︽ᠡᠨᠡ ᠬᠦᠮᠦᠨ ᠬᠤᠪᠢ ᠲᠠᠢ ᠬᠦᠮᠦᠨ︾ ᠬᠡᠵᠦ ᠮᠤᠩᠭᠤᠯᠴᠤᠳ ᠠᠮᠠᠨ ᠪᠡᠯᠬᠡ ᠪᠠᠷ ᠢᠶᠠᠨ ᠪᠡᠯᠬᠡᠰᠢᠶᠠᠵᠦ ᠶᠠᠷᠢᠳᠠᠭ᠃ ᠲᠠᠶᠢᠮᠤ ᠡ᠂ ᠬᠤᠪᠢ ᠲᠠᠪᠢᠯᠠᠩ | ᠬᠡᠭᠴᠢ ᠬᠦᠮᠦᠨ ᠪᠦᠬᠦᠨ ᠳᠤ ᠨᠤᠬᠳᠠᠳᠠᠭ᠃ ᠬᠡᠪᠡᠴᠤ ᠵᠡᠮᠳᠡᠭ ᠬᠦᠮᠦᠨ ᠤ ᠬᠤᠪᠢ ᠵᠠᠶᠠᠭᠠᠨ ᠳᠠᠭᠠᠨ ᠭᠤᠳᠤᠷᠠᠵᠦ ᠵᠤᠪᠠᠯ ᠦᠬᠡᠢ᠂ ᠬᠠᠷᠢᠨ ᠲᠤᠱᠠᠭ᠎ᠠ ᠪᠠᠨ ᠲᠠᠶᠠᠭ | ᠪᠤᠯᠭᠠᠵᠦ ᠪᠡᠶ᠎ᠠ ᠶᠢᠨ ᠲᠠᠮᠢᠷ ᠤᠨ ᠴᠢᠩᠭ᠎ᠠ ᠪᠤᠯᠪᠠᠰᠤᠷᠠᠯ ᠳᠤ ᠤᠷᠤᠯᠴᠠᠵᠦ᠂ ᠲᠦᠮᠡᠨ ᠬᠦᠴᠢᠷ ᠪᠡᠷᠬᠡᠰᠢᠶᠡᠯ ᠢ ᠳᠠᠪᠠᠨ ᠬᠦᠰᠡᠯ ᠵᠣᠷᠢᠭ᠂ ᠲᠠᠮᠢᠷ ᠲᠡᠩᠬᠡᠭᠡ ᠪᠣᠯᠤᠨ | ᠤᠷ᠎ᠠ ᠴᠢᠳᠠᠪᠤᠷᠢ ᠶᠢᠨ ᠦᠵᠡᠯᠴᠡᠭᠡᠨ ᠢ ᠤᠷᠤᠯᠳᠤᠭᠠᠨ ᠤ ᠲᠠᠯᠠᠪᠤᠷ ᠲᠡᠬᠡᠷ᠎ᠠ ᠦᠵᠡᠬᠦᠯᠵᠦ᠂ ᠠᠯᠳᠠᠨ ᠮᠧᠳᠠᠯ ᠢᠶᠠᠷ ᠡᠩᠭᠡᠷ ᠢᠶᠠᠨ ᠮᠢᠯᠢᠶᠠᠯᠭᠠᠨ ᠬᠤᠪᠢ ᠵᠠᠶᠠᠭᠠᠨ ᠳᠠᠭᠠᠨ | ᠲᠤᠮᠤᠬᠠᠨ ᠡᠷᠬᠢᠯᠳᠠ ᠭᠠᠷᠭᠠᠬᠰᠠᠳ ᠤᠨ ᠨᠢᠬᠡ ᠨᠢ ᠮᠦᠡᠭᠬᠦᠨᠵᠢᠮᠢᠰ ᠪᠠᠶᠢᠯ᠎ᠠ᠃ | | | | | ᠮᠦᠡᠭᠬᠦᠨᠵᠢᠮᠢᠰ ᠦᠤᠰᠢᠨ ᠬᠤᠰᠢᠭᠤᠨ ᠳᠤ ᠨᠤᠳᠤᠬᠳᠡᠢ᠃ 1991 ᠣᠨ ᠳᠤ ᠦᠦᠰᠢᠨ ᠬᠤᠰᠢᠭᠤᠨ ᠤ ᠰᠦᠯᠳᠡ ᠰᠤᠮᠤ ᠶᠢᠨ ᠮᠠᠯᠴᠢᠨ ᠠᠶᠢᠯ ᠳᠤ | ᠵᠠᠶᠠᠭᠠᠵᠦ᠂ ᠥᠰᠦᠯᠲᠡ ᠶᠢᠨ ᠬᠤᠷᠮᠣᠨ ᠤ ᠬᠤᠮᠰᠠᠳᠠᠯ ᠠᠴᠠ ᠪᠤᠯᠵᠦ ᠪᠡᠶ᠎ᠠ ᠰᠡᠳᠬᠢᠯ ᠤᠨ ᠬᠦᠨᠳᠤ ᠰᠢᠷᠬᠠᠯᠠᠯ ᠳᠤ ᠤᠴᠠᠷᠠᠵᠦ ᠪᠢᠯᠡ᠃ ᠬᠡᠬᠦ ᠳᠡᠭᠡᠨ ᠡᠮᠡᠭᠡ ᠶᠢᠨ ᠢᠶᠠᠨ | ᠲᠡᠷᠬᠡᠳᠠ ᠬᠦᠮᠦᠨ ᠪᠤᠯᠬᠤ ᠶᠢᠨ ᠤᠬᠠᠭᠠᠨ ᠢ ᠦᠪᠯᠡᠵᠦ ᠲᠤᠮᠳᠠᠳᠤ ᠰᠤᠷᠭᠠᠭᠤᠯᠢ ᠪᠠᠨ ᠲᠡᠬᠦᠰᠦᠬᠡᠳ ︽ᠢᠷᠤᠭᠡᠯ ᠲᠠᠢ ᠳᠠᠭᠠᠨ ᠤᠴᠠᠷᠠᠵᠤ ᠢᠷᠤᠭᠠᠷ ᠲᠠᠢ ᠳᠠᠭᠠᠨ | ᠲᠤᠬᠳᠠᠳᠠᠭ︾ ᠬᠡᠳᠡᠭᠴᠢᠯᠡᠨ ᠬᠠᠰᠯᠤᠤ ᠪᠠᠭᠰᠢ ᠳᠠᠭᠠᠨ ᠲᠠᠨᠢᠬᠳᠠᠵᠦ ᠭᠠᠷ ᠱᠠᠪᠢ ᠨᠢ ᠪᠤᠯᠵᠦ ᠬᠦᠮᠦᠵᠢᠭᠳᠡᠵᠡᠢ᠃ | 2005 ᠤᠨ ᠠᠴᠠ ᠡᠬᠢᠯᠡᠨ ᠬᠠᠰᠯᠤᠤ ᠪᠠᠭᠰᠢ ᠶᠢᠨ ᠭᠠᠷ ᠲᠤᠤᠷ᠎ᠠ ᠰᠢᠷᠭᠠᠭᠤ ᠪᠤᠯᠪᠠᠰᠤᠷᠠᠯ ᠬᠢᠵᠦ᠂ ᠭᠤᠷᠪᠠᠨ ᠵᠢᠯ ᠤᠨ ᠲᠤᠷᠰᠢᠬᠢ ᠬᠠᠳᠠᠭᠤ ᠰᠢᠷᠭᠠᠭᠤ | ᠪᠡᠶ᠎ᠠ ᠶᠢᠨ ᠲᠠᠰᠬᠠᠵᠢᠭᠤᠯᠤᠯᠳᠠ ᠪᠤᠯᠪᠠᠰᠤᠷᠠᠭᠤᠯᠤᠯ ᠵᠢᠴᠢ ᠤᠷᠤᠯᠳᠤᠭᠠᠨ ᠳᠤ ᠲᠡᠷᠢᠬᠦᠯᠡᠬᠦ ᠰᠡᠳᠬᠢᠯ ᠤᠨ ᠲᠠᠷᠤᠯᠳᠠ ᠶᠢ ᠲᠤᠭᠤᠯᠵᠦ ᠭᠠᠷᠤᠭᠠᠳ 2008 ᠤᠨ ᠤ 9 | ᠰᠠᠷ᠎ᠠ ᠶᠢᠨ 13 ᠤ ᠡᠳᠦᠷ ᠪᠡᠬᠡᠵᠢᠩ ᠤᠨ ᠵᠡᠮᠳᠡᠭᠴᠤᠳ ᠤᠨ ᠤᠯᠢᠮᠫᠢᠺ ᠤᠨ ᠪᠡᠶ᠎ᠡ ᠶᠢᠨ ᠲᠠᠮᠢᠷ ᠤᠨ ᠴᠤᠬᠯᠠᠭᠠᠨ ᠤ ᠵᠢᠷᠭᠤᠭᠠᠳᠡᠬᠢ ᠡᠳᠦᠷ᠂ ᠮᠦᠡᠭᠬᠦᠨᠵᠢᠮᠢᠰ | ᠤᠷᠤᠯᠳᠤᠭᠠᠨ ᠤ ᠲᠠᠯᠠᠪᠡᠢ ᠳᠤ ᠨᠢᠷᠤᠭᠤ ᠬᠡᠳᠡᠬᠡᠷ ᠵᠤᠬᠰᠤᠵᠦ᠂ ᠵᠡᠬᠡᠷᠡᠩᠬᠡᠢ ᠪᠠᠨ 28 ᠮᠧᠲᠷ 04 ᠰᠢᠳᠡᠵᠤ ᠭᠠᠷᠭᠠᠭᠰᠠᠨ ᠰᠠᠶᠢᠨ ᠬᠢᠷᠢ ᠪᠦᠳᠦᠮᠵᠢ ᠪᠠᠷ | ᠥᠵᠡᠭᠴᠢᠳ ᠤᠯᠠᠨ ᠢ ᠬᠢᠯᠠᠷᠠᠳᠠᠯ᠎ᠠ ᠭᠠᠶᠢᠬᠠᠭᠤᠯᠤᠭᠠᠳ ᠲᠡᠯᠡᠬᠡᠢ ᠶᠢᠨ ᠲᠡᠮᠳᠡᠭᠯᠡᠯ ᠢ ᠡᠬᠦᠳᠦᠭᠰᠡᠨ ᠪᠠᠶᠢᠨ᠎ᠠ᠃ | ︽ᠰᠠᠶᠢᠨ ᠪᠠᠭᠰᠢ ᠠᠴᠠ ᠰᠤᠤᠳᠤ ᠱᠠᠪᠢ ᠬᠦᠮᠦᠵᠢᠭᠳᠡᠳᠡᠭ︾ ᠤᠨ ᠡᠷᠬᠡ ᠪᠠᠷ ᠬᠠᠰᠯᠤᠤ ᠪᠠᠭᠰᠢ ᠦᠪᠡᠷ ᠤᠨ ᠠᠪᠤ ᠡᠵᠢ ᠠᠴᠠ ᠨᠢ ᠢᠯᠡᠬᠦᠦ | ᠠᠮᠢᠳᠤᠷᠠᠯ ᠠᠴᠠ ᠨᠢ ᠡᠬᠢᠯᠡᠬᠡᠳ ᠪᠦᠬᠦ ᠵᠦᠢᠯ ᠳᠤ ᠨᠢᠬᠡ ᠯᠠ ᠵᠤᠷᠢᠭ ᠢᠶᠠᠷ ᠴᠢᠷᠮᠠᠶᠢᠬᠤ ᠶᠢ ᠮᠦᠡᠭᠬᠦᠨᠵᠢᠮᠢᠰ ᠲᠤ ᠲᠠᠩᠳᠠ ᠪᠠᠨ ᠰᠤᠷᠭᠠᠮᠵᠢᠯᠠᠳᠠᠭ ᠪᠠᠶᠢᠵᠡᠢ᠃ ᠠᠯᠳᠠ | ᠰᠢᠬᠦᠷᠦᠭᠰᠡᠨ ᠢᠶᠠᠷ ᠪᠤᠰᠤᠳ ᠬᠦᠮᠦᠰ ᠲᠤ ᠲᠠᠭᠤᠷᠢᠶᠠᠯ ᠦᠵᠡᠬᠦᠯᠬᠦ ᠶᠢ ᠴᠤ ᠴᠢᠩᠳᠠ ᠵᠠᠬᠢᠬᠰᠠᠭᠠᠷ ᠢᠷᠡᠵᠡᠢ᠃ ᠲᠡᠷᠡ ᠪᠠᠷ ᠡᠩᠭᠡᠷ ᠲᠡᠬᠡᠷᠡᠬᠢ ᠠᠯᠳᠠ ᠨᠢ | ᠠᠮᠢᠳᠤᠷᠠᠯ ᠢ ᠨᠢ ᠰᠢᠵᠢᠷᠳᠤᠬᠦᠯᠦᠨ ᠲᠤᠶᠠᠭᠠᠯᠠᠭᠤᠯᠵᠦ᠂ ᠨᠠᠮ ᠵᠠᠰᠠᠭ ᠤᠨ ᠬᠠᠶᠢᠷ᠎ᠠ ᠬᠠᠯᠠᠮᠵᠢ ᠪᠠᠷ ᠠᠵᠢᠯ ᠠᠯᠪᠠ ᠲᠠᠢ ᠪᠤᠯᠤᠬᠰᠠᠨ ᠮᠦᠷᠳᠡᠬᠡᠨ ᠲᠠᠷᠭᠤᠨ ᠲᠡᠪᠡᠳᠡᠢ | ᠠᠶᠢᠯ ᠪᠦᠯᠢ ᠪᠤᠯᠵᠦ ᠵᠠᠶᠠᠭᠠᠨ ᠤ ᠪᠠᠨ ᠬᠤᠶᠢᠮᠦᠷ ᠲᠤ ᠵᠢᠷᠭᠠᠯ ᠲᠠᠢ ᠠᠮᠢᠳᠤᠷᠠᠵᠦ ᠶᠠᠪᠤᠨ᠎ᠠ᠃ | | | | | ᠲᠠᠭᠤᠳᠠᠬᠤ ᠨᠡᠷ᠎ᠠ ᠶᠢ ᠠᠪᠤ ᠡᠵᠢ ᠤᠯᠭᠤᠵᠦ᠂ ᠲᠠᠭᠤᠷᠢᠰᠬᠤ ᠠᠯᠳᠠᠷ ᠢ ᠦᠪᠡᠷ ᠢᠶᠠᠨ ᠤᠯᠳᠠᠭ᠃ ᠮᠦᠡᠭᠬᠦᠨᠵᠢᠮᠢᠰ ᠪᠡᠭᠡᠵᠢᠩ ᠤᠨ ᠤᠯᠢᠮᠫᠢᠺ ᠤᠨ ᠪᠡᠶ᠎ᠡ ᠶᠢᠨ | ᠲᠠᠮᠢᠷ ᠤᠨ ᠴᠤᠭᠯᠠᠭᠠᠨ ᠤ ᠵᠡᠮᠳᠡᠭᠴᠦᠳ ᠤᠨ ᠤᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠲᠡᠷᠢᠭᠦᠨ ᠤ ᠬᠤᠪᠢ ᠬᠥᠮᠦᠨ᠂ ᠪᠦᠬᠦ ᠤᠯᠤᠰ ᠤᠨ ︽3 · 8︾ | ᠶᠢᠨ ᠤᠯᠠᠭᠠᠨ ᠲᠤᠭᠴᠢ᠂ ᠪᠦᠬᠦ ᠤᠯᠤᠰ ᠤᠨ ︽5 · 1︾ ᠤ ᠬᠥᠳᠡᠯᠮᠦᠷᠢ ᠶᠢᠨ ᠵᠢᠱᠢᠶᠠᠴᠢ᠂ ᠪᠦᠬᠦ ᠤᠯᠤᠰ ᠤᠨ ᠵᠠᠯᠠᠭᠤᠴᠤᠳ ᠤᠨ ︽5 · 4︾ ᠤ ᠱᠠᠩᠨᠠᠯ ᠢ | ᠬᠦᠷᠲᠡᠵᠡᠢ᠃ 2008 ᠣᠨ ᠤ 10 ᠰᠠᠷ᠎ᠠ ᠳᠤ᠂ ᠥᠪᠥᠷ ᠮᠣᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠠᠴᠠ ︽3 · 8︾ | ᠶᠢᠨ ᠤᠯᠠᠭᠠᠨ ᠲᠤᠭᠴᠢ ᠪᠠᠷ ᠬᠦᠬᠢᠬᠦᠯᠵᠦ᠂ ᠦᠪᠡᠷᠳᠡᠬᠡᠨ ᠵᠠᠰᠠᠬᠤ ᠤᠷᠤᠨ ᠤ ︽5 · 1︾ ᠤ ᠬᠥᠳᠡᠯᠮᠦᠷᠢ ᠶᠢᠨ ᠵᠢᠱᠢᠶᠡᠴᠢ᠂ ᠥᠪᠡᠷᠲᠡᠭᠡᠨ ᠵᠠᠰᠠᠬᠤ ᠣᠷᠣᠨ ᠤ | ︽5 · 4︾ ᠤ ᠵᠠᠯᠠᠭᠤᠴᠤᠳ ᠤᠨ ᠱᠠᠩᠨᠠᠯ ᠢ ᠢᠷᠠᠭᠤ ᠠᠯᠳᠠᠷ ᠲᠠᠢ ᠤᠯᠭᠤᠪᠠ᠃ | ᠮᠠᠨ ᠤ ᠬᠤᠳᠠ ᠶᠢᠨ ᠠᠩᠬᠠᠳᠤᠭᠠᠷ ᠬᠤᠭᠤᠴᠠᠭᠠᠨ ᠤ ᠵᠡᠮᠳᠡᠭᠴᠤᠳ ᠤᠨ ᠪᠡᠶ᠎ᠠ ᠶᠢᠨ ᠲᠠᠮᠢᠷ ᠤᠨ ᠤᠷᠤᠯᠳᠤᠭᠠᠨ ᠵᠢᠴᠢ ᠤᠨᠴᠠᠭᠠᠢ ᠤᠯᠢᠮᠫᠢᠺ ᠤᠨ ᠪᠡᠶ᠎ᠠ ᠶᠢᠨ | ᠲᠠᠮᠢᠷ ᠤᠨ ᠴᠤᠬᠯᠠᠭᠠᠨ ᠳᠤ ᠵᠡᠬᠡᠷᠡᠩᠬᠡᠢ᠂ ᠵᠢᠳᠡᠬᠦᠷ ᠰᠢᠳᠠ᠂ ᠲᠤᠭᠤᠯᠭᠠᠨ ᠪᠦᠮᠪᠦᠭᠡ ᠶᠢᠨ ᠤᠷᠤᠯᠳᠤᠭᠠᠨ ᠤ ᠠᠯᠳᠠᠨ ᠮᠧᠳᠠᠯ ᠢ ᠰᠠᠨᠠᠭᠠᠨ ᠤ ᠠᠶ᠎ᠠ ᠪᠠᠷ ᠰᠢᠬᠦᠷᠤᠯᠠ᠃ | ᠲᠡᠷᠡ ᠪᠠᠷ 10 ᠰᠠᠷ᠎ᠠ ᠶᠢᠨ ᠰᠡᠬᠦᠯᠴᠢ ᠪᠠᠷ ᠶᠠᠪᠤᠬᠳᠠᠬᠤ ᠠᠷᠪᠠᠨ ᠲᠦᠷᠪᠡᠳᠦᠬᠡᠷ ᠬᠤᠭᠤᠴᠠᠭᠠᠨ ᠤ ᠪᠦᠬᠦ ᠤᠯᠤᠰ ᠤᠨ ᠵᠡᠮᠳᠡᠭᠴᠤᠳ ᠤᠨ ᠪᠡᠶ᠎ᠠ ᠶᠢᠨ ᠲᠠᠮᠢᠷ ᠤᠨ | ᠴᠤᠬᠯᠠᠭᠠᠨ ᠳᠤ ᠲᠤᠭᠤᠯᠭᠠᠨ ᠪᠦᠮᠪᠦᠭᠡ ᠪᠠ ᠵᠡᠬᠡᠷᠡᠩᠬᠡᠢ ᠶᠢᠨ ᠤᠷᠤᠯᠳᠤᠭᠠᠨ ᠤ ᠪᠡᠯᠡᠳᠬᠡᠯ ᠪᠤᠯᠪᠠᠰᠤᠷᠠᠯ ᠢᠶᠠᠨ 2020 ᠤᠨ ᠤ 10 ᠰᠠᠷ᠎ᠠ ᠠᠴᠠ 2021 ᠤᠨ ᠤ | 4 ᠰᠠᠷ᠎ᠠ ᠪᠤᠯᠳᠠᠯ᠎ᠠ ᠬᠠᠶᠢᠨᠠᠨ ᠳᠤ ᠬᠠᠳᠠᠭᠤᠵᠢᠯᠳᠡᠢ ᠪᠡᠯᠡᠳᠬᠡᠭᠰᠡᠨ ᠪᠠᠶᠢᠵᠡᠢ᠃ ᠮᠦᠡᠭᠬᠦᠨᠵᠢᠮᠢᠰ ᠲᠡᠭᠡᠨ ᠠᠯᠳᠠ ᠮᠧᠳᠠᠯ ᠤᠨ ᠦᠨᠳᠦᠷ ᠠᠮᠵᠢᠯᠳᠠ ᠶᠢ ᠵᠦᠡᠭᠨᠡᠶᠠ︕ | ★ ᠠᠯᠳᠠᠨ ᠮᠧᠳᠠᠯ ᠤᠨ ᠰᠠᠮᠪᠠᠷ᠎ᠠ | ☆ 2008 ᠣᠨ ᠳᠤ᠂ ᠪᠡᠭᠡᠵᠢᠩ ᠳᠤ ᠶᠠᠪᠤᠬᠳᠠᠬᠰᠠᠨ ᠵᠡᠮᠳᠡᠭᠴᠤᠳ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠬᠯᠠᠭᠠᠨ F40 ᠲᠡᠰ ᠤᠨ | ᠵᠡᠭᠡᠷᠡᠩᠬᠡᠢ ᠶᠢᠨ ᠠᠯᠲᠠᠨ ᠮᠧᠳᠠᠯ ᠪᠠ ᠲᠤᠭᠤᠯᠭᠠᠨ ᠪᠦᠮᠪᠦᠭᠡ ᠶᠢᠨ ᠮᠦᠡᠭᠬᠦᠨ ᠮᠧᠳᠠᠯ ᠢᠶᠠᠷ ᠡᠩᠭᠡᠷ ᠢᠶᠠᠨ ᠮᠢᠯᠢᠶᠠᠯᠭᠠᠵᠡᠢ᠃ | ☆ 2009 ᠣᠨ ᠤ 5 ᠰᠠᠷ᠎ᠠ ᠳᠤ᠂ ᠠᠩᠭ᠍ᠯᠢ ᠳᠤ ᠶᠠᠪᠤᠭᠳᠠᠭᠰᠠᠨ ᠳᠡᠯᠡᠬᠡᠢ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠳᠤ ᠲᠤᠭᠤᠯᠭᠠᠨ ᠪᠥᠮᠪᠦᠭᠡ ᠶᠢᠨ | ᠮᠥᠩᠭᠦᠨ ᠮᠧᠳᠠᠯ ᠢ ᠭᠠᠷᠳᠠᠵᠡᠢ᠃ | ☆ 2009 ᠣᠨ ᠤ 9 ᠰᠠᠷ᠎ᠠ ᠳᠤ᠂ ᠶᠠᠫᠣᠨ ᠳᠤ ᠪᠣᠯᠤᠭᠰᠠᠨ ᠠᠽᠢᠶ᠎ᠠ ᠲᠢᠪ ᠤᠨ ᠵᠠᠯᠠᠭᠤᠴᠤᠳ ᠪᠠᠭᠠᠴᠤᠳ ᠤᠨ ᠵᠡᠮᠳᠡᠭᠴᠦᠳ ᠤᠨ ᠮᠠᠩᠯᠠᠢ | ᠰᠢᠯᠭᠠᠷᠠᠭᠤᠯᠬᠤ ᠤᠷᠤᠯᠳᠤᠭᠠᠨ ᠳᠤ ᠵᠡᠭᠡᠷᠡᠩᠬᠡᠢ ᠶᠢᠨ ᠠᠯᠲᠠᠨ ᠮᠧᠳᠠᠯ ᠲᠤᠰᠴᠡᠢ᠃ | ☆ 2010 ᠣᠨ ᠤ 6 ᠰᠠᠷ᠎ᠠ ᠳᠤ᠂ ᠠᠩᠭ᠍ᠯᠢ ᠳᠤ ᠶᠠᠪᠤᠭᠳᠠᠭᠰᠠᠨ ᠵᠡᠮᠳᠡᠭᠴᠦᠳ ᠤᠨ ᠤᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠳᠡᠯᠡᠬᠡᠢ ᠶᠢᠨ | ᠬᠤᠨᠳᠠᠭᠠᠲᠤ ᠮᠠᠩᠯᠠᠢ ᠰᠢᠯᠭᠠᠷᠠᠭᠤᠯᠬᠤ ᠤᠷᠤᠯᠳᠤᠭᠠᠨ ᠳᠤ ᠵᠡᠭᠡᠷᠡᠩᠬᠡᠢ ᠶᠢᠨ ᠠᠯᠲᠠᠨ ᠮᠧᠳᠠᠯ ᠭᠠᠷᠲᠠᠪᠠ᠃ | ☆ 2010 ᠣᠨ ᠤ 7 ᠰᠠᠷ᠎ᠠ ᠳᠤ᠂ ᠪᠡᠭᠡᠵᠢᠩ ᠳᠤ ᠪᠣᠯᠤᠭᠰᠠᠨ ᠪᠦᠬᠦ ᠤᠯᠤᠰ ᠤᠨ ᠵᠡᠮᠳᠡᠭᠴᠦᠳ ᠤᠨ ᠬᠦᠨᠳᠦ ᠬᠥᠩᠭᠡᠨ ᠪᠡᠶ᠎ᠠ ᠶᠢᠨ ᠲᠠᠮᠢᠷ ᠤᠨ ᠮᠠᠩᠯᠠᠢ | ᠰᠢᠯᠭᠠᠷᠠᠭᠤᠯᠬᠤ ᠤᠷᠤᠯᠳᠤᠭᠠᠨ ᠳᠤ ᠵᠡᠭᠡᠷᠡᠩᠬᠡᠢ ᠶᠢᠨ ᠠᠯᠳᠠᠨ ᠮᠧᠳᠠᠯ᠂ ᠲᠤᠭᠤᠯᠭᠠᠨ ᠪᠥᠮᠪᠦᠭᠡ ᠶᠢᠨ ᠠᠯᠲᠠᠨ ᠮᠧᠳᠠᠯ ᠢ ᠲᠤᠰ ᠪᠦᠷᠢ ᠬᠦᠷᠳᠡᠪᠡ᠃ | ☆ 2011 ᠣᠨ ᠤ 5 ᠰᠠᠷ᠎ᠠ ᠳᠤ᠂ ᠰᠢᠨ᠎ᠡ ᠽᠢᠯᠠᠨᠳ᠋ ᠤᠨ ᠾᠷᠢᠰᠲ᠋ᠣᠰ ᠬᠤᠲᠠ ᠳᠤ ᠶᠠᠪᠤᠭᠳᠠᠭᠰᠠᠨ ᠵᠡᠮᠳᠡᠭᠴᠦᠳ ᠤᠨ ᠳᠡᠯᠡᠬᠡᠢ ᠶᠢᠨ ᠬᠦᠨᠳᠦ ᠬᠥᠩᠭᠡᠨ | ᠪᠡᠶ᠎ᠠ ᠶᠢᠨ ᠲᠠᠮᠢᠷ ᠤᠨ ᠲᠡᠯᠡᠬᠡᠢ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠳᠤ ᠵᠡᠭᠡᠷᠡᠩᠬᠡᠢ ᠶᠢᠨ ᠮᠥᠩᠭᠦᠨ ᠮᠧᠳᠠᠯ᠂ ᠲᠤᠭᠤᠯᠭᠠᠨ ᠪᠦᠮᠪᠦᠭᠡ ᠶᠢᠨ ᠬᠦᠷᠡᠯ ᠮᠧᠳᠠᠯ | ᠭᠠᠷᠳᠡᠵᠡᠢ᠃ | ☆ 2011 ᠣᠨ ᠤ 6 ᠰᠠᠷ᠎ᠠ ᠳᠤ᠂ ᠣᠷᠳᠣᠰ ᠤᠨ ᠳᠠᠯᠠᠳ ᠬᠤᠰᠢᠭᠤᠨ ᠳᠤ ᠪᠣᠯᠤᠭᠰᠠᠨ ᠥᠪᠥᠷ ᠮᠣᠩᠭᠤᠯ ᠤᠨ ᠳᠥᠷᠪᠡᠳᠦᠭᠡᠷ ᠬᠤᠭᠤᠴᠠᠭᠠᠨ ᠤ | ᠵᠡᠮᠳᠡᠭᠴᠦᠳ ᠤᠨ ᠪᠡᠶ᠎ᠠ ᠶᠢᠨ ᠲᠠᠮᠢᠷ ᠤᠨ ᠤᠷᠤᠯᠳᠤᠭᠠᠨ ᠳᠡᠭᠡᠷ᠎ᠡ ᠳᠣᠭᠤᠯᠭᠠᠨ ᠪᠥᠮᠪᠦᠭᠡ᠂ ᠵᠡᠭᠡᠷᠡᠩᠬᠡᠢ᠂ ᠰᠢᠳᠡᠬᠦᠷ ᠵᠢᠳᠠ ᠶᠢᠨ ᠭᠤᠷᠪᠠᠨ ᠠᠯᠲᠠᠨ ᠮᠧᠳᠠᠯ ᠭᠠᠷᠳᠡᠵᠡᠢ | ᠃ | ☆ 2011 ᠣᠨ ᠳᠤ᠂ ᠨᠠᠢᠮᠠᠳᠤᠭᠠᠷ ᠬᠤᠭᠤᠴᠠᠭᠠᠨ ᠤ ᠪᠦᠬᠦ ᠤᠯᠤᠰ ᠤᠨ ᠵᠡᠮᠳᠡᠭᠴᠦᠳ ᠤᠨ ᠪᠡᠶ᠎ᠠ ᠶᠢᠨ ᠲᠠᠮᠢᠷ ᠤᠨ ᠴᠤᠬᠯᠠᠭᠠᠨ ᠤ ᠭᠠᠯ ᠪᠠᠮᠪᠠᠷᠴᠢᠨ | ᠪᠤᠯᠪᠠ᠃ | ☆2011 ᠣᠨ ᠤ 10 ᠰᠠᠷ᠎ᠠ ᠳᠤ᠂ ᠬᠠᠩᠵᠧᠦ ᠳᠤ ᠶᠠᠪᠤᠭᠳᠠᠭᠰᠠᠨ ᠨᠠᠢᠮᠠᠳᠤᠭᠠᠷ ᠬᠤᠭᠤᠴᠠᠭᠠᠨ ᠤ ᠪᠦᠬᠦ ᠤᠯᠤᠰ ᠤᠨ ᠵᠡᠮᠳᠡᠭᠴᠦᠳ ᠤᠨ ᠪᠠᠶ᠎ᠠ ᠶᠢᠨ | ᠲᠠᠮᠢᠷ ᠤᠨ ᠴᠤᠭᠯᠠᠭᠠᠨ ᠳᠤ ᠵᠡᠭᠡᠷᠡᠩᠬᠡᠢ ᠶᠢᠨ ᠠᠯᠳᠠᠨ ᠮᠧᠳᠠᠯ᠂ ᠳᠣᠭᠤᠯᠭᠠᠨ ᠪᠥᠮᠪᠦᠭᠡ ᠶᠢᠨ ᠠᠯᠲᠠᠨ ᠮᠧᠳᠠᠯ ᠢ ᠲᠤᠰ ᠪᠦᠷᠢ ᠬᠦᠷᠳᠡᠵᠦ᠂ ᠬᠤᠶᠠᠷ ᠲᠦᠷᠦᠯ ᠤᠨ | ᠤᠷᠤᠯᠳᠤᠭᠠᠨ ᠤ ᠪᠦᠬᠦ ᠤᠯᠤᠰ ᠤᠨ ᠲᠡᠮᠳᠡᠭᠯᠡᠯ ᠢ ᠲᠤᠰ ᠪᠦᠷᠢ ᠡᠭᠦᠳᠴᠡᠢ᠃ | ☆ 2012 ᠣᠨ ᠳᠤ᠂ ᠯᠣᠨᠳᠣᠨ ᠳᠤ ᠶᠠᠪᠤᠬᠳᠠᠬᠰᠠᠨ ᠵᠡᠮᠳᠡᠭᠴᠦᠳ ᠤᠨ ᠤᠯᠢᠮᠫᠢᠺ ᠤᠨ ᠪᠡᠶ ᠡ ᠶᠢᠨ ᠲᠠᠮᠢᠷ ᠤᠨ ᠴᠤᠭᠯᠠᠭᠠᠨ ᠳᠤ᠂ ᠲᠤᠭᠤᠯᠭᠠᠨ | ᠪᠥᠮᠪᠦᠭᠡ ᠶᠢᠨ ᠮᠥᠩᠭᠦᠨ ᠮᠧᠲᠠᠯ ᠢ ᠭᠠᠷᠳᠠᠵᠦ᠂ ᠵᠡᠭᠡᠷᠡᠩᠬᠡᠢ ᠶᠢᠨ ᠬᠦᠷᠡᠯ ᠮᠧᠲᠠᠯ ᠢ ᠭᠠᠷᠳᠠᠭᠠᠳ ᠬᠤᠪᠢ ᠬᠥᠮᠦᠨ ᠤ ᠬᠠᠮᠤᠭ ᠤᠨ ᠰᠠᠶᠢᠨ ᠬᠢᠷᠢ ᠪᠦᠲᠦᠮᠵᠢ ᠶᠢ | ᠡᠭᠦᠳᠴᠡᠢ᠃ | ☆ 2018 ᠣᠨ ᠤ 6 ᠰᠠᠷ᠎ᠠ ᠳᠤ᠂ ᠲᠢᠶᠠᠨᠵᠢᠨ ᠬᠤᠲᠠ ᠳᠤ ᠶᠠᠪᠤᠭᠳᠠᠭᠰᠠᠨ ᠪᠦᠬᠦ ᠤᠯᠤᠰ ᠤᠨ ᠵᠡᠮᠳᠡᠭᠴᠦᠳ ᠤᠨ ᠬᠦᠨᠳᠦ ᠬᠥᠩᠭᠡᠨ ᠪᠡᠶ᠎ᠠ ᠶᠢᠨ | ᠲᠠᠮᠢᠷ ᠤᠨ ᠮᠠᠩᠯᠠᠢ ᠰᠢᠯᠭᠠᠷᠠᠭᠤᠯᠬᠤ ᠤᠷᠤᠯᠳᠤᠭᠠᠨ ᠳᠤ ᠵᠡᠭᠡᠷᠡᠩᠬᠡᠢ ᠶᠢᠨ ᠮᠥᠩᠭᠦᠨ ᠮᠧᠳᠠᠯ ᠲᠤᠰᠴᠡᠢ᠃ | ☆ 2018 ᠣᠨ ᠤ 9 ᠰᠠᠷ᠎ᠠ ᠳᠤ᠂ ᠤᠯᠠᠭᠠᠨᠴᠠᠪ ᠬᠤᠲᠠ ᠳᠤ ᠡᠷᠬᠢᠯᠡᠭᠰᠡᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠪᠤᠳᠤᠭᠠᠷ | ᠬᠤᠭᠤᠴᠠᠭᠠᠨ ᠤ ᠵᠡᠮᠳᠡᠭᠴᠦᠳ ᠤᠨ ᠪᠡᠶ᠎ᠠ ᠶᠢᠨ ᠲᠠᠮᠢᠷ ᠤᠨ ᠤᠷᠤᠯᠳᠤᠭᠠᠨ ᠳᠤ ᠵᠡᠭᠡᠷᠡᠩᠬᠡᠢ᠂ ᠲᠤᠭᠤᠯᠭᠠᠨ ᠪᠦᠮᠪᠦᠭᠡ᠂ ᠰᠢᠳᠡᠬᠦᠷ ᠵᠢᠳᠠ ᠶᠢᠨ ᠭᠤᠷᠪᠠᠨ ᠠᠯᠲᠠᠨ | ᠮᠧᠳᠠᠯ ᠢ ᠵᠡᠷᠬᠡ ᠳᠤᠨᠢ ᠡᠪᠤᠷᠯᠡᠭᠰᠡᠨ ᠪᠠᠶᠢᠨ᠎ᠠ᠃ | ☆ 2019 ᠣᠨ ᠳᠤ᠂ ᠲᠢᠶᠠᠨᠵᠢᠨ ᠳᠤ ᠡᠷᠬᠢᠯᠡᠭᠰᠡᠨ ᠠᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠵᠡᠮᠳᠡᠭᠴᠦᠳ ᠤᠨ ᠪᠡᠶ᠎ᠡ ᠶᠢᠨ ᠲᠠᠮᠢᠷ ᠤᠨ | ᠴᠤᠭᠯᠠᠭᠠᠨ ᠳᠤ ᠵᠡᠭᠡᠷᠡᠩᠬᠡᠢ ᠶᠢᠨ ᠠᠯᠳᠠᠨ ᠮᠧᠳᠠᠯ᠂ ᠲᠤᠭᠤᠯᠭᠠᠨ ᠪᠥᠮᠪᠦᠭᠡ ᠶᠢᠨ ᠠᠯᠲᠠᠨ ᠮᠧᠳᠠᠯ ᠲᠤᠰᠤᠬᠰᠠᠨ ᠮᠦᠷᠳᠡᠬᠡᠨ ᠠᠽᠢᠶ᠎ᠠ ᠲᠢᠪ ᠤᠨ ᠲᠡᠮᠳᠡᠭᠯᠡᠯ ᠤᠳ ᠢ | ᠰᠢᠨᠡᠳᠬᠡᠵᠡᠢ᠃ | | |