| ᠡᠨᠡ ᠵᠢᠯ ᠤᠨ ᠬᠤᠤᠰ 11 ᠶᠢᠨ ᠤᠷᠢᠳᠴᠢᠯᠠᠭᠰᠠᠨ ᠪᠣᠷᠣᠯᠠᠭᠤᠯᠭ᠎ᠠ 20 ᠤ ᠡᠳᠦᠷ ᠠᠴᠠ ᠡᠬᠢᠯᠡᠵᠦ᠂ ᠡᠯᠧᠺᠲᠷᠣᠨ ᠬᠤᠳᠠᠯᠳᠤᠭᠠᠨ ᠤ ᠲᠠᠪᠴᠠᠩ ᠴᠤ | ᠵᠠᠯᠭᠠᠭ᠎ᠠ ᠪᠠᠷ ᠰᠢᠨ᠎ᠡ ᠠᠷᠭ᠎ᠠ ᠶᠢ ᠨᠡᠶᠢᠲᠡᠯᠡᠪᠡ᠃ | ᠡᠩ ᠲᠡᠷᠢᠭᠦᠨ ᠳᠤ᠂ ᠴᠠᠭ ᠤᠨ ᠲᠠᠯ᠎ᠠ ᠪᠠᠷ ᠬᠤᠪᠢᠷᠠᠯᠲᠠ ᠲᠠᠢ ᠃ ᠲᠢᠶᠠᠨ ᠮᠤᠤ ᠶᠢᠨ ᠬᠤᠤᠰ 11 ᠶᠢᠨ ᠤᠷᠢᠳᠴᠢᠯᠠᠨᠬᠤᠳᠠᠯᠳᠤᠬᠤ ᠴᠠᠭ ᠨᠢ 10 | ᠰᠠᠷ᠎ᠠ ᠶᠢᠨ 24 ᠤ ᠦᠳᠡᠰᠢ ᠶᠢᠨ 8 ᠴᠠᠭ ᠠᠴᠠ ᠡᠬᠢᠯᠡᠨ᠎ᠡ ᠂ ᠨᠢᠳᠤᠨᠤᠨ ᠲᠠᠢ ᠬᠠᠷᠢᠴᠠᠭᠤᠯᠪᠠᠯ ᠳᠥᠷᠪᠡᠨ ᠡᠳᠦᠷ ᠤᠷᠤᠶᠢᠲᠠᠵᠠᠢ᠃ ᠵᠢᠩ ᠳ᠋ᠦᠩ ᠡᠨᠡ ᠵᠢᠯ 10 | ᠰᠠᠷ᠎ᠠ ᠶᠢᠨ 20 ᠤ ᠡᠳᠦᠷ ᠤᠨ ᠲᠡᠭ ᠴᠠᠭ ᠠᠴᠠ ᠡᠬᠢᠯᠡᠵᠦ ᠤᠷᠢᠳᠴᠢᠯᠠᠨ ᠬᠤᠳᠠᠯᠳᠣᠪᠠ᠂ ᠨᠢᠳᠤᠨᠤᠨ 10 ᠰᠠᠷ᠎ᠠ ᠶᠢᠨ 20 ᠤ ᠦᠳᠡᠰᠢ ᠶᠢᠨ 8 ᠴᠠᠭ ᠠᠴᠠ | ᠡᠬᠢᠯᠡᠵᠠᠢ᠃ ᠸᠧᠢ ᠫᠢᠨ ᠬᠤᠢ 10 ᠰᠠᠷ᠎ᠠ ᠶᠢᠨ 20 ᠤ ᠦᠳᠡᠰᠢ ᠶᠢᠨ 8 ᠴᠠᠭ ᠲᠤ ᠤᠷᠢᠳᠴᠢᠯᠠᠨ ᠬᠤᠳᠠᠯᠳᠣᠪᠠ᠃ ᠴᠠᠭ ᠤᠨ ᠲᠠᠯ᠎ᠠ ᠠᠴᠠ ᠦᠵᠡᠪᠡᠯ᠂ ᠡᠯ᠎ᠡ | ᠲᠠᠪᠴᠠᠩ ᠤᠨ ᠨᠡᠭᠡᠭᠡᠭᠰᠡᠨ ᠴᠠᠭ ᠨᠢ ᠨᠡᠯᠢᠶᠡᠳ ᠨᠢᠭᠡᠳᠦᠯᠲᠡᠶ᠂ ᠵᠠᠷᠢᠮ ᠲᠠᠪᠴᠠᠩ ᠤᠨ ᠤᠷᠢᠳᠴᠢᠯᠠᠨ ᠬᠤᠳᠠᠯᠳᠤᠬᠤ ᠴᠠᠭ ᠨᠢ ᠲᠡᠭ ᠴᠠᠭ ᠠᠴᠠ ᠵᠠᠶᠢᠯᠠᠰᠬᠢᠵᠠᠢ᠃ | | ᠡᠨᠡ ᠵᠢᠯ ᠡᠯ᠎ᠡ ᠲᠠᠪᠴᠠᠩ ᠪᠠᠰᠠ ᠬᠡᠷᠡᠭᠯᠡᠭᠴᠢᠳ ᠢ ᠲᠠᠲᠠᠬᠤ ᠠᠷᠭ᠎ᠠ ᠬᠡᠮᠵᠢᠶ᠎ᠡ ᠨᠦᠭᠦᠳ ᠢ ᠨᠡᠶᠢᠲᠡᠯᠡᠪᠡ᠃ 10 ᠰᠠᠷ᠎ᠠ ᠶᠢᠨ 19 ᠤ ᠡᠳᠦᠷ ᠠᠴᠠ ᠡᠬᠢᠯᠡᠨ᠂ | ᠭᠠᠷ ᠤᠲᠠᠰᠤᠨ ᠤ ᠲᠢᠶᠠᠨ ᠮᠤᠤ App ᠶᠢᠨ ᠲᠠᠰ ᠳᠡᠪᠰᠢᠭᠰᠡᠨ ᠵᠠᠷᠢᠮ ᠲᠡᠭᠡᠭᠡᠪᠦᠷᠢ ᠶᠢᠨ ᠰᠣᠶᠢᠳᠬᠡᠯ ᠢ ᠭᠡᠯᠳᠦᠷᠢᠭᠦᠯᠬᠦ ᠪᠠᠷ ᠪᠠᠷᠠᠬᠤ ᠥᠬᠡᠶ᠂ ᠬᠦᠨᠳᠦᠴᠡ ᠠᠴᠠ | ᠬᠡᠲᠦᠷᠡᠭᠰᠡᠨ ᠠᠴᠠ ᠪᠣᠯᠤᠭᠰᠠᠨ ᠰᠢᠤᠳᠠᠨ ᠤ ᠰᠣᠶᠢᠳᠬᠡᠯ ᠢ ᠴᠦ ᠪᠦᠬᠦᠨ ᠢ ᠭᠡᠯᠳᠦᠷᠢᠭᠦᠯᠦᠨ᠎ᠡ᠃ 10 ᠰᠠᠷ᠎ᠠ ᠶᠢᠨ 18 ᠤ ᠡᠳᠦᠷ᠂ ᠲᠤᠤ ᠪᠦᠦ ᠂ ᠲᠢᠶᠠᠨ ᠮᠤᠤ | ᠬᠤᠤᠰ 11 ᠶᠢᠨ ᠬᠤᠭᠤᠴᠠᠭᠠᠨ ᠤ ᠦᠨ᠎ᠡ ᠬᠠᠩᠰᠢ ᠶᠢ ᠪᠠᠲᠤᠯᠠᠬᠤ ᠣᠶᠢᠯᠡᠴᠢᠯᠡᠭᠡᠨ ᠤ ᠲᠦᠷᠢᠮ ᠳᠤ ᠴᠢᠭᠯᠡᠭᠦᠯᠦᠨ ᠲᠠᠰ ᠳᠡᠪᠰᠢᠭᠦᠯᠵᠦ᠂ ᠥᠩᠭᠡᠷᠡᠭᠰᠡᠨ ᠤ ᠵᠣᠭᠤᠰ | ᠲᠤᠰᠢᠶᠠᠭᠰᠠᠨ ᠤ ᠳᠠᠷᠠᠭᠠᠬᠢ 15 ᠡᠳᠦᠷ ᠤᠨ ᠳᠣᠲᠣᠷ᠎ᠠ ᠦᠨ᠎ᠡ ᠬᠠᠩᠰᠢ ᠶᠢ ᠪᠠᠲᠤᠯᠠᠬᠤ ᠶᠢ ᠬᠠᠯᠠᠭᠠᠳ᠂ ᠵᠣᠭᠤᠰ ᠲᠤᠰᠢᠶᠠᠵᠤ / ᠰᠡᠭᠦᠯᠴᠢ ᠶᠢᠨ ᠵᠣᠭᠤᠰ | ᠲᠤᠰᠢᠶᠠᠪᠠᠯ᠂ 11 ᠰᠠᠷ᠎ᠠ ᠶᠢᠨ 11 ᠤ ᠡᠳᠦᠷ ᠤᠨ ᠠᠵᠢᠯᠯᠠᠭ᠎ᠠ ᠳᠠᠭᠤᠰᠤᠭᠰᠠᠨ ᠤ ᠳᠠᠷᠠᠭᠠᠬᠢ 15 ᠡᠳᠦᠷ ᠤᠨ ᠳᠣᠲᠣᠷ᠎ᠠ ᠪᠥᠬᠦ ᠶᠠᠪᠤᠴᠠ ᠶᠢᠨ ᠦᠨ᠎ᠡ ᠬᠠᠩᠰᠢ ᠶᠢ | ᠪᠠᠲᠤᠯᠠᠬᠤ ᠭᠡᠵᠦ ᠬᠠᠯᠠᠪᠠ᠃ ᠲᠤᠬᠠᠶᠢᠯᠠᠪᠠᠯ ᠵᠣᠭᠤᠰ ᠲᠤᠰᠢᠶᠠᠬᠤ ᠡᠳᠦᠷ ᠠᠴᠠ 11 ᠰᠠᠷ᠎ᠠ ᠶᠢᠨ 26 ᠤ ᠡᠳᠦᠷ ᠪᠣᠯᠲᠠᠯ᠎ᠠ᠂ ᠬᠠᠮᠤᠭ ᠤᠨ ᠣᠷᠳᠣ ᠦᠨ᠎ᠡ | ᠬᠠᠩᠰᠢ ᠶᠢ ᠪᠠᠲᠤᠯᠠᠬᠤ ᠴᠠᠭ ᠢ 15 ᠡᠳᠦᠷ ᠠᠴᠠ 27 ᠡᠳᠦᠷ ᠪᠣᠯᠲᠠᠯ᠎ᠠ ᠤᠷᠲᠤᠳᠬᠠᠨ᠎ᠠ᠃ | | | |