ᠵᠣᠬᠢᠶᠠᠭᠴᠢ᠄ ᠪᠤᠤ ᠰᠠᠷᠠᠭᠤᠯ᠂ ᠰᠡᠷᠭᠦᠯᠡᠩᠴᠡᠴᠡᠭ᠂ ᠴᠣᠯᠮᠣᠨ᠂ ᠴᠣᠪᠣᠭᠤ | | 9 ᠰᠠᠷ᠎ᠠ ᠶᠢᠨ 20 ᠤ ᠡᠳᠦᠷ᠂ ᠬᠠᠲᠤᠨ ᠭᠤᠣᠯ ᠤᠨ ᠤᠰᠤ ᠳᠠᠭ᠎ᠠ ᠶᠢᠨ ᠨᠠᠭᠤᠷ ᠲᠤ ᠳᠠᠪᠠᠯᠭᠠᠯᠠᠨ ᠣᠷᠣᠵᠤ᠂ ᠳᠠᠭ᠎ᠠ ᠶᠢᠨ ᠨᠠᠭᠤᠷ ᠤᠨ ᠰᠠᠪᠠ ᠭᠠᠵᠠᠷ ᠤᠨ | ᠠᠮᠢ ᠠᠬᠤᠢ ᠶᠢᠨ ᠵᠠᠰᠠᠯᠲᠠ ᠶᠢᠨ ᠰᠢᠨ᠎ᠡ ᠬᠠᠭᠤᠳᠠᠰᠤ ᠶᠢ ᠰᠡᠬᠦᠯ᠎ᠡ︕ | | | ᠦᠨᠳᠦᠷᠰᠦᠷᠯᠢᠭ ᠠᠭᠤᠯᠠᠰ ᠤᠨ ᠬᠤᠷᠮᠣᠢ ᠳᠤ ᠴᠢᠮᠡᠭ ᠪᠣᠯᠣᠨ ᠲᠣᠷᠮᠣᠶᠢᠵᠤ᠂ ᠣᠭ᠍ᠶᠤ ᠨᠣᠭᠤᠭᠠᠨ ᠲᠠᠩ ᠭᠠᠵᠠᠷ ᠤᠨ ᠳᠤᠮᠳᠠ ᠱᠤᠭᠤᠵᠤ ᠰᠢᠭᠢᠳᠬᠡᠭᠰᠡᠨ | ᠮᠥᠩᠭᠦᠨ ᠲᠣᠯᠢ ᠭᠡᠮᠡᠷ ᠮᠡᠯᠲᠡᠶᠢᠨ ᠬᠠᠷᠠᠭᠳᠠᠬᠤ ᠲᠠᠭ᠎ᠠ ᠶᠢᠨ ᠨᠠᠭᠤᠷ ᠨᠢ ︽ᠲᠠᠯ᠎ᠠ ᠨᠤᠲᠤᠭ ᠤᠨ ᠠᠷᠰᠢ ᠶᠢᠨ ᠨᠠᠭᠤᠷ︾᠂ ︽ᠪᠣᠭᠤᠮᠲᠠ ᠶᠢᠨ ᠭᠠᠳᠠᠨᠠᠬᠢ ᠲᠡᠭᠷᠢ | ᠶᠢᠨ ᠨᠠᠭᠤᠷ︾ ᠵᠡᠷᠭᠡ ᠤᠯᠠᠨ ᠰᠠᠶᠢᠬᠠᠨ ᠠᠯᠳᠠᠷ ᠲᠠᠢ ᠪᠢᠯᠡ᠃ | ᠤᠯᠠᠭᠠᠨᠴᠠᠪ ᠬᠤᠳᠠ ᠶᠢᠨ ᠯᠢᠶᠡᠩᠴᠧᠩ ᠰᠢᠶᠠᠨ ᠤ ᠵᠡᠭᠦᠨ ᠡᠮᠦᠨ᠎ᠡ ᠵᠠᠬ᠎ᠠ ᠳᠤ ᠪᠠᠶᠢᠷᠢᠯᠠᠵᠤ᠂ ᠮᠠᠨ ᠤ ᠣᠷᠣᠨ ᠤ ᠳᠤᠮᠳᠠ ᠬᠡᠰᠡᠭ ᠭᠠᠵᠠᠷ ᠣᠷᠣᠨ ᠤ ᠬᠠᠮᠤᠭ | ᠤᠨ ᠲᠣᠮᠣ ᠳᠣᠲᠣᠭᠠᠳᠤ ᠬᠠᠭᠤᠷᠠᠢ ᠶᠢᠨ ᠨᠠᠭᠤᠷ ᠪᠣᠯᠤᠭᠰᠠᠨ ᠲᠠᠭ᠎ᠠ ᠶᠢᠨ ᠨᠠᠭᠤᠷ ᠨᠢ ᠤᠯᠤᠰ ᠤᠨ ᠲᠥᠯᠦᠪᠵᠢᠭᠦᠯᠭᠡ ᠶᠢᠨ ᠬᠠᠮᠠᠭᠠᠯᠠᠯᠲᠠ ᠳᠤ ᠣᠷᠣᠭᠰᠠᠨ 365 | ᠤᠰᠤᠨ ᠤ ᠴᠢᠨᠠᠷ ᠢᠶᠠᠷ ᠨᠡᠯᠢᠶᠡᠳ ᠰᠠᠶᠢᠨ ᠨᠠᠭᠤᠷ ᠤᠨ ᠨᠢᠭᠡ᠂ ᠤᠯᠤᠰ ᠤᠨ 179 ᠴᠢᠬᠤᠯᠠ ᠨᠤᠭᠤ ᠭᠠᠵᠠᠷ ᠤᠨ ᠨᠢᠭᠡ ᠪᠠᠶᠢᠵᠤ᠂ ᠡᠯ᠎ᠡ ᠦᠨᠳᠦᠰᠦᠲᠡᠨ ᠢᠶᠠᠷ | ᠪᠦᠷᠢᠯᠳᠦᠭᠰᠡᠨ 24 ᠲᠦᠮᠡᠨ ᠢᠷᠭᠡᠳ ᠤᠨ ᠢᠶᠠᠨ ᠡᠵᠢ ᠨᠠᠭᠤᠷ᠂ ᠰᠦᠭ ᠰᠦᠨᠡᠰᠦ᠂ ᠠᠮᠢᠨ ᠰᠤᠳᠠᠰᠤ᠂ ᠮᠥᠨ ᠴᠤ ᠬᠦᠰᠡᠯ ᠢᠷᠡᠭᠡᠳᠦᠢ ᠪᠣᠯᠣᠭᠰᠠᠭᠠᠷ ᠢᠷᠡᠭᠰᠡᠨ | ᠶᠤᠮ᠃ | | ᠪᠦᠯᠬᠦᠮᠳᠡᠯ ᠨᠢᠭᠲᠠᠷᠠᠯ ᠤᠨ ᠲᠡᠦᠬᠡ ᠶᠢ ᠬᠦᠦᠷᠨᠢᠭᠡ - ᠲᠠᠭ᠎ᠠ ᠶᠢᠨ ᠨᠠᠭᠤᠷ | | | ᠨᠠᠷᠠ ᠬᠠᠨ᠎ᠠ ᠶᠢᠨ ᠲᠣᠯᠣᠭᠠᠢ ᠳᠤ ᠲᠤᠰᠬᠤ ᠪᠠᠷ ᠣᠨᠢᠰᠤᠲᠠᠢ ᠮᠣᠲ᠋ᠣᠷ ᠢᠶᠠᠨ ᠵᠠᠶᠢᠳᠠᠯᠠᠨ ᠲᠠᠭ᠎ᠠ ᠶᠢᠨ ᠨᠠᠭᠤᠷ ᠢ ᠴᠢᠭᠯᠡᠵᠦ ᠨᠢᠭᠡ ᠡᠳᠦᠷ ᠤᠨ ᠶᠠᠭᠠᠷᠠᠯᠲᠠᠢ ᠠᠵᠢᠯ | ᠢᠶᠠᠨ ᠡᠬᠢᠯᠡᠭᠦᠯᠦᠨ᠎ᠡ᠃ ᠣᠨᠢᠰᠤᠲᠠᠢ ᠲᠠᠭ᠎ᠠ ᠶᠢᠨ ᠨᠠᠭᠤᠷ ᠲᠤ ᠢᠷᠡᠵᠤ ᠣᠩᠭᠤᠴᠠᠨ ᠳᠠᠷᠤᠭ᠎ᠠ ᠪᠠᠷ ᠠᠵᠢᠯᠯᠠᠭᠠᠳ ᠠᠷᠪᠠ ᠭᠠᠷᠤᠢ ᠵᠢᠯ ᠪᠣᠯᠵᠤ ᠪᠤᠢ᠂ ᠤᠭ ᠠᠴᠠ | ᠪᠠᠨ ᠬᠥᠳᠡᠭᠡ ᠥᠰᠴᠦ ᠬᠤᠨᠢ ᠮᠠᠯ ᠢᠶᠠᠨ ᠠᠬᠤᠶᠢᠯᠠᠵᠤ ᠪᠠᠶᠢᠭᠰᠠᠨ ᠲᠡᠷᠡ ᠪᠠᠷ ᠠᠷᠪᠠᠨ ᠵᠢᠯ ᠤᠨ ᠡᠮᠦᠨ᠎ᠡ᠂ ᠬᠦᠦ ᠨᠢ ᠯᠢᠶᠡᠩᠴᠧᠩ ᠰᠢᠶᠠᠨ ᠳᠤ ᠠᠵᠢᠯ ᠠᠯᠪᠠ | ᠲᠠᠢ ᠪᠤᠯᠬᠤ ᠶᠢ ᠳᠠᠭᠠᠯᠳᠤᠨ ᠲᠠᠭ᠎ᠠ ᠶᠢᠨ ᠨᠠᠭᠤᠷ ᠤᠨ ᠵᠠᠬ᠎ᠠ ᠳᠤ ᠢᠷᠡᠵᠤ ᠤᠰᠤ ᠣᠩᠭᠤᠴᠠ ᠲᠠᠢ ᠨᠥᠬᠦᠷᠯᠡᠨ᠂ ᠮᠠᠯᠴᠢᠨ ᠠᠴᠠ ᠪᠠᠨ ᠵᠢᠭᠠᠰᠤᠴᠢᠨ ᠪᠣᠯᠤᠭᠰᠠᠨ ᠨᠢ | ᠡᠨᠡ ᠪᠠᠶᠢᠵᠠᠢ᠃ | - ᠠᠩᠬ᠎ᠠ ᠡᠬᠢᠯᠡᠭᠡᠳ ᠬᠥᠮᠥᠨ ᠤ ᠣᠩᠭᠤᠴᠠ ᠶᠢ ᠲᠦᠷᠢᠶᠡᠰᠦᠯᠡᠭᠡᠳ ᠬᠡᠷᠡᠭᠯᠡᠵᠦ ᠪᠠᠶᠢᠭᠰᠠᠨ᠂ ᠰᠡᠭᠦᠯᠡᠷ ᠨᠢ ᠤᠷᠤᠯᠭ᠎ᠠ ᠵᠦᠭᠡᠷ ᠪᠣᠯᠬᠤᠷ ᠦᠪᠡᠰᠦᠪᠡᠨ 80 ᠲᠦᠮᠡ | ᠵᠠᠷᠤᠴᠠᠭᠤᠯᠵᠤ ᠨᠢᠭᠡ ᠲᠣᠮᠣ ᠣᠩᠭᠤᠴᠠ ᠬᠤᠳᠠᠯᠳᠤᠭᠠᠳ ᠠᠪᠤᠴᠢᠬᠠᠬᠰᠠᠨ᠂ ᠤᠳᠤ ᠣᠷᠣᠭᠤᠯᠤᠭᠰᠠᠨ ᠪᠡᠯᠡ ᠮᠥᠩᠭᠦ ᠪᠠ ᠪᠠᠷᠤᠭ ᠲᠥᠯᠥᠪ ᠣᠯᠴᠢᠬᠠᠭᠰᠠᠨ᠃ ᠡᠨᠡ | ᠬᠤᠶᠠᠷ ᠵᠢᠯ ᠬᠢᠵᠢᠭ ᠡᠪᠡᠳᠴᠢᠨ ᠳᠡᠯᠭᠡᠷᠡᠭᠰᠡᠨ ᠠᠴᠠ ᠤᠷᠤᠯᠭ᠎ᠠ ᠪᠠᠭ᠎ᠠ ᠠᠠᠨᠠᠢ᠂ ᠲᠠᠭ᠎ᠠ ᠶᠢᠨ ᠨᠠᠭᠤᠷ ᠲᠤ ᠢᠷᠡᠵᠤ ᠨᠠᠭᠠᠳᠬᠤ ᠬᠥᠮᠥᠰ ᠴᠤ ᠲᠤᠩ ᠪᠠᠭᠠᠰᠴᠠᠢ᠂ | ᠦᠭᠡᠢ ᠪᠣᠯ ᠤᠤᠯ ᠨᠢ 5 ᠰᠠᠷ᠎ᠠ ᠠᠴᠠ ᠡᠬᠢᠯᠡᠭᠡᠳ 10 ᠰᠠᠷ᠎ᠠ ᠭᠦᠷᠳᠡᠯ᠎ᠡ ᠵᠢᠭᠤᠯᠴᠢᠯᠠᠬᠰᠠᠳ ᠳᠦᠭᠦᠷᠦᠭᠡᠳ ᠶᠣᠰᠣᠲᠠᠢ ᠬᠥᠭᠵᠢᠶᠡᠨᠲᠡᠢ ᠪᠠᠶᠢᠳᠠᠭ ᠰᠢᠤ᠃ | ᠣᠶᠢᠷ᠎ᠠ ᠶᠢᠨ ᠵᠢᠯ ᠲᠠᠭ᠎ᠠ ᠶᠢᠨ ᠨᠠᠭᠤᠷ ᠤᠨ ᠠᠮᠢ ᠠᠬᠤᠢ ᠶᠢ ᠲᠦᠷᠦ ᠵᠠᠰᠠᠭ ᠠᠴᠠ ᠮᠠᠰᠢ ᠴᠢᠬᠤᠯᠠᠴᠢᠯᠠᠨ ᠦᠵᠡᠵᠦ ᠪᠠᠶᠢᠬᠤ ᠪᠣᠯᠬᠤᠷ ᠨᠠᠳᠠᠳᠤ ᠪᠠᠰᠠ ᠨᠢᠭᠡᠨ ᠰᠢᠨ᠎ᠡ | ᠡᠭᠦᠷᠭᠡ ᠲᠠᠢ ᠪᠣᠯᠤᠭᠰᠠᠨ᠂ ᠳᠠᠷᠤᠢ ᠡᠳᠦᠷᠵᠢᠨ ᠣᠩᠭᠤᠴᠠ ᠪᠠᠨ ᠪᠠᠷᠢᠵᠤ ᠤᠰᠤᠨ ᠤ ᠴᠢᠨᠠᠷ ᠢ ᠰᠢᠯᠭᠠᠨ ᠪᠠᠶᠢᠴᠠᠭᠠᠬᠤ ᠪᠠᠷ ᠢᠷᠡᠭᠰᠡᠨ ᠮᠡᠷᠭᠡᠵᠢᠯᠲᠡᠳ ᠢ | ᠳᠠᠭᠠᠭᠤᠯᠤᠨ ᠨᠠᠭᠤᠷ ᠲᠤ ᠭᠠᠷᠴᠤ ᠤᠰᠤᠨ ᠤ ᠬᠡᠪ ᠵᠠᠭᠪᠤᠷ ᠠᠪᠬᠤ ᠪᠣᠯᠣᠨ᠎ᠠ ᠭᠡᠵᠦ ᠣᠨᠢᠰᠤᠲᠠᠢ ᠬᠡᠯᠡᠨ᠎ᠡ᠃ | ᠲᠡᠦᠬᠡ ᠶᠢ ᠠᠷᠠᠳ ᠲᠦᠮᠡᠨ ᠪᠦᠲᠦᠭᠡᠭᠰᠡᠨ ᠭᠡᠳᠡᠭ᠃ ᠲᠡᠦᠬᠡ᠂ ᠰᠣᠶᠣᠯ ᠡᠳᠡᠭᠡᠷ ᠣᠨ ᠴᠠᠭ ᠤᠨ ᠤᠷᠳᠤ ᠳᠤ ᠪᠦᠷᠢᠯᠳᠦᠭᠰᠡᠨ ᠪᠣᠳᠠᠲᠠᠢ ᠨᠡᠷᠡᠰ ᠤᠳ ᠪᠣᠯ | ᠪᠦᠷ ᠨᠢᠭᠡ ᠨᠢᠭᠡ ᠡᠭᠡᠯ ᠵᠢᠷ ᠤᠨ ᠬᠥᠮᠥᠰ ᠤᠨ ᠠᠳᠠᠯ ᠠᠮᠢᠳᠤᠷᠠᠯ ᠢᠶᠠᠨ ᠠᠬᠤᠶᠢᠯᠠᠵᠤ᠂ ᠨᠠᠭᠠᠰᠢ ᠴᠠᠭᠠᠰᠢ ᠨᠡᠭᠦᠳᠡᠯᠯᠡᠨ ᠰᠢᠯᠵᠢᠭᠦ ᠠᠶᠠᠨᠳᠠᠭᠠᠨ ᠤ ᠶᠠᠪᠤᠴᠠ ᠳᠤ | ᠠᠭᠤᠰᠤᠯᠴᠠᠨ ᠬᠥᠭᠵᠢᠭᠰᠡᠭᠡᠷ ᠢᠷᠡᠭᠰᠡᠨ ᠵᠦᠢᠯ ᠪᠤᠯᠬᠤ ᠶᠤᠮ᠃ | ᠯᠢᠶᠡᠩᠴᠧᠩ ᠰᠢᠶᠠᠨ ᠨᠢ ᠬᠤᠸᠠᠪᠧᠢ ᠶᠢᠨ ᠲᠡᠨᠵᠢ ᠭᠠᠵᠠᠷ ᠤᠨ ᠬᠤᠶᠢᠲᠤ ᠵᠠᠬ᠎ᠠ ᠳᠤ ᠪᠠᠶᠢᠷᠢᠯᠠᠵᠤ᠂ ᠬᠤᠶᠢᠭᠤᠷ ᠢᠶᠠᠨ ᠮᠤᠨᠢ ᠠᠭᠤᠯᠠ ᠶᠢ ᠲᠦᠰᠢᠨ᠂ ᠡᠩᠭᠡᠷ | ᠲᠤᠨᠢ ᠬᠡᠪᠲᠡᠭᠡ ᠲᠠᠭ᠎ᠠ ᠶᠢᠨ ᠨᠠᠭᠤᠷ ᠤᠨ ᠰᠠᠪᠠ ᠭᠠᠵᠠᠷ ᠨᠢ ᠡᠷᠲᠡᠨ ᠠᠴᠠ ᠠᠪᠤᠭᠠᠳ ᠲᠠᠷᠢᠶᠠᠯᠠᠬᠤ ᠰᠣᠶᠣᠯ ᠪᠣᠯᠣᠨ ᠨᠡᠭᠦᠳᠡᠯ ᠰᠣᠶᠣᠯ ᠤᠨ ᠠᠭᠤᠯᠵᠠᠷ ᠣᠷᠣᠨ | ᠪᠠᠶᠢᠵᠤ᠂ ᠳᠤᠮᠳᠠᠳᠤ ᠶᠢᠨ ᠦᠨᠳᠦᠰᠦᠲᠡᠨ ᠤ ᠠᠭᠤᠰᠤᠯᠴᠠᠯ ᠪᠦᠷᠢᠯᠳᠦᠯ ᠤᠨ ᠴᠢᠬᠤᠯᠠ ᠡᠬᠢ ᠡᠭᠦᠰᠪᠦᠷᠢ ᠶᠢᠨ ᠨᠢᠭᠡ ᠪᠣᠯᠵᠠᠢ᠃ | - ᠲᠠᠭ᠎ᠠ ᠶᠢᠨ ᠨᠠᠭᠤᠷ ᠤᠨ ᠰᠠᠪᠠ ᠭᠠᠵᠠᠷ ᠤᠨ ᠪᠠᠶᠢᠭᠠᠯᠢ ᠶᠢᠨ ᠨᠥᠬᠦᠴᠡᠯ ᠲᠠᠷᠢᠶᠠᠯᠠᠩ ᠦᠢᠯᠡᠳᠪᠦᠷᠢᠯᠡᠯ ᠳᠤ ᠮᠠᠰᠢ ᠲᠣᠬᠢᠷᠠᠵᠤ ᠳᠤᠮᠳᠠᠳᠤ ᠶᠢᠨ ᠦᠨᠳᠦᠰᠦᠲᠡᠨ | ᠤ ᠡᠭᠦᠰᠦᠯ ᠤᠨ ᠭᠠᠵᠠᠷ ᠪᠤᠯᠬᠤ ᠵᠦᠩᠶᠤᠸᠠᠨ ᠣᠷᠣᠨ ᠳᠤ᠂ ᠲᠠᠷᠢᠶᠠᠯᠠᠩ ᠤᠨ ᠪᠣᠯᠪᠠᠰᠤᠨ ᠡᠬᠢᠯᠡᠵᠦ ᠪᠤᠢ ᠪᠣᠯᠤᠭᠰᠠᠨ ᠲᠡᠷᠡ ᠦᠶ᠎ᠡ ᠠᠴᠠ ᠲᠠᠭ᠎ᠠ ᠶᠢᠨ ᠨᠠᠭᠤᠷ ᠤᠨ | ᠤᠶᠢᠷᠠᠯᠴᠠᠭ᠎ᠠ ᠲᠠᠷᠢᠶᠠᠯᠠᠬᠤ ᠰᠣᠶᠣᠯ ᠲᠠᠢ ᠠᠶᠢᠮᠠᠭ ᠤᠭᠰᠠᠭ᠎ᠠ ᠠᠵᠤ ᠲᠦᠷᠦᠨ ᠠᠮᠢᠳᠤᠷᠠᠵᠤ ᠪᠠᠶᠢᠭᠰᠠᠨ ᠢ ᠬᠠᠭᠤᠴᠢ ᠰᠤᠳᠤᠯᠤᠭᠠᠴᠢᠳ ᠭᠡᠷᠡᠴᠢᠯᠡᠭᠰᠡᠨ ᠪᠠᠶᠢᠨ᠎ᠠ | ᠭᠡᠵᠦ ᠯᠢᠶᠡᠩᠴᠧᠩ ᠰᠢᠶᠠᠨ ᠤ ᠬᠠᠭᠤᠴᠢ ᠪᠣᠳᠠᠰ ᠢ ᠬᠠᠮᠠᠭᠠᠯᠠᠬᠤ ᠲᠥᠪ ᠤᠨ ᠡᠷᠭᠢᠯᠡᠭᠴᠢ ᠹᠠᠩ ᠬᠤᠩ ᠮᠢᠩ ᠶᠠᠷᠢᠯ᠎ᠠ᠃ | ᠳᠠᠭ᠎ᠠ ᠶᠢᠨ ᠨᠠᠭᠤᠷ ᠤᠨ ᠣᠶᠢᠷᠠᠯᠴᠠᠭᠠᠬᠢ 578 ᠡᠷᠲᠡᠨ ᠤ ᠪᠠᠭᠤᠷᠢ ᠠᠴᠠ ᠳᠤᠮᠳᠠᠳᠤ ᠶᠢᠨ ᠦᠨᠳᠦᠰᠦᠲᠡᠨ ᠤ ᠣᠷᠣᠰᠢᠨ ᠠᠮᠢᠳᠤᠷᠠᠵᠤ ᠪᠠᠶᠢᠭᠰᠠᠨ ᠤᠯᠠ ᠮᠥᠷ | ᠬᠠᠷᠠᠭᠳᠠᠨ᠎ᠠ᠃ᠵᠢᠰᠢᠶᠠᠯᠠᠪᠠᠯ᠄ ᠪᠠᠷᠰ ᠠᠭᠤᠯᠠ ᠶᠢᠨ ᠰᠣᠶᠣᠯ᠂ᠶᠠᠩ ᠱᠤᠤ ᠶᠢᠨ ᠰᠣᠶᠣᠯ᠂ ᠰᠢᠶᠠ ᠤᠯᠤᠰ ᠤᠨ ᠳᠤᠮᠳᠠᠴᠢ ᠰᠡᠭᠦᠯᠴᠢ ᠶᠢᠨ ᠦᠶ᠎ᠡ ᠶᠢᠨ ᠦᠯᠡᠳᠡᠭᠳᠡᠯ ᠁ | | ᠬᠡᠳᠦᠨ ᠮᠢᠩᠭᠠᠨ ᠵᠢᠯ ᠤᠨ ᠲᠤᠷᠰᠢ᠂ ᠤᠮᠠᠷᠠᠲᠤ ᠶᠢᠨ ᠤᠯᠠᠨ ᠦᠨᠳᠦᠰᠦᠲᠡᠨ ᠨᠦᠭᠦᠳ ᠯᠢᠶᠡᠩᠴᠧᠩ ᠤᠨ ᠣᠶᠢᠷ᠎ᠠ ᠬᠠᠪᠢ ᠳᠤ ᠠᠵᠤ ᠲᠦᠷᠦᠨ ᠠᠮᠢᠳᠤᠷᠠᠵᠤ᠂ | ᠢᠳᠡᠭᠡᠨ ᠤᠮᠳᠠᠭᠠᠨ᠂ ᠡᠮᠦᠰᠬᠡᠯ ᠵᠠᠰᠠᠯ᠂ ᠠᠵᠢᠯ ᠠᠯᠪᠠ᠂ ᠠᠵᠤ ᠠᠬᠤᠢ᠂ ᠰᠣᠶᠣᠯ ᠢᠷᠭᠡᠨᠰᠢᠯ ᠁ ᠤᠯᠠᠨ ᠲᠠᠯ᠎ᠠ ᠪᠠᠷ ᠠᠭᠤᠰᠤᠯᠴᠠᠨ ᠬᠥᠭᠵᠢᠭᠰᠡᠭᠡᠷ ᠲᠤᠮᠳᠠᠳᠤ | ᠶᠢᠨ ᠦᠨᠳᠦᠰᠦᠲᠡᠨ ᠤ ᠲᠣᠮᠣ ᠭᠡᠷ ᠪᠦᠯᠢ ᠶᠢᠨ ᠴᠢᠬᠤᠯᠠ ᠨᠢᠭᠡᠨ ᠲᠡᠦᠬᠡᠨ ᠬᠠᠭᠤᠳᠠᠰᠤ ᠶᠢ ᠪᠢᠴᠢᠭᠯᠡᠵᠦ᠂ ᠡᠷᠭᠢᠨ ᠣᠷᠴᠢᠬᠤ ᠲᠡᠦᠬᠡ ᠶᠢᠨ ᠨᠤᠬᠤᠴᠠᠭᠠᠨ ᠳᠤ ᠵᠤᠤ | ᠤᠯᠤᠰ︵ᠪᠠᠶᠢᠯᠳᠤᠭᠠᠨᠲᠤ ᠤᠯᠤᠰ︶᠂ ᠲᠣᠪᠠ ᠰᠢᠶᠡᠨᠪᠧᠢ ᠭᠡᠬᠦ ᠮᠡᠲᠦᠴᠢᠯᠡᠨ ᠡᠷᠴᠢ ᠬᠦᠴᠦ ᠶᠢ ᠬᠥᠪᠴᠢᠯᠡᠭᠰᠡᠨ᠂ ᠡᠯᠢᠭᠡ ᠵᠢᠷᠦᠬᠡ ᠶᠢ ᠤᠶᠠᠷᠠᠭᠤᠯᠤᠭᠰᠠᠨ ᠤᠯᠠᠨ | ᠰᠠᠶᠢᠬᠠᠨ ᠦᠯᠢᠭᠡᠷ ᠲᠡᠦᠬᠡ ᠶᠢ ᠪᠦᠲᠦᠭᠡᠭᠰᠡᠭᠡᠷ ᠢᠷᠡᠭᠰᠡᠨ ᠨᠢ ᠲᠠᠭ᠎ᠠ ᠶᠢᠨ ᠨᠠᠭᠤᠷ ᠠᠴᠠ ᠰᠠᠯᠵᠤ ᠴᠢᠳᠠᠰᠢ ᠦᠭᠡᠢ ᠶᠤᠮ᠃ | | ᠡᠯᠪᠡᠭ ᠪᠠᠶᠠᠯᠢᠭ ᠠᠭᠤᠯᠤᠭᠳᠠᠴᠠ ᠪᠠᠨ ᠤᠨᠳᠤᠷᠤᠭᠤᠯᠤᠭᠠ - ᠲᠠᠭ᠎ᠠ ᠶᠢᠨ ᠨᠠᠭᠤᠷ | | ᠳᠠᠭ᠎ᠠ ᠶᠢᠨ ᠨᠠᠭᠤᠷ ᠤᠨ ᠨᠡᠷᠡᠶᠢᠳᠦᠯ ᠤᠨ ᠲᠤᠬᠠᠢ ᠲᠡᠮᠳᠡᠭᠯᠡᠯ ᠠᠯᠢ ᠡᠷᠲᠡ ᠴᠦᠨ ᠴᠢᠦ ᠪᠠᠶᠢᠯᠳᠤᠭᠠᠨᠲᠤ ᠤᠯᠤᠰ ᠤᠨ ᠦᠶ᠎ᠡ ᠠᠴᠠ ᠤᠯᠠ ᠮᠥᠷ ᠲᠠᠢ ᠪᠠᠶᠢᠵᠤ᠂ | ︽ᠪᠣᠭᠤᠮᠲᠠ ᠶᠢᠨ ᠭᠠᠳᠠᠨᠠᠬᠢ ᠪᠣᠭᠳᠠ ᠨᠠᠭᠤᠷ︾ ᠬᠡᠮᠡᠨ ᠨᠡᠷᠡᠯᠡᠳᠡᠭ ᠪᠠᠶᠢᠭᠰᠠᠨ ᠢᠶᠠᠨ ᠣᠯᠠᠨ ᠲᠦᠷᠦ ᠶᠢᠨ ᠣᠷᠴᠢᠯ ᠳᠤ ᠥᠭᠡᠷᠡᠴᠢᠯᠡᠭᠳᠡᠨ ᠨᠡᠷᠡᠶᠢᠳᠦᠭᠳᠡᠭᠰᠡᠭᠡᠷ | ᠴᠢᠩ ᠭᠦᠷᠦᠨ ᠤ ᠪᠠᠳᠠᠷᠠᠭᠤᠯᠲᠤ ᠲᠥᠷᠥ ᠶᠢᠨ ᠡᠬᠢᠨ ᠤ ᠦᠶ᠎ᠡ ᠠᠴᠠ ᠰᠠᠶ᠋ᠢ ︽ᠳᠠᠭ᠎ᠠ ᠶᠢᠨ ᠨᠠᠭᠤᠷ︾ ᠭᠡᠵᠦ ᠨᠡᠷᠡᠯᠡᠭᠳᠡᠬᠦ ᠪᠣᠯᠵᠠᠢ ᠃ | ᠳᠠᠭ᠎ᠠ ᠶᠢᠨ ᠨᠠᠭᠤᠷ ᠤᠨ ᠰᠠᠪᠠ ᠭᠠᠵᠠᠷ ᠨᠢ ᠠᠽᠢᠶ᠎ᠠ ᠲᠢᠪ ᠤᠨ ᠤᠮᠠᠷᠠᠲᠤ ᠬᠠᠭᠠᠰ ᠪᠥᠮᠪᠥᠷᠴᠡᠭ ᠤᠨ ᠡᠮᠦᠨᠡᠲᠦ ᠤᠮᠠᠷᠠᠲᠤ ᠶᠢᠨ ᠠᠮᠢ ᠠᠬᠤᠢ ᠶᠢᠨ ᠬᠤᠩᠭᠢᠯ ᠤᠨ | ᠵᠠᠩᠭᠢᠯᠠᠭ᠎ᠠ ᠶᠢᠨ ᠴᠡᠭ᠂ ᠮᠥᠨ ᠴᠤ ᠪᠡᠭᠡᠵᠢᠩ ᠲᠢᠶᠠᠨᠵᠢᠨ ᠢ ᠲᠣᠭᠤᠷᠢᠭᠰᠠᠨ ᠴᠢᠬᠤᠯᠠ ᠪᠠᠷᠠᠭᠤᠨ ᠬᠡᠰᠡᠭ ᠤᠨ ᠬᠠᠯᠬᠠᠪᠴᠢ ᠪᠠᠶᠢᠵᠤ᠂ ᠠᠮᠢᠳᠤ ᠪᠣᠳᠠᠰ ᠤᠨ ᠤᠯᠠᠨ | ᠶᠠᠩᠵᠤᠲᠤ ᠴᠢᠨᠠᠷ ᠢ ᠬᠠᠮᠠᠭᠠᠯᠠᠬᠤ ᠴᠢᠬᠤᠯᠠ ᠴᠢᠳᠠᠮᠵᠢ ᠲᠠᠢ ᠪᠠᠶᠢᠳᠠᠭ᠃ | ᠲᠠᠭ᠎ᠠ ᠶᠢᠨ ᠨᠠᠭᠤᠷ ᠤᠨ ᠲᠠᠯᠠᠪᠠᠢ 160 ᠲᠡᠭᠰᠢ ᠳᠥᠷᠪᠡᠯᠵᠢᠨ ᠺᠢᠯᠣᠮᠧᠲᠷ᠂ ᠲᠦᠷᠪᠡᠨ ᠵᠦᠭ ᠲᠤ ᠲᠠᠩ ᠭᠠᠵᠠᠷ ᠨᠠᠯᠠᠶᠢᠨ᠂ ᠤᠢ ᠮᠣᠳᠣ ᠢᠭᠴᠤ ᠰᠠᠬᠤᠯᠢᠭ | ᠪᠠᠶᠢᠳᠠᠭ ᠢᠶᠠᠷ ᠡᠲᠡᠭᠡᠳ ᠰᠠᠶᠢᠬᠠᠨ ᠪᠠᠶᠢᠭᠠᠯᠢ ᠶᠢᠨ ᠥᠩᠭᠡ ᠦᠵᠡᠮᠵᠢ ᠶᠢ ᠪᠦᠷᠢᠯᠳᠦᠭᠦᠯᠵᠡᠢ᠃ ᠲᠠᠭ᠎ᠠ ᠶᠢᠨ ᠨᠠᠭᠤᠷ ᠤᠨ ᠤᠰᠤᠨ ᠤ ᠭᠠᠷᠤᠯᠲᠠ ᠡᠯᠪᠡᠭ ᠪᠠᠶᠠᠯᠢᠭ᠂ | ᠭᠤᠴᠢ ᠰᠢᠬᠠᠮ ᠲᠦᠷᠦᠯ ᠤᠨ ᠵᠢᠭᠠᠰᠤ᠂ 52 ᠲᠦᠷᠦᠯ ᠤᠨ ᠵᠠᠮᠠᠭ ᠤᠷᠭᠤᠮᠠᠯ᠂ 188 ᠲᠦᠷᠦᠯ ᠤᠨ ᠡᠪᠡᠰᠦ᠂ 150 ᠭᠠᠷᠤᠢ ᠲᠦᠷᠦᠯ ᠤᠨ ᠡᠮᠲᠦ ᠤᠷᠭᠤᠮᠠᠯ | ᠠᠭᠤᠯᠤᠭᠳᠠᠵᠤ ᠪᠠᠶᠢᠳᠠᠭ᠃ | ᠠᠯᠢ ᠡᠷᠲᠡ ᠵᠢᠷᠭᠤᠳᠤᠭᠠᠷ ᠵᠠᠭᠤᠨ ᠤ ᠡᠬᠢ ᠪᠠᠷ᠂ ᠮᠠᠨ ᠤ ᠤᠯᠤᠰ ᠤᠨ ᠡᠷᠲᠡᠨ ᠤ ᠠᠯᠳᠠᠷᠲᠤ ᠭᠠᠵᠠᠷ ᠵᠦᠢ ᠶᠢᠨ ᠤᠬᠠᠭᠠᠨᠲᠠᠨ ᠯᠢ ᠳ᠋ᠣᠣ ᠶᠤᠸᠠᠨ ᠲᠠᠭ᠎ᠠ ᠶᠢᠨ | ᠨᠠᠭᠤᠷ ᠲᠤ ᠢᠷᠡᠭᠡᠳ ᠠᠳᠡᠬᠢ ᠦᠵᠡᠮᠵᠢ ᠳᠤ ᠰᠣᠭᠲᠣᠭᠤᠷᠠᠵᠤ᠂ ᠥᠪᠡᠷ ᠤᠨ ᠪᠦᠲᠦᠭᠡᠯ ︽ᠪᠣᠯᠣᠷ ᠡᠷᠢᠭᠡ︾ ᠳᠡᠭᠡᠨ ︽ᠨᠠᠭᠤᠷ ᠤᠨ ᠭᠠᠳᠠᠷᠭᠤ ᠨᠢ | ᠲᠤᠩᠭᠠᠯᠠᠭ ᠳᠥᠯᠭᠡᠬᠡᠨ᠂ ᠤᠰᠤ ᠨᠢ ᠭᠦᠨ ᠪᠤᠯᠪᠠᠴᠤ ᠤᠷᠤᠰᠬᠠᠯ ᠲᠣᠭᠲᠠᠭᠤᠨ᠂ ᠦᠵᠡᠭᠰᠡᠨ ᠪᠦᠭᠦᠨ ᠤ ᠰᠡᠳᠬᠢᠯ ᠢ ᠰᠡᠷᠭᠦᠭᠡᠵᠦ᠂ ᠠᠬᠢᠨ ᠲᠠᠭᠢᠨ ᠪᠠᠷᠠᠯᠠᠶ᠎ᠠ ᠭᠡᠵᠦ | ᠰᠠᠨᠠᠭᠳᠠᠭᠤᠯᠤᠨ᠎ᠠ︾ ᠭᠡᠵᠦ ᠪᠢᠴᠢᠭᠰᠡᠨ ᠪᠠᠶᠢᠳᠠᠭ᠃ | ᠳᠠᠭ᠎ᠠ ᠶᠢᠨ ᠨᠠᠭᠤᠷ ᠢ ᠪᠠᠰᠠ ︽ᠪᠣᠭᠤᠮᠲᠠ ᠶᠢᠨ ᠭᠠᠳᠠᠨᠠᠬᠢ ᠵᠢᠭᠠᠰᠤ ᠠᠮᠤ ᠶᠢᠨ ᠨᠤᠲᠤᠭ︾ ᠬᠡᠮᠡᠳᠡᠭ ᠃ ᠳᠠᠭ᠎ᠠ ᠶᠢᠨ ᠨᠠᠭᠤᠷ ᠨᠢ ᠡᠷᠲᠡᠨ ᠠᠴᠠ ᠠᠪᠤᠭᠠᠳ | ᠤᠮᠠᠷᠠᠲᠤ ᠶᠢᠨ ᠥᠨᠳᠦᠷᠯᠢᠭ ᠲᠠᠬᠢ ᠴᠢᠬᠤᠯᠠ ᠠᠮᠤ ᠪᠤᠳᠠᠭᠠᠨ ᠤ ᠭᠠᠷᠤᠯᠲᠠ ᠶᠢᠨ ᠣᠷᠣᠨ ᠪᠠᠶᠢᠵᠤ᠂ ᠬᠠᠨ ᠤᠯᠤᠰ ᠤᠨ ᠦᠶ᠎ᠡ ᠳᠤ ᠨᠡᠯᠢᠶᠡᠳ ᠬᠡᠪᠴᠢᠶ᠎ᠡ ᠲᠠᠢ | ᠲᠠᠷᠢᠶᠠᠯᠠᠩ ᠤᠨ ᠦᠢᠯᠡᠳᠪᠦᠷᠢᠯᠡᠯ ᠢ ᠡᠷᠭᠢᠯᠡᠵᠤ᠂ ᠤᠮᠠᠷᠠᠲᠤ ᠸᠧᠢ ᠤᠯᠤᠰ ᠤᠨ ᠦᠶ᠎ᠡ ᠪᠤᠯᠬᠤ ᠳᠤ ︽ᠨᠡᠶᠢᠰᠯᠡᠯ ᠤᠨ ᠲᠠᠷᠢᠶ᠎ᠠ︾ ᠬᠡᠮᠡᠭᠳᠡᠵᠦ᠂ ᠯᠢᠶᠣᠤ ᠤᠯᠤᠰ᠂ | ᠠᠯᠲᠠᠨ ᠤᠯᠤᠰ ᠤᠨ ᠦᠶ᠎ᠡ ᠳᠤ ᠨᠠᠷᠢᠮᠤ᠂ ᠪᠤᠭᠤᠳᠠᠢ᠂ ᠰᠢᠰᠢ᠂ ᠰᠠᠭᠠᠭ ᠵᠡᠷᠭᠡ ᠶᠢ ᠡᠬᠢᠯᠡᠨ ᠲᠠᠷᠢᠵᠤ ᠡᠨᠡ ᠨᠢ ᠤᠳᠤ ᠪᠤᠯᠳᠠᠯ᠎ᠠ ᠦᠷᠭᠦᠯᠵᠢᠯᠡᠭᠰᠡᠭᠡᠷ ᠁ | ᠮᠢᠩ ᠤᠯᠤᠰ ᠤᠨ ᠰᠡᠭᠦᠯᠴᠢ ᠠᠴᠠ ᠤᠯᠤᠰ ᠪᠠᠶᠢᠭᠤᠯᠤᠭᠳᠠᠬᠤ ᠶᠢᠨ ᠡᠬᠢᠨ ᠪᠤᠯᠳᠠᠯ᠎ᠠ᠂ ᠤᠷᠲᠤ ᠴᠠᠭᠠᠨ ᠬᠡᠷᠡᠮ ᠤᠨ ᠡᠮᠦᠨᠡᠬᠢ ᠢᠷᠭᠡᠳ ᠲᠠᠰᠤᠷᠠᠯ ᠦᠭᠡᠢ | ᠤᠮᠠᠷᠠᠰᠢ ᠨᠡᠭᠦᠳᠡᠯᠯᠡᠬᠦ ᠶᠢ ᠳᠠᠭᠠᠯᠳᠤᠨ ᠲᠡᠷᠢᠭᠦᠨ ᠤ ᠲᠠᠷᠢᠶᠠᠯᠠᠬᠤ ᠮᠡᠷᠭᠡᠵᠢᠯ ᠴᠤ ᠴᠠᠭᠠᠨ ᠬᠡᠷᠡᠮ ᠤᠨ ᠤᠮᠠᠷᠠᠲᠤ ᠳᠤ ᠳᠠᠮᠵᠢᠭᠳᠠᠨ ᠢᠷᠡᠵᠤ᠂ ᠳᠠᠭ᠎ᠠ ᠶᠢᠨ ᠨᠠᠭᠤᠷ ᠨᠢ | ᠨᠢᠭᠡ ᠦᠶ᠎ᠡ ᠠᠯᠲᠠᠨ ᠲᠠᠷᠢᠶ᠎ᠠ ᠬᠠᠯᠢᠭᠤᠷᠠᠭᠰᠠᠨ ᠲᠠᠷᠢᠶᠠᠯᠠᠩ ᠤᠨ ᠭᠠᠷᠤᠯᠲᠠ ᠶᠢᠨ ᠣᠷᠣᠨ ᠪᠣᠯᠵᠠᠢ᠃ ᠴᠢᠯᠦᠭᠡᠯᠡᠭᠳᠡᠭᠰᠡᠨ ᠤ ᠲᠠᠷᠠᠭ᠎ᠠ᠂ ᠳᠠᠭ᠎ᠠ ᠶᠢᠨ ᠨᠠᠭᠤᠷ ᠤᠨ | ᠰᠠᠪᠠ ᠭᠠᠵᠠᠷ ᠤᠨ ᠠᠲᠠᠷ ᠭᠠᠵᠠᠷ ᠢ ᠵᠠᠰᠠᠨ ᠪᠠᠰᠠ ᠬᠠᠭᠠᠯᠪᠤᠷᠢᠯᠠᠵᠤ᠂ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠦᠨ᠂ ᠲᠠᠷᠢᠮᠠᠯ ᠤᠨ ᠪᠦᠲᠦᠴᠡ ᠳᠤ | ᠲᠣᠬᠢᠷᠠᠭᠤᠯᠤᠯᠲᠠ ᠬᠢᠵᠦ ᠡᠷᠳᠡᠨᠢ ᠰᠢᠰᠢ᠂ ᠲᠥᠮᠥᠰᠥ ᠵᠡᠷᠭᠡ ᠶᠢ ᠶᠡᠭᠡ ᠬᠡᠮᠵᠢᠶ᠎ᠡ ᠪᠠᠷ ᠳᠠᠷᠢᠭᠰᠠᠨ ᠢᠶᠠᠷ ᠯᠢᠶᠡᠩᠴᠧᠩ ᠰᠢᠶᠠᠨ ᠨᠢ ᠪᠦᠭᠦ ᠤᠯᠤᠰ ᠤᠨ ᠵᠠᠭᠤᠨ ᠲᠣᠮᠣ | ᠠᠮᠤ ᠪᠤᠳᠠᠭᠠᠨ ᠤ ᠭᠠᠷᠤᠯᠲᠠ ᠶᠢᠨ ᠰᠢᠶᠠᠨ ᠤ ᠡᠩᠨᠡᠭᠡᠨ ᠳᠤ ᠣᠷᠣᠵᠠᠢ᠃ | ᠥᠨᠥᠳᠥᠷ ᠤᠨ ᠲᠠᠭ᠎ᠠ ᠶᠢᠨ ᠨᠠᠭᠤᠷ ᠢ ᠲᠤᠬᠠᠢ ᠶᠢᠨ ᠵᠢᠯ ᠤᠨ ᠯᠢ ᠳ᠋ᠣᠣ ᠶᠤᠸᠠᠨ ᠤ ᠣᠯᠵᠤ ᠬᠠᠷᠠᠭᠰᠠᠨ ᠲᠠᠭ᠎ᠠ ᠶᠢᠨ ᠨᠠᠭᠤᠷ ᠲᠠᠢ ᠬᠠᠷᠢᠴᠠᠭᠤᠯᠪᠠᠯ ᠥᠩᠭᠡ | ᠦᠵᠡᠮᠵᠢ᠂ ᠠᠮᠢ ᠠᠬᠤᠢ ᠡᠯ᠎ᠡ ᠲᠠᠯ᠎ᠠ ᠪᠠᠷ ᠶᠠᠭᠠᠬᠢᠬᠤ ᠶᠢᠨ ᠠᠷᠭ᠎ᠠ ᠦᠭᠡᠢ ᠬᠤᠪᠢᠷᠠᠯᠲᠠ ᠭᠠᠷᠤᠭᠰᠠᠨ ᠨᠢ ᠦᠨᠡᠨ ᠃ ᠠᠭᠤᠷ ᠠᠮᠢᠰᠬᠤᠯ ᠵᠢᠴᠢ ᠬᠥᠮᠥᠨ ᠤ | ᠨᠥᠯᠥᠭᠡ ᠠᠴᠠ ᠪᠣᠯᠵᠤ᠂ ᠨᠠᠭᠤᠷ ᠤᠨ ᠣᠶᠢᠷ᠎ᠠ ᠣᠷᠴᠢᠮ ᠤᠨ ᠠᠮᠢ ᠠᠬᠤᠢ ᠶᠢᠨ ᠰᠢᠰᠲ᠋ᠧᠮ ᠶᠡᠭᠡ ᠪᠠᠷ ᠡᠪᠳᠡᠭᠳᠡᠨ᠂ ᠬᠤᠵᠢᠷᠰᠢᠨ ᠲᠠᠳᠠᠷᠰᠢᠬᠤ ᠪᠠᠶᠢᠳᠠᠯ ᠬᠦᠨᠳᠦ | ᠨᠣᠴᠢᠲᠠᠢ ᠪᠣᠯᠵᠤ ᠡᠬᠢᠯᠡᠪᠡ᠃ ᠡᠳᠡᠭᠡᠷ ᠨᠢ ᠯᠢᠶᠡᠩᠴᠧᠩ ᠰᠢᠶᠠᠨ ᠤ ᠠᠮᠢ ᠠᠬᠤᠢ᠂ ᠠᠵᠤ ᠠᠬᠤᠢ᠂ ᠵᠢᠭᠤᠯᠴᠢᠯᠠᠯ ᠤᠨ ᠦᠢᠯᠡᠰ ᠵᠡᠷᠭᠡ ᠡᠯ᠎ᠡ ᠲᠠᠯ᠎ᠠ ᠶᠢᠨ | ᠬᠥᠭᠵᠢᠯᠲᠡ ᠶᠢ ᠪᠦᠷ ᠶᠡᠬᠡᠬᠡᠨ ᠨᠥᠯᠥᠭᠡᠯᠡᠵᠦ ᠡᠬᠢᠯᠡᠭᠰᠡᠨ ᠶᠤᠮ᠃ | | | ᠶᠡᠭᠡ ᠭᠤᠣᠯ ᠤᠨ ᠤᠷᠤᠰᠬᠠᠯ ᠳᠤ ᠤᠮᠳᠠᠯᠠᠭᠳᠠᠭᠠ - ᠲᠠᠭ᠎ᠠ ᠶᠢᠨ ᠨᠠᠭᠤᠷ | | | 2018 ᠪᠠ 2019 ᠣᠨ ᠳᠤ᠂ ᠶᠡᠷᠦᠩᠬᠡᠢ ᠱᠦᠵᠢ ᠰᠢ ᠶᠢᠨ ᠫᠢᠩ ᠬᠤᠶᠠᠷ ᠤᠳᠠᠭ᠎ᠠ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠭᠦᠮ ᠤᠨ ᠬᠢᠨᠠᠨ | ᠵᠦᠪᠯᠡᠭᠦ ᠳᠤ ᠣᠷᠤᠯᠴᠠᠬᠤ ᠳᠠᠭᠠᠨ ᠴᠥᠮ ᠲᠠᠭ᠎ᠠ ᠶᠢᠨ ᠨᠠᠭᠤᠷ ᠤᠨ ᠠᠮᠢ ᠠᠬᠤᠢ ᠶᠢ ᠶᠡᠷᠦᠩᠬᠡᠶᠢᠯᠡᠨ ᠵᠠᠰᠠᠬᠤ ᠲᠤᠬᠠᠢ ᠴᠢᠬᠤᠯᠠ ᠵᠢᠭᠠᠪᠤᠷᠢ ᠥᠭᠴᠦ᠂ ᠠᠮᠢ ᠠᠬᠤᠢ | ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢ ᠪᠠᠲᠤᠯᠠᠵᠤ᠂ ᠠᠭᠤᠯᠠ ᠤᠰᠤ ᠤᠢ ᠰᠢᠭᠤᠢ ᠭᠠᠵᠠᠷ | ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠢ ᠵᠠᠰᠠᠬᠤ ᠠᠵᠢᠯ ᠢ ᠨᠢᠭᠡᠳᠦᠯᠲᠡᠢ ᠲᠥᠰᠥᠪᠯᠡᠨ ᠲᠠᠭ᠎ᠠ ᠶᠢᠨ ᠨᠠᠭᠤᠷ ᠤᠨ ᠠᠮᠢ ᠠᠬᠤᠢ ᠶᠢ ᠶᠡᠷᠦᠩᠬᠡᠶᠢᠯᠡᠨ ᠵᠠᠰᠠᠬᠤ | ᠠᠵᠢᠯ ᠢ ᠰᠠᠶᠢᠲᠤᠷ ᠠᠳᠬᠤᠵᠤ᠂ ᠨᠠᠶᠢᠳᠠᠪᠤᠷᠢᠵᠢᠭᠤᠯᠤᠯᠲᠠ ᠶᠢ ᠦᠨᠡᠨ ᠬᠦ ᠪᠠᠲᠤᠲᠠᠢ ᠠᠳᠬᠤᠵᠤ᠂ ᠡᠬᠡ ᠤᠯᠤᠰ ᠤᠨ ᠤᠮᠠᠷᠠᠲᠤ ᠶᠢᠨ ᠡᠨᠡ ᠬᠦ ᠦᠵᠡᠰᠬᠦᠯᠡᠩᠲᠦ | ᠰᠠᠶᠢᠬᠠᠨ ᠦᠵᠡᠮᠵᠢ ᠶᠢᠨ ᠣᠷᠣᠨ ᠢ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠵᠠᠢ᠃ | ᠳᠠᠭ᠎ᠠ ᠶᠢᠨ ᠨᠠᠭᠤᠷ 20 ᠳ᠋ᠤᠭᠠᠷ ᠵᠠᠭᠤᠨ ᠳᠤ ᠨᠡᠶᠢᠳᠡ ᠲᠠᠪᠤ ᠤᠳᠠᠭᠠᠨ ᠤ ᠬᠤᠪᠢᠷᠠᠯᠲᠠ ᠶᠢ ᠲᠤᠭᠤᠯᠪᠠ᠃ ᠲᠤᠬᠠᠶᠢᠯᠠᠪᠠᠯ᠂ 20 ᠳ᠋ᠤᠭᠠᠷ ᠵᠠᠭᠤᠨ ᠤ ᠡᠬᠢ ᠪᠠᠷ | ᠂ ᠳᠠᠭ᠎ᠠ ᠶᠢᠨ ᠨᠠᠭᠤᠷ ᠤᠨ ᠰᠠᠪᠠ ᠭᠠᠵᠠᠷ ᠲᠤ ᠬᠤᠷ᠎ᠠ ᠲᠤᠨᠳᠠᠰᠤ ᠡᠯᠪᠡᠭ᠂ ᠨᠠᠭᠤᠷ ᠤᠨ ᠲᠠᠯᠠᠪᠠᠶ 200 ᠲᠡᠭᠰᠢ ᠳᠥᠷᠪᠡᠯᠵᠢᠨ ᠺᠢᠯᠣᠮᠧᠲᠷ ᠪᠠᠶᠢᠪᠠ᠃ 1926 - | 1929 ᠣᠨ ᠤ 4 ᠵᠢᠯ ᠳᠠᠷᠠᠭᠠᠯᠠᠭᠰᠠᠨ ᠶᠡᠭᠡ ᠭᠠᠩ ᠢ ᠥᠩᠭᠡᠷᠡᠭᠡᠳ ᠨᠠᠭᠤᠷ ᠤᠨ ᠭᠠᠳᠠᠷᠭᠤ ᠨᠢ 50 ᠲᠡᠭᠰᠢ ᠳᠥᠷᠪᠡᠯᠵᠢᠨ ᠺᠢᠯᠣᠮᠧᠲᠷ ᠪᠣᠯᠵᠤ ᠪᠠᠭᠠᠰᠪᠠ; | 1930 -1959 ᠣᠨ ᠤ ᠬᠤᠭᠤᠷᠣᠨᠳᠤ᠂ ᠵᠠᠯᠭᠠᠭ᠎ᠠ ᠪᠠᠷ ᠣᠯᠠᠨᠲᠠ ᠦᠶᠡᠷᠯᠡᠭᠰᠡᠨ ᠢᠶᠠᠷ ᠤᠰᠤᠨ ᠲᠦᠪᠰᠢᠨ ᠮᠠᠰᠢ ᠲᠦᠷᠭᠡᠨ ᠳᠡᠭᠡᠭᠰᠢᠯᠡᠵᠦ᠂ ᠳᠡᠭᠡᠷ᠎ᠡ ᠵᠠᠭᠤᠨ | ᠤ ᠲᠠᠪᠢᠭᠠᠳ ᠣᠨ ᠪᠤᠯᠬᠤ ᠳᠤ ᠨᠠᠭᠤᠷ ᠤᠨ ᠲᠠᠯᠠᠪᠠᠢ 200 ᠲᠡᠭᠰᠢ ᠳᠥᠷᠪᠡᠯᠵᠢᠨ ᠺᠢᠯᠣᠮᠧᠲᠷ ᠪᠣᠯᠪᠠ ;1960 - 2004 ᠣᠨ ᠪᠤᠯᠳᠠᠯ᠎ᠠ᠂ ᠬᠡᠳᠦᠨ | ᠤᠳᠠᠭᠠᠨ ᠤ ᠶᠡᠭᠡ ᠭᠠᠩ ᠢ ᠳᠠᠮᠵᠢᠭᠠᠳ 2004 ᠣᠨ ᠪᠤᠯᠬᠤ ᠳᠤ ᠨᠠᠭᠤᠷ ᠤᠨ ᠭᠠᠳᠠᠷᠭᠤ ᠪᠠᠭᠠᠰᠤᠭᠠᠳ 102 ᠲᠡᠭᠰᠢ ᠳᠥᠷᠪᠡᠯᠵᠢᠨ ᠺᠢᠯᠣᠮᠧᠲᠷ ᠣᠷᠴᠢᠮ | ᠪᠤᠯᠪᠠ;2005 - 2015 ᠣᠨ ᠪᠤᠯᠬᠤ ᠳᠤ᠂ ᠳᠤᠮᠳᠠᠴᠢ ᠪᠠᠷ ᠵᠢᠯ ᠪᠦᠷᠢ 2.6 ᠲᠡᠭᠰᠢ ᠳᠥᠷᠪᠡᠯᠵᠢᠨ ᠺᠢᠯᠣᠮᠧᠲᠷ ᠪᠠᠭᠠᠰᠴᠤ᠂ 2015 ᠣᠨ ᠪᠤᠯᠬᠤ ᠳᠤ | ᠨᠠᠭᠤᠷ ᠤᠨ ᠭᠠᠳᠠᠷᠭᠤ 56.8 ᠲᠡᠭᠰᠢ ᠳᠥᠷᠪᠡᠯᠵᠢᠨ ᠺᠢᠯᠣᠮᠧᠲᠷ ᠪᠣᠯᠵᠤ ᠪᠠᠭᠠᠰᠪᠠ ;2016 ᠣᠨ ᠳᠤ᠂ 0.45 ᠲᠡᠭᠰᠢ ᠳᠥᠷᠪᠡᠯᠵᠢᠨ ᠺᠢᠯᠣᠮᠧᠲᠷ ᠪᠠᠭᠠᠰᠴᠤ᠂ | ᠨᠠᠭᠤᠷ ᠤᠨ ᠲᠠᠯᠠᠪᠠᠶ 56.35 ᠲᠡᠭᠰᠢ ᠳᠥᠷᠪᠡᠯᠵᠢᠨ ᠺᠢᠯᠣᠮᠧᠲᠷ ᠪᠣᠯᠪᠠ᠃ | ᠳᠣᠯᠭᠢᠶᠠᠯᠠᠨ ᠤᠷᠤᠰᠬᠤ ᠬᠠᠳᠤᠨ ᠭᠤᠣᠯ ᠤᠨ ᠤᠰᠤ ᠲᠠᠭ᠎ᠠ ᠶᠢᠨ ᠨᠠᠭᠤᠷ ᠲᠤ ᠳᠠᠪᠠᠯᠭᠠᠯᠠᠨ ᠣᠷᠣᠵᠤ᠂ ᠲᠠᠭ᠎ᠠ ᠶᠢᠨ ᠨᠠᠭᠤᠷ ᠤᠨ ᠠᠮᠢ ᠠᠬᠤᠢ ᠶᠢᠨ ᠪᠠᠴᠢᠮ | ᠪᠠᠶᠢᠳᠠᠯ ᠢ ᠠᠷᠭᠠᠴᠠᠭᠠᠬᠤ ᠤᠰᠤ ᠨᠥᠬᠦᠪᠦᠷᠢᠯᠡᠬᠦ ᠢᠨᠵᠧᠨᠧᠷᠢᠩ ᠵᠢᠩᠬᠢᠨᠢ ᠪᠠᠷ ᠪᠦᠭᠦ ᠱᠤᠭᠤᠮ ᠢᠶᠠᠷ ᠤᠰᠤ ᠨᠡᠪᠳᠡᠷᠡᠵᠦ᠂ ᠲᠠᠭ᠎ᠠ ᠶᠢᠨ ᠨᠠᠭᠤᠷ ᠤᠨ ᠰᠠᠪᠠ ᠭᠠᠵᠠᠷ | ᠤᠨ ᠠᠮᠢ ᠠᠬᠤᠢ ᠶᠢᠨ ᠵᠠᠰᠠᠯᠲᠠ ᠶᠢᠨ ᠰᠢᠨ᠎ᠡ ᠬᠠᠭᠤᠳᠠᠰᠤ ᠶᠢ ᠰᠡᠬᠦᠪᠡ᠃ | - ᠣᠶᠢᠷ᠎ᠠ ᠶᠢᠨ ᠵᠢᠯ᠂ ᠠᠭᠤᠷ ᠠᠮᠢᠰᠬᠤᠯ ᠤᠨ ᠬᠤᠪᠢᠷᠠᠯᠲᠠ ᠪᠠ ᠬᠥᠮᠥᠨ ᠲᠥᠷᠥᠯᠬᠢᠲᠡᠨ ᠤ ᠠᠵᠢᠯᠯᠠᠭ᠎ᠠ ᠶᠢᠨ ᠨᠥᠯᠥᠭᠡ ᠵᠡᠷᠭᠡ ᠠᠴᠠ ᠪᠣᠯᠵᠤ᠂ ᠲᠠᠭ᠎ᠠ ᠶᠢᠨ ᠨᠠᠭᠤᠷ | ᠤᠨ ᠲᠠᠯᠠᠪᠠᠢ ᠪᠠᠭᠠᠰᠴᠤ ᠬᠤᠵᠢᠷᠰᠢᠬᠤ ᠬᠡᠮᠵᠢᠶ᠎ᠡ ᠨᠢ ᠰᠢᠷᠦᠭᠦᠰᠴᠦ᠂ ᠤᠰᠤᠨ ᠤ ᠴᠢᠨᠠᠷ ᠨᠢ ᠮᠠᠭᠤᠳᠠᠵᠤ᠂ ᠤᠰᠤᠨ ᠤ ᠠᠮᠢ ᠠᠬᠤᠢ ᠶᠢᠨ ᠰᠢᠰᠲ᠋ᠧᠮ ᠬᠦᠨᠳᠦ | ᠨᠣᠴᠢᠲᠠᠢ ᠡᠪᠳᠡᠭᠳᠡᠵᠦ᠂ ᠠᠮᠢ ᠠᠬᠤᠢ ᠮᠠᠭᠤᠳᠠᠬᠤ ᠠᠰᠠᠭᠤᠳᠠᠯ ᠬᠦᠨᠳᠦ ᠨᠣᠴᠢᠲᠠᠢ ᠪᠠᠶᠢᠳᠠᠯ ᠳᠤ ᠣᠷᠣᠪᠠ᠃ ᠶᠡᠷᠦᠩᠬᠡᠢ ᠱᠦᠵᠢ ᠰᠢ ᠶᠢᠨ ᠫᠢᠩ ᠤᠨ | ︽ᠲᠠᠭ᠎ᠠ ᠶᠢᠨ ᠨᠠᠭᠤᠷ ᠤᠨ ᠤᠰᠤᠨ ᠤ ᠠᠮᠢ ᠠᠬᠤᠢ ᠶᠢ ᠶᠡᠷᠦᠩᠬᠡᠶᠢᠯᠡᠨ ᠵᠠᠰᠠᠬᠤ︾ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ | ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠤᠯᠠᠭᠠᠨᠴᠠᠪ ᠬᠤᠳᠠ ᠬᠠᠮᠢᠶ᠎ᠠ ᠪᠦᠬᠦᠢ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ ︽ | ᠲᠠᠭ᠎ᠠ ᠶᠢᠨ ᠨᠠᠭᠤᠷ ᠤᠨ ᠤᠰᠤᠨ ᠤ ᠠᠮᠢ ᠠᠬᠤᠢ ᠶᠢ ᠬᠠᠮᠠᠭᠠᠯᠠᠬᠤ ᠲᠥᠯᠦᠪᠵᠢᠭᠦᠯᠭᠡ︾ ᠶᠢ ᠵᠠᠰᠠᠨ ᠨᠠᠶᠢᠷᠠᠭᠤᠯᠵᠤ᠂ ᠨᠡᠶᠢᠳᠡ 24 ᠵᠠᠰᠠᠯᠲᠠ ᠶᠢᠨ ᠲᠦᠷᠦᠯ ᠵᠦᠢᠯ ᠢ | ᠬᠡᠷᠡᠭᠵᠢᠭᠦᠯᠵᠦ᠂ ᠲᠠᠭ᠎ᠠ ᠶᠢᠨ ᠨᠠᠭᠤᠷ ᠤᠨ ᠠᠮᠢ ᠠᠬᠤᠢ ᠶᠢᠨ ᠪᠠᠴᠢᠮ ᠪᠠᠶᠢᠳᠠᠯ ᠢ ᠠᠷᠭᠠᠴᠠᠭᠠᠬᠤ ᠤᠰᠤ ᠨᠥᠬᠦᠪᠦᠷᠢᠯᠡᠬᠦ ᠢᠨᠵᠧᠨᠧᠷᠢᠩ ᠢ ᠬᠡᠷᠡᠭᠵᠢᠭᠦᠯᠦᠭᠰᠡᠨ ᠶᠤᠮ | ᠭᠡᠵᠦ ᠯᠢᠶᠡᠩᠴᠧᠩ ᠰᠢᠶᠠᠨ ᠤ ᠳᠡᠳ᠋ ᠰᠢᠶᠠᠨ ᠤ ᠳᠠᠷᠤᠭ᠎ᠠ ᠵᠢᠶᠠ ᠰᠢᠶᠣᠣ ᠫᠢᠩ ᠶᠠᠷᠢᠯ᠎ᠠ᠃ | ᠡᠨᠡ ᠬᠦ ᠢᠨᠵᠧᠨᠧᠷᠢᠩ ᠢ 2020 ᠣᠨ ᠤ 11 ᠰᠠᠷ᠎ᠠ ᠶᠢᠨ 16 ᠡᠳᠦᠷ ᠠᠴᠠ ᠵᠢᠩᠬᠢᠨᠢ ᠪᠠᠷ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ︽ ᠭᠤᠷᠪᠠᠨ | ᠱᠠᠲᠤᠨ ᠤ ᠳᠠᠷᠤᠯᠲᠠ ᠨᠡᠮᠡᠭᠦ + ᠬᠤᠶᠠᠷ ᠱᠠᠲᠤᠨ ᠤ ᠬᠦᠨᠳᠦ ᠶᠢᠨ ᠬᠦᠴᠦᠨ︾ ᠤ ᠤᠰᠤ ᠳᠠᠮᠵᠢᠭᠤᠯᠬᠤ ᠲᠥᠰᠥᠯ ᠢ ᠬᠡᠷᠡᠭᠯᠡᠵᠦ᠂ ᠤᠰᠤ ᠳᠠᠮᠵᠢᠭᠤᠯᠬᠤ | ᠶᠡᠷᠦᠩᠬᠡᠢ ᠵᠠᠢ ᠨᠢ 134.24 ᠺᠢᠯᠣᠮᠧᠲᠷ ᠪᠠᠶᠢᠵᠤ᠂ ᠭᠤᠣᠯᠳᠠᠬᠤ 3 ᠨᠦᠭᠡᠨ ᠵᠠᠮ︵11.15 ᠺᠢᠯᠣᠮᠧᠲᠷ︶᠂ 3 ᠬᠥᠭᠦᠷᠭᠡ ᠶᠢᠨ ᠦᠷᠳᠡᠭᠡ ᠪᠠ 123.09 | ᠺᠢᠯᠣᠮᠧᠲᠷ ᠬᠤᠭᠤᠯᠠᠢ ᠱᠤᠭᠤᠮ ᠢ ᠪᠠᠭᠲᠠᠭᠠᠵᠤ᠂ ᠵᠢᠷᠤᠵᠤ ᠲᠥᠯᠥᠪᠯᠡᠭᠰᠡᠨ ᠤᠰᠤ ᠲᠠᠲᠠᠬᠤ ᠤᠷᠤᠰᠴᠠ ᠨᠢ ᠰᠸᠺᠦ᠋ᠨ᠋ᠳ᠋ ᠪᠦᠷᠢ 3.02 ᠲᠡᠭᠰᠢ ᠳᠥᠷᠪᠡᠯᠵᠢᠨ ᠮᠸᠲᠷ | ᠪᠠᠶᠢᠵᠤ᠂ ᠵᠢᠯ ᠤᠨ ᠤᠰᠤ ᠲᠠᠲᠠᠬᠤ ᠬᠡᠪᠴᠢᠶ᠎ᠡ ᠨᠢ 4466 ᠲᠦᠮᠡᠨ ᠲᠡᠭᠰᠢ ᠳᠥᠷᠪᠡᠯᠵᠢᠨ ᠮᠸᠲᠷ ᠪᠣᠯᠣᠨ᠎ᠠ᠃19 ᠰᠠᠷ᠎ᠠ ᠴᠢᠷᠮᠠᠶᠢᠨ ᠲᠡᠮᠡᠴᠡᠭᠡᠳ ᠡᠴᠦᠰ ᠲᠡᠭᠡᠨ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠣᠷᠣᠨ ᠪᠦᠰᠡ ᠠᠯᠤᠰᠯᠠᠨ ᠤᠰᠤ ᠲᠠᠲᠠᠬᠤ ᠲᠣᠮᠣ ᠭᠡᠯᠪᠡᠷᠢ ᠶᠢᠨ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠶᠢᠨ ᠬᠤᠷᠳᠤᠴᠠ ᠶᠢ ᠰᠢᠨᠡᠳᠬᠡᠪᠡ᠃ | ᠲᠠᠭ᠎ᠠ ᠶᠢᠨ ᠨᠠᠭᠤᠷ ᠤᠨ ᠠᠮᠢ ᠠᠬᠤᠢ ᠶᠢᠨ ᠪᠠᠴᠢᠮ ᠪᠠᠶᠢᠳᠠᠯ ᠢ ᠠᠷᠭᠠᠴᠠᠭᠠᠬᠤ ᠤᠰᠤ ᠨᠥᠬᠦᠪᠦᠷᠢᠯᠡᠬᠦ ᠢᠨᠵᠧᠨᠧᠷᠢᠩ ᠨᠢ ᠲᠠᠭ᠎ᠠ ᠶᠢᠨ ᠨᠠᠭᠤᠷ ᠤᠨ ᠤᠰᠤᠨ ᠤ | ᠠᠮᠢ ᠠᠬᠤᠢ ᠶᠢ ᠶᠡᠷᠦᠩᠬᠡᠶᠢᠯᠡᠨ ᠵᠠᠰᠠᠬᠤ᠂ ᠦᠨᠳᠦᠰᠦ ᠠᠴᠠ ᠨᠢ ᠵᠠᠰᠠᠬᠤ ᠢᠨᠵᠧᠨᠧᠷᠢᠩ ᠪᠣᠯᠤᠭᠰᠠᠨ ᠤ ᠬᠤᠪᠢ ᠳᠤ᠂ ᠠᠰᠢᠭᠯᠠᠯᠲᠠ ᠳᠤ ᠣᠷᠣᠭᠤᠯᠤᠭᠰᠠᠨ ᠤ | ᠲᠠᠷᠠᠭ᠎ᠠ᠂ ᠰᠢᠨ᠎ᠡ ᠰᠣᠷᠭᠤᠭ ᠤᠰᠤᠨ ᠤ ᠡᠬᠢ ᠰᠤᠷᠪᠤᠯᠵᠢ ᠬᠠᠩᠭᠠᠬᠤ ᠪᠠᠷ ᠳᠠᠮᠵᠢᠭᠤᠯᠤᠨ᠂ ᠲᠠᠭ᠎ᠠ ᠶᠢᠨ ᠨᠠᠭᠤᠷ ᠤᠨ ᠤᠰᠤᠨ ᠤ ᠴᠢᠨᠠᠷ ᠢ ᠲᠠᠰᠤᠷᠠᠯᠳᠠ ᠦᠭᠡᠢ | ᠰᠠᠶᠢᠵᠢᠷᠠᠭᠤᠯᠵᠤ᠂ ᠲᠠᠭ᠎ᠠ ᠶᠢᠨ ᠨᠠᠭᠤᠷ ᠤᠨ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠤ ᠪᠦᠬᠦᠯᠢ ᠴᠣᠭᠴᠠ ᠶᠢᠨ ᠶᠠᠰᠤ ᠴᠢᠨᠠᠷ ᠢ ᠤᠯᠠᠮ ᠨᠢᠭᠡ | ᠠᠯᠬᠤᠮ ᠲᠡᠭᠡᠭᠰᠢᠯᠡᠭᠦᠯᠵᠤ᠂ ᠥᠪᠡᠷᠲᠡᠭᠡᠨ ᠵᠠᠰᠠᠬᠤ ᠣᠷᠣᠨ ᠤ ᠡᠬᠡ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ | ᠴᠣᠭᠴᠠᠯᠠᠬᠤ ᠳᠤ ᠬᠦᠴᠦᠨ ᠨᠡᠮᠡᠷᠢᠯᠡᠪᠡ᠃ | ᠶᠡᠭᠡ ᠭᠤᠣᠯ ᠤᠨ ᠤᠷᠤᠰᠬᠠᠯ ᠳᠠᠭ᠎ᠠ ᠶᠢᠨ ᠨᠠᠭᠤᠷ ᠲᠤ ᠴᠢᠳᠬᠤᠯᠠᠨ ᠠᠮᠢᠯᠠᠯ ᠤᠨ ᠨᠣᠮᠢᠨ ᠳᠣᠯᠭᠢᠶ᠎ᠠ ᠮᠢᠷᠠᠯᠵᠠᠭᠤᠯᠤᠭᠰᠠᠭᠠᠷ ᠪᠠᠶᠢᠭᠠᠯᠢ ᠳᠡᠯᠡᠬᠡᠢ ᠬᠥᠮᠥᠨ ᠠᠷᠠᠳ | ᠲᠠᠭᠠᠨ ᠪᠤᠶᠠᠨ ᠬᠡᠰᠢᠭ ᠢᠶᠠᠨ ᠲᠦᠭᠡᠭᠡᠨ᠎ᠡ᠃ | | | |