365bet网上娱乐场_365双试投注是什么_365bet正网开户人民政府蒙古文网站 365bet网上娱乐场_365双试投注是什么_365bet正网开户

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠤᠭᠤᠷᠠᠭ ᠤᠨ ᠮᠠᠯ ᠤᠨ ᠪᠡᠶ᠎ᠡ ᠳᠠᠬᠢ ᠰᠢᠮ᠎ᠡ ᠲᠡᠵᠢᠭᠡᠯ ᠤᠨ ᠦᠢᠯᠡᠳᠦᠯ ᠵᠢᠴᠢ ᠲᠡᠵᠢᠭᠡᠯ ᠪᠣᠷᠳᠣᠭᠠᠨ ᠳᠤ ᠤᠭᠤᠷᠠᠭ ᠳᠤᠲᠠᠭᠳᠠᠬᠤ ᠨᠥᠯᠥᠭᠡ
        ᠨᠡᠶᠢᠲᠡᠯᠡᠭᠰᠡᠨ ᠴᠠᠭ᠄
        2022/10/5
              ︵ᠨᠢᠭᠡ︶ ᠤᠭᠤᠷᠠᠭ ᠤᠨ ᠮᠠᠯ ᠤᠨ ᠪᠡᠶ᠎ᠡ ᠳᠠᠬᠢ ᠰᠢᠮ᠎ᠡ ᠲᠡᠵᠢᠭᠡᠯ ᠤᠨ ᠦᠢᠯᠡᠳᠦᠯ            1᠂ ᠤᠭᠤᠷᠠᠭ ᠪᠣᠯ ᠮᠠᠯ ᠤᠨ ᠪᠡᠶ᠎ᠡ ᠶᠢᠨ ᠡᠷᠬᠡᠲᠡᠨ᠂ ᠨᠡᠬᠡᠳᠡᠰᠦ ᠬᠢᠭᠡᠳ ᠪᠡᠶ᠎ᠡ ᠶᠢᠨ ᠡᠰ ᠢ ᠪᠦᠷᠢᠯᠳᠦᠭᠦᠯᠬᠦ ᠭᠤᠣᠯ ᠪᠦᠷᠢᠯᠳᠦᠭᠦᠨ ᠮᠥᠨ᠃  ᠵᠢᠱᠢᠶᠡᠯᠡᠪᠡᠯ᠄ ᠪᠥᠮᠪᠦᠯᠢᠭ ᠤᠭᠤᠷᠠᠭ ᠪᠣᠯ ᠮᠠᠯ ᠤᠨ ᠨᠡᠬᠡᠳᠡᠰᠦ ᠶᠢ ᠪᠦᠷᠢᠯᠳᠦᠭᠦᠯᠬᠦ ᠲᠦᠭᠦᠬᠡᠢ ᠡᠳ᠋ ᠮᠥᠨ᠂ ᠴᠭᠠᠨ ᠤᠭᠤᠷᠠᠭ ᠪᠣᠯ ᠪᠡᠶ᠎ᠡ ᠶᠢᠨ ᠰᠢᠩᠭᠡᠨ ᠢ  ᠪᠦᠷᠢᠯᠳᠦᠭᠦᠯᠬᠦ ᠲᠦᠭᠦᠬᠡᠢ ᠡᠳ᠋ ᠮᠥᠨ᠃ ᠴᠢᠰᠤᠨ ᠳᠠᠬᠢ ᠴᠢᠰᠤᠨ ᠤ ᠤᠯᠠᠭᠠᠨ ᠤᠭᠤᠷᠠᠭ ᠪᠣᠯ ᠤᠭᠤᠷᠠᠭ ᠪᠠ ᠲᠡᠮᠦᠷ ᠲᠠᠢ ᠨᠡᠶᠢᠯᠡᠵᠦ ᠪᠦᠲᠦᠭᠰᠡᠨ ᠶᠤᠮ᠃  ᠡᠯᠢᠭᠡ ᠳᠡᠯᠢᠭᠦᠦ ᠳᠠᠬᠢ ᠡᠯᠢᠭᠡᠨ ᠤ ᠬᠦᠷᠡᠩ ᠡᠳ᠋ ᠪᠣᠯ ᠤᠭᠤᠷᠠᠭ ᠪᠠ ᠲᠡᠮᠦᠷ ᠢᠶᠠᠷ ᠪᠦᠲᠦᠭᠰᠡᠨ ᠶᠤᠮ᠃ ᠴᠢᠰᠤᠨ ᠤ ᠴᠠᠶᠢᠪᠠᠩ ᠤᠨ ᠤᠭᠤᠷᠠᠭ ᠪᠣᠯ ᠤᠭᠤᠷᠠᠭ  ᠪᠠ ᠵᠡᠰ ᠢᠶᠠᠷ ᠪᠦᠷᠢᠯᠳᠦᠭᠰᠡᠨ ᠶᠤᠮ᠃ ᠤᠭᠤᠷᠠᠭ ᠨᠢ ᠥᠭᠡᠬᠦ ᠲᠣᠰᠣ ᠲᠠᠢ ᠨᠢᠭᠡᠳᠬᠡᠪᠡᠯ ᠲᠣᠰᠣᠲᠤ ᠤᠭᠤᠷᠠᠭ ᠪᠤᠢ ᠪᠣᠯᠣᠭᠠᠳ᠂ ᠡᠰ ᠤᠨ ᠪᠥᠭᠡᠮ᠂ ᠴᠢᠰᠤ᠂  ᠰᠦᠨ ᠳᠣᠲᠣᠷ᠎ᠠ ᠣᠷᠣᠰᠢᠵᠤ ᠪᠠᠶᠢᠳᠠᠭ᠂ ᠥᠨᠳᠡᠭᠡᠨ ᠹᠣᠰᠹᠣᠷᠲᠤ ᠲᠤᠰᠤᠨ ᠤᠭᠤᠷᠠᠭ ᠨᠢ ᠲᠡᠳᠡᠭᠡᠷ ᠤᠨ ᠳᠣᠲᠣᠷᠠᠬᠢ ᠨᠢᠭᠡ ᠵᠦᠢᠯ ᠪᠣᠯᠣᠨ᠎ᠠ᠃ ᠮᠠᠯ ᠤᠨ ᠪᠡᠶ᠎ᠡ ᠶᠢᠨ ᠭᠠᠳᠠᠭᠠᠳᠤ ᠳᠠᠬᠢ ᠡᠯ᠎ᠡ ᠵᠦᠢᠯ ᠤᠨ ᠬᠠᠮᠠᠭᠠᠯᠠᠯᠲᠠ ᠶᠢᠨ ᠨᠡᠬᠡᠳᠡᠰᠦ᠂ ᠵᠢᠱᠢᠶᠡᠯᠡᠪᠡᠯ᠂ ᠦᠰᠦ᠂ ᠨᠣᠣᠰᠣ᠂ ᠥᠳᠥ᠂ ᠲᠤᠭᠤᠷᠠᠢ᠂ ᠡᠪᠡᠷ ᠵᠡᠷᠭᠡ ᠨᠢ ᠴᠥᠮ  ᠡᠪᠡᠷᠯᠢᠭ ᠤᠭᠤᠷᠠᠭ ᠪᠠ ᠴᠠᠪᠠᠤᠯᠢᠭ ᠤᠭᠤᠷᠠᠭ ᠠᠴᠠ ᠪᠦᠲᠦᠭᠰᠡᠨ ᠪᠠᠶᠢᠨ᠎ᠠ᠃ ᠡᠶᠢᠮᠦ ᠠᠴᠠ ᠮᠠᠯ ᠤᠨ ᠪᠤᠯᠴᠢᠩ ᠮᠢᠬ᠎ᠠ᠂ ᠮᠡᠳᠡᠷᠡᠯ᠂ ᠬᠡᠯᠬᠢᠶ᠎ᠡ ᠨᠡᠬᠡᠳᠡᠰᠦ᠂  ᠠᠷᠠᠰᠤ᠂ ᠴᠢᠰᠤᠨ ᠰᠢᠩᠭᠡᠨ ᠵᠡᠷᠭᠡ ᠪᠣᠯ ᠪᠦᠷ ᠤᠭᠤᠷᠠᠭ ᠢᠶᠠᠷ ᠦᠨᠳᠦᠰᠦᠨ ᠪᠦᠷᠢᠯᠳᠦᠭᠦᠨ ᠢᠶᠠᠨ ᠪᠣᠯᠭᠠᠳᠠᠭ᠃           2᠂ ᠤᠭᠤᠷᠠᠭ ᠪᠣᠯ ᠪᠡᠶ᠎ᠡ ᠶᠢᠨ ᠨᠡᠬᠡᠳᠡᠰᠦ ᠶᠢ ᠰᠡᠯᠪᠢᠨ ᠨᠥᠬᠦᠪᠦᠷᠢᠯᠡᠬᠦ ᠳᠤ ᠲᠤᠲᠠᠭᠳᠠᠵᠤ ᠪᠣᠯᠣᠰᠢ ᠦᠭᠡᠢ ᠪᠣᠳᠠᠰ ᠮᠥᠨ᠃ ᠮᠠᠯ ᠤᠨ ᠪᠡᠶ᠎ᠡ ᠶᠢᠨ  ᠨᠡᠬᠡᠳᠡᠰᠦ ᠡᠷᠬᠡᠲᠡᠨ ᠤ ᠤᠭᠤᠷᠠᠭ ᠨᠢ ᠰᠢᠨ᠎ᠡ ᠬᠠᠭᠤᠴᠢᠨ ᠤ ᠰᠣᠯᠢᠯᠴᠠᠭ᠎ᠠ ᠪᠠᠷ ᠳᠠᠮᠵᠢᠵᠤ ᠳᠠᠰᠤᠷᠠᠯ ᠦᠭᠡᠢ ᠰᠢᠨᠡᠴᠢᠯᠡᠭᠳᠡᠵᠦ ᠪᠠᠶᠢᠳᠠᠭ᠃ ᠤᠭᠤᠷᠠᠭ ᠢ  ᠲᠠᠰᠤᠷᠠᠯᠳᠠ ᠦᠭᠡᠢ ᠠᠰᠢᠭᠯᠠᠨ᠂ ᠠᠮᠢ ᠨᠠᠰᠤᠨ ᠤ ᠬᠥᠳᠡᠯᠭᠡᠭᠡᠨ ᠪᠠ ᠡᠷᠡᠭᠦᠯ ᠴᠢᠭᠢᠷᠠᠭ ᠢᠶᠠᠨ ᠪᠠᠲᠤᠯᠠᠳᠠᠭ ᠪᠠᠶᠢᠨ᠎ᠠ᠃ ᠰᠤᠳᠤᠯᠤᠯ ᠢ ᠦᠨᠳᠦᠰᠦᠯᠡᠪᠡᠯ᠂  ᠪᠠᠷᠤᠭ 6~7 ᠰᠠᠷ᠎ᠠ ᠥᠩᠭᠡᠷᠡᠪᠡᠯ ᠮᠠᠯ ᠤᠨ ᠪᠡᠶ᠎ᠡ ᠶᠢᠨ ᠪᠦᠬᠦᠶᠢᠯᠡ ᠤᠭᠤᠷᠠᠭ ᠤᠨ ᠬᠠᠭᠠᠰ ᠨᠢ ᠳᠠᠷᠤᠢ ᠰᠢᠨ᠎ᠡ ᠤᠭᠤᠷᠠᠭ ᠢᠶᠠᠷ ᠣᠷᠣᠯᠠᠭᠳᠠᠳᠠᠭ ᠪᠠᠶᠢᠨ᠎ᠠ᠃            3᠂ ᠤᠭᠤᠷᠠᠭ ᠪᠣᠯ ᠮᠠᠯ ᠤᠨ ᠪᠡᠶ᠎ᠡ ᠶᠢᠨ ᠢᠯᠴᠢ ᠶᠢᠨ ᠡᠨᠧᠷᠬᠢ ᠶᠢ ᠬᠠᠩᠭᠠᠳᠠᠭ ᠦᠢᠯᠡᠳᠦᠯ ᠲᠠᠢ᠃ ᠮᠠᠯ ᠤᠨ ᠪᠡᠶ᠎ᠡ ᠶᠢᠨ ᠨᠡᠭᠦᠷᠡᠰᠦ ᠤᠰᠤᠨ ᠤ  ᠨᠢᠭᠡᠳᠦᠯ ᠪᠠ ᠥᠭᠡᠬᠦ ᠳᠤᠲᠠᠭᠳᠠᠭᠰᠠᠨ ᠦᠶᠡᠰ ᠲᠤ᠂ ᠤᠭᠤᠷᠠᠭ ᠨᠢ ᠮᠠᠯ ᠤᠨ ᠪᠡᠶ᠎ᠡ ᠶᠢᠨ ᠳᠣᠲᠣᠷ᠎ᠠ ᠵᠠᠳᠠᠷᠠᠨ ᠢᠰᠦᠯᠳᠦᠵᠦ᠂ ᠢᠯᠴᠢ ᠶᠢᠨ ᠡᠨᠧᠷᠬᠢ  ᠢᠯᠭᠠᠷᠠᠭᠤᠯᠬᠤ ᠪᠠᠷ ᠳᠠᠮᠵᠢᠨ ᠨᠡᠭᠦᠷᠡᠰᠦ ᠤᠰᠤᠨ ᠤ ᠨᠢᠭᠡᠳᠦᠯ ᠪᠠ ᠥᠭᠡᠬᠦ ᠳᠤᠲᠠᠭᠳᠠᠭᠰᠠᠨ ᠢ ᠨᠥᠬᠦᠪᠦᠷᠢᠯᠡᠵᠦ ᠪᠣᠯᠣᠨ᠎ᠠ᠃ ᠢᠯᠡᠭᠦᠴᠡ ᠤᠭᠤᠷᠠᠭ ᠨᠢ ᠡᠯᠢᠭᠡ᠂ ᠴᠢᠰᠤ ᠪᠠ ᠪᠤᠯᠴᠢᠩ ᠤᠨ ᠳᠣᠲᠣᠷ᠎ᠠ ᠵᠣᠬᠢᠬᠤ ᠬᠡᠮᠵᠢᠶ᠎ᠡ ᠪᠠᠷ ᠬᠠᠳᠠᠭᠠᠯᠠᠭᠳᠠᠬᠤ ᠪᠤᠶᠤ ᠡᠰᠡᠬᠦᠯ᠎ᠡ ᠠᠮᠢᠨᠤ᠋ ᠦᠭᠡᠶᠢᠳᠡᠭᠦᠯᠬᠦ ᠦᠢᠯᠡᠳᠦᠯ ᠢᠶᠠᠷ ᠳᠠᠮᠵᠢᠵᠤ᠂  ᠠᠽᠣᠲ ᠥᠯᠥ ᠠᠭᠤᠯᠬᠤ ᠬᠡᠰᠡᠭ ᠢᠶᠠᠨ ᠥᠭᠡᠬᠦ ᠪᠣᠯᠭᠠᠨ ᠨᠥᠭᠡᠴᠡᠯᠡᠵᠦ᠂ ᠰᠢᠮ᠎ᠡ ᠲᠡᠵᠢᠭᠡᠯ ᠳᠤᠲᠠᠭᠳᠠᠭᠰᠠᠨ ᠦᠶ᠎ᠡ ᠳᠤ ᠲᠠᠬᠢᠨ ᠵᠠᠳᠠᠷᠠᠭᠤᠯᠵᠤ ᠮᠠᠯ ᠤᠨ ᠪᠡᠶ᠎ᠡ ᠶᠢᠨ ᠡᠨᠧᠷᠬᠢ ᠶᠢᠨ ᠱᠠᠭᠠᠷᠳᠠᠯᠭ᠎ᠠ ᠶᠢ ᠬᠠᠩᠭᠠᠬᠤ ᠳᠤ ᠪᠡᠯᠡᠳᠬᠡᠳᠡᠭ ᠶᠤᠮ᠃            4᠂ ᠤᠭᠤᠷᠠᠭ ᠪᠣᠯ ᠡᠯ᠎ᠡ ᠲᠥᠷᠥᠯ ᠤᠨ ᠮᠠᠯ ᠤᠨ ᠠᠰᠢᠭ ᠰᠢᠮ᠎ᠡ ᠪᠤᠯᠬᠤ ᠰᠦ᠋᠂ ᠮᠢᠬ᠎ᠠ᠂ ᠥᠨᠳᠡᠭᠡ᠂ ᠨᠣᠣᠰᠣ ᠵᠢᠴᠢ ᠮᠠᠯ ᠤᠨ ᠪᠡᠶ᠎ᠡ ᠶᠢᠨ  ᠳᠣᠲᠣᠭᠠᠳᠤ ᠶᠢᠨ ᠢᠰᠬᠡᠭᠦᠷ᠂ ᠬᠤᠷᠮᠣᠨ᠂ ᠡᠰᠡᠷᠭᠦ ᠴᠣᠭᠴᠠ᠂ ᠪᠤᠳᠤᠭᠲᠤ ᠡᠳ᠋ ᠵᠡᠷᠭᠡ ᠶᠢ ᠪᠦᠷᠢᠯᠳᠦᠭᠦᠯᠦᠨ᠎ᠡ᠃ ᠮᠠᠯ ᠤᠨ ᠲᠡᠵᠢᠭᠡᠯ ᠪᠣᠷᠳᠣᠭᠠᠨ ᠳᠤ  ᠤᠭᠤᠷᠠᠭ ᠳᠤᠲᠠᠭᠳᠠᠪᠠᠯ ᠲᠡᠭᠦᠨ ᠤ ᠠᠮᠢ ᠨᠠᠰᠤ᠂ ᠡᠷᠡᠭᠦᠯ ᠴᠢᠭᠢᠷᠠᠭ᠂ ᠥᠰᠦᠯᠲᠡ ᠪᠤᠶᠢᠵᠢᠯᠳᠠ ᠪᠠ ᠦᠷᠡᠵᠢᠯ ᠢ ᠨᠥᠯᠥᠭᠡᠯᠡᠬᠦ ᠪᠠᠷ ᠪᠠᠷᠠᠬᠤ ᠦᠭᠡᠢ᠂ ᠮᠠᠯ ᠤᠨ  ᠦᠢᠯᠡᠳᠪᠦᠷᠢᠯᠡᠯ ᠤᠨ ᠴᠢᠳᠠᠪᠤᠷᠢ ᠪᠣᠯᠣᠨ ᠠᠰᠢᠭ ᠰᠢᠮ᠎ᠡ ᠶᠢᠨ ᠭᠠᠷᠤᠯᠲᠠ᠂ ᠶᠠᠰᠤ ᠴᠢᠨᠠᠷ ᠢ ᠴᠤ ᠪᠠᠭᠤᠷᠠᠭᠤᠯᠬᠤ ᠪᠣᠯᠣᠨ᠎ᠠ᠃            ︵ᠬᠤᠶᠠᠷ︶ ᠲᠡᠵᠢᠭᠡᠯ ᠪᠣᠷᠳᠣᠭᠠᠨ ᠳᠤ ᠤᠭᠤᠷᠠᠭ ᠳᠤᠲᠠᠭᠳᠠᠬᠤ ᠨᠥᠯᠥᠭᠡ            ᠬᠡᠷᠪᠡ ᠲᠡᠵᠢᠭᠡᠯ ᠪᠣᠷᠳᠣᠭᠠᠨ ᠳᠠᠬᠢ ᠤᠭᠤᠷᠠᠭ ᠳᠤᠲᠠᠭᠳᠠᠪᠠᠯ ᠮᠠ ᠤᠨ ᠪᠡᠶ᠎ᠡ ᠳᠠᠬᠢ ᠤᠭᠤᠷᠠᠭ ᠤᠨ ᠰᠣᠯᠢᠯᠴᠠᠭ᠎ᠠ ᠨᠢ ᠰᠥᠭᠡᠷᠭᠦ ᠲᠡᠩᠴᠡᠭᠦᠷᠢ ᠪᠣᠯᠵᠤ᠂  ᠴᠢᠰᠤᠨ ᠤ ᠤᠯᠠᠭᠠᠨ ᠤᠭᠤᠷᠠᠭ ᠪᠠ ᠴᠢᠰᠤᠨ ᠡᠰ ᠤᠨ ᠤᠭᠤᠷᠠᠭ ᠲᠤᠲᠠᠭᠳᠠᠵᠤ ᠴᠢᠰᠤ ᠳᠤᠲᠠᠭᠳᠠᠬᠤ ᠡᠪᠡᠳᠴᠢᠨ ᠣᠯᠣᠨ᠎ᠠ᠃ ᠮᠠᠯ ᠤᠨ ᠪᠡᠶ᠎ᠡ ᠶᠢᠨ ᠬᠦᠨᠳᠦ᠂  ᠰᠦᠨ ᠤ ᠭᠠᠷᠤᠯᠲᠠ᠂ ᠥᠰᠦᠯᠲᠡ ᠶᠢᠨ ᠨᠤᠷᠮ᠎ᠠ ᠵᠡᠷᠭᠡ ᠨᠢ ᠪᠠᠭᠤᠷᠠᠳᠠᠭ ᠪᠠᠶᠢᠨ᠎ᠠ᠃            ᠮᠠᠯ ᠲᠡᠵᠢᠭᠡᠪᠦᠷᠢ ᠶᠢᠨ ᠦᠷᠡᠵᠢᠯ ᠤᠨ ᠴᠢᠳᠠᠪᠤᠷᠢ ᠶᠢ ᠨᠥᠯᠥᠭᠡᠯᠡᠵᠦ᠂ ᠬᠡᠭᠡᠯᠲᠦᠭᠦᠯᠦᠭᠴᠢ ᠶᠢᠨ ᠦᠷ᠎ᠡ ᠶᠢᠨ ᠲᠤᠭ᠎ᠠ ᠬᠡᠮᠵᠢᠶ᠎ᠡ ᠨᠢ ᠬᠠᠰᠤᠭᠳᠠᠬᠤ  ᠪᠥᠭᠡᠳ ᠴᠢᠨᠠᠷ ᠨᠢ ᠮᠠᠭᠤᠳᠠᠨ᠎ᠠ᠃ ᠬᠡᠭᠡᠯᠲᠦᠭᠴᠢ ᠮᠠᠯ ᠣᠷᠤᠭ᠎ᠠ ᠣᠷᠣᠬᠤ ᠦᠭᠡᠢ᠂ ᠬᠡᠭᠡᠯ ᠲᠣᠭᠲᠠᠬᠤ ᠪᠤᠶᠤ ᠬᠥᠪᠥᠷᠡᠯ ᠤᠨ ᠪᠤᠶᠢᠵᠢᠯᠳᠠ ᠮᠠᠭᠤ ᠪᠤᠯᠬᠤ ᠪᠠᠷ  ᠪᠠᠷᠠᠬᠤ ᠦᠭᠡᠢ ᠂ ᠪᠠᠰᠠ ᠵᠡᠷᠡᠮᠳᠡᠭ ᠲᠥᠯ᠂ ᠦᠬᠦᠭᠰᠡᠨ ᠲᠥᠯ ᠪᠤᠶᠤ ᠪᠠᠭᠤᠷᠠᠢ ᠲᠥᠯ ᠲᠥᠯᠯᠡᠳᠡᠭ᠃            ᠲᠡᠵᠢᠭᠡᠯ ᠪᠣᠷᠳᠣᠭᠠᠨ ᠤ ᠤᠭᠤᠷᠠᠭ ᠤᠨ ᠬᠡᠮᠵᠢᠶ᠎ᠡ ᠨᠢ ᠮᠠᠯ ᠤᠨ ᠱᠠᠭᠠᠷᠳᠠᠯᠭ᠎ᠠ ᠠᠴᠠ ᠬᠡᠲᠦᠷᠡᠪᠡᠯ ᠤᠭᠤᠷᠠᠭ ᠢ ᠪᠦᠷᠢᠯᠭᠡᠨ ᠰᠦᠢᠳᠬᠡᠬᠦ ᠪᠠᠷ ᠪᠠᠷᠠᠬᠤ  ᠦᠭᠡᠢ᠂ ᠮᠠᠯ ᠤᠨ ᠪᠡᠶ᠎ᠡ ᠶᠢᠨ ᠰᠥᠯᠢᠯᠴᠠᠭ᠎ᠠ ᠰᠠᠮᠠᠭᠤᠷᠠᠬᠤ ᠪᠤᠶᠤ ᠤᠭᠤᠷᠠᠭ ᠤᠨ ᠬᠤᠣᠷᠳᠠᠯ ᠪᠣᠯᠣᠨ᠎ᠠ᠃ ᠡᠶᠢᠮᠦ ᠠᠴᠠ ᠮᠠᠯ ᠤᠨ ᠠᠳᠠᠯᠢ ᠪᠤᠰᠤ ᠹᠢᠽᠢᠣᠯᠣᠭᠢ ᠶᠢᠨ ᠪᠠᠶᠢᠳᠠᠯ ᠪᠣᠯᠣᠨ ᠦᠢᠯᠡᠳᠪᠦᠷᠢᠯᠡᠯ ᠤᠨ ᠴᠢᠳᠠᠪᠤᠷᠢ ᠶᠢ ᠨᠢ ᠦᠨᠳᠦᠰᠦᠯᠡᠨ᠂ ᠲᠡᠵᠢᠭᠡᠯ ᠪᠣᠷᠳᠣᠭᠠᠨ ᠤ ᠤᠭᠤᠷᠠᠭ ᠤᠨ ᠬᠡᠮᠵᠢᠶ᠎ᠡ ᠶᠢ ᠵᠣᠬᠢᠰᠲᠠᠢ ᠪᠠᠷ  ᠲᠣᠬᠢᠷᠠᠭᠤᠯᠬᠤ ᠪᠣᠯ ᠮᠠᠯ ᠲᠡᠵᠢᠭᠡᠪᠦᠷᠢ ᠶᠢᠨ ᠡᠷᠡᠭᠦᠯ ᠴᠢᠭᠢᠷᠠᠭ ᠢ ᠪᠠᠲᠤᠯᠠᠵᠤ᠂ ᠮᠠᠯ ᠤᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠴᠢᠬᠤᠯᠠ ᠨᠢᠭᠡᠨ  ᠵᠠᠩᠭᠢᠯᠠᠭ᠎ᠠ ᠪᠣᠯᠣᠨ᠎ᠠ᠃              ︽ᠲᠡᠵᠢᠭᠡᠯ ᠪᠣᠷᠳᠤᠭ᠎ᠠ ᠪᠣᠯᠣᠨ ᠠᠷᠠᠴᠢᠯᠠᠭ᠎ᠠ ᠶᠢᠨ ᠰᠤᠳᠤᠯᠤᠯ︾ ᠭᠡᠬᠦ ᠨᠣᠮ ᠠᠴᠠ ᠪᠠᠭᠤᠯᠭᠠᠪᠠ  
        ᠢᠷᠡᠯᠲᠡ᠄ ᠤᠷᠳᠤᠰ ᠤᠨ ᠮᠤᠩᠭᠤᠯ ᠭᠡᠯᠡᠨ ᠤ ᠰᠤᠨᠢᠨ ᠮᠡᠳᠡᠭᠡᠨ ᠤ ᠰᠦᠯᠵᠢᠶ᠎ᠡ