365bet网上娱乐场_365双试投注是什么_365bet正网开户人民政府蒙古文网站 365bet网上娱乐场_365双试投注是什么_365bet正网开户

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠯᠢ ᠯᠢ ᠲᠦᠯᠦᠭᠡᠯᠡᠭᠴᠢ᠄ ︽ᠬᠤᠶᠠᠷ ᠢ ᠲᠣᠭᠲᠠᠭᠠᠬᠤ︾᠎ ᠶᠢ ᠡᠷᠡᠰ ᠬᠦᠷᠢᠶᠡᠯᠡᠨ ᠲᠠᠪᠤᠨ ᠶᠡᠭᠡ ᠡᠭᠦᠷᠭᠡ ᠶᠢ ᠲᠦᠢᠯᠪᠤᠷᠢᠳᠠᠢ ᠨᠠᠶᠢᠳᠠᠪᠤᠷᠢᠵᠢᠭᠤᠯᠤᠶ᠎ᠠ
        ᠨᠡᠶᠢᠲᠡᠯᠡᠭᠰᠡᠨ ᠴᠠᠭ᠄
        2022/10/20
              ︽ᠰᠢᠨ᠎ᠡ ᠴᠠᠭ ᠦᠶ᠎ᠡ ᠰᠢᠨ᠎ᠡ ᠠᠶᠠᠨ ᠳᠤ ᠭᠤᠣᠯ ᠵᠠᠯᠠᠭᠤᠷ᠂ ᠦᠵᠡᠯ ᠰᠠᠨᠠᠭᠠᠨ ᠤ ᠵᠠᠮᠴᠢᠯᠠᠯ ᠠᠴᠠ ᠰᠠᠯᠵᠤ ᠪᠣᠯᠬᠤ ᠦᠭᠡᠢ᠃ ᠪᠢᠳᠡ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠤᠭᠤᠯᠬᠤ ᠶᠢ ᠪᠠᠷᠢᠮᠲᠠᠯᠠᠨ᠂ ︽ᠬᠤᠶᠠᠷ ᠢ ᠲᠣᠭᠲᠠᠭᠠᠬᠤ︾᠎ ᠶᠢ ᠬᠦᠷᠢᠶᠡᠯᠡᠨ᠂ ︽ᠬᠤᠶᠠᠷ ᠢ ᠬᠠᠮᠠᠭᠠᠯᠠᠬᠤ ︾ ᠎ ᠶᠢ ᠪᠡᠶᠡᠯᠡᠭᠦᠯᠬᠦ ᠶᠢ ᠨᠡᠩ ᠡᠷᠡᠰ ᠭᠤᠶᠢᠪᠢᠰᠢ ᠦᠭᠡᠢ ᠪᠠᠷ ᠬᠠᠮᠤᠭ ᠤᠨ ᠥᠨᠳᠥᠷ ᠤᠯᠤᠰ ᠲᠥᠷᠥ ᠶᠢᠨ ᠵᠠᠷᠴᠢᠮ᠂ ᠦᠨᠳᠦᠰᠦᠨ ᠤᠯᠤᠰ ᠲᠥᠷᠥ ᠶᠢᠨ ᠳᠦᠷᠢᠮ ᠭᠤᠷᠢᠮ ᠪᠣᠯᠭᠠᠵᠤ᠂ ᠭᠤᠣᠯᠯᠠᠭᠴᠢ ᠶᠢᠨ ᠪᠠᠶᠢᠷᠢ ᠰᠠᠭᠤᠷᠢ᠂ ᠭᠤᠤᠯᠯᠠᠭᠴᠢ ᠶᠢᠨ ᠡᠷᠬᠡ ᠰᠦᠷ ᠢ ᠨᠠᠩ ᠰᠠᠶᠢᠲᠤᠷ ᠬᠠᠮᠠᠭᠠᠯᠠᠨ᠂ ᠭᠤᠣᠯᠯᠠᠭᠴᠢ ᠶᠢ ᠲᠠᠭᠠᠨ ᠲᠡᠮᠡᠴᠡᠯ ᠬᠢᠵᠦ᠂ ᠨᠠᠮ ᠤᠨ ᠲᠥᠪ ᠬᠤᠷᠢᠶᠠᠨ ᠎ ᠤ ᠰᠢᠶᠳᠪᠦᠷᠢᠲᠦ ᠪᠤᠳᠣᠯᠭ᠎ᠠ ᠶᠢᠨ ᠪᠠᠶᠢᠷᠢᠯᠠᠭᠤᠯᠤᠯᠲᠠ ᠶᠢ ᠣᠷᠳᠣᠰ ᠬᠤᠲᠠ ᠳᠤ ᠡᠷᠴᠢᠮᠲᠡᠢ ᠪᠥᠭᠡᠳ ᠪᠦᠲᠦᠮᠵᠢᠲᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠎ ᠶᠢ ᠪᠠᠲᠤᠯᠠᠨ᠎ᠠ》 ᠭᠡᠵᠦ ᠨᠠᠮ ᠎ ᠤᠨ ᠬᠤᠷᠢᠳᠤᠭᠠᠷ ᠶᠡᠭᠡ ᠬᠤᠷᠠᠯ ᠎ ᠤᠨ ᠲᠥᠯᠥᠭᠡᠯᠡᠭᠴᠢ᠂ ᠣᠷᠳᠣᠰ ᠬᠤᠲᠠ ᠶᠢᠨ ᠨᠠᠮ ᠎ ᠤᠨ ᠬᠤᠷᠢᠶᠠᠨ ᠤ ᠱᠦᠵᠢ ᠯᠢ ᠯᠢ ᠶᠠᠷᠢᠨ᠎ᠠ᠃      ᠯᠢ ᠯᠢ ᠲᠥᠯᠥᠭᠡᠯᠡᠭᠴᠢ ᠬᠡᠯᠡᠬᠦ ᠳᠡᠭᠡᠨ᠂ ᠢᠯᠡᠳᠬᠡᠯ ᠳᠤ ᠣᠳᠣ ᠠᠴᠠ ᠡᠬᠢᠯᠡᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠤᠣᠯᠳᠠᠯᠭ᠎ᠠ ᠲᠠᠢ ᠡᠭᠦᠷᠭᠡ ᠪᠣᠯ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠎ ᠢ ᠪᠦᠯᠬᠦᠮᠳᠡᠭᠦᠯᠦᠨ ᠳᠠᠭᠠᠭᠤᠯᠵᠤ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠠᠶᠢᠭᠤᠯᠵᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠎ ᠶᠢ ᠪᠡᠶᠡᠯᠡᠭᠦᠯᠦᠨ᠂ ᠳᠤᠮᠳᠠᠳᠤ ᠤᠯᠤᠰ ᠤᠨ ᠮᠠᠶ᠋ᠢᠭ ᠎ ᠤᠨ ᠣᠳᠣᠬᠢᠴᠢᠯᠠᠯᠲᠠ ᠎ ᠪᠠᠷ ᠳᠤᠮᠳᠠᠳᠤ ᠎ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠵᠠᠮ ᠢᠶᠠᠷ ᠵᠠᠮᠨᠠᠬᠤ ᠳᠤ᠂ ᠪᠢᠳᠡ ᠭᠠᠵᠠᠷ ᠣᠷᠣᠨ ᠤ ᠪᠠᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠶᠡᠷᠦᠩᠬᠡᠢ ᠱᠦᠵᠢ ᠰᠢ ᠶᠢᠨ ᠫᠢᠩ ᠤᠨ ᠪᠢᠳᠡᠨ ᠳᠤ ᠲᠤᠰᠢᠶᠠᠵᠤ ᠥᠭᠭᠦᠭᠰᠡᠨ ᠲᠠᠪᠤᠨ ᠶᠡᠭᠡ ᠡᠭᠦᠷᠭᠡ ᠲᠠᠢ ᠤᠶᠠᠯᠳᠤᠭᠤᠯᠵᠤ ᠠᠬᠢᠭᠤᠯᠬᠤ ᠴᠢᠬᠤᠯᠠ ᠲᠠᠢ ᠪᠠᠶᠢᠨ᠎ᠠ᠃      ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠎ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠲᠠᠯ᠎ᠠ ᠪᠠᠷ᠂ ᠡᠨᠧᠷᠭᠢ ᠎ ᠶᠢᠨ ᠬᠠᠩᠭᠠᠯᠭ᠎ᠠ ᠎ ᠶᠢ ᠪᠠᠲᠤᠯᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠦᠷᠭᠦᠯᠵᠢᠯᠡᠨ ᠡᠭᠦᠷᠭᠡᠯᠡᠨ ᠪᠠᠲᠤᠳᠬᠠᠵᠤ᠂ ᠨᠡᠭᠦᠷᠡᠰᠦ ᠶᠢ ᠪᠣᠬᠢᠷᠲᠤᠯ ᠤᠢᠭᠡᠢ ᠴᠡᠪᠡᠷ ᠠᠷᠢᠭᠤᠨ ᠥᠨᠳᠥᠷ ᠪᠦᠲᠦᠮᠵᠢᠲᠡᠢ ᠪᠠᠷ ᠠᠰᠢᠭᠯᠠᠬᠤ ᠶᠢ ᠭᠦᠨᠵᠡᠭᠡᠢ ᠠᠬᠢᠭᠤᠯᠤᠨ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠦᠵᠦᠭᠦᠷᠰᠢᠭᠰᠡᠨ᠂ ᠣᠯᠠᠨ ᠡᠰᠢᠵᠢᠭᠰᠡᠨ᠂ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠠᠬᠢᠭᠤᠯᠵᠤ᠂ 2025 ᠣᠨ ᠪᠣᠯᠬᠤ ᠳᠤ᠂ ᠣᠷᠳᠣᠰ ᠬᠤᠳᠠ ᠶᠢᠨ ᠨᠡᠭᠦᠷᠡᠰᠦᠨ ᠤ ᠭᠠᠷᠤᠯᠲᠠ ᠶᠢ 8 ᠳ᠋ᠦᠩᠰᠢᠭᠤᠷ ᠲᠣᠨ ᠠᠴᠠ ᠳᠠᠪᠠᠭᠤᠯᠤᠨ᠂ ᠴᠠᠬᠢᠯᠭᠠᠨ ᠬᠦᠴᠦᠨ ᠤ ᠮᠠᠰᠢᠨ ᠴᠣᠭᠴᠠᠯᠠᠪᠤᠷᠢ ᠶᠢ 1 ᠳ᠋ᠦᠩᠰᠢᠭᠤᠷ ᠺᠢᠯᠣᠸᠠᠲ ᠲᠤ ᠬᠦᠷᠭᠡᠵᠦ᠂ ᠰᠢᠨ᠎ᠡ ᠡᠨᠧᠷᠭᠢ ᠎ ᠶᠢᠨ ᠮᠠᠰᠢᠨ ᠴᠣᠭᠴᠠᠯᠠᠪᠤᠷᠢ ᠎ ᠶᠢᠨ ᠡᠵᠡᠯᠡᠬᠦ ᠬᠠᠷᠢᠴᠠᠯ ᠎ ᠢ 50%᠎ ᠠᠴᠠ ᠳᠠᠪᠠᠭᠤᠯᠤᠨ᠂ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠴᠢᠳᠠᠪᠤᠷᠢ ᠶᠢ 2500 ᠲᠦᠮᠡᠨ ᠲᠣᠨ ᠠᠴᠠ ᠳᠠᠪᠠᠭᠤᠯᠵᠤ᠂ ᠳᠡᠯᠡᠬᠡᠢ ᠶᠢᠨ ᠲᠡᠰ ᠤᠨ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠎ ᠤᠨ ᠰᠦᠷᠦᠭᠵᠢᠭᠰᠡᠨ ᠣᠷᠣᠨ ᠎ ᠢ ᠡᠭᠦᠳᠦᠨ ᠪᠠᠶᠢᠭᠤᠯᠤᠨ᠎ᠠ᠃ ᠡᠭᠦᠨ ᠎ ᠤ ᠬᠠᠮᠲᠤ᠂ ᠡᠨᠧᠷᠭᠢ  ᠎ ᠶᠢᠨ ᠪᠦᠲᠦᠴᠡ ᠎ ᠶᠢᠨ ᠲᠣᠬᠢᠷᠠᠭᠤᠯᠤᠯᠲᠠ ᠪᠠᠷ ᠠᠵᠤ ᠠᠬᠤᠢ ᠶᠢᠨ ᠪᠦᠲᠦᠴᠡ ᠶᠢᠨ ᠬᠡᠯᠪᠡᠷᠢ ᠶᠢᠨ ᠬᠤᠪᠢᠷᠠᠭᠤᠯᠤᠯᠲᠠ ᠶᠢ ᠳᠠᠶᠢᠴᠢᠯᠠᠨ᠂ ᠰᠢᠨ᠎ᠡ ᠶᠢ ᠡᠭᠦᠳᠬᠦ ᠪᠠᠷ ᠠᠵᠤ ᠦᠢᠯᠡᠰ ᠤᠨ ᠳᠡᠰᠵᠢᠯᠲᠡ ᠎ ᠶᠢ ᠬᠥᠲᠥᠯᠥᠨ ᠳᠠᠭᠠᠭᠤᠯᠵᠤ ᠳᠠᠶᠢᠴᠢᠯᠠᠨ᠂ ᠡᠬᠢ ᠪᠠᠶᠠᠯᠢᠭ ᠎ ᠢᠶᠠᠷ  ︽ᠳᠠᠩ ᠭᠠᠭᠴᠠ ᠬᠥᠳᠡᠯᠭᠡᠭᠦᠷ︾ ᠪᠣᠯᠭᠠᠵᠤ ᠪᠠᠶᠢᠭᠰᠠᠨ ᠎ ᠢ ᠡᠬᠢ ᠪᠠᠶᠠᠯᠢᠭ ᠪᠣᠯᠤᠨ ᠰᠢᠨ᠎ᠡ ᠎ ᠶᠢ ᠡᠭᠦᠳᠬᠦ  ︽ᠬᠤᠤᠰ ᠬᠦᠷᠳᠦ ᠪᠠᠷ ᠬᠥᠳᠡᠯᠭᠡᠭᠦᠷ ᠪᠣᠯᠭᠠᠬᠤ︾ ᠪᠣᠯᠭᠠᠨ ᠬᠤᠪᠢᠷᠠᠭᠤᠯᠵᠤ᠂ 2025 ᠣᠨ ᠪᠣᠯᠬᠤ ᠳᠤ᠂ ︽ᠰᠠᠯᠬᠢ ᠭᠡᠷᠡᠯ ᠴᠡᠨᠡᠭ ᠤᠰᠤᠲᠥ᠋ᠷᠥᠭᠴᠢ ᠬᠠᠳᠠᠭᠠᠯᠠᠴᠠ ᠲᠡᠷᠭᠡ︾ 5 ᠲᠣᠮᠣ ᠠᠵᠤ ᠦᠢᠯᠡᠰ ᠤᠨ ᠦᠢᠯᠡᠳᠬᠦᠨ ᠤ ᠶᠡᠷᠦᠩᠬᠡᠢ ᠥᠷᠲᠡᠭ ᠢ 5000 ᠳ᠋ᠦᠩᠰᠢᠭᠤᠷ ᠲᠥᠭᠦᠷᠢᠭ ᠲᠤ ᠬᠦᠷᠭᠡᠵᠦ᠂ ᠤᠯᠤᠰ ᠤᠨ ᠴᠢᠬᠤᠯᠠ ᠪᠣᠬᠢᠷᠲᠤᠯ ᠦᠭᠡᠢ ᠡᠨᠧᠷᠭᠢ ᠶᠢᠨ ᠬᠠᠩᠭᠠᠯᠭ᠎ᠠ ᠶᠢᠨ ᠰᠠᠭᠤᠷᠢᠨ ᠭᠠᠵᠠᠷ᠂ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠰᠠᠭᠤᠷᠢᠨ ᠭᠠᠵᠠᠷ ᠪᠣᠯᠭᠠᠨ ᠪᠦᠲᠦᠭᠡᠨ ᠪᠠᠶᠢᠭᠤᠯᠤᠨ᠎ᠠ᠃      ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠶᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠲᠠᠯ᠎ᠠ ᠪᠠᠷ᠂ ᠲᠠᠷᠢᠶᠠᠨ ᠭᠠᠵᠠᠷ ᠤᠨ ᠤᠯᠠᠭᠠᠨ ᠱᠤᠭᠤᠮ ᠢ ᠦᠷᠭᠦᠯᠵᠢᠯᠡᠨ ᠪᠠᠲᠤ ᠰᠠᠬᠢᠨ᠂ ᠥᠨᠳᠥᠷ ᠪᠠᠷᠢᠮᠵᠢᠶᠠᠲᠤ ᠲᠠᠷᠢᠶᠠᠯᠠᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠦᠨ᠂ ᠨᠣᠣᠯᠣᠭᠤᠷ ᠤᠨ ᠠᠵᠤ ᠦᠢᠯᠡᠰ ᠢ ᠬᠥᠭᠵᠢᠭᠦᠯᠬᠦ ᠶᠢ ᠲᠦᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠬᠦ ᠶᠢ ᠠᠬᠢᠭᠤᠯᠤᠨ᠂ ᠬᠥᠳᠡᠭᠡ ᠲᠣᠰᠬᠤᠨ ᠨᠡᠩ ᠦᠵᠡᠰᠬᠦᠯᠡᠩᠲᠦ ᠰᠠᠶᠢᠬᠠᠨ᠂ ᠲᠠᠷᠢᠶᠠᠯᠠᠩ ᠨᠠᠩ ᠬᠦᠴᠦᠷᠬᠡᠭ᠂ ᠲᠠᠷᠢᠶᠠᠴᠢᠳ ᠨᠠᠩ ᠪᠠᠶᠠᠵᠢᠨ ᠴᠢᠨᠡᠭᠡᠯᠢᠭᠵᠢᠬᠦ ᠶᠢ ᠪᠡᠶᠡᠯᠡᠭᠦᠯᠦᠨ᠎ᠡ᠃      ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠲᠠᠯ᠎ᠠ ᠪᠠᠷ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠤᠯᠤᠰ ᠤᠨ ᠪᠠᠶᠢᠯᠳᠤᠬᠤ ᠪᠣᠳᠣᠯᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠮᠤᠤᠤᠰᠣ ᠶᠢᠨ ᠡᠯᠡᠰᠦᠷᠬᠡᠭ ᠭᠠᠵᠠᠷ᠂ ᠬᠥᠪᠴᠢ ᠶᠢᠨ ᠡᠯᠡᠰᠦ ᠶᠢ ᠵᠠᠰᠠᠬᠤ ᠬᠡᠪ ᠵᠠᠭᠪᠤᠷ ᠢ ᠳ᠋ᠦᠩᠨᠡᠨ ᠬᠤᠷᠢᠶᠠᠩᠭᠤᠶᠢᠯᠠᠵᠤ ᠳᠡᠯᠭᠡᠷᠡᠭᠦᠯᠦᠨ᠂ ᠠᠮᠢ ᠠᠬᠤᠢ ᠣᠷᠴᠢᠨ ᠲᠣᠭᠤᠷᠢᠨ ᠤ ᠵᠠᠰᠠᠯᠲᠠ ᠶᠢ ᠠᠬᠢᠭᠤᠯᠬᠤ ᠳᠤ ᠣᠷᠳᠣᠰ ᠤᠨ ᠬᠤᠪᠢ ᠨᠡᠮᠡᠷᠢ ᠶᠢ ᠦᠵᠡᠭᠦᠯᠦᠨ᠎ᠡ᠃      ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠎ ᠤ ᠬᠠᠯᠬᠠᠪᠴᠢ ᠶᠢ ᠪᠠᠲᠤᠳᠬᠠᠬᠤ ᠲᠠᠯ᠎ᠠ ᠪᠠᠷ᠂ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠨᠡᠩ ᠪᠠᠲᠤᠳᠬᠠᠨ ᠪᠣᠢ ᠪᠣᠯᠭᠠᠵᠤ᠂ ᠠᠮᠤᠷ ᠲᠦᠪᠰᠢᠨ ᠤ ᠶᠡᠭᠡ ᠪᠠᠶᠢᠳᠠᠯ ᠢ ᠪᠦᠷᠢᠯᠳᠦᠭᠦᠯᠦᠨ ᠠᠮᠤᠭᠤᠯᠠᠩᠲᠤ ᠶᠢᠨ ᠲᠣᠮᠣ ᠰᠢᠰᠲ᠋ᠧᠮ ᠢ ᠲᠡᠭᠦᠯᠳᠡᠷᠵᠢᠭᠦᠯᠦᠨ᠂ ᠤᠯᠤᠰ ᠤᠨ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠎ ᠶᠢᠨ ᠣᠳᠣᠬᠢᠴᠢᠯᠠᠯᠲᠠ ᠶᠢᠨ ᠳᠠᠭᠤᠷᠢᠶᠠᠯ ᠦᠵᠡᠭᠦᠯᠬᠦ ᠬᠤᠲᠠ ᠶᠢ ᠪᠦᠲᠦᠭᠡᠨ ᠪᠠᠶᠢᠭᠤᠯᠵᠤ᠂ ᠬᠢᠯᠢ ᠬᠢᠵᠠᠭᠠᠷ ᠤᠨ ᠠᠮᠤᠷ ᠲᠦᠪᠰᠢᠨ ᠢ ᠪᠠᠲᠤᠯᠠᠬᠤ ᠳᠤ ᠰᠢᠨ᠎ᠡ ᠬᠤᠪᠢ ᠨᠡᠮᠡᠷᠢ ᠪᠠᠨ ᠦᠵᠡᠭᠦᠯᠦᠨ᠎ᠡ᠃      ᠮᠠᠨ ᠤ ᠤᠯᠤᠰ ᠤᠨ ᠤᠮᠠᠷᠠᠰᠢ ᠪᠠᠨ ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢ ᠪᠦᠲᠦᠭᠡᠨ ᠪᠠᠶᠢᠭᠤᠯᠬᠤ ᠲᠠᠯ᠎ᠠ ᠪᠠᠷ᠂ ᠣᠷᠳᠣᠰ ᠤᠨ ᠲᠤᠰ ᠪᠡᠶ᠎ᠡ ᠶᠢ ᠤᠯᠤᠰ ᠤᠨ ᠨᠡᠭᠡᠭᠡᠯᠲᠡ ᠬᠢᠬᠦ ᠶᠡᠷᠦᠩᠬᠡᠢ ᠪᠠᠶᠢᠷᠢᠰᠢᠭᠤᠯᠤᠯᠲᠠ ᠳᠤ ᠠᠭᠤᠰᠤᠯᠴᠠᠭᠤᠯᠤᠨ᠂ ︽ᠨᠢᠭᠡ ᠪᠦᠰᠡ ᠨᠢᠭᠡ ᠵᠠᠮ︾ ᠪᠠ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠢ ᠬᠠᠮᠲᠤ ᠪᠠᠷ ᠪᠦᠲᠦᠭᠡᠨ ᠪᠠᠶᠢᠭᠤᠯᠬᠤ ᠳᠤ ᠢᠳᠡᠪᠬᠢᠲᠡᠢ ᠣᠷᠣᠯᠴᠠᠵᠤ᠂ ᠣᠷᠳᠣᠰ ᠬᠤᠳᠠ ᠶᠢ ᠳᠣᠲᠣᠭᠠᠳᠤ ᠡᠬᠡ ᠬᠠᠭᠤᠷᠠᠶ ᠠᠴᠠ ᠨᠡᠭᠡᠭᠡᠯᠲᠡ ᠬᠢᠬᠦ ᠡᠮᠦᠨ᠎ᠡ ᠡᠩᠨᠡᠭᠡᠨ ᠳᠤ ᠶᠠᠪᠤᠬᠤ ᠶᠢ ᠠᠬᠢᠭᠤᠯᠤᠨ᠎ᠠ᠃
        ᠢᠷᠡᠯᠲᠡ᠄ ᠤᠷᠳᠤᠰ ᠤᠨ ᠮᠤᠩᠭᠤᠯ ᠭᠡᠯᠡᠨ ᠤ ᠰᠤᠨᠢᠨ ᠮᠡᠳᠡᠭᠡᠨ ᠤ ᠰᠦᠯᠵᠢᠶ᠎ᠡ