— 2014 ᠤᠨ ᠤ 1 ᠳ᠋ᠤᠭᠡᠷ ᠰᠠᠷ᠎ᠠ ᠶᠢᠨ 4 ᠤ ᠡᠳᠦᠷ ᠤᠷᠳᠤᠰ ᠬᠤᠳᠠ ᠶᠢᠨ | ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠬᠤᠶᠠᠳᠤᠭᠠᠷ ᠤᠳᠠᠭᠠᠨ ᠤ ᠬᠤᠷᠠᠯᠳᠤᠭᠠᠨ ᠲᠡᠭᠡᠷ᠎ᠠ | ᠤᠷᠳᠤᠰ ᠬᠤᠳᠠ ᠶᠢᠨ ᠲᠠᠷᠤᠭ᠎ᠠ ᠯᠢᠶᠠᠨ ᠰᠤ᠋ | | | | ᠲᠦᠯᠦᠭᠡᠯᠡᠭᠴᠢᠳ ᠡ᠄ | ᠤᠳᠤ᠂ ᠪᠢ ᠬᠤᠳᠠ ᠶᠢᠨ ᠠᠷᠠᠳ ᠤᠨ ᠵᠠᠰᠠᠭ ᠤᠨ ᠤᠷᠳᠤᠨ ᠢ ᠲᠦᠯᠦᠭᠡᠯᠡᠨ ᠶᠡᠭᠡ ᠬᠤᠷᠠᠯ ᠳᠤ ᠠᠵᠢᠯ ᠤᠨ ᠢᠯᠡᠳᠭᠡᠯ ᠬᠢᠶ᠎ᠠ᠂ ᠬᠢᠨᠠᠨ ᠵᠦᠪᠯᠡᠬᠦ | ᠪᠤᠯᠪᠠᠤ᠂ ᠲᠠᠷᠡᠴᠢᠯᠠᠨ ᠬᠤᠳᠠ ᠶᠢᠨ ᠤᠯᠤᠰ ᠲᠦᠷᠦ ᠶᠢᠨ ᠵᠦᠪᠯᠡᠯᠭᠡᠨ ᠤ ᠬᠡᠰᠢᠬᠦᠳ ᠪᠠ ᠬᠤᠷᠠᠯ ᠳᠤ ᠰᠤᠯᠠ ᠤᠷᠤᠯᠴᠠᠭᠰᠠᠳ ᠰᠠᠨᠠᠯ ᠢᠶᠠᠨ ᠲᠤᠷᠠᠳᠬᠤ ᠪᠤᠯᠪᠠᠤ | ᠃ | | ᠨᠢᠭᠡ᠂ 2013 ᠤᠨ ᠤ ᠠᠵᠢᠯ ᠤᠨ ᠡᠷᠬᠢᠴᠡᠬᠦᠯᠤᠯ | | ᠦᠡᠭᠭᠡᠷᠡᠭᠰᠡᠨ ᠨᠢᠭᠡ ᠵᠢᠯ ᠳᠤ᠂ ᠠᠵᠤ ᠠᠬᠤᠢ ᠤᠷᠤᠭᠤᠳᠠᠵᠤ ᠪᠠᠶᠢᠭ᠎ᠠ ᠲᠦᠪᠡᠭ ᠪᠤᠳᠤᠯᠢᠶᠠᠨᠳᠠᠢ ᠬᠠᠳᠠᠭᠤ ᠪᠡᠷᠭᠡ ᠪᠠᠶᠢᠳᠠᠯ ᠤᠨ ᠡᠮᠤᠨ᠎ᠠ᠂ ᠬᠤᠳᠠ ᠶᠢᠨ | ᠠᠷᠠᠳ ᠤᠨ ᠵᠠᠰᠠᠭ ᠤᠨ ᠤᠷᠳᠤᠨ ᠲᠦᠪ ᠤᠨ ᠴᠢᠭᠯᠡᠯᠳᠠ ᠲᠦᠷᠦ ᠶᠢᠨ ᠪᠤᠳᠤᠯᠭ᠎ᠠ ᠪᠠ ᠦᠪᠡᠷᠳᠡᠭᠡᠨ ᠵᠠᠰᠠᠬᠤ ᠤᠷᠤᠨ ᠤ ︽8337︾ ᠬᠦᠭᠵᠢᠯᠳᠠ ᠶᠢᠨ | ᠰᠡᠳᠬᠢᠴᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠳᠠ ᠶᠢᠨ ᠨᠠᠮ ᠤᠨ ᠬᠤᠷᠢᠶ᠎ᠠ ᠶᠢᠨ ᠵᠦᠪ ᠤᠳᠤᠷᠢᠳᠤᠯᠭ᠎ᠠ᠂ ᠬᠤᠳᠠ ᠶᠢᠨ ᠠᠷᠠᠳ | ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠪᠠ ᠬᠤᠳᠠ ᠶᠢᠨ ᠤᠯᠤᠰ ᠲᠦᠷᠦ ᠶᠢᠨ ᠵᠦᠪᠯᠡᠯᠭᠡᠨ ᠤ ᠶᠡᠭᠡ ᠲᠡᠮᠵᠢᠯᠭᠡ ᠲᠤᠤᠷ᠎ᠠ ᠂ | ᠲᠤᠭᠳᠠᠭᠤᠨ ᠤ ᠲᠤᠮᠳᠠ ᠤᠷᠤᠭᠰᠢᠯᠠᠬᠤ ᠠᠵᠢᠯ ᠤᠨ ᠶᠡᠷᠦᠩᠭᠡᠢ ᠭᠤᠤᠯ ᠰᠠᠨᠠᠭ᠎ᠠ ᠶᠢ ᠪᠠᠳᠤ ᠡᠵᠡᠮᠳᠠᠵᠤ᠂ ᠪᠦᠬᠦ ᠬᠤᠳᠠ ᠶᠢᠨ ᠦᠨᠳᠤᠰᠤᠳᠠᠨ ᠨᠦᠭᠦᠳ ᠤᠨ ᠺᠠᠳ᠋ᠷ | ᠤᠯᠠᠨ ᠲᠦᠮᠠᠨ ᠲᠠᠢ ᠪᠦᠯᠬᠦᠮᠳᠠᠨ ᠲᠡᠳᠡᠨ ᠢ ᠲᠠᠶᠢᠴᠢᠯᠠᠵᠤ᠂ ᠪᠠᠭᠢᠯᠡᠯᠳᠠ ᠡᠪᠳᠠᠨ ᠬᠦᠴᠢᠷ ᠪᠡᠷᠭᠡᠰᠢᠶᠡᠯ ᠢ ᠢᠯᠠᠨ ᠲᠠᠪᠠᠵᠤ᠂ ᠯᠠᠪᠳᠠᠭᠤᠨ ᠪᠠᠳᠤᠳᠠᠢ ᠠᠵᠢᠯᠯᠠᠭᠠᠳ᠂ | ᠡᠯ᠎ᠡ ᠲᠦᠷᠦᠯ ᠤᠨ ᠬᠠᠷᠠᠯᠳᠠ ᠡᠭᠦᠷᠬᠡ ᠶᠢ ᠪᠦᠬᠦ ᠲᠠᠯ᠎ᠠ ᠪᠠᠷ ᠪᠡᠶᠡᠯᠡᠭᠦᠯᠵᠣ᠂ ᠠᠵᠤ ᠠᠬᠤᠢ ᠨᠡᠶᠢᠭᠡᠮ ᠤᠨ ᠬᠦᠭᠵᠢᠯᠳᠠ ᠳᠤ ᠲᠤᠭᠳᠠᠭᠤᠨ ᠤ ᠲᠤᠮᠳᠠ ᠠᠬᠢᠯᠳᠠ | ᠲᠠᠢ᠂ ᠰᠠᠶᠢᠨ ᠲᠡᠰᠢ ᠬᠠᠨᠳᠤᠬᠤ ᠶᠢ ᠪᠡᠶᠡᠯᠡᠬᠦᠯᠪᠠ᠃ | ︵ᠨᠢᠭᠡ︶ ᠪᠦᠬᠦᠯᠢ ᠴᠤᠭᠴᠠ ᠶᠢᠨ ᠠᠵᠤ ᠠᠬᠤᠢ ᠲᠤᠭᠳᠠᠭᠤᠨ ᠢᠶᠠᠷ ᠨᠡᠮᠡᠭᠳᠡᠬᠦ ᠶᠢ ᠪᠠᠳᠤᠯᠠᠪᠠ᠃ ᠪᠦᠬᠦ ᠬᠤᠳᠠ ᠪᠠᠷ ᠢᠶᠠᠷ ᠭᠠᠵᠠᠷ ᠤᠷᠤᠨ ᠤ | ᠦᠢᠯᠡᠳᠪᠤᠷᠢᠯᠠᠯ ᠤᠨ ᠶᠡᠷᠦᠩᠭᠡᠢ ᠦᠷᠳᠡᠭ ᠢ 3965 ᠳ᠋ᠦᠡᠭᠰᠢᠭᠤᠷ ᠲᠦᠬᠦᠷᠢᠭ ᠪᠡᠶᠡᠯᠡᠬᠦᠯᠵᠤ᠂ 9.5% ᠪᠠᠷ ᠨᠡᠮᠡᠭᠳᠡᠪᠠ︔ ᠤᠯᠠᠨ ᠨᠠᠶᠢᠳᠠ ᠶᠢᠨ ᠡᠳ᠋ ᠤᠨ | ᠵᠠᠰᠠᠭ ᠤᠨ ᠲᠦᠰᠦᠪ ᠤᠨ ᠤᠷᠤᠯᠭ᠎ᠠ ᠶᠢ 440 ᠳ᠋ᠦᠡᠭᠰᠢᠭᠤᠷ ᠲᠦᠬᠦᠷᠢᠭ ᠪᠡᠶᠡᠯᠡᠬᠦᠯᠵᠤ᠂ 17.2% ᠢᠶᠠᠷ ᠨᠡᠮᠡᠭᠳᠡᠵᠠᠢ︔ ᠲᠤᠭᠳᠠᠮᠠᠯ ᠬᠦᠷᠦᠩᠭᠡ ᠶᠢᠨ ᠪᠠᠯᠠ | ᠤᠷᠤᠭᠤᠯᠤᠯᠳᠠ ᠶᠢ 2996 ᠳ᠋ᠦᠡᠭᠰᠢᠭᠤᠷ ᠲᠦᠬᠦᠷᠢᠭ ᠪᠡᠶᠡᠯᠡᠬᠦᠯᠵᠤ᠂ 16.5% ᠪᠠᠷ ᠨᠡᠮᠡᠭᠳᠡᠵᠡᠢ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠪᠤᠷᠤᠯᠠᠭᠤᠯᠤᠯᠳᠠ ᠶᠢᠨ ᠶᠡᠷᠦᠩᠭᠡᠢ ᠲᠤᠭ᠎ᠠ 551.5 ᠳ᠋ᠦᠡᠭᠰᠢᠭᠤᠷ ᠲᠦᠬᠦᠷᠢᠭ ᠲᠤ ᠬᠦᠷᠴᠤ᠂ 10% ᠪᠠᠷ ᠨᠡᠮᠡᠭᠳᠡᠪᠠ᠃ ᠲᠠᠷᠢᠶᠠᠯᠠᠩ ᠮᠠᠯ ᠠᠵᠤ ᠠᠬᠤᠢ ᠶᠢᠨ | ᠦᠢᠯᠡᠳᠪᠦᠷᠢᠯᠠᠯ ᠲᠡᠬᠢᠨ ᠡᠯᠪᠡᠭ ᠬᠤᠷᠢᠶᠠᠯᠳᠠ ᠤᠯᠵᠤ᠂ ᠠᠮᠤ ᠪᠤᠳᠠᠭᠠᠨ ᠤ ᠬᠤᠷᠢᠶᠠᠯᠳᠠ 31 ᠳ᠋ᠦᠡᠭᠰᠢᠭᠤᠷ ᠵᠢᠩ ᠬᠦᠷᠴᠤ᠂ ᠮᠠᠯᠵᠢᠯ ᠤᠨ ᠤᠨ ᠤ ᠮᠠᠯ | ᠰᠦᠷᠦᠭ ᠤᠨ ᠶᠡᠷᠦᠩᠭᠡᠢ ᠲᠤᠭ᠎ᠠ 1223 ᠲᠦᠮᠠ ᠬᠦᠷᠴᠤ᠂ ᠨᠢᠭᠡᠳᠤᠭᠡᠷ ᠠᠵᠤ ᠦᠢᠯᠡᠰ 95 ᠳ᠋ᠦᠡᠭᠰᠢᠭᠤᠷ ᠲᠦᠬᠦᠷᠢᠭ ᠤᠨ ᠨᠡᠮᠡᠭᠳᠡᠯ ᠦᠷᠳᠡᠭ ᠢ | ᠪᠠᠶᠡᠯᠡᠬᠦᠯᠵᠤ᠂ 3% ᠪᠠᠷ ᠨᠡᠮᠡᠭᠳᠡᠵᠠᠢ᠃ ᠠᠵᠤ ᠦᠢᠯᠡᠳᠪᠤᠷᠢ ᠶᠢᠨ ᠠᠵᠤ ᠠᠬᠤᠢ ᠨᠡᠯᠢᠶᠡᠳ ᠲᠦᠷᠭᠡᠨ ᠨᠡᠮᠡᠭᠳᠡᠵᠤ᠂ 2122 ᠳ᠋ᠦᠡᠭᠰᠢᠭᠤᠷ ᠲᠦᠬᠦᠷᠢᠭ ᠤᠨ | ᠪᠠᠯᠠ ᠤᠷᠤᠭᠤᠯᠤᠯᠳᠠ ᠶᠢ ᠪᠡᠶᠡᠯᠡᠬᠦᠯᠵᠤ᠂ 38% ᠪᠠᠷ ᠨᠡᠮᠡᠭᠳᠡᠵᠠᠢ︔ ᠬᠡᠪᠴᠢᠶᠠᠵᠢᠯ ᠠᠴᠠ ᠲᠡᠭᠡᠭᠰᠢᠬᠢ ᠠᠵᠤ ᠦᠢᠯᠡᠳᠪᠤᠷᠢ ᠶᠢᠨ ᠨᠡᠮᠡᠭᠳᠡᠯ ᠦᠷᠳᠡᠭ 1897 | ᠳ᠋ᠦᠡᠭᠰᠢᠭᠤᠷ ᠲᠦᠬᠦᠷᠢᠭ ᠲᠤ ᠬᠦᠷᠴᠤ᠂ 12.7% ᠪᠠᠷ ᠨᠡᠮᠡᠭᠳᠡᠵᠠᠢ︔ ᠠᠵᠤ ᠦᠢᠯᠡᠳᠪᠤᠷᠢ ᠶᠢᠨ ᠴᠠᠬᠢᠯᠭᠠᠨ ᠬᠡᠷᠡᠭᠯᠡᠯᠳᠠ ᠶᠢᠨ ᠬᠡᠮᠵᠢᠶ᠎ᠠ 11.4% ᠪᠠᠷ | ᠨᠡᠮᠡᠭᠳᠡᠵᠠᠢ᠃ ᠰᠢᠨ᠎ᠠ ᠪᠠᠷ ᠨᠡᠮᠡᠭᠳᠡᠭᠰᠡᠨ ᠵᠠᠭᠤᠨ ᠳ᠋ᠦᠡᠭᠰᠢᠭᠤᠷ ᠲᠦᠬᠦᠷᠢᠭ ᠢ ᠲᠠᠪᠠᠭᠰᠠᠨ ᠬᠦᠷᠢᠶᠠᠯᠠᠩ 2᠂ ᠠᠵᠤ ᠠᠬᠤᠶᠢᠯᠠᠯ 1 ᠪᠠᠶᠢᠨ᠎ᠠ᠃ ᠬᠦᠷᠢᠶᠡᠯᠡᠩ | ᠲᠤᠭᠤᠷᠢᠭ 2100 ᠳ᠋ᠦᠡᠭᠰᠢᠭᠤᠷ ᠲᠦᠬᠦᠷᠢᠭ ᠤᠨ ᠪᠤᠷᠤᠯᠠᠭᠤᠯᠤᠯᠳᠠ ᠶᠢᠨ ᠤᠷᠤᠯᠭ᠎ᠠ ᠶᠢ ᠪᠡᠶᠡᠯᠡᠬᠦᠯᠵᠤ᠂ 27.9% ᠪᠠᠷ ᠨᠡᠮᠡᠭᠳᠡᠵᠠᠢ᠃ ᠤᠳᠤ ᠦᠶ᠎ᠠ ᠶᠢᠨ | ᠦᠢᠯᠡᠴᠢᠯᠡᠭᠡᠨ ᠤ ᠦᠢᠯᠡᠰ ᠲᠤᠭᠳᠠᠭᠤᠨ ᠢᠶᠠᠷ ᠬᠦᠭᠵᠢᠵᠤ᠂ ᠮᠦᠡᠭᠬᠦᠨ ᠬᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠵᠢᠭᠡᠯᠡᠯᠭᠡ ᠶᠢᠨ ᠦᠯᠡᠳᠡᠪᠤᠷᠢ ᠲᠤᠭ᠎ᠠ | 2239 ᠳ᠋ᠦᠩᠰᠢᠭᠤᠷ ᠲᠦᠭᠦᠷᠢᠭ ᠪᠠ 2362 ᠳ᠋ᠦᠩᠰᠢᠭᠤᠷ ᠲᠦᠭᠦᠷᠢᠭ ᠬᠦᠷᠴᠣ᠂ ᠲᠤᠰᠪᠤᠷᠢ 5.5% ᠪᠠ 7.3% ᠪᠠᠷ ᠨᠡᠮᠡᠭᠳᠡᠵᠤ᠂ ᠵᠠᠰᠠᠮᠠᠯ ᠵᠠᠮ᠂ ᠲᠡᠮᠤᠷ | ᠵᠠᠮ ᠤᠨ ᠪᠠᠷᠠᠭ᠎ᠠ ᠲᠡᠭᠡᠭᠡᠪᠤᠷᠢ ᠶᠢᠨ ᠬᠡᠮᠵᠢᠶ᠎ᠠ 14% ᠪᠠ 12% ᠢᠶᠠᠷ ᠨᠡᠮᠡᠭᠳᠡᠨ᠂ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠤᠷᠤᠭᠤᠯᠵᠤ ᠭᠠᠳᠠᠭᠠᠳᠤ | ᠳᠤ ᠭᠠᠷᠭᠠᠭᠰᠠᠨ ᠶᠡᠷᠦᠩᠭᠡᠢ ᠲᠤᠭ᠎ᠠ 1.6 ᠲᠡᠬᠢᠨ ᠢᠶᠠᠷ ᠨᠡᠮᠡᠭᠳᠡᠵᠤ᠂ ᠬᠦᠯᠢᠶᠠᠨ ᠵᠤᠴᠢᠯᠠᠭᠰᠠᠨ ᠵᠤᠭᠠᠴᠠᠭᠰᠠᠳ ᠤᠨ ᠲᠤᠭ᠎ᠠ ᠪᠠ ᠵᠤᠭᠠᠴᠠᠯ ᠤᠨ ᠤᠷᠤᠯᠭ᠎ᠠ | ᠲᠤᠰᠪᠤᠷᠢ 12.2% ᠪᠠ 22.1% ᠪᠠᠷ ᠨᠡᠮᠡᠭᠳᠡᠵᠤ᠂ ᠭᠤᠷᠪᠠᠳᠤᠭᠠᠷ ᠠᠵᠤ ᠦᠢᠯᠡᠰ 1488 ᠳ᠋ᠦᠡᠭᠰᠢᠭᠤᠷ ᠲᠦᠬᠦᠷᠢᠭ ᠤᠨ ᠨᠡᠮᠡᠭᠳᠡᠯ ᠦᠷᠳᠡᠭ ᠢ | ᠪᠡᠶᠡᠯᠡᠬᠦᠯᠵᠤ᠂ 7% ᠪᠠᠷ ᠨᠡᠮᠡᠭᠳᠡᠵᠠᠢ᠃ ᠰᠢᠶᠠᠨ ᠪᠦᠰᠠ ᠶᠢᠨ ᠠᠵᠤ ᠠᠬᠤᠢ ᠪᠠ ᠨᠠᠶᠢᠳᠠ ᠶᠢᠨ ᠦᠮᠴᠢᠯᠠᠯ ᠤᠨ ᠪᠤᠰᠤ ᠠᠵᠤ ᠠᠬᠤᠢ ᠶᠢᠨ ᠪᠤᠳᠠᠳᠤ ᠬᠦᠴᠦᠨ | ᠬᠦᠴᠦᠷᠭᠡᠭᠵᠢᠵᠤ᠂ ᠲᠤᠰᠪᠤᠷᠢ ᠪᠦᠬᠦ ᠬᠤᠳᠠ ᠶᠢᠨ ᠠᠵᠤ ᠠᠬᠤᠢ ᠶᠢᠨ ᠶᠡᠷᠦᠩᠭᠡᠢ ᠬᠡᠮᠵᠢᠶ᠎ᠠ ᠶᠢᠨ 78% ᠪᠠ 70% ᠶᠢ ᠡᠵᠡᠯᠡᠪᠠ᠃ | ︵ᠬᠤᠶᠠᠷ︶ ᠠᠵᠤ ᠦᠢᠯᠡᠰ ᠤᠨ ᠪᠦᠳᠤᠴᠠ ᠶᠢᠨ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠬᠦᠯᠦᠭᠰᠡᠨ ᠦᠷ᠎ᠠ ᠪᠦᠳᠦᠮᠵᠢ ᠢᠯᠡᠳᠳᠠ ᠪᠠᠶᠢᠨ᠎ᠠ᠃ ᠴᠡᠪᠠᠷ | ᠡᠨᠧᠷᠬᠢ᠂ ᠤᠳᠤ ᠦᠶ᠎ᠠ ᠶᠢᠨ ᠨᠡᠬᠦᠷᠡᠰᠤᠨ ᠤ ᠬᠢᠮᠢ ᠶᠢᠨ ᠠᠵᠤ ᠦᠢᠯᠡᠳᠪᠤᠷᠢ᠂ ᠲᠤᠨᠤᠭᠯᠠᠯ ᠦᠢᠯᠡᠳᠬᠦ᠂ ᠬᠦᠡᠭᠭᠡᠨ ᠴᠠᠭᠠᠨ ᠤ ᠡᠷᠬᠢᠯᠳᠠᠳᠤ ᠠᠵᠤ ᠦᠢᠯᠡᠰ | ᠵᠡᠷᠭᠡ ᠭᠤᠤᠯᠳᠠᠯᠭ᠎ᠠ ᠲᠠᠢ ᠠᠵᠤ ᠦᠢᠯᠡᠰ ᠤᠨ ᠬᠦᠭᠵᠢᠯᠳᠠ ᠶᠢᠨ ᠲᠦᠯᠦᠪᠵᠢᠬᠦᠯᠭᠡ ᠶᠢ ᠨᠠᠶᠢᠷᠠᠭᠤᠯᠤᠨ ᠵᠤᠬᠢᠶᠠᠪᠠ᠃ ᠪᠠᠷᠢᠯᠭ᠎ᠠ ᠪᠠᠨ ᠡᠬᠢᠯᠡᠬᠦᠯᠦᠭᠰᠡᠨ ᠪᠠ | ᠰᠡᠷᠭᠦᠭᠡᠭᠰᠡᠨ ᠳ᠋ᠦᠡᠭᠰᠢᠭᠤᠷ ᠲᠦᠬᠦᠷᠢᠭ ᠢ ᠲᠠᠪᠠᠭᠰᠠᠨ ᠴᠢᠬᠤᠯᠠ ᠲᠤᠮᠤ ᠲᠦᠷᠦᠯ ᠵᠦᠢᠯ 168 ᠪᠠᠶᠢᠵᠣ᠂ ᠡᠬᠦᠨ ᠳᠤ ᠨᠡᠬᠦᠷᠡᠰᠤᠨ ᠤ ᠪᠤᠰᠤ ᠠᠵᠤ ᠦᠢᠯᠡᠰ | ᠤᠨ ᠲᠦᠷᠦᠯ ᠵᠦᠢᠯ 108 ᠪᠠᠶᠢᠨ᠎ᠠ᠃ ᠲᠤᠮᠳᠠᠳᠤ ᠤᠯᠤᠰ ᠤᠨ ᠲᠠᠯᠠᠢ ᠶᠢᠨ ᠴᠢᠯᠠᠭᠤᠨ ᠲᠤᠰᠤ᠂ ᠪᠡᠭᠡᠵᠢᠩ ᠤᠨ ᠬᠤᠪᠢ ᠤᠷᠤᠭᠤᠯᠤᠯᠳᠠ ᠶᠢ ᠡᠷᠭᠡᠰᠢᠶᠡᠬᠦ | ᠪᠦᠯᠦᠭᠯᠡᠯ᠂ ᠡᠾᠧᠪᠸᠢ ᠶᠢᠨ ᠪᠦᠳᠦᠭᠡᠨ ᠪᠠᠶᠢᠭᠤᠯᠤᠯᠳᠠ ᠪᠠᠯᠠ ᠤᠷᠤᠭᠤᠯᠤᠯᠳᠠ ᠶᠢᠨ ᠪᠦᠯᠦᠭᠯᠡᠯ᠂ ᠰᠢᠨ ᠮᠸᠡᠭ ᠤᠨ 200 ᠳ᠋ᠦᠡᠭᠰᠢᠭᠤᠷ ᠪᠤᠰᠤᠭ᠎ᠠ ᠲᠦᠷᠪᠡᠯᠵᠢᠨ | ᠮᠧᠲᠷ ᠤᠨ ᠨᠡᠬᠦᠷᠡᠰᠤ ᠪᠠᠷ ᠬᠡᠢ ᠦᠢᠯᠡᠳᠬᠦ ᠪᠠ ᠲᠤᠮᠳᠠᠳᠤ ᠤᠯᠤᠰ ᠤᠨ ᠴᠠᠬᠢᠯᠭᠠᠨ ᠬᠦᠴᠤᠨ ᠤ ᠪᠠᠯᠠ ᠤᠷᠤᠭᠤᠯᠤᠯᠳᠠ ᠶᠢᠨ 80 ᠲᠦᠮᠠᠨ ᠲᠤᠨ ᠤ ᠠᠯᠺᠧᠨ᠂ | ᠢ ᠲᠠᠢ ᠶᠢᠨ 200 ᠲᠦᠮᠠᠨ ᠲᠤᠨ ᠤ ᠨᠡᠬᠦᠷᠡᠰᠤ ᠶᠢ ᠰᠢᠩᠭᠡᠵᠢᠬᠦᠯᠬᠦ ᠵᠡᠷᠭᠡ 24 ᠴᠢᠬᠤᠯᠠ ᠲᠤᠮᠤ ᠲᠦᠷᠦᠯ ᠵᠦᠢᠯ ᠢ ᠤᠯᠤᠰ ᠠᠴᠠ ᠨᠢᠭᠡᠨᠳᠠ | ᠴᠤᠬᠤᠯᠠᠪᠤᠷᠢᠯᠠᠭᠰᠡᠨ ᠪᠤᠶᠤ ᠡᠮᠤᠨ᠎ᠠ ᠬᠤᠭᠤᠴᠠᠭᠠᠨ ᠤ ᠠᠵᠢᠯ ᠢ ᠦᠷᠨᠢᠬᠦᠯᠬᠦ ᠶᠢ ᠵᠦᠪᠰᠢᠶᠡᠷᠡᠵᠤ᠂ ᠵᠦᠡᠭ ᠲᠢᠶᠠᠨ ᠡᠾᠧ ᠴᠤᠸᠠᠩ ᠤᠨ ᠨᠡᠬᠦᠷᠡᠰᠤ ᠪᠠᠷ ᠮᠧᠲ᠋ᠢᠯ | ᠠᠯᠺᠤᠤᠯ ᠦᠢᠯᠡᠳᠬᠦ᠂ ᠢ ᠲᠠᠢ ᠶᠢᠨ ᠨᠠᠷᠢᠯᠢᠭ ᠬᠢᠮᠢ ᠶᠢᠨ ᠦᠢᠯᠡᠳᠬᠦᠨ᠂ ᠮᠠᠨ ᠱᠢ ᠶᠢᠨ ᠲᠤᠮᠤ ᠬᠢᠮᠢ ᠶᠢᠨ ᠪᠤᠷᠳᠤᠭᠤᠷ ᠵᠡᠷᠭᠡ 51 ᠴᠢᠬᠤᠯᠠ ᠲᠤᠮᠤ ᠲᠦᠷᠦᠯ | ᠵᠦᠢᠯ ᠤᠨ ᠪᠠᠷᠢᠯᠭ᠎ᠠ ᠶᠢ ᠡᠬᠢᠯᠡᠬᠦᠯᠦᠨ ᠪᠦᠳᠦᠭᠡᠨ ᠪᠠᠶᠢᠭᠤᠯᠵᠤ᠂ ᠲᠤᠮᠳᠠᠳᠤ ᠤᠯᠤᠰ ᠤᠨ ᠨᠡᠬᠦᠷᠡᠰᠤᠨ ᠤ ᠲᠤᠮᠤ ᠬᠢᠮᠢ ᠶᠢᠨ ᠪᠤᠷᠳᠤᠭᠤᠷ᠂ ᠴᠢ ᠷᠦᠢ ᠮᠠᠰᠢᠨ | ᠲᠡᠷᠭᠡ᠂ ᠵᠢᠩ ᠳ᠋ᠦᠡᠭ ᠹᠠᠨᠭ᠌ ᠤᠨ ᠬᠠᠭᠠᠰ ᠲᠠᠮᠵᠢᠭᠤᠯᠤᠭᠴᠢ ᠦᠵᠡᠬᠦᠯᠦᠬᠦᠷ᠂ ᠰᠢᠨ ᠰᠢᠩ ᠬᠦᠨᠳᠤ ᠠᠵᠤ ᠦᠢᠯᠡᠳᠪᠤᠷᠢ ᠶᠢᠨ ᠲᠠᠷᠤᠯᠳᠠᠳᠤ ᠰᠠᠪᠠ ᠵᠡᠷᠭᠡ 30 | ᠭᠤᠤᠯᠳᠠᠯᠭ᠎ᠠ ᠲᠠᠢ ᠲᠦᠷᠦᠯ ᠵᠦᠢᠯ ᠪᠠᠶᠢᠭᠤᠯᠤᠭᠳᠠᠨ ᠠᠰᠢᠭᠯᠠᠯᠳᠠ ᠳᠤ ᠤᠷᠤᠵᠤ᠂ ᠰᠢᠨ᠎ᠠ ᠪᠠᠷ ᠨᠡᠮᠡᠭᠳᠡᠭᠰᠡᠨ ᠴᠠᠬᠢᠯᠭᠠᠨ ᠬᠦᠴᠦᠨ ᠤ ᠮᠠᠰᠢᠨ ᠴᠤᠭᠴᠠᠯᠠᠪᠤᠷᠢ ᠶᠢᠨ | ᠪᠠᠭᠳᠠᠭᠠᠮᠵᠢ 202 ᠲᠦᠮᠠᠨ ᠺᠢᠯᠤᠸᠠᠲ᠂ ᠨᠡᠬᠦᠷᠡᠰᠤᠨ ᠤ ᠬᠢᠮᠢ ᠶᠢᠨ ᠠᠵᠤ ᠦᠢᠯᠡᠳᠪᠤᠷᠢ ᠶᠢᠨ ᠦᠢᠯᠡᠳᠪᠤᠷᠢᠯᠠᠯ ᠤᠨ ᠴᠢᠳᠠᠪᠤᠷᠢ 390 ᠲᠦᠮᠠᠨ ᠲᠤᠨ᠂ ᠮᠠᠰᠢᠨ | ᠲᠡᠷᠭᠡᠨ ᠤ ᠦᠢᠯᠡᠳᠪᠤᠷᠢᠯᠠᠯ ᠤᠨ ᠬᠡᠮᠵᠢᠶ᠎ᠠ 6.9 ᠲᠦᠮᠠᠨ ᠲᠡᠷᠭᠡ ᠳᠤ ᠬᠦᠷᠪᠠ᠃ ᠨᠡᠬᠦᠷᠡᠰᠤᠨ ᠤ ᠪᠤᠰᠤ ᠠᠵᠤ ᠦᠢᠯᠡᠰ 1700 ᠳ᠋ᠦᠡᠭᠰᠢᠭᠤᠷ ᠲᠦᠬᠦᠷᠢᠭ | ᠤᠨ ᠪᠠᠯᠠ ᠤᠷᠤᠭᠤᠯᠤᠯᠳᠠ ᠶᠢ ᠪᠡᠶᠡᠯᠡᠬᠦᠯᠵᠤ᠂ ᠠᠵᠤ ᠦᠢᠯᠡᠳᠪᠤᠷᠢ ᠶᠢᠨ ᠶᠡᠷᠦᠩᠭᠡᠢ ᠪᠠᠯᠠ ᠤᠷᠤᠭᠤᠯᠤᠯᠳᠠ ᠶᠢᠨ 80% ᠶᠢ ᠡᠵᠡᠯᠡᠪᠠ︔ 652 ᠳ᠋ᠦᠡᠭᠰᠢᠭᠤᠷ | ᠲᠦᠬᠦᠷᠢᠭ ᠤᠨ ᠨᠡᠮᠡᠭᠳᠡᠯ ᠦᠷᠳᠡᠭ ᠢ ᠪᠡᠶᠡᠯᠡᠬᠦᠯᠵᠤ᠂ ᠬᠡᠪᠴᠢᠶᠠᠵᠢᠯ ᠠᠴᠠ ᠲᠡᠭᠡᠭᠰᠢᠬᠢ ᠠᠵᠤ ᠦᠢᠯᠡᠳᠪᠤᠷᠢ ᠶᠢᠨ ᠨᠡᠮᠡᠭᠳᠡᠯ ᠦᠷᠳᠡᠭ ᠤᠨ 34.4% ᠶᠢ | ᠡᠵᠡᠯᠡᠵᠣ᠂ ᠲᠡᠬᠡᠷ᠎ᠡ ᠵᠢᠯ ᠤᠨ ᠬᠢᠨ ᠠᠴᠠ ᠵᠠᠭᠤᠨ ᠤ ᠬᠤᠪᠢ ᠶᠢᠨ ᠬᠠᠷᠢᠴᠠᠯ ᠢᠶᠠᠷ 4 ᠲᠡᠬᠡᠭᠰᠢᠯᠡᠪᠡ᠃ | ︵ᠭᠤᠷᠪᠠ︶ ᠠᠷᠠᠳ ᠤᠨ ᠠᠮᠢᠳᠤᠷᠠᠯ ᠤᠨ ᠪᠠᠳᠤᠯᠠᠭ᠎ᠠ ᠶᠢᠨ ᠬᠢᠷᠢ ᠲᠦᠪᠰᠢᠨ ᠦᠷᠬᠦᠯᠵᠢᠯᠠᠨ ᠲᠡᠭᠡᠭᠰᠢᠯᠡᠪᠠ᠃ ᠪᠦᠬᠦ ᠵᠢᠯ ᠳᠤ ᠠᠷᠠᠳ ᠤᠨ ᠠᠮᠢᠳᠤᠷᠠᠯ | ᠤᠨ ᠪᠠᠯᠠ ᠤᠷᠤᠭᠤᠯᠤᠯᠳᠠ ᠶᠢ 422.7 ᠳ᠋ᠦᠡᠭᠰᠢᠭᠤᠷ ᠲᠦᠬᠦᠷᠢᠭ ᠪᠡᠶᠡᠯᠡᠬᠦᠯᠵᠤ᠂ ᠤᠯᠠᠨ ᠨᠠᠶᠢᠳᠠ ᠶᠢᠨ ᠡᠳ᠋ ᠤᠨ ᠵᠠᠰᠠᠭ ᠤᠨ ᠲᠦᠰᠦᠪ ᠤᠨ ᠵᠠᠷᠤᠯᠭ᠎ᠠ ᠶᠢᠨ | 81.5% ᠶᠢ ᠡᠵᠡᠯᠡᠪᠡ᠃ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠵᠢᠯ ᠤᠨ ᠡᠬᠢᠨ ᠳᠤ ᠠᠮᠠᠯᠠᠭᠰᠠᠨ 9 ᠲᠠᠯ᠎ᠠ ᠶᠢᠨ | ᠠᠷᠠᠳ ᠢ ᠬᠠᠷᠠᠭᠠᠯᠵᠠᠬᠤ ᠪᠤᠳᠠᠳᠤ ᠶᠠᠪᠤᠳᠠᠯ ᠢ ᠴᠦᠮ ᠨᠠᠶᠢᠳᠠᠪᠤᠷᠢᠵᠢᠭᠤᠯᠪᠠ᠃ ᠰᠢᠨ᠎ᠠ ᠪᠠᠷ ᠨᠡᠮᠡᠭᠳᠡᠭᠰᠡᠨ ᠬᠤᠳᠠ ᠪᠠᠯᠭᠠᠰᠤ ᠶᠢᠨ ᠠᠵᠢᠯ ᠤᠯᠤᠭᠰᠠᠳ 3.3 | ᠲᠦᠮᠠᠨ ᠬᠦᠮᠦᠨ ᠳᠤ ᠬᠦᠷᠴᠤ᠂ ᠬᠤᠳᠠ ᠪᠠᠯᠭᠠᠰᠤ ᠶᠢᠨ ᠲᠡᠩᠰᠡᠯᠡᠭᠤᠯᠤᠭᠰᠠᠨ ᠠᠵᠢᠯ ᠠᠯᠳᠠᠯᠳᠠ ᠶᠢᠨ ᠨᠤᠷᠮ᠎ᠠ ᠶᠢ 2.7% ᠶᠢᠨ ᠲᠤᠳᠤᠷ᠎ᠠ ᠬᠢᠵᠠᠭᠠᠷᠯᠠᠪᠠ᠃ | ᠠᠵᠤ ᠠᠬᠤᠶᠢᠯᠠᠯ ᠤᠨ ᠠᠵᠢᠯ ᠠᠴᠠ ᠪᠠᠨ ᠪᠠᠭᠤᠭᠰᠠᠳ ᠤᠨ ᠨᠠᠰᠤᠵᠢᠯ ᠤᠨ ᠮᠦᠡᠭᠬᠦ ᠶᠢ ᠬᠦᠮᠦᠨ ᠪᠦᠷᠢ ᠰᠠᠷ᠎ᠠ ᠶᠢᠨ 2265 ᠲᠦᠬᠦᠷᠢᠭ ᠠᠴᠠ | ᠲᠡᠭᠡᠭᠰᠢᠯᠡᠬᠦᠯᠦᠭᠡᠳ 2433 ᠲᠦᠬᠦᠷᠢᠭ ᠲᠤ ᠬᠦᠷᠭᠡᠵᠤ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠮᠦᠡᠭᠬᠦ ᠶᠢ ᠲᠤᠰᠪᠤᠷᠢ ᠬᠦᠮᠦᠨ ᠪᠦᠷᠢ | ᠰᠠᠷ᠎ᠠ ᠶᠢᠨ 550 ᠲᠦᠬᠦᠷᠢᠭ ᠪᠠ 310 ᠲᠦᠬᠦᠷᠢᠭ ᠲᠤ ᠬᠦᠷᠭᠡᠨ᠂ ᠬᠤᠳᠠ ᠬᠦᠳᠡᠭᠡ ᠶᠢᠨ ᠨᠠᠭᠠᠳᠤ ᠵᠠᠬ᠎ᠠ ᠶᠢᠨ ᠪᠠᠳᠤᠯᠠᠭ᠎ᠠ ᠶᠢᠨ ᠪᠠᠷᠢᠮᠵᠢᠶ᠎ᠠ ᠶᠢ ᠬᠦᠮᠦᠨ | ᠪᠦᠷᠢ ᠰᠠᠷ᠎ᠠ ᠶᠢᠨ 460 ᠲᠦᠬᠦᠷᠢᠭ ᠪᠠ 340 ᠲᠦᠬᠦᠷᠢᠭ ᠠᠴᠠ ᠲᠡᠭᠡᠭᠰᠢᠯᠡᠬᠦᠯᠦᠭᠡᠳ 480 ᠲᠦᠬᠦᠷᠢᠭ ᠪᠠ 390 ᠲᠦᠬᠦᠷᠢᠭ ᠲᠤ ᠬᠦᠷᠭᠡᠪᠠ᠃ 20 | ᠲᠦᠷᠦᠯ ᠤᠨ ᠬᠦᠨᠳᠤ ᠶᠡᠭᠡ ᠡᠪᠡᠳᠴᠢᠨ ᠢ ᠮᠠᠯᠵᠢᠬᠤ ᠲᠠᠷᠢᠶᠠᠯᠠᠬᠤ ᠤᠷᠤᠨ ᠤ ᠰᠢᠨ᠎ᠠ ᠬᠡᠯᠪᠡᠷᠢ ᠶᠢᠨ ᠬᠤᠷᠰᠢᠭᠰᠠᠨ ᠡᠮᠨᠡᠯᠭᠡ ᠶᠢᠨ ᠪᠠᠳᠤᠯᠠᠭ᠎ᠠ ᠶᠢᠨ ᠬᠦᠷᠢᠶ᠎ᠠ | ᠬᠡᠪᠴᠢᠶᠠᠠ ᠳᠤ ᠤᠷᠤᠭᠤᠯᠵᠤ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠡᠮᠨᠡᠯᠭᠡ ᠶᠢᠨ ᠲᠠᠭᠠᠳᠬᠠᠯ ᠤᠨ ᠬᠦᠮᠦᠨ ᠲᠤᠮᠳᠠᠴᠢ ᠴᠤᠭᠯᠠᠭᠤᠯᠬᠤ ᠪᠠᠯᠠ | ᠮᠦᠡᠭᠬᠦ ᠶᠢᠨ ᠪᠠᠷᠢᠮᠵᠢᠶ᠎ᠠ ᠶᠢ ᠲᠤᠰᠪᠤᠷᠢ 563 ᠲᠦᠬᠦᠷᠢᠭ ᠪᠠ 574 ᠲᠦᠬᠦᠷᠢᠭ ᠲᠤ ᠬᠦᠷᠭᠡᠵᠤ᠂ ᠲᠡᠩᠰᠡ ᠲᠠᠶᠢᠯᠬᠤ ᠬᠠᠮᠤᠭ ᠦᠨᠳᠤᠷ ᠬᠢᠵᠠᠭᠠᠷ ᠱᠤᠭᠤᠮ ᠢ | ᠲᠡᠭᠡᠭᠰᠢᠯᠡᠬᠦᠯᠦᠭᠡᠳ 20 ᠲᠦᠮᠠᠨ ᠲᠦᠬᠦᠷᠢᠭ ᠲᠤ ᠬᠦᠷᠭᠡᠪᠠ᠃ ᠪᠦᠬᠦ ᠬᠤᠳᠠ ᠶᠢ ᠪᠦᠷᠬᠦᠭᠰᠡᠨ ᠨᠡᠶᠢᠬᠡᠮ ᠤᠨ ᠪᠠᠳᠣᠯᠠᠭ᠎ᠠ ᠶᠢᠨ ᠰᠢᠰᠲ᠋ᠧᠮᠵᠢ ᠶᠢ ᠦᠨᠳᠦᠰᠦᠨ | ᠳᠡᠭᠡᠨ ᠪᠠᠶᠢᠭᠤᠯᠪᠠ᠃ ᠰᠢᠮ᠎ᠠ ᠲᠡᠵᠢᠭᠡᠯᠳᠤ ᠦᠷᠯᠦᠭᠡ ᠶᠢᠨ ᠬᠤᠭᠤᠯᠠ ᠶᠢᠨ ᠢᠨᠵᠧᠨᠧᠷᠢᠩ ᠢ ᠪᠦᠬᠦ ᠲᠠᠯ᠎ᠠ ᠪᠠᠷ ᠬᠡᠷᠡᠭᠵᠢᠬᠦᠯᠵᠤ᠂ 14.5 ᠲᠦᠮᠠᠨ ᠪᠠᠭ᠎ᠠ | ᠰᠤᠷᠭᠠᠭᠤᠯᠢ ᠶᠢᠨ ᠰᠤᠷᠤᠭᠴᠢ ᠪᠠ ᠬᠡᠦᠭᠡᠳ ᠠᠰᠢᠭ ᠬᠦᠷᠳᠡᠪᠠ᠃ ᠮᠠᠯᠵᠢᠬᠤ ᠲᠠᠷᠢᠶᠠᠯᠠᠬᠤ ᠤᠷᠤᠨ ᠤ ᠪᠠᠭᠰᠢ ᠨᠠᠷ ᠲᠤ ᠬᠦᠮᠦᠨ ᠪᠦᠷᠢ ᠵᠢᠯ ᠪᠤᠯᠭᠠᠨ ᠳᠤ ᠲᠦᠮᠠᠨ | ᠲᠦᠬᠦᠷᠢᠭ ᠤᠨ ᠨᠦᠬᠦᠪᠦᠷᠢ ᠦᠭᠪᠠ᠃ ᠪᠤᠴᠠᠭᠠᠨ ᠬᠤᠳᠠᠯᠳᠤᠨ ᠠᠪᠤᠭᠰᠠᠨ ᠪᠠ ᠰᠢᠨ᠎ᠠ ᠪᠠᠷ ᠪᠠᠶᠢᠭᠤᠯᠤᠭᠰᠠᠨ ᠪᠠᠳᠤᠯᠠᠭ᠎ᠠ ᠶᠢᠨ ᠴᠢᠨᠠᠷᠳᠠᠢ ᠤᠷᠤᠨ ᠰᠠᠭᠤᠴᠠ | 10770 ᠬᠦᠷᠴᠤ᠂ ᠬᠠᠳᠤᠨ ᠭᠤᠤᠯ ᠤᠨ ᠨᠠᠪᠴᠢᠬᠦ ᠤᠷᠤᠨ ᠵᠡᠷᠭᠡ ᠮᠠᠯᠵᠢᠬᠤ ᠲᠠᠷᠢᠶᠠᠯᠠᠬᠤ ᠤᠷᠤᠨ ᠤ 4750 ᠡᠷᠦᠭᠡ ᠶᠢᠨ ᠨᠤᠷᠠᠬᠤ ᠠᠶᠤᠯ ᠲᠠᠢ ᠬᠠᠭᠤᠴᠢᠨ | ᠬᠡᠷ ᠪᠠᠶᠢᠰᠢᠩ ᠢ ᠦᠭᠡᠷᠡᠴᠢᠯᠡᠵᠠᠢ᠃ 612 ᠺᠢᠯᠤᠮᠧᠲᠷ ᠤᠨ ᠭᠠᠴᠠᠭ᠎ᠠ ᠲᠤᠰᠬᠤᠨ ᠳᠤ ᠨᠠᠪᠳᠠᠷᠡᠬᠦ ᠵᠠᠰᠠᠮᠠᠯ ᠵᠠᠮ ᠢ ᠦᠭᠡᠷᠡᠴᠢᠯᠠᠨ ᠪᠠᠶᠢᠭᠤᠯᠵᠤ᠂ 8000 | ᠮᠠᠯᠴᠢᠨ ᠲᠠᠷᠢᠶᠠᠴᠢᠨ ᠤ ᠴᠠᠬᠢᠯᠭᠠᠨ ᠬᠡᠷᠡᠭᠯᠡᠬᠦ ᠪᠠ 5.8 ᠲᠦᠮᠠᠨ ᠬᠦᠮᠦᠨ ᠤ ᠤᠤᠭᠤᠬᠤ ᠤᠰᠤᠨ ᠤ ᠠᠶᠤᠯ ᠦᠭᠡᠢ ᠶᠢᠨ ᠠᠰᠠᠭᠤᠳᠠᠯ ᠢ ᠰᠢᠢᠳᠪᠦᠷᠢᠯᠡᠵᠡᠢ᠃ | 2.6 ᠲᠦᠮᠠᠨ ᠶᠠᠳᠠᠭᠤ ᠬᠦᠴᠢᠷᠳᠡᠯᠳᠡᠢ ᠬᠦᠮᠦᠨ ᠠᠮᠠ ᠶᠢ ᠲᠤᠭᠳᠠᠭᠤᠨ ᠢᠶᠠᠷ ᠶᠠᠳᠠᠭᠤ ᠠᠴᠠ ᠠᠩᠬᠢᠵᠢᠷᠠᠭᠤᠯᠪᠠ᠃ ᠠᠮᠢ ᠠᠬᠤᠢ ᠶᠢᠨ ᠨᠡᠭᠦᠳᠡᠯ ᠠᠷᠠᠳ ᠲᠤ | ᠠᠮᠢᠳᠣᠷᠠᠯ ᠤᠨ ᠨᠦᠬᠦᠪᠦᠷᠢ ᠣᠯᠭᠤᠬᠤ ᠵᠢᠯ ᠤᠨ ᠬᠢᠵᠠᠭᠠᠷ ᠢ 5 ᠵᠢᠯ ᠠᠴᠠ ᠣᠷᠳᠣᠳᠬᠠᠨ 8 ᠵᠢᠯ ᠪᠣᠯᠭᠠᠪᠠ᠃ ᠬᠤᠳᠠ ᠬᠦᠳᠡᠭᠡ ᠶᠢᠨ ᠰᠠᠭᠤᠭᠠᠯᠢ ᠠᠷᠠᠳ ᠤᠨ | ᠤᠷᠤᠯᠭ᠎ᠠ ᠲᠤᠰᠪᠤᠷᠢ 9% ᠪᠠ 11% ᠪᠠᠷ ᠨᠡᠮᠡᠭᠳᠡᠵᠤ᠂ 36123 ᠲᠦᠬᠦᠷᠢᠭ ᠪᠠ 12672 ᠲᠦᠬᠦᠷᠢᠭ ᠲᠤ ᠬᠦᠷᠪᠠ᠃ | ︵ᠲᠦᠷᠪᠠ︶ ᠬᠤᠳᠠ ᠬᠦᠳᠡᠭᠡ ᠶᠢ ᠨᠢᠭᠡᠳᠤᠯᠳᠡᠢ ᠲᠦᠯᠦᠪᠵᠢᠬᠦᠯᠦᠨ ᠬᠦᠭᠵᠢᠬᠦᠯᠬᠦ ᠠᠯᠬᠤᠴᠠ ᠲᠦᠷᠭᠡᠳᠪᠡ᠃ ᠬᠤᠳᠠ ᠶᠢᠨ ᠦᠢᠯᠡᠴᠢᠯᠡᠭᠡᠨ ᠤ ᠴᠢᠳᠠᠪᠬᠢ | ᠴᠢᠨᠠᠭᠰᠢᠳᠠ ᠲᠡᠬᠦᠯᠳᠡᠷᠵᠢᠵᠤ᠂ ᠭᠤᠤᠯᠳᠠᠯᠭᠠᠳᠤ ᠬᠤᠳᠠ ᠶᠢᠨ ᠲᠤᠭᠤᠷᠢᠭ ᠤᠨ ᠰᠠᠭᠤᠷᠢ ᠲᠦᠬᠦᠭᠡᠷᠦᠮᠵᠢ ᠲᠦᠷᠭᠡᠨ ᠢᠶᠠᠷ ᠨᠡᠶᠢᠯᠡᠨ ᠠᠪᠤᠴᠠᠯᠳᠤᠵᠤ᠂ ᠳ᠋ᠦᠡᠭᠱᠸᠡᠭ | ᠠᠴᠠ ᠬᠢᠶ᠎ᠠ ᠪᠠᠭᠰᠢ ᠬᠦᠷᠭᠦ ᠲᠦᠷᠭᠡᠨ ᠬᠤᠷᠳᠤᠴᠠᠳᠤ ᠵᠠᠰᠠᠮᠠᠯ ᠵᠠᠮ ᠢ ᠦᠭᠡᠷᠡᠴᠢᠯᠡᠨ ᠦᠷᠭᠡᠳᠭᠡᠬᠦ ᠭᠤᠤᠯ ᠴᠤᠭᠴᠠ ᠶᠢᠨ ᠪᠠᠷᠢᠯᠭ᠎ᠠ ᠲᠠᠭᠤᠰᠴᠤ᠂ ᠨᠢᠰᠭᠡᠯ ᠤᠨ | ᠪᠠᠭᠤᠳᠠᠯ ᠤᠨ ᠲᠡᠭᠡᠳᠤ ᠬᠤᠷᠳᠤᠴᠠᠳᠤ ᠵᠠᠰᠠᠮᠠᠯ ᠵᠠᠮ᠂ ᠬᠤᠳᠠ ᠶᠢᠨ ᠪᠠᠶ᠎ᠠ ᠶᠢᠨ ᠲᠠᠮᠢᠷ ᠤᠨ ᠲᠦᠪ ᠵᠡᠷᠭᠡ ᠭᠤᠤᠯᠳᠠᠯᠭ᠎ᠠ ᠲᠠᠢ ᠪᠦᠳᠦᠭᠡᠨ ᠪᠠᠶᠢᠭᠤᠯᠤᠯᠳᠠ ᠶᠢᠨ | ᠲᠦᠷᠦᠯ ᠵᠦᠢᠯ ᠤᠨ ᠠᠬᠢᠴᠠ ᠢᠯᠭᠤᠮ ᠪᠠᠶᠢᠨ᠎ᠠ᠃ ᠪᠦᠬᠦ ᠬᠤᠳᠠ ᠪᠠᠷ ᠢᠶᠠᠨ ᠬᠤᠳᠠ ᠶᠢᠨ ᠶᠠᠪᠤᠳᠠᠯ ᠤᠨ ᠰᠠᠭᠤᠷᠢ ᠲᠦᠬᠦᠭᠡᠷᠦᠮᠵᠢ ᠪᠠ ᠴᠡᠴᠡᠷᠯᠢᠭᠵᠢᠬᠦᠯᠦᠯᠳᠠ | ᠨᠤᠭᠤᠭᠠᠷᠠᠭᠤᠯᠤᠯᠳᠠ ᠶᠢᠨ ᠪᠠᠯᠠ ᠤᠷᠤᠭᠤᠯᠤᠯᠳᠠ ᠶᠢ 106 ᠳ᠋ᠦᠡᠭᠰᠢᠭᠤᠷ ᠲᠦᠬᠦᠷᠢᠭ ᠪᠡᠶᠡᠯᠡᠬᠦᠯᠵᠤ᠂ ᠰᠢᠨ᠎ᠠ ᠪᠠᠷ ᠨᠡᠮᠡᠭᠳᠡᠭᠰᠡᠨ ᠬᠤᠳᠠ ᠶᠢᠨ ᠨᠤᠭᠤᠭᠠᠨ ᠭᠠᠵᠠᠷ | ᠤᠨ ᠲᠠᠯᠠᠪᠠᠢ 2600 ᠲᠦᠮᠠᠨ ᠲᠡᠭᠰᠢ ᠲᠦᠷᠪᠡᠯᠵᠢᠨ ᠮᠧᠲᠷ ᠲᠤ ᠬᠦᠷᠪᠠ᠃ ᠬᠤᠰᠢᠭᠤᠨ ᠤ ᠵᠠᠰᠠᠭ ᠤᠨ ᠣᠷᠳᠣᠨ ᠤ ᠪᠠᠶᠢᠭ᠎ᠠ ᠭᠠᠵᠠᠷ ᠤᠨ ᠬᠤᠳᠠ | ᠪᠠᠯᠭᠠᠰᠣᠵᠢᠯᠳᠠ ᠶᠢᠨ ᠪᠦᠲᠦᠬᠡᠨ ᠪᠠᠶᠢᠭᠤᠯᠣᠯᠳᠠ ᠶᠢ ᠡᠮᠬᠢ ᠵᠢᠷᠣᠮ ᠲᠠᠢ ᠠᠬᠢᠭᠤᠯᠵᠣ᠂ 7 ᠭᠤᠣᠯᠳᠠᠯᠭ᠎ᠠ ᠲᠠᠢ ᠰᠤᠮᠤ ᠰᠢᠶᠠᠩ ᠪᠠᠯᠭᠠᠰᠤᠨ ᠤ ᠪᠦᠳᠦᠭᠡᠨ | ᠪᠠᠶᠢᠭᠤᠯᠤᠯᠳᠠ ᠶᠢᠨ ᠪᠠᠷᠢᠯᠭ᠎ᠠ ᠶᠢ ᠡᠬᠢᠯᠡᠬᠦᠯᠪᠠ᠃ ᠰᠢᠨ᠎ᠠ ᠮᠠᠯᠵᠢᠬᠤ ᠲᠠᠷᠢᠢᠶᠠᠯᠠᠬᠤ ᠤᠷᠤᠨ ᠤ ᠪᠦᠳᠦᠭᠡᠨ ᠪᠠᠶᠢᠭᠤᠯᠤᠯᠳᠠ ᠶᠢᠨ ᠭᠦᠴᠦᠯᠡᠴᠡ ᠶᠢ ᠨᠡᠮᠡᠭᠳᠡᠭᠦᠯᠵᠣ᠂ | 9 ᠭᠤᠤᠯᠳᠠᠯᠭᠠᠳᠤ ᠰᠠᠭᠤᠭᠠᠯᠢ ᠠᠷᠠᠳ ᠤᠨ ᠴᠡᠭ ᠢ ᠪᠠᠶᠢᠭᠤᠯᠤᠨ ᠪᠦᠳᠦᠭᠡᠵᠤ᠂ ᠤᠳᠤᠭ ᠤᠨ ᠡᠮᠤᠨᠡᠳᠤ ᠬᠤᠰᠢᠭᠤᠨ ᠤ ᠬᠤᠳᠠ ᠬᠦᠳᠡᠭᠡ ᠶᠢ ᠨᠢᠭᠡᠳᠤᠯᠳᠠᠢ | ᠲᠦᠯᠦᠪᠵᠢᠬᠦᠯᠬᠦ᠂ ᠬᠠᠨᠭ᠍ᠬᠢᠨ ᠬᠤᠰᠢᠭᠤᠨ ᠤ ᠶᠡᠳᠡᠭᠤ ᠶᠢ ᠲᠡᠳᠬᠦᠨ ᠨᠡᠭᠡᠭᠡᠯᠳᠠ ᠬᠢᠬᠦ᠂ ᠲᠠᠯᠠᠳ ᠬᠤᠰᠢᠭᠤᠨ ᠤ ᠰᠢᠶᠠᠨ ᠪᠦᠰᠠ ᠶᠢᠨ ᠠᠵᠤ ᠠᠬᠤᠢ ᠶᠢᠨ | ᠬᠦᠭᠵᠢᠯᠳᠠ ᠶᠢᠨ ᠵᠢᠱᠢᠶ᠎ᠠ ᠦᠵᠡᠬᠦᠯᠬᠦ ᠤᠷᠤᠨ ᠤ ᠪᠦᠳᠦᠭᠡᠨ ᠪᠠᠶᠢᠭᠤᠯᠤᠯᠳᠠ ᠶᠢᠨ ᠠᠯᠬᠤᠴᠠ ᠲᠦᠷᠭᠡᠳᠪᠠ᠃ | ︵ᠲᠠᠪᠤ︶ ᠠᠮᠢ ᠠᠬᠤᠢ ᠪᠠ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢᠨ ᠬᠦᠴᠦᠯᠡᠴᠠ ᠨᠡᠮᠡᠭᠳᠡᠪᠠ᠃ ᠦᠷᠭᠡᠨ ᠬᠡᠪᠴᠢᠶᠡᠨ ᠤ | ᠭᠤᠤᠯᠳᠠᠯᠭ᠎ᠠ ᠲᠠᠢ ᠤᠷᠤᠨ ᠪᠦᠰᠠ ᠶᠢᠨ ᠨᠤᠭᠤᠭᠠᠷᠠᠭᠤᠯᠤᠯᠳᠠ ᠪᠠ ᠠᠯᠪᠠᠨ ᠵᠢᠷᠤᠮ ᠢᠶᠠᠷ ᠮᠤᠳᠤ ᠲᠠᠷᠢᠬᠤ ᠠᠵᠢᠯᠯᠠᠭ᠎ᠠ ᠶᠢ ᠦᠷᠨᠢᠬᠦᠯᠵᠤ᠂ ᠤᠢ ᠰᠢᠭᠤᠢ ᠠᠮᠢ | ᠠᠬᠤᠢ ᠶᠢᠨ ᠪᠦᠳᠦᠭᠡᠨ ᠪᠠᠶᠢᠭᠤᠯᠤᠯᠳᠠ ᠶᠢ 166.2 ᠲᠦᠮᠠᠨ ᠮᠤ᠋ ᠪᠡᠶᠡᠯᠡᠬᠦᠯᠵᠤ᠂ 370 ᠲᠦᠮᠠᠨ ᠮᠣ᠋ ᠪᠠᠯᠴᠢᠭᠡᠷ ᠲᠤ ᠮᠠᠯ ᠪᠡᠯᠴᠢᠭᠡᠷᠯᠡᠬᠦᠯᠬᠦ ᠶᠢ ᠵᠤᠭᠰᠤᠭᠠᠨ | ᠡᠪᠡᠰᠤ ᠲᠠᠷᠢᠵᠤ᠂ 180.9 ᠲᠦᠮᠠᠨ ᠮᠤ᠋ ᠶᠢᠨ ᠬᠦᠷᠦᠰᠤ ᠰᠢᠷᠤᠢ ᠶᠢᠨ ᠢᠳᠡᠭᠳᠡᠯ ᠳᠤ ᠵᠠᠰᠠᠯᠳᠠ ᠬᠢᠪᠠ᠃ ᠮᠠᠨ ᠤ ᠬᠤᠳᠠ ︽ᠪᠦᠬᠦ ᠤᠯᠤᠰ ᠤᠨ | ᠨᠤᠭᠤᠭᠤᠷᠠᠭᠤᠯᠤᠯᠳᠠ ᠶᠢᠨ ᠵᠢᠱᠢᠶᠠᠴᠢ ᠬᠤᠳᠠ︾ ᠪᠠᠷ ᠦᠨᠡᠯᠡᠭᠳᠡᠪᠠ᠃ ᠡᠨᠧᠷᠬᠢ ᠠᠷᠪᠢᠯᠠᠨ ᠭᠠᠳᠠᠭᠰᠢᠯᠠᠭᠤᠯᠤᠯ ᠢ ᠪᠠᠭᠠᠰᠬᠠᠬᠤ ᠬᠦᠴᠦᠯᠡᠴᠠ ᠶᠢ ᠨᠡᠮᠡᠭᠳᠡᠬᠦᠯᠵᠤ᠂ | ᠦᠪᠡᠷᠳᠡᠭᠡᠨ ᠵᠠᠰᠠᠬᠤ ᠤᠷᠤᠨ ᠠᠴᠠ ᠪᠠᠭᠤᠯᠭᠠᠭᠰᠠᠨ ᠭᠠᠳᠠᠭᠰᠢᠯᠠᠭᠤᠯᠤᠯ ᠢ ᠪᠠᠭᠠᠰᠬᠠᠬᠤ ᠡᠬᠦᠷᠭᠡ ᠶᠢ ᠪᠡᠶᠡᠯᠡᠬᠦᠯᠵᠤ᠂ ᠲᠦᠮᠠᠨ ᠲᠦᠬᠦᠷᠢᠭ ᠤᠨ GDP ᠤᠨ | ᠡᠨᠧᠷᠬᠢ ᠶᠢᠨ ᠬᠤᠷᠤᠭᠳᠠᠯ 3.43% ᠪᠠᠷ ᠪᠠᠭᠤᠷᠠᠪᠠ᠃ ᠵᠠᠮ ᠬᠠᠷᠢᠯᠴᠠᠭ᠎ᠠ ᠶᠢᠨ 33 ᠴᠢᠬᠤᠯᠠ ᠲᠤᠮᠤ ᠲᠦᠷᠦᠯ ᠵᠦᠢᠯ ᠢ ᠬᠡᠷᠡᠭᠵᠢᠬᠦᠯᠵᠤ᠂ ᠵᠡᠬᠦᠨᠭᠠᠷ ᠠᠴᠠ | ᠰᠢᠩ ᠡᠾᠧ ᠬᠦᠷᠭᠦ ᠬᠦᠨᠳᠤ ᠠᠴᠢᠶ᠎ᠠ ᠲᠡᠭᠡᠭᠡᠪᠦᠷᠢ ᠶᠢᠨ ᠲᠡᠭᠡᠳᠤ ᠬᠤᠷᠲᠤᠴᠠᠳᠤ ᠵᠠᠰᠠᠮᠠᠯ ᠵᠠᠮ᠂ ᠴᠠᠭᠠᠠᠨᠠᠭᠤᠷ ᠠᠴᠠ ᠤᠯᠵᠠᠴᠢ ᠪᠠᠯᠭᠠᠰᠤ ᠬᠦᠷᠬᠦ ᠨᠢᠭᠡᠳᠦᠭᠡᠷ ᠲᠠᠰ | ᠤᠨ ᠵᠠᠰᠠᠮᠠᠯ ᠵᠠᠮ ᠪᠠ ᠡᠮᠤᠨᠡᠳᠤ ᠬᠡᠰᠡᠭ᠂ ᠪᠠᠷᠳᠣ ᠶᠢᠨ ᠲᠣᠬᠤᠢ ᠠᠴᠠ ᠵᠡᠬᠦᠨᠭᠠᠷ ᠬᠦᠷᠭᠦ ᠲᠠᠮᠤᠷ ᠵᠠᠮ ᠤᠨ ᠲᠦᠷᠦᠯ ᠵᠦᠢᠯ ᠪᠠᠶᠢᠭᠤᠯᠤᠭᠳᠠᠨ ᠲᠠᠷᠭᠡ ᠨᠠᠪᠳᠠᠷᠠᠵᠤ᠂ | ᠨᠢᠰᠭᠡᠯ ᠤᠨ ᠪᠠᠭᠤᠳᠠᠯ ᠤᠨ ᠨᠢᠰᠭᠡᠯ ᠬᠦᠯᠢᠶᠡᠬᠦ ᠰᠢᠨ᠎ᠠ ᠠᠰᠠᠷ ᠪᠠ ᠪᠤᠭᠤᠳᠤ ᠠᠴᠠ ᠰᠢ ᠠᠨ ᠬᠦᠷᠭᠦ ᠲᠠᠮᠤᠷ ᠵᠠᠮ ᠤᠨ ᠳ᠋ᠦᠡᠭᠱᠸᠡᠭ ᠤᠨ ᠪᠠᠷᠠᠭᠤᠨ ᠦᠷᠳᠡᠭᠡ | ᠡᠷᠬᠢᠯᠳᠠ ᠡᠵᠡᠩᠨᠡᠯᠳᠠ ᠳᠤ ᠤᠷᠤᠵᠤ᠂ ᠰᠢᠨ᠎ᠠ ᠪᠠᠷ ᠨᠡᠮᠡᠭᠳᠡᠭᠰᠡᠨ ᠲᠡᠬᠡᠳᠣ ᠵᠡᠷᠭᠡ ᠲᠡᠰ ᠤᠨ ᠵᠠᠰᠠᠮᠠᠯ ᠵᠠᠮ 370 ᠺᠢᠯᠤᠮᠧᠲᠷ᠂ ᠲᠠᠮᠤᠷ ᠵᠠᠮ 296 ᠺᠢᠯᠤᠮᠧᠲᠷ | ᠲᠤ ᠬᠦᠷᠪᠠ᠃ ᠬᠠᠳᠤᠨ ᠭᠤᠤᠯ ᠤᠨ ᠦᠨᠳᠤᠷ ᠪᠠᠷᠢᠮᠵᠢᠶᠠᠳᠤ ᠲᠠᠯᠠᠩ ᠬᠠᠰᠢᠯᠭ᠎ᠠ ᠶᠢ ᠰᠢᠨ᠎ᠠ ᠪᠠᠷ 115 ᠺᠢᠯᠤᠮᠧᠲᠷ ᠪᠦᠳᠦᠭᠡᠨ ᠪᠠᠶᠢᠭᠤᠯᠵᠤ᠂ ᠬᠠᠳᠠᠭᠤ | ᠴᠠᠶᠢᠳᠠᠮ᠂ ᠮᠸᠡᠭ ᠰᠢ ᠵᠡᠷᠭᠡ ᠤᠰᠤ ᠬᠠᠨᠭ᠍ᠭᠠᠬᠤ ᠪᠠᠷᠢᠯᠭ᠎ᠠ ᠪᠠᠶᠢᠭᠤᠯᠤᠭᠳᠠᠨ ᠠᠰᠢᠭᠯᠠᠯᠳᠠ ᠳᠤ ᠤᠷᠤᠵᠤ᠂ ᠬᠤᠳᠠ ᠪᠠ ᠠᠵᠤ ᠦᠢᠯᠡᠳᠪᠤᠷᠢ ᠶᠢᠨ ᠤᠰᠤ | ᠬᠠᠨᠭ᠍ᠭᠠᠯᠭ᠎ᠠ ᠶᠢᠨ ᠬᠡᠮᠵᠢᠶ᠎ᠠ ᠰᠢᠨ᠎ᠠ ᠪᠠᠷ 3000 ᠲᠦᠮᠠᠨ ᠪᠤᠰᠤᠭ᠎ᠠ ᠲᠦᠷᠪᠠᠯᠵᠢᠨ ᠮᠧᠲᠷ ᠨᠡᠮᠡᠭᠳᠡᠪᠠ᠃ 110 ᠺᠢᠯᠤᠸᠤᠯᠲ ᠠᠴᠠ ᠲᠡᠭᠡᠭᠰᠢᠬᠢ ᠴᠠᠬᠢᠯᠭᠠᠨ | ᠬᠤᠪᠢᠰᠬᠠᠨ ᠲᠠᠮᠵᠢᠭᠤᠯᠬᠤ ᠤᠳᠠᠰᠤ ᠶᠢ ᠰᠢᠨ᠎ᠠ ᠪᠠᠷ 169 ᠺᠢᠯᠤᠮᠧᠲᠷ ᠪᠠᠶᠢᠭᠤᠯᠵᠤ᠂1.2 ᠲᠦᠮᠡᠨ ᠺᠢᠯᠤᠮᠧᠲᠷ ᠤᠨ ᠲᠠᠷᠢᠶᠠᠯᠠᠩ ᠤᠨ ᠴᠠᠬᠢᠯᠭᠠᠨ ᠲᠤᠤᠷ ᠢ | ᠦᠭᠡᠷᠡᠴᠢᠯᠡᠵᠤ᠂ ᠮᠠᠯᠵᠢᠬᠤ ᠲᠠᠷᠢᠶᠠᠯᠠᠬᠤ ᠤᠷᠤᠨ ᠤ ᠡᠷᠦᠭᠡ ᠪᠦᠷᠢ ᠳᠤ ᠴᠠᠬᠢᠯᠭᠠᠨ ᠨᠠᠪᠳᠡᠷᠡᠬᠦᠯᠬᠦ ᠶᠢ ᠪᠡᠶᠡᠯᠡᠬᠦᠯᠪᠠ᠃ | ︵ᠵᠢᠷᠭᠤᠭ᠎ᠠ︶ ᠨᠡᠶᠢᠭᠡᠮ ᠤᠨ ᠠᠵᠢᠯ ᠦᠢᠯᠡᠰ ᠤᠨ ᠬᠦᠭᠵᠢᠯᠳᠠ ᠲᠦᠷᠭᠡᠨ ᠲᠠᠪᠰᠢᠯᠳᠠ ᠲᠠᠢ ᠪᠤᠯᠪᠠ᠃ ᠪᠠᠭᠰᠢ ᠶᠢᠨ ᠡᠩᠨᠡᠭᠡᠨ ᠪᠠᠶᠢᠭᠤᠯᠤᠯᠳᠠ ᠶᠢ | ᠴᠢᠩᠭᠠᠳᠬᠠᠵᠤ᠂ ᠰᠠᠭᠤᠷᠢ ᠰᠤᠷᠭᠠᠨ ᠬᠦᠮᠦᠵᠢᠯ ᠤᠨ ᠪᠦᠬᠦᠯᠢ ᠴᠤᠭᠴᠠ ᠶᠢᠨ ᠬᠦᠭᠵᠢᠯᠳᠠ ᠶᠢᠨ ᠬᠢᠷᠢ ᠲᠦᠪᠰᠢᠨ ᠪᠦᠬᠦ ᠤᠷᠤᠨ ᠤ ᠲᠡᠷᠢᠬᠦᠨ ᠡᠩᠨᠡᠭᠡᠨ ᠳᠤ | ᠤᠷᠤᠪᠠ᠃ ᠰᠢᠨ᠎ᠠ ᠪᠠᠷ ᠪᠤᠶᠤ ᠦᠬᠡᠷᠡᠴᠢᠯᠡᠨ ᠦᠷᠭᠡᠳᠭᠡᠨ ᠪᠠᠶᠢᠭᠤᠯᠤᠭᠰᠠᠨ ᠬᠡᠦᠭᠡᠳ ᠤᠨ ᠴᠡᠴᠡᠷᠯᠢᠭ 40᠂ ᠲᠤᠮᠳᠠᠳᠤ ᠪᠠᠭ᠎ᠠ ᠰᠤᠷᠭᠠᠭᠤᠯᠢ 9 ᠪᠠᠶᠢᠨ᠎ᠠ᠃ | ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠤᠷᠳᠤᠰ ᠲᠡᠭᠡᠳᠤ ᠰᠤᠷᠭᠠᠭᠤᠯᠢ ᠶᠢᠨ ᠬᠤᠶᠠᠳᠤᠭᠠᠷ ᠬᠤᠭᠤᠴᠠᠭᠠᠨ ᠤ ᠪᠠᠷᠢᠯᠭ᠎ᠠ᠂ ᠠᠮᠢ ᠠᠬᠤᠢ ᠶᠢᠨ ᠤᠷᠴᠢᠨ | ᠲᠤᠭᠤᠷᠢᠨ ᠤ ᠠᠵᠢᠯ ᠮᠡᠷᠭᠡᠵᠢᠯ ᠤᠨ ᠲᠡᠭᠡᠳᠤ ᠰᠤᠷᠭᠠᠭᠤᠯᠢ ᠶᠢᠨ ᠰᠢᠨ᠎ᠠ ᠰᠤᠷᠭᠠᠭᠤᠯᠢ ᠶᠢᠨ ᠲᠤᠭᠤᠷᠢᠭ ᠪᠠᠶᠢᠭᠤᠯᠤᠭᠳᠠᠨ ᠠᠰᠢᠭᠯᠠᠯᠳᠠ ᠳᠤ ᠤᠷᠤᠪᠠ᠃ ᠰᠢᠨ᠎ᠠ | ᠪᠠᠷ ᠪᠠᠶᠢᠭᠤᠯᠤᠭᠰᠠᠨ ᠤᠯᠤᠰ ᠪᠠ ᠦᠪᠡᠷᠳᠡᠭᠡᠨ ᠵᠠᠰᠠᠬᠤ ᠤᠷᠤᠨ ᠤ ᠭᠤᠤᠯᠳᠠᠯᠭ᠎ᠠ ᠲᠠᠢ ᠲᠤᠷᠰᠢᠯᠳᠠ ᠶᠢᠨ ᠲᠠᠰᠤᠭ 2᠂ ᠠᠺᠠᠳᠧᠮᠢᠴᠢ ᠶᠢᠨ ᠠᠵᠢᠯᠯᠠᠬᠤ ᠦᠷᠳᠡᠭᠡ | 3᠂ ᠪᠠᠷᠢᠯᠭ᠎ᠠ ᠶᠢᠨ ᠮᠡᠷᠭᠡᠵᠢᠯ ᠤᠨ ᠰᠤᠳᠤᠯᠭᠠᠨ ᠤ ᠲᠦᠪ 2 ᠪᠠᠶᠢᠨ᠎ᠠ᠃ ᠬᠤᠳᠠ ᠶᠢᠨ ᠲᠡᠭᠡᠳᠤ ᠰᠢᠨ᠎ᠠ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠨᠢ | ᠤᠯᠤᠰ ᠤᠨ ᠴᠡᠪᠠᠷ ᠡᠨᠧᠷᠬᠢ ᠶᠢᠨ ᠤᠯᠠᠨ ᠤᠯᠤᠰ ᠤᠨ ᠰᠢᠨ᠎ᠠ ᠶᠢ ᠡᠬᠦᠳᠬᠦ ᠬᠦᠷᠢᠶᠡᠯᠡᠩ ᠢᠶᠠᠷ ᠵᠢᠬᠰᠠᠭᠠᠭᠳᠠᠪᠠ᠃ ᠦᠪᠦᠷ ᠮᠤᠩᠭᠤᠯ ᠤᠨ ︽ᠲᠠᠯ᠎ᠠ ᠨᠤᠳᠤᠭ | ᠤᠨ ᠰᠤᠳᠤᠨ ᠴᠢᠳᠠᠪᠤᠷᠢᠳᠠᠨ︾ ᠤ ᠲᠡᠭᠡᠳᠤ ᠲᠠᠪᠬᠤᠷᠭᠠᠨ ᠤ ᠴᠢᠳᠠᠪᠤᠷᠢᠳᠠᠨ ᠤ ᠬᠠᠮᠳᠤᠷᠠᠯᠴᠠᠭ᠎ᠠ ᠰᠤᠯᠢᠯᠴᠠᠭᠠᠨ ᠤ ᠬᠤᠷᠠᠯ ᠢ ᠡᠷᠬᠢᠯᠡᠵᠤ᠂ 35 ᠬᠠᠮᠳᠤᠷᠠᠨ | ᠠᠵᠢᠯᠯᠠᠬᠤ ᠪᠠᠶᠢᠭᠤᠯᠤᠮᠵᠢ ᠪᠠ ᠤᠯᠤᠰ ᠤᠨ ᠲᠤᠳᠤᠭᠠᠳᠤ ᠭᠠᠳᠠᠭᠠᠳᠤ ᠠᠴᠠ 162 ᠨᠠᠷᠠ ᠲᠡᠭᠡᠳᠤ ᠲᠠᠪᠬᠤᠷᠭᠠᠨ ᠤ ᠴᠢᠳᠠᠪᠤᠷᠢᠳᠠᠨ ᠤᠷᠤᠭᠤᠯᠪᠠ᠃ ᠰᠤᠶᠤᠯ ᠢᠶᠠᠷ | ᠠᠷᠠᠳ ᠢ ᠬᠠᠷᠠᠭᠠᠯᠵᠠᠬᠤ ᠢᠨᠵᠧᠨᠧᠷᠢᠩ ᠢ ᠬᠦᠨᠵᠡᠭᠡᠢ ᠠᠬᠢᠭᠤᠯᠵᠤ᠂ ᠮᠠᠨ ᠤ ᠬᠤᠳᠠ ᠪᠦᠬᠦ ᠤᠯᠤᠰ ᠤᠨ ᠠᠩᠬᠠᠳᠠᠭᠴᠢ ᠪᠦᠯᠦᠭ ᠤᠯᠤᠰ ᠤᠨ ᠤᠯᠠᠨ ᠨᠠᠶᠢᠳᠠ | ᠶᠢᠨ ᠰᠤᠶᠤᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠵᠢᠱᠢᠶ᠎ᠠ ᠦᠵᠡᠬᠦᠯᠬᠦ ᠤᠷᠤᠨ ᠪᠤᠯᠪᠠ᠃ ᠪᠦᠬᠦ ᠠᠷᠠᠳ ᠢᠶᠠᠷ ᠢᠶᠠᠨ ᠪᠡᠶ᠎ᠡ ᠪᠣᠯᠪᠠᠰᠣᠷᠠᠭᠤᠯᠬᠤ ᠲᠠᠮᠢᠷ ᠤᠨ | ᠬᠦᠳᠡᠯᠬᠡᠬᠡᠨ ᠢ ᠶᠡᠬᠡᠪᠡᠷ ᠦᠷᠨᠢᠭᠦᠯᠵᠣ᠂ ᠨᠡᠶᠢᠬᠡᠮ ᠲᠣᠭᠤᠷᠢᠭ ᠤᠨ ᠪᠡᠶ᠎ᠡ ᠪᠣᠯᠪᠠᠰᠣᠷᠠᠭᠤᠯᠬᠤ ᠠᠵᠢᠯᠯᠠᠭᠠᠨ ᠤ ᠲᠦᠪ ᠢ ᠰᠢᠨ᠎ᠡ ᠪᠠᠷ 12 ᠪᠠᠶᠢᠭᠤᠯᠪᠠ᠃ ᠡᠮᠨᠡᠯᠭᠡ | ᠶᠢᠨ ᠡᠬᠢ ᠪᠠᠶᠠᠯᠢᠭ ᠤᠨ ᠲᠤᠬᠢᠷᠠᠭᠤᠯᠤᠯᠳᠠ ᠶᠢ ᠰᠢᠯᠢᠳᠡᠭᠵᠢᠬᠦᠯᠵᠤ᠂ ᠬᠤᠰᠢᠭᠤ ᠰᠢᠶᠠᠩ ᠲᠤᠰᠬᠤᠨ ᠤ ᠡᠷᠡᠬᠦᠯ ᠬᠠᠮᠠᠭᠠᠯᠠᠯ ᠤᠨ ᠦᠢᠯᠡᠴᠢᠯᠡᠭᠡ ᠶᠢ ᠨᠢᠭᠡ | ᠴᠤᠭᠴᠠᠵᠢᠭᠤᠯᠬᠤ ᠬᠠᠮᠢᠶᠠᠷᠤᠯᠳᠠ ᠶᠢᠨ ᠵᠠᠭᠪᠤᠷ ᠢ ᠬᠡᠷᠡᠭᠵᠢᠬᠦᠯᠵᠤ᠂ ᠬᠤᠳᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ᠂ ᠠᠷᠠᠳ ᠤᠨ ᠭᠤᠷᠪᠠᠳᠤᠭᠠᠷ ᠡᠮᠨᠡᠯᠭᠡ | ᠶᠢᠨ ᠬᠤᠷᠢᠶ᠎ᠠ᠂ ᠡᠮᠡᠭᠳᠡᠶᠢᠴᠤᠳ ᠨᠢᠯᠬᠠᠰ ᠤᠨ ᠡᠷᠡᠬᠦᠯᠵᠢᠯ ᠤᠨ ᠬᠤᠷᠢᠶ᠎ᠠ ᠪᠠᠶᠢᠭᠤᠯᠤᠭᠳᠠᠨ ᠠᠰᠢᠭᠯᠠᠯᠳᠠ ᠳᠤ ᠤᠷᠤᠵᠤ᠂ ᠬᠤᠳᠠ ᠶᠢᠨ ᠠᠷᠠᠳ ᠤᠨ ᠡᠮᠨᠡᠯᠭᠡ | ᠶᠢᠨ ᠬᠤᠷᠢᠶ᠎ᠠ ᠪᠠ ᠬᠤᠳᠠ ᠶᠢᠨ ᠭᠤᠤᠯᠳᠠᠯᠭᠠᠳᠤ ᠡᠮᠨᠡᠯᠭᠡ ᠶᠢᠨ ᠬᠤᠷᠢᠶ᠎ᠠ᠂ ᠬᠤᠳᠠ ᠶᠢᠨ ᠬᠢᠳᠠᠳ ᠡᠮᠨᠡᠯᠭᠡ ᠶᠢᠨ ᠬᠤᠷᠢᠶ᠎ᠠ ᠪᠠ ᠬᠢᠶ᠎ᠠ ᠪᠠᠭᠰᠢ ᠶᠢᠨ ᠡᠮᠨᠡᠯᠭᠡ ᠶᠢᠨ | ᠬᠤᠷᠢᠶ᠎ᠠ ᠨᠢᠭᠡ ᠴᠤᠭᠴᠠᠵᠢᠭᠰᠠᠨ ᠡᠷᠬᠢᠯᠳᠠ ᠡᠵᠡᠩᠨᠡᠯᠳᠠ ᠶᠢ ᠪᠠᠶᠠᠯᠠᠬᠦᠯᠵᠤ᠂ ᠪᠠᠷᠢᠮᠵᠢᠶᠠᠴᠢᠯᠠᠭᠰᠠᠨ ᠡᠷᠡᠬᠦᠯ ᠬᠠᠮᠠᠭᠠᠯᠠᠯ ᠤᠨ ᠲᠡᠰᠤᠭ ᠢ 380 ᠪᠠᠶᠢᠭᠤᠯᠪᠠ᠃ | ᠬᠦᠮᠦᠨ ᠠᠮᠠ ᠪᠠ ᠲᠦᠯᠦᠪᠯᠡᠭᠡᠳᠡᠢ ᠪᠠᠷ ᠬᠡᠦᠭᠡᠳ ᠠᠪᠬᠤ ᠠᠵᠢᠯ ᠢ ᠴᠢᠩᠭᠠᠳᠬᠠᠵᠤ᠂ ᠬᠦᠮᠦᠨ ᠠᠮᠠ ᠶᠢᠨ ᠲᠦᠷᠦᠯᠳᠠ ᠶᠢᠨ ᠨᠤᠷᠮ᠎ᠠ ᠶᠢ 10.35‰ ᠲᠤᠳᠤᠷ᠎ᠠ | ᠬᠢᠵᠠᠭᠠᠷᠯᠠᠪᠠ᠃ | ︵ᠲᠤᠯᠤᠭ᠎ᠠ︶ ᠨᠡᠶᠢᠭᠡᠮ ᠤᠨ ᠬᠠᠮᠢᠶᠠᠷᠤᠯᠳᠠ ᠶᠢᠨ ᠬᠢᠷᠢ ᠲᠦᠪᠰᠢᠨ ᠲᠠᠰᠤᠷᠠᠯᠳᠠ ᠦᠭᠡᠢ ᠲᠡᠭᠡᠭᠰᠢᠯᠡᠪᠠ᠃ ᠠᠷᠠᠳ ᠤᠨ ᠵᠢᠭᠡᠯᠡᠯᠭᠡ᠂ ᠬᠡᠷ ᠪᠠᠶᠢᠰᠢᠩ | ᠭᠠᠵᠠᠷ ᠬᠦᠷᠦᠩᠭᠡ ᠪᠠ ᠵᠠᠰᠠᠭ ᠤᠨ ᠤᠷᠳᠤᠨ ᠤ ᠴᠢᠨᠠᠷᠳᠠᠢ ᠦᠷᠢ ᠰᠢᠷᠢ ᠶᠢᠨ ᠬᠦᠷᠢᠶ᠎ᠠ ᠬᠡᠪᠴᠢᠶᠠᠨ ᠤ ᠠᠶᠤᠯ ᠲᠦᠭᠰᠢᠬᠦᠷᠢ ᠶᠢ ᠰᠡᠷᠭᠡᠶᠢᠯᠡᠨ ᠡᠵᠡᠮᠰᠢᠬᠦ ᠶᠢ | ᠴᠢᠩᠭᠠᠳᠬᠠᠵᠤ᠂ ᠵᠠᠰᠠᠭ ᠤᠨ ᠤᠷᠳᠤᠨ ᠤ ᠴᠢᠨᠠᠷᠳᠠᠢ ᠦᠷᠢ ᠰᠢᠷᠢ ᠶᠢ ᠠᠷᠢᠯᠭᠠᠬᠤ᠂ ᠬᠠᠤᠯᠢ ᠪᠤᠰᠤ ᠪᠠᠷ ᠪᠠᠯᠠ ᠮᠦᠡᠭᠬᠦ ᠴᠤᠭᠯᠠᠭᠤᠯᠬᠤ ᠳᠤ ᠴᠤᠬᠢᠯᠳᠠ ᠦᠭᠬᠦ᠂ | ᠠᠪᠴᠠᠭ᠎ᠠ ᠦᠭᠴᠡᠭᠡ ᠶᠢ ᠲᠤᠯᠭᠠᠨ ᠤᠷᠤᠯᠠᠭᠤᠯᠬᠤ᠂ ᠲᠡᠸᠠᠷ ᠤᠨ ᠬᠡᠷ ᠪᠠᠶᠢᠰᠢᠩ ᠢ ᠪᠤᠴᠠᠭᠠᠨ ᠬᠤᠳᠠᠯᠳᠤᠨ ᠠᠪᠬᠤ ᠪᠤᠶᠤ ᠪᠦᠯᠬᠦᠮ ᠢᠶᠠᠷ ᠬᠤᠳᠠᠯᠳᠤᠨ ᠠᠪᠬᠤ | ᠵᠡᠷᠭᠡ ᠠᠷᠭ᠎ᠠ ᠬᠡᠮᠵᠢᠶ᠎ᠡ ᠪᠠᠷ ᠲᠠᠮᠵᠢᠨ ᠨᠢᠭᠡ ᠪᠦᠯᠦᠭ ᠠᠷᠠᠳ ᠤᠨ ᠵᠢᠭᠡᠯᠡᠯᠭᠡ ᠶᠢᠨ ᠬᠡᠷᠡᠭ ᠢ ᠰᠠᠶᠢᠳᠤᠷ ᠰᠢᠢᠳᠪᠤᠷᠢᠯᠡᠵᠤ᠂ ᠬᠡᠷ ᠪᠠᠶᠢᠰᠢᠩ ᠭᠠᠵᠠᠷ ᠬᠦᠷᠦᠩᠭᠡ | ᠶᠢᠨ ᠵᠠᠬ᠎ᠠ ᠲᠡᠯᠭᠡᠬᠦᠷ ᠶᠡᠷᠦᠩᠭᠡᠢ ᠳᠡᠭᠡᠨ ᠲᠤᠭᠳᠠᠭᠤᠨ ᠪᠠᠶᠢᠨ᠎ᠠ᠃ ᠵᠠᠬᠢᠳᠠᠯ ᠰᠤᠷᠪᠤᠯᠵᠢᠯᠠᠭ᠎ᠠ᠂ ᠠᠮᠤᠷ ᠲᠤᠭᠳᠠᠭᠤᠨ ᠢ ᠬᠠᠮᠠᠭᠠᠯᠠᠬᠤ ᠪᠠ ᠠᠶᠤᠯ ᠦᠭᠡᠢ | ᠦᠢᠯᠡᠳᠪᠤᠷᠢᠯᠠᠯ ᠤᠨ ᠪᠠᠶᠢᠳᠠᠯ ᠲᠤᠭᠳᠠᠭᠤᠨ ᠪᠠᠶᠢᠵᠤ᠂ ᠵᠠᠬᠢᠳᠠᠯ ᠰᠤᠷᠪᠤᠯᠵᠢᠯᠠᠭ᠎ᠠ ᠶᠢᠨ ᠶᠡᠷᠦᠩᠭᠡᠢ ᠬᠡᠮᠵᠢᠶ᠎ᠠ 20% ᠪᠠᠷ ᠪᠠᠭᠤᠷᠠᠵᠤ᠂ ᠡᠷᠡᠭᠦᠣ ᠶᠢᠨ ᠬᠡᠷᠡᠭ ᠪᠠ | ᠠᠮᠣᠷ ᠢ ᠬᠠᠮᠠᠭᠠᠯᠠᠬᠤ ᠬᠡᠷᠡᠭ 9.5% ᠪᠠ 11.6% ᠪᠠᠷ ᠪᠠᠭᠤᠷᠠᠵᠣ᠂ ᠠᠶᠤᠯ ᠦᠭᠡᠢ ᠦᠢᠯᠡᠳᠪᠤᠷᠢᠯᠠᠯ ᠤᠨ ᠠᠳᠠᠯ ᠡᠬᠦᠰᠤᠯᠳᠠ ᠶᠢᠨ ᠲᠤᠭ᠎ᠠ ᠪᠠ ᠦᠬᠦᠭᠰᠡᠨ | ᠬᠦᠮᠦᠨ ᠤ ᠲᠤᠭ᠎ᠠ 4.3% ᠪᠠ 8.5% ᠪᠠᠷ ᠪᠠᠭᠤᠷᠠᠵᠤ᠂ ᠮᠠᠨ ᠤ ᠬᠤᠳᠠ ︽ᠪᠦᠬᠦ ᠤᠯᠤᠰ ᠤᠨ ᠨᠡᠶᠢᠭᠡᠮ ᠤᠨ ᠬᠠᠮᠢᠶᠠᠷᠤᠯᠳᠠ ᠶᠢᠨ ᠶᠡᠷᠦᠩᠭᠡᠶᠢᠯᠠᠨ | ᠵᠠᠰᠠᠭᠰᠠᠨ ᠰᠢᠯᠢᠳᠡᠭ ᠬᠤᠳᠠ︾ ᠪᠠᠷ ᠦᠨᠡᠯᠡᠭᠳᠡᠪᠠ᠃ ᠢᠳᠡᠭᠡᠨ ᠤ ᠠᠶᠤᠯ ᠦᠭᠡᠢ ᠶᠢᠨ ᠬᠢᠨᠠᠨ ᠬᠠᠮᠢᠶᠠᠷᠤᠯᠳᠠ ᠶᠢᠨ ᠰᠢᠰᠲ᠋ᠧᠮᠵᠢ ᠴᠢᠨᠠᠭᠰᠢᠳᠠ ᠲᠡᠬᠦᠯᠳᠡᠷᠵᠢᠵᠤ᠂ | ᠤᠯᠤᠰ ᠤᠨ ᠢᠳᠡᠭᠡᠨ ᠤ ᠦᠢᠯᠡᠳᠪᠤᠷᠢᠯᠠᠯ ᠤᠨ ᠶᠠᠰᠤ ᠴᠢᠨᠠᠷ ᠤᠨ ᠠᠶᠤᠯ ᠦᠭᠡᠢ ᠶᠢᠨ ᠵᠢᠱᠢᠶ᠎ᠠ ᠦᠵᠡᠬᠦᠯᠬᠦ ᠬᠤᠳᠠ ᠶᠢᠨ ᠲᠤᠷᠰᠢᠯᠳᠠ ᠶᠢᠨ ᠴᠡᠭ ᠪᠤᠯᠪᠠ᠃ | ᠤᠶᠤᠨ ᠤ ᠪᠤᠯᠪᠠᠰᠤᠨ ᠪᠠ ᠠᠷᠠᠳᠴᠢᠯᠠᠯ ᠬᠠᠤᠯᠢ ᠲᠦᠷᠢᠮ ᠤᠨ ᠪᠠᠶᠢᠭᠤᠯᠤᠯᠳᠠ ᠬᠦᠨᠵᠡᠭᠡᠢ ᠠᠬᠢᠭᠤᠯᠤᠭᠳᠠᠵᠤ᠂ ᠮᠠᠨ ᠤ ᠬᠤᠳᠠ ᠬᠤᠳᠠ ᠶᠢᠨ ᠪᠤᠯᠪᠠᠰᠤᠨ ᠤ | ᠬᠡᠮᠵᠢᠶ᠎ᠠ ᠶᠢᠨ ᠵᠢᠭᠠᠯᠳᠠ ᠲᠤᠭ᠎ᠠ ᠶᠢᠨ ᠬᠡᠮᠵᠢᠨ ᠲᠤᠭᠳᠠᠭᠠᠯᠳᠠ ᠳᠤ ᠪᠦᠬᠦ ᠤᠯᠤᠰ ᠤᠨ ᠲᠤᠰᠬᠠᠢ ᠤᠷᠤᠨ ᠤ ᠪᠤᠯᠪᠠᠰᠤᠨ ᠬᠤᠳᠠ ᠶᠢᠨ ᠲᠠᠪᠤᠳᠤᠭᠠᠷ ᠲᠤ ᠤᠷᠤᠪᠠ᠃ | ᠴᠡᠷᠢᠭ ᠠᠩᠬᠢ ᠶᠢᠨ ᠤᠳᠤᠬᠢᠴᠢᠯᠠᠯᠳᠠ ᠪᠠ ᠤᠯᠤᠰ ᠤᠨ ᠪᠠᠳᠤᠯᠠᠨ ᠬᠠᠮᠠᠭᠠᠯᠠᠯᠳᠠ ᠶᠢᠨ ᠪᠡᠯᠡᠳᠭᠡᠯ ᠠᠯᠪᠠ᠂ ᠤᠯᠤᠰ ᠤᠨ ᠪᠠᠳᠤᠯᠠᠨ ᠬᠠᠮᠠᠭᠠᠯᠠᠯᠳᠠ ᠶᠢᠨ | ᠲᠠᠶᠢᠴᠢᠯᠠᠯᠳᠠ ᠶᠢᠨ ᠴᠢᠳᠠᠪᠤᠷᠢ ᠶᠢᠨ ᠪᠠᠶᠢᠭᠤᠯᠤᠯᠳᠠ ᠲᠠᠰᠤᠷᠠᠯᠳᠠ ᠦᠭᠡᠢ ᠴᠢᠩᠭᠠᠳᠬᠠᠭᠳᠠᠪᠠ᠃ ᠦᠨᠳᠤᠰᠤᠳᠠᠨ ᠱᠠᠰᠢᠨ ᠰᠤᠷᠳᠠᠬᠤᠨ ᠤ ᠠᠵᠢᠯ ᠳᠤ ᠰᠢᠨ᠎ᠠ | ᠦᠷ᠎ᠠ ᠪᠦᠳᠦᠮᠵᠢ ᠤᠯᠪᠠ᠃ | ︵ᠨᠠᠢᠮᠠ︶ ᠵᠠᠰᠠᠭ ᠤᠨ ᠤᠷᠳᠤᠨ ᠤ ᠲᠤᠰ ᠪᠠᠶ᠎ᠠ ᠶᠢᠨ ᠪᠠᠶᠢᠭᠤᠯᠤᠯᠳᠠ ᠴᠢᠨᠠᠭᠰᠢᠳᠠ ᠴᠢᠩᠭᠠᠳᠬᠠᠭᠳᠠᠪᠠ᠃ ᠬᠠᠤᠯᠢ ᠪᠠᠷ ᠵᠠᠰᠠᠭ ᠶᠠᠪᠤᠭᠤᠯᠬᠤ ᠶᠢ | ᠪᠠᠷᠢᠮᠳᠠᠯᠠᠵᠤ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠦᠪᠯᠡᠯᠭᠡᠨ ᠪᠠ ᠨᠡᠶᠢᠭᠡᠮ ᠤᠨ ᠡᠯ᠎ᠠ ᠲᠠᠯ᠎ᠠ ᠶᠢᠨ ᠬᠢᠨ ᠤ ᠬᠢᠨᠠᠯᠳᠠ | ᠲᠠᠯᠪᠢᠯᠳᠠ ᠶᠢ ᠰᠠᠨᠠᠭᠠᠴᠢᠯᠠᠭ᠎ᠠ ᠠᠴᠠ ᠪᠠᠨ ᠬᠦᠯᠢᠶᠠᠵᠤ᠂ ᠠᠷᠠᠳ ᠤᠨ ᠲᠦᠯᠦᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠶᠢᠨ ᠵᠦᠪᠯᠡᠯᠭᠡᠨ ᠤ ᠬᠡᠰᠢᠬᠦᠳ | ᠤᠨ ᠰᠠᠨᠠᠯ ᠲᠤᠷᠠᠳᠤᠯᠭ᠎ᠠ ᠶᠢ ᠴᠦᠮ ᠬᠦᠢᠴᠡᠳᠭᠡᠨ ᠲᠠᠭᠤᠰᠬᠠᠪᠠ᠃ 104 ᠲᠦᠷᠦᠯ ᠤᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠡᠷᠭᠡ᠂ 28 ᠲᠦᠷᠦᠯ | ᠤᠨ ᠬᠠᠤᠯᠢ ᠶᠢ ᠬᠡᠷᠡᠭᠵᠢᠬᠦᠯᠬᠦ ᠡᠷᠭᠡ᠂ 7 ᠲᠦᠷᠦᠯ ᠤᠨ ᠰᠦᠢᠳᠭᠡᠯ ᠬᠤᠷᠢᠶᠠᠬᠤ ᠲᠦᠷᠦᠯ ᠵᠦᠢᠯ ᠢ ᠦᠭᠡᠶᠢᠰᠭᠡᠭᠰᠡᠨ ᠪᠠ ᠲᠤᠷᠤᠭᠰᠢ ᠪᠠᠭᠤᠯᠭᠠᠪᠠ᠃ ᠲᠦᠪ | ᠤᠨ ︽ᠨᠠᠢᠮᠠᠨ ᠵᠦᠢᠯ ᠤᠨ ᠲᠤᠭᠳᠠᠭᠠᠯ︾ ᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠵᠢᠯ ᠤᠨ ᠰᠤᠷᠳᠠᠯ ᠢᠶᠠᠨ ᠦᠨᠡᠨᠬᠦ ᠬᠤᠪᠢᠷᠠᠭᠤᠯᠵᠤ᠂ | ᠵᠠᠰᠠᠭ ᠤᠨ ᠤᠷᠳᠤᠨ ᠤ ᠬᠤᠷᠠᠯ ᠴᠤᠭᠯᠠᠭᠠᠨ᠂ ᠪᠢᠴᠢᠭ ᠮᠠᠲ᠋ᠧᠷᠢᠶᠠᠯ ᠪᠠ ᠠᠯᠪᠠᠨ ᠶᠠᠪᠤᠳᠠᠯ ᠤᠨ ᠵᠤᠴᠢᠯᠠᠭ᠎ᠠ ᠶᠢᠨ ᠠᠵᠢᠯᠯᠠᠭ᠎ᠠ ᠶᠢ ᠲᠤᠰᠪᠤᠷᠢ 24%᠂ 36% | ᠪᠠ 48% ᠪᠠᠷ ᠬᠠᠰᠤᠭᠳᠠᠭᠤᠯᠪᠠ᠃ ᠨᠠᠮ ᠵᠠᠰᠠᠭ ᠤᠨ ᠪᠠᠶᠢᠭᠤᠯᠭ᠎ᠠ ᠶᠢᠨ ᠠᠯᠪᠠᠨ ᠬᠡᠷᠡᠭᠯᠡᠭᠡᠨ ᠤ ᠲᠡᠷᠭᠡ ᠪᠠ ᠬᠡᠷ ᠪᠠᠶᠢᠰᠢᠩ ᠳᠤ ᠲᠤᠰᠬᠠᠢ ᠵᠠᠰᠠᠯᠳᠠ ᠬᠢᠬᠦ | ᠠᠵᠢᠯᠯᠠᠭ᠎ᠠ ᠶᠢ ᠲᠦᠪᠯᠡᠷᠡᠬᠦᠯᠦᠨ ᠦᠷᠨᠢᠭᠦᠯᠵᠣ᠂ ᠪᠠᠷᠢᠮᠵᠢᠶ᠎ᠠ ᠠᠴᠠ ᠪᠠᠨ ᠲᠠᠪᠠᠭᠤᠯᠣᠭᠰᠠᠨ 2000 ᠭᠠᠷᠣᠢ ᠠᠯᠪᠠᠨ ᠬᠡᠷᠡᠭᠯᠡᠬᠡᠨ ᠤ ᠲᠡᠷᠬᠡ᠂ 10 ᠲᠦᠮᠡᠨ ᠲᠡᠭᠰᠢ | ᠲᠦᠷᠪᠡᠯᠵᠢᠨ ᠮᠧᠲᠷ ᠤᠨ ᠠᠯᠪᠠᠨ ᠬᠡᠷᠡᠭᠯᠡᠬᠡᠨ ᠤ ᠬᠡᠷ ᠪᠠᠶᠢᠰᠢᠩ ᠢ ᠴᠡᠪᠡᠷᠯᠡᠪᠡ᠃ ᠡᠩ ᠤᠨ ᠴᠢᠨᠠᠷᠳᠠᠢ ᠵᠠᠷᠤᠯᠭ᠎ᠠ ᠶᠢ ᠶᠡᠭᠡᠪᠡᠷ ᠪᠠᠭᠠᠰᠬᠠᠵᠤ᠂ ᠠᠯᠪᠠᠨ ᠵᠠᠷᠤᠳᠠᠯ | ᠪᠠ ᠡᠩ ᠤᠨ ᠴᠢᠨᠠᠷᠳᠠᠢ ᠵᠠᠷᠤᠯᠭ᠎ᠠ ᠶᠢ 20% ᠪᠠ 50% ᠪᠠᠷ ᠬᠠᠰᠣᠭᠳᠠᠭᠤᠯᠪᠠ᠃ ᠵᠠᠰᠠᠭ ᠤᠨ ᠶᠠᠪᠤᠳᠠᠯ ᠢ ᠢᠯᠠ ᠪᠤᠯᠭᠠᠬᠤ ᠶᠢ ᠢᠳᠡᠪᠬᠢᠳᠠᠢ ᠠᠬᠢᠭᠤᠯᠵᠤ᠂ | ᠵᠠᠰᠠᠭ ᠵᠠᠬᠢᠷᠭᠠᠨ ᠤ ᠬᠢᠨᠠᠨ ᠪᠠᠶᠢᠴᠠᠭᠠᠬᠤ ᠪᠠ ᠬᠢᠨᠠᠨ ᠪᠤᠳᠤᠵᠤ ᠬᠢᠨᠠᠯᠳᠠ ᠲᠠᠯᠪᠢᠬᠤ ᠶᠢ ᠴᠢᠩᠭᠠᠳᠬᠠᠵᠤ᠂ ᠴᠢᠬᠤᠯᠠ ᠲᠦᠷᠦᠯ ᠵᠦᠢᠯ ᠢ ᠪᠠᠶᠢᠴᠠᠭᠠᠬᠤ᠂ ᠵᠠᠰᠠᠭ ᠤᠨ | ᠤᠷᠳᠤᠨ ᠤ ᠪᠠᠯᠠ ᠤᠷᠤᠭᠤᠯᠤᠯᠳᠠ ᠶᠢᠨ ᠲᠦᠷᠦᠯ ᠵᠦᠢᠯ ᠢ ᠬᠢᠨᠠᠨ ᠪᠤᠳᠤᠵᠤ ᠬᠢᠨᠠᠯᠳᠠ ᠲᠠᠯᠪᠢᠬᠤ᠂ ᠠᠭᠤᠷᠬᠠᠢ ᠶᠢᠨ ᠭᠠᠷᠤᠯᠳᠠ ᠶᠢᠨ ᠡᠬᠢ ᠪᠠᠶᠠᠯᠢᠭ ᠢ | ᠠᠷᠠᠯᠵᠢᠶᠠᠯᠠᠬᠤ ᠵᠡᠷᠭᠡ ᠠᠯᠢ ᠤᠯᠠᠨ ᠬᠠᠮᠢᠶᠠᠷᠤᠯᠳᠠ ᠶᠢᠨ ᠠᠷᠭ᠎ᠠ ᠶᠢ ᠲᠤᠭᠳᠠᠭᠠᠵᠤ᠂ ᠤᠯᠠᠨ ᠨᠠᠶᠢᠳᠠ ᠶᠢᠨ ᠡᠬᠢ ᠪᠠᠶᠠᠯᠢᠭ ᠢ ᠠᠷᠠᠯᠵᠢᠶᠠᠯᠠᠬᠤ ᠡᠷᠬᠢᠯᠳᠡ ᠶᠢᠨ | ᠲᠣᠭᠳᠠᠴᠠ ᠶᠢ ᠲᠡᠭᠦᠯᠳᠡᠷᠵᠢᠭᠦᠯᠵᠣ᠂ ᠴᠢᠬᠡᠴᠢ ᠵᠠᠰᠠᠭ ᠤᠨ ᠪᠠᠶᠢᠭᠤᠯᠤᠯᠳᠠ ᠪᠠ ᠢᠯᠵᠠᠷᠠᠮᠠᠯ ᠢ ᠡᠰᠡᠷᠬᠦᠴᠡᠬᠦ ᠠᠵᠢᠯ ᠳᠤ ᠰᠢᠨ᠎ᠠ ᠦᠷ᠎ᠠ ᠪᠦᠳᠦᠮᠵᠢ ᠤᠯᠪᠠ᠃ | ᠲᠦᠯᠦᠭᠡᠯᠡᠭᠴᠢᠳ ᠡ᠂ ᠦᠡᠭᠭᠡᠷᠡᠭᠰᠡᠨ ᠨᠢᠭᠡ ᠵᠢᠯ ᠳᠤ ᠤᠯᠤᠭᠰᠠᠨ ᠬᠢᠷᠢ ᠪᠦᠳᠦᠮᠵᠢ ᠪᠤᠯ ᠬᠢᠯᠪᠠᠷ ᠪᠤᠰᠤ ᠶᠤᠮ᠃ ᠡᠨᠠ ᠨᠢ ᠦᠪᠡᠷᠳᠡᠭᠡᠨ ᠵᠠᠰᠠᠬᠤ ᠤᠷᠤᠨ | ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ ᠬᠤᠳᠠ ᠶᠢᠨ ᠨᠠᠮ ᠤᠨ ᠬᠤᠷᠢᠶ᠎ᠠ ᠶᠢᠨ ᠵᠦᠪ ᠤᠳᠤᠷᠢᠳᠤᠯᠭ᠎ᠠ ᠶᠢᠨ ᠦᠷ᠎ᠠ ᠳ᠋ᠦᠡᠭ ᠪᠤᠯᠬᠤ ᠶᠤᠮ᠂ ᠬᠤᠳᠠ | ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠬᠤᠳᠠ ᠶᠢᠨ ᠤᠯᠤᠰ ᠲᠦᠷᠦ ᠶᠢᠨ ᠵᠦᠪᠯᠡᠯᠭᠡᠨ ᠪᠠ ᠨᠡᠶᠢᠭᠡᠮ ᠤᠨ ᠡᠯ᠎ᠠ ᠲᠠᠯ᠎ᠠ ᠶᠢᠨ ᠬᠢᠨ ᠤ | ᠲᠠᠮᠵᠢᠯᠭᠡ ᠬᠢᠨᠠᠯᠳᠠ ᠲᠠᠯᠪᠢᠯᠳᠠ ᠂ ᠬᠠᠮᠳᠤ ᠶᠢᠨ ᠴᠢᠷᠮᠠᠶᠢᠯᠭ᠎ᠠ ᠶᠢᠨ ᠦᠷ᠎ᠠ ᠳ᠋ᠦᠡᠭ ᠪᠤᠯᠬᠤ ᠶᠤᠮ᠂ ᠮᠦᠨ ᠴᠤ ᠪᠦᠬᠦ ᠬᠤᠳᠠ ᠶᠢᠨ ᠠᠷᠠᠳ ᠲᠦᠮᠠᠨ ᠰᠡᠳᠭᠢᠯ | ᠨᠢᠭᠡᠳᠤᠨ ᠬᠦᠴᠦᠨ ᠢᠶᠠᠨ ᠬᠠᠮᠳᠤᠳᠬᠠᠵᠤ᠂ ᠪᠦᠯᠬᠦᠮᠳᠠᠨ ᠲᠡᠮᠡᠴᠡᠭᠰᠡᠨ ᠤ ᠦᠷ᠎ᠠ ᠳ᠋ᠦᠡᠭ ᠪᠤᠯᠬᠤ ᠶᠤᠮ᠃ ᠠᠳᠠ᠂ ᠪᠢ ᠬᠤᠳᠠ ᠶᠢᠨ ᠠᠷᠠᠳ ᠤᠨ ᠵᠠᠰᠠᠭ ᠤᠨ | ᠤᠷᠳᠤᠨ ᠢ ᠲᠦᠯᠦᠭᠡᠯᠡᠨ᠂ ᠪᠦᠬᠦ ᠬᠤᠳᠠ ᠶᠢᠨ ᠦᠨᠳᠤᠰᠤᠳᠠᠨ ᠨᠦᠭᠦᠳ ᠤᠨ ᠺᠠᠳ᠋ᠷ ᠤᠯᠠᠨ ᠲᠦᠮᠠᠨ ᠪᠠ ᠤᠷᠳᠤᠰ ᠤᠨ ᠪᠦᠳᠦᠭᠡᠨ ᠪᠠᠶᠢᠭᠤᠯᠤᠯᠳᠠ ᠬᠦᠭᠵᠢᠯᠳᠠ | ᠶᠢ ᠬᠠᠯᠠᠮᠵᠢᠯᠠᠵᠤ᠂ ᠲᠡᠮᠵᠢᠵᠤ᠂ ᠤᠷᠤᠯᠴᠠᠭᠰᠠᠨ ᠨᠡᠶᠢᠭᠡᠮ ᠤᠨ ᠡᠯ᠎ᠠ ᠲᠠᠯ᠎ᠠ ᠶᠢᠨ ᠬᠢᠨ ᠳᠤ ᠴᠢᠩ ᠰᠡᠳᠭᠢᠯ ᠤᠨ ᠲᠠᠯᠠᠷᠬᠠᠯ ᠢᠶᠠᠨ ᠢᠯᠡᠳᠭᠡᠬᠦ ᠶᠢᠨ ᠬᠠᠮᠳᠤ | ᠡᠷᠬᠢᠮ ᠲᠡᠭᠡᠳᠤ ᠬᠦᠨᠳᠤᠴᠢᠯᠠᠯ ᠢᠶᠠᠨ ᠲᠡᠪᠰᠢᠬᠦᠯᠦᠶ᠎ᠠ︕ | ᠬᠤᠷᠸ᠎ᠠ ᠠᠵᠤ ᠠᠬᠤᠢ ᠶᠢᠨ ᠪᠠᠶᠢᠳᠠᠯ ᠤᠨ ᠨᠦᠯᠦᠭᠡᠯᠡᠯ ᠠᠴᠠ ᠪᠤᠯᠵᠤ᠂ ᠮᠠᠨ ᠤ ᠬᠤᠳᠠ ᠶᠢᠨ ᠠᠵᠤ ᠠᠬᠤᠢ ᠨᠡᠶᠢᠭᠡᠮ ᠤᠨ ᠬᠦᠭᠵᠢᠯᠳᠠ ᠲᠤᠮᠳᠠ ᠴᠤ | ᠪᠠᠭ᠎ᠠ ᠪᠤᠰᠤ ᠬᠦᠴᠢᠷᠳᠡᠯ ᠪᠠ ᠠᠰᠠᠭᠤᠳᠠᠯ ᠲᠤᠯᠭᠠᠷᠠᠪᠠ᠃ ᠭᠤᠤᠯ ᠢᠯᠠᠷᠠᠯ ᠨᠢ᠄ ᠠᠵᠤ ᠠᠬᠤᠢ ᠶᠢᠨ ᠭᠤᠤᠯ ᠬᠦᠢᠴᠡᠳᠭᠡᠬᠦ ᠲᠤᠭ᠎ᠠ ᠶᠢᠨ ᠨᠡᠮᠡᠭᠳᠡᠯ ᠤᠨ | ᠬᠤᠷᠳᠤᠴᠠ ᠤᠳᠠᠭᠠᠰᠢᠷᠠᠵᠤ᠂ ᠵᠠᠷᠢᠮ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠳᠠ ᠬᠦᠴᠢᠷᠳᠡᠯᠳᠡᠢ ᠪᠤᠯᠵᠤ᠂ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ | ᠶᠢᠨ ᠵᠦᠷᠢᠴᠡᠯ ᠲᠤᠪᠤᠶᠢᠮ᠎ᠠ ᠪᠠᠶᠢᠨ᠎ᠠ︔ ᠭᠤᠤᠯᠯᠠᠬᠤ ᠠᠵᠤ ᠦᠢᠯᠡᠰ ᠤᠨ ᠲᠠᠩ ᠴᠤᠯᠭᠤᠶᠢᠵᠢᠭᠰᠠᠨ ᠠᠰᠠᠭᠤᠳᠠᠯ ᠲᠤᠪᠦᠶᠢᠮ᠎ᠠ ᠪᠠᠶᠢᠵᠤ᠂ ᠠᠵᠣ ᠠᠬᠤᠶᠢᠯᠠᠯ ᠤᠨ | ᠰᠢᠨ᠎ᠡ ᠶᠢ ᠡᠭᠦᠳᠬᠦ ᠴᠢᠳᠠᠪᠦᠷᠢ ᠪᠠᠭᠤᠷᠠᠢ᠂ ᠡᠬᠢ ᠪᠠᠶᠠᠯᠢᠭ ᠤᠨ ᠤᠷᠴᠢᠨ ᠲᠤᠭᠤᠷᠢᠨ ᠪᠠ ᠬᠦᠴᠦᠨ ᠵᠦᠢᠯ ᠤᠨ ᠬᠢᠵᠠᠭᠠᠷᠯᠠᠯ ᠴᠢᠨᠠᠭᠰᠢᠳᠠ ᠨᠡᠮᠡᠭᠳᠡᠵᠤ᠂ | ᠬᠦᠭᠵᠢᠯᠳᠠ ᠶᠢᠨ ᠶᠠᠰᠤ ᠴᠢᠨᠠᠷ ᠪᠠ ᠦᠷ᠎ᠠ ᠠᠰᠢᠭ ᠢ ᠲᠡᠭᠡᠭᠰᠢᠯᠡᠬᠦᠯᠬᠦ ᠴᠢᠬᠤᠯᠠ ᠲᠠᠢ ᠪᠠᠶᠢᠨ᠎ᠠ︔ ᠬᠤᠳᠠ ᠬᠦᠳᠡᠭᠡ᠂ ᠤᠷᠤᠨ ᠪᠦᠰᠠ᠂ ᠠᠵᠤ ᠠᠬᠤᠢ ᠪᠠ | ᠨᠡᠶᠢᠭᠡᠮ ᠤᠨ ᠬᠤᠭᠤᠷᠤᠨᠳᠤᠬᠢ ᠬᠦᠭᠵᠢᠯᠳᠠ ᠵᠤᠬᠢᠴᠠᠯᠳᠤᠯ ᠢᠶᠠᠷ ᠬᠦᠷᠦᠯᠴᠡᠬᠦ ᠦᠭᠡᠢ ᠪᠠᠶᠢᠵᠤ᠂ ᠮᠠᠯᠵᠢᠬᠤ ᠲᠠᠷᠢᠶᠠᠯᠠᠬᠤ ᠤᠷᠤᠨ ᠤ ᠦᠢᠯᠡᠳᠪᠤᠷᠢᠯᠠᠯ ᠠᠮᠢᠳᠤᠷᠠᠯ | ᠤᠨ ᠨᠦᠬᠦᠴᠡᠯ ᠪᠠᠰᠠ ᠨᠡᠯᠢᠶᠡᠳ ᠬᠤᠴᠤᠷᠤᠭᠳᠡᠩᠭᠤᠢ ᠪᠠᠶᠢᠨ᠎ᠠ︔ ᠵᠠᠰᠠᠭ ᠤᠨ ᠤᠷᠳᠤᠨ ᠤ ᠴᠢᠨᠠᠷᠳᠠᠢ ᠦᠷᠢ ᠰᠢᠷᠢ ᠶᠢᠨ ᠬᠦᠷᠢᠶ᠎ᠠ ᠬᠡᠪᠴᠢᠶ᠎ᠠ ᠨᠡᠯᠢᠶᠡᠳ ᠶᠡᠭᠡ | ᠪᠠᠶᠢᠵᠤ᠂ ᠠᠷᠠᠳ ᠤᠨ ᠵᠢᠭᠡᠯᠡᠯᠭᠡ ᠪᠠ ᠬᠡᠷ ᠪᠠᠶᠢᠰᠢᠩ ᠭᠠᠵᠠᠷ ᠬᠦᠷᠦᠩᠭᠡ ᠶᠢᠨ ᠬᠦᠷᠢᠶ᠎ᠠ ᠬᠡᠪᠴᠢᠶᠠᠨ ᠳᠤ ᠪᠠᠰᠠ ᠲᠠᠯᠳᠠ ᠠᠶᠤᠯ ᠲᠦᠭᠰᠢᠬᠦᠷᠢ ᠤᠷᠤᠰᠢᠵᠤ᠂ ᠡᠬᠢ | ᠪᠠᠶᠠᠯᠢᠭ ᠤᠨ ᠨᠡᠭᠡᠭᠡᠯᠳᠠ᠂ ᠭᠠᠵᠠᠷ ᠲᠠᠳᠠᠪᠤᠷᠢᠯᠠᠨ ᠨᠤᠷᠠᠭᠠᠨ ᠰᠢᠯᠵᠢᠬᠦᠯᠬᠦ᠂ ᠪᠤᠴᠠᠭᠠᠨ ᠰᠢᠯᠵᠢᠬᠦᠯᠵᠤ ᠲᠤᠬᠢᠷᠠᠭᠤᠯᠬᠤ᠂ ᠮᠠᠯᠴᠢᠨ ᠲᠠᠷᠢᠶᠠᠴᠢᠨ ᠬᠦᠯᠦᠰᠦᠨ | ᠠᠵᠢᠯᠴᠢᠨ ᠤ ᠴᠠᠯᠢᠩ ᠢ ᠦᠷᠢᠳᠦᠬᠦ ᠵᠡᠷᠭᠡ ᠠᠴᠠ ᠡᠬᠦᠰᠦᠭᠰᠡᠨ ᠵᠦᠷᠢᠴᠠᠯ ᠵᠢᠭᠤᠷᠠᠯᠳᠤᠭᠠᠨ ᠨᠡᠮᠡᠭᠳᠡᠵᠤ᠂ ᠨᠡᠶᠢᠭᠡᠮ ᠤᠨ ᠬᠠᠮᠢᠶᠠᠷᠤᠯᠳᠠ ᠳᠤ ᠪᠠᠰᠠ ᠪᠠᠭᠤᠷᠠᠢ | ᠭᠤᠭᠴᠤᠭ᠎ᠠ ᠤᠷᠤᠰᠢᠵᠤ ᠪᠠᠶᠢᠨ᠎ᠠ︔ ᠵᠠᠰᠠᠭ ᠤᠨ ᠣᠷᠳᠣᠨ ᠤ ᠴᠢᠳᠠᠪᠬᠢ ᠪᠠᠨ ᠬᠤᠪᠢᠷᠠᠭᠤᠯᠣᠭᠰᠠᠨ ᠨᠢ ᠣᠷᠣᠨᠵᠢᠭᠰᠠᠨ ᠦᠬᠡᠢ᠂ ᠠᠵᠢᠯ ᠤᠨ ᠰᠣᠷᠳᠠᠯ ᠪᠠ | ᠠᠵᠢᠯ ᠡᠷᠬᠢᠯᠡᠬᠦ ᠦᠷ᠎ᠡ ᠪᠦᠲᠦᠮᠵᠢ ᠶᠢ ᠦᠷᠭᠦᠯᠵᠢᠯᠡᠨ ᠲᠡᠭᠡᠭᠰᠢᠯᠡᠭᠦᠯᠬᠦ ᠴᠢᠬᠤᠯᠠ ᠲᠠᠢ ᠪᠠᠶᠢᠨ᠎ᠠ︔ ᠪᠦᠷᠢᠯᠭᠡᠨ ᠰᠦᠢᠳᠭᠡᠬᠦ᠂ ᠢᠳᠡᠬᠦ ᠠᠪᠬᠤ ᠬᠤᠷᠢᠭᠯᠠᠬᠤ ᠨᠡᠭᠡᠵᠤ | ᠠᠪᠬᠤ᠂ ᠬᠠᠤᠯᠢ ᠴᠠᠭᠠᠵᠠ ᠰᠠᠬᠢᠯᠭ᠎ᠠ ᠪᠠᠳᠤ ᠶᠢ ᠵᠦᠷᠢᠴᠡᠬᠦ ᠵᠡᠷᠭᠡ ᠦᠵᠡᠭᠳᠡᠯ ᠵᠠᠷᠢᠮ ᠭᠠᠵᠠᠷ ᠤᠷᠤᠨ᠂ ᠰᠠᠯᠠᠭ᠎ᠠ ᠮᠦᠴᠢᠷ ᠪᠠ ᠨᠢᠭᠡᠴᠢ ᠳᠤ ᠮᠦᠨ ᠯᠠ ᠤᠷᠤᠰᠢᠵᠤ | ᠪᠠᠶᠢᠨ᠎ᠠ᠃ ᠡᠶᠢᠮᠤ ᠶᠢᠨ ᠲᠤᠯᠠᠳᠠ᠂ ᠪᠢᠳᠠ ᠲᠡᠭᠡᠳᠤ ᠬᠡᠮᠵᠢᠶ᠎ᠠ ᠪᠠᠷ ᠴᠢᠬᠤᠯᠠᠴᠢᠯᠠᠵᠤ᠂ ᠬᠦᠴᠦᠨ ᠪᠦᠬᠦᠢ ᠠᠷᠭ᠎ᠠ ᠬᠡᠮᠵᠢᠶ᠎ᠠ ᠠᠪᠴᠤ᠂ ᠦᠨᠡᠨᠬᠦ ᠴᠢᠩᠭᠠᠳᠬᠠᠨ | ᠰᠢᠢᠳᠪᠤᠷᠢᠯᠡᠬᠦ ᠴᠢᠬᠤᠯᠠ ᠲᠠᠢ ᠪᠠᠶᠢᠨ᠎ᠠ᠃ | | ᠬᠤᠶᠠᠷ᠂ 2014 ᠤᠨ ᠤ ᠭᠤᠤᠯ ᠠᠵᠢᠯ ᠤᠨ ᠡᠬᠦᠷᠭᠡ | | 2014 ᠤᠨ ᠪᠤᠯ᠂ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠠ ᠬᠤᠷᠠᠯ ᠤᠨ ᠵᠤᠷᠢᠭ ᠰᠠᠨᠠᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠦᠭᠡᠷᠡᠴᠢᠯᠡᠯᠳᠠ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠬᠦ ᠠᠩᠬᠠᠨ ᠤ ᠵᠢᠯ ᠪᠤᠯᠤᠨ᠎ᠠ᠂ ᠮᠦᠨ ᠴᠤ ᠦᠪᠡᠷᠳᠡᠭᠡᠨ ᠵᠠᠰᠠᠬᠤ ᠤᠷᠤᠨ ᠤ ︽ | 8337︾ ᠬᠦᠭᠵᠢᠯᠳᠠ ᠶᠢᠨ ᠰᠡᠳᠬᠢᠴᠠ ᠶᠢ ᠬᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠠᠷᠪᠠᠨ ᠬᠤᠶᠠᠳᠤᠭᠠᠷ ᠲᠠᠪᠤᠨ ᠵᠢᠯ︾ ᠤᠨ | ᠲᠦᠯᠦᠪᠵᠢᠬᠦᠯᠭᠡ ᠶᠢᠨ ᠲᠡᠮᠡᠴᠡᠬᠦ ᠬᠠᠷᠠᠯᠳᠠ ᠶᠢ ᠪᠡᠶᠡᠯᠡᠬᠦᠯᠬᠦ ᠵᠠᠩᠬᠢᠯᠠᠭ᠎ᠠ ᠶᠢᠨ ᠨᠢᠭᠡ ᠵᠢᠯ ᠪᠤᠯᠬᠤ ᠶᠤᠮ᠃ ᠶᠡᠷᠦᠩᠭᠡᠢ ᠳᠡᠭᠡᠨ ᠦᠵᠡᠪᠡᠯ᠂ ᠡᠨᠡ ᠵᠢᠯ ᠮᠠᠨ ᠤ | ᠬᠤᠳᠠ ᠶᠢᠨ ᠬᠦᠭᠵᠢᠯᠳᠠ ᠳᠤ ᠠᠯᠢ ᠤᠯᠠᠨ ᠠᠰᠢᠭ ᠲᠠᠢ ᠨᠦᠬᠦᠴᠡᠯ ᠪᠠ ᠤᠯᠳᠠᠰᠢ ᠦᠭᠡᠢ ᠠᠵᠨ ᠲᠤᠬᠢᠶᠠᠯ ᠲᠤᠯᠭᠠᠷᠠᠵᠤ ᠪᠠᠶᠢᠬᠤ ᠪᠠᠷ ᠪᠠᠷᠠᠬᠤ ᠦᠭᠡᠢ ᠮᠦᠨ ᠴᠤ | ᠠᠯᠢ ᠤᠯᠠᠨ ᠲᠠᠷᠤᠯᠳᠠ ᠪᠠ ᠲᠠᠶᠢᠨ ᠵᠠᠷᠯᠠᠯ ᠳᠤ ᠲᠤᠯᠭᠠᠷᠠᠵᠤ ᠪᠠᠶᠢᠨ᠎ᠠ᠃ ᠲᠡᠯᠡᠭᠡᠢ ᠶᠢᠨ ᠠᠵᠤ ᠠᠬᠤᠢ ᠤᠳᠠᠭᠠᠨ ᠢᠶᠠᠷ ᠰᠡᠷᠭᠦᠬᠦ ᠪᠠᠶᠢᠳᠠᠯ ᠮᠦᠨ ᠯᠠ | ᠦᠷᠬᠦᠯᠵᠢᠯᠡᠵᠤ᠂ ᠤᠯᠤᠰ ᠤᠨ ᠲᠤᠳᠤᠭᠠᠳᠤ ᠶᠢᠨ ᠠᠵᠤ ᠠᠬᠤᠢ ᠨᠠᠮᠤᠭᠤᠨ ᠢᠶᠠᠷ ᠲᠡᠭᠡᠭᠰᠢᠯᠡᠵᠤ᠂ ᠵᠠᠬ᠎ᠠ ᠲᠡᠯᠭᠡᠬᠦᠷ ᠤᠨ ᠵᠢᠱᠢᠯᠳᠠ ᠵᠢᠭᠠᠬᠠᠨ ᠰᠠᠶᠢᠵᠢᠷᠠᠵᠤ᠂ | ᠢᠯᠠᠩᠭᠤᠶ᠎ᠠ ᠤᠯᠤᠰ ᠠᠴᠠ ᠦᠭᠡᠷᠡᠴᠢᠯᠡᠯᠳᠠ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠬᠦ ᠪᠠ ᠰᠢᠨ᠎ᠠ ᠬᠡᠯᠪᠡᠷᠢ ᠶᠢᠨ ᠬᠤᠳᠠ ᠪᠠᠯᠭᠠᠰᠤᠵᠢᠯᠳᠠ ᠶᠢᠨ ᠪᠦᠳᠦᠭᠡᠨ | ᠪᠠᠶᠢᠭᠤᠯᠤᠯᠳᠠ ᠶᠢ ᠠᠬᠢᠭᠤᠯᠬᠤ ᠨᠢ ᠠᠵᠤ ᠠᠬᠤᠢ ᠨᠡᠶᠢᠭᠡᠮ ᠤᠨ ᠬᠦᠭᠵᠢᠯᠳᠠ ᠶᠢᠨ ᠲᠤᠳᠤᠷ᠎ᠠ ᠠᠴᠠ ᠡᠬᠦᠰᠬᠦ ᠬᠦᠳᠡᠯᠭᠡᠭᠴᠢ ᠬᠦᠴᠦᠨ ᠪᠠ ᠠᠮᠢᠵᠢᠷᠠᠯ ᠤᠨ | ᠬᠦᠴᠤᠨ ᠢ ᠴᠢᠨᠠᠭᠰᠢᠳᠠ ᠬᠦᠭᠵᠢᠬᠡᠬᠦ ᠶᠤᠮ᠃ ᠤᠯᠤᠰ ᠠᠴᠠ ᠠᠭᠠᠷ ᠮᠡᠨᠳᠡᠯ ᠤᠨ ᠪᠤᠬᠢᠷᠳᠤᠯ ᠳᠤ ᠵᠠᠰᠠᠯᠳᠠ ᠬᠢᠬᠦ᠂ ᠬᠦᠭᠵᠢᠭᠰᠡᠨ ᠭᠠᠵᠠᠷ ᠤᠷᠤᠨ ᠠᠵᠤ ᠦᠢᠯᠡᠰ | ᠢᠶᠠᠨ ᠰᠢᠯᠵᠢᠬᠦᠯᠬᠦ ᠶᠢ ᠲᠦᠷᠭᠡᠳᠭᠡᠵᠤ ᠪᠠᠶᠢᠬᠤ᠂ ᠦᠪᠡᠷᠳᠡᠭᠡᠨ ᠵᠠᠰᠠᠬᠤ ᠤᠷᠤᠨ ︽ᠲᠠᠪᠤᠨ ᠲᠣᠮᠣ ᠰᠠᠭᠤᠷᠢᠨ ᠭᠠᠵᠠᠷ︾ ᠢ ᠪᠦᠳᠦᠭᠡᠨ ᠪᠠᠶᠢᠭᠤᠯᠬᠤ ᠵᠡᠷᠭᠡ ᠠᠵᠨ | ᠲᠤᠬᠢᠶᠠᠯ ᠨᠢ ᠮᠠᠨ ᠤ ᠬᠤᠳᠠ ᠶᠢᠨ ᠴᠡᠪᠡᠷ ᠡᠨᠧᠷᠬᠢ ᠪᠠ ᠤᠳᠤ ᠦᠶ᠎ᠠ ᠶᠢᠨ ᠨᠡᠬᠦᠷᠡᠰᠤᠨ ᠤ ᠬᠢᠮᠢ ᠶᠢᠨ ᠠᠵᠤ ᠦᠢᠯᠡᠳᠪᠤᠷᠢ ᠵᠡᠷᠭᠡ ᠲᠠᠪᠠᠭᠤᠯᠢᠭ ᠠᠵᠤ ᠦᠢᠯᠡᠰ | ᠤᠨ ᠬᠦᠭᠵᠢᠯᠳᠠ ᠳᠤ ᠦᠷᠭᠡᠨ ᠠᠭᠤᠳᠠᠮ ᠤᠷᠤᠨ ᠵᠠᠢ ᠬᠠᠨᠭ᠍ᠭᠠᠪᠠ᠃ ᠡᠬᠦᠨ ᠤ ᠵᠡᠷᠭᠡᠪᠡᠷ ᠪᠠᠰᠠ ᠪᠢᠳᠠᠨ ᠤ ᠲᠤᠯᠭᠠᠷᠠᠵᠤ ᠪᠠᠶᠢᠭ᠎ᠠ ᠤᠯᠤᠰ ᠤᠨ ᠲᠤᠳᠤᠭᠠᠳᠤ | ᠭᠠᠳᠠᠭᠠᠳᠤ ᠶᠢᠨ ᠠᠵᠤ ᠠᠬᠤᠢ ᠶᠢᠨ ᠪᠠᠶᠢᠳᠠᠯ ᠮᠦᠨ ᠯᠠ ᠲᠦᠪᠡᠭ ᠪᠤᠳᠤᠯᠢᠶᠠᠨᠳᠠᠢ ᠬᠠᠳᠠᠭᠤ ᠪᠡᠷᠭᠡ ᠪᠠᠶᠢᠵᠤ᠂ ᠮᠠᠨ ᠤ ᠬᠤᠳᠠ ᠨᠢᠬᠡᠨᠳᠡ ᠠᠵᠣ ᠠᠬᠤᠢ ᠶᠢᠨ | ᠨᠡᠮᠡᠭᠳᠡᠯ ᠤᠨ ᠣᠳᠠᠭᠠᠰᠢᠷᠠᠯ ᠤᠨ ᠬᠤᠭᠤᠴᠠᠭ᠎ᠠ᠂ ᠪᠦᠲᠦᠴᠡ ᠶᠢᠨ ᠲᠣᠬᠢᠷᠠᠭᠤᠯᠣᠯᠳᠠ ᠶᠢᠨ ᠭᠦᠴᠢᠷᠳᠡᠯᠲᠠᠢ ᠬᠤᠭᠤᠴᠠᠭ᠎ᠠ ᠪᠠ ᠡᠳ᠋ ᠤᠨ ᠵᠠᠰᠠᠭ ᠤᠨ ᠣᠷᠣᠯᠭ᠎ᠠ | ᠵᠠᠷᠣᠯᠭ᠎ᠠ ᠶᠢᠨ ᠵᠦᠷᠢᠴᠡᠯ ᠲᠣᠪᠣᠶᠢᠨ ᠢᠯᠡᠷᠡᠭᠰᠡᠨ ᠬᠤᠭᠤᠴᠠᠭ᠎ᠠ ᠬᠠᠷᠢᠯᠴᠠᠨ ᠲᠠᠪᠬᠤᠴᠠᠭᠰᠠᠨ ᠱᠠᠳᠣ ᠦᠶ᠎ᠡ ᠳᠤ ᠣᠷᠣᠪᠠ᠃᠃ ᠪᠢᠳᠠ ᠠᠰᠢᠭ ᠲᠠᠢ ᠨᠦᠬᠦᠴᠡᠯ | ᠪᠠ ᠢᠳᠡᠪᠬᠢ ᠬᠦᠴᠦᠨ ᠵᠦᠢᠯ ᠢ ᠦᠵᠡᠵᠤ ᠭᠠᠷᠬᠤ ᠪᠠᠷ ᠪᠠᠷᠠᠬᠤ ᠦᠭᠡᠢ᠂ ᠪᠠᠰᠠ ᠠᠵᠤ ᠠᠬᠤᠢ ᠶᠢᠨ ᠪᠠᠶᠢᠳᠠᠯ ᠤᠨ ᠲᠣᠭᠳᠠᠩᠭᠤᠢ ᠪᠤᠰᠤ ᠴᠢᠨᠠᠷ ᠪᠠ | ᠭᠦᠷᠴᠢᠷᠳᠡᠯᠲᠠᠢ ᠪᠠᠶᠢᠳᠠᠯ ᠢ ᠬᠦᠢᠴᠡᠳ ᠪᠤᠳᠤᠯᠬᠢᠯᠠᠵᠤ᠂ ᠢᠳᠡᠭᠡᠯ ᠵᠤᠷᠢᠭ ᠢᠶᠠᠨ ᠪᠠᠳᠤᠳᠬᠠᠵᠤ᠂ ᠴᠤᠭ ᠰᠦᠯᠳᠠ ᠪᠠᠨ ᠪᠠᠳᠠᠷᠠᠭᠤᠯᠤᠨ᠂ ᠬᠦᠴᠢᠷ ᠢ ᠰᠦᠷᠤᠨ | ᠤᠷᠤᠭᠰᠢᠯᠠᠵᠤ᠂ ᠠᠵᠤ ᠠᠬᠤᠢ ᠨᠡᠶᠢᠭᠡᠮ ᠤᠨ ᠦᠷᠬᠦᠯᠵᠢᠯᠠᠨ ᠲᠤᠭᠳᠠᠭᠤᠨ ᠡᠷᠡᠬᠦᠯ ᠢᠶᠠᠷ ᠬᠦᠭᠵᠢᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠳᠡᠢ᠃ | ᠡᠨᠠ ᠵᠢᠯ ᠤᠨ ᠵᠠᠰᠠᠭ ᠤᠨ ᠤᠷᠳᠤᠨ ᠤ ᠠᠵᠢᠯ ᠤᠨ ᠶᠡᠷᠦᠩᠭᠡᠢ ᠰᠡᠳᠭᠢᠴᠠ ᠪᠤᠯ᠄ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ᠂ ᠠᠷᠪᠠᠨ ᠨᠠᠢᠮᠠᠳᠤᠭᠠᠷ | ᠬᠤᠭᠤᠴᠠᠭᠠᠨ ᠤ ᠭᠤᠷᠪᠠᠳᠤᠭᠠᠷ ᠪᠦᠬᠦᠳᠠ ᠬᠤᠷᠠᠯ ᠤᠨ ᠵᠤᠷᠢᠭ ᠰᠠᠨᠠᠭ᠎ᠠ ᠪᠠ ᠦᠪᠡᠷᠳᠡᠭᠡᠨ ᠵᠠᠰᠠᠬᠤ ᠤᠷᠤᠨ ᠤ ︽8337︾ ᠬᠦᠭᠵᠢᠯᠳᠠ ᠶᠢᠨ ᠰᠠᠳᠬᠢᠴᠠ ᠶᠢ | ᠬᠦᠨᠵᠡᠭᠡᠢ ᠲᠤᠤᠱᠯᠠᠭᠤᠯᠵᠤ᠂ ᠲᠦᠪ ᠪᠠ ᠦᠪᠡᠷᠳᠡᠭᠡᠨ ᠵᠠᠰᠠᠬᠤ ᠤᠷᠤᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠲᠤᠭᠳᠠᠭᠤᠨ ᠤ ᠲᠤᠮᠳᠠ ᠤᠷᠤᠭᠰᠢᠯᠠᠬᠤ ᠠᠵᠢᠯ ᠤᠨ ᠶᠡᠷᠦᠩᠭᠡᠢ ᠭᠤᠤᠯ ᠰᠠᠨᠠᠭ᠎ᠠ ᠶᠢ ᠪᠠᠷᠢᠮᠳᠠᠯᠠᠵᠤ᠂ ᠦᠭᠡᠷᠡᠴᠢᠯᠡᠯᠳᠠ ᠬᠢᠵᠣ ᠰᠢᠨ᠎ᠡ ᠶᠢ | ᠡᠭᠦᠳᠬᠦ ᠶᠢ ᠠᠵᠤ ᠠᠬᠤᠢ ᠨᠡᠶᠢᠭᠡᠮ ᠤᠨ ᠬᠦᠭᠵᠢᠯᠳᠠ ᠶᠢᠨ ᠡᠯ᠎ᠠ ᠬᠦᠷᠢᠶ᠎ᠠ ᠬᠡᠪᠴᠢᠶ᠎ᠠ ᠪᠠ ᠭᠤᠭᠴᠤᠭ᠎ᠠ ᠳᠤ ᠠᠭᠤᠰᠬᠠᠨ᠂ ᠠᠵᠤ ᠠᠬᠤᠢ ᠶᠢᠨ ᠲᠤᠭᠳᠠᠭᠤᠨ | ᠢᠶᠠᠷ ᠨᠡᠮᠡᠭᠳᠡᠬᠦ ᠶᠢ ᠴᠢᠷᠮᠠᠶᠢᠨ ᠪᠠᠳᠤᠯᠠᠵᠤ᠂ ᠠᠵᠤ ᠦᠢᠯᠡᠰ ᠤᠨ ᠪᠦᠳᠦᠴᠠ ᠶᠢᠨ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠭᠦᠯᠬᠦ ᠶᠢ ᠴᠢᠷᠮᠠᠶᠢᠨ ᠲᠦᠷᠬᠡᠳᠬᠡᠵᠣ᠂ | ᠬᠤᠳᠠ ᠬᠦᠳᠡᠭᠡ ᠶᠢ ᠨᠢᠭᠡᠳᠤᠯᠳᠠᠢ ᠲᠦᠯᠦᠪᠵᠢᠬᠦᠯᠦᠨ ᠬᠦᠭᠵᠢᠬᠦᠯᠬᠦ ᠶᠢ ᠴᠢᠷᠮᠠᠶᠢᠨ ᠠᠬᠢᠭᠤᠯᠵᠤ᠂ ᠭᠤᠤᠯᠳᠠᠯᠭ᠎ᠠ ᠲᠠᠢ ᠬᠦᠷᠢᠶ᠎ᠠ ᠬᠡᠪᠴᠢᠶᠠᠨ ᠤ ᠦᠭᠡᠷᠡᠴᠢᠯᠡᠯᠳᠠ ᠶᠢ | ᠬᠦᠴᠦᠯᠠᠨ ᠠᠬᠢᠭᠤᠯᠤᠨ᠂ ᠠᠷᠠᠳ ᠤᠨ ᠠᠮᠢᠳᠤᠷᠠᠯ ᠢ ᠴᠢᠷᠮᠠᠶᠢᠨ ᠪᠠᠳᠣᠯᠠᠬᠤ ᠪᠠ ᠰᠠᠶᠢᠵᠢᠷᠠᠭᠤᠯᠵᠤ᠂ ᠠᠵᠤ ᠠᠬᠤᠢ ᠶᠢᠨ ᠨᠡᠮᠡᠭᠳᠡᠯ ᠤᠨ ᠶᠠᠰᠤ ᠴᠢᠨᠠᠷ ᠪᠠ ᠦᠷ᠎ᠠ | ᠠᠰᠢᠭ ᠢ ᠦᠨᠡᠨᠬᠦ ᠲᠡᠭᠡᠭᠰᠢᠯᠡᠬᠦᠯᠵᠤ᠂ ᠠᠷᠠᠳ ᠲᠦᠮᠠᠨ ᠤ ᠠᠮᠢᠳᠣᠷᠠᠯ ᠤᠨ ᠶᠠᠰᠤ ᠴᠢᠨᠠᠷ ᠪᠠ ᠬᠢᠷᠢ ᠲᠦᠪᠰᠢᠨ ᠢ ᠲᠡᠭᠡᠭᠰᠢᠯᠡᠬᠦᠯᠦᠨ᠂ ᠠᠵᠤ ᠠᠬᠤᠢ ᠶᠢᠨ | ᠦᠷᠬᠦᠯᠵᠢᠯᠠᠨ ᠡᠷᠡᠬᠦᠯ ᠢᠶᠠᠷ ᠬᠦᠭᠵᠢᠬᠦ ᠪᠠ ᠨᠡᠶᠢᠭᠡᠮ ᠤᠨ ᠡᠶ᠎ᠡ ᠵᠤᠬᠢᠴᠠᠯ ᠠᠮᠤᠷ ᠲᠤᠭᠳᠠᠭᠤᠨ ᠢ ᠪᠠᠶᠠᠯᠠᠬᠦᠯᠦᠨ᠎ᠠ᠃ | ᠠᠵᠤ ᠠᠬᠤᠢ ᠨᠡᠶᠢᠭᠡᠮ ᠤᠨ ᠬᠦᠭᠵᠢᠯᠳᠠ ᠶᠢᠨ ᠭᠤᠤᠯ ᠵᠢᠱᠢᠭᠰᠡᠨ ᠬᠠᠷᠠᠯᠳᠠ ᠪᠤᠯ᠄ ᠭᠠᠵᠠᠷ ᠤᠷᠤᠨ ᠤ ᠦᠢᠯᠡᠳᠪᠤᠷᠢᠯᠠᠯ ᠤᠨ ᠶᠡᠷᠦᠩᠭᠡᠢ ᠦᠷᠳᠡᠭ ᠢ | 9% ᠣᠷᠴᠢᠮ ᠢᠶᠠᠷ ᠨᠡᠮᠡᠭᠳᠡᠬᠦᠯᠵᠤ᠂ 4000 ᠳ᠋ᠦᠩᠰᠢᠭᠤᠷ ᠲᠦᠭᠦᠷᠢᠭ ᠢ ᠰᠢᠪᠳᠣᠯᠣᠨ᠂ 4300 ᠳ᠋ᠦᠡᠭᠰᠢᠭᠤᠷ ᠲᠦᠬᠦᠷᠢᠭ ᠲᠤ ᠬᠦᠷᠭᠡᠨ᠎ᠠ︔ ᠤᠯᠠᠨ | ᠨᠠᠶᠢᠳᠠ ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ ᠶᠢ 2% ᠢᠶᠠᠷ ᠨᠡᠮᠡᠭᠳᠡᠬᠦᠯᠵᠤ᠂ 450 ᠳ᠋ᠦᠡᠭᠰᠢᠭᠤᠷ ᠲᠦᠬᠦᠷᠢᠭ ᠪᠡᠶᠡᠯᠡᠬᠦᠯᠦᠨ᠎ᠠ︔ ᠪᠦᠬᠦ | ᠨᠡᠶᠢᠭᠡᠮ ᠤᠨ ᠲᠤᠭᠳᠠᠮᠠᠯ ᠬᠦᠷᠦᠩᠭᠡ ᠶᠢᠨ ᠪᠠᠯᠠ ᠤᠷᠤᠭᠤᠯᠤᠯᠳᠠ ᠶᠢ 13% ᠪᠠᠷ ᠨᠡᠮᠡᠭᠳᠡᠬᠦᠯᠵᠤ᠂ 3000 ᠳ᠋ᠦᠩᠰᠢᠭᠤᠷ ᠲᠦᠭᠦᠷᠢᠭ ᠢ ᠰᠢᠪᠳᠣᠯᠵᠣ᠂ 3390 | ᠳ᠋ᠦᠡᠭᠰᠢᠭᠤᠷ ᠲᠦᠬᠦᠷᠢᠭ ᠪᠡᠶᠡᠯᠡᠬᠦᠯᠦᠨ᠎ᠠ︔ ᠬᠡᠪᠴᠢᠶᠡᠵᠢᠯ ᠠᠴᠠ ᠲᠡᠭᠡᠭᠰᠢᠬᠢ ᠠᠵᠤ ᠦᠢᠯᠡᠳᠪᠤᠷᠢ ᠶᠢᠨ ᠨᠡᠮᠡᠭᠳᠡᠯ ᠦᠷᠳᠡᠭ ᠢ 12% ᠢᠶᠠᠷ ᠨᠡᠮᠡᠭᠳᠡᠬᠦᠯᠵᠤ᠂ | 2000 ᠳ᠋ᠦᠩᠰᠢᠭᠤᠷ ᠲᠦᠭᠦᠷᠢᠭ ᠢ ᠰᠢᠪᠳᠣᠯᠵᠣ᠂ 2100 ᠳ᠋ᠦᠡᠭᠰᠢᠭᠤᠷ ᠲᠦᠬᠦᠷᠢᠭ ᠲᠤ ᠬᠦᠷᠭᠡᠨ᠎ᠠ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠪᠤᠷᠤᠯᠠᠭᠤᠯᠤᠭᠰᠠᠨ ᠶᠡᠷᠦᠩᠭᠡᠢ ᠲᠤᠭ᠎ᠠ ᠶᠢ 9.5% ᠪᠠᠷ ᠨᠡᠮᠡᠭᠳᠡᠬᠦᠯᠵᠤ᠂ 600 ᠳ᠋ᠦᠡᠭᠰᠢᠭᠤᠷ ᠲᠦᠬᠦᠷᠢᠭ ᠲᠤ ᠬᠦᠷᠭᠡᠨ᠎ᠠ︔ ᠬᠤᠳᠠ ᠪᠠᠯᠭᠠᠰᠤ ᠶᠢᠨ ᠰᠠᠭᠤᠭᠠᠯᠢ | ᠠᠷᠠᠳ ᠤᠨ ᠬᠦᠮᠦᠨ ᠲᠤᠮᠳᠠᠴᠢ ᠲᠤᠬᠢᠷᠠᠭᠤᠯᠵᠤ ᠪᠤᠯᠬᠤ ᠤᠷᠤᠯᠭ᠎ᠠ ᠪᠠ ᠮᠠᠯᠴᠢᠨ ᠲᠠᠷᠢᠶᠠᠴᠢᠳ ᠤᠨ ᠬᠦᠮᠦᠨ ᠲᠤᠮᠳᠠᠴᠢ ᠴᠠᠪᠠᠷ ᠤᠷᠤᠯᠭ᠎ᠠ ᠶᠢ ᠲᠤᠰᠪᠤᠷᠢ 9% | ᠪᠠ 10% ᠪᠠᠷ ᠨᠡᠮᠡᠭᠳᠡᠬᠦᠯᠵᠤ᠂ 39370 ᠲᠦᠬᠦᠷᠢᠭ ᠪᠠ 13940 ᠲᠦᠬᠦᠷᠢᠭ ᠲᠤ ᠬᠦᠷᠭᠡᠨ᠎ᠠ᠃ ᠦᠪᠡᠷᠳᠡᠭᠡᠨ ᠵᠠᠰᠠᠬᠤ ᠤᠷᠤᠨ ᠠᠴᠠ ᠪᠠᠭᠤᠯᠭᠠᠭᠰᠠᠨ | ᠡᠨᠧᠷᠬᠢ ᠠᠷᠪᠢᠯᠠᠨ ᠭᠠᠳᠠᠭᠰᠢᠯᠠᠭᠤᠯᠤᠯ ᠢ ᠪᠠᠭᠠᠰᠬᠠᠬᠤ ᠡᠬᠦᠷᠭᠡ ᠶᠢ ᠪᠡᠶᠡᠯᠡᠬᠦᠯᠦᠨ᠎ᠠ᠃ ᠰᠠᠭᠤᠭᠠᠯᠢ ᠠᠷᠠᠳ ᠤᠨ ᠬᠡᠷᠡᠭᠯᠡᠭᠡ ᠶᠢᠨ ᠦᠨ᠎ᠠ ᠬᠠᠨᠭ᠍ᠰᠢ ᠶᠢᠨ ᠵᠢᠭᠠᠯᠳᠠ | ᠲᠤᠭ᠎ᠠ ᠶᠢᠨ ᠨᠡᠮᠡᠭᠳᠡᠯ ᠢ 3% ᠲᠤᠳᠤᠷ᠎ᠠ ᠬᠢᠵᠠᠭᠠᠷᠯᠠᠨ᠎ᠠ᠃ | ᠡᠨᠠ ᠵᠢᠯ᠂ ᠬᠤᠳᠠ ᠶᠢᠨ ᠵᠠᠰᠠᠭ ᠤᠨ ᠤᠷᠳᠤᠨ ᠵᠢᠷᠭᠤᠭᠠᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠳᠤᠷ ᠠᠳᠬᠤᠨ᠎ᠠ᠄ | ︵ᠨᠢᠭᠡ︶ ᠠᠵᠤ ᠦᠢᠯᠡᠰ ᠤᠨ ᠪᠦᠳᠦᠴᠠ ᠶᠢ ᠲᠤᠬᠢᠷᠠᠭᠤᠯᠤᠨ ᠰᠢᠯᠢᠳᠡᠭᠵᠢᠬᠦᠯᠵᠤ᠂ ︽ᠲᠠᠪᠤᠨ ᠲᠤᠮᠤ ᠰᠠᠭᠤᠷᠢᠨ ᠭᠠᠵᠠᠷ︾ ᠤᠨ ᠪᠦᠳᠦᠭᠡᠨ | ᠪᠠᠶᠢᠭᠤᠯᠤᠯᠳᠠ ᠶᠢ ᠠᠬᠢᠭᠤᠯᠵᠤ᠂ ᠠᠵᠤ ᠠᠬᠤᠢ ᠶᠢᠨ ᠦᠷᠬᠦᠯᠵᠢᠯᠠᠨ ᠡᠷᠡᠬᠦᠯ ᠢᠶᠠᠷ ᠬᠦᠭᠵᠢᠬᠦ ᠶᠢ ᠠᠬᠢᠭᠤᠯᠤᠨ᠎ᠠ᠃ ᠮᠠᠨ ᠤ ᠬᠤᠳᠠ ᠶᠢᠨ ᠠᠵᠣ ᠣᠶᠢᠯᠡᠰ | ᠤᠨ ᠬᠦᠭᠵᠢᠯᠳᠡ ᠶᠢᠨ ᠪᠣᠳᠠᠳᠣ ᠪᠠᠶᠢᠳᠠᠯ ᠠᠴᠠ ᠡᠭᠦᠰᠴᠣ᠂ ᠦᠪᠡᠷᠳᠡᠬᠡᠨ ᠵᠠᠰᠠᠬᠤ ᠣᠷᠣᠨ ᠤ ︽8337︾ ᠬᠦᠭᠵᠢᠯᠳᠡ ᠶᠢᠨ ᠰᠡᠳᠬᠢᠴᠡ ᠶᠢᠨ | ᠱᠠᠭᠠᠷᠳᠠᠯᠭ᠎ᠠ ᠶᠣᠰᠣᠭᠠᠷ᠂ ᠣᠯᠣᠰ ᠤᠨ ᠴᠡᠪᠡᠷ ᠡᠨᠧᠷᠬᠢ ᠶᠢ ᠭᠠᠷᠭᠠᠬᠤ ᠰᠠᠭᠤᠷᠢᠨ ᠭᠠᠵᠠᠷ᠂ ᠣᠯᠣᠰ ᠤᠨ ᠰᠢᠨ᠎ᠡ ᠬᠡᠯᠪᠡᠷᠢ ᠶᠢᠨ ᠨᠡᠭᠦᠷᠡᠰᠦᠨ ᠤ ᠬᠢᠮᠢ ᠶᠢᠨ | ᠠᠵᠣ ᠣᠶᠢᠯᠡᠳᠪᠦᠷᠢ ᠶᠢᠨ ᠣᠶᠢᠯᠡᠳᠪᠦᠷᠢᠯᠡᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠪᠦᠬᠦ ᠣᠷᠣᠨ ᠤ ᠬᠦᠩᠬᠡᠨ ᠴᠠᠭᠠᠨ ᠤ ᠡᠷᠬᠢᠯᠳᠠᠳᠤ ᠠᠵᠤ ᠦᠢᠯᠡᠰ | ᠪᠠ ᠲᠣᠨᠣᠭᠯᠠᠯ ᠣᠶᠢᠯᠡᠳᠬᠦ ᠣᠶᠢᠯᠡᠰ ᠤᠨ ᠰᠠᠭᠤᠷᠢᠨ ᠭᠠᠵᠠᠷ᠂ ᠪᠦᠬᠦ ᠣᠷᠣᠨ ᠤ ᠪᠣᠬᠢᠷᠳᠣᠯ ᠦᠬᠡᠢ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ | ᠶᠢ ᠣᠶᠢᠯᠡᠳᠪᠦᠷᠢᠯᠡᠨ ᠪᠣᠯᠪᠠᠰᠣᠷᠠᠭᠤᠯᠬᠤ ᠰᠠᠭᠤᠷᠢᠨ ᠭᠠᠵᠠᠷ ᠪᠠ ᠵᠣᠭᠠᠴᠠᠨ ᠲᠣᠭᠤᠷᠢᠵᠣ᠂ ᠰᠡᠯᠡᠭᠦᠴᠡᠨ ᠠᠮᠠᠷᠠᠬᠤ ᠰᠠᠭᠤᠷᠢᠨ ᠭᠠᠵᠠᠷ ᠢ ᠪᠦᠬᠦ ᠭᠦᠴᠦᠨ ᠢᠶᠠᠷ | ᠪᠠᠶᠢᠭᠤᠯᠵᠣ᠂ ᠠᠵᠣ ᠣᠶᠢᠯᠡᠰ ᠤᠨ ᠪᠦᠲᠦᠴᠡ ᠶᠢᠨ ᠬᠡᠯᠪᠡᠷᠢ ᠶᠢ ᠬᠤᠪᠢᠷᠠᠭᠤᠯᠣᠨ ᠲᠡᠰ ᠲᠡᠪᠰᠢᠭᠦᠯᠬᠦ ᠶᠢ ᠠᠬᠢᠭᠤᠯᠵᠣ᠂ ᠠᠵᠣ ᠠᠬᠤᠢ ᠶᠢᠨ ᠦᠷᠭᠦᠯᠵᠢᠯᠡᠨ | ᠡᠷᠡᠭᠦᠯ ᠢᠶᠠᠷ ᠬᠦᠭᠵᠢᠬᠦ ᠶᠢ ᠠᠬᠢᠭᠤᠯᠣᠨ᠎ᠠ᠃ | ᠴᠡᠪᠠᠷ ᠡᠨᠧᠷᠬᠢ ᠪᠠ ᠤᠳᠤ ᠦᠶ᠎ᠠ ᠶᠢᠨ ᠨᠡᠬᠦᠷᠡᠰᠤᠨ ᠤ ᠬᠢᠮᠢ ᠶᠢᠨ ᠠᠵᠤ ᠦᠢᠯᠡᠳᠪᠤᠷᠢ ᠶᠢᠨ ᠠᠵᠤ ᠦᠢᠯᠡᠰ ᠢ ᠭᠤᠣᠯᠳᠠᠯᠭ᠎ᠠ ᠲᠠᠢ ᠬᠦᠭᠵᠢᠬᠦᠯᠦᠨ᠎ᠠ᠃ | ᠨᠡᠭᠦᠷᠡᠰᠦᠨ ᠤ ᠣᠶᠢᠯᠡᠳᠪᠦᠷᠢᠯᠡᠯ ᠢ ᠲᠣᠭᠳᠠᠭᠤᠨ ᠪᠠᠶᠢᠯᠭᠠᠵᠣ᠂ ᠨᠡᠬᠦᠷᠡᠰᠤ ᠶᠢ ᠴᠠᠪᠠᠷ ᠢᠶᠠᠷ ᠠᠰᠢᠭᠯᠠᠬᠤ ᠬᠢᠷᠢ ᠲᠦᠪᠰᠢᠨ ᠢ ᠴᠢᠷᠮᠠᠶᠢᠨ ᠲᠡᠭᠡᠭᠰᠢᠯᠡᠬᠦᠯᠵᠤ᠂ | ᠨᠡᠬᠦᠷᠡᠰᠤ ᠶᠢ ᠤᠬᠢᠶᠠᠨ ᠰᠢᠯᠢᠬᠦ᠂ ᠲᠤᠤᠷ᠎ᠠ ᠲᠤᠯᠠᠭᠠᠨ ᠢᠶᠠᠷ ᠤᠰᠤ ᠦᠭᠡᠶᠢᠳᠡᠬᠦᠯᠬᠦ ᠵᠡᠷᠭᠡ ᠴᠡᠪᠠᠷ ᠢᠶᠠᠷ ᠠᠰᠢᠭᠯᠠᠬᠤ ᠮᠡᠷᠭᠡᠵᠢᠯ ᠢ ᠪᠦᠬᠦ ᠲᠠᠯ᠎ᠠ ᠪᠠᠷ | ᠲᠡᠯᠭᠡᠷᠡᠬᠦᠯᠵᠤ᠂ ᠨᠡᠬᠦᠷᠡᠰᠤ ᠶᠢ ᠤᠬᠢᠶᠠᠨ ᠰᠢᠯᠢᠬᠦ ᠨᠤᠷᠮ᠎ᠠ ᠶᠢ ᠲᠡᠭᠡᠭᠰᠢᠯᠡᠬᠦᠯᠦᠨ 85% ᠶᠢ ᠲᠡᠪᠠᠭᠤᠯᠤᠨᠠ᠃ ᠨᠡᠬᠦᠷᠡᠰᠤ ᠴᠠᠬᠢᠯᠭᠠᠨ ᠤ ᠰᠠᠭᠤᠷᠢᠨ ᠭᠠᠵᠠᠷ ᠤᠨ | ᠨᠡᠭᠡᠭᠡᠯᠳᠠ ᠶᠢᠨ ᠲᠦᠯᠦᠪᠵᠢᠬᠦᠯᠭᠡ ᠶᠢ ᠬᠡᠷᠡᠭᠵᠢᠬᠦᠯᠵᠤ᠂ ᠮᠸᠡᠭ ᠲᠠᠢ᠂ ᠵᠢᠶᠦ᠋ᠨ ᠵᠸᠡᠭ᠂ ᠸᠧᠢ ᠵᠢᠶᠠ ᠮᠤᠤ ᠵᠡᠷᠭᠡ ᠴᠠᠬᠢᠯᠭᠠᠨ ᠦᠢᠯᠡᠳᠪᠤᠷᠢ ᠶᠢᠨ ᠪᠦᠳᠦᠭᠡᠨ | ᠪᠠᠶᠢᠭᠤᠯᠤᠯᠳᠠ ᠶᠢ ᠠᠬᠢᠭᠤᠯᠵᠤ᠂ ᠴᠠᠬᠢᠯᠭᠠᠨ ᠬᠦᠴᠦᠨ ᠤ ᠮᠠᠰᠢᠨ ᠴᠤᠭᠴᠠᠯᠠᠪᠤᠷᠢ ᠶᠢᠨ ᠪᠠᠭᠳᠠᠭᠠᠮᠵᠢ ᠶᠢ ᠰᠢᠨ᠎ᠠ ᠪᠠᠷ 120 ᠲᠦᠮᠠᠨ ᠺᠢᠯᠤᠸᠠᠲ ᠨᠡᠮᠡᠭᠳᠡᠬᠦᠯᠦᠨ᠎ᠠ᠃ | ᠪᠠᠶᠢᠭᠠᠯᠢ ᠶᠢᠨ ᠰᠢᠳᠠᠮᠠᠬᠠᠢ ᠬᠡᠢ ᠶᠢ ᠬᠠᠶᠢᠨ ᠬᠡᠮᠵᠢᠵᠤ ᠨᠡᠭᠡᠭᠡᠯᠳᠠ ᠬᠢᠬᠦ ᠬᠦᠴᠦᠯᠡᠴᠠ ᠶᠢ ᠨᠡᠮᠡᠭᠳᠡᠬᠦᠯᠵᠤ᠂ ᠪᠠᠶᠢᠭᠠᠯᠢ ᠶᠢᠨ ᠰᠢᠳᠠᠮᠠᠬᠠᠢ ᠬᠡᠢ ᠶᠢᠨ ᠣᠶᠢᠯᠡᠳᠪᠦᠷᠢᠯᠡᠯ | ᠤᠨ ᠬᠡᠮᠵᠢᠶ᠎ᠡ ᠶᠢ 280 ᠳ᠋ᠦᠩᠰᠢᠭᠤᠷ ᠪᠣᠰᠤᠭ᠎ᠠ ᠲᠦᠷᠪᠡᠯᠵᠢᠨ ᠮᠧᠲᠷ ᠲᠤ ᠬᠦᠷᠬᠡᠨ᠎ᠡ᠃ ᠰᠡᠯᠭᠢᠨ ᠡᠨᠧᠷᠬᠢ᠂ ᠨᠠᠷᠠᠨ ᠡᠨᠧᠷᠬᠢ ᠵᠡᠷᠭᠡ ᠰᠢᠨ᠎ᠠ ᠡᠨᠧᠷᠬᠢ ᠶᠢᠨ ᠠᠵᠤ | ᠦᠢᠯᠡᠰ ᠢ ᠢᠳᠡᠪᠬᠢᠳᠠᠢ ᠬᠦᠭᠵᠢᠬᠦᠯᠦᠨ᠎ᠠ᠃ ᠨᠡᠬᠦᠷᠡᠰᠤ ᠪᠠᠷ ᠰᠠᠭᠤᠷᠢᠯᠠᠭᠰᠠᠨ ᠨᠠᠷᠢᠯᠢᠭ ᠬᠦᠨᠵᠡᠭᠡᠢ ᠪᠤᠯᠪᠠᠰᠤᠷᠠᠭᠤᠯᠬᠤ ᠠᠵᠤ ᠦᠢᠯᠡᠰ ᠢ ᠶᠡᠭᠡᠪᠡᠷ ᠬᠦᠭᠵᠢᠬᠦᠯᠵᠤ᠂ | ᠨᠡᠬᠦᠷᠡᠰᠤ ᠪᠠᠷ ᠲᠤᠰᠤ᠂ ᠬᠡᠢ ᠦᠢᠯᠡᠳᠬᠦ ᠵᠡᠷᠭᠡ ᠴᠡᠪᠠᠷ ᠡᠨᠧᠷᠬᠢ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠵᠤ᠂ ᠨᠡᠬᠦᠷᠡᠰᠤ ᠪᠠᠷ ᠮᠧᠲ᠋ᠢᠯ | ᠠᠯᠺᠤᠤᠯ᠂ ᠠᠯᠺᠧᠨ ᠦᠢᠯᠡᠳᠬᠦ ᠵᠡᠷᠭᠡ ᠠᠵᠤ ᠦᠢᠯᠡᠰ ᠤᠨ ᠬᠡᠯᠬᠢᠶ᠎ᠠ ᠶᠢ ᠤᠷᠳᠤᠳᠬᠠᠵᠤ᠂ ᠱᠧᠨ ᠬᠤᠸᠠ ᠶᠢᠨ ᠨᠡᠬᠦᠷᠡᠰᠤ ᠪᠠᠷ ᠲᠤᠰᠤ ᠦᠢᠯᠡᠳᠬᠦ ᠬᠤᠶᠠᠳᠤᠭᠠᠷ᠂ | ᠭᠤᠷᠪᠠᠳᠤᠭᠠᠷ ᠵᠤᠷᠪᠤᠰ ᠦᠢᠯᠡᠳᠪᠦᠷᠢᠯᠡᠯ ᠤᠨ ᠱᠤᠭᠤᠮ᠂ ᠢ ᠲᠠᠢ ᠶᠢᠨ 200 ᠲᠦᠮᠠᠨ ᠲᠤᠨ ᠤ ᠨᠡᠬᠦᠷᠡᠰᠤ ᠶᠢ ᠰᠢᠩᠭᠡᠵᠢᠬᠦᠯᠬᠦ᠂ ᠵᠦᠡᠭ ᠲᠢᠶᠠᠨ ᠡᠾᠧ | ᠴᠤᠸᠡᠩ ᠤᠨ ᠨᠡᠬᠦᠷᠡᠰᠤ ᠪᠠᠷ ᠮᠧᠲ᠋ᠢᠯ ᠠᠯᠺᠤᠤᠯ ᠦᠢᠯᠡᠳᠬᠦ᠂ ᠲᠤᠮᠳᠠᠳᠤ ᠤᠯᠤᠰ ᠤᠨ ᠴᠠᠬᠢᠯᠭᠠᠨ ᠬᠦᠴᠦᠨ ᠤ ᠪᠠᠯᠠ ᠤᠷᠤᠭᠤᠯᠤᠯᠳᠠ ᠶᠢᠨ ᠠᠯᠺᠧᠨ᠂ ᠮᠠᠨ ᠱᠢ | ᠶᠢᠨ ᠲᠤᠮᠤ ᠬᠢᠮᠢ ᠶᠢᠨ ᠪᠤᠷᠳᠤᠭᠤᠷ ᠪᠠ ᠪᠡᠭᠡᠵᠢᠩ ᠤᠨ ᠬᠤᠪᠢ ᠤᠷᠤᠭᠤᠯᠤᠯᠳᠠ ᠶᠢ ᠡᠷᠭᠡᠰᠢᠶᠡᠬᠦ ᠪᠦᠯᠦᠭᠯᠡᠯ᠂ ᠲᠤᠮᠳᠠᠳᠤ ᠤᠯᠤᠰ ᠤᠨ ᠲᠠᠯᠠᠢ ᠶᠢᠨ ᠴᠢᠯᠠᠭᠤᠨ | ᠲᠤᠰᠤ᠂ ᠡᠾᠧᠪᠸᠢ ᠶᠢᠨ ᠪᠦᠳᠦᠭᠡᠨ ᠪᠠᠶᠢᠭᠤᠯᠤᠯᠳᠠ ᠪᠠᠯᠠ ᠤᠷᠤᠭᠤᠯᠤᠯᠳᠠ ᠶᠢᠨ ᠪᠦᠯᠦᠭᠯᠡᠯ᠂ ᠰᠢᠨ ᠮᠸᠡᠭ ᠤᠨ ᠨᠡᠬᠦᠷᠡᠰᠤ ᠪᠠᠷ ᠬᠡᠢ ᠦᠢᠯᠡᠳᠬᠦ ᠵᠡᠷᠭᠡ ᠴᠢᠬᠤᠯᠠ | ᠲᠤᠮᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢ ᠰᠠᠶᠢᠳᠤᠷ ᠠᠳᠬᠤᠵᠤ᠂ ᠵᠢᠤ ᠲᠠᠢ ᠶᠢᠨ ᠠᠯᠺᠧᠨ᠂ ᠬᠤᠢ ᠨᠸᠡᠭ ᠤᠨ ᠨᠡᠬᠦᠷᠡᠰᠤ ᠪᠠᠷ ᠬᠡᠢ ᠦᠢᠯᠡᠳᠬᠦ | ᠵᠡᠷᠭᠡ ᠲᠦᠷᠦᠯ ᠵᠦᠢᠯ ᠢ ᠪᠠᠶᠢᠭᠤᠯᠤᠨ ᠪᠦᠳᠦᠭᠡᠵᠤ ᠠᠰᠢᠭᠯᠠᠯᠳᠠ ᠳᠤ ᠤᠷᠤᠭᠤᠯᠬᠤ ᠶᠢ ᠪᠠᠳᠤᠯᠠᠵᠤ᠂ ᠨᠡᠬᠦᠷᠡᠰᠤᠨ ᠤ ᠬᠢᠮᠢ ᠶᠢᠨ ᠠᠵᠤ ᠦᠢᠯᠡᠳᠪᠤᠷᠢ ᠶᠢᠨ ᠠᠵᠤ | ᠦᠢᠯᠡᠰ ᠢ ᠬᠡᠪᠴᠢᠶᠡᠵᠢᠭᠰᠡᠨ᠂ ᠰᠠᠭᠤᠷᠢᠨ ᠭᠠᠵᠠᠷᠴᠢᠯᠠᠭᠰᠠᠨ᠂ ᠰᠦᠷᠦᠭᠵᠢᠬᠦᠯᠦᠭᠰᠡᠨ ᠴᠢᠭᠯᠡᠯ ᠲᠠᠰᠢ ᠬᠦᠭᠵᠢᠬᠦᠯᠬᠦ ᠶᠢ ᠠᠬᠢᠭᠤᠯᠵᠤ᠂ ᠨᠡᠬᠦᠷᠡᠰᠤᠨ ᠤ ᠬᠢᠮᠢ ᠶᠢᠨ | ᠠᠵᠤ ᠦᠢᠯᠡᠳᠪᠤᠷᠢ ᠶᠢᠨ ᠦᠢᠯᠡᠳᠪᠤᠷᠢᠯᠠᠯ ᠤᠨ ᠴᠢᠳᠠᠪᠤᠷᠢ ᠶᠢ ᠰᠢᠨ᠎ᠠ ᠪᠠᠷ 390 ᠲᠦᠮᠨᠨ ᠲᠤᠨ ᠨᠡᠮᠡᠭᠳᠡᠬᠦᠯᠦᠨ᠎ᠠ᠃ ᠴᠠᠬᠢᠯᠭᠠᠨ ᠬᠦᠴᠤ᠂ ᠬᠢᠮᠢ ᠶᠢᠨ ᠠᠵᠤ | ᠦᠢᠯᠡᠳᠪᠤᠷᠢ ᠶᠢᠨ ᠦᠢᠯᠡᠳᠬᠦᠨ ᠢ ᠭᠠᠳᠠᠭᠰᠢ ᠬᠦᠷᠭᠡᠬᠦ ᠵᠠᠮ ᠬᠤᠭᠤᠯᠠᠢ ᠶᠢᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠵᠤ᠂ ᠮᠸᠡᠭ ᠰᠢ ᠠᠴᠠ ᠲᠢᠶᠠᠨᠵᠢᠨ ᠤ | ᠡᠮᠤᠨ᠎ᠠ ᠬᠡᠰᠡᠭ᠂ ᠱᠠᠩᠬᠠᠢ ᠶᠢᠨ ᠰᠦᠮ᠎ᠠ ᠠᠴᠠ ᠱᠠᠨᠳᠦ᠋ᠡᠭ ᠬᠦᠷᠬᠦ ᠤᠨᠴᠠ ᠦᠨᠳᠤᠷ ᠬᠦᠴᠤᠳᠠᠯᠳᠤ ᠴᠠᠬᠢᠯᠭᠠᠨ ᠲᠠᠮᠵᠢᠭᠤᠯᠬᠤ ᠤᠳᠠᠰᠤ ᠶᠢᠨ ᠡᠮᠤᠨ᠎ᠠ | ᠬᠤᠭᠤᠴᠠᠭᠠᠨ ᠤ ᠠᠵᠢᠯ ᠢ ᠠᠬᠢᠭᠤᠯᠵᠤ᠂ ᠱᠠᠨᠰᠢ ᠪᠡᠭᠡᠵᠢᠩ ᠤᠨ ᠲᠦᠷᠪᠠᠨ ᠱᠤᠭᠤᠮ ᠪᠠᠶᠢᠭᠠᠯᠢ ᠶᠢᠨ ᠰᠢᠳᠠᠮᠠᠬᠠᠢ ᠬᠡᠢ ᠶᠢ ᠲᠠᠮᠵᠢᠭᠤᠯᠬᠤ ᠬᠤᠭᠤᠯᠠᠢ ᠶᠢᠨ | ᠪᠠᠷᠢᠯᠭ᠎ᠠ ᠶᠢ ᠡᠬᠢᠯᠡᠬᠦᠯᠦᠨ ᠪᠦᠳᠦᠭᠡᠨ ᠪᠠᠶᠢᠭᠤᠯᠤᠨ᠎ᠠ᠃ | ᠰᠢᠨ᠎ᠠ ᠪᠠᠷ ᠬᠦᠭᠵᠢᠭᠰᠡᠨ ᠠᠵᠤ ᠦᠢᠯᠡᠰ ᠢ ᠪᠤᠶᠢᠵᠢᠭᠤᠯᠤᠨ ᠬᠦᠭᠵᠢᠬᠦᠯᠦᠨ᠎ᠠ᠃ ᠬᠦᠡᠭᠬᠡᠨ ᠴᠠᠭᠠᠨ ᠤ ᠠᠭᠤᠯᠤᠭᠳᠠᠴᠠ ᠪᠠᠷ ᠪᠠᠶᠠᠯᠢᠭ ᠨᠡᠬᠦᠷᠡᠰᠤᠨ ᠤ | ᠡᠬᠢ ᠪᠠᠶᠠᠯᠢᠭ ᠢ ᠶᠡᠷᠦᠩᠭᠡᠶᠢᠯᠠᠨ ᠠᠰᠢᠭᠯᠠᠬᠤ ᠬᠢᠷᠢ ᠲᠦᠪᠰᠢᠨ ᠢ ᠲᠡᠭᠡᠭᠰᠢᠯᠡᠬᠦᠯᠵᠤ᠂ ᠨᠤᠨᠳᠠᠭ ᠨᠡᠬᠦᠷᠡᠰᠤᠨ ᠦᠨᠡᠰᠤ ᠠᠴᠠ ᠢᠰᠤᠯᠳᠦᠭᠰᠡᠨ ᠬᠦᠡᠭᠭᠡᠨ ᠴᠠᠭᠠᠨ | ᠭᠠᠷᠭᠠᠨ ᠠᠪᠬᠤ ᠵᠢᠴᠢ ᠬᠦᠡᠭᠭᠡᠨ ᠴᠠᠭᠠᠨ ᠤ ᠦᠢᠯᠡᠳᠬᠦᠨ ᠢ ᠨᠠᠷᠢᠯᠢᠭ ᠬᠦᠨᠵᠡᠭᠡᠢ ᠪᠤᠯᠪᠠᠰᠤᠷᠠᠭᠤᠯᠬᠤ ᠦᠢᠯᠡᠰ ᠢ ᠢᠳᠡᠪᠬᠢᠳᠠᠢ ᠬᠦᠭᠵᠢᠬᠦᠯᠵᠤ᠂ ᠰᠢᠨ ᠡᠾᠸᠡᠭ᠂ | ᠮᠸᠡᠭ ᠰᠢ᠂ ᠱᠧᠨ ᠬᠤᠸᠠ᠂ ᠳ᠋ᠠ ᠲᠠᠩ᠂ ᠲᠤᠮᠳᠠᠳᠤ ᠤᠯᠤᠰ ᠤᠨ ᠬᠦᠡᠭᠭᠡᠨ ᠴᠠᠭᠠᠨ ᠵᠡᠷᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢᠨ ᠠᠯᠬᠤᠴᠠ ᠶᠢ | ᠲᠦᠷᠭᠡᠳᠭᠡᠵᠤ᠂ ᠨᠡᠬᠦᠷᠡᠰᠤ ᠴᠠᠬᠢᠯᠭᠠᠨ ᠬᠦᠡᠭᠭᠡᠨ ᠴᠠᠭᠠᠨ ᠢ ᠨᠢᠭᠡ ᠴᠤᠭᠴᠠᠵᠢᠭᠤᠯᠤᠭᠰᠠᠨ ᠡᠷᠭᠢᠯᠳᠡᠳᠤ ᠠᠵᠤ ᠦᠢᠯᠡᠰ ᠤᠨ ᠬᠡᠯᠬᠢᠶ᠎ᠠ ᠶᠢ ᠪᠠᠶᠢᠭᠤᠯᠤᠨ᠎ᠠ᠃ ᠮᠠᠰᠢᠨ | ᠲᠡᠷᠭᠡ ᠪᠠᠷ ᠭᠤᠤᠯ ᠪᠤᠯᠭᠠᠭᠰᠠᠨ ᠲᠤᠨᠤᠭᠯᠠᠯ ᠦᠢᠯᠡᠳᠬᠦ ᠦᠢᠯᠡᠰ ᠢ ᠶᠡᠭᠡᠪᠡᠷ ᠬᠦᠭᠵᠢᠬᠦᠯᠵᠤ᠂ ᠴᠢ ᠷᠦᠢ᠂ ᠬᠤᠸᠠ ᠲᠠᠢ᠂ ᠵᠢᠩ ᠬᠦᠡᠭ ᠾᠸᠡᠭ ᠰᠢᠨ ᠵᠡᠷᠭᠡ | ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠭᠡᠭᠵᠢᠬᠦᠯᠬᠦ ᠶᠢ ᠲᠡᠮᠵᠢᠵᠤ᠂ ᠰᠡᠯᠪᠢᠭ ᠲᠤᠨᠤᠭ ᠢ ᠢᠵᠢ ᠪᠦᠷᠢᠳᠤᠬᠦᠯᠦᠨ ᠣᠶᠢᠯᠡᠳᠪᠦᠷᠢᠯᠡᠬᠦ ᠠᠵᠤ ᠠᠬᠤᠶᠢᠯᠠᠯ ᠢ | ᠦᠷᠬᠦᠯᠵᠢᠯᠠᠨ ᠤᠷᠤᠭᠤᠯᠵᠤ᠂ ᠵᠢᠯ ᠤᠨ ᠲᠤᠳᠤᠷ᠎ᠠ 15 ᠲᠦᠮᠠᠨ ᠲᠡᠷᠭᠡ᠂ 35 ᠲᠦᠮᠠᠨ ᠰᠠᠭᠤᠷᠢ ᠬᠦᠳᠡᠯᠭᠡᠬᠦᠷ᠂ 15 ᠲᠦᠮᠠᠨ ᠰᠠᠭᠤᠷᠢ ᠬᠤᠷᠳᠤᠴᠠ | ᠦᠭᠡᠷᠡᠴᠢᠯᠡᠬᠦᠷ ᠦᠢᠯᠡᠳᠪᠤᠷᠢᠯᠡᠨ ᠪᠤᠷᠤᠯᠠᠭᠤᠯᠵᠤ᠂ ᠰᠡᠯᠪᠢᠭ ᠲᠤᠨᠤᠭ ᠢ ᠢᠵᠢ ᠪᠦᠷᠢᠳᠦᠬᠦᠯᠦᠨ ᠦᠢᠯᠡᠳᠪᠤᠷᠢᠯᠡᠬᠦ ᠠᠵᠤ ᠠᠬᠤᠶᠢᠯᠠᠯ ᠢ 40 ᠪᠤᠯᠭᠠᠨ᠎ᠠ᠃ | ᠨᠡᠬᠦᠷᠡᠰᠤᠨ ᠤ ᠮᠧᠬᠠᠨᠢᠭ᠂ ᠬᠢᠮᠢ ᠶᠢᠨ ᠠᠵᠤ ᠦᠢᠯᠡᠳᠪᠤᠷᠢ ᠶᠢᠨ ᠲᠤᠨᠤᠭ ᠲᠦᠬᠦᠭᠡᠷᠦᠮᠵᠢ ᠵᠡᠷᠭᠡ ᠦᠢᠯᠡᠳᠬᠦ ᠣᠶᠢᠯᠡᠰ ᠢ ᠲᠦᠷᠭᠡᠨ ᠢᠶᠠᠷ ᠬᠦᠭᠵᠢᠬᠦᠯᠵᠤ᠂ ᠰᠢᠨ᠎ᠠ | ᠠᠵᠤ ᠦᠢᠯᠡᠰ ᠤᠨ ᠲᠠᠪᠠᠭᠤᠯᠢᠭ ᠢ ᠪᠤᠶᠢᠵᠢᠭᠤᠯᠤᠨ᠎ᠠ᠃ ᠡᠯᠧᠺᠲᠷᠤᠨ ᠴᠢᠮᠡᠭᠡ ᠵᠠᠩᠬᠢ ᠶᠢᠨ ᠠᠵᠤ ᠦᠢᠯᠡᠰ ᠢ ᠢᠳᠡᠪᠬᠢᠳᠠᠢ ᠬᠦᠭᠵᠢᠬᠦᠯᠵᠤ᠂ ᠵᠢᠩ ᠳ᠋ᠦᠡᠭ ᠹᠠᠨᠭ᠌ | ᠤᠨ ᠬᠠᠭᠠᠰ ᠲᠠᠮᠵᠢᠭᠤᠯᠤᠭᠴᠢ ᠦᠵᠡᠬᠦᠯᠦᠬᠦᠷ ᠤᠨ ᠲᠦᠷᠦᠯ ᠵᠦᠢᠯ ᠢ ᠪᠦᠭᠡᠮ ᠢᠶᠠᠷ ᠦᠢᠯᠡᠳᠪᠤᠷᠢᠯᠡᠬᠦ ᠶᠢ ᠪᠡᠶᠡᠯᠡᠭᠦᠯᠬᠦ ᠪᠠᠷ ᠴᠢᠷᠮᠠᠶᠢᠵᠤ᠂ ᠯᠦᠸᠧ ᠺᠧ ᠵᠢᠶᠠ | ᠬᠤᠸᠠ ᠶᠢᠨ ᠪᠤᠳᠠᠰ ᠤᠨ ᠢᠨᠲ᠋ᠧᠷᠨᠧᠲ ᠰᠦᠯᠵᠢᠶ᠎ᠠ ᠶᠢᠨ ᠬᠡᠷᠡᠭᠯᠡᠭᠡᠨ ᠤ ᠰᠠᠭᠤᠷᠢᠨ ᠭᠠᠵᠠᠷ᠂ ᠹᠦ᠋ ᠱᠢ ᠺᠠᠨᠭ᠌ ᠤᠨ ᠨᠠᠷᠢᠯᠢᠭ ᠬᠡᠮᠵᠢᠬᠦᠷᠯᠢᠭ᠂ ᠡᠬᠦᠯᠡᠨ ᠪᠤᠳᠤᠯᠭ᠎ᠠ | ᠶᠢᠨ ᠠᠵᠤ ᠦᠢᠯᠡᠰ ᠤᠨ ᠬᠦᠷᠢᠶᠡᠯᠡᠩ ᠤᠨ ᠳ᠋ᠠᠶᠢᠲ᠋ᠠ ᠶᠢᠨ ᠲᠦᠪ ᠵᠡᠷᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠨ᠎ᠠ᠃ ᠪᠠᠷᠢᠯᠭ᠎ᠠ ᠶᠢᠨ | ᠮᠠᠲ᠋ᠧᠷᠢᠶᠠᠯ᠂ ᠸᠠᠭᠠᠷ ᠱᠠᠭᠠᠵᠢᠩ ᠵᠡᠷᠭᠡ ᠤᠯᠠᠮᠵᠢᠯᠠᠯᠳᠤ ᠠᠵᠤ ᠦᠢᠯᠡᠰ ᠢ ᠦᠭᠡᠷᠡᠴᠢᠯᠡᠨ ᠲᠡᠭᠡᠭᠰᠢᠯᠡᠬᠦᠯᠵᠤ᠂ ᠦᠢᠯᠡᠳᠬᠦᠨ ᠢ ᠦᠵᠦᠬᠦᠷ ᠲᠡᠰᠵᠢᠬᠦᠯᠵᠤ᠂ ᠨᠠᠷᠠᠳᠤ | ᠲᠡᠮᠳᠡᠭᠵᠢᠬᠦᠯᠵᠤ᠂ ᠰᠢᠷᠢᠰᠵᠢᠬᠦᠯᠦᠨ ᠬᠦᠭᠵᠢᠬᠦᠯᠬᠦ ᠶᠢ ᠠᠬᠢᠭᠤᠯᠤᠨ᠎ᠠ᠃ | ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢ ᠪᠣᠯᠪᠠᠰᠣᠷᠠᠭᠤᠯᠬᠤ ᠣᠶᠢᠯᠡᠰ ᠢ ᠪᠤᠵᠠᠭᠠᠶᠢᠷᠠᠭᠤᠯᠤᠨ ᠭᠦᠴᠦᠷᠬᠡᠭᠵᠢᠭᠦᠯᠦᠨᠡ᠃ ᠪᠣᠬᠢᠷᠳᠣᠯ | ᠦᠬᠡᠢ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢ ᠣᠶᠢᠯᠡᠳᠪᠦᠷᠢᠯᠡᠨ ᠪᠣᠯᠪᠠᠰᠣᠷᠠᠭᠤᠯᠵᠣ ᠭᠠᠷᠭᠠᠬᠤ ᠰᠠᠭᠤᠷᠢᠨ ᠭᠠᠵᠠᠷ ᠢ ᠲᠦᠷᠭᠡᠨ ᠢᠶᠠᠷ | ᠪᠦᠲᠦᠬᠡᠨ ᠪᠠᠶᠢᠭᠤᠯᠵᠣ᠂ ᠢᠳᠡᠰᠢᠨ ᠬᠤᠨᠢ ᠢᠮᠠᠭ᠎ᠠ᠂ ᠦᠬᠡᠷ᠂ ᠠᠮᠢᠳᠣ ᠭᠠᠭ᠋ᠠᠢ᠂ ᠬᠡᠷ ᠤᠨ ᠵᠢᠭᠦᠷᠳᠡᠨ᠂ ᠭᠤᠸ᠎ᠠ ᠵᠢᠮᠢᠰ ᠨᠣᠭᠤᠭ᠎ᠠ ᠴᠠᠭ᠎ᠠ ᠪᠠ ᠤᠢ ᠡᠯᠡᠰᠤᠨ ᠤ | ᠠᠵᠣ ᠣᠶᠢᠯᠡᠰ ᠢ ᠪᠣᠶᠢᠵᠢᠭᠤᠯᠣᠨ ᠬᠦᠭᠵᠢᠭᠦᠯᠵᠣ᠂ 27 ᠡᠷᠴᠢᠮᠵᠢᠬᠦᠯᠦᠭᠰᠡᠠ ᠲᠠᠵᠢᠬᠡᠪᠤᠷᠢ ᠶᠢᠨ ᠬᠦᠷᠢᠶᠡᠯᠡᠩ ᠢ ᠰᠢᠨ᠎ᠠ ᠪᠠᠷ ᠪᠤᠶᠤ ᠦᠭᠡᠷᠡᠴᠢᠯᠠᠨ ᠦᠷᠭᠡᠳᠭᠡᠨ | ᠪᠠᠶᠢᠭᠤᠯᠵᠤ᠂ ᠣᠳᠣ ᠦᠶ᠎ᠡ ᠶᠢᠨ ᠲᠠᠷᠢᠶᠠᠯᠠᠩ ᠤᠨ ᠰᠠᠭᠤᠷᠢᠨ ᠭᠠᠵᠠᠷ ᠢ ᠰᠢᠨ᠎ᠠ ᠪᠠᠷ 25 ᠲᠦᠮᠡᠨ ᠮᠣ᠋ ᠪᠠᠶᠢᠭᠤᠯᠤᠨ᠂ ᠭᠤᠸ᠎ᠠ ᠵᠢᠮᠢᠰ ᠨᠣᠭᠤᠭ᠎ᠠ ᠴᠠᠭ᠎ᠠ ᠶᠢᠨ | ᠰᠠᠭᠤᠷᠢᠨ ᠭᠠᠵᠠᠷ ᠢ 31 ᠲᠦᠮᠡᠨ ᠮᠣ᠋ ᠬᠦᠭᠵᠢᠬᠦᠯᠦᠨ᠎ᠠ᠃ ᠨᠤᠯᠤᠤᠷ ᠤᠨ ᠨᠡᠬᠡᠮᠡᠯ ᠤᠨ ᠠᠵᠤ ᠦᠢᠯᠡᠰ ᠢ ᠶᠡᠭᠡᠪᠡᠷ ᠲᠠᠮᠵᠢᠨ ᠬᠦᠭᠵᠢᠬᠦᠯᠵᠤ᠂ ᠰᠢᠯᠢᠳᠡᠭ ᠴᠢᠨᠠᠷ | ᠤᠨ ᠨᠤᠯᠤᠤᠷ ᠤᠨ ᠢᠮᠠᠭ᠎ᠠ ᠶᠢ ᠬᠠᠮᠠᠭᠠᠯᠠᠵᠣ ᠦᠷᠡᠵᠢᠭᠦᠯᠦᠨ ᠪᠣᠶᠢᠵᠢᠭᠤᠯᠬᠤ ᠢᠨᠵᠧᠨᠧᠷᠢᠩ ᠢ ᠬᠡᠷᠡᠭᠵᠢᠭᠦᠯᠵᠣ᠂ ᠨᠣᠯᠣᠣᠷ ᠤᠨ ᠠᠵᠣ ᠣᠶᠢᠯᠡᠰ ᠤᠨ ᠰᠢᠨ᠎ᠡ ᠶᠢ | ᠡᠭᠦᠳᠬᠦ ᠴᠢᠳᠠᠪᠦᠷᠢ ᠶᠢ ᠲᠡᠭᠡᠰᠢᠯᠡᠬᠦᠯᠵᠤ᠂ ᠬᠦᠩᠬᠡᠨ ᠨᠡᠬᠡᠮᠡᠯ ᠤᠨ ᠠᠵᠣ ᠣᠶᠢᠯᠡᠳᠪᠦᠷᠢ ᠶᠢᠨ ᠬᠦᠷᠢᠶᠡᠯᠡᠩ ᠢ ᠨᠡᠭᠦᠯᠬᠡᠨ ᠰᠢᠯᠵᠢᠭᠦᠯᠬᠦ ᠠᠵᠢᠯ ᠢ ᠪᠡᠶᠡᠯᠡᠭᠦᠯᠦᠨ᠎ᠡ᠃ | ᠱᠧᠨᠵᠧᠨ ᠤ ᠬᠠᠢ ᠸᠠᠩ᠂ ᠲᠠᠶᠢᠸᠠᠨ ᠤ ᠴᠢᠩ ᠰᠢ ᠽᠦᠩ ᠬᠤᠢ ᠵᠡᠷᠬᠡ ᠠᠵᠤ ᠠᠬᠤᠶᠢᠯᠠᠯ ᠯᠤᠭ᠎ᠠ ᠶᠢᠨ ᠬᠠᠮᠳᠣᠷᠠᠯᠴᠠᠭ᠎ᠠ ᠶᠢ ᠴᠢᠩᠭᠠᠳᠬᠠᠵᠣ᠂ ᠴᠢᠴᠠᠷᠭᠠᠨ᠎ᠠ᠂ | ᠤᠷᠢᠶᠠᠮᠠᠭ ᠵᠠᠮᠠᠭ ᠵᠡᠷᠬᠡ ᠬᠦᠨᠵᠡᠬᠡᠢ ᠪᠣᠯᠪᠠᠰᠣᠷᠠᠭᠤᠯᠬᠤ ᠲᠦᠷᠦᠯ ᠵᠣᠶᠢᠯ ᠢ ᠪᠦᠲᠦᠬᠡᠨ ᠪᠠᠶᠢᠭᠤᠯᠣᠨ᠎ᠠ᠃ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ | ᠰᠢᠮ᠎ᠡ ᠶᠢᠨ ᠭᠦᠢᠯᠬᠡᠬᠡ ᠪᠠ ᠨᠡᠶᠢᠬᠡᠮᠴᠢᠯᠡᠭᠰᠡᠨ ᠣᠶᠢᠯᠡᠴᠢᠯᠡᠬᠡᠨ ᠤ ᠰᠢᠰᠲ᠋ᠧᠮᠵᠢ ᠶᠢ ᠴᠢᠨᠠᠭᠰᠢᠳᠠ ᠲᠡᠭᠦᠯᠳᠡᠷᠵᠢᠭᠦᠯᠵᠣ᠂ ᠰᠢᠨ᠎ᠡ ᠬᠡᠯᠪᠡᠷᠢ ᠶᠢᠨ ᠲᠠᠷᠢᠶᠠᠯᠠᠩ ᠮᠠᠯ | ᠠᠵᠣ ᠠᠬᠤᠢ ᠶᠢᠨ ᠡᠵᠡᠩᠨᠡᠯᠳᠡ ᠶᠢᠨ ᠪᠠᠶᠢᠭᠤᠯᠤᠯ ᠪᠠ ᠬᠡᠯᠪᠡᠷᠢ ᠶᠢᠨ ᠦᠭᠡᠷᠡᠴᠢᠯᠡᠯᠳᠠ ᠶᠢ ᠲᠦᠷᠭᠡᠳᠭᠡᠵᠤ᠂ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ | ᠂ ᠲᠣᠰᠬᠠᠢ ᠲᠣᠮᠣ ᠡᠷᠦᠬᠡ᠂ ᠮᠠᠯᠴᠢᠨ ᠲᠠᠷᠢᠶᠠᠴᠢᠳ ᠤᠨ ᠬᠤᠷᠰᠢᠶ᠎ᠠ᠂ ᠠᠵᠣ ᠦᠢᠯᠡᠰᠵᠢᠯᠳᠠ ᠶᠢᠨ ᠲᠠᠭᠠᠭᠤᠯᠬᠤ ᠠᠵᠣ ᠠᠬᠤᠶᠢᠯᠠᠯ ᠵᠡᠷᠬᠡ ᠰᠢᠨ᠎ᠡ ᠬᠡᠯᠪᠡᠷᠢ ᠶᠢᠨ | ᠭᠤᠣᠯ ᠴᠣᠭᠴᠠ ᠶᠢ ᠵᠤᠷᠢᠭᠵᠢᠭᠤᠯᠤᠨ ᠬᠦᠭᠵᠢᠬᠦᠯᠵᠤ᠂ ᠮᠠᠯᠴᠢᠨ ᠲᠠᠷᠢᠶᠠᠴᠢᠳ ᠤᠨ ᠲᠣᠰᠬᠠᠢ ᠬᠤᠷᠰᠢᠶ᠎ᠠ ᠶᠢ ᠰᠢᠨ᠎ᠠ ᠪᠠᠷ 40 ᠪᠠᠶᠢᠭᠤᠯᠵᠤ ᠂ ᠬᠤᠳᠠ ᠶᠢᠨ | ᠲᠡᠰ ᠠᠴᠠ ᠲᠡᠭᠡᠭᠰᠢᠬᠢ ᠲᠠᠭᠠᠭᠤᠯᠬᠤ ᠠᠵᠣ ᠠᠬᠤᠶᠢᠯᠠᠯ ᠢ ᠰᠢᠨ᠎ᠠ ᠪᠠᠷ 34 ᠨᠡᠮᠡᠭᠳᠡᠭᠦᠯᠵᠣ᠂ 3 ᠲᠣᠮᠣ ᠬᠡᠯᠪᠡᠷᠢ ᠶᠢᠨ ᠲᠠᠷᠢᠶᠠᠯᠠᠩ ᠤᠨ ᠪᠦᠲᠦᠭᠡᠭᠳᠡᠭᠦᠨ ᠮᠠᠯ | ᠤᠨ ᠠᠰᠢᠭ ᠰᠢᠮ᠎ᠡ ᠶᠢ ᠬᠠᠳᠠᠭᠠᠯᠠᠬᠤ ᠪᠠᠷᠠᠭᠠᠨ ᠤ ᠭᠦᠢᠯᠬᠡᠬᠡᠨ ᠤ ᠬᠦᠷᠢᠶᠡᠯᠡᠩ ᠢ ᠡᠬᠢᠯᠡᠭᠦᠯᠦᠨ ᠪᠦᠲᠦᠬᠡᠨ ᠪᠠᠶᠢᠭᠤᠯᠵᠣ᠂ 37 ᠦᠨᠳᠦᠰᠦᠨ ᠱᠠᠳᠣᠨ ᠤ | ᠲᠠᠷᠢᠶᠠᠯᠠᠩ ᠮᠠᠯ ᠠᠵᠣ ᠠᠬᠤᠢ ᠶᠢᠨ ᠣᠯᠠᠨ ᠨᠡᠶᠢᠳᠡ ᠶᠢᠨ ᠣᠶᠢᠯᠡᠴᠢᠯᠡᠬᠡᠨ ᠤ ᠶᠡᠷᠦᠩᠬᠡᠶᠢᠯᠡᠭᠰᠡᠨ ᠦᠷᠳᠡᠭᠡ ᠶᠢ ᠪᠦᠳᠦᠭᠡᠨ ᠪᠠᠶᠢᠭᠤᠯᠬᠤ ᠡᠭᠦᠷᠬᠡ ᠶᠢ | ᠪᠡᠶᠡᠯᠡᠭᠦᠯᠦᠨ᠎ᠡ᠃ | ᠣᠳᠣ ᠦᠶ᠎ᠡ ᠶᠢᠨ ᠣᠶᠢᠯᠡᠴᠢᠯᠡᠬᠡᠨ ᠤ ᠣᠶᠢᠯᠡᠰ ᠢ ᠲᠦᠷᠭᠡᠨ ᠢᠶᠠᠷ ᠬᠦᠭᠵᠢᠭᠦᠯᠦᠨ᠎ᠡ᠃ ᠠᠭᠠᠷ ᠤᠨ ᠭᠠᠷᠠᠮ ᠤᠨ ᠬᠦᠷᠢᠶᠡᠯᠡᠩ ᠢ ᠲᠦᠪᠯᠡᠷᠡᠭᠦᠯᠦᠨ | ᠪᠠᠶᠢᠭᠤᠯᠵᠣ᠂ ᠨᠢᠭᠡ ᠪᠦᠯᠦᠭ ᠣᠳᠣ ᠦᠶ᠎ᠡ ᠶᠢᠨ ᠪᠠᠷᠠᠭᠠᠨ ᠤ ᠭᠦᠢᠯᠬᠡᠬᠡ᠂ ᠡᠯᠧᠺᠲᠷᠣᠨ ᠴᠢᠮᠡᠭᠡ ᠵᠠᠩᠬᠢ᠂ ᠶᠡᠷᠦᠩᠬᠡᠢ ᠭᠠᠵᠠᠷ ᠤᠨ ᠠᠵᠣ ᠠᠬᠤᠢ ᠪᠠ ᠠᠭᠠᠷ ᠤᠨ | ᠠᠶᠠᠯᠠᠯ ᠤᠨ ᠬᠤᠳᠠᠯᠳᠣᠭᠠᠨ ᠤ ᠶᠠᠪᠣᠳᠠᠯ ᠤᠨ ᠲᠦᠷᠦᠯ ᠵᠣᠶᠢᠯ ᠢ ᠲᠦᠷᠬᠡᠨ ᠢᠶᠠᠷ ᠣᠷᠣᠭᠤᠯᠵᠣ᠂ ᠶᠡᠷᠦᠩᠬᠡᠶᠢᠯᠡᠭᠰᠡᠨ ᠭᠠᠶᠢᠯᠢ ᠪᠠᠳᠣᠯᠠᠬᠤ ᠣᠷᠣᠨ ᠤ ᠪᠦᠲᠦᠬᠡᠨ | ᠪᠠᠶᠢᠭᠤᠯᠣᠯᠳᠠ ᠶᠢ ᠠᠬᠢᠭᠤᠯᠣᠨ᠎ᠠ᠃ ᠲᠢᠶᠠᠨᠵᠢᠨ᠂ ᠴᠢᠨ ᠬᠤᠸᠠᠩ ᠳ᠋ᠣᠣ ᠵᠡᠷᠬᠡ ᠭᠠᠷᠠᠮ ᠲᠠᠢ ᠢᠳᠠᠪᠬᠢᠳᠠᠢ ᠪᠠᠷ ᠰᠠᠨᠠᠭᠠᠴᠢᠯᠠᠭ᠎ᠠ ᠠᠴᠠ ᠪᠠᠨ ᠠᠪᠤᠴᠠᠯᠳᠤᠵᠤ᠂ | ᠨᠤᠳᠤᠭ ᠤᠨ ᠠᠵᠤ ᠠᠬᠤᠶᠢᠯᠠᠯ ᠪᠠ ᠣᠯᠣᠰ ᠤᠨ ᠲᠤᠳᠤᠭᠠᠳᠤ ᠶᠢᠨ ᠲᠣᠮᠣ ᠬᠡᠯᠪᠡᠷᠢ ᠶᠢᠨ ᠪᠠᠷᠠᠭᠠᠨ ᠤ ᠭᠦᠢᠯᠬᠡᠬᠡᠨ ᠤ ᠪᠦᠯᠦᠭᠯᠡᠯ ᠯᠦᠭᠡ ᠶᠢᠨ ᠬᠠᠮᠳᠤᠷᠠᠯᠴᠠᠭ᠎ᠠ | ᠶᠢ ᠲᠡᠮᠵᠢᠵᠤ᠂ ᠵᠠᠰᠠᠭ᠂ ᠳ᠋ᠠ ᠲᠠ ᠵᠡᠷᠬᠡ 4 ᠲᠣᠮᠣ ᠬᠡᠯᠪᠡᠷᠢ ᠶᠢᠨ ᠨᠡᠭᠦᠷᠡᠰᠦᠨ ᠤ ᠪᠠᠷᠠᠭᠠᠨ ᠤ ᠭᠦᠢᠯᠬᠡᠬᠡᠨ ᠤ ᠬᠦᠷᠢᠶᠡᠯᠡᠩ ᠤᠨ ᠪᠦᠲᠦᠬᠡᠨ ᠪᠠᠶᠢᠭᠤᠯᠣᠯᠳᠠ | ᠶᠢ ᠲᠦᠷᠬᠡᠳᠬᠡᠨ᠎ᠡ᠃ ᠪᠠᠩᠬᠢ᠂ ᠲᠡᠮᠳᠡᠭᠳᠣ᠂ ᠲᠠᠭᠠᠳᠬᠠᠯ ᠵᠡᠷᠬᠡ ᠮᠦᠩᠭᠦᠨ ᠭᠦᠢᠯᠬᠡᠬᠡᠨ ᠤ ᠪᠠᠶᠢᠭᠤᠯᠣᠮᠵᠢ ᠶᠢ ᠦᠷᠭᠦᠯᠵᠢᠯᠡᠨ ᠣᠷᠣᠭᠤᠯᠵᠣ᠂ ᠢᠨᠲ᠋ᠧᠷᠨᠧᠲ | ᠰᠦᠯᠵᠢᠶᠡᠨ ᠤ ᠮᠦᠩᠭᠦᠨ ᠭᠦᠢᠯᠬᠡᠬᠡ ᠶᠢ ᠢᠳᠡᠪᠬᠢᠲᠠᠢ ᠬᠦᠭᠵᠢᠭᠦᠯᠵᠣ᠂ ᠬᠤᠭᠤᠴᠠᠭᠠᠳᠣ ᠪᠠᠷᠠᠭᠠᠨ ᠤ ᠲᠠᠰᠣᠯᠣᠨ ᠪᠣᠳᠣᠬᠤ ᠬᠦᠮᠦᠷᠬᠡ ᠶᠢ ᠨᠡᠮᠡᠨ ᠪᠠᠶᠢᠭᠤᠯᠵᠣ᠂ | ᠭᠤᠸᠠᠩ ᠳ᠋ᠠ᠂ ᠦᠬᠠᠢ ᠪᠠᠩᠬᠢ ᠶᠢ ᠫᠠᠶᠢᠰᠠ ᠡᠯᠭᠦᠨ ᠡᠷᠬᠢᠯᠳᠠ ᠡᠵᠡᠩᠨᠡᠯᠳᠠ ᠬᠢᠯᠬᠡᠬᠦ ᠪᠠᠷ ᠴᠢᠷᠮᠠᠶᠢᠨ᠎ᠠ᠃ ᠪᠠᠩᠬᠢ ᠶᠢᠨ ᠢᠳᠡᠬᠡᠮᠵᠢᠳᠣ ᠵᠢᠬᠡᠯᠡᠯᠬᠡ ᠲᠠᠯᠪᠢᠬᠤ | ᠬᠦᠷᠢᠶ᠎ᠡ ᠬᠡᠪᠴᠢᠶ᠎ᠡ ᠶᠢ ᠦᠷᠬᠡᠳᠬᠡᠵᠣ᠂ ᠲᠣᠮᠳᠠ ᠵᠢᠵᠢᠭ ᠠᠵᠣ ᠠᠬᠤᠶᠢᠯᠠᠯ ᠢ ᠴᠤᠭᠯᠠᠷᠠᠭᠤᠯᠤᠨ ᠵᠢᠬᠡᠯᠡᠯᠬᠡ ᠶᠢᠨ ᠲᠡᠮᠳᠡᠭ᠂ ᠬᠤᠳᠠ ᠶᠢᠨ ᠶᠠᠪᠣᠳᠠᠯ ᠤᠨ | ᠵᠢᠬᠡᠯᠡᠯᠬᠡ ᠶᠢᠨ ᠲᠡᠮᠳᠡᠭ ᠲᠠᠷᠬᠠᠭᠠᠬᠤ ᠭᠦᠴᠦᠯᠡᠴᠡ ᠶᠢ ᠨᠡᠮᠡᠭᠳᠡᠭᠦᠯᠵᠣ᠂ ᠮᠠᠨ ᠤ ᠬᠤᠳᠠ ᠶᠢᠨ ᠠᠵᠣ ᠠᠬᠤᠶᠢᠯᠠᠯ ᠪᠦᠬᠦ ᠣᠯᠣᠰ ᠤᠨ ᠲᠣᠮᠳᠠ ᠵᠢᠵᠢᠭ ᠠᠵᠣ | ᠠᠬᠤᠶᠢᠯᠠᠯ ᠤᠨ ᠬᠤᠪᠢ ᠤᠷᠤᠭᠤᠯᠤᠯᠳᠠ ᠪᠠᠨ ᠰᠢᠯᠵᠢᠬᠦᠯᠦᠨ ᠦᠭᠬᠦ ᠰᠢᠰᠲ᠋ᠧᠮ ᠳᠤ ᠤᠷᠤᠵᠤ ᠫᠠᠶᠢᠰᠠ ᠡᠯᠬᠦᠬᠦ ᠶᠢ ᠲᠠᠮᠵᠢᠵᠤ᠂ ᠮᠠᠨ ᠱᠢ᠂ ᠵᠢᠶᠠᠨ ᠶᠣᠸᠠᠨ᠂ | ᠴᠢ ᠫᠠᠨ ᠵᠢᠩ ᠤᠨ ᠠᠭᠤᠷᠬᠠᠢ ᠶᠢᠨ ᠣᠶᠢᠯᠡᠰ ᠵᠡᠷᠬᠡ ᠠᠵᠣ ᠠᠬᠤᠶᠢᠯᠠᠯ ᠤᠨ ᠰᠲ᠋ᠣᠺ ᠢ ᠵᠠᠬ᠎ᠠ ᠲᠡᠯᠭᠡᠬᠦᠷ ᠲᠤ ᠭᠠᠷᠭᠠᠬᠤ ᠪᠠᠷ ᠲᠡᠮᠡᠴᠠᠵᠤ᠂ ᠵᠢᠯ ᠤᠨ | ᠲᠤᠳᠤᠷ᠎ᠠ ᠪᠡᠯᠡ ᠴᠤᠭᠯᠠᠭᠤᠯᠬᠤ ᠬᠦᠷᠢᠶ᠎ᠡ ᠬᠡᠪᠴᠢᠶ᠎ᠡ ᠶᠢ 500 ᠳ᠋ᠦᠩᠰᠢᠭᠤᠷ ᠲᠦᠭᠦᠷᠢᠭ ᠠᠴᠠ ᠲᠠᠪᠠᠭᠤᠯᠣᠨ᠎ᠠ᠃ ᠰᠣᠶᠣᠯ ᠵᠤᠭᠠᠴᠠᠯ᠂ ᠰᠡᠯᠡᠬᠦᠴᠠᠯ ᠵᠤᠭ᠎ᠠ | ᠴᠠᠩᠭᠡᠯ ᠤᠨ ᠠᠵᠣ ᠣᠶᠢᠯᠡᠰ ᠢ ᠶᠡᠬᠡᠪᠡᠷ ᠬᠦᠭᠵᠢᠭᠦᠯᠵᠣ᠂ ᠮᠤᠩᠭᠤᠯ ᠤᠨ ᠡᠬᠦᠰᠦᠯ ᠬᠦᠭᠵᠢᠯ᠂ ᠦᠤᠰᠢᠨ ᠬᠤᠰᠢᠭᠤᠨ ᠤ ︽ᠨᠢᠭᠡ ᠭᠤᠤᠯ ᠭᠤᠷᠪᠠᠨ | ᠬᠦᠷᠢᠶᠡᠯᠡᠩ︾ ᠵᠡᠷᠭᠡ ᠰᠤᠶᠤᠯ ᠵᠤᠭᠠᠴᠠᠯ ᠤᠨ ᠦᠵᠡᠮᠵᠢ ᠶᠢᠨ ᠣᠷᠣᠨ ᠤ ᠪᠦᠳᠦᠭᠡᠨ ᠪᠠᠶᠢᠭᠤᠯᠤᠯᠳᠠ ᠶᠢ ᠰᠠᠶᠢᠳᠤᠷ ᠠᠳᠬᠤᠵᠤ᠂ ᠰᠤᠳᠤᠨ ᠵᠤᠭᠠᠴᠠᠯ ᠤᠨ | ᠱᠤᠭᠤᠮ ᠢ ᠲᠦᠯᠦᠪᠵᠢᠬᠦᠯᠦᠨ ᠲᠡᠭᠦᠯᠳᠡᠷᠵᠢᠬᠦᠯᠵᠤ᠂ ᠲᠠᠯ᠎ᠠ ᠨᠣᠳᠤᠭ ᠤᠨ ᠰᠣᠶᠣᠯ ᠢ ᠢᠯᠡᠷᠡᠬᠦᠯᠦᠭᠰᠡᠨ᠂ ᠭᠠᠵᠠᠷ ᠤᠷᠤᠨ ᠤ ᠦᠪᠡᠷᠮᠢᠴᠡ ᠣᠨᠴᠠᠯᠢᠭ ᠲᠠᠢ | ᠵᠤᠭᠠᠴᠠᠨ ᠲᠤᠭᠤᠷᠢᠬᠤ ᠪᠠ ᠰᠡᠯᠡᠭᠦᠴᠡᠨ ᠠᠮᠠᠷᠠᠬᠤ ᠰᠠᠭᠤᠷᠢᠨ ᠭᠠᠵᠠᠷ ᠢ ᠪᠠᠶᠢᠭᠤᠯᠣᠨ᠎ᠠ᠃ ᠡᠯᠧᠺᠲᠷᠣᠨ ᠬᠤᠳᠠᠯᠳᠣᠭᠠᠨ ᠤ ᠶᠠᠪᠣᠳᠠᠯ᠂ ᠬᠡᠷ ᠤᠨ ᠶᠠᠪᠣᠳᠠᠯ ᠤᠨ | ᠣᠶᠢᠯᠡᠴᠢᠯᠡᠭᠡ᠂ ᠡᠷᠡᠬᠦᠯ ᠢᠶᠠᠷ ᠪᠡᠶ᠎ᠡ ᠪᠠᠨ ᠰᠣᠪᠢᠯᠠᠬᠤ ᠵᠡᠷᠬᠡ ᠰᠢᠨ᠎ᠡ ᠬᠡᠯᠪᠡᠷᠢ ᠶᠢᠨ ᠦᠢᠯᠡᠴᠢᠯᠡᠭᠡᠨ ᠤ ᠦᠢᠯᠡᠰ ᠢ ᠢᠳᠡᠪᠬᠢᠲᠠᠢ ᠬᠦᠭᠵᠢᠭᠦᠯᠦᠨ᠎ᠡ᠃ | ᠭᠤᠷᠪᠠᠳᠣᠭᠠᠷ ᠠᠵᠣ ᠣᠶᠢᠯᠡᠰ ᠤᠨ ᠨᠡᠮᠡᠭᠳᠡᠯ ᠦᠷᠳᠡᠭ ᠢ 1575 ᠳ᠋ᠦᠩᠰᠢᠭᠤᠷ ᠲᠦᠭᠦᠷᠢᠭ ᠪᠡᠶᠡᠯᠡᠬᠦᠯᠵᠤ᠂ 6.5% ᠪᠠᠷ ᠨᠡᠮᠡᠭᠳᠡᠭᠦᠯᠦᠨ᠎ᠡ᠃ | ︵ᠬᠤᠶᠠᠷ︶ ᠬᠦᠮᠦᠨ ᠢᠶᠠᠷ ᠭᠤᠤᠯ ᠪᠣᠯᠭᠠᠭᠰᠠᠨ ᠬᠤᠳᠠ ᠪᠠᠯᠭᠠᠰᠣᠵᠢᠯᠳᠠ ᠶᠢᠨ ᠪᠦᠲᠦᠬᠡᠨ ᠪᠠᠶᠢᠭᠤᠯᠣᠯᠳᠠ ᠶᠢ ᠠᠬᠢᠭᠤᠯᠵᠣ᠂ ᠮᠠᠯᠵᠢᠬᠤ ᠲᠠᠷᠢᠶᠠᠯᠠᠬᠤ | ᠣᠷᠣᠨ ᠤ ᠰᠠᠭᠤᠷᠢ ᠨᠦᠭᠦᠴᠡᠯ ᠢ ᠰᠠᠶᠢᠵᠢᠷᠠᠭᠤᠯᠵᠣ᠂ ᠬᠤᠳᠠ ᠬᠦᠳᠡᠭᠡ ᠶᠢ ᠨᠢᠭᠡᠳᠣᠯᠲᠠᠢ ᠲᠦᠯᠦᠪᠵᠢᠬᠦᠯᠦᠨ ᠬᠦᠭᠵᠢᠭᠦᠯᠬᠦ ᠬᠢᠷᠢ ᠲᠦᠪᠰᠢᠨ ᠢ | ᠲᠡᠭᠡᠭᠰᠢᠯᠡᠭᠦᠯᠦᠨ᠎ᠡ᠃ | ᠰᠢᠨ᠎ᠠ ᠬᠡᠯᠪᠡᠷᠢ ᠶᠢᠨ ᠬᠤᠳᠠ ᠪᠠᠯᠭᠠᠰᠤᠵᠢᠯᠳᠠ ᠶᠢ ᠢᠳᠡᠪᠬᠢᠳᠠᠢ ᠲᠤᠭᠳᠠᠭᠤᠨ ᠢᠶᠠᠷ ᠠᠬᠢᠭᠤᠯᠤᠨ᠎ᠠ᠃ ᠬᠦᠷᠰᠢ ᠵᠡᠷᠬᠡᠯᠡᠳᠡᠭᠡ ᠬᠤᠳᠠ ᠲᠠᠢ ᠨᠡᠶᠢᠯᠠᠨ | ᠠᠪᠤᠴᠠᠯᠳᠤᠬᠤ ᠶᠢ ᠴᠢᠩᠭᠠᠳᠬᠠᠵᠣ᠂ ᠬᠦᠬᠡᠬᠤᠳᠠ ᠪᠣᠭᠤᠳᠣ ᠣᠷᠳᠣᠰ ᠤᠨ ᠬᠤᠳᠠ ᠶᠢᠨ ᠰᠦᠷᠦᠭᠵᠢᠯ ᠤᠨ ᠪᠦᠲᠦᠭᠡᠨ ᠪᠠᠶᠢᠭᠤᠯᠣᠯᠳᠠ ᠶᠢ ᠠᠬᠢᠭᠤᠯᠣᠨ᠎ᠠ᠃ | ᠭᠤᠤᠯᠳᠠᠯᠭᠠᠳᠤ ᠬᠤᠳᠠ ᠲᠤᠭᠤᠷᠢᠭ ᠢ ᠨᠡᠭᠡᠭᠡᠨ ᠬᠦᠭᠵᠢᠬᠦᠯᠬᠦ ᠡᠷᠴᠢᠮ ᠢ ᠰᠢᠨᠵᠢᠯᠡᠬᠦ ᠣᠬᠠᠭᠠᠨᠴᠢ ᠪᠠᠷ ᠲᠣᠭᠳᠠᠭᠠᠵᠣ᠂ ᠪᠦᠲᠦᠬᠡᠨ ᠪᠠᠶᠢᠭᠤᠯᠣᠯᠳᠠ ᠶᠢᠨ ᠬᠦᠷᠢᠶ᠎ᠡ | ᠬᠡᠪᠴᠢᠶ᠎ᠡ ᠶᠢ ᠵᠣᠬᠢᠰᠲᠠᠢ ᠬᠢᠵᠠᠭᠠᠷᠯᠠᠵᠣ᠂ ᠵᠢᠯ ᠤᠨ ᠲᠣᠳᠣᠷ᠎ᠠ ᠲᠠᠩ ᠲᠠᠸᠠᠷ ᠤᠨ ᠬᠡᠷ ᠪᠠᠶᠢᠰᠢᠩ ᠤᠨ ᠲᠦᠷᠦᠯ ᠵᠣᠶᠢᠯ ᠢ ᠰᠢᠨ᠎ᠡ ᠪᠠᠷ ᠪᠦᠳᠦᠭᠡᠨ ᠪᠠᠶᠢᠭᠤᠯᠬᠤ | ᠦᠬᠡᠢ᠂ ᠦᠯᠡᠳᠡᠵᠤ ᠪᠠᠶᠢᠭ᠎ᠠ ᠲᠠᠸᠠᠷ ᠤᠨ ᠬᠡᠷ ᠪᠠᠶᠢᠰᠢᠩ ᠢ ᠲᠦᠷᠬᠡᠨ ᠢᠶᠠᠷ ᠰᠢᠩᠬᠡᠬᠡᠨᠡ᠃ ᠬᠤᠳᠠ ᠶᠢᠨ ᠰᠠᠭᠤᠷᠢ ᠲᠦᠭᠦᠭᠡᠷᠣᠮᠵᠢ᠂ ᠬᠤᠳᠠᠯᠳᠣᠭᠠᠨ ᠤ | ᠲᠦᠭᠦᠭᠡᠷᠣᠮᠵᠢ ᠪᠠ ᠣᠯᠠᠨ ᠨᠡᠶᠢᠳᠡ ᠶᠢᠨ ᠣᠶᠢᠯᠡᠴᠢᠯᠡᠬᠡᠨ ᠤ ᠰᠢᠰᠲ᠋ᠧᠮᠵᠢ ᠶᠢ ᠴᠢᠨᠠᠭᠰᠢᠳᠠ ᠲᠡᠬᠦᠯᠳᠡᠷᠵᠢᠬᠦᠯᠵᠤ᠂ ᠣᠶᠣᠨ ᠤ ᠬᠤᠳᠠ ᠶᠢᠨ ᠪᠦᠲᠦᠬᠡᠨ | ᠪᠠᠶᠢᠭᠤᠯᠣᠯᠳᠠ ᠶᠢ ᠠᠬᠢᠭᠤᠯᠵᠣ᠂ ᠤᠷᠤᠰᠢᠨ ᠰᠠᠭᠤᠵᠤ ᠠᠵᠢᠯᠯᠠᠬᠤ ᠳᠤ ᠲᠣᠬᠢᠷᠠᠮᠵᠢᠲᠠᠢ ᠬᠤᠳᠠ ᠶᠢᠨ ᠣᠷᠴᠢᠨ ᠲᠣᠭᠤᠷᠢᠨ ᠢ ᠪᠣᠢ ᠪᠣᠯᠭᠠᠵᠣ᠂ ᠬᠦᠮᠦᠨ ᠠᠮᠠ | ᠠᠷᠠᠯᠵᠢᠶ᠎ᠠ ᠬᠤᠳᠠᠯᠳᠤᠭ᠎ᠠ ᠶᠢ ᠲᠦᠷᠬᠡᠨ ᠢᠶᠠᠷ ᠴᠣᠭᠯᠠᠷᠠᠭᠤᠯᠣᠨᠠ᠃ ᠡᠯ᠎ᠡ ᠪᠦᠯᠬᠦᠮᠵᠢᠯ ᠤᠨ ᠰᠠᠭᠤᠷᠢ ᠲᠦᠭᠦᠭᠡᠷᠣᠮᠵᠢ ᠶᠢ ᠢᠵᠢ ᠪᠦᠷᠢᠳᠦᠭᠦᠯᠦᠨ | ᠠᠪᠣᠴᠠᠯᠳᠣᠭᠤᠯᠬᠤ ᠶᠢ ᠠᠬᠢᠭᠤᠯᠵᠣ᠂ ᠬᠤᠳᠠ ᠶᠢᠨ ᠨᠡᠶᠢᠳᠡ ᠶᠢᠨ ᠵᠠᠮ ᠬᠠᠷᠢᠯᠴᠠᠭ᠎ᠠ᠂ ᠣᠰᠣ᠂ ᠬᠡᠢ᠂ ᠢᠯᠴᠢ ᠬᠠᠩᠭᠠᠬᠤ ᠵᠢᠴᠢ ᠤᠯᠠᠨ ᠨᠠᠶᠢᠳᠠ ᠶᠢᠨ ᠰᠤᠶᠤᠯ | ᠵᠡᠷᠭᠡ ᠲᠦᠬᠦᠭᠡᠷᠦᠮᠵᠢ ᠶᠢ ᠬᠠᠮᠳᠣᠪᠠᠷ ᠪᠠᠶᠢᠭᠤᠯᠣᠨ ᠬᠠᠮᠳᠣᠪᠠᠷ ᠡᠳ᠋ᠯᠡᠵᠣ᠂ ᠨᠢᠭᠡ ᠴᠣᠭᠴᠠᠵᠢᠭᠰᠠᠨ ᠡᠷᠬᠢᠯᠳᠡ ᠡᠵᠡᠩᠨᠡᠯᠳᠡ ᠶᠢ ᠪᠡᠶᠡᠯᠡᠭᠦᠯᠦᠨ᠎ᠡ᠃ ᠳ᠋ᠦᠩᠱᠧᠩ | ᠠᠴᠠ ᠬᠢᠶ᠎ᠡ ᠪᠠᠭᠰᠢ ᠬᠦᠷᠬᠦ ᠲᠦᠷᠭᠡᠨ ᠬᠤᠷᠳᠤᠴᠠᠳᠤ ᠵᠠᠰᠠᠮᠠᠯ ᠵᠠᠮ ᠲᠠᠭᠠᠣ᠂ ᠠᠪᠠᠭ᠋ᠠᠢ ᠭᠤᠤᠯ᠂ ᠣᠯᠠᠭᠠᠨ ᠨᠠᠭᠤᠷ ᠤᠨ ᠨᠣᠶᠢᠳᠠᠨ ᠭᠠᠵᠠᠷ ᠵᠡᠷᠬᠡ ᠭᠤᠣᠯᠳᠠᠯᠭ᠎ᠠ | ᠲᠠᠢ ᠨᠣᠭᠤᠭᠠᠷᠠᠭᠤᠯᠬᠤ ᠪᠠᠷᠢᠯᠭ᠎ᠠ ᠶᠢ ᠬᠡᠷᠡᠭᠵᠢᠭᠦᠯᠵᠣ᠂ ᠣᠯᠣᠰ ᠤᠨ ᠠᠮᠢ ᠠᠬᠤᠢ ᠶᠢᠨ ᠴᠡᠴᠡᠷᠯᠢᠭᠵᠢᠭᠰᠡᠨ ᠬᠤᠳᠠ ᠶᠢ ᠪᠦᠲᠦᠬᠡᠨ ᠪᠠᠶᠢᠭᠤᠯᠣᠨ᠎ᠠ᠃ ᠲᠣᠮᠳᠠ | ᠵᠢᠵᠢᠭ ᠬᠤᠳᠠ ᠪᠠᠯᠭᠠᠰᠣᠨ ᠤ ᠲᠦᠯᠦᠪᠵᠢᠭᠦᠯᠬᠡ᠂ ᠪᠦᠲᠦᠬᠡᠨ ᠪᠠᠶᠢᠭᠤᠯᠣᠯᠳᠠ ᠪᠠ ᠬᠠᠮᠢᠶᠠᠷᠣᠯᠳᠠ ᠶᠢ ᠨᠢᠭᠡᠳᠣᠯᠲᠠᠢ ᠲᠦᠯᠦᠪᠵᠢᠬᠦᠯᠦᠨ ᠰᠠᠶᠢᠳᠣᠷ ᠠᠳᠬᠤᠵᠣ᠂ | ᠬᠤᠳᠠ ᠪᠠᠯᠭᠠᠰᠤᠨ ᠤ ᠤᠷᠤᠨ ᠵᠠᠢ ᠶᠢᠨ ᠪᠠᠶᠢᠷᠢᠯᠠᠭᠤᠯᠤᠯᠳᠠ ᠶᠢ ᠴᠢᠨᠠᠭᠰᠢᠳᠠ ᠰᠢᠯᠢᠳᠡᠭᠵᠢᠬᠦᠯᠵᠤ᠂ ᠭᠤᠤᠯᠳᠠᠯᠭ᠎ᠠ ᠲᠠᠢ ᠵᠢᠵᠢᠭ ᠬᠤᠳᠠ ᠪᠠᠯᠭᠠᠰᠣᠨ ᠤ ᠰᠠᠭᠤᠷᠢ | ᠲᠦᠬᠦᠭᠡᠷᠦᠮᠵᠢ ᠶᠢᠨ ᠪᠦᠲᠦᠬᠡᠨ ᠪᠠᠶᠢᠭᠤᠯᠣᠯᠳᠠ ᠪᠠ ᠤᠯᠠᠨ ᠨᠠᠶᠢᠳᠠ ᠶᠢᠨ ᠦᠢᠯᠡᠴᠢᠯᠡᠭᠡᠨ ᠤ ᠪᠠᠷᠢᠯᠭ᠎ᠠ ᠶᠢᠨ ᠪᠦᠳᠦᠭᠡᠨ ᠪᠠᠶᠢᠭᠤᠯᠤᠯᠳᠠ ᠶᠢ ᠦᠷᠬᠦᠯᠵᠢᠯᠠᠨ | ᠠᠬᠢᠭᠤᠯᠵᠤ᠂ ᠬᠦᠷᠢᠶ᠎ᠡ ᠬᠡᠪᠴᠢᠶ᠎ᠡ ᠨᠢ ᠵᠣᠬᠢᠰᠲᠠᠢ᠂ ᠴᠢᠳᠠᠮᠵᠢ ᠨᠢ ᠲᠡᠭᠦᠯᠳᠡᠷᠵᠢᠭᠰᠡᠨ᠂ ᠣᠷᠴᠢᠨ ᠲᠣᠭᠤᠷᠢᠨ ᠨᠢ ᠭᠤᠶᠣ ᠰᠠᠶᠢᠬᠠᠨ᠂ ᠤᠷᠤᠰᠢᠨ ᠰᠠᠭᠤᠵᠤ | ᠠᠵᠢᠯᠯᠠᠬᠤ ᠳᠤ ᠲᠣᠬᠢᠷᠠᠮᠵᠢᠲᠠᠢ ᠣᠨᠴᠠᠯᠢᠭᠳᠣ ᠬᠤᠳᠠ ᠪᠠᠯᠭᠠᠰᠣ ᠶᠢ ᠪᠠᠶᠢᠭᠤᠯᠣᠨ᠎ᠠ᠃ ᠬᠤᠳᠠ ᠪᠠᠯᠭᠠᠰᠣ ᠪᠠ ᠬᠦᠷᠢᠶᠡᠯᠡᠩ ᠨᠡᠶᠢᠯᠡᠵᠣ ᠬᠠᠷᠢᠯᠴᠠᠨ ᠣᠶᠢᠯᠡᠳᠣᠯᠴᠠᠨ | ᠬᠦᠭᠵᠢᠬᠦ ᠶᠢ ᠠᠬᠢᠭᠤᠯᠵᠣ᠂ ᠲᠣᠰ ᠲᠣᠰ ᠤᠨ ᠣᠨᠴᠠᠯᠢᠭ ᠲᠠᠢ ᠠᠵᠣ ᠣᠶᠢᠯᠡᠰ ᠤᠨ ᠰᠢᠰᠲ᠋ᠧᠮᠵᠢ ᠶᠢ ᠪᠣᠶᠢᠵᠢᠭᠤᠯᠵᠣ᠂ ᠬᠤᠳᠠ ᠪᠠᠯᠭᠠᠰᠣᠨ ᠤ ᠠᠵᠣ ᠣᠶᠢᠯᠡᠰ | ᠤᠨ ᠲᠤᠯᠭᠠᠭᠤᠷᠢᠯᠠᠯ ᠤᠨ ᠬᠢᠷᠢ ᠲᠦᠪᠰᠢᠨ ᠢ ᠲᠡᠭᠡᠭᠰᠢᠯᠡᠭᠦᠯᠦᠨ᠎ᠡ᠃ ᠲᠤᠭᠳᠠᠭᠰᠠᠨ ᠠᠵᠢᠯ ᠮᠡᠷᠭᠡᠵᠢᠯ ᠪᠠ ᠲᠤᠭᠳᠠᠭᠰᠠᠨ ᠤᠷᠤᠨ ᠰᠠᠭᠤᠴᠠ ᠪᠠᠷ ᠦᠨᠳᠤᠰᠤᠨ | ᠨᠦᠬᠦᠴᠡᠯ ᠪᠤᠯᠭᠠᠵᠤ᠂ ᠭᠠᠳᠠᠨ᠎ᠠ ᠠᠴᠠ ᠢᠷᠡᠭᠰᠡᠨ ᠬᠦᠮᠦᠨ ᠠᠮᠠ ᠶᠢᠨ ᠡᠷᠦᠭᠡ ᠠᠮᠠ ᠶᠢ ᠤᠷᠤᠭᠤᠯᠬᠤ ᠨᠦᠬᠦᠴᠡᠯ ᠢ ᠠᠭᠤᠵᠢᠭᠤ ᠲᠠᠯᠪᠢᠵᠤ᠂ ᠬᠤᠳᠠ ᠬᠦᠳᠡᠭᠡ ᠶᠢ | ᠨᠢᠭᠡ ᠴᠤᠭᠴᠠᠵᠢᠭᠤᠯᠤᠭᠰᠠᠨ᠂ ᠴᠢᠯᠦᠭᠡᠳᠠᠢ ᠪᠠᠷ ᠨᠡᠬᠦᠳᠡᠯᠯᠡᠬᠦ ᠡᠷᠦᠭᠡ ᠠᠮᠠ ᠶᠢᠨ ᠬᠠᠮᠢᠶᠠᠷᠤᠯᠳᠠ ᠶᠢᠨ ᠲᠦᠷᠢᠮ ᠢ ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠢ | ᠶᠢᠨ ᠰᠢᠯᠵᠢᠬᠦᠯᠦᠭᠰᠡᠨ ᠬᠦᠮᠦᠨ ᠠᠮᠠ ᠶᠢ ᠬᠤᠳᠠ ᠶᠢᠨ ᠠᠷᠠᠳᠴᠢᠯᠠᠬᠤ ᠶᠢ ᠡᠮᠬᠢ ᠲᠢᠭᠯᠢᠮ ᠲᠠᠢ ᠪᠠᠷ ᠠᠬᠢᠭᠤᠯᠵᠤ᠂ ᠬᠤᠳᠠ ᠶᠢᠨ ᠤᠯᠠᠨ ᠨᠠᠶᠢᠳᠠ ᠶᠢᠨ | ᠦᠢᠯᠡᠴᠢᠯᠡᠭᠡ ᠪᠠ ᠨᠡᠶᠢᠭᠡᠮ ᠤᠨ ᠪᠠᠳᠤᠯᠠᠭ᠎ᠠ ᠶᠢ ᠬᠦᠷᠳᠡᠬᠡᠨ᠎ᠡ᠃ ᠣᠳᠤᠭ ᠤᠨ ᠡᠮᠦᠨᠡᠳᠣ ᠬᠤᠰᠢᠭᠤᠨ ᠤ ᠬᠤᠳᠠ ᠬᠦᠳᠡᠭᠡ ᠶᠢ ᠨᠢᠭᠡᠳᠣᠯᠲᠠᠢ ᠲᠦᠯᠦᠪᠵᠢᠬᠦᠯᠬᠦ᠂ | ᠬᠠᠩᠬᠢᠨ ᠬᠤᠰᠢᠭᠤᠨ ᠤ ᠶᠠᠳᠠᠭᠤ ᠶᠢ ᠲᠡᠳᠬᠦᠵᠣ ᠨᠡᠬᠡᠬᠡᠯᠳᠡ ᠬᠢᠬᠦ᠂ ᠲᠠᠯᠠᠳ ᠬᠤᠰᠢᠭᠤᠨ ᠤ ᠰᠢᠶᠠᠨ ᠪᠦᠰᠠ ᠶᠢᠨ ᠠᠵᠣ ᠠᠬᠤᠢ ᠶᠢᠨ ᠬᠦᠭᠵᠢᠯᠳᠡ ᠶᠢᠨ | ᠵᠢᠱᠢᠶ᠎ᠡ ᠦᠵᠡᠭᠦᠯᠬᠦ ᠣᠷᠣᠨ ᠤ ᠪᠦᠲᠦᠬᠡᠨ ᠪᠠᠶᠢᠭᠤᠯᠣᠯᠳᠠ ᠶᠢ ᠦᠷᠭᠦᠯᠵᠢᠯᠡᠨ ᠠᠬᠢᠭᠤᠯᠣᠨ᠎ᠠ᠃ | ᠮᠠᠯᠵᠢᠬᠤ ᠲᠠᠷᠢᠶᠠᠯᠠᠬᠤ ᠣᠷᠣᠨ ᠤ ᠣᠶᠢᠯᠡᠳᠪᠦᠷᠢᠯᠡᠯ ᠠᠮᠢᠳᠣᠷᠠᠯ ᠤᠨ ᠨᠦᠭᠦᠴᠡᠯ ᠢ ᠰᠠᠶᠢᠵᠢᠷᠠᠭᠤᠯᠣᠨ᠎ᠠ᠃ ᠭᠠᠴᠠᠭ᠎ᠠ ᠲᠣᠰᠬᠤᠨ ᠤ ᠪᠠᠶᠢᠷᠢᠯᠠᠭᠤᠯᠣᠯᠳᠠ | ᠶᠢ ᠴᠢᠨᠠᠭᠰᠢᠳᠠ ᠰᠢᠯᠢᠳᠡᠭᠵᠢᠭᠦᠯᠵᠣ᠂ ᠭᠤᠣᠯᠳᠠᠯᠭᠠᠳᠣ ᠰᠠᠭᠤᠭᠠᠯᠢ ᠠᠷᠠᠳ ᠤᠨ ᠴᠡᠭ ᠤᠨ ᠢᠵᠢ ᠪᠦᠷᠢᠳᠦᠭᠦᠯᠦᠭᠰᠡᠨ ᠲᠦᠭᠦᠭᠡᠷᠣᠮᠵᠢ ᠶᠢ ᠲᠡᠭᠦᠯᠳᠡᠷᠵᠢᠭᠦᠯᠵᠣ᠂ | ᠲᠦᠭᠡᠭᠡᠯ ᠣᠰᠣ᠂ ᠨᠠᠷᠠᠨ ᠡᠨᠧᠷᠬᠢ᠂ ᠨᠠᠮᠤᠭ ᠤᠨ ᠬᠡᠢ᠂ ᠴᠢᠮᠡᠭᠡ ᠬᠤᠯᠪᠤᠭ᠎ᠠ ᠶᠢᠨ ᠲᠣᠣᠷ ᠰᠦᠯᠵᠢᠶ᠎ᠡ ᠶᠢᠨ ᠲᠦᠭᠡᠮᠡᠯᠵᠢᠯᠳᠠ ᠶᠢᠨ ᠨᠣᠷᠮ᠎ᠠ ᠶᠢ ᠲᠡᠭᠡᠭᠰᠢᠯᠡᠭᠦᠯᠵᠣ᠂ | ᠣᠳᠣᠬᠢᠴᠢᠯᠠᠭᠰᠠᠨ ᠰᠢᠨ᠎ᠡ ᠬᠡᠯᠪᠡᠷᠢ ᠶᠢᠨ ᠭᠠᠴᠠᠭ᠎ᠠ ᠲᠣᠰᠬᠤᠨ ᠢ ᠪᠠᠶᠢᠭᠤᠯᠣᠨ᠎ᠠ᠃ ᠬᠤᠳᠠ ᠬᠦᠳᠡᠭᠡ ᠶᠢᠨ ᠠᠭᠤᠯᠵᠠᠷ ᠭᠠᠵᠠᠷ᠂ ᠵᠠᠮ ᠬᠠᠷᠢᠯᠴᠠᠭᠠᠨ ᠤ | ᠱᠣᠭᠤᠮ ᠲᠠᠭᠠᠣ ᠪᠠ ᠮᠠᠯᠵᠢᠬᠤ ᠲᠠᠷᠢᠶᠠᠯᠠᠬᠤ ᠣᠷᠣᠨ ᠤ ᠣᠷᠴᠢᠨ ᠲᠣᠭᠤᠷᠢᠨ ᠪᠣᠵᠠᠷ ᠰᠠᠮᠠᠭᠤᠨ ᠮᠠᠭᠤ ᠪᠠᠶᠢᠬᠤ ᠠᠰᠠᠭᠤᠳᠠᠯ ᠢ ᠲᠦᠪᠯᠡᠷᠡᠭᠦᠯᠦᠨ ᠴᠡᠭᠴᠡᠯᠡᠨ | ᠵᠠᠰᠠᠵᠣ᠂ ᠭᠤᠶᠣ ᠰᠠᠶᠢᠬᠠᠨ ᠭᠠᠴᠠᠭ᠎ᠠ ᠲᠣᠰᠬᠤᠨ ᠢ ᠪᠦᠲᠦᠬᠡᠨ ᠪᠠᠶᠢᠭᠤᠯᠣᠨ᠎ᠠ᠃ ᠮᠠᠯᠵᠢᠬᠤ ᠲᠠᠷᠢᠶᠠᠯᠠᠬᠤ ᠣᠷᠣᠨ ᠤ ᠲᠠᠷᠢᠶᠠᠨ ᠭᠠᠵᠠᠷ ᠤᠨ ᠣᠰᠣᠨ | ᠠᠰᠢᠭᠯᠠᠯᠳᠠ᠂ ᠵᠠᠮ ᠬᠠᠷᠢᠯᠴᠠᠭ᠎ᠠ᠂ ᠴᠠᠬᠢᠯᠭᠠᠨ ᠲᠣᠣᠷ ᠴᠢᠮᠡᠭᠡ ᠬᠤᠯᠪᠤᠭ᠎ᠠ ᠵᠡᠷᠬᠡ ᠰᠠᠭᠤᠷᠢ ᠲᠦᠭᠦᠭᠡᠷᠣᠮᠵᠢ ᠶᠢᠨ ᠪᠦᠲᠦᠬᠡᠨ ᠪᠠᠶᠢᠭᠤᠯᠣᠯᠳᠠ ᠶᠢ ᠨᠢᠭᠡᠳᠣᠯᠲᠠᠢ | ᠲᠦᠯᠦᠪᠵᠢᠬᠦᠯᠦᠨ ᠠᠬᠢᠭᠤᠯᠵᠣ᠂ ᠮᠠᠯᠵᠢᠬᠤ ᠲᠠᠷᠢᠶᠠᠯᠠᠬᠤ ᠣᠷᠣᠨ ᠤ ᠨᠣᠷᠠᠬᠤ ᠠᠶᠣᠯ ᠲᠠᠢ ᠬᠠᠭᠤᠴᠢᠨ ᠬᠡᠷ ᠪᠠᠶᠢᠰᠢᠩ ᠢ ᠦᠭᠡᠷᠡᠴᠢᠯᠡᠬᠦ ᠬᠦᠴᠦᠯᠡᠴᠠ ᠶᠢ | ᠨᠡᠮᠡᠭᠳᠡᠬᠦᠯᠵᠤ᠂ ᠬᠦᠭᠵᠢᠬᠦᠯᠬᠦ ᠶᠢ ᠴᠠᠭᠠᠵᠠᠯᠠᠬᠤ ᠣᠷᠣᠨ ᠤ ᠨᠡᠭᠦᠯᠬᠡᠨ ᠰᠢᠯᠵᠢᠭᠦᠯᠬᠦ ᠨᠦᠭᠦᠴᠡᠯ ᠪᠦᠷᠢᠯᠳᠦᠭᠡᠳᠦᠢ ᠮᠠᠯᠴᠢᠨ ᠲᠠᠷᠢᠶᠠᠴᠢᠳ ᠤᠨ ᠣᠶᠢᠯᠡᠳᠪᠦᠷᠢᠯᠡᠯ | ᠠᠮᠢᠳᠣᠷᠠᠯ ᠤᠨ ᠭᠦᠴᠢᠷᠳᠡᠯ ᠢ ᠨᠠᠷᠢᠨ ᠬᠢᠨᠠᠮᠠᠭᠠᠢ ᠰᠤᠳᠤᠯᠤᠨ ᠰᠢᠢᠳᠪᠤᠷᠢᠯᠡᠨ᠎ᠠ᠃ ᠶᠠᠳᠠᠭᠤ ᠶᠢ ᠲᠡᠳᠬᠦᠬᠦ ᠶᠢ ᠬᠠᠷᠢᠯᠴᠠᠵᠣ ᠲᠠᠭᠠᠭᠠᠴᠢᠯᠠᠨ ᠲᠡᠳᠬᠦᠬᠦ ᠲᠣᠭᠳᠠᠴᠠ | ᠶᠢ ᠲᠡᠭᠦᠯᠳᠡᠷᠵᠢᠭᠦᠯᠵᠣ᠂ ᠮᠦᠩᠭᠦᠨ ᠭᠦᠢᠯᠬᠡᠬᠡᠨ ᠤ ᠶᠠᠳᠠᠭᠤ ᠶᠢ ᠲᠡᠳᠬᠦᠬᠦ ᠭᠦᠴᠦᠯᠡᠴᠡ ᠶᠢ ᠨᠡᠮᠡᠭᠳᠡᠭᠦᠯᠵᠣ᠂ ᠶᠠᠳᠠᠭᠤ ᠶᠢ ᠲᠡᠳᠬᠦᠵᠣ ᠨᠡᠬᠡᠬᠡᠯᠳᠡ ᠬᠢᠬᠦ ᠲᠦᠷᠦᠯ | ᠵᠣᠶᠢᠯ ᠪᠠ ᠪᠡᠯᠡ ᠮᠦᠩᠭᠦ ᠶᠢ ᠨᠢᠭᠡᠳᠬᠡᠵᠣ᠂ ᠨᠠᠷᠢᠯᠢᠭ ᠮᠦᠷᠳᠡᠬᠡᠨ ᠣᠨᠣᠪᠴᠢᠲᠠᠢ ᠪᠠᠷ ᠶᠠᠳᠠᠭᠤ ᠶᠢ ᠲᠡᠳᠬᠦᠬᠦ ᠶᠢ ᠬᠡᠷᠡᠭᠵᠢᠭᠦᠯᠵᠣ᠂ 2.6 ᠲᠦᠮᠡᠨ ᠶᠠᠳᠠᠭᠤ | ᠭᠦᠴᠢᠷᠳᠡᠯᠲᠠᠢ ᠬᠦᠮᠦᠨ ᠠᠮᠠ ᠶᠢ ᠯᠠᠪᠳᠠᠭᠤᠨ ᠢᠶᠠᠷ ᠶᠠᠳᠠᠭᠤ ᠠᠴᠠ ᠠᠩᠬᠢᠵᠢᠷᠠᠭᠤᠯᠬᠤ ᠶᠢ ᠪᠡᠶᠡᠯᠡᠭᠦᠯᠦᠨ᠎ᠡ᠃ | ᠠᠮᠢ ᠠᠬᠤᠢ ᠶᠢᠨ ᠪᠣᠯᠪᠠᠰᠣᠨ ᠤ ᠪᠠᠶᠢᠭᠤᠯᠣᠯᠳᠠ ᠶᠢ ᠲᠦᠷᠭᠡᠳᠭᠡᠨ᠎ᠠ᠃ ᠮᠠᠯᠵᠢᠬᠤ ᠲᠠᠷᠢᠶᠠᠯᠠᠬᠤ ᠣᠷᠣᠨ ᠤ ︽ᠭᠤᠷᠪᠠᠨ ᠣᠷᠣᠨ︾ ᠤ ᠬᠦᠭᠵᠢᠯᠳᠡ | ᠶᠢᠨ ᠲᠦᠯᠦᠪᠵᠢᠭᠦᠯᠬᠡ ᠪᠠ ᠮᠠᠯ ᠪᠡᠯᠴᠢᠭᠡᠷᠯᠡᠬᠦᠯᠬᠦ ᠶᠢ ᠴᠠᠭᠠᠵᠠᠯᠠᠬᠤ᠂ ᠰᠡᠯᠬᠦᠨ ᠮᠠᠯᠵᠢᠬᠤ᠂ ᠬᠡᠰᠡᠭ ᠬᠤᠪᠢᠶᠠᠨ ᠡᠭᠡᠯᠵᠢᠯᠡᠨ ᠮᠠᠯᠵᠢᠬᠤ ᠲᠦᠷᠦ ᠶᠢᠨ ᠪᠣᠳᠣᠯᠭ᠎ᠠ | ᠶᠢ ᠴᠢᠩᠭ᠎ᠠ ᠨᠠᠶᠢᠳᠠᠪᠦᠷᠢᠵᠢᠭᠤᠯᠵᠣ᠂ ᠣᠢ ᠮᠣᠳᠣ ᠶᠢ ᠬᠠᠮᠢᠶᠠᠷᠣᠨ ᠬᠠᠮᠠᠭᠠᠯᠠᠬᠤ ᠪᠠ ᠣᠢ ᠰᠢᠭᠤᠢ᠂ ᠲᠠᠯ᠎ᠠ ᠨᠤᠳᠤᠭ ᠤᠨ ᠭᠠᠯ ᠢ ᠰᠡᠷᠭᠡᠶᠢᠯᠡᠬᠦ ᠠᠵᠢᠯ ᠢ | ᠴᠢᠩᠭᠠᠳᠬᠠᠵᠣ᠂ ᠠᠮᠢ ᠠᠬᠤᠢ ᠶᠢᠨ ᠪᠦᠲᠦᠬᠡᠨ ᠪᠠᠶᠢᠭᠤᠯᠣᠯᠳᠠ ᠶᠢᠨ ᠦᠷ᠎ᠡ ᠪᠦᠲᠦᠬᠡᠯ ᠢ ᠪᠠᠳᠤᠳᠬᠠᠨ᠎ᠠ᠃ ᠪᠡᠬᠡᠵᠢᠩ ᠲᠢᠶᠠᠨᠵᠢᠨ ᠤ ᠰᠠᠯᠬᠢ ᠲᠣᠭᠤᠰᠣᠨ ᠤ | ᠢᠷᠡᠯᠳᠡ ᠳᠤ ᠵᠠᠰᠠᠯᠳᠠ ᠬᠢᠬᠦ ᠬᠤᠶᠠᠳᠤᠭᠠᠷ ᠬᠤᠭᠤᠴᠠᠭ᠎ᠠ᠂ ᠠᠷᠪᠠᠨ ᠶᠡᠭᠡ ᠬᠦᠨᠳᠡᠢ ᠳᠤ ᠶᠡᠷᠦᠩᠬᠡᠶᠢᠯᠡᠨ ᠵᠠᠰᠠᠯᠳᠠ ᠬᠢᠬᠦ ᠵᠡᠷᠬᠡ ᠠᠮᠢ ᠠᠬᠤᠢ ᠶᠢᠨ ᠭᠤᠣᠯᠳᠠᠯᠭ᠎ᠠ | ᠲᠠᠢ ᠪᠠᠷᠢᠯᠭ᠎ᠠ ᠶᠢ ᠰᠠᠶᠢᠳᠣᠷ ᠬᠡᠷᠡᠭᠵᠢᠭᠦᠯᠵᠣ᠂ ᠭᠤᠣᠯᠳᠠᠯᠭ᠎ᠠ ᠲᠠᠢ ᠣᠷᠣᠨ ᠪᠦᠰᠠ ᠶᠢᠨ ᠨᠣᠭᠤᠭᠠᠷᠠᠭᠤᠯᠣᠯᠳᠠ ᠶᠢ ᠲᠦᠷᠬᠡᠳᠬᠡᠵᠣ᠂ 130 ᠲᠦᠮᠡᠨ ᠮᠣ᠋ ᠮᠤᠳᠤ | ᠲᠠᠷᠢᠬᠤ᠂ 610 ᠲᠦᠮᠠᠨ ᠮᠤ᠋ ᠨᠤᠳᠤᠭ ᠪᠡᠯᠴᠢᠬᠡᠷ ᠢ ᠪᠦᠳᠦᠭᠡᠨ ᠪᠠᠶᠢᠭᠤᠯᠬᠤ ᠪᠠ 180 ᠲᠦᠮᠡᠨ ᠮᠣ᠋ ᠶᠢᠨ ᠬᠦᠷᠤᠰᠤ ᠶᠢᠨ ᠢᠳᠡᠭᠳᠡᠯ ᠳᠤ ᠵᠠᠰᠠᠯᠳᠠ ᠬᠢᠬᠦ ᠶᠢ | ᠪᠡᠶᠡᠯᠡᠬᠦᠯᠦᠨ᠎ᠠ᠃ ᠣᠯᠣᠰ ᠤᠨ ᠣᠢ ᠰᠢᠭᠤᠢ ᠶᠢᠨ ᠬᠤᠳᠠ ᠶᠢᠨ ᠪᠦᠲᠦᠬᠡᠨ ᠪᠠᠶᠢᠭᠤᠯᠣᠯᠳᠠ ᠶᠢ ᠠᠬᠢᠭᠤᠯᠣᠨ᠎ᠠ᠃ ᠣᠰᠣᠨ ᠤ ᠰᠤᠷᠪᠤᠯᠵᠢ ᠶᠢᠨ ᠭᠠᠵᠠᠷ ᠤᠨ | ᠬᠠᠮᠠᠭᠠᠯᠠᠯᠳᠠ ᠶᠢ ᠴᠢᠩᠭᠠᠳᠬᠠᠵᠣ᠂ ᠣᠰᠣᠨ ᠤ ᠰᠤᠷᠪᠤᠯᠵᠢ ᠶᠢᠨ ᠬᠠᠩᠭᠠᠯᠭ᠎ᠠ ᠪᠠ ᠣᠣᠭᠤᠬᠤ ᠣᠰᠣᠨ ᠤ ᠠᠶᠣᠯ ᠦᠬᠡᠢ ᠶᠢ ᠪᠠᠳᠣᠯᠠᠨ᠎ᠠ᠃ ᠣᠯᠣᠰ ᠤᠨ | ᠣᠷᠴᠢᠨ ᠲᠣᠭᠤᠷᠢᠨ ᠤ ᠬᠠᠮᠠᠭᠠᠯᠠᠯᠳᠠ ᠶᠢᠨ ᠵᠢᠱᠢᠶᠡᠴᠢ ᠬᠤᠳᠠ ᠶᠢ ᠡᠭᠦᠳᠦᠨ ᠪᠠᠶᠢᠭᠤᠯᠵᠣ᠂ ᠣᠷᠴᠢᠨ ᠲᠣᠭᠤᠷᠢᠨ ᠤ ᠬᠠᠮᠠᠭᠠᠯᠠᠯᠳᠠ ᠶᠢᠨ ︽ᠭᠤᠷᠪᠠᠨ ᠵᠡᠷᠬᠡᠪᠡᠷ | ᠪᠠᠶᠢᠬᠤ︾ ᠲᠦᠷᠢᠮ ᠢ ᠴᠢᠩᠭ᠎ᠠ ᠬᠡᠷᠡᠭᠵᠢᠭᠦᠯᠵᠣ᠂ ᠬᠤᠳᠠ᠂ ᠬᠤᠰᠢᠭᠤ᠂ ᠬᠦᠷᠢᠶᠡᠯᠡᠩ ᠪᠠ ᠠᠵᠣ ᠠᠬᠤᠶᠢᠯᠠᠯ ᠤᠨ ᠰᠦᠯᠵᠢᠶᠡᠨ ᠲᠡᠭᠡᠷ᠎ᠠ ᠬᠢᠨᠠᠨ ᠬᠠᠮᠢᠶᠠᠷᠬᠤ | ᠰᠢᠰᠲ᠋ᠧᠮᠵᠢ ᠶᠢ ᠪᠦᠬᠦ ᠲᠠᠯ᠎ᠠ ᠪᠠᠷ ᠪᠦᠷᠭᠦᠭᠦᠯᠬᠦ ᠶᠢ ᠪᠡᠶᠡᠯᠡᠭᠦᠯᠦᠨ᠎ᠡ᠃ ᠦᠨᠳᠦᠰᠦᠨ ᠱᠠᠳᠣᠨ ᠤ ᠣᠷᠴᠢᠨ ᠲᠣᠭᠤᠷᠢᠨ ᠤ ᠬᠠᠮᠠᠭᠠᠯᠠᠯᠳᠠ ᠶᠢᠨ ᠬᠠᠣᠯᠢ | ᠬᠡᠷᠡᠭᠵᠢᠬᠦᠯᠬᠦ ᠭᠦᠴᠦᠨ ᠢ ᠨᠡᠮᠡᠭᠳᠡᠬᠦᠯᠵᠤ᠂ ᠣᠷᠴᠢᠨ ᠲᠣᠭᠤᠷᠢᠨ ᠤ ᠬᠠᠮᠠᠭᠠᠯᠠᠯᠳᠠ ᠶᠢᠨ ᠬᠠᠣᠯᠢ ᠬᠡᠷᠡᠭᠵᠢᠬᠦᠯᠬᠦ ᠬᠤᠯᠪᠤᠭᠠᠳᠤ ᠬᠤᠷᠠᠯ ᠪᠠ ᠨᠡᠶᠢᠬᠡᠮ ᠠᠴᠠ | ᠬᠢᠨᠠᠯᠳᠠ ᠲᠠᠯᠪᠢᠬᠤ ᠲᠦᠷᠢᠮ ᠢ ᠪᠠᠶᠢᠭᠤᠯᠣᠨ᠎ᠠ᠃ ᠠᠭᠠᠷ ᠮᠡᠨᠳᠡᠯ ᠤᠨ ᠪᠣᠬᠢᠷᠳᠣᠯ ᠢ ᠰᠡᠷᠭᠡᠶᠢᠯᠡᠨ ᠵᠠᠰᠠᠬᠤ ᠪᠠ ᠭᠤᠣᠯ ᠪᠣᠬᠢᠷᠳᠣᠯ ᠪᠣᠳᠠᠰ ᠤᠨ ᠭᠠᠳᠠᠭᠰᠢᠯᠠᠭᠤᠯᠣᠯ | ᠢ ᠪᠠᠭᠠᠰᠬᠠᠬᠤ ᠠᠷᠭ᠎ᠠ ᠬᠡᠮᠵᠢᠶ᠎ᠡ ᠶᠢ ᠨᠠᠶᠢᠳᠠᠪᠦᠷᠢᠵᠢᠭᠤᠯᠵᠣ᠂ ᠬᠠᠶᠠᠭᠳᠠᠯ ᠣᠰᠣ᠂ ᠬᠡᠢ᠂ ᠰᠢᠭᠠᠷᠣ ᠶᠢ ᠡᠷᠬᠢᠯᠳᠤᠬᠦᠯᠦᠨ ᠠᠰᠢᠭᠯᠠᠵᠣ᠂ ᠵᠢᠯ ᠤᠨ ᠲᠣᠳᠣᠷ᠎ᠠ | ᠠᠯᠢᠪᠠ ᠬᠢᠮᠢ ᠶᠢᠨ ᠠᠵᠣ ᠣᠶᠢᠯᠡᠳᠪᠦᠷᠢ ᠶᠢᠨ ᠲᠦᠷᠦᠯ ᠤᠨ ᠬᠦᠷᠢᠶᠡᠯᠡᠩ ᠳᠤ ᠪᠤᠵᠠᠷ ᠣᠰᠣ ᠪᠠ ᠬᠠᠶᠠᠭᠳᠠᠯ ᠰᠢᠭᠠᠷᠣ ᠶᠢ ᠰᠢᠢᠳᠪᠦᠷᠢᠯᠡᠬᠦ ᠲᠦᠭᠦᠭᠡᠷᠣᠮᠵᠢ ᠶᠢ | ᠪᠠᠶᠢᠭᠤᠯᠣᠨ ᠲᠠᠭᠤᠰᠬᠠᠨ᠎ᠠ᠃ ᠭᠠᠵᠠᠷ ᠰᠢᠷᠣᠢ ᠶᠢ ᠲᠠᠬᠢᠨ ᠬᠠᠭᠠᠯᠪᠣᠷᠢᠯᠠᠬᠤ ᠪᠠᠷ ᠭᠤᠣᠯᠳᠠᠯᠭ᠎ᠠ ᠪᠣᠯᠭᠠᠭᠰᠠᠨ ᠠᠭᠤᠷᠬᠠᠢ ᠶᠢᠨ ᠣᠷᠣᠨ ᠤ ᠣᠷᠴᠢᠨ ᠲᠣᠭᠤᠷᠢᠨ ᠢ | ᠶᠡᠷᠦᠩᠬᠡᠶᠢᠯᠡᠨ ᠵᠠᠰᠠᠬᠤ ᠶᠢ ᠲᠣᠪᠣᠶᠢᠯᠭᠠᠨ ᠰᠠᠶᠢᠳᠣᠷ ᠠᠳᠬᠤᠵᠣ᠂ ᠡᠶ᠎ᠡ ᠵᠣᠬᠢᠴᠠᠯᠲᠠᠢ ᠠᠭᠤᠷᠬᠠᠢ ᠶᠢᠨ ᠣᠷᠣᠨ ᠢ ᠪᠦᠲᠦᠬᠡᠨ ᠪᠠᠶᠢᠭᠤᠯᠣᠨ᠎ᠠ᠃ | ᠰᠠᠭᠤᠷᠢ ᠲᠦᠭᠦᠭᠡᠷᠣᠮᠵᠢ ᠶᠢᠨ ᠲᠠᠭᠠᠭᠠᠴᠠ ᠶᠢᠨ ᠴᠢᠳᠠᠪᠤᠷᠢ ᠶᠢ ᠲᠡᠭᠡᠭᠰᠢᠯᠡᠭᠦᠯᠦᠨ᠎ᠡ᠃ ᠷᠦᠡᠭ ᠴᠸᠡᠭ ᠠᠴᠠ ᠦᠬᠠᠢ ᠬᠦᠷᠬᠦ ᠲᠡᠭᠡᠳᠤ ᠬᠤᠷᠳᠤᠴᠠᠳᠤ | ᠵᠠᠰᠠᠮᠠᠯ ᠵᠠᠮ ᠤᠨ ᠴᠢ ᠫᠠᠨ ᠵᠢᠩ ᠠᠴᠠ ᠦᠬᠠᠢ ᠬᠦᠷᠬᠦ᠂ ᠬᠤᠨᠴᠢᠠᠭᠤᠤᠯ ᠤᠨ ᠨᠡᠬᠦᠷᠡᠰᠤᠨ ᠠᠭᠤᠷᠬᠠᠢ ᠠᠴᠠ ᠬᠠᠨᠭ᠍ᠬᠢᠨ ᠬᠤᠰᠢᠭᠤᠨ ᠤ ᠶᠢᠨ ᠲᠠᠢ ᠬᠢᠮᠢ ᠶᠢᠨ | ᠠᠵᠤ ᠦᠢᠯᠡᠳᠪᠤᠷᠢ ᠶᠢᠨ ᠬᠦᠷᠢᠶᠠᠯᠡᠩ ᠬᠦᠷᠬᠦ᠂ ᠠᠮᠠᠨᠴᠢᠷᠭ᠎ᠠ ᠠᠴᠠ ᠰᠢᠶᠤᠤ ᠬᠤᠤ ᠲᠤ ᠬᠦᠷᠬᠦ᠂ ᠲᠦᠡᠭᠱᠢ ᠠᠴᠠ ᠵᠢᠩ ᠪᠢᠶᠠᠨ ᠬᠦᠷᠬᠦ ᠵᠡᠷᠭᠡ ᠵᠠᠰᠠᠮᠠᠯ ᠵᠠᠮ ᠪᠠ | ᠬᠦᠬᠡᠬᠤᠳᠠ ᠠᠴᠠ ᠵᠡᠭᠦᠨᠭᠠᠷ ᠣᠷᠳᠣᠰ ᠬᠦᠷᠬᠦ᠂ ᠵᠡᠭᠦᠨᠭᠠᠷ ᠠᠴᠠ ᠱᠦᠸᠧᠵᠸᠤ ᠬᠦᠷᠬᠦ᠂ ᠮᠧᠩ ᠰᠢ ᠠᠴᠠ ᠲᠣᠮᠳᠠᠳᠣ ᠣᠷᠣᠨ ᠬᠦᠷᠬᠦ ᠵᠡᠷᠬᠡ ᠭᠤᠣᠯᠳᠠᠯᠭ᠎ᠠ ᠲᠠᠢ | ᠲᠡᠮᠣᠷ ᠵᠠᠮ ᠤᠨ ᠲᠦᠷᠦᠯ ᠵᠣᠶᠢᠯ ᠤᠨ ᠪᠦᠲᠦᠬᠡᠨ ᠪᠠᠶᠢᠭᠤᠯᠣᠯᠳᠠ ᠶᠢ ᠠᠬᠢᠭᠤᠯᠵᠣ᠂ ᠲᠡᠬᠡᠳᠣ ᠵᠡᠷᠬᠡ ᠲᠡᠰ ᠤᠨ ᠵᠠᠰᠠᠮᠠᠯ ᠵᠠᠮ ᠢ ᠰᠢᠨ᠎ᠠ ᠪᠠᠷ 325 ᠺᠢᠯᠣᠮᠧᠲᠷ | ᠨᠡᠮᠡᠭᠳᠡᠬᠦᠯᠵᠤ᠂ 500 ᠺᠢᠯᠣᠮᠧᠲᠷ ᠤᠨ ᠭᠠᠴᠠᠭ᠎ᠠ ᠲᠣᠰᠬᠤᠨ ᠳᠤ ᠨᠡᠪᠲᠡᠷᠡᠬᠦ ᠵᠠᠰᠠᠮᠠᠯ ᠵᠠᠮ ᠢ ᠰᠢᠨ᠎ᠠ ᠪᠠᠷ ᠪᠤᠶᠤ ᠦᠭᠡᠷᠡᠴᠢᠯᠠᠨ ᠪᠠᠶᠢᠭᠤᠯᠵᠤ᠂ ᠲᠡᠮᠣᠷ ᠵᠠᠮ ᠤᠨ | ᠠᠶᠠᠯᠠᠯ ᠤᠨ ᠵᠠᠢ ᠶᠢ ᠰᠢᠨ᠎ᠠ ᠪᠠᠷ 200 ᠺᠢᠯᠣᠮᠧᠲᠷ ᠨᠡᠮᠡᠭᠳᠡᠬᠦᠯᠦᠨ᠎ᠠ᠃ ᠨᠢᠰᠬᠡᠯ ᠤᠨ ᠪᠠᠭᠤᠳᠠᠯ ᠤᠨ ᠡᠷᠬᠢᠯᠳᠡ ᠡᠵᠡᠩᠨᠡᠯᠳᠡ ᠶᠢᠨ ᠬᠠᠮᠢᠶᠠᠷᠣᠯᠳᠠ ᠶᠢᠨ ᠬᠢᠷᠢ | ᠲᠦᠪᠰᠢᠨ ᠪᠠ ᠣᠶᠢᠯᠡᠴᠢᠯᠡᠬᠡᠨ ᠤ ᠶᠠᠰᠣ ᠴᠢᠨᠠᠷ ᠢ ᠲᠡᠬᠡᠭᠰᠢᠯᠡᠭᠦᠯᠵᠣ᠂ ᠣᠯᠣᠰ ᠤᠨ ᠲᠤᠳᠤᠭᠠᠳᠤ ᠶᠢᠨ ᠠᠶᠠᠯᠠᠯ ᠤᠨ ᠱᠤᠭᠤᠮ ᠡᠬᠡᠯᠵᠢᠨ ᠨᠢᠰᠭᠡᠯ ᠢ | ᠰᠢᠯᠢᠳᠡᠭᠵᠢᠭᠦᠯᠵᠣ᠂ ᠣᠯᠠᠨ ᠣᠯᠣᠰ ᠤᠨ ᠠᠶᠠᠯᠠᠯ ᠤᠨ ᠱᠤᠭᠤᠮ ᠢ ᠵᠣᠬᠢᠰᠲᠠᠢ ᠨᠠᠪᠳᠡᠷᠡᠬᠦᠯᠵᠤ᠂ ᠠᠵᠢᠯ ᠤᠨ ᠬᠡᠷᠡᠭᠯᠡᠭᠡᠨ ᠤ ᠨᠢᠰᠭᠡᠯ ᠤᠨ ᠪᠠᠭᠤᠳᠠᠯ ᠤᠨ | ᠡᠮᠤᠨ᠎ᠠ ᠬᠤᠭᠤᠴᠠᠭᠠᠨ ᠤ ᠠᠵᠢᠯ ᠢ ᠢᠳᠠᠪᠬᠢᠳᠠᠢ ᠰᠠᠶᠢᠳᠤᠷ ᠬᠢᠨ᠎ᠠ᠃ ᠭᠤᠣᠯᠳᠠᠯᠭ᠎ᠠ ᠲᠠᠢ ᠬᠤᠳᠠ ᠪᠠᠯᠭᠠᠰᠣ᠂ ᠬᠦᠷᠢᠶᠡᠯᠡᠩ ᠤᠨ ᠣᠰᠣ ᠬᠠᠩᠭᠠᠬᠤ ᠪᠠᠷᠢᠯᠭ᠎ᠠ | ᠶᠢᠨ ᠪᠦᠲᠦᠬᠡᠨ ᠪᠠᠶᠢᠭᠤᠯᠣᠯᠳᠠ ᠶᠢ ᠲᠦᠷᠬᠡᠳᠬᠡᠵᠣ᠂ ᠣᠰᠣᠨ ᠤ ᠡᠷᠬᠡ ᠶᠢ ᠰᠣᠯᠢᠯᠴᠠᠬᠤ ᠬᠤᠶᠠᠳᠣᠭᠠᠷ ᠬᠤᠭᠤᠴᠠᠭᠠᠨ ᠤ ᠪᠠᠷᠢᠯᠭ᠎ᠠ ᠶᠢ ᠪᠡᠶᠡᠯᠡᠭᠦᠯᠵᠣ᠂ ᠣᠰᠣ | ᠬᠠᠩᠭᠠᠬᠤ ᠴᠢᠳᠠᠪᠦᠷᠢ ᠶᠢ ᠰᠢᠨ᠎ᠠ ᠪᠠᠷ 6000 ᠲᠦᠮᠡᠨ ᠪᠣᠰᠤᠭ᠎ᠠ ᠲᠦᠷᠪᠡᠯᠵᠢᠨ ᠮᠧᠲᠷ ᠨᠡᠮᠡᠭᠳᠡᠬᠦᠯᠦᠨ᠎ᠠ᠃ ᠴᠠᠬᠢᠯᠭᠠᠨ ᠲᠣᠣᠷ ᠢ ᠦᠬᠡᠷᠡᠴᠢᠯᠡᠨ ᠲᠡᠰ | ᠲᠡᠪᠰᠢᠭᠦᠯᠬᠦ ᠠᠯᠬᠤᠴᠠ ᠶᠢ ᠲᠦᠷᠬᠡᠳᠬᠡᠵᠣ᠂ 110 ᠺᠢᠯᠣᠸᠠᠲ ᠤᠨ ᠴᠠᠬᠢᠯᠭᠠᠨ ᠬᠤᠪᠢᠰᠬᠠᠨ ᠲᠠᠮᠵᠢᠭᠤᠯᠬᠤ ᠤᠳᠠᠰᠤ ᠶᠢ ᠰᠢᠨ᠎ᠡ ᠪᠠᠷ 720 ᠺᠢᠯᠣᠮᠧᠲᠷ᠂ | 220 ᠺᠢᠯᠣᠸᠠᠲ ᠤᠨ ᠴᠠᠬᠢᠯᠭᠠᠨ ᠬᠤᠪᠢᠰᠬᠠᠨ ᠲᠠᠮᠵᠢᠭᠤᠯᠬᠤ ᠤᠳᠠᠰᠤ ᠶᠢ ᠰᠢᠨ᠎ᠠ ᠪᠠᠷ 630 ᠺᠢᠯᠣᠮᠧᠲᠷ ᠪᠠᠶᠢᠭᠤᠯᠤᠨ᠎ᠠ᠃ | ︵ᠭᠤᠷᠪᠠ︶ ᠠᠷᠠᠳ ᠤᠨ ᠠᠮᠢᠳᠣᠷᠠᠯ ᠢ ᠭᠦᠴᠦᠯᠡᠨ ᠪᠠᠳᠣᠯᠠᠬᠤ ᠪᠠ ᠰᠠᠶᠢᠵᠢᠷᠠᠭᠤᠯᠵᠣ᠂ ᠨᠡᠶᠢᠬᠡᠮ ᠤᠨ ᠠᠵᠢᠯ ᠣᠶᠢᠯᠡᠰ ᠤᠨ ᠬᠦᠭᠵᠢᠯᠳᠡ ᠶᠢ | ᠨᠢᠭᠡᠳᠣᠯᠲᠠᠢ ᠲᠦᠯᠦᠪᠵᠢᠬᠦᠯᠦᠨ ᠠᠬᠢᠭᠤᠯᠵᠣ᠂ ᠠᠷᠠᠳ ᠲᠦᠮᠡᠨ ᠤ ᠪᠣᠶᠠᠨ ᠬᠡᠰᠢᠭ ᠢ ᠲᠠᠰᠣᠷᠠᠯᠳᠠ ᠦᠬᠡᠢ ᠨᠡᠮᠡᠭᠳᠡᠭᠦᠯᠦᠨ᠎ᠡ᠃ | ᠠᠷᠠᠳ ᠤᠨ ᠠᠮᠢᠳᠣᠷᠠᠯ ᠢ ᠰᠠᠶᠢᠵᠢᠷᠠᠭᠤᠯᠬᠤ ᠭᠦᠴᠦᠯᠡᠴᠡ ᠶᠢ ᠦᠷᠬᠦᠯᠵᠢᠯᠠᠨ ᠨᠡᠮᠡᠭᠳᠡᠭᠦᠯᠦᠨ᠎ᠡ᠃ ᠶᠠᠳᠠᠭᠤ ᠶᠢ ᠲᠡᠳᠬᠦᠨ ᠪᠠᠬᠢᠯᠡᠯᠳᠠ ᠲᠠᠭᠠᠷᠢᠬᠤ᠂ | ᠦᠢᠯᠡᠰ ᠪᠤᠰᠬᠠᠨ ᠠᠵᠢᠯ ᠤᠯᠭᠤᠬᠤ᠂ᠠᠷᠠᠳ ᠲᠦᠮᠠᠨ ᠤ ᠠᠮᠤᠭᠤᠯᠠᠩ ᠤᠷᠤᠨ ᠰᠠᠭᠤᠴᠠ᠂ ᠠᠮᠤᠭᠤᠯᠠᠩ ᠢ ᠡᠬᠦᠳᠤᠨ ᠪᠠᠶᠢᠭᠤᠯᠬᠤ ᠢᠨᠵᠧᠨᠧᠷᠢᠩ ᠢ ᠨᠠᠷᠢᠨ | ᠬᠢᠨᠠᠮᠠᠭᠠᠢ ᠬᠡᠷᠡᠭᠵᠢᠬᠦᠯᠵᠤ᠂ ᠣᠳᠣ ᠬᠡᠷᠡᠭᠵᠢᠭᠦᠯᠵᠣ ᠪᠠᠶᠢᠭ᠎ᠠ ᠠᠷᠠᠳ ᠢ ᠬᠠᠷᠠᠭᠠᠯᠵᠠᠬᠤ ᠲᠦᠷᠦ ᠶᠢᠨ ᠪᠣᠳᠣᠯᠭ᠎ᠠ ᠶᠢ ᠴᠢᠨᠠᠭᠰᠢᠳᠠ ᠲᠡᠬᠦᠯᠳᠡᠷᠵᠢᠬᠦᠯᠦᠨ᠂ ᠠᠷᠠᠳ | ᠤᠨ ᠠᠮᠢᠳᠤᠷᠠᠯ ᠤᠨ ᠦᠷ᠎ᠠ ᠪᠦᠳᠦᠭᠡᠯ ᠢ ᠪᠠᠳᠤᠳᠬᠠᠨ᠎ᠠ᠃ ᠡᠨᠡ ᠵᠢᠯ ᠤᠨ ᠠᠷᠠᠳ ᠤᠨ ᠠᠮᠢᠳᠤᠷᠠᠯ ᠤᠨ ᠠᠵᠢᠯ ᠨᠢ ︽ᠭᠠᠴᠢᠭᠳᠠᠯ ᠳᠤ ᠲᠤᠰᠠᠯᠠᠬᠤ︾ ᠶᠢ | ᠪᠠᠷᠢᠮᠳᠠᠯᠠᠵᠤ᠂ ᠪᠠᠭᠤᠷᠠᠶᠢᠴᠤᠳ ᠪᠠ ᠮᠠᠯᠵᠢᠬᠤ ᠲᠠᠷᠢᠶᠠᠯᠠᠬᠤ ᠣᠷᠣᠨ ᠲᠡᠰᠢ ᠭᠤᠣᠯᠳᠠᠯᠭ᠎ᠠ ᠲᠠᠢ ᠬᠡᠯᠪᠡᠶᠢᠯᠭᠡᠵᠤ᠂ ᠠᠷᠪᠠᠨ ᠵᠦᠢᠯ ᠤᠨ ᠠᠷᠠᠳ ᠢ ᠬᠠᠷᠠᠭᠠᠯᠵᠠᠬᠤ | ᠪᠣᠳᠠᠳᠣ ᠶᠠᠪᠤᠳᠠᠯ ᠢ ᠲᠦᠪᠯᠡᠷᠡᠭᠦᠯᠦᠨ ᠰᠠᠶᠢᠳᠣᠷ ᠬᠢᠨ᠎ᠡ᠃ ᠨᠢᠭᠡ ᠳᠤ ᠬᠤᠳᠠ ᠪᠠᠯᠭᠠᠰᠣᠨ ᠤ 3.1 ᠲᠦᠮᠡᠨ ᠬᠦᠮᠦᠨ ᠳᠤ ᠰᠢᠨ᠎ᠠ ᠪᠠᠷ ᠠᠵᠢᠯ ᠤᠯᠭᠤᠨ᠎ᠠ᠂ | ᠡᠭᠦᠨ ᠳᠤ ᠣᠷᠳᠣᠰ ᠤᠨ ᠡᠷᠦᠬᠡ ᠠᠮᠠ ᠲᠠᠢ ᠲᠡᠬᠡᠳᠣ ᠰᠣᠷᠭᠠᠭᠤᠯᠢ ᠲᠡᠬᠦᠰᠦᠭᠰᠡᠨ ᠲᠦᠮᠡᠨ ᠤᠶᠤᠳᠠᠨ ᠢ ᠲᠤᠬᠢᠷᠠᠭᠤᠯᠵᠤ᠂ ᠬᠤᠳᠠ ᠪᠠᠯᠭᠠᠰᠣᠨ ᠤ | ᠲᠡᠩᠰᠠᠯᠠᠭᠤᠯᠤᠭᠰᠠᠨ ᠠᠵᠢᠯ ᠠᠯᠳᠠᠯᠳᠠ ᠶᠢᠨ ᠨᠣᠷᠮ᠎ᠠ ᠶᠢ 3.5% ᠶᠢᠨ ᠲᠣᠳᠣᠷ᠎ᠠ ᠬᠢᠵᠠᠭᠠᠷᠯᠠᠨ᠎ᠠ︔ ᠪᠠᠭ᠎ᠠ ᠲᠣᠭᠠᠨ ᠤ ᠵᠢᠬᠡᠯᠡᠯᠬᠡ ᠶᠢ 2.5 ᠳ᠋ᠦᠩᠰᠢᠭᠤᠷ | ᠲᠦᠭᠦᠷᠢᠭ ᠲᠠᠯᠪᠢᠵᠤ᠂ 6000 ᠬᠦᠮᠦᠨ ᠢ ᠲᠠᠮᠵᠢᠨ ᠪᠡᠶ᠎ᠡ ᠪᠠᠨ ᠲᠠᠭᠠᠭᠠᠨ ᠣᠶᠢᠯᠡᠰ ᠪᠣᠰᠬᠠᠨ᠎ᠠ︔ ᠬᠤᠳᠠ ᠶᠢᠨ ᠤᠯᠠᠨ ᠨᠡᠶᠢᠳᠡ ᠶᠢᠨ ᠪᠣᠳᠠᠳᠣ ᠪᠣᠯᠪᠠᠰᠣᠷᠠᠯ | ᠤᠨ ᠰᠠᠭᠤᠷᠢᠨ ᠭᠠᠵᠠᠷ ᠢ ᠪᠦᠲᠦᠬᠡᠨ ᠪᠠᠶᠢᠭᠤᠯᠣᠨ᠎ᠠ︔ 3.2 ᠲᠦᠮᠠᠨ ᠬᠦᠮᠦᠨ ᠤᠳᠠᠭ᠎ᠠ ᠶᠢᠨ ᠠᠵᠢᠯ ᠤᠯᠭᠤᠬᠤ ᠪᠣᠯᠪᠠᠰᠣᠷᠠᠯ ᠢ ᠪᠡᠶᠡᠯᠡᠬᠦᠯᠦᠨ᠎ᠠ︔ ᠣᠷᠳᠣᠰ | ᠬᠤᠳᠠ ᠶᠢᠨ ᠬᠡᠷ ᠤᠨ ᠶᠠᠪᠣᠳᠠᠯ ᠤᠨ ᠣᠶᠢᠯᠡᠴᠢᠯᠡᠬᠡᠨ ᠤ ᠰᠦᠯᠵᠢᠶ᠎ᠡ ᠶᠢ ᠨᠠᠪᠳᠡᠷᠡᠬᠦᠯᠵᠤ᠂ 1500 ᠨᠠᠷᠠ ᠬᠡᠷ ᠤᠨ ᠶᠠᠪᠤᠳᠠᠯ ᠤᠨ ᠦᠢᠯᠡᠴᠢᠯᠡᠭᠡᠨ ᠤ | ᠠᠵᠢᠯᠴᠢᠨ ᠢ ᠦᠨ᠎ᠡ ᠲᠦᠯᠦᠪᠣᠷᠢ ᠦᠬᠡᠢ ᠪᠠᠷ ᠪᠤᠯᠪᠠᠰᠤᠷᠠᠭᠤᠯᠤᠨ᠎ᠠ︔ ᠮᠠᠯᠴᠢᠨ ᠲᠠᠷᠢᠶᠠᠴᠢᠨ ᠬᠦᠯᠦᠰᠤᠨ ᠠᠵᠢᠯᠴᠢᠳ ᠤᠨ ᠡᠷᠬᠡ ᠠᠰᠢᠭ ᠢ ᠭᠦᠢᠴᠡᠳ | ᠪᠠᠳᠣᠯᠠᠨ᠎ᠠ︔ ᠣᠶᠣᠳᠠᠳ ᠤᠨ ᠣᠶᠢᠯᠡᠰ ᠪᠣᠰᠬᠠᠬᠤ ᠬᠦᠷᠢᠶᠡᠯᠡᠩ ᠢ ᠪᠦᠲᠦᠬᠡᠨ ᠪᠠᠶᠢᠭᠤᠯᠣᠨ᠎ᠠ᠃ ᠬᠤᠶᠠᠷ ᠲᠤ ᠰᠢᠨ᠎ᠡ ᠪᠠᠷ ᠪᠠᠶᠢᠭᠤᠯᠬᠤ᠂ ᠪᠣᠴᠠᠭᠠᠨ ᠬᠤᠳᠠᠯᠳᠣᠨ | ᠠᠪᠬᠤ᠂ ᠦᠬᠡᠷᠡᠴᠢᠯᠡᠬᠦ ᠵᠡᠷᠬᠡ ᠬᠡᠯᠪᠡᠷᠢ ᠶᠢ ᠠᠪᠴᠣ᠂ 11 ᠬᠡᠣᠬᠡᠳ ᠤᠨ ᠴᠡᠴᠡᠷᠯᠢᠭ ᠢ ᠰᠢᠨ᠎ᠠ ᠪᠠᠷ ᠨᠡᠮᠡᠭᠳᠡᠬᠦᠯᠵᠤ᠂ ᠠᠯᠪᠠᠨ ᠠᠴᠠ ᠡᠷᠬᠢᠯᠡᠭᠰᠡᠨ ᠬᠡᠣᠬᠡᠳ | ᠤᠨ ᠴᠡᠴᠡᠷᠯᠢᠭ ᠤᠨ ︽ᠴᠡᠴᠡᠷᠯᠢᠭ ᠲᠤ ᠣᠷᠣᠬᠤ ᠳᠤ ᠭᠦᠴᠢᠷᠲᠠᠢ ᠪᠠᠶᠢᠬᠤ︾ ᠠᠰᠠᠭᠤᠳᠠᠯ ᠢ ᠲᠦᠪᠯᠡᠷᠡᠭᠦᠯᠦᠨ ᠰᠢᠢᠳᠪᠦᠷᠢᠯᠡᠨ᠎ᠡ᠃ ᠭᠤᠷᠪᠠ ᠳᠤ ᠮᠠᠯᠵᠢᠬᠤ | ᠲᠠᠷᠢᠶᠠᠯᠠᠬᠤ ᠣᠷᠣᠨ ᠤ ᠲᠦᠮᠠᠨ ᠡᠷᠦᠭᠡ ᠶᠢᠨ ᠨᠣᠷᠠᠬᠤ ᠠᠶᠣᠯ ᠲᠠᠢ ᠬᠠᠭᠤᠴᠢᠨ ᠬᠡᠷ ᠪᠠᠶᠢᠰᠢᠩ ᠢ ᠦᠭᠡᠷᠡᠴᠢᠯᠠᠨ᠎ᠠ᠂ ᠡᠭᠦᠨ ᠳᠤ ᠬᠠᠳᠣᠨ ᠭᠤᠣᠯ ᠲᠠᠭᠠᠣ | ᠨᠡᠪᠴᠢᠬᠦ ᠣᠷᠣᠨ ᠤ 2800 ᠡᠷᠦᠬᠡ ᠶᠢᠨ ᠨᠤᠷᠠᠬᠤ ᠠᠶᠤᠯ ᠲᠠᠢ ᠬᠡᠷ ᠪᠠᠶᠢᠰᠢᠩ ᠪᠠᠭᠳᠠᠵᠤ ᠪᠠᠶᠢᠨ᠎ᠠ︔ ᠬᠤᠳᠠ ᠶᠢᠨ ᠪᠣᠷᠣ ᠬᠡᠷ ᠤᠨ ᠲᠤᠭᠤᠷᠢᠭ ᠤᠨ 8000 | ᠡᠷᠦᠬᠡ ᠶᠢ ᠦᠭᠡᠷᠡᠴᠢᠯᠠᠨ᠎ᠠ᠃ ᠲᠦᠷᠪᠡ ᠳᠤ 3.5 ᠲᠦᠮᠡᠨ ᠬᠦᠮᠦᠨ ᠤ ᠣᠣᠭᠤᠬᠤ ᠤᠰᠤᠨ ᠤ ᠠᠶᠣᠯ ᠦᠬᠡᠢ ᠶᠢᠨ ᠠᠰᠠᠭᠤᠳᠠᠯ ᠢ ᠰᠢᠢᠳᠪᠦᠷᠢᠯᠡᠨ᠎ᠡ᠃ ᠲᠠᠪᠤ | ᠳᠤ ᠨᠡᠶᠢᠳᠡ ᠶᠢᠨ ᠵᠠᠮ ᠬᠠᠷᠢᠯᠴᠠᠭᠠᠨ ᠤ ᠱᠣᠭᠤᠮ ᠪᠠ ᠦᠷᠳᠡᠭᠡ ᠴᠡᠭ ᠤᠨ ᠲᠣᠬᠢᠷᠠᠭᠤᠯᠣᠯᠳᠠ ᠶᠢ ᠰᠢᠯᠢᠳᠡᠭᠵᠢᠭᠦᠯᠵᠣ᠂ ᠭᠤᠣᠯᠳᠠᠯᠭᠠᠳᠣ ᠬᠤᠳᠠ ᠲᠣᠭᠤᠷᠢᠭ | ᠤᠨ ᠨᠡᠶᠢᠳᠡ ᠶᠢᠨ ᠵᠠᠮ ᠬᠠᠷᠢᠯᠴᠠᠭᠠᠨ ᠤ ᠨᠢᠭᠡ ᠴᠤᠭᠴᠠᠵᠢᠭᠰᠠᠨ ᠡᠷᠬᠢᠯᠳᠡ ᠡᠵᠡᠩᠨᠡᠯᠳᠡ ᠶᠢ ᠪᠡᠶᠡᠯᠡᠭᠦᠯᠦᠨ᠎ᠡ᠃ ᠵᠢᠷᠭᠤᠭ᠎ᠠ ᠳᠤ ᠡᠮᠨᠡᠯᠬᠡ ᠶᠢᠨ ᠲᠠᠭᠠᠳᠬᠠᠯ ᠳᠤ | ᠣᠷᠣᠭᠰᠠᠨ ᠡᠪᠡᠳᠴᠢᠳᠠᠳ ᠪᠦᠬᠦ ᠬᠤᠳᠠ ᠶᠢᠨ ᠲᠣᠭᠳᠠᠭᠰᠠᠨ ᠡᠮᠨᠡᠯᠬᠡ ᠶᠢᠨ ᠪᠠᠶᠢᠭᠤᠯᠣᠮᠵᠢ ᠳᠤ ᠡᠮᠨᠡᠭᠦᠯᠬᠦ ᠳᠤ ᠡᠮᠨᠡᠯᠬᠡ ᠶᠢᠨ ᠲᠠᠭᠠᠳᠬᠠᠯ ᠤᠨ ᠵᠠᠷᠣᠳᠠᠯ ᠢ ᠴᠠᠭ | ᠲᠣᠬᠠᠢ ᠳᠤᠨᠢ ᠲᠠᠶᠢᠯᠬᠤ ᠶᠢ ᠪᠡᠶᠡᠯᠡᠭᠦᠯᠦᠨ᠎ᠡ᠃ ᠲᠣᠯᠤᠭ᠎ᠠ ᠳᠤ ᠣᠯᠣᠰ ᠪᠠ ᠦᠪᠡᠷᠳᠡᠬᠡᠨ ᠵᠠᠰᠠᠬᠤ ᠣᠷᠣᠨ ᠤ ᠪᠠᠷᠢᠮᠵᠢᠶ᠎ᠠ ᠶᠢ ᠲᠡᠭᠡᠭᠰᠢᠯᠡᠭᠦᠯᠬᠦ ᠲᠦᠷᠦ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠰᠠᠭᠤᠷᠢᠨ ᠲᠡᠬᠡᠷ᠎ᠡ᠂ ᠭᠠᠭᠴᠠ ᠬᠡᠣᠬᠡᠳ ᠨᠢ ᠰᠢᠷᠬᠠᠳᠣᠨ ᠵᠡᠮᠳᠡᠭ ᠪᠣᠯᠣᠭᠰᠠᠨ᠂ ᠦᠭᠦᠭᠰᠡᠨ ᠬᠡᠷ ᠪᠦᠯᠢ ᠶᠢ ᠲᠡᠳᠭᠦᠨ | ᠲᠣᠰᠠᠯᠠᠬᠤ ᠪᠠᠷᠢᠮᠵᠢᠶ᠎ᠠ ᠶᠢ ᠬᠦᠮᠦᠨ ᠪᠦᠷᠢ ᠰᠠᠷ᠎ᠠ ᠪᠣᠯᠭᠠᠨ100 ᠲᠡᠭᠡᠭᠰᠢᠯᠡᠭᠦᠯᠦᠨ᠎ᠡ︔ ᠶᠠᠳᠠᠭᠤ ᠭᠦᠴᠢᠷᠳᠡᠯᠲᠠᠢ ᠡᠮᠡᠭᠳᠡᠶᠢᠴᠣᠳ ᠤᠨ ᠬᠦᠬᠦᠨ ᠪᠣᠯᠴᠢᠷᠬᠠᠢ ᠶᠢᠨ | ᠦᠮᠡᠨ᠂ ᠰᠠᠪᠠ ᠶᠢᠨ ᠬᠦᠵᠦᠭᠦᠣ ᠶᠢᠨ ᠦᠮᠡᠨ ᠤ ᠡᠪᠡᠳᠴᠢᠳᠡᠳ ᠲᠤ ᠨᠢᠭᠡᠯᠠ ᠤᠳᠠᠭ᠎ᠠ ᠳᠤ ᠲᠦᠮᠡᠨ ᠲᠦᠭᠦᠷᠢᠭ ᠤᠨ ᠠᠪᠣᠷᠠᠨ ᠲᠣᠰᠠᠯᠠᠬᠤ ᠪᠡᠯᠡ ᠮᠦᠩᠭᠦ | ᠬᠠᠩᠭᠠᠨ᠎ᠠ᠃ ᠨᠠᠢᠮᠠ ᠳᠤ ᠨᠡᠶᠢᠬᠡᠮ ᠠᠴᠠ ᠪᠡᠯᠡ ᠣᠷᠣᠭᠤᠯᠣᠨ ᠰᠢᠨ᠎ᠡ ᠪᠠᠷ ᠪᠤᠶᠤ ᠦᠬᠡᠷᠡᠴᠢᠯᠡᠨ ᠦᠷᠬᠡᠳᠬᠡᠨ ᠪᠠᠶᠢᠭᠤᠯᠤᠭᠰᠠᠨ ᠨᠠᠰᠣᠳᠠᠨ ᠢ ᠠᠰᠠᠷᠠᠬᠤ | ᠪᠠᠶᠢᠭᠤᠯᠣᠮᠵᠢ ᠳᠤ ᠪᠦᠲᠦᠬᠡᠨ ᠪᠠᠶᠢᠭᠤᠯᠣᠯᠳᠠ ᠶᠢᠨ ᠨᠦᠬᠦᠪᠦᠷᠢ ᠪᠠ ᠤᠷᠤ ᠶᠢᠨ ᠨᠦᠬᠦᠪᠦᠷᠢ ᠦᠭᠴᠣ᠂ 60 ᠪᠦᠬᠦᠯᠢ ᠨᠠᠰᠣ ᠬᠦᠷᠦᠭᠰᠡᠨ ᠬᠤᠳᠠ ᠬᠦᠳᠡᠭᠡ | ᠶᠢᠨ ᠨᠠᠭᠠᠳᠣ ᠵᠠᠬ᠎ᠠ ᠶᠢᠨ ᠪᠠᠳᠣᠯᠠᠭ᠎ᠠ ᠶᠢᠨ ᠡᠷᠦᠬᠡ᠂ ︽ᠭᠤᠷᠪᠠ ᠦᠬᠡᠢ ᠬᠦᠮᠦᠰ︾᠂ ᠬᠠᠷᠠᠭᠠᠯᠵᠠᠬᠤ ᠳ᠋ᠣᠶᠢᠰᠢᠶᠠᠩ ᠵᠡᠷᠬᠡ ᠭᠤᠣᠯᠳᠠᠯᠭ᠎ᠠ ᠲᠠᠢ ᠪᠠᠳᠤᠯᠠᠭ᠎ᠠ | ᠬᠦᠷᠳᠡᠭᠰᠡᠳ ᠲᠤ ᠬᠦᠮᠦᠨ ᠪᠦᠷᠢ ᠰᠠᠷ᠎ᠠ ᠪᠣᠯᠭᠠᠨ ᠳᠤ 600 ᠲᠦᠭᠦᠷᠢᠭ ᠤᠨ ᠬᠡᠷ ᠲᠡᠭᠡᠨ ᠰᠠᠭᠤᠵᠣ ᠪᠡᠶ᠎ᠡ ᠪᠠᠨ ᠰᠣᠪᠢᠯᠠᠬᠤ ᠨᠠᠰᠤᠵᠢᠯ ᠤᠨ ᠨᠦᠬᠦᠪᠦᠷᠢ | ᠦᠭᠭᠦᠨ᠎ᠡ᠃ ᠶᠢᠰᠣ ᠳᠤ ᠬᠤᠳᠠ ᠬᠦᠳᠡᠭᠡ ᠶᠢᠨ ᠨᠠᠭᠠᠳᠣ ᠵᠠᠬ᠎ᠠ ᠶᠢᠨ ᠪᠠᠳᠣᠯᠠᠭ᠎ᠠ ᠶᠢᠨ ᠪᠠᠷᠢᠮᠵᠢᠶ᠎ᠠ ᠶᠢ ᠬᠦᠮᠦᠨ ᠪᠦᠷᠢ ᠰᠠᠷ᠎ᠠ ᠶᠢᠨ 480 ᠲᠦᠭᠦᠷᠢᠭ ᠪᠠ | 390 ᠲᠦᠭᠦᠷᠢᠭ ᠠᠴᠠ ᠲᠡᠭᠡᠭᠰᠢᠯᠡᠭᠦᠯᠦᠬᠡᠳ 495 ᠲᠦᠭᠦᠷᠢᠭ ᠪᠠ 402 ᠲᠦᠭᠦᠷᠢᠭ ᠲᠤ ᠬᠦᠷᠬᠡᠵᠣ᠂ ᠲᠠᠪᠣᠨ ᠪᠠᠳᠣᠯᠠᠭᠠᠳᠣ ᠡᠷᠦᠭᠡ ᠶᠢᠨ ᠲᠦᠪᠯᠡᠷᠡᠭᠦᠯᠦᠨ | ᠠᠰᠠᠷᠠᠬᠤ ᠪᠠᠷᠢᠮᠵᠢᠶ᠎ᠠ ᠶᠢ ᠬᠦᠮᠦᠨ ᠪᠦᠷᠢ ᠵᠢᠯ ᠤᠨ 7840 ᠲᠦᠭᠦᠷᠢᠭ ᠠᠴᠠ ᠲᠡᠭᠡᠭᠰᠢᠯᠡᠭᠦᠯᠦᠬᠡᠳ 8000 ᠲᠦᠭᠦᠷᠢᠭ ᠲᠤ ᠬᠦᠷᠬᠡᠨ᠎ᠡ︔ ᠮᠦᠴᠢ ᠨᠢ | ᠭᠤᠷᠪᠠᠳᠣᠭᠠᠷ ᠲᠡᠰ ᠤᠨ ᠵᠡᠮᠳᠡᠭ ᠬᠦᠮᠦᠰ ᠲᠤ ᠬᠦᠮᠦᠨ ᠪᠦᠷᠢ ᠳᠤ ᠵᠢᠯ ᠪᠣᠯᠭᠠᠨ 2000 ᠲᠦᠭᠦᠷᠢᠭ ᠤᠨ ᠠᠮᠢᠳᠣᠷᠠᠯ ᠤᠨ ᠨᠦᠬᠦᠪᠦᠷᠢ ᠦᠭᠭᠦᠨ᠎ᠡ︔ ᠬᠤᠳᠠ | ᠶᠢᠨ ᠵᠡᠮᠳᠡᠭᠴᠣᠳ ᠤᠨ ᠣᠶᠢᠯᠡᠰ ᠪᠣᠰᠬᠠᠬᠤ ᠬᠦᠷᠢᠶᠡᠯᠡᠩ ᠢ ᠪᠦᠲᠦᠬᠡᠨ ᠪᠠᠶᠢᠭᠤᠯᠣᠨ᠎ᠠ᠃ ᠠᠷᠪᠠ ᠳᠤ ᠢᠳᠡᠬᠡᠨ ᠤ ᠶᠠᠰᠣ ᠴᠢᠨᠠᠷ ᠤᠨ ᠠᠶᠣᠯ ᠦᠬᠡᠢ ᠶᠢ | ᠨᠡᠬᠡᠮᠵᠢᠯᠡᠬᠦ ᠰᠢᠰᠲ᠋ᠧᠮᠵᠢ ᠶᠢ ᠪᠠᠶᠢᠭᠤᠯᠬᠤ ᠢᠨᠵᠧᠨᠧᠷᠢᠩ ᠢ ᠬᠡᠷᠡᠭᠵᠢᠭᠦᠯᠦᠨ᠎ᠡ᠃ | ᠨᠡᠶᠢᠬᠡᠮ ᠤᠨ ᠠᠵᠢᠯ ᠣᠶᠢᠯᠡᠰ ᠤᠨ ᠦᠬᠡᠷᠡᠴᠢᠯᠡᠯᠳᠡ ᠬᠦᠭᠵᠢᠯᠳᠠ ᠶᠢ ᠠᠬᠢᠭᠤᠯᠣᠨ᠎ᠠ᠃ ᠰᠢᠯᠭᠠᠯᠳᠠ ᠰᠣᠷᠣᠭᠴᠢ ᠡᠯᠰᠡᠬᠦ ᠦᠭᠡᠷᠡᠴᠢᠯᠡᠯᠳᠠ ᠶᠢᠨ ᠲᠦᠷᠢᠮ | ᠢ ᠨᠠᠶᠢᠳᠠᠪᠦᠷᠢᠵᠢᠭᠤᠯᠵᠣ᠂ ᠠᠯᠪᠠᠨ ᠠᠴᠠ ᠡᠷᠬᠢᠯᠡᠭᠰᠡᠨ ᠰᠣᠷᠭᠠᠭᠤᠯᠢ ᠶᠢᠨ ᠵᠠᠬᠢᠷᠤᠯ᠂ ᠪᠠᠭᠰᠢ ᠨᠠᠷ ᠢ ᠰᠣᠯᠢᠯᠴᠠᠨ ᠠᠵᠢᠯ ᠤᠨ ᠪᠠᠶᠢᠷᠢ ᠶᠢ ᠡᠬᠡᠯᠵᠢᠯᠡᠬᠦ ᠲᠦᠷᠢᠮ | ᠢ ᠲᠣᠷᠰᠢᠨ ᠬᠡᠷᠡᠭᠵᠢᠭᠦᠯᠵᠣ᠂ ᠭᠤᠣᠯᠳᠠᠯᠭ᠎ᠠ ᠲᠠᠢ ᠰᠤᠷᠭᠠᠭᠤᠯᠢ᠂ ᠠᠩᠬᠢ ᠲᠣᠬᠢᠷᠠᠭᠤᠯᠬᠤ ᠦᠬᠡᠢ᠂ ᠰᠣᠷᠭᠠᠭᠤᠯᠢ ᠰᠣᠩᠭᠤᠬᠤ ᠪᠡᠷᠬᠡ ᠠᠰᠠᠭᠤᠳᠠᠯ ᠢ | ᠰᠢᠢᠳᠪᠦᠷᠢᠯᠡᠵᠣ᠂ ᠠᠯᠪᠠᠨ ᠵᠢᠷᠣᠮ ᠤᠨ ᠰᠣᠷᠭᠠᠨ ᠬᠦᠮᠦᠵᠢᠯ ᠢ ᠲᠡᠩᠴᠡᠭᠦᠷᠢᠲᠠᠢ ᠬᠦᠭᠵᠢᠭᠦᠯᠬᠦ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠦᠪᠡᠭᠴᠢᠯᠡᠨ | ᠪᠠᠶᠢᠭᠤᠯᠣᠨ᠎ᠠ᠃ ᠰᠠᠭᠤᠷᠢ ᠰᠤᠷᠭᠠᠨ ᠬᠦᠮᠦᠵᠢᠯ ᠤᠨ ᠪᠠᠷᠢᠮᠵᠢᠶᠠᠵᠢᠭᠤᠯᠤᠨ ᠪᠦᠲᠦᠬᠡᠨ ᠪᠠᠶᠢᠭᠤᠯᠬᠤ ᠪᠠᠷᠢᠯᠭ᠎ᠠ ᠶᠢ ᠬᠡᠷᠡᠭᠵᠢᠭᠦᠯᠵᠣ᠂ ᠲᠣᠮᠳᠠᠳᠣ ᠪᠠᠭ᠎ᠠ ᠰᠣᠷᠭᠠᠭᠤᠯᠢ | ᠪᠠ ᠬᠡᠣᠬᠡᠳ ᠤᠨ ᠴᠡᠴᠡᠷᠯᠢᠭ ᠢ ᠦᠷᠭᠦᠯᠵᠢᠯᠡᠨ ᠪᠠᠶᠢᠭᠤᠯᠬᠤ ᠡᠭᠦᠷᠬᠡ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃ ᠨᠢᠯᠬ᠎ᠠ ᠬᠡᠦᠭᠡᠳ ᠤᠨ ᠡᠷᠳᠡ ᠬᠤᠭᠤᠴᠠᠭᠠᠨ ᠤ | ᠰᠤᠷᠭᠠᠨ ᠬᠦᠮᠦᠵᠢᠯ ᠤᠨ ᠲᠣᠷᠰᠢᠯᠳᠠ ᠶᠢᠨ ᠴᠡᠭ ᠤᠨ ᠠᠵᠢᠯ ᠢ ᠦᠷᠨᠢᠭᠦᠯᠦᠨ᠎ᠡ᠃ ᠠᠯᠪᠠᠨ ᠠᠴᠠ ᠡᠷᠬᠢᠯᠡᠭᠰᠡᠨ ᠡᠮᠨᠡᠯᠬᠡ ᠶᠢᠨ ᠬᠤᠷᠢᠶᠠᠨ ᠤ ᠦᠬᠡᠷᠡᠴᠢᠯᠡᠯᠳᠡ | ᠶᠢ ᠠᠬᠢᠭᠤᠯᠵᠣ᠂ ᠨᠡᠶᠢᠬᠡᠮ ᠤᠨ ᠬᠦᠷᠦᠩᠬᠡ ᠠᠴᠠ ᠡᠮᠨᠡᠯᠬᠡ ᠶᠢᠨ ᠬᠤᠷᠢᠶ᠎ᠠ ᠡᠷᠬᠢᠯᠡᠬᠦ ᠪᠠ ᠡᠮᠴᠢ ᠨᠠᠷ ᠢ ᠣᠯᠠᠨ ᠭᠠᠵᠠᠷ ᠴᠡᠭ ᠲᠤ ᠠᠵᠢᠯ ᠡᠷᠬᠢᠯᠡᠬᠦ ᠶᠢ | ᠵᠤᠷᠢᠭᠵᠢᠭᠤᠯᠤᠨ᠎ᠠ᠃ ᠴᠢᠮᠡᠭᠡ ᠵᠠᠩᠬᠢᠴᠢᠯᠠᠯᠳᠠ ᠶᠢᠨ ᠠᠷᠭ᠎ᠠ ᠪᠠᠷᠢᠯ ᠢ ᠠᠰᠢᠭᠯᠠᠨ᠂ ᠰᠢᠯᠢᠳᠡᠭ ᠴᠢᠨᠠᠷ ᠤᠨ ᠡᠮᠨᠡᠯᠬᠡ ᠶᠢᠨ ᠡᠬᠢ ᠪᠠᠶᠠᠯᠢᠭ ᠢ ᠬᠠᠮᠳᠣᠪᠠᠷ ᠡᠳ᠋ᠯᠡᠬᠦ | ᠶᠢ ᠪᠡᠶᠡᠯᠡᠬᠦᠯᠦᠨ᠎ᠠ᠃ ᠬᠦᠨᠳᠣ ᠣᠨᠴᠠ ᠶᠡᠭᠡ ᠡᠪᠡᠳᠴᠢᠨ ᠡᠮᠬᠡᠭ ᠤᠨ ᠡᠮᠨᠡᠯᠬᠡ ᠶᠢᠨ ᠲᠠᠭᠠᠳᠬᠠᠯ ᠪᠠ ᠠᠪᠣᠷᠠᠨ ᠲᠣᠰᠠᠯᠠᠬᠤ ᠲᠦᠷᠢᠮ ᠢ ᠲᠡᠭᠦᠯᠳᠡᠷᠵᠢᠭᠦᠯᠵᠣ᠂ | ᠤᠯᠠᠨ ᠨᠡᠶᠢᠳᠡ ᠶᠢᠨ ᠡᠷᠡᠭᠦᠯ ᠬᠠᠮᠠᠭᠠᠯᠠᠯ ᠤᠨ ᠬᠡᠨᠡᠳᠳᠡ ᠶᠢᠨ ᠬᠡᠷᠡᠭ ᠢ ᠪᠠᠴᠢᠮ ᠠᠷᠭᠠᠴᠠᠭᠠᠨ ᠰᠢᠢᠳᠪᠦᠷᠢᠯᠡᠬᠦ᠂ ᠡᠪᠡᠳᠴᠢᠨ ᠡᠮᠬᠡᠭ ᠢ ᠰᠡᠷᠭᠡᠶᠢᠯᠠᠨ ᠡᠵᠡᠮᠰᠢᠬᠦ | ᠰᠢᠰᠲ᠋ᠧᠮᠵᠢ ᠶᠢ ᠪᠠᠶᠢᠭᠤᠯᠤᠨ ᠲᠦᠭᠦᠷᠴᠢᠯᠡᠨ᠎ᠡ᠃ ᠮᠣᠩᠭᠤᠯ ᠬᠢᠳᠠᠳ ᠡᠮ ᠡᠮᠨᠡᠯᠬᠡ ᠶᠢᠨ ᠣᠶᠢᠯᠡᠰ ᠤᠨ ᠬᠦᠭᠵᠢᠯᠳᠡ ᠶᠢ ᠲᠦᠷᠬᠡᠳᠬᠡᠨ᠎ᠡ᠃ ᠨᠡᠶᠢᠬᠡᠮ ᠤᠨ | ᠲᠠᠭᠠᠳᠬᠠᠯ ᠤᠨ ᠪᠦᠷᠭᠦᠯᠳᠡ ᠶᠢᠨ ᠬᠡᠪᠴᠢᠶ᠎ᠡ ᠶᠢ ᠯᠠᠪᠳᠠᠭᠤᠨ ᠢᠶᠠᠷ ᠦᠷᠬᠡᠳᠬᠡᠵᠣ᠂ ᠣᠯᠣᠰ ᠤᠨ ᠨᠡᠶᠢᠬᠡᠮ ᠤᠨ ᠲᠠᠭᠠᠳᠬᠠᠯ ᠢ ᠪᠠᠷᠢᠮᠵᠢᠶᠠᠴᠢᠯᠠᠭᠰᠠᠨ | ᠲᠣᠷᠰᠢᠯᠳᠠ ᠶᠢᠨ ᠴᠡᠭ ᠤᠨ ᠪᠦᠲᠦᠬᠡᠨ ᠪᠠᠶᠢᠭᠤᠯᠣᠯᠳᠠ ᠶᠢᠨ ᠡᠭᠦᠷᠬᠡ ᠶᠢ ᠪᠡᠶᠡᠯᠡᠭᠦᠯᠦᠨ᠎ᠡ᠃ ᠤᠯᠠᠨ ᠨᠡᠶᠢᠳᠡ ᠶᠢᠨ ᠰᠣᠶᠣᠯ ᠤᠨ ᠣᠶᠢᠯᠡᠴᠢᠯᠡᠬᠡᠨ ᠤ | ᠲᠦᠭᠦᠭᠡᠷᠣᠮᠵᠢ ᠶᠢᠨ ᠪᠦᠲᠦᠬᠡᠨ ᠪᠠᠶᠢᠭᠤᠯᠣᠯᠳᠠ ᠶᠢ ᠴᠢᠩᠭᠠᠳᠬᠠᠵᠣ᠂ ᠣᠯᠠᠨ ᠲᠦᠮᠠᠨᠴᠢ ᠴᠢᠨᠠᠷᠲᠠᠢ ᠰᠤᠶᠤᠯ ᠪᠡᠶ᠎ᠡ ᠲᠠᠮᠢᠷ ᠤᠨ ᠠᠵᠢᠯᠯᠠᠭ᠎ᠠ ᠶᠢ ᠶᠡᠬᠡᠪᠡᠷ | ᠦᠷᠨᠢᠭᠦᠯᠵᠣ᠂ ᠣᠯᠣᠰ ᠤᠨ ᠤᠯᠠᠨ ᠨᠡᠶᠢᠳᠡ ᠶᠢᠨ ᠰᠣᠶᠣᠯ ᠤᠨ ᠣᠶᠢᠯᠡᠴᠢᠯᠡᠬᠡᠨ ᠤ ᠰᠢᠰᠲ᠋ᠧᠮᠵᠢ ᠶᠢᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠣᠭᠰᠠᠨ | ᠦᠷ᠎ᠡ ᠪᠦᠲᠦᠬᠡᠯ ᠢ ᠪᠠᠳᠤᠳᠬᠠᠨ᠎ᠠ᠃ ᠠᠷᠪᠠᠳᠣᠭᠠᠷ ᠬᠤᠭᠤᠴᠠᠭᠠᠨ ᠤ ᠪᠦᠬᠦ ᠣᠯᠣᠰ ᠤᠨ ᠴᠦᠬᠡᠨ ᠲᠣᠭᠠᠳᠣ ᠦᠨᠳᠦᠰᠦᠳᠡᠨ ᠤ ᠣᠯᠠᠮᠵᠢᠯᠠᠯᠳᠣ ᠪᠡᠶ᠎ᠡ ᠶᠢᠨ | ᠲᠠᠮᠢᠷ ᠤᠨ ᠴᠣᠭᠯᠠᠭᠠᠨ ᠤ ᠪᠡᠯᠡᠳᠬᠡᠯ ᠠᠵᠢᠯ ᠢ ᠰᠠᠶᠢᠳᠣᠷ ᠬᠢᠨ᠎ᠡ᠃ ᠬᠦᠮᠦᠨ ᠠᠮᠠ ᠪᠠ ᠲᠦᠯᠦᠪᠯᠡᠬᠡᠲᠠᠢ ᠪᠠᠷ ᠬᠡᠣᠬᠡᠳ ᠠᠪᠬᠤ ᠠᠵᠢᠯ ᠢ ᠴᠢᠩᠭᠠᠳᠬᠠᠵᠣ᠂ | ᠲᠦᠷᠦᠭᠰᠡᠨ ᠬᠦᠮᠦᠨ ᠠᠮᠠ ᠶᠢᠨ ᠬᠡᠪ ᠴᠢᠨᠠᠷ ᠢ ᠲᠡᠭᠡᠭᠰᠢᠯᠡᠬᠦᠯᠵᠤ᠂ ᠨᠢᠭᠡ ᠲᠠᠯ᠎ᠠ ᠨᠢ ᠭᠠᠭᠴᠠ ᠬᠡᠦᠭᠡᠳ ᠪᠤᠯᠬᠤ ᠡᠷ᠎ᠡ ᠡᠮ᠎ᠡ ᠬᠤᠶᠠᠷ ᠬᠡᠦᠭᠡᠳ ᠠᠪᠴᠤ ᠪᠤᠯᠬᠤ | ᠲᠦᠷᠦ ᠶᠢᠨ ᠪᠤᠳᠤᠯᠭ᠎ᠠ ᠶᠢ ᠡᠬᠢᠯᠡᠬᠦᠯᠦᠨ ᠬᠡᠷᠡᠭᠵᠢᠬᠦᠯᠦᠨ᠎ᠠ᠃ ᠡᠮᠡᠭᠳᠡᠶᠢᠴᠣᠳ ᠬᠡᠦᠭᠡᠳ ᠤᠨ ᠡᠷᠬᠡ ᠠᠰᠢᠭ ᠢ ᠪᠠᠳᠣᠯᠠᠵᠣ᠂ ᠬᠤᠳᠠ ᠬᠦᠳᠡᠭᠡ ᠶᠢᠨ ᠦᠳᠡᠭᠦᠰ | ᠤᠨ ᠣᠶᠢᠯᠡᠰ ᠤᠨ ᠬᠦᠭᠵᠢᠯᠳᠡ ᠶᠢ ᠰᠠᠶᠢᠳᠣᠷ ᠠᠳᠬᠤᠨ᠎ᠠ᠃ | ︵ᠲᠦᠷᠪᠡ︶ ᠦᠬᠡᠷᠡᠴᠢᠯᠡᠯᠳᠡ ᠬᠢᠵᠣ ᠰᠢᠨ᠎ᠡ ᠶᠢ ᠡᠭᠦᠳᠬᠦ ᠶᠢ ᠪᠦᠬᠦ ᠲᠠᠯ᠎ᠠ ᠪᠠᠷ ᠠᠬᠢᠭᠤᠯᠵᠣ᠂ ᠪᠠᠶᠢᠭᠤᠯᠣᠯ ᠲᠣᠭᠳᠠᠴᠠ ᠶᠢᠨ ᠬᠢᠵᠠᠭᠠᠷᠯᠠᠯ ᠢ ᠰᠢᠪᠳᠣᠯᠵᠣ᠂ | ᠭᠠᠵᠠᠷ ᠣᠷᠣᠨ ᠤ ᠠᠵᠣ ᠠᠬᠤᠢ ᠶᠢ ᠨᠡᠩ ᠪᠦᠲᠦᠮᠵᠢᠲᠠᠢ᠂ ᠡᠷᠬᠡ ᠲᠡᠭᠰᠢ᠂ ᠦᠷᠭᠦᠯᠵᠢᠯᠡᠭᠦᠯᠣᠨ ᠬᠦᠭᠵᠢᠭᠦᠯᠬᠦ ᠶᠢ ᠠᠬᠢᠭᠤᠯᠣᠨ᠎ᠠ᠃ | ᠭᠤᠣᠯᠳᠠᠯᠭ᠎ᠠ ᠲᠠᠢ ᠬᠦᠷᠢᠶ᠎ᠡ ᠬᠡᠪᠴᠢᠶᠡᠨ ᠤ ᠦᠬᠡᠷᠡᠴᠢᠯᠡᠯᠳᠡ ᠶᠢᠨ ᠠᠯᠬᠤᠴᠠ ᠶᠢ ᠲᠦᠷᠬᠡᠳᠬᠡᠨ᠎ᠡ᠃ ᠲᠦᠪ᠂ ᠦᠪᠡᠷᠳᠡᠬᠡᠨ ᠵᠠᠰᠠᠬᠤ ᠣᠷᠣᠨ ᠤ | ᠦᠬᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠬᠡᠶᠢᠷᠡᠭᠦᠯᠬᠦ ᠡᠯ᠎ᠡ ᠲᠦᠷᠦᠯ ᠤᠨ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ | ᠨᠠᠶᠢᠳᠠᠪᠦᠷᠢᠵᠢᠭᠤᠯᠵᠣ᠂ ᠡᠬᠢ ᠪᠠᠶᠠᠯᠢᠭ ᠤᠨ ᠬᠡᠯᠪᠡᠷᠢ ᠶᠢᠨ ᠬᠤᠳᠠ ᠶᠢᠨ ᠰᠢᠨ᠎ᠡ ᠶᠢ ᠡᠬᠦᠳᠴᠤ ᠬᠦᠭᠵᠢᠬᠦᠯᠬᠦ ᠲᠣᠷᠰᠢᠯᠳᠠ ᠶᠢᠨ ᠴᠡᠭ ᠤᠨ ᠪᠦᠲᠦᠬᠡᠨ | ᠪᠠᠶᠢᠭᠤᠯᠣᠯᠳᠠ ᠶᠢ ᠲᠦᠷᠬᠡᠳᠬᠡᠨ᠎ᠡ᠃ ᠲᠦᠰᠦᠪ ᠤᠨ ᠬᠠᠮᠢᠶᠠᠷᠣᠯᠳᠠ ᠶᠢ ᠴᠢᠩᠭᠠᠳᠬᠠᠨ ᠰᠠᠶᠢᠵᠢᠷᠠᠭᠤᠯᠵᠣ᠂ ᠣᠨ ᠠᠯᠤᠰᠯᠠᠭᠰᠠᠨ ᠲᠦᠰᠦᠪ ᠢ | ᠲᠡᠩᠴᠡᠭᠦᠷᠢᠰᠢᠭᠦᠯᠬᠦ ᠲᠣᠭᠳᠠᠴᠠ ᠶᠢ ᠪᠠᠶᠢᠭᠤᠯᠵᠣ᠂ ᠬᠤᠳᠠ ᠬᠤᠰᠢᠭᠤ ᠬᠤᠶᠠᠷ ᠱᠠᠳᠣᠨ ᠤ ᠡᠷᠬᠡ ᠲᠤᠰᠢᠶᠠᠯ ᠤᠨ ᠬᠤᠪᠢᠶᠠᠷᠢᠯᠠᠯ ᠪᠠ ᠡᠳ᠋ ᠤᠨ ᠵᠠᠰᠠᠭ ᠤᠨ | ᠵᠠᠷᠣᠯᠭ᠎ᠠ ᠶᠢᠨ ᠬᠠᠷᠢᠭᠤᠴᠠᠯᠭ᠎ᠠ ᠶᠢᠨ ᠵᠠᠭᠠᠭ ᠢ ᠵᠣᠬᠢᠰᠲᠠᠢ ᠲᠣᠭᠳᠠᠭᠠᠵᠣ᠂ ᠪᠦᠬᠦ ᠨᠡᠬᠡᠬᠡᠴᠡ ᠶᠢᠨ ᠲᠦᠰᠦᠪ ᠤᠨ ᠬᠠᠮᠢᠶᠠᠷᠣᠯᠳᠠ ᠶᠢ ᠬᠡᠷᠡᠭᠵᠢᠭᠦᠯᠵᠣ᠂ ᠡᠳ᠋ | ᠤᠨ ᠵᠠᠰᠠᠭ ᠤᠨ ᠲᠦᠰᠦᠪ ᠪᠠ ᠲᠦᠰᠦᠪ ᠤᠨ ᠭᠦᠢᠴᠡᠳᠬᠡᠯ᠂ ᠰᠠᠯᠠᠭ᠎ᠠ ᠮᠦᠴᠢᠷ ᠤᠨ ᠲᠦᠰᠦᠪ ᠪᠠ ᠲᠦᠰᠦᠪ ᠤᠨ ᠭᠦᠢᠴᠡᠳᠬᠡᠯ᠂ ︽ᠭᠤᠷᠪᠠᠨ ᠠᠯᠪᠠᠨ︾ ᠤ | ᠵᠠᠷᠣᠳᠠᠯ ᠢ ᠢᠯᠠ ᠪᠣᠯᠭᠠᠬᠤ ᠶᠢ ᠯᠠᠪᠳᠠᠭᠤᠨ ᠢᠶᠠᠷ ᠠᠬᠢᠭᠤᠯᠣᠨ᠎ᠠ᠃ ᠤᠯᠠᠨ ᠨᠠᠶᠢᠳᠠ ᠶᠢᠨ ᠠᠵᠢᠯ ᠤᠨ ᠴᠢᠨᠠᠷᠳᠠᠢ ᠬᠦᠷᠢᠶ᠎ᠠ ᠬᠡᠪᠴᠢᠶᠠᠨ ᠳᠤ ᠵᠠᠰᠠᠭ ᠤᠨ | ᠤᠷᠳᠤᠨ ᠠᠴᠠ ᠦᠢᠯᠡᠴᠢᠯᠡᠭᠡ ᠶᠢ ᠬᠤᠳᠠᠯᠳᠤᠨ ᠠᠪᠬᠤ ᠶᠢ ᠬᠡᠷᠡᠭᠵᠢᠬᠦᠯᠦᠨ᠎ᠠ᠃ᠭᠠᠶᠢᠯᠢ ᠶᠢ ᠲᠠᠳᠠᠪᠤᠷᠢᠯᠠᠨ ᠬᠠᠮᠢᠶᠠᠷᠬᠤ ᠶᠢ ᠴᠢᠩᠭᠠᠳᠬᠠᠵᠣ᠂ ᠭᠠᠶᠢᠯᠢ ᠶᠢᠨ ᠲᠠᠯᠳᠠ | ᠭᠦᠴᠦᠨ ᠢ ᠠᠭᠤᠳᠠᠯᠯᠠᠵᠤ᠂ ᠭᠠᠶᠢᠯᠢ ᠶᠢᠨ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢ ᠴᠡᠪᠡᠷᠯᠠᠨ ᠲᠦᠷᠢᠮᠵᠢᠭᠦᠯᠵᠣ᠂ ᠭᠠᠶᠢᠯᠢ ᠶᠢ ᠬᠠᠣᠯᠢ ᠪᠠᠷ ᠵᠠᠰᠠᠬᠤ | ᠶᠢ ᠠᠬᠢᠭᠤᠯᠣᠨ᠎ᠠ᠃ ᠬᠤᠳᠠ ᠶᠢᠨ ᠰᠢᠭᠤᠳ ᠬᠠᠷᠢᠶ᠎ᠠ ᠤᠯᠤᠰ ᠤᠨ ᠦᠮᠴᠢᠯᠠᠯ ᠤᠨ ᠠᠵᠤ ᠠᠬᠤᠶᠢᠯᠠᠯ ᠢ ᠨᠢᠭᠡᠳᠭᠡᠨ ᠲᠠᠬᠢᠨ ᠵᠤᠬᠢᠶᠠᠨ ᠪᠠᠶᠢᠭᠤᠯᠬᠤ ᠶᠢ | ᠲᠦᠷᠬᠡᠳᠬᠡᠵᠣ᠂ ᠤᠷᠤᠨ ᠨᠤᠳᠤᠭ ᠤᠨ ᠠᠷᠠᠳ ᠤᠨ ᠡᠵᠡᠩᠨᠡᠯ ᠤᠨ ᠠᠵᠤ ᠠᠬᠤᠶᠢᠯᠠᠯ ᠠᠴᠠ ᠤᠯᠤᠰ ᠤᠨ ᠦᠮᠴᠢᠯᠠᠯ ᠤᠨ ᠠᠵᠤ ᠠᠬᠤᠶᠢᠯᠠᠯ ᠳᠤ ᠬᠤᠪᠢ | ᠣᠷᠣᠭᠤᠯᠬᠤ ᠶᠢ ᠵᠣᠷᠢᠭᠵᠢᠭᠤᠯᠵᠣ᠂ ᠤᠯᠤᠰ ᠤᠨ ᠦᠮᠴᠢᠯᠠᠯ ᠤᠨ ᠠᠵᠤ ᠠᠬᠤᠶᠢᠯᠠᠯ ᠤᠨ ᠠᠮᠢᠵᠢᠷᠠᠯ ᠤᠨ ᠬᠦᠴᠦᠨ ᠢ ᠴᠢᠨᠠᠭᠰᠢᠳᠠ ᠨᠡᠮᠡᠭᠳᠡᠬᠦᠯᠵᠤ᠂ ᠤᠯᠤᠰ | ᠤᠨ ᠦᠮᠴᠢᠯᠠᠯ ᠤᠨ ᠬᠦᠷᠦᠩᠭᠡ ᠶᠢᠨ ᠦᠷ᠎ᠠ ᠠᠰᠢᠭ ᠢ ᠲᠡᠭᠡᠭᠰᠢᠯᠡᠬᠦᠯᠦᠨ᠎ᠠ᠃ ᠡᠬᠢ ᠪᠠᠶᠠᠯᠢᠭ ᠲᠣᠬᠢᠷᠠᠭᠤᠯᠬᠤ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠵᠣ᠂ | ᠬᠤᠪᠢᠷᠠᠭᠤᠯᠬᠤ ᠲᠦᠷᠦᠯ ᠵᠣᠶᠢᠯ᠂ ᠵᠠᠬ᠎ᠠ ᠲᠡᠯᠬᠡᠭᠦᠷ ᠤᠨ ᠦᠨ᠎ᠡ ᠬᠠᠩᠰᠢ ᠪᠠᠷ ᠨᠡᠭᠦᠷᠡᠰᠦᠨ ᠤ ᠡᠬᠢ ᠪᠠᠶᠠᠯᠢᠭ ᠲᠤᠬᠢᠷᠠᠭᠤᠯᠬᠤ ᠶᠢ ᠴᠢᠩᠭᠠᠳᠬᠠᠵᠤ᠂ ᠡᠬᠢ | ᠪᠠᠶᠠᠯᠢᠭ ᠨᠢᠭᠡᠨᠳᠡ ᠲᠤᠬᠢᠷᠠᠭᠤᠯᠵᠤ ᠦᠭᠬᠦᠭᠰᠡᠨ ᠪᠤᠯᠪᠠᠴᠤ ᠬᠤᠪᠢᠷᠠᠭᠤᠯᠬᠤ ᠲᠦᠷᠦᠯ ᠵᠦᠢᠯ ᠢ ᠪᠡᠶᠡᠯᠡᠭᠦᠯᠦᠭᠰᠡᠨ ᠦᠬᠡᠢ ᠪᠣᠯ ᠣᠬᠤᠷᠢᠭᠤᠯᠣᠨ ᠭᠠᠷᠭᠠᠬᠤ ᠲᠣᠭᠳᠠᠴᠠ | ᠶᠢ ᠰᠦᠪᠡᠭᠴᠢᠯᠡᠨ ᠪᠠᠶᠢᠭᠤᠯᠣᠨ᠎ᠠ᠃ ᠡᠬᠢ ᠪᠠᠶᠠᠯᠢᠭ ᠢ ᠬᠦᠷᠦᠩᠭᠡᠵᠢᠬᠦᠯᠬᠦ ᠦᠬᠡᠷᠡᠴᠢᠯᠡᠯᠳᠡ ᠶᠢ ᠲᠦᠷᠭᠡᠨ ᠢᠶᠠᠷ ᠠᠬᠢᠭᠤᠯᠵᠣ᠂ ᠠᠭᠤᠷᠬᠠᠢ ᠶᠢᠨ ᠭᠠᠷᠣᠯᠳᠠ ᠶᠢᠨ | ᠡᠬᠢ ᠪᠠᠶᠠᠯᠢᠭ ᠢ ᠠᠰᠢᠭᠯᠠᠨ ᠬᠦᠷᠦᠩᠬᠡ ᠶᠢᠨ ᠵᠠᠬ᠎ᠠ ᠲᠡᠯᠬᠡᠭᠦᠷ ᠢᠶᠠᠷ ᠲᠠᠮᠵᠢᠨ ᠰᠢᠭᠤᠳ ᠪᠡᠯᠡ ᠴᠤᠭᠯᠠᠭᠤᠯᠤᠨ᠎ᠠ᠃ ᠬᠤᠳᠠ ᠬᠦᠳᠡᠭᠡ ᠨᠢᠭᠡᠳᠣᠯᠲᠠᠢ ᠪᠦᠲᠦᠬᠡᠨ | ᠪᠠᠶᠢᠭᠤᠯᠣᠯᠳᠠ ᠳᠤ ᠬᠡᠷᠡᠭᠯᠡᠬᠦ ᠭᠠᠵᠠᠷ ᠤᠨ ᠵᠠᠬ᠎ᠠ ᠲᠡᠯᠬᠡᠭᠦᠷ ᠢ ᠪᠠᠶᠢᠭᠤᠯᠵᠣ᠂ ᠬᠤᠳᠠ ᠬᠤᠰᠢᠭᠤ ᠰᠢᠶᠠᠩ ᠭᠤᠷᠪᠠᠨ ᠱᠠᠳᠣᠨ ᠤ ᠭᠠᠵᠠᠷ ᠰᠢᠷᠣᠢ ᠶᠢᠨ ᠡᠷᠬᠢᠯᠳᠡ | ᠶᠢᠨ ᠲᠠᠪᠴᠠᠩ ᠢ ᠵᠤᠬᠢᠶᠠᠨ ᠪᠠᠶᠢᠭᠤᠯᠵᠣ᠂ ᠮᠠᠯᠵᠢᠬᠤ ᠲᠠᠷᠢᠶᠠᠯᠠᠬᠤ ᠣᠷᠣᠨ ᠤ ᠬᠠᠮᠳᠣ ᠶᠢᠨ ᠡᠵᠡᠩᠨᠡᠯᠳᠡ ᠶᠢᠨ ᠴᠢᠨᠠᠷᠲᠠᠢ ᠪᠦᠲᠦᠬᠡᠨ ᠪᠠᠶᠢᠭᠤᠯᠣᠯᠳᠠ ᠳᠤ | ᠬᠡᠷᠡᠭᠯᠡᠬᠦ ᠭᠠᠵᠠᠷ ᠢ ᠬᠤᠳᠠᠯᠳᠣᠬᠤ᠂ ᠲᠦᠷᠢᠶᠡᠰᠦᠯᠡᠬᠦ᠂ ᠬᠤᠪᠢ ᠣᠷᠣᠭᠤᠯᠬᠤ ᠶᠢ ᠵᠦᠪᠰᠢᠶᠡᠷᠡᠵᠣ᠂ ᠮᠠᠯᠴᠢᠨ ᠲᠠᠷᠢᠶᠠᠴᠢᠳ ᠤᠨ ᠡᠳ᠋ ᠬᠦᠷᠦᠩᠬᠡ ᠶᠢᠨ ᠴᠢᠨᠠᠷᠲᠠᠢ | ᠣᠷᠣᠯᠭ᠎ᠠ ᠶᠢ ᠨᠡᠮᠡᠭᠳᠡᠭᠦᠯᠦᠨ᠎ᠡ᠃ ᠮᠦᠩᠭᠦᠨ ᠬᠦᠢᠯᠭᠡᠭᠡᠨ ᠤ ᠦᠬᠡᠷᠡᠴᠢᠯᠡᠯᠳᠡ ᠬᠢᠵᠣ ᠰᠢᠨ᠎ᠡ ᠶᠢ ᠡᠭᠦᠳᠬᠦ ᠭᠦᠴᠦᠯᠡᠴᠡ ᠶᠢ ᠨᠡᠮᠡᠭᠳᠡᠭᠦᠯᠵᠣ᠂ ᠭᠠᠵᠠᠷ ᠰᠢᠷᠣᠢ ᠶᠢ | ᠨᠠᠶᠢᠳᠠᠨ ᠡᠷᠬᠢᠯᠳᠦᠭᠦᠯᠬᠦ ᠲᠣᠷᠰᠢᠯᠳᠠ ᠶᠢᠨ ᠴᠡᠭ ᠤᠨ ᠠᠵᠢᠯ ᠢ ᠦᠷᠨᠢᠭᠦᠯᠵᠣ᠂ ᠠᠷᠠᠳ ᠤᠨ ᠬᠦᠷᠦᠩᠬᠡ ᠶᠢ ᠣᠷᠣᠨ ᠨᠣᠳᠤᠭ ᠤᠨ ᠮᠦᠩᠭᠦᠨ ᠭᠦᠢᠯᠬᠡᠬᠡᠨ ᠤ | ᠠᠵᠣ ᠠᠬᠤᠶᠢᠯᠠᠯ ᠤᠨ ᠪᠡᠯᠡ ᠮᠦᠩᠭᠦ ᠪᠠᠨ ᠨᠡᠮᠡᠭᠳᠡᠭᠦᠯᠵᠣ ᠬᠤᠪᠢ ᠣᠷᠣᠭᠤᠯᠣᠯᠳᠠ ᠪᠠᠨ ᠦᠷᠭᠡᠳᠭᠡᠬᠦ ᠳᠤ ᠣᠷᠣᠯᠴᠠᠭᠤᠯᠬᠤ ᠶᠢ ᠵᠣᠷᠢᠭᠵᠢᠭᠤᠯᠵᠣ᠂ ᠨᠦᠭᠦᠴᠡᠯ | ᠲᠠᠢ ᠨᠤᠳᠤᠭ ᠤᠨ ᠠᠵᠣ ᠠᠬᠤᠶᠢᠯᠠᠯ ᠠᠴᠠ ᠠᠷᠠᠳ ᠤᠨ ᠡᠵᠡᠩᠨᠡᠯ ᠤᠨ ᠪᠠᠩᠬᠢ ᠪᠠᠶᠢᠭᠤᠯᠬᠤ ᠶᠢ ᠲᠡᠮᠵᠢᠨ᠎ᠠ᠃ ᠣᠷᠣᠨ ᠠᠯᠣᠰᠯᠠᠨ ᠣᠰᠣᠨ ᠤ ᠡᠷᠬᠡ ᠶᠢ | ᠰᠣᠯᠢᠯᠴᠠᠬᠤ ᠪᠠ ᠣᠰᠣ ᠡᠯᠡᠰᠤ ᠶᠢ ᠰᠣᠯᠢᠯᠴᠠᠬᠤ ᠢᠨᠵᠧᠨᠧᠷᠢᠩ ᠢ ᠬᠡᠷᠡᠭᠵᠢᠭᠦᠯᠦᠨ᠎ᠡ᠃ ᠡᠨᠧᠷᠬᠢ ᠣᠷᠣᠭᠤᠯᠬᠤ ᠭᠠᠵᠠᠷ ᠤᠷᠤᠨ ᠲᠠᠢ ᠣᠷᠴᠢᠨ ᠲᠣᠭᠤᠷᠢᠨ ᠤ | ᠪᠠᠭᠳᠠᠭᠠᠮᠵᠢ ᠶᠢᠨ ᠭᠦᠢᠴᠡᠳᠬᠡᠯ ᠲᠤᠭ᠎ᠠ ᠶᠢ ᠰᠣᠯᠢᠯᠴᠠᠬᠤ ᠪᠠᠷ ᠢᠳᠡᠪᠬᠢᠲᠠᠢ ᠴᠢᠷᠮᠠᠶᠢᠵᠣ᠂ ᠠᠵᠣ ᠠᠬᠤᠶᠢᠯᠠᠯ ᠢ ᠵᠣᠷᠢᠭᠵᠢᠭᠤᠯᠣᠨ ᠭᠠᠳᠠᠭᠰᠢᠯᠠᠭᠤᠯᠬᠤ ᠡᠷᠬᠡ | ᠶᠢᠨ ᠠᠷᠠᠯᠵᠢᠶ᠎ᠠ ᠳᠤ ᠣᠷᠣᠯᠴᠠᠭᠤᠯᠵᠣ᠂ ᠣᠷᠴᠢᠨ ᠲᠣᠭᠤᠷᠢᠨ ᠤ ᠪᠣᠬᠢᠷᠳᠣᠯ ᠢ ᠭᠤᠷᠪᠠᠳᠣᠭᠠᠷ ᠲᠠᠯ᠎ᠠ ᠠᠴᠠ ᠵᠠᠰᠠᠯᠳᠠ ᠬᠢᠬᠦ ᠶᠢ ᠬᠡᠷᠡᠭᠵᠢᠭᠦᠯᠦᠨ᠎ᠡ᠃ ᠴᠠᠬᠢᠯᠭᠠᠨ | ᠭᠦᠴᠦᠨ ᠤ ᠣᠯᠠᠨ ᠲᠠᠯ᠎ᠠ᠂ ᠬᠤᠶᠠᠷ ᠲᠠᠯ᠎ᠠ ᠶᠢᠨ ᠠᠷᠠᠯᠵᠢᠶ᠎ᠠ ᠶᠢ ᠦᠷᠬᠡᠳᠬᠡᠵᠣ᠂ ᠬᠤᠳᠠ ᠶᠢᠨ ᠬᠡᠪᠴᠢᠶᠡᠨ ᠳᠠᠬᠢ ᠴᠠᠬᠢᠯᠭᠠᠨ ᠭᠦᠴᠦᠨ ᠤ ᠡᠬᠢ ᠪᠠᠶᠠᠯᠢᠭ ᠢ | ᠰᠢᠯᠢᠳᠡᠭᠵᠢᠭᠦᠯᠦᠨ ᠲᠣᠬᠢᠷᠠᠭᠤᠯᠬᠤ ᠶᠢ ᠠᠬᠢᠭᠤᠯᠣᠨ᠎ᠠ᠃ | ᠨᠡᠶᠢᠳᠡ ᠶᠢᠨ ᠦᠮᠴᠢᠯᠡᠯ ᠤᠨ ᠪᠣᠰᠣ ᠠᠵᠣ ᠠᠬᠤᠢ ᠶᠢ ᠬᠦᠭᠵᠢᠭᠦᠯᠦᠨ ᠪᠣᠵᠠᠭᠠᠶᠢᠷᠠᠭᠤᠯᠣᠨ᠎ᠠ᠃ ᠡᠷᠬᠡ ᠠᠰᠢᠭ᠂ ᠠᠵᠠ ᠲᠤᠬᠢᠶᠠᠯ᠂ ᠵᠢᠮ᠎ᠠ ᠬᠠᠤᠯᠢ ᠶᠢ | ᠡᠷᠬᠡ ᠲᠡᠭᠰᠢ ᠪᠠᠶᠢᠯᠭᠠᠬᠤ ᠶᠢ ᠪᠠᠷᠢᠮᠳᠠᠯᠠᠵᠣ᠂ ︽ᠴᠠᠭᠠᠵᠠ ᠦᠭᠡᠢ ᠪᠤᠯ ᠤᠷᠤᠭᠤᠯᠬᠤ︾ ᠵᠠᠷᠴᠢᠮ ᠶᠤᠰᠤᠭᠠᠷ᠂ ︽ᠨᠠᠵᠠᠭᠠᠢ ᠲᠠᠯ᠎ᠠ ᠶᠢᠨ ᠨᠠᠷᠢᠨ ᠲᠠᠩᠰᠠ︾ ᠶᠢᠨ | ᠬᠠᠮᠢᠶᠠᠷᠤᠯᠳᠠ ᠶᠢᠨ ᠵᠠᠭᠪᠣᠷ ᠢ ᠬᠡᠷᠡᠭᠵᠢᠭᠦᠯᠵᠣ᠂ ᠡᠮᠤᠨᠡᠭᠢ ᠬᠢᠨᠠᠨ ᠵᠦᠪᠰᠢᠶᠡᠷᠡᠬᠦ ᠵᠣᠶᠢᠯᠡᠰ ᠢ ᠴᠡᠪᠡᠷᠯᠡᠨ ᠲᠣᠬᠢᠷᠠᠭᠤᠯᠵᠣ᠂ ᠲᠠᠩᠰᠠᠯᠠᠭᠤᠯᠬᠤ ᠬᠠᠮᠤᠭ ᠲᠤᠤᠷ᠎ᠠ | ᠬᠦᠷᠦᠩᠭᠡ ᠶᠢᠨ ᠬᠢᠵᠠᠭᠠᠷᠯᠠᠯ ᠢ ᠦᠭᠡᠶᠢᠰᠭᠡᠵᠤ᠂ ᠨᠡᠶᠢᠳᠡ ᠶᠢᠨ ᠦᠮᠴᠢᠯᠡᠯ ᠤᠨ ᠪᠣᠰᠣ ᠠᠵᠣ ᠠᠬᠤᠶᠢᠯᠠᠯ ᠢ ᠰᠠᠭᠤᠷᠢ ᠲᠦᠭᠦᠭᠡᠷᠣᠮᠵᠢ᠂ ᠬᠤᠳᠠ ᠶᠢᠨ ᠶᠠᠪᠣᠳᠠᠯ | ᠤᠨ ᠨᠡᠶᠢᠳᠡ ᠶᠢᠨ ᠬᠡᠷᠡᠭᠯᠡᠬᠡᠨ ᠤ ᠠᠵᠢᠯ ᠣᠶᠢᠯᠡᠰ᠂ ᠨᠡᠶᠢᠬᠡᠮ ᠤᠨ ᠠᠵᠢᠯ ᠣᠶᠢᠯᠡᠰ ᠪᠠ ᠮᠦᠩᠭᠦᠨ ᠭᠦᠢᠯᠬᠡᠬᠡᠨ ᠤ ᠣᠶᠢᠯᠡᠴᠢᠯᠡᠭᠡ ᠵᠡᠷᠬᠡ ᠬᠦᠷᠢᠶ᠎ᠡ ᠬᠡᠪᠴᠢᠶᠡᠨ | ᠳᠤ ᠡᠷᠬᠡ ᠲᠡᠭᠰᠢ ᠪᠠᠷ ᠣᠷᠣᠭᠤᠯᠬᠤ ᠶᠢ ᠠᠬᠢᠭᠤᠯᠣᠨ᠎ᠠ᠃ ᠨᠣᠳᠤᠭ ᠤᠨ ᠠᠷᠠᠳ ᠤᠨ ᠡᠵᠡᠩᠨᠡᠯ ᠤᠨ ᠠᠵᠣ ᠠᠬᠤᠶᠢᠯᠠᠯ ᠢ ᠲᠡᠮᠵᠢᠨ ᠪᠣᠵᠠᠭᠠᠶᠢᠷᠠᠭᠤᠯᠣᠨ | ᠭᠦᠴᠦᠷᠬᠡᠭᠵᠢᠭᠦᠯᠵᠣ᠂ ᠨᠤᠳᠤᠭ ᠤᠨ ᠠᠷᠠᠳ ᠤᠨ ᠡᠵᠡᠩᠨᠡᠯ ᠤᠨ ᠠᠵᠣ ᠠᠬᠤᠶᠢᠯᠠᠯ ᠢ ᠣᠷᠣᠭᠤᠯᠣᠭᠰᠠᠨ ᠠᠵᠣ ᠠᠬᠤᠶᠢᠯᠠᠯ ᠲᠠᠢ ᠬᠠᠷᠢᠯᠴᠠᠨ ᠬᠤᠪᠢ | ᠣᠷᠣᠭᠤᠯᠵᠣ᠂ ᠠᠪᠤᠴᠠᠯᠳᠤᠨ ᠬᠠᠮᠳᠣᠷᠠᠨ ᠠᠵᠢᠯᠯᠠᠬᠤ ᠶᠢ ᠵᠤᠷᠢᠭᠵᠢᠭᠤᠯᠵᠤ᠂ ᠡᠬᠢ ᠪᠠᠶᠠᠯᠢᠭ᠂ ᠬᠦᠷᠦᠩᠬᠡ᠂ ᠮᠡᠷᠭᠡᠵᠢᠯ᠂ ᠴᠢᠳᠠᠪᠦᠷᠢᠳᠠᠨ᠂ ᠬᠠᠮᠢᠶᠠᠷᠣᠯᠳᠠ ᠶᠢᠨ | ᠲᠠᠪᠠᠭᠤᠯᠢᠭ ᠢᠶᠠᠨ ᠬᠠᠷᠢᠯᠴᠠᠨ ᠨᠦᠬᠦᠪᠦᠷᠢᠯᠡᠬᠦ ᠶᠢ ᠪᠡᠶᠡᠯᠡᠬᠦᠯᠦᠨ᠎ᠠ᠃ ᠨᠡᠶᠢᠳᠡ ᠶᠢᠨ ᠦᠮᠴᠢᠯᠡᠯ ᠤᠨ ᠪᠣᠰᠣ ᠠᠵᠣ ᠠᠬᠤᠶᠢᠯᠠᠯ ᠢ ᠲᠠᠭᠠᠭᠤᠯᠣᠨ ᠲᠡᠬᠡᠳᠣ ᠰᠢᠨ᠎ᠡ | ᠮᠡᠷᠭᠡᠵᠢᠯ ᠢ ᠬᠡᠷᠡᠭᠯᠡᠨ ᠣᠯᠠᠮᠵᠢᠯᠠᠯᠳᠣ ᠠᠵᠣ ᠣᠶᠢᠯᠡᠰ ᠢ ᠦᠬᠡᠷᠡᠴᠢᠯᠡᠨ ᠲᠡᠭᠡᠭᠰᠢᠯᠡᠭᠦᠯᠵᠣ᠂ ᠡᠬᠢ ᠪᠠᠶᠠᠯᠢᠭ ᠤᠨ ᠪᠣᠰᠣ ᠬᠡᠯᠪᠡᠷᠢ ᠶᠢᠨ ᠠᠵᠣ ᠣᠶᠢᠯᠡᠰ ᠢ | ᠬᠦᠭᠵᠢᠭᠦᠯᠦᠨ᠎ᠡ᠃ ᠣᠯᠣᠰ ᠤᠨ ᠦᠮᠴᠢᠯᠡᠯᠳᠤ ᠬᠦᠷᠦᠩᠬᠡ᠂ ᠬᠠᠮᠳᠣ ᠶᠢᠨ ᠬᠦᠷᠦᠩᠬᠡ᠂ ᠨᠡᠶᠢᠳᠡ ᠶᠢᠨ ᠦᠮᠴᠢᠯᠡᠯ ᠤᠨ ᠪᠣᠰᠣ ᠬᠦᠷᠦᠩᠬᠡ ᠶᠢᠨ ᠰᠤᠯᠪᠢᠴᠠᠨ | ᠰᠲ᠋ᠤᠺ ᠡᠵᠡᠮᠰᠢᠬᠦ᠂ ᠬᠠᠷᠢᠯᠴᠠᠨ ᠨᠡᠶᠢᠯᠡᠬᠦ ᠶᠢ ᠲᠠᠮᠵᠢᠵᠤ᠂ ᠬᠤᠯᠢᠮᠠᠭ ᠦᠮᠴᠢᠯᠡᠯ ᠤᠨ ᠠᠵᠣ ᠠᠬᠤᠢ ᠶᠢ ᠬᠦᠭᠵᠢᠭᠦᠯᠦᠨ᠎ᠡ᠃ ᠠᠵᠤ ᠠᠬᠤᠶᠢᠯᠠᠯ ᠳᠤ ᠦᠢᠯᠡᠴᠢᠯᠡᠬᠦ | ᠢᠨᠵᠧᠨᠧᠷᠢᠩ ᠢ ᠶᠡᠭᠡᠪᠡᠷ ᠬᠡᠷᠡᠭᠵᠢᠬᠦᠯᠵᠤ᠂ ᠠᠵᠤ ᠠᠬᠤᠶᠢᠯᠠᠯ ᠤᠨ ᠬᠦᠭᠵᠢᠯᠳᠠ ᠶᠢ ᠲᠡᠮᠵᠢᠬᠦ ᠡᠯ᠎ᠠ ᠲᠦᠷᠦᠯ ᠤᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠠ ᠶᠢ | ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠢ ᠦᠨᠡᠨᠬᠦ ᠬᠠᠪᠰᠤᠷᠤᠨ ᠢᠳᠡᠭᠡᠮᠵᠢᠳᠤ ᠵᠢᠭᠡᠯᠡᠯᠭᠡ ᠠᠪᠴᠤ ᠪᠠᠯᠠ ᠴᠤᠭᠯᠠᠭᠤᠯᠬᠤ᠂ ᠵᠠᠬ᠎ᠠ ᠲᠡᠯᠭᠡᠬᠦᠷ | ᠤᠨ ᠨᠡᠭᠡᠭᠡᠯᠳᠠ ᠬᠢᠬᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢᠨ ᠬᠦᠴᠦᠨ ᠵᠦᠢᠯ ᠤᠨ ᠬᠢᠵᠠᠭᠠᠷᠯᠠᠯ ᠵᠡᠷᠭᠡ ᠬᠦᠴᠢᠷᠳᠡᠯ ᠪᠠ ᠠᠰᠠᠭᠤᠳᠠᠯ ᠢ | ᠰᠢᠢᠳᠪᠦᠷᠢᠯᠠᠨ ᠦᠭᠴᠤ᠂ ᠠᠵᠤ ᠠᠬᠤᠶᠢᠯᠠᠯ ᠤᠨ ᠲᠤᠭᠳᠠᠭᠤᠨ ᠢᠶᠠᠷ ᠦᠢᠯᠡᠳᠪᠦᠷᠢᠯᠡᠬᠦ ᠶᠢ ᠠᠬᠢᠭᠤᠯᠵᠤ᠂ ᠬᠦᠴᠢᠷᠳᠡᠯᠳᠡᠢ ᠠᠵᠤ ᠠᠬᠤᠶᠢᠯᠠᠯ ᠢ ᠪᠦᠬᠦ ᠬᠦᠴᠦᠨ | ᠢᠶᠠᠷ ᠢᠶᠠᠨ ᠲᠠᠮᠵᠢᠨ ᠬᠦᠴᠢᠷᠳᠡᠯ ᠢ ᠲᠤᠭᠤᠯᠤᠨ᠎ᠠ᠃ | ᠭᠠᠳᠠᠨᠡᠬᠢ ᠲᠠᠢ ᠴᠢᠯᠣᠬᠡᠲᠠᠢ ᠶᠠᠪᠣᠯᠴᠠᠬᠤ ᠪᠠ ᠰᠢᠨᠵᠢᠯᠡᠬᠦ ᠣᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠢᠷᠢ ᠲᠦᠪᠰᠢᠨ ᠢ ᠲᠡᠭᠡᠭᠰᠢᠯᠡᠭᠦᠯᠦᠨ᠎ᠡ᠃ | ᠬᠦᠷᠢᠶᠡᠯᠡᠩ ᠤᠨ ᠬᠤᠳᠠᠯᠳᠣᠭᠠᠴᠢᠨ ᠣᠷᠢᠬᠤ ᠪᠠ ᠠᠵᠣ ᠣᠶᠢᠯᠡᠰ ᠤᠨ ᠬᠡᠯᠬᠢᠶ᠎ᠡ ᠪᠠᠷ ᠬᠤᠳᠠᠯᠳᠣᠭᠠᠴᠢᠨ ᠣᠷᠢᠬᠤ ᠶᠢ ᠭᠤᠣᠯᠳᠠᠯᠭ᠎ᠠ ᠲᠠᠢ ᠰᠠᠶᠢᠳᠣᠷ ᠠᠳᠬᠤᠵᠣ᠂ | ᠣᠯᠣᠰ ᠤᠨ ᠲᠣᠳᠣᠭᠠᠳᠣ ᠭᠠᠳᠠᠭᠠᠳᠣ ᠶᠢᠨ ᠦᠵᠦᠭᠦᠷ ᠲᠡᠰ ᠤᠨ ᠠᠵᠣ ᠣᠶᠢᠯᠡᠰ᠂ ᠲᠡᠷᠢᠭᠦᠨ ᠤ ᠮᠡᠷᠭᠡᠵᠢᠯ ᠪᠠ ᠪᠡᠯᠡ ᠮᠦᠩᠭᠦ ᠶᠢ ᠢᠳᠡᠪᠬᠢᠲᠠᠢ ᠣᠷᠣᠭᠤᠯᠵᠣ | ᠂ ᠬᠦᠭᠵᠢᠭᠰᠡᠨ ᠭᠠᠵᠠᠷ ᠣᠷᠣᠨ ᠤ ᠠᠵᠣ ᠣᠶᠢᠯᠡᠰ ᠤᠨ ᠰᠢᠯᠵᠢᠯᠳᠡ ᠶᠢ ᠰᠠᠨᠠᠭᠠᠴᠢᠯᠠᠭ᠎ᠠ ᠠᠴᠠ ᠪᠠᠨ ᠲᠣᠰᠣᠨ ᠠᠪᠴᠣ᠂ ᠤᠯᠤᠰ ᠤᠨ ᠲᠤᠳᠤᠭᠠᠳᠤ ︵ | ᠣᠷᠣᠨ ᠤ ᠭᠠᠳᠠᠨᠠᠬᠢ︶ ᠶᠢᠨ ᠪᠡᠯᠡ ᠮᠦᠩᠭᠦ ᠶᠢ 640 ᠳ᠋ᠦᠩᠰᠢᠭᠤᠷ ᠲᠦᠭᠦᠷᠢᠭ ᠤᠷᠤᠭᠤᠯᠤᠨ᠎ᠠ᠃ ᠣᠷᠣᠨ ᠪᠦᠰᠠ ᠶᠢᠨ ᠬᠠᠮᠳᠣᠷᠠᠯᠴᠠᠭ᠎ᠠ ᠶᠢ ᠴᠢᠩᠭᠠᠳᠬᠠᠵᠣ᠂ | ᠴᠡᠪᠡᠷ ᠡᠨᠧᠷᠬᠢ ᠶᠢᠨ ᠬᠠᠩᠭᠠᠯᠭ᠎ᠠ ᠬᠡᠷᠡᠭᠴᠡᠭᠡ ᠶᠢᠨ ᠬᠦᠷᠢᠶ᠎ᠡ ᠬᠡᠪᠴᠢᠶᠡᠨ ᠳᠤ ᠡᠨᠧᠷᠬᠢ ᠶᠢᠨ ᠭᠤᠣᠯ ᠬᠡᠷᠡᠭᠯᠡᠬᠡᠨ ᠤ ᠭᠠᠵᠠᠷ ᠣᠷᠣᠨ ᠲᠠᠢ ᠬᠠᠷᠢᠯᠴᠠᠨ ᠠᠰᠢᠭ | ᠲᠠᠢ ᠬᠠᠮᠳᠤ ᠪᠠᠷ ᠠᠰᠢᠭ ᠬᠤᠨᠵᠢᠪᠤᠷᠢ ᠤᠯᠬᠤ ᠬᠠᠮᠳᠤᠷᠠᠯᠴᠠᠭ᠎ᠠ ᠶᠢᠨ ᠬᠠᠷᠢᠴᠠᠭ᠎ᠠ ᠶᠢ ᠪᠠᠶᠢᠭᠤᠯᠣᠨ᠎ᠠ᠃ ᠰᠢᠨᠵᠢᠯᠡᠬᠦ ᠣᠬᠠᠭᠠᠨ ᠮᠡᠷᠭᠡᠵᠢᠯ ᠤᠨ ᠣᠷᠣᠭᠤᠯᠣᠯᠳᠠ | ᠶᠢᠨ ᠭᠦᠴᠦᠯᠡᠴᠡ ᠶᠢ ᠨᠡᠮᠡᠭᠳᠡᠭᠦᠯᠵᠣ᠂ ᠲᠣᠮᠳᠠᠳᠣ ᠤᠯᠤᠰ ᠤᠨ ᠰᠢᠨᠵᠢᠯᠡᠬᠦ ᠣᠬᠠᠭᠠᠨ ᠤ ᠬᠦᠷᠢᠶᠡᠯᠡᠩ᠂ ᠴᠢᠩᠬᠤᠸᠠ ᠶᠡᠭᠡ ᠰᠣᠷᠭᠠᠭᠤᠯᠢ ᠵᠡᠷᠬᠡ ᠡᠷᠳᠡᠮ | ᠰᠢᠨᠵᠢᠯᠡᠬᠡᠨ ᠤ ᠬᠦᠷᠢᠶᠡᠯᠡᠩ ᠲᠠᠢ ᠬᠠᠮᠳᠣᠷᠠᠨ ᠠᠵᠢᠯᠯᠠᠬᠤ ᠶᠢ ᠴᠢᠩᠭᠠᠳᠬᠠᠵᠣ᠂ ᠴᠢᠩᠬᠤᠸᠠ ᠶᠢᠨ ᠲᠣᠣᠷ᠎ᠠ ᠨᠡᠭᠦᠷᠡᠰᠦᠳᠦ᠋ᠷᠦᠭᠴᠢ ᠶᠢᠨ ᠲᠠᠪᠬᠤᠷ ᠢᠰᠣᠯ ᠤᠨ | ᠬᠦᠨᠳᠡᠢ ᠶᠢᠨ ᠨᠢᠭᠡᠳᠣᠬᠡᠷ ᠬᠤᠭᠤᠴᠠᠭᠠᠨ ᠤ ᠪᠦᠲᠦᠬᠡᠨ ᠪᠠᠶᠢᠭᠤᠯᠣᠯᠳᠠ ᠶᠢᠨ ᠡᠭᠦᠷᠬᠡ ᠶᠢ ᠪᠡᠶᠡᠯᠡᠭᠦᠯᠦᠨ᠎ᠡ᠃ ᠣᠯᠣᠰ ᠤᠨ ᠲᠡᠰ ᠤᠨ ᠲᠡᠬᠡᠳᠣ ᠰᠢᠨ᠎ᠡ ᠮᠡᠷᠭᠡᠵᠢᠯ | ᠤᠨ ᠠᠵᠣ ᠣᠶᠢᠯᠡᠰ ᠤᠨ ᠬᠦᠷᠢᠶᠡᠯᠡᠩ ᠢ ᠭᠤᠶᠣᠴᠢᠯᠠᠨ ᠮᠡᠳᠡᠭᠦᠯᠬᠦ ᠠᠵᠢᠯ ᠢ ᠰᠠᠶᠢᠳᠣᠷ ᠬᠢᠵᠣ᠂ ᠵᠦᠬᠡᠯᠡᠨ ᠬᠡᠷᠡᠭᠰᠡᠯ ᠤᠨ ᠬᠦᠷᠢᠶᠡᠯᠡᠩ᠂ ᠨᠡᠪᠴᠢᠭᠦᠯᠬᠦ ᠰᠠᠪᠠ | ᠶᠢᠨ ᠪᠦᠲᠦᠬᠡᠨ ᠪᠠᠶᠢᠭᠤᠯᠣᠯᠳᠠ ᠶᠢ ᠲᠦᠷᠬᠡᠳᠬᠡᠨ᠎ᠡ᠃ ︽ᠴᠢᠳᠠᠪᠦᠷᠢᠳᠠᠨ ᠤ ᠣᠷᠳᠣᠰ︾ ᠤᠨ ᠪᠠᠶᠢᠯᠳᠣᠬᠤ ᠪᠣᠳᠣᠯᠭ᠎ᠠ ᠶᠢ ᠬᠦᠨᠵᠡᠬᠡᠢ ᠬᠡᠷᠡᠭᠵᠢᠬᠦᠯᠵᠤ᠂ ᠡᠯ᠎ᠠ | ᠲᠦᠷᠦᠯ ᠤᠨ ᠴᠢᠳᠠᠪᠤᠷᠢᠳᠠᠳ ᠢ ᠨᠢᠭᠡᠳᠦᠯᠳᠠᠢ ᠲᠦᠯᠦᠪᠵᠢᠬᠦᠯᠦᠨ ᠬᠦᠮᠦᠵᠢᠬᠦᠯᠬᠦ ᠪᠠ ᠤᠷᠤᠭᠤᠯᠵᠤ᠂ ᠴᠢᠳᠠᠪᠤᠷᠢᠳᠠᠨ ᠤ ᠠᠵᠢᠯ ᠤᠨ ᠬᠢᠷᠢ ᠲᠦᠪᠰᠢᠨ ᠢ | ᠲᠡᠭᠡᠭᠰᠢᠯᠡᠬᠦᠯᠦᠨ᠎ᠠ᠃ | ︵ᠲᠠᠪᠤ︶ ᠨᠡᠶᠢᠬᠡᠮ ᠤᠨ ᠬᠠᠮᠢᠶᠠᠷᠣᠯᠳᠠ ᠶᠢ ᠴᠢᠩᠭᠠᠳᠬᠠᠬᠤ ᠪᠠ ᠰᠢᠨ᠎ᠡ ᠶᠢ ᠡᠭᠦᠳᠴᠣ᠂ ᠠᠶᠣᠯ ᠲᠦᠭᠰᠢᠭᠦᠷᠢ ᠶᠢ ᠰᠡᠷᠭᠡᠶᠢᠯᠡᠨ ᠡᠵᠡᠮᠰᠢᠬᠦ ᠠᠷᠭ᠎ᠠ | ᠬᠡᠮᠵᠢᠶ᠎ᠡ ᠶᠢ ᠨᠠᠶᠢᠳᠠᠪᠦᠷᠢᠵᠢᠭᠤᠯᠵᠣ᠂ ᠨᠡᠶᠢᠬᠡᠮ ᠤᠨ ᠡᠶ᠎ᠡ ᠵᠤᠬᠢᠴᠠᠯ ᠠᠮᠣᠷ ᠲᠣᠭᠳᠠᠭᠤᠨ ᠢ ᠪᠠᠳᠣᠯᠠᠨ᠎ᠠ᠃ | ᠨᠡᠶᠢᠬᠡᠮ ᠤᠨ ᠬᠠᠮᠢᠶᠠᠷᠣᠯᠳᠠ ᠶᠢᠨ ᠲᠣᠭᠳᠠᠴᠠ ᠶᠢᠨ ᠰᠢᠨ᠎ᠡ ᠶᠢ ᠡᠭᠦᠳᠦᠨ᠎ᠡ᠃ ᠣᠯᠣᠰ ᠤᠨ ᠨᠡᠶᠢᠬᠡᠮ ᠤᠨ ᠬᠠᠮᠢᠶᠠᠷᠣᠯᠳᠠ ᠶᠢᠨ ᠰᠢᠨ᠎ᠡ ᠶᠢ ᠡᠭᠦᠳᠬᠦ | ᠲᠣᠷᠰᠢᠯᠳᠠ ᠶᠢᠨ ᠴᠡᠭ ᠤᠨ ᠬᠤᠳᠠ ᠶᠢᠨ ᠪᠦᠲᠦᠬᠡᠨ ᠪᠠᠶᠢᠭᠤᠯᠣᠯᠳᠠ ᠶᠢ ᠠᠬᠢᠭᠤᠯᠵᠣ᠂ ᠨᠡᠶᠢᠬᠡᠮ ᠤᠨ ᠬᠠᠮᠢᠶᠠᠷᠣᠯᠳᠠ ᠶᠢᠨ ᠭᠤᠣᠯ ᠴᠣᠭᠴᠠ ᠶᠢᠨ ᠣᠯᠠᠨ | ᠡᠰᠢᠵᠢᠭᠰᠡᠨ ᠪᠦᠲᠦᠴᠡ ᠶᠢ ᠲᠦᠷᠬᠡᠳᠬᠡᠨ ᠪᠠᠶᠢᠭᠤᠯᠣᠨ᠎ᠠ᠃ ᠵᠠᠬᠢᠳᠠᠯ ᠰᠣᠷᠪᠣᠯᠵᠢᠯᠠᠭ᠎ᠠ ᠤᠨ ᠵᠣᠶᠢᠯᠡᠰ ᠢ ᠰᠦᠯᠵᠢᠶᠡᠨ ᠲᠡᠬᠡᠷ᠎ᠡ ᠬᠦᠯᠢᠶᠡᠨ ᠠᠪᠴᠣ ᠰᠢᠢᠳᠪᠦᠷᠢᠯᠡᠬᠦ | ᠶᠢ ᠬᠡᠷᠡᠭᠵᠢᠭᠦᠯᠵᠣ᠂ ᠬᠠᠣᠯᠢ᠂ ᠵᠠᠷᠭᠤ ᠳᠤ ᠬᠤᠯᠪᠣᠭᠳᠠᠬᠤ ᠵᠠᠬᠢᠳᠠᠯ ᠰᠣᠷᠪᠣᠯᠵᠢᠯᠠᠭ᠎ᠠ ᠶᠢᠨ ᠬᠡᠷᠡᠭ ᠢ ᠬᠠᠣᠯᠢ ᠶᠣᠰᠣᠭᠠᠷ ᠲᠠᠭᠤᠰᠬᠠᠬᠤ ᠲᠦᠷᠢᠮ ᠢ | ᠨᠠᠶᠢᠳᠠᠪᠦᠷᠢᠵᠢᠭᠤᠯᠣᠨ᠎ᠠ᠃ ᠡᠬᠢ ᠪᠠᠶᠠᠯᠢᠭ ᠤᠨ ᠨᠡᠭᠡᠭᠡᠯᠳᠠ᠂ ᠣᠷᠴᠢᠨ ᠲᠣᠭᠤᠷᠢᠨ ᠤ ᠪᠣᠬᠢᠷᠳᠣᠯ᠂ ᠪᠤᠴᠠᠭᠠᠨ ᠨᠡᠬᠦᠯᠭᠡᠵᠤ ᠲᠣᠬᠢᠷᠠᠭᠤᠯᠬᠤ᠂ ᠮᠠᠯᠴᠢᠨ ᠲᠠᠷᠢᠶᠠᠴᠢᠨ | ᠬᠦᠯᠦᠰᠤᠨ ᠠᠵᠢᠯᠴᠢᠨ ᠤ ᠴᠠᠯᠢᠩ ᠢ ᠰᠣᠯᠢᠨ ᠦᠭᠬᠦ ᠵᠡᠷᠬᠡ ᠬᠦᠷᠢᠶ᠎ᠡ ᠬᠡᠪᠴᠢᠶᠡᠨ ᠤ ᠵᠦᠷᠢᠴᠡᠯ ᠵᠢᠭᠤᠷᠠᠯᠳᠣᠭᠠᠨ ᠢ ᠵᠢᠬᠰᠠᠭᠠᠨ ᠪᠠᠶᠢᠴᠠᠭᠠᠵᠤ ᠡᠶᠡᠳᠡᠬᠦᠯᠦᠨ | ᠰᠢᠢᠳᠪᠦᠷᠢᠯᠡᠬᠦ ᠭᠦᠴᠦᠯᠡᠴᠡ ᠶᠢ ᠨᠡᠮᠡᠭᠳᠡᠭᠦᠯᠵᠣ᠂ ᠵᠠᠬᠢᠳᠠᠯ ᠰᠣᠷᠪᠣᠯᠵᠢᠯᠠᠭ᠎ᠠ ᠶᠢᠨ ᠲᠠᠷᠣᠭᠳᠠᠮᠠᠯ ᠬᠡᠷᠡᠭ ᠢ ᠢᠳᠡᠪᠬᠢᠲᠠᠢ ᠰᠢᠢᠳᠪᠦᠷᠢᠯᠡᠨ᠎ᠡ᠃ ᠠᠮᠤᠭᠤᠯᠠᠩ ᠣᠷᠳᠣᠰ | ᠤᠨ ᠪᠦᠳᠦᠭᠡᠨ ᠪᠠᠶᠢᠭᠤᠯᠣᠯᠳᠠ ᠶᠢ ᠬᠦᠨᠵᠡᠬᠡᠢ ᠠᠬᠢᠭᠤᠯᠵᠣ᠂ ᠵᠦᠷᠢᠯᠢᠭᠵᠢᠭᠰᠡᠨ ᠠᠮᠣᠷ ᠲᠦᠪᠰᠢᠨ ᠢ ᠬᠠᠮᠠᠭᠠᠯᠠᠬᠤ ᠰᠡᠷᠭᠡᠶᠢᠯᠡᠨ ᠡᠵᠡᠮᠰᠢᠬᠦ ᠰᠢᠰᠲ᠋ᠧᠮᠵᠢ ᠶᠢ | ᠲᠡᠭᠦᠯᠳᠡᠷᠵᠢᠭᠦᠯᠵᠣ᠂ ᠠᠮᠣᠷ ᠲᠦᠪᠰᠢᠨ ᠢ ᠬᠠᠮᠠᠭᠠᠯᠠᠬᠤ ᠰᠡᠷᠭᠡᠶᠢᠯᠡᠨ ᠡᠵᠡᠮᠰᠢᠬᠦ ᠶᠢ ᠴᠢᠮᠡᠭᠡ ᠵᠠᠩᠬᠢᠴᠢᠯᠠᠬᠤ ᠪᠠ ᠨᠡᠶᠢᠭᠡᠮᠴᠢᠯᠡᠬᠦ ᠬᠢᠷᠢ ᠲᠦᠪᠰᠢᠨ ᠢ | ᠲᠡᠭᠡᠭᠰᠢᠯᠡᠭᠦᠯᠦᠨ᠎ᠡ᠃ ᠡᠯ᠎ᠡ ᠲᠦᠷᠦᠯ ᠤᠨ ᠡᠷᠡᠭᠦᠣ ᠶᠢᠨ ᠬᠡᠷᠡᠭ ᠤᠨ ᠶᠠᠯᠡᠳᠤ ᠠᠵᠢᠯᠯᠠᠭ᠎ᠠ ᠳᠤ ᠴᠢᠩᠭ᠎ᠠ ᠴᠣᠬᠢᠯᠳᠠ ᠦᠭᠴᠣ᠂ ᠬᠠᠮᠳᠣᠷᠠᠨ ᠪᠠᠶᠢᠯᠳᠣᠬᠤ | ᠴᠢᠳᠠᠪᠦᠷᠢ ᠶᠢ ᠦᠨᠡᠨᠬᠦ ᠲᠡᠭᠡᠭᠰᠢᠯᠡᠭᠦᠯᠦᠨ᠎ᠡ᠃ ᠢᠳᠡᠬᠡᠨ ᠡᠮ ᠤᠨ ᠵᠣᠶᠢᠯ ᠤᠨ ᠠᠶᠣᠯ ᠦᠬᠡᠢ ᠶᠢᠨ ᠬᠢᠨᠠᠨ ᠬᠠᠮᠢᠶᠠᠷᠣᠯᠳᠠ ᠶᠢ ᠴᠢᠩᠭᠠᠳᠬᠠᠵᠣ᠂ ᠪᠠᠷᠢᠮᠵᠢᠶ᠎ᠠ ᠶᠢ | ᠴᠢᠩᠭᠠᠷᠠᠭᠤᠯᠵᠣ᠂ ᠴᠢᠩᠭ᠎ᠠ ᠰᠢᠳᠬᠡᠵᠣ᠂ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠵᠣ᠂ ᠠᠷᠠᠳ ᠲᠦᠮᠡᠨ ᠤ ᠢᠳᠡᠬᠡᠨ ᠤᠮᠳᠠᠭᠠᠨ ᠬᠡᠷᠡᠭᠯᠡᠬᠦ ᠡᠮ ᠤᠨ ᠠᠶᠣᠯ | ᠦᠬᠡᠢ ᠶᠢ ᠪᠠᠳᠣᠯᠠᠨ᠎ᠠ᠃ ᠨᠡᠶᠢᠬᠡᠮ ᠤᠨ ᠢᠳᠡᠬᠡᠮᠵᠢ ᠶᠢᠨ ᠰᠢᠰᠲ᠋ᠧᠮᠵᠢ ᠶᠢᠨ ᠪᠠᠶᠢᠭᠤᠯᠣᠯᠳᠠ ᠶᠢ ᠴᠢᠩᠭᠠᠳᠬᠠᠵᠣ᠂ ᠢᠳᠡᠬᠡᠮᠵᠢ ᠶᠢᠨ ︽ᠬᠠᠷ᠎ᠠ ᠲᠠᠩᠰᠠ︾ ᠪᠠ | ᠢᠳᠡᠬᠡᠯ ᠢᠶᠠᠨ ᠠᠯᠳᠠᠪᠠᠯ ᠶᠠᠯᠠᠯᠠᠨ ᠰᠢᠳᠬᠡᠬᠦ ᠲᠦᠷᠢᠮ ᠢ ᠪᠠᠶᠢᠭᠤᠯᠵᠣ᠂ ᠡᠳ᠋ ᠬᠦᠷᠦᠩᠬᠡ ᠪᠠᠨ ᠨᠢᠭᠤᠵᠣ ᠲᠠᠯᠳᠠᠯᠠᠬᠤ᠂ ᠮᠠᠭᠤ ᠰᠠᠨᠠᠭ᠎ᠠ ᠪᠠᠷ ᠦᠷᠢ ᠠᠴᠠ | ᠵᠠᠶᠢᠯᠠᠬᠤ᠂ ᠵᠣᠭᠤᠰ ᠪᠠᠶᠢᠭᠠᠳ ᠬᠤᠯᠠᠬᠤ ᠦᠬᠡᠢ ᠵᠡᠷᠬᠡ ᠦᠷᠢ ᠪᠠᠨ ᠮᠡᠯᠵᠢᠬᠦ ᠣᠶᠢᠯᠠ ᠠᠵᠢᠯᠯᠠᠭ᠎ᠠ ᠳᠤ ᠴᠢᠩᠭ᠎ᠠ ᠴᠣᠬᠢᠯᠳᠠ ᠦᠭᠴᠣ᠂ ᠦᠨᠡᠨᠴᠢ ᠢᠳᠡᠭᠡᠮᠵᠢᠳᠠᠢ | ᠣᠷᠳᠣᠰ ᠤᠨ ᠲᠦᠷᠢ ᠲᠦᠷᠬᠦ ᠶᠢ ᠱᠤᠭᠤᠨ᠎ᠠ᠃ ᠪᠠᠴᠢᠮ ᠪᠠᠶᠢᠳᠠᠯ ᠢ ᠠᠷᠭᠠᠴᠠᠭᠠᠬᠤ ᠰᠢᠰᠲ᠋ᠧᠮᠵᠢ ᠶᠢ ᠲᠡᠭᠦᠯᠳᠡᠷᠵᠢᠭᠦᠯᠵᠣ᠂ ᠪᠠᠴᠢᠮ ᠪᠠᠶᠢᠳᠠᠯ ᠢ ᠠᠷᠭᠠᠴᠠᠭᠠᠬᠤ | ᠡᠩᠨᠡᠭᠡ ᠶᠢᠨ ᠪᠠᠶᠢᠭᠤᠯᠤᠯᠳᠠ ᠪᠠ ᠠᠪᠣᠷᠠᠨ ᠲᠣᠰᠠᠯᠠᠬᠤ ᠰᠣᠷᠢᠯᠳᠠ ᠶᠢ ᠴᠢᠩᠭᠠᠳᠬᠠᠵᠣ᠂ ᠬᠡᠨᠡᠳᠳᠡ ᠶᠢᠨ ᠬᠡᠷᠡᠭ ᠪᠠ ᠪᠠᠶᠢᠭᠠᠯᠢ ᠶᠢᠨ ᠭᠠᠢ ᠭᠠᠮᠰᠢᠭ ᠢ | ᠰᠢᠢᠳᠪᠦᠷᠢᠯᠡᠬᠦ ᠴᠢᠳᠠᠪᠦᠷᠢ ᠶᠢ ᠲᠡᠭᠡᠭᠰᠢᠯᠡᠭᠦᠯᠦᠨ᠎ᠡ᠃ ᠠᠷᠠᠳ ᠤᠨ ᠵᠢᠬᠡᠯᠡᠯᠬᠡ ᠶᠢᠨ ᠵᠢᠭᠤᠷᠠᠯᠳᠣᠭᠠᠨ ᠢ ᠢᠳᠡᠪᠬᠢᠲᠠᠢ ᠰᠠᠶᠢᠳᠤᠷ ᠰᠢᠢᠳᠪᠦᠷᠢᠯᠡᠵᠣ᠂ ᠠᠪᠴᠠᠭᠠᠨ | ᠤ ᠬᠦᠮᠦᠨ ᠤ ᠬᠠᠣᠯᠢ ᠶᠣᠰᠣᠨ ᠤ ᠡᠷᠬᠡ ᠠᠰᠢᠭ ᠢ ᠬᠠᠮᠤᠭ ᠶᠡᠭᠡ ᠬᠡᠮᠵᠢᠶ᠎ᠡ ᠪᠠᠷ ᠪᠠᠳᠣᠯᠠᠨ᠎ᠠ᠃ ᠲᠣᠣᠷ ᠰᠦᠯᠵᠢᠶᠡᠨ ᠤ ᠶᠠᠷᠢᠶ᠎ᠠ ᠬᠡᠯᠡᠯᠴᠡᠬᠡᠨ ᠤ ᠪᠠᠶᠢᠳᠠᠯ ᠢ | ᠲᠡᠬᠡᠳᠣ ᠬᠡᠮᠵᠢᠶ᠎ᠡ ᠪᠠᠷ ᠴᠢᠬᠤᠯᠠᠴᠢᠯᠠᠵᠣ᠂ ᠨᠡᠶᠢᠬᠡᠮ ᠤᠨ ᠶᠠᠷᠢᠶ᠎ᠠ ᠬᠡᠯᠡᠯᠴᠡᠭᠡ ᠶᠢ ᠵᠦᠪ ᠲᠠᠯ᠎ᠠ ᠪᠠᠷ ᠲᠠᠭᠠᠭᠤᠯᠣᠨ᠎ᠠ᠃ | ᠵᠠᠰᠠᠭ ᠤᠨ ᠣᠷᠳᠣᠨ ᠤ ᠴᠢᠨᠠᠷᠳᠠᠢ ᠦᠷᠢ ᠰᠢᠷᠢ ᠶᠢᠨ ᠠᠶᠣᠯ ᠲᠦᠭᠰᠢᠭᠦᠷᠢ ᠶᠢ ᠴᠢᠩᠭ᠎ᠠ ᠰᠡᠷᠭᠡᠶᠢᠯᠡᠨ᠎ᠡ᠃ ᠵᠠᠰᠠᠭ ᠤᠨ ᠣᠷᠳᠣᠨ ᠤ ᠴᠢᠨᠠᠷᠲᠠᠢ ᠦᠷᠢ | ᠰᠢᠷᠢ ᠶᠢᠨ ᠠᠶᠣᠯ ᠲᠦᠭᠰᠢᠭᠦᠷᠢ ᠶᠢ ᠰᠡᠷᠭᠡᠶᠢᠯᠡᠨ ᠡᠵᠡᠮᠰᠢᠬᠦ ᠦᠵᠡᠯ ᠣᠬᠠᠮᠰᠠᠷ ᠪᠠ ᠴᠢᠳᠠᠪᠦᠷᠢ ᠶᠢ ᠦᠨᠡᠨᠬᠦ ᠲᠡᠭᠡᠭᠰᠢᠯᠡᠭᠦᠯᠵᠣ᠂ ᠰᠠᠭᠤᠷᠢ ᠲᠤᠭ᠎ᠠ ᠶᠢ ᠴᠢᠨᠠᠭᠰᠢᠳᠠ | ᠣᠶᠢᠯᠠᠭᠠᠵᠣ᠂ ᠰᠢᠨᠵᠢ ᠴᠢᠨᠠᠷ ᠢ ᠢᠯᠭᠠᠨ ᠲᠣᠭᠳᠠᠭᠠᠵᠣ᠂ ᠬᠦᠷᠢᠶ᠎ᠡ ᠬᠡᠪᠴᠢᠶ᠎ᠡ ᠶᠢ ᠪᠠᠶᠢᠴᠠᠭᠠᠨ ᠲᠣᠳᠣᠯᠠᠵᠣ᠂ ᠲᠦᠰᠦᠪ ᠢ ᠲᠣᠬᠢᠷᠠᠭᠤᠯᠬᠤ᠂ ᠵᠠᠷᠣᠯᠭ᠎ᠠ ᠶᠢ | ᠪᠠᠭᠠᠰᠬᠠᠬᠤ᠂ ᠬᠦᠷᠦᠩᠬᠡ ᠶᠢ ᠦᠨ᠎ᠠ ᠬᠠᠶᠠᠨ ᠬᠤᠳᠠᠯᠳᠣᠬᠤ᠂ ᠠᠪᠴᠠᠭ᠎ᠠ ᠦᠭᠴᠡᠭᠡ ᠶᠢ ᠬᠠᠷᠢᠯᠴᠠᠨ ᠲᠣᠯᠭᠠᠨ ᠣᠷᠣᠯᠠᠭᠤᠯᠬᠤ ᠵᠡᠷᠬᠡ ᠠᠷᠭ᠎ᠠ ᠬᠡᠮᠵᠢᠶ᠎ᠡ ᠪᠠᠷ | ᠲᠠᠮᠵᠢᠨ᠂ ᠪᠡᠯᠡ ᠮᠦᠩᠭᠦ ᠶᠢ ᠢᠳᠡᠪᠬᠢᠲᠠᠢ ᠴᠣᠭᠯᠠᠭᠤᠯᠵᠣ᠂ ᠵᠠᠰᠠᠭ ᠤᠨ ᠣᠷᠳᠣᠨ ᠤ ᠴᠢᠨᠠᠷᠳᠠᠢ ᠦᠷᠢ ᠰᠢᠷᠢ ᠶᠢ ᠴᠡᠪᠡᠷᠯᠡᠨ ᠠᠷᠢᠯᠭᠠᠬᠤ ᠠᠵᠢᠯ ᠢ ᠪᠦᠬᠦ | ᠭᠦᠴᠦᠨ ᠢᠶᠠᠷ ᠰᠠᠶᠢᠳᠣᠷ ᠬᠢᠵᠣ᠂ ᠦᠷᠢ ᠰᠢᠷᠢ ᠶᠢ ᠠᠷᠢᠯᠭᠠᠬᠤ ᠭᠤᠷᠪᠠᠨ ᠵᠢᠯ ᠤᠨ ᠡᠭᠦᠷᠬᠡ ᠶᠢ ᠪᠡᠶᠡᠯᠡᠭᠦᠯᠬᠦ ᠶᠢ ᠪᠠᠳᠣᠯᠠᠨ᠎ᠠ᠃ ᠵᠠᠰᠠᠭ ᠤᠨ ᠣᠷᠳᠣᠨ ᠠᠴᠠ | ᠲᠦᠯᠦᠭᠰᠡᠨ ᠦᠷᠢ ᠶᠢᠨ ᠪᠡᠯᠡ ᠮᠦᠩᠭᠦ ᠶᠢ ᠮᠠᠯᠴᠢᠨ ᠲᠠᠷᠢᠶᠠᠴᠢᠨ ᠬᠦᠯᠦᠰᠦᠨ ᠠᠵᠢᠯᠴᠢᠳ ᠤᠨ ᠴᠠᠯᠢᠩ ᠢ ᠦᠭᠬᠦ ᠪᠠ ᠠᠷᠠᠳ ᠤᠨ ᠵᠢᠬᠡᠯᠡᠯᠬᠡ ᠶᠢᠨ ᠬᠡᠷᠡᠭ ᠢ | ᠰᠢᠢᠳᠪᠦᠷᠢᠯᠡᠬᠦ ᠲᠡᠬᠡᠷ᠎ᠡ ᠤᠷᠢᠳᠠᠪᠠᠷ ᠬᠡᠷᠡᠭᠯᠡᠨ᠎ᠡ᠃ ︽ᠬᠠᠭᠤᠴᠢᠨ ᠢ ᠠᠷᠢᠯᠭᠠᠬᠤ︾ ᠪᠠ ︽ᠰᠢᠨ᠎ᠡ ᠶᠢ ᠬᠢᠵᠠᠭᠠᠷᠯᠠᠬᠤ︾ ᠶᠢ ᠵᠡᠷᠬᠡᠪᠡᠷ ᠴᠢᠬᠤᠯᠠᠴᠢᠯᠠᠬᠤ ᠶᠢ | ᠪᠠᠷᠢᠮᠳᠠᠯᠠᠵᠣ᠂ ᠵᠠᠰᠠᠭ ᠤᠨ ᠣᠷᠳᠣᠨ ᠤ ᠴᠢᠨᠠᠷᠳᠠᠢ ᠦᠷᠢ ᠰᠢᠷᠢ ᠶᠢᠨ ᠬᠠᠮᠢᠶᠠᠷᠣᠯᠳᠠ ᠶᠢᠨ ᠲᠦᠷᠢᠮ ᠢ ᠪᠠᠶᠢᠭᠤᠯᠤᠨ ᠲᠦᠭᠦᠷᠴᠢᠯᠡᠵᠣ᠂ ᠵᠢᠭᠡᠯᠡᠯᠭᠡ ᠠᠪᠬᠤ ᠶᠢ | ᠬᠢᠨᠠᠨ ᠵᠦᠪᠰᠢᠶᠡᠷᠡᠬᠦ ᠲᠡᠰ ᠲᠠᠷᠠᠭᠠᠯᠠᠯ ᠢ ᠴᠢᠩᠭᠠᠷᠠᠭᠤᠯᠵᠣ᠂ ᠦᠷᠢ ᠰᠢᠷᠢ ᠶᠢ ᠲᠦᠯᠦᠬᠦ ᠬᠠᠷᠢᠭᠤᠴᠠᠯᠭ᠎ᠠ ᠶᠢ ᠨᠠᠶᠢᠳᠠᠪᠦᠷᠢᠵᠢᠭᠤᠯᠵᠣ᠂ ᠦᠷᠢ ᠰᠢᠷᠢ ᠶᠢ ᠲᠦᠯᠦᠬᠦ | ᠪᠡᠯᠡᠳᠬᠡᠯ ᠮᠦᠩᠭᠦᠨ ᠤ ᠲᠦᠷᠢᠮ ᠢ ᠪᠠᠶᠢᠭᠤᠯᠵᠣ᠂ ᠵᠠᠰᠠᠭ ᠤᠨ ᠣᠷᠳᠣᠨ ᠤ ᠴᠢᠨᠠᠷᠲᠠᠢ ᠦᠷᠢ ᠰᠢᠷᠢ ᠶᠢ ᠲᠦᠷᠦᠯ ᠵᠦᠢᠯ ᠢᠯᠭᠠᠨ ᠪᠦᠬᠦ ᠨᠡᠬᠡᠬᠡᠴᠡ ᠶᠢᠨ | ᠲᠦᠰᠦᠪ ᠤᠨ ᠬᠠᠮᠢᠶᠠᠷᠣᠯᠳᠠ ᠳᠤ ᠣᠷᠣᠭᠤᠯᠣᠨ᠎ᠠ᠃ ᠵᠠᠰᠠᠭ ᠤᠨ ᠣᠷᠳᠣᠨ ᠤ ᠪᠠᠯᠠ ᠴᠣᠭᠯᠠᠭᠤᠯᠬᠤ ᠠᠵᠢᠯᠯᠠᠭ᠎ᠠ ᠶᠢ ᠲᠦᠷᠢᠮᠵᠢᠭᠦᠯᠵᠣ᠂ ᠵᠠᠰᠠᠭ ᠤᠨ ᠣᠷᠳᠣᠨ | ᠤ ᠴᠢᠨᠠᠷᠲᠠᠢ ᠪᠡᠯᠡ ᠤᠷᠤᠭᠤᠯᠵᠤ ᠴᠣᠭᠯᠠᠭᠤᠯᠬᠤ ᠲᠠᠪᠴᠠᠩ ᠢ ᠴᠡᠪᠡᠷᠯᠡᠨ ᠨᠢᠭᠡᠳᠬᠡᠨ᠎ᠡ᠃ ᠰᠢᠯᠭᠠᠨ ᠬᠢᠨᠠᠵᠣ ᠬᠠᠷᠢᠭᠤᠴᠠᠯᠭ᠎ᠠ ᠠᠰᠠᠭᠤᠬᠤ ᠭᠦᠴᠦᠯᠡᠴᠡ ᠶᠢ | ᠨᠡᠮᠡᠭᠳᠡᠭᠦᠯᠵᠣ᠂ ︽ᠦᠷᠢ ᠰᠢᠷᠢ ᠶᠢ ᠪᠤᠴᠠᠭᠠᠨ ᠲᠦᠯᠦᠬᠦ ᠨᠢ ᠴᠤ ᠵᠠᠰᠠᠭ ᠤᠨ ᠠᠵᠢᠯ ᠤᠨ ᠪᠦᠲᠦᠮᠵᠢ ᠪᠣᠯᠣᠨ᠎ᠠ︾ ᠬᠡᠳᠡᠭ ᠤᠨᠤᠯᠵᠢᠭᠤᠨ ᠢ ᠪᠣᠢ ᠪᠣᠯᠭᠠᠵᠣ᠂ | ᠵᠠᠰᠠᠭ ᠤᠨ ᠣᠷᠳᠣᠨ ᠤ ᠴᠢᠨᠠᠷᠳᠠᠢ ᠦᠷᠢ ᠰᠢᠷᠢ ᠶᠢ ᠠᠷᠢᠯᠭᠠᠬᠤ ᠠᠵᠢᠯ ᠢ ᠪᠣᠳᠠᠳᠣ ᠬᠢᠷᠢ ᠪᠦᠲᠦᠮᠵᠢ ᠶᠢ ᠰᠢᠯᠭᠠᠨ ᠬᠢᠨᠠᠬᠤ ᠭᠤᠣᠯᠳᠠᠯᠭ᠎ᠠ ᠳᠤ ᠣᠷᠣᠭᠤᠯᠵᠣ᠂ | ᠲᠣᠭᠳᠠᠭᠠᠯ ᠵᠦᠷᠢᠴᠡᠨ ᠵᠢᠭᠡᠯᠡᠯᠭᠡ ᠠᠪᠬᠤ ᠪᠠ ᠦᠷᠢ ᠰᠢᠷᠢ ᠶᠢ ᠠᠷᠢᠯᠭᠠᠭᠰᠠᠨ ᠢᠶᠠᠷ ᠭᠦᠴᠦᠨ ᠦᠬᠡᠢ ᠬᠠᠷᠢᠭᠤᠴᠠᠯᠭ᠎ᠠ ᠶᠢᠨ ᠬᠦᠮᠦᠨ ᠢ ᠴᠢᠩᠭ᠎ᠠ ᠪᠠᠶᠢᠴᠠᠭᠠᠨ | ᠰᠢᠢᠳᠪᠦᠷᠢᠯᠡᠨ᠎ᠡ᠃ | ᠠᠶᠣᠯ ᠦᠬᠡᠢ ᠣᠶᠢᠯᠡᠳᠪᠦᠷᠢᠯᠡᠯ ᠤᠨ ᠬᠢᠨᠠᠨ ᠬᠠᠮᠢᠶᠠᠷᠣᠯᠳᠠ ᠶᠢ ᠴᠢᠩᠭᠠᠳᠬᠠᠨ᠎ᠠ᠃ ᠠᠶᠣᠯ ᠦᠬᠡᠢ ᠣᠶᠢᠯᠡᠳᠪᠦᠷᠢᠯᠡᠯ ᠤᠨ ᠬᠠᠷᠢᠭᠤᠴᠠᠯᠭ᠎ᠠ ᠶᠢᠨ | ᠰᠢᠰᠲ᠋ᠧᠮᠵᠢ ᠶᠢ ᠪᠠᠶᠢᠭᠤᠯᠣᠨ ᠲᠡᠬᠦᠯᠳᠡᠷᠵᠢᠬᠦᠯᠵᠤ᠂ ︽ᠨᠠᠮ ᠵᠠᠰᠠᠭ ᠠᠳᠠᠯᠢ ᠬᠠᠷᠢᠭᠤᠴᠠᠯᠭ᠎ᠠ ᠲᠠᠢ᠂ ᠨᠢᠭᠡ ᠠᠵᠢᠯ ᠤᠨ ᠪᠠᠶᠢᠷᠢᠨ ᠳᠤ ᠬᠤᠶᠠᠷ ᠬᠠᠷᠢᠭᠤᠴᠠᠯᠭ᠎ᠠ | ᠲᠠᠢ ᠪᠠᠶᠢᠬᠤ︾ ᠲᠦᠷᠢᠮ ᠢ ᠨᠠᠶᠢᠳᠠᠪᠦᠷᠢᠵᠢᠭᠤᠯᠵᠣ᠂ ᠠᠵᠣ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠨ᠎ᠠ᠃ ᠠᠶᠣᠯ ᠦᠬᠡᠢ | ᠣᠶᠢᠯᠡᠳᠪᠦᠷᠢᠯᠡᠯ ᠤᠨ ᠣᠷᠣᠭᠤᠯᠣᠯᠳᠠ ᠶᠢᠨ ᠭᠦᠴᠦᠯᠡᠴᠡ ᠶᠢ ᠨᠡᠮᠡᠭᠳᠡᠭᠦᠯᠵᠣ᠂ ᠠᠵᠣ ᠠᠬᠤᠶᠢᠯᠠᠯ ᠤᠨ ᠠᠵᠢᠯᠴᠢᠳ ᠤᠨ ᠠᠶᠣᠯ ᠦᠬᠡᠢ ᠶᠢᠨ ᠪᠣᠯᠪᠠᠰᠣᠷᠠᠯ ᠢ | ᠴᠢᠩᠭᠠᠳᠬᠠᠵᠣ᠂ ᠠᠶᠣᠯ ᠦᠬᠡᠢ ᠣᠶᠢᠯᠡᠳᠪᠦᠷᠢᠯᠡᠯ ᠤᠨ ᠠᠳᠡᠯ ᠡᠬᠦᠰᠦᠯᠳᠠ ᠶᠢ ᠡᠬᠢ ᠢᠷᠡᠯᠳᠡ ᠠᠴᠠ ᠨᠢ ᠲᠠᠪᠴᠢᠨ᠎ᠠ᠃ ᠬᠠᠣᠯᠢ ᠬᠡᠷᠡᠭᠵᠢᠬᠦᠯᠦᠨ ᠪᠠᠶᠢᠴᠠᠭᠠᠯᠳᠠ | ᠬᠢᠬᠦ ᠭᠦᠴᠦᠯᠡᠴᠡ ᠶᠢ ᠨᠡᠮᠡᠭᠳᠡᠭᠦᠯᠵᠣ᠂ ᠠᠶᠣᠯ ᠦᠬᠡᠢ ᠣᠶᠢᠯᠡᠳᠪᠦᠷᠢᠯᠡᠯ ᠤᠨ ᠲᠣᠰᠬᠠᠢ ᠬᠢᠨᠠᠨ ᠬᠠᠮᠢᠶᠠᠷᠤᠯᠳᠠ ᠶᠢᠨ ᠭᠦᠴᠦᠨ ᠢ ᠲᠡᠭᠦᠯᠳᠡᠷᠵᠢᠭᠦᠯᠵᠣ᠂ | ᠨᠡᠭᠦᠷᠡᠰᠦᠨ ᠠᠭᠤᠷᠬᠠᠢ᠂ ᠠᠶᠣᠯ ᠲᠠᠢ ᠬᠢᠮᠢ ᠶᠢᠨ ᠪᠣᠳᠠᠰ ᠤᠨ ᠠᠵᠣ ᠠᠬᠤᠶᠢᠯᠠᠯ᠂ ᠪᠠᠷᠢᠯᠭ᠎ᠠ᠂ ᠭᠠᠯ ᠣᠨᠳᠠᠷᠠᠭᠠᠬᠤ᠂ ᠵᠠᠮ ᠬᠠᠷᠢᠯᠴᠠᠭ᠎ᠠ᠂ ᠲᠣᠰᠣ ᠬᠡᠢ | ᠲᠠᠮᠵᠢᠭᠤᠯᠬᠤ ᠬᠤᠭᠤᠯᠠᠢ᠂ ᠠᠷᠠᠳ ᠤᠨ ᠬᠡᠷᠡᠭᠯᠡᠬᠡᠨ ᠤ ᠲᠠᠯᠪᠡᠴᠢᠬᠦ ᠠᠵᠢᠯ ᠲᠦᠷᠦᠯ ᠵᠡᠷᠬᠡ ᠭᠤᠣᠯᠳᠠᠯᠭ᠎ᠠ ᠲᠠᠢ ᠬᠦᠷᠢᠶ᠎ᠡ ᠬᠡᠪᠴᠢᠶᠡᠨ ᠤ ᠠᠶᠣᠯ ᠦᠬᠡᠢ ᠶᠢᠨ | ᠬᠢᠨᠠᠨ ᠬᠠᠮᠢᠶᠠᠷᠣᠯᠳᠠ ᠶᠢ ᠴᠢᠩᠭᠠᠳᠬᠠᠨ᠎ᠠ᠃ ᠠᠳᠡᠯ ᠢ ᠪᠠᠶᠢᠴᠠᠭᠠᠨ ᠰᠢᠢᠳᠪᠦᠷᠢᠯᠡᠬᠦ ᠪᠠ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠷᠠᠭᠤᠯᠵᠣ᠂ ᠠᠶᠣᠯ ᠦᠬᠡᠢ | ᠣᠶᠢᠯᠡᠳᠪᠦᠷᠢᠯᠡᠯ ᠤᠨ ᠪᠠᠶᠢᠴᠠᠭᠠᠯᠳᠠ ᠶᠢᠨ ᠬᠤᠯᠪᠣᠭᠳᠠᠭᠰᠠᠨ ᠬᠠᠷᠢᠭᠤᠴᠠᠯᠭ᠎ᠠ ᠶᠢ ᠨᠡᠬᠡᠮᠵᠢᠯᠡᠬᠦ ᠲᠦᠷᠢᠮ ᠢ ᠪᠠᠶᠢᠭᠤᠯᠣᠨ᠎ᠠ᠃ ᠭᠠᠯ ᠤᠨᠳᠠᠷᠠᠭᠠᠬᠤ ᠠᠶᠣᠯ ᠦᠬᠡᠢ | ᠶᠢ ᠲᠡᠬᠡᠳᠣ ᠬᠡᠮᠵᠢᠶ᠎ᠡ ᠪᠠᠷ ᠴᠢᠬᠤᠯᠠᠴᠢᠯᠠᠵᠣ᠂ ᠭᠠᠯ ᠣᠨᠲᠠᠷᠠᠭᠠᠬᠤ ᠲᠣᠨᠤᠭ ᠲᠦᠭᠦᠭᠡᠷᠣᠮᠵᠢ ᠶᠢᠨ ᠬᠢᠷᠢ ᠲᠦᠪᠰᠢᠨ ᠢ ᠲᠡᠭᠡᠭᠰᠢᠯᠡᠭᠦᠯᠵᠣ᠂ ᠵᠢᠯ ᠤᠨ ᠲᠣᠳᠣᠷ᠎ᠠ | ᠠᠯᠢᠪᠠ ᠬᠦᠷᠢᠶᠡᠯᠡᠩ ᠳᠤ ᠭᠠᠯ ᠣᠨᠲᠠᠷᠠᠭᠠᠬᠤ ᠠᠩᠬᠢ ᠦᠷᠳᠡᠭᠡ ᠪᠠᠶᠢᠭᠤᠯᠣᠨ᠎ᠠ᠃ ᠰᠦᠩ ᠬᠠᠯᠢᠶ᠎ᠠ ᠦᠶᠡᠷ ᠢ ᠰᠡᠷᠭᠡᠶᠢᠯᠡᠬᠦ᠂ ᠬᠤᠳᠠ ᠪᠠᠯᠭᠠᠰᠣᠨ ᠤ ᠦᠶᠡᠷ | ᠣᠰᠣᠳᠣᠯ ᠢ ᠰᠡᠷᠭᠡᠶᠢᠯᠡᠬᠦ ᠠᠵᠢᠯ ᠢ ᠰᠠᠶᠢᠳᠣᠷ ᠬᠢᠵᠣ᠂ ᠠᠷᠠᠳ ᠤᠯᠠᠨ ᠤ ᠠᠮᠢ ᠨᠠᠰᠣ ᠡᠳ᠋ ᠬᠦᠷᠦᠩᠬᠡ ᠶᠢᠨ ᠠᠮᠣᠷ ᠲᠦᠪᠰᠢᠨ ᠢ ᠪᠠᠳᠤᠯᠠᠨ᠎ᠠ᠃ | ︵ᠵᠢᠷᠭᠤᠭ᠎ᠠ︶ ᠵᠠᠰᠠᠭ ᠤᠨ ᠣᠷᠳᠣᠨ ᠤ ᠴᠢᠳᠠᠪᠬᠢ ᠶᠢ ᠬᠤᠪᠢᠷᠠᠭᠤᠯᠵᠣ᠂ ᠠᠵᠢᠯ ᠤᠨ ᠰᠣᠷᠳᠠᠯ ᠢ ᠰᠠᠶᠢᠵᠢᠷᠠᠭᠤᠯᠵᠣ᠂ ᠬᠠᠣᠯᠢ ᠪᠠᠷ ᠵᠠᠰᠠᠭᠰᠠᠨ ᠵᠠᠰᠠᠭ | ᠤᠨ ᠣᠷᠳᠣᠨ ᠪᠠ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠣᠨ᠎ᠠ᠃ | ᠬᠦᠭᠵᠢᠯᠳᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠦᠨ᠎ᠡ᠃ ᠦᠷᠭᠦᠯᠵᠢᠯᠡᠨ ᠵᠠᠰᠠᠭ ᠢ ᠴᠣᠮᠬᠠᠳᠬᠠᠨ ᠡᠷᠬᠡ ᠶᠢ ᠲᠠᠯᠪᠢᠵᠣ᠂ ᠵᠠᠰᠠᠭ ᠵᠠᠬᠢᠷᠭᠠᠨ ᠤ | ᠬᠢᠨᠠᠨ ᠵᠦᠪᠰᠢᠶᠡᠷᠡᠬᠦ ᠵᠣᠶᠢᠯᠡᠰ ᠪᠠ ᠵᠠᠷᠣᠳᠠᠯ ᠬᠤᠷᠢᠶᠠᠬᠤ ᠲᠦᠷᠦᠯ ᠵᠣᠶᠢᠯ ᠢ ᠬᠠᠰᠣᠨ ᠲᠣᠷᠣᠭᠰᠢ ᠪᠠᠭᠤᠯᠭᠠᠨ᠎ᠠ᠃ ᠦᠪᠡᠷᠳᠡᠭᠡᠨ ᠵᠠᠰᠠᠬᠤ ᠤᠷᠤᠨ ᠤ ︽8337 | ︾ ᠬᠦᠭᠵᠢᠯᠳᠠ ᠶᠢᠨ ᠰᠠᠳᠬᠢᠴᠠ ᠳᠤ ᠤᠷᠤᠭᠰᠠᠨ ᠭᠤᠤᠯᠳᠠᠯᠭ᠎ᠠ ᠲᠠᠢ ᠲᠦᠯᠦᠪᠵᠢᠬᠦᠯᠭᠡ ᠶᠢᠨ ᠲᠦᠷᠦᠯ ᠵᠦᠢᠯ ᠢ ᠤᠯᠤᠰ ᠤᠨ ᠬᠢᠨᠠᠨ ᠵᠦᠪᠰᠢᠶᠡᠷᠡᠯ ᠢ ᠵᠠᠪᠠᠯ | ᠲᠠᠮᠵᠢᠬᠤ ᠠᠴᠠ ᠪᠤᠰᠤᠳ ᠢ ᠴᠦᠮ ᠦᠭᠡᠷᠡᠴᠢᠯᠠᠨ ᠲᠡᠭᠡᠭᠰᠢ ᠮᠡᠳᠡᠬᠦᠯᠬᠦ ᠪᠤᠯᠭᠠᠨ᠎ᠠ᠃ ᠲᠦᠪᠯᠡᠷᠡᠭᠦᠯᠦᠨ ᠭᠦᠢᠴᠡᠳᠬᠡᠬᠦ᠂ ᠰᠦᠯᠵᠢᠶᠡᠨ ᠲᠡᠬᠡᠷ᠎ᠡ ᠬᠢᠨᠠᠨ ᠵᠦᠪᠰᠢᠶᠡᠷᠡᠬᠦ | ᠪᠠ ᠬᠠᠨᠤᠮᠵᠢᠳᠠᠢ ᠬᠡᠮᠵᠢᠶ᠎ᠡ ᠶᠢ ᠬᠡᠮᠵᠢᠨ ᠲᠤᠭᠳᠠᠭᠠᠬᠤ ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠣ᠂ ᠬᠢᠨᠠᠨ ᠵᠦᠪᠰᠢᠶᠡᠷᠡᠬᠦ ᠴᠤᠪᠤᠷᠠᠯ ᠢ ᠰᠢᠯᠢᠳᠡᠭᠵᠢᠬᠦᠯᠵᠤ᠂ | ᠬᠢᠨᠠᠨ ᠵᠦᠪᠰᠢᠶᠡᠷᠡᠬᠦ ᠭᠤᠭᠴᠤᠭ᠎ᠠ ᠶᠢ ᠴᠦᠬᠡᠳᠬᠡᠵᠣ᠂ ᠬᠢᠨᠠᠨ ᠵᠦᠪᠰᠢᠶᠡᠷᠡᠬᠦ ᠦᠷ᠎ᠡ ᠪᠦᠲᠦᠮᠵᠢ ᠶᠢ ᠲᠡᠭᠡᠭᠰᠢᠯᠡᠭᠦᠯᠦᠨ᠎ᠡ᠃ ᠬᠠᠣᠯᠢ ᠪᠠᠷ ᠵᠠᠰᠠᠭ ᠶᠠᠪᠣᠭᠤᠯᠬᠤ ᠶᠢ | ᠪᠠᠷᠢᠮᠳᠠᠯᠠᠵᠣ᠂ ᠬᠠᠣᠯᠢ ᠪᠠᠷ ᠵᠠᠰᠠᠭᠰᠠᠨ ᠵᠠᠰᠠᠭ ᠤᠨ ᠣᠷᠳᠣᠨ ᠤ ᠪᠠᠶᠢᠭᠤᠯᠣᠯᠳᠠ ᠶᠢ ᠴᠢᠩᠭᠠᠳᠬᠠᠵᠣ᠂ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ᠂ | ᠣᠯᠣᠰ ᠲᠦᠷᠦ ᠶᠢᠨ ᠵᠦᠪᠯᠡᠯᠬᠡᠨ ᠪᠠ ᠨᠡᠶᠢᠬᠡᠮ ᠤᠨ ᠡᠯ᠎ᠡ ᠲᠠᠯ᠎ᠠ ᠶᠢᠨ ᠬᠢᠨ ᠤ ᠬᠢᠨᠠᠯᠳᠠ ᠲᠠᠯᠪᠢᠯᠳᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠣ᠂ ᠬᠠᠣᠯᠢ | ᠪᠠᠷ ᠵᠠᠰᠠᠭᠰᠠᠨ ᠣᠷᠳᠣᠰ ᠤᠨ ᠪᠠᠶᠢᠭᠤᠯᠣᠯᠳᠠ ᠶᠢᠨ ᠬᠡᠷᠡᠭᠵᠢᠭᠦᠯᠬᠦ ᠬᠦᠳᠦᠯᠪᠣᠷᠢ ᠶᠢᠨ ᠲᠣᠪᠴᠢ ᠶᠢ ᠲᠣᠭᠳᠠᠭᠠᠵᠣ᠂ ᠬᠠᠣᠯᠢ ᠲᠦᠷᠢᠮ ᠤᠨ ᠣᠬᠠᠭᠤᠯᠭ᠎ᠠ | ᠬᠦᠮᠦᠵᠢᠯ ᠢ ᠴᠢᠩᠭᠠᠳᠬᠠᠵᠣ᠂ ᠭᠠᠵᠠᠷ ᠣᠷᠣᠨ ᠤ ᠬᠠᠣᠯᠢ ᠪᠠᠷ ᠵᠠᠰᠠᠬᠤ ᠣᠷᠴᠢᠨ ᠲᠣᠭᠤᠷᠢᠨ ᠢ ᠰᠠᠶᠢᠵᠢᠷᠠᠭᠤᠯᠣᠨ᠎ᠠ᠃ ᠵᠠᠰᠠᠭ ᠵᠠᠬᠢᠷᠭᠠᠨ ᠤ ᠬᠠᠣᠯᠢ | ᠬᠡᠷᠡᠭᠵᠢᠭᠦᠯᠦᠯᠳᠡ ᠶᠢᠨ ᠡᠬᠢ ᠪᠠᠶᠠᠯᠢᠭ ᠢ ᠨᠢᠭᠡᠳᠬᠡᠵᠣ᠂ ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠦᠯᠳᠡ ᠶᠢᠨ ᠣᠶᠢᠯᠠ ᠠᠵᠢᠯᠯᠠᠭ᠎ᠠ ᠶᠢ ᠲᠦᠷᠢᠮᠵᠢᠭᠦᠯᠦᠨ᠎ᠡ᠃ | ᠵᠠᠰᠠᠭ ᠤᠨ ᠣᠷᠳᠣᠨ ᠤ ᠪᠠᠶᠢᠭᠤᠯᠣᠮᠵᠢ ᠶᠢᠨ ᠦᠬᠡᠷᠡᠴᠢᠯᠡᠯᠳᠡ ᠪᠠ ᠠᠵᠢᠯ ᠣᠶᠢᠯᠡᠰ ᠤᠨ ᠨᠢᠭᠡᠴᠢ ᠶᠢᠨ ᠲᠦᠷᠦᠯ ᠬᠤᠪᠢᠶᠠᠬᠤ ᠦᠬᠡᠷᠡᠴᠢᠯᠡᠯᠳᠡ ᠶᠢ | ᠠᠬᠢᠭᠤᠯᠣᠨ᠎ᠠ᠃ | ᠠᠵᠢᠯ ᠤᠨ ᠰᠣᠷᠳᠠᠯ ᠢ ᠰᠠᠶᠢᠵᠢᠷᠠᠭᠤᠯᠣᠨ᠎ᠠ᠃ ᠲᠦᠪ᠂ ᠦᠪᠡᠷᠳᠡᠭᠡᠨ ᠵᠠᠰᠠᠬᠤ ᠤᠷᠤᠨ ᠪᠠ ᠬᠤᠳᠠ ᠶᠢᠨ ᠨᠠᠮ ᠤᠨ ᠬᠤᠷᠢᠶ᠎ᠠ ᠶᠢᠨ ᠠᠵᠢᠯ ᠤᠨ ᠰᠣᠷᠳᠠᠯ | ᠢ ᠰᠠᠶᠢᠵᠢᠷᠠᠭᠤᠯᠵᠣ᠂ ᠣᠯᠠᠨ ᠲᠦᠮᠡᠨ ᠲᠠᠢ ᠨᠢᠭᠳᠠ ᠬᠠᠷᠢᠯᠴᠠᠬᠤ ᠲᠣᠬᠠᠢ ᠡᠯ᠎ᠡ ᠵᠣᠶᠢᠯ ᠤᠨ ᠲᠣᠭᠳᠠᠭᠠᠯ ᠢ ᠴᠢᠩᠭ᠎ᠠ ᠨᠠᠶᠢᠳᠠᠪᠦᠷᠢᠵᠢᠭᠤᠯᠵᠣ᠂ ᠨᠠᠮ ᠤᠨ ᠣᠯᠠᠨ | ᠲᠦᠮᠠᠨᠴᠢ ᠱᠣᠭᠤᠮ ᠤᠨ ᠬᠦᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠳᠤᠳᠠᠢ ᠦᠷᠨᠢᠭᠦᠯᠵᠣ᠂ ︽ᠲᠦᠷᠪᠡᠨ ᠰᠣᠷᠳᠠᠯ︾ ᠤᠨ ᠠᠰᠠᠭᠤᠳᠠᠯ ᠢ | ᠲᠣᠪᠣᠶᠢᠯᠭᠠᠨ ᠴᠡᠭᠴᠡᠯᠡᠨ ᠵᠠᠰᠠᠨ᠎ᠠ᠃ ᠬᠤᠷᠠᠯ ᠴᠤᠭᠯᠠᠭᠠᠨ ᠪᠠ ᠪᠢᠴᠢᠭ ᠮᠠᠲ᠋ᠧᠷᠢᠶᠠᠯ ᠢ ᠦᠷᠭᠦᠯᠵᠢᠯᠡᠨ ᠴᠣᠮᠬᠠᠳᠬᠠᠵᠣ᠂ ᠡᠯ᠎ᠡ ᠲᠦᠷᠦᠯ ᠤᠨ ᠬᠤᠷᠠᠯ ᠦᠵᠡᠰᠭᠦᠯᠡᠩ | ᠂ ᠦᠭᠦᠯᠡᠯ ᠤᠨ ᠲᠠᠪᠴᠠᠩ᠂ ᠪᠠᠶᠠᠷ ᠲᠣᠷᠠᠰᠬᠠᠯ ᠪᠠ ᠪᠠᠶᠢᠴᠠᠭᠠᠨ ᠰᠢᠯᠭᠠᠷᠠᠭᠤᠯᠬᠤ ᠠᠵᠢᠯᠯᠠᠭ᠎ᠠ ᠶᠢ ᠴᠢᠩᠭ᠎ᠠ ᠬᠢᠵᠠᠭᠠᠷᠯᠠᠵᠣ᠂ ᠭᠤᠶᠤ ᠰᠠᠶᠢᠬᠠᠨ ᠪᠤᠯᠪᠠᠴᠤ ᠪᠤᠳᠠᠳᠤ | ᠠᠭᠤᠯᠭ᠎ᠠ ᠦᠭᠡᠢ᠂ ᠠᠷᠠᠳ ᠢ ᠵᠦᠳᠡᠬᠡᠵᠣ ᠡᠳ᠋ ᠢ ᠰᠦᠢᠳᠭᠡᠭᠰᠡᠨ᠂ ᠭᠠᠪᠢᠶᠠᠨ ᠳᠤ ᠶᠠᠭᠠᠷᠠᠵᠣ ᠠᠰᠢᠭ ᠲᠤ ᠰᠢᠨᠤᠭᠰᠠᠨ ᠲᠦᠷᠢ ᠲᠦᠷᠬᠦ ᠶᠢᠨ ᠢᠨᠵᠧᠨᠧᠷᠢᠩ | ᠢ ᠡᠷᠡᠰ ᠬᠢᠬᠦ ᠦᠬᠡᠢ᠃ ᠵᠠᠰᠠᠭ ᠵᠠᠬᠢᠷᠭᠠᠨ ᠤ ᠬᠢᠨᠠᠨ ᠪᠠᠶᠢᠴᠠᠭᠠᠬᠤ ᠪᠠ ᠵᠠᠰᠠᠭ ᠤᠨ ᠶᠠᠪᠣᠳᠠᠯ ᠤᠨ ᠱᠠᠭᠠᠷᠳᠠᠨ ᠪᠠᠶᠢᠴᠠᠭᠠᠬᠤ ᠶᠢ ᠴᠢᠩᠭᠠᠳᠬᠠᠵᠣ᠂ ᠵᠠᠰᠠᠭ | ᠵᠠᠬᠢᠷᠭᠠᠨ ᠤ ᠬᠠᠷᠢᠭᠤᠴᠠᠯᠭ᠎ᠠ ᠠᠰᠠᠭᠤᠬᠤ ᠭᠦᠴᠦᠯᠡᠴᠡ ᠶᠢ ᠨᠡᠮᠡᠭᠳᠡᠭᠦᠯᠵᠣ᠂ ᠴᠢᠷᠮᠠᠶᠢᠬᠤ ᠦᠬᠡᠢ ᠠᠯᠵᠠᠭᠤ ᠵᠠᠯᠬᠠᠭᠤ ᠠᠯᠠᠩ ᠰᠠᠯᠠᠩ ᠪᠦᠷᠢᠯᠬᠡᠮᠡᠳᠡᠬᠡᠢ᠂ ᠢᠳᠡᠬᠦ | ᠠᠪᠬᠤ ᠬᠤᠷᠢᠭᠯᠠᠬᠤ ᠨᠡᠭᠡᠵᠤ ᠠᠪᠬᠤ᠂ ᠦᠷ᠎ᠠ ᠪᠦᠳᠦᠮᠵᠢ ᠨᠢ ᠲᠤᠤᠷ᠎ᠠ᠂ ᠬᠠᠷᠢᠭᠤᠴᠠᠯᠭ᠎ᠠ ᠦᠭᠡᠢ᠂ ᠬᠡᠷᠡᠭᠵᠢᠭᠦᠯᠦᠯᠳᠡ ᠨᠢ ᠭᠦᠴᠦᠨ ᠦᠬᠡᠢ᠂ ᠣᠪ ᠮᠡᠭᠡ | ᠭᠠᠷᠭᠠᠬᠤ ᠵᠡᠷᠬᠡ ᠣᠶᠢᠯᠠ ᠠᠵᠢᠯᠯᠠᠭ᠎ᠠ ᠶᠢ ᠡᠷᠡᠰ ᠪᠠᠶᠢᠴᠠᠭᠠᠨ ᠰᠢᠢᠳᠪᠦᠷᠢᠯᠡᠵᠣ᠂ ᠵᠠᠰᠠᠭ ᠤᠨ ᠵᠠᠷᠯᠢᠭ ᠤᠨ ᠰᠠᠭᠠᠳ ᠦᠬᠡᠢ ᠶᠠᠪᠤᠭᠳᠠᠬᠤ ᠶᠢ ᠪᠠᠳᠣᠯᠠᠨ᠎ᠠ᠃ ᠠᠵᠢᠯ | ᠲᠦᠷᠦᠯ ᠤᠨ ᠰᠣᠷᠳᠠᠯ ᠳᠤ ᠵᠠᠰᠠᠯᠳᠠ ᠬᠢᠬᠦ ᠶᠢ ᠬᠦᠨᠵᠡᠬᠡᠢ ᠦᠷᠨᠢᠭᠦᠯᠵᠣ᠂ ᠰᠣᠷᠭᠠᠭᠤᠯᠢ᠂ ᠡᠮᠡᠨᠡᠯᠬᠡ ᠶᠢᠨ ᠪᠠᠶᠢᠭᠤᠯᠣᠮᠵᠢ᠂ ᠵᠠᠮ ᠬᠠᠷᠢᠯᠴᠠᠭᠠᠨ ᠤ ᠴᠠᠭᠳᠠᠭ᠎ᠠ᠂ | ᠲᠡᠬᠡᠬᠡᠪᠣᠷᠢ ᠶᠢᠨ ᠬᠠᠮᠢᠶᠠᠷᠣᠯᠳᠠ᠂ ᠲᠡᠷᠭᠡᠨ ᠤ ᠬᠠᠮᠢᠶᠠᠷᠣᠯᠳᠠ᠂ ᠨᠡᠭᠦᠷᠡᠰᠦᠨ ᠤ ᠪᠠᠶᠢᠴᠠᠭᠠᠯᠳᠠ ᠵᠡᠷᠬᠡ ᠬᠦᠷᠢᠶ᠎ᠡ ᠬᠡᠪᠴᠢᠶᠡᠨ ᠤ ᠲᠣᠷ᠎ᠠ ᠪᠠᠷ ᠵᠠᠷᠣᠳᠠᠯ | ᠬᠤᠷᠢᠶᠠᠬᠤ᠂ ᠲᠣᠷ᠎ᠠ ᠪᠠᠷ ᠵᠣᠭᠤᠰ ᠲᠣᠷᠭᠠᠬᠤ ᠵᠡᠷᠬᠡ ᠣᠯᠠᠨ ᠲᠦᠮᠡᠨ ᠤ ᠠᠰᠢᠭ ᠲᠣᠰᠠ ᠶᠢ ᠬᠤᠬᠢᠷᠠᠭᠤᠯᠣᠭᠰᠠᠨ ᠣᠶᠢᠯᠠ ᠠᠵᠢᠯᠯᠠᠭ᠎ᠠ ᠶᠢ ᠲᠦᠪᠯᠡᠷᠡᠭᠦᠯᠦᠨ | ᠴᠡᠭᠴᠡᠯᠡᠨ ᠵᠠᠰᠠᠨ᠎ᠠ᠃ ᠠᠯᠪᠠᠳᠠᠨ ᠤ ᠡᠩᠨᠡᠭᠡ ᠶᠢᠨ ᠪᠠᠶᠢᠭᠤᠯᠤᠯᠳᠠ ᠶᠢ ᠴᠢᠩᠭᠠᠷᠠᠭᠤᠯᠵᠤ᠂ ᠠᠯᠪᠠᠨ ᠵᠠᠷᠤᠴᠠ ᠶᠢᠨ ᠦᠵᠡᠯ ᠤᠬᠠᠮᠰᠠᠷ᠂ ᠦᠢᠯᠡᠴᠢᠯᠡᠬᠦ ᠦᠵᠠᠯ | ᠤᠬᠠᠮᠰᠠᠷ᠂ ᠬᠠᠷᠢᠭᠤᠴᠠᠯᠭ᠎ᠠ ᠶᠢᠨ ᠦᠵᠠᠯ ᠤᠬᠠᠮᠰᠠᠷ ᠢ ᠴᠢᠩᠭᠠᠳᠬᠠᠵᠤ᠂ ᠰᠤᠷᠳᠠᠯ ᠢᠶᠠᠷ ᠰᠢᠯᠢᠳᠡᠭ ᠰᠠᠶᠢᠨ᠂ ᠰᠠᠬᠢᠯᠭ᠎ᠠ ᠪᠠᠳᠤ ᠪᠠᠷ ᠴᠢᠩᠭ᠎ᠠ ᠠᠯᠪᠠᠳᠠᠨ ᠤ | ᠡᠩᠨᠡᠭᠡ ᠶᠢ ᠪᠠᠶᠢᠭᠤᠯᠤᠨ᠎ᠠ᠃ | ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠶᠢ ᠨᠠᠷᠢᠨ ᠬᠢᠨᠠᠮᠠᠭᠠᠢ ᠬᠡᠷᠡᠭᠵᠢᠬᠦᠯᠦᠨ᠎ᠠ᠃ ︽ᠨᠠᠮ ᠵᠠᠰᠠᠭ ᠤᠨ ᠪᠠᠶᠢᠭᠤᠯᠭ᠎ᠠ ᠶᠢᠨ ᠠᠷᠪᠢᠯᠠᠨ ᠭᠠᠮᠨᠠᠬᠤ ᠶᠢ | ᠨᠠᠷᠢᠨ ᠬᠢᠨᠠᠮᠠᠭᠠᠢ ᠬᠡᠷᠡᠭᠵᠢᠬᠦᠯᠵᠤ ᠪᠦᠷᠢᠯᠬᠡᠬᠦ ᠶᠢ ᠡᠰᠡᠷᠭᠦᠴᠡᠬᠦ ᠲᠦᠷᠢᠮ︾ ᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠵᠣ᠂ ᠭᠦᠴᠢᠷᠳᠡᠯᠲᠠᠢ ᠪᠠᠷ ᠠᠮᠢᠳᠣᠷᠠᠬᠤ ᠦᠵᠡᠯ | ᠰᠠᠨᠠᠭ᠎ᠠ ᠶᠢ ᠪᠠᠳᠣ ᠪᠣᠢ ᠪᠣᠯᠭᠠᠵᠣ᠂ ᠲᠡᠩᠳᠡᠭᠦᠣ ᠦᠷᠡᠯᠭᠡᠬᠦ᠂ ᠪᠦᠷᠢᠯᠬᠡᠨ ᠰᠣᠶᠢᠳᠬᠡᠬᠦ ᠶᠢ ᠡᠷᠡᠰ ᠲᠡᠪᠴᠢᠨ᠎ᠠ᠃ ᠡᠳ᠋ ᠤᠨ ᠵᠠᠰᠠᠭ ᠤᠨ ᠵᠠᠷᠣᠯᠭ᠎ᠠ ᠶᠢᠨ ᠪᠦᠲᠦᠴᠡ | ᠶᠢ ᠲᠣᠬᠢᠷᠠᠭᠤᠯᠣᠨ ᠰᠢᠯᠢᠳᠡᠭᠵᠢᠭᠦᠯᠵᠣ᠂ ︽ᠲᠦᠷᠪᠡ ᠶᠢ ᠪᠠᠳᠣᠯᠠᠵᠣ᠂ ᠬᠤᠶᠠᠷ ᠢ ᠪᠠᠭᠠᠰᠬᠠᠬᠤ︾ ᠵᠠᠷᠴᠢᠮ ᠶᠣᠰᠣᠭᠠᠷ᠂ ᠡᠷᠬᠢᠯᠳᠡ ᠬᠢᠬᠦ᠂ ᠠᠷᠠᠳ ᠤᠨ | ᠠᠮᠢᠳᠣᠷᠠᠯ᠂ ᠦᠷᠢ ᠰᠢᠷᠢ ᠶᠢ ᠠᠷᠢᠯᠭᠠᠬᠤ᠂ ᠦᠷᠭᠦᠯᠵᠢᠯᠡᠨ ᠪᠦᠳᠦᠭᠡᠨ ᠪᠠᠶᠢᠭᠤᠯᠵᠤ ᠪᠠᠶᠢᠭ᠎ᠠ ᠭᠤᠣᠯᠳᠠᠯᠭ᠎ᠠ ᠲᠠᠢ ᠲᠦᠷᠦᠯ ᠵᠣᠶᠢᠯ ᠢ ᠤᠷᠢᠳᠠᠪᠠᠷ ᠪᠠᠳᠣᠯᠠᠵᠣ᠂ ︽ | ᠭᠤᠷᠪᠠᠨ ᠠᠯᠪᠠᠨ︾ ᠤ ᠵᠠᠷᠣᠳᠠᠯ ᠪᠠ ᠵᠠᠰᠠᠭ ᠤᠨ ᠣᠷᠳᠣᠨ ᠠᠴᠠ ᠪᠡᠯᠡ ᠣᠷᠣᠭᠤᠯᠣᠭᠰᠠᠨ ᠲᠦᠷᠦᠯ ᠵᠣᠶᠢᠯ ᠤᠨ ᠵᠠᠷᠣᠯᠭ᠎ᠠ ᠶᠢᠨ ᠬᠡᠪᠴᠢᠶ᠎ᠡ ᠶᠢ ᠴᠢᠨᠠᠭᠰᠢᠳᠠ | ᠪᠠᠭᠠᠰᠬᠠᠵᠣ᠂ ᠦᠬᠡᠷᠡᠭᠰᠡᠨ ᠵᠢᠯ ᠳᠤ ᠲᠣᠬᠢᠷᠠᠭᠤᠯᠣᠭᠰᠠᠨ ᠡᠩ ᠤᠨ ᠴᠢᠨᠠᠷᠳᠠᠢ ᠵᠠᠷᠣᠯᠭ᠎ᠠ ᠶᠢ ᠶᠡᠬᠡᠪᠡᠷ ᠪᠠᠭᠠᠰᠬᠠᠬᠤ ᠪᠤᠶᠤ ᠦᠭᠡᠶᠢᠰᠭᠡᠨ᠎ᠠ᠃ ᠠᠷᠠᠳ ᠤᠨ | ᠠᠮᠢᠳᠣᠷᠠᠯ ᠤᠨ ᠲᠦᠷᠦᠯ ᠵᠣᠶᠢᠯ ᠠᠴᠠ ᠭᠠᠳᠠᠨ᠎ᠠ᠂ ᠵᠠᠷᠴᠢᠮ ᠲᠡᠬᠡᠷ᠎ᠡ ᠪᠠᠨ ᠵᠠᠰᠠᠭ ᠤᠨ ᠣᠷᠳᠣᠨ ᠠᠴᠠ ᠪᠡᠯᠡ ᠣᠷᠣᠭᠤᠯᠣᠭᠰᠠᠨ ᠲᠦᠷᠦᠯ ᠵᠣᠶᠢᠯ ᠤᠨ ᠪᠠᠷᠢᠯᠭ᠎ᠠ | ᠶᠢ ᠰᠢᠨ᠎ᠡ ᠪᠠᠷ ᠡᠬᠢᠯᠡᠬᠦᠯᠦᠨ ᠪᠦᠳᠦᠭᠡᠨ ᠪᠠᠶᠢᠭᠤᠯᠬᠤ ᠦᠬᠡᠢ᠃ ᠵᠠᠮ ᠤᠨ ᠵᠠᠷᠣᠳᠠᠯ ᠵᠡᠷᠬᠡ ᠵᠠᠰᠠᠭ ᠵᠠᠬᠢᠷᠭᠠᠨ ᠤ ᠵᠠᠷᠣᠳᠠᠯ ᠤᠨ ᠵᠠᠷᠣᠯᠭ᠎ᠠ ᠶᠢ ᠴᠢᠩᠭ᠎ᠠ | ᠬᠢᠵᠠᠭᠠᠷᠯᠠᠵᠣ᠂ ᠪᠣᠳᠠᠳᠣ ᠠᠭᠤᠯᠭ᠎ᠠ ᠦᠬᠡᠢ ᠬᠤᠳᠠᠯᠳᠣᠭᠠᠴᠢᠨ ᠣᠷᠢᠵᠣ ᠪᠡᠯᠡ ᠣᠷᠣᠭᠤᠯᠬᠤ ᠪᠠ ᠭᠠᠳᠠᠭᠰᠢ ᠭᠠᠷᠴᠤ ᠰᠢᠯᠭᠠᠨ ᠪᠠᠶᠢᠴᠠᠭᠠᠬᠤ ᠪᠣᠯᠪᠠᠰᠣᠷᠠᠬᠤ ᠵᠡᠷᠬᠡ | ᠠᠵᠢᠯᠯᠠᠭ᠎ᠠ ᠳᠤ ᠴᠦᠮ ᠣᠷᠣᠯᠴᠠᠬᠤ ᠦᠬᠡᠢ᠃ ᠲᠦᠷᠦ ᠶᠢᠨ ᠶᠠᠪᠤᠳᠠᠯ ᠤᠨ ᠬᠤᠷᠢᠶᠠᠨ ᠤ ︽ᠲᠦᠷᠢᠮ ᠰᠠᠬᠢᠯᠭ᠎ᠠ ᠲᠤᠳᠠᠭᠠᠬᠤ︾ ᠱᠠᠭᠠᠷᠳᠠᠯᠭ᠎ᠠ ᠶᠢ | ᠲᠤᠶᠢᠯᠪᠤᠷᠢᠳᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ ᠤᠨ ᠤᠷᠳᠤᠨ ᠤ ᠴᠢᠨᠠᠷᠳᠠᠢ ᠠᠰᠠᠷ ᠲᠠᠭᠳᠤ ᠶᠢ ᠴᠦᠮ ᠰᠢᠨ᠎ᠠ ᠪᠠᠷ ᠪᠦᠳᠦᠭᠡᠨ ᠪᠠᠶᠢᠭᠤᠯᠵᠤ | ᠪᠤᠯᠬᠤ ᠦᠭᠡᠢ᠂ ᠡᠳ᠋ ᠤᠨ ᠵᠠᠰᠠᠭ ᠠᠴᠠ ᠲᠡᠵᠢᠭᠡᠵᠤ ᠪᠠᠶᠢᠭ᠎ᠠ ᠬᠦᠮᠦᠰ ᠢ ᠬᠠᠰᠤᠭᠳᠠᠭᠤᠯᠬᠤ ᠠᠴᠠ ᠪᠢᠰᠢ ᠨᠡᠮᠡᠭᠳᠡᠬᠦᠯᠬᠦ ᠦᠭᠡᠢ᠂ ᠠᠯᠪᠠᠨ ᠵᠠᠷᠤᠳᠠᠯ ᠢᠶᠠᠷ | ᠵᠤᠴᠢᠯᠠᠬᠤ᠂ ᠭᠠᠳᠠᠭᠠᠳᠤ ᠳᠤ ᠭᠠᠷᠬᠤ᠂ ᠲᠡᠷᠭᠡ ᠬᠤᠳᠠᠯᠳᠤᠨ ᠠᠪᠬᠤ ᠶᠢ ᠬᠠᠰᠤᠭᠳᠠᠭᠤᠯᠬᠤ ᠠᠴᠠ ᠪᠢᠰᠢ ᠨᠡᠮᠡᠭᠳᠡᠬᠦᠯᠬᠦ ᠦᠭᠡᠢ᠃ ᠠᠯᠪᠠᠳᠠᠨ ᠤ ᠡᠩᠨᠡᠭᠡ ᠶᠢᠨ | ᠠᠵᠢᠯᠴᠢ ᠠᠷᠪᠢᠴᠢ ᠠᠷᠪᠢᠯᠠᠨ ᠭᠠᠮᠨᠠᠬᠤ ᠳᠤ ᠬᠢᠨᠠᠯᠳᠠ ᠲᠠᠯᠪᠢᠨ ᠬᠦᠯᠢᠶᠡᠰᠦᠯᠡᠬᠦ ᠶᠢ ᠴᠢᠩᠭᠠᠳᠬᠠᠵᠤ᠂ ᠪᠦᠬᠦ ᠨᠡᠶᠢᠭᠡᠮ ᠢ ᠲᠠᠶᠢᠴᠢᠯᠠᠨ ᠠᠷᠪᠢᠯᠠᠨ ᠭᠠᠮᠨᠠᠬᠤ ᠰᠤᠷᠳᠠᠯ | ᠢ ᠪᠦᠷᠢᠯᠳᠤᠬᠦᠯᠦᠨ᠎ᠠ᠃ | ᠴᠢᠬᠡᠴᠢ ᠵᠠᠰᠠᠭ ᠤᠨ ᠪᠠᠶᠢᠭᠤᠯᠣᠯᠳᠠ ᠶᠢ ᠴᠢᠩᠭᠠᠳᠬᠠᠨ᠎ᠠ᠃ ᠬᠤᠳᠠ ᠬᠤᠰᠢᠭᠤ ᠬᠤᠶᠠᠷ ᠱᠠᠳᠣᠨ ᠤ ᠤᠯᠠᠨ ᠨᠡᠶᠢᠳᠡ ᠶᠢᠨ ᠡᠬᠢ ᠪᠠᠶᠠᠯᠢᠭ ᠢ | ᠠᠷᠠᠯᠵᠢᠶᠠᠯᠠᠬᠤ ᠲᠠᠪᠴᠠᠩ ᠤᠨ ᠪᠠᠶᠢᠭᠤᠯᠣᠯᠳᠠ ᠶᠢ ᠲᠡᠭᠦᠯᠳᠡᠷᠵᠢᠭᠦᠯᠵᠣ᠂ ᠵᠠᠰᠠᠭ ᠤᠨ ᠣᠷᠳᠣᠨ ᠠᠴᠠ ᠪᠡᠯᠡ ᠣᠷᠣᠭᠤᠯᠣᠭᠰᠠᠨ ᠲᠦᠷᠦᠯ ᠵᠣᠶᠢᠯ ᠢ ᠨᠡᠶᠢᠬᠡᠮ | ᠳᠤ ᠢᠯᠠ ᠪᠣᠯᠭᠠᠬᠤ ᠪᠠ ᠲᠠᠭᠠᠭᠠᠴᠢᠯᠠᠯᠳᠠ ᠵᠠᠷᠯᠠᠬᠤ ᠬᠦᠯᠢᠶᠡᠬᠦ ᠲᠦᠷᠢᠮ ᠢ ᠴᠢᠩᠭ᠎ᠠ ᠬᠡᠷᠡᠭᠵᠢᠭᠦᠯᠵᠣ᠂ ᠠᠯᠢᠪᠠ ᠤᠯᠠᠨ ᠨᠡᠶᠢᠳᠡ ᠶᠢᠨ ᠡᠬᠢ ᠪᠠᠶᠠᠯᠢᠭ ᠢ | ᠲᠠᠪᠴᠠᠩ ᠳᠤ ᠣᠷᠣᠭᠤᠯᠣᠨ ᠲᠦᠪᠯᠡᠷᠡᠭᠦᠯᠦᠨ ᠠᠷᠠᠯᠵᠢᠶᠠᠯᠠᠨ᠎ᠠ᠃ ᠪᠠᠷᠢᠯᠭ᠎ᠠ ᠶᠢᠨ ᠪᠦᠲᠦᠬᠡᠨ ᠪᠠᠶᠢᠭᠤᠯᠣᠯᠳᠠ ᠶᠢᠨ ᠬᠦᠷᠢᠶ᠎ᠡ ᠬᠡᠪᠴᠢᠶ᠎ᠡ ᠪᠠ ᠪᠠᠷᠢᠮᠵᠢᠶ᠎ᠠ ᠶᠢ | ᠴᠢᠩᠭ᠎ᠠ ᠬᠢᠵᠠᠭᠠᠷᠯᠠᠵᠣ᠂ ᠲᠦᠰᠦᠪ᠂ ᠪᠠᠷᠢᠮᠵᠢᠶ᠎ᠠ ᠠᠴᠠ ᠲᠠᠪᠠᠭᠤᠯᠣᠨ ᠪᠦᠲᠦᠬᠡᠨ ᠪᠠᠶᠢᠭᠤᠯᠬᠤ ᠣᠶᠢᠯᠠ ᠠᠵᠢᠯᠯᠠᠭ᠎ᠠ ᠶᠢ ᠡᠷᠡᠰ ᠲᠡᠪᠴᠢᠵᠤ᠂ ᠲᠦᠷᠦᠯ ᠵᠣᠶᠢᠯ ᠤᠨ | ᠪᠦᠲᠦᠬᠡᠨ ᠪᠠᠶᠢᠭᠤᠯᠣᠯᠳᠠ ᠶᠢ ᠨᠠᠰᠣᠨ ᠲᠣᠷᠰᠢ ᠬᠠᠷᠢᠭᠤᠴᠠᠬᠤ ᠲᠦᠷᠢᠮ ᠢ ᠬᠡᠷᠡᠭᠵᠢᠭᠦᠯᠦᠨ᠎ᠡ᠃ ᠺᠡᠳ᠋ᠷᠴᠣᠳ ᠤᠨ ᠠᠵᠢᠯ ᠠᠮᠢᠳᠣᠷᠠᠯ ᠤᠨ ᠲᠠᠯ᠎ᠠ ᠪᠠᠷ ᠬᠢ | ᠬᠦᠷᠳᠡᠬᠡᠮᠵᠢ ᠶᠢᠨ ᠲᠣᠬᠠᠢ ᠲᠦᠪ ᠬᠤᠷᠢᠶ᠎ᠠ ᠶᠢᠨ ᠲᠣᠭᠳᠠᠭᠠᠯ ᠢ ᠴᠢᠩᠭ᠎ᠠ ᠬᠡᠷᠡᠭᠵᠢᠭᠦᠯᠵᠣ᠂ ᠠᠯᠪᠠᠨ ᠬᠡᠷᠡᠭᠯᠡᠭᠡᠨ ᠤ ᠲᠡᠷᠬᠡ ᠪᠠ ᠬᠡᠷ ᠪᠠᠶᠢᠰᠢᠩ ᠤᠨ ᠬᠠᠮᠢᠶᠠᠷᠣᠯᠳᠠ | ᠶᠢᠨ ᠣᠷᠳᠣ ᠬᠤᠭᠤᠴᠠᠭᠠᠨ ᠤ ᠪᠦᠲᠦᠮᠵᠢᠲᠠᠢ ᠲᠣᠭᠳᠠᠴᠠ ᠶᠢ ᠪᠠᠶᠢᠭᠤᠯᠣᠨ᠎ᠠ᠃ ᠡᠳ᠋ ᠤᠨ ᠵᠠᠰᠠᠭ ᠤᠨ ᠪᠡᠯᠡ ᠮᠦᠡᠭᠬᠦᠨ ᠤ ᠲᠦᠰᠦᠪ᠂ ᠰᠠᠯᠭᠠᠨ ᠦᠭᠬᠦ᠂ | ᠬᠡᠷᠡᠭᠯᠡᠬᠦ᠂ ᠬᠢᠷᠢ ᠪᠦᠲᠦᠮᠵᠢ ᠶᠢ ᠦᠨᠡᠯᠡᠬᠦ᠂ ᠪᠡᠯᠡ ᠣᠷᠣᠭᠤᠯᠣᠯᠳᠠ ᠶᠢ ᠬᠢᠨᠠᠨ ᠲᠤᠭᠳᠠᠭᠠᠬᠤ ᠬᠠᠮᠢᠶᠠᠷᠣᠯᠳᠠ ᠶᠢᠨ ᠲᠦᠷᠢᠮ ᠢ ᠲᠡᠭᠦᠯᠳᠡᠷᠵᠢᠭᠦᠯᠵᠣ᠂ ᠡᠳ᠋ ᠤᠨ | ᠵᠠᠰᠠᠭ ᠤᠨ ᠪᠡᠯᠡ ᠮᠦᠩᠭᠦᠨ ᠤ ᠬᠡᠷᠡᠭᠯᠡᠯᠳᠠ ᠶᠢᠨ ᠬᠢᠨᠠᠨ ᠬᠠᠮᠢᠶᠠᠷᠣᠯᠳᠠ ᠶᠢ ᠴᠢᠩᠭᠠᠳᠬᠠᠨ᠎ᠠ᠃ ᠣᠯᠣᠰ ᠤᠨ ᠦᠮᠴᠢᠯᠡᠯ ᠤᠨ ᠡᠳ᠋ ᠬᠦᠷᠦᠩᠬᠡ ᠶᠢ ᠬᠢᠨᠠᠨ | ᠬᠠᠮᠢᠶᠠᠷᠬᠤ ᠪᠠᠶᠢᠭᠤᠯᠣᠯ ᠪᠠ ᠠᠷᠭ᠎ᠠ ᠬᠡᠯᠪᠡᠷᠢ ᠶᠢ ᠲᠡᠭᠦᠯᠳᠡᠷᠵᠢᠭᠦᠯᠵᠣ᠂ ᠣᠯᠣᠰ ᠤᠨ ᠦᠮᠴᠢᠯᠡᠯ ᠤᠨ ᠡᠳ᠋ ᠬᠦᠷᠦᠩᠬᠡ ᠶᠢ ᠰᠢᠢᠳᠪᠦᠷᠢᠯᠡᠬᠦ᠂ ᠦᠮᠴᠢᠯᠡᠬᠦ ᠡᠷᠬᠡ ᠶᠢ | ᠬᠤᠪᠢᠷᠠᠭᠠᠬᠤ ᠵᠡᠷᠬᠡ ᠲᠡᠰ ᠲᠠᠷᠠᠭᠠᠯᠠᠯ ᠢ ᠴᠢᠨᠠᠭᠰᠢᠳᠠ ᠲᠦᠷᠢᠮᠵᠢᠬᠦᠯᠦᠨ᠎ᠠ᠃ ᠵᠠᠰᠠᠭ ᠵᠠᠬᠢᠷᠭᠠᠨ ᠤ ᠬᠢᠨᠠᠨ ᠪᠠᠶᠢᠴᠠᠭᠠᠬᠤ ᠪᠠ ᠬᠢᠨᠠᠨ ᠪᠤᠳᠤᠵᠤ ᠬᠢᠨᠠᠯᠳᠠ ᠲᠠᠯᠪᠢᠬᠤ | ᠶᠢ ᠴᠢᠩᠭᠠᠳᠬᠠᠵᠤ᠂ ᠬᠠᠣᠯᠢ ᠴᠠᠭᠠᠵᠠ᠂ ᠲᠦᠷᠢᠮ ᠲᠣᠭᠳᠠᠭᠠᠯ ᠵᠦᠷᠢᠴᠡᠭᠰᠡᠨ ᠬᠡᠷᠡᠭ ᠢ ᠴᠢᠩᠭ᠎ᠠ ᠪᠠᠶᠢᠴᠠᠭᠠᠨ ᠰᠢᠢᠳᠪᠤᠷᠢᠯᠠᠨ᠎ᠠ᠃ ᠠᠯᠪᠠᠳᠠᠨ ᠤ ᠠᠷᠢᠭᠤᠨ | ᠴᠢᠭᠡᠴᠢ ᠪᠠᠷ ᠵᠠᠰᠠᠭ ᠤᠨ ᠠᠵᠢᠯ ᠬᠢᠬᠦ ᠳᠤ ᠬᠢᠨᠠᠯᠳᠠ ᠲᠠᠯᠪᠢᠬᠤ ᠪᠠ ᠬᠠᠮᠢᠶᠠᠷᠤᠯᠳᠠ ᠬᠢᠬᠦ ᠶᠢ ᠴᠢᠩᠭᠠᠳᠬᠠᠵᠤ᠂ ᠡᠷᠭᠡ ᠪᠠᠨ ᠠᠰᠢᠭᠯᠠᠨ ᠬᠤᠪᠢ ᠪᠠᠨ ᠪᠤᠷᠳᠤᠬᠤ᠂ | ᠬᠠᠷᠢᠭᠤᠴᠠᠯᠭ᠎ᠠ ᠪᠠᠨ ᠠᠯᠳᠠᠵᠤ ᠲᠤᠰᠢᠶᠠᠯ ᠢᠶᠠᠨ ᠭᠤᠳᠤᠭᠠᠬᠤ ᠵᠡᠷᠭᠡ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠤᠷᠢᠯᠠᠵᠤ᠂ ᠠᠷᠢᠭᠤᠨ ᠴᠢᠬᠡᠴᠢ ᠰᠢᠨ᠎ᠡ | ᠲᠦᠷᠢ ᠲᠦᠷᠬᠦ ᠶᠢ ᠪᠣᠢ ᠪᠣᠯᠭᠠᠨ᠎ᠠ᠃ | ᠲᠦᠯᠦᠬᠡᠯᠡᠭᠴᠢᠳ ᠡ᠂ ᠰᠢᠨ᠎ᠠ ᠨᠢᠭᠡᠨ ᠵᠢᠯ ᠡᠬᠢᠯᠡᠬᠦᠶᠠ᠂ ᠲᠦᠮᠠᠨ ᠪᠤᠳᠠᠰ ᠰᠢᠨᠠᠳᠴᠤ᠂ ᠢᠷᠡᠭᠡᠳᠤᠢ ᠪᠠᠨ ᠪᠠᠷᠠᠭᠠᠯᠠᠬᠤᠶ᠎ᠠ᠂ ᠢᠳᠡᠭᠡᠯ ᠵᠤᠷᠢᠭ | ᠲᠡᠬᠦᠯᠳᠡᠷᠵᠢᠨᠠᠮ᠃ ᠤᠷᠤᠭᠰᠢᠯᠠᠯᠳᠠ ᠶᠢᠨ ᠵᠠᠮ ᠲᠡᠭᠡᠷ᠎ᠠ ᠬᠡᠳᠦᠶᠢᠪᠠᠷ ᠬᠦᠴᠢᠷ ᠪᠡᠷᠭᠡᠰᠢᠶᠠᠯ ᠪᠠ ᠠᠶᠤᠯ ᠲᠦᠭᠰᠢᠬᠦᠷᠢ ᠪᠠᠶᠢᠪᠠᠴᠤ᠂ ᠬᠡᠷᠪᠠ ᠪᠦᠬᠦ ᠬᠤᠳᠠ ᠶᠢᠨ ᠤᠯᠠᠨ | ᠲᠦᠮᠠᠨ ᠨᠢᠭᠡ ᠰᠡᠳᠬᠢᠯ ᠨᠢᠭᠡ ᠵᠤᠷᠢᠭ ᠢᠶᠠᠷ ᠵᠠᠮ ᠨᠡᠭᠡᠭᠡᠨ ᠤᠷᠤᠭᠰᠢᠯᠠᠬᠤ ᠳᠤ ᠬᠦᠷᠪᠠᠯ᠂ ᠪᠢᠳᠠᠨ ᠳᠤ ᠢᠯᠠᠨ ᠲᠠᠪᠠᠰᠢ ᠦᠭᠡᠢ ᠬᠦᠴᠢᠷ ᠪᠡᠷᠭᠡᠰᠢᠶᠡᠯ ᠪᠠ ᠠᠶᠤᠯ | ᠲᠦᠭᠰᠢᠬᠦᠷᠢ ᠬᠡᠵᠤ ᠪᠠᠶᠢᠬᠤ ᠦᠭᠡᠢ ᠶᠤᠮ᠃ ᠤᠷᠳᠤᠰ ᠤᠨ ᠠᠵᠤ ᠠᠬᠤᠢ ᠨᠡᠶᠢᠭᠡᠮ ᠤᠨ ᠬᠦᠭᠵᠢᠯᠳᠠ ᠶᠢᠨ ᠢᠷᠡᠭᠡᠳᠤᠢ ᠰᠠᠷᠠᠭᠤᠯ ᠠᠭᠤᠳᠠᠮ᠂ ᠲᠠᠯᠳᠠ ᠬᠦᠴᠦᠨ | ᠯᠤᠳᠤ ᠶᠡᠭᠡ ᠪᠠᠶᠢᠵᠤ᠂ ᠤᠷᠳᠤᠰ ᠤᠨ ᠮᠠᠷᠭᠠᠰᠢ ᠯᠠᠪᠳᠠᠶᠢᠶ᠎ᠠ ᠨᠠᠩ ᠭᠤᠶᠤ ᠰᠠᠶᠢᠬᠠᠨ ᠪᠤᠯᠬᠤ ᠰᠠᠨ ᠬᠡᠰᠡᠨ ᠢ ᠪᠢᠳᠠ ᠪᠠᠳᠤ ᠢᠳᠡᠭᠡᠵᠤ ᠪᠠᠶᠢᠨ᠎ᠠ᠃ ᠪᠢᠳᠠ ᠬᠤᠳᠠ | ᠶᠢᠨ ᠨᠠᠮ ᠤᠨ ᠬᠤᠷᠢᠶ᠎ᠠ ᠶᠢᠨ ᠪᠠᠳᠣ ᠴᠢᠩᠭ᠎ᠠ ᠣᠳᠣᠷᠢᠳᠣᠯᠭ᠎ᠠ ᠲᠣᠣᠷ᠎ᠠ᠂ ᠰᠡᠳᠬᠢᠯ ᠢᠶᠠᠨ ᠨᠢᠬᠡᠳᠬᠡᠨ ᠭᠦᠴᠦ ᠪᠠᠨ ᠬᠠᠮᠳᠣᠳᠬᠠᠵᠣ᠂ ᠴᠠᠭ ᠤᠨ ᠭᠠᠴᠢᠭ ᠢ | ᠬᠠᠮᠳᠣᠪᠠᠷ ᠢᠯᠠᠨ ᠲᠠᠪᠠᠵᠣ᠂ ᠦᠬᠡᠷᠡᠴᠢᠯᠡᠯᠳᠡ ᠬᠦᠭᠵᠢᠯᠳᠡ ᠶᠢᠨ ᠡᠯ᠎ᠡ ᠲᠦᠷᠦᠯ ᠤᠨ ᠠᠵᠢᠯ ᠢ ᠯᠠᠪᠳᠠᠭᠤᠨ ᠪᠠᠳᠤᠳᠠᠢ ᠪᠠᠷ ᠰᠠᠶᠢᠳᠣᠷ ᠬᠢᠵᠣ᠂ ᠨᠡᠩ ᠪᠣᠳᠠᠳᠣ | ᠭᠦᠴᠦᠨ ᠲᠠᠢ᠂ ᠭᠤᠶᠣ ᠰᠠᠶᠢᠬᠠᠨ᠂ ᠠᠮᠢᠵᠢᠷᠠᠯ ᠤᠨ ᠭᠦᠴᠦᠨ ᠲᠠᠢ᠂ ᠵᠣᠯ ᠵᠢᠷᠭᠠᠯᠳᠠᠢ ᠣᠷᠳᠣᠰ ᠢ ᠪᠦᠳᠦᠭᠡᠨ ᠪᠠᠶᠢᠭᠤᠯᠬᠤ ᠶᠢᠨ ᠲᠦᠯᠦᠬᠡ ᠴᠢᠷᠮᠠᠶᠢᠨ | ᠲᠡᠮᠡᠴᠡᠵᠡᠬᠡᠶᠠ︕ | | | | | | ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠨᠡᠷᠡᠰ ᠤᠨ ᠲᠠᠶᠢᠯᠪᠣᠷᠢ | ᠱᠠᠨ ᠰᠢ ᠪᠡᠬᠡᠵᠢᠩ ᠤᠨ ᠲᠦᠷᠪᠡᠨ ᠱᠣᠭᠤᠮ ᠪᠠᠶᠢᠭᠠᠯᠢ ᠶᠢᠨ ᠰᠢᠳᠠᠮᠠᠬᠠᠢ ᠬᠡᠢ ᠶᠢ ᠲᠠᠮᠵᠢᠭᠤᠯᠣᠨ ᠬᠦᠷᠬᠡᠬᠦ ᠬᠤᠭᠤᠯᠠᠢ᠄ ᠲᠣᠰ ᠬᠡᠢ ᠲᠠᠮᠵᠢᠭᠤᠯᠬᠤ | ᠬᠤᠭᠤᠯᠠᠢ ᠱᠣᠭᠤᠮ ᠨᠢ ᠱᠠᠨᠰᠢ ᠮᠣᠵᠢ ᠶᠢᠨ ᠵᠢᠩ ᠪᠢᠶᠠᠨ ᠰᠢᠶᠠᠨ ᠠᠴᠠ ᠡᠬᠢᠯᠡᠵᠣ ᠪᠡᠬᠡᠵᠢᠩ ᠳᠤ ᠬᠦᠷᠦᠨ᠎ᠡ᠂ ᠪᠦᠬᠦ ᠣᠷᠳᠣ ᠨᠢ 1063 ᠺᠢᠯᠣᠮᠧᠲᠷ᠂ ᠬᠡᠢ | ᠶᠢᠨ ᠢᠷᠡᠯᠳᠡ ᠨᠢ ᠲᠣᠮᠳᠠᠳᠣ ᠣᠯᠣᠰ ᠤᠨ ᠴᠢᠯᠠᠭᠤᠨ ᠲᠣᠰᠣᠨ ᠤ ᠴᠠᠩ ᠴᠢᠩ ᠤᠨ ᠴᠢᠯᠠᠭᠤᠨ ᠲᠣᠰᠣᠨ ᠤ ᠠᠢ ᠰᠠᠪᠠ ᠶᠢᠨ ᠺᠣᠮᠫᠠᠨᠢ ᠶᠢᠨ ᠱᠦᠷᠭᠡᠢ ᠶᠢᠨ | ᠰᠢᠳᠠᠮᠠᠬᠠᠢ ᠬᠡᠢ ᠶᠢᠨ ᠠᠭᠤᠷᠬᠠᠢ ᠪᠣᠯᠣᠨ᠎ᠠ᠃ ᠣᠷᠳᠣᠰ ᠤᠨ ᠬᠢᠵᠠᠭᠠᠷ ᠲᠠᠬᠢ ᠬᠤᠭᠤᠯᠠᠢ ᠶᠢᠨ ᠣᠷᠳᠣ ᠨᠢ 282.2 ᠺᠢᠯᠣᠮᠧᠲᠷ ᠪᠣᠯᠣᠨ᠎ᠠ᠃ | ᠪᠣᠳᠠᠰ ᠤᠨ ᠢᠨᠲ᠋ᠧᠷᠨᠧᠲ ᠰᠦᠯᠵᠢᠶ᠎ᠡ ᠬᠡᠳᠡᠭ ᠨᠢ ᠡᠯ᠎ᠡ ᠲᠦᠷᠦᠯ ᠤᠨ ᠪᠣᠳᠠᠰ ᠲᠡᠬᠡᠷ᠎ᠡ ᠣᠭᠰᠠᠷᠠᠭᠤᠯᠣᠭᠰᠠᠨ ᠰᠠᠴᠣᠷᠠᠯ ᠲᠠᠪᠳᠠᠮᠵᠢ ᠪᠠᠷ ᠢᠯᠭᠠᠨ ᠲᠠᠨᠢᠬᠤ | ᠂ ᠰᠡᠷᠡᠯ ᠲᠠᠮᠵᠢᠭᠤᠯᠣᠭᠴᠢ᠂ ᠬᠤᠶᠠᠷ ᠬᠡᠮᠵᠢᠯ ᠤᠨ ᠲᠤᠭ᠎ᠠ ᠪᠠᠷ ᠲᠠᠮᠵᠢᠨ᠂ ᠵᠠᠯᠭᠠᠳᠠᠰᠣ ᠪᠠᠷ ᠲᠠᠮᠵᠢᠵᠣ ᠣᠳᠠᠰᠣ ᠦᠬᠡᠢ ᠰᠦᠯᠵᠢᠶ᠎ᠡ ᠲᠠᠢ ᠵᠠᠯᠭᠠᠯᠳᠣᠵᠣ ᠬᠦᠮᠦᠨ | ᠪᠠ ᠪᠣᠳᠠᠰ᠂ ᠪᠣᠳᠠᠰ ᠪᠠ ᠪᠣᠳᠠᠰ ᠤᠨ ᠬᠤᠭᠤᠷᠣᠨᠳᠣᠬᠢ ᠨᠡᠪᠲᠡᠷᠡᠯᠴᠡᠭᠡ ᠪᠠ ᠬᠠᠷᠢᠯᠴᠠᠭ᠎ᠠ ᠶᠢ ᠪᠡᠶᠡᠯᠡᠭᠦᠯᠬᠦ ᠶᠢ ᠵᠢᠭᠠᠵᠣ ᠪᠠᠶᠢᠨ᠎ᠠ᠂ ᠡᠨᠡ ᠨᠢ ᠰᠢᠨ᠎ᠡ ᠦᠶ᠎ᠡ ᠶᠢᠨ | ᠴᠢᠮᠡᠭᠡ ᠵᠠᠩᠬᠢ ᠶᠢᠨ ᠮᠡᠷᠭᠡᠵᠢᠯ ᠤᠨ ᠴᠢᠬᠤᠯᠠ ᠪᠦᠷᠢᠯᠳᠦᠭᠦᠨ ᠬᠡᠰᠡᠭ ᠪᠣᠯᠣᠨ᠎ᠠ᠃ | ᠬᠤᠭᠤᠴᠠᠭᠠᠳᠣ ᠪᠠᠷᠠᠭ᠎ᠠ ᠶᠢ ᠲᠠᠰᠣᠯᠣᠨ ᠪᠣᠳᠣᠬᠤ ᠬᠦᠮᠦᠷᠬᠡ ᠬᠡᠳᠡᠭ ᠨᠢ ᠬᠤᠭᠤᠴᠠᠭᠠᠳᠣ ᠪᠠᠷᠠᠭᠠᠨ ᠤ ᠠᠷᠠᠯᠵᠢᠶᠠᠨ ᠤ ᠭᠠᠵᠠᠷ ᠨᠢ ᠲᠠᠰᠣᠯᠣᠨ ᠪᠣᠳᠣᠬᠤ | ᠬᠤᠭᠤᠴᠠᠭ᠎ᠠ ᠳᠤ ᠣᠷᠣᠭᠰᠠᠨ ᠬᠡᠷ᠎ᠡ ᠶᠢ ᠪᠣᠳᠠᠳᠣ ᠪᠣᠳᠠᠰ ᠢᠶᠠᠷ ᠲᠠᠰᠣᠯᠣᠨ ᠪᠣᠳᠣᠬᠤ ᠶᠢ ᠪᠡᠶᠡᠯᠡᠭᠦᠯᠬᠦ ᠶᠢᠨ ᠲᠦᠯᠦᠬᠡ ᠲᠠᠸᠠᠷ ᠤᠨ ᠭᠤᠣᠯ ᠣᠶᠢᠯᠡᠳᠪᠦᠷᠢᠯᠡᠯ | ᠤᠨ ᠣᠷᠣᠨ ᠪᠣᠶᠣ ᠭᠤᠣᠯ ᠬᠡᠷᠡᠭᠯᠡᠬᠡᠨ ᠤ ᠣᠷᠣᠨ ᠳᠤ ᠲᠣᠰᠬᠠᠢ ᠲᠠᠸᠠᠷ ᠢ ᠬᠠᠳᠠᠭᠠᠯᠠᠨ ᠨᠦᠬᠡᠴᠡᠯᠡᠬᠦ ᠣᠷᠣᠨ ᠪᠦᠰᠡ ᠪᠠᠶᠢᠭᠤᠯᠵᠣ᠂ ᠬᠡᠷ᠎ᠡ ᠶᠢᠨ ᠬᠤᠳᠠᠯᠳᠤᠭ᠎ᠠ | ᠶᠢᠨ ᠬᠤᠶᠠᠷ ᠲᠠᠯ᠎ᠠ ᠶᠢᠨ ᠬᠢᠨ ᠳᠤ ᠪᠡᠯᠡᠨ ᠵᠣᠭᠤᠰ ᠢᠶᠠᠷ ᠠᠷᠭᠠᠴᠠᠬᠤ ᠶᠢ ᠪᠡᠶᠡᠯᠡᠭᠦᠯᠬᠦ ᠳᠤ ᠲᠦᠭᠦᠮ ᠦᠵᠡᠭᠦᠯᠵᠣ᠂ ᠠᠷᠠᠯᠵᠢᠶ᠎ᠠ ᠶᠢ ᠪᠡᠶᠡᠯᠡᠭᠦᠯᠬᠦ ᠶᠢ | ᠵᠢᠭᠠᠵᠣ ᠪᠠᠶᠢᠨ᠎ᠠ᠃ | ᠡᠯᠧᠺᠲᠷᠣᠨ ᠬᠤᠳᠠᠯᠳᠣᠭᠠᠨ ᠤ ᠶᠠᠪᠣᠳᠠᠯ ᠬᠡᠳᠡᠭ ᠨᠢ ᠢᠨᠲ᠋ᠧᠷᠨᠧᠲ ᠰᠦᠯᠵᠢᠶᠠᠨ ᠲᠡᠬᠡᠷ᠎ᠡ ᠡᠯᠧᠺᠲᠷᠣᠨ ᠠᠷᠠᠯᠵᠢᠶᠠᠨ ᠤ ᠬᠡᠯᠪᠡᠷᠢ ᠪᠠᠷ ᠠᠷᠠᠯᠵᠢᠶᠠᠯᠠᠬᠤ | ᠵᠢᠴᠢ ᠬᠤᠯᠪᠣᠭᠳᠠᠯ ᠪᠦᠬᠦᠢ ᠣᠶᠢᠯᠡᠴᠢᠯᠡᠭᠡ ᠬᠠᠩᠭᠠᠬᠤ ᠣᠶᠢᠯᠠ ᠠᠵᠢᠯᠯᠠᠭ᠎ᠠ ᠶᠢ ᠵᠢᠭᠠᠵᠣ ᠪᠠᠶᠢᠨ᠎ᠠ᠃ | ᠬᠦᠬᠡᠬᠤᠳᠠ ᠪᠣᠭᠤᠳᠣ ᠣᠷᠳᠣᠰ ᠤᠨ ᠬᠤᠳᠠ ᠶᠢᠨ ᠰᠦᠷᠦᠭᠵᠢᠯ ᠬᠡᠳᠡᠭ ᠨᠢ ᠲᠦᠪ ᠤᠨ ᠬᠤᠳᠠ ᠪᠠᠯᠭᠠᠰᠣᠵᠢᠯᠳᠠ ᠶᠢᠨ ᠠᠵᠢᠯ ᠤᠨ ᠬᠤᠷᠠᠯ ᠲᠡᠬᠡᠷ᠎ᠡ | ᠲᠣᠷᠠᠳᠣᠨ ᠭᠠᠷᠭᠠᠭᠰᠠᠨ 17 ᠣᠷᠣᠨ ᠪᠦᠰᠡ ᠶᠢᠨ ᠴᠢᠨᠠᠷᠲᠠᠢ ᠬᠤᠳᠠ ᠶᠢᠨ ᠰᠦᠷᠦᠭᠵᠢᠯ ᠤᠨ ᠨᠢᠭᠡ ᠶᠢ ᠵᠢᠭᠠᠵᠣ ᠪᠠᠶᠢᠨ᠎ᠠ᠂ ᠬᠦᠬᠡᠬᠤᠳᠠ᠂ ᠪᠣᠭᠤᠳᠣ᠂ | ᠣᠷᠳᠣᠰ ᠬᠤᠳᠠ ᠪᠠᠷ ᠪᠦᠷᠢᠯᠳᠦᠨ᠎ᠡ᠃ | ᠰᠠᠭᠤᠭᠠᠯᠢ ᠠᠷᠠᠳ ᠤᠨ ᠬᠡᠷᠡᠭᠯᠡᠬᠡᠨ ᠤ ᠦᠨ᠎ᠡ ᠬᠠᠩᠰᠢ ᠶᠢᠨ ᠵᠢᠭᠠᠯᠳᠠ ᠲᠤᠭ᠋᠎ᠠ ᠄ ᠲᠣᠪᠴᠢ ᠲᠠᠭᠤᠳᠠᠯᠭ᠎ᠠ ᠨᠢ CPI ᠬᠡᠳᠡᠭ᠂ ᠰᠠᠭᠤᠭᠠᠯᠢ ᠠᠷᠠᠳ ᠤᠨ | ᠬᠡᠷ ᠪᠦᠯᠢ ᠶᠢᠨ ᠶᠡᠷᠦ ᠶᠢᠨ ᠬᠤᠳᠠᠯᠳᠣᠵᠣ ᠠᠪᠣᠭᠰᠠᠨ ᠬᠡᠷᠡᠭᠯᠡᠬᠡᠨ ᠤ ᠲᠠᠸᠠᠷ ᠪᠠ ᠣᠶᠢᠯᠡᠴᠢᠯᠡᠬᠡᠨ ᠤ ᠦᠨ᠎ᠡ ᠬᠠᠩᠰᠢ ᠶᠢᠨ ᠬᠢᠷᠢ ᠲᠦᠪᠰᠢᠨ ᠤ ᠬᠤᠪᠢᠷᠠᠯᠳᠠ | ᠶᠢᠨ ᠪᠠᠶᠢᠳᠠᠯ ᠢ ᠲᠣᠰᠬᠠᠬᠤ ᠬᠤᠷᠸ᠎ᠠ ᠠᠵᠣ ᠠᠬᠤᠢ ᠶᠢᠨ ᠭᠦᠢᠴᠡᠳᠬᠡᠯ ᠲᠤᠭ᠎ᠠ ᠪᠣᠯᠣᠨ᠎ᠠ᠃ | ᠣᠷᠴᠢᠨ ᠲᠣᠭᠤᠷᠢᠨ ᠤ ᠬᠠᠮᠠᠭᠠᠯᠠᠯᠳᠠ ᠶᠢᠨ ︽ᠭᠤᠷᠪᠠᠨ ᠵᠡᠷᠬᠡᠪᠡᠷ ᠪᠠᠶᠢᠬᠤ︾ ᠲᠦᠷᠢᠮ ᠬᠡᠳᠡᠭ ᠨᠢ ᠪᠦᠲᠦᠬᠡᠨ ᠪᠠᠶᠢᠭᠤᠯᠣᠯᠳᠠ ᠶᠢᠨ ᠲᠦᠷᠦᠯ ᠵᠣᠶᠢᠯ ᠲᠣᠮᠳᠠ | ᠪᠣᠬᠢᠷᠳᠣᠯ ᠢ ᠰᠡᠷᠭᠡᠶᠢᠯᠡᠬᠦ ᠲᠦᠭᠦᠭᠡᠷᠣᠮᠵᠢ ᠶᠢ ᠡᠷᠬᠡᠪᠰᠢ ᠭᠤᠣᠯ ᠴᠣᠭᠴᠠ ᠶᠢᠨ ᠪᠠᠷᠢᠯᠭ᠎ᠠ ᠲᠠᠢ ᠵᠡᠷᠬᠡᠪᠡᠷ ᠵᠢᠷᠣᠭᠯᠠᠨ ᠲᠦᠯᠦᠪᠯᠡᠵᠣ᠂ ᠵᠡᠷᠬᠡᠪᠡᠷ ᠪᠠᠷᠢᠯᠭ᠎ᠠ ᠬᠢᠵᠣ᠂ | ᠵᠡᠷᠬᠡᠪᠡᠷ ᠠᠰᠢᠭᠯᠠᠯᠳᠠ ᠳᠤ ᠣᠷᠣᠭᠤᠯᠣᠨ ᠬᠡᠷᠡᠭᠯᠡᠬᠦ ᠶᠢ ᠵᠢᠭᠠᠵᠣ ᠪᠠᠶᠢᠨ᠎ᠠ᠃ | ᠣᠯᠠᠨ ᠨᠡᠶᠢᠳᠡ ᠶᠢᠨ ᠪᠣᠳᠠᠳᠣ ᠪᠣᠯᠪᠠᠰᠣᠷᠠᠯ ᠤᠨ ᠰᠠᠭᠤᠷᠢᠨ ᠭᠠᠵᠠᠷ ᠬᠡᠳᠡᠭ ᠨᠢ ᠵᠠᠰᠠᠭ ᠤᠨ ᠣᠷᠳᠣᠨ ᠠᠴᠠ ᠲᠦᠪᠯᠡᠷᠡᠭᠦᠯᠦᠨ ᠪᠡᠯᠡ ᠣᠷᠣᠭᠤᠯᠬᠤ ᠪᠠᠷ | ᠲᠠᠮᠵᠢᠨ ᠪᠠᠶᠢᠭᠤᠯᠣᠭᠰᠠᠨ ᠨᠡᠶᠢᠬᠡᠮ ᠤᠨ ᠪᠣᠯᠪᠠᠰᠣᠷᠠᠯ ᠤᠨ ᠪᠠᠶᠢᠭᠤᠯᠣᠮᠵᠢ ᠳᠤ ᠬᠠᠨᠳᠣᠭᠤᠯᠣᠭᠰᠠᠨ ᠵᠠᠷᠣᠳᠠᠯ ᠬᠤᠷᠢᠶᠠᠬᠤ ᠦᠬᠡᠢ ᠪᠠᠷ ᠨᠡᠬᠡᠬᠡᠬᠦ᠂ ᠦᠨ᠎ᠡ | ᠲᠦᠯᠦᠪᠣᠷᠢ ᠦᠬᠡᠢ ᠪᠠᠷ ᠬᠡᠷᠡᠭᠯᠡᠬᠦ᠂ ᠴᠢᠳᠠᠪᠬᠢ ᠨᠢ ᠪᠦᠷᠢᠨ ᠲᠡᠭᠦᠯᠳᠡᠷ᠂ ᠮᠡᠷᠭᠡᠵᠢᠯ ᠨᠢ ᠲᠡᠷᠢᠭᠦᠨ ᠤ᠂ ᠮᠡᠷᠭᠡᠵᠢᠯ ᠴᠢᠳᠠᠪᠦᠷᠢ ᠶᠢ ᠰᠣᠷᠣᠯᠴᠠᠨ | ᠣᠶᠢᠯᠡᠳᠣᠯᠬᠡᠵᠢᠭᠦᠯᠬᠦ ᠭᠠᠵᠠᠷ ᠢ ᠵᠢᠭᠠᠵᠣ ᠪᠠᠶᠢᠨ᠎ᠠ᠃ | ᠵᠠᠷᠣᠳᠠᠯ ᠢ ᠲᠠᠷᠣᠢ ᠳᠤᠨᠢ ᠨᠢ ᠲᠠᠶᠢᠯᠬᠤ ᠬᠡᠳᠡᠭ ᠨᠢ ᠠᠯᠢᠪᠠ ᠣᠷᠳᠣᠰ ᠤᠨ ᠡᠷᠦᠬᠡ ᠠᠮᠠ ᠲᠠᠢ ᠮᠦᠷᠳᠡᠬᠡᠨ ᠠᠵᠢᠯᠳᠠᠨ ᠠᠵᠢᠯᠴᠢᠳ ᠤᠨ ᠡᠮᠨᠡᠯᠬᠡ ᠶᠢᠨ | ᠲᠠᠭᠠᠳᠬᠠᠯ᠂ ᠬᠤᠳᠠ ᠪᠠᠯᠭᠠᠰᠣᠨ ᠤ ᠰᠠᠭᠤᠭᠠᠯᠢ ᠠᠷᠠᠳ ᠤᠨ ᠡᠮᠨᠡᠯᠬᠡ ᠶᠢᠨ ᠲᠠᠭᠠᠳᠬᠠᠯ ᠪᠠ ᠮᠠᠯᠵᠢᠬᠤ ᠲᠠᠷᠢᠶᠠᠯᠠᠬᠤ ᠣᠷᠣᠨ ᠤ ᠰᠢᠨ᠎ᠡ ᠬᠡᠯᠪᠡᠷᠢ ᠶᠢᠨ | ᠬᠤᠷᠰᠢᠭᠰᠠᠨ ᠡᠮᠨᠡᠯᠬᠡ ᠶᠢᠨ ᠲᠠᠭᠠᠳᠬᠠᠯ ᠳᠤ ᠣᠷᠣᠭᠰᠠᠨ ᠡᠪᠡᠳᠴᠢᠳᠡᠨ ᠡᠮᠨᠡᠯᠬᠡ ᠳᠤ ᠰᠠᠭᠤᠵᠣ ᠡᠮᠨᠡᠭᠦᠯᠬᠦ ᠳᠤ᠂ ᠵᠠᠷᠣᠳᠠᠯ ᠤᠨ ᠲᠣᠭᠳᠠᠭᠠᠯ ᠶᠣᠰᠣᠭᠠᠷ ᠬᠤᠪᠢ | ᠬᠦᠮᠦᠨ ᠠᠴᠠ ᠡᠭᠦᠷᠬᠡᠯᠡᠬᠦ ᠬᠡᠰᠡᠭ ᠢ ᠲᠠᠷᠣᠢ ᠳᠤᠨᠢ ᠲᠠᠶᠢᠯᠵᠣ᠂ ᠡᠮᠨᠡᠯᠬᠡ ᠶᠢᠨ ᠲᠠᠭᠠᠳᠬᠠᠯ ᠤᠨ ᠡᠭᠦᠷᠬᠡᠯᠡᠬᠦ ᠬᠡᠰᠡᠭ ᠢ ᠡᠮᠨᠡᠯᠬᠡ ᠶᠢᠨ ᠬᠤᠷᠢᠶ᠎ᠠ ᠪᠠ ᠡᠮᠨᠡᠯᠬᠡ | ᠶᠢᠨ ᠲᠠᠭᠠᠳᠬᠠᠯ ᠤᠨ ᠬᠠᠮᠢᠶᠠᠷᠣᠯᠳᠠ ᠶᠢᠨ ᠲᠣᠪᠴᠢᠶ᠎ᠠ ᠠᠴᠠ ᠲᠠᠷᠣᠢ ᠳᠤᠨᠢ ᠲᠠᠶᠢᠯᠬᠤ ᠶᠢ ᠬᠡᠯᠡᠵᠣ ᠪᠠᠶᠢᠨ᠎ᠠ᠃ | ︽ᠭᠤᠷᠪᠠ ᠦᠬᠡᠢ ᠬᠦᠮᠦᠰ︾ ᠬᠡᠳᠡᠭ ᠨᠢ ᠬᠦᠳᠡᠯᠮᠦᠷᠢ ᠶᠢᠨ ᠭᠦᠴᠦᠨ ᠦᠬᠡᠢ᠂ ᠣᠷᠣᠯᠭ᠎ᠠ ᠶᠢᠨ ᠢᠷᠡᠯᠳᠡ ᠦᠬᠡᠢ᠂ ᠬᠠᠣᠯᠢ ᠪᠠᠷ ᠲᠣᠭᠳᠠᠭᠠᠭᠰᠠᠨ | ᠠᠰᠠᠷᠠᠨ ᠲᠡᠵᠢᠬᠡᠬᠦ ᠬᠦᠮᠦᠨ ᠦᠬᠡᠢ ᠬᠦᠮᠦᠰ ᠢ ᠵᠢᠭᠠᠵᠣ ᠪᠠᠶᠢᠨ᠎ᠠ᠃ | ᠢᠳᠡᠬᠡᠨ ᠤ ᠶᠠᠰᠣ ᠴᠢᠨᠠᠷ ᠤᠨ ᠠᠶᠣᠯ ᠦᠬᠡᠢ ᠶᠢᠨ ᠨᠡᠬᠡᠮᠵᠢᠯᠡᠬᠦ ᠰᠢᠰᠲ᠋ᠧᠮᠵᠢ ᠬᠡᠳᠡᠭ ᠨᠢ ᠣᠶᠢᠯᠡᠳᠪᠦᠷᠢᠯᠡᠯ᠂ ᠰᠢᠯᠭᠠᠨ ᠪᠠᠶᠢᠴᠠᠭᠠᠬᠤ᠂ ᠬᠢᠨᠠᠨ ᠬᠠᠮᠢᠶᠠᠷᠬᠤ | ᠪᠠ ᠬᠡᠷᠡᠭᠯᠡᠬᠡᠨ ᠤ ᠡᠯ᠎ᠡ ᠭᠤᠭᠴᠤᠭ᠎ᠠ ᠶᠢ ᠬᠤᠯᠪᠣᠵᠣ᠂ ᠬᠡᠷᠡᠭᠯᠡᠭᠴᠢᠳ ᠤᠨ ᠰᠠᠨᠠᠭ᠎ᠠ ᠠᠮᠣᠷ ᠬᠡᠮᠵᠢᠶ᠎ᠡ ᠶᠢ ᠲᠡᠭᠡᠭᠰᠢᠯᠡᠭᠦᠯᠬᠦ ᠴᠢᠮᠡᠭᠡ ᠵᠠᠩᠬᠢ ᠶᠢᠨ ᠬᠠᠮᠢᠶᠠᠷᠣᠯᠳᠠ | ᠶᠢᠨ ᠰᠢᠰᠲ᠋ᠧᠮ ᠢ ᠵᠢᠭᠠᠵᠣ ᠪᠠᠶᠢᠨ᠎ᠠ᠃ | ᠴᠠᠬᠢᠯᠭᠠᠨ ᠭᠦᠴᠦᠨ ᠤ ᠬᠤᠶᠠᠷ ᠲᠠᠯ᠎ᠠ᠂ ᠣᠯᠠᠨ ᠲᠠᠯ᠎ᠠ ᠶᠢᠨ ᠠᠷᠠᠯᠵᠢᠶ᠎ᠠ᠄ ᠬᠤᠶᠠᠷ ᠲᠠᠯ᠎ᠠ ᠶᠢᠨ ᠠᠷᠠᠯᠵᠢᠶ᠎ᠠ ᠬᠡᠳᠡᠭ ᠨᠢ ᠴᠠᠬᠢᠯᠭᠠᠨ ᠭᠦᠴᠦᠨ ᠢ | ᠬᠤᠳᠠᠯᠳᠣᠨ ᠠᠪᠬᠤ ᠪᠠ ᠬᠤᠳᠠᠯᠳᠣᠬᠤ ᠬᠤᠶᠠᠷ ᠲᠠᠯ᠎ᠠ ᠶᠢᠨ ᠬᠢᠨ ︵ᠡᠰᠡᠭᠦᠯ᠎ᠡ ᠲᠡᠭᠦᠨ ᠤ ᠨᠠᠶᠢᠳᠠᠬᠤ ᠪᠠᠶᠢᠭᠤᠯᠣᠮᠵᠢ︶ ᠰᠠᠶᠢᠨ ᠲᠣᠷ᠎ᠠ ᠠᠴᠠ ᠪᠠᠨ ᠪᠠᠶᠢᠬᠤ | ᠂ ᠬᠠᠷᠢᠯᠴᠠᠨ ᠠᠰᠢᠭᠲᠠᠢ ᠪᠠᠶᠢᠬᠤ ᠵᠠᠷᠴᠢᠮ ᠠᠴᠠ ᠡᠭᠦᠰᠴᠣ᠂ ᠬᠤᠶᠠᠷ ᠲᠠᠯ᠎ᠠ ᠪᠠᠷ ᠢᠶᠠᠨ ᠵᠦᠪᠳᠡᠯᠴᠡᠬᠦ ᠪᠠᠷ ᠲᠠᠮᠵᠢᠨ᠂ ᠬᠡᠷ᠎ᠡ︵ᠠᠷᠠᠯᠵᠢᠶᠠᠯᠠᠬᠤ ᠬᠡᠮᠵᠢᠶ᠎ᠡ ᠵᠢᠴᠢ | ᠦᠨ᠎ᠡ ᠬᠠᠩᠰᠢ ᠵᠡᠷᠬᠡ ᠶᠢ ᠪᠠᠭᠳᠠᠭᠠᠨ᠎ᠠ︶ ᠲᠣᠭᠳᠠᠭᠠᠬᠤ ᠠᠷᠠᠯᠵᠢᠶᠠᠨ ᠤ ᠬᠡᠯᠪᠡᠷᠢ ᠶᠢ ᠵᠢᠭᠠᠵᠣ ᠪᠠᠶᠢᠨ᠎ᠠ᠃ ᠣᠯᠠᠨ ᠲᠠᠯ᠎ᠠ ᠶᠢᠨ ᠠᠷᠠᠯᠵᠢᠶ᠎ᠠ ᠬᠡᠳᠡᠭ ᠨᠢ ᠣᠯᠠᠨ | ᠬᠤᠳᠠᠯᠳᠣᠨ ᠠᠪᠬᠤ ᠲᠠᠯ᠎ᠠ ᠪᠠ ᠣᠯᠠᠨ ᠬᠤᠳᠠᠯᠳᠣᠬᠤ ᠲᠠᠯ᠎ᠠ ︵ᠲᠣᠣᠷ ᠤᠨ ᠲᠣᠳᠣᠷᠠᠬᠢ ᠲᠣᠮᠣ ᠬᠡᠷᠡᠭᠯᠡᠭᠴᠢᠳ ᠪᠠ ᠴᠠᠬᠢᠯᠭᠠᠨ ᠭᠠᠷᠭᠠᠬᠤ ᠠᠵᠣ ᠠᠬᠤᠶᠢᠯᠠᠯ︶ | ᠬᠠᠮᠳᠣᠪᠠᠷ ᠣᠷᠣᠯᠴᠠᠭᠰᠠᠨ ᠨᠢᠭᠡᠨ ᠵᠣᠶᠢᠯ ᠤᠨ ᠦᠷᠬᠡᠨ ᠲᠡᠯᠬᠡᠷᠡᠩᠭᠦᠢ ᠴᠠᠬᠢᠯᠭᠠᠨ ᠭᠦᠴᠦᠨ ᠤ ᠠᠷᠠᠯᠵᠢᠶᠠᠨ ᠤ ᠵᠠᠬ᠎ᠠ ᠲᠡᠯᠬᠡᠭᠦᠷ ᠤᠨ ᠵᠠᠭᠪᠣᠷ ᠢ ᠵᠢᠭᠠᠵᠣ | ᠪᠠᠶᠢᠨ᠎ᠠ᠃ | ︽ᠨᠠᠵᠠᠭᠠᠢ ᠲᠠᠯ᠎ᠠ ᠶᠢᠨ ᠨᠠᠷᠢᠨ ᠲᠠᠩᠰᠠ︾ ᠶᠢᠨ ᠬᠠᠮᠢᠶᠠᠷᠣᠯᠳᠠ ᠶᠢᠨ ᠵᠠᠭᠪᠣᠷ ᠬᠡᠳᠡᠭ ᠨᠢ ᠵᠠᠰᠠᠭ ᠤᠨ ᠣᠷᠳᠣᠨ ᠭᠠᠵᠠᠷ ᠣᠷᠣᠨ ᠤ ᠬᠦᠭᠵᠢᠯᠳᠡ ᠶᠢ | ᠦᠨᠳᠦᠰᠦᠯᠡᠨ ᠠᠵᠣ ᠣᠶᠢᠯᠡᠰ᠂ ᠲᠦᠷᠦᠯ ᠵᠣᠶᠢᠯ ᠤᠨ ᠣᠷᠣᠵᠣ ᠪᠣᠯᠬᠤ ᠦᠬᠡᠢ ᠬᠦᠷᠢᠶ᠎ᠡ ᠬᠡᠪᠴᠢᠶᠡᠨ ᠤ ᠨᠠᠷᠢᠨ ᠲᠠᠩᠰᠠ ᠶᠢ ᠲᠣᠭᠳᠠᠭᠠᠵᠣ᠂ ᠨᠠᠷᠢᠨ ᠲᠠᠩᠰᠠᠨ | ᠲᠡᠬᠡᠷᠡᠬᠢ ᠴᠠᠭᠠᠵᠠ ᠲᠠᠢ ᠣᠷᠣᠨ ᠠᠴᠠ ᠭᠠᠳᠠᠨ᠎ᠠ᠂ ᠪᠣᠰᠣᠳ ᠠᠵᠢᠯ ᠲᠦᠷᠦᠯ᠂ ᠬᠦᠷᠢᠶ᠎ᠡ ᠬᠡᠪᠴᠢᠶ᠎ᠡ ᠪᠠ ᠠᠵᠣ ᠠᠬᠤᠢ ᠶᠢᠨ ᠠᠵᠢᠯᠯᠠᠭ᠎ᠠ ᠳᠤ ᠴᠦᠮ ᠣᠷᠣᠵᠣ | ᠪᠣᠯᠬᠤ ᠬᠠᠮᠢᠶᠠᠷᠣᠯᠳᠠ ᠶᠢᠨ ᠵᠠᠭᠪᠣᠷ ᠢ ᠵᠢᠭᠠᠵᠣ ᠪᠠᠶᠢᠨ᠎ᠠ᠃ | ︽ᠭᠤᠷᠪᠠᠨ ᠠᠯᠪᠠᠨ︾ ᠤ ᠵᠠᠷᠣᠳᠠᠯ ᠬᠡᠳᠡᠭ ᠨᠢ ᠡᠳ᠋ ᠤᠨ ᠵᠠᠰᠠᠭ ᠠᠴᠠ ᠵᠣᠭᠤᠰ ᠰᠠᠯᠭᠠᠨ ᠦᠭᠴᠣ ᠵᠠᠷᠣᠯᠭ᠎ᠠ ᠶᠢ ᠲᠣᠬᠢᠷᠠᠭᠤᠯᠣᠭᠰᠠᠨ ᠭᠠᠳᠠᠭᠠᠳᠣ ︵ | ᠬᠢᠯᠢ︶ ᠳᠤ ᠭᠠᠷᠬᠤ ᠵᠠᠷᠣᠳᠠᠯ᠂ ᠲᠡᠷᠬᠡ ᠬᠦᠰᠬᠡ ᠬᠤᠳᠠᠯᠳᠣᠨ ᠠᠪᠬᠤ ᠵᠢᠴᠢ ᠡᠷᠬᠢᠯᠳᠡ ᠬᠢᠬᠦ ᠵᠠᠷᠣᠳᠠᠯ᠂ ᠠᠯᠪᠠᠨ ᠶᠠᠪᠣᠳᠠᠯ ᠤᠨ ᠵᠣᠴᠢᠯᠠᠬᠤ ᠵᠠᠷᠣᠳᠠᠯ ᠢ ᠵᠢᠭᠠᠵᠣ | ᠪᠠᠶᠢᠨ᠎ᠠ᠃ | | | | |