365bet网上娱乐场_365双试投注是什么_365bet正网开户人民政府蒙古文网站 365bet网上娱乐场_365双试投注是什么_365bet正网开户

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠰᠢᠤᠳᠠᠨ ᠤ ᠭᠤᠪᠢᠭᠤᠯᠭ᠎ᠠ ᠶᠢᠨ ᠦᠢᠯᠡᠰ ᠪᠠ ᠰᠢᠤᠳᠠᠨ ᠤ ᠭᠤᠪᠢᠭᠤᠯᠭ᠎ᠠ ᠶᠢᠨ ᠠᠵᠢᠯᠲᠠᠳ ᠵᠢᠴᠢ ᠠᠷᠠᠳ ᠣᠯᠠᠨ ᠳᠤ ᠥᠭᠬᠦ
        ᠨᠡᠶᠢᠲᠡᠯᠡᠭᠰᠡᠨ ᠴᠠᠭ᠄
        2022/10/10
              10 ᠰᠠᠷ᠎ᠠ ᠶᠢᠨ 7᠎ ᠤ ᠡᠳᠥᠷ᠂ ᠳ᠋ᠦᠩᠱᠧᠩ ᠲᠣᠭᠤᠷᠢᠭ ᠪᠥᠭᠡᠮ ᠬᠦᠴᠢᠯ ᠤᠨ ᠪᠠᠶᠢᠴᠠᠭᠠᠯᠲᠠ ᠶᠢᠨ ᠰᠣᠷᠢᠯᠲᠠ ᠬᠢᠬᠦ ᠳᠤᠮᠳᠠ  ᠣᠷᠳᠣᠰ ᠬᠤᠲᠠ ᠶᠢᠨ ᠰᠢᠤᠳᠠᠨ ᠤ ᠭᠤᠪᠢᠭᠤᠯᠭ᠎ᠠ ᠶᠢᠨ ᠰᠢᠢᠳᠪᠦᠷᠢᠯᠡᠬᠦ ᠲᠥᠪ ᠤᠨ 1 ᠠᠵᠢᠯᠲᠠᠨ ᠤ ᠪᠥᠭᠡᠮ ᠬᠦᠴᠢᠯ ᠤᠨ ᠪᠠᠶᠢᠴᠠᠭᠠᠯᠲᠠ ᠎ ᠶᠢᠨ ᠦᠷ᠎ᠡ ᠳ᠋ᠦᠩ ᠠᠷᠭ᠎ᠠ ᠴᠢᠨᠠᠷ ᠢᠯᠡᠷᠡᠭᠰᠡᠨ ᠢ ᠣᠯᠵᠤ ᠮᠡᠳᠡᠪᠡ᠃ ᠬᠠᠯᠳᠠᠪᠤᠷᠢᠲᠤ ᠡᠪᠡᠳᠴᠢᠨ ᠤ ᠤᠬᠠᠭᠠᠨ ᠤ ᠠᠩᠬ᠎ᠠ ᠠᠯᠬᠤᠮ ᠤᠨ  ᠪᠠᠶᠢᠴᠠᠭᠠᠯᠲᠠ ᠬᠢᠬᠦ ᠶᠢᠨ ᠳᠠᠭᠠᠤ ᠡᠪᠡᠳᠴᠢᠲᠡᠨ ᠤ ᠠᠵᠢᠯᠯᠠᠵᠤ ᠪᠠᠶᠢᠭ᠎ᠠ ᠭᠠᠵᠠᠷ ᠤᠨ ᠣᠷᠴᠢᠨ ᠲᠣᠭᠤᠷᠢᠨ ᠠᠴᠠ ᠦᠯᠢᠭᠡᠷ ᠠᠪᠴᠤ  ᠪᠠᠶᠢᠴᠠᠭᠠᠭᠰᠠᠨ ᠳᠤ ᠬᠡᠳᠥᠨ ᠭᠠᠵᠠᠷ ᠲᠤ ᠠᠷᠭ᠎ᠠ ᠴᠢᠨᠠᠷ ᠢᠯᠡᠷᠡᠵᠡᠢ᠃ ᠶᠡᠷᠦᠩᠬᠡᠶᠢᠯᠡᠭᠰᠡᠨ ᠰᠤᠳᠤᠯᠤᠨ ᠮᠠᠭᠠᠳᠯᠠᠯᠲᠠ ᠶᠢ ᠦᠨᠳᠥᠰᠦᠯᠡᠪᠡᠯ᠂  ᠲᠤᠰ ᠲᠥᠪ ᠠᠴᠠ ᠪᠦᠬᠦ ᠬᠤᠲᠠ ᠶᠢᠨ ᠡᠯ᠎ᠡ ᠬᠤᠰᠢᠭᠤ ᠲᠣᠭᠤᠷᠢᠭ ᠲᠤ ᠶᠠᠪᠤᠭᠤᠯᠤᠭᠰᠠᠨ ᠲᠦᠷᠭᠡᠨ ᠭᠤᠪᠢᠭᠤᠯᠭ᠎ᠠ ᠶᠢᠨ ᠪᠣᠳᠠᠰ ᠤᠳ ᠲᠤ  ᠬᠢᠵᠢᠭ ᠤᠨ ᠪᠠᠶᠢᠳᠠᠯ ᠢ ᠲᠠᠷᠬᠠᠭᠠᠬᠤ ᠲᠦᠭᠰᠢᠭᠦᠷᠢ ᠤᠷᠤᠰᠢᠵᠤ ᠪᠠᠶᠢᠨ᠎ᠠ᠃            10 ᠰᠠᠷ᠎ᠠ ᠶᠢᠨ 9᠎ ᠤ ᠡᠳᠥᠷ᠂ ᠳ᠋ᠦᠩᠱᠧᠩ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠠᠴᠠ  ᠲᠦᠪᠯᠡᠷᠡᠭᠦᠯᠤᠨ ᠲᠤᠰᠠᠭᠠᠷᠯᠠᠭᠰᠠᠨ ᠨᠢᠭᠲᠠ ᠣᠶᠢᠷᠠᠲᠤᠭᠰᠠᠳ ᠲᠤ ᠠᠩᠬ᠎ᠠ ᠠᠯᠬᠤᠮ ᠤᠨ ᠪᠠᠶᠢᠴᠠᠭᠠᠯᠲᠠ ᠬᠢᠭᠡᠳ ᠠᠷᠭ᠎ᠠ ᠴᠢᠨᠠᠷᠳᠠᠢ 5  ᠬᠥᠮᠦᠨ ᠢ ᠢᠯᠡᠷᠡᠭᠦᠯᠪᠡ᠂ ᠡᠳᠡᠭᠡᠷ ᠬᠥᠮᠦᠰ ᠪᠤᠯ ᠴᠥᠮ ᠣᠷᠳᠣᠰ ᠬᠤᠲᠠ ᠶᠢᠨ ᠰᠢᠤᠳᠠᠨ ᠤ ᠭᠤᠪᠢᠭᠤᠯᠭ᠎ᠠ ᠶᠢ ᠰᠢᠢᠳᠪᠦᠷᠢᠯᠡᠬᠦ ᠲᠥᠪ ᠤᠨ  ᠲᠣᠳᠣᠯᠠᠭᠰᠠᠨ ᠡᠪᠡᠳᠴᠢᠲᠡᠨ ᠲᠠᠢ ᠬᠤᠯᠪᠣᠭᠳᠠᠬᠤ ᠬᠥᠮᠦᠰ ᠮᠥᠨ᠃ ᠬᠢᠵᠢᠭ ᠤᠨ ᠪᠠᠶᠢᠳᠠᠯ ᠤᠨ ᠲᠠᠷᠬᠠᠨ ᠳᠡᠯᠭᠡᠷᠡᠬᠦ ᠶᠢ ᠰᠡᠷᠭᠡᠶᠢᠯᠡᠵᠦ᠂  ᠠᠶᠤᠯ ᠲᠦᠭᠰᠢᠭᠦᠷᠢ ᠶᠢ ᠡᠷᠡᠰ ᠲᠠᠰᠤᠯᠬᠤ ᠶᠢᠨ ᠲᠤᠰᠠᠳᠠ᠂ ᠳ᠋ᠦᠩᠱᠧᠩ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ  ᠠᠵᠢᠯ ᠤᠨ ᠵᠢᠯᠣᠭᠤᠳᠬᠤ ᠭᠠᠵᠠᠷ ᠠᠴᠠ ᠰᠢᠤᠳᠠᠨ ᠤ ᠭᠤᠪᠢᠭᠤᠯᠭ᠎ᠠ ᠶᠢᠨ ᠦᠢᠯᠡᠰ ᠪᠠ ᠰᠢᠤᠳᠠᠨ ᠤ ᠭᠤᠪᠢᠭᠤᠯᠭ᠎ᠠ ᠎ ᠶᠢᠨ ᠠᠵᠢᠯᠲᠠᠳ ᠵᠢᠴᠢ  ᠠᠷᠠᠳ ᠣᠯᠠᠨ ᠳᠤ ᠴᠢᠬᠤᠯᠠ ᠰᠠᠨᠠᠭᠤᠯᠤᠮᠵᠢ ᠥᠭᠭᠦᠶ᠎ᠡ᠄            ᠨᠢᠭᠡ᠂ ᠳ᠋ᠦᠩᠱᠧᠩ ᠲᠣᠭᠤᠷᠢᠭ ᠤᠨ ᠬᠡᠪᠴᠢᠶᠡᠨ ᠳᠠᠬᠢ ᠪᠣᠢ ᠪᠦᠬᠦᠢ ᠰᠢᠤᠳᠠᠨ ᠤ ᠭᠤᠪᠢᠭᠤᠯᠭ᠎ᠠ ᠶᠢᠨ ᠰᠢᠢᠳᠪᠦᠷᠢᠯᠡᠬᠦ ᠲᠥᠪ᠂  ᠲᠦᠷᠭᠡᠨ ᠭᠤᠪᠢᠭᠤᠯᠭ᠎ᠠ ᠶᠢ ᠲᠣᠰᠴᠤ ᠬᠦᠷᠭᠡᠬᠦ ᠭᠠᠵᠠᠷ᠂ ᠲᠦᠷᠭᠡᠨ ᠭᠤᠪᠢᠭᠤᠯᠭ᠎ᠠ ᠶᠢ ᠬᠤᠷᠢᠶᠠᠨ ᠳᠠᠮᠵᠢᠭᠤᠯᠬᠤ ᠴᠡᠭ ︵ᠲᠦᠷᠭᠡᠨ  ᠭᠤᠪᠢᠭᠤᠯᠭ᠎ᠠ ᠶᠢᠨ ᠠᠪᠳᠠᠷ᠎ᠠ᠂  ᠴᠢᠯᠦᠭᠡᠳᠤ ᠳᠡᠯᠭᠡᠭᠦᠷ ᠤᠨ ᠣᠷᠣᠯᠠᠨ ᠢᠯᠡᠭᠡᠬᠦ ᠴᠡᠭ᠂ ᠲᠦᠷᠭᠡᠨ ᠭᠤᠪᠢᠭᠤᠯᠭ᠎ᠠ ᠶᠢᠨ ᠥᠷᠲᠡᠭᠡ ᠵᠡᠷᠭᠡ  ᠲᠦᠷᠭᠡᠨ ᠭᠤᠪᠢᠭᠤᠯᠭ᠎ᠠ ᠶᠢ ᠬᠠᠳᠠᠭᠠᠯᠠᠨ ᠲᠠᠯᠪᠢᠬᠤ ᠭᠠᠵᠠᠷ ᠤᠳ︶ ᠵᠢᠴᠢ ᠲᠦᠷᠭᠡᠨ ᠭᠤᠪᠢᠭᠤᠯᠭ᠎ᠠ ᠲᠣᠰᠴᠤ ᠬᠦᠷᠭᠡᠬᠦ ᠬᠡᠯᠬᠢᠶᠡᠨ ᠳᠤ  ᠬᠤᠯᠪᠣᠭᠳᠠᠬᠤ ᠪᠦᠬᠦ ᠣᠷᠣᠨ ᠲᠠᠯᠠᠪᠤᠷ᠂ ᠪᠠᠷᠠᠭ᠎ᠠ ᠲᠠᠸᠠᠷ ᠪᠠ ᠲᠦᠷᠭᠡᠨ ᠭᠤᠪᠢᠭᠤᠯᠭ᠎ᠠ ᠶᠢᠨ ᠠᠪᠳᠠᠷ᠎ᠠ ︵ᠭᠠᠳᠠᠨ᠎ᠠ ᠳᠣᠲᠣᠨ᠎ᠠ︶᠎ ᠳᠤ ᠴᠥᠮ  ᠪᠦᠬᠦ ᠲᠠᠯ᠎ᠠ ᠶᠢᠨ ᠨᠠᠷᠢᠨ ᠨᠢᠮᠪᠠᠢ ᠠᠷᠢᠭᠤᠳᠬᠠᠯ ᠬᠢᠨ᠎ᠡ᠃ ᠪᠣᠢ ᠪᠦᠬᠦᠢ ᠣᠷᠣᠨ ᠲᠠᠯᠠᠪᠤᠷ ᠲᠤ 1000mg/L᠎ ᠤᠨ ᠾᠯᠣᠷᠲᠤ  ᠠᠷᠢᠭᠤᠳᠬᠠᠯ ᠤᠨ ᠡᠳ᠋ ᠪᠤᠶᠤ 500 mg/L᠎ ᠤᠨ ᠾᠯᠣᠷ ᠤᠨ ᠳᠠᠪᠬᠤᠷ ᠢᠰᠦᠯ ᠤᠨ ᠠᠷᠢᠭᠤᠳᠬᠠᠯ ᠤᠨ ᠡᠳ᠋ ᠰᠦᠷᠴᠢᠬᠦ᠂  ᠠᠭᠤᠷᠲᠤᠭᠤᠯᠬᠤ᠂ ᠠᠷᠴᠢᠬᠤ᠂ ᠳᠡᠪᠲᠦᠭᠡᠬᠦ ᠵᠡᠷᠭᠡ ᠠᠷᠢᠭᠤᠳᠬᠠᠯ ᠤᠨ ᠠᠷᠭ᠎ᠠ ᠬᠡᠮᠵᠢᠶ᠎ᠡ ᠠᠪᠴᠤ ᠪᠣᠯᠤᠨ᠎ᠠ︔ ᠲᠦᠷᠭᠡᠨ ᠭᠤᠪᠢᠭᠤᠯᠭ᠎ᠠ ᠶᠢᠨ  ᠠᠪᠳᠠᠷ᠎ᠠ ᠶᠢᠨ ᠳᠣᠲᠣᠷ᠎ᠠ ᠲᠠᠯ᠎ᠠ ᠵᠡᠷᠭᠡ ᠢᠳᠡᠭᠳᠡᠯ ᠢ ᠳᠠᠭᠠᠭᠠᠬᠤ ᠦᠭᠡᠢ ᠪᠣᠳᠠᠰ ᠤᠨ ᠭᠠᠳᠠᠷᠭᠤ ᠳᠤ 2000 mg/L᠎ ᠤᠨ ᠳᠥᠷᠪᠡᠳᠥᠭᠡᠷ  ᠠᠮᠮᠣᠨᠢ ᠳᠠᠪᠤᠰᠤ ᠶᠢᠨ ᠲᠥᠷᠥᠯ ᠤᠨ ᠠᠷᠢᠭᠤᠳᠬᠠᠯ ᠤᠨ ᠡᠳ᠋ ᠰᠦᠷᠴᠢᠵᠦ᠂ ᠠᠷᠴᠢᠬᠤ ᠪᠤᠶᠤ ᠳᠡᠪᠲᠦᠭᠡᠬᠦ ᠠᠷᠢᠭᠤᠳᠬᠠᠯ ᠬᠢᠪᠡᠯ 30  ᠮᠢᠨᠦ᠋ᠲ ᠥᠩᠭᠡᠷᠡᠭᠰᠡᠨ ᠤ ᠳᠠᠷᠠᠭ᠎ᠠ ᠴᠡᠪᠡᠷ ᠤᠰᠤ ᠪᠠᠷ ᠠᠷᠴᠢᠨ ᠴᠡᠪᠡᠷᠯᠡᠨ᠎ᠡ᠃            ᠬᠤᠶᠠᠷ᠂ 10 ᠰᠠᠷ᠎ᠠ ᠶᠢᠨ1᠎ ᠤ ᠡᠳᠥᠷ ᠠᠴᠠ 7᠎ ᠤ ᠡᠳᠥᠷ ᠪᠣᠯᠲᠠᠯ᠎ᠠ ᠰᠢᠤᠳᠠᠨ ᠤ ᠭᠤᠪᠢᠭᠤᠯᠭ᠎ᠠ ᠶᠢᠨ ᠡᠳ᠋ ᠪᠣᠳᠠᠰ ᠲᠠᠢ  ᠣᠶᠢᠷᠠᠲᠤᠭᠰᠠᠨ ᠠᠵᠢᠯᠲᠠᠳ᠂ ᠬᠦᠷᠭᠡᠭᠴᠢᠳ᠂ ᠲᠡᠭᠡᠭᠡᠵᠦ ᠪᠠᠭᠤᠯᠭᠠᠬᠤ ᠠᠵᠢᠯᠲᠠᠳ᠂ ᠬᠦᠯᠢᠶᠡᠨ ᠠᠪᠤᠭᠴᠢ ᠵᠢᠴᠢ ᠴᠡᠪᠡᠷᠯᠡᠭᠴᠢᠳ ᠳᠠᠷᠤᠢ  ᠲᠦᠷᠭᠡᠨ ᠪᠠᠶᠢᠭ᠎ᠠ ᠨᠡᠶᠢᠭᠡᠮ ᠲᠣᠭᠤᠷᠢᠭ ︵ᠲᠣᠰᠬᠤᠨ︶᠎ ᠲᠠᠭᠠᠨ ᠮᠡᠳᠡᠭᠦᠯᠤᠨ ᠳᠠᠩᠰᠠᠯᠠᠭᠤᠯᠵᠤ᠂ ︽7 ᠡᠳᠥᠷ ︵ᠲᠦᠷᠭᠡᠨ ᠭᠤᠪᠢᠭᠤᠯᠭ᠎ᠠ ᠎ ᠶᠢᠨ ᠡᠳ᠋ ᠪᠣᠳᠠᠰ ᠢ ᠬᠦᠯᠢᠶᠡᠨ ᠠᠪᠤᠭᠰᠠᠨ ᠬᠠᠮᠤᠭ ᠰᠡᠭᠦᠯᠴᠢ ᠶᠢᠨ ᠴᠠᠭ ᠠᠴᠠ ᠡᠬᠢᠯᠡᠵᠦ ᠪᠣᠳᠣᠨ᠎ᠠ︶ ᠭᠡᠷ ᠲᠡᠭᠡᠨ ᠰᠠᠭᠤᠵᠤ ᠡᠷᠡᠭᠦᠯ ᠮᠡᠨᠳᠦ ᠎ ᠶᠢᠨ ᠬᠢᠨᠠᠨ ᠬᠡᠮᠵᠢᠯᠲᠡ ᠬᠢᠬᠦ︾᠎ ᠶᠢ ᠬᠡᠷᠡᠭᠵᠢᠭᠦᠯᠵᠦ᠂ ᠬᠤᠪᠢ ᠪᠡᠶ᠎ᠡ ᠶᠢᠨ ᠢᠶᠠᠨ ᠰᠡᠷᠭᠡᠶᠢᠯᠡᠯᠲᠡ ᠬᠠᠮᠠᠭᠠᠯᠠᠯᠲᠠ ᠪᠠᠨ ᠰᠠᠶᠢᠲᠤᠷ ᠬᠢᠭᠰᠡᠨ  ᠤᠷᠢᠲᠠᠯ ᠳᠣᠣᠷ᠎ᠠ ᠡᠳᠥᠷ ᠪᠣᠯᠭᠠᠨ ᠣᠶᠢᠷ᠎ᠠ ᠬᠠᠪᠢ ᠶᠢᠨ ᠪᠥᠭᠡᠮ ᠬᠦᠴᠢᠯ ᠪᠠᠶᠢᠴᠠᠭᠠᠬᠤ ᠴᠡᠭ ᠲᠤ ᠬᠦᠷᠴᠦ ᠪᠥᠭᠡᠮ ᠬᠦᠴᠢᠯ ᠤᠨ  ᠪᠠᠶᠢᠴᠠᠭᠠᠯᠳᠠ ᠬᠢᠨ᠎ᠠ᠃ ᠬᠡᠷᠪᠡ ᠬᠠᠯᠠᠭᠤᠷᠠᠬᠤ᠂ ᠬᠠᠨᠢᠶᠠᠬᠤ᠂ ᠲᠠᠮᠢᠷᠳᠠᠬᠤ᠂ ᠬᠤᠭᠤᠯᠠᠢ ᠡᠪᠡᠳᠬᠦ᠂ ᠦᠨᠦᠷᠯᠡᠬᠦ ᠠᠮᠳᠠᠯᠠᠬᠤ ᠰᠡᠷᠡᠯ ᠮᠠᠭᠤᠳᠠᠬᠤ ᠂ ᠰᠠᠭᠤᠯᠭᠠᠬᠤ ᠵᠡᠷᠭᠡ ᠡᠪᠡᠳᠴᠢᠨ ᠤ ᠪᠠᠶᠢᠳᠠᠯ ᠢᠯᠡᠷᠡᠪᠡᠯ ᠳᠠᠷᠤᠢ ᠲᠦᠷᠭᠡᠨ ᠳ᠋ᠦᠩᠱᠧᠩ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ  ᠡᠵᠡᠮᠳᠡᠬᠦ ᠲᠥᠪ ᠲᠤ ᠮᠡᠳᠡᠭᠦᠯᠬᠦ ᠬᠡᠷᠡᠭᠲᠡᠢ᠃ ᠵᠣᠷᠢᠭᠤᠳᠠ ᠨᠢᠭᠤᠬᠤ᠂ ᠱᠠᠭᠠᠷᠳᠠᠯᠭ᠎ᠠ ᠶᠣᠰᠣᠭᠠᠷ ᠮᠡᠳᠡᠭᠦᠯᠤᠨ ᠳᠠᠩᠰᠠᠯᠠᠭᠤᠯᠬᠤ ᠦᠭᠡᠢ ᠪᠤᠶᠤ  ᠲᠤᠬᠠᠢ ᠶᠢ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠶᠢ ᠲᠡᠷᠰᠯᠡᠭᠰᠡᠨ ᠠᠴᠠ ᠪᠣᠯᠵᠤ ᠬᠢᠵᠢᠭ ᠤᠨ  ᠪᠠᠶᠢᠳᠠᠯ ᠢ ᠲᠠᠷᠬᠠᠭᠠᠬᠤ ᠲᠦᠭᠰᠢᠭᠦᠷᠢ ᠡᠭᠦᠰᠭᠡᠭᠰᠡᠨ ᠬᠥᠮᠦᠰ ᠠᠴᠠ ᠬᠠᠤᠯᠢ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃            ᠭᠤᠷᠪᠠ᠂ ᠡᠯ᠎ᠡ ᠰᠢᠤᠳᠠᠨ ᠤ ᠭᠤᠪᠢᠭᠤᠯᠭ᠎ᠠ ᠶᠢ ᠰᠢᠢᠳᠪᠦᠷᠢᠯᠡᠬᠦ ᠲᠥᠪ᠂ ᠲᠦᠷᠭᠡᠨ ᠭᠤᠪᠢᠭᠤᠯᠭ᠎ᠠ ᠶᠢ ᠲᠣᠰᠴᠤ ᠬᠦᠷᠭᠡᠬᠦ ᠭᠠᠵᠠᠷ᠂  ᠲᠦᠷᠭᠡᠨ ᠭᠤᠪᠢᠭᠤᠯᠭ᠎ᠠ ᠶᠢ ᠬᠤᠷᠢᠶᠠᠨ ᠳᠠᠮᠵᠢᠭᠤᠯᠬᠤ ᠴᠡᠭ ᠵᠠᠪᠠᠯ ᠣᠷᠣᠨ ᠲᠠᠯᠠᠪᠤᠷ ᠵᠢᠴᠢ ᠲᠦᠷᠭᠡᠨ ᠭᠤᠪᠢᠭᠤᠯᠭ᠎ᠠ ᠶᠢᠨ ᠪᠠᠷᠠᠭ᠎ᠠ  ᠲᠠᠸᠠᠷ ᠤᠨ ᠠᠷᠢᠭᠤᠳᠬᠠᠯ ᠤᠨ ᠠᠵᠢᠯ ᠪᠠ ᠪᠣᠢ ᠪᠦᠬᠦᠢ ᠠᠵᠢᠯᠲᠠᠳ ᠤᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢᠨ ᠠᠵᠢᠯ ᠢ ᠰᠠᠶᠢᠲᠤᠷ  ᠬᠢᠵᠦ᠂ ᠢᠯᠭᠠᠨ ᠰᠠᠯᠭᠠᠭᠰᠠᠨ ᠦᠭᠡᠢ ᠲᠦᠷᠭᠡᠨ ᠭᠤᠪᠢᠭᠤᠯᠭ᠎ᠠ ᠎ ᠶᠢᠨ ᠪᠠᠷᠠᠭ᠎ᠠ ᠲᠠᠸᠠᠷ ᠢ ᠠᠷᠢᠭᠤᠳᠬᠠᠵᠤ ᠪᠢᠲᠡᠭᠦᠮᠵᠢᠯᠡᠨ ᠬᠠᠳᠠᠭᠠᠯᠠᠨ᠎ᠠ︔  ᠰᠢᠢᠳᠪᠦᠷᠢᠯᠡᠬᠦ ᠲᠥᠪ ᠠᠴᠠ ᠰᠠᠯᠤᠭᠰᠠᠨ ᠪᠣᠯᠪᠠᠴᠤ ᠬᠦᠯᠢᠶᠡᠨ ᠠᠪᠤᠭᠴᠢ ᠨᠢ ᠠᠪᠤᠭᠠᠳᠤᠢ ᠲᠦᠷᠭᠡᠨ ᠭᠤᠪᠢᠭᠤᠯᠭ᠎ᠠ ᠶᠢ ᠠᠷᠢᠭᠤᠳᠬᠠᠵᠤ  ᠪᠢᠲᠡᠭᠦᠮᠵᠢᠯᠡᠨ ᠬᠠᠳᠠᠭᠠᠯᠠᠨ᠎ᠠ᠃ ᠠᠷᠢᠭᠤᠳᠬᠠᠯ ᠬᠢᠬᠦ ᠨᠥᠬᠦᠴᠡᠯ ᠦᠭᠡᠢ ᠲᠦᠷᠭᠡᠨ ᠭᠤᠪᠢᠭᠤᠯᠭ᠎ᠠ ᠶᠢᠨ  ᠴᠡᠭ ᠬᠠᠷᠢᠶ᠎ᠠ ᠲᠣᠭᠤᠷᠢᠭ ᠤᠨ  ᠨᠡᠶᠢᠭᠡᠮ ᠲᠣᠭᠤᠷᠢᠭ ᠲᠤ ᠮᠡᠳᠡᠭᠦᠯᠤᠨ ᠳᠠᠩᠰᠠᠯᠠᠭᠤᠯᠬᠤ ᠪᠤᠶᠤ ᠭᠤᠷᠪᠠᠳᠠᠬᠢ ᠡᠳᠡᠭᠡᠳ ᠤᠨ ᠠᠷᠢᠭᠤᠳᠬᠠᠯ ᠤᠨ ᠺᠣᠮᠫᠠᠨᠢ ︵ᠬᠠᠷᠢᠯᠴᠠᠬᠤ  ᠤᠲᠠᠰᠤ᠄ 13734836082︶᠎ ᠲᠠᠢ ᠬᠠᠷᠢᠯᠴᠠᠵᠤ ᠠᠷᠢᠭᠤᠳᠬᠠᠯ ᠬᠢᠯᠭᠡᠬᠦ ᠬᠡᠷᠡᠭᠲᠡᠢ᠃            ᠳᠥᠷᠪᠡ᠂ ᠠᠷᠠᠳ ᠣᠯᠠᠨ 10 ᠰᠠᠷ᠎ᠠ ᠶᠢᠨ 1᠎ ᠤ ᠡᠳᠥᠷ ᠠᠴᠠ ᠬᠤᠶᠢᠰᠢ ᠰᠦᠯᠵᠢᠶᠡᠨ ᠳᠡᠭᠡᠷ᠎ᠡ ᠠᠴᠠ ᠪᠠᠷᠠᠭ᠎ᠠ ᠠᠪᠤᠭᠠᠳ ᠲᠦᠷᠭᠡᠨ  ᠭᠤᠪᠢᠭᠤᠯᠭ᠎ᠠ ᠪᠠᠨ ᠲᠣᠰᠣᠭᠠᠳᠤᠢ ᠪᠣᠯ ᠲᠦᠷ ᠲᠣᠰᠬᠤ ᠬᠡᠷᠡᠭ ᠦᠭᠡᠢ᠂ ᠲᠦᠷᠭᠡᠨ ᠭᠤᠪᠢᠭᠤᠯᠭ᠎ᠠ ᠶᠢᠨ ᠡᠳ᠋ ᠪᠣᠳᠠᠰ ᠲᠤ ᠪᠦᠬᠦ ᠲᠠᠯ᠎ᠠ ᠶᠢᠨ  ᠠᠷᠢᠭᠤᠳᠬᠠᠯ ᠬᠢᠵᠦ ᠳᠠᠭᠤᠰᠤᠭᠠᠳ ᠳ᠋ᠦᠩᠱᠧᠩ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠠᠴᠠ ᠲᠦᠭᠰᠢᠭᠦᠷᠢ ᠎ ᠶᠢᠨ ᠦᠨᠡᠯᠡᠯᠲᠡ ᠬᠢᠭᠰᠡᠨ ᠤ ᠳᠠᠷᠠᠭ᠎ᠠ ᠰᠠᠶ᠋ᠢ ᠪᠠᠷᠠᠭ᠎ᠠ ᠲᠠᠸᠠᠷ ᠢᠶᠠᠨ ᠠᠪᠤᠭᠠᠷᠠᠢ︕            ᠲᠠᠪᠤ᠂ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠠᠷᠠᠳ ᠣᠯᠠᠨ ᠴᠢᠬᠤᠯᠠ ᠪᠤᠰᠤ ᠪᠣᠯ ᠬᠢᠯᠢ ᠶᠢᠨ ᠭᠠᠳᠠᠨ᠎ᠠ ᠪᠤᠶᠤ ᠤᠯᠤᠰ ᠤᠨ  ᠳᠣᠲᠣᠭᠠᠳᠤ ᠶᠢᠨ ᠳᠤᠮᠳᠠ ᠥᠨᠳᠥᠷ ᠲᠦᠭᠰᠢᠭᠦᠷᠢᠲᠡᠢ ᠣᠷᠣᠨ ᠳᠤ ᠦᠢᠯᠡᠳᠪᠦᠷᠢᠯᠡᠭᠰᠡᠨ᠂ ᠵᠣᠬᠢᠴᠠᠭᠤᠯᠤᠨ ᠬᠦᠷᠭᠡᠭᠰᠡᠨ ᠪᠤᠶᠤ ᠲᠠᠷᠬᠠᠭᠠᠭᠰᠠᠨ  ᠪᠣᠳᠠᠰ ᠢ ᠪᠣᠯᠬᠤ ᠶᠢᠨ ᠳᠣᠲᠣᠷ᠎ᠠ ᠪᠢᠲᠡᠭᠡᠢ ᠠᠪᠤᠭᠠᠷᠠᠢ᠃            ᠵᠢᠷᠭᠤᠭ᠎ᠠ᠂ ᠰᠠᠭᠤᠭᠠᠯᠢ ᠠᠷᠠᠳ ᠲᠦᠷᠭᠡᠨ ᠭᠤᠪᠢᠭᠤᠯᠭ᠎ᠠ ᠪᠠᠨ ᠠᠪᠬᠤ ᠳᠠᠭᠠᠨ ᠠᠮᠠᠪᠴᠢ ᠪᠠᠨ ᠰᠠᠶᠢᠲᠤᠷ ᠵᠡᠭᠦᠵᠦ᠂ ᠭᠠᠭᠴᠠ  ᠤᠳᠠᠭ᠎ᠠ ᠬᠡᠷᠡᠭᠯᠡᠬᠦ ᠪᠡᠭᠡᠯᠡᠢ ᠵᠡᠭᠦᠨ᠂ ᠬᠤᠷᠢᠶᠠᠨ ᠠᠪᠬᠤ ᠳᠠᠭᠠᠨ ᠴᠠᠭ ᠢ ᠵᠥᠷᠢᠭᠦᠯᠵᠦ᠂ ᠨᠢᠭᠡ ᠮᠧᠲᠷ ᠠᠴᠠ ᠳᠡᠭᠡᠭᠰᠢᠬᠢ ᠨᠡᠶᠢᠭᠡᠮ ᠤᠨ  ᠬᠠᠷᠢᠯᠴᠠᠭᠠᠨ ᠤ ᠵᠠᠢ ᠶᠢ ᠪᠠᠲᠤᠯᠠᠨ᠂ ᠣᠶᠢᠷᠠᠳᠬᠤ ᠬᠠᠷᠢᠯᠴᠠᠬᠤ ᠪᠠᠨ ᠪᠣᠯᠬᠤ ᠶᠢᠨ ᠳᠣᠲᠣᠷ᠎ᠠ ᠪᠠᠭᠠᠰᠬᠠᠨ᠂ ᠬᠥᠮᠦᠨ ᠬᠠᠷ᠎ᠠ ᠬᠤᠷᠠᠵᠤ  ᠴᠤᠭᠯᠠᠷᠠᠬᠤ ᠠᠴᠠ ᠵᠠᠶᠢᠯᠠᠰᠭᠢᠬᠤ ᠬᠡᠷᠡᠭᠲᠡᠢ᠃            ᠳᠣᠯᠤᠭ᠎ᠠ᠂ ᠲᠦᠷᠭᠡᠨ ᠭᠤᠪᠢᠭᠤᠯᠭ᠎ᠠ ᠶᠢ ᠪᠣᠯᠬᠤ ᠶᠢᠨ ᠳᠣᠲᠣᠷ᠎ᠠ ᠭᠡᠷ ᠤᠨ ᠭᠠᠳᠠᠨ᠎ᠠ ᠵᠠᠳᠠᠯᠵᠤ᠂ ᠾᠯᠣᠷᠲᠤ ᠠᠷᠢᠭᠤᠳᠬᠠᠯ ᠤᠨ ᠡᠳ᠋  ᠪᠤᠶᠤ ᠰᠫᠢᠷᠲ ᠢᠶᠠᠷ ᠭᠠᠳᠠᠷ ᠪᠣᠭᠤᠳᠠᠯ ᠢ ᠰᠠᠶᠢᠲᠤᠷ ᠠᠷᠢᠭᠤᠳᠬᠠᠨ᠂ ᠭᠠᠳᠠᠷ ᠪᠣᠭᠤᠳᠠᠯ ᠢ ᠭᠡᠷ ᠲᠡᠭᠡᠨ ᠪᠢᠲᠡᠭᠡᠢ ᠠᠪᠴᠤ ᠬᠠᠷᠢᠭᠠᠷᠠᠢ︕  ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠰᠢᠢᠳᠪᠦᠷᠢᠯᠡᠬᠦ ᠶᠢ ᠰᠠᠨᠠᠭᠤᠯᠵᠤ ᠪᠠᠶᠢᠨ᠎ᠠ᠃ ᠲᠦᠷᠭᠡᠨ ᠭᠤᠪᠢᠭᠤᠯᠭ᠎ᠠ ᠶᠢ ᠨᠢᠭᠡᠨᠲᠡ  ᠭᠡᠷ ᠲᠡᠭᠡᠨ ᠠᠪᠴᠤ ᠬᠠᠷᠢᠭᠰᠠᠨ ᠪᠣᠯ ᠪᠦᠬᠦ ᠲᠠᠯ᠎ᠠ ᠶᠢᠨ ᠠᠷᠢᠭᠤᠳᠬᠠᠯ ᠬᠢᠵᠦ ᠨᠢᠭᠡ ᠬᠡᠰᠡᠭ ᠬᠤᠭᠤᠴᠠᠭ᠎ᠠ ᠲᠠᠯᠪᠢᠭᠰᠠᠨ ᠤ ᠳᠠᠷᠠᠭ᠎ᠠ ᠳᠠᠬᠢᠨ  ᠵᠠᠳᠠᠯᠤᠭᠠᠷᠠᠢ᠃            ᠨᠠᠢᠮᠠ᠂ ᠲᠦᠷᠭᠡᠨ ᠭᠤᠪᠢᠭᠤᠯᠭ᠎ᠠ ᠶᠢ ᠰᠢᠢᠳᠪᠦᠷᠢᠯᠡᠭᠰᠡᠨ ᠤ ᠳᠠᠷᠠᠭ᠎ᠠ ᠴᠠᠭ ᠲᠤᠬᠠᠢ ᠳᠤᠨᠢ ᠪᠡᠭᠡᠯᠡᠢ ᠪᠠᠨ ᠠᠪᠴᠤ ︽ᠳᠣᠯᠣᠭᠠᠨ  ᠠᠯᠬᠤᠮ ᠢᠶᠠᠷ ᠭᠠᠷ ᠤᠬᠢᠶᠠᠬᠤ ᠠᠷᠭ᠎ᠠ︾᠎ ᠪᠠᠷ ᠨᠠᠷᠢᠨ ᠨᠢᠮᠪᠠᠢ ᠭᠠᠷ ᠢᠶᠠᠨ ᠤᠬᠢᠶᠠᠨ ᠠᠷᠢᠭᠤᠳᠬᠠᠵᠤ᠂ ᠪᠤᠵᠠᠷ ᠭᠠᠷ ᠢᠶᠠᠨ ᠠᠮᠠ᠂ ᠬᠠᠮᠠᠷ᠂  ᠨᠢᠳᠦ ᠲᠠᠢ ᠪᠠᠨ ᠬᠦᠷᠦᠯᠴᠡᠬᠦᠯᠬᠦ ᠠᠴᠠ ᠬᠢᠴᠢᠶᠡᠬᠦ ᠬᠡᠷᠡᠭᠲᠡᠢ᠃            ᠶᠢᠰᠤ᠂ ᠬᠡᠷᠪᠡ ᠬᠠᠯᠠᠭᠤᠷᠠᠬᠤ᠂ ᠬᠠᠨᠢᠶᠠᠬᠤ᠂ ᠲᠠᠮᠢᠷᠳᠠᠬᠤ᠂ ᠬᠤᠭᠤᠯᠠᠢ ᠡᠪᠡᠳᠬᠦ᠂ ᠦᠨᠦᠷᠯᠡᠬᠦ ︵ᠠᠮᠲᠠᠯᠠᠬᠤ︶ ᠰᠡᠷᠡᠯ ᠮᠠᠭᠤᠳᠠᠬᠤ᠂  ᠰᠠᠭᠤᠯᠭᠠᠬᠤ ᠵᠡᠷᠭᠡ ᠡᠪᠡᠳᠴᠢᠨ ᠤ ᠪᠠᠶᠢᠳᠠᠯ ᠢᠯᠡᠷᠡᠪᠡᠯ᠂ ᠬᠤᠪᠢ ᠪᠡᠶ᠎ᠡ ᠶᠢᠨ ᠰᠡᠷᠭᠡᠶᠢᠯᠡᠯᠲᠡ ᠬᠠᠮᠠᠭᠠᠯᠠᠯᠲᠠ ᠪᠠᠨ ᠰᠠᠶᠢᠲᠤᠷ ᠬᠢᠭᠡᠳ ᠣᠶᠢᠷ᠎ᠠ  ᠬᠠᠪᠢ ᠶᠢᠨ ᠬᠠᠯᠠᠭᠤᠷᠠᠯ ᠤᠨ ᠡᠭᠦᠳᠡᠨ ᠡᠮᠨᠡᠯᠭᠡ ᠪᠤᠶᠤ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠬᠦᠷᠴᠦ ᠡᠮᠴᠢᠯᠡᠭᠦᠯᠬᠦ ᠪᠤᠶᠤ  ᠪᠠᠶᠢᠴᠠᠭᠠᠯᠳᠠ ᠬᠢᠵᠤ᠂ ᠶᠠᠪᠤᠵᠤ ᠰᠠᠭᠤᠭᠰᠠᠨ ᠦᠩᠭᠡᠷᠡᠯᠳᠡ ᠪᠠ ᠣᠶᠢᠷᠠᠲᠤᠭᠰᠠᠨ ᠦᠩᠭᠡᠷᠡᠯᠳᠡ ᠪᠠᠨ ᠦᠨᠡᠨ ᠮᠥᠨ ᠢᠶᠠᠷ ᠮᠡᠳᠡᠭᠦᠯᠵᠦ᠂  ᠡᠮᠴᠢᠯᠡᠭᠦᠯᠬᠦ ᠶᠠᠪᠤᠴᠠ ᠳᠤ ᠨᠡᠶᠢᠲᠡ ᠶᠢᠨ ᠲᠡᠷᠭᠡ ᠬᠥᠰᠭᠡ ᠳᠤ ᠰᠠᠭᠤᠬᠤ ᠬᠡᠷᠡᠭ ᠦᠭᠡᠢ᠃                                                                ᠳ᠋ᠦᠩᠱᠧᠩ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ                                                              ᠡᠵᠡᠮᠳᠡᠬᠦ ᠠᠵᠢᠯ ᠤᠨ ᠵᠢᠯᠣᠭᠤᠳᠬᠤ ᠭᠠᠵᠠᠷ                                                                                2022 ᠣᠨ ᠤ 10 ᠰᠠᠷ᠎ᠠ ᠶᠢᠨ 10᠎ ᠤ ᠡᠳᠥᠷ   
        ᠢᠷᠡᠯᠲᠡ᠄ ᠤᠷᠳᠤᠰ ᠤᠨ ᠮᠤᠩᠭᠤᠯ ᠭᠡᠯᠡᠨ ᠤ ᠰᠤᠨᠢᠨ ᠮᠡᠳᠡᠭᠡᠨ ᠤ ᠰᠦᠯᠵᠢᠶ᠎ᠡ