᠦᠯᠦᠪ ᠢ ᠴᠢᠨᠠᠭᠰᠢᠲᠠ ᠥᠷᠬᠡᠳᠬᠡᠵᠥ᠂ ᠦᠢᠯᠡᠳᠦᠯ ᠴᠢᠳᠠᠪᠬᠢ ᠶᠢ ᠲᠦᠷᠭᠡᠰᠭᠡᠨ ᠨᠡᠶᠢᠯᠡᠬᠦᠯᠪᠡ᠃ ᠬᠤᠰᠢᠭᠤ | ᠵᠠᠰᠠᠭ ᠤᠨ ᠤᠷᠳᠤᠨ ᠤ ᠪᠠᠶᠢᠭ᠎ᠠ ᠭᠠᠵᠠᠷ ᠪᠠ ᠠᠵᠤ ᠦᠢᠯᠡᠰ ᠤᠨ ᠴᠢᠬᠤᠯᠠ ᠪᠠᠯᠭᠠᠰᠣᠨ ᠤ ᠰᠢᠨ᠎ᠡ ᠡᠭᠡᠯᠵᠢ ᠶᠢᠨ ᠲᠦᠯᠦᠪᠵᠢᠬᠦᠯᠦᠨ ᠪᠦᠲᠦᠬᠡᠨ ᠪᠠᠶᠢᠭᠤᠯᠬᠤ | ᠠᠵᠢᠯ ᠢ ᠪᠦᠬᠦ ᠲᠠᠯ᠎ᠠ ᠪᠠᠷ ᠦᠷᠨᠢᠬᠦᠯᠵᠤ᠂ ᠲᠤᠮᠳᠠ ᠵᠢᠵᠢᠭ ᠬᠤᠲᠠ ᠪᠠᠯᠭᠠᠰᠣᠨ ᠤ ᠬᠦᠴᠦᠨ ᠵᠦᠢᠯ ᠤᠨ ᠲᠦᠪᠯᠡᠷᠡᠯ ᠤᠨ ᠴᠢᠳᠠᠪᠤᠷᠢ ᠪᠠ ᠬᠦᠮᠦᠨ ᠠᠮᠠ | ᠰᠢᠩᠬᠡᠬᠡᠬᠦ ᠴᠢᠳᠠᠪᠤᠷᠢ ᠢᠯᠡᠳᠳᠡ ᠴᠢᠩᠭᠠᠷᠠᠪᠠ᠃ ᠪᠦᠬᠦ ᠬᠤᠲᠠ ᠶᠢᠨ ᠬᠤᠲᠠ ᠪᠠᠯᠭᠠᠰᠣᠵᠢᠯᠲᠠ ᠶᠢᠨ ᠨᠤᠷᠮ᠎ᠠ 68% ᠳᠤ ᠬᠦᠷᠴᠦ᠂ ᠵᠠᠭᠤᠨ ᠤ ᠬᠤᠪᠢ ᠶᠢᠨ | ᠬᠠᠷᠢᠴᠠᠯ ᠢᠶᠠᠷ 3 ᠲᠡᠭᠡᠭᠰᠢᠯᠡᠪᠡ᠃ | ︵ᠲᠠᠪᠤ︶ ᠬᠤᠲᠠ ᠬᠦᠳᠡᠭᠡ ᠶᠢ ᠨᠢᠬᠡᠳᠦᠯᠲᠠᠢ ᠲᠦᠯᠦᠪᠵᠢᠬᠦᠯᠬᠦ ᠴᠢᠬᠤᠯᠠ ᠶᠡᠭᠡ ᠪᠠᠷᠢᠯᠭ᠎ᠠ ᠶᠢ ᠨᠠᠷᠢᠯᠢᠭ ᠵᠤᠬᠢᠶᠠᠨ ᠪᠠᠶᠢᠭᠤᠯᠤᠨ ᠭᠡᠷᠡᠭᠵᠢᠬᠦᠯᠪᠡ᠃ ᠠᠵᠤ | ᠦᠢᠯᠡᠳᠪᠦᠷᠢ ᠶᠢᠨ ᠬᠦᠷᠢᠶᠡᠯᠡᠩ ᠲᠤᠭᠤᠷᠢᠭ᠂ ᠪᠠᠷᠠᠭᠠᠨ ᠤ ᠬᠦᠢᠯᠬᠡᠬᠡᠨ ᠤ ᠬᠦᠷᠢᠶᠡᠯᠡᠩ ᠲᠤᠭᠤᠷᠢᠭ ᠪᠠ ᠬᠤᠲᠠ ᠶᠢᠨ ᠲᠡᠭᠦᠷᠭᠡ ᠳᠤ ᠲᠦᠰᠢᠭᠯᠡᠨ᠂ 59 | ᠳ᠋ᠦᠩᠰᠢᠭᠤᠷ ᠲᠦᠬᠦᠷᠢᠭ ᠴᠤᠭᠯᠠᠭᠤᠯᠵᠤ᠂ 18 ᠰᠣᠳᠣᠨ ᠨᠡᠬᠦᠳᠡᠯ ᠠᠷᠠᠳ ᠤᠨ ᠵᠢᠵᠢᠭ ᠲᠤᠭᠤᠷᠢᠭ ᠢ ᠲᠦᠪᠯᠡᠷᠡᠬᠦᠯᠦᠨ ᠲᠦᠯᠦᠪᠵᠢᠬᠦᠯᠦᠨ ᠪᠠᠶᠢᠭᠤᠯᠵᠤ᠂ ᠭᠡᠰᠡᠭ | ᠵᠢᠵᠢᠭ ᠲᠤᠭᠤᠷᠢᠭ ᠨᠢ ᠨᠢᠬᠡᠨᠳᠡ ᠣᠷᠣᠵᠥ ᠰᠠᠭᠤᠬᠤ ᠨᠥᠬᠦᠴᠡᠯ ᠢ ᠪᠥᠷᠢᠯᠳᠣᠬᠦᠯᠪᠡ᠃ ᠰᠣᠳᠣᠨ ᠨᠡᠬᠦᠳᠡᠯ ᠠᠷᠠᠳ ᠤᠨ ᠵᠢᠵᠢᠭ ᠲᠤᠭᠤᠷᠢᠭ ᠤᠨ ᠭᠡᠷ ᠪᠠᠶᠢᠰᠢᠩ | ᠤᠨ ᠦᠮᠴᠢᠯᠡᠯ ᠤᠨ ᠡᠷᠭᠡ ᠶᠢ ᠬᠤᠪᠢᠷᠠᠭᠤᠯᠬᠤ ᠪᠠ ᠬᠢᠮᠲᠠ ᠲᠤᠬᠢᠯᠢᠭ ᠤᠷᠤᠨ ᠰᠠᠭᠤᠴᠠ ᠶᠢᠨ ᠪᠠᠷᠢᠴᠠᠭᠠᠲᠤ ᠵᠢᠭᠡᠯᠡᠯᠭᠡ ᠶᠢ ᠲᠦᠯᠬᠢᠨ ᠠᠬᠢᠭᠤᠯᠵᠤ᠂ ᠬᠤᠲᠠ | ᠪᠠᠯᠭᠠᠰᠣᠨ ᠳᠤ ᠤᠷᠤᠨ ᠰᠠᠭᠤᠴᠠ ᠲᠠᠢ ᠮᠠᠯᠴᠢᠨ ᠲᠠᠷᠢᠶᠠᠴᠢᠳ ᠲᠤ ᠪᠡᠯᠡᠨ ᠮᠦᠩᠬᠦᠨ ᠤ ᠨᠦᠬᠦᠪᠦᠷᠢ ᠤᠯᠭᠤᠵᠤ᠂ ᠮᠠᠯᠴᠢᠨ ᠲᠠᠷᠢᠶᠠᠴᠢᠳ ᠢ ᠰᠢᠯᠵᠢᠬᠦᠯᠬᠦ | ᠠᠬᠢᠴᠠ ᠶᠢ ᠪᠦᠲᠦᠮᠵᠢᠲᠠᠢ ᠲᠦᠷᠭᠡᠳᠭᠡᠵᠤ᠂ ᠪᠦᠬᠦ ᠵᠢᠯ ᠳᠤ 5 ᠲᠦᠮᠡᠨ ᠮᠠᠯᠴᠢᠨ ᠲᠠᠷᠢᠶᠠᠴᠢᠳ ᠢ ᠰᠢᠯᠵᠢᠬᠦᠯᠪᠡ᠃ ᠲᠠᠷᠢᠶᠠᠯᠠᠩ ᠮᠠᠯ ᠠᠵᠤ ᠠᠬᠤᠢ ᠶᠢᠨ | ᠭᠡᠪᠴᠢᠶᠡᠵᠢᠭᠰᠡᠨ ᠡᠵᠡᠩᠨᠡᠯᠲᠡ ᠶᠢ ᠦᠷᠬᠦᠯᠵᠢᠯᠡᠨ ᠲᠦᠯᠬᠢᠨ ᠠᠬᠢᠭᠤᠯᠵᠤ᠂ ᠰᠢᠨ᠎ᠡ ᠪᠠᠷ 36.8 ᠲᠦᠮᠡᠨ ᠮᠦ ᠲᠠᠷᠢᠶᠠᠯᠠᠩ ᠤᠨ ᠰᠠᠭᠤᠷᠢᠨ ᠭᠠᠵᠠᠷ᠂ 2 ᠲᠦᠮᠡᠨ | ᠮᠦ ᠲᠦᠬᠦᠬᠡᠷᠦᠮᠵᠢᠲᠦ ᠲᠠᠷᠢᠶᠠᠯᠠᠩ ᠢ ᠨᠡᠮᠡᠭᠳᠡᠬᠦᠯᠵᠤ᠂ 32 ᠪᠠᠷᠢᠮᠵᠢᠶᠠᠵᠢᠭᠰᠠᠨ ᠲᠡᠵᠢᠬᠡᠨ ᠦᠷᠡᠵᠢᠬᠦᠯᠬᠦ ᠬᠦᠷᠢᠶᠡᠯᠡᠩ ᠲᠤᠭᠤᠷᠢᠭ᠂ 568 ᠡᠷᠦᠬᠡ ᠤᠳᠤ ᠦᠶ᠎ᠡ | ᠶᠢᠨ ᠨᠤᠳᠤᠭ ᠪᠡᠯᠴᠢᠬᠡᠷ ᠤᠨ ᠮᠠᠯ ᠠᠵᠤ ᠠᠬᠤᠢ ᠶᠢᠨ ᠵᠢᠱᠢᠶ᠎ᠡ ᠦᠵᠡᠬᠦᠯᠬᠦ ᠡᠷᠦᠬᠡ ᠶᠢ ᠰᠢᠨ᠎ᠡ ᠪᠠᠷ ᠪᠠᠶᠢᠭᠤᠯᠪᠠ᠃ ᠪᠦᠬᠦ ᠵᠢᠯ ᠤᠨ ᠠᠮᠤ ᠪᠤᠳᠠᠭᠠᠨ ᠤ | ᠤᠨᠠᠯᠲᠠ ᠶᠢᠨ ᠬᠡᠮᠵᠢᠶ᠎ᠡ 27.3 ᠳ᠋ᠦᠩᠰᠢᠭᠤᠷ ᠵᠢᠩ ᠳᠤ ᠬᠦᠷᠴᠦ᠂ 1.1 ᠳ᠋ᠦᠩᠰᠢᠭᠤᠷ ᠵᠢᠩ ᠨᠡᠮᠡᠭᠳᠡᠪᠡ︔ ᠮᠠᠯ ᠤᠨ ᠲᠤᠭ᠎ᠠ ᠲᠤᠯᠤᠭᠠᠢ ᠶᠢ 1300 ᠲᠦᠮᠡ | ᠶᠢᠨ ᠤᠷᠴᠢᠮ ᠪᠠᠶᠢᠯᠭᠠᠪᠠ᠃ ᠨᠢᠬᠡᠳᠦᠬᠡᠷ ᠠᠵᠤ ᠦᠢᠯᠡᠰ ᠤᠨ ᠨᠡᠮᠡᠭᠳᠡᠯ ᠦᠷᠳᠡᠭ 60.6 ᠳ᠋ᠦᠩᠰᠢᠭᠤᠷ ᠲᠦᠬᠦᠷᠢᠭ ᠲᠤ ᠬᠦᠷᠴᠦ᠂ 5.2 % ᠨᠡᠮᠡᠭᠳᠡᠪᠡ᠃ | ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠢ ᠦᠢᠯᠡᠳᠪᠦᠷᠢᠯᠡᠯ ᠤᠨ ᠴᠢᠳᠠᠪᠤᠷᠢ ᠰᠢᠨ᠎ᠡ ᠲᠡᠭᠡᠭᠰᠢᠯᠡᠯᠲᠡ ᠲᠠᠢ ᠪᠤᠯᠪᠠ᠃ | ︵ᠵᠢᠷᠭᠤᠭ᠎ᠠ︶ ᠰᠠᠭᠤᠷᠢ ᠲᠦᠬᠦᠬᠡᠷᠦᠮᠵᠢ ᠪᠠ ᠠᠮᠢ ᠠᠬᠤᠢ ᠶᠢᠨ ᠤᠷᠴᠢᠨ ᠲᠤᠭᠤᠷᠢᠨ ᠤ ᠪᠦᠲᠦᠬᠡᠨ ᠪᠠᠶᠢᠭᠤᠯᠤᠯᠲᠠ ᠶᠢ ᠴᠢᠩᠭᠠᠳᠬᠠᠪᠠ᠃ ᠬᠠᠳᠤᠨ | ᠭᠤᠤᠯ ᠲᠠᠭᠠᠤ ᠨᠢᠬᠡᠳᠦᠬᠡᠷ ᠲᠡᠰ ᠤᠨ ᠵᠠᠰᠠᠮᠠᠯ ᠵᠠᠮ᠂ ᠭᠤᠤᠯ ᠲᠠᠭᠠᠤ ᠲᠡᠮᠦᠷ ᠵᠠᠮ᠂ ᠡᠮᠦᠨ᠎ᠡ ᠭᠡᠰᠡᠭ ᠤᠨ ᠲᠡᠮᠦᠷ ᠵᠠᠮ᠂ ᠪᠠᠯᠭᠤᠨ ᠠᠴᠠ ᠵᠡᠬᠦᠨᠭᠠᠷ ᠬᠦᠷᠬᠦ ᠲᠡᠮᠦᠷ | ᠵᠠᠮ᠂ ᠨᠢᠰᠭᠡᠯ ᠤᠨ ᠪᠠᠭᠤᠳᠠᠯ ᠢ ᠦᠷᠭᠡᠳᠭᠡᠨ ᠪᠦᠲᠦᠬᠡᠨ ᠪᠠᠶᠢᠭᠤᠯᠬᠤ ᠵᠡᠷᠭᠡ ᠴᠢᠬᠤᠯᠠ ᠶᠡᠭᠡ ᠪᠠᠷᠢᠯᠭ᠎ᠠ ᠶᠢ ᠡᠬᠢᠯᠡᠨ ᠪᠦᠲᠦᠬᠡᠨ ᠪᠠᠶᠢᠭᠤᠯᠵᠤ᠂ ᠷᠦᠩ ᠴᠧᠩ | ᠠᠴᠠ ᠦᠬᠠᠢ ᠬᠦᠷᠬᠦ ᠦᠨᠳᠦᠷ ᠬᠤᠷᠳᠣᠴᠠᠲᠤ ᠵᠠᠰᠠᠮᠠᠯ ᠵᠠᠮ ᠤᠨ ᠬᠢᠯᠢ ᠶᠢᠨ ᠲᠤᠳᠤᠨᠠᠬᠢ ᠬᠡᠰᠡᠭ ᠪᠠ ᠪᠤᠭᠤᠲᠤ ᠠᠴᠠ ᠰᠢ ᠠᠨ ᠬᠦᠷᠬᠦ ᠲᠡᠮᠦᠷ ᠵᠠᠮ ᠤᠨ | ᠬᠤᠶᠢᠲᠦ ᠬᠡᠰᠡᠭ᠂ ᠰᠠᠨ ᠰᠢᠨ ᠲᠡᠮᠦᠷ ᠵᠠᠮ ᠢ ᠨᠡᠪᠳᠡᠷᠡᠬᠦᠯᠪᠡ᠃ ᠰᠢᠨ᠎ᠡ ᠪᠠᠷ 220 ᠺᠢᠯᠤᠸᠣᠯᠲ ᠤᠨ ᠬᠦᠴᠦᠳᠡᠯ ᠲᠠᠮᠵᠢᠭᠤᠯᠤᠨ ᠦᠬᠡᠷᠡᠴᠢᠯᠡᠬᠦ ᠪᠠᠷᠢᠯᠭ᠎ᠠ ᠶᠢ | 12᠂ 110 ᠺᠢᠯᠤᠸᠣᠯᠲ ᠤᠨ ᠬᠦᠴᠦᠳᠡᠯ ᠦᠬᠡᠷᠡᠴᠢᠯᠡᠬᠦ ᠪᠠᠷᠢᠯᠭ᠎ᠠ ᠶᠢ 10 ᠡᠬᠢᠯᠡᠬᠦᠯᠵᠤ᠂ ᠤᠷᠤᠨ ᠪᠦᠰᠡ ᠶᠢᠨ ᠴᠠᠬᠢᠯᠭᠠᠨ ᠬᠠᠩᠭᠠᠬᠤ ᠲᠤᠤᠷ ᠰᠦᠯᠵᠢᠶ᠎ᠡ | ᠶᠢ ᠴᠢᠨᠠᠭᠰᠢᠲᠠ ᠰᠢᠯᠢᠳᠡᠭᠵᠢᠬᠦᠯᠪᠡ᠃ ᠬᠠᠳᠣᠨ ᠭᠤᠤᠯ ᠲᠠᠭᠠᠤ ᠦᠶᠡᠷ ᠤᠨ ᠤᠰᠤ ᠶᠢ ᠨᠦᠬᠡᠴᠡᠯᠡᠨ ᠬᠠᠳᠠᠭᠠᠯᠠᠬᠤ ᠤᠷᠤᠨ ᠪᠠ ᠠᠵᠤ ᠦᠢᠯᠡᠳᠪᠦᠷᠢ ᠶᠢᠨ | ᠬᠦᠷᠢᠶᠡᠯᠡᠩ ᠲᠤᠭᠤᠷᠢᠭ ᠤᠨ ᠤᠰᠤ ᠬᠠᠩᠭᠠᠬᠤ ᠪᠠᠷᠢᠯᠭ᠎ᠠ ᠶᠢᠨ ᠪᠦᠲᠦᠬᠡᠨ ᠪᠠᠶᠢᠭᠤᠯᠤᠯᠲᠠ ᠶᠢ ᠲᠦᠷᠭᠡᠳᠭᠡᠵᠤ᠂ ᠬᠠᠳᠤᠨ ᠭᠤᠤᠯ ᠤᠨ ᠣᠰᠣ ᠶᠢ ᠳ᠋ᠦᠩᠱᠧᠩ | ᠳᠤ ᠲᠠᠳᠠᠨ ᠠᠪᠴᠢᠷᠠᠬᠤ ᠬᠤᠶᠠᠳᠣᠭᠠᠷ ᠬᠤᠭᠤᠴᠠᠭᠠᠨ ᠤ ᠪᠠᠷᠢᠯᠭ᠎ᠠ ᠪᠦᠬᠦ ᠱᠣᠭᠤᠮ ᠢᠶᠠᠷ ᠣᠰᠣ ᠬᠠᠩᠭᠠᠪᠠ᠃ ᠠᠮᠢ ᠠᠬᠤᠢ ᠶᠢᠨ ᠠᠶᠠᠨᠳᠠᠭᠠᠨ ᠰᠡᠷᠬᠦᠬᠦ ᠤᠷᠤᠨ | ᠢ 1 ᠲᠦᠮᠡᠨ ᠬᠠᠪᠳᠠᠭᠠᠢ ᠲᠦᠷᠪᠡᠯᠵᠢᠨ ᠺᠢᠯᠤᠮᠧᠲᠷ ᠪᠠᠶᠢᠭᠤᠯᠵᠤ᠂ ᠶᠡᠭᠡ ᠭᠠᠩ ᠲᠠᠢ ᠵᠢᠯ ᠳᠤ ᠠᠮᠢ ᠠᠬᠤᠢ ᠶᠢᠨ ᠤᠷᠴᠢᠨ ᠲᠤᠭᠤᠷᠢᠨ ᠦᠷᠬᠦᠯᠵᠢᠯᠡᠨ | ᠰᠠᠶᠢᠵᠢᠷᠠᠪᠠ᠃ ᠡᠨᠧᠷᠬᠢ ᠠᠷᠪᠢᠯᠠᠵᠤ ᠪᠤᠬᠢᠷᠳᠣᠯ ᠢ ᠪᠠᠭᠠᠰᠬᠠᠬᠤ ᠶᠢ ᠴᠢᠩᠭᠠᠳᠬᠠᠵᠤ᠂ 135 ᠲᠦᠮᠡᠨ ᠲᠤᠨ ᠤ ᠬᠤᠴᠤᠷᠤᠩᠭᠤᠢ ᠦᠢᠯᠡᠳᠪᠦᠷᠢᠯᠡᠯ ᠤᠨ | ᠴᠢᠳᠠᠪᠤᠷᠢ ᠶᠢ ᠰᠢᠭᠰᠢᠨ ᠬᠠᠶᠠᠵᠤ᠂ ᠬᠦᠬᠦᠷ ᠤᠨ ᠲᠠᠪᠬᠤᠷ ᠢᠰᠦᠯ ᠤᠨ ᠭᠠᠳᠠᠭᠰᠢᠯᠠᠯᠳᠠ ᠶᠢ 3.5 ᠲᠦᠮᠡᠨ ᠲᠤᠨ᠂ ᠬᠢᠮᠢ ᠳᠤ ᠭᠡᠷᠡᠭᠰᠡᠬᠦ ᠬᠦᠴᠢᠯᠳᠦ᠋ᠷᠤᠭ᠍ᠴᠢ | ᠶᠢᠨ ᠬᠡᠮᠵᠢᠶ᠎ᠡ ᠶᠢ 2500 ᠲᠤᠨ ᠪᠠᠭᠠᠰᠬᠠᠵᠤ᠂ ᠲᠦᠮᠡᠨ ᠲᠦᠬᠦᠷᠢᠭ ᠤᠨ GDP ᠶᠢᠨ ᠡᠨᠧᠷᠬᠢ ᠶᠢᠨ ᠬᠤᠷᠤᠭᠳᠠᠯ 6.48% ᠪᠠᠭᠤᠷᠠᠵᠤ᠂ ᠵᠢᠯ ᠤᠨ | ᠲᠤᠬᠢᠷᠠᠭᠤᠯᠤᠨ ᠡᠵᠡᠮᠰᠢᠬᠦ ᠬᠠᠷᠠᠯᠲᠠ ᠪᠠᠨ ᠲᠡᠭᠦᠰ ᠠᠮᠵᠢᠯᠲᠠ ᠲᠠᠢ ᠪᠡᠶᠡᠯᠡᠬᠦᠯᠦᠭᠰᠡᠨ ᠪᠠᠶᠢᠨ᠎ᠠ᠃ | ︵ᠲᠤᠯᠤᠭ᠎ᠠ︶ ᠡᠯ᠎ᠡ ᠵᠦᠢᠯ ᠤᠨ ᠨᠡᠶᠢᠬᠡᠮ ᠤᠨ ᠦᠢᠯᠡᠰ ᠢ ᠲᠦᠷᠬᠡᠬᠡᠨ ᠲᠦᠯᠬᠢᠨ ᠠᠬᠢᠭᠤᠯᠪᠠ᠃ ᠲᠤᠮᠳᠠᠳᠣ ᠣᠯᠣᠰ ᠤᠨ ᠰᠢᠨᠵᠢᠯᠡᠬᠦ ᠤᠬᠠᠭᠠᠨ ᠤ | ᠬᠦᠷᠢᠶᠡᠯᠡᠩ᠂ ᠴᠢᠩᠬᠤᠸᠠ ᠶᠡᠭᠡ ᠰᠣᠷᠭᠠᠭᠤᠯᠢ ᠵᠡᠷᠭᠡ ᠡᠷᠳᠡᠮ ᠰᠢᠨᠵᠢᠯᠡᠭᠡᠨ ᠤ ᠬᠥᠷᠢᠶᠠᠯᠠᠩ ᠭᠠᠵᠠᠷ ᠯᠤᠭ᠎ᠠ ᠬᠠᠮᠳᠣᠷᠠᠨ ᠠᠵᠢᠯᠯᠠᠬᠤ ᠪᠠᠨ ᠴᠢᠩᠭᠠᠳᠬᠠᠵᠤ᠂ | ᠨᠡᠭᠦᠷᠡᠰᠦ ᠶᠢ ᠱᠠᠲᠤ ᠬᠤᠪᠢᠶᠠᠨ ᠰᠢᠩᠬᠡᠨᠵᠢᠬᠦᠯᠬᠦ ᠵᠠᠪᠰᠠᠷ ᠤᠨ ᠳᠣᠷᠰᠢᠯᠳᠠ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠦᠷᠦᠯ ᠵᠦᠢᠯ ᠢ ᠲᠦᠯᠬᠢᠨ | ᠠᠬᠢᠭᠤᠯᠵᠤ᠂ ᠨᠡᠬᠦᠷᠡᠰᠦ ᠶᠢ ᠰᠢᠩᠬᠡᠨᠵᠢᠬᠦᠯᠬᠦ ᠦᠢᠯᠡᠳᠪᠦᠷᠢᠯᠡᠯ ᠤᠨ ᠮᠡᠷᠭᠡᠵᠢᠯ ᠲᠡᠯᠡᠬᠡᠢ ᠶᠢᠨ ᠲᠡᠷᠢᠬᠦᠨ ᠤ ᠬᠢᠷᠢ ᠲᠦᠪᠰᠢᠨ ᠳᠤ ᠬᠦᠷᠪᠡ᠃ ᠮᠠᠨ ᠤ ᠬᠤᠲᠠ | ᠪᠦᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠤᠨ ᠬᠢᠨᠠᠨ ᠰᠢᠯᠭᠠᠯᠲᠠ ᠶᠢᠨ ᠲᠡᠷᠢᠬᠦᠨ ᠤ ᠬᠤᠲᠠ ᠪᠠᠷ ᠦᠨᠡᠯᠡᠭᠳᠡᠵᠤ᠂ ᠤᠷᠳᠤᠰ ᠪᠦᠯᠦᠭᠯᠡᠯ | ᠤᠯᠤᠰ ᠤᠨ ᠰᠢᠨ᠎ᠡ ᠶᠢ ᠡᠬᠦᠳᠬᠦ ᠬᠡᠯᠪᠡᠷᠢ ᠶᠢᠨ ᠠᠵᠤ ᠠᠬᠤᠶᠢᠯᠠᠯ ᠤᠨ ᠡᠩᠨᠡᠭᠡᠨ ᠳᠤ ᠤᠷᠤᠪᠠ᠃ ᠲᠤᠮᠳᠠᠳᠣ ᠪᠠᠭ᠎ᠠ ᠰᠣᠷᠭᠠᠭᠤᠯᠢ ᠶᠢᠨ ᠪᠠᠶᠢᠷᠢ ᠶᠢᠨ ᠭᠡᠷ ᠢ | ᠠᠶᠤᠯᠬᠦᠢ ᠪᠠᠷ ᠦᠬᠡᠷᠡᠴᠢᠯᠡᠬᠦ ᠪᠠᠷᠢᠯᠭ᠎ᠠ ᠶᠢ ᠡᠬᠢᠯᠡᠬᠦᠯᠵᠤ᠂ ᠬᠤᠲᠠ ᠶᠢᠨ ᠨᠢᠬᠡᠳᠦᠬᠡᠷ ᠲᠤᠮᠳᠠᠳᠣ ᠰᠣᠷᠭᠠᠭᠤᠯᠢ ᠪᠠ ᠮᠤᠩᠭᠤᠯ ᠦᠨᠳᠦᠰᠦᠲᠡᠨ ᠤ ᠰᠣᠷᠭᠠᠭᠤᠯᠢ | ᠶᠢᠨ ᠰᠢᠨ᠎ᠡ ᠰᠣᠷᠭᠠᠭᠤᠯᠢ ᠶᠢᠨ ᠲᠤᠭᠤᠷᠢᠭ ᠵᠡᠷᠭᠡ ᠨᠢᠬᠡ ᠪᠦᠯᠦᠭ ᠰᠣᠷᠭᠠᠨ ᠬᠥᠮᠣᠵᠢᠯ ᠤᠨ ᠭᠤᠤᠯᠳᠠᠯᠭ᠎ᠠ ᠲᠠᠢ ᠪᠠᠷᠢᠯᠭ᠎ᠠ ᠶᠢ ᠰᠢᠨ᠎ᠡ ᠪᠠᠷ ᠪᠤᠶᠤ ᠦᠷᠬᠦᠯᠵᠢᠯᠡᠨ | ᠪᠦᠲᠦᠬᠡᠨ ᠪᠠᠶᠢᠭᠤᠯᠵᠤ᠂ ᠰᠣᠷᠭᠠᠭᠤᠯᠢ ᠡᠷᠬᠢᠯᠡᠬᠦ ᠨᠦᠬᠦᠴᠡᠯ ᠢ ᠴᠢᠨᠠᠭᠰᠢᠲᠠ ᠰᠠᠶᠢᠵᠢᠷᠠᠭᠤᠯᠪᠠ᠃ ᠤᠷᠳᠤᠰ ᠲᠤᠮᠤ ᠲᠢᠶᠠᠲ᠋ᠠᠷ ᠵᠡᠷᠭᠡ ᠪᠡᠯᠬᠡ ᠲᠡᠮᠳᠡᠭ ᠤᠨ | ᠴᠢᠨᠠᠷᠲᠠᠢ ᠤᠯᠠᠨ ᠨᠡᠶᠢᠲᠡ ᠶᠢᠨ ᠰᠣᠶᠣᠯ ᠤᠨ ᠪᠠᠷᠢᠯᠭ᠎ᠠ ᠠᠰᠢᠭᠯᠠᠯᠲᠠ ᠳᠤ ᠣᠷᠣᠵᠥ᠂ ᠠᠷᠪᠠᠨ ᠨᠢᠬᠡᠳᠦᠬᠡᠷ ᠬᠤᠭᠤᠴᠠᠭᠠᠨ ᠤ ᠠᠽᠢᠶ᠎ᠠ ᠲᠢᠪ ᠤᠨ ᠤᠷᠠᠯᠢᠭ ᠤᠨ | ᠴᠢᠭᠤᠯᠭᠠᠨ ᠢ ᠪᠦᠲᠦᠮᠵᠢᠲᠠᠢ ᠡᠷᠬᠢᠯᠡᠵᠤ᠂ ᠭᠠᠵᠠᠷ ᠤᠷᠤᠨ ᠤ ᠰᠣᠶᠣᠯ ᠤᠨ ᠵᠦᠬᠡᠯᠡᠨ ᠪᠤᠲᠠᠲᠤ ᠬᠦᠴᠦᠨ ᠪᠠ ᠨᠡᠷ᠎ᠡ ᠠᠯᠳᠠᠷᠰᠢᠯ ᠢ ᠶᠡᠬᠡᠪᠡᠷ ᠳᠡᠬᠡᠭᠰᠢᠯᠡᠬᠦᠯᠪᠡ᠃ | ᠨᠡᠶᠢᠬᠡᠮ ᠲᠤᠭᠤᠷᠢᠭ ᠤᠨ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠲᠦᠪ ᠢ 9᠂ ᠦᠢᠯᠡᠴᠢᠯᠡᠭᠡᠨ ᠤ ᠦᠷᠳᠡᠭᠡ ᠶᠢ 15 ᠪᠠ ᠪᠠᠷᠢᠮᠵᠢᠶᠠᠵᠢᠭᠰᠠᠨ ᠭᠠᠴᠠᠭ᠎ᠠ | ᠲᠤᠰᠬᠤᠨ ᠤ ᠡᠷᠡᠬᠦᠯ ᠬᠠᠮᠠᠭᠠᠯᠠᠯ ᠤᠨ ᠲᠠᠰᠤᠭ ᠢ 100 ᠪᠠᠶᠢᠭᠤᠯᠵᠤ᠂ ᠦᠨᠳᠦᠰᠦᠨ ᠱᠠᠲᠤᠨ ᠤ ᠡᠮ ᠡᠮᠨᠡᠯᠬᠡ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ | ᠬᠢᠷᠢ ᠲᠦᠪᠰᠢᠨ ᠴᠢᠨᠠᠭᠰᠢᠲᠠ ᠲᠡᠭᠡᠭᠰᠢᠯᠡᠪᠡ᠃ ᠲᠦᠯᠦᠪᠯᠡᠬᠡᠲᠦ ᠦᠷᠡᠵᠢᠯ ᠤᠨ ᠱᠠᠩᠨᠠᠨ ᠲᠡᠳᠭᠦᠭᠦ ᠡᠷᠴᠢᠮ ᠢ ᠴᠢᠩᠭᠠᠷᠠᠭᠤᠯᠵᠤ᠂ ᠬᠦᠮᠦᠨ ᠠᠮᠠ ᠶᠢᠨ ᠲᠦᠷᠦᠯᠲᠡ | ᠶᠢᠨ ᠨᠤᠷᠮ᠎ᠠ ᠶᠢ 10.5‰ ᠶᠢᠨ ᠲᠤᠳᠤᠷ᠎ᠠ ᠬᠢᠵᠠᠭᠠᠷᠯᠠᠪᠠ᠃ ᠪᠦᠬᠦ ᠤᠯᠤᠰ ᠤᠨ ᠪᠤᠯᠪᠠᠰᠣᠨ ᠬᠤᠲᠠ᠂ ᠤᠯᠤᠰ ᠤᠨ ᠡᠷᠡᠬᠦᠯ ᠬᠠᠮᠠᠭᠠᠯᠠᠯ ᠤᠨ ᠬᠤᠲᠠ᠂ | ᠢᠳᠡᠭᠡᠨ ᠤ ᠠᠶᠤᠯᠬᠦᠢ ᠶᠢᠨ ᠬᠤᠲᠠ ᠶᠢ ᠡᠬᠦᠳᠦᠨ ᠪᠠᠶᠢᠭᠤᠯᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠲᠦᠯᠬᠢᠨ ᠠᠬᠢᠭᠤᠯᠪᠠ᠃ ᠦᠨᠳᠦᠰᠦᠲᠡᠨ ᠤ | ᠪᠦᠯᠬᠦᠮᠳᠡᠯ ᠲᠠᠪᠰᠢᠯᠲᠠ ᠶᠢᠨ ᠦᠢᠯᠡᠰ ᠲᠠᠰᠣᠷᠠᠯᠲᠠ ᠦᠬᠡᠢ ᠪᠠᠬᠢᠵᠢᠪᠡ᠃ ᠣᠯᠣᠰ ᠤᠨ ᠪᠠᠲᠤᠯᠠᠨ ᠬᠠᠮᠠᠭᠠᠯᠠᠯᠲᠠ ᠶᠢᠨ ᠪᠡᠯᠡᠳᠭᠡᠯ ᠠᠯᠪᠠ᠂ ᠡᠷᠦᠬᠡ ᠶᠢᠨ ᠴᠡᠷᠢᠭ | ᠤᠨ ᠪᠡᠯᠡᠳᠭᠡᠯ ᠬᠦᠴᠦᠨ ᠪᠠ ᠴᠡᠷᠢᠭ ᠠᠩᠬᠢ ᠶᠢᠨ ᠤᠳᠤᠬᠢᠴᠢᠯᠠᠯᠲᠠ ᠶᠢᠨ ᠪᠦᠲᠦᠬᠡᠨ ᠪᠠᠶᠢᠭᠤᠯᠤᠯᠲᠠ ᠶᠢ ᠴᠢᠨᠠᠭᠰᠢᠲᠠ ᠴᠢᠩᠭᠠᠳᠬᠠᠵᠤ᠂ ᠬᠤᠶᠠᠷ ᠢ | ᠬᠦᠷᠢᠶᠡᠯᠡᠵᠤ ᠬᠠᠮᠲᠤᠪᠠᠷ ᠪᠦᠲᠦᠬᠡᠨ ᠪᠠᠶᠢᠭᠤᠯᠬᠤ ᠠᠵᠢᠯ ᠢ ᠲᠠᠰᠣᠷᠠᠯᠲᠠ ᠦᠬᠡᠢ ᠬᠦᠨᠵᠡᠭᠡᠶᠢᠷᠡᠬᠦᠯᠪᠡ᠃ ᠡᠮᠡᠭᠳᠡᠶᠢᠴᠤᠳ ᠬᠡᠤᠭᠡᠳ ᠪᠠ ᠵᠡᠮᠳᠡᠭᠴᠤᠳ ᠤᠨ ᠦᠢᠯᠡᠰ | ᠰᠢᠨ᠎ᠡ ᠠᠬᠢᠯᠲᠠ ᠲᠠᠢ ᠪᠤᠯᠪᠠ᠃ ᠭᠠᠵᠠᠷ ᠤᠷᠤᠨ ᠤ ᠬᠦᠭᠵᠢᠯᠲᠡ ᠨᠡᠩ ᠪᠤᠯᠪᠠᠰᠣᠨ ᠡᠶ᠎ᠡ ᠵᠤᠬᠢᠴᠠᠯ ᠲᠠᠢ ᠪᠤᠯᠪᠠ᠃ | ︵ᠨᠠᠢᠮᠠ︶ ᠠᠷᠠᠳ ᠤᠨ ᠠᠮᠢᠲᠤᠷᠠᠯ ᠢ ᠶᠡᠬᠡᠪᠡᠷ ᠪᠠᠲᠤᠯᠠᠨ ᠰᠠᠶᠢᠵᠢᠷᠠᠭᠤᠯᠪᠠ᠃ ᠡᠯ᠎ᠡ ᠱᠠᠲᠤᠨ ᠤ ᠡᠳ᠋ ᠤᠨ ᠵᠠᠰᠠᠭ ᠤᠨ ᠬᠢᠨ 124 ᠳ᠋ᠦᠩᠰᠢᠭᠤᠷ | ᠲᠦᠬᠦᠷᠢᠭ ᠤᠨ ᠪᠡᠯᠡ ᠮᠦᠩᠬᠦ ᠶᠢ ︽ᠲᠠᠪᠤ ᠲᠠᠢ ᠪᠠᠶᠢᠬᠤ︾ ᠪᠠᠲᠤᠯᠠᠭ᠎ᠠ ᠳᠤ ᠵᠠᠷᠤᠴᠠᠭᠤᠯᠵᠤ᠂ ᠵᠢᠯ ᠤᠨ ᠡᠬᠢᠨ ᠳᠤ ᠲᠤᠭᠳᠠᠭᠠᠭᠰᠠᠨ ︽ᠨᠠᠢᠮᠠᠨ ᠵᠦᠢᠯ ᠤᠨ | ᠠᠷᠠᠳ ᠲᠤ ᠠᠰᠢᠭ ᠬᠦᠷᠳᠡᠭᠡᠭᠦ ᠢᠨᠵᠧᠨᠧᠷᠢᠩ︾ ᠪᠠ ︽ᠤᠯᠠᠨ ᠲᠦᠮᠡᠨ ᠳᠤ ᠪᠦᠲᠦᠬᠡᠬᠦ 10 ᠪᠤᠲᠠᠲᠤ ᠶᠠᠪᠤᠳᠠᠯ︾ ᠢ ᠪᠦᠬᠦᠨ ᠢ ᠨᠠᠶᠢᠲᠠᠪᠤᠷᠢᠵᠢᠭᠤᠯᠪᠠ᠃ | ᠪᠦᠬᠦ ᠬᠤᠲᠠ ᠰᠢᠨ᠎ᠡ ᠪᠠᠷ ᠬᠤᠲᠠ ᠪᠠᠯᠭᠠᠰᠣ ᠶᠢᠨ 3 ᠲᠦᠮᠡᠨ ᠬᠦᠮᠦᠨ ᠳᠤ ᠠᠵᠢᠯ ᠤᠯᠭᠤᠵᠤ᠂ ᠡᠬᠦᠨ ᠳᠤ ᠤᠷᠳᠤᠰ ᠨᠤᠳᠤᠭ ᠲᠠᠢ ᠶᠡᠭᠡ ᠰᠤᠷᠭᠠᠭᠤᠯᠢ ᠶᠢᠨ | ᠣᠶᠣᠳᠠᠨ 1.4 ᠳᠥᠮᠠ ᠪᠠᠶᠢᠵᠤ᠂ ᠬᠤᠲᠠ ᠪᠠᠯᠭᠠᠰᠣᠨ ᠤ ᠲᠠᠩᠰᠠᠯᠠᠭᠰᠠᠨ ᠠᠵᠢᠯ ᠠᠯᠳᠠᠯᠲᠠ ᠶᠢᠨ ᠨᠤᠷᠮ᠎ᠠ ᠶᠢ 2.91% ᠶᠢᠨ ᠲᠤᠳᠤᠷ᠎ᠠ ᠬᠢᠵᠠᠭᠠᠷᠯᠠᠪᠠ᠃ | ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠨᠠᠰᠣᠵᠢᠯ ᠤᠨ ᠲᠠᠭᠠᠳᠬᠠᠯ ᠳᠤ ᠤᠷᠤᠯᠴᠠᠭᠰᠠᠨ ᠬᠦᠮᠦᠨ ᠤ ᠲᠤᠭ᠎ᠠ 47.9 ᠲᠦᠮᠡ ᠳᠤ ᠬᠦᠷᠴᠦ᠂ ᠶᠡᠷᠦᠩᠬᠡᠢ | ᠲᠠᠭᠠᠳᠬᠠᠯ ᠳᠤ ᠤᠷᠤᠯᠴᠠᠭᠰᠠᠨ ᠨᠤᠷᠮ᠎ᠠ 79% ᠳᠤ ᠬᠦᠷᠪᠡ︔ ᠪᠦᠬᠦ ᠵᠢᠯ ᠳᠤ 4.4 ᠳ᠋ᠦᠩᠰᠢᠭᠤᠷ ᠲᠦᠬᠦᠷᠢᠭ ᠤᠨ ᠬᠤᠲᠠ ᠬᠦᠳᠡᠭᠡ ᠶᠢᠨ ᠰᠠᠭᠤᠭᠠᠯᠢ | ᠠᠷᠠᠳ ᠤᠨ ᠨᠠᠰᠤᠲᠠᠨ ᠢ ᠠᠰᠠᠷᠠᠬᠤ ᠮᠦᠩᠬᠦ ᠲᠠᠷᠬᠠᠭᠠᠵᠤ᠂ ᠤᠯᠤᠭᠰᠠᠨ ᠬᠦᠮᠦᠨ 15.8 ᠲᠦᠮᠡ ᠳᠤ ᠬᠦᠷᠪᠡ᠃ ᠬᠤᠲᠠ ᠪᠠᠯᠭᠠᠰᠣᠨ ᠤ ᠰᠠᠭᠤᠭᠠᠯᠢ ᠠᠷᠠᠳ | ᠤᠨ ᠨᠠᠭᠠᠲᠤ ᠵᠠᠬ᠎ᠠ ᠶᠢᠨ ᠠᠮᠢᠲᠤᠷᠠᠯ ᠢ ᠪᠠᠲᠤᠯᠠᠬᠤ ᠪᠠᠷᠢᠮᠵᠢᠶ᠎ᠠ ᠶᠢ ᠰᠠᠷ᠎ᠠ ᠪᠦᠷᠢ 248 ᠲᠦᠬᠦᠷᠢᠭ ᠪᠠᠶᠢᠭᠰᠠᠨ ᠠᠴᠠ ᠲᠡᠭᠡᠭᠰᠢᠯᠡᠬᠦᠯᠦᠬᠡᠳ 310 ᠲᠦᠬᠦᠷᠢᠭ | ᠪᠤᠯᠭᠠᠵᠤ᠂ ᠮᠠᠯᠵᠢᠬᠤ ᠲᠠᠷᠢᠶᠠᠯᠠᠬᠤ ᠤᠷᠤᠨ ᠳᠤ ᠵᠢᠯ ᠪᠦᠷᠢ 1300 ᠲᠦᠬᠦᠷᠢᠭ ᠪᠠᠶᠢᠭᠰᠠᠨ ᠠᠴᠠ ᠲᠡᠭᠡᠭᠰᠢᠯᠡᠬᠦᠯᠦᠬᠡᠳ 1750 ᠲᠦᠬᠦᠷᠢᠭ ᠪᠤᠯᠭᠠᠪᠠ᠃ | ᠮᠠᠯᠵᠢᠬᠤ ᠲᠠᠷᠢᠶᠠᠯᠠᠬᠤ ᠤᠷᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮ ᠡᠮᠨᠡᠯᠬᠡ ᠶᠢᠨ ᠨᠦᠬᠦᠪᠦᠷᠢ ᠶᠢᠨ ᠪᠠᠷᠢᠮᠵᠢᠶ᠎ᠠ ᠶᠢ ᠲᠡᠭᠰᠢᠳᠭᠡᠭᠡᠳ 130 ᠲᠦᠬᠦᠷᠢᠭ | ᠠᠴᠠ ᠲᠡᠭᠡᠭᠰᠢ ᠪᠤᠯᠭᠠᠵᠤ᠂ ᠪᠠᠶᠢᠩᠭᠤ ᠰᠠᠭᠤᠷᠢᠰᠢᠬᠤ ᠬᠦᠮᠦᠨ ᠠᠮᠠ ᠶᠢᠨ ᠬᠤᠷᠰᠢᠭᠰᠠᠨ ᠡᠮᠨᠡᠯᠬᠡ ᠳᠤ ᠤᠷᠤᠯᠴᠠᠭᠰᠠᠨ ᠨᠤᠷᠮ᠎ᠠ 100 % ᠳᠤ ᠬᠦᠷᠪᠡ᠃ | ᠲᠠᠷᠢᠶᠠᠯᠠᠩ ᠤᠨ ᠪᠦᠲᠦᠬᠡᠭᠳᠡᠭᠦᠨ ᠮᠠᠯ ᠤᠨ ᠠᠰᠢᠭ ᠰᠢᠮ᠎ᠡ ᠶᠢᠨ ᠦᠢᠯᠡᠳᠭᠦᠨ ᠤ ᠪᠤᠷᠤᠯᠠᠭᠤᠯᠤᠯᠲᠠ ᠶᠢ ᠠᠬᠢᠭᠤᠯᠬᠤ ᠵᠡᠷᠭᠡ ᠲᠦᠷᠦ ᠶᠢᠨ ᠪᠤᠳᠤᠯᠭ᠎ᠠ ᠠᠷᠭ᠎ᠠ | ᠭᠡᠮᠵᠢᠶ᠎ᠡ ᠶᠢ ᠲᠤᠭᠳᠠᠭᠠᠵᠤ᠂ ᠮᠠᠯᠴᠢᠨ ᠲᠠᠷᠢᠶᠠᠴᠢᠳ ᠤᠨ ᠬᠦᠮᠦᠨ ᠲᠤᠮᠳᠠᠴᠢ ᠲᠦᠷᠦ ᠶᠢᠨ ᠪᠤᠳᠤᠯᠭ᠎ᠠ ᠶᠢᠨ ᠴᠢᠨᠠᠷᠲᠠᠢ ᠤᠷᠤᠯᠭ᠎ᠠ ᠶᠢ 120 ᠲᠦᠬᠦᠷᠢᠭ | ᠨᠡᠮᠡᠭᠳᠡᠬᠦᠯᠪᠡ᠃ ᠪᠠᠲᠤᠯᠠᠭ᠎ᠠ ᠶᠢᠨ ᠴᠢᠨᠠᠷᠲᠠᠢ ᠤᠷᠤᠨ ᠰᠠᠭᠤᠴᠠ ᠶᠢᠨ ᠪᠦᠲᠦᠬᠡᠨ ᠪᠠᠶᠢᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠬᠢᠮᠲᠠ ᠲᠤᠬᠢᠯᠢᠭ | ᠤᠷᠤᠨ ᠰᠠᠭᠤᠴᠠ ᠶᠢ 135.6 ᠲᠦᠮᠡᠨ ᠬᠠᠪᠳᠠᠭᠠᠢ ᠲᠦᠷᠪᠡᠯᠵᠢᠨ ᠮᠧᠲᠷ᠂ ᠬᠢᠮᠲᠠ ᠲᠦᠷᠢᠶᠡᠰᠦᠨ ᠬᠡᠷ ᠪᠠᠶᠢᠰᠢᠩ ᠢ 7.2 ᠲᠦᠮᠡᠨ ᠬᠠᠪᠳᠠᠭᠠᠢ ᠲᠦᠷᠪᠡᠯᠵᠢᠨ | ᠮᠧᠲᠷ᠂ ᠮᠠᠯᠴᠢᠨ ᠲᠠᠷᠢᠶᠠᠴᠢᠳ ᠢ ᠰᠢᠯᠵᠢᠬᠦᠯᠦᠨ ᠲᠦᠪᠬᠢᠨᠡᠬᠦᠯᠬᠦ ᠬᠡᠷ ᠪᠠᠶᠢᠰᠢᠩ ᠢ 160 ᠲᠦᠮᠡᠨ ᠬᠠᠪᠳᠠᠭᠠᠢ ᠲᠦᠷᠪᠡᠯᠵᠢᠨ ᠮᠧᠲᠷ ᠪᠠᠶᠢᠭᠤᠯᠪᠠ᠃ | ᠠᠮᠤᠭᠤᠯᠠᠩ ᠤᠷᠳᠤᠰ ᠤᠨ ᠪᠦᠲᠦᠬᠡᠨ ᠪᠠᠶᠢᠭᠤᠯᠤᠯᠲᠠ ᠶᠢ ᠬᠦᠨᠵᠡᠭᠡᠢ ᠲᠦᠯᠬᠢᠨ ᠠᠬᠢᠭᠤᠯᠵᠤ᠂ ᠦᠨᠳᠦᠰᠦᠨ ᠱᠠᠲᠤᠨ ᠤ ᠰᠡᠷᠭᠡᠶᠢᠯᠡᠨ ᠬᠢᠵᠠᠭᠠᠷᠯᠠᠬᠤ ᠰᠢᠰᠲ᠋ᠧᠮᠵᠢ | ᠪᠠ ᠪᠠᠴᠢᠮ ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮᠵᠢ ᠶᠢ ᠲᠡᠭᠦᠯᠳᠡᠷᠵᠢᠬᠦᠯᠵᠤ᠂ ᠨᠡᠬᠦᠷᠡᠰᠦᠨ ᠠᠭᠤᠷᠬᠠᠢ ᠶᠢᠨ ᠠᠶᠤᠯᠬᠦᠢ ᠶᠢᠨ ᠬᠢᠨᠠᠯᠲᠠ ᠬᠠᠮᠢᠶᠠᠷᠤᠯᠲᠠ ᠶᠢᠨ | ᠡᠩᠨᠡᠭᠡ ᠪᠠ ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠤᠨ ᠭᠠᠯ ᠤᠨᠳᠠᠷᠠᠭᠠᠬᠤ ᠠᠩᠬᠢ ᠦᠷᠳᠡᠭᠡ ᠶᠢᠨ ᠪᠦᠲᠦᠬᠡᠨ ᠪᠠᠶᠢᠭᠤᠯᠤᠯᠲᠠ ᠶᠢ ᠴᠢᠩᠭᠠᠳᠬᠠᠵᠤ᠂ | ᠵᠠᠬᠢᠳᠠᠯ ᠰᠣᠷᠪᠤᠯᠵᠢᠯᠠᠭ᠎ᠠ ᠶᠢᠨ ᠠᠰᠠᠭᠤᠳᠠᠯ ᠢ ᠢᠳᠡᠪᠬᠢᠲᠠᠢ ᠰᠢᠢᠳᠪᠦᠷᠢᠯᠡᠨ᠂ ᠨᠡᠶᠢᠬᠡᠮ ᠤᠨ ᠵᠦᠷᠢᠴᠡᠯ ᠮᠦᠷᠬᠦᠯᠳᠦᠬᠡᠨ ᠢ ᠨᠠᠮᠳᠠᠭᠤᠯᠵᠤ᠂ ᠠᠶᠤᠯᠬᠦᠢ | ᠦᠢᠯᠡᠳᠪᠦᠷᠢᠯᠡᠯ ᠤᠨ ᠭᠡᠷᠡᠭ ᠠᠳᠡᠯ ᠪᠠ ᠵᠠᠬᠢᠳᠠᠯ ᠰᠤᠷᠪᠤᠯᠵᠢᠯᠠᠭ᠎ᠠ ᠶᠢᠨ ᠭᠡᠷᠡᠭ ᠵᠡᠷᠭᠡᠪᠡᠷ ᠪᠠᠭᠤᠷᠠᠵᠤ᠂ ᠪᠦᠬᠦ ᠤᠯᠤᠰ ᠤᠨ ᠬᠠᠮᠤᠭ ᠠᠶᠤᠯᠬᠦᠢ ᠬᠤᠲᠠ ᠶᠢᠨ | ᠪᠦᠲᠦᠬᠡᠨ ᠪᠠᠶᠢᠭᠤᠯᠤᠯᠲᠠ ᠶᠢᠨ ᠬᠢᠷᠢ ᠲᠦᠪᠰᠢᠨ ᠢ ᠪᠠᠬᠢᠵᠢᠬᠦᠯᠦᠨ ᠲᠡᠭᠡᠭᠰᠢᠯᠡᠬᠦᠯᠪᠡ᠃ | ︵ᠶᠢᠰᠦ︶ ᠵᠠᠰᠠᠭ ᠤᠨ ᠤᠷᠳᠤᠨ ᠤ ᠲᠤᠰ ᠪᠡᠶ᠎ᠡ ᠶᠢᠨ ᠪᠦᠲᠦᠬᠡᠨ ᠪᠠᠶᠢᠭᠤᠯᠤᠯᠲᠠ ᠶᠢ ᠦᠨᠡᠨᠬᠦ ᠴᠢᠩᠭᠠᠳᠬᠠᠪᠠ᠃ ᠬᠠᠤᠯᠢ ᠶᠤᠰᠤᠭᠠᠷ ᠵᠠᠰᠠᠭ | ᠶᠠᠪᠤᠭᠤᠯᠬᠤ ᠶᠢ ᠪᠠᠷᠢᠮᠲᠠᠯᠠᠵᠤ᠂ ᠰᠠᠨᠠᠭᠠᠴᠢᠯᠠᠭ᠎ᠠ ᠠᠴᠠ ᠪᠠᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠪᠠ | ᠤᠯᠤᠰ ᠲᠦᠷᠦ ᠶᠢᠨ ᠵᠦᠪᠯᠡᠯᠭᠡᠨ ᠵᠢᠴᠢ ᠨᠡᠶᠢᠬᠡᠮ ᠤᠨ ᠡᠯ᠎ᠡ ᠲᠠᠯ᠎ᠠ ᠶᠢᠨ ᠠᠷᠠᠳᠴᠢᠯᠠᠭᠰᠠᠨ ᠬᠢᠨᠠᠯᠲᠠ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠬᠦᠯᠢᠶᠡᠪᠡ᠃ | ᠪᠦᠬᠦ ᠵᠢᠯ ᠳᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠳᠤ ᠬᠢᠨᠠᠨ ᠵᠦᠪᠯᠡᠬᠦ ᠪᠠᠷ ᠳᠡᠪᠰᠢᠬᠦᠯᠥᠭᠰᠡᠨ ᠴᠢᠬᠤᠯᠠ ᠶᠡᠭᠡ ᠵᠦᠢᠯ 35 ᠪᠠᠶᠢᠵᠤ᠂ ᠠᠷᠠᠳ | ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠰᠠᠨᠠᠯ ᠵᠦᠪᠯᠡᠯᠭᠡ᠂ ᠤᠯᠤᠰ ᠲᠦᠷᠦ ᠶᠢᠨ ᠵᠦᠪᠯᠡᠯᠬᠡᠨ ᠤ ᠰᠠᠨᠠᠯ ᠲᠤᠷᠠᠳᠣᠯᠭ᠎ᠠ ᠶᠢ ᠬᠦᠢᠴᠡᠳᠭᠡᠭᠰᠡᠨ ᠨᠤᠷᠮ᠎ᠠ | 100% ᠳᠤ ᠬᠦᠷᠪᠡ᠃ ᠰᠢᠨᠵᠢᠯᠡᠬᠦ ᠤᠬᠠᠭᠠᠨᠴᠢ ᠬᠦᠭᠵᠢᠯᠲᠡ ᠶᠢᠨ ᠦᠵᠡᠯᠲᠡ ᠶᠢ ᠰᠣᠷᠣᠯᠴᠠᠨ ᠦᠢᠯᠡᠳᠦᠯᠬᠡᠵᠢᠬᠦᠯᠬᠦ ᠠᠵᠢᠯᠯᠠᠭ᠎ᠠ ᠶᠢ ᠬᠦᠨᠵᠡᠭᠡᠢ ᠦᠷᠨᠢᠬᠦᠯᠵᠤ | ᠂ ᠭᠠᠵᠠᠷ ᠤᠷᠤᠨ ᠤ ᠰᠢᠨᠵᠢᠯᠡᠬᠦ ᠤᠬᠠᠭᠠᠨᠴᠢ ᠬᠦᠭᠵᠢᠯᠲᠡ ᠶᠢ ᠨᠦᠯᠦᠬᠡᠯᠡᠬᠦ ᠪᠤᠶᠤ ᠬᠢᠵᠠᠭᠠᠷᠯᠠᠵᠤ ᠪᠠᠶᠢᠭ᠎ᠠ ᠨᠢᠬᠡ ᠪᠦᠯᠦᠭ ᠲᠤᠪᠤᠶᠢᠮ᠎ᠠ ᠠᠰᠠᠭᠤᠳᠠᠯ ᠢ | ᠰᠢᠢᠳᠪᠦᠷᠢᠯᠡᠪᠡ᠃ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠲᠦᠷᠢᠮ ᠤᠨ ᠦᠬᠡᠷᠡᠴᠢᠯᠡᠯᠲᠡ ᠶᠢ ᠬᠦᠨᠵᠡᠬᠡᠶᠢᠷᠡᠬᠦᠯᠵᠤ᠂ ᠤᠷᠤᠨ ᠨᠤᠳᠤᠭ ᠤᠨ ᠵᠠᠰᠠᠭ ᠵᠠᠬᠢᠷᠭ᠎ᠠ | ᠠᠵᠢᠯ ᠦᠢᠯᠡᠰ ᠤᠨ ᠴᠢᠨᠠᠷᠲᠠᠢ ᠰᠦᠢᠳᠬᠡᠯ ᠬᠤᠷᠢᠶᠠᠬᠤ 179 ᠵᠦᠢᠯ ᠢ ᠴᠡᠭᠴᠡᠯᠡᠨ ᠬᠦᠴᠦᠨ ᠦᠬᠡᠢ ᠪᠤᠯᠭᠠᠵᠤ᠂ ᠵᠢᠯ ᠳᠤ ᠰᠥᠢᠳᠬᠡᠯ ᠬᠤᠷᠢᠶᠠᠬᠤ ᠶᠢ 6.4 | ᠳ᠋ᠦᠩᠰᠢᠭᠤᠷ ᠲᠦᠬᠦᠷᠢᠭ ᠪᠠᠭᠠᠰᠬᠠᠪᠠ᠃ ᠬᠤᠰᠢᠭᠤ ᠲᠤᠭᠤᠷᠢᠭ ᠲᠤ 21 ᠵᠦᠢᠯ ᠤᠨ ᠬᠠᠮᠢᠶᠠᠷᠤᠯᠲᠠ ᠶᠢᠨ ᠡᠷᠭᠡ ᠶᠢᠨ ᠭᠡᠪᠴᠢᠶ᠎ᠡ ᠶᠢ ᠪᠠᠭᠤᠯᠭᠠᠪᠠ᠃ ᠵᠠᠰᠠᠭ | ᠤᠨ ᠤᠷᠳᠤᠨ ᠤ ᠪᠠᠶᠢᠭᠤᠯᠤᠮᠵᠢ ᠶᠢᠨ ᠦᠬᠡᠷᠡᠴᠢᠯᠡᠯᠲᠡ ᠶᠢ ᠪᠦᠬᠦ ᠲᠠᠯ᠎ᠠ ᠪᠠᠷ ᠡᠬᠢᠯᠡᠬᠦᠯᠵᠤ᠂ ᠡᠮ ᠡᠮᠨᠡᠯᠭᠡ ᠡᠷᠡᠬᠦᠯ ᠬᠠᠮᠠᠭᠠᠯᠠᠯ᠂ ᠰᠣᠶᠣᠯ᠂ ᠡᠳ᠋ ᠤᠨ ᠵᠠᠰᠠᠭ | ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠦᠬᠡᠷᠡᠴᠢᠯᠡᠯᠲᠡ ᠶᠢ ᠬᠦᠨᠵᠡᠬᠡᠢ ᠲᠦᠯᠬᠢᠨ ᠠᠬᠢᠭᠤᠯᠪᠠ᠃ ᠬᠤᠲᠠ ᠶᠢᠨ ᠣᠰᠣᠨ ᠤ ᠶᠠᠪᠤᠳᠠᠯ ᠤᠨ ᠺᠤᠮᠫᠠᠨᠢ᠂ | ᠪᠠᠷᠠᠭᠠᠨ ᠤ ᠬᠦᠢᠯᠬᠡᠬᠡᠨ ᠤ ᠬᠦᠷᠢᠶᠡᠯᠡᠩ ᠲᠤᠭᠤᠷᠢᠭ ᠤᠨ ᠪᠦᠲᠦᠬᠡᠨ ᠪᠠᠶᠢᠭᠤᠯᠤᠯᠲᠠ ᠶᠢᠨ ᠪᠡᠯᠡ ᠤᠷᠤᠭᠤᠯᠤᠯᠲᠠ ᠶᠢᠨ ᠺᠤᠮᠫᠠᠨᠢ ᠪᠠ ᠵᠠᠮ ᠬᠠᠷᠢᠯᠴᠠᠭᠠᠨ ᠤ | ᠪᠦᠲᠦᠬᠡᠨ ᠪᠠᠶᠢᠭᠤᠯᠤᠯᠲᠠ ᠶᠢᠨ ᠪᠡᠯᠡ ᠤᠷᠤᠭᠤᠯᠤᠯᠲᠠ ᠶᠢᠨ ᠺᠤᠮᠫᠠᠨᠢ ᠶᠢ ᠵᠤᠬᠢᠶᠠᠨ ᠪᠠᠶᠢᠭᠤᠯᠵᠤ᠂ ᠴᠢᠬᠤᠯᠠ ᠶᠡᠭᠡ ᠰᠠᠭᠤᠷᠢ ᠲᠦᠬᠦᠬᠡᠷᠦᠮᠵᠢ ᠶᠢᠨ ᠪᠦᠲᠦᠬᠡᠨ | ᠪᠠᠶᠢᠭᠤᠯᠤᠯᠲᠠ ᠶᠢᠨ ᠪᠡᠯᠡ ᠴᠣᠭᠯᠠᠭᠤᠯᠭ᠎ᠠ ᠪᠠ ᠬᠠᠮᠢᠶᠠᠷᠤᠯᠲᠠ ᠶᠢᠨ ᠠᠰᠠᠭᠤᠳᠠᠯ ᠢ ᠪᠦᠲᠦᠮᠵᠢᠲᠠᠢ ᠰᠢᠢᠳᠪᠦᠷᠢᠯᠡᠪᠡ᠃ ︽ᠭᠤᠷᠪᠠᠨ ᠭᠤᠤᠯᠳᠠᠯᠭ᠎ᠠ ᠨᠢᠬᠡ ᠶᠡᠭᠡ︾ | ᠶᠢᠨ ᠲᠤᠭᠳᠠᠭᠠᠯ ᠤᠳ ᠢ ᠴᠢᠩᠭ᠎ᠠ ᠭᠡᠷᠡᠭᠵᠢᠬᠦᠯᠵᠤ᠂ ᠵᠠᠰᠠᠭ ᠵᠠᠬᠢᠷᠭᠠᠨ ᠤ ᠬᠢᠨᠠᠨ ᠪᠠᠶᠢᠴᠠᠭᠠᠬᠤ ᠪᠠ ᠬᠢᠨᠠᠨ ᠪᠤᠳᠤᠬᠤ ᠬᠢᠨᠠᠯᠲᠠ ᠲᠠᠯᠪᠢᠬᠤ ᠶᠢ ᠴᠢᠩᠭᠠᠳᠬᠠᠵᠤ᠂ | ᠵᠠᠰᠠᠭ ᠤᠨ ᠤᠷᠳᠤᠨ ᠤ ᠪᠡᠯᠡ ᠤᠷᠤᠭᠤᠯᠤᠯᠲᠠ ᠶᠢᠨ ᠲᠦᠷᠦᠯ ᠵᠦᠢᠯ ᠤᠨ ᠬᠢᠨᠠᠨ ᠪᠤᠳᠤᠬᠤ ᠠᠷᠭ᠎ᠠ ᠪᠠ ᠵᠠᠰᠠᠭ ᠤᠨ ᠤᠷᠳᠤᠨ ᠤ ᠪᠡᠯᠡ ᠤᠷᠤᠭᠤᠯᠤᠯᠲᠠ ᠶᠢᠨ | ᠲᠦᠷᠦᠯ ᠵᠦᠢᠯ ᠤᠨ ᠢᠳᠡᠭᠡᠮᠵᠢᠲᠦ ᠪᠡᠯᠡ ᠴᠣᠭᠯᠠᠭᠤᠯᠭ᠎ᠠ ᠶᠢᠨ ᠬᠠᠮᠢᠶᠠᠷᠤᠯᠲᠠ ᠶᠢᠨ ᠠᠷᠭ᠎ᠠ ᠶᠢ ᠲᠤᠭᠳᠠᠭᠠᠵᠤ᠂ ᠤᠯᠠᠨ ᠨᠡᠶᠢᠲᠡ ᠶᠢᠨ ᠡᠷᠭᠡ ᠶᠢᠨ | ᠬᠡᠷᠡᠭᠵᠢᠬᠦᠯᠦᠯᠲᠡ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠢᠯᠵᠠᠷᠠᠯ ᠢ ᠡᠬᠢ ᠰᠤᠷᠪᠤᠯᠵᠢ ᠠᠴᠠ ᠨᠢ ᠤᠷᠢᠳᠴᠢᠯᠠᠨ ᠰᠡᠷᠭᠡᠶᠢᠯᠡᠵᠤ᠂ ᠴᠢᠬᠡᠴᠢ | ᠵᠠᠰᠠᠭ ᠤᠨ ᠪᠠᠶᠢᠭᠤᠯᠤᠯᠲᠠ ᠰᠢᠨ᠎ᠡ ᠦᠷ᠎ᠡ ᠪᠦᠲᠦᠮᠵᠢ ᠤᠯᠪᠠ᠃ | ᠲᠦᠯᠦᠬᠡᠯᠡᠭᠴᠢᠳ ᠡ᠂ ᠦᠩᠭᠡᠷᠡᠭᠰᠡᠨ ᠨᠢᠬᠡᠨ ᠵᠢᠯ ᠳᠤ ᠪᠢᠳᠡ ᠲᠡᠯᠡᠬᠡᠢ ᠶᠢᠨ ᠮᠦᠩᠬᠦᠨ ᠬᠦᠢᠯᠬᠡᠬᠡᠨ ᠤ ᠬᠢᠮᠤᠷᠠᠯ ᠤᠨ ᠬᠠᠳᠠᠭᠤ ᠴᠢᠩᠭ᠎ᠠ ᠰᠢᠯᠭᠠᠯᠲᠠ | ᠶᠢ ᠳᠣᠭᠤᠯᠵᠥ᠂ ᠠᠵᠤ ᠠᠬᠤᠢ ᠨᠡᠶᠢᠬᠡᠮ ᠤᠨ ᠰᠠᠶᠢᠨ ᠮᠦᠷᠳᠡᠭᠡᠨ ᠲᠦᠷᠬᠡᠨ ᠬᠦᠭᠵᠢᠯᠲᠡ ᠶᠢᠨ ᠪᠠᠶᠢᠳᠠᠯ ᠢ ᠪᠠᠬᠢᠵᠢᠬᠦᠯᠦᠨ ᠬᠦᠭᠵᠢᠬᠦᠯᠪᠡ᠃ ᠡᠨᠡ ᠪᠤᠯ ᠬᠤᠲᠠ | ᠶᠢᠨ ᠨᠠᠮ ᠤᠨ ᠬᠤᠷᠢᠶ᠎ᠠ ᠪᠦᠬᠦ ᠲᠠᠯ᠎ᠠ ᠶᠢ ᠬᠠᠮᠤᠷᠴᠦ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠤᠳᠤᠯᠭ᠎ᠠ ᠲᠤᠭᠳᠠᠭᠠᠵᠤ᠂ ᠵᠦᠪ ᠤᠨᠤᠪᠴᠢᠲᠠᠢ | ᠤᠳᠤᠷᠢᠳᠤᠭᠰᠠᠨ ᠤ ᠦᠷ᠎ᠡ ᠳ᠋ᠦᠩ ᠪᠤᠯᠤᠨ᠎ᠠ᠂ ᠮᠦᠨᠴᠦ ᠬᠤᠲᠠ ᠶᠢᠨ ᠬᠡᠳᠦᠨ ᠲᠤᠮᠤ ᠪᠠᠭ ᠰᠡᠳᠬᠢᠯ ᠨᠢᠬᠡᠳᠴᠦ ᠬᠦᠴᠦ ᠪᠠᠨ ᠬᠠᠮᠳᠤᠳᠬᠠᠨ᠂ ᠪᠦᠬᠦ ᠬᠦᠴᠦᠨ | ᠢᠶᠠᠷ ᠬᠠᠮᠵᠢᠯᠴᠠᠵᠤ᠂ ᠴᠠᠭ ᠤᠨ ᠪᠡᠷᠭᠡ ᠶᠢ ᠬᠠᠮᠲᠤᠪᠠᠷ ᠢᠯᠠᠨ ᠲᠠᠪᠠᠭᠰᠠᠨ ᠤ ᠦᠷ᠎ᠡ ᠳ᠋ᠦᠩ ᠪᠤᠯᠤᠨ᠎ᠠ᠂ ᠨᠡᠩ ᠴᠤ ᠪᠦᠬᠦ ᠬᠤᠲᠠ ᠶᠢᠨ ᠦᠷᠭᠡᠨ ᠤᠯᠠᠨ ᠺᠠᠳ᠋ᠷ | ᠤᠯᠠᠨ ᠲᠦᠮᠡᠨ ᠨᠢᠭᠲᠠᠷᠠᠨ ᠪᠦᠯᠬᠦᠮᠳᠡᠵᠤ᠂ ᠡᠷᠴᠢ ᠵᠤᠷᠢᠭ ᠢᠶᠠᠨ ᠬᠦᠪᠴᠢᠯᠡᠨ ᠵᠠᠮ ᠨᠡᠭᠡᠭᠡᠨ ᠤᠷᠤᠭᠰᠢᠯᠠᠭᠰᠠᠨ ᠤ ᠦᠷ᠎ᠡ ᠳ᠋ᠦᠩ ᠪᠤᠯᠤᠨ᠎ᠠ᠃ ᠠᠳᠡ᠂ ᠪᠢ | ᠬᠤᠲᠠ ᠶᠢᠨ ᠠᠷᠠᠳ ᠤᠨ ᠵᠠᠰᠠᠭ ᠤᠨ ᠤᠷᠳᠤᠨ ᠢ ᠲᠦᠯᠦᠬᠡᠯᠡᠨ᠂ ᠲᠦᠯᠦᠬᠡᠯᠡᠭᠴᠢᠳ ᠪᠤᠯᠤᠨ ᠪᠦᠬᠦ ᠬᠤᠲᠠ ᠶᠢᠨ ᠦᠨᠳᠦᠰᠦᠲᠡᠨ ᠨᠦᠭᠦᠳ ᠤᠨ ᠠᠷᠠᠳ | ᠲᠦᠮᠡᠨ᠂ ᠤᠷᠳᠤᠰ ᠤᠨ ᠬᠦᠭᠵᠢᠯᠲᠡ ᠳᠤ ᠣᠷᠣᠯᠴᠠᠵᠤ᠂ ᠬᠠᠯᠠᠮᠵᠢᠯᠠᠨ ᠲᠡᠮᠵᠢᠭᠰᠡᠨ ᠨᠡᠶᠢᠬᠡᠮ ᠤᠨ ᠡᠯ᠎ᠡ ᠡᠳᠡᠭᠡᠳ ᠤᠨ ᠬᠢᠨ ᠳᠤ ᠴᠢᠩ ᠰᠡᠳᠬᠢᠯ ᠤᠨ | ᠲᠠᠯᠠᠷᠬᠠᠯ ᠪᠠ ᠡᠷᠬᠢᠮ ᠲᠡᠭᠡᠳᠦ ᠬᠦᠨᠳᠦᠳᠭᠡᠯ ᠢᠶᠠᠨ ᠲᠡᠪᠰᠢᠬᠦᠯᠦᠶ᠎ᠡ︕ | ᠬᠡᠳᠦᠶᠢᠪᠡᠷ ᠮᠠᠨ ᠤ ᠬᠤᠲᠠ ᠶᠢᠨ ᠠᠵᠤ ᠠᠬᠤᠢ ᠨᠡᠶᠢᠬᠡᠮ ᠤᠨ ᠬᠦᠭᠵᠢᠯᠲᠡ ᠬᠦᠮᠦᠨ ᠤ ᠠᠩᠬᠠᠷᠤᠯ ᠢ ᠲᠠᠳᠠᠮ᠎ᠠ ᠠᠮᠵᠢᠯᠲᠠ ᠣᠯᠣᠭᠰᠠᠨ ᠪᠤᠯᠪᠠᠴᠣ | ᠬᠦᠭᠵᠢᠭᠰᠡᠨ ᠭᠠᠵᠠᠷ ᠤᠷᠤᠨ᠂ ᠲᠦᠪ ᠬᠤᠷᠢᠶᠠᠨ ᠤ ᠬᠦᠭᠵᠢᠯᠲᠡ ᠶᠢᠨ ᠬᠡᠯᠪᠡᠷᠢ ᠶᠢ ᠲᠦᠷᠭᠡᠭᠡᠨ ᠬᠤᠪᠢᠷᠠᠭᠤᠯᠬᠤ ᠰᠢᠨ᠎ᠡ ᠱᠠᠭᠠᠷᠳᠠᠯᠭ᠎ᠠ ᠲᠠᠢ ᠬᠠᠷᠢᠴᠠᠭᠤᠯᠪᠠᠯ᠂ | ᠮᠠᠨ ᠤ ᠬᠤᠲᠠ ᠶᠢᠨ ᠠᠵᠤ ᠠᠬᠤᠢ ᠨᠡᠶᠢᠬᠡᠮ ᠤᠨ ᠬᠦᠭᠵᠢᠯᠲᠡ ᠶᠢᠨ ᠬᠠᠳᠠᠭᠤ ᠵᠦᠭᠡᠯᠡᠨ ᠨᠦᠬᠦᠴᠡᠯ᠂ ᠬᠦᠭᠵᠢᠯᠲᠡ ᠶᠢᠨ ᠲᠡᠰ ᠲᠠᠪᠬᠤᠷᠭ᠎ᠠ ᠪᠠ ᠬᠢᠷᠢ | ᠲᠦᠪᠰᠢᠨ ᠪᠠᠰᠠ ᠶᠡᠬᠡᠬᠡᠨ ᠵᠦᠷᠢᠶ᠎ᠡ ᠲᠠᠢ ᠪᠠᠶᠢᠭᠰᠠᠭᠠᠷ︔ ᠠᠵᠤ ᠠᠬᠤᠢ ᠦᠷᠬᠦᠯᠵᠢᠯᠡᠨ ᠲᠦᠷᠭᠡᠨ ᠨᠡᠮᠡᠭᠳᠡᠭᠰᠡᠨ ᠪᠤᠯᠪᠠᠴᠤ᠂ ᠪᠡᠯᠡ ᠤᠷᠤᠭᠤᠯᠤᠯᠲᠠ ᠶᠢᠨ | ᠲᠠᠶᠢᠴᠢᠯᠠᠨ ᠲᠠᠭᠠᠭᠤᠯᠬᠤ ᠦᠢᠯᠡᠳᠦᠯ ᠮᠦᠨ ᠲᠤᠪᠤᠶᠢᠮ᠎ᠠ ᠪᠠᠶᠢᠷᠢᠨ ᠳᠤ ᠪᠠᠶᠢᠵᠤ᠂ ᠪᠠᠰᠠᠴᠣ ᠭᠡᠷᠡᠭᠯᠡᠭᠡ᠂ ᠪᠡᠯᠡ ᠤᠷᠤᠭᠤᠯᠤᠯᠲᠠ᠂ ᠭᠠᠳᠠᠭᠠᠲᠤ ᠭᠠᠷᠭᠠᠯᠲᠠ ᠶᠢᠨ | ᠵᠤᠬᠢᠴᠠᠩᠭᠤᠢ ᠲᠠᠶᠢᠴᠢᠯᠠᠨ ᠲᠠᠭᠠᠭᠤᠯᠬᠤ ᠪᠠᠶᠢᠳᠠᠯ ᠢ ᠪᠤᠢ ᠪᠤᠯᠭᠠᠵᠤ ᠴᠢᠳᠠᠭ᠎ᠠ ᠦᠬᠡᠢ ᠪᠠᠶᠢᠭᠰᠠᠭᠠᠷ︔ ᠠᠵᠤ ᠦᠢᠯᠡᠰ ᠤᠨ ᠲᠡᠰ ᠲᠠᠪᠬᠤᠷᠭ᠎ᠠ ᠲᠠᠰᠣᠷᠠᠯᠲᠠ ᠦᠬᠡᠢ | ᠲᠡᠭᠡᠭᠰᠢᠯᠡᠭᠰᠡᠨ ᠪᠤᠯᠪᠠᠴᠤ ᠠᠵᠤ ᠦᠢᠯᠡᠳᠪᠦᠷᠢ ᠮᠦᠨ ᠰᠠᠭᠤᠷᠢ ᠳᠠᠯᠪᠢᠵᠥ᠂ ᠶᠡᠷᠦᠩᠬᠡᠢ ᠬᠡᠮᠵᠢᠶ᠎ᠡ ᠪᠠᠨ ᠦᠷᠭᠡᠳᠭᠡᠭᠦ ᠱᠠᠳᠣᠨ ᠳᠠᠭᠠᠨ ᠪᠠᠶᠢᠵᠤ᠂ ᠤᠲᠤ ᠦᠶ᠎ᠡ ᠶᠢᠨ | ᠲᠠᠷᠢᠶᠠᠯᠠᠩ ᠮᠠᠯ ᠠᠵᠤ ᠠᠬᠤᠢ ᠪᠠ ᠤᠳᠤ ᠦᠶ᠎ᠡ ᠶᠢᠨ ᠦᠢᠯᠡᠴᠢᠯᠡᠬᠡᠨ ᠤ ᠦᠢᠯᠡᠰ ᠤᠨ ᠬᠦᠭᠵᠢᠯᠲᠡ ᠬᠠᠷᠢᠴᠠᠩᠭᠤᠢ ᠬᠦᠷᠦᠯᠴᠡᠬᠦ ᠦᠬᠡᠢ ᠪᠠᠶᠢᠵᠤ᠂ ᠪᠠᠰᠠᠴᠣ | ᠨᠢᠬᠡᠳᠦᠬᠡᠷ᠂ ᠬᠤᠶᠠᠳᠤᠭᠠᠷ᠂ ᠭᠤᠷᠪᠠᠳᠣᠭᠠᠷ ᠠᠵᠤ ᠦᠢᠯᠡᠰ ᠬᠠᠮᠵᠢᠯᠴᠠᠨ ᠲᠠᠶᠢᠴᠢᠯᠠᠬᠤ ᠪᠠᠶᠢᠳᠠᠯ ᠢ ᠬᠠᠷᠠᠬᠠᠨ ᠪᠤᠢ ᠪᠤᠯᠭᠠᠵᠤ ᠴᠢᠳᠠᠭ᠎ᠠ ᠦᠬᠡᠢ ᠪᠠᠶᠢᠭᠰᠠᠭᠠᠷ︔ | ᠬᠦᠴᠦᠨ ᠵᠦᠢᠯ ᠤᠨ ᠤᠷᠤᠭᠤᠯᠤᠯᠲᠠ ᠶᠢᠨ ᠪᠦᠲᠦᠴᠡ ᠳᠤ ᠢᠳᠡᠪᠬᠢᠲᠠᠢ ᠬᠤᠪᠢᠷᠠᠯᠲᠠ ᠭᠠᠷᠤᠭᠰᠠᠨ ᠪᠤᠯᠪᠠᠴᠣ᠂ ᠡᠬᠢ ᠪᠠᠶᠠᠯᠢᠭ ᠤᠨ ᠬᠦᠴᠦᠨ ᠵᠦᠢᠯ ᠤᠨ | ᠤᠷᠤᠭᠤᠯᠤᠯᠲᠠ ᠭᠡᠳᠦᠷᠭᠡᠢ ᠶᠡᠭᠡ ᠪᠠᠶᠢᠬᠤ ᠠᠰᠠᠭᠤᠳᠠᠯ ᠤᠷᠤᠰᠢᠵᠤ᠂ ᠡᠷᠳᠡᠮ ᠰᠢᠨᠵᠢᠯᠡᠬᠡᠨ ᠤ ᠰᠠᠭᠤᠷᠢ ᠪᠠᠭᠤᠷᠠᠢ ᠪᠠᠶᠢᠵᠤ᠂ ᠲᠡᠭᠡᠳᠦ ᠲᠡᠰ ᠤᠨ ᠴᠢᠳᠠᠪᠤᠷᠢᠲᠠᠳ | ᠳᠣᠳᠠᠭᠳᠠᠵᠥ᠂ ᠪᠡᠶ᠎ᠡ ᠪᠠᠨ ᠲᠠᠭᠠᠭᠠᠵᠤ ᠰᠢᠨ᠎ᠡ ᠶᠢ ᠡᠬᠦᠳᠬᠦ ᠴᠢᠳᠠᠪᠤᠷᠢ ᠬᠦᠷᠦᠯᠴᠡᠬᠦ ᠦᠬᠡᠢ ᠪᠠᠶᠢᠬᠤ ᠠᠰᠠᠭᠤᠳᠠᠯ ᠮᠦᠨ ᠬᠦ ᠲᠤᠪᠤᠶᠢᠮ᠎ᠠ ᠪᠠᠶᠢᠵᠤ᠂ ᠰᠢᠨᠵᠢᠯᠡᠬᠦ | ᠤᠬᠠᠭᠠᠨ ᠮᠡᠷᠭᠡᠵᠢᠯ᠂ ᠴᠢᠳᠠᠪᠤᠷᠢᠲᠠᠨ᠂ ᠬᠠᠮᠢᠶᠠᠷᠤᠯᠲᠠ ᠵᠡᠷᠭᠡ ᠲᠡᠭᠡᠳᠦ ᠲᠡᠰ ᠤᠨ ᠬᠦᠴᠦᠨ ᠵᠦᠢᠯ ᠤᠨ ᠲᠤᠯᠭᠠᠭᠤᠷᠢᠯᠠᠬᠤ ᠬᠦᠭᠵᠢᠯᠲᠡ ᠶᠢᠨ ᠪᠠᠶᠢᠳᠠᠯ ᠢ | ᠬᠠᠷᠠᠬᠠᠨ ᠪᠤᠢ ᠪᠤᠯᠭᠠᠵᠤ ᠴᠢᠳᠠᠭ᠎ᠠ ᠦᠬᠡᠢ ᠪᠠᠶᠢᠭᠰᠠᠭᠠᠷ︔ ᠡᠨᠧᠷᠬᠢ ᠠᠷᠪᠢᠯᠠᠵᠤ ᠪᠤᠬᠢᠷᠳᠣᠯ ᠪᠠᠭᠠᠰᠬᠠᠬᠤ ᠠᠵᠢᠯ ᠱᠠᠲᠤᠴᠢ ᠴᠢᠨᠠᠷᠲᠠᠢ ᠦᠷ᠎ᠡ ᠪᠦᠲᠦᠮᠵᠢ ᠤᠯᠤᠭᠰᠠᠨ | ᠪᠤᠯᠪᠠᠴᠣ ᠪᠦᠲᠦᠬᠦᠯᠢᠭ ᠬᠦᠭᠵᠢᠯᠲᠡ ᠶᠢᠨ ᠬᠡᠯᠪᠡᠷᠢ ᠪᠠᠨ ᠦᠨᠳᠦᠰᠦᠨ ᠠᠴᠠ ᠪᠠᠨ ᠬᠤᠪᠢᠷᠠᠭᠤᠯᠵᠤ ᠴᠢᠳᠠᠭ᠎ᠠ ᠦᠬᠡᠢ᠂ ᠡᠬᠢ ᠪᠠᠶᠠᠯᠢᠭ ᠪᠠ ᠤᠷᠴᠢᠨ ᠲᠤᠭᠤᠷᠢᠨ ᠤ | ᠲᠠᠷᠤᠭᠠᠰᠣ ᠶᠡᠬᠡᠰᠴᠦ᠂ ᠢᠯᠠᠩᠭᠤᠶ᠎ᠠ ᠤᠰᠤᠨ ᠤ ᠡᠬᠢ ᠪᠠᠶᠠᠯᠢᠭ ᠤᠨ ᠲᠤᠯᠭᠠᠭᠤᠷᠢᠯᠠᠬᠤ ᠬᠦᠴᠦᠨ ᠬᠦᠷᠦᠯᠴᠡᠬᠦ ᠦᠬᠡᠢ ᠪᠠᠶᠢᠵᠤ᠂ ᠡᠬᠢ ᠪᠠᠶᠠᠯᠢᠭ ᠤᠷᠴᠢᠨ | ᠲᠤᠭᠤᠷᠢᠨ ᠵᠤᠬᠢᠴᠠᠩᠭᠤᠢ ᠬᠦᠭᠵᠢᠭᠰᠡᠨ ᠪᠠᠶᠢᠳᠠᠯ ᠢ ᠬᠠᠷᠠᠬᠠᠨ ᠪᠤᠢ ᠪᠤᠯᠭᠠᠵᠤ ᠴᠢᠳᠠᠭ᠎ᠠ ᠦᠬᠡᠢ ᠪᠠᠶᠢᠭᠰᠠᠭᠠᠷ︔ ᠤᠯᠠᠨ ᠨᠡᠶᠢᠲᠡ ᠶᠢᠨ ᠡᠳ᠋ ᠤᠨ ᠵᠠᠰᠠᠭ ᠤᠨ ᠪᠡᠯᠡ | ᠤᠷᠤᠭᠤᠯᠤᠯᠲᠠ ᠲᠠᠰᠣᠷᠠᠯᠲᠠ ᠦᠬᠡᠢ ᠨᠡᠮᠡᠭᠳᠡᠵᠤ᠂ ᠨᠡᠶᠢᠬᠡᠮ ᠤᠨ ᠪᠦᠲᠦᠬᠡᠨ ᠪᠠᠶᠢᠭᠤᠯᠤᠯᠲᠠ ᠲᠠᠰᠣᠷᠠᠯᠲᠠ ᠦᠬᠡᠢ ᠴᠢᠩᠭᠠᠳᠣᠭᠰᠠᠨ ᠪᠤᠯᠪᠠᠴᠣ ᠭᠡᠷᠡᠭᠯᠡᠵᠤ ᠪᠤᠯᠬᠤ | ᠡᠳ᠋ ᠤᠨ ᠬᠦᠴᠦᠨ ᠬᠢᠵᠠᠭᠠᠷ ᠲᠠᠢ ᠪᠠᠶᠢᠵᠤ᠂ ᠤᠯᠠᠨ ᠨᠡᠶᠢᠲᠡ ᠶᠢᠨ ᠦᠢᠯᠡᠰ ᠢ ᠬᠦᠭᠵᠢᠬᠦᠯᠬᠦ ᠪᠠ ᠠᠷᠠᠳ ᠤᠨ ᠠᠮᠢᠲᠤᠷᠠᠯ ᠢ ᠰᠠᠶᠢᠵᠢᠷᠠᠭᠤᠯᠬᠤ ᠭᠡᠷᠡᠭᠴᠡᠭᠡ ᠶᠢ | ᠬᠠᠩᠭᠠᠵᠤ ᠴᠢᠳᠠᠬᠤ ᠦᠬᠡᠢ ᠪᠠᠶᠢᠵᠤ᠂ ᠬᠤᠲᠠ ᠬᠦᠳᠡᠭᠡ ᠶᠢᠨ ᠬᠤᠭᠤᠷᠤᠨᠳᠣᠬᠢ᠂ ᠠᠵᠢᠯ ᠲᠦᠷᠦᠯ ᠤᠨ ᠬᠤᠭᠤᠷᠤᠨᠳᠤᠬᠢ ᠤᠷᠤᠯᠭ᠎ᠠ ᠶᠢᠨ ᠵᠦᠷᠢᠶ᠎ᠡ ᠨᠠᠯᠢᠶᠠᠳ | ᠶᠡᠭᠡ ᠪᠠᠶᠢᠵᠤ᠂ ᠭᠡᠰᠡᠭ ᠠᠷᠠᠳ ᠤᠯᠠᠨ ᠤ ᠠᠮᠢᠲᠤᠷᠠᠯ ᠮᠦᠨ ᠬᠦ ᠬᠦᠴᠢᠷᠲᠠᠢ ᠪᠠᠶᠢᠵᠤ᠂ ᠰᠠᠭᠤᠭᠠᠯᠢ ᠠᠷᠠᠳ ᠤᠨ ᠤᠷᠤᠯᠭ᠎ᠠ ᠬᠢᠭᠡᠳ ᠠᠵᠤ ᠠᠬᠤᠢ ᠶᠢᠨ | ᠵᠤᠬᠢᠴᠠᠩᠭᠤᠢ ᠨᠡᠮᠡᠭᠳᠡᠯ ᠤᠨ ᠪᠠᠶᠢᠳᠠᠯ ᠬᠠᠷᠠᠬᠠᠨ ᠪᠤᠢ ᠪᠤᠯᠵᠤ ᠲᠡᠶᠢᠯᠦᠬᠡ ᠦᠬᠡᠢ ᠪᠠᠶᠢᠬᠤ ᠠᠰᠠᠭᠤᠳᠠᠯ ᠤᠳ ᠢ ᠪᠢᠳᠡ ᠡᠷᠭᠡᠪᠰᠢ ᠰᠡᠷᠭᠡᠭ ᠢᠶᠠᠷ ᠤᠯᠵᠤ ᠬᠠᠷᠠᠬᠤ | ᠭᠡᠷᠡᠭᠲᠠᠢ᠃ ᠡᠳᠡᠭᠡᠷ ᠱᠠᠲᠤᠴᠢ ᠴᠢᠨᠠᠷᠲᠠᠢ ᠤᠨᠴᠠᠯᠢᠭ ᠨᠢ ᠬᠦᠭᠵᠢᠯᠲᠡ ᠠᠨᠠᠢ ᠪᠠᠶᠢᠬᠤ ᠨᠢ ᠮᠦᠨ ᠬᠦ ᠮᠠᠨ ᠤ ᠬᠤᠲᠠ ᠶᠢᠨ ᠭᠤᠤᠯ ᠵᠦᠷᠢᠴᠡᠯ ᠪᠠᠶᠢᠵᠤ᠂ | ᠬᠦᠭᠵᠢᠯᠲᠡ ᠶᠢᠨ ᠬᠡᠯᠪᠡᠷᠢ ᠶᠢ ᠬᠤᠪᠢᠷᠠᠭᠤᠯᠬᠤ ᠨᠢ ᠮᠦᠨ ᠬᠦ ᠮᠠᠨ ᠤ ᠬᠤᠲᠠ ᠶᠢᠨ ᠲᠤᠯᠭᠠᠮ᠎ᠠ ᠡᠬᠦᠷᠭᠡ ᠪᠤᠯᠬᠤ ᠶᠢ ᠬᠡᠷᠡᠴᠢᠯᠡᠭᠰᠡᠨ ᠪᠠᠶᠢᠨ᠎ᠠ᠃ ᠪᠢᠳᠡ ᠡᠷᠭᠡᠪᠰᠢ | ᠲᠡᠤᠭᠡᠳᠦ ᠡᠭᠦᠷᠭᠡ ᠲᠤᠰᠢᠶᠠᠯ ᠢᠶᠠᠨ ᠡᠭᠦᠷᠭᠡᠯᠡᠵᠤ᠂ ᠲᠡᠤᠭᠡᠨ ᠠᠵᠠ ᠲᠤᠬᠢᠶᠠᠯ ᠢ ᠴᠢᠩᠭ᠎ᠠ ᠡᠵᠡᠮᠳᠡᠨ᠂ ᠡᠷᠡᠰ ᠭᠤᠶᠢᠪᠢᠰᠢ ᠦᠬᠡᠢ ᠪᠠᠷ ᠠᠵᠤ ᠠᠬᠤᠢ ᠶᠢᠨ | ᠬᠦᠭᠵᠢᠯᠲᠡ ᠶᠢᠨ ᠬᠡᠯᠪᠡᠷᠢ ᠶᠢ ᠲᠦᠷᠭᠡᠭᠡᠨ ᠬᠤᠪᠢᠷᠠᠭᠤᠯᠵᠤ᠂ ᠨᠡᠩ ᠰᠠᠨᠠᠭᠠᠴᠢᠯᠠᠭ᠎ᠠ ᠠᠴᠠ ᠪᠠᠨ ᠰᠢᠨᠵᠢᠯᠡᠬᠦ ᠤᠬᠠᠭᠠᠨᠴᠢ ᠪᠠᠷ ᠬᠥᠭᠵᠢᠬᠦᠯᠬᠦ ᠵᠠᠮ ᠢᠶᠠᠷ ᠵᠠᠮᠨᠠᠵᠤ᠂ | ᠨᠡᠩ ᠰᠠᠶᠢᠨ ᠨᠡᠩ ᠲᠦᠷᠭᠡᠨ ᠬᠦᠭᠵᠢᠯᠲᠡ ᠶᠢᠨ ᠰᠢᠨ᠎ᠡ ᠪᠠᠶᠢᠳᠠᠯ ᠢ ᠲᠠᠰᠣᠷᠠᠯᠲᠠ ᠦᠬᠡᠢ ᠪᠤᠢ ᠪᠤᠯᠭᠠᠬᠤ ᠭᠡᠷᠡᠭᠲᠠᠢ᠃ | | ᠬᠤᠶᠠᠷ᠂ 2010 ᠤᠨ ᠤ ᠭᠤᠤᠯ ᠠᠵᠢᠯ ᠤᠨ ᠡᠬᠦᠷᠭᠡ | | ᠡᠨᠡ ᠵᠢᠯ ᠪᠤᠯ ︽11· 5︾ ᠵᠢᠯ ᠤᠨ ᠲᠦᠯᠦᠪᠵᠢᠬᠦᠯᠬᠡ ᠶᠢᠨ ᠬᠠᠮᠤᠭ ᠰᠡᠬᠦᠯᠴᠢ ᠶᠢᠨ ᠨᠢᠬᠡ ᠵᠢᠯ ᠪᠤᠯᠤᠨ᠎ᠠ᠂ ᠮᠦᠨᠴᠦ ᠮᠠᠨ ᠤ ᠬᠤᠲᠠ ᠰᠢᠨ᠎ᠡ | ᠡᠬᠢᠯᠡᠯᠲᠡ ᠶᠢᠨ ᠴᠡᠭ ᠲᠡᠭᠡᠷ᠎ᠡ ᠵᠤᠭᠰᠤᠨ᠂ ᠰᠢᠨ᠎ᠡ ᠠᠵᠠ ᠲᠤᠬᠢᠶᠠᠯ ᠢ ᠡᠵᠡᠮᠳᠡᠵᠤ᠂ ᠬᠦᠭᠵᠢᠯᠲᠡ ᠶᠢᠨ ᠬᠡᠯᠪᠡᠷᠢ ᠶᠢ ᠲᠦᠷᠭᠡᠭᠡᠨ ᠬᠤᠪᠢᠷᠠᠭᠤᠯᠵᠤ᠂ ᠰᠢᠨᠵᠢᠯᠡᠬᠦ | ᠤᠬᠠᠭᠠᠨᠴᠢ ᠬᠦᠭᠵᠢᠯᠲᠡ ᠶᠢᠨ ᠰᠢᠨ᠎ᠡ ᠲᠠᠪᠠᠭᠤᠯᠢᠭ ᠢ ᠲᠠᠬᠢᠨ ᠡᠬᠦᠳᠭᠦ ᠵᠠᠩᠬᠢᠯᠠᠭ᠎ᠠ ᠶᠢᠨ ᠵᠢᠯ ᠪᠤᠯᠤᠨ᠎ᠠ᠃ ᠡᠨᠡ ᠵᠢᠯ ᠤᠨ ᠡᠯ᠎ᠡ ᠲᠦᠷᠦᠯ ᠤᠨ ᠠᠵᠢᠯ ᠢ | ᠰᠠᠶᠢᠲᠤᠷ ᠬᠢᠬᠦ ᠨᠢ ︽11· 5︾ ᠵᠢᠯ ᠤᠨ ᠲᠦᠯᠦᠪᠵᠢᠬᠦᠯᠬᠡ ᠶᠢᠨ ᠡᠯ᠎ᠡ ᠵᠦᠢᠯ ᠤᠨ ᠬᠠᠷᠠᠯᠲᠠ ᠶᠢ ᠲᠡᠭᠦᠰ ᠠᠮᠵᠢᠯᠲᠠ ᠲᠠᠢ ᠪᠡᠶᠡᠯᠡᠬᠦᠯᠵᠤ᠂ ︽12· | 5︾ ᠵᠢᠯ ᠤᠨ ᠲᠦᠯᠦᠪᠵᠢᠬᠦᠯᠬᠡ ᠶᠢ ᠡᠬᠢᠯᠡᠬᠦᠯᠬᠦ ᠳᠤ ᠨᠡᠩ ᠪᠠᠲᠤ ᠪᠠᠬᠢ ᠰᠠᠭᠤᠷᠢ ᠲᠠᠯᠪᠢᠬᠤ ᠲᠦᠢᠯ ᠤᠨ ᠴᠢᠬᠤᠯᠠ ᠠᠴᠢ ᠬᠤᠯᠪᠤᠭᠳᠠᠯ ᠲᠠᠢ ᠶᠤᠮ᠃ | ᠡᠨᠡ ᠵᠢᠯ ᠤᠨ ᠵᠠᠰᠠᠭ ᠤᠨ ᠤᠷᠳᠤᠨ ᠤ ᠠᠵᠢᠯ ᠤᠨ ᠶᠡᠷᠦᠩᠬᠡᠢ ᠰᠡᠳᠬᠢᠴᠡ ᠪᠤᠯ᠄ ᠰᠢᠨᠵᠢᠯᠡᠬᠦ ᠤᠬᠠᠭᠠᠨᠴᠢ ᠬᠦᠭᠵᠢᠯᠲᠡ ᠶᠢᠨ ᠦᠵᠡᠯᠲᠡ ᠪᠠᠷ ᠪᠦᠬᠦ | ᠲᠠᠯ᠎ᠠ ᠶᠢ ᠬᠠᠮᠤᠷᠴᠦ᠂ ᠬᠤᠲᠠ ᠶᠢᠨ ᠨᠠᠮ ᠤᠨ ᠬᠤᠷᠢᠶᠠᠨ ᠤ ᠬᠤᠶᠠᠳᠣᠭᠠᠷ ᠬᠤᠭᠤᠴᠠᠭᠠᠨ ᠤ ᠶᠢᠰᠦᠳᠦᠭᠡᠷ ᠤᠳᠠᠭ᠎ᠠ ᠶᠢᠨ ᠪᠦᠬᠦ ᠬᠡᠰᠢᠬᠦᠳ ᠤᠨ | ᠬᠤᠷᠠᠯᠳᠣᠭᠠᠨ ᠤ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠲᠠᠪᠤᠷᠢᠵᠢᠭᠤᠯᠵᠤ᠂ ᠠᠷᠠᠳ ᠢ ᠪᠠᠶᠠᠵᠢᠭᠤᠯᠬᠤ ᠪᠠ ᠬᠤᠲᠠ ᠪᠠᠨ | ᠬᠦᠴᠦᠷᠭᠡᠭᠵᠢᠬᠦᠯᠬᠦ ᠶᠢ ᠬᠠᠮᠲᠤ ᠳᠤᠨᠢ ᠴᠢᠬᠤᠯᠠᠴᠢᠯᠠᠬᠤ ᠂ ᠪᠦᠲᠦᠴᠡ ᠶᠢᠨ ᠲᠤᠬᠢᠷᠠᠭᠤᠯᠤᠯᠲᠠ ᠬᠢᠬᠦ ᠪᠠ ᠠᠷᠠᠳ ᠤᠨ ᠠᠮᠢᠲᠤᠷᠠᠯ ᠢ ᠰᠠᠶᠢᠵᠢᠷᠠᠭᠤᠯᠬᠤ ᠶᠢ ᠬᠠᠮᠲᠤ | ᠳᠤᠨᠢ ᠴᠢᠬᠤᠯᠠᠴᠢᠯᠠᠬᠤ ᠶᠢ ᠪᠠᠷᠢᠮᠲᠠᠯᠠᠵᠤ᠂ ᠬᠦᠭᠵᠢᠯᠲᠡ ᠶᠢᠨ ᠬᠡᠯᠪᠡᠷᠢ ᠶᠢ ᠲᠦᠷᠭᠡᠭᠡᠨ ᠬᠤᠪᠢᠷᠠᠭᠤᠯᠵᠤ᠂ ︽ᠬᠤᠶᠠᠷ ᠲᠤᠮᠤ ᠪᠠᠶᠢᠯᠳᠤᠬᠤ ᠪᠤᠳᠤᠯᠭ᠎ᠠ︾ ᠶᠢ ᠪᠦᠬᠦ | ᠲᠠᠯ᠎ᠠ ᠪᠠᠷ ᠲᠦᠯᠬᠢᠨ ᠠᠬᠢᠭᠤᠯᠵᠤ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠨᠡᠩ ᠶᠡᠭᠡ᠂ ᠠᠵᠤ ᠦᠢᠯᠡᠰ ᠤᠨ ᠪᠤᠶᠢᠵᠢᠯᠲᠠ ᠶᠢᠨ ᠴᠢᠨᠠᠷ ᠢ ᠨᠡᠩ ᠴᠢᠩᠭ᠎ᠠ᠂ | ᠬᠤᠲᠠ ᠶᠢ ᠨᠡᠩ ᠭᠤᠶᠤ᠂ ᠤᠷᠴᠢᠨ ᠲᠤᠭᠤᠷᠢᠨ ᠢ ᠨᠡᠩ ᠰᠠᠶᠢᠬᠠᠨ᠂ ᠠᠷᠠᠳ ᠤᠯᠠᠨ ᠳᠤ ᠨᠡᠩ ᠤᠯᠠᠨ ᠠᠰᠢᠭ ᠬᠦᠷᠳᠡᠭᠡᠭᠦ ᠪᠠᠷ ᠴᠢᠷᠮᠠᠶᠢᠨ᠎ᠠ᠃ | ᠭᠤᠤᠯ ᠵᠢᠱᠢᠭᠰᠡᠨ ᠬᠠᠷᠠᠯᠲᠠ ᠪᠤᠯ᠄ ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠢ 20% ᠲᠡᠭᠡᠭᠰᠢᠯᠡᠬᠦᠯᠵᠤ᠂ ᠡᠳ᠋ ᠤᠨ ᠵᠠᠰᠠᠭ ᠤᠨ | ᠤᠷᠤᠯᠭ᠎ᠠ ᠶᠢ 24% ᠣᠷᠴᠢᠮ ᠨᠡᠮᠡᠭᠳᠡᠬᠦᠯᠦᠨ᠂ ᠬᠤᠲᠠ ᠪᠠᠯᠭᠠᠰᠣᠨ ᠤ ᠰᠠᠭᠤᠭᠠᠯᠢ ᠠᠷᠠᠳ ᠤᠨ ᠬᠦᠮᠦᠨ ᠲᠤᠮᠳᠠᠴᠢ ᠲᠤᠬᠢᠷᠠᠭᠤᠯᠵᠤ ᠪᠤᠯᠬᠤ ᠤᠷᠤᠯᠭ᠎ᠠ ᠪᠠ | ᠮᠠᠯᠴᠢᠨ ᠲᠠᠷᠢᠶᠠᠴᠢᠳ ᠤᠨ ᠬᠦᠮᠦᠨ ᠲᠤᠮᠳᠠᠴᠢ ᠴᠡᠪᠡᠷ ᠤᠷᠤᠯᠭ᠎ᠠ ᠶᠢ ᠲᠤᠰᠪᠤᠷᠢ 15% ᠪᠠ 11% ᠨᠡᠮᠡᠭᠳᠡᠬᠦᠯᠵᠤ᠂ ᠭᠡᠪᠴᠢᠶᠡᠵᠢᠯ ᠠᠴᠠ ᠲᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠦᠷᠳᠡᠭ ᠢ 25% ᠣᠷᠴᠢᠮ ᠨᠡᠮᠡᠭᠳᠡᠬᠦᠯᠵᠤ᠂ ᠪᠦᠬᠦ ᠨᠡᠶᠢᠬᠡᠮ ᠤᠨ ᠲᠤᠭᠳᠠᠮᠠᠯ ᠬᠦᠷᠦᠩᠬᠡ ᠶᠢᠨ ᠪᠡᠯᠡ ᠤᠷᠤᠭᠤᠯᠤᠯᠲᠠ ᠶᠢ | 20% ᠨᠡᠮᠡᠭᠳᠡᠬᠦᠯᠵᠤ᠂ ᠬᠤᠲᠠ ᠪᠠᠯᠭᠠᠰᠣᠨ ᠤ ᠲᠠᠩᠰᠠᠯᠠᠭᠰᠠᠨ ᠠᠵᠢᠯ ᠠᠯᠳᠠᠯᠲᠠ ᠶᠢᠨ ᠨᠤᠷᠮ᠎ᠠ ᠶᠢ 3.5% ᠶᠢᠨ ᠲᠤᠳᠤᠷ᠎ᠠ ᠬᠢᠵᠠᠭᠠᠷᠯᠠᠵᠤ᠂ ᠬᠦᠮᠦᠨ ᠠᠮᠠ | ᠶᠢᠨ ᠲᠦᠷᠦᠯᠲᠡ ᠶᠢᠨ ᠨᠤᠷᠮ᠎ᠠ ᠶᠢ 13.8‰ ᠶᠢᠨ ᠲᠤᠳᠤᠷ᠎ᠠ ᠬᠢᠵᠠᠭᠠᠷᠯᠠᠵᠤ᠂ ᠳ᠋ᠦᠩᠰᠢᠭᠤᠷ ᠲᠦᠬᠦᠷᠢᠭ ᠤᠨ ᠦᠢᠯᠡᠳᠪᠦᠷᠢᠯᠡᠯ ᠤᠨ ᠶᠡᠷᠦᠩᠬᠡᠢ ᠦᠷᠳᠡᠭ | ᠤᠨ ᠠᠶᠤᠯᠬᠦᠢ ᠶᠢᠨ ᠭᠡᠷᠡᠭ ᠠᠳᠡᠯ ᠤᠨ ᠬᠦᠮᠦᠨ ᠦᠬᠦᠭᠰᠡᠨ ᠲᠤᠭ᠎ᠠ ᠶᠢ 0.07 ᠶᠢᠨ ᠲᠤᠳᠤᠷ᠎ᠠ ᠬᠢᠵᠠᠭᠠᠷᠯᠠᠵᠤ᠂ ᠲᠦᠮᠡᠨ ᠲᠦᠬᠦᠷᠢᠭ ᠤᠨ GDP ᠶᠢᠨ | ᠡᠨᠧᠷᠬᠢ ᠶᠢᠨ ᠬᠤᠷᠤᠭᠳᠠᠯ ᠢ 5.3% ᠪᠠᠭᠤᠷᠠᠭᠤᠯᠵᠤ᠂ ᠬᠦᠭᠦᠷ ᠤᠨ ᠲᠠᠪᠬᠤᠷ ᠢᠰᠦᠯ ᠢ ᠭᠠᠳᠠᠭᠰᠢᠯᠠᠭᠤᠯᠭᠤ ᠭᠡᠮᠵᠢᠶ᠎ᠡ ᠶᠢ 5.58 ᠲᠦᠮᠡᠨ ᠲᠤᠨ᠂ ᠬᠢᠮᠢ | ᠳᠤ ᠭᠡᠷᠡᠭᠰᠡᠬᠦ ᠬᠦᠴᠢᠯᠳᠦ᠋ᠷᠦᠭᠴᠢ ᠶᠢᠨ ᠬᠡᠮᠵᠢᠶ᠎ᠡ ᠶᠢ 5000 ᠲᠤᠨ ᠪᠠᠭᠠᠰᠬᠠᠨ᠎ᠠ᠃ | ᠳᠡᠭᠡᠷ᠎ᠠ ᠳᠣᠷᠠᠳᠣᠭᠰᠠᠨ ᠬᠠᠷᠠᠯᠲᠠ ᠶᠢ ᠪᠡᠶᠡᠯᠡᠭᠦᠯᠭᠦ ᠳᠤ᠂ ᠳᠣᠣᠷᠠᠭᠢ ᠵᠡᠷᠴᠢᠮ ᠢ ᠡᠷᠭᠡᠪᠰᠢ ᠰᠠᠶᠢᠳᠣᠷ ᠠᠳᠬᠤᠬᠤ ᠭᠡᠷᠡᠭᠳᠡᠢ᠄ ᠨᠢᠭᠡ ᠳᠤ ᠭᠥᠭᠵᠢᠭᠦᠯᠭᠦ | ᠪᠤᠯ ᠳᠡᠷᠢᠭᠦᠨ ᠴᠢᠬᠤᠯᠠ ᠡᠭᠦᠷᠭᠡ ᠪᠤᠯᠬᠤ ᠶᠢ ᠪᠠᠷᠢᠮᠳᠠᠯᠠᠨ᠎ᠠ᠂ ᠡᠷᠡᠰ ᠭᠤᠶᠢᠪᠢᠰᠢ ᠥᠭᠡᠢ ᠪᠠᠷ ᠠᠵᠤ ᠠᠬᠤᠢ ᠶᠢᠨ ᠶᠡᠷᠤᠩᠭᠡᠢ ᠭᠡᠮᠵᠢᠶ᠎ᠠ ᠶᠢ ᠪᠤᠵᠠᠭᠠᠶᠢᠷᠠᠭᠤᠯᠤᠨ᠂ | ᠡᠷᠡᠰ ᠭᠤᠶᠢᠪᠢᠰᠢ ᠥᠭᠡᠢ ᠪᠠᠷ ᠭᠥᠭᠵᠢᠯᠳᠡ ᠶᠢᠨ ᠭᠡᠯᠪᠡᠷᠢ ᠶᠢ ᠬᠤᠪᠢᠷᠠᠭᠤᠯᠵᠤ᠂ ᠠᠵᠤ ᠠᠬᠤᠢ ᠶᠢᠨ ᠨᠡᠮᠡᠭᠳᠡᠯ ᠤᠨ ᠶᠠᠰᠣ ᠴᠢᠨᠡᠷ ᠪᠠ ᠥᠷ᠎ᠠ ᠠᠰᠢᠭ ᠢ | ᠳᠠᠰᠣᠷᠠᠯᠳᠠ ᠥᠭᠡᠢ ᠳᠡᠭᠡᠭᠰᠢᠯᠡᠭᠦᠯᠥᠨ᠂ ᠠᠵᠤ ᠠᠬᠤᠢ ᠶᠢᠨ ᠬᠦᠭᠵᠢᠯᠲᠡ ᠶᠢᠨ ᠪᠦᠬᠦᠶᠢᠯᠡ ᠥᠷᠢᠰᠤᠯᠳᠣᠭᠦ ᠭᠥᠴᠣᠨ ᠪᠠ ᠠᠶᠤᠯ ᠳᠥᠭᠰᠢᠭᠦᠷᠢ ᠶᠢ ᠡᠰᠡᠷᠭᠦᠴᠡᠭᠦ | ᠴᠢᠳᠠᠪᠤᠷᠢ ᠶᠢ ᠨᠡᠮᠡᠭᠳᠡᠭᠦᠯᠵᠤ᠂ ᠮᠠᠨ ᠤ ᠬᠤᠳᠠ ᠶᠢᠨ ᠭᠥᠭᠵᠢᠯᠳᠡ ᠶᠢᠨ ᠶᠠᠰᠣ ᠴᠢᠨᠡᠷ ᠢ ᠤᠯᠠᠮ ᠠᠴᠠ ᠤᠯᠠᠮ ᠰᠠᠶᠢᠵᠢᠷᠠᠭᠤᠯᠤᠨ᠂ ᠭᠥᠭᠵᠢᠯᠳᠡ ᠶᠢᠨ ᠤᠷᠤᠨ | ᠵᠠᠢ ᠶᠢ ᠤᠯᠠᠮ ᠠᠴᠠ ᠤᠯᠠᠮ ᠶᠡᠬᠡᠰᠬᠡᠵᠥ᠂ ᠭᠥᠭᠵᠢᠯᠳᠡ ᠶᠢᠨ ᠵᠠᠮ ᠮᠥᠷ ᠢ ᠤᠯᠠᠮ ᠠᠴᠠ ᠤᠯᠠᠮ ᠥᠷᠭᠡᠳᠭᠡᠭᠦ ᠭᠡᠷᠡᠭᠳᠡᠢ᠃ ᠬᠤᠶᠠᠷ ᠲᠤ ᠳᠥᠷᠥᠯ ᠵᠥᠢᠯ ᠤᠨ | ᠴᠢᠩᠭᠠᠷᠠᠭᠤᠯᠥᠯᠳᠠ ᠶᠢ ᠭᠠᠷᠳᠠᠬᠤ ᠴᠡᠭ ᠪᠤᠯᠭᠠᠨ᠎ᠠ᠂ ᠳᠥᠷᠥᠯ ᠵᠥᠢᠯ ᠤᠨ ᠪᠥᠳᠣᠭᠡᠨ ᠪᠠᠶᠢᠭᠤᠯᠥᠯᠳᠡ ᠶᠢ ᠬᠠᠷᠠᠯᠳᠠᠳᠣ ᠡᠭᠦᠷᠭᠡ ᠶᠢ ᠨᠠᠶᠢᠳᠠᠪᠤᠷᠢᠵᠢᠭᠤᠯᠬᠤ | ᠴᠢᠬᠤᠯᠡ ᠠᠴᠢᠶᠠᠯᠠᠪᠤᠷᠢ᠂ ᠠᠵᠢᠯ ᠢ ᠠᠭᠢᠭᠤᠯᠬᠤ ᠰᠢᠭᠤᠳ ᠭᠠᠷᠳᠠᠬᠤ ᠴᠡᠭ᠂ ᠠᠵᠢᠯ ᠤᠨ ᠥᠷ᠎ᠠ ᠪᠥᠳᠣᠮᠵᠢ ᠶᠢ ᠰᠢᠯᠭᠠᠨ ᠪᠠᠶᠢᠴᠠᠭᠠᠬᠤ ᠴᠢᠬᠤᠯᠠ ᠭᠡᠮᠵᠢᠭᠦᠷ | ᠪᠤᠯᠭᠠᠵᠤ᠂ ᠨᠢᠭᠡ ᠨᠢᠭᠡ ᠳᠥᠷᠥᠯ ᠵᠥᠢᠯ ᠢᠶᠠᠷ ᠨᠠᠶᠢᠳᠠᠪᠤᠷᠢᠵᠢᠭᠤᠯᠥᠨ᠂ ᠰᠢᠪᠳᠣᠯᠥᠯᠳᠠ ᠲᠠᠢ ᠪᠤᠯᠭᠠᠬᠤ ᠶᠢ ᠡᠷᠭᠢᠮᠯᠡᠵᠤ᠂ ᠥᠷ᠎ᠠ ᠪᠥᠳᠣᠮᠵᠢ ᠭᠠᠷᠭᠠᠬᠤ ᠭᠡᠷᠡᠭᠳᠡᠢ | ᠃ ᠭᠤᠷᠪᠠ ᠳᠤ ᠠᠷᠠᠳ ᠤᠨ ᠠᠮᠢᠳᠣᠷᠠᠯ ᠤᠨ ᠳᠤᠯᠭᠠᠮ᠎ᠠ ᠭᠥᠰᠡᠯ ᠱᠠᠭᠠᠷᠳᠠᠯᠭ᠎ᠠ ᠶᠢ ᠳᠣᠪᠥᠶᠢᠯᠭᠠᠨᠠ᠂ ᠠᠵᠤ ᠠᠬᠤᠢ ᠶᠢᠨ ᠭᠥᠭᠵᠢᠯᠳᠡ ᠶᠢ ᠠᠵᠢᠯ | ᠤᠯᠭᠤᠯᠳᠠ ᠶᠢᠨ ᠨᠡᠮᠡᠭᠳᠡᠯ ᠪᠤᠯᠤᠨ ᠤᠯᠠᠨ ᠳᠥᠮᠡᠨ ᠤ ᠤᠷᠤᠯᠭ᠎ᠠ ᠶᠢᠨ ᠨᠡᠮᠡᠭᠳᠡᠯ ᠲᠠᠢ ᠬᠠᠷᠢᠯᠴᠠᠨ ᠵᠤᠭᠢᠴᠠᠭᠤᠯᠬᠤ ᠶᠢ ᠳᠥᠯᠭᠢᠨ ᠠᠭᠢᠭᠤᠯᠵᠤ᠂ ᠠᠷᠠᠳ ᠲᠤ | ᠠᠰᠢᠭ ᠲᠠᠢ 20 ᠪᠤᠳᠠᠳᠣ ᠶᠠᠪᠤᠳᠠᠯ ︵ᠭᠥᠰᠥᠨᠥᠭ ᠢ ᠠᠷᠣ ᠳᠤ ᠳᠠᠭᠠᠯᠳᠣᠭᠤᠯᠪᠠ︶ ᠢ ᠪᠥᠭᠦ ᠭᠥᠴᠤᠨ ᠢᠶᠠᠷ ᠰᠠᠶᠢᠳᠣᠷ ᠭᠢᠵᠤ᠂ ᠬᠤᠳᠠ ᠭᠥᠳᠡᠭᠡ ᠶᠢᠨ | ᠰᠠᠭᠤᠭᠠᠯᠢ ᠠᠷᠠᠳ ᠤᠨ ᠥᠢᠯᠡᠳᠪᠤᠷᠢᠯᠡᠯ ᠠᠮᠢᠳᠣᠷᠠᠯ ᠤᠨ ᠭᠢᠷᠢ ᠳᠥᠪᠰᠢᠨ ᠢ ᠮᠡᠳᠡᠭᠳᠡᠭᠦᠶᠢᠴᠨ ᠳᠡᠭᠡᠭᠰᠢᠯᠡᠭᠦᠯᠥᠨ᠂ ᠬᠤᠳᠠ ᠭᠥᠳᠡᠭᠡ ᠶᠢᠨ ᠥᠨᠳᠣᠰᠣᠨ ᠣᠯᠠᠨ | ᠨᠡᠶᠢᠳᠡ ᠶᠢᠨ ᠥᠢᠯᠡᠴᠢᠯᠡᠭᠡᠨ ᠢ ᠠᠳᠠᠯᠢ ᠳᠡᠭᠰᠢ ᠪᠤᠯᠭᠠᠵᠤ᠂ ᠬᠤᠳᠠ ᠪᠠᠶᠠᠵᠢᠪᠠᠯ ᠠᠷᠠᠳ ᠪᠠᠶᠠᠵᠢᠵᠤ᠂ ᠬᠤᠳᠠ ᠭᠥᠴᠤᠷᠭᠡᠭᠵᠢᠪᠡᠯ ᠠᠷᠠᠳ ᠭᠥᠴᠤᠷᠭᠡᠭᠵᠢᠭᠦ ᠶᠢ | ᠥᠨᠡᠨᠭᠦ ᠪᠡᠶᠡᠯᠡᠭᠦᠯᠭᠦ ᠭᠡᠷᠡᠭᠳᠡᠢ᠃ ᠳᠥᠷᠪᠡ ᠳᠤ ᠠᠮᠤᠷ ᠳᠤᠭᠳᠠᠭᠤᠨ ᠢ ᠬᠠᠮᠠᠭᠠᠯᠠᠬᠤ ᠨᠠᠶᠢᠳᠠᠪᠤᠷᠢᠵᠢᠭᠤᠯᠥᠯᠳᠠ ᠶᠢ ᠳᠠᠷᠢᠭᠦᠨ ᠴᠢᠬᠤᠯᠠ ᠬᠠᠷᠢᠭᠤᠴᠠᠯᠭ᠎ᠠ ᠪᠤᠯᠭᠠᠨ᠎ᠠ | ᠂ ᠥᠨᠳᠣᠰᠤᠨ ᠱᠠᠳᠣᠨ ᠤ ᠰᠡᠷᠭᠡᠶᠢᠯᠠᠨ ᠡᠵᠡᠮᠰᠢᠬᠦ ᠰᠢᠰᠲ᠋ᠧᠮᠵᠢ ᠶᠢᠨ ᠪᠥᠳᠣᠭᠡᠨ ᠪᠠᠶᠢᠭᠤᠯᠥᠯᠳᠠ ᠶᠢ ᠨᠠᠩ ᠴᠢᠬᠤᠯᠠᠴᠢᠯᠠᠵᠤ᠂ ᠣᠯᠠᠨ ᠳᠥᠮᠡᠨ ᠤ ᠵᠥᠢ ᠶᠤᠰᠤᠨ | ᠤ ᠵᠠᠭᠠᠯᠳᠣᠯᠭ᠎ᠠ ᠶᠢ ᠥᠷ᠎ᠠ ᠪᠥᠳᠣᠮᠵᠢᠳᠡᠢ ᠬᠠᠨᠤᠮᠵᠢᠳᠡᠢ ᠰᠢᠢᠳᠪᠤᠷᠢᠯᠡᠭᠦ ᠶᠢ ᠨᠠᠩ ᠴᠢᠬᠤᠯᠠᠴᠢᠯᠠᠨ᠂ ᠵᠠᠰᠠᠭ ᠤᠨ ᠤᠷᠳᠣᠨ ᠤ ᠬᠠᠤᠯᠢ ᠶᠤᠰᠣᠭᠠᠷ ᠵᠠᠰᠠᠭ | ᠶᠠᠪᠤᠭᠤᠯᠬᠤ ᠪᠠ ︽ᠢᠯᠡ ᠳᠣᠳᠣ ᠪᠠᠷ ᠠᠵᠢᠯᠯᠠᠬᠤ︾ ᠶᠢ ᠨᠠᠩ ᠴᠢᠬᠤᠯᠠᠴᠢᠯᠠᠵᠤ᠂ ᠥᠨᠳᠣᠰᠤᠳᠠᠨ ᠨᠦᠭᠦᠳ ᠤᠨ ᠠᠷᠠᠳ ᠳᠥᠮᠡᠨ ᠤ ᠪᠥᠯᠭᠦᠮᠳᠡᠯ ᠳᠠᠪᠰᠢᠯᠳᠡ | ᠶᠢᠨ ᠶᠡᠭᠡ ᠰᠠᠶᠢᠨ ᠪᠠᠶᠢᠳᠠᠯ ᠢ ᠪᠠᠭᠢᠵᠢᠭᠦᠯᠥᠨ ᠭᠥᠭᠵᠢᠭᠦᠯᠵᠤ᠂ ᠪᠥᠭᠦ ᠬᠤᠳᠠ ᠶᠢᠨ ᠠᠷᠠᠳ ᠳᠥᠮᠡᠨ ᠢ ᠠᠮᠤᠷ ᠳᠣᠭᠳᠠᠭᠤᠨ ᠡᠶ᠎ᠡ ᠵᠤᠭᠢᠴᠠᠯ ᠲᠠᠢ ᠰᠠᠶᠢᠬᠠᠨ | ᠠᠮᠢᠳᠣᠷᠠᠭᠤᠯᠬᠤ ᠭᠡᠷᠡᠭᠳᠡᠢ᠃ | ᠪᠤᠳᠠᠳᠣ ᠠᠵᠢᠯ ᠤᠨ ᠳᠣᠮᠳᠠ᠂ ᠪᠢᠳᠠ ᠳᠣᠣᠷᠠᠭᠢ ᠨᠡᠢᠮᠠᠨ ᠵᠥᠢᠯ ᠤᠨ ᠠᠵᠢᠯ ᠢ ᠭᠤᠤᠯᠳᠠᠯᠭ᠎ᠠ ᠲᠠᠢ ᠠᠭᠢᠭᠤᠯᠬᠤ ᠠᠬᠢᠭᠤᠯᠣᠨ᠎ᠠ᠄ | ︵ᠨᠢᠭᠡ︶ ᠭᠥᠭᠵᠢᠯᠳᠡ ᠶᠢᠨ ᠭᠡᠯᠪᠡᠷᠢ ᠶᠢ ᠬᠤᠪᠢᠷᠠᠭᠤᠯᠬᠤ ᠶᠢ ᠳᠥᠷᠭᠡᠳᠭᠡᠵᠤ᠂ ᠠᠵᠤ ᠠᠬᠤᠢ ᠶᠢᠨ ᠨᠠᠮᠡᠭᠳᠡᠯ ᠤᠨ ᠶᠠᠰᠣ ᠴᠢᠨᠡᠷ ᠪᠠ ᠥᠷ᠎ᠠ ᠠᠰᠢᠭ | ᠢ ᠥᠨᠡᠨᠭᠦ ᠳᠡᠭᠡᠭᠰᠢᠯᠡᠭᠦᠯᠭᠦ ᠭᠡᠷᠡᠭᠳᠡᠢ᠃ ᠭᠥᠭᠵᠢᠯᠳᠡ ᠶᠢᠨ ᠭᠡᠯᠪᠡᠷᠢ ᠶᠢ ᠬᠤᠪᠢᠷᠠᠭᠤᠯᠤᠨ᠂ ᠠᠵᠤ ᠠᠬᠤᠢ ᠶᠢᠨ ᠪᠥᠳᠣᠴᠨ ᠶᠢᠨ ᠭᠡᠯᠪᠡᠷᠢ ᠳᠤ ᠳᠤᠭᠢᠷᠠᠭᠤᠯᠥᠯᠳᠡ | ᠬᠢᠬᠦ ᠶᠢ ᠰᠢᠨᠵᠢᠯᠡᠭᠦ ᠤᠬᠠᠭᠠᠨᠴᠢ ᠭᠥᠭᠵᠢᠯᠳᠡ ᠶᠢᠨ ᠥᠵᠡᠯᠳᠡ ᠶᠢ ᠭᠥᠨᠵᠡᠭᠡᠢ ᠳᠣᠣᠱᠯᠠᠭᠤᠯᠤᠨ ᠨᠠᠶᠢᠳᠠᠪᠤᠷᠢᠵᠢᠭᠤᠯᠬᠤ ᠶᠢᠨ ᠴᠢᠬᠤᠯᠨ ᠬᠠᠷᠠᠯᠳᠠ ᠪᠠ ᠪᠠᠶᠢᠯᠳᠣᠬᠤ | ᠪᠤᠳᠣᠯᠭ᠎ᠠ ᠶᠢᠨ ᠠᠷᠭ᠎ᠠ ᠭᠡᠮᠵᠢᠶ᠎ᠠ ᠪᠤᠯᠭᠠᠨ᠂ ᠤᠷᠳᠣᠰ ᠤᠨ ᠠᠯᠤᠰ ᠭᠡᠳᠣ ᠶᠢᠨ ᠥᠷᠭᠦᠯᠵᠢᠯᠡᠭᠰᠡᠨ ᠭᠥᠭᠵᠢᠯᠳᠡ ᠶᠢ ᠠᠭᠢᠭᠤᠯᠬᠤ ᠴᠢᠬᠤᠯᠨ ᠠᠵᠨ ᠳᠤᠭᠢᠶᠠᠯ | ᠪᠠ ᠭᠤᠤᠯ ᠰᠢᠪᠳᠣᠯᠥᠯᠳᠠ ᠶᠢᠨ ᠴᠡᠭ ᠪᠤᠯᠭᠠᠵᠤ᠂ ᠠᠵᠤ ᠥᠢᠯᠡᠰ ᠤᠨ ᠳᠥᠷᠥ ᠶᠢᠨ ᠪᠤᠳᠣᠯᠭ᠎ᠠ ᠶᠢᠨ ᠭᠥᠳᠣᠯᠥᠮᠵᠢ ᠪᠠ ᠰᠢᠨᠵᠢᠯᠡᠭᠦ ᠤᠬᠠᠭᠠᠨ ᠮᠡᠷᠭᠡᠵᠢᠯ ᠤᠨ | ᠰᠢᠨ᠎ᠡ ᠡᠭᠦᠳᠣᠯᠳᠡ ᠶᠢᠨ ᠳᠤᠯᠭᠠᠭᠤᠷᠢ ᠭᠥᠴᠤᠨ ᠢ ᠴᠢᠩᠭᠠᠳᠬᠠᠨ᠂ ︽ᠲᠦᠷᠭᠡᠳᠭᠡᠭᠦ︾ ᠲᠡᠭᠡᠷ᠎ᠡ ᠬᠦᠴᠦ ᠪᠠᠨ ᠲᠠᠯᠪᠢᠵᠤ᠂ ᠦᠷ᠎ᠡ ᠪᠦᠲᠦᠮᠵᠢ ᠭᠠᠷᠭᠠᠵᠤ᠂ ︽ | ᠬᠤᠪᠢᠷᠠᠭᠤᠯᠬᠤ︾ ᠶᠠᠪᠤᠴᠠ ᠳᠤ ᠰᠢᠨ᠎ᠡ ᠰᠢᠪᠲᠤᠯᠤᠯᠲᠠ ᠶᠢ ᠡᠷᠢᠯᠬᠢᠯᠡᠵᠤ᠂ ᠬᠢᠷᠢ ᠲᠦᠪᠰᠢᠨ ᠳᠤ ᠭᠠᠷᠭᠠᠵᠤ᠂ ᠬᠦᠭᠵᠢᠯᠲᠡ ᠶᠢᠨ ᠬᠡᠯᠪᠡᠷᠢ ᠶᠢ ᠬᠤᠪᠢᠷᠠᠭᠤᠯᠬᠤ | ᠪᠠᠷ ᠲᠠᠮᠵᠢᠨ᠂ ᠪᠦᠲᠦᠴᠡ ᠶᠢᠨ ᠬᠡᠯᠪᠡᠷᠢ ᠶᠢ ᠬᠤᠪᠢᠷᠠᠭᠤᠯᠬᠤ ᠪᠠ ᠠᠵᠤ ᠦᠢᠯᠡᠰ ᠢ ᠲᠡᠰ ᠲᠡᠪᠰᠢᠬᠦᠯᠬᠦ ᠶᠢ ᠲᠦᠯᠬᠢᠨ ᠠᠬᠢᠭᠤᠯᠤᠨ᠎ᠠ᠃ | ᠳᠠᠪᠠᠭᠤᠯᠢᠭ ᠤᠨᠴᠠᠯᠢᠬᠳᠣ ᠠᠵᠤ ᠥᠢᠯᠡᠰ ᠢ ᠬᠦᠢᠴᠡᠳ ᠮᠥᠷᠳᠡᠭᠡᠨ ᠭᠥᠨᠵᠡᠭᠡᠢ ᠭᠢᠭᠦ ᠠᠴᠠ ᠭᠠᠷᠳᠡᠵᠤ ᠭᠥᠭᠵᠢᠯᠳᠡ ᠶᠢᠨ ᠭᠡᠯᠪᠡᠷᠢ ᠶᠢ ᠬᠤᠪᠢᠷᠠᠭᠤᠯᠬᠤ | ᠭᠡᠷᠡᠭᠳᠡᠢ᠃ ᠣᠯᠣᠰ ᠤᠨ ᠡᠨᠧᠷᠭᠢ ᠶᠢᠨ ᠠᠮᠤᠷ ᠳᠥᠪᠰᠢᠨ ᠢ ᠬᠠᠮᠠᠭᠠᠯᠠᠬᠤ ᠪᠥᠬᠦ ᠳᠠᠯ᠎ᠡ ᠠᠴᠠ ᠭᠠᠷᠳᠠᠨ᠂ ᠳᠡᠯᠡᠭᠡᠢ ᠶᠢᠨ ᠳᠣᠣᠷ᠎ᠠ ᠨᠡᠭᠦᠷᠡᠰᠣᠳᠥ᠋ᠷᠥᠭᠴᠢᠳᠥ ᠠᠵᠤ | ᠠᠬᠤᠢ ᠶᠢᠨ ᠭᠥᠭᠵᠢᠯᠳᠡ ᠶᠢᠨ ᠶᠡᠷᠤᠩᠭᠡᠢ ᠪᠠᠶᠢᠳᠠᠯ ᠢ ᠳᠠᠭᠠᠵᠤ᠂ ᠨᠡᠭᠦᠷᠡᠰᠣᠨ ᠤ ᠡᠭᠢ ᠪᠠᠶᠠᠯᠢᠭ ᠤᠨ ᠴᠠᠪᠠᠷ ᠨᠡᠭᠡᠭᠡᠨ ᠠᠰᠢᠬᠯᠠᠯᠳᠠ ᠶᠢ ᠨᠡᠩ ᠥᠨᠳᠣᠷ ᠳᠡᠰ | ᠢᠶᠠᠷ ᠠᠭᠢᠭᠤᠯᠵᠤ᠂ ᠣᠯᠣᠰ ᠤᠨ ᠪᠠᠶᠢᠯᠳᠣᠬᠤ ᠪᠤᠳᠣᠯᠭ᠎ᠠ ᠶᠢᠨ ᠴᠢᠨᠡᠷᠳᠡᠢ ᠠᠮᠢ ᠠᠬᠤᠢ ᠡᠨᠧᠷᠭᠢ ᠶᠢᠨ ᠰᠠᠭᠤᠷᠢᠨ ᠭᠠᠵᠠᠷ ᠤᠨ ᠪᠥᠳᠣᠭᠡᠨ ᠪᠠᠶᠢᠭᠤᠯᠥᠯᠳᠠ ᠶᠢ | ᠳᠥᠷᠭᠡᠳᠭᠡᠭᠦ ᠭᠡᠷᠡᠭᠳᠡᠢ᠃ ᠡᠨᠡ ᠵᠢᠯ ᠭᠤᠷᠪᠠᠨ ᠳᠠᠯ᠎ᠠ ᠪᠠᠷ ᠳᠤᠪᠤᠶᠢᠯᠭᠠᠨ ᠰᠠᠶᠢᠳᠣᠷ ᠠᠳᠬᠤᠨ᠎ᠠ᠄ ᠨᠢᠭᠡ ᠳᠤ ᠨᠡᠭᠦᠷᠡᠰᠤᠨ ᠤ ᠡᠷᠴᠢᠮᠵᠢᠭᠦᠯᠥᠭᠰᠡᠨ | ᠥᠢᠯᠡᠳᠪᠤᠷᠢᠯᠡᠯ ᠤᠨ ᠭᠢᠷᠢ ᠳᠥᠪᠰᠢᠨ ᠢ ᠤᠯᠠᠮ ᠨᠢᠭᠡ ᠠᠯᠬᠤᠮ ᠲᠡᠭᠡᠭᠰᠢᠯᠡᠬᠦᠯᠦᠨ᠎ᠡ᠃ ᠨᠡᠭᠦᠷᠡᠰᠣᠨ ᠤ ᠥᠢᠯᠡᠳᠪᠤᠷᠢᠯᠡᠯ ᠢ ᠤᠶᠤᠨᠴᠢ ᠪᠠᠷ ᠳᠤᠭᠢᠷᠠᠭᠤᠯᠥᠨ | ᠡᠵᠡᠮᠳᠡᠵᠣ᠂ ᠨᠡᠭᠦᠷᠡᠰᠣᠨ ᠤ ᠳᠡᠭᠡᠭᠡᠪᠤᠷᠢ ᠶᠢᠨ ᠭᠥᠴᠤᠨ ᠢ ᠵᠤᠭᠢᠰᠳᠡᠢ ᠳᠤᠭᠢᠷᠠᠭᠤᠯᠵᠤ᠂ ᠥᠢᠯᠡᠳᠪᠤᠷᠢᠯᠠᠯ ᠤᠨ ᠴᠢᠳᠠᠪᠤᠷᠢ ᠶᠢᠨ ᠥᠯᠡᠭᠦᠳᠡᠯ ᠪᠤᠯᠤᠨ ᠥᠨ᠎ᠡ | ᠬᠠᠩᠰᠢ ᠶᠢᠨ ᠳᠤᠬᠳᠠᠭᠤᠨ ᠪᠤᠰᠤ ᠪᠠᠶᠢᠳᠠᠯ ᠢ ᠰᠡᠷᠭᠡᠶᠢᠯᠡᠨ᠎ᠡ᠃ ᠨᠡᠭᠦᠷᠡᠰᠣᠨ ᠤ ᠡᠭᠢ ᠪᠠᠶᠠᠯᠢᠭ ᠢ ᠬᠤᠶᠠᠳᠡᠭᠢ ᠤᠳᠠᠭ᠎ᠠ ᠨᠡᠶᠢᠯᠡᠭᠦᠯᠭᠦ ᠠᠵᠢᠯ ᠢ ᠠᠭᠢᠭᠤᠯᠵᠤ᠂ | 91 ᠣᠷᠳ ᠨᠤᠳᠤᠭ ᠤᠨ ᠨᠡᠭᠦᠷᠡᠰᠤᠨ ᠠᠭᠤᠷᠬᠠᠢ ᠳᠤ ᠨᠢᠭᠡᠳᠣᠭᠦᠯᠭᠦ ᠮᠡᠷᠭᠡᠵᠢᠯ ᠤᠨ ᠥᠭᠡᠷᠡᠴᠢᠯᠡᠯᠳᠡ ᠭᠢᠵᠤ᠂ ᠡᠩ ᠤᠨ ᠮᠠᠯᠳᠠᠬᠤ ᠪᠠ ᠳᠡᠭᠡᠳᠣ ᠳᠡᠰ ᠤᠨ ᠡᠩ | ᠤᠨ ᠮᠠᠯᠳᠠᠬᠤ ᠮᠡᠷᠭᠡᠵᠢᠯ ᠢ ᠳᠥᠢᠯᠪᠤᠷᠢᠳᠡᠢ ᠬᠠᠶᠠᠭᠳᠠᠭᠤᠯᠵᠤ᠂ ᠪᠥᠭᠦᠨ ᠢ ᠮᠠᠰᠢᠨᠴᠢᠯᠠᠯᠳᠠ ᠪᠠᠷ ᠮᠠᠯᠳᠠᠬᠤ ᠶᠢ ᠪᠡᠶᠡᠯᠡᠭᠦᠯᠥᠨ᠎ᠡ᠃ ᠤᠭᠢᠶᠠᠬᠤ ᠰᠤᠩᠭᠤᠬᠤ | ᠳᠤᠭᠢᠷᠠᠭᠤᠯᠬᠤ ᠭᠤᠬᠴᠣᠭᠠᠨ ᠠᠴᠠ ᠥᠷ᠎ᠠ ᠠᠰᠢᠭ ᠤᠯᠵᠤ᠂ ᠨᠡᠭᠦᠷᠡᠰᠣᠨ ᠤ ᠤᠭᠢᠶᠠᠵᠤ ᠰᠣᠩᠭᠤᠬᠤ ᠨᠤᠷᠮ᠎ᠠ ᠶᠢ 45% ᠠᠴᠠ ᠳᠡᠭᠡᠭᠰᠢ ᠪᠤᠯᠭᠠᠬᠤ ᠭᠡᠷᠡᠭᠳᠡᠢ᠃ | ᠬᠤᠶᠠᠷ ᠲᠤ ᠨᠡᠭᠦᠷᠡᠰᠣᠨ ᠤ ᠭᠥᠨᠵᠡᠭᠡᠢ ᠬᠤᠪᠢᠷᠠᠭᠠᠯᠳᠠ ᠪᠠ ᠴᠠᠪᠠᠷ ᠠᠰᠢᠭᠯᠠᠯᠳᠠ ᠶᠢ ᠭᠥᠴᠤᠳᠠᠢ ᠠᠬᠢᠭᠤᠯᠤᠨ᠎ᠠ᠃ ᠨᠡᠭᠦᠷᠡᠰᠤ ᠶᠢ ᠳᠣᠰᠣ ᠪᠤᠯᠭᠠᠬᠤ ᠠᠵᠤ | ᠥᠢᠯᠡᠰ ᠢ ᠵᠤᠷᠢᠭ ᠰᠢᠭᠤᠳᠣᠨ ᠶᠡᠭᠡᠪᠡᠷ ᠭᠢᠵᠤ᠂ ᠣᠳᠣ ᠶᠢᠨ ᠬᠤᠶᠠᠷ ᠵᠤᠷᠪᠤᠰ ᠥᠢᠯᠡᠳᠪᠤᠷᠢᠯᠡᠯ ᠤᠨ ᠱᠤᠭᠤᠮ ᠢ ᠪᠥᠭᠦ ᠳᠠᠯ᠎ᠠ ᠪᠠᠷ ᠠᠰᠢᠭᠯᠠᠯᠳᠠ ᠳᠤ | ᠤᠷᠤᠭᠤᠯᠵᠤ᠂ ᠢ ᠲᠠᠢ ᠶᠢᠨ ᠨᠡᠭᠦᠷᠡᠰᠣ ᠶᠢ ᠳᠣᠰᠣ ᠪᠤᠯᠭᠠᠬᠤ ᠬᠤᠶᠠᠳᠣᠭᠠᠷ ᠬᠤᠭᠤᠴᠠᠭᠠᠨ ᠤ ᠪᠥᠳᠣᠭᠡᠨ ᠪᠠᠶᠢᠭᠤᠯᠬᠤ ᠠᠵᠢᠯ ᠢ ᠡᠭᠢᠯᠡᠭᠦᠯᠵᠤ᠂ ᠱᠧᠨ ᠬᠤᠸ᠋ᠨ | ᠶᠢᠨ ᠨᠡᠭᠦᠷᠡᠰᠦ ᠶᠢ ᠰᠢᠩᠬᠡᠨᠵᠢᠬᠦᠯᠬᠦ ᠬᠤᠶᠠᠳᠣᠭᠠᠷ ᠬᠤᠭᠤᠴᠠᠭ᠎ᠠ᠂ ᠶᠠᠨ ᠺᠤᠸᠠᠩ ᠠᠭᠤᠷᠬᠠᠢ ᠶᠢᠨ ᠨᠡᠭᠦᠷᠡᠰᠣ ᠶᠢ ᠳᠣᠰᠣ ᠪᠤᠯᠭᠠᠬᠤ ᠵᠡᠷᠭᠡ ᠳᠥᠷᠤᠯ ᠵᠥᠢᠯ ᠤᠨ | ᠡᠮᠤᠨᠡᠭᠢ ᠬᠤᠭᠤᠴᠠᠭᠠᠨ ᠤ ᠠᠵᠢᠯ ᠢ ᠰᠠᠶᠢᠳᠣᠷ ᠭᠢᠵᠤ᠂ ᠮᠢᠩᠭᠠᠨ ᠳᠥᠮᠡᠨ ᠳᠤᠨ ᠤ ᠳᠡᠰ ᠤᠨ ᠨᠡᠭᠦᠷᠡᠰᠣ ᠶᠢ ᠳᠣᠰᠣ ᠪᠤᠯᠭᠠᠬᠤ ᠰᠠᠭᠤᠷᠢᠨ ᠭᠠᠵᠠᠷ ᠢ ᠠᠯᠬᠤᠮ | ᠠᠯᠬᠤᠮ ᠢᠶᠠᠷ ᠪᠠᠶᠢᠭᠤᠯᠥᠨᠡ᠃ ᠨᠡᠭᠦᠷᠡᠰᠣ ᠶᠢ ᠪᠠᠶᠢᠭᠠᠯᠢ ᠶᠢᠨ ᠰᠢᠳᠡᠮᠡᠬᠠᠢ ᠭᠡᠢ ᠪᠣᠯᠭᠠᠬᠤ ᠠᠵᠤ ᠥᠢᠯᠠᠰ ᠢ ᠢᠳᠡᠪᠭᠢᠳᠡᠢ ᠭᠥᠭᠵᠢᠭᠦᠯᠵᠤ᠂ ᠱᠧᠨ ᠬᠤᠸ᠋ᠨ | ᠶᠢᠨ ᠨᠡᠭᠦᠷᠡᠰᠣ ᠶᠢ ᠰᠢᠩᠭᠡᠨᠵᠢᠭᠦᠯᠭᠦ ᠳᠥᠷᠥᠯ ᠵᠥᠢᠯ ᠤᠨ ᠪᠥᠳᠣᠭᠡᠨ ᠪᠠᠶᠢᠭᠤᠯᠥᠯᠳᠡ ᠶᠢᠨ ᠠᠭᠢᠴᠠ ᠶᠢ ᠳᠥᠷᠭᠡᠳᠭᠡᠵᠤ᠂ ᠬᠤᠢ ᠨᠧᠩ ᠤᠨ 16 ᠳ᠋ᠥᠩᠰᠢᠭᠤᠷ | ᠪᠤᠰᠤᠭ᠎ᠠ ᠳᠥᠷᠪᠡᠯᠵᠢᠨ ᠮᠧᠲᠷ᠂ ᠰᠢᠨ ᠤᠣ ᠶᠢᠨ 20 ᠳ᠋ᠥᠩᠰᠢᠭᠤᠷ ᠪᠤᠰᠤᠭ᠎ᠠ ᠳᠥᠷᠪᠡᠯᠵᠢᠨ ᠮᠧᠲᠷ ᠨᠡᠭᠦᠷᠡᠰᠣ ᠶᠢ ᠰᠢᠩᠬᠡᠨᠵᠢᠬᠦᠯᠬᠦ ᠳᠥᠷᠥᠯ ᠵᠥᠢᠯ ᠤᠨ ᠠᠵᠢᠯ | ᠢ ᠡᠭᠢᠯᠡᠭᠦᠯᠵᠤ᠂ ᠵᠠᠭᠤᠨ ᠳ᠋ᠥᠩᠰᠢᠭᠤᠷ ᠪᠤᠰᠤᠭ᠎ᠠ ᠳᠥᠷᠪᠡᠯᠵᠢᠨ ᠮᠧᠲᠷ ᠥᠢᠯᠡᠳᠪᠤᠷᠢᠯᠡᠯ ᠤᠨ ᠭᠡᠪᠴᠢᠶᠡᠵᠢᠯ ᠢ ᠱᠠᠯᠠᠪᠳᠠᠨ ᠪᠥᠷᠢᠯᠳᠣᠭᠦᠯᠥᠨᠡ᠃ ᠪᠥᠭᠦ | ᠭᠥᠴᠤᠨ ᠢᠶᠠᠷ ᠢᠶᠠᠨ ᠮᠧᠲ᠋ᠢᠯ ᠠᠯᠺᠤᠤᠯ ᠤᠨ ᠥᠢᠯᠡᠳᠭᠦᠨ ᠢ ᠨᠠᠷᠢᠯᠢᠭ ᠭᠥᠨᠵᠡᠭᠡᠢ ᠪᠤᠯᠪᠠᠰᠣᠷᠠᠭᠤᠯᠵᠤ᠂ ᠢ ᠯᠢ ᠶᠢᠨ ᠠᠽᠥ᠋ᠲ ᠭᠥᠴᠢᠯ ᠤᠨ ᠡᠲ᠋ᠧᠨ᠂ ᠱᠤᠸᠠᠩ | ᠰᠢᠨ ᠤ PVA ᠵᠡᠷᠭᠡ ᠳᠥᠷᠥᠯ ᠵᠥᠢᠯ ᠤᠨ ᠪᠥᠳᠣᠭᠡᠨ ᠪᠠᠶᠢᠭᠤᠯᠥᠯᠳᠡ ᠶᠢ ᠰᠠᠶᠢᠳᠣᠷ ᠠᠳᠬᠤᠵᠤ᠂ ᠵᠥᠩ ᠳᠢᠶᠠᠨ ᠡᠾᠧ ᠴᠤᠸᠠᠩ ᠤᠨ 300 ᠳᠥᠮᠡᠨ | ᠳᠤᠨ ᠤ ᠬᠤᠶᠠᠷ ᠮᠧᠲ᠋ᠢᠯᠳᠣ ᠡᠲ᠋ᠧᠷ᠂ ᠶᠡᠨ ᠺᠤᠸᠠᠩ ᠠᠭᠤᠷᠬᠠᠢ ᠶᠢᠨ 60 ᠳᠥᠮᠡᠨ ᠳᠤᠨ ᠤ ᠠᠯᠺᠧᠨ᠂ ᠳᠤᠮᠳᠠᠳᠣ ᠶᠢᠨ ᠨᠡᠭᠦᠷᠡᠰᠣᠨ ᠤ 350 ᠳᠥᠮᠡᠨ ᠳᠤᠨ | ᠤ ᠳᠤᠮᠤ ᠭᠢᠮᠢ ᠶᠢᠨ ᠪᠤᠷᠳᠣᠭᠤᠷ᠂ ᠳ᠋ᠥᠩ ᠹᠠᠩ ᠰᠢ ᠸᠠᠩ ᠤᠨ 40 ᠳᠥᠮᠡᠨ ᠳᠤᠨ ᠤ PVC ᠵᠡᠷᠭᠡ ᠳᠣᠮᠣ ᠳᠥᠷᠥᠯ ᠵᠥᠢᠯ ᠤᠨ ᠠᠵᠢᠯ ᠢ ᠡᠭᠢᠯᠡᠭᠦᠯᠭᠦ | ᠪᠠᠷ ᠴᠢᠷᠮᠡᠶᠢᠵᠤ᠂ ᠮᠢᠩᠭᠠᠨ ᠳᠥᠮᠡᠨ ᠳᠤᠨ ᠤ ᠳᠡᠰ ᠤᠨ ᠳᠡᠭᠡᠳᠣ ᠳᠡᠰ ᠤᠨ ᠭᠢᠮᠢ ᠶᠢᠨ ᠠᠵᠤ ᠥᠢᠯᠠᠳᠪᠤᠷᠢ ᠶᠢᠨ ᠠᠵᠤ ᠥᠢᠯᠡᠰ ᠤᠨ ᠰᠠᠭᠤᠷᠢᠨ ᠭᠠᠵᠠᠷ ᠢ | ᠪᠥᠢᠵᠢᠭᠤᠯᠥᠨᠡ᠃ ᠡᠨᠧᠷᠭᠢ ᠶᠢᠨ ᠬᠤᠷᠤᠭᠳᠠᠯ ᠳᠣᠣᠷ᠎ᠠ᠂ ᠣᠰᠣᠨ ᠤ ᠬᠤᠷᠤᠭᠳᠠᠯ ᠳᠣᠣᠷ᠎ᠠ᠂ ᠪᠤᠭᠢᠷᠳᠣᠯ ᠤᠨ ᠭᠠᠳᠠᠭᠰᠢᠯᠠᠭᠤᠯᠥᠯᠳᠠ ᠳᠣᠣᠷ᠎ᠠ ᠪᠤᠭᠢᠷᠳᠣᠯ | ᠥᠭᠡᠢ ᠴᠠᠭᠢᠯᠭᠠᠨ ᠭᠥᠴᠣᠨ ᠤ ᠰᠠᠭᠤᠷᠢᠨ ᠭᠠᠵᠡᠷ ᠢ ᠳᠥᠷᠬᠡᠬᠡᠨ ᠪᠥᠳᠣᠬᠡᠨ ᠪᠠᠶᠢᠭᠤᠯᠵᠥ᠂ ᠨᠡᠭᠦᠷᠡᠰᠣᠨ ᠳᠠᠪᠬᠤᠷᠭ᠎ᠠ ᠶᠢᠨ ᠭᠡᠢ ᠶᠢ ᠨᠡᠭᠡᠭᠡᠨ ᠠᠰᠢᠭᠯᠠᠬᠤ | ᠠᠵᠢᠯ ᠢ ᠰᠠᠶᠢᠳᠣᠷ ᠭᠢᠵᠤ᠂ ᠡᠭᠢ ᠪᠠᠶᠠᠯᠢᠭ ᠤᠨ ᠶᠡᠷᠤᠩᠭᠡᠢ ᠨᠡᠭᠡᠭᠡᠨ ᠠᠰᠢᠭᠯᠬᠤ ᠭᠢᠷᠢ ᠳᠥᠪᠰᠢᠨ ᠢ ᠥᠨᠡᠨᠭᠦ ᠳᠡᠭᠡᠭᠰᠢᠯᠡᠭᠦᠯᠭᠦ ᠭᠡᠷᠡᠭᠳᠡᠢ᠃ ᠭᠤᠷᠪᠠ ᠳᠤ | ᠰᠠᠯᠭᠢᠨ ᠡᠨᠧᠷᠭᠢ᠂ ᠨᠠᠷᠠᠨ ᠡᠨᠧᠷᠭᠢ᠂ ᠠᠮᠢᠳᠣ ᠪᠤᠳᠠᠰ ᠤᠨ ᠡᠳ᠋ ᠤᠨ ᠡᠨᠧᠷᠭᠢ ᠵᠡᠷᠭᠡ ᠰᠢᠨ᠎ᠡ ᠡᠨᠧᠷᠭᠢ ᠶᠢᠨ ᠠᠵᠤ ᠥᠢᠯᠡᠰ ᠢ ᠢᠳᠡᠪᠭᠢᠳᠡᠢ ᠭᠦᠭᠵᠢᠬᠦᠯᠦᠨ᠎ᠡ᠃ | ᠠᠮᠧᠷᠢᠺᠠ ᠶᠢᠨ ᠨᠢᠭᠡᠳᠣᠭᠡᠷ ᠨᠠᠷᠠᠨ ᠡᠨᠧᠷᠭᠢ ᠶᠢᠨ ᠺᠤᠮᠫᠠᠨᠢ ᠶᠢᠨ 2 ᠮᠢᠩᠭᠠᠨ ᠰᠠᠶ᠎ᠠ ᠸᠠᠲ ᠭᠡᠷᠡᠯᠯᠢᠭ ᠸᠤᠯᠲ ᠤᠨ ᠴᠠᠭᠢᠯᠭᠠᠨ ᠭᠠᠷᠭᠠᠬᠤ ᠳᠥᠷᠥᠯ ᠵᠥᠢᠯ ᠢ | ᠪᠠᠶᠢᠭᠤᠯᠬᠤ ᠪᠠᠷ ᠴᠢᠷᠮᠠᠶᠢᠬᠤ ᠭᠡᠷᠡᠭᠲᠠᠢ᠃ | ᠳᠤᠨᠤᠭᠯᠠᠯ ᠥᠢᠯᠡᠳᠬᠦ ᠠᠵᠤ ᠥᠢᠯᠡᠰ ᠵᠡᠷᠭᠡ ᠪᠠᠶᠢᠯᠳᠣᠬᠤ ᠪᠤᠳᠣᠯᠭ᠎ᠠ ᠶᠢᠨ ᠴᠢᠨᠡᠷᠳᠡᠢ ᠰᠢᠨ᠎ᠡ ᠪᠠᠷ ᠪᠤᠢ ᠪᠤᠯᠣᠭᠰᠠᠨ ᠠᠵᠤ ᠥᠢᠯᠡᠰ ᠢ ᠶᠡᠭᠡᠪᠡᠷ ᠮᠥᠷᠳᠡᠭᠡᠨ | ᠡᠷᠴᠢᠮᠯᠢᠭ ᠭᠢᠭᠦ ᠠᠴᠠ ᠭᠠᠷᠳᠠᠵᠤ ᠭᠥᠭᠵᠢᠯᠳᠡ ᠶᠢᠨ ᠭᠡᠯᠪᠡᠷᠢ ᠶᠢ ᠬᠤᠪᠢᠷᠠᠭᠤᠯᠬᠤ ᠭᠡᠷᠡᠭᠳᠡᠢ᠃ ᠳᠤᠨᠤᠭᠯᠠᠯ ᠥᠢᠯᠡᠳᠭᠦ ᠠᠵᠤ ᠥᠢᠯᠠᠰ ᠤᠨ ᠭᠥᠭᠵᠢᠯᠳᠡ ᠪᠠᠷ | ᠬᠦᠭᠵᠢᠯᠲᠡ ᠶᠢᠨ ᠭᠡᠯᠪᠡᠷᠢ ᠶᠢ ᠬᠤᠪᠢᠷᠠᠭᠤᠯᠬᠤ ᠳᠤᠯᠭᠠᠮ᠎ᠠ ᠡᠭᠦᠷᠭᠡ ᠪᠤᠯᠭᠠᠵᠤ᠂ ᠠᠵᠤ ᠥᠢᠯᠡᠰ ᠤᠨ ᠭᠡᠪᠴᠢᠶᠡᠵᠢᠯ ᠢ ᠥᠷᠭᠡᠳᠭᠡᠵᠤ᠂ ᠠᠵᠤ ᠥᠢᠯᠡᠰ ᠤᠨ | ᠢᠵᠢ ᠪᠥᠷᠢᠯᠳᠣᠭᠦᠯᠭᠦ ᠶᠢ ᠠᠭᠢᠭᠤᠯᠥᠨᠡ᠃ ᠡᠨᠡ ᠵᠢᠯ ᠭᠤᠤᠯᠳᠠᠭᠤ ᠳ᠋ᠥᠩᠱᠧᠩ᠂ ᠭᠢᠶ᠎ᠠ ᠪᠠᠭᠰᠢ᠂ ᠠᠯᠳᠠᠨᠰᠢᠷᠡᠭᠡᠳᠣ ᠪᠠᠯᠭᠠᠰᠣ ᠶᠢᠨ ᠳᠤᠨᠤᠭᠯᠠᠯ ᠥᠢᠯᠡᠳᠭᠦ ᠥᠢᠯᠡᠰ | ᠤᠨ ᠭᠥᠷᠢᠶᠡᠯᠡᠩ ᠳᠣᠭᠤᠷᠢᠭ ᠤᠨ ᠰᠠᠭᠤᠷᠢ ᠳᠥᠭᠦᠭᠡᠷᠤᠮᠵᠢ ᠶᠢᠨ ᠪᠥᠳᠣᠭᠡᠨ ᠪᠠᠶᠢᠭᠤᠯᠥᠯᠳᠠ ᠶᠢ ᠴᠢᠩᠭᠠᠳᠬᠠᠨ᠂ ᠴᠢ ᠷᠥᠢ ᠮᠠᠰᠢᠨ ᠳᠡᠷᠭᠡᠨ ᠤ ᠠᠵᠤ | ᠥᠢᠯᠡᠰ ᠤᠨ ᠭᠥᠷᠢᠶᠡᠯᠡᠩ ᠪᠤᠯᠤᠨ ᠳᠥᠩᠴᠤᠸᠠᠨ ᠤ ᠮᠠᠰᠢᠨ ᠳᠡᠷᠭᠡᠨ ᠤ ᠥᠵᠡᠰᠭᠦᠯᠡᠩ ᠤᠨ ᠭᠥᠷᠢᠶᠡᠯᠡᠩ ᠤᠨ ᠪᠥᠳᠣᠭᠡᠨ ᠪᠠᠶᠢᠭᠤᠯᠥᠯᠳᠠ ᠶᠢ ᠠᠭᠢᠭᠤᠯᠵᠤ᠂ | ᠤᠯᠤᠰ ᠤᠨ ᠳᠣᠳᠣᠭᠠᠳᠣ ᠭᠠᠳᠠᠭᠠᠳᠣ ᠶᠢᠨ ᠠᠯᠳᠠᠷᠰᠢᠯ ᠲᠠᠢ ᠳᠤᠮᠤ ᠠᠵᠤ ᠠᠬᠤᠶᠢᠯᠠᠯ᠂ ᠳᠣᠮᠣ ᠪᠥᠯᠥᠭᠯᠡᠯ ᠢ ᠤᠷᠤᠭᠤᠯᠤᠨ ᠠᠪᠴᠢᠷᠠᠬᠤ ᠳᠤ ᠨᠥᠭᠦᠴᠠᠯ | ᠪᠥᠷᠢᠯᠳᠣᠭᠦᠯᠵᠤ᠂ ᠳᠠᠪᠴᠠᠩ ᠭᠠᠷᠭᠠᠵᠣ ᠥᠭᠭᠦᠨ᠎ᠡ᠃ ᠣᠳᠣ ᠪᠠᠶᠢᠭ᠎ᠠ ᠴᠢᠬᠤᠯᠨ ᠶᠡᠭᠡ ᠳᠥᠷᠤᠯ ᠵᠥᠢᠯ ᠤᠨ ᠪᠥᠳᠣᠭᠡᠨ ᠪᠠᠶᠢᠭᠤᠯᠥᠯᠳᠡ ᠶᠢᠨ ᠠᠭᠢᠴᠠ ᠶᠢ | ᠳᠥᠷᠭᠡᠳᠭᠡᠨ᠂ ᠪᠥᠷᠢᠨ ᠳᠥᠭᠦᠷ ᠰᠡᠯᠪᠢᠭ ᠳᠤᠨᠤᠭ ᠥᠢᠯᠡᠳᠪᠤᠷᠢᠯᠠᠬᠦ ᠠᠵᠤ ᠠᠬᠤᠶᠢᠯᠠᠯ ᠢ ᠤᠷᠤᠭᠤᠯᠤᠨ ᠠᠪᠴᠢᠷᠠᠵᠤ᠂ ᠮᠠᠰᠢᠨ ᠳᠡᠷᠭᠡᠨ ᠤ ᠠᠵᠤ ᠥᠢᠯᠡᠰ ᠤᠨ | ᠰᠥᠷᠥᠭᠵᠢᠯ ᠢ ᠪᠤᠢ ᠪᠤᠯᠭᠠᠨ᠎ᠠ᠃ ᠤᠷᠤᠨ ᠪᠥᠰᠨ ᠶᠢᠨ ᠨᠡᠭᠦᠷᠠᠰᠣ ᠵᠢᠴᠢ ᠭᠢᠮᠢ ᠶᠢᠨ ᠠᠵᠤ ᠥᠢᠯᠡᠳᠪᠤᠷᠢ ᠶᠢᠨ ᠥᠢᠯᠠᠰ ᠤᠨ ᠳᠥᠷᠭᠡᠨ ᠭᠥᠭᠵᠢᠯᠳᠡ ᠶᠢᠨ | ᠭᠡᠷᠡᠭᠴᠡᠭᠡ ᠶᠢ ᠲᠠᠭᠠᠨ᠂ ᠨᠡᠭᠦᠷᠡᠰᠣ᠂ ᠭᠢᠮᠢ ᠶᠢᠨ ᠠᠵᠤ ᠥᠢᠯᠡᠳᠪᠤᠷᠢ ᠶᠢᠨ ᠮᠠᠰᠢᠨᠴᠢᠯᠠᠯᠳᠠ ᠶᠢᠨ ᠳᠥᠷᠥᠯ ᠵᠥᠢᠯ ᠢ ᠶᠡᠭᠡᠪᠠᠷ ᠢᠵᠢ ᠪᠥᠷᠢᠯᠳᠣᠭᠦᠯᠵᠤ᠂ ᠱᠧᠨ | ᠳ᠋ᠥᠩ᠂ ᠳᠣᠮᠳᠠᠳᠣ ᠶᠢᠨ ᠨᠡᠭᠦᠷᠡᠰᠣᠨ ᠤ ᠨᠡᠭᠦᠷᠡᠰᠣᠨ ᠮᠠᠰᠢᠨ ᠰᠠᠯᠪᠢᠨ ᠵᠠᠰᠠᠬᠤ ᠳᠥᠷᠥᠯ ᠵᠥᠢᠯ ᠢ ᠪᠠᠶᠢᠭᠤᠯᠤᠨ ᠪᠥᠳᠣᠭᠡᠵᠤ ᠠᠰᠢᠭᠯᠠᠯᠳᠠ ᠳᠤ ᠣᠷᠣᠭᠤᠯᠬᠤ | ᠪᠠᠷ ᠴᠢᠷᠮᠠᠶᠢᠨ᠎ᠡ᠃ ᠠᠮᠢᠳᠣ ᠪᠤᠳᠠᠰ ᠢᠶᠠᠷ ᠡᠮ ᠥᠢᠯᠡᠳᠬᠦ ᠵᠢᠴᠢ ᠡᠷᠡᠬᠦᠯᠵᠢᠯ ᠤᠨ ᠢᠳᠡᠭᠡᠨ ᠤ ᠨᠡᠭᠡᠭᠡᠨ ᠠᠰᠢᠭᠯᠠᠯᠳᠡ ᠪᠤᠯᠤᠨ ᠥᠢᠯᠡᠳᠪᠤᠷᠢᠯᠡᠯ ᠢ | ᠳᠥᠷᠭᠡᠳᠭᠡᠵᠤ᠂ ᠤᠷᠢᠶᠠᠮᠠᠭ ᠵᠠᠮᠠᠭ ᠪᠠ ᠴᠢᠴᠠᠷᠭᠠᠨᠡ ᠶᠢᠨ ᠥᠢᠯᠡᠳᠭᠦᠨ ᠤ ᠰᠢᠷᠡᠰ ᠨᠡᠭᠡᠭᠡᠨ ᠠᠰᠢᠭᠯᠠᠯᠳᠠ ᠶᠢ ᠳᠣᠪᠤᠶᠢᠯᠭᠠᠨ ᠰᠠᠶᠢᠳᠣᠷ ᠠᠳᠬᠤᠵᠤ᠂ ᠭᠠᠵᠠᠷ | ᠣᠷᠣᠨ ᠤ ᠤᠨᠴᠠᠯᠢᠭ ᠲᠠᠢ ᠪᠥᠭᠡᠳ ᠥᠷᠢᠰᠤᠯᠳᠣᠭᠦ ᠭᠥᠴᠣ ᠪᠠᠷ ᠴᠢᠩᠭ᠎ᠠ ᠪᠠᠶᠢᠭᠠᠯᠢᠯᠢᠭ ᠡᠷᠡᠭᠦᠯᠵᠢᠯ ᠤᠨ ᠢᠳᠡᠭᠡᠨ ᠤ ᠠᠵᠤ ᠥᠢᠯᠠᠰ ᠢ ᠪᠤᠶᠢᠵᠢᠭᠤᠯᠬᠤ | ᠭᠡᠷᠡᠭᠳᠡᠢ᠃ | ᠣᠳᠣ ᠥᠶ᠎ᠠ ᠶᠢᠨ ᠥᠢᠯᠡᠴᠢᠯᠡᠭᠡᠨ ᠤ ᠥᠢᠯᠡᠰ ᠢ ᠪᠤᠳᠠᠳᠠᠢ ᠮᠥᠷᠳᠡᠭᠡᠨ ᠠᠮᠢᠳᠣᠯᠢᠭ ᠭᠢᠭᠦ ᠠᠴᠠ ᠭᠠᠷᠳᠠᠵᠤ ᠭᠥᠭᠵᠢᠯᠳᠡ ᠶᠢᠨ ᠭᠡᠯᠪᠡᠷᠢ ᠶᠢ | ᠬᠤᠪᠢᠷᠠᠭᠤᠯᠬᠤ ᠭᠡᠷᠡᠭᠳᠡᠢ᠃ ᠬᠦᠴᠦ ᠲᠠᠯᠪᠢᠨ ᠤᠳᠣ ᠥᠶ᠎ᠠ ᠶᠢᠨ ᠥᠢᠯᠡᠴᠢᠯᠡᠭᠡᠨ ᠤ ᠥᠢᠯᠡᠰ ᠤᠨ ᠭᠥᠭᠵᠢᠯᠳᠡ ᠶᠢ ᠳᠥᠷᠭᠡᠳᠭᠡᠨ᠂ ᠬᠠᠷᠢᠴᠠᠯ ᠢ ᠨᠡᠮᠡᠭᠳᠡᠭᠦᠯᠵᠤ | ᠂ ᠪᠥᠳᠣᠴᠠ ᠶᠢᠨ ᠵᠡᠷᠭᠡ ᠳᠡᠰ ᠢ ᠲᠡᠭᠡᠭᠰᠢᠯᠡᠬᠦᠯᠬᠦ ᠭᠡᠷᠡᠭᠲᠠᠢ᠃ ᠡᠨᠡ ᠵᠢᠯ ᠳᠥᠷᠪᠡᠨ ᠳᠠᠯ᠎ᠡ ᠪᠠᠷ ᠰᠢᠨ᠎ᠡ ᠰᠢᠪᠳᠣᠯᠥᠯᠳᠡ ᠲᠠᠢ ᠪᠤᠯᠭᠠᠨ᠎ᠠ᠃ ᠨᠢᠭᠡ ᠳᠤ ᠮᠥᠩᠭᠦᠨ | ᠭᠥᠢᠯᠭᠡᠭᠡᠨ ᠤ ᠰᠢᠰᠲ᠋ᠧᠮᠵᠢ ᠶᠢᠨ ᠪᠥᠳᠣᠭᠡᠨ ᠪᠠᠶᠢᠭᠤᠯᠥᠯᠳᠡ ᠶᠢ ᠢᠳᠡᠪᠭᠢᠳᠡᠢ ᠠᠬᠢᠭᠤᠯᠤᠨ᠎ᠠ᠃ ᠪᠥᠭᠦ ᠬᠤᠳᠠ ᠶᠢᠨ ᠴᠢᠨᠡᠷᠳᠡᠢ ᠵᠠᠰᠠᠭ ᠤᠨ ᠤᠷᠳᠣᠨ ᠤ ᠪᠡᠯᠡ | ᠮᠥᠩᠭᠦ ᠤᠷᠤᠭᠤᠯᠬᠤ ᠳᠠᠪᠴᠠᠩ ᠪᠠᠶᠢᠭᠤᠯᠥᠨ᠂ ᠮᠥᠩᠭᠦᠨ ᠭᠥᠢᠯᠭᠡᠭᠡᠨ ᠤ ᠪᠠᠶᠢᠭᠤᠯᠥᠮᠵᠢ ᠯᠤᠭ᠎ᠠ ᠶᠢᠨ ᠢᠳᠡᠭᠡᠮᠵᠢᠳᠣ ᠭᠡᠯᠡᠯᠴᠡᠭᠡᠷ ᠢ ᠮᠥᠷᠳᠡᠨ | ᠨᠠᠶᠢᠳᠠᠪᠤᠷᠢᠵᠢᠭᠤᠯᠵᠤ᠂ ᠡᠨᠡ ᠵᠢᠯ ᠤᠨ ᠪᠡᠯᠨ ᠮᠥᠩᠭᠦ ᠤᠷᠤᠭᠤᠯᠬᠤ ᠭᠡᠪᠴᠢᠶ᠎ᠠ ᠶᠢ ᠨᠢᠳᠣᠨᠣᠨ ᠤ ᠬᠢ ᠠᠴᠠ ᠳᠣᠣᠷ᠎ᠠ ᠪᠠᠶᠢᠯᠭᠠᠬᠤ ᠥᠭᠡᠢ ᠪᠠᠷ ᠴᠢᠷᠮᠠᠶᠢᠨ᠎ᠡ᠃ | ᠳ᠋ᠥᠩᠱᠧᠩ ᠤᠨ ᠮᠥᠩᠭᠦᠨ ᠭᠥᠢᠯᠭᠡᠭᠡᠨ ᠤ ᠠᠭᠤᠳᠠᠮ ᠳᠠᠯᠠᠪᠡᠢ ᠪᠤᠯᠤᠨ ᠭᠢᠶ᠎ᠠ ᠪᠠᠭᠰᠢ ᠰᠢᠨ᠎ᠡ ᠳᠣᠭᠤᠷᠢᠭ ᠤᠨ ᠮᠥᠩᠭᠦᠨ ᠭᠥᠢᠯᠭᠡᠭᠡᠨ ᠤ ᠥᠢᠯᠡᠴᠢᠯᠡᠭᠡᠨ ᠤ | ᠳᠥᠪ ᠤᠨ ᠪᠥᠳᠣᠭᠡᠨ ᠪᠠᠶᠢᠭᠤᠯᠥᠯᠳᠡ ᠶᠢ ᠳᠥᠷᠭᠡᠳᠭᠡᠨ᠂ ᠮᠥᠩᠭᠦᠨ ᠭᠥᠢᠯᠭᠡᠭᠡᠨ ᠤ ᠥᠢᠯᠡᠰ ᠤᠨ ᠭᠥᠭᠵᠢᠯᠳᠡ ᠶᠢᠨ ᠳᠥᠪᠯᠡᠷᠡᠭᠰᠡᠨ ᠳᠣᠭᠤᠷᠢᠭ ᠢ | ᠪᠠᠶᠢᠭᠤᠯᠵᠤ᠂ ᠬᠤᠸᠠ ᠰᠢᠶᠠ᠂ ᠵᠥᠩ ᠰᠢᠨ᠂ ᠰᠢᠩ ᠶᠧ ᠵᠡᠷᠭᠡ ᠬᠤᠪᠢ ᠤᠷᠤᠭᠤᠯᠬᠤ ᠳᠥᠷᠢᠮᠳᠣ ᠬᠤᠳᠠᠯᠳᠣᠭᠠᠨ ᠤ ᠪᠠᠩᠭᠢ ᠶᠢ ᠮᠠᠨ ᠤ ᠬᠤᠳᠠ ᠳᠤ | ᠤᠷᠤᠭᠤᠯᠤᠨ ᠰᠠᠭᠤᠯᠭᠠᠬᠤ ᠪᠠᠷ ᠴᠢᠷᠮᠠᠶᠢᠨ᠎ᠡ᠃ ᠵᠢᠯ ᠤᠨ ᠳᠣᠳᠣᠷ᠎ᠠ ᠨᠢᠭᠡ ᠠᠴᠠ ᠬᠤᠶᠠᠷ ᠠᠵᠤ ᠠᠬᠤᠶᠢᠯᠠᠯ ᠢ ᠵᠠᠬ᠎ᠠ ᠳᠠᠯᠭᠡᠭᠦᠷ ᠳᠡᠭᠡᠷ᠎ᠠ ᠭᠠᠷᠭᠠᠬᠤ ᠶᠢ | ᠪᠡᠶᠡᠯᠡᠬᠦᠯᠪᠡ᠃ ᠭᠥᠳᠡᠭᠡ ᠳᠤᠰᠬᠤᠨ ᠤ ᠢᠳᠡᠭᠡᠮᠵᠢᠳᠣ ᠵᠢᠭᠡᠯᠡᠯᠭᠡ ᠶᠢᠨ ᠬᠤᠷᠰᠢᠶ᠎ᠠ ᠪᠤᠯᠤᠨ ᠤᠷᠤᠨ ᠨᠤᠳᠤᠭ ᠤᠨ ᠬᠤᠳᠠᠯᠳᠣᠭᠠᠨ ᠤ ᠪᠠᠩᠭᠢ ᠶᠢᠨ ᠠᠵᠢᠯᠯᠠᠭᠠᠨ ᠤ | ᠳᠤᠭᠳᠠᠴᠠ ᠶᠢ ᠳᠡᠭᠦᠯᠳᠡᠷᠵᠢᠭᠦᠯᠥᠨ᠂ ᠢᠳᠡᠭᠡᠮᠵᠢᠳᠣ ᠵᠢᠭᠡᠯᠡᠯᠭᠡ ᠶᠢᠨ ᠪᠠᠳᠣᠯᠠᠭ᠎ᠠ ᠶᠢᠨ ᠰᠢᠰᠲ᠋ᠧᠮᠵᠢ ᠶᠢ ᠪᠥᠷᠢᠨᠰᠢᠭᠦᠯᠵᠤ᠂ ᠳᠠᠭᠠᠳᠬᠠᠯ ᠤᠨ ᠳᠣᠬᠠᠶᠢᠯᠠᠭᠰᠠᠨ | ᠠᠵᠢᠯ ᠤᠨ ᠭᠥᠷᠢᠶ᠎ᠠ ᠭᠡᠪᠴᠢᠶ᠎ᠠ ᠶᠢ ᠥᠷᠭᠡᠳᠭᠡᠨ᠂ ᠤᠳᠣ ᠥᠶ᠎ᠠ ᠶᠢᠨ ᠮᠥᠩᠭᠦᠨ ᠭᠥᠢᠯᠭᠡᠭᠡᠨ ᠤ ᠰᠢᠰᠲ᠋ᠧᠮᠵᠢ ᠶᠢ ᠱᠠᠯᠠᠪᠳᠠᠨ ᠪᠠᠶᠢᠭᠤᠯᠥᠨᠡ᠃ ᠬᠢᠨᠠᠨ | ᠬᠠᠮᠢᠶᠠᠷᠬᠤ ᠪᠠ ᠵᠢᠷᠤᠮᠵᠢᠭᠤᠯᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠠᠷᠠᠳ ᠤᠨ ᠵᠢᠭᠡᠯᠡᠯᠭᠡ ᠶᠢᠨ ᠡᠷᠡᠭᠦᠯ ᠭᠥᠭᠵᠢᠯᠳᠡ ᠶᠢ ᠥᠨᠡᠨᠭᠦ | ᠭᠥᠳᠣᠯᠣᠨ ᠵᠢᠯᠤᠭᠤᠳᠬᠤ ᠭᠡᠷᠡᠭᠳᠡᠢ᠃ ᠬᠤᠶᠠᠷ ᠲᠤ ᠤᠷᠤᠨ ᠪᠥᠰᠠ ᠶᠢᠨ ᠴᠢᠨᠡᠷᠳᠡᠢ ᠪᠠᠷᠠᠭᠠᠨ ᠤ ᠭᠥᠢᠯᠭᠡᠭᠡᠨ ᠤ ᠳᠥᠪ ᠢ ᠳᠥᠪᠯᠡᠷᠡᠭᠦᠯᠥᠨ ᠪᠥᠳᠣᠭᠡᠨ | ᠪᠠᠶᠢᠭᠤᠯᠣᠨ᠎ᠠ᠃ ᠠᠯᠳᠠᠨᠰᠢᠷᠡᠭᠡ ᠭᠢᠶ᠎ᠠ ᠪᠠᠭᠰᠢ᠂ ᠳ᠋ᠠ ᠲᠠ᠂ ᠳ᠋ᠥᠩᠱᠧᠩ᠂ ᠵᠠᠰᠠᠭ ᠵᠡᠷᠭᠡ ᠳᠥᠷᠪᠡᠨ ᠳᠤᠮᠤ ᠪᠠᠷᠠᠭᠠᠨ ᠤ ᠭᠥᠢᠯᠭᠡᠭᠡᠨ ᠤ ᠭᠥᠷᠢᠶᠡᠯᠡᠩ ᠳᠤᠭᠤᠷᠢᠭ | ᠤᠨ ᠰᠠᠭᠤᠷᠢ ᠳᠥᠭᠦᠭᠡᠷᠤᠮᠵᠢ ᠶᠢᠨ ᠪᠥᠳᠣᠭᠡᠨ ᠪᠠᠶᠢᠭᠤᠯᠥᠯᠳᠠ ᠶᠢ ᠭᠤᠤᠯᠳᠠᠯᠭ᠎ᠠ ᠲᠠᠢ ᠠᠬᠢᠭᠤᠯᠤᠨ᠂ ᠨᠢᠭᠡ ᠪᠥᠯᠥᠭ ᠭᠤᠷᠪᠠᠳᠣᠭᠠᠷ ᠡᠳᠡᠭᠡᠳ ᠤᠨ ᠳᠣᠮᠤ | ᠭᠡᠯᠪᠡᠷᠢ ᠶᠢᠨ ᠪᠠᠷᠠᠭᠠᠨ ᠤ ᠭᠥᠢᠯᠭᠡᠭᠡᠨ ᠤ ᠠᠵᠤ ᠠᠬᠤᠶᠢᠯᠠᠯ ᠢ ᠤᠷᠤᠭᠤᠯᠤᠨ ᠠᠪᠴᠢᠷᠠᠵᠤ᠂ ᠨᠢᠭᠡ ᠪᠥᠯᠥᠭ ᠴᠢᠬᠤᠯᠨ ᠶᠡᠭᠡ ᠪᠠᠷᠠᠭᠠᠨ ᠤ ᠭᠥᠢᠯᠭᠡᠭᠡᠨ ᠤ | ᠳᠥᠷᠥᠯ ᠵᠥᠢᠯ ᠤᠨ ᠠᠵᠢᠯ ᠢ ᠡᠭᠢᠯᠡᠭᠦᠯᠥᠨ᠂ ᠪᠠᠷᠠᠭᠠᠨ ᠤ ᠭᠥᠢᠯᠭᠡᠭᠡᠨ ᠤ ᠠᠵᠤ ᠥᠢᠯᠠᠰ ᠤᠨ ᠳᠥᠪᠯᠡᠷᠡᠯ ᠤᠨ ᠥᠢᠯᠡᠳᠣᠯ ᠢ ᠪᠥᠷᠢᠯᠳᠣᠬᠦᠯᠥᠨᠠ᠃ ᠭᠤᠷᠪᠠ | ᠳᠤ ᠰᠤᠶᠤᠯ ᠵᠤᠭᠠᠴᠠᠯ ᠤᠨ ᠥᠢᠯᠡᠰ ᠤᠨ ᠭᠥᠭᠵᠢᠯᠳᠡ ᠶᠢ ᠲᠦᠷᠭᠡᠳᠭᠡᠨ᠎ᠡ᠃ ᠰᠤᠶᠤᠯ ᠤᠨ ᠪᠠᠶᠢᠭᠤᠯᠥᠮᠵᠢ ᠶᠢᠨ ᠥᠭᠡᠷᠡᠴᠢᠯᠡᠯᠳᠡ ᠶᠢ ᠭᠥᠨᠵᠡᠭᠡᠶᠢᠷᠠᠭᠦᠯᠵᠤ᠂ | ᠰᠤᠶᠤᠯ ᠤᠨ ᠠᠵᠤ ᠥᠢᠯᠡᠰ ᠤᠨ ᠭᠥᠭᠵᠢᠯᠳᠡ ᠶᠢ ᠯᠠᠪᠳᠠᠭᠤᠨ ᠪᠠᠳᠣᠳᠠᠢ ᠪᠠᠷ ᠠᠭᠢᠭᠤᠯᠥᠨᠡ᠃ ᠤᠷᠳᠣᠰ ᠤᠨ ᠰᠣᠶᠣᠯ ᠤᠨ ᠠᠵᠤ ᠥᠢᠯᠡᠰ ᠤᠨ | ᠭᠥᠷᠢᠶᠠᠯᠠᠩ ᠳᠣᠭᠤᠷᠢᠭ᠂ ᠮᠤᠩᠭᠤᠯ ᠤᠨ ᠡᠭᠢ ᠡᠭᠦᠰᠤᠯ ᠤᠨ ᠺᠢᠨᠣ᠋ ᠲᠧᠯᠸᠢᠰ ᠤᠨ ᠬᠤᠳᠠ ᠶᠢ ᠪᠠᠶᠢᠭᠤᠯᠬᠤ ᠠᠵᠢᠯ ᠢ ᠡᠭᠢᠯᠡᠭᠦᠯᠥᠨᠡ᠃ ︽ᠤᠷᠳᠣᠰ ᠤᠨ | ᠳᠡᠯᠡᠭᠡᠢ ᠶᠢᠨ ᠨᠠᠭᠠᠳᠣᠮ ᠤᠨ ᠶᠡᠭᠡ ᠬᠤᠷᠡᠯ︾ ᠪᠤᠯᠤᠨ A1 ᠳᠡᠯᠡᠭᠡᠢ ᠶᠢᠨ ᠬᠤᠨᠳᠠᠭᠠᠳᠣ ᠮᠠᠰᠢᠨ ᠳᠡᠷᠭᠡᠨ ᠤ ᠤᠷᠤᠯᠳᠣᠭᠠᠨ ᠢ ᠪᠥᠭᠦ ᠭᠥᠴᠤᠨ ᠢᠶᠠᠷ ᠢᠶᠠᠨ | ᠰᠠᠶᠢᠳᠣᠷ ᠡᠷᠭᠢᠯᠡᠵᠤ᠂ ᠰᠢᠨ᠎ᠡ ᠰᠤᠶᠤᠯ ᠪᠡᠶ᠎ᠠ ᠳᠠᠮᠢᠷ ᠤᠨ ᠠᠵᠢᠯᠯᠠᠭᠠᠨ ᠤ ᠨᠡᠷᠡᠳᠣ ᠳᠡᠮᠳᠡᠭᠳᠣ ᠶᠢ ᠪᠤᠢ ᠪᠤᠯᠭᠠᠨ᠎ᠡ᠃ ᠵᠤᠭᠠᠴᠠᠯ ᠤᠨ ᠵᠠᠬ᠎ᠠ ᠳᠡᠯᠭᠡᠭᠦᠷ ᠢ ᠨᠡᠭᠡᠭᠡᠭᠦ | ᠪᠡ ᠵᠤᠭᠠᠴᠠᠯ ᠤᠨ ᠳᠥᠭᠦᠭᠡᠷᠤᠮᠵᠢ ᠶᠢᠨ ᠪᠠᠶᠢᠭᠤᠯᠥᠯᠳᠠ ᠶᠢ ᠰᠠᠶᠢᠳᠣᠷ ᠠᠳᠬᠤᠵᠤ᠂ ᠮᠠᠨ ᠤ ᠬᠤᠳᠠ ᠶᠢ ᠪᠥᠭᠦ ᠤᠯᠤᠰ ᠤᠨ ᠵᠤᠭᠠᠴᠠᠯ ᠤᠨ ᠬᠠᠷᠠᠯᠳᠠ ᠤᠨ | ᠭᠠᠵᠠᠷ ᠤᠨ ᠨᠢᠭᠡ ᠪᠤᠯᠭᠠᠨ᠎ᠠ᠃ ᠳᠥᠷᠪᠡ ᠳᠤ ᠭᠠᠵᠠᠷ ᠤᠷᠤᠨ ᠤ ᠭᠡᠷᠡᠭᠯᠡᠭᠡᠨ ᠤ ᠭᠥᠭᠵᠢᠭᠡᠨᠳᠡᠢ ᠪᠠᠶᠢᠳᠠᠯ ᠢ ᠭᠡᠪ ᠢᠶᠠᠷ ᠪᠠᠶᠢᠯᠭᠠᠬᠤ ᠬᠡᠷᠡᠭᠳᠡᠢ᠃ ᠥᠨ᠎ᠡ | ᠬᠠᠩᠰᠢ ᠶᠢᠨ ᠭᠢᠨᠡᠯᠳᠡ ᠬᠠᠮᠢᠶᠠᠷᠤᠯᠳᠠ ᠶᠢ ᠴᠢᠩᠭᠠᠳᠬᠠᠨ᠂ ᠪᠠᠷᠠᠭᠠᠨ ᠤ ᠥᠨ᠎ᠡ ᠶᠢ ᠳᠤᠭᠳᠠᠭᠤᠨ ᠪᠠᠶᠢᠯᠭᠠᠨ᠎ᠠ᠃ ᠭᠡᠷ ᠪᠠᠶᠢᠰᠢᠩ ᠭᠠᠵᠠᠷ ᠭᠥᠷᠤᠩᠭᠡ ᠶᠢᠨ ᠵᠠᠬ᠎ᠠ | ᠳᠡᠯᠭᠡᠭᠦᠷ ᠤᠨ ᠭᠢᠨᠡᠯᠳᠡ ᠬᠠᠮᠢᠶᠠᠷᠤᠯᠳᠠ ᠶᠢ ᠴᠢᠩᠭᠠᠳᠬᠠᠨ᠂ ᠭᠡᠷ ᠪᠠᠶᠢᠰᠢᠩ ᠭᠠᠵᠠᠷ ᠭᠥᠷᠤᠩᠭᠡ ᠶᠢᠨ ᠠᠵᠤ ᠥᠢᠯᠡᠰ ᠤᠨ ᠡᠷᠡᠭᠦᠯ ᠭᠥᠭᠵᠢᠯᠳᠡ ᠶᠢ | ᠠᠭᠢᠭᠤᠯᠥᠨᠡ᠃ ᠥᠪᠡᠷᠮᠢᠴᠠ ᠤᠨᠴᠠᠯᠢᠭᠳᠣ᠂ ᠳᠡᠭᠡᠳᠣ ᠳᠡᠰ ᠤᠨ ᠮᠠᠰᠢᠨ ᠳᠡᠷᠭᠡᠨ ᠤ ᠭᠡᠷᠡᠭᠯᠡᠭᠡᠨ ᠤ ᠥᠢᠯᠡᠴᠢᠯᠡᠭᠡ ᠶᠢ ᠢᠳᠡᠪᠭᠢᠳᠡᠢ ᠥᠷᠨᠢᠭᠦᠯᠵᠤ᠂ ᠮᠠᠰᠢᠨ | ᠳᠡᠷᠭᠡᠨ ᠤ ᠭᠡᠷᠡᠭᠯᠡᠭᠡᠨ ᠤ ᠭᠡᠪᠴᠢᠶ᠎ᠠ ᠶᠢ ᠲᠤᠭᠳᠠᠭᠤᠨ ᠢᠶᠠᠷ ᠥᠷᠭᠡᠳᠭᠡᠨ᠎ᠡ᠃ ᠪᠡᠶ᠎ᠠ ᠶᠢᠨ ᠳᠠᠮᠢᠷ ᠪᠡᠶ᠎ᠡ ᠪᠠᠨ ᠴᠢᠬᠢᠷᠠᠭᠵᠢᠭᠤᠯᠬᠤ᠂ ᠰᠥᠨᠢ ᠶᠢᠨ ᠨᠠᠶᠢᠷ | ᠨᠠᠭᠠᠳᠣᠮ ᠤᠨ ᠰᠡᠯᠡᠭᠦᠴᠡᠯ ᠭᠡᠷᠡᠭᠯᠡᠭᠡ ᠵᠡᠷᠭᠡ ᠰᠢᠨ᠎ᠡ ᠭᠡᠷᠡᠭᠯᠡᠭᠡᠨ ᠤ ᠬᠠᠯᠠᠭᠤᠷᠠᠯ ᠤᠨ ᠴᠡᠭ ᠢ ᠪᠤᠶᠢᠵᠢᠭᠤᠯᠵᠤ᠂ ︽ᠳᠥᠮᠡᠨ ᠳᠤᠰᠬᠤᠨ ᠮᠢᠩᠭᠠᠨ ᠰᠢᠶᠠᠩ︾ | ᠤᠨ ᠵᠠᠬ᠎ᠠ ᠳᠡᠯᠭᠡᠭᠦᠷ ᠤᠨ ᠢᠨᠵᠧᠨᠧᠷᠢᠩ ᠪᠠ ᠭᠡᠷ ᠤᠨ ᠴᠠᠭᠢᠯᠭᠠᠨ ᠭᠡᠷᠡᠭᠰᠡᠯ ᠢ ᠭᠥᠳᠡᠭᠡ ᠪᠠᠭᠤᠯᠭᠠᠬᠤ ᠠᠵᠢᠯ ᠢ ᠳᠥᠯᠭᠢᠨ ᠠᠭᠢᠭᠤᠯᠵᠤ᠂ ᠠᠳᠠᠯᠢ ᠪᠤᠰᠤ | ᠭᠡᠷᠡᠭᠯᠡᠭᠴᠢᠳ ᠤᠨ ᠭᠡᠷᠡᠭᠯᠡᠭᠡᠨ ᠤ ᠭᠡᠷᠡᠭᠴᠡᠭᠡ ᠶᠢ ᠬᠠᠨᠤᠮᠵᠢᠳᠡᠢ ᠬᠠᠩᠭᠠᠨ᠎ᠡ᠃ ᠪᠥᠭᠦ ᠵᠢᠯ ᠳᠤ ᠨᠡᠶᠢᠭᠡᠮ ᠤᠨ ᠭᠡᠷᠡᠭᠯᠡᠭᠡᠨ ᠤ ᠵᠢᠵᠢᠭᠯᠡᠨ ᠬᠤᠳᠠᠯᠳᠣᠬᠤ ᠨᠤᠷᠮ᠎ᠠ | ᠶᠢ 380 ᠳ᠋ᠥᠩᠰᠢᠭᠤᠷ ᠳᠥᠭᠦᠷᠢᠭ ᠪᠡᠶᠡᠯᠡᠭᠦᠯᠵᠤ᠂ 18% ᠪᠠᠷ ᠨᠡᠮᠡᠭᠳᠡᠭᠦᠯᠣᠨ᠎ᠠ᠃ | ᠤᠯᠠᠮᠵᠢᠯᠠᠯᠳᠣ ᠳᠠᠪᠠᠭᠤᠯᠢᠭ ᠠᠵᠤ ᠥᠢᠯᠡᠰ ᠢ ᠰᠠᠶᠢᠳᠣᠷ ᠮᠥᠷᠳᠡᠭᠡᠨ ᠨᠠᠷᠢᠯᠢᠭ ᠭᠢᠭᠦ ᠠᠴᠠ ᠭᠠᠷᠳᠠᠵᠤ ᠭᠥᠭᠵᠢᠯᠳᠡ ᠶᠢᠨ ᠭᠡᠯᠪᠡᠷᠢ ᠶᠢ ᠬᠤᠪᠢᠷᠠᠭᠤᠯᠬᠤ | ᠭᠡᠷᠡᠭᠳᠡᠢ᠃ ᠳ᠋ᠥᠩᠱᠧᠩ ᠤᠨ ᠣᠳᠣ ᠥᠶ᠎ᠠ ᠶᠢᠨ ᠢᠮᠠᠭᠠᠨ ᠨᠤᠯᠤᠤᠷ ᠤᠨ ᠠᠵᠤ ᠥᠢᠯᠡᠰ ᠤᠨ ᠭᠥᠷᠢᠶᠡᠯᠠᠩ ᠳᠤᠭᠤᠷᠢᠭ ᠤᠨ ᠪᠥᠳᠣᠭᠡᠨ ᠪᠠᠶᠢᠭᠤᠯᠥᠯᠳᠠ ᠶᠢ | ᠳᠥᠷᠭᠡᠳᠭᠡᠵᠤ᠂ ᠨᠤᠯᠤᠤᠷ ᠨᠡᠭᠡᠮᠡᠯ ᠤᠨ ᠠᠵᠤ ᠠᠬᠤᠶᠢᠯᠠᠯ ᠢ ᠳᠡᠮᠵᠢᠨ ᠰᠣᠳᠣᠯᠣᠨ ᠨᠡᠭᠡᠭᠡᠭᠦ ᠪᠡᠯᠨ ᠤᠷᠤᠭᠤᠯᠥᠯᠳᠡ ᠶᠢᠨ ᠭᠥᠴᠤᠯᠠᠴᠠ ᠶᠢ ᠨᠡᠮᠡᠭᠳᠡᠭᠦᠯᠵᠤ᠂ | ᠰᠢᠨ᠎ᠡ ᠤᠷᠠᠯᠠᠯ ᠢ ᠨᠡᠭᠡᠭᠡᠨ ᠠᠰᠢᠭᠯᠠᠨ᠂ ᠰᠢᠨ᠎ᠡ ᠪᠥᠳᠣᠭᠡᠭᠳᠡᠭᠦᠨ ᠢ ᠭᠠᠷᠭᠠᠵᠤ ᠂ ︽ ᠤᠷᠳᠣᠰ︾ ᠤᠨ ᠨᠡᠷᠡᠳᠣ ᠳᠡᠮᠳᠡᠭᠳᠣ ᠳᠡᠭᠡᠳᠣ ᠳᠡᠰ ᠤᠨ ᠨᠡᠭᠡᠮᠡᠯ ᠤᠨ | ᠵᠠᠬ᠎ᠠ ᠳᠡᠯᠭᠡᠭᠦᠷ ᠤᠨ ᠥᠷᠢᠰᠥᠯᠳᠣᠭᠦ ᠭᠥᠴᠣᠨ ᠪᠠ ᠡᠵᠡᠯᠡᠭᠦ ᠨᠤᠷᠮ᠎ᠠ ᠶᠢ ᠳᠡᠭᠡᠭᠰᠢᠯᠡᠭᠦᠯᠭᠦ ᠭᠡᠷᠡᠭᠳᠡᠢ᠃ ᠢᠳᠡᠭᠡᠨ ᠤ ᠠᠵᠤ ᠥᠢᠯᠡᠳᠪᠤᠷᠢ ᠶᠢ ᠶᠡᠭᠡᠪᠡᠷ | ᠬᠥᠭᠵᠢᠬᠦᠯᠥᠨ᠎ᠠ᠃ ᠮᠠᠨ ᠤ ᠬᠤᠳᠠ ᠶᠢᠨ ᠪᠤᠭᠢᠷᠳᠣᠯ ᠥᠭᠡᠢ ᠳᠠᠷᠢᠶᠠᠯᠠᠩ ᠤᠨ ᠪᠥᠳᠣᠭᠡᠭᠳᠡᠭᠦᠨ ᠮᠠᠯ ᠤᠨ ᠠᠰᠢᠭ ᠰᠢᠮ᠎ᠠ ᠶᠢᠨ ᠳᠠᠪᠠᠭᠤᠯᠢᠭ ᠢᠶᠠᠨ ᠪᠠᠳᠠᠷᠠᠭᠤᠯᠵᠤ | ᠂ ᠠᠵᠤ ᠠᠬᠤᠶᠢᠯᠠᠯ ᠢ ᠵᠤᠷᠢᠭᠵᠢᠭᠤᠯᠥᠨ ᠳᠡᠯᠡᠭᠡᠢ ᠶᠢᠨ ᠳᠡᠷᠢᠭᠦᠨ ᠤ ᠪᠠᠷᠢᠮᠵᠢᠶ᠎ᠠ ᠶᠤᠰᠤᠭᠠᠷ ᠳᠡᠭᠡᠳᠣ ᠳᠡᠰ ᠤᠨ ᠳᠠᠷᠢᠶᠠᠯᠠᠩ ᠤᠨ ᠪᠥᠳᠣᠭᠡᠭᠳᠡᠭᠦᠨ ᠮᠠᠯ ᠤᠨ | ᠠᠰᠢᠭ ᠰᠢᠮ᠎ᠡ ᠶᠢᠨ ᠳᠥᠭᠦᠭᠡᠢ ᠮᠡᠲ᠋ᠧᠷᠢᠶᠠᠯ ᠤᠨ ᠰᠠᠭᠤᠷᠢᠨ ᠭᠠᠵᠠᠷ ᠪᠠ ᠭᠥᠨᠵᠡᠭᠡᠢ ᠪᠤᠯᠪᠠᠰᠣᠷᠠᠭᠤᠯᠬᠤ ᠰᠠᠭᠤᠷᠢᠨ ᠭᠠᠵᠠᠷ ᠢ ᠪᠠᠶᠢᠭᠤᠯᠵᠤ᠂ ᠪᠤᠭᠢᠷᠳᠣᠯ ᠥᠭᠡᠢ | ᠨᠡᠷᠡᠳᠣ ᠳᠡᠮᠳᠡᠭᠳᠣ ᠶᠢ ᠪᠤᠢ ᠪᠤᠯᠭᠠᠵᠤ᠂ ᠥᠪᠡᠷᠮᠢᠴᠠ ᠤᠨᠴᠠᠯᠢᠭᠳᠣ ᠵᠠᠮ ᠢᠶᠠᠷ ᠵᠠᠮᠨᠡᠵᠤ᠂ ᠪᠤᠭᠢᠷᠳᠣᠯ ᠥᠭᠡᠢ ᠢᠳᠡᠭᠡᠨ ᠥᠢᠯᠡᠳᠪᠤᠷᠢᠯᠡᠨ ᠪᠤᠯᠪᠠᠰᠤᠷᠠᠭᠤᠯᠬᠤ | ᠭᠡᠪᠴᠢᠶᠡᠵᠢᠯ ᠤᠨ ᠥᠢᠯᠡᠳᠣᠯ ᠢ ᠪᠥᠷᠢᠯᠳᠣᠭᠦᠯᠭᠦ ᠭᠡᠷᠡᠭᠳᠡᠢ᠃ ᠪᠠᠷᠢᠯᠭ᠎ᠠ ᠶᠢᠨ ᠮᠠᠲ᠋ᠧᠷᠢᠶᠠᠯ ᠤᠨ ᠠᠵᠤ ᠥᠢᠯᠡᠰ ᠤᠨ ᠳᠡᠰ ᠳᠠᠪᠬᠤᠷᠭ᠎ᠠ ᠶᠢ ᠴᠢᠷᠮᠠᠶᠢᠨ | ᠲᠡᠭᠡᠭᠰᠢᠯᠡᠬᠦᠯᠦᠨ᠎ᠡ᠃ ᠤᠯᠠᠮᠵᠢᠯᠠᠯᠳᠣ ᠪᠠᠷᠢᠯᠭ᠎ᠠ ᠶᠢᠨ ᠮᠠᠲ᠋ᠧᠷᠢᠶᠠᠯ ᠪᠤᠯᠤᠨ ᠰᠢᠨ᠎ᠡ ᠮᠠᠶ᠋ᠢᠭ ᠤᠨ ᠪᠠᠷᠢᠯᠭ᠎ᠠ ᠶᠢᠨ ᠮᠠᠲ᠋ᠧᠷᠢᠶᠠᠯ ᠢ ᠵᠡᠷᠭᠡᠪᠠᠷ ᠭᠥᠭᠵᠢᠭᠦᠯᠵᠤ᠂ ᠡᠨᠧᠷᠭᠢ | ᠠᠷᠪᠢᠯᠠᠨ ᠤᠷᠴᠢᠨ ᠳᠤᠭᠤᠷᠢᠨ ᠢ ᠬᠠᠮᠠᠭᠠᠯᠠᠬᠤ ᠪᠠᠷ ᠪᠠᠷᠢᠯᠭ᠎ᠠ ᠶᠢᠨ ᠮᠠᠲ᠋ᠧᠷᠢᠶᠠᠯ ᠤᠨ ᠠᠵᠤ ᠥᠢᠯᠡᠰ ᠤᠨ ᠭᠥᠭᠵᠢᠯᠳᠡ ᠶᠢ ᠭᠥᠳᠣᠯᠥᠨ ᠵᠢᠯᠤᠭᠤᠳᠴᠤ᠂ | ᠳᠠᠯᠠᠳ ᠬᠤᠰᠢᠭᠤ᠂ ᠵᠡᠭᠦᠨᠭᠠᠷ ᠬᠤᠰᠢᠭᠤᠨ ᠤ ᠸᠠᠭᠠᠷ ᠱᠠᠭᠠᠵᠠᠩ ᠤᠨ ᠠᠵᠤ ᠥᠢᠯᠡᠰ ᠤᠨ ᠭᠥᠭᠵᠢᠯᠳᠡ ᠶᠢ ᠠᠭᠢᠭᠤᠯᠵᠤ᠂ ᠪᠠᠷᠢᠯᠭ᠎ᠠ᠂ ᠡᠷᠡᠭᠦᠯ ᠬᠠᠮᠠᠭᠠᠯᠠᠯ᠂ | ᠡᠳᠣᠷ ᠳᠣᠳᠣᠮ ᠤᠨ ᠭᠡᠷᠡᠭᠯᠡᠭᠡᠨ᠂ ᠭᠠᠷ ᠤᠷᠠᠯᠠᠯ ᠤᠨ ᠰᠢᠷᠠᠰ ᠸᠠᠭᠠᠷ ᠱᠠᠭᠠᠵᠠᠩ ᠤᠨ ᠥᠢᠯᠡᠳᠪᠤᠷᠢᠯᠡᠯ ᠤᠨ ᠰᠠᠭᠤᠷᠢᠨ ᠭᠠᠵᠠᠷ ᠢ ᠠᠯᠬᠤᠮ ᠠᠯᠬᠤᠮ ᠢᠶᠠᠷ | ᠪᠥᠷᠢᠯᠳᠣᠭᠦᠯᠭᠦ ᠭᠡᠷᠡᠭᠳᠡᠢ᠃ | ᠭᠥᠭᠵᠢᠯᠳᠡ ᠶᠢᠨ ᠭᠡᠯᠪᠡᠷᠢ ᠶᠢ ᠬᠤᠪᠢᠷᠠᠭᠤᠯᠬᠤ ᠶᠢ ᠳᠥᠷᠭᠡᠳᠭᠡᠵᠤ᠂ ᠠᠵᠤ ᠠᠬᠤᠢ ᠶᠢᠨ ᠨᠡᠮᠡᠭᠳᠡᠯ ᠤᠨ ᠶᠠᠰᠣ ᠴᠢᠨᠡᠷ ᠪᠠ ᠥᠷ᠎ᠠ ᠠᠰᠢᠭ ᠢ | ᠳᠡᠭᠡᠭᠰᠢᠯᠡᠭᠦᠯᠭᠦ ᠳᠤ᠂ ᠡᠷᠭᠡᠪᠰᠢ ᠳᠥᠷᠪᠡᠨ ᠳᠠᠯ᠎ᠠ ᠶᠢᠨ ᠳᠤᠯᠭᠠᠭᠤᠷᠢ ᠭᠥᠴᠤᠨ ᠪᠠ ᠳᠠᠶᠢᠴᠢᠯᠠᠬᠤ ᠥᠢᠯᠡᠳᠣᠯ ᠢ ᠴᠢᠩᠭᠠᠳᠬᠠᠬᠤ ᠭᠡᠷᠡᠭᠳᠡᠢ᠃ ᠨᠢᠭᠡ ᠳᠤ ᠴᠢᠬᠤᠯᠨ | ᠶᠡᠭᠡ ᠳᠥᠷᠥᠯ ᠵᠥᠢᠯ ᠤᠨ ᠳᠤᠯᠭᠠᠭᠤᠷᠢ ᠥᠢᠯᠡᠳᠣᠯ ᠢ ᠴᠢᠩᠭᠠᠳᠬᠠᠨ᠎ᠠ᠃ ᠳᠥᠷᠥᠯ ᠵᠥᠢᠯ ᠤᠨ ᠪᠥᠳᠣᠭᠡᠨ ᠪᠠᠶᠢᠭᠤᠯᠥᠯᠳᠡ ᠶᠢ ᠭᠤᠶᠢᠪᠢᠰᠢ ᠥᠭᠡᠢ ᠴᠢᠩᠭ᠎ᠠ | ᠠᠳᠬᠤᠨ᠂ ᠪᠥᠭᠦ ᠵᠢᠯ ᠳᠤ ᠳ᠋ᠥᠩᠰᠢᠭᠤᠷ ᠳᠥᠭᠦᠷᠢᠭ ᠠᠴᠠ ᠳᠡᠬᠡᠭᠰᠢᠬᠢ ᠳᠥᠷᠥᠯ ᠵᠥᠢᠯ ᠢ 233 ᠵᠥᠢᠯ ᠡᠭᠢᠯᠡᠭᠦᠯᠥᠨᠡ᠂ ᠡᠭᠦᠨ ᠳᠤ ᠪᠡᠯᠨ ᠤᠷᠤᠭᠤᠯᠥᠯᠳᠡ ᠨᠢ | 10 ᠳ᠋ᠥᠩᠰᠢᠭᠤᠷ ᠳᠥᠭᠦᠷᠢᠭ ᠢ ᠳᠠᠪᠠᠭᠰᠠᠨ ᠳᠥᠷᠥᠯ ᠵᠥᠢᠯ 111 ᠪᠠᠶᠢᠵᠤ᠂ 1400 ᠳ᠋ᠥᠩᠰᠢᠭᠤᠷ ᠳᠥᠭᠦᠷᠢᠭ ᠠᠴᠠ ᠳᠡᠭᠡᠭᠰᠢᠭᠢ ᠪᠡᠯᠨ ᠤᠷᠤᠭᠤᠯᠥᠯᠳᠡ | ᠶᠢ ᠪᠡᠶᠡᠯᠡᠭᠦᠯᠥᠨ᠎ᠡ᠃ ᠪᠥᠳᠣᠭᠡᠨ ᠪᠠᠶᠢᠭᠤᠯᠵᠤ ᠪᠠᠶᠢᠭ᠎ᠠ ᠳᠥᠷᠥᠯ ᠵᠥᠢᠯ ᠤᠨ ᠪᠥᠳᠣᠭᠡᠨ ᠪᠠᠶᠢᠭᠤᠯᠥᠯᠳᠠ ᠶᠢᠨ ᠠᠭᠢᠴᠠ ᠶᠢ ᠳᠥᠷᠭᠡᠳᠭᠡᠨ᠂ ᠨᠢᠭᠡᠨᠳᠡ ᠭᠡᠷ᠎ᠠ | ᠳᠣᠭᠳᠠᠭᠰᠠᠨ ᠳᠥᠷᠥᠯ ᠵᠥᠢᠯ ᠢ ᠮᠥᠷᠳᠡᠨ ᠨᠠᠶᠢᠳᠠᠪᠤᠷᠢᠵᠢᠭᠤᠯᠬᠤ ᠶᠢ ᠰᠠᠶᠢᠳᠣᠷ ᠠᠳᠬᠤᠵᠤ᠂ ᠰᠢᠨ᠎ᠡ ᠳᠥᠷᠥᠯ ᠵᠥᠢᠯ ᠢ ᠢᠳᠡᠪᠭᠢᠳᠡᠢ ᠪᠠᠷ ᠵᠤᠯᠭᠠᠭᠤᠯᠵᠤ | ᠤᠷᠤᠭᠤᠯᠤᠨ ᠠᠪᠴᠢᠷᠠᠵᠤ᠂ ᠪᠥᠳᠣᠴᠠ ᠶᠢᠨ ᠭᠡᠯᠪᠡᠷᠢ ᠶᠢ ᠬᠤᠪᠢᠷᠠᠭᠤᠯᠬᠤ ᠢᠷᠡᠭᠡᠳᠣᠢ ᠶᠢᠨ ᠳᠤᠯᠭᠠᠭᠤᠷᠢ ᠭᠥᠴᠤᠨ ᠢ ᠪᠥᠷᠢᠯᠳᠣᠭᠦᠯᠭᠦ ᠭᠡᠷᠡᠭᠳᠡᠢ᠃ ᠬᠤᠶᠠᠷ | ᠲᠤ ᠰᠢᠨᠵᠢᠯᠡᠭᠦ ᠤᠬᠠᠭᠠᠨ ᠮᠡᠷᠭᠡᠵᠢᠯ ᠤᠨ ᠰᠢᠨ᠎ᠡ ᠡᠭᠦᠳᠣᠯᠳᠡ ᠶᠢᠨ ᠳᠠᠭᠠᠭᠤᠯᠬᠤ ᠥᠢᠯᠡᠳᠣᠯ ᠢ ᠴᠢᠩᠭᠠᠳᠬᠠᠨ᠎ᠠ᠃ ᠤᠯᠤᠰ ᠤᠨ ᠳᠣᠳᠣᠭᠠᠳᠣ ᠭᠠᠳᠠᠭᠠᠳᠣ | ᠶᠢᠨ ᠠᠯᠳᠠᠷᠰᠢᠯ ᠲᠠᠢ ᠰᠣᠳᠣᠯᠭᠠᠨ ᠤ ᠪᠠᠶᠢᠭᠤᠯᠥᠮᠵᠢ ᠪᠤᠯᠤᠨ ᠠᠵᠤ ᠥᠢᠯᠠᠳᠪᠤᠷᠢ ᠶᠢᠨ ᠵᠢᠷᠤᠭ ᠳᠥᠯᠥᠪᠯᠡᠭᠡᠨ ᠤ ᠪᠠᠶᠢᠭᠤᠯᠥᠮᠵᠢ ᠶᠢ ᠤᠷᠤᠭᠤᠯᠤᠨ ᠠᠪᠴᠢᠷᠠᠵᠤ | ᠮᠠᠨ ᠤ ᠬᠤᠳᠠ ᠳᠤ ᠨᠤᠳᠣᠭᠰᠢᠭᠤᠯᠵᠤ᠂ ᠵᠠᠩᠭᠢᠯᠠᠭ᠎ᠠ ᠶᠢᠨ ᠮᠡᠷᠭᠡᠵᠢᠯ ᠤᠨ ᠰᠣᠳᠣᠯᠭᠠᠨ ᠪᠤᠯᠤᠨ ᠠᠵᠤ ᠥᠢᠯᠠᠰᠵᠢᠯᠳᠡ ᠶᠢᠨ ᠳᠣᠷᠰᠢᠯᠳᠠ ᠶᠢ ᠥᠷᠨᠢᠭᠦᠯᠵᠤ᠂ | ᠭᠤᠤᠯᠯᠠᠬᠤ ᠠᠵᠤ ᠥᠢᠯᠡᠰ ᠤᠨ ᠭᠤᠤᠯ ᠥᠷᠢᠰᠥᠯᠳᠣᠭᠦ ᠴᠢᠳᠠᠪᠤᠷᠢ ᠶᠢ ᠦᠨᠡᠨᠬᠦ ᠳᠡᠭᠡᠭᠰᠢᠯᠡᠭᠦᠯᠥᠨ᠎ᠡ᠃ ᠰᠢᠨ᠎ᠡ ᠰᠢᠨᠵᠢᠯᠡᠭᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠭᠦ ᠠᠴᠢᠶᠠᠯᠠᠪᠤᠷᠢ ᠶᠢ ᠪᠥᠷᠢᠯᠳᠣᠭᠦᠯᠵᠤ᠂ ᠳᠡᠭᠡᠳᠣ ᠰᠢᠨ᠎ᠡ ᠮᠡᠷᠭᠡᠵᠢᠯ ᠤᠨ ᠠᠵᠤ ᠥᠢᠯᠡᠰ ᠤᠨ ᠭᠥᠷᠢᠶᠡᠯᠠᠩ ᠳᠤᠭᠤᠷᠢᠭ ᠤᠨ ᠪᠥᠳᠣᠭᠡᠨ ᠪᠠᠶᠢᠭᠤᠯᠥᠯᠳᠡ | ᠶᠢ ᠠᠭᠢᠭᠤᠯᠵᠤ᠂ ᠨᠡᠭᠦᠷᠡᠰᠣ ᠭᠢᠮᠢ ᠶᠢᠨ ᠠᠵᠤ ᠥᠢᠯᠡᠳᠪᠤᠷᠢ ᠶᠢᠨ ᠥᠢᠯᠡᠳᠪᠤᠷᠢᠯᠡᠯ ᠰᠤᠷᠭᠠᠭᠤᠯᠢ ᠰᠣᠳᠣᠯᠭᠠᠨ ᠤ ᠰᠠᠭᠤᠷᠢᠨ ᠭᠠᠵᠠᠷ ᠢ ᠪᠡᠯᠡᠳᠭᠡᠨ | ᠪᠠᠶᠢᠭᠤᠯᠥᠨᠡ᠃ ᠠᠵᠤ ᠠᠬᠤᠶᠢᠯᠠᠯ ᠢᠶᠠᠷ ᠭᠤᠤᠯ ᠴᠤᠭᠴᠠ ᠪᠤᠯᠭᠠᠬᠤ ᠶᠢ ᠪᠠᠷᠢᠮᠳᠡᠯᠡᠨ᠂ ᠡᠵᠡᠨ ᠮᠡᠳᠡᠵᠤ ᠰᠢᠨ᠎ᠡ ᠶᠢ ᠡᠭᠦᠳᠭᠦ ᠰᠢᠰᠲ᠋ᠧᠮᠵᠢ ᠶᠢᠨ ᠪᠠᠶᠢᠭᠤᠯᠥᠯᠳᠠ | ᠶᠢ ᠴᠢᠩᠭᠠᠳᠬᠠᠵᠤ᠂ ᠥᠪᠡᠷᠳᠡᠭᠡᠨ ᠵᠠᠰᠠᠬᠤ ᠤᠷᠤᠨ ᠤ ᠳᠡᠰ ᠤᠨ ᠠᠵᠤ ᠠᠬᠤᠶᠢᠯᠠᠯ ᠤᠨ ᠪᠠᠷᠢᠯᠭ᠎ᠠ ᠶᠢᠨ ᠮᠡᠷᠭᠡᠵᠢᠯ ᠤᠨ ᠰᠣᠳᠣᠯᠭᠠᠨ ᠤ ᠳᠥᠪ ᠢ ᠰᠢᠨ᠎ᠡ | ᠪᠠᠷ 2 ᠪᠠᠶᠢᠭᠤᠯᠬᠤ ᠪᠠᠷ ᠴᠢᠷᠮᠠᠶᠢᠵᠤ᠂ ᠢ ᠲᠠᠢ ᠶᠢᠨ ᠨᠡᠭᠦᠷᠡᠰᠣ ᠶᠢ ᠳᠠᠮ ᠢᠶᠠᠷ ᠰᠢᠩᠭᠡᠨᠵᠢᠭᠦᠯᠭᠦ ᠪᠠᠷᠢᠯᠭ᠎ᠠ ᠶᠢᠨ ᠮᠡᠷᠭᠡᠵᠢᠯ ᠤᠨ ᠰᠣᠳᠣᠯᠭᠠᠨ ᠤ ᠳᠥᠪ ᠢ | ᠤᠯᠤᠰ ᠤᠨ ᠳᠡᠰ ᠤᠨ ᠢᠨᠵᠧᠨᠧᠷᠢᠩ ᠤᠨ ᠮᠡᠷᠭᠡᠵᠢᠯ ᠤᠨ ᠳᠥᠪ ᠤᠨ ᠡᠩᠨᠡᠭᠡᠨ ᠳᠤ ᠤᠷᠤᠭᠤᠯᠬᠤ ᠪᠠᠷ ᠴᠢᠷᠮᠠᠶᠢᠨ᠎ᠡ᠃ ᠳᠡᠭᠡᠳᠣ ᠵᠡᠷᠭᠡ ᠶᠢᠨ ᠴᠢᠳᠡᠪᠤᠷᠢᠳᠡᠨ ᠢ | ᠤᠷᠤᠭᠤᠯᠤᠨ ᠠᠪᠴᠢᠷᠠᠵᠤ᠂ ᠠᠵᠤ ᠠᠬᠤᠢ ᠨᠡᠶᠢᠭᠡᠮ ᠤᠨ ᠭᠥᠭᠵᠢᠯᠳᠡ ᠳᠤ ᠭᠥᠴᠣᠳᠠᠢ ᠴᠢᠳᠡᠪᠤᠷᠢᠳᠡᠨ ᠤ ᠪᠠᠳᠣᠯᠠᠭ᠎ᠠ ᠬᠠᠩᠭᠠᠬᠤ ᠭᠡᠷᠡᠭᠳᠡᠢ᠃ ᠭᠤᠷᠪᠠ ᠳᠤ | ᠠᠵᠤ ᠥᠢᠯᠡᠳᠪᠤᠷᠢ ᠶᠢᠨ ᠭᠥᠷᠢᠶᠡᠯᠡᠩ ᠳᠣᠭᠤᠷᠢᠭ ᠤᠨ ᠳᠠᠭᠠᠭᠠᠬᠤ ᠥᠢᠯᠠᠳᠣᠯ ᠢ ᠴᠢᠩᠭᠠᠳᠬᠠᠨ᠎ᠠ᠃ ᠠᠵᠤ ᠥᠢᠯᠡᠳᠪᠤᠷᠢ ᠶᠢᠨ ᠭᠥᠷᠢᠶᠡᠯᠠᠩ ᠳᠤᠭᠤᠷᠢᠭ ᠤᠨ | ᠰᠠᠭᠤᠷᠢ ᠳᠥᠭᠦᠭᠡᠷᠤᠮᠵᠢ ᠶᠢᠨ ᠪᠥᠳᠣᠭᠡᠨ ᠪᠠᠶᠢᠭᠤᠯᠥᠯᠳᠡ ᠶᠢ ᠴᠢᠩᠭᠠᠳᠬᠠᠨ᠂ ᠪᠤᠢ ᠪᠥᠭᠦᠢ ᠠᠵᠤ ᠥᠢᠯᠡᠳᠪᠤᠷᠢ ᠶᠢᠨ ᠭᠥᠷᠢᠶᠡᠯᠡᠩ ᠳᠣᠭᠤᠷᠢᠭ ᠲᠤ ︽ᠶᠢᠰᠣ | ᠶᠢ ᠨᠡᠪᠳᠡᠷᠡᠭᠦᠯᠵᠤ ᠨᠢᠭᠡ ᠶᠢ ᠳᠡᠭᠰᠢᠯᠡᠭᠦ︾ ᠠᠵᠢᠯ ᠢ ᠴᠢᠷᠮᠠᠶᠢᠨ ᠪᠡᠶᠡᠯᠡᠬᠦᠯᠦᠨ᠎ᠡ᠃ ᠡᠷᠴᠢᠮᠯᠢᠭ ᠭᠥᠭᠵᠢᠯᠳᠡ ᠶᠢ ᠪᠠᠷᠢᠮᠳᠡᠯᠡᠨ᠂ ᠭᠥᠷᠢᠶᠡᠯᠡᠩ ᠳᠣᠭᠤᠷᠢᠭ ᠤᠨ | ᠭᠠᠵᠠᠷ ᠰᠢᠷᠤᠢ ᠶᠢᠨ ᠡᠭᠢ ᠪᠠᠶᠠᠯᠢᠭ ᠢ ᠵᠤᠭᠢᠰᠳᠡᠢ ᠳᠤᠭᠢᠷᠠᠭᠤᠯᠵᠤ᠂ ᠭᠥᠷᠢᠶᠡᠯᠡᠩ ᠳᠣᠭᠤᠷᠢᠭ ᠤᠨ ᠰᠠᠭᠤᠷᠢ ᠳᠥᠭᠦᠭᠡᠷᠤᠮᠵᠢ ᠶᠢ ᠥᠨᠳᠣᠷ ᠥᠷ᠎ᠠ | ᠪᠥᠳᠣᠮᠵᠢᠳᠡᠢ ᠪᠠᠷ ᠠᠰᠢᠭᠯᠠᠨ᠂ ᠭᠠᠵᠠᠷ ᠰᠢᠷᠤᠢ ᠶᠢᠨ ᠳᠠᠯᠠᠪᠠᠢ ᠨᠢᠭᠡᠴᠠ ᠶᠢᠨ ᠪᠡᠯᠨ ᠤᠷᠤᠭᠤᠯᠥᠯᠳᠡ ᠶᠢᠨ ᠭᠥᠴᠤᠯᠠᠴᠠ ᠪᠤᠯᠤᠨ ᠭᠠᠷᠭᠠᠯᠳᠠ ᠶᠢᠨ ᠥᠷ᠎ᠠ | ᠠᠰᠢᠭ ᠢ ᠳᠡᠭᠡᠭᠰᠢᠯᠡᠭᠦᠯᠭᠦ ᠭᠡᠷᠡᠭᠳᠡᠢ᠃ ᠳᠥᠷᠪᠡ ᠳᠤ ᠠᠵᠤ ᠠᠬᠤᠶᠢᠯᠠᠯ ᠤᠨ ᠭᠤᠤᠯ ᠴᠣᠭᠴᠠ ᠶᠢᠨ ᠥᠢᠯᠡᠳᠣᠯ ᠢ ᠴᠢᠩᠭᠠᠳᠬᠠᠨ᠎ᠠ᠃ ᠥᠩᠭᠡᠷᠡᠭᠰᠡᠨ ᠲᠠᠢ ᠪᠠᠨ | ᠠᠳᠠᠯᠢ ᠪᠠᠷ ᠳᠥᠪ ᠥᠪᠡᠷᠳᠡᠭᠡᠨ ᠵᠠᠰᠠᠬᠤ ᠤᠷᠤᠨ ᠤ ᠰᠢᠭᠤᠳ ᠬᠠᠷᠢᠶ᠎ᠠ ᠠᠵᠤ ᠠᠬᠤᠶᠢᠯᠠᠯ ᠪᠤᠯᠤᠨ ᠬᠤᠳᠠ ᠶᠢᠨ ᠭᠠᠳᠠᠨᠠᠭᠢ ᠳᠤᠮᠤ ᠭᠡᠯᠪᠡᠷᠢ ᠶᠢᠨ ᠠᠵᠤ | ᠠᠬᠤᠶᠢᠯᠠᠯ ᠤᠨ ᠪᠥᠯᠥᠭᠯᠡᠯ ᠤᠨ ᠭᠡᠪᠴᠢᠶᠡᠵᠢᠯ ᠢ ᠶᠡᠬᠡᠰᠬᠡᠬᠦ᠂ ᠠᠵᠤ ᠥᠢᠯᠡᠰ ᠤᠨ ᠭᠡᠪᠴᠢᠶ᠎ᠠ ᠶᠢ ᠥᠷᠭᠡᠳᠭᠡᠭᠦ᠂ ᠠᠵᠤ ᠥᠢᠯᠡᠰ ᠤᠨ ᠲᠡᠰ ᠲᠠᠪᠬᠤᠷᠭ᠎ᠠ ᠶᠢ | ᠲᠡᠭᠡᠭᠰᠢᠯᠡᠬᠦᠯᠬᠦ ᠶᠢ ᠲᠡᠮᠵᠢᠨ᠎ᠡ᠃ ᠳᠣᠰ ᠭᠠᠵᠠᠷ ᠤᠨ ᠠᠵᠤ ᠠᠬᠤᠶᠢᠯᠠᠯ ᠬᠤᠳᠠ ᠶᠢᠨ ᠳᠣᠳᠣᠷ᠎ᠠ ᠪᠠᠨ ᠬᠤᠯᠪᠤᠭᠠᠯᠠᠵᠤ᠂ ᠬᠤᠳᠠ ᠶᠢᠨ ᠭᠠᠳᠠᠨ᠎ᠡ ᠬᠠᠮᠳᠣᠷᠠᠨ | ᠠᠵᠢᠯᠯᠠᠬᠤ ᠶᠢ ᠵᠤᠷᠢᠭᠵᠢᠭᠤᠯᠤᠨ ᠳᠠᠭᠠᠭᠤᠯᠵᠤ᠂ ᠪᠥᠭᠦ ᠬᠤᠳᠠ ᠶᠢᠨ ᠴᠢᠬᠤᠯᠨ ᠶᠡᠭᠡ ᠳᠥᠷᠥᠯ ᠵᠥᠢᠯ ᠪᠥᠳᠣᠭᠡᠨ ᠪᠠᠶᠢᠭᠤᠯᠬᠤ᠂ ᠴᠢᠬᠤᠯᠨ ᠮᠡᠷᠭᠡᠵᠢᠯ ᠤᠨ | ᠪᠤᠭᠤᠮᠳᠠ ᠰᠢᠪᠳᠣᠯᠬᠤ ᠪᠠ ᠠᠵᠤ ᠥᠢᠯᠠᠰᠵᠢᠯᠳᠡ ᠶᠢᠨ ᠵᠢᠱᠢᠶ᠎ᠠ ᠥᠵᠡᠭᠦᠯᠭᠦ ᠳᠤᠷᠰᠢᠯᠳᠡ ᠳᠤ ᠢᠳᠡᠪᠭᠢᠳᠡᠢ ᠣᠷᠣᠯᠴᠠᠭᠤᠯᠵᠤ᠂ ᠭᠤᠤᠯ ᠥᠷᠢᠰᠥᠯᠳᠣᠭᠦ ᠭᠥᠴᠤᠨ | ᠢ ᠴᠢᠷᠮᠡᠶᠢᠨ ᠳᠡᠭᠡᠭᠰᠢᠯᠡᠭᠦᠯᠥᠨ᠎ᠡ᠃ ᠳᠤᠮᠤ ᠠᠵᠤ ᠠᠬᠤᠶᠢᠯᠠᠯ ᠢ ᠠᠳᠬᠤᠬᠤ ᠲᠠᠢ ᠠᠳᠠᠯᠢ ᠪᠠᠷ ᠳᠤᠮᠳᠠ ᠵᠢᠵᠢᠭ ᠠᠵᠤ ᠠᠬᠤᠶᠢᠯᠠᠯ ᠤᠨ ᠭᠥᠭᠵᠢᠯᠳᠠ ᠶᠢ | ᠰᠠᠶᠢᠳᠣᠷ ᠠᠳᠬᠤᠵᠤ᠂ ᠮᠠᠰᠢᠨ ᠳᠡᠷᠭᠡ᠂ ᠨᠡᠭᠦᠷᠡᠰᠣᠨ ᠮᠠᠰᠢᠨ᠂ ᠭᠢᠮᠢ ᠶᠢᠨ ᠮᠠᠰᠢᠨ ᠤ ᠰᠡᠯᠪᠢᠭ ᠳᠣᠨᠤᠭ ᠥᠢᠯᠡᠳᠪᠤᠷᠢᠯᠡᠭᠦ ᠪᠠ PVC ᠶᠢ ᠨᠠᠷᠢᠯᠢᠭ | ᠪᠤᠯᠪᠠᠰᠤᠷᠠᠭᠤᠯᠬᠤ ᠪᠠᠷ ᠭᠤᠤᠯ ᠪᠤᠯᠭᠠᠨ᠂ ᠠᠵᠤ ᠠᠬᠤᠶᠢᠯᠠᠯ ᠤᠨ ᠭᠥᠭᠵᠢᠯᠳᠡ ᠳᠤ ᠭᠡᠷᠡᠭᠯᠡᠭᠦ ᠭᠠᠵᠠᠷ ᠢ ᠨᠡᠶᠢᠳᠠᠪᠤᠷᠢᠵᠢᠭᠤᠯᠵᠤ᠂ ᠢᠳᠡᠬᠡᠮᠵᠢᠳᠣ ᠵᠢᠭᠡᠯᠡᠯᠭᠡ ᠶᠢᠨ | ᠪᠠᠳᠣᠯᠠᠭ᠎ᠠ ᠶᠢᠨ ᠭᠡᠪᠴᠢᠶ᠎ᠠ ᠶᠢ ᠥᠷᠭᠡᠳᠭᠡᠵᠤ᠂ ᠳᠤᠮᠳᠠ ᠵᠢᠵᠢᠭ ᠠᠵᠤ ᠠᠬᠤᠶᠢᠯᠠᠯ ᠢ ᠢᠵᠢ ᠪᠥᠷᠢᠯᠳᠣᠭᠦᠯᠵᠤ᠂ ᠠᠵᠤ ᠥᠢᠯᠡᠰ ᠢ ᠰᠥᠷᠥᠭᠵᠢᠬᠦᠯᠵᠥ ᠶᠡᠭᠡᠪᠡᠷ | ᠭᠥᠭᠵᠢᠭᠦᠯᠭᠦ ᠶᠢ ᠪᠡᠶᠡᠯᠡᠭᠦᠯᠭᠦ ᠭᠡᠷᠡᠭᠳᠡᠢ᠃ | ︵ᠬᠤᠶᠠᠷ︶ ᠬᠤᠳᠠ ᠶᠢᠨ ᠭᠤᠤᠯ ᠳᠣᠭᠤᠷᠢᠭ ᠢ ᠳᠥᠪᠯᠡᠷᠡᠭᠦᠯᠥᠨ ᠪᠠᠶᠢᠭᠤᠯᠵᠤ᠂ ᠭᠠᠵᠠᠷ ᠤᠷᠤᠨ ᠤ ᠣᠳᠣᠭᠢᠴᠢᠯᠠᠯᠳᠠ ᠶᠢᠨ ᠭᠢᠷᠢ ᠳᠥᠪᠰᠢᠨ ᠢ | ᠤᠯᠠᠮ ᠨᠢᠭᠡ ᠠᠯᠬᠤᠮ ᠳᠡᠭᠡᠭᠰᠢᠯᠡᠭᠦᠯᠭᠦ ᠭᠡᠷᠡᠭᠳᠡᠢ᠃ ᠬᠤᠳᠠ ᠶᠢᠨ ᠭᠤᠤᠯᠳᠠᠯᠭᠠᠳᠣ ᠳᠣᠭᠤᠷᠢᠭ ᠤᠨ ᠪᠥᠳᠣᠭᠡᠨ ᠪᠠᠶᠢᠭᠤᠯᠥᠯᠳᠠ ᠶᠢ ᠣᠳᠣᠬᠢᠴᠢᠯᠠᠯᠳᠠ ᠳᠡᠰᠢ | ᠳᠠᠪᠰᠢᠬᠤ ᠴᠢᠬᠤᠯᠨ ᠪᠡᠯᠭᠡ ᠳᠡᠮᠳᠡᠭ ᠪᠠ ᠵᠠᠶᠢᠯᠠᠰᠢ ᠥᠭᠡᠢ ᠰᠤᠩᠭᠤᠯᠳᠠ ᠪᠤᠯᠭᠠᠵᠤ᠂ ᠵᠠᠭᠤᠨ ᠵᠢᠯ ᠤᠨ ᠣᠷᠳᠣᠰ ᠤᠨ ᠬᠤᠳᠠ ᠶᠢᠨ ᠳᠥᠷᠢ ᠳᠥᠷᠭᠦ ᠶᠢ | ᠱᠤᠭᠤᠨᠡ᠃ ᠡᠨᠡ ᠵᠢᠯ ᠪᠡᠯᠨ ᠤᠷᠤᠭᠤᠯᠥᠯᠳᠡ ᠪᠤᠯᠤᠨ ᠪᠥᠳᠣᠭᠡᠨ ᠪᠠᠶᠢᠭᠤᠯᠥᠯᠳᠡ ᠶᠢᠨ ᠭᠥᠴᠤᠯᠠᠴᠠ ᠪᠠᠨ ᠤᠯᠠᠮ ᠨᠡᠮᠡᠭᠳᠡᠭᠦᠯᠵᠤ᠂ ᠭᠤᠤᠯ ᠬᠤᠳᠠ ᠶᠢᠨ | ᠳᠣᠭᠤᠷᠢᠭ ᠢ ᠣᠷᠣᠰᠢᠨ ᠰᠠᠭᠤᠷᠢᠰᠢᠬᠤ ᠳᠤ ᠨᠠᠩ ᠳᠤᠭᠢᠷᠠᠮᠵᠢᠳᠠᠢ᠂ ᠨᠠᠩ ᠪᠤᠯᠪᠠᠰᠣᠨ᠂ ᠨᠠᠩ ᠣᠳᠣᠭᠢᠴᠢᠯᠠᠭᠰᠠᠨ᠂ ᠨᠠᠩ ᠭᠤᠶᠤ ᠰᠠᠶᠢᠬᠠᠨ ᠪᠤᠯᠭᠠᠬᠤ ᠪᠠᠷ | ᠴᠢᠷᠮᠠᠶᠢᠬᠤ ᠭᠡᠷᠡᠭᠳᠡᠢ᠃ ᠵᠢᠯ ᠤᠨ ᠳᠣᠳᠣᠷ᠎ᠠ ᠬᠤᠳᠠ ᠶᠢᠨ ᠨᠣᠭᠤᠭᠠᠷᠠᠭᠤᠯᠥᠯᠳᠠ ᠶᠢ ᠳᠠᠭᠢᠨ ᠵᠠᠭᠤᠨ ᠤ ᠬᠤᠪᠢ ᠶᠢᠨ ᠬᠠᠷᠢᠴᠠᠯ ᠢᠶᠠᠷ 2 ᠳᠡᠭᠡᠭᠰᠢᠯᠡᠭᠦᠯᠭᠦ | ᠭᠡᠷᠡᠭᠳᠡᠢ᠃ | ᠥᠨᠳᠣᠷ ᠪᠠᠷᠢᠮᠵᠢᠶ᠎ᠠ᠂ ᠥᠨᠳᠣᠷ ᠡᠭᠢᠯᠡᠯᠳᠡ ᠶᠢᠨ ᠴᠡᠭ ᠢᠶᠠᠷ ᠳᠥᠯᠥᠪᠵᠢᠭᠦᠯᠭᠡ ᠵᠢᠷᠤᠭ ᠳᠥᠯᠥᠪᠯᠡᠭᠡ ᠭᠢᠭᠦ ᠭᠡᠷᠡᠭᠳᠡᠢ ᠃ ᠨᠢᠭᠡ ᠳᠤ ᠣᠷᠣᠨ | ᠪᠠᠶᠢᠷᠢᠰᠢᠯ ᠤᠨ ᠳᠥᠯᠥᠪᠵᠢᠭᠦᠯᠭᠡ ᠶᠢ ᠰᠠᠶᠢᠳᠣᠷ ᠠᠳᠬᠤᠨ᠎ᠠ᠃ ︽ᠪᠥᠭᠦ ᠳᠠᠯ᠎ᠡ ᠳᠤ ᠰᠠᠭᠤᠷᠢᠯᠠᠬᠤ᠂ ᠳᠣᠳᠣᠭᠠᠳᠣ ᠠᠭᠤᠯᠤᠬᠳᠠᠬᠤᠨ ᠢ ᠬᠠᠷᠠᠭᠤᠯᠬᠤ᠂ | ᠥᠪᠡᠷᠮᠢᠴᠠ ᠴᠢᠨᠡᠷ ᠢ ᠢᠯᠡᠷᠡᠭᠦᠯᠭᠦ᠂ ᠢᠷᠡᠭᠡᠳᠣᠢ ᠳᠤ ᠬᠠᠨᠳᠣᠭᠤᠯᠬᠤ︾ ᠱᠠᠭᠠᠷᠳᠠᠯᠭ᠎ᠠ ᠶᠤᠰᠣᠭᠠᠷ᠂ ᠴᠢᠯᠥᠭᠡᠳᠡᠢ ᠪᠠᠷ ᠳᠥᠯᠥᠪᠵᠢᠭᠦᠯᠭᠡ ᠭᠢᠭᠦ ᠶᠢ ᠪᠠᠷᠢᠮᠳᠠᠯᠠᠨ᠂ | ᠥᠨᠳᠣᠷ ᠡᠭᠢᠯᠡᠯᠳᠡ ᠲᠠᠢ᠂ ᠬᠤᠯᠨ ᠶᠢᠨ ᠬᠠᠷᠠᠴᠨ ᠲᠠᠢ ᠪᠠᠶᠢᠵᠤ᠂ ᠪᠤᠭᠤᠮᠳᠠ ᠶᠢ ᠴᠢᠩᠭ᠎ᠠ ᠠᠳᠬᠤᠵᠤ᠂ ᠭᠠᠵᠠᠷ ᠤᠷᠤᠨ ᠤ ᠤᠨᠴᠠᠯᠢᠭ᠂ ᠥᠨᠳᠣᠰᠣᠳᠡᠨ ᠤ | ᠤᠨᠴᠠᠯᠢᠭ ᠪᠠ ᠴᠠᠭ ᠥᠶ᠎ᠠ ᠶᠢᠨ ᠤᠨᠴᠠᠯᠢᠭ ᠢ ᠭᠥᠢᠴᠠᠳ ᠢᠯᠡᠷᠡᠭᠦᠯᠭᠦ ᠭᠡᠷᠡᠭᠳᠡᠢ᠃ ᠬᠤᠶᠠᠷ ᠲᠤ ᠬᠤᠳᠠ ᠶᠢᠨ ᠵᠢᠷᠤᠭ ᠳᠥᠯᠥᠪᠯᠡᠭᠡ ᠶᠢ ᠪᠥᠳᠣᠭᠡᠯᠴᠢ ᠪᠠᠷ | ᠭᠢᠭᠦ ᠶᠢ ᠴᠢᠩᠭᠠᠳᠬᠠᠨ᠎ᠠ᠃ ᠶᠡᠭᠡᠮᠰᠥᠭ ᠳᠠᠭᠠᠯᠠᠮᠵᠢᠳᠠᠢ᠂ ᠨᠤᠭᠤᠭᠠᠨ ᠥᠩᠭᠡᠳᠣ ᠠᠮᠢ ᠠᠬᠤᠢ ᠲᠠᠢ᠂ ᠥᠪᠡᠷᠮᠢᠴᠠ ᠤᠨᠴᠠᠯᠢᠭ ᠨᠢ ᠢᠯᠨ ᠳᠣᠳᠣ ᠪᠠᠶᠢᠬᠤ ᠵᠡᠷᠴᠢᠮ ᠢ | ᠪᠠᠷᠢᠮᠳᠠᠯᠠᠨ᠂ ᠤᠷᠤᠨ ᠪᠥᠰᠡ ᠶᠢᠨ ᠰᠤᠶᠤᠯ ᠤᠨ ᠳᠣᠳᠣᠭᠠᠳᠣ ᠠᠭᠤᠯᠤᠬᠳᠠᠬᠤᠨ᠂ ᠥᠨᠳᠣᠰᠤᠳᠠᠨ ᠤ ᠰᠣᠶᠣᠯ ᠤᠨ ᠬᠥᠴᠣᠨ ᠵᠥᠢᠯ ᠢ ᠠᠭᠤᠳᠠᠯᠯᠠᠭᠰᠠᠨ᠂ ᠨᠢᠭᠡ | ᠪᠥᠯᠥᠭ ᠰᠤᠨᠢᠷᠬᠠᠯ ᠢ ᠳᠠᠳᠠᠬᠤ ᠮᠥᠷᠳᠡᠭᠡᠨ ᠰᠡᠳᠭᠢᠯ ᠢ ᠳᠣᠬᠳᠣᠯᠣᠭᠤᠯᠬᠤ ᠭᠥᠴᠤᠨ ᠲᠠᠢ ᠪᠡᠯᠭᠡ ᠳᠡᠮᠳᠡᠭ ᠤᠨ ᠴᠢᠨᠡᠷᠳᠡᠢ ᠪᠠᠷᠢᠯᠭ᠎ᠠ ᠪᠤᠯᠭᠠᠵᠤ᠂ ᠬᠤᠳᠠ ᠶᠢᠨ | ᠥᠪᠡᠷᠮᠢᠴᠡ ᠭᠡᠪ ᠨᠠᠮᠪᠠ ᠪᠠ ᠳᠠᠳᠠᠬᠤ ᠭᠥᠴᠤᠨ ᠢ ᠢᠯᠡᠷᠡᠭᠦᠯᠵᠤ᠂ ᠥᠶ᠎ᠠ ᠶᠢᠨ ᠥᠶ᠎ᠠ ᠶᠢ ᠪᠤᠳᠣᠬᠤ ᠠᠴᠠ ᠪᠢᠰᠢ ᠳᠥᠷ ᠵᠠᠭᠤᠷ᠎ᠠ ᠶᠢ ᠪᠤᠳᠣᠬᠤ ᠥᠭᠡᠢ᠂ ᠥᠪ | ᠭᠥᠷᠥᠩᠭᠡ ᠶᠢ ᠥᠯᠡᠳᠡᠭᠡᠭᠦ ᠠᠴᠠ ᠪᠢᠰᠢ ᠬᠠᠷᠠᠮᠰᠠᠯ ᠥᠯᠡᠳᠡᠭᠡᠭᠦ ᠥᠭᠡᠢ ᠪᠠᠶᠢᠬᠤ ᠭᠡᠷᠡᠭᠳᠡᠢ᠃ ᠭᠤᠷᠪᠠ ᠳᠤ ᠳᠥᠯᠥᠪᠵᠢᠭᠦᠯᠭᠡ ᠶᠢᠨ ᠭᠡᠷᠡᠭᠵᠢᠭᠦᠯᠥᠯᠳᠡ ᠶᠢ | ᠴᠢᠩᠭᠠᠳᠬᠠᠨ᠎ᠠ᠃ ᠬᠤᠳᠠ ᠶᠢᠨ ᠳᠥᠯᠥᠪᠵᠢᠭᠦᠯᠭᠡ ᠶᠢ ᠵᠥᠷᠢᠴᠩᠰᠡᠨ ᠥᠢᠯᠨ ᠠᠵᠢᠯᠯᠠᠭ᠎ᠠ ᠪᠠ ᠳᠥᠷᠥᠯ ᠵᠥᠢᠯ ᠢ ᠪᠠᠶᠢᠴᠠᠭᠠᠨ ᠰᠢᠢᠳᠪᠤᠷᠢᠯᠡᠵᠤ᠂ | ᠳᠥᠯᠥᠪᠵᠢᠭᠦᠯᠭᠡ ᠶᠢᠨ ᠡᠷᠭᠡ ᠭᠥᠨᠳᠣᠳᠣ ᠴᠢᠨᠡᠷ ᠪᠠ ᠳᠥᠪ ᠴᠢᠩᠭ᠎ᠠ ᠴᠢᠨᠡᠷ ᠢ ᠬᠠᠮᠠᠭᠠᠯᠠᠬᠤ ᠭᠡᠷᠡᠭᠳᠡᠢ᠃ | ᠶᠡᠭᠡᠪᠠᠷ ᠪᠥᠳᠣᠭᠡᠨ ᠪᠠᠶᠢᠭᠤᠯᠵᠤ ᠵᠤᠷᠢᠬᠳᠡᠢ ᠪᠠᠷ ᠥᠭᠡᠷᠡᠴᠢᠯᠡᠭᠦ ᠭᠡᠷᠡᠭᠳᠡᠢ᠃ ᠬᠤᠳᠠ ᠶᠢᠨ ᠪᠠᠭᠳᠠᠭᠠᠮᠵᠢ ᠶᠢ ᠥᠷᠭᠦᠯᠵᠢᠯᠡᠨ ᠥᠷᠬᠡᠳᠬᠡᠨ᠎ᠡ᠂ | ᠳ᠋ᠥᠩᠱᠧᠩ ᠤᠨ ᠳᠠᠮᠣᠷ ᠵᠠᠮ ᠤᠨ ᠪᠠᠷᠠᠭᠤᠨ ᠳᠣᠭᠤᠷᠢᠭ᠂ ᠭᠢᠶ᠎ᠠ ᠪᠠᠭᠰᠢ ᠰᠢᠨ᠎ᠡ ᠳᠣᠭᠤᠷᠢᠭ ᠤᠨ ᠬᠤᠶᠢᠳᠣ ᠳᠣᠭᠤᠷᠢᠭ᠂ ᠠᠯᠳᠠᠨᠰᠢᠷᠡᠬᠡᠳᠣ ᠪᠠᠯᠭᠠᠰᠣ ᠶᠢᠨ | ᠪᠠᠯᠭᠠᠰᠤᠨ ᠳᠣᠭᠤᠷᠢᠭ ᠤᠨ ᠪᠥᠳᠣᠭᠡᠨ ᠪᠠᠶᠢᠭᠤᠯᠥᠯᠳᠡ ᠶᠢ ᠪᠥᠭᠦ ᠳᠠᠯ᠎ᠠ ᠪᠠᠷ ᠠᠭᠢᠭᠤᠯᠵᠤ᠂ ᠪᠥᠭᠦ ᠵᠢᠯ ᠳᠤ 600 ᠬᠠᠪᠳᠠᠭᠠᠢ ᠳᠥᠷᠪᠡᠯᠵᠢᠨ ᠮᠧᠲᠷ ᠤᠨ | ᠨᠤᠷᠠᠭᠠᠨ ᠥᠭᠡᠷᠡᠴᠢᠯᠡᠭᠦ ᠡᠭᠦᠷᠭᠡ ᠶᠢ ᠪᠡᠶᠡᠯᠡᠭᠦᠯᠵᠤ᠂ 2000 ᠳᠥᠮᠡᠨ ᠬᠠᠪᠳᠠᠭᠠᠢ ᠳᠥᠷᠪᠡᠯᠵᠢᠨ ᠮᠧᠲᠷ ᠪᠠᠷᠢᠯᠭ᠎ᠠ ᠶᠢᠨ ᠳᠠᠯᠠᠪᠠᠢ ᠶᠢ ᠰᠢᠨ᠎ᠡ ᠪᠠᠷ ᠪᠠᠶᠢᠭᠤᠯᠥᠨᠡ᠃ | ᠤᠨᠴᠠᠭᠠᠶᠢᠯᠠᠨ ᠣᠯᠠᠭᠠᠨᠮᠥ᠋ᠷᠡᠨ ᠨᠡᠭᠤᠷ ᠤᠨ ᠡᠮᠤᠨ᠎ᠡ ᠡᠷᠭᠢ ᠶᠢᠨ ᠥᠨᠳᠣᠷ ᠳᠠᠪᠬᠤᠷᠭᠠᠳᠣ ᠳᠣᠭᠤᠷᠢᠭ ᠢ ᠡᠨ᠋ᠨ ᠵᠢᠯ ᠤᠨ ᠬᠤᠳᠠ ᠶᠢᠨ ᠶᠠᠪᠤᠳᠠᠯ ᠤᠨ ᠪᠥᠳᠣᠭᠡᠨ | ᠪᠠᠶᠢᠭᠤᠯᠥᠯᠳᠡ ᠶᠢᠨ ︽ᠨᠢᠭᠡᠳᠣᠭᠡᠷ ᠨᠤᠮᠧᠷᠳᠣ ᠪᠠᠷᠢᠯᠭ᠎ᠠ︾ ᠪᠤᠯᠭᠠᠵᠤ᠂ ᠪᠥᠬᠦ ᠬᠤᠳᠠ ᠶᠢᠨ ᠬᠥᠴᠣᠨ ᠢ ᠳᠠᠶᠢᠴᠢᠯᠠᠨ ᠳᠥᠷᠬᠡᠬᠡᠨ ᠠᠬᠢᠭᠤᠯᠵᠥ᠂ ᠵᠢᠯ ᠤᠨ | ᠳᠣᠳᠣᠷ᠎ᠠ ᠡᠨᠡᠬᠦ ᠤᠷᠤᠨ ᠳᠣᠭᠤᠷᠢᠭ ᠲᠤ ᠡᠭᠢᠯᠡᠭᠦᠯᠥᠨ ᠪᠠᠶᠢᠭᠤᠯᠬᠤ ᠳᠠᠯᠠᠪᠠᠢ ᠶᠢ 800 ᠬᠠᠪᠳᠠᠭᠠᠢ ᠳᠥᠷᠪᠡᠯᠵᠢᠨ ᠮᠧᠲᠷ ᠲᠤ ᠭᠥᠷᠭᠡᠭᠦ ᠪᠠᠷ ᠴᠢᠷᠮᠠᠶᠢᠵᠤ᠂ | ᠤᠯᠠᠨ ᠴᠢᠳᠠᠪᠤᠷᠢ ᠲᠠᠢ ᠥᠨᠳᠣᠷ ᠳᠡᠰ ᠤᠨ ᠬᠤᠳᠠᠯᠳᠣᠭᠠᠨ ᠤ ᠶᠠᠪᠤᠳᠠᠯ ᠤᠷᠤᠨ ᠰᠠᠭᠤᠴᠠ ᠶᠢᠨ ᠳᠣᠭᠤᠷᠢᠭ ᠪᠠ ᠭᠤᠤᠯ ᠳᠣᠭᠤᠷᠢᠭ ᠤᠨ ᠰᠢᠨ᠎ᠡ ᠪᠠᠷᠢᠮᠵᠢᠶ᠎ᠠ | ᠶᠢ ᠪᠤᠢ ᠪᠤᠯᠭᠠᠨ᠎ᠠ᠃ ᠬᠤᠳᠠ ᠶᠢᠨ ᠥᠢᠯᠡᠴᠢᠯᠡᠭᠡᠨ ᠤ ᠴᠢᠳᠠᠪᠤᠷᠢ ᠶᠢ ᠲᠦᠷᠭᠡᠭᠡᠨ ᠲᠡᠭᠦᠯᠳᠡᠷᠵᠢᠬᠦᠯᠦᠨ᠎ᠡ᠂ ᠥᠢᠯᠡᠳᠣᠯᠳᠣ ᠴᠢᠨᠡᠷ᠂ ᠰᠢᠰᠲ᠋ᠧᠮᠳᠣ ᠴᠢᠨᠡᠷ ᠪᠤᠯᠤᠨ | ᠨᠢᠭᠡ ᠴᠤᠬᠴᠠᠴᠢᠯᠠᠯᠳᠠ ᠶᠢ ᠳᠤᠪᠤᠶᠢᠯᠭᠠᠨ᠂ ᠭᠤᠤᠯ ᠳᠣᠭᠤᠷᠢᠭ ᠤᠨ ᠣᠰᠣ ᠬᠠᠩᠭᠠᠬᠤ᠂ ᠴᠠᠭᠢᠯᠭᠠᠨ ᠬᠠᠩᠭᠠᠬᠤ᠂ ᠢᠯᠴᠢ ᠬᠠᠩᠭᠠᠬᠤ᠂ ᠭᠡᠢ ᠬᠠᠩᠭᠠᠬᠤ ᠵᠡᠷᠭᠡ | ᠰᠠᠭᠤᠷᠢ ᠳᠥᠭᠦᠭᠡᠷᠤᠮᠵᠢ ᠶᠢᠨ ᠪᠥᠳᠣᠭᠡᠨ ᠪᠠᠶᠢᠭᠤᠯᠥᠯᠳᠡ ᠶᠢ ᠴᠢᠩᠭᠠᠳᠬᠠᠵᠥ᠂ ᠬᠤᠳᠠ ᠶᠢ ᠶᠡᠭᠡᠪᠠᠷ ᠪᠥᠳᠣᠭᠡᠨ ᠪᠠᠶᠢᠭᠤᠯᠬᠤ᠂ ᠭᠥᠮᠤᠨ ᠠᠮᠨ ᠶᠢ ᠶᠡᠭᠡᠪᠡᠷ | ᠳᠥᠪᠯᠡᠷᠡᠭᠦᠯᠭᠦ ᠭᠡᠷᠡᠭᠴᠡᠭᠡ ᠶᠢ ᠬᠠᠩᠭᠠᠨ᠎ᠡ᠃ ᠳ᠋ᠥᠩᠱᠧᠩ᠂ ᠠᠯᠳᠠᠨᠰᠢᠷᠠᠭᠡᠳᠣ ᠪᠠᠯᠭᠠᠰᠣ ᠶᠢᠨ ᠬᠠᠭᠤᠴᠢᠨ ᠬᠤᠳᠠ ᠶᠢᠨ ᠳᠣᠭᠤᠷᠢᠭ ᠤᠨ ᠥᠭᠡᠷᠡᠴᠢᠯᠠᠯᠳᠡ ᠶᠢ | ᠥᠷᠭᠦᠯᠵᠢᠯᠡᠨ ᠠᠭᠢᠭᠤᠯᠵᠤ᠂ ᠤᠯᠠᠨ ᠨᠡᠶᠢᠳᠡ ᠶᠢᠨ ᠠᠵᠢᠯᠯᠠᠭᠠᠨ ᠤ ᠤᠷᠤᠨ ᠵᠠᠢ ᠶᠢ ᠥᠷᠭᠡᠳᠭᠡᠨ᠂ ᠳᠡᠷᠭᠡᠨ ᠵᠤᠬᠰᠣᠭᠠᠯ ᠵᠡᠷᠭᠡ ᠤᠯᠠᠨ ᠨᠠᠶᠢᠳᠠ ᠶᠢᠨ | ᠳᠥᠭᠦᠭᠡᠷᠤᠮᠵᠢ ᠶᠢ ᠨᠡᠮᠡᠭᠳᠡᠭᠦᠯᠵᠤ᠂ ᠬᠤᠳᠠ ᠶᠢᠨ ᠠᠷᠠᠳ ᠤᠨ ᠠᠮᠢᠳᠣᠷᠠᠯ ᠳᠤ ᠳᠥᠭᠦᠮ ᠥᠵᠡᠭᠦᠯᠥᠨ᠎ᠡ᠃ ᠭᠢᠶ᠎ᠠ ᠪᠠᠭᠰᠢ ᠰᠢᠨ᠎ᠡ ᠳᠣᠭᠤᠷᠢᠭ ᠤᠨ ᠡᠯ᠎ᠡ ᠳᠥᠷᠥᠯ | ᠤᠨ ᠥᠢᠯᠡᠴᠢᠯᠡᠬᠡᠨ ᠤ ᠳᠥᠭᠦᠭᠡᠷᠤᠮᠵᠢ ᠶᠢᠨ ᠪᠥᠳᠣᠭᠡᠨ ᠪᠠᠶᠢᠭᠤᠯᠥᠯᠳᠠ ᠶᠢ ᠳᠥᠷᠭᠡᠳᠭᠡᠨ᠂ ᠬᠤᠳᠠ ᠶᠢᠨ ᠠᠷᠠᠳ ᠲᠤ ᠥᠢᠯᠡᠴᠢᠯᠡᠭᠡ ᠬᠠᠩᠭᠠᠬᠤ ᠤᠯᠠᠨ | ᠨᠠᠶᠢᠳᠡ ᠶᠢᠨ᠂ ᠠᠰᠠᠷᠠᠮᠵᠢ ᠶᠢᠨ᠂ ᠡᠰᠡᠪᠡᠯ ᠬᠤᠳᠠᠯᠳᠣᠭᠠᠨ ᠤ ᠪᠠᠶᠢᠭᠤᠯᠤᠮᠵᠢ ᠪᠦᠬᠦᠨ ᠴᠥᠮ ᠳᠤᠬᠠᠶᠢᠯᠠᠬᠰᠠᠨ ᠠᠵᠢᠯ ᠢᠶᠠᠨ ᠳᠥᠷᠬᠡᠬᠡᠨ ᠡᠭᠢᠯᠡᠭᠦᠯᠵᠤ᠂ | ᠥᠢᠯᠡᠴᠢᠯᠡᠭᠡ ᠬᠠᠩᠭᠠᠵᠤ᠂ ᠭᠥᠮᠤᠨ ᠠᠮᠨ ᠶᠢᠨ ᠶᠡᠭᠡ ᠭᠡᠪᠴᠢᠶ᠎ᠠ ᠪᠠᠷ ᠣᠷᠣᠵᠣ ᠰᠠᠭᠤᠬᠤ ᠶᠢ ᠠᠭᠢᠭᠤᠯᠬᠤ ᠭᠡᠷᠡᠭᠳᠡᠢ᠃ ᠬᠤᠳᠠ ᠶᠢᠨ ᠨᠤᠭᠤᠭᠠᠷᠠᠭᠤᠯᠥᠯᠳᠡ᠂ | ᠭᠤᠶᠤᠵᠢᠭᠤᠯᠥᠯᠳᠠ᠂ ᠭᠡᠷᠡᠯᠳᠣᠭᠦᠯᠥᠯᠳᠡ ᠶᠢ ᠴᠢᠩᠭᠠᠳᠬᠠᠨ᠎ᠠ᠃ ᠤᠯᠤᠰ ᠤᠨ ᠴᠡᠴᠡᠷᠯᠢᠭᠵᠢᠭᠦᠯᠥᠭᠰᠡᠨ ᠬᠤᠳᠠ ᠶᠢ ᠪᠠᠶᠢᠭᠤᠯᠬᠤ ᠪᠠᠷ ᠬᠠᠷᠠᠯᠳᠠ ᠪᠤᠯᠭᠠᠨ᠂ | ᠳᠥᠪᠯᠡᠷᠡᠭᠦᠯᠥᠨ ᠳᠥᠯᠥᠪᠵᠢᠭᠦᠯᠬᠦ᠂ ᠭᠠᠵᠠᠷ ᠤᠷᠤᠨ ᠤ ᠪᠠᠶᠢᠳᠠᠯ ᠳᠤ ᠵᠤᠭᠢᠴᠠᠭᠤᠯᠬᠤ᠂ ᠣᠰᠣ ᠠᠷᠪᠢᠯᠠᠨ ᠵᠠᠶᠢᠯᠠᠵᠤ ᠤᠷᠭᠤᠭᠤᠯᠬᠤ᠂ ᠮᠤᠳᠣ ᠪᠠ ᠬᠤᠸᠠᠷ ᠴᠡᠴᠡᠭ | ᠢ ᠬᠠᠮᠳᠣ ᠳᠤᠨᠢ ᠳᠠᠷᠢᠬᠤ᠂ ᠭᠡᠰᠡᠭ ᠭᠡᠰᠡᠭ ᠢᠶᠠᠷ ᠵᠠᠶᠢᠯᠠᠨ ᠤᠷᠭᠤᠭᠤᠯᠬᠤ ᠶᠢ ᠪᠠᠷᠢᠮᠳᠠᠯᠠᠵᠥ᠂ ᠬᠤᠳᠠ ᠪᠠᠨ ᠨᠤᠭᠤᠭᠠᠷᠠᠭᠤᠯᠵᠤ᠂ ᠪᠥᠭᠦ ᠵᠢᠯ ᠳᠤ 5000 | ᠳᠥᠮᠡᠨ ᠬᠠᠪᠳᠠᠭᠠᠢ ᠳᠥᠷᠪᠡᠯᠵᠢᠨ ᠮᠧᠲᠷ ᠠᠴᠠ ᠳᠡᠭᠡᠭᠰᠢ ᠨᠤᠭᠤᠭᠠᠷᠠᠭᠤᠯᠥᠯᠳᠠ ᠶᠢᠨ ᠳᠠᠯᠠᠪᠠᠢ ᠶᠢ ᠰᠢᠨ᠎ᠡ ᠪᠠᠷ ᠨᠡᠮᠡᠭᠳᠡᠭᠦᠯᠥᠨ᠎ᠡ᠂ ᠬᠤᠳᠠ ᠶᠢᠨ ᠣᠰᠣᠨ ᠤ | ᠰᠢᠰᠲ᠋ᠧᠮ ᠢ ᠢᠳᠡᠪᠭᠢᠳᠡᠢ ᠪᠠᠶᠢᠭᠤᠯᠵᠤ᠂ ᠤᠯᠠᠭᠠᠨᠮᠥ᠋ᠷᠡᠨ ᠤ ᠳᠣᠮᠳᠠ ᠳᠣᠣᠷᠠᠳᠣ ᠨᠡᠭᠤᠷ ᠤᠨ ᠳᠤᠭᠤᠷᠢᠭ᠂ ᠳ᠋ᠥᠩᠱᠧᠩ ᠤᠨ ︽ ᠭᠤᠷᠪᠠᠨ ᠭᠤᠤᠯ ᠭᠤᠷᠪᠠᠨ | ᠭᠥᠷᠢᠶᠡᠯᠡᠩ ᠴᠡᠴᠡᠷᠯᠢᠭ︾᠂ ᠡᠵᠡᠨ ᠬᠤᠷᠤᠭ᠎ᠠ ᠬᠤᠰᠢᠭᠤᠨ ᠤ ᠵᠠᠭᠦᠨ ᠪᠠᠷᠠᠭᠤᠨ ᠤᠯᠠᠭᠠᠨ ᠨᠠᠭᠤᠷ ᠤᠨ ᠨᠤᠭᠤ ᠭᠠᠵᠡᠷ ᠤᠨ ᠪᠥᠳᠣᠭᠡᠨ ᠪᠠᠶᠢᠭᠤᠯᠥᠯᠳᠡ ᠶᠢ | ᠳᠣᠪᠤᠶᠢᠯᠭᠠᠨ ᠠᠳᠬᠤᠵᠤ᠂ ᠳᠠᠯ᠎ᠠ ᠨᠤᠳᠤᠭ ᠲᠠᠢ᠂ ᠨᠤᠭᠤ ᠭᠠᠵᠠᠷ ᠲᠠᠢ᠂ ᠴᠡᠴᠡᠷᠯᠢᠭ ᠲᠠᠢ᠂ ᠨᠤᠭᠤᠭᠠᠨ ᠭᠠᠵᠠᠷ ᠲᠠᠢ ᠳᠤᠮᠤ ᠠᠮᠢ ᠠᠬᠤᠢ ᠶᠢᠨ ᠪᠥᠳᠣᠴᠠ ᠶᠢ | ᠪᠥᠷᠢᠯᠳᠣᠭᠦᠯᠥᠨᠡ᠃ ᠡᠯᠪᠡᠭ ᠪᠠᠶᠠᠯᠢᠭ ᠠᠭᠤᠯᠤᠬᠳᠠᠬᠤᠨ ᠲᠠᠢ᠂ ᠪᠠᠭ᠋ᠠᠷᠣᠯ ᠢ ᠳᠠᠳᠠᠮ᠎ᠠ ᠬᠤᠳᠠ ᠶᠢᠨ ᠱᠣᠭᠤᠮᠠᠯ ᠢ ᠨᠠᠷᠢᠯᠢᠭ ᠪᠠᠶᠢᠷᠢᠯᠠᠭᠤᠯᠵᠥ᠂ ᠬᠤᠳᠠ ᠶᠢᠨ | ᠳᠣᠭᠤᠷᠢᠭ ᠤᠨ ᠭᠡᠷᠡᠯᠳᠣᠭᠦᠯᠭᠡ ᠶᠢᠨ ᠪᠠᠷᠢᠯᠭ᠎ᠠ ᠶᠢ ᠨᠠᠷᠢᠯᠢᠭ ᠳᠥᠯᠥᠪᠵᠢᠭᠦᠯᠥᠨ ᠪᠠᠶᠢᠭᠤᠯᠵᠤ᠂ ᠪᠥᠭᠦ ᠬᠤᠳᠠ ᠶᠢᠨ ᠠᠷᠠᠳ ᠳᠥᠮᠡᠨ ᠳᠤ ᠰᠠᠶᠢᠨ ᠰᠠᠶᠢᠬᠠᠨ | ᠤᠷᠴᠢᠨ ᠳᠤᠭᠤᠷᠢᠨ ᠢ ᠡᠬᠦᠳᠬᠦ ᠭᠡᠷᠡᠭᠳᠡᠢ᠃ | ᠬᠤᠳᠠ ᠶᠢ ᠪᠥᠷᠢᠨ ᠴᠢᠳᠠᠪᠤᠷᠢ ᠲᠠᠢ ᠨᠠᠷᠢᠯᠢᠬᠵᠢᠭᠤᠯᠤᠨ ᠬᠠᠮᠢᠶᠠᠷᠬᠤ ᠭᠡᠷᠡᠭᠳᠡᠢ᠃ ᠨᠡᠨ ᠵᠢᠯ ᠳᠤ ᠭᠤᠤᠯᠳᠠᠯᠭ᠎ᠠ ᠲᠠᠢ ᠳᠥᠷᠪᠡᠨ ᠳᠤᠮᠤ ᠢᠨᠵᠧᠨᠧᠷᠢᠩ ᠢ | ᠬᠡᠷᠡᠭᠵᠢᠬᠦᠯᠬᠦ ᠪᠤᠯᠣᠨ᠎ᠠ᠃ ᠨᠢᠭᠡ ᠳᠤ ᠬᠤᠳᠠ ᠶᠢᠨ ᠰᠠᠭᠠᠳ ᠥᠭᠡᠢ ᠨᠡᠪᠳᠠᠷᠠᠭᠦᠯᠭᠦ ᠢᠨᠵᠧᠨᠧᠷᠢᠩ ᠢ ᠭᠡᠷᠡᠭᠵᠢᠭᠦᠯᠤᠨ᠎ᠠ᠃ ᠬᠤᠳᠠ ᠶᠢᠨ ᠵᠠᠮ ᠳᠣᠣᠷ ᠲᠤ | ᠡᠷᠴᠢᠮᠳᠡᠢ ᠥᠭᠡᠷᠡᠴᠢᠯᠡᠯᠳᠡ ᠭᠢᠵᠤ᠂ ᠡᠪᠳᠡᠷᠡᠭᠰᠡᠨ ᠵᠠᠮ ᠱᠤᠭᠤᠮ ᠪᠠ ᠵᠠᠮ ᠬᠠᠷᠢᠯᠴᠠᠭᠠᠨ ᠤ ᠵᠠᠩᠭᠢᠯᠠᠭ᠎ᠠ ᠶᠢᠨ ᠴᠡᠭ ᠢ ᠨᠡᠪᠳᠡᠷᠡᠭᠦᠯᠵᠤ᠂ ᠵᠠᠮ ᠤᠨ ᠤᠯᠠᠭᠠᠨ | ᠨᠤᠭᠤᠭᠠᠨ ᠳ᠋ᠧᠩ ᠤᠨ ᠳᠤᠭᠢᠷᠠᠭᠤᠯᠥᠯᠳᠡ ᠶᠢ ᠪᠠᠭᠠᠰᠬᠠᠵᠤ᠂ ᠵᠠᠮ ᠬᠠᠷᠢᠯᠴᠠᠭᠠᠨ ᠤ ᠳᠤᠭᠤᠷᠢᠯ ᠠᠷᠠᠯ ᠢ ᠨᠡᠮᠡᠵᠤ ᠪᠠᠶᠢᠭᠤᠯᠥᠨ᠂ ᠳᠠᠩ ᠴᠢᠭᠯᠡᠯ ᠤᠨ ᠵᠠᠮ ᠢ | ᠨᠡᠮᠡᠵᠤ᠂ ᠳᠥᠷᠬᠡᠨ ᠪᠥᠷᠢᠨ ᠴᠢᠳᠠᠪᠤᠷᠢ ᠲᠠᠢ ᠵᠠᠮ ᠤᠨ ᠳᠣᠣᠷ ᠤᠨ ᠰᠢᠰᠲ᠋ᠧᠮᠵᠢ ᠶᠢ ᠪᠠᠶᠢᠭᠤᠯᠣᠨ᠎ᠠ᠃ ᠨᠠᠶᠢᠳᠠ ᠶᠢᠨ ᠵᠠᠮ ᠬᠠᠷᠢᠯᠴᠠᠭ᠎ᠠ ᠶᠢ ᠤᠷᠢᠳᠡᠪᠡᠷ | ᠭᠥᠭᠵᠢᠭᠦᠯᠵᠤ᠂ ᠲᠡᠭᠡᠭᠡᠪᠦᠷᠢ ᠶᠢᠨ ᠡᠭᠡᠯᠵᠢ ᠶᠢ ᠨᠡᠮᠡᠵᠤ᠂ ᠨᠡᠪᠳᠡᠷᠡᠭᠦ ᠵᠠᠮ ᠱᠤᠭᠤᠮ ᠪᠠ ᠳᠡᠭᠡᠭᠡᠪᠤᠷᠢᠯᠡᠨ ᠡᠵᠡᠩᠨᠡᠭᠦ ᠴᠠᠭ ᠢ ᠤᠷᠳᠣᠳᠬᠠᠵᠤ᠂ ᠭᠤᠤᠯ ᠳᠣᠭᠤᠷᠢᠭ | ᠤᠨ ᠵᠠᠮ ᠬᠠᠷᠢᠯᠴᠠᠭ᠎ᠠ ᠰᠢᠬᠠᠯᠳᠣᠨ ᠪᠥᠭᠯᠡᠷᠡᠭᠦ᠂ ᠨᠡᠰᠢ ᠴᠠᠰᠢ ᠭᠠᠷᠴᠣ ᠤᠷᠤᠬᠤ ᠳᠤ ᠳᠥᠭᠦᠮ ᠥᠭᠡᠢ ᠠᠰᠠᠭᠤᠳᠠᠯ ᠢ ᠰᠢᠢᠳᠪᠤᠷᠢᠯᠡᠨ᠎ᠡ᠃ ᠳ᠋ᠥᠩᠱᠧᠩ ᠠᠴᠠ | ᠭᠢᠶ᠎ᠠ ᠪᠠᠭᠰᠢ ᠭᠥᠷᠭᠦ ᠬᠤᠶᠠᠳᠣᠭᠠᠷ ᠵᠠᠮ ᠪᠠ ᠬᠤᠳᠠ ᠶᠢᠨ ᠭᠥᠩᠭᠡᠨ ᠳᠠᠮᠤᠷ ᠵᠠᠮ ᠤᠨ ᠪᠥᠳᠣᠭᠡᠨ ᠪᠠᠶᠢᠭᠤᠯᠥᠯᠳᠡ ᠶᠢ ᠳᠥᠷᠭᠡᠳᠭᠡᠨ ᠠᠭᠢᠭᠤᠯᠵᠤ᠂ ᠨᠢᠰᠭᠡᠯ ᠤᠨ | ᠪᠠᠭᠤᠳᠠᠯ ᠪᠤᠯᠤᠨ 210 ᠥᠨᠳᠣᠷ ᠬᠤᠷᠳᠣᠴᠠᠳᠣ ᠵᠠᠰᠠᠮᠠᠯ ᠵᠠᠮ᠂ ᠠᠯᠳᠠᠨᠰᠢᠷᠡᠭᠡᠳᠣ ᠠᠴᠠ ᠳ᠋ᠨ ᠯᠢᠤ ᠲᠨ ᠭᠥᠷᠭᠦ ᠱᠤᠭᠤᠮ᠂ ᠳ᠋ᠥᠩᠱᠧᠩ ᠠᠴᠠ ᠭᠢᠶ᠎ᠠ ᠪᠠᠭᠰᠢ ᠭᠥᠷᠭᠦ | ᠬᠤᠶᠠᠳᠣᠭᠠᠷ ᠵᠠᠮ ᠵᠢᠴᠢ ᠠᠯᠳᠠᠨᠰᠢᠷᠡᠭᠡᠳᠣ ᠪᠠᠯᠭᠠᠰᠣᠨ ᠤ ᠪᠠᠯᠭᠠᠰᠣᠨ ᠲᠤᠭᠤᠷᠢᠭ ᠤᠨ ᠵᠠᠮ ᠬᠠᠷᠢᠯᠴᠠᠭ᠎ᠠ ᠶᠢ ᠵᠠᠯᠭᠠᠬᠤ ᠠᠰᠠᠭᠤᠳᠠᠯ ᠢ ᠨᠢᠭᠡᠳᠣᠯᠳᠡᠢ | ᠳᠥᠯᠥᠪᠵᠢᠭᠦᠯᠥᠨ ᠰᠢᠢᠳᠪᠤᠷᠢᠯᠡᠭᠦ ᠭᠡᠷᠡᠭᠳᠡᠢ᠃ ᠬᠤᠶᠠᠷ ᠲᠤ ︽ᠳᠣᠭᠠᠴᠠᠯᠠᠬᠰᠠᠨ ᠤᠷᠳᠣᠰ︾ ᠤᠨ ᠢᠨᠵᠧᠨᠧᠷᠢᠩ ᠢ ᠭᠡᠷᠡᠭᠵᠢᠭᠦᠯᠤᠨ᠎ᠠ᠃ ᠭᠠᠵᠠᠷ ᠵᠥᠢ ᠶᠢᠨ | ᠴᠢᠮᠡᠭᠡ ᠵᠡᠩᠭᠢ ᠶᠢᠨ ᠰᠢᠰᠲ᠋ᠧᠮ ᠢᠶᠠᠷ ᠰᠠᠭᠤᠷᠢ ᠪᠤᠯᠭᠠᠨ᠂ ᠳᠤᠭᠠᠴᠠᠯᠠᠭᠰᠠᠨ ᠬᠤᠳᠠ ᠶᠢᠨ ᠬᠠᠮᠢᠶᠠᠷᠤᠯᠳᠠ᠂ ᠠᠷᠠᠳ ᠲᠤ ᠳᠥᠭᠦᠮ ᠥᠵᠡᠭᠦᠯᠭᠦ ᠥᠢᠯᠡᠴᠢᠯᠡᠭᠡ᠂ | ᠨᠡᠶᠢᠭᠡᠮ ᠤᠨ ᠠᠮᠤᠷ ᠢ ᠬᠠᠮᠠᠭᠠᠯᠠᠬᠤ ᠪᠠ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠳᠠ ᠵᠡᠷᠭᠡ ᠠᠯᠢ ᠣᠯᠠᠨ ᠴᠢᠮᠡᠭᠡ ᠵᠡᠩᠭᠢᠴᠢᠯᠡᠯᠳᠡ ᠶᠢᠨ ᠭᠡᠷᠡᠭᠯᠡᠭᠡᠨ ᠤ | ᠳᠥᠷᠥᠯ ᠵᠥᠢᠯ ᠢ ᠵᠤᠭᠢᠶᠠᠨ ᠪᠠᠶᠢᠭᠤᠯᠥᠨ ᠭᠡᠷᠡᠭᠵᠢᠭᠦᠯᠵᠤ᠂ ︽ᠬᠤᠶᠠᠷᠵᠢᠭᠤᠯᠣᠯᠳᠠ ᠶᠢᠨ ᠨᠡᠶᠢᠯᠡᠯᠳᠡ︾ ᠶᠢ ᠳᠥᠷᠭᠡᠳᠭᠡᠵᠤ᠂ ᠡᠯᠧᠺᠲᠷᠤᠨ ᠵᠠᠰᠠᠭ ᠤᠨ ᠶᠠᠪᠤᠳᠠᠯ | ᠪᠤᠯᠤᠨ ᠠᠵᠤ ᠥᠢᠯᠡᠰ ᠤᠨ ᠴᠢᠮᠡᠭᠡ ᠵᠠᠩᠭᠢᠴᠢᠯᠠᠯᠳᠠ ᠶᠢ ᠠᠭᠢᠭᠤᠯᠵᠤ᠂ ᠰᠢᠨᠵᠢᠯᠡᠭᠦ ᠤᠬᠠᠭᠠᠴᠢ ᠵᠢᠷᠤᠮᠵᠢᠯ ᠲᠠᠢ᠂ ᠥᠨᠳᠣᠷ ᠥᠷ᠎ᠠ ᠠᠰᠢᠭ ᠲᠠᠢ ᠳᠥᠭᠦᠮ ᠳᠥᠳᠡ᠂ | ᠠᠷᠠᠳ ᠤᠨ ᠳᠥᠯᠥᠭᠡ ᠠᠷᠠᠳ ᠲᠤ ᠳᠥᠭᠦᠮ ᠥᠵᠡᠭᠦᠯᠭᠦ ᠬᠤᠳᠠ ᠶᠢᠨ ᠠᠵᠢᠯᠯᠠᠭᠠᠨ ᠤ ᠰᠢᠨ᠎ᠡ ᠳᠤᠭᠳᠠᠴᠠ ᠶᠢ ᠪᠥᠷᠢᠯᠳᠣᠭᠦᠯᠵᠤ᠂ ᠬᠤᠳᠠ ᠶᠢᠨ | ᠬᠠᠮᠢᠶᠠᠷᠤᠯᠳᠠ ᠶᠢᠨ ᠭᠢᠷᠢ ᠳᠥᠪᠰᠢᠨ ᠢ ᠳᠡᠭᠡᠭᠰᠢᠯᠡᠭᠦᠯᠭᠦ ᠭᠡᠷᠡᠭᠳᠡᠢ᠃ ᠭᠤᠷᠪᠠ ᠳᠤ ᠪᠡᠷᠢᠮᠵᠢᠶᠠᠵᠢᠭᠤᠯᠤᠬᠰᠠᠨ ᠨᠡᠶᠢᠭᠡᠮ ᠳᠣᠭᠤᠷᠢᠭ ᠢ ᠪᠥᠳᠣᠭᠡᠨ ᠪᠠᠶᠢᠭᠤᠯᠬᠤ | ᠢᠨᠵᠧᠨᠧᠷᠢᠩ ᠢ ᠭᠡᠷᠡᠭᠵᠢᠭᠦᠯᠤᠨ᠎ᠠ᠃ ︽ᠠᠮᠢ ᠠᠬᠤᠢ ᠶᠢᠨ ᠨᠡᠶᠢᠭᠡᠮ ᠳᠤᠭᠤᠷᠢᠭ᠂ ᠵᠤᠯ ᠵᠢᠷᠭᠠᠯ ᠲᠠᠢ ᠨᠡᠶᠢᠭᠡᠮ ᠳᠣᠭᠤᠷᠢᠭ᠂ ᠡᠶ᠎ᠡ ᠵᠤᠭᠢᠴᠠᠯ ᠲᠠᠢ ᠨᠡᠶᠢᠭᠡᠮ | ᠳᠤᠭᠤᠷᠢᠭ᠂ ᠳᠤᠭᠠᠴᠠᠯᠠᠭᠰᠠᠨ ᠨᠠᠶᠢᠭᠡᠮ ᠳᠣᠭᠤᠷᠢᠭ︾ ᠢ ᠪᠠᠶᠢᠭᠤᠯᠬᠤ ᠱᠠᠭᠠᠷᠳᠠᠯᠭ᠎ᠠ ᠶᠤᠰᠤᠭᠠᠷ᠂ ᠪᠠᠷᠢᠮᠵᠢᠶᠠᠵᠢᠭᠤᠯᠤᠬᠰᠠᠨ 20 ᠨᠡᠶᠢᠭᠡᠮ ᠳᠤᠭᠤᠷᠢᠭ ᠢ ᠰᠢᠨ᠎ᠡ | ᠪᠠᠷ ᠪᠠᠶᠢᠭᠤᠯᠵᠤ᠂ ᠨᠡᠶᠢᠭᠡᠮ ᠳᠣᠭᠤᠷᠢᠭ ᠢ ᠬᠤᠳᠠ ᠶᠢᠨ ᠬᠠᠮᠢᠶᠠᠷᠤᠯᠳᠠ ᠶᠢᠨ ᠡᠮᠤᠨ᠎ᠡ ᠹᠷᠣᠨᠲ᠂ ᠨᠡᠶᠢᠭᠡᠮ ᠤᠨ ᠬᠠᠮᠢᠶᠠᠷᠤᠯᠳᠡ ᠶᠢᠨ ᠴᠤᠩᠬᠤ᠂ ᠡᠶ᠎ᠡ ᠵᠤᠭᠢᠴᠠᠯ ᠲᠠᠢ | ᠨᠡᠶᠢᠭᠡᠮ ᠤᠨ ᠰᠠᠭᠤᠷᠢ᠂ ᠵᠤᠯ ᠵᠢᠷᠭᠠᠯᠳᠣ ᠠᠮᠢᠳᠣᠷᠠᠯ ᠤᠨ ᠨᠤᠳᠤᠭ ᠣᠰᠣ ᠪᠤᠯᠭᠠᠬᠤ ᠭᠡᠷᠡᠭᠳᠡᠢ᠃ ᠳᠥᠷᠪᠡ ᠳᠤ ᠬᠤᠳᠠ ᠶᠢᠨ ᠥᠵᠡᠮᠵᠢ ᠬᠤᠳᠠ ᠶᠢᠨ ᠳᠥᠷᠰᠥ | ᠪᠠᠶᠢᠳᠠᠯ ᠢ ᠵᠠᠰᠠᠬᠤ ᠢᠨᠵᠧᠨᠧᠷᠢᠩ ᠢ ᠭᠡᠷᠡᠭᠵᠢᠭᠦᠯᠤᠨ᠎ᠠ᠃ ᠬᠤᠳᠠ ᠶᠢᠨ ᠭᠡᠷ ᠤᠨ ᠭᠠᠳᠠᠨᠠᠭᠢ ᠵᠠᠷ ᠮᠡᠳᠡᠭᠡ᠂ ᠳᠥᠷᠢᠮ ᠢ ᠵᠥᠷᠢᠴᠩᠰᠡᠨ ᠪᠠᠷᠢᠯᠭ᠎ᠠ᠂ ᠬᠤᠳᠠ ᠶᠢᠨ | ᠤᠷᠴᠢᠨ ᠳᠤᠭᠤᠷᠢᠨ ᠤ ᠡᠷᠡᠭᠦᠯ ᠬᠠᠮᠡᠭᠠᠯᠠᠯ ᠢ ᠵᠠᠰᠠᠬᠤ ᠭᠥᠴᠤᠯᠡᠴᠨ ᠪᠠᠨ ᠴᠢᠩᠭᠠᠷᠠᠭᠤᠯᠵᠤ᠂ ᠵᠢᠵᠢᠭ ᠵᠡᠭᠡᠯᠢ ᠭᠤᠳᠣᠮᠵᠢ ᠪᠤᠯᠤᠨ ᠬᠤᠳᠠ ᠶᠢᠨ ︽ᠭᠥᠨᠳᠡᠭᠡᠳᠣᠢ | ᠪᠤᠯᠤᠩ︾ ᠢ ᠵᠠᠰᠠᠵᠤ ᠴᠩᠴᠡᠯᠡᠭᠦ ᠶᠢ ᠴᠢᠩᠭᠠᠳᠬᠠᠵᠤ᠂ ᠤᠯᠠᠨ ᠳᠥᠮᠡᠨ ᠤ ᠳᠤᠰᠬᠠᠯ ᠢᠶᠠᠷ ᠴᠢᠩᠭ᠎ᠠ ᠨᠢᠭᠡ ᠪᠥᠯᠥᠭ ᠭᠡᠯᠡᠯᠴᠡᠭᠡᠨ ᠲᠠᠢ᠂ ᠳᠥᠪᠡᠭᠳᠡᠢ ᠠᠰᠠᠭᠤᠳᠠᠯ | ᠢ ᠥᠨᠡᠨᠭᠦ ᠰᠢᠢᠳᠪᠤᠷᠢᠯᠠᠵᠤ᠂ ᠤᠷᠤᠰᠢᠨ ᠰᠠᠭᠤᠷᠢᠰᠢᠵᠤ ᠥᠢᠯᠡᠰ ᠪᠥᠳᠣᠭᠡᠭᠦ ᠳᠤ ᠳᠤᠭᠢᠷᠠᠮᠵᠢᠳᠠᠢ ᠬᠤᠳᠠ ᠶᠢᠨ ᠤᠷᠴᠢᠨ ᠳᠣᠭᠤᠷᠢᠨ ᠢ ᠪᠤᠢ ᠪᠤᠯᠭᠠᠨ᠎ᠠ᠃ ᠪᠥᠭᠦ | ᠬᠤᠳᠠ ᠶᠢᠨ ᠠᠷᠠᠳ ᠤᠨ ᠬᠠᠩᠭᠠᠮᠵᠢ ᠶᠢᠨ ᠬᠡᠮᠵᠢᠶ᠎ᠡ ᠪᠠ ᠵᠤᠯ ᠵᠢᠷᠭᠠᠯ ᠤᠨ ᠵᠢᠭᠠᠯᠲᠠ ᠲᠤᠭ᠎ᠠ ᠶᠢ ᠪᠦᠲᠦᠮᠵᠢᠲᠠᠢ ᠲᠡᠭᠡᠭᠰᠢᠯᠡᠬᠦᠯᠦᠨ᠎ᠡ᠃ ᠵᠢᠯ ᠤᠨ ᠳᠣᠳᠣᠷ᠎ᠠ | ᠤᠯᠤᠰ ᠤᠨ ᠡᠷᠡᠭᠦᠯ ᠬᠠᠮᠠᠭᠠᠯᠠᠯ ᠤᠨ ᠬᠤᠳᠠ ᠶᠢ ᠪᠥᠳᠣᠭᠡᠨ ᠪᠠᠶᠢᠭᠤᠯᠬᠤ ᠭᠡᠷᠡᠭᠳᠡᠢ᠃ | ︵ᠭᠤᠷᠪᠠ︶ ᠬᠤᠳᠠ ᠭᠥᠳᠡᠭᠡ ᠶᠢ ᠨᠢᠭᠡᠳᠥᠯᠳᠡᠢ ᠳᠥᠯᠥᠪᠵᠢᠭᠦᠯᠭᠦ ᠭᠥᠴᠤᠯᠡᠴᠠ ᠶᠢ ᠴᠢᠩᠭᠠᠳᠬᠠᠵᠤ᠂ ᠬᠤᠳᠠ ᠭᠥᠳᠡᠭᠡ ᠶᠢ ᠨᠢᠭᠡ | ᠴᠤᠭᠴᠠᠵᠢᠭᠤᠯᠤᠭᠰᠠᠨ ᠭᠥᠭᠵᠢᠯᠳᠡ ᠶᠢᠨ ᠰᠢᠨ᠎ᠡ ᠪᠠᠶᠢᠳᠠᠯ ᠢ ᠪᠤᠢ ᠪᠤᠯᠭᠠᠬᠤ ᠭᠡᠷᠡᠭᠳᠡᠢ᠃ ︽ᠬᠤᠳᠠ ᠭᠥᠳᠡᠭᠡ ᠶᠢ ᠨᠢᠭᠡᠳᠥᠯᠳᠡᠢ ᠳᠥᠯᠥᠪᠵᠢᠭᠦᠯᠵᠤ᠂ | ᠡᠷᠴᠢᠮᠵᠢᠭᠦᠯᠥᠨ ᠭᠥᠭᠵᠢᠭᠦᠯᠭᠦ︾ ᠪᠠᠶᠢᠯᠳᠣᠬᠤ ᠪᠤᠳᠣᠯᠭ᠎ᠠ ᠶᠢ ᠭᠡᠷᠡᠭᠵᠢᠭᠦᠯᠥᠨ᠂ ᠬᠤᠳᠠ ᠭᠥᠳᠡᠭᠡ ᠶᠢ ᠨᠢᠭᠡ ᠴᠤᠬᠴᠠᠵᠢᠭᠤᠯᠬᠤ ᠭᠥᠭᠵᠢᠭᠦᠯᠥᠯᠳᠡ ᠶᠢᠨ | ᠳᠥᠯᠥᠪᠵᠢᠭᠦᠯᠭᠡ ᠶᠢ ᠳᠣᠬᠳᠠᠭᠠᠨ ᠭᠡᠷᠡᠭᠵᠢᠭᠦᠯᠵᠤ᠂ ᠥᠪᠠᠷᠳᠡᠭᠡᠨ ᠵᠠᠰᠠᠬᠤ ᠤᠷᠤᠨ ᠤ ᠬᠤᠳᠠ ᠭᠥᠳᠡᠭᠡ ᠶᠢ ᠨᠢᠭᠡᠳᠥᠯᠳᠡᠢ ᠲᠦᠯᠦᠪᠵᠢᠬᠦᠯᠬᠦ ᠶᠡᠷᠤᠩᠭᠡᠶᠢᠯᠡᠭᠰᠡᠨ | ᠢᠵᠢ ᠪᠥᠷᠢᠳᠣᠭᠦᠯᠭᠦ ᠥᠭᠡᠷᠡᠴᠢᠯᠡᠯᠳᠡ ᠶᠢᠨ ᠳᠤᠷᠰᠢᠯᠳᠡ ᠶᠢᠨ ᠤᠷᠤᠨ ᠤ ᠪᠥᠳᠣᠭᠡᠨ ᠪᠠᠶᠢᠭᠤᠯᠥᠯᠳᠡ ᠶᠢ ᠳᠥᠷᠭᠡᠳᠭᠡᠭᠦ ᠭᠡᠷᠡᠭᠳᠡᠢ᠃ ᠨᠢᠭᠡ ᠳᠤ ᠳᠤᠮᠳᠠ | ᠵᠢᠵᠢᠭ ᠬᠤᠳᠠ ᠶᠢᠨ ᠪᠥᠳᠣᠭᠡᠨ ᠪᠠᠶᠢᠭᠤᠯᠥᠯᠳᠡ ᠶᠢ ᠴᠢᠩᠭᠠᠳᠬᠠᠨ᠎ᠠ᠃ ︽ᠭᠤᠷᠪᠠᠨ ᠵᠢᠯ ᠳᠤ ᠶᠡᠭᠡᠪᠡᠷ ᠪᠥᠳᠣᠭᠡᠨ ᠪᠠᠶᠢᠭᠤᠯᠵᠤ᠂ ᠭᠤᠷᠪᠠᠨ ᠵᠢᠯ ᠳᠤ ᠶᠡᠭᠡ | ᠬᠤᠪᠢᠷᠠᠯᠳᠠ ᠭᠠᠷᠭᠠᠬᠤ︾ ᠠᠵᠢᠯ ᠤᠨ ᠪᠠᠶᠢᠷᠢᠯᠠᠭᠤᠯᠥᠯᠳᠠ ᠪᠠ ᠱᠠᠭᠠᠷᠳᠠᠯᠭ᠎ᠠ ᠶᠢ ᠨᠡᠷᠢᠨ ᠭᠢᠨᠡᠮᠡᠭᠠᠢ ᠨᠠᠶᠢᠳᠠᠪᠤᠷᠢᠵᠢᠭᠤᠯᠵᠤ᠂ ᠬᠤᠰᠢᠭᠤ ᠵᠠᠰᠠᠭ ᠤᠨ ᠤᠷᠳᠣᠨ ᠤ | ᠰᠠᠭᠤᠭ᠎ᠠ ᠭᠠᠵᠠᠷ ᠪᠠ ᠠᠵᠤ ᠥᠢᠯᠡᠰ ᠤᠨ ᠭᠤᠤᠯᠳᠠᠯᠭᠠᠳᠣ ᠪᠠᠯᠭᠠᠰᠣᠨ ᠤ ᠶᠡᠷᠤᠩᠭᠡᠢ ᠳᠥᠯᠥᠪᠵᠢᠭᠦᠯᠭᠡ᠂ ᠭᠢᠵᠠᠭᠠᠷᠯᠠᠯ ᠤᠨ ᠴᠢᠨᠡᠷᠳᠡᠢ ᠨᠠᠷᠢᠨ ᠳᠥᠯᠥᠪᠵᠢᠭᠦᠯᠭᠡ | ᠳᠤ ᠵᠠᠰᠠᠪᠤᠷᠢ ᠤᠷᠤᠭᠤᠯᠤᠨ ᠨᠠᠶᠢᠷᠠᠭᠤᠯᠤᠨ ᠪᠢᠴᠢᠭᠦ ᠠᠵᠢᠯ ᠢ ᠪᠥᠭᠦ ᠳᠠᠯ᠎ᠡ ᠪᠠᠷ ᠪᠡᠶᠡᠯᠡᠭᠦᠯᠥᠨ᠎ᠡ᠂ ᠳᠣᠮᠳᠠ ᠵᠢᠵᠢᠭ ᠬᠤᠳᠠ ᠪᠠᠯᠭᠠᠰᠣᠨ ᠤ ᠰᠠᠭᠤᠷᠢ | ᠳᠥᠭᠦᠭᠡᠷᠤᠮᠵᠢ ᠶᠢᠨ ᠪᠥᠳᠣᠭᠡᠨ ᠪᠠᠶᠢᠭᠤᠯᠥᠯᠳᠡ ᠶᠢ ᠳᠥᠪᠯᠡᠷᠡᠭᠦᠯᠤᠨ ᠰᠠᠶᠢᠳᠣᠷ ᠠᠳᠬᠤᠵᠤ᠂ ᠳᠠᠷᠢᠶᠠᠯᠠᠩ ᠤᠨ ᠪᠥᠳᠣᠭᠡᠭᠳᠡᠭᠦᠨ ᠮᠠᠯ ᠤᠨ ᠠᠰᠢᠭ ᠰᠢᠮ᠎ᠡ ᠶᠢ | ᠪᠤᠯᠪᠠᠰᠤᠷᠠᠭᠤᠯᠬᠤ᠂ ᠥᠢᠯᠡᠳᠪᠤᠷᠢ ᠠᠭᠤᠷᠬᠠᠢ ᠶᠢᠨ ᠠᠵᠤ ᠠᠬᠤᠶᠢᠯᠠᠯ ᠤᠨ ᠥᠢᠯᠡᠴᠢᠯᠡᠭᠡ ᠶᠢ ᠭᠠᠳᠠᠭᠰᠢ ᠳᠠᠭᠠᠭᠠᠴᠢᠯᠠᠭᠤᠯᠬᠤ᠂ ᠨᠡᠭᠦᠷᠡᠰᠣ ᠳᠡᠭᠡᠭᠡᠪᠤᠷᠢᠯᠡᠨ | ᠪᠤᠷᠤᠯᠠᠭᠤᠯᠬᠤ ᠵᠡᠷᠭᠡ ᠭᠥᠳᠡᠯᠮᠤᠷᠢ ᠭᠥᠴᠤᠨ ᠨᠢᠬᠳᠠᠷᠠᠬᠰᠠᠨ ᠠᠵᠤ ᠥᠢᠯᠡᠰ ᠢ ᠢᠳᠡᠪᠬᠢᠲᠠᠢ ᠪᠤᠶᠢᠵᠢᠭᠤᠯᠤᠨ ᠪᠤᠵᠠᠭᠠᠶᠢᠷᠠᠭᠤᠯᠵᠤ᠂ ᠮᠠᠯᠴᠢᠨ ᠲᠠᠷᠢᠶᠠᠴᠢᠳ ᠤᠨ | ᠤᠶᠢᠷ᠎ᠠ ᠬᠠᠪᠢ ᠳᠤᠨᠢ ᠨᠡᠭᠦᠨ ᠰᠢᠯᠵᠢᠭᠦ ᠶᠢ ᠳᠠᠶᠢᠴᠢᠯᠠᠬᠤ ᠭᠡᠷᠡᠭᠳᠡᠢ᠃ ᠬᠤᠶᠠᠷ ᠲᠤ ᠰᠣᠳᠣᠨ ᠨᠡᠭᠦᠳᠡᠯ ᠠᠷᠠᠳ ᠤᠨ ᠵᠢᠵᠢᠭ ᠳᠣᠭᠤᠷᠢᠭ ᠤᠨ ᠪᠥᠳᠣᠭᠡᠨ | ᠪᠠᠶᠢᠭᠤᠯᠥᠯᠳᠠ ᠢ ᠯᠠᠪᠳᠠᠭᠤᠨ ᠪᠠᠳᠣᠳᠠᠢ ᠰᠠᠶᠢᠳᠣᠷ ᠬᠢᠨ᠎ᠠ᠃ ᠵᠢᠯ ᠤᠨ ᠳᠣᠳᠣᠷ᠎ᠠ 18 ᠰᠣᠳᠣᠨ ᠨᠡᠭᠦᠳᠡᠯ ᠠᠷᠠᠳ ᠤᠨ ᠵᠢᠵᠢᠭ ᠳᠣᠭᠤᠷᠢᠭ ᠪᠥᠭᠦᠨ ᠳᠤ ᠤᠷᠤᠵᠤ | ᠰᠠᠭᠤᠬᠤ ᠨᠥᠭᠦᠴᠠᠯ ᠲᠠᠢ ᠪᠤᠯᠭᠠᠬᠤ ᠶᠢ ᠪᠠᠳᠣᠯᠡᠨᠡ᠃ ᠰᠣᠷᠭᠠᠭᠤᠯᠢ ᠳᠤ ᠰᠠᠭᠤᠬᠤ᠂ ᠡᠪᠡᠳᠴᠢᠨ ᠥᠵᠡᠭᠦᠯᠭᠦ᠂ ᠪᠠᠷᠠᠭ᠎ᠠ ᠳᠠᠸᠠᠷ ᠬᠤᠳᠠᠯᠳᠣᠨ ᠠᠪᠬᠤ᠂ ᠠᠷᠠᠳ | ᠲᠤ ᠥᠢᠯᠡᠴᠢᠯᠡᠭᠦ᠂ ᠠᠮᠤᠷ ᠢ ᠬᠠᠮᠠᠭᠠᠯᠠᠬᠤ ᠭᠠᠯ ᠣᠨᠳᠠᠷᠠᠭᠠᠬᠤ ᠵᠡᠷᠭᠡ ᠳᠤᠨᠤᠭ ᠳᠥᠭᠦᠭᠡᠷᠤᠮᠵᠢ ᠶᠢ ᠳᠥᠷᠭᠡᠭᠡᠨ ᠢᠵᠢ ᠪᠥᠷᠢᠯᠳᠣᠭᠦᠯᠵᠣ᠂ ᠤᠷᠤᠵᠤ ᠰᠠᠭᠤᠬᠰᠠᠨ | ᠰᠠᠭᠤᠭᠠᠯᠢ ᠠᠷᠠᠳ ᠲᠤ ᠨᠡᠩ ᠳᠥᠭᠦᠮ ᠳᠥᠳᠡ ᠥᠢᠯᠡᠳᠪᠤᠷᠢᠯᠡᠯ ᠠᠮᠢᠳᠣᠷᠠᠯ ᠤᠨ ᠨᠥᠭᠦᠴᠠᠯ ᠬᠠᠩᠭᠠᠨ᠎ᠠ᠃ ᠭᠤᠷᠪᠠ ᠳᠤ ᠮᠠᠯᠵᠢᠬᠤ ᠳᠠᠷᠢᠶᠠᠯᠠᠬᠤ ᠤᠷᠤᠨ ᠤ | ᠭᠥᠮᠤᠨ ᠠᠮᠨ ᠶᠢ ᠰᠢᠯᠵᠢᠭᠦᠯᠭᠦ ᠠᠵᠢᠯ ᠢ ᠳᠥᠷᠭᠡᠳᠭᠡᠨ᠎ᠠ᠃ ᠭᠥᠮᠤᠨ ᠠᠮᠨ ᠶᠢ ᠰᠢᠯᠵᠢᠭᠦᠯᠭᠦ ᠳᠤ ︽ᠳᠥᠷᠪᠡᠨ ᠨᠢᠭᠡ︾ ᠶᠢ ᠢᠵᠢ ᠪᠥᠷᠢᠯᠳᠣᠭᠦᠯᠭᠦ | ᠢᠨᠵᠧᠨᠧᠷᠢᠩ ᠢ ᠭᠡᠷᠡᠭᠵᠢᠭᠦᠯᠵᠤ᠂ ᠨᠡᠭᠦᠨ ᠰᠢᠯᠵᠢᠵᠤ ᠬᠤᠳᠠ ᠤᠷᠤᠬᠰᠠᠨ ᠮᠠᠯᠴᠢᠨ ᠳᠠᠷᠢᠶᠠᠴᠢᠳ ᠲᠤ ᠤᠷᠤᠨ ᠭᠡᠷ ᠬᠠᠩᠭᠠᠨ᠂ ᠨᠢᠭᠡ ᠬᠤᠪᠢ ᠠᠵᠢᠯ ᠤᠯᠭᠤᠵᠤ᠂ | ᠨᠢᠭᠡ ᠬᠤᠪᠢ ᠨᠡᠶᠢᠭᠡᠮ ᠤᠨ ᠪᠠᠳᠣᠯᠠᠭ᠎ᠠ ᠶᠢ ᠨᠠᠶᠢᠳᠠᠪᠤᠷᠢᠵᠢᠭᠤᠯᠥᠨ᠂ ᠨᠢᠭᠡ ᠬᠤᠪᠢ ᠨᠥᠭᠦᠪᠤᠷᠢ ᠤᠯᠭᠤᠵᠤ᠂ ᠬᠤᠳᠠ ᠤᠷᠤᠬᠰᠠᠨ ᠮᠠᠯᠴᠢᠨ ᠳᠠᠷᠢᠶᠠᠴᠢᠳ ᠤᠨ | ᠤᠷᠤᠯᠭ᠎ᠠ ᠪᠠ ᠠᠮᠢᠳᠣᠷᠠᠯ ᠤᠨ ᠭᠢᠷᠢ ᠳᠥᠪᠰᠢᠨ ᠪᠠᠭᠤᠷᠠᠬᠤ ᠥᠭᠡᠢ ᠪᠠᠶᠢᠬᠤ ᠶᠢ ᠪᠠᠳᠣᠯᠠᠨ᠎ᠡ᠃ ᠬᠤᠳᠠ ᠤᠷᠤᠬᠰᠠᠨ ᠮᠠᠯᠴᠢᠨ ᠳᠠᠷᠢᠶᠠᠴᠢᠳ ᠢ ᠭᠥᠳᠣᠯᠤᠨ | ᠵᠢᠯᠤᠭᠤᠳᠴᠣ ᠪᠠᠶᠢᠭᠠᠳ ᠳᠠᠳᠡᠨ ᠤ ᠥᠵᠡᠯ ᠰᠠᠨᠠᠭ᠎ᠠ ᠥᠢᠯᠠᠭᠠᠬᠳᠠᠬᠤᠨ ᠪᠤᠯᠤᠨ ᠥᠢᠯᠡᠳᠪᠤᠷᠢᠯᠡᠯ᠂ ᠠᠮᠢᠳᠣᠷᠠᠯ ᠤᠨ ᠭᠡᠯᠪᠡᠷᠢ ᠮᠠᠶ᠋ᠢᠭ ᠢ ᠬᠤᠪᠢᠷᠠᠭᠤᠯᠵᠤ᠂ | ᠬᠤᠳᠠ ᠶᠢᠨ ᠠᠮᠢᠳᠣᠷᠠᠯ ᠳᠤ ᠳᠠᠳᠬᠠᠵᠤ᠂ ᠤᠳᠣ ᠥᠶ᠎ᠠ ᠶᠢᠨ ᠬᠤᠳᠠ ᠶᠢᠨ ᠪᠤᠯᠪᠠᠰᠣᠨ ᠢ ᠬᠠᠮᠳᠣᠪᠠᠷ ᠡᠳ᠋ᠯᠡᠵᠤ ᠬᠠᠮᠳᠣᠪᠡᠷ ᠡᠭᠦᠳᠭᠦ ᠭᠡᠷᠡᠭᠳᠡᠢ᠃ ᠳᠥᠷᠪᠡ ᠳᠤ | ᠤᠳᠣᠭᠢᠴᠢᠯᠠᠬᠰᠠᠨ ᠳᠠᠷᠢᠶᠠᠯᠠᠩ ᠮᠠᠯ ᠠᠵᠤ ᠠᠬᠤᠢ ᠶᠢ ᠶᠡᠭᠡᠪᠡᠷ ᠬᠥᠭᠵᠢᠬᠦᠯᠥᠨ᠎ᠠ᠃ ᠵᠢᠯ ᠤᠨ ᠳᠣᠳᠣᠷ᠎ᠠ ᠤᠳᠣᠭᠢᠴᠢᠯᠠᠬᠰᠠᠨ ᠮᠠᠯ ᠳᠠᠷᠢᠶᠠᠯᠠᠩ ᠤᠨ ᠰᠠᠭᠤᠷᠢᠨ | ᠭᠠᠵᠠᠷ ᠢ 32 ᠳᠥᠮᠡᠨ ᠮᠤ᠋ ᠰᠢᠨ᠎ᠡ ᠪᠠᠷ ᠨᠡᠮᠡᠭᠳᠡᠭᠦᠯᠥᠨ᠎ᠡ᠃ ᠭᠤᠤᠯ ᠳᠠᠭᠠᠤ ᠤᠷᠤᠨ ᠤ ᠠᠯᠠᠰᠢᠨ ᠬᠤᠨᠢ᠂ ᠠᠯᠠᠰᠢᠨ ᠥᠭᠡᠷ ᠳᠡᠵᠢᠬᠡᠨ ᠥᠷᠡᠵᠢᠬᠦᠯᠬᠦ ᠰᠠᠭᠤᠷᠢᠨ | ᠭᠠᠵᠠᠷ ᠤᠨ ᠪᠥᠳᠣᠭᠡᠨ ᠪᠠᠶᠢᠭᠤᠯᠥᠯᠳᠡ ᠶᠢ ᠳᠥᠷᠭᠡᠳᠭᠡᠵᠤ᠂ ᠠᠯᠠᠰᠢᠨ ᠬᠤᠨᠢ ᠳᠡᠵᠢᠬᠡᠨ ᠥᠷᠡᠵᠢᠬᠦᠯᠬᠦ ᠳᠣᠭᠤᠷᠢᠭ ᠢ 41᠂ ᠠᠯᠠᠰᠢᠨ ᠥᠭᠡᠷ ᠤᠨ ᠳᠡᠵᠢᠭᠡᠪᠤᠷᠢ | ᠶᠢᠨ ᠳᠣᠭᠤᠷᠢᠭ ᠢ 6 ᠰᠢᠨ᠎ᠡ ᠪᠠᠷ ᠪᠠᠶᠢᠭᠤᠯᠥᠨᠡ᠃ ᠨᠤᠳᠤᠭ ᠪᠡᠯᠴᠢᠭᠡᠷ ᠤᠨ ᠮᠠᠯ ᠠᠵᠤ ᠠᠬᠤᠢ ᠶᠢ ᠡᠷᠴᠢᠮᠵᠢᠭᠦᠯᠥᠨ ᠭᠥᠭᠵᠢᠭᠦᠯᠭᠦ ᠰᠢᠨ᠎ᠡ ᠵᠠᠮ ᠢ | ᠢᠳᠡᠪᠭᠢᠳᠡᠢ ᠰᠥᠪᠡᠭᠴᠢᠯᠡᠵᠤ᠂ ᠭᠡᠪᠴᠢᠶᠡᠵᠢᠯ ᠲᠠᠢ᠂ ᠡᠷᠴᠢᠮᠯᠢᠭ ᠰᠢᠨᠵᠢᠯᠡᠭᠦ ᠤᠬᠠᠭᠠᠨᠴᠢ ᠪᠠᠷ ᠳᠡᠵᠢᠭᠡᠨ ᠥᠷᠡᠵᠢᠭᠦᠯᠭᠦ 800 ᠡᠷᠤᠭᠡ ᠶᠢ ᠪᠠᠶᠢᠭᠤᠯᠥᠨᠡ᠃ | ᠳᠠᠷᠢᠶᠠᠯᠠᠩ ᠮᠠᠯ ᠠᠵᠤ ᠠᠬᠤᠢ ᠶᠢᠨ ᠬᠦᠭᠵᠢᠯᠲᠡ ᠶᠢᠨ ᠭᠡᠯᠪᠡᠷᠢ ᠶᠢ ᠲᠦᠷᠭᠡᠭᠡᠨ ᠬᠤᠪᠢᠷᠠᠭᠤᠯᠵᠤ᠂ ᠳᠠᠷᠢᠵᠤ ᠳᠠᠵᠢᠭᠡᠭᠦ ᠪᠥᠳᠣᠴᠠ ᠳᠤ ᠳᠤᠭᠢᠷᠠᠭᠤᠯᠥᠯᠳᠠ ᠭᠢᠵᠤ᠂ | ᠮᠡᠯ ᠤᠨ ᠡᠭᠦᠯᠳᠡᠷ ᠤᠨ ᠢᠨᠵᠧᠨᠧᠷᠢᠩ ᠢ ᠠᠭᠢᠭᠤᠯᠵᠤ᠂ ᠰᠠᠶᠢᠨ ᠥᠷ᠎ᠠ ᠶᠢ ᠪᠥᠢᠵᠢᠭᠤᠯᠬᠤ᠂ ᠮᠠᠰᠢᠨᠴᠢᠯᠠᠯᠳᠠ ᠪᠠᠷ ᠠᠵᠢᠯᠯᠠᠬᠤ᠂ ᠣᠰᠣ ᠳᠤ ᠠᠷᠪᠢᠴᠢ ᠲᠠᠢ | ᠤᠰᠣᠯᠠᠯᠳᠠ ᠶᠢᠨ ᠳᠠᠯᠠᠪᠠᠢ ᠶᠢ ᠥᠷᠭᠡᠳᠭᠡᠵᠤ᠂ ᠳᠠᠷᠢᠶᠠᠯᠠᠩ ᠮᠠᠯ ᠠᠵᠤ ᠠᠬᠤᠢ ᠶᠢᠨ ᠶᠠᠰᠣ ᠴᠢᠨᠡᠷ ᠢ ᠳᠡᠭᠡᠭᠰᠢᠯᠡᠭᠦᠯᠥᠨ ᠥᠷ᠎ᠠ ᠠᠰᠢᠭ ᠢ ᠨᠡᠮᠡᠭᠳᠡᠭᠦᠯᠵᠤ᠂ | ᠮᠠᠯᠴᠢᠨ ᠳᠠᠷᠢᠶᠠᠴᠢᠳ ᠤᠨ ᠭᠠᠷᠤᠯᠳᠠ ᠪᠠᠨ ᠨᠡᠮᠡᠭᠳᠡᠭᠦᠯᠥᠨ ᠤᠷᠤᠯᠭ᠎ᠠ ᠪᠠᠨ ᠨᠡᠮᠡᠭᠳᠡᠭᠦᠯᠭᠦ ᠶᠢ ᠪᠠᠳᠣᠯᠠᠨ᠎ᠡ᠃ ᠠᠮᠢᠳᠠᠨ ᠤ ᠭᠢᠵᠢᠭ ᠡᠪᠡᠳᠴᠢᠨ ᠢ ᠰᠡᠷᠭᠡᠶᠢᠯᠡᠨ | ᠭᠢᠵᠠᠭᠠᠷᠯᠠᠬᠤ ᠶᠢ ᠴᠢᠩᠭᠠᠳᠬᠠᠵᠤ᠂ ᠭᠥᠨᠳᠣ ᠶᠡᠭᠡ ᠭᠢᠵᠢᠭ ᠡᠪᠡᠳᠴᠢᠨ ᠤ ᠥᠯᠥ ᠬᠠᠯᠳᠠᠭᠠᠬᠤ ᠨᠤᠷᠮ᠎ᠡ ᠶᠢ 100% ᠳᠤ ᠭᠥᠷᠭᠡᠨ᠎ᠡ᠃ ᠳᠠᠷᠢᠶᠠᠯᠠᠩ ᠤᠨ | ᠪᠥᠳᠣᠭᠡᠭᠳᠣᠭᠦᠨ ᠮᠠᠯ ᠤᠨ ᠠᠰᠢᠭ ᠰᠢᠮ᠎ᠡ ᠶᠢ ᠪᠤᠯᠪᠠᠰᠣᠷᠠᠭᠤᠯᠬᠤ ᠳᠠᠭᠠᠭᠤᠯᠬᠤ ᠠᠵᠤ ᠠᠬᠤᠶᠢᠯᠠᠯ ᠪᠤᠯᠤᠨ ᠳᠤᠰᠬᠠᠢ ᠬᠠᠮᠳᠣᠷᠠᠨ ᠠᠵᠢᠯᠯᠠᠬᠤ ᠵᠤᠭᠢᠶᠠᠨ | ᠪᠠᠶᠢᠭᠤᠯᠥᠯᠳᠠ ᠶᠢ ᠪᠤᠶᠢᠵᠢᠭᠤᠯᠵᠤ᠂ ᠳᠠᠷᠢᠶᠠᠯᠠᠩ ᠮᠠᠯ ᠠᠵᠤ ᠠᠬᠤᠢ ᠶᠢᠨ ᠠᠵᠤ ᠥᠢᠯᠡᠰᠵᠢᠭᠰᠡᠨ ᠡᠵᠡᠩᠨᠡᠯᠳᠡ ᠶᠢᠨ ᠭᠢᠷᠢ ᠳᠥᠪᠰᠢᠨ ᠢ ᠳᠡᠭᠡᠭᠰᠢᠯᠡᠭᠦᠯᠵᠤ᠂ | ᠳᠠᠷᠢᠶᠠᠯᠠᠩ ᠤᠨ ᠪᠥᠳᠣᠭᠡᠭᠳᠣᠭᠦᠨ ᠮᠠᠯ ᠤᠨ ᠠᠰᠢᠭ ᠰᠢᠮ᠎ᠡ ᠶᠢ ᠪᠤᠷᠤᠯᠠᠭᠤᠯᠬᠤ ᠳᠤ ᠭᠥᠴᠢᠷᠳᠡᠢ᠂ ᠮᠠᠯᠴᠢᠨ ᠳᠠᠷᠢᠶᠠᠴᠢᠳ ᠤᠨ ᠤᠷᠤᠯᠭ᠎ᠠ ᠶᠢ ᠨᠡᠮᠡᠭᠳᠡᠭᠦᠯᠭᠦ | ᠳᠤ ᠭᠥᠴᠢᠷᠳᠡᠢ ᠠᠰᠠᠭᠤᠳᠠᠯ ᠢ ᠥᠨᠳᠣᠰᠤᠨ ᠠᠴᠠ ᠨᠢ ᠰᠢᠢᠳᠪᠤᠷᠢᠯᠡᠭᠦ ᠭᠡᠷᠡᠭᠳᠡᠢ᠃ | ︵ᠳᠥᠷᠪᠡ︶ ᠰᠠᠭᠤᠷᠢ ᠳᠥᠬᠦᠬᠡᠷᠣᠮᠵᠢ ᠶᠢᠨ ᠪᠥᠳᠣᠬᠡᠨ ᠪᠠᠶᠢᠭᠤᠯᠣᠯᠳᠠ ᠶᠢ ᠳᠥᠷᠬᠡᠬᠡᠨ ᠠᠬᠢᠭᠤᠯᠵᠥ᠂ ᠳᠥᠪᠯᠡᠷᠡᠬᠦᠯᠥᠨ ᠡᠷᠴᠢᠮᠵᠢᠬᠦᠯᠥᠨ ᠬᠥᠭᠵᠢᠬᠦᠯᠬᠦ | ᠰᠢᠨ᠎ᠠ ᠳᠣᠯᠭᠠᠭᠤᠷᠢ ᠬᠥᠴᠣᠨ ᠢ ᠪᠤᠢ ᠪᠤᠯᠭᠠᠬᠤ ᠬᠡᠷᠡᠭᠳᠡᠢ᠃ ᠨᠢᠬᠡ ᠳᠤ ᠣᠰᠣ ᠬᠠᠩᠭᠠᠬᠤ ᠪᠠᠳᠣᠯᠠᠪᠤᠷᠢ ᠶᠢᠨ ᠴᠢᠳᠠᠪᠤᠷᠢᠢ ᠶᠢ ᠳᠡᠬᠡᠭᠰᠢᠯᠡᠬᠦᠯᠥᠨ᠎ᠠ᠃ ᠶᠡᠭᠡ | ᠬᠡᠪᠴᠢᠶ᠎ᠠ ᠪᠠᠷ᠂ ᠣᠷᠣᠨ ᠪᠥᠰᠠ ᠠᠯᠣᠰᠯᠠᠨ ᠣᠰᠣᠨ ᠤ ᠡᠷᠬᠡ ᠶᠢ ᠬᠤᠪᠢᠷᠠᠭᠤᠯᠬᠤ ᠶᠢ ᠬᠥᠴᠣᠳᠠᠢ ᠠᠬᠢᠭᠤᠯᠵᠥ᠂ ᠬᠠᠳᠠᠭᠤ ᠴᠠᠶᠢᠳᠠᠮ ᠣᠰᠣᠨ ᠤ ᠡᠬᠢ | ᠰᠣᠷᠪᠤᠯᠵᠢ ᠶᠢᠨ ᠭᠠᠵᠠᠷ ᠤᠨ ᠪᠠᠷᠢᠯᠭ᠎ᠠ ᠶᠢ ᠡᠬᠢᠯᠠᠬᠦᠯᠥᠨ᠂ ᠭᠤᠤᠯᠳᠠᠯᠭ᠎ᠠ ᠲᠠᠢ ᠠᠵᠥ ᠥᠢᠯᠡᠳᠪᠤᠷᠢ ᠶᠢᠨ ᠬᠥᠷᠢᠶᠠᠯᠠᠩ ᠳᠣᠭᠤᠷᠷᠢᠭ ᠤᠨ ᠣᠰᠣ ᠬᠠᠩᠭᠠᠬᠤ | ᠪᠠᠷᠢᠯᠭ᠎ᠠ ᠶᠢᠨ ᠪᠥᠳᠣᠬᠡᠨ ᠪᠠᠶᠢᠭᠤᠯᠣᠯᠳᠠ ᠶᠢᠨ ᠠᠬᠢᠴᠠ ᠶᠢ ᠳᠥᠷᠬᠡᠳᠬᠡᠵᠥ᠂ ᠬᠠᠲᠤᠨ ᠭᠤᠤᠯ ᠲᠠᠭᠠᠣ ᠭᠤᠷᠪᠠᠨ ᠥᠶᠡᠷ ᠤᠨ ᠣᠰᠣ ᠶᠢ ᠬᠤᠷᠢᠬᠤ ᠳᠣᠭᠤᠷᠢᠭ ᠤᠨ | ᠪᠥᠳᠣᠬᠡᠨ ᠪᠠᠶᠢᠭᠤᠯᠣᠯᠳᠠ ᠶᠢ ᠪᠠᠶᠠᠯᠠᠬᠦᠯᠥᠨ᠂ ᠵᠢᠯ ᠤᠨ ᠳᠣᠳᠣᠷ᠎ᠠ ᠣᠰᠣ ᠬᠠᠩᠭᠠᠬᠤ ᠴᠢᠳᠠᠪᠤᠷᠢ ᠶᠢ 1 ᠳ᠋ᠥᠩᠰᠢᠭᠤᠷ ᠺᠥᠪ ᠮᠧᠲᠷ ᠰᠢᠨ᠎ᠠ ᠪᠠᠷ ᠨᠡᠮᠡᠭᠳᠡᠬᠦᠯᠥᠨ᠎ᠠ᠃ | ᠣᠰᠣᠨ ᠤ ᠥᠨ᠎ᠠ ᠬᠠᠩᠰᠢ ᠶᠢ ᠠᠬᠢᠭᠤᠯᠣᠨ ᠪᠤᠳᠣᠬᠤ ᠳᠥᠷᠢᠮ ᠢ ᠨᠠᠶᠢᠳᠠᠪᠤᠷᠢᠵᠢᠭᠤᠯᠵᠥ᠂ ᠪᠥᠬᠦ ᠨᠠᠶᠢᠬᠡᠮ ᠤᠨ ᠣᠰᠣ ᠠᠷᠪᠢᠯᠠᠨ ᠬᠡᠷᠡᠭᠯᠡᠬᠦ ᠶᠢ ᠠᠬᠢᠭᠤᠯᠬᠤ | ᠬᠡᠷᠡᠭᠳᠡᠢ᠃ ᠬᠠᠳᠣᠨ ᠭᠤᠤᠯ ᠤᠨ ᠬᠠᠰᠢᠯᠠᠭ᠎ᠠ ᠳᠠᠯᠠᠩ ᠢ ᠪᠠᠬᠢᠵᠢᠬᠦᠯᠬᠦ ᠪᠠᠷᠢᠯᠭ᠎ᠠ ᠶᠢ ᠰᠠᠶᠢᠳᠣᠷ ᠬᠡᠷᠡᠭᠵᠢᠬᠦᠯᠵᠥ᠂ ᠬᠠᠳᠣᠨ ᠭᠤᠤᠯ ᠤᠨ ᠠᠮᠣᠷ ᠳᠠᠶᠢᠪᠤᠩ ᠢ | ᠥᠨᠡᠨᠬᠦ ᠪᠠᠳᠣᠯᠠᠬᠤ ᠬᠡᠷᠡᠭᠳᠡᠢ᠃ ᠬᠤᠶᠠᠷ ᠲᠤ ᠴᠠᠬᠢᠯᠭᠠᠨ ᠬᠥᠴᠣᠨ ᠤ ᠭᠠᠳᠠᠭᠰᠢ ᠳᠡᠮᠵᠢᠭᠤᠯᠬᠤ ᠴᠢᠳᠠᠪᠤᠷᠢ ᠶᠢ ᠳᠡᠬᠡᠭᠰᠢᠯᠡᠬᠦᠯᠥᠨ᠎ᠠ᠃ ᠳ᠋ᠠ ᠯᠣ᠋ ᠠᠴᠠ ᠴᠢᠭᠤᠯᠣᠯᠳᠣ | ᠬᠠᠭᠠᠯᠭ᠎ᠠ ᠬᠥᠷᠬᠦ᠂ ᠱᠠᠩᠬᠠᠢ ᠶᠢᠨ ᠰᠥᠮ᠎ᠠ ᠠᠴᠠ ᠱᠠᠨᠳᠥ᠋ᠩ ᠪᠤᠶᠤ ᠨᠢᠩᠪᠥ᠋ᠸᠧ ᠬᠥᠷᠬᠦ ᠬᠤᠶᠠᠷ ᠵᠤᠷᠪᠤᠰ 1000 ᠺᠢᠯᠤᠸᠣᠯᠲ ᠤᠨ ᠥᠨᠳᠣᠷ ᠬᠥᠴᠣᠳᠠᠯᠳᠣ | ᠴᠠᠬᠢᠯᠭᠠᠨ ᠬᠥᠷᠬᠡᠬᠦ ᠣᠳᠠᠰᠣ ᠶᠢ ᠨᠠᠪᠳᠠᠷᠡᠬᠦᠯᠬᠦ ᠪᠠᠷᠢᠯᠭ᠎ᠠ ᠶᠢ ᠡᠬᠢᠯᠡᠬᠦᠯᠬᠦ ᠪᠠᠷ ᠴᠢᠷᠮᠠᠶᠢᠵᠥ᠂ ᠳᠣᠮᠣ ᠴᠢᠳᠠᠯᠳᠣ ᠴᠠᠬᠢᠯᠭᠠᠨ ᠬᠥᠴᠣᠨ ᠤ ᠭᠠᠳᠠᠭᠰᠢ ᠵᠥᠬᠡᠬᠡᠪᠤᠷᠢᠯᠠᠬᠦ | ᠵᠠᠮ ᠢ ᠪᠠᠶᠢᠭᠤᠯᠣᠨ᠎ᠠ᠃ ᠣᠷᠣᠨ ᠳᠣᠭᠤᠷᠢᠭ ᠤᠨ ᠴᠠᠬᠢᠯᠭᠠᠨ ᠳᠣᠣᠷ ᠤᠨ ᠥᠬᠡᠷᠡᠴᠢᠯᠠᠯᠳᠠ ᠶᠢᠨ ᠳᠡᠬᠡᠭᠰᠢᠯᠡᠯᠳᠡ ᠶᠢ ᠳᠥᠷᠬᠡᠳᠬᠡᠵᠥ᠂ ᠭᠤᠤᠯᠳᠠᠯᠭ᠎ᠠ ᠲᠠᠢ ᠠᠵᠥ | ᠥᠢᠯᠡᠳᠪᠤᠷᠢ ᠶᠢᠨ ᠬᠥᠷᠢᠶᠠᠯᠠᠩ ᠳᠣᠭᠤᠷᠢᠭ ᠲᠤ 220 ᠺᠢᠯᠤᠸᠤᠯᠲ ᠤᠨ ᠴᠠᠬᠢᠯᠭᠠᠨ ᠢ ᠭᠤᠤᠯᠳᠠᠯᠭ᠎ᠠ ᠲᠠᠢ ᠬᠠᠩᠭᠠᠬᠤ ᠶᠢ ᠪᠠᠶᠠᠯᠠᠬᠦᠯᠬᠦ ᠬᠡᠷᠡᠭᠳᠡᠢ᠃ ᠭᠤᠷᠪᠠ ᠳᠤ | ᠵᠠᠮ ᠬᠠᠷᠢᠯᠴᠠᠭᠠᠨ ᠤ ᠴᠢᠳᠠᠪᠤᠷᠢ ᠶᠢ ᠲᠡᠭᠡᠭᠰᠢᠯᠡᠬᠦᠯᠦᠨ᠎ᠡ᠃ ᠵᠠᠮ ᠬᠠᠷᠢᠯᠴᠠᠭᠠᠨ ᠤ ᠰᠠᠭᠤᠷᠢ ᠳᠥᠬᠦᠬᠡᠷᠣᠮᠵᠢ ᠶᠢᠨ ᠪᠥᠳᠣᠬᠡᠨ ᠪᠠᠶᠢᠭᠤᠯᠣᠯᠳᠠ ᠶᠢ ᠠᠬᠢᠭᠤᠯᠬᠤ | ᠳᠣᠭᠳᠠᠴᠠ ᠶᠢᠨ ᠰᠢᠨ᠎ᠠ ᠶᠢ ᠡᠬᠦᠳᠴᠣ᠂ ᠬᠤᠳᠠ ᠶᠢᠨ ᠵᠠᠮ ᠬᠠᠷᠢᠯᠴᠠᠭᠠᠨ ᠤ ᠪᠥᠳᠣᠬᠡᠨ ᠪᠠᠶᠢᠭᠤᠯᠣᠯᠳᠠ ᠶᠢᠨ ᠪᠠᠯᠠ ᠣᠷᠣᠭᠤᠯᠣᠯᠳᠠ ᠶᠢᠨ ᠺᠣᠮᠫᠠᠨᠢ ᠪᠠᠷ | ᠳᠠᠪᠴᠠᠩ ᠪᠤᠯᠭᠠᠨ᠂ ᠪᠥᠬᠦ ᠬᠤᠳᠠ ᠶᠢᠨ ᠴᠢᠬᠤᠯᠠ ᠶᠡᠭᠡ ᠵᠠᠮ ᠬᠠᠷᠢᠯᠴᠠᠭᠠᠨ ᠤ ᠰᠠᠭᠤᠷᠢ ᠳᠥᠬᠦᠬᠡᠷᠣᠮᠵᠢ ᠶᠢ ᠨᠢᠬᠡᠳᠣᠯᠳᠡᠢ ᠳᠥᠯᠣᠪᠯᠡᠨ ᠬᠥᠭᠵᠢᠬᠦᠯᠵᠥ᠂ | ᠪᠥᠳᠣᠬᠡᠨ ᠪᠠᠶᠢᠭᠤᠯᠣᠨ ᠡᠵᠡᠩᠨᠡᠵᠥ᠂ ᠳᠠᠪᠠᠭᠤᠯᠢᠭ ᠳᠥᠷᠣᠯ ᠵᠥᠢᠯ ᠬᠢᠬᠡᠳ ᠳᠥᠷ ᠴᠠᠭ ᠠᠰᠢᠭ ᠬᠤᠨᠵᠢᠪᠤᠷᠢ ᠣᠯᠬᠤ ᠴᠢᠳᠠᠪᠤᠷᠢ ᠪᠠᠷ ᠪᠠᠷᠣᠭᠳᠠᠢ ᠳᠥᠷᠣᠯ ᠵᠥᠢᠯ | ᠢ ᠨᠢᠭᠡᠲᠦᠯᠲᠠᠢ ᠲᠦᠯᠦᠪᠵᠢᠬᠦᠯᠦᠨ ᠡᠵᠡᠩᠨᠡᠵᠤ᠂ ᠳᠡᠬᠡᠬᠡᠪᠤᠷᠢ ᠡᠵᠡᠩᠨᠡᠯᠳᠡ ᠶᠢ ᠨᠢᠬᠡᠳᠣᠯᠳᠡᠢ ᠳᠥᠯᠣᠪᠵᠢᠬᠦᠯᠵᠥ᠂ ᠵᠠᠮ ᠬᠠᠷᠢᠯᠴᠠᠭᠠᠨ ᠤ ᠰᠠᠭᠤᠷᠢ ᠲᠦᠬᠦᠬᠡᠷᠦᠮᠵᠢ | ᠶᠢᠨ ᠪᠥᠳᠣᠬᠡᠨ ᠪᠠᠶᠢᠭᠤᠯᠣᠯᠳᠠ ᠶᠢᠨ ᠳᠡᠩᠴᠡᠬᠦᠷᠢ ᠥᠬᠡᠢ ᠪᠠᠶᠢᠬᠤ᠂ ᠵᠤᠬᠢᠴᠠᠩᠭᠤᠢ ᠪᠤᠰᠣ ᠪᠠᠶᠢᠬᠤ ᠠᠰᠠᠭᠤᠳᠠᠯ ᠢ ᠥᠨᠳᠣᠰᠣᠨ ᠠᠴᠠ ᠨᠢ ᠰᠢᠢᠳᠪᠤᠷᠢᠯᠠᠨ᠎ᠠ᠃ | ᠨᠡᠡ ᠵᠢᠯ ᠵᠠᠰᠠᠮᠠᠯ ᠵᠠᠮ ᠤᠨ ᠳᠠᠯ᠎ᠠ ᠪᠠᠷ ᠪᠤᠭᠤᠳᠣ ᠠᠴᠠ ᠳ᠋ᠥᠩᠱᠧᠩ ᠬᠥᠷᠬᠦ ᠥᠨᠳᠣᠷ ᠬᠤᠷᠳᠣᠴᠠᠳᠣ ᠬᠤᠶᠠᠳᠣᠭᠠᠷ ᠵᠠᠰᠠᠮᠠᠯ ᠵᠠᠮ᠂ ᠱᠢ ᠴᠢ ᠭᠸᠣ ᠠᠴᠠ ᠳ᠋ᠠ ᠹᠠᠨ | ᠫᠥ᠋ ᠬᠥᠷᠬᠦ᠂ ᠴᠠᠭᠠᠨᠨᠠᠭᠤᠷ ᠠᠴᠠ ᠣᠯᠵᠠᠴᠢ ᠪᠠᠯᠭᠠᠰᠣ ᠬᠥᠷᠬᠦ᠂ ᠣᠯᠠᠭᠠᠨᠪᠠᠯᠭᠠᠰᠣ ᠠᠴᠠ ᠭᠠᠯᠠᠭᠤᠳᠣ ᠬᠥᠷᠬᠦ᠂ ᠠᠮᠠᠨᠴᠢᠷᠭ᠎ᠠ ᠠᠴᠠ ᠬᠤᠭᠤᠯᠠᠳᠣ ᠬᠥᠷᠬᠦ ᠳᠡᠬᠡᠳᠣ | ᠳᠠᠰ ᠤᠨ ᠵᠠᠰᠠᠮᠠᠯ ᠵᠠᠮ ᠢ ᠪᠠᠷᠢᠯᠭ᠎ᠠ ᠡᠬᠢᠯᠠᠬᠦᠯᠥᠨ ᠪᠥᠳᠣᠬᠡᠨ ᠪᠠᠶᠢᠭᠤᠯᠵᠥ᠂ ᠬᠠᠳᠣᠨ ᠭᠤᠤᠯ ᠳᠠᠭᠠᠣ ᠣᠷᠣᠨ ᠤ ᠨᠢᠬᠡᠳᠣᠬᠡᠷ ᠳᠠᠰ ᠤᠨ ᠵᠠᠰᠠᠮᠠᠯ ᠵᠠᠮ ᠢ | ᠪᠥᠳᠣᠬᠡᠨ ᠪᠠᠶᠢᠭᠤᠯᠣᠨ ᠳᠠᠭᠤᠰᠬᠠᠵᠥ ᠳᠡᠷᠬᠡ ᠨᠡᠪᠳᠡᠷᠡᠬᠦᠯᠬᠦ ᠪᠠᠷ ᠴᠢᠷᠮᠠᠶᠢᠵᠥ᠂ 2011 ᠣᠨ ᠪᠤᠯᠬᠤ ᠳᠤ ᠬᠤᠰᠢᠭᠤ ᠳᠣᠭᠤᠷᠢᠭ ᠪᠤᠯᠭᠠᠨ ᠳᠤ ᠳᠡᠬᠡᠳᠣ ᠳᠠᠰ ᠤᠨ | ᠵᠠᠰᠠᠮᠠᠯ ᠵᠠᠮ ᠨᠡᠪᠳᠡᠷᠡᠬᠦᠯᠬᠦ ᠪᠠᠷ ᠬᠥᠴᠣᠯᠠᠨ ᠴᠢᠷᠮᠠᠶᠢᠬᠤ ᠬᠡᠷᠡᠭᠳᠡᠢ᠃ ᠳᠠᠮᠣᠷ ᠵᠠᠮ ᠤᠨ ᠳᠠᠯ᠎ᠠ ᠪᠠᠷ ᠳ᠋ᠠ ᠹᠠᠨ ᠫᠥ᠋ ᠠᠴᠠ ᠠᠳᠣᠭᠤᠨ ᠬᠠᠰᠢᠶ᠎ᠠ ᠬᠥᠷᠬᠦ᠂ ᠣᠳᠤᠭ ᠤᠨ | ᠡᠮᠣᠨᠠᠳᠣ ᠬᠤᠰᠢᠭᠤᠨ ᠠᠴᠠ ᠳ᠋ᠢᠩ ᠪᠢᠶᠠᠨ ᠬᠥᠷᠬᠦ ᠵᠡᠷᠬᠡ ᠪᠠᠷᠢᠯᠭ᠎ᠠ ᠶᠢ ᠡᠬᠢᠯᠠᠬᠦᠯᠥᠨ ᠪᠠᠶᠢᠭᠤᠯᠵᠥ᠂ ᠵᠢᠯ ᠤᠨ ᠳᠣᠳᠣᠷ᠎ᠠ ᠪᠤᠭᠤᠳᠣ ᠠᠴᠠ ᠰᠢ ᠠᠨ ᠬᠥᠷᠬᠦ ᠳᠠᠮᠣᠷ | ᠵᠠᠮ ᠤᠨ ᠬᠢᠯᠢ ᠳᠠᠬᠢ ᠬᠡᠰᠡᠭ ᠢ ᠨᠡᠪᠳᠡᠷᠡᠬᠦᠯᠬᠦ ᠬᠡᠷᠡᠭᠳᠡᠢ᠃ ᠤᠷᠳᠣᠰ ᠨᠢᠰᠬᠡᠯ ᠤᠨ ᠪᠠᠭᠤᠳᠠᠯ ᠢ ᠥᠷᠬᠡᠳᠬᠡᠨ ᠪᠠᠶᠢᠭᠤᠯᠬᠤ ᠶᠢ ᠪᠠᠶᠠᠯᠠᠬᠦᠯᠵᠥ᠂ ᠠᠶᠠᠯᠠᠯ ᠤᠨ | ᠱᠣᠭᠤᠮ ᠢ ᠨᠡᠮᠡᠭᠳᠡᠬᠦᠯᠥᠨ᠂ ᠵᠠᠮ ᠱᠣᠭᠤᠮ ᠢ ᠰᠢᠯᠢᠳᠡᠭᠵᠢᠬᠦᠯᠵᠥ᠂ ᠣᠷᠣᠭᠤᠯᠵᠥ ᠭᠠᠷᠭᠠᠬᠤ ᠴᠢᠳᠠᠪᠤᠷᠢ ᠶᠢ ᠳᠡᠬᠡᠭᠰᠢᠯᠡᠬᠦᠯᠥᠨ᠂ ᠳᠡᠯᠡᠬᠡᠶᠢᠴᠢᠯᠡᠭᠰᠡᠨ ᠳᠣᠮᠣ ᠨᠢᠰᠬᠡᠯ | ᠤᠨ ᠪᠠᠭᠤᠳᠠᠯ ᠵᠥᠭ ᠬᠠᠨᠳᠣᠭᠤᠯᠬᠤ ᠬᠡᠷᠡᠭᠳᠡᠢ᠃ ᠳᠥᠷᠪᠡ ᠳᠤ ᠬᠤᠭᠤᠯᠠᠢ ᠶᠢᠨ ᠳᠣᠣᠷ ᠤᠨ ᠵᠥᠬᠡᠬᠡᠪᠤᠷᠢ ᠶᠢᠨ ᠳᠥᠯᠥᠪᠵᠢᠬᠦᠯᠬᠡ ᠶᠢᠨ ᠪᠥᠳᠣᠬᠡᠨ | ᠪᠠᠶᠢᠭᠤᠯᠣᠯᠳᠠ ᠶᠢ ᠡᠬᠢᠯᠡᠬᠦᠯᠥᠨ᠎ᠠ᠃ ᠮᠧᠲ᠋ᠢᠯ ᠠᠯᠺᠤᠤᠯ ᠵᠢᠴᠢ ᠨᠡᠬᠦᠷᠡᠰᠣ ᠬᠡᠶᠢᠵᠢᠬᠦᠯᠬᠦ᠂ ᠰᠢᠩᠬᠡᠨᠵᠢᠬᠦᠯᠬᠦ ᠥᠢᠯᠡᠳᠬᠦᠨ ᠢ ᠶᠡᠭᠡ ᠬᠡᠪᠴᠢᠶ᠎ᠠ ᠪᠠᠷ ᠭᠠᠳᠠᠭᠰᠢ | ᠵᠥᠬᠡᠬᠡᠪᠤᠷᠢᠯᠠᠬᠦ ᠬᠡᠷᠡᠭᠴᠡᠭᠡ ᠱᠠᠭᠠᠷᠳᠠᠯᠭ᠎ᠠ ᠳᠤ ᠵᠤᠬᠢᠴᠠᠭᠤᠯᠣᠨ᠂ ᠪᠡᠬᠡᠵᠢᠩ ᠲᠢᠶᠠᠨᠵᠢᠨ ᠳᠠᠩᠱᠠᠨ ᠭᠠᠵᠠᠷ ᠣᠷᠣᠨ ᠵᠥᠭ ᠬᠠᠨᠳᠣᠭᠤᠯᠵᠥ᠂ ᠬᠢᠮᠢ ᠶᠢᠨ ᠠᠵᠥ | ᠥᠢᠯᠡᠳᠪᠤᠷᠢ ᠶᠢᠨ ᠥᠢᠯᠡᠳᠬᠦᠨ ᠢ ᠭᠠᠳᠠᠭᠰᠢ ᠵᠥᠬᠡᠬᠡᠪᠤᠷᠢᠯᠠᠬᠦ ᠶᠡᠭᠡ ᠠᠮᠠᠰᠠᠷᠳᠣ ᠬᠤᠭᠤᠯᠠᠢ ᠶᠢ ᠳᠥᠷᠬᠡᠬᠡᠨ ᠳᠥᠯᠣᠪᠵᠢᠬᠦᠯᠥᠨ ᠪᠥᠳᠣᠬᠡᠨ ᠪᠠᠶᠢᠭᠤᠯᠵᠥ᠂ ᠵᠢᠯ | ᠤᠨ ᠳᠣᠳᠣᠷ᠎ᠠ ᠥᠨᠠᠨ ᠪᠤᠳᠠᠳᠣ ᠠᠬᠢᠯᠳᠠ ᠲᠠᠢ ᠪᠤᠯᠭᠠᠬᠤ ᠪᠠᠷ ᠴᠢᠷᠮᠠᠶᠢᠨ᠎ᠠ᠃ ᠪᠠᠶᠢᠭᠠᠯᠢ ᠶᠢᠨ ᠰᠢᠲᠠᠮᠠᠬᠠᠢ ᠬᠡᠢ ᠶᠢᠨ ᠬᠤᠭᠤᠯᠠᠢ ᠶᠢᠨ ︽ᠬᠤᠤᠰ ᠪᠤᠴᠠᠯᠲᠠ | ᠶᠢᠨ ᠵᠠᠮ︾ ᠤᠨ ᠭᠡᠷᠡᠭᠵᠢᠬᠦᠯᠬᠦ ᠲᠦᠰᠦᠯ ᠢ ᠲᠤᠭᠳᠠᠭᠠᠵᠤ᠂ ᠠᠮᠤᠷ ᠲᠤᠭᠳᠠᠭᠤᠨ ᠪᠠᠶᠢᠭᠠᠯᠢ ᠶᠢᠨ ᠰᠢᠲᠠᠮᠠᠬᠠᠢ ᠬᠡᠢ ᠶᠢᠨ ᠬᠠᠩᠭᠠᠯᠲᠠ ᠶᠢᠨ ᠲᠤᠤᠷ ᠢ | ᠪᠠᠶᠢᠭᠤᠯᠬᠤ ᠭᠡᠷᠡᠭᠲᠠᠢ᠃ | ︵ᠳᠠᠪᠤ︶ ᠡᠨᠧᠷᠬᠢ ᠠᠷᠪᠢᠯᠠᠨ ᠪᠤᠬᠢᠷᠳᠣᠯ ᠪᠠᠭᠠᠰᠬᠠᠬᠤ ᠪᠠ ᠠᠮᠢ ᠠᠬᠤᠢ ᠶᠢᠨ ᠬᠠᠮᠠᠭᠠᠯᠠᠯᠳᠠ ᠶᠢ ᠴᠢᠩᠭᠠᠳᠬᠠᠨ᠂ ᠠᠮᠢ ᠠᠬᠤᠢ ᠶᠢᠨ ᠪᠤᠯᠪᠠᠰᠣᠨ ᠤ | ᠪᠠᠶᠢᠭᠤᠯᠣᠯᠳᠠ ᠶᠢᠨ ᠬᠢᠷᠢ ᠳᠥᠪᠰᠢᠨ ᠢ ᠴᠢᠷᠮᠠᠶᠢᠨ ᠳᠡᠬᠡᠭᠰᠢᠯᠡᠬᠦᠯᠬᠦ ᠬᠡᠷᠡᠭᠳᠡᠢ᠃ ᠡᠨᠡ ᠵᠢᠯ ᠪᠤᠯ ︽11· 5︾ ᠵᠢᠯ ᠤᠨ ᠡᠨᠧᠷᠬᠢ ᠠᠷᠪᠢᠯᠠᠨ ᠪᠤᠬᠢᠷᠳᠣᠯ | ᠪᠠᠭᠠᠰᠬᠠᠬᠤ ᠬᠠᠷᠠᠯᠳᠠ ᠶᠢ ᠪᠠᠶᠠᠯᠠᠬᠦᠯᠬᠦ ᠬᠠᠮᠤᠭ ᠰᠡᠬᠦᠯᠴᠢ ᠶᠢᠨ ᠨᠢᠬᠡ ᠵᠢᠯ ᠪᠤᠯᠣᠨ᠎ᠠ᠂ ᠪᠢᠳᠠᠨ ᠳᠤ ᠳᠣᠯᠭᠠᠷᠠᠵᠥ ᠪᠠᠶᠢᠭ᠎ᠠ ᠡᠬᠦᠷᠬᠡ ᠪᠤᠯᠤᠨ ᠳᠠᠷᠣᠭᠠᠰᠣ ᠳᠥᠢᠯ | ᠤᠨ ᠬᠥᠨᠳᠣ ᠪᠠᠶᠢᠨ᠎ᠠ᠃ ᠡᠷᠬᠡᠪᠰᠢ ᠠᠵᠢᠯ ᠤᠨ ᠬᠦᠴᠦᠯᠡᠴᠡ ᠪᠠᠨ ᠣᠯᠠᠮ ᠨᠢᠬᠡ ᠠᠯᠬᠤᠮ ᠨᠡᠮᠡᠭᠳᠡᠬᠦᠯᠵᠤ᠂ ᠬᠠᠷᠢᠭᠤᠴᠠᠯᠭ᠎ᠠ ᠶᠢᠨ ᠨᠠᠶᠢᠲᠠᠪᠤᠷᠢᠵᠢᠭᠤᠯᠤᠯᠲᠠ ᠶᠢ | ᠴᠢᠩᠭᠠᠳᠬᠠᠵᠤ᠂ ᠬᠠᠷᠠᠯᠳᠠᠳᠣ ᠬᠢᠨᠠᠨ ᠰᠢᠯᠭᠠᠬᠤ ᠪᠠ ᠱᠠᠩᠨᠠᠯ ᠳᠣᠷᠭᠠᠭᠤᠯᠢ ᠶᠢ ᠳᠣᠯᠭᠠᠨ ᠭᠠᠷᠳᠠᠭᠤᠯᠬᠤ ᠶᠢ ᠴᠢᠩᠭᠠᠳᠬᠠᠵᠥ᠂ ︽11· 5︾ ᠵᠢᠯ ᠤᠨ | ᠳᠣᠬᠢᠷᠠᠭᠤᠯᠣᠨ ᠡᠵᠡᠮᠳᠡᠬᠦ ᠬᠠᠷᠠᠯᠳᠠ ᠶᠢ ᠲᠡᠷᠡ ᠶᠤᠰᠤᠭᠠᠷ ᠨᠢ ᠪᠠᠶᠠᠯᠠᠬᠦᠯᠬᠦ ᠶᠢ ᠥᠨᠡᠨᠬᠦ ᠪᠠᠳᠣᠯᠠᠬᠤ ᠬᠡᠷᠡᠭᠳᠡᠢ᠃ ᠣᠷᠴᠢᠨ ᠳᠣᠭᠤᠷᠢᠨ ᠤ ᠬᠠᠮᠠᠭᠠᠯᠠᠯᠳᠠ ᠶᠢᠨ | ᠴᠢᠳᠠᠪᠤᠷᠢ ᠶᠢᠨ ᠪᠠᠶᠢᠭᠤᠯᠣᠯᠳᠠ ᠶᠢ ᠴᠢᠩᠭᠠᠳᠬᠠᠨ᠂ 7 ᠪᠤᠵᠠᠷ ᠣᠰᠣ ᠰᠢᠢᠳᠪᠤᠷᠢᠯᠠᠬᠦ ᠥᠢᠯᠡᠳᠪᠤᠷᠢ᠂ 5 ᠠᠮᠢᠳᠣᠷᠠᠯ ᠤᠨ ᠬᠤᠭ ᠨᠣᠪᠰᠢ ᠶᠢ ᠬᠤᠤᠷ ᠥᠬᠡᠢ | ᠪᠤᠯᠭᠠᠨ ᠰᠢᠢᠳᠪᠤᠷᠢᠯᠠᠬᠦ ᠥᠢᠯᠡᠳᠪᠤᠷᠢ ᠶᠢ ᠰᠢᠨ᠎ᠠ ᠪᠠᠷ ᠪᠤᠶᠤ ᠥᠷᠬᠦᠯᠵᠢᠯᠠᠨ ᠪᠠᠶᠢᠭᠤᠯᠵᠥ᠂ ᠬᠤᠰᠢᠭᠤ ᠵᠠᠰᠠᠭ ᠤᠨ ᠣᠷᠳᠣᠨ ᠪᠠᠶᠢᠭ᠎ᠠ ᠭᠠᠵᠠᠷ ᠪᠠ ᠭᠤᠤᠯᠳᠠᠯᠭ᠎ᠠ | ᠲᠠᠢ ᠠᠵᠥ ᠥᠢᠯᠡᠳᠪᠤᠷᠢ ᠶᠢᠨ ᠬᠥᠷᠢᠶᠠᠯᠠᠩ ᠳᠣᠭᠤᠷᠢᠭ ᠤᠨ ᠪᠤᠵᠠᠷ ᠣᠰᠣ ᠪᠠ ᠬᠤᠭ ᠨᠣᠪᠰᠢ ᠰᠢᠢᠳᠪᠤᠷᠢᠯᠠᠬᠦ ᠶᠢ ᠪᠥᠬᠦ ᠳᠠᠯ᠎ᠠ ᠪᠠᠷ ᠪᠠᠶᠠᠯᠠᠬᠦᠯᠬᠦ ᠬᠡᠷᠡᠭᠳᠡᠢ᠃ | ᠡᠷᠬᠢᠯᠳᠠᠳᠣ ᠠᠵᠥ ᠠᠬᠤᠢ ᠶᠢ ᠬᠥᠭᠵᠢᠬᠦᠯᠥᠨ ᠪᠤᠵᠠᠭᠠᠶᠢᠷᠠᠭᠤᠯᠵᠥ᠂ ᠨᠡᠬᠦᠷᠡᠰᠣᠨ ᠴᠢᠯᠠᠭᠤ᠂ ᠨᠣᠨᠳᠠᠭ ᠨᠡᠬᠦᠷᠡᠰᠣᠨ ᠥᠨᠡᠰᠣ᠂ ᠥᠨᠳᠣᠷ ᠵᠤᠤᠬᠠᠨ ᠬᠡᠬᠡᠭᠳᠡᠮᠡᠯ ᠬᠡᠢ᠂ | ᠳᠣᠮᠳᠠᠬᠢ ᠣᠰᠣ ᠶᠢ ᠡᠷᠬᠢᠯᠳᠣᠬᠦᠯᠥᠨ ᠬᠡᠷᠡᠭᠯᠡᠬᠦ ᠠᠵᠥ ᠥᠢᠯᠡᠰ ᠤᠨ ᠬᠡᠯᠬᠢᠶ᠎ᠠ ᠶᠢ ᠪᠠᠶᠢᠭᠤᠯᠣᠨ ᠳᠡᠬᠦᠯᠳᠡᠷᠵᠢᠬᠦᠯᠵᠥ᠂ ᠭᠠᠳᠠᠭᠰᠢᠯᠠᠯᠳᠠ ᠪᠠ ᠪᠤᠬᠢᠷᠳᠣᠯ ᠢ ᠬᠠᠮᠤᠭ | ᠶᠡᠭᠡ ᠬᠡᠮᠵᠢᠶ᠎ᠠ ᠪᠠᠷ ᠪᠠᠭᠠᠰᠬᠠᠬᠤ ᠬᠡᠷᠡᠭᠳᠡᠢ᠃ | ᠠᠮᠢ ᠠᠬᠤᠢ ᠶᠢᠨ ᠪᠥᠳᠣᠬᠡᠨ ᠪᠠᠶᠢᠭᠤᠯᠣᠯᠳᠠ ᠶᠢ ᠶᠡᠬᠡᠪᠡᠷ ᠳᠥᠯᠬᠢᠨ ᠠᠬᠢᠭᠤᠯᠬᠤ ᠬᠡᠷᠡᠭᠳᠡᠢ᠃ ︽ᠭᠤᠷᠪᠠᠨ ᠳᠣᠭᠤᠷᠢᠭ︾ ᠤᠨ ᠳᠥᠯᠣᠪᠵᠢᠬᠦᠯᠬᠡ ᠶᠢ | ᠴᠢᠩᠭ᠎ᠠ ᠨᠠᠶᠢᠳᠠᠪᠤᠷᠢᠵᠢᠭᠤᠯᠵᠥ᠂ ᠠᠮᠢ ᠠᠬᠤᠢ ᠶᠢᠨ ᠠᠶᠠᠨᠳᠠᠭᠠᠨ ᠰᠡᠷᠬᠦᠬᠦ ᠣᠷᠣᠨ ᠤ ᠪᠥᠳᠣᠬᠡᠨ ᠪᠠᠶᠢᠭᠤᠯᠣᠯᠳᠠ ᠶᠢ ᠯᠠᠪᠳᠠᠭᠤᠨ ᠪᠠᠳᠣᠳᠠᠢ ᠳᠥᠯᠬᠢᠨ | ᠠᠬᠢᠭᠤᠯᠣᠨ᠎ᠠ᠃ ᠵᠠᠭᠤᠨ ᠳᠥᠮᠠᠨ ᠮᠣ᠋ ᠶᠢᠨ ᠬᠠᠶᠢᠯᠠᠷ ᠨᠠᠷᠠᠰᠣ᠂ ᠵᠠᠭᠤᠨ ᠳᠥᠮᠠᠨ ᠮᠣ᠋ ᠶᠢᠨ ᠬᠡᠬᠡᠷ᠎ᠡ ᠶᠢᠨ ᠬᠥᠢᠯᠡᠰᠣ᠂ ᠵᠠᠭᠤᠨ ᠳᠥᠮᠠᠨ ᠮᠣ᠋ ᠶᠢᠨ ᠴᠢᠴᠡᠷᠭᠠᠨᠠ | ᠶᠢᠨ ᠠᠮᠢ ᠠᠬᠤᠢ ᠶᠢᠨ ᠪᠥᠳᠣᠬᠡᠨ ᠪᠠᠶᠢᠭᠤᠯᠣᠯᠳᠠ ᠶᠢᠨ ᠪᠠᠷᠢᠯᠭ᠎ᠠ ᠶᠢ ᠡᠬᠢᠯᠠᠬᠦᠯᠵᠥ᠂ ᠭᠠᠵᠠᠷ ᠣᠷᠣᠨ ᠤ ᠣᠢ ᠰᠢᠭᠤᠢ ᠶᠢᠨ ᠨᠡᠬᠦᠷᠡᠰᠣᠳᠥ᠋ᠷᠥᠭᠴᠢ ᠶᠢᠨ | ᠳᠠᠪᠬᠤᠷ ᠢᠰᠣᠯ ᠢ ᠬᠤᠷᠠᠮᠳᠣᠭᠤᠯᠣᠨ ᠰᠢᠩᠬᠡᠬᠡᠬᠦ ᠴᠢᠳᠠᠪᠤᠷᠢ ᠶᠢ ᠳᠠᠰᠣᠷᠠᠯᠳᠠ ᠥᠬᠡᠢ ᠨᠡᠮᠡᠭᠳᠡᠬᠦᠯᠬᠦ ᠬᠡᠷᠡᠭᠳᠡᠢ᠃ ᠪᠠᠯᠴᠢᠬᠡᠷᠯᠡᠬᠦᠯᠬᠦ ᠶᠢ ᠬᠤᠷᠢᠭᠯᠠᠬᠤ᠂ ᠰᠡᠯᠬᠦᠨ | ᠮᠠᠯᠵᠢᠬᠤ᠂ ᠡᠬᠡᠯᠵᠢᠯᠠᠨ ᠮᠠᠯᠵᠢᠬᠤ ᠳᠥᠷᠣ ᠶᠢᠨ ᠪᠤᠳᠣᠯᠭ᠎ᠠ ᠶᠢ ᠴᠢᠩᠭ᠎ᠠ ᠬᠡᠷᠡᠭᠵᠢᠬᠦᠯᠵᠥ᠂ ᠰᠡᠯᠬᠦᠨ ᠮᠠᠯᠵᠢᠬᠤ ᠨᠥᠬᠦᠪᠤᠷᠢ ᠶᠢᠨ ᠳᠥᠷᠣ ᠶᠢᠨ ᠪᠤᠳᠣᠯᠭ᠎ᠠ ᠶᠢ | ᠬᠢᠨᠠᠮᠠᠭᠠᠢ ᠨᠠᠶᠢᠲᠠᠪᠤᠷᠢᠵᠢᠭᠤᠯᠤᠨ᠎ᠠ︔ ᠣᠢ ᠰᠢᠭᠤᠢ ᠨᠣᠳᠤᠭ ᠪᠠᠯᠴᠢᠬᠡᠷ ᠤᠨ ᠭᠠᠯ ᠰᠠᠷᠬᠡᠶᠢᠯᠠᠯᠳᠠ ᠶᠢᠨ ᠠᠵᠢᠯ ᠢ ᠥᠨᠡᠨᠬᠦ ᠰᠠᠶᠢᠳᠣᠷ ᠬᠢᠵᠥ᠂ ᠠᠮᠢ ᠠᠬᠤᠢ ᠶᠢᠨ | ᠣᠷᠴᠢᠨ ᠳᠣᠭᠤᠷᠢᠨ ᠢ ᠥᠷᠬᠦᠯᠵᠢᠯᠠᠬᠦᠯᠥᠨ ᠰᠠᠶᠢᠵᠢᠷᠠᠭᠤᠯᠬᠤ ᠶᠢ ᠠᠬᠢᠭᠤᠯᠬᠤ ᠬᠡᠷᠡᠭᠳᠡᠢ᠃ ᠨᠠᠬᠦᠷᠡᠰᠣᠨ ᠠᠭᠤᠷᠬᠠᠢ ᠶᠢᠨ ᠨᠡᠬᠦᠷᠡᠰᠣ ᠬᠠᠳᠠᠭᠠᠯᠠᠬᠤ | ᠳᠥᠬᠦᠬᠡᠷᠣᠮᠵᠢ᠂ ᠰᠠᠯᠬᠢ ᠬᠠᠯᠬᠠᠯᠠᠵᠥ ᠳᠣᠭᠤᠰᠣ ᠳᠠᠷᠣᠬᠤ ᠳᠥᠬᠦᠬᠡᠷᠣᠮᠵᠢ ᠪᠠ ᠪᠤᠵᠠᠷ ᠣᠰᠣ ᠰᠢᠢᠳᠪᠤᠷᠢᠯᠠᠬᠦ ᠳᠥᠬᠦᠬᠡᠷᠣᠮᠵᠢ ᠶᠢᠨ ᠪᠠᠶᠢᠭᠤᠯᠣᠯᠳᠠ ᠶᠢ | ᠴᠢᠩᠭᠠᠳᠬᠠᠵᠥ᠂ ᠵᠠᠳᠠᠭᠠᠢ ᠨᠡᠬᠦᠷᠡᠰᠣᠨ ᠠᠭᠤᠷᠬᠠᠢ ᠶᠢᠨ ᠳᠣᠭᠤᠷᠢᠭ ᠲᠠᠬᠢ ᠳᠠᠬᠢᠨ ᠬᠠᠭᠠᠯᠪᠤᠷᠢᠯᠠᠵᠥ ᠨᠣᠭᠤᠭᠠᠷᠠᠭᠤᠯᠬᠤ ᠠᠵᠢᠯ ᠢ ᠰᠠᠶᠢᠳᠣᠷ ᠠᠳᠬᠤᠵᠥ᠂ | ᠨᠣᠭᠤᠭᠠᠨ ᠥᠩᠬᠡᠳᠣ ᠠᠭᠤᠷᠬᠠᠢ ᠶᠢᠨ ᠳᠣᠭᠤᠷᠢᠭ ᠢ ᠪᠤᠢ ᠪᠤᠯᠭᠠᠬᠤ ᠬᠡᠷᠡᠭᠳᠡᠢ᠃ ᠤᠢ ᠡᠯᠡᠰᠣᠨ ᠤ ᠠᠵᠥ ᠥᠢᠯᠡᠰ ᠢ ᠢᠳᠡᠪᠬᠢᠳᠡᠢ ᠬᠥᠭᠵᠢᠬᠦᠯᠥᠨ᠎ᠠ᠃ ᠠᠮᠢ | ᠠᠬᠤᠢ ᠶᠢᠨ ᠪᠥᠳᠣᠬᠡᠨ ᠪᠠᠶᠢᠭᠤᠯᠣᠯᠳᠠ ᠶᠢᠨ ᠠᠵᠥ ᠠᠬᠤᠢ ᠶᠢᠨ ᠥᠷ᠎ᠠ ᠠᠰᠢᠭ ᠪᠠ ᠰᠥᠷᠬᠡᠣ ᠳᠠᠶᠢᠴᠢᠯᠠᠬᠤ ᠴᠢᠳᠠᠪᠤᠷᠢ ᠶᠢ ᠥᠨᠠᠨᠬᠦ ᠳᠡᠬᠡᠭᠰᠢᠯᠡᠬᠦᠯᠬᠦ ᠬᠡᠷᠡᠭᠳᠡᠢ᠃ | ︵ᠵᠢᠷᠭᠤᠭ᠎ᠠ︶ ᠣᠯᠠᠨ ᠨᠠᠶᠢᠳᠠ ᠶᠢᠨ ᠡᠳ᠋ ᠤᠨ ᠵᠠᠰᠠᠭ ᠤᠨ ᠪᠠᠯᠠ ᠤᠷᠤᠭᠤᠯᠤᠯᠲᠠ ᠶᠢᠨ ᠬᠥᠴᠣᠯᠠᠴᠠ ᠶᠢ ᠨᠡᠮᠡᠭᠳᠡᠬᠦᠯᠵᠥ᠂ ᠡᠶ᠎ᠡ ᠵᠤᠬᠢᠴᠠᠯ ᠲᠠᠢ | ᠣᠷᠳᠣᠰ ᠢ ᠳᠥᠷᠬᠡᠬᠡᠨ ᠪᠠᠶᠢᠭᠤᠯᠬᠤ ᠬᠡᠷᠡᠭᠳᠡᠢ᠃ ᠠᠷᠠᠳ ᠣᠯᠠᠨ ᠤ ᠵᠣᠯ ᠵᠢᠷᠭᠠᠯ ᠡᠷᠡᠬᠦᠯ ᠮᠠᠨᠳᠣ ᠶᠢ ᠵᠠᠰᠠᠭ ᠤᠨ ᠣᠷᠳᠣᠨ ᠤ ᠠᠵᠢᠯ ᠤᠨ ᠥᠨᠳᠣᠰᠣ | ᠪᠤᠯᠭᠠᠵᠥ᠂ ᠠᠷᠠᠳ ᠢᠶᠠᠨ ᠪᠠᠶᠠᠵᠢᠭᠤᠯᠬᠤ ᠪᠠ ᠬᠤᠳᠠ ᠪᠠᠨ ᠬᠥᠴᠣᠷᠬᠡᠭᠵᠢᠬᠦᠯᠬᠦ ᠶᠢ ᠵᠠᠷᠬᠡᠪᠡᠷ ᠴᠢᠬᠤᠯᠠᠴᠢᠯᠠᠬᠤ ᠶᠢ ᠪᠠᠷᠢᠮᠳᠠᠯᠠᠨ᠂ ᠳᠥᠷᠢᠮ ᠤᠨ ᠪᠠᠶᠢᠭᠤᠯᠣᠯᠳᠠ | ᠶᠢᠨ ᠣᠷᠮᠠᠰᠢᠭᠤᠯᠬᠤ ᠴᠢᠨᠠᠷ ᠪᠠ ᠪᠠᠳᠣᠯᠠᠭ᠎ᠠ ᠶᠢᠨ ᠰᠢᠰᠲ᠋ᠧᠮᠵᠢ ᠶᠢᠨ ᠪᠠᠶᠢᠭᠤᠯᠣᠯᠳᠠ ᠶᠢᠨ ᠳᠥᠬᠡᠮᠡᠯ ᠬᠠᠷᠠᠭᠠᠯᠵᠠᠯ ᠤᠨ ᠴᠢᠨᠠᠷ ᠢ ᠨᠠᠩ ᠴᠢᠬᠤᠯᠠᠴᠢᠯᠠᠵᠥ᠂ ︽ | ᠳᠠᠪᠤ ᠲᠠᠢ ᠪᠠᠶᠢᠬᠤ︾ ᠪᠠᠳᠣᠯᠠᠭ᠎ᠠ ᠶᠢᠨ ᠬᠢᠷᠢ ᠳᠥᠪᠰᠢᠨ ᠢ ᠴᠢᠷᠮᠠᠶᠢᠨ ᠳᠡᠬᠡᠭᠰᠢᠯᠡᠬᠦᠯᠬᠦ ᠬᠡᠷᠡᠭᠳᠡᠢ᠃ ᠡᠨᠡ ᠵᠢᠯ 20 ᠪᠤᠳᠠᠳᠣ ᠶᠠᠪᠤᠳᠠᠯ ᠢ ᠰᠠᠶᠢᠳᠣᠷ ᠬᠢᠬᠦ ᠪᠠᠷ | ᠭᠠᠷᠳᠠᠬᠤ ᠴᠡᠭ ᠪᠤᠯᠭᠠᠵᠥ᠂ ᠳᠣᠯᠣᠭᠠᠨ ᠳᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠳᠣᠷ ᠠᠳᠬᠤᠬᠤ ᠬᠡᠷᠡᠭᠳᠡᠢ᠃ | ᠨᠢᠬᠡ ᠳᠤ ᠰᠣᠷᠭᠠᠨ ᠬᠥᠮᠣᠵᠢᠯ ᠤᠨ ᠥᠢᠯᠡᠰ ᠢ ᠣᠷᠢᠳᠠᠪᠠᠷ ᠭᠦᠭᠵᠢᠬᠦᠯᠦᠨ᠎ᠡ᠃ ᠳᠣᠮᠳᠠᠳᠣ ᠪᠠᠭ᠎ᠠ ᠰᠣᠷᠭᠠᠭᠤᠯᠢ ᠶᠢᠨ ᠰᠣᠷᠣᠭᠴᠢ ᠶᠢᠨ ᠪᠠᠶᠢᠷᠢ ᠶᠢᠨ | ᠠᠮᠣᠷ ᠳᠥᠪᠰᠢᠨ ᠢ ᠪᠠᠳᠣᠯᠠᠬᠤ ᠥᠬᠡᠷᠡᠴᠢᠯᠠᠨ ᠵᠠᠰᠠᠬᠤ ᠪᠠᠷᠢᠯᠭ᠎ᠠ ᠶᠢ ᠪᠥᠬᠦ ᠳᠠᠯ᠎ᠠ ᠪᠠᠷ ᠪᠠᠶᠠᠯᠠᠬᠦᠯᠵᠥ᠂ ᠪᠥᠬᠦ ᠬᠤᠳᠠ ᠶᠢᠨ ᠲᠤᠮᠳᠠ ᠪᠠᠭ᠎ᠠ ᠰᠣᠷᠭᠠᠭᠤᠯᠢ ᠶᠢᠨ | ᠰᠣᠷᠣᠭᠴᠢ ᠶᠢᠨ ᠪᠠᠶᠢᠷᠢ ᠶᠢ ᠣᠷᠢᠳᠴᠢᠯᠠᠨ ᠨᠢᠬᠡ ᠵᠢᠯ ᠳᠤ ᠣᠯᠣᠰ ᠤᠨ ᠳᠣᠷᠬᠢᠯᠳᠠ ᠳᠠᠭᠠᠭᠠᠬᠤ ᠰᠢᠨ᠎ᠠ ᠪᠠᠷᠢᠮᠵᠢᠶᠠᠨ ᠳᠤ ᠬᠥᠷᠬᠡᠨ᠎ᠡ᠃ ᠪᠠᠭᠰᠢ ᠶᠢᠨ ᠡᠩᠨᠡᠭᠡ | ᠪᠠ ᠬᠠᠮᠢᠶᠠᠷᠣᠯᠳᠠ ᠶᠢᠨ ᠪᠥᠯᠬᠦᠮ ᠨᠠᠶᠢᠳᠠ ᠶᠢᠨ ᠪᠠᠶᠢᠭᠤᠯᠣᠯᠳᠠ ᠶᠢ ᠴᠢᠩᠭᠠᠳᠬᠠᠵᠥ᠂ ᠬᠡᠪ ᠴᠢᠨᠠᠷ ᠤᠨ ᠬᠥᠮᠣᠵᠢᠯ ᠢ ᠪᠥᠬᠦ ᠳᠠᠯ᠎ᠠ ᠪᠠᠷ ᠠᠬᠢᠭᠤᠯᠣᠨ᠂ | ᠰᠣᠷᠭᠠᠭᠤᠯᠢ ᠡᠷᠬᠢᠯᠡᠬᠦ ᠬᠢᠷᠢ ᠳᠥᠪᠰᠢᠨ ᠢ ᠣᠯᠠᠮ ᠨᠢᠬᠡ ᠠᠯᠬᠤᠮ ᠳᠡᠬᠡᠭᠰᠢᠯᠡᠬᠦᠯᠬᠦ ᠬᠡᠷᠡᠭᠳᠡᠢ᠃ ᠪᠥᠬᠦ ᠬᠤᠳᠠ ᠳᠤ 12 ᠵᠢᠯ ᠤᠨ ᠰᠥᠢᠳᠬᠡᠯ ᠬᠤᠷᠢᠶᠠᠬᠤ ᠥᠬᠡᠢ | ᠰᠣᠷᠭᠠᠨ ᠬᠥᠮᠣᠵᠢᠯ ᠢ ᠳᠡᠯᠬᠡᠷᠡᠬᠦᠯᠵᠥ᠂ ᠣᠷᠳᠣᠰ ᠨᠤᠳᠣᠭᠳᠠᠢ ᠥᠨᠳᠣᠷ ᠳᠣᠮᠳᠠ ᠶᠢᠨ ᠰᠣᠷᠣᠭᠴᠢᠳ ᠤᠨ ᠰᠣᠷᠣᠯᠭ᠎ᠠ ᠶᠢᠨ ᠰᠥᠢᠳᠬᠡᠯ ᠪᠠ ᠵᠢᠭᠠᠨ ᠰᠣᠷᠭᠠᠬᠤ | ᠮᠠᠲ᠋ᠧᠷᠢᠶᠠᠯ ᠤᠨ ᠰᠥᠢᠳᠬᠡᠯ ᠢ ᠨᠢ ᠬᠡᠯᠳᠣᠷᠢᠬᠦᠯᠥᠨᠠ᠃ ᠥᠨᠳᠣᠰᠣᠳᠠᠨ ᠤ ᠰᠣᠷᠭᠠᠨ ᠬᠥᠮᠣᠵᠢᠯ ᠤᠨ ᠳᠠᠮᠵᠢᠬᠦ ᠬᠥᠴᠣᠯᠠᠴᠠ ᠪᠠᠨ ᠨᠡᠮᠡᠭᠳᠡᠬᠦᠯᠵᠥ᠂ | ᠠᠯᠪᠠᠨ ᠠᠴᠠ ᠡᠷᠬᠢᠯᠡᠭᠰᠡᠨ ᠮᠤᠩᠭᠤᠯ ᠢᠶᠠᠷ ᠬᠢᠴᠢᠶᠠᠯᠯᠠᠵᠥ ᠪᠠᠶᠢᠭ᠎ᠠ ᠬᠡᠣᠬᠡᠳ ᠤᠨ ᠠᠰᠠᠷᠠᠨ ᠬᠥᠮᠣᠵᠢᠬᠦᠯᠬᠦ ᠰᠥᠢᠳᠬᠡᠯ ᠪᠠ ᠬᠢᠴᠢᠶᠠᠯ ᠤᠨ ᠪᠢᠴᠢᠭ ᠤᠨ | ᠰᠥᠢᠳᠬᠡᠯ ᠢ ᠬᠡᠯᠳᠣᠷᠢᠬᠦᠯᠵᠥ᠂ ᠠᠮᠢᠳᠣᠷᠠᠯ ᠤᠨ ᠰᠥᠢᠳᠬᠡᠯ ᠢ ᠨᠢ ᠨᠥᠬᠦᠪᠤᠷᠢᠯᠠᠨ᠎ᠠ︔ ᠮᠣᠩᠭᠤᠯ ᠥᠨᠳᠣᠰᠣᠳᠠᠨ ᠤ ᠰᠣᠷᠣᠭᠴᠢᠳ ᠶᠡᠭᠡ ᠰᠣᠷᠭᠠᠭᠤᠯᠢ ᠶᠢᠨ | ᠳᠣᠰᠬᠠᠢ ᠮᠡᠷᠬᠡᠵᠢᠯ ᠤᠨ ᠠᠩᠬᠢ᠂ ᠡᠩ ᠤᠨ ᠵᠢᠩᠬᠢᠨᠢ ᠠᠩᠬᠢ ᠪᠠ ᠣᠯᠣᠰ ᠤᠨ ᠭᠤᠤᠯᠳᠠᠯᠭ᠎ᠠ ᠲᠠᠢ ᠵᠢᠩᠬᠢᠨᠢ ᠠᠩᠬᠢ ᠶᠢᠨ ᠳᠡᠬᠡᠳᠣ ᠰᠣᠷᠭᠠᠭᠤᠯᠢ ᠳᠤ | ᠰᠢᠯᠭᠠᠭᠳᠠᠪᠠᠯ ᠬᠥᠮᠤᠨ ᠪᠤᠯᠭᠠᠨ ᠳᠤ ᠵᠢᠯ ᠪᠥᠷᠢ 3000 ᠳᠥᠬᠦᠷᠢᠭ᠂ 5000 ᠳᠥᠬᠦᠷᠢᠭ ᠪᠠ 7000 ᠳᠥᠬᠦᠷᠢᠭ ᠤᠨ ᠨᠥᠬᠦᠪᠤᠷᠢ ᠣᠯᠭᠤᠨ᠎ᠠ᠃ ᠠᠵᠢᠯ | ᠮᠡᠷᠬᠡᠵᠢᠯ ᠤᠨ ᠰᠣᠷᠭᠠᠨ ᠬᠥᠮᠣᠵᠢᠯ ᠢ ᠶᠡᠬᠡᠪᠡᠷ ᠬᠥᠭᠵᠢᠬᠦᠯᠥᠨ᠂ ᠠᠵᠢᠯ ᠮᠡᠷᠬᠡᠵᠢᠯ ᠤᠨ ᠳᠡᠬᠡᠳᠣ ᠰᠣᠷᠭᠠᠭᠤᠯᠢ ᠶᠢᠨ ᠰᠢᠨᠵᠢᠯᠡᠬᠡᠨ ᠤ ᠪᠠᠶᠢᠭᠤᠯᠤᠯᠲᠠ ᠪᠠ | ᠲᠠᠳᠤᠯᠭ᠎ᠠ ᠪᠤᠯᠪᠠᠰᠣᠷᠠᠯ ᠤᠨ ᠰᠠᠭᠤᠷᠢᠨ ᠭᠠᠵᠠᠷ ᠤᠨ ᠪᠠᠶᠢᠭᠤᠯᠤᠯᠲᠠ ᠶᠢ ᠴᠢᠩᠭᠠᠳᠬᠠᠵᠤ᠂ ᠮᠡᠷᠬᠡᠵᠢᠯ ᠤᠨ ᠠᠵᠢᠯᠴᠢᠨ ᠪᠠ ᠬᠡᠷᠡᠭᠯᠡᠬᠡᠨ ᠤ ᠴᠢᠳᠠᠪᠤᠷᠢᠳᠠᠨ ᠢ | ᠶᠡᠭᠡ ᠬᠡᠪᠴᠢᠶ᠎ᠠ ᠪᠠᠷ ᠬᠥᠮᠣᠵᠢᠬᠦᠯᠬᠦ ᠬᠡᠷᠡᠭᠳᠡᠢ᠃ ᠳᠡᠬᠡᠳᠣ ᠵᠡᠷᠬᠡ ᠶᠢᠨ ᠰᠣᠷᠭᠠᠨ ᠬᠥᠮᠣᠵᠢᠯ ᠤᠨ ᠰᠣᠷᠭᠠᠭᠤᠯᠢ ᠡᠷᠬᠢᠯᠡᠬᠦ ᠬᠢᠷᠢ ᠳᠥᠪᠰᠢᠨ ᠢ ᠳᠡᠬᠡᠭᠰᠢᠯᠡᠬᠦᠯᠥᠨ᠂ | ᠥᠪᠤᠷ ᠮᠣᠩᠭᠤᠯ ᠤᠨ ᠶᠡᠭᠡ ᠰᠣᠷᠭᠠᠭᠤᠯᠢ ᠶᠢᠨ ᠣᠷᠳᠣᠰ ᠳᠡᠬᠡᠳᠣ ᠰᠣᠷᠭᠠᠭᠤᠯᠢ ᠪᠠ ᠬᠤᠳᠠ ᠶᠢᠨ ᠠᠵᠢᠯ ᠮᠡᠷᠬᠡᠵᠢᠯ ᠤᠨ ᠳᠡᠬᠡᠳᠣ ᠰᠣᠷᠭᠠᠭᠤᠯᠢ ᠶᠢᠨ ᠰᠣᠷᠣᠭᠴᠢ | ᠡᠯᠰᠡᠬᠦ ᠬᠡᠪᠴᠢᠶ᠎ᠠ ᠶᠢ ᠥᠷᠬᠡᠳᠬᠡᠵᠥ᠂ ᠨᠠᠯᠢᠶᠠᠳ ᠪᠥᠷᠢᠨ ᠳᠥᠬᠦᠷᠴᠢᠯᠡᠭᠰᠡᠨ ᠶᠡᠭᠡ ᠰᠣᠷᠭᠠᠭᠤᠯᠢ ᠶᠢᠨ ᠰᠣᠷᠭᠠᠨ ᠬᠥᠮᠣᠵᠢᠯ ᠤᠨ ᠰᠢᠰᠲ᠋ᠧᠮᠵᠢ ᠶᠢ ᠥᠳᠳᠡᠷ | ᠳᠥᠷᠬᠡᠨ ᠪᠤᠢ ᠪᠤᠯᠭᠠᠬᠤ ᠬᠡᠷᠡᠭᠳᠡᠢ᠃ | ᠬᠤᠶᠠᠷ ᠲᠤ ᠤᠯᠠᠨ ᠨᠠᠶᠢᠳᠠ ᠶᠢᠨ ᠡᠷᠡᠬᠦᠯ ᠬᠠᠮᠠᠭᠠᠯᠠᠯ ᠪᠠ ᠡᠮᠨᠡᠯᠬᠡ ᠶᠢᠨ ᠥᠢᠯᠡᠴᠢᠯᠡᠬᠡᠨ ᠤ ᠰᠢᠰᠲ᠋ᠧᠮᠵᠢ ᠶᠢ ᠣᠯᠠᠮ ᠨᠢᠬᠡ ᠠᠯᠬᠤᠮ | ᠲᠡᠭᠦᠯᠳᠡᠷᠵᠢᠬᠦᠯᠦᠨ᠎ᠡ᠃ ᠣᠯᠠᠨ ᠨᠠᠶᠢᠳᠠ ᠶᠢᠨ ᠡᠮᠨᠡᠯᠬᠡ ᠡᠷᠡᠬᠦᠯ ᠬᠠᠮᠠᠭᠠᠯᠠᠯ ᠤᠨ ᠨᠠᠶᠢᠳᠠ ᠶᠢᠨ ᠠᠰᠠᠷᠠᠮᠵᠢ ᠶᠢᠨ ᠰᠢᠨᠵᠢ ᠴᠢᠨᠠᠷ ᠢ ᠪᠠᠷᠢᠮᠳᠠᠯᠠᠵᠥ᠂ ᠡᠮᠨᠡᠯᠬᠡ | ᠡᠷᠡᠬᠦᠯ ᠬᠠᠮᠠᠭᠠᠯᠠᠯ ᠤᠨ ᠥᠢᠯᠡᠴᠢᠯᠡᠬᠡᠨ ᠤ ᠰᠢᠰᠲ᠋ᠧᠮᠵᠢ ᠶᠢᠨ ᠪᠥᠳᠣᠬᠡᠨ ᠪᠠᠶᠢᠭᠤᠯᠣᠯᠳᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ ᠵᠢᠯ ᠤᠨ | ᠲᠤᠳᠤᠷ᠎ᠠ ᠣᠷᠳᠣᠰ ᠡᠮᠨᠡᠯᠬᠡ ᠶᠢᠨ ᠬᠤᠷᠢᠶ᠎ᠠ᠂ ᠣᠷᠳᠣᠰ ᠤᠨ ᠬᠢᠳᠡᠳ ᠡᠮᠨᠡᠯᠬᠡ ᠶᠢᠨ ᠬᠤᠷᠢᠶ᠎ᠠ᠂ ᠣᠷᠳᠣᠰ ᠤᠨ ᠬᠤᠶᠠᠳᠣᠭᠠᠷ ᠡᠮᠨᠡᠯᠬᠡ ᠶᠢᠨ ᠬᠤᠷᠢᠶ᠎ᠠ᠂ ᠬᠤᠳᠠ | ᠶᠢᠨ ᠡᠬᠡ ᠨᠢᠯᠬᠠᠰ ᠤᠨ ᠡᠷᠡᠬᠦᠯ ᠬᠠᠮᠠᠭᠠᠯᠠᠯ ᠤᠨ ᠬᠤᠷᠢᠶ᠎ᠠ ᠶᠢ ᠪᠠᠷᠢᠯᠭ᠎ᠠ ᠡᠬᠢᠯᠡᠬᠦᠯᠥᠨ ᠪᠥᠳᠣᠬᠡᠨ ᠪᠠᠶᠢᠭᠤᠯᠵᠥ᠂ ᠭᠠᠴᠠᠭ᠎ᠠ ᠳᠣᠰᠬᠤᠨ ᠤ ᠪᠠᠷᠢᠮᠵᠢᠶᠠᠵᠢᠭᠰᠠᠨ | ᠡᠷᠡᠬᠦᠯ ᠬᠠᠮᠠᠭᠠᠯᠠᠯ ᠤᠨ ᠳᠠᠰᠤᠭ ᠢ ᠰᠢᠨ᠎ᠠ ᠪᠠᠷ 100 ᠪᠠᠶᠢᠭᠤᠯᠵᠥ᠂ ᠬᠤᠰᠢᠭᠤ ᠪᠤᠯᠭᠠᠨ ᠨᠢᠬᠡ ᠰᠠᠭᠤᠷᠢ ᠬᠤᠶᠠᠷ ᠬᠥᠬᠡ ᠬᠡᠯᠪᠡᠷᠢ ᠶᠢᠨ ᠡᠮᠨᠡᠯᠬᠡ ᠶᠢᠨ ᠬᠤᠷᠢᠶ᠎ᠠ | ᠶᠢ ᠳᠥᠪᠯᠡᠷᠡᠬᠦᠯᠥᠨ ᠰᠠᠶᠢᠳᠣᠷ ᠪᠠᠶᠢᠭᠤᠯᠣᠨ᠂ ᠡᠮᠨᠡᠯᠬᠡ ᠡᠷᠡᠬᠦᠯ ᠬᠠᠮᠠᠭᠠᠯᠠᠯ ᠤᠨ ᠥᠢᠯᠡᠴᠢᠯᠡᠬᠡᠨ ᠤ ᠬᠢᠷᠢ ᠳᠥᠪᠰᠢᠨ ᠢ ᠥᠨᠡᠨᠬᠦ ᠳᠡᠬᠡᠭᠰᠢᠯᠡᠬᠦᠯᠬᠦ ᠬᠡᠷᠡᠭᠳᠡᠢ᠃ ᠡᠮ | ᠡᠮᠨᠡᠯᠬᠡ ᠡᠷᠡᠬᠦᠯ ᠬᠠᠮᠠᠭᠠᠯᠠᠯ ᠤᠨ ᠪᠠᠶᠢᠭᠤᠯᠣᠮᠵᠢ ᠶᠢᠨ ᠥᠬᠡᠷᠡᠴᠢᠯᠠᠯᠳᠠ ᠶᠢ ᠬᠥᠨᠵᠡᠬᠡᠶᠢᠷᠡᠬᠦᠯᠥᠨ᠂ ᠥᠨᠳᠣᠰᠣᠨ ᠱᠠᠳᠣᠨ ᠤ ᠠᠯᠪᠠᠨ ᠠᠴᠠ ᠪᠠᠶᠢᠭᠤᠯᠣᠭᠰᠠᠨ | ᠡᠮᠨᠡᠯᠬᠡ ᠶᠢᠨ ᠪᠠᠶᠢᠭᠤᠯᠣᠮᠵᠢ ᠶᠢᠨ ᠡᠮ ᠤᠨ ᠵᠥᠢᠯ ᠢ ︽ᠵᠥᠷᠢᠶᠠᠨ ᠤ ᠥᠨ᠎ᠠ ᠥᠬᠡᠢ︾ ᠪᠠᠷ ᠪᠤᠷᠣᠯᠠᠭᠤᠯᠬᠤ ᠶᠢ ᠪᠠᠶᠠᠯᠠᠬᠦᠯᠥᠨ᠎ᠠ᠃ ᠥᠨᠳᠣᠰᠣᠨ ᠱᠠᠳᠣᠨ ᠤ | ᠡᠮᠨᠡᠯᠬᠡ ᠶᠢᠨ ᠪᠠᠳᠣᠯᠠᠭ᠎ᠠ ᠶᠢᠨ ᠬᠢᠷᠢ ᠳᠥᠪᠰᠢᠨ ᠢ ᠣᠯᠠᠮ ᠨᠢᠬᠡ ᠠᠯᠬᠤᠮ ᠳᠡᠬᠡᠭᠰᠢᠯᠡᠬᠦᠯᠵᠥ᠂ ᠪᠥᠬᠦ ᠬᠤᠳᠠ ᠶᠢᠨ ᠬᠤᠳᠠ ᠪᠠᠯᠭᠠᠰᠣᠨ ᠤ ᠠᠵᠢᠯᠳᠠᠨ ᠠᠵᠢᠯᠴᠢᠨ | ᠪᠠ ᠬᠤᠳᠠ ᠪᠠᠯᠭᠠᠰᠣᠨ ᠤ ᠰᠠᠭᠤᠭᠠᠯᠢ ᠠᠷᠠᠳ ᠤᠨ ᠥᠨᠳᠣᠰᠣᠨ ᠡᠮ ᠡᠮᠨᠡᠯᠬᠡ ᠶᠢᠨ ᠳᠠᠭᠠᠳᠬᠠᠯ ᠤᠨ ᠨᠢᠬᠡᠳᠣᠯᠳᠡᠢ ᠳᠥᠯᠣᠪᠯᠡᠬᠦ ᠰᠠᠭᠤᠷᠢ ᠮᠥᠩᠬᠦ ᠶᠢᠨ | ᠬᠠᠮᠤᠭ ᠤᠨ ᠥᠨᠳᠣᠷ ᠳᠠᠩᠰᠠᠨ ᠠᠴᠠ ᠳᠠᠶᠢᠯᠬᠤ ᠬᠡᠮᠵᠢᠶᠠᠨ ᠤ ᠬᠢᠵᠠᠭᠠᠷ ᠢ ᠳᠣᠰᠪᠤᠷᠢ 22 ᠳᠥᠮᠠᠨ ᠳᠥᠬᠦᠷᠢᠭ ᠪᠤᠯᠣᠨ 8 ᠳᠥᠮᠠᠨ ᠳᠥᠬᠦᠷᠢᠭ ᠪᠤᠯᠭᠠᠨ | ᠳᠡᠬᠡᠭᠰᠢᠯᠡᠬᠦᠯᠵᠥ᠂ ᠮᠠᠯᠵᠢᠬᠤ ᠳᠠᠷᠢᠶᠠᠯᠠᠬᠤ ᠣᠷᠣᠨ ᠤ ᠰᠢᠨ᠎ᠠ ᠬᠡᠯᠪᠡᠷᠢ ᠶᠢᠨ ᠬᠤᠷᠰᠢᠭᠰᠠᠨ ᠡᠮ ᠡᠮᠨᠡᠯᠬᠡ ᠶᠢᠨ ᠬᠥᠮᠣᠨ ᠳᠣᠮᠳᠠᠴᠢ ᠶᠢᠨ ᠬᠤᠷᠠᠮᠳᠣᠯᠭ᠎ᠠ ᠶᠢᠨ | ᠮᠥᠩᠬᠦᠨ ᠤ ᠪᠠᠷᠢᠮᠵᠢᠶ᠎ᠠ ᠪᠤᠯᠣᠨ ᠳᠠᠩᠰᠠᠨ ᠠᠴᠠ ᠳᠠᠶᠢᠯᠬᠤ ᠬᠠᠮᠤᠭ ᠤᠨ ᠥᠨᠳᠣᠷ ᠬᠢᠵᠠᠭᠠᠷ ᠢ 190 ᠳᠥᠬᠦᠷᠢᠭ ᠪᠠ 8 ᠳᠥᠮᠠᠨ ᠳᠥᠬᠦᠷᠢᠭ ᠪᠤᠯᠭᠠᠨ | ᠳᠡᠬᠡᠭᠰᠢᠯᠡᠬᠦᠯᠵᠥ᠂ ᠬᠤᠷᠰᠢᠭᠰᠠᠨ ᠡᠮ ᠡᠮᠨᠡᠯᠬᠡ ᠳᠠᠬᠢ ᠮᠤᠩᠭᠤᠯ ᠥᠨᠳᠣᠰᠣᠳᠠᠨ ᠤ ᠮᠠᠯᠴᠢᠨ ᠳᠡᠷᠢᠶᠡᠴᠢᠨ ᠤ ᠬᠤᠪᠢ ᠬᠥᠮᠤᠨ ᠤ ᠡᠬᠦᠷᠬᠡᠯᠡᠬᠦ ᠬᠡᠰᠡᠭ ᠢ ᠵᠠᠰᠠᠭ | ᠤᠨ ᠤᠷᠳᠣᠨ ᠠᠴᠠ ᠣᠷᠣᠯᠠᠵᠥ ᠳᠣᠰᠢᠶᠠᠨ᠎ᠠ᠃ ᠮᠣᠩᠭᠤᠯ ᠬᠢᠳᠠᠳ ᠡᠮ ᠡᠮᠨᠡᠯᠬᠡ ᠶᠢᠨ ᠥᠢᠯᠡᠰ ᠤᠨ ᠬᠥᠭᠵᠢᠯᠳᠡ ᠶᠢ ᠢᠳᠡᠪᠬᠢᠳᠡᠢ ᠠᠬᠢᠭᠤᠯᠬᠤ ᠬᠡᠷᠡᠭᠳᠡᠢ᠃ | ᠪᠥᠬᠦ ᠠᠷᠠᠳ ᠤᠨ ᠡᠷᠡᠬᠦᠯ ᠴᠢᠬᠢᠷᠠᠭ ᠢ ᠠᠬᠢᠭᠤᠯᠬᠤ ᠪᠠᠷᠢᠯᠭ᠎ᠠ ᠶᠢ ᠵᠤᠬᠢᠶᠠᠨ ᠪᠠᠶᠢᠭᠤᠯᠣᠨ ᠬᠡᠷᠡᠭᠵᠢᠬᠦᠯᠵᠥ᠂ ᠨᠢᠬᠡᠨᠳᠡ ᠬᠤᠷᠢᠮᠯᠠᠭᠰᠠᠨ ᠬᠥᠩᠬᠡᠵᠢᠬᠦ ᠨᠠᠰᠣᠨ ᠤ | ᠡᠮᠡᠭᠳᠡᠶᠢᠴᠣᠳ ᠲᠤ ᠰᠥᠢᠳᠬᠡᠯ ᠬᠤᠷᠢᠶᠠᠬᠤ ᠥᠬᠡᠢ ᠪᠠᠷ ᠬᠡᠪᠡᠯᠢ ᠪᠠ ᠬᠥᠬᠦᠨ ᠤ ᠥᠮᠠᠨ ᠤ ᠰᠢᠯᠭᠠᠨ ᠪᠠᠶᠢᠴᠠᠭᠠᠯᠳᠠ ᠬᠢᠬᠦ ᠶᠢ ᠬᠡᠷᠡᠭᠵᠢᠬᠦᠯᠬᠦ ᠬᠡᠷᠡᠭᠳᠡᠢ᠃ ᠬᠥᠮᠣᠨ | ᠠᠮᠠ ᠬᠢᠬᠡᠳ ᠳᠥᠯᠣᠪᠯᠡᠬᠡᠳᠡᠢ ᠪᠠᠷ ᠬᠡᠤᠬᠡᠳ ᠠᠪᠬᠤ ᠠᠵᠢᠯ ᠢ ᠴᠢᠩᠭᠠᠳᠬᠠᠵᠥ᠂ ᠳᠣᠣᠷ᠎ᠠ ᠥᠷᠡᠵᠢᠯ ᠤᠨ ᠬᠢᠷᠢ ᠳᠥᠪᠰᠢᠨ ᠢ ᠳᠣᠭᠳᠠᠪᠤᠷᠢᠵᠢᠭᠤᠯᠤᠨ᠂ | ᠳᠥᠷᠣᠯᠳᠠ ᠶᠢᠨ ᠬᠥᠮᠣᠨ ᠠᠮᠠ ᠶᠢᠨ ᠬᠡᠪ ᠴᠢᠨᠠᠷ ᠢ ᠳᠡᠬᠡᠭᠰᠢᠯᠡᠬᠦᠯᠬᠦ ᠬᠡᠷᠡᠭᠳᠡᠢ᠃ | ᠭᠤᠷᠪᠠ ᠳᠤ ᠰᠣᠶᠣᠯ ᠪᠠᠶ᠎ᠠ ᠳᠠᠮᠢᠷ ᠤᠨ ᠥᠢᠯᠡᠰ ᠢ ᠶᠡᠬᠡᠪᠡᠷ ᠴᠡᠴᠡᠭᠯᠡᠬᠦᠯᠥᠨ ᠭᠦᠭᠵᠢᠬᠦᠯᠦᠨ᠎ᠡ᠃ ᠣᠯᠠᠨ ᠨᠠᠶᠢᠳᠠ ᠶᠢᠨ ᠰᠣᠶᠣᠯ ᠤᠨ ᠥᠢᠯᠡᠴᠢᠯᠡᠬᠡᠨ | ᠤ ᠰᠠᠭᠤᠷᠢ ᠳᠥᠬᠦᠬᠡᠷᠣᠮᠵᠢ ᠶᠢᠨ ᠪᠥᠳᠣᠬᠡᠨ ᠪᠠᠶᠢᠭᠤᠯᠣᠯᠳᠠ ᠶᠢ ᠴᠢᠩᠭᠠᠳᠬᠠᠵᠥ᠂ 27 ᠶᠡᠷᠣᠩᠬᠡᠶᠢᠯᠡᠭᠰᠡᠨ ᠰᠣᠶᠣᠯ ᠤᠨ ᠳᠠᠰᠤᠭ᠂ 100 ᠪᠠᠷᠢᠮᠵᠢᠶᠠᠵᠢᠭᠰᠠᠨ | ᠰᠣᠶᠣᠯ ᠤᠨ ᠥᠷᠣᠬᠡ ᠶᠢ ᠰᠢᠨ᠎ᠠ ᠪᠠᠷ ᠪᠠᠶᠢᠭᠤᠯᠵᠥ᠂ ᠰᠣᠶᠣᠯ ᠤᠨ ᠴᠢᠮᠡᠭᠡ ᠵᠠᠩᠬᠢ ᠶᠢᠨ ᠡᠬᠢ ᠪᠠᠶᠠᠯᠢᠭ ᠢ ᠬᠠᠮᠳᠣᠪᠠᠷ ᠡᠳ᠋ᠯᠡᠬᠦ ᠪᠠᠷᠢᠯᠭ᠎ᠠ ᠶᠢ ᠬᠤᠰᠢᠭᠤ | ᠳᠣᠭᠤᠷᠢᠭ ᠲᠤ ᠪᠥᠬᠦ ᠳᠠᠯ᠎ᠠ ᠪᠠᠷ ᠪᠠᠶᠠᠯᠠᠬᠦᠯᠵᠥ᠂ ᠠᠷᠠᠳ ᠣᠯᠠᠨ ᠤ ᠡᠳᠣᠷ ᠢᠷᠡᠬᠦᠶ᠎ᠠ ᠨᠡᠮᠡᠭᠳᠡᠵᠥ ᠪᠠᠶᠢᠭ᠎ᠠ ᠰᠣᠶᠣᠯ ᠤᠨ ᠬᠡᠷᠡᠭᠴᠡᠭᠡ ᠱᠠᠭᠠᠷᠳᠠᠯᠭ᠎ᠠ ᠶᠢ | ᠬᠠᠩᠭᠠᠬᠤ ᠬᠡᠷᠡᠭᠳᠡᠢ᠃ ᠥᠨᠳᠣᠰᠣᠳᠠᠨ ᠤ ᠰᠣᠶᠣᠯ ᠤᠨ ᠣᠯᠠᠮᠵᠢᠯᠠᠨ ᠵᠠᠯᠭᠠᠮᠵᠢᠯᠠᠬᠤ ᠪᠠ ᠰᠣᠶᠣᠯ ᠤᠨ ᠥᠪ ᠬᠥᠷᠣᠩᠬᠡ ᠶᠢᠨ ᠬᠠᠮᠠᠭᠠᠯᠠᠯᠳᠠ ᠶᠢ ᠴᠢᠩᠭᠠᠳᠬᠠᠵᠥ | ᠂ ᠥᠨᠳᠣᠰᠣᠳᠠᠨ ᠤ ᠪᠥᠯᠬᠦᠮᠳᠠᠯ ᠤᠨ ᠬᠥᠮᠣᠵᠢᠯ ᠤᠨ ᠰᠠᠭᠤᠷᠢᠨ ᠭᠠᠵᠠᠷ ᠪᠠ ᠳᠣᠮᠳᠠᠳᠣ ᠣᠯᠣᠰ ᠤᠨ ᠴᠥᠬᠡᠨ ᠳᠣᠭᠠᠳᠣ ᠥᠨᠳᠣᠰᠣᠳᠠᠨ ᠤ ᠰᠣᠶᠣᠯ ᠤᠨ | ᠰᠣᠯᠢᠯᠴᠠᠭᠠᠨ ᠤ ᠳᠥᠪ ᠢ ᠪᠠᠶᠢᠭᠤᠯᠣᠨ᠎ᠠ᠃ ᠬᠤᠳᠠ ᠬᠥᠳᠡᠭᠡ ᠶᠢᠨ ᠨᠠᠶᠢᠬᠡᠮ ᠳᠣᠭᠤᠷᠢᠭ ᠤᠨ ᠣᠯᠠᠨ ᠨᠠᠶᠢᠳᠠ ᠶᠢᠨ ᠪᠠᠶ᠎ᠠ ᠳᠠᠮᠢᠷ ᠤᠨ ᠳᠥᠬᠦᠬᠡᠷᠣᠮᠵᠢ ᠶᠢ | ᠨᠡᠮᠡᠭᠳᠡᠬᠦᠯᠵᠥ᠂ ᠰᠣᠮᠣ ᠰᠢᠶᠠᠩ ᠪᠠᠯᠭᠠᠰᠣᠨ ᠤ ᠪᠥᠬᠦ ᠠᠷᠠᠳ ᠤᠨ ᠪᠠᠶ᠎ᠠ ᠪᠠᠨ ᠴᠢᠬᠢᠷᠠᠭᠵᠢᠭᠤᠯᠬᠤ ᠵᠢᠱᠢᠶ᠎ᠠ ᠥᠵᠡᠬᠦᠯᠬᠦ ᠴᠡᠭ ᠢ ᠰᠢᠨ᠎ᠠ ᠪᠠᠷ 10 ᠪᠠᠶᠢᠭᠤᠯᠤᠨ᠎ᠠ᠃ | ᠪᠥᠬᠦ ᠠᠷᠠᠳ ᠤᠨ ᠪᠠᠶ᠎ᠠ ᠴᠢᠬᠢᠷᠠᠭᠵᠢᠭᠤᠯᠬᠤ ᠬᠥᠳᠡᠯᠬᠡᠬᠡᠨ ᠢ ᠥᠷᠬᠡᠨ ᠢᠶᠠᠷ ᠥᠷᠨᠢᠬᠦᠯᠵᠥ᠂ ᠪᠦᠬᠦ ᠣᠷᠣᠨ ᠤ ᠠᠷᠪᠠᠨ ᠬᠤᠶᠠᠳᠣᠭᠠᠷ ᠬᠤᠭᠤᠴᠠᠭᠠᠨ ᠤ ᠪᠠᠶ᠎ᠠ | ᠳᠠᠮᠢᠷ ᠤᠨ ᠴᠣᠭᠯᠠᠭᠠᠨ ᠢ ᠢᠳᠡᠪᠬᠢᠳᠡᠢ ᠪᠠᠯᠠᠳᠬᠡᠵᠥ᠂ ᠣᠯᠠᠨ ᠳᠥᠮᠠᠨ ᠤ ᠪᠠᠶ᠎ᠠ ᠳᠠᠮᠢᠷ ᠪᠠ ᠥᠷᠢᠰᠣᠯᠳᠣᠬᠡᠨ ᠤ ᠪᠠᠶ᠎ᠠ ᠳᠠᠮᠢᠷ ᠢ ᠵᠤᠬᠢᠴᠠᠭᠤᠯᠣᠨ ᠬᠥᠭᠵᠢᠬᠦᠯᠬᠦ | ᠶᠢ ᠠᠬᠢᠭᠤᠯᠬᠤ ᠬᠡᠷᠡᠭᠳᠡᠢ᠃ | ᠳᠥᠷᠪᠡ ᠳᠤ ᠠᠷᠭ᠎ᠠ ᠪᠥᠬᠦᠨ ᠢ ᠰᠥᠪᠡᠭᠴᠢᠯᠠᠨ ᠠᠵᠢᠯ ᠣᠯᠭᠤᠬᠤ ᠶᠢ ᠦᠷᠭᠡᠳᠭᠡᠨ᠎ᠡ᠃ ᠢᠳᠡᠪᠬᠢᠳᠡᠢ ᠠᠵᠢᠯ ᠣᠯᠭᠤᠬᠤ ᠳᠥᠷᠣ ᠶᠢᠨ ᠪᠤᠳᠣᠯᠭ᠎ᠠ ᠶᠢ | ᠬᠡᠷᠡᠭᠵᠢᠬᠦᠯᠵᠥ᠂ ᠠᠵᠥ ᠠᠬᠤᠶᠢᠯᠠᠯ ᠤᠨ ᠬᠢᠨ ᠤ ᠳᠣᠰ ᠭᠠᠵᠠᠷ ᠤᠨ ᠴᠢᠳᠠᠪᠤᠷᠢᠳᠠᠨ ᠢ ᠰᠢᠩᠬᠡᠬᠡᠨ ᠠᠪᠴᠣ ᠠᠵᠢᠯ ᠣᠯᠭᠤᠬᠤ ᠪᠠᠶᠢᠩᠭᠤ ᠪᠥᠳᠣᠮᠵᠢᠳᠣ ᠳᠣᠭᠳᠠᠴᠠ | ᠶᠢ ᠪᠠᠶᠢᠭᠤᠯᠵᠥ᠂ ᠶᠡᠭᠡ ᠰᠣᠷᠭᠠᠭᠤᠯᠢ ᠶᠢᠨ ᠣᠶᠣᠳᠠᠨ᠂ ᠳᠠᠷᠢᠶᠠᠴᠢᠨ ᠬᠥᠯᠣᠰᠣᠨ ᠠᠵᠢᠯᠴᠢᠨ ᠪᠠ ︽ᠠᠵᠢᠯ ᠲᠠᠢ ᠬᠥᠮᠣᠨ ᠥᠬᠡᠢ︾ ᠬᠡᠷ ᠪᠥᠯᠢ ᠶᠢᠨ ᠬᠥᠮᠣᠰ | ᠵᠡᠷᠬᠡ ᠭᠤᠤᠯᠳᠠᠯᠭ᠎ᠠ ᠲᠠᠢ ᠠᠷᠠᠳ ᠣᠯᠠᠨ ᠤ ᠠᠵᠢᠯ ᠣᠯᠭᠤᠯᠳᠠ ᠶᠢᠨ ᠠᠰᠠᠭᠤᠳᠠᠯ ᠢ ᠬᠦᠴᠦ ᠲᠠᠯᠪᠢᠨ ᠰᠠᠶᠢᠳᠣᠷ ᠰᠢᠢᠳᠪᠤᠷᠢᠯᠠᠬᠦ ᠬᠡᠷᠡᠭᠳᠡᠢ᠃ ᠡᠳ᠋ ᠤᠨ ᠵᠠᠰᠠᠭ | ᠭᠠᠶᠢᠯᠢ᠂ ᠢᠳᠡᠬᠡᠮᠵᠢᠳᠣ ᠵᠢᠬᠡᠯᠡᠯᠬᠡ᠂ ᠭᠠᠶᠢᠯᠢ ᠰᠥᠢᠳᠬᠡᠯ ᠢ ᠬᠠᠰᠣᠨ ᠬᠡᠯᠳᠣᠷᠢᠬᠦᠯᠬᠦ ᠵᠡᠷᠬᠡ ᠳᠡᠳᠬᠦᠬᠦ ᠳᠥᠷᠣ ᠶᠢᠨ ᠪᠤᠳᠣᠯᠭ᠎ᠠ ᠶᠢ ᠨᠠᠶᠢᠳᠠᠪᠤᠷᠢᠵᠢᠭᠤᠯᠵᠥ᠂ | ᠬᠥᠳᠡᠯᠮᠣᠷᠢᠴᠢᠳ ᠤᠨ ᠡᠵᠡᠨ ᠮᠡᠳᠡᠵᠥ ᠥᠢᠯᠡᠰ ᠪᠥᠳᠣᠬᠡᠬᠦ ᠶᠢ ᠳᠠᠮᠵᠢᠨ᠂ ᠥᠢᠯᠡᠰ ᠪᠥᠳᠣᠬᠡᠬᠦ ᠪᠠᠷ ᠠᠵᠢᠯ ᠣᠯᠭᠤᠬᠤ ᠶᠢ ᠠᠬᠢᠭᠤᠯᠬᠤ ᠬᠡᠷᠡᠭᠳᠡᠢ᠃ ᠠᠵᠢᠯ | ᠣᠯᠭᠤᠬᠤ ᠪᠤᠯᠪᠠᠰᠣᠷᠠᠯ ᠤᠨ ᠬᠡᠪᠴᠢᠶ᠎ᠠ ᠶᠢ ᠥᠷᠬᠡᠳᠬᠡᠨ᠂ 5 ᠳᠥᠮᠠᠨ ᠬᠥᠮᠣᠨ ᠣᠳᠠᠭᠠᠨ ᠤ ᠠᠵᠢᠯ ᠣᠯᠭᠤᠬᠤ ᠪᠤᠯᠪᠠᠰᠣᠷᠠᠯ ᠢ ᠪᠠᠶᠠᠯᠠᠬᠦᠯᠵᠥ᠂ ᠣᠷᠳᠣᠰ | ᠨᠣᠳᠣᠭᠳᠠᠢ ᠴᠡᠷᠢᠭ ᠠᠴᠠ ᠬᠠᠯᠠᠭᠳᠠᠭᠰᠠᠳ ᠢ ᠪᠤᠯᠪᠠᠰᠣᠷᠠᠭᠤᠯᠵᠥ ᠪᠤᠯᠬᠤ ᠶᠢ ᠨᠢ ᠪᠥᠬᠦᠨ ᠢ ᠪᠤᠯᠪᠠᠰᠣᠷᠠᠭᠤᠯᠬᠤ ᠶᠢ ᠪᠠᠶᠠᠯᠠᠬᠦᠯᠥᠨ᠎ᠠ᠃ ᠪᠥᠬᠦ ᠵᠢᠯ ᠳᠤ ᠬᠤᠳᠠ | ᠪᠠᠯᠭᠠᠰᠣᠨ ᠤ ᠠᠵᠢᠯ ᠣᠯᠭᠤᠬᠤ ᠬᠥᠮᠣᠨ ᠤ ᠳᠤᠭ᠎ᠠ ᠶᠢ 3 ᠳᠥᠮᠨ ᠰᠢᠨ᠎ᠠ ᠪᠠᠷ ᠨᠡᠮᠡᠭᠳᠡᠬᠦᠯᠥᠨ᠎ᠠ᠂ ᠡᠬᠦᠨ ᠳᠤ ᠣᠷᠳᠣᠰ ᠨᠣᠳᠣᠭᠳᠠᠢ ᠶᠡᠭᠡ ᠰᠣᠷᠭᠠᠭᠤᠯᠢ ᠶᠢᠨ | ᠣᠶᠣᠳᠠᠨ ᠢ 1 ᠳᠥᠮᠠ ᠳᠣᠬᠢᠷᠠᠭᠤᠯᠬᠤ ᠬᠡᠷᠡᠭᠳᠡᠢ᠃ | ᠳᠠᠪᠤ ᠳᠤ ᠨᠠᠶᠢᠬᠡᠮ ᠤᠨ ᠪᠠᠳᠣᠯᠠᠭ᠎ᠠ ᠶᠢᠨ ᠬᠢᠷᠢ ᠳᠥᠪᠰᠢᠨ ᠢ ᠴᠢᠷᠮᠠᠶᠢᠨ ᠲᠡᠭᠡᠭᠰᠢᠯᠡᠬᠦᠯᠦᠨ᠎ᠡ᠃ ᠨᠡᠶᠢᠬᠡᠮ ᠤᠨ ᠳᠠᠭᠠᠳᠬᠠᠯ ᠤᠨ ︽ᠪᠥᠬᠦ ᠬᠤᠳᠠ ᠶᠢ | ᠨᠢᠬᠡᠳᠣᠯᠳᠠᠢ ᠳᠥᠯᠥᠪᠵᠢᠬᠦᠯᠵᠥ᠂ ᠳᠠᠩᠰᠨ ᠨᠢ ᠬᠥᠮᠣᠨ ᠢᠶᠠᠨ ᠲᠠᠭᠠᠨ ᠰᠢᠯᠵᠢᠬᠦ︾ ᠬᠠᠮᠢᠶᠠᠷᠣᠯᠳᠠ ᠶᠢᠨ ᠵᠠᠭᠪᠤᠷ ᠢ ᠪᠠᠶᠢᠭᠤᠯᠵᠥ᠂ ᠬᠤᠳᠠ ᠬᠥᠳᠡᠭᠡ ᠶᠢᠨ | ᠡᠮᠨᠡᠯᠬᠡ᠂ ᠨᠠᠰᠣᠳᠠᠨ ᠢ ᠠᠰᠠᠷᠠᠬᠤ᠂ ᠠᠵᠢᠯ ᠠᠯᠳᠠᠯᠲᠠ᠂ ᠠᠵᠢᠯ ᠠᠴᠠ ᠪᠤᠯᠣᠭᠰᠠᠨ ᠬᠡᠮᠳᠣᠯ᠂ ᠬᠥᠩᠬᠡᠵᠢᠯ ᠤᠨ ᠳᠠᠭᠠᠳᠬᠠᠯ ᠢ ᠵᠤᠯᠭᠠᠭᠤᠯᠬᠤ ᠠᠵᠢᠯ ᠢ | ᠨᠢᠬᠡᠳᠣᠯᠳᠡᠢ ᠳᠥᠯᠥᠪᠵᠢᠬᠦᠯᠥᠨ ᠰᠠᠶᠢᠳᠣᠷ ᠬᠢᠬᠦ ᠬᠡᠷᠡᠭᠳᠡᠢ᠃ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠨᠠᠭᠠᠳᠣ ᠵᠠᠬ᠎ᠠ ᠶᠢᠨ ᠠᠮᠢᠳᠣᠷᠠᠯ ᠤᠨ ᠪᠠᠳᠣᠯᠠᠭ᠎ᠠ | ᠶᠢᠨ ᠬᠢᠷᠢ ᠳᠥᠪᠰᠢᠨ ᠢ ᠣᠯᠠᠮ ᠨᠢᠬᠡ ᠠᠯᠬᠤᠮ ᠳᠡᠬᠡᠭᠰᠢᠯᠡᠬᠦᠯᠵᠥ᠂ ᠬᠤᠳᠠ ᠪᠠᠯᠭᠠᠰᠣᠨ ᠤ ᠰᠠᠭᠤᠭᠠᠯᠢ ᠠᠷᠠᠳ ᠤᠨ ᠨᠠᠭᠠᠳᠣ ᠵᠠᠬ᠎ᠠ ᠶᠢᠨ ᠪᠠᠳᠣᠯᠠᠭ᠎ᠠ ᠶᠢᠨ | ᠪᠠᠷᠢᠮᠵᠢᠶ᠎ᠠ ᠶᠢ ᠬᠥᠮᠣᠨ ᠪᠤᠯᠭᠠᠨ ᠰᠠᠷ᠎ᠠ ᠪᠥᠷᠢ ᠳᠤ 20 ᠳᠥᠬᠦᠷᠢᠭ᠂ ᠮᠠᠯᠵᠢᠬᠤ ᠳᠠᠷᠢᠶᠠᠯᠠᠬᠤ ᠣᠷᠣᠨ ᠳᠤ ᠬᠥᠮᠤᠨ ᠪᠤᠯᠭᠠᠨ ᠵᠢᠯ ᠪᠥᠷᠢ ᠳᠤ 180 ᠳᠥᠬᠦᠷᠢᠭ | ᠪᠤᠯᠭᠠᠨ ᠨᠡᠮᠡᠭᠳᠡᠬᠦᠯᠥᠨ᠎ᠡ᠃ ᠤᠯᠤᠰ ᠠᠴᠠ ᠨᠡᠮᠡᠭᠳᠡᠬᠦᠯᠥᠭᠰᠡᠨ ᠬᠡᠰᠡᠭ ᠤᠨ ᠰᠠᠭᠤᠷᠢᠨ ᠳᠡᠬᠡᠷ᠎ᠠ᠂ ᠠᠵᠥ ᠠᠬᠤᠶᠢᠯᠠᠯ ᠤᠨ ᠨᠠᠰᠣᠨ ᠤ ᠠᠮᠠᠷᠠᠯᠳᠠ ᠪᠠᠨ ᠠᠪᠤᠭᠰᠠᠨ | ᠬᠥᠮᠣᠰ ᠲᠤ ᠰᠠᠷ᠎ᠠ ᠪᠥᠷᠢ ᠪᠠᠰᠠ 100 ᠳᠥᠬᠦᠷᠢᠭ ᠤᠨ ᠠᠮᠢᠳᠣᠷᠠᠯ ᠤᠨ ᠨᠥᠬᠦᠪᠤᠷᠢ ᠨᠠᠮᠠᠵᠥ ᠣᠯᠭᠤᠨ᠎ᠠ᠃ ᠪᠠᠳᠣᠯᠠᠭ᠎ᠠ ᠶᠢᠨ ᠴᠢᠨᠠᠷᠳᠠᠢ ᠣᠷᠣᠨ ᠰᠠᠭᠤᠴᠠ | ᠶᠢᠨ ᠪᠥᠳᠣᠬᠡᠨ ᠪᠠᠶᠢᠭᠤᠯᠣᠯᠳᠠ ᠶᠢᠨ ᠬᠥᠴᠣᠯᠠᠴᠠ ᠶᠢ ᠣᠯᠠᠮ ᠨᠢᠬᠡ ᠠᠯᠬᠤᠮ ᠨᠡᠮᠡᠭᠳᠡᠬᠦᠯᠵᠥ᠂ 200 ᠳᠥᠮᠠᠨ ᠬᠠᠪᠳᠠᠭᠠᠢ ᠳᠥᠷᠪᠡᠯᠵᠢᠨ ᠮᠧᠲᠷ ᠤᠨ ᠬᠢᠮᠳᠠ | ᠳᠣᠬᠢᠯᠢᠭ ᠬᠡᠷ᠂ 6 ᠳᠥᠮᠠᠨ ᠬᠠᠪᠳᠠᠭᠠᠢ ᠳᠥᠷᠪᠡᠯᠵᠢᠨ ᠮᠧᠲᠷ ᠤᠨ ᠬᠢᠮᠳᠠ ᠳᠥᠷᠢᠶᠡᠰᠣᠨ ᠬᠡᠷ ᠢ ᠰᠢᠨ᠎ᠠ ᠪᠠᠷ ᠪᠠᠶᠢᠭᠤᠯᠤᠨ᠎ᠠ︔ ᠮᠠᠯᠵᠢᠬᠤ ᠳᠠᠷᠢᠶᠠᠯᠠᠬᠤ ᠣᠷᠣᠨ ᠤ | 4800 ᠡᠷᠣᠬᠡ ᠶᠢᠨ ᠨᠣᠷᠠᠬᠤ ᠰᠢᠬᠠᠭᠰᠠᠨ ᠬᠡᠷ ᠢ ᠥᠬᠡᠷᠡᠴᠢᠯᠠᠨ ᠵᠠᠰᠠᠬᠤ ᠬᠡᠷᠡᠭᠳᠡᠢ᠃ ᠬᠥᠴᠢᠷᠳᠡᠯᠳᠡᠢ ᠣᠯᠠᠨ ᠬᠥᠮᠣᠰ ᠪᠠ ᠪᠠᠭᠤᠷᠠᠶᠢᠴᠣᠣᠯ ᠤᠨ | ᠥᠢᠯᠡᠳᠪᠤᠷᠢᠯᠠᠯ ᠠᠮᠢᠳᠣᠷᠠᠯ ᠤᠨ ᠠᠰᠠᠭᠤᠳᠠᠯ ᠢ ᠳᠡᠬᠡᠳᠣ ᠬᠡᠮᠵᠢᠶ᠎ᠠ ᠪᠠᠷ ᠴᠢᠬᠤᠯᠠᠴᠢᠯᠠᠨ ᠰᠢᠢᠳᠪᠤᠷᠢᠯᠠᠵᠥ᠂ ᠵᠢᠯ ᠤᠨ ᠳᠣᠳᠣᠷ᠎ᠠ 2 ᠳᠥᠮᠠᠨ ᠶᠠᠳᠠᠭᠤ | ᠬᠥᠴᠢᠷᠳᠡᠯᠳᠡᠢ ᠬᠥᠮᠣᠨ ᠠᠮᠠ ᠶᠢ ᠳᠣᠭᠳᠠᠭᠤᠨ ᠢᠶᠠᠷ ᠶᠠᠳᠠᠭᠤ ᠠᠴᠠ ᠠᠩᠬᠢᠵᠢᠷᠠᠭᠤᠯᠬᠤ ᠶᠢ ᠪᠠᠶᠠᠯᠠᠬᠦᠯᠥᠨ᠎ᠠ᠂ ᠡᠬᠦᠨ ᠳᠤ ᠴᠥᠬᠡᠨ ᠳᠣᠭᠠᠳᠣ ᠥᠨᠳᠣᠰᠣᠳᠠᠨ ᠤ | ᠬᠥᠮᠣᠨ ᠠᠮᠠ 1 ᠳᠥᠮᠠ ᠪᠤᠯᠣᠨ᠎ᠠ︔ ᠵᠡᠮᠳᠡᠭ ᠬᠥᠮᠤᠰ ᠤᠨ ᠨᠢᠳᠣᠨ ᠴᠠᠭᠠᠨ ᠴᠡᠴᠡᠬᠡᠢ ᠶᠢᠨ ᠡᠪᠡᠳᠴᠢᠳᠠᠨ ᠳᠤ ᠬᠠᠷᠠᠭ᠎ᠠ ᠰᠡᠷᠬᠦᠬᠡᠬᠦ ᠮᠠᠰᠠ ᠵᠠᠰᠠᠯ ᠢ | ᠰᠥᠢᠳᠬᠡᠯ ᠥᠬᠡᠢ ᠪᠠᠷ ᠬᠢᠵᠥ᠂ ᠳᠡᠬᠦᠨᠴᠢᠯᠠᠨ ᠨᠢᠬᠡ ᠪᠥᠯᠥᠭ ᠳᠣᠰᠠᠯᠠᠬᠤ ᠬᠡᠷᠡᠭᠰᠡᠯ ᠬᠤᠪᠢᠶᠠᠨ ᠳᠠᠷᠬᠠᠭᠠᠨ᠎ᠠ᠃ | ᠵᠢᠷᠭᠤᠭ᠎ᠠ ᠳᠤ ᠠᠶᠤᠯᠬᠦᠢ ᠥᠢᠯᠡᠳᠪᠤᠷᠢᠯᠠᠯ ᠢ ᠪᠥᠬᠦ ᠬᠥᠴᠣᠨ ᠢᠶᠠᠷ ᠰᠠᠶᠢᠳᠣᠷ ᠠᠳᠬᠤᠨ᠎ᠠ᠃ ᠢᠳᠡᠬᠡᠨ ᠤ ᠠᠶᠤᠯᠬᠦᠢ ᠶᠢᠨ ᠬᠢᠨᠠᠯᠳᠠ ᠬᠠᠮᠢᠶᠠᠷᠣᠯᠳᠠ ᠶᠢ | ᠴᠢᠩᠭᠠᠳᠬᠠᠵᠥ᠂ ᠬᠤᠳᠠ᠂ ᠬᠤᠰᠢᠭᠤ ᠬᠤᠶᠠᠷ ᠱᠠᠳᠣᠨ ᠤ ᠪᠠᠷᠢᠮᠵᠢᠶᠠᠵᠢᠭᠰᠠᠨᠨ ᠢᠳᠡᠬᠡᠨ ᠪᠠ ᠣᠣᠭᠤᠬᠤ ᠣᠰᠣᠨ ᠤ ᠠᠶᠤᠯᠬᠦᠢ ᠶᠢ ᠪᠠᠶᠢᠴᠠᠭᠠᠨ ᠬᠡᠮᠵᠢᠬᠦ ᠳᠥᠪ | ᠢ ᠪᠠᠶᠢᠭᠤᠯᠵᠥ᠂ ᠢᠳᠡᠬᠡᠨ ᠤ ᠥᠢᠯᠡᠳᠪᠤᠷᠢᠯᠠᠯ ᠡᠵᠡᠩᠨᠡᠯᠳᠡ ᠶᠢᠨ ᠬᠢᠨᠠᠯᠳᠠ ᠬᠠᠮᠢᠶᠠᠷᠣᠯᠳᠠ ᠶᠢ ᠪᠥᠬᠦ ᠳᠠᠯ᠎ᠠ ᠪᠠᠷ ᠪᠠᠶᠠᠯᠠᠬᠦᠯᠥᠨ᠎ᠠ᠃ ᠠᠶᠤᠯᠬᠦᠢ ᠥᠢᠯᠡᠳᠪᠤᠷᠢᠯᠠᠯ | ᠤᠨ ᠬᠠᠷᠢᠭᠤᠴᠠᠯᠭ᠎ᠠ ᠶᠢᠨ ᠳᠥᠷᠢᠮ ᠪᠠ ᠪᠤᠳᠠᠰ᠂ ᠮᠡᠷᠬᠡᠵᠢᠯ᠂ ᠬᠥᠮᠣᠨ ᠤ ᠰᠠᠷᠬᠡᠶᠢᠯᠡᠯᠳᠡ ᠶᠢᠨ ᠠᠷᠭ᠎ᠠ ᠪᠠᠷᠢᠯ ᠢ ᠴᠢᠩᠭ᠎ᠠ ᠨᠠᠶᠢᠳᠠᠪᠤᠷᠢᠵᠢᠭᠤᠯᠵᠥ᠂ ᠪᠥᠬᠦ ᠬᠤᠳᠠ | ᠶᠢᠨ ᠨᠡᠬᠦᠷᠡᠰᠣᠨ ᠠᠭᠤᠷᠬᠠᠢ ᠶᠢᠨ ᠥᠢᠯᠡᠳᠪᠤᠷᠢᠯᠠᠯ ᠪᠠ ᠭᠠᠰ ᠤᠨ ᠰᠥᠯᠵᠢᠶᠠᠨ ᠳᠡᠬᠡᠷᠡᠬᠢ ᠬᠢᠨᠠᠨ ᠡᠵᠡᠮᠰᠢᠯ ᠢ ᠪᠥᠬᠦ ᠳᠠᠯ᠎ᠠ ᠪᠠᠷ ᠪᠠᠶᠠᠯᠠᠬᠦᠯᠵᠥ᠂ ᠠᠵᠥ | ᠥᠢᠯᠡᠳᠪᠤᠷᠢ ᠶᠢᠨ ᠬᠥᠷᠢᠶᠠᠯᠠᠩ ᠳᠣᠭᠤᠷᠢᠭ᠂ ᠬᠤᠳᠠ ᠶᠢᠨ ᠳᠣᠭᠤᠷᠢᠭ ᠪᠠ ᠭᠤᠤᠯᠳᠠᠯᠭ᠎ᠠ ᠲᠠᠢ ᠨᠢᠬᠡᠴᠡ ᠶᠢᠨ ᠭᠠᠯ ᠣᠨᠳᠠᠷᠠᠭᠠᠬᠤ ᠠᠩᠬᠢ ᠥᠷᠳᠡᠭᠡ ᠶᠢᠨ | ᠪᠠᠶᠢᠭᠤᠯᠣᠯᠳᠠ ᠶᠢ ᠣᠯᠠᠮ ᠨᠢᠬᠡ ᠠᠯᠬᠤᠮ ᠴᠢᠩᠭᠠᠳᠬᠠᠵᠥ᠂ ᠭᠤᠣᠯᠳᠠᠯᠭ᠎ᠠ ᠲᠠᠢ ᠵᠠᠮ ᠬᠠᠷᠢᠯᠴᠠᠭᠠᠨ ᠤ ᠵᠠᠮ ᠤᠨ ᠬᠡᠰᠡᠭ ᠤᠨ ᠠᠶᠤᠯᠬᠦᠢ ᠶᠢ ᠴᠠᠭᠳᠠᠨ | ᠪᠠᠶᠢᠴᠠᠭᠠᠬᠤ ᠪᠠ ᠬᠢᠨᠠᠨ ᠡᠵᠡᠮᠳᠡᠬᠦ ᠶᠢ ᠴᠢᠩᠭᠠᠳᠬᠠᠵᠥ᠂ ᠬᠥᠨᠳᠣ ᠣᠨᠴᠠ ᠶᠡᠭᠡ ᠠᠳᠡᠯ ᠡᠬᠦᠰᠬᠦ ᠶᠢ ᠴᠢᠩᠭ᠎ᠠ ᠰᠡᠷᠭᠡᠶᠢᠯᠡᠵᠤ᠂ ᠠᠷᠠᠳ ᠣᠯᠠᠨ ᠤ ᠠᠮᠢ ᠨᠠᠰᠣ ᠡᠳ᠋ | ᠬᠤᠭᠰᠢᠯ ᠤᠨ ᠠᠮᠣᠷ ᠳᠥᠪᠰᠢᠨ ᠢ ᠥᠨᠡᠨᠬᠦ ᠪᠠᠳᠣᠯᠠᠬᠤ ᠬᠡᠷᠡᠭᠳᠡᠢ᠃ | ᠳᠣᠯᠤᠭ᠎ᠠ ᠳᠤ ᠨᠠᠶᠢᠬᠡᠮ ᠤᠨ ᠡᠶ᠎ᠡ ᠵᠤᠬᠢᠴᠠᠯ ᠠᠮᠣᠷ ᠳᠣᠭᠳᠠᠭᠤᠨ ᠢ ᠥᠨᠡᠨᠬᠦ ᠬᠠᠮᠠᠭᠠᠯᠠᠨ᠎ᠠ᠃ ᠨᠠᠶᠢᠬᠡᠮ ᠤᠨ ᠡᠶ᠎ᠡ ᠵᠤᠬᠢᠴᠠᠯ ᠠᠮᠣᠷ ᠳᠣᠭᠳᠠᠭᠤᠨ ᠢ | ᠨᠥᠯᠣᠬᠡᠯᠡᠬᠦ ᠡᠬᠦᠰᠣᠯ ᠤᠨ ᠴᠢᠨᠠᠷ᠂ ᠥᠨᠳᠣᠰᠣᠨ ᠴᠢᠨᠠᠷ᠂ ᠰᠠᠭᠤᠷᠢ ᠴᠢᠨᠠᠷ ᠲᠠᠢ ᠠᠰᠠᠭᠤᠳᠠᠯ ᠢ ᠨᠠᠷᠢᠨ ᠠᠩᠬᠠᠷᠴᠣ᠂ ︽ᠭᠤᠷᠪᠠᠨ ᠵᠥᠢᠯ ᠤᠨ ᠭᠤᠤᠯᠳᠠᠯᠭ᠎ᠠ ᠲᠠᠢ | ︾ ᠠᠵᠢᠯ ᠢ ᠬᠥᠨᠵᠡᠬᠡᠢ ᠠᠬᠢᠭᠤᠯᠵᠥ᠂ ᠥᠨᠳᠣᠰᠣᠨ ᠱᠠᠳᠣᠨ ᠤ ᠰᠡᠷᠭᠡᠶᠢᠯᠡᠨ ᠡᠵᠡᠮᠰᠢᠬᠦ ᠰᠢᠰᠲ᠋ᠧᠮᠵᠢ ᠪᠠ ᠪᠠᠴᠢᠮ ᠠᠷᠭᠠᠴᠠᠬᠤ ᠬᠠᠮᠢᠶᠠᠷᠣᠯᠳᠠ ᠶᠢᠨ ᠰᠢᠰᠲ᠋ᠧᠮᠵᠢ | ᠶᠢᠨ ᠪᠥᠳᠣᠬᠡᠨ ᠪᠠᠶᠢᠭᠤᠯᠣᠯᠳᠠ ᠶᠢ ᠴᠢᠩᠭᠠᠳᠬᠠᠨ᠂ ᠡᠯ᠎ᠠ ᠳᠠᠯ᠎ᠠ ᠪᠠᠷ ᠬᠤᠯᠪᠤᠭᠠᠯᠠᠨ ᠳᠠᠶᠢᠴᠢᠯᠠᠬᠤ᠂ ᠰᠠᠭᠠᠳ ᠥᠬᠡᠢ ᠨᠡᠪᠳᠡᠷᠡᠯᠴᠡᠬᠦ᠂ ᠪᠥᠳᠣᠮᠵᠢᠳᠠᠢ ᠬᠢᠵᠠᠭᠠᠷᠯᠠᠬᠤ | ᠠᠵᠢᠯ ᠤᠨ ᠳᠣᠭᠳᠠᠴᠠ ᠶᠢ ᠪᠥᠷᠢᠯᠳᠣᠬᠦᠯᠵᠥ᠂ ᠡᠯ᠎ᠠ ᠵᠥᠢᠯ ᠤᠨ ᠵᠥᠷᠢᠴᠠᠯ ᠪᠠ ᠠᠰᠠᠭᠤᠳᠠᠯ ᠢ ᠥᠨᠳᠣᠰᠣᠨ ᠱᠠᠳᠣ᠂ ᠴᠣᠬᠤᠶᠢᠬᠤ ᠪᠠᠶᠢᠳᠠᠯ ᠳᠤᠨᠢ ᠥᠨᠡᠨᠬᠦ | ᠰᠢᠢᠳᠪᠤᠷᠢᠯᠠᠬᠦ ᠬᠡᠷᠡᠭᠳᠡᠢ᠃ ᠬᠠᠤᠯᠢ ᠳᠥᠷᠢᠮ ᠶᠤᠰᠤᠭᠠᠷ᠂ ᠵᠥᠢ ᠵᠤᠬᠢᠰ ᠲᠠᠢ ᠪᠠᠶᠢᠬᠤ ᠶᠢ ᠪᠠᠷᠢᠮᠳᠠᠯᠠᠵᠥ᠂ ᠵᠥᠷᠢᠴᠠᠯ ᠤᠨ ᠵᠢᠭᠤᠷᠠᠯᠳᠣᠭᠠᠨ ᠢ ᠵᠢᠭᠰᠠᠭᠠᠨ | ᠪᠠᠶᠢᠴᠠᠭᠠᠵᠥ ᠰᠢᠢᠳᠪᠤᠷᠢᠯᠠᠬᠦ ᠳᠣᠭᠳᠠᠴᠠ ᠪᠠ ᠵᠠᠬᠢᠳᠠᠯ ᠰᠣᠷᠪᠤᠯᠵᠢᠯᠠᠯ ᠤᠨ ᠠᠵᠢᠯ ᠤᠨ ᠠᠷᠭ᠎ᠠ ᠮᠠᠶ᠋ᠢᠭ ᠢ ᠰᠢᠨᠡᠳᠬᠡᠵᠥ᠂ ᠠᠷᠠᠳ ᠤᠨ ᠰᠠᠨᠠᠯ ᠳᠣᠰᠬᠠᠬᠤ ᠠᠷᠭ᠎ᠠ | ᠵᠠᠮ ᠢ ᠨᠡᠪᠳᠡᠷᠬᠡᠢ ᠪᠤᠯᠭᠠᠨ᠂ ᠵᠠᠬᠢᠳᠠᠯ ᠰᠣᠷᠪᠤᠯᠵᠢᠯᠠᠯ ᠤᠨ ᠬᠡᠷᠡᠭ ᠢ ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠥ᠂ ᠵᠥᠷᠢᠴᠠᠯ ᠢ ᠵᠢᠭᠰᠠᠭᠠᠨ ᠪᠠᠶᠢᠴᠠᠭᠠᠵᠥ | ᠨᠠᠮᠳᠠᠭᠤᠯᠬᠤ ᠶᠠᠪᠤᠴᠠ ᠳᠤ ᠣᠯᠠᠨ ᠳᠥᠮᠠᠨ ᠤ ᠡᠷᠬᠡ ᠠᠰᠢᠭ ᠢ ᠬᠠᠮᠠᠭᠠᠯᠠᠨ᠂ ᠣᠯᠠᠨ ᠳᠥᠮᠠᠨ ᠤ ᠵᠥᠢ ᠵᠣᠬᠢᠰᠳᠠᠢ ᠵᠠᠭᠠᠯᠳᠣᠯᠭ᠎ᠠ ᠭᠤᠶᠤᠴᠢᠯᠠᠯ ᠢ ᠰᠢᠢᠳᠪᠤᠷᠢᠯᠠᠵᠥ | ᠂ ᠳᠡᠬᠦᠨᠴᠢᠯᠠᠨ ᠮᠠᠭᠤ ᠰᠠᠨᠠᠭ᠎ᠠ ᠪᠠᠷ ᠵᠢᠭᠤᠷᠠᠯᠳᠣᠨ ᠥᠢᠮᠡᠬᠦᠯᠬᠦ ᠪᠠ ᠳᠡᠬᠡᠭᠰᠢ ᠵᠠᠭᠠᠯᠳᠣᠯᠭ᠎ᠠ ᠬᠢᠬᠦ ᠶᠢ ᠥᠳᠣᠬᠡᠬᠦ ᠪᠠ ᠵᠤᠬᠢᠶᠠᠨ ᠪᠠᠶᠢᠭᠤᠯᠬᠤ ᠥᠢᠯᠡ ᠠᠵᠢᠯᠯᠠᠭ᠎ᠠ | ᠳᠤ ᠬᠠᠤᠯᠢ ᠶᠤᠰᠤᠭᠠᠷ ᠴᠣᠬᠢᠯᠳᠠ ᠥᠭᠴᠣ᠂ ᠣᠯᠠᠨ ᠳᠥᠮᠠᠨᠴᠢ ᠴᠢᠨᠠᠷᠳᠠᠢ ᠬᠡᠷᠡᠭ ᠢ ᠰᠠᠷᠬᠡᠶᠢᠯᠠᠨ ᠰᠢᠢᠳᠪᠤᠷᠢᠯᠠᠬᠦ ᠬᠡᠷᠡᠭᠳᠡᠢ᠃ ᠨᠡᠶᠢᠬᠡᠮ ᠤᠨ ᠠᠮᠣᠷ ᠳᠣᠭᠳᠠᠭᠤᠨ | ᠢ ᠶᠡᠷᠤᠩᠬᠡᠶᠢᠯᠠᠨ ᠵᠠᠰᠠᠬᠤ ᠶᠢ ᠴᠢᠩᠭᠠᠳᠬᠠᠵᠥ᠂ ᠡᠯ᠎ᠠ ᠳᠥᠷᠣᠯ ᠤᠨ ᠬᠠᠤᠯᠢ ᠵᠥᠷᠢᠴᠡᠭᠰᠡᠨ ᠶᠠᠯᠠᠳᠣ ᠠᠵᠢᠯᠯᠠᠭ᠎ᠠ ᠳᠤ ᠴᠢᠩᠭ᠎ᠠ ᠴᠣᠬᠢᠯᠳᠠ ᠥᠭᠴᠣ᠂ ᠠᠷᠠᠳ | ᠣᠯᠠᠨ ᠤ ᠠᠮᠣᠷ ᠳᠥᠪᠰᠢᠨ ᠤ ᠳᠥᠷᠣᠭ᠍ᠳᠠᠯ ᠢ ᠥᠨᠡᠨᠬᠦ ᠴᠢᠩᠭᠠᠳᠬᠠᠬᠤ ᠬᠡᠷᠡᠭᠳᠡᠢ᠃ | ︵ᠳᠣᠯᠤᠭ᠎ᠠ︶ ᠣᠶᠣᠨ ᠤ ᠪᠤᠯᠪᠠᠰᠣᠨ ᠪᠠ ᠠᠷᠠᠳᠴᠢᠯᠠᠯ ᠬᠠᠤᠯᠢ ᠪᠠᠷ ᠵᠠᠰᠠᠬᠤ ᠪᠠᠶᠢᠭᠤᠯᠣᠯᠳᠠ ᠶᠢ ᠬᠥᠨᠵᠡᠬᠡᠢ ᠳᠥᠯᠬᠢᠨ ᠠᠬᠢᠭᠤᠯᠵᠥ᠂ ᠪᠤᠯᠪᠠᠰᠣᠨ ᠡᠶ᠎ᠡ | ᠵᠤᠬᠢᠴᠠᠯ ᠲᠠᠢ ᠬᠥᠭᠵᠢᠯᠳᠠ ᠶᠢᠨ ᠬᠠᠮᠳᠣᠷᠠᠯ ᠤᠨ ᠬᠥᠴᠣᠨ ᠢ ᠣᠯᠠᠮ ᠨᠢᠬᠡ ᠠᠯᠬᠤᠮ ᠨᠢᠭᠳᠠᠷᠠᠭᠤᠯᠬᠤ ᠬᠡᠷᠡᠭᠳᠡᠢ᠃ ᠰᠢᠨᠵᠢᠯᠡᠬᠦ ᠣᠬᠠᠭᠠᠨᠴᠢ ᠬᠥᠭᠵᠢᠯᠳᠠ ᠶᠢᠨ | ᠥᠵᠡᠯᠳᠡ ᠶᠢ ᠰᠣᠷᠣᠯᠴᠠᠨ ᠥᠢᠯᠡᠳᠣᠯᠬᠡᠵᠢᠬᠦᠯᠬᠦ ᠥᠷ᠎ᠠ ᠪᠥᠳᠣᠮᠵᠢ ᠶᠢ ᠪᠠᠬᠢᠵᠢᠬᠦᠯᠥᠨ ᠥᠷᠬᠡᠳᠬᠡᠵᠥ᠂ ᠺᠠᠳ᠋ᠷ ᠣᠯᠠᠨ ᠳᠥᠮᠠᠨ ᠤ ᠰᠢᠨᠵᠢᠯᠡᠬᠦ ᠣᠬᠠᠭᠠᠨᠴᠢ | ᠬᠥᠭᠵᠢᠯᠳᠠ ᠶᠢ ᠠᠬᠢᠭᠤᠯᠬᠤ ᠣᠬᠠᠮᠰᠠᠷᠳᠣ ᠴᠢᠨᠠᠷ ᠪᠠ ᠡᠷᠡᠰ ᠬᠠᠳᠠᠭᠤ ᠴᠢᠨᠠᠷ ᠢ ᠳᠠᠰᠣᠷᠠᠯᠳᠠ ᠥᠬᠡᠢ ᠴᠢᠩᠭᠠᠳᠬᠠᠬᠤ ᠬᠡᠷᠡᠭᠳᠡᠢ᠃ ︽ᠪᠤᠯᠪᠠᠰᠣᠨ ᠢ ᠡᠷᠬᠢᠮᠯᠡᠬᠦ᠂ | ᠢᠷᠠᠭᠤ ᠠᠯᠳᠠᠷ ᠢ ᠡᠷᠬᠢᠮᠯᠡᠬᠦ᠂ ᠰᠢᠨ᠎ᠠ ᠶᠢ ᠡᠬᠦᠳᠬᠦ ᠶᠢ ᠡᠷᠬᠢᠮᠯᠡᠬᠦ︾ ᠣᠷᠳᠣᠰ ᠤᠨ ᠬᠡᠪ ᠨᠠᠮᠪᠠ ᠶᠢ ᠴᠢᠷᠮᠠᠶᠢᠨ ᠪᠤᠢ ᠪᠤᠯᠭᠠᠵᠥ᠂ ᠠᠷᠠᠳ ᠢᠷᠬᠡᠨ ᠤ ᠮᠣᠷᠠᠯ ᠤᠨ | ᠪᠠᠶᠢᠭᠤᠯᠣᠯᠳᠠ ᠶᠢ ᠴᠢᠩᠭᠠᠳᠬᠠᠨ᠂ ᠬᠠᠭᠤᠴᠢᠨ ᠶᠤᠰᠤ ᠪᠥᠳᠣᠬᠦᠯᠢᠭ ᠵᠠᠩ ᠢ ᠠᠷᠢᠯᠭᠠᠵᠥ᠂ ᠪᠤᠯᠪᠠᠰᠣᠨ ᠰᠢᠨᠵᠢᠯᠡᠬᠦ ᠣᠬᠠᠭᠠᠨ ᠢ ᠡᠷᠢᠯᠬᠢᠯᠠᠵᠥ᠂ ᠬᠤᠳᠠ ᠶᠢᠨ | ᠠᠷᠠᠳ ᠤᠨ ᠪᠥᠬᠦᠶᠢᠯᠠ ᠬᠡᠪ ᠴᠢᠨᠠᠷ ᠢ ᠴᠢᠷᠮᠠᠶᠢᠨ ᠳᠡᠬᠡᠭᠰᠢᠯᠡᠬᠦᠯᠥᠨ᠎ᠠ᠃ ᠰᠣᠷᠣᠯᠴᠠᠯᠭ᠎ᠠ ᠶᠢᠨ ᠬᠡᠯᠪᠡᠷᠢᠳᠡᠢ ᠵᠤᠬᠢᠶᠠᠨ ᠪᠠᠶᠢᠭᠤᠯᠣᠯᠳᠠ ᠪᠠ ᠰᠣᠷᠣᠯᠴᠠᠯᠭ᠎ᠠ ᠶᠢᠨ | ᠬᠡᠯᠪᠡᠷᠢᠳᠡᠢ ᠨᠡᠶᠢᠬᠡᠮ ᠤᠨ ᠪᠠᠶᠢᠭᠤᠯᠣᠯᠳᠠ ᠶᠢ ᠳᠥᠷᠬᠡᠳᠬᠡᠵᠥ᠂ ᠡᠯ᠎ᠠ ᠱᠠᠳᠣ ᠡᠯ᠎ᠠ ᠳᠥᠷᠣᠯ ᠤᠨ ᠵᠤᠬᠢᠶᠠᠨ ᠪᠠᠶᠢᠭᠤᠯᠣᠯᠳᠠ ᠶᠢᠨ ᠪᠥᠳᠣᠬᠡᠯᠴᠢ ᠬᠥᠴᠣᠨ ᠢ ᠣᠯᠠᠮ | ᠨᠢᠬᠡ ᠠᠯᠬᠤᠮ ᠴᠢᠩᠭᠠᠳᠬᠠᠵᠥ᠂ ᠪᠥᠬᠦ ᠨᠠᠶᠢᠬᠡᠮ ᠤᠨ ᠰᠢᠨ᠎ᠠ ᠶᠢ ᠡᠬᠦᠳᠬᠦ ᠠᠮᠢᠵᠢᠷᠠᠯ ᠤᠨ ᠬᠥᠴᠣᠨ ᠢ ᠨᠡᠮᠡᠭᠳᠡᠬᠦᠯᠬᠦ ᠬᠡᠷᠡᠭᠳᠡᠢ᠃ ᠪᠥᠬᠦ ᠤᠯᠣᠰ ᠤᠨ ᠪᠤᠯᠪᠠᠰᠣᠨ | ᠬᠤᠳᠡ ᠶᠢ ᠡᠬᠦᠳᠣᠨ ᠪᠠᠶᠢᠭᠤᠯᠬᠤ ᠠᠵᠢᠯᠯᠠᠭ᠎ᠠ ᠶᠢ ᠬᠥᠨᠵᠡᠬᠡᠢ ᠠᠬᠢᠭᠤᠯᠵᠥ᠂ ᠭᠠᠵᠠᠷ ᠣᠷᠣᠨ ᠤ ᠪᠤᠯᠪᠠᠰᠣᠨ ᠤ ᠬᠡᠮᠵᠢᠶ᠎ᠠ ᠶᠢ ᠶᠡᠬᠡᠪᠡᠷ ᠳᠡᠬᠡᠭᠰᠢᠯᠡᠬᠦᠯᠬᠦ ᠬᠡᠷᠡᠭᠳᠡᠢ᠃ | | ᠠᠷᠠᠳ ᠤᠨ ᠳᠥᠯᠥᠬᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶᠠᠨ ᠤ ᠰᠢᠢᠳᠪᠤᠷᠢ ᠪᠠ ᠳᠣᠭᠳᠠᠭᠠᠯ ᠢ ᠬᠢᠨᠠᠮᠠᠭᠠᠢ ᠬᠡᠷᠡᠭᠵᠢᠬᠦᠯᠵᠥ᠂ | ᠠᠷᠠᠳ ᠤᠨ ᠳᠥᠯᠥᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠠ ᠠᠷᠠᠳ ᠤᠨ ᠳᠥᠯᠥᠬᠡᠯᠡᠭᠴᠢᠳ ᠤᠨ ᠶᠡᠭᠡ ᠬᠤᠷᠠᠯ ᠤᠨ | ᠳᠥᠯᠥᠬᠡᠯᠡᠭᠴᠢᠳ ᠤᠨ ᠬᠠᠤᠯᠢ ᠴᠠᠭᠠᠵᠠ ᠪᠠ ᠠᠵᠢᠯ ᠤᠨ ᠬᠢᠨᠠᠯᠳᠠ ᠶᠢ ᠣᠬᠠᠮᠰᠠᠷ ᠠᠴᠠ ᠪᠠᠨ ᠬᠥᠯᠢᠶᠠᠬᠦ ᠬᠡᠷᠡᠭᠳᠡᠢ᠃ ᠠᠷᠠᠳ ᠤᠨ ᠣᠯᠣᠰ ᠳᠥᠷᠣ ᠶᠢᠨ | ᠵᠥᠪᠯᠡᠯᠬᠡᠨ᠂ ᠠᠷᠠᠳᠴᠢᠯᠠᠭᠰᠠᠨ ᠨᠠᠮ ᠪᠥᠯᠥᠭ᠂ ᠨᠠᠮ ᠪᠥᠯᠥᠭ ᠤᠨ ᠪᠤᠰᠣ ᠬᠥᠮᠣᠰ ᠪᠠ ᠠᠷᠠᠳ ᠤᠨ ᠪᠥᠯᠬᠦᠮ ᠤᠨ ᠣᠯᠣᠰ ᠳᠥᠷᠣ ᠶᠢᠨ ᠵᠥᠪᠯᠡᠯᠬᠡ᠂ ᠳᠥᠷᠣ | ᠶᠢᠨ ᠶᠠᠪᠤᠳᠠᠯ ᠳᠤ ᠣᠷᠣᠯᠴᠠᠨ ᠳᠥᠷᠣ ᠶᠢᠨ ᠶᠠᠪᠤᠳᠠᠯ ᠢ ᠵᠥᠪᠯᠡᠬᠦ ᠪᠠ ᠠᠷᠠᠳᠴᠢᠯᠠᠯ ᠢᠶᠠᠷ ᠬᠢᠨᠠᠯᠳᠠ ᠳᠠᠯᠪᠢᠬᠤ ᠳᠠᠬᠢ ᠥᠢᠯᠡᠳᠣᠯ ᠢ ᠬᠥᠢᠴᠡᠳ ᠪᠠᠳᠠᠷᠠᠭᠤᠯᠬᠤ | ᠬᠡᠷᠡᠭᠳᠡᠢ᠃ ᠠᠷᠠᠳ ᠤᠨ ᠳᠥᠯᠥᠬᠡᠯᠡᠭᠴᠢᠳ ᠤᠨ ᠶᠡᠭᠡ ᠬᠤᠷᠠᠯ ᠤᠨ ᠳᠥᠯᠥᠬᠡᠯᠡᠭᠴᠢᠳ ᠤᠨ ᠰᠠᠨᠠᠯ ᠵᠥᠪᠯᠡᠯᠬᠡ᠂ ᠣᠯᠣᠰ ᠳᠥᠷᠣ ᠶᠢᠨ ᠵᠥᠪᠯᠡᠯᠬᠡᠨ ᠤ ᠰᠠᠨᠠᠯ | ᠳᠣᠷᠠᠳᠣᠯᠭ᠎ᠠ ᠶᠢ ᠬᠥᠢᠴᠡᠳᠬᠡᠬᠦ ᠠᠵᠢᠯ ᠢ ᠥᠨᠡᠨᠬᠦ ᠰᠠᠶᠢᠳᠣᠷ ᠬᠢᠨ᠎ᠠ᠃ ᠥᠨᠳᠣᠰᠣᠨ ᠱᠠᠳᠣᠨ ᠤ ᠠᠷᠠᠳᠴᠢᠯᠠᠯ ᠤᠨ ᠪᠠᠶᠢᠭᠤᠯᠣᠯᠳᠠ ᠶᠢ ᠴᠢᠩᠭᠠᠳᠬᠠᠨ᠂ ᠵᠠᠰᠠᠭ | ᠤᠨ ᠶᠠᠪᠤᠳᠠᠯ ᠢ ᠢᠯᠠ ᠪᠠᠶᠢᠯᠭᠠᠬᠤ᠂ ᠳᠣᠰᠬᠤᠨ ᠤ ᠶᠠᠪᠤᠳᠠᠯ ᠢ ᠢᠯᠠ ᠪᠠᠶᠢᠯᠭᠠᠬᠤ ᠪᠠ ᠥᠢᠯᠡᠳᠪᠤᠷᠢ ᠶᠢᠨ ᠶᠠᠪᠤᠳᠠᠯ ᠢ ᠢᠯᠠ ᠪᠠᠶᠢᠯᠭᠠᠬᠤ ᠬᠡᠪᠴᠢᠶ᠎ᠠ ᠪᠠ | ᠠᠭᠤᠯᠭ᠎ᠠ ᠶᠢ ᠥᠷᠬᠡᠳᠬᠡᠵᠥ᠂ ᠠᠷᠠᠳᠴᠢᠯᠠᠯ ᠢᠶᠠᠷ ᠰᠢᠢᠳᠪᠤᠷᠢᠳᠣ ᠪᠤᠳᠣᠯᠭ᠎ᠠ ᠳᠣᠭᠳᠠᠭᠠᠬᠤ᠂ ᠠᠷᠠᠳᠴᠢᠯᠠᠭᠰᠠᠨ ᠬᠠᠮᠢᠶᠠᠷᠣᠯᠳᠠ ᠶᠢᠨ ᠳᠠᠰ ᠳᠠᠷᠠᠭᠠᠯᠠᠯ ᠪᠠ ᠠᠷᠭ᠎ᠠ | ᠶᠢ ᠳᠡᠬᠦᠯᠳᠡᠷᠵᠢᠬᠦᠯᠵᠥ᠂ ᠣᠯᠠᠨ ᠳᠥᠮᠠᠨ ᠤ ᠬᠠᠤᠯᠢ ᠶᠤᠰᠤᠨ ᠤ ᠡᠷᠬᠡ ᠠᠰᠢᠭ ᠢ ᠥᠨᠡᠨᠬᠦ ᠪᠠᠳᠣᠯᠠᠬᠤ ᠬᠡᠷᠡᠭᠳᠡᠢ᠃ ᠬᠠᠤᠯᠢ ᠴᠠᠭᠠᠵᠠ ᠶᠢᠨ ᠮᠡᠳᠡᠯᠬᠡ ᠶᠢ | ᠳᠥᠬᠡᠮᠡᠯᠵᠢᠬᠦᠯᠬᠦ ᠬᠥᠮᠣᠵᠢᠯ ᠢ ᠢᠳᠡᠪᠬᠢᠳᠡᠢ ᠠᠬᠢᠭᠤᠯᠵᠥ᠂ ᠪᠥᠬᠦ ᠠᠷᠠᠳ ᠤᠨ ᠬᠠᠤᠯᠢ ᠴᠠᠭᠠᠵᠠ ᠶᠢᠨ ᠬᠡᠪ ᠴᠢᠨᠠᠷ ᠢ ᠳᠡᠬᠡᠭᠰᠢᠯᠡᠬᠦᠯᠥᠨ᠎ᠠ᠃ ᠰᠢᠨ᠎ᠠ ᠪᠠᠶᠢᠳᠠᠯ ᠤᠨ | ᠳᠣᠣᠷᠠᠬᠢ ᠥᠨᠳᠣᠰᠣᠳᠠᠨ ᠱᠠᠰᠢᠨ ᠰᠣᠷᠳᠠᠬᠤᠨ ᠤ ᠠᠵᠢᠯ ᠢ ᠰᠠᠶᠢᠳᠣᠷ ᠬᠢᠵᠥ᠂ ᠥᠨᠳᠣᠰᠣᠳᠠᠨ ᠨᠦᠭᠦᠳ ᠤᠨ ᠬᠠᠮᠳᠣᠪᠠᠷ ᠪᠥᠯᠬᠦᠮᠳᠠᠨ ᠳᠠᠮᠠᠴᠠᠬᠦ᠂ ᠬᠠᠮᠳᠣᠪᠠᠷ | ᠴᠡᠴᠡᠭᠯᠡᠨ ᠬᠥᠭᠵᠢᠬᠦ ᠶᠢ ᠪᠠᠶᠠᠯᠠᠬᠦᠯᠬᠦ ᠬᠡᠷᠡᠭᠳᠡᠢ᠃ ᠨᠠᠰᠣᠳᠠᠶᠢᠴᠣᠳ᠂ ᠬᠤᠶᠢᠴᠢ ᠥᠶ᠎ᠠ ᠪᠠᠨ ᠬᠠᠷᠠᠭᠠᠯᠵᠠᠬᠤ᠂ ᠣᠯᠠᠭᠠᠨ ᠵᠠᠭᠠᠯᠮᠠᠶᠢᠳᠠᠨ ᠪᠠ ᠨᠠᠶᠢᠬᠡᠮ ᠤᠨ | ᠨᠢᠬᠦᠯᠡᠰᠣᠩᠬᠦᠢ ᠥᠢᠯᠡᠰ ᠢ ᠶᠡᠬᠡᠪᠡᠷ ᠬᠥᠭᠵᠢᠬᠦᠯᠥᠨ᠂ ᠡᠮᠡᠭᠳᠡᠶᠢᠴᠣᠳ ᠬᠡᠤᠬᠡᠳ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠭᠡᠷᠡᠭᠲᠠᠢ᠃ ᠣᠯᠣᠰ ᠤᠨ | ᠪᠠᠳᠣᠯᠠᠨ ᠬᠠᠮᠠᠭᠠᠯᠠᠯᠳᠠ ᠶᠢᠨ ᠪᠠᠯᠠᠳᠬᠡᠯ ᠠᠯᠪᠠ᠂ ᠡᠷᠣᠬᠡ ᠶᠢᠨ ᠴᠡᠷᠢᠭ ᠶᠢᠨ ᠨᠥᠬᠡᠴᠡ ᠬᠥᠴᠣᠨ ᠪᠠ ᠴᠡᠷᠢᠭ ᠠᠩᠬᠢ ᠶᠢᠨ ᠣᠳᠣᠬᠢᠴᠢᠯᠠᠭᠰᠠᠨ ᠪᠥᠳᠣᠬᠡᠨ | ᠪᠠᠶᠢᠭᠤᠯᠣᠯᠳᠠ ᠶᠢ ᠣᠯᠠᠮ ᠨᠢᠬᠡ ᠠᠯᠬᠤᠮ ᠴᠢᠩᠭᠠᠳᠬᠠᠵᠥ᠂ ︽ᠬᠤᠶᠠᠷ ᠢ ᠬᠥᠷᠢᠶᠠᠯᠠᠬᠦ︾ ᠠᠵᠢᠯ ᠢ ᠢᠳᠡᠪᠬᠢᠲᠠᠢ ᠲᠦᠯᠬᠢᠨ ᠠᠬᠢᠭᠤᠯᠵᠤ᠂ ᠴᠡᠷᠢᠭ ᠵᠠᠰᠠᠭ | ᠴᠡᠷᠢᠭ ᠠᠷᠠᠳ ᠤᠨ ᠪᠥᠯᠬᠦᠮᠳᠠᠯ ᠢ ᠳᠠᠰᠣᠷᠠᠯᠳᠠ ᠥᠬᠡᠢ ᠪᠠᠬᠢᠵᠢᠬᠦᠯᠬᠦ ᠬᠡᠷᠡᠭᠳᠡᠢ᠃ | ︵ᠨᠠᠢᠮᠠ︶ ᠥᠬᠡᠷᠡᠴᠢᠯᠠᠯᠳᠠ ᠬᠢᠵᠥ ᠴᠢᠯᠥᠬᠡᠳᠡᠢ ᠶᠠᠪᠤᠯᠴᠠᠬᠤ ᠡᠷᠴᠢᠮ ᠢᠶᠠᠨ ᠴᠢᠩᠭᠠᠷᠠᠭᠤᠯᠵᠥ᠂ ᠰᠢᠨᠵᠢᠯᠡᠬᠦ ᠤᠬᠠᠭᠠᠨᠴᠢ ᠬᠥᠭᠵᠢᠯᠳᠠ ᠶᠢᠨ ᠰᠢᠨ᠎ᠠ | ᠬᠥᠳᠡᠯᠬᠡᠭᠴᠢ ᠬᠥᠴᠣᠨ ᠢ ᠨᠡᠮᠡᠭᠳᠡᠬᠦᠯᠬᠦ ᠬᠡᠷᠡᠭᠳᠡᠢ᠃ ᠮᠠᠯᠵᠢᠬᠤ ᠳᠠᠷᠢᠶᠠᠯᠠᠬᠤ ᠣᠷᠣᠨ ᠤ ᠭᠠᠵᠠᠷ ᠰᠢᠷᠣᠢ ᠬᠡᠷᠡᠭᠯᠡᠬᠦ ᠳᠥᠷᠢᠮ ᠤᠨ ᠥᠬᠡᠷᠡᠴᠢᠯᠠᠯᠳᠠ ᠶᠢ ᠳᠥᠷᠬᠡᠬᠡᠨ | ᠠᠬᠢᠭᠤᠯᠵᠥ᠂ ᠨᠡᠬᠦᠯᠬᠡᠨ ᠰᠢᠯᠵᠢᠬᠦᠯᠥᠭᠰᠡᠨ ᠮᠠᠯᠴᠢᠨ ᠳᠠᠷᠢᠶᠠᠴᠢᠨ ᠭᠠᠵᠠᠷ ᠰᠢᠷᠣᠢ ᠨᠣᠳᠤᠭ ᠪᠠᠯᠴᠢᠬᠡᠷ ᠤᠨ ᠡᠵᠡᠩᠨᠡᠯᠳᠡ ᠶᠢᠨ ᠡᠷᠬᠡ ᠪᠠᠷ ᠢᠶᠠᠨ ᠨᠡᠶᠢᠬᠡᠮ ᠤᠨ | ᠪᠠᠳᠣᠯᠠᠭ᠎ᠠ ᠶᠢ ᠰᠣᠯᠢᠵᠥ᠂ ᠣᠷᠣᠨ ᠰᠠᠭᠤᠴᠠ ᠶᠢᠨ ᠰᠠᠭᠤᠷᠢᠨ ᠭᠠᠵᠠᠷ ᠢᠶᠠᠷ ᠢᠶᠠᠨ ᠬᠤᠳᠠ ᠶᠢᠨ ᠬᠡᠷ ᠪᠠᠶᠢᠰᠢᠩ ᠢ ᠰᠣᠯᠢᠬᠤ ᠶᠢ ᠬᠥᠴᠣᠳᠠᠢ ᠠᠬᠢᠭᠤᠯᠵᠥ᠂ | ᠰᠢᠪᠳᠣᠯᠣᠯᠳᠠ ᠶᠢᠨ ᠴᠢᠨᠠᠷᠳᠠᠢ ᠪᠠᠷ ᠬᠠᠮᠢᠶ᠎ᠠ ᠪᠥᠬᠦᠢ ᠥᠢᠯᠡᠳᠪᠤᠷᠢᠯᠠᠯ ᠤᠨ ᠡᠷᠬᠡ ᠶᠢ ᠨᠠᠶᠢᠳᠠᠪᠤᠷᠢᠵᠢᠭᠤᠯᠣᠨ᠂ ᠮᠠᠯᠴᠢᠨ ᠳᠠᠷᠢᠶᠠᠴᠢᠳ ᠢ ᠨᠡᠬᠦᠯᠬᠡᠨ | ᠰᠢᠯᠵᠢᠬᠦᠯᠵᠥ ᠬᠤᠳᠠ ᠣᠷᠣᠭᠤᠯᠬᠤ ᠵᠠᠮ ᠢ ᠥᠨᠳᠣᠰᠣᠨ ᠠᠴᠠ ᠨᠢ ᠨᠡᠬᠡᠬᠡᠬᠦ ᠬᠡᠷᠡᠭᠳᠡᠢ᠃ ᠬᠠᠮᠳᠣ ᠶᠢᠨ ᠣᠢ ᠮᠣᠳᠣᠨ ᠤ ᠡᠷᠬᠡ ᠶᠢᠨ ᠳᠥᠷᠢᠮ ᠤᠨ | ᠥᠬᠡᠷᠡᠴᠢᠯᠠᠯᠳᠠ ᠶᠢ ᠬᠥᠨᠵᠡᠬᠡᠶᠢᠷᠡᠬᠦᠯᠵᠥ᠂ ᠣᠢ ᠰᠢᠭᠤᠢ ᠶᠢ ᠬᠥᠭᠵᠢᠬᠦᠯᠬᠦ ᠳᠤ ᠰᠢᠨ᠎ᠠ ᠠᠮᠢᠵᠢᠷᠠᠯ ᠤᠨ ᠬᠥᠴᠣᠨ ᠪᠠ ᠬᠥᠳᠡᠯᠬᠡᠭᠴᠢ ᠬᠥᠴᠣᠨ ᠢ ᠨᠡᠮᠡᠭᠳᠡᠬᠦᠯᠬᠦ | ᠬᠡᠷᠡᠭᠳᠡᠢ᠃ ᠰᠣᠮᠣ ᠰᠢᠶᠠᠩ ᠪᠠᠯᠭᠠᠰᠣᠨ ᠤ ᠪᠠᠶᠢᠭᠤᠯᠣᠮᠵᠢ ᠶᠢᠨ ᠥᠬᠡᠷᠡᠴᠢᠯᠠᠯᠳᠠ ᠶᠢ ᠯᠠᠪᠳᠠᠭᠤᠨ ᠢᠶᠠᠷ ᠠᠬᠢᠭᠤᠯᠬᠤ ᠭᠡᠷᠡᠭᠲᠠᠢ᠃ ᠠᠵᠢᠯ ᠥᠢᠯᠡᠰ ᠤᠨ | ᠨᠢᠬᠡᠴᠡ ᠶᠢᠨ ᠥᠬᠡᠷᠡᠴᠢᠯᠠᠯᠳᠠ ᠶᠢ ᠢᠳᠡᠪᠬᠢᠳᠡᠢ ᠠᠬᠢᠭᠤᠯᠵᠥ᠂ ᠣᠷᠣᠯᠭ᠎ᠠ ᠶᠢᠨ ᠬᠤᠪᠢᠶᠠᠷᠢᠯᠠᠯᠳᠠ ᠶᠢᠨ ᠳᠥᠷᠢᠮ ᠤᠨ ᠥᠬᠡᠷᠡᠴᠢᠯᠠᠯᠳᠠ ᠶᠢ ᠬᠥᠨᠵᠡᠬᠡᠶᠢᠷᠡᠬᠦᠯᠥᠨ᠂ | ᠥᠷᠢᠰᠣᠯᠳᠣᠨ ᠣᠷᠮᠠᠰᠢᠭᠤᠯᠬᠤ ᠬᠥᠴᠣᠨ ᠪᠥᠷᠢᠨ ᠬᠥᠢᠴᠡᠳ᠂ ᠠᠮᠢᠵᠢᠷᠠᠯ ᠤᠨ ᠬᠥᠴᠣᠨ ᠳᠡᠬᠦᠯᠳᠡᠷ ᠠᠵᠢᠯ ᠥᠢᠯᠡᠰ ᠤᠨ ᠨᠢᠬᠡᠴᠡ ᠶᠢᠨ ᠬᠠᠮᠢᠶᠠᠷᠣᠯᠳᠠ ᠶᠢᠨ | ᠪᠠᠶᠢᠭᠤᠯᠣᠮᠵᠢ ᠶᠢ ᠳᠥᠷᠬᠡᠬᠡᠨ ᠪᠠᠶᠢᠭᠤᠯᠣᠨ᠎ᠠ᠃ ᠬᠤᠳᠠ ᠬᠤᠰᠢᠭᠤ ᠬᠤᠶᠠᠷ ᠱᠠᠳᠣᠨ ᠤ ᠡᠳ᠋ ᠤᠨ ᠵᠠᠰᠠᠭ ᠤᠨ ᠠᠵᠢᠯᠯᠠᠭᠠᠨ ᠤ ᠳᠣᠭᠳᠠᠴᠠ ᠶᠢ ᠳᠡᠬᠦᠯᠳᠡᠷᠵᠢᠬᠦᠯᠥᠨ᠂ | ᠬᠤᠰᠢᠭᠤ ᠳᠣᠭᠤᠷᠢᠭ ᠤᠨ ᠣᠷᠣᠯᠭ᠎ᠠ ᠪᠠᠨ ᠨᠡᠮᠡᠭᠳᠡᠬᠦᠯᠥᠨ ᠡᠳ᠋ ᠤᠨ ᠶᠠᠪᠤᠳᠠᠯ ᠢᠶᠠᠨ ᠬᠠᠮᠢᠶᠠᠷᠬᠤ ᠢᠳᠡᠪᠬᠢᠵᠢᠯ ᠢ ᠣᠯᠠᠮ ᠨᠢᠬᠡ ᠠᠯᠬᠤᠮ ᠳᠠᠶᠢᠴᠢᠯᠠᠨ᠎ᠠ᠃ | ᠣᠯᠣᠰ ᠤᠨ ᠥᠮᠴᠢᠯᠠᠯᠳᠣ ᠺᠣᠮᠫᠠᠨᠢ᠂ ᠬᠤᠳᠠ ᠶᠢᠨ ᠪᠥᠳᠣᠬᠡᠨ ᠪᠠᠶᠢᠭᠤᠯᠣᠯᠳᠠ ᠶᠢᠨ ᠨᠡᠬᠡᠬᠡᠯᠳᠡ ᠶᠢᠨ ᠪᠠᠯᠠ ᠣᠷᠣᠭᠤᠯᠣᠯᠳᠠ ᠶᠢᠨ ᠺᠣᠮᠫᠠᠨᠢ ᠶᠢᠨ ᠠᠵᠢᠯᠯᠠᠭᠠᠨ | ᠤ ᠳᠣᠭᠳᠠᠴᠠ ᠶᠢ ᠳᠡᠬᠦᠯᠳᠡᠷᠵᠢᠬᠦᠯᠥᠨ᠂ ᠵᠠᠰᠠᠭ ᠤᠨ ᠣᠷᠳᠣᠨ ᠤ ᠪᠠᠯᠠ ᠣᠷᠣᠭᠤᠯᠣᠯᠳᠠ ᠶᠢᠨ ᠭᠤᠤᠯᠳᠠᠯᠭ᠎ᠠ ᠲᠠᠢ ᠳᠥᠷᠣᠯ ᠵᠥᠢᠯ ᠤᠨ ᠡᠮᠬᠢ ᠵᠢᠷᠣᠮ ᠲᠠᠢ | ᠠᠬᠢᠭᠤᠯᠣᠭᠳᠠᠬᠤ᠂ ᠣᠯᠣᠰ ᠤᠨ ᠥᠮᠴᠢᠯᠠᠯᠳᠣ ᠡᠳ᠋ ᠬᠥᠷᠣᠩᠬᠡ ᠶᠢᠨ ᠥᠷᠳᠡᠭ ᠢ ᠪᠠᠳᠣᠯᠠᠨ ᠨᠡᠮᠡᠭᠳᠡᠬᠦᠯᠬᠦ ᠶᠢ ᠥᠨᠡᠨᠬᠦ ᠪᠠᠳᠣᠯᠠᠬᠤ ᠬᠡᠷᠡᠭᠳᠡᠢ᠃ | ᠨᠡᠬᠡᠬᠡᠯᠳᠡ ᠬᠢᠬᠦ ᠶᠢ ᠣᠯᠠᠮ ᠨᠢᠬᠡ ᠠᠯᠬᠤᠮ ᠥᠷᠬᠡᠳᠬᠡᠬᠦ ᠬᠡᠷᠡᠭᠳᠡᠢ᠃ ᠬᠤᠳᠠ ᠶᠢᠨ ᠨᠠᠮ ᠤᠨ ᠬᠤᠷᠢᠶᠠᠠ ᠤ ᠨᠡᠬᠡᠬᠡᠯᠳᠡ ᠬᠢᠬᠦ ᠶᠢ ᠥᠷᠬᠡᠳᠬᠡᠬᠦ ᠳᠤ ︽ | ᠵᠢᠷᠭᠤᠭ᠎ᠠ ᠶᠢ ᠬᠤᠪᠢᠷᠠᠭᠤᠯᠬᠤ︾ ᠱᠠᠭᠠᠷᠳᠠᠯᠭ᠎ᠠ ᠶᠤᠰᠤᠭᠠᠷ᠂ ᠨᠡᠬᠦᠷᠡᠰᠣ ᠶᠢ ᠰᠢᠩᠬᠡᠨᠵᠢᠬᠦᠯᠬᠦ᠂ ᠨᠡᠬᠦᠷᠡᠰᠣ ᠪᠠᠷ ᠪᠠᠶᠢᠭᠠᠯᠢ ᠶᠢᠨ ᠰᠢᠳᠠᠮᠠᠬᠠᠢ ᠬᠡᠢ ᠥᠢᠯᠡᠳᠪᠤᠷᠢᠯᠠᠬᠦ᠂ | ᠣᠳᠣᠬᠢᠴᠢᠯᠠᠭᠰᠠᠨ ᠳᠣᠨᠤᠭ ᠥᠢᠯᠡᠳᠬᠦ᠂ ᠣᠳᠣᠬᠢᠴᠢᠯᠠᠭᠰᠠᠨ ᠥᠢᠯᠡᠴᠢᠯᠡᠬᠡᠨ ᠤ ᠥᠢᠯᠡᠰ ᠪᠠ ᠳᠡᠬᠡᠳᠣ ᠰᠢᠨ᠎ᠠ ᠮᠡᠷᠬᠡᠵᠢᠯ ᠤᠨ ᠠᠵᠥ ᠥᠢᠯᠡᠰ ᠵᠡᠷᠬᠡ ᠭᠤᠤᠯᠳᠠᠯᠭ᠎ᠠ | ᠲᠠᠢ ᠬᠥᠷᠢᠶ᠎ᠠ ᠬᠡᠪᠴᠢᠶᠠᠨ ᠤ ᠳᠣᠭᠤᠷᠢᠨ ᠳᠤ᠂ ᠳᠥᠪ ᠤᠨ ᠠᠵᠥ ᠠᠬᠤᠶᠢᠯᠠᠯ ᠵᠢᠴᠢ ᠣᠯᠣᠰ ᠤᠨ ᠳᠣᠳᠣᠭᠠᠳᠣ ᠪᠠ ᠳᠡᠯᠡᠬᠡᠢ ᠶᠢᠨ 500 ᠬᠥᠴᠣᠷᠬᠡᠭ ᠠᠵᠥ | ᠠᠬᠤᠶᠢᠯᠠᠯ ᠢ ᠣᠨᠢᠯᠠᠨ᠂ ᠰᠠᠶᠢᠨ ᠡᠬᠢ ᠪᠠᠶᠠᠯᠢᠭ᠂ ᠰᠠᠶᠢᠨ ᠳᠥᠷᠣᠯ ᠵᠥᠢᠯ ᠢᠶᠠᠨ ᠭᠠᠷᠭᠠᠵᠥ᠂ ᠡᠬᠦᠳᠡᠨ ᠳᠤᠨᠢ ᠬᠥᠷᠴᠣ ᠬᠤᠳᠠᠯᠳᠣᠭᠠᠴᠢᠨ ᠣᠷᠢᠵᠥ᠂ ᠳᠠᠬᠢᠨ | ᠨᠢᠬᠡ ᠪᠥᠯᠥᠭ ᠬᠠᠮᠢᠶ᠎ᠠ ᠪᠥᠬᠦᠢ ᠭᠠᠵᠠᠷ ᠣᠷᠣᠨ ᠤ ᠠᠯᠣᠰ ᠬᠡᠳᠣ ᠶᠢᠨ ᠭᠥᠭᠵᠢᠯᠳᠠ ᠲᠠᠢ ᠶᠡᠭᠡ ᠳᠥᠷᠣᠯ ᠵᠥᠢᠯ᠂ ᠰᠠᠶᠢᠨ ᠳᠥᠷᠣᠯ ᠵᠥᠢᠯ ᠢ ᠣᠷᠣᠭᠤᠯᠣᠨ | ᠠᠪᠴᠢᠷᠠᠬᠤ ᠪᠠᠷ ᠴᠢᠷᠮᠠᠶᠢᠵᠥ᠂ ᠬᠤᠳᠠᠯᠳᠣᠭᠠᠴᠢᠨ ᠣᠷᠢᠵᠥ ᠪᠠᠯᠠ ᠣᠷᠣᠭᠤᠯᠬᠤ ᠶᠡᠭᠡ ᠰᠢᠪᠳᠣᠯᠣᠯᠳᠠ ᠪᠠᠷ ᠬᠥᠭᠵᠢᠯᠳᠠ ᠶᠢᠨ ᠬᠡᠯᠪᠡᠷᠢ ᠶᠢᠨ ᠶᠡᠭᠡ ᠬᠤᠪᠢᠷᠠᠯᠳᠠ᠂ | ᠠᠵᠥ ᠠᠬᠤᠢ ᠶᠢᠨ ᠪᠥᠳᠣᠴᠠ ᠶᠢᠨ ᠬᠡᠯᠪᠡᠷᠢ ᠶᠢᠨ ᠶᠡᠭᠡ ᠬᠤᠪᠢᠷᠠᠯᠳᠠ ᠶᠢ ᠠᠬᠢᠭᠤᠯᠣᠨ᠎ᠠ᠃ ᠪᠥᠬᠦ ᠵᠢᠯ ᠳᠤ ᠣᠯᠣᠰ ᠤᠨ ᠳᠣᠳᠣᠭᠠᠳᠣ ᠪᠠ ᠣᠷᠣᠨ ᠤ | ᠭᠠᠳᠠᠨ᠎ᠠ ᠠᠴᠠ 385 ᠳ᠋ᠥᠩᠰᠢᠭᠤᠷ ᠳᠥᠬᠦᠷᠢᠭ ᠤᠨ ᠪᠠᠯᠠ ᠮᠥᠩᠬᠦ ᠣᠷᠣᠭᠤᠯᠣᠨ᠂ 10% ᠪᠠᠷ ᠨᠡᠮᠡᠭᠳᠡᠬᠦᠯᠵᠥ᠂ 10.5 ᠳ᠋ᠥᠩᠰᠢᠭᠤᠷ ᠳ᠋ᠣᠯᠯᠠᠷ ᠤᠨ | ᠭᠠᠳᠠᠭᠠᠳᠣ ᠪᠠᠯᠠ ᠶᠢ ᠪᠤᠳᠠᠳᠠᠢ ᠠᠰᠢᠭᠯᠠᠵᠥ᠂ 5% ᠪᠠᠷ ᠨᠡᠮᠡᠭᠳᠡᠬᠦᠯᠥᠨ᠎ᠠ᠃ | | ᠭᠤᠷᠪᠠ᠂ ᠠᠷᠠᠳ ᠳᠥᠮᠠᠨ ᠬᠠᠨᠣᠮᠵᠢᠳᠠᠢ ᠪᠠᠶᠢᠬᠤ ᠵᠠᠰᠠᠭ ᠤᠨ | ᠣᠷᠳᠣᠨ ᠢ ᠴᠢᠷᠮᠠᠶᠢᠨ ᠪᠠᠶᠢᠭᠤᠯᠬᠤ ᠬᠡᠷᠡᠭᠳᠡᠢ | | ᠬᠥᠭᠵᠢᠯᠳᠠ ᠶᠢᠨ ᠬᠡᠯᠪᠡᠷᠢ ᠶᠢ ᠳᠥᠷᠬᠡᠬᠡᠨ ᠬᠤᠪᠢᠷᠠᠭᠤᠯᠵᠥ᠂ ᠡᠨᠡ ᠵᠢᠯ ᠤᠨ ᠠᠵᠢᠯ ᠢᠶᠠᠨ ᠰᠠᠶᠢᠳᠣᠷ ᠬᠢᠬᠦ ᠳᠤ᠂ ᠡᠯ᠎ᠠ ᠱᠠᠳᠣᠨ ᠤ ᠵᠠᠰᠠᠭ ᠤᠨ | ᠣᠷᠳᠣᠨ ᠬᠥᠨᠳᠣ ᠡᠬᠦᠷᠬᠡ ᠳᠣᠰᠢᠶᠠᠯ ᠢ ᠡᠬᠦᠷᠬᠡᠯᠡᠵᠥ ᠪᠠᠶᠢᠭ᠎ᠠ ᠶᠣᠮ᠃ ᠪᠢᠳᠠ ᠡᠷᠬᠡᠪᠰᠢ ᠰᠢᠷᠭᠠᠭᠤ ᠬᠠᠳᠠᠭᠤᠵᠢᠯᠳᠠᠢ ᠪᠠᠷ ᠠᠵᠢᠯᠯᠠᠨ᠂ ᠵᠣᠷᠢᠭ ᠢᠶᠠᠨ ᠬᠥᠪᠴᠢᠯᠠᠨ | ᠣᠷᠣᠭᠰᠢᠯᠠᠵᠥ᠂ ᠯᠠᠪᠳᠠᠭᠤᠨ ᠪᠠᠳᠣᠳᠠᠢ ᠠᠵᠢᠯᠯᠠᠨ᠂ ᠥᠨᠠᠨ ᠪᠤᠳᠠᠳᠠᠢ ᠥᠷ᠎ᠠ ᠪᠥᠳᠣᠮᠵᠢ ᠣᠯᠵᠥ᠂ ᠪᠥᠬᠦ ᠬᠤᠳᠠ ᠶᠢᠨ ᠠᠷᠠᠳ ᠤᠨ ᠬᠥᠰᠠᠯ ᠨᠠᠶᠢᠳᠠᠯᠭ᠎ᠠ ᠶᠢ | ᠬᠥᠰᠠᠷᠳᠠᠬᠦᠯᠬᠦ ᠥᠬᠡᠢ ᠪᠠᠶᠢᠬᠤ ᠬᠡᠷᠡᠭᠳᠡᠢ᠃ | ︵ᠨᠢᠬᠡ︶ ᠡᠷᠡᠰ ᠵᠤᠷᠢᠭ ᠢᠶᠠᠨ ᠬᠥᠪᠴᠢᠯᠠᠨ ᠬᠥᠴᠣᠯᠠᠨ ᠴᠢᠷᠮᠠᠶᠢᠵᠥ᠂ ᠢᠳᠡᠪᠬᠢᠯᠠᠨ ᠠᠵᠢᠯᠯᠠᠵᠥ᠂ ᠰᠢᠨᠵᠢᠯᠠᠬᠦ ᠣᠬᠠᠭᠠᠨᠴᠢ ᠬᠥᠭᠵᠢᠯᠳᠠ ᠶᠢ ᠬᠥᠳᠣᠯᠣᠨ | ᠳᠠᠭᠠᠭᠤᠯᠬᠤ ᠴᠢᠳᠠᠪᠤᠷᠢ ᠶᠢ ᠥᠨᠡᠨᠬᠦ ᠳᠡᠬᠡᠭᠰᠢᠯᠡᠬᠦᠯᠬᠦ ᠬᠡᠷᠡᠭᠳᠡᠢ᠃ ᠬᠥᠭᠵᠢᠬᠦᠯᠬᠦ ᠪᠤᠯ ᠳᠡᠷᠢᠬᠦᠨ ᠴᠢᠬᠤᠯᠠ ᠡᠬᠦᠷᠬᠡ ᠪᠤᠯᠬᠤ ᠶᠢ ᠡᠷᠡᠰ ᠭᠤᠶᠢᠪᠠᠰᠢ ᠥᠬᠡᠢ ᠪᠠᠷ | ᠴᠢᠩᠭ᠎ᠠ ᠠᠳᠬᠤᠵᠥ᠂ ᠰᠡᠳᠬᠢᠯ ᠰᠠᠨᠠᠭ᠎ᠠ ᠪᠠᠨ ᠳᠥᠪᠯᠡᠷᠡᠬᠦᠯᠥᠨ ᠪᠥᠳᠣᠬᠡᠨ ᠪᠠᠶᠢᠭᠤᠯᠣᠯᠳᠠ ᠬᠢᠵᠥ᠂ ᠨᠢᠬᠡ ᠰᠡᠳᠬᠢᠯ ᠨᠢᠬᠡ ᠰᠠᠨᠠᠭ᠎ᠠ ᠪᠠᠷ ᠬᠥᠭᠵᠢᠬᠦᠯᠥᠨ᠂ ᠭᠠᠵᠠᠷ | ᠣᠷᠣᠨ ᠤ ᠶᠡᠷᠣᠩᠬᠡᠶᠢᠯᠡᠭᠰᠡᠨ ᠠᠵᠥ ᠠᠬᠤᠢ ᠶᠢᠨ ᠪᠤᠳᠠᠳᠣ ᠬᠥᠴᠣᠨ ᠪᠠ ᠬᠥᠭᠵᠢᠯᠳᠠ ᠶᠢᠨ ᠬᠢᠷᠢ ᠳᠥᠪᠰᠢᠨ ᠢ ᠳᠠᠰᠣᠷᠠᠯᠳᠠ ᠥᠬᠡᠢ ᠳᠡᠬᠡᠭᠰᠢᠯᠡᠬᠦᠯᠥᠨ᠎ᠠ᠃ | ᠬᠥᠭᠵᠢᠯᠳᠠ ᠶᠢᠨ ᠬᠡᠯᠪᠡᠷᠢ ᠶᠢᠨ ᠬᠤᠪᠢᠷᠠᠭᠠᠯᠳᠠ ᠶᠢ ᠳᠥᠯᠬᠢᠨ ᠠᠬᠢᠭᠤᠯᠬᠤ ᠪᠠᠷ ᠣᠳᠣᠬᠠᠨ ᠤ ᠪᠠ ᠬᠤᠶᠢᠰᠢᠳᠠ ᠶᠢᠨ ᠨᠢᠬᠡᠨᠬᠤᠭᠤᠴᠠᠭᠠᠨ ᠤ ᠪᠥᠬᠦ ᠬᠤᠳᠠ ᠶᠢᠨ | ᠠᠵᠢᠯ ᠤᠨ ᠴᠢᠬᠤᠯᠠ ᠠᠴᠠ ᠴᠢᠬᠤᠯᠠ ᠵᠥᠢᠯ ᠪᠤᠯᠭᠠᠵᠥ᠂ ᠡᠯ᠎ᠠ ᠱᠠᠳᠣᠨ ᠤ ᠣᠳᠣᠷᠢᠳᠣᠯᠭ᠎ᠠ ᠶᠢᠨ ᠰᠢᠨᠵᠢᠯᠡᠬᠦ ᠣᠬᠠᠭᠠᠨᠴᠢ ᠬᠥᠭᠵᠢᠯᠳᠠ ᠶᠢ ᠠᠬᠢᠭᠤᠯᠬᠤ | ᠴᠢᠳᠠᠪᠤᠷᠢ ᠶᠢ ᠰᠢᠯᠭᠠᠨ ᠪᠠᠶᠢᠴᠠᠭᠠᠬᠤ ᠴᠢᠬᠤᠯᠠ ᠪᠠᠷᠢᠮᠵᠢᠶᠠᠳᠣ ᠱᠣᠭᠤᠮ ᠪᠤᠯᠭᠠᠨ᠂ ᠳᠥᠪ᠂ ᠥᠪᠡᠷᠳᠡᠬᠡᠨ ᠵᠠᠰᠠᠬᠤ ᠣᠷᠣᠨ ᠪᠠ ᠬᠤᠳᠠ ᠶᠢᠨ ᠨᠠᠮ ᠤᠨ | ᠬᠤᠷᠢᠶᠠᠨ ᠤ ᠬᠥᠭᠵᠢᠯᠳᠠ ᠶᠢᠨ ᠬᠡᠯᠪᠡᠷᠢ ᠶᠢ ᠬᠤᠪᠢᠷᠠᠭᠤᠯᠬᠤ ᠳᠣᠬᠠᠢ ᠠᠯᠢ ᠣᠯᠠᠨ ᠰᠢᠨ᠎ᠠ ᠱᠠᠭᠠᠷᠳᠠᠯᠭ᠎ᠠ᠂ ᠰᠢᠨ᠎ᠠ ᠪᠠᠶᠢᠷᠢᠯᠠᠭᠤᠯᠣᠯᠳᠠ ᠶᠢ ᠰᠣᠷᠣᠯᠴᠠᠨ | ᠥᠢᠯᠠᠭᠠᠵᠥ᠂ ᠬᠥᠭᠵᠢᠯᠳᠠ ᠶᠢᠨ ᠬᠡᠯᠪᠡᠷᠢ ᠶᠢ ᠳᠥᠷᠬᠡᠬᠡᠨ ᠬᠤᠪᠢᠷᠠᠭᠤᠯᠬᠤ ᠡᠷᠡᠰ ᠬᠠᠳᠠᠭᠤ ᠴᠢᠨᠠᠷ ᠪᠠ ᠣᠬᠠᠮᠰᠠᠷᠳᠣ ᠴᠢᠨᠠᠷ ᠢ ᠥᠨᠡᠨᠬᠦ ᠴᠢᠩᠭᠠᠳᠬᠠᠵᠥ᠂ | ᠬᠥᠭᠵᠢᠯᠳᠠ ᠶᠢᠨ ᠬᠡᠯᠪᠡᠷᠢ ᠶᠢᠨ ᠬᠤᠪᠢᠷᠠᠭᠠᠯᠲᠠ ᠶᠢ ᠮᠦᠨ ᠴᠢᠨᠠᠷ ᠤᠨ ᠠᠬᠢᠯᠲᠠ ᠲᠠᠢ ᠪᠤᠯᠭᠠᠬᠤ ᠶᠢ ᠦᠨᠡᠨᠬᠦ ᠲᠦᠯᠬᠢᠨ ᠠᠬᠢᠭᠤᠯᠬᠤ ᠭᠡᠷᠡᠭᠲᠠᠢ᠃ ᠰᠢᠨ᠎ᠠ | ᠮᠡᠳᠡᠯᠬᠡ ᠂ ᠰᠢᠨ᠎ᠠ ᠣᠨᠣᠯᠵᠢᠭᠤᠨ ᠢ ᠰᠣᠷᠣᠯᠴᠠᠨ ᠰᠣᠳᠣᠯᠬᠤ ᠶᠢ ᠨᠠᠩ ᠴᠢᠬᠤᠯᠠᠴᠢᠯᠠᠵᠥ᠂ ᠠᠵᠥ ᠠᠬᠤᠢ ᠨᠡᠶᠢᠬᠡᠮ ᠤᠨ ᠬᠥᠭᠵᠢᠯᠳᠠ ᠶᠢᠨ ᠬᠠᠮᠤᠭ ᠰᠢᠨ᠎ᠠ | ᠬᠥᠳᠡᠯᠣᠩᠬᠦᠢ ᠪᠠᠶᠢᠳᠠᠯ ᠢ ᠴᠠᠭ ᠳᠠᠷᠣᠢ ᠳᠤᠨᠢ ᠥᠢᠯᠠᠭᠠᠵᠥ᠂ ᠣᠯᠣᠰ ᠤᠨ ᠬᠤᠷᠸ᠎ᠠ ᠳᠣᠬᠢᠷᠠᠭᠤᠯᠭ᠎ᠠ ᠡᠵᠡᠮᠰᠢᠯ ᠤᠨ ᠳᠥᠷᠣ ᠶᠢᠨ ᠪᠤᠳᠣᠯᠭ᠎ᠠ ᠶᠢᠨ ᠬᠠᠮᠤᠭ | ᠰᠢᠨ᠎ᠠ ᠬᠠᠨᠳᠣᠰᠢ ᠶᠢ ᠵᠥᠪ ᠣᠨᠣᠪᠴᠢᠳᠠᠢ ᠡᠵᠡᠮᠳᠡᠵᠥ᠂ ᠬᠥᠭᠵᠢᠯᠳᠠ ᠶᠢᠨ ᠭᠤᠤᠯᠯᠠᠬᠤ ᠡᠷᠬᠡ ᠶᠢ ᠢᠮᠠᠭᠲᠠ ᠡᠵᠡᠮᠳᠡᠬᠦ ᠬᠡᠷᠡᠭᠳᠡᠢ᠃ ᠴᠢᠬᠤᠯᠠ ᠶᠡᠭᠡ ᠠᠰᠠᠭᠤᠳᠠᠯ | ᠳᠠᠬᠢ ᠪᠠᠶᠢᠴᠠᠭᠠᠨ ᠰᠣᠳᠣᠯᠣᠯᠳᠠ ᠪᠠᠨ ᠴᠢᠩᠭᠠᠳᠬᠠᠵᠥ᠂ ᠭᠤᠤᠯᠳᠠᠯᠭ᠎ᠠ ᠲᠠᠢ ᠠᠰᠠᠭᠤᠳᠠᠯ ᠪᠠ ᠪᠠᠭᠤᠷᠠᠢ ᠭᠤᠭᠴᠤᠭ᠎ᠠ ᠶᠢ ᠪᠥᠬᠦ ᠬᠥᠴᠣᠨ ᠢᠶᠠᠷ ᠢᠶᠠᠨ ᠰᠢᠪᠳᠣᠯᠵᠥ᠂ | ᠠᠵᠢᠯ ᠢᠶᠠᠨ ᠪᠥᠳᠣᠬᠡᠯᠴᠢ ᠪᠠᠷ ᠥᠷᠨᠢᠬᠦᠯᠬᠦ ᠬᠡᠷᠡᠭᠳᠡᠢ᠃ ︽12· 5︾ ᠵᠢᠯ ᠤᠨ ᠲᠦᠯᠦᠪᠵᠢᠬᠦᠯᠬᠡ ᠶᠢ ᠨᠡᠷᠢᠨ ᠨᠢᠮᠪᠠᠢ ᠨᠠᠶᠢᠷᠠᠭᠤᠯᠣᠨ ᠵᠤᠬᠢᠶᠠᠵᠥ᠂ ᠣᠯᠠᠨ | ᠢᠶᠠᠷ ᠢᠶᠠᠨ ᠪᠤᠳᠣᠵᠥ ᠪᠥᠬᠦᠳᠡᠬᠡᠷ ᠢᠶᠠᠨ ᠬᠥᠴᠣ ᠭᠠᠷᠭᠠᠵᠥ᠂ ᠰᠢᠨᠵᠢᠯᠠᠬᠦ ᠣᠬᠠᠭᠠᠨᠴᠢ ᠪᠠᠷ ᠪᠤᠳᠣᠯᠭ᠎ᠠ ᠳᠣᠭᠳᠠᠭᠠᠨ᠂ ᠭᠠᠵᠠᠷ ᠣᠷᠣᠨ ᠢᠶᠠᠨ ᠨᠠᠩ ᠪᠥᠬᠦ ᠳᠠᠯ᠎ᠠ ᠪᠠᠷ᠂ | ᠨᠠᠩ ᠵᠤᠬᠢᠴᠠᠩᠭᠤᠢ ᠪᠠᠷ᠂ ᠨᠠᠩ ᠰᠢᠨᠵᠢᠯᠡᠬᠦ ᠣᠬᠠᠭᠠᠨᠴᠢ ᠪᠠᠷ ᠬᠥᠭᠵᠢᠬᠦᠯᠬᠦ ᠪᠠᠷ ᠴᠢᠷᠮᠠᠶᠢᠬᠤ ᠬᠡᠷᠡᠭᠳᠡᠢ᠃ | ︵ᠬᠤᠶᠠᠷ︶ ᠡᠬᠦᠷᠬᠡ ᠴᠢᠳᠠᠪᠤᠷᠢ ᠪᠠᠨ ᠬᠤᠪᠢᠷᠠᠭᠤᠯᠣᠨ᠂ ᠥᠢᠯᠡᠳᠣᠯ ᠴᠢᠳᠠᠪᠬᠢ ᠪᠠᠨ ᠳᠡᠬᠡᠭᠰᠢᠯᠡᠬᠦᠯᠵᠥ᠂ ᠣᠯᠠᠨ ᠨᠠᠶᠢᠳᠠ ᠶᠢᠨ ᠬᠠᠮᠢᠶᠠᠷᠣᠯᠳᠠ ᠪᠠ | ᠨᠡᠶᠢᠬᠡᠮ ᠤᠨ ᠥᠢᠯᠡᠴᠢᠯᠡᠬᠡᠨ ᠤ ᠴᠢᠳᠠᠪᠤᠷᠢ ᠶᠢ ᠥᠨᠡᠨᠬᠦ ᠳᠡᠬᠡᠭᠰᠢᠯᠡᠬᠦᠯᠬᠦ ᠬᠡᠷᠡᠭᠳᠡᠢ᠃ ᠵᠠᠰᠠᠭ ᠤᠨ ᠣᠷᠳᠣᠨ ᠤ ᠪᠠᠶᠢᠭᠤᠯᠣᠮᠵᠢ ᠶᠢᠨ ᠥᠬᠡᠷᠡᠴᠢᠯᠠᠯᠳᠠ ᠶᠢ ᠪᠥᠬᠦ | ᠳᠠᠯ᠎ᠠ ᠪᠠᠷ ᠪᠠᠶᠠᠯᠠᠬᠦᠯᠵᠥ᠂ ᠳᠥᠷᠢᠮᠵᠢᠭᠰᠡᠨ ᠡᠮᠬᠢ ᠵᠢᠷᠣᠮ ᠲᠠᠢ᠂ ᠢᠯᠠ ᠳᠣᠳᠣ᠂ ᠠᠷᠠᠳ ᠲᠤ ᠳᠥᠬᠦᠮ ᠥᠷ᠎ᠠ ᠠᠰᠢᠭ ᠥᠨᠳᠣᠷ ᠵᠠᠰᠠᠭ ᠵᠠᠬᠢᠷᠭᠠᠨ ᠤ | ᠠᠵᠢᠯᠯᠠᠭᠠᠨ ᠤ ᠳᠣᠭᠳᠠᠴᠠ ᠶᠢ ᠪᠠᠶᠢᠭᠤᠯᠬᠤ ᠬᠡᠷᠡᠭᠳᠡᠢ᠃ ᠵᠠᠰᠠᠭ ᠤᠨ ᠣᠷᠳᠣᠨ ᠤ ᠡᠬᠦᠷᠬᠡ ᠴᠢᠳᠠᠪᠤᠷᠢ ᠶᠢ ᠳᠥᠷᠬᠡᠬᠡᠨ ᠬᠤᠪᠢᠷᠠᠭᠤᠯᠵᠥ᠂ ᠡᠯ᠎ᠠ ᠳᠥᠷᠣᠯ ᠤᠨ | ᠠᠵᠢᠯ ᠳᠥᠷᠣᠯ ᠤᠨ ᠨᠠᠶᠢᠬᠡᠮᠯᠢᠭ ᠪᠠ ᠵᠠᠭᠤᠴᠢ ᠵᠤᠬᠢᠶᠠᠨ ᠪᠠᠶᠢᠭᠤᠯᠣᠯᠳᠠ ᠶᠢᠨ ᠥᠢᠯᠡᠳᠣᠯ ᠢ ᠨᠠᠩ ᠴᠢᠬᠤᠯᠠᠴᠢᠯᠠᠨ ᠠᠩᠬᠠᠷᠴᠣ᠂ ᠵᠠᠰᠠᠭ ᠤᠨ ᠣᠷᠳᠣᠨ ᠤ | ᠬᠠᠮᠢᠶᠠᠷᠣᠯᠳᠠ ᠬᠢᠬᠡᠳ ᠨᠠᠶᠢᠬᠡᠮ ᠤᠨ ᠥᠪᠡᠷᠳᠡᠬᠡᠨ ᠵᠠᠰᠠᠬᠤ ᠬᠠᠷᠢᠯᠴᠠᠨ ᠰᠠᠶᠢᠨ ᠢᠶᠠᠷ ᠥᠢᠯᠡᠳᠣᠯᠴᠡᠬᠦ ᠶᠢ ᠪᠠᠶᠠᠯᠠᠬᠦᠯᠬᠦ ᠬᠡᠷᠡᠭᠳᠡᠢ᠃ ︽ᠠᠯᠪᠠᠨ ᠪᠠᠶᠢᠭᠤᠯᠭ᠎ᠠ ᠶᠢᠨ | ᠠᠵᠢᠯ ᠤᠨ ᠰᠣᠷᠳᠠᠯ ᠢ ᠪᠠᠶᠢᠭᠤᠯᠬᠤ ᠣᠨ︾ ᠤ ᠠᠵᠢᠯᠯᠠᠭ᠎ᠠ ᠶᠢ ᠪᠥᠬᠦ ᠳᠠᠯ᠎ᠠ ᠪᠠᠷ ᠥᠷᠨᠢᠬᠦᠯᠵᠥ᠂ ︽ᠳᠣᠣᠷᠠᠬᠢ ᠨᠢ ᠳᠡᠬᠡᠷᠡᠬᠢ ᠪᠠᠨ ᠥᠨᠡᠯᠡᠬᠦ︾᠂ ︽ᠣᠯᠠᠨ | ᠳᠥᠮᠠᠨ ᠠᠯᠪᠠᠨ ᠪᠠᠶᠢᠭᠤᠯᠭ᠎ᠠ ᠶᠢ ᠥᠨᠡᠯᠡᠬᠦ︾᠂ ︽ᠠᠵᠥ ᠠᠬᠤᠶᠢᠯᠠᠯ ᠰᠠᠯᠠᠭ᠎ᠠ ᠮᠥᠴᠢᠷ ᠢ ᠥᠨᠠᠯᠠᠬᠦ︾ ᠠᠵᠢᠯ ᠤᠨ ᠰᠣᠷᠳᠠᠯ ᠤᠨ ᠵᠥᠪᠯᠠᠨ ᠳᠣᠭᠳᠠᠭᠠᠯᠳᠠ ᠶᠢ | ᠵᠤᠬᠢᠶᠠᠨ ᠪᠠᠶᠢᠭᠤᠯᠤᠨ ᠥᠷᠨᠢᠬᠦᠯᠵᠥ᠂ ᠠᠯᠪᠠᠨ ᠪᠠᠶᠢᠭᠤᠯᠭ᠎ᠠ ᠶᠢᠨ ᠠᠵᠢᠯ ᠤᠨ ᠰᠣᠷᠳᠠᠯ ᠳᠤ ᠥᠨᠳᠣᠰᠣᠨ ᠴᠢᠨᠠᠷᠲᠠᠢ ᠬᠤᠪᠢᠷᠠᠯᠲᠠ ᠭᠠᠷᠭᠠᠬᠤ ᠶᠢ ᠥᠨᠡᠨᠬᠦ | ᠪᠠᠲᠤᠯᠠᠬᠤ ᠭᠡᠷᠡᠭᠲᠠᠢ᠃ ᠵᠠᠰᠠᠭ ᠵᠠᠬᠢᠷᠭᠠᠨ ᠤ ᠬᠢᠨᠠᠨ ᠵᠥᠪᠰᠢᠶᠠᠷᠡᠬᠦ ᠳᠥᠷᠢᠮ ᠤᠨ ᠥᠬᠡᠷᠡᠴᠢᠯᠠᠯᠳᠠ ᠶᠢ ᠬᠥᠨᠵᠡᠬᠡᠶᠢᠷᠡᠬᠦᠯᠵᠥ᠂ ᠵᠠᠰᠠᠭ ᠵᠠᠬᠢᠷᠭᠠᠨ ᠤ ᠬᠢᠨᠠᠨ | ᠵᠥᠪᠰᠢᠶᠠᠷᠡᠯ ᠢ ᠥᠷᠬᠦᠯᠵᠢᠯᠠᠨ ᠳᠥᠬᠦᠮᠴᠢᠯᠠᠵᠥ᠂ ᠰᠥᠢᠳᠬᠡᠯ ᠬᠤᠷᠢᠶᠠᠬᠤ ᠵᠥᠢᠯ ᠢ ᠴᠥᠬᠡᠳᠬᠡᠨ᠂ ᠵᠠᠰᠠᠭ ᠤᠨ ᠶᠠᠪᠤᠳᠠᠯ ᠤᠨ ᠥᠢᠯᠡᠴᠢᠯᠠᠬᠡᠨ ᠤ ᠠᠵᠢᠯ ᠤᠨ | ᠴᠣᠪᠤᠷᠠᠯ ᠢ ᠰᠢᠯᠢᠳᠡᠭᠴᠢᠯᠠᠵᠥ᠂ ᠶᠡᠷᠦᠩᠬᠡᠢ ᠥᠢᠯᠡᠴᠢᠯᠡᠬᠡᠨ ᠤ ᠬᠢᠷᠢ ᠳᠥᠪᠰᠢᠨ ᠢ ᠣᠯᠠᠮ ᠨᠢᠬᠡ ᠠᠯᠬᠤᠮ ᠳᠡᠬᠡᠭᠰᠢᠯᠡᠬᠦᠯᠬᠦ ᠬᠡᠷᠡᠭᠳᠡᠢ᠃ ᠵᠠᠰᠠᠭ ᠢ ᠴᠢᠩᠭ᠎ᠠ | ᠵᠠᠰᠠᠬᠤ ᠶᠢ ᠪᠠᠷᠢᠮᠳᠠᠯᠠᠵᠥ᠂ ᠨᠢᠭᠳᠠ ᠴᠢᠩᠭ᠎ᠠ ᠵᠠᠰᠠᠭ ᠵᠠᠬᠢᠷᠭᠠᠨ ᠤ ᠬᠠᠷᠢᠭᠤᠴᠠᠯᠭ᠎ᠠ ᠨᠠᠬᠡᠮᠵᠢᠯᠠᠬᠦ ᠳᠥᠷᠢᠮ ᠢ ᠬᠡᠷᠡᠭᠵᠢᠬᠦᠯᠵᠥ᠂ ᠵᠠᠰᠠᠭ ᠤᠨ ᠵᠠᠷᠯᠢᠭ ᠢ ᠰᠠᠭᠠᠳ | ᠥᠬᠡᠢ ᠶᠠᠪᠤᠭᠳᠠᠭᠤᠯᠬᠤ ᠪᠠ ᠵᠠᠷᠯᠢᠭ ᠪᠠᠶᠢᠪᠠᠯ ᠬᠡᠷᠡᠭᠵᠢᠬᠦᠯᠵᠥ ᠴᠠᠭᠠᠵᠠ ᠪᠠᠶᠢᠪᠠᠯ ᠵᠤᠭᠰᠣᠭᠠᠬᠤ ᠶᠢ ᠥᠨᠡᠨᠬᠦ ᠪᠠᠳᠣᠯᠠᠬᠤ ᠬᠡᠷᠡᠭᠳᠡᠢ᠃ | ︵ᠭᠤᠷᠪᠠ︶ ᠥᠨᠡᠨ ᠢ ᠪᠠᠷᠢᠮᠳᠠᠯᠠᠨ ᠪᠤᠳᠠᠳᠠᠢ ᠶᠢ ᠡᠷᠬᠢᠮᠯᠡᠵᠥ᠂ ᠰᠢᠷᠭᠠᠭᠤ ᠬᠠᠳᠠᠭᠤᠵᠢᠯᠳᠠᠢ ᠠᠵᠢᠯᠯᠠᠨ᠂ ᠨᠠᠶᠢᠳᠠᠪᠤᠷᠢᠵᠢᠭᠤᠯᠣᠯᠳᠠ ᠶᠢ ᠠᠳᠬᠤᠬᠤ᠂ | ᠪᠤᠳᠠᠳᠠᠢ ᠠᠳᠬᠤᠬᠤ ᠴᠢᠳᠠᠪᠤᠷᠢ ᠶᠢ ᠥᠨᠡᠨᠬᠦ ᠳᠡᠬᠡᠭᠰᠢᠯᠡᠬᠦᠯᠬᠦ ᠬᠡᠷᠡᠭᠳᠡᠢ᠃ ᠠᠵᠢᠯ ᠤᠨ ᠨᠠᠶᠢᠳᠠᠪᠤᠷᠢᠵᠢᠭᠤᠯᠣᠯᠳᠠ ᠪᠠ ᠬᠠᠷᠢᠭᠤᠴᠠᠯᠭ᠎ᠠ ᠶᠢᠨ | ᠨᠠᠶᠢᠳᠠᠪᠤᠷᠢᠵᠢᠭᠤᠯᠣᠯᠳᠠ ᠶᠢ ᠴᠢᠩᠭᠠᠳᠬᠠᠵᠥ᠂ ᠡᠯ᠎ᠡ ᠵᠦᠢᠯ ᠤᠨ ᠭᠤᠤᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠪᠥᠬᠦ ᠵᠢᠯ ᠤᠨ ᠬᠠᠷᠠᠯᠳᠠᠳᠣ | ᠡᠬᠦᠷᠬᠡ ᠪᠠᠨ ᠳᠥᠬᠦᠷᠡᠩ ᠠᠮᠵᠢᠯᠳᠠ ᠲᠠᠢ ᠪᠠᠶᠠᠯᠠᠬᠦᠯᠬᠦ ᠶᠢ ᠥᠨᠡᠨᠬᠦ ᠪᠠᠳᠣᠯᠠᠬᠤ ᠬᠡᠷᠡᠭᠳᠡᠢ᠃ ᠥᠨᠡᠨ ᠠᠴᠠ ᠵᠥᠪ ᠢ ᠡᠷᠢᠬᠦ ᠶᠢ ᠪᠠᠷᠢᠮᠳᠠᠯᠠᠨ᠂ ᠰᠢᠷᠭᠠᠭᠤ | ᠬᠠᠳᠠᠭᠤᠵᠢᠯᠳᠠᠢ ᠪᠠᠷ ᠠᠵᠢᠯᠯᠠᠨ᠂ ᠳᠡᠣᠬᠡ᠂ ᠠᠷᠠᠳ ᠳᠥᠮᠠᠨ ᠪᠠ ᠥᠢᠯᠡᠳᠣᠯᠬᠡ ᠶᠢᠨ ᠰᠢᠯᠭᠠᠯᠳᠠ ᠶᠢ ᠳᠠᠭᠠᠭᠠᠵᠥ ᠴᠢᠳᠠᠬᠤ ᠠᠵᠢᠯ ᠤᠨ ᠠᠮᠵᠢᠯᠳᠠ ᠪᠥᠳᠣᠮᠵᠢ ᠶᠢ | ᠪᠥᠳᠣᠬᠡᠬᠦ ᠬᠡᠷᠡᠭᠳᠡᠢ᠃ ᠬᠤᠷᠠᠯ ᠪᠤᠯᠣᠨ ᠪᠢᠴᠢᠭ ᠮᠠᠲ᠋ᠧᠷᠢᠶᠠᠯ ᠢ ᠴᠣᠮᠬᠠᠳᠬᠠᠵᠥ᠂ ᠨᠠᠩ ᠣᠯᠠᠨ ᠴᠠᠭ ᠪᠤᠯᠣᠨ ᠬᠥᠴᠣᠨ ᠢᠶᠠᠨ ᠪᠤᠳᠠᠳᠣ ᠠᠰᠠᠭᠤᠳᠠᠯ ᠢ | ᠰᠢᠢᠳᠪᠤᠷᠢᠯᠠᠬᠦ ᠳᠤ ᠵᠠᠷᠤᠴᠠᠭᠤᠯᠤᠨ᠎ᠠ᠃ ᠳᠠᠰᠪᠤᠷᠢ ᠬᠠᠳᠠᠭᠤᠵᠢᠯᠳᠠᠢ ᠳᠠᠮᠠᠴᠠᠨ᠂ ᠠᠷᠪᠢᠯᠠᠨ ᠭᠠᠮᠨᠠᠬᠤ ᠶᠢ ᠬᠢᠨᠠᠮᠠᠭᠠᠢ ᠬᠡᠷᠡᠭᠵᠢᠬᠦᠯᠵᠥ᠂ ᠠᠯᠪᠠᠨ ᠪᠠᠶᠢᠭᠤᠯᠭ᠎ᠠ ᠶᠢᠨ | ᠠᠯᠪᠠᠨ ᠵᠠᠷᠣᠳᠠᠯ ᠢ ᠴᠢᠩᠭ᠎ᠠ ᠬᠢᠵᠠᠭᠠᠷᠯᠠᠵᠥ᠂ ᠬᠢᠵᠠᠭᠠᠷ ᠲᠠᠢ ᠡᠳ᠋ ᠤᠨ ᠬᠥᠴᠣᠨ ᠢ ᠬᠥᠭᠵᠢᠯᠳᠠ ᠶᠢᠨ ᠬᠠᠮᠤᠭ ᠬᠡᠷᠡᠭᠴᠡᠭᠡ ᠲᠠᠢ᠂ ᠣᠯᠠᠨ ᠳᠥᠮᠠᠨ ᠳᠤ ᠬᠠᠮᠤᠭ | ᠤᠨ ᠠᠰᠢᠭᠳᠠᠢ ᠭᠠᠵᠠᠷ ᠲᠤ ᠬᠡᠷᠡᠭᠯᠡᠬᠦ ᠬᠡᠷᠡᠭᠳᠡᠢ᠃ | ︵ᠳᠥᠷᠪᠡ︶ ᠥᠨᠳᠣᠰᠣᠨ ᠠᠴᠠ ᠨᠢ ᠵᠠᠰᠠᠬᠤ ᠶᠢ ᠴᠢᠩᠭᠠᠳᠬᠠᠵᠥ᠂ ᠡᠷᠬᠡ ᠮᠡᠳᠡᠯ ᠤᠨ ᠠᠵᠢᠯᠯᠠᠭ᠎ᠠ ᠶᠢ ᠵᠢᠷᠣᠮᠵᠢᠭᠤᠯᠣᠨ᠂ ᠢᠯᠵᠡᠷᠡᠯ ᠢ ᠳᠠᠪᠴᠢᠵᠥ | ᠬᠤᠪᠢᠷᠠᠯ ᠢ ᠰᠠᠷᠬᠡᠶᠢᠯᠡᠬᠦ ᠴᠢᠳᠠᠪᠤᠷᠢ ᠶᠢ ᠥᠨᠡᠨᠬᠦ ᠳᠡᠬᠡᠭᠰᠢᠯᠡᠬᠦᠯᠬᠦ ᠬᠡᠷᠡᠭᠳᠡᠢ᠃ ᠳᠥᠷᠢᠮ ᠢᠶᠠᠷ ᠡᠷᠬᠡ᠂ ᠣᠴᠢᠷ ᠶᠠᠪᠤᠳᠠᠯ᠂ ᠬᠥᠮᠣᠨ ᠢ ᠬᠠᠮᠢᠶᠠᠷᠬᠤ ᠶᠢ | ᠪᠠᠷᠢᠮᠳᠠᠯᠠᠵᠥ᠂ ︽ᠭᠤᠷᠪᠠᠨ ᠭᠤᠤᠯᠳᠠᠯᠭ᠎ᠠ ᠨᠢᠬᠡ ᠶᠡᠭᠡ︾ ᠶᠢᠨ ᠳᠣᠭᠳᠠᠭᠠᠯ ᠤᠳ ᠢ ᠴᠢᠩᠭ᠎ᠠ ᠬᠡᠷᠡᠭᠵᠢᠬᠦᠯᠵᠥ᠂ ᠬᠠᠤᠯᠢ ᠶᠤᠰᠤᠭᠠᠷ ᠵᠠᠰᠠᠭ ᠶᠠᠪᠤᠭᠤᠯᠵᠥ᠂ ︽ᠢᠯᠠ | ᠳᠣᠳᠣ ᠠᠵᠢᠯᠯᠠᠵᠥ︾᠂ ᠢᠯᠵᠠᠷᠠᠮᠠᠯ ᠢ ᠥᠨᠳᠣᠰᠣᠨ ᠠᠴᠠ ᠨᠢ ᠰᠠᠷᠬᠡᠶᠢᠯᠠᠨ ᠵᠠᠰᠠᠬᠤ ᠬᠡᠷᠡᠭᠳᠡᠢ᠃ ᠵᠠᠰᠠᠭ ᠤᠨ ᠶᠠᠪᠤᠳᠠᠯ ᠢ ᠢᠯᠠ ᠪᠠᠶᠢᠯᠭᠠᠬᠤ ᠶᠢ ᠬᠥᠨᠵᠡᠬᠡᠢ | ᠠᠬᠢᠭᠤᠯᠵᠥ᠂ ᠡᠯᠧᠺᠲᠷᠣᠨ ᠢᠶᠠᠷ ᠬᠢᠨᠠᠨ ᠪᠠᠶᠢᠴᠠᠭᠠᠬᠤ ᠶᠢ ᠴᠢᠩᠭᠠᠳᠬᠠᠵᠥ᠂ ᠵᠠᠰᠠᠭ ᠤᠨ ᠣᠷᠳᠣᠨ ᠤ ᠠᠵᠢᠯ ᠤᠨ ᠢᠯᠠᠴᠠ ᠪᠠ ᠣᠯᠠᠨ ᠳᠤ ᠢᠳᠡᠭᠡᠭᠦᠯᠬᠦ | ᠬᠥᠴᠣᠨ ᠢ ᠥᠨᠡᠨᠬᠦ ᠨᠡᠮᠡᠭᠳᠡᠬᠦᠯᠬᠦ ᠬᠡᠷᠡᠭᠳᠡᠢ᠃ ᠨᠠᠮ ᠤᠨ ᠰᠣᠷᠳᠠᠯ ᠴᠢᠬᠡᠴᠢ ᠵᠠᠰᠠᠭ ᠤᠨ ᠪᠠᠶᠢᠭᠤᠯᠣᠯᠳᠠ ᠶᠢᠨ ᠬᠠᠷᠢᠭᠤᠴᠠᠯᠭ᠎ᠠ ᠶᠢᠨ ᠳᠥᠷᠢᠮ ᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠥ᠂ ᠰᠢᠳᠬᠡᠨ ᠰᠡᠷᠬᠡᠶᠢᠯᠡᠬᠦ ᠰᠢᠰᠲ᠋ᠧᠮᠵᠢ ᠶᠢᠨ ᠪᠥᠳᠣᠬᠡᠨ ᠪᠠᠶᠢᠭᠤᠯᠣᠯᠳᠠ ᠶᠢ ᠴᠢᠩᠭᠠᠳᠬᠠᠨ᠂ ᠡᠯ᠎ᠠ ᠳᠥᠷᠣᠯ ᠤᠨ ᠬᠠᠤᠯᠢ ᠵᠥᠷᠢᠴᠡᠭᠰᠡᠨ | ᠬᠡᠷᠡᠭ ᠢ ᠴᠢᠩᠭ᠎ᠠ ᠪᠠᠷ ᠪᠠᠶᠢᠴᠠᠭᠠᠨ ᠰᠢᠢᠳᠪᠤᠷᠢᠯᠠᠵᠥ᠂ ᠢᠯᠵᠠᠷᠠᠮᠠᠯ ᠢ ᠡᠰᠡᠷᠬᠦᠴᠠᠵᠥ ᠠᠷᠢᠭᠤᠨ ᠴᠢᠬᠡᠴᠢ ᠪᠠᠷ ᠵᠠᠰᠠᠭ ᠪᠠᠷᠢᠬᠤ ᠪᠤᠳᠠᠳᠣ ᠥᠷ᠎ᠠ ᠪᠥᠳᠣᠮᠵᠢ ᠪᠠᠷ | ᠳᠥᠪ ᠰᠣᠷᠳᠠᠯ ᠢ ᠱᠣᠭᠤᠨ᠂ ᠠᠷᠠᠳ ᠤᠨ ᠰᠡᠳᠬᠢᠯ ᠢ ᠨᠢᠭᠳᠠᠷᠠᠭᠤᠯᠵᠥ᠂ ᠬᠥᠭᠵᠢᠯᠳᠡ ᠶᠢ ᠠᠬᠢᠭᠤᠯᠬᠤ ᠬᠡᠷᠡᠭᠳᠡᠢ᠃ | ᠳᠥᠯᠥᠬᠡᠯᠡᠭᠴᠢᠳ ᠡ᠂ ᠬᠥᠭᠵᠢᠯᠳᠠ ᠶᠢᠨ ᠬᠡᠯᠪᠡᠷᠢ ᠶᠢ ᠬᠤᠪᠢᠷᠠᠭᠤᠯᠬᠤ ᠶᠢ ᠳᠥᠷᠬᠡᠳᠬᠡᠬᠦ ᠨᠢ ᠠᠵᠥ ᠠᠬᠤᠢ ᠶᠢᠨ ᠬᠥᠷᠢᠶ᠎ᠠ ᠬᠡᠪᠴᠢᠶᠠᠨ ᠤ ᠨᠢᠬᠡᠨ | ᠬᠥᠡᠵᠡᠬᠡᠢ ᠬᠤᠪᠢᠷᠠᠯᠳᠠ ᠪᠤᠯᠵᠥ᠂ ᠣᠷᠳᠣᠰ ᠤᠨ ᠢᠷᠡᠬᠡᠳᠣᠢ ᠶᠢᠨ ᠬᠥᠭᠵᠢᠯᠳᠠ ᠶᠢᠨ ᠬᠠᠨᠳᠣᠰᠢ᠂ ᠥᠷ᠎ᠠ ᠪᠥᠳᠣᠮᠵᠢ ᠪᠠ ᠣᠷᠣᠨ ᠪᠠᠶᠢᠷᠢ ᠲᠠᠢ ᠬᠤᠯᠪᠤᠭᠳᠠᠬᠤ | ᠪᠤᠯᠤᠨ᠎ᠠ᠃ ᠡᠨᠡ ᠨᠢ ᠨᠢᠬᠡᠨ ᠪᠠᠬᠢᠯᠡᠯᠳᠡ ᠳᠠᠭᠠᠷᠢᠬᠤ ᠪᠠᠶᠢᠯᠳᠣᠭᠠᠨ ᠪᠤᠯᠬᠤ ᠮᠥᠷᠳᠡᠬᠡᠨ ᠪᠠᠰᠠᠴᠣ ᠨᠢᠬᠡᠨ ᠣᠳᠠᠭᠠᠨ ᠳᠠᠭᠠᠭᠠᠮᠠᠭᠠᠢ ᠳᠠᠶᠢᠨ ᠪᠠ ᠨᠠᠩ ᠪᠠᠴᠢᠮ | ᠳᠣᠯᠭᠠᠮ᠎ᠠ ᠡᠬᠦᠷᠬᠡ ᠪᠤᠯᠬᠤ ᠶᠤᠮ᠃ ᠰᠢᠨ᠎ᠠ ᠨᠢᠬᠡᠨ ᠵᠢᠯ ᠳᠤ᠂ ᠪᠢᠳᠠ ᠡᠷᠬᠡᠪᠰᠢ ᠨᠠᠮ ᠤᠨ ᠬᠤᠷᠢᠶᠠᠨ ᠤ ᠡᠷᠡᠰ ᠴᠢᠩᠭ᠎ᠠ ᠣᠳᠣᠷᠢᠳᠣᠯᠭ᠎ᠠ ᠳᠣᠣᠷ᠎ᠠ᠂ ᠨᠠᠩ | ᠰᠡᠳᠬᠢᠯ ᠳᠥᠬᠦᠷᠡᠩ᠂ ᠳᠠᠮᠠᠴᠠᠯ ᠤᠨ ᠵᠤᠷᠢᠭ ᠪᠠᠳᠠᠷᠠᠩᠭᠤᠢ ᠪᠠᠷ᠂ ᠰᠢᠨ᠎ᠠ ᠶᠢ ᠡᠬᠦᠳᠬᠦ ᠵᠤᠷᠢᠭ ᠰᠠᠨᠠᠭ᠎ᠠ ᠪᠠᠷ᠂ ᠯᠠᠪᠳᠠᠭᠤᠨ ᠪᠠᠳᠣᠳᠠᠢ ᠠᠷᠭ᠎ᠠ ᠬᠡᠮᠵᠢᠶ᠎ᠠ ᠪᠠᠷ᠂ | ᠬᠥᠭᠵᠢᠯᠳᠠ ᠶᠢᠨ ᠬᠡᠯᠪᠡᠷᠢ ᠶᠢᠨ ᠬᠤᠪᠢᠷᠠᠭᠠᠯᠳᠠ ᠶᠢ ᠪᠥᠬᠦ ᠬᠥᠴᠣᠨ ᠢᠶᠠᠷ ᠢᠶᠠᠨ ᠳᠥᠯᠬᠢᠨ ᠠᠬᠢᠭᠤᠯᠵᠥ᠂ ᠡᠨᠡ ᠵᠢᠯ ᠤᠨ ᠡᠯ᠎ᠠ ᠵᠥᠢᠯ ᠤᠨ ᠠᠵᠢᠯ ᠢᠶᠠᠨ ᠰᠠᠶᠢᠳᠣᠷ | ᠬᠢᠬᠦ ᠪᠠᠷ ᠴᠢᠷᠮᠠᠶᠢᠨ᠂ ︽11· 5︾ ᠵᠢᠯ ᠤᠨ ᠠᠵᠥ ᠠᠬᠤᠢ ᠨᠡᠶᠢᠬᠡᠮ ᠤᠨ ᠬᠥᠭᠵᠢᠯᠳᠠ ᠶᠢᠨ ᠬᠠᠷᠠᠯᠳᠠ ᠪᠠᠨ ᠳᠥᠬᠦᠷᠡᠩ ᠠᠮᠵᠢᠯᠳᠠ ᠲᠠᠢ ᠪᠠᠶᠠᠯᠠᠬᠦᠯᠵᠥ᠂ | ᠰᠢᠨᠵᠢᠯᠡᠬᠦ ᠣᠬᠠᠭᠠᠨᠴᠢ᠂ ᠡᠶ᠎ᠡ ᠵᠤᠬᠢᠴᠠᠯ ᠲᠠᠢ᠂ ᠥᠩᠬᠡ ᠬᠢᠯᠪᠠᠭ᠎ᠠ ᠲᠠᠢ ᠣᠳᠣᠬᠢᠴᠢᠯᠠᠭᠰᠠᠨ ᠣᠷᠳᠣᠰ ᠢ ᠪᠥᠳᠣᠬᠡᠨ ᠪᠠᠶᠢᠭᠤᠯᠬᠤ ᠶᠢᠨ ᠳᠥᠯᠥᠬᠡ ᠴᠢᠷᠮᠠᠶᠢᠨ | ᠳᠡᠮᠡᠴᠠᠵᠠᠬᠡᠶᠠ︕ | | |