| ᠰᠢᠨ᠎ᠡ ᠲᠥᠷᠥ ᠶᠢᠨ ᠪᠣᠳᠣᠯᠭ᠎ᠠ ᠶᠢ ᠦᠨᠳᠦᠰᠦᠯᠡᠪᠡᠯ᠂ ᠤᠤᠯ ᠤᠨ ᠲᠣᠭᠲᠠᠭᠠᠭᠰᠠᠨ ᠡᠨᠡ ᠵᠢᠯ ᠤᠨ ᠡᠴᠦᠰ ᠲᠤ ᠬᠤᠭᠤᠴᠠᠭ᠎ᠠ ᠲᠤᠯᠬᠤ ᠰᠢᠨ᠎ᠡ ᠡᠨᠧᠷᠭᠢ ᠶᠢᠨ | ᠮᠠᠰᠢᠨ ᠲᠡᠷᠭᠡ ᠬᠤᠳᠠᠯᠳᠤᠨ ᠠᠪᠬᠤ ᠭᠠᠶᠢᠯᠢ ᠠᠴᠠ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠳᠠᠷᠠᠭ᠎ᠠ ᠵᠢᠯ ᠤᠨ ᠡᠴᠦᠰ ᠪᠣᠯᠲᠠᠯ᠎ᠠ ᠣᠷᠳᠣᠳᠬᠠᠪᠠ᠃ ᠤᠯᠤᠰ ᠤᠨ | ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ 31 ᠤ ᠡᠳᠦᠷ ᠨᠡᠶᠢᠲᠡᠯᠡᠭᠰᠡᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠡᠨᠡ ᠵᠢᠯ ᠤᠨ ᠲᠦᠷᠦᠭᠦᠦ 7 | ᠰᠠᠷ᠎ᠠ ᠳᠤ᠂ ᠰᠢᠨ᠎ᠡ ᠡᠨᠧᠷᠭᠢ ᠶᠢᠨ ᠮᠠᠰᠢᠨ ᠲᠡᠷᠭᠡ ᠬᠤᠳᠠᠯᠳᠤᠨ ᠠᠪᠬᠤ ᠭᠠᠶᠢᠯᠢ ᠶᠢ 406 . 8 ᠳ᠋ᠦᠩᠰᠢᠭᠤᠷ ᠲᠥᠭᠦᠷᠢᠭ ᠬᠡᠯᠲᠦᠷᠢᠭᠦᠯᠵᠦ᠂ ᠠᠳᠠᠯᠢ | ᠬᠤᠭᠤᠴᠠᠭᠠᠨ ᠤ ᠬᠢ ᠠᠴᠠ 108 . 5 % ᠪᠠᠷ ᠨᠡᠮᠡᠭᠳᠡᠪᠡ᠃ | ᠵᠠᠬ᠎ᠠ ᠳᠡᠯᠭᠡᠭᠦᠷᠴᠢ ᠬᠥᠮᠦᠰ ᠤᠨ ᠵᠠᠳᠠᠯᠤᠭᠰᠠᠨ ᠢᠶᠠᠷ᠂ ᠰᠢᠨ᠎ᠡ ᠡᠨᠧᠷᠭᠢ ᠶᠢᠨ ᠮᠠᠰᠢᠨ ᠲᠡᠷᠭᠡ ᠬᠤᠳᠠᠯᠳᠤᠨ ᠠᠪᠬᠤ ᠭᠠᠶᠢᠯᠢ ᠠᠴᠠ ᠬᠡᠯᠲᠦᠷᠢᠭᠦᠯᠬᠦ ᠲᠥᠷᠥ ᠶᠢᠨ | ᠪᠣᠳᠣᠯᠭ᠎ᠠ ᠶᠢ ᠬᠡᠷᠡᠭᠵᠢᠭᠦᠯᠬᠦ ᠬᠤᠭᠤᠴᠠᠭ᠎ᠠ ᠶᠢ ᠳᠠᠬᠢᠨᠲᠠ ᠤᠷᠲᠤᠳᠬᠠᠬᠤ ᠨᠢ ᠵᠠᠬ᠎ᠠ ᠳᠡᠯᠭᠡᠭᠦᠷ ᠤᠨ ᠬᠡᠷᠡᠭᠴᠡᠭᠡ ᠶᠢ ᠦᠷᠭᠦᠯᠵᠢᠯᠡᠨ ᠬᠥᠭᠵᠢᠭᠡᠵᠦ᠂ ᠠᠵᠤ ᠠᠬᠤᠶ ᠶᠢᠨ | ᠰᠢᠨ᠎ᠡ ᠨᠡᠮᠡᠭᠳᠡᠯ ᠤᠨ ᠴᠡᠭ ᠢ ᠪᠤᠶᠢᠵᠢᠭᠤᠯᠬᠤ ᠠᠴᠠ ᠭᠠᠳᠠᠨ᠎ᠠ᠂ ᠪᠠᠰᠠ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠣᠶᠢᠯᠡᠳᠪᠣᠷᠢᠯᠡᠯ ᠪᠠ ᠮᠡᠷᠭᠡᠵᠢᠯ ᠤᠨ ᠰᠢᠨ᠎ᠡ | ᠡᠭᠦᠳᠦᠯᠲᠡ ᠶᠢ ᠤᠯᠠᠮ ᠨᠢᠭᠡ ᠠᠯᠬᠤᠮ ᠠᠬᠢᠭᠤᠯᠵᠤ᠂ ᠣᠶᠢᠯᠡᠳᠬᠦᠨ ᠤ ᠬᠠᠩᠭᠠᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠪᠣᠯᠤᠨ᠎ᠠ ᠭᠡᠵᠡᠢ᠃ | ᠰᠢᠨ᠎ᠡ ᠡᠨᠧᠷᠭᠢ ᠶᠢᠨ ᠮᠠᠰᠢᠨ ᠲᠡᠷᠭᠡ ᠬᠤᠳᠠᠯᠳᠤᠨ ᠠᠪᠬᠤ ᠭᠠᠶᠢᠯᠢ ᠶᠢ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠳᠠᠷᠠᠭ᠎ᠠ ᠵᠢᠯ ᠤᠨ ᠡᠴᠦᠰ ᠪᠤᠯᠲᠠᠯ᠎ᠠ | ᠤᠷᠳᠤᠳᠬᠠᠨ᠎ᠠ ᠰᠢᠨ᠎ᠡ ᠡᠨᠧᠷᠭᠢ ᠶᠢᠨ ᠮᠠᠰᠢᠨ ᠲᠡᠷᠭᠡ ᠬᠤᠳᠠᠯᠳᠤᠨ ᠠᠪᠬᠤ ᠭᠠᠶᠢᠯᠢ ᠶᠢ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ 2023 ᠣᠨ ᠤ ᠡᠴᠦᠰ | ᠪᠣᠯᠲᠠᠯ᠎ᠠ ᠦᠷᠭᠦᠯᠵᠢᠯᠡᠨ ᠬᠡᠷᠡᠭᠵᠢᠭᠦᠯᠵᠦ ᠪᠠᠶᠢᠭ᠎ᠠ ᠪᠣᠯ 2014 ᠣᠨ ᠳᠤ ᠮᠠᠨ ᠤ ᠤᠯᠤᠰ ᠰᠢᠨ᠎ᠡ ᠡᠨᠧᠷᠭᠢ ᠶᠢᠨ ᠮᠠᠰᠢᠨ ᠲᠡᠷᠭᠡ ᠬᠤᠳᠠᠯᠳᠤᠨ ᠠᠪᠬᠤ ᠭᠠᠶᠢᠯᠢ ᠶᠢ | ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠠᠩᠬ᠎ᠠ ᠤᠳᠠᠭ᠎ᠠ ᠬᠡᠷᠡᠭᠵᠢᠭᠦᠯᠦᠭᠰᠡᠨ ᠤ ᠳᠠᠷᠠᠭ᠎ᠠ᠂ ᠡᠨᠡ ᠬᠦ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠭᠤᠷᠪᠠᠳᠠᠬᠢ | ᠤᠳᠠᠭ᠎ᠠ ᠦᠷᠭᠦᠯᠵᠢᠯᠡᠨ ᠬᠡᠷᠡᠭᠵᠢᠭᠦᠯᠵᠦ ᠪᠠᠶᠢᠭ᠎ᠠ ᠶᠤᠮ᠂ ᠵᠢᠱᠢᠯᠲᠡ ᠪᠠᠷ ᠲᠡᠷᠭᠡ ᠬᠤᠳᠠᠯᠳᠤᠨ ᠠᠪᠬᠤ ᠭᠠᠶᠢᠯᠢ ᠶᠢ 1000 ᠳ᠋ᠦᠩᠰᠢᠭᠤᠷ ᠲᠥᠭᠦᠷᠢᠭ ᠬᠡᠯᠲᠦᠷᠢᠭᠦᠯᠬᠦ | ᠪᠣᠯᠤᠨ᠎ᠠ᠃ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠤᠨ ᠬᠤᠭᠤᠴᠠᠭ᠎ᠠ ᠶᠢ ᠤᠷᠳᠤᠳᠬᠠᠭᠰᠠᠨ ᠨᠢ ᠲᠡᠷᠭᠡ ᠬᠤᠳᠠᠯᠳᠤᠨ ᠠᠪᠬᠤ ᠭᠡᠵᠦ ᠪᠠᠶᠢᠭ᠎ᠠ ᠴᠥᠭᠡᠨ ᠪᠤᠰᠤ | ᠬᠡᠷᠡᠭᠯᠡᠭᠴᠢᠳ ᠤᠨ ᠰᠠᠨᠠᠭ᠎ᠠ ᠶᠢ ᠠᠭᠤᠵᠢᠷᠠᠭᠤᠯᠤᠭᠰᠠᠨ ᠪᠠᠶᠢᠨ᠎ᠠ᠃ | ᠬᠡᠷᠡᠭᠯᠡᠭᠴᠢ ᠯᠦᠸᠧ ᠠᠪᠤᠭᠠᠶ ᠬᠡᠯᠡᠬᠦ ᠳᠡᠭᠡᠨ᠂ ᠪᠢ ᠣᠳᠣ ᠴᠤ ᠭᠡᠳ ᠥᠪᠡᠷ ᠤᠨ ᠲᠤᠰᠤ ᠰᠢᠲᠠᠭᠠᠳᠠᠭ ᠲᠡᠷᠭᠡ ᠪᠠᠨ ᠴᠠᠬᠢᠯᠭᠠᠨ ᠬᠥᠳᠡᠯᠭᠡᠭᠦᠷᠲᠦ ᠲᠡᠷᠭᠡ | ᠪᠣᠯᠭᠠᠬᠤ ᠪᠠᠷ ᠪᠣᠳᠣᠯᠬᠢᠯᠠᠵᠤ ᠪᠠᠶᠢᠨ᠎ᠠ᠂ ᠨᠢᠭᠡ ᠵᠢᠯ ᠤᠨ ᠲᠣᠰᠣᠨ ᠤ ᠵᠠᠷᠤᠳᠠᠯ ᠪᠣᠯᠤᠨ ᠠᠷᠠᠴᠢᠯᠠᠨ ᠬᠠᠮᠠᠭᠠᠯᠠᠬᠤ ᠵᠠᠷᠤᠳᠠᠯ ᠢ 2 ᠲᠦᠮᠡᠨ ᠲᠥᠭᠦᠷᠢᠭ ᠣᠷᠴᠢᠮ | ᠠᠷᠪᠢᠯᠠᠵᠤ᠂ ᠬᠤᠳᠠᠯᠳᠤᠨ ᠠᠪᠬᠤ ᠭᠠᠶᠢᠯᠢ ᠨᠢ 4 ᠲᠦᠮᠡᠨ ᠲᠥᠭᠦᠷᠢᠭ ᠣᠷᠴᠢᠮ ᠠᠷᠪᠢᠯᠠᠵᠤ ᠲᠠᠶᠢᠯᠤᠨ᠎ᠠ ᠭᠡᠵᠡᠶ᠃ | ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠰᠢᠶᠤᠤ ᠭᠠᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠭᠠᠶᠢᠯᠢ ᠶᠢᠨ | ᠶᠠᠪᠤᠳᠠᠯ ᠤᠨ ᠲᠣᠪᠴᠢᠶ᠎ᠠ ᠶᠢᠨ ᠭᠠᠶᠢᠯᠢ ᠬᠦᠢᠴᠡᠳᠬᠡᠬᠦ ᠣᠶᠢᠯᠡᠴᠢᠯᠡᠭᠡᠨ ᠤ ᠲᠢᠩᠬᠢᠮ ᠤᠨ ᠲᠤᠬᠠᠶᠢᠯᠠᠭᠰᠠᠨ ᠠᠵᠢᠯ ᠤᠨ ᠬᠠᠷᠢᠭᠤᠴᠠᠯᠭᠠᠲᠠᠨ ᠯᠢᠦ ᠯᠸᠢ᠄ ᠨᠢᠳᠤᠨᠤᠨ ᠤ | 1 ᠰᠠᠷ᠎ᠠ ᠠᠴᠠ 8 ᠰᠠᠷ᠎ᠠ ᠪᠣᠯᠲᠠᠯ᠎ᠠ᠂ ᠵᠥᠪᠬᠡᠨ 588 ᠰᠢᠨ᠎ᠡ ᠡᠨᠧᠷᠭᠢ ᠶᠢᠨ ᠮᠠᠰᠢᠨ ᠲᠡᠷᠭᠡ ᠶᠢᠨ ᠭᠠᠶᠢᠯᠢ ᠶᠢ ᠬᠠᠰᠤᠵᠤ ᠭᠡᠯᠳᠦᠷᠢᠭᠦᠯᠬᠦ ᠬᠠᠷᠠᠭᠠᠯᠵᠠᠯ ᠲᠠᠢ ᠪᠠᠶᠢᠪᠠ᠂ | ᠡᠨᠡ ᠵᠢᠯ ᠤᠨ 1 ᠰᠠᠷ᠎ᠠ ᠠᠴᠠ 8 ᠰᠠᠷ᠎ᠠ ᠪᠣᠯᠲᠠᠯ᠎ᠠ ᠨᠡᠶᠢᠲᠡ 1857 ᠲᠡᠷᠭᠡ ᠪᠣᠯᠪᠠ᠃ ᠤᠯᠤᠰ ᠤᠨ ᠲᠡᠷᠭᠡ ᠬᠤᠳᠠᠯᠳᠤᠨ ᠠᠪᠬᠤ ᠭᠠᠶᠢᠯᠢ ᠶᠢᠨ ᠨᠣᠷᠮ᠎ᠠ ᠪᠣᠯ 10 | % ᠶᠤᠮ᠂ 30 ᠲᠦᠮᠡᠨ ᠲᠦᠭᠦᠷᠢᠭ ᠤᠨ ᠨᠢᠭᠡ ᠲᠡᠷᠭᠡ ᠬᠤᠳᠠᠯᠳᠤᠨ ᠠᠪᠬᠤ ᠪᠠᠷ ᠵᠢᠱᠢᠶᠡᠯᠡᠪᠡᠯ᠂ ᠪᠠᠷᠤᠭ 2 . 95 ᠲᠦᠮᠡᠨ ᠲᠥᠭᠦᠷᠢᠭ ᠬᠠᠰᠤᠵᠤ | ᠬᠡᠯᠲᠦᠷᠢᠭᠦᠯᠵᠦ ᠪᠣᠯᠤᠨ᠎ᠠ ᠭᠡᠯᠡ᠃ | |