ᠤᠶᠢᠷ᠎ᠠ ᠶᠢᠨ ᠡᠳᠥᠷ᠂ ︽ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠳᠠ ᠲᠠᠢ ᠬᠤᠷᠠᠯᠳᠤᠬᠤ ᠶᠢ ᠤᠭᠳᠤᠵᠤ᠂ ᠳᠤᠮᠳᠠᠳᠤ ᠶᠢᠨ ᠥᠨᠳᠥᠰᠥᠳᠡᠨ ᠤ | ᠬᠠᠮᠳᠤ ᠶᠢᠨ ᠴᠤᠭᠴᠠ ᠶᠢᠨ ᠤᠬᠠᠮᠰᠠᠷ ᠢ ᠪᠠᠳᠤ ᠴᠤᠭᠴᠠᠯᠠᠬᠤ︾ ᠤᠷᠳᠤᠰ ᠬᠤᠳᠠ ᠶᠢᠨ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠠᠩᠬᠠᠳᠤᠭᠠᠷ | ᠬᠤᠭᠤᠴᠠᠭᠠᠨ ᠤ ︽ᠪᠢᠯᠢᠭ ᠤᠨ ᠰᠤᠷᠢᠶ᠎ᠠ︾ ᠮᠡᠳᠡᠯᠬᠡ ᠶᠢᠨ ᠤᠷᠤᠯᠳᠤᠭᠠᠨ ᠤ ᠰᠶᠢᠳᠪᠥᠷᠢᠳᠤ ᠤᠷᠤᠯᠳᠤᠭᠠᠨ ᠡᠵᠡᠨ ᠬᠤᠷᠤᠭ᠎ᠠ ᠬᠤᠰᠢᠭᠤᠨ ᠤ ᠮᠤᠩᠭᠤᠯ | ᠥᠨᠳᠥᠰᠥᠳᠡᠨ ᠤ ᠪᠠᠭ᠎ᠠ ᠰᠤᠷᠭᠠᠭᠤᠯᠢ ᠳᠤ ᠳᠡᠬᠦᠰ ᠠᠮᠵᠢᠯᠲᠠ ᠲᠠᠢ ᠶᠠᠪᠤᠭᠳᠠᠵᠠᠢ᠃ | | | | ᠳᠤᠰ ᠤᠳᠠᠭᠠᠨ ᠤ ᠤᠷᠤᠯᠳᠤᠭᠠᠨ ᠢ ᠤᠷᠳᠤᠰ ᠬᠤᠳᠠ ᠶᠢᠨ ᠬᠠᠮ ᠵᠠᠭᠤᠴᠢᠯᠠᠭᠤᠷ ᠤᠨ ᠲᠥᠪ᠂ ᠤᠷᠳᠤᠰ ᠬᠤᠳᠠ ᠶᠢᠨ ᠡᠮᠡᠭᠳᠠᠶᠢᠴᠤᠳ ᠤᠨ ᠬᠤᠯᠪᠤᠭᠠᠳᠤ | ᠬᠤᠷᠠᠯ᠂ ᠡᠵᠡᠨ ᠬᠤᠷᠤᠭ᠎ᠠ ᠬᠤᠰᠢᠭᠤᠨ ᠤ ᠥᠨᠳᠥᠰᠥᠳᠡᠨ ᠤ ᠬᠡᠷᠡᠭ ᠡᠷᠬᠢᠯᠡᠬᠦ ᠵᠥᠪᠯᠡᠯ ᠵᠡᠷᠭᠡ ᠪᠠᠶᠢᠭᠤᠯᠭ᠎ᠠ ᠨᠢᠬᠡᠴᠢ ᠠᠴᠠ ᠭᠤᠤᠯᠯᠠᠨ ᠡᠷᠬᠢᠯᠡᠵᠠᠢ᠃ ︽ᠪᠢᠯᠢᠭ ᠤᠨ | ᠰᠤᠷᠢᠶ᠎ᠠ︾ ᠮᠡᠳᠡᠯᠬᠡ ᠶᠢᠨ ᠤᠷᠤᠯᠳᠤᠭᠠᠨ ᠳᠤ᠂ ᠮᠠᠨ ᠤ ᠬᠤᠳᠠ ᠶᠢᠨ 8 ᠬᠤᠰᠢᠭᠤ ᠳᠤᠭᠤᠷᠢᠭ ᠤᠨ 16 ᠪᠠᠭ᠎ᠠ ᠰᠤᠷᠭᠠᠭᠤᠯᠢ ᠶᠢᠨ 1500 ᠭᠠᠷᠤᠢ ᠰᠤᠷᠤᠭᠴᠢ | ᠤᠷᠤᠯᠴᠠᠵᠤ᠂ 50 ᠭᠠᠷᠤᠢ ᠳᠠᠯᠠᠪᠠᠶ ᠬᠤᠷᠴᠠ ᠰᠢᠷᠥᠬᠦᠨ ᠥᠷᠢᠰᠥᠯᠳᠥᠬᠡᠨ ᠢᠶᠠᠷ ᠳᠠᠮᠵᠢᠭᠠᠳ ᠰᠶᠢᠳᠪᠥᠷᠢᠳᠤ ᠤᠷᠤᠯᠳᠤᠭᠠᠨ ᠳᠤ 30 ᠨᠡᠷ᠎ᠡ ᠤᠷᠤᠯᠴᠠᠭᠴᠢ | ᠰᠢᠭᠰᠢᠭᠳᠡᠨ ᠥᠯᠡᠳᠡᠭᠰᠡᠨ ᠪᠠᠶᠢᠨ᠎ᠠ᠃ | ᠤᠷᠤᠯᠳᠤᠭᠠᠨ ᠨᠢ ᠵᠥᠢᠷ ᠰᠡᠴᠡᠨ ᠥᠬᠡ ᠶᠢ ᠪᠥᠷᠢᠨ ᠪᠤᠯᠭᠠᠬᠤ᠂ ᠳᠠᠰᠢᠶ᠎ᠠ ᠥᠰᠥᠭ ᠢ ᠬᠠᠶᠢᠬᠤ᠂ ᠮᠡᠳᠡᠯᠬᠡ ᠶᠢᠨ ᠰᠡᠳᠤᠪ ᠬᠠᠷᠢᠭᠤᠯᠬᠤ᠂ ᠤᠷ᠎ᠠ | ᠠᠪᠢᠶᠠᠰ ᠤᠨ ᠥᠵᠡᠬᠦᠯᠬᠡ ᠬᠢᠭᠦ ᠵᠡᠷᠭᠡ ᠡᠯᠪᠡᠭ ᠪᠠᠶᠠᠯᠢᠭ ᠠᠭᠤᠯᠭ᠎ᠠ ᠶᠢ ᠳᠤᠬᠢᠷᠠᠭᠤᠯᠵᠤ ᠰᠤᠷᠤᠭᠴᠢᠳ ᠤᠨ ᠤᠷ᠎ᠠ ᠤᠬᠠᠭᠠᠨ ᠠᠪᠢᠶᠠᠰ ᠪᠢᠯᠢᠭ ᠢ ᠰᠤᠷᠢᠵᠠᠢ᠃ | ᠤᠷᠤᠯᠳᠤᠭᠠᠨ ᠤ ᠳ᠋ᠥᠡᠭ ᠳᠤ ᠨᠢᠬᠡᠳᠥᠬᠡᠷ ᠳᠡᠰ ᠲᠤ 1 ᠨᠡᠷ᠎ᠡ᠂ ᠬᠤᠶᠠᠳᠤᠭᠠᠷ ᠳᠡᠰ ᠲᠤ 2 ᠨᠡᠷ᠎ᠠ᠂ ᠭᠤᠷᠪᠠᠳᠤᠭᠠᠷ ᠳᠡᠰ ᠲᠤ 3 ᠨᠡᠷ᠎ᠠ᠂ ᠰᠢᠯᠢᠳᠡᠭ ᠳᠡᠰ ᠲᠤ 24 | ᠨᠡᠷᠡᠰ ᠰᠤᠷᠤᠭᠴᠢ ᠶᠢ ᠱᠠᠩᠨᠠᠨ ᠬᠦᠬᠢᠭᠦᠯᠦᠭᠰᠡᠨ ᠪᠠᠶᠢᠨ᠎ᠠ᠃ | | | |