365bet网上娱乐场_365双试投注是什么_365bet正网开户人民政府蒙古文网站 365bet网上娱乐场_365双试投注是什么_365bet正网开户

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠪᠦᠬᠦ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠸᠢᠳᠢᠤ᠋ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ
        ᠨᠡᠶᠢᠲᠡᠯᠡᠭᠰᠡᠨ ᠴᠠᠭ᠄
        2022/11/1

                               ᠯᠢ ᠯᠢ ᠬᠤᠷᠠᠯ ᠢ ᠡᠷᠬᠢᠯᠡᠵᠦ ᠳ᠋ᠦ᠋ ᠬᠤᠢ ᠯᠢᠶᠠᠩ ᠬᠤᠷᠠᠯ ᠳᠤ ᠣᠷᠤᠯᠴᠠᠵᠠᠢ

               ᠣᠶᠢᠷ᠎ᠠ ᠶᠢᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ᠂ ᠬᠤᠲᠠ ᠶᠢᠨ ᠰᠢᠨ᠎ᠡ ᠲᠢᠳᠢᠮᠯᠢᠭ ᠠᠭᠤᠰᠬᠢᠨ ᠥᠷᠪᠢᠰᠦᠯ ᠤᠨ ᠬᠢᠵᠢᠭ ᠤᠨ

        ᠪᠠᠶᠢᠳᠠᠯ ᠢ ᠠᠷᠭᠠᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠯᠢ ᠯᠢ ᠪᠦᠬᠦ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠸᠢᠳᠢᠤ᠋

        ᠲᠣᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠳᠢᠮᠯᠢᠭ ᠠᠭᠤᠰᠬᠢᠨ ᠥᠷᠪᠢᠰᠦᠯ ᠤᠨ

        ᠬᠢᠵᠢᠭ ᠤᠨ ᠪᠠᠶᠢᠳᠠᠯ ᠢ ᠠᠷᠭᠠᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠭᠦᠨᠵᠡᠭᠡᠢ ᠨᠠᠶᠢᠲᠠᠪᠤᠷᠢᠵᠢᠭᠤᠯᠵᠤ᠂

        ᠪᠦᠬᠦ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠳᠠᠬᠢᠨ ᠲᠣᠬᠢᠷᠠᠭᠤᠯᠵᠤ᠂ ᠳᠠᠬᠢᠨ ᠪᠠᠶᠢᠷᠢᠯᠠᠭᠤᠯᠵᠤ᠂ ᠳᠠᠬᠢᠨ ᠠᠬᠢᠭᠤᠯᠪᠠ᠃

        ᠬᠤᠲᠠ ᠶᠢᠨ ᠤᠳᠤᠷᠢᠳᠤᠯᠭ᠎ᠠ ᠳ᠋ᠦ᠋ ᠬᠤᠢ ᠯᠢᠶᠠᠩ᠂ ᠰᠤ᠋ ᠼᠦᠢ ᠹᠠᠩ᠂ ᠵᠠᠩ ᠸᠧᠢ᠂ ᠸᠠᠩ ᠰᠢᠨ ᠢᠦᠢ᠂ ᠭᠤᠣ ᠸᠧᠨ ᠾᠧ᠂ ᠮᠢᠶᠤᠤ ᠴᠧᠩ ᠢᠦᠢ ᠬᠤᠷᠠᠯ ᠳᠤ

        ᠣᠷᠤᠯᠴᠠᠪᠠ᠃

              ᠯᠢ ᠯᠢ᠂ ᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠲᠦᠢᠯ ᠤᠨ ᠬᠦᠨᠳᠦ ᠨᠣᠴᠢᠲᠠᠢ ᠪᠠᠶᠢᠵᠤ᠂ ᠵᠠᠷᠢᠮ ᠬᠤᠰᠢᠭᠤ

        ᠲᠣᠭᠤᠷᠢᠭ ᠲᠤ ᠬᠢᠵᠢᠭ ᠤᠨ ᠪᠠᠶᠢᠳᠠᠯ ᠣᠯᠠᠨ ᠴᠡᠭ ᠲᠤ ᠲᠠᠷᠬᠠᠵᠤ᠂ ᠳᠣᠲᠤᠭᠠᠲᠤ ᠳᠠᠭᠠᠨ ᠳᠠᠬᠢᠨ ᠡᠭᠦᠰᠬᠦ ᠶᠢ ᠰᠡᠷᠭᠡᠶᠢᠯᠡᠬᠦ᠂ ︽ᠡᠪᠡᠳᠴᠢᠨ ᠤ ᠵᠢᠱᠢᠶ᠎ᠡ ᠶᠢ ᠦᠭᠡᠢ

        ᠪᠣᠯᠭᠠᠬᠤ︾ ᠡᠭᠦᠷᠭᠡ ᠪᠡᠷᠬᠡ ᠬᠠᠲᠠᠭᠤᠵᠢᠯᠲᠠᠢ ᠪᠠᠶᠢᠨ᠎ᠠ᠃ ᠮᠠᠨ ᠤ ᠬᠤᠲᠠ ᠪᠦᠬᠦ ᠣᠷᠣᠨ ᠤ ᠠᠵᠤ ᠠᠬᠤᠢ ᠶᠢᠨ ᠬᠥᠭᠵᠢᠯᠲᠡ ᠶᠢᠨ ᠳᠠᠭᠠᠭᠤᠯᠤᠭᠴᠢ ᠪᠣᠯᠤᠭᠰᠠᠨ ᠤ

        ᠬᠤᠪᠢ ᠳᠤ᠂ ᠶᠡᠭᠡ ᠲᠠᠯ᠎ᠠ ᠳᠤ ᠦᠢᠯᠡᠴᠢᠯᠡᠨ᠂ ᠵᠣᠭᠰᠤᠴᠠ ᠪᠠᠨ ᠪᠠᠲᠤᠳᠬᠠᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ᠂ ᠴᠠᠭ ᠢᠮᠠᠭᠲᠠ ᠰᠡᠷᠭᠡᠭ ᠲᠠᠨᠢᠯᠲᠠ

        ᠎ ᠲᠠᠢ ᠪᠠᠶᠢᠵᠤ᠂ ︽ᠬᠢᠵᠢᠭ ᠤᠨ ᠪᠠᠶᠢᠳᠠᠯ ᠢ ᠰᠡᠷᠭᠡᠶᠢᠯᠡᠬᠦ᠂ ᠠᠵᠤ ᠠᠬᠤᠢ ᠶᠢ ᠲᠣᠭᠲᠠᠭᠤᠨ ᠪᠠᠶᠢᠯᠭᠠᠬᠤ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ︾

        ᠴᠢᠬᠤᠯᠠ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠲᠠᠪᠤᠷᠢᠵᠢᠭᠤᠯᠵᠤ᠂ ︽ᠭᠠᠳᠠᠨ᠎ᠠ ᠠᠴᠠ ᠬᠠᠯᠳᠠᠪᠤᠷᠢᠯᠠᠭᠳᠠᠬᠤ ᠶᠢ ᠰᠡᠷᠭᠡᠶᠢᠯᠡᠵᠦ᠂ ᠳᠣᠲᠤᠭᠠᠲᠤ ᠳᠠᠭᠠᠨ ᠳᠠᠬᠢᠨ

        ᠡᠭᠦᠰᠬᠦ ᠶᠢ ᠰᠡᠷᠭᠡᠶᠢᠯᠡᠬᠦ︾ ᠶᠡᠷᠥᠩᠬᠡᠢ ᠠᠷᠭ᠎ᠠ ᠪᠣᠳᠤᠯᠭ᠎ᠠ ᠪᠠ ︽ᠡᠪᠡᠳᠴᠢᠨ ᠤ ᠵᠢᠱᠢᠶ᠎ᠡ ᠶᠢ ᠦᠭᠡᠢ ᠪᠣᠯᠭᠠᠬᠤ︾ ᠶᠡᠷᠥᠩᠬᠡᠢ ᠴᠢᠭᠯᠡᠯᠲᠡ ᠶᠢ ᠪᠠᠷᠢᠮᠲᠠᠯᠠᠨ᠂

        ᠲᠠᠶᠢᠪᠤᠰᠢᠷᠠᠬᠤ ᠰᠡᠳᠬᠢᠯᠭᠡ ᠶᠢ ᠡᠷᠡᠰ ᠬᠤᠷᠢᠭᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤᠵᠢᠭᠰᠠᠨ ᠠᠷᠭ᠎ᠠ ᠬᠡᠮᠵᠢᠶ᠎ᠡ ᠶᠢ ᠴᠢᠩᠭ᠎ᠠ

        ᠨᠠᠶᠢᠲᠠᠪᠤᠷᠢᠵᠢᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠬᠡᠮ ᠤᠨ ᠬᠥᠭᠵᠢᠯᠲᠡ ᠶᠢ ᠬᠦᠴᠦᠯᠡᠨ ᠨᠢᠭᠡᠳᠦᠯᠲᠡᠢ

        ᠲᠥᠯᠦᠪᠵᠢᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠮᠠᠨ ᠤ ᠬᠤᠲᠠ ᠳᠤ ᠦᠨᠳᠦᠰᠦ ᠬᠠᠳᠬᠤᠭᠤᠯᠤᠨ ᠦᠷ᠎ᠡ ᠵᠢᠮᠢᠰ

        ᠰᠠᠭᠤᠯᠭᠠᠬᠤ ᠶᠢ ᠠᠬᠢᠭᠤᠯᠬᠤ ᠬᠡᠷᠡᠭᠲᠡᠢ ᠭᠡᠵᠡᠢ᠃

              ᠯᠢ ᠯᠢ᠂ ᠡᠯ᠎ᠡ ᠬᠤᠰᠢᠭᠤ ᠲᠣᠭᠤᠷᠢᠭ ᠡᠯ᠎ᠡ ᠰᠠᠯᠠᠭ᠎ᠠ ᠮᠥᠴᠢᠷ ᠤᠨ ᠬᠢᠨ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠴᠢᠩᠭ᠎ᠠ ᠨᠠᠶᠢᠲᠠᠪᠤᠷᠢᠵᠢᠭᠤᠯᠵᠤ᠂ ᠭᠤᠣᠯ

        ᠤᠳᠤᠷᠢᠳᠤᠯᠭ᠎ᠠ ᠪᠡᠶ᠎ᠡ ᠪᠠᠷ ᠢᠶᠠᠨ ᠠᠳᠬᠤᠨ ᠪᠦᠬᠦ ᠲᠠᠯ᠎ᠠ ᠪᠠᠷ ᠳᠠᠶᠢᠴᠢᠯᠠᠵᠤ᠂ ᠰᠡᠷᠭᠡᠶᠢᠯᠡᠨ ᠡᠵᠡᠮᠳᠡᠬᠦ ᠠᠵᠢᠯ ᠤᠨ ᠪᠣᠯᠪᠠᠰᠤᠷᠠᠩᠭᠤᠢ ᠪᠣᠯᠤᠭᠰᠠᠨ ᠠᠷᠭ᠎ᠠ

        ᠲᠤᠷᠰᠢᠯᠭ᠎ᠠ ᠶᠢ ᠳ᠋ᠥᠩᠨᠡᠨ ᠡᠮᠬᠢᠯᠡᠵᠦ᠂ ᠭᠤᠣᠯᠳᠠᠯᠭ᠎ᠠ ᠲᠠᠢ ᠭᠤᠭᠴᠤᠭ᠎ᠠ᠂ ᠭᠤᠣᠯᠳᠠᠯᠭ᠎ᠠ ᠲᠠᠢ ᠠᠵᠢᠯ ᠲᠥᠷᠥᠯ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠭᠤᠣᠯᠳᠠᠯᠭ᠎ᠠ

        ᠎ ᠲᠠᠢ ᠲᠠᠯᠠᠪᠤᠷ᠂ ᠭᠤᠣᠯᠳᠠᠯᠭ᠎ᠠ ᠲᠠᠢ ᠣᠷᠣᠨ ᠪᠠᠶᠢᠷᠢ ᠶᠢ ᠴᠢᠩᠭ᠎ᠠ ᠠᠩᠬᠠᠷᠴᠤ᠂ ︽ᠪᠠᠶᠢᠴᠠᠭᠠᠬᠠᠤ ᠶᠣᠰᠤᠲᠠᠢ ᠶᠢ ᠨᠢ ᠪᠦᠬᠦᠨ ᠢ ᠪᠠᠶᠢᠴᠠᠭᠠᠵᠤ︾᠂ ︽ᠭᠤᠷᠪᠠᠨ

        ᠡᠳᠦᠷ ᠲᠤ ᠨᠢᠭᠡ ᠤᠳᠠᠭ᠎ᠠ ᠪᠠᠶᠢᠴᠠᠭᠠᠬᠤ︾ ᠵᠡᠷᠭᠡ ᠵᠠᠩᠭᠢᠯᠭ᠎ᠠ ᠶᠢᠨ ᠠᠷᠭ᠎ᠠ ᠪᠠᠷᠢᠯ ᠢ ᠴᠢᠩᠭ᠎ᠠ ᠬᠡᠷᠡᠭᠵᠢᠭᠦᠯᠦᠨ᠂ ᠲᠥᠷᠭᠡᠨ ᠰᠢᠢᠳᠪᠦᠷᠢᠯᠡᠨ ᠠᠷᠭᠠᠴᠠᠭᠠᠵᠤ᠂

        ᠬᠢᠵᠢᠭ ᠤᠨ ᠪᠠᠶᠢᠳᠠᠯ ᠡᠭᠦᠰᠦᠭᠰᠡᠨ ᠭᠠᠵᠠᠷ ᠣᠷᠣᠨ ᠤ ︽ᠡᠪᠡᠳᠴᠢᠨ ᠤ ᠵᠢᠱᠢᠶ᠎ᠡ ᠶᠢ ᠦᠭᠡᠢ ᠪᠣᠯᠭᠠᠬᠤ︾ ᠎ ᠶᠢ ᠲᠥᠷᠭᠡᠳᠭᠡᠨ ᠪᠡᠶᠡᠯᠡᠭᠦᠯᠵᠦ᠂ ᠪᠣᠰᠤᠳ ᠭᠠᠵᠠᠷ

        ᠣᠷᠣᠨ ᠤ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠬᠦ ᠶᠢ ᠪᠠᠲᠤᠯᠠᠬᠤ ᠬᠡᠷᠡᠭᠲᠡᠢ᠃ ᠲᠤᠰᠠᠭᠠᠷᠯᠠᠬᠤ ᠲᠠᠯᠠᠪᠤᠷ ᠭᠠᠵᠠᠷ ᠤᠨ ᠵᠢᠷᠤᠮᠵᠢᠭᠰᠠᠨ

        ᠬᠠᠮᠢᠶᠠᠷᠤᠯᠲᠠ ᠶᠢ ᠴᠢᠩᠭᠠᠳᠬᠠᠵᠤ᠂ ᠪᠢᠲᠡᠭᠦᠮᠵᠢᠯᠡᠭᠰᠡᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠨᠠᠶᠢᠲᠠᠪᠤᠷᠢᠵᠢᠭᠤᠯᠤᠨ᠂ ᠦᠢᠯᠡᠴᠢᠯᠡᠭᠡ ᠪᠠᠲᠤᠯᠠᠭ᠎ᠠ ᠶᠢᠨ ᠠᠵᠢᠯ ᠤᠨ

        ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠤᠨ ᠬᠢᠨ ᠦᠨᠳᠦᠰᠦᠨ ᠱᠠᠲᠤᠨ ᠤ ᠨᠠᠮ ᠤᠨ ᠵᠣᠬᠢᠶᠠᠨ

        ᠪᠠᠶᠢᠭᠤᠯᠤᠯᠲᠠ ᠶᠢ ᠬᠢᠵᠢᠭ ᠢ ᠡᠰᠡᠷᠭᠦᠴᠡᠬᠦ ᠡᠮᠦᠨ᠎ᠡ ᠹᠷᠣᠨᠲ ᠲᠤ ᠪᠠᠶᠢᠭᠤᠯᠵᠤ᠂ ᠤᠯᠤᠰ ᠲᠦᠷᠦ ᠶᠢᠨ ᠵᠣᠭᠰᠤᠴᠠ ᠥᠨᠳᠥᠷ᠂ ᠠᠵᠢᠯ ᠤᠨ ᠴᠢᠳᠠᠪᠤᠷᠢ ᠴᠢᠩᠭ᠎ᠠ

        ᠺᠠᠳ᠋ᠷ ᠢ ᠰᠣᠩᠭᠤᠨ ᠲᠣᠮᠢᠯᠠᠵᠤ ᠰᠡᠷᠭᠡᠶᠢᠯᠡᠨ ᠡᠵᠡᠮᠳᠡᠬᠦ ᠳᠤ ᠣᠷᠤᠯᠴᠠᠭᠤᠯᠵᠤ᠂ ᠡᠯ᠎ᠡ ᠲᠥᠷᠥᠯ ᠤᠨ ᠠᠵᠢᠯ ᠢ ᠠᠳᠬᠤᠬᠤ ᠬᠦᠮᠦᠨ ᠲᠠᠢ᠂ ᠬᠠᠮᠢᠶᠠᠷᠬᠤ ᠬᠦᠮᠦᠨ ᠲᠠᠢ᠂

        ᠨᠠᠶᠢᠲᠠᠪᠤᠷᠢᠵᠢᠭᠤᠯᠵᠤ ᠳᠡᠶᠢᠯᠬᠦ ᠶᠢ ᠪᠠᠲᠤᠯᠠᠬᠤ ᠬᠡᠷᠡᠭᠲᠡᠢ ᠭᠡᠵᠡᠢ᠃

               ᠳ᠋ᠦ᠋ ᠬᠤᠢ ᠯᠢᠶᠠᠩ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠦᠨ᠂ ᠪᠦᠬᠦ ᠣᠷᠣᠨ᠂ ᠪᠦᠬᠦ ᠬᠤᠲᠠ ᠶᠢᠨ ᠨᠢᠭᠡ ᠬᠥᠯᠭᠡᠨ ᠰᠢᠲᠠᠷ᠎ᠠ ᠶᠢᠨ ᠦᠵᠡᠯ

        ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠢᠲᠡᠭᠡᠯ ᠵᠣᠷᠢᠭ ᠢᠶᠠᠨ ᠪᠠᠲᠤᠳᠬᠠᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠴᠢᠩᠭᠠᠳᠬᠠᠵᠤ᠂ ᠵᠣᠷᠢᠭᠲᠠᠢ ᠪᠠᠷ

        ᠲᠡᠮᠡᠴᠡᠨ᠂ ᠴᠢᠳᠠᠮᠠᠭᠠᠢ ᠪᠠᠷ ᠲᠡᠮᠡᠴᠡᠵᠦ᠂ ᠡᠷᠡᠰ ᠰᠢᠭᠤᠷᠬᠠᠢ ᠬᠦᠴᠦᠲᠡᠢ ᠠᠷᠭ᠎ᠠ ᠬᠡᠮᠵᠢᠶ᠎ᠡ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠲᠠ ᠶᠢᠨ

        ᠳᠠᠶᠢᠯᠠᠯᠳᠤᠭᠠᠨ ᠤ ᠢᠯᠠᠯᠲᠠ ᠶᠢ ᠵᠠᠪᠠᠯ ᠣᠯᠬᠤ ᠬᠡᠷᠡᠭᠲᠡᠢ᠃ ᠥᠨᠳᠥᠷ ᠪᠥᠲᠦᠮᠵᠢᠲᠡᠢ ᠪᠠᠷ ᠵᠢᠯᠣᠭᠤᠳᠬᠤ ᠪᠠ ᠲᠥᠷᠭᠡᠨ ᠪᠦᠭᠡᠳ ᠪᠥᠲᠦᠮᠵᠢᠲᠡᠢ ᠰᠢᠢᠳᠪᠦᠷᠢᠯᠡᠬᠦ

        ᠴᠢᠲᠠᠪᠤᠷᠢ ᠶᠢ ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠵᠢᠯᠣᠭᠤᠳᠬᠤ ᠲᠣᠭᠲᠠᠯᠴᠠᠭ᠎ᠠ᠂ ᠠᠵᠢᠯ ᠤᠨ ᠲᠣᠭᠲᠠᠯᠴᠠᠭ᠎ᠠ ᠶᠢ ᠰᠢᠯᠢᠳᠡᠭᠵᠢᠭᠦᠯᠦᠨ᠂ ᠪᠥᠭᠡᠮ

        ᠬᠦᠴᠢᠯ ᠤᠨ ᠰᠢᠯᠭᠠᠨ ᠪᠠᠶᠢᠴᠠᠭᠠᠯᠲᠠ᠂ ᠳᠠᠬᠤᠯ ᠡᠪᠡᠳᠴᠢᠨ ᠤ ᠪᠠᠶᠢᠴᠠᠭᠠᠯᠲᠠ ᠪᠠ ᠡᠬᠢ ᠡᠭᠦᠰᠦᠯ ᠢ ᠨᠢ ᠡᠷᠢᠬᠦ᠂ ᠡᠪᠡᠳᠴᠢᠨ ᠤ ᠬᠡᠯᠬᠢᠶ᠎ᠡ ᠶᠢ ᠨᠢ ᠲᠠᠰᠤᠯᠬᠤ᠂

        ᠨᠡᠶᠢᠬᠡᠮ ᠤᠨ ᠬᠠᠮᠢᠶᠠᠷᠤᠯᠲᠠ ᠡᠵᠡᠮᠳᠡᠯ᠂ ᠡᠮᠴᠢᠯᠡᠭᠡ ᠠᠪᠤᠷᠠᠨ ᠵᠠᠰᠠᠬᠤ ᠵᠡᠷᠭᠡ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠭᠤᠣᠯᠳᠠᠯᠭ᠎ᠠ ᠲᠠᠢ

        ᠬᠦᠮᠦᠰ᠂ ᠭᠤᠣᠯᠳᠠᠯᠭ᠎ᠠ ᠲᠠᠢ ᠲᠠᠯᠠᠪᠤᠷ ᠤᠨ ᠬᠠᠮᠢᠶᠠᠷᠤᠯᠲᠠ ᠡᠵᠡᠮᠳᠡᠯ ᠢ ᠪᠦᠬᠦ ᠬᠦᠴᠦᠨ ᠢᠶᠠᠷ ᠢᠶᠠᠨ ᠴᠢᠩᠭᠠᠳᠬᠠᠵᠤ᠂ ︽ᠭᠠᠳᠠᠨ᠎ᠠ ᠠᠴᠠ ᠬᠠᠯᠳᠠᠪᠤᠷᠢᠯᠠᠭᠳᠠᠬᠤ︾

        ᠭᠡᠮ ᠰᠤᠭᠤᠭ ᠢ ᠴᠠᠭ ᠲᠤᠬᠠᠢ ᠳᠤᠨᠢ ᠠᠷᠢᠯᠭᠠᠬᠤ ᠬᠡᠷᠡᠭᠲᠡᠢ᠃ ᠵᠣᠯᠭᠠᠯᠴᠠᠭᠤᠯᠵᠤ ᠰᠢᠯᠵᠢᠭᠦᠯᠦᠨ ᠵᠥᠭᠡᠭᠡᠪᠦᠷᠢᠯᠡᠬᠦ ᠲᠤᠰᠠᠭᠠᠷᠯᠠᠬᠤ ᠠᠵᠢᠯ ᠢ ᠪᠦᠬᠦ

        ᠬᠦᠴᠦᠨ ᠢᠶᠠᠷ ᠢᠶᠠᠨ ᠰᠠᠶᠢᠲᠤᠷ ᠬᠢᠵᠦ᠂ ᠤᠳᠤᠷᠢᠳᠬᠤ ᠺᠠᠳ᠋ᠷ ᠨᠢᠭᠡᠳᠦᠭᠡᠷ ᠹᠷᠣᠨᠲ ᠲᠤ ᠬᠦᠷᠴᠦ᠂ ᠵᠥᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠨᠢᠭᠡᠳᠦᠭᠡᠷ

        ᠹᠷᠣᠨᠲ ᠲᠤ ᠬᠦᠷᠭᠡᠬᠦ᠂ ᠪᠠᠲᠤᠯᠠᠭ᠎ᠠ ᠦᠢᠯᠡᠴᠢᠯᠡᠭᠡ ᠶᠢ ᠨᠢᠭᠡᠳᠦᠭᠡᠷ ᠹᠷᠣᠨᠲ ᠲᠤ ᠬᠦᠷᠭᠡᠬᠦ ᠶᠢ ᠦᠨᠡᠨ ᠬᠦ ᠪᠡᠶᠡᠯᠡᠭᠦᠯᠵᠦ᠂ ᠵᠣᠬᠢᠶᠠᠨ ᠪᠠᠶᠢᠭᠤᠯᠤᠯᠲᠠ ᠶᠢᠨ ᠡᠮᠬᠢ

        ᠲᠢᠭᠯᠢᠮ ᠲᠠᠢ᠂ ᠬᠠᠮᠢᠶᠠᠷᠤᠯᠲᠠ ᠶᠢᠨ ᠪᠦᠲᠦᠮᠵᠢᠲᠡᠢ ᠪᠠᠶᠢᠬᠤ᠂ ᠪᠠᠲᠤᠯᠠᠭ᠎ᠠ ᠶᠢᠨ ᠬᠦᠴᠦᠲᠡᠢ ᠪᠠᠶᠢᠬᠤ ᠶᠢ ᠪᠠᠲᠤᠯᠠᠬᠤ ᠬᠡᠷᠡᠭᠲᠡᠢ᠃ ᠠᠵᠤ ᠠᠬᠤᠢ ᠨᠡᠶᠢᠬᠡᠮ ᠤᠨ ᠡᠯ᠎ᠡ

        ᠲᠥᠷᠥᠯ ᠤᠨ ᠠᠵᠢᠯ ᠢ ᠪᠦᠬᠦ ᠬᠦᠴᠦᠨ ᠢᠶᠠᠷ ᠢᠶᠠᠨ ᠨᠢᠭᠡᠳᠦᠯᠲᠡᠢ ᠲᠥᠯᠦᠪᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠵᠤ ᠠᠬᠤᠢ ᠶᠢ

        ᠲᠣᠭᠲᠠᠭᠤᠨ ᠪᠠᠶᠢᠯᠭᠠᠬᠤ᠂ ᠬᠥᠭᠵᠢᠯᠲᠡ ᠶᠢ ᠠᠮᠤᠷ ᠲᠥᠪᠰᠢᠨ ᠪᠠᠶᠢᠯᠭᠠᠬᠤ ᠶᠢ ᠡᠷᠡᠰ ᠪᠡᠶᠡᠯᠡᠭᠦᠯᠬᠦ ᠬᠡᠷᠡᠭᠲᠡᠢ ᠭᠡᠵᠡᠢ᠃

               ᠬᠤᠷᠠᠯ ᠢ ᠸᠢᠳᠢᠤ᠋ ᠬᠤᠷᠠᠯ ᠤᠨ ᠬᠡᠯᠪᠡᠷᠢ ᠪᠠᠷ ᠡᠯ᠎ᠡ ᠬᠤᠰᠢᠭᠤ ᠲᠣᠭᠤᠷᠢᠭ ᠲᠤ ᠬᠦᠷᠲᠡᠯ᠎ᠡ ᠬᠤᠷᠠᠯᠳᠤᠭᠤᠯᠪᠠ᠃

        ᠢᠷᠡᠯᠲᠡ᠄ ᠣᠷᠳᠣᠰ ᠤᠨ ᠡᠳᠦᠷ ᠤᠨ ᠰᠣᠨᠢᠨ