— 2011 ᠤᠨ ᠤ 2 ᠰᠠᠷ᠎ᠠ ᠶᠢᠨ 12 ᠤᠨ ᠡᠳᠦᠷ ᠤᠷᠳᠤᠰ ᠬᠤᠳᠠ ᠶᠢᠨ | ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠲᠠᠪᠤᠳᠤᠭᠠᠷ ᠤᠳᠠᠭᠠᠨ ᠤ ᠬᠤᠷᠠᠯᠳᠤᠭᠠᠨ ᠲᠡᠭᠡᠷ᠎ᠠ | ᠤᠷᠳᠤᠰ ᠬᠤᠳᠠ ᠶᠢᠨ ᠲᠠᠷᠤᠭ᠎ᠠ ᠶᠦᠨ ᠭᠤᠸᠠᠩ ᠵᠦᠡᠭ | | | | | ᠲᠦᠯᠦᠭᠡᠯᠡᠭᠴᠢᠳ ᠡ᠄ | ᠤᠳᠤ ᠪᠢ ᠬᠤᠳᠠ ᠶᠢᠨ ᠠᠷᠠᠳ ᠤᠨ ᠵᠠᠰᠠᠭ ᠤᠨ ᠤᠷᠳᠤᠨ ᠢ ᠲᠦᠯᠦᠭᠡᠯᠡᠨ ᠶᠡᠭᠡ ᠬᠤᠷᠠᠯ ᠳᠤ ᠠᠵᠢᠯ ᠤᠨ ᠢᠯᠡᠳᠭᠡᠯ ᠬᠢᠶ᠎ᠠ᠂ ︽ᠤᠷᠳᠤᠰ ᠬᠤᠳᠠ | ᠶᠢᠨ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠦᠭᠵᠢᠯᠳᠠ ᠶᠢᠨ ᠠᠷᠪᠠᠨ ᠬᠤᠶᠠᠳᠤᠭᠠᠷ ᠲᠠᠪᠤᠨ ᠵᠢᠯ ᠤᠨ ᠲᠦᠯᠦᠪᠵᠢᠬᠦᠯᠭᠡ ᠶᠢᠨ ᠬᠦᠳᠦᠯᠪᠦᠷᠢ ᠶᠢᠨ | ᠲᠤᠪᠴᠢ ︵ᠡᠭᠡ ᠨᠤᠤᠷᠠᠭ︶︾ ᠲᠠᠢ ᠵᠡᠷᠭᠡᠪᠡᠷ ᠬᠢᠨᠠᠨ ᠵᠦᠪᠯᠡᠬᠦ ᠪᠤᠯᠪᠠᠤ᠂ ᠲᠠᠷᠠᠴᠢᠯᠠᠨ ᠤᠯᠤᠰ ᠲᠦᠷᠦ ᠶᠢᠨ ᠵᠦᠪᠯᠡᠯᠭᠡᠨ ᠤ ᠬᠡᠰᠢᠬᠦᠳ ᠪᠠ ᠬᠤᠷᠠᠯ ᠳᠤ ᠰᠤᠯᠠ | ᠤᠷᠤᠯᠴᠠᠭᠰᠠᠳ ᠰᠠᠨᠠᠯ ᠢᠶᠠᠨ ᠲᠤᠷᠠᠳᠬᠤ ᠪᠤᠯᠪᠠᠤ᠃ | | ᠨᠢᠭᠡ᠂ ︽ᠠᠷᠪᠠᠨ ᠨᠢᠭᠡᠳᠦᠭᠡᠷ ᠲᠠᠪᠤᠨ ᠵᠢᠯ︾ ᠤᠨ | ᠬᠤᠭᠤᠴᠠᠭᠠᠨ ᠤ ᠠᠵᠢᠯ ᠤᠨ ᠡᠷᠬᠢᠴᠡᠬᠦᠯᠦᠯ | | ︽ᠠᠷᠪᠠᠨ ᠨᠢᠭᠡᠳᠦᠭᠡᠷ ᠲᠠᠪᠤᠨ ᠵᠢᠯ︾ ᠤᠨ ᠬᠤᠭᠤᠴᠠᠭ᠎ᠠ ᠪᠤᠯ ᠮᠠᠨ ᠤ ᠬᠤᠳᠠ ᠶᠢᠨ ᠬᠦᠭᠵᠢᠯᠳᠠ ᠶᠢᠨ ᠠᠬᠢᠴᠨ ᠳᠠᠬᠢ ᠲᠤᠶᠢᠯ ᠤᠨ ᠶᠡᠷᠦ ᠶᠢᠨ ᠪᠤᠰᠤ | ᠲᠠᠪᠤᠨ ᠵᠢᠯ ᠪᠤᠯᠤᠨ᠎ᠠ᠃ ᠲᠠᠪᠤᠨ ᠵᠢᠯ ᠤᠨ ᠲᠤᠷᠰᠢ᠂ ᠬᠤᠳᠠ ᠶᠢᠨ ᠠᠷᠠᠳ ᠤᠨ ᠵᠠᠰᠠᠭ ᠤᠨ ᠤᠷᠳᠤᠨ ᠰᠢᠨᠵᠢᠯᠡᠬᠦ ᠤᠬᠠᠭᠠᠨᠴᠢ ᠬᠦᠭᠵᠢᠯᠳᠠ ᠶᠢᠨ ᠦᠵᠡᠯᠳᠠ ᠪᠠᠷ | ᠵᠢᠯᠤᠭᠤᠳᠤᠯᠭ᠎ᠠ ᠪᠤᠯᠭᠠᠵᠤ᠂ ᠪᠦᠬᠦ ᠬᠤᠳᠠ ᠶᠢᠨ ᠡᠯ᠎ᠠ ᠦᠨᠳᠤᠰᠦᠳᠠᠨ ᠨᠦᠭᠦᠳ ᠤᠨ ᠠᠷᠠᠳ ᠲᠦᠮᠠᠨ ᠢ ᠪᠦᠯᠬᠦᠮᠳᠠᠬᠦᠯᠦᠨ ᠲᠠᠶᠢᠴᠢᠯᠠᠵᠤ ᠦᠪᠡᠷᠳᠡᠭᠡᠨ ᠵᠠᠰᠠᠬᠤ | ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ ᠬᠤᠳᠠ ᠶᠢᠨ ᠨᠠᠮ ᠤᠨ ᠬᠤᠷᠢᠶ᠎ᠠ ᠶᠢᠨ ᠡᠯ᠎ᠡ ᠲᠦᠷᠦᠯ ᠤᠨ ᠴᠢᠭᠯᠡᠯᠳᠠ ᠲᠦᠷᠦ ᠶᠢᠨ ᠪᠤᠳᠤᠯᠭ᠎ᠠ | ᠵᠢᠴᠢ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠡᠯ᠎ᠠ ᠲᠦᠷᠦᠯ ᠤᠨ ᠰᠢᠢᠳᠪᠦᠷᠢ ᠶᠢ ᠬᠢᠨᠠᠮᠠᠭᠠᠢ ᠬᠦᠢᠴᠡᠳᠭᠡᠵᠤ᠂ ︽ᠬᠤᠶᠠᠷ ᠲᠤᠮᠤ ᠪᠠᠶᠢᠯᠳᠤᠬᠤ ᠪᠤᠳᠤᠯᠭ᠎ᠠ︾ ᠶᠢ ᠨᠠᠷᠢᠯᠢᠭ ᠢᠶᠠᠷ ᠵᠤᠬᠢᠶᠠᠨ | ᠪᠠᠶᠢᠭᠤᠯᠤᠨ ᠬᠡᠷᠡᠭᠵᠢᠬᠦᠯᠵᠤ᠂ ᠬᠦᠴᠢᠷ ᠪᠡᠷᠭᠡᠰᠢᠶᠠᠯ ᠢ ᠢᠯᠠᠨ ᠲᠠᠪᠠᠵᠤ᠂ ᠨᠡᠭᠡᠭᠡᠯᠳᠠ ᠲᠠᠢ ᠪᠠᠷ ᠰᠢᠨ᠎ᠠ ᠶᠢ ᠡᠬᠦᠳᠦᠭᠡᠳ ︽ᠠᠷᠪᠠᠨ ᠨᠢᠭᠡᠳᠦᠭᠡᠷ ᠲᠠᠪᠤᠨ ᠵᠢᠯ︾ | ᠤᠨ ᠡᠯ᠎ᠠ ᠬᠠᠷᠠᠯᠳᠠ ᠡᠬᠦᠷᠭᠡ ᠪᠠᠨ ᠠᠮᠵᠢᠯᠳᠠ ᠲᠠᠢ ᠪᠠᠷ ᠪᠠᠶᠠᠯᠡᠬᠦᠯᠵᠤ᠂ ᠤᠷᠳᠤᠰ ᠤᠨ ᠰᠢᠨᠵᠢᠯᠡᠬᠦ ᠤᠬᠠᠭᠠᠨᠴᠢ ᠬᠦᠭᠵᠢᠯᠳᠠ ᠶᠢᠨ ᠰᠢᠨ᠎ᠠ ᠪᠠᠶᠢᠳᠠᠯ ᠢ ᠡᠬᠦᠳᠴᠦ᠂ | ᠪᠦᠬᠦ ᠤᠯᠤᠰ ᠤᠨ ᠦᠭᠡᠷᠡᠴᠢᠯᠡᠯᠳᠠ ᠬᠢᠵᠤ ᠴᠢᠯᠤᠭᠡᠳᠡᠢ ᠶᠠᠪᠤᠯᠴᠠᠭᠰᠠᠨ 30 ᠵᠢᠯ ᠤᠨ ᠠᠷᠪᠠᠨ ᠨᠠᠢᠮᠠᠨ ᠨᠡᠶᠢᠳᠡᠯᠢᠭ ᠭᠠᠵᠠᠷ ᠤᠷᠤᠨ ᠤ ᠨᠢᠭᠡ ᠪᠠ ᠰᠢᠨᠵᠢᠯᠡᠬᠦ | ᠤᠬᠠᠭᠠᠨᠴᠢ ᠬᠦᠭᠵᠢᠯᠳᠠ ᠶᠢᠨ ᠦᠵᠡᠯᠳᠠ ᠶᠢ ᠰᠤᠷᠤᠯᠴᠠᠨ ᠦᠢᠯᠡᠳᠦᠯᠭᠡᠵᠢᠬᠦᠯᠦᠭᠰᠡᠨ ᠲᠠᠪᠤᠨ ᠨᠠᠶᠢᠳᠡᠯᠢᠭ ᠬᠤᠳᠠ ᠶᠢᠨ ᠨᠢᠭᠡ ᠨᠢ ᠪᠤᠯᠤᠭᠰᠠᠨ ᠪᠠᠶᠢᠨ᠎ᠠ᠃ | — ᠠᠵᠤ ᠠᠬᠤᠢ ᠶᠢᠨ ᠶᠡᠷᠦᠩᠭᠡᠶᠢᠯᠡᠭᠰᠡᠨ ᠪᠤᠳᠠᠳᠤ ᠬᠦᠴᠦᠨ ᠶᠡᠭᠡ ᠲᠡᠭᠡᠭᠰᠢᠯᠠᠯᠳᠠ ᠶᠢ ᠪᠡᠶᠡᠯᠡᠬᠦᠯᠪᠠ᠃ ᠭᠠᠵᠠᠷ ᠤᠷᠤᠨ ᠤ ᠦᠢᠯᠡᠳᠪᠦᠷᠢᠯᠠᠯ ᠤᠨ | ᠶᠡᠷᠦᠩᠭᠡᠢ ᠦᠷᠳᠡᠭ ᠮᠢᠩᠭᠠᠨ ᠳ᠋ᠦᠡᠭᠰᠢᠭᠤᠷ ᠲᠦᠬᠦᠷᠢᠭ᠂ ᠬᠤᠶᠠᠷ ᠮᠢᠩᠭᠠᠨ ᠳ᠋ᠦᠡᠭᠰᠢᠭᠤᠷ ᠲᠦᠬᠦᠷᠢᠭ ᠤᠨ ᠲᠤᠮᠤ ᠪᠤᠭᠤᠮᠳᠠ ᠶᠢ ᠲᠠᠷᠠᠭᠠᠯᠠᠨ ᠰᠢᠪᠳᠤᠯᠵᠤ᠂ | 2010 ᠤᠨ ᠳᠤ 2643 ᠳ᠋ᠦᠡᠭᠰᠢᠭᠤᠷ ᠲᠦᠬᠦᠷᠢᠭ ᠲᠤ ᠬᠦᠷᠴᠦ᠂ ᠲᠠᠪᠤᠨ ᠵᠢᠯ ᠳᠤ ᠭᠠᠵᠠᠷ ᠤᠷᠤᠨ ᠤ ᠦᠢᠯᠡᠳᠪᠦᠷᠢᠯᠠᠯ ᠤᠨ ᠶᠡᠷᠦᠩᠭᠡᠢ ᠦᠷᠳᠡᠭ ᠢ | ᠨᠠᠶᠢᠳᠠ 8490 ᠳ᠋ᠦᠡᠭᠰᠢᠭᠤᠷ ᠲᠦᠬᠦᠷᠢᠭ ᠡᠬᠦᠳᠴᠦ᠂ ︽ᠠᠷᠪᠠᠳᠤᠭᠠᠷ ᠲᠠᠪᠤᠨ ᠵᠢᠯ︾ ᠤᠨ ᠬᠤᠭᠤᠴᠠᠭ᠎ᠠ ᠶᠢᠨ 5.2 ᠲᠠᠬᠢᠨ ᠪᠤᠯᠤᠨ᠎ᠠ᠂ ᠵᠢᠯ ᠪᠦᠷᠢ ᠲᠤᠮᠳᠠᠴᠢ | ᠪᠠᠷ 23.4 % ᠪᠠᠷ ᠨᠡᠮᠡᠭᠳᠡᠪᠡ︔ ᠬᠦᠮᠦᠨ ᠲᠤᠮᠳᠠᠴᠢ GDP 4600 ᠳ᠋ᠤᠯᠯᠠᠷ ᠠᠴᠠ ᠨᠡᠮᠡᠭᠳᠡᠨ 20800 ᠳ᠋ᠤᠯᠯᠠᠷ ᠲᠤ ᠬᠦᠷᠪᠠ᠃ ᠡᠳ᠋ ᠤᠨ ᠵᠠᠰᠠᠭ | ᠤᠨ ᠶᠡᠷᠦᠩᠭᠡᠢ ᠤᠷᠤᠯᠭ᠎ᠠ 538.2 ᠳ᠋ᠦᠡᠭᠰᠢᠭᠤᠷ ᠲᠦᠬᠦᠷᠢᠭ ᠲᠤ ᠬᠦᠷᠴᠦ᠂ ᠲᠠᠪᠤᠨ ᠵᠢᠯ ᠳᠤ ᠨᠠᠶᠢᠳᠠ 1515.7 ᠳ᠋ᠦᠡᠭᠰᠢᠭᠤᠷ ᠲᠦᠬᠦᠷᠢᠭ ᠪᠠᠶᠠᠯᠡᠬᠦᠯᠵᠤ᠂ | ︽ᠠᠷᠪᠠᠳᠤᠭᠠᠷ ᠲᠠᠪᠤᠨ ᠵᠢᠯ︾ ᠤᠨ ᠬᠤᠭᠤᠴᠠᠭ᠎ᠠ ᠶᠢᠨ 7.4 ᠲᠠᠬᠢᠨ ᠪᠠᠶᠢᠵᠤ᠂ ᠵᠢᠯ ᠪᠦᠷᠢ ᠲᠤᠮᠳᠠᠴᠢ ᠪᠠᠷ 42% ᠪᠠᠷ ᠨᠡᠮᠡᠭᠳᠡᠪᠠ᠃ ᠳ᠋ᠦᠡᠭᠱᠸᠡᠭ ᠲᠤᠭᠤᠷᠢᠭ᠂ | ᠵᠡᠬᠦᠨᠭᠠᠷ ᠬᠤᠰᠢᠭᠤ ᠪᠠ ᠡᠵᠡᠨ ᠬᠤᠷᠤᠭ᠎ᠠ ᠬᠤᠰᠢᠭᠤᠨ ᠤ ᠡᠳ᠋ ᠤᠨ ᠵᠠᠰᠠᠭ ᠤᠨ ᠤᠷᠤᠯᠭ᠎ᠠ ᠵᠠᠭᠤᠨ ᠳ᠋ᠦᠡᠭᠰᠢᠭᠤᠷ ᠲᠦᠬᠦᠷᠢᠭ ᠤᠨ ᠪᠤᠭᠤᠮᠳᠠ ᠶᠢ ᠰᠢᠪᠳᠤᠯᠪᠠ᠃ | ᠲᠤᠭᠳᠠᠮᠠᠯ ᠬᠦᠷᠦᠩᠭᠡ ᠶᠢᠨ ᠪᠠᠯᠠ ᠤᠷᠤᠭᠤᠯᠤᠯᠳᠠ ᠶᠢ 1898 ᠳ᠋ᠦᠡᠭᠰᠢᠭᠤᠷ ᠲᠦᠬᠦᠷᠢᠭ ᠪᠠᠶᠡᠯᠡᠬᠦᠯᠵᠤ᠂ ᠲᠠᠪᠤᠨ ᠵᠢᠯ ᠳᠤ ᠨᠡᠶᠢᠳᠠ 6033 ᠳ᠋ᠦᠡᠭᠰᠢᠭᠤᠷ | ᠲᠦᠬᠦᠷᠢᠭ ᠪᠡᠶᠡᠯᠡᠬᠦᠯᠵᠤ᠂ ︽ᠠᠷᠪᠠᠳᠤᠭᠠᠷ ᠲᠠᠪᠤᠨ ᠵᠢᠯ︾ ᠤᠨ ᠬᠤᠭᠤᠴᠠᠭ᠎ᠠ ᠶᠢᠨ6.5 ᠲᠠᠬᠢᠨ ᠪᠤᠯᠤᠨ᠎ᠠ᠃ ᠠᠵᠤ ᠠᠬᠤᠢ ᠶᠢᠨ ᠭᠤᠤᠯ ᠪᠤᠯᠬᠤ ᠬᠦᠢᠴᠡᠳᠭᠡᠬᠦ | ᠲᠤᠭ᠎ᠠ ᠪᠠᠷ ᠪᠦᠬᠦ ᠤᠷᠤᠨ ᠳᠤ ᠤᠷᠤᠶᠢᠯᠠᠵᠤ᠂ ᠠᠵᠤ ᠠᠬᠤᠢ ᠶᠢᠨ ᠶᠡᠷᠦᠩᠭᠡᠶᠢᠯᠡᠭᠰᠡᠨ ᠪᠤᠳᠠᠳᠤ ᠬᠦᠴᠦᠨ ᠪᠦᠬᠦ ᠤᠯᠤᠰ ᠤᠨ ᠲᠤᠰᠬᠠᠢ ᠤᠷᠤᠨ ᠤ ᠲᠡᠰ ᠤᠨ | ᠬᠤᠳᠠ ᠶᠢᠨ ᠲᠤᠳᠤᠷ᠎ᠠ ᠡᠮᠦᠨ᠎ᠠ 20 ᠪᠠᠶᠢᠷᠢᠨ ᠳᠤ ᠲᠠᠪᠰᠢᠨ ᠤᠷᠤᠭᠰᠠᠨ ᠪᠠᠶᠢᠨ᠎ᠠ᠃ | — ᠠᠵᠤ ᠠᠬᠤᠢ ᠶᠢᠨ ᠪᠦᠳᠦᠴᠠ ᠶᠢᠨ ᠲᠤᠬᠢᠷᠠᠭᠤᠯᠤᠯᠳᠠ ᠶᠢᠨ ᠲᠠᠯ᠎ᠠ ᠪᠠᠷ ᠴᠢᠬᠤᠯᠠ ᠠᠬᠢᠯᠳᠠ ᠲᠠᠢ ᠪᠤᠯᠪᠠ᠃ ᠭᠤᠷᠪᠠᠨ ᠠᠵᠤ ᠦᠢᠯᠡᠰ ᠤᠨ ᠬᠠᠷᠢᠴᠠᠯ | ᠲᠤᠬᠢᠷᠠᠭᠤᠯᠤᠭᠳᠠᠨ 2.7᠄ 60.2᠄ 37.1 ᠪᠤᠯᠪᠠ᠃ ᠤᠯᠤᠰ ᠤᠨ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠪᠤᠬᠢᠷᠳᠤᠯ ᠦᠭᠡᠢ ᠡᠨᠧᠷᠬᠢ ᠪᠠ ᠰᠢᠨ᠎ᠠ ᠬᠡᠯᠪᠡᠷᠢ | ᠶᠢᠨ ᠬᠢᠮᠢ ᠤᠨ ᠠᠵᠤ ᠦᠢᠯᠡᠳᠪᠦᠷᠢ ᠶᠢᠨ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠳᠠ ᠠᠩᠬ᠎ᠠ ᠠᠯᠬᠤᠮ ᠬᠡᠪᠴᠢᠶᠠᠵᠢᠵᠤ᠂ ᠨᠡᠬᠦᠷᠡᠰᠦ ᠬᠢᠮᠢ ᠶᠢᠨ ᠠᠵᠤ | ᠦᠢᠯᠡᠳᠪᠦᠷᠢ᠂ ᠪᠠᠶᠢᠭᠠᠯᠢ ᠶᠢᠨ ᠰᠢᠳᠠᠮᠠᠬᠠᠢ ᠬᠡᠢ ᠶᠢᠨ ᠬᠢᠮᠢ ᠶᠢᠨ ᠠᠵᠤ ᠦᠢᠯᠡᠳᠪᠦᠷᠢ᠂ ᠡᠾᠯᠤᠷᠳᠤ ᠬᠤᠵᠢᠷ ᠤᠨ ᠬᠢᠮᠢ ᠶᠢᠨ ᠠᠵᠤ ᠦᠢᠯᠡᠳᠪᠤᠷᠢ ᠶᠢᠨ | ᠦᠢᠯᠡᠳᠪᠦᠷᠢᠯᠠᠯ ᠤᠨ ᠴᠢᠳᠠᠪᠤᠷᠢ ᠮᠢᠩᠭᠠᠨ ᠲᠦᠮᠡᠨ ᠲᠤᠨ ᠢ ᠲᠠᠪᠠᠭᠰᠠᠨ ᠪᠠᠶᠢᠨ᠎ᠠ᠃ ᠮᠠᠰᠢᠨ ᠲᠡᠷᠭᠡ᠂ ᠨᠡᠬᠦᠷᠡᠰᠦᠨ ᠮᠠᠰᠢᠨ᠂ ᠸᠠᠭᠠᠷ ᠱᠠᠭᠠᠵᠠᠩ᠂ ᠤᠯᠠᠨ | ᠲᠠᠯᠠᠰᠳᠤ ᠴᠠᠬᠢᠭᠤᠷ᠂ ᠨᠠᠷᠠᠨ ᠡᠨᠧᠷᠬᠢ ᠪᠠᠷ ᠴᠠᠬᠢᠯᠭᠠᠨ ᠭᠠᠷᠭᠠᠬᠤ ᠵᠡᠷᠭᠡ ᠨᠡᠬᠦᠷᠡᠰᠦᠨ ᠤ ᠪᠤᠰᠤ ᠠᠵᠤ ᠦᠢᠯᠡᠰ ᠦᠷᠨᠢᠨ ᠬᠦᠭᠵᠢᠵᠤ᠂ ᠮᠦᠡᠭᠬᠦᠨ ᠬᠦᠢᠯᠭᠡᠭᠡ᠂ | ᠪᠤᠳᠠᠰ ᠤᠨ ᠬᠦᠢᠯᠭᠡᠭᠡ᠂ ᠰᠤᠶᠤᠯ ᠵᠤᠭᠠᠴᠠᠯ ᠵᠡᠷᠭᠡ ᠤᠳᠤ ᠦᠶ᠎ᠠ ᠶᠢᠨ ᠦᠢᠯᠡᠴᠢᠯᠡᠭᠡᠨ ᠤ ᠦᠢᠯᠡᠰ ᠲᠦᠷᠭᠡᠨ ᠢᠶᠠᠷ ᠪᠤᠶᠢᠵᠢᠵᠤ᠂ ᠠᠵᠤ ᠦᠢᠯᠡᠰ ᠢ ᠤᠯᠠᠨ | ᠡᠰᠵᠢᠬᠦᠯᠬᠦ᠂ ᠤᠷᠳᠤᠳᠬᠠᠬᠤ ᠪᠠ ᠲᠡᠰᠵᠢᠬᠦᠯᠬᠦ ᠲᠠᠯ᠎ᠠ ᠪᠠᠷ ᠪᠤᠳᠠᠳᠤ ᠴᠢᠨᠠᠷᠳᠠᠢ ᠠᠬᠢᠯᠳᠠ ᠲᠠᠢ ᠪᠤᠯᠪᠠ ᠃ | — ᠬᠤᠳᠠ ᠶᠢᠨ ᠦᠡᠭᠭᠡ ᠲᠦᠷᠰᠦ ᠳᠤ ᠶᠡᠭᠡ ᠬᠤᠪᠢᠷᠠᠯᠳᠠ ᠭᠠᠷᠪᠠ᠃ ᠤᠷᠤᠨ ᠲᠤᠭᠤᠷᠢᠭ ᠤᠨ ᠴᠢᠨᠠᠷᠳᠠᠢ ᠭᠤᠤᠯᠳᠠᠯᠭᠠᠳᠤ ᠬᠤᠳᠠ ᠶᠢᠨ ᠪᠦᠳᠦᠭᠡᠨ | ᠪᠠᠶᠢᠭᠤᠯᠤᠯᠳᠠ ᠳᠤ ᠶᠡᠭᠡᠭᠡᠨ ᠦᠷ᠎ᠠ ᠪᠦᠳᠦᠮᠵᠢ ᠤᠯᠵᠤ᠂ ᠳ᠋ᠦᠡᠭᠱᠸᠡᠭ ᠲᠤᠭᠤᠷᠢᠭ ᠤᠨ ᠰᠢᠨ᠎ᠠ ᠲᠤᠭᠤᠷᠢᠭ ᠤᠨ ᠪᠦᠳᠦᠭᠡᠨ ᠪᠠᠶᠢᠭᠤᠯᠤᠯᠳᠠ ᠪᠠ ᠬᠠᠭᠤᠴᠢᠨ | ᠲᠤᠭᠤᠷᠢᠭ ᠤᠨ ᠦᠭᠡᠷᠡᠴᠢᠯᠡᠯᠳᠠ ᠵᠤᠬᠢᠴᠠᠯᠳᠤᠨ ᠶᠠᠪᠤᠭᠳᠠᠵᠤ᠂ ᠬᠢᠶ᠎ᠠ ᠪᠠᠭᠰᠢ ᠰᠢᠨ᠎ᠠ ᠲᠤᠭᠤᠷᠢᠭ ᠪᠠ ᠠᠯᠳᠠᠨᠰᠢᠷᠡᠭᠡᠳᠤ ᠪᠠᠯᠭᠠᠰᠤ ᠴᠤᠭᠴᠠᠵᠢᠭᠰᠠᠨ ᠬᠦᠭᠵᠢᠯᠳᠠ | ᠶᠢᠨ ᠬᠠᠨᠳᠤᠰᠢ ᠲᠠᠢ ᠪᠤᠯᠵᠤ ᠬᠤᠳᠠ ᠶᠢᠨ ᠵᠠᠰᠠᠭ ᠤᠨ ᠤᠷᠳᠤᠨ ᠢ ᠬᠢᠶ᠎ᠠ ᠪᠠᠭᠰᠢ ᠰᠢᠨ᠎ᠠ ᠲᠤᠭᠤᠷᠢᠭ ᠲᠤ ᠨᠡᠬᠦᠯᠭᠡᠨ ᠠᠪᠴᠢᠷᠠᠵᠤ᠂ ᠬᠤᠳᠠ ᠶᠢᠨ ᠪᠠᠭᠳᠠᠭᠠᠮᠵᠢ | ᠲᠦᠷᠭᠡᠨ ᠢᠶᠠᠷ ᠦᠷᠭᠡᠵᠢᠨ ᠴᠢᠳᠠᠪᠬᠢ ᠦᠢᠯᠡᠳᠤᠯ ᠨᠢ ᠴᠢᠨᠠᠭᠰᠢᠳᠠ ᠲᠡᠬᠦᠯᠳᠡᠷᠵᠢᠵᠤ᠂ ᠴᠢᠨᠠᠷ ᠲᠡᠰ ᠨᠢ ᠲᠠᠰᠤᠷᠠᠯᠳᠠ ᠦᠭᠡᠢ ᠲᠡᠭᠡᠭᠰᠢᠯᠡᠵᠡᠢ᠃ ᠪᠦᠬᠦ ᠬᠤᠳᠠ ᠶᠢᠨ | ᠬᠤᠳᠠ ᠪᠠᠯᠭᠠᠰᠤ ᠶᠢᠨ ᠨᠢᠭᠡᠨᠳᠠ ᠪᠠᠶᠢᠭᠤᠯᠤᠭᠳᠠᠭᠰᠠᠨ ᠲᠠᠯᠠᠪᠠᠢ ᠨᠢ 138 ᠲᠡᠭᠰᠢ ᠲᠦᠷᠪᠡᠯᠵᠢᠨ ᠺᠢᠯᠤᠮᠧᠲᠷ ᠠᠴᠠ ᠦᠷᠭᠡᠵᠢᠨ 243 ᠲᠡᠭᠰᠢ ᠲᠦᠷᠪᠡᠯᠵᠢᠨ | ᠺᠢᠯᠤᠮᠧᠲᠷ ᠲᠤ ᠬᠦᠷᠴᠦ᠂ ᠬᠤᠳᠠ ᠪᠠᠯᠭᠠᠰᠤᠵᠢᠯᠳᠠ ᠶᠢᠨ ᠨᠤᠷᠮ᠎ᠠ 70% ᠳᠤ ᠬᠦᠷᠦᠨ᠂ ︽ᠠᠷᠪᠠᠳᠤᠭᠠᠷ ᠲᠠᠪᠤᠨ ᠵᠢᠯ︾ ᠤᠨ ᠬᠤᠭᠤᠴᠠᠭ᠎ᠠ ᠶᠢᠨ ᠰᠡᠬᠦᠯᠴᠢ | ᠠᠴᠠ ᠵᠠᠭᠤᠨ ᠤ ᠬᠤᠪᠢ ᠶᠢᠨ ᠬᠠᠷᠢᠴᠠᠯ ᠢᠶᠠᠷ 15.6 ᠲᠡᠭᠡᠭᠰᠢᠯᠡᠪᠠ᠃ | — ᠠᠷᠠᠳ ᠤᠨ ᠠᠮᠢᠳᠤᠷᠠᠯ ᠤᠨ ᠬᠢᠷᠢ ᠲᠦᠪᠰᠢᠨ ᠮᠡᠳᠡᠭᠳᠡᠮ᠎ᠠ ᠲᠡᠭᠡᠭᠰᠢᠯᠡᠪᠠ᠃ ᠬᠤᠳᠠ ᠪᠠᠯᠭᠠᠰᠤ ᠶᠢᠨ ᠰᠠᠭᠤᠭᠠᠯᠢ ᠠᠷᠠᠳ ᠤᠨ ᠬᠦᠮᠦᠨ ᠲᠤᠮᠳᠠᠴᠢ | ᠲᠤᠬᠢᠷᠠᠭᠤᠯᠵᠤ ᠪᠤᠯᠬᠤ ᠤᠷᠤᠯᠭ᠎ᠠ 2005 ᠤᠨ ᠤ 11025 ᠲᠦᠬᠦᠷᠢᠭ ᠠᠴᠠ ᠨᠡᠮᠡᠭᠳᠡᠨ 25205 ᠲᠦᠬᠦᠷᠢᠭ ᠲᠤ ᠬᠦᠷᠴᠦ᠂ ᠵᠢᠯ ᠪᠦᠷᠢ ᠲᠤᠮᠳᠠᠴᠢ ᠪᠠᠷ | 18% ᠪᠠᠷ ᠨᠡᠮᠡᠭᠳᠡᠪᠠ᠃ ᠮᠠᠯᠴᠢᠨ ᠲᠠᠷᠢᠶᠠᠴᠢᠳ ᠤᠨ ᠬᠦᠮᠦᠨ ᠲᠤᠮᠳᠠᠴᠢ ᠴᠡᠪᠡᠷ ᠤᠷᠤᠯᠭ᠎ᠠ 4601 ᠲᠦᠬᠦᠷᠢᠭ ᠠᠴᠠ ᠨᠡᠮᠡᠭᠳᠡᠨ 8756 ᠲᠦᠬᠦᠷᠢᠭ ᠲᠤ | ᠬᠦᠷᠴᠤ᠂ ᠵᠢᠯ ᠪᠦᠷᠢ ᠲᠤᠮᠳᠠᠴᠢ ᠪᠠᠷ 13.7% ᠪᠠᠷ ᠨᠡᠮᠡᠭᠳᠡᠪᠠ᠃ ᠦᠨ᠎ᠠ ᠲᠦᠯᠦᠪᠦᠷᠢ ᠦᠭᠡᠢ ᠰᠤᠷᠭᠠᠨ ᠬᠦᠮᠦᠵᠢᠯ᠂ ᠦᠨᠳᠦᠰᠦᠨ ᠡᠮ ᠡᠮᠨᠡᠯᠭᠡ ᠪᠠ ᠨᠠᠰᠤᠵᠢᠯ | ᠤᠨ ᠲᠠᠭᠠᠳᠬᠠᠯ᠂ ᠬᠤᠳᠠ ᠬᠦᠳᠡᠭᠡ ᠶᠢᠨ ᠨᠠᠭᠠᠳᠤ ᠵᠠᠬ᠎ᠠ ᠶᠢᠨ ᠠᠮᠢᠲᠤᠷᠠᠯ ᠤᠨ ᠪᠠᠳᠤᠯᠠᠭ᠎ᠠ ᠪᠠᠷ ᠭᠤᠤᠯᠳᠠᠯᠭ᠎ᠠ ᠪᠤᠯᠭᠠᠭᠰᠠᠨ ᠬᠤᠳᠠ ᠬᠦᠳᠡᠭᠡ ᠶᠢ ᠪᠦᠷᠬᠦᠭᠰᠡᠨ | ᠤᠯᠨᠨ ᠨᠠᠶᠢᠳᠠ ᠶᠢᠨ ᠦᠢᠯᠡᠴᠢᠯᠡᠭᠡᠨ ᠤ ᠰᠢᠰᠲ᠋ᠧᠮᠵᠢ ᠶᠢ ᠦᠨᠳᠦᠰᠦᠨ ᠳᠡᠭᠡᠨ ᠪᠠᠶᠢᠭᠤᠯᠵᠤ᠂ ᠨᠡᠶᠢᠭᠡᠮ ᠤᠨ ᠭᠤᠤᠯ ᠪᠤᠯᠬᠤ ᠪᠠᠳᠤᠯᠠᠭ᠎ᠠ ᠶᠢᠨ ᠬᠦᠢᠴᠡᠳᠭᠡᠬᠦ ᠲᠤᠭ᠎ᠠ | ᠪᠦᠬᠦ ᠤᠯᠤᠰ ᠤᠨ ᠲᠤᠰᠬᠠᠢ ᠤᠷᠤᠨ ᠤ ᠲᠡᠰ ᠤᠨ ᠬᠤᠳᠠ ᠶᠢᠨ ᠲᠤᠳᠤᠷ᠎ᠠ ᠲᠡᠷᠢᠬᠦᠨ ᠡᠩᠨᠡᠭᠡᠨ ᠳᠤ ᠤᠷᠤᠵᠤ᠂ ᠠᠷᠠᠳ ᠲᠦᠮᠠᠨ ᠤ ᠠᠮᠢᠳᠤᠷᠠᠯ ᠨᠡᠩ ᠪᠠᠶᠠᠨ | ᠴᠢᠨᠡᠭᠡᠯᠢᠭ ᠪᠤᠯᠤᠭᠰᠠᠨ ᠪᠠᠶᠢᠨ᠎ᠠ᠃ | ᠲᠠᠪᠤᠨ ᠵᠢᠯ ᠤᠨ ᠲᠤᠷᠰᠢ᠂ ᠪᠢᠳᠠ ᠠᠵᠤ ᠦᠢᠯᠡᠳᠪᠦᠷᠢ ᠪᠠᠷ ᠭᠤᠤᠯ ᠪᠤᠯᠭᠠᠬᠤ ᠪᠠᠶᠢᠯᠳᠤᠬᠤ ᠪᠤᠳᠤᠯᠭ᠎ᠠ ᠶᠢ ᠪᠠᠷᠢᠮᠳᠠᠯᠠᠵᠤ᠂ ᠠᠵᠤ ᠠᠬᠤᠢ ᠶᠢᠨ ᠪᠦᠳᠦᠴᠠ | ᠳᠤ ᠶᠡᠭᠡᠪᠡᠷ ᠲᠤᠬᠢᠷᠠᠭᠤᠯᠤᠯᠳᠠ ᠬᠢᠵᠤ᠂ ᠬᠦᠭᠵᠢᠯᠳᠠ ᠶᠢᠨ ᠬᠡᠯᠪᠡᠷᠢ ᠪᠠᠨ ᠬᠤᠪᠢᠷᠠᠭᠤᠯᠵᠤ᠂ ᠤᠯᠠᠨ ᠡᠰᠵᠢᠯ ᠢᠶᠠᠷ ᠬᠦᠭᠵᠢᠬᠦᠯᠦᠭᠰᠡᠨ᠂ ᠤᠯᠠᠨ ᠲᠠᠯ᠎ᠠ ᠪᠠᠷ | ᠲᠤᠯᠭᠠᠭᠤᠷᠢᠯᠠᠭᠰᠠᠨ ᠠᠵᠤ ᠦᠢᠯᠡᠰ ᠤᠨ ᠰᠢᠰᠲ᠋ᠧᠮᠵᠢ ᠶᠢ ᠪᠠᠶᠢᠭᠤᠯᠤᠭᠰᠠᠨ ᠪᠠᠶᠢᠨ᠎ᠠ᠃ ᠤᠯᠤᠰ ᠤᠨ ᠲᠤᠳᠤᠭᠠᠳᠤ ᠭᠠᠳᠠᠭᠠᠳᠤ ᠶᠢᠨ ᠪᠤᠳᠤᠯᠢᠶᠠᠨᠳᠠᠢ ᠬᠤᠪᠢᠷᠠᠯᠳᠠ | ᠶᠡᠭᠡ ᠠᠵᠤ ᠠᠬᠤᠢ ᠶᠢᠨ ᠬᠦᠭᠵᠢᠯᠳᠠ ᠶᠢᠨ ᠤᠷᠴᠢᠨ ᠲᠤᠭᠤᠷᠢᠨ ᠢ ᠪᠦᠳᠦᠮᠵᠢᠳᠠᠢ ᠪᠠᠷ ᠠᠷᠭᠠᠴᠠᠵᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠲᠤᠭᠳᠠᠭᠤᠨ | ᠮᠦᠷᠳᠡᠭᠡᠨ ᠡᠷᠡᠬᠦᠯ ᠢᠶᠠᠷ ᠬᠦᠭᠵᠢᠬᠦ ᠶᠢ ᠪᠦᠬᠦ ᠬᠦᠴᠦᠨ ᠢᠶᠠᠷ ᠢᠶᠠᠨ ᠪᠠᠳᠤᠯᠠᠵᠤ᠂ ᠪᠦᠬᠦ ᠬᠤᠳᠠ ᠶᠢᠨ ᠬᠡᠪᠴᠢᠶᠡᠵᠢᠯ ᠠᠴᠠ ᠲᠡᠭᠡᠭᠰᠢᠬᠢ ᠠᠵᠤ ᠦᠢᠯᠡᠳᠪᠦᠷᠢ ᠶᠢᠨ | ᠨᠡᠮᠡᠭᠳᠡᠯ ᠦᠷᠳᠡᠭ 202.5 ᠳ᠋ᠦᠡᠭᠰᠢᠭᠤᠷ ᠲᠦᠬᠦᠷᠢᠭ ᠠᠴᠠ ᠨᠡᠮᠡᠭᠳᠡᠨ 1139 ᠳ᠋ᠦᠡᠭᠰᠢᠭᠤᠷ ᠲᠦᠬᠦᠷᠢᠭ ᠲᠤ ᠬᠦᠷᠴᠦ᠂ ᠵᠢᠯ ᠪᠦᠷᠢ ᠲᠤᠮᠳᠠᠴᠢ ᠪᠠᠷ 27. | 1% ᠪᠠᠷ ᠨᠡᠮᠡᠭᠳᠡᠪᠠ᠃ ᠭᠤᠤᠯᠳᠠᠯᠭ᠎ᠠ ᠲᠠᠢ ᠠᠵᠤ ᠦᠢᠯᠡᠳᠪᠦᠷᠢ ᠶᠢᠨ ᠤᠷᠤᠨ ᠲᠤᠭᠤᠷᠢᠭ ᠤᠨ ᠠᠵᠤ ᠦᠢᠯᠡᠰ ᠤᠨ ᠰᠦᠷᠦᠭᠵᠢᠯ ᠤᠨ ᠨᠦᠯᠦᠭᠡᠯᠡᠯ ᠡᠬᠢᠯᠡᠨ | ᠢᠯᠡᠷᠡᠵᠤ᠂ ︽ᠨᠢᠭᠡ ᠲᠤᠭᠤᠷᠢᠭ ᠨᠢᠭᠡ ᠪᠦᠰᠠ︾ ᠶᠢᠨ ᠠᠵᠤ ᠦᠢᠯᠡᠳᠪᠦᠷᠢ ᠶᠢᠨ ᠬᠦᠭᠵᠢᠯᠳᠠ ᠶᠢᠨ ᠪᠠᠶᠢᠷᠢᠯᠠᠭᠤᠯᠤᠯᠳᠠ ᠶᠢ ᠪᠦᠷᠢᠳᠦᠬᠦᠯᠪᠠ᠃ ᠨᠡᠬᠦᠷᠡᠰᠦ᠂ | ᠴᠠᠬᠢᠯᠭᠠᠨ ᠬᠦᠴᠦ᠂ ᠬᠢᠮᠢ ᠶᠢᠨ ᠠᠵᠤ ᠦᠢᠯᠡᠳᠪᠦᠷᠢ ᠵᠡᠷᠭᠡ ᠲᠠᠪᠠᠭᠤᠯᠢᠭ ᠤᠨᠴᠠᠯᠢᠭᠳᠤ ᠠᠵᠤ ᠦᠢᠯᠡᠰ ᠬᠡᠪᠴᠢᠶᠡᠵᠢᠭᠰᠡᠨ᠂ ᠰᠦᠷᠦᠭᠵᠢᠭᠰᠡᠨ ᠬᠦᠭᠵᠢᠯᠳᠠ ᠶᠢᠨ | ᠬᠠᠨᠳᠤᠰᠢ ᠲᠠᠢ ᠪᠤᠯᠵᠤ᠂ ᠢ ᠲᠠᠢ ᠂ ᠱᠧᠨ ᠬᠤᠸᠠ ᠶᠢᠨ ᠨᠡᠬᠦᠷᠡᠰᠦ ᠪᠠᠷ ᠲᠤᠰᠤ ᠦᠢᠯᠡᠳᠪᠦᠷᠢᠯᠡᠬᠦ᠂ ᠢ ᠯᠢ ᠶᠢᠨ PVC ᠂ ᠤᠷᠳᠤᠰ ᠨᠤᠯᠤᠤᠷ ᠬᠠᠨᠳᠠᠭᠠᠵᠠ | ᠶᠢᠨ ᠪᠦᠯᠦᠭᠯᠡᠯ ᠤᠨ ᠲᠤᠮᠤ ᠬᠢᠮᠢ ᠶᠢᠨ ᠪᠤᠷᠳᠤᠭᠤᠷ᠂ ᠵᠢᠤ ᠲᠠᠢ ᠶᠢᠨ ᠮᠧᠲ᠋ᠢᠯ ᠠᠯᠺᠤᠤᠯ ᠵᠡᠷᠭᠡ ᠴᠢᠬᠤᠯᠠ ᠲᠤᠮᠤ ᠲᠦᠷᠦᠯ ᠵᠦᠢᠯ ᠪᠠᠶᠢᠭᠤᠯᠤᠭᠳᠠᠨ ᠠᠰᠢᠭᠯᠠᠯᠳᠠ | ᠳᠤ ᠤᠷᠤᠵᠤ᠂ ᠰᠢᠨ᠎ᠠ ᠪᠠᠷ ᠨᠡᠮᠡᠭᠳᠡᠭᠰᠡᠨ ᠨᠡᠬᠦᠷᠡᠰᠦᠨ ᠤ ᠦᠢᠯᠡᠳᠪᠦᠷᠢᠯᠠᠯ ᠤᠨ ᠴᠢᠳᠠᠪᠤᠷᠢ 2.2 ᠳ᠋ᠦᠡᠭᠰᠢᠭᠤᠷ ᠲᠤᠨ᠂ ᠴᠠᠬᠢᠯᠭᠠᠨ ᠬᠦᠴᠦᠨ ᠤ ᠴᠤᠭᠴᠠᠯᠠᠪᠤᠷᠢ | ᠶᠢᠨ ᠪᠠᠭᠳᠠᠭᠠᠮᠵᠢ 809 ᠲᠦᠮᠠᠨ ᠺᠢᠯᠤᠸᠠᠲ᠂ ᠬᠢᠮᠢ ᠶᠢᠨ ᠠᠵᠤ ᠦᠢᠯᠡᠳᠪᠦᠷᠢ ᠶᠢᠨ ᠦᠢᠯᠡᠳᠬᠦᠨ ᠤ ᠦᠢᠯᠡᠳᠪᠦᠷᠢᠯᠠᠯ ᠤᠨ ᠬᠡᠮᠵᠢᠶ᠎ᠠ 633 ᠲᠦᠮᠠᠨ ᠲᠤᠨ ᠳᠤ | ᠬᠦᠷᠪᠠ᠃ ᠬᠤᠸᠠ ᠲᠠᠢ ᠶᠢᠨ ᠮᠠᠰᠢᠨ ᠲᠡᠷᠭᠡ᠂ ᠠᠷᠢᠭᠤᠨ ᠴᠡᠪᠡᠷᠴᠢ ᠬᠦᠳᠡᠯᠭᠡᠬᠦᠷ᠂ ᠠᠦ᠋ᠲ᠋ᠤ᠋ ᠬᠤᠷᠳᠤᠴᠠ ᠦᠭᠡᠷᠡᠴᠢᠯᠡᠬᠦᠷ ᠪᠠ ᠵᠢᠩ ᠬᠦᠡᠭ ᠤᠨ ᠬᠦᠨᠳᠤ | ᠠᠴᠢᠶᠠᠨ ᠮᠠᠰᠢᠨ ᠤ ᠲᠦᠷᠦᠯ ᠵᠦᠢᠯ ᠪᠠᠶᠢᠭᠤᠯᠤᠭᠳᠠᠨ ᠠᠰᠢᠭᠯᠠᠯᠳᠠ ᠳᠤ ᠤᠷᠤᠵᠤ᠂ ᠸᠠᠭᠠᠷ ᠱᠠᠭᠠᠵᠠᠩ᠂ ᠤᠯᠠᠨ ᠲᠠᠯᠠᠰᠳᠤ ᠴᠠᠬᠢᠭᠤᠷ ᠤᠨ ᠠᠵᠤ ᠦᠢᠯᠡᠰ | ᠦᠢᠯᠡᠳᠪᠤᠷᠢᠯᠠᠯ ᠤᠨ ᠪᠤᠳᠠᠳᠤ ᠬᠦᠴᠦᠨ ᠢ ᠪᠦᠷᠢᠯᠳᠦᠬᠦᠯᠦᠭᠰᠡᠨ ᠪᠠᠶᠢᠨ᠎ᠠ᠃ ᠤᠷᠳᠤᠰ ᠤᠨ ᠰᠤᠶᠤᠯ ᠤᠨ ᠠᠵᠤ ᠦᠢᠯᠡᠰ ᠤᠨ ᠤᠷᠤᠨ ᠲᠤᠭᠤᠷᠢᠭ᠂ | ᠠᠯᠳᠠᠨᠰᠢᠷᠡᠭᠡᠳᠤ ᠬᠢᠶ᠎ᠠ ᠪᠠᠭᠰᠢ ᠶᠢᠨ ᠪᠤᠳᠠᠰ ᠤᠨ ᠬᠦᠢᠯᠭᠡᠭᠡᠨ ᠤ ᠤᠷᠤᠨ ᠲᠤᠭᠤᠷᠢᠭ᠂ ᠳ᠋ᠦᠡᠭᠱᠸᠡᠭ ᠲᠤᠭᠤᠷᠢᠭ ᠤᠨ ᠮᠦᠡᠭᠬᠦᠨ ᠬᠦᠢᠯᠭᠡᠭᠡᠨ ᠤ ᠠᠭᠤᠳᠠᠮ | ᠲᠠᠯᠠᠪᠠᠢ ᠵᠡᠷᠭᠡ ᠨᠢᠭᠡ ᠪᠦᠯᠦᠭ ᠤᠳᠤ ᠦᠶ᠎ᠠ ᠶᠢᠨ ᠦᠢᠯᠡᠴᠢᠯᠡᠭᠡᠨ ᠤ ᠰᠦᠷᠦᠭᠵᠢᠯ ᠤᠨ ᠤᠷᠤᠨ ᠢ ᠡᠬᠢᠯᠡᠨ ᠪᠦᠳᠦᠭᠡᠨ ᠪᠠᠶᠢᠭᠤᠯᠵᠤ᠂ ᠴᠢᠩᠭᠢᠰ ᠬᠠᠭᠠᠨ ᠤ | ᠤᠡᠭᠭᠤᠨ᠂ ᠪᠦᠷᠢᠶ᠎ᠠ ᠮᠠᠩᠬ᠎ᠠ ᠶᠢᠨ ᠵᠤᠭᠠᠴᠠᠯ ᠤᠨ ᠤᠷᠤᠨ ᠦᠪᠡᠷᠳᠡᠭᠡᠨ ᠵᠠᠰᠠᠬᠤ ᠤᠷᠤᠨ ᠤ ᠠᠩᠬ᠎ᠠ ᠪᠦᠯᠦᠭ ᠤᠯᠤᠰ ᠤᠨ 5A ᠲᠡᠰ ᠤᠨ ᠦᠵᠡᠮᠵᠢ ᠶᠢᠨ | ᠤᠷᠤᠨ ᠪᠤᠯᠪᠠ ᠃ ᠮᠠᠰᠢᠨ ᠲᠡᠷᠭᠡ᠂ ᠲᠠᠸᠠᠷ ᠤᠨ ᠬᠡᠷ ᠪᠠᠶᠢᠰᠢᠩ᠂ ᠪᠠᠶ᠎ᠠ ᠴᠠᠬᠢᠷᠠᠭᠵᠢᠭᠤᠯᠤᠨ ᠰᠠᠯᠠᠬᠦᠴᠡᠬᠦ ᠵᠡᠷᠭᠡ ᠬᠡᠷᠡᠭᠯᠡᠬᠡᠨ ᠤ ᠬᠠᠯᠠᠭᠤᠷᠠᠯ ᠴᠡᠭ ᠢ ᠢᠳᠡᠪᠬᠢᠳᠠᠢ | ᠪᠤᠶᠢᠵᠢᠭᠤᠯᠵᠤ᠂ ᠨᠡᠶᠢᠭᠡᠮ ᠤᠨ ᠬᠡᠷᠡᠭᠯᠡᠭᠡᠨ ᠤ ᠵᠦᠢᠯ ᠢ ᠵᠢᠵᠢᠭᠯᠡᠨ ᠪᠤᠷᠤᠯᠠᠭᠤᠯᠤᠭᠰᠠᠨ ᠲᠤᠭ᠎ᠠ 151.7 ᠳ᠋ᠦᠡᠭᠰᠢᠭᠤᠷ ᠲᠦᠬᠦᠷᠢᠭ ᠠᠴᠠ ᠨᠡᠮᠡᠭᠳᠡᠨ 380 | ᠳ᠋ᠦᠡᠭᠰᠢᠭᠤᠷ ᠲᠦᠬᠦᠷᠢᠭ ᠲᠤ ᠬᠦᠷᠴᠦ᠂ ᠵᠢᠯ ᠪᠦᠷᠢ ᠲᠤᠮᠳᠠᠴᠢ ᠪᠠᠷ 20% ᠪᠠᠷ ᠨᠡᠮᠡᠭᠳᠡᠪᠠ᠃ | ᠲᠠᠪᠤᠨ ᠵᠢᠯ ᠤᠨ ᠲᠤᠷᠰᠢ᠂ ᠪᠢᠳᠠ ᠬᠤᠳᠠᠴᠢᠯᠠᠯᠳᠠ ᠨᠢ ᠠᠵᠤ ᠦᠢᠯᠡᠳᠪᠦᠷᠢᠵᠢᠯᠳᠠ ᠠᠴᠠ ᠬᠤᠴᠤᠷᠤᠭᠳᠡᠭᠭᠤᠢ ᠪᠠᠶᠢᠭ᠎ᠠ ᠵᠦᠷᠢᠴᠡᠯ ᠢ ᠴᠢᠷᠮᠠᠶᠢᠨ | ᠰᠢᠢᠳᠪᠦᠷᠢᠯᠠᠵᠤ᠂ ᠬᠤᠳᠠ ᠶᠢᠨ ᠭᠤᠤᠯ ᠲᠤᠭᠤᠷᠢᠭ ᠢ ᠲᠦᠪᠯᠡᠷᠡᠬᠦᠯᠦᠨ ᠪᠦᠳᠦᠭᠡᠨ ᠪᠠᠶᠢᠭᠤᠯᠵᠤ᠂ ᠤᠳᠤᠬᠢᠴᠢᠯᠠᠭᠰᠠᠨ ᠬᠤᠳᠠ ᠶᠢᠨ ᠬᠡᠪ ᠵᠠᠭᠪᠤᠷ ᠪᠠ | ᠤᠨᠴᠠᠯᠢᠭᠳᠤ ᠬᠤᠳᠠ ᠪᠠᠯᠭᠠᠰᠤ ᠶᠢᠨ ᠰᠢᠰᠲ᠋ᠧᠮᠵᠢ ᠶᠢ ᠪᠦᠷᠢᠯᠳᠤᠬᠦᠯᠪᠠ᠃ ︽ᠵᠠᠭᠤᠨ ᠵᠢᠯ ᠤᠨ ᠤᠷᠳᠤᠰ ᠢ ᠪᠦᠳᠦᠭᠡᠨ ᠪᠠᠶᠢᠭᠤᠯᠵᠤ᠂ ᠵᠠᠭᠤᠨ ᠲᠦᠮᠡᠠ ᠬᠦᠮᠦᠨ | ᠠᠮᠠ ᠲᠠᠢ ᠬᠤᠳᠠ ᠶᠢ ᠪᠠᠶᠢᠭᠤᠯᠬᠤ︾ ᠬᠠᠷᠠᠯᠳᠠ ᠪᠠ ᠤᠷᠤᠨ ᠲᠤᠭᠳᠠᠭᠠᠯ ᠶᠤᠰᠤᠭᠠᠷ᠂ ᠭᠤᠤᠯ ᠲᠤᠭᠤᠷᠢᠭ ᠢ ᠦᠨᠳᠦᠷ ᠪᠠᠷᠢᠮᠵᠢᠶ᠎ᠠ᠂ ᠶᠡᠭᠡ ᠬᠦᠴᠦᠯᠠᠴᠠ ᠪᠠᠷ | ᠦᠭᠡᠷᠡᠴᠢᠯᠡᠬᠦ ᠪᠠ ᠪᠦᠳᠦᠭᠡᠨ ᠪᠠᠶᠢᠭᠤᠯᠵᠤ᠂ ᠬᠠᠭᠤᠴᠢᠠ ᠬᠤᠳᠠ ᠶᠢᠨ ᠲᠤᠭᠤᠷᠢᠭ ᠤᠨ ᠨᠤᠷᠠᠭᠠᠵᠤ ᠨᠡᠬᠦᠯᠭᠡᠭᠰᠡᠨ ᠲᠠᠯᠠᠪᠠᠢ ᠶᠢ ᠨᠠᠶᠢᠳᠠ 765.4 ᠲᠦᠮᠠᠨ ᠲᠡᠭᠰᠢ | ᠲᠦᠷᠪᠠᠯᠵᠢᠨ ᠮᠧᠲᠷ ᠪᠡᠶᠡᠯᠡᠭᠦᠯᠵᠤ᠂ ᠰᠢᠨ᠎ᠠ ᠪᠠᠷ ᠪᠠᠶᠢᠭᠤᠯᠤᠭᠰᠠᠨ ᠡᠯ᠎ᠠ ᠲᠦᠷᠦᠯ ᠤᠨ ᠪᠠᠷᠢᠯᠭ᠎ᠠ ᠶᠢᠨ ᠲᠠᠯᠠᠪᠠᠢ 6500 ᠲᠦᠮᠠᠨ ᠲᠡᠭᠰᠢ ᠲᠦᠷᠪᠠᠯᠵᠢᠨ ᠮᠧᠲᠷ | ᠲᠤ ᠬᠦᠷᠪᠠ᠃ ᠳ᠋ᠦᠡᠭᠱᠸᠡᠭ ᠲᠤᠭᠤᠷᠢᠭ ᠤᠨ ᠲᠡᠮᠤᠷ ᠵᠠᠮ ᠤᠨ ᠪᠠᠷᠠᠭᠤᠨ ᠲᠤᠭᠤᠷᠢᠭ ᠤᠨ ᠨᠢᠭᠡᠳᠦᠭᠡᠷ ᠬᠤᠭᠤᠴᠠᠭ᠎ᠠ᠂ ᠬᠤᠶᠠᠳᠤᠭᠠᠷ ᠬᠤᠭᠤᠴᠠᠭ᠎ᠠ ᠶᠢᠨ | ᠨᠡᠭᠡᠭᠡᠯᠳᠠ ᠶᠢ ᠦᠨᠳᠤᠰᠦᠨ ᠳᠡᠭᠡᠨ ᠪᠠᠶᠠᠯᠡᠬᠦᠯᠵᠤ᠂ ᠭᠤᠷᠪᠠᠳᠤᠭᠠᠷ ᠬᠤᠭᠤᠴᠠᠭ᠎ᠠ ᠶᠢᠨ ᠪᠦᠳᠦᠭᠡᠨ ᠪᠠᠶᠢᠭᠤᠯᠤᠯᠳᠠ ᠶᠠᠭ ᠤᠷᠤᠭᠰᠢᠳᠠᠢ ᠶᠠᠪᠤᠭᠳᠠᠵᠤ ᠪᠠᠶᠢᠨ᠎ᠠ︔ | ᠬᠢᠶ᠎ᠠ ᠪᠠᠭᠰᠢ ᠰᠢᠨ᠎ᠠ ᠲᠤᠭᠤᠷᠢᠭ ᠤᠨ ᠪᠦᠳᠦᠭᠡᠨ ᠪᠠᠶᠢᠭᠤᠯᠤᠯᠳᠠ ᠠᠩᠬ᠎ᠠ ᠠᠯᠬᠤᠮ ᠬᠡᠪᠴᠢᠶᠠᠵᠢᠵᠤ᠂ ᠨᠢᠭᠡ ᠶᠡᠭᠡ ᠪᠦᠯᠦᠭ ᠤᠯᠠᠨ ᠨᠠᠶᠢᠳᠠ ᠶᠢᠨ ᠲᠦᠬᠦᠭᠡᠷᠦᠮᠵᠢ | ᠠᠰᠢᠭᠯᠠᠯᠳᠠ ᠳᠤ ᠤᠷᠤᠵᠤ᠂ ᠤᠯᠠᠭᠠᠨᠮᠦ᠋ᠷᠠᠨ ᠨᠠᠭᠤᠷ ᠤᠨ ᠡᠮᠦᠨ᠎ᠠ ᠡᠷᠬᠢ ᠶᠢᠨ ᠦᠨᠳᠤᠷ ᠲᠠᠪᠬᠤᠷᠭᠠᠳᠤ ᠤᠷᠤᠨ ᠪᠠ ᠬᠤᠶᠢᠳᠤ ᠲᠤᠭᠤᠷᠢᠭ ᠤᠨ ᠨᠡᠭᠡᠭᠡᠯᠳᠠ ᠬᠢᠵᠤ | ᠪᠦᠳᠦᠭᠡᠨ ᠪᠠᠶᠢᠭᠤᠯᠬᠤ ᠠᠵᠢᠯ ᠪᠦᠬᠦ ᠲᠠᠯ᠎ᠠ ᠪᠠᠷ ᠡᠬᠢᠯᠠᠵᠤ᠂ ᠬᠦᠮᠦᠨ ᠤ ᠴᠤᠭ ᠵᠠᠯᠢ ᠪᠠ ᠬᠤᠳᠠᠯᠳᠤᠭᠠᠨ ᠤ ᠴᠤᠭ ᠵᠠᠯᠢ ᠶᠠᠭ ᠲᠦᠷᠭᠡᠨ ᠢᠶᠠᠷ ᠰᠦᠷᠦᠭᠵᠢᠵᠤ | ᠪᠠᠶᠢᠨ᠎ᠠ᠃ ᠠᠮᠢ ᠠᠬᠤᠢ ᠮᠦᠷᠳᠡᠭᠡᠨ ᠤᠷᠤᠰᠢᠨ ᠰᠠᠭᠤᠬᠤ ᠳᠤ ᠲᠤᠬᠢᠷᠠᠮᠵᠢᠳᠠᠢ ᠪᠠᠶᠢᠬᠤ ᠤᠨᠤᠯᠵᠢᠭᠤᠨ ᠶᠤᠰᠤᠭᠠᠷ᠂ ᠤᠯᠠᠭᠠᠨᠮᠦ᠋ᠷᠡᠨ ᠨᠠᠭᠤᠷ ᠤᠨ ᠠᠮᠢ ᠠᠬᠤᠢ ᠶᠢᠨ | ᠵᠠᠰᠠᠯᠳᠠ ᠬᠢᠬᠦ᠂ ᠳ᠋ᠦᠡᠭᠱᠸᠡᠭ ᠲᠤᠭᠤᠷᠢᠭ ᠤᠨ ︽ᠭᠤᠷᠪᠠᠨ ᠭᠤᠤᠯ ᠭᠤᠷᠪᠠᠨ ᠬᠦᠷᠢᠶᠠᠯᠠᠩ︾ ᠤᠨ ᠪᠦᠳᠦᠭᠡᠨ ᠪᠠᠶᠢᠭᠤᠯᠤᠯᠳᠠ ᠵᠡᠷᠭᠡ ᠬᠤᠳᠠ ᠶᠢᠨ ᠠᠮᠢ ᠠᠬᠤᠢ | ᠶᠢᠨ ᠵᠠᠰᠠᠯᠳᠠ ᠶᠢᠨ ᠭᠤᠤᠯᠳᠠᠯᠭ᠎ᠠ ᠲᠠᠢ ᠪᠠᠷᠢᠯᠭ᠎ᠠ ᠶᠢ ᠵᠤᠬᠢᠶᠠᠨ ᠪᠠᠶᠢᠭᠤᠯᠤᠨ ᠬᠡᠷᠡᠭᠵᠢᠬᠦᠯᠵᠤ᠂ ᠬᠦᠮᠦᠰ ᠤᠨ ᠤᠷᠤᠰᠢᠨ ᠰᠠᠭᠤᠬᠤ ᠤᠷᠴᠢᠨ ᠲᠤᠭᠤᠷᠢᠨ | ᠴᠢᠨᠠᠭᠰᠢᠳᠠ ᠰᠠᠶᠢᠵᠢᠷᠠᠭᠰᠠᠨ ᠪᠠᠶᠢᠨ᠎ᠠ᠃ ᠲᠤᠮᠳᠠ ᠵᠢᠵᠢᠭ ᠬᠤᠳᠠ ᠪᠠᠯᠭᠠᠰᠤ ᠶᠢᠨ ︽ᠭᠤᠷᠪᠠᠨ ᠵᠢᠯ ᠶᠡᠭᠡᠪᠡᠷ ᠪᠦᠳᠦᠭᠡᠨ ᠪᠠᠶᠢᠭᠤᠯᠵᠤ᠂ ᠭᠤᠷᠪᠠᠨ ᠵᠢᠯ ᠶᠡᠭᠡ | ᠬᠤᠪᠢᠷᠠᠯᠳᠠ ᠭᠠᠷᠭᠠᠬᠤ︾ ᠪᠠᠷᠢᠯᠭ᠎ᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠬᠤᠰᠢᠭᠤ ᠵᠠᠰᠠᠭ ᠤᠨ ᠤᠷᠳᠤᠨ ᠤ ᠰᠠᠭᠤᠭ᠎ᠠ ᠭᠠᠵᠠᠷ ᠪᠠ ᠠᠵᠤ ᠦᠢᠯᠡᠰ | ᠤᠨ ᠴᠢᠬᠤᠯᠠ ᠪᠠᠯᠭᠠᠰᠤ ᠶᠢᠨ ᠰᠦᠷᠦᠭᠵᠢᠯ ᠤᠨ ᠴᠢᠳᠠᠪᠤᠷᠢ ᠪᠠ ᠬᠦᠮᠦᠰ ᠢ ᠰᠢᠩᠭᠡᠭᠡᠨ ᠠᠪᠬᠤ ᠴᠢᠳᠠᠪᠤᠷᠢ ᠮᠡᠳᠡᠭᠳᠡᠮ᠎ᠠ ᠲᠡᠭᠡᠭᠰᠢᠯᠡᠵᠤ᠂ ᠲᠠᠪᠤᠨ ᠵᠢᠯ ᠳᠤ ᠮᠠᠯᠵᠢᠬᠤ | ᠲᠠᠷᠢᠶᠠᠯᠠᠬᠤ ᠤᠷᠤᠨ ᠤ 41.7 ᠲᠦᠮᠠᠨ ᠬᠦᠮᠦᠨ ᠠᠮᠠ ᠶᠢ ᠰᠢᠯᠵᠢᠬᠦᠯᠪᠠ᠃ | ᠲᠠᠪᠤᠨ ᠵᠢᠯ ᠤᠨ ᠲᠤᠷᠰᠢ᠂ ᠪᠢᠳᠠ ᠬᠤᠳᠠ ᠬᠦᠳᠡᠭᠡ ᠶᠢ ᠨᠢᠭᠡᠳᠤᠯᠳᠠᠢ ᠲᠦᠯᠦᠪᠵᠢᠬᠦᠯᠬᠦ ᠶᠢ ᠪᠠᠷᠢᠮᠳᠠᠯᠠᠵᠤ᠂ ᠬᠠᠳᠤᠨ ᠭᠤᠤᠯ ᠢᠶᠠᠷ ᠭᠤᠤᠯ | ᠲᠠᠶᠢᠯᠠᠯᠳᠤᠭᠠᠨ ᠤ ᠲᠠᠯᠠᠪᠤᠷ ᠪᠤᠯᠭᠠᠵᠤ᠂ ᠰᠢᠨ᠎ᠠ ᠮᠠᠯᠵᠢᠬᠤ ᠲᠠᠷᠢᠶᠠᠯᠠᠬᠤ ᠤᠷᠤᠨ ᠢ ᠲᠦᠪᠯᠡᠷᠡᠬᠦᠯᠦᠨ ᠪᠦᠳᠦᠭᠡᠨ ᠪᠠᠶᠢᠭᠤᠯᠵᠤ᠂ ᠮᠠᠯᠵᠢᠬᠤ ᠲᠠᠷᠢᠶᠠᠯᠠᠬᠤ ᠤᠷᠤᠨ ᠤ | ᠦᠢᠯᠡᠳᠪᠦᠷᠢᠯᠠᠯ ᠠᠮᠢᠳᠤᠷᠠᠯ ᠤᠨ ᠨᠦᠬᠦᠴᠡᠯ ᠢ ᠶᠡᠭᠡᠪᠡᠷ ᠰᠠᠶᠢᠵᠢᠷᠠᠭᠤᠯᠪᠠ᠃ ᠮᠠᠯᠵᠢᠬᠤ ᠲᠠᠷᠢᠶᠠᠯᠠᠬᠤ ᠤᠷᠤᠨ ᠤ ︽ᠭᠤᠷᠪᠠᠨ ᠤᠷᠤᠨ︾ ᠤ ᠬᠦᠭᠵᠢᠯᠳᠠ ᠶᠢᠨ | ᠲᠦᠯᠦᠪᠵᠢᠬᠦᠯᠭᠡ ᠶᠢ ᠲᠤᠭᠳᠠᠭᠠᠬᠤ ᠶᠢᠨ ᠬᠠᠮᠳᠤ ᠵᠤᠬᠢᠶᠠᠨ ᠪᠠᠶᠢᠭᠤᠯᠤᠨ ᠬᠡᠷᠡᠭᠵᠢᠬᠦᠯᠵᠤ᠂ ᠡᠯ᠎ᠠ ᠴᠢᠳᠠᠪᠬᠢ ᠦᠢᠯᠡᠳᠤᠯᠳᠤ ᠤᠷᠤᠨ ᠤ ᠪᠦᠳᠦᠭᠡᠨ ᠪᠠᠶᠢᠭᠤᠯᠤᠯᠳᠠ | ᠪᠦᠬᠦ ᠲᠠᠯ᠎ᠠ ᠪᠠᠷ ᠠᠬᠢᠯᠳᠠ ᠲᠠᠢ ᠪᠤᠯᠤᠭᠰᠠᠨ ᠪᠠᠶᠢᠨ᠎ᠠ᠃ ᠬᠠᠳᠤᠨ ᠭᠤᠤᠯ ᠲᠠᠭᠠᠤ ᠤᠳᠤ ᠦᠶ᠎ᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠠᠭᠤᠷᠢᠨ ᠭᠠᠵᠠᠷ | ᠤᠨ ᠪᠦᠳᠦᠭᠡᠨ ᠪᠠᠶᠢᠭᠤᠯᠤᠯᠳᠠ ᠰᠢᠪᠳᠤᠯᠤᠯᠳᠠ ᠶᠢᠨ ᠴᠢᠨᠠᠷᠳᠠᠢ ᠠᠬᠢᠯᠳᠠ ᠲᠠᠢ ᠪᠤᠯᠵᠤ᠂ ᠪᠠᠶᠢᠭᠤᠯᠵᠤ ᠪᠠᠶᠢᠭ᠎ᠠ ᠪᠠ ᠪᠠᠶᠢᠭᠤᠯᠤᠭᠰᠠᠨ ᠤᠳᠤ ᠦᠶ᠎ᠠ ᠶᠢᠨ | ᠲᠠᠷᠢᠶᠠᠯᠠᠩ ᠤᠨ ᠵᠢᠱᠢᠶ᠎ᠡ ᠦᠵᠡᠬᠦᠯᠬᠦ ᠰᠠᠭᠤᠷᠢᠨ ᠭᠠᠵᠠᠷ 150 ᠲᠦᠮᠠᠨ ᠮᠤ᠋ ᠂ ᠲᠦᠬᠦᠭᠡᠷᠤᠮᠵᠢᠳᠤ ᠲᠠᠷᠢᠶᠠᠯᠠᠩ ᠤᠨ ᠰᠠᠭᠤᠷᠢᠨ ᠭᠠᠵᠠᠷ 4.6 ᠲᠦᠮᠠᠨ ᠮᠤ᠋ | ᠬᠦᠷᠴᠦ᠂ ᠠᠮᠤ ᠪᠤᠳᠠᠭᠠᠨ ᠤ ᠬᠤᠷᠢᠶᠠᠯᠳᠠ 28.5 ᠳ᠋ᠦᠡᠭᠰᠢᠭᠤᠷ ᠵᠢᠩ ᠬᠦᠷᠪᠠ᠃ ᠬᠠᠳᠤᠨ ᠭᠤᠤᠯ ᠲᠠᠭᠠᠤ ᠵᠠᠭᠤᠨ ᠲᠦᠮᠠᠨ ᠠᠯᠠᠰᠢᠨ ᠬᠤᠨᠢ ᠪᠠ ᠠᠯᠠᠰᠢᠨ | ᠦᠭᠡᠷ ᠤᠨ ᠰᠠᠭᠤᠷᠢᠨ ᠭᠠᠵᠠᠷ ᠪᠠ ᠤᠳᠤ ᠦᠶ᠎ᠠ ᠶᠢᠨ ᠦᠨᠳᠦᠷ ᠦᠷ᠎ᠠ ᠠᠰᠢᠭᠳᠤ ᠮᠠᠯ ᠠᠵᠤ ᠠᠬᠤᠢ ᠶᠢᠨ ᠵᠢᠱᠢᠶ᠎ᠠ ᠦᠵᠡᠬᠦᠯᠬᠦ ᠡᠷᠦᠭᠡ ᠶᠢᠨ ᠪᠦᠳᠦᠭᠡᠨ | ᠪᠠᠶᠢᠭᠤᠯᠤᠯᠳᠠ ᠤᠷᠤᠭᠰᠢᠳᠠᠢ ᠶᠠᠪᠤᠭᠳᠠᠵᠤ᠂ ᠮᠠᠯ ᠰᠦᠷᠦᠭ ᠤᠨ ᠶᠡᠷᠦᠩᠭᠡᠢ ᠲᠤᠭ᠎ᠠ ᠶᠢ 1260 ᠲᠦᠮᠠᠨ ᠲᠤᠯᠤᠭᠠᠢ ᠤᠷᠴᠢᠮ ᠲᠤᠭᠳᠠᠪᠤᠷᠢᠵᠢᠭᠤᠯᠵᠠᠢ᠃ | ᠲᠠᠷᠢᠶᠠᠯᠠᠩ ᠮᠠᠯ ᠠᠵᠤ ᠠᠬᠤᠢ ᠶᠢᠨ ︽ᠦᠷ᠎ᠠ ᠶᠢᠨ ᠢᠨᠵᠧᠨᠧᠷᠢᠩ︾ ᠢ ᠶᠡᠭᠡᠪᠠᠷ ᠬᠡᠷᠡᠭᠵᠢᠬᠦᠯᠵᠤ᠂ ᠮᠠᠯ ᠰᠦᠷᠦᠭ ᠤᠨ ᠬᠢᠵᠢᠭ ᠡᠪᠡᠳᠴᠢᠨ ᠢ ᠰᠡᠷᠭᠡᠶᠢᠯᠡᠨ | ᠬᠢᠵᠠᠭᠠᠷᠯᠠᠬᠤ ᠰᠢᠰᠲ᠋ᠧᠮᠵᠢ ᠶᠢᠨ ᠪᠠᠶᠢᠭᠤᠯᠤᠯᠳᠠ ᠶᠢ ᠴᠢᠩᠭᠠᠳᠬᠠᠵᠤ᠂ ᠵᠠᠭᠪᠤᠷᠴᠢᠯᠠᠭᠰᠠᠨ ᠲᠠᠷᠢᠵᠤ ᠲᠡᠵᠢᠬᠡᠬᠦ ᠵᠡᠷᠭᠡ ᠲᠠᠷᠢᠬᠦᠨ ᠤ ᠮᠡᠷᠭᠡᠵᠢᠯ ᠢ ᠦᠷᠭᠡᠨ ᠢᠶᠠᠷ | ᠲᠡᠯᠭᠡᠷᠡᠬᠦᠯᠵᠤ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠠᠯ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠠᠭᠠᠤᠷᠢᠯᠠᠬᠤ ᠴᠢᠳᠠᠪᠤᠷᠢ ᠴᠢᠨᠠᠭᠰᠢᠳᠠ | ᠲᠡᠭᠡᠭᠰᠢᠯᠡᠪᠠ᠃ ᠠᠵᠤ ᠦᠢᠯᠡᠰᠵᠢᠭᠰᠡᠨ ᠡᠵᠡᠩᠨᠡᠯᠳᠠ ᠶᠢᠨ ᠲᠠᠯ᠎ᠠ ᠪᠠᠷ ᠴᠢᠬᠤᠯᠠ ᠠᠯᠬᠤᠮ ᠠᠯᠬᠤᠵᠤ᠂ ᠰᠢᠨ᠎ᠠ ᠪᠠᠷ ᠪᠤᠶᠢᠵᠢᠭᠤᠯᠤᠭᠰᠠᠨ ᠲᠤᠯᠤᠭᠠᠶᠢᠯᠠᠬᠤ ᠠᠵᠤ | ᠠᠬᠤᠶᠢᠯᠠᠯ 195 ᠪᠤᠯᠪᠠ᠃ ᠰᠢᠨ᠎ᠠ ᠮᠠᠯᠵᠢᠬᠤ ᠲᠠᠷᠢᠶᠠᠯᠠᠬᠤ ᠤᠷᠤᠨ ᠤ ᠪᠦᠳᠦᠭᠡᠨ ᠪᠠᠶᠢᠭᠤᠯᠤᠯᠳᠠ ᠶᠢ ᠯᠠᠪᠳᠠᠭᠤᠨ ᠪᠠᠳᠤᠳᠠᠢ ᠠᠬᠢᠭᠤᠯᠵᠤ᠂ 18 ᠰᠤᠳᠤᠨ | ᠨᠡᠬᠦᠳᠠᠯ ᠠᠷᠠᠳ ᠤᠨ ᠵᠢᠵᠢᠭ ᠲᠤᠭᠤᠷᠢᠭ ᠢ ᠲᠦᠯᠦᠪᠵᠢᠬᠦᠯᠦᠨ ᠪᠦᠳᠦᠭᠡᠨ ᠪᠠᠶᠢᠭᠤᠯᠪᠠ᠃ ᠭᠠᠴᠠᠭ᠎ᠠ ᠲᠤᠰᠬᠤᠨ ᠤ ᠦᠡᠭᠭᠡ ᠲᠦᠷᠰᠦ ᠶᠢ ᠴᠡᠭᠴᠡᠯᠨᠨ ᠵᠠᠰᠠᠬᠤ | ᠠᠵᠢᠯ ᠢ ᠲᠦᠪᠯᠡᠷᠡᠬᠦᠯᠦᠨ ᠦᠷᠨᠢᠬᠦᠯᠵᠤ᠂ 1.3 ᠲᠦᠮᠠᠨ ᠮᠠᠯᠴᠢᠨ ᠲᠠᠷᠢᠶᠠᠴᠢᠨ ᠡᠷᠦᠭᠡ ᠶᠢᠨ ᠰᠢᠨ᠎ᠠ ᠤᠷᠤᠨ ᠰᠠᠭᠤᠴᠠ ᠳᠤ ᠰᠠᠭᠤᠬᠤ ᠠᠰᠠᠭᠤᠳᠠᠯ ᠢ | ᠰᠢᠢᠳᠪᠤᠷᠢᠯᠠᠵᠠᠢ᠃ | ᠲᠠᠪᠤᠨ ᠵᠢᠯ ᠤᠨ ᠲᠤᠷᠰᠢ᠂ ᠪᠢᠳᠠ ᠵᠠᠰᠠᠭ ᠤᠨ ᠤᠷᠳᠤᠨ ᠢᠶᠠᠷ ᠭᠤᠤᠯᠯᠠᠨ᠂ ᠵᠠᠬ᠎ᠠ ᠲᠡᠯᠭᠡᠷᠵᠢᠬᠦᠯᠦᠨ ᠡᠷᠬᠢᠯᠳᠤᠬᠦᠯᠬᠦ ᠶᠢ ᠪᠠᠷᠢᠮᠳᠠᠯᠠᠵᠤ᠂ ᠰᠠᠭᠤᠷᠢ | ᠲᠦᠬᠦᠭᠡᠷᠦᠮᠵᠢ ᠪᠠ ᠠᠮᠢ ᠠᠬᠤᠢ ᠶᠢᠨ ᠪᠦᠲᠦᠬᠡᠨ ᠪᠠᠶᠢᠭᠤᠯᠤᠯᠳᠠ ᠶᠢ ᠦᠷᠭᠡᠨ ᠬᠡᠪᠴᠢᠶ᠎ᠠ ᠪᠠᠷ ᠠᠬᠢᠭᠤᠯᠵᠤ᠂ ᠨᠠᠯᠢᠶᠠᠳ ᠪᠦᠷᠢᠨ ᠲᠡᠬᠦᠯᠳᠠᠷ ᠰᠠᠭᠤᠷᠢ | ᠲᠦᠬᠦᠭᠡᠷᠦᠮᠵᠢ ᠶᠢᠨ ᠰᠢᠰᠲ᠋ᠧᠮᠵᠢ ᠶᠢ ᠪᠠᠶᠢᠭᠤᠯᠪᠠ᠃ ᠬᠠᠳᠤᠨ ᠭᠤᠤᠯ ᠤᠨ ᠤᠰᠤ ᠶᠢ ᠲᠠᠳᠠᠨ ᠤᠰᠤ ᠬᠠᠨᠭ᠍ᠭᠠᠬᠤ᠂ ᠤᠰᠤᠨ ᠤ ᠡᠷᠭᠡ ᠶᠢ ᠬᠠᠯᠠᠬᠤ᠂ ᠦᠶᠡᠷ | ᠬᠤᠷᠠᠭᠤᠯᠬᠤ ᠤᠷᠤᠨ ᠪᠠ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠪᠦᠳᠦᠭᠡᠨ ᠪᠠᠶᠢᠭᠤᠯᠤᠯᠳᠠ ᠵᠡᠷᠭᠡ ᠤᠰᠤ ᠬᠠᠨᠭ᠍ᠭᠠᠬᠤ ᠪᠠᠷᠢᠯᠭ᠎ᠠ ᠶᠢ ᠵᠤᠬᠢᠶᠠᠨ | ᠪᠠᠶᠢᠭᠤᠯᠤᠨ ᠬᠡᠷᠡᠭᠵᠢᠬᠦᠯᠵᠤ᠂ ᠰᠢᠨ᠎ᠠ ᠪᠠᠷ ᠨᠡᠮᠡᠭᠳᠡᠭᠰᠡᠨ ᠤᠰᠤ ᠬᠠᠨᠭ᠍ᠭᠠᠬᠤ ᠴᠢᠳᠠᠪᠤᠷᠢ 1.5 ᠳ᠋ᠦᠡᠭᠰᠢᠭᠤᠷ ᠪᠤᠰᠤᠭ᠎ᠠ ᠲᠦᠷᠪᠠᠯᠵᠢᠨ ᠮᠧᠲᠷ ᠲᠤ ᠬᠦᠷᠴᠦ᠂ | ᠪᠠᠳᠤᠳᠬᠠᠭᠰᠠᠨ ᠬᠠᠳᠤᠨ ᠭᠤᠤᠯ ᠤᠨ ᠲᠠᠯᠡᠩ 386 ᠺᠢᠯᠤᠮᠧᠲᠷ ᠲᠤ ᠬᠦᠷᠪᠠ᠃ ᠵᠠᠰᠠᠮᠠᠯ ᠵᠠᠮ ᠤᠨ ᠪᠦᠳᠦᠭᠡᠨ ᠪᠠᠶᠢᠭᠤᠯᠤᠯᠳᠠ ᠶᠠᠭ ᠦᠨᠳᠦᠷ ᠲᠡᠰᠵᠢᠬᠦ ᠲᠡᠰᠢ | ᠠᠬᠢᠵᠤ᠂ 109᠂ ᠬᠦᠭᠡᠬᠤᠳᠠ ᠠᠴᠠ ᠵᠡᠬᠦᠨᠭᠠᠷ ᠬᠦᠷᠬᠦ ᠵᠡᠷᠭᠡ ᠲᠡᠭᠡᠳᠤ ᠬᠤᠷᠳᠤᠴᠠᠳᠤ ᠵᠠᠰᠠᠮᠠᠯ ᠵᠠᠮ ᠪᠠᠶᠢᠭᠤᠯᠤᠭᠳᠠᠨ ᠲᠡᠷᠭᠡ ᠨᠡᠪᠳᠡᠷᠡᠵᠤ᠂ ᠬᠠᠳᠤᠨ ᠭᠤᠤᠯ | ᠲᠠᠭᠠᠤ᠂ ᠯᠠᠨ ᠵᠢᠶᠠ ᠯᠢᠶᠠᠩ ᠠᠴᠠ ᠭᠠᠯᠠᠭᠤᠳᠤ ᠬᠦᠷᠬᠦ ᠵᠡᠷᠭᠡ ᠨᠢᠭᠡᠳᠦᠭᠡᠷ ᠲᠡᠰ ᠤᠨ ᠵᠠᠰᠠᠮᠠᠯ ᠵᠠᠮ ᠢ ᠡᠬᠢᠯᠡᠨ ᠪᠦᠳᠦᠭᠡᠨ ᠪᠠᠶᠢᠭᠤᠯᠵᠤ᠂ ᠰᠢᠨ᠎ᠠ ᠪᠠᠷ ᠨᠡᠮᠡᠭᠳᠡᠭᠰᠡᠨ | ᠦᠨᠳᠦᠷ ᠲᠡᠰ ᠤᠨ ᠵᠠᠰᠠᠮᠠᠯ ᠵᠠᠮ 800 ᠺᠢᠯᠤᠮᠧᠲᠷ᠂ ᠵᠠᠰᠠᠮᠠᠯ ᠵᠠᠮ ᠤᠨ ᠲᠡᠷᠭᠡ ᠨᠠᠪᠳᠡᠷᠡᠭᠰᠡᠨ ᠶᠡᠷᠦᠩᠭᠡᠢ ᠵᠠᠮ ᠤᠨ ᠵᠠᠢ 1.7 ᠲᠦᠮᠠᠨ ᠺᠢᠯᠤᠮᠧᠲᠷ ᠲᠤ ᠬᠦᠷᠪᠠ᠃ | ︽ᠭᠤᠷᠪᠠᠨ ᠬᠦᠨᠳᠡᠯᠠᠨ ᠲᠦᠷᠪᠠᠨ ᠭᠤᠯᠳᠤ︾ ᠲᠠᠮᠤᠷ ᠵᠠᠮ ᠤᠨ ᠲᠤᠤᠷ ᠤᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠵᠤ᠂ ᠬᠦᠭᠡᠬᠤᠳᠠ ᠠᠴᠠ ᠵᠡᠬᠦᠨᠭᠠᠷ ᠬᠦᠷᠬᠦ | ᠂ ᠳ᠋ᠦᠡᠭᠱᠸᠡᠭ ᠠᠴᠠ ᠦᠬᠠᠢ ᠬᠦᠷᠬᠦ᠂ ᠪᠤᠭᠤᠳᠤ ᠠᠴᠠ ᠰᠢ ᠠᠨ ᠬᠦᠷᠬᠦ ᠵᠡᠷᠭᠡ ᠲᠠᠮᠤᠷ ᠵᠠᠮ ᠪᠠᠶᠢᠭᠤᠯᠤᠭᠳᠠᠨ ᠲᠡᠷᠭᠡ ᠨᠠᠪᠳᠡᠷᠡᠵᠤ᠂ ᠬᠠᠳᠤᠨ ᠭᠤᠤᠯ ᠲᠠᠭᠠᠤ᠂ | ᠡᠮᠤᠨᠡᠳᠤ ᠬᠡᠰᠡᠭ᠂ ᠪᠠᠯᠭᠤᠨ ᠠᠴᠠ ᠵᠡᠬᠦᠨᠭᠠᠷ ᠬᠦᠷᠬᠦ ᠲᠡᠮᠤᠷ ᠵᠠᠮ ᠢ ᠡᠬᠢᠯᠡᠨ ᠪᠦᠳᠦᠭᠡᠨ ᠪᠠᠶᠢᠭᠤᠯᠵᠤ᠂ ᠰᠢᠨ᠎ᠠ ᠪᠠᠷ ᠨᠡᠮᠡᠭᠳᠡᠭᠰᠡᠨ ᠲᠠᠮᠤᠷ ᠵᠠᠮ 911 ᠺᠢᠯᠤᠮᠧᠲᠷ᠂ | ᠲᠡᠮᠤᠷ ᠵᠠᠮ ᠤᠨ ᠲᠡᠭᠡᠭᠡᠪᠤᠷᠢ ᠡᠵᠡᠩᠨᠡᠯᠳᠠ ᠶᠢᠨ ᠶᠡᠷᠦᠩᠭᠡᠢ ᠵᠠᠮ ᠤᠨ ᠵᠠᠢ 1208 ᠺᠢᠯᠤᠮᠧᠲᠷ ᠲᠤ ᠬᠦᠷᠪᠠ᠃ ᠤᠷᠳᠤᠰ ᠨᠢᠰᠬᠡᠯ ᠤᠨ ᠪᠠᠭᠤᠳᠠᠯ ᠪᠠᠶᠢᠭᠤᠯᠤᠭᠳᠠᠨ | ᠠᠰᠢᠭᠯᠠᠯᠳᠠ ᠳᠤ ᠤᠷᠤᠵᠤ᠂ ᠠᠶᠠᠯᠠᠯ ᠨᠡᠪᠳᠡᠷᠭᠰᠡᠨ ᠬᠤᠳᠠ 25 ᠪᠤᠯᠵᠤ᠂ ᠵᠦᠷᠢᠯᠢᠭ ᠵᠠᠮ ᠬᠠᠷᠢᠯᠴᠠᠭᠠᠨ ᠤ ᠰᠢᠰᠲ᠋ᠧᠮᠵᠢ ᠦᠨᠳᠦᠰᠤᠨ ᠳᠡᠭᠡᠨ ᠪᠦᠷᠢᠯᠳᠤᠵᠡᠢ᠃ | ᠴᠠᠬᠢᠯᠭᠠᠨ ᠬᠦᠴᠦ ᠶᠢ ᠭᠠᠳᠠᠭᠰᠢ ᠲᠠᠮᠵᠢᠭᠤᠯᠬᠤ᠂ ᠤᠷᠤᠨ ᠲᠤᠭᠤᠷᠢᠭ ᠤᠨ ᠴᠠᠬᠢᠯᠭᠠᠨ ᠬᠠᠨᠭ᠍ᠭᠠᠬᠤ ᠲᠤᠤᠷ ᠢ ᠪᠦᠳᠦᠭᠡᠨ ᠪᠠᠶᠢᠭᠤᠯᠬᠤ ᠪᠠ ᠦᠭᠡᠷᠡᠴᠢᠯᠡᠬᠦ ᠶᠢ | ᠶᠡᠭᠡᠪᠡᠷ ᠠᠬᠢᠭᠤᠯᠵᠤ᠂ ᠬᠤᠰᠢᠭᠤ ᠲᠤᠭᠤᠷᠢᠭ ᠪᠠ ᠭᠤᠤᠯᠳᠠᠯᠭ᠎ᠠ ᠲᠠᠢ ᠠᠵᠤ ᠦᠢᠯᠡᠳᠪᠦᠷᠢ ᠶᠢᠨ ᠤᠷᠤᠨ ᠲᠤᠭᠤᠷᠢᠭ ᠤᠨ 220 ᠺᠢᠯᠤᠸᠤᠯᠲ ᠤᠨ ᠭᠤᠤᠯ | ᠴᠠᠬᠢᠯᠭᠠᠨ ᠬᠠᠨᠭ᠍ᠭᠠᠬᠤ ᠲᠤᠤᠷ ᠤᠨ ᠪᠦᠳᠦᠭᠡᠨ ᠪᠠᠶᠢᠭᠤᠯᠤᠯᠳᠠ ᠶᠢ ᠪᠡᠶᠡᠯᠡᠬᠦᠯᠪᠠ᠃ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠠ ᠪᠠ ᠪᠦᠳᠦᠭᠡᠨ | ᠪᠠᠶᠢᠭᠤᠯᠤᠯᠳᠠ ᠶᠢ ᠴᠢᠩᠭᠠᠳᠬᠠᠵᠤ᠂ ᠠᠮᠢ ᠠᠬᠤᠢ ᠶᠢᠨ ᠠᠶᠠᠨᠳᠠᠭᠠᠨ ᠰᠡᠷᠬᠦᠬᠦ ᠤᠷᠤᠨ ᠢ 2.13 ᠲᠡᠭᠰᠢ ᠲᠦᠷᠪᠡᠯᠵᠢᠨ ᠲᠦᠮᠠᠠ ᠺᠢᠯᠤᠮᠧᠲᠷ ᠪᠠᠶᠢᠭᠤᠯᠵᠤ᠂ ᠠᠮᠢ | ᠠᠬᠤᠢ ᠶᠢᠨ ᠤᠷᠴᠢᠨ ᠲᠤᠭᠤᠷᠢᠨ ᠦᠷᠬᠦᠯᠵᠢᠯᠠᠨ ᠰᠠᠶᠢᠵᠢᠷᠠᠬᠤ ᠬᠠᠨᠳᠤᠰᠢ ᠲᠠᠢ ᠪᠠᠶᠢᠨ᠎ᠠ᠃ ᠪᠦᠬᠦ ᠬᠤᠳᠠ ᠶᠢᠨ ᠤᠢ ᠰᠢᠭᠤᠢ ᠶᠢᠨ ᠪᠦᠷᠬᠦᠪᠴᠢ ᠶᠢᠨ ᠨᠤᠷᠮ᠎ᠠ ᠪᠠ | ᠤᠷᠭᠤᠮᠠᠯ ᠤᠨ ᠪᠦᠷᠬᠦᠪᠴᠢ ᠶᠢᠨ ᠨᠤᠷᠮ᠎ᠠ ᠲᠤᠰᠪᠤᠷᠢ 16% ᠂ 70% ᠠᠴᠠ ᠲᠡᠭᠡᠭᠰᠢᠯᠡᠨ 23%᠂ 75% ᠳᠤ ᠬᠦᠷᠪᠠ᠃ ᠡᠨᠧᠷᠬᠢ ᠠᠷᠪᠢᠯᠠᠨ ᠪᠤᠬᠢᠷᠳᠤᠯ | ᠢ ᠪᠠᠭᠠᠰᠬᠠᠬᠤ ᠲᠠᠯ᠎ᠠ ᠪᠠᠷ ᠱᠠᠳᠣᠴᠢ ᠴᠢᠨᠠᠷᠳᠠᠢ ᠦᠷ᠎ᠠ ᠪᠦᠳᠦᠭᠡᠯ ᠤᠯᠵᠤ᠂ ᠤᠷᠤᠨ ᠨᠤᠳᠤᠭ ᠤᠨ ᠨᠡᠬᠦᠷᠡᠰᠦᠨ ᠠᠭᠤᠷᠬᠠᠢ ᠶᠢᠨ ᠮᠡᠷᠭᠡᠵᠢᠯ ᠤᠨ ᠦᠭᠡᠷᠡᠴᠢᠯᠡᠯᠳᠠ | ᠶᠢᠨ ᠭᠤᠷᠪᠠᠨ ᠵᠢᠯ ᠤᠨ ᠪᠤᠭᠤᠮᠳᠠ ᠲᠠᠭᠠᠷᠢᠬᠤ ᠡᠬᠦᠷᠭᠡ ᠶᠢ ᠪᠠᠶᠠᠯᠡᠬᠦᠯᠵᠤ᠂ ᠲᠠᠶᠠᠭᠳᠠᠭᠤᠯᠤᠭᠰᠠᠨ ᠬᠤᠴᠤᠷᠤᠭᠳᠠᠩᠭᠤᠢ ᠦᠢᠯᠡᠳᠪᠦᠷᠢᠯᠠᠯ ᠤᠨ ᠴᠢᠳᠠᠪᠤᠷᠢ 4164 | ᠲᠦᠮᠠᠨ ᠲᠤᠨ ᠳᠤ ᠬᠦᠷᠴᠦ᠂ ᠠᠵᠤ ᠠᠬᠤᠢ ᠲᠦᠷᠭᠡᠨ ᠢᠶᠠᠷ ᠨᠡᠮᠡᠭᠳᠡᠵᠤ ᠪᠠᠶᠢᠭ᠎ᠠ ᠪᠠᠶᠢᠳᠠᠯ ᠲᠤᠤᠷ᠎ᠠ᠂ ᠲᠦᠮᠠᠨ ᠲᠦᠬᠦᠷᠢᠭ ᠤᠨ GDP ᠤᠨ ᠡᠨᠧᠷᠬᠢ ᠶᠢᠨ | ᠬᠤᠷᠤᠭᠳᠠᠯ ᠢ 27.13 % ᠪᠠᠷ ᠪᠠᠭᠤᠷᠠᠭᠤᠯᠵᠤ᠂ ᠤᠳᠤᠭ᠎ᠠ ᠬᠤᠭ ᠲᠤᠭᠤᠰᠤ ᠶᠢ 68 ᠲᠦᠮᠡᠨ ᠲᠤᠨ᠂ ᠬᠦᠬᠦᠷ ᠤᠨ ᠲᠠᠪᠬᠤᠷ ᠢᠰᠦᠯ ᠢ 32 ᠲᠦᠮᠨᠨ | ᠲᠤᠨ ᠬᠠᠰᠤᠭᠳᠠᠭᠤᠯᠵᠤ᠂ ︽ᠠᠷᠪᠠᠨ ᠨᠢᠭᠡᠳᠦᠭᠡᠷ ᠲᠠᠪᠤᠨ ᠵᠢᠯ︾ ᠤᠨ ᠡᠨᠧᠷᠬᠢ ᠠᠷᠪᠢᠯᠠᠨ ᠪᠤᠭᠢᠷᠳᠤᠯ ᠢ ᠪᠠᠭᠠᠰᠬᠠᠬᠤ ᠡᠬᠦᠷᠭᠡ ᠪᠠᠨ ᠠᠮᠵᠢᠯᠳᠠ ᠲᠠᠢ ᠪᠡᠶᠡᠯᠡᠬᠦᠯᠪᠠ | ᠃ | ᠲᠠᠪᠤᠨ ᠵᠢᠯ ᠤᠨ ᠲᠤᠷᠰᠢ᠂ ᠪᠢᠳᠠ ᠦᠭᠡᠷᠡᠴᠢᠯᠡᠯᠳᠠ ᠬᠢᠵᠤ ᠴᠢᠯᠦᠭᠡᠳᠡᠢ ᠶᠠᠪᠤᠯᠴᠠᠬᠤ ᠶᠢ ᠪᠠᠷᠢᠮᠳᠠᠯᠠᠵᠤ᠂ ᠰᠢᠨᠵᠢᠯᠡᠬᠦ ᠤᠬᠠᠭᠠᠨᠴᠢ ᠬᠦᠭᠵᠢᠯᠳᠠ ᠶᠢᠨ | ᠱᠠᠭᠠᠷᠳᠠᠯᠭ᠎ᠠ ᠲᠠᠢ ᠨᠡᠶᠢᠴᠡᠭᠰᠡᠨ ᠪᠠᠶᠢᠭᠤᠯᠤᠮᠵᠢ ᠶᠢᠨ ᠲᠤᠭᠳᠠᠴᠠ ᠶᠢ ᠢᠳᠡᠪᠬᠢᠳᠡᠢ ᠪᠠᠶᠢᠭᠤᠯᠵᠤ᠂ ᠠᠵᠤ ᠠᠬᠤᠢ ᠨᠡᠶᠢᠭᠡᠮ ᠤᠨ ᠬᠦᠭᠵᠢᠯᠳᠠ ᠳᠤ ᠲᠠᠰᠤᠷᠠᠯᠳᠠ | ᠦᠭᠡᠢ ᠰᠢᠨ᠎ᠠ ᠬᠦᠳᠡᠯᠭᠡᠭᠴᠢ ᠬᠦᠴᠦᠨ ᠪᠠ ᠠᠮᠢᠵᠢᠷᠠᠯ ᠤᠨ ᠬᠦᠴᠦᠨ ᠤᠯᠭᠤᠪᠠ᠃ ᠰᠢᠨ᠎ᠠ ᠨᠢᠭᠡᠨ ᠡᠭᠡᠯᠵᠢ ᠶᠢᠨ ᠵᠠᠰᠠᠭ ᠤᠨ ᠤᠷᠳᠤᠨ ᠤ ᠪᠠᠶᠢᠭᠤᠯᠤᠮᠵᠢ ᠶᠢᠨ | ᠦᠭᠡᠷᠡᠴᠢᠯᠡᠯᠳᠠ ᠶᠢ ᠪᠡᠶᠡᠯᠡᠬᠦᠯᠵᠤ᠂ ᠪᠦᠬᠦ ᠠᠵᠢᠯᠳᠠᠨ ᠢ ᠤᠷᠢᠨ ᠬᠡᠷᠡᠭᠯᠡᠬᠦ ᠲᠦᠷᠢᠮ ᠢᠶᠠᠷ ᠭᠤᠤᠯ ᠪᠤᠯᠭᠠᠭᠰᠠᠨ ᠠᠵᠢᠯ ᠦᠢᠯᠡᠰ ᠤᠨ ᠨᠢᠭᠡᠴᠠ ᠶᠢᠨ | ᠦᠭᠡᠷᠡᠴᠢᠯᠡᠯᠳᠠ ᠲᠤᠭᠳᠠᠭᠤᠨ ᠢᠶᠠᠷ ᠶᠠᠪᠤᠭᠳᠠᠵᠤ ᠪᠠᠶᠢᠨ᠎ᠠ᠃ ᠮᠠᠯᠵᠢᠬᠤ ᠲᠠᠷᠢᠶᠠᠯᠠᠬᠤ ᠤᠷᠤᠨ ᠤ ᠬᠠᠮᠳᠤ ᠶᠢᠨ ᠤᠢ ᠶᠢᠨ ᠡᠷᠭᠡ ᠶᠢᠨ ᠲᠦᠷᠢᠮ ᠤᠨ | ᠦᠭᠡᠷᠡᠴᠢᠯᠡᠯᠳᠠ ᠶᠢ ᠪᠦᠬᠦ ᠲᠠᠯ᠎ᠠ ᠪᠠᠷ ᠡᠬᠢᠯᠡᠬᠦᠯᠪᠠ᠃ ᠡᠳ᠋ ᠤᠨ ᠵᠠᠰᠠᠭ ᠤᠨ ᠭᠠᠶᠢᠯᠢ ᠶᠢᠨ ᠬᠠᠮᠢᠶᠠᠷᠤᠯᠳᠠ ᠶᠢᠨ ᠪᠠᠶᠢᠭᠤᠯᠤᠮᠵᠢ ᠶᠢᠨ ᠦᠭᠡᠷᠡᠴᠢᠯᠡᠯᠳᠠ ᠶᠢ | ᠲᠠᠰᠤᠷᠠᠯᠳᠠ ᠦᠭᠡᠢ ᠬᠦᠨᠵᠡᠬᠡᠶᠢᠷᠡᠬᠦᠯᠪᠠ᠃ ᠬᠤᠳᠠ ᠶᠢᠨ ᠤᠯᠤᠰ ᠤᠨ ᠦᠮᠴᠢᠯᠡᠯᠳᠤ ᠬᠦᠷᠦᠩᠭᠡ ᠶᠢᠨ ᠺᠤᠮᠫᠠᠨᠢ ᠴᠢᠨᠠᠭᠰᠢᠳᠠ ᠬᠦᠭᠵᠢᠨ ᠪᠤᠵᠠᠭᠠᠶᠢᠷᠠᠵᠤ᠂ ᠬᠤᠳᠠ | ᠶᠢᠨ ᠤᠰᠤᠨ ᠤ ᠶᠠᠪᠤᠳᠠᠯ᠂ ᠪᠤᠳᠠᠰ ᠤᠨ ᠬᠦᠢᠯᠭᠡᠭᠡ᠂ ᠵᠠᠮ ᠬᠠᠷᠢᠯᠴᠠᠭᠠᠨ ᠤ ᠪᠦᠳᠦᠭᠡᠨ ᠪᠠᠶᠢᠭᠤᠯᠤᠯᠳᠠ ᠶᠢᠨ ᠪᠠᠯᠠ ᠤᠷᠤᠭᠤᠯᠤᠯᠳᠠ ᠶᠢᠨ ᠺᠤᠮᠫᠠᠨᠢ ᠪᠠ ᠬᠤᠳᠠ | ᠶᠢᠨ ᠬᠦᠷᠦᠩᠭᠡ ᠶᠢᠨ ᠬᠢᠵᠠᠭᠠᠷᠳᠤ ᠺᠤᠮᠫᠠᠨᠢ ᠶᠢ ᠵᠤᠬᠢᠶᠠᠨ ᠪᠠᠶᠢᠭᠤᠯᠵᠤ᠂ ᠴᠢᠬᠤᠯᠠ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢᠨ ᠪᠠᠯᠠ | ᠴᠤᠭᠯᠠᠭᠤᠯᠬᠤ ᠪᠠ ᠬᠠᠮᠢᠶᠠᠷᠤᠯᠳᠠ ᠶᠢᠨ ᠠᠰᠠᠭᠤᠳᠠᠯ ᠢ ᠪᠦᠳᠦᠮᠵᠢᠳᠠᠢ ᠪᠠᠷ ᠰᠢᠢᠳᠪᠦᠷᠢᠯᠠᠪᠠ᠃ ᠮᠦᠡᠭᠬᠦᠨ ᠬᠦᠢᠯᠭᠡᠭᠡᠨ ᠤ ᠪᠠᠶᠢᠭᠤᠯᠤᠮᠵᠢ ᠶᠢᠨ ᠦᠭᠡᠷᠡᠴᠢᠯᠡᠯᠳᠠ ᠶᠢ | ᠬᠦᠨᠵᠡᠬᠡᠶᠢᠷᠡᠬᠦᠯᠵᠤ᠂ ᠤᠷᠳᠤᠰ ᠤᠨ ᠪᠠᠩᠬᠢ ᠪᠠ ᠮᠠᠯᠵᠢᠬᠤ ᠲᠠᠷᠢᠶᠠᠯᠠᠬᠤ ᠤᠷᠤᠨ ᠤ ᠬᠤᠳᠠᠯᠳᠤᠭᠠᠨ ᠤ ᠪᠠᠩᠭᠢ ᠶᠢ ᠵᠤᠬᠢᠶᠠᠨ ᠪᠠᠶᠢᠭᠤᠯᠵᠤ᠂ ᠮᠠᠯᠵᠢᠬᠤ ᠲᠠᠷᠢᠶᠠᠯᠠᠬᠤ | ᠤᠷᠤᠨ ᠤ ᠢᠳᠡᠭᠡᠮᠵᠢᠳᠤ ᠵᠢᠭᠡᠯᠡᠯᠭᠡ ᠶᠢᠨ ᠬᠤᠷᠰᠢᠶ᠎ᠠ ᠶᠢᠨ ᠦᠭᠡᠷᠡᠴᠢᠯᠡᠯᠳᠠ ᠶᠢ ᠪᠠᠶᠠᠯᠡᠬᠦᠯᠵᠤ᠂ ᠲᠤᠰᠬᠤᠨ ᠪᠠᠯᠭᠠᠰᠤ ᠶᠢᠨ ᠪᠠᠩᠭᠢ ᠪᠠ ᠪᠠᠭ᠎ᠠ ᠲᠤᠭᠠᠨ ᠤ | ᠵᠢᠭᠡᠯᠡᠯᠭᠡ ᠶᠢᠨ ᠺᠤᠮᠫᠠᠨᠢ ᠶᠢ ᠰᠢᠨ᠎ᠠ ᠪᠠᠷ ᠲᠤᠰᠪᠤᠷᠢ 6 ᠪᠠ 74 ᠪᠠᠶᠢᠭᠤᠯᠪᠠ᠃ ᠡᠯ᠎ᠠ ᠲᠦᠷᠦᠯ ᠤᠨ ᠵᠠᠬ᠎ᠠ ᠲᠡᠯᠭᠡᠬᠦᠷ ᠤᠨ ᠭᠤᠤᠯ ᠴᠤᠭᠴᠠ ᠶᠢᠨ ᠠᠮᠢᠵᠢᠷᠠᠯ ᠤᠨ | ᠬᠦᠴᠦᠨ ᠪᠠᠳᠠᠷᠠᠵᠤ᠂ ᠤᠯᠤᠰ ᠤᠨ ᠦᠮᠴᠢᠯᠠᠯᠳᠤ ᠪᠤᠰᠤ ᠪᠠᠯᠠ ᠤᠷᠤᠭᠤᠯᠤᠯᠳᠠ ᠶᠢᠨ ᠪᠦᠬᠦ ᠨᠡᠶᠢᠭᠡᠮ ᠤᠨ ᠪᠠᠯᠠ ᠤᠷᠤᠭᠤᠯᠤᠯᠳᠠ ᠳᠤ ᠡᠵᠡᠯᠡᠬᠦ ᠬᠠᠷᠢᠴᠠᠯ 60 | % ᠶᠢ ᠲᠠᠪᠠᠵᠤ᠂ ᠠᠵᠤ ᠠᠬᠤᠢ ᠶᠢᠨ ᠪᠠᠶ᠎ᠠ ᠪᠠᠨ ᠲᠠᠭᠠᠭᠠᠨ ᠨᠡᠮᠡᠭᠳᠡᠬᠦ ᠲᠤᠭᠳᠠᠴᠠ ᠶᠠᠭ ᠪᠦᠷᠢᠯᠳᠤᠵᠤ ᠪᠠᠶᠢᠨ᠎ᠠ᠃ ᠭᠠᠳᠠᠭᠠᠳᠤ ᠲᠠᠢ ᠴᠢᠯᠤᠭᠡᠳᠠᠢ ᠶᠠᠪᠤᠯᠴᠠᠭᠰᠠᠨ | ᠦᠷ᠎ᠠ ᠪᠦᠳᠦᠮᠵᠢ ᠲᠤᠪᠦᠶᠢᠮ᠎ᠠ ᠪᠠᠶᠢᠵᠤ᠂ ᠱᠧᠨ ᠬᠤᠸᠠ ᠪᠦᠯᠦᠭᠯᠡᠯ᠂ ᠱᠠᠩᠬᠠᠢ ᠶᠢᠨ ᠬᠤᠸᠠ ᠢ᠂ ᠲᠤᠮᠳᠠᠳᠤ ᠤᠯᠤᠰ ᠤᠨ ᠨᠡᠬᠦᠷᠡᠰᠤ᠂ ᠶᠠᠨ ᠺᠤᠸᠠᠩ᠂ ᠴᠢ ᠷᠦᠢ | ᠵᠡᠷᠭᠡ ᠠᠵᠤ ᠠᠬᠤᠶᠢᠯᠠᠯ ᠲᠠᠢ ᠬᠠᠮᠳᠤᠷᠠᠨ ᠨᠢᠭᠡ ᠪᠦᠯᠦᠭ ᠲᠤᠮᠤ ᠲᠦᠷᠦᠯ ᠵᠦᠢᠯ᠂ ᠰᠠᠶᠢᠨ ᠲᠦᠷᠦᠯ ᠵᠦᠢᠯ ᠢ ᠪᠦᠳᠦᠭᠡᠨ ᠪᠠᠶᠢᠭᠤᠯᠵᠤ᠂ ᠤᠷᠤᠭᠤᠯᠤᠭᠰᠠᠠ | ᠤᠯᠤᠰ ᠤᠨ ᠲᠤᠳᠤᠭᠠᠳᠤ ︵ᠤᠷᠤᠨ ᠤ ᠭᠠᠳᠠᠨ᠎ᠠ︶ ᠶᠢᠨ ᠪᠠᠯᠠ ᠮᠦᠡᠭᠬᠦ ᠨᠠᠶᠢᠳᠠ 1584.6 ᠳ᠋ᠦᠡᠭᠰᠢᠭᠤᠷ ᠲᠦᠬᠦᠷᠢᠭ ᠲᠤ ᠬᠦᠷᠴᠦ᠂ ᠵᠢᠯ ᠪᠦᠷᠢ ᠲᠤᠮᠳᠠᠴᠢ | ᠪᠠᠷ 10.6% ᠨᠡᠮᠡᠭᠳᠡᠪᠠ︔ ᠪᠤᠳᠠᠳᠠᠢ ᠠᠰᠢᠭᠯᠠᠭᠰᠠᠨ ᠭᠠᠳᠠᠭᠠᠳᠤ ᠪᠠᠯᠠ 42.5 ᠳ᠋ᠦᠡᠭᠰᠢᠭᠤᠷ ᠳ᠋ᠤᠯᠯᠠᠷ ᠲᠤ ᠬᠦᠷᠴᠦ᠂ ᠵᠢᠯ ᠪᠦᠷᠢ ᠲᠤᠮᠳᠠᠴᠢ ᠪᠠᠷ | 16% ᠪᠠᠷ ᠨᠡᠮᠡᠭᠳᠡᠪᠠ᠃ | ᠲᠠᠪᠤᠨ ᠵᠢᠯ ᠤᠨ ᠲᠤᠷᠰᠢ᠂ ᠪᠢᠳᠠ ᠠᠵᠤ ᠠᠬᠤᠢ ᠨᠡᠶᠢᠭᠡᠮ ᠢ ᠵᠤᠬᠢᠴᠠᠯᠳᠤᠭᠤᠯᠤᠨ ᠬᠦᠭᠵᠢᠬᠦᠯᠬᠦ ᠶᠢ ᠪᠠᠷᠢᠮᠳᠠᠯᠠᠵᠤ᠂ ᠨᠡᠶᠢᠭᠡᠮ ᠤᠨ ᠠᠵᠢᠯ ᠦᠢᠯᠡᠰ ᠢ ᠶᠡᠭᠡᠪᠡᠷ | ᠬᠦᠭᠵᠢᠬᠦᠯᠵᠤ᠂ ᠬᠤᠳᠠ ᠬᠦᠳᠡᠭᠡ ᠶᠢ ᠪᠦᠷᠬᠦᠭᠰᠡᠨ ᠤᠯᠨᠨ ᠨᠠᠶᠢᠳᠠ ᠶᠢᠨ ᠦᠢᠯᠡᠴᠢᠯᠡᠭᠡᠨ ᠤ ᠰᠢᠰᠲ᠋ᠧᠮᠵᠢ ᠶᠢ ᠲᠦᠷᠭᠡᠨ ᠢᠶᠠᠷ ᠪᠠᠶᠢᠭᠤᠯᠪᠠ᠃ ᠰᠤᠷᠭᠠᠨ | ᠬᠦᠮᠦᠵᠢᠯ ᠤᠨ ᠦᠢᠯᠡᠰ ᠢ ᠤᠷᠢᠳᠠᠪᠠᠷ ᠬᠦᠭᠵᠢᠬᠦᠯᠵᠤ᠂ 12 ᠵᠢᠯ ᠤᠨ ᠦᠨ᠎ᠠ ᠲᠦᠯᠦᠪᠦᠷᠢ ᠦᠭᠡᠢ ᠰᠤᠷᠭᠠᠨ ᠬᠦᠮᠦᠵᠢᠯ ᠢ ᠢᠳᠡᠪᠬᠢᠳᠡᠢ ᠬᠡᠷᠡᠭᠵᠢᠬᠦᠯᠵᠤ᠂ | ᠲᠤᠮᠳᠠᠳᠣ ᠪᠠᠭ᠎ᠠ ᠰᠤᠷᠭᠠᠭᠤᠯᠢ ᠶᠢᠨ ᠬᠢᠴᠢᠶᠠᠯ ᠪᠠᠶᠢᠷᠢ ᠶᠢᠨ ᠬᠡᠷ ᠤᠨ ᠠᠶᠤᠯᠬᠦᠢ ᠶᠢ ᠪᠠᠳᠤᠯᠠᠨ ᠦᠭᠡᠷᠡᠴᠢᠯᠡᠬᠦ ᠪᠠᠷᠢᠯᠭ᠎ᠠ ᠶᠢ ᠪᠦᠬᠦ ᠲᠠᠯ᠎ᠠ ᠪᠠᠷ ᠡᠬᠢᠯᠡᠬᠦᠯᠵᠤ᠂ | ᠰᠢᠨ᠎ᠠ ᠪᠠᠷ ᠪᠤᠶᠤ ᠦᠭᠡᠷᠡᠴᠢᠯᠡᠨ ᠪᠠᠶᠢᠭᠤᠯᠤᠭᠰᠠᠨ ᠲᠤᠮᠳᠠᠳᠣ ᠪᠠᠭ᠎ᠠ ᠰᠤᠷᠭᠠᠭᠤᠯᠢ 119᠂ ᠴᠡᠴᠡᠷᠯᠢᠭ 32᠂ ᠬᠤᠳᠠ ᠶᠢᠨ ᠨᠢᠭᠡᠳᠦᠭᠡᠷ᠂ ᠬᠤᠶᠠᠳᠤᠭᠠᠷ | ᠲᠤᠮᠳᠠᠳᠤ ᠰᠤᠷᠭᠠᠭᠤᠯᠢ ᠶᠢ ᠰᠢᠨ᠎ᠠ ᠰᠤᠷᠭᠠᠭᠤᠯᠢ ᠶᠢᠨ ᠲᠤᠭᠤᠷᠢᠭ ᠲᠤ ᠨᠡᠬᠦᠯᠭᠡᠨ ᠰᠢᠯᠵᠢᠬᠦᠯᠵᠤ᠂ ᠬᠤᠳᠠ ᠶᠢᠨ ᠠᠵᠢᠯ ᠮᠡᠷᠭᠡᠵᠢᠯ ᠤᠨ ᠲᠡᠭᠡᠳᠤ ᠰᠤᠷᠭᠠᠭᠤᠯᠢ᠂ | ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠤᠷᠳᠤᠰ ᠤᠨ ᠲᠡᠭᠡᠳᠤ ᠰᠤᠷᠭᠠᠭᠤᠯᠢ ᠪᠠᠶᠢᠭᠤᠯᠤᠭᠳᠠᠨ ᠰᠤᠷᠤᠭᠴᠢ ᠡᠯᠰᠡᠵᠤ᠂ ᠬᠤᠳᠠ ᠶᠢᠨ ᠠᠵᠢᠯ ᠮᠡᠷᠭᠡᠵᠢᠯ | ᠤᠨ ᠰᠤᠷᠭᠠᠨ ᠬᠦᠮᠦᠵᠢᠯ ᠤᠨ ᠤᠷᠤᠨ ᠲᠤᠭᠤᠷᠢᠭ ᠢ ᠪᠠᠶᠢᠭᠤᠯᠤᠨ ᠠᠰᠢᠭᠯᠠᠯᠳᠠ ᠳᠤ ᠤᠷᠤᠭᠤᠯᠵᠤ᠂ ᠰᠤᠷᠭᠠᠭᠤᠯᠢ ᠡᠷᠬᠢᠯᠡᠬᠦ ᠨᠦᠬᠦᠴᠡᠯ ᠮᠠᠳᠡᠭᠳᠡᠮ᠎ᠠ | ᠰᠠᠶᠢᠵᠢᠷᠠᠵᠤ᠂ ᠵᠢᠭᠠᠨ ᠰᠤᠷᠭᠠᠬᠤ ᠴᠢᠨᠠᠷ ᠲᠤᠭᠳᠠᠭᠤᠨ ᠢᠶᠠᠷ ᠰᠠᠶᠢᠵᠢᠷᠠᠨ᠂ ᠰᠤᠷᠭᠠᠨ ᠬᠦᠮᠦᠵᠢᠯ ᠤᠨ ᠰᠢᠰᠲ᠋ᠧᠮᠵᠢ ᠨᠠᠩ ᠲᠡᠬᠦᠯᠳᠡᠷᠵᠢᠭᠰᠡᠨ ᠪᠠᠶᠢᠨ᠎ᠠ᠃ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠠ ᠶᠢ ᠡᠬᠦᠳᠬᠦ ᠶᠢ ᠴᠢᠷᠮᠠᠶᠢᠨ ᠠᠬᠢᠭᠤᠯᠵᠤ᠂ ᠤᠷᠳᠤᠰ ᠤᠨ ᠲᠡᠭᠡᠳᠤ ᠰᠢᠨ᠎ᠠ ᠮᠡᠷᠭᠡᠵᠢᠯ ᠤᠨ ᠠᠵᠤ ᠦᠢᠯᠡᠰ ᠤᠨ | ᠤᠷᠤᠨ ᠲᠤᠭᠤᠷᠢᠭ᠂ ᠲᠤᠤᠷ᠎ᠠ ᠨᠡᠬᠦᠷᠡᠰᠦᠳᠦ᠋ᠷᠦᠭᠴᠢᠳᠤ ᠬᠦᠨᠳᠠᠢ ᠵᠡᠷᠭᠡ ᠶᠢ ᠡᠬᠢᠯᠡᠨ ᠪᠦᠳᠦᠭᠡᠨ ᠪᠠᠶᠢᠭᠤᠯᠵᠤ᠂ ᠤᠯᠤᠰ ᠪᠠ ᠦᠪᠡᠷᠳᠡᠭᠡᠨ ᠵᠠᠰᠠᠬᠤ ᠤᠷᠤᠨ ᠤ ᠲᠡᠰ | ᠤᠨ ᠪᠠᠷᠢᠯᠭ᠎ᠠ ᠶᠢᠨ ᠮᠡᠷᠭᠡᠵᠢᠯ ᠤᠨ ᠰᠣᠳᠤᠯᠤᠯ ᠤᠨ ᠲᠦᠪ ᠢ 6᠂ ᠠᠵᠤ ᠠᠬᠤᠶᠢᠯᠠᠯ ᠤᠨ ᠰᠤᠳᠤᠯᠤᠨ ᠨᠡᠭᠡᠭᠡᠯᠳᠠ ᠬᠢᠬᠦ ᠲᠦᠪ ᠢ 7᠂ ᠠᠵᠤ ᠠᠬᠤᠶᠢᠯᠠᠯ | ᠤᠨ ᠭᠤᠤᠯᠳᠠᠯᠭ᠎ᠠ ᠲᠠᠢ ᠲᠤᠷᠰᠢᠯᠳᠠ ᠶᠢᠨ ᠲᠠᠰᠤᠭ ᠢ 2 ᠪᠠᠶᠢᠭᠤᠯᠵᠤ᠂ ᠮᠠᠨ ᠤ ᠬᠤᠳᠠ ︽ᠪᠦᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠲᠠᠪᠰᠢᠯᠳᠠ ᠶᠢᠨ ᠰᠢᠯᠭᠠᠷᠠᠭᠤᠯᠤᠯᠳᠠ ᠶᠢᠨ ᠲᠠᠷᠢᠬᠦᠨ ᠤ ᠬᠤᠳᠠ︾ ᠪᠠᠷ ᠦᠨᠡᠯᠡᠭᠳᠡᠵᠤ᠂ ᠪᠦᠬᠦ ᠤᠯᠤᠰ ᠤᠨ ᠤᠷᠬᠦᠯᠵᠢᠯᠡᠭᠰᠡᠨ ᠬᠦᠭᠵᠢᠯᠳᠠ ᠶᠢᠨ ᠲᠤᠷᠰᠢᠯᠳᠠ ᠶᠢᠨ | ᠤᠷᠤᠨ ᠤ ᠨᠢᠭᠡ ᠪᠤᠯᠪᠠ᠃ ᠴᠢᠳᠠᠪᠤᠷᠢᠳᠠᠨ ᠤ ᠠᠵᠢᠯ ᠢ ᠴᠢᠨᠠᠭᠰᠢᠳᠠ ᠴᠢᠩᠭᠠᠳᠬᠠᠵᠤ᠂ ᠮᠠᠺᠢᠰᠲ᠋ᠧᠷ ᠠᠴᠠ ᠲᠡᠭᠡᠭᠰᠢᠬᠢ ᠠᠰᠫᠢᠷᠠᠨᠲ ᠢ ᠨᠠᠶᠢᠳᠠ 1000 ᠭᠠᠷᠤᠢ | ᠤᠷᠤᠭᠤᠯᠵᠤ ᠲᠡᠭᠡᠳᠤ ᠵᠡᠷᠭᠡ ᠶᠢᠨ ᠲᠡᠳ᠋ ᠮᠡᠷᠭᠡᠵᠢᠯ ᠤᠨ ᠴᠤᠯᠠ ᠠᠴᠠ ᠲᠡᠭᠡᠭᠰᠢᠬᠢ ᠲᠤᠰᠬᠠᠢ ᠮᠡᠷᠭᠡᠵᠢᠯ ᠤᠨ ᠴᠢᠳᠠᠪᠤᠷᠢᠳᠠᠨ ᠢ 800 ᠭᠠᠷᠤᠢ ᠤᠷᠤᠭᠤᠯᠪᠠ᠃ | ᠤᠯᠠᠨ ᠨᠠᠶᠢᠳᠠ ᠶᠢᠨ ᠡᠷᠡᠬᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮᠵᠢ ᠶᠢ ᠲᠦᠷᠭᠡᠨ ᠢᠶᠠᠷ ᠪᠠᠶᠢᠭᠤᠯᠵᠤ᠂ ᠬᠤᠳᠠ ᠶᠢᠨ ᠭᠤᠤᠯᠳᠠᠯᠭᠠᠳᠤ ᠡᠮᠨᠡᠯᠭᠡ ᠶᠢᠨ | ᠬᠤᠷᠢᠶ᠎ᠠ᠂ ᠮᠤᠩᠭᠤᠯ ᠡᠮᠨᠡᠯᠭᠡ ᠰᠤᠳᠤᠯᠬᠤ ᠭᠠᠵᠠᠷ ᠤᠨ ᠡᠮᠨᠡᠯᠭᠡ ᠳᠤ ᠰᠠᠭᠤᠬᠤ ᠰᠢᠨ᠎ᠠ ᠲᠤᠮᠤ ᠠᠰᠠᠷ ᠢ ᠠᠰᠢᠭᠯᠠᠯᠳᠠ ᠳᠤ ᠤᠷᠤᠭᠤᠯᠤᠨ᠂ ᠤᠷᠳᠤᠰ ᠡᠮᠨᠡᠯᠭᠡ | ᠶᠢᠨ ᠬᠤᠷᠢᠶ᠎ᠠ ᠶᠢ ᠡᠬᠢᠯᠠᠨ ᠪᠦᠳᠦᠭᠡᠨ ᠪᠠᠶᠢᠭᠤᠯᠵᠤ᠂ ᠰᠢᠶᠠᠩ ᠪᠠᠯᠭᠠᠰᠤᠨ ᠤ ᠰᠢᠨ᠎ᠠ ᠪᠠᠷ ᠪᠠᠶᠢᠭᠤᠯᠤᠭᠰᠠᠨ ᠪᠠᠷᠢᠮᠵᠢᠶᠠᠴᠢᠯᠠᠭᠰᠠᠨ ᠡᠷᠡᠬᠦᠯ ᠬᠠᠮᠠᠭᠠᠯᠠᠯ ᠤᠨ | ᠬᠤᠷᠢᠶ᠎ᠠ 107᠂ ᠭᠠᠴᠠᠭ᠎ᠠ ᠲᠤᠰᠬᠤᠨ ᠤ ᠡᠷᠡᠬᠦᠯ ᠬᠠᠮᠠᠭᠠᠯᠠᠯ ᠤᠨ ᠲᠠᠰᠤᠭ 767 ᠂ ᠨᠡᠶᠢᠭᠡᠮ ᠲᠤᠭᠤᠷᠢᠭ ᠤᠨ ᠡᠷᠡᠬᠦᠯ ᠬᠠᠮᠠᠭᠠᠯᠠᠯ ᠤᠨ ᠦᠢᠯᠡᠴᠢᠯᠡᠭᠡᠨ ᠤ | ᠲᠦᠪ 24 ᠬᠦᠷᠴᠦ᠂ ᠡᠮᠴᠢᠯᠡᠭᠡᠨ ᠤ ᠬᠢᠷᠢ ᠲᠦᠪᠰᠢᠨ ᠶᠡᠭᠡᠪᠡᠷ ᠲᠡᠭᠡᠭᠰᠢᠯᠡᠭᠰᠡᠨ ᠪᠠᠶᠢᠨ᠎ᠠ᠃ ᠡᠮ ᠡᠮᠨᠡᠯᠭᠡ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠶᠢᠨ | ᠦᠭᠡᠷᠡᠴᠢᠯᠡᠯᠳᠠ ᠶᠢ ᠬᠦᠨᠵᠡᠬᠡᠶᠢᠷᠡᠬᠦᠯᠵᠤ᠂ ᠦᠨᠳᠦᠰᠦᠨ ᠱᠠᠳᠤᠨ ᠤ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠴᠦᠮ ᠡᠮ ᠤᠨ ᠵᠦᠢᠯ ᠢ ︽ | ᠵᠦᠷᠢᠶᠠᠨ ᠤ ᠦᠨ᠎ᠠ ᠦᠭᠡᠢ︾ ᠪᠠᠷ ᠪᠤᠷᠤᠯᠠᠭᠤᠯᠬᠤ ᠶᠢ ᠪᠡᠶᠡᠯᠡᠬᠦᠯᠦᠭᠰᠡᠨ ᠪᠠᠶᠢᠨ᠎ᠠ᠃ ᠤᠯᠤᠰ ᠤᠨ ᠡᠷᠡᠬᠦᠯ ᠬᠠᠮᠠᠭᠠᠯᠠᠯ ᠤᠨ ᠬᠤᠳᠠ ᠶᠢ ᠡᠭᠦᠳᠦᠨ ᠪᠠᠶᠢᠭᠤᠯᠬᠤ | ᠠᠵᠢᠯ ᠮᠡᠷᠭᠡᠵᠢᠯ ᠤᠨ ᠦᠨᠡᠯᠡᠯᠳᠠ ᠶᠢ ᠨᠢᠭᠡᠨᠳᠠ ᠲᠠᠮᠵᠢᠵᠤ᠂ ᠢᠳᠡᠭᠡᠨ ᠤ ᠠᠶᠤᠯᠬᠦᠢ ᠶᠢᠨ ᠬᠤᠳᠠ ᠶᠢ ᠡᠬᠦᠳᠤᠨ ᠪᠠᠶᠢᠭᠤᠯᠬᠤ ᠠᠵᠢᠯ ᠯᠠᠪᠳᠠᠭᠤᠨ ᠪᠠᠳᠤᠳᠠᠢ | ᠶᠠᠪᠤᠭᠳᠠᠵᠤ ᠪᠠᠶᠢᠨ᠎ᠠ᠃ ᠤᠯᠠᠨ ᠨᠠᠶᠢᠳᠠ ᠶᠢᠨ ᠰᠤᠶᠤᠯ ᠤᠨ ᠲᠦᠬᠦᠭᠡᠷᠦᠮᠵᠢ ᠶᠢᠨ ᠪᠠᠶᠢᠭᠤᠯᠤᠯᠳᠠ ᠴᠢᠨᠠᠭᠰᠢᠳᠠ ᠴᠢᠩᠭᠠᠳᠬᠠᠭᠳᠠᠵᠤ᠂ ᠤᠷᠳᠤᠰ ᠤᠨ ᠲᠤᠮᠤ | ᠵᠦᠴᠦᠭᠡ ᠶᠢᠨ ᠬᠦᠷᠢᠶᠠᠯᠡᠩ᠂ ᠰᠤᠶᠤᠯ ᠤᠷᠠᠯᠢᠭ ᠤᠨ ᠲᠦᠪ ᠵᠡᠷᠬᠡ ᠨᠢᠭᠡ ᠪᠦᠯᠦᠭ ᠤᠯᠠᠨ ᠨᠡᠶᠢᠳᠠ ᠶᠢᠨ ᠰᠤᠶᠤᠯ ᠤᠨ ᠲᠦᠬᠦᠭᠡᠷᠦᠮᠵᠢ ᠶᠢ ᠪᠠᠶᠢᠭᠤᠯᠵᠤ᠂ | ᠦᠨᠳᠦᠰᠦᠨ ᠱᠠᠳᠤᠨ ᠤ ᠰᠤᠶᠤᠯ ᠤᠨ ᠦᠢᠯᠡᠴᠢᠯᠡᠭᠡᠨ ᠤ ᠰᠢᠰᠲ᠋ᠧᠮᠵᠢ ᠴᠢᠨᠠᠭᠰᠢᠳᠠ ᠪᠦᠷᠢᠨ ᠲᠦᠬᠦᠷᠵᠢᠭᠰᠡᠨ ᠪᠠᠶᠢᠨ᠎ᠠ᠃ ᠤᠯᠠᠨ ᠲᠦᠮᠠᠨ ᠤ ᠪᠠᠶ᠎ᠠ ᠶᠢᠨ ᠲᠠᠮᠢᠷ | ᠪᠠ ᠦᠷᠢᠰᠦᠯᠳᠤᠭᠡᠨ ᠤ ᠪᠠᠶ᠎ᠠ ᠶᠢᠨ ᠲᠠᠮᠢᠷ ᠵᠤᠬᠢᠴᠠᠯᠳᠤᠨ ᠬᠦᠭᠵᠢᠵᠤ ᠪᠠᠶᠢᠨ᠎ᠠ᠃ ᠤᠯᠤᠰ ᠤᠨ ᠭᠠᠵᠠᠷ ᠰᠢᠷᠤᠢ ᠶᠢᠨ ᠡᠬᠢ ᠪᠠᠶᠠᠯᠢᠭ᠂ ᠬᠦᠮᠦᠨ ᠠᠮᠠ ᠪᠠ | ᠲᠦᠯᠦᠪᠯᠡᠭᠡᠳᠡᠢ ᠪᠠᠷ ᠬᠡᠤᠭᠡᠳ ᠠᠪᠬᠤ᠂ ᠡᠮᠡᠭᠳᠡᠶᠢᠴᠤᠳ ᠪᠠᠭᠠᠴᠤᠳ᠂ ᠲᠤᠭ᠎ᠠ ᠪᠦᠷᠢᠳᠭᠡᠯ᠂ ᠴᠠᠭ ᠠᠭᠤᠷ᠂ ᠲᠡᠩᠰᠡ ᠡᠪᠭᠡᠮᠡᠯ᠂ ᠭᠠᠳᠠᠭᠠᠳᠤ ᠶᠠᠪᠤᠳᠠᠯ ᠵᠡᠷᠭᠡ | ᠠᠵᠢᠯ ᠤᠨ ᠲᠠᠯ᠎ᠠ ᠪᠠᠷ ᠰᠢᠨ᠎ᠠ ᠠᠮᠵᠢᠯᠳᠠ ᠤᠯᠤᠭᠰᠠᠨ ᠪᠠᠶᠢᠨ᠎ᠠ᠃ | ᠲᠠᠪᠤᠨ ᠵᠢᠯ ᠤᠨ ᠲᠤᠷᠰᠢ᠂ ᠪᠢᠳᠠ ᠬᠦᠮᠦᠨ ᠢᠶᠠᠷ ᠦᠨᠳᠦᠰᠦ ᠪᠤᠯᠭᠠᠬᠤ ᠶᠢ ᠪᠠᠷᠢᠮᠳᠠᠯᠠᠵᠤ᠂ ᠠᠷᠠᠳ ᠤᠨ ᠠᠮᠢᠳᠤᠷᠠᠯ ᠢ ᠪᠠᠳᠤᠯᠠᠬᠤ ᠪᠠ ᠰᠠᠶᠢᠵᠢᠷᠠᠭᠤᠯᠬᠤ | ᠤᠷᠳᠤ ᠬᠤᠭᠤᠴᠠᠭᠠᠨ ᠤ ᠪᠦᠳᠦᠮᠵᠢᠳᠠᠢ ᠲᠤᠭᠳᠠᠴᠠ ᠶᠢ ᠴᠢᠷᠮᠠᠶᠢᠨ ᠪᠠᠶᠢᠭᠤᠯᠵᠤ᠂ ᠬᠦᠭᠵᠢᠯᠳᠠ ᠶᠢᠨ ᠦᠷ᠎ᠠ ᠪᠦᠳᠦᠭᠡᠯ ᠢ ᠬᠠᠮᠤᠭ ᠶᠡᠭᠡ ᠬᠢᠵᠠᠭᠠᠷ ᠲᠤᠳᠤᠷ᠎ᠠ | ᠠᠷᠠᠳ ᠤᠯᠠᠨ ᠳᠤ ᠡᠳ᠋ᠯᠡᠬᠦᠯᠪᠠ᠃ ᠪᠦᠬᠦ ᠬᠤᠳᠠ ᠶᠢᠨ ᠡᠯ᠎ᠠ ᠱᠠᠳᠤᠨ ᠤ ᠡᠳ᠋ ᠤᠨ ᠵᠠᠰᠠᠭ ᠨᠠᠶᠢᠳᠠ 362.9 ᠳ᠋ᠦᠡᠭᠰᠢᠭᠤᠷ ᠲᠦᠬᠦᠷᠢᠭ ᠤᠨ ᠪᠠᠯᠠ ᠤᠷᠤᠭᠤᠯᠵᠤ | ᠠᠷᠠᠳ ᠤᠨ ᠠᠮᠢᠳᠤᠷᠠᠯ ᠤᠨ ᠠᠯᠢ ᠤᠯᠠᠨ ᠴᠢᠬᠤᠯᠠ ᠶᠡᠭᠡ ᠢᠨᠵᠧᠨᠧᠷᠢᠩ ᠢ ᠵᠤᠬᠢᠶᠠᠨ ᠪᠠᠶᠢᠭᠤᠯᠤᠨ ᠬᠡᠷᠡᠭᠵᠢᠬᠦᠯᠪᠠ᠃ ᠠᠵᠢᠯ ᠤᠯᠬᠤ ᠬᠦᠷᠢᠶ᠎ᠠ ᠬᠡᠪᠴᠢᠶ᠎ᠠ | ᠦᠷᠬᠦᠯᠵᠢᠯᠠᠨ ᠦᠷᠭᠡᠵᠢᠵᠤ᠂ ᠬᠤᠳᠠ ᠪᠠᠯᠭᠠᠰᠤ ᠶᠢᠨ ᠰᠢᠨ᠎ᠠ ᠪᠠᠷ ᠨᠡᠮᠡᠭᠳᠡᠭᠰᠡᠨ ᠠᠵᠢᠯ ᠤᠯᠤᠭᠰᠠᠳ 11.6 ᠲᠦᠮᠠᠨ ᠬᠦᠮᠦᠨ ᠳᠤ ᠬᠦᠷᠴᠦ᠂ ᠬᠤᠳᠠ ᠪᠠᠯᠭᠠᠰᠤ | ᠶᠢᠨ ᠲᠡᠩᠰᠡᠯᠡᠭᠤᠭᠰᠠᠨ ᠠᠵᠢᠯ ᠠᠯᠳᠠᠯᠳᠠ ᠶᠢᠨ ᠨᠤᠷᠮ᠎ᠠ ᠶᠢ 4% ᠶᠢᠨ ᠲᠤᠳᠤᠷ᠎ᠠ ᠬᠢᠵᠠᠭᠠᠷᠯᠠᠪᠠ᠃ ᠠᠵᠢᠯ ᠤᠯᠬᠤ ᠪᠤᠯᠪᠠᠰᠤᠷᠠᠯ ᠤᠨ ᠬᠦᠴᠦᠯᠡᠴᠨ ᠶᠢ | ᠨᠡᠮᠡᠭᠳᠡᠬᠦᠯᠵᠤ᠂ ᠲᠡᠭᠡᠳᠤ ᠰᠤᠷᠭᠠᠭᠤᠯᠢ ᠶᠢᠨ ᠰᠢᠯᠭᠠᠯᠳᠠ ᠠᠴᠠ ᠭᠤᠭᠤᠵᠢᠭᠳᠠᠭᠰᠠᠨ ᠤᠷᠳᠤᠰ ᠨᠤᠳᠤᠭ ᠲᠠᠢ ᠰᠤᠷᠤᠭᠴᠢ ᠪᠠ ᠴᠡᠷᠢᠭ ᠠᠴᠠ ᠪᠠᠭᠤᠭᠰᠠᠳ ᠲᠤ | ᠦᠨ᠎ᠠ ᠲᠦᠯᠦᠪᠦᠷᠢ ᠦᠭᠡᠢ ᠠᠵᠢᠯ ᠮᠡᠷᠭᠡᠵᠢᠯ ᠤᠨ ᠪᠤᠯᠪᠠᠰᠤᠷᠠᠯ ᠢ ᠬᠡᠷᠡᠭᠵᠢᠬᠦᠯᠪᠠ᠃ ᠨᠠᠶᠢᠭᠡᠮ ᠤᠨ ᠪᠠᠳᠤᠯᠠᠭ᠎ᠠ ᠶᠢᠨ ᠬᠢᠷᠢ ᠲᠦᠪᠰᠢᠨ ᠴᠢᠨᠠᠭᠰᠢᠳᠠ ᠲᠡᠭᠡᠭᠰᠢᠯᠡᠵᠤ | ᠂ ᠴᠠᠯᠢᠩ ᠢ ᠨᠡᠮᠡᠬᠦ ᠤᠯᠤᠰ ᠤᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠭᠰᠠᠨ ᠰᠠᠭᠤᠷᠢᠨ ᠲᠡᠭᠡᠷ᠎ᠠ ᠠᠵᠤ ᠠᠬᠤᠶᠢᠯᠠᠯ ᠤᠨ ᠠᠵᠢᠯ ᠠᠴᠠ ᠪᠠᠭᠤᠭᠰᠠᠳ | ᠲᠤ ᠭᠤᠷᠪᠠᠨ ᠵᠢᠯ ᠲᠠᠷᠠᠭᠠᠯᠠᠨ ᠬᠦᠮᠦᠨ ᠪᠦᠷᠢ ᠰᠠᠷ᠎ᠠ ᠪᠦᠷᠢ ᠳᠤ 100 ᠲᠦᠬᠦᠷᠢᠭ ᠤᠨ ᠠᠮᠢᠳᠤᠷᠠᠯ ᠤᠨ ᠨᠦᠬᠦᠪᠦᠷᠢ ᠨᠠᠮᠠᠨ ᠤᠯᠭᠤᠭᠰᠠᠨ ᠪᠠᠶᠢᠨ᠎ᠠ᠃ ᠬᠤᠳᠠ | ᠬᠦᠳᠡᠭᠡ ᠶᠢ ᠪᠦᠷᠬᠦᠭᠰᠡᠨ ᠨᠠᠰᠤᠵᠢᠯ ᠤᠨ ᠲᠠᠭᠠᠳᠬᠠᠯ ᠤᠨ ᠲᠦᠷᠢᠮ ᠢ ᠪᠦᠬᠦ ᠤᠷᠤᠨ ᠳᠤ ᠬᠠᠮᠤᠭ ᠤᠷᠢᠳᠠᠪᠠᠷ ᠡᠬᠢᠯᠡᠬᠦᠯᠵᠤ᠂ ᠬᠤᠳᠠ ᠬᠦᠳᠡᠭᠡ ᠶᠢᠨ ᠰᠠᠭᠤᠭᠠᠯᠢ | ᠠᠷᠠᠳ ᠤᠨ ᠨᠠᠰᠤᠵᠢᠯ ᠤᠨ ᠲᠠᠭᠠᠳᠬᠠᠯ ᠤᠨ ᠤᠯᠭᠤᠮᠵᠢ ᠶᠢ ᠲᠡᠭᠡᠭᠰᠢᠯᠡᠬᠦᠯᠦᠨ ᠬᠦᠮᠦᠨ ᠪᠦᠷᠢ ᠰᠠᠷ᠎ᠠ ᠶᠢᠨ ᠲᠤᠰᠪᠤᠷᠢ 450 ᠲᠦᠬᠦᠷᠢᠭ ᠪᠠ 260 ᠲᠦᠬᠦᠷᠢᠭ | ᠪᠤᠯᠭᠠᠪᠠ᠃ ᠡᠮ ᠡᠮᠨᠡᠯᠭᠡ ᠶᠢᠨ ᠲᠠᠭᠠᠳᠬᠠᠯ ᠢ ᠶᠡᠭᠡᠪᠡᠷ ᠠᠬᠢᠭᠤᠯᠵᠤ᠂ ᠬᠤᠳᠠ ᠪᠠᠯᠭᠠᠰᠤ ᠶᠢᠨ ᠠᠵᠢᠯ ᠦᠭᠡᠢ ᠰᠠᠭᠤᠭᠠᠯᠢ ᠠᠷᠠᠳ ᠤᠨ ᠡᠮ ᠡᠮᠨᠡᠯᠭᠡ ᠶᠢᠨ | ᠲᠠᠭᠠᠳᠬᠠᠯ ᠤᠨ ᠲᠦᠷᠢᠮ ᠢ ᠡᠬᠢᠯᠡᠨ ᠬᠡᠷᠡᠭᠵᠢᠬᠦᠯᠵᠤ᠂ ᠮᠠᠯᠵᠢᠬᠤ ᠲᠠᠷᠢᠶᠠᠯᠠᠬᠤ ᠤᠷᠤᠨ ᠤ ᠰᠢᠨ᠎ᠠ ᠬᠡᠯᠪᠡᠷᠢ ᠶᠢᠨ ᠬᠤᠷᠰᠢᠭᠰᠠᠨ ᠡᠮ ᠡᠮᠨᠡᠯᠭᠡ ᠶᠢᠨ ᠪᠠᠯᠠ | ᠴᠤᠭᠯᠠᠭᠤᠯᠬᠤ ᠪᠠᠷᠢᠮᠵᠢᠶ᠎ᠠ ᠶᠢ ᠲᠡᠭᠡᠭᠰᠢᠯᠡᠬᠦᠯᠦᠨ 190 ᠲᠦᠬᠦᠷᠢᠭ ᠬᠦᠷᠭᠡᠵᠤ᠂ ᠬᠤᠳᠠ ᠪᠠᠯᠭᠠᠰᠤ ᠶᠢᠨ ᠠᠵᠢᠯᠳᠠᠨ ᠠᠵᠢᠯᠴᠢᠨ᠂ ᠰᠠᠭᠤᠭᠠᠯᠢ ᠠᠷᠠᠳ᠂ ᠮᠠᠯᠴᠢᠨ | ᠲᠠᠷᠢᠶᠠᠴᠢᠨ ᠤ ᠡᠮ ᠡᠮᠨᠡᠯᠭᠡ ᠶᠢᠨ ᠲᠠᠭᠠᠳᠬᠠᠯ ᠤᠨ ᠦᠭᠬᠦ ᠬᠠᠮᠤᠭ ᠦᠨᠳᠦᠷ ᠬᠢᠵᠠᠭᠠᠷ ᠲᠤᠭ᠎ᠠ ᠶᠢ 22 ᠲᠦᠮᠠᠨ ᠲᠦᠬᠦᠷᠢᠭ᠂ 10 ᠲᠦᠮᠠᠨ ᠲᠦᠬᠦᠷᠢᠭ ᠪᠠ 8 | ᠲᠦᠮᠠᠨ ᠲᠦᠬᠦᠷᠢᠭ ᠪᠤᠯᠭᠠᠪᠠ᠃ ᠲᠤᠤᠷ᠎ᠠ ᠤᠷᠤᠯᠭᠠᠳᠠᠳ ᠤᠨ ᠠᠮᠢᠳᠤᠷᠠᠯ ᠢ ᠲᠡᠭᠡᠳᠤ ᠬᠡᠮᠵᠢᠶ᠎ᠡ ᠪᠠᠷ ᠠᠩᠬᠠᠷᠴᠤ᠂ ᠬᠤᠳᠠ ᠬᠦᠳᠡᠭᠡ ᠶᠢᠨ ᠨᠠᠭᠠᠳᠤ ᠵᠠᠬ᠎ᠠ ᠶᠢᠨ | ᠠᠮᠢᠲᠤᠷᠠᠯ ᠤᠨ ᠪᠠᠳᠤᠯᠠᠭ᠎ᠠ ᠶᠢᠨ ᠪᠠᠷᠢᠮᠵᠢᠶ᠎ᠠ ᠶᠢ ᠲᠡᠭᠡᠭᠰᠢᠯᠡᠬᠦᠯᠦᠨ ᠬᠦᠮᠦᠨ ᠪᠦᠷᠢ ᠰᠠᠷ᠎ᠠ ᠶᠢᠨ ᠲᠤᠰᠪᠤᠷᠢ 400 ᠲᠦᠬᠦᠷᠢᠭ ᠪᠠ 280 ᠲᠦᠬᠦᠷᠢᠭ ᠪᠤᠯᠭᠠᠵᠤ᠂ | ᠲᠠᠪᠤᠨ ᠪᠠᠳᠤᠯᠠᠭᠠᠳᠤ ᠡᠷᠦᠭᠡ ᠪᠠ ᠦᠨᠦᠴᠢᠨ ᠬᠡᠤᠭᠡᠳ ᠢ ᠲᠦᠪᠯᠡᠷᠡᠬᠦᠯᠦᠨ ᠠᠰᠠᠷᠠᠨ ᠲᠡᠵᠢᠬᠡᠬᠦ ᠪᠠᠷᠢᠮᠵᠢᠶ᠎ᠠ ᠶᠢ ᠲᠡᠭᠡᠭᠰᠢᠯᠡᠬᠦᠯᠦᠨ ᠲᠤᠰᠪᠤᠷᠢ ᠬᠦᠮᠦᠨ ᠪᠦᠷᠢ ᠵᠢᠯ | ᠤᠨ 6000 ᠲᠦᠬᠦᠷᠢᠭ ᠪᠠ 12000 ᠲᠦᠬᠦᠷᠢᠭ ᠪᠤᠯᠭᠠᠪᠠ᠃ ᠶᠠᠳᠠᠭᠤ ᠶᠢ ᠲᠡᠳᠬᠦᠨ ᠬᠦᠴᠢᠷᠳᠡᠯ ᠢ ᠲᠤᠰᠠᠯᠠᠬᠤ ᠬᠦᠴᠦᠯᠡᠴᠨ ᠪᠠᠨ ᠨᠡᠮᠡᠭᠳᠡᠬᠦᠯᠵᠤ᠂ | ᠬᠦᠴᠢᠷᠳᠡᠯ ᠲᠠᠢ ᠤᠯᠠᠨ ᠲᠦᠮᠠᠨ ᠤ ᠦᠨᠳᠦᠰᠦᠨ ᠠᠮᠢᠳᠤᠷᠠᠯ ᠢ ᠪᠦᠳᠦᠮᠵᠢᠳᠠᠢ ᠪᠠᠷ ᠪᠠᠳᠤᠯᠠᠵᠠᠢ᠃ ᠪᠠᠳᠤᠯᠠᠭ᠎ᠠ ᠶᠢᠨ ᠴᠢᠨᠠᠷᠳᠠᠢ ᠤᠷᠤᠨ ᠰᠠᠭᠠᠤᠴᠠ ᠶᠢᠨ ᠪᠠᠷᠢᠯᠭ᠎ᠠ | ᠶᠢ ᠦᠷᠭᠡᠨ ᠭᠡᠪᠴᠢᠶ᠎ᠡ ᠪᠠᠷ ᠵᠤᠬᠢᠶᠠᠨ ᠪᠠᠶᠢᠭᠤᠯᠤᠨ ᠬᠡᠷᠡᠭᠵᠢᠬᠦᠯᠵᠤ᠂ ᠪᠠᠳᠤᠯᠠᠭ᠎ᠠ ᠶᠢᠨ ᠴᠢᠨᠠᠷᠳᠠᠢ ᠤᠷᠤᠨ ᠰᠠᠭᠤᠴᠠ ᠶᠢ ᠨᠠᠶᠢᠳᠠ 682 ᠲᠦᠮᠠᠨ ᠲᠡᠭᠰᠢ | ᠲᠦᠷᠪᠠᠯᠵᠢᠨ ᠮᠧᠲᠷ ᠪᠠᠶᠢᠭᠤᠯᠵᠤ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠬᠦᠮᠦᠨ ᠲᠤᠮᠳᠠᠴᠢ ᠤᠷᠤᠨ ᠰᠠᠭᠤᠴᠠ ᠶᠢᠨ ᠲᠠᠯᠠᠪᠠᠢ ᠲᠤᠰᠪᠤᠷᠢ 38.3 | ᠲᠡᠭᠰᠢ ᠲᠦᠷᠪᠠᠯᠵᠢᠨ ᠮᠧᠲᠷ ᠪᠠ 33 ᠲᠡᠭᠰᠢ ᠲᠦᠷᠪᠡᠯᠵᠢᠨ ᠮᠧᠲᠷ ᠲᠤ ᠬᠦᠷᠪᠠ᠃ | ᠲᠠᠪᠤᠨ ᠵᠢᠯ ᠤᠨ ᠲᠤᠷᠰᠢ᠂ ᠪᠢᠳᠠ ᠤᠶᠤᠨ ᠰᠠᠨᠠᠭᠠᠨ ᠤ ᠪᠤᠯᠪᠠᠰᠤᠨ ᠪᠠ ᠠᠷᠠᠳᠴᠢᠯᠠᠯ ᠬᠠᠤᠯᠢ ᠲᠦᠷᠢᠮ ᠤᠨ ᠪᠠᠶᠢᠭᠤᠯᠤᠯᠳᠠ ᠶᠢ ᠬᠦᠨᠵᠡᠭᠡᠢ ᠠᠬᠢᠭᠤᠯᠵᠤ | ᠂ ᠨᠡᠶᠢᠭᠡᠮ ᠤᠨ ᠬᠠᠮᠢᠶᠠᠷᠤᠯᠳᠠ ᠶᠢᠨ ᠰᠢᠨ᠎ᠠ ᠶᠢ ᠡᠬᠦᠳᠴᠦ᠂ ︽ᠢᠯᠠ ᠲᠤᠳᠤ︾ ᠵᠠᠰᠠᠭ ᠤᠨ ᠤᠷᠳᠤᠨ ᠢ ᠴᠢᠷᠮᠠᠶᠢᠨ ᠪᠠᠶᠢᠭᠤᠯᠪᠠ᠃ ᠪᠦᠬᠦ ᠤᠯᠤᠰ ᠤᠨ | ᠪᠤᠯᠪᠠᠰᠤᠨ ᠬᠤᠳᠠ ᠶᠢ ᠡᠬᠦᠳᠤᠨ ᠪᠠᠶᠢᠭᠤᠯᠬᠤ ᠠᠵᠢᠯᠯᠠᠭ᠎ᠠ ᠶᠢ ᠬᠦᠨᠵᠡᠭᠡᠢ ᠦᠷᠨᠢᠬᠦᠯᠵᠤ᠂ ᠦᠨᠳᠦᠰᠦᠳᠠᠨ ᠤ ᠰᠤᠶᠤᠯ ᠤᠨ ᠪᠠᠶᠢᠭᠤᠯᠤᠯᠳᠠ᠂ ᠬᠤᠳᠠ ᠶᠢᠨ ᠲᠦᠷᠢ | ᠲᠦᠷᠬᠦ ᠶᠢ ᠱᠤᠭᠤᠬᠤ᠂ ᠬᠤᠳᠠ ᠶᠢᠨ ᠠᠷᠠᠳ ᠤᠨ ᠬᠡᠪ ᠴᠢᠨᠠᠷ ᠢ ᠲᠡᠭᠡᠭᠰᠢᠯᠡᠬᠦᠯᠬᠦ ︽ᠭᠤᠷᠪᠠᠨ ᠲᠤᠮᠤ ᠢᠨᠵᠧᠨᠧᠷᠢᠩ︾ ᠢ ᠵᠤᠬᠢᠶᠠᠨ ᠪᠠᠶᠢᠭᠤᠯᠤᠨ | ᠬᠡᠷᠡᠭᠵᠢᠬᠦᠯᠵᠤ᠂ ᠨᠠᠶᠢᠭᠡᠮ ᠤᠨ ᠪᠦᠬᠦᠯᠢ ᠴᠤᠭᠴᠠ ᠶᠢᠨ ᠪᠤᠯᠪᠠᠰᠤᠨ ᠤ ᠬᠢᠷᠢ ᠲᠦᠪᠰᠢᠨ ᠢ ᠲᠠᠰᠤᠷᠠᠯᠳᠠ ᠦᠭᠡᠢ ᠲᠡᠭᠡᠭᠰᠢᠯᠡᠬᠦᠯᠵᠤ᠂ ᠪᠦᠬᠦ ᠤᠯᠤᠰ ᠤᠨ | ᠪᠤᠯᠪᠠᠰᠤᠨ ᠬᠤᠳᠠ ᠶᠢᠨ ᠬᠡᠮᠵᠢᠨ ᠲᠤᠭᠳᠠᠭᠠᠯᠳᠠ ᠳᠤ ᠮᠠᠨ ᠤ ᠬᠤᠳᠠ 10 ᠳ᠋ᠤᠭᠠᠷ ᠪᠠᠶᠢᠷᠢᠨ ᠳᠤ ᠵᠢᠬᠰᠠᠭᠠᠬᠳᠠᠪᠠ᠃ ᠪᠦᠬᠦ ᠤᠷᠤᠨ ᠤ ᠬᠤᠶᠠᠷ ᠪᠤᠯᠪᠠᠰᠤᠨ ᠤ | ᠪᠠᠶᠢᠭᠤᠯᠤᠯᠳᠠ ᠶᠢᠨ ᠲᠤᠷᠰᠢᠯᠭ᠎ᠠ ᠰᠤᠯᠢᠯᠴᠠᠬᠤ ᠬᠤᠷᠠᠯ᠂ ᠠᠷᠪᠠᠨ ᠨᠢᠭᠡᠳᠤᠭᠡᠷ ᠬᠤᠭᠤᠴᠠᠭᠠᠨ ᠤ ᠠᠽᠢᠶ᠎ᠠ ᠲᠢᠪ ᠤᠨ ᠤᠷᠠᠯᠢᠭ ᠤᠨ ᠴᠤᠭᠯᠠᠭᠠᠨ ᠪᠠ ᠠᠩᠬᠠᠳᠤᠭᠠᠷ | ᠬᠤᠭᠤᠴᠠᠭᠠᠨ ᠤ ᠤᠷᠳᠤᠰ ᠤᠨ ᠤᠯᠠᠨ ᠤᠯᠤᠰ ᠤᠨ ᠨᠠᠭᠠᠳᠤᠮ ᠤᠨ ᠬᠤᠷᠠᠯ ᠵᠡᠷᠭᠡ ᠠᠯᠢ ᠤᠯᠠᠨ ᠴᠢᠬᠤᠯᠠ ᠠᠵᠢᠯᠯᠠᠭ᠎ᠠ ᠶᠢ ᠠᠮᠵᠢᠯᠳᠠ ᠲᠠᠢ ᠪᠠᠷ ᠡᠷᠬᠢᠯᠡᠨ | ᠶᠠᠪᠤᠭᠳᠠᠭᠤᠯᠵᠤ᠂ ᠤᠷᠳᠤᠰ ᠤᠨ ᠠᠯᠳᠠᠷᠰᠢᠯ ᠪᠠ ᠨᠦᠯᠦᠭᠡᠯᠡᠯ ᠤᠨ ᠬᠦᠴᠦᠨ ᠢ ᠦᠷᠭᠡᠳᠭᠡᠵᠠᠢ᠃ ᠦᠨᠳᠦᠰᠦᠨ ᠱᠠᠳᠤᠨ ᠤ ᠠᠷᠠᠳᠴᠢᠯᠠᠯ ᠤᠨ ᠪᠠᠶᠢᠭᠤᠯᠤᠯᠳᠠ ᠶᠢ | ᠬᠦᠨᠵᠡᠭᠡᠢ ᠠᠬᠢᠭᠤᠯᠵᠤ᠂ ︽ᠲᠠᠪᠤᠳᠤᠭᠠᠷ ᠲᠠᠪᠤ︾ ᠶᠢᠨ ᠬᠠᠤᠯᠢ ᠶᠢ ᠲᠦᠭᠡᠮᠠᠯᠵᠢᠬᠦᠯᠬᠦ ᠬᠦᠮᠦᠵᠢᠯ ᠢ ᠪᠦᠬᠦ ᠲᠠᠯ ᠪᠠᠷ ᠪᠠᠶᠠᠯᠡᠬᠦᠯᠪᠠ᠃ ᠦᠨᠳᠦᠰᠦᠳᠠᠨ ᠱᠠᠰᠢᠨ | ᠰᠤᠷᠳᠠᠬᠤᠨ ᠤ ᠠᠵᠢᠯ ᠴᠢᠨᠠᠭᠰᠢᠳᠠ ᠴᠢᠩᠭᠠᠳᠬᠠᠭᠳᠠᠪᠠ᠃ ᠤᠯᠤᠰ ᠤᠨ ᠪᠠᠳᠤᠯᠠᠨ ᠬᠠᠮᠠᠭᠠᠯᠠᠯᠳᠠ ᠶᠢᠨ ᠨᠦᠭᠡᠴᠨ ᠬᠦᠴᠦᠨ ᠤ ᠪᠠᠶᠢᠭᠤᠯᠤᠯᠳᠠ ᠪᠠ ︽ᠬᠤᠶᠠᠷ ᠢ | ᠬᠦᠷᠢᠶᠠᠯᠠᠬᠦ ︾ ᠠᠵᠢᠯ ᠤᠨ ᠲᠠᠯ᠎ᠠ ᠪᠠᠷ ᠰᠢᠨ᠎ᠠ ᠦᠷ᠎ᠠ ᠪᠦᠳᠤᠮᠵᠢ ᠤᠯᠵᠤ᠂ ᠪᠦᠬᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠳᠠ ᠶᠢᠨ ᠡᠩᠨᠡᠭᠡᠨ ᠳᠤ | ᠤᠷᠤᠪᠠ᠃ ︽ᠠᠮᠤᠭᠤᠯᠠᠩ ᠤᠷᠳᠤᠰ︾ ᠤᠨ ᠪᠠᠶᠢᠭᠤᠯᠤᠯᠳᠠ ᠶᠢ ᠶᠡᠭᠡᠪᠡᠷ ᠠᠬᠢᠭᠤᠯᠵᠤ᠂ ᠡᠯ᠎ᠠ ᠲᠦᠷᠦᠯ ᠤᠨ ᠨᠠᠶᠢᠭᠡᠮ ᠤᠨ ᠵᠦᠷᠢᠴᠡᠯ ᠮᠦᠷᠬᠦᠯᠳᠤᠭᠡᠨ ᠢ | ᠪᠦᠳᠦᠮᠵᠢᠳᠠᠢ ᠪᠠᠷ ᠰᠢᠢᠳᠪᠦᠷᠢᠯᠠᠵᠤ᠂ ᠠᠶᠤᠯᠬᠦᠢ ᠦᠢᠯᠡᠳᠪᠦᠷᠢᠯᠠᠯ ᠤᠨ ᠪᠠᠶᠢᠳᠠᠯ ᠮᠡᠳᠡᠭᠳᠡᠮ᠎ᠠ ᠰᠠᠶᠢᠵᠢᠷᠠᠪᠠ᠃ ᠮᠠᠨ ᠤ ᠬᠤᠳᠠ ᠲᠠᠷᠠᠭᠠᠯᠠᠨ ᠭᠤᠷᠪᠠᠨ ᠵᠢᠯ ︽ | ᠪᠦᠬᠦ ᠤᠯᠤᠰ ᠤᠨ ᠬᠠᠮᠤᠭ ᠠᠮᠤᠷ ᠲᠦᠪᠰᠢᠨ ᠬᠤᠳᠠ︾ ᠪᠠᠷ ᠦᠨᠡᠯᠡᠭᠳᠡᠵᠤ᠂ ᠪᠦᠬᠦ ᠤᠯᠤᠰ ᠤᠨ ᠨᠠᠶᠢᠭᠡᠮ ᠤᠨ ᠬᠠᠮᠢᠶᠠᠷᠤᠯᠳᠠ ᠶᠢᠨ ᠰᠢᠨ᠎ᠠ ᠶᠢ ᠡᠬᠦᠳᠦᠭᠰᠡᠨ | ᠶᠡᠷᠦᠩᠭᠡᠶᠢᠯᠡᠭᠰᠡᠨ ᠲᠤᠷᠰᠢᠯᠳᠠ ᠶᠢᠨ ᠴᠡᠭ ᠤᠨ ᠬᠤᠳᠠ ᠶᠢᠨ ᠨᠢᠭᠡ ᠪᠤᠯᠪᠠ᠃ ᠪᠦᠬᠦ ᠬᠤᠳᠠ ᠶᠢᠨ ᠬᠡᠪᠴᠢᠶᠠᠨ ᠳᠤ ᠠᠵᠤ ᠠᠬᠤᠢ ᠴᠡᠴᠡᠭᠯᠡᠨ ᠬᠦᠭᠵᠢᠵᠤ᠂ | ᠨᠠᠶᠢᠭᠡᠮ ᠡᠶ᠎ᠡ ᠵᠤᠬᠢᠴᠠᠯ ᠲᠠᠢ ᠠᠮᠤᠷ ᠲᠤᠭᠳᠠᠭᠤᠨ ᠰᠠᠶᠢᠨ ᠰᠠᠶᠢᠬᠠᠨ ᠪᠠᠶᠢᠳᠠᠯ ᠢᠯᠡᠷᠡᠪᠠ᠃ | ᠬᠠᠤᠯᠢ ᠪᠠᠷ ᠵᠠᠰᠠᠭ ᠶᠠᠪᠤᠭᠤᠯᠬᠤ ᠶᠢ ᠪᠠᠷᠢᠮᠳᠠᠯᠠᠵᠤ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠪᠠᠶᠢᠡᠭᠭᠤ ᠶᠢᠨ ᠬᠤᠷᠢᠶ᠎ᠠ ᠶᠢᠨ ᠰᠢᠢᠳᠪᠦᠷᠢ᠂ | ᠲᠤᠭᠳᠠᠭᠠᠯ ᠢ ᠨᠠᠷᠢᠨ ᠬᠢᠨᠠᠮᠠᠭᠠᠢ ᠬᠦᠢᠴᠡᠳᠭᠡᠵᠤ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠦᠪᠯᠡᠯᠭᠡᠨ ᠪᠠ ᠨᠡᠶᠢᠭᠡᠮ ᠤᠨ | ᠬᠢᠨᠠᠯᠳᠠ ᠲᠠᠯᠪᠢᠯᠳᠠ ᠶᠢ ᠤᠬᠠᠮᠰᠠᠷ ᠠᠴᠠ ᠪᠠᠨ ᠬᠦᠯᠢᠶᠠᠪᠠ᠃ ᠬᠤᠳᠠ ᠶᠢᠨ ᠤᠯᠨᠨ ᠨᠠᠶᠢᠳᠠ ᠶᠢᠨ ᠶᠠᠪᠤᠳᠠᠯ ᠤᠨ ᠬᠠᠮᠢᠶᠠᠷᠤᠯᠳᠠ ᠶᠢᠨ ᠲᠤᠪᠴᠢᠶ᠎ᠠ ᠶᠢ ᠵᠤᠬᠢᠶᠠᠨ | ᠪᠠᠶᠢᠭᠤᠯᠵᠤ᠂ ᠲᠦᠪ ᠭᠤᠤᠯᠴᠢ᠂ ᠪᠤᠯᠪᠠᠰᠤᠨ ᠢᠶᠠᠷ ᠬᠠᠤᠯᠢ ᠬᠡᠷᠡᠭᠵᠢᠬᠦᠯᠬᠦ ᠶᠢ ᠠᠬᠢᠭᠤᠯᠵᠠᠢ᠃ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠲᠦᠷᠢᠮ ᠤᠨ | ᠦᠭᠡᠷᠡᠴᠢᠯᠡᠯᠳᠠ ᠶᠢ ᠬᠦᠨᠵᠡᠭᠡᠶᠢᠷᠡᠬᠦᠯᠵᠤ᠂ ᠵᠠᠰᠠᠭ ᠵᠠᠬᠢᠷᠭᠠᠨ ᠤ ᠴᠢᠨᠠᠷᠲᠠᠢ ᠬᠢᠨᠠᠨ ᠵᠦᠪᠰᠢᠶᠡᠷᠡᠬᠦ ᠪᠠ ᠰᠦᠢᠳᠭᠡᠯ ᠬᠤᠷᠢᠶᠠᠬᠤ ᠵᠦᠢᠯ ᠢ ᠶᠡᠭᠡ ᠬᠡᠮᠵᠢᠶ᠎ᠠ ᠪᠠᠷ | ᠬᠠᠰᠤᠵᠤ᠂ ᠬᠤᠳᠠ ᠶᠢᠨ ᠶᠠᠪᠤᠳᠠᠯ ᠤᠨ ᠦᠢᠯᠡᠴᠢᠯᠡᠭᠡᠨ ᠤ ᠲᠦᠪ ᠢ ᠪᠠᠶᠢᠭᠤᠯᠵᠤ᠂ ᠬᠤᠳᠠ ᠬᠤᠰᠢᠭᠤ ᠰᠢᠶᠠᠩ ᠭᠤᠷᠪᠠᠨ ᠱᠠᠳᠤᠨ ᠤ ᠡᠯᠧᠲᠷᠦᠨ ᠵᠠᠰᠠᠭ ᠤᠨ | ᠶᠠᠪᠤᠳᠠᠯ ᠤᠨ ᠲᠤᠰᠬᠠᠢ ᠰᠦᠯᠵᠢᠶ᠎ᠠ ᠶᠢ ᠪᠠᠶᠢᠭᠤᠯᠵᠤ᠂ ᠵᠠᠰᠠᠭ ᠵᠠᠬᠢᠷᠭᠠᠨ ᠤ ᠦᠷ᠎ᠠ ᠪᠦᠳᠤᠮᠵᠢ ᠢᠯᠡᠳᠳᠠ ᠲᠡᠭᠡᠭᠰᠢᠯᠡᠵᠠᠢ᠃ ᠴᠢᠬᠤᠯᠠ ᠰᠢᠢᠳᠪᠦᠷᠢᠳᠤ ᠪᠤᠳᠤᠯᠭ᠎ᠠ | ᠲᠤᠬᠳᠠᠭᠠᠬᠤ ᠲᠡᠰ ᠲᠠᠷᠠᠭᠠᠯᠠᠯ ᠢ ᠲᠡᠬᠦᠯᠳᠡᠷᠵᠢᠬᠦᠯᠵᠤ᠂ ︽ᠢᠯᠠ ᠲᠤᠳᠤ︾ ᠵᠠᠰᠠᠭ ᠤᠨ ᠤᠷᠳᠤᠨ ᠢ ᠪᠠᠶᠢᠭᠤᠯᠬᠤ ᠠᠯᠢ ᠤᠯᠠᠨ ᠲᠦᠷᠦ ᠶᠢᠨ ᠪᠤᠳᠤᠯᠭ᠎ᠠ ᠶᠢᠨ | ᠠᠷᠭ᠎ᠠ ᠬᠡᠮᠵᠢᠶ᠎ᠠ ᠭᠠᠷᠭᠠᠵᠤ᠂ ᠵᠠᠰᠠᠭ ᠵᠠᠬᠢᠷᠭᠠᠨ ᠤ ᠡᠷᠭᠡ ᠶᠢᠨ ᠡᠷᠬᠢᠯᠳᠠ ᠶᠢ ᠲᠦᠷᠢᠮᠵᠢᠬᠦᠯᠵᠤ᠂ ᠵᠠᠰᠠᠭ ᠵᠠᠬᠢᠷᠭᠠᠨ ᠤ ᠬᠠᠷᠢᠭᠤᠴᠠᠯᠭ᠎ᠠ ᠶᠢ ᠨᠡᠭᠡᠮᠵᠢᠯᠡᠬᠦ ᠲᠦᠷᠢᠮ | ᠢ ᠬᠡᠷᠡᠭᠵᠢᠬᠦᠯᠵᠤ᠂ ᠴᠢᠬᠤᠯᠠ ᠰᠢᠢᠳᠪᠦᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠪᠦᠳᠦᠮᠵᠢᠳᠠᠢ ᠪᠠᠷ ᠨᠠᠶᠢᠳᠠᠪᠤᠷᠢᠵᠢᠭᠤᠯᠬᠤ ᠶᠢ ᠪᠠᠳᠤᠯᠠᠵᠠᠢ᠃ ᠵᠠᠰᠠᠭ ᠤᠨ | ᠶᠠᠪᠤᠳᠠᠯ ᠢ ᠢᠯᠠ ᠨᠡᠶᠢᠳᠡᠯᠡᠬᠦ ᠶᠢ ᠢᠳᠡᠪᠬᠢᠳᠡᠢ ᠠᠬᠢᠭᠤᠯᠵᠤ᠂ ᠬᠤᠳᠠ ᠶᠢᠨ ᠲᠠᠷᠤᠭ᠎ᠠ ᠶᠢᠨ ᠲᠤᠰᠬᠠᠢ ᠤᠳᠠᠰᠤ ᠭᠠᠷᠭᠠᠵᠤ᠂ ᠰᠤᠨᠢᠨ ᠮᠡᠳᠡᠭᠡᠨ ᠤ ᠦᠭᠬᠦᠯᠡᠭᠴᠢ | ᠶᠢᠨ ᠲᠦᠷᠢᠮ ᠢ ᠬᠡᠷᠡᠭᠵᠢᠬᠦᠯᠪᠠ᠃ ᠤᠯᠠᠨ ᠨᠠᠶᠢᠳᠠ ᠶᠢᠨ ᠬᠡᠨᠡᠳᠳᠠ ᠶᠢᠨ ᠬᠡᠷᠡᠭ ᠢ ᠪᠠᠴᠢᠮ ᠠᠷᠭᠠᠴᠠᠨ ᠰᠢᠢᠳᠪᠦᠷᠢᠯᠡᠬᠦ ᠲᠤᠭᠳᠠᠴᠠ ᠶᠢ ᠪᠠᠶᠢᠭᠤᠯᠵᠤ᠂ ᠠᠷᠠᠳ | ᠤᠯᠠᠨ ᠤ ᠠᠮᠢ ᠨᠠᠰᠤ ᠡᠳ᠋ ᠬᠤᠭᠰᠢᠯ ᠤᠨ ᠠᠶᠤᠯᠬᠦᠢ ᠶᠢ ᠪᠠᠳᠤᠯᠠᠵᠠᠢ᠃ ︽ᠭᠤᠷᠪᠠᠨ ᠭᠤᠤᠯᠳᠠᠯᠭ᠎ᠠ ᠨᠢᠭᠡ ᠶᠡᠭᠡ︾ ᠲᠤᠭᠳᠠᠭᠠᠯ ᠤᠳ ᠢ ᠴᠢᠩᠭ᠎ᠠ | ᠬᠡᠷᠡᠭᠵᠢᠬᠦᠯᠵᠤ ᠵᠠᠰᠠᠭ ᠵᠠᠬᠢᠷᠭᠠᠨ ᠤ ᠬᠢᠨᠠᠨ ᠪᠠᠶᠢᠴᠠᠭᠠᠬᠤ ᠪᠠ ᠬᠢᠨᠠᠨ ᠪᠤᠳᠤᠵᠤ ᠬᠢᠨᠠᠯᠳᠠ ᠲᠠᠯᠪᠢᠬᠤ ᠶᠢ ᠴᠢᠩᠭᠠᠳᠬᠠᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ | ᠪᠠᠶᠢᠭᠤᠯᠤᠯᠳᠠ ᠪᠠ ᠢᠯᠵᠠᠷᠠᠯ ᠢ ᠡᠰᠡᠷᠬᠦᠴᠡᠬᠦ ᠠᠵᠢᠯ ᠤᠨ ᠲᠠᠯ᠎ᠠ ᠪᠠᠷ ᠰᠢᠨ᠎ᠠ ᠦᠷ᠎ᠠ ᠪᠦᠳᠤᠮᠵᠢ ᠤᠯᠪᠠ᠃ | ᠰᠠᠶ᠋ᠢᠬᠠᠨ ᠦᠡᠭᠭᠡᠷᠡᠭᠰᠡᠨ 2010 ᠤᠨ ᠳᠤ᠂ ᠪᠤᠳᠤᠯᠢᠶᠡᠨᠳᠠᠢ ᠬᠤᠪᠢᠷᠠᠯᠳᠠ ᠤᠯᠠᠨ ᠬᠤᠷᠸ᠎ᠠ ᠪᠠᠶᠢᠳᠠᠯ ᠤᠨ ᠡᠮᠦᠨ᠎ᠡ᠂ ᠪᠢᠳᠠ ᠰᠢᠨᠵᠢᠯᠡᠬᠦ ᠤᠬᠠᠭᠠᠨᠴᠢ | ᠬᠦᠭᠵᠢᠯᠳᠠ ᠶᠢᠨ ᠦᠵᠡᠯᠳᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠵᠤ᠂ ᠬᠤᠳᠠ ᠶᠢᠨ ᠨᠠᠮ ᠤᠨ ᠬᠤᠷᠢᠶ᠎ᠠ ᠶᠢᠨ ᠡᠷᠡᠰ ᠴᠢᠩᠭ᠎ᠠ ᠤᠳᠤᠷᠢᠳᠤᠯᠭ᠎ᠠ ᠲᠤᠤᠷ᠎ᠠ᠂ | ᠪᠦᠬᠦ ᠬᠤᠳᠠ ᠶᠢᠨ ᠪᠦᠬᠦᠯᠢ ᠴᠤᠭᠴᠠ ᠶᠢᠨ ᠬᠦᠭᠵᠢᠯᠳᠠ ᠶᠢ ᠨᠦᠯᠦᠭᠡᠯᠡᠵᠤ ᠪᠠᠶᠢᠬᠤ ᠪᠠ ᠬᠢᠵᠠᠭᠠᠷᠯᠠᠵᠤ ᠪᠠᠶᠢᠭ᠎ᠠ ᠭᠤᠤᠯᠳᠠᠯᠭ᠎ᠠ ᠲᠠᠢ᠂ ᠬᠦᠴᠢᠷᠳᠡᠯᠳᠡᠢ ᠠᠰᠠᠭᠤᠳᠠᠯ | ᠢ ᠴᠢᠷᠮᠠᠶᠢᠨ ᠰᠢᠪᠳᠤᠯᠵᠤ᠂ ᠠᠵᠤ ᠠᠬᠤᠢ ᠨᠡᠶᠢᠭᠡᠮ ᠤᠨ ᠰᠠᠶᠢᠨ ᠮᠦᠷᠳᠡᠭᠡᠨ ᠲᠦᠷᠭᠡᠨ ᠢᠶᠠᠷ ᠬᠦᠭᠵᠢᠬᠦ ᠬᠠᠨᠳᠤᠰᠢ ᠶᠢ ᠦᠷᠬᠦᠯᠵᠢᠯᠠᠨ ᠪᠠᠳᠤᠯᠠᠪᠠ᠃ ᠪᠦᠬᠦ | ᠬᠤᠳᠠ ᠶᠢᠨ ᠭᠠᠵᠠᠷ ᠤᠷᠤᠨ ᠤ ᠦᠢᠯᠡᠳᠪᠦᠷᠢᠯᠠᠯ ᠤᠨ ᠶᠡᠷᠦᠩᠭᠡᠢ ᠦᠷᠳᠡᠭ 19.2% ᠢᠶᠠᠷ ᠨᠡᠮᠡᠭᠳᠡᠵᠤ᠂ ᠬᠡᠪᠴᠢᠶᠠᠵᠢᠯ ᠠᠴᠠ ᠲᠡᠭᠡᠭᠰᠢᠬᠢ ᠠᠵᠤ ᠦᠢᠯᠡᠳᠪᠦᠷᠢ | ᠶᠢᠨ ᠨᠡᠮᠡᠭᠳᠡᠯ ᠦᠷᠳᠡᠭ 23.1% ᠪᠠᠷ ᠨᠡᠮᠡᠭᠳᠡᠨ᠂ ᠡᠳ᠋ ᠤᠨ ᠵᠠᠰᠠᠭ ᠤᠨ ᠶᠠᠷᠦᠩᠭᠡᠢ ᠤᠷᠤᠯᠭ᠎ᠠ 47.1% ᠨᠡᠮᠡᠭᠳᠡᠵᠤ᠂ ᠡᠬᠦᠨ ᠳᠤ ᠡᠩ ᠤᠨ ᠲᠦᠰᠦᠪ ᠤᠨ | ᠤᠷᠤᠯᠭ᠎ᠠ 47.5% ᠪᠠᠷ ᠨᠡᠮᠡᠭᠳᠡᠨ᠂ ᠪᠦᠬᠦ ᠨᠠᠶᠢᠭᠡᠮ ᠤᠨ ᠲᠤᠭᠳᠠᠮᠠᠯ ᠬᠦᠷᠦᠩᠭᠡ ᠶᠢᠨ ᠪᠠᠯᠠ ᠤᠷᠤᠭᠤᠯᠤᠯᠳᠠ 21.5% ᠪᠠᠷ ᠨᠡᠮᠡᠭᠳᠡᠵᠤ᠂ ᠠᠵᠤ ᠠᠬᠤᠢ ᠶᠢᠨ | ᠶᠡᠷᠦᠩᠭᠡᠶᠢᠯᠡᠭᠰᠡᠨ ᠪᠤᠳᠠᠳᠤ ᠬᠦᠴᠦᠨ ᠴᠢᠨᠠᠭᠰᠢᠳᠠ ᠲᠡᠭᠡᠭᠰᠢᠯᠡᠪᠡ᠃ ᠡᠯ᠎ᠠ ᠲᠦᠷᠦᠯ ᠤᠨ ᠭᠤᠤᠯᠳᠠᠯᠭ᠎ᠠ ᠲᠠᠢ ᠠᠵᠢᠯ ᠰᠢᠨ᠎ᠠ ᠠᠬᠢᠯᠳᠠ ᠲᠠᠢ ᠪᠤᠯᠵᠤ᠂ ᠢᠯᠡᠩᠭᠤᠶ᠎ᠠ | ᠠᠷᠠᠳ ᠤᠨ ᠠᠮᠢᠳᠤᠷᠠᠯ ᠤᠨ ᠠᠵᠢᠯ ᠤᠨ ᠲᠠᠯ᠎ᠠ ᠪᠠᠷ ᠰᠢᠨ᠎ᠠ ᠰᠢᠪᠳᠤᠯᠤᠯᠳᠠ ᠲᠠᠢ ᠪᠤᠯᠵᠤ᠂ ᠪᠦᠬᠦ ᠬᠤᠳᠠ ᠶᠢᠨ ᠡᠳ᠋ ᠤᠨ ᠵᠠᠰᠠᠭ ᠠᠴᠠ ᠠᠷᠠᠳ ᠤᠨ | ᠠᠮᠢᠳᠤᠷᠠᠯ ᠢ ᠪᠠᠳᠤᠯᠠᠬᠤ ᠪᠠ ᠰᠠᠶᠢᠵᠢᠷᠠᠭᠤᠯᠬᠤ ᠳᠤ 140.3 ᠳ᠋ᠦᠡᠭᠰᠢᠭᠤᠷ ᠲᠦᠬᠦᠷᠢᠭ ᠤᠷᠤᠭᠤᠯᠵᠤ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ | ᠤᠷᠳᠤᠨ ᠤ ᠵᠢᠯ ᠤᠨ ᠡᠬᠢᠨ ᠳᠤ ᠤᠯᠨᠨ ᠲᠦᠮᠠᠨ ᠳᠤ ᠪᠦᠳᠦᠭᠡᠬᠦ ᠪᠠᠷ ᠠᠮᠠᠯᠠᠭᠰᠠᠨ 20 ᠪᠤᠳᠠᠳᠤ ᠶᠠᠪᠤᠳᠠᠯ ᠢ ᠴᠦᠮ ᠨᠠᠶᠢᠳᠠᠪᠤᠷᠢᠵᠢᠭᠤᠯᠵᠤ᠂ ᠬᠤᠳᠠ ᠪᠠᠯᠭᠠᠰᠤ | ᠶᠢᠨ ᠰᠠᠭᠤᠭᠠᠯᠢ ᠠᠷᠠᠳ ᠤᠨ ᠬᠦᠮᠦᠨ ᠲᠤᠮᠳᠠᠴᠢ ᠲᠤᠬᠢᠷᠠᠭᠤᠯᠵᠤ ᠪᠤᠯᠬᠤ ᠤᠷᠤᠯᠭ᠎ᠠ ᠪᠠ ᠮᠠᠯᠴᠢᠨ ᠲᠠᠷᠢᠶᠠᠴᠢᠳ ᠤᠨ ᠬᠦᠮᠦᠨ ᠲᠤᠮᠳᠠᠴᠢ ᠴᠡᠪᠠᠷ ᠤᠷᠤᠯᠭ᠎ᠠ | ᠲᠤᠰᠪᠤᠷᠢ 15.2% ᠪᠠ 12.2% ᠢᠶᠠᠷ ᠨᠡᠮᠡᠭᠳᠡᠪᠠ᠃ ᠨᠢᠭᠡ ᠵᠢᠯ ᠤᠨ ᠴᠢᠷᠮᠠᠶᠢᠯᠭ᠎ᠠ ᠪᠠᠷ ᠲᠠᠮᠵᠢᠨ᠂ ᠪᠢᠳᠠ ᠬᠤᠳᠠ ᠶᠢᠨ ᠬᠤᠶᠠᠳᠤᠭᠠᠷ ᠬᠤᠭᠤᠴᠠᠭᠠᠨ ᠤ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠲᠦᠷᠪᠡᠳᠦᠭᠡᠷ ᠤᠳᠠᠭᠠᠨ ᠤ ᠬᠤᠷᠠᠯ ᠠᠴᠠ ᠲᠤᠭᠳᠠᠭᠠᠭᠰᠠᠨ ᠡᠯ᠎ᠠ ᠲᠦᠷᠦᠯ | ᠤᠨ ᠬᠠᠷᠠᠯᠳᠠ ᠡᠬᠦᠷᠭᠡ ᠶᠢ ᠪᠦᠬᠦ ᠲᠠᠯ᠎ᠠ ᠪᠠᠷ ᠪᠠᠶᠡᠯᠡᠬᠦᠯᠵᠤ᠂ ︽ᠠᠷᠪᠠᠨ ᠨᠢᠭᠡᠳᠤᠭᠡᠷ ᠲᠠᠪᠤᠠ ᠵᠢᠯ︾ ᠤᠨ ᠬᠤᠭᠤᠴᠠᠭ᠎ᠠ ᠶᠢ ᠲᠡᠬᠦᠰ ᠠᠮᠵᠢᠯᠳᠠ ᠲᠠᠢ ᠪᠠᠷ | ᠲᠠᠭᠤᠰᠬᠠᠪᠠ᠃ | ᠲᠦᠯᠦᠭᠡᠯᠡᠭᠴᠢᠳ ᠡ᠂ ᠦᠡᠭᠭᠡᠷᠡᠭᠰᠡᠨ ᠲᠠᠪᠤᠨ ᠵᠢᠯ ᠪᠤᠯ ᠮᠠᠨ ᠤ ᠬᠤᠳᠠ ᠰᠢᠨᠵᠢᠯᠡᠬᠦ ᠤᠬᠠᠭᠠᠨᠴᠢ ᠬᠦᠭᠵᠢᠯᠳᠠ ᠶᠢᠨ ᠦᠵᠡᠯᠳᠠ ᠶᠢᠨ ᠵᠢᠯᠤᠭᠤᠳᠤᠯᠭ᠎ᠠ | ᠲᠤᠤᠷ᠎ᠠ ᠤᠷᠳᠤᠰ ᠤᠨ ᠦᠭᠡᠷᠡᠴᠢᠯᠡᠯᠳᠠ ᠬᠦᠭᠵᠢᠯᠳᠠ ᠶᠢᠨ ᠰᠢᠨ᠎ᠠ ᠵᠠᠮ ᠮᠦᠷ᠂ ᠰᠢᠨ᠎ᠠ ᠵᠠᠭᠪᠤᠷ ᠢ ᠢᠳᠡᠪᠬᠢᠳᠡᠢ ᠪᠠᠷ ᠰᠦᠪᠡᠭᠴᠢᠯᠡᠭᠰᠡᠨ ᠲᠠᠪᠤᠨ ᠵᠢᠯ ᠪᠤᠯᠤᠨ᠎ᠠ᠂ | ᠮᠦᠨ ᠴᠣ᠋ ᠭᠠᠵᠠᠷ ᠤᠷᠤᠨ ᠤ ᠶᠡᠷᠦᠩᠭᠡᠶᠢᠯᠡᠭᠰᠡᠨ ᠪᠤᠳᠠᠳᠤ ᠬᠦᠴᠦᠨ ᠤ ᠲᠡᠭᠡᠭᠰᠢᠯᠡᠯᠳᠠ ᠬᠠᠮᠤᠭ ᠲᠦᠷᠭᠡᠨ᠂ ᠬᠤᠳᠠ ᠬᠦᠳᠡᠭᠡ ᠶᠢᠨ ᠦᠡᠭᠭᠡ ᠲᠦᠷᠰᠦ ᠶᠢᠨ | ᠬᠤᠪᠢᠷᠠᠯᠳᠠ ᠬᠠᠮᠤᠭ ᠶᠡᠭᠡ᠂ ᠨᠠᠶᠢᠭᠡᠮ ᠤᠨ ᠠᠵᠢᠯ ᠦᠢᠯᠡᠰ ᠤᠨ ᠬᠦᠭᠵᠢᠯᠳᠠ ᠬᠠᠮᠤᠭ ᠰᠠᠶᠢᠨ᠂ ᠠᠷᠠᠳ ᠤᠯᠠᠨ ᠬᠠᠮᠤᠭ ᠠᠴᠠ ᠤᠯᠠᠨ ᠪᠤᠳᠠᠳᠤ ᠠᠰᠢᠭ | ᠬᠦᠷᠳᠡᠭᠰᠡᠨ ᠴᠠᠭ ᠬᠤᠭᠤᠴᠠᠭ᠎ᠠ ᠪᠤᠯᠤᠨ᠎ᠠ᠃ ᠲᠠᠪᠤᠨ ᠵᠢᠯ ᠳᠤ᠂ ᠪᠢᠳᠠ ᠲᠡᠯᠡᠭᠡᠢ ᠶᠢᠨ ᠮᠦᠡᠭᠬᠦᠨ ᠬᠦᠢᠯᠭᠡᠭᠡᠨ ᠤ ᠬᠢᠮᠤᠷᠠᠯ ᠤᠨ ᠨᠦᠯᠦᠭᠡᠯᠡᠯ ᠪᠠ ᠲᠠᠭᠠᠷᠢᠯᠳᠠ ᠶᠢ | ᠢᠳᠡᠪᠬᠢᠳᠠᠢ ᠠᠷᠠᠭᠠᠴᠠᠵᠤ᠂ ᠪᠦᠬᠦ ᠬᠦᠴᠦᠨ ᠢᠶᠠᠷ ᠢᠶᠠᠨ ᠨᠡᠮᠡᠭᠳᠡᠯ ᠢ ᠪᠠᠳᠤᠯᠠᠨ᠂ ᠪᠦᠳᠦᠴᠨ ᠶᠢᠨ ᠲᠤᠬᠢᠷᠠᠭᠤᠯᠤᠯᠳᠠ ᠬᠢᠵᠤ᠂ ᠠᠷᠠᠳ ᠲᠤ ᠬᠠᠷᠠᠭᠠᠯᠵᠠᠯ | ᠦᠵᠡᠬᠦᠯᠦᠨ᠂ ᠡᠶ᠎ᠡ ᠵᠤᠬᠢᠴᠠᠯ ᠢ ᠠᠬᠢᠭᠤᠯᠵᠤ᠂ ᠪᠤᠳᠤᠯᠢᠶᠠᠨᠳᠠᠢ ᠤᠷᠴᠢᠨ ᠲᠤᠭᠤᠷᠢᠨ ᠤ ᠲᠤᠮᠳᠠ ᠰᠢᠨᠵᠢᠯᠡᠬᠦ ᠤᠬᠠᠭᠠᠨᠴᠢ ᠬᠦᠭᠵᠢᠯᠳᠠ ᠶᠢᠨ ᠦᠵᠡᠯᠳᠠ ᠶᠢ | ᠠᠬᠢᠭᠤᠯᠬᠤ ᠴᠢᠳᠠᠪᠤᠷᠢ ᠪᠠᠨ ᠲᠡᠭᠡᠭᠰᠢᠯᠡᠬᠦᠯᠵᠠᠢ︔ ᠪᠢᠳᠠ ᠤᠷᠤᠭᠰᠢᠯᠠᠯᠳᠠ ᠶᠢᠨ ᠲᠤᠮᠳᠠ ᠢᠯᠡᠷᠡᠭᠰᠡᠨ ᠡᠯ᠎ᠠ ᠲᠦᠷᠦᠯ ᠤᠨ ᠬᠦᠴᠢᠷᠳᠡᠯ ᠪᠠ ᠠᠰᠠᠭᠤᠳᠠᠯ ᠢ | ᠪᠦᠳᠦᠮᠵᠢᠳᠠᠢ ᠰᠢᠢᠳᠪᠦᠷᠢᠯᠠᠵᠤ᠂ ᠬᠠᠳᠤᠨ ᠭᠤᠤᠯ ᠤᠨ ᠬᠠᠰᠢᠯᠭ᠎ᠠ ᠰᠡᠳᠡᠷᠡᠭᠰᠡᠨ ᠵᠡᠷᠭᠡ ᠴᠢᠬᠤᠯᠠ ᠶᠡᠭᠡ ᠪᠠᠶᠢᠭᠠᠯᠢ ᠶᠢᠨ ᠭᠠᠮᠰᠢᠭ ᠢ ᠢᠯᠠᠨ ᠲᠠᠪᠠᠵᠤ᠂ ᠪᠤᠭᠤᠮᠳᠠ | ᠰᠢᠪᠳᠤᠯᠤᠨ ᠬᠦᠴᠢᠷᠳᠡᠯ ᠢ ᠢᠯᠠᠬᠤ ᠴᠢᠳᠠᠪᠤᠷᠢ ᠪᠠᠨ ᠲᠡᠭᠡᠭᠰᠢᠯᠡᠬᠦᠯᠵᠡᠢ︔ ᠪᠢᠳᠠ ᠰᠠᠨᠠᠭᠠᠴᠢᠯᠭ᠎ᠠ ᠠᠴᠠ ᠪᠠᠨ ᠡᠬᠦᠷᠭᠡᠯᠨᠨ᠂ ᠢᠳᠡᠪᠬᠢᠳᠡᠢ ᠠᠵᠢᠯᠯᠠᠭ᠎ᠠ ᠠᠪᠴᠣ᠂ | ᠤᠯᠤᠰ ᠤᠨ ᠡᠮᠤᠨᠡᠳᠤ ᠤᠷᠤᠨ ᠤ ᠪᠤᠷᠤᠭᠠᠨ ᠴᠠᠰᠤ ᠮᠦᠰᠦᠳᠤᠯ ᠤᠨ ᠭᠠᠮᠰᠢᠭ ᠪᠠ ᠸᠧᠨᠴᠤᠸᠠᠨ᠂ ᠢᠤᠢ ᠱᠤ᠋ ᠶᠢᠨ ᠭᠠᠵᠠᠷ ᠬᠦᠳᠡᠯᠦᠯᠳᠠ ᠶᠢ ᠡᠰᠡᠷᠬᠦᠴᠡᠨ | ᠭᠠᠮᠰᠢᠭ ᠠᠴᠠ ᠠᠪᠤᠷᠠᠬᠤ ᠠᠵᠢᠯᠯᠠᠭ᠎ᠠ ᠶᠢ ᠪᠦᠬᠦ ᠬᠦᠴᠦᠨ ᠢᠶᠠᠷ ᠢᠶᠠᠨ ᠲᠤᠰᠠᠯᠠᠵᠤ᠂ ᠬᠢᠨᠭ᠍ᠭᠠᠨ ᠠᠶᠢᠮᠠᠭ ᠢ ᠲᠤᠰᠠᠯᠠᠬᠤ ᠠᠵᠢᠯ ᠢ ᠯᠠᠪᠳᠠᠭᠤᠨ ᠪᠠᠳᠤᠳᠠᠢ | ᠦᠷᠨᠢᠬᠦᠯᠵᠤ᠂ ᠤᠯᠤᠰ ᠪᠠ ᠦᠪᠡᠷᠳᠡᠭᠡᠨ ᠵᠠᠰᠠᠬᠤ ᠤᠷᠤᠨ ᠤ ᠬᠦᠭᠵᠢᠯᠳᠠ ᠶᠢᠨ ᠶᠡᠭᠡ ᠲᠠᠯ᠎ᠠ ᠳᠤ ᠦᠢᠯᠡᠴᠢᠯᠡᠬᠦ ᠳᠤ ᠴᠢᠬᠤᠯᠠ ᠦᠢᠯᠡᠳᠤᠯ ᠦᠵᠡᠬᠦᠯᠪᠠ᠃ | ᠲᠠᠪᠤᠨ ᠵᠢᠯ ᠤᠨ ᠠᠮᠵᠢᠯᠳᠠ ᠪᠦᠳᠦᠮᠵᠢ᠂ ᠴᠢᠨᠡᠭᠡᠯᠢᠭ ᠨᠠᠶᠢᠭᠡᠮ ᠢ ᠤᠷᠢᠳᠠᠪᠠᠷ ᠪᠦᠬᠦ ᠲᠠᠯ᠎ᠠ ᠪᠠᠷ ᠪᠠᠶᠢᠭᠤᠯᠬᠤ ᠳᠤ ᠪᠤᠳᠠᠳᠠᠢ ᠰᠢᠢᠳᠪᠦᠷᠢᠯᠡᠭᠴᠢ ᠠᠴᠢ ᠬᠤᠯᠪᠤᠭᠳᠠᠯ | ᠲᠠᠢ ᠰᠠᠭᠤᠷᠢ ᠲᠠᠯᠪᠢᠵᠤ᠂ ᠤᠷᠳᠤᠰ ᠢ ᠲᠠᠬᠢᠨ ᠰᠢᠨ᠎ᠠ ᠨᠢᠭᠡᠨ ᠲᠡᠤᠭᠡᠨ ᠡᠬᠢᠯᠡᠯᠳᠠ ᠶᠢᠨ ᠴᠡᠭ ᠲᠡᠭᠡᠷ᠎ᠠ ᠵᠤᠭᠰᠤᠭᠠᠭᠰᠠᠨ ᠪᠠᠶᠢᠨ᠎ᠠ᠃ ᠡᠨᠠ ᠪᠤᠯ ᠬᠤᠳᠠ ᠶᠢᠨ | ᠨᠠᠮ ᠤᠨ ᠬᠤᠷᠢᠶ᠎ᠠ ᠪᠦᠬᠦ ᠲᠠᠯ᠎ᠠ ᠶᠢ ᠬᠠᠮᠤᠷᠴᠤ᠂ ᠵᠦᠪ ᠤᠳᠤᠷᠢᠳᠤᠭᠰᠠᠨ ᠤ ᠦᠷ᠎ᠠ ᠳ᠋ᠦᠡᠭ ᠪᠤᠯᠤᠨ᠎ᠠ᠂ ᠮᠦᠨ ᠴᠤ ᠬᠤᠳᠠ ᠶᠢᠨ ᠬᠡᠳᠤᠨ ᠶᠡᠭᠡ ᠤᠳᠤᠷᠢᠳᠬᠤ ᠪᠠᠭ | ᠰᠡᠳᠬᠢᠯ ᠨᠢᠭᠡᠳᠴᠦ ᠬᠦᠴᠦ ᠬᠠᠮᠳᠤᠳᠬᠠᠵᠤ᠂ ᠪᠦᠬᠦ ᠬᠦᠴᠦᠨ ᠢᠶᠠᠷ ᠢᠶᠠᠨ ᠬᠠᠮᠵᠢᠯᠴᠠᠭᠰᠠᠨ ᠤ ᠦᠷ᠎ᠠ ᠳ᠋ᠦᠡᠭ ᠪᠤᠯᠤᠨ᠎ᠠ᠂ ᠨᠠᠩ ᠴᠤ ᠪᠦᠬᠦ ᠬᠤᠳᠠ ᠶᠢᠨ ᠦᠷᠭᠡᠨ | ᠤᠯᠠᠨ ᠺᠠᠳ᠋ᠷ ᠤᠯᠠᠨ ᠲᠦᠮᠠᠨ ᠪᠦᠯᠬᠦᠮᠳᠠᠨ ᠨᠢᠭᠡᠳᠴᠤ᠂ ᠨᠡᠭᠡᠭᠡᠯᠳᠠ ᠲᠠᠢ ᠪᠠᠷ ᠤᠷᠤᠭᠰᠢᠯᠠᠭᠰᠠᠨ ᠤ ᠦᠷ᠎ᠠ ᠳ᠋ᠦᠡᠭ ᠪᠤᠯᠬᠤ ᠶᠤᠮ᠃ ᠡᠬᠦᠨ ᠤ ᠲᠤᠯᠠᠳᠠ᠂ ᠪᠢ | ᠬᠤᠳᠠ ᠶᠢᠨ ᠠᠷᠠᠳ ᠤᠨ ᠵᠠᠰᠠᠭ ᠤᠨ ᠤᠷᠳᠤᠨ ᠢ ᠲᠦᠯᠦᠭᠡᠯᠡᠨ᠂ ᠲᠦᠯᠦᠭᠡᠯᠡᠭᠴᠢᠳ ᠪᠠ ᠪᠦᠬᠦ ᠬᠤᠳᠠ ᠶᠢᠨ ᠦᠨᠳᠤᠰᠦᠳᠠᠨ ᠨᠦᠭᠦᠳ ᠤᠨ ᠠᠷᠠᠳ ᠲᠦᠮᠠᠨ᠂ | ᠤᠷᠳᠤᠰ ᠤᠨ ᠬᠦᠭᠵᠢᠯᠳᠠ ᠶᠢ ᠬᠠᠯᠠᠮᠵᠢᠯᠠᠨ ᠲᠡᠮᠵᠢᠭᠰᠡᠨ ᠨᠡᠶᠢᠭᠡᠮ ᠤᠨ ᠡᠯ᠎ᠠ ᠡᠳᠡᠭᠡᠳ ᠤᠨ ᠬᠢᠨ ᠳᠤ ᠴᠢᠩ ᠰᠡᠳᠬᠢᠯ ᠤᠨ ᠲᠠᠯᠠᠷᠬᠠᠯ ᠪᠠ ᠡᠷᠬᠢᠮ ᠲᠡᠭᠡᠳᠤ | ᠬᠦᠨᠳᠤᠳᠭᠡᠯ ᠢᠶᠠᠨ ᠲᠡᠪᠰᠢᠬᠦᠯᠦᠶ᠎ᠠ︕ | ᠲᠠᠪᠤᠨ ᠵᠢᠯ ᠤᠨ ᠪᠤᠳᠠᠳᠤ ᠦᠢᠯᠡᠳᠦᠯᠭᠡ᠂ ᠪᠢᠳᠠᠨ ᠤ ᠬᠤᠳᠠ ᠶᠢᠨ ᠪᠠᠶᠢᠳᠠᠯ ᠪᠠ ᠠᠵᠤ ᠠᠬᠤᠢ ᠨᠡᠶᠢᠭᠡᠮ ᠤᠨ ᠬᠦᠭᠵᠢᠯᠳᠠ ᠶᠢᠨ ᠵᠢᠮ᠎ᠠ ᠬᠠᠤᠯᠢ ᠶᠢᠨ | ᠲᠤᠬᠠᠢ ᠲᠠᠨᠢᠯᠳᠠ ᠶᠢ ᠴᠢᠨᠠᠭᠰᠢᠳᠠ ᠬᠦᠨᠵᠡᠭᠡᠶᠢᠷᠡᠬᠦᠯᠵᠤ᠂ ᠮᠠᠨ ᠤ ᠬᠤᠳᠠ ᠶᠢᠨ ᠰᠢᠨ᠎ᠠ ᠨᠢᠭᠡᠨ ᠡᠭᠡᠯᠵᠢ ᠶᠢᠨ ᠲᠤᠮᠤ ᠬᠦᠭᠵᠢᠯᠳᠠ᠂ ᠲᠤᠮᠤ ᠴᠡᠴᠡᠭᠯᠡᠯᠳᠠ ᠳᠤ | ᠬᠤᠪᠤᠷ ᠨᠠᠨᠳᠢᠨ ᠲᠤᠷᠰᠢᠯᠭ᠎ᠠ ᠬᠤᠷᠠᠮᠳᠤᠭᠤᠯᠪᠠ᠃ ᠲᠠᠷᠤᠢ᠄ ᠰᠢᠨᠵᠢᠯᠡᠬᠦ ᠤᠬᠠᠭᠠᠨᠴᠢ ᠬᠦᠭᠵᠢᠯᠳᠠ ᠶᠢᠨ ᠦᠵᠡᠯᠳᠠ ᠶᠢ ᠡᠷᠬᠡᠪᠰᠢ ᠠᠵᠢᠯ ᠢᠶᠠᠨ ᠠᠬᠢᠭᠤᠯᠬᠤ | ᠠᠵᠢᠯᠯᠭᠠᠨ ᠤ ᠵᠦᠭᠯᠡᠬᠦᠷ᠂ ᠬᠦᠴᠢᠷ ᠪᠡᠷᠭᠡᠰᠢᠶᠠᠯ ᠢ ᠢᠯᠠᠨ ᠲᠠᠪᠠᠵᠤ ᠢᠯᠠᠯᠳᠠ ᠤᠯᠬᠤ ᠦᠨᠳᠦᠰᠦᠨ ᠠᠷᠭ᠎ᠠ ᠪᠠ ᠠᠷᠠᠳ ᠲᠦᠮᠠᠨ ᠳᠤ ᠪᠤᠶᠠᠨ ᠦᠢᠯᠡᠳᠬᠦ | ᠦᠷᠳᠡᠭ ᠤᠨ ᠬᠦᠭᠡᠭᠡᠴᠡᠯᠳᠤᠯ ᠪᠤᠯᠭᠠᠵᠤ᠂ ᠰᠢᠨᠵᠢᠯᠡᠬᠦ ᠤᠬᠠᠭᠠᠨᠴᠢ ᠬᠦᠭᠵᠢᠯᠳᠠ ᠶᠢᠨ ᠦᠵᠡᠯᠳᠠ ᠪᠠᠷ ᠠᠰᠠᠭᠤᠳᠠᠯ ᠢ ᠪᠤᠳᠤᠯᠬᠢᠯᠠᠵᠤ᠂ ᠰᠢᠢᠳᠪᠤᠷᠢᠳᠤ ᠪᠤᠳᠤᠯᠭ᠎ᠠ | ᠲᠤᠭᠳᠠᠭᠠᠨ᠂ ᠬᠡᠷᠡᠭ ᠡᠷᠬᠢᠯᠡᠬᠦ ᠶᠢ ᠪᠠᠷᠢᠮᠳᠠᠯᠠᠵᠤ᠂ ᠬᠦᠭᠵᠢᠯᠳᠠ ᠶᠢ ᠠᠳᠬᠤᠬᠤ ᠶᠢᠨ ᠬᠠᠮᠳᠤ ᠠᠮᠤᠷ ᠲᠤᠭᠳᠠᠭᠤᠨ ᠢ ᠠᠳᠬᠤᠵᠤ᠂ ᠠᠵᠢᠯ ᠢᠶᠠᠨ ᠪᠦᠳᠦᠭᠡᠯᠴᠢ | ᠪᠠᠷ ᠦᠷᠨᠢᠬᠦᠯᠦᠨ᠎ᠠ︔ ᠬᠦᠭᠵᠢᠯᠳᠠ ᠨᠢ ᠪᠠᠰᠠ ᠬᠦᠴᠦᠨ ᠲᠡᠬᠦᠯᠳᠡᠷ ᠪᠤᠰᠤ ᠪᠠᠶᠢᠬᠤ ᠬᠤᠳᠠ ᠶᠢᠨ ᠦᠨᠳᠦᠰᠦᠨ ᠪᠠᠶᠢᠳᠠᠯ ᠠᠴᠠ ᠡᠬᠦᠰᠴᠦ᠂ ᠬᠦᠭᠵᠢᠬᠦᠯᠬᠦ ᠪᠤᠯ | ᠲᠠᠷᠢᠬᠦᠨ ᠴᠢᠬᠤᠯᠠ ᠡᠬᠦᠷᠭᠡ ᠪᠤᠯᠬᠤ ᠶᠢ ᠭᠤᠶᠢᠪᠢᠰᠢ ᠦᠭᠡᠢ ᠠᠳᠬᠤᠵᠤ᠂ ᠠᠵᠤ ᠠᠬᠤᠢ ᠶᠢᠨ ᠪᠤᠳᠠᠳᠤ ᠬᠦᠴᠦᠨ ᠢᠶᠠᠨ ᠲᠠᠰᠤᠷᠠᠯᠳᠠ ᠦᠭᠡᠢ ᠪᠤᠵᠠᠭᠠᠶᠢᠷᠠᠭᠤᠯᠵᠤ᠂ | ᠬᠦᠭᠵᠢᠯᠳᠠ ᠶᠢᠨ ᠬᠡᠯᠪᠡᠷᠢ ᠶᠢ ᠲᠦᠷᠭᠡᠨ ᠢᠶᠠᠷ ᠬᠤᠪᠢᠷᠠᠭᠤᠯᠵᠤ᠂ ᠬᠦᠭᠵᠢᠭᠰᠡᠨ ᠭᠠᠵᠠᠷ ᠤᠷᠤᠨ ᠤ ᠬᠤᠭᠤᠷᠤᠨᠳᠤᠬᠢ ᠵᠦᠷᠢᠶ᠎ᠠ ᠪᠠᠨ ᠴᠢᠨᠠᠭᠰᠢᠳᠠ ᠪᠠᠭᠠᠰᠬᠠᠨ᠎ᠠ︔ | ᠪᠦᠬᠦ ᠤᠯᠤᠰ ᠤᠨ ᠬᠦᠭᠵᠢᠯᠳᠠ ᠶᠢᠨ ᠶᠡᠭᠡ ᠪᠠᠶᠢᠳᠠᠯ ᠤᠨ ᠲᠤᠮᠳᠠ ᠤᠷᠳᠤᠰ ᠢᠶᠠᠨ ᠬᠦᠭᠵᠢᠬᠦᠯᠬᠦ ᠠᠷᠭ᠎ᠠ ᠰᠦᠪᠡᠭᠴᠢᠯᠡᠬᠦ ᠤᠨᠤᠯᠵᠢᠭᠤᠨ ᠢ ᠡᠷᠭᠡᠪᠰᠢ ᠪᠠᠳᠤ ᠪᠤᠢ | ᠪᠤᠯᠭᠠᠵᠤ᠂ ᠤᠯᠤᠰ ᠤᠨ ᠲᠦᠷᠦ ᠶᠢᠨ ᠪᠤᠳᠤᠯᠭ᠎ᠠ᠂ ᠵᠠᠬ᠎ᠠ ᠲᠡᠯᠭᠡᠬᠦᠷ ᠤᠨ ᠬᠡᠷᠡᠭᠴᠡᠭᠡ ᠪᠠ ᠭᠠᠵᠠᠷ ᠤᠷᠤᠨ ᠤ ᠲᠠᠪᠠᠭᠤᠯᠢᠭ ᠢ ᠬᠠᠷᠢᠯᠴᠠᠨ ᠤᠶᠠᠯᠳᠤᠭᠤᠯᠵᠤ᠂ | ᠡᠯ᠎ᠠ ᠲᠦᠷᠦᠯ ᠤᠨ ᠪᠠᠶᠢᠯᠳᠤᠬᠤ ᠪᠤᠳᠤᠯᠭ᠎ᠠ ᠶᠢᠨ ᠠᠵᠠ ᠲᠤᠬᠢᠶᠠᠯ ᠢ ᠡᠵᠡᠮᠳᠠᠵᠤ᠂ ᠬᠦᠭᠵᠢᠯᠳᠠ ᠶᠢᠨ ᠰᠠᠨᠠᠭᠠᠴᠢᠯᠭᠠᠳᠤ ᠡᠷᠭᠡ ᠶᠢ ᠲᠠᠰᠤᠷᠠᠯᠳᠠ ᠦᠭᠡᠢ ᠤᠯᠤᠨ᠎ᠠ︔ | ᠦᠵᠡᠯ ᠰᠠᠨᠠᠭ᠎ᠠ ᠪᠠᠨ ᠴᠢᠯᠤᠭᠡᠯᠡᠬᠦ᠂ ᠦᠭᠡᠷᠡᠴᠢᠯᠡᠯᠳᠠ ᠬᠢᠵᠤ ᠴᠢᠯᠦᠭᠡᠳᠡᠢ ᠶᠠᠪᠤᠯᠴᠠᠬᠤ ᠶᠢ ᠡᠷᠭᠡᠪᠰᠢ ᠪᠠᠷᠢᠮᠳᠠᠯᠠᠵᠤ᠂ ᠪᠠᠶᠢᠭᠤᠯᠤᠮᠵᠢ ᠶᠢᠨ ᠲᠤᠭᠳᠠᠴᠠ ᠶᠢᠨ | ᠬᠠᠷᠰᠢᠯᠠᠯ ᠢ ᠲᠠᠰᠤᠷᠠᠯᠳᠠ ᠦᠭᠡᠢ ᠡᠪᠳᠡᠵᠤ᠂ ᠲᠤᠳᠤᠭᠠᠳᠤ ᠬᠦᠴᠦᠨ ᠢᠶᠠᠨ ᠠᠮᠢᠳᠤᠯᠢᠭᠵᠢᠭᠤᠯᠬᠤ ᠶᠢ ᠭᠠᠳᠠᠭᠠᠳᠤ ᠬᠦᠴᠦᠨ ᠢ ᠵᠢᠭᠡᠯᠡᠬᠦ ᠲᠠᠢ ᠤᠶᠠᠯᠳᠤᠭᠤᠯᠵᠤ᠂ | ᠠᠵᠤ ᠠᠬᠤᠢ ᠨᠠᠶᠢᠭᠡᠮ ᠤᠨ ᠬᠦᠭᠵᠢᠯᠳᠠ ᠳᠤ ᠬᠦᠴᠦᠷᠭᠡᠭ ᠶᠡᠭᠡ ᠬᠦᠳᠡᠯᠭᠡᠭᠴᠢ ᠬᠦᠴᠦᠨ ᠤ ᠲᠤᠯᠭᠠᠭᠤᠷᠢ ᠬᠠᠨᠭ᠍ᠭᠠᠨ᠎ᠠ︔ ᠲᠦᠷᠦᠯ ᠵᠦᠢᠯ ᠢ ᠴᠢᠬᠤᠯᠠᠴᠢᠯᠠᠨ | ᠠᠳᠬᠤᠬᠤ ᠶᠢ ᠡᠷᠭᠡᠪᠰᠢ ᠢᠮᠠᠭᠳᠠ ᠪᠠᠷᠢᠮᠳᠠᠯᠠᠵᠤ᠂ ᠡᠯ᠎ᠠ ᠬᠦᠷᠢᠶ᠎ᠠ ᠬᠡᠪᠴᠢᠶ᠎ᠠ᠂ ᠡᠯ᠎ᠠ ᠲᠠᠯ᠎ᠠ ᠶᠢᠨ ᠴᠢᠬᠤᠯᠠ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢ | ᠨᠢᠭᠡᠳᠤᠯᠳᠠᠢ ᠲᠦᠯᠦᠪᠵᠢᠬᠦᠯᠦᠨ ᠠᠬᠢᠭᠤᠯᠵᠤ᠂ ᠲᠦᠷᠦᠯ ᠵᠦᠢᠯ ᠢᠶᠠᠷ ᠲᠠᠪᠠᠭᠤᠯᠢᠭ ᠢᠶᠠᠨ ᠲᠡᠭᠡᠭᠰᠢᠯᠡᠬᠦᠯᠵᠤ᠂ ᠪᠤᠳᠠᠳᠤ ᠬᠦᠴᠦᠨ ᠢᠶᠠᠨ ᠨᠡᠮᠡᠭᠳᠡᠬᠦᠯᠦᠨ᠂ | ᠵᠤᠬᠢᠴᠠᠯᠳᠤᠭᠤᠯᠤᠨ ᠬᠦᠭᠵᠢᠬᠦᠯᠬᠦ ᠶᠢ ᠠᠬᠢᠭᠤᠯᠤᠨ᠎ᠠ︔ ᠠᠷᠠᠳ ᠤᠨ ᠲᠦᠯᠦᠭᠡ ᠲᠦᠷᠦ ᠪᠠᠷᠢᠵᠤ᠂ ᠠᠷᠠᠳ ᠢ ᠤᠷᠢᠳᠠᠪᠠᠷ ᠪᠠᠶᠠᠵᠢᠭᠤᠯᠬᠤ ᠶᠢ ᠡᠷᠭᠡᠪᠰᠢ | ᠪᠠᠷᠢᠮᠳᠠᠯᠠᠵᠤ᠂ ᠠᠵᠤ ᠠᠬᠤᠢ ᠶᠢ ᠬᠦᠭᠵᠢᠬᠦᠯᠬᠦ ᠪᠠ ᠠᠷᠠᠳ ᠲᠦᠮᠠᠨ ᠳᠤ ᠪᠤᠶᠠᠨ ᠦᠢᠯᠡᠳᠬᠦ ᠶᠢ ᠨᠢᠭᠡᠳᠦᠬᠦᠯᠵᠤ᠂ ᠠᠷᠠᠳ ᠤᠯᠠᠨ ᠤ ᠬᠠᠮᠤᠭ ᠠᠴᠠ ᠬᠠᠯᠠᠮᠵᠢᠯᠠᠵᠤ | ᠂ ᠬᠠᠮᠤᠭ ᠤᠨ ᠰᠢᠭᠤᠳ᠂ ᠬᠠᠮᠤᠭ ᠪᠤᠳᠠᠳᠠᠢ ᠠᠰᠢᠭ ᠲᠤᠰᠠ ᠶᠢᠨ ᠠᠰᠠᠭᠤᠳᠠᠯ ᠢ ᠦᠨᠡᠨᠬᠦ ᠰᠠᠶᠢᠳᠤᠷ ᠰᠢᠢᠳᠪᠤᠷᠢᠯᠠᠵᠤ᠂ ᠬᠦᠭᠵᠢᠯᠳᠠ ᠶᠢᠨ ᠦᠷ᠎ᠠ ᠪᠦᠳᠦᠭᠡᠯ ᠢ | ᠬᠠᠮᠤᠭ ᠶᠡᠭᠡ ᠬᠢᠵᠠᠭᠠᠷ ᠲᠤᠳᠤᠷ᠎ᠠ ᠠᠷᠠᠳ ᠤᠯᠠᠨ ᠳᠤ ᠡᠳ᠋ᠯᠡᠬᠦᠯᠦᠨ᠎ᠠ᠃ | ᠬᠡᠳᠦᠶᠢᠪᠠᠷ ᠤᠶᠢᠷ᠎ᠠ ᠶᠢᠨ ᠬᠡᠳᠤᠨ ᠵᠢᠯ ᠮᠠᠨ ᠤ ᠬᠤᠳᠠ ᠠᠵᠤ ᠠᠬᠤᠢ ᠨᠡᠶᠢᠭᠡᠮ ᠤᠨ ᠬᠦᠭᠵᠢᠯᠳᠠ ᠶᠢᠨ ᠲᠠᠯ᠎ᠠ ᠪᠠᠷ ᠪᠠᠶᠠᠷᠯᠠᠭᠤᠰᠢᠳᠠᠢ ᠠᠮᠵᠢᠯᠳᠠ | ᠪᠦᠳᠦᠮᠵᠢ ᠤᠯᠤᠭᠰᠠᠨ ᠴᠤ ᠬᠦᠭᠵᠢᠯᠳᠠ ᠨᠢ ᠬᠦᠴᠦᠨ ᠲᠡᠬᠦᠯᠳᠠᠷ ᠪᠤᠰᠤ ᠪᠠᠶᠢᠭ᠎ᠠ ᠬᠤᠳᠠ ᠶᠢᠨ ᠦᠨᠳᠦᠰᠦᠨ ᠪᠠᠶᠢᠳᠠᠯ ᠳᠤ ᠦᠨᠳᠦᠰᠦᠨ ᠬᠤᠪᠢᠷᠠᠯᠳᠠ | ᠭᠠᠷᠤᠭᠰᠠᠨ ᠦᠭᠡᠢ᠂ ᠬᠦᠭᠵᠢᠭᠰᠡᠨ ᠭᠠᠵᠠᠷ ᠤᠷᠤᠨ ᠪᠠ ᠲᠦᠪ ᠤᠨ ᠬᠦᠭᠵᠢᠯᠳᠠ ᠶᠢᠨ ᠬᠡᠯᠪᠡᠷᠢ ᠶᠢ ᠬᠤᠪᠢᠷᠠᠭᠤᠯᠬᠤ ᠶᠢ ᠲᠦᠷᠭᠡᠳᠭᠡᠬᠦ ᠰᠢᠨ᠎ᠠ ᠱᠠᠭᠠᠷᠳᠠᠯᠭ᠎ᠠ ᠲᠠᠢ | ᠬᠠᠷᠢᠴᠠᠭᠤᠯᠪᠠᠯ ᠮᠠᠨ ᠤ ᠬᠤᠳᠠ ᠶᠢᠨ ᠠᠵᠤ ᠠᠬᠤᠢ ᠨᠡᠶᠢᠭᠡᠮ ᠤᠨ ᠬᠦᠭᠵᠢᠯᠳᠠ ᠶᠢᠨ ᠬᠠᠳᠠᠭᠤ ᠵᠦᠭᠡᠯᠡᠨ ᠨᠦᠬᠦᠴᠡᠯ᠂ ᠬᠦᠭᠵᠢᠯᠳᠠ ᠶᠢᠨ ᠲᠠᠰ ᠲᠠᠪᠬᠤᠷᠭ᠎ᠠ ᠪᠠ | ᠬᠢᠷᠢ ᠲᠦᠪᠰᠢᠨ᠂ ᠬᠦᠭᠵᠢᠯᠳᠠ ᠶᠢᠨ ᠬᠡᠯᠪᠡᠷᠢ ᠨᠢ ᠪᠠᠰᠠ ᠨᠡᠯᠢᠶᠠᠳ ᠵᠦᠷᠢᠶ᠎ᠠ ᠲᠠᠢ ᠪᠠᠶᠢᠬᠤ ᠮᠦᠷᠳᠡᠭᠡᠨ ᠬᠦᠷᠦᠯᠴᠡᠬᠦ ᠦᠭᠡᠢ ᠪᠠᠶᠢᠬᠤ ᠶᠢ ᠪᠢᠳᠠ ᠰᠡᠷᠭᠡᠭ ᠢᠶᠠᠷ | ᠲᠠᠨᠢᠬᠤ ᠬᠡᠷᠡᠭᠳᠡᠢ᠂ ᠭᠤᠤᠯᠳᠠᠭᠤ᠄ ᠠᠵᠤ ᠠᠬᠤᠢ ᠶᠢᠨ ᠨᠡᠮᠡᠭᠳᠡᠯ ᠨᠢ ᠭᠤᠤᠯᠳᠠᠭᠤ ᠪᠠᠯᠠ ᠤᠷᠤᠭᠤᠯᠤᠯᠳᠠ ᠪᠠᠷ ᠲᠠᠳᠠᠯᠳᠠ ᠬᠢᠬᠦ ᠳᠤ ᠲᠦᠰᠢᠭᠯᠡᠵᠤ᠂ ᠬᠡᠷᠡᠭᠯᠡᠭᠡ᠂ | ᠪᠠᠯᠠ ᠤᠷᠤᠭᠤᠯᠬᠤ᠂ ᠭᠠᠳᠠᠭᠠᠳᠤ ᠳᠤ ᠭᠠᠷᠭᠠᠬᠤ ᠶᠢ ᠵᠤᠬᠢᠴᠠᠯᠳᠤᠭᠤᠯᠤᠭᠰᠠᠨ ᠲᠠᠳᠠᠯᠳᠠ ᠬᠢᠬᠦ ᠪᠠᠶᠢᠳᠠᠯ ᠢ ᠪᠦᠷᠢᠯᠳᠤᠬᠦᠯᠦᠭᠰᠡᠨ ᠦᠭᠡᠢ︔ ᠠᠵᠤ ᠦᠢᠯᠡᠳᠪᠦᠷᠢ | ᠮᠦᠨ ᠯᠠ ᠰᠠᠭᠤᠷᠢ ᠲᠠᠯᠪᠢᠬᠤ᠂ ᠶᠡᠷᠦᠩᠭᠡᠢ ᠬᠡᠮᠵᠢᠶ᠎ᠠ ᠶᠢ ᠦᠷᠭᠡᠳᠭᠡᠬᠦ ᠱᠠᠳᠤᠨ ᠳᠤ ᠤᠷᠤᠰᠢᠵᠤ᠂ ᠠᠵᠤ ᠦᠢᠯᠡᠰ ᠤᠨ ᠬᠡᠯᠬᠢᠶᠡᠵᠢᠯ ᠨᠢ ᠤᠬᠤᠷ᠂ ᠪᠦᠳᠦᠴᠠ ᠨᠢ | ᠲᠡᠩ ᠴᠤᠯᠭᠤᠢ᠂ ᠦᠢᠯᠡᠴᠢᠯᠡᠭᠡᠨ ᠤ ᠦᠢᠯᠡᠰ ᠤᠨ ᠬᠦᠭᠵᠢᠯᠳᠠ ᠨᠢ ᠠᠵᠤ ᠦᠢᠯᠡᠳᠪᠦᠷᠢᠵᠢᠯᠳᠠ ᠪᠠ ᠬᠤᠳᠠ ᠪᠠᠯᠭᠠᠰᠤᠵᠢᠯᠳᠠ ᠠᠴᠠ ᠬᠤᠴᠤᠷᠤᠭᠳᠠᠩᠭᠤᠢ ᠪᠠᠶᠢᠵᠤ᠂ | ᠨᠢᠬᠡᠳᠦᠬᠡᠷ᠂ ᠬᠤᠶᠠᠳᠣᠭᠠᠷ᠂ ᠭᠤᠷᠪᠠᠳᠤᠭᠠᠷ ᠠᠵᠤ ᠦᠢᠯᠡᠰ ᠤᠨ ᠬᠠᠮᠳᠤᠪᠠᠷ ᠲᠠᠶᠢᠴᠢᠯᠠᠬᠤ ᠪᠠᠶᠢᠳᠠᠯ ᠢ ᠪᠦᠷᠢᠯᠳᠤᠬᠦᠯᠦᠭᠰᠡᠨ ᠦᠭᠡᠢ︔ ᠡᠬᠢ ᠪᠠᠶᠠᠯᠢᠭ ᠤᠨ ᠬᠦᠴᠦᠨ | ᠵᠦᠢᠯ ᠤᠨ ᠤᠷᠤᠭᠤᠯᠤᠯᠳᠠ ᠬᠡᠳᠤ ᠶᠡᠭᠡ ᠪᠠᠶᠢᠵᠤ᠂ ᠡᠷᠳᠡᠮ ᠰᠢᠨᠵᠢᠯᠡᠭᠡᠨ ᠤ ᠰᠠᠭᠤᠷᠢ ᠪᠠᠭᠤᠷᠡᠢ᠂ ᠦᠨᠳᠦᠷ ᠲᠠᠪᠬᠤᠷᠭ᠎ᠠ ᠶᠢᠨ ᠴᠢᠳᠠᠪᠤᠷᠢᠳᠠᠨ ᠲᠤᠳᠠᠮᠠᠭ᠂ ᠪᠠᠶ᠎ᠠ | ᠪᠠᠨ ᠲᠠᠭᠠᠭᠠᠨ ᠰᠢᠨ᠎ᠠ ᠶᠢ ᠡᠬᠦᠳᠬᠦ ᠴᠢᠳᠠᠪᠤᠷᠢ ᠬᠦᠷᠦᠯᠴᠡᠬᠦ ᠦᠭᠡᠢ ᠪᠠᠶᠢᠬᠤ ᠠᠰᠠᠭᠤᠳᠠᠯ ᠮᠦᠨ ᠯᠠ ᠲᠤᠪᠤᠶᠢᠮ᠎ᠠ ᠪᠠᠶᠢᠵᠤ᠂ ᠰᠢᠨᠵᠢᠯᠡᠬᠦ ᠤᠬᠭᠠᠨ ᠮᠡᠷᠭᠡᠵᠢᠯ᠂ | ᠴᠢᠳᠠᠪᠤᠷᠢᠳᠠᠨ᠂ ᠬᠠᠮᠢᠶᠠᠷᠤᠯᠳᠠ ᠵᠡᠷᠭᠡ ᠦᠵᠦᠬᠦᠷ ᠲᠡᠰ ᠤᠨ ᠬᠦᠴᠦᠨ ᠵᠦᠢᠯ ᠢᠶᠠᠷ ᠲᠤᠯᠭᠠᠭᠤᠷᠢᠯᠠᠭᠤᠯᠤᠭᠰᠠᠨ ᠬᠦᠭᠵᠢᠯᠳᠠ ᠶᠢᠨ ᠪᠠᠶᠢᠳᠠᠯ ᠢ ᠪᠦᠷᠢᠯᠳᠤᠬᠦᠯᠦᠭᠰᠡᠨ | ᠦᠭᠡᠢ︔ ᠪᠦᠳᠦᠯᠢᠭ ᠬᠦᠭᠵᠢᠯᠳᠠ ᠶᠢᠨ ᠬᠡᠯᠪᠡᠷᠢ ᠶᠢ ᠦᠨᠳᠦᠰᠦᠨ ᠠᠴᠠ ᠨᠢ ᠬᠤᠪᠢᠷᠠᠭᠤᠯᠤᠭᠠᠳᠤᠢ᠂ ᠡᠨᠧᠷᠬᠢ ᠠᠷᠪᠢᠯᠠᠬᠤ ᠪᠠ ᠤᠷᠴᠢᠨ ᠲᠤᠭᠤᠷᠢᠨ ᠤ | ᠪᠠᠭᠳᠠᠭᠠᠮᠵᠢ ᠶᠢᠨ ᠬᠦᠢᠴᠡᠳᠭᠡᠬᠦ ᠲᠤᠭ᠎ᠠ ᠶᠢᠨ ᠬᠢᠵᠠᠭᠠᠷᠯᠠᠯ ᠨᠡᠮᠡᠭᠳᠡᠵᠤ᠂ ᠢᠯᠠᠩᠭᠤᠶ᠎ᠠ ᠤᠰᠤᠨ ᠤ ᠡᠬᠢ ᠪᠠᠶᠠᠯᠢᠭ ᠤᠨ ᠲᠤᠯᠭᠠᠭᠤᠷᠢᠯᠠᠯ ᠨᠢ ᠬᠦᠷᠦᠯᠴᠡᠬᠦ ᠦᠭᠡᠢ | ᠪᠠᠶᠢᠵᠤ᠂ ᠡᠬᠢ ᠪᠠᠶᠠᠯᠢᠭ ᠤᠷᠴᠢᠨ ᠲᠤᠭᠤᠷᠢᠨ ᠵᠤᠬᠢᠴᠠᠯᠳᠤᠨ ᠬᠦᠭᠵᠢᠭᠰᠡᠨ ᠪᠠᠶᠢᠳᠠᠯ ᠢ ᠬᠠᠷᠠᠬᠠᠨ ᠪᠦᠷᠢᠯᠳᠤᠬᠦᠯᠦᠭᠡᠳᠦᠢ ᠪᠠᠶᠢᠨ᠎ᠠ︔ ᠬᠤᠳᠠ ᠬᠦᠳᠡᠭᠡ ᠶᠢᠨ | ᠬᠤᠭᠤᠷᠤᠨᠳᠤ᠂ ᠠᠵᠢᠯ ᠲᠦᠷᠦᠯ ᠤᠨ ᠬᠤᠭᠤᠷᠤᠨᠳᠤ ᠤᠷᠤᠯᠭ᠎ᠠ ᠶᠢᠨ ᠵᠦᠷᠢᠶ᠎ᠠ ᠨᠡᠯᠢᠶᠡᠳ ᠶᠡᠭᠡ ᠂ ᠪᠠᠷᠠᠭᠠᠨ ᠦᠨ᠎ᠠ ᠶᠢᠨ ᠪᠦᠬᠦᠯᠢ ᠴᠤᠭᠴᠠ ᠶᠢᠨ ᠬᠡᠷᠢ ᠲᠦᠪᠰᠢᠨ | ᠨᠡᠯᠢᠶᠡᠳ ᠦᠨᠳᠤᠷ ᠪᠠᠶᠢᠵᠤ᠂ ᠭᠡᠰᠡᠭ ᠤᠯᠠᠨ ᠲᠦᠮᠠᠨ ᠤ ᠠᠮᠢᠳᠤᠷᠠᠯ ᠪᠠᠰᠠ ᠨᠡᠯᠢᠶᠠᠳ ᠬᠦᠴᠢᠷᠳᠡᠯ ᠲᠠᠢ ᠪᠠᠶᠢᠵᠤ᠂ ᠰᠠᠭᠤᠭᠠᠯᠢ ᠠᠷᠠᠳ ᠤᠨ ᠤᠷᠤᠯᠭ᠎ᠠ ᠶᠢ ᠠᠵᠤ | ᠠᠬᠤᠢ ᠲᠠᠢ ᠵᠤᠬᠢᠴᠠᠯᠳᠤᠭᠤᠯᠤᠨ ᠨᠡᠮᠡᠭᠳᠡᠬᠦᠯᠬᠦ ᠪᠠᠶᠢᠳᠠᠯ ᠢ ᠪᠦᠷᠢᠯᠳᠤᠬᠦᠯᠦᠭᠰᠡᠨ ᠦᠭᠡᠢ ᠪᠠᠶᠢᠨ᠎ᠠ᠃ ᠪᠢᠳᠠ ᠡᠷᠭᠡᠪᠰᠢ ᠲᠡᠤᠭᠡᠨ ᠡᠬᠦᠷᠭᠡ ᠬᠠᠷᠢᠭᠤᠴᠠᠯᠭ᠎ᠠ ᠶᠢ | ᠡᠬᠦᠷᠭᠡᠯᠡᠵᠤ᠂ ᠲᠡᠤᠭᠡᠨ ᠠᠵᠠ ᠲᠤᠬᠢᠶᠠᠯ ᠢ ᠡᠵᠡᠮᠳᠠᠨ᠂ ᠬᠦᠭᠵᠢᠯᠳᠠ ᠶᠢᠨ ᠬᠡᠯᠪᠡᠷᠢ ᠪᠠᠨ ᠲᠦᠷᠭᠡᠨ ᠢᠶᠠᠷ ᠬᠤᠪᠢᠷᠠᠭᠤᠯᠵᠤ᠂ ᠰᠢᠨᠵᠢᠯᠡᠬᠦ ᠤᠬᠠᠭᠠᠨᠴᠢ ᠪᠠᠷ | ᠬᠦᠭᠵᠢᠬᠦᠯᠬᠦ ᠵᠠᠮ ᠮᠦᠷ ᠢᠶᠠᠷ ᠨᠠᠩ ᠰᠠᠨᠠᠭᠠᠴᠢᠯᠠᠭ᠎ᠠ ᠠᠴᠠ ᠪᠠᠨ ᠵᠠᠮᠨᠠᠵᠤ᠂ ᠨᠠᠩ ᠰᠠᠶᠢᠨ ᠮᠦᠷᠳᠡᠭᠡᠨ ᠲᠦᠷᠭᠡᠨ ᠬᠦᠭᠵᠢᠯᠳᠠ ᠶᠢᠨ ᠰᠢᠨ᠎ᠠ ᠪᠠᠶᠢᠳᠠᠯ ᠢ | ᠲᠠᠰᠤᠷᠠᠯᠳᠠ ᠦᠭᠡᠢ ᠡᠬᠦᠳᠦᠶ᠎ᠠ᠃ | | ᠬᠤᠶᠠᠷ᠂ ︽ᠠᠷᠪᠠᠨ ᠬᠤᠶᠠᠳᠤᠭᠠᠷ ᠲᠠᠪᠤᠨ ᠵᠢᠯ︾ ᠤᠨ | ᠬᠤᠭᠤᠴᠠᠭ᠎ᠠ ᠶᠢᠨ ᠭᠤᠤᠯ ᠡᠬᠦᠷᠭᠡ | | ︽ᠠᠷᠪᠠᠨ ᠬᠤᠶᠠᠳᠤᠭᠠᠷ ᠲᠠᠪᠤᠨ ᠵᠢᠯ︾ ᠤᠨ ᠬᠤᠭᠤᠴᠠᠭ᠎ᠠ ᠪᠤᠯ ᠮᠠᠨ ᠤ ᠬᠤᠳᠠ ᠠᠷᠠᠳ ᠢᠶᠠᠨ ᠪᠠᠶᠠᠵᠢᠭᠤᠯᠤᠨ ᠬᠤᠳᠠ ᠪᠠᠨ ᠬᠦᠴᠦᠷᠭᠡᠭᠵᠢᠬᠦᠯᠬᠦ | ᠠᠬᠢᠴᠨ ᠶᠢ ᠲᠦᠷᠭᠡᠨ ᠢᠶᠠᠷ ᠠᠬᠢᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠵᠠᠩᠭᠢᠯᠠᠭ᠎ᠠ ᠶᠢᠨ ᠬᠤᠭᠤᠴᠠᠭ᠎ᠠ ᠪᠤᠯᠤᠨ᠎ᠠ᠂ ᠮᠦᠨ | ᠴᠤ ᠦᠭᠡᠷᠡᠴᠢᠯᠡᠯᠳᠠ ᠬᠢᠵᠤ ᠴᠢᠯᠦᠭᠡᠳᠠᠢ ᠶᠠᠪᠤᠯᠴᠠᠬᠤ ᠶᠢ ᠬᠦᠨᠵᠡᠭᠡᠶᠢᠷᠡᠬᠦᠯᠵᠤ᠂ ᠠᠵᠤ ᠠᠬᠤᠢ ᠶᠢᠨ ᠬᠦᠭᠵᠢᠯᠳᠠ ᠶᠢᠨ ᠬᠡᠯᠪᠡᠷᠢ ᠶᠢ ᠲᠦᠷᠭᠡᠨ ᠢᠶᠠᠷ ᠬᠤᠪᠢᠷᠠᠭᠤᠯᠬᠤ | ᠪᠤᠭᠤᠮᠳᠠ ᠲᠠᠭᠠᠷᠢᠬᠤ ᠬᠤᠭᠤᠴᠠᠭ᠎ᠠ ᠪᠤᠯᠤᠨ᠎ᠠ᠃ ᠬᠤᠳᠠ ᠶᠢᠨ ᠨᠠᠮ ᠤᠨ ᠬᠤᠷᠢᠶ᠎ᠠ ᠶᠢᠨ ᠬᠤᠶᠠᠳᠤᠭᠠᠷ ᠬᠤᠭᠤᠴᠠᠭᠠᠨ ᠤ ᠠᠷᠪᠠᠳᠤᠭᠠᠷ ᠤᠳᠠᠭᠠᠨ ᠤ ᠪᠦᠬᠦ | ᠬᠡᠰᠢᠬᠦᠳ ᠤᠨ ᠬᠤᠷᠠᠯ ᠤᠨ ᠵᠤᠷᠢᠭ ᠰᠠᠨᠠᠭ᠎ᠠ ᠪᠠ ᠬᠤᠳᠠ ᠶᠢᠨ ᠨᠠᠮ ᠤᠨ ᠬᠤᠷᠢᠶ᠎ᠠ ᠶᠢᠨ ︽ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠦᠭᠵᠢᠯᠳᠠ | ᠶᠢᠨ ᠠᠷᠪᠠᠨ ᠬᠤᠶᠠᠳᠤᠭᠠᠷ ᠲᠠᠪᠤᠨ ᠵᠢᠯ ᠤᠨ ᠲᠦᠯᠦᠪᠵᠢᠬᠦᠯᠭᠡ ᠶᠢ ᠲᠤᠭᠳᠠᠭᠠᠬᠤ ᠲᠤᠬᠠᠢ ᠰᠠᠨᠠᠭᠤᠯᠭ᠎ᠠ︾ ᠶᠢ ᠦᠨᠳᠦᠰᠦᠯᠠᠨ᠂ ︽ᠠᠷᠪᠠᠨ ᠬᠤᠶᠠᠳᠤᠭᠠᠷ ᠲᠠᠪᠤᠨ | ᠵᠢᠯ︾ ᠤᠨ ᠬᠤᠭᠤᠴᠠᠭ᠎ᠠ ᠶᠢᠨ ᠵᠠᠰᠠᠭ ᠤᠨ ᠤᠷᠳᠤᠨ ᠤ ᠠᠵᠢᠯ ᠤᠨ ᠶᠡᠷᠦᠩᠭᠡᠢ ᠰᠡᠳᠬᠢᠴᠠ ᠪᠤᠯ᠄ ᠳ᠋ᠸᠡᠭ ᠰᠢᠶᠤᠤ ᠫᠢᠡᠭ ᠤᠨ ᠤᠨᠤᠯ ᠪᠠ ︽ᠭᠤᠷᠪᠠ ᠶᠢ | ᠲᠦᠯᠦᠭᠡᠯᠡᠬᠦ︾ ᠴᠢᠬᠤᠯᠠ ᠦᠵᠠᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠰᠢᠨᠵᠢᠯᠡᠬᠦ ᠤᠬᠠᠭᠠᠨᠴᠢ ᠬᠦᠭᠵᠢᠯᠳᠠ ᠶᠢᠨ ᠦᠵᠡᠯᠳᠠ ᠶᠢ ᠬᠦᠨᠵᠡᠭᠡᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠬᠦᠭᠵᠢᠯᠳᠠ ᠶᠢᠨ ᠬᠡᠯᠪᠡᠷᠢ ᠶᠢ ᠲᠦᠷᠭᠡᠨ ᠢᠶᠠᠷ ᠬᠤᠪᠢᠷᠠᠭᠤᠯᠬᠤ ᠪᠠᠷ ᠭᠤᠤᠯ ᠱᠤᠭᠤᠮ ᠪᠤᠯᠭᠠᠨ᠂ ᠠᠷᠠᠳ ᠢᠶᠠᠨ | ᠪᠠᠶᠠᠵᠢᠭᠤᠯᠤᠨ ᠬᠤᠳᠠ ᠪᠠᠨ ᠬᠦᠴᠦᠷᠭᠡᠭᠵᠢᠬᠦᠯᠬᠦ ᠪᠠᠷ ᠭᠤᠤᠯ ᠵᠤᠷᠢᠯᠳᠠ ᠪᠤᠯᠭᠠᠵᠤ᠂ ︽ᠪᠦᠳᠦᠴᠨ ᠶᠢ ᠬᠤᠪᠢᠷᠠᠭᠤᠯᠤᠨ᠂ ᠰᠢᠨ᠎ᠠ ᠶᠢ ᠡᠬᠦᠳᠤᠨ ᠬᠤᠳᠠ ᠪᠠᠨ | ᠬᠦᠴᠦᠷᠭᠡᠭᠵᠢᠬᠦᠯᠬᠦ︾᠂ ︽ᠬᠤᠳᠠ ᠬᠦᠳᠡᠭᠡ ᠶᠢ ᠨᠢᠭᠡᠳᠤᠯᠳᠠᠢ ᠲᠦᠯᠦᠪᠵᠢᠬᠦᠯᠵᠤ᠂ ᠡᠷᠴᠢᠮᠵᠢᠬᠦᠯᠦᠨ ᠬᠦᠭᠵᠢᠬᠦᠯᠬᠦ︾ ᠪᠠᠶᠢᠯᠳᠤᠬᠤ ᠪᠤᠳᠤᠯᠭ᠎ᠠ ᠶᠢ ᠬᠦᠨᠵᠡᠬᠡᠢ | ᠬᠡᠷᠡᠭᠵᠢᠬᠦᠯᠵᠤ᠂ ᠠᠵᠤ ᠦᠢᠯᠡᠳᠪᠦᠷᠢᠵᠢᠯᠳᠠ᠂ ᠬᠤᠳᠠ ᠪᠠᠯᠭᠠᠰᠤᠵᠢᠯᠳᠠ᠂ ᠴᠢᠮᠡᠭᠡ ᠵᠠᠩᠬᠢᠴᠢᠯᠠᠯᠳᠠ᠂ ᠵᠠᠬ᠎ᠠ ᠲᠡᠯᠭᠡᠬᠦᠷᠵᠢᠯᠳᠠ᠂ ᠲᠡᠯᠡᠭᠡᠶᠢᠵᠢᠯᠳᠠ ᠶᠢᠨ ᠠᠬᠢᠴᠠ ᠶᠢ | ᠲᠦᠷᠭᠡᠳᠭᠡᠨ᠂ ᠠᠵᠤ ᠠᠬᠤᠢ ᠶᠢᠨ ᠪᠦᠳᠦᠭᠡᠨ ᠪᠠᠶᠢᠭᠤᠯᠤᠯᠳᠠ᠂ ᠤᠯᠤᠰ ᠲᠦᠷᠦ ᠶᠢᠨ ᠪᠠᠶᠢᠭᠤᠯᠤᠯᠳᠠ᠂ ᠰᠤᠶᠤᠯ ᠤᠨ ᠪᠠᠶᠢᠭᠤᠯᠤᠯᠳᠠ᠂ ᠨᠡᠶᠢᠭᠡᠮ ᠤᠨ ᠪᠦᠳᠦᠭᠡᠨ | ᠪᠠᠶᠢᠭᠤᠯᠤᠯᠳᠠ ᠪᠠ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠵᠤᠬᠢᠴᠠᠯᠳᠤᠭᠤᠯᠤᠨ ᠠᠬᠢᠭᠤᠯᠵᠤ᠂ ᠭᠠᠵᠠᠷ ᠤᠷᠤᠨ ᠤ ᠠᠵᠤ ᠠᠬᠤᠢ ᠨᠡᠶᠢᠭᠡᠮ ᠤᠨ | ᠰᠠᠶᠢᠨ ᠮᠦᠷᠳᠡᠭᠡᠨ ᠲᠦᠷᠭᠡᠨ ᠬᠦᠭᠵᠢᠯᠳᠠ ᠶᠢ ᠠᠬᠢᠭᠤᠯᠵᠤ᠂ ᠴᠢᠨᠡᠭᠡᠯᠢᠭ ᠨᠡᠶᠢᠭᠡᠮ ᠢ ᠤᠷᠢᠳᠠᠪᠠᠷ ᠪᠦᠬᠦ ᠲᠠᠯ᠎ᠠ ᠪᠠᠷ ᠪᠦᠳᠦᠭᠡᠨ ᠪᠠᠶᠢᠭᠤᠯᠤᠨ᠎ᠠ᠃ | ᠭᠤᠤᠯ ᠵᠢᠱᠢᠭᠰᠡᠨ ᠬᠠᠷᠠᠯᠳᠠ ᠪᠤᠯ᠄ ᠠᠵᠤ ᠠᠬᠤᠢ ᠶᠢᠨ ᠰᠠᠶᠢᠨ ᠮᠦᠷᠳᠡᠭᠡᠨ ᠲᠦᠷᠭᠡᠨ ᠬᠦᠭᠵᠢᠯᠳᠠ ᠶᠢ ᠪᠠᠳᠤᠯᠠᠵᠤ᠂ ᠭᠠᠵᠠᠷ ᠤᠷᠤᠨ ᠤ ᠦᠢᠯᠡᠳᠪᠤᠷᠢᠯᠠᠯ | ᠤᠨ ᠶᠡᠷᠦᠩᠭᠡᠢ ᠦᠷᠳᠡᠭ ᠢ ᠵᠢᠯ ᠪᠦᠷᠢ ᠲᠤᠮᠳᠠᠴᠢ ᠪᠠᠷ 15% ᠠᠴᠠ ᠲᠡᠭᠡᠭᠰᠢ᠂ ᠡᠳ᠋ ᠤᠨ ᠵᠠᠰᠠᠭ ᠤᠨ ᠤᠷᠤᠯᠭ᠎ᠠ ᠶᠢ 15 % ᠠᠴᠠ ᠲᠡᠭᠡᠭᠰᠢ | ᠨᠡᠮᠡᠭᠳᠡᠬᠦᠯᠦᠨ᠎ᠠ᠃ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠤᠷᠤᠯᠭ᠎ᠠ ᠶᠢ ᠶᠡᠭᠡᠪᠡᠷ ᠨᠡᠮᠡᠭᠳᠡᠬᠦᠯᠵᠤ᠂ ᠵᠢᠯ ᠪᠦᠷᠢ ᠲᠤᠮᠳᠠᠴᠢ ᠪᠠᠷ 13% ᠠᠴᠠ ᠲᠡᠭᠡᠭᠰᠢ | ᠨᠡᠮᠡᠭᠳᠡᠬᠦᠯᠵᠤ᠂ ᠤᠷᠤᠯᠭ᠎ᠠ ᠶᠢᠨ ᠬᠢᠷᠢ ᠲᠦᠪᠰᠢᠨ ᠢ ᠪᠦᠬᠦ ᠤᠯᠤᠰ ᠤᠨ ᠲᠤᠰᠬᠠᠢ ᠤᠷᠤᠨ ᠤ ᠲᠡᠰ ᠤᠨ ᠬᠤᠳᠠ ᠶᠢᠨ ᠲᠠᠷᠢᠬᠦᠨ ᠡᠩᠨᠡᠭᠡᠨ ᠳᠤ ᠤᠷᠤᠭᠤᠯᠤᠨ᠎ᠠ | ᠃ ᠠᠵᠤ ᠦᠢᠯᠡᠰ ᠤᠨ ᠪᠦᠳᠦᠴᠨ ᠶᠢ ᠬᠤᠪᠢᠷᠠᠭᠤᠯᠤᠨ ᠲᠡᠰᠵᠢᠬᠦᠯᠬᠦ ᠲᠠᠯ᠎ᠠ ᠪᠠᠷ ᠰᠢᠪᠳᠤᠯᠤᠯᠳᠠ ᠶᠢᠨ ᠴᠢᠨᠠᠷᠳᠠᠢ ᠠᠬᠢᠯᠳᠠ ᠲᠠᠢ ᠪᠤᠯᠵᠤ᠂ ᠤᠳᠤ ᠦᠶ᠎ᠠ ᠶᠢᠨ | ᠨᠡᠬᠦᠷᠡᠰᠤ ᠬᠢᠮᠢ ᠶᠢᠨ ᠠᠵᠤ ᠦᠢᠯᠡᠳᠪᠦᠷᠢ ᠶᠢᠨ ᠰᠢᠰᠲ᠋ᠧᠮᠵᠢ ᠶᠢ ᠦᠨᠳᠦᠰᠦᠨ ᠳᠡᠭᠡᠨ ᠪᠦᠷᠢᠯᠳᠤᠬᠦᠯᠵᠤ᠂ ᠨᠡᠬᠦᠷᠡᠰᠦᠨ ᠤ ᠪᠤᠰᠤ ᠠᠵᠤ ᠦᠢᠯᠡᠰ ᠤᠨ ᠬᠦᠷᠢᠶ᠎ᠠ | ᠬᠡᠪᠴᠢᠶ᠎ᠠ ᠶᠢ ᠴᠢᠨᠠᠭᠰᠢᠳᠠ ᠪᠤᠵᠠᠭᠠᠶᠢᠷᠠᠭᠤᠯᠵᠤ᠂ ᠤᠳᠤ ᠦᠶ᠎ᠠ ᠶᠢᠨ ᠦᠢᠯᠡᠴᠢᠯᠡᠭᠡᠨ ᠤ ᠦᠢᠯᠡᠰ ᠢ ᠴᠢᠬᠤᠯᠠ ᠲᠤᠯᠭᠠᠤᠷᠢ ᠠᠵᠤ ᠦᠢᠯᠡᠰ ᠪᠤᠯᠭᠠᠵᠤ᠂ ᠠᠵᠤ | ᠦᠢᠯᠡᠳᠪᠦᠷᠢ ᠶᠢᠨ ᠨᠡᠮᠡᠭᠳᠡᠯ ᠦᠷᠳᠡᠭ ᠲᠤ ᠡᠵᠡᠯᠡᠬᠦ ᠨᠡᠬᠦᠷᠡᠰᠦᠨ ᠤ ᠦᠢᠯᠡᠳᠪᠦᠷᠢᠯᠠᠯ ᠤᠨ ᠬᠠᠷᠢᠴᠠᠯ ᠢ ᠪᠠᠭᠤᠷᠠᠭᠤᠯᠤᠨ 1/3 ᠠᠴᠠ ᠲᠤᠷᠤᠭᠰᠢ ᠪᠤᠯᠭᠠᠵᠤ᠂ | ᠨᠡᠬᠦᠷᠡᠰᠦᠨ ᠤ ᠪᠤᠰᠤ ᠠᠵᠤ ᠦᠢᠯᠡᠰ ᠤᠨ GDP ᠳᠤ ᠡᠵᠡᠯᠡᠬᠦ ᠬᠠᠷᠢᠴᠠᠯ ᠢ 70% ᠠᠴᠠ ᠲᠡᠭᠡᠭᠰᠢ ᠬᠦᠷᠭᠡᠨ᠎ᠠ᠃ ᠬᠤᠳᠠ ᠬᠦᠳᠡᠭᠡ ᠶᠢ ᠨᠢᠭᠡᠳᠤᠯᠳᠡᠢ | ᠲᠦᠯᠦᠪᠵᠢᠬᠦᠯᠦᠨ ᠶᠡᠷᠦᠩᠭᠡᠶᠢᠯᠡᠨ ᠲᠦᠬᠦᠷᠵᠢᠬᠦᠯᠬᠦ ᠦᠭᠡᠷᠡᠴᠢᠯᠡᠯᠳᠠ ᠶᠢᠨ ᠲᠤᠷᠰᠢᠯᠳᠠ ᠶᠢᠨ ᠤᠷᠤᠨ ᠢ ᠪᠠᠶᠢᠭᠤᠯᠵᠤ᠂ ᠬᠤᠲᠠ ᠶᠢᠨ ᠭᠤᠤᠯ ᠲᠤᠭᠤᠷᠢᠭ ᠤᠨ | ᠴᠢᠳᠠᠪᠬᠢ ᠦᠢᠯᠡᠳᠦᠯ ᠢ ᠨᠡᠩ ᠲᠡᠬᠦᠯᠳᠡᠷᠵᠢᠬᠦᠯᠵᠤ᠂ ᠮᠠᠯᠵᠢᠬᠤ ᠲᠠᠷᠢᠶᠠᠯᠠᠬᠤ ᠤᠷᠤᠨ ᠤ ᠦᠡᠭᠭᠡ ᠲᠦᠷᠰᠦ ᠶᠢ ᠢᠯᠡᠳᠳᠠ ᠰᠠᠶᠢᠵᠢᠷᠠᠭᠤᠯᠵᠤ᠂ ᠬᠤᠳᠠ ᠬᠦᠳᠡᠭᠡ | ᠶᠢ ᠴᠤᠭᠴᠠᠵᠢᠭᠤᠯᠤᠭᠰᠠᠨ ᠤᠯᠠᠨ ᠨᠠᠶᠢᠳᠠ ᠶᠢᠨ ᠦᠢᠯᠡᠴᠢᠯᠡᠭᠡᠨ ᠤ ᠰᠢᠰᠲ᠋ᠧᠮᠵᠢ ᠶᠢ ᠠᠩᠬ᠎ᠠ ᠠᠯᠬᠤᠮ ᠪᠠᠶᠢᠭᠤᠯᠤᠨ᠎ᠠ᠃ ᠦᠷᠬᠦᠯᠵᠢᠯᠡᠭᠰᠡᠨ ᠬᠦᠭᠵᠢᠯᠳᠠ ᠶᠢᠨ | ᠴᠢᠳᠠᠪᠤᠷᠢ ᠪᠠ ᠬᠢᠷᠢ ᠲᠦᠪᠰᠢᠨ ᠢ ᠴᠢᠨᠠᠭᠰᠢᠳᠠ ᠲᠡᠭᠡᠭᠰᠢᠯᠡᠬᠦᠯᠵᠤ᠂ ᠡᠨᠧᠷᠬᠢ ᠠᠷᠪᠢᠯᠠᠨ ᠪᠤᠬᠢᠷᠳᠤᠯ ᠢ ᠪᠠᠭᠠᠰᠬᠠᠬᠤ ᠡᠯ᠎ᠠ ᠲᠦᠷᠦᠯ ᠤᠨ ᠬᠢᠵᠠᠭᠠᠷᠯᠠᠬᠤ ᠬᠦᠢᠴᠡᠳᠭᠡᠬᠦ | ᠲᠤᠭ᠎ᠠ ᠶᠢ ᠦᠪᠡᠷᠳᠡᠭᠡᠨ ᠵᠠᠰᠠᠬᠤ ᠤᠷᠤᠨ ᠤ ᠱᠠᠭᠠᠷᠳᠠᠯᠭ᠎ᠠ ᠳᠤ ᠬᠦᠷᠭᠡᠨ᠎ᠠ᠃ ᠦᠨᠳᠦᠰᠦᠨ ᠤᠯᠠᠨ ᠨᠠᠶᠢᠳᠠ ᠶᠢᠨ ᠦᠢᠯᠡᠴᠢᠯᠡᠭᠡ ᠶᠢ ᠲᠠᠯᠠᠢ ᠲᠠᠭᠠᠤ ᠬᠦᠭᠵᠢᠭᠰᠡᠨ | ᠭᠠᠵᠠᠷ ᠤᠷᠤᠨ ᠤ ᠬᠢᠷᠢ ᠲᠦᠪᠰᠢᠨ ᠳᠤ ᠬᠦᠷᠭᠡᠵᠤ᠂ ᠬᠤᠳᠠ ᠪᠠᠯᠭᠠᠰᠤ ᠶᠢᠨ ᠲᠠᠩᠰᠠᠯᠠᠭᠤᠯᠤᠭᠰᠠᠨ ᠠᠵᠢᠯ ᠠᠯᠳᠠᠯᠳᠠ ᠶᠢᠨ ᠨᠤᠷᠮ᠎ᠠ ᠶᠢ 3.5% ᠶᠢᠨ ᠲᠤᠳᠤᠷ᠎ᠠ | ᠬᠢᠵᠠᠭᠠᠷᠯᠠᠵᠤ᠂ ᠬᠦᠮᠦᠨ ᠠᠮᠠ ᠶᠢᠨ ᠲᠦᠷᠦᠯᠲᠡ ᠶᠢᠨ ᠨᠤᠷᠮ᠎ᠠ ᠶᠢ 13.54‰ ᠶᠢᠨ ᠲᠤᠳᠤᠷ᠎ᠠ ᠬᠢᠵᠠᠭᠠᠷᠯᠠᠨ᠎ᠠ᠃ | ᠡᠳᠡᠭᠡᠷ ᠬᠠᠷᠠᠯᠳᠠ ᠪᠤᠯ ᠮᠠᠨ ᠤ ᠬᠤᠳᠠ ᠶᠢᠨ ᠰᠢᠨ᠎ᠠ ᠴᠠᠭ ᠬᠤᠭᠤᠴᠠᠭ᠎ᠠ᠂ ᠰᠢᠨ᠎ᠠ ᠱᠠᠳᠤ ᠦᠶ᠎ᠠ ᠳᠤ ᠲᠤᠯᠭᠠᠷᠠᠬᠤ ᠰᠢᠨ᠎ᠠ ᠡᠬᠦᠷᠭᠡ ᠪᠤᠯᠤᠨ᠎ᠠ᠂ ᠪᠦᠬᠦ | ᠬᠤᠳᠠ ᠶᠢᠨ ᠠᠷᠠᠳ ᠲᠦᠮᠠᠨ ᠤ ᠢᠷᠡᠭᠡᠳᠦᠢ ᠶᠢᠨ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠠᠯᠵᠡᠯ ᠪᠤᠯᠤᠨ᠎ᠠ᠃ ᠪᠢᠳᠠ ᠰᠢᠨᠵᠢᠯᠡᠬᠦ ᠤᠬᠠᠭᠠᠨᠴᠢ ᠬᠦᠭᠵᠢᠯᠳᠠ | ᠶᠢᠨ ᠦᠵᠡᠯᠳᠠ ᠪᠠᠷ ᠪᠦᠬᠦ ᠲᠠᠯ᠎ᠠ ᠶᠢ ᠶᠡᠷᠦᠩᠭᠡᠶᠢᠯᠠᠨ ᠵᠠᠬᠢᠷᠴᠤ᠂ ᠮᠠᠨ ᠤ ᠬᠤᠳᠠ ᠶᠠᠭ ᠬᠦᠭᠵᠢᠯᠳᠠ ᠶᠢᠨ ᠪᠠᠶᠢᠳᠠᠯ ᠲᠡᠭᠡᠭᠰᠢᠯᠡᠯᠳᠠ ᠶᠢᠨ ᠬᠤᠭᠤᠴᠠᠭ᠎ᠠ᠂ | ᠪᠦᠳᠦᠴᠨ ᠶᠢ ᠬᠤᠪᠢᠷᠠᠭᠤᠯᠬᠤ ᠵᠠᠩᠭᠢᠯᠠᠭ᠎ᠠ ᠶᠢᠨ ᠬᠤᠭᠤᠴᠠᠭ᠎ᠠ ᠪᠠ ᠦᠰᠦᠷᠤᠯᠳᠠ ᠲᠠᠢ ᠬᠦᠭᠵᠢᠯᠳᠠ ᠶᠢᠨ ᠠᠵᠠ ᠲᠤᠬᠢᠶᠠᠯᠳᠤ ᠬᠤᠭᠤᠴᠠᠭ᠎ᠠ ᠳᠤ ᠤᠷᠤᠰᠢᠵᠤ | ᠪᠠᠶᠢᠭ᠎ᠠ ᠱᠠᠳᠤᠴᠢ ᠴᠢᠨᠠᠷᠳᠠᠢ ᠤᠨᠴᠠᠯᠢᠭ ᠢ ᠪᠠᠳᠤ ᠡᠵᠡᠮᠳᠠᠵᠤ᠂ ᠭᠤᠤᠯᠳᠠᠯᠭ᠎ᠠ ᠶᠢ ᠠᠳᠬᠤᠨ᠂ ᠬᠦᠴᠢᠷᠳᠡᠯ ᠢ ᠰᠢᠪᠳᠤᠯᠵᠤ᠂ ᠲᠠᠪᠤᠨ ᠲᠠᠯ᠎ᠠ ᠶᠢᠨ ᠠᠵᠢᠯ ᠢ | ᠶᠡᠭᠡᠪᠡᠷ ᠠᠬᠢᠭᠤᠯᠤᠨ᠎ᠠ᠃ | ︵ᠨᠢᠭᠡ︶ ᠠᠵᠤ ᠦᠢᠯᠡᠰ ᠤᠨ ᠪᠦᠳᠦᠴᠠ ᠶᠢ ᠬᠤᠪᠢᠷᠠᠭᠤᠯᠤᠨ ᠲᠡᠰᠵᠢᠬᠦᠯᠬᠦ ᠶᠢ ᠲᠦᠷᠭᠡᠨ ᠢᠶᠠᠷ ᠠᠬᠢᠭᠤᠯᠵᠤ᠂ ᠭᠠᠵᠠᠷ ᠤᠷᠤᠨ ᠤ ᠰᠢᠨᠵᠢᠯᠡᠬᠦ | ᠤᠬᠠᠭᠠᠨᠴᠢ ᠪᠠᠷ ᠬᠦᠭᠵᠢᠬᠦ ᠰᠢᠨ᠎ᠠ ᠲᠠᠪᠠᠭᠤᠯᠢᠭ ᠢ ᠡᠬᠦᠳᠦᠶ᠎ᠠ᠃ ︽ᠡᠷᠬᠢᠯᠳᠠᠳᠤ᠂ ᠠᠷᠢᠭᠤᠨ ᠴᠡᠪᠠᠷᠴᠢ᠂ ᠪᠤᠬᠢᠷᠳᠤᠯ ᠦᠭᠡᠢ᠂ ᠲᠤᠤᠷ᠎ᠠ | ᠨᠡᠬᠦᠷᠡᠰᠦᠳᠦ᠋ᠷᠦᠭᠴᠢᠳᠤ︾ ᠬᠦᠭᠵᠢᠯᠳᠠ ᠶᠢᠨ ᠤᠨᠤᠯᠵᠢᠭᠤᠨ ᠢ ᠪᠠᠷᠢᠮᠳᠠᠯᠠᠵᠤ᠂ ᠠᠵᠤ ᠦᠢᠯᠡᠰ ᠤᠨ ᠪᠦᠳᠦᠴᠠ ᠳᠤ ᠶᠡᠭᠡᠪᠡᠷ ᠲᠤᠬᠢᠷᠠᠭᠤᠯᠤᠯᠳᠠ ᠬᠢᠵᠦ᠂ ᠡᠨᠧᠷᠬᠢ | ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠢᠶᠠᠷ ᠭᠤᠤᠯ ᠪᠤᠯᠭᠠᠭᠰᠠᠨ᠂ ᠲᠠᠷᠢᠬᠦᠨ ᠤ ᠲᠤᠨᠤᠭᠯᠠᠯ ᠦᠢᠯᠡᠳᠬᠦ ᠦᠢᠯᠡᠰ ᠢᠶᠠᠷ ᠲᠤᠯᠭᠠᠭᠤᠷᠢ ᠪᠤᠯᠭᠠᠵᠤ᠂ | ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠠ ᠬᠡᠯᠪᠡᠷᠢ ᠶᠢᠨ ᠠᠵᠤ ᠦᠢᠯᠡᠰ ᠢᠶᠠᠷ ᠲᠠᠭᠠᠭᠤᠯᠤᠭᠰᠠᠨ᠂ ᠤᠳᠤ ᠦᠶ᠎ᠠ ᠶᠢᠨ ᠦᠢᠯᠡᠴᠢᠯᠡᠭᠡᠨ ᠤ ᠦᠢᠯᠡᠰ ᠢᠶᠠᠷ | ᠭᠤᠤᠯᠳᠠᠯᠭ᠎ᠠ ᠪᠤᠯᠭᠠᠭᠰᠠᠨ ᠤᠳᠤ ᠦᠶ᠎ᠠ ᠶᠢᠨ ᠠᠵᠤ ᠦᠢᠯᠡᠰ ᠤᠨ ᠰᠢᠰᠲ᠋ᠧᠮᠵᠢ ᠶᠢ ᠢᠳᠠᠪᠬᠢᠳᠠᠢ ᠪᠠᠶᠢᠭᠤᠯᠵᠤ᠂ ᠬᠠᠳᠤᠨ ᠭᠤᠤᠯ ᠲᠠᠭᠠᠤ ᠠᠵᠤ ᠠᠬᠤᠢ ᠶᠢᠨ | ᠪᠦᠰᠠ ᠶᠢ ᠲᠦᠷᠭᠡᠨ ᠢᠶᠠᠷ ᠪᠦᠳᠦᠭᠡᠨ ᠪᠠᠶᠢᠭᠤᠯᠵᠤ᠂ ᠭᠠᠵᠠᠷ ᠤᠷᠤᠨ ᠤ ᠠᠵᠤ ᠦᠢᠯᠡᠰ ᠤᠨ ᠲᠦᠪᠯᠡᠷᠡᠩᠭᠦᠢ᠂ ᠡᠷᠴᠢᠮᠵᠢᠭᠰᠡᠨ᠂ ᠰᠦᠷᠦᠭᠵᠢᠭᠰᠡᠨ ᠬᠦᠭᠵᠢᠯᠳᠠ ᠶᠢ | ᠠᠬᠢᠭᠤᠯᠤᠨ᠎ᠠ᠃ ᠨᠢᠭᠡ ᠳᠤ ᠲᠠᠪᠠᠭᠤᠯᠢᠭ ᠤᠨᠴᠠᠯᠢᠭᠳᠤ ᠠᠵᠤ ᠦᠢᠯᠡᠰ ᠢ ᠲᠡᠰᠵᠢᠬᠦᠯᠦᠨ ᠴᠢᠨᠠᠷ ᠢ ᠲᠡᠭᠡᠭᠰᠢᠯᠡᠬᠦᠯᠬᠦ ᠶᠢ ᠲᠦᠷᠭᠡᠳᠭᠡᠨ᠎ᠠ᠃ ᠤᠯᠤᠰ ᠤᠨ | ᠤᠳᠤᠬᠢᠴᠢᠯᠠᠭᠰᠠᠨ ᠨᠡᠬᠦᠷᠡᠰᠦᠨ ᠤ ᠲᠤᠮᠤ ᠰᠠᠭᠤᠷᠢᠨ ᠭᠠᠵᠠᠷ ᠢ ᠪᠦᠳᠦᠭᠡᠨ ᠪᠠᠶᠢᠭᠤᠯᠬᠤ ᠶᠢᠨ ᠲᠤᠭᠤᠷᠢᠨ ᠳᠤ᠂ ᠪᠦᠬᠦ ᠬᠤᠳᠠ ᠶᠢᠨ ᠨᠡᠬᠦᠷᠡᠰᠦᠨ ᠤ ᠠᠵᠤ | ᠦᠢᠯᠡᠰ ᠲᠤ ᠰᠢᠨᠵᠢᠯᠡᠬᠦ ᠤᠬᠠᠭᠠᠨᠴᠢ ᠪᠠᠷ ᠲᠦᠯᠦᠪᠵᠢᠬᠦᠯᠭᠡ ᠬᠢᠵᠤ᠂ ᠦᠢᠯᠡᠳᠪᠦᠷᠢᠯᠡᠯ ᠤᠨ ᠴᠢᠳᠠᠪᠤᠷᠢ ᠶᠢ ᠵᠤᠬᠢᠰᠳᠠᠢ ᠪᠠᠷ ᠬᠢᠵᠠᠭᠠᠷᠯᠠᠵᠤ᠂ ᠤᠬᠢᠶᠠᠬᠤ | ᠰᠤᠩᠭᠤᠬᠤ ᠲᠤᠬᠢᠷᠠᠭᠤᠯᠬᠤ ᠲᠡᠭᠡᠭᠡᠪᠦᠷᠢᠯᠡᠬᠦ ᠶᠢ ᠴᠤᠭᠴᠠᠵᠢᠭᠤᠯᠤᠨ ᠬᠦᠭᠵᠢᠬᠦᠯᠬᠦ ᠶᠢ ᠠᠬᠢᠭᠤᠯᠵᠤ᠂ ᠲᠤᠨᠤᠭᠯᠠᠯ ᠤᠨ ᠤᠳᠤᠬᠢᠴᠢᠯᠠᠯᠳᠠ᠂ ᠴᠢᠮᠡᠭᠡ ᠵᠡᠩᠬᠢᠴᠢᠯᠠᠯᠳᠠ | ᠪᠠ ᠦᠢᠢᠯᠡᠳᠪᠦᠷᠢᠯᠠᠯ ᠤᠨ ᠬᠡᠪᠴᠢᠶᠠᠵᠢᠯᠳᠠ᠂ ᠡᠷᠴᠢᠮᠵᠢᠯᠳᠠ ᠶᠢ ᠲᠤᠪᠤᠶᠢᠯᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠢᠷᠢ ᠲᠦᠪᠰᠢᠨ᠂ ᠠᠶᠤᠯᠬᠦᠢ ᠶᠢᠨ ᠬᠢᠷᠢ | ᠲᠦᠪᠰᠢᠨ ᠪᠠ ᠦᠢᠯᠡᠳᠪᠦᠷᠢᠯᠠᠯ ᠤᠨ ᠶᠡᠷᠦᠩᠭᠡᠶᠢᠯᠡᠭᠰᠡᠨ ᠦᠷ᠎ᠠ ᠠᠰᠢᠭ ᠢ ᠲᠡᠭᠡᠭᠰᠢᠯᠡᠬᠦᠯᠵᠤ᠂ ᠡᠬᠢ ᠪᠠᠶᠠᠯᠢᠭ ᠤᠨ ᠠᠰᠢᠭᠯᠠᠯᠳᠠ ᠶᠢᠨ ᠨᠤᠷᠮ᠎ᠠ ᠪᠠᠷ ᠦᠨᠳᠦᠷ᠂ | ᠠᠶᠤᠯᠬᠦᠢ ᠶᠢᠨ ᠪᠠᠳᠤᠯᠠᠭ᠎ᠠ ᠲᠠᠢ᠂ ᠠᠵᠤ ᠠᠬᠤᠢ ᠶᠢᠨ ᠦᠷ᠎ᠠ ᠠᠰᠢᠭ ᠢᠶᠠᠷ ᠰᠠᠶᠢᠨ᠂ ᠤᠷᠴᠢᠨ ᠲᠤᠭᠤᠷᠢᠨ ᠤ ᠪᠤᠬᠢᠷᠳᠤᠯ ᠢᠶᠠᠷ ᠪᠠᠭ᠎ᠠ᠂ ᠡᠷᠡᠬᠦᠯ ᠮᠦᠷᠳᠡᠭᠡᠨ | ᠦᠷᠬᠦᠯᠵᠢᠯᠠᠨ ᠬᠦᠭᠵᠢᠭᠰᠡᠨ ᠰᠢᠨ᠎ᠠ ᠬᠡᠯᠪᠡᠷᠢ ᠶᠢᠨ ᠨᠡᠬᠦᠷᠡᠰᠦᠨ ᠤ ᠠᠵᠤ ᠦᠢᠯᠡᠳᠪᠦᠷᠢ ᠶᠢᠨ ᠰᠢᠰᠲ᠋ᠧᠮᠵᠢ ᠶᠢ ᠪᠠᠶᠢᠭᠤᠯᠤᠨ᠎ᠠ᠃ 2015 ᠤᠨ ᠪᠤᠯᠬᠤ ᠳᠤ᠂ | ᠪᠦᠬᠦ ᠬᠤᠳᠠ ᠶᠢᠨ ᠤᠷᠤᠨ ᠨᠤᠳᠤᠭ ᠤᠨ ᠨᠡᠬᠦᠷᠡᠰᠦᠨ ᠠᠭᠤᠷᠬᠠᠢ ᠶᠢᠨ ᠨᠡᠭᠡᠭᠡᠯᠳᠠ ᠬᠢᠬᠦ ᠭᠤᠤᠯ ᠴᠤᠭᠴᠠ ᠶᠢ 50 ᠤᠷᠴᠢᠮ ᠬᠢᠵᠠᠭᠠᠷᠯᠠᠵᠤ᠂ ᠨᠡᠬᠦᠷᠡᠰᠦᠨ ᠤ | ᠦᠢᠯᠡᠳᠪᠦᠷᠢᠯᠠᠯ ᠤᠨ ᠴᠢᠳᠠᠪᠤᠷᠢ ᠶᠢ 5.5 ᠳ᠋ᠦᠡᠭᠰᠢᠭᠤᠷ ᠲᠤᠨ ᠤᠷᠴᠢᠮ ᠬᠢᠵᠠᠭᠠᠷᠯᠠᠨ᠂ ᠠᠰᠢᠭᠯᠠᠮᠵᠢ ᠪᠠ ᠤᠬᠢᠶᠠᠵᠤ ᠰᠤᠩᠭᠤᠬᠤ ᠨᠤᠷᠮ᠎ᠠ ᠶᠢ 75% ᠳᠤ | ᠬᠦᠷᠭᠡᠨ᠎ᠠ᠃ ᠴᠠᠬᠢᠯᠭᠠᠨ ᠬᠦᠴᠦᠨ ᠤ ᠠᠵᠤ ᠦᠢᠯᠡᠳᠪᠦᠷᠢ ᠶᠢ ᠪᠤᠬᠢᠷᠳᠤᠭᠤᠯᠤᠯ ᠦᠬᠡᠢ ᠪᠤᠯᠭᠠᠨ ᠲᠡᠰᠵᠢᠬᠦᠯᠬᠦ ᠶᠢ ᠲᠦᠷᠭᠡᠳᠭᠡᠵᠤ᠂ ᠴᠠᠬᠢᠯᠭᠠᠨ ᠤ ᠢᠷᠡᠯᠳᠠ ᠶᠢᠨ | ᠲᠤᠤᠷ ᠴᠡᠭ ᠤᠨ ᠪᠠᠶᠢᠷᠢᠯᠠᠭᠤᠯᠤᠯᠳᠠ ᠶᠢ ᠰᠢᠯᠢᠳᠡᠭᠵᠢᠬᠦᠯᠵᠤ᠂ ᠶᠡᠭᠡ ᠪᠠᠭᠳᠠᠭᠠᠮᠵᠢ ᠲᠠᠢ᠂ ᠦᠨᠳᠤᠷ ᠪᠤᠯᠵᠤᠯᠳᠤ ᠲᠤᠭᠠᠳᠤ ᠨᠡᠬᠦᠷᠡᠰᠦ ᠰᠢᠳᠠᠯᠳᠠ ᠶᠢᠨ ᠮᠠᠰᠢᠨ | ᠴᠤᠭᠴᠠᠯᠠᠪᠤᠷᠢ ᠶᠢ ᠶᠡᠭᠡᠪᠡᠷ ᠬᠦᠭᠵᠢᠬᠦᠯᠵᠦ᠂ ᠢᠯᠴᠢ ᠴᠠᠬᠢᠯᠭᠠᠨ ᠤ ᠬᠠᠮᠳᠤᠷᠠᠭᠰᠠᠨ ᠦᠢᠯᠡᠳᠪᠦᠷᠢᠯᠠᠯ ᠢ ᠠᠬᠢᠭᠤᠯᠤᠨ᠎ᠠ᠃ ᠪᠦᠬᠦ ᠬᠤᠳᠠ ᠶᠢᠨ ᠴᠠᠬᠢᠯᠭᠠᠨ ᠬᠦᠴᠦᠨ | ᠤ ᠮᠠᠰᠢᠨ ᠴᠤᠭᠴᠠᠯᠠᠪᠤᠷᠢ ᠶᠢᠨ ᠶᠡᠷᠦᠩᠭᠡᠢ ᠪᠠᠭᠳᠠᠭᠠᠮᠵᠢ ᠶᠢ 2225 ᠲᠦᠮᠠᠨ ᠺᠢᠯᠤᠸᠠᠲ ᠬᠦᠷᠭᠡᠨ᠎ᠠ᠂ ᠡᠬᠦᠨ ᠳᠤ ᠲᠠᠬᠢᠯᠳᠠ ᠡᠨᠧᠷᠬᠢ ᠶᠢᠨ ᠴᠠᠬᠢᠯᠭᠠᠨ ᠭᠠᠷᠭᠠᠬᠤ | ᠳᠤ ᠡᠵᠡᠯᠡᠬᠦ ᠬᠠᠷᠢᠴᠠᠯ ᠢ ᠲᠡᠭᠡᠭᠰᠢᠯᠡᠬᠦᠯᠦᠨ 10% ᠶᠢ ᠲᠠᠪᠠᠭᠤᠯᠤᠨ᠎ᠠ᠃ ᠨᠡᠬᠦᠷᠡᠰᠦᠨ ᠲᠡᠪᠬᠤᠷᠭ᠎ᠠ ᠶᠢᠨ ᠬᠡᠢ ᠪᠠ ᠪᠠᠶᠢᠭᠠᠯᠢ ᠶᠢᠨ ᠰᠢᠳᠠᠮᠠᠬᠠᠢ ᠬᠡᠢ ᠶᠢᠨ ᠠᠵᠤ | ᠦᠢᠯᠡᠳᠪᠦᠷᠢ ᠶᠢ ᠶᠡᠭᠡᠪᠡᠷ ᠬᠦᠭᠵᠢᠬᠦᠯᠵᠤ᠂ ᠠᠷᠠᠳ ᠤᠨ ᠬᠡᠷᠡᠭᠯᠡᠬᠦ᠂ ᠠᠵᠤ ᠦᠢᠯᠡᠳᠪᠦᠷᠢ ᠶᠢᠨ ᠲᠦᠯᠠᠰᠢ᠂ ᠴᠠᠬᠢᠯᠭᠠᠨ ᠭᠠᠷᠭᠠᠬᠤ᠂ ᠬᠢᠮᠢ ᠶᠢᠨ ᠠᠵᠤ | ᠦᠢᠯᠡᠳᠪᠦᠷᠢ ᠵᠡᠷᠭᠡ ᠶᠡᠷᠦᠩᠭᠡᠶᠢᠯᠠᠨ ᠠᠰᠢᠭᠯᠠᠬᠤ ᠬᠦᠷᠢᠶ᠎ᠠ ᠬᠡᠪᠴᠢᠶ᠎ᠠ ᠳᠤ ᠦᠷᠭᠡᠳᠭᠡᠵᠤ᠂ ᠨᠡᠬᠦᠷᠡᠰᠦᠨ ᠲᠠᠪᠬᠤᠷᠭ᠎ᠠ ᠶᠢᠨ ᠬᠡᠢ ᠶᠢ ᠰᠤᠷᠤᠨ ᠠᠰᠢᠭᠯᠠᠬᠤ ᠴᠢᠳᠠᠪᠤᠷᠢ | ᠶᠢ ᠳ᠋ᠦᠡᠭᠰᠢᠭᠤᠷ ᠪᠤᠰᠤᠭ᠎ᠠ ᠲᠦᠷᠪᠡᠯᠵᠢᠨ ᠮᠧᠲᠷ᠂ ᠪᠠᠶᠢᠭᠠᠯᠢ ᠶᠢᠨ ᠰᠢᠳᠠᠮᠠᠬᠠᠢ ᠬᠡᠢ ᠶᠢᠨ ᠦᠢᠯᠡᠳᠪᠦᠷᠢᠯᠠᠯ ᠤᠨ ᠴᠢᠳᠠᠪᠤᠷᠢ ᠶᠢ 240 ᠲᠦᠮᠠᠨ ᠪᠤᠰᠤᠭ᠎ᠠ | ᠲᠦᠷᠪᠠᠯᠵᠢᠨ ᠮᠧᠲᠷ ᠲᠤ ᠬᠦᠷᠭᠡᠨ᠎ᠠ᠃ ᠬᠤᠶᠠᠷ ᠲᠤ ᠤᠳᠤ ᠦᠶ᠎ᠠ ᠶᠢᠨ ᠨᠡᠬᠦᠷᠡᠰᠦ ᠬᠢᠮᠢ ᠶᠢᠨ ᠠᠵᠤ ᠦᠢᠯᠡᠳᠪᠤᠷᠢ ᠶᠢᠨ ᠠᠵᠤ ᠦᠢᠯᠡᠰ ᠢ ᠲᠦᠷᠭᠡᠨ ᠢᠶᠠᠷ | ᠪᠠᠶᠢᠭᠤᠯᠤᠨ᠎ᠠ᠃ ᠪᠠᠶᠢᠯᠳᠤᠬᠤ ᠪᠤᠳᠤᠯᠭ᠎ᠠ ᠶᠢᠨ ᠡᠨᠧᠷᠬᠢ᠂ ᠠᠷᠢᠭᠤᠨ ᠴᠡᠪᠡᠷᠴᠢ ᠡᠨᠧᠷᠬᠢ᠂ ᠬᠢᠮᠢ ᠶᠢᠨ ᠠᠵᠤ ᠦᠢᠯᠡᠳᠪᠦᠷᠢ ᠶᠢᠨ ᠮᠠᠲ᠋ᠧᠷᠢᠶᠠᠯ ᠢ ᠭᠤᠤᠯ | ᠲᠠᠭᠠᠷᠢᠯᠳᠠ ᠬᠢᠬᠦ ᠴᠢᠭᠯᠡᠯ ᠪᠤᠯᠭᠠᠵᠤ᠂ ᠨᠡᠬᠦᠷᠡᠰᠦ ᠪᠠᠷ ᠲᠤᠰᠤ ᠦᠢᠯᠡᠳᠪᠦᠷᠢᠯᠡᠬᠦ ᠦᠢᠯᠡᠳᠪᠦᠷᠢᠯᠠᠯ ᠤᠨ ᠬᠦᠷᠢᠶ᠎ᠠ ᠬᠡᠪᠴᠢᠶ᠎ᠠ ᠶᠢ ᠴᠢᠨᠠᠭᠰᠢᠳᠠ ᠦᠷᠭᠡᠳᠭᠡᠵᠤ᠂ | ᠨᠡᠬᠦᠷᠡᠰᠦ ᠪᠠᠷ ᠪᠠᠶᠢᠭᠠᠯᠢ ᠶᠢᠨ ᠰᠢᠳᠠᠮᠠᠬᠠᠢ ᠬᠡᠢ ᠦᠢᠯᠡᠳᠪᠦᠷᠢᠯᠡᠬᠦ ᠶᠢ ᠶᠡᠭᠡᠪᠠᠷ ᠬᠦᠭᠵᠢᠬᠦᠯᠵᠤ᠂ ᠨᠡᠬᠦᠷᠡᠰᠦ ᠪᠠᠷ ᠬᠤᠶᠠᠷ ᠮᠧᠲ᠋ᠢᠯᠳᠤ ᠡᠲ᠋ᠧᠷ᠂ ᠠᠯᠺᠧᠨ᠂ ᠡᠲ᠋ᠧᠨ | ᠬᠤᠶᠠᠷᠴᠢ ᠠᠯᠺᠤᠤᠯ ᠦᠢᠯᠡᠳᠪᠦᠷᠢᠯᠡᠬᠦ ᠵᠡᠷᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢ ᠢᠳᠡᠪᠬᠢᠳᠠᠢ ᠠᠬᠢᠭᠤᠯᠵᠤ᠂ ᠬᠠᠷᠢᠴᠠᠯᠠᠰᠢ ᠦᠭᠡᠢ | ᠦᠷᠢᠰᠤᠯᠳᠤᠬᠦ ᠬᠦᠴᠦᠨ ᠲᠠᠢ ᠲᠤᠰᠤ᠂ ᠬᠡᠢ᠂ ᠪᠤᠷᠳᠤᠭᠤᠷ᠂ ᠡᠲ᠋ᠧᠷ ᠠᠯᠺᠧᠨ ᠵᠡᠷᠭᠡ ᠤᠳᠤ ᠦᠶ᠎ᠠ ᠶᠢᠨ ᠨᠡᠬᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ | ᠦᠢᠯᠡᠰ ᠤᠨ ᠰᠦᠷᠦᠭᠵᠢᠯ ᠢ ᠪᠦᠷᠢᠯᠳᠤᠬᠦᠯᠦᠨ᠎ᠠ᠃ ᠪᠦᠬᠦ ᠬᠤᠳᠠ ᠶᠢᠨ ᠨᠡᠬᠦᠷᠡᠰᠦ ᠪᠠᠷ ᠲᠤᠰᠤ ᠦᠢᠯᠡᠳᠪᠦᠷᠢᠯᠡᠬᠦ ᠦᠢᠯᠡᠳᠪᠦᠷᠢᠯᠠᠯ ᠤᠨ ᠬᠦᠷᠢᠶ᠎ᠠ ᠬᠡᠪᠴᠢᠶ᠎ᠠ ᠶᠢ | 500 ᠲᠦᠮᠠᠨ ᠲᠤᠨ᠂ ᠨᠡᠬᠦᠷᠡᠰᠦ ᠪᠠᠷ ᠬᠡᠢ ᠦᠢᠯᠡᠳᠪᠦᠷᠢᠯᠡᠬᠦ ᠬᠦᠷᠢᠶ᠎ᠠ ᠬᠡᠪᠴᠢᠶ᠎ᠠ ᠶᠢ 100 ᠳ᠋ᠦᠡᠭᠰᠢᠭᠤᠷ ᠪᠤᠰᠤᠭ᠎ᠠ ᠲᠦᠷᠪᠡᠯᠵᠢᠨ ᠮᠧᠲᠷ ᠲᠤ ᠬᠦᠷᠭᠡᠨ᠎ᠠ᠃ | ᠭᠤᠷᠪᠠ ᠳᠤ | ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠠ ᠪᠠᠷ ᠡᠬᠦᠰᠦᠭᠰᠡᠨ ᠠᠵᠤ ᠦᠢᠯᠡᠰ ᠢ ᠰᠦᠷᠦᠭᠵᠢᠬᠦᠯᠦᠨ ᠬᠦᠭᠵᠢᠬᠦᠯᠬᠦ ᠶᠢ ᠲᠦᠷᠭᠡᠳᠭᠡᠨ᠎ᠠ᠃ ᠳ᠋ᠦᠡᠭᠱᠸᠡᠭ᠂ ᠬᠢᠶ᠎ᠠ | ᠪᠠᠭᠰᠢ᠂ ᠠᠯᠳᠠᠨᠰᠢᠷᠡᠭᠡᠳᠤ ᠪᠠᠯᠭᠠᠰᠤ ᠶᠢᠨ ᠲᠤᠨᠤᠭᠯᠠᠯ ᠦᠢᠯᠡᠳᠬᠦ ᠦᠢᠯᠡᠰ ᠤᠨ ᠤᠷᠤᠨ ᠲᠤᠭᠤᠷᠢᠭ ᠲᠤ ᠲᠦᠰᠢᠭᠯᠡᠨ᠂ ᠮᠠᠰᠢᠨ ᠲᠡᠷᠭᠡ ᠦᠢᠯᠡᠳᠬᠦ᠂ ᠨᠡᠬᠦᠷᠡᠰᠦᠨ | ᠮᠠᠰᠢᠨ ᠬᠢᠮᠢ ᠶᠢᠨ ᠮᠠᠰᠢᠨ ᠦᠢᠯᠡᠳᠬᠦ ᠪᠠ ᠰᠢᠨ᠎ᠠ ᠡᠨᠧᠷᠬᠢ ᠶᠢᠨ ᠲᠤᠨᠤᠭᠯᠠᠯ ᠦᠢᠯᠡᠳᠬᠦ ᠪᠠᠷ ᠭᠤᠤᠯᠳᠠᠯᠭ᠎ᠠ ᠪᠤᠯᠭᠠᠭᠰᠠᠨ ᠦᠢᠯᠡᠳᠬᠦ ᠦᠢᠯᠡᠰ ᠤᠨ ᠬᠠᠪᠳᠠᠭᠠᠢ | ᠬᠡᠰᠡᠭ ᠢ ᠭᠤᠤᠯᠳᠠᠯᠭ᠎ᠠ ᠲᠠᠢ ᠪᠠᠶᠢᠭᠤᠯᠤᠨ᠎ᠠ᠃ ᠮᠠᠰᠢᠨᠲ᠋ᠡᠷᠭᠡ ᠦᠢᠯᠡᠳᠪᠦᠷᠢᠯᠠᠬᠦ ᠬᠦᠷᠢᠶ᠎ᠠ ᠬᠡᠪᠴᠢᠶ᠎ᠠ ᠶᠢ 50 ᠲᠦᠮᠠᠨ ᠲᠡᠷᠭᠡ᠂ ᠰᠡᠯᠪᠢᠭ ᠲᠤᠨᠤᠭᠯᠠᠯ ᠢ | ᠨᠤᠳᠤᠭᠴᠢᠯᠠᠭᠰᠠᠨ ᠨᠤᠷᠮ᠎ᠠ ᠶᠢ 40 % ᠠᠴᠠ ᠲᠡᠭᠡᠭᠰᠢ ᠬᠦᠷᠭᠡᠨ᠎ᠠ᠃ ᠰᠠᠯᠬᠢᠨ ᠡᠨᠧᠷᠬᠢ᠂ ᠨᠠᠷᠠᠨ ᠡᠨᠧᠷᠬᠢ ᠵᠡᠷᠭᠡ ᠰᠢᠨ᠎ᠠ ᠡᠨᠧᠷᠬᠢ ᠶᠢᠨ ᠲᠤᠨᠤᠭᠯᠠᠯ ᠤᠨ | ᠦᠢᠯᠡᠳᠪᠦᠷᠢᠯᠠᠯ ᠤᠨ ᠬᠦᠷᠢᠶ᠎ᠠ ᠬᠡᠪᠴᠢᠶ᠎ᠠ ᠶᠢ 1000 ᠰᠠᠶ᠎ᠠ ᠸᠠᠲ ᠬᠦᠷᠭᠡᠨ᠎ᠠ᠃ ᠮᠠᠰᠢᠨ ᠲᠠᠷᠭᠡ ᠵᠡᠷᠭᠡ ᠲᠤᠨᠤᠭᠯᠠᠯ ᠦᠢᠯᠡᠳᠬᠦ ᠠᠵᠤ ᠦᠢᠯᠡᠰ ᠤᠨ ᠠᠵᠤ | ᠦᠢᠯᠡᠳᠪᠦᠷᠢ ᠶᠢᠨ ᠨᠡᠮᠡᠭᠳᠡᠯ ᠦᠷᠳᠡᠭ ᠲᠤ ᠡᠵᠡᠯᠡᠬᠦ ᠬᠠᠷᠢᠴᠠᠯ ᠢ ᠲᠡᠭᠡᠭᠰᠢᠯᠡᠬᠦᠯᠦᠨ 10% ᠶᠢ ᠲᠠᠪᠠᠭᠤᠯᠵᠤ᠂ ᠤᠷᠤᠨ ᠲᠤᠭᠤᠷᠢᠭ ᠤᠨ ᠴᠢᠨᠠᠷᠳᠠᠢ ᠲᠠᠷᠢᠬᠦᠨ ᠤ | ᠲᠤᠨᠤᠭᠯᠠᠯ ᠦᠢᠯᠡᠳᠬᠦ ᠲᠦᠪ ᠪᠠᠶᠢᠭᠤᠯᠤᠨ᠎ᠠ᠃ ᠠᠵᠤ ᠦᠢᠯᠡᠰ ᠢ ᠰᠢᠯᠵᠢᠬᠦᠯᠬᠦ ᠶᠢ ᠢᠳᠠᠪᠬᠢᠳᠡᠢ ᠵᠠᠯᠭᠠᠮᠵᠢᠯᠠᠵᠤ᠂ PVC᠂ ᠬᠦᠡᠭᠭᠡᠨ ᠴᠠᠭᠠᠨ ᠤ ᠢᠰᠦᠯ᠂ | ᠸᠠᠭᠠᠷ ᠱᠠᠭᠠᠵᠠᠩ᠂ ᠤᠯᠠᠨ ᠲᠠᠯᠠᠰᠳᠤ ᠴᠠᠬᠢᠭᠤᠷ᠂ ᠬᠡᠷᠡᠯ ᠤᠨ ᠸᠤᠯᠲ ᠵᠡᠷᠭᠡ ᠠᠵᠤ ᠦᠢᠯᠡᠰ ᠢ ᠶᠡᠭᠡᠪᠡᠷ ᠬᠦᠭᠵᠢᠬᠦᠯᠦᠨ᠎ᠠ᠃ PVC᠂ ᠬᠦᠡᠭᠭᠡᠨ ᠴᠠᠭᠠᠨ ᠤ | ᠢᠰᠦᠯ ᠤᠨ ᠦᠢᠯᠡᠳᠪᠦᠷᠢᠯᠠᠯ ᠤᠨ ᠬᠦᠷᠢᠶ᠎ᠠ ᠬᠡᠪᠴᠢᠶ᠎ᠠ ᠶᠢ ᠲᠤᠰᠪᠤᠷᠢ 300 ᠲᠦᠮᠠᠨ ᠲᠤᠨ ᠪᠠ 200 ᠲᠦᠮᠠᠨ ᠲᠤᠨ ᠳᠤ ᠬᠦᠷᠭᠡᠵᠤ᠂ ᠸᠠᠭᠠᠷ ᠱᠠᠭᠠᠵᠠᠩ | ᠤᠨ ᠦᠢᠯᠡᠳᠪᠦᠷᠢᠯᠠᠯ ᠤᠨ ᠱᠤᠭᠤᠮ ᠢ 200 ᠵᠤᠷᠪᠤᠰ ᠲᠤ ᠬᠦᠷᠭᠡᠵᠤ᠂ ᠪᠠᠷᠠᠭᠤᠨ ᠬᠤᠶᠢᠲᠤ ᠤᠷᠤᠨ ᠤ ᠸᠠᠭᠠᠷ ᠱᠠᠭᠠᠵᠠᠩ ᠪᠠᠷᠢᠯᠭ᠎ᠠ ᠶᠢᠨ ᠮᠠᠲ᠋ᠧᠷᠢᠶᠠᠯ ᠤᠨ | ᠰᠠᠭᠤᠷᠢᠨ ᠭᠠᠵᠠᠷ ᠢ ᠪᠠᠶᠢᠭᠤᠯᠤᠨ᠎ᠠ᠃ ᠲᠦᠷᠪᠠ ᠳᠤ ᠮᠦᠡᠭᠬᠦᠨ ᠬᠦᠢᠯᠭᠡᠭᠡ᠂ ᠪᠤᠳᠠᠰ ᠤᠨ ᠬᠦᠢᠯᠭᠡᠭᠡ᠂ ᠰᠤᠶᠤᠯ ᠵᠤᠭᠠᠴᠠᠯ ᠵᠡᠷᠭᠡ ᠤᠳᠤ ᠦᠶ᠎ᠠ ᠶᠢᠨ | ᠦᠢᠯᠡᠴᠢᠯᠡᠭᠡᠨ ᠤ ᠦᠢᠯᠡᠰ ᠢ ᠶᠡᠭᠡᠪᠡᠷ ᠬᠦᠭᠵᠢᠬᠦᠯᠵᠤ᠂ ᠳ᠋ᠦᠡᠭᠱᠸᠡᠭ᠂ ᠬᠢᠶ᠎ᠠ ᠪᠠᠭᠰᠢ ᠶᠢᠨ ᠮᠦᠡᠭᠬᠦᠨ ᠬᠦᠢᠯᠭᠡᠭᠡᠨ ᠤ ᠠᠭᠤᠳᠠᠮ ᠲᠠᠯᠠᠪᠠᠢ᠂ ᠠᠯᠳᠠᠨᠰᠢᠷᠡᠭᠡᠳᠤ | ᠪᠠᠯᠭᠠᠰᠤ᠂ ᠬᠢᠶ᠎ᠠ ᠪᠠᠭᠰᠢ ᠰᠢᠨ᠎ᠠ ᠲᠤᠭᠤᠷᠢᠭ ᠤᠨ ᠪᠤᠳᠠᠰ ᠤᠨ ᠬᠦᠢᠯᠭᠡᠭᠡ ᠶᠢᠨ ᠤᠷᠤᠨ ᠲᠤᠭᠤᠷᠢᠭ᠂ ᠤᠷᠳᠤᠰ ᠤᠨ ᠰᠤᠶᠤᠯ ᠤᠨ ᠠᠵᠤ ᠦᠢᠯᠡᠰ ᠤᠨ ᠤᠷᠤᠨ | ᠲᠤᠭᠤᠷᠢᠭ ᠪᠠ ᠤᠯᠠᠨ ᠤᠯᠤᠰ ᠤᠨ ᠮᠠᠰᠢᠨ ᠲᠠᠷᠭᠡ ᠤᠷᠤᠯᠳᠤᠬᠤ ᠬᠤᠳᠠ ᠵᠡᠷᠭᠡ ᠤᠳᠤ ᠦᠶ᠎ᠠ ᠶᠢᠨ ᠦᠢᠯᠡᠴᠢᠯᠡᠭᠡᠨ ᠤ ᠦᠢᠯᠡᠰ ᠤᠨ ᠰᠦᠷᠦᠭᠵᠢᠯ ᠤᠨ ᠤᠷᠤᠨ | ᠢ ᠲᠦᠪᠯᠡᠷᠡᠬᠦᠯᠦᠨ ᠪᠠᠶᠢᠭᠤᠯᠵᠤ᠂ ᠴᠢᠩᠭᠢᠰ ᠬᠠᠭᠠᠨ ᠤ ᠤᠡᠭᠭᠤᠨ᠂ ᠪᠦᠷᠢᠶ᠎ᠠ ᠮᠠᠩᠬ᠎ᠠ ᠵᠡᠷᠭᠡ ᠵᠤᠭᠠᠴᠠᠯ ᠤᠨ ᠦᠵᠡᠮᠵᠢ ᠶᠢᠨ ᠤᠷᠤᠨ ᠤ ᠦᠢᠯᠡᠴᠢᠯᠡᠭᠡᠨ ᠤ ᠬᠢᠷᠢ | ᠲᠦᠪᠰᠢᠨ ᠢ ᠴᠢᠨᠠᠭᠰᠢᠳᠠ ᠲᠡᠭᠡᠭᠰᠢᠯᠡᠬᠦᠯᠵᠤ᠂ ᠮᠠᠰᠢᠨ ᠲᠡᠷᠭᠡᠨ ᠤ ᠤᠷᠤᠯᠳᠤᠭᠠᠨ᠂ ᠪᠠᠶ᠎ᠠ ᠶᠢᠨ ᠲᠠᠮᠢᠷ ᠪᠠᠶ᠎ᠠ ᠴᠠᠬᠢᠷᠠᠭᠵᠢᠭᠤᠯᠬᠤ᠂ ᠠᠮᠠᠷᠠᠨ ᠰᠠᠯᠡᠬᠦᠴᠡᠬᠦ ᠵᠡᠷᠭᠡ | ᠠᠵᠤ ᠦᠢᠯᠡᠰ ᠢ ᠶᠡᠭᠡᠪᠡᠷ ᠬᠦᠭᠵᠢᠬᠦᠯᠵᠦ᠂ ᠤᠷᠤᠨ ᠲᠤᠭᠤᠷᠢᠭ ᠤᠨ ᠴᠢᠨᠠᠷᠳᠠᠢ ᠦᠵᠦᠬᠦᠷ ᠲᠡᠰ ᠤᠨ ᠦᠢᠯᠡᠴᠢᠯᠡᠭᠡᠨ ᠤ ᠦᠢᠯᠡᠰ ᠤᠨ ᠲᠦᠪ ᠢ | ᠪᠠᠶᠢᠭᠤᠯᠤᠨ᠎ᠠ᠃ ᠲ᠊ᠤᠳᠤᠭᠠᠳᠤ ᠬᠡᠷᠡᠭᠴᠡᠭᠡ ᠪᠠᠨ ᠦᠷᠭᠡᠳᠭᠡᠬᠦ ᠲᠦᠷᠦ ᠶᠢ ᠪᠤᠳᠤᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ ᠤᠨ ᠤᠷᠳᠤᠨ ᠤ | ᠠᠵᠢᠯᠯᠠᠭ᠎ᠠ ᠪᠠ ᠵᠢᠯᠤᠭᠤᠳᠤᠯᠭ᠎ᠠ ᠶᠢ ᠴᠢᠩᠭᠠᠳᠬᠠᠵᠤ᠂ ᠵᠠᠬ᠎ᠠ ᠲᠡᠯᠭᠡᠬᠦᠷ ᠤᠨ ᠦᠢᠯᠡᠴᠢᠯᠡᠭᠡᠨ ᠤ ᠰᠢᠰᠲ᠋ᠧᠮᠵᠢ ᠶᠢ ᠲᠡᠬᠦᠯᠳᠡᠷᠵᠢᠬᠦᠯᠵᠤ᠂ ᠬᠡᠷᠡᠭᠯᠡᠭᠡ ᠶᠢᠨ ᠤᠷᠴᠢᠨ | ᠲᠤᠭᠤᠷᠢᠨ ᠢ ᠰᠢᠯᠢᠳᠡᠭᠵᠢᠬᠦᠯᠵᠤ᠂ ᠬᠡᠷᠡᠭᠯᠡᠭᠡ ᠶᠢᠨ ᠬᠠᠯᠠᠭᠤᠷᠠᠯ ᠤᠨ ᠴᠡᠭ ᠢ ᠪᠤᠶᠢᠵᠢᠭᠤᠯᠵᠤ᠂ ᠬᠡᠷᠡᠭᠯᠡᠭᠡ ᠶᠢᠨ ᠠᠵᠤ ᠠᠬᠤᠢ ᠶᠢᠨ ᠨᠡᠮᠡᠭᠳᠡᠯ ᠳᠤ ᠦᠵᠡᠬᠦᠯᠬᠦ | ᠲᠠᠳᠠᠯᠳᠠ ᠶᠢᠨ ᠦᠢᠯᠡᠳᠤᠯ ᠢ ᠦᠨᠡᠨᠬᠦ ᠲᠡᠭᠡᠭᠰᠢᠯᠡᠬᠦᠯᠦᠨ᠎ᠠ᠃ 2015 ᠤᠨ ᠪᠤᠯᠬᠤ ᠳᠤ᠂ ᠨᠠᠶᠢᠭᠡᠮ ᠤᠨ ᠬᠡᠷᠡᠭᠯᠡᠭᠡᠨ ᠤ ᠵᠦᠢᠯ ᠢ ᠵᠢᠵᠢᠭᠯᠡᠨ ᠪᠤᠷᠤᠯᠠᠭᠤᠯᠤᠭᠰᠠᠨ | ᠶᠡᠷᠦᠩᠭᠡᠢ ᠲᠤᠭ᠎ᠠ ᠶᠢ 850 ᠳ᠋ᠦᠡᠭᠰᠢᠭᠤᠷ ᠲᠦᠬᠦᠷᠢᠭ ᠲᠤ ᠬᠦᠷᠭᠡᠵᠤ᠂ ᠵᠢᠯ ᠪᠦᠷᠢ ᠲᠤᠮᠳᠠᠴᠢ ᠪᠠᠷ 17.4% ᠪᠠᠷ ᠨᠡᠮᠡᠭᠳᠡᠬᠦᠯᠵᠤ᠂ ᠪᠦᠬᠦ ᠬᠤᠳᠠ ᠶᠢᠨ | ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠦᠷᠳᠡᠭ ᠤᠨ GDP ᠳᠤ ᠡᠵᠡᠯᠡᠬᠦ ᠬᠠᠷᠢᠴᠠᠯ ᠢ 42% ᠠᠴᠠ ᠲᠡᠭᠡᠭᠰᠢ ᠬᠦᠷᠭᠡᠨ᠎ᠠ᠃ | ︵ᠬᠤᠶᠠᠷ︶ ᠬᠤᠳᠠ ᠬᠦᠳᠡᠭᠡ ᠶᠢ ᠨᠢᠭᠡᠳᠤᠯᠳᠠᠢ ᠲᠦᠯᠦᠪᠵᠢᠬᠦᠯᠦᠨ ᠬᠦᠭᠵᠢᠬᠦᠯᠬᠦ ᠶᠢ ᠯᠠᠪᠳᠠᠭᠤᠨ ᠪᠠᠳᠤᠳᠠᠢ ᠠᠬᠢᠭᠤᠯᠵᠤ᠂ ᠬᠤᠳᠠ ᠬᠦᠳᠡᠭᠡ ᠶᠢᠨ | ᠴᠤᠭᠴᠠᠵᠢᠭᠤᠯᠤᠭᠰᠠᠨ ᠬᠦᠭᠵᠢᠯᠳᠠ ᠶᠢᠨ ᠰᠢᠨ᠎ᠠ ᠪᠠᠶᠢᠳᠠᠯ ᠢ ᠡᠬᠦᠳᠤᠨ᠎ᠠ᠃ ᠦᠪᠡᠷᠳᠡᠭᠡᠨ ᠵᠠᠰᠠᠬᠤ ᠤᠷᠤᠨ ᠤ ᠬᠤᠳᠠ ᠬᠦᠳᠡᠭᠡ ᠶᠢ ᠨᠢᠭᠡᠳᠤᠯᠳᠠᠢ | ᠲᠦᠯᠦᠪᠵᠢᠬᠦᠯᠦᠨ ᠶᠡᠷᠦᠩᠭᠡᠶᠢᠯᠠᠨ ᠲᠦᠬᠦᠷᠵᠢᠬᠦᠯᠬᠦ ᠦᠭᠡᠷᠡᠴᠢᠯᠡᠯᠳᠠ ᠶᠢᠨ ᠲᠤᠷᠰᠢᠯᠳᠠ ᠶᠢᠨ ᠤᠷᠤᠨ ᠤ ᠪᠦᠳᠦᠭᠡᠨ ᠪᠠᠶᠢᠭᠤᠯᠤᠯᠳᠠ ᠶᠢᠨ ᠲᠦᠰᠦᠯ ᠢ ᠪᠦᠬᠦ ᠲᠠᠯ᠎ᠠ | ᠪᠠᠷ ᠨᠠᠶᠢᠳᠠᠪᠤᠷᠢᠵᠢᠭᠤᠯᠵᠤ᠂ ᠦᠬᠡᠷᠡᠴᠢᠯᠡᠯᠲᠡ ᠶᠢ ᠬᠦᠨᠵᠡᠬᠡᠶᠢᠷᠡᠬᠦᠯᠵᠤ᠂ ᠪᠠᠶᠢᠷᠢᠯᠡᠭᠤᠯᠤᠯᠳᠠ ᠶᠢ ᠰᠢᠯᠢᠳᠡᠭᠵᠢᠬᠦᠯᠦᠨ᠂ ᠲᠦᠷᠢᠮ ᠤᠨ ᠰᠢᠨ᠎ᠠ ᠶᠢ ᠡᠬᠦᠳᠴᠦ᠂ | 2015 ᠤᠨ ᠪᠤᠯᠬᠤ ᠳᠤ ᠬᠤᠳᠠ ᠬᠦᠳᠡᠭᠡ ᠶᠢᠨ ᠬᠦᠭᠵᠢᠯᠳᠠ ᠶᠢ ᠨᠢᠭᠡᠳᠤᠯᠳᠠᠢ ᠲᠦᠯᠦᠪᠵᠢᠬᠦᠯᠬᠦ ᠦᠨᠳᠦᠰᠦᠨ ᠲᠦᠷᠢᠮ ᠤᠨ ᠵᠠᠭᠪᠤᠷ ᠢ ᠪᠦᠷᠢᠯᠳᠤᠬᠦᠯᠬᠦ ᠪᠠᠷ | ᠴᠢᠷᠮᠠᠶᠢᠨ᠎ᠠ᠃ ᠨᠢᠭᠡ ᠳᠤ ᠬᠤᠳᠠ ᠶᠢᠨ ᠭᠤᠤᠯ ᠲᠤᠭᠤᠷᠢᠭ ᠤᠨ ᠪᠦᠳᠦᠭᠡᠨ ᠪᠠᠶᠢᠭᠤᠯᠤᠯᠳᠠ ᠶᠢ ᠶᠡᠭᠡᠪᠡᠷ ᠠᠬᠢᠭᠤᠯᠤᠨ᠎ᠠ᠃ ᠴᠢᠨᠠᠷ ᠢ ᠲᠡᠭᠡᠭᠰᠢᠯᠡᠬᠦᠯᠬᠦ ᠪᠠ | ᠪᠠᠭᠳᠠᠭᠠᠮᠵᠢ ᠶᠢ ᠦᠷᠭᠡᠳᠭᠡᠬᠦ ᠶᠢ ᠵᠡᠷᠭᠡᠪᠡᠷ ᠴᠢᠭᠤᠯᠠᠴᠢᠯᠡᠬᠤ ᠶᠢ ᠪᠠᠷᠢᠮᠳᠠᠯᠠᠵᠤ᠂ ᠦᠭᠡᠷᠡᠴᠢᠯᠡᠬᠦ ᠪᠠ ᠪᠦᠳᠦᠭᠡᠨ ᠪᠠᠶᠢᠭᠤᠯᠬᠤ ᠶᠢ ᠵᠡᠷᠭᠡᠪᠡᠷ ᠶᠠᠪᠤᠭᠳᠠᠭᠤᠯᠵᠤ᠂ | ᠳ᠋ᠦᠡᠭᠱᠸᠡᠭ ᠲᠤᠭᠤᠷᠢᠭ ᠪᠦᠳᠦᠭᠡᠨ ᠪᠠᠶᠢᠭᠤᠯᠤᠨ ᠦᠭᠡᠷᠡᠴᠢᠯᠡᠬᠦ ᠶᠢ ᠲᠦᠷᠭᠡᠳᠭᠡᠵᠤ᠂ ᠪᠠᠭᠳᠠᠭᠠᠮᠵᠢ᠂ ᠰᠦᠷᠦᠭᠵᠢᠯ ᠤᠨ ᠦᠵᠦᠬᠦᠷ ᠲᠡᠰ ᠤᠨ ᠬᠦᠴᠦᠨ ᠵᠦᠢᠯ ᠢ | ᠴᠢᠨᠠᠭᠰᠢᠳᠠ ᠴᠢᠩᠭᠠᠳᠬᠠᠵᠤ᠂ ᠤᠳᠤᠬᠢᠯᠠᠭᠰᠠᠨ ᠬᠤᠳᠠ ᠶᠢᠨ ᠬᠦᠷᠢᠶ᠎ᠠ ᠬᠡᠪᠴᠢᠶ᠎ᠠ ᠶᠢ ᠤᠷᠢᠳᠠᠪᠠᠷ ᠪᠦᠷᠢᠯᠳᠤᠬᠦᠯᠦᠨ᠎ᠠ᠃ ᠠᠯᠳᠠᠨᠰᠢᠷᠭᠡᠳᠤ ᠬᠢᠶ᠎ᠠ ᠪᠠᠭᠰᠢ ᠰᠢᠨ᠎ᠠ | ᠲᠤᠭᠤᠷᠢᠭ ᠤᠨ ᠤᠷᠤᠨ ᠵᠠᠢ ᠶᠢᠨ ᠪᠠᠶᠢᠷᠢᠯᠡᠭᠤᠯᠤᠯᠳᠠ᠂ ᠠᠵᠤ ᠦᠢᠯᠡᠰ ᠤᠨ ᠬᠦᠭᠵᠢᠯᠳᠠ᠂ ᠰᠠᠭᠤᠷᠢ ᠲᠦᠬᠦᠭᠡᠷᠦᠮᠵᠢ᠂ ᠤᠯᠠᠨ ᠨᠠᠶᠢᠳᠠ ᠶᠢᠨ ᠦᠢᠯᠡᠴᠢᠯᠡᠭᠡ ᠪᠠ | ᠤᠷᠤᠨ ᠲᠤᠭᠤᠷᠢᠭ ᠤᠨ ᠬᠠᠮᠢᠶᠠᠷᠤᠯᠳᠠ ᠶᠢ ᠴᠤᠭᠴᠠᠵᠢᠭᠤᠯᠤᠨ ᠬᠦᠭᠵᠢᠬᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠬᠦᠮᠦᠨ ᠤ ᠴᠤᠭ ᠵᠠᠯᠢ ᠪᠠ | ᠬᠤᠳᠠᠯᠳᠤᠭᠠᠨ ᠤ ᠴᠤᠭ ᠵᠠᠯᠢ ᠶᠢ ᠲᠦᠷᠭᠡᠨ ᠢᠶᠠᠷ ᠬᠤᠷᠠᠭᠤᠯᠵᠤ᠂ ᠤᠷᠤᠰᠢᠨ ᠰᠠᠭᠤᠵᠤ ᠦᠢᠯᠡᠰ ᠪᠦᠳᠦᠭᠡᠬᠦ ᠳᠤ ᠲᠤᠬᠢᠷᠠᠮᠵᠢᠳᠠᠢ ᠤᠳᠤᠬᠢᠴᠢᠯᠠᠭᠰᠠᠨ ᠰᠢᠨ᠎ᠠ | ᠬᠤᠳᠠ ᠶᠢᠨ ᠲᠤᠭᠤᠷᠢᠭ ᠢ ᠪᠠᠶᠢᠭᠤᠯᠤᠨ᠎ᠠ᠃ ᠬᠤᠶᠠᠷ ᠲᠤ ᠬᠤᠰᠢᠭᠤ ᠵᠠᠰᠠᠭ ᠤᠨ ᠤᠷᠳᠤᠨ ᠤ ᠰᠠᠭᠤᠭ᠎ᠠ ᠭᠠᠵᠠᠷ ᠪᠠ ᠠᠵᠤ ᠦᠢᠯᠡᠰ ᠤᠨ ᠴᠢᠬᠤᠯᠠ ᠪᠠᠯᠭᠠᠰᠤ | ᠶᠢᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠨ᠎ᠠ᠃ ᠱᠠᠭᠠᠵᠠᠮᠤᠨᠢ᠂ ᠰᠢᠤᠸᠠᠢ ᠵᠢᠶᠠ ᠸᠠᠨ ᠬᠤᠶᠠᠷ ᠲᠤᠰᠠᠯᠠᠬᠤ ᠭᠤᠤᠯᠳᠠᠯᠭᠠᠳᠤ ᠬᠤᠳᠠ ᠶᠢ ᠲᠦᠪᠯᠡᠷᠡᠬᠦᠯᠦᠨ | ᠪᠦᠳᠦᠭᠡᠨ ᠪᠠᠶᠢᠭᠤᠯᠵᠤ᠂ ᠰᠢᠨᠠᠪᠠᠯᠭᠠᠰᠤ᠂ ᠤᠯᠠᠭᠠᠨᠪᠠᠯᠭᠠᠰᠤ᠂ ᠭᠠᠯᠠᠭᠤᠳᠤ᠂ ᠤᠯᠵᠠᠴᠢ ᠪᠠ ᠱᠠᠩᠬᠠᠢ ᠶᠢᠨ ᠰᠦᠮ᠎ᠠ ᠵᠡᠷᠭᠡ ᠭᠤᠤᠯᠳᠠᠯᠭ᠎ᠠ ᠲᠠᠢ ᠬᠤᠳᠠ ᠪᠠᠯᠭᠠᠰᠤ | ᠶᠢᠨ ᠬᠦᠭᠵᠢᠯᠳᠠ ᠶᠢᠨ ᠬᠢᠷᠢ ᠲᠦᠪᠰᠢᠨ ᠢ ᠲᠡᠭᠡᠭᠰᠢᠯᠡᠬᠦᠯᠵᠤ᠂ ᠶᠡᠷᠦᠩᠭᠡᠶᠢᠯᠡᠭᠰᠡᠨ ᠠᠴᠢᠶᠠᠯᠠᠪᠤᠷᠢ ᠶᠢᠨ ᠴᠢᠳᠠᠪᠤᠷᠢ᠂ ᠰᠦᠷᠦᠭᠵᠢᠬᠦᠯᠦᠨ ᠰᠢᠩᠭᠡᠬᠦ ᠴᠢᠳᠠᠪᠤᠷᠢ᠂ | ᠤᠯᠠᠨ ᠨᠠᠶᠢᠳᠠ ᠶᠢᠨ ᠦᠢᠯᠡᠴᠢᠯᠡᠭᠡᠨ ᠤ ᠴᠢᠳᠠᠪᠤᠷᠢ ᠪᠠ ᠲᠠᠶᠢᠴᠢᠯᠠᠨ ᠲᠠᠭᠠᠭᠤᠯᠬᠤ ᠴᠢᠳᠠᠪᠤᠷᠢ ᠶᠢ ᠨᠡᠮᠡᠭᠳᠡᠬᠦᠯᠵᠤ᠂ 15 ᠲᠦᠮᠠᠨ ᠮᠠᠯᠴᠢᠨ ᠲᠠᠷᠢᠶᠠᠴᠢᠨ ᠢ | ᠰᠢᠯᠵᠢᠬᠦᠯᠦᠨ ᠰᠢᠩᠭᠡᠭᠡᠨ ᠠᠪᠴᠤ᠂ ᠬᠤᠳᠠ ᠪᠠᠯᠭᠠᠰᠤᠵᠢᠯᠳᠠ ᠶᠢᠨ ᠨᠤᠷᠮ᠎ᠠ ᠶᠢ ᠲᠡᠭᠡᠭᠰᠢᠯᠡᠬᠦᠯᠦᠨ 75% ᠶᠢ ᠲᠠᠪᠠᠭᠤᠯᠤᠨ᠎ᠠ᠃ ᠭᠤᠷᠪᠠ ᠳᠤ ᠰᠢᠨ᠎ᠠ ᠮᠠᠯᠵᠢᠬᠤ | ᠲᠠᠷᠢᠶᠠᠯᠠᠬᠤ ᠤᠷᠤᠨ ᠤ ᠪᠦᠳᠦᠭᠡᠨ ᠪᠠᠶᠢᠭᠤᠯᠤᠯᠳᠠ ᠶᠢ ᠲᠦᠷᠭᠡᠳᠭᠡᠨ᠎ᠠ᠃ ᠮᠠᠯᠵᠢᠬᠤ ᠲᠠᠷᠢᠶᠠᠯᠠᠬᠤ ᠤᠷᠤᠨ ᠤ ︽ᠭᠤᠷᠪᠠᠨ ᠤᠷᠤᠨ︾ ᠤ ᠬᠦᠭᠵᠢᠯᠳᠠ ᠶᠢᠨ | ᠲᠦᠯᠦᠪᠵᠢᠬᠦᠯᠭᠡ ᠶᠤᠰᠤᠭᠠᠷ᠂ ᠶᠡᠭᠡᠪᠡᠷ ᠲᠦᠪᠯᠡᠷᠡᠬᠦᠯᠦᠨ ᠪᠠᠭ᠎ᠠ ᠪᠠᠷ ᠰᠦᠷᠦᠭᠵᠢᠬᠦᠯᠬᠦ ᠶᠢ ᠪᠠᠷᠢᠮᠳᠠᠯᠠᠵᠤ᠂ ᠰᠢᠨ᠎ᠠ ᠮᠠᠯᠵᠢᠬᠤ ᠲᠠᠷᠢᠶᠠᠯᠠᠬᠤ ᠤᠷᠤᠨ ᠢ | ᠲᠦᠯᠦᠪᠵᠢᠬᠦᠯᠦᠨ ᠪᠦᠳᠦᠭᠡᠨ ᠪᠠᠶᠢᠭᠤᠯᠬᠤ ᠶᠢ ᠦᠨᠡᠨᠬᠦ ᠰᠠᠶᠢᠳᠤᠷ ᠬᠢᠵᠤ᠂ ᠭᠠᠴᠠᠭ᠎ᠠ ᠲᠤᠰᠬᠤᠨ ᠤ ᠪᠠᠶᠢᠷᠢᠯᠠᠭᠤᠯᠤᠯᠳᠠ ᠶᠢ ᠰᠢᠯᠢᠳᠡᠭᠵᠢᠬᠦᠯᠵᠤ᠂ ᠭᠠᠴᠠᠭ᠎ᠠ | ᠲᠤᠰᠬᠤᠨ ᠢ ᠴᠡᠭᠴᠡᠯᠠᠨ ᠨᠡᠶᠢᠯᠡᠬᠦᠯᠬᠦ ᠶᠢ ᠠᠬᠢᠭᠤᠯᠵᠤ᠂ ᠤᠳᠤᠬᠢᠴᠢᠯᠠᠭᠰᠠᠨ ᠰᠢᠨ᠎ᠠ ᠭᠠᠴᠠᠭ᠎ᠠ ᠲᠤᠰᠬᠤᠨ ᠢ ᠲᠦᠪᠯᠡᠷᠡᠬᠦᠯᠦᠨ ᠪᠠᠶᠢᠭᠤᠯᠵᠤ᠂ ᠮᠠᠯᠵᠢᠬᠤ | ᠲᠠᠷᠢᠶᠠᠯᠠᠬᠤ ᠤᠷᠤᠨ ᠤ ᠦᠢᠯᠡᠳᠪᠦᠷᠢᠯᠠᠯ ᠠᠮᠢᠳᠤᠷᠠᠯ ᠤᠨ ᠨᠦᠬᠦᠴᠡᠯ ᠢ ᠦᠨᠡᠨᠬᠦ ᠰᠠᠶᠢᠵᠢᠷᠠᠭᠤᠯᠤᠨ᠎ᠠ᠃ ᠬᠤᠳᠠ ᠬᠦᠳᠡᠭᠡ ᠶᠢᠨ ᠰᠤᠷᠭᠠᠨ ᠬᠦᠮᠦᠵᠢᠯ ᠂ | ᠰᠢᠨᠵᠢᠯᠡᠬᠦ ᠤᠬᠠᠭᠠᠨ ᠮᠡᠷᠭᠡᠵᠢᠯ᠂ ᠡᠮ ᠡᠮᠨᠡᠯᠭᠡ᠂ ᠰᠤᠶᠤᠯ᠂ ᠪᠠᠶ᠎ᠠ ᠶᠢᠨ ᠲᠠᠮᠢᠷ ᠵᠡᠷᠭᠡ ᠨᠡᠶᠢᠭᠡᠮ ᠤᠨ ᠡᠬᠢ ᠪᠠᠶᠠᠯᠢᠭ ᠢ ᠨᠢᠭᠡᠳᠤᠯᠳᠠᠢ ᠲᠦᠯᠦᠪᠵᠢᠬᠦᠯᠵᠤ᠂ ᠬᠤᠳᠠ | ᠬᠦᠳᠡᠭᠡ ᠶᠢᠨ ᠴᠤᠭᠴᠠᠵᠢᠭᠤᠯᠤᠭᠰᠠᠨ᠂ ᠲᠡᠩᠴᠡᠬᠦᠷᠢᠰᠢᠯᠡᠭᠰᠡᠨ᠂ ᠲᠦᠭᠡᠮᠡᠯᠵᠢᠬᠦᠯᠦᠭᠰᠡᠨ ᠤᠯᠠᠨ ᠨᠠᠶᠢᠳᠠ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠦᠷᠢᠯᠳᠤᠬᠦᠯᠦᠨ᠎ᠠ | ᠃ ᠲᠦᠷᠪᠠ ᠳᠤ ᠤᠳᠤ ᠦᠶ᠎ᠠ ᠶᠢᠨ ᠲᠠᠷᠢᠶᠠᠯᠠᠩ ᠤᠨ ᠮᠠᠯ ᠠᠵᠤ ᠠᠬᠤᠢ ᠶᠢ ᠶᠡᠭᠡᠪᠡᠷ ᠬᠦᠭᠵᠢᠬᠦᠯᠦᠨ᠎ᠠ᠃ ᠪᠠᠯᠠ ᠤᠷᠤᠭᠤᠯᠤᠯᠳᠠ ᠶᠢ ᠡᠷᠴᠢᠮᠵᠢᠬᠦᠯᠬᠦ᠂ ᠲᠠᠷᠢᠶᠠᠯᠠᠬᠤ | ᠶᠢ ᠮᠧᠬᠠᠨᠢᠭᠵᠢᠭᠤᠯᠬᠤ᠂ ᠡᠵᠡᠩᠨᠡᠯᠳᠠ ᠶᠢ ᠠᠵᠤ ᠦᠢᠯᠡᠰᠵᠢᠬᠦᠯᠬᠦ᠂ ᠬᠠᠮᠢᠶᠠᠷᠤᠯᠳᠠ ᠶᠢ ᠴᠢᠮᠡᠭᠡ ᠵᠠᠩᠬᠢᠴᠢᠯᠠᠬᠤ ᠶᠢ ᠪᠠᠷᠢᠮᠳᠠᠯᠠᠵᠤ᠂ ᠬᠠᠳᠤᠨ ᠭᠤᠤᠯ ᠲᠠᠭᠠᠤ ᠤᠳᠤ | ᠦᠶ᠎ᠠ ᠶᠢᠨ ᠲᠠᠷᠢᠶᠠᠯᠠᠩ ᠮᠠᠯ ᠠᠵᠤ ᠠᠬᠤᠢ ᠶᠢᠨ ᠵᠢᠱᠢᠶ᠎ᠠ ᠦᠵᠡᠬᠦᠯᠬᠦ ᠰᠠᠭᠤᠷᠢᠨ ᠭᠠᠵᠠᠷ᠂ ᠵᠠᠭᠤᠨ ᠲᠦᠮᠠᠨ ᠠᠯᠠᠰᠢᠨ ᠬᠤᠨᠢ ᠶᠢᠨ ᠰᠠᠭᠤᠷᠢᠨ ᠭᠠᠵᠠᠷ ᠪᠠ | ᠰᠢᠷᠬᠤᠰᠤᠨ ᠭᠤᠤᠯ ᠲᠠᠭᠠᠤ ᠠᠯᠠᠰᠢᠨ ᠦᠭᠡᠷ ᠤᠨ ᠰᠠᠭᠤᠷᠢᠨ ᠭᠠᠵᠠᠷ ᠢ ᠲᠦᠷᠭᠡᠨ ᠢᠶᠠᠷ ᠪᠦᠳᠦᠭᠡᠨ ᠪᠠᠶᠢᠭᠤᠯᠵᠤ᠂ ᠤᠳᠤ ᠦᠶ᠎ᠠ ᠶᠢᠨ ᠲᠠᠷᠢᠶᠠᠯᠠᠩ ᠮᠠᠯ ᠠᠵᠤ | ᠠᠬᠤᠢ ᠶᠢᠨ ᠤᠷᠤᠨ ᠲᠤᠭᠤᠷᠢᠭ ᠢ ᠵᠠᠭᠪᠤᠷᠵᠢᠭᠤᠯᠤᠨ ᠬᠦᠭᠵᠢᠬᠦᠯᠬᠦ ᠶᠢ ᠠᠬᠢᠭᠤᠯᠤᠨ᠎ᠠ᠃ 2015 ᠤᠨ ᠪᠤᠯᠬᠤ ᠳᠤ᠂ ᠪᠦᠬᠦ ᠬᠤᠳᠠ ᠶᠢᠨ ᠤᠳᠤ ᠦᠶ᠎ᠠ ᠶᠢᠨ | ᠲᠠᠷᠢᠶᠠᠯᠠᠩ ᠤᠨ ᠰᠠᠭᠤᠷᠢᠨ ᠭᠠᠵᠠᠷ ᠤᠨ ᠶᠡᠷᠦᠩᠬᠡᠢ ᠬᠡᠪᠴᠢᠶ᠎ᠠ ᠶᠢ 350 ᠲᠦᠮᠠᠨ ᠮᠤ᠋ ᠬᠦᠷᠭᠡᠨ᠎ᠠ᠃ ᠺᠤᠮᠫᠠᠨᠢᠴᠢᠯᠠᠭᠰᠠᠨ᠂ ᠨᠡᠷᠡᠳᠤ ᠲᠠᠸᠠᠷ ᠤᠨ | ᠲᠡᠮᠳᠡᠭᠴᠢᠯᠡᠭᠰᠡᠨ ᠲᠠᠷᠢᠶᠠᠯᠠᠩ ᠮᠠᠯ ᠠᠵᠤ ᠠᠬᠤᠢ ᠶᠢ ᠬᠦᠭᠵᠢᠬᠦᠯᠵᠤ᠂ ᠠᠯᠠᠰᠢᠨ ᠬᠤᠨᠢ᠂ ᠠᠯᠠᠰᠢᠨ ᠦᠭᠡᠷ᠂ ᠢᠳᠡᠰᠢᠨ ᠨᠤᠭᠤᠭ᠎ᠠ᠂ ᠤᠷᠢᠶᠠᠮᠠᠭ ᠵᠠᠮᠠᠭ᠂ ᠤᠢ | ᠡᠯᠡᠰᠤ ᠵᠡᠷᠭᠡ ᠭᠤᠤᠯᠳᠠᠯᠭ᠎ᠠ ᠲᠠᠢ ᠠᠵᠤ ᠦᠢᠯᠡᠰ ᠤᠨ ᠲᠤᠭᠤᠷᠢᠨ ᠳᠤ᠂ ᠮᠠᠯᠴᠢᠨ ᠲᠠᠷᠢᠶᠠᠴᠢᠨ ᠤ ᠲᠤᠰᠬᠠᠢ ᠬᠠᠮᠳᠤᠷᠠᠯᠴᠠᠭ᠎ᠠ ᠶᠢᠨ ᠵᠤᠬᠢᠶᠠᠨ ᠪᠠᠶᠢᠭᠤᠯᠤᠯᠳᠠ ᠂ | ᠲᠠᠷᠢᠵᠤ ᠲᠡᠵᠢᠬᠡᠬᠦ ᠲᠤᠮᠤ ᠡᠷᠦᠭᠡ᠂ ᠲᠤᠯᠤᠭᠠᠶᠢᠯᠠᠬᠤ ᠠᠵᠤ ᠠᠬᠤᠶᠢᠯᠠᠯ ᠵᠡᠷᠭᠡ ᠰᠢᠨ᠎ᠠ ᠬᠡᠯᠪᠡᠷᠢ ᠶᠢᠨ ᠵᠠᠬ᠎ᠠ ᠲᠡᠯᠭᠡᠬᠦᠷ ᠤᠨ ᠭᠤᠤᠯ ᠴᠤᠭᠴᠠ ᠶᠢ ᠢᠳᠡᠪᠬᠢᠳᠠᠢ | ᠪᠤᠶᠢᠵᠢᠭᠤᠯᠵᠤ᠂ ︽ᠪᠤᠬᠢᠷᠳᠤᠯ ᠦᠭᠡᠢ ᠢᠳᠡᠭᠡᠨ︾ ᠤ ᠠᠵᠤ ᠦᠢᠯᠡᠰ ᠤᠨ ᠰᠠᠭᠤᠷᠢᠨ ᠭᠠᠵᠠᠷ ᠢ ᠪᠠᠶᠢᠭᠤᠯᠤᠨ᠎ᠠ᠃ ᠲᠠᠪᠤ ᠳᠤ ᠠᠮᠢ ᠠᠬᠤᠢ ᠶᠢᠨ ᠪᠤᠯᠪᠠᠰᠤᠨ | ᠤ ᠪᠠᠶᠢᠭᠤᠯᠤᠯᠳᠠ ᠶᠢ ᠴᠢᠩᠭᠠᠳᠬᠠᠨ᠎ᠠ᠃ ᠮᠠᠯ ᠪᠠᠯᠴᠢᠭᠡᠷᠯᠡᠬᠦᠯᠬᠦ ᠶᠢ ᠴᠠᠭᠠᠵᠠᠯᠠᠬᠤ᠂ ᠰᠡᠯᠬᠦᠨ ᠮᠠᠯᠵᠢᠬᠤ ᠪᠠ ᠬᠡᠰᠡᠭ ᠬᠤᠪᠢᠶᠠᠨ ᠡᠭᠡᠯᠵᠢᠯᠠᠨ ᠮᠠᠯᠵᠢᠬᠤ ᠲᠦᠷᠦ ᠶᠢᠨ | ᠪᠤᠳᠤᠯᠭ᠎ᠠ ᠶᠢ ᠦᠷᠬᠦᠯᠵᠢᠯᠠᠨ ᠬᠡᠷᠡᠭᠵᠢᠬᠦᠯᠵᠤ᠂ ᠠᠮᠢ ᠠᠬᠤᠢ ᠶᠢᠨ ᠭᠤᠤᠯᠳᠠᠯᠭ᠎ᠠ ᠲᠠᠢ ᠪᠠᠷᠢᠯᠭ᠎ᠠ ᠶᠢᠨ ᠪᠦᠳᠦᠭᠡᠨ ᠪᠠᠶᠢᠭᠤᠯᠤᠯᠳᠠ ᠶᠢ ᠰᠠᠶᠢᠳᠤᠷ ᠠᠳᠬᠤᠵᠤ᠂ ᠠᠮᠢ | ᠠᠬᠤᠢ ᠶᠢᠨ ᠠᠶᠠᠨᠳᠠᠭᠠᠨ ᠰᠡᠷᠬᠦᠬᠦ ᠶᠢ ᠠᠬᠢᠭᠤᠯᠤᠨ᠎ᠠ︔ ᠡᠨᠧᠷᠬᠢ ᠠᠷᠪᠢᠯᠠᠨ ᠪᠤᠬᠢᠷᠳᠤᠯ ᠢ ᠪᠠᠭᠠᠰᠬᠠᠬᠤ ᠶᠢ ᠠᠬᠢᠭᠤᠯᠵᠤ᠂ ᠬᠤᠴᠤᠷᠤᠭᠳᠠᠩᠭᠤᠢ ᠦᠢᠯᠡᠳᠪᠦᠷᠢᠯᠠᠯ | ᠤᠨ ᠴᠢᠳᠠᠪᠤᠷᠢ ᠶᠢ ᠲᠠᠶᠠᠭᠳᠠᠭᠤᠯᠵᠤ᠂ ᠠᠮᠢ ᠠᠬᠤᠢ ᠶᠢᠨ ᠪᠤᠯᠪᠠᠰᠤᠨ ᠤ ᠰᠢᠨ᠎ᠠ ᠪᠠᠶᠢᠳᠠᠯ ᠢ ᠪᠦᠷᠢᠯᠳᠤᠬᠦᠯᠦᠨ᠎ᠠ᠃ 2015 ᠤᠨ ᠪᠤᠯᠬᠤ ᠳᠤ᠂ ᠪᠦᠬᠦ ᠬᠤᠳᠠ | ᠶᠢᠨ ᠤᠢ ᠰᠢᠭᠤᠢ ᠶᠢᠨ ᠪᠦᠷᠬᠦᠪᠴᠢ ᠶᠢᠨ ᠨᠤᠷᠮ᠎ᠠ ᠶᠢ ᠲᠡᠭᠡᠭᠰᠢᠯᠡᠬᠦᠯᠦᠨ 26% ᠳᠤ ᠬᠦᠷᠭᠡᠨ᠎ᠠ᠃ | ︵ᠭᠤᠷᠪᠠ︶ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠤ᠂ ᠤᠷᠤᠨ ᠲᠤᠭᠤᠷᠢᠭ ᠤᠨ ᠬᠦᠭᠵᠢᠯᠳᠠ ᠶᠢᠨ | ᠶᠡᠷᠦᠩᠭᠡᠶᠢᠯᠡᠭᠰᠡᠨ ᠪᠠᠳᠤᠯᠠᠭ᠎ᠠ ᠶᠢᠨ ᠴᠢᠳᠠᠪᠤᠷᠢ ᠶᠢ ᠴᠢᠨᠠᠭᠰᠢᠳᠠ ᠲᠡᠭᠡᠭᠰᠢᠯᠡᠬᠦᠯᠦᠨ᠎ᠠ᠃ ᠤᠰᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠲᠦᠯᠦᠪᠵᠢᠬᠦᠯᠭᠡ ᠶᠢ | ᠰᠠᠶᠢᠳᠤᠷ ᠬᠢᠵᠤ᠂ ᠤᠰᠤ ᠬᠠᠨᠭ᠍ᠭᠠᠬᠤ ᠭᠤᠤᠯᠳᠠᠯᠭ᠎ᠠ ᠲᠠᠢ ᠪᠠᠷᠢᠯᠭ᠎ᠠ ᠶᠢᠨ ᠪᠦᠳᠦᠭᠡᠨ ᠪᠠᠶᠢᠭᠤᠯᠤᠯᠳᠠ ᠶᠢ ᠲᠦᠷᠭᠡᠨ ᠢᠶᠠᠷ ᠠᠬᠢᠭᠤᠯᠵᠤ᠂ ᠤᠷᠤᠨ ᠲᠤᠭᠤᠷᠢᠭ | ᠠᠯᠤᠰᠯᠠᠭᠤᠯᠤᠨ ᠤᠰᠤᠨ ᠤ ᠡᠷᠬᠡ ᠶᠢ ᠬᠠᠯᠠᠬᠤ ᠪᠠᠷᠢᠯᠭ᠎ᠠ ᠪᠠ ᠤᠰᠤ ᠡᠯᠡᠰᠦ ᠶᠢ ᠬᠤᠪᠢᠷᠠᠭᠤᠯᠬᠤ ᠪᠠᠷᠢᠯᠭ᠎ᠠ ᠶᠢ ᠡᠬᠢᠯᠡᠬᠦᠯᠵᠤ᠂ ᠰᠢᠯᠢᠳᠡᠭ ᠴᠢᠨᠠᠷ ᠲᠠᠢ | ᠠᠶᠤᠯᠬᠦᠢ ᠤᠰᠤ ᠬᠠᠨᠭ᠍ᠭᠠᠬᠤ ᠲᠤᠤᠷ ᠤᠨ ᠰᠢᠰᠲ᠋ᠧᠮᠵᠢ ᠶᠢ ᠪᠠᠶᠢᠭᠤᠯᠤᠨ᠎ᠠ᠃ ᠲᠠᠪᠤᠨ ᠵᠢᠯ ᠳᠤ ᠪᠦᠬᠦ ᠬᠤᠳᠠ ᠶᠢᠨ ᠤᠰᠤ ᠬᠠᠨᠭ᠍ᠭᠠᠬᠤ ᠴᠢᠳᠠᠪᠤᠷᠢ ᠶᠢ ᠰᠢᠨ᠎ᠠ ᠪᠠᠷ 3. | 5 ᠳ᠋ᠦᠡᠭᠰᠢᠭᠤᠷ ᠪᠤᠰᠤᠭ᠎ᠠ ᠲᠦᠷᠪᠠᠯᠵᠢᠨ ᠮᠧᠲᠷ ᠨᠡᠮᠡᠭᠳᠡᠬᠦᠯᠦᠨ᠎ᠠ᠃ ᠵᠠᠮ ᠬᠠᠷᠢᠯᠴᠠᠭᠠᠨ ᠤ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢ | ᠴᠢᠩᠭᠠᠳᠬᠠᠵᠤ᠂ ᠵᠠᠮ ᠬᠠᠷᠢᠯᠴᠠᠭᠠᠨ ᠤ ᠭᠠᠷᠬᠤ ᠡᠬᠦᠳᠠ ᠶᠢ ᠴᠦᠮ ᠨᠡᠪᠳᠡᠷᠡᠬᠦᠯᠵᠤ᠂ ᠬᠤᠰᠢᠭᠤ ᠲᠤᠭᠤᠷᠢᠭ ᠤᠨ ᠬᠤᠭᠤᠷᠤᠨᠳᠤᠬᠢ ᠦᠨᠳᠦᠷ ᠲᠡᠰ ᠤᠨ ᠵᠠᠰᠠᠮᠠᠯ | ᠵᠠᠮ ᠢ ᠬᠤᠯᠪᠤᠨ ᠵᠠᠯᠭᠠᠬᠤ ᠪᠠᠷᠢᠯᠭ᠎ᠠ ᠶᠢ ᠪᠠᠶᠠᠯᠡᠬᠦᠯᠵᠤ᠂ ᠲᠡᠭᠡᠳᠤ ᠬᠤᠷᠳᠤᠴᠠᠳᠤ ᠬᠦᠨᠳᠤ ᠠᠴᠢᠶᠠᠨ ᠤ ᠨᠡᠬᠦᠷᠡᠰᠤ ᠲᠡᠭᠡᠭᠡᠪᠦᠷᠢᠯᠡᠬᠦ ᠵᠠᠮ ᠤᠨ ᠪᠦᠳᠦᠭᠡᠨ | ᠪᠠᠶᠢᠭᠤᠯᠤᠯᠳᠠ ᠶᠢ ᠲᠦᠷᠭᠡᠳᠭᠡᠵᠤ᠂ ᠤᠷᠤᠨ ᠲᠤᠭᠤᠷᠢᠭ ᠵᠠᠯᠭᠠᠭᠰᠠᠨ᠂ ᠬᠤᠰᠢᠭᠤ ᠲᠤᠭᠤᠷᠢᠭ ᠢ ᠨᠡᠪᠳᠡᠷᠡᠬᠦᠯᠦᠭᠰᠡᠨ᠂ ᠤᠷᠴᠢᠨ ᠬᠠᠪᠢ ᠶᠢ ᠵᠠᠯᠭᠠᠨ | ᠨᠡᠪᠳᠡᠷᠡᠬᠦᠯᠦᠭᠰᠡᠨ ᠦᠨᠳᠦᠷ ᠲᠡᠰ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠤᠤᠷ ᠢ ᠲᠦᠷᠭᠡᠨ ᠢᠶᠠᠷ ᠪᠠᠶᠢᠭᠤᠯᠤᠨ᠎ᠠ᠃ | ︽ᠭᠤᠷᠪᠠᠨ ᠬᠦᠨᠳᠡᠯᠠᠨ ᠲᠦᠷᠪᠠᠨ ᠭᠤᠯᠳᠤ︾ ᠲᠠᠮᠤᠷ ᠵᠠᠮ ᠤᠨ ᠲᠤᠤᠷ ᠤᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠵᠤ᠂ ᠲᠤᠤᠷᠵᠢᠯ ᠢ | ᠲᠡᠬᠦᠯᠳᠡᠷᠵᠢᠬᠦᠯᠦᠨ᠂ ᠵᠠᠮ ᠨᠡᠭᠡᠭᠡᠵᠤ᠂ ᠪᠦᠬᠦ ᠬᠤᠳᠠ ᠶᠢᠨ ᠲᠠᠮᠤᠷ ᠵᠠᠮ ᠤᠨ ᠲᠡᠭᠡᠭᠡᠪᠦᠷᠢ ᠡᠵᠡᠩᠨᠠᠯᠳᠠ ᠶᠢᠨ ᠵᠠᠮ ᠤᠨ ᠵᠠᠢ ᠶᠢ 3800 ᠺᠢᠯᠤᠮᠧᠲᠷ ᠲᠤ | ᠬᠦᠷᠭᠡᠨ᠎ᠠ᠃ ᠤᠷᠳᠤᠰ ᠨᠢᠰᠭᠡᠯ ᠤᠨ ᠪᠠᠭᠤᠳᠠᠯ ᠢ ᠦᠭᠡᠷᠡᠴᠢᠯᠡᠨ ᠦᠷᠭᠡᠳᠭᠡᠨ ᠪᠠᠶᠢᠭᠤᠯᠬᠤ ᠪᠠᠷᠢᠯᠭ᠎ᠠ ᠶᠢ ᠪᠠᠶᠠᠯᠡᠬᠦᠯᠵᠤ᠂ ᠠᠭᠠᠷ ᠤᠨ ᠠᠶᠠᠯᠠᠯ ᠤᠨ ᠱᠤᠭᠤᠮ ᠢ | ᠰᠢᠯᠢᠳᠡᠭᠵᠢᠬᠦᠯᠦᠨ ᠨᠢᠬᠳᠠᠷᠠᠭᠤᠯᠵᠤ᠂ ᠤᠯᠠᠨ ᠤᠯᠤᠰ ᠤᠨ ᠠᠭᠠᠷ ᠤᠨ ᠠᠶᠠᠯᠠᠯ ᠤᠨ ᠱᠤᠭᠤᠮ ᠢ ᠨᠡᠭᠡᠭᠡᠬᠦ ᠪᠠᠷ ᠴᠢᠷᠮᠠᠶᠢᠨ᠎ᠠ᠃ ᠴᠠᠬᠢᠯᠭᠠᠨ ᠲᠤᠤᠷ ᠤᠨ | ᠪᠠᠶᠢᠷᠢᠯᠠᠭᠤᠯᠤᠯᠳᠠ ᠶᠢ ᠲᠡᠭᠦᠯᠳᠡᠷᠵᠢᠬᠦᠯᠵᠤ᠂ ᠤᠨᠴᠠ ᠦᠨᠳᠤᠷ ᠬᠦᠴᠦᠳᠠᠯᠳᠤ ᠴᠠᠬᠢᠯᠭᠠᠨ ᠬᠦᠴᠦ ᠶᠢ ᠭᠠᠳᠠᠭᠰᠢ ᠲᠠᠮᠵᠢᠭᠤᠯᠬᠤ ᠵᠠᠮ ᠢ ᠲᠦᠯᠦᠪᠵᠢᠬᠦᠯᠦᠨ | ᠪᠦᠳᠦᠭᠡᠨ ᠪᠠᠶᠢᠭᠤᠯᠵᠤ᠂ ᠤᠯᠤᠰ ᠤᠨ ᠴᠠᠬᠢᠯᠭᠠᠨ ᠬᠦᠴᠦᠨ ᠢ ᠭᠠᠳᠠᠭᠰᠢ ᠲᠠᠮᠵᠢᠭᠤᠯᠬᠤ ᠵᠠᠮ ᠤᠨ ᠤᠷᠤᠰᠬᠠᠯ ᠨᠡᠶᠢᠯᠡᠬᠦ ᠦᠷᠳᠡᠭᠡ ᠶᠢ ᠪᠠᠶᠢᠭᠤᠯᠤᠨ᠎ᠠ᠃ ᠪᠦᠬᠦ | ᠬᠤᠲᠠ ᠶᠢᠨ ᠴᠠᠬᠢᠯᠭᠠᠨ ᠬᠦᠴᠦᠨ ᠢ ᠭᠠᠳᠠᠭᠰᠢ ᠲᠠᠮᠵᠢᠭᠤᠯᠬᠤ ᠴᠢᠳᠠᠪᠤᠷᠢ ᠶᠢ 1200 ᠲᠦᠮᠠᠨ ᠺᠢᠯᠤᠸᠠᠲ ᠠᠴᠠ ᠲᠡᠭᠡᠭᠰᠢ ᠬᠦᠷᠭᠡᠨ᠎ᠠ᠃ ᠤᠷᠳᠤᠰ ᠠᠴᠠ | ᠪᠡᠭᠡᠵᠢᠩ ᠲᠢᠶᠠᠨᠵᠢᠨ ᠲᠠᠩᠱᠠᠨ ᠵᠡᠷᠭᠡ ᠭᠠᠵᠠᠷ ᠲᠤ ᠬᠦᠷᠬᠦ ᠬᠢᠮᠢ ᠶᠢᠨ ᠦᠢᠯᠡᠳᠬᠦᠨ ᠢ ᠭᠠᠳᠠᠭᠰᠢ ᠲᠠᠮᠵᠢᠭᠤᠯᠬᠤ ᠬᠤᠭᠤᠯᠠᠢ ᠶᠢ ᠲᠦᠯᠦᠪᠵᠢᠬᠦᠯᠦᠨ ᠪᠦᠳᠦᠭᠡᠨ | ᠪᠠᠶᠢᠭᠤᠯᠵᠤ᠂ ᠲᠡᠭᠡᠭᠡᠪᠦᠷᠢᠯᠡᠬᠦ ᠰᠢᠨ᠎ᠠ ᠵᠠᠮ ᠢ ᠨᠡᠭᠡᠭᠡᠨ᠎ᠠ᠃ ᠴᠢᠮᠡᠭᠡ ᠵᠠᠩᠭᠢ ᠶᠢᠨ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠤ᠂ | ᠴᠢᠮᠡᠭᠡ ᠵᠠᠩᠭᠢᠴᠢᠯᠠᠯᠳᠠ ᠪᠠ ᠠᠵᠤ ᠦᠢᠯᠡᠳᠪᠦᠷᠢᠵᠢᠯᠳᠠ ᠠᠭᠤᠰᠤᠯᠴᠠᠨ ᠬᠦᠭᠵᠢᠬᠦ ᠶᠢ ᠶᠡᠭᠡᠪᠠᠷ ᠠᠬᠢᠭᠤᠯᠵᠤ᠂ ᠪᠦᠬᠦ ᠬᠤᠳᠠ ᠶᠢ ᠪᠦᠷᠬᠦᠭᠰᠡᠨ ᠶᠡᠷᠦᠩᠭᠡᠶᠢᠯᠡᠭᠰᠡᠨ | ᠴᠢᠮᠡᠭᠡ ᠵᠠᠩᠭᠢ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠵᠤ᠂ ᠵᠠᠰᠠᠭ ᠵᠠᠬᠢᠷᠭᠠᠨ ᠤ ᠭᠠᠴᠠᠭ᠎ᠠ ᠲᠤᠰᠬᠤᠨ ᠳᠤ ᠦᠷᠭᠡᠨ ᠪᠦᠰᠠ ᠶᠢ ᠨᠡᠪᠳᠡᠷᠡᠬᠦᠯᠬᠦ | ᠬᠠᠷᠠᠯᠳᠠ ᠶᠢ ᠪᠠᠶᠠᠯᠠᠬᠦᠯᠦᠨ᠎ᠠ᠃ | ︵ᠲᠦᠷᠪᠠ︶ ᠰᠢᠨᠵᠢᠯᠡᠬᠦ ᠤᠬᠠᠭᠠᠨ ᠮᠡᠷᠭᠡᠵᠢᠯ ᠢᠶᠠᠷ ᠬᠤᠳᠠ ᠪᠠᠨ ᠬᠦᠭᠵᠢᠬᠦᠯᠬᠦ ᠪᠠ ᠴᠢᠳᠠᠪᠤᠷᠢᠳᠠᠨ ᠢᠶᠠᠷ ᠬᠤᠳᠠ ᠪᠠᠨ ᠬᠦᠴᠦᠷᠭᠡᠭᠵᠢᠬᠦᠯᠬᠦ ᠪᠠᠶᠢᠯᠳᠤᠬᠤ | ᠪᠤᠳᠤᠯᠭ᠎ᠠ ᠶᠢ ᠬᠦᠨᠵᠡᠬᠡᠢ ᠬᠡᠷᠡᠭᠵᠢᠬᠦᠯᠵᠤ᠂ ᠪᠠᠶ᠎ᠠ ᠪᠠᠨ ᠲᠠᠭᠠᠭᠠᠨ ᠰᠢᠨ᠎ᠠ ᠶᠢ ᠡᠬᠦᠳᠬᠦ ᠴᠢᠳᠠᠪᠤᠷᠢ ᠶᠢ ᠴᠢᠷᠮᠠᠶᠢᠨ ᠲᠡᠭᠡᠭᠰᠢᠯᠡᠬᠦᠯᠦᠨ᠎ᠠ᠃ ᠨᠢᠭᠡ ᠳᠤ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠠ ᠶᠢ ᠡᠬᠦᠳᠬᠦ ᠰᠢᠰᠲ᠋ᠧᠮᠵᠢ ᠶᠢ ᠲᠦᠷᠭᠡᠨ ᠢᠶᠠᠷ ᠪᠠᠶᠢᠭᠤᠯᠤᠨ᠎ᠠ᠃ ᠡᠳ᠋ ᠤᠨ ᠵᠠᠰᠠᠭ᠂ ᠠᠵᠤ ᠠᠬᠤᠶᠢᠯᠠᠯ ᠪᠠ ᠨᠡᠶᠢᠭᠡᠮ ᠤᠨ ᠪᠠᠯᠠ | ᠤᠷᠤᠭᠤᠯᠤᠯᠳᠠ ᠶᠢ ᠨᠡᠮᠡᠭᠳᠡᠬᠦᠯᠵᠤ᠂ ᠠᠵᠤ ᠠᠬᠤᠶᠢᠯᠠᠯ ᠢᠶᠠᠷ ᠭᠤᠤᠯ ᠴᠤᠭᠴᠨ ᠪᠤᠯᠭᠠᠵᠤ᠂ ᠵᠠᠬ᠎ᠠ ᠲᠠᠯᠭᠡᠬᠦᠷ ᠢᠶᠠᠷ ᠤᠳᠤᠷᠢᠳᠤᠮᠵᠢ ᠪᠤᠯᠭᠠᠨ᠂ ᠵᠠᠰᠠᠭ ᠤᠨ | ᠤᠷᠳᠤᠨ ᠠᠴᠠ ᠠᠬᠢᠭᠤᠯᠵᠤ᠂ ᠦᠢᠯᠡᠪᠦᠷᠢᠯᠡᠬᠦ ᠵᠢᠭᠠᠬᠤ ᠰᠤᠳᠤᠯᠬᠤ ᠶᠢ ᠤᠶᠠᠯᠳᠤᠭᠤᠯᠤᠭᠰᠠᠨ ᠴᠢᠯᠤᠭᠡᠳᠤ ᠴᠢᠨᠠᠷ ᠲᠠᠢ ᠤᠷᠤᠨ ᠲᠤᠭᠤᠷᠢᠭ ᠤᠨ ᠰᠢᠨ᠎ᠠ ᠶᠢ | ᠡᠬᠦᠳᠬᠦ ᠰᠢᠰᠲ᠋ᠧᠮᠵᠢ ᠶᠢ ᠪᠠᠶᠢᠭᠤᠯᠤᠨ᠎ᠠ᠃ ᠤᠷᠳᠤᠰ ᠤᠨ ᠲᠤᠤᠷ᠎ᠠ ᠨᠡᠬᠦᠷᠡᠰᠦᠳᠦ᠋ᠷᠦᠭᠴᠢᠳᠤ ᠬᠦᠨᠳᠠᠢ᠂ ᠲᠤᠮᠳᠠᠳᠤ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ | ᠤᠨ ᠬᠦᠷᠢᠶᠠᠯᠠᠩ ᠤᠨ ᠰᠢᠨᠵᠢᠯᠡᠬᠦ ᠤᠬᠠᠭᠠᠨ ᠤ ᠲᠤᠮᠤ ᠲᠤᠨᠤᠭ ᠲᠦᠬᠦᠭᠡᠷᠦᠮᠵᠢ ᠵᠡᠷᠭᠡ ᠴᠢᠬᠤᠯᠠ ᠲᠦᠷᠦᠯ ᠵᠦᠢᠯ ᠳᠤ ᠲᠦᠰᠢᠭᠯᠡᠨ᠂ ᠵᠠᠩᠬᠢᠯᠠᠭ᠎ᠠ ᠶᠢᠨ ᠬᠦᠷᠢᠶ᠎ᠠ | ᠬᠡᠪᠴᠢᠶ᠎ᠠ ᠪᠠ ᠭᠤᠤᠯ ᠮᠡᠷᠭᠡᠵᠢᠯ ᠤᠨ ᠰᠢᠨ᠎ᠠ ᠶᠢ ᠡᠬᠦᠳᠬᠦ ᠶᠢ ᠠᠬᠢᠭᠤᠯᠵᠤ᠂ ᠨᠡᠬᠦᠷᠡᠰᠤ ᠶᠢ ᠠᠷᠢᠭᠤᠨ ᠴᠡᠪᠠᠷᠴᠢ ᠪᠠᠷ ᠬᠤᠪᠢᠷᠠᠭᠤᠯᠬᠤ᠂ ᠦᠵᠦᠬᠦᠷ ᠲᠡᠰ ᠤᠨ ᠬᠢᠮᠢ | ᠶᠢᠨ ᠠᠵᠤ ᠦᠢᠯᠡᠳᠪᠦᠷᠢ᠂ ᠰᠢᠨ᠎ᠠ ᠡᠨᠧᠷᠬᠢ᠂ ᠠᠮᠢᠳᠤ ᠪᠤᠳᠠᠰ ᠤᠨ ᠡᠮ ᠡᠮᠨᠡᠯᠭᠡ᠂ ᠰᠤᠳᠤᠨ ᠨᠡᠭᠡᠮᠡᠯ᠂ ᠤᠷᠴᠢᠨ ᠲᠤᠭᠤᠷᠢᠨ ᠢ ᠬᠠᠮᠠᠭᠠᠯᠠᠬᠤ ᠪᠠ ᠡᠬᠢ ᠪᠠᠶᠠᠯᠢᠭ ᠢ | ᠶᠡᠷᠦᠩᠭᠡᠶᠢᠯᠠᠨ ᠠᠰᠢᠭᠯᠠᠬᠤ ᠵᠡᠷᠭᠡ ᠬᠦᠷᠢᠶ᠎ᠠ ᠬᠡᠪᠴᠢᠶᠠᠨ ᠳᠤ ᠨᠢᠭᠡ ᠪᠦᠯᠦᠭ ᠭᠤᠤᠯ ᠮᠡᠷᠭᠡᠵᠢᠯ ᠢ ᠤᠷᠤᠭᠤᠯᠬᠤ ᠪᠤᠶᠤ ᠰᠢᠪᠲᠣᠯᠵᠤ᠂ ᠠᠵᠤ ᠦᠢᠯᠡᠰ ᠤᠨ | ᠦᠷᠢᠰᠦᠯᠳᠤᠬᠦ ᠬᠦᠴᠦᠨ ᠢ ᠲᠡᠭᠡᠭᠰᠢᠯᠡᠬᠦᠯᠦᠨ᠎ᠠ᠃ ᠤᠯᠤᠰ ᠤᠨ ᠲᠤᠳᠤᠭᠠᠳᠤ ᠭᠠᠳᠠᠭᠠᠳᠤ ᠶᠢᠨ ᠡᠷᠳᠡᠮ ᠰᠢᠨᠵᠢᠯᠡᠭᠡᠨ ᠤ ᠬᠦᠷᠢᠶᠠᠯᠠᠩ ᠭᠠᠵᠠᠷ᠂ ᠲᠡᠭᠡᠳᠤ | ᠰᠤᠷᠭᠠᠭᠤᠯᠢ ᠲᠠᠢ ᠬᠠᠮᠳᠤᠷᠠᠨ ᠠᠵᠢᠯᠯᠠᠬᠤ ᠪᠠᠨ ᠴᠢᠩᠭᠠᠳᠬᠠᠵᠤ᠂ ᠤᠯᠤᠰ ᠪᠠ ᠦᠪᠡᠷᠳᠡᠭᠡᠨ ᠵᠠᠰᠠᠬᠤ ᠤᠷᠤᠨ ᠤ ᠲᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠠ ᠶᠢ ᠡᠬᠦᠳᠬᠦ ᠨᠢᠭᠡ ᠪᠦᠯᠦᠭ ᠰᠠᠭᠤᠷᠢᠨ ᠭᠠᠵᠠᠷ ᠢ ᠪᠠᠶᠢᠭᠤᠯᠤᠨ᠎ᠠ᠃ 2015 ᠤᠨ ᠪᠤᠯᠬᠤ ᠳᠤ ᠪᠦᠬᠦ ᠬᠤᠳᠠ ᠶᠢᠨ ᠰᠤᠳᠤᠯᠤᠨ ᠨᠡᠭᠡᠭᠡᠯᠳᠠ ᠬᠢᠬᠦ | ᠵᠡᠷᠤᠳᠠᠯ ᠤᠨ ᠤᠷᠤᠭᠤᠯᠤᠯᠳᠠ ᠶᠢᠨ GDP ᠳᠤ ᠡᠵᠡᠯᠡᠬᠦ ᠬᠠᠷᠢᠴᠠᠯ ᠢ 1.5% ᠠᠴᠠ ᠲᠡᠭᠡᠭᠰᠢ ᠬᠦᠷᠭᠡᠵᠤ᠂ ᠨᠡᠭᠦᠷᠡᠰᠦ ᠬᠢᠮᠢ ᠶᠢᠨ ᠠᠵᠤ ᠦᠢᠯᠳᠪᠦᠷᠢ᠂ | ᠮᠠᠰᠢᠨ ᠲᠡᠷᠭᠡ ᠵᠡᠷᠭᠡ ᠠᠯᠢᠪᠠ ᠭᠤᠤᠯᠯᠠᠬᠤ ᠠᠵᠤ ᠦᠢᠯᠡᠰ ᠲᠤ 3 — 5 ᠳ᠋ᠦᠡᠭᠰᠢᠭᠤᠷ ᠤᠨ ᠪᠠᠯᠠ ᠤᠷᠤᠭᠤᠯᠤᠨ ᠰᠤᠳᠤᠯᠤᠨ ᠨᠡᠭᠡᠭᠡᠯᠳᠠ ᠬᠢᠬᠦ ᠰᠠᠭᠤᠷᠢᠨ ᠭᠠᠵᠠᠷ | ᠪᠠᠶᠢᠭᠤᠯᠤᠨ᠎ᠠ᠃ ᠬᠤᠶᠠᠷ ᠲᠤ ᠦᠨᠳᠦᠷ ᠬᠡᠪ ᠴᠢᠨᠠᠷ ᠲᠠᠢ ᠴᠢᠨᠳᠠᠪᠤᠷᠢᠳᠠᠨ ᠤ ᠡᠩᠨᠡᠭᠡ ᠶᠢᠨ ᠪᠠᠶᠢᠭᠤᠯᠤᠯᠳᠠ ᠶᠢ ᠴᠢᠩᠭᠠᠳᠬᠠᠨ᠎ᠠ᠃ 10 ᠲᠦᠮᠠᠨ ᠴᠢᠳᠠᠪᠤᠷᠢᠳᠠᠨ ᠢ | ᠪᠤᠯᠪᠠᠰᠤᠷᠠᠭᠤᠯᠤᠨ ᠤᠷᠤᠭᠤᠯᠬᠤ ᠲᠦᠯᠦᠪᠯᠡᠭᠡ ᠶᠢ ᠬᠡᠷᠡᠭᠵᠢᠬᠦᠯᠦᠨ᠎ᠠ᠃ ᠨᠠᠮ ᠵᠠᠰᠠᠭ ᠤᠨ ᠴᠢᠳᠠᠪᠤᠷᠢᠳᠠᠨ᠂ ᠦᠵᠤᠬᠦᠷ ᠲᠡᠰ ᠤᠨ ᠡᠷᠳᠡᠮ ᠰᠢᠨᠵᠢᠯᠡᠭᠡᠨ ᠤ | ᠴᠢᠳᠠᠪᠤᠷᠢᠳᠠᠨ᠂ ᠠᠵᠤ ᠠᠬᠤᠶᠢᠯᠠᠯ ᠤᠨ ᠬᠠᠮᠢᠶᠠᠷᠤᠯᠳᠠ ᠶᠢᠨ ᠴᠢᠳᠠᠪᠤᠷᠢᠳᠠᠠ᠂ ᠲᠤᠰᠬᠠᠢ ᠮᠡᠷᠭᠡᠵᠢᠯ ᠤᠨ ᠴᠢᠳᠠᠪᠤᠷᠢᠳᠠᠨ᠂ ᠨᠠᠶᠢᠭᠡᠮ ᠤᠨ ᠴᠢᠳᠠᠪᠤᠷᠢᠳᠠᠨ ᠤ ᠡᠩᠨᠡᠭᠡ | ᠶᠢᠨ ᠪᠠᠶᠢᠭᠤᠯᠤᠯᠳᠠ ᠶᠢ ᠪᠦᠬᠦ ᠬᠦᠴᠦᠨ ᠢᠶᠠᠷ ᠢᠶᠠᠨ ᠰᠠᠶᠢᠳᠤᠷ ᠠᠳᠬᠤᠵᠤ᠂ ᠨᠤᠳᠤᠭ ᠤᠨ ᠴᠢᠳᠠᠪᠤᠷᠢᠳᠠᠨ ᠢᠯᠠᠩᠭᠤᠶ᠎ᠠ ᠠᠵᠤ ᠦᠢᠯᠡᠰ ᠤᠨ ᠠᠵᠢᠯᠴᠢᠨ ᠢ | ᠬᠦᠮᠦᠵᠢᠬᠦᠯᠬᠦ ᠶᠢ ᠴᠢᠩᠭᠠᠳᠬᠠᠬᠤ ᠶᠢ ᠴᠢᠬᠤᠯᠠᠴᠢᠯᠠᠵᠤ᠂ ᠠᠵᠤ ᠦᠢᠯᠡᠰ ᠤᠨ ᠬᠦᠭᠵᠢᠯᠳᠠ ᠶᠢᠨ ᠬᠡᠷᠡᠭᠴᠡᠭᠡ ᠶᠢ ᠬᠠᠨᠭ᠍ᠭᠠᠨ᠎ᠠ᠃ ᠭᠤᠷᠪᠠ ᠳᠤ ᠨᠠᠷᠡᠳᠤ ᠲᠠᠸᠠᠷ ᠤᠨ | ᠲᠡᠮᠳᠡᠭ ᠢᠶᠠᠷ ᠲᠠᠶᠢᠴᠢᠯᠡᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠦᠨ᠎ᠠ᠃ ᠬᠦᠭᠵᠢᠯᠳᠠ ᠶᠢᠨ ᠤᠷᠴᠢᠨ ᠲᠤᠭᠤᠷᠢᠨ ᠢᠶᠠᠨ ᠰᠢᠯᠢᠳᠡᠭᠵᠢᠬᠦᠯᠵᠤ᠂ ᠠᠵᠤ | ᠠᠬᠤᠶᠢᠯᠠᠯ ᠤᠨ ᠨᠡᠷᠡᠳᠤ ᠲᠠᠸᠠᠷ ᠤᠨ ᠲᠡᠮᠳᠡᠭ ᠢ ᠦᠷᠢᠰᠦᠯᠳᠤᠨ ᠡᠬᠦᠳᠬᠦ ᠶᠢ ᠲᠠᠮᠵᠢᠵᠤ᠂ ᠨᠡᠷᠡᠳᠤ ᠲᠠᠸᠠᠷ ᠤᠨ ᠲᠡᠮᠳᠡᠭ ᠤᠨ ᠲᠠᠶᠢᠴᠢᠯᠠᠬᠤ ᠦᠢᠯᠡᠳᠤᠯ ᠢ | ᠪᠠᠳᠠᠷᠠᠭᠤᠯᠵᠤ᠂ ᠨᠠᠷᠠᠳᠤ ᠲᠠᠸᠠᠷ ᠤᠨ ᠲᠡᠮᠳᠡᠭᠳᠤ ᠦᠢᠯᠡᠳᠬᠦᠨ ᠲᠠᠢ ᠠᠵᠤ ᠠᠬᠤᠶᠢᠯᠠᠯ ᠢ ᠬᠦᠭᠵᠢᠬᠦᠯᠦᠨ ᠬᠦᠴᠦᠷᠭᠡᠭᠵᠢᠬᠦᠯᠬᠦ ᠶᠢ ᠵᠤᠷᠢᠭᠵᠢᠭᠤᠯᠵᠤ᠂ ᠤᠷᠳᠤᠰ | ᠤᠨ ᠦᠢᠯᠡᠳᠬᠦᠨ ᠤ ᠠᠯᠳᠠᠷᠰᠢᠯ ᠪᠠ ᠵᠠᠬ᠎ᠠ ᠲᠠᠯᠭᠡᠬᠦᠷ ᠤᠨ ᠦᠷᠢᠰᠦᠯᠳᠤᠬᠦ ᠬᠦᠴᠦᠨ ᠢ ᠲᠡᠭᠡᠭᠰᠢᠯᠡᠬᠦᠯᠦᠨ᠎ᠠ᠃ ᠲᠦᠷᠪᠠ ᠳᠤ ᠴᠢᠯᠤᠭᠡᠳᠠᠢ ᠶᠠᠪᠤᠯᠴᠠᠨ ᠬᠠᠮᠳᠤᠷᠠᠨ | ᠠᠵᠢᠯᠯᠠᠬᠤ ᠬᠡᠯᠪᠡᠷᠢ ᠶᠢᠨ ᠰᠢᠨ᠎ᠠ ᠶᠢ ᠡᠬᠦᠳᠤᠨ᠎ᠠ᠃ ᠬᠦᠭᠡᠬᠤᠳᠠ ᠪᠤᠭᠤᠳᠤ ᠤᠷᠳᠤᠰ ᠤᠨ ᠬᠤᠳᠠ ᠶᠢᠨ ᠰᠦᠷᠦᠭᠯᠠᠯ᠂ ᠦᠪᠡᠷᠳᠡᠭᠡᠨ ᠵᠠᠰᠠᠬᠤ ᠤᠷᠤᠨ ᠤ ᠪᠠᠷᠠᠭᠤᠨ | ᠬᠡᠰᠡᠭ ᠤᠨ ᠠᠵᠤ ᠠᠬᠤᠢ ᠶᠢᠨ ᠤᠷᠤᠨ᠂ ᠬᠦᠭᠡᠬᠤᠳᠠ ᠪᠤᠭᠤᠳᠤ ᠢᠷᠭᠠᠢ ᠶᠢᠨ ᠠᠵᠤ ᠠᠬᠤᠢ ᠶᠢᠨ ᠪᠦᠰᠠ ᠪᠠ ᠦᠪᠦᠷ ᠮᠤᠩᠭᠤᠯ ᠱᠠᠨᠰᠢ ᠨᠢᠩᠰᠢᠶᠠ ᠶᠢᠨ ᠤᠯᠤᠰ | ᠤᠨ ᠡᠨᠧᠷᠬᠢ ᠬᠢᠮᠢ ᠶᠢᠨ ᠠᠵᠤ ᠦᠢᠯᠡᠳᠪᠦᠷᠢ ᠶᠢᠨ ︽ᠠᠯᠳᠠᠨ ᠭᠤᠷᠪᠠᠯᠵᠢᠨ ᠬᠤᠶᠢᠭ︾ ᠳᠤ ᠰᠠᠨᠠᠭᠠᠴᠢᠯᠭ᠎ᠠ ᠠᠴᠠ ᠪᠠᠨ ᠠᠭᠤᠰᠤᠨ ᠤᠷᠤᠵᠤ᠂ ᠪᠡᠭᠡᠵᠢᠩ | ᠲᠢᠶᠠᠨᠵᠢᠨ ᠡᠾᠪᠸᠢ᠂ ᠪᠦᠸᠧ ᠬᠠᠢ ᠲᠠᠩᠭᠢᠰ ᠢ ᠲᠤᠭᠤᠷᠢᠭᠰᠠᠨ᠂ ᠬᠦᠭᠡ ᠮᠦᠷᠡᠨ ᠤ ᠭᠤᠷᠪᠠᠯᠵᠢᠨ ᠬᠤᠶᠢᠭ ᠪᠠ ᠵᠦᠵᠢᠶᠠᠩ ᠮᠦᠷᠠᠨ ᠤ ᠭᠤᠷᠪᠠᠯᠵᠢᠨ ᠬᠤᠶᠢᠭ | ᠵᠡᠷᠭᠡ ᠵᠠᠬ᠎ᠠ ᠲᠠᠯᠭᠡᠬᠦᠷ ᠲᠠᠢ ᠢᠳᠡᠪᠬᠢᠳᠡᠢ ᠠᠪᠴᠠᠯᠳᠤᠵᠤ᠂ ᠮᠠᠨ ᠤ ᠬᠤᠳᠠ ᠶᠢᠨ ᠡᠨᠧᠷᠬᠢ᠂ ᠬᠢᠮᠢ ᠶᠢᠨ ᠠᠵᠤ ᠦᠢᠯᠡᠳᠪᠦᠷᠢ᠂ ᠨᠡᠭᠡᠮᠡᠯ ᠵᠡᠷᠭᠡ ᠦᠢᠯᠡᠳᠬᠦᠨ ᠤ | ᠵᠠᠬ᠎ᠠ ᠲᠡᠯᠭᠡᠬᠦᠷ ᠤᠨ ᠤᠷᠤᠨ ᠵᠠᠢ ᠶᠢ ᠦᠷᠭᠡᠳᠭᠡᠵᠤ᠂ ᠲᠠᠷᠢᠬᠦᠨ ᠤ ᠭᠠᠵᠠᠷ ᠤᠷᠤᠨ ᠤ ᠠᠵᠤ ᠦᠢᠯᠡᠰ ᠤᠨ ᠰᠢᠯᠵᠢᠯᠳᠠ ᠶᠢ ᠪᠦᠲᠦᠮᠵᠢᠲᠠᠢ ᠵᠠᠯᠭᠠᠮᠵᠢᠯᠠᠵᠤ᠂ | ᠠᠵᠤ ᠠᠬᠤᠢ ᠨᠡᠶᠢᠭᠡᠮ ᠤᠨ ᠬᠦᠭᠵᠢᠯᠳᠠ ᠳᠤ ᠰᠢᠨ᠎ᠠ ᠬᠦᠳᠡᠯᠭᠡᠭᠴᠢ ᠬᠦᠴᠦᠨ ᠪᠠ ᠠᠮᠢᠵᠢᠷᠠᠯ ᠤᠨ ᠬᠦᠴᠦᠨ ᠤᠯᠭᠤᠨ᠎ᠠ᠃ ᠬᠢᠨᠭ᠍ᠭᠠᠨ ᠠᠶᠢᠮᠠᠭ ᠢ ᠲᠤᠰᠠᠯᠠᠬᠤ | ᠠᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠨ᠎ᠠ᠃ | ︵ᠲᠠᠪᠤ︶ ᠠᠷᠠᠳ ᠤᠨ ᠠᠮᠢᠳᠤᠷᠠᠯ ᠢᠶᠠᠷ ᠭᠤᠤᠯ ᠪᠤᠯᠭᠠᠭᠰᠠᠨ ᠨᠡᠶᠢᠭᠡᠮ ᠤᠨ ᠪᠦᠳᠦᠭᠡᠨ ᠪᠠᠶᠢᠭᠤᠯᠤᠯᠳᠠ ᠶᠢ ᠦᠨᠡᠨᠬᠦ ᠴᠢᠩᠭᠠᠳᠬᠠᠵᠤ᠂ ᠠᠷᠠᠳ ᠤᠯᠠᠨ ᠤ | ᠵᠤᠯ ᠵᠢᠷᠭᠠᠯ ᠤᠨ ᠢᠯᠡᠳᠭᠡᠭᠴᠢ ᠲᠤᠭ᠎ᠠ ᠶᠢ ᠴᠢᠷᠮᠠᠶᠢᠨ ᠲᠡᠭᠡᠭᠰᠢᠯᠡᠬᠦᠯᠦᠨ᠎ᠠ᠃ ᠠᠷᠠᠳ ᠢᠶᠠᠨ ᠪᠠᠶᠠᠵᠢᠭᠤᠯᠬᠤ ᠪᠠ ᠬᠤᠳᠠ ᠪᠠᠨ ᠬᠦᠴᠦᠷᠭᠡᠭᠵᠢᠬᠦᠯᠬᠦ ᠶᠢ ᠵᠡᠷᠭᠡᠪᠡᠷ | ᠴᠢᠬᠤᠯᠠᠴᠢᠯᠠᠬᠤ᠂ ᠠᠷᠠᠳ ᠢ ᠤᠷᠢᠳᠠᠪᠠᠷ ᠪᠠᠶᠠᠵᠢᠭᠤᠯᠬᠤ ᠶᠢ ᠪᠠᠷᠢᠮᠳᠠᠯᠠᠵᠤ᠂ ᠠᠷᠠᠳ ᠤᠨ ᠠᠮᠢᠳᠤᠷᠠᠯ ᠢ ᠨᠡᠩ ᠶᠡᠭᠡ ᠬᠦᠴᠦᠯᠡᠴᠨ ᠪᠠᠷ ᠪᠠᠳᠤᠯᠠᠨ ᠰᠠᠶᠢᠵᠢᠷᠠᠭᠤᠯᠵᠤ | ᠂ ᠠᠷᠠᠳ ᠤᠯᠠᠨ ᠤ ᠵᠤᠯ ᠵᠢᠷᠭᠠᠯᠳᠤ ᠲᠦᠷᠦᠭᠳᠡᠯ ᠪᠠ ᠬᠠᠨᠤᠮᠵᠢᠳᠠᠢ ᠬᠡᠮᠵᠢᠶ᠎ᠠ ᠶᠢ ᠲᠠᠰᠤᠷᠠᠯᠳᠠ ᠦᠭᠡᠢ ᠲᠡᠭᠡᠭᠰᠢᠯᠡᠬᠦᠯᠦᠨ᠎ᠠ᠃ ᠪᠦᠬᠦ ᠬᠤᠳᠠ ᠶᠢᠨ ᠡᠯ᠎ᠠ ᠱᠠᠳᠤᠨ ᠤ | ᠡᠳ᠋ ᠤᠨ ᠵᠠᠰᠠᠭ ᠤᠨ ᠬᠢᠨ ᠠᠷᠠᠳ ᠤᠨ ᠠᠮᠢᠳᠤᠷᠠᠯ ᠢ ᠪᠠᠳᠤᠯᠠᠬᠤ ᠪᠠ ᠰᠠᠶᠢᠵᠢᠷᠠᠭᠤᠯᠬᠤ ᠳᠤ ᠬᠡᠷᠡᠭᠯᠡᠬᠦ ᠪᠠᠯᠠ ᠮᠦᠡᠭᠬᠦ ᠶᠢ ᠶᠡᠷᠦᠩᠭᠡᠢ ᠵᠠᠷᠤᠳᠠᠯ ᠤᠨ 55% | ᠠᠴᠠ ᠲᠡᠭᠡᠭᠰᠢ ᠪᠠᠶᠢᠯᠭᠠᠨ᠎ᠠ᠃ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠤᠷᠤᠯᠭ᠎ᠠ ᠶᠢ ᠨᠡᠮᠡᠭᠳᠡᠬᠦᠯᠬᠦ ᠶᠢ ᠠᠷᠠᠳ ᠤᠨ ᠠᠮᠢᠳᠤᠷᠠᠯ ᠢ ᠰᠠᠶᠢᠵᠢᠷᠠᠭᠤᠯᠬᠤ | ᠲᠠᠷᠢᠬᠦᠨ ᠴᠢᠬᠤᠯᠠ ᠡᠬᠦᠷᠭᠡ ᠪᠤᠯᠭᠠᠨ᠂ ᠠᠷᠭ᠎ᠠ ᠪᠦᠬᠦᠨ ᠢ ᠰᠦᠪᠡᠭᠴᠢᠯᠡᠨ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠤᠷᠤᠯᠭ᠎ᠠ ᠶᠢᠨ ᠬᠢᠷᠢ ᠲᠦᠪᠰᠢᠨ ᠢ | ᠲᠡᠭᠡᠭᠰᠢᠯᠡᠬᠦᠯᠵᠤ᠂ ᠰᠠᠭᠤᠭᠠᠯᠢ ᠠᠷᠠᠳ ᠤᠨ ᠤᠷᠤᠯᠭ᠎ᠠ ᠶᠢ ᠠᠵᠤ ᠠᠬᠤᠢ ᠶᠢᠨ ᠬᠦᠭᠵᠢᠯᠳᠠ ᠲᠠᠢ ᠵᠡᠷᠭᠡᠪᠡᠷ ᠨᠡᠮᠡᠭᠳᠡᠬᠦᠯᠬᠦ ᠶᠢ ᠴᠢᠷᠮᠠᠶᠢᠨ ᠪᠠᠶᠠᠯᠡᠬᠦᠯᠵᠤ᠂ ᠬᠤᠳᠠ | ᠬᠦᠳᠡᠭᠡ ᠶᠢᠨ ᠰᠠᠭᠤᠭᠠᠯᠢ ᠠᠷᠠᠳ ᠤᠨ ᠤᠷᠤᠯᠭ᠎ᠠ ᠶᠢᠨ ᠬᠢᠷᠢ ᠲᠦᠪᠰᠢᠨ ᠢ ᠪᠦᠬᠦ ᠤᠯᠤᠰ ᠤᠨ ᠲᠤᠰᠬᠠᠢ ᠤᠷᠤᠨ ᠤ ᠲᠡᠰ ᠤᠨ ᠬᠤᠳᠠ ᠶᠢᠨ ᠲᠠᠷᠢᠬᠦᠨ | ᠡᠩᠨᠡᠭᠡᠨ ᠳᠤ ᠤᠷᠤᠭᠤᠯᠬᠤ ᠪᠠᠷ ᠴᠢᠷᠮᠠᠶᠢᠨ᠎ᠠ᠃ ᠰᠤᠷᠭᠠᠨ ᠬᠦᠮᠦᠵᠢᠯ ᠤᠨ ᠦᠢᠯᠡᠰ ᠢ ᠤᠷᠢᠳᠠᠪᠠᠷ ᠬᠦᠭᠵᠢᠬᠦᠯᠵᠤ᠂ ᠤᠯᠤᠰ ᠪᠠ ᠦᠪᠡᠷᠳᠡᠭᠡᠨ ᠵᠠᠰᠠᠬᠤ ᠤᠷᠤᠨ | ᠤ ᠲᠤᠮᠳᠠ ᠤᠷᠳᠤ ᠬᠤᠭᠤᠴᠠᠭᠠᠨ ᠤ ᠰᠤᠷᠭᠠᠨ ᠬᠦᠮᠦᠵᠢᠯ ᠤᠨ ᠦᠭᠡᠷᠡᠴᠢᠯᠠᠯᠳᠠ ᠬᠦᠭᠵᠢᠯᠳᠠ ᠶᠢᠨ ᠲᠦᠯᠦᠪᠵᠢᠬᠦᠯᠭᠡ ᠶᠢᠨ ᠬᠦᠳᠦᠯᠪᠦᠷᠢ ᠶᠢᠨ ᠲᠤᠪᠴᠢ ᠶᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠪᠠᠭᠰᠢ ᠶᠢᠨ ᠡᠩᠨᠡᠭᠡ ᠶᠢᠨ ᠪᠠᠶᠢᠭᠤᠯᠤᠯᠳᠠ ᠶᠢ ᠴᠢᠩᠭᠠᠳᠬᠠᠵᠤ᠂ ᠬᠡᠪ ᠴᠢᠨᠠᠷ ᠤᠨ ᠰᠤᠷᠭᠠᠨ ᠬᠦᠮᠦᠵᠢᠯ ᠢ ᠢᠳᠠᠪᠬᠢᠳᠠᠢ | ᠠᠬᠢᠭᠤᠯᠵᠤ᠂ ᠰᠤᠷᠭᠠᠨ ᠬᠦᠮᠦᠵᠢᠯ ᠤᠨ ᠵᠢᠭᠠᠨ ᠰᠤᠷᠭᠠᠬᠤ ᠶᠠᠰᠤ ᠴᠢᠨᠠᠷ ᠢ ᠲᠡᠭᠡᠭᠰᠢᠯᠡᠬᠦᠯᠦᠨ᠎ᠠ᠃ ᠰᠤᠷᠬᠤ ᠨᠠᠰᠤᠨ ᠠᠴᠠ ᠡᠮᠤᠨᠡᠬᠢ ᠰᠤᠷᠭᠠᠨ ᠬᠦᠮᠦᠵᠢᠯ ᠢ ᠡᠳ᠋ | ᠤᠨ ᠵᠠᠰᠠᠭ ᠤᠨ ᠪᠠᠳᠤᠯᠠᠭ᠎ᠠ ᠶᠢᠨ ᠬᠦᠷᠢᠶ᠎ᠠ ᠬᠡᠪᠴᠢᠶᠠᠨ ᠳᠤ ᠤᠷᠤᠭᠤᠯᠵᠤ᠂ 3 ᠵᠢᠯ ᠤᠨ ᠬᠤᠭᠤᠴᠠᠭ᠎ᠠ ᠶᠢ ᠬᠡᠷᠡᠭᠰᠡᠨ ᠤᠷᠳᠤᠰ ᠨᠤᠳᠤᠭ ᠲᠠᠢ ᠰᠤᠷᠤᠭᠴᠢ ᠳᠤ | 15 ᠵᠢᠯ ᠤᠨ ᠦᠨ᠎ᠠ ᠲᠦᠯᠦᠪᠦᠷᠢ ᠦᠭᠡᠢ ᠰᠤᠷᠭᠠᠨ ᠬᠦᠮᠦᠵᠢᠯ ᠢ ᠪᠦᠬᠦ ᠲᠠᠯ᠎ᠠ ᠪᠠᠷ ᠲᠦᠭᠡᠮᠠᠯᠵᠢᠬᠦᠯᠦᠨᠠ᠃ ᠦᠨᠳᠦᠰᠦᠳᠠᠨ ᠤ ᠰᠤᠷᠭᠠᠨ ᠬᠦᠮᠦᠵᠢᠯ ᠢ | ᠶᠡᠭᠡᠪᠡᠷ ᠬᠦᠭᠵᠢᠬᠦᠯᠵᠤ᠂ ᠲᠡᠭᠡᠳᠤ ᠵᠡᠷᠭᠡ ᠶᠢᠨ ᠰᠤᠷᠭᠠᠨ ᠬᠦᠮᠦᠵᠢᠯ ᠢ ᠢᠳᠡᠪᠬᠢᠳᠠᠢ ᠬᠦᠭᠵᠢᠬᠦᠯᠵᠤ᠂ ᠠᠷᠠᠳ ᠠᠴᠠ ᠡᠷᠬᠢᠯᠡᠭᠰᠡᠨ ᠰᠤᠷᠭᠠᠨ ᠬᠦᠮᠦᠵᠢᠯ ᠢ | ᠵᠤᠷᠢᠭᠵᠢᠭᠤᠯᠤᠨ ᠲᠠᠮᠵᠢᠵᠤ᠂ ᠤᠨᠴᠠᠭᠠᠢ ᠰᠤᠷᠭᠠᠨ ᠬᠦᠮᠦᠵᠢᠯ ᠢ ᠰᠢᠯᠢᠳᠡᠭᠵᠢᠬᠦᠯᠦᠨ ᠬᠦᠭᠵᠢᠬᠦᠯᠵᠤ᠂ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ | ᠰᠢᠨᠵᠢᠯᠡᠭᠡ ᠪᠠ ᠪᠤᠯᠪᠠᠰᠤᠷᠠᠯ ᠤᠨ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠳᠠ ᠶᠢᠨ ᠬᠦᠴᠦᠯᠡᠴᠨ ᠶᠢ ᠨᠡᠮᠡᠭᠳᠡᠬᠦᠯᠵᠤ᠂ ᠰᠤᠷᠭᠠᠨ ᠬᠦᠮᠦᠵᠢᠯ ᠢ ᠰᠢᠯᠢᠳᠡᠭ ᠂ | ᠲᠡᠩᠴᠡᠬᠦᠷᠢᠳᠡᠢ ᠪᠠᠷ ᠬᠦᠭᠵᠢᠬᠦᠯᠬᠦ ᠶᠢ ᠴᠢᠷᠮᠠᠶᠢᠨ ᠠᠬᠢᠭᠤᠯᠵᠤ᠂ ᠤᠳᠤᠬᠢᠴᠢᠯᠠᠭᠰᠠᠨ᠂ ᠬᠤᠳᠠ ᠬᠦᠳᠡᠭᠡ ᠶᠢ ᠴᠤᠭᠴᠠᠵᠢᠭᠤᠯᠤᠭᠰᠠᠨ ᠰᠤᠷᠭᠠᠨ ᠬᠦᠮᠦᠵᠢᠯ ᠤᠨ | ᠰᠢᠰᠲ᠋ᠧᠮᠵᠢ ᠶᠢ ᠪᠠᠶᠢᠭᠤᠯᠤᠨ᠎ᠠ᠃ ᠡᠮ ᠡᠮᠨᠡᠯᠭᠡ ᠡᠷᠡᠬᠦᠯ ᠬᠠᠮᠠᠭᠠᠯᠠᠯ ᠤᠨ ᠦᠢᠯᠡᠰ ᠤᠨ ᠦᠭᠡᠷᠡᠴᠢᠯᠡᠯᠳᠠ ᠶᠢ ᠬᠦᠨᠵᠡᠭᠡᠶᠢᠷᠡᠬᠦᠯᠵᠤ᠂ ᠡᠮ ᠡᠮᠨᠡᠯᠭᠡ ᠡᠷᠡᠬᠦᠯ | ᠬᠠᠮᠠᠭᠠᠯᠠᠯ ᠤᠨ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠤ᠂ ᠬᠤᠰᠢᠭᠤ ᠲᠤᠭᠤᠷᠢᠭ ᠪᠦᠷᠢ ᠪᠠᠷᠢᠮᠵᠢᠶᠠᠴᠢᠯᠠᠭᠰᠠᠨ ᠬᠤᠶᠠᠳᠤᠭᠠᠷ | ᠲᠡᠰ ᠤᠨ ᠬᠦᠭᠡ ᠲᠡᠰ ᠤᠨ ᠡᠮᠨᠡᠯᠭᠡ ᠶᠢᠨ ᠬᠤᠷᠢᠶ᠎ᠠ ᠶᠢ ᠠᠳᠠᠭ ᠪᠠᠭ᠎ᠠ ᠳᠠᠭᠠᠨ ᠨᠢᠭᠡ ᠪᠠᠶᠢᠭᠤᠯᠵᠤ᠂ ᠭᠠᠴᠠᠭ᠎ᠠ ᠲᠤᠰᠬᠤᠨ ᠤ ᠪᠠᠷᠢᠮᠵᠢᠶᠠᠴᠢᠯᠠᠭᠰᠠᠨ ᠡᠷᠡᠬᠦᠯ | ᠬᠠᠮᠠᠭᠠᠯᠠᠯ ᠤᠨ ᠲᠠᠰᠤᠭ ᠪᠠ ᠨᠡᠶᠢᠭᠡᠮ ᠲᠤᠭᠤᠷᠢᠭ ᠤᠨ ᠪᠠᠷᠢᠮᠵᠢᠶᠠᠴᠢᠯᠠᠭᠰᠠᠨ ᠡᠷᠡᠬᠦᠯ ᠬᠠᠮᠠᠭᠠᠯᠠᠯ ᠤᠨ ᠦᠷᠳᠡᠭᠡ ᠶᠢ ᠪᠦᠬᠦ ᠲᠠᠯ᠎ᠠ ᠪᠠᠨ ᠲᠦᠭᠡᠮᠡᠯᠵᠢᠬᠦᠯᠬᠦ ᠶᠢ | ᠪᠠᠶᠡᠯᠡᠬᠦᠯᠦᠨ᠎ᠠ᠃ ᠠᠰᠠᠷᠠᠮᠵᠢ ᠶᠢᠨ ᠴᠢᠨᠠᠷᠳᠠᠢ ᠰᠤᠶᠤᠯ ᠤᠨ ᠰᠠᠭᠤᠷᠢ ᠲᠦᠭᠦᠬᠡᠷᠦᠮᠵᠢ ᠶᠢᠨ ᠪᠠᠶᠢᠭᠤᠯᠤᠯᠳᠠ ᠶᠢ ᠴᠢᠩᠭᠠᠳᠬᠠᠵᠤ᠂ ᠰᠤᠶᠤᠯ ᠢᠶᠠᠷ ᠠᠷᠠᠳ ᠢ | ᠬᠠᠷᠠᠭᠠᠯᠵᠠᠬᠤ ᠠᠵᠢᠯᠯᠠᠭ᠎ᠠ ᠶᠢ ᠢᠳᠠᠪᠬᠢᠳᠠᠢ ᠦᠷᠨᠢᠬᠦᠯᠵᠤ᠂ ᠬᠤᠳᠠ ᠬᠦᠳᠡᠭᠡ ᠶᠢᠨ ᠰᠤᠶᠤᠯ ᠤᠨ ᠦᠢᠯᠡᠰ ᠢ ᠴᠢᠨᠠᠭᠰᠢᠳᠠ ᠴᠡᠴᠡᠭᠯᠡᠬᠦᠯᠵᠤ᠂ ᠤᠯᠤᠰ ᠤᠨ ᠲᠡᠰ | ᠤᠨ ᠰᠤᠶᠤᠯ ᠠᠮᠢ ᠠᠬᠤᠢ ᠶᠢᠨ ᠬᠠᠮᠠᠭᠠᠯᠠᠯᠳᠠ ᠶᠢᠨ ᠤᠷᠤᠨ ᠢ ᠪᠠᠶᠢᠭᠤᠯᠤᠨ᠎ᠠ᠃ ᠠᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠴᠦᠭᠡᠨ ᠲᠤᠭᠠᠳᠤ | ᠦᠨᠳᠦᠰᠦᠳᠠᠨ ᠤ ᠤᠯᠠᠮᠵᠢᠯᠠᠯᠳᠤ ᠪᠠᠶ᠎ᠠ ᠶᠢᠨ ᠲᠠᠮᠢᠷ ᠤᠨ ᠤᠷᠤᠯᠳᠤᠭᠠᠨ ᠢ ᠭᠤᠶᠤᠴᠢᠯᠠᠨ ᠬᠢᠬᠦ ᠪᠠᠷ ᠵᠠᠪᠰᠢᠶᠠᠨ ᠪᠤᠯᠭᠠᠵᠤ᠂ ᠪᠦᠬᠦ ᠠᠷᠠᠳ ᠤᠨ ᠪᠠᠶ᠎ᠠ | ᠴᠠᠬᠢᠷᠠᠭᠵᠢᠭᠤᠯᠬᠤ ᠠᠵᠢᠯᠯᠠᠭ᠎ᠠ ᠶᠢ ᠬᠦᠨᠵᠡᠭᠡᠢ ᠦᠷᠨᠢᠬᠦᠯᠦᠨ᠎ᠠ᠃ ᠨᠡᠩ ᠢᠳᠡᠪᠬᠢᠳᠠᠢ ᠠᠵᠢᠯ ᠤᠯᠭᠤᠯᠳᠠ ᠶᠢᠨ ᠲᠦᠷᠦ ᠶᠢᠨ ᠪᠤᠳᠤᠯᠭ᠎ᠠ ᠶᠢ ᠬᠡᠷᠡᠭᠵᠢᠬᠦᠯᠵᠤ᠂ ᠠᠵᠢᠯ | ᠤᠯᠬᠤ ᠠᠵᠢᠯ ᠤᠨ ᠪᠠᠶᠢᠷᠢ ᠶᠢ ᠶᠡᠭᠡᠪᠡᠷ ᠨᠡᠭᠡᠭᠡᠵᠤ᠂ ᠬᠦᠢᠴᠡᠳ ᠠᠵᠢᠯ ᠤᠯᠭᠤᠯᠳᠠ ᠶᠢ ᠴᠢᠷᠮᠠᠶᠢᠨ ᠪᠡᠶᠡᠯᠡᠬᠦᠯᠦᠨ᠎ᠠ᠃ ᠦᠢᠯᠡᠰ ᠪᠦᠳᠦᠭᠡᠬᠦ ᠪᠤᠱᠤᠭ᠎ᠠ ᠶᠢ | ᠲᠤᠭᠤᠭᠰᠢᠯᠠᠭᠤᠯᠵᠤ᠂ ᠦᠢᠯᠡᠰ ᠪᠦᠳᠦᠭᠡᠬᠦ ᠤᠷᠴᠢᠨ ᠲᠤᠭᠤᠷᠢᠨ ᠢ ᠰᠢᠯᠢᠳᠡᠭᠵᠢᠬᠦᠯᠵᠤ᠂ ᠦᠢᠯᠡᠰ ᠪᠦᠳᠦᠭᠡᠬᠦ ᠪᠠᠷ ᠠᠵᠢᠯ ᠤᠯᠭᠤᠯᠳᠠ ᠶᠢ ᠲᠠᠶᠢᠴᠢᠯᠠᠨ᠎ᠠ᠃ ᠠᠵᠢᠯ | ᠤᠯᠭᠤᠬᠤ ᠶᠢ ᠵᠤᠷᠢᠭᠵᠢᠭᠤᠯᠬᠤ ᠲᠤᠭᠳᠠᠴᠠ ᠪᠠ ᠲᠤᠰᠠᠯᠠᠨ ᠲᠠᠮᠵᠢᠬᠦ ᠲᠦᠷᠢᠮ ᠢ ᠲᠡᠬᠦᠯᠳᠡᠷᠵᠢᠬᠦᠯᠵᠤ᠂ ᠶᠡᠭᠡ ᠰᠤᠷᠭᠠᠭᠤᠯᠢ ᠲᠡᠬᠦᠰᠦᠭᠰᠡᠳ᠂ ᠮᠠᠯᠵᠢᠬᠤ | ᠲᠠᠷᠢᠶᠠᠯᠠᠬᠤ ᠤᠷᠤᠨ ᠤ ᠰᠢᠯᠵᠢᠬᠦᠯᠦᠨ ᠬᠤᠳᠠ ᠤᠷᠤᠭᠤᠯᠤᠭᠰᠠᠨ ᠮᠠᠯᠴᠢᠨ ᠲᠠᠷᠢᠶᠠᠴᠢᠳ᠂ ᠬᠤᠳᠠ ᠪᠠᠯᠭᠠᠰᠤ ᠶᠢᠨ ᠠᠵᠢᠯ ᠤᠨ ᠪᠠᠶᠢᠷᠢ ᠠᠴᠠ ᠪᠠᠨ ᠪᠠᠭᠤᠭᠰᠠᠳ | ᠵᠢᠴᠢ ᠬᠦᠴᠢᠳᠡᠯᠳᠠᠢ ᠤᠯᠠᠨ ᠲᠦᠮᠠᠨ ᠤ ᠠᠵᠢᠯ ᠤᠯᠬᠤ ᠠᠰᠠᠭᠤᠳᠠᠯ ᠢ ᠴᠢᠷᠮᠠᠶᠢᠨ ᠰᠢᠢᠳᠪᠦᠷᠢᠯᠠᠵᠤ᠂ ᠤᠷᠳᠤᠰ ᠨᠤᠳᠤᠭ ᠲᠠᠢ ᠤᠶᠤᠳᠠᠳ ᠲᠤ ᠴᠦᠮ ᠠᠵᠢᠯ | ᠤᠯᠭᠤᠬᠤ ᠶᠢ ᠴᠢᠷᠮᠠᠶᠢᠨ ᠪᠠᠶᠠᠯᠠᠬᠦᠯᠦᠨ᠎ᠠ᠃ ᠦᠷᠭᠡᠨ ᠢᠶᠠᠷ ᠲᠦᠭᠡᠮᠡᠯᠵᠢᠬᠦᠯᠬᠦ᠂ ᠦᠨᠳᠦᠰᠦ ᠶᠢ ᠪᠠᠳᠤᠯᠠᠬᠤ᠂ ᠤᠯᠠᠨ ᠲᠠᠪᠬᠤᠷᠭᠠᠵᠢᠭᠤᠯᠬᠤ᠂ ᠦᠷᠬᠦᠯᠵᠢᠯᠡᠬᠦᠯᠬᠦ | ᠴᠢᠭᠯᠡᠯᠳᠠ ᠶᠤᠰᠤᠭᠠᠷ ᠨᠡᠶᠢᠭᠡᠮ ᠤᠨ ᠪᠠᠳᠤᠯᠠᠭ᠎ᠠ ᠶᠢᠨ ᠰᠢᠰᠲ᠋ᠧᠮᠵᠢ ᠶᠢ ᠴᠢᠨᠠᠭᠰᠢᠳᠠ ᠲᠡᠬᠦᠯᠳᠡᠷᠵᠢᠬᠦᠯᠵᠤ᠂ ᠪᠦᠷᠬᠦᠪᠴᠢ ᠶᠢᠨ ᠬᠦᠷᠢᠶ᠎ᠠ ᠬᠡᠪᠴᠢᠶ᠎ᠠ ᠶᠢ ᠦᠷᠭᠡᠳᠭᠡᠵᠤ | ᠂ ᠪᠠᠳᠤᠯᠠᠭ᠎ᠠ ᠶᠢᠨ ᠬᠢᠷᠢ ᠲᠦᠪᠰᠢᠠ ᠢ ᠲᠡᠭᠡᠭᠰᠢᠯᠡᠬᠦᠯᠦᠨ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ᠂ ᠠᠵᠢᠯ ᠠᠯᠳᠠᠬᠤ᠂ ᠠᠵᠢᠯ ᠠᠴᠠ ᠪᠤᠯᠬᠤ ᠬᠡᠮᠳᠤᠯ᠂ | ᠬᠦᠡᠭᠬᠡᠵᠢᠯ ᠤᠨ ᠲᠠᠭᠠᠳᠬᠠᠯ ᠤᠨ ᠠᠳᠠᠯᠢ ᠬᠤᠳᠠ ᠶᠢᠨ ᠤᠯᠭᠤᠮᠵᠢ ᠶᠢ ᠪᠠᠶᠠᠯᠡᠬᠦᠯᠦᠨ᠎ᠠ᠃ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ᠂ ᠬᠦᠴᠢᠷᠳᠡᠯ ᠠᠴᠠ | ᠠᠪᠤᠷᠠᠨ ᠲᠤᠰᠠᠯᠠᠬᠤ ᠵᠡᠷᠭᠡ ᠲᠦᠷᠢᠮ ᠤᠨ ᠰᠢᠰᠲ᠋ᠧᠮᠵᠢ ᠶᠢ ᠲᠡᠬᠦᠯᠳᠡᠷᠵᠢᠬᠦᠯᠵᠤ᠂ ᠶᠠᠳᠠᠭᠤ ᠶᠢ ᠲᠠᠳᠬᠦᠨ ᠨᠡᠭᠡᠭᠡᠯᠳᠠ ᠬᠢᠬᠦ ᠬᠦᠴᠦᠯᠡᠴᠨ ᠪᠠᠨ ᠨᠡᠮᠡᠭᠳᠡᠬᠦᠯᠵᠤ᠂ | ᠲᠤᠤᠷ᠎ᠠ ᠤᠷᠤᠯᠭᠠᠳᠠᠳ ᠪᠠ ᠬᠦᠴᠢᠷᠳᠡᠯᠳᠠᠢ ᠤᠯᠨᠨ ᠲᠦᠮᠠᠨ ᠤ ᠦᠨᠳᠦᠰᠦᠨ ᠠᠮᠢᠳᠤᠷᠠᠯ ᠢ ᠪᠠᠳᠤᠯᠠᠨ᠎ᠠ᠃ ᠬᠢᠮᠳᠠ ᠲᠤᠬᠢᠯᠢᠭ ᠤᠷᠤᠨ ᠰᠠᠭᠤᠴᠠ᠂ ᠬᠢᠮᠳᠠ | ᠲᠦᠷᠢᠶᠡᠰᠦᠨ ᠭᠡᠷ ᠪᠠ ᠨᠠᠶᠢᠳᠠ ᠶᠢᠨ ᠲᠦᠷᠢᠶᠠᠰᠤᠨ ᠬᠡᠷ ᠵᠡᠷᠭᠡ ᠪᠠᠳᠤᠯᠠᠭ᠎ᠠ ᠶᠢᠨ ᠴᠢᠨᠠᠷᠳᠠᠢ ᠤᠷᠤᠨ ᠰᠠᠭᠤᠴᠠ ᠶᠢᠨ ᠪᠦᠳᠦᠭᠡᠨ ᠪᠠᠶᠢᠭᠤᠯᠤᠯᠳᠠ ᠶᠢᠨ ᠬᠦᠴᠦᠯᠠᠴᠠ | ᠶᠢ ᠨᠡᠮᠡᠭᠳᠡᠬᠦᠯᠵᠤ᠂ ᠪᠦᠷᠭᠡ ᠭᠡᠷ ᠤᠨ ᠲᠤᠭᠤᠷᠢᠭ ᠢ ᠦᠭᠡᠷᠡᠴᠢᠯᠡᠬᠦ᠂ ᠮᠠᠯᠵᠢᠬᠤ ᠲᠠᠷᠢᠶᠠᠯᠠᠬᠤ ᠤᠷᠤᠨ ᠤ ᠠᠶᠤᠯ ᠲᠠᠢ ᠬᠠᠭᠤᠴᠢᠨ ᠬᠡᠷ ᠪᠠᠶᠢᠰᠢᠩ ᠢ | ᠦᠭᠡᠷᠡᠴᠢᠯᠡᠬᠦ ᠶᠢ ᠠᠬᠢᠭᠤᠯᠵᠤ᠂ ᠤᠷᠤᠨ ᠰᠠᠭᠤᠴᠠ ᠶᠢᠨ ᠤᠯᠨᠨ ᠲᠠᠪᠬᠤᠷᠭ᠎ᠠ ᠶᠢᠨ ᠪᠠᠳᠤᠯᠠᠭ᠎ᠠ ᠶᠢᠨ ᠰᠢᠰᠲ᠋ᠧᠮᠵᠢ ᠶᠢ ᠲᠦᠷᠭᠡᠨ ᠢᠶᠠᠷ ᠪᠠᠶᠢᠭᠤᠯᠵᠤ᠂ ᠬᠤᠳᠠ | ᠬᠦᠳᠡᠭᠡ ᠶᠢᠨ ᠰᠠᠭᠤᠭᠠᠯᠢ ᠠᠷᠠᠳ ᠤᠨ ᠤᠷᠤᠰᠢᠨ ᠰᠠᠭᠤᠬᠤ ᠨᠦᠬᠦᠴᠡᠯ ᠢ ᠦᠨᠡᠨᠬᠦ ᠰᠠᠶᠢᠵᠢᠷᠠᠭᠤᠯᠤᠨ᠎ᠠ᠃ ᠢᠳᠡᠪᠬᠢᠳᠡᠢ ᠪᠠᠷ ᠨᠠᠶᠢᠭᠡᠮ ᠤᠨ ᠬᠠᠮᠢᠶᠠᠷᠤᠯᠳᠠ ᠶᠢᠨ | ᠰᠢᠨ᠎ᠠ ᠶᠢ ᠡᠬᠦᠳᠴᠦ᠂ ᠪᠦᠬᠦ ᠤᠯᠤᠰ ᠤᠨ ᠨᠠᠶᠢᠭᠡᠮ ᠤᠨ ᠬᠠᠮᠢᠶᠠᠷᠤᠯᠳᠠ ᠶᠢᠨ ᠰᠢᠨ᠎ᠠ ᠶᠢ ᠡᠬᠦᠳᠬᠦ ᠶᠡᠷᠦᠩᠭᠡᠶᠢᠯᠡᠭᠰᠡᠨ ᠲᠤᠷᠰᠢᠯᠳᠠ ᠶᠢᠨ ᠴᠡᠭ ᠤᠨ ᠠᠵᠢᠯ ᠢ | ᠦᠨᠳᠦᠷ ᠪᠠᠷᠢᠮᠵᠢᠶ᠎ᠠ᠂ ᠦᠨᠳᠦᠷ ᠶᠠᠰᠤ ᠴᠢᠨᠠᠷ ᠲᠠᠢ ᠪᠠᠷ ᠠᠬᠢᠭᠤᠯᠵᠤ᠂ ᠪᠦᠬᠦ ᠤᠯᠤᠰ ᠤᠨ ᠠᠮᠤᠷ ᠲᠦᠪᠰᠢᠨ ᠬᠤᠳᠠ ᠶᠢ ᠡᠬᠦᠳᠤᠨ ᠪᠠᠶᠢᠭᠤᠯᠤᠭᠰᠠᠨ ᠬᠢᠷᠢ | ᠲᠦᠪᠰᠢᠨ ᠢᠶᠠᠨ ᠪᠠᠳᠤᠳᠬᠠᠨ ᠲᠡᠭᠡᠭᠰᠢᠯᠡᠬᠦᠯᠦᠨ᠎ᠠ᠃ ︽ᠢᠳᠡᠭᠡᠨ ᠤ ᠠᠶᠤᠯᠬᠦᠢ ᠶᠢᠨ ᠬᠤᠳᠠ︾ ᠶᠢ ᠡᠬᠦᠳᠤᠨ ᠪᠠᠶᠢᠭᠤᠯᠬᠤ ᠠᠵᠢᠯᠯᠠᠭ᠎ᠠ ᠶᠢ ᠬᠦᠨᠵᠡᠭᠡᠢ | ᠠᠬᠢᠭᠤᠯᠵᠤ᠂ ᠬᠢᠨᠠᠨ ᠬᠠᠮᠢᠶᠠᠷᠬᠤ ᠰᠢᠰᠲ᠋ᠧᠮᠵᠢ ᠶᠢ ᠴᠢᠨᠠᠭᠰᠢᠳᠠ ᠲᠡᠭᠦᠯᠳᠡᠷᠵᠢᠬᠦᠯᠵᠤ᠂ ᠤᠯᠠᠨ ᠲᠦᠮᠠᠨ ᠳᠤ ᠠᠶᠤᠯᠬᠦᠢ ᠢᠳᠡᠭᠡᠨ ᠢᠳᠡᠬᠦᠯᠬᠦ ᠶᠢ ᠴᠢᠷᠮᠠᠶᠢᠨ | ᠪᠠᠳᠤᠯᠠᠨ᠎ᠠ᠃ ᠤᠯᠤᠰ ᠤᠨ ᠪᠠᠳᠤᠯᠠᠨ ᠬᠠᠮᠠᠭᠠᠯᠠᠯᠳᠠ ᠶᠢᠨ ᠪᠠᠯᠡᠳᠭᠡᠯ ᠠᠯᠪᠠ᠂ ᠡᠷᠦᠭᠡ ᠶᠢᠨ ᠴᠡᠷᠢᠭ ᠤᠨ ᠨᠦᠬᠡᠴᠠ ᠬᠦᠴᠦᠨ ᠪᠠ ᠴᠡᠷᠢᠭ ᠠᠩᠭᠢ ᠶᠢᠨ | ᠤᠳᠤᠬᠢᠯᠠᠭᠰᠠᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠤ᠂ ᠬᠤᠶᠠᠷ ᠢ ᠬᠦᠷᠢᠶᠡᠯᠡᠬᠦ ᠠᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠨ᠎ᠠ᠃ ᠨᠢᠭᠡᠳᠤᠯᠳᠠᠢ | ᠲᠦᠯᠦᠪᠵᠢᠬᠦᠯᠦᠨ ᠬᠠᠮᠳᠤ ᠳᠤᠨᠢ ᠬᠠᠷᠠᠭᠠᠯᠵᠠᠬᠤ᠂ ᠵᠤᠬᠢᠴᠠᠭᠤᠯᠤᠨ ᠬᠦᠭᠵᠢᠬᠦᠯᠬᠦ ᠶᠢ ᠪᠠᠷᠢᠮᠳᠠᠯᠠᠵᠤ᠂ ᠠᠵᠤ ᠠᠬᠤᠢ ᠨᠡᠶᠢᠭᠡᠮ ᠤᠨ ᠬᠦᠷᠢᠶ᠎ᠠ ᠬᠡᠪᠴᠢᠶᠠᠨ ᠳᠠᠬᠢ ᠡᠯ᠎ᠠ | ᠲᠦᠷᠦᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠳᠤᠷ ᠬᠢᠨ᠎ᠠ᠃ | | ᠭᠤᠷᠪᠠ᠂ 2011 ᠤᠨ ᠤ ᠭᠤᠤᠯᠳᠠᠯᠭ᠎ᠠ ᠲᠠᠢ ᠠᠵᠢᠯ | | ᠡᠨᠡ ᠵᠢᠯ ᠪᠤᠯ ︽12· 5︾ ᠵᠢᠯ ᠤᠨ ᠲᠦᠯᠦᠪᠵᠢᠬᠦᠯᠬᠡ ᠶᠢᠨ ᠡᠬᠢᠨ ᠤ ᠵᠢᠯ ᠪᠤᠯᠤᠨ᠎ᠠ᠃ ᠡᠨᠡ ᠵᠢᠯ ᠤᠨ ᠡᠯ᠎ᠡ ᠵᠦᠢᠯ ᠤᠨ ᠠᠵᠢᠯ ᠢ ᠰᠠᠶᠢᠲᠤᠷ | ᠬᠢᠬᠦ ᠨᠢ ᠲᠦᠢᠯ ᠤᠨ ᠶᠡᠭᠡ ᠠᠴᠢ ᠬᠤᠯᠪᠤᠭᠳᠠᠯ ᠲᠠᠢ ᠶᠤᠮ᠃ ᠡᠨᠡ ᠵᠢᠯ ᠤᠨ ᠭᠤᠤᠯ ᠵᠢᠱᠢᠭᠰᠡᠨ ᠬᠠᠷᠠᠯᠲᠠ ᠪᠤᠯ᠄ ᠭᠠᠵᠠᠷ ᠤᠷᠤᠨ ᠤ ᠦᠢᠯᠡᠳᠪᠦᠷᠢᠯᠡᠯ ᠤᠨ | ᠶᠡᠷᠦᠩᠬᠡᠢ ᠦᠷᠳᠡᠭ ᠢ 16% ᠨᠡᠮᠡᠭᠳᠡᠬᠦᠯᠵᠤ᠂ 3100 ᠳ᠋ᠦᠩᠰᠢᠭᠤᠷ ᠲᠦᠬᠦᠷᠢᠭ ᠲᠤ ᠬᠦᠷᠭᠡᠨ᠎ᠡ︔ ᠭᠡᠪᠴᠢᠶᠡᠵᠢᠯ ᠠᠴᠠ ᠲᠡᠭᠡᠭᠰᠢᠬᠢ ᠠᠵᠤ ᠦᠢᠯᠳᠪᠦᠷᠢ ᠶᠢᠨ | ᠨᠡᠮᠡᠭᠳᠡᠯ ᠦᠷᠳᠡᠭ ᠢ 16% ᠨᠡᠮᠡᠭᠳᠡᠬᠦᠯᠵᠤ᠂ 1400 ᠳ᠋ᠦᠩᠰᠢᠭᠤᠷ ᠲᠦᠬᠦᠷᠢᠭ ᠲᠤ ᠬᠦᠷᠭᠡᠨ᠎ᠡ︔ ᠡᠳ᠋ ᠤᠨ ᠵᠠᠰᠠᠭ ᠤᠨ ᠤᠷᠤᠯᠭ᠎ᠠ ᠶᠢ 24.5% | ᠨᠡᠮᠡᠭᠳᠡᠬᠦᠯᠵᠤ᠂ 670 ᠳ᠋ᠦᠩᠰᠢᠭᠤᠷ ᠲᠦᠬᠦᠷᠢᠭ ᠲᠤ ᠬᠦᠷᠭᠡᠵᠤ᠂ ᠡᠬᠦᠨ ᠳᠤ ᠡᠩ ᠤᠨ ᠲᠦᠰᠦᠪ ᠤᠨ ᠤᠷᠤᠯᠭ᠎ᠠ ᠶᠢ 25.5% ᠨᠡᠮᠡᠭᠳᠡᠬᠦᠯᠵᠤ᠂ 300 | ᠳ᠋ᠦᠩᠰᠢᠭᠤᠷ ᠲᠦᠬᠦᠷᠢᠭ ᠲᠤ ᠬᠦᠷᠭᠡᠨ᠎ᠡ︔ ᠬᠤᠲᠠ ᠪᠠᠯᠭᠠᠰᠣᠨ ᠤ ᠰᠠᠭᠤᠭᠠᠯᠢ ᠠᠷᠠᠳ ᠤᠨ ᠬᠦᠮᠦᠨ ᠲᠤᠮᠳᠠᠴᠢ ᠲᠤᠬᠢᠷᠠᠭᠤᠯᠵᠤ ᠪᠤᠯᠬᠤ ᠤᠷᠤᠯᠭ᠎ᠠ ᠶᠢ | 14% ᠨᠡᠮᠡᠭᠳᠡᠬᠦᠯᠵᠤ᠂ 28734 ᠲᠦᠬᠦᠷᠢᠭ ᠲᠤ ᠬᠦᠷᠭᠡᠨ᠎ᠡ︔ ᠮᠠᠯᠴᠢᠨ ᠲᠠᠷᠢᠶᠠᠴᠢᠨ ᠤ ᠬᠦᠮᠦᠨ ᠲᠤᠮᠳᠠᠴᠢ ᠴᠡᠪᠡᠷ ᠤᠷᠤᠯᠭ᠎ᠠ ᠶᠢ 13% ᠨᠡᠮᠡᠭᠳᠡᠬᠦᠯᠵᠤ᠂ | 9894 ᠲᠦᠬᠦᠷᠢᠭ ᠲᠤ ᠬᠦᠷᠭᠡᠨ᠎ᠡ᠃ ᠪᠦᠬᠦ ᠨᠡᠶᠢᠬᠡᠮ ᠤᠨ ᠲᠤᠭᠳᠠᠮᠠᠯ ᠬᠦᠷᠦᠩᠬᠡ ᠶᠢᠨ ᠪᠡᠯᠡ ᠤᠷᠤᠭᠤᠯᠤᠯᠲᠠ ᠶᠢ 10.6% ᠨᠡᠮᠡᠭᠳᠡᠬᠦᠯᠵᠤ᠂ 2100 | ᠳ᠋ᠦᠩᠰᠢᠭᠤᠷ ᠲᠦᠬᠦᠷᠢᠭ ᠪᠡᠶᠡᠯᠡᠬᠦᠯᠦᠨ᠎ᠡ᠃ ᠬᠤᠲᠠ ᠪᠠᠯᠭᠠᠰᠣᠨ ᠤ ᠲᠠᠩᠰᠠᠯᠠᠭᠰᠠᠨ ᠠᠵᠢᠯ ᠠᠯᠳᠠᠯᠲᠠ ᠶᠢᠨ ᠨᠤᠷᠮ᠎ᠠ ᠶᠢ 3.2% ᠤᠨ ᠲᠤᠳᠤᠷ᠎ᠠ | ᠬᠢᠵᠠᠭᠠᠷᠯᠠᠵᠤ᠂ ᠰᠠᠭᠤᠭᠠᠯᠢ ᠠᠷᠠᠳ ᠤᠨ ᠭᠡᠷᠡᠭᠯᠡᠬᠡᠨ ᠤ ᠦᠨ᠎ᠡ ᠶᠢᠨ ᠢᠯᠡᠳᠭᠡᠭᠴᠢ ᠲᠤᠭᠠᠨ ᠤ ᠦᠰᠦᠯᠲᠡ ᠶᠢ 4 % ᠤᠷᠴᠢᠮ ᠬᠢᠵᠠᠭᠠᠷᠯᠠᠵᠤ᠂ ᠳ᠋ᠦᠩᠰᠢᠭᠤᠷ | ᠲᠦᠬᠦᠷᠢᠭ ᠤᠨ ᠦᠢᠯᠡᠳᠪᠦᠷᠢᠯᠡᠯ ᠤᠨ ᠶᠡᠷᠦᠩᠬᠡᠢ ᠦᠷᠳᠡᠭ ᠤᠨ ᠠᠶᠤᠯᠬᠦᠢ ᠠᠳᠡᠯ ᠤᠨ ᠬᠦᠮᠦᠨ ᠦᠬᠦᠯ ᠤᠨ ᠨᠤᠷᠮ᠎ᠠ ᠶᠢ 0.055 ᠶᠢᠨ ᠲᠤᠳᠤᠷ᠎ᠠ | ᠬᠢᠵᠠᠭᠠᠷᠯᠠᠵᠤ᠂ ᠦᠪᠡᠷᠳᠡᠭᠡᠨ ᠵᠠᠰᠠᠬᠤ ᠤᠷᠤᠨ ᠠᠴᠠ ᠪᠠᠭᠤᠯᠭᠠᠭᠰᠠᠨ ᠡᠨᠧᠷᠬᠢ ᠠᠷᠪᠢᠯᠠᠨ ᠤᠰᠤ ᠠᠷᠪᠢᠯᠠᠵᠤ ᠪᠤᠬᠢᠷᠳᠤᠯ ᠢ ᠪᠠᠭᠠᠰᠬᠠᠬᠤ ᠬᠦᠢᠴᠡᠳᠭᠡᠯ ᠲᠤᠭ᠎ᠠ ᠶᠢ | ᠪᠡᠶᠡᠯᠡᠬᠦᠯᠦᠨ᠎ᠡ᠃ | ᠪᠢᠳᠡ ᠨᠠᠢᠮᠠᠨ ᠵᠦᠢᠯ ᠤᠨ ᠭᠤᠤᠯᠳᠠᠯᠭ᠎ᠠ ᠲᠠᠢ ᠠᠵᠢᠯ ᠢ ᠬᠦᠴᠦ ᠲᠠᠯᠪᠢᠨ ᠠᠬᠢᠭᠤᠯᠤᠨ᠎ᠠ᠄ | ︵ᠨᠢᠬᠡ︶ ᠴᠢᠬᠤᠯᠠ ᠲᠦᠷᠦᠯ ᠵᠦᠢᠯ ᠤᠨ ᠪᠦᠲᠦᠬᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠰᠠᠶᠢᠲᠤᠷ ᠠᠳᠬᠤᠨ᠎ᠠ᠃ ᠲᠦᠷᠦᠯ ᠵᠦᠢᠯ ᠤᠨ | ᠪᠦᠲᠦᠬᠡᠨ ᠪᠠᠶᠢᠭᠤᠯᠤᠯᠲᠠ ᠶᠢ ᠠᠳᠬᠤᠬᠤ ᠨᠢ ᠰᠢᠨᠵᠢᠯᠡᠬᠦ ᠤᠬᠠᠭᠠᠨᠴᠢ ᠬᠦᠭᠵᠢᠯᠲᠡ ᠶᠢ ᠠᠳᠬᠤᠨ᠂ ᠪᠦᠲᠦᠴᠡ ᠶᠢᠨ ᠬᠡᠯᠪᠡᠷᠢ ᠶᠢ ᠬᠤᠪᠢᠷᠠᠭᠤᠯᠤᠨ ᠲᠡᠰᠵᠢᠬᠦᠯᠬᠦ | ᠶᠢ ᠠᠳᠬᠤᠭᠰᠠᠨ ᠶᠠᠪᠤᠳᠠᠯ ᠪᠤᠯᠬᠤ ᠤᠨᠤᠯᠵᠢᠭᠤᠨ ᠢ ᠴᠢᠨᠠᠭᠰᠢᠲᠠ ᠴᠢᠩᠭᠠᠳᠬᠠᠵᠤ᠂ ᠵᠢᠯ ᠤᠨ ᠲᠤᠳᠤᠷ᠎ᠠ ᠪᠦᠬᠦ ᠬᠤᠲᠠ ᠳᠤ ᠳ᠋ᠦᠩᠰᠢᠭᠤᠷ ᠲᠦᠬᠦᠷᠢᠭ ᠠᠴᠠ | ᠲᠡᠭᠡᠭᠰᠢᠬᠢ ᠲᠦᠷᠦᠯ ᠵᠦᠢᠯ ᠢ 252 ᠵᠦᠢᠯ ᠡᠬᠢᠯᠡᠬᠦᠯᠵᠤ᠂ ᠡᠬᠦᠨ ᠳᠤ 10 ᠳ᠋ᠦᠩᠰᠢᠭᠤᠷ ᠲᠦᠬᠦᠷᠢᠭ ᠠᠴᠠ ᠲᠡᠭᠡᠭᠰᠢᠬᠢ ᠲᠦᠷᠦᠯ ᠵᠦᠢᠯ 117 ᠵᠦᠢᠯ ᠪᠤᠢ᠃ | | ᠨᠢᠬᠡ ᠳᠤ ᠲᠠᠪᠠᠭᠤᠯᠢᠭ ᠤᠨᠴᠠᠯᠢᠭᠲᠦ ᠠᠵᠤ ᠦᠢᠯᠡᠰ ᠤᠨ ᠴᠢᠬᠤᠯᠠ ᠲᠦᠷᠦᠯ ᠵᠦᠢᠯ ᠤᠨ ᠪᠦᠲᠦᠬᠡᠨ ᠪᠠᠶᠢᠭᠤᠯᠤᠯᠲᠠ ᠶᠢ ᠰᠠᠶᠢᠲᠤᠷ ᠠᠳᠬᠤᠨ᠎ᠠ᠃ | ᠪᠠᠶᠢᠭᠤᠯᠵᠤ ᠪᠠᠶᠢᠭ᠎ᠠ ᠪᠠ ᠨᠢᠬᠡᠨᠳᠡ ᠵᠦᠪᠰᠢᠶᠡᠷᠡᠭᠰᠡᠨ ᠪᠦᠲᠦᠬᠡᠨ ᠪᠠᠶᠢᠭᠤᠯᠬᠤ ᠪᠠᠷ ᠲᠦᠯᠦᠪᠯᠡᠵᠤ ᠪᠠᠶᠢᠭ᠎ᠠ ᠨᠡᠭᠦᠷᠡᠰᠦᠨ ᠦᠢᠯᠡᠳᠪᠦᠷᠢᠯᠡᠯ ᠤᠨ ᠲᠦᠷᠦᠯ ᠵᠦᠢᠯ ᠤᠨ | ᠪᠦᠲᠦᠬᠡᠨ ᠪᠠᠶᠢᠭᠤᠯᠬᠤ ᠴᠠᠭ ᠤᠨ ᠲᠠᠷᠠᠭᠠᠯᠠᠯ ᠢ ᠨᠢᠬᠡᠳᠦᠯᠲᠠᠢ ᠲᠦᠯᠦᠪᠵᠢᠬᠦᠯᠦᠨ ᠲᠤᠬᠢᠷᠠᠭᠤᠯᠵᠤ᠂ ᠨᠡᠬᠦᠷᠡᠰᠦᠨ ᠦᠢᠯᠡᠳᠪᠦᠷᠢᠯᠡᠯ ᠤᠨ ᠲᠦᠷᠦᠯ ᠵᠦᠢᠯ ᠤᠨ | ᠦᠢᠯᠡᠳᠪᠦᠷᠢᠯᠡᠯ ᠤᠨ ᠴᠢᠳᠠᠪᠤᠷᠢ ᠶᠢ ᠴᠢᠩᠭ᠎ᠠ ᠬᠢᠨᠠᠨ ᠲᠤᠭᠳᠠᠭᠠᠵᠤ᠂ ᠪᠦᠬᠦ ᠵᠢᠯ ᠤᠨ ᠨᠡᠬᠦᠷᠡᠰᠦᠨ ᠤ ᠦᠢᠯᠡᠳᠪᠦᠷᠢᠯᠡᠯ ᠤᠨ ᠴᠢᠳᠠᠪᠤᠷᠢ ᠶᠢ 5 ᠳ᠋ᠦᠩᠰᠢᠭᠤᠷ | ᠲᠤᠨ ᠤ ᠲᠤᠳᠤᠷ᠎ᠠ ᠬᠢᠵᠠᠭᠠᠷᠯᠠᠨ᠎ᠠ᠃ ᠨᠡᠬᠦᠷᠡᠰᠦᠨ ᠤ ᠡᠬᠢ ᠪᠠᠶᠠᠯᠢᠭ ᠢ ᠬᠤᠶᠠᠳᠣᠭᠠᠷ ᠤᠳᠠᠭ᠎ᠠ ᠡᠮᠬᠢᠯᠡᠨ ᠨᠡᠶᠢᠯᠡᠬᠦᠯᠬᠦ ᠠᠵᠢᠯ ᠢ ᠪᠦᠬᠦ ᠲᠠᠯ᠎ᠠ ᠪᠠᠷ ᠪᠡᠶᠡᠯᠡᠬᠦᠯᠵᠤ | ᠂ ᠨᠡᠬᠦᠷᠡᠰᠦᠨ ᠤ ᠠᠵᠤ ᠠᠬᠤᠶᠢᠯᠠᠯ ᠢ ᠨᠡᠶᠢᠯᠡᠬᠦᠯᠦᠨ ᠲᠠᠬᠢᠵᠤ ᠵᠤᠬᠢᠶᠠᠨ ᠪᠠᠶᠢᠭᠤᠯᠬᠤ ᠠᠵᠢᠯ ᠢ ᠡᠬᠢᠯᠡᠬᠦᠯᠵᠤ᠂ 2 —3 ᠵᠢᠯ ᠤᠨ ᠲᠤᠳᠤᠷ᠎ᠠ 5000 ᠲᠦᠮᠡᠨ | ᠲᠤᠨ ᠤ ᠲᠡᠰ ᠠᠴᠠ ᠲᠡᠭᠡᠭᠰᠢᠬᠢ ᠨᠡᠬᠦᠷᠡᠰᠦᠨ ᠠᠵᠤ ᠠᠬᠤᠶᠢᠯᠠᠯ ᠤᠨ ᠪᠦᠯᠦᠭᠯᠡᠯ ᠢ 3 ᠪᠠᠶᠢᠭᠤᠯᠬᠤ ᠪᠠᠷ ᠴᠢᠷᠮᠠᠶᠢᠵᠤ᠂ ᠨᠡᠬᠦᠷᠡᠰᠦᠨ ᠠᠵᠤ ᠦᠢᠯᠡᠰ ᠢ ᠨᠡᠩ | ᠦᠨᠳᠦᠷ ᠲᠠᠪᠬᠤᠷᠭ᠎ᠠ ᠳᠤ ᠲᠦᠪᠯᠡᠷᠡᠬᠦᠯᠦᠨ ᠡᠷᠴᠢᠮᠵᠢᠬᠦᠯᠦᠨ ᠬᠦᠭᠵᠢᠬᠦᠯᠬᠦ ᠶᠢ ᠪᠡᠶᠡᠯᠡᠬᠦᠯᠦᠨ᠎ᠡ᠃ ᠪᠦᠬᠦ ᠬᠤᠲᠠ ᠶᠢᠨ ᠴᠠᠬᠢᠯᠭᠠᠨ ᠤ ᠢᠷᠡᠯᠲᠡ ᠶᠢᠨ ᠴᠡᠭ ᠤᠨ | ᠪᠠᠶᠢᠷᠢᠯᠠᠭᠤᠯᠤᠯᠲᠠ ᠪᠠ ᠴᠠᠬᠢᠯᠭᠠᠨ ᠲᠤᠤᠷ ᠤᠨ ᠪᠦᠲᠦᠴᠡ ᠶᠢ ᠴᠢᠨᠠᠭᠰᠢᠲᠠ ᠰᠢᠯᠢᠳᠡᠭᠵᠢᠬᠦᠯᠵᠤ᠂ ᠱᠠᠩᠬᠠᠢ ᠶᠢᠨ ᠰᠦᠮ᠎ᠡ ᠶᠢᠨ ᠨᠡᠬᠦᠷᠡᠰᠦᠨ ᠴᠢᠯᠠᠭᠤ ᠪᠠᠷ | ᠴᠬᠢᠯᠭᠠᠨ ᠭᠠᠷᠭᠠᠬᠤ ᠦᠢᠯᠡᠳᠪᠦᠷᠢ ᠵᠡᠷᠭᠡ ᠲᠦᠷᠦᠯ ᠵᠦᠢᠯ ᠤᠨ ᠪᠦᠲᠦᠬᠡᠨ ᠪᠠᠶᠢᠭᠤᠯᠤᠯᠲᠠ ᠶᠢ ᠢᠳᠡᠪᠬᠢᠲᠠᠢ ᠠᠬᠢᠭᠤᠯᠵᠤ᠂ ᠨᠢᠬᠡ ᠪᠦᠯᠦᠭ ᠤᠨᠴᠠ ᠲᠤᠮᠤ | ᠬᠡᠯᠪᠡᠷᠢ ᠶᠢᠨ ᠴᠠᠬᠢᠯᠭᠠᠨ ᠭᠠᠷᠭᠠᠬᠤ ᠦᠷᠳᠡᠭᠡᠨ ᠤ ᠰᠦᠷᠦᠭᠵᠢᠯ ᠢ ᠪᠦᠲᠦᠬᠡᠨ ᠪᠠᠶᠢᠭᠤᠯᠤᠨ᠎ᠠ᠃ ᠨᠡᠬᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ | ᠤᠨ ᠭᠤᠤᠯᠳᠠᠯᠭ᠎ᠠ ᠲᠠᠢ ᠲᠦᠷᠦᠯ ᠵᠦᠢᠯ ᠢ ᠬᠦᠴᠦ ᠪᠠᠨ ᠲᠦᠪᠯᠡᠷᠡᠬᠦᠯᠦᠨ ᠠᠬᠢᠭᠤᠯᠵᠤ᠂ ᠨᠢᠬᠡᠨᠳᠡ ᠪᠠᠶᠢᠭᠤᠯᠤᠭᠳᠠᠭᠰᠠᠨ ᠬᠤᠶᠠᠷ ᠵᠤᠷᠪᠤᠰ ᠨᠡᠬᠦᠷᠡᠰᠦ ᠪᠠᠷ | ᠲᠤᠰᠤ ᠦᠢᠯᠡᠳᠪᠦᠷᠢᠯᠡᠬᠦ ᠦᠢᠯᠡᠳᠪᠦᠷᠢᠯᠡᠯ ᠤᠨ ᠱᠣᠭᠤᠮ ᠢ ᠠᠶᠤᠯᠬᠦᠢ ᠮᠦᠷᠳᠡᠭᠡᠨ ᠲᠤᠭᠳᠠᠭᠤᠨ ᠢᠶᠠᠷ ᠡᠷᠬᠢᠯᠳᠦᠬᠦᠯᠦᠭᠰᠡᠨ ᠰᠠᠭᠤᠷᠢᠨ ᠲᠡᠭᠡᠷ᠎ᠡ᠂ ᠢ ᠲᠠᠢ ᠶᠢᠨ | 360 ᠲᠦᠮᠡᠨ ᠲᠤᠨ᠂ ᠱᠧᠨ ᠬᠤᠸᠠ ᠶᠢᠨ 216 ᠲᠦᠮᠡᠨ ᠲᠤᠨ ᠤ ᠨᠡᠬᠦᠷᠡᠰᠦ ᠪᠠᠷ ᠲᠤᠰᠤ ᠦᠢᠯᠡᠳᠪᠦᠷᠢᠯᠡᠬᠦ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ | ᠠᠵᠢᠯ ᠢ ᠰᠠᠶᠢᠲᠤᠷ ᠬᠢᠵᠤ᠂ ᠪᠠᠷᠢᠯᠭ᠎ᠠ ᠡᠬᠢᠯᠡᠬᠦᠯᠬᠦ ᠪᠠᠷ ᠴᠢᠷᠮᠠᠶᠢᠨ᠎ᠠ᠃ ᠬᠤᠢ ᠨᠧᠩ ᠤᠨ 20 ᠳ᠋ᠦᠩᠰᠢᠭᠤᠷ ᠪᠤᠰᠤᠭ᠎ᠠ ᠲᠦᠷᠪᠡᠯᠵᠢᠨ ᠮᠧᠲᠷ ᠤᠨ ᠨᠡᠬᠦᠷᠡᠰᠦ ᠪᠠᠷ | ᠪᠠᠶᠢᠭᠠᠯᠢ ᠶᠢᠨ ᠰᠢᠲᠠᠮᠠᠬᠠᠢ ᠬᠡᠢ ᠦᠢᠯᠡᠳᠪᠦᠷᠢᠯᠡᠬᠦ ᠲᠦᠷᠦᠯ ᠵᠦᠢᠯ ᠤᠨ ᠪᠦᠲᠦᠬᠡᠨ ᠪᠠᠶᠢᠭᠤᠯᠤᠯᠲᠠ ᠶᠢ ᠠᠬᠢᠭᠤᠯᠵᠤ᠂ ᠱᠧᠨ ᠬᠤᠸᠠ ᠶᠢᠨ ᠨᠡᠬᠦᠷᠡᠰᠦ ᠪᠠᠷ ᠬᠡᠢ | ᠦᠢᠯᠡᠳᠪᠦᠷᠢᠯᠡᠬᠦ ᠲᠦᠷᠦᠯ ᠵᠦᠢᠯ ᠢ ᠦᠨᠡᠨ ᠪᠤᠲᠠᠲᠠᠢ ᠠᠬᠢᠯᠲᠠ ᠲᠠᠢ ᠪᠤᠯᠭᠠᠬᠤ ᠪᠠᠷ ᠴᠢᠷᠮᠠᠶᠢᠨ᠎ᠠ᠃ ᠨᠡᠬᠦᠷᠡᠰᠦ ᠪᠠᠷ ᠲᠤᠮᠤ ᠬᠢᠮᠢ ᠶᠢᠨ ᠪᠤᠷᠳᠤᠭᠤᠷ | ᠦᠢᠯᠡᠳᠪᠦᠷᠢᠯᠡᠬᠦ᠂ ᠬᠤᠶᠠᠷ ᠮᠧᠲ᠋ᠢᠯᠲᠤ ᠡᠲ᠋ᠧᠷ ᠪᠠ ᠮᠧᠲ᠋ᠢᠯ ᠠᠯᠺᠤᠤᠯ ᠤᠨ ᠦᠢᠯᠡᠳᠬᠦᠨ ᠢ ᠨᠠᠷᠢᠯᠢᠭ ᠬᠦᠨ ᠪᠤᠯᠪᠠᠰᠤᠷᠠᠭᠤᠯᠬᠤ ᠲᠦᠷᠦᠯ ᠵᠦᠢᠯ ᠢ ᠪᠦᠬᠦ ᠬᠦᠴᠦᠨ | ᠢᠶᠠᠷ ᠠᠬᠢᠭᠤᠯᠵᠤ᠂ ᠲᠤᠮᠳᠠᠳᠣ ᠶᠢᠨ ᠨᠡᠬᠦᠷᠡᠰᠦᠨ ᠤ 350 ᠲᠦᠮᠡᠨ ᠲᠤᠨ ᠤ ᠲᠤᠮᠤ ᠬᠢᠮᠢ ᠶᠢᠨ ᠪᠤᠷᠳᠤᠭᠤᠷ ᠵᠡᠷᠭᠡ ᠲᠦᠷᠦᠯ ᠵᠦᠢᠯ ᠤᠨ ᠪᠦᠲᠦᠬᠡᠨ | ᠪᠠᠶᠢᠭᠤᠯᠤᠯᠲᠠ ᠶᠢᠨ ᠠᠬᠢᠴᠠ ᠶᠢ ᠲᠦᠷᠭᠡᠳᠭᠡᠵᠤ᠂ ᠵᠦᠩ ᠲᠢᠶᠠᠨ ᠾᠧ ᠴᠣᠸᠠᠩ ᠤᠨ 300 ᠲᠦᠮᠡᠨ ᠲᠤᠨ ᠤ ᠬᠤᠶᠠᠷ ᠮᠧᠲ᠋ᠢᠯᠲᠤ ᠡᠲ᠋ᠧᠷ᠂ ᠮᠧᠩ ᠳ᠋ᠠ ᠶᠢᠨ | 50 ᠲᠦᠮᠡᠨ ᠲᠤᠨ ᠤ ᠠᠯᠺᠸᠠ᠂ ᠲᠤᠮᠳᠠᠳᠣ ᠶᠢᠨ ᠴᠠᠬᠢᠯᠭᠠᠨ ᠬᠦᠴᠦᠨ ᠤ ᠪᠡᠯᠡ ᠤᠷᠤᠭᠤᠯᠤᠯᠲᠠ ᠶᠢᠨ ᠺᠤᠮᠫᠠᠨᠢ ᠶᠢᠨ 100 ᠲᠦᠮᠡᠨ ᠲᠤᠨ ᠤ ᠠᠯᠺᠸᠠ᠂ | ᠱᠠᠩᠬᠠᠢ ᠶᠢᠨ ᠰᠦᠮ᠎ᠡ ᠶᠢᠨ 100 ᠲᠦᠮᠡᠨ ᠲᠤᠨ ᠤ ᠡᠲᠸᠠ ᠬᠤᠶᠠᠷᠴᠢ ᠠᠯᠺᠤᠤᠯ ᠵᠡᠷᠭᠡ ᠲᠦᠷᠦᠯ ᠵᠦᠢᠯ ᠤᠨ ᠪᠠᠷᠢᠯᠭ᠎ᠠ ᠶᠢ ᠡᠬᠢᠯᠡᠬᠦᠯᠵᠤ᠂ ᠮᠢᠩᠭᠠᠨ | ᠲᠦᠮᠡᠨ ᠲᠤᠨ ᠤ ᠲᠡᠰ ᠤᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠰᠠᠭᠤᠷᠢᠨ ᠭᠠᠵᠠᠷ ᠢ ᠪᠤᠶᠢᠵᠢᠭᠤᠯᠤᠨ᠎ᠠ᠃ | ᠬᠤᠶᠠᠷ ᠲᠤ ᠡᠬᠢ ᠪᠠᠶᠠᠯᠢᠭ ᠤᠨ ᠪᠤᠰᠣ ᠭᠡᠯᠪᠡᠷᠢ ᠶᠢᠨ ᠠᠵᠤ ᠦᠢᠯᠡᠰ ᠤᠨ ᠭᠤᠤᠯᠳᠠᠯᠭ᠎ᠠ ᠲᠠᠢ ᠲᠦᠷᠦᠯ ᠵᠦᠢᠯ ᠤᠨ ᠪᠦᠲᠦᠬᠡᠨ ᠪᠠᠶᠢᠭᠤᠯᠤᠯᠲᠠ ᠶᠢ | ᠰᠠᠶᠢᠲᠤᠷ ᠠᠳᠬᠤᠨ᠎ᠠ᠃ ᠲᠤᠨᠤᠭᠯᠠᠯ ᠦᠢᠯᠡᠳᠬᠦ ᠦᠢᠯᠡᠰ ᠤᠨ ᠲᠦᠷᠦᠯ ᠵᠦᠢᠯ ᠢ ᠪᠦᠬᠦ ᠬᠦᠴᠦᠨ ᠢᠶᠠᠷ ᠰᠠᠶᠢᠲᠤᠷ ᠠᠳᠬᠤᠵᠤ᠂ ᠬᠤᠸᠠ ᠲᠠᠢ ᠶᠢᠨ 15 | ᠲᠦᠮᠡᠨ ᠰᠠᠭᠤᠳᠠᠯ ᠤᠨ ᠮᠠᠰᠢᠨ ᠲᠡᠷᠭᠡᠨ ᠤ ᠲᠦᠷᠦᠯ ᠵᠦᠢᠯ ᠢ ᠲᠡᠭᠡᠳᠦ ᠬᠠᠭᠠᠰ ᠵᠢᠯ ᠳᠤ ᠠᠰᠢᠭᠯᠠᠯᠲᠠ ᠳᠤ ᠤᠷᠤᠭᠤᠯᠵᠤ᠂ ᠴᠢ ᠷᠦᠢ ᠶᠢᠨ 30 ᠲᠦᠮᠡᠨ | ᠮᠠᠰᠢᠨ ᠲᠡᠷᠭᠡ ᠦᠢᠯᠡᠳᠪᠦᠷᠢᠯᠡᠬᠦ ᠲᠦᠷᠦᠯ ᠵᠦᠢᠯ ᠤᠨ ᠪᠦᠲᠦᠬᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠭᠡᠵᠤ᠂ ᠵᠢᠩ ᠬᠦᠩ᠂ ᠵᠦᠩ ᠰᠢᠩ ᠵᠡᠷᠭᠡ | ᠮᠠᠰᠢᠨ ᠲᠡᠷᠭᠡ ᠦᠢᠯᠡᠳᠪᠦᠷᠢᠯᠡᠬᠦ ᠲᠦᠷᠦᠯ ᠵᠦᠢᠯ ᠢ ᠠᠰᠢᠭᠯᠠᠯᠲᠠ ᠳᠤ ᠤᠷᠤᠭᠤᠯᠤᠨ ᠦᠷ᠎ᠡ ᠠᠰᠢᠭ ᠤᠯᠬᠤ ᠶᠢ ᠪᠦᠬᠦ ᠬᠦᠴᠦᠨ ᠢᠶᠠᠨ ᠠᠬᠢᠭᠤᠯᠤᠨ᠎ᠠ︔ ᠯᠠᠨ | ᠳ᠋ᠧ ᠶᠢᠨ ᠬᠦᠨᠲᠦ ᠠᠵᠤ ᠦᠢᠯᠡᠳᠪᠦᠷᠢ ᠶᠢᠨ ᠠᠭᠤᠷᠬᠠᠢ ᠶᠢᠨ ᠭᠡᠷᠡᠭᠯᠡᠬᠡᠨ ᠤ 1 .5 ᠲᠦᠮᠡᠨ ᠦᠪᠡᠰᠦᠪᠡᠨ ᠪᠠᠭᠤᠯᠭᠠᠬᠤ ᠮᠠᠰᠢᠨ ᠲᠡᠷᠭᠡ᠂ 3000 ᠪᠧᠨ | ᠤᠤᠢ ᠬᠤᠳᠠᠯᠳᠤᠭᠠᠨ ᠤ ᠶᠠᠪᠤᠳᠠᠯ ᠤᠨ ᠮᠠᠰᠢᠨ ᠵᠡᠷᠭᠡ ᠲᠦᠷᠦᠯ ᠵᠦᠢᠯ ᠢ ᠰᠢᠨ᠎ᠡ ᠪᠠᠷ ᠪᠦᠲᠦᠬᠡᠨ ᠪᠠᠶᠢᠭᠤᠯᠤᠨ᠎ᠠ᠃ ᠮᠠᠰᠢᠨ ᠲᠡᠷᠭᠡᠨ ᠤ ᠠᠵᠤ ᠦᠢᠯᠡᠰ ᠤᠨ | ᠲᠦᠬᠦᠷᠵᠢᠯᠲᠡ ᠶᠢᠨ ᠲᠦᠷᠦᠯ ᠵᠦᠢᠯ ᠤᠨ ᠪᠦᠲᠦᠬᠡᠨ ᠪᠠᠶᠢᠭᠤᠯᠤᠯᠲᠠ ᠶᠢ ᠲᠦᠷᠭᠡᠳᠭᠡᠵᠤ᠂ ᠮᠠᠰᠢᠨ ᠲᠡᠷᠭᠡᠨ ᠤ ᠲᠤᠨᠤᠭ ᠲᠦᠬᠦᠬᠡᠷᠦᠮᠵᠢ ᠶᠢ ᠨᠤᠳᠤᠭᠴᠢᠯᠠᠬᠤ | ᠨᠤᠷᠮ᠎ᠠ ᠶᠢ ᠲᠡᠭᠡᠭᠰᠢᠯᠡᠬᠦᠯᠦᠨ᠎ᠡ᠃ ᠵᠦᠩ ᠮᠸᠢ ᠶᠢᠨ ᠡᠨᠧᠷᠬᠢ ᠠᠷᠪᠢᠯᠠᠬᠤ ᠲᠤᠨᠤᠭ ᠲᠦᠬᠦᠬᠡᠷᠦᠮᠵᠢ ᠪᠠ ᠨᠡᠬᠦᠷᠡᠰᠦᠨ ᠠᠭᠤᠷᠬᠠᠢ ᠶᠢᠨ ᠤᠬᠢᠶᠠᠵᠤ ᠰᠤᠩᠭᠤᠬᠤ | ᠲᠤᠨᠤᠭ ᠲᠦᠬᠦᠬᠡᠷᠦᠮᠵᠢ ᠦᠢᠯᠡᠳᠪᠦᠷᠢᠯᠡᠬᠦ᠂ ᠵᠢᠦ ᠾᠧ ᠶᠢᠨ ᠡᠨᠧᠷᠬᠢ ᠰᠠᠯᠬᠢᠨ ᠬᠦᠴᠦᠨ ᠤ ᠴᠠᠬᠢᠯᠭᠠᠨ ᠭᠠᠷᠭᠠᠬᠤ ᠪᠦᠷᠢᠨ ᠮᠠᠰᠢᠨ ᠦᠢᠯᠡᠳᠬᠦ ᠵᠡᠷᠭᠡ ᠲᠦᠷᠦᠯ | ᠵᠦᠢᠯ ᠤᠨ ᠪᠦᠲᠦᠬᠡᠨ ᠪᠠᠶᠢᠭᠤᠯᠤᠯᠲᠠ ᠶᠢ ᠲᠦᠷᠭᠡᠳᠭᠡᠵᠤ᠂ ᠨᠡᠬᠦᠷᠡᠰᠦᠨ ᠮᠠᠰᠢᠨ᠂ ᠬᠢᠮᠢ ᠶᠢᠨ ᠠᠵᠤ ᠦᠢᠯᠡᠳᠪᠦᠷᠢ ᠶᠢᠨ ᠮᠠᠰᠢᠨ ᠵᠡᠷᠭᠡ ᠦᠢᠯᠡᠳᠬᠦ | ᠦᠢᠯᠡᠰ ᠤᠨ ᠬᠠᠪᠳᠠᠭᠠᠢ ᠭᠡᠰᠡᠭ ᠢ ᠪᠤᠢ ᠪᠤᠯᠭᠠᠨ᠎ᠠ᠃ ᠰᠢᠨ᠎ᠡ ᠪᠠᠷ ᠪᠤᠢ ᠪᠤᠯᠤᠭᠰᠠᠨ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠠᠵᠤ ᠦᠢᠯᠡᠰ ᠤᠨ | ᠲᠦᠷᠦᠯ ᠵᠦᠢᠯ ᠢ ᠢᠳᠡᠪᠬᠢᠲᠠᠢ ᠪᠠᠶᠢᠭᠤᠯᠵᠤ᠂ ᠤᠯᠤᠰ ᠤᠨ ᠴᠠᠬᠢᠯᠭᠠᠨ ᠤ 3000 ᠲᠤᠨ ᠤ ᠤᠯᠠᠨ ᠲᠠᠯᠠᠰᠲᠤ ᠴᠠᠬᠢᠭᠤᠷ ᠤᠨ ᠲᠦᠷᠦᠯ ᠵᠦᠢᠯ ᠢ ᠠᠰᠢᠭᠯᠠᠯᠲᠠ | ᠳᠤ ᠤᠷᠤᠭᠤᠯᠬᠤ ᠶᠢ ᠪᠠᠲᠤᠯᠠᠵᠤ᠂ ᠤᠷᠳᠤᠰ ᠨᠤᠯᠤᠤᠷ ᠬᠠᠨᠳᠠᠭᠠᠵᠠ ᠶᠢᠨ ᠪᠦᠯᠦᠭᠯᠡᠯ ᠤᠨ ᠬᠤᠶᠠᠳᠤᠭᠠᠷ ᠬᠤᠭᠤᠴᠠᠭᠠᠨ ᠤ 2500 ᠲᠤᠨ ᠤ ᠲᠦᠷᠦᠯ ᠵᠦᠢᠯ | ᠢ ᠰᠢᠨ᠎ᠡ ᠪᠠᠷ ᠪᠠᠷᠢᠯᠭ᠎ᠠ ᠡᠬᠢᠯᠡᠬᠦᠯᠦᠨ᠎ᠡ᠃ ᠱᠠᠩ ᠳ᠋ᠧ 5G᠂ ᠵᠦᠩ ᠱᠧᠩ 3G ᠨᠠᠷᠠᠨ ᠡᠨᠧᠷᠬᠢ ᠶᠢᠨ ᠳ᠋ᠢᠶᠠᠨ ᠤᠤᠢ ᠶᠢᠨ ᠰᠢᠷᠢᠰ ᠲᠦᠷᠦᠯ ᠵᠦᠢᠯ ᠢ | ᠨᠤᠳᠤᠭᠰᠢᠭᠤᠯᠤᠨ ᠬᠡᠷᠡᠭᠵᠢᠬᠦᠯᠬᠦ ᠶᠢ ᠪᠦᠬᠦ ᠬᠦᠴᠦᠨ ᠢᠶᠠᠷ ᠠᠬᠢᠭᠤᠯᠤᠨ᠎ᠠ᠃ ᠸᠠᠨ ᠵᠢᠶᠧ ᠶᠢᠨ 30 ᠲᠦᠮᠡᠨ ᠰᠠᠭᠤᠷᠢ ᠰᠦᠯᠵᠢᠶᠡᠨ ᠳᠤ ᠭᠠᠷᠬᠤ ᠲᠡᠪᠳᠡᠷ ᠪᠠ | ᠦᠵᠦᠬᠦᠷ ᠲᠡᠰ ᠤᠨ ᠦᠢᠯᠡᠳᠬᠦᠨ ᠤ ᠲᠦᠷᠦᠯ ᠵᠦᠢᠯ ᠤᠨ ᠪᠦᠲᠦᠬᠡᠨ ᠪᠠᠶᠢᠭᠤᠯᠤᠯᠲᠠ ᠶᠢ ᠲᠦᠷᠭᠡᠳᠭᠡᠵᠤ᠂ ᠱᠢ ᠵᠢᠢ ᠢᠨᠲ᠋ᠧᠷ ᠰᠦᠯᠵᠢᠶ᠎ᠡ ᠵᠡᠷᠭᠡ ᠠᠵᠤ | ᠠᠬᠤᠶᠢᠯᠠᠯ ᠢ ᠤᠷᠤᠭᠤᠯᠤᠨ ᠠᠪᠴᠢᠷᠠᠵᠤ᠂ ᠪᠤᠳᠤᠯᠭ᠎ᠠ ᠶᠢᠨ ᠡᠬᠢ ᠪᠠᠶᠠᠯᠢᠭ ᠤᠨ ᠦᠢᠯᠡᠴᠢᠯᠡᠭᠡᠨ ᠤ ᠦᠢᠯᠡᠰ ᠤᠨ ᠤᠷᠤᠨ ᠲᠤᠭᠤᠷᠢᠭ ᠤᠨ ᠪᠦᠲᠦᠬᠡᠨ | ᠪᠠᠶᠢᠭᠤᠯᠤᠯᠲᠠ ᠶᠢ ᠡᠬᠢᠯᠡᠬᠦᠯᠵᠤ᠂ ᠡᠯᠧᠺᠲᠷᠤᠨ ᠴᠢᠮᠡᠭᠡ ᠵᠠᠩᠬᠢ ᠶᠢᠨ ᠠᠵᠤ ᠦᠢᠯᠡᠰ ᠤᠨ ᠬᠦᠭᠵᠢᠯᠲᠡ ᠳᠤ ᠮᠦᠨ ᠴᠢᠨᠠᠷ ᠤᠨ ᠰᠢᠪᠲᠤᠯᠤᠯᠲᠠ ᠲᠠᠢ ᠪᠤᠯᠬᠤ ᠪᠠᠷ | ᠴᠢᠷᠮᠠᠶᠢᠨ᠎ᠠ᠃ ᠬᠦᠩᠬᠡᠨᠴᠠᠭᠠᠨ ᠤ ᠢᠰᠦᠯ ᠤᠨ ᠲᠦᠷᠦᠯ ᠵᠦᠢᠯ ᠤᠨ ᠪᠦᠲᠦᠬᠡᠨ ᠪᠠᠶᠢᠭᠤᠯᠤᠯᠲᠠ ᠶᠢ ᠲᠦᠷᠭᠡᠳᠭᠡᠵᠤ᠂ ᠰᠢᠩ ᠾᠧᠩ ᠪᠦᠯᠦᠭᠯᠡᠯ ᠤᠨ 120 | ᠲᠦᠮᠡᠨ ᠲᠤᠨ᠂ ᠳ᠋ᠦᠩ ᠹᠠᠩ ᠰᠢ ᠸᠠᠩ ᠤᠨ 100 ᠲᠦᠮᠡᠨ ᠲᠤᠨ ᠤ ᠬᠦᠩᠬᠡᠨᠴᠠᠭᠠᠨ ᠤ ᠢᠰᠦᠯ ᠤᠨ ᠲᠦᠷᠦᠯ ᠵᠦᠢᠯ ᠢ ᠪᠠᠷᠢᠯᠭ᠎ᠠ ᠡᠬᠢᠯᠡᠬᠦᠯᠬᠦ ᠪᠠᠷ | ᠴᠢᠷᠮᠠᠶᠢᠨ᠎ᠠ᠃ PVC ᠤᠨ ᠠᠵᠤ ᠦᠢᠯᠡᠰ ᠤᠨ ᠤᠨᠳᠤᠤ ᠬᠡᠯᠪᠡᠷᠢᠲᠦ ᠮᠠᠲ᠋ᠧᠷᠢᠶᠠᠯ᠂ ᠴᠢᠨᠠᠷ ᠢ ᠨᠢ ᠦᠬᠡᠷᠡᠴᠢᠯᠡᠭᠰᠡᠨ ᠮᠠᠲ᠋ᠧᠷᠢᠶᠠᠯ᠂ ᠮᠠᠰᠢᠨ ᠲᠡᠷᠭᠡᠨ ᠤ | ᠭᠡᠷᠡᠭᠯᠡᠭᠡᠨ ᠤ ᠰᠦᠯᠢᠶᠤᠤ ᠵᠡᠷᠭᠡ ᠦᠵᠦᠬᠦᠷ ᠲᠡᠰ ᠤᠨ ᠦᠢᠯᠡᠳᠬᠦᠨ ᠢ ᠬᠦᠭᠵᠢᠬᠦᠯᠵᠤ᠂ ᠳ᠋ᠦᠩ ᠹᠠᠩ ᠰᠢ ᠸᠠᠩ ᠤᠨ 40 ᠲᠦᠮᠡᠨ ᠲᠤᠨ ᠪᠠ ᠤᠷᠳᠤᠰ | ᠨᠤᠯᠤᠤᠷ ᠬᠠᠨᠳᠠᠭᠠᠵᠠ ᠶᠢᠨ 40 ᠲᠦᠮᠡᠨ ᠲᠤᠨ ᠤ PVC ᠵᠡᠷᠭᠡ ᠲᠦᠷᠦᠯ ᠵᠦᠢᠯ ᠢ ᠰᠢᠨ᠎ᠡ ᠪᠠᠷ ᠪᠠᠷᠢᠯᠭ᠎ᠠ ᠡᠬᠢᠯᠡᠬᠦᠯᠦᠨ᠎ᠡ᠃ ᠨᠢᠮᠬᠡᠨ ᠸᠠᠭᠠᠷ ᠱᠠᠭᠠᠵᠠᠩ | ᠲᠤᠭᠤᠰᠬ᠎ᠠ ᠪᠠ ᠡᠳᠦᠷ ᠲᠤᠳᠣᠮ ᠤᠨ ᠭᠡᠷᠡᠭᠯᠡᠬᠡᠨ ᠤ ᠱᠠᠭᠠᠵᠠᠩ ᠤᠨ ᠦᠢᠯᠡᠳᠪᠦᠷᠢᠯᠡᠯ ᠤᠨ ᠲᠦᠷᠦᠯ ᠵᠦᠢᠯ ᠢ ᠲᠦᠷᠭᠡᠨ ᠢᠶᠠᠷ ᠤᠷᠤᠭᠤᠯᠤᠨ ᠠᠪᠴᠢᠷᠠᠵᠤ᠂ | ᠸᠠᠭᠠᠷ ᠱᠠᠭᠠᠵᠠᠩ ᠤᠨ ᠦᠢᠯᠡᠳᠪᠦᠷᠢᠯᠡᠯ ᠤᠨ ᠱᠣᠭᠤᠮ ᠢ ᠰᠢᠨ᠎ᠡ ᠪᠠᠷ 50 ᠵᠤᠷᠪᠤᠰ ᠨᠡᠮᠡᠭᠳᠡᠬᠦᠯᠬᠦ ᠪᠠᠷ ᠴᠢᠷᠮᠠᠶᠢᠨ᠎ᠠ᠃ ᠤᠷᠳᠤᠰ ᠨᠤᠯᠤᠤᠷ ᠬᠠᠨᠳᠠᠭᠠᠵᠠ ᠶᠢᠨ | ᠪᠦᠯᠦᠭᠡᠯᠡᠯ ᠤᠨ ᠨᠡᠭᠡᠮᠡᠯ ᠤᠨ ᠤᠷᠤᠨ ᠲᠤᠭᠤᠷᠢᠭ ᠢ ᠪᠦᠬᠦᠨ ᠢ ᠨᠡᠬᠦᠯᠬᠡᠨ ᠰᠢᠯᠵᠢᠬᠦᠯᠬᠦ ᠪᠠᠷ ᠠᠵᠠ ᠲᠤᠬᠢᠶᠠᠯ ᠪᠤᠯᠭᠠᠵᠤ᠂ ᠰᠣᠳᠣᠯᠣᠨ ᠨᠡᠬᠡᠬᠡᠬᠦ ᠬᠦᠴᠦᠨ ᠢ | ᠴᠢᠩᠭᠠᠳᠬᠠᠵᠤ᠂ ᠰᠢᠨᠵᠢᠯᠡᠭᠡ ᠮᠡᠷᠭᠡᠵᠢᠯ ᠤᠨ ᠠᠭᠤᠯᠤᠭᠳᠠᠬᠤᠨ ᠢ ᠲᠡᠭᠡᠭᠰᠢᠯᠡᠬᠦᠯᠵᠤ᠂ ᠤᠷᠳᠤᠰ ᠤᠨ ᠢᠮᠠᠭᠠᠨ ᠨᠤᠯᠤᠤᠷ ᠤᠨ ᠠᠵᠤ ᠦᠢᠯᠡᠰ ᠤᠨ ᠨᠡᠷᠡᠲᠦ ᠲᠠᠸᠠᠷ | ᠤᠨ ᠲᠡᠮᠳᠡᠭ ᠤᠨ ᠦᠢᠯᠡᠳᠦᠯ ᠢ ᠴᠢᠩᠭᠠᠳᠬᠠᠵᠤ᠂ ᠵᠠᠬ᠎ᠠ ᠲᠡᠯᠬᠡᠬᠦᠷ ᠤᠨ ᠡᠵᠡᠯᠡᠬᠦ ᠨᠤᠷᠮ᠎ᠠ ᠶᠢ ᠲᠡᠭᠡᠭᠰᠢᠯᠡᠬᠦᠯᠦᠨ᠎ᠡ᠃ | ᠭᠤᠷᠪᠠ ᠳᠤ ᠤᠲᠤ ᠦᠶ᠎ᠡ ᠶᠢᠨ ᠦᠢᠯᠡᠴᠢᠯᠡᠬᠡᠨ ᠤ ᠦᠢᠯᠡᠰ ᠤᠨ ᠴᠢᠬᠤᠯᠠ ᠲᠦᠷᠦᠯ ᠵᠦᠢᠯ ᠤᠨ ᠪᠦᠲᠦᠬᠡᠨ ᠪᠠᠶᠢᠭᠤᠯᠤᠯᠲᠠ ᠶᠢ ᠰᠠᠶᠢᠲᠤᠷ | ᠠᠳᠬᠤᠨ᠎ᠠ᠃ ᠪᠦᠬᠦ ᠬᠤᠲᠠ ᠶᠢᠨ ᠤᠳᠤ ᠦᠶ᠎ᠡ ᠶᠢᠨ ᠦᠢᠯᠡᠴᠢᠯᠡᠬᠡᠨ ᠤ ᠦᠢᠯᠡᠰ ᠤᠨ ᠠᠵᠢᠯ ᠲᠦᠷᠦᠯ ᠤᠨ ᠬᠦᠭᠵᠢᠬᠦᠯᠦᠯᠲᠡ ᠶᠢᠨ ᠲᠤᠰᠬᠠᠢ ᠵᠦᠢᠯ ᠤᠨ | ᠲᠦᠯᠦᠪᠵᠢᠬᠦᠯᠬᠡ ᠶᠢ ᠨᠠᠶᠢᠷᠠᠭᠤᠯᠤᠨ ᠵᠤᠬᠢᠶᠠᠬᠤ ᠪᠠ ᠲᠦᠷᠦᠯ ᠵᠦᠢᠯ ᠢ ᠨᠤᠳᠤᠭᠰᠢᠭᠤᠯᠬᠤ ᠠᠵᠢᠯ ᠢ ᠢᠳᠡᠪᠬᠢᠲᠠᠢ ᠰᠠᠶᠢᠲᠤᠷ ᠬᠢᠨ᠎ᠠ᠃ ᠳ᠋ᠦᠩᠱᠧᠩ ᠤᠨ | ᠮᠦᠩᠬᠦᠨ ᠬᠦᠢᠯᠬᠡᠬᠡᠨ ᠤ ᠠᠭᠤᠳᠠᠮ ᠲᠠᠯᠠᠪᠠᠢ ᠪᠠ ᠬᠢᠶ᠎ᠠ ᠪᠠᠭᠰᠢ ᠰᠢᠨ᠎ᠡ ᠲᠤᠭᠤᠷᠢᠭ ᠤᠨ ᠮᠦᠩᠬᠦᠨ ᠬᠦᠢᠯᠬᠡᠬᠡᠨ ᠤ ᠦᠢᠯᠡᠴᠢᠯᠡᠬᠡᠨ ᠤ ᠲᠦᠪ ᠤᠨ ᠪᠦᠲᠦᠬᠡᠨ | ᠪᠠᠶᠢᠭᠤᠯᠤᠯᠲᠠ ᠶᠢ ᠲᠦᠷᠭᠡᠳᠭᠡᠵᠤ᠂ ᠰᠢᠩ ᠶᠧ᠂ ᠭᠤᠸᠠᠩ ᠳ᠋ᠠ ᠵᠡᠷᠭᠡ ᠬᠤᠪᠢᠴᠠᠭᠠᠲᠤ ᠲᠦᠷᠢᠮ ᠤᠨ ᠬᠤᠳᠠᠯᠳᠤᠭᠠᠨ ᠤ ᠪᠠᠩᠬᠢ ᠶᠢ ᠮᠠᠨ ᠤ ᠬᠤᠲᠠ ᠳᠤ | ᠰᠠᠭᠤᠷᠢᠰᠢᠭᠤᠯᠬᠤ ᠪᠠᠷ ᠴᠢᠷᠮᠠᠶᠢᠨ᠎ᠠ᠃ ᠠᠯᠳᠠᠨᠰᠢᠷᠡᠭᠡᠲᠦ ᠬᠢᠶ᠎ᠠ ᠪᠠᠭᠰᠢ ᠵᠡᠷᠭᠡ ᠪᠤᠳᠠᠰ ᠤᠨ ᠬᠦᠢᠯᠭᠡᠭᠡᠨ ᠤ ᠤᠷᠤᠨ ᠲᠤᠭᠤᠷᠢᠭ ᠤᠨ ᠰᠠᠭᠤᠷᠢ ᠲᠦᠬᠦᠬᠡᠷᠦᠮᠵᠢ ᠶᠢ | ᠴᠢᠨᠠᠭᠰᠢᠲᠠ ᠲᠡᠭᠦᠯᠳᠡᠷᠵᠢᠬᠦᠯᠵᠤ᠂ ᠪᠤᠳᠠᠰ ᠤᠨ ᠬᠦᠢᠯᠬᠡᠬᠡᠨ ᠤ ᠴᠢᠬᠤᠯᠠ ᠲᠦᠷᠦᠯ ᠵᠦᠢᠯ ᠤᠨ ᠪᠦᠲᠦᠬᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠵᠤ | ᠂ ᠨᠢᠬᠡ ᠪᠦᠯᠦᠭ ᠭᠤᠷᠪᠠᠳᠠᠬᠢ ᠲᠠᠯ᠎ᠠ ᠶᠢᠨ ᠲᠤᠮᠤ ᠭᠡᠯᠪᠡᠷᠢ ᠶᠢᠨ ᠪᠤᠳᠠᠰ ᠤᠨ ᠬᠦᠢᠯᠬᠡᠬᠡᠨ ᠤ ᠠᠵᠤ ᠠᠬᠤᠶᠢᠯᠠᠯ ᠢ ᠤᠷᠤᠭᠤᠯᠤᠨ ᠠᠪᠴᠢᠷᠠᠵᠤ᠂ ᠪᠤᠳᠠᠰ ᠤᠨ | ᠬᠦᠢᠯᠬᠡᠬᠡᠨ ᠤ ᠠᠵᠤ ᠦᠢᠯᠡᠰ ᠤᠨ ᠲᠦᠪᠯᠡᠷᠡᠯ ᠰᠦᠷᠦᠭᠵᠢᠯ ᠤᠨ ᠦᠢᠯᠡᠳᠦᠯ ᠢ ᠲᠦᠷᠭᠡᠭᠡᠨ ᠪᠦᠷᠢᠯᠳᠦᠬᠦᠯᠦᠨ᠎ᠡ᠃ ᠤᠷᠳᠤᠰ ᠤᠨ ᠰᠣᠶᠣᠯ ᠤᠨ ᠠᠵᠤ ᠦᠢᠯᠡᠰ | ᠤᠨ ᠤᠷᠤᠨ ᠲᠤᠭᠤᠷᠢᠭ᠂ ᠮᠤᠩᠭᠤᠯ ᠤᠨ ᠡᠬᠦᠰᠦᠯ ᠬᠦᠭᠵᠢᠯ ᠤᠨ ᠺᠢᠨᠤ᠋ ᠲᠧᠯᠸᠢᠰ ᠤᠨ ᠬᠤᠲᠠ ᠵᠡᠷᠭᠡ ᠰᠣᠶᠣᠯ ᠤᠨ ᠠᠵᠤ ᠦᠢᠯᠡᠰ ᠤᠨ ᠲᠦᠷᠦᠯ ᠵᠦᠢᠯ ᠢ | ᠲᠦᠷᠭᠡᠭᠡᠨ ᠠᠬᠢᠭᠤᠯᠵᠤ᠂ ︽ᠤᠷᠳᠤᠰ ᠤᠨ ᠤᠯᠠᠨ ᠤᠯᠤᠰ ᠤᠨ ᠨᠠᠭᠠᠲᠤᠮ ᠤᠨ ᠬᠤᠷᠠᠯ︾ ᠤᠨ ᠠᠵᠢᠯᠯᠠᠭᠠᠨ ᠤ ᠨᠡᠷᠡᠲᠦ ᠲᠠᠸᠠᠷ ᠤᠨ ᠲᠡᠮᠳᠡᠭ ᠢ ᠪᠦᠬᠦ | ᠬᠦᠴᠦᠨ ᠢᠶᠠᠷ ᠪᠤᠢ ᠪᠤᠯᠭᠠᠨ᠎ᠠ᠃ ᠬᠠᠳᠣᠨ ᠭᠤᠤᠯ ᠲᠠᠭᠠᠤ ᠵᠤᠭᠠᠴᠠᠯ ᠤᠨ ᠦᠵᠡᠮᠵᠢ ᠶᠢᠨ ᠪᠦᠰᠡ ᠶᠢᠨ ᠪᠦᠲᠦᠬᠡᠨ ᠪᠠᠶᠢᠭᠤᠯᠤᠯᠲᠠ ᠶᠢ ᠲᠦᠷᠭᠡᠳᠭᠡᠵᠤ᠂ | ᠵᠤᠭᠠᠴᠠᠯ ᠤᠨ ᠦᠵᠡᠮᠵᠢ ᠶᠢᠨ ᠤᠷᠤᠨ ᠤ ᠦᠢᠯᠡᠴᠢᠯᠡᠬᠡᠨ ᠤ ᠬᠢᠷᠢ ᠲᠦᠪᠰᠢᠨ ᠢ ᠲᠡᠭᠡᠭᠰᠢᠯᠡᠬᠦᠯᠵᠤ᠂ ᠮᠠᠨ ᠤ ᠬᠤᠲᠠ ᠶᠢ ᠪᠦᠬᠦ ᠤᠯᠤᠰ ᠤᠨ ᠵᠤᠭᠠᠴᠠᠯ ᠤᠨ | ᠬᠠᠷᠠᠯᠲᠠ ᠶᠢᠨ ᠤᠷᠤᠨ ᠤ ᠨᠢᠬᠡ ᠨᠢ ᠪᠤᠯᠭᠠᠬᠤ ᠪᠠᠷ ᠴᠢᠷᠮᠠᠶᠢᠨ᠎ᠠ᠃ ᠭᠡᠷᠡᠭᠯᠡᠬᠡᠨ ᠤ ᠬᠦᠷᠢᠶ᠎ᠡ ᠭᠡᠪᠴᠢᠶ᠎ᠡ ᠶᠢ ᠴᠢᠷᠮᠠᠶᠢᠨ ᠦᠷᠭᠡᠳᠭᠡᠵᠤ᠂ ᠬᠡᠷ ᠪᠠᠶᠢᠰᠢᠩ ᠭᠠᠵᠠᠷ | ᠬᠦᠷᠦᠩᠬᠡ᠂ ᠮᠠᠰᠢᠨ ᠲᠡᠷᠭᠡᠨ ᠤ ᠭᠡᠷᠡᠭᠯᠡᠬᠡᠨ ᠤ ᠡᠷᠡᠬᠦᠯ ᠲᠤᠭᠳᠠᠭᠤᠨ ᠬᠦᠭᠵᠢᠯᠲᠡ ᠶᠢ ᠪᠠᠲᠤᠯᠠᠬᠤ ᠶᠢᠨ ᠬᠠᠮᠲᠤ ᠪᠡᠶ᠎ᠡ ᠶᠢᠨ ᠲᠠᠮᠢᠷ ᠪᠡᠶ᠎ᠡ ᠴᠢᠬᠢᠷᠠᠭᠵᠢᠭᠤᠯᠬᠤ᠂ | ᠰᠡᠯᠡᠬᠦᠴᠡᠯ ᠵᠤᠭ᠎ᠠ ᠴᠡᠩᠭᠡᠯ ᠵᠡᠷᠭᠡ ᠭᠡᠷᠡᠭᠯᠡᠬᠡᠨ ᠤ ᠰᠢᠨ᠎ᠡ ᠬᠠᠯᠠᠭᠤᠷᠠᠯ ᠴᠡᠭ ᠢ ᠶᠡᠬᠡᠪᠡᠷ ᠪᠤᠶᠢᠵᠢᠭᠤᠯᠵᠤ᠂ ︽ᠲᠦᠮᠡᠨ ᠲᠤᠰᠬᠤᠨ ᠮᠢᠩᠭᠠᠨ ᠰᠢᠶᠠᠩ︾ ᠤᠨ ᠵᠠᠬ᠎ᠠ | ᠲᠡᠯᠬᠡᠬᠦᠷ ᠤᠨ ᠢᠨᠵᠧᠨᠧᠷᠢᠩ ᠪᠠ ᠭᠡᠷ ᠤᠨ ᠴᠠᠬᠢᠯᠭᠠᠨ ᠭᠡᠷᠡᠭᠰᠡᠯ᠂ ᠲᠠᠷᠢᠶᠠᠯᠠᠩ ᠤᠨ ᠮᠠᠰᠢᠨ ᠢ ᠬᠦᠳᠡᠭᠡ ᠪᠠᠭᠤᠯᠭᠠᠬᠤ ᠠᠵᠢᠯᠯᠠᠭ᠎ᠠ ᠶᠢ ᠠᠬᠢᠭᠤᠯᠵᠤ᠂ ᠭᠠᠵᠠᠷ | ᠤᠷᠤᠨ ᠤ ᠭᠡᠷᠡᠭᠯᠡᠬᠡᠨ ᠤ ᠬᠦᠭᠵᠢᠩᠬᠦᠢ ᠪᠠᠶᠢᠳᠠᠯ ᠢ ᠬᠠᠳᠠᠭᠠᠯᠠᠨ᠎ᠠ᠃ | ᠲᠦᠷᠪᠡ ᠳᠤ ᠠᠵᠤ ᠦᠢᠯᠡᠳᠪᠦᠷᠢ ᠶᠢᠨ ᠤᠷᠤᠨ ᠲᠤᠭᠤᠷᠢᠭ ᠤᠨ ᠲᠦᠷᠦᠯ ᠵᠦᠢᠯ ᠢ ᠨᠤᠳᠤᠭᠰᠢᠭᠤᠯᠬᠤ ᠪᠦᠲᠦᠬᠡᠨ ᠪᠠᠶᠢᠭᠤᠯᠤᠯᠲᠠ ᠶᠢ ᠰᠠᠶᠢᠲᠤᠷ | ᠠᠳᠬᠤᠨ᠎ᠠ᠃ ᠤᠷᠤᠨ ᠲᠤᠭᠤᠷᠢᠭ ᠤᠨ ᠲᠦᠷᠦᠯ ᠵᠦᠢᠯ ᠤᠨ ᠲᠤᠯᠭᠠᠭᠤᠷᠢᠯᠠᠬᠤ ᠴᠢᠳᠠᠪᠤᠷᠢ ᠶᠢᠨ ᠪᠦᠲᠦᠬᠡᠨ ᠪᠠᠶᠢᠭᠤᠯᠤᠯᠲᠠ ᠶᠢ ᠴᠢᠩᠭᠠᠳᠬᠠᠵᠤ᠂ ᠡᠨᠡ ᠵᠢᠯ | ᠭᠤᠤᠯᠳᠠᠯᠭ᠎ᠠ ᠲᠠᠢ ᠠᠵᠤ ᠦᠢᠯᠡᠳᠪᠦᠷᠢ ᠶᠢᠨ ᠤᠷᠤᠨ ᠲᠤᠭᠤᠷᠢᠭ ᠪᠦᠬᠦᠨ ᠳᠤ ᠤᠰᠤ᠂ ᠴᠠᠬᠢᠯᠭᠠᠨ ᠬᠠᠩᠭᠠᠬᠤ᠂ ᠵᠠᠰᠠᠮᠠᠯ ᠵᠠᠮ᠂ ᠴᠢᠮᠡᠭᠡ ᠨᠡᠪᠳᠡᠷᠡᠯᠬᠡ᠂ ᠢᠯᠴᠢ | ᠬᠠᠩᠭᠠᠬᠤ᠂ ᠪᠤᠬᠢᠷ ᠤᠰᠤ ᠭᠠᠳᠠᠭᠰᠢᠯᠠᠭᠤᠯᠬᠤ᠂ ᠲᠡᠮᠦᠷ ᠵᠠᠮ᠂ ᠬᠤᠲᠠ ᠪᠠᠯᠭᠠᠰᠣ᠂ ᠦᠢᠯᠡᠴᠢᠯᠡᠭᠡ ᠵᠡᠷᠭᠡ ᠶᠢᠰᠦ ᠶᠢ ᠲᠦᠬᠦᠷᠵᠢᠬᠦᠯᠬᠦ ᠶᠢ ᠪᠡᠶᠡᠯᠡᠬᠦᠯᠵᠤ᠂ | ᠨᠢᠬᠡᠳᠦᠬᠡᠷ ᠲᠦᠷᠦᠯ ᠤᠨ ᠣᠷᠣᠨ ᠲᠤᠭᠤᠷᠢᠭ ᠤᠨ ᠪᠦᠲᠦᠬᠡᠨ ᠪᠠᠶᠢᠭᠤᠯᠤᠯᠲᠠ ᠶᠢᠨ ᠪᠠᠷᠢᠮᠵᠢᠶᠠᠨ ᠳᠤ ᠬᠦᠷᠭᠡᠨ᠎ᠡ᠃ ᠤᠷᠤᠨ ᠲᠤᠭᠤᠷᠢᠭ ᠤᠨ ᠲᠦᠷᠦᠯ ᠵᠦᠢᠯ | ᠤᠷᠤᠭᠤᠯᠤᠨ ᠠᠪᠴᠢᠷᠠᠬᠤ ᠪᠠᠶᠢᠭᠤᠯᠤᠯᠲᠠ ᠶᠢ ᠲᠡᠭᠡᠲᠦ ᠬᠡᠮᠵᠢᠶ᠎ᠡ ᠪᠠᠷ ᠴᠢᠬᠤᠯᠠᠴᠢᠯᠠᠵᠤ᠂ ᠵᠡᠬᠦᠨ ᠡᠮᠦᠨᠡᠲᠦ ᠶᠢᠨ ᠲᠠᠯᠠᠢ ᠲᠠᠭᠠᠤ ᠬᠦᠭᠵᠢᠭᠰᠡᠨ ᠭᠠᠵᠠᠷ ᠤᠷᠤᠨ ᠪᠠ | ᠤᠯᠤᠰ ᠤᠨ ᠲᠤᠳᠤᠭᠠᠲᠤ ᠭᠠᠳᠠᠭᠠᠲᠤ ᠶᠢᠨ 500 ᠬᠦᠴᠦᠷᠭᠡᠭ ᠠᠵᠤ ᠠᠬᠤᠶᠢᠯᠠᠯ ᠳᠤ ᠬᠠᠨᠳᠤᠭᠤᠯᠤᠭᠰᠠᠨ ᠶᠡᠭᠡ ᠭᠡᠪᠴᠢᠶᠡᠨ ᠤ ᠠᠷᠠᠯᠵᠢᠶᠠᠴᠢᠨ ᠤᠷᠢᠵᠤ ᠪᠡᠯᠡ | ᠲᠠᠳᠠᠬᠤ ᠠᠵᠢᠯᠯᠠᠭ᠎ᠠ ᠶᠢ ᠦᠷᠬᠦᠯᠵᠢᠯᠡᠨ ᠵᠤᠬᠢᠶᠠᠨ ᠪᠠᠶᠢᠭᠤᠯᠤᠨ ᠦᠷᠨᠢᠬᠦᠯᠵᠤ᠂ ᠪᠦᠬᠦ ᠵᠢᠯ ᠳᠤ ᠤᠯᠤᠰ ᠤᠨ ᠲᠤᠳᠤᠭᠠᠲᠤ ︵ᠤᠷᠤᠨ ᠤ ᠭᠠᠳᠠᠨᠠᠬᠢ︶ ᠶᠢᠨ | ᠪᠡᠯᠡ ᠮᠦᠩᠬᠦ ᠶᠢ 450 ᠳ᠋ᠦᠩᠰᠢᠭᠤᠷ ᠲᠦᠬᠦᠷᠢᠭ ᠤᠷᠤᠭᠤᠯᠤᠨ ᠠᠪᠴᠢᠷᠠᠵᠤ᠂ 11 ᠳ᠋ᠦᠩᠰᠢᠭᠤᠷ ᠳ᠋ᠣᠯᠯᠠᠷ ᠭᠠᠳᠠᠭᠠᠲᠤ ᠪᠡᠯᠡ ᠶᠢ ᠪᠤᠲᠠᠲᠠᠢ ᠠᠰᠢᠭᠯᠠᠨ᠎ᠠ︔ | ᠤᠯᠤᠰ ᠠᠴᠠ ᠦᠪᠦᠷ ᠮᠤᠩᠭᠤᠯ ᠤᠨ ᠬᠦᠭᠵᠢᠯᠲᠡ ᠶᠢ ᠲᠡᠮᠵᠢᠵᠤ᠂ ᠵᠦᠷᠢᠶᠡᠨᠲᠠᠢ ᠠᠵᠤ ᠦᠢᠯᠡᠰ ᠤᠨ ᠲᠦᠷᠦ ᠶᠢᠨ ᠪᠤᠳᠤᠯᠭ᠎ᠠ ᠶᠢ ᠭᠡᠷᠡᠭᠵᠢᠬᠦᠯᠵᠤ ᠪᠠᠶᠢᠬᠤ | ᠠᠰᠢᠭᠲᠤ ᠲᠤᠬᠢᠶᠠᠯ ᠢ ᠬᠦᠢᠴᠡᠳ ᠠᠰᠢᠭᠯᠠᠨ᠂ ᠤᠯᠤᠰ ᠤᠨ ᠬᠤᠯᠪᠤᠭᠳᠠᠯ ᠪᠦᠬᠦᠢ ᠰᠠᠯᠠᠭ᠎ᠠ ᠮᠦᠴᠢᠷ ᠯᠦᠭᠡ ᠶᠢᠨ ᠲᠦᠷᠦᠯ ᠵᠦᠢᠯ ᠤᠨ ᠵᠤᠯᠭᠠᠯᠴᠠᠭ᠎ᠠ ᠶᠢ | ᠴᠢᠩᠭᠠᠳᠬᠠᠵᠤ᠂ ᠲᠦᠷᠦᠯ ᠵᠦᠢᠯ ᠢ ᠨᠤᠳᠤᠭᠰᠢᠭᠤᠯᠤᠨ ᠪᠠᠷᠢᠯᠭ᠎ᠠ ᠡᠬᠢᠯᠡᠭᠦᠯᠬᠦ ᠶᠢ ᠠᠳᠬᠤᠵᠤ᠂ ᠤᠷᠤᠨ ᠲᠤᠭᠤᠷᠢᠭ ᠤᠨ ᠠᠵᠤ ᠦᠢᠯᠡᠰ ᠤᠨ ᠭᠡᠪᠴᠢᠶ᠎ᠡ ᠶᠢ | ᠲᠦᠷᠭᠡᠭᠡᠨ ᠦᠷᠭᠡᠳᠭᠡᠨ᠎ᠡ᠃ | ︵ᠬᠤᠶᠠᠷ︶ ᠬᠤᠲᠠ ᠶᠢᠨ ᠭᠤᠤᠯ ᠲᠤᠭᠤᠷᠢᠭ ᠢ ᠦᠬᠡᠷᠡᠴᠢᠯᠡᠨ ᠪᠦᠲᠦᠬᠡᠨ ᠪᠠᠶᠢᠭᠤᠯᠬᠤ ᠶᠢ ᠲᠦᠷᠭᠡᠳᠭᠡᠨ᠎ᠡ᠃ ᠣᠷᠣᠰᠢᠨ ᠰᠠᠭᠤᠵᠤ ᠦᠢᠯᠡᠰ ᠪᠦᠲᠦᠬᠡᠬᠦ | ᠳᠤ ᠲᠤᠬᠢᠷᠠᠮᠵᠢᠲᠠᠢ ᠪᠠᠶᠢᠬᠤ ᠬᠢᠷᠢ ᠲᠦᠪᠰᠢᠨ ᠢ ᠲᠡᠭᠡᠭᠰᠢᠯᠡᠬᠦᠯᠬᠦ ᠲᠡᠭᠡᠷ᠎ᠡ ᠬᠦᠴᠦ ᠪᠠᠨ ᠲᠠᠯᠪᠢᠵᠤ᠂ ᠬᠤᠲᠠ ᠶᠢᠨ ᠭᠤᠤᠯ ᠲᠤᠭᠤᠷᠢᠭ ᠢ ᠨᠡᠩ ᠤᠳᠤ ᠦᠶ᠎ᠡ | ᠶᠢᠨ᠂ ᠨᠡᠩ ᠭᠤᠶᠤ ᠰᠠᠶᠢᠬᠠᠨ᠂ ᠨᠡᠩ ᠪᠤᠯᠪᠠᠰᠣᠨ ᠪᠤᠯᠭᠠᠬᠤ ᠪᠠᠷ ᠴᠢᠷᠮᠠᠶᠢᠨ᠎ᠠ᠃ ᠨᠢᠬᠡ ᠳᠤ ᠵᠢᠷᠤᠭᠯᠠᠨ ᠲᠦᠯᠦᠪᠯᠡᠬᠦ ᠬᠢᠷᠢ ᠲᠦᠪᠰᠢᠨ ᠢ ᠲᠡᠭᠡᠭᠰᠢᠯᠡᠬᠦᠯᠦᠨ᠎ᠡ᠃ | ᠪᠤᠢ ᠪᠦᠬᠦᠢ ᠴᠢᠬᠤᠯᠠ ᠶᠡᠭᠡ ᠲᠦᠯᠦᠪᠵᠢᠬᠦᠯᠬᠡ ᠶᠢᠨ ᠲᠦᠷᠦᠯ ᠵᠦᠢᠯ ᠢ ᠴᠦᠮ ᠤᠷᠤᠨ ᠤ ᠲᠤᠳᠤᠭᠠᠲᠤ ᠭᠠᠳᠠᠭᠠᠲᠤ ᠳᠤ ᠬᠠᠨᠳᠤᠭᠤᠯᠤᠨ ᠢᠯᠡ ᠪᠠᠷ | ᠲᠠᠭᠠᠭᠠᠴᠢᠯᠠᠯᠲᠠ ᠵᠠᠷᠯᠠᠵᠤ᠂ ᠲᠤᠰᠬᠠᠢ ᠮᠡᠷᠭᠡᠵᠢᠯᠲᠡᠳ ᠢᠶᠠᠷ ᠨᠤᠲᠠᠯᠠᠯᠲᠠ ᠬᠢᠯᠬᠡᠨ᠎ᠡ᠃ ᠤᠷᠤᠰᠢᠨ ᠰᠠᠭᠤᠵᠤ ᠦᠢᠯᠡᠰ ᠪᠦᠲᠦᠬᠡᠬᠦ ᠳᠤ ᠲᠠᠭᠠᠯᠠᠮᠵᠢᠲᠠᠢ ᠪᠠᠶᠢᠬᠤ | ᠪᠠᠷ ᠬᠤᠲᠠ ᠶᠢᠨ ᠲᠦᠯᠦᠪᠵᠢᠬᠦᠯᠬᠡ ᠶᠢᠨ ᠭᠤᠤᠯ ᠤᠨᠤᠯᠵᠢᠭᠤᠨ ᠪᠠ ᠲᠡᠷᠢᠬᠦᠨ ᠤ ᠰᠣᠩᠭᠤᠯᠲᠠ ᠪᠤᠯᠭᠠᠵᠤ᠂ ᠭᠠᠵᠠᠷ ᠤᠷᠤᠨ ᠤ ᠰᠤᠶᠤᠯ ᠤᠨ | ᠠᠭᠤᠯᠤᠭᠳᠠᠬᠤᠨ ᠪᠠ ᠦᠨᠳᠦᠰᠦᠲᠡᠨ ᠤ ᠰᠣᠶᠣᠯ ᠤᠨ ᠬᠦᠴᠦᠨ ᠵᠦᠢᠯ ᠢ ᠬᠦᠨᠵᠡᠬᠡᠢ ᠠᠭᠤᠳᠠᠯᠯᠠᠬᠤ ᠪᠠᠷ ᠦᠯᠦ ᠪᠠᠷᠠᠮ᠂ ᠠᠷᠭ᠎ᠠ ᠪᠦᠬᠦᠨ ᠢ ᠰᠦᠪᠡᠭᠴᠢᠯᠡᠨ | ᠨᠤᠭᠤᠭᠠᠨ ᠦᠩᠬᠡ ᠪᠠ ᠤᠰᠤᠨ ᠤ ᠡᠵᠡᠯᠡᠬᠦᠨ ᠢ ᠨᠡᠮᠡᠭᠳᠡᠬᠦᠯᠵᠤ᠂ ᠬᠤᠲᠠ ᠶᠢᠨ ᠠᠮᠢᠵᠢᠷᠠᠯ ᠤᠨ ᠬᠦᠴᠦᠨ ᠢ ᠢᠯᠡᠷᠡᠬᠦᠯᠦᠨ᠂ ᠰᠠᠭᠤᠭᠠᠯᠢ ᠠᠷᠠᠳ ᠤᠨ ᠭᠠᠷᠴᠤ | ᠤᠷᠤᠬᠤ᠂ ᠰᠤᠷᠭᠠᠭᠤᠯᠢ ᠰᠠᠭᠤᠬᠤ᠂ ᠡᠪᠡᠳᠴᠢᠨ ᠦᠵᠡᠬᠦᠯᠬᠦ᠂ ᠭᠡᠷᠡᠭᠯᠡᠭᠡ ᠬᠢᠬᠦ᠂ ᠰᠣᠶᠣᠯ ᠵᠤᠭᠠᠴᠠᠯ ᠵᠡᠷᠭᠡ ᠡᠳᠦᠷ ᠲᠤᠳᠤᠮ ᠤᠨ ᠠᠮᠢᠲᠤᠷᠠᠯ ᠤᠨ ᠲᠦᠬᠦᠮ | ᠲᠦᠳᠡ ᠴᠢᠨᠠᠷ ᠪᠠ ᠲᠠᠭᠠᠯᠠᠮᠵᠢ ᠶᠢᠨ ᠬᠡᠮᠵᠢᠶ᠎ᠡ ᠶᠢ ᠬᠦᠢᠴᠡᠳ ᠪᠤᠳᠤᠯᠬᠢᠯᠠᠵᠤ᠂ ᠬᠤᠲᠠ ᠪᠠᠨ ᠠᠵᠢᠯᠯᠠᠵᠤ ᠠᠮᠢᠲᠤᠷᠠᠬᠤ ᠳᠤ ᠨᠡᠩ ᠲᠤᠬᠢᠷᠠᠮᠵᠢᠲᠠᠢ ᠪᠤᠯᠭᠠᠨ᠎ᠠ᠃ | ᠬᠤᠶᠠᠷ ᠲᠤ ᠬᠤᠲᠠ | ᠶᠢᠨ ᠲᠠᠭᠠᠭᠠᠬᠤ ᠴᠢᠳᠠᠪᠤᠷᠢ ᠶᠢ ᠴᠢᠨᠠᠭᠰᠢᠲᠠ ᠴᠢᠩᠭᠠᠳᠬᠠᠨ᠎ᠠ᠃ ᠳ᠋ᠦᠩᠱᠧᠩ ᠤᠨ ᠲᠡᠮᠦᠷ ᠵᠠᠮ ᠤᠨ ᠪᠠᠷᠠᠭᠤᠨᠳᠠᠬᠢ ᠲᠤᠭᠤᠷᠢᠭ ᠤᠨ ᠭᠤᠷᠪᠠᠳᠣᠭᠠᠷ ᠬᠤᠭᠤᠴᠠᠭᠠᠨ | ᠤ ᠪᠦᠲᠦᠬᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠬᠠᠨᠳᠠᠢ ᠶᠢᠨ ᠬᠤᠲᠠ ᠪᠠᠯᠭᠠᠰᠣ ᠶᠢ ᠨᠢᠬᠡᠳᠦᠯᠲᠠᠢ ᠲᠦᠯᠦᠪᠵᠢᠬᠦᠯᠬᠦ ᠵᠢᠱᠢᠶ᠎ᠡ ᠦᠵᠡᠬᠦᠯᠬᠦ | ᠲᠤᠭᠤᠷᠢᠭ᠂ ᠲᠦᠩᠴᠣᠸᠠᠨ ᠤ ᠮᠠᠰᠢᠨ ᠲᠡᠷᠭᠡᠨ ᠤ ᠠᠵᠤ ᠦᠢᠯᠡᠰ ᠤᠨ ᠤᠷᠤᠨ ᠲᠤᠭᠤᠷᠢᠭ᠂ ᠤᠷᠳᠤᠰ ᠤᠨ ᠲᠤᠨᠤᠭ ᠲᠦᠬᠦᠬᠡᠷᠦᠮᠵᠢ ᠦᠢᠯᠡᠳᠬᠦ ᠤᠷᠤᠨ | ᠲᠤᠭᠤᠷᠢᠭ ᠵᠡᠷᠭᠡ ᠭᠤᠷᠪᠠᠨ ᠪᠦᠯᠦᠭᠯᠡᠯ ᠢ ᠲᠦᠯᠦᠪᠵᠢᠬᠦᠯᠵᠤ ᠪᠦᠲᠦᠬᠡᠨ ᠪᠠᠶᠢᠭᠤᠯᠬᠤ ᠠᠵᠢᠯ ᠢ ᠠᠬᠢᠭᠤᠯᠵᠤ᠂ ᠠᠯᠳᠠᠨᠰᠢᠷᠡᠭᠡᠳᠦ᠂ ᠬᠢᠶ᠎ᠠ ᠪᠠᠭᠰᠢ ᠶᠢᠨ | ᠴᠤᠭᠴᠠᠵᠢᠭᠰᠠᠨ ᠬᠦᠭᠵᠢᠯᠲᠡ ᠶᠢ ᠲᠦᠷᠭᠡᠳᠭᠡᠵᠤ᠂ ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠲᠤᠨᠤᠭ ᠲᠦᠬᠦᠬᠡᠷᠦᠮᠵᠢ ᠶᠢ ᠬᠠᠮᠲᠤᠪᠠᠷ ᠪᠦᠲᠦᠬᠡᠨ ᠪᠠᠶᠢᠭᠤᠯᠬᠤ᠂ | ᠲᠠᠪᠠᠭᠤᠯᠢᠭ ᠢᠶᠠᠨ ᠬᠠᠷᠢᠯᠴᠠᠨ ᠨᠦᠬᠦᠪᠦᠷᠢᠯᠡᠬᠦ ᠪᠠ ᠵᠤᠬᠢᠴᠠᠩᠭᠤᠢ ᠪᠠᠷ ᠬᠦᠭᠵᠢᠬᠦᠯᠬᠦ ᠶᠢ ᠲᠦᠷᠭᠡᠭᠡᠨ ᠪᠡᠶᠡᠯᠡᠬᠦᠯᠦᠨ᠎ᠡ᠃ ᠤᠯᠠᠭᠠᠨᠮᠦ᠋ᠷᠡᠨ ᠭᠤᠤᠯ ᠤᠨ ᠡᠮᠦᠨᠡᠲᠦ | ᠡᠷᠬᠢ ᠶᠢᠨ ᠦᠨᠳᠦᠷ ᠲᠠᠪᠬᠤᠷᠭᠠᠲᠤ ᠲᠤᠭᠤᠷᠢᠭ ᠤᠨ ᠪᠦᠲᠦᠬᠡᠨ ᠪᠠᠶᠢᠭᠤᠯᠤᠯᠲᠠ ᠶᠢ ᠡᠷᠡᠰ ᠭᠤᠶᠢᠪᠢᠰᠢ ᠦᠬᠡᠢ ᠪᠠᠷ ᠠᠬᠢᠭᠤᠯᠵᠤ᠂ ᠲᠤᠮᠳᠠ ᠪᠠᠷᠠᠭᠤᠨ ᠬᠡᠰᠡᠭ | ᠤᠨ ᠲᠡᠷᠢᠬᠦᠨ ᠵᠡᠷᠭᠡ ᠶᠢᠨ ᠦᠵᠡᠬᠦᠷ ᠲᠡᠰ ᠤᠨ ᠬᠤᠳᠠᠯᠳᠤᠭᠠᠨ ᠤ ᠤᠳᠤᠬᠢᠴᠢᠯᠠᠭᠰᠠᠨ ᠲᠤᠭᠤᠷᠢᠭ ᠢ ᠡᠬᠦᠳᠦᠨ᠎ᠡ᠃ ᠬᠢᠶ᠎ᠠ ᠪᠠᠭᠰᠢ ᠰᠢᠨ᠎ᠡ ᠲᠤᠭᠤᠷᠢᠭ ᠤᠨ | ᠬᠤᠶᠢᠲᠦ ᠲᠤᠭᠤᠷᠢᠭ᠂ ᠲᠡᠭᠡᠳᠦ ᠰᠢᠨ᠎ᠡ ᠮᠡᠷᠬᠡᠵᠢᠯ ᠤᠨ ᠠᠵᠤ ᠦᠢᠯᠡᠰ ᠤᠨ ᠤᠷᠤᠨ ᠲᠤᠭᠤᠷᠢᠭ ᠪᠠ ᠠᠯᠳᠠᠨᠰᠢᠷᠡᠭᠡᠲᠦ᠂ ᠬᠢᠶ᠎ᠠ ᠪᠠᠭᠰᠢ ᠶᠢᠨ ᠪᠤᠳᠠᠰ ᠤᠨ | ᠬᠦᠢᠯᠬᠡᠬᠡᠨ ᠤ ᠤᠷᠤᠨ ᠲᠤᠭᠤᠷᠢᠭ ᠤᠨ ᠰᠠᠭᠤᠷᠢ ᠲᠦᠬᠦᠬᠡᠷᠦᠮᠵᠢ ᠶᠢᠨ ᠪᠦᠲᠦᠬᠡᠨ ᠪᠠᠶᠢᠭᠤᠯᠤᠯᠲᠠ ᠶᠢ ᠲᠦᠷᠭᠡᠳᠭᠡᠵᠤ᠂ ᠬᠤᠲᠠ ᠶᠢᠨ ᠲᠤᠭᠤᠷᠢᠭ ᠤᠨ | ᠭᠡᠪᠴᠢᠶ᠎ᠡ ᠶᠢ ᠦᠷᠭᠡᠳᠭᠡᠨ᠎ᠡ᠃ ᠬᠤᠲᠠ ᠶᠢᠨ ᠭᠤᠤᠯ ᠲᠤᠭᠤᠷᠢᠭ ᠤᠨ ᠪᠦᠷᠭᠡ ᠡᠷᠦᠬᠡ ᠶᠢᠨ ᠲᠤᠭᠤᠷᠢᠭ ᠢ ᠦᠬᠡᠷᠡᠴᠢᠯᠡᠨ ᠵᠠᠰᠠᠬᠤ ᠪᠠᠷᠢᠯᠭ᠎ᠠ ᠶᠢ ᠪᠦᠬᠦ ᠲᠠᠯ᠎ᠠ | ᠪᠠᠷ ᠠᠬᠢᠭᠤᠯᠵᠤ᠂ ᠡᠨᠡ ᠵᠢᠯ ᠬᠤᠲᠠ ᠶᠢᠨ ᠭᠤᠤᠯ ᠲᠤᠭᠤᠷᠢᠭ ᠤᠨ ᠬᠠᠭᠤᠴᠢᠨ ᠬᠤᠲᠠ ᠶᠢᠨ 2 ᠲᠦᠮᠡᠨ ᠡᠷᠦᠬᠡ᠂ 240 ᠲᠦᠮᠡᠨ ᠲᠡᠭᠰᠢ ᠲᠦᠷᠪᠡᠯᠵᠢᠨ | ᠮᠧᠲᠷ ᠢ ᠦᠬᠡᠷᠡᠴᠢᠯᠡᠨ ᠵᠠᠰᠠᠵᠤ᠂ ᠰᠢᠨ᠎ᠡ ᠪᠠᠷ ᠡᠬᠢᠯᠡᠬᠦᠯᠬᠦ ᠪᠠᠷᠢᠯᠭ᠎ᠠ ᠶᠢᠨ ᠲᠠᠯᠠᠪᠠᠢ ᠶᠢ 2000 ᠲᠦᠮᠡᠨ ᠲᠡᠭᠰᠢ ᠲᠦᠷᠪᠡᠯᠵᠢᠨ ᠮᠧᠲᠷ ᠠᠴᠠ ᠲᠡᠭᠡᠭᠰᠢ | ᠬᠦᠷᠭᠡᠨ᠎ᠡ᠃ ᠭᠤᠷᠪᠠ ᠳᠤ ᠬᠤᠲᠠ ᠶᠢᠨ ᠴᠢᠳᠠᠪᠭᠢ ᠦᠢᠯᠡᠳᠦᠯ ᠢ ᠤᠯᠠᠮ ᠨᠢᠬᠡ ᠠᠯᠬᠤᠮ ᠲᠡᠭᠦᠯᠳᠡᠷᠵᠢᠬᠦᠯᠦᠨ᠎ᠡ᠃ ᠤᠯᠠᠨ ᠨᠡᠶᠢᠲᠡ ᠶᠢᠨ ᠵᠠᠮ ᠬᠠᠷᠢᠯᠴᠠᠭ᠎ᠠ ᠶᠢ | ᠤᠷᠢᠳᠠᠪᠠᠷ ᠬᠦᠭᠵᠢᠬᠦᠯᠵᠤ᠂ ᠬᠤᠲᠠ ᠶᠢᠨ ᠭᠤᠤᠯ ᠲᠤᠭᠤᠷᠢᠭ ᠤᠨ ᠨᠡᠶᠢᠲᠡ ᠶᠢᠨ ᠮᠠᠰᠢᠨ ᠲᠡᠷᠭᠡᠨ ᠤ ᠵᠠᠮ ᠱᠣᠭᠤᠮ ᠪᠠ ᠦᠷᠳᠡᠭᠡ ᠴᠡᠭ ᠤᠨ | ᠪᠠᠶᠢᠷᠢᠰᠢᠭᠤᠯᠤᠯᠲᠠ ᠶᠢ ᠰᠢᠯᠢᠳᠡᠭᠵᠢᠬᠦᠯᠵᠤ᠂ 1 ᠲᠦᠮᠡᠨ ᠲᠡᠷᠭᠡᠨ ᠵᠤᠭᠰᠣᠭᠠᠯ ᠢ ᠰᠢᠨ᠎ᠡ ᠪᠠᠷ ᠨᠡᠮᠡᠵᠤ᠂ ᠳ᠋ᠦᠩᠱᠧᠩ ᠠᠴᠠ ᠬᠢᠶ᠎ᠠ ᠪᠠᠭᠰᠢ ᠬᠦᠷᠬᠦ ᠲᠦᠷᠬᠡᠨ | ᠬᠤᠷᠳᠤᠴᠠᠲᠤ ᠬᠤᠶᠠᠳᠣᠭᠠᠷ ᠵᠠᠮ᠂ ᠳ᠋ᠦᠩᠱᠧᠩ ᠠᠴᠠ ᠨᠢᠰᠭᠡᠯ ᠤᠨ ᠪᠠᠭᠤᠳᠠᠯ ᠬᠦᠷᠬᠦ ᠬᠤᠲᠠ ᠶᠢᠨ ᠲᠡᠮᠦᠷ ᠵᠠᠮ ᠢ ᠡᠬᠢᠯᠡᠬᠦᠯᠤᠨ ᠪᠠᠶᠢᠭᠤᠯᠵᠤ᠂ ᠣᠯᠠᠭᠠᠨᠮᠦ᠋ᠷᠡᠨ | ᠭᠤᠤᠯ ᠢ ᠰᠣᠨᠳᠠᠯᠠᠬᠤ 2 ᠶᠡᠭᠡ ᠬᠦᠬᠦᠷᠭᠡ ᠶᠢ ᠰᠢᠨ᠎ᠡ ᠪᠠᠷ ᠪᠠᠶᠢᠭᠤᠯᠤᠨ᠎ᠠ᠃ ᠨᠡᠶᠢᠬᠡᠮ ᠲᠤᠭᠤᠷᠢᠭ ᠤᠨ ᠬᠤᠳᠠᠯᠳᠣᠭᠠᠨ ᠤ ᠦᠢᠯᠡᠰ ᠤᠨ ᠵᠢᠱᠢᠶ᠎ᠡ ᠦᠵᠡᠬᠦᠯᠬᠦ | ᠲᠡᠯᠬᠡᠬᠦᠷ ᠵᠡᠷᠭᠡ ᠦᠢᠯᠡᠴᠢᠯᠡᠬᠡᠨ ᠤ ᠲᠦᠬᠦᠬᠡᠷᠦᠮᠵᠢ ᠶᠢᠨ ᠪᠦᠲᠦᠬᠡᠨ ᠪᠠᠶᠢᠭᠤᠯᠤᠯᠲᠠ ᠶᠢ ᠴᠢᠩᠭᠠᠳᠬᠠᠵᠤ᠂ ᠨᠡᠶᠢᠬᠡᠮ ᠤᠨ ᠦᠢᠯᠡᠴᠢᠯᠡᠬᠡᠨ ᠤ ᠪᠠᠶᠢᠭᠤᠯᠤᠮᠵᠢ ᠪᠠ | ᠵᠠᠭᠤᠴᠢ ᠵᠤᠬᠢᠶᠠᠨ ᠪᠠᠶᠢᠭᠤᠯᠤᠯᠲᠠ ᠶᠢ ᠶᠡᠬᠡᠪᠡᠷ ᠬᠦᠭᠵᠢᠬᠦᠯᠵᠤ᠂ ᠨᠡᠶᠢᠬᠡᠮ ᠲᠤᠭᠤᠷᠢᠭ ᠤᠨ ᠰᠠᠶᠢᠨ ᠲᠤᠷ᠎ᠠ ᠶᠢᠨ ᠦᠢᠯᠡᠴᠢᠯᠡᠭᠡ ᠶᠢ ᠢᠳᠡᠪᠬᠢᠲᠠᠢ ᠠᠬᠢᠭᠤᠯᠵᠤ᠂ | ᠡᠶ᠎ᠡ ᠵᠤᠬᠢᠴᠠᠯ ᠲᠠᠢ ᠨᠡᠶᠢᠬᠡᠮ ᠲᠤᠭᠤᠷᠢᠭ ᠤᠨ ᠪᠦᠲᠦᠬᠡᠨ ᠪᠠᠶᠢᠭᠤᠯᠤᠯᠲᠠ ᠶᠢᠨ ᠬᠢᠷᠢ ᠲᠦᠪᠰᠢᠨ ᠢ ᠴᠢᠷᠮᠠᠶᠢᠨ ᠲᠡᠭᠡᠭᠰᠢᠯᠡᠬᠦᠯᠦᠨ᠎ᠡ᠃ ᠵᠢᠯ ᠤᠨ ᠲᠤᠳᠤᠷ᠎ᠠ | ᠪᠠᠷᠢᠮᠵᠢᠶ᠎ᠠ ᠳᠤ ᠬᠦᠷᠦᠭᠰᠡᠨ ᠨᠡᠶᠢᠬᠡᠮ ᠲᠤᠭᠤᠷᠢᠭ ᠢ ᠰᠢᠨ᠎ᠡ ᠪᠠᠷ 15 ᠪᠠᠶᠢᠭᠤᠯᠤᠨ᠎ᠠ᠃ ᠬᠢᠶ᠎ᠠ ᠪᠠᠭᠰᠢ ᠰᠢᠨ᠎ᠡ ᠲᠤᠭᠤᠷᠢᠭ ᠤᠨ ᠰᠣᠷᠭᠠᠨ ᠬᠦᠮᠦᠵᠢᠯ᠂ ᠰᠣᠶᠣᠯ᠂ | ᠡᠷᠡᠬᠦᠯ ᠬᠠᠮᠠᠭᠠᠯᠠᠯ᠂ ᠬᠤᠳᠠᠯᠳᠣᠭᠠᠨ ᠤ ᠦᠢᠯᠡᠰ ᠤᠨ ᠲᠦᠬᠦᠬᠡᠷᠦᠮᠵᠢ ᠶᠢ ᠲᠦᠷᠭᠡᠳᠭᠡᠨ ᠪᠠᠶᠢᠭᠤᠯᠵᠤ᠂ ᠰᠢᠨ᠎ᠡ ᠲᠤᠭᠤᠷᠢᠭ ᠤᠨ ᠣᠰᠣ᠂ ᠴᠠᠬᠢᠯᠭᠠᠨ᠂ ᠢᠯᠴᠢ | ᠬᠠᠩᠭᠠᠬᠤ ᠪᠠᠲᠤᠯᠠᠭ᠎ᠠ ᠶᠢᠨ ᠴᠢᠳᠠᠪᠤᠷᠢ ᠶᠢ ᠨᠡᠮᠡᠭᠳᠡᠬᠦᠯᠵᠤ᠂ ᠬᠠᠳᠠᠭᠤ ᠴᠠᠶᠢᠳᠠᠮ ᠤᠨ ᠣᠰᠣᠨ ᠰᠣᠷᠪᠤᠯᠵᠢ ᠶᠢᠨ ᠭᠠᠵᠠᠷ ᠤᠨ ᠣᠰᠣ ᠬᠠᠩᠭᠠᠬᠤ ᠪᠠᠷᠢᠯᠭ᠎ᠠ ᠶᠢ | ᠠᠬᠢᠭᠤᠯᠵᠤ᠂ ᠬᠢᠶ᠎ᠠ ᠪᠠᠭᠰᠢ ᠶᠢᠨ ᠢᠯᠴᠢ ᠴᠠᠬᠢᠯᠭᠠᠨ ᠬᠠᠮᠲᠤᠷᠠᠭᠰᠠᠨ ᠦᠢᠯᠡᠳᠪᠦᠷᠢᠯᠡᠯ ᠤᠨ ᠲᠦᠷᠦᠯ ᠵᠦᠢᠯ ᠢ ᠵᠢᠯ ᠤᠨ ᠲᠤᠳᠤᠷ᠎ᠠ ᠪᠠᠶᠢᠭᠤᠯᠤᠨ ᠠᠰᠢᠭᠯᠠᠯᠲᠠ | ᠳᠤ ᠤᠷᠤᠭᠤᠯᠬᠤ ᠶᠢ ᠦᠨᠡᠨᠬᠦ ᠪᠠᠲᠤᠯᠠᠨ᠎ᠠ᠃ ᠲᠦᠷᠪᠡ ᠳᠤ ᠬᠤᠲᠠ ᠶᠢᠨ ᠠᠭᠤᠯᠤᠭᠳᠠᠬᠤᠨ ᠪᠠ ᠴᠢᠨᠠᠷ ᠲᠡᠰ ᠢ ᠴᠢᠨᠠᠭᠰᠢᠲᠠ ᠲᠡᠭᠡᠭᠰᠢᠯᠡᠬᠦᠯᠦᠨ᠎ᠡ᠃ ᠣᠨᠴᠠᠯᠢᠭ | ᠪᠦᠬᠦᠢ ᠬᠤᠲᠠ ᠶᠢᠨ ᠴᠡᠴᠡᠷᠯᠢᠭᠵᠢᠬᠦᠯᠦᠯᠲᠡ ᠤᠶᠢᠵᠢᠯᠠᠭᠤᠯᠤᠯᠲᠠ ᠶᠢᠨ ᠰᠢᠰᠲ᠋ᠧᠮᠵᠢ ᠶᠢ ᠢᠳᠡᠪᠬᠢᠲᠠᠢ ᠪᠠᠶᠢᠭᠤᠯᠵᠤ᠂ ᠡᠨᠡ ᠵᠢᠯ ᠬᠤᠲᠠ ᠶᠢᠨ ᠨᠤᠭᠤᠭᠠᠨ ᠭᠠᠵᠠᠷ | ᠢ ᠰᠢᠨ᠎ᠡ ᠪᠠᠷ 2700 ᠲᠦᠮᠡᠨ ᠲᠡᠭᠰᠢ ᠲᠦᠷᠪᠡᠯᠵᠢᠨ ᠮᠧᠲᠷ ᠠᠴᠠ ᠲᠡᠭᠡᠭᠰᠢ ᠨᠡᠮᠡᠭᠳᠡᠬᠦᠯᠵᠤ᠂ ᠳ᠋ᠦᠩᠱᠧᠩ ᠤᠨ ︽ᠭᠤᠷᠪᠠᠨ ᠭᠤᠤᠯ ᠭᠤᠷᠪᠠᠨ ᠴᠡᠴᠡᠷᠯᠢᠭ︾᠂ | ᠡᠵᠡᠨ ᠬᠤᠷᠤᠭ᠎ᠠ ᠬᠤᠰᠢᠭᠤᠨ ᠤ ᠵᠡᠬᠦᠨ᠂ ᠪᠠᠷᠠᠭᠤᠨ ᠤᠯᠠᠭᠠᠨᠨᠠᠭᠤᠷ ᠤᠨ ᠨᠤᠶᠢᠲᠠᠨ ᠭᠠᠵᠠᠷ᠂ ᠤᠯᠠᠭᠠᠨᠮᠦ᠋ᠷᠡᠨ ᠭᠤᠤᠯ ᠤᠨ ᠰᠣᠪᠠᠭ ᠢ ᠵᠠᠰᠠᠬᠤ ᠵᠡᠷᠭᠡ ᠬᠤᠲᠠ ᠶᠢᠨ | ᠠᠮᠢ ᠠᠬᠤᠢ ᠶᠢᠨ ᠭᠤᠤᠯᠳᠠᠯᠭ᠎ᠠ ᠲᠠᠢ ᠪᠠᠷᠢᠯᠭ᠎ᠠ ᠶᠢᠨ ᠪᠦᠲᠦᠬᠡᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠵᠤ᠂ ᠣᠯᠣᠰ ᠤᠨ ᠴᠡᠴᠡᠷᠯᠢᠭᠲᠦ ᠠᠮᠢ ᠠᠬᠤᠢ ᠶᠢᠨ | ᠬᠤᠲᠠ ᠶᠢ ᠡᠬᠦᠳᠦᠨ ᠪᠠᠶᠢᠭᠤᠯᠬᠤ ᠪᠠᠷ ᠴᠢᠷᠮᠠᠶᠢᠨ᠎ᠠ᠃ ᠠᠭᠤᠯᠤᠭᠳᠠᠬᠤᠨ ᠲᠠᠢ᠂ ᠰᠣᠨᠢᠷᠬᠠᠯ ᠲᠠᠢ ᠬᠤᠲᠠ ᠶᠢᠨ ᠱᠣᠭᠤᠮᠠᠯ ᠢ ᠨᠠᠷᠢᠯᠢᠭ ᠪᠠᠶᠢᠷᠢᠯᠠᠭᠤᠯᠤᠨ | ᠪᠠᠶᠢᠭᠤᠯᠵᠤ᠂ ᠬᠤᠲᠠ ᠶᠢᠨ ᠲᠤᠭᠤᠷᠢᠭ ᠤᠨ ᠭᠡᠷᠡᠯᠳᠦᠬᠦᠯᠬᠡ ᠶᠢᠨ ᠪᠠᠷᠢᠯᠭ᠎ᠠ ᠶᠢ ᠨᠠᠷᠢᠯᠢᠭ ᠵᠢᠷᠤᠭᠯᠠᠨ ᠪᠠᠶᠢᠭᠤᠯᠵᠤ᠂ ᠪᠦᠬᠦ ᠬᠤᠲᠠ ᠶᠢᠨ ᠠᠷᠠᠳ ᠲᠦᠮᠡᠨ ᠳᠤ | ᠭᠤᠶᠢᠲᠠ ᠰᠠᠶᠢᠬᠠᠨ ᠤᠷᠤᠰᠢᠨ ᠰᠠᠭᠤᠬᠤ ᠳᠤ ᠲᠤᠬᠢᠷᠠᠮᠵᠢᠲᠠᠢ ᠤᠷᠴᠢᠨ ᠲᠤᠭᠤᠷᠢᠨ ᠢ ᠡᠬᠦᠳᠦᠨ᠎ᠡ᠃ ᠲᠠᠪᠤ ᠳᠤ ᠬᠤᠲᠠ ᠶᠢᠨ ᠬᠠᠮᠢᠶᠠᠷᠤᠯᠲᠠ ᠶᠢᠨ ᠬᠢᠷᠢ | ᠲᠦᠪᠰᠢᠨ ᠢ ᠲᠡᠭᠡᠭᠰᠢᠯᠡᠬᠦᠯᠦᠨ᠎ᠡ᠃ ᠬᠤᠲᠠ ᠶᠢᠨ ᠲᠤᠭᠠᠴᠠᠯᠠᠭᠰᠠᠨ ᠬᠠᠮᠢᠶᠠᠷᠤᠯᠲᠠ ᠶᠢᠨ ᠬᠦᠷᠢᠶ᠎ᠡ ᠭᠡᠪᠴᠢᠶ᠎ᠡ ᠶᠢ ᠪᠦᠬᠦ ᠲᠠᠯ᠎ᠠ ᠪᠠᠷ ᠦᠷᠭᠡᠳᠭᠡᠵᠤ᠂ ᠵᠢᠯ ᠤᠨ | ᠲᠤᠳᠤᠷ᠎ᠠ ᠬᠤᠲᠠ ᠶᠢᠨ ᠭᠤᠤᠯ ᠲᠤᠭᠤᠷᠢᠭ ᠲᠤ ᠲᠤᠭᠠᠴᠠᠯᠠᠭᠰᠠᠨ ᠬᠠᠮᠢᠶᠠᠷᠤᠯᠲᠠ ᠶᠢ ᠪᠦᠬᠦ ᠲᠠᠯ᠎ᠠ ᠪᠠᠷ ᠲᠦᠬᠡᠮᠡᠯᠵᠢᠬᠦᠯᠬᠦ ᠶᠢ ᠪᠡᠶᠡᠯᠡᠬᠦᠯᠬᠦ ᠪᠠᠷ ᠴᠢᠷᠮᠠᠶᠢᠨ᠎ᠠ᠃ | ᠤᠷᠴᠢᠨ ᠲᠤᠭᠤᠷᠢᠨ ᠤ ᠡᠷᠡᠬᠦᠯ ᠬᠠᠮᠠᠭᠠᠯᠠᠯ ᠪᠠ ᠬᠤᠲᠠ ᠶᠢᠨ ᠵᠠᠮ ᠬᠠᠷᠢᠯᠴᠠᠭᠠᠨ ᠤ ᠡᠮᠬᠢ ᠲᠢᠭᠯᠢᠮ ᠢ ᠲᠦᠪᠯᠡᠷᠡᠬᠦᠯᠦᠨ ᠴᠡᠭᠴᠡᠯᠡᠨ ᠵᠠᠰᠠᠵᠤ᠂ ᠪᠤᠯᠪᠠᠰᠣᠨ | ᠠᠵᠢᠯᠯᠠᠭ᠎ᠠ ᠶᠢ ᠦᠷᠭᠡᠨ ᠤᠯᠠᠨ ᠬᠤᠲᠠ ᠶᠢᠨ ᠠᠷᠠᠳ ᠤᠨ ᠤᠬᠠᠮᠰᠠᠷᠲᠤ ᠠᠵᠢᠯᠯᠠᠭ᠎ᠠ ᠪᠤᠯᠭᠠᠨ᠎ᠠ᠃ | ︵ᠭᠤᠷᠪᠠ︶ ᠦᠪᠡᠷᠳᠡᠭᠡᠨ ᠵᠠᠰᠠᠬᠤ ᠤᠷᠤᠨ ᠤ ᠬᠤᠲᠠ ᠬᠦᠳᠡᠭᠡ ᠶᠢ ᠨᠢᠬᠡᠳᠦᠯᠲᠠᠢ ᠲᠦᠯᠦᠪᠵᠢᠬᠦᠯᠦᠨ ᠶᠡᠷᠦᠩᠬᠡᠶᠢᠯᠡᠨ ᠲᠦᠬᠦᠷᠵᠢᠬᠦᠯᠬᠦ ᠦᠬᠡᠷᠡᠴᠢᠯᠡᠯᠲᠡ | ᠶᠢᠨ ᠲᠤᠷᠰᠢᠯᠲᠠ ᠶᠢᠨ ᠤᠷᠤᠨ ᠢ ᠲᠦᠷᠭᠡᠳᠭᠡᠨ ᠪᠠᠶᠢᠭᠤᠯᠤᠨ᠎ᠠ᠃ ᠨᠢᠬᠡ ᠳᠤ ᠨᠢᠭᠡᠲᠦᠯᠲᠠᠢ ᠲᠦᠯᠦᠪᠵᠢᠬᠦᠯᠦᠨ ᠬᠠᠮᠲᠤ ᠳᠤᠨᠢ ᠬᠠᠷᠠᠭᠠᠯᠵᠠᠬᠤ ᠶᠢ ᠪᠠᠷᠢᠮᠲᠠᠯᠠᠵᠤ᠂ | ᠬᠤᠲᠠ ᠶᠢᠨ ᠭᠤᠤᠯ ᠲᠤᠭᠤᠷᠢᠭ ᠲᠤ ᠬᠤᠲᠠ ᠬᠦᠳᠡᠭᠡ ᠶᠢ ᠨᠢᠬᠡᠲᠦᠯᠲᠠᠢ ᠲᠦᠯᠦᠪᠵᠢᠬᠦᠯᠬᠦ ᠠᠵᠢᠯ ᠤᠨ ᠲᠠᠯ᠎ᠠ ᠪᠠᠷ ᠴᠢᠬᠤᠯᠠ ᠶᠡᠭᠡ ᠠᠬᠢᠯᠲᠠ ᠲᠠᠢ ᠪᠤᠯᠤᠭᠰᠠᠨ | ᠰᠠᠭᠤᠷᠢᠨ ᠲᠡᠭᠡᠷ᠎ᠡ᠂ ᠲᠠᠯᠠᠳ ᠬᠤᠰᠢᠭᠤ ᠶᠢ ᠬᠤᠲᠠ ᠬᠦᠳᠡᠭᠡ ᠶᠢ ᠨᠢᠭᠡᠳᠦᠯᠲᠠᠢ ᠲᠦᠯᠦᠪᠵᠢᠬᠦᠯᠦᠨ ᠬᠦᠭᠵᠢᠬᠦᠯᠬᠦ ᠭᠤᠤᠯᠳᠠᠯᠭ᠎ᠠ ᠪᠤᠯᠭᠠᠵᠤ᠂ ᠤᠳᠤᠭ ᠤᠨ | ᠡᠮᠦᠨᠡᠲᠦ ᠬᠤᠰᠢᠭᠤ ᠶᠢ ᠲᠤᠷᠰᠢᠯᠲᠠ ᠶᠢᠨ ᠴᠡᠭ ᠪᠤᠯᠭᠠᠵᠤ᠂ ᠪᠡᠯᠡ ᠤᠷᠤᠭᠤᠯᠤᠯᠲᠠ ᠪᠠᠨ ᠲᠦᠪᠯᠡᠷᠡᠬᠦᠯᠵᠤ᠂ ᠲᠦᠪᠯᠡᠷᠡᠩᠬᠦᠢ ᠪᠠᠷ ᠰᠢᠪᠲᠤᠯᠤᠯᠲᠠ ᠬᠢᠵᠤ᠂ ᠪᠦᠬᠦ | ᠬᠤᠲᠠ ᠶᠢᠨ ᠬᠤᠲᠠ ᠬᠦᠳᠡᠭᠡ ᠶᠢ ᠴᠤᠭᠴᠠᠵᠢᠭᠤᠯᠤᠭᠰᠠᠨ ᠬᠦᠭᠵᠢᠯᠲᠡ ᠶᠢ ᠠᠬᠢᠭᠤᠯᠤᠨ᠎ᠠ᠃᠃ ᠬᠤᠶᠠᠷ ᠲᠤ ᠲᠤᠮᠳᠠ ᠵᠢᠵᠢᠭ ᠬᠤᠲᠠ ᠪᠠᠯᠭᠠᠰᠣᠨ ᠤ | ᠪᠦᠲᠦᠬᠡᠨ ᠪᠠᠶᠢᠭᠤᠯᠤᠯᠲᠠ ᠶᠢ ᠲᠦᠷᠭᠡᠳᠭᠡᠨ᠎ᠡ᠃ ︽ᠭᠤᠷᠪᠠᠨ ᠵᠢᠯ ᠶᠡᠭᠡᠪᠡᠷ ᠪᠦᠲᠦᠬᠡᠨ ᠪᠠᠶᠢᠭᠤᠯᠵᠤ᠂ ᠭᠤᠷᠪᠠᠨ ᠵᠢᠯ ᠳᠤ ᠶᠡᠭᠡ ᠬᠤᠪᠢᠷᠠᠯᠲᠠ ᠭᠠᠷᠭᠠᠬᠤ︾ | ᠠᠵᠢᠯ ᠤᠨ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠢ ᠬᠢᠨᠠᠮᠠᠭᠠᠢ ᠨᠠᠶᠢᠲᠠᠪᠤᠷᠢᠵᠢᠭᠤᠯᠵᠤ᠂ ᠲᠤᠭᠳᠠᠭᠰᠠᠨ ᠬᠠᠷᠠᠯᠲᠠᠲᠤ ᠡᠬᠦᠷᠭᠡ ᠪᠠᠨ ᠴᠢᠷᠮᠠᠶᠢᠨ ᠪᠡᠶᠡᠯᠡᠬᠦᠯᠦᠨ᠎ᠡ᠃ | ᠬᠤᠰᠢᠭᠤ ᠵᠠᠰᠠᠭ ᠤᠨ ᠤᠷᠳᠤᠨ ᠤ ᠰᠠᠭᠤᠭ᠎ᠠ ᠭᠠᠵᠠᠷ ᠪᠠ ᠠᠵᠤ ᠦᠢᠯᠡᠰ ᠤᠨ ᠴᠢᠬᠤᠯᠠ ᠪᠠᠯᠭᠠᠰᠣᠨ ᠤ ᠰᠠᠭᠤᠷᠢ ᠲᠦᠬᠦᠬᠡᠷᠦᠮᠵᠢ ᠶᠢᠨ ᠪᠦᠲᠦᠬᠡᠨ | ᠪᠠᠶᠢᠭᠤᠯᠤᠯᠲᠠ ᠪᠠ ᠬᠠᠭᠤᠴᠢᠨ ᠬᠤᠲᠠ ᠶᠢᠨ ᠲᠤᠭᠤᠷᠢᠭ ᠢ ᠦᠬᠡᠷᠡᠴᠢᠯᠡᠨ ᠪᠠᠶᠢᠭᠤᠯᠬᠤ ᠡᠷᠴᠢᠮ ᠢᠶᠠᠨ ᠴᠢᠩᠭᠠᠷᠠᠭᠤᠯᠵᠤ᠂ ᠲᠤᠮᠳᠠ ᠵᠢᠵᠢᠭ ᠬᠤᠲᠠ ᠪᠠᠯᠭᠠᠰᠣᠨ ᠤ | ᠦᠩᠬᠡ ᠲᠦᠷᠰᠦ ᠶᠢ ᠴᠢᠨᠠᠭᠰᠢᠲᠠ ᠰᠠᠶᠢᠵᠢᠷᠠᠭᠤᠯᠤᠨ᠎ᠠ᠃ ᠠᠵᠤ ᠦᠢᠯᠡᠰ ᠤᠨ ᠲᠤᠯᠭᠠᠭᠤᠷᠢᠯᠠᠬᠤ ᠬᠦᠴᠦᠨ ᠢ ᠴᠢᠩᠭᠠᠳᠬᠠᠵᠤ᠂ ᠲᠠᠷᠢᠶᠠᠯᠠᠩ ᠤᠨ ᠪᠦᠲᠦᠬᠡᠭᠳᠡᠬᠦᠨ | ᠮᠠᠯ ᠤᠨ ᠠᠰᠢᠭ ᠰᠢᠮ᠎ᠡ ᠶᠢᠨ ᠦᠢᠯᠡᠳᠬᠦᠨ ᠢ ᠡᠳ᠋ᠰᠢᠬᠦᠯᠦᠨ ᠪᠤᠯᠪᠠᠰᠣᠷᠠᠭᠤᠯᠬᠤ᠂ ᠠᠵᠤ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠤᠨ ᠦᠢᠯᠡᠴᠢᠯᠡᠭᠡ | ᠶᠢ ᠭᠠᠳᠠᠭᠰᠢ ᠲᠠᠭᠠᠭᠠᠴᠢᠯᠠᠬᠤ᠂ ᠨᠡᠬᠦᠷᠡᠰᠦ ᠲᠡᠭᠡᠭᠡᠪᠦᠷᠢᠯᠡᠨ ᠪᠤᠷᠤᠯᠠᠭᠤᠯᠬᠤ ᠵᠡᠷᠭᠡ ᠬᠦᠳᠡᠯᠮᠦᠷᠢ ᠨᠢᠭᠳᠠᠷᠠᠭᠰᠠᠨ ᠭᠡᠯᠪᠡᠷᠢ ᠶᠢᠨ ᠠᠵᠤ ᠦᠢᠯᠡᠰ ᠢ ᠢᠳᠡᠪᠬᠢᠲᠠᠢ | ᠪᠤᠶᠢᠵᠢᠭᠤᠯᠵᠤ᠂ ᠮᠠᠯᠴᠢᠨ ᠲᠠᠷᠢᠶᠠᠴᠢᠳ ᠢ ᠲᠠᠶᠢᠴᠢᠯᠠᠨ ᠤᠶᠢᠷ᠎ᠠ ᠬᠠᠪᠢ ᠳᠤᠨᠢ ᠰᠢᠯᠵᠢᠬᠦᠯᠦᠨ᠎ᠡ᠃ ᠭᠤᠷᠪᠠ ᠳᠤ ᠰᠢᠨ᠎ᠡ ᠮᠠᠯᠵᠢᠬᠤ ᠲᠠᠷᠢᠶᠠᠯᠠᠬᠤ ᠤᠷᠤᠨ ᠤ | ᠪᠦᠲᠦᠬᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠤᠨ᠎ᠠ᠃ ᠰᠢᠨ᠎ᠡ ᠮᠠᠯᠵᠢᠬᠤ ᠲᠠᠷᠢᠶᠠᠯᠠᠬᠤ ᠤᠷᠤᠨ ᠤ ᠲᠦᠯᠦᠪᠵᠢᠬᠦᠯᠬᠡ ᠶᠢᠨ ᠬᠠᠮᠢᠶᠠᠷᠤᠯᠲᠠ ᠶᠢ | ᠴᠢᠩᠭᠠᠳᠬᠠᠵᠤ᠂ ᠭᠠᠴᠠᠭ᠎ᠠ ᠲᠤᠰᠬᠤᠨ᠂ ᠬᠦᠮᠦᠨ ᠠᠮᠠ᠂ ᠠᠵᠤ ᠦᠢᠯᠡᠰ᠂ ᠭᠠᠵᠠᠷ ᠰᠢᠷᠤᠢ ᠶᠢᠨ ᠠᠰᠢᠭᠯᠠᠯᠲᠠ ᠶᠢᠨ ᠲᠦᠯᠦᠪᠵᠢᠬᠦᠯᠬᠡ ᠶᠢ ᠨᠠᠶᠢᠷᠠᠭᠤᠯᠤᠨ | ᠵᠤᠬᠢᠶᠠᠬᠤ ᠠᠵᠢᠯ ᠢ ᠡᠬᠢᠯᠡᠬᠦᠯᠦᠨ᠎ᠡ᠃ ᠨᠢᠬᠡ ᠠᠯᠬᠤᠮ ᠢᠶᠠᠷ ᠲᠦᠯᠦᠪᠵᠢᠬᠦᠯᠵᠤ᠂ ᠠᠯᠬᠤᠮ ᠬᠤᠪᠢᠶᠠᠨ ᠠᠬᠢᠭᠤᠯᠵᠤ᠂ ᠲᠦᠷᠦᠯ ᠬᠤᠪᠢᠶᠠᠨ ᠵᠢᠯᠤᠭᠤᠳᠬᠤ ᠵᠠᠷᠴᠢᠮ | ᠶᠤᠰᠤᠭᠠᠷ᠂ ᠠᠳᠠᠯᠢ ᠪᠤᠰᠤ ᠪᠦᠲᠦᠬᠡᠨ ᠪᠠᠶᠢᠭᠤᠯᠤᠯᠲᠠ ᠶᠢᠨ ᠵᠠᠭᠪᠤᠷ᠂ ᠪᠠᠷᠢᠮᠵᠢᠶ᠎ᠠ ᠵᠢᠴᠢ ᠲᠦᠬᠦᠷᠵᠢᠭᠰᠡᠨ ᠲᠦᠷᠦ ᠶᠢᠨ ᠪᠤᠳᠤᠯᠭ᠎ᠠ ᠲᠤᠭᠳᠠᠭᠠᠵᠤ᠂ ᠰᠢᠨ᠎ᠡ | ᠮᠠᠯᠵᠢᠬᠤ ᠲᠠᠷᠢᠶᠠᠯᠠᠬᠤ ᠤᠷᠤᠨ ᠤ ᠲᠤᠷᠰᠢᠯᠲᠠ ᠶᠢᠨ ᠴᠡᠭ ᠢ ᠲᠦᠪᠯᠡᠷᠡᠬᠦᠯᠦᠨ ᠪᠠᠶᠢᠭᠤᠯᠵᠤ᠂ ᠡᠨᠡ ᠵᠢᠯ ᠳᠤ 100 ᠭᠠᠴᠠᠭ᠎ᠠ ᠲᠤᠰᠬᠤᠨ ᠢ ᠴᠡᠭᠴᠡᠯᠡᠨ | ᠨᠡᠶᠢᠯᠡᠬᠦᠯᠵᠤ᠂ ᠰᠢᠨ᠎ᠡ ᠮᠠᠯᠵᠢᠬᠤ ᠲᠠᠷᠢᠶᠠᠯᠠᠬᠤ ᠤᠷᠤᠨ ᠤ 20 ᠲᠤᠷᠰᠢᠯᠲᠠ ᠶᠢᠨ ᠴᠡᠭ ᠢ ᠡᠬᠢᠯᠡᠬᠦᠯᠵᠤ᠂ 3 ᠲᠦᠮᠡᠨ ᠡᠷᠦᠬᠡ ᠮᠠᠯᠴᠢᠨ ᠲᠠᠷᠢᠶᠠᠴᠢᠳ ᠢ ᠰᠢᠨ᠎ᠡ | ᠭᠡᠷ ᠲᠤ ᠰᠠᠭᠤᠯᠭᠠᠬᠤ ᠠᠰᠠᠭᠤᠳᠠᠯ ᠢ ᠬᠤᠭᠤᠴᠠᠭ᠎ᠠ ᠬᠤᠪᠢᠶᠠᠨ ᠰᠢᠢᠳᠪᠦᠷᠢᠯᠡᠨ᠎ᠡ᠃ ᠰᠣᠳᠣᠨ ᠨᠡᠬᠦᠳᠡᠯ ᠠᠷᠠᠳ ᠤᠨ ᠵᠢᠵᠢᠭ ᠲᠤᠭᠤᠷᠢᠭ ᠤᠨ ᠪᠦᠲᠦᠬᠡᠨ | ᠪᠠᠶᠢᠭᠤᠯᠤᠯᠲᠠ ᠶᠢᠨ ᠬᠠᠮᠢᠶᠠᠷᠤᠯᠲᠠ ᠶᠢᠨ ᠵᠠᠭᠪᠤᠷ ᠢ ᠴᠢᠨᠠᠭᠰᠢᠲᠠ ᠲᠦᠷᠢᠮᠵᠢᠬᠦᠯᠵᠤ᠂ ᠤᠯᠠᠨ ᠨᠡᠶᠢᠲᠡ ᠶᠢᠨ ᠦᠢᠯᠡᠴᠢᠯᠡᠬᠡᠨ ᠤ ᠲᠤᠨᠤᠭ ᠲᠦᠬᠦᠬᠡᠷᠦᠮᠵᠢ ᠶᠢ | ᠬᠦᠴᠦ ᠲᠠᠯᠪᠢᠨ ᠲᠡᠭᠦᠯᠳᠡᠷᠵᠢᠬᠦᠯᠵᠤ᠂ ᠨᠡᠬᠦᠨ ᠰᠢᠯᠵᠢᠭᠰᠡᠨ ᠮᠠᠯᠴᠢᠨ ᠲᠠᠷᠢᠶᠠᠴᠢᠳ ᠲᠤ ᠠᠵᠢᠯ ᠤᠯᠭᠤᠬᠤ ᠠᠰᠠᠭᠤᠳᠠᠯ ᠢ ᠰᠠᠶᠢᠲᠤᠷ ᠰᠢᠢᠳᠪᠦᠷᠢᠯᠡᠵᠤ᠂ 18 | ᠰᠣᠳᠣᠨ ᠨᠡᠬᠦᠳᠡᠯ ᠠᠷᠠᠳ ᠤᠨ ᠵᠢᠵᠢᠭ ᠲᠤᠭᠤᠷᠢᠭ ᠢ ᠴᠦᠮ ᠤᠷᠤᠵᠤ ᠰᠠᠭᠤᠬᠤ ᠨᠦᠬᠦᠴᠡᠯ ᠲᠠᠢ ᠪᠤᠯᠭᠠᠬᠤ ᠶᠢ ᠪᠠᠲᠤᠯᠠᠨ᠎ᠠ᠃ ᠲᠦᠷᠪᠡ ᠳᠤ ᠮᠠᠯᠵᠢᠬᠤ | ᠲᠠᠷᠢᠶᠠᠯᠠᠬᠤ ᠬᠦᠮᠦᠨ ᠠᠮᠠ ᠶᠢᠨ ᠰᠢᠯᠵᠢᠯᠲᠡ ᠶᠢ ᠲᠦᠷᠭᠡᠳᠭᠡᠨ᠎ᠡ᠃ ᠡᠮᠦᠨ᠎ᠡ ᠭᠤᠷᠪᠠᠨ ᠵᠢᠯ ᠤᠨ ︽ᠰᠠᠭᠤᠬᠤ ᠤᠷᠤᠨ ᠲᠠᠢ ᠪᠠᠶᠢᠬᠤ︾ ᠪᠠᠷᠢᠯᠭ᠎ᠠ ᠶᠢ ᠪᠦᠬᠦ | ᠲᠠᠯ᠎ᠠ ᠪᠠᠷ ᠪᠡᠶᠡᠯᠡᠬᠦᠯᠵᠤ᠂ 2011 ᠤᠨ ᠤ ᠠᠷᠠᠳ ᠢ ᠨᠡᠬᠦᠯᠬᠡᠨ ᠰᠢᠯᠵᠢᠬᠦᠯᠬᠦ ᠲᠦᠯᠦᠪᠯᠡᠭᠡ ᠶᠢ ᠭᠡᠷᠡᠭᠵᠢᠬᠦᠯᠵᠤ᠂ ᠲᠠᠬᠢᠨ 3 ᠲᠦᠮᠡᠨ ᠮᠠᠯᠴᠢᠨ ᠲᠠᠷᠢᠶᠠᠴᠢᠨ | ᠢ ᠰᠢᠯᠵᠢᠬᠦᠯᠦᠨ᠎ᠡ᠃ ᠬᠤᠲᠠ ᠤᠷᠤᠭᠰᠠᠨ ᠮᠠᠯᠴᠢᠨ ᠲᠠᠷᠢᠶᠠᠴᠢᠳ ᠢ ᠵᠢᠯᠤᠭᠤᠳᠤᠨ ᠦᠵᠡᠯ ᠰᠠᠨᠠᠭ᠎ᠠ ᠪᠠ ᠦᠢᠯᠡᠳᠪᠦᠷᠢᠯᠡᠯ᠂ ᠠᠮᠢᠲᠤᠷᠠᠯ ᠤᠨ ᠠᠷᠭ᠎ᠠ ᠭᠡᠯᠪᠡᠷᠢ ᠶᠢ | ᠨᠢ ᠬᠤᠪᠢᠷᠠᠭᠤᠯᠵᠤ᠂ ᠬᠤᠲᠠ ᠶᠢᠨ ᠠᠮᠢᠲᠤᠷᠠᠯ ᠳᠤ ᠲᠦᠷᠭᠡᠭᠡᠨ ᠲᠠᠰᠬᠠᠵᠤ᠂ ᠤᠳᠤ ᠦᠶ᠎ᠡ ᠶᠢᠨ ᠬᠤᠲᠠ ᠶᠢᠨ ᠪᠤᠯᠪᠠᠰᠣᠨ ᠢ ᠬᠠᠮᠲᠤᠪᠠᠷ ᠡᠭᠦᠳᠴᠦ | ᠬᠠᠮᠲᠤᠳᠠᠪᠠᠷ ᠡᠳ᠋ᠯᠡᠬᠦᠯᠦᠨ᠎ᠡ᠃ ᠲᠠᠪᠤ ᠳᠤ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢ ᠶᠡᠬᠡᠪᠡᠷ ᠬᠦᠭᠵᠢᠬᠦᠯᠦᠨ᠎ᠡ᠃ ᠦᠷ᠎ᠡ ᠠᠰᠢᠭ ᠢ ᠲᠡᠭᠡᠭᠰᠢᠯᠡᠬᠦᠯᠬᠦ | ᠪᠠ ᠮᠠᠯᠴᠢᠨ ᠲᠠᠷᠢᠶᠠᠴᠢᠳ ᠤᠨ ᠤᠷᠤᠯᠭ᠎ᠠ ᠶᠢ ᠨᠡᠮᠡᠭᠳᠡᠬᠦᠯᠬᠦ ᠪᠠᠷ ᠭᠤᠤᠯ ᠪᠤᠯᠭᠠᠵᠤ᠂ ᠲᠠᠷᠢᠶᠠᠯᠠᠩ ᠮᠠᠯ ᠠᠵᠤ ᠠᠬᠤᠢ ᠶᠢᠨ ᠰᠠᠭᠤᠷᠢ ᠪᠦᠲᠦᠬᠡᠨ ᠪᠠᠶᠢᠭᠤᠯᠤᠯᠲᠠ | ᠶᠢ ᠦᠷᠬᠦᠯᠵᠢᠯᠡᠨ ᠴᠢᠩᠭᠠᠳᠬᠠᠵᠤ᠂ ᠲᠤᠨᠤᠭ ᠲᠦᠬᠦᠬᠡᠷᠦᠮᠵᠢ ᠶᠢᠨ ᠬᠢᠷᠢ ᠲᠦᠪᠰᠢᠨ ᠢ ᠲᠡᠭᠡᠭᠰᠢᠯᠡᠬᠦᠯᠵᠤ᠂ ᠭᠡᠪᠴᠢᠶᠡᠵᠢᠭᠰᠡᠨ ᠡᠵᠡᠩᠨᠡᠯᠲᠡ ᠶᠢ ᠠᠬᠢᠭᠤᠯᠤᠨ᠎ᠠ᠃ | ᠤᠳᠤ ᠦᠶ᠎ᠡ ᠶᠢᠨ ᠲᠠᠷᠢᠶᠠᠯᠠᠩ ᠤᠨ ᠰᠠᠭᠤᠷᠢᠨ ᠭᠠᠵᠠᠷ ᠢ ᠰᠢᠨ᠎ᠡ ᠪᠠᠷ 35 ᠲᠦᠮᠡᠨ ᠮᠤ᠋ ᠪᠠᠶᠢᠭᠤᠯᠵᠤ᠂ ᠲᠦᠬᠦᠬᠡᠷᠦᠮᠵᠢᠲᠦ ᠲᠠᠷᠢᠶᠠᠯᠠᠩ ᠢ ᠰᠢᠨ᠎ᠡ ᠪᠠᠷ 3 | ᠲᠦᠮᠡᠨ ᠮᠤ᠋ ᠪᠠᠶᠢᠭᠤᠯᠬᠤ ᠪᠠᠷ ᠴᠢᠷᠮᠠᠶᠢᠵᠤ᠂ ᠤᠳᠤ ᠦᠶ᠎ᠡ ᠶᠢᠨ ᠲᠠᠯ᠎ᠠ ᠨᠤᠳᠤᠭ ᠤᠨ ᠮᠠᠯ ᠠᠵᠤ ᠠᠬᠤᠢ ᠶᠢᠨ ᠵᠢᠱᠢᠶ᠎ᠡ ᠦᠵᠡᠬᠦᠯᠬᠦ ᠡᠷᠦᠬᠡ ᠶᠢ 600 | ᠬᠦᠭᠵᠢᠬᠦᠯᠵᠤ᠂ 12 ᠲᠦᠮᠡᠨ ᠮᠤ᠋ ᠶᠢᠨ ᠲᠡᠵᠢᠬᠡᠯ ᠡᠪᠡᠰᠦ ᠪᠤᠷᠳᠤᠭᠠᠨ ᠤ ᠰᠠᠭᠤᠷᠢᠨ ᠭᠠᠵᠠᠷ ᠢ ᠲᠦᠬᠦᠷᠵᠢᠬᠦᠯᠦᠨ ᠪᠠᠶᠢᠭᠤᠯᠤᠨ᠎ᠠ᠃ ᠲᠤᠯᠤᠭᠠᠶᠢᠯᠠᠬᠤ ᠠᠵᠤ | ᠠᠬᠤᠶᠢᠯᠠᠯ ᠢ ᠦᠷᠬᠦᠯᠵᠢᠯᠡᠨ ᠬᠦᠴᠦᠷᠭᠡᠭᠵᠢᠬᠦᠯᠦᠨ ᠪᠤᠵᠠᠭᠠᠶᠢᠷᠠᠭᠤᠯᠵᠤ᠂ ᠠᠵᠤ ᠦᠢᠯᠡᠰ ᠤᠨ ᠬᠦᠭᠵᠢᠯᠲᠡ ᠶᠢ ᠰᠦᠷᠭᠡᠣ ᠴᠢᠭᠯᠡᠯ ᠢᠶᠠᠷ ᠲᠠᠶᠢᠴᠢᠯᠠᠨ᠎ᠠ᠃ ︽ | ᠨᠤᠭᠤᠭ᠎ᠠ ᠶᠢᠨ ᠰᠠᠭᠰᠤ︾ ᠶᠢᠨ ᠰᠠᠭᠤᠷᠢᠨ ᠭᠠᠵᠠᠷ ᠤᠨ ᠪᠦᠲᠦᠬᠡᠨ ᠪᠠᠶᠢᠭᠤᠯᠤᠯᠲᠠ ᠶᠢ ᠲᠦᠷᠭᠡᠳᠭᠡᠵᠤ᠂ ᠵᠠᠰᠠᠭ ᠤᠨ ᠤᠷᠳᠤᠨ ᠢᠶᠠᠷ ᠭᠤᠤᠯᠯᠠᠨ | ᠵᠢᠯᠤᠭᠤᠳᠤᠭᠤᠯᠤᠭᠰᠠᠨ ᠲᠠᠷᠢᠶᠠᠯᠠᠩ ᠤᠨ ᠲᠤᠰᠠᠯᠠᠬᠤ ᠪᠦᠲᠦᠬᠡᠭᠳᠡᠭᠦᠨ ᠤ ᠪᠤᠳᠠᠰ ᠤᠨ ᠬᠦᠢᠯᠭᠡᠭᠡ ᠶᠢᠨ ᠲᠤᠬᠢᠷᠠᠭᠤᠯᠤᠨ ᠬᠦᠷᠭᠡᠭᠦ ᠲᠦᠪ ᠢ ᠲᠦᠷᠭᠡᠳᠭᠡᠨ | ᠪᠠᠶᠢᠭᠤᠯᠵᠤ᠂ ᠠᠷᠠᠳ ᠤᠯᠠᠨ ᠤ ᠦᠨᠳᠦᠰᠦᠨ ᠠᠮᠢᠲᠤᠷᠠᠯ ᠢ ᠦᠨᠡᠨᠬᠦ ᠪᠠᠲᠤᠯᠠᠨ᠎ᠠ᠃ | ︵ᠲᠦᠷᠪᠡ︶ ᠭᠤᠤᠯᠳᠠᠯᠭ᠎ᠠ ᠲᠠᠢ ᠬᠦᠷᠢᠶ᠎ᠡ ᠭᠡᠪᠴᠢᠶ᠎ᠡ ᠪᠠ ᠵᠠᠩᠬᠢᠯᠠᠭ᠎ᠠ ᠶᠢᠨ ᠭᠤᠭᠴᠤᠭᠠᠨ ᠤ ᠦᠬᠡᠷᠡᠴᠢᠯᠡᠯᠲᠡ ᠰᠢᠨᠡᠴᠢᠯᠡᠯᠲᠡ ᠶᠢ ᠢᠳᠡᠪᠬᠢᠲᠠᠢ | ᠠᠬᠢᠭᠤᠯᠤᠨ᠎ᠠ᠃ ᠨᠢᠬᠡ ᠳᠤ ᠮᠠᠯᠵᠢᠬᠤ ᠲᠠᠷᠢᠶᠠᠯᠠᠬᠤ ᠤᠷᠤᠨ ᠤ ᠬᠦᠴᠦᠨ ᠵᠦᠢᠯ ᠤᠨ ᠲᠤᠬᠢᠷᠠᠭᠤᠯᠤᠯᠲᠠ ᠶᠢᠨ ᠰᠢᠨ᠎ᠡ ᠶᠢ ᠡᠬᠦᠳᠦᠨ᠎ᠡ᠃ ᠮᠠᠯᠵᠢᠬᠤ ᠲᠠᠷᠢᠶᠠᠯᠠᠬᠤ | ᠤᠷᠤᠨ ᠤ ᠭᠠᠵᠠᠷ ᠰᠢᠷᠤᠢ ᠶᠢᠨ ᠡᠷᠭᠡ ᠶᠢᠨ ᠵᠦᠪᠰᠢᠶᠡᠷᠡᠯ ᠢ ᠲᠠᠩᠰᠠᠯᠠᠬᠤ ᠪᠠ ᠦᠨᠡᠮᠯᠡᠯ ᠤᠯᠭᠤᠬᠤ ᠠᠵᠢᠯ ᠢ ᠪᠦᠬᠦ ᠲᠠᠯ᠎ᠠ ᠪᠠᠷ ᠦᠷᠨᠢᠬᠦᠯᠵᠤ᠂ ᠮᠠᠯᠵᠢᠬᠤ | ᠲᠠᠷᠢᠶᠠᠯᠠᠬᠤ ᠤᠷᠤᠨ ᠤ ᠭᠡᠷ ᠪᠠᠶᠢᠰᠢᠩ ᠤᠨ ᠰᠠᠭᠤᠷᠢ ᠭᠠᠵᠠᠷ ᠢ ᠰᠣᠯᠢᠬᠤ᠂ ᠭᠠᠵᠠᠷ ᠰᠢᠷᠤᠢ ᠶᠢᠨ ᠡᠵᠡᠩᠨᠡᠯᠲᠡ ᠶᠢᠨ ᠡᠷᠭᠡ ᠪᠠ ᠭᠡᠷ ᠪᠠᠶᠢᠰᠢᠩ ᠢᠶᠠᠷ | ᠪᠠᠷᠢᠴᠠᠭᠠᠯᠠᠬᠤ ᠵᠡᠷᠭᠡ ᠪᠠᠶᠢᠭᠤᠯᠤᠮᠵᠢ ᠶᠢᠨ ᠦᠬᠡᠷᠡᠴᠢᠯᠡᠯᠲᠡ ᠶᠢᠨ ᠲᠤᠷᠰᠢᠯᠲᠠ ᠶᠢᠨ ᠴᠡᠭ ᠢ ᠠᠬᠢᠭᠤᠯᠵᠤ᠂ ᠮᠠᠯᠵᠢᠬᠤ ᠲᠠᠷᠢᠶᠠᠯᠠᠬᠤ ᠤᠷᠤᠨ ᠤ ᠬᠦᠷᠦᠩᠬᠡ ᠶᠢ | ᠴᠢᠯᠦᠬᠡᠲᠠᠢ ᠪᠤᠯᠭᠠᠨ᠎ᠠ᠃ ᠬᠤᠲᠠ ᠬᠦᠳᠡᠭᠡ ᠶᠢᠨ ᠴᠤᠭᠴᠠᠵᠢᠭᠰᠠᠨ ᠡᠷᠦᠬᠡ ᠠᠮᠠ ᠶᠢᠨ ᠬᠠᠮᠢᠶᠠᠷᠤᠯᠲᠠ ᠶᠢᠨ ᠲᠦᠷᠢᠮ ᠢ ᠡᠬᠢᠯᠡᠭᠦᠯᠦᠨ ᠪᠠᠶᠢᠭᠤᠯᠵᠤ᠂ ᠬᠤᠲᠠ | ᠬᠦᠳᠡᠭᠡ ᠶᠢᠨ ᠬᠦᠮᠦᠨ ᠠᠮᠠ ᠶᠢ ᠡᠮᠬᠢ ᠲᠢᠭᠯᠢᠮ ᠲᠠᠢ ᠪᠠᠷ ᠨᠡᠬᠦᠳᠡᠯᠯᠡᠬᠦᠯᠬᠦ ᠶᠢ ᠪᠡᠶᠡᠯᠡᠬᠦᠯᠦᠨ᠎ᠡ᠃ ᠪᠡᠯᠡ ᠴᠤᠭᠯᠠᠭᠤᠯᠬᠤ ᠲᠤᠭᠳᠠᠴᠠ ᠶᠢᠨ ᠰᠢᠨ᠎ᠡ ᠶᠢ | ᠡᠬᠦᠳᠴᠦ᠂ ᠡᠳ᠋ ᠤᠨ ᠵᠠᠰᠠᠭ ᠤᠨ ᠪᠡᠯᠡ ᠮᠦᠩᠬᠦᠨ ᠤ ᠤᠷᠤᠭᠤᠯᠤᠯᠲᠠ ᠶᠢ ᠶᠡᠬᠡᠪᠡᠷ ᠨᠡᠮᠡᠭᠳᠡᠬᠦᠯᠵᠤ᠂ ᠮᠠᠯ ᠲᠠᠷᠢᠶᠠᠯᠠᠩ ᠳᠤ ᠬᠤᠯᠪᠤᠭᠳᠠᠬᠤ ᠪᠠ ᠬᠤᠲᠠ ᠬᠦᠳᠡᠭᠡ | ᠶᠢ ᠨᠢᠬᠡᠳᠦᠯᠲᠠᠢ ᠲᠦᠯᠦᠪᠵᠢᠬᠦᠯᠬᠦ ᠡᠯ᠎ᠡ ᠲᠦᠷᠦᠯ ᠵᠦᠢᠯ ᠤᠨ ᠪᠡᠯᠡ ᠮᠦᠩᠬᠦ ᠶᠢ ᠨᠡᠶᠢᠯᠡᠬᠦᠯᠦᠨ ᠭᠡᠷᠡᠭᠯᠡᠵᠤ᠂ ᠠᠵᠤ ᠠᠬᠤᠶᠢᠯᠠᠯ ᠢ ᠵᠢᠯᠤᠭᠤᠳᠤᠨ ᠬᠤᠲᠠ | ᠬᠦᠳᠡᠭᠡ ᠶᠢ ᠨᠢᠬᠡᠲᠦᠯᠲᠠᠢ ᠲᠦᠯᠦᠪᠵᠢᠬᠦᠯᠦᠨ ᠬᠦᠭᠵᠢᠬᠦᠯᠬᠦ ᠪᠡᠯᠡ ᠤᠷᠤᠭᠤᠯᠤᠯᠲᠠ ᠶᠢ ᠨᠡᠮᠡᠭᠳᠡᠬᠦᠯᠵᠤ᠂ ᠤᠯᠠᠨ ᠲᠠᠯ᠎ᠠ ᠪᠠᠷ ᠪᠡᠯᠡ ᠤᠷᠤᠭᠤᠯᠬᠤ ᠲᠤᠭᠳᠠᠴᠠ ᠶᠢ | ᠪᠦᠷᠢᠯᠳᠦᠬᠦᠯᠦᠨ᠎ᠡ᠃ ᠬᠤᠶᠠᠷ ᠲᠤ ᠠᠷᠠᠳ ᠤᠨ ᠬᠦᠷᠦᠩᠬᠡ ᠶᠢ ᠴᠢᠨᠠᠭᠰᠢᠲᠠ ᠠᠮᠢᠳᠤᠯᠢᠭᠵᠢᠭᠤᠯᠤᠨ᠎ᠠ᠃ ᠠᠷᠠᠳ ᠤᠨ ᠪᠡᠯᠡ ᠤᠷᠤᠭᠤᠯᠤᠯᠲᠠ ᠶᠢ ᠠᠬᠢᠭᠤᠯᠬᠤ | ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠨᠠᠶᠢᠲᠠᠪᠤᠷᠢᠵᠢᠭᠤᠯᠤᠨ᠂ ᠠᠷᠠᠳ ᠤᠨ ᠪᠡᠯᠡ ᠤᠷᠤᠭᠤᠯᠤᠯᠲᠠ ᠶᠢ ᠭᠡᠷᠡᠭᠵᠢᠬᠦᠯᠬᠦ ᠲᠦᠰᠦᠯ ᠭᠠᠷᠭᠠᠵᠤ᠂ | ᠤᠷᠤᠭᠤᠯᠬᠤ ᠶᠢ ᠵᠦᠪᠰᠢᠶᠡᠷᠡᠬᠦ ᠪᠤᠱᠤᠭ᠎ᠠ᠂ ᠲᠦᠷᠦᠯ ᠵᠦᠢᠯ ᠢ ᠬᠢᠨᠠᠨ ᠵᠦᠪᠰᠢᠶᠡᠷᠡᠬᠦᠯᠬᠦ᠂ ᠡᠬᠢ ᠪᠠᠶᠠᠯᠢᠭ ᠢ ᠲᠤᠬᠢᠷᠠᠭᠤᠯᠬᠤ ᠵᠡᠷᠭᠡ ᠲᠠᠯ᠎ᠠ ᠪᠠᠷ ᠲᠡᠮᠵᠢᠬᠦ | ᠬᠦᠴᠦᠯᠡᠴᠡ ᠪᠠᠨ ᠨᠡᠮᠡᠭᠳᠡᠬᠦᠯᠦᠨ᠂ ᠠᠷᠠᠳ ᠤᠨ ᠬᠦᠷᠦᠩᠬᠡ ᠶᠢ ᠪᠤᠲᠠᠲᠤ ᠴᠣᠭᠴᠠ ᠶᠢᠨ ᠠᠵᠤ ᠠᠬᠤᠢ ᠶᠢᠨ ᠬᠦᠷᠢᠶ᠎ᠡ ᠭᠡᠪᠴᠢᠶᠡᠨ ᠳᠤ ᠨᠡᠩ ᠠᠷᠪᠢᠨ ᠨᠡᠩ | ᠲᠦᠷᠬᠡᠨ ᠢᠶᠠᠷ ᠤᠷᠤᠭᠤᠯᠬᠤ ᠶᠢ ᠵᠤᠷᠢᠭᠵᠢᠭᠤᠯᠵᠤ᠂ ᠪᠦᠲᠦᠬᠡᠨ ᠪᠠᠶᠢᠭᠤᠯᠤᠯᠲᠠ ᠶᠢᠨ ᠪᠡᠯᠡ ᠮᠦᠩᠬᠦ ᠬᠦᠷᠦᠯᠴᠡᠬᠦ ᠦᠬᠡᠢ ᠠᠰᠠᠭᠤᠳᠠᠯ ᠢ ᠨᠠᠮᠳᠠᠭᠤᠯᠵᠤ᠂ ᠠᠷᠠᠳ | ᠤᠨ ᠵᠢᠬᠡᠯᠡᠯᠬᠡ ᠶᠢᠨ ᠠᠶᠤᠯ ᠲᠦᠭᠰᠢᠬᠦᠷᠢ ᠶᠢ ᠪᠦᠲᠦᠮᠵᠢᠲᠠᠢ ᠨᠠᠮᠳᠠᠭᠤᠯᠤᠨ᠎ᠠ᠃ ᠭᠤᠷᠪᠠ ᠳᠤ ᠵᠠᠬ᠎ᠠ ᠲᠡᠯᠬᠡᠬᠦᠷ ᠡᠯ᠎ᠡ ᠲᠦᠷᠦᠯ ᠤᠨ ᠭᠤᠤᠯ ᠴᠤᠭᠴᠠ ᠶᠢᠨ | ᠦᠢᠯᠡᠴᠢᠯᠡᠭᠡ ᠶᠢ ᠴᠢᠩᠭᠠᠳᠬᠠᠨ᠎ᠠ᠃ ᠲᠦᠪ ᠦᠪᠡᠷᠳᠡᠭᠡᠨ ᠵᠠᠰᠠᠬᠤ ᠤᠷᠤᠨ ᠤ ᠰᠢᠭᠤᠳ ᠬᠠᠷᠢᠶ᠎ᠠ ᠠᠵᠤ ᠠᠬᠤᠶᠢᠯᠠᠯ ᠪᠠ ᠬᠤᠲᠠ ᠶᠢᠨ ᠭᠠᠳᠠᠨᠠᠨᠬᠢ ᠲᠤᠮᠤ ᠬᠡᠯᠪᠡᠷᠢ | ᠶᠢᠨ ᠠᠵᠤ ᠠᠬᠤᠶᠢᠯᠠᠯ ᠤᠨ ᠪᠦᠯᠦᠭᠯᠡᠯ ᠠᠵᠤ ᠦᠢᠯᠡᠰ ᠤᠨ ᠭᠡᠪᠴᠢᠶ᠎ᠡ ᠪᠠᠨ ᠦᠷᠭᠡᠳᠭᠡᠵᠤ᠂ ᠠᠵᠤ ᠦᠢᠯᠡᠰ ᠤᠨ ᠲᠡᠰ ᠲᠠᠪᠬᠤᠷᠭ᠎ᠠ ᠪᠠᠨ ᠲᠡᠭᠡᠭᠰᠢᠯᠡᠬᠦᠯᠬᠦ ᠶᠢ | ᠦᠩᠭᠡᠷᠡᠭᠰᠡᠨ ᠲᠠᠢ ᠪᠠᠨ ᠠᠳᠠᠯᠢ ᠪᠠᠷ ᠲᠡᠮᠵᠢᠨ᠎ᠡ᠃ ᠨᠤᠳᠤᠭ ᠤᠨ ᠠᠵᠤ ᠠᠬᠤᠶᠢᠯᠠᠯ ᠪᠠ ᠮᠠᠨ ᠤ ᠬᠤᠲᠠ ᠳᠤ ᠰᠢᠨ᠎ᠡ ᠪᠠᠷ ᠰᠠᠭᠤᠷᠢᠰᠢᠭᠰᠠᠨ ᠠᠵᠤ ᠠᠬᠤᠶᠢᠯᠠᠯ | ᠢ ᠵᠤᠷᠢᠭᠵᠢᠭᠤᠯᠤᠨ ᠬᠦᠲᠦᠯᠵᠤ᠂ ᠲᠦᠷᠦᠯ ᠵᠦᠢᠯ ᠢᠶᠠᠷ ᠠᠴᠢᠶᠠᠯᠠᠪᠤᠷᠢ ᠪᠤᠯᠭᠠᠨ᠂ ᠤᠯᠤᠰ ᠤᠨ ᠲᠤᠳᠤᠭᠠᠲᠤ ᠭᠠᠳᠠᠭᠠᠲᠤ ᠶᠢᠨ ᠠᠵᠤ ᠠᠬᠤᠶᠢᠯᠠᠯ ᠯᠤᠭ᠎ᠠ | ᠢᠳᠡᠪᠬᠢᠲᠠᠢ ᠪᠠᠷ ᠬᠠᠮᠲᠤᠷᠠᠨ ᠠᠵᠢᠯᠯᠠᠵᠤ᠂ ᠪᠠᠶᠢᠯᠲᠤᠬᠤ ᠪᠤᠳᠤᠯᠭ᠎ᠠ ᠶᠢᠨ ᠴᠢᠨᠠᠷᠲᠠᠢ ᠪᠡᠯᠡ ᠤᠷᠤᠭᠤᠯᠤᠯᠲᠠ ᠪᠠ ᠴᠢᠬᠤᠯᠠ ᠵᠠᠩᠬᠢᠯᠠᠭ᠎ᠠ ᠶᠢᠨ ᠮᠡᠷᠭᠡᠵᠢᠯ ᠢ | ᠤᠷᠤᠭᠤᠯᠤᠨ ᠠᠪᠴᠢᠷᠠᠵᠤ᠂ ᠴᠢᠬᠤᠯᠠ ᠲᠦᠷᠦᠯ ᠵᠦᠢᠯ ᠤᠨ ᠪᠦᠲᠦᠬᠡᠨ ᠪᠠᠶᠢᠭᠤᠯᠤᠯᠲᠠ ᠶᠢ ᠠᠬᠢᠭᠤᠯᠤᠨ᠎ᠠ᠃ ᠲᠤᠮᠳᠠ ᠵᠢᠵᠢᠭ ᠠᠵᠤ ᠠᠬᠤᠶᠢᠯᠠᠯ ᠤᠨ ᠬᠦᠭᠵᠢᠯᠲᠡ | ᠶᠢ ᠰᠠᠶᠢᠲᠤᠷ ᠠᠳᠬᠤᠵᠤ᠂ ᠲᠤᠮᠳᠠ ᠵᠢᠵᠢᠭ ᠠᠵᠤ ᠠᠬᠤᠶᠢᠯᠠᠯ ᠮᠠᠰᠢᠨ ᠲᠡᠷᠭᠡ᠂ ᠨᠡᠬᠦᠷᠡᠰᠦ ᠮᠠᠯᠲᠠᠬᠤ ᠮᠠᠰᠢᠨ᠂ ᠬᠢᠮᠢ ᠶᠢᠨ ᠠᠵᠤ ᠦᠢᠯᠡᠳᠪᠦᠷᠢ ᠶᠢᠨ ᠮᠠᠰᠢᠨ ᠤ | ᠰᠡᠯᠪᠢᠭ ᠲᠤᠨᠤᠭ ᠦᠢᠯᠡᠳᠬᠦ ᠪᠠ PVC ᠢ ᠨᠠᠷᠢᠯᠢᠭ ᠬᠦᠨ ᠪᠤᠯᠪᠠᠰᠣᠷᠠᠭᠤᠯᠬᠤ ᠵᠡᠷᠭᠡ ᠠᠵᠢᠯ ᠤᠨ ᠲᠤᠭᠤᠷᠢᠨ ᠳᠤ ᠠᠵᠤ ᠦᠢᠯᠡᠰ ᠤᠨ ᠲᠦᠬᠦᠷᠵᠢᠬᠦᠯᠦᠯᠲᠡ | ᠬᠢᠵᠤ᠂ ᠠᠵᠤ ᠦᠢᠯᠡᠰ ᠤᠨ ᠲᠤᠮᠤ ᠰᠦᠷᠦᠭᠵᠢᠯ ᠢ ᠪᠤᠢ ᠪᠤᠯᠭᠠᠨ᠎ᠠ᠃ ᠲᠦᠷᠪᠡ ᠳᠤ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠨ᠎ᠠ᠃ ᠬᠤᠲᠠ | ᠬᠦᠳᠡᠭᠡ ᠶᠢᠨ ᠭᠠᠵᠠᠷ ᠰᠢᠷᠤᠢ ᠵᠢᠨᠨᠡᠮᠡᠵᠤ ᠬᠠᠰᠣᠬᠤ ᠲᠠᠢ ᠬᠤᠯᠪᠤᠭᠳᠠᠭᠤᠯᠬᠤ ᠠᠵᠢᠯ ᠢ ᠠᠬᠢᠭᠤᠯᠵᠤ᠂ ᠲᠤᠬᠢᠷᠠᠮᠵᠢᠲᠠᠢ ᠭᠠᠵᠠᠷ ᠤᠨ ᠭᠠᠵᠠᠷ ᠰᠢᠷᠤᠢ ᠶᠢ ᠡᠵᠡᠯᠡᠨ | ᠬᠡᠷᠡᠭᠯᠡᠬᠦ ᠨᠦᠬᠦᠪᠦᠷᠢ ᠶᠢ ᠲᠡᠩᠴᠡᠬᠦᠷᠢᠰᠢᠬᠦᠯᠬᠦ ᠪᠦᠲᠦᠮᠵᠢᠲᠠᠢ ᠠᠷᠭ᠎ᠠ ᠵᠠᠮ ᠢ ᠢᠳᠡᠪᠬᠢᠲᠠᠢ ᠰᠦᠪᠡᠭᠴᠢᠯᠡᠵᠤ᠂ ᠪᠦᠲᠦᠬᠡᠨ ᠪᠠᠶᠢᠭᠤᠯᠤᠯᠲᠠ ᠳᠤ ᠭᠡᠷᠡᠭᠯᠡᠬᠦ ᠭᠠᠵᠠᠷ | ᠤᠨ ᠬᠦᠢᠴᠡᠳᠭᠡᠯ ᠲᠤᠭ᠎ᠠ ᠶᠢ ᠣᠯᠬᠤ ᠪᠠᠷ ᠴᠢᠷᠮᠠᠶᠢᠨ᠎ᠠ᠃ ᠭᠠᠵᠠᠷ ᠰᠢᠷᠤᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠲᠠᠷᠢᠶᠠᠨ ᠭᠠᠵᠠᠷ ᠢ ᠰᠠᠶᠢᠲᠤᠷ | ᠬᠠᠮᠠᠭᠠᠯᠠᠵᠤ᠂ ᠭᠠᠵᠠᠷ ᠰᠢᠷᠤᠢ ᠶᠢᠨ ᠲᠠᠭᠠᠭᠤᠯᠢ ᠤᠳᠤᠨ ᠵᠢᠷᠤᠭ ᠢᠶᠠᠷ ᠬᠠᠤᠯᠢ ᠭᠡᠷᠡᠭᠵᠢᠬᠦᠯᠦᠨ ᠪᠠᠶᠢᠴᠠᠭᠠᠬᠤ ᠠᠵᠢᠯ ᠢ ᠰᠠᠶᠢᠲᠤᠷ ᠬᠢᠵᠤ᠂ ᠭᠠᠵᠠᠷ ᠰᠢᠷᠤᠢ ᠶᠢ | ᠡᠷᠴᠢᠮᠵᠢᠬᠦᠯᠦᠨ ᠠᠰᠢᠭᠯᠠᠬᠤ ᠬᠢᠷᠢ ᠲᠦᠪᠰᠢᠨ ᠢ ᠲᠡᠭᠡᠰᠢᠯᠡᠬᠦᠯᠦᠨ᠎ᠡ᠃ ᠤᠷᠴᠢᠨ ᠲᠤᠭᠤᠷᠢᠨ ᠤ ᠬᠠᠮᠠᠭᠠᠯᠠᠯᠲᠠ ᠶᠢᠨ ᠬᠦᠢᠴᠡᠳᠬᠡᠯ ᠲᠤᠭ᠎ᠠ ᠶᠢ ᠵᠠᠬ᠎ᠠ | ᠲᠡᠯᠬᠡᠬᠦᠷᠴᠢᠬᠦᠯᠦᠨ ᠠᠷᠠᠯᠵᠢᠶᠠᠯᠠᠬᠤ ᠳᠤ ᠢᠳᠡᠪᠬᠢᠲᠠᠢ ᠤᠷᠤᠯᠴᠠᠭᠤᠯᠵᠤ᠂ ᠤᠷᠴᠢᠨ ᠲᠤᠭᠤᠷᠢᠨ ᠤ ᠬᠠᠮᠠᠭᠠᠯᠠᠯᠲᠠ ᠶᠢᠨ ᠬᠦᠢᠴᠡᠳᠭᠡᠯ ᠲᠤᠭ᠎ᠠ ᠬᠦᠷᠦᠯᠴᠡᠬᠦ ᠦᠬᠡᠢ | ᠠᠰᠠᠭᠤᠳᠠᠯ ᠢ ᠪᠦᠲᠦᠮᠵᠢᠲᠠᠢ ᠨᠠᠮᠳᠠᠭᠤᠯᠤᠨ᠎ᠠ᠃ | ︵ᠲᠠᠪᠤ︶ ᠰᠠᠭᠤᠷᠢ ᠲᠦᠬᠦᠬᠡᠷᠦᠮᠵᠢ ᠪᠠ ᠠᠮᠢ ᠠᠬᠤᠢ ᠶᠢᠨ ᠪᠦᠲᠦᠬᠡᠨ ᠪᠠᠶᠢᠭᠤᠯᠤᠯᠲᠠ ᠶᠢ ᠦᠨᠡᠨᠬᠦ ᠴᠢᠩᠭᠠᠳᠬᠠᠨ᠎ᠠ᠃ ᠪᠦᠬᠦ ᠬᠤᠲᠠ ᠶᠢᠨ ᠤᠰᠤᠨ ᠤ | ᠡᠬᠢ ᠪᠠᠶᠠᠯᠢᠭ ᠤᠨ ᠦᠷᠬᠦᠯᠵᠢᠯᠡᠭᠰᠡᠨ ᠠᠰᠢᠭᠯᠠᠯᠲᠠ ᠶᠢᠨ ᠲᠦᠯᠦᠪᠵᠢᠬᠦᠯᠬᠡ ᠶᠢ ᠨᠠᠶᠢᠷᠠᠭᠤᠯᠤᠨ ᠲᠠᠭᠤᠰᠬᠠᠵᠤ᠂ ᠡᠮᠦᠨ᠎ᠡ ᠤᠮᠠᠷ᠎ᠠ ᠬᠤᠶᠠᠷ ᠱᠣᠭᠤᠮ ᠤᠨ ᠤᠰᠤ | ᠬᠠᠩᠭᠠᠯᠲᠠ᠂ ᠤᠰᠤᠨ ᠤ ᠡᠷᠭᠡ ᠶᠢ ᠬᠠᠯᠠᠬᠤ ᠬᠤᠶᠠᠳᠤᠭᠠᠷ ᠬᠤᠭᠤᠴᠠᠭ᠎ᠠ ᠶᠢᠨ ᠪᠠᠷᠢᠯᠭ᠎ᠠ᠂ ᠬᠠᠲᠤᠨ ᠭᠤᠤᠯ ᠤᠨ ᠤᠰᠤ ᠠᠪᠬᠤ ᠠᠮᠠᠰᠠᠷ ᠵᠡᠷᠭᠡ ᠤᠰᠤ | ᠬᠠᠩᠭᠠᠬᠤ ᠴᠢᠬᠤᠯᠠ ᠪᠠᠷᠢᠯᠭ᠎ᠠ ᠶᠢᠨ ᠠᠬᠢᠴᠠ ᠶᠢ ᠲᠦᠷᠭᠡᠳᠭᠡᠵᠤ᠂ 2 ᠳ᠋ᠦᠩᠰᠢᠭᠤᠷ ᠪᠤᠰᠤᠭ᠎ᠠ ᠲᠦᠷᠪᠡᠯᠵᠢᠨ ᠮᠧᠲᠷ ᠤᠨ ᠤᠰᠤ ᠬᠠᠩᠭᠠᠬᠤ ᠴᠢᠳᠠᠪᠤᠷᠢ ᠶᠢ ᠰᠢᠨ᠎ᠡ | ᠪᠠᠷ ᠨᠡᠮᠡᠭᠳᠡᠬᠦᠯᠦᠨ᠎ᠡ᠃ ᠴᠠᠬᠢᠯᠭᠠᠨ ᠬᠦᠴᠦᠨ ᠢ ᠭᠠᠳᠠᠭᠰᠢ ᠲᠠᠮᠵᠢᠭᠤᠯᠬᠤ ᠲᠡᠭᠡᠳᠦ ᠲᠡᠰ ᠤᠨ ᠵᠠᠮ ᠢ ᠲᠦᠷᠭᠡᠭᠡᠨ ᠪᠠᠶᠢᠭᠤᠯᠵᠤ᠂ ᠤᠷᠳᠤᠰ ᠠᠴᠠ ᠱᠠᠨᠳᠦ᠋ᠩ᠂ | ᠬᠤᠪᠸᠢ ᠵᠡᠷᠭᠡ ᠭᠠᠵᠠᠷ ᠬᠦᠷᠬᠦ ᠤᠨᠴᠠ ᠦᠨᠳᠦᠷ ᠬᠦᠴᠦᠲᠡᠯᠳᠦ ᠴᠠᠬᠢᠯᠭᠠᠨ ᠬᠦᠴᠦᠨ ᠢ ᠭᠠᠳᠠᠭᠰᠢ ᠲᠠᠮᠵᠢᠭᠤᠯᠬᠤ ᠵᠠᠮ ᠢ ᠡᠬᠢᠯᠡᠨ ᠪᠠᠶᠢᠭᠤᠯᠬᠤ ᠪᠠᠷ ᠴᠢᠷᠮᠠᠶᠢᠨ᠎ᠠ᠃ | ᠵᠠᠮ ᠬᠠᠷᠢᠯᠴᠠᠭᠠᠨ ᠤ ᠶᠡᠷᠦᠩᠬᠡᠶᠢᠯᠡᠭᠰᠡᠨ ᠲᠡᠭᠡᠭᠡᠪᠦᠷᠢ ᠶᠢᠨ ᠰᠢᠰᠲ᠋ᠧᠮᠵᠢ ᠶᠢ ᠢᠳᠡᠪᠬᠢᠲᠠᠢ ᠲᠡᠭᠦᠯᠳᠡᠷᠵᠢᠬᠦᠯᠵᠤ᠂ ᠵᠢᠯ ᠤᠨ ᠲᠤᠳᠤᠷ᠎ᠠ ᠬᠠᠳᠤᠨ ᠭᠤᠤᠯ ᠲᠠᠭᠠᠤ | ᠨᠢᠬᠡᠳᠦᠬᠡᠷ ᠲᠡᠰ ᠤᠨ ᠵᠠᠰᠠᠮᠠᠯ ᠵᠠᠮ᠂ ᠯᠠᠨ ᠵᠢᠶᠠ ᠯᠢᠶᠠᠩ ᠠᠴᠠ ᠭᠠᠯᠠᠭᠤᠲᠤ ᠬᠦᠷᠬᠦ ᠨᠢᠭᠡᠳᠦᠬᠡᠷ ᠲᠡᠰ ᠤᠨ ᠵᠠᠰᠠᠮᠠᠯ ᠵᠠᠮ ᠢ ᠵᠠᠰᠠᠨ ᠲᠠᠭᠤᠰᠬᠠᠵᠤ ᠲᠡᠷᠭᠡ | ᠨᠡᠪᠳᠡᠷᠡᠬᠦᠯᠬᠦ ᠶᠢ ᠦᠨᠡᠨᠬᠦ ᠪᠠᠲᠤᠯᠠᠵᠤ᠂ ᠱᠢ ᠴᠢ ᠭᠸᠦ ᠠᠴᠠ ᠳ᠋ᠠ ᠹᠠᠨ ᠫᠦ᠋ ᠬᠦᠷᠬᠦ ᠲᠡᠭᠡᠳᠦ ᠬᠤᠷᠳᠤᠴᠠᠲᠤ ᠵᠠᠰᠠᠮᠠᠯ ᠵᠠᠮ᠂ ᠠᠮᠠᠨᠴᠢᠷᠠᠭ᠎ᠠ ᠠᠴᠠ ᠬᠤᠭᠤᠯᠠᠲᠤ | ᠬᠦᠷᠬᠦ ᠨᠢᠬᠡᠳᠦᠬᠡᠷ ᠲᠡᠰ ᠤᠨ ᠵᠠᠰᠠᠮᠠᠯ ᠵᠠᠮ ᠤᠨ ᠪᠦᠲᠦᠬᠡᠨ ᠪᠠᠶᠢᠭᠤᠯᠤᠯᠲᠠ ᠶᠢ ᠲᠦᠷᠭᠡᠳᠭᠡᠵᠤ᠂ ᠪᠤᠭᠤᠲᠤ ᠠᠴᠠ ᠳ᠋ᠦᠩᠱᠧᠩ ᠬᠦᠷᠬᠦ ᠬᠤᠶᠠᠳᠤᠭᠠᠷ ᠵᠤᠷᠪᠤᠰ | ᠲᠡᠭᠡᠲᠦ ᠬᠤᠷᠳᠣᠴᠠᠲᠤ ᠵᠠᠰᠠᠮᠠᠯ ᠵᠠᠮ᠂ ᠤᠳᠤᠭ ᠬᠤᠰᠢᠭᠤᠨ ᠠᠴᠠ ᠤᠳᠤᠭ ᠤᠨ ᠡᠮᠦᠨᠡᠲᠦ ᠬᠤᠰᠢᠭᠤ ᠬᠦᠷᠬᠦ ᠨᠢᠬᠡᠳᠦᠬᠡᠷ ᠲᠡᠰ ᠤᠨ ᠵᠠᠰᠠᠮᠠᠯ ᠵᠠᠮ᠂ ᠭᠠᠯᠠᠭᠤᠲᠤ | ᠠᠴᠠ ᠤᠯᠠᠭᠠᠨᠪᠠᠯᠭᠠᠰᠣ ᠬᠦᠷᠬᠦ ᠨᠢᠬᠡᠳᠦᠬᠡᠷ ᠲᠡᠰ ᠤᠨ ᠵᠠᠰᠠᠮᠠᠯ ᠵᠠᠮ ᠪᠠ ᠳ᠋ᠦᠩᠱᠧᠩ ᠠᠴᠠ ᠦᠬᠠᠢ ᠬᠦᠷᠬᠦ ᠲᠡᠮᠦᠷ ᠵᠠᠮ ᠤᠨ ᠨᠡᠮᠡᠯᠲᠡ ᠬᠤᠶᠠᠳᠣᠭᠠᠷ ᠱᠣᠭᠤᠮ᠂ | ᠬᠦᠬᠡᠬᠤᠲᠠ ᠠᠴᠠ ᠵᠡᠬᠦᠨᠭᠠᠷ ᠳ᠋ᠦᠩᠱᠧᠩ ᠳᠤ ᠬᠦᠷᠬᠦ ᠲᠡᠭᠡᠲᠦ ᠬᠤᠷᠳᠤᠴᠠᠲᠤ ᠲᠡᠮᠦᠷ ᠵᠠᠮ ᠢ ᠪᠦᠲᠦᠬᠡᠨ ᠪᠠᠶᠢᠭᠤᠯᠵᠤ᠂ 718 ᠺᠢᠯᠤᠮᠧᠲᠷ ᠤᠨ ᠲᠡᠭᠡᠳᠦ ᠲᠡᠰ | ᠤᠨ ᠵᠠᠰᠠᠮᠠᠯ ᠵᠠᠮ᠂ 1517 ᠺᠢᠯᠤᠮᠧᠲᠷ ᠤᠨ ᠲᠡᠮᠦᠷ ᠵᠠᠮ ᠢ ᠰᠢᠨ᠎ᠡ ᠪᠠᠷ ᠪᠦᠲᠦᠬᠡᠨ ᠪᠠᠶᠢᠭᠤᠯᠤᠨ᠎ᠠ᠃ ᠤᠷᠳᠤᠰ ᠨᠢᠰᠬᠡᠯ ᠤᠨ ᠪᠠᠭᠤᠳᠠᠯ ᠢ ᠦᠬᠡᠷᠡᠴᠢᠯᠡᠨ | ᠦᠷᠭᠡᠳᠭᠡᠭᠦ ᠪᠠᠷᠢᠯᠭ᠎ᠠ ᠶᠢ ᠪᠦᠬᠦ ᠲᠠᠯ᠎ᠠ ᠪᠠᠷ ᠪᠡᠶᠡᠯᠡᠬᠦᠯᠦᠨ᠎ᠡ᠃ ᠤᠷᠳᠤᠰ ᠠᠴᠠ ᠪᠡᠭᠡᠵᠢᠩ ᠲᠢᠶᠠᠨᠵᠢᠨ ᠲᠠᠩᠱᠠᠨ ᠬᠦᠷᠭᠦ ᠬᠢᠮᠢ ᠶᠢᠨ ᠠᠵᠤ ᠦᠢᠯᠡᠳᠪᠦᠷᠢ ᠶᠢᠨ | ᠦᠢᠯᠡᠳᠬᠦᠨ ᠪᠠ ᠪᠠᠶᠢᠭᠠᠯᠢ ᠶᠢᠨ ᠰᠢᠲᠠᠮᠠᠬᠠᠢ ᠬᠡᠢ ᠲᠠᠮᠵᠢᠭᠤᠯᠬᠤ ᠬᠤᠭᠤᠯᠠᠢ ᠶᠢᠨ ᠪᠦᠲᠦᠬᠡᠨ ᠪᠠᠶᠢᠭᠤᠯᠤᠯᠲᠠ ᠶᠢᠨ ᠡᠮᠦᠨᠡᠬᠢ ᠬᠤᠭᠤᠴᠠᠭᠠᠨ ᠤ ᠠᠵᠢᠯ ᠢ | ᠦᠷᠨᠢᠬᠦᠯᠦᠨ᠎ᠡ᠃ | ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠲᠠ ᠪᠤᠯᠤᠨ ᠪᠦᠲᠦᠬᠡᠨ ᠪᠠᠶᠢᠭᠤᠯᠤᠯᠲᠠ ᠶᠢ ᠴᠢᠩᠭᠠᠳᠬᠠᠨ᠎ᠠ᠃ ᠠᠮᠢ ᠠᠬᠤᠢ ᠶᠢᠨ ᠠᠶᠠᠨᠳᠠᠭᠠᠨ | ᠰᠡᠷᠬᠦᠬᠦ ᠤᠷᠤᠨ ᠢ ᠰᠢᠨ᠎ᠡ ᠪᠠᠷ 3000 ᠬᠠᠪᠳᠠᠭᠠᠢ ᠲᠦᠷᠪᠡᠯᠵᠢᠨ ᠺᠢᠯᠤᠮᠧᠲᠷ ᠪᠠᠶᠢᠭᠤᠯᠤᠨ᠎ᠠ᠃ ᠠᠳᠠᠷ ᠬᠠᠭᠠᠯᠪᠤᠷᠢᠯᠠᠬᠤ ᠶᠢ ᠵᠤᠭᠰᠤᠭᠠᠵᠤ ᠤᠢ ᠮᠤᠳᠤ ᠲᠠᠷᠢᠬᠤ | ᠪᠠ ︽ᠲᠦᠷᠪᠡᠨ ᠵᠠᠭᠤᠨ ᠲᠦᠮᠡᠨ ᠮᠤ᠋︾᠂ ︽ᠲᠠᠪᠤᠨ ᠲᠤᠭᠤᠷᠢᠭ ᠤᠨ ᠨᠤᠭᠤᠭᠠᠷᠠᠭᠤᠯᠤᠯᠲᠠ︾᠂ ︽ᠠᠵᠤ ᠠᠬᠤᠶᠢᠯᠠᠯ ᠤᠨ ᠨᠡᠬᠦᠷᠡᠰᠦᠳᠦ᠋ᠷᠦᠭᠴᠢ ᠶᠢᠨ | ᠲᠠᠪᠬᠤᠷ ᠢᠰᠦᠯ ᠢ ᠰᠢᠩᠬᠡᠬᠡᠨ ᠠᠪᠬᠤ ᠤᠢ︾ ᠵᠡᠷᠭᠡ ᠠᠮᠢ ᠠᠬᠤᠢ ᠵᠢᠨᠭᠤᠤᠯᠳᠠᠯᠭᠠ ᠲᠠᠢ ᠪᠦᠲᠦᠬᠡᠨ ᠪᠠᠶᠢᠭᠤᠯᠤᠯᠲᠠ ᠶᠢᠨ ᠢᠨᠵᠧᠨᠧᠷᠢᠩ ᠢ ᠦᠷᠬᠦᠯᠵᠢᠯᠡᠨ | ᠰᠠᠶᠢᠲᠤᠷ ᠵᠤᠬᠢᠶᠠᠨ ᠪᠠᠶᠢᠭᠤᠯᠤᠨ ᠬᠡᠷᠡᠭᠵᠢᠬᠦᠯᠵᠤ᠂ ᠲᠠᠷᠢᠮᠠᠯ ᠤᠢ ᠶᠢ ᠰᠢᠨ᠎ᠡ ᠪᠠᠷ 50 ᠲᠦᠮᠡᠨ ᠮᠤ᠋ ᠨᠡᠮᠡᠭᠳᠡᠬᠦᠯᠦᠨ᠎ᠡ᠃ ᠡᠨᠧᠷᠬᠢ ᠠᠷᠪᠢᠯᠠᠵᠤ ᠪᠤᠬᠢᠷᠲᠤᠯ ᠢ | ᠪᠠᠭᠠᠰᠬᠠᠬᠤ ᠡᠷᠴᠢᠮ ᠢᠶᠠᠨ ᠨᠡᠮᠡᠭᠳᠡᠬᠦᠯᠵᠤ᠂ ᠤᠷᠴᠢᠨ ᠲᠤᠭᠤᠷᠢᠨ ᠢ ᠬᠠᠮᠠᠭᠠᠯᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠢᠬᠡᠨᠳᠡ | ᠪᠠᠶᠢᠭᠤᠯᠤᠭᠰᠠᠨ ᠪᠤᠵᠠᠷ ᠤᠰᠤ ᠶᠢ ᠰᠢᠢᠳᠪᠦᠷᠢᠯᠡᠬᠦ ᠦᠢᠯᠡᠳᠪᠦᠷᠢ ᠪᠠ ᠬᠠᠶᠠᠭᠳᠠᠮᠠᠯ ᠪᠤᠳᠠᠰ ᠢ ᠰᠢᠢᠳᠪᠦᠷᠢᠯᠡᠬᠦ ᠦᠢᠯᠡᠳᠪᠦᠷᠢ ᠶᠢ ᠪᠦᠬᠦᠨ ᠢ ᠬᠡᠷᠡᠭᠯᠡᠯᠲᠡ ᠳᠤ | ᠤᠷᠤᠭᠤᠯᠬᠤ ᠶᠢ ᠦᠨᠡᠨᠬᠦ ᠪᠠᠲᠤᠯᠠᠨ᠎ᠠ᠃ | ︵ᠵᠢᠷᠭᠤᠭ᠎ᠠ︶ ᠨᠡᠶᠢᠬᠡᠮ ᠤᠨ ᠦᠢᠯᠡᠰ ᠢ ᠶᠡᠬᠡᠪᠡᠷ ᠬᠦᠭᠵᠢᠬᠦᠯᠦᠨ᠎ᠡ᠃ ᠲᠤᠮᠳᠠᠳᠣ ᠪᠠᠭ᠎ᠠ ᠰᠣᠷᠭᠠᠭᠤᠯᠢ ᠶᠢᠨ ᠬᠡᠴᠢᠶᠡᠯ ᠪᠠᠶᠢᠷᠢ ᠶᠢᠨ ᠭᠡᠷ ᠤᠨ | ᠠᠶᠤᠯᠬᠦᠢ ᠶᠢᠨ ᠪᠠᠷᠢᠯᠭ᠎ᠠ ᠶᠢᠨ ᠨᠢᠬᠡᠳᠦᠬᠡᠷ ᠬᠤᠭᠤᠴᠠᠭᠠᠨ ᠤ ᠵᠠᠰᠠᠨ ᠦᠬᠡᠷᠡᠴᠢᠯᠡᠬᠦ ᠠᠵᠢᠯ ᠢ ᠪᠦᠬᠦ ᠲᠠᠯ᠎ᠠ ᠪᠠᠷ ᠪᠡᠶᠡᠯᠡᠬᠦᠯᠵᠤ᠂ ᠬᠤᠶᠠᠳᠣᠭᠠᠷ ᠬᠤᠭᠤᠴᠠᠭᠠᠨ | ᠤ ᠪᠠᠷᠢᠯᠭ᠎ᠠ ᠶᠢ ᠡᠬᠢᠯᠡᠬᠦᠯᠦᠨ᠎ᠡ᠃ ᠰᠣᠷᠬᠤ ᠨᠠᠰᠣᠨ ᠠᠴᠠ ᠡᠮᠦᠨᠡᠬᠢ ᠰᠤᠷᠭᠠᠨ ᠬᠦᠮᠦᠵᠢᠯ ᠢ ᠴᠢᠩᠭᠠᠳᠬᠠᠵᠤ᠂ ᠵᠠᠰᠠᠭ ᠤᠨ ᠤᠷᠳᠤᠨ ᠠᠴᠠ ᠭᠤᠤᠯᠯᠠᠨ | ᠵᠢᠯᠤᠭᠤᠳᠤᠭᠤᠯᠤᠭᠰᠠᠨ᠂ ᠤᠯᠠᠨ ᠡᠰᠢᠵᠢᠬᠦᠯᠦᠭᠰᠡᠨ ᠪᠡᠯᠡ ᠤᠷᠤᠭᠤᠯᠤᠯᠲᠠ ᠶᠢ ᠪᠠᠷᠢᠮᠲᠠᠯᠠᠵᠤ᠂ ᠬᠡᠣᠭᠡᠳ ᠤᠨ ᠴᠡᠴᠡᠷᠯᠢᠭ ᠢ ᠪᠠᠷᠢᠮᠵᠢᠶᠠᠵᠢᠭᠤᠯᠤᠨ ᠪᠦᠲᠦᠬᠡᠨ | ᠪᠠᠶᠢᠭᠤᠯᠬᠤ ᠶᠢ ᠠᠬᠢᠭᠤᠯᠵᠤ᠂ ᠬᠤᠲᠠ ᠶᠢᠨ ᠭᠤᠤᠯ ᠲᠤᠭᠤᠷᠢᠭ ᠲᠤ ᠠᠯᠪᠠᠨ ᠠᠴᠠ ᠡᠷᠬᠢᠯᠡᠭᠰᠡᠨ ᠦᠨᠳᠦᠷ ᠪᠠᠷᠢᠮᠵᠢᠶ᠎ᠠ ᠲᠠᠢ ᠵᠢᠱᠢᠶ᠎ᠡ ᠦᠵᠡᠬᠦᠯᠬᠦ ᠬᠡᠤᠭᠡᠳ ᠤᠨ | ᠴᠡᠴᠡᠷᠯᠢᠭ ᠢ ᠰᠢᠨ᠎ᠡ ᠪᠠᠷ 2 ᠪᠠᠶᠢᠭᠤᠯᠤᠨ᠎ᠠ᠃ ᠵᠢᠯ ᠤᠨ ᠲᠤᠳᠤᠷ᠎ᠠ ᠬᠤᠲᠠ ᠶᠢᠨ ᠮᠤᠩᠭᠤᠯ ᠦᠨᠳᠦᠰᠦᠲᠡᠨ ᠤ ᠰᠣᠷᠭᠠᠭᠤᠯᠢ᠂ ᠬᠤᠲᠠ ᠶᠢᠨ ᠠᠵᠢᠯ ᠮᠡᠷᠭᠡᠵᠢᠯ | ᠤᠨ ᠲᠡᠭᠡᠳᠦ ᠰᠣᠷᠭᠠᠭᠤᠯᠢ ᠶᠢᠨ ᠰᠢᠨ᠎ᠡ ᠰᠣᠷᠭᠠᠭᠤᠯᠢ ᠶᠢᠨ ᠲᠤᠭᠤᠷᠢᠭ ᠢ ᠪᠠᠶᠢᠭᠤᠯᠤᠨ ᠠᠰᠢᠭᠯᠠᠯᠲᠠ ᠳᠤ ᠤᠷᠤᠭᠤᠯᠤᠨ᠎ᠠ᠃ ︽ᠤᠯᠤᠰ ᠤᠨ ᠡᠷᠡᠬᠦᠯ | ᠬᠠᠮᠠᠭᠠᠯᠠᠯ ᠤᠨ ᠬᠤᠲᠠ︾ ᠶᠢ ᠡᠬᠦᠳᠦᠨ ᠪᠠᠶᠢᠭᠤᠯᠬᠤ ᠠᠵᠢᠯ ᠤᠨ ᠦᠷ᠎ᠡ ᠪᠦᠲᠦᠬᠡᠯ ᠢ ᠪᠠᠬᠢᠵᠢᠬᠦᠯᠵᠤ᠂ ︽ᠤᠯᠠᠨ ᠤᠯᠤᠰ ᠤᠨ ᠡᠷᠡᠬᠦᠯ ᠡᠩᠬᠡ ᠶᠢᠨ ᠬᠤᠲᠠ | ︾ ᠶᠢ ᠡᠬᠦᠳᠦᠨ ᠪᠠᠶᠢᠭᠤᠯᠬᠤ ᠠᠵᠢᠯᠯᠠᠭ᠎ᠠ ᠶᠢ ᠡᠬᠢᠯᠡᠬᠦᠯᠦᠨ᠎ᠡ᠃ ᠤᠯᠠᠨ ᠨᠡᠶᠢᠲᠡ ᠶᠢᠨ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠲᠤᠨᠤᠭ ᠲᠦᠬᠦᠬᠡᠷᠦᠮᠵᠢ ᠪᠠ | ᠡᠷᠡᠬᠦᠯ ᠬᠠᠮᠠᠭᠠᠯᠠᠯ ᠤᠨ ᠪᠠᠴᠢᠮ ᠢ ᠠᠷᠭᠠᠴᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠵᠤ᠂ ᠬᠤᠰᠢᠭᠤ ᠲᠤᠭᠤᠷᠢᠭ ᠤᠨ ᠶᠡᠷᠦᠩᠬᠡᠶᠢᠯᠡᠭᠰᠡᠨ | ᠡᠮᠨᠡᠯᠬᠡ ᠶᠢᠨ ᠬᠤᠷᠢᠶ᠎ᠠ᠂ ᠦᠨᠳᠦᠰᠦᠨ ᠱᠠᠲᠤᠨ ᠤ ᠡᠷᠡᠬᠦᠯ ᠬᠠᠮᠠᠭᠠᠯ ᠤᠨ ᠬᠤᠷᠢᠶ᠎ᠠ ᠪᠠ ᠭᠠᠴᠠᠭ᠎ᠠ ᠲᠤᠰᠬᠤᠨ ᠤ ᠡᠷᠡᠬᠦᠯ ᠬᠠᠮᠠᠭᠠᠯᠠᠯ ᠤᠨ ᠲᠠᠰᠤᠭ᠂ ᠨᠡᠶᠢᠬᠡᠮ | ᠲᠤᠭᠤᠷᠢᠭ ᠤᠨ ᠡᠷᠡᠬᠦᠯ ᠬᠠᠮᠠᠭᠠᠯᠠᠯ ᠤᠨ ᠦᠷᠳᠡᠭᠡ ᠶᠢ ᠴᠢᠮᠡᠭᠡ ᠵᠠᠩᠬᠢᠵᠢᠭᠤᠯᠤᠨ᠂ ᠰᠦᠯᠵᠢᠶᠡᠵᠢᠬᠦᠯᠦᠨ᠂ ᠪᠠᠷᠢᠮᠵᠢᠶᠠᠵᠢᠭᠤᠯᠤᠨ ᠪᠦᠲᠦᠬᠡᠨ ᠪᠠᠶᠢᠭᠤᠯᠬᠤ ᠡᠬᠦᠷᠭᠡ | ᠶᠢ ᠪᠡᠶᠡᠯᠡᠬᠦᠯᠦᠨ᠎ᠡ᠃ ᠰᠣᠮᠣ ᠰᠢᠶᠠᠩ ᠪᠠᠯᠭᠠᠰᠣᠨ ᠤ ᠡᠷᠡᠬᠦᠯ ᠬᠠᠮᠠᠭᠠᠯᠠᠯ ᠤᠨ ᠬᠤᠷᠢᠶ᠎ᠠ ᠶᠢᠨ ᠲᠤᠰᠬᠠᠢ ᠮᠡᠷᠭᠡᠵᠢᠯᠲᠡᠳ ᠢ ᠦᠷᠬᠦᠯᠵᠢᠯᠡᠨ ᠢᠯᠡ ᠪᠠᠷ ᠡᠯᠰᠡᠨ | ᠭᠡᠷᠡᠭᠯᠡᠵᠤ᠂ ᠦᠨᠳᠦᠰᠦᠨ ᠱᠠᠲᠤᠨ ᠤ ᠡᠷᠡᠬᠦᠯ ᠬᠠᠮᠠᠭᠠᠯᠠᠯ ᠤᠨ ᠬᠤᠷᠢᠶ᠎ᠠ ᠶᠢᠨ ᠲᠤᠰᠬᠠᠢ ᠮᠡᠷᠭᠡᠵᠢᠯ ᠤᠨ ᠬᠦᠴᠦᠨ ᠢ ᠪᠤᠵᠠᠭᠠᠶᠢᠷᠠᠭᠤᠯᠤᠨ᠎ᠠ᠃ ᠠᠯᠪᠠᠨ ᠠᠴᠠ | ᠪᠠᠶᠢᠭᠤᠯᠤᠭᠰᠠᠨ ᠡᠮᠨᠡᠯᠬᠡ ᠶᠢᠨ ᠬᠤᠷᠢᠶᠠᠨ ᠤ ᠦᠬᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ ᠢ ᠦᠷᠨᠢᠬᠦᠯᠵᠤ᠂ ᠦᠨᠳᠦᠰᠦᠨ ᠡᠮ ᠤᠨ ᠵᠦᠢᠯ ᠢ | ᠲᠤᠬᠢᠷᠠᠭᠤᠯᠤᠨ ᠭᠡᠷᠡᠭᠯᠡᠬᠦ ᠲᠦᠷᠢᠮ ᠢ ᠪᠦᠷᠨᠰᠢᠬᠦᠯᠦᠨ ᠲᠡᠭᠦᠯᠳᠡᠷᠵᠢᠬᠦᠯᠵᠤ᠂ ᠠᠷᠠᠳ ᠠᠴᠠ ᠡᠷᠬᠢᠯᠡᠭᠰᠡᠨ ᠡᠮᠴᠢᠯᠡᠭᠡᠨ ᠤ ᠪᠠᠶᠢᠭᠤᠯᠤᠮᠵᠢ ᠶᠢᠨ ᠬᠦᠭᠵᠢᠯᠲᠡ ᠶᠢ | ᠵᠤᠷᠢᠭᠵᠢᠭᠤᠯᠤᠨ ᠲᠡᠮᠵᠢᠵᠤ᠂ ᠮᠤᠩᠭᠤᠯ ᠬᠢᠳᠠᠳ ᠡᠮ ᠡᠮᠨᠡᠯᠬᠡ ᠶᠢᠨ ᠦᠢᠯᠡᠰ ᠢ ᠶᠡᠬᠡᠪᠡᠷ ᠬᠦᠭᠵᠢᠬᠦᠯᠦᠨ᠎ᠡ᠃ ᠢᠳᠡᠭᠡᠨ ᠡᠮ ᠤᠨ ᠵᠦᠢᠯ ᠤᠨ ᠠᠶᠤᠯᠬᠦᠢ ᠶᠢᠨ | ᠬᠠᠮᠢᠶᠠᠷᠤᠯᠲᠠ ᠶᠢ ᠴᠢᠩᠭᠠᠳᠬᠠᠵᠤ᠂ ᠣᠯᠣᠰ ᠤᠨ ᠲᠡᠰ ᠤᠨ ᠢᠳᠡᠬᠡᠨ ᠡᠮ ᠤᠨ ᠵᠦᠢᠯ ᠢ ᠬᠢᠨᠠᠨ ᠰᠢᠯᠭᠠᠬᠤ ᠲᠦᠪ ᠢ ᠡᠬᠢᠯᠡᠨ ᠪᠠᠶᠢᠭᠤᠯᠤᠨ᠎ᠠ᠃ ᠰᠣᠶᠣᠯ ᠤᠨ | ᠪᠠᠶᠢᠭᠤᠯᠤᠮᠵᠢ ᠶᠢᠨ ᠦᠬᠡᠷᠡᠴᠢᠯᠡᠯᠲᠡ ᠶᠢ ᠬᠦᠨᠵᠡᠬᠡᠶᠢᠷᠡᠬᠦᠯᠵᠤ᠂ ᠤᠯᠠᠨ ᠨᠡᠶᠢᠲᠡ ᠶᠢᠨ ᠰᠤᠶᠤᠯ ᠪᠡᠶ᠎ᠡ ᠶᠢᠨ ᠲᠠᠮᠢᠷ ᠤᠨ ᠦᠢᠯᠡᠴᠢᠯᠡᠬᠡᠨ ᠤ ᠰᠢᠰᠲ᠋ᠧᠮᠵᠢ ᠶᠢᠨ | ᠪᠠᠶᠢᠭᠤᠯᠤᠯᠲᠠ ᠶᠢ ᠴᠢᠩᠭᠠᠳᠬᠠᠵᠤ᠂ ᠭᠠᠴᠠᠭ᠎ᠠ ᠲᠤᠰᠬᠤᠨ ᠤ ᠰᠣᠶᠣᠯ ᠤᠨ ᠦᠷᠦᠬᠡ ᠪᠠ ᠰᠣᠮᠤ ᠰᠢᠶᠠᠩ ᠪᠠᠯᠭᠠᠰᠣᠨ ᠤ ᠪᠦᠬᠦ ᠠᠷᠠᠳ ᠤᠨ ᠪᠡᠶ᠎ᠡ ᠪᠠᠨ | ᠴᠢᠬᠢᠷᠠᠭᠵᠢᠭᠤᠯᠬᠤ ᠨᠢᠬᠡ ᠪᠦᠯᠦᠭ ᠲᠤᠷᠰᠢᠯᠲᠠ ᠶᠢᠨ ᠴᠡᠭ ᠢ ᠰᠢᠨ᠎ᠡ ᠪᠠᠷ ᠪᠠᠶᠢᠭᠤᠯᠤᠨ᠎ᠠ᠃ | ︵ᠲᠤᠯᠤᠭ᠎ᠠ︶ ᠠᠷᠠᠳ ᠤᠨ ᠠᠮᠢᠲᠤᠷᠠᠯ ᠢ ᠨᠡᠩ ᠢᠯᠡᠬᠦᠤ ᠪᠠᠲᠤᠯᠠᠨ ᠰᠠᠶᠢᠵᠢᠷᠠᠭᠤᠯᠤᠨ᠎ᠠ᠃ ᠠᠳᠠᠯ ᠦᠢᠯᠡᠰ ᠪᠤᠰᠬᠠᠬᠤ ᠢ ᠤᠷᠮᠠᠰᠢᠭᠤᠯᠬᠤ ᠲᠤᠭᠳᠠᠴᠠ | ᠪᠠ ᠬᠠᠪᠰᠤᠷᠤᠨ ᠲᠡᠮᠵᠢᠬᠦ ᠲᠦᠷᠢᠮ ᠢ ᠴᠢᠨᠠᠭᠰᠢᠲᠠ ᠲᠡᠭᠦᠯᠳᠡᠷᠵᠢᠬᠦᠯᠵᠤ᠂ ᠲᠦᠷᠦᠯ ᠵᠦᠢᠯ ᠢ ᠪᠦᠲᠦᠬᠡᠨ ᠪᠠᠶᠢᠭᠤᠯᠬᠤ ᠪᠠᠶᠢᠭᠤᠯᠭ᠎ᠠ ᠨᠢᠬᠡᠴᠡ ᠪᠤᠯᠤᠨ ᠠᠵᠤ | ᠠᠬᠤᠶᠢᠯᠠᠯ ᠲᠤᠰ ᠭᠠᠵᠠᠷ ᠤᠨ ᠬᠦᠳᠡᠯᠮᠦᠷᠢ ᠬᠦᠴᠦᠨ ᠢ ᠰᠢᠩᠭᠡᠭᠡᠨ ᠠᠵᠢᠯ ᠤᠯᠭᠤᠬᠤ ᠶᠢ ᠠᠬᠢᠭᠤᠯᠤᠨ᠎ᠠ᠃ ᠲᠤᠬᠠᠶᠢᠯᠠᠭᠰᠠᠨ ᠠᠵᠢᠯ ᠤᠨ ᠮᠡᠷᠭᠡᠵᠢᠯ ᠴᠢᠳᠠᠪᠤᠷᠢ | ᠶᠢᠨ ᠪᠤᠯᠪᠠᠰᠣᠷᠠᠯ ᠪᠠ ᠠᠵᠢᠯ ᠰᠣᠩᠭᠤᠬᠤ ᠦᠵᠡᠯᠲᠡ ᠲᠠᠨᠢᠯᠲᠠ ᠶᠢᠨ ᠬᠦᠮᠦᠵᠢᠯ ᠢ ᠴᠢᠩᠭᠠᠳᠬᠠᠵᠤ᠂ ᠪᠤᠯᠪᠠᠰᠣᠷᠠᠯ ᠬᠢᠬᠦ ᠬᠠᠨᠲᠤᠯᠭᠠᠲᠤ ᠴᠢᠨᠠᠷ ᠪᠠ ᠦᠷ᠎ᠡ | ᠠᠰᠢᠭᠲᠦ ᠴᠢᠨᠠᠷ ᠢ ᠲᠡᠭᠡᠭᠰᠰᠢᠯᠡᠬᠦᠯᠵᠤ᠂ ᠵᠢᠯ ᠤᠨ ᠲᠤᠳᠤᠷ᠎ᠠ ᠬᠤᠲᠠ ᠪᠠᠯᠭᠠᠰᠣᠨ ᠤ ᠠᠵᠢᠯ ᠤᠯᠬᠤ ᠬᠦᠮᠦᠨ ᠤ ᠲᠤᠭ᠎ᠠ ᠶᠢ ᠰᠢᠨ᠎ᠡ ᠪᠠᠷ 3 ᠲᠦᠮᠡ | ᠨᠡᠮᠡᠭᠳᠡᠬᠦᠯᠦᠨ᠎ᠡ᠃ ᠨᠡᠶᠢᠬᠡᠮ ᠤᠨ ᠪᠠᠲᠤᠯᠠᠭᠠᠨ ᠤ ᠬᠢᠷᠢ ᠬᠡᠮᠵᠢᠶ᠎ᠡ ᠶᠢ ᠴᠢᠨᠠᠭᠰᠢᠲᠠ ᠲᠡᠭᠡᠭᠰᠢᠯᠡᠬᠦᠯᠵᠤ᠂ ᠬᠤᠲᠠ ᠪᠠᠯᠭᠠᠰᠣᠨ ᠤ ᠰᠠᠭᠤᠭᠠᠯᠢ ᠠᠷᠠᠳ ᠤᠨ | ᠨᠠᠰᠣᠵᠢᠯ ᠤᠨ ᠠᠰᠠᠷᠠᠮᠵᠢ ᠶᠢᠨ ᠮᠦᠩᠬᠦ ᠶᠢ ᠬᠦᠮᠦᠨ ᠪᠦᠷᠢ ᠳᠤ ᠰᠠᠷ᠎ᠠ ᠪᠦᠷᠢ 100 ᠲᠦᠬᠦᠷᠢᠭ ᠨᠡᠮᠡᠭᠳᠡᠬᠦᠯᠵᠤ᠂ ᠬᠤᠲᠠ ᠪᠠᠯᠭᠠᠰᠣᠨ ᠤ ᠰᠠᠭᠤᠭᠠᠯᠢ ᠠᠷᠠᠳ | ᠤᠨ ᠡᠮᠨᠡᠯᠬᠡ ᠶᠢᠨ ᠲᠠᠭᠠᠳᠬᠠᠯ ᠤᠨ ᠬᠠᠮᠤᠭ ᠤᠨ ᠦᠨᠳᠦᠷ ᠤᠯᠭᠤᠬᠤ ᠲᠤᠭ᠎ᠠ ᠶᠢ ᠲᠡᠭᠡᠭᠰᠢᠯᠡᠬᠦᠯᠦᠭᠡᠳ ᠲᠤᠰᠪᠤᠷᠢ 12 ᠲᠦᠮᠡᠨ ᠲᠦᠬᠦᠷᠢᠭ ᠪᠠ 10 ᠲᠦᠮᠡᠨ | ᠲᠦᠬᠦᠷᠢᠭ ᠪᠤᠯᠭᠠᠵᠤ᠂ ᠬᠤᠲᠠ ᠪᠠᠯᠭᠠᠰᠣᠨ ᠤ ᠰᠠᠭᠤᠭᠠᠯᠢ ᠠᠷᠠᠳ ᠤᠨ ᠨᠠᠭᠠᠲᠤ ᠵᠠᠬ᠎ᠠ ᠶᠢᠨ ᠠᠮᠢᠲᠤᠷᠠᠯ ᠤᠨ ᠪᠠᠲᠤᠯᠭ᠎ᠠ ᠶᠢᠨ ᠪᠠᠷᠢᠮᠵᠢᠶ᠎ᠠ ᠶᠢ ᠰᠠᠷ᠎ᠠ ᠪᠦᠷᠢ | 20 ᠲᠦᠬᠦᠷᠢᠭ ᠲᠡᠭᠡᠭᠰᠢᠯᠡᠬᠦᠯᠵᠤ᠂ ᠠᠮᠢᠲᠤᠯᠢᠭ ᠢᠶᠠᠷ ᠠᠵᠢᠯ ᠤᠯᠤᠭᠰᠠᠳᠡᠮᠨᠡᠯᠭᠡ ᠶᠢᠨ ᠲᠠᠭᠠᠳᠬᠠᠯ ᠳᠤ ᠤᠷᠤᠪᠠᠯ ᠬᠦᠮᠦᠨ ᠪᠦᠷᠢ ᠳᠤ ᠵᠢᠯ ᠪᠦᠷᠢ 500 | ᠲᠦᠬᠦᠷᠢᠭ ᠨᠦᠬᠦᠪᠦᠷᠢᠯᠡᠨ᠎ᠡ᠃ ᠨᠡᠶᠢᠬᠡᠮ ᠤᠨ ᠠᠪᠤᠷᠠᠨ ᠲᠤᠰᠠᠯᠠᠬᠤ᠂ ᠨᠡᠶᠢᠬᠡᠮ ᠤᠨ ᠠᠰᠠᠷᠠᠮᠵᠢ ᠵᠡᠷᠭᠡ ᠠᠵᠢᠯ ᠢ ᠦᠨᠡᠨᠬᠦ ᠰᠠᠶᠢᠲᠤᠷ ᠬᠢᠵᠤ᠂ 17 ᠨᠠᠰᠣᠲᠠᠨ ᠢ | ᠠᠰᠠᠷᠠᠬᠤ ᠬᠦᠷᠢᠶᠡᠯᠡᠩ ᠢ ᠦᠷᠭᠡᠳᠭᠡᠨ ᠪᠠᠶᠢᠭᠤᠯᠵᠤ᠂ 6 ᠶᠡᠷᠦᠩᠬᠡᠶᠢᠯᠡᠭᠰᠡᠨ ᠠᠰᠠᠷᠠᠮᠵᠢ ᠶᠢᠨ ᠲᠦᠪ ᠢ ᠰᠢᠨ᠎ᠡ ᠪᠠᠷ ᠪᠠᠶᠢᠭᠤᠯᠵᠤ᠂ ᠬᠤᠲᠠ ᠶᠢᠨ ᠵᠡᠮᠳᠡᠭᠴᠤᠳ ᠢ | ᠡᠷᠡᠬᠦᠯᠵᠢᠬᠦᠯᠬᠦ ᠲᠦᠪ ᠢ ᠪᠠᠶᠢᠭᠤᠯᠤᠨ ᠪᠦᠲᠦᠬᠡᠨ᠎ᠡ᠃ ᠠᠷᠭ᠎ᠠ ᠪᠦᠬᠦᠨ ᠢ ᠰᠦᠪᠡᠭᠴᠢᠯᠡᠨ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠤᠷᠤᠯᠭ᠎ᠠ ᠶᠢ | ᠨᠡᠮᠡᠭᠳᠡᠬᠦᠯᠵᠤ᠂ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠦᠷᠢ ᠶᠢᠨ ᠱᠠᠩᠨᠠᠯ ᠵᠡᠷᠭᠡ ᠲᠠᠷᠢᠶᠠᠯᠠᠩ ᠮᠠᠯ ᠠᠵᠤ ᠠᠬᠤᠢ ᠶᠢ ᠲᠡᠮᠵᠢᠵᠤ | ᠮᠠᠯᠴᠢᠨ ᠲᠠᠷᠢᠶᠠᠴᠢᠳ ᠲᠤ ᠬᠠᠷᠠᠭᠠᠯᠵᠠᠯ ᠦᠵᠡᠬᠦᠯᠬᠦ ᠲᠦᠷᠦ ᠶᠢᠨ ᠪᠤᠳᠤᠯᠭ᠎ᠠ ᠶᠢ ᠨᠠᠶᠢᠲᠠᠪᠤᠷᠢᠵᠢᠭᠤᠯᠵᠤ᠂ ᠤᠯᠠᠨ ᠠᠷᠭ᠎ᠠ ᠵᠠᠮ ᠢᠶᠠᠷ ᠮᠠᠯᠴᠢᠨ ᠲᠠᠷᠢᠶᠠᠴᠢᠳ ᠤᠨ | ᠡᠵᠡᠩᠨᠡᠯᠲᠡ ᠶᠢᠨ ᠴᠢᠨᠠᠷᠲᠠᠢ᠂ ᠡᠳ᠋ ᠬᠦᠷᠦᠩᠬᠡ ᠶᠢᠨ ᠴᠢᠨᠠᠷᠲᠠᠢ ᠪᠠ ᠴᠠᠯᠢᠩ ᠤᠨ ᠴᠢᠨᠠᠷᠲᠠᠢ ᠤᠷᠤᠯᠭ᠎ᠠ ᠶᠢ ᠨᠡᠮᠡᠭᠳᠡᠬᠦᠯᠦᠨ᠎ᠡ᠃ ᠠᠵᠤ ᠠᠬᠤᠶᠢᠯᠠᠯ ᠤᠨ ᠴᠠᠯᠢᠩ | ᠤᠨ ᠲᠤᠮᠳᠠᠴᠢ ᠵᠢᠯᠤᠭᠤᠳᠬᠤ ᠱᠣᠭᠤᠮ ᠢ ᠴᠢᠨᠠᠭᠰᠢᠲᠠ ᠲᠡᠭᠡᠭᠰᠢᠯᠡᠬᠦᠯᠵᠤ᠂ ᠴᠠᠯᠢᠩ ᠢ ᠬᠠᠮᠲᠤᠪᠠᠷ ᠵᠦᠪᠳᠡᠯᠴᠡᠨ ᠲᠤᠭᠳᠠᠭᠠᠬᠤ ᠲᠦᠷᠢᠮ ᠢ ᠲᠡᠭᠦᠯᠳᠡᠷᠵᠢᠬᠦᠯᠵᠤ᠂ | ᠠᠵᠣ ᠠᠬᠤᠶᠢᠯᠠᠯ ᠤᠨ ᠠᠵᠢᠯᠲᠠᠨ ᠠᠵᠢᠯᠴᠢᠳ ᠤᠨ ᠴᠠᠯᠢᠩ ᠤᠨ ᠭᠡᠪ ᠤᠨ ᠦᠰᠦᠯᠲᠡ ᠶᠢ ᠠᠬᠢᠭᠤᠯᠤᠨ᠎ᠠ᠃ ᠠᠵᠤ ᠠᠬᠤᠶᠢᠯᠠᠯ ᠤᠨ ᠠᠵᠢᠯ ᠠᠴᠠ ᠪᠠᠨ | ᠠᠮᠠᠷᠠᠭᠰᠠᠳ ᠤᠨ ᠨᠠᠰᠣᠵᠢᠯ ᠤᠨ ᠠᠰᠠᠷᠠᠮᠵᠢ ᠶᠢᠨ ᠮᠦᠩᠬᠦ ᠶᠢ ᠤᠯᠤᠰ ᠠᠴᠠ ᠨᠡᠮᠡᠭᠳᠡᠬᠦᠯᠦᠭᠰᠡᠨ ᠤ ᠰᠠᠭᠤᠷᠢᠨ ᠲᠡᠭᠡᠷ᠎ᠡ ᠰᠠᠷ᠎ᠠ ᠪᠦᠷᠢ ᠪᠠᠰᠠ 100 ᠲᠦᠬᠦᠷᠢᠭ | ᠨᠦᠬᠦᠪᠦᠷᠢᠯᠡᠨ᠎ᠡ᠃ ᠪᠦᠲᠦᠴᠡ ᠶᠢᠨ ᠴᠢᠨᠠᠷᠲᠠᠢ ᠪᠠᠷ ᠭᠠᠶᠢᠯᠢ ᠬᠠᠰᠣᠵᠣ ᠭᠡᠯᠳᠦᠷᠢᠬᠦᠯᠬᠦ ᠲᠦᠷᠦ ᠶᠢᠨ ᠪᠤᠳᠤᠯᠭ᠎ᠠ ᠶᠢ ᠭᠡᠷᠡᠭᠵᠢᠬᠦᠯᠵᠤ᠂ ᠬᠦᠳᠡᠯᠮᠦᠷᠢ ᠨᠢᠭᠲᠠᠷᠠᠭᠰᠠᠨ | ᠮᠠᠶ᠋ᠢᠭ ᠤᠨ ᠵᠢᠵᠢᠭ ᠭᠡᠯᠪᠡᠷᠢ ᠶᠢᠨ ᠪᠠᠭ᠎ᠠ ᠠᠰᠢᠭ ᠤᠷᠤᠯᠭ᠎ᠠ ᠲᠠᠢ ᠠᠵᠤ ᠠᠬᠤᠶᠢᠯᠠᠯ ᠤᠨ ᠭᠡᠰᠡᠭ ᠤᠯᠵᠠᠪᠤᠷᠢ ᠶᠢᠨ ᠭᠠᠶᠢᠯᠢ ᠶᠢ ᠬᠠᠰᠣᠵᠣ᠂ ᠰᠠᠷ᠎ᠠ ᠶᠢᠨ | ᠡᠵᠡᠩᠨᠡᠯᠲᠡ ᠶᠢᠨ ᠲᠤᠭ᠎ᠠ ᠨᠢ 1.5 ᠲᠦᠮᠡᠨ ᠲᠦᠬᠦᠷᠢᠭ ᠬᠦᠷᠬᠦ ᠦᠬᠡᠢ ᠦᠢᠯᠡᠳᠪᠦᠷᠢ ᠬᠤᠳᠠᠯᠳᠣᠭᠠᠨ ᠤ ᠬᠤᠪᠢ ᠡᠷᠦᠬᠡ ᠶᠢᠨ ᠡᠵᠡᠩᠨᠡᠯᠲᠡ ᠶᠢᠨ ᠭᠠᠶᠢᠯᠢ ᠪᠠ | ᠤᠯᠵᠠᠪᠤᠷᠢ ᠶᠢᠨ ᠭᠠᠶᠢᠯᠢ ᠶᠢ ᠬᠡᠯᠳᠦᠷᠢᠬᠦᠯᠦᠨ᠎ᠡ᠃ ᠺᠠᠳ᠋ᠷ ᠠᠵᠢᠯᠲᠠᠳ ᠤᠨ ᠨᠡᠮᠡᠭᠦᠷᠢ ᠵᠤᠭᠤᠰ ᠨᠦᠬᠦᠪᠦᠷᠢ ᠮᠦᠩᠬᠦᠨ ᠤ ᠬᠢᠷᠢ ᠬᠡᠮᠵᠢᠶ᠎ᠡ ᠶᠢ ᠦᠷᠬᠦᠯᠵᠢᠯᠡᠨ | ᠲᠡᠭᠡᠭᠰᠢᠯᠡᠬᠦᠯᠦᠨ᠎ᠡ᠃ ᠡᠯ᠎ᠡ ᠲᠦᠷᠦᠯ ᠤᠨ ᠪᠠᠲᠤᠯᠠᠭᠠᠨ ᠤ ᠴᠢᠨᠠᠷᠲᠠᠢ ᠭᠡᠷ ᠪᠠᠶᠢᠰᠢᠩ ᠢ 330 ᠲᠦᠮᠡᠨ ᠲᠡᠭᠰᠢ ᠲᠦᠷᠪᠡᠯᠵᠢᠨ ᠮᠧᠲᠷ ᠪᠠᠶᠢᠭᠤᠯᠵᠤ᠂ ᠡᠬᠦᠨ ᠳᠤ | ᠨᠡᠶᠢᠲᠡ ᠶᠢᠨ ᠲᠦᠷᠢᠶᠡᠰᠦᠨ ᠬᠡᠷ ᠢ 100 ᠲᠦᠮᠡᠨ ᠲᠡᠭᠰᠢ ᠲᠦᠷᠪᠡᠯᠵᠢᠨ ᠮᠧᠲᠷ ᠪᠠᠶᠢᠭᠤᠯᠤᠨ᠎ᠠ᠃ ᠶᠠᠳᠠᠭᠤ ᠶᠢ ᠲᠡᠳᠭᠦᠭᠦ ᠠᠵᠢᠯ ᠤᠨ ᠡᠷᠴᠢᠮ ᠢᠶᠠᠨ | ᠴᠢᠩᠭᠠᠳᠬᠠᠵᠤ᠂ ᠴᠦᠬᠡᠨ ᠲᠤᠭᠠᠲᠤ ᠦᠨᠳᠦᠰᠦᠲᠡᠨ ᠤ ᠶᠠᠳᠠᠭᠤ ᠬᠦᠴᠢᠷᠳᠡᠯᠲᠠᠢ ᠡᠷᠦᠬᠡ ᠶᠢ ᠶᠠᠳᠠᠭᠤ ᠠᠴᠠ ᠠᠩᠬᠢᠵᠢᠷᠠᠭᠤᠯᠬᠤ ᠠᠰᠠᠭᠤᠳᠠᠯ ᠢ ᠬᠦᠴᠦ ᠲᠠᠯᠪᠢᠨ | ᠰᠢᠢᠳᠪᠦᠷᠢᠯᠡᠨ᠎ᠡ᠃ ᠦᠨ᠎ᠡ ᠬᠠᠩᠰᠢ ᠶᠢᠨ ᠲᠤᠬᠢᠷᠠᠭᠤᠯᠭ᠎ᠠ ᠪᠠ ᠵᠠᠬ᠎ᠠ ᠲᠡᠯᠬᠡᠬᠦᠷ ᠤᠨ ᠬᠢᠨᠠᠨ ᠬᠠᠮᠢᠶᠠᠷᠤᠯᠲᠠ ᠶᠢ ᠴᠢᠩᠭᠠᠳᠬᠠᠵᠤ᠂ ᠪᠠᠷᠠᠭᠠᠨ ᠤ ᠦᠨ᠎ᠡ ᠦᠩᠬᠡᠷᠡᠦ | ᠲᠦᠷᠭᠡᠨ ᠦᠰᠬᠦ ᠶᠢ ᠬᠢᠵᠠᠭᠠᠷᠯᠠᠨ᠎ᠠ᠃ ᠨᠡᠶᠢᠬᠡᠮ ᠤᠨ ᠵᠦᠷᠢᠴᠡᠯ ᠢ ᠨᠠᠮᠳᠠᠭᠤᠯᠬᠤ᠂ ᠨᠡᠶᠢᠬᠡᠮ ᠤᠨ ᠬᠠᠮᠢᠶᠠᠷᠤᠯᠲᠠ ᠶᠢᠨ ᠰᠢᠨ᠎ᠡ ᠶᠢ ᠡᠬᠦᠳᠬᠦ᠂ ᠲᠦᠪ ᠭᠤᠤᠯᠴᠢ | ᠠᠷᠢᠭᠤᠨ ᠴᠢᠬᠡᠴᠢ ᠪᠠᠷ ᠬᠠᠤᠯᠢ ᠭᠡᠷᠡᠭᠵᠢᠬᠦᠯᠬᠦ ︽ᠭᠤᠷᠪᠠᠨ ᠵᠦᠢᠯ ᠤᠨ ᠭᠤᠤᠯᠳᠠᠯᠭ᠎ᠠ ᠲᠠᠢ︾ ᠠᠵᠢᠯ ᠢ ᠬᠦᠨᠵᠡᠭᠡᠢ ᠠᠬᠢᠭᠤᠯᠤᠨ᠂ ᠨᠡᠶᠢᠬᠡᠮ ᠤᠨ ᠡᠶ᠎ᠡ ᠵᠤᠬᠢᠴᠠᠯ | ᠠᠮᠤᠷ ᠲᠤᠭᠳᠠᠭᠤᠨ ᠢ ᠦᠨᠡᠨᠬᠦ ᠬᠠᠮᠠᠭᠠᠯᠠᠨ᠎ᠠ᠃ ᠤᠯᠠᠨ ᠲᠦᠮᠡᠨ ᠤ ᠠᠵᠢᠯ ᠢᠶᠠᠷ ᠵᠠᠬᠢᠳᠠᠯ ᠰᠣᠷᠪᠣᠯᠵᠢᠯᠠᠭ᠎ᠠ ᠶᠢᠨ ᠠᠵᠢᠯ ᠢ ᠬᠠᠮᠤᠷᠬᠤ ᠶᠢ ᠪᠠᠷᠢᠮᠲᠠᠯᠠᠵᠤ᠂ ᠠᠷᠠᠳ | ᠣᠯᠠᠨ ᠤ ᠰᠡᠳᠬᠢᠯ ᠲᠠᠯᠪᠢᠵᠤ ᠪᠠᠶᠢᠭ᠎ᠠ ᠬᠠᠯᠠᠮᠰᠢᠯᠲᠠ ᠲᠠᠢ᠂ ᠬᠦᠴᠢᠷᠳᠡᠯ ᠲᠠᠢ ᠠᠰᠠᠭᠤᠳᠠᠯ ᠢ ᠦᠨᠡᠨᠬᠦ ᠰᠢᠢᠳᠪᠦᠷᠢᠯᠡᠨ᠎ᠡ᠃ ᠠᠶᠤᠯᠬᠦᠢ ᠦᠢᠯᠡᠳᠪᠦᠷᠢᠯᠡᠯ ᠤᠨ | ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠲᠠᠪᠤᠷᠢᠵᠢᠭᠤᠯᠵᠤ᠂ ᠨᠡᠬᠦᠷᠡᠰᠦᠨ ᠠᠭᠤᠷᠬᠠᠢ᠂ ᠵᠠᠮ ᠬᠠᠷᠢᠯᠴᠠᠭ᠎ᠠ᠂ ᠬᠢᠮᠢ ᠶᠢᠨ ᠠᠵᠤ ᠦᠢᠯᠡᠳᠪᠦᠷᠢ᠂ ᠭᠠᠯ | ᠤᠨᠳᠠᠷᠠᠭᠠᠬᠤ ᠵᠡᠷᠭᠡ ᠭᠤᠤᠯᠳᠠᠯᠭ᠎ᠠ ᠲᠠᠢ ᠬᠦᠷᠢᠶ᠎ᠡ ᠭᠡᠪᠴᠢᠶᠡᠨ ᠤ ᠠᠶᠤᠯᠬᠦᠢ ᠶᠢᠨ ᠪᠠᠲᠤᠯᠠᠭ᠎ᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠨᠠᠭᠰᠢᠲᠠ | ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠪᠤᠯᠪᠠᠰᠣᠷᠠᠯ ᠤᠨ ᠠᠵᠢᠯ ᠢ ᠰᠠᠶᠢᠲᠤᠷ ᠬᠢᠵᠤ᠂ ᠡᠨᠡ ᠵᠢᠯ ᠪᠦᠬᠦ ᠬᠤᠲᠠ ᠶᠢᠨ | ᠦᠢᠯᠡᠳᠪᠦᠷᠢᠯᠡᠯ ᠬᠢᠵᠤ ᠪᠠᠶᠢᠭ᠎ᠠ ᠨᠡᠭᠦᠷᠡᠰᠦᠨ ᠠᠭᠤᠷᠬᠠᠢ ᠶᠢ ᠴᠦᠮ ᠠᠶᠤᠯᠬᠦᠢ ᠶᠠᠰᠣ ᠴᠢᠨᠠᠷ ᠤᠨ ᠪᠠᠷᠢᠮᠵᠢᠶᠠᠵᠢᠭᠰᠠᠨ ᠬᠠᠷᠠᠯᠲᠠ ᠳᠤ ᠬᠦᠷᠭᠡᠭᠦ ᠶᠢ ᠪᠡᠶᠡᠯᠡᠬᠦᠯᠵᠤ᠂ | ᠵᠢᠯ ᠤᠨ ᠭᠠᠷᠤᠯᠲᠠ ᠨᠢ 120 ᠲᠦᠮᠡᠨ ᠲᠤᠨ ᠠᠴᠠ ᠲᠡᠭᠡᠭᠰᠢᠬᠢ ᠨᠡᠬᠦᠷᠡᠰᠦᠨ ᠠᠭᠤᠷᠬᠠᠢ ᠪᠤᠯᠤᠨ ᠭᠠᠰ ᠭᠡᠢ ᠶᠢᠨ ᠪᠦᠷᠢᠯᠳᠦᠬᠦᠨ ᠶᠡᠬᠡᠲᠠᠢ ᠠᠭᠤᠷᠬᠠᠢ ᠶᠢᠨ | ᠬᠤᠳᠳᠤᠭ ᠲᠤ ᠠᠪᠤᠷᠠᠬᠤ ᠤᠩᠭᠤᠴᠠ ᠵᠡᠷᠭᠡ ᠠᠶᠤᠯ ᠠᠴᠠ ᠵᠠᠶᠢᠯᠠᠭᠤᠯᠬᠤ ᠰᠢᠰᠲ᠋ᠧᠮ ᠤᠨ ᠪᠠᠶᠢᠭᠤᠯᠤᠯᠲᠠ ᠶᠢ ᠪᠡᠶᠡᠯᠡᠬᠦᠯᠦᠨ᠎ᠡ᠃ | ︵ᠨᠠᠢᠮᠠ︶ ᠤᠶᠤᠨ ᠤ ᠪᠤᠯᠪᠠᠰᠣᠨ ᠪᠠ ᠠᠷᠠᠳᠴᠢᠯᠠᠯ ᠬᠠᠤᠯᠢ ᠲᠦᠷᠢᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ ︽ᠪᠤᠯᠪᠠᠰᠣᠨ᠂ ᠢᠷᠠᠭᠤ ᠠᠯᠳᠠᠷ᠂ | ᠰᠢᠨ᠎ᠡ ᠶᠢ ᠡᠬᠦᠳᠬᠦ ᠶᠢ ᠡᠷᠬᠢᠮᠯᠡᠬᠦ︾ ᠤᠷᠳᠤᠰ ᠤᠨ ᠭᠡᠪ ᠨᠠᠮᠪᠠ ᠶᠢ ᠪᠠᠳᠠᠷᠠᠭᠤᠯᠵᠤ᠂ ᠤᠯᠠᠨ ᠲᠦᠮᠡᠨᠴᠢ ᠴᠢᠨᠠᠷᠲᠠᠢ ᠣᠶᠣᠨ ᠤ ᠪᠤᠯᠪᠠᠰᠣᠨ ᠢ ᠡᠬᠦᠳᠦᠨ | ᠪᠠᠶᠢᠭᠤᠯᠬᠤ ᠠᠵᠢᠯᠯᠠᠭ᠎ᠠ ᠶᠢ ᠦᠷᠭᠡᠨ ᠢᠶᠠᠷ ᠦᠷᠨᠢᠬᠦᠯᠵᠤ᠂ ᠡᠷᠡᠬᠦᠯ ᠪᠤᠯᠪᠠᠰᠣᠨ ᠠᠮᠢᠲᠤᠷᠠᠯ ᠤᠨ ᠠᠷᠭ᠎ᠠ ᠮᠠᠶ᠋ᠢᠭ ᠢ ᠰᠣᠷᠳᠠᠯᠴᠢᠯᠠᠵᠤ᠂ ᠵᠢᠯ ᠤᠨ ᠲᠤᠳᠤᠷ᠎ᠠ ᠪᠦᠬᠦ | ᠤᠯᠤᠰ ᠤᠨ ᠪᠤᠯᠪᠠᠰᠣᠨ ᠬᠤᠲᠠ ᠶᠢ ᠡᠬᠦᠳᠦᠨ ᠪᠠᠶᠢᠭᠤᠯᠬᠤ ᠪᠠᠷ ᠴᠢᠷᠮᠠᠶᠢᠨ᠎ᠠ᠃ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠪᠠ | ᠠᠵᠢᠯ ᠤᠨ ᠬᠢᠨᠠᠯᠲᠠ ᠲᠠᠯᠪᠢᠬᠤ᠂ ᠣᠯᠣᠰ ᠲᠦᠷᠦ ᠶᠢᠨ ᠵᠦᠪᠯᠡᠯᠬᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠤ᠂ | ᠠᠵᠢᠯ ᠢᠶᠠᠨ ᠲᠤᠭᠳᠠᠮᠠᠯ ᠬᠤᠭᠤᠴᠠᠭ᠎ᠠ ᠲᠠᠢ ᠪᠠᠷ ᠮᠡᠳᠡᠬᠦᠯᠵᠤ᠂ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠲᠦᠯᠦᠬᠡᠯᠡᠭᠴᠢᠳ ᠤᠨ ᠰᠠᠨᠠᠭᠤᠯᠭ᠎ᠠ | ᠵᠦᠪᠯᠡᠯᠭᠡ᠂ ᠤᠯᠤᠰ ᠲᠦᠷᠦ ᠶᠢᠨ ᠵᠦᠪᠯᠡᠯᠬᠡᠨ ᠤ ᠭᠡᠰᠢᠬᠦᠳ ᠤᠨ ᠰᠠᠨᠠᠯ ᠲᠤᠷᠠᠳᠣᠯᠭ᠎ᠠ ᠶᠢ ᠰᠠᠶᠢᠲᠤᠷ ᠰᠢᠢᠳᠪᠦᠷᠢᠯᠡᠨ᠎ᠡ᠃ ᠡᠯ᠎ᠡ ᠠᠷᠠᠳᠴᠢᠯᠠᠭᠰᠠᠨ ᠨᠠᠮ ᠪᠦᠯᠦᠭ᠂ | ᠠᠵᠤ ᠦᠢᠯᠡᠳᠪᠦᠷᠢ ᠬᠤᠳᠠᠯᠳᠣᠭᠠᠨ ᠤ ᠬᠤᠯᠪᠤᠭ᠎ᠠ᠂ ᠨᠠᠮ ᠪᠦᠯᠦᠭ ᠤᠨ ᠪᠤᠰᠤ ᠬᠦᠮᠦᠰ᠂ ᠠᠷᠠᠳ ᠤᠨ ᠪᠦᠯᠬᠦᠮ ᠪᠠ ᠨᠡᠶᠢᠬᠡᠮ ᠤᠨ ᠡᠯ᠎ᠡ ᠡᠳᠡᠭᠡᠳ ᠤᠨ ᠰᠠᠨᠠᠯ ᠢ | ᠬᠢᠨᠠᠮᠠᠭᠠᠢ ᠰᠣᠨᠣᠰᠣᠨ᠎ᠠ᠃ ᠦᠨᠳᠦᠰᠦᠨ ᠱᠠᠲᠤᠨ ᠤ ᠠᠷᠠᠳᠴᠢᠯᠠᠭᠰᠠᠨ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠵᠤ᠂ ︽ᠲᠦᠷᠪᠡᠨ ᠡᠷᠭᠡ ᠲᠦᠷᠪᠡᠨ | ᠲᠦᠷᠢᠮ︾ ᠤᠨ ᠠᠷᠠᠳᠴᠢᠯᠠᠯ ᠢᠶᠠᠷ ᠬᠡᠷᠡᠭ ᠵᠦᠪᠳᠡᠵᠤ ᠰᠢᠢᠳᠪᠦᠷᠢ ᠲᠤᠭᠳᠠᠭᠠᠬᠤ ᠲᠤᠭᠳᠠᠴᠠ ᠶᠢ ᠪᠦᠬᠦ ᠲᠠᠯ᠎ᠠ ᠪᠠᠷ ᠭᠡᠷᠡᠭᠵᠢᠬᠦᠯᠵᠤ᠂ ᠵᠠᠰᠠᠭ ᠤᠨ ᠶᠠᠪᠤᠳᠠᠯ ᠢ | ᠢᠯᠡ ᠪᠤᠯᠭᠠᠬᠤ᠂ ᠲᠤᠰᠬᠤᠨ ᠤ ᠶᠠᠪᠤᠳᠠᠯ ᠢ ᠢᠯᠡ ᠪᠤᠯᠭᠠᠬᠤ ᠪᠠ ᠦᠢᠯᠡᠳᠪᠦᠷᠢ ᠶᠢᠨ ᠶᠠᠪᠤᠳᠠᠯ ᠢ ᠢᠯᠡ ᠪᠤᠯᠭᠠᠬᠤ ᠶᠢ ᠴᠢᠨᠠᠭᠰᠢᠲᠠ ᠲᠡᠭᠦᠯᠳᠡᠷᠵᠢᠬᠦᠯᠵᠤ᠂ | ᠠᠷᠠᠳ ᠣᠯᠠᠨ ᠤ ᠪᠠᠶᠢᠳᠠᠯ ᠢ ᠮᠡᠳᠡᠬᠦ ᠡᠷᠭᠡ᠂ ᠤᠷᠤᠯᠴᠠᠬᠤ ᠡᠷᠭᠡ ᠪᠤᠯᠤᠨ ᠬᠢᠨᠠᠯᠲᠠ ᠲᠠᠯᠪᠢᠬᠤ ᠡᠷᠭᠡ ᠶᠢ ᠪᠠᠲᠤᠯᠠᠨ᠎ᠠ᠃ ︽ᠵᠢᠷᠭᠤᠳᠤᠭᠠᠷ ᠲᠠᠪᠤ︾ ᠶᠢᠨ ᠬᠠᠤᠯᠢ | ᠲᠦᠬᠡᠮᠡᠯᠵᠢᠬᠦᠯᠬᠦ ᠬᠦᠮᠦᠵᠢᠯ ᠢ ᠢᠳᠡᠪᠬᠢᠲᠠᠢ ᠠᠬᠢᠭᠤᠯᠵᠤ᠂ ᠪᠦᠬᠦ ᠠᠷᠠᠳ ᠤᠨ ᠬᠠᠤᠯᠢ ᠴᠠᠭᠠᠵᠠ ᠶᠢᠨ ᠭᠡᠪ ᠴᠢᠨᠠᠷ ᠢ ᠲᠡᠭᠡᠭᠰᠢᠯᠡᠬᠦᠯᠦᠨ᠎ᠡ᠃ ᠨᠠᠰᠣᠲᠠᠶᠢᠴᠣᠳ ᠂ | ᠬᠤᠶᠢᠴᠢ ᠦᠶ᠎ᠡ ᠪᠠᠨ ᠬᠠᠯᠠᠮᠵᠢᠯᠠᠬᠤ᠂ ᠤᠯᠠᠭᠠᠨ ᠵᠠᠭᠠᠯᠮᠠᠶᠢᠲᠠᠨ ᠪᠠ ᠨᠡᠶᠢᠬᠡᠮ ᠤᠨ ᠨᠢᠬᠦᠯᠡᠰᠦᠩᠬᠦᠢ ᠦᠢᠯᠡᠰ ᠢ ᠶᠡᠬᠡᠪᠡᠷ ᠬᠦᠭᠵᠢᠬᠦᠯᠵᠤ᠂ ᠬᠦᠮᠦᠨ ᠠᠮᠠ ᠬᠢᠬᠡᠳ | ᠲᠦᠯᠦᠪᠯᠡᠬᠡᠲᠠᠢ ᠪᠠᠷ ᠬᠡᠤᠭᠡᠳ ᠠᠪᠬᠤ᠂ ᠡᠮᠡᠭᠳᠡᠶᠢᠴᠣᠳ ᠪᠠᠭᠠᠴᠣᠳ᠂ ᠲᠤᠭ᠎ᠠ ᠪᠦᠷᠢᠳᠭᠡᠯ᠂ ᠲᠠᠩᠰᠠ ᠡᠪᠭᠡᠮᠡᠯ᠂ ᠭᠠᠳᠠᠭᠠᠲᠤ ᠶᠠᠪᠤᠳᠠᠯ᠂ ᠴᠠᠭ ᠠᠭᠤᠷ᠂ ᠭᠠᠵᠠᠷ | ᠬᠦᠳᠡᠯᠦᠯᠲᠡ ᠠᠴᠠ ᠰᠡᠷᠭᠡᠶᠢᠯᠡᠵᠤ ᠭᠠᠮᠰᠢᠭ ᠢ ᠪᠠᠭᠠᠰᠬᠠᠬᠤ ᠵᠡᠷᠭᠡ ᠠᠵᠢᠯ ᠢ ᠴᠢᠨᠠᠭᠰᠢᠲᠠ ᠰᠠᠶᠢᠲᠤᠷ ᠬᠢᠨ᠎ᠡ᠃ | | ᠲᠦᠷᠪᠡ᠂ ᠵᠠᠰᠠᠭ ᠤᠨ ᠤᠷᠳᠤᠨ ᠤ ᠲᠤᠰ ᠪᠡᠶ᠎ᠡ ᠶᠢᠨ | ᠪᠠᠶᠢᠭᠤᠯᠤᠯᠲᠠ ᠶᠢ ᠦᠨᠡᠨᠬᠦ ᠴᠢᠩᠭᠠᠳᠬᠠᠨ᠎ᠠ | | ᠴᠢᠨᠡᠬᠡᠯᠢᠭ ᠨᠡᠶᠢᠬᠡᠮ ᠢ ᠤᠷᠢᠳᠠᠪᠠᠷ ᠪᠦᠬᠦ ᠲᠠᠯ᠎ᠠ ᠪᠠᠷ ᠪᠡᠶᠡᠯᠡᠬᠦᠯᠬᠦ ᠬᠠᠷᠠᠯᠲᠠ ᠶᠢ ᠪᠡᠶᠡᠯᠡᠬᠦᠯᠵᠤ᠂ ᠪᠦᠲᠦᠴᠡ ᠶᠢᠨ ᠭᠡᠯᠪᠡᠷᠢ ᠶᠢ ᠬᠤᠪᠢᠷᠠᠭᠤᠯᠤᠨ | ᠲᠡᠰᠵᠢᠬᠦᠯᠬᠦ ᠪᠠ ᠠᠷᠠᠳ ᠢᠶᠠᠨ ᠪᠠᠶᠠᠵᠢᠭᠤᠯᠤᠨ ᠬᠤᠲᠠ ᠪᠠᠨ ᠬᠦᠴᠦᠷᠭᠡᠭᠵᠢᠬᠦᠯᠬᠦ ᠠᠬᠢᠴᠠ ᠶᠢ ᠲᠦᠷᠭᠡᠳᠭᠡᠭᠦ ᠳᠤ ᠪᠦᠬᠦ ᠬᠤᠲᠠ ᠶᠢᠨ ᠡᠯ᠎ᠡ ᠱᠠᠲᠤᠨ ᠤ ᠵᠠᠰᠠᠭ | ᠤᠨ ᠤᠷᠳᠤᠨ ᠳᠤ ᠲᠤᠯᠭᠠᠷᠠᠵᠤ ᠪᠠᠶᠢᠭ᠎ᠠ ᠡᠬᠦᠷᠭᠡ ᠲᠦᠢᠯ ᠤᠨ ᠪᠡᠷᠭᠡᠰᠢᠶᠡᠯ ᠲᠠᠢ᠂ ᠡᠬᠦᠷᠭᠡᠯᠡᠵᠤ ᠪᠠᠶᠢᠭ᠎ᠠ ᠬᠠᠷᠢᠭᠤᠴᠠᠯᠭ᠎ᠠ ᠲᠦᠢᠯ ᠤᠨ ᠬᠦᠨᠲᠦ ᠪᠠᠶᠢᠨ᠎ᠠ᠃ | ᠡᠶᠢᠮᠦ ᠠᠴᠠ ᠪᠢᠳᠡ ᠡᠷᠭᠡᠪᠰᠢ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠠᠵᠢᠯ ᠤᠨ ᠦᠷ᠎ᠡ ᠠᠰᠢᠭ ᠪᠠ ᠬᠢᠷᠢ ᠲᠦᠪᠰᠢᠨ ᠢᠶᠠᠨ | ᠲᠡᠭᠡᠭᠰᠢᠯᠡᠬᠦᠯᠵᠤ᠂ ᠪᠦᠬᠦ ᠬᠤᠲᠠ ᠶᠢᠨ ᠠᠵᠤ ᠠᠬᠤᠢ ᠨᠡᠶᠢᠬᠡᠮ ᠤᠨ ᠬᠦᠭᠵᠢᠯᠲᠡ ᠶᠢᠨ ᠶᠡᠭᠡ ᠪᠠᠶᠢᠳᠠᠯ ᠳᠤ ᠨᠡᠩ ᠰᠠᠶᠢᠨ ᠦᠢᠯᠡᠴᠢᠯᠡᠵᠤ᠂ ᠠᠷᠠᠳ ᠲᠦᠮᠡᠨ ᠳᠤ | ᠦᠢᠯᠡᠴᠢᠯᠡᠨ᠎ᠡ᠃ | ᠨᠢᠭᠡ ᠳᠤ ᠠᠵᠢᠯ ᠢᠶᠠᠨ ᠪᠦᠲᠦᠬᠡᠯᠴᠢ ᠴᠢᠨᠠᠷ ᠲᠠᠢ ᠪᠠᠷ ᠦᠷᠨᠢᠬᠦᠯᠦᠨ᠎ᠡ᠃ ᠤᠯᠤᠰ ᠤᠨ ᠲᠤᠳᠤᠭᠠᠲᠤ ᠭᠠᠳᠠᠭᠠᠲᠤ ᠶᠢᠨ ᠠᠵᠤ ᠠᠬᠤᠢ ᠶᠢᠨ ᠬᠦᠭᠵᠢᠯᠲᠡ | ᠶᠢᠨ ᠪᠠᠶᠢᠳᠠᠯ ᠢ ᠨᠢᠮᠪᠠᠢ ᠠᠵᠢᠭᠯᠠᠵᠤ᠂ ᠰᠢᠨ᠎ᠡ ᠴᠢᠮᠡᠭᠡ ᠵᠠᠩᠬᠢ᠂ ᠰᠢᠨ᠎ᠡ ᠠᠵᠠ ᠲᠤᠬᠢᠶᠠᠯ ᠢ ᠴᠠᠭ ᠲᠤᠬᠠᠢ ᠳᠤᠨᠢ ᠡᠵᠡᠮᠳᠡᠵᠤ᠂ ᠲᠠᠷᠤᠢ ᠳᠤᠨᠢ ᠵᠠᠳᠠᠯᠤᠨ | ᠰᠤᠳᠣᠯᠵᠤ᠂ ᠬᠦᠭᠵᠢᠯᠲᠡ ᠶᠢᠨ ᠰᠡᠳᠬᠢᠴᠡ ᠪᠠᠨ ᠲᠠᠰᠣᠷᠠᠯᠲᠠ ᠦᠬᠡᠢ ᠲᠡᠭᠦᠯᠳᠡᠷᠵᠢᠬᠦᠯᠦᠨ ᠰᠢᠨᠡᠳᠭᠡᠵᠤ᠂ ᠲᠦᠷᠦ ᠶᠢᠨ ᠪᠤᠳᠤᠯᠭ᠎ᠠ ᠠᠷᠭ᠎ᠠ ᠭᠡᠮᠵᠢᠶ᠎ᠡ ᠶᠢᠨ | ᠵᠦᠩᠨᠡᠯᠲᠡ ᠶᠢᠨ ᠴᠢᠨᠠᠷ᠂ ᠴᠢᠭᠯᠡᠬᠦᠯᠦᠯᠲᠦ ᠴᠢᠨᠠᠷ ᠪᠠ ᠪᠦᠲᠦᠮᠵᠢᠲᠦ ᠴᠢᠨᠠᠷ ᠢ ᠴᠢᠩᠭᠠᠳᠬᠠᠵᠤ᠂ ᠵᠠᠰᠠᠭ ᠤᠨ ᠤᠷᠳᠤᠨ ᠤ ᠰᠢᠨᠵᠢᠯᠡᠬᠦ ᠤᠬᠠᠭᠠᠨᠴᠢ ᠪᠠᠷ | ᠬᠦᠭᠵᠢᠬᠦᠯᠬᠦ ᠶᠢ ᠠᠬᠢᠭᠤᠯᠬᠤ ᠴᠢᠳᠠᠪᠤᠷᠢ ᠶᠢ ᠲᠡᠭᠡᠭᠰᠢᠯᠡᠬᠦᠯᠦᠨ᠎ᠡ᠃ ᠦᠬᠡᠷᠡᠴᠢᠯᠡᠯᠲᠡ ᠬᠢᠵᠤ ᠰᠢᠨ᠎ᠡ ᠶᠢ ᠡᠬᠦᠳᠬᠦ ᠵᠤᠷᠢᠭ ᠰᠠᠨᠠᠭ᠎ᠠ ᠪᠠ ᠠᠷᠭ᠎ᠠ ᠮᠠᠶ᠋ᠢᠭ ᠢᠶᠠᠷ ᠠᠵᠤ | ᠠᠬᠤᠢ ᠨᠡᠶᠢᠬᠡᠮ ᠤᠨ ᠬᠦᠭᠵᠢᠯᠲᠡ ᠶᠢᠨ ᠲᠤᠮᠳᠠᠬᠢ ᠵᠠᠩᠬᠢᠯᠠᠭ᠎ᠠ ᠶᠢᠨ ᠠᠰᠠᠭᠤᠳᠠᠯ ᠪᠠ ᠪᠠᠭᠤᠷᠠᠢ ᠭᠤᠭᠴᠤᠭ᠎ᠠ ᠶᠢ ᠬᠦᠴᠦ ᠲᠠᠯᠪᠢᠨ ᠰᠢᠪᠲᠤᠯᠤᠨ᠎ᠠ᠃ ᠰᠢᠨ᠎ᠡ | ᠮᠡᠷᠭᠡᠵᠢᠯ᠂ ᠰᠢᠨ᠎ᠡ ᠤᠨᠤᠯᠵᠢᠭᠤᠨ ᠢᠶᠠᠷ ᠠᠵᠢᠯ ᠢᠶᠠᠨ ᠠᠬᠢᠭᠤᠯᠬᠤ ᠶᠢ ᠨᠡᠩ ᠢᠯᠡᠬᠦᠤ ᠴᠢᠬᠤᠯᠠᠴᠢᠯᠠᠵᠤ᠂ ᠢᠯᠠᠩᠭᠤᠶ᠎ᠠ ᠴᠢᠮᠡᠭᠡ ᠵᠠᠩᠬᠢᠴᠢᠯᠠᠯᠲᠠ ᠪᠠᠷ ᠠᠵᠤ | ᠦᠢᠯᠡᠳᠪᠦᠷᠢᠵᠢᠯᠲᠡ᠂ ᠬᠤᠲᠠ ᠪᠠᠯᠭᠠᠰᠣᠵᠢᠯᠲᠠ ᠪᠠ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠬᠦᠭᠵᠢᠯᠲᠡ ᠶᠢᠨ ᠬᠢᠷᠢ ᠲᠦᠪᠰᠢᠨ ᠢ | ᠲᠡᠭᠡᠭᠰᠢᠯᠡᠬᠦᠯᠵᠤ᠂ ᠨᠡᠩ ᠦᠨᠳᠦᠷ ᠲᠡᠰ ᠲᠠᠪᠬᠤᠷᠭᠠᠨ ᠲᠡᠭᠡᠷ᠎ᠡ ︽ᠭᠤᠷᠪᠠᠵᠢᠯᠲᠠ ᠶᠢ ᠬᠠᠷᠢᠯᠴᠠᠨ ᠠᠬᠢᠭᠤᠯᠬᠤ︾ ᠶᠢ ᠪᠡᠶᠡᠯᠡᠬᠦᠯᠦᠨ᠎ᠡ᠃ ᠡᠯ᠎ᠡ ᠵᠦᠢᠯ ᠤᠨ ᠠᠵᠢᠯ | ᠤᠨ ᠬᠤᠭᠤᠷᠤᠨᠳᠤᠬᠢ ᠬᠦᠴᠦᠯᠡᠴᠡ ᠶᠢᠨ ᠲᠤᠬᠢᠷᠠᠭᠤᠯᠤᠯᠲᠠ ᠪᠠ ᠡᠯ᠎ᠡ ᠭᠤᠭᠴᠤᠭᠠᠨ ᠤ ᠬᠤᠭᠤᠷᠤᠨᠳᠤᠬᠢ ᠵᠤᠬᠢᠴᠠᠩᠭᠤᠢ ᠠᠵᠢᠯᠯᠠᠭ᠎ᠠ ᠶᠢ ᠨᠢᠬᠡᠳᠦᠯᠲᠠᠢ | ᠲᠦᠯᠦᠪᠵᠢᠬᠦᠯᠦᠨ ᠰᠠᠶᠢᠲᠤᠷ ᠰᠢᠢᠳᠪᠦᠷᠢᠯᠡᠵᠤ᠂ ᠶᠡᠭᠡ ᠶᠠᠪᠤᠳᠠᠯ ᠢ ᠠᠳᠬᠤᠵᠤ᠂ ᠶᠡᠭᠡ ᠶᠠᠪᠤᠳᠠᠯ ᠢ ᠬᠢᠬᠦ ᠴᠢᠳᠠᠪᠤᠷᠢ ᠪᠠ ᠬᠢᠷᠢ ᠲᠦᠪᠰᠢᠨ ᠢ ᠦᠨᠡᠨᠬᠦ | ᠲᠡᠭᠡᠭᠰᠢᠯᠡᠬᠦᠯᠦᠨ᠎ᠡ᠃ | ᠬᠤᠶᠠᠷ ᠲᠤ ᠬᠠᠤᠯᠢ ᠶᠤᠰᠤᠭᠠᠷ ᠵᠠᠰᠠᠭ ᠶᠠᠪᠤᠭᠤᠯᠬᠤ ᠶᠢ ᠪᠠᠷᠢᠮᠲᠠᠯᠠᠨ᠎ᠠ᠃ ᠲᠦᠷᠢᠮ ᠢᠶᠠᠷ ᠡᠷᠭᠡ᠂ ᠤᠴᠢᠷ ᠪᠠ ᠬᠦᠮᠦᠨ ᠢ ᠬᠠᠮᠢᠶᠠᠷᠴᠤ᠂ ᠡᠬᠢ ᠪᠠᠶᠠᠯᠢᠭ | ᠂ ᠪᠡᠯᠡ ᠮᠦᠩᠬᠦ᠂ ᠲᠦᠷᠦᠯ ᠵᠦᠢᠯ᠂ ᠭᠠᠵᠠᠷ ᠰᠢᠷᠤᠢ᠂ ᠠᠵᠢᠯᠲᠠᠨ ᠤ ᠶᠠᠪᠤᠳᠠᠯ ᠵᠡᠷᠭᠡ ᠬᠦᠷᠢᠶ᠎ᠡ ᠬᠡᠪᠴᠢᠶᠡᠨ ᠤ ᠬᠠᠮᠢᠶᠠᠷᠤᠯᠲᠠ ᠶᠢᠨ ᠰᠢᠨ᠎ᠡ ᠶᠢ ᠡᠬᠦᠳᠬᠦ ᠶᠢ | ᠲᠤᠪᠤᠶᠢᠯᠭᠠᠨ ᠠᠳᠬᠤᠵᠤ᠂ ᠡᠷᠭᠡ ᠶᠢ ᠢᠯᠡ ᠲᠤᠳᠤ ᠪᠠᠷ ᠭᠡᠷᠡᠭᠵᠢᠬᠦᠯᠬᠦ ᠶᠢ ᠦᠨᠡᠨᠬᠦ ᠪᠡᠶᠡᠯᠡᠬᠦᠯᠦᠨ᠎ᠡ᠃ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ | ᠲᠤᠭᠳᠠᠭᠠᠬᠤ ᠲᠡᠰ ᠲᠠᠷᠠᠭᠠᠯᠠᠯ ᠢ ᠴᠢᠩᠳᠠᠯᠠᠵᠤ᠂ ᠴᠢᠬᠤᠯᠠ ᠶᠡᠭᠡ ᠶᠠᠪᠤᠳᠠᠯ ᠳᠤ ᠡᠷᠭᠡᠪᠰᠢ ᠤᠯᠠᠨ ᠲᠦᠮᠡᠨ ᠢ ᠤᠷᠤᠯᠴᠠᠭᠤᠯᠬᠤ᠂ ᠲᠤᠰᠬᠠᠢ ᠮᠡᠷᠭᠡᠵᠢᠯᠲᠡᠳ ᠢᠶᠠᠷ | ᠨᠤᠲᠠᠯᠠᠯᠲᠠ ᠬᠢᠯᠬᠡᠬᠦ᠂ ᠬᠠᠤᠯᠢ ᠶᠤᠰᠤᠴᠢ ᠴᠢᠨᠠᠷ ᠤᠨ ᠬᠢᠨᠠᠨ ᠪᠠᠶᠢᠴᠠᠭᠠᠯᠲᠠ ᠬᠢᠬᠦ ᠪᠠ ᠬᠠᠮᠲᠤᠪᠠᠷ ᠰᠢᠢᠳᠪᠦᠷᠢᠲᠦ ᠪᠤᠳᠤᠯᠭ᠎ᠠ ᠲᠤᠭᠳᠠᠭᠠᠬᠤ ᠶᠢ ᠪᠠᠷᠢᠮᠲᠠᠯᠠᠵᠤ᠂ | ᠰᠢᠢᠳᠪᠦᠷᠢᠲᠦ ᠪᠤᠳᠤᠯᠭ᠎ᠠ ᠲᠤᠭᠳᠠᠭᠠᠬᠤ ᠬᠢᠷᠢ ᠲᠦᠪᠰᠢᠨ ᠢᠶᠠᠨ ᠲᠡᠭᠡᠭᠰᠢᠯᠡᠬᠦᠯᠦᠨ᠎ᠡ᠃ ᠠᠷᠠᠳᠴᠢᠯᠠᠯ ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠤᠳᠤᠯᠭ᠎ᠠ | ᠲᠤᠭᠳᠠᠭᠠᠬᠤ ᠬᠢᠷᠢ ᠲᠦᠪᠰᠢᠨ ᠢ ᠴᠢᠨᠠᠭᠰᠢᠲᠠ ᠲᠡᠭᠡᠭᠰᠢᠯᠡᠬᠦᠯᠦᠨ᠎ᠡ᠃ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ ᠬᠠᠷᠢᠭᠤᠴᠠᠯᠭ᠎ᠠ ᠶᠢᠨ ᠲᠦᠷᠢᠮ᠂ ᠵᠦᠪᠯᠡᠨ | ᠲᠤᠭᠳᠠᠭᠠᠵᠤ ᠬᠢᠨᠠᠨ ᠰᠢᠯᠭᠠᠬᠤ ᠲᠦᠷᠢᠮ ᠪᠠ ᠠᠯᠳᠠᠭ᠎ᠠ ᠪᠤᠷᠤᠭᠤ ᠭᠠᠷᠭᠠᠪᠠᠯ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠢ ᠴᠢᠩᠭᠠᠳᠬᠠᠵᠤ᠂ ᠬᠠᠤᠯᠢ ᠭᠡᠷᠡᠭᠵᠢᠬᠦᠯᠬᠦ | ᠬᠢᠷᠢ ᠲᠦᠪᠰᠢᠨ ᠢ ᠲᠡᠭᠡᠭᠰᠢᠯᠡᠬᠦᠯᠦᠨ᠎ᠡ᠃ ᠵᠠᠰᠠᠭ ᠤᠨ ᠶᠠᠪᠤᠳᠠᠯ ᠢ ᠢᠯᠡ ᠪᠤᠯᠭᠠᠬᠤ ᠶᠢ ᠴᠢᠩᠭᠠᠳᠬᠠᠵᠤ᠂ ᠡᠳ᠋ ᠤᠨ ᠵᠠᠰᠠᠭ ᠤᠨ ᠲᠦᠰᠦᠪ᠂ ᠤᠯᠠᠨ ᠨᠡᠶᠢᠲᠡ | ᠶᠢᠨ ᠡᠬᠢ ᠪᠠᠶᠠᠯᠢᠭ ᠢ ᠠᠷᠠᠯᠵᠢᠶᠠᠯᠠᠬᠤ᠂ ᠨᠡᠶᠢᠬᠡᠮ ᠤᠨ ᠠᠰᠠᠷᠠᠮᠵᠢ ᠶᠢᠨ ᠦᠢᠯᠡᠰ ᠤᠨ ᠪᠠᠶᠢᠭᠤᠯᠤᠯᠲᠠ ᠵᠡᠷᠭᠡ ᠭᠡᠪᠴᠢᠶᠡᠨ ᠤ ᠴᠢᠮᠡᠭᠡ ᠵᠠᠩᠬᠢ ᠶᠢ ᠢᠯᠡ ᠪᠠᠷ | ᠨᠡᠶᠢᠲᠡᠯᠡᠬᠦ ᠠᠵᠢᠯ ᠢ ᠠᠬᠢᠭᠤᠯᠵᠤ᠂ ᠵᠠᠰᠠᠭ ᠤᠨ ᠤᠷᠳᠤᠨ ᠤ ᠠᠵᠢᠯ ᠤᠨ ᠨᠡᠪᠳᠡᠴᠡ ᠶᠢᠨ ᠬᠡᠮᠵᠢᠶ᠎ᠡ ᠪᠠ ᠤᠯᠠᠨ ᠳᠤ ᠢᠳᠡᠬᠡᠬᠦᠯᠬᠦ ᠬᠦᠴᠦᠨ ᠢ ᠦᠨᠡᠨᠬᠦ | ᠴᠢᠩᠭᠠᠳᠬᠠᠨ᠎ᠠ᠃ | ᠭᠤᠷᠪᠠ ᠳᠤ ᠦᠢᠯᠡᠴᠢᠯᠡᠬᠡᠨ ᠤ ᠬᠢᠷᠢ ᠲᠦᠪᠰᠢᠨ ᠢ ᠲᠡᠭᠡᠭᠰᠢᠯᠡᠬᠦᠯᠦᠨ᠎ᠡ᠃ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠵᠦᠢᠯᠡᠰ ᠪᠤᠯᠤᠨ ᠵᠠᠰᠠᠭ ᠵᠠᠬᠢᠷᠭ᠎ᠠ | ᠠᠵᠢᠯ ᠦᠢᠯᠡᠰ ᠤᠨ ᠴᠢᠨᠠᠷᠲᠠᠢ ᠰᠦᠢᠳᠭᠡᠯ ᠬᠤᠷᠢᠶᠠᠬᠤ ᠲᠦᠷᠦᠯ ᠵᠦᠢᠯ ᠢ ᠤᠯᠠᠮ ᠨᠢᠬᠡ ᠠᠯᠬᠤᠮ ᠴᠡᠭᠴᠡᠯᠡᠨ ᠴᠡᠪᠡᠷᠯᠡᠨ᠎ᠡ᠃ ᠡᠨᠡ ᠵᠢᠯ ᠬᠤᠲᠠ ᠶᠢᠨ ᠱᠠᠲᠤᠨ ᠤ | ᠡᠷᠭᠡ ᠶᠢᠨ ᠬᠢᠵᠠᠭᠠᠷ ᠲᠠᠬᠢ ᠬᠢᠨᠠᠨ ᠵᠦᠪᠰᠢᠶᠡᠷᠡᠬᠦ ᠵᠦᠢᠯᠡᠰ ᠪᠠ ᠰᠦᠢᠳᠭᠡᠯ ᠬᠤᠷᠢᠶᠠᠬᠤ ᠲᠦᠷᠦᠯ ᠵᠦᠢᠯ ᠢ ᠦᠷᠬᠦᠯᠵᠢᠯᠡᠨ ᠴᠦᠬᠡᠳᠭᠡᠨ᠎ᠡ᠃ ᠲᠦᠷᠦᠬᠦᠯᠡᠨ | ᠠᠰᠠᠭᠤᠨ ᠬᠠᠷᠢᠭᠤᠴᠠᠬᠤ ᠲᠦᠷᠢᠮ᠂ ᠦᠢᠯᠡᠴᠢᠯᠡᠬᠡᠨ ᠤ ᠠᠮᠠᠯᠠᠯᠲᠠ ᠶᠢᠨ ᠲᠦᠷᠢᠮ᠂ ᠲᠤᠭᠳᠠᠭᠰᠠᠨ ᠴᠠᠭ ᠬᠤᠭᠤᠴᠠᠭᠠᠨ ᠳᠤ ᠰᠢᠢᠳᠪᠦᠷᠢᠯᠡᠨ ᠲᠠᠰᠣᠯᠬᠤ ᠲᠦᠷᠢᠮ᠂ | ᠤᠷᠤᠯᠠᠨ ᠬᠦᠢᠴᠡᠳᠭᠡᠭᠦ ᠲᠦᠷᠢᠮ ᠢ ᠴᠢᠩᠭᠠᠳᠬᠠᠵᠤ᠂ ᠴᠢᠬᠤᠯᠠ ᠲᠦᠷᠦᠯ ᠵᠦᠢᠯ ᠢ ᠬᠢᠨᠠᠨ ᠵᠦᠪᠰᠢᠶᠡᠷᠡᠬᠦ ᠶᠢ ᠲᠦᠷᠭᠡᠳᠭᠡᠨ᠎ᠡ᠃ ᠡᠯᠧᠺᠲᠷᠤᠨ ᠵᠠᠰᠠᠭ ᠤᠨ | ᠶᠠᠪᠤᠳᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠰᠦᠯᠵᠢᠶᠡᠨ ᠲᠡᠭᠡᠷ᠎ᠡ ᠬᠢᠨᠠᠨ ᠵᠦᠪᠰᠢᠶᠡᠷᠡᠬᠦ ᠦᠢᠯᠡᠴᠢᠯᠡᠭᠡ ᠶᠢ ᠦᠷᠭᠡᠳᠭᠡᠨ᠂ ᠰᠦᠯᠵᠢᠶᠡᠨ ᠲᠡᠭᠡᠷ᠎ᠡ | ᠦᠢᠯᠡᠴᠢᠯᠡᠬᠦ ᠬᠢᠷᠢ ᠲᠦᠪᠰᠢᠨ ᠪᠠ ᠦᠷ᠎ᠡ ᠠᠰᠢᠭ ᠢ ᠲᠡᠭᠡᠭᠰᠢᠯᠡᠬᠦᠯᠦᠨ᠎ᠡ᠃ ᠬᠤᠲᠠ ᠶᠢᠨ ᠶᠠᠪᠤᠳᠠᠯ ᠤᠨ ᠦᠢᠯᠡᠴᠢᠯᠡᠭᠡᠨ ᠤ ᠲᠦᠪ ᠤᠨ ᠴᠢᠳᠠᠪᠬᠢ ᠦᠢᠯᠡᠳᠦᠯ ᠢ | ᠲᠡᠬᠦᠯᠳᠡᠷᠵᠢᠬᠦᠯᠵᠤ᠂ ᠠᠵᠢᠯ ᠤᠨ ᠲᠡᠰ ᠲᠠᠷᠠᠭᠠᠯᠠᠯ ᠢ ᠰᠢᠯᠢᠳᠡᠭᠵᠢᠬᠦᠯᠦᠨ᠂ ᠦᠨᠳᠦᠰᠦᠨ ᠱᠠᠲᠤ ᠪᠠ ᠤᠯᠠᠨ ᠲᠦᠮᠡᠨ ᠳᠤ ᠬᠠᠨᠳᠤᠭᠤᠯᠤᠭᠰᠠᠨ ᠦᠨᠳᠦᠷ | ᠪᠦᠲᠦᠮᠵᠢᠲᠠᠢ ᠲᠦᠬᠦᠮ ᠲᠦᠳᠡ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠵᠤ᠂ ᠲᠦᠷᠦᠯ ᠵᠦᠢᠯ ᠤᠨ ᠦᠮᠴᠢᠲᠡᠨ ᠪᠤᠯᠤᠨ ᠤᠯᠠᠨ | ᠲᠦᠮᠡᠨ ᠤ ᠠᠵᠢᠯ ᠡᠷᠬᠢᠯᠡᠬᠦ ᠳᠤ ᠲᠦᠬᠦᠮ ᠦᠵᠡᠬᠦᠯᠦᠨ᠎ᠡ᠃ | ᠲᠦᠷᠪᠡ ᠳᠤ ᠠᠵᠢᠯ ᠤᠨ ᠰᠣᠷᠳᠠᠯ ᠢᠶᠠᠨ ᠦᠨᠡᠨᠬᠦ ᠬᠤᠪᠢᠷᠠᠭᠤᠯᠤᠨ᠎ᠠ᠃ ᠬᠤᠷᠠᠯ᠂ ᠪᠢᠴᠢᠭ ᠮᠠᠲ᠋ᠧᠷᠢᠶᠠᠯ ᠢ ᠶᠡᠬᠡᠪᠡᠷ ᠴᠤᠮᠬᠠᠳᠬᠠᠵᠤ᠂ ᠨᠡᠩ ᠠᠷᠪᠢᠨ ᠴᠠᠭ | ᠪᠤᠯᠤᠨ ᠬᠦᠴᠦᠨ ᠢᠶᠠᠨ ᠶᠡᠭᠡ ᠶᠠᠪᠤᠳᠠᠯ ᠢ ᠠᠳᠬᠤᠬᠤ᠂ ᠲᠦᠷᠦᠯ ᠵᠦᠢᠯ ᠪᠠ ᠪᠠᠶᠢᠴᠠᠭᠠᠨ ᠰᠣᠳᠣᠯᠣᠯᠲᠠ ᠶᠢ ᠠᠳᠬᠤᠬᠤ ᠲᠡᠭᠡᠷ᠎ᠡ ᠲᠠᠯᠪᠢᠵᠤ᠂ ᠪᠤᠲᠠᠲᠠᠢ | ᠠᠰᠠᠭᠤᠳᠠᠯ ᠢ ᠰᠢᠢᠳᠪᠦᠷᠢᠯᠡᠨ᠎ᠡ᠃ ᠤᠬᠤᠷ ᠬᠤᠭᠤᠴᠠᠭᠠᠨ ᠤ ᠠᠵᠢᠯᠯᠠᠭ᠎ᠠ ᠶᠢ ᠬᠢᠬᠦ ᠦᠬᠡᠢ᠂ ᠦᠩᠬᠡᠨ ᠲᠠᠯ᠎ᠠ ᠶᠢᠨ ᠠᠵᠢᠯ ᠬᠢᠬᠦ ᠦᠬᠡᠢ ᠪᠠᠶᠢᠵᠤ᠂ ᠯᠠᠪᠳᠠᠭᠤᠨ | ᠪᠠᠲᠤᠲᠠᠢ ᠰᠢᠷᠭᠠᠭᠤ ᠠᠵᠢᠯᠯᠠᠨ᠎ᠠ᠃ ᠨᠡᠩ ᠴᠢᠩᠭ᠎ᠠ ᠵᠠᠰᠠᠭ ᠵᠠᠬᠢᠷᠭᠠᠨ ᠤ ᠦᠢᠯᠡᠳᠦᠯ ᠴᠢᠳᠠᠪᠤᠷᠢ ᠶᠢ ᠪᠠᠶᠢᠴᠠᠭᠠᠬᠤ ᠪᠠ ᠵᠠᠰᠠᠭ ᠵᠠᠬᠢᠷᠭᠠᠨ ᠤ ᠬᠠᠷᠢᠭᠤᠴᠠᠯᠭ᠎ᠠ | ᠨᠡᠬᠡᠮᠵᠢᠯᠡᠬᠦ ᠲᠦᠷᠢᠮ ᠢ ᠭᠡᠷᠡᠭᠵᠢᠬᠦᠯᠵᠤ᠂ ᠵᠠᠷᠯᠢᠭ ᠪᠠᠶᠢᠪᠠᠴᠤ ᠭᠡᠷᠡᠭᠵᠢᠬᠦᠯᠬᠦ ᠦᠬᠡᠢ᠂ ᠴᠠᠭᠠᠵᠠᠯᠠᠭᠰᠠᠨ ᠴᠣ᠋ ᠴᠠᠭᠠᠵᠠᠯᠠᠵᠤ ᠲᠡᠶᠢᠯᠬᠦ ᠦᠬᠡᠢ ᠦᠵᠡᠭᠳᠡᠯ ᠪᠠ ᠠᠵᠢᠯᠯᠠᠭ᠎ᠠ | ᠠᠪᠬᠤ ᠦᠬᠡᠢ᠂ ᠠᠵᠢᠯᠯᠠᠭ᠎ᠠ ᠠᠪᠬᠤ ᠨᠢ ᠤᠳᠠᠭᠠᠨ ᠪᠠᠶᠢᠬᠤ ᠪᠤᠶᠤ ᠲᠤᠷ᠎ᠠ ᠪᠠᠷ ᠠᠵᠢᠯᠯᠠᠭ᠎ᠠ ᠠᠪᠬᠤ ᠵᠡᠷᠭᠡ ᠠᠰᠠᠭᠤᠳᠠᠯ ᠢ ᠵᠤᠷᠢᠭ ᠰᠢᠭᠤᠳᠤᠨ ᠰᠢᠢᠳᠪᠦᠷᠢᠯᠡᠵᠤ᠂ | ᠬᠦᠩᠬᠡᠨ ᠬᠠᠭᠤᠳᠠᠮ ᠢ ᠵᠠᠰᠠᠵᠤ᠂ ᠪᠤᠯᠬᠢ ᠶᠢ ᠵᠠᠰᠠᠵᠤ᠂ ᠠᠯᠵᠠᠭᠤ ᠶᠢ ᠵᠠᠰᠠᠵᠤ᠂ ᠬᠡᠬᠡᠯᠢ ᠬᠠᠭ᠋ᠤᠯᠢ ᠢᠳᠡᠬᠦ ᠶᠢ ᠵᠠᠰᠠᠵᠤ᠂ ᠠᠵᠢᠯ ᠤᠨ ᠰᠣᠷᠳᠠᠯ ᠢᠶᠠᠨ ᠦᠨᠡᠨᠬᠦ | ᠬᠤᠪᠢᠷᠠᠭᠤᠯᠤᠨ᠂ ᠵᠠᠰᠠᠭ ᠵᠠᠬᠢᠷᠭᠠᠨ ᠤ ᠦᠢᠯᠡᠳᠦᠯ ᠴᠢᠳᠠᠪᠤᠷᠢ ᠶᠢ ᠲᠡᠭᠡᠭᠰᠢᠯᠡᠬᠦᠯᠵᠤ᠂ ᠭᠡᠪ ᠰᠣᠷᠳᠠᠯ ᠤᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠪᠠᠷ | ᠠᠵᠤ ᠠᠬᠤᠢ ᠨᠡᠶᠢᠬᠡᠮ ᠤᠨ ᠰᠠᠶᠢᠨ ᠮᠦᠷᠳᠡᠭᠡᠨ ᠲᠦᠷᠭᠡᠨ ᠬᠦᠭᠵᠢᠯᠲᠡ ᠶᠢ ᠠᠬᠢᠭᠤᠯᠤᠨ᠎ᠠ᠃ | ᠲᠠᠪᠤ ᠳᠤ ᠴᠢᠬᠡᠴᠢ ᠵᠠᠰᠠᠭ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠨᠠᠮ ᠤᠨ ᠰᠣᠷᠳᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ | ᠶᠢᠨ ᠲᠦᠷᠢᠮ ᠢ ᠬᠢᠨᠠᠮᠠᠭᠠᠢ ᠨᠠᠶᠢᠲᠠᠪᠤᠷᠢᠵᠢᠭᠤᠯᠵᠤ᠂ ᠵᠠᠯᠬᠠᠭᠠᠨ ᠰᠢᠳᠭᠡᠵᠤ ᠤᠷᠢᠳᠴᠢᠯᠠᠨ ᠰᠡᠷᠬᠡᠶᠢᠯᠡᠬᠦ ᠰᠢᠰᠲ᠋ᠧᠮᠵᠢ ᠶᠢᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ | ᠠᠬᠢᠭᠤᠯᠤᠨ᠎ᠠ᠃ ᠭᠤᠤᠯᠳᠠᠯᠭ᠎ᠠ ᠲᠠᠢ ᠭᠡᠪᠴᠢᠶᠡᠨ ᠳᠠᠬᠢ ᠬᠢᠨᠠᠨ ᠪᠤᠳᠤᠵᠤ ᠬᠢᠨᠠᠯᠲᠠ ᠲᠠᠯᠪᠢᠬᠤ ᠪᠠ ᠵᠠᠰᠠᠭ ᠵᠠᠬᠢᠷᠭᠠᠨ ᠤ ᠬᠢᠨᠠᠨ ᠪᠠᠶᠢᠴᠠᠭᠠᠯᠲᠠ ᠶᠢ ᠴᠢᠩᠭᠠᠳᠬᠠᠵᠤ᠂ | ᠨᠢᠬᠡᠳᠦᠯᠲᠠᠢ ᠲᠠᠭᠠᠭᠠᠴᠢᠯᠠᠯᠲᠠ ᠵᠠᠷᠯᠠᠵᠤ ᠲᠠᠭᠠᠭᠠᠴᠢᠯᠠᠯᠲᠠ ᠬᠦᠯᠢᠶᠡᠬᠦ ᠲᠠᠪᠴᠠᠩ ᠪᠠ ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠦᠪ ᠢ | ᠪᠠᠶᠢᠭᠤᠯᠵᠤ᠂ ᠪᠠᠷᠢᠯᠭ᠎ᠠ ᠶᠢᠨ ᠪᠦᠲᠦᠬᠡᠨ ᠪᠠᠶᠢᠭᠤᠯᠤᠯᠲᠠ᠂ ᠭᠠᠵᠠᠷ ᠰᠢᠷᠤᠢ ᠶᠢᠨ ᠭᠡᠷᠡᠭᠯᠡᠯᠲᠡ ᠶᠢᠨ ᠡᠷᠭᠡ ᠶᠢ ᠰᠢᠯᠵᠢᠬᠦᠯᠦᠨ ᠦᠭᠬᠦ᠂ ᠠᠭᠤᠷᠬᠠᠢ ᠶᠢᠨ ᠡᠬᠢ | ᠪᠠᠶᠠᠯᠢᠭ ᠢ ᠲᠤᠬᠢᠷᠠᠭᠤᠯᠬᠤ ᠵᠡᠷᠭᠡ ᠭᠡᠪᠴᠢᠶᠡᠨ ᠤ ᠵᠠᠰᠠᠭ ᠵᠠᠬᠢᠷᠭᠠᠨ ᠤ ᠠᠵᠢᠯᠯᠠᠭ᠎ᠠ ᠶᠢ ᠴᠢᠨᠠᠭᠰᠢᠲᠠ ᠲᠦᠷᠢᠮᠵᠢᠬᠦᠯᠦᠨ᠎ᠡ᠃ ︽ᠴᠢᠬᠡᠴᠢ ᠵᠠᠰᠠᠭ ᠤᠨ ᠲᠦᠷᠢᠮ︾ | ᠢ ᠨᠠᠷᠢᠨ ᠬᠢᠨᠠᠮᠠᠭᠠᠢ ᠨᠠᠶᠢᠲᠠᠪᠤᠷᠢᠵᠢᠭᠤᠯᠵᠤ᠂ ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ︽ᠵᠤᠭᠤᠰᠤᠨ ᠬᠦᠮᠦᠷᠭᠡ︾ ᠭᠠᠷᠭᠠᠬᠤ ᠵᠡᠷᠭᠡ | ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠠᠵᠢᠯᠯᠠᠭ᠎ᠠ ᠶᠢ ᠬᠦᠨᠵᠡᠬᠡᠢ ᠦᠷᠨᠢᠬᠦᠯᠵᠤ᠂ ᠰᠠᠶᠢᠲᠤᠷ ᠭᠠᠮᠨᠠᠨ ᠠᠷᠪᠢᠯᠠᠵᠤ᠂ ᠡᠩ ᠤᠨ ᠴᠢᠨᠠᠷᠲᠠᠢ ᠵᠠᠷᠤᠯᠭ᠎ᠠ ᠶᠢ | ᠴᠢᠩᠭ᠎ᠠ ᠬᠢᠵᠠᠭᠠᠷᠯᠠᠨ᠂ ᠬᠢᠵᠠᠭᠠᠷ ᠲᠠᠢ ᠪᠡᠯᠡ ᠮᠦᠩᠬᠦ ᠪᠠᠨ ᠠᠵᠤ ᠠᠬᠤᠢ ᠶᠢ ᠬᠦᠭᠵᠢᠬᠦᠯᠬᠦ ᠪᠠ ᠠᠷᠠᠳ ᠤᠨ ᠠᠮᠢᠲᠤᠷᠠᠯ ᠢ ᠰᠠᠶᠢᠵᠢᠷᠠᠭᠤᠯᠬᠤ ᠲᠡᠭᠡᠷ᠎ᠡ | ᠵᠠᠷᠤᠴᠠᠭᠤᠯᠵᠤ᠂ ᠠᠷᠢᠭᠤᠨ ᠴᠢᠬᠡᠴᠢ ᠬᠡᠪ ᠰᠣᠷᠳᠠᠯ ᠲᠠᠢ ᠰᠠᠶᠢᠨ ᠰᠠᠶᠢᠬᠠᠨ ᠬᠦᠭᠵᠢᠯᠲᠡ ᠶᠢᠨ ᠤᠷᠴᠢᠨ ᠲᠤᠭᠤᠷᠢᠨ ᠢ ᠪᠤᠢ ᠪᠤᠯᠭᠠᠨ᠎ᠠ᠃ | ᠲᠦᠯᠦᠬᠡᠯᠡᠭᠴᠢᠳ ᠡ᠂ ᠰᠢᠨ᠎ᠡ ᠡᠬᠢᠯᠡᠯᠲᠡ ᠨᠢ ᠰᠢᠨ᠎ᠡ ᠲᠡᠤᠭᠡᠨ ᠠᠶᠠᠨ ᠢ ᠨᠡᠭᠡᠭᠡᠵᠤ᠂ ᠴᠠᠭ ᠦᠶ᠎ᠡ ᠶᠢᠨ ᠱᠠᠭᠠᠷᠳᠠᠯᠭ᠎ᠠ ᠪᠠ ᠠᠷᠠᠳ ᠤᠯᠠᠨ ᠤ ᠬᠦᠰᠡᠯ | ᠡᠷᠡᠮᠡᠯᠵᠡᠯ ᠪᠢᠳᠡᠨ ᠤ ᠰᠢᠨᠲᠠᠷᠠᠰᠢ ᠦᠬᠡᠢ ᠮᠡᠷᠡᠶᠢᠨ ᠴᠢᠷᠮᠠᠶᠢᠬᠤ ᠡᠷᠴᠢ ᠵᠤᠷᠢᠭ ᠶᠢ ᠬᠦᠪᠴᠢᠯᠡᠭᠰᠡᠨ ᠪᠠᠶᠢᠨ᠎ᠠ᠃ ᠪᠢᠳᠡ ᠬᠤᠲᠠ ᠶᠢᠨ ᠨᠠᠮ ᠤᠨ ᠬᠤᠷᠢᠶᠠᠨ ᠤ | ᠡᠷᠡᠰ ᠴᠢᠩᠭ᠎ᠠ ᠤᠳᠤᠷᠢᠳᠤᠯᠭ᠎ᠠ ᠲᠤᠤᠷ᠎ᠠ᠂ ᠪᠦᠬᠦ ᠬᠤᠲᠠ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠲᠦᠰᠢᠭᠯᠡᠨ᠂ ᠦᠵᠡᠯ ᠰᠠᠨᠠᠭ᠎ᠠ ᠪᠠᠨ ᠤᠯᠠᠮ | ᠨᠢᠬᠡ ᠠᠯᠬᠤᠮ ᠴᠢᠯᠦᠬᠡᠯᠡᠵᠤ᠂ ᠦᠨᠡᠨᠬᠦ ᠠᠳᠬᠤᠵᠤ ᠰᠢᠷᠭᠠᠭᠤ ᠠᠵᠢᠯᠯᠠᠨ᠂ ︽12· 5︾ ᠵᠢᠯ ᠤᠨ ᠲᠦᠯᠦᠪᠵᠢᠬᠦᠯᠬᠡ ᠶᠢᠨ ᠬᠤᠭᠤᠴᠠᠭᠠᠨ ᠤ ᠰᠢᠨ᠎ᠡ | ᠠᠮᠵᠢᠯᠲᠠ ᠶᠢ ᠴᠢᠷᠮᠠᠶᠢᠨ ᠡᠬᠦᠳᠦᠶ᠎ᠡ︕ | | |