| ᠰᠢᠨᠬᠤᠸᠠ ᠬᠤᠷᠢᠶᠠᠨ ᠤ ᠪᠡᠭᠡᠵᠢᠩ ᠤᠨ 9 ᠰᠠᠷ᠎ᠠ ᠶᠢᠨ 18 ᠤ ᠴᠠᠬᠢᠯᠭᠠᠨ ᠮᠡᠳᠡᠭᠡ ︵ᠰᠤᠷᠪᠤᠯᠵᠢᠯᠠᠭᠴᠢ ᠸᠧᠢ ᠢᠦᠢ ᠺᠦᠨ︶ ᠤᠯᠤᠰ ᠤᠨ ᠲᠤᠭ᠎ᠠ | ᠪᠦᠷᠢᠳᠭᠡᠯ ᠤᠨ ᠲᠤᠪᠴᠢᠶ᠎ᠡ ᠶᠢᠨ ᠲᠦᠷᠦᠭᠦᠬᠡᠨ ᠨᠡᠶᠢᠲᠡᠯᠡᠭᠰᠡᠨ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠠᠮᠵᠢᠯᠲᠠ ᠪᠦᠲᠦᠮᠵᠢ ᠶᠢᠨ ᠰᠢᠷᠢᠰ ᠮᠡᠳᠡᠭᠦᠯᠦᠯᠳᠡ ᠳᠤ ᠬᠠᠷᠠᠭᠤᠯᠤᠭᠰᠠᠨ ᠢᠶᠠᠷ᠂ 2013 ᠣᠨ ᠠᠴᠠ 2021 ᠣᠨ ᠪᠣᠯᠲᠠᠯ᠎ᠠ᠂ ᠮᠠᠨ ᠤ | ᠤᠯᠤᠰ ᠤᠨ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠦᠷᠳᠡᠭ ︵GDP︶ ᠵᠢᠯ ᠳᠤᠮᠳᠠᠴᠢ ᠪᠠᠷ 6.6% ᠪᠠᠷ ᠨᠡᠮᠡᠭᠳᠡᠵᠦ᠂ ᠠᠳᠠᠯᠢ | ᠬᠤᠭᠤᠴᠠᠭᠠᠨ ᠤ ᠳᠡᠯᠡᠬᠡᠢ ᠶᠢᠨ 2.6% ᠪᠠ ᠬᠥᠭᠵᠢᠵᠦ ᠪᠠᠶᠢᠭ᠎ᠠ ᠠᠵᠤ ᠠᠬᠤᠢ ᠶᠢᠨ ᠴᠣᠭᠴᠠ ᠶᠢᠨ 3.7% ᠶᠢᠨ ᠳᠤᠮᠳᠠᠴᠢ ᠨᠡᠮᠡᠭᠳᠡᠯ ᠤᠨ ᠲᠦᠪᠰᠢᠨ ᠠᠴᠠ | ᠥᠨᠳᠥᠷ ᠪᠣᠯᠵᠠᠢ︔ ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠳᠤ ᠦᠵᠡᠭᠦᠯᠦᠭᠰᠡᠨ ᠳᠤᠮᠳᠠᠴᠢ ᠬᠤᠪᠢ ᠨᠡᠮᠡᠷᠢ ᠶᠢᠨ ᠨᠤᠷᠮ᠎ᠠ 30% ᠠᠴᠠ ᠳᠠᠪᠠᠵᠤ᠂ ᠳᠡᠯᠡᠬᠡᠢ ᠳᠤ | ᠲᠦᠷᠦᠬᠦᠯᠡᠪᠡ᠃ | ᠮᠡᠳᠡᠭᠦᠯᠦᠯᠳᠡ ᠶᠢ ᠦᠨᠳᠦᠰᠦᠯᠡᠪᠡᠯ᠂ ᠵᠢᠯ ᠤᠨ ᠳᠤᠮᠳᠠᠴᠢ ᠭᠤᠪᠢᠭᠤᠯᠭ᠎ᠠ ᠶᠢᠨ ᠨᠣᠷᠮ᠎ᠠ ᠪᠠᠷ ᠨᠤᠭᠤᠯᠤᠨ ᠪᠤᠳᠤᠪᠠᠯ᠂ 2021 ᠣᠨ ᠳᠤ ᠮᠠᠨ ᠤ ᠤᠯᠤᠰ ᠤᠨ | ᠠᠵᠤ ᠠᠬᠤᠶ ᠶᠢᠨ ᠶᠡᠷᠦᠩᠬᠡᠶ ᠬᠡᠮᠵᠢᠶ᠎ᠡ ᠶᠢᠨ ᠳᠡᠯᠡᠬᠡᠶ ᠶᠢᠨ ᠠᠵᠤ ᠠᠬᠤᠶ ᠳᠤ ᠡᠵᠡᠯᠡᠬᠦ ᠬᠤᠪᠢ ᠶᠢᠨ ᠵᠢᠩ ᠨᠢ 18.5% ᠳᠤ ᠬᠦᠷᠴᠦ᠂ 2012 ᠣᠨ ᠤ ᠬᠢ ᠠᠴᠠ | ᠵᠠᠭᠤᠨ ᠤ ᠬᠠᠷᠢᠴᠠᠯ ᠢᠶᠠᠷ 7.2 ᠬᠤᠪᠢ ᠳᠡᠭᠡᠭᠰᠢᠯᠡᠵᠦ᠂ ᠳᠡᠯᠡᠬᠡᠶ ᠶᠢᠨ ᠬᠤᠶᠠᠳᠤᠭᠠᠷ ᠪᠠᠶᠢᠷᠢ ᠪᠠᠨ ᠲᠤᠭᠳᠠᠭᠤᠨ ᠢᠶᠠᠷ ᠪᠠᠳᠤᠯᠠᠪᠠ᠃ 2021 ᠣᠨ ᠳᠤ᠂ ᠮᠠᠨ ᠤ | ᠤᠯᠤᠰ ᠤᠨ ᠬᠥᠮᠦᠨ ᠳᠤᠮᠳᠠᠴᠢ ᠶᠢᠨ GDP 80976 ᠲᠥᠭᠦᠷᠢᠭ ᠲᠤ ᠬᠦᠷᠴᠦ᠂ ᠦᠨ᠎ᠡ ᠬᠠᠩᠰᠢ ᠶᠢᠨ ᠬᠦᠴᠦᠨ ᠵᠦᠢᠯ ᠢ ᠭᠠᠷᠭᠠᠪᠠᠯ᠂ 2012 | ᠣᠨ ᠤ ᠬᠢ ᠠᠴᠠ 69.7% ᠪᠠᠷ ᠨᠡᠮᠡᠭᠳᠡᠵᠦ᠂ ᠵᠢᠯ ᠳᠤᠮᠳᠠᠴᠢ ᠪᠠᠷ 6.1% ᠪᠠᠷ ᠨᠡᠮᠡᠭᠳᠡᠪᠡ᠃ | ᠰᠢᠨ᠎ᠡ ᠶᠢ ᠡᠭᠦᠳᠬᠦ ᠬᠥᠭᠵᠢᠯᠲᠡ ᠶᠢᠨ ᠬᠥᠳᠡᠯᠭᠡᠭᠴᠢ ᠬᠦᠴᠦᠨ ᠴᠢᠩᠭᠠᠷᠠᠵᠤ᠂ ᠰᠢᠨ᠎ᠡ ᠶᠢ ᠡᠭᠦᠳᠬᠦ ᠬᠡᠯᠪᠡᠷᠢ ᠶᠢᠨ ᠤᠯᠤᠰ ᠤᠨ ᠪᠦᠲᠦᠭᠡᠨ ᠪᠠᠶᠢᠭᠤᠯᠤᠯᠲᠠ | ᠰᠢᠨ᠎ᠡ ᠠᠬᠢᠯᠲᠠ ᠲᠠᠢ ᠪᠣᠯᠪᠠ᠃ ᠮᠠᠨ ᠤ ᠤᠯᠤᠰ ᠤᠨ ᠰᠤᠳᠤᠯᠤᠨ ᠨᠡᠭᠡᠭᠡᠬᠦ ᠵᠠᠷᠤᠳᠠᠯ ᠤᠨ ᠶᠡᠷᠦᠩᠬᠡᠢ ᠬᠡᠮᠵᠢᠶ᠎ᠡ 2013 ᠣᠨ ᠳᠤ ᠶᠠᠫᠣᠨ ᠠᠴᠠ ᠳᠠᠪᠠᠵᠤ᠂ | ᠳᠡᠯᠡᠬᠡᠢ ᠶᠢᠨ ᠬᠤᠶᠠᠳᠤᠭᠠᠷ ᠶᠡᠭᠡ ᠰᠤᠳᠤᠯᠤᠨ ᠨᠡᠭᠡᠭᠡᠬᠦ ᠵᠠᠷᠤᠳᠠᠯ ᠤᠨ ᠣᠷᠣᠭᠤᠯᠤᠯᠲᠠ ᠲᠠᠢ ᠤᠯᠤᠰ ᠪᠣᠯᠪᠠ᠃ ᠳᠡᠯᠡᠬᠡᠶ ᠶᠢᠨ ᠮᠡᠳᠡᠯᠭᠡ ᠶᠢᠨ ᠥᠮᠴᠢᠯᠡᠯ ᠤᠨ | ᠡᠷᠬᠡ ᠶᠢᠨ ᠵᠣᠬᠢᠶᠠᠨ ᠪᠠᠶᠢᠭᠤᠯᠤᠯᠲᠠ ᠶᠢᠨ ᠮᠡᠳᠡᠭᠦᠯᠦᠯᠳᠡ ᠳᠤ ᠬᠠᠷᠠᠭᠤᠯᠤᠭᠰᠠᠨ ᠢᠶᠠᠷ᠂ ᠮᠠᠨ ᠤ ᠤᠯᠤᠰ ᠤᠨ ᠪᠥᠬᠦ ᠪᠥᠮᠪᠥᠷᠴᠡᠭ ᠤᠨ ᠰᠢᠨ᠎ᠡ ᠶᠢ ᠡᠭᠦᠳᠬᠦ ᠵᠢᠭᠠᠯᠲᠠ | ᠲᠤᠭ᠎ᠠ ᠳᠠᠬᠢ ᠨᠡᠷᠡᠰ ᠤᠨ ᠵᠢᠭᠰᠠᠭᠠᠯᠲᠠ ᠨᠢ 2012 ᠣᠨ ᠳᠤ 34 ᠳ᠋ᠤᠭᠡᠷ ᠪᠠᠶᠢᠷᠢᠨ ᠳᠤ ᠪᠠᠶᠢᠭᠰᠠᠨ ᠠᠴᠠ ᠪᠠᠨ 2021 ᠣᠨ ᠳᠤ 12 ᠳ᠋ᠤᠭᠠᠷ ᠪᠠᠶᠢᠷᠢᠨ ᠳᠤ | ᠲᠡᠪᠰᠢᠨ ᠣᠷᠣᠪᠠ᠃ | ᠵᠣᠬᠢᠴᠠᠩᠭᠤᠢ ᠬᠥᠭᠵᠢᠯᠲᠡ ᠶᠢᠨ ᠶᠠᠪᠤᠴᠠ ᠯᠠᠪᠳᠠᠭᠤᠨ ᠪᠠᠶᠢᠵᠤ᠂ ᠠᠵᠤ ᠠᠬᠤᠢ ᠶᠢᠨ ᠪᠦᠲᠦᠴᠡ ᠲᠠᠰᠤᠷᠠᠯᠲᠠ ᠦᠭᠡᠢ ᠰᠢᠯᠢᠳᠡᠭᠵᠢᠪᠡ᠃ 2021 ᠣᠨ ᠳᠤ᠂ | ᠦᠢᠯᠡᠳᠬᠦ ᠦᠢᠯᠡᠰ ᠤᠨ ᠨᠡᠮᠡᠭᠳᠡᠯ ᠥᠷᠲᠡᠭ 31.4 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ 2012 ᠣᠨ ᠤ ᠬᠢ ᠠᠴᠠ 74.3% ᠪᠠᠷ ᠪᠣᠳᠠᠲᠠᠶ | ᠨᠡᠮᠡᠭᠳᠡᠪᠡ᠃ 2021 ᠣᠨ ᠳᠤ᠂ ᠡᠴᠦᠰ ᠤᠨ ᠬᠡᠷᠡᠭᠯᠡᠭᠡᠨ ᠤ ᠵᠠᠷᠤᠯᠭ᠎ᠠ ᠶᠢᠨ ᠠᠵᠤ ᠠᠬᠤᠢ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠤᠷᠮ᠎ᠠ ᠨᠢ | 65.4 % ᠪᠠᠶᠢᠵᠤ᠂ 2012 ᠣᠨ ᠤ ᠬᠢ ᠠᠴᠠ ᠵᠠᠭᠤᠨ ᠤ ᠬᠠᠷᠢᠴᠠᠯ ᠢᠶᠠᠷ 10 ᠬᠤᠪᠢ ᠳᠡᠭᠡᠭᠰᠢᠯᠡᠵᠦ᠂ ᠠᠵᠤ ᠠᠬᠤᠢ ᠶᠢᠨ ᠨᠡᠮᠡᠭᠳᠡᠯ ᠢ ᠲᠠᠶᠢᠴᠢᠯᠠᠭᠰᠠᠨ | ᠨᠢᠭᠡᠳᠦᠭᠡᠷ ᠬᠥᠳᠡᠯᠭᠡᠬᠦ ᠬᠦᠴᠦᠨ ᠪᠣᠯᠪᠠ᠃ | ᠪᠣᠬᠢᠷᠲᠤᠯ ᠦᠭᠡᠢ ᠬᠥᠭᠵᠢᠯᠲᠡ ᠶᠢᠨ ᠬᠠᠨᠳᠤᠰᠢ ᠰᠠᠶᠢᠵᠢᠷᠠᠵᠤ᠂ ᠬᠥᠮᠦᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠪᠠᠶᠢᠳᠠᠯ ᠲᠦᠷᠭᠡᠨ | ᠪᠦᠷᠢᠯᠳᠦᠪᠡ᠃ 2021 ᠣᠨ ᠳᠤ᠂ ᠪᠦᠬᠦ ᠤᠯᠤᠰ ᠤᠨ ᠲᠤᠰᠬᠠᠢ ᠣᠷᠣᠨ ᠤ ᠲᠡᠰ ᠵᠢᠴᠢ ᠲᠡᠭᠦᠨ ᠠᠴᠠ ᠳᠡᠭᠡᠭᠰᠢᠬᠢ ᠬᠤᠳᠠ ᠶᠢᠨ ᠠᠭᠠᠷ ᠤᠨ ᠶᠠᠰᠤ ᠴᠢᠨᠠᠷ | ᠰᠢᠯᠢᠳᠡᠭ ᠰᠠᠢᠨ ᠪᠠᠶᠢᠬᠤ ᠳᠤᠮᠳᠠᠴᠢ ᠡᠳᠦᠷ ᠤᠨ ᠲᠤᠭ᠎ᠠ ᠶᠢᠨ ᠬᠠᠷᠢᠴᠠᠯ 87.5% ᠳᠤ ᠬᠦᠷᠴᠦ᠂ 2015 ᠣᠨ ᠤ ᠬᠢ ᠠᠴᠠ ᠵᠠᠭᠤᠨ ᠤ ᠬᠠᠷᠢᠴᠠᠯ ᠢᠶᠠᠷ 6.3 | ᠬᠤᠪᠢ ᠳᠡᠭᠡᠭᠰᠢᠯᠡᠪᠡ᠃ 2013 ᠣᠨ ᠠᠴᠠ 2021 ᠣᠨ ᠪᠣᠯᠲᠠᠯ᠎ᠠ᠂ ᠪᠦᠬᠦ ᠤᠯᠤᠰ ᠤᠨ ᠣᠶᠢᠵᠢᠭᠤᠯᠤᠯᠲᠠ ᠶᠢᠨ ᠶᠡᠷᠦᠩᠬᠡᠢ ᠲᠠᠯᠠᠪᠠᠢ ᠪᠠᠷᠤᠭ 5944 ᠲᠦᠮᠡᠨ | ᠾᠧᠺᠲ᠋ᠠᠷ ᠲᠤ ᠬᠦᠷᠴᠡᠢ᠃ | ᠨᠡᠭᠡᠭᠡᠯᠲᠡᠲᠦ ᠬᠥᠭᠵᠢᠯᠲᠡ ᠨᠡᠩ ᠥᠨᠳᠥᠷ ᠳᠡᠰ ᠳᠠᠪᠬᠤᠷᠭ᠎ᠠ ᠲᠡᠶᠢᠰᠢ ᠠᠬᠢᠵᠤ᠂ ᠪᠦᠬᠦ ᠲᠠᠯ᠎ᠠ ᠪᠠᠷ ᠨᠡᠬᠡᠬᠡᠯᠳᠡ ᠬᠢᠬᠦ ᠰᠢᠨ᠎ᠡ ᠪᠠᠶᠢᠷᠢᠰᠢᠯ ᠲᠦᠷᠭᠡᠨ ᠪᠦᠷᠢᠯᠳᠦᠪᠡ | ᠃ 2020 ᠣᠨ ᠳᠤ᠂ ᠮᠠᠨ ᠤ ᠤᠯᠤᠰ ᠤᠨ ᠡᠳ᠋ ᠪᠠᠷᠠᠭ᠎ᠠ ᠪᠣᠯᠤᠨ ᠦᠢᠯᠡᠴᠢᠯᠡᠭᠡᠨ ᠤ ᠠᠷᠠᠯᠵᠢᠶᠠᠨ ᠤ ᠶᠡᠷᠦᠩᠬᠡᠢ ᠬᠡᠮᠵᠢᠶ᠎ᠡ 5.3 ᠲᠦᠮᠡᠨ ᠳ᠋ᠦᠩᠰᠢᠭᠤᠷ | ᠳ᠋ᠣᠯᠯᠠᠷ ᠲᠤ ᠬᠦᠷᠴᠦ᠂ ᠠᠩᠬ᠎ᠠ ᠤᠳᠠᠭ᠎ᠠ ᠠᠮᠧᠷᠢᠺᠠ ᠶᠢ ᠳᠠᠪᠠᠵᠤ ᠪᠦᠬᠦ ᠪᠥᠮᠪᠥᠷᠴᠡᠭ ᠤᠨ ᠨᠢᠭᠡᠳᠦᠭᠡᠷ ᠲᠤᠮᠤ ᠠᠷᠠᠯᠵᠢᠶᠠᠨ ᠤ ᠤᠯᠤᠰ ᠪᠣᠯᠪᠠ᠃ 2021 ᠣᠨ ᠳᠤ | ᠂ ᠡᠳ᠋ ᠪᠠᠷᠠᠭ᠎ᠠ ᠪᠣᠯᠤᠨ ᠦᠢᠯᠡᠴᠢᠯᠡᠭᠡᠨ ᠤ ᠠᠷᠠᠯᠵᠢᠶᠠᠨ ᠤ ᠶᠡᠷᠦᠩᠬᠡᠢ ᠬᠡᠮᠵᠶ᠊ ᠡᠶ᠎ᠡ 6.9 ᠲᠦᠮᠡᠨ ᠳ᠋ᠦᠩᠰᠢᠭᠤᠷ ᠳ᠋ᠣᠯᠯᠠᠷ ᠲᠤ ᠬᠦᠷᠴᠦ᠂ ᠳᠡᠯᠡᠬᠡᠢ ᠶᠢᠨ ᠲᠡᠷᠢᠭᠦᠨ | ᠪᠠᠶᠢᠷᠢ ᠪᠠᠨ ᠦᠷᠭᠦᠯᠵᠢᠯᠡᠨ ᠪᠠᠲᠤᠯᠠᠪᠠ᠃ | ᠬᠠᠮᠲᠤ ᠪᠠᠷ ᠡᠳ᠋ᠯᠡᠬᠦ ᠬᠥᠭᠵᠢᠯᠲᠡ ᠦᠷᠭᠦᠯᠵᠢᠯᠡᠨ ᠴᠢᠩᠭᠠᠷᠠᠵᠤ᠂ ᠬᠥᠭᠵᠢᠯᠲᠡ ᠶᠢᠨ ᠦᠷ᠎ᠡ ᠪᠦᠲᠦᠭᠡᠯ ᠢ ᠪᠦᠬᠦ ᠠᠷᠠᠳ ᠲᠦᠮᠡᠨ ᠳᠤ ᠨᠡᠩ ᠤᠯᠠᠨ ᠨᠡᠩ | ᠭᠤᠣᠯᠴᠢ ᠪᠠᠷ ᠬᠦᠷᠲᠡᠭᠡᠪᠡ᠃ ᠣᠲᠣ ᠶᠢᠨ ᠬᠡᠷᠡᠭᠵᠢᠭᠦᠯᠵᠦ ᠪᠠᠶᠢᠭ᠎ᠠ ᠶᠠᠳᠠᠭᠤ ᠬᠦᠴᠢᠷᠳᠡᠯ ᠤᠨ ᠪᠠᠷᠢᠮᠵᠢᠶ᠎ᠠ ᠳᠤᠤᠷ᠎ᠠ᠂ 2013 ᠣᠨ ᠠᠴᠠ 2020 ᠣᠨ ᠪᠣᠯᠲᠠᠯ᠎ᠠ | ᠂ ᠪᠥᠬᠦ ᠤᠯᠤᠰ ᠤᠨ ᠬᠥᠳᠡᠭᠡ ᠲᠣᠰᠬᠤᠨ ᠤ ᠶᠠᠳᠠᠭᠤ ᠬᠦᠴᠢᠷᠳᠡᠯᠲᠡᠶ ᠬᠥᠮᠦᠨ ᠠᠮᠠ ᠨᠡᠶᠢᠲᠡ 9899 ᠲᠦᠮᠡ ᠪᠠᠭᠠᠰᠴᠤ᠂ ᠶᠠᠳᠠᠭᠤᠷᠠᠯ ᠤᠨ ᠨᠣᠷᠮ᠎ᠠ ᠵᠢᠯ | ᠳᠤᠮᠳᠠᠴᠢ ᠪᠠᠷ ᠵᠠᠭᠤᠨ ᠤ ᠬᠠᠷᠢᠴᠠᠯ ᠢᠶᠠᠷ 1.3 ᠬᠤᠪᠢ ᠪᠠᠭᠤᠷᠠᠪᠠ᠃ 2013 ᠣᠨ ᠠᠴᠠ 2021 ᠣᠨ ᠪᠣᠯᠲᠠᠯ᠎ᠠ᠂ ᠪᠥᠬᠦ ᠤᠯᠤᠰ ᠤᠨ ᠠᠵᠢᠯ | ᠣᠯᠤᠭᠰᠠᠳ ᠤᠨ ᠲᠤᠭ᠎ᠠ ᠶᠢ 7.4 ᠳ᠋ᠦᠩᠰᠢᠭᠤᠷ ᠬᠦᠮᠦᠨ ᠠᠴᠠ ᠳᠡᠭᠡᠭᠰᠢ ᠳᠤ ᠲᠣᠭᠲᠠᠭᠤᠨ ᠪᠠᠶᠢᠯᠭᠠᠪᠠ᠃ | | |