| | ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠮᠠᠨ ᠤ ᠬᠤᠳᠠ ᠶᠢᠨ ᠭᠠᠳᠠᠭᠠᠳᠤ ᠠᠷᠠᠯᠵᠢᠶᠠᠨ ᠤ ᠭᠠᠳᠠᠭᠠᠳᠤ ᠤᠷᠤᠭᠤᠯᠤᠯᠳᠠ ᠪᠠ ᠭᠠᠷᠭᠠᠯᠳᠠ75.45 | ᠳ᠋ᠦᠩᠰᠢᠭᠤᠷ ᠳᠦᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ172.2% ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠦᠬᠦ ᠤᠷᠤᠨ ᠤ ᠬᠢ ᠠᠴᠠ | ᠵᠠᠭᠤᠨ ᠤ ᠬᠤᠪᠢ ᠶᠢᠨ ᠬᠠᠷᠢᠴᠠᠯ ᠢᠶᠠᠷ154.9 ᠦᠨᠳᠦᠷ ᠪᠠᠶᠢᠵᠦ᠂ ᠪᠦᠬᠦ ᠤᠷᠤᠨ ᠤ11.1% ᠶᠢ ᠡᠵᠡᠯᠡᠨ᠂ ᠭᠠᠳᠠᠭᠠᠳᠤ ᠠᠷᠠᠯᠵᠢᠶᠠᠨ ᠤ ᠭᠠᠳᠠᠭᠠᠳᠤ | ᠤᠷᠤᠭᠤᠯᠤᠯᠳᠠ ᠪᠠ ᠭᠠᠷᠭᠠᠯᠳᠠ ᠳᠤᠭᠳᠠᠭᠤᠨ ᠤ ᠳᠤᠮᠳᠠ ᠰᠠᠶᠢᠵᠢᠷᠠᠵᠦ᠂ 6 ᠰᠠᠷ᠎ᠠ ᠳᠠᠷᠠᠭᠠᠯᠠᠨ ᠦᠷᠭᠦᠯᠵᠢᠯᠡᠨ ᠨᠡᠮᠡᠭᠳᠡᠵᠦ᠂ ᠭᠠᠳᠠᠭᠠᠳᠤ ᠠᠷᠠᠯᠵᠢᠶᠠᠨ ᠤ | ᠭᠠᠳᠠᠭᠠᠳᠤ ᠤᠷᠤᠭᠤᠯᠤᠯᠳᠠ ᠪᠠ ᠭᠠᠷᠭᠠᠯᠳᠠ ᠶᠢᠨ ᠨᠡᠮᠡᠭᠳᠡᠯ ᠤᠨ ᠬᠤᠷᠳᠤᠴᠠ ᠪᠦᠬᠦ ᠤᠷᠤᠨ ᠳᠠᠭᠠᠨ ᠲᠡᠷᠢᠭᠦᠯᠡᠪᠠ᠃ | ᠠᠷᠠᠳ ᠠᠴᠠ ᠡᠵᠡᠩᠨᠡᠭᠰᠡᠨ ᠠᠵᠦ ᠠᠬᠤᠶᠢᠯᠠᠯ ᠭᠠᠳᠠᠭᠠᠳᠤ ᠠᠷᠠᠯᠵᠢᠶᠠᠨ ᠤ ᠭᠠᠳᠠᠭᠠᠳᠤ ᠤᠷᠤᠭᠤᠯᠤᠯᠳᠠ ᠪᠠ ᠭᠠᠷᠭᠠᠯᠳᠠ ᠶᠢ ᠬᠦᠳᠦᠯᠦᠨ ᠳᠠᠭᠠᠭᠤᠯᠪᠠ᠃ | ᠳᠦᠷᠦᠭᠦᠦ6 ᠰᠠᠷ᠎ᠠ ᠳᠤ᠂ ᠠᠷᠠᠳ ᠠᠴᠠ ᠡᠵᠡᠩᠨᠡᠭᠰᠡᠨ ᠠᠵᠦ ᠠᠬᠤᠶᠢᠯᠠᠯ ᠤᠨ ᠭᠠᠳᠠᠭᠠᠳᠤ ᠠᠴᠠ ᠤᠷᠤᠭᠤᠯᠵᠦ ᠭᠠᠳᠠᠭᠠᠳᠤ ᠳᠤ ᠭᠠᠷᠭᠠᠭᠰᠠᠨ ᠨᠢ 32.28 | ᠳ᠋ᠦᠩᠰᠢᠭᠤᠷ ᠳᠦᠭᠦᠷᠢᠭ ᠲᠤ ᠬᠦᠷᠴᠦ᠂ ᠪᠦᠬᠦ ᠬᠤᠳᠠ ᠶᠢᠨ42.9% ᠶᠢ ᠡᠵᠡᠯᠡᠵᠦ᠂ ᠪᠦᠬᠦ ᠬᠤᠳᠠ ᠶᠢᠨ ᠭᠠᠳᠠᠭᠠᠳᠤ ᠤᠷᠤᠭᠤᠯᠤᠯᠳᠠ ᠪᠠ ᠭᠠᠷᠭᠠᠯᠳᠠ ᠨᠢ | ᠵᠠᠭᠤᠨ ᠤ ᠬᠤᠪᠢ ᠶᠢᠨ ᠬᠠᠷᠢᠴᠠᠯ ᠢᠶᠠᠷ108.9 ᠨᠡᠮᠡᠭᠳᠡᠵᠡᠢ᠃ ᠤᠯᠤᠰ ᠤᠨ ᠦᠮᠴᠢᠯᠡᠯᠳᠦ ᠠᠵᠦ ᠠᠬᠤᠶᠢᠯᠠᠯ ᠤᠨ ᠭᠠᠳᠠᠭᠠᠳᠤ ᠤᠷᠤᠭᠤᠯᠤᠯᠳᠠ ᠪᠠ ᠭᠠᠷᠭᠠᠯᠳᠠ28. | 68 ᠳ᠋ᠦᠩᠰᠢᠭᠤᠷ ᠳᠦᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ171.2% ᠢᠶᠠᠷ ᠨᠡᠮᠡᠭᠳᠡᠨ᠂ ᠭᠠᠳᠠᠭᠠᠳᠤ ᠶᠢᠨ ᠠᠷᠠᠯᠵᠢᠶᠠᠴᠢᠨ ᠤ ᠳᠤᠰᠠᠭᠠᠷ | ᠪᠡᠯᠡ ᠤᠷᠤᠭᠤᠯᠤᠭᠰᠠᠨ ᠠᠵᠦ ᠠᠬᠤᠶᠢᠯᠠᠯ ᠤᠨ ᠭᠠᠳᠠᠭᠠᠳᠤ ᠤᠷᠤᠭᠤᠯᠤᠯᠳᠠ ᠪᠠ ᠭᠠᠷᠭᠠᠯᠳᠠ14.38 ᠳ᠋ᠦᠩᠰᠢᠭᠤᠷ ᠳᠦᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ777.9% ᠪᠠᠷ ᠨᠡᠮᠡᠭᠳᠡᠪᠡ᠃ | ᠠᠷᠠᠯᠵᠢᠶᠠᠨ ᠤ ᠠᠷᠭ᠎ᠠ ᠮᠠᠶ᠋ᠢᠭ ᠤᠨ ᠲᠠᠯ᠎ᠠ ᠠᠴᠠ ᠦᠵᠡᠪᠡᠯ᠂ ᠪᠤᠯᠪᠠᠰᠤᠷᠠᠭᠤᠯᠬᠤ ᠠᠷᠠᠯᠵᠢᠶᠠᠨ ᠤ ᠳᠠᠪᠠᠭᠤᠯᠢᠭ ᠳᠤᠪᠤᠶᠢᠮ᠎ᠠ ᠪᠠᠶᠢᠵᠦ᠂ ᠭᠠᠶᠢᠯᠢ ᠪᠠᠳᠤᠯᠠᠬᠤ | ᠪᠠᠷᠠᠭᠠᠨ ᠤ ᠭᠦᠢᠯᠭᠡᠭᠡᠨ ᠤ ᠨᠡᠮᠡᠭᠳᠡᠯ ᠤᠨ ᠬᠠᠨᠳᠤᠰᠢ ᠢᠯᠡᠳᠳᠡ ᠪᠠᠶᠢᠨ᠎ᠠ᠃ ᠳᠦᠷᠦᠭᠦᠦ 6 ᠰᠠᠷ᠎ᠠ ᠳᠤ᠂ ᠪᠤᠯᠪᠠᠰᠤᠷᠠᠭᠤᠯᠬᠤ ᠠᠷᠠᠯᠵᠢᠶ᠎ᠠ ᠶᠢᠨ ᠭᠠᠳᠠᠭᠠᠳᠤ | ᠤᠷᠤᠭᠤᠯᠤᠯᠳᠠ ᠪᠠ ᠭᠠᠷᠭᠠᠯᠳᠠ ᠶᠢᠨ ᠬᠡᠮᠵᠢᠶ᠎ᠠ 36.54 ᠳ᠋ᠦᠩᠰᠢᠭᠤᠷ ᠳᠦᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ591.7% ᠪᠠᠷ | ᠨᠡᠮᠡᠭᠳᠡᠨ᠂ ᠠᠳᠠᠯᠢ ᠬᠤᠭᠤᠴᠠᠭᠠᠨ ᠤ ᠪᠦᠬᠦ ᠬᠤᠳᠠ ᠶᠢᠨ ᠭᠠᠳᠠᠭᠠᠳᠤ ᠤᠷᠤᠭᠤᠯᠤᠯᠳᠠ ᠪᠠ ᠭᠠᠷᠭᠠᠯᠳᠠ ᠶᠢᠨ ᠶᠡᠷᠦᠩᠬᠡᠢ ᠦᠷᠳᠡᠭ ᠤᠨ48.4 % ᠶᠢ ᠡᠵᠡᠯᠡᠵᠦ᠂ | ᠭᠠᠶᠢᠯᠢ ᠦᠭᠡᠢ ᠪᠠᠷᠠᠭᠠᠨ ᠤ ᠬᠦᠢᠯᠭᠡᠭᠡᠨ ᠤ ᠪᠠᠷᠠᠭᠠᠨ ᠤ ᠭᠠᠳᠠᠭᠠᠳᠤ ᠤᠷᠤᠭᠤᠯᠤᠯᠳᠠ ᠪᠠ ᠭᠠᠷᠭᠠᠯᠳᠠ58.5 ᠲᠦᠮᠡᠨ ᠳᠦᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ1112.2% ᠢᠶᠠᠷ ᠨᠡᠮᠡᠭᠳᠡᠨ᠂ ᠰᠢᠨ᠎ᠡ ᠰᠢᠪᠳᠤᠯᠤᠯᠳᠠ ᠶᠢ ᠪᠠᠶᠠᠯᠡᠭᠦᠯᠪᠡ᠃ | ᠪᠦᠬᠦ ᠬᠤᠳᠠ ᠶᠢᠨ ᠭᠠᠳᠠᠭᠠᠳᠤ ᠠᠷᠠᠯᠵᠢᠶᠠᠨ ᠤ ᠵᠠᠬ᠎ᠠ ᠳᠡᠯᠭᠡᠭᠦᠷ ᠨᠡᠩ ᠪᠠᠬᠢᠵᠢᠵᠦ᠂ ᠳᠤᠮᠳᠠᠳᠤ ᠤᠯᠤᠰ ᠤᠨ ᠲᠠᠶᠢᠸᠠᠨ᠂ ᠸᠢᠶᠧᠲᠨᠠᠮ᠂ ᠳᠤᠮᠳᠠᠳᠤ | ᠤᠯᠤᠰ ᠤᠨ ᠰᠢᠶᠠᠩᠭᠠᠩ ᠪᠤᠯ ᠡᠮᠦᠨ᠎ᠡ ᠭᠤᠷᠪᠠ ᠳᠤ ᠤᠷᠤᠬᠤ ᠶᠡᠭᠡ ᠠᠷᠠᠯᠵᠢᠶᠠᠨ ᠤ ᠬᠠᠨᠢᠳᠠᠨ ᠪᠤᠯᠪᠠ᠃ ᠳᠦᠷᠦᠭᠦᠦ ᠬᠠᠭᠠᠰ ᠵᠢᠯ ᠳᠤ᠂ ᠵᠡᠭᠦᠨ ᠡᠮᠦᠨᠡᠳᠦ | ᠠᠽᠢᠶ᠎ᠠ ᠶᠢᠨ ᠤᠯᠤᠰ ᠤᠳ ᠤᠨ ᠬᠤᠯᠪᠤᠭ᠎ᠠ ᠪᠠ ᠡᠸᠦ᠋ᠷᠦᠫᠡ ᠶᠢᠨ ᠬᠤᠯᠪᠤᠭ᠎ᠠ ᠳᠤ ᠳᠤᠰ ᠳᠤᠰ14.79 ᠳ᠋ᠦᠩᠰᠢᠭᠤᠷ ᠳᠦᠭᠦᠷᠢᠭ ᠪᠠ 4.62 ᠳ᠋ᠦᠩᠰᠢᠭᠤᠷ | ᠳᠦᠭᠦᠷᠢᠭ ᠤᠨ ᠭᠠᠳᠠᠭᠠᠳᠤ ᠤᠷᠤᠭᠤᠯᠤᠯᠳᠠ ᠪᠠ ᠭᠠᠷᠭᠠᠯᠳᠠ ᠶᠢ ᠪᠡᠶᠡᠯᠡᠭᠦᠯᠵᠦ᠂ ᠳᠤᠰ ᠳᠤᠰ199.4% ᠪᠠ 266.7% ᠪᠠᠷ ᠨᠡᠮᠡᠭᠳᠡᠪᠡ᠃ ᠡᠭᠦᠨ ᠠᠴᠠ | ᠭᠠᠳᠠᠨ᠎ᠠ᠂RCEP ᠶᠢᠨ ᠪᠦᠷᠢᠯᠳᠦᠭᠦᠨ ᠤᠯᠤᠰ ᠤᠨ ᠭᠠᠳᠠᠭᠠᠳᠤ ᠤᠷᠤᠭᠤᠯᠤᠯᠳᠠ ᠪᠠ ᠭᠠᠷᠭᠠᠯᠳᠠ ᠨᠢ 24.01 ᠳ᠋ᠦᠩᠰᠢᠭᠤᠷ ᠳᠦᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ112.0% ᠢᠶᠠᠷ ᠨᠡᠮᠡᠭᠳᠡᠪᠡ᠃《 ᠨᠢᠭᠡ ᠪᠦᠰᠡ ᠨᠢᠭᠡ ᠵᠠᠮ》ᠳᠠᠭᠠᠦ ᠶᠢᠨ ᠤᠯᠤᠰ ᠤᠳ ᠠᠴᠠ ᠤᠷᠤᠭᠤᠯᠵᠦ ᠭᠠᠷᠭᠠᠭᠰᠠᠨ | ᠭᠠᠳᠠᠭᠠᠳᠤ ᠤᠷᠤᠭᠤᠯᠤᠯᠳᠠ ᠪᠠ ᠭᠠᠷᠭᠠᠯᠳᠠ27.93 ᠳ᠋ᠦᠩᠰᠢᠭᠤᠷ ᠳᠦᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ183.3% ᠪᠠᠷ ᠨᠡᠮᠡᠭᠳᠡᠵᠡᠢ᠃ | | ᠪᠦᠬᠦ ᠬᠤᠳᠠ ᠶᠢᠨ ᠭᠠᠳᠠᠭᠠᠳᠤ ᠭᠠᠷᠭᠠᠯᠳᠠ ᠶᠢᠨ ᠪᠠᠷᠠᠭᠠᠨ ᠤ ᠳᠦᠷᠦᠯ ᠵᠦᠢᠯ ᠤᠨ ᠲᠠᠯ᠎ᠠ ᠪᠠᠷ᠂ ᠮᠠᠰᠢᠨ ᠴᠠᠬᠢᠯᠭᠠᠨ ᠤ ᠦᠢᠯᠡᠳᠭᠦᠨ ᠨᠢ ᠭᠠᠳᠠᠭᠠᠳᠤ | ᠭᠠᠷᠭᠠᠯᠳᠠ ᠶᠢᠨ ᠦᠢᠯᠡᠳᠭᠦᠨ ᠤ ᠲᠤᠯᠤᠭᠠᠶᠢᠯᠠᠬᠤ ᠪᠠᠶᠢᠷᠢ ᠰᠠᠭᠤᠷᠢ ᠪᠠᠨ ᠪᠠᠳᠤᠯᠠᠵᠦ᠂ ᠲᠡᠮᠦᠷ ᠤᠨ ᠬᠠᠶᠢᠯᠤᠰᠢ ᠨᠢ ᠳᠡᠳ᠋ᠯᠡᠵᠦ ᠪᠠᠶᠢᠨ᠎ᠠ᠃ ᠡᠨᠡ ᠵᠢᠯ ᠤᠨ ᠳᠦᠷᠦᠭᠦᠦ | 6 ᠰᠠᠷ᠎ᠠ ᠳᠤ᠂ ᠭᠠᠳᠠᠭᠠᠳᠤ ᠳᠤ ᠭᠠᠷᠭᠠᠭᠰᠠᠨ ᠮᠠᠰᠢᠨ ᠴᠠᠬᠢᠯᠭᠠᠨ ᠤ ᠦᠢᠯᠡᠳᠭᠦᠨ22.67 ᠳ᠋ᠦᠩᠰᠢᠭᠤᠷ ᠳᠦᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ | ᠬᠢ ᠠᠴᠠ309.9% ᠪᠠᠷ ᠨᠡᠮᠡᠭᠳᠡᠪᠡ᠃ ᠭᠠᠳᠠᠭᠠᠳᠤ ᠳᠤ ᠭᠠᠷᠭᠠᠭᠰᠠᠨ ᠳᠡᠮᠦᠷ ᠤᠨ ᠬᠠᠶᠢᠯᠤᠰᠢ10.17 ᠳ᠋ᠦᠩᠰᠢᠭᠤᠷ ᠳᠦᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ523.8% ᠪᠠᠷ ᠨᠡᠮᠡᠭᠳᠡᠪᠡ᠃ ᠭᠠᠳᠠᠭᠠᠳᠤ ᠤᠷᠤᠭᠤᠯᠤᠯᠳᠠ ᠶᠢᠨ ᠲᠠᠯ᠎ᠠ ᠪᠠᠷ᠂ ᠭᠠᠳᠠᠭᠠᠳᠤ ᠠᠴᠠ ᠤᠷᠤᠭᠤᠯᠤᠭᠰᠠᠨ ᠮᠠᠰᠢᠨ | ᠴᠠᠬᠢᠯᠭᠠᠨ ᠤ ᠦᠢᠯᠡᠳᠭᠦᠨ18.20 ᠳ᠋ᠦᠩᠰᠢᠭᠤᠷ ᠳᠦᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ265.5% ᠪᠠᠷ ᠨᠡᠮᠡᠭᠳᠡᠪᠡ᠃ | ᠭᠠᠳᠠᠭᠠᠳᠤ ᠠᠴᠠ ᠤᠷᠤᠭᠤᠯᠤᠭᠰᠠᠨ ᠲᠡᠮᠦᠷᠯᠢᠭ ᠤᠨ ᠠᠭᠤᠷᠬᠠᠢ ᠵᠢᠴᠢ ᠡᠷᠦᠳᠡᠰᠦ ᠨᠢ 2.03 ᠳ᠋ᠦᠩᠰᠢᠭᠤᠷ ᠳᠦᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ | ᠬᠢ ᠠᠴᠠ45.7% ᠪᠠᠷ ᠨᠡᠮᠡᠭᠳᠡᠵᠡᠢ᠃ | | |