| | ᠡᠨᠡ ᠵᠢᠯ᠂ ᠮᠠᠨ ᠤ ᠬᠤᠲᠠ 5 ᠭᠤᠤᠯᠳᠠᠯᠭ᠎ᠠ ᠲᠠᠢ ᠵᠠᠰᠠᠮᠠᠯ ᠵᠠᠮ ᠤᠨ ᠲᠥᠷᠥᠯ ᠵᠦᠢᠯ ᠢ ᠬᠡᠷᠡᠭᠵᠢᠭᠦᠯᠪᠡ ︵ᠡᠭᠦᠨ ᠲᠤ 4 ᠭᠤᠤᠯᠳᠠᠯᠠᠭ᠎ᠠ ᠲᠠᠢ ᠵᠠᠰᠠᠮᠠᠯ | ᠵᠠᠮ ᠢ ᠦᠷᠭᠦᠯᠵᠢᠯᠡᠨ ᠪᠠᠶᠢᠭᠤᠯᠵᠦ᠂ 1 ᠳᠦᠷᠦᠯ ᠵᠦᠢᠯ ᠢ ᠰᠢᠨ᠎ᠡ ᠪᠠᠷ ᠠᠵᠢᠯ ᠡᠬᠢᠯᠡᠭᠦᠯᠦᠨ᠎ᠡ︶᠃ 6 ᠰᠠᠷ᠎ᠠ ᠶᠢᠨ ᠰᠡᠭᠦᠯᠴᠢ ᠪᠤᠯᠳᠠᠯ᠎ᠠ᠂ 4.9 ᠳ᠋ᠦᠩᠰᠢᠭᠤᠷ | ᠲᠥᠭᠦᠷᠢᠭ ᠤᠨ ᠪᠡᠯᠡ ᠤᠷᠤᠭᠤᠯᠤᠯᠳᠠ ᠶᠢ ᠪᠡᠶᠡᠯᠡᠭᠦᠯᠪᠡ᠃ | ᠵᠠᠮ ᠬᠠᠷᠢᠯᠴᠠᠭᠠᠨ ᠤ ᠪᠦᠳᠦᠭᠡᠨ ᠪᠠᠢᠭᠤᠯᠤᠯᠲᠠ ᠪᠣᠯ ᠪᠡᠯᠡ ᠣᠷᠣᠭᠤᠯᠤᠯᠲᠠ ᠶᠢ ᠥᠷᠭᠡᠳᠭᠡᠬᠦ᠂ ᠨᠡᠮᠡᠭᠳᠡᠯ ᠢ ᠳᠤᠭᠳᠠᠪᠤᠷᠢᠵᠢᠭᠤᠯᠬᠤ ᠶᠢᠨ ᠰᠠᠭᠤᠷᠢ ᠮᠥᠨ᠃ | ᠳᠦᠷᠦᠭᠦᠦ ᠬᠠᠭᠠᠰ ᠵᠢᠯ ᠤᠨ ᠬᠢᠵᠢᠭ ᠤᠨ ᠪᠠᠶᠢᠳᠠᠯ ᠨᠢ ᠪᠥᠲᠥᠭᠡᠨ ᠪᠠᠢᠭᠤᠯᠤᠯᠲᠠ ᠶᠢᠨ ᠠᠬᠢᠴᠠ ᠶᠢᠨ ᠳᠤᠭᠳᠠᠪᠤᠷᠢ ᠥᠬᠡᠶ ᠴᠢᠨᠠᠷ ᠢ ᠨᠡᠮᠡᠭᠳᠡᠭᠦᠯᠪᠠ᠂ ᠲᠥᠷᠥᠯ | ᠵᠦᠢᠯ ᠤᠨ ᠠᠵᠢᠯ ᠡᠬᠢᠯᠡᠭᠦᠯᠬᠦ ᠶᠢ ᠢᠳᠡᠪᠬᠢᠲᠡᠶ ᠠᠬᠢᠭᠤᠯᠤᠨ᠂ ᠪᠠᠶᠢᠭᠤᠯᠵᠦ ᠪᠠᠶᠢᠭ᠎ᠠ ᠲᠥᠷᠥᠯ ᠵᠦᠢᠯ ᠤᠨ ᠬᠤᠷᠳᠤᠴᠠ ᠶᠢ ᠲᠦᠷᠭᠡᠳᠭᠡᠬᠦ ᠶᠢᠨ ᠲᠥᠯᠥᠭᠡ᠂ | ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠳᠤᠪᠴᠢᠶ᠎ᠠ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠲᠥᠷᠥᠯ ᠵᠦᠢᠯ ᠤᠨ ᠪᠥᠲᠥᠭᠡᠨ | ᠪᠠᠶᠢᠭᠤᠯᠤᠯᠳᠠ ᠶᠢ ᠠᠬᠢᠭᠤᠯᠤᠬᠰᠠᠨ ᠪᠠᠶᠢᠨ᠎ᠠ᠃ ᠲᠦᠷᠦᠯ ᠵᠦᠢᠯ ᠤᠨ ᠲᠤᠰᠬᠠᠢ ᠠᠩᠭᠢ ᠪᠠᠶᠢᠭᠤᠯᠵᠦ᠂ ᠠᠵᠢᠯ ᠢ ᠠᠬᠢᠭᠤᠯᠬᠤ ᠶᠠᠪᠤᠴᠠ ᠳᠠᠬᠢ ᠬᠦᠴᠢᠷᠳᠡᠯ ᠪᠠ | ᠠᠰᠠᠭᠤᠳᠠᠯ ᠢ ᠴᠠᠭ ᠲᠤᠬᠠᠶ ᠲᠤᠨᠢ ᠰᠤᠳᠤᠯᠤᠨ ᠰᠢᠢᠳᠪᠤᠷᠢᠯᠡᠵᠦ᠂ ᠡᠯ᠎ᠡ ᠳᠦᠷᠤᠯ ᠤᠨ ᠠᠵᠢᠯ ᠤᠨ ᠡᠭᠦᠷᠭᠡ ᠶᠢ ᠳᠤᠭᠳᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ | ᠦᠨᠡᠨ ᠬᠦ ᠪᠠᠲᠤᠯᠠᠵᠦ᠂ ᠪᠥᠬᠦ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮ ᠤᠨ ᠠᠵᠤ ᠠᠬᠤᠶ ᠶᠢ ᠳᠤᠭᠳᠠᠪᠤᠷᠢᠵᠢᠭᠤᠯᠤᠨ ᠨᠡᠮᠡᠭᠳᠡᠯ ᠢ ᠪᠠᠲᠤᠯᠠᠬᠤ ᠪᠠ | ᠠᠵᠤ ᠠᠬᠤᠢᠯᠠᠯ ᠢ ᠬᠠᠪᠰᠤᠷᠤᠨ ᠬᠦᠴᠢᠷᠳᠡᠯ ᠢ ᠰᠢᠢᠳᠪᠤᠷᠢᠯᠡᠬᠦ ᠡᠯ᠎ᠡ ᠳᠦᠷᠦᠯ ᠤᠨ ᠠᠷᠭ᠎ᠠ ᠬᠡᠮᠵᠢᠶ᠎ᠡ ᠶᠢ ᠦᠨᠡᠨ ᠬᠦ ᠪᠣᠳᠠᠳᠤ ᠪᠠᠶᠢᠳᠠᠯ ᠳᠤ ᠨᠠᠢᠳᠠᠪᠤᠷᠢᠵᠢᠭᠤᠯᠤᠭᠰᠡᠨ | ᠪᠠᠶᠢᠨ᠎ᠠ᠃ ᠭᠠᠷᠠᠭ ᠲᠤ ᠲᠣᠬᠢᠷᠠᠭᠤᠯᠤᠯᠲᠠ ᠬᠢᠬᠦ ᠲᠦᠷᠢᠮ ᠢ ᠪᠠᠷᠢᠮᠲᠠᠯᠠᠨ᠂ ᠭᠤᠤᠯᠳᠠᠯᠭ᠎ᠠ ᠲᠠᠢ ᠵᠠᠰᠠᠮᠠᠯ ᠵᠠᠮ ᠤᠨ ᠪᠥᠲᠥᠭᠡᠨ ᠪᠠᠢᠭᠤᠯᠤᠯᠲᠠ ᠶᠢᠨ ᠲᠥᠷᠥᠯ ᠵᠦᠢᠯ | ᠤᠨ ᠪᠠᠶᠢᠳᠠᠯ ᠢ ᠴᠠᠭ ᠲᠤᠬᠠᠶ ᠲᠤᠨᠢ ᠬᠢᠨᠠᠨ ᠬᠡᠮᠵᠢᠵᠦ᠂ ᠲᠥᠷᠥᠯ ᠵᠦᠢᠯ ᠤᠨ ᠪᠥᠲᠥᠭᠡᠨ ᠪᠠᠢᠭᠤᠯᠤᠯᠲᠠ ᠶᠢ ᠬᠢᠵᠠᠭᠠᠷᠯᠠᠵᠤ ᠪᠠᠶᠢᠭ᠎ᠠ ᠳᠤᠪᠤᠶᠢᠮ᠎ᠠ ᠠᠰᠠᠭᠤᠳᠠᠯ ᠢ | ᠬᠦᠴᠦᠯᠡᠨ ᠰᠢᠢᠳᠪᠤᠷᠢᠯᠡᠵᠦ᠂ ᠪᠥᠬᠦ ᠬᠤᠲᠠ ᠶᠢᠨ ᠡ᠊ᠩ ᠤᠨ ᠤᠯᠤᠰ ᠤᠨ ᠪᠠ ᠮᠤᠵᠢ ᠶᠢᠨ ᠭᠤᠤᠯ ᠱᠤᠭᠤᠮ ᠤᠨ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠳᠠ ᠶᠢᠨ | ᠳᠦᠷᠦᠯ ᠵᠦᠢᠯ ᠦᠨᠡᠨ ᠨᠡᠩ ᠣᠯᠠᠨ ᠪᠣᠳᠠᠲᠤ ᠴᠤᠭᠴᠠ ᠶᠢᠨ ᠪᠠᠷᠢᠯᠭ᠎ᠠ ᠪᠠ ᠪᠦᠲᠦᠮᠵᠢᠲᠡᠶ ᠪᠡᠯᠡ ᠣᠷᠣᠭᠤᠯᠤᠯᠲᠠ ᠶᠢ ᠪᠡᠶᠡᠯᠡᠭᠦᠯᠬᠦ ᠶᠢ ᠠᠬᠢᠭᠤᠯᠪᠠ᠃ ᠵᠠᠮ | ᠬᠠᠷᠢᠯᠴᠠᠭᠠᠨ ᠤ ᠴᠢᠬᠤᠯᠠ ᠶᠡᠭᠡ ᠪᠥᠲᠥᠭᠡᠨ ᠪᠠᠶᠢᠭᠤᠯᠤᠯᠳᠠ ᠶᠢᠨ ᠲᠥᠷᠥᠯ ᠵᠦᠢᠯ ᠤᠨ ᠲᠠᠯ᠎ᠠ ᠪᠠᠷ᠂ G65 ᠪᠤᠭᠤᠲᠤ ᠠᠴᠠ ᠮᠤᠤᠮᠢᠩ ᠬᠦᠷᠭᠦ ᠦᠨᠳᠦᠷ | ᠬᠤᠷᠳᠤᠴᠠᠳᠤ ᠵᠠᠰᠠᠮᠠᠯ ᠵᠠᠮ ᠤᠨ ᠳᠥᠷᠪᠡ ᠢ ᠦᠭᠡᠷᠡᠴᠢᠯᠡᠵᠦ ᠨᠠᠢᠮᠠ ᠪᠤᠯᠭᠠᠬᠤ ᠪᠥᠲᠥᠭᠡᠨ ᠪᠠᠢᠭᠤᠯᠤᠯᠲᠠ ᠶᠢᠨ ᠳᠦᠷᠦᠯ ᠵᠦᠢᠯ ᠳᠤ 3.71 ᠳ᠋ᠦᠩᠰᠢᠭᠤᠷ | ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠣᠲᠣ ᠶᠠᠭ ᠬᠤᠯᠪᠣᠬᠤ ᠱᠤᠭᠤᠮ ᠤᠨ ᠰᠠᠭᠤᠷᠢ ᠶᠢ ᠳᠠᠯᠪᠢᠬᠤ᠂ ᠬᠥᠭᠦᠷᠭᠡ ᠶᠢᠨ ᠳᠡᠭᠡᠳᠦ ᠬᠡᠰᠡᠭ ᠤᠨ | ᠪᠦᠲᠦᠴᠡ ᠵᠡᠷᠭᠡ ᠪᠠᠷᠢᠯᠭ᠎ᠠ ᠶᠢᠨ ᠠᠵᠢᠯ ᠢ ᠬᠢᠵᠦ ᠪᠠᠶᠢᠨ᠎ᠠ︔ S26 ᠨᠠᠷᠠᠰᠦᠨ ᠠᠴᠠ ᠴᠠᠩ ᠲᠠᠨ ︵ᠯᠦᠩ ᠺᠸᠦ︶ ᠬᠥᠷᠬᠦ ᠦᠨᠳᠦᠷ ᠬᠤᠷᠳᠤᠴᠠᠳᠤ ᠵᠠᠰᠠᠮᠠᠯ | ᠵᠠᠮ ᠤᠨ ᠲᠥᠷᠥᠯ ᠵᠦᠢᠯ ᠳᠤ 3600 ᠲᠦᠮᠡᠨ ᠲᠥᠭᠦᠷᠢᠭ ᠤᠨ ᠪᠡᠯᠡ ᠤᠷᠤᠭᠤᠯᠵᠦ᠂ ᠣᠲᠣ ᠶᠠᠭ ᠭᠤᠷᠪᠠᠨ ᠲᠤᠭᠤᠶᠢᠯᠠᠩ ᠬᠤᠪᠢᠶᠠᠨ ᠨᠤᠷᠠᠭᠠᠯᠲᠠ ᠶᠢᠨ ᠠᠵᠢᠯ ᠢ | ᠬᠢᠵᠦ ᠪᠠᠶᠢᠨ᠎ᠠ᠂ 6 ᠰᠠᠷ᠎ᠠ ᠶᠢᠨ ᠰᠡᠭᠦᠯᠴᠢ ᠪᠤᠯᠳᠠᠯ᠎ᠠ᠂ ᠪᠥᠬᠦ ᠱᠤᠭᠤᠮ ᠤᠨ ᠭᠠᠵᠠᠷ ᠰᠢᠷᠤᠢ ᠲᠠᠳᠠᠪᠤᠷᠢᠯᠠᠭᠰᠠᠨ ᠬᠡᠮᠵᠢᠯᠲᠡ ᠶᠢᠨ ᠣᠷᠳᠣ ᠨᠢ ᠨᠡᠶᠢᠳᠡ 21 24 | ᠺᠢᠯᠣᠮᠧᠲᠷ ᠲᠤ ᠬᠦᠷᠴᠡᠢ︔ G210 ᠱᠤᠭᠤᠮ ᠤᠨ ᠳᠡᠭᠡᠷᠮ᠎ᠡ ᠶᠢᠨ ᠰᠢᠯᠢ ᠶᠢᠨ ᠬᠤᠶᠢᠳᠦ ᠬᠡᠰᠡᠭ ᠠᠴᠠ ᠶᠤᠸᠠᠢ ᠵᠢᠶᠠ ᠬᠤᠤ ︵ᠴᠠᠭᠠᠨ︶ ᠬᠥᠷᠬᠦ ᠬᠡᠰᠡᠭ ᠤᠨ | ᠱᠤᠭᠤᠮ ᠥᠭᠡᠷᠡᠴᠢᠯᠡᠬᠦ ᠪᠠᠷᠢᠯᠭ᠎ᠠ ᠳᠤ1705 ᠲᠦᠮᠡᠨ ᠳᠦᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠣᠲᠣ ᠶᠠᠭ ᠭᠤᠤᠯ ᠱᠤᠭᠤᠮ ᠤᠨ ᠬᠠᠨᠲᠠᠢ ᠶᠢᠨ | ᠭᠤᠤᠯ ᠤᠨ ᠶᠡᠭᠡ ᠬᠥᠭᠦᠷᠭᠡ ᠶᠢᠨ ᠪᠤᠭᠤᠲᠤ ᠶᠢᠨ ᠪᠠᠷᠠᠭᠤᠨ ᠬᠡᠰᠡᠭ ᠢ ᠰᠤᠨᠳᠠᠯᠠᠭᠰᠠᠨ ᠲᠡᠮᠦᠷ ᠵᠠᠮ ᠤᠨ ᠬᠡᠰᠡᠭ ᠵᠢᠴᠢ ᠬᠤᠯᠪᠣᠬᠤ ᠱᠤᠭᠤᠮ ᠤᠨ ᠪᠠᠷᠢᠯᠭ᠎ᠠ ᠶᠢᠨ | ᠠᠵᠢᠯ ᠢ ᠬᠢᠵᠦ ᠪᠣᠶ︔ S317 ᠱᠤᠭᠤᠮ ᠤᠨ ᠾᠧᠩᠱᠠᠨ ᠠᠴᠠ ᠱᠠᠩᠬᠠᠢ ᠶᠢᠨ ᠰᠦᠮ᠎ᠡ ᠬᠦᠷᠬᠦ ᠵᠠᠰᠠᠮᠠᠯ ᠵᠠᠮ ᠤᠨ ᠨᠠᠩᠰᠤ ᠠᠴᠠ ᠲᠤᠯᠢ ᠬᠦᠷᠬᠦ | ᠬᠡᠰᠡᠭ ᠤᠨᠬᠤᠶᠠᠳᠤᠭᠠᠷ ᠬᠤᠭᠤᠴᠠᠭᠠᠨ ᠤ ᠪᠠᠷᠢᠯᠭ᠎ᠠ ᠶᠢᠨ ᠵᠠᠰᠠᠮᠠᠯ ᠵᠠᠮ ᠤᠨ ᠪᠦᠲᠦᠭᠡᠨ ᠪᠠᠢᠭᠤᠯᠤᠯᠲᠠ ᠶᠢᠨ ᠳᠦᠷᠦᠯ ᠵᠦᠢᠯ ᠳᠤ 6774 ᠲᠦᠮᠡᠨ ᠲᠥᠭᠦᠷᠢᠭ ᠤᠨ | ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠨᠢᠭᠡᠳᠦᠭᠡᠷ ᠬᠤᠭᠤᠴᠠᠭᠠᠨ ᠤ ᠬᠠᠭᠤᠴᠢᠨ ᠵᠠᠮ ᠢ ᠥᠭᠡᠷᠡᠴᠢᠯᠡᠬᠦ ᠪᠠᠷᠢᠯᠭ᠎ᠠ ᠪᠣᠯᠤᠨ ᠬᠠᠷᠢᠯᠴᠠᠨᠨᠡᠪᠲᠡᠷᠡᠬᠦ ᠬᠤᠯᠪᠤᠯᠳᠠ ᠶᠢᠨ | ᠵᠠᠮ ᠤᠨ ᠪᠠᠷᠢᠯᠭ᠎ᠠ ᠶᠢᠨ ᠠᠵᠢᠯ ᠢ ᠬᠢᠵᠦ ᠪᠤᠢ︔ S21 ᠲᠦᠩᠽᠢ ᠠᠴᠠ ᠬᠠᠢ ᠽᠧ ᠫᠠᠨ ︵ᠥᠪᠥᠷ ᠮᠣᠩᠭᠤᠯ ᠱᠠᠨᠰᠢ ᠶᠢᠨ ᠵᠠᠭᠠᠭ︶ ᠬᠥᠷᠬᠦ ᠬᠡᠰᠡᠭ ᠤᠨ ᠵᠠᠰᠠᠮᠠᠯ | ᠵᠠᠮ ᠤᠨ ᠪᠠᠷᠢᠯᠭ᠎ᠠ ᠶᠢᠨ ᠳᠦᠷᠦᠯ ᠵᠦᠢᠯ ᠠᠵᠢᠯ ᠢ ᠰᠡᠷᠭᠦᠭᠡᠭᠰᠡᠨ ᠦᠭᠡᠢ᠂ ᠣᠲᠣ ᠶᠠᠭ ᠵᠠᠷᠢᠮ ᠭᠠᠷᠳᠠᠮ ᠢ ᠭᠦᠢᠴᠡᠳᠬᠡᠵᠦ᠂ ᠭᠠᠵᠠᠷ ᠰᠢᠷᠤᠢ ᠳᠠᠳᠠᠪᠤᠷᠢᠯᠠᠬᠤ ᠶᠢ | ᠮᠡᠳᠡᠭᠦᠯᠦᠨ ᠵᠦᠪᠰᠢᠶᠡᠷᠡᠭᠦᠯᠬᠦ ᠠᠵᠢᠯ ᠢ ᠬᠢᠵᠦ ᠪᠤᠢ᠃ | | |