365bet网上娱乐场_365双试投注是什么_365bet正网开户人民政府蒙古文网站 365bet网上娱乐场_365双试投注是什么_365bet正网开户

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ​2021ᠤᠨ ᠳᠤ ᠮᠠᠨ ᠤ ᠬᠤᠳᠠ ᠶᠢᠨ ᠪᠦᠬᠦ ᠨᠡᠶᠢᠬᠡᠮ ᠤᠨ R&D ᠵᠠᠷᠤᠳᠠᠯ ᠤᠨ ᠶᠡᠷᠦᠩᠬᠡᠢ ᠬᠡᠮᠵᠢᠶ᠎ᠡ ᠲᠡᠦᠬᠡ ᠶᠢᠨ ᠰᠢᠨ᠎ᠡ ᠳᠠᠮᠳᠡᠭᠯᠡᠯ ᠢ ᠡᠭᠦᠳᠴᠡᠢ
        ᠨᠡᠶᠢᠲᠡᠯᠡᠭᠰᠡᠨ ᠴᠠᠭ᠄
        2022/10/20
              ᠳᠦᠷᠦᠭᠦᠭᠡᠨ᠂ ᠦᠪᠡᠷᠳᠡᠭᠡᠨ ᠵᠠᠰᠠᠬᠤ ᠤᠷᠤᠨ ᠤ ᠲᠤᠭ᠎ᠠ ᠪᠦᠷᠢᠳᠬᠡᠯ ᠤᠨ ᠳᠤᠪᠴᠢᠶ᠎ᠠ ᠶᠢᠨ ᠬᠠᠷᠢᠭᠤ ᠳᠤᠰᠬᠠᠭᠰᠠᠨ ᠢᠶᠠᠷ᠂ 2021 ᠤᠨ ᠳᠤ ᠤᠷᠳᠤᠰ ᠬᠤᠳᠠ ᠶᠢᠨ ᠪᠦᠬᠦ ᠨᠡᠶᠢᠬᠡᠮ ᠤᠨ R&D ᠵᠠᠷᠤᠳᠠᠯ ᠤᠨ ᠶᠡᠷᠦᠩᠬᠡᠢ ᠬᠡᠮᠵᠢᠶ᠎ᠡ 38.7 ᠳ᠋ᠦᠩᠰᠢᠭᠤᠷ ᠳᠦᠭᠦᠷᠢᠭ ᠲᠤ ᠬᠦᠷᠴᠦ᠂ ᠲᠡᠦᠬᠡ ᠶᠢᠨ ᠬᠠᠮᠤᠭ ᠤᠨ ᠦᠨᠳᠦᠷ ᠴᠡᠭ ︵2019 ᠤᠨ ᠤ 38.3 ᠳ᠋ᠦᠩᠰᠢᠭᠤᠷ ᠳᠦᠭᠦᠷᠢᠭ︶᠎ ᠠᠴᠠ0.4 ᠳ᠋ᠦᠩᠰᠢᠭᠤᠷ ᠳᠦᠭᠦᠷᠢᠭ ᠳᠠᠪᠠᠵᠦ᠂ 2020 ᠤᠨ ᠤ ᠠᠳᠠᠯᠢ ᠬᠤᠭᠤᠴᠠᠭᠠᠨ ᠤ ᠎ ᠬᠢ ᠠᠴᠠ10.2 ᠳ᠋ᠦᠩᠰᠢᠭᠤᠷ ᠳᠦᠭᠦᠷᠢᠭ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ 35.7%᠎ ᠳᠤ ᠬᠦᠷᠴᠦ᠂ R&D ᠵᠠᠷᠤᠳᠠᠯ ᠤᠨ ᠨᠡᠮᠡᠭᠳᠡᠯ ᠨᠢ GDP᠎ ᠠᠴᠠ ᠳᠠᠪᠠᠵᠦ᠂ GDP᠎ ᠶᠢᠨ ᠤᠳᠤᠬᠢ ᠦᠨ᠎ᠡ ᠶᠢᠨ ᠨᠡᠮᠡᠭᠳᠡᠯ ᠤᠨ ᠬᠤᠷᠳᠤᠴᠠ ︵34%︶᠎ ᠠᠴᠠ ᠵᠠᠭᠤᠨ ᠤ ᠬᠤᠪᠢ ᠶᠢᠨ ᠬᠠᠷᠢᠴᠠᠯ ᠢᠶᠠᠷ1.7 ᠦᠨᠳᠦᠷ ᠪᠤᠯᠵᠦ᠂ ᠤᠶᠢᠷ᠎ᠠ ᠶᠢᠨ ᠠᠷᠪᠠᠨ ᠵᠢᠯ ᠤᠨ ᠳᠤᠷᠰᠢᠬᠢ ᠬᠠᠮᠤᠭ ᠦᠨᠳᠦᠷ ᠨᠡᠮᠡᠭᠳᠡᠯ ᠤᠨ ᠬᠤᠷᠳᠤᠴᠠ ᠶᠢ ᠪᠤᠢ ᠪᠤᠯᠭᠠᠵᠠᠢ᠃ ᠤᠷᠳᠤᠰ ᠬᠤᠳᠠ ᠶᠢᠨ ᠰᠤᠳᠤᠯᠤᠨ ᠨᠡᠭᠡᠭᠡᠬᠦ ᠵᠠᠷᠤᠳᠠᠯ ᠤᠨ ᠶᠡᠷᠦᠩᠬᠡᠢ ᠬᠡᠮᠵᠢᠶ᠎ᠡ 64.75 ᠳ᠋ᠦᠩᠰᠢᠭᠤᠷ ᠳᠦᠭᠦᠷᠢᠭ ᠲᠤ ᠬᠦᠷᠴᠦ᠂ ᠪᠦᠬᠦ ᠤᠷᠤᠨ ᠤ R&D ᠵᠠᠷᠤᠳᠠᠯ ᠤᠨ ᠨᠡᠮᠡᠭᠳᠡᠯ ᠢ ᠳᠠᠶᠢᠴᠢᠯᠠᠨ ᠵᠠᠭᠤᠨ ᠤ ᠬᠤᠪᠢ ᠶᠢᠨ ᠬᠠᠷᠢᠴᠠᠯ ᠢᠶᠠᠷ 6.31ᠨᠡᠮᠡᠭᠳᠡᠭᠦᠯᠵᠦ᠂ ᠪᠦᠬᠦ ᠤᠷᠤᠨ ᠤ R&D ᠵᠠᠷᠤᠳᠠᠯ ᠤᠨ ᠶᠡᠷᠦᠩᠬᠡᠢ ᠬᠡᠮᠵᠢᠶ᠎ᠡ ︵190.1 ᠳ᠋ᠦᠩᠰᠢᠭᠤᠷ ᠳᠦᠭᠦᠷᠢᠭ︶᠎ ᠶᠢᠨ20.4%᠎ ᠶᠢ ᠡᠵᠡᠯᠡᠨ᠂ ᠠᠳᠠᠯᠢ ᠬᠤᠭᠤᠴᠠᠭᠠᠨ ᠤ ᠬᠢ ᠠᠴᠠ ᠵᠠᠭᠤᠨ ᠤ ᠬᠤᠪᠢ ᠶᠢᠨ ᠬᠠᠷᠢᠴᠠᠯ ᠢᠶᠠᠷ 2.7 ᠳᠡᠭᠡᠭᠰᠢᠯᠡᠪᠡ᠃ ᠤᠷᠳᠤᠰ ᠬᠤᠳᠠ ᠶᠢᠨ ᠪᠦᠬᠦ ᠨᠡᠶᠢᠬᠡᠮ ᠤᠨ R&D᠎ ᠶᠢᠨ ᠵᠠᠷᠤᠳᠠᠯ ᠤᠨ ᠤᠷᠤᠭᠤᠯᠤᠯᠳᠠ ᠶᠢᠨ ᠬᠦᠴᠦᠯᠡᠴᠡ0.82%᠎ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠵᠠᠭᠤᠨ ᠤ ᠬᠤᠪᠢ ᠶᠢᠨ ᠬᠠᠷᠢᠴᠠᠯ ᠢᠶᠠᠷ 0.01 ᠨᠡᠮᠡᠭᠳᠡᠨ᠂ ᠪᠦᠬᠦ ᠬᠤᠳᠠ ᠶᠢᠨGDP᠎ ᠶᠢᠨ ᠶᠡᠷᠦᠩᠬᠡᠢ ᠬᠡᠮᠵᠢᠶ᠎ᠡ ᠶᠢᠨ ᠰᠠᠭᠤᠷᠢ ᠲᠤᠭ᠎ᠠ ᠶᠡᠭᠡ᠂ ᠨᠡᠮᠡᠭᠳᠡᠯ ᠤᠨ ᠬᠡᠮᠵᠢᠶ᠎ᠡ ᠦᠨᠳᠦᠷ ᠪᠠᠶᠢᠬᠤ ᠪᠠᠶᠢᠳᠠᠯ ᠳᠤᠤᠷ᠎ᠠ R&D᠎ ᠶᠢᠨ ᠤᠷᠤᠭᠤᠯᠤᠯᠳᠠ ᠶᠢᠨ ᠬᠦᠴᠦᠯᠡᠴᠡ ᠠᠳᠠᠯᠢ ᠬᠤᠭᠤᠴᠠᠭᠠᠨ ᠤ ᠬᠢ ᠠᠴᠠ ᠨᠡᠮᠡᠭᠳᠡᠭᠰᠡᠨ ᠨᠢ ᠨᠡᠭᠡᠷᠡᠨ ᠬᠢᠯᠪᠡᠷ ᠪᠤᠰᠤ ᠶᠤᠮ᠃      2021ᠤᠨ ᠠᠴᠠ ᠨᠠᠭᠠᠰᠢ᠂ ᠮᠠᠨ ᠤ ᠬᠤᠳᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠦ᠂ ᠰᠢᠨ᠎ᠡ ᠶᠢ ᠡᠭᠦᠳᠬᠦ ᠬᠡᠯᠪᠡᠷᠢ ᠶᠢᠨ ᠠᠵᠦ ᠠᠬᠤᠶᠢᠯᠠᠯ ᠤᠨ ᠰᠦᠷᠦᠭᠵᠢᠯ ᠳᠠᠰᠤᠷᠠᠯᠳᠠ ᠦᠭᠡᠢ ᠪᠤᠵᠠᠭᠠᠶᠢᠷᠠᠨ᠂《ᠨᠢᠭᠡ ᠬᠤᠳᠠ ᠳᠦᠷᠪᠡᠨ ᠲᠤᠭᠤᠷᠢᠭ ᠨᠢᠭᠡ ᠬᠦᠷᠢᠶᠡᠯᠡᠩ ᠳᠤᠭᠤᠷᠢᠭ ᠨᠢᠭᠡ ᠰᠤᠳᠤᠯᠭᠠᠨ ᠤ ᠬᠦᠷᠢᠶᠡᠯᠡᠩ ᠭᠤᠷᠪᠠᠨ ᠬᠡᠯᠳᠡᠰ》ᠵᠡᠷᠭᠡ ᠦᠨᠳᠦᠷ ᠳᠡᠰ ᠤᠨ ᠳᠠᠪᠴᠠᠩ ᠢ ᠳᠦᠷᠭᠡᠳᠬᠡᠨ ᠪᠠᠶᠢᠭᠤᠯᠵᠦ᠂ ᠴᠢᠳᠠᠪᠤᠷᠢᠳᠠᠨ ᠤ ᠬᠦᠴᠦᠨ ᠢ ᠳᠠᠰᠤᠷᠠᠯᠳᠠ ᠦᠭᠡᠢ ᠪᠤᠵᠠᠭᠠᠶᠢᠷᠠᠭᠤᠯᠤᠨ᠂ ᠤᠳᠤ ᠦᠶ᠎ᠡ ᠶᠢᠨ ᠡᠨᠧᠷᠬᠢ᠂ ᠰᠢᠨ᠎ᠡ ᠮᠠᠲ᠋ᠧᠷᠢᠶᠠᠯ᠂ ᠰᠢᠨ᠎ᠡ ᠬᠡᠯᠪᠡᠷᠢ ᠶᠢᠨ ᠬᠢᠮᠢ ᠶᠢᠨ ᠠᠵᠦ ᠦᠢᠯᠡᠳᠪᠤᠷᠢ᠂ ᠤᠶᠤᠨᠴᠢ ᠲᠤᠨᠤᠭᠯᠠᠯ ᠦᠢᠯᠡᠳᠬᠦ᠂ ᠠᠮᠢᠳᠤ ᠪᠤᠳᠠᠰ ᠤᠨ ᠡᠮ ᠡᠮᠨᠡᠯᠭᠡ᠂ ᠡᠯᠧᠺᠲᠷᠤᠨ ᠮᠡᠳᠡᠭᠡ ᠵᠠᠩᠭᠢ᠂ ᠪᠤᠬᠢᠷᠳᠤᠯ ᠦᠭᠡᠢ ᠳᠤᠤᠷ᠎ᠠ ᠨᠡᠭᠦᠷᠡᠰᠦᠳᠦ᠋ᠷᠦᠭᠴᠢᠳᠦ᠂ ᠡᠨᠧᠷᠬᠢ ᠠᠷᠪᠢᠯᠠᠵᠦ ᠤᠷᠴᠢᠨ ᠲᠤᠭᠤᠷᠢᠨ ᠢ ᠬᠠᠮᠠᠭᠠᠯᠠᠬᠤ᠂ ᠤᠳᠤ ᠦᠶ᠎ᠡ ᠶᠢᠨ ᠲᠠᠷᠢᠶᠠᠯᠠᠩ ᠮᠠᠯ ᠠᠵᠦ ᠠᠬᠤᠢ ᠵᠡᠷᠭᠡ ᠭᠤᠤᠯᠳᠠᠯᠭ᠎ᠠ ᠲᠠᠢ ᠬᠦᠷᠢᠶᠡᠨ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠳᠦᠭᠡᠯ ᠢ ᠳᠦᠷᠭᠡᠳᠬᠡᠨ ᠬᠤᠪᠢᠷᠠᠭᠤᠯᠵᠦ᠂ ᠪᠦᠬᠦ ᠬᠤᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠤ ᠰᠠᠶᠢᠨ ᠰᠠᠶᠢᠬᠠᠨ ᠬᠦᠭᠵᠢᠯᠳᠡ ᠶᠢᠨ ᠪᠠᠶᠢᠳᠠᠯ ᠢᠯᠡᠷᠡᠨ᠂ ᠪᠦᠬᠦ ᠬᠤᠳᠠ ᠶᠢᠨ ᠠᠵᠦ ᠠᠬᠤᠢ ᠨᠡᠶᠢᠬᠡᠮ ᠤᠨ ᠴᠢᠨᠠᠷ ᠰᠠᠶᠢᠳᠠᠢ ᠬᠦᠭᠵᠢᠯᠳᠡ ᠳᠤ ᠨᠡᠩ ᠬᠦᠴᠦᠷᠭᠡᠭ ᠬᠦᠳᠡᠯᠭᠡᠬᠦ ᠬᠦᠴᠦᠨ ᠢ ᠨᠡᠮᠡᠷᠢᠯᠡᠪᠡ᠃    
        ᠢᠷᠡᠯᠲᠡ᠄ ᠤᠷᠳᠤᠰ ᠤᠨ ᠡᠳᠦᠷ ᠤᠨ ᠰᠤᠨᠢᠨ