ᠨᠢᠯᠬ᠎ᠠ ᠬᠤᠷᠠᠭ᠎ᠠ ᠶᠢᠨ ᠪᠡᠶ᠎ᠡ ᠶᠢᠨ ᠳᠤᠯᠠᠭᠠᠨ ᠢᠶᠠᠨ ᠲᠣᠬᠢᠷᠠᠭᠤᠯᠬᠤ ᠴᠢᠳᠠᠪᠤᠷᠢ ᠨᠢ ᠳᠡᠶᠢᠮᠤ ᠰᠠᠶᠢᠨ ᠪᠢᠰᠢ᠂ ᠡᠪᠡᠳᠴᠢᠨ ᠭᠡᠮ ᠪᠠ ᠬᠦᠢᠲᠡᠨ ᠢ ᠡᠰᠡᠷᠭᠦᠴᠡᠬᠦ | ᠴᠢᠳᠠᠪᠤᠷᠢ ᠨᠢ ᠲᠤᠷᠤᠢ ᠪᠣᠯᠬᠤᠷ ᠡᠬᠡ ᠠᠴᠠ ᠪᠠᠨ ᠭᠠᠷᠤᠭᠰᠠᠨ ᠤ ᠳᠠᠷᠠᠭᠠᠬᠢ ᠨᠢᠭᠡ ᠭᠠᠷᠠᠭ ᠤᠨ ᠳᠣᠲᠣᠷ᠎ᠠ ᠦᠬᠦᠬᠦ ᠨᠤᠷᠮ᠎ᠠ ᠨᠢ ᠥᠨᠳᠥᠷ ᠪᠠᠶᠢᠳᠠᠭ᠃ | ᠳᠡᠶᠢᠮᠤ ᠠᠴᠠ ᠠᠷᠠᠴᠢᠯᠠᠭ᠎ᠠ ᠲᠡᠵᠢᠭᠡᠯᠭᠡ ᠶᠢᠨ ᠲᠠᠯ᠎ᠠ ᠪᠠᠷ ᠣᠨᠴᠠ ᠠᠩᠬᠠᠷᠬᠤ ᠬᠡᠷᠡᠭᠲᠡᠢ ᠪᠠᠶᠢᠳᠠᠭ᠃ ᠬᠤᠷᠠᠭᠠᠨ ᠤ ᠥᠰᠦᠯᠲᠡ ᠶᠢ ᠳᠠᠭᠠᠯᠳᠤᠨ ᠡᠬᠡ ᠮᠠᠯ ᠤᠨ ᠰᠦ | ᠨᠢ ᠬᠦᠷᠦᠯᠴᠡᠬᠦ ᠦᠭᠡᠢ ᠪᠠᠶᠢᠳᠠᠯ ᠦᠷᠭᠦᠯᠵᠢ ᠭᠠᠷᠳᠠᠭ ᠲᠤᠯᠠ ᠡᠮ᠎ᠡ ᠬᠤᠨᠢᠨ ᠳᠤ ᠴᠠᠭ ᠲᠤᠬᠠᠢ ᠳᠤᠨᠢ ᠨᠥᠬᠦᠪᠦᠷᠢ ᠪᠣᠷᠳᠤᠭ᠎ᠠ ᠨᠡᠮᠡᠨ ᠥᠭᠴᠦ᠂ ᠵᠣᠬᠢᠬᠤ ᠴᠠᠭ | ᠬᠤᠭᠤᠴᠠᠭ᠎ᠠ ᠥᠩᠭᠡᠷᠡᠭᠰᠡᠨ ᠤ ᠰᠡᠭᠦᠯᠡᠷ ᠬᠤᠷᠠᠭ᠎ᠠ ᠶᠢ ᠰᠦ ᠠᠴᠠ ᠨᠢ ᠰᠠᠯᠭᠠᠨ᠎ᠠ᠃ ᠬᠤᠷᠠᠭ᠎ᠠ ᠪᠣᠶᠢᠵᠢᠭᠤᠯᠬᠤ ᠳᠤ ︽ᠭᠤᠷᠪᠠᠨ ᠡᠷᠲᠡ︾ ︵ᠳᠠᠷᠤᠢ ᠡᠷᠲᠡ | ᠤᠭᠤᠷᠠᠭ ᠤᠭᠵᠢᠬᠤ᠂ ᠡᠷᠲᠡ ᠪᠣᠷᠳᠤᠭ᠎ᠠ ᠪᠠᠷ ᠲᠡᠵᠢᠭᠡᠬᠦ ᠪᠠ ᠡᠷᠲᠡ ᠰᠦ ᠠᠴᠠ ᠨᠢ ᠰᠠᠯᠭᠠᠬᠤ︶᠂ ︽ᠭᠤᠷᠪᠠ ᠶᠢ ᠪᠠᠶᠢᠴᠠᠭᠠᠬᠤ︾ ︵ᠢᠳᠡᠰᠢᠨ ᠤ ᠳᠤᠷᠠᠰᠢᠯ ᠢ | ᠪᠠᠶᠢᠴᠠᠭᠠᠬᠤ᠂ ᠴᠤᠭ ᠰᠦᠯᠳᠡ ᠶᠢ ᠪᠠᠶᠢᠴᠠᠭᠠᠬᠤ ᠪᠠ ᠢᠯᠭᠠᠳᠠᠰᠤ ᠶᠢ ᠨᠢ ᠪᠠᠶᠢᠴᠠᠭᠠᠬᠤ︶ ᠶᠢ ᠪᠠᠷᠢᠮᠲᠠᠯᠠᠪᠠᠯ᠂ ᠬᠤᠷᠠᠭᠠᠨ ᠤ ᠤᠨᠳᠤᠷᠤᠯᠳᠠ ᠶᠢᠨ ᠨᠤᠷᠮ᠎ᠠ ᠶᠢ | ᠵᠣᠬᠢᠬᠤ ᠬᠡᠮᠵᠢᠶ᠎ᠡ ᠪᠠᠷ ᠲᠡᠭᠡᠭᠰᠢᠯᠡᠭᠦᠯᠵᠤ ᠴᠢᠳᠠᠨ᠎ᠠ ᠭᠡᠳᠡᠭ ᠢ ᠦᠢᠯᠡᠳᠦᠯᠭᠡ ᠭᠡᠷᠡᠴᠢᠯᠡᠭᠰᠡᠨ ᠪᠠᠶᠢᠨ᠎ᠠ᠃ | ︵ᠨᠢᠭᠡ︶ ᠬᠤᠷᠠᠭᠠᠯᠠᠭᠰᠠᠨ ᠤ ᠳᠠᠷᠠᠭᠠᠬᠢ 1 - 3 ᠡᠳᠦᠷ ᠲᠤᠰ ᠬᠤᠭᠤᠴᠠᠭᠠᠨ ᠳᠤ ᠬᠤᠷᠠᠭ᠎ᠠ ᠶᠢᠨ ᠤᠭᠤᠷᠠᠭ ᠰᠦ ᠨᠢ ᠬᠦᠷᠦᠯᠴᠡᠬᠦ ᠡᠰᠡᠬᠦ ᠪᠠ ᠭᠡᠭᠡᠯ ᠤᠨ | ᠵᠤᠩᠭᠠᠭ ᠭᠠᠳᠠᠭᠰᠢᠯᠠᠭᠰᠠᠨ ᠡᠰᠡᠬᠦ ᠶᠢ ᠭᠤᠣᠯ ᠠᠩᠬᠠᠷᠤᠨ᠎ᠠ᠃ ᠡᠬᠡ ᠮᠠᠯ ᠤᠨ ᠤᠭᠤᠷᠠᠭ ᠰᠦᠨ ᠳᠤ ᠤᠭᠤᠷᠠᠭ᠂ ᠥᠭᠡᠬᠦ᠂ ᠪᠠᠺᠲ᠋ᠧᠷᠢ ᠶᠢ ᠡᠰᠡᠷᠭᠦᠴᠡᠬᠦ ᠪᠣᠳᠠᠰ | ᠡᠯᠪᠡᠭ ᠪᠠᠶᠢᠳᠠᠭ ᠪᠥᠭᠡᠳ ᠪᠠᠰᠠ ᠶᠡᠭᠡ ᠬᠡᠮᠵᠢᠶᠡᠨ ᠤ ᠮᠠᠩᠭᠠᠨ ᠤ ᠳᠠᠪᠤᠰᠤᠯᠢᠭ ᠪᠣᠳᠠᠰ ᠠᠭᠤᠯᠤᠭᠳᠠᠵᠤ ᠪᠠᠶᠢᠳᠠᠭ᠃ ᠡᠳᠡᠭᠡᠷ ᠪᠣᠳᠠᠰ ᠨᠢ ᠬᠤᠷᠠᠭᠠᠨ ᠤ ᠪᠡᠶ᠎ᠡ | ᠴᠣᠭᠴᠠ ᠶᠢ ᠴᠢᠭᠢᠷᠠᠭᠵᠢᠭᠤᠯᠵᠤ᠂ ᠡᠪᠡᠳᠴᠢᠨ ᠭᠡᠮ ᠢ ᠡᠰᠡᠷᠭᠦᠴᠡᠬᠦ ᠪᠣᠯᠣᠨ ᠭᠡᠭᠡᠯ ᠤᠨ ᠵᠤᠩᠭᠠᠭ ᠢ ᠭᠠᠳᠠᠭᠰᠢᠯᠠᠭᠤᠯᠬᠤ ᠳᠤ ᠴᠢᠬᠤᠯᠠ ᠦᠢᠯᠡᠳᠦᠯ ᠦᠵᠡᠭᠦᠯᠳᠡᠭ᠃ | ᠡᠶᠢᠮᠦ ᠠᠴᠠ ᠨᠢᠯᠬ᠎ᠠ ᠬᠤᠷᠠᠭ᠎ᠠ ᠳᠤ ᠡᠷᠬᠡᠪᠰᠢ ᠤᠭᠤᠷᠠᠭ ᠰᠦ ᠶᠢ ᠨᠢ ᠭᠦᠢᠴᠡᠳ ᠭᠦᠭᠦᠭᠦᠯᠭᠦ ᠬᠡᠷᠡᠭᠲᠡᠢ᠃ | ︵ᠬᠤᠶᠠᠷ︶ ᠬᠤᠷᠠᠭᠠᠯᠠᠭᠰᠠᠨ ᠤ ᠳᠠᠷᠠᠭᠠᠬᠢ 3 - 7 ᠡᠳᠦᠷ ᠲᠤᠰ ᠬᠤᠭᠤᠴᠠᠭᠠᠨ ᠳᠤ ᠡᠬᠡ ᠮᠠᠯ ᠪᠠ ᠬᠤᠷᠠᠭ᠎ᠠ ᠶᠢ ᠪᠡᠯᠴᠢᠭᠡᠷ ᠲᠤ ᠭᠠᠷᠭᠠᠨ ᠬᠠᠷᠢᠭᠤᠯᠵᠤ | ᠪᠤᠯᠬᠤ ᠪᠤᠯᠪᠠᠴᠤ ᠬᠤᠷᠠᠭᠠᠨ ᠤ ᠭᠦᠭᠦᠯᠳᠡ ᠭᠦᠢᠴᠡᠳ ᠪᠠᠶᠢᠬᠤ ᠶᠢ ᠪᠠᠲᠤᠯᠠᠬᠤ ᠬᠡᠷᠡᠭᠲᠡᠢ᠃ ᠰᠤᠳᠤᠯᠭᠠᠨ ᠢ ᠦᠨᠳᠦᠰᠦᠯᠡᠪᠡᠯ᠂ ᠬᠤᠷᠠᠭᠠᠯᠠᠭᠰᠠᠨ ᠤ ᠳᠠᠷᠠᠭᠠᠬᠢ 7 | ᠬᠤᠨᠤᠭ ᠤᠨ ᠳᠣᠲᠣᠷ᠎ᠠ ᠬᠤᠷᠠᠭᠠᠨ ᠤ ᠦᠬᠦᠯᠲᠡ ᠶᠢᠨ ᠨᠤᠷᠮ᠎ᠠ ᠨᠢ 85% ᠠᠴᠠ ᠳᠡᠭᠡᠭᠰᠢ ᠪᠠᠶᠢᠳᠠᠭ᠃ ᠡᠭᠦᠨ ᠤ ᠭᠤᠣᠯ ᠰᠢᠯᠲᠠᠭᠠᠨ ᠨᠢ ᠬᠤᠷᠠᠭ᠎ᠠ ᠭᠢᠯᠪᠠᠷᠬᠠᠨ | ᠠᠭᠤᠰᠬᠢᠨ ᠦᠷᠪᠢᠰᠦᠯ᠂ ᠬᠤᠳᠣᠭᠤᠳᠤ ᠭᠡᠳᠡᠰᠦᠨ ᠤ ᠦᠷᠪᠢᠰᠦᠯ᠂ ᠬᠦᠢᠰᠦᠨ ᠤ ᠦᠷᠪᠢᠰᠦᠯ ᠪᠠ ᠴᠢᠴᠠᠭ᠎ᠠ ᠠᠯᠳᠠᠬᠤ ᠵᠡᠷᠭᠡ ᠡᠪᠡᠳᠴᠢᠨ ᠣᠯᠳᠠᠭ ᠠᠴᠠ | ᠪᠣᠯᠤᠭᠰᠠᠨ ᠶᠤᠮ᠃ ᠡᠶᠢᠮᠦ ᠠᠴᠠ ᠬᠤᠨᠢᠨ ᠤ ᠬᠠᠰᠢᠶ᠎ᠠ ᠰᠠᠷᠠᠪᠴᠢ᠂ ᠪᠡᠶ᠎ᠡ ᠶᠢᠨ ᠠᠷᠢᠭᠤᠨ ᠴᠡᠪᠡᠷ ᠢ ᠰᠠᠶᠢᠲᠤᠷ ᠬᠢᠵᠦ᠂ ᠦᠷᠭᠦᠯᠵᠢ ᠰᠠᠯᠬᠢ ᠨᠡᠪᠲᠡᠷᠡᠭᠦᠯᠬᠦ ᠶᠢ | ᠠᠩᠬᠠᠷᠴᠤ᠂ ᠬᠤᠷᠠᠭ᠎ᠠ ᠪᠠᠨ ᠲᠣᠭᠲᠠᠭᠰᠠᠨ ᠴᠠᠭ ᠲᠤ ᠲᠣᠭᠲᠠᠭᠰᠠᠨ ᠬᠡᠮᠵᠢᠶ᠎ᠡ ᠲᠠᠢ ᠭᠦᠭᠦᠭᠦᠯᠭᠦ ᠬᠡᠷᠡᠭᠲᠡᠢ᠃ | ︵ᠭᠤᠷᠪᠠ︶ ᠬᠤᠷᠠᠭᠠᠯᠠᠭᠰᠠᠨ ᠤ ᠳᠠᠷᠠᠭᠠᠬᠢ 7 - 10 ᠡᠳᠦᠷ ᠲᠤᠰ ᠬᠤᠭᠤᠴᠠᠭᠠᠨ ᠳᠤ ᠬᠠᠭᠤᠷᠠᠢ ᠡᠪᠡᠰᠦ ᠪᠠᠷ ᠲᠡᠵᠢᠭᠡᠵᠦ ᠤᠰᠤᠯᠠᠨ᠎ᠠ᠃ ᠬᠤᠷᠠᠭᠠᠨ ᠤ | ᠬᠠᠰᠢᠶ᠎ᠠ ᠰᠠᠷᠠᠪᠴᠢ ᠳᠤ ᠦᠷᠭᠦᠯᠵᠢ ᠬᠠᠭᠤᠷᠠᠢ ᠬᠥᠬᠡ ᠡᠪᠡᠰᠦ᠂ ᠭᠡᠮᠭᠡᠯᠡᠭᠰᠡᠨ ᠪᠣᠷᠳᠤᠭ᠎ᠠ᠂ ᠢᠳᠡᠭᠡᠨ ᠤ ᠳᠠᠪᠤᠰᠤ᠂ ᠤᠰᠤ ᠵᠡᠷᠭᠡ ᠶᠢ ᠪᠡᠯᠡᠳᠬᠡᠵᠦ᠂ ᠬᠤᠷᠠᠭ᠎ᠠ ᠶᠢ | ᠡᠪᠡᠰᠦ ᠪᠣᠷᠳᠤᠭ᠎ᠠ ᠢᠳᠡᠭᠦᠯᠵᠦ ᠰᠤᠷᠭᠠᠬᠤ ᠬᠡᠷᠡᠭᠲᠡᠢ᠃ | ︵ᠳᠥᠷᠪᠡ︶ ᠬᠤᠷᠠᠭᠠᠯᠠᠭᠰᠠᠨ ᠤ ᠳᠠᠷᠠᠭᠠᠬᠢ 10 - 20 ᠡᠳᠦᠷ ᠬᠤᠷᠠᠭᠠᠨ ᠤ ᠢᠳᠡᠰᠢᠯᠡᠬᠦ ᠬᠡᠮᠵᠢᠶ᠎ᠡ ᠶᠢᠨ ᠨᠡᠮᠡᠭᠳᠡᠬᠦ ᠶᠢ ᠳᠠᠭᠠᠯᠳᠤᠨ᠂ ᠬᠤᠷᠠᠭᠠᠯᠠᠭᠰᠠᠨ ᠤ | ᠳᠠᠷᠠᠭᠠᠬᠢ ᠬᠠᠭᠠᠰ ᠰᠠᠷ᠎ᠠ ᠠᠴᠠ ᠡᠬᠢᠯᠡᠨ ᠬᠤᠯᠢᠮᠠᠭ ᠲᠡᠵᠢᠭᠡᠯ ᠪᠣᠷᠳᠤᠭ᠎ᠠ ᠨᠥᠬᠦᠪᠦᠷᠢᠯᠡᠵᠦ ᠥᠭᠪᠡᠯ ᠵᠣᠬᠢᠨ᠎ᠠ᠃ ᠲᠡᠵᠢᠭᠡᠬᠦ ᠬᠡᠮᠵᠢᠶ᠎ᠡ ᠶᠢ ᠪᠡᠶ᠎ᠡ ᠶᠢᠨ ᠥᠰᠦᠯᠲᠡ | ᠨᠡᠮᠡᠭᠳᠡᠬᠦ ᠶᠢ ᠳᠠᠭᠠᠯᠳᠤᠭᠤᠯᠵᠤ ᠲᠣᠬᠢᠷᠠᠭᠤᠯᠤᠨ᠎ᠠ᠃ ᠶᠡᠷᠦ ᠳᠡᠭᠡᠨ ᠬᠠᠭᠠᠰ ᠰᠠᠷ᠎ᠠ ᠪᠣᠯᠤᠭᠰᠠᠨ ᠬᠤᠷᠠᠭ᠎ᠠ ᠳᠤ 50 - 75 ᠭᠷᠡᠮ ᠪᠣᠷᠳᠤᠭ᠎ᠠ᠂ 30 - 60 ᠡᠳᠦᠷ | ᠪᠣᠯᠤᠭᠰᠠᠨ ᠬᠤᠷᠠᠭ᠎ᠠ ᠳᠤ 100 ᠭᠷᠡᠮ ᠪᠣᠷᠳᠤᠭ᠎ᠠ᠂ 60 - 90 ᠡᠳᠦᠷ ᠪᠣᠯᠤᠭᠰᠠᠨ ᠬᠤᠷᠠᠭ᠎ᠠ ᠳᠤ 200 ᠭᠷᠡᠮ ᠪᠣᠷᠳᠤᠭ᠎ᠠ᠂ 90 - 120 ᠡᠳᠦᠷ ᠪᠣᠯᠤᠭᠰᠠᠨ | ᠬᠤᠷᠠᠭ᠎ᠠ ᠳᠤ 250 ᠭᠷᠡᠮ ᠪᠣᠷᠳᠤᠭ᠎ᠠ ᠦᠭᠳᠡᠭ᠃ | ︵ᠲᠠᠪᠤ︶ ᠬᠤᠷᠠᠭᠠᠯᠠᠭᠰᠠᠨ ᠤ ᠳᠠᠷᠠᠭᠠᠬᠢ 90 - 120 ᠡᠳᠦᠷ ᠲᠤᠰ ᠬᠤᠭᠤᠴᠠᠭᠠᠨ ᠳᠤ ᠥᠰᠦᠯᠲᠡ ᠪᠤᠶᠢᠵᠢᠯᠳᠡ ᠶᠢ ᠦᠨᠳᠦᠰᠦᠯᠡᠵᠦ ᠰᠦ ᠠᠴᠠ ᠨᠢ | ᠰᠠᠯᠭᠠᠨ᠎ᠠ᠃ ᠰᠦ ᠠᠴᠠ ᠨᠢ ᠲᠦᠷᠭᠡᠨ ᠰᠠᠯᠭᠠᠬᠤ ᠪᠠ ᠠᠭᠠᠵᠢᠮ ᠢᠶᠠᠷ ᠰᠠᠯᠭᠠᠬᠤ ᠭᠡᠵᠦ ᠬᠤᠶᠠᠷ ᠵᠦᠢᠯ ᠤᠨ ᠠᠷᠭ᠎ᠠ ᠪᠠᠶᠢᠳᠠᠭ᠃ ᠡᠭᠦᠨ ᠤ ᠬᠠᠮᠲᠤ ᠬᠤᠷᠠᠭᠠᠨ ᠤ | ᠥᠰᠦᠯᠲᠡ ᠪᠤᠶᠢᠵᠢᠯᠳᠡ ᠶᠢᠨ ᠪᠠᠶᠢᠳᠠᠯ ᠢ ᠦᠨᠳᠦᠰᠦᠯᠡᠵᠦ ᠰᠦ ᠠᠴᠠ ᠨᠢ ᠰᠠᠯᠭᠠᠬᠤ ᠴᠠᠭ ᠢ ᠤᠷᠢᠳᠴᠢᠯᠠᠭᠤᠯᠬᠤ ᠪᠠ ᠬᠤᠶᠢᠰᠢᠯᠠᠭᠤᠯᠵᠤ ᠪᠣᠯᠣᠨ᠎ᠠ᠃ ᠰᠦ ᠠᠴᠠ | ᠰᠠᠯᠭᠠᠬᠤ ᠦᠶ᠎ᠡ ᠳᠤ ᠡᠳᠦᠷ ᠪᠦᠷᠢ ᠡᠷᠲᠡ ᠣᠷᠣᠢ ᠬᠤᠶᠠᠷ ᠤᠳᠠᠭ᠎ᠠ ᠬᠥᠬᠦᠭᠦᠯᠵᠦ᠂ ᠡᠪᠡᠰᠦ ᠪᠣᠷᠳᠤᠭ᠎ᠠ ᠪᠠᠷ ᠲᠡᠵᠢᠭᠡᠬᠦ ᠤᠳᠠᠭ᠎ᠠ ᠪᠠᠨ ᠨᠡᠮᠡᠭᠳᠡᠭᠦᠯᠦᠨ᠂ | ᠬᠤᠷᠠᠭ᠎ᠠ ᠶᠢᠨ ᠭᠦᠭᠦᠭᠦ ᠲᠤᠭ᠎ᠠ ᠬᠡᠮᠵᠢᠶ᠎ᠡ ᠶᠢ ᠪᠠᠭᠠᠰᠬᠠᠨ᠎ᠠ᠃ ᠡᠩ ᠤᠨ ᠪᠠᠶᠢᠳᠠᠯ ᠳᠤ 7 - 10 ᠡᠳᠦᠷ ᠲᠤ ᠰᠦ ᠠᠴᠠ ᠨᠢ ᠪᠦᠷᠢᠮᠦᠰᠦᠨ ᠰᠠᠯᠭᠠᠵᠤ ᠲᠡᠶᠢᠯᠤᠨ᠎ᠠ᠃ | ᠲᠥᠯ ᠲᠤᠰᠬᠤ ᠴᠠᠭ ᠨᠢ ᠨᠡᠯᠢᠶᠡᠳ ᠲᠥᠪᠯᠡᠷᠡᠭᠰᠡᠨ ᠪᠤᠶᠤ ᠡᠬᠡ ᠮᠠᠯ ᠤᠨ ᠰᠦ ᠬᠦᠷᠦᠯᠴᠡᠬᠦ ᠦᠭᠡᠢ ᠪᠠᠶᠢᠳᠠᠯ ᠳᠣᠣᠷ᠎ᠠ ᠬᠠᠮᠤᠭ ᠰᠠᠶᠢᠨ ᠨᠢ ᠰᠦ ᠠᠴᠠ ᠨᠢ ᠲᠦᠷᠭᠡᠨ | ᠰᠠᠯᠭᠠᠬᠤ ᠠᠷᠭ᠎ᠠ ᠶᠢ ᠠᠪᠤᠪᠠᠯ ᠵᠣᠬᠢᠨ᠎ᠠ᠃ | |