365bet网上娱乐场_365双试投注是什么_365bet正网开户人民政府蒙古文网站 365bet网上娱乐场_365双试投注是什么_365bet正网开户

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠮᠣᠩᠭᠤᠯ ᠰᠤᠳᠤᠯᠤᠯ ᠲᠠᠢ ᠬᠤᠯᠪᠣᠭᠳᠠᠬᠤ ᠲᠥᠪᠡᠳ ᠰᠤᠷᠪᠤᠯᠵᠢ ᠪᠢᠴᠢᠭ ᠢ ᠡᠮᠬᠢᠳᠬᠡᠨ ᠠᠰᠢᠭᠯᠠᠬᠤ ᠠᠵᠢᠯ ᠰᠢᠨ᠎ᠡ ᠳᠡᠭᠲᠡᠷ ᠲᠤ ᠭᠠᠷᠤᠯ᠎ᠠ
        ᠨᠡᠶᠢᠲᠡᠯᠡᠭᠰᠡᠨ ᠴᠠᠭ᠄
        2022/10/20
            ᠵᠣᠬᠢᠶᠠᠭᠴᠢ᠄ ᠰᠢᠶᠠᠩ ᠲᠤᠤ        1247 ᠣᠨ ᠳᠤ ᠦᠭᠡᠳᠡᠢ ᠬᠠᠭᠠᠨ ᠤ ᠬᠥᠪᠡᠭᠦᠨ ᠭᠦᠳᠡᠨ ᠨᠣᠶᠠᠨ᠂ ᠲᠥᠪᠡᠳ ᠤᠨ ᠰᠠᠰᠭᠢᠶ᠎ᠠ ᠪᠠᠨᠳᠢᠳᠠ ᠭᠦᠩᠭᠠᠵᠠᠯᠰᠠᠨ ᠲᠠᠢ ᠯᠢᠶᠠᠩᠵᠸᠦ ᠳᠤ ᠵᠣᠯᠭᠠᠭᠰᠠᠨ ᠠᠴᠠ ᠮᠣᠩᠭᠤᠯ ᠣᠷᠣᠨ ᠳᠤ ᠪᠤᠷᠬᠠᠨ ᠤ ᠱᠠᠰᠢᠨ ᠡᠬᠢᠯᠡᠨ ᠤᠯᠠᠮᠵᠢᠯᠠᠨ ᠳᠡᠯᠭᠡᠷᠡᠭᠰᠡᠨ ᠪᠠᠶᠢᠨ᠎ᠠ᠃ ᠡᠨᠡ ᠬᠦ ᠲᠡᠦᠬᠡᠨ ᠬᠡᠷᠡᠭ ᠶᠠᠪᠤᠳᠠᠯ ᠨᠢ ᠲᠡᠦᠬᠡ ᠰᠤᠳᠤᠯᠤᠭᠴᠢᠳ ᠤᠨ ᠬᠠᠷᠠᠭᠠᠨ ᠳᠠᠬᠢ ᠮᠣᠩᠭᠤᠯ ᠲᠥᠪᠡᠳ ᠬᠤᠶᠠᠷ ᠦᠨᠳᠦᠰᠦᠲᠡᠨ ᠤ ᠬᠠᠷᠢᠯᠴᠠᠭ᠎ᠠ ᠶᠠᠪᠤᠯᠴᠠᠭᠠᠨ ᠤ ᠡᠭᠢᠯᠡᠯᠳᠡ ᠪᠣᠯᠤᠭᠰᠠᠨ ᠪᠥᠭᠡᠳ ᠪᠠᠷᠤᠭ ᠯᠡ ᠡᠨᠡ ᠦᠶ᠎ᠡ ᠠᠴᠠ ᠡᠬᠢᠯᠡᠭᠡᠳ ᠮᠣᠩᠭᠤᠯᠴᠤᠳ ᠲᠠᠢ ᠬᠤᠯᠪᠣᠭᠳᠠᠬᠤ ᠲᠥᠪᠡᠳ ᠰᠤᠷᠪᠤᠯᠵᠢ ᠪᠢᠴᠢᠭ ᠤᠳ ᠪᠤᠢ ᠪᠣᠯᠤᠭᠰᠠᠨ ᠪᠢᠯᠡ᠃      ᠤᠯᠠᠨ ᠵᠠᠭᠤᠨ ᠤ ᠲᠤᠷᠰᠢ᠂ ᠮᠣᠩᠭᠤᠯᠴᠤᠳ ᠤᠨ ᠲᠡᠦᠬᠡ ᠪᠠ ᠰᠣᠶᠣᠯ ᠲᠠᠢ ᠬᠤᠯᠪᠣᠭᠳᠠᠬᠤ ᠨᠣᠮ ᠪᠢᠴᠢᠭ ᠲᠥᠪᠡᠳ ᠢᠶᠠᠷ ᠲᠠᠰᠤᠷᠠᠯᠲᠠ ᠦᠭᠡᠢ ᠵᠣᠬᠢᠶᠠᠨ ᠪᠦᠲᠦᠭᠡᠭᠳᠡᠵᠦ᠂ ᠮᠣᠩᠭᠤᠯ ᠯᠠᠮᠠ ᠡᠷᠳᠡᠮᠲᠡᠳ ᠤᠨ ᠤᠶᠤᠨ ᠤᠬᠠᠭᠠᠨ ᠤ ᠲᠠᠯᠠᠰᠲᠤ ᠪᠠ ᠲᠥᠪᠡᠳ ᠯᠠᠮᠠ ᠡᠷᠳᠡᠮᠲᠡᠳ ᠤᠨ ᠮᠣᠩᠭᠤᠯ ᠰᠣᠶᠣᠯ ᠲᠡᠦᠬᠡ ᠳᠤ ᠬᠠᠨᠳᠤᠭᠤᠯᠤᠭᠰᠠᠨ ᠲᠡᠮᠳᠡᠭᠯᠡᠯ ᠵᠣᠬᠢᠶᠠᠯ ᠤᠳ ᠨᠢ ᠮᠣᠩᠭᠤᠯ ᠰᠤᠳᠤᠯᠤᠯ ᠤᠨ ᠨᠢᠭᠡᠨ ᠣᠮᠲᠣᠭᠠᠶᠢᠯᠠᠵᠤ ᠪᠣᠯᠣᠰᠢ ᠦᠭᠡᠢ ᠴᠢᠬᠤᠯᠠ ᠬᠦᠷᠢᠶ᠎ᠡ ᠴᠠᠷᠠᠭ᠎ᠠ ᠪᠣᠯᠣᠭᠰᠠᠭᠠᠷ ᠢᠷᠡᠭᠰᠡᠨ ᠪᠢᠯᠡ᠃ ᠨᠢᠳᠤᠨᠤᠨ᠂ ᠥᠪᠥᠷ ᠮᠣᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠳᠤ ᠮᠣᠩᠭᠤᠯ ᠰᠤᠳᠤᠯᠤᠯ ᠤᠨ ᠲᠥᠪᠡᠳ ᠰᠤᠷᠪᠤᠯᠵᠢᠰ ᠰᠤᠳᠤᠯᠬᠤ ᠲᠥᠪ ᠪᠠᠶᠢᠭᠤᠯᠤᠭᠳᠠᠵᠤ᠂ ᠮᠠᠨ ᠤ ᠤᠯᠤᠰ ᠲᠤ ᠮᠣᠩᠭᠤᠯ ᠰᠤᠳᠤᠯᠤᠯ ᠲᠠᠢ ᠬᠤᠯᠪᠣᠭᠳᠠᠬᠤ ᠲᠥᠪᠡᠳ ᠰᠤᠷᠪᠤᠯᠵᠢ ᠪᠢᠴᠢᠭ ᠢ ᠰᠤᠳᠤᠯᠬᠤ ᠲᠤᠰᠬᠠᠢ ᠪᠠᠶᠢᠭᠤᠯᠤᠮᠵᠢ ᠦᠭᠡᠢ ᠪᠠᠶᠢᠭᠰᠠᠨ ᠬᠤᠭᠤᠰᠤᠨ ᠢ ᠨᠥᠬᠦᠪᠦᠷᠢᠯᠡᠵᠦ᠂ ᠮᠣᠩᠭᠤᠯ ᠰᠤᠳᠤᠯᠤᠯ ᠤᠨ ᠬᠦᠷᠢᠶ᠎ᠡ ᠴᠠᠷᠠᠭ᠎ᠠ ᠶᠢ ᠤᠯᠠᠮ ᠴᠠᠭᠠᠰᠢ ᠳᠡᠯᠡᠭᠰᠡᠨ ᠪᠢᠯᠡ᠃      ᠤᠲᠤ᠂ 800 ᠰᠢᠬᠠᠮ ᠵᠢᠯ ᠤᠨ ᠲᠡᠦᠬᠡ ᠶᠢᠨ ᠬᠤᠭ ᠲᠣᠭᠤᠰᠣᠨ ᠳᠤ ᠳᠠᠷᠤᠭᠳᠠᠵᠤ ᠪᠠᠶᠢᠭᠰᠠᠨ ᠮᠣᠩᠭᠤᠯ ᠰᠤᠳᠤᠯᠤᠯ ᠤᠨ ᠲᠥᠪᠡᠳ ᠬᠡᠯᠡᠨ ᠤ ᠰᠤᠷᠪᠤᠯᠵᠢᠰ᠂ ᠦᠶ᠎ᠡ ᠦᠶ᠎ᠡ ᠶᠢᠨ ᠡᠷᠳᠡᠮᠲᠡᠨ ᠰᠤᠳᠤᠯᠭᠠᠲᠠᠳ ᠤᠨ ᠬᠠᠶᠢᠨ ᠴᠤᠭᠯᠠᠭᠤᠯᠬᠤ᠂ ᠡᠮᠬᠢᠳᠬᠡᠨ ᠲᠥᠷᠥᠯᠵᠢᠭᠦᠯᠬᠦ᠂ ᠰᠢᠨᠵᠢᠯᠡᠨ ᠰᠤᠳᠤᠯᠬᠤ᠂ ᠲᠣᠭᠠᠴᠢᠯᠠᠭᠤᠯᠤᠨ ᠬᠥᠮᠥᠷᠭᠡᠯᠡᠬᠦ ᠪᠠᠷ ᠲᠠᠮᠵᠢᠨ᠂ ᠰᠤᠳᠤᠯᠭᠠᠨ ᠤ ᠲᠤᠰᠬᠠᠢ ᠪᠠᠶᠢᠭᠤᠯᠤᠮᠵᠢ ᠲᠠᠢ᠂ ᠰᠢᠨᠵᠢᠯᠡᠭᠡᠨ ᠤ ᠲᠤᠰᠬᠠᠢ ᠡᠩᠨᠡᠭᠡ ᠲᠠᠢ᠂ ᠰᠢᠨ᠎ᠡ ᠮᠡᠷᠭᠡᠵᠢᠯ ᠤᠨ ᠳᠡᠮᠵᠢᠯᠭᠡ ᠲᠠᠢ ᠪᠣᠯᠵᠤ᠂ ᠭᠡᠷᠡᠯ ᠰᠠᠴᠤᠷᠠᠩᠭᠤᠢ ᠥᠩᠭᠡ ᠭᠢᠯᠪᠠᠭ᠎ᠠ ᠪᠠᠨ ᠤᠯᠠᠮ ᠢᠶᠠᠷ ᠰᠠᠴᠤᠷᠠᠭᠤᠯᠵᠤ ᠪᠤᠢ ᠁   
        default2020-03-04-467cfd78ca-d2b6-4a9c-9009-ba238cadb76e.jpg
         800 ᠰᠢᠬᠠᠮ ᠵᠢᠯ ᠤᠨ ᠲᠡᠷᠲᠡᠭᠡ ᠠᠴᠠ ᠰᠢᠨ᠎ᠡ ᠵᠠᠭᠤᠨ ᠪᠤᠯᠲᠠᠯ᠎ᠠ ᠲᠤᠭᠤᠷᠪᠢᠭᠳᠠᠪᠠ      ᠮᠣᠩᠭᠤᠯ ᠲᠥᠪᠡᠳ ᠬᠤᠶᠠᠷ ᠦᠨᠳᠦᠰᠦᠲᠡᠨ ᠤ ᠬᠠᠷᠢᠯᠴᠠᠭ᠎ᠠ ᠶᠠᠪᠤᠯᠴᠠᠭᠠᠨ ᠤ ᠲᠡᠦᠬᠡᠨ ᠤᠯᠠ ᠮᠥᠷ ᠢ ᠥᠭᠰᠥᠭᠦᠯᠦᠨ ᠮᠥᠷᠳᠡᠪᠡᠯ᠂ ᠶᠤᠸᠠᠨ᠂ ᠮᠢᠩ᠂ ᠴᠢᠩ᠂ ᠴᠠᠭᠠᠰᠢᠯᠠᠭᠠᠳ ᠨᠡᠩ ᠡᠷᠲᠡ ᠴᠠᠭ ᠦᠶ᠎ᠡ ᠲᠠᠢ ᠬᠤᠯᠪᠣᠭᠳᠠᠬᠤ ᠪᠣᠯᠣᠨ᠎ᠠ᠃ ᠬᠡᠯᠡ ᠰᠣᠶᠣᠯ᠂ ᠵᠠᠩ ᠦᠢᠯᠡ᠂ ᠰᠢᠲᠦᠯᠭᠡ ᠪᠢᠰᠢᠷᠡᠯ ᠢᠶᠠᠷ ᠪᠦᠷ ᠠᠳᠠᠯᠢ ᠪᠤᠰᠤ ᠡᠨᠡ ᠬᠤᠶᠠᠷ ᠦᠨᠳᠦᠰᠦᠲᠡᠨ 13 ᠳ᠋ᠤᠭᠠᠷ ᠵᠠᠭᠤᠨ ᠤ ᠦᠶ᠎ᠡ ᠳᠤ ᠤᠲᠤ ᠶᠢᠨ ᠭᠠᠨᠰᠤ ᠮᠤᠵᠢ᠂ ᠬᠥᠬᠡᠨᠠᠭᠤᠷ ᠮᠤᠵᠢ ᠶᠢᠨ ᠬᠡᠰᠡᠭ ᠢᠶᠠᠷ᠂ ᠤᠯᠤᠰ ᠲᠦᠷᠦ᠂ ᠱᠠᠰᠢᠨ ᠰᠤᠷᠲᠠᠬᠤᠨ᠂ ᠴᠡᠷᠢᠭ ᠤᠨ ᠶᠠᠪᠤᠳᠠᠯ ᠵᠡᠷᠭᠡ ᠤᠯᠠᠨ ᠲᠠᠯ᠎ᠠ ᠪᠠᠷ ᠬᠠᠷᠢᠯᠴᠠᠵᠤ ᠡᠬᠢᠯᠡᠭᠰᠡᠨ ᠪᠠᠶᠢᠨ᠎ᠠ᠃ ᠭᠦᠳᠡᠨ ᠨᠣᠶᠠᠨ ᠪᠠ ᠭᠦᠩᠭᠠᠵᠠᠯᠰᠠᠨ ᠤ ᠯᠢᠶᠠᠩᠵᠸᠦ ᠳᠠᠬᠢ ᠠᠭᠤᠯᠵᠠᠯᠲᠠ᠂ ᠬᠤᠪᠢᠯᠠᠢ ᠬᠠᠭᠠᠨ ᠪᠣᠯᠣᠨ ᠫᠠᠭᠪᠠ ᠯᠠᠮᠠ ᠶᠢᠨ ᠯᠢᠦ ᠫᠠᠨ ᠱᠠᠨ ᠳᠠᠬᠢ ᠠᠭᠤᠯᠵᠠᠯᠲᠠ᠂ ᠠᠯᠲᠠᠨ ᠬᠠᠭᠠᠨ ᠪᠠ ᠰᠣᠳᠨᠠᠮᠵᠠᠮᠰᠤ ᠶᠢᠨ ᠬᠥᠬᠡᠨᠠᠭᠤᠷ ᠲᠠᠬᠢ ᠠᠭᠤᠯᠵᠠᠯᠲᠠ᠂ ᠬᠥᠱᠢ ᠬᠠᠭᠠᠨ ᠪᠠ ᠠᠸᠠᠩᠯᠤᠪᠰᠠᠩᠵᠠᠮᠰᠦ ᠶᠢᠨ ᠲᠥᠪᠡᠳ ᠲᠠᠬᠢ ᠠᠭᠤᠯᠵᠠᠯᠲᠠ ᠁ ᠲᠡᠦᠬᠡᠨ ᠳᠤ ᠲᠡᠮᠳᠡᠭᠯᠡᠭᠳᠡᠵᠦ ᠰᠤᠳᠤᠷ ᠲᠤ ᠪᠢᠴᠢᠭᠳᠡᠭᠰᠡᠨ ᠡᠳᠡᠭᠡᠷ ᠤᠯᠠᠨ ᠲᠡᠦᠬᠡᠨ ᠬᠡᠷᠡᠭ ᠶᠠᠪᠤᠳᠠᠯ ᠨᠢ ᠬᠤᠶᠠᠷ ᠦᠨᠳᠦᠰᠦᠲᠡᠨ ᠤ ᠬᠤᠭᠤᠷᠤᠨᠲᠦᠭᠢ ᠬᠡᠯᠡ ᠰᠣᠶᠣᠯ ᠤᠨ ᠰᠣᠯᠢᠯᠴᠠᠭ᠎ᠠ᠂ ᠦᠨᠳᠦᠰᠦᠲᠡᠨ ᠤ ᠬᠠᠷᠢᠯᠴᠠᠭ᠎ᠠ᠂ ᠱᠠᠰᠢᠨ ᠰᠤᠷᠲᠠᠬᠤᠨ ᠤ ᠨᠡᠪᠴᠢᠯᠲᠡ ᠵᠡᠷᠭᠡ ᠶᠢ ᠲᠦᠷᠭᠡᠳᠬᠡᠭᠰᠡᠨ ᠮᠥᠷᠲᠡᠭᠡᠨ ᠮᠣᠩᠭᠤᠯᠴᠤᠳ ᠤᠨ ᠲᠡᠦᠬᠡ ᠰᠣᠶᠣᠯ ᠲᠠᠢ ᠬᠤᠯᠪᠣᠭᠳᠠᠬᠤ ᠲᠥᠪᠡᠳ ᠰᠤᠷᠪᠤᠯᠵᠢ ᠪᠢᠴᠢᠭ ᠤᠨ ᠪᠤᠢ ᠪᠣᠯᠵᠤ ᠳᠡᠯᠭᠡᠷᠡᠬᠦ ᠳᠤ ᠴᠦ ᠲᠦᠯᠬᠢᠴᠡ ᠦᠢᠯᠡᠳᠦᠯ ᠦᠵᠡᠭᠦᠯᠵᠡᠢ᠃      ︽ᠮᠣᠩᠭᠤᠯ ᠰᠤᠳᠤᠯᠤᠯ ᠲᠠᠢ ᠬᠤᠯᠪᠣᠭᠳᠠᠬᠤ ᠲᠥᠪᠡᠳ ᠰᠤᠷᠪᠤᠯᠵᠢ ᠪᠢᠴᠢᠭ ᠤᠨ ᠪᠤᠢ ᠪᠣᠯᠵᠤ ᠳᠡᠯᠭᠡᠷᠡᠭᠰᠡᠨ ᠰᠢᠯᠲᠠᠭᠠᠨ ᠳᠤ᠂ ᠦᠨᠳᠦᠰᠦᠲᠡᠨ ᠤ ᠬᠤᠭᠤᠷᠤᠨᠲᠦᠭᠢ ᠬᠠᠷᠢᠯᠴᠠᠭ᠎ᠠ ᠰᠣᠯᠢᠯᠴᠠᠭ᠎ᠠ ᠠᠴᠠ ᠭᠠᠳᠠᠨ᠎ᠠ᠂ ᠪᠤᠷᠬᠠᠨ ᠱᠠᠰᠢᠨ ᠤ ᠨᠡᠪᠴᠢᠯᠲᠡ ᠮᠠᠰᠢ ᠴᠢᠬᠤᠯᠠ ᠦᠢᠯᠡᠳᠦᠯ ᠦᠵᠡᠭᠦᠯᠦᠭᠰᠡᠨ ᠪᠠᠶᠢᠨ᠎ᠠ᠃ ᠲᠤᠬᠠᠢ ᠶᠢᠨ ᠦᠶ᠎ᠡ ᠳᠤ᠂ ᠮᠠᠰᠢ ᠤᠯᠠᠨ ᠮᠣᠩᠭᠤᠯ ᠯᠠᠮᠠ ᠬᠤᠸᠠᠷᠠᠭ ᠲᠥᠪᠡᠳ ᠤᠨ ᠰᠦᠮ᠎ᠡ ᠬᠡᠶᠢᠳ ᠲᠤ 2 ᠎ ᠠᠴᠠ 3 ᠵᠢᠯ᠂ ᠴᠠᠭᠠᠰᠢᠯᠠᠪᠠᠯ 10 ᠎ ᠠᠴᠠ 20 ᠵᠢᠯ᠂ ᠲᠡᠷᠡᠴᠢᠯᠡᠨ ᠨᠢᠭᠡ ᠨᠠᠰᠤ ᠪᠠᠷ ᠢᠶᠠᠨ ᠰᠠᠭᠤᠵᠤ᠂ ᠲᠥᠪᠡᠳ ᠬᠡᠯᠡ ᠰᠤᠷᠴᠤ᠂ ᠰᠤᠳᠤᠷ ᠨᠣᠮ ᠳᠤ ᠰᠢᠮᠳᠠᠨ᠂ ᠯᠾᠠᠷᠠᠮᠪᠠ᠂ ᠷᠠᠪᠵᠠᠮᠪᠠ᠂ ᠭᠠᠪᠴᠦ ᠵᠡᠷᠭᠡ ᠡᠷᠳᠡᠮ ᠤᠨ ᠴᠣᠯᠠ ᠣᠯᠵᠤ ᠪᠠᠶᠢᠭᠰᠠᠨ᠃ ᠡᠭᠦᠨ ᠠᠴᠠ ᠭᠠᠳᠠᠨ᠎ᠠ᠂ ᠲᠤᠬᠠᠢ ᠶᠢᠨ ᠦᠶ᠎ᠡ ᠶᠢᠨ ᠬᠥᠮᠥᠰ ᠲᠥᠪᠡᠳ ᠦᠰᠦᠭ ᠢ ᠪᠤᠷᠬᠠᠨ ᠤ ᠦᠰᠦᠭ ᠬᠡᠮᠡᠨ ᠦᠵᠡᠵᠦ᠂ ᠵᠦᠪᠭᠡᠨ ᠲᠥᠪᠡᠳ ᠢᠶᠠᠷ ᠰᠤᠳᠤᠷ ᠨᠣᠮ ᠪᠢᠴᠢᠪᠡᠯ ᠰᠠᠶ᠋ᠢ ᠰᠦᠰᠦᠭ ᠢᠶᠠᠨ ᠭᠦᠢᠴᠡᠳᠬᠡᠵᠦ ᠴᠢᠳᠠᠨ᠎ᠠ ᠭᠡᠵᠦ ᠢᠲᠡᠭᠡᠳᠡᠭ ᠪᠠᠶᠢᠪᠠ᠂ ᠢᠩᠭᠢᠭᠡᠳ ᠮᠣᠩᠭᠤᠯ ᠯᠠᠮᠠ ᠡᠷᠳᠡᠮᠲᠡᠳ ᠤᠨ ᠲᠥᠪᠡᠳ ᠢᠶᠠᠷ ᠲᠤᠭᠤᠷᠪᠢᠭᠰᠠᠨ ᠵᠣᠬᠢᠶᠠᠯ ᠪᠦᠲᠦᠭᠡᠯ ᠦᠯᠡᠮᠵᠢ ᠤᠯᠠᠨ ᠳᠡᠯᠭᠡᠷᠡᠭᠰᠡᠨ ᠶᠤᠮ︾ ᠭᠡᠵᠦ ᠥᠪᠥᠷ ᠮᠣᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠮᠣᠩᠭᠤᠯ ᠰᠤᠳᠤᠯᠤᠯ ᠤᠨ ᠲᠥᠪᠡᠳ ᠰᠤᠷᠪᠤᠯᠵᠢᠰ ᠰᠤᠳᠤᠯᠬᠤ ᠲᠥᠪ ᠤᠨ ᠡᠷᠭᠢᠯᠡᠭᠴᠢ ᠱᠦ ᠯᠢᠨ ᠶᠠᠷᠢᠨ᠎ᠠ᠃      ᠮᠣᠩᠭᠤᠯ ᠰᠤᠳᠤᠯᠤᠯ ᠤᠨ ᠲᠥᠪᠡᠳ ᠬᠡᠯᠡᠨ ᠤ ᠰᠤᠷᠪᠤᠯᠵᠢ ᠪᠢᠴᠢᠭ ᠲᠤ ᠮᠣᠩᠭᠤᠯᠴᠤᠳ ᠤᠨ ᠲᠥᠪᠡᠳ ᠬᠡᠯᠡ ᠪᠠᠷ ᠲᠤᠭᠤᠷᠪᠢᠨ ᠪᠢᠴᠢᠭᠰᠡᠨ ᠰᠤᠷᠪᠤᠯᠵᠢ ᠪᠢᠴᠢᠭ᠂ ᠲᠥᠪᠡᠳᠴᠦᠳ ᠤᠨ ᠪᠢᠴᠢᠭᠰᠡᠨ ᠮᠣᠩᠭᠤᠯ ᠰᠤᠳᠤᠯᠤᠯ ᠤᠨ ᠬᠠᠮᠢᠶ᠎ᠠ ᠲᠠᠢ ᠠᠭᠤᠯᠭ᠎ᠠ ᠪᠦᠬᠦᠢ ᠰᠤᠷᠪᠤᠯᠵᠢ ᠪᠢᠴᠢᠭ ᠪᠠᠭᠲᠠᠵᠤ ᠪᠠᠶᠢᠬᠤ ᠪᠠᠷ ᠦᠯᠦ ᠪᠠᠷᠠᠮ ᠪᠠᠰᠠ ᠰᠠᠨᠰᠺᠷᠢᠲ ᠬᠡᠯᠡᠨ ᠠᠴᠠ ᠲᠥᠪᠡᠳ ᠬᠡᠯᠡᠨ ᠳᠤ ᠣᠷᠴᠢᠭᠤᠯᠤᠭᠰᠠᠨ ᠪᠤᠷᠬᠠᠨ ᠤ ᠰᠤᠳᠤᠷ ᠢ ᠴᠦ ᠪᠠᠭᠲᠠᠭᠠᠵᠤ ᠪᠠᠶᠢᠳᠠᠭ᠃ ᠪᠦᠷᠢᠨ ᠪᠤᠰᠤ ᠪᠦᠷᠢᠳᠬᠡᠯ ᠢ ᠦᠨᠳᠦᠰᠦᠯᠡᠪᠡᠯ᠂ ᠲᠡᠦᠬᠡᠨ ᠳᠡᠭᠡᠷ᠎ᠡ ᠨᠡᠶᠢᠳᠡ 500 ᠭᠠᠷᠤᠢ ᠮᠣᠩᠭᠤᠯ ᠯᠠᠮᠠ ᠡᠷᠳᠡᠮᠲᠡᠳ ᠲᠥᠪᠡᠳ ᠢᠶᠠᠷ ᠵᠣᠬᠢᠶᠠᠯ ᠪᠦᠲᠦᠭᠡᠯ ᠲᠤᠭᠤᠷᠪᠢᠨ ᠪᠢᠴᠢᠭᠰᠡᠨ ᠪᠠᠶᠢᠳᠠᠭ᠂ ᠡᠳᠡᠭᠡᠷ ᠵᠣᠬᠢᠶᠠᠯ ᠪᠦᠲᠦᠭᠡᠯ ᠨᠢ ᠲᠠᠭᠤᠨ ᠤᠬᠠᠭᠠᠨ᠂ ᠳᠣᠲᠣᠭᠠᠳᠤ ᠤᠬᠠᠭᠠᠨ᠂ ᠨᠤᠲᠠᠯᠠᠬᠤᠢ ᠤᠬᠠᠭᠠᠨ᠂ ᠤᠷᠠᠯᠠᠬᠤᠢ ᠤᠬᠠᠭᠠᠨ᠂ ᠲᠡᠵᠢᠭᠡᠬᠦᠢ ᠤᠬᠠᠭᠠᠨ ᠭᠡᠬᠦ ︽ᠶᠡᠭᠡ ᠲᠠᠪᠤᠨ ᠤᠬᠠᠭᠠᠨ︾ ᠪᠠ ᠵᠣᠬᠢᠰᠲᠤ ᠠᠶᠠᠯᠭᠤ᠂ ᠬᠤᠯᠪᠣᠨ ᠨᠠᠶᠢᠷᠠᠭᠤᠯᠭ᠎ᠠ᠂ ᠢᠯᠡᠳᠲᠡ ᠥᠭᠦᠯᠡᠬᠦᠢ᠂ ᠲᠠᠭᠤᠤᠷᠢ᠂ ᠤᠲᠤᠨ ᠵᠢᠷᠤᠬᠠᠢ ᠭᠡᠬᠦ ︽ᠪᠠᠭ᠎ᠠ ᠲᠠᠪᠤᠨ ᠤᠬᠠᠭᠠᠨ︾ ᠲᠡᠷᠢᠭᠦᠲᠡᠨ ᠢ ᠬᠠᠮᠤᠷᠴᠤ᠂ ᠤᠲᠤ ᠶᠢᠨ ᠬᠠᠷᠠᠴᠠᠨ ᠳᠠᠬᠢ ᠲᠡᠦᠬᠡ᠂ ᠭᠦᠨ ᠤᠬᠠᠭᠠᠨ᠂ ᠯᠣᠭᠢᠭ ᠵᠦᠢ᠂ ᠪᠤᠷᠬᠠᠨ ᠤ ᠱᠠᠰᠢᠨ ᠤ ᠤᠬᠠᠭᠠᠨ᠂ ᠤᠳᠬ᠎ᠠ ᠵᠣᠬᠢᠶᠠᠯ᠂ ᠤᠳᠬ᠎ᠠ ᠵᠣᠬᠢᠶᠠᠯ ᠤᠨ ᠤᠨᠤᠯ᠂ ᠬᠡᠯᠡᠨ ᠵᠦᠢ᠂ ᠠᠨᠠᠭᠠᠬᠤ ᠤᠬᠠᠭᠠᠨ᠂ ᠤᠲᠤᠨ ᠣᠷᠣᠨ ᠤ ᠤᠬᠠᠭᠠᠨ᠂ ᠪᠠᠷᠢᠮᠠᠯ ᠰᠡᠶᠢᠯᠦᠮᠡᠯ᠂ ᠵᠠᠩ ᠦᠢᠯᠡ ᠵᠡᠷᠭᠡ ᠤᠯᠠᠨ ᠰᠢᠨᠵᠢᠯᠡᠭᠡᠨ ᠤ ᠰᠠᠯᠠᠭ᠎ᠠ ᠶᠢ ᠪᠠᠭᠲᠠᠭᠠᠳᠠᠭ᠃      ︽ᠪᠠᠷᠤᠭ 8 ᠳ᠋ᠤᠭᠠᠷ ᠵᠠᠭᠤᠨ ᠠᠴᠠ ᠡᠬᠢᠯᠡᠭᠡᠳ ᠲᠥᠪᠡᠳᠴᠦᠳ ᠲᠥᠪᠡᠳ ᠬᠡᠯᠡ ᠪᠠᠷ ᠵᠣᠬᠢᠶᠠᠯ ᠪᠦᠲᠦᠭᠡᠯ ᠲᠤᠭᠤᠷᠪᠢᠵᠤ ᠡᠬᠢᠯᠡᠭᠰᠡᠨ ᠪᠠᠶᠢᠨ᠎ᠠ᠂ ᠲᠡᠲᠡᠨᠤᠰ ᠤᠨ ᠪᠢᠴᠢᠭᠰᠡᠨ ᠲᠠᠯᠠᠢ ᠤᠯᠠᠨ ᠰᠦᠮᠪᠦᠮ ᠵᠣᠬᠢᠶᠠᠯ ᠪᠠ ᠪᠤᠰᠤᠳ ᠲᠠᠩᠰᠠ ᠡᠪᠬᠡᠮᠡᠯ ᠳᠣᠲᠣᠷ᠎ᠠ ᠮᠣᠩᠭᠤᠯᠴᠤᠳ ᠤᠨ ᠲᠡᠦᠬᠡ ᠰᠣᠶᠣᠯ ᠲᠠᠢ ᠬᠤᠯᠪᠣᠭᠳᠠᠭᠰᠠᠨ ᠵᠦᠢᠯ ᠤᠯᠠᠨ ᠪᠠᠶᠢᠨ᠎ᠠ᠂ ᠨᠡᠩ ᠴᠦ ᠰᠠᠨᠰᠺᠷᠢᠲ ᠬᠡᠯᠡᠨ ᠠᠴᠠ ᠲᠥᠪᠡᠳ ᠬᠡᠯᠡᠨ ᠳᠤ ᠣᠷᠴᠢᠭᠤᠯᠤᠭᠰᠠᠨ ︿ᠭᠠᠨᠵᠤᠤᠷ﹀᠂ ︿ᠳ᠋ᠠᠨᠵᠤᠤᠷ﹀ ᠵᠡᠷᠭᠡ ᠰᠤᠷᠪᠤᠯᠵᠢ ᠪᠢᠴᠢᠭ ᠨᠢ ᠮᠣᠩᠭᠤᠯ ᠲᠥᠪᠡᠳ ᠬᠤᠶᠠᠷ ᠦᠨᠳᠦᠰᠦᠲᠡᠨ ᠤ ᠰᠣᠶᠣᠯ ᠲᠡᠦᠬᠡ ᠶᠢ ᠰᠤᠳᠤᠯᠬᠤ ᠳᠤ ᠣᠯᠳᠠᠰᠢ ᠦᠭᠡᠢ ᠬᠤᠪᠣᠷ ᠮᠠᠲ᠋ᠧᠷᠢᠶᠠᠯ ᠪᠣᠯᠤᠭᠰᠠᠨ ᠰᠢᠦ︾ ᠭᠡᠵᠦ ᠱᠦ ᠯᠢᠨ ᠲᠠᠨᠢᠯᠴᠠᠭᠤᠯᠤᠨ᠎ᠠ᠃      ᠤᠲᠤ ᠣᠯᠳᠠᠭᠠᠳ ᠪᠠᠶᠢᠭ᠎ᠠ ᠬᠠᠮᠤᠭ ᠤᠨ ᠡᠷᠲᠡᠨ ᠤ ᠲᠥᠪᠡᠳ ᠬᠡᠯᠡ ᠪᠠᠷ ᠪᠢᠴᠢᠭᠳᠡᠭᠰᠡᠨ ᠮᠣᠩᠭᠤᠯ ᠰᠤᠳᠤᠯᠤᠯ ᠤᠨ ᠰᠤᠷᠪᠤᠯᠵᠢ ᠪᠢᠴᠢᠭ ᠪᠣᠯ 1249 ᠣᠨ ᠳᠤ ᠪᠢᠴᠢᠭᠳᠡᠭᠰᠡᠨ ︽ᠰᠠᠰᠭᠢᠶ᠎ᠠ ᠪᠠᠨᠳᠢᠳᠠ ᠭᠦᠩᠭᠠᠵᠠᠯᠰᠠᠨ ᠤ ᠲᠥᠪᠡᠳ ᠤᠨ ᠪᠤᠶᠠᠨ ᠤ ᠰᠠᠲᠦᠨ ᠳᠡᠭᠡᠳᠦ ᠲᠥᠷᠥᠯᠬᠢᠲᠡᠨ ᠵᠢᠴᠢ ᠤᠯᠠᠨ ᠥᠭᠯᠢᠭᠡ ᠶᠢᠨ ᠡᠵᠡᠨ ᠎ ᠳᠤᠷ ᠥᠭᠭᠦᠭᠰᠡᠨ ᠪᠢᠴᠢᠭ︾ ᠪᠣᠯᠣᠨ᠎ᠠ᠃ ᠰᠤᠳᠤᠯᠭᠠᠲᠠᠳ ᠡᠭᠦᠨ ᠢ ᠰᠤᠷᠪᠤᠯᠵᠢ ᠪᠢᠴᠢᠭ ᠲᠤ ᠲᠣᠳᠣᠷᠬᠠᠢ ᠲᠡᠮᠳᠡᠭᠯᠡᠭᠳᠡᠭᠰᠡᠨ ᠬᠠᠮᠤᠭ ᠤᠨ ᠡᠷᠲᠡᠨ ᠤ ᠮᠣᠩᠭᠤᠯ ᠰᠤᠳᠤᠯᠤᠯ ᠲᠠᠢ ᠬᠤᠯᠪᠣᠭᠳᠠᠬᠤ ᠮᠠᠲ᠋ᠧᠷᠢᠶᠠᠯ ᠭᠡᠵᠦ ᠦᠵᠡᠳᠡᠭ ᠪᠤᠯᠪᠠᠴᠦ ᠡᠭᠦᠨ ᠠᠴᠠ ᠡᠮᠦᠨ᠎ᠡ ᠪᠠᠰᠠ ᠪᠤᠰᠤᠳ ᠰᠤᠷᠪᠤᠯᠵᠢ ᠲᠡᠮᠳᠡᠭᠯᠡᠯ ᠪᠠᠶᠢᠵᠤ ᠮᠡᠳᠡᠭᠦ ᠪᠥᠭᠡᠳ ᠵᠦᠪᠭᠡᠨ ᠤᠲᠤ ᠬᠠᠷᠠᠬᠠᠨ ᠢᠯᠡᠷᠡᠭᠦᠯᠦᠭᠡ ᠦᠭᠡᠢ ᠲᠡᠳᠦᠢ ᠪᠠᠶᠢᠵᠤ ᠮᠡᠳᠡᠨ᠎ᠡ᠃ ᠮᠣᠩᠭᠤᠯᠴᠤᠳ ᠤᠨ ᠲᠥᠪᠡᠳ ᠬᠡᠯᠡ ᠪᠠᠷ ᠪᠢᠴᠢᠭᠰᠡᠨ ᠬᠠᠮᠤᠭ ᠤᠨ ᠡᠷᠲᠡᠨ ᠤ ᠰᠤᠷᠪᠤᠯᠵᠢ ᠪᠢᠴᠢᠭ ᠪᠣᠯ 13 ᠳ᠋ᠤᠭᠠᠷ ᠵᠠᠭᠤᠨ ᠤ ᠰᠡᠭᠦᠯᠴᠢ 14 ᠳ᠋ᠦ᠋ᠭᠡᠷ ᠵᠠᠭᠤᠨ ᠤ ᠡᠬᠢᠨ ᠳᠤ ᠴᠣᠶᠢᠵᠢᠣ᠋ᠳᠰᠡᠷ ᠤᠨ ᠪᠢᠴᠢᠭᠰᠡᠨ ︽ᠪᠤᠷᠬᠠᠨ ᠤ 12 ᠵᠣᠬᠢᠶᠠᠩᠭᠤᠢ︾ ᠭᠡᠮᠡᠭᠦ ᠨᠣᠮ ᠪᠤᠯᠬᠤ ᠶᠤᠮ᠃      ︽ᠡᠨᠡ ᠨᠣᠮ ᠢ ᠰᠢᠷᠡᠪᠰᠡᠩᠭᠡ ᠮᠣᠩᠭᠤᠯ ᠢᠶᠠᠷ ᠣᠷᠴᠢᠭᠤᠯᠤᠭᠰᠠᠨ ᠶᠤᠮ᠂ ᠭᠡᠪᠡᠴᠦ ᠤᠲᠤ ᠪᠤᠯᠲᠠᠯ᠎ᠠ ᠮᠣᠩᠭᠤᠯ ᠣᠷᠴᠢᠭᠤᠯᠭ᠎ᠠ ᠶᠢ ᠨᠢ ᠣᠯᠣᠭᠰᠠᠨ ᠠᠴᠠ ᠪᠢᠰᠢ᠂ ᠲᠥᠪᠡᠳ ᠡᠬᠡ ᠶᠢ ᠨᠢ ᠣᠯᠣᠭᠠᠳᠤᠢ ᠪᠠᠶᠢᠭᠰᠠᠭᠠᠷ᠃ ᠡᠭᠦᠨ ᠠᠴᠠ ᠨᠠᠭᠠᠰᠢ ᠤᠯᠠᠨ ᠦᠶ᠎ᠡ ᠶᠢᠨ ᠮᠣᠩᠭᠤᠯ ᠯᠠᠮᠠ ᠡᠷᠳᠡᠮᠲᠡᠳ ᠲᠥᠪᠡᠳ ᠢᠶᠠᠷ ᠲᠤᠭᠤᠷᠪᠢᠭᠰᠠᠭᠠᠷ ᠢᠷᠡᠭᠰᠡᠨ ᠪᠥᠭᠡᠳ ᠰᠢᠨ᠎ᠡ ᠵᠠᠭᠤᠨ ᠭᠦᠷᠳᠡᠯ᠎ᠡ ᠪᠡᠭᠡᠵᠢᠩ ᠤᠨ ᠨᠠᠶᠢᠷᠠᠯᠲᠦ ᠨᠠᠶᠢᠷᠠᠮᠲᠠᠭᠤ ᠣᠷᠳᠣᠨ ᠤ ᠤᠤᠯ ᠤᠨ ᠬᠠᠮᠪᠤ ᠯᠠᠮᠠ ᠵᠠᠮᠢᠶᠠᠨᠲᠦᠪᠳᠡᠨ᠂ ᠠᠷᠪᠠᠨ ᠨᠢᠭᠡᠳᠦᠭᠡᠷ ᠳᠦᠷᠢ ᠶᠢᠨ ᠤᠯᠠᠭᠠᠨ ᠭᠡᠭᠡᠨ ᠭᠠᠯᠰᠠᠩᠬᠠᠶᠢᠷᠤᠪᠲᠠᠮᠪᠢᠨᠢᠮ᠎ᠠ ᠨᠠᠷ ᠲᠥᠪᠡᠳ ᠢᠶᠠᠷ ᠵᠣᠬᠢᠶᠠᠯ ᠪᠦᠲᠦᠭᠡᠯ ᠲᠤᠭᠤᠷᠪᠢᠵᠤ ᠪᠠᠶᠢᠭᠰᠠᠨ ᠶᠤᠮ︾ ᠭᠡᠵᠦ ᠱᠦ ᠯᠢᠨ ᠶᠠᠷᠢᠨ᠎ᠠ᠃      70 ᠵᠢᠯ ᠤᠨ ᠰᠤᠳᠤᠯᠭᠠᠨ ᠲᠠᠷᠲᠠᠩ ᠵᠠᠮ ᠢᠶᠠᠨ ᠡᠯᠭᠦᠯ᠎ᠡ      2019 ᠣᠨ ᠤ 11 ᠰᠠᠷ᠎ᠠ ᠶᠢᠨ 20 ᠎ ᠤ ᠡᠳᠦᠷ᠂ ᠥᠪᠥᠷ ᠮᠣᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠳᠤ᠂ ᠮᠣᠩᠭᠤᠯ ᠰᠤᠳᠤᠯᠤᠯ ᠤᠨ ᠲᠥᠪᠡᠳ ᠰᠤᠷᠪᠤᠯᠵᠢᠰ ᠰᠤᠳᠤᠯᠬᠤ ᠲᠥᠪ ᠤᠨ ᠫᠠᠶᠢᠰᠠ ᠰᠡᠭᠦᠭᠦ ᠶᠣᠰᠣᠯᠠᠯ ᠪᠠ ᠶᠠᠷᠢᠯᠴᠠᠬᠤ ᠬᠤᠷᠠᠯ ᠶᠠᠪᠤᠭᠳᠠᠪᠠ᠃ ᠮᠣᠩᠭᠤᠯ ᠰᠤᠳᠤᠯᠤᠯ ᠳᠤ ᠬᠤᠯᠪᠣᠭᠳᠠᠬᠤ ᠲᠥᠪᠡᠳ ᠰᠤᠷᠪᠤᠯᠵᠢ ᠪᠢᠴᠢᠭ ᠪᠠ ᠲᠠᠩᠰᠠ ᠡᠪᠬᠡᠮᠡᠯ ᠢ ᠠᠭᠤᠳᠠᠯᠤᠨ ᠢᠯᠡᠷᠡᠭᠦᠯᠭᠦ᠂ ᠡᠮᠬᠢᠳᠬᠡᠨ ᠲᠥᠷᠥᠯᠵᠢᠭᠦᠯᠬᠦ ᠪᠠ ᠰᠤᠳᠤᠯᠤᠨ ᠰᠢᠨᠵᠢᠯᠡᠬᠦ ᠪᠠᠷ ᠵᠣᠷᠢᠯᠭ᠎ᠠ ᠪᠠᠨ ᠪᠤᠯᠭᠠᠬᠰᠠᠨ ᠲᠤᠰ ᠪᠠᠶᠢᠭᠤᠯᠤᠮᠵᠢ ᠨᠢ ᠮᠣᠩᠭᠤᠯ ᠰᠤᠳᠤᠯᠤᠯ ᠤᠨ ᠠᠭᠤᠯᠭ᠎ᠠ ᠶᠢ ᠲᠡᠯᠡᠵᠦ᠂ ᠠᠭᠤᠯᠬᠤᠨ ᠢ ᠨᠢ ᠪᠠᠶᠠᠯᠢᠭᠵᠢᠭᠤᠯᠵᠤ᠂ ᠮᠠᠨ ᠤ ᠤᠯᠤᠰ ᠲᠤ ᠮᠣᠩᠭᠤᠯ ᠰᠤᠳᠤᠯᠤᠯ ᠲᠠᠢ ᠬᠤᠯᠪᠣᠭᠳᠠᠬᠤ ᠲᠥᠪᠡᠳ ᠰᠤᠷᠪᠤᠯᠵᠢ ᠪᠢᠴᠢᠭ ᠢ ᠰᠤᠳᠤᠯᠬᠤ ᠲᠤᠰᠬᠠᠢ ᠪᠠᠶᠢᠭᠤᠯᠤᠮᠵᠢ ᠦᠭᠡᠢ ᠪᠠᠶᠢᠭᠰᠠᠨ ᠬᠤᠭᠤᠰᠤᠨ ᠢ ᠨᠥᠬᠦᠪᠦᠷᠢᠯᠡᠭᠰᠡᠨ ᠪᠢᠯᠡ᠃      ︽ᠮᠠᠨ ᠤ ᠰᠤᠳᠤᠯᠬᠤ ᠲᠥᠪ ᠭᠤᠣᠯᠳᠠᠭᠤ ᠮᠣᠩᠭᠤᠯᠴᠤᠳ ᠤᠨ ᠲᠥᠪᠡᠳ ᠢᠶᠠᠷ ᠲᠤᠭᠤᠷᠪᠢᠭᠰᠠᠨ ᠤᠳᠬ᠎ᠠ ᠵᠣᠬᠢᠶᠠᠯ ᠪᠠ ᠤᠳᠬ᠎ᠠ ᠵᠣᠬᠢᠶᠠᠯ ᠤᠨ ᠤᠨᠤᠯ ᠤᠨ ᠰᠤᠳᠤᠯᠭᠠᠨ ᠳᠤ ᠰᠠᠭᠤᠷᠢᠯᠠᠵᠤ᠂ ᠮᠣᠩᠭᠤᠯ ᠦᠨᠳᠦᠰᠦᠲᠡᠨ ᠤ ᠪᠤᠷᠬᠠᠨ ᠱᠠᠰᠢᠨ ᠤ ᠲᠡᠦᠬᠡ ᠶᠢᠨ ᠰᠤᠳᠤᠯᠭᠠᠨ᠂ ᠮᠣᠩᠭᠤᠯ ᠲᠥᠪᠡᠳ ᠬᠠᠷᠢᠴᠠᠭᠤᠯᠤᠭᠰᠠᠨ ︿ᠭᠡᠰᠡᠷ﹀ ᠎ ᠤᠨ ᠰᠤᠳᠤᠯᠤᠯ᠂ ︿ᠭᠠᠨᠵᠤᠤᠷ﹀᠂ ︿ᠳ᠋ᠠᠨᠵᠤᠤᠷ﹀ ᠎ ᠤᠨ ᠰᠤᠳᠤᠯᠭᠠᠨ᠂ ᠮᠣᠩᠭᠤᠯ ᠲᠥᠪᠡᠳ ᠠᠨᠠᠭᠠᠬᠤ ᠤᠬᠠᠭᠠᠨ ᠤ ᠰᠤᠳᠤᠯᠭᠠᠨ ᠵᠡᠷᠭᠡ ᠬᠦᠷᠢᠶ᠎ᠡ ᠴᠠᠷᠠᠭ᠎ᠠ ᠳᠤ ᠠᠭᠠᠵᠢᠮ ᠢᠶᠠᠷ ᠭᠦᠨᠵᠡᠭᠡᠶᠢᠷᠡᠬᠦ ᠪᠣᠯᠣᠨ᠎ᠠ︾ ᠭᠡᠵᠦ ᠱᠦ ᠯᠢᠨ ᠰᠤᠳᠤᠯᠬᠤ ᠲᠥᠪ ᠤᠨ ᠢᠶᠠᠨ ᠪᠠᠶᠢᠳᠠᠯ ᠢ ᠲᠠᠨᠢᠯᠴᠠᠭᠤᠯᠪᠠ᠃      ᠰᠤᠷᠪᠤᠯᠵᠢ ᠪᠢᠴᠢᠭ ᠡᠮᠬᠢᠳᠬᠡᠨ ᠴᠤᠭᠯᠠᠭᠤᠯᠬᠤ ᠪᠠ ᠰᠤᠳᠤᠯᠬᠤ ᠪᠣᠯ ᠲᠤᠰ ᠪᠠᠶᠢᠭᠤᠯᠤᠮᠵᠢ ᠶᠢᠨ ᠬᠤᠶᠠᠷ ᠴᠢᠬᠤᠯᠠ ᠠᠵᠢᠯ ᠪᠣᠯᠣᠨ᠎ᠠ᠃ ᠮᠣᠩᠭᠤᠯ ᠰᠤᠳᠤᠯᠤᠯ ᠤᠨ ᠲᠥᠪᠡᠳ ᠰᠤᠷᠪᠤᠯᠵᠢ ᠪᠢᠴᠢᠭ ᠨᠢ ᠲᠥᠪᠡᠳ ᠤᠨ ᠥᠪᠡᠷᠲᠡᠭᠡᠨ ᠵᠠᠰᠠᠬᠤ ᠣᠷᠣᠨ᠂ ᠬᠥᠬᠡᠨᠠᠭᠤᠷ᠂ ᠭᠠᠨᠰᠤ ᠶᠢᠨ ᠰᠦᠮ᠎ᠡ ᠬᠡᠶᠢᠳ ᠪᠠ ᠨᠣᠮ ᠤᠨ ᠰᠠᠩ᠂ ᠤᠯᠤᠰ ᠤᠨ ᠨᠣᠮ ᠤᠨ ᠰᠠᠩ᠂ ᠪᠡᠭᠡᠵᠢᠩ ᠤᠨ ᠦᠨᠳᠦᠰᠦᠲᠡᠨ ᠤ ᠨᠣᠮ ᠤᠨ ᠰᠠᠩ᠂ ᠰᠧᠴᠤᠸᠠᠨ ᠮᠤᠵᠢ ᠳᠤ ᠪᠠᠶᠢᠭ᠎ᠠ ᠪᠠᠷᠠᠭᠤᠨ ᠡᠮᠦᠨᠡᠲᠦ ᠶᠢᠨ ᠦᠨᠳᠦᠰᠦᠲᠡᠨ ᠤ ᠶᠡᠭᠡ ᠰᠤᠷᠭᠠᠭᠤᠯᠢ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠨᠣᠮ ᠤᠨ ᠰᠠᠩ᠂ ᠥᠪᠥᠷ ᠮᠣᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠨᠣᠮ ᠤᠨ ᠰᠠᠩ ᠵᠡᠷᠭᠡ ᠪᠠᠶᠢᠭᠤᠯᠭ᠎ᠠ ᠨᠢᠭᠡᠴᠢ ᠵᠢᠴᠢ ᠮᠣᠩᠭᠤᠯ ᠤᠯᠤᠰ᠂ ᠤᠷᠤᠰ ᠤᠨ ᠬᠤᠯᠪᠣᠭᠠᠨ ᠤ ᠪᠦᠭᠦᠳᠡ ᠨᠠᠶᠢᠷᠠᠮᠳᠠᠬᠤ ᠪᠤᠷᠢᠶᠠᠳ ᠤᠯᠤᠰ᠂ ᠭᠧᠷᠮᠠᠨ᠂ ᠶᠠᠫᠤᠨ᠂ ᠠᠮᠧᠷᠢᠺᠠ᠂ ᠡᠨᠡᠳᠬᠡᠭ ᠵᠡᠷᠭᠡ ᠭᠠᠳᠠᠭᠠᠳᠤ ᠤᠯᠤᠰ ᠲᠤ ᠴᠦ ᠬᠠᠳᠠᠭᠠᠯᠠᠭᠳᠠᠵᠤ ᠪᠠᠶᠢᠭ᠎ᠠ ᠪᠣᠯᠬᠤᠷ ᠡᠮᠬᠢᠳᠬᠡᠨ ᠴᠤᠭᠯᠠᠭᠤᠯᠬᠤ ᠠᠵᠢᠯ ᠳᠤ ᠤᠯᠠᠨ ᠲᠠᠯ᠎ᠠ ᠶᠢᠨ ᠬᠦᠴᠢᠷᠳᠡᠯ ᠠᠪᠴᠢᠷᠠᠵᠠᠢ᠃      ︽ᠤᠲᠤ ᠦᠶ᠎ᠡ ᠳᠤ ᠮᠣᠩᠭᠤᠯᠴᠤᠳ ᠤᠨ ᠲᠥᠪᠡᠳ ᠬᠡᠯᠡ ᠪᠠᠷ ᠪᠢᠴᠢᠭᠰᠡᠨ ᠰᠤᠷᠪᠤᠯᠵᠢ ᠪᠢᠴᠢᠭ ᠤᠨ ᠲᠤᠬᠠᠢ ᠰᠤᠳᠤᠯᠭᠠᠨ ᠳᠡᠭᠡᠷ᠎ᠡ ᠵᠠᠭᠤᠨ ᠤ ᠲᠠᠪᠢᠭᠠᠳ ᠣᠨ ᠠᠴᠠ ᠡᠷᠴᠢᠮᠲᠡᠢ ᠶᠠᠪᠤᠭᠳᠠᠵᠤ ᠡᠬᠢᠯᠡᠭᠰᠡᠨ ᠪᠠᠶᠢᠨ᠎ᠠ᠃ 2015 ᠣᠨ ᠳᠤ᠂ ᠮᠢᠨᠤ ᠪᠠᠭᠰᠢ ᠲᠥᠪᠡᠳᠴᠢ ᠡᠷᠳᠡᠮᠲᠡᠨ ᠠᠠ᠊ · ᠡᠷᠳᠡᠨᠢᠪᠠᠶᠠᠷ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠲᠣᠮᠣ ᠲᠥᠰᠥᠯ ᠪᠤᠯᠬᠤ ︿ᠶᠤᠸᠠᠨ ᠮᠢᠩ ᠴᠢᠩ ᠤᠨ ᠦᠶ᠎ᠡ ᠶᠢᠨ ᠮᠣᠩᠭᠤᠯᠴᠤᠳ ᠤᠨ ᠲᠥᠪᠡᠳ ᠰᠤᠷᠪᠤᠯᠵᠢᠰ ᠤᠨ ᠠᠭᠤᠳᠠᠯᠤᠯ᠂ ᠡᠮᠬᠢᠳᠬᠡᠯ ᠬᠢᠭᠡᠳ ᠰᠤᠳᠤᠯᠤᠯ﹀ ᠰᠡᠳᠦᠪ ᠢᠶᠠᠷ ᠲᠥᠪᠡᠳ ᠰᠤᠷᠪᠤᠯᠵᠢᠰ ᠢ ᠴᠤᠭᠯᠠᠭᠤᠯᠵᠤ ᠡᠮᠬᠢᠳᠬᠡᠬᠦ ᠠᠵᠢᠯ ᠢ ᠡᠬᠢᠯᠡᠵᠦ ᠬᠢᠭᠰᠡᠨ ᠪᠠᠶᠢᠨ᠎ᠠ᠃ ᠪᠢ ᠪᠠᠭᠰᠢ ᠲᠠᠢ ᠪᠠᠨ ᠬᠤᠶᠠᠭᠤᠯᠠ ᠪᠦᠭᠦ ᠤᠯᠤᠰ ᠤᠨ ᠲᠣᠮᠣ ᠲᠣᠮᠣ ᠰᠦᠮ᠎ᠡ ᠬᠡᠶᠢᠳ᠂ ᠨᠣᠮ ᠤᠨ ᠰᠠᠩ᠂ ᠨᠣᠮ ᠤᠨ ᠳᠡᠯᠭᠡᠭᠦᠷ ᠢᠶᠠᠷ ᠶᠠᠪᠤᠵᠤ ᠰᠤᠷᠪᠤᠯᠵᠢᠰ ᠴᠤᠭᠯᠠᠭᠤᠯᠤᠭᠰᠠᠨ ᠪᠥᠭᠡᠳ ᠭᠠᠳᠠᠭᠠᠳᠤ ᠤᠯᠤᠰ ᠲᠤ ᠴᠦ ᠰᠤᠷᠠᠭ ᠲᠠᠯᠪᠢᠭᠤᠯᠤᠨ ᠡᠷᠢᠭᠦᠯᠵᠦ᠂ ᠰᠦᠯᠵᠢᠶ᠎ᠡ ᠪᠠᠷ ᠡᠷᠢᠵᠦ ᠬᠤᠪᠢ ᠬᠥᠮᠥᠨ ᠠᠴᠠ ᠴᠦ ᠣᠯᠵᠤ ᠪᠠᠶᠢᠭᠰᠠᠨ᠂ ᠲᠡᠭᠡᠭᠡᠳ ᠨᠡᠶᠢᠳᠡ 120 ᠭᠠᠷᠤᠢ ᠯᠠᠮᠠ ᠡᠷᠳᠡᠮᠲᠡᠳ ᠤᠨ ᠰᠦᠮᠪᠦᠮ ᠵᠣᠬᠢᠶᠠᠯ ᠪᠠ ᠭᠠᠭᠴᠠ ᠬᠤᠶᠠᠷ ᠵᠣᠬᠢᠶᠠᠯ ᠪᠦᠲᠦᠭᠡᠯ ᠢ ᠴᠤᠭᠯᠠᠭᠤᠯᠵᠤ ᠣᠯᠣᠭᠰᠠᠨ ᠪᠠᠶᠢᠨ᠎ᠠ︾ ᠭᠡᠵᠦ ᠱᠦ ᠯᠢᠨ ᠶᠠᠷᠢᠨ᠎ᠠ᠃ ᠠᠠ᠊ · ᠡᠷᠳᠡᠨᠢᠪᠠᠶᠠᠷ ᠪᠠᠭᠰᠢ ᠰᠢᠭ᠋ ᠡᠷᠳᠡᠮᠲᠡᠨ ᠰᠤᠳᠤᠯᠭᠠᠲᠠᠳ᠂ ᠭᠠᠵᠠᠷ ᠵᠦᠢ ᠶᠢᠨ ᠣᠷᠣᠨ ᠵᠠᠢ᠂ ᠴᠠᠭ ᠠᠭᠤᠷ ᠤᠨ ᠤᠨᠴᠠᠭᠠᠢ ᠨᠥᠬᠦᠴᠡᠯ ᠢ ᠬᠠᠶᠢᠬᠤᠷᠤᠯ ᠦᠭᠡᠢ ᠴᠠᠰᠤᠲᠤ ᠥᠨᠳᠦᠷᠯᠢᠭ ᠢᠶᠠᠷ ᠶᠠᠪᠤᠵᠤ᠂ ᠰᠦᠮ᠎ᠡ ᠬᠡᠶᠢᠳ ᠢᠶᠠᠷ ᠰᠤᠷᠪᠤᠯᠵᠢᠯᠠᠨ᠂ ᠰᠤᠳᠤᠷ ᠪᠢᠴᠢᠭ ᠴᠤᠭᠯᠠᠭᠤᠯᠤᠭᠰᠠᠨ ᠠᠴᠠ ᠮᠣᠩᠭᠤᠯ ᠰᠤᠳᠤᠯᠤᠯ ᠤᠨ ᠬᠦᠷᠢᠶᠡᠨ ᠳᠤ ᠮᠣᠩᠭᠤᠯ ᠰᠤᠳᠤᠯᠤᠯ ᠲᠠᠢ ᠬᠤᠯᠪᠣᠭᠳᠠᠬᠤ ᠲᠥᠪᠡᠳ ᠰᠤᠷᠪᠤᠯᠵᠢ ᠪᠢᠴᠢᠭ ᠭᠡᠬᠦ ᠡᠨᠡ ᠬᠦ ᠬᠥᠮᠥᠰ ᠤᠨ ᠠᠩᠬᠠᠷᠤᠯ ᠢ ᠲᠠᠲᠠᠭᠰᠠᠨ ᠰᠢᠨ᠎ᠡ ᠨᠢᠭᠡᠨ ᠠᠭᠤᠯᠭ᠎ᠠ ᠨᠡᠮᠡᠭᠳᠡᠭᠰᠡᠨ ᠪᠢᠯᠡ᠃ ᠦᠶ᠎ᠡ ᠦᠶ᠎ᠡ ᠶᠢᠨ ᠡᠷᠳᠡᠮᠲᠡᠨ ᠰᠤᠳᠤᠯᠭᠠᠲᠠᠳ ᠤᠨ ᠰᠢᠨᠲᠠᠷᠠᠰᠢ ᠦᠭᠡᠢ ᠴᠢᠷᠮᠠᠶᠢᠯᠭ᠎ᠠ ᠪᠠᠷ ᠲᠠᠮᠵᠢᠨ᠂ ᠮᠣᠩᠭᠤᠯ ᠰᠤᠳᠤᠯᠤᠯ ᠲᠠᠢ ᠬᠤᠯᠪᠣᠭᠳᠠᠬᠤ ᠲᠥᠪᠡᠳ ᠰᠤᠷᠪᠤᠯᠵᠢ ᠪᠢᠴᠢᠭ ᠤᠨ ᠰᠢᠨᠵᠢᠯᠡᠭᠡᠨ ᠤ ᠪᠠᠶᠢᠭᠤᠯᠤᠯᠲᠠ ᠪᠦᠷᠢᠨᠰᠢᠵᠦ᠂ ᠰᠤᠳᠤᠯᠭᠠᠨ ᠤ ᠪᠠᠶᠢᠭᠤᠯᠤᠮᠵᠢ ᠪᠦᠷᠢᠳᠦᠨ᠂ ᠰᠤᠳᠤᠯᠭᠠᠨ ᠤ ᠬᠦᠷᠢᠶ᠎ᠡ ᠴᠠᠷᠠᠭ᠎ᠠ ᠨᠢ ᠤᠯᠠᠮ ᠢᠶᠠᠷ ᠥᠷᠭᠡᠵᠢᠯ᠎ᠡ᠃      ᠲᠤᠭᠠᠴᠢᠯᠠᠭᠤᠯᠤᠯᠲᠠ ᠶᠢᠨ ᠮᠡᠷᠭᠡᠵᠢᠯ ᠢᠶᠠᠷ ᠰᠤᠷᠪᠤᠯᠵᠢ ᠪᠢᠴᠢᠭ ᠢᠶᠠᠨ ᠠᠮᠢᠯᠠᠭᠤᠯᠤᠨ᠎ᠠ      ︽ᠤᠯᠤᠰ ᠤᠨ ᠳᠣᠲᠣᠭᠠᠳᠤ ᠭᠠᠳᠠᠭᠠᠳᠤ ᠳᠤ ᠮᠣᠩᠭᠤᠯ ᠰᠤᠳᠤᠯᠤᠯ ᠳᠤ ᠬᠤᠯᠪᠣᠭᠳᠠᠬᠤ ᠲᠥᠪᠡᠳ ᠬᠡᠯᠡᠨ ᠤ ᠰᠤᠷᠪᠤᠯᠵᠢ ᠪᠢᠴᠢᠭ ᠤᠳ ᠮᠠᠰᠢ ᠤᠯᠠᠨ ᠬᠠᠳᠠᠭᠠᠯᠠᠭᠳᠠᠵᠤ ᠪᠤᠢ᠃ ᠭᠡᠪᠡᠴᠦ ᠲᠡᠷᠡ ᠪᠦᠭᠦᠨ ᠢᠶᠠᠷ ᠢᠶᠠᠨ ᠠᠰᠢᠭᠯᠠᠯᠲᠠ ᠳᠤ ᠣᠷᠣᠭᠰᠠᠨ ᠪᠢᠰᠢ᠂ ᠣᠨ ᠵᠢᠯ ᠤᠨ ᠨᠤᠭᠤᠴᠠᠭᠠᠨ ᠠᠴᠠ ᠪᠣᠯᠵᠤ ᠵᠠᠷᠢᠮ ᠰᠤᠷᠪᠤᠯᠵᠢ ᠪᠢᠴᠢᠭ ᠨᠢᠭᠡᠨᠲᠡ ᠤᠷᠠᠭᠳᠠᠵᠤ ᠨᠠᠪᠲᠠᠷᠠᠭᠠᠳ ᠠᠰᠢᠭᠯᠠᠬᠤ ᠶᠢᠨ ᠠᠷᠭ᠎ᠠ ᠦᠭᠡᠢ ᠪᠣᠯᠤᠭᠰᠠᠨ᠃ ᠡᠶᠢᠮᠦ ᠠᠴᠠ ᠰᠤᠷᠪᠤᠯᠵᠢ ᠪᠢᠴᠢᠭ ᠲᠤ ᠠᠪᠴᠤ ᠬᠡᠯᠡᠪᠡᠯ ᠲᠣᠭᠠᠴᠢᠯᠠᠭᠤᠯᠬᠤ ᠪᠣᠯ ᠵᠠᠪᠠᠯ ᠶᠠᠪᠤᠬᠤ ᠵᠠᠮ ᠪᠣᠯᠣᠨ᠎ᠠ︾ ᠭᠡᠵᠦ ᠥᠪᠥᠷ ᠮᠣᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠮᠣᠩᠭᠤᠯ ᠰᠤᠳᠤᠯᠤᠯ ᠤᠨ ᠲᠥᠪᠡᠳ ᠰᠤᠷᠪᠤᠯᠵᠢᠰ ᠰᠤᠳᠤᠯᠬᠤ ᠲᠥᠪ ᠤᠨ ᠡᠷᠭᠢᠯᠡᠭᠴᠢ ᠱᠦ ᠯᠢᠨ ᠰᠤᠷᠪᠤᠯᠵᠢᠯᠠᠬᠴᠢ ᠳᠤ ᠲᠠᠨᠢᠯᠴᠠᠭᠤᠯᠤᠨ᠎ᠠ᠃      ᠲᠤᠭᠠᠴᠢᠯᠠᠭᠤᠯᠤᠯᠲᠠ ᠪᠣᠯ ᠰᠤᠷᠪᠤᠯᠵᠢ ᠪᠢᠴᠢᠭ ᠢ ᠬᠠᠮᠠᠭᠠᠯᠠᠵᠤ ᠬᠠᠳᠠᠭᠠᠯᠠᠬᠤ᠂ ᠬᠠᠮᠲᠤ ᠪᠠᠷ ᠠᠰᠢᠭᠯᠠᠬᠤ ᠶᠢᠨ ᠪᠦᠲᠦᠮᠵᠢᠳᠡᠢ ᠠᠷᠭ᠎ᠠ ᠵᠠᠮ ᠪᠣᠯᠣᠨ᠎ᠠ᠃ ᠭᠡᠪᠡᠴᠦ ᠣᠳᠣᠬᠠᠨ ᠳᠤ ᠮᠡᠷᠭᠡᠵᠢᠯ ᠤᠨ ᠠᠰᠠᠭᠤᠳᠠᠯ᠂ ᠴᠢᠳᠠᠪᠤᠷᠢᠲᠠᠨ ᠤ ᠠᠰᠠᠭᠤᠳᠠᠯ ᠪᠠ ᠪᠡᠯᠡ ᠮᠥᠩᠭᠦ ᠶᠢᠨ ᠠᠰᠠᠭᠤᠳᠠᠯ ᠨᠢ ᠰᠤᠷᠪᠤᠯᠵᠢ ᠪᠢᠴᠢᠭ ᠢ ᠲᠣᠭᠠᠴᠢᠯᠠᠭᠤᠯᠤᠨ ᠬᠥᠮᠥᠷᠭᠡᠯᠡᠬᠦ ᠳᠤ ᠲᠤᠯᠭᠠᠷᠠᠭᠰᠠᠨ ᠬᠠᠮᠤᠭ ᠤᠨ ᠲᠣᠮᠣ ᠠᠰᠠᠭᠤᠳᠠᠯ ᠪᠣᠯᠵᠠᠢ᠃ ︽ᠪᠢᠳᠡ ᠤᠲᠤ ᠶᠠᠭ ᠰᠠᠶᠢᠬᠠᠨ ᠮᠣᠩᠭᠤᠯ ᠰᠤᠳᠤᠯᠤᠯ ᠤᠨ ᠲᠥᠪᠡᠳ ᠰᠤᠷᠪᠤᠯᠵᠢ ᠪᠢᠴᠢᠭ ᠢ ᠲᠣᠭᠠᠴᠢᠯᠠᠭᠤᠯᠬᠤ ᠠᠵᠢᠯ ᠢ ᠬᠢᠵᠦ ᠪᠠᠶᠢᠨ᠎ᠠ᠃ ᠡᠩ ᠲᠡᠷᠢᠭᠦᠨ ᠳᠤ ᠮᠡᠷᠭᠡᠵᠢᠯ ᠤᠨ ᠠᠰᠠᠭᠤᠳᠠᠯ ᠢ ᠵᠠᠪᠠᠯ ᠰᠢᠢᠳᠪᠦᠷᠢᠯᠡᠬᠦ ᠬᠡᠷᠡᠭᠲᠡᠢ᠂ ᠤᠲᠤ ᠪᠢᠳᠡ ᠰᠤᠷᠪᠤᠯᠵᠢ ᠪᠢᠴᠢᠭ ᠲᠣᠭᠠᠴᠢᠯᠠᠭᠤᠯᠬᠤ ᠫᠷᠦ᠋ᠭᠷᠠᠮ ᠵᠣᠬᠢᠶᠠᠬᠤ ᠠᠵᠢᠯ ᠢ ᠰᠧᠴᠤᠸᠠᠨ ᠮᠤᠵᠢ ᠶᠢᠨ ᠴᠧᠩᠳᠦ᠋ ᠬᠤᠲᠠ ᠶᠢᠨ ︿ᠯᠢᠶᠠᠨ ᠲᠦ᠋ ᠺᠧ ᠵᠢᠢ﹀ ᠭᠡᠮᠡᠭᠦ ᠰᠤᠷᠪᠤᠯᠵᠢ ᠪᠢᠴᠢᠭ ᠢ ᠢᠯᠭᠠᠨ ᠲᠠᠨᠢᠵᠤ᠂ ᠲᠣᠭᠠᠴᠢᠯᠠᠭᠤᠯᠬᠤ ᠠᠵᠢᠯ ᠢ ᠬᠢᠳᠡᠭ ᠲᠤᠰᠬᠠᠢ ᠺᠤᠮᠫᠠᠨᠢ ᠶᠢᠨ ᠨᠢᠭᠡᠨ ᠬᠤᠪᠢᠶᠠᠷᠢ ᠺᠤᠮᠫᠠᠨᠢ ᠳᠤ ᠳᠠᠭᠠᠭᠠᠴᠢᠯᠠᠵᠤ ᠥᠭᠭᠦᠭᠡᠳ ᠪᠠᠶᠢᠨ᠎ᠠ︾ ᠭᠡᠵᠦ ᠱᠦ ᠯᠢᠨ ᠶᠠᠷᠢᠨ᠎ᠠ᠃ᠮᠡᠷᠭᠡᠵᠢᠯ ᠤᠨ ᠠᠰᠠᠭᠤᠳᠠᠯ ᠪᠣᠯ ᠳ᠋ᠠᠶᠢᠲ᠋ᠠ ᠬᠥᠮᠥᠷᠭᠡ ᠪᠠᠶᠢᠭᠤᠯᠬᠤ ᠶᠢᠨ ᠠᠩᠬᠠᠨ ᠤ ᠰᠢᠯᠭᠠᠯᠲᠠ᠂ ᠡᠨᠡ ᠬᠦ ᠬᠦᠴᠢᠷᠳᠡᠯ ᠢ ᠢᠯᠠᠨ ᠳᠠᠪᠠᠭᠰᠠᠭᠠᠷ ᠲᠠᠷᠠᠭᠠᠴᠢ ᠶᠢᠨ ᠠᠵᠢᠯ ᠰᠢᠯᠤᠭᠤᠬᠠᠨ ᠪᠣᠯᠣᠨ᠎ᠠ᠃ ︽ᠲᠡᠲᠡ ᠮᠡᠷᠭᠡᠵᠢᠯ ᠤᠨ ᠠᠰᠠᠭᠤᠳᠠᠯ ᠢ ᠰᠢᠢᠳᠪᠦᠷᠢᠯᠡᠭᠰᠡᠭᠡᠷ ᠪᠢᠳᠡ ᠰᠤᠷᠪᠤᠯᠵᠢ ᠪᠢᠴᠢᠭ ᠢᠶᠠᠨ ᠲᠦᠷᠦᠯ ᠵᠠᠨᠠᠷ ᠢᠶᠠᠷ ᠨᠢ ᠬᠤᠪᠢᠶᠠᠵᠤ᠂ ᠮᠠᠲ᠋ᠧᠷᠢᠶᠠᠯ ᠢᠶᠠᠨ ᠣᠷᠣᠭᠤᠯᠤᠨ᠎ᠠ᠃ ᠮᠣᠩᠭᠤᠯ ᠰᠤᠳᠤᠯᠤᠯ ᠤᠨ ᠲᠥᠪᠡᠳ ᠰᠤᠷᠪᠤᠯᠵᠢ ᠪᠢᠴᠢᠭ ᠢ ᠲᠡᠦᠬᠡ᠂ ᠤᠷᠠᠨ ᠵᠣᠬᠢᠶᠠᠯ᠂ ᠤᠯᠠᠮᠵᠢᠯᠠᠯᠲᠤ ᠶᠡᠭᠡ ᠪᠠᠭ᠎ᠠ ᠲᠠᠪᠤᠨ ᠤᠬᠠᠭᠠᠨ ᠭᠡᠳ ᠨᠡᠶᠢᠳᠡ 12 ᠲᠣᠮᠣ ᠲᠦᠷᠦᠯ ᠵᠦᠢᠯ ᠳᠤ ᠬᠤᠪᠢᠶᠠᠬᠤ ᠪᠥᠭᠡᠳ ᠡᠳᠡᠭᠡᠷ ᠢᠶᠠᠨ ᠲᠠᠭᠢᠨ ᠨᠠᠷᠢᠨ ᠠᠩᠭᠢᠯᠠᠭᠠᠳ ᠲᠣᠭᠠᠴᠢᠯᠠᠭᠤᠯᠤᠭᠰᠠᠨ ᠮᠠᠲ᠋ᠧᠷᠢᠶᠠᠯ ᠢᠶᠠᠨ ᠣᠷᠣᠭᠤᠯᠵᠤ ᠲᠠᠯᠪᠢᠨ᠎ᠠ︾ ᠭᠡᠵᠦ ᠲᠣᠭᠠᠴᠢᠯᠠᠭᠤᠯᠬᠤ ᠠᠵᠢᠯ ᠤᠨ ᠢᠶᠠᠨ ᠲᠥᠯᠥᠪᠯᠡᠭᠡ ᠶᠢ ᠱᠦ ᠯᠢᠨ ᠨᠠᠷᠢᠨ ᠨᠢᠭᠲᠠ ᠲᠠᠨᠢᠯᠴᠠᠭᠤᠯᠵᠤ ᠪᠠᠶᠢᠯ᠎ᠠ᠃      ᠪᠠᠶᠢᠭᠤᠯᠤᠮᠵᠢ ᠶᠢᠨ ᠲᠠᠯ᠎ᠠ ᠠᠴᠠ ᠮᠣᠩᠭᠤᠯ ᠰᠤᠳᠤᠯᠤᠯ ᠤᠨ ᠲᠥᠪᠡᠳ ᠰᠤᠷᠪᠤᠯᠵᠢᠰ ᠰᠤᠳᠤᠯᠬᠤ ᠲᠥᠪ ᠲᠤ ᠥᠭᠡᠷ᠎ᠡ ᠲᠤᠰᠬᠠᠢ ᠠᠵᠢᠯᠲᠠᠨ ᠬᠠᠷᠠᠬᠠᠨ ᠲᠣᠬᠢᠷᠠᠭᠤᠯᠵᠤ ᠥᠭᠭᠦᠭᠡ ᠦᠭᠡᠢ ᠪᠣᠯᠬᠤᠷ ᠠᠵᠢᠯ ᠶᠠᠪᠤᠳᠠᠯ ᠢᠶᠠᠨ ᠶᠠᠪᠤᠭᠳᠠᠭᠤᠯᠬᠤ ᠳᠤ ᠬᠥᠮᠥᠨ ᠤ ᠬᠦᠴᠦᠨ ᠬᠦᠷᠦᠯᠴᠡᠬᠦ ᠦᠭᠡᠢ ᠠᠰᠠᠭᠤᠳᠠᠯ ᠴᠦ ᠲᠤᠯᠭᠠᠷᠠᠵᠤ ᠪᠠᠶᠢᠭ᠎ᠠ ᠶᠤᠮ᠃ ︽ᠲᠤᠭᠠᠴᠢᠯᠠᠭᠤᠯᠤᠯᠲᠠ ᠶᠢᠨ ᠬᠥᠮᠥᠷᠭᠡ ᠪᠠᠶᠢᠭᠤᠯᠬᠤ ᠪᠣᠯ ᠮᠣᠩᠭᠤᠯ ᠰᠤᠳᠤᠯᠤᠯ ᠳᠤ ᠲᠤᠶᠢᠯ ᠤᠨ ᠠᠴᠢ ᠬᠤᠯᠪᠣᠭᠳᠠᠯ ᠲᠠᠢ ᠶᠠᠪᠤᠳᠠᠯ ᠪᠤᠯᠬᠤ ᠶᠤᠮ᠃ ᠮᠠᠲ᠋ᠧᠷᠢᠶᠠᠯ ᠡᠷᠢᠬᠦ ᠳᠤ ᠠᠮᠠᠷ᠂ ᠬᠠᠮᠲᠤ ᠪᠠᠷ ᠠᠰᠢᠭᠯᠠᠬᠤ ᠳᠤ ᠲᠦᠭᠦᠮ ᠳ᠋ᠠᠶᠢᠲ᠋ᠠ ᠬᠥᠮᠥᠷᠭᠡ ᠶᠢ ᠪᠠᠶᠢᠭᠤᠯᠬᠤ ᠳᠤ ᠪᠡᠯᠡ ᠮᠥᠩᠭᠦᠨ ᠤ ᠲᠤᠰᠠᠯᠠᠯᠴᠠᠭ᠎ᠠ ᠴᠦ ᠬᠡᠷᠡᠭᠲᠡᠢ ᠪᠠᠶᠢᠳᠠᠭ᠃ ᠪᠢᠳᠡᠨ ᠤ ᠪᠡᠯᠡ ᠮᠥᠩᠭᠦ ᠬᠢᠵᠠᠭᠠᠷ ᠲᠠᠢ᠂ ᠭᠡᠪᠡᠴᠦ ᠡᠭᠦᠨ ᠠᠴᠠ ᠪᠣᠯᠵᠤ ᠬᠤᠶᠢᠰᠢ ᠤᠬᠤᠷᠢᠵᠤ ᠯᠡ ᠪᠤᠯᠬᠤ ᠦᠭᠡᠢ᠂ ᠲᠣᠭᠠᠴᠢᠯᠠᠭᠤᠯᠬᠤ ᠠᠵᠢᠯ ᠢᠶᠠᠨ ᠵᠠᠪᠠᠯ ᠡᠭᠢᠯᠡᠭᠦᠯᠭᠦ ᠬᠡᠷᠡᠭᠲᠡᠢ᠃ ᠮᠠᠨ ᠤ ᠬᠥᠮᠥᠷᠭᠡ ᠬᠤᠵᠢᠮ ᠨᠥᠯᠥᠭᠡ ᠶᠡᠬᠡᠲᠡᠢ ᠪᠣᠯᠣᠭᠰᠠᠭᠠᠷ ᠪᠤᠰᠤᠳ ᠰᠢᠨᠵᠢᠯᠡᠭᠡᠨ ᠤ ᠪᠠᠶᠢᠭᠤᠯᠭ᠎ᠠ ᠶᠢᠨ ᠬᠥᠮᠥᠰ ᠲᠠᠢ ᠬᠠᠮᠲᠤᠷᠠᠵᠤ ᠬᠢᠪᠡᠯ ᠨᠡᠩ ᠰᠠᠶᠢᠨ ᠪᠤᠯᠬᠤ ᠪᠤᠢ ᠭᠡᠵᠦ ᠪᠤᠲᠤᠵᠦ ᠪᠠᠶᠢᠨ᠎ᠠ︾ ᠭᠡᠵᠦ ᠱᠦ ᠯᠢᠨ ᠶᠠᠷᠢᠨ᠎ᠠ᠃      ᠣᠳᠣᠬᠠᠨ ᠳᠤ ᠮᠠᠰᠢ ᠤᠯᠠᠨ ᠨᠣᠮ ᠤᠨ ᠰᠠᠩ ᠰᠤᠷᠪᠤᠯᠵᠢ ᠪᠢᠴᠢᠭ ᠤᠨ ᠲᠣᠭᠠᠴᠢᠯᠠᠭᠤᠯᠤᠭᠰᠠᠨ ᠬᠥᠮᠥᠷᠭᠡ ᠶᠢ ᠪᠠᠶᠢᠭᠤᠯᠵᠤ ᠪᠠᠶᠢᠭ᠎ᠠ ᠪᠤᠯᠪᠠᠴᠦ᠂ ᠡᠯ᠎ᠡ ᠵᠦᠢᠯ ᠤᠨ ᠰᠢᠯᠲᠠᠭᠠᠨ ᠠᠴᠠ ᠪᠣᠯᠵᠤ ᠤᠯᠠᠨ ᠨᠡᠶᠢᠳᠡ ᠶᠢᠨ ᠬᠡᠷᠡᠭᠯᠡᠭᠡᠨ ᠳᠤ ᠬᠠᠷᠠᠬᠠᠨ ᠪᠦᠷᠢᠨ ᠣᠷᠣᠵᠤ ᠴᠢᠳᠠᠭ᠎ᠠ ᠦᠭᠡᠢ᠃ ︽ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠬᠢᠨ ᠪᠠᠰᠠ ᠮᠣᠩᠭᠤᠯ ᠲᠥᠪᠡᠳ ᠤᠷᠠᠨ ᠵᠣᠬᠢᠶᠠᠯ ᠤᠨ ᠲᠣᠭᠠᠴᠢᠯᠠᠭᠤᠯᠤᠭᠰᠠᠨ ᠬᠥᠮᠥᠷᠭᠡ ᠶᠢ ᠶᠠᠭ ᠰᠠᠶᠢᠬᠠᠨ ᠪᠠᠶᠢᠭᠤᠯᠵᠤ ᠪᠠᠶᠢᠨ᠎ᠠ᠂ ᠡᠳᠡᠭᠡᠷ ᠪᠣᠯ ᠪᠦᠷ ᠳᠠᠯᠠᠶᠢᠭᠴᠢ ᠪᠣᠯᠤᠭᠰᠠᠨ ᠠᠠ᠊ · ᠡᠷᠳᠡᠨᠢᠪᠠᠶᠠᠷ ᠪᠠᠭᠰᠢ ᠶᠢᠨ ᠳᠠᠭᠠᠭᠠᠴᠢᠯᠠᠵᠤ ᠬᠢᠵᠦ ᠪᠠᠶᠢᠭᠰᠠᠨ ᠠᠵᠢᠯ ᠰᠢᠦ᠃ ᠤᠲᠤ ᠪᠢ ᠪᠠᠭᠰᠢ ᠶᠢᠨ ᠢᠶᠠᠨ ᠠᠵᠢᠯ ᠢ ᠵᠠᠯᠭᠠᠮᠵᠢᠯᠠᠵᠤ ᠠᠪᠤᠭᠠᠳ ᠬᠢᠵᠦ ᠪᠠᠶᠢᠨ᠎ᠠ᠂ ᠪᠢᠳᠡᠨ ᠤ ᠮᠣᠩᠭᠤᠯ ᠰᠤᠳᠤᠯᠤᠯ ᠤᠨ ᠲᠥᠪᠡᠳ ᠬᠡᠯᠡᠨ ᠤ ᠰᠤᠷᠪᠤᠯᠵᠢ ᠪᠢᠴᠢᠭ ᠤᠨ ᠬᠥᠮᠥᠷᠭᠡ ᠨᠢ ᠮᠣᠩᠭᠤᠯᠴᠤᠳ ᠤᠨ ᠰᠦᠮᠪᠦᠮ ᠵᠣᠬᠢᠶᠠᠯ ᠠᠴᠠ ᠭᠠᠳᠠᠨ᠎ᠠ ᠮᠣᠩᠭᠤᠯ ᠰᠤᠳᠤᠯᠤᠯ ᠳᠤ ᠬᠤᠯᠪᠣᠭᠳᠠᠬᠤ ᠲᠥᠪᠡᠳᠴᠦᠳ ᠤᠨ ᠰᠤᠷᠪᠤᠯᠵᠢ ᠪᠢᠴᠢᠭ ᠪᠠ ᠲᠠᠩᠰᠠ ᠡᠪᠬᠡᠮᠡᠯ᠂ ᠲᠥᠪᠡᠳ ︿ᠭᠠᠨᠵᠤᠤᠷ﹀ ︿ᠳ᠋ᠠᠨᠵᠤᠤᠷ﹀ ᠎ ᠤᠨ ᠤᠯᠠᠨ ᠪᠠᠷ ᠬᠡᠪᠯᠡᠯ ᠢ ᠪᠠᠰᠠ ᠪᠠᠭ᠋ᠠᠲᠠᠭᠠᠵᠦ ᠪᠠᠶᠢᠭ᠎ᠠ ᠤᠴᠢᠷ ᠠᠴᠠ ᠮᠣᠩᠭᠤᠯ ᠲᠥᠪᠡᠳ ᠤᠷᠠᠨ ᠵᠣᠬᠢᠶᠠᠯ ᠤᠨ ᠲᠣᠭᠠᠴᠢᠯᠠᠭᠤᠯᠤᠭᠰᠠᠨ ᠬᠥᠮᠥᠷᠭᠡ ᠲᠠᠢ ᠠᠳᠠᠯᠢ ᠦᠭᠡᠢ ᠪᠠᠶᠢᠳᠠᠭ᠂ ᠳ᠋ᠠᠶᠢᠲ᠋ᠠ ᠬᠥᠮᠥᠷᠭᠡ ᠪᠠᠶᠢᠭᠤᠯᠬᠤ ᠠᠵᠢᠯ ᠪᠣᠯ ᠮᠠᠨ ᠤ ᠡᠨᠡ ᠵᠢᠯ ᠤᠨ ᠬᠠᠮᠤᠭ ᠤᠨ ᠲᠣᠮᠣ ᠠᠵᠢᠯ ᠮᠥᠨ︾ ᠭᠡᠵᠦ ᠱᠦ ᠯᠢᠨ ᠶᠠᠷᠢᠨ᠎ᠠ᠃      ᠲᠣᠭᠠᠴᠢᠯᠠᠭᠤᠯᠤᠭᠰᠠᠨ ᠬᠥᠮᠥᠷᠭᠡ ᠪᠠᠶᠢᠭᠤᠯᠤᠨ᠎ᠠ᠂ ᠮᠣᠩᠭᠤᠯᠴᠤᠳ ᠤᠨ ᠲᠥᠪᠡᠳ ᠬᠡᠯᠡᠨ ᠤ ᠤᠷᠠᠨ ᠵᠣᠬᠢᠶᠠᠯ ᠤᠨ ᠲᠡᠦᠬᠡ ᠶᠢ ᠪᠢᠴᠢᠨ᠎ᠡ᠂ ᠰᠦᠮᠪᠦᠮ ᠵᠣᠬᠢᠶᠠᠯ ᠪᠠ ᠰᠦᠮᠪᠦᠮ ᠵᠣᠬᠢᠶᠠᠯ ᠦᠭᠡᠢ ᠮᠣᠩᠭᠤᠯ ᠯᠠᠮᠠ ᠡᠷᠳᠡᠮᠲᠡᠳ ᠤᠨ ᠲᠣᠪᠴᠢ ᠨᠠᠮᠲᠠᠷ ᠢ ᠡᠮᠬᠢᠯᠡᠵᠦ ᠬᠡᠳᠦᠨ ᠨᠣᠮ ᠭᠠᠷᠭᠠᠨ᠎ᠠ᠂ ᠵᠠᠮᠢᠶᠠᠨᠳᠦ᠋ᠪᠳᠡᠨ ᠪᠠᠭᠰᠢ ᠶᠢᠨ ᠰᠦᠮᠪᠦᠮ ᠵᠣᠬᠢᠶᠠᠯ ᠢ ᠬᠢᠲᠠᠳ ᠮᠣᠩᠭᠤᠯ ᠢᠶᠠᠷ ᠣᠷᠴᠢᠭᠤᠯᠤᠨ᠎ᠠ᠂ ᠮᠣᠩᠭᠤᠯ ᠠᠨᠠᠭᠠᠬᠤ ᠤᠬᠠᠭᠠᠨ ᠤ ᠲᠥᠪᠡᠳ ᠰᠤᠷᠪᠤᠯᠵᠢ ᠪᠢᠴᠢᠭ ᠢ ᠮᠣᠩᠭᠤᠯᠴᠢᠯᠠᠵᠤ ᠬᠡᠪᠯᠡᠨ᠎ᠡ᠂ ᠮᠣᠩᠭᠤᠯ ᠰᠤᠳᠤᠯᠤᠯ ᠤᠨ ᠲᠥᠪᠡᠳ ᠬᠡᠯᠡᠨ ᠤ ᠰᠤᠷᠪᠤᠯᠵᠢ ᠪᠢᠴᠢᠭ ᠤᠨ ᠥᠨᠳᠥᠷ ᠲᠡᠰ ᠤᠨ ᠡᠷᠳᠡᠮ ᠰᠢᠨᠵᠢᠯᠡᠭᠡᠨ ᠤ ᠬᠤᠷᠠᠯ ᠢ ᠡᠷᠭᠢᠯᠡᠨ ᠬᠤᠷᠠᠯᠳᠤᠭᠤᠯᠤᠨ᠎ᠠ ᠁ ᠮᠣᠩᠭᠤᠯ ᠰᠤᠳᠤᠯᠤᠯ ᠤᠨ ᠲᠥᠪᠡᠳ ᠬᠡᠯᠡᠨ ᠤ ᠰᠤᠷᠪᠤᠯᠵᠢ ᠪᠢᠴᠢᠭ ᠰᠤᠳᠤᠯᠬᠤ ᠲᠥᠪ ᠤᠨ ᠡᠨᠡ ᠵᠢᠯ ᠤᠨ ᠠᠵᠢᠯ᠂ ᠲᠥᠯᠥᠪᠯᠡᠭᠡ ᠶᠣᠰᠣᠭᠠᠷ ᠠᠯᠬᠤᠮ ᠲᠠᠷᠠᠭ᠎ᠠ ᠲᠠᠢ ᠪᠠᠷ ᠶᠠᠪᠤᠭᠳᠠᠵᠤ ᠡᠬᠢᠯᠡᠯ᠎ᠡ᠃ 
        ᠢᠷᠡᠯᠲᠡ᠄ ᠳᠣᠮᠳᠠᠳᠣ ᠣᠯᠣᠰ ᠤᠨ ᠮᠤᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ