365bet网上娱乐场_365双试投注是什么_365bet正网开户人民政府蒙古文网站 365bet网上娱乐场_365双试投注是什么_365bet正网开户

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠪᠦᠬᠦ ᠬᠤᠲᠠ ᠶᠢᠨ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠬᠤ ᠬᠤᠷᠠᠯ ᠬᠤᠷᠠᠯᠳᠤᠪᠠ
        ᠨᠡᠶᠢᠲᠡᠯᠡᠭᠰᠡᠨ ᠴᠠᠭ᠄
        2022/11/1
              ᠣᠶᠢᠷ᠎ᠠ ᠶᠢᠨ ᠡᠳᠦᠷ᠂ ᠬᠤᠲᠠ ᠶᠢᠨ ᠵᠠᠰᠠᠭ ᠤᠨ ᠣᠷᠳᠣᠨ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠠᠤᠯᠢᠵᠢᠯ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ᠂ ᠬᠤᠳᠠᠯᠳᠤᠭ᠎ᠠ ᠡᠷᠬᠢᠯᠡᠬᠦ ᠣᠷᠴᠢᠨ ᠠᠬᠤᠢ ᠶᠢ ᠰᠢᠯᠢᠳᠡᠭᠵᠢᠭᠦᠯᠬᠦ᠂ ᠭᠤᠣᠯᠳᠠᠯᠭ᠎ᠠ ᠲᠠᠢ ᠬᠦᠷᠢᠶᠡᠨ ᠳᠠᠬᠢ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠠᠶᠤᠯ ᠦᠭᠡᠢ ᠦᠢᠯᠡᠳᠪᠦᠷᠢᠯᠡᠯ ᠵᠡᠷᠭᠡ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠳ᠋ᠦ᠋ ᠬᠤᠢ ᠯᠢᠶᠠᠩ ᠬᠤᠷᠠᠯ ᠳᠤ ᠣᠷᠤᠯᠴᠠᠭᠰᠠᠨ ᠤ ᠬᠠᠮᠲᠤ ᠶᠠᠷᠢᠶ᠎ᠠ ᠲᠠᠯᠪᠢᠵᠠᠢ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠭᠦᠨ᠂ ᠬᠤᠲᠠ ᠶᠢᠨ ᠳᠡᠳ᠋ ᠳᠠᠷᠤᠭ᠎ᠠ ᠰᠤ᠋ ᠼᠦᠢ ᠹᠠᠩ ᠬᠤᠷᠠᠯ ᠢ ᠡᠷᠬᠢᠯᠡᠪᠡ᠃      ᠳ᠋ᠦ᠋ ᠬᠤᠢ ᠯᠢᠶᠠᠩ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠬᠠᠤᠯᠢᠵᠢᠯ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠳᠠᠭᠤᠷᠢᠶᠠᠯ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠦᠨ᠂ ᠲᠦᠷᠦᠯ ᠵᠦᠢᠯ ᠢᠶᠠᠷ ᠠᠬᠢᠭᠤᠯᠵᠤ᠂ ᠨᠠᠷᠢᠨ ᠳᠠᠩᠰᠠ ᠲᠣᠭᠲᠠᠭᠠᠨ ᠬᠠᠮᠢᠶᠠᠷᠤᠯᠲᠠ ᠬᠢᠵᠦ᠂ ᠬᠠᠷᠢᠭᠤᠴᠠᠯᠭ᠎ᠠ ᠶᠢ ᠨᠠᠶᠢᠲᠠᠪᠤᠷᠢᠵᠢᠭᠤᠯᠬᠤ ᠬᠡᠷᠡᠭᠲᠡᠢ︔ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠤᠯᠭ᠎ᠠ ᠲᠣᠭᠲᠠᠭᠠᠬᠤ ᠳᠦᠷᠢᠮ ᠢ ᠲᠡᠭᠦᠯᠳᠡᠷᠵᠢᠭᠦᠯᠵᠦ᠂ ᠰᠢᠢᠳᠪᠦᠷᠢᠲᠦ ᠪᠣᠳᠣᠯᠭ᠎ᠠ ᠶᠢᠨ ᠬᠠᠤᠯᠢᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ︔ ᠬᠠᠤᠯᠢ ᠶᠢ ᠴᠢᠩᠭ᠎ᠠ ᠵᠢᠷᠤᠮᠵᠢᠭᠤᠨ ᠲᠥᠪ ᠭᠤᠣᠯᠴᠢ ᠪᠣᠯᠪᠠᠰᠤᠨ ᠢᠶᠠᠷ ᠬᠡᠷᠡᠭᠵᠢᠭᠦᠯᠵᠦ᠂ ᠬᠠᠤᠯᠢ ᠬᠡᠷᠡᠭᠵᠢᠭᠦᠯᠬᠦ ᠴᠢᠨᠠᠷ ᠴᠢᠨᠰᠠᠭ᠎ᠠ ᠶᠢ ᠪᠦᠲᠦᠮᠵᠢᠲᠡᠢ ᠪᠠᠷ ᠳᠡᠭᠡᠭᠰᠢᠯᠡᠭᠦᠯᠬᠦ ᠬᠡᠷᠡᠭᠲᠡᠢ︔ ᠬᠠᠤᠯᠢ ᠶᠣᠰᠣᠭᠠᠷ ᠵᠠᠰᠠᠭ ᠶᠠᠪᠤᠭᠤᠯᠬᠤ ᠳᠦᠷᠢᠮ ᠤᠨ ᠲᠣᠭᠲᠠᠯᠴᠠᠭ᠎ᠠ ᠶᠢ ᠪᠠᠶᠢᠭᠤᠯᠵᠤ᠂ ᠵᠠᠰᠠᠭ ᠵᠠᠬᠢᠷᠭᠠᠨ ᠤ ᠬᠠᠤᠯᠢ ᠲᠣᠭᠲᠠᠭᠠᠬᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠂ ᠰᠠᠶᠢᠨ ᠬᠠᠤᠯᠢ ᠪᠠᠷ ᠴᠢᠳᠠᠮᠠᠭᠠᠢ ᠵᠠᠰᠠᠬᠤ ᠶᠢ ᠠᠬᠢᠭᠤᠯᠬᠤ ᠬᠡᠷᠡᠭᠲᠡᠢ︔ ᠵᠠᠰᠠᠭ ᠵᠠᠬᠢᠷᠭᠠᠨ ᠤ ᠵᠠᠷᠭᠤ ᠶᠢ ᠬᠦᠯᠢᠶᠡᠨ ᠠᠪᠬᠤ ᠪᠠ ᠬᠡᠷᠡᠭ ᠭᠦᠢᠴᠡᠳᠭᠡᠬᠦ ᠶᠢ ᠪᠦᠬᠦ ᠲᠠᠯ᠎ᠠ ᠪᠠᠷ ᠰᠠᠶᠢᠲᠤᠷ ᠬᠢᠵᠦ᠂ ᠦᠨᠡᠨᠴᠢ ᠢᠲᠡᠭᠡᠮᠵᠢᠲᠡᠢ ᠵᠠᠰᠠᠭ ᠤᠨ ᠣᠷᠳᠣᠨ ᠢ ᠡᠭᠦᠳᠦᠨ ᠪᠠᠶᠢᠭᠤᠯᠬᠤ ᠬᠡᠷᠡᠭᠲᠡᠢ ᠭᠡᠪᠡ᠃      ᠳ᠋ᠦ᠋ ᠬᠤᠢ ᠯᠢᠶᠠᠩ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠷᠬᠢᠯᠡᠬᠦ ᠣᠷᠴᠢᠨ ᠠᠬᠤᠢ ᠶᠢ ᠰᠢᠯᠢᠳᠡᠭᠵᠢᠭᠦᠯᠬᠦ 3.0 ᠥᠯᠢᠭᠡᠷ ᠬᠡᠪ ᠪᠠ ᠮᠠᠨ ᠤ ᠬᠤᠲᠠ ᠶᠢᠨ ᠬᠠᠮᠤᠭ ᠤᠨ ᠰᠢᠯᠢᠳᠡᠭ ᠬᠤᠳᠠᠯᠳᠤᠭ᠎ᠠ ᠡᠷᠬᠢᠯᠡᠬᠦ ᠣᠷᠴᠢᠨ ᠠᠬᠤᠢ ᠶᠢ ᠡᠭᠦᠳᠬᠦ 500 ᠵᠣᠷᠪᠤᠰ ᠡᠭᠦᠷᠭᠡ ᠶᠢ ᠨᠠᠶᠢᠲᠠᠪᠤᠷᠢᠵᠢᠭᠤᠯᠵᠤ᠂ ᠰᠢᠯᠭᠠᠯᠲᠠ ᠶᠢᠨ ᠬᠠᠭᠤᠳᠠᠰᠤ ᠲᠤᠰᠢᠶᠠᠬᠤ ᠤᠬᠠᠮᠰᠠᠷ ᠢᠶᠠᠨ ᠴᠢᠩᠭᠠᠳᠬᠠᠨ᠂ ᠳᠠᠩᠰᠠ ᠶᠢ ᠵᠤᠷᠪᠤᠰᠯᠠᠨ ᠬᠠᠷᠭᠤᠭᠤᠯᠵᠤ᠂ ᠲᠣᠭᠲᠠᠭᠰᠠᠨ ᠬᠤᠭᠤᠴᠠᠭᠠᠨ ᠳᠤ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠬᠦ ᠬᠡᠷᠡᠭᠲᠡᠢ᠃ ᠬᠡᠷᠡᠭᠯᠡᠭᠴᠢᠳ ᠤᠨ ᠰᠡᠳᠬᠢᠬᠦᠢ ᠶᠢ ᠴᠢᠩᠭᠠᠳᠬᠠᠵᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠪᠠ ᠣᠯᠠᠨ ᠲᠦᠮᠡᠨ ᠤ ᠲᠠᠯ᠎ᠠ ᠳᠤ ᠵᠣᠭᠰᠤᠨ᠂ ᠠᠰᠠᠭᠤᠳᠠᠯ ᠢ ᠡᠷᠢᠵᠦ᠂ ᠥᠭᠡᠷᠡᠴᠢᠯᠡᠯᠲᠡ ᠶᠢ ᠠᠳᠬᠤᠨ᠂ ᠦᠢᠯᠡᠴᠢᠯᠡᠭᠡ ᠶᠢ ᠰᠢᠯᠢᠳᠡᠭᠵᠢᠭᠦᠯᠵᠦ᠂ ᠲᠡᠳᠡᠨ ᠤ ᠬᠦᠷᠲᠡᠮᠵᠢ ᠶᠢᠨ ᠰᠡᠳᠬᠢᠯᠭᠡ ᠶᠢ ᠳᠡᠭᠡᠭᠰᠢᠯᠡᠭᠦᠯᠦᠨ ᠬᠠᠨᠤᠮᠵᠢ ᠶᠢᠨ ᠬᠡᠮᠵᠢᠶ᠎ᠡ ᠶᠢ ᠨᠡᠮᠡᠭᠳᠡᠭᠦᠯᠬᠦ ᠬᠡᠷᠡᠭᠲᠡᠢ᠃ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠤᠬᠠᠮᠰᠠᠷ ᠢᠶᠠᠨ ᠴᠢᠩᠭᠠᠳᠬᠠᠨ᠂ ᠭᠤᠣᠯᠳᠠᠯᠭ᠎ᠠ ᠎ ᠲᠠᠢ ᠥᠭᠡᠷᠡᠴᠢᠯᠡᠯᠲᠡ ᠶᠢᠨ ᠤᠴᠢᠷ ᠶᠠᠪᠤᠳᠠᠯ ᠤᠳ ᠢ ᠭᠦᠨᠵᠡᠭᠡᠶᠢᠷᠡᠭᠦᠯᠵᠦ᠂ ᠲᠥᠪᠯᠡᠷᠡᠭᠦᠯᠦᠨ ᠬᠤᠯᠪᠤᠭᠠᠯᠠᠨ ᠬᠥᠳᠡᠯᠦᠯᠴᠡᠬᠦ ᠬᠢᠨᠠᠨ ᠵᠥᠪᠰᠢᠶᠡᠷᠡᠬᠦ ᠲᠣᠭᠲᠠᠴᠠ ᠶᠢ ᠰᠢᠯᠢᠳᠡᠭᠵᠢᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ ᠠᠬᠤᠢ ᠶᠢ ᠦᠷᠭᠦᠯᠵᠢᠯᠡᠨ ᠰᠢᠯᠢᠳᠡᠭᠵᠢᠭᠦᠯᠵᠦ ᠳᠡᠰ ᠲᠡᠪᠰᠢᠭᠦᠯᠦᠨ᠂ ᠪᠦᠬᠦ ᠤᠯᠤᠰ ᠤᠨ ᠰᠢᠯᠢᠳᠡᠭ ᠬᠤᠳᠠᠯᠳᠤᠭ᠎ᠠ ᠡᠷᠬᠢᠯᠡᠬᠦ ᠣᠷᠴᠢᠨ ᠠᠬᠤᠢ ᠶᠢᠨ ᠬᠤᠲᠠ ᠶᠢ ᠲᠥᠷᠭᠡᠳᠭᠡᠨ ᠪᠦᠲᠦᠭᠡᠨ ᠪᠠᠶᠢᠭᠤᠯᠬᠤ ᠬᠡᠷᠡᠭᠲᠡᠢ ᠭᠡᠪᠡ᠃      ᠳ᠋ᠦ᠋ ᠬᠤᠢ ᠯᠢᠶᠠᠩ᠂ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠪᠦᠬᠦ ᠬᠦᠴᠦᠨ ᠢᠶᠠᠷ ᠢᠶᠠᠨ ᠬᠠᠯᠠᠨ ᠰᠠᠶᠢᠵᠢᠷᠠᠭᠤᠯᠬᠤ᠂ ᠬᠠᠤᠯᠢ ᠶᠢ ᠵᠥᠷᠢᠴᠡᠨ ᠭᠠᠵᠠᠷ ᠬᠡᠷᠡᠭᠯᠡᠬᠦ ᠶᠢ ᠢᠯᠭᠠᠷᠠᠭᠤᠯᠤᠨ ᠴᠡᠭᠴᠡᠯᠡᠬᠦ᠂ ᠲᠦᠷᠦ ᠶᠢᠨ ᠶᠠᠪᠤᠳᠠᠯ ᠤᠨ ᠬᠤᠷᠢᠶᠠᠨ ᠤ ᠶᠡᠭᠡ ᠱᠠᠯᠠᠪᠳᠠᠭᠤᠯᠤᠨ ᠪᠠᠶᠢᠴᠠᠭᠠᠯᠲᠠ ᠪᠠ ᠪᠤᠰᠤᠳ ᠡᠯ᠎ᠡ ᠬᠦᠷᠢᠶ᠎ᠡ ᠴᠠᠷᠠᠭ᠎ᠠ ᠶᠢᠨ ᠲᠣᠭᠤᠷᠢᠨ ᠪᠠᠶᠢᠴᠠᠭᠠᠯᠲᠠ᠂ ᠬᠢᠨᠠᠨ ᠪᠣᠳᠤᠬᠤ ᠵᠡᠷᠭᠡ ᠬᠠᠷᠢᠭᠤ ᠲᠤᠰᠬᠠᠭᠰᠠᠨ ᠠᠰᠠᠭᠤᠳᠠᠯ ᠢ ᠬᠠᠯᠠᠨ ᠰᠠᠶᠢᠵᠢᠷᠠᠭᠤᠯᠬᠤ ᠶᠢ ᠪᠦᠬᠦ ᠬᠦᠴᠦᠨ ᠢᠶᠠᠷ ᠰᠠᠶᠢᠲᠤᠷ ᠠᠳᠬᠤᠵᠤ ᠬᠠᠯᠠᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠬᠦᠴᠦᠯᠡᠨ ᠪᠤᠳᠠᠲᠠᠶᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠶᠢ ᠲᠥᠷᠭᠡᠳᠭᠡᠨ᠂ ᠬᠠᠯᠠᠨ ᠰᠠᠶᠢᠵᠢᠷᠠᠭᠤᠯᠬᠤ ᠴᠢᠨᠠᠷᠵᠢᠯ ᠢ ᠳᠡᠭᠡᠭᠰᠢᠯᠡᠭᠦᠯᠬᠦ ᠬᠡᠷᠡᠭᠡᠲᠢ᠃ ᠠᠶᠤᠯ ᠦᠭᠡᠢ ᠦᠢᠯᠡᠳᠪᠦᠷᠢᠯᠡᠯ ᠤᠨ ᠡᠨᠡ ᠬᠦ ᠬᠥᠪᠴᠢ ᠶᠢ ᠴᠠᠭ ᠢᠮᠠᠭᠲᠠ ᠴᠢᠩᠭ᠎ᠠ ᠠᠳᠬᠤᠵᠤ᠂ ᠬᠢᠵᠢᠭ ᠤᠨ ᠪᠠᠶᠢᠳᠠᠯ ᠤᠨ ᠳᠠᠬᠢᠨ ᠡᠭᠦᠰᠬᠦ ᠠᠴᠠ ᠪᠣᠯᠤᠭᠰᠠᠨ ᠠᠮᠤᠷ ᠲᠥᠪᠰᠢᠨ ᠤ ᠳᠠᠯᠳᠠ ᠭᠡᠮ ᠢ ᠳᠡᠭᠡᠲᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠠᠶᠤᠯ ᠦᠭᠡᠢ ᠦᠢᠯᠡᠳᠪᠦᠷᠢᠯᠡᠯ ᠤᠨ ᠲᠤᠰᠬᠠᠢ ᠲᠦᠷᠦᠯ ᠤᠨ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢᠨ ᠡᠴᠦᠰ ᠤᠨ ᠪᠠᠶᠢᠯᠳᠤᠭᠠᠨ ᠢ ᠰᠠᠶᠢᠲᠦᠷ ᠬᠢᠵᠦ᠂ ᠨᠡᠶᠢᠬᠡᠮ ᠤᠨ ᠶᠡᠭᠡ ᠲᠠᠯ᠎ᠠ ᠶᠢᠨ ᠠᠮᠤᠷ ᠲᠦᠪᠰᠢᠨ ᠲᠣᠭᠲᠠᠭᠤᠨ ᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃      ᠬᠤᠲᠠ ᠶᠢᠨ ᠵᠠᠰᠠᠭ ᠤᠨ ᠣᠷᠳᠣᠨ ᠤ ᠡᠯ᠎ᠡ ᠬᠤᠲᠠ ᠶᠢᠨ ᠳᠡᠳ᠋ ᠳᠠᠷᠤᠭ᠎ᠠ ᠬᠤᠷᠠᠯ ᠳᠤ ᠣᠷᠤᠯᠴᠠᠪᠠ᠃ ᠬᠤᠷᠠᠯ ᠢ ᠸᠢᠳᠢᠤ᠋ ᠬᠤᠷᠠᠯ ᠤᠨ ᠬᠡᠯᠪᠡᠷᠢ ᠪᠠᠷ ᠡᠯ᠎ᠡ ᠬᠤᠰᠢᠭᠤ ᠲᠣᠭᠤᠷᠢᠭ ᠬᠦᠷᠲᠡᠯ᠎ᠡ ᠬᠤᠷᠠᠯᠳᠤᠭᠤᠯᠪᠠ᠃
        ᠢᠷᠡᠯᠲᠡ᠄ ᠣᠷᠳᠣᠰ ᠤᠨ ᠡᠳᠦᠷ ᠤᠨ ᠰᠣᠨᠢᠨ