365bet网上娱乐场_365双试投注是什么_365bet正网开户人民政府蒙古文网站 365bet网上娱乐场_365双试投注是什么_365bet正网开户

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠪᠦᠬᠦ ᠬᠤᠲᠠ ᠶᠢᠨ ︽ᠲᠠᠪᠤ ᠶᠢ ᠲᠦᠢᠯᠪᠦᠷᠢᠲᠡᠢ ᠪᠠᠶᠢᠴᠠᠭᠠᠬᠤ ᠠᠵᠢᠯᠯᠠᠭ᠎ᠠ︾᠎ ᠶᠢᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠵᠠᠢ
        ᠨᠡᠶᠢᠲᠡᠯᠡᠭᠰᠡᠨ ᠴᠠᠭ᠄
        2022/11/1

              ᠣᠶᠢᠷ᠎ᠠ ᠶᠢᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠳ᠋ᠦ᠋ ᠬᠤᠢ ᠯᠢᠶᠠᠩ ᠪᠦᠬᠦ ᠬᠤᠲᠠ ᠶᠢᠨ ︽ᠲᠠᠪᠤ ᠶᠢ

        ᠲᠦᠢᠯᠪᠦᠷᠢᠲᠡᠢ ᠪᠠᠶᠢᠴᠠᠭᠠᠬᠤ ᠠᠵᠢᠯᠯᠠᠭ᠎ᠠ︾᠎ ᠶᠢᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠡᠯ᠎ᠡ ᠬᠤᠰᠢᠭᠤ ᠲᠣᠭᠤᠷᠢᠭ᠂ ᠡᠯ᠎ᠡ

        ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ ︽ᠲᠠᠪᠤ ᠶᠢ ᠲᠦᠢᠯᠪᠦᠷᠢᠲᠡᠢ ᠪᠠᠶᠢᠴᠠᠭᠠᠬᠤ ᠠᠵᠢᠯᠯᠠᠭ᠎ᠠ︾᠎ ᠶᠢᠨ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ

        ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠵᠠᠢ᠃

               ᠳ᠋ᠦ᠋ ᠬᠤᠢ ᠯᠢᠶᠠᠩ᠂ ︽ᠲᠠᠪᠤ ᠶᠢ ᠲᠦᠢᠯᠪᠦᠷᠢᠲᠡᠢ ᠪᠠᠶᠢᠴᠠᠭᠠᠬᠤ︾ ᠠᠵᠢᠯᠯᠠᠭ᠎ᠠ ᠶᠢ ᠰᠠᠶᠢᠲᠤᠷ ᠥᠷᠨᠢᠭᠦᠯᠬᠦ ᠪᠣᠯ ᠤᠯᠤᠰ ᠲᠦᠷᠦ ᠶᠢᠨ ᠡᠭᠦᠷᠭᠡ ᠮᠥᠨ

        ᠪᠦᠭᠡᠳ ᠪᠠᠰᠠ ᠴᠦ ᠪᠦᠬᠦ ᠲᠠᠯ᠎ᠠ ᠳᠤ ᠬᠤᠯᠪᠣᠭᠳᠠᠬᠤ ᠴᠢᠬᠤᠯᠠ ᠠᠵᠢᠯ ᠮᠥᠨ᠃ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ

        ᠲᠠᠨᠢᠯᠲᠠ ᠪᠠᠨ ᠴᠢᠨᠠᠭᠰᠢᠳᠠ ᠳᠡᠭᠡᠭᠰᠢᠯᠡᠭᠦᠯᠦᠨ᠂ ᠤᠯᠤᠰ ᠲᠦᠷᠦ ᠶᠢᠨ ᠳᠠᠩᠰᠠ ᠶᠢ ᠰᠠᠶᠢᠲᠤᠷ ᠪᠣᠳᠣᠵᠤ᠂ ︽ᠲᠠᠪᠤ ᠶᠢ ᠲᠦᠢᠯᠪᠦᠷᠢᠲᠡᠢ ᠪᠠᠶᠢᠴᠠᠭᠠᠬᠤ ᠠᠵᠢᠯᠯᠠᠭ᠎ᠠ︾

        ᠎ ᠶᠢ ᠥᠷᠨᠢᠭᠦᠯᠬᠦ ᠪᠠᠷ ᠠᠵᠢᠯ ᠤᠨ ᠰᠤᠷᠲᠠᠯ ᠢᠶᠠᠨ ᠬᠤᠪᠢᠷᠠᠭᠤᠯᠬᠤ᠂ ᠪᠤᠳᠠᠲᠠᠢ ᠠᠵᠢᠯᠯᠠᠨ ᠬᠠᠷᠢᠭᠤᠴᠠᠯᠭ᠎ᠠ ᠡᠭᠦᠷᠭᠡᠯᠡᠬᠦ ᠶᠢ ᠴᠢᠩᠭᠠᠳᠬᠠᠬᠤ᠂ ᠵᠥᠪ ᠣᠨᠤᠪᠴᠢᠲᠠᠢ

        ᠠᠵᠢᠯ ᠤᠨ ᠠᠮᠵᠢᠯᠲᠠ ᠶᠢᠨ ᠦᠵᠡᠯᠲᠡ ᠶᠢ ᠪᠤᠢ ᠪᠣᠯᠭᠠᠬᠤ ᠶᠢᠨ ᠴᠢᠬᠤᠯᠠ ᠤᠯᠤᠰ ᠲᠦᠷᠦ ᠶᠢᠨ ᠰᠢᠯᠭᠠᠯᠲᠠ ᠪᠣᠯᠭᠠᠵᠤ᠂ ᠲᠦᠢᠯᠪᠦᠷᠢᠲᠡᠢ ᠪᠠᠶᠢᠴᠠᠭᠠᠬᠤ ᠪᠠᠷ

        ᠳᠠᠮᠵᠢᠭᠤᠯᠤᠨ ᠡᠯ᠎ᠡ ᠲᠦᠷᠦᠯ ᠤᠨ ᠡᠬᠢ ᠪᠠᠶᠠᠯᠢᠭ ᠤᠨ ᠡᠯᠧᠮᠧᠨ᠋ᠲ ᠢ ᠪᠦᠲᠦᠮᠵᠢᠲᠡᠢ ᠠᠮᠢᠯᠠᠭᠤᠯᠵᠤ᠂ ᠡᠷᠴᠢᠮᠵᠢᠭᠦᠯᠦᠨ ᠥᠨᠳᠥᠷ ᠪᠦᠲᠦᠮᠵᠢᠲᠡᠢ ᠠᠰᠢᠭᠯᠠᠬᠤ ᠶᠢ

        ᠠᠬᠢᠭᠤᠯᠤᠨ᠂ ᠪᠦᠬᠦ ᠬᠤᠲᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠡᠢ᠃

               ᠳ᠋ᠦ᠋ ᠬᠤᠢ ᠯᠢᠶᠠᠩ᠂ ᠲᠦᠢᠯᠪᠦᠷᠢᠲᠡᠢ ᠪᠠᠶᠢᠴᠠᠭᠠᠬᠤ ᠠᠭᠤᠯᠭ᠎ᠠ ᠶᠢ ᠳᠠᠬᠢᠨ ᠡᠮᠬᠢᠯᠡᠵᠦ᠂ ᠦᠨᠡᠨ ᠠᠴᠠ ᠵᠥᠪ ᠢ ᠡᠷᠢᠬᠦ᠂ ᠰᠢᠨᠵᠢᠯᠡᠬᠦ ᠤᠬᠠᠭᠠᠨᠴᠢ ᠣᠨᠤᠴᠠᠲᠠᠢ

        ᠪᠠᠶᠢᠯᠭᠠᠬᠤ ᠶᠢ ᠪᠠᠷᠢᠮᠲᠠᠯᠠᠨ᠂ ᠢᠯᠭᠠᠵᠤ ᠲᠣᠳᠤᠯᠠᠬᠤ᠂ ᠡᠮᠬᠢᠯᠡᠵᠦ ᠨᠢᠭᠡᠳᠭᠡᠬᠦ ᠠᠵᠢᠯ ᠢ ᠴᠢᠨᠠᠭᠰᠢᠳᠠ ᠰᠠᠶᠢᠲᠤᠷ ᠬᠢᠵᠦ᠂ ᠪᠠᠶᠢᠴᠠᠭᠠᠬᠤ ᠴᠢᠬᠤᠯᠠᠲᠠᠢ ᠶᠢ ᠨᠢ

        ᠪᠦᠬᠦᠨ ᠢ ᠪᠠᠶᠢᠴᠠᠭᠠᠬᠤ ᠬᠡᠷᠡᠭᠲᠡᠢ᠃ ᠲᠦᠢᠯᠪᠦᠷᠢᠲᠡᠢ ᠪᠠᠶᠢᠴᠠᠭᠠᠬᠤ ᠠᠷᠭ᠎ᠠ ᠬᠡᠮᠵᠢᠶ᠎ᠡ ᠶᠢ ᠳᠠᠬᠢᠨ ᠴᠢᠩᠭᠠᠳᠬᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ

        ᠨᠢᠭᠡᠳᠦᠭᠡᠷ ᠹᠷᠣᠨᠲ ᠤᠨ ᠠᠵᠢᠯ ᠤᠨ ᠠᠷᠭ᠎ᠠ ᠶᠢ ᠪᠠᠷᠢᠮᠲᠠᠯᠠᠨ᠂ ᠳᠠᠬᠢᠨ ᠳᠠᠪᠲᠠᠨ ᠰᠣᠳᠤᠯᠤᠨ ᠨᠤᠳᠠᠯᠠᠵᠤ᠂ ᠰᠢᠢᠳᠪᠦᠷᠢᠯᠡᠬᠦ ᠳᠤ ᠬᠠᠮᠤᠭ ᠤᠨ ᠬᠦᠴᠢᠷ ᠠᠰᠠᠭᠤᠳᠠᠯ ᠢ

        ᠡᠷᠡᠰ ᠰᠢᠢᠳᠪᠦᠷᠢᠯᠡᠬᠦ ᠬᠡᠷᠡᠭᠲᠡᠢ᠃ ᠵᠥᠪᠰᠢᠶᠡᠷᠡᠬᠦ ᠪᠠᠷ ᠪᠠᠶᠢᠭ᠎ᠠ ᠲᠦᠷᠦᠯ ᠵᠦᠢᠯ ᠤᠨ ᠬᠢᠨᠠᠨ ᠵᠥᠪᠰᠢᠶᠡᠷᠡᠬᠦ ᠶᠢ ᠵᠠᠷᠯᠠᠨ ᠮᠡᠳᠡᠭᠳᠡᠵᠦ ᠱᠠᠯᠠᠪᠳᠠᠭᠤᠯᠤᠨ ᠭᠦᠢᠴᠡᠳᠭᠡᠬᠦ᠂

        ᠤᠷᠢᠳᠴᠢᠯᠠᠨ ᠦᠢᠯᠡᠴᠢᠯᠡᠬᠦ ᠲᠣᠭᠲᠠᠴᠠ ᠶᠢ ᠪᠠᠶᠢᠭᠤᠯᠵᠤ᠂ ᠲᠥᠪᠯᠡᠷᠡᠭᠦᠯᠦᠨ ᠬᠤᠯᠪᠤᠭᠠᠯᠠᠨ ᠬᠥᠲᠦᠯᠦᠯᠴᠡᠬᠦ ᠬᠢᠨᠠᠨ ᠵᠥᠪᠰᠢᠶᠡᠷᠡᠬᠦ ᠠᠷᠭ᠎ᠠ ᠮᠠᠶ᠋ᠢᠭ ᠢ ᠠᠪᠴᠤ᠂

        ᠲᠦᠷᠦᠯ ᠵᠦᠢᠯ ᠤᠨ ᠬᠢᠨᠠᠨ ᠵᠥᠪᠰᠢᠶᠡᠷᠡᠬᠦ ᠭᠠᠷᠳᠠᠮ ᠢ ᠲᠣᠭᠲᠠᠭᠰᠠᠨ ᠬᠤᠭᠤᠴᠠᠭᠠᠨ ᠳᠤ ᠭᠦᠢᠴᠡᠳᠭᠡᠬᠦ ᠶᠢ ᠦᠨᠡᠨ ᠬᠦ ᠪᠠᠲᠤᠯᠠᠬᠤ ᠬᠡᠷᠡᠭᠲᠡᠢ︔  ︽ᠬᠠᠭᠠᠰ

        ᠳᠤᠲᠠᠭᠤ ᠣᠷᠬᠢᠭᠰᠠᠨ︾ ᠪᠠᠷᠢᠯᠭ᠎ᠠ ᠶᠢ ᠠᠮᠢᠳᠤᠯᠢᠭᠵᠢᠭᠤᠯᠤᠨ ᠠᠰᠢᠭᠯᠠᠬᠤ ᠳᠤ ᠨᠡᠩ ᠶᠡᠭᠡ ᠬᠦᠴᠦ ᠣᠷᠤᠭᠤᠯᠵᠤ᠂ ᠴᠢᠳᠠᠮᠵᠢ ᠶᠢ ᠲᠡᠷᠢᠭᠦᠨ ᠳᠤ ᠲᠠᠯᠪᠢᠬᠤ᠂ ᠬᠠᠤᠯᠢ

        ᠲᠣᠭᠲᠠᠭᠠᠯ ᠢ ᠵᠢᠷᠤᠮᠯᠠᠬᠤ ᠵᠠᠷᠴᠢᠮ ᠶᠣᠰᠤᠭᠠᠷ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠠᠮᠢᠶ᠎ᠠ ᠪᠦᠬᠦᠢ ᠪᠠᠷᠢᠯᠭ᠎ᠠ ᠶᠢ ᠳᠠᠬᠢᠨ ᠡᠬᠢᠯᠡᠭᠦᠯᠵᠦ

        ᠪᠦᠲᠦᠭᠡᠨ ᠪᠠᠶᠢᠭᠤᠯᠬᠤ᠂ ᠡᠷᠲᠡᠬᠡᠨ ᠪᠠᠷᠢᠯᠭ᠎ᠠ ᠳᠠᠭᠤᠰᠬᠠᠵᠤ ᠠᠰᠢᠭᠯᠠᠯᠲᠠ ᠳᠤ ᠣᠷᠤᠭᠤᠯᠬᠤ ᠶᠢ ᠠᠬᠢᠭᠤᠯᠬᠤ ᠬᠡᠷᠡᠭᠲᠡᠢ︔ ᠬᠠᠷᠠᠯᠲᠠ ᠶᠢᠨ ᠡᠭᠦᠷᠭᠡ ᠶᠢᠨ ᠴᠢᠩᠭ᠎ᠠ

        ᠠᠩᠬᠠᠷᠴᠤ ᠪᠠᠶᠢᠭᠠᠳ ᠵᠥᠪᠰᠢᠶᠡᠷᠡᠭᠰᠡᠨ ᠪᠣᠯᠪᠠᠴᠤ ᠬᠠᠩᠭᠠᠭᠠᠳᠤᠢ᠂ ᠭᠠᠵᠠᠷ ᠰᠢᠷᠤᠢ ᠶᠢ ᠰᠤᠯᠠ ᠲᠠᠯᠪᠢᠵᠤ ᠪᠠᠶᠢᠭ᠎ᠠ ᠠᠰᠠᠭᠤᠳᠠᠯ ᠢ ᠲᠣᠬᠢᠲᠠᠢ ᠰᠢᠢᠳᠪᠦᠷᠢᠯᠡᠵᠦ᠂

        ᠭᠠᠵᠠᠷ ᠰᠢᠷᠤᠢ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ︔ ᠨᠢᠭᠡᠨᠲᠡ ᠬᠤᠷᠢᠶᠠᠨ ᠠᠪᠤᠭᠰᠠᠨ ᠳᠠᠷᠤᠭᠳᠠᠮᠠᠯ

        ᠪᠡᠯᠡ ᠮᠥᠩᠭᠦ ᠶᠢ ᠠᠰᠢᠭᠯᠠᠬᠤ ᠶᠢ ᠢᠳᠡᠪᠬᠢᠲᠡᠢ ᠠᠬᠢᠭᠤᠯᠵᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠪᠠᠶᠢᠪᠠᠰᠤ ᠵᠣᠬᠢᠬᠤ ᠦᠷ᠎ᠡ ᠠᠰᠢᠭ ᠢ ᠰᠠᠶᠢᠲᠤᠷ

        ᠪᠠᠳᠠᠷᠠᠭᠤᠯᠬᠤ ᠬᠡᠷᠡᠭᠲᠡᠢ︔ ᠨᠡᠭᠡᠭᠡᠯᠲᠡ ᠶᠢᠨ ᠣᠷᠣᠨ ᠤ ᠰᠤᠯᠠ ᠪᠠᠶᠢᠭ᠎ᠠ ᠡᠬᠢ ᠪᠠᠶᠠᠯᠢᠭ ᠤᠨ ᠡᠯᠧᠮᠧᠨ᠋ᠲ ᠤᠨ ᠲᠦᠢᠯᠪᠦᠷᠢᠲᠡᠢ ᠪᠠᠶᠢᠴᠠᠭᠠᠬᠤ ᠶᠢ ᠨᠢᠭᠡᠳᠦᠯᠲᠡᠢ

        ᠲᠥᠯᠦᠪᠵᠢᠭᠦᠯᠦᠨ ᠰᠠᠶᠢᠲᠤᠷ ᠠᠳᠬᠤᠵᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠡᠷᠴᠢᠮᠵᠢᠭᠰᠡᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ

        ᠭᠡᠵᠡᠢ᠃

               ᠳ᠋ᠦ᠋ ᠬᠤᠢ ᠯᠢᠶᠠᠩ᠂ ᠲᠦᠢᠯᠪᠦᠷᠢᠲᠡᠢ ᠪᠠᠶᠢᠴᠠᠭᠠᠬᠤ ᠬᠤᠷᠳᠤᠴᠠ ᠶᠢ ᠤᠯᠠᠮ ᠲᠥᠷᠭᠡᠳᠭᠡᠵᠦ᠂ ᠡᠯ᠎ᠡ ᠬᠤᠰᠢᠭᠤ ᠲᠣᠭᠤᠷᠢᠭ᠂ ᠲᠦᠷᠦᠭᠦᠯᠡᠨ ᠭᠦᠢᠴᠡᠳᠭᠡᠬᠦ

        ᠰᠠᠯᠠᠭ᠎ᠠ ᠮᠦᠴᠢᠷ ᠤᠳ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠡᠯ᠎ᠡ ᠠᠵᠢᠯ ᠤᠨ ᠲᠤᠰᠬᠠᠢ ᠠᠩᠭᠢ ᠲᠦᠷᠦᠭᠦᠯᠡᠨ ᠶᠡᠷᠥᠩᠬᠡᠢ ᠠᠵᠢᠯ ᠢ ᠠᠳᠬᠤᠬᠤ᠂ ᠵᠣᠬᠢᠶᠠᠨ

        ᠪᠠᠶᠢᠭᠤᠯᠵᠤ ᠠᠬᠢᠭᠤᠯᠬᠤ᠂ ᠱᠠᠯᠠᠪᠳᠠᠭᠤᠯᠤᠨ ᠨᠠᠶᠢᠲᠠᠪᠤᠷᠢᠵᠢᠭᠤᠯᠬᠤ ᠦᠢᠯᠡᠳᠦᠯ ᠢᠶᠠᠨ ᠰᠠᠶᠢᠲᠤᠷ ᠪᠠᠳᠠᠷᠠᠭᠤᠯᠤᠨ᠂ ᠬᠠᠮᠵᠢᠯᠴᠠᠭ᠎ᠠ ᠪᠠᠷ ᠬᠦᠴᠦᠲᠡᠢ᠂ ᠵᠣᠬᠢᠴᠠᠯᠳᠤᠨ

        ᠬᠤᠯᠪᠤᠭᠠᠯᠠᠨ ᠬᠥᠳᠡᠯᠦᠯᠴᠡᠬᠦ᠂ ᠠᠵᠢᠯᠯᠠᠭᠠᠨ ᠢᠶᠠᠷ ᠥᠨᠳᠥᠷ ᠪᠥᠲᠦᠮᠵᠢᠲᠡᠢ ᠠᠵᠢᠯ ᠤᠨ ᠲᠣᠭᠲᠠᠴᠠ ᠶᠢ ᠪᠤᠢ ᠪᠣᠯᠭᠠᠵᠤ᠂ ︽ᠲᠠᠪᠤ ᠶᠢ ᠲᠦᠢᠯᠪᠦᠷᠢᠲᠡᠢ ᠪᠠᠶᠢᠴᠠᠭᠠᠬᠤ

        ᠠᠵᠢᠯᠯᠠᠭ᠎ᠠ︾᠎ ᠶᠢ ᠭᠥᠨᠵᠡᠭᠡᠢ ᠪᠥᠭᠡᠳ ᠪᠤᠳᠠᠲᠠᠢ ᠪᠠᠷ ᠬᠢᠵᠦ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ ᠭᠡᠵᠡᠢ᠃

              ᠬᠤᠲᠠ ᠶᠢᠨ ᠵᠠᠰᠠᠭ ᠤᠨ ᠣᠷᠳᠣᠨ ᠤ ᠬᠤᠲᠠ ᠶᠢᠨ ᠳᠡᠳ᠋ ᠳᠠᠷᠤᠭ᠎ᠠ ᠨᠠᠷ ᠬᠤᠷᠠᠯ ᠳᠤ ᠣᠷᠤᠯᠴᠠᠪᠠ᠃ ᠬᠤᠷᠠᠯ ᠢ ᠸᠢᠳᠢᠤ᠋ ᠬᠤᠷᠠᠯ ᠤᠨ ᠬᠡᠯᠪᠡᠷᠢ ᠪᠠᠷ ᠡᠯ᠎ᠡ

        ᠬᠤᠰᠢᠭᠤ ᠲᠣᠭᠤᠷᠢᠭ ᠬᠦᠷᠲᠡᠯ᠎ᠡ ᠬᠤᠷᠠᠯᠳᠤᠭᠤᠯᠪᠠ᠃

        ᠢᠷᠡᠯᠲᠡ᠄ ᠣᠷᠳᠣᠰ ᠤᠨ ᠡᠳᠦᠷ ᠤᠨ ᠰᠣᠨᠢᠨ