| | ᠤᠷᠳᠣᠰ ᠬᠤᠳᠠ ᠶᠢᠨ ᠲᠠᠷᠢᠶᠠᠯᠠᠩ ᠮᠠᠯ ᠠᠵᠦ ᠠᠬᠤᠢ ᠶᠢᠨ ᠳᠤᠪᠴᠢᠶᠠᠨ ᠤ ᠲᠠᠷᠢᠶᠠᠯᠠᠩ ᠤᠨ ᠪᠠᠶᠢᠳᠠᠯ ᠤᠨ ᠪᠦᠷᠢᠳᠬᠡᠯ ᠢ ᠦᠨᠳᠦᠰᠦᠯᠡᠪᠡᠯ᠂ ᠤᠳᠤᠬᠠᠨ ᠳᠤ | ᠪᠦᠬᠦ ᠬᠤᠳᠠ ᠶᠢᠨ ᠠᠮᠤ ᠪᠤᠳᠠᠭᠠᠨ ᠤ ᠲᠠᠷᠢᠮᠠᠯ ᠤᠨ ᠬᠤᠷᠢᠶᠠᠯᠳᠠ ᠨᠢᠭᠡᠨᠳᠡ 285.27 ᠲᠦᠮᠡᠨ ᠮᠤ᠋ ᠳᠤ ᠬᠦᠷᠴᠦ᠂ ᠪᠦᠬᠦ ᠬᠤᠳᠠ ᠶᠢᠨ ᠠᠮᠤ ᠪᠤᠳᠠᠭᠠᠨ ᠤ | ᠳᠠᠷᠢᠮᠠᠯ ᠤᠨ ᠲᠠᠯᠠᠪᠠᠢ ᠶᠢᠨ54.5% ᠶᠢ ᠡᠵᠡᠯᠡᠪᠡ᠃ ᠡᠭᠦᠨ ᠳᠤ ᠪᠤᠭᠤᠳᠠᠢ 6.8 ᠲᠦᠮᠡᠨ ᠮᠤ᠋᠂ ᠡᠷᠳᠡᠨᠢ ᠰᠢᠰᠢ 229.3 ᠲᠦᠮᠡᠨ ᠮᠤ᠋᠂ ᠤᠰᠤᠨ ᠳᠤᠳᠤᠷᠭ᠎ᠠ | 2.8 ᠲᠦᠮᠡᠨ ᠮᠤ᠋᠂ ᠰᠢᠷ᠎ᠠ ᠪᠤᠷᠴᠠᠭ 25.27 ᠲᠦᠮᠡᠨ ᠮᠤ᠋᠂ ᠲᠦᠮᠦᠰᠦ 16.1 ᠲᠦᠮᠡᠨ ᠮᠤ᠋᠂ ᠪᠤᠰᠤᠳ ᠠᠮᠤ ᠪᠤᠳᠠᠭᠠᠨ ᠤ ᠲᠠᠷᠢᠮᠠᠯ 5 ᠲᠦᠮᠡᠨ ᠮᠤ᠋ ᠳᠤ | ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ ᠵᠠᠭᠤᠨ ᠤ ᠬᠤᠪᠢ ᠶᠢᠨ ᠬᠠᠷᠢᠴᠠᠯ ᠢᠶᠠᠷ 20 ᠨᠡᠮᠡᠭᠳᠡᠪᠡ᠃ | ᠤᠳᠤᠬᠠᠨ ᠤ ᠬᠢᠵᠢᠭ ᠤᠨ ᠪᠠᠶᠢᠳᠠᠯ ᠠᠴᠠ ᠪᠤᠯᠤᠭᠰᠠᠨ ᠠᠰᠢᠭ ᠦᠭᠡᠢ ᠨᠦᠯᠦᠭᠡ ᠶᠢ ᠪᠦᠳᠦᠮᠵᠢᠳᠡᠢ ᠨᠠᠮᠳᠠᠭᠤᠯᠵᠦ᠂ ᠠᠮᠤ ᠪᠤᠳᠠᠭ᠎ᠠ ᠶᠢ ᠰᠠᠶᠢᠳᠤᠷ | ᠬᠦᠮᠦᠷᠭᠡᠯᠡᠬᠦ ᠶᠢ ᠪᠠᠳᠤᠯᠠᠬᠤ ᠶᠢᠨ ᠲᠦᠯᠦᠭᠡ᠂ ᠤᠷᠳᠤᠰ ᠬᠤᠳᠠ ᠶᠢᠨ ᠲᠠᠷᠢᠶᠠᠯᠠᠩ ᠮᠠᠯ ᠠᠵᠦ ᠠᠬᠤᠢ ᠶᠢᠨ ᠳᠤᠪᠴᠢᠶ᠎ᠠ᠂ ᠬᠤᠳᠠ ᠶᠢᠨ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠦᠪᠯᠡᠯ ᠲᠠᠢ ᠬᠠᠮᠳᠤᠷᠠᠨ《ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠲᠠᠷᠢᠶᠠᠯᠠᠩ ᠤᠨ | ᠦᠢᠯᠡᠳᠪᠤᠷᠢᠯᠡᠯ ᠤᠨ ᠠᠵᠢᠯ ᠢ ᠨᠢᠭᠡᠳᠦᠯᠳᠡᠢ ᠳᠦᠯᠦᠪᠵᠢᠭᠦᠯᠦᠨ ᠵᠢᠯᠤᠭᠤᠳᠬᠤ ᠳᠦᠷᠢᠮ》 ᠢ ᠳᠠᠷᠬᠠᠭᠠᠵᠦ᠂ ᠪᠤᠳᠠᠳᠠᠢ ᠠᠵᠢᠯ ᠤᠨ ᠱᠠᠭᠠᠷᠳᠠᠯᠭ᠎ᠠ ᠳᠤᠷᠠᠳᠴᠠᠢ᠃ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠱᠠᠳᠤ ᠱᠠᠳᠤ ᠪᠠᠷ ᠱᠠᠭᠠᠷᠳᠠᠯᠭ᠎ᠠ ᠨᠠᠮᠠᠵᠦ ᠪᠤᠯᠬᠤ ᠦᠭᠡᠢ᠂ ᠮᠠᠯᠴᠢᠠ ᠲᠠᠷᠢᠶᠠᠴᠢᠨ ᠤ ᠲᠠᠷᠢᠶᠠᠨ ᠳᠤ | ᠭᠠᠷᠬᠤ ᠶᠢ ᠬᠤᠷᠢᠭᠯᠠᠵᠤ ᠪᠤᠯᠬᠤ ᠦᠭᠡᠢ᠂ ᠲᠠᠷᠢᠶᠠᠯᠠᠨᠬᠤ ᠴᠠᠭ ᠢ ᠰᠠᠭᠠᠳᠠᠭᠠᠵᠦ ᠪᠤᠯᠬᠤ ᠦᠭᠡᠢ᠂ ᠠᠰᠠᠭᠤᠳᠠᠯ ᠢ ᠰᠢᠢᠳᠪᠤᠷᠢᠯᠠᠬᠦ ᠶᠢ ᠬᠤᠶᠢᠰᠢᠯᠠᠭᠤᠯᠵᠦ ᠪᠤᠯᠬᠤ | ᠦᠭᠡᠢ᠂ ᠨᠠᠮᠤᠷ ᠤᠨ ᠬᠤᠷᠢᠶᠠᠯᠳᠠ ᠶᠢᠨ ᠠᠬᠢᠴᠠ ᠶᠢ ᠨᠦᠯᠦᠭᠡᠯᠡᠵᠦ ᠪᠤᠯᠬᠤ ᠦᠭᠡᠢ ᠭᠡᠵᠦ ᠳᠤᠳᠤᠷᠬᠠᠢ ᠱᠠᠭᠠᠷᠳᠠᠭᠰᠠᠨ ᠪᠠᠶᠢᠨ᠎ᠠ᠃ | | |