| — ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠭᠦ ᠤᠯᠤᠰ ᠤᠨ | ᠲᠥᠯᠥᠭᠡᠯᠡᠭᠴᠢᠳ ᠤᠨ ᠶᠡᠭᠡ ᠬᠤᠷᠠᠯ ᠳᠡᠭᠡᠷ᠎ᠡ ᠬᠢᠭᠰᠡᠨ ᠢᠯᠡᠳᠬᠡᠯ | | | | ︵2022 ᠣᠨ ᠤ 10 ᠰᠠᠷ᠎ᠠ ᠶᠢᠨ 16 ᠤ ᠡᠳᠦᠷ︶ | ᠰᠢ ᠶᠢᠨ ᠫᠢᠩ | | | ᠨᠥᠬᠦᠳ ᠠ᠋᠄ | ᠤᠳᠤ ᠪᠢ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠡᠮᠦᠨ᠎ᠡ ᠠᠴᠠ ᠶᠡᠭᠡ ᠬᠤᠷᠠᠯ ᠳᠤ ᠢᠯᠡᠳᠬᠡᠯ ᠭᠢᠶ᠎ᠠ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠭᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯ ᠪᠦᠭᠦ ᠨᠠᠮ ᠪᠦᠭᠦ | ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ | ᠠᠶᠠᠨ ᠳᠤ ᠮᠣᠷᠳᠠᠵᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠬᠤ ᠵᠠᠩᠭᠢᠯᠠᠭ᠎ᠠ ᠶᠢᠨ ᠴᠠᠭ ᠮᠥᠴᠡ ᠳᠤ ᠬᠤᠷᠠᠯᠳᠤᠭᠰᠠᠨ ᠨᠢᠭᠡ | ᠤᠳᠠᠭ᠎ᠠ ᠶᠢᠨ ᠲᠤᠶᠢᠯ ᠤᠨ ᠴᠢᠬᠤᠯᠠ ᠶᠡᠭᠡ ᠬᠤᠷᠠᠯ ᠪᠣᠯᠣᠨ᠎ᠠ᠃ | ᠶᠡᠭᠡ ᠬᠤᠷᠠᠯ ᠤᠨ ᠭᠤᠣᠯ ᠰᠡᠳᠦᠪ ᠪᠣᠯ᠄ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠠᠭᠤᠤ ᠶᠡᠭᠡ | ᠨᠠᠮ ᠪᠠᠶᠢᠭᠤᠯᠤᠭᠰᠠᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠥᠪᠡᠷ ᠢ ᠪᠠᠨ ᠢᠲᠡᠭᠡᠵᠦ ᠥᠪᠡᠷ ᠢ ᠪᠠᠨ ᠬᠦᠴᠦᠷᠬᠡᠭᠵᠢᠭᠦᠯᠵᠦ᠂ ᠲᠥᠪ ᠶᠣᠰᠣ ᠶᠢ ᠪᠠᠷᠢᠮᠲᠠᠯᠠᠨ | ᠰᠢᠨ᠎ᠡ ᠶᠢ ᠡᠭᠦᠳᠴᠦ᠂ ᠣᠮᠤᠭ ᠵᠣᠷᠢᠭ ᠪᠠᠳᠠᠷᠠᠩᠭᠤᠢ ᠪᠠᠷ ᠡᠷᠡᠮᠡᠬᠡᠶᠢᠯᠡᠨ ᠴᠢᠷᠮᠠᠶᠢᠵᠤ᠂ ᠡᠷᠡᠯᠬᠡᠭᠯᠡᠨ ᠤᠷᠤᠭᠰᠢᠯᠠᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ | ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠶᠢᠨ | ᠲᠥᠯᠥᠭᠡ ᠪᠦᠯᠬᠦᠮᠳᠡᠨ ᠲᠡᠮᠡᠴᠡᠨ᠎ᠡ᠃ | ᠳᠤᠮᠳᠠᠳᠤ ᠤᠯᠤᠰ ᠤᠨ ᠡᠪ ᠬᠠᠮᠲᠤ ᠨᠠᠮ ᠨᠢᠭᠡᠨᠲᠡ ᠵᠠᠭᠤᠨ ᠵᠢᠯ ᠤᠨ ᠲᠡᠮᠡᠴᠡᠯ ᠤᠨ ᠶᠠᠪᠤᠴᠠ ᠶᠢ ᠥᠩᠭᠡᠷᠡᠭᠦᠯᠪᠡ᠃ ᠮᠠᠨ ᠤ ᠨᠠᠮ ᠳᠤᠮᠳᠠᠳᠤ ᠶᠢᠨ | ᠦᠨᠳᠦᠰᠦᠲᠡᠨ ᠤ ᠮᠢᠩᠭᠠᠨ ᠣᠨ ᠤ ᠠᠤᠭ᠎ᠠ ᠦᠢᠯᠡᠰ ᠢ ᠪᠦᠲᠦᠭᠡᠬᠦ ᠪᠠᠷ ᠵᠣᠷᠢᠭ ᠰᠢᠭᠤᠳᠴᠤ᠂ ᠬᠥᠮᠥᠨ ᠲᠥᠷᠥᠯᠬᠢᠲᠡᠨ ᠤ ᠡᠩᠬᠡ ᠲᠠᠶᠢᠪᠤᠩ ᠪᠣᠯᠣᠨ | ᠬᠥᠭᠵᠢᠯᠲᠡ ᠶᠢᠨ ᠡᠷᠬᠢᠮ ᠳᠡᠭᠡᠳᠦ ᠦᠢᠯᠡᠰ ᠤᠨ ᠲᠥᠯᠥᠭᠡ ᠴᠢᠷᠮᠠᠶᠢᠵᠤ ᠪᠠᠶᠢᠭ᠎ᠠ ᠪᠣᠯᠬᠤᠷ ᠬᠠᠷᠢᠭᠤᠴᠠᠯᠭ᠎ᠠ ᠬᠢᠵᠠᠭᠠᠯᠠᠰᠢ ᠦᠭᠡᠢ ᠬᠦᠨᠳᠦ ᠶᠡᠭᠡ᠂ ᠡᠭᠦᠷᠭᠡ | ᠬᠢᠵᠠᠭᠠᠯᠠᠰᠢ ᠦᠭᠡᠢ ᠢᠷᠠᠭᠤ ᠠᠯᠳᠠᠷᠲᠠᠢ ᠶᠤᠮ᠃ ᠪᠦᠭᠦ ᠨᠠᠮ ᠤᠨ ᠨᠥᠬᠦᠳ ᠡᠷᠬᠡᠪᠰᠢ ᠤᠭ ᠰᠠᠨᠠᠭ᠎ᠠ ᠪᠠᠨ ᠦᠯᠦ ᠮᠠᠷᠲᠠᠨ ᠡᠭᠦᠷᠭᠡ ᠬᠠᠷᠢᠭᠤᠴᠠᠯᠭ᠎ᠠ ᠪᠠᠨ ᠪᠠᠲᠤ | ᠴᠡᠭᠡᠵᠢᠯᠡᠵᠦ᠂ ᠡᠷᠬᠡᠪᠰᠢ ᠳᠠᠷᠤᠤ ᠬᠢᠴᠢᠶᠡᠩᠭᠦᠢ ᠪᠠᠶᠢᠵᠤ᠂ ᠲᠡᠰᠪᠦᠷᠢ ᠬᠠᠲᠠᠭᠤᠵᠢᠯᠲᠠᠢ ᠲᠡᠮᠡᠴᠡᠵᠦ᠂ ᠡᠷᠬᠡᠪᠰᠢ ᠵᠣᠷᠢᠭᠲᠠᠢ ᠲᠡᠮᠡᠴᠡᠵᠦ᠂ ᠴᠢᠳᠠᠮᠠᠭᠠᠢ ᠪᠠᠷ ᠲᠡᠮᠡᠴᠡᠵᠦ᠂ | ᠲᠡᠦᠬᠡ ᠶᠢᠨ ᠢᠲᠡᠭᠡᠯ ᠢᠶᠠᠨ ᠪᠠᠲᠤᠳᠬᠠᠵᠤ᠂ ᠲᠡᠦᠬᠡ ᠶᠢᠨ ᠰᠠᠨᠠᠭᠠᠴᠢᠯᠠᠭ᠎ᠠ ᠪᠠᠨ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠨᠡᠩ ᠭᠡᠷᠡᠯ ᠰᠠᠴᠤᠷᠠᠩᠭᠤᠢ ᠢᠷᠠᠭᠤ ᠬᠠᠭᠤᠳᠠᠰᠤ ᠶᠢ ᠪᠢᠴᠢᠭᠯᠡᠬᠦ ᠬᠡᠷᠡᠭᠲᠡᠢ᠃ | | | ᠨᠢᠭᠡ᠂ ᠥᠩᠭᠡᠷᠡᠭᠰᠡᠨ ᠲᠠᠪᠤᠨ ᠵᠢᠯ ᠤᠨ ᠠᠵᠢᠯ ᠪᠠ ᠰᠢᠨ᠎ᠡ ᠴᠠᠭ ᠦᠶ᠎ᠡ ᠶᠢᠨ ᠠᠷᠪᠠᠨ ᠵᠢᠯ ᠤᠨ ᠠᠭᠤᠤ ᠶᠡᠭᠡ ᠬᠤᠪᠢᠰᠤᠯᠲᠠ | ᠠᠷᠪᠠ ᠶᠢᠰᠦᠳᠦᠭᠡᠷ ᠶᠡᠭᠡ ᠬᠤᠷᠠᠯ ᠠᠴᠠ ᠨᠠᠭᠠᠰᠢᠬᠢ ᠲᠠᠪᠤᠨ ᠵᠢᠯ ᠪᠣᠯ ᠲᠤᠶᠢᠯ ᠤᠨ ᠶᠡᠷᠦ ᠪᠤᠰᠤ ᠶᠢᠨ᠂ ᠲᠤᠶᠢᠯ ᠤᠨ ᠵᠢᠷ ᠤᠨ ᠪᠤᠰᠤ ᠶᠢᠨ ᠲᠠᠪᠤᠨ ᠵᠢᠯ ᠮᠥᠨ᠃ | ᠨᠠᠮ ᠤᠨ ᠲᠥᠪ ᠬᠤᠷᠢᠶ᠎ᠠ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠪᠠᠶᠢᠯᠳᠤᠬᠤ ᠪᠣᠳᠣᠯᠭ᠎ᠠ ᠶᠢᠨ ᠪᠦᠭᠦ ᠲᠠᠯ᠎ᠠ ᠪᠣᠯᠣᠨ ᠳᠡᠯᠡᠬᠡᠢ | ᠶᠢᠷᠲᠢᠨᠴᠦ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠳᠤᠯᠤᠭ᠎ᠠ ᠤᠳᠠᠭ᠎ᠠ ᠶᠢᠨ ᠪᠦᠭᠦᠳᠡ ᠬᠤᠷᠠᠯ | ᠬᠢᠵᠦ᠂ ᠲᠤᠰ ᠲᠤᠰ ᠦᠨᠳᠦᠰᠦᠨ ᠬᠠᠤᠯᠢ ᠳᠤ ᠵᠠᠰᠠᠪᠤᠷᠢ ᠣᠷᠣᠭᠤᠯᠬᠤ᠂ ᠨᠠᠮ ᠪᠣᠯᠣᠨ ᠲᠦᠷᠦ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠤᠯᠤᠰ ᠤᠨ ᠵᠠᠰᠠᠯᠲᠠ ᠶᠢᠨ ᠰᠢᠰᠲ᠋ᠧᠮ ᠪᠠ | ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠪᠠ 2035 ᠣᠨ ᠤ | ᠠᠯᠤᠰ ᠤᠨ ᠬᠠᠷᠠᠯᠲᠠ ᠶᠢ ᠲᠣᠭᠲᠠᠭᠠᠬᠤ᠂ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠦᠬᠡᠨ ᠲᠤᠷᠰᠢᠯᠭ᠎ᠠ ᠶᠢ ᠪᠦᠭᠦ | ᠲᠠᠯ᠎ᠠ ᠪᠠᠷ ᠳ᠋ᠦᠩᠨᠡᠭᠦ ᠵᠡᠷᠭᠡ ᠴᠢᠬᠤᠯᠠ ᠶᠡᠭᠡ ᠠᠰᠠᠭᠤᠳᠠᠯ ᠤᠨ ᠲᠤᠬᠠᠢ ᠲᠣᠭᠲᠠᠭᠠᠯ ᠪᠠ ᠰᠢᠢᠳᠪᠦᠷᠢ ᠭᠠᠷᠭᠠᠵᠤ᠂ ᠨᠠᠮ ᠪᠠ ᠤᠯᠤᠰ ᠤᠨ ᠠᠵᠢᠯ ᠦᠢᠯᠡᠰ ᠤᠨ | ᠬᠥᠭᠵᠢᠯᠲᠡ ᠶᠢᠨ ᠲᠤᠬᠠᠢ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠬᠢᠵᠦ᠂ ᠪᠦᠭᠦ ᠨᠠᠮ ᠪᠦᠭᠦ ᠴᠡᠷᠢᠭ ᠪᠦᠭᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠳᠡᠯᠡᠬᠡᠢ ᠶᠢᠨ ᠪᠠᠶᠢᠳᠠᠯ ᠪᠣᠯᠣᠨ ᠵᠠᠯᠭᠠᠭ᠎ᠠ | ᠪᠠᠷ ᠲᠤᠯᠭᠠᠷᠠᠭᠰᠠᠨ ᠯᠤᠲᠤ ᠶᠡᠭᠡ ᠠᠶᠤᠯ ᠲᠦᠭᠰᠢᠭᠦᠷᠢ ᠥᠷᠢᠰᠦᠯᠳᠦᠭᠡᠨ ᠢ ᠪᠦᠲᠦᠮᠵᠢᠲᠡᠢ ᠠᠷᠭᠠᠴᠠᠭᠠᠵᠤ᠂ ᠡᠷᠡᠮᠡᠬᠡᠶᠢᠯᠡᠨ ᠲᠡᠮᠡᠴᠡᠵᠦ ᠵᠢᠳᠬᠦᠯ ᠴᠢᠷᠮᠠᠶᠢᠯᠭ᠎ᠠ | ᠭᠠᠷᠭᠠᠬᠤ ᠵᠣᠷᠢᠭ ᠰᠠᠨᠠᠭ᠎ᠠ ᠪᠠᠷ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠲᠠᠰᠤᠷᠠᠯᠲᠠ ᠦᠭᠡᠢ ᠤᠷᠤᠭᠰᠢᠯᠠᠭᠤᠯᠪᠠ᠃ | ᠲᠠᠪᠤᠨ ᠵᠢᠯ ᠤᠨ ᠲᠤᠷᠰᠢ᠂ ᠪᠢᠳᠡ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠪᠣᠯᠣᠨ ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ | ᠤᠳᠤᠷᠢᠳᠤᠯᠭ᠎ᠠ ᠶᠢ ᠴᠢᠩᠭᠠᠳᠬᠠᠬᠤ ᠶᠢ ᠪᠠᠷᠢᠮᠲᠠᠯᠠᠵᠤ᠂ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠡᠶᠡᠯᠡᠭᠦᠯᠬᠦ ᠠᠬᠢᠴᠠ ᠶᠢ ᠪᠦᠭᠦ ᠬᠦᠴᠦᠨ ᠢᠶᠠᠷ ᠢᠶᠠᠨ ᠠᠬᠢᠭᠤᠯᠵᠤ᠂ | ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠤᠨᠤᠪᠴᠢᠳᠠᠢ᠂ ᠪᠦᠭᠦ ᠲᠠᠯ᠎ᠠ ᠪᠠᠷ ᠲᠤᠭᠤᠰᠢᠯᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢ | ᠬᠦᠴᠦᠯᠡᠨ ᠠᠬᠢᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠰᠠᠨᠠᠭᠠᠴᠢᠯᠠᠭ᠎ᠠ ᠠᠴᠠ ᠪᠠᠨ ᠪᠠᠶᠢᠭᠤᠯᠵᠤ᠂ ᠥᠭᠡᠷᠡᠴᠢᠯᠡᠯᠲᠡ ᠶᠢ ᠲᠦᠷᠭᠡᠨ ᠪᠥᠭᠡᠳ | ᠯᠠᠪᠳᠠᠭᠤᠨ ᠢᠶᠠᠷ ᠠᠬᠢᠭᠤᠯᠵᠤ᠂ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠢ ᠯᠠᠪᠳᠠᠭᠤᠨ ᠪᠠᠲᠤᠲᠠᠢ ᠠᠬᠢᠭᠤᠯᠵᠤ᠂ ᠬᠠᠤᠯᠢ ᠪᠠᠷ ᠤᠯᠤᠰ ᠢᠶᠠᠨ ᠵᠠᠰᠠᠬᠤ ᠶᠢ | ᠪᠦᠭᠦ ᠲᠠᠯ᠎ᠠ ᠪᠠᠷ ᠠᠬᠢᠭᠤᠯᠵᠤ᠂ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠢ ᠢᠳᠡᠪᠬᠢᠲᠡᠢ ᠬᠥᠭᠵᠢᠭᠦᠯᠵᠦ᠂ ᠠᠷᠠᠳ ᠤᠨ ᠠᠮᠢᠳᠤᠷᠠᠯ ᠢ ᠪᠠᠲᠤᠯᠠᠬᠤ ᠪᠠ | ᠰᠠᠶᠢᠵᠢᠷᠠᠭᠤᠯᠬᠤ ᠶᠢ ᠳᠣᠪᠤᠶᠢᠯᠭᠠᠵᠤ᠂ ᠬᠦᠴᠦ ᠪᠠᠨ ᠲᠥᠪᠯᠡᠷᠡᠭᠦᠯᠦᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠬᠢᠵᠦ᠂ ᠠᠮᠢ | ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ ᠤᠯᠤᠰ ᠤᠨ ᠠᠮᠤᠷ ᠲᠦᠪᠰᠢᠨ ᠢ ᠡᠷᠡᠰ ᠬᠠᠮᠠᠭᠠᠯᠠᠵᠤ᠂ ᠬᠦᠨᠳᠦ ᠶᠡᠭᠡ ᠠᠶᠤᠯ | ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ | ᠠᠩᠭᠢ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠲᠣᠮᠣ ᠤᠯᠤᠰ ᠤᠨ | ᠭᠠᠳᠠᠭᠠᠳᠤ ᠬᠠᠷᠢᠯᠴᠠᠭ᠎ᠠ ᠶᠢ ᠪᠦᠭᠦ ᠲᠠᠯ᠎ᠠ ᠪᠠᠷ ᠥᠷᠨᠢᠭᠦᠯᠵᠦ᠂ ᠨᠠᠮ ᠤᠨ ᠪᠠᠶᠢᠭᠤᠯᠤᠯᠲᠠ ᠶᠢᠨ ᠠᠭᠤᠤ ᠶᠡᠭᠡ ᠰᠢᠨ᠎ᠡ ᠢᠨᠵᠧᠨᠧᠷᠢᠩ ᠢ ᠪᠦᠭᠦ ᠲᠠᠯ᠎ᠠ ᠪᠠᠷ ᠠᠬᠢᠭᠤᠯᠵᠠᠢ | ᠃ ᠪᠢᠳᠡ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠣᠶ᠂ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ | ᠪᠠᠶᠢᠭᠤᠯᠤᠭᠳᠠᠭᠰᠠᠨ ᠳᠠᠯᠠᠨ ᠵᠢᠯ ᠤᠨ ᠣᠶ ᠶᠢ ᠦᠪᠡᠳᠡᠭᠰᠢ ᠶᠡᠭᠡ ᠪᠠᠷ ᠪᠡᠯᠭᠡᠯᠡᠵᠦ᠂ ᠭᠤᠷᠪᠠᠳᠤᠭᠠᠷ ᠲᠡᠦᠬᠡ ᠶᠢᠨ ᠰᠢᠢᠳᠪᠦᠷᠢ ᠶᠢ ᠲᠣᠭᠲᠠᠭᠠᠨ᠂ ᠪᠦᠭᠦ ᠨᠠᠮ ᠳᠤ | ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡ ᠶᠢᠨ ᠦᠵᠡᠰᠭᠦᠯᠡᠩ ᠤᠨ ᠣᠷᠳᠣᠨ ᠢ | ᠪᠠᠶᠢᠭᠤᠯᠤᠨ᠂ ᠪᠦᠭᠦ ᠨᠠᠮ ᠢ ᠤᠷᠢᠶᠠᠯᠠᠨ ᠨᠠᠮ ᠪᠠᠶᠢᠭᠤᠯᠤᠭᠰᠠᠨ ᠠᠭᠤᠤ ᠶᠡᠭᠡ ᠵᠣᠷᠢᠭ ᠰᠠᠨᠠᠭ᠎ᠠ ᠶᠢ ᠰᠤᠷᠤᠯᠴᠠᠨ ᠦᠢᠯᠡᠳᠦᠯᠭᠡᠵᠢᠭᠦᠯᠵᠦ᠂ ᠰᠢᠨ᠎ᠡ ᠠᠶᠠᠨ ᠳᠤ ᠨᠡᠩ | ᠡᠷᠡᠰ ᠪᠠᠲᠤ᠂ ᠨᠡᠩ ᠤᠬᠠᠮᠰᠠᠷ ᠠᠴᠠ ᠪᠠᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠰᠠᠶᠢᠨ ᠰᠠᠶᠢᠬᠠᠨ ᠢᠷᠡᠭᠡᠳᠦᠢ ᠶᠢ ᠡᠭᠦᠳᠦᠨ | ᠨᠡᠭᠡᠭᠡᠵᠡᠢ᠃ ᠢᠯᠠᠩᠭᠤᠶ᠎ᠠ ᠭᠡᠨᠡᠳᠲᠡ ᠡᠭᠦᠰᠦᠭᠰᠡᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠡᠮᠦᠨ᠎ᠡ᠂ ᠪᠢᠳᠡ ᠠᠷᠠᠳ ᠲᠦᠮᠡᠨ ᠢ | ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠨ᠎ᠠ ᠪᠠᠨ ᠳᠠᠭᠢᠨ ᠲᠠᠷᠬᠠᠨ | ᠳᠡᠯᠭᠡᠷᠡᠬᠦ ᠶᠢ ᠰᠡᠷᠭᠡᠶᠢᠯᠡᠬᠦ ᠶᠢ ᠪᠠᠷᠢᠮᠲᠠᠯᠠᠵᠤ᠂ ᠡᠪᠡᠳᠴᠢᠨ ᠤ ᠵᠢᠱᠢᠶ᠎ᠡ ᠶᠢ ᠦᠭᠡᠢ ᠪᠤᠯᠭᠠᠬᠤ ᠶᠢ ᠪᠠᠷᠢᠮᠲᠠᠯᠠᠵᠤ᠂ ᠬᠢᠵᠢᠭ ᠲᠠᠢ ᠲᠡᠮᠡᠴᠡᠬᠦ ᠠᠷᠠᠳ ᠤᠨ ᠳᠠᠶᠢᠯᠠᠯᠳᠤᠭᠠᠨ᠂ | ᠶᠡᠷᠦᠩᠬᠡᠢ ᠳᠠᠶᠢᠯᠠᠯᠳᠤᠭᠠᠨ᠂ ᠬᠤᠷᠢᠭᠯᠠᠯᠲᠠ ᠶᠢᠨ ᠳᠠᠶᠢᠯᠠᠯᠳᠤᠭᠠᠨ ᠢ ᠥᠷᠨᠢᠭᠦᠯᠵᠦ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠣᠯᠣᠨ ᠪᠡᠶ᠎ᠡ | ᠮᠠᠬᠠᠪᠤᠳ ᠤᠨ ᠡᠷᠡᠭᠦᠯ ᠮᠡᠨᠳᠦ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ | ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠬᠦ ᠲᠠᠯ᠎ᠠ ᠪᠠᠷ ᠴᠢᠬᠤᠯᠠ ᠶᠡᠭᠡ ᠢᠳᠡᠪᠬᠢᠲᠡᠢ ᠦᠷ᠎ᠡ ᠪᠦᠲᠦᠭᠡᠯ ᠣᠯᠪᠠ᠃ ᠰᠢᠶᠠᠩᠭᠠᠩ ᠤᠨ ᠪᠠᠶᠢᠳᠠᠯ ᠤᠨ ᠲᠣᠭᠲᠠᠭᠤᠨ | ᠪᠤᠰᠤ ᠬᠤᠪᠢᠷᠠᠯᠲᠠ ᠶᠢᠨ ᠡᠮᠦᠨ᠎ᠡ᠂ ᠪᠢᠳᠡ ᠦᠨᠳᠦᠰᠦᠨ ᠬᠠᠤᠯᠢ ᠪᠠ ᠦᠨᠳᠦᠰᠦ ᠪᠤᠯᠬᠤ ᠬᠠᠤᠯᠢ ᠶᠢ ᠦᠨᠳᠦᠰᠦᠯᠡᠨ ᠵᠠᠰᠠᠭ ᠵᠠᠬᠢᠷᠭᠠᠨ ᠤ ᠣᠨᠴᠠᠭᠠᠢ ᠣᠷᠣᠨ ᠢ ᠪᠦᠭᠦ | ᠲᠠᠯ᠎ᠠ ᠪᠠᠷ ᠬᠠᠮᠢᠶᠠᠷᠤᠨ ᠵᠠᠰᠠᠬᠤ ᠡᠷᠬᠡ ᠶᠢ ᠪᠦᠲᠦᠮᠵᠢᠲᠡᠢ ᠬᠡᠷᠡᠭᠵᠢᠭᠦᠯᠵᠦ᠂ ᠰᠢᠶᠠᠩᠭᠠᠩ ᠵᠠᠰᠠᠭ ᠵᠠᠬᠢᠷᠭᠠᠨ ᠤ ᠣᠨᠴᠠᠭᠠᠢ ᠣᠷᠣᠨ ᠤ ᠤᠯᠤᠰ ᠤᠨ ᠠᠮᠤᠷ ᠲᠦᠪᠰᠢᠨ ᠢ | ᠬᠠᠮᠠᠭᠠᠯᠠᠬᠤ ᠬᠠᠤᠯᠢ ᠶᠢ ᠲᠣᠭᠲᠠᠭᠠᠨ ᠬᠡᠷᠡᠭᠵᠢᠭᠦᠯᠵᠦ᠂ ︽ᠤᠯᠤᠰ ᠢᠶᠠᠨ ᠬᠠᠶᠢᠷᠠᠯᠠᠭᠴᠢᠳ ᠰᠢᠶᠠᠩᠭᠠᠩ ᠢ ᠵᠠᠰᠠᠬᠤ︾ ᠵᠠᠷᠴᠢᠮ ᠢ ᠨᠠᠶᠢᠳᠠᠪᠤᠷᠢᠵᠢᠭᠤᠯᠤᠨ᠂ | ᠰᠢᠶᠠᠩᠭᠠᠩ ᠤᠨ ᠪᠠᠶᠢᠳᠠᠯ ᠰᠠᠮᠠᠭᠤᠷᠠᠯ ᠤᠨ ᠪᠠᠶᠢᠳᠠᠯ ᠠᠴᠠ ᠲᠦᠪᠰᠢᠷᠡᠭᠰᠡᠨ ᠪᠠᠶᠢᠳᠠᠯ ᠳᠤ ᠣᠷᠣᠭᠰᠠᠨ ᠴᠢᠬᠤᠯᠠ ᠶᠡᠭᠡ ᠡᠷᠭᠢᠯᠲᠡ ᠶᠢ ᠪᠡᠶᠡᠯᠡᠭᠦᠯᠵᠦ᠂ ᠭᠤᠸᠠᠩᠳᠦ᠋ᠩ | ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠤ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠤᠨ᠂ ᠰᠢᠶᠠᠩᠭᠠᠩ ᠣᠣᠮᠧᠨ ᠤ ᠠᠵᠤ ᠠᠬᠤᠢ ᠪᠠᠨ | ᠬᠥᠭᠵᠢᠭᠦᠯᠬᠦ᠂ ᠠᠷᠠᠳ ᠤᠨ ᠠᠮᠢᠳᠤᠷᠠᠯ ᠢᠶᠠᠨ ᠰᠠᠶᠢᠵᠢᠷᠠᠭᠤᠯᠬᠤ᠂ ᠲᠣᠭᠲᠠᠭᠤᠨ ᠢᠶᠠᠨ ᠪᠠᠲᠤᠯᠠᠬᠤ ᠶᠢ ᠳᠡᠮᠵᠢᠪᠡ᠃ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ | ᠬᠦᠴᠦᠨ ᠤ ᠬᠠᠭᠠᠴᠠᠭᠤᠯᠬᠤ ᠠᠵᠢᠯᠯᠠᠭ᠎ᠠ ᠪᠠ ᠭᠠᠳᠠᠭᠠᠳᠤ ᠶᠢᠨ ᠬᠦᠴᠦᠨ ᠤ ᠲᠠᠶᠢᠸᠠᠨ ᠤ ᠬᠡᠷᠡᠭ ᠶᠠᠪᠤᠳᠠᠯ ᠳᠤ ᠭᠠᠷ ᠲᠦᠷᠦᠭᠦ ᠬᠦᠨᠳᠦ ᠨᠣᠴᠢᠲᠠᠢ ᠥᠳᠥᠭᠡᠯᠭᠡ ᠶᠢᠨ | ᠡᠮᠦᠨ᠎ᠡ᠂ ᠪᠢᠳᠡ ᠬᠠᠭᠠᠴᠠᠭᠤᠯᠬᠤ ᠶᠢ ᠡᠰᠡᠷᠭᠦᠴᠡᠬᠦ᠂ ᠭᠠᠷ ᠲᠦᠷᠦᠭᠦ ᠶᠢ ᠡᠰᠡᠷᠭᠦᠴᠡᠬᠦ ᠴᠢᠬᠤᠯᠠ ᠶᠡᠭᠡ ᠲᠡᠮᠡᠴᠡᠯ ᠢ ᠡᠷᠡᠰ ᠥᠷᠨᠢᠭᠦᠯᠵᠦ᠂ ᠮᠠᠨ ᠤ ᠤᠯᠤᠰ ᠤᠨ ᠡᠷᠬᠡ | ᠮᠡᠳᠡᠯ ᠪᠠ ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠶᠢ ᠬᠠᠮᠠᠭᠠᠯᠠᠬᠤ᠂ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠶᠢ ᠡᠰᠡᠷᠭᠦᠴᠡᠬᠦ ᠡᠷᠡᠰ ᠵᠣᠷᠢᠭ ᠪᠠ | ᠬᠦᠴᠦᠷᠬᠡᠭ ᠶᠡᠭᠡ ᠴᠢᠳᠠᠪᠤᠷᠢ ᠶᠢ ᠢᠯᠡᠷᠡᠭᠦᠯᠵᠦ᠂ ᠡᠬᠡ ᠣᠷᠣᠨ ᠤ ᠪᠦᠷᠢᠨ ᠨᠢᠭᠡᠳᠦᠯ ᠢ ᠪᠡᠶᠡᠯᠡᠭᠦᠯᠬᠦ ᠪᠠᠶᠢᠯᠳᠤᠬᠤ ᠪᠣᠳᠣᠯᠭ᠎ᠠ ᠶᠢᠨ ᠰᠠᠨᠠᠭᠠᠴᠢᠯᠠᠭᠠᠲᠤ ᠡᠷᠬᠡ ᠶᠢ | ᠤᠯᠠᠮ ᠴᠢᠨᠠᠭᠰᠢᠳᠠ ᠡᠵᠡᠮᠰᠢᠵᠦ᠂ ᠳᠡᠯᠡᠬᠡᠢ ᠨᠡᠶᠢᠲᠡ ᠶᠢᠨ ᠨᠢᠭᠡ ᠯᠡ ᠳᠤᠮᠳᠠᠳᠤ ᠤᠯᠤᠰ ᠪᠠᠶᠢᠬᠤ ᠶᠢ ᠪᠠᠷᠢᠮᠲᠠᠯᠠᠬᠤ ᠪᠠᠶᠢᠷᠢᠰᠢᠯ ᠢ ᠤᠯᠠᠮ ᠴᠢᠨᠠᠭᠰᠢᠳᠠ ᠪᠠᠲᠤᠳᠬᠠᠪᠠ᠃ | ᠳᠡᠯᠡᠬᠡᠢ ᠶᠢᠨ ᠪᠠᠶᠢᠳᠠᠯ ᠤᠨ ᠲᠦᠷᠭᠡᠨ ᠬᠤᠪᠢᠷᠠᠯᠲᠠ ᠶᠢᠨ ᠡᠮᠦᠨ᠎ᠡ᠂ ᠢᠯᠠᠩᠭᠤᠶ᠎ᠠ ᠭᠠᠳᠠᠭᠠᠳᠤ ᠶᠢᠨ ᠬᠢᠬᠠᠯᠲᠠ᠂ ᠰᠢᠬᠠᠯᠲᠠ᠂ ᠪᠢᠲᠡᠭᠦᠮᠵᠢᠯᠡᠯᠲᠡ᠂ ᠲᠤᠶᠢᠯ ᠤᠨ ᠶᠡᠭᠡ | ᠳᠠᠷᠤᠯᠲᠠ ᠶᠢᠨ ᠡᠮᠦᠨ᠎ᠡ᠂ ᠪᠢᠳᠡ ᠤᠯᠤᠰ ᠤᠨ ᠠᠰᠢᠭ ᠲᠤᠰᠠ ᠶᠢ ᠴᠢᠬᠤᠯᠠᠴᠢᠯᠠᠨ᠂ ᠤᠯᠤᠰ ᠤᠨ ᠳᠣᠲᠣᠭᠠᠳᠤ ᠶᠢᠨ ᠤᠯᠤᠰ ᠲᠦᠷᠦ ᠶᠢ ᠲᠡᠷᠢᠭᠦᠨ ᠳᠤ ᠲᠠᠯᠪᠢᠬᠤ ᠶᠢ | ᠪᠠᠷᠢᠮᠲᠠᠯᠠᠵᠤ᠂ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠨ᠂ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠦᠴᠦᠷᠬᠡᠭᠯᠡᠯ ᠠᠴᠠ | ᠠᠶᠤᠬᠤ ᠦᠭᠡᠢ ᠡᠷᠡᠰ ᠪᠠᠲᠤ ᠵᠣᠷᠢᠭ ᠰᠠᠨᠠᠭ᠎ᠠ ᠶᠢ ᠢᠯᠡᠷᠡᠭᠦᠯᠵᠦ᠂ ᠲᠡᠮᠡᠴᠡᠯ ᠤᠨ ᠳᠤᠮᠳᠠ ᠤᠯᠤᠰ ᠤᠨ ᠨᠡᠷ᠎ᠡ ᠬᠦᠨᠳᠦ ᠪᠠ ᠭᠤᠣᠯᠯᠠᠬᠤ ᠠᠰᠢᠭ ᠲᠤᠰᠠ ᠶᠢ | ᠬᠠᠮᠠᠭᠠᠯᠠᠨ᠂ ᠮᠠᠨ ᠤ ᠤᠯᠤᠰ ᠤᠨ ᠬᠥᠭᠵᠢᠯᠲᠡ ᠪᠠ ᠠᠮᠤᠷ ᠲᠦᠪᠰᠢᠨ ᠤ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠪᠡ᠃ ᠲᠠᠪᠤᠨ ᠵᠢᠯ ᠤᠨ ᠲᠤᠷᠰᠢ᠂ ᠮᠠᠨ ᠤ ᠨᠠᠮ | ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠤᠷᠳᠤ ᠬᠤᠭᠤᠴᠠᠭᠠᠨ ᠳᠤ ᠰᠢᠢᠳᠪᠦᠷᠢᠯᠡᠭᠡᠳᠦᠢ ᠪᠠᠶᠢᠭᠰᠠᠨ ᠮᠠᠰᠢ ᠤᠯᠠᠨ ᠬᠦᠴᠢᠷ ᠠᠰᠠᠭᠤᠳᠠᠯ ᠢ | ᠰᠢᠢᠳᠪᠦᠷᠢᠯᠡᠨ᠂ ᠠᠯᠤᠰ ᠭᠡᠳᠤ ᠳᠤ ᠬᠤᠯᠪᠣᠭᠳᠠᠬᠤ ᠮᠠᠰᠢ ᠤᠯᠠᠨ ᠶᠡᠭᠡ ᠶᠠᠪᠤᠳᠠᠯ ᠴᠢᠬᠤᠯᠠ ᠶᠠᠪᠤᠳᠠᠯ ᠢ ᠪᠦᠲᠦᠭᠡᠵᠦ᠂ ᠨᠠᠮ ᠪᠣᠯᠣᠨ ᠤᠯᠤᠰ ᠤᠨ ᠠᠵᠢᠯ | ᠦᠢᠯᠡᠰ ᠤᠨ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ᠴᠢᠬᠤᠯᠠ ᠶᠡᠭᠡ ᠠᠮᠵᠢᠯᠲᠠ ᠣᠯᠬᠤ ᠶᠢ ᠠᠬᠢᠭᠤᠯᠪᠠ᠃ | ᠨᠥᠬᠦᠳ ᠠ᠋︕ ᠠᠷᠪᠠᠨ ᠨᠠᠢᠮᠠᠳᠤᠭᠠᠷ ᠶᠡᠭᠡ ᠬᠤᠷᠠᠯ ᠬᠤᠷᠠᠯᠳᠤᠭᠠᠳ ᠤᠳᠤ ᠪᠤᠯᠳᠠᠯ᠎ᠠ ᠠᠷᠪᠠᠨ ᠵᠢᠯ ᠪᠣᠯᠵᠤ ᠪᠠᠶᠢᠨ᠎ᠠ᠃ ᠠᠷᠪᠠᠨ ᠵᠢᠯ ᠤᠨ ᠲᠤᠷᠰᠢ᠂ ᠪᠢᠳᠡ | ᠨᠠᠮ ᠪᠠ ᠠᠷᠠᠳ ᠲᠦᠮᠡᠨ ᠤ ᠦᠢᠯᠡᠰ ᠲᠤ ᠴᠢᠬᠤᠯᠠ ᠶᠡᠭᠡ ᠪᠣᠳᠠᠲᠤ ᠠᠴᠢ ᠬᠤᠯᠪᠣᠭᠳᠠᠯ ᠪᠠ ᠠᠯᠤᠰ ᠭᠡᠳᠦ ᠶᠢᠨ ᠲᠡᠦᠬᠡᠲᠦ ᠠᠴᠢ ᠬᠤᠯᠪᠣᠭᠳᠠᠯ ᠲᠠᠢ ᠭᠤᠷᠪᠠᠨ ᠶᠡᠭᠡ | ᠶᠠᠪᠤᠳᠠᠯ ᠢ ᠥᠩᠭᠡᠷᠡᠭᠦᠯᠪᠡ᠄ ᠨᠢᠭᠡ ᠳᠤ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢ ᠤᠭᠲᠤᠨ ᠠᠪᠴᠢᠷᠠᠪᠠ᠂ | ᠬᠤᠶᠠᠷ ᠲᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠰᠢᠨ᠎ᠡ ᠴᠠᠭ ᠦᠶ᠎ᠡ ᠳᠤ ᠣᠷᠣᠪᠠ᠂ ᠭᠤᠷᠪᠠ ᠳᠤ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ᠂ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠡᠶᠡᠯᠡᠭᠦᠯᠬᠦ ᠲᠡᠦᠬᠡᠲᠦ ᠡᠭᠦᠷᠭᠡ ᠶᠢ ᠪᠡᠶᠡᠯᠡᠭᠦᠯᠵᠦ᠂ ᠨᠢᠭᠡᠳᠦᠭᠡᠷ ᠵᠠᠭᠤᠨ ᠵᠢᠯ ᠤᠨ ᠲᠡᠮᠡᠴᠡᠯ ᠤᠨ | ᠬᠠᠷᠠᠯᠲᠠ ᠶᠢ ᠪᠡᠶᠡᠯᠡᠭᠦᠯᠪᠡ᠃ ᠡᠨᠡ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠ ᠳᠤᠮᠳᠠᠳᠤ ᠤᠯᠤᠰ ᠤᠨ ᠠᠷᠠᠳ ᠲᠦᠮᠡᠨ ᠤ ᠪᠦᠯᠬᠦᠮᠳᠡᠨ ᠲᠡᠮᠡᠴᠡᠵᠦ | ᠣᠯᠣᠭᠰᠠᠨ ᠲᠡᠦᠬᠡᠲᠦ ᠴᠢᠨᠠᠷᠲᠠᠢ ᠢᠯᠠᠯᠲᠠ ᠮᠥᠨ᠂ ᠳᠤᠮᠳᠠᠳᠤ ᠶᠢᠨ ᠦᠨᠳᠦᠰᠦᠲᠡᠨ ᠤ ᠬᠥᠭᠵᠢᠯᠲᠡ ᠶᠢᠨ ᠲᠡᠦᠬᠡᠨ ᠬᠠᠭᠤᠳᠠᠰᠤ ᠶᠢ ᠭᠡᠶᠢᠭᠦᠯᠦᠭᠰᠡᠨ ᠲᠡᠦᠬᠡᠲᠦ | ᠴᠢᠨᠠᠷᠲᠠᠢ ᠢᠯᠠᠯᠲᠠ ᠮᠥᠨ᠂ ᠪᠠᠰᠠ ᠴᠤ ᠳᠡᠯᠡᠬᠡᠢ ᠳ᠋ᠠᠬᠢᠨ ᠳᠤ ᠠᠯᠤᠰ ᠭᠡᠳᠦ ᠶᠢᠨ ᠨᠥᠯᠥᠭᠡ ᠦᠵᠡᠭᠦᠯᠭᠦ ᠲᠡᠦᠬᠡᠲᠦ ᠴᠢᠨᠠᠷᠲᠠᠢ ᠢᠯᠠᠯᠲᠠ ᠮᠥᠨ᠃ | ᠠᠷᠪᠠᠨ ᠵᠢᠯ ᠤᠨ ᠡᠮᠦᠨ᠎ᠡ᠂ ᠮᠠᠨ ᠤ ᠡᠮᠦᠨ᠎ᠡ ᠲᠤᠯᠭᠠᠷᠠᠵᠤ ᠪᠠᠶᠢᠭᠰᠠᠨ ᠪᠠᠶᠢᠳᠠᠯ ᠪᠣᠯ ᠥᠭᠡᠷᠡᠴᠢᠯᠡᠯᠲᠡ ᠨᠡᠭᠡᠭᠡᠯᠲᠡ ᠪᠠ ᠨᠡᠶᠢᠭᠡᠮ ᠵᠢᠷᠤᠮᠲᠤ ᠣᠳᠣᠬᠢᠴᠢᠯᠠᠯᠲᠠ | ᠶᠢᠨ ᠪᠦᠲᠦᠭᠡᠨ ᠪᠠᠶᠢᠭᠤᠯᠤᠯᠲᠠ ᠯᠤᠲᠤ ᠶᠡᠭᠡ ᠠᠮᠵᠢᠯᠲᠠ ᠣᠯᠵᠤ᠂ ᠨᠠᠮ ᠤᠨ ᠪᠠᠶᠢᠭᠤᠯᠤᠯᠲᠠ ᠶᠢᠨ ᠠᠭᠤᠤ ᠶᠡᠭᠡ ᠰᠢᠨ᠎ᠡ ᠢᠨᠵᠧᠨᠧᠷᠢᠩ ᠢᠯᠡᠳᠲᠡ ᠠᠮᠵᠢᠯᠲᠠ | ᠪᠦᠲᠦᠮᠵᠢ ᠣᠯᠵᠤ᠂ ᠪᠢᠳᠡᠨ ᠤ ᠦᠷᠭᠦᠯᠵᠢᠯᠡᠨ ᠤᠷᠤᠭᠰᠢᠯᠠᠬᠤ ᠳᠤ ᠪᠠᠲᠤ ᠪᠠᠬᠢ ᠰᠠᠭᠤᠷᠢ ᠶᠢ ᠲᠠᠯᠪᠢᠨ᠂ ᠰᠠᠶᠢᠨ ᠰᠠᠶᠢᠬᠠᠨ ᠨᠥᠬᠦᠴᠡᠯ ᠢ ᠪᠦᠷᠢᠯᠳᠦᠭᠦᠯᠦᠨ ᠥᠭᠴᠦ | ᠂ ᠴᠢᠬᠤᠯᠠ ᠪᠠᠲᠤᠯᠠᠭ᠎ᠠ ᠬᠠᠩᠭᠠᠭᠰᠠᠨ ᠪᠠᠶᠢᠨ᠎ᠠ᠂ ᠡᠭᠦᠨ ᠤ ᠬᠠᠮᠲᠤ ᠠᠯᠢ ᠤᠯᠠᠨ ᠤᠷᠳᠤ ᠬᠤᠭᠤᠴᠠᠭᠠᠨ ᠳᠤ ᠬᠤᠷᠠᠮᠳᠤᠭᠰᠠᠨ ᠵᠢᠴᠢ ᠰᠢᠨ᠎ᠡ ᠪᠠᠷ ᠢᠯᠡᠷᠡᠭᠰᠡᠨ | ᠲᠣᠪᠣᠶᠢᠮ᠎ᠠ ᠵᠥᠷᠢᠴᠡᠯ ᠪᠠ ᠠᠰᠠᠭᠤᠳᠠᠯ ᠢ ᠲᠦᠷᠭᠡᠨ ᠰᠢᠢᠳᠪᠦᠷᠢᠯᠡᠬᠦ ᠴᠢᠬᠤᠯᠠᠲᠠᠢ ᠪᠠᠶᠢᠵᠠᠢ᠃ ᠨᠠᠮ ᠤᠨ ᠳᠣᠲᠣᠭᠠᠳᠤ ᠳᠤ ᠨᠠᠮ ᠤᠨ ᠤᠳᠤᠷᠢᠳᠤᠯᠭ᠎ᠠ ᠶᠢ | ᠪᠠᠷᠢᠮᠲᠠᠯᠠᠬᠤ ᠲᠤᠬᠠᠢ ᠲᠠᠨᠢᠯᠲᠠ ᠪᠠᠯᠠᠷᠬᠠᠢ᠂ ᠠᠵᠢᠯᠯᠠᠭ᠎ᠠ ᠶᠢᠨ ᠬᠦᠴᠦᠨ ᠮᠡᠬᠦᠰ ᠪᠠᠶᠢᠭᠰᠠᠨ ᠠᠰᠠᠭᠤᠳᠠᠯ ᠴᠥᠭᠡᠨ ᠪᠤᠰᠤ ᠣᠷᠣᠰᠢᠵᠤ᠂ ᠨᠠᠮ ᠤᠨ ᠤᠳᠤᠷᠢᠳᠤᠯᠭ᠎ᠠ ᠶᠢ | ᠨᠠᠶᠢᠳᠠᠪᠤᠷᠢᠵᠢᠭᠤᠯᠬᠤ ᠲᠠᠯ᠎ᠠ ᠪᠠᠷ ᠪᠠᠯᠠᠷᠬᠠᠶᠢᠰᠢᠭᠰᠠᠨ᠂ ᠬᠡᠶᠢᠰᠪᠦᠷᠢᠵᠢᠭᠰᠡᠨ᠂ ᠰᠤᠯᠠᠷᠠᠭᠰᠠᠨ ᠠᠰᠠᠭᠤᠳᠠᠯ ᠴᠥᠭᠡᠨ ᠪᠤᠰᠤ ᠣᠷᠣᠰᠢᠵᠤ᠂ ᠵᠠᠷᠢᠮ ᠨᠠᠮ ᠤᠨ ᠭᠡᠰᠢᠭᠦᠨ᠂ | ᠺᠠᠳ᠋ᠷᠴᠤᠳ ᠤᠨ ᠤᠯᠤᠰ ᠲᠦᠷᠦ ᠶᠢᠨ ᠢᠲᠡᠭᠡᠯ ᠪᠢᠰᠢᠷᠡᠯ ᠭᠤᠶᠢᠪᠢᠯᠵᠠᠵᠤ᠂ ᠵᠠᠷᠢᠮ ᠭᠠᠵᠠᠷ ᠣᠷᠣᠨ ᠪᠠ ᠰᠠᠯᠠᠭ᠎ᠠ ᠮᠥᠴᠢᠷ ᠲᠤ ᠬᠡᠯᠪᠡᠷᠢᠴᠢ ᠦᠵᠡᠯ᠂ ᠨᠣᠶᠠᠨᠴᠢ | ᠰᠤᠷᠲᠠᠯ᠂ ᠵᠢᠷᠭᠠᠨ ᠴᠡᠩᠭᠡᠬᠦ ᠦᠵᠡᠯ ᠪᠠ ᠱᠠᠯᠢᠨ ᠪᠦᠷᠢᠯᠭᠡᠬᠦ ᠰᠤᠷᠲᠠᠯ ᠬᠤᠷᠢᠭᠯᠠᠭᠳᠠᠰᠢ ᠦᠭᠡᠢ ᠠᠬᠢᠨ ᠳᠠᠭᠢᠨ ᠡᠭᠦᠰᠴᠦ᠂ ᠣᠨᠴᠠ ᠡᠷᠬᠡ ᠶᠢᠨ | ᠦᠵᠡᠯ ᠰᠠᠨᠠᠭ᠎ᠠ ᠪᠠ ᠣᠨᠴᠠ ᠡᠷᠬᠡ ᠶᠢᠨ ᠦᠵᠡᠭᠳᠡᠯ ᠨᠡᠯᠢᠶᠡᠳ ᠬᠦᠨᠳᠦ ᠨᠣᠴᠢᠲᠠᠢ ᠣᠷᠣᠰᠢᠵᠤ᠂ ᠵᠠᠷᠢᠮ ᠱᠠᠮᠰᠢᠨ ᠢᠯᠵᠠᠷᠠᠬᠤ ᠠᠰᠠᠭᠤᠳᠠᠯ ᠬᠥᠮᠥᠰ ᠢ ᠰᠣᠴᠢᠭᠠᠮ᠎ᠠ | ᠬᠡᠮᠵᠢᠶᠡᠨ ᠳᠤ ᠭᠦᠷᠴᠡᠢ ︔ ᠠᠵᠤ ᠠᠬᠤᠢ ᠶᠢᠨ ᠪᠦᠲᠦᠴᠡ ᠶᠢᠨ ᠴᠢᠨᠠᠷᠲᠠᠢ ᠳᠦᠷᠢᠮ ᠤᠨ ᠴᠢᠨᠠᠷᠲᠠᠢ ᠵᠥᠷᠢᠴᠡᠯ ᠲᠣᠪᠣᠶᠢᠮ᠎ᠠ ᠪᠠᠶᠢᠵᠤ᠂ ᠬᠥᠭᠵᠢᠯᠲᠡ ᠲᠡᠩᠴᠡᠭᠦᠷᠢ | ᠦᠭᠡᠢ᠂ ᠵᠣᠬᠢᠴᠠᠩᠭᠤᠢ ᠪᠤᠰᠤ᠂ ᠦᠷᠭᠦᠯᠵᠢᠯᠡᠬᠦ ᠪᠤᠰᠤ ᠪᠠᠶᠢᠵᠤ᠂ ᠤᠯᠠᠮᠵᠢᠯᠠᠯᠲᠤ ᠬᠥᠭᠵᠢᠯᠲᠡ ᠶᠢᠨ ᠵᠠᠭᠪᠤᠷ ᠦᠷᠭᠦᠯᠵᠢᠯᠡᠬᠦᠶ᠎ᠡ ᠪᠡᠷᠬᠡ ᠪᠣᠯᠵᠤ᠂ ᠵᠠᠷᠢᠮ ᠭᠦᠨ | ᠳᠠᠪᠬᠤᠷᠭ᠎ᠠ ᠶᠢᠨ ᠪᠠᠶᠢᠭᠤᠯᠤᠮᠵᠢ ᠲᠣᠭᠲᠠᠴᠠ ᠶᠢᠨ ᠠᠰᠠᠭᠤᠳᠠᠯ ᠪᠠ ᠠᠰᠢᠭ ᠲᠤᠰᠠ ᠶᠢᠨ ᠬᠠᠲᠠᠭᠤ ᠰᠠᠭᠠᠳ ᠡᠳᠦᠷ ᠢᠷᠡᠬᠦᠶ᠎ᠡ ᠢᠯᠡᠷᠡᠵᠦ ᠪᠠᠶᠢᠪᠠ ︔ ᠵᠠᠷᠢᠮ | ᠬᠥᠮᠥᠰ ᠤᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠤᠯᠤᠰ ᠲᠦᠷᠦ ᠶᠢᠨ ᠪᠠᠶᠢᠭᠤᠯᠤᠯ ᠤᠨ ᠲᠤᠬᠠᠢ ᠢᠲᠡᠭᠡᠯ ᠮᠡᠬᠦᠰ᠂ ᠬᠠᠤᠯᠢ ᠪᠠᠶᠢᠲᠠᠯ᠎ᠠ | ᠵᠢᠷᠤᠮᠯᠠᠬᠤ ᠦᠭᠡᠢ᠂ ᠬᠠᠤᠯᠢ ᠶᠢ ᠴᠢᠩᠭ᠎ᠠ ᠬᠡᠷᠡᠭᠵᠢᠭᠦᠯᠬᠦ ᠦᠭᠡᠢ ᠵᠡᠷᠭᠡ ᠠᠰᠠᠭᠤᠳᠠᠯ ᠬᠦᠨᠳᠦ ᠨᠣᠴᠢᠲᠠᠢ ᠣᠷᠣᠰᠢᠵᠤ ᠪᠠᠶᠢᠪᠠ ︔ ᠵᠣᠭᠤᠰ ᠮᠥᠩᠭᠦᠨ ᠳᠤ | ᠰᠢᠨᠤᠬᠠᠶᠢᠷᠠᠬᠤ ᠦᠵᠡᠯ᠂ ᠵᠢᠷᠭᠠᠵᠤ ᠴᠡᠩᠬᠡᠬᠦ ᠦᠵᠡᠯ᠂ ᠬᠡᠲᠦᠷᠡᠮᠡᠬᠡᠢ ᠬᠤᠪᠢᠨᠴᠢᠷ ᠦᠵᠡᠯ ᠪᠠ ᠲᠡᠦᠬᠡ ᠶᠢ ᠦᠭᠡᠶᠢᠰᠭᠡᠭᠦ ᠦᠵᠡᠯ ᠵᠡᠷᠭᠡ ᠪᠤᠷᠤᠭᠤ ᠦᠵᠡᠯ | ᠰᠠᠨᠠᠭᠠᠨ ᠤ ᠤᠷᠤᠰᠬᠠᠯ ᠪᠠᠶᠢᠨ ᠪᠠᠶᠢᠨ ᠭᠠᠷᠴᠤ᠂ ᠰᠦᠯᠵᠢᠶᠡᠨ ᠤ ᠶᠠᠷᠢᠶ᠎ᠠ ᠬᠡᠯᠡᠯᠴᠡᠭᠡ ᠳᠤ ᠰᠠᠮᠠᠭᠤᠨ ᠦᠵᠡᠭᠳᠡᠯ ᠣᠯᠠᠰᠢᠷᠠᠵᠤ᠂ ᠬᠥᠮᠥᠰ ᠤᠨ ᠦᠵᠡᠯ ᠰᠠᠨᠠᠭ᠎ᠠ ᠪᠠ | ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠣᠷᠴᠢᠨ ᠢ ᠬᠦᠨᠳᠦ ᠨᠣᠴᠢᠲᠠᠢ ᠨᠥᠯᠥᠭᠡᠯᠡᠵᠦ ᠪᠠᠶᠢᠪᠠ ︔ ᠠᠷᠠᠳ ᠤᠨ ᠠᠮᠢᠳᠤᠷᠠᠯ ᠤᠨ ᠪᠠᠲᠤᠯᠠᠭ᠎ᠠ ᠳᠤ ᠴᠥᠭᠡᠨ ᠪᠤᠰᠤ | ᠪᠠᠭᠤᠷᠠᠢ ᠭᠤᠭᠴᠤᠭ᠎ᠠ ᠣᠷᠣᠰᠢᠵᠤ ᠪᠠᠶᠢᠪᠠ ︔ ᠡᠬᠢ ᠪᠠᠶᠠᠯᠢᠭ ᠣᠷᠴᠢᠨ ᠲᠣᠭᠤᠷᠢᠨ ᠤ ᠬᠢᠵᠠᠭᠠᠷᠯᠠᠯ ᠴᠢᠩᠭᠠᠷᠠᠵᠤ᠂ ᠣᠷᠴᠢᠨ ᠲᠣᠭᠤᠷᠢᠨ ᠤ ᠪᠣᠬᠢᠷᠳᠤᠯ ᠵᠡᠷᠭᠡ | ᠠᠰᠠᠭᠤᠳᠠᠯ ᠲᠣᠪᠣᠶᠢᠮ᠎ᠠ ᠪᠠᠶᠢᠪᠠ ︔ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠳᠦᠷᠢᠮ ᠲᠡᠭᠦᠯᠳᠡᠷᠵᠢᠭᠡᠳᠦᠢ᠂ ᠡᠯ᠎ᠡ ᠵᠦᠢᠯ ᠤᠨ ᠬᠦᠨᠳᠦ ᠶᠡᠭᠡ ᠠᠶᠤᠯ | ᠲᠦᠭᠰᠢᠭᠦᠷᠢ ᠶᠢ ᠠᠷᠭᠠᠴᠠᠭᠠᠬᠤ ᠴᠢᠳᠠᠪᠤᠷᠢ ᠴᠢᠩᠭ᠎ᠠ ᠪᠢᠰᠢ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠣᠳᠣᠬᠢᠴᠢᠯᠠᠯᠲᠠ ᠳᠤ ᠴᠥᠭᠡᠨ ᠪᠤᠰᠤ | ᠳᠤᠲᠠᠭᠤᠳᠠᠯ ᠪᠠ ᠪᠠᠭᠤᠷᠠᠢ ᠲᠠᠯ᠎ᠠ ᠣᠷᠣᠰᠢᠵᠤ ᠪᠠᠶᠢᠪᠠ ︔ ᠰᠢᠶᠠᠩᠭᠠᠩ᠂ ᠣᠣᠮᠧᠨ ᠤ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠶᠢ | ᠨᠠᠶᠢᠳᠠᠪᠤᠷᠢᠵᠢᠭᠤᠯᠬᠤ ᠪᠠᠶᠢᠭᠤᠯᠤᠮᠵᠢ ᠲᠣᠭᠲᠠᠴᠠ ᠨᠢ ᠪᠦᠷᠢᠨ ᠲᠡᠭᠦᠯᠳᠡᠷ ᠪᠢᠰᠢ ᠪᠠᠶᠢᠪᠠ ︔ ᠤᠯᠤᠰ ᠤᠨ ᠠᠮᠤᠷ ᠲᠦᠪᠰᠢᠨ ᠬᠠᠲᠠᠭᠤ ᠴᠢᠩᠭ᠎ᠠ | ᠥᠷᠢᠰᠦᠯᠳᠦᠭᠡᠨ ᠳᠤ ᠲᠤᠯᠭᠠᠷᠠᠵᠤ ᠪᠠᠶᠢᠭᠰᠠᠨ ᠭᠡᠬᠦ ᠮᠡᠲᠦ᠃ ᠲᠤᠬᠠᠢ ᠶᠢᠨ ᠦᠶ᠎ᠡ ᠳᠤ᠂ ᠨᠠᠮ ᠤᠨ ᠳᠣᠲᠣᠭᠠᠳᠤ ᠪᠠ ᠨᠡᠶᠢᠭᠡᠮ ᠳᠡᠭᠡᠷᠡᠬᠢ ᠴᠥᠭᠡᠨ ᠪᠤᠰᠤ ᠬᠥᠮᠥᠰ | ᠨᠠᠮ ᠪᠠ ᠤᠯᠤᠰ ᠤᠨ ᠢᠷᠡᠭᠡᠳᠦᠢ ᠳᠤ ᠶᠡᠬᠡᠳᠡ ᠰᠡᠳᠬᠢᠯ ᠵᠣᠪᠠᠨᠢᠵᠤ ᠪᠠᠶᠢᠪᠠ᠃ ᠨᠠᠮ ᠤᠨ ᠤᠷᠳᠤ ᠬᠤᠭᠤᠴᠠᠭ᠎ᠠ ᠪᠠᠷ ᠲᠦᠷᠦ ᠪᠠᠷᠢᠬᠤ᠂ ᠤᠯᠤᠰ ᠣᠷᠣᠨ ᠤ ᠥᠨᠢ | ᠤᠳᠠᠭᠠᠨ ᠠᠮᠤᠷ ᠲᠦᠪᠰᠢᠨ ᠪᠠᠶᠢᠬᠤ᠂ ᠠᠷᠠᠳ ᠲᠦᠮᠡᠨ ᠤ ᠵᠣᠯ ᠵᠢᠷᠭᠠᠯ ᠠᠮᠤᠷ ᠠᠮᠤᠭᠤᠯᠠᠩ ᠢ ᠨᠥᠯᠥᠭᠡᠯᠡᠬᠦ ᠡᠳᠡᠭᠡᠷ ᠲᠣᠪᠣᠶᠢᠮ᠎ᠠ ᠵᠥᠷᠢᠴᠡᠯ ᠪᠠ ᠠᠰᠠᠭᠤᠳᠠᠯ ᠤᠨ | ᠡᠮᠦᠨ᠎ᠡ᠂ ᠨᠠᠮ ᠤᠨ ᠲᠥᠪ ᠬᠤᠷᠢᠶ᠎ᠠ ᠴᠠᠭ ᠢ ᠦᠵᠡᠨ ᠪᠠᠶᠢᠳᠠᠯ ᠢ ᠰᠢᠨᠵᠢᠵᠦ᠂ ᠡᠷᠡᠰ ᠰᠢᠭᠤᠷᠬᠠᠢ ᠪᠠᠷ ᠰᠣᠩᠭᠤᠯᠲᠠ ᠬᠢᠵᠦ᠂ ᠡᠷᠡᠰ ᠵᠣᠷᠢᠭᠲᠠᠢ ᠪᠠᠷ ᠤᠷᠤᠭᠰᠢᠯᠠᠨ | ᠳᠠᠪᠰᠢᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠪᠦᠭᠦ ᠨᠠᠮ ᠪᠦᠭᠦ ᠴᠡᠷᠢᠭ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ | ᠪᠦᠯᠬᠦᠮᠳᠡᠭᠦᠯᠦᠨ ᠳᠠᠭᠠᠭᠤᠯᠵᠤ ᠬᠠᠨᠴᠤᠢ ᠰᠢᠮᠠᠯᠠᠨ ᠴᠢᠷᠮᠠᠶᠢᠨ ᠠᠵᠢᠯᠯᠠᠵᠤ᠂ ᠰᠠᠯᠬᠢ ᠪᠣᠷᠣᠭᠠᠨ ᠢ ᠰᠥᠷᠦᠨ ᠤᠷᠤᠭᠰᠢᠯᠠᠵᠤ᠂ ᠡᠷᠡᠰ ᠰᠢᠭᠤᠷᠬᠠᠢ ᠪᠠᠷ ᠮᠠᠰᠢ ᠤᠯᠠᠨ | ᠰᠢᠨ᠎ᠡ ᠲᠡᠦᠬᠡᠨ ᠣᠨᠴᠠᠯᠢᠭ ᠲᠠᠢ ᠠᠭᠤᠤ ᠶᠡᠭᠡ ᠲᠡᠮᠡᠴᠡᠯ ᠢ ᠶᠠᠪᠤᠭᠳᠠᠭᠤᠯᠪᠠ᠃ | ᠠᠷᠪᠠᠨ ᠵᠢᠯ ᠤᠨ ᠲᠤᠷᠰᠢ᠂ ᠪᠢᠳᠡ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠣᠣ ᠫᠢᠩ ᠤᠨ ᠣᠨᠣᠯ᠂ ︽ᠭᠤᠷᠪᠠ ᠶᠢ | ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠶᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠨᠠᠮ ᠤᠨ ᠦᠨᠳᠦᠰᠦᠨ ᠱᠤᠭᠤᠮ᠂ ᠦᠨᠳᠦᠰᠦᠨ | ᠠᠷᠭ᠎ᠠ ᠪᠣᠳᠣᠯᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠠᠯᠢ ᠣᠯᠠᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠷᠭ᠎ᠠ ᠬᠡᠮᠵᠢᠶ᠎ᠡ ᠠᠪᠴᠤ᠂ ᠠᠯᠢ ᠣᠯᠠᠨ | ᠬᠤᠪᠢᠰᠤᠯᠲᠠ ᠶᠢᠨ ᠴᠢᠨᠠᠷᠲᠠᠢ ᠦᠢᠯᠡᠳᠦᠯᠭᠡ ᠶᠢ ᠠᠬᠢᠭᠤᠯᠵᠤ᠂ ᠠᠯᠢ ᠣᠯᠠᠨ ᠰᠢᠪᠲᠤᠯᠤᠯᠲᠠ ᠶᠢᠨ ᠴᠢᠨᠠᠷᠲᠠᠢ ᠠᠬᠢᠴᠠ ᠶᠢ ᠪᠡᠶᠡᠯᠡᠭᠦᠯᠵᠦ᠂ ᠠᠯᠢ ᠣᠯᠠᠨ ᠪᠡᠯᠭᠡ | ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠣᠯᠵᠤ᠂ ᠤᠯᠤᠰ ᠲᠥᠷᠥ᠂ ᠠᠵᠤ ᠠᠬᠤᠢ᠂ ᠦᠵᠡᠯ ᠤᠬᠠᠮᠰᠠᠷ ᠤᠨ ᠭᠡᠯᠪᠡᠷᠢ᠂ ᠪᠠᠶᠢᠭᠠᠯᠢ ᠶᠢᠷᠲᠢᠨᠴᠦ ᠵᠡᠷᠭᠡ ᠲᠠᠯ᠎ᠠ ᠠᠴᠠ | ᠢᠷᠡᠭᠰᠡᠨ ᠠᠶᠤᠯ ᠲᠦᠭᠰᠢᠭᠦᠷᠢ ᠥᠷᠢᠰᠦᠯᠳᠦᠭᠡᠨ ᠰᠢᠯᠭᠠᠯᠲᠠ ᠶᠢ ᠳᠠᠭᠠᠭᠠᠵᠤ᠂ ᠨᠠᠮ ᠪᠣᠯᠣᠨ ᠤᠯᠤᠰ ᠤᠨ ᠠᠵᠢᠯ ᠦᠢᠯᠡᠰ ᠲᠡᠦᠬᠡᠲᠦ ᠴᠢᠨᠠᠷᠲᠠᠢ ᠠᠮᠵᠢᠯᠲᠠ | ᠪᠦᠳᠦᠮᠵᠢ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠴᠤ᠂ ᠮᠠᠨ ᠤ ᠤᠯᠤᠰ ᠤᠨ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ | ᠪᠦᠲᠦᠭᠡᠨ ᠪᠠᠶᠢᠭᠤᠯᠬᠤ ᠰᠢᠨ᠎ᠡ ᠠᠶᠠᠨ ᠳᠤ ᠮᠣᠷᠳᠠᠬᠤ ᠶᠢ ᠠᠬᠢᠭᠤᠯᠪᠠ᠃ | — ᠪᠢᠳᠡ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠡᠭᠦᠳᠴᠦ᠂ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠦᠨᠳᠦᠰᠦᠨ ᠠᠷᠭ᠎ᠠ ᠪᠣᠳᠣᠯᠭ᠎ᠠ ᠶᠢ ᠲᠣᠳᠣᠷᠬᠠᠶᠢᠯᠠᠵᠤ᠂ ᠲᠦᠷᠦ ᠶᠢ ᠵᠠᠰᠠᠵᠤ ᠵᠠᠰᠠᠭ ᠢ ᠡᠷᠭᠢᠯᠡᠭᠦ ᠠᠯᠢ | ᠤᠯᠠᠨ ᠰᠢᠨ᠎ᠡ ᠣᠶᠢᠯᠠᠭᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ ᠪᠣᠳᠣᠯᠭ᠎ᠠ ᠶᠢ ᠳᠤᠷᠠᠳᠴᠤ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ | ᠴᠠᠭ ᠦᠶᠡᠴᠢᠯᠡᠬᠦ ᠰᠢᠨ᠎ᠡ ᠦᠰᠦᠷᠦᠯᠲᠡ ᠶᠢ ᠪᠡᠶᠡᠯᠡᠭᠦᠯᠵᠦ᠂ ᠡᠨᠡ ᠬᠦ ᠰᠢᠨ᠎ᠡ ᠶᠢ ᠡᠭᠦᠳᠭᠦ ᠤᠨᠤᠯ ᠢᠶᠠᠷ ᠲᠠᠷᠢᠬᠢ ᠲᠣᠯᠣᠭᠠᠢ ᠪᠠᠨ ᠵᠡᠪᠰᠡᠭᠯᠡᠬᠦ᠂ ᠦᠢᠯᠡᠳᠦᠯᠭᠡ ᠪᠠᠨ | ᠵᠢᠯᠣᠭᠤᠳᠤᠭᠤᠯᠬᠤ᠂ ᠠᠵᠢᠯ ᠢᠶᠠᠨ ᠠᠬᠢᠭᠤᠯᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠨᠠᠮ ᠪᠣᠯᠣᠨ ᠤᠯᠤᠰ ᠤᠨ ᠠᠵᠢᠯ ᠦᠢᠯᠡᠰ ᠤᠨ | ᠬᠥᠭᠵᠢᠯᠲᠡ ᠳᠤ ᠦᠨᠳᠦᠰᠦᠨ ᠵᠢᠷᠤᠮᠯᠠᠯ ᠬᠠᠩᠭᠠᠪᠠ᠃ | — ᠪᠢᠳᠡ ᠨᠠᠮ ᠤᠨ ᠤᠳᠤᠷᠢᠳᠤᠯᠭ᠎ᠠ ᠶᠢ ᠪᠦᠭᠦ ᠲᠠᠯ᠎ᠠ ᠪᠠᠷ ᠴᠢᠩᠭᠠᠳᠬᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠮᠤᠭ ᠤᠨ | ᠮᠥᠨ ᠴᠢᠨᠠᠷ ᠤᠨ ᠣᠨᠴᠠᠯᠢᠭ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠮᠥᠨ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠪᠠᠶᠢᠭᠤᠯᠤᠯ ᠤᠨ ᠬᠠᠮᠤᠭ ᠤᠨ ᠶᠡᠭᠡ ᠳᠠᠪᠠᠭᠤᠯᠢᠭ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠮᠥᠨ᠂ ᠳᠤᠮᠳᠠᠳᠤ ᠤᠯᠤᠰ ᠤᠨ | ᠡᠪ ᠬᠠᠮᠲᠤ ᠨᠠᠮ ᠪᠣᠯ ᠬᠠᠮᠤᠭ ᠤᠨ ᠳᠡᠭᠡᠳᠦ ᠤᠯᠤᠰ ᠲᠦᠷᠦ ᠶᠢᠨ ᠤᠳᠤᠷᠢᠳᠬᠤ ᠬᠦᠴᠦᠨ ᠮᠥᠨ᠂ ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ | ᠤᠳᠤᠷᠢᠳᠤᠯᠭ᠎ᠠ ᠶᠢ ᠪᠠᠷᠢᠮᠲᠠᠯᠠᠬᠤ ᠪᠣᠯ ᠬᠠᠮᠤᠭ ᠤᠨ ᠳᠡᠭᠡᠳᠦ ᠤᠯᠤᠰ ᠲᠦᠷᠦ ᠶᠢᠨ ᠵᠠᠷᠴᠢᠮ ᠮᠥᠨ ᠭᠡᠳᠡᠭ ᠢ ᠲᠣᠳᠣᠷᠬᠠᠶᠢᠯᠠᠵᠤ᠂ ᠨᠠᠮ ᠤᠨ ᠤᠳᠤᠷᠢᠳᠬᠤ | ᠳᠦᠷᠢᠮ ᠤᠨ ᠰᠢᠰᠲ᠋ᠧᠮ ᠢ ᠰᠢᠰᠲ᠋ᠧᠮ ᠲᠠᠢ ᠲᠡᠭᠦᠯᠳᠡᠷᠵᠢᠭᠦᠯᠵᠦ᠂ ᠪᠦᠭᠦ ᠨᠠᠮ ᠢᠶᠠᠷ ᠢᠶᠠᠨ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ᠤᠬᠠᠮᠰᠠᠷ ᠠᠴᠠ ᠪᠠᠨ | ᠦᠵᠡᠯ ᠰᠠᠨᠠᠭ᠎ᠠ ᠤᠯᠤᠰ ᠲᠥᠷᠥ ᠦᠢᠯᠡ ᠠᠵᠢᠯᠯᠠᠭ᠎ᠠ ᠶᠢᠨ ᠲᠠᠯ᠎ᠠ ᠪᠠᠷ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠵᠤ᠂ ᠤᠯᠤᠰ | ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠭᠦᠢᠴᠡᠳᠬᠡᠬᠦ ᠴᠢᠳᠠᠪᠤᠷᠢ ᠪᠠᠨ ᠲᠠᠰᠤᠷᠠᠯᠳᠠ ᠦᠭᠡᠢ | ᠲᠡᠭᠡᠭᠰᠢᠯᠡᠭᠦᠯᠵᠤ᠂ ᠨᠠᠮ ᠤᠨ ᠲᠥᠪ ᠬᠤᠷᠢᠶᠠᠨ ᠤ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠦᠨᠡᠨ ᠬᠦ ᠪᠠᠲᠤᠯᠠᠵᠤ᠂ ᠨᠠᠮ ᠤᠨ ᠪᠦᠭᠦ | ᠲᠠᠯ᠎ᠠ ᠶᠢ ᠡᠵᠡᠮᠳᠡᠬᠦ᠂ ᠡᠯ᠎ᠡ ᠲᠠᠯ᠎ᠠ ᠶᠢ ᠵᠣᠬᠢᠴᠠᠭᠤᠯᠬᠤ ᠤᠳᠤᠷᠢᠳᠬᠤ ᠭᠤᠣᠯᠯᠠᠭᠴᠢ ᠶᠢᠨ ᠦᠢᠯᠡᠳᠦᠯ ᠢ ᠪᠠᠳᠠᠷᠠᠭᠤᠯᠬᠤ ᠶᠢ ᠦᠨᠡᠨ ᠬᠦ ᠪᠠᠲᠤᠯᠠᠵᠤ᠂ ᠶᠢᠰᠦᠨ ᠮᠢᠩᠭ᠎ᠠ | ᠵᠢᠷᠭᠤᠭᠠᠨ ᠵᠠᠭᠤ ᠭᠠᠷᠤᠢ ᠲᠦᠮᠡᠨ ᠨᠠᠮ ᠤᠨ ᠭᠡᠰᠢᠭᠦᠨ ᠲᠠᠢ ᠮᠠᠨ ᠤ ᠡᠨᠡ ᠬᠦ ᠮᠠᠷᠺᠰ ᠤᠨ ᠦᠵᠡᠯ ᠤᠨ ᠲᠦᠷᠤ ᠶᠢᠨ ᠨᠠᠮ ᠨᠡᠩ ᠢᠯᠡᠭᠦᠦ ᠪᠦᠯᠬᠦᠮᠳᠡᠨ ᠨᠢᠭᠡᠳᠪᠡ᠃ | — ᠪᠢᠳᠡ ᠰᠢᠨ᠎ᠡ ᠴᠠᠭ ᠦᠶ᠎ᠡ ᠶᠢᠨ ᠨᠠᠮ ᠪᠣᠯᠣᠨ ᠤᠯᠤᠰ ᠤᠨ ᠠᠵᠢᠯ ᠦᠢᠯᠡᠰ ᠤᠨ ᠬᠥᠭᠵᠢᠯᠲᠡ ᠳᠤ ᠰᠢᠨᠵᠢᠯᠡᠬᠦ ᠤᠬᠠᠭᠠᠨᠴᠢ ᠪᠦᠷᠢᠨ ᠲᠡᠭᠦᠯᠳᠡᠷ | ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠬᠢᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ | ᠲᠡᠷᠭᠡᠯᠰᠢᠭᠦᠯᠬᠦ ᠶᠢ ᠳᠤᠷᠠᠳᠴᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢ ᠠᠬᠢᠭᠤᠯᠵᠤ᠂ ᠠᠭᠤᠤ ᠶᠡᠭᠡ ᠲᠡᠮᠡᠴᠡᠯ᠂ ᠠᠭᠤᠤ ᠶᠡᠭᠡ ᠢᠨᠵᠧᠨᠧᠷᠢᠩ᠂ ᠠᠭᠤᠤ ᠶᠡᠭᠡ ᠦᠢᠯᠡᠰ᠂ ᠠᠭᠤᠤ ᠶᠡᠭᠡ ᠬᠦᠰᠡᠯ ᠵᠡᠭᠦᠳᠦ ᠶᠢ ᠶᠡᠷᠦᠩᠬᠡᠶᠢᠯᠡᠨ | ᠡᠵᠡᠮᠳᠡᠵᠦ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠲᠠ ᠪᠠ ︽ᠳᠥᠷᠪᠡᠨ ᠪᠦᠭᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ | ᠪᠠᠶᠢᠷᠢᠰᠢᠭᠤᠯᠤᠯᠲᠠ ᠶᠢ ᠲᠣᠳᠣᠷᠬᠠᠶᠢᠯᠠᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠲᠣᠭᠲᠠᠭᠠᠵᠤ᠂ ᠬᠥᠭᠵᠢᠯᠲᠡ | ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠮᠠᠨ ᠤ ᠤᠯᠤᠰ ᠤᠨ ᠨᠡᠶᠢᠭᠡᠮ ᠤᠨ ᠭᠤᠣᠯ ᠵᠥᠷᠢᠴᠡᠯ ᠪᠣᠯ ᠠᠷᠠᠳ ᠲᠦᠮᠡᠨ ᠤ ᠡᠳᠦᠷ ᠢᠷᠡᠬᠦᠶ᠎ᠡ | ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠪᠣᠯᠣᠨ ᠬᠥᠭᠵᠢᠯᠲᠡ ᠲᠡᠩᠴᠡᠭᠦᠷᠢ ᠦᠭᠡᠢ ᠭᠦᠢᠴᠡᠳ ᠪᠤᠰᠤ ᠪᠠᠶᠢᠬᠤ ᠶᠢᠨ ᠬᠤᠭᠤᠷᠣᠨᠳᠣᠭᠢ | ᠵᠥᠷᠢᠴᠡᠯ ᠮᠥᠨ ᠭᠡᠳᠡᠭ ᠢ ᠲᠣᠳᠣᠷᠬᠠᠶᠢᠯᠠᠭᠰᠠᠨ ᠪᠥᠭᠡᠳ ᠡᠨᠡ ᠬᠦ ᠨᠡᠶᠢᠭᠡᠮ ᠤᠨ ᠭᠤᠣᠯ ᠵᠥᠷᠢᠴᠡᠯ ᠲᠠᠢ ᠨᠢᠭᠲᠠ ᠤᠶᠠᠯᠳᠤᠭᠤᠯᠤᠨ ᠡᠯ᠎ᠡ ᠵᠦᠢᠯ ᠤᠨ ᠠᠵᠢᠯ ᠢᠶᠠᠨ | ᠠᠬᠢᠭᠤᠯᠵᠤ᠂ ᠬᠥᠮᠥᠨ ᠲᠥᠷᠥᠯᠬᠢᠲᠡᠨ ᠤ ᠪᠣᠯᠪᠠᠰᠤᠨ ᠤ ᠰᠢᠨ᠎ᠡ ᠭᠡᠯᠪᠡᠷᠢ ᠪᠠᠶᠢᠳᠠᠯ ᠢ ᠲᠠᠰᠤᠷᠠᠯᠲᠠ ᠦᠭᠡᠢ ᠪᠠᠶᠠᠯᠢᠭᠵᠢᠭᠤᠯᠤᠨ ᠬᠥᠭᠵᠢᠭᠦᠯᠪᠡ᠃ | — ᠪᠢᠳᠡ ᠦᠷᠭᠦᠯᠵᠢᠯᠡᠨ ᠲᠡᠮᠡᠴᠡᠬᠦ ᠪᠠᠷ ᠲᠠᠮᠵᠢᠨ᠂ ᠴᠢᠨᠡᠭᠡᠯᠢᠭ ᠨᠡᠶᠢᠭᠡᠮ ᠭᠡᠬᠦ ᠡᠨᠡ ᠬᠦ ᠳᠤᠮᠳᠠᠳᠤ ᠶᠢᠨ ᠦᠨᠳᠦᠰᠦᠲᠡᠨ ᠤ ᠮᠢᠩᠭᠠᠨ ᠣᠨ ᠤ ᠬᠦᠰᠡᠯ | ᠵᠡᠭᠦᠳᠦ ᠶᠢ ᠪᠡᠶᠡᠯᠡᠭᠦᠯᠵᠦ᠂ ᠮᠠᠨ ᠤ ᠤᠯᠤᠰ ᠤᠨ ᠬᠥᠭᠵᠢᠯᠲᠡ ᠨᠡᠩ ᠥᠨᠳᠥᠷ ᠲᠡᠦᠬᠡ ᠶᠢᠨ ᠭᠠᠷᠤᠭ᠎ᠠ ᠳᠡᠭᠡᠷ᠎ᠡ ᠵᠣᠭᠰᠣᠪᠠ᠃ ᠪᠢᠳᠡ ᠣᠨᠣᠴᠠᠲᠠᠢ ᠪᠠᠷ ᠶᠠᠳᠠᠭᠤ ᠶᠢ | ᠲᠡᠳᠭᠦᠭᠦ᠂ ᠭᠠᠪᠰᠢᠭᠠᠢ ᠠᠩᠭᠢ ᠪᠠᠶᠢᠯᠳᠤᠬᠤ ᠶᠢ ᠪᠠᠷᠢᠮᠲᠠᠯᠠᠵᠤ᠂ ᠬᠥᠮᠥᠨ ᠲᠥᠷᠥᠯᠬᠢᠲᠡᠨ ᠤ ᠲᠡᠦᠬᠡᠨ ᠳᠡᠭᠡᠷᠡᠬᠢ ᠬᠡᠪᠴᠢᠶ᠎ᠡ ᠪᠠᠷ ᠬᠠᠮᠤᠭ ᠤᠨ ᠶᠡᠭᠡ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ ᠪᠦᠭᠦ ᠤᠯᠤᠰ ᠤᠨ 832 ᠶᠠᠳᠠᠭᠤ ᠬᠦᠴᠢᠷᠳᠡᠯᠲᠡᠢ ᠰᠢᠶᠠᠨ | ᠪᠦᠭᠦᠨ ᠢᠶᠠᠷ ᠢᠶᠠᠨ ᠶᠠᠳᠠᠭᠤ ᠠᠴᠠ ᠠᠩᠭᠢᠵᠢᠷᠠᠵᠤ᠂ ᠬᠥᠳᠡᠭᠡ ᠲᠣᠰᠬᠤᠨ ᠤ 1 ᠳ᠋ᠦᠩᠰᠢᠭᠤᠷ ᠰᠢᠬᠠᠮ ᠶᠠᠳᠠᠭᠤ ᠬᠦᠴᠢᠷᠳᠡᠯᠲᠡᠢ ᠬᠥᠮᠥᠨ ᠠᠮᠠ ᠶᠢ ᠶᠠᠳᠠᠭᠤ ᠠᠴᠠ | ᠠᠩᠭᠢᠵᠢᠷᠠᠭᠤᠯᠵᠤ᠂ 960 ᠭᠠᠷᠤᠢ ᠲᠦᠮᠡᠨ ᠶᠠᠳᠠᠭᠤ ᠬᠦᠴᠢᠷᠳᠡᠯᠲᠡᠢ ᠬᠥᠮᠥᠨ ᠠᠮᠠ ᠶᠢ ᠣᠨᠳᠣᠣ ᠭᠠᠵᠠᠷ ᠲᠤ ᠨᠡᠭᠦᠯᠭᠡᠬᠦ ᠶᠢ ᠪᠡᠶᠡᠯᠡᠭᠦᠯᠵᠦ᠂ ᠲᠤᠶᠢᠯ ᠤᠨ ᠶᠠᠳᠠᠭᠤ | ᠬᠦᠴᠢᠷᠳᠡᠯᠲᠡᠢ ᠪᠠᠶᠢᠬᠤ ᠠᠰᠠᠭᠤᠳᠠᠯ ᠢ ᠲᠡᠦᠬᠡᠲᠦ ᠴᠢᠨᠠᠷᠲᠠᠢ ᠪᠠᠷ ᠰᠢᠢᠳᠪᠦᠷᠢᠯᠡᠵᠦ᠂ ᠪᠦᠭᠦ ᠪᠥᠮᠪᠥᠷᠴᠡᠭ ᠤᠨ ᠶᠠᠳᠠᠭᠤ ᠬᠦᠴᠢᠷᠳᠡᠯᠲᠡᠢ ᠬᠥᠮᠥᠨ ᠠᠮᠠ ᠶᠢ | ᠴᠥᠭᠡᠳᠬᠡᠬᠦ ᠦᠢᠯᠡᠰ ᠲᠤ ᠴᠢᠬᠤᠯᠠ ᠶᠡᠭᠡ ᠬᠤᠪᠢ ᠨᠡᠮᠡᠷᠢ ᠦᠵᠡᠭᠦᠯᠪᠡ᠃ | — ᠪᠢᠳᠡ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠳᠤᠷᠠᠳᠬᠤ ᠶᠢᠨ ᠬᠠᠮᠲᠤ ᠲᠤᠭᠤᠰᠢᠯᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ | ᠠᠬᠢᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠶᠢ ᠠᠬᠢᠭᠤᠯᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ | ᠬᠡᠷᠡᠭᠵᠢᠭᠦᠯᠵᠦ᠂ ᠠᠯᠢ ᠤᠯᠠᠨ ᠪᠦᠭᠦ ᠲᠠᠯ᠎ᠠ ᠶᠢᠨ ᠴᠢᠨᠠᠷᠲᠠᠢ ᠠᠴᠢ ᠬᠤᠯᠪᠣᠭᠳᠠᠯ ᠪᠦᠬᠦᠢ ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢ | ᠲᠣᠭᠲᠠᠭᠠᠵᠤ᠂ ᠮᠠᠨ ᠤ ᠤᠯᠤᠰ ᠤᠨ ᠠᠵᠤ ᠠᠬᠤᠢ ᠶᠢᠨ ᠪᠣᠳᠠᠲᠤ ᠬᠦᠴᠦᠨ ᠲᠡᠦᠬᠡᠲᠦ ᠴᠢᠨᠠᠷᠲᠠᠢ ᠦᠰᠦᠷᠦᠯᠲᠡ ᠳᠡᠭᠡᠭᠰᠢᠯᠡᠯᠲᠡ ᠶᠢ ᠪᠡᠶᠡᠯᠡᠭᠦᠯᠪᠡ᠃ ᠤᠯᠤᠰ ᠤᠨ | ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠦᠷᠲᠡᠭ 54 ᠲᠦᠮᠡᠨ ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ 114 ᠲᠦᠮᠡᠨ ᠳ᠋ᠦᠩᠰᠢᠭᠤᠷ | ᠲᠥᠭᠦᠷᠢᠭ ᠪᠣᠯᠣᠨ ᠨᠡᠮᠡᠭᠳᠡᠵᠦ᠂ ᠳᠡᠯᠡᠬᠡᠢ ᠶᠢᠨ ᠠᠵᠤ ᠠᠬᠤᠢ ᠳᠤ ᠡᠵᠡᠯᠡᠭᠦ ᠮᠠᠨ ᠤ ᠤᠯᠤᠰ ᠤᠨ ᠠᠵᠤ ᠠᠬᠤᠢ ᠶᠢᠨ ᠶᠡᠷᠦᠩᠬᠡᠢ ᠬᠡᠮᠵᠢᠶᠡᠨ ᠤ ᠬᠤᠪᠢ ᠶᠢᠨ ᠵᠢᠩ 18. | 5% ᠳᠤ ᠬᠦᠷᠴᠦ᠂ ᠵᠠᠭᠤᠨ ᠤ ᠬᠠᠷᠢᠴᠠᠯ ᠢᠶᠠᠷ 7.2 ᠬᠤᠪᠢ ᠳᠡᠭᠡᠭᠰᠢᠯᠡᠵᠦ᠂ ᠳᠡᠯᠡᠬᠡᠢ ᠶᠢᠨ ᠬᠤᠶᠠᠳᠤᠭᠠᠷ ᠲᠤ ᠪᠠᠲᠤᠲᠠᠢ ᠣᠷᠣᠪᠠ ︔ ᠬᠥᠮᠥᠨ ᠳᠤᠮᠳᠠᠴᠢ ᠶᠢᠨ | ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠦᠷᠳᠡᠭ 39800 ᠲᠥᠭᠦᠷᠢᠭ ᠪᠠᠶᠢᠭᠰᠠᠨ ᠠᠴᠠ ᠪᠠᠨ 81000 ᠲᠥᠭᠦᠷᠢᠭ ᠪᠣᠯᠵᠤ ᠨᠡᠮᠡᠭᠳᠡᠪᠡ᠃ | ᠠᠮᠤ ᠪᠤᠳᠠᠭᠠᠨ ᠤ ᠲᠠᠷᠢᠮᠠᠯ ᠤᠨ ᠶᠡᠷᠦᠩᠬᠡᠢ ᠤᠨᠠᠯᠲᠠ ᠳᠡᠯᠡᠬᠡᠢ ᠶᠢᠨ ᠲᠡᠷᠢᠭᠦᠨ ᠳᠤ ᠣᠷᠣᠵᠤ᠂ ᠠᠷᠪᠠᠨ ᠲᠦᠷᠪᠡᠨ ᠳ᠋ᠦᠩᠰᠢᠭᠤᠷ ᠭᠠᠷᠤᠢ ᠬᠥᠮᠥᠨ ᠤ ᠠᠮᠤ | ᠪᠤᠳᠠᠭᠠᠨ ᠤ ᠠᠮᠤᠷ ᠲᠦᠪᠰᠢᠨ᠂ ᠡᠨᠧᠷᠭᠢ ᠶᠢᠨ ᠠᠮᠤᠷ ᠲᠦᠪᠰᠢᠨ ᠪᠦᠲᠦᠮᠵᠢᠲᠡᠢ ᠪᠠᠲᠤᠯᠠᠭ᠎ᠠ ᠲᠠᠢ ᠪᠣᠯᠪᠠ᠃ ᠬᠤᠲᠠ ᠪᠠᠯᠭᠠᠰᠤᠵᠢᠯᠲᠠ ᠶᠢᠨ ᠨᠤᠷᠮ᠎ᠠ ᠵᠠᠭᠤᠨ ᠤ | ᠬᠠᠷᠢᠴᠠᠯ ᠢᠶᠠᠷ 11.6 ᠬᠤᠪᠢ ᠳᠡᠭᠡᠭᠰᠢᠯᠡᠵᠦ᠂ 64.7% ᠳᠤ ᠭᠦᠷᠪᠡ᠃ ᠦᠢᠯᠡᠳᠭᠦ ᠦᠢᠯᠡᠰ ᠤᠨ ᠬᠡᠪᠴᠢᠶ᠎ᠡ᠂ ᠭᠠᠳᠠᠭᠠᠳᠤ ᠭᠤᠪᠢᠭᠤᠯᠭ᠎ᠠ ᠶᠢᠨ ᠨᠥᠭᠡᠴᠡ | ᠳᠡᠯᠡᠬᠡᠢ ᠶᠢᠨ ᠨᠢᠭᠡᠳᠦᠭᠡᠷ ᠲᠤ ᠪᠠᠲᠤᠲᠠᠢ ᠣᠷᠣᠪᠠ᠃ ᠳᠡᠯᠡᠬᠡᠢ ᠳᠡᠭᠡᠷᠡᠬᠢ ᠬᠠᠮᠤᠭ ᠤᠨ ᠲᠣᠮᠣ ᠲᠦᠷᠭᠡᠨ ᠤ ᠲᠡᠮᠦᠷ ᠵᠠᠮ ᠤᠨ ᠲᠣᠣᠷ᠂ ᠲᠦᠷᠭᠡᠨ ᠤ ᠵᠠᠰᠠᠮᠠᠯ ᠵᠠᠮ ᠤᠨ | ᠲᠣᠣᠷ᠂ ᠨᠢᠰᠬᠡᠯ ᠤᠨ ᠪᠠᠭᠤᠳᠠᠯ ᠭᠠᠷᠠᠮ᠂ ᠤᠰᠤᠨ ᠠᠰᠢᠭᠯᠠᠯᠲᠠ᠂ ᠡᠨᠧᠷᠭᠢ᠂ ᠮᠡᠳᠡᠭᠡ ᠵᠠᠩᠭᠢ ᠵᠡᠷᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ | ᠴᠢᠬᠤᠯᠠ ᠶᠡᠭᠡ ᠠᠮᠵᠢᠯᠲᠠ ᠪᠦᠲᠦᠮᠵᠢ ᠣᠯᠪᠠ᠃ ᠪᠢᠳᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ | ᠱᠠᠯᠠᠪᠳᠠᠭᠤᠯᠤᠨ ᠠᠬᠢᠭᠤᠯᠵᠤ᠂ ᠨᠡᠶᠢᠭᠡᠮ ᠳᠠᠶᠠᠭᠠᠷ ᠤᠨ ᠰᠤᠳᠤᠯᠤᠨ ᠨᠡᠭᠡᠭᠡᠬᠦ ᠵᠠᠷᠤᠳᠠᠯ ᠤᠨ ᠵᠠᠷᠤᠯᠭ᠎ᠠ ᠶᠢ 1 ᠲᠦᠮᠡᠨ ᠳ᠋ᠦᠩᠰᠢᠭᠤᠷ ᠲᠥᠭᠦᠷᠢᠭ ᠪᠠᠶᠢᠭᠰᠠᠨ ᠠᠴᠠ | 28000 ᠳ᠋ᠦᠩᠰᠢᠭᠤᠷ ᠲᠥᠭᠦᠷᠢᠭ ᠪᠤᠯᠲᠠᠯ᠎ᠠ ᠨᠡᠮᠡᠭᠳᠡᠭᠦᠯᠵᠦ᠂ ᠳᠡᠯᠡᠬᠡᠢ ᠶᠢᠨ ᠬᠤᠶᠠᠳᠤᠭᠠᠷ ᠲᠤ ᠣᠷᠣᠵᠤ᠂ ᠰᠤᠳᠤᠯᠤᠨ ᠨᠡᠭᠡᠭᠡᠬᠦ ᠠᠵᠢᠯᠲᠠᠨ ᠤ ᠶᠡᠷᠦᠩᠬᠡᠢ | ᠬᠡᠮᠵᠢᠶ᠎ᠡ ᠳᠡᠯᠡᠬᠡᠢ ᠶᠢᠨ ᠨᠢᠭᠡᠳᠦᠭᠡᠷ ᠲᠤ ᠣᠷᠣᠪᠠ᠃ ᠰᠠᠭᠤᠷᠢ ᠰᠤᠳᠤᠯᠭᠠᠨ ᠪᠠ ᠤᠤᠭᠠᠯ ᠰᠢᠨ᠎ᠡ ᠡᠭᠦᠳᠦᠯᠲᠡ ᠲᠠᠰᠤᠷᠠᠯᠳᠠ ᠦᠭᠡᠢ ᠴᠢᠩᠭᠠᠷᠠᠵᠤ᠂ ᠵᠠᠷᠢᠮ | ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠲᠠᠯ᠎ᠠ ᠪᠠᠷ ᠰᠢᠪᠲᠤᠯᠤᠯᠲᠠ ᠲᠠᠢ ᠪᠣᠯᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ | ᠦᠢᠯᠡᠰ ᠬᠥᠭᠵᠢᠨ ᠪᠤᠵᠠᠭᠠᠶᠢᠷᠠᠵᠤ᠂ ᠬᠥᠮᠥᠨ ᠰᠠᠭᠤᠯᠭᠠᠭᠰᠠᠨ ᠰᠠᠨᠰᠠᠷ ᠤᠨ ᠠᠶᠠᠯᠠᠯ᠂ ᠰᠠᠷᠠᠨ ᠪᠥᠮᠪᠥᠷᠴᠡᠭ ᠢ ᠬᠠᠶᠢᠨ ᠰᠢᠨᠵᠢᠯᠡᠬᠦ᠂ ᠭᠦᠨ ᠲᠠᠯᠠᠢ ᠭᠦᠨ ᠭᠠᠵᠠᠷ ᠢ | ᠬᠠᠶᠢᠨ ᠭᠡᠮᠵᠢᠭᠦ᠂ ᠲᠡᠰ ᠠᠴᠠ ᠳᠠᠪᠠᠭᠰᠠᠨ ᠺᠤᠮᠫᠢᠦ᠋ᠲ᠋ᠧᠷ᠂ ᠳᠠᠭᠠᠭᠤᠯᠢ ᠤᠳᠤᠨ ᠤ ᠠᠶᠠᠯᠠᠯ ᠵᠠᠯᠠᠭᠤᠷ᠂ ᠺᠸᠠᠨ᠋ᠲ ᠮᠡᠳᠡᠭᠡ ᠵᠠᠩᠭᠢ᠂ ᠴᠥᠮ᠎ᠡ ᠶᠢᠨ ᠴᠠᠭᠢᠯᠭᠠᠨ ᠤ | ᠮᠡᠷᠭᠡᠵᠢᠯ᠂ ᠰᠢᠨ᠎ᠡ ᠡᠨᠧᠷᠭᠢ ᠶᠢᠨ ᠮᠡᠷᠭᠡᠵᠢᠯ᠂ ᠲᠣᠮᠣ ᠨᠢᠰᠬᠡᠯ ᠦᠢᠯᠡᠳᠭᠦ᠂ ᠠᠮᠢᠳᠤ ᠪᠣᠳᠠᠰ ᠤᠨ ᠡᠮ ᠡᠮᠨᠡᠯᠭᠡ ᠵᠡᠷᠭᠡ ᠲᠠᠯ᠎ᠠ ᠪᠠᠷ ᠴᠢᠬᠤᠯᠠ ᠶᠡᠭᠡ ᠦᠷ᠎ᠡ ᠪᠦᠲᠦᠭᠡᠯ | ᠣᠯᠵᠤ᠂ ᠰᠢᠨ᠎ᠡ ᠶᠢ ᠡᠭᠦᠳᠭᠦ ᠭᠡᠯᠪᠡᠷᠢ ᠶᠢᠨ ᠤᠯᠤᠰ ᠤᠨ ᠡᠩᠨᠡᠭᠡᠨ ᠳᠤ ᠣᠷᠣᠪᠠ᠃ | — ᠪᠢᠳᠡ ᠯᠤᠲᠤ ᠶᠡᠭᠡ ᠤᠯᠤᠰ ᠲᠥᠷᠥ ᠶᠢᠨ ᠰᠥᠰᠥ ᠵᠣᠷᠢᠭ ᠢᠶᠠᠷ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠥᠭᠡᠷᠡᠴᠢᠯᠡᠯᠲᠡ ᠶᠢᠨ | ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠬᠢᠯᠡᠭᠦᠯᠵᠦ᠂ ᠥᠭᠡᠷᠡᠴᠢᠯᠡᠯᠲᠡ ᠶᠢᠨ ᠦᠵᠦ ᠲᠥᠯᠥᠪᠯᠡᠭᠡ ᠶᠢ ᠴᠢᠩᠭᠠᠳᠬᠠᠵᠤ᠂ ᠲᠦᠭᠰᠢᠭᠦᠷᠢᠲᠤ ᠣᠷᠣᠨ ᠳᠤ | ᠵᠣᠷᠢᠭᠲᠠᠢ ᠪᠠᠷ ᠰᠢᠪᠲᠤᠯᠤᠨ ᠣᠷᠣᠵᠤ᠂ ᠵᠣᠷᠢᠭᠲᠠᠢ ᠪᠠᠷ ᠬᠦᠴᠢᠷ ᠠᠰᠠᠭᠤᠳᠠᠯ ᠢ ᠰᠢᠢᠳᠪᠦᠷᠢᠯᠡᠵᠦ᠂ ᠵᠣᠷᠢᠭᠲᠠᠢ ᠪᠠᠷ ᠪᠠᠷᠲᠠᠭᠠᠲᠤ ᠭᠠᠵᠠᠷ ᠢ ᠲᠤᠭᠤᠯᠵᠤ᠂ ᠰᠢᠨ᠎ᠡ | ᠵᠥᠷᠢᠴᠡᠯ ᠰᠢᠨ᠎ᠡ ᠥᠷᠢᠰᠦᠯᠳᠦᠭᠡᠨ ᠳᠤ ᠵᠣᠷᠢᠭᠲᠠᠢ ᠪᠠᠷ ᠬᠠᠨᠳᠤᠵᠤ᠂ ᠦᠵᠡᠯ ᠰᠠᠨᠠᠭ᠎ᠠ ᠣᠶᠢᠯᠠᠭᠠᠭᠳᠠᠬᠤᠨ ᠤ ᠬᠦᠯᠢᠶᠡᠰᠦᠯᠡᠯ ᠢ ᠡᠪᠳᠡᠵᠦ᠂ ᠠᠰᠢᠭ ᠲᠤᠰᠠ ᠶᠢᠨ | ᠬᠡᠪᠰᠢᠭᠰᠡᠨ ᠬᠠᠯᠬᠠᠪᠴᠢ ᠶᠢ ᠰᠢᠪᠲᠤᠯᠵᠤ᠂ ᠡᠯ᠎ᠡ ᠲᠠᠯ᠎ᠠ ᠶᠢᠨ ᠪᠠᠶᠢᠭᠤᠯᠤᠮᠵᠢ ᠲᠣᠭᠲᠠᠴᠠ ᠶᠢᠨ ᠭᠡᠮ ᠰᠣᠭᠤᠭ ᠢ ᠡᠷᠡᠰ ᠠᠷᠢᠯᠭᠠᠵᠤ᠂ ᠡᠯ᠎ᠡ ᠬᠦᠷᠢᠶᠡᠨ ᠤ ᠰᠠᠭᠤᠷᠢ | ᠴᠢᠨᠠᠷᠲᠠᠢ ᠳᠦᠷᠢᠮ ᠤᠨ ᠪᠣᠷᠣ ᠲᠥᠯᠥᠪ ᠢ ᠦᠨᠳᠦᠰᠦᠨ ᠳᠡᠭᠡᠨ ᠪᠠᠶᠢᠭᠤᠯᠵᠤ᠂ ᠮᠠᠰᠢ ᠣᠯᠠᠨ ᠬᠦᠷᠢᠶᠡᠨ ᠳᠤ ᠲᠡᠦᠬᠡᠲᠦ ᠴᠢᠨᠠᠷᠲᠠᠢ ᠬᠤᠪᠢᠰᠤᠯᠲᠠ᠂ ᠰᠢᠰᠲ᠋ᠧᠮᠲᠦ | ᠳᠠᠭᠢᠨ ᠱᠤᠭᠤᠯᠲᠠ᠂ ᠪᠦᠬᠦᠯᠢ ᠴᠣᠭᠴᠠᠲᠤ ᠲᠠᠭᠢᠨ ᠪᠠᠶᠢᠭᠤᠯᠤᠯᠲᠠ ᠶᠢ ᠪᠡᠶᠡᠯᠡᠭᠦᠯᠵᠦ᠂ ᠰᠢᠨ᠎ᠡ ᠨᠢᠭᠡ ᠡᠭᠡᠯᠵᠢ ᠶᠢᠨ ᠨᠠᠮ ᠪᠠ ᠲᠥᠷᠥ ᠶᠢᠨ ᠪᠠᠶᠢᠭᠤᠯᠤᠮᠵᠢ ᠶᠢᠨ | ᠥᠭᠡᠷᠡᠴᠢᠯᠡᠯᠲᠡ ᠶᠢ ᠪᠦᠭᠦ ᠲᠠᠯ᠎ᠠ ᠪᠠᠷ ᠪᠡᠶᠡᠯᠡᠭᠦᠯᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠨᠠᠩ ᠪᠣᠯᠪᠠᠰᠤᠷᠠᠩᠭᠤᠢ ᠨᠠᠩ | ᠲᠥᠯᠥᠪᠰᠢᠵᠦ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢᠯᠡᠳᠲᠡ ᠳᠡᠭᠡᠭᠰᠢᠯᠡᠪᠡ᠃ | — ᠪᠢᠳᠡ ᠨᠠᠩ ᠢᠳᠡᠪᠬᠢᠲᠡᠢ ᠪᠥᠭᠡᠳ ᠰᠠᠨᠠᠭᠠᠴᠢᠯᠠᠭ᠎ᠠ ᠲᠠᠢ ᠨᠡᠭᠡᠭᠡᠯᠲᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠪᠦᠭᠦ ᠪᠥᠮᠪᠥᠷᠴᠡᠭ ᠲᠤ | ᠬᠠᠨᠳᠤᠭᠤᠯᠤᠭᠰᠠᠨ ᠥᠨᠳᠥᠷ ᠪᠠᠷᠢᠮᠵᠢᠶᠠᠲᠤ ᠴᠢᠯᠦᠭᠡᠲᠦ ᠠᠷᠠᠯᠵᠢᠶᠠᠨ ᠤ ᠣᠷᠣᠨ ᠤ ᠲᠣᠣᠷ ᠢ ᠪᠠᠶᠢᠭᠤᠯᠵᠤ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ᠂ | ᠬᠠᠶᠢᠨᠠᠨ ᠤ ᠴᠢᠯᠦᠭᠡᠲᠦ ᠠᠷᠠᠯᠵᠢᠶᠠᠨ ᠤ ᠭᠠᠷᠠᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ | ᠪᠦᠲᠦᠭᠡᠨ ᠪᠠᠶᠢᠭᠤᠯᠬᠤ ᠨᠢ ᠣᠯᠠᠨ ᠤ ᠬᠦᠷᠢᠶᠡᠯᠡᠯ ᠢ ᠶᠡᠬᠡᠳᠡ ᠣᠯᠣᠭᠰᠠᠨ ᠣᠯᠠᠨ ᠤᠯᠤᠰ ᠤᠨ ᠣᠯᠠᠨ ᠨᠡᠶᠢᠲᠡ ᠶᠢᠨ ᠦᠢᠯᠡᠳᠬᠦᠨ ᠪᠠ ᠣᠯᠠᠨ ᠤᠯᠤᠰ ᠤᠨ | ᠬᠠᠮᠲᠤᠷᠠᠯᠴᠠᠭᠠᠨ ᠤ ᠲᠠᠪᠴᠠᠩ ᠪᠣᠯᠵᠠᠢ᠃ ᠮᠠᠨ ᠤ ᠤᠯᠤᠰ 140 ᠭᠠᠷᠤᠢ ᠤᠯᠤᠰ ᠪᠠ ᠭᠠᠵᠠᠷ ᠣᠷᠣᠨ ᠤ ᠭᠤᠣᠯ ᠠᠷᠠᠯᠵᠢᠶᠠᠨ ᠤ ᠬᠠᠨᠢᠲᠠᠨ ᠪᠣᠯᠵᠤ᠂ ᠪᠠᠷᠠᠭᠠᠨ ᠤ | ᠠᠷᠠᠯᠵᠢᠶᠠᠨ ᠤ ᠶᠡᠷᠦᠩᠬᠡᠢ ᠲᠤᠭ᠎ᠠ ᠳᠡᠯᠡᠬᠡᠢ ᠶᠢᠨ ᠨᠢᠭᠡᠳᠦᠭᠡᠷ ᠲᠤ ᠣᠷᠣᠵᠤ᠂ ᠭᠠᠳᠠᠭᠠᠳᠤ ᠪᠡᠯᠡ ᠶᠢ ᠲᠠᠲᠠᠬᠤ ᠪᠠ ᠭᠠᠳᠠᠭᠠᠳᠤ ᠳᠤ ᠪᠡᠯᠡ ᠣᠷᠣᠭᠤᠯᠬᠤ ᠲᠠᠯ᠎ᠠ ᠪᠠᠷ | ᠳᠡᠯᠡᠬᠡᠢ ᠶᠢᠨ ᠡᠮᠦᠨ᠎ᠡ ᠡᠩᠨᠡᠭᠡᠨ ᠳᠤ ᠣᠷᠣᠵᠤ᠂ ᠨᠡᠩ ᠶᠡᠭᠡ ᠬᠡᠪᠴᠢᠶ᠎ᠡ᠂ ᠨᠡᠩ ᠥᠷᠭᠡᠨ ᠬᠦᠷᠢᠶ᠎ᠡ᠂ ᠨᠡᠩ ᠭᠦᠨ ᠳᠠᠪᠬᠤᠷᠭ᠎ᠠ ᠶᠢᠨ ᠭᠠᠳᠠᠭᠠᠳᠤ ᠨᠡᠭᠡᠭᠡᠯᠲᠡ ᠬᠢᠬᠦ | ᠪᠠᠶᠢᠷᠢᠰᠢᠯ ᠢ ᠪᠦᠷᠢᠯᠳᠦᠭᠦᠯᠪᠡ᠃ | — ᠪᠢᠳᠡ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠤᠯᠤᠰ ᠲᠦᠷᠦ ᠶᠢᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ | ᠪᠦᠭᠦ ᠶᠠᠪᠤᠴᠠ ᠳᠤ ᠠᠷᠠᠳ ᠤᠨ ᠠᠷᠠᠳᠴᠢᠯᠠᠯ ᠢ ᠪᠦᠭᠦ ᠲᠠᠯ᠎ᠠ ᠪᠠᠷ ᠬᠥᠭᠵᠢᠭᠦᠯᠦᠨ᠂ ᠨᠡᠶᠢᠭᠡᠮ ᠵᠢᠷᠤᠮ ᠤᠨ ᠠᠷᠠᠳᠴᠢᠯᠠᠭᠰᠠᠨ ᠤᠯᠤᠰ ᠲᠦᠷᠦ ᠶᠢᠨ ᠳᠦᠷᠢᠮᠵᠢᠯᠲᠡ᠂ | ᠵᠢᠷᠦᠮᠵᠢᠯᠲᠡ᠂ ᠳᠡᠰ ᠳᠠᠷᠠᠭᠠᠯᠠᠯᠵᠢᠯᠳᠠ ᠶᠢ ᠪᠦᠭᠦ ᠲᠠᠯ᠎ᠠ ᠪᠠᠷ ᠠᠬᠢᠭᠤᠯᠵᠤ᠂ ᠨᠡᠶᠢᠭᠡᠮ ᠵᠢᠷᠤᠮ ᠤᠨ ᠵᠥᠪᠯᠡᠭᠦ ᠠᠷᠠᠳᠴᠢᠯᠠᠯ ᠢ ᠥᠷᠭᠡᠨ ᠢᠶᠠᠷ ᠥᠷᠨᠢᠭᠦᠯᠦᠨ᠂ ᠠᠷᠠᠳ | ᠲᠦᠮᠡᠨ ᠡᠵᠡᠨ ᠰᠠᠭᠤᠵᠤ ᠡᠷᠬᠡ ᠮᠡᠳᠡᠭᠦ ᠶᠢ ᠨᠡᠩ ᠯᠠᠪᠳᠠᠭᠤᠨ ᠪᠠᠲᠤᠲᠠᠢ ᠪᠤᠯᠭᠠᠵᠤ᠂ ᠦᠨᠳᠦᠰᠦᠨ ᠱᠠᠲᠤᠨ ᠤ ᠠᠷᠠᠳᠴᠢᠯᠠᠯ ᠤᠨ ᠠᠮᠢᠳᠤᠯᠢᠭ ᠬᠦᠴᠦᠨ ᠢ | ᠴᠢᠩᠭᠠᠷᠠᠭᠤᠯᠤᠨ᠂ ᠤᠯᠤᠰ ᠢᠶᠠᠨ ᠬᠠᠶᠢᠷᠠᠯᠠᠬᠤ ᠨᠢᠭᠡᠳᠦᠮᠡᠯ ᠹᠷᠣᠨᠲ ᠢ ᠪᠠᠬᠢᠵᠢᠭᠦᠯᠦᠨ ᠥᠷᠭᠡᠳᠬᠡᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠳᠤ ᠰᠢᠨ᠎ᠡ | ᠳᠦᠷᠰᠦ ᠪᠠᠶᠢᠳᠠᠯ ᠢᠯᠡᠷᠡᠨ᠂ ᠨᠠᠮ ᠤᠨ ᠱᠠᠰᠢᠨ ᠰᠤᠷᠲᠠᠬᠤᠨ ᠤ ᠠᠵᠢᠯ ᠤᠨ ᠦᠨᠳᠦᠰᠦᠨ ᠴᠢᠭᠯᠡᠯᠲᠡ ᠪᠦᠭᠦ ᠲᠠᠯ᠎ᠠ ᠪᠠᠷ ᠲᠤᠭᠤᠰᠢᠯᠠᠭᠳᠠᠵᠤ᠂ ᠬᠥᠮᠥᠨ ᠤ ᠡᠷᠬᠡ ᠶᠢ | ᠨᠡᠩ ᠰᠠᠶᠢᠨ ᠪᠠᠲᠤᠯᠠᠪᠠ᠃ ᠨᠡᠶᠢᠭᠡᠮ ᠵᠢᠷᠤᠮ ᠤᠨ ᠬᠠᠤᠯᠢᠵᠢᠯ ᠤᠨ ᠤᠯᠤᠰ ᠤᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠪᠦᠭᠦ ᠲᠠᠯ᠎ᠠ ᠪᠠᠷ ᠬᠠᠤᠯᠢ ᠪᠠᠷ | ᠤᠯᠤᠰ ᠢᠶᠠᠨ ᠵᠠᠰᠠᠬᠤ ᠶᠡᠷᠦᠩᠬᠡᠢ ᠪᠠᠶᠢᠷᠢᠰᠢᠯ ᠢ ᠦᠨᠳᠦᠰᠦᠨ ᠳᠡᠭᠡᠨ ᠪᠦᠷᠢᠯᠳᠦᠭᠦᠯᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢᠵᠢᠯ | ᠤᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠬᠠᠤᠯᠢ ᠪᠠᠷᠢᠬᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠴᠢᠬᠤᠯᠠ ᠶᠡᠭᠡ ᠠᠬᠢᠯᠲᠠ ᠲᠠᠢ ᠪᠤᠯᠭᠠᠵᠤ᠂ ᠨᠡᠶᠢᠭᠡᠮ ᠤᠨ | ᠲᠥᠪ ᠭᠤᠣᠯᠴᠢ ᠰᠢᠳᠤᠷᠭᠤ ᠶᠣᠰᠣᠨ ᠤ ᠪᠠᠲᠤᠯᠠᠭ᠎ᠠ ᠶᠢ ᠨᠡᠩ ᠪᠠᠲᠤ ᠪᠠᠬᠢ ᠪᠤᠯᠭᠠᠵᠤ᠂ ᠬᠠᠤᠯᠢᠵᠢᠯ ᠤᠨ ᠳᠤᠮᠳᠠᠳᠤ ᠤᠯᠤᠰ ᠤᠨ ᠪᠠᠶᠢᠭᠤᠯᠤᠯᠲᠠ ᠶᠢᠨ ᠰᠢᠨ᠎ᠡ | ᠪᠠᠶᠢᠳᠠᠯ ᠢ ᠡᠭᠦᠳᠪᠡ᠃ | — ᠪᠢᠳᠡ ᠮᠠᠷᠺᠰ ᠤᠨ ᠦᠵᠡᠯ ᠤᠨ ᠦᠵᠡᠯ ᠤᠬᠠᠮᠰᠠᠷ ᠤᠨ ᠭᠡᠯᠪᠡᠷᠢ ᠶᠢᠨ ᠬᠦᠷᠢᠶᠡᠨ ᠳᠠᠬᠢ ᠵᠢᠯᠤᠭᠤᠳᠬᠤ ᠪᠠᠶᠢᠷᠢ ᠰᠠᠭᠤᠷᠢ ᠶᠢᠨ ᠦᠨᠳᠦᠰᠦᠨ ᠳᠦᠷᠢᠮ ᠢ | ᠲᠣᠭᠲᠠᠭᠠᠨ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠨᠠᠮ ᠤᠨ ᠰᠢᠨ᠎ᠡ ᠶᠢ ᠡᠭᠦᠳᠦᠭᠰᠡᠨ ᠤᠨᠤᠯ ᠬᠥᠮᠥᠰ ᠤᠨ ᠰᠡᠳᠬᠢᠯ ᠳᠤ ᠬᠠᠳᠠᠩᠰᠢᠵᠤ᠂ ᠨᠡᠶᠢᠭᠡᠮ ᠵᠢᠷᠤᠮ ᠤᠨ | ᠭᠤᠣᠯᠯᠠᠭᠴᠢ ᠦᠷᠳᠡᠭ ᠤᠨ ᠦᠵᠡᠯᠲᠡ ᠥᠷᠭᠡᠨ ᠢᠶᠠᠷ ᠳᠠᠮᠵᠢᠭᠤᠯᠤᠭᠳᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠪᠦᠲᠦᠭᠡᠯᠴᠢ ᠴᠢᠨᠠᠷᠲᠠᠢ ᠪᠠᠷ | ᠤᠯᠠᠷᠢᠭᠤᠯᠤᠬᠲᠠᠵᠤ᠂ ᠰᠢᠨ᠎ᠡ ᠶᠢ ᠡᠭᠦᠳᠭᠦ ᠴᠢᠨᠠᠷᠲᠠᠢ ᠪᠠᠷ ᠬᠥᠭᠵᠢᠵᠦ᠂ ᠰᠣᠶᠣᠯ ᠤᠨ ᠦᠢᠯᠡᠰ ᠡᠳᠦᠷ ᠢᠷᠡᠬᠦᠶ᠎ᠡ ᠴᠡᠴᠡᠭᠯᠡᠨ ᠬᠥᠭᠵᠢᠵᠦ᠂ ᠰᠦᠯᠵᠢᠶᠡᠨ ᠤ ᠠᠮᠢ | ᠠᠬᠤᠢ ᠦᠷᠭᠦᠯᠵᠢᠯᠡᠨ ᠰᠠᠶᠢᠵᠢᠷᠠᠵᠤ᠂ ᠦᠵᠡᠯ ᠤᠬᠠᠮᠰᠠᠷ ᠤᠨ ᠭᠡᠯᠪᠡᠷᠢ ᠶᠢᠨ ᠬᠦᠷᠢᠶᠡᠨ ᠤ ᠪᠠᠶᠢᠳᠠᠯ ᠳᠤ ᠪᠦᠭᠦ ᠲᠠᠯ᠎ᠠ ᠶᠢᠨ ᠴᠢᠨᠠᠷᠲᠠᠢ᠂ ᠦᠨᠳᠦᠰᠦᠨ ᠴᠢᠨᠠᠷᠲᠠᠢ | ᠬᠤᠪᠢᠷᠠᠯᠲᠠ ᠭᠠᠷᠴᠠᠢ᠃ ᠪᠢᠳᠡ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠪᠠᠶᠢᠭᠤᠯᠤᠭᠳᠠᠭᠰᠠᠨ 90 ᠵᠢᠯ ᠤᠨ ᠣᠢ᠂ ᠥᠭᠡᠷᠡᠴᠢᠯᠡᠯᠲᠡ ᠨᠡᠭᠡᠭᠡᠯᠲᠡ | ᠬᠢᠭᠰᠡᠨ 40 ᠵᠢᠯ ᠤᠨ ᠣᠢ ᠶᠢ ᠦᠪᠡᠳᠡᠭᠰᠢ ᠶᠡᠭᠡ ᠪᠠᠷ ᠪᠡᠯᠭᠡᠯᠡᠵᠦ᠂ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠬᠦ ᠲᠠᠶᠢᠨ ᠵᠢᠴᠢ ᠳᠡᠯᠡᠬᠡᠢ ᠶᠢᠨ | ᠹᠠᠱᠢᠰ ᠢ ᠡᠰᠡᠷᠭᠦᠴᠡᠬᠦ ᠲᠠᠶᠢᠨ ᠢᠯᠠᠯᠲᠠ ᠣᠯᠣᠭᠰᠠᠨ 70 ᠵᠢᠯ ᠤᠨ ᠣᠢ᠂ ᠳᠤᠮᠳᠠᠳᠤ ᠤᠯᠤᠰ ᠤᠨ ᠠᠷᠠᠳ ᠤᠨ ᠰᠠᠶᠢᠨ ᠳᠤᠷ᠎ᠠ ᠶᠢᠨ ᠴᠡᠷᠢᠭ ᠤᠨ ᠠᠮᠧᠷᠢᠺᠠ ᠶᠢ | ᠡᠰᠡᠷᠭᠦᠴᠡᠵᠦ ᠰᠣᠯᠣᠩᠭᠤᠰ ᠢ ᠲᠤᠰᠠᠯᠠᠬᠤ ᠪᠠᠷ ᠭᠠᠳᠠᠭᠠᠳᠤ ᠳᠤ ᠭᠠᠷᠴᠤ ᠲᠠᠶᠢᠨ ᠬᠢᠭᠰᠡᠨ 70 ᠵᠢᠯ ᠤᠨ ᠣᠢ ᠶᠢ ᠦᠪᠡᠳᠡᠭᠰᠢ ᠶᠡᠭᠡ ᠪᠠᠷ ᠳᠤᠷᠠᠰᠬᠠᠵᠤ᠂ | ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ | ᠴᠤᠭᠯᠠᠭᠠᠨ ᠢ ᠠᠮᠵᠢᠯᠲᠠ ᠲᠠᠢ ᠡᠷᠭᠢᠯᠡᠵᠥ᠂ ᠵᠠᠯᠠᠭᠤ ᠨᠢᠭᠡ ᠦᠶ᠎ᠡ ᠶᠢᠨ ᠬᠢᠨ ᠨᠡᠩ ᠢᠳᠡᠪᠬᠢᠲᠡᠢ ᠥᠭᠡᠳᠡᠯᠡᠨ ᠳᠠᠪᠰᠢᠵᠤ᠂ ᠪᠦᠭᠦ ᠨᠠᠮ ᠪᠦᠭᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠣᠶᠣᠯ ᠤᠨ ᠢᠲᠡᠭᠡᠯ ᠢᠯᠡᠳᠲᠡ ᠴᠢᠩᠭᠠᠷᠠᠵᠤ᠂ ᠣᠶᠣᠨ ᠰᠠᠨᠠᠭᠠᠨ ᠤ ᠳᠦᠷᠰᠦ ᠪᠠᠶᠢᠳᠠᠯ ᠨᠡᠩ ᠴᠤᠭ | ᠪᠠᠳᠠᠷᠠᠩᠭᠤᠢ ᠪᠣᠯᠪᠠ᠃ | — ᠪᠢᠳᠡ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠨᠢᠯᠬ᠎ᠠ ᠪᠠᠶᠢᠬᠤ ᠳᠤᠨᠢ | ᠠᠰᠠᠷᠠᠬᠤ ᠭᠠᠵᠠᠷ ᠲᠠᠢ᠂ ᠰᠤᠷᠤᠯᠴᠠᠬᠤ ᠠᠴᠠ ᠰᠤᠷᠭᠠᠨ ᠬᠥᠮᠦᠵᠢᠯ ᠲᠠᠢ᠂ ᠬᠥᠳᠡᠯᠮᠦᠷᠢᠯᠡᠪᠡᠯ ᠬᠥᠯᠥᠰᠦ ᠣᠯᠭᠤᠮᠵᠢ ᠲᠠᠢ᠂ ᠡᠪᠡᠳᠴᠢᠯᠡᠪᠡᠯ ᠦᠵᠡᠭᠦᠯᠭᠦ ᠡᠮᠨᠡᠯᠭᠡ ᠲᠠᠢ᠂ | ᠥᠲᠡᠯᠪᠡᠯ ᠭᠦᠷᠳᠡᠭᠦ ᠠᠰᠠᠷᠠᠮᠵᠢ ᠲᠠᠢ᠂ ᠰᠠᠭᠤᠬᠤ ᠠᠴᠠ ᠣᠷᠣᠨ ᠰᠠᠭᠤᠴᠠ ᠲᠠᠢ᠂ ᠪᠠᠭᠤᠷᠠᠶᠢᠴᠤᠤᠯ ᠨᠢ ᠭᠦᠷᠳᠡᠭᠦ ᠲᠤᠰᠠᠯᠠᠮᠵᠢ ᠲᠠᠢ ᠪᠠᠶᠢᠬᠤ ᠲᠠᠯ᠎ᠠ ᠪᠠᠷ | ᠦᠷᠭᠦᠯᠵᠢᠯᠡᠨ ᠬᠦᠴᠦᠯᠡᠵᠦ᠂ ᠠᠷᠠᠳ ᠤᠨ ᠠᠮᠢᠳᠤᠷᠠᠯ ᠪᠦᠭᠦ ᠲᠠᠯ᠎ᠠ ᠪᠠᠷ ᠰᠠᠶᠢᠵᠢᠷᠠᠪᠠ᠃ ᠬᠥᠮᠥᠨ ᠳᠤᠮᠳᠠᠴᠢ ᠶᠢᠨ ᠵᠢᠱᠢᠭᠰᠡᠨ ᠨᠠᠰᠤᠨ ᠬᠤᠲᠤᠭ 78.2 ᠨᠠᠰᠤ | ᠪᠣᠯᠵᠤ ᠨᠡᠮᠡᠭᠳᠡᠪᠡ᠃ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠤᠯᠬᠤ ᠣᠷᠣᠯᠭ᠎ᠠ 16500 ᠲᠥᠭᠦᠷᠢᠭ ᠪᠠᠶᠢᠭᠰᠠᠨ ᠠᠴᠠ ᠪᠠᠨ 35100 | ᠲᠥᠭᠦᠷᠢᠭ ᠪᠣᠯᠵᠤ ᠨᠡᠮᠡᠭᠳᠡᠪᠡ᠃ ᠬᠤᠲᠠ ᠪᠠᠯᠭᠠᠰᠤᠨ ᠳᠤ ᠵᠢᠯ ᠳᠤᠮᠳᠠᠴᠢ ᠪᠠᠷ 1300 ᠲᠦᠮᠡ ᠭᠠᠷᠤᠢ ᠬᠥᠮᠥᠨ ᠳᠤ ᠰᠢᠨ᠎ᠡ ᠪᠠᠷ ᠠᠵᠢᠯ ᠣᠯᠭᠤᠪᠠ᠃ ᠳᠡᠯᠡᠬᠡᠢ | ᠳᠡᠭᠡᠷᠡᠬᠢ ᠬᠡᠪᠴᠢᠶ᠎ᠡ ᠪᠠᠷ ᠬᠠᠮᠤᠭ ᠤᠨ ᠶᠡᠭᠡ ᠰᠤᠷᠭᠠᠨ ᠬᠥᠮᠦᠵᠢᠯ ᠤᠨ ᠰᠢᠰᠲ᠋ᠧᠮ᠂ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ᠂ ᠡᠮ ᠡᠮᠨᠡᠯᠭᠡ ᠡᠷᠡᠭᠦᠯ | ᠬᠠᠮᠠᠭᠠᠯᠠᠯ ᠤᠨ ᠰᠢᠰᠲ᠋ᠧᠮ ᠢ ᠪᠠᠶᠢᠭᠤᠯᠵᠤ᠂ ᠰᠤᠷᠭᠠᠨ ᠬᠥᠮᠦᠵᠢᠯ ᠢ ᠲᠦᠭᠡᠮᠡᠯᠵᠢᠭᠦᠯᠦᠭᠰᠡᠨ ᠬᠢᠷᠢ ᠲᠦᠪᠰᠢᠨ ᠲᠡᠦᠬᠡᠲᠦ ᠴᠢᠨᠠᠷᠲᠠᠢ ᠳᠠᠪᠠᠯᠲᠠ ᠶᠢ ᠪᠡᠶᠡᠯᠡᠭᠦᠯᠵᠦ᠂ | ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ 10.4 ᠳ᠋ᠦᠩᠰᠢᠭᠤᠷ ᠬᠥᠮᠥᠨ ᠢ ᠬᠠᠮᠤᠷᠴᠤ᠂ ᠦᠨᠳᠦᠰᠦᠨ ᠡᠮᠴᠢᠯᠡᠭᠡᠨ ᠤ ᠳᠠᠭᠠᠳᠬᠠᠯ ᠳᠤ | ᠣᠷᠣᠯᠴᠠᠬᠰᠠᠨ ᠨᠤᠷᠮ᠎ᠠ 95% ᠳᠤ ᠲᠣᠭᠲᠠᠪᠤᠷᠢᠵᠢᠪᠠ᠃ ᠦᠷᠡᠵᠢᠯ ᠤᠨ ᠲᠥᠷᠥ ᠶᠢᠨ ᠪᠣᠳᠣᠯᠭ᠎ᠠ ᠶᠢ ᠴᠠᠭ ᠲᠤᠬᠠᠢ ᠳᠤᠨᠢ ᠲᠣᠬᠢᠷᠠᠭᠤᠯᠪᠠ᠃ ᠳᠥᠭᠦᠮ | ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠤᠨ 4200 ᠭᠠᠷᠤᠢ ᠲᠦᠮᠡᠨ ᠢᠵᠢ ᠣᠷᠣᠨ ᠰᠠᠭᠤᠴᠠ ᠶᠢ ᠥᠭᠡᠷᠡᠴᠢᠯᠡᠨ ᠵᠠᠰᠠᠵᠤ᠂ ᠬᠥᠳᠡᠭᠡ ᠲᠣᠰᠬᠤᠨ ᠤ | 2400 ᠭᠠᠷᠤᠢ ᠲᠦᠮᠡᠨ ᠡᠷᠦᠭᠡ ᠶᠢᠨ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠨ | ᠰᠠᠭᠤᠴᠠ ᠶᠢᠨ ᠨᠥᠬᠦᠴᠡᠯ ᠢᠯᠡᠳᠲᠡ ᠰᠠᠶᠢᠵᠢᠷᠠᠪᠠ᠃ ᠢᠨᠲ᠋ᠧᠷ ᠰᠦᠯᠵᠢᠶᠡᠨ ᠳᠤ ᠭᠠᠷᠤᠭᠰᠠᠨ ᠬᠥᠮᠥᠨ ᠤ ᠲᠤᠭ᠎ᠠ 10.3 ᠳ᠋ᠦᠩᠰᠢᠭᠤᠷ ᠲᠤ ᠬᠦᠷᠴᠡᠢ᠃ ᠠᠷᠠᠳ | ᠤᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠨᠡᠩ ᠭᠦᠢᠴᠡᠳ᠂ ᠨᠡᠩ ᠪᠠᠲᠤᠯᠠᠭ᠎ᠠ ᠲᠠᠢ᠂ ᠨᠡᠩ | ᠦᠷᠭᠦᠯᠵᠢᠯᠡᠬᠦ ᠪᠣᠯᠵᠤ᠂ ᠬᠠᠮᠲᠤ ᠪᠠᠷ ᠪᠠᠶᠠᠵᠢᠬᠤ ᠲᠠᠯ᠎ᠠ ᠪᠠᠷ ᠰᠢᠨ᠎ᠡ ᠦᠷ᠎ᠡ ᠪᠦᠲᠦᠮᠵᠢ ᠣᠯᠪᠠ᠃ | — ᠪᠢᠳᠡ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠷᠢᠮᠲᠠᠯᠠᠵᠤ᠂ ᠠᠭᠤᠯᠠ ᠤᠰᠤ ᠤᠢ | ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ | ᠪᠠᠷᠢᠮᠲᠠᠯᠠᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠪᠦᠭᠦ ᠲᠠᠯ᠎ᠠ ᠪᠠᠷ᠂ ᠪᠦᠭᠦ ᠣᠷᠣᠨ ᠪᠦᠰᠡ ᠪᠠᠷ᠂ ᠪᠦᠭᠦ ᠶᠠᠪᠤᠴᠠ ᠳᠤ ᠴᠢᠩᠭᠠᠳᠬᠠᠵᠤ᠂ | ᠠᠮᠢ ᠠᠬᠤᠢ ᠶᠢᠨ ᠪᠣᠯᠪᠠᠰᠤᠨ ᠤ ᠳᠦᠷᠢᠮ ᠤᠨ ᠰᠢᠰᠲ᠋ᠧᠮ ᠢ ᠨᠡᠩ ᠪᠦᠷᠢᠨᠰᠢᠭᠦᠯᠵᠦ᠂ ᠪᠣᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠠᠵᠢᠯ ᠢ | ᠭᠦᠨᠵᠡᠭᠡᠶᠢᠷᠡᠭᠦᠯᠦᠨ ᠠᠬᠢᠭᠤᠯᠵᠤ᠂ ᠪᠣᠬᠢᠷᠳᠤᠯ ᠦᠭᠡᠢ᠂ ᠡᠷᠭᠢᠯᠲᠡᠲᠦ᠂ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠯᠠᠪᠳᠠᠭᠤᠨ ᠪᠠᠲᠤᠲᠠᠢ ᠠᠯᠬᠤᠮ ᠢ ᠠᠯᠬᠤᠵᠤ᠂ | ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠲᠡᠦᠬᠡᠲᠦ ᠴᠢᠨᠠᠷᠲᠠᠢ᠂ ᠡᠷᠭᠢᠯᠲᠡ ᠶᠢᠨ ᠴᠢᠨᠠᠷᠲᠠᠢ᠂ ᠪᠦᠭᠦ ᠲᠠᠯ᠎ᠠ ᠶᠢᠨ ᠴᠢᠨᠠᠷᠲᠠᠢ ᠬᠤᠪᠢᠷᠠᠯᠲᠠ ᠭᠠᠷᠴᠤ᠂ | ᠪᠢᠲᠡᠨ ᠤ ᠡᠬᠡ ᠤᠯᠤᠰ ᠤᠨ ᠲᠡᠭᠷᠢ ᠨᠢ ᠨᠡᠩ ᠴᠡᠯᠮᠡᠭ᠂ ᠠᠭᠤᠯᠠ ᠨᠢ ᠨᠡᠩ ᠬᠥᠬᠡᠮᠳᠦᠭ᠂ ᠤᠰᠤ ᠨᠢ ᠨᠡᠩ ᠲᠤᠩᠭᠠᠯᠠᠭ ᠪᠣᠯᠵᠠᠢ᠃ | — ᠪᠢᠳᠡ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠲᠤᠭᠤᠰᠢᠯᠠᠭᠤᠯᠵᠤ᠂ ᠤᠯᠤᠰ ᠤᠨ ᠠᠮᠤᠷ ᠲᠦᠪᠰᠢᠨ ᠤ ᠤᠳᠤᠷᠢᠳᠬᠤ ᠪᠠᠶᠢᠭᠤᠯᠤᠯ | ᠪᠠ ᠬᠠᠤᠯᠢᠵᠢᠯ ᠤᠨ ᠰᠢᠰᠲ᠋ᠧᠮ᠂ ᠪᠠᠶᠢᠯᠳᠤᠬᠤ ᠪᠣᠳᠣᠯᠭ᠎ᠠ ᠶᠢᠨ ᠰᠢᠰᠲ᠋ᠧᠮ᠂ ᠲᠦᠷᠦ ᠶᠢᠨ ᠪᠣᠳᠣᠯᠭ᠎ᠠ ᠶᠢᠨ ᠰᠢᠰᠲ᠋ᠧᠮ ᠢ ᠲᠠᠰᠤᠷᠠᠯᠳᠠ ᠦᠭᠡᠢ ᠲᠡᠭᠦᠯᠳᠡᠷᠵᠢᠭᠦᠯᠦᠨ᠂ | ᠵᠠᠷᠴᠢᠮ ᠤᠨ ᠠᠰᠠᠭᠤᠳᠠᠯ ᠳᠡᠭᠡᠷ᠎ᠡ ᠥᠴᠥᠬᠡᠨ ᠴᠦ ᠨᠠᠶᠢᠷ ᠲᠠᠯᠪᠢᠬᠤ ᠦᠭᠡᠢ ᠪᠠᠶᠢᠵᠤ᠂ ᠡᠷᠡᠰ ᠪᠠᠲᠤ ᠵᠣᠷᠢᠭ ᠰᠠᠨᠠᠭ᠎ᠠ ᠵᠠᠩ ᠴᠢᠨᠠᠷ ᠢᠶᠠᠷ ᠤᠯᠤᠰ ᠤᠨ ᠡᠷᠬᠡ ᠮᠡᠳᠡᠯ᠂ | ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ ᠬᠠᠮᠠᠭᠠᠯᠠᠵᠤ᠂ ᠤᠯᠤᠰ ᠤᠨ ᠠᠮᠤᠷ ᠲᠦᠪᠰᠢᠨ ᠢ ᠪᠦᠭᠦ ᠲᠠᠯ᠎ᠠ ᠪᠠᠷ ᠴᠢᠩᠭᠠᠳᠬᠠᠪᠠ᠃ ᠬᠠᠮᠲᠤ ᠪᠠᠷ | ᠪᠠᠶᠢᠭᠤᠯᠬᠤ ᠬᠠᠮᠲᠤ ᠪᠠᠷ ᠵᠠᠰᠠᠬᠤ ᠬᠠᠮᠲᠤ ᠪᠠᠷ ᠡᠳ᠋ᠯᠡᠭᠦ ᠨᠡᠶᠢᠭᠡᠮ ᠤᠨ ᠵᠠᠰᠠᠯᠲᠠ ᠶᠢᠨ ᠳᠦᠷᠢᠮ ᠤᠯᠠᠮ ᠨᠢᠭᠡ ᠠᠯᠬᠤᠮ ᠪᠦᠷᠢᠨᠰᠢᠵᠦ᠂ ᠦᠨᠳᠦᠰᠦᠲᠡᠨ ᠤ | ᠬᠠᠭᠠᠴᠠᠭᠤᠯᠬᠤ ᠬᠦᠴᠦᠨ᠂ ᠱᠠᠰᠢᠨ ᠰᠤᠷᠲᠠᠬᠤᠨ ᠤ ᠬᠡᠲᠦᠷᠡᠮᠡᠬᠡᠢ ᠬᠦᠴᠦᠨ᠂ ᠬᠦᠴᠦᠷᠬᠡᠭᠯᠡᠯ ᠰᠦᠷᠳᠡᠭᠦᠯᠦᠯ ᠤᠨ ᠬᠦᠴᠦᠨ ᠢ ᠪᠦᠲᠦᠮᠵᠢᠲᠡᠢ ᠬᠤᠷᠢᠭᠯᠠᠵᠤ᠂ ᠬᠠᠷ᠎ᠠ | ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠱᠠᠲᠤᠴᠢ ᠴᠢᠨᠠᠷᠲᠠᠢ ᠦᠷ᠎ᠡ ᠪᠦᠲᠦᠭᠡᠯ ᠣᠯᠵᠤ᠂ ᠠᠯᠢ ᠤᠯᠠᠨ ᠬᠦᠨᠳᠦ ᠶᠡᠭᠡ ᠪᠠᠶᠢᠭᠠᠯᠢ ᠶᠢᠨ | ᠭᠠᠮᠰᠢᠭ ᠢ ᠬᠦᠴᠦᠲᠡᠢ ᠠᠷᠭᠠᠴᠠᠭᠠᠵᠤ᠂ ᠠᠮᠤᠭᠤᠯᠠᠩᠲᠤ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠨᠡᠩ ᠥᠨᠳᠥᠷ ᠲᠦᠪᠰᠢᠨ ᠳᠤ ᠭᠦᠷᠪᠡ᠃ | — ᠪᠢᠳᠡ ᠨᠠᠮ ᠤᠨ ᠰᠢᠨ᠎ᠡ ᠴᠠᠭ ᠦᠶ᠎ᠡ ᠶᠢᠨ ᠴᠡᠷᠢᠭ ᠢ ᠬᠦᠴᠦᠷᠬᠡᠭᠵᠢᠭᠦᠯᠬᠦ ᠬᠠᠷᠠᠯᠲᠠ ᠶᠢ ᠲᠣᠭᠲᠠᠭᠠᠨ᠂ ᠰᠢᠨ᠎ᠡ ᠴᠠᠭ ᠦᠶ᠎ᠡ ᠶᠢᠨ ᠨᠠᠮ ᠤᠨ ᠴᠡᠷᠢᠭ ᠢ | ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠴᠡᠷᠢᠭ ᠤᠨ ᠶᠠᠪᠤᠳᠠᠯ ᠤᠨ ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ | ᠲᠤᠭᠤᠰᠢᠯᠠᠭᠤᠯᠵᠤ᠂ ᠨᠠᠮ ᠤᠨ ᠠᠷᠠᠳ ᠤᠨ ᠴᠡᠷᠢᠭ ᠠᠩᠭᠢ ᠳᠠᠬᠢ ᠬᠠᠷᠢᠴᠠᠯᠠᠰᠢᠭᠦᠢ ᠤᠳᠤᠷᠢᠳᠤᠯᠭ᠎ᠠ ᠶᠢ ᠪᠠᠷᠢᠮᠲᠠᠯᠠᠨ᠂ ᠭᠦ᠋ ᠲᠢᠶᠠᠨ ᠤ ᠪᠦᠭᠦ ᠴᠡᠷᠢᠭ ᠤᠨ ᠤᠯᠤᠰ | ᠲᠥᠷᠥ ᠶᠢᠨ ᠠᠵᠢᠯ ᠤᠨ ᠬᠤᠷᠠᠯ ᠢ ᠬᠤᠷᠠᠯᠳᠤᠭᠤᠯᠵᠤ᠂ ᠰᠤᠷᠲᠠᠯ ᠴᠡᠭᠴᠡᠯᠡᠬᠦ ᠵᠣᠷᠢᠭ ᠰᠠᠨᠠᠭ᠎ᠠ ᠪᠠᠷ ᠤᠯᠤᠰ ᠲᠥᠷᠥ ᠶᠢᠨ ᠴᠡᠭᠴᠡᠯᠡᠯᠲᠡ ᠶᠢ ᠠᠬᠢᠭᠤᠯᠵᠤ᠂ ᠳᠠᠶᠢᠴᠢᠨ | ᠬᠦᠴᠦᠨ ᠭᠡᠬᠦ ᠡᠨᠡ ᠬᠦ ᠴᠣᠷ ᠤᠨ ᠭᠠᠭᠴᠠ ᠦᠨᠳᠦᠰᠦᠨ ᠪᠠᠷᠢᠮᠵᠢᠶ᠎ᠠ ᠶᠢ ᠪᠠᠲᠤ ᠪᠠᠬᠢ ᠪᠤᠢ ᠪᠤᠯᠭᠠᠵᠤ᠂ ᠪᠦᠭᠦ ᠴᠡᠷᠢᠭ ᠤᠨ ᠠᠵᠢᠯ ᠤᠨ ᠭᠤᠣᠯᠳᠠᠯᠭ᠎ᠠ ᠶᠢ ᠳᠠᠶᠢᠨ ᠳᠤ | ᠪᠡᠯᠡᠳᠬᠡᠨ ᠪᠠᠶᠢᠯᠳᠤᠭᠠᠨ ᠬᠢᠬᠦ ᠳᠡᠭᠡᠷ᠎ᠡ ᠡᠷᠡᠰ ᠲᠠᠯᠪᠢᠵᠤ᠂ ᠡᠯ᠎ᠡ ᠴᠢᠭᠯᠡᠯ ᠡᠯ᠎ᠡ ᠬᠦᠷᠢᠶᠡᠨ ᠤ ᠴᠡᠷᠢᠭ ᠤᠨ ᠶᠠᠪᠤᠳᠠᠯ ᠤᠨ ᠲᠡᠮᠡᠴᠡᠯ ᠢ ᠨᠢᠭᠡᠳᠦᠯᠲᠡᠢ ᠲᠥᠯᠥᠪᠵᠢᠭᠦᠯᠦᠨ | ᠴᠢᠩᠭᠠᠳᠬᠠᠵᠤ᠂ ᠪᠣᠳᠠᠲᠤ ᠪᠠᠶᠢᠯᠳᠤᠭᠠᠨ ᠤ ᠭᠡᠯᠪᠡᠷᠢ ᠶᠢᠨ ᠴᠡᠷᠢᠭ ᠤᠨ ᠪᠣᠯᠪᠠᠰᠤᠷᠠᠯ ᠢ ᠶᠡᠭᠡ ᠪᠠᠷ ᠠᠳᠬᠤᠵᠤ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ | ᠠᠩᠭᠢ ᠶᠢᠨ ᠥᠭᠡᠷᠡᠴᠢᠯᠡᠯᠲᠡ ᠶᠢ ᠡᠷᠡᠰ ᠰᠢᠭᠤᠷᠬᠠᠢ ᠶᠡᠭᠡ ᠪᠠᠷ ᠭᠦᠨᠵᠡᠭᠡᠶᠢᠷᠡᠭᠦᠯᠵᠦ᠂ ᠠᠷᠠᠳ ᠤᠨ ᠴᠡᠷᠢᠭ ᠠᠩᠭᠢ ᠶᠢᠨ ᠤᠳᠤᠷᠢᠳᠤᠨ ᠵᠢᠯᠤᠭᠤᠳᠬᠤ ᠪᠠᠶᠢᠭᠤᠯᠤᠮᠵᠢ᠂ | ᠤᠳᠤ ᠦᠶ᠎ᠡ ᠶᠢᠨ ᠴᠡᠷᠢᠭ ᠤᠨ ᠶᠠᠪᠤᠳᠠᠯ ᠤᠨ ᠬᠦᠴᠦᠨ ᠤ ᠰᠢᠰᠲ᠋ᠧᠮ᠂ ᠴᠡᠷᠢᠭ ᠤᠨ ᠶᠠᠪᠤᠳᠠᠯ ᠤᠨ ᠲᠦᠷᠦ ᠶᠢᠨ ᠪᠣᠳᠣᠯᠭ᠎ᠠ ᠳᠦᠷᠢᠮ ᠢ ᠳᠠᠭᠢᠨ ᠪᠠᠶᠢᠭᠤᠯᠵᠤ᠂ | ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠴᠡᠷᠢᠭ ᠤᠨ ᠠᠯᠪᠠ ᠬᠠᠭᠠᠵᠤ | ᠪᠠᠶᠢᠭ᠎ᠠ ᠬᠥᠮᠥᠨ ᠤ ᠲᠤᠭ᠎ᠠ ᠶᠢ ᠭᠤᠴᠢᠨ ᠲᠦᠮᠡ ᠬᠠᠰᠤᠬᠤ ᠶᠢ ᠢᠯᠠᠯᠲᠠ ᠲᠠᠢ ᠪᠠᠷ ᠪᠡᠶᠡᠯᠡᠭᠦᠯᠵᠦ᠂ ᠠᠷᠠᠳ ᠤᠨ ᠴᠡᠷᠢᠭ ᠠᠩᠭᠢ ᠶᠢᠨ ᠪᠠᠶᠢᠭᠤᠯᠤᠮᠵᠢ ᠨᠢ ᠰᠢᠨ᠎ᠡ᠂ | ᠪᠦᠲᠦᠴᠡ ᠨᠢ ᠰᠢᠨ᠎ᠡ᠂ ᠪᠠᠶᠢᠷᠢᠰᠢᠯ ᠨᠢ ᠰᠢᠨ᠎ᠡ᠂ ᠳᠦᠷᠰᠦ ᠪᠠᠶᠢᠳᠠᠯ ᠨᠢ ᠴᠣ᠋ ᠰᠢᠨ᠎ᠡ ᠪᠣᠯᠵᠤ᠂ ᠣᠳᠣᠬᠢᠴᠢᠯᠠᠯᠲᠠ ᠶᠢᠨ ᠲᠦᠪᠰᠢᠨ ᠪᠠ ᠪᠣᠳᠠᠲᠤ ᠪᠠᠶᠢᠯᠳᠤᠭᠠᠨ ᠤ | ᠴᠢᠳᠠᠪᠤᠷᠢ ᠢᠯᠡᠳᠲᠡ ᠳᠡᠭᠡᠭᠰᠢᠯᠡᠨ᠂ ᠳᠤᠮᠳᠠᠳᠤ ᠤᠯᠤᠰ ᠤᠨ ᠣᠨᠴᠠᠯᠢᠭ ᠲᠠᠢ ᠴᠡᠷᠢᠭ ᠢ ᠬᠦᠴᠦᠷᠬᠡᠭᠵᠢᠭᠦᠯᠬᠦ ᠵᠠᠮ ᠶᠠᠪᠤᠬᠤ ᠲᠤᠳᠤᠮ ᠰᠠᠷᠠᠭᠤᠯ ᠳᠠᠷᠳᠠᠩ ᠪᠣᠯᠪᠠ᠃ | — ᠪᠢᠳᠡ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠦᠢᠯᠡᠳᠦᠯᠭᠡ ᠶᠢ ᠪᠦᠭᠦ ᠲᠠᠯ᠎ᠠ ᠪᠠᠷ ᠣᠨᠣᠪᠴᠢᠲᠠᠢ ᠠᠬᠢᠭᠤᠯᠵᠤ᠂ ︽ᠨᠢᠭᠡ | ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾᠂ ︽ᠰᠢᠶᠠᠩᠭᠠᠩᠴᠤᠳ ᠰᠢᠶᠠᠩᠭᠠᠩ ᠢᠶᠠᠨ ᠵᠠᠰᠠᠬᠤ︾᠂ ︽ᠣᠣᠮᠧᠨᠴᠤᠳ ᠣᠣᠮᠧᠨ ᠢᠶᠠᠨ ᠵᠠᠰᠠᠬᠤ︾᠂ | ᠳᠡᠭᠡᠳᠦ ᠬᠡᠮᠵᠢᠶ᠎ᠡ ᠪᠠᠷ ᠥᠪᠡᠷᠲᠡᠭᠡᠨ ᠵᠠᠰᠠᠬᠤ ᠴᠢᠭᠯᠡᠯᠲᠡ ᠶᠢ ᠪᠠᠷᠢᠮᠲᠠᠯᠠᠵᠤ᠂ ᠰᠢᠶᠠᠩᠭᠠᠩ ᠤᠨ ᠰᠠᠮᠠᠭᠤᠷᠠᠯ ᠤᠨ ᠪᠠᠶᠢᠳᠠᠯ ᠠᠴᠠ ᠲᠦᠪᠰᠢᠷᠡᠭᠰᠡᠨ ᠪᠠᠶᠢᠳᠠᠯ ᠳᠤ | ᠣᠷᠣᠭᠰᠠᠨ ᠠᠴᠠ ᠲᠦᠪᠰᠢᠷᠡᠭᠰᠡᠨ ᠪᠠᠶᠢᠳᠠᠯ ᠠᠴᠠ ᠬᠦᠴᠦᠷᠬᠡᠭᠵᠢᠨ ᠮᠠᠨᠳᠤᠬᠤ ᠪᠠᠶᠢᠳᠠᠯ ᠲᠡᠶᠢᠰᠢ ᠭᠦᠭᠵᠢᠭᠦ ᠰᠢᠨ᠎ᠡ ᠱᠠᠲᠤᠨ ᠳᠤ ᠣᠷᠣᠬᠤ ᠶᠢ ᠠᠬᠢᠭᠤᠯᠵᠤ᠂ | ᠰᠢᠶᠠᠩᠭᠠᠩ᠂ ᠣᠣᠮᠧᠨ ᠤᠷᠳᠤ ᠬᠤᠭᠤᠴᠠᠭᠠᠨ ᠤ ᠲᠣᠭᠲᠠᠭᠤᠨ ᠬᠥᠭᠵᠢᠯᠲᠡ ᠶᠢᠨ ᠰᠠᠶᠢᠨ ᠰᠠᠶᠢᠬᠠᠨ ᠪᠠᠶᠢᠳᠠᠯ ᠢᠶᠠᠨ ᠪᠠᠲᠤᠯᠠᠪᠠ᠃ ᠪᠢᠳᠡ ᠰᠢᠨ᠎ᠡ ᠴᠠᠭ ᠦᠶ᠎ᠡ ᠳᠤ | ᠲᠠᠶᠢᠸᠠᠨ ᠤ ᠠᠰᠠᠭᠤᠳᠠᠯ ᠢ ᠰᠢᠢᠳᠪᠦᠷᠢᠯᠡᠬᠦ ᠶᠡᠷᠦᠩᠬᠡᠢ ᠠᠷᠭ᠎ᠠ ᠪᠣᠳᠣᠯᠭ᠎ᠠ ᠶᠢ ᠳᠤᠷᠠᠳᠤᠨ ᠭᠠᠷᠭᠠᠵᠤ᠂ ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠶᠢᠨ | ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠤᠨ᠂ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠬᠠᠭᠠᠴᠠᠭᠤᠯᠬᠤ ᠠᠵᠢᠯᠯᠠᠭ᠎ᠠ ᠶᠢ ᠡᠷᠡᠰ ᠡᠰᠡᠷᠭᠦᠴᠡᠵᠦ᠂ | ᠭᠠᠳᠠᠭᠠᠳᠤ ᠶᠢᠨ ᠬᠦᠴᠦᠨ ᠤ ᠭᠠᠷ ᠲᠦᠷᠦᠭᠦ ᠶᠢ ᠡᠷᠡᠰ ᠡᠰᠡᠷᠭᠦᠴᠡᠨ᠂ ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠶᠢᠨ ᠬᠠᠷᠢᠴᠠᠭᠠᠨ ᠤ ᠭᠤᠣᠯᠯᠠᠬᠤ ᠡᠷᠬᠡ ᠪᠠ | ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠪᠡ᠃ | — ᠪᠢᠳᠡ ᠳᠤᠮᠳᠠᠳᠤ ᠤᠯᠤᠰ ᠤᠨ ᠣᠨᠴᠠᠯᠢᠭ ᠲᠠᠢ ᠲᠣᠮᠣ ᠤᠯᠤᠰ ᠤᠨ ᠭᠠᠳᠠᠭᠠᠳᠤ ᠬᠠᠷᠢᠯᠴᠠᠭ᠎ᠠ ᠶᠢ ᠪᠦᠭᠦ ᠲᠠᠯ᠎ᠠ ᠪᠠᠷ ᠠᠬᠢᠭᠤᠯᠵᠤ᠂ ᠬᠥᠮᠥᠨ | ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠵᠤ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠡᠷᠡᠰ | ᠬᠠᠮᠠᠭᠠᠯᠠᠵᠤ᠂ ᠵᠢᠩᠬᠢᠨᠢ ᠤᠯᠠᠨ ᠲᠠᠯᠠᠲᠤ ᠦᠵᠡᠯ ᠢ ᠰᠠᠨᠠᠭᠠᠴᠢᠯᠠᠨ ᠦᠢᠯᠡᠳᠦᠯᠭᠡᠵᠢᠭᠦᠯᠵᠦ᠂ ᠲᠤᠭ ᠲᠡᠮᠳᠡᠭ ᠲᠣᠳᠣᠷᠬᠠᠢ ᠪᠠᠷ ᠠᠯᠢᠪᠠ ᠡᠵᠡᠷᠬᠡᠬᠦ ᠦᠵᠡᠯ ᠪᠣᠯᠣᠨ | ᠬᠦᠴᠦᠷᠬᠡᠭᠯᠡᠯ ᠤᠨ ᠤᠯᠤᠰ ᠲᠦᠷᠦ ᠶᠢ ᠡᠰᠡᠷᠭᠦᠴᠡᠵᠦ᠂ ᠶᠠᠮᠠᠷᠪᠠ ᠭᠠᠭᠴᠠ ᠲᠠᠯᠠᠲᠤ ᠦᠵᠡᠯ᠂ ᠬᠠᠮᠠᠭᠠᠯᠠᠬᠤ ᠦᠵᠡᠯ᠂ ᠪᠠᠯᠠᠮᠠᠳ ᠠᠵᠢᠯᠯᠠᠭ᠎ᠠ ᠶᠢ ᠡᠷᠡᠰ ᠭᠤᠶᠢᠪᠢᠰᠢ | ᠦᠭᠡᠢ ᠡᠰᠡᠷᠭᠦᠴᠡᠪᠡ᠃ ᠪᠢᠳᠠ ᠭᠠᠳᠠᠭᠠᠳᠤ ᠬᠠᠷᠢᠯᠴᠠᠭᠠᠨ ᠤ ᠶᠡᠷᠦᠩᠬᠡᠢ ᠪᠠᠶᠢᠷᠢᠰᠢᠭᠤᠯᠤᠯᠲᠠ ᠶᠢ ᠲᠡᠭᠦᠯᠳᠡᠷᠵᠢᠭᠦᠯᠵᠦ᠂ ᠪᠦᠭᠦ ᠪᠥᠮᠪᠥᠷᠴᠡᠭ ᠢ ᠪᠦᠷᠬᠦᠭᠰᠡᠨ | ᠬᠠᠨᠢᠲᠠᠨ ᠤ ᠬᠠᠷᠢᠯᠴᠠᠭ᠎ᠠ ᠶᠢᠨ ᠲᠣᠣᠷ ᠢ ᠢᠳᠡᠪᠬᠢᠲᠡᠢ ᠪᠠᠶᠢᠭᠤᠯᠵᠤ᠂ ᠰᠢᠨ᠎ᠡ ᠭᠡᠯᠪᠡᠷᠢ ᠶᠢᠨ ᠤᠯᠠᠨ ᠤᠯᠤᠰ ᠤᠨ ᠬᠠᠷᠢᠯᠴᠠᠭ᠎ᠠ ᠶᠢ ᠪᠠᠶᠢᠭᠤᠯᠬᠤ ᠶᠢ ᠠᠬᠢᠭᠤᠯᠪᠠ᠃ | ᠪᠢᠳᠡ ᠬᠠᠷᠢᠭᠤᠴᠠᠯᠭ᠎ᠠ ᠲᠠᠢ ᠲᠣᠮᠣ ᠤᠯᠤᠰ ᠤᠨ ᠡᠭᠦᠷᠭᠡᠯᠡᠯ ᠢᠶᠠᠨ ᠢᠯᠡᠷᠡᠭᠦᠯᠵᠦ᠂ ᠪᠦᠭᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠤᠨ ᠥᠭᠡᠷᠡᠴᠢᠯᠡᠯᠲᠡ ᠪᠠ | ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠬᠦ ᠣᠯᠠᠨ ᠤᠯᠤᠰ ᠤᠨ | ᠬᠠᠮᠲᠤᠷᠠᠯᠴᠠᠭ᠎ᠠ ᠶᠢ ᠪᠦᠭᠦ ᠲᠠᠯ᠎ᠠ ᠪᠠᠷ ᠥᠷᠨᠢᠭᠦᠯᠵᠦ᠂ ᠳᠡᠯᠡᠬᠡᠢ ᠨᠡᠶᠢᠲᠡ ᠶᠢᠨ ᠥᠷᠭᠡᠨ ᠳᠡᠯᠭᠡᠷ ᠮᠠᠭᠲᠠᠭᠠᠯ ᠰᠠᠶᠢᠰᠢᠶᠠᠯ ᠢ ᠣᠯᠵᠤ᠂ ᠮᠠᠨ ᠤ ᠤᠯᠤᠰ ᠤᠨ ᠳᠡᠯᠡᠬᠡᠢ | ᠳᠡᠭᠡᠷᠡᠬᠢ ᠨᠥᠯᠥᠭᠡᠯᠡᠬᠦ ᠬᠦᠴᠦᠨ᠂ ᠤᠷᠢᠶᠠᠯᠠᠬᠤ ᠬᠦᠴᠦᠨ᠂ ᠴᠣᠭᠴᠠᠯᠠᠬᠤ ᠬᠦᠴᠦᠨ ᠢᠯᠡᠳᠲᠡ ᠳᠡᠭᠡᠭᠰᠢᠯᠡᠪᠡ᠃ | — ᠪᠢᠳᠡ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠵᠤ᠂ ᠲᠡᠮᠦᠷ ᠢ ᠳᠠᠪᠲᠠᠬᠤ ᠳᠤ ᠥᠪᠡᠷ ᠢᠶᠠᠨ ᠵᠠᠪᠠᠯ ᠬᠠᠲᠠᠭᠤ ᠪᠠᠶᠢᠬᠤ ᠶᠢ | ᠪᠠᠷᠢᠮᠲᠠᠯᠠᠨ᠂ ᠲᠥᠪ ᠤᠨ ᠨᠠᠢᠮᠠᠨ ᠲᠣᠭᠲᠠᠭᠠᠯ ᠢ ᠲᠣᠭᠲᠠᠭᠠᠨ ᠨᠠᠶᠢᠳᠠᠪᠤᠷᠢᠵᠢᠭᠤᠯᠬᠤ ᠠᠴᠠ ᠡᠬᠢᠯᠡᠨ ᠠᠰᠠᠭᠤᠳᠠᠯ ᠢ ᠰᠢᠢᠳᠪᠦᠷᠢᠯᠡᠵᠦ᠂ ᠰᠢᠨ᠎ᠡ ᠴᠠᠭ ᠦᠶ᠎ᠡ ᠶᠢᠨ | ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠳᠤᠷᠠᠳᠤᠨ ᠨᠠᠶᠢᠳᠠᠪᠤᠷᠢᠵᠢᠭᠤᠯᠵᠤ᠂ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠪᠠᠷ ᠨᠠᠮ ᠤᠨ | ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠶᠡᠷᠦᠩᠬᠡᠶᠢᠯᠡᠨ ᠵᠢᠯᠣᠭᠤᠳᠤᠭᠤᠯᠵᠤ᠂ ᠦᠵᠡᠯ ᠰᠠᠨᠠᠭ᠎ᠠ ᠪᠠᠷ ᠨᠠᠮ ᠪᠠᠶᠢᠭᠤᠯᠬᠤ ᠪᠠ ᠳᠦᠷᠢᠮ ᠢᠶᠠᠷ ᠨᠠᠮ ᠢ ᠵᠠᠰᠠᠬᠤ ᠶᠢ | ᠠᠳᠠᠯᠢ ᠴᠢᠭᠯᠡᠯ ᠢᠶᠠᠷ ᠬᠦᠴᠦᠯᠡᠬᠦ ᠶᠢ ᠪᠠᠷᠢᠮᠲᠠᠯᠠᠵᠤ᠂ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠢ ᠴᠢᠩᠳᠠᠯᠠᠨ᠂ ᠨᠠᠮ ᠤᠨ ᠳᠣᠲᠣᠭᠠᠳᠤ ᠶᠢᠨ | ᠲᠥᠪᠯᠡᠷᠡᠩᠭᠦᠢ ᠬᠥᠮᠦᠵᠢᠯ ᠢ ᠦᠷᠭᠦᠯᠵᠢᠯᠡᠨ ᠥᠷᠨᠢᠭᠦᠯᠵᠦ᠂ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠳᠤᠷᠠᠳᠤᠨ ᠪᠠᠷᠢᠮᠲᠠᠯᠠᠵᠤ | ᠂ ᠤᠯᠤᠰ ᠲᠥᠷᠥ ᠶᠢᠨ ᠪᠠᠷᠢᠮᠵᠢᠶ᠎ᠠ ᠪᠠᠷ ᠮᠡᠷᠭᠡᠳ ᠢ ᠰᠣᠩᠭᠤᠵᠤ ᠴᠢᠳᠠᠪᠤᠷᠢᠲᠠᠨ ᠢ ᠲᠣᠮᠢᠯᠠᠬᠤ ᠶᠢ ᠳᠣᠪᠤᠶᠢᠯᠭᠠᠵᠤ᠂ ᠤᠯᠤᠰ ᠲᠦᠷᠦ ᠶᠢᠨ ᠲᠣᠭᠤᠷᠢᠨ | ᠪᠠᠶᠢᠴᠠᠭᠠᠯᠲᠠ ᠶᠢ ᠴᠢᠩᠭᠠᠳᠬᠠᠵᠤ᠂ ᠨᠡᠯᠢᠶᠡᠳ ᠪᠦᠷᠢᠨ ᠲᠡᠭᠦᠯᠳᠡᠷ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠤᠨ ᠰᠢᠰᠲ᠋ᠧᠮ ᠢ ᠪᠦᠷᠢᠯᠳᠦᠭᠦᠯᠵᠦ᠂ ᠪᠦᠭᠦ | ᠨᠠᠮ ᠤᠨ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠴᠢᠩᠭᠠᠷᠠᠭᠤᠯᠵᠤ᠂ ᠰᠠᠬᠢᠯᠭ᠎ᠠ ᠪᠠᠲᠤ ᠲᠣᠭᠲᠠᠭᠠᠯ ᠢ | ᠴᠢᠩᠳᠠᠯᠠᠬᠤ ᠶᠢ ᠠᠬᠢᠭᠤᠯᠪᠠ᠃ ᠪᠢᠳᠡ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠬᠤ ᠶᠢ ᠢᠮᠠᠭᠲᠠ ᠬᠤᠪᠢᠷᠠᠰᠢ ᠦᠭᠡᠢ ᠪᠠᠷᠢᠮᠲᠠᠯᠠᠵᠤ᠂ ᠬᠠᠳᠠᠭᠠᠰᠤ | ᠬᠠᠳᠠᠬᠤ ᠵᠣᠷᠢᠭ ᠰᠠᠨᠠᠭ᠎ᠠ ᠪᠠᠷ ︽ᠲᠦᠷᠪᠡᠨ ᠰᠤᠷᠲᠠᠯ︾ ᠢ ᠵᠠᠯᠠᠷᠠᠭᠤᠯᠤᠨ ᠵᠠᠰᠠᠵᠤ᠂ ᠣᠨᠴᠠ ᠡᠷᠬᠡ ᠶᠢᠨ ᠦᠵᠡᠯ ᠰᠠᠨᠠᠭ᠎ᠠ ᠪᠠ ᠣᠨᠴᠠ ᠡᠷᠬᠡ ᠶᠢᠨ ᠦᠵᠡᠭᠳᠡᠯ ᠢ | ᠡᠰᠡᠷᠭᠦᠴᠡᠵᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠡᠷᠡᠰ ᠴᠡᠭᠴᠡᠯᠡᠨ ᠵᠠᠰᠠᠵᠤ᠂ ᠤᠷᠳᠤ ᠬᠤᠭᠤᠴᠠᠭ᠎ᠠ ᠪᠠᠷ | ᠬᠤᠷᠢᠭᠯᠠᠵᠤ ᠳᠡᠶᠢᠯᠦᠭᠡᠳᠦᠢ ᠪᠠᠶᠢᠭᠰᠠᠨ ᠵᠠᠷᠢᠮ ᠭᠠᠵᠢᠭᠤ ᠰᠤᠷᠲᠠᠯ ᠢ ᠬᠤᠷᠢᠭᠯᠠᠨ ᠵᠣᠭᠰᠣᠭᠠᠵᠤ᠂ ᠤᠯᠠᠨ ᠵᠢᠯ ᠠᠷᠢᠯᠭᠠᠭᠠᠳᠤᠢ ᠪᠠᠶᠢᠭᠰᠠᠨ ᠵᠠᠷᠢᠮ ᠠᠷᠬᠠᠭ ᠭᠡᠮ ᠢ | ᠵᠠᠯᠠᠷᠠᠭᠤᠯᠤᠨ ᠵᠠᠰᠠᠪᠠ᠃ ᠪᠢᠳᠡ ᠤᠷᠢᠳ ᠡᠮᠦᠨ᠎ᠡ ᠪᠠᠶᠢᠭ᠎ᠠ ᠦᠭᠡᠢ ᠢᠯᠵᠠᠷᠠᠯ ᠢ ᠡᠰᠡᠷᠭᠦᠴᠡᠬᠦ ᠲᠡᠮᠡᠴᠡᠯ ᠢ ᠥᠷᠨᠢᠭᠦᠯᠵᠦ᠂ ︽ᠮᠢᠩᠭ᠎ᠠ ᠲᠦᠮᠡᠨ ᠬᠥᠮᠥᠨ ᠲᠠᠢ | ᠮᠠᠭᠤᠳᠠᠯᠴᠠᠭᠰᠠᠨ ᠴᠤ ᠠᠷᠪᠠᠨ ᠲᠦᠷᠪᠡᠨ ᠳ᠋ᠦᠩᠰᠢᠭᠤᠷ ᠠᠷᠠᠳ ᠲᠦᠮᠡᠨ ᠢ ᠬᠥᠰᠡᠷᠳᠡᠭᠦᠯᠬᠦ ᠦᠭᠡᠢ︾ ᠭᠡᠬᠦ ᠡᠭᠦᠷᠭᠡ ᠬᠠᠷᠢᠭᠤᠴᠠᠯᠭ᠎ᠠ ᠪᠠᠷ ᠠᠷᠬᠠᠭ ᠭᠡᠮ ᠢ | ᠠᠷᠢᠯᠭᠠᠨ ᠰᠠᠮᠠᠭᠤᠷᠠᠯ ᠢ ᠵᠠᠰᠠᠵᠤ᠂ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠤᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ | ᠴᠣᠭᠴᠠᠵᠢᠭᠤᠯᠤᠨ ᠠᠬᠢᠭᠤᠯᠵᠤ᠂ ︽ᠪᠠᠷᠰ ᠢ ᠴᠣᠬᠢᠵᠤ︾᠂ ︽ᠢᠯᠠᠭ᠎ᠠ ᠶᠢ ᠰᠠᠪᠠᠭ᠋ᠤ︾᠂ ︽ᠦᠨᠡᠭᠡ ᠶᠢ ᠠᠩᠨᠠᠬᠤ︾ ᠶᠢ ᠵᠡᠷᠭᠡ ᠪᠠᠷ ᠶᠠᠪᠤᠭᠤᠯᠵᠤ᠂ ᠢᠯᠵᠠᠷᠠᠯ ᠢ | ᠡᠰᠡᠷᠭᠦᠴᠡᠬᠦ ᠲᠡᠮᠡᠴᠡᠯ ᠳᠡᠶᠢᠯᠦᠩᠭᠦᠢ ᠢᠯᠠᠯᠲᠠ ᠶᠢ ᠣᠯᠣᠭᠰᠠᠨ ᠪᠥᠭᠡᠳ ᠪᠦᠭᠦ ᠲᠠᠯ᠎ᠠ ᠪᠠᠷ ᠪᠠᠬᠢᠵᠢᠵᠦ᠂ ᠨᠠᠮ᠂ ᠤᠯᠤᠰ᠂ ᠴᠡᠷᠢᠭ ᠠᠩᠭᠢ ᠶᠢᠨ ᠳᠣᠲᠣᠭᠠᠳᠤ ᠳᠤ | ᠣᠷᠣᠰᠢᠵᠤ ᠪᠠᠶᠢᠭ᠎ᠠ ᠬᠦᠨᠳᠦ ᠨᠣᠴᠢᠲᠠᠢ ᠲᠠᠯᠳᠠ ᠭᠡᠮ ᠢ ᠠᠷᠢᠯᠭᠠᠵᠤ᠂ ᠨᠠᠮ ᠪᠠ ᠠᠷᠠᠳ ᠲᠦᠮᠡᠨ ᠠᠴᠠ ᠣᠯᠭᠤᠭᠰᠠᠨ ᠡᠷᠬᠡ ᠶᠢ ᠢᠮᠠᠭᠲᠠ ᠠᠷᠠᠳ ᠲᠦᠮᠡᠨ ᠳᠤ | ᠵᠣᠯ ᠵᠢᠷᠭᠠᠯ ᠣᠯᠭᠤᠬᠤ ᠳᠤ ᠬᠡᠷᠡᠭᠯᠡᠬᠦ ᠶᠢ ᠦᠨᠡᠨ ᠬᠦ ᠪᠠᠲᠤᠯᠠᠪᠠ᠃ ᠴᠥᠬᠦᠷᠡᠰᠢ ᠦᠭᠡᠢ ᠴᠢᠷᠮᠠᠶᠢᠯᠭ᠎ᠠ ᠪᠠᠷ ᠲᠠᠮᠵᠢᠨ᠂ ᠨᠠᠮ ᠤᠨ ᠥᠪᠡᠷ ᠪᠡᠶ᠎ᠡ ᠶᠢᠨ ᠬᠤᠪᠢᠰᠬᠠᠯ | ᠡᠨᠡ ᠬᠦ ᠰᠠᠮᠠᠭᠤᠷᠠᠯ ᠢ ᠵᠠᠰᠠᠵᠤ ᠮᠠᠨᠳᠤᠵᠤ ᠪᠠᠭᠤᠷᠠᠬᠤ ᠲᠡᠦᠬᠡᠨ ᠦᠶᠡᠯᠡᠯ ᠠᠴᠠ ᠮᠤᠯᠲᠤᠷᠠᠭᠰᠠᠨ ᠬᠤᠶᠠᠳᠤᠭᠠᠷ ᠬᠠᠷᠢᠭᠤᠯᠲᠠ ᠶᠢ ᠣᠯᠵᠤ᠂ ᠥᠪᠡᠷ ᠢ ᠪᠠᠨ | ᠴᠡᠪᠡᠷᠰᠢᠭᠦᠯᠬᠦ᠂ ᠥᠪᠡᠷ ᠢ ᠪᠠᠨ ᠲᠡᠭᠦᠯᠳᠡᠷᠵᠢᠭᠦᠯᠬᠦ᠂ ᠥᠪᠡᠷ ᠢ ᠪᠠᠨ ᠰᠢᠨᠡᠴᠢᠯᠡᠬᠦ᠂ ᠥᠪᠡᠷ ᠢ ᠪᠠᠨ ᠳᠡᠭᠡᠭᠰᠢᠯᠡᠭᠦᠯᠭᠦ ᠴᠢᠳᠠᠪᠤᠷᠢ ᠢᠯᠡᠳᠲᠡ ᠴᠢᠩᠭᠠᠷᠠᠵᠤ᠂ ᠨᠠᠮ ᠢ | ᠬᠠᠮᠢᠶᠠᠷᠴᠤ ᠨᠠᠮ ᠢ ᠵᠠᠰᠠᠬᠤ ᠲᠠᠯ᠎ᠠ ᠪᠠᠷ ᠬᠢ ᠠᠭᠤᠵᠢᠭᠤ ᠰᠤᠯᠠ ᠵᠥᠭᠡᠯᠡᠨ ᠪᠠᠶᠢᠳᠠᠯ ᠢ ᠦᠨᠳᠦᠰᠦᠨ ᠠᠴᠠ ᠨᠢ ᠬᠤᠪᠢᠷᠠᠭᠤᠯᠵᠤ᠂ ᠰᠤᠷᠲᠠᠯ ᠴᠢᠬᠡᠴᠢ ᠣᠪᠣᠷ ᠲᠥᠪ | ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢ ᠠᠬᠤᠢ ᠶᠢ ᠲᠠᠰᠤᠷᠠᠯᠳᠠ ᠦᠭᠡᠢ ᠪᠦᠷᠢᠯᠳᠦᠭᠦᠯᠦᠨ ᠬᠥᠭᠵᠢᠭᠦᠯᠵᠦ᠂ ᠨᠠᠮ ᠤᠨ ᠡᠭᠦᠷᠢᠳᠡ ᠴᠢᠨᠠᠷ ᠬᠤᠪᠢᠷᠠᠬᠤ | ᠦᠭᠡᠢ᠂ ᠥᠩᠭᠡ ᠬᠤᠪᠢᠷᠠᠬᠤ ᠦᠭᠡᠢ᠂ ᠰᠤᠷᠲᠠᠯ ᠬᠤᠪᠢᠷᠠᠬᠤ ᠦᠭᠡᠢ ᠪᠠᠶᠢᠬᠤ ᠶᠢ ᠦᠨᠡᠨ ᠬᠦ ᠪᠠᠲᠤᠯᠠᠪᠠ᠃ | ᠨᠠᠮ ᠪᠠ ᠤᠯᠤᠰ ᠤᠨ ᠠᠵᠢᠯ ᠦᠢᠯᠡᠰ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ᠠᠮᠵᠢᠯᠲᠠ ᠪᠦᠲᠦᠮᠵᠢ ᠣᠯᠣᠭᠰᠠᠨ ᠢ ᠭᠦᠢᠴᠡᠳ ᠨᠤᠲᠠᠯᠠᠬᠤ ᠶᠢᠨ ᠬᠠᠮᠲᠤ᠂ | ᠮᠠᠨ ᠤ ᠠᠵᠢᠯ ᠳᠤ ᠪᠠᠰᠠ ᠡᠳᠦᠢ ᠲᠡᠳᠦᠢ ᠬᠦᠷᠦᠯᠴᠡᠬᠦ ᠦᠭᠡᠢ ᠲᠠᠯ᠎ᠠ ᠣᠷᠣᠰᠢᠵᠤ᠂ ᠴᠥᠭᠡᠨ ᠪᠤᠰᠤ ᠬᠦᠴᠢᠷᠳᠡᠯ ᠪᠠ ᠠᠰᠠᠭᠤᠳᠠᠯ ᠲᠤᠯᠭᠠᠷᠠᠵᠤ ᠪᠠᠶᠢᠬᠤ ᠶᠢ ᠡᠷᠬᠡᠪᠰᠢ | ᠰᠡᠷᠭᠡᠭ ᠢᠶᠠᠷ ᠣᠯᠵᠤ ᠬᠠᠷᠠᠬᠤ ᠬᠡᠷᠡᠭᠲᠡᠢ᠃ ᠡᠭᠦᠨ ᠳᠤ ᠭᠤᠣᠯᠳᠠᠭᠤ᠄ ᠬᠥᠭᠵᠢᠯᠲᠡ ᠲᠡᠩᠴᠡᠭᠦᠷᠢ ᠦᠭᠡᠢ ᠭᠦᠢᠴᠡᠳ ᠪᠤᠰᠤ ᠪᠠᠶᠢᠬᠤ ᠠᠰᠠᠭᠤᠳᠠᠯ ᠮᠥᠨ ᠲᠣᠪᠣᠶᠢᠮ᠎ᠠ | ᠣᠷᠣᠰᠢᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠰᠠ ᠮᠠᠰᠢ ᠤᠯᠠᠨ ᠬᠠᠷᠰᠢ ᠰᠠᠭᠠᠳ ᠬᠤᠷᠢᠭ᠎ᠠ ᠪᠣᠭᠤᠮᠢ ᠶᠢᠨ ᠠᠰᠠᠭᠤᠳᠠᠯ ᠳᠤ ᠲᠤᠯᠭᠠᠷᠠᠵᠤ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠭᠦ ᠴᠢᠳᠠᠪᠤᠷᠢ ᠪᠠᠰᠠ ᠴᠢᠩᠭ᠎ᠠ ᠪᠢᠰᠢ ᠪᠠᠶᠢᠨ᠎ᠠ ︔ ᠠᠮᠤ ᠪᠤᠳᠠᠭ᠎ᠠ᠂ ᠡᠨᠧᠷᠭᠢ᠂ ᠠᠵᠤ ᠦᠢᠯᠡᠰ ᠤᠨ | ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠨᠠᠶᠢᠳᠠᠪᠤᠷᠢᠲᠠᠢ ᠠᠮᠤᠷ ᠲᠦᠪᠰᠢᠨ ᠢ ᠪᠠᠲᠤᠯᠠᠬᠤ ᠪᠠ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠳᠤ | ᠪᠠᠰᠠ ᠮᠠᠰᠢ ᠤᠯᠠᠨ ᠴᠢᠬᠤᠯᠠ ᠶᠡᠭᠡ ᠠᠰᠠᠭᠤᠳᠠᠯ ᠢ ᠰᠢᠢᠳᠪᠦᠷᠢᠯᠡᠬᠦ ᠴᠢᠬᠤᠯᠠᠲᠠᠢ ᠪᠠᠶᠢᠨ᠎ᠠ ︔ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠳᠤ ᠪᠠᠰᠠ | ᠴᠥᠭᠡᠨ ᠪᠤᠰᠤ ᠬᠦᠴᠢᠷ ᠪᠡᠷᠬᠡ ᠠᠰᠠᠭᠤᠳᠠᠯ ᠢ ᠰᠢᠢᠳᠪᠦᠷᠢᠯᠡᠬᠦ ᠴᠢᠬᠤᠯᠠᠲᠠᠢ ᠪᠠᠶᠢᠨ᠎ᠠ ︔ ᠦᠵᠡᠯ ᠤᠬᠠᠮᠰᠠᠷ ᠤᠨ ᠭᠡᠯᠪᠡᠷᠢ ᠶᠢᠨ ᠬᠦᠷᠢᠶᠡᠨ ᠳᠤ ᠴᠥᠭᠡᠨ ᠪᠤᠰᠤ | ᠥᠷᠢᠰᠦᠯᠳᠦᠭᠡᠨ ᠣᠷᠣᠰᠢᠵᠤ ᠪᠠᠶᠢᠨ᠎ᠠ ︔ ᠬᠤᠳᠠ ᠬᠥᠳᠡᠭᠡ ᠣᠷᠣᠨ ᠪᠦᠰᠡ ᠶᠢᠨ ᠬᠥᠭᠵᠢᠯᠲᠡ ᠪᠠ ᠣᠷᠣᠯᠭ᠎ᠠ ᠶᠢᠨ ᠬᠤᠪᠢᠶᠠᠷᠢᠯᠠᠯᠲᠠ ᠶᠢᠨ ᠵᠥᠷᠢᠶ᠎ᠡ ᠮᠥᠨ ᠯᠡ | ᠨᠡᠯᠢᠶᠡᠳ ᠶᠡᠭᠡ ᠪᠠᠶᠢᠨ᠎ᠠ ︔ ᠣᠯᠠᠨ ᠲᠦᠮᠡᠨ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠶᠢᠳᠠᠨ ᠪᠣᠶᠢᠵᠢᠭᠤᠯᠬᠤ᠂ ᠨᠠᠰᠤᠵᠢᠯ ᠤᠨ ᠠᠰᠠᠷᠠᠮᠵᠢ᠂ | ᠣᠷᠣᠨ ᠰᠠᠭᠤᠴᠠ ᠵᠡᠷᠭᠡ ᠲᠠᠯ᠎ᠠ ᠪᠠᠷ ᠴᠥᠭᠡᠨ ᠪᠤᠰᠤ ᠬᠦᠴᠢᠷ ᠠᠰᠠᠭᠤᠳᠠᠯ ᠳᠤ ᠲᠤᠯᠭᠠᠷᠠᠵᠤ ᠪᠠᠶᠢᠨ᠎ᠠ ︔ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠡᠭᠦᠷᠭᠡ ᠮᠥᠨ ᠬᠦ ᠬᠠᠲᠠᠭᠤ ᠪᠡᠷᠬᠡ ᠪᠠᠶᠢᠨ᠎ᠠ ︔ ᠵᠠᠷᠢᠮ ᠨᠠᠮ ᠤᠨ ᠭᠡᠰᠢᠭᠦᠨ᠂ ᠺᠠᠳ᠋ᠷ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠪᠠᠷ ᠳᠤᠲᠠᠮᠠᠭ᠂ ᠲᠡᠮᠡᠴᠡᠯ ᠤᠨ | ᠡᠷᠳᠡᠮ ᠴᠢᠳᠠᠪᠤᠷᠢ ᠴᠢᠩᠭ᠎ᠠ ᠪᠢᠰᠢ᠂ ᠪᠣᠳᠠᠲᠠᠢ ᠠᠵᠢᠯᠯᠠᠬᠤ ᠵᠣᠷᠢᠭ ᠰᠠᠨᠠᠭ᠎ᠠ ᠪᠠᠷ ᠬᠦᠷᠦᠯᠴᠡᠬᠦ ᠦᠭᠡᠢ ᠪᠠᠶᠢᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ | ᠦᠵᠡᠭᠳᠡᠯ ᠮᠥᠨ ᠨᠡᠯᠢᠶᠡᠳ ᠲᠣᠪᠣᠶᠢᠮ᠎ᠠ ᠪᠠᠶᠢᠨ᠎ᠠ ︔ ᠢᠯᠵᠠᠷᠠᠯ ᠤᠨ ᠡᠭᠦᠰᠭᠦ ᠬᠥᠷᠥᠰᠥ ᠰᠢᠷᠣᠢ ᠶᠢ ᠠᠷᠢᠯᠭᠠᠬᠤ ᠡᠭᠦᠷᠭᠡ ᠮᠥᠨ ᠯᠡ ᠪᠡᠷᠬᠡ ᠬᠠᠲᠠᠭᠤᠵᠢᠯᠲᠠᠢ | ᠪᠠᠶᠢᠬᠤ ᠵᠡᠷᠭᠡ᠃ ᠡᠳᠡᠭᠡᠷ ᠠᠰᠠᠭᠤᠳᠠᠯ ᠢ ᠪᠢᠳᠡ ᠨᠢᠭᠡᠨᠲᠡ ᠠᠯᠢ ᠤᠯᠠᠨ ᠠᠷᠭ᠎ᠠ ᠬᠡᠮᠵᠢᠶ᠎ᠡ ᠠᠪᠴᠤ ᠰᠢᠢᠳᠪᠦᠷᠢᠯᠡᠭᠰᠡᠨ ᠪᠠᠶᠢᠨ᠎ᠠ᠂ ᠬᠤᠶᠢᠰᠢᠳᠠ ᠡᠷᠬᠡᠪᠰᠢ ᠠᠵᠢᠯ ᠤᠨ | ᠡᠷᠴᠢᠮ ᠢᠶᠠᠨ ᠨᠡᠩ ᠴᠢᠩᠭᠠᠷᠠᠭᠤᠯᠬᠤ ᠬᠡᠷᠡᠭᠲᠡᠢ᠃ | ᠨᠥᠬᠦᠳ ᠠ᠋︕ ᠰᠢᠨ᠎ᠡ ᠴᠠᠭ ᠦᠶ᠎ᠡ ᠶᠢᠨ ᠠᠭᠤᠤ ᠶᠡᠭᠡ ᠠᠮᠵᠢᠯᠲᠠ ᠪᠦᠲᠦᠮᠵᠢ ᠶᠢ ᠪᠣᠯ ᠨᠠᠮ ᠪᠣᠯᠣᠨ ᠠᠷᠠᠳ ᠲᠦᠮᠡᠨ ᠬᠠᠮᠲᠤ ᠪᠠᠷ ᠮᠡᠷᠡᠶᠢᠵᠦ ᠪᠠᠶᠢᠭᠠᠳ | ᠣᠯᠣᠭᠰᠠᠨ ᠶᠤᠮ᠂ ᠠᠵᠢᠯᠯᠠᠵᠤ ᠪᠠᠶᠢᠭᠠᠳ ᠣᠯᠣᠭᠰᠠᠨ ᠶᠤᠮ᠂ ᠲᠡᠮᠡᠴᠡᠵᠦ ᠪᠠᠶᠢᠭᠠᠳ ᠣᠯᠣᠭᠰᠠᠨ ᠶᠤᠮ︕ ᠠᠳᠡ ᠪᠢ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶᠠᠨ ᠤ ᠡᠮᠦᠨ᠎ᠡ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠦᠭᠦ ᠭᠡᠰᠢᠭᠦᠨ᠂ ᠪᠦᠭᠦ ᠤᠯᠤᠰ ᠤᠨ ᠦᠨᠳᠦᠰᠦᠲᠡᠨ ᠨᠦᠭᠦᠳ ᠤᠨ | ᠠᠷᠠᠳ ᠲᠦᠮᠡᠨ᠂ ᠡᠯ᠎ᠡ ᠠᠷᠠᠳᠴᠢᠯᠠᠭᠰᠠᠨ ᠨᠠᠮ ᠪᠦᠯᠦᠭ᠂ ᠡᠯ᠎ᠡ ᠠᠷᠠᠳ ᠤᠨ ᠪᠦᠯᠭᠦᠮ ᠪᠠ ᠡᠯ᠎ᠡ ᠡᠲᠡᠭᠡᠳ ᠤᠨ ᠡᠬᠡ ᠣᠷᠣᠨᠴᠢ ᠬᠥᠮᠥᠰ᠂ ᠰᠢᠶᠠᠩᠭᠠᠩ ᠤᠨᠴᠠᠭᠠᠢ | ᠵᠠᠰᠠᠭ ᠵᠠᠬᠢᠷᠭᠠᠨ ᠤ ᠣᠷᠣᠨ ᠤ ᠠᠬ᠎ᠠ ᠳᠡᠭᠦᠦ ᠨᠠᠷ᠂ ᠣᠣᠮᠧᠨ ᠤᠨᠴᠠᠭᠠᠢ ᠵᠠᠰᠠᠭ ᠵᠠᠬᠢᠷᠭᠠᠨ ᠤ ᠣᠷᠣᠨ ᠤ ᠠᠬ᠎ᠠ ᠳᠡᠭᠦᠦ ᠨᠠᠷ ᠪᠠ ᠲᠠᠶᠢᠸᠠᠨ ᠤ ᠠᠬ᠎ᠠ ᠳᠡᠭᠦᠦ ᠨᠠᠷ | ᠵᠢᠴᠢ ᠥᠷᠭᠡᠨ ᠤᠯᠠᠨ ᠬᠠᠷᠢᠶᠠᠲᠤ ᠠᠬ᠎ᠠ ᠳᠡᠭᠦᠦ ᠨᠠᠷ᠂ ᠳᠤᠮᠳᠠᠳᠤ ᠤᠯᠤᠰ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠬᠠᠯᠠᠮᠵᠢᠯᠠᠨ ᠳᠡᠮᠵᠢᠭᠰᠡᠨ ᠡᠯ᠎ᠡ | ᠤᠯᠤᠰ ᠤᠨ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠰᠢᠨ᠎ᠡ ᠴᠠᠭ ᠦᠶ᠎ᠡ ᠶᠢᠨ ᠠᠷᠪᠠᠨ ᠵᠢᠯ ᠤᠨ ᠠᠭᠤᠤ ᠶᠡᠭᠡ ᠬᠤᠪᠢᠰᠤᠯᠲᠠ ᠨᠢ ᠨᠠᠮ ᠤᠨ ᠲᠡᠦᠬᠡ᠂ ᠰᠢᠨ᠎ᠡ ᠳᠤᠮᠳᠠᠳᠤ ᠤᠯᠤᠰ ᠤᠨ ᠲᠡᠦᠬᠡ᠂ ᠥᠭᠡᠷᠡᠴᠢᠯᠡᠯᠲᠡ | ᠨᠡᠭᠡᠭᠡᠯᠲᠡ ᠶᠢᠨ ᠲᠡᠦᠬᠡ᠂ ᠨᠡᠶᠢᠭᠡᠮ ᠵᠢᠷᠤᠮ ᠤᠨ ᠬᠥᠭᠵᠢᠯᠲᠡ ᠶᠢᠨ ᠲᠡᠦᠬᠡ᠂ ᠳᠤᠮᠳᠠᠳᠤ ᠶᠢᠨ ᠦᠨᠳᠦᠰᠦᠲᠡᠨ ᠤ ᠬᠥᠭᠵᠢᠯᠲᠡ ᠶᠢᠨ ᠲᠡᠦᠬᠡᠨ ᠳᠤ ᠬᠥᠰᠢᠶ᠎ᠡ | ᠲᠡᠮᠳᠡᠭ ᠤᠨ ᠠᠴᠢ ᠬᠤᠯᠪᠣᠭᠳᠠᠯ ᠲᠠᠢ ᠶᠤᠮ᠃ ᠵᠠᠭᠤᠨ ᠵᠢᠯ ᠤᠨ ᠲᠡᠮᠡᠴᠡᠯ ᠤᠨ ᠶᠠᠪᠤᠴᠠ ᠶᠢ ᠥᠩᠭᠡᠷᠡᠭᠦᠯᠦᠭᠰᠡᠨ ᠳᠤᠮᠳᠠᠳᠤ ᠤᠯᠤᠰ ᠤᠨ ᠡᠪ ᠬᠠᠮᠲᠤ ᠨᠠᠮ | ᠬᠤᠪᠢᠰᠬᠠᠯᠲᠤ ᠴᠢᠨᠠᠷᠲᠠᠢ ᠳᠠᠪᠲᠠᠯᠲᠠ ᠶᠢᠨ ᠳᠤᠮᠳᠠ ᠨᠡᠩ ᠪᠠᠲᠤ ᠴᠢᠩᠭ᠎ᠠ ᠬᠦᠴᠦᠨ ᠲᠠᠢ ᠪᠣᠯᠵᠤ᠂ ᠨᠠᠮ ᠤᠨ ᠤᠯᠤᠰ ᠲᠦᠷᠦ ᠶᠢᠨ ᠤᠳᠤᠷᠢᠳᠬᠤ ᠬᠦᠴᠦᠨ᠂ | ᠦᠵᠡᠯ ᠰᠠᠨᠠᠭᠠᠨ ᠤ ᠬᠥᠲᠥᠯᠥᠨ ᠳᠠᠭᠠᠭᠤᠯᠬᠤ ᠬᠦᠴᠦᠨ᠂ ᠤᠯᠠᠨ ᠲᠦᠮᠡᠨ ᠢ ᠵᠣᠬᠢᠶᠠᠨ ᠪᠠᠶᠢᠭᠤᠯᠬᠤ ᠬᠦᠴᠦᠨ᠂ ᠨᠡᠶᠢᠭᠡᠮ ᠤᠨ ᠤᠷᠢᠶᠠᠯᠠᠬᠤ ᠬᠦᠴᠦᠨ ᠢᠯᠡᠳᠲᠡ | ᠴᠢᠩᠭᠠᠷᠠᠵᠤ᠂ ᠨᠠᠮ ᠪᠣᠯᠣᠨ ᠠᠷᠠᠳ ᠲᠦᠮᠡᠨ ᠴᠢᠰᠤ ᠮᠢᠬᠠᠨ ᠤ ᠪᠠᠷᠢᠯᠳᠤᠯᠭ᠎ᠠ ᠪᠠᠨ ᠢᠮᠠᠭᠲᠠ ᠪᠠᠲᠤᠯᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠳᠡᠯᠡᠬᠡᠢ ᠶᠢᠨ | ᠪᠠᠶᠢᠳᠠᠯ ᠤᠨ ᠭᠦᠨᠵᠡᠭᠡᠢ ᠬᠤᠪᠢᠷᠠᠯᠲᠠ ᠶᠢᠨ ᠲᠡᠦᠬᠡᠨ ᠠᠬᠢᠴᠠ ᠳᠤᠮᠳᠠ ᠢᠮᠠᠭᠲᠠ ᠴᠠᠭ ᠦᠶ᠎ᠡ ᠶᠢᠨ ᠡᠮᠦᠨ᠎ᠡ ᠡᠩᠨᠡᠭᠡᠨ ᠳᠤ ᠶᠠᠪᠤᠵᠤ᠂ ᠤᠯᠤᠰ ᠤᠨ ᠳᠣᠲᠣᠭᠠᠳᠤ | ᠭᠠᠳᠠᠭᠠᠳᠤ ᠶᠢᠨ ᠡᠯ᠎ᠡ ᠵᠦᠢᠯ ᠤᠨ ᠠᠶᠤᠯ ᠲᠦᠭᠰᠢᠭᠦᠷᠢ ᠪᠣᠯᠣᠨ ᠰᠢᠯᠭᠠᠯᠲᠠ ᠶᠢ ᠠᠷᠭᠠᠴᠠᠭᠠᠬᠤ ᠲᠡᠦᠬᠡᠨ ᠠᠬᠢᠴᠠ ᠳᠤᠮᠳᠠ ᠢᠮᠠᠭᠲᠠ ᠪᠦᠭᠦ ᠤᠯᠤᠰ ᠤᠨ ᠠᠷᠠᠳ | ᠲᠦᠮᠡᠨ ᠤ ᠲᠦᠰᠢᠭ ᠲᠤᠯᠭᠠᠭᠤᠷᠢ ᠪᠣᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠲᠡᠦᠬᠡᠨ ᠠᠬᠢᠴᠠ ᠳᠤᠮᠳᠠ | ᠢᠮᠠᠭᠲᠠ ᠪᠠᠲᠤ ᠴᠢᠩᠭ᠎ᠠ ᠤᠳᠤᠷᠢᠳᠬᠤ ᠭᠤᠣᠯᠯᠠᠭᠴᠢ ᠪᠣᠯᠪᠠ᠃ ᠳᠤᠮᠳᠠᠳᠤ ᠤᠯᠤᠰ ᠤᠨ ᠠᠷᠠᠳ ᠲᠦᠮᠡᠨ ᠤ ᠤᠷᠤᠭᠰᠢᠯᠠᠯᠲᠠ ᠶᠢᠨ | ᠬᠦᠳᠡᠯᠭᠡᠬᠦ ᠬᠦᠴᠦᠨ ᠨᠡᠩ ᠬᠦᠴᠦᠷᠬᠡᠭ ᠶᠡᠭᠡ ᠪᠣᠯᠵᠤ᠂ ᠲᠡᠮᠡᠴᠡᠯ ᠤᠨ ᠵᠣᠷᠢᠭ ᠰᠠᠨᠠᠭ᠎ᠠ ᠨᠡᠩ ᠴᠤᠭ ᠪᠠᠳᠠᠷᠠᠩᠭᠤᠢ ᠪᠣᠯᠵᠤ᠂ ᠯᠠᠪᠲᠠᠢ | ᠢᠯᠠᠯᠲᠠ ᠣᠯᠬᠤ ᠢᠲᠡᠭᠡᠯ ᠵᠣᠷᠢᠭ ᠨᠡᠩ ᠪᠠᠲᠤ ᠴᠢᠩᠭ᠎ᠠ ᠪᠣᠯᠵᠤ᠂ ᠨᠡᠩ ᠴᠢᠩᠭ᠎ᠠ ᠲᠡᠦᠬᠡ ᠶᠢᠨ ᠤᠬᠠᠮᠰᠠᠷ ᠪᠣᠯᠣᠨ ᠰᠠᠨᠠᠭᠠᠴᠢᠯᠠᠭᠠᠲᠤ ᠵᠣᠷᠢᠭ ᠰᠠᠨᠠᠭ᠎ᠠ ᠶᠢ | ᠪᠠᠳᠠᠷᠠᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠪᠣᠯᠣᠨ ᠳᠤᠮᠳᠠᠳᠤ ᠤᠯᠤᠰ ᠤᠨ ᠠᠷᠠᠳ ᠲᠦᠮᠡᠨ ᠳᠤᠮᠳᠠᠳᠤ ᠶᠢᠨ ᠦᠨᠳᠦᠰᠦᠲᠡᠨ ᠤ ᠪᠣᠰᠴᠤ | ᠵᠣᠭᠰᠣᠭᠰᠠᠨ᠂ ᠴᠢᠨᠡᠭᠡᠯᠢᠭᠵᠢᠭᠰᠡᠨ ᠠᠴᠠ ᠬᠦᠴᠦᠷᠬᠡᠭᠵᠢᠭᠰᠡᠨ ᠬᠦᠷᠲᠡᠯᠡᠬᠢ ᠠᠭᠤᠤ ᠶᠡᠭᠡ ᠦᠰᠦᠷᠦᠯᠲᠡ ᠶᠢ ᠢᠲᠡᠭᠡᠯ ᠲᠡᠭᠦᠯᠳᠡᠷ ᠢᠶᠠᠷ ᠠᠬᠢᠭᠤᠯᠵᠤ ᠪᠠᠶᠢᠨ᠎ᠠ᠃ | ᠥᠭᠡᠷᠡᠴᠢᠯᠡᠯᠲᠡ ᠨᠡᠭᠡᠭᠡᠯᠲᠡ ᠪᠠ ᠨᠡᠶᠢᠭᠡᠮ ᠵᠢᠷᠤᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠭᠦᠨᠵᠡᠭᠡᠶᠢᠷᠡᠨ ᠠᠬᠢᠵᠤ᠂ ᠠᠵᠤ ᠠᠬᠤᠢ ᠶᠢᠨ ᠲᠦᠷᠭᠡᠨ | ᠬᠥᠭᠵᠢᠯᠲᠡ ᠪᠠ ᠨᠡᠶᠢᠭᠡᠮ ᠤᠨ ᠤᠷᠲᠤ ᠬᠤᠭᠤᠴᠠᠭᠠᠨ ᠤ ᠲᠣᠭᠲᠠᠭᠤᠨ ᠪᠠᠶᠢᠳᠠᠯ ᠭᠡᠬᠦ ᠬᠤᠶᠠᠷ ᠶᠡᠭᠡ ᠭᠠᠶᠢᠬᠠᠮᠰᠢᠭ ᠤᠨ ᠰᠢᠨ᠎ᠡ ᠬᠠᠭᠤᠳᠠᠰᠤ ᠶᠢ ᠪᠢᠴᠢᠭᠯᠡᠵᠦ᠂ | ᠮᠠᠨ ᠤ ᠤᠯᠤᠰ ᠤᠨ ᠬᠥᠭᠵᠢᠯᠲᠡ ᠨᠡᠩ ᠪᠠᠲᠤ ᠪᠠᠬᠢ ᠪᠣᠳᠠᠰ ᠤᠨ ᠰᠠᠭᠤᠷᠢ ᠲᠠᠢ᠂ ᠨᠡᠩ ᠪᠦᠷᠢᠨ ᠲᠡᠭᠦᠯᠳᠡᠷ ᠪᠠᠶᠢᠭᠤᠯᠤᠯ ᠤᠨ ᠪᠠᠲᠤᠯᠠᠭ᠎ᠠ ᠲᠠᠢ ᠪᠣᠯᠵᠤ᠂ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠠᠪᠤᠳᠠᠯ ᠪᠤᠴᠠᠰᠢ ᠦᠭᠡᠢ ᠲᠡᠦᠬᠡᠨ ᠠᠬᠢᠴᠠ ᠳᠤ ᠣᠷᠣᠪᠠ᠃ ᠰᠢᠨᠵᠢᠯᠡᠬᠦ | ᠤᠬᠠᠭᠠᠨ ᠤ ᠨᠡᠶᠢᠭᠡᠮ ᠵᠢᠷᠤᠮ ᠬᠤᠷᠢᠨ ᠨᠢᠭᠡᠳᠦᠭᠡᠷ ᠵᠠᠭᠤᠨ ᠤ ᠳᠤᠮᠳᠠᠳᠤ ᠤᠯᠤᠰ ᠲᠤ ᠴᠤᠭ ᠪᠠᠳᠠᠷᠠᠩᠭᠤᠢ ᠰᠢᠨ᠎ᠡ ᠠᠮᠢᠵᠢᠷᠠᠯ ᠤᠨ ᠬᠦᠴᠦᠨ ᠢᠶᠠᠨ ᠪᠠᠳᠠᠷᠠᠭᠤᠯᠵᠤ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠨᠢ ᠬᠥᠮᠥᠨ ᠲᠥᠷᠥᠯᠬᠢᠲᠡᠨ ᠤ ᠣᠳᠣᠬᠢᠴᠢᠯᠠᠯᠲᠠ ᠶᠢ ᠪᠡᠶᠡᠯᠡᠭᠦᠯᠬᠦ ᠳᠤ ᠰᠢᠨ᠎ᠡ ᠰᠣᠩᠭᠤᠯᠲᠠ ᠶᠢ ᠬᠠᠩᠭᠠᠵᠤ᠂ | ᠳᠤᠮᠳᠠᠳᠤ ᠤᠯᠤᠰ ᠤᠨ ᠡᠪ ᠬᠠᠮᠲᠤ ᠨᠠᠮ ᠪᠠ ᠳᠤᠮᠳᠠᠳᠤ ᠤᠯᠤᠰ ᠤᠨ ᠠᠷᠠᠳ ᠲᠦᠮᠡᠨ ᠬᠥᠮᠥᠨ ᠲᠥᠷᠥᠯᠬᠢᠲᠡᠨ ᠳᠤ ᠲᠤᠯᠭᠠᠷᠠᠵᠤ ᠪᠠᠶᠢᠭ᠎ᠠ ᠬᠠᠮᠲᠤ ᠶᠢᠨ | ᠠᠰᠠᠭᠤᠳᠠᠯ ᠢ ᠰᠢᠢᠳᠪᠦᠷᠢᠯᠡᠬᠦ ᠳᠤ ᠨᠡᠩ ᠤᠯᠠᠨ ᠨᠡᠩ ᠰᠠᠶᠢᠨ ᠳᠤᠮᠳᠠᠳᠤ ᠤᠯᠤᠰ ᠤᠨ ᠤᠶᠤᠨ ᠤᠬᠠᠭᠠᠨ᠂ ᠳᠤᠮᠳᠠᠳᠤ ᠤᠯᠤᠰ ᠤᠨ ᠲᠥᠰᠥᠯ᠂ ᠳᠤᠮᠳᠠᠳᠤ | ᠤᠯᠤᠰ ᠤᠨ ᠬᠦᠴᠦᠨ ᠢ ᠬᠠᠩᠭᠠᠵᠤ᠂ ᠬᠥᠮᠥᠨ ᠲᠥᠷᠥᠯᠬᠢᠲᠡᠨ ᠤ ᠡᠩᠬᠡ ᠲᠠᠶᠢᠪᠤᠩ ᠪᠠ ᠬᠥᠭᠵᠢᠯᠲᠡ ᠶᠢᠨ ᠡᠷᠬᠢᠮ ᠳᠡᠭᠡᠳᠦ ᠦᠢᠯᠡᠰ ᠲᠤ ᠨᠡᠩ ᠶᠡᠭᠡ ᠰᠢᠨ᠎ᠡ ᠬᠤᠪᠢ | ᠨᠡᠮᠡᠷᠢ ᠦᠵᠡᠭᠦᠯᠪᠡ︕ | | | ᠬᠤᠶᠠᠷ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠰᠢᠨ᠎ᠡ ᠠᠬᠤᠢ ᠪᠠᠶᠢᠳᠠᠯ ᠢ ᠨᠡᠭᠡᠭᠡᠨ᠎ᠡ | ᠮᠠᠷᠺᠰ ᠤᠨ ᠦᠵᠡᠯ ᠪᠣᠯ ᠮᠠᠨ ᠤ ᠨᠠᠮ ᠢᠶᠠᠨ ᠪᠠᠶᠢᠭᠤᠯᠵᠤ ᠤᠯᠤᠰ ᠢᠶᠠᠨ ᠪᠠᠶᠢᠭᠤᠯᠬᠤ᠂ ᠨᠠᠮ ᠢᠶᠠᠨ ᠮᠠᠨᠳᠤᠭᠤᠯᠵᠤ ᠤᠯᠤᠰ ᠢᠶᠠᠨ ᠮᠠᠨᠳᠤᠭᠤᠯᠬᠤ ᠶᠢᠨ | ᠦᠨᠳᠦᠰᠦᠨ ᠵᠢᠯᠤᠭᠤᠳᠬᠤ ᠦᠵᠡᠯ ᠰᠠᠨᠠᠭ᠎ᠠ ᠮᠥᠨ᠃ ᠳᠤᠮᠳᠠᠳᠤ ᠤᠯᠤᠰ ᠤᠨ ᠡᠪ ᠬᠠᠮᠲᠤ ᠨᠠᠮ ᠶᠠᠭᠠᠬᠢᠭᠠᠳ ᠴᠢᠳᠠᠬᠤ ᠪᠤᠢ᠂ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠶᠠᠭᠠᠬᠢᠭᠠᠳ ᠰᠠᠶᠢᠨ ᠪᠠᠶᠢᠳᠠᠭ ᠪᠤᠢ ᠭᠡᠪᠡᠯ ᠡᠴᠦᠰ ᠤᠨ ᠡᠴᠦᠰ ᠲᠡᠭᠡᠨ ᠮᠠᠷᠺᠰ ᠤᠨ ᠦᠵᠡᠯ ᠰᠠᠶᠢᠨ ᠪᠠᠶᠢᠬᠤ᠂ ᠳᠤᠮᠳᠠᠳᠤ | ᠤᠯᠤᠰᠴᠢᠯᠠᠭᠰᠠᠨ ᠴᠠᠭ ᠦᠶᠡᠴᠢᠯᠡᠭᠰᠡᠨ ᠮᠠᠷᠺᠰ ᠤᠨ ᠦᠵᠡᠯ ᠰᠠᠶᠢᠨ ᠪᠠᠶᠢᠬᠤ ᠳᠤ ᠪᠤᠢ ᠭᠡᠳᠡᠭ ᠢ ᠦᠢᠯᠡᠳᠦᠯᠭᠡ ᠪᠢᠳᠡᠨ ᠳᠤ ᠬᠡᠯᠡᠵᠦ ᠥᠭᠪᠡ᠃ ᠮᠠᠷᠺᠰ ᠤᠨ | ᠦᠵᠡᠯ ᠤᠨ ᠰᠢᠨᠵᠢᠯᠡᠬᠦ ᠤᠬᠠᠭᠠᠨᠴᠢ ᠤᠨᠤᠯ ᠤᠨ ᠵᠢᠯᠣᠭᠤᠳᠤᠯᠭ᠎ᠠ ᠲᠠᠢ ᠪᠠᠶᠢᠬᠤ ᠪᠣᠯ ᠮᠠᠨ ᠤ ᠨᠠᠮ ᠤᠨ ᠢᠲᠡᠭᠡᠯ ᠪᠢᠰᠢᠷᠡᠯ ᠢᠶᠠᠨ ᠪᠠᠲᠤᠳᠬᠠᠵᠤ᠂ ᠲᠡᠦᠬᠡ ᠶᠢᠨ | ᠰᠠᠨᠠᠭᠠᠴᠢᠯᠠᠭᠠᠲᠤ ᠡᠷᠬᠡ ᠶᠢ ᠡᠵᠡᠮᠳᠡᠬᠦ ᠶᠢᠨ ᠦᠨᠳᠦᠰᠦ ᠪᠣᠯᠣᠨ᠎ᠠ᠃ | ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠶᠢ ᠠᠬᠢᠭᠤᠯᠬᠤ ᠪᠣᠯ ᠦᠨᠡᠨ ᠶᠣᠰᠣ ᠶᠢ ᠬᠥᠭᠡᠭᠡᠴᠡᠯᠳᠦᠬᠦ᠂ ᠦᠨᠡᠨ ᠶᠣᠰᠣ ᠶᠢ | ᠢᠯᠡᠷᠡᠭᠦᠯᠭᠦ᠂ ᠦᠨᠡᠨ ᠶᠣᠰᠣ ᠶᠢ ᠪᠠᠲᠤᠲᠠᠢ ᠬᠡᠷᠡᠭᠵᠢᠭᠦᠯᠬᠦ ᠶᠠᠪᠤᠴᠠ ᠮᠥᠨ᠃ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠤᠯᠤᠰ ᠤᠨ ᠳᠣᠲᠣᠭᠠᠳᠤ | ᠭᠠᠳᠠᠭᠠᠳᠤ ᠶᠢᠨ ᠪᠠᠶᠢᠳᠠᠯ ᠤᠨ ᠰᠢᠨ᠎ᠡ ᠬᠤᠪᠢᠷᠠᠯᠲᠠ ᠪᠠ ᠦᠢᠯᠡᠳᠦᠯᠭᠡ ᠶᠢᠨ ᠰᠢᠨ᠎ᠡ ᠱᠠᠭᠠᠷᠳᠠᠯᠭ᠎ᠠ ᠨᠢ ᠪᠢᠳᠡᠨ ᠤ ᠤᠨᠤᠯ ᠪᠠ ᠦᠢᠯᠡᠳᠦᠯᠭᠡ ᠶᠢᠨ ᠤᠶᠠᠯᠳᠤᠯ ᠤᠨ | ᠲᠠᠯ᠎ᠠ ᠠᠴᠠ ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ᠂ ᠨᠠᠮ ᠤᠨ ᠲᠦᠷᠦ ᠶᠢ ᠵᠠᠰᠠᠵᠤ ᠵᠠᠰᠠᠭ ᠢ ᠡᠷᠭᠢᠯᠡᠭᠦ ᠳᠤ ᠬᠤᠯᠪᠣᠭᠳᠠᠬᠤ ᠠᠯᠢ ᠤᠯᠠᠨ | ᠴᠢᠬᠤᠯᠠ ᠶᠡᠭᠡ ᠴᠠᠭ ᠦᠶ᠎ᠡ ᠶᠢᠨ ᠰᠡᠳᠦᠪ ᠲᠤ ᠭᠦᠨᠵᠡᠭᠡᠢ ᠬᠠᠷᠢᠭᠤᠯᠲᠠ ᠥᠭᠬᠦ ᠶᠢ ᠲᠤᠯᠭᠠᠮ ᠱᠠᠭᠠᠷᠳᠠᠵᠤ ᠪᠠᠶᠢᠨ᠎ᠠ᠃ ᠮᠠᠨ ᠤ ᠨᠠᠮ ᠵᠣᠷᠢᠭᠲᠠᠢ ᠪᠠᠷ ᠤᠨᠤᠯ ᠤᠨ | ᠰᠦᠪᠡᠭᠴᠢᠯᠡᠯᠲᠡ ᠪᠠ ᠰᠢᠨ᠎ᠡ ᠡᠭᠦᠳᠦᠯᠲᠡ ᠬᠢᠵᠦ᠂ ᠴᠣ ᠰᠢᠨ᠎ᠡ ᠬᠠᠷᠠᠭᠠᠰᠤ ᠠᠴᠠ ᠡᠪ ᠬᠠᠮᠲᠤ ᠨᠠᠮ ᠤᠨ ᠲᠦᠷᠦ ᠪᠠᠷᠢᠬᠤ ᠵᠢᠮ᠎ᠡ ᠶᠣᠰᠣ᠂ ᠨᠡᠶᠢᠭᠡᠮ ᠵᠢᠷᠤᠮ ᠤᠨ | ᠪᠦᠲᠦᠭᠡᠨ ᠪᠠᠶᠢᠭᠤᠯᠤᠯᠲᠠ ᠶᠢᠨ ᠵᠢᠮ᠎ᠡ ᠶᠣᠰᠣ᠂ ᠬᠥᠮᠥᠨ ᠲᠥᠷᠥᠯᠬᠢᠲᠡᠨ ᠤ ᠨᠡᠶᠢᠭᠡᠮ ᠤᠨ ᠬᠥᠭᠵᠢᠯᠲᠡ ᠶᠢᠨ ᠵᠢᠮ᠎ᠡ ᠶᠣᠰᠣᠨ ᠤ ᠲᠤᠬᠠᠢ ᠲᠠᠨᠢᠯᠲᠠ ᠪᠠᠨ | ᠭᠦᠨᠵᠡᠭᠡᠶᠢᠷᠡᠭᠦᠯᠵᠦ᠂ ᠴᠢᠬᠤᠯᠠ ᠶᠡᠭᠡ ᠤᠨᠤᠯ ᠤᠨ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠣᠯᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠭᠠᠨ ᠲᠥᠪᠯᠡᠷᠡᠩᠭᠦᠢ ᠢᠯᠡᠷᠡᠭᠦᠯᠪᠡ᠃ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ | ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠭᠦᠳᠡ ᠬᠤᠷᠠᠯ ᠠᠴᠠ ᠳᠤᠷᠠᠳᠤᠭᠰᠠᠨ ︽ᠠᠷᠪᠠ ᠶᠢ ᠲᠣᠳᠣᠷᠬᠠᠶᠢᠯᠠᠬᠤ︾᠂ ︽ᠠᠷᠪᠠᠨ ᠳᠥᠷᠪᠡ ᠶᠢ | ᠪᠠᠷᠢᠮᠲᠠᠯᠠᠬᠤ︾᠂ ︽ᠠᠷᠪᠠᠨ ᠭᠤᠷᠪᠠᠨ ᠲᠠᠯ᠎ᠠ ᠶᠢᠨ ᠠᠮᠵᠢᠯᠲᠠ ᠪᠦᠲᠦᠮᠵᠢ︾ ᠳᠤ ᠡᠨᠡ ᠬᠦ ᠦᠵᠡᠯ ᠰᠠᠨᠠᠭᠠᠨ ᠤ ᠭᠤᠣᠯ ᠠᠭᠤᠯᠭ᠎ᠠ ᠶᠢ ᠬᠤᠷᠢᠶᠠᠩᠭᠤᠶᠢᠯᠠᠪᠠ᠂ | ᠡᠷᠬᠡᠪᠰᠢ ᠣᠷᠳᠣ ᠬᠤᠭᠤᠴᠠᠭ᠎ᠠ ᠪᠠᠷ ᠪᠠᠷᠢᠮᠲᠠᠯᠠᠬᠤ ᠶᠢᠨ ᠬᠠᠮᠲᠤ ᠲᠠᠰᠤᠷᠠᠯᠲᠠ ᠦᠭᠡᠢ ᠪᠠᠶᠠᠯᠢᠭᠵᠢᠭᠤᠯᠤᠨ ᠬᠥᠭᠵᠢᠭᠦᠯᠬᠦ ᠬᠡᠷᠡᠭᠲᠡᠢ᠃ | ᠵᠦᠪᠭᠡᠨ ᠮᠠᠷᠺᠰ ᠤᠨ ᠦᠵᠡᠯ ᠤᠨ ᠦᠨᠳᠦᠰᠦᠨ ᠤᠭ ᠶᠣᠰᠣ ᠶᠢ ᠳᠤᠮᠳᠠᠳᠤ ᠤᠯᠤᠰ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠳᠤᠮᠳᠠᠳᠤ ᠶᠢᠨ ᠰᠢᠯᠢᠳᠡᠭ | ᠤᠯᠠᠮᠵᠢᠯᠠᠯᠲᠤ ᠰᠣᠶᠣᠯ ᠲᠠᠢ ᠤᠶᠠᠯᠳᠤᠭᠤᠯᠵᠤ᠂ ᠬᠤᠪᠢᠰᠤᠩᠭᠤᠢ ᠪᠣᠳᠠᠰᠴᠢ ᠦᠵᠡᠯ ᠪᠠ ᠲᠡᠦᠬᠡ ᠶᠢᠨ ᠪᠣᠳᠠᠰᠴᠢ ᠦᠵᠡᠯ ᠢ ᠬᠡᠷᠡᠭᠯᠡᠬᠦ ᠶᠢ ᠪᠠᠷᠢᠮᠲᠠᠯᠠᠪᠠᠯ ᠰᠠᠶ᠋ᠢ ᠴᠠᠭ | ᠦᠶ᠎ᠡ ᠪᠠ ᠦᠢᠯᠡᠳᠦᠯᠭᠡ ᠶᠢᠨ ᠳᠤᠷᠠᠳᠤᠭᠰᠠᠨ ᠴᠢᠬᠤᠯᠠ ᠶᠡᠭᠡ ᠠᠰᠠᠭᠤᠯᠳᠠ ᠳᠤ ᠵᠥᠪ ᠬᠠᠷᠢᠭᠤᠯᠲᠠ ᠥᠭᠴᠦ᠂ ᠰᠠᠶ᠋ᠢ ᠮᠠᠷᠺᠰ ᠤᠨ ᠦᠵᠡᠯ ᠤᠨ ᠴᠤᠭ ᠪᠠᠳᠠᠷᠠᠩᠭᠤᠢ | ᠠᠮᠢᠵᠢᠷᠠᠯ ᠤᠨ ᠬᠦᠴᠦᠨ ᠪᠠ ᠥᠷᠨᠢᠭᠦᠨ ᠪᠠᠳᠠᠷᠠᠩᠭᠤᠢ ᠠᠮᠢᠳᠤ ᠰᠣᠷᠭᠤᠭ ᠬᠦᠴᠦᠨ ᠢ ᠢᠮᠠᠭᠲᠠ ᠪᠠᠲᠤᠯᠠᠵᠤ ᠴᠢᠳᠠᠨ᠎ᠠ ᠭᠡᠳᠡᠭ ᠢ ᠳᠤᠮᠳᠠᠳᠤ ᠤᠯᠤᠰ ᠤᠨ ᠡᠪ | ᠬᠠᠮᠲᠤᠴᠤᠳ ᠭᠦᠨᠵᠡᠭᠡᠢ ᠲᠠᠨᠢᠵᠤ ᠣᠯᠣᠭᠰᠠᠨ ᠪᠠᠶᠢᠨ᠎ᠠ᠃ | ᠮᠠᠷᠺᠰ ᠤᠨ ᠦᠵᠡᠯ ᠢ ᠪᠠᠷᠢᠮᠲᠠᠯᠠᠨ ᠬᠥᠭᠵᠢᠭᠦᠯᠬᠦ ᠳᠤ ᠡᠷᠬᠡᠪᠰᠢ ᠳᠤᠮᠳᠠᠳᠤ ᠤᠯᠤᠰ ᠤᠨ ᠪᠣᠳᠠᠲᠤ ᠪᠠᠶᠢᠳᠠᠯ ᠲᠠᠢ ᠤᠶᠠᠯᠳᠤᠭᠤᠯᠬᠤ ᠬᠡᠷᠡᠭᠲᠡᠢ᠃ ᠪᠢᠳᠡ | ᠮᠠᠷᠺᠰ ᠤᠨ ᠦᠵᠡᠯ ᠢᠶᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ ᠪᠠᠶᠢᠭ᠎ᠠ ᠨᠢ ᠲᠡᠭᠦᠨ ᠤ ᠰᠢᠨᠵᠢᠯᠡᠬᠦ ᠤᠬᠠᠭᠠᠨᠴᠢ ᠶᠢᠷᠲᠢᠨᠴᠦ ᠶᠢᠨ ᠦᠵᠡᠯᠲᠡ ᠪᠠ ᠠᠷᠭ᠎ᠠ ᠶᠢᠨ | ᠤᠨᠤᠯ ᠢᠶᠠᠷ ᠳᠤᠮᠳᠠᠳᠤ ᠤᠯᠤᠰ ᠤᠨ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ ᠶᠤᠮ᠂ ᠬᠠᠷᠢᠨ ᠲᠡᠭᠦᠨ ᠤ ᠪᠣᠳᠠᠲᠠᠢ ᠳ᠋ᠦᠩᠨᠡᠯᠲᠡ ᠪᠠ ᠦᠭᠡ ᠥᠭᠦᠯᠡᠪᠦᠷᠢ ᠶᠢ | ᠴᠡᠭᠡᠵᠢᠯᠡᠬᠦ ᠪᠠ ᠳᠠᠪᠲᠠᠬᠤ ᠶᠢᠨ ᠲᠥᠯᠥᠭᠡ ᠪᠢᠰᠢ᠂ ᠨᠡᠩ ᠴᠤ ᠮᠠᠷᠺᠰ ᠤᠨ ᠦᠵᠡᠯ ᠢ ᠬᠡᠵᠢᠶᠡᠳᠡ ᠬᠤᠪᠢᠷᠠᠰᠢ ᠦᠭᠡᠢ ᠨᠣᠮᠯᠠᠯ ᠪᠤᠯᠭᠠᠵᠤ ᠪᠤᠯᠬᠤ ᠦᠭᠡᠢ᠃ ᠪᠢᠳᠡ | ᠡᠷᠬᠡᠪᠰᠢ ᠦᠵᠡᠯ ᠰᠠᠨᠠᠭ᠎ᠠ ᠪᠠᠨ ᠴᠢᠯᠦᠭᠡᠯᠡᠬᠦ᠂ ᠦᠨᠡᠨ ᠠᠴᠠ ᠵᠥᠪ ᠢ ᠡᠷᠢᠬᠦ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠬᠤ᠂ ᠦᠨᠡᠨ ᠢ ᠪᠠᠷᠢᠮᠲᠠᠯᠠᠨ ᠪᠣᠳᠠᠲᠠᠢ ᠶᠢ | ᠡᠷᠭᠢᠮᠯᠡᠭᠦ ᠶᠢ ᠪᠠᠷᠢᠮᠲᠠᠯᠠᠵᠤ᠂ ᠠᠯᠢᠪᠠ ᠪᠦᠭᠦᠨ ᠳᠤ ᠪᠣᠳᠠᠲᠠᠢ ᠠᠴᠠ ᠡᠭᠦᠰᠴᠦ᠂ ᠰᠢᠨ᠎ᠡ ᠴᠠᠭ ᠦᠶ᠎ᠡ ᠶᠢᠨ ᠥᠭᠡᠷᠡᠴᠢᠯᠡᠯᠲᠡ ᠨᠡᠭᠡᠭᠡᠯᠲᠡ ᠪᠠ ᠨᠡᠶᠢᠭᠡᠮ ᠵᠢᠷᠤᠮ ᠤᠨ | ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠶᠢ ᠠᠩᠬᠠᠷᠴᠤ᠂ ᠳᠤᠮᠳᠠᠳᠤ ᠤᠯᠤᠰ ᠤᠨ ᠠᠰᠠᠭᠤᠯᠲᠠ᠂ ᠳᠡᠯᠡᠬᠡᠢ ᠶᠢᠨ | ᠠᠰᠠᠭᠤᠯᠲᠠ᠂ ᠠᠷᠠᠳ ᠲᠦᠮᠡᠨ ᠤ ᠠᠰᠠᠭᠤᠯᠲᠠ᠂ ᠴᠠᠭ ᠦᠶ᠎ᠡ ᠶᠢᠨ ᠠᠰᠠᠭᠤᠯᠲᠠ ᠳᠤ ᠲᠠᠰᠤᠷᠠᠯᠳᠠ ᠦᠭᠡᠢ ᠬᠠᠷᠢᠭᠤᠯᠲᠠ ᠥᠭᠴᠦ᠂ ᠳᠤᠮᠳᠠᠳᠤ ᠤᠯᠤᠰ ᠤᠨ | ᠪᠣᠳᠠᠲᠤ ᠪᠠᠶᠢᠳᠠᠯ ᠪᠠ ᠴᠠᠭ ᠦᠶ᠎ᠡ ᠶᠢᠨ ᠱᠠᠭᠠᠷᠳᠠᠯᠭ᠎ᠠ ᠳᠤ ᠨᠡᠶᠢᠴᠡᠭᠰᠡᠨ ᠵᠥᠪ ᠬᠠᠷᠢᠭᠤᠯᠲᠠ ᠥᠭᠴᠦ᠂ ᠪᠤᠰᠤᠳᠴᠢ ᠵᠢᠮ᠎ᠡ ᠶᠣᠰᠣᠨ ᠳᠤ ᠨᠡᠶᠢᠴᠡᠭᠰᠡᠨ ᠰᠢᠨᠵᠢᠯᠡᠬᠦ | ᠤᠬᠠᠭᠠᠨᠴᠢ ᠲᠠᠨᠢᠯᠲᠠ ᠶᠢ ᠳ᠋ᠦᠩᠨᠡᠵᠦ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠭᠰᠠᠨ ᠤᠨᠤᠯ ᠤᠨ ᠦᠷ᠎ᠡ ᠪᠦᠲᠦᠭᠡᠯ ᠢ ᠪᠤᠢ ᠪᠤᠯᠭᠠᠵᠤ᠂ ᠳᠤᠮᠳᠠᠳᠤ ᠤᠯᠤᠰ ᠤᠨ | ᠦᠢᠯᠡᠳᠦᠯᠭᠡ ᠶᠢ ᠨᠡᠩ ᠰᠠᠶᠢᠲᠤᠷ ᠵᠢᠯᠤᠭᠤᠳᠬᠤ ᠬᠡᠷᠡᠭᠲᠡᠢ᠃ | ᠮᠠᠷᠺᠰ ᠤᠨ ᠦᠵᠡᠯ ᠢ ᠪᠠᠷᠢᠮᠲᠠᠯᠠᠨ ᠬᠥᠭᠵᠢᠭᠦᠯᠬᠦ ᠳᠤ ᠡᠷᠬᠡᠪᠰᠢ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠲᠠᠢ ᠤᠶᠠᠯᠳᠤᠭᠤᠯᠬᠤ ᠬᠡᠷᠡᠭᠲᠡᠢ᠃ | ᠵᠦᠪᠭᠡᠨ ᠲᠤᠰ ᠤᠯᠤᠰ᠂ ᠲᠤᠰ ᠦᠨᠳᠦᠰᠦᠲᠡᠨ ᠤ ᠲᠡᠦᠬᠡ ᠰᠣᠶᠣᠯ ᠤᠨ ᠥᠩ ᠰᠢᠮᠡᠯᠢᠭ ᠬᠥᠷᠥᠰᠥᠨ ᠳᠤ ᠦᠨᠳᠦᠰᠦᠯᠡᠪᠡᠯ ᠰᠠᠶ᠋ᠢ ᠮᠠᠷᠺᠰ ᠤᠨ ᠦᠵᠡᠯ ᠤᠨ ᠦᠨᠡᠨ | ᠶᠣᠰᠣᠨ ᠤ ᠮᠣᠳᠣ ᠦᠨᠳᠦᠰᠦ ᠭᠦᠨ ᠨᠠᠪᠴᠢ ᠰᠠᠬᠤᠯᠢᠭ ᠪᠠᠶᠢᠵᠤ ᠴᠢᠳᠠᠨ᠎ᠠ᠃ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠪᠣᠯ ᠥᠨᠢ ᠤᠳᠠᠭᠠᠨ | ᠤᠯᠠᠮᠵᠢᠯᠠᠯ ᠲᠠᠢ᠂ ᠥᠷᠭᠡᠨ ᠳᠡᠯᠭᠡᠷ ᠭᠦᠨ ᠭᠦᠨᠵᠡᠭᠡᠢ ᠪᠠᠶᠢᠳᠠᠭ᠂ ᠲᠡᠷᠡ ᠪᠣᠯ ᠳᠤᠮᠳᠠᠳᠤ ᠶᠢᠨ ᠪᠣᠯᠪᠠᠰᠤᠨ ᠤ ᠤᠶᠤᠨ ᠤᠬᠠᠭᠠᠨ ᠤ ᠤᠭᠢ ᠲᠠᠯᠠᠰᠲᠤ ᠮᠥᠨ᠂ | ᠲᠡᠭᠦᠨ ᠳᠤ ᠠᠭᠤᠯᠤᠭᠳᠠᠵᠤ ᠪᠠᠶᠢᠭ᠎ᠠ ᠲᠦᠷᠦ ᠶᠢᠨ ᠡᠷᠬᠡ ᠶᠢ ᠲᠦᠮᠡᠨ ᠤ ᠬᠢ ᠪᠤᠯᠭᠠᠬᠤ᠂ ᠠᠷᠠᠳ ᠲᠦᠮᠡᠨ ᠢᠶᠠᠷ ᠤᠯᠤᠰ ᠣᠷᠣᠨ ᠤ ᠦᠨᠳᠦᠰᠦ ᠪᠤᠯᠭᠠᠬᠤ᠂ | ᠤᠯᠤᠰ ᠢ ᠶᠣᠰᠣ ᠮᠣᠷᠠᠯ ᠢᠶᠠᠷ ᠵᠠᠰᠠᠬᠤ᠂ ᠬᠠᠭᠤᠴᠢᠨ ᠢ ᠥᠭᠡᠷᠡᠴᠢᠯᠡᠵᠦ ᠰᠢᠨ᠎ᠡ ᠶᠢ ᠪᠠᠶᠢᠭᠤᠯᠬᠤ᠂ ᠡᠷᠳᠡᠮᠲᠡᠨ ᠮᠡᠷᠭᠡᠳ ᠢ ᠯᠡ ᠬᠡᠷᠡᠭᠯᠡᠬᠦ᠂ ᠲᠡᠭᠷᠢ ᠬᠥᠮᠥᠨ ᠨᠢᠭᠡᠳᠭᠦ | ᠂ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ᠂ ᠶᠣᠰᠣ ᠮᠣᠷᠠᠯ ᠢ ᠡᠷᠬᠢᠮᠯᠡᠨ ᠡᠭᠦᠷᠭᠡ ᠬᠠᠷᠢᠭᠤᠴᠠᠯᠭ᠎ᠠ ᠡᠭᠦᠷᠭᠡᠯᠡᠬᠦ᠂ ᠢᠲᠡᠭᠡᠯ ᠢ ᠡᠷᠬᠢᠮᠯᠡᠨ ᠡᠪ ᠨᠠᠶᠢᠷ ᠢ ᠡᠷᠭᠢᠮᠯᠡᠭᠦ | ᠂ ᠬᠥᠷᠰᠢ ᠵᠡᠷᠭᠡᠯᠡᠳᠡᠭᠡ ᠲᠠᠢ ᠪᠠᠨ ᠳᠣᠲᠣᠨᠣ ᠨᠥᠭᠦᠷᠰᠡᠭ ᠢᠶᠠᠷ ᠶᠠᠪᠤᠯᠴᠠᠬᠤ ᠵᠡᠷᠭᠡ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠤᠷᠳᠤ ᠬᠤᠭᠤᠴᠠᠭᠠᠨ ᠤ | ᠦᠢᠯᠡᠳᠪᠦᠷᠢᠯᠡᠯ ᠠᠮᠢᠳᠤᠷᠠᠯ ᠤᠨ ᠳᠤᠮᠳᠠ ᠬᠤᠷᠠᠮᠳᠤᠭᠤᠯᠤᠭᠰᠠᠨ ᠣᠷᠴᠢᠯᠠᠩ ᠤᠨ ᠦᠵᠡᠯᠲᠡ᠂ ᠶᠢᠷᠲᠢᠨᠴᠦ ᠶᠢᠨ ᠦᠵᠡᠯᠲᠡ᠂ ᠨᠡᠶᠢᠭᠡᠮ ᠤᠨ ᠦᠵᠡᠯᠲᠡ᠂ ᠶᠣᠰᠣ | ᠰᠤᠷᠲᠠᠬᠤᠨ ᠤ ᠦᠵᠡᠯᠲᠡ ᠶᠢᠨ ᠴᠢᠬᠤᠯᠠ ᠢᠯᠡᠷᠡᠯ ᠮᠥᠨ᠂ ᠲᠡᠷᠡ ᠨᠢ ᠰᠢᠨᠵᠢᠯᠡᠬᠦ ᠤᠬᠠᠭᠠᠨ ᠤ ᠨᠡᠶᠢᠭᠡᠮ ᠵᠢᠷᠤᠮ ᠤᠨ ᠦᠷᠳᠡᠭ ᠤᠨ ᠦᠵᠡᠯᠲᠡ ᠶᠢᠨ ᠵᠣᠷᠢᠯᠲᠠ ᠲᠠᠢ | ᠳᠡᠭᠡᠳᠦ ᠬᠡᠮᠵᠢᠶ᠎ᠡ ᠪᠠᠷ ᠵᠣᠬᠢᠴᠠᠬᠤ ᠴᠢᠨᠠᠷ ᠲᠠᠢ᠃ ᠪᠢᠳᠡ ᠡᠷᠬᠡᠪᠰᠢ ᠲᠡᠦᠬᠡ ᠶᠢᠨ ᠢᠲᠡᠭᠡᠯ᠂ ᠰᠣᠶᠣᠯ ᠤᠨ ᠢᠲᠡᠭᠡᠯ ᠢᠶᠠᠨ ᠪᠠᠲᠤᠳᠬᠠᠵᠤ᠂ ᠡᠷᠲᠡᠨ ᠤ ᠬᠢ ᠶᠢ | ᠡᠳᠦᠭᠡ ᠳᠤ ᠦᠢᠯᠡᠴᠢᠯᠡᠭᠦᠯᠬᠦ᠂ ᠬᠠᠭᠤᠴᠢᠨ ᠢ ᠤᠷᠭᠢᠵᠤ ᠰᠢᠨ᠎ᠡ ᠶᠢ ᠡᠭᠦᠳᠭᠦ ᠶᠢ ᠪᠠᠷᠢᠮᠲᠠᠯᠠᠵᠤ᠂ ᠮᠠᠷᠺᠰ ᠤᠨ ᠦᠵᠡᠯ ᠤᠨ ᠦᠵᠡᠯ ᠰᠠᠨᠠᠭᠠᠨ ᠤ ᠤᠭᠢ ᠰᠣᠳᠣ ᠶᠢ | ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠤᠭᠢ ᠰᠣᠳᠣ ᠲᠠᠢ ᠨᠠᠪᠲᠠᠷᠡᠭᠦᠯᠵᠦ᠂ ᠠᠷᠠᠳ ᠤᠯᠠᠨ ᠤ ᠡᠳᠦᠷ ᠲᠤᠳᠤᠮ ᠤᠨ ᠬᠡᠷᠡᠭᠯᠡᠭᠡᠨ ᠳᠤ ᠬᠡᠷᠡᠭᠯᠡᠳᠡᠭ | ᠠᠳᠠᠯ᠎ᠠ ᠦᠯᠦ ᠢᠯᠡᠷᠡᠭᠦᠯᠦᠭᠰᠡᠨ ᠬᠠᠮᠲᠤ ᠶᠢᠨ ᠦᠷᠳᠡᠭ ᠤᠨ ᠦᠵᠡᠯᠲᠡ ᠲᠠᠢ ᠠᠭᠤᠰᠤᠯᠴᠠᠭᠤᠯᠵᠤ᠂ ᠰᠢᠨᠵᠢᠯᠡᠬᠦ ᠤᠬᠠᠭᠠᠨᠴᠢ ᠤᠨᠤᠯ ᠳᠤ ᠢᠯᠡ ᠲᠣᠳᠣ ᠳᠤᠮᠳᠠᠳᠤ | ᠤᠯᠤᠰ ᠤᠨ ᠣᠨᠴᠠᠯᠢᠭ ᠢ ᠲᠠᠰᠤᠷᠠᠯᠳᠠ ᠦᠭᠡᠢ ᠣᠯᠭᠤᠵᠤ᠂ ᠮᠠᠷᠺᠰ ᠤᠨ ᠦᠵᠡᠯ ᠤᠨ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠲᠡᠦᠬᠡ ᠶᠢᠨ ᠰᠠᠭᠤᠷᠢ ᠪᠠ | ᠤᠯᠠᠨ ᠲᠦᠮᠡᠨᠴᠢ ᠰᠠᠭᠤᠷᠢ ᠶᠢ ᠲᠠᠰᠤᠷᠠᠯᠳᠠ ᠦᠭᠡᠢ ᠪᠠᠬᠢᠵᠢᠭᠦᠯᠵᠦ᠂ ᠮᠠᠷᠺᠰ ᠤᠨ ᠦᠵᠡᠯ ᠢ ᠳᠤᠮᠳᠠᠳᠤ ᠤᠯᠤᠰ ᠲᠤ ᠪᠠᠲᠤ ᠦᠨᠳᠦᠰᠦᠯᠡᠭᠦᠯᠬᠦ ᠬᠡᠷᠡᠭᠲᠡᠢ᠃ | ᠦᠢᠯᠡᠳᠦᠯᠭᠡ ᠬᠢᠵᠠᠭᠠᠷ ᠦᠭᠡᠢ᠂ ᠤᠨᠤᠯ ᠤᠨ ᠰᠢᠨ᠎ᠡ ᠶᠢ ᠡᠭᠦᠳᠭᠦ ᠴᠦ ᠬᠢᠵᠠᠭᠠᠷ ᠦᠭᠡᠢ ᠶᠤᠮ᠃ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ | ᠦᠶᠡᠴᠢᠯᠡᠬᠦ ᠰᠢᠨ᠎ᠡ ᠬᠠᠭᠤᠳᠠᠰᠤ ᠶᠢ ᠲᠠᠰᠤᠷᠠᠯᠳᠠ ᠦᠭᠡᠢ ᠪᠢᠴᠢᠭᠯᠡᠬᠦ ᠪᠣᠯ ᠤᠳᠤ ᠦᠶ᠎ᠡ ᠶᠢᠨ ᠳᠤᠮᠳᠠᠳᠤ ᠤᠯᠤᠰ ᠤᠨ ᠡᠪ ᠬᠠᠮᠲᠤᠴᠤᠳ ᠤᠨ ᠲᠥᠪ ᠴᠢᠩᠭ᠎ᠠ | ᠲᠡᠦᠬᠡᠲᠦ ᠬᠠᠷᠢᠭᠤᠴᠠᠯᠭ᠎ᠠ ᠮᠥᠨ᠃ ᠦᠢᠯᠡᠳᠦᠯᠭᠡ ᠶᠢᠨ ᠰᠠᠭᠤᠷᠢᠨ ᠳᠡᠭᠡᠷᠡᠬᠢ ᠤᠨᠤᠯ ᠤᠨ ᠰᠢᠨ᠎ᠡ ᠶᠢ ᠡᠭᠦᠳᠭᠦ ᠶᠢ ᠦᠷᠭᠦᠯᠵᠢᠯᠡᠨ ᠠᠬᠢᠭᠤᠯᠬᠤ ᠳᠤ᠂ ᠶᠠᠭᠤᠨ ᠤ | ᠡᠮᠦᠨ᠎ᠡ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠶᠢᠷᠲᠢᠨᠴᠦ ᠶᠢᠨ ᠦᠵᠡᠯᠲᠡ ᠪᠠ ᠠᠷᠭ᠎ᠠ ᠶᠢᠨ | ᠤᠨᠤᠯ ᠢ ᠰᠠᠶᠢᠲᠤᠷ ᠡᠵᠡᠮᠳᠡᠵᠦ᠂ ᠲᠡᠭᠦᠨ ᠳᠤ ᠲᠤᠭᠤᠰᠢᠯᠠᠭᠳᠠᠵᠤ ᠪᠠᠶᠢᠭ᠎ᠠ ᠵᠣᠭᠰᠣᠯᠲᠠ ᠦᠵᠡᠯᠲᠡ ᠠᠷᠭ᠎ᠠ ᠶᠢ ᠰᠠᠶᠢᠲᠤᠷ ᠪᠠᠷᠢᠮᠲᠠᠯᠠᠨ ᠰᠠᠶᠢᠲᠤᠷ ᠬᠡᠷᠡᠭᠯᠡᠬᠦ ᠬᠡᠷᠡᠭᠲᠡᠢ | ᠃ | — ᠡᠷᠬᠡᠪᠰᠢ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠬᠤ ᠬᠡᠷᠡᠭᠲᠡᠢ᠃ ᠠᠷᠠᠳᠴᠢ ᠴᠢᠨᠠᠷ ᠪᠣᠯ ᠮᠠᠷᠺᠰ ᠤᠨ ᠦᠵᠡᠯ ᠤᠨ ᠮᠥᠨ ᠴᠢᠨᠠᠷ ᠤᠨ ᠰᠢᠨᠵᠢ | ᠮᠥᠨ᠂ ᠨᠠᠮ ᠤᠨ ᠤᠨᠤᠯ ᠪᠣᠯ ᠠᠷᠠᠳ ᠲᠦᠮᠡᠨ ᠠᠴᠠ ᠢᠷᠡᠵᠦ᠂ ᠠᠷᠠᠳ ᠲᠦᠮᠡᠨ ᠤ ᠲᠥᠯᠥᠭᠡ᠂ ᠠᠷᠠᠳ ᠲᠦᠮᠡᠨ ᠳᠤ ᠪᠤᠶᠠᠨ ᠦᠢᠯᠡᠳᠭᠦ ᠤᠨᠤᠯ ᠮᠥᠨ᠂ ᠠᠷᠠᠳ | ᠲᠦᠮᠡᠨ ᠤ ᠪᠦᠲᠦᠭᠡᠯᠴᠢ ᠴᠢᠨᠠᠷᠲᠠᠢ ᠦᠢᠯᠡᠳᠦᠯᠭᠡ ᠪᠣᠯ ᠤᠨᠤᠯ ᠤᠨ ᠰᠢᠨ᠎ᠡ ᠡᠭᠦᠳᠦᠯᠲᠡ ᠶᠢᠨ ᠰᠢᠷᠭᠢᠰᠢ ᠦᠭᠡᠢ ᠡᠬᠢ ᠪᠤᠯᠠᠭ ᠮᠥᠨ᠃ ᠠᠷᠠᠳ ᠲᠦᠮᠡᠨ ᠠᠴᠠ | ᠰᠠᠯᠤᠩᠬᠢᠷᠠᠭᠰᠠᠨ ᠠᠯᠢᠪᠠ ᠤᠨᠤᠯ ᠴᠥᠮ ᠬᠡᠢ ᠬᠤᠭᠤᠰᠤᠨ ᠬᠦᠴᠦᠨ ᠦᠭᠡᠢ ᠶᠤᠮ᠂ ᠠᠷᠠᠳ ᠲᠦᠮᠡᠨ ᠳᠤ ᠪᠤᠶᠠᠨ ᠦᠢᠯᠡᠳᠭᠦ ᠦᠭᠡᠢ ᠠᠯᠢᠪᠠ ᠤᠨᠤᠯ ᠴᠥᠮ | ᠠᠮᠢᠵᠢᠷᠠᠯ ᠤᠨ ᠬᠦᠴᠦᠨ ᠦᠭᠡᠢ ᠶᠤᠮ᠃ ᠪᠢᠳᠡ ᠠᠷᠠᠳ ᠲᠦᠮᠡᠨ ᠤ ᠵᠣᠭᠰᠣᠯᠲᠠ ᠳᠤ ᠪᠠᠲᠤ ᠵᠣᠭᠰᠣᠵᠤ᠂ ᠠᠷᠠᠳ ᠲᠦᠮᠡᠨ ᠤ ᠬᠦᠰᠡᠯ ᠡᠷᠡᠮᠡᠯᠵᠡᠯ ᠢ ᠡᠵᠡᠮᠳᠡᠵᠦ᠂ | ᠠᠷᠠᠳ ᠲᠦᠮᠡᠨ ᠤ ᠡᠭᠦᠳᠦᠨ ᠪᠦᠲᠦᠭᠡᠯᠲᠡ ᠶᠢ ᠭᠦᠨᠳᠦᠳᠭᠡᠵᠦ᠂ ᠠᠷᠠᠳ ᠲᠦᠮᠡᠨ ᠤ ᠤᠶᠤᠨ ᠤᠬᠠᠭᠠᠨ ᠢ ᠲᠥᠪᠯᠡᠷᠡᠭᠦᠯᠵᠦ᠂ ᠠᠷᠠᠳ ᠲᠦᠮᠡᠨ ᠳᠤ | ᠲᠠᠭᠠᠰᠢᠶᠠᠭᠳᠠᠭᠰᠠᠨ᠂ ᠮᠡᠳᠡᠷᠡᠭᠳᠡᠭᠰᠡᠨ᠂ ᠡᠵᠡᠮᠰᠢᠭᠳᠡᠭᠰᠡᠨ ᠤᠨᠤᠯ ᠢ ᠪᠤᠢ ᠪᠤᠯᠭᠠᠵᠤ᠂ ᠲᠡᠭᠦᠨ ᠢ ᠠᠷᠠᠳ ᠲᠦᠮᠡᠨ ᠤ ᠶᠢᠷᠲᠢᠨᠴᠦ ᠶᠢ ᠲᠠᠨᠢᠬᠤ ᠪᠠ ᠶᠢᠷᠲᠢᠨᠴᠦ ᠶᠢ | ᠥᠭᠡᠷᠡᠴᠢᠯᠡᠬᠦ ᠶᠢ ᠵᠢᠯᠤᠭᠤᠳᠬᠤ ᠬᠦᠴᠦᠷᠬᠡᠭ ᠶᠡᠭᠡ ᠦᠵᠡᠯ ᠰᠠᠨᠠᠭᠠᠨ ᠤ ᠵᠡᠪᠰᠡᠭ ᠪᠤᠯᠭᠠᠬᠤ ᠬᠡᠷᠡᠭᠲᠡᠢ᠃ | — ᠡᠷᠬᠡᠪᠰᠢ ᠢᠲᠡᠭᠡᠯ ᠵᠣᠷᠢᠭ ᠲᠠᠢ ᠪᠠᠶᠢᠵᠤ ᠪᠡᠶ᠎ᠡ ᠪᠠᠨ ᠳᠠᠭᠠᠭᠠᠬᠤ ᠶᠢ ᠪᠠᠷᠢᠮᠲᠠᠯᠠᠬᠤ ᠬᠡᠷᠡᠭᠲᠡᠢ᠃ ᠳᠤᠮᠳᠠᠳᠤ ᠤᠯᠤᠰ ᠤᠨ ᠠᠷᠠᠳ ᠲᠦᠮᠡᠨ ᠪᠣᠯᠣᠨ | ᠳᠤᠮᠳᠠᠳᠤ ᠶᠢᠨ ᠦᠨᠳᠦᠰᠦᠲᠡᠨ ᠣᠶᠢᠷ᠎ᠠ ᠦᠶ᠎ᠡ ᠠᠴᠠ ᠨᠠᠭᠠᠰᠢᠬᠢ ᠬᠦᠨᠳᠦ ᠬᠡᠴᠡᠭᠦᠦ ᠭᠠᠰᠠᠯᠠᠩ ᠵᠣᠪᠠᠯᠠᠩ ᠠᠴᠠ ᠠᠭᠤᠤ ᠶᠡᠭᠡ ᠰᠡᠷᠭᠦᠨ ᠮᠠᠨᠳᠤᠯᠲᠠ ᠶᠢᠨ ᠭᠡᠭᠡᠨ | ᠰᠠᠷᠠᠭᠤᠯ ᠢᠷᠡᠭᠡᠳᠦᠢ ᠲᠡᠶᠢᠰᠢ ᠤᠷᠤᠭᠰᠢᠯᠠᠭᠰᠠᠨ ᠨᠢ ᠶᠡᠷᠦ ᠠᠴᠠ ᠬᠢᠴᠢᠶᠡᠯ ᠤᠨ ᠪᠢᠴᠢᠭ ᠭᠡᠵᠦ ᠪᠠᠶᠢᠬᠤ ᠦᠭᠡᠢ᠂ ᠨᠡᠩ ᠴᠤ ᠪᠡᠯᠡᠨ ᠬᠠᠷᠢᠭᠤᠯᠲᠠ ᠭᠡᠵᠦ ᠦᠭᠡᠢ | ᠶᠤᠮ᠃ ᠨᠠᠮ ᠤᠨ ᠵᠠᠭᠤᠨ ᠵᠢᠯ ᠤᠨ ᠲᠡᠮᠡᠴᠡᠯ ᠤᠨ ᠠᠮᠵᠢᠯᠲᠠ ᠲᠠᠢ ᠵᠠᠮ ᠢ ᠪᠣᠯ ᠨᠠᠮ ᠠᠴᠠ ᠠᠷᠠᠳ ᠲᠦᠮᠡᠨ ᠢ ᠤᠳᠤᠷᠢᠳᠤᠨ ᠪᠡᠶ᠎ᠡ ᠪᠠᠨ ᠳᠠᠭᠠᠭᠠᠵᠤ ᠡᠵᠡᠨ ᠮᠡᠳᠡᠨ | ᠰᠦᠪᠡᠭᠴᠢᠯᠡᠵᠦ ᠪᠠᠶᠢᠭᠠᠳ ᠨᠡᠭᠡᠭᠡᠭᠰᠡᠨ ᠶᠤᠮ᠂ ᠮᠠᠷᠺᠰ ᠤᠨ ᠦᠵᠡᠯ ᠤᠨ ᠳᠤᠮᠳᠠᠳᠤ ᠤᠯᠤᠰ ᠤᠨ ᠬᠠᠭᠤᠳᠠᠰᠤ ᠶᠢ ᠪᠣᠯ ᠳᠤᠮᠳᠠᠳᠤ ᠤᠯᠤᠰ ᠤᠨ ᠡᠪ ᠬᠠᠮᠲᠤᠴᠤᠳ | ᠥᠪᠡᠷ ᠤᠨ ᠬᠦᠴᠦᠨ ᠳᠡᠭᠡᠨ ᠲᠦᠰᠢᠭᠯᠡᠨ ᠦᠢᠯᠡᠳᠦᠯᠭᠡᠵᠢᠭᠦᠯᠵᠦ ᠪᠠᠶᠢᠭᠠᠳ ᠨᠡᠭᠡᠭᠡᠭᠰᠡᠨ ᠶᠤᠮ᠂ ᠡᠭᠦᠨ ᠳᠤ ᠲᠤᠭᠤᠰᠢᠯᠠᠭᠳᠠᠵᠤ ᠪᠠᠶᠢᠭ᠎ᠠ ᠨᠢᠭᠡᠨ ᠦᠨᠳᠦᠰᠦᠨ ᠵᠦᠢᠯ | ᠪᠣᠯ ᠳᠠᠷᠤᠢ ᠳᠤᠮᠳᠠᠳᠤ ᠤᠯᠤᠰ ᠤᠨ ᠠᠰᠠᠭᠤᠳᠠᠯ ᠢ ᠡᠷᠬᠡᠪᠰᠢ ᠳᠤᠮᠳᠠᠳᠤ ᠤᠯᠤᠰ ᠤᠨ ᠦᠨᠳᠦᠰᠦᠨ ᠪᠠᠶᠢᠳᠠᠯ ᠠᠴᠠ ᠡᠭᠦᠰᠴᠦ᠂ ᠳᠤᠮᠳᠠᠳᠤᠴᠤᠳ ᠥᠪᠡᠷ ᠢᠶᠠᠨ | ᠬᠠᠷᠢᠭᠤᠯᠬᠤ ᠬᠡᠷᠡᠭᠲᠡᠢ᠃ ᠪᠢᠳᠡ ᠮᠠᠷᠺᠰ ᠤᠨ ᠦᠵᠡᠯ ᠤᠨ ᠲᠤᠬᠠᠢ ᠡᠷᠡᠰ ᠪᠠᠲᠤ ᠢᠲᠡᠭᠡᠯ ᠪᠢᠰᠢᠷᠡᠯ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠲᠤᠬᠠᠢ ᠡᠷᠡᠰ ᠪᠠᠲᠤ ᠢᠲᠡᠭᠡᠯ ᠵᠣᠷᠢᠭ ᠢ ᠪᠠᠷᠢᠮᠲᠠᠯᠠᠵᠤ᠂ ᠵᠠᠮ ᠤᠨ ᠢᠲᠡᠭᠡᠯ᠂ ᠤᠨᠤᠯ ᠤᠨ ᠢᠲᠡᠭᠡᠯ᠂ ᠪᠠᠶᠢᠭᠤᠯᠤᠯ ᠤᠨ ᠢᠲᠡᠭᠡᠯ᠂ ᠰᠣᠶᠣᠯ ᠤᠨ ᠢᠲᠡᠭᠡᠯ ᠢᠶᠠᠨ | ᠪᠠᠲᠤᠳᠬᠠᠵᠤ᠂ ᠨᠡᠩ ᠢᠳᠡᠪᠬᠢᠲᠡᠢ ᠲᠡᠦᠬᠡ ᠶᠢᠨ ᠡᠭᠦᠷᠭᠡᠯᠡᠯ ᠪᠠ ᠡᠭᠦᠳᠦᠨ ᠪᠦᠲᠦᠭᠡᠬᠦ ᠵᠣᠷᠢᠭ ᠰᠠᠨᠠᠭ᠎ᠠ ᠪᠠᠷ ᠮᠠᠷᠺᠰ ᠤᠨ ᠦᠵᠡᠯ ᠢ ᠬᠥᠭᠵᠢᠭᠦᠯᠬᠦ ᠳᠤ ᠰᠢᠨ᠎ᠡ ᠬᠤᠪᠢ | ᠨᠡᠮᠡᠷᠢ ᠦᠵᠡᠭᠦᠯᠭᠦ ᠬᠡᠷᠡᠭᠲᠡᠢ᠂ ᠵᠠᠪᠢ ᠳᠡᠭᠡᠷ᠎ᠡ ᠲᠡᠮᠳᠡᠭ ᠲᠠᠯᠪᠢᠵᠤ ᠵᠢᠪᠦᠭᠰᠡᠨ ᠰᠡᠯᠡᠮ᠎ᠡ ᠪᠠᠨ ᠡᠷᠢᠬᠦ᠂ ᠲᠦᠭᠵᠢᠮᠡᠯ ᠬᠥᠰᠢᠭᠦᠨ ᠪᠠᠶᠢᠵᠤ ᠪᠤᠯᠬᠤ ᠦᠭᠡᠢ ᠮᠥᠷᠲᠡᠭᠡᠨ | ᠪᠠᠰᠠ ᠲᠡᠷᠡ ᠬᠡᠪ ᠢᠶᠠᠷ ᠨᠢ ᠬᠠᠭᠤᠯᠤᠨ ᠨᠡᠭᠦᠯᠭᠡᠵᠦ᠂ ᠭᠠᠳᠠᠭᠠᠳᠤ ᠶᠢᠨ ᠲᠤᠷᠰᠢᠯᠭ᠎ᠠ ᠶᠢ ᠲᠡᠷᠡ ᠬᠡᠪ ᠢᠶᠠᠷ ᠨᠢ ᠨᠡᠭᠦᠯᠭᠡᠨ ᠠᠪᠴᠢᠷᠠᠵᠤ ᠵᠠᠳᠠᠯᠤᠯᠲᠠ ᠬᠢᠵᠦ | ᠬᠠᠷᠢᠴᠠᠭᠤᠯᠬᠤ ᠦᠭᠡᠢ ᠪᠠᠶᠢᠵᠤ ᠪᠤᠯᠬᠤ ᠦᠭᠡᠢ᠃ | — ᠡᠷᠬᠡᠪᠰᠢ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠭᠦ ᠶᠢ ᠪᠠᠷᠢᠮᠲᠠᠯᠠᠬᠤ ᠬᠡᠷᠡᠭᠲᠡᠢ᠃ ᠪᠢᠳᠡᠨ ᠤ ᠬᠢᠵᠦ ᠪᠠᠶᠢᠭ᠎ᠠ ᠪᠣᠯ ᠤᠷᠢᠳ ᠡᠮᠦᠨ᠎ᠡ ᠪᠠᠶᠢᠭ᠎ᠠ | ᠦᠭᠡᠢ ᠠᠭᠤᠤ ᠶᠡᠭᠡ ᠦᠢᠯᠡᠰ ᠮᠥᠨ᠂ ᠲᠥᠪ ᠶᠣᠰᠣ ᠶᠢ ᠪᠠᠷᠢᠮᠲᠠᠯᠠᠪᠠᠯ ᠰᠠᠶ᠋ᠢ ᠴᠢᠭᠯᠡᠯ ᠢᠶᠠᠨ ᠠᠯᠳᠠᠬᠤ ᠦᠭᠡᠢ᠂ ᠨᠤᠷᠠᠭᠠᠯᠲᠠ ᠶᠢᠨ ᠴᠢᠨᠠᠷᠲᠠᠢ ᠠᠯᠳᠠᠭ᠎ᠠ ᠭᠠᠷᠭᠠᠬᠤ | ᠦᠭᠡᠢ ᠪᠠᠶᠢᠵᠤ ᠴᠢᠳᠠᠨ᠎ᠠ᠂ ᠰᠢᠨ᠎ᠡ ᠶᠢ ᠡᠭᠦᠳᠪᠡᠯ ᠰᠠᠶ᠋ᠢ ᠴᠠᠭ ᠦᠶ᠎ᠡ ᠶᠢ ᠡᠵᠡᠮᠳᠡᠵᠦ᠂ ᠴᠠᠭ ᠦᠶ᠎ᠡ ᠶᠢ ᠬᠥᠲᠥᠯᠥᠨ ᠳᠠᠭᠠᠭᠤᠯᠵᠤ ᠴᠢᠳᠠᠨ᠎ᠠ᠃ ᠪᠢᠳᠡ ᠰᠢᠨᠵᠢᠯᠡᠬᠦ | ᠤᠬᠠᠭᠠᠨᠴᠢ ᠣᠪᠣᠷ ᠢᠶᠠᠷ ᠰᠢᠨᠵᠢᠯᠡᠬᠦ ᠤᠬᠠᠭᠠᠨ ᠳᠤ ᠬᠠᠨᠳᠤᠵᠤ᠂ ᠦᠨᠡᠨ ᠶᠣᠰᠣᠨ ᠤ ᠵᠣᠷᠢᠭ ᠰᠠᠨᠠᠭ᠎ᠠ ᠪᠠᠷ ᠦᠨᠡᠨ ᠶᠣᠰᠣ ᠶᠢ ᠬᠥᠭᠡᠭᠡᠴᠡᠯᠳᠦᠵᠦ᠂ ᠮᠠᠷᠺᠰ ᠤᠨ | ᠦᠵᠡᠯ ᠤᠨ ᠦᠨᠳᠦᠰᠦᠨ ᠤᠭ ᠶᠣᠰᠣ ᠶᠢ ᠭᠤᠶᠢᠪᠢᠰᠢ ᠦᠭᠡᠢ ᠪᠠᠷᠢᠮᠲᠠᠯᠠᠵᠤ᠂ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠭᠤᠶᠢᠪᠢᠰᠢ ᠦᠭᠡᠢ ᠪᠠᠷᠢᠮᠲᠠᠯᠠᠵᠤ᠂ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠭᠤᠶᠢᠪᠢᠰᠢ ᠦᠭᠡᠢ ᠪᠠᠷᠢᠮᠲᠠᠯᠠᠵᠤ᠂ ᠴᠠᠭ ᠦᠶ᠎ᠡ ᠶᠢᠨ ᠠᠯᠬᠤᠭ᠎ᠠ ᠶᠢ ᠰᠠᠯᠤᠯ ᠦᠭᠡᠢ ᠳᠠᠭᠠᠵᠤ᠂ | ᠦᠢᠯᠡᠳᠦᠯᠭᠡ ᠶᠢᠨ ᠬᠥᠭᠵᠢᠯᠲᠡ ᠲᠠᠢ ᠵᠣᠬᠢᠴᠠᠵᠤ᠂ ᠬᠡᠬᠦᠳᠡᠭ ᠳᠦᠭᠦᠷᠡᠩ ᠬᠠᠯᠠᠭᠤᠨ ᠰᠡᠳᠬᠢᠯᠭᠡ ᠪᠠᠷ ᠠᠯᠢᠪᠠ ᠰᠢᠨ᠎ᠡ ᠬᠡᠷᠡᠭ ᠪᠣᠳᠠᠰ ᠲᠤ ᠬᠠᠨᠳᠤᠵᠤ᠂ | ᠲᠠᠨᠢᠯᠲᠠ ᠶᠢᠨ ᠥᠷᠭᠡᠴᠡ ᠪᠠ ᠭᠦᠨᠴᠡ ᠶᠢ ᠲᠠᠰᠤᠷᠠᠯᠲᠠ ᠦᠭᠡᠢ ᠥᠷᠭᠡᠳᠬᠡᠵᠦ᠂ ᠤᠷᠢᠳᠤᠬᠢ ᠬᠥᠮᠥᠰ ᠤᠨ ᠬᠡᠯᠡᠵᠦ ᠥᠩᠭᠡᠷᠡᠭᠰᠡᠨ ᠦᠭᠡᠢ ᠰᠢᠨ᠎ᠡ ᠦᠭᠡ ᠶᠢ | ᠵᠣᠷᠢᠭᠲᠠᠢ ᠬᠡᠯᠡᠵᠦ᠂ ᠤᠷᠢᠳᠤᠬᠢ ᠬᠥᠮᠥᠰ ᠤᠨ ᠬᠢᠵᠦ ᠥᠩᠭᠡᠷᠡᠭᠰᠡᠨ ᠦᠭᠡᠢ ᠶᠠᠪᠤᠳᠠᠯ ᠢ ᠵᠣᠷᠢᠭᠲᠠᠢ ᠬᠢᠵᠦ᠂ ᠰᠢᠨ᠎ᠡ ᠤᠨᠤᠯ ᠢᠶᠠᠷ ᠰᠢᠨ᠎ᠡ ᠦᠢᠯᠡᠳᠦᠯᠭᠡ ᠶᠢ | ᠵᠢᠯᠤᠭᠤᠳᠬᠤ ᠬᠡᠷᠡᠭᠲᠡᠢ᠃ | — ᠡᠷᠬᠡᠪᠰᠢ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠬᠤ ᠬᠡᠷᠡᠭᠲᠡᠢ᠃ ᠠᠰᠠᠭᠤᠳᠠᠯ ᠪᠣᠯ ᠴᠠᠭ ᠦᠶ᠎ᠡ ᠶᠢᠨ ᠲᠠᠭᠤᠨ ᠮᠥᠨ᠂ ᠠᠰᠠᠭᠤᠳᠠᠯ ᠢ | ᠬᠠᠷᠢᠭᠤᠯᠵᠤ ᠵᠢᠯᠣᠭᠤᠳᠤᠨ ᠰᠢᠢᠳᠪᠦᠷᠢᠯᠡᠬᠦ ᠪᠣᠯ ᠤᠨᠤᠯ ᠤᠨ ᠦᠨᠳᠦᠰᠦᠨ ᠡᠭᠦᠷᠭᠡ ᠮᠥᠨ᠃ ᠥᠨᠥᠳᠥᠷ ᠪᠢᠳᠡᠨ ᠳᠤ ᠲᠤᠯᠭᠠᠷᠠᠵᠤ ᠪᠠᠶᠢᠭ᠎ᠠ ᠠᠰᠠᠭᠤᠳᠠᠯ ᠤᠨ | ᠪᠤᠳᠤᠯᠢᠶᠠᠨᠲᠤ ᠬᠡᠮᠵᠢᠶ᠎ᠡ᠂ ᠠᠰᠠᠭᠤᠳᠠᠯ ᠢ ᠰᠢᠢᠳᠪᠦᠷᠢᠯᠡᠬᠦ ᠪᠡᠷᠬᠡ ᠶᠢᠨ ᠬᠡᠮᠵᠢᠶ᠎ᠡ ᠢᠯᠡᠳᠲᠡ ᠨᠡᠮᠡᠭᠳᠡᠵᠦ᠂ ᠤᠨᠤᠯ ᠤᠨ ᠰᠢᠨ᠎ᠡ ᠡᠭᠦᠳᠦᠯᠲᠡ ᠳᠤ ᠴᠣ ᠰᠢᠨ᠎ᠡ | ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ ᠪᠢᠳᠡ ᠠᠰᠠᠭᠤᠳᠠᠯ ᠤᠨ ᠲᠤᠬᠠᠢ ᠤᠬᠠᠮᠰᠠᠷ ᠢᠶᠠᠨ ᠴᠢᠩᠭᠠᠳᠬᠠᠵᠤ᠂ ᠦᠢᠯᠡᠳᠦᠯᠭᠡ ᠳᠤ ᠲᠤᠯᠭᠠᠷᠠᠭᠰᠠᠨ ᠰᠢᠨ᠎ᠡ ᠠᠰᠠᠭᠤᠳᠠᠯ | ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠳᠤᠮᠳᠠ ᠣᠷᠣᠰᠢᠵᠤ ᠪᠠᠶᠢᠭ᠎ᠠ ᠭᠦᠨ ᠳᠠᠪᠬᠤᠷᠭ᠎ᠠ ᠶᠢᠨ ᠠᠰᠠᠭᠤᠳᠠᠯ᠂ ᠠᠷᠠᠳ ᠤᠯᠠᠨ ᠤ ᠪᠠᠴᠢᠮᠳᠠᠵᠤ ᠲᠦᠪᠡᠭᠳᠡᠵᠦ | ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ᠂ ᠤᠯᠠᠨ ᠤᠯᠤᠰ ᠤᠨ ᠬᠤᠪᠢᠷᠠᠯᠲᠠ ᠶᠢᠨ ᠳᠤᠮᠳᠠᠬᠢ ᠴᠢᠬᠤᠯᠠ ᠶᠡᠭᠡ ᠠᠰᠠᠭᠤᠳᠠᠯ᠂ ᠨᠠᠮ ᠤᠨ ᠪᠠᠶᠢᠭᠤᠯᠤᠯᠲᠠ ᠳᠤ | ᠲᠤᠯᠭᠠᠷᠠᠵᠤ ᠪᠠᠶᠢᠭ᠎ᠠ ᠲᠣᠪᠣᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠰᠠᠭᠤᠳᠠᠯ ᠢ ᠦᠨᠡᠨ ᠬᠦ ᠰᠢᠢᠳᠪᠦᠷᠢᠯᠡᠬᠦ ᠰᠢᠨ᠎ᠡ ᠣᠶᠢᠯᠠᠭᠠᠭᠳᠠᠬᠤᠨ ᠰᠢᠨ᠎ᠡ | ᠰᠡᠳᠬᠢᠴᠡ ᠰᠢᠨ᠎ᠡ ᠠᠷᠭ᠎ᠠ ᠶᠢ ᠲᠠᠰᠤᠷᠠᠯᠳᠠ ᠦᠭᠡᠢ ᠳᠤᠷᠠᠳᠤᠨ ᠭᠠᠷᠭᠠᠬᠤ ᠬᠡᠷᠡᠭᠲᠡᠢ᠃ | — ᠡᠷᠬᠡᠪᠰᠢ ᠰᠢᠰᠲ᠋ᠧᠮᠲᠦ ᠦᠵᠡᠯᠲᠡ ᠶᠢ ᠪᠠᠷᠢᠮᠲᠠᠯᠠᠬᠤ ᠬᠡᠷᠡᠭᠲᠡᠢ᠃ ᠲᠦᠮᠡᠨ ᠬᠡᠷᠡᠭ ᠪᠣᠳᠠᠰ ᠬᠠᠷᠢᠯᠴᠠᠨ ᠬᠤᠯᠪᠣᠯᠳᠤᠵᠤ᠂ ᠬᠠᠷᠢᠯᠴᠠᠨ ᠲᠦᠰᠢᠭᠯᠡᠯᠴᠡᠨ | ᠣᠷᠣᠰᠢᠵᠤ ᠪᠠᠶᠢᠳᠠᠭ᠃ ᠭᠠᠭᠴᠠ ᠬᠦ ᠲᠦᠭᠡᠮᠡᠯ ᠬᠤᠯᠪᠤᠭ᠎ᠠ ᠲᠠᠢ᠂ ᠪᠦᠭᠦ ᠲᠠᠯ᠎ᠠ ᠶᠢᠨ ᠰᠢᠰᠲ᠋ᠧᠮᠲᠦ᠂ ᠬᠥᠭᠵᠢᠯᠲᠡ ᠬᠤᠪᠢᠷᠠᠯᠲᠠ ᠶᠢᠨ ᠦᠵᠡᠯᠲᠡ ᠪᠠᠷ ᠬᠡᠷᠡᠭ | ᠪᠣᠳᠠᠰ ᠢ ᠠᠵᠢᠭᠯᠠᠪᠠᠯ ᠰᠠᠶ᠋ᠢ ᠬᠡᠷᠡᠭ ᠪᠣᠳᠠᠰ ᠤᠨ ᠬᠥᠭᠵᠢᠯᠲᠡ ᠶᠢᠨ ᠵᠢᠮ᠎ᠡ ᠶᠣᠰᠣ ᠶᠢ ᠡᠵᠡᠮᠰᠢᠵᠦ ᠴᠢᠳᠠᠨ᠎ᠠ᠃ ᠮᠠᠨ ᠤ ᠤᠯᠤᠰ ᠪᠣᠯ ᠨᠢᠭᠡᠨ ᠬᠥᠭᠵᠢᠵᠦ ᠪᠠᠶᠢᠭ᠎ᠠ | ᠲᠣᠮᠣ ᠤᠯᠤᠰ ᠮᠥᠨ᠂ ᠮᠥᠨ ᠯᠡ ᠨᠡᠶᠢᠭᠡᠮ ᠵᠢᠷᠤᠮ ᠤᠨ ᠠᠩᠬᠠᠨ ᠤ ᠱᠠᠲᠤᠨ ᠳᠤ ᠣᠷᠣᠰᠢᠵᠤ᠂ ᠶᠠᠭ ᠨᠡᠶᠢᠭᠡᠮ ᠤᠨ ᠥᠷᠭᠡᠨ ᠳᠡᠯᠭᠡᠷ ᠪᠥᠭᠡᠳ ᠭᠦᠨ ᠭᠦᠨᠵᠡᠭᠡᠢ | ᠬᠤᠪᠢᠰᠤᠯᠲᠠ ᠶᠢ ᠥᠩᠭᠡᠷᠡᠭᠡᠵᠦ ᠪᠠᠶᠢᠨ᠎ᠠ᠂ ᠥᠭᠡᠷᠡᠴᠢᠯᠡᠯᠲᠡ ᠬᠥᠭᠵᠢᠯᠲᠡ ᠶᠢ ᠲᠦᠯᠬᠢᠨ ᠠᠬᠢᠭᠤᠯᠬᠤ᠂ ᠠᠰᠢᠭ ᠲᠤᠰᠠ ᠶᠢᠨ ᠬᠠᠷᠢᠴᠠᠭ᠎ᠠ ᠶᠢ ᠲᠣᠬᠢᠷᠠᠭᠤᠯᠬᠤ ᠨᠢ | ᠶᠡᠷᠦ ᠠᠴᠠ ᠲᠤᠶᠢᠯ ᠤᠨ ᠪᠠᠭ᠎ᠠ ᠬᠡᠰᠡᠭ ᠢ ᠭᠦᠨᠳᠡᠪᠡᠯ ᠪᠦᠭᠦ ᠲᠠᠯ᠎ᠠ ᠶᠢ ᠨᠥᠯᠥᠭᠡᠯᠡᠵᠦ ᠮᠡᠳᠡᠨ᠎ᠠ᠃ ᠪᠢᠳᠡ ᠲᠡᠦᠬᠡ ᠪᠠᠷ ᠳᠠᠮᠵᠢᠭᠤᠯᠤᠨ ᠪᠣᠳᠠᠲᠤ ᠪᠠᠶᠢᠳᠠᠯ ᠢ ᠦᠵᠡᠵᠦ᠂ | ᠦᠵᠡᠭᠳᠡᠯ ᠢᠶᠠᠷ ᠳᠠᠮᠵᠢᠭᠤᠯᠤᠨ ᠮᠥᠨ ᠴᠢᠨᠠᠷ ᠢ ᠦᠵᠡᠬᠦ ᠳᠡᠭᠡᠨ ᠴᠢᠳᠠᠮᠠᠭᠠᠢ ᠪᠠᠶᠢᠵᠤ᠂ ᠪᠦᠭᠦ ᠲᠠᠯ᠎ᠠ ᠪᠠ ᠬᠡᠰᠡᠭ ᠲᠠᠯ᠎ᠠ᠂ ᠣᠳᠣᠬᠠᠨ ᠪᠠ ᠠᠯᠤᠰ ᠭᠡᠳᠦ᠂ ᠬᠤᠷᠸ᠎ᠠ | ᠪᠠ ᠬᠤᠮᠠᠬᠢ᠂ ᠭᠤᠣᠯ ᠵᠥᠷᠢᠴᠡᠯ ᠪᠠ ᠳᠡᠳ᠋ ᠵᠥᠷᠢᠴᠡᠯ᠂ ᠣᠨᠴᠠᠭᠠᠢ ᠪᠠ ᠡᠩ ᠤᠨ ᠬᠠᠷᠢᠴᠠᠭ᠎ᠠ ᠶᠢ ᠰᠠᠶᠢᠲᠤᠷ ᠡᠵᠡᠮᠳᠡᠵᠦ᠂ ᠪᠠᠶᠢᠯᠳᠤᠬᠤ ᠪᠣᠳᠣᠯᠭ᠎ᠠ ᠶᠢᠨ ᠰᠡᠳᠬᠢᠬᠦᠢ | ᠂ ᠲᠡᠦᠬᠡ ᠶᠢᠨ ᠰᠡᠳᠬᠢᠬᠦᠢ᠂ ᠬᠤᠪᠢᠰᠤᠩᠭᠤᠢ ᠰᠡᠳᠬᠢᠬᠦᠢ᠂ ᠰᠢᠰᠲ᠋ᠧᠮᠲᠦ ᠰᠡᠳᠬᠢᠬᠦᠢ᠂ ᠰᠢᠨ᠎ᠡ ᠶᠢ ᠡᠭᠦᠳᠭᠦ ᠰᠡᠳᠬᠢᠬᠦᠢ᠂ ᠬᠠᠤᠯᠢ ᠪᠠᠷ ᠵᠠᠰᠠᠬᠤ ᠰᠡᠳᠬᠢᠬᠦᠢ᠂ | ᠬᠤᠷᠢᠭ᠎ᠠ ᠱᠤᠭᠤᠮ ᠤᠨ ᠰᠡᠳᠬᠢᠬᠦᠢ ᠶᠢᠨ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠠᠷᠠᠯᠠᠯᠲᠦ ᠴᠢᠨᠠᠷᠲᠠᠢ ᠪᠠᠷ ᠰᠡᠳᠭᠢᠭᠦ᠂ ᠪᠦᠭᠦ ᠲᠠᠯ᠎ᠠ ᠶᠢᠨ | ᠴᠢᠨᠠᠷᠲᠠᠢ ᠪᠠᠷ ᠲᠥᠯᠥᠪᠯᠡᠬᠦ᠂ ᠪᠦᠬᠦᠯᠢ ᠴᠣᠭᠴᠠ ᠶᠢᠨ ᠴᠢᠨᠠᠷᠲᠠᠢ ᠪᠠᠷ ᠨᠠᠮ ᠪᠠ ᠤᠯᠤᠰ ᠤᠨ ᠡᠯ᠎ᠡ ᠵᠦᠢᠯ ᠤᠨ ᠠᠵᠢᠯ ᠦᠢᠯᠡᠰ ᠢ ᠠᠬᠢᠭᠤᠯᠬᠤ ᠳᠤ ᠰᠢᠨᠵᠢᠯᠡᠬᠦ | ᠤᠬᠠᠭᠠᠨᠴᠢ ᠦᠵᠡᠯ ᠰᠠᠨᠠᠭᠠᠨ ᠤ ᠠᠷᠭ᠎ᠠ ᠶᠢ ᠬᠠᠩᠭᠠᠬᠤ ᠬᠡᠷᠡᠭᠲᠡᠢ᠃ | — ᠡᠷᠬᠡᠪᠰᠢ ᠬᠡᠬᠦᠳᠡᠭ ᠴᠡᠭᠡᠵᠢᠨ ᠳᠡᠭᠡᠨ ᠳᠡᠯᠡᠬᠡᠢ ᠳ᠋ᠠᠬᠢᠨ ᠢ ᠪᠠᠭᠲᠠᠭᠠᠬᠤ ᠶᠢ ᠪᠠᠷᠢᠮᠲᠠᠯᠠᠬᠤ ᠬᠡᠷᠡᠭᠲᠡᠢ᠃ ᠳᠤᠮᠳᠠᠳᠤ ᠤᠯᠤᠰ ᠤᠨ ᠡᠪ ᠬᠠᠮᠲᠤ ᠨᠠᠮ ᠪᠣᠯ | ᠳᠤᠮᠳᠠᠳᠤ ᠤᠯᠤᠰ ᠤᠨ ᠠᠷᠠᠳ ᠲᠦᠮᠡᠨ ᠳᠤ ᠵᠣᠯ ᠵᠢᠷᠭᠠᠯ ᠣᠯᠭᠤᠵᠤ᠂ ᠳᠤᠮᠳᠠᠳᠤ ᠶᠢᠨ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠨᠠᠮ ᠮᠥᠨ᠂ | ᠪᠠᠰᠠ ᠴᠤ ᠬᠥᠮᠥᠨ ᠲᠥᠷᠥᠯᠬᠢᠲᠡᠨ ᠤ ᠲᠠᠪᠰᠢᠯᠳᠠ ᠶᠢᠨ ᠲᠥᠯᠥᠭᠡ᠂ ᠳᠡᠯᠡᠬᠡᠢ ᠳ᠋ᠠᠬᠢᠨ ᠤ ᠡᠪ ᠨᠢᠭᠡᠳᠦᠯ ᠤᠨ ᠲᠥᠯᠥᠭᠡ ᠴᠢᠷᠮᠠᠶᠢᠬᠤ ᠨᠠᠮ ᠮᠥᠨ᠃ ᠪᠢᠳᠡ | ᠳᠡᠯᠡᠬᠡᠢ ᠶᠢᠨ ᠬᠠᠷᠠᠭ᠎ᠠ ᠪᠠᠨ ᠥᠷᠭᠡᠳᠬᠡᠵᠦ᠂ ᠬᠥᠮᠥᠨ ᠲᠥᠷᠥᠯᠬᠢᠲᠡᠨ ᠤ ᠬᠥᠭᠵᠢᠯᠲᠡ ᠲᠠᠪᠰᠢᠯᠳᠠ ᠶᠢᠨ ᠤᠷᠤᠰᠬᠠᠯ ᠢ ᠭᠦᠨᠵᠡᠭᠡᠢ ᠠᠵᠢᠭᠯᠠᠵᠤ᠂ ᠡᠯ᠎ᠡ ᠤᠯᠤᠰ ᠤᠨ | ᠠᠷᠠᠳ ᠲᠦᠮᠡᠨ ᠤ ᠨᠡᠶᠢᠳᠡᠮ ᠠᠩᠬᠠᠷᠴᠤ ᠪᠠᠶᠢᠭ᠎ᠠ ᠠᠰᠠᠭᠤᠳᠠᠯ ᠳᠤ ᠢᠳᠡᠪᠬᠢᠲᠡᠢ ᠬᠠᠷᠢᠭᠤᠯᠲᠠ ᠥᠭᠴᠦ᠂ ᠬᠥᠮᠥᠨ ᠲᠥᠷᠥᠯᠬᠢᠲᠡᠨ ᠳᠤ ᠲᠤᠯᠭᠠᠷᠠᠵᠤ ᠪᠠᠶᠢᠭ᠎ᠠ | ᠬᠠᠮᠲᠤ ᠶᠢᠨ ᠠᠰᠠᠭᠤᠳᠠᠯ ᠢ ᠰᠢᠢᠳᠪᠦᠷᠢᠯᠡᠬᠦ ᠳᠤ ᠬᠤᠪᠢ ᠨᠡᠮᠡᠷᠢ ᠦᠵᠡᠭᠦᠯᠵᠦ᠂ ᠠᠨᠠᠪᠠᠳ ᠲᠠᠯᠠᠢ ᠤᠯᠠᠨ ᠤᠷᠤᠰᠬᠠᠯ ᠴᠢᠳᠬᠤᠯᠠᠩ ᠢ ᠠᠭᠤᠯᠬᠤ ᠠᠭᠤᠳᠠᠮᠴᠢ | ᠪᠠᠭᠲᠠᠭᠠᠮᠵᠢᠲᠠᠢ ᠬᠡᠬᠦᠳᠡᠭ ᠴᠡᠭᠡᠵᠢ ᠪᠠᠷ ᠬᠥᠮᠥᠨ ᠲᠥᠷᠥᠯᠬᠢᠲᠡᠨ ᠤ ᠠᠯᠢᠪᠠ ᠰᠢᠯᠢᠳᠡᠭ ᠪᠣᠯᠪᠠᠰᠤᠨ ᠤ ᠦᠷ᠎ᠡ ᠪᠦᠲᠦᠭᠡᠯ ᠢ ᠲᠣᠯᠢᠯᠠᠨ ᠰᠢᠩᠭᠡᠭᠡᠵᠦ᠂ ᠨᠡᠩ ᠰᠠᠶᠢᠨ | ᠰᠠᠶᠢᠬᠠᠨ ᠳᠡᠯᠡᠬᠡᠢ ᠶᠢᠷᠲᠢᠨᠴᠦ ᠶᠢ ᠪᠠᠶᠢᠭᠤᠯᠬᠤ ᠶᠢ ᠠᠬᠢᠭᠤᠯᠬᠤ ᠬᠡᠷᠡᠭᠲᠡᠢ᠃ | | | ᠭᠤᠷᠪᠠ᠂ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠠᠬᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠭᠦᠷᠭᠡ ᠬᠠᠷᠢᠭᠤᠴᠠᠯᠭ᠎ᠠ | ᠤᠳᠤ ᠠᠴᠠ ᠡᠬᠢᠯᠡᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠤᠣᠯ ᠡᠭᠦᠷᠭᠡ ᠪᠣᠯ ᠳᠠᠷᠤᠢ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ | ᠲᠦᠮᠡᠨ ᠢ ᠪᠦᠯᠬᠦᠮᠳᠡᠭᠦᠯᠦᠨ ᠳᠠᠭᠠᠭᠤᠯᠵᠤ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ ᠲᠠᠯ᠎ᠠ ᠪᠠᠷ ᠪᠡᠶᠡᠯᠡᠭᠦᠯᠵᠦ᠂ ᠬᠤᠶᠠᠳᠤᠭᠠᠷ ᠵᠠᠭᠤᠨ | ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ | ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠶᠠᠪᠤᠳᠠᠯ ᠪᠣᠯᠣᠨ᠎ᠠ᠃ | ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠢᠯᠠᠩᠭᠤᠶ᠎ᠠ ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠭᠠᠰᠢᠬᠢ ᠤᠷᠳᠤ ᠬᠤᠭᠤᠴᠠᠭᠠᠨ ᠤ ᠰᠦᠪᠡᠭᠴᠢᠯᠡᠯᠲᠡ ᠪᠠ | ᠦᠢᠯᠡᠳᠦᠯᠭᠡ ᠶᠢᠨ ᠰᠠᠭᠤᠷᠢᠨ ᠳᠡᠭᠡᠷ᠎ᠡ᠂ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠤᠨᠤᠯ ᠪᠠ ᠦᠢᠯᠡᠳᠦᠯᠭᠡ ᠶᠢᠨ ᠲᠠᠯ᠎ᠠ ᠪᠠᠷ ᠬᠢ ᠰᠢᠨ᠎ᠡ ᠶᠢ ᠡᠭᠦᠳᠭᠦ | ᠰᠢᠪᠲᠤᠯᠤᠯᠲᠠ ᠪᠠᠷ ᠳᠠᠮᠵᠢᠭᠠᠳ᠂ ᠮᠠᠨ ᠤ ᠨᠠᠮ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠮᠵᠢᠯᠲᠠ ᠲᠠᠢ ᠪᠠᠷ ᠲᠦᠯᠬᠢᠨ ᠠᠬᠢᠭᠤᠯᠵᠤ | ᠥᠷᠭᠡᠳᠬᠡᠭᠰᠡᠨ ᠪᠠᠶᠢᠨ᠎ᠠ᠃ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠭᠰᠠᠨ ᠨᠡᠶᠢᠭᠡᠮ ᠵᠢᠷᠤᠮ ᠤᠨ ᠣᠳᠣᠬᠢᠴᠢᠯᠠᠯᠲᠠ | ᠮᠥᠨ᠂ ᠡᠯ᠎ᠡ ᠤᠯᠤᠰ ᠤᠨ ᠣᠳᠣᠬᠢᠴᠢᠯᠠᠯᠲᠠ ᠶᠢᠨ ᠬᠠᠮᠲᠤ ᠶᠢᠨ ᠣᠨᠴᠠᠯᠢᠭ ᠲᠠᠢ ᠮᠥᠷᠲᠡᠭᠡᠨ ᠨᠡᠩ ᠴᠤ ᠥᠪᠡᠷ ᠤᠨ ᠤᠯᠤᠰ ᠤᠨ ᠪᠠᠶᠢᠳᠠᠯ ᠳᠠᠭᠠᠨ ᠰᠠᠭᠤᠷᠢᠯᠠᠭᠰᠠᠨ | ᠳᠤᠮᠳᠠᠳᠤ ᠤᠯᠤᠰ ᠤᠨ ᠣᠨᠴᠠᠯᠢᠭ ᠲᠠᠢ ᠶᠤᠮ᠃ | — ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠬᠥᠮᠥᠨ ᠠᠮᠠ ᠶᠢᠨ ᠬᠡᠪᠴᠢᠶ᠎ᠡ ᠪᠠᠷ ᠯᠤᠲᠤ ᠶᠡᠭᠡ ᠣᠳᠣᠬᠢᠴᠢᠯᠠᠯᠲᠠ ᠮᠥᠨ᠃ ᠮᠠᠨ ᠤ | ᠤᠯᠤᠰ ᠤᠨ ᠠᠷᠪᠠᠨ ᠲᠦᠷᠪᠡᠨ ᠳ᠋ᠦᠩᠰᠢᠭᠤᠷ ᠭᠠᠷᠤᠢ ᠬᠥᠮᠥᠨ ᠠᠮᠠ ᠪᠦᠬᠦᠶᠢᠯᠡ ᠴᠣᠭᠴᠠ ᠪᠠᠷ ᠣᠳᠣᠬᠢᠴᠢᠯᠠᠭᠰᠠᠨ ᠨᠡᠶᠢᠭᠡᠮ ᠳᠤ ᠲᠠᠪᠰᠢᠨ ᠣᠷᠣᠵᠤ᠂ ᠬᠡᠪᠴᠢᠶ᠎ᠡ | ᠨᠢ ᠤᠳᠤ ᠶᠢᠨ ᠬᠥᠭᠵᠢᠭᠰᠡᠨ ᠤᠯᠤᠰ ᠤᠨ ᠬᠥᠮᠥᠨ ᠠᠮᠠ ᠶᠢᠨ ᠨᠡᠶᠢᠯᠡᠪᠦᠷᠢ ᠠᠴᠠ ᠳᠠᠪᠠᠵᠤ᠂ ᠪᠡᠷᠬᠡ ᠬᠠᠲᠠᠭᠤᠵᠢᠯᠲᠤ ᠴᠢᠨᠠᠷ ᠪᠠ ᠪᠤᠳᠤᠯᠢᠶᠠᠨᠲᠤ ᠴᠢᠨᠠᠷ ᠨᠢ ᠤᠷᠢᠳ | ᠡᠮᠦᠨ᠎ᠡ ᠪᠠᠶᠢᠭ᠎ᠠ ᠦᠭᠡᠢ ᠪᠥᠭᠡᠳ ᠬᠥᠭᠵᠢᠯᠲᠡ ᠶᠢᠨ ᠠᠷᠭ᠎ᠠ ᠵᠠᠮ ᠪᠠ ᠲᠦᠯᠬᠢᠨ ᠠᠬᠢᠭᠤᠯᠬᠤ ᠠᠷᠭ᠎ᠠ ᠮᠠᠶ᠋ᠢᠭ ᠨᠢ ᠴᠦ ᠵᠠᠶᠢᠯᠠᠰᠢ ᠦᠭᠡᠢ ᠥᠪᠡᠷ ᠤᠨ ᠣᠨᠴᠠᠯᠢᠭ ᠲᠠᠢ | ᠪᠣᠯᠤᠭᠰᠠᠨ ᠪᠠᠶᠢᠨ᠎ᠠ᠃ ᠪᠢᠳᠡ ᠢᠮᠠᠭᠲᠠ ᠤᠯᠤᠰ ᠤᠨ ᠪᠠᠶᠢᠳᠠᠯ ᠠᠴᠠ ᠪᠠᠨ ᠡᠭᠦᠰᠦᠨ ᠠᠰᠠᠭᠤᠳᠠᠯ ᠢ ᠪᠣᠳᠣᠯᠬᠢᠯᠠᠵᠤ᠂ ᠰᠢᠢᠳᠪᠦᠷᠢᠲᠦ ᠪᠣᠳᠣᠯᠭ᠎ᠠ ᠲᠣᠭᠲᠠᠭᠠᠵᠤ᠂ | ᠤᠴᠢᠷ ᠶᠠᠪᠤᠳᠠᠯ ᠪᠦᠲᠦᠭᠡᠬᠦ ᠳᠡᠭᠡᠨ ᠴᠢᠳᠠᠯ ᠠᠴᠠ ᠪᠠᠨ ᠳᠡᠭᠡᠭᠦᠷ ᠰᠠᠨᠠᠭᠠᠷᠬᠠᠬᠤ ᠦᠭᠡᠢ ᠮᠥᠷᠲᠡᠭᠡᠨ ᠪᠠᠰᠠ ᠬᠠᠭᠤᠴᠢᠨ ᠵᠤᠷᠰᠢᠯ ᠢᠶᠠᠨ ᠦᠬᠦᠨ ᠪᠠᠷᠢᠮᠲᠠᠯᠠᠬᠤ ᠦᠭᠡᠢ | ᠪᠠᠶᠢᠵᠤ᠂ ᠲᠡᠦᠬᠡ ᠶᠢᠨ ᠲᠡᠰᠪᠦᠷᠢ ᠲᠡᠪᠴᠢᠶᠡᠷᠢ ᠶᠢ ᠪᠠᠲᠤᠯᠠᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ᠂ ᠠᠯᠬᠤᠮ ᠲᠠᠷᠠᠭ᠎ᠠ ᠲᠠᠢ ᠪᠠᠷ ᠤᠷᠤᠭᠰᠢᠯᠠᠬᠤ᠂ | ᠦᠷᠭᠦᠯᠵᠢᠯᠡᠨ ᠠᠬᠢᠭᠤᠯᠬᠤ ᠶᠢ ᠪᠠᠷᠢᠮᠲᠠᠯᠠᠨ᠎ᠠ᠃ | — ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠪᠦᠭᠦ ᠠᠷᠠᠳ ᠲᠦᠮᠡᠨ ᠤ ᠬᠠᠮᠲᠤ ᠪᠠᠷ ᠪᠠᠶᠠᠵᠢᠬᠤ ᠣᠳᠣᠬᠢᠴᠢᠯᠠᠯᠲᠠ ᠮᠥᠨ᠃ ᠬᠠᠮᠲᠤ ᠪᠠᠷ | ᠪᠠᠶᠠᠵᠢᠬᠤ ᠪᠣᠯ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠮᠥᠨ ᠴᠢᠨᠠᠷ ᠤᠨ ᠱᠠᠭᠠᠷᠳᠠᠯᠭ᠎ᠠ ᠮᠥᠨ᠂ ᠪᠠᠰᠠ ᠴᠤ ᠨᠢᠭᠡᠨ ᠤᠷᠳᠤ | ᠬᠤᠭᠤᠴᠠᠭᠠᠨ ᠤ ᠲᠡᠦᠬᠡᠨ ᠶᠠᠪᠤᠴᠠ ᠮᠥᠨ᠃ ᠪᠢᠳᠡ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠪᠡᠶᠡᠯᠡᠭᠦᠯᠬᠦ ᠪᠠᠷ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠵᠣᠷᠢᠯᠲᠠ ᠪᠠ ᠲᠤᠰᠤᠯᠲᠠ ᠪᠤᠯᠭᠠᠬᠤ ᠶᠢ ᠪᠠᠷᠢᠮᠲᠠᠯᠠᠵᠤ᠂ ᠨᠡᠶᠢᠭᠡᠮ ᠤᠨ ᠲᠥᠪ ᠭᠤᠣᠯᠴᠢ ᠰᠢᠳᠤᠷᠭᠤ | ᠶᠣᠰᠣ ᠶᠢ ᠬᠦᠴᠦᠯᠡᠨ ᠬᠠᠮᠠᠭᠠᠯᠠᠨ ᠠᠬᠢᠭᠤᠯᠵᠤ᠂ ᠪᠦᠭᠦ ᠠᠷᠠᠳ ᠲᠦᠮᠡᠨ ᠤ ᠬᠠᠮᠲᠤ ᠪᠠᠷ ᠪᠠᠶᠠᠵᠢᠬᠤ ᠶᠢ ᠬᠦᠴᠦᠯᠡᠨ ᠠᠬᠢᠭᠤᠯᠵᠤ᠂ ᠬᠤᠶᠠᠷ ᠲᠤᠶᠢᠯᠰᠢᠷᠠᠯ ᠢ ᠡᠷᠡᠰ | ᠰᠡᠷᠭᠡᠶᠢᠯᠡᠨ ᠬᠤᠷᠢᠭᠯᠠᠨ᠎ᠠ᠃ | — ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠪᠣᠳᠠᠰ ᠤᠨ ᠪᠣᠯᠪᠠᠰᠤᠨ ᠪᠠ ᠣᠶᠤᠨ ᠤ ᠪᠣᠯᠪᠠᠰᠤᠨ ᠬᠠᠷᠢᠯᠴᠠᠨ ᠵᠣᠬᠢᠴᠠᠯᠳᠤᠭᠰᠠᠨ | ᠣᠳᠣᠬᠢᠴᠢᠯᠠᠯᠲᠠ ᠮᠥᠨ᠃ ᠡᠳ᠋ ᠪᠣᠳᠠᠰ ᠡᠯᠪᠡᠭ ᠳᠡᠯᠪᠡᠭ᠂ ᠤᠶᠤᠨ ᠰᠠᠨᠠᠭ᠎ᠠ ᠡᠯᠪᠡᠭ ᠪᠠᠶᠠᠯᠢᠭ ᠪᠠᠶᠢᠬᠤ ᠪᠣᠯ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ | ᠦᠨᠳᠦᠰᠦᠨ ᠱᠠᠭᠠᠷᠳᠠᠯᠭ᠎ᠠ ᠮᠥᠨ᠃ ᠡᠳ᠋ ᠪᠣᠳᠠᠰ ᠤᠨ ᠲᠠᠯ᠎ᠠ ᠪᠠᠷ ᠶᠠᠳᠠᠭᠤ ᠬᠤᠭᠤᠰᠤᠨ ᠪᠠᠶᠢᠬᠤ ᠨᠢ ᠨᠡᠶᠢᠭᠡᠮ ᠵᠢᠷᠤᠮ ᠪᠢᠰᠢ᠂ ᠤᠶᠦᠠ ᠰᠠᠨᠠᠭᠠᠨ ᠤ ᠲᠠᠯ᠎ᠠ ᠪᠠᠷ | ᠶᠠᠳᠠᠭᠤ ᠬᠤᠭᠤᠰᠤᠨ ᠪᠠᠶᠢᠬᠤ ᠨᠢ ᠴᠦ ᠨᠡᠶᠢᠭᠡᠮ ᠵᠢᠷᠤᠮ ᠪᠢᠰᠢ ᠶᠤᠮ᠃ ᠪᠢᠳᠡ ᠣᠳᠣᠬᠢᠴᠢᠯᠠᠯᠲᠠ ᠶᠢᠨ ᠪᠣᠳᠠᠰ ᠤᠨ ᠰᠠᠭᠤᠷᠢ ᠶᠢ ᠲᠠᠰᠤᠷᠠᠯᠳᠠ ᠦᠭᠡᠢ ᠪᠠᠬᠢᠵᠢᠭᠦᠯᠵᠦ | ᠂ ᠠᠷᠠᠳ ᠲᠦᠮᠡᠨ ᠤ ᠵᠣᠯ ᠵᠢᠷᠭᠠᠯᠲᠤ ᠠᠮᠢᠳᠤᠷᠠᠯ ᠤᠨ ᠪᠣᠳᠠᠰ ᠤᠨ ᠨᠥᠬᠦᠴᠡᠯ ᠢ ᠲᠠᠰᠤᠷᠠᠯᠳᠠ ᠦᠭᠡᠢ ᠪᠠᠲᠤᠳᠬᠠᠬᠤ ᠶᠢᠨ ᠬᠠᠮᠲᠤ ᠨᠡᠶᠢᠭᠡᠮ ᠵᠢᠷᠤᠮ ᠤᠨ ᠲᠡᠷᠢᠭᠦᠨ ᠤ | ᠰᠣᠶᠣᠯ ᠢ ᠶᠡᠭᠡ ᠪᠠᠷ ᠬᠥᠭᠵᠢᠭᠦᠯᠵᠦ᠂ ᠬᠦᠰᠡᠯᠡᠩ ᠢᠲᠡᠭᠡᠯ ᠪᠢᠰᠢᠷᠡᠯ ᠤᠨ ᠬᠥᠮᠦᠵᠢᠯ ᠢ ᠴᠢᠩᠭᠠᠳᠬᠠᠵᠤ᠂ ᠳᠤᠮᠳᠠᠳᠤ ᠶᠢᠨ ᠪᠣᠯᠪᠠᠰᠤᠨ ᠢ ᠤᠯᠠᠮᠵᠢᠯᠠᠨ ᠵᠠᠯᠭᠠᠮᠵᠢᠯᠠᠵᠤ | ᠂ ᠪᠣᠳᠠᠰ ᠤᠨ ᠪᠦᠭᠦ ᠲᠠᠯ᠎ᠠ ᠶᠢᠨ ᠪᠠᠶᠠᠯᠢᠭᠵᠢᠯ ᠪᠠ ᠬᠥᠮᠥᠨ ᠤ ᠪᠦᠭᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠎ᠠ᠃ | — ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠬᠥᠮᠥᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠣᠳᠣᠬᠢᠴᠢᠯᠠᠯᠲᠠ ᠮᠥᠨ᠃ | ᠬᠥᠮᠥᠨ ᠪᠠᠶᠢᠭᠠᠯᠢ ᠪᠣᠯ ᠠᠮᠢ ᠨᠠᠰᠤᠨ ᠤ ᠬᠠᠮᠲᠤ ᠶᠢᠨ ᠴᠣᠭᠴᠠ ᠮᠥᠨ᠂ ᠪᠠᠶᠢᠭᠠᠯᠢ ᠠᠴᠠ ᠬᠡᠮᠵᠢᠶ᠎ᠡ ᠬᠢᠵᠠᠭᠠᠷ ᠦᠭᠡᠢ ᠠᠪᠴᠤ ᠴᠢᠨᠠᠭᠰᠢᠯᠠᠪᠠᠯ ᠪᠠᠶᠢᠭᠠᠯᠢ ᠶᠢ ᠡᠪᠳᠡᠪᠡᠯ | ᠵᠠᠶᠢᠯᠠᠰᠢ ᠦᠭᠡᠢ ᠶᠡᠭᠡ ᠪᠠᠶᠢᠭᠠᠯᠢ ᠶᠢᠨ ᠵᠠᠯᠬᠠᠭᠠᠯ ᠢ ᠣᠯᠬᠤ ᠪᠣᠯᠣᠨ᠎ᠠ᠃ ᠪᠢᠳᠡ ᠦᠷᠭᠦᠯᠵᠢᠯᠡᠬᠦ ᠬᠥᠭᠵᠢᠯᠲᠡ ᠶᠢ ᠪᠠᠷᠢᠮᠲᠠᠯᠠᠵᠤ᠂ ᠠᠷᠪᠢᠯᠠᠬᠤ ᠶᠢ ᠲᠡᠷᠢᠭᠦᠨ ᠳᠤ | ᠲᠠᠯᠪᠢᠬᠤ᠂ ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠠᠶᠠᠨᠳᠠᠭᠠᠨ ᠰᠡᠷᠭᠦᠭᠡᠬᠦ ᠪᠠᠷ ᠭᠤᠣᠯ ᠪᠤᠯᠭᠠᠬᠤ ᠴᠢᠭᠯᠡᠯᠲᠡ ᠶᠢ ᠪᠠᠷᠢᠮᠲᠠᠯᠠᠵᠤ᠂ ᠨᠢᠳᠦᠨ ᠴᠡᠴᠡᠭᠡᠢ ᠪᠠᠨ | ᠬᠠᠮᠠᠭᠠᠯᠠᠬᠤ ᠲᠠᠢ ᠠᠳᠠᠯᠢ ᠪᠠᠷ ᠪᠠᠶᠢᠭᠠᠯᠢ ᠪᠠ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠵᠤ᠂ ᠦᠢᠯᠡᠳᠪᠦᠷᠢᠯᠡᠯ ᠬᠥᠭᠵᠢᠭᠰᠡᠨ᠂ ᠠᠮᠢᠳᠤᠷᠠᠯ ᠪᠠᠶᠠᠨ ᠴᠢᠨᠡᠭᠡᠯᠢᠭ᠂ | ᠠᠮᠢ ᠠᠬᠤᠢ ᠰᠠᠶᠢᠨ ᠰᠠᠶᠢᠬᠠᠨ ᠪᠠᠶᠢᠬᠤ ᠪᠣᠯᠪᠠᠰᠤᠨ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠳᠤᠮᠳᠠᠳᠤ ᠶᠢᠨ ᠦᠨᠳᠦᠰᠦᠲᠡᠨ ᠤ | ᠡᠭᠦᠷᠢᠳᠡ ᠶᠢᠨ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠦᠨ᠎ᠡ᠃ | — ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠡᠩᠬᠡ ᠲᠠᠶᠢᠪᠤᠩ ᠬᠥᠭᠵᠢᠯᠲᠡ ᠶᠢᠨ ᠵᠠᠮ ᠢᠶᠠᠷ ᠵᠠᠮᠨᠠᠬᠤ ᠣᠳᠣᠬᠢᠴᠢᠯᠠᠯᠲᠠ ᠮᠥᠨ᠃ ᠮᠠᠨ ᠤ | ᠤᠯᠤᠰ ᠵᠠᠷᠢᠮ ᠤᠯᠤᠰ ᠤᠨ ᠲᠠᠶᠢᠨ ᠬᠢᠬᠦ᠂ ᠺᠣᠯᠣᠨᠢᠴᠢᠯᠠᠬᠤ᠂ ᠳᠡᠭᠡᠷᠡᠮᠳᠡᠬᠦ ᠵᠡᠷᠭᠡ ᠠᠷᠭ᠎ᠠ ᠮᠠᠶ᠋ᠢᠭ ᠢᠶᠠᠷ ᠣᠳᠣᠬᠢᠴᠢᠯᠠᠯᠲᠠ ᠶᠢ ᠪᠡᠶᠡᠯᠡᠭᠦᠯᠬᠦ ᠬᠠᠭᠤᠴᠢᠨ ᠵᠠᠮ ᠢᠶᠠᠷ | ᠵᠠᠮᠨᠠᠬᠤ ᠦᠭᠡᠢ᠂ ᠲᠡᠷᠡ ᠬᠦ ᠪᠡᠶ᠎ᠡ ᠪᠠᠨ ᠪᠤᠳᠤᠵᠤ ᠪᠤᠰᠤᠳ ᠢ ᠬᠤᠬᠢᠷᠠᠭᠤᠯᠬᠤ᠂ ᠴᠢᠰᠤᠲᠤ ᠶᠠᠯ᠎ᠠ ᠨᠢᠭᠦᠯ ᠢᠶᠠᠷ ᠳᠦᠭᠦᠷᠦᠭᠰᠡᠨ ᠬᠠᠭᠤᠴᠢᠨ ᠵᠠᠮ ᠨᠢ ᠥᠷᠭᠡᠨ ᠤᠯᠠᠨ | ᠬᠥᠭᠵᠢᠵᠦ ᠪᠠᠶᠢᠭ᠎ᠠ ᠤᠯᠤᠰ ᠤᠨ ᠠᠷᠠᠳ ᠲᠦᠮᠡᠨ ᠳᠤ ᠬᠦᠨᠳᠦ ᠨᠣᠴᠢᠲᠠᠢ ᠭᠠᠰᠠᠯᠠᠩ ᠵᠣᠪᠠᠯᠠᠩ ᠢ ᠠᠪᠴᠢᠷᠠᠭᠰᠠᠨ ᠪᠠᠶᠢᠨ᠎ᠠ᠃ ᠪᠢᠳᠡ ᠲᠡᠦᠬᠡ ᠶᠢᠨ ᠵᠥᠪ ᠲᠠᠯ᠎ᠠ ᠳᠤ | ᠪᠠᠲᠤ ᠵᠣᠭᠰᠣᠵᠤ᠂ ᠬᠥᠮᠥᠨ ᠲᠥᠷᠥᠯᠬᠢᠲᠡᠨ ᠤ ᠪᠣᠯᠪᠠᠰᠤᠨ ᠳᠠᠪᠰᠢᠯᠲᠠ ᠶᠢᠨ ᠲᠠᠯ᠎ᠠ ᠳᠤ ᠪᠠᠲᠤ ᠵᠣᠭᠰᠣᠵᠤ᠂ ᠡᠩᠬᠡ ᠲᠠᠶᠢᠪᠤᠩ᠂ ᠬᠥᠭᠵᠢᠯᠲᠡ᠂ ᠬᠠᠮᠲᠤᠷᠠᠯᠴᠠᠭ᠎ᠠ᠂ | ᠬᠠᠮᠲᠤ ᠪᠠᠷ ᠠᠰᠢᠭ ᠭᠦᠷᠲᠡᠭᠦ ᠲᠤᠭ ᠢ ᠥᠨᠳᠥᠷ ᠮᠠᠨᠳᠤᠭᠤᠯᠵᠤ᠂ ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠭᠵᠢᠯᠲᠡ ᠶᠢ ᠡᠷᠡᠰ ᠬᠠᠮᠠᠭᠠᠯᠠᠬᠤ ᠳᠤᠮᠳᠠ ᠲᠤᠰ | ᠪᠡᠶ᠎ᠡ ᠶᠢᠨ ᠬᠥᠭᠵᠢᠯᠲᠡ ᠪᠠᠨ ᠡᠷᠢᠯᠬᠢᠯᠡᠬᠦ ᠮᠥᠷᠲᠡᠭᠡᠨ ᠪᠠᠰᠠ ᠲᠤᠰ ᠪᠡᠶ᠎ᠡ ᠶᠢᠨ ᠬᠥᠭᠵᠢᠯᠲᠡ ᠪᠠᠷ ᠢᠶᠠᠨ ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠭᠵᠢᠯᠲᠡ ᠶᠢ ᠨᠡᠩ | ᠰᠠᠶᠢᠲᠤᠷ ᠬᠠᠮᠠᠭᠠᠯᠠᠨ᠎ᠠ᠃ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠮᠥᠨ ᠴᠢᠨᠠᠷ ᠤᠨ ᠱᠠᠭᠠᠷᠳᠠᠯᠭ᠎ᠠ ᠪᠣᠯ᠄ ᠳᠤᠮᠳᠠᠳᠤ ᠤᠯᠤᠰ ᠤᠨ ᠡᠪ ᠬᠠᠮᠲᠤ ᠨᠠᠮ ᠤᠨ | ᠤᠳᠤᠷᠢᠳᠤᠯᠭ᠎ᠠ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠵᠦ᠂ | ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠢ ᠬᠥᠭᠵᠢᠭᠦᠯᠵᠦ᠂ ᠠᠷᠠᠳ ᠲᠦᠮᠡᠨ ᠤ ᠣᠶᠤᠨ ᠰᠠᠨᠠᠭᠠᠨ ᠤ ᠶᠢᠷᠲᠢᠨᠴᠦ ᠶᠢ ᠪᠠᠶᠠᠯᠢᠭᠵᠢᠭᠤᠯᠵᠤ᠂ ᠪᠦᠭᠦ ᠠᠷᠠᠳ | ᠲᠦᠮᠡᠨ ᠤ ᠬᠠᠮᠲᠤ ᠪᠠᠷ ᠪᠠᠶᠠᠵᠢᠬᠤ ᠶᠢ ᠪᠡᠶᠡᠯᠡᠭᠦᠯᠵᠦ᠂ ᠬᠥᠮᠥᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠶᠢ ᠠᠬᠢᠭᠤᠯᠵᠤ᠂ ᠬᠥᠮᠥᠨ | ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠵᠤ᠂ ᠬᠥᠮᠥᠨ ᠲᠥᠷᠥᠯᠬᠢᠲᠡᠨ ᠤ ᠪᠣᠯᠪᠠᠰᠤᠨ ᠤ ᠰᠢᠨ᠎ᠡ ᠭᠡᠯᠪᠡᠷᠢ | ᠪᠠᠶᠢᠳᠠᠯ ᠢ ᠡᠭᠦᠳᠦᠨ᠎ᠡ᠃ | ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ ᠲᠠᠯ᠎ᠠ ᠪᠠᠷ ᠪᠡᠶᠡᠯᠡᠭᠦᠯᠬᠦ ᠳᠤ ᠪᠠᠶᠢᠯᠳᠤᠬᠤ ᠪᠣᠳᠣᠯᠭ᠎ᠠ ᠶᠢᠨ ᠶᠡᠷᠦᠩᠬᠡᠢ ᠲᠣᠬᠢᠷᠠᠭᠤᠯᠤᠯᠲᠠ ᠪᠣᠯ | ᠬᠤᠶᠠᠷ ᠠᠯᠬᠤᠮ ᠢᠶᠠᠷ ᠶᠠᠪᠤᠬᠤ ᠶᠠᠪᠤᠳᠠᠯ ᠪᠣᠯᠣᠨ᠎ᠠ᠄ 2020 ᠣᠨ ᠠᠴᠠ 2035 ᠣᠨ ᠪᠤᠯᠲᠠᠯ᠎ᠠ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠦᠨᠳᠦᠰᠦᠨ ᠳᠡᠭᠡᠨ | ᠪᠡᠶᠡᠯᠡᠭᠦᠯᠦᠨ᠎ᠡ ︔ 2035 ᠣᠨ ᠠᠴᠠ ᠲᠤᠰ ᠵᠠᠭᠤᠨ ᠤ ᠳᠤᠮᠳᠠᠴᠢ ᠪᠤᠯᠬᠤ ᠳᠤ ᠮᠠᠨ ᠤ ᠤᠯᠤᠰ ᠢᠶᠠᠨ ᠪᠠᠶᠠᠨ ᠬᠦᠴᠦᠷᠬᠡᠭ ᠠᠷᠠᠳᠴᠢᠯᠠᠭᠰᠠᠨ ᠪᠣᠯᠪᠠᠰᠤᠨ ᠡᠶ᠎ᠡ | ᠵᠣᠬᠢᠴᠠᠩᠭᠤᠢ ᠦᠵᠡᠰᠬᠦᠯᠡᠩᠲᠦ ᠰᠠᠶᠢᠬᠠᠨ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠪᠤᠯᠭᠠᠬᠤ ᠶᠢ ᠪᠡᠶᠡᠯᠡᠭᠦᠯᠦᠨ᠎ᠡ᠃ | 2035 ᠣᠨ ᠪᠤᠯᠬᠤ ᠳᠤ᠂ ᠮᠠᠨ ᠤ ᠤᠯᠤᠰ ᠤᠨ ᠬᠥᠭᠵᠢᠯᠲᠡ ᠶᠢᠨ ᠶᠡᠷᠦᠩᠬᠡᠢ ᠬᠠᠷᠠᠯᠲᠠ ᠪᠣᠯ᠄ ᠠᠵᠤ ᠠᠬᠤᠢ ᠶᠢᠨ ᠪᠣᠳᠠᠲᠤ ᠬᠦᠴᠦᠨ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠪᠣᠳᠠᠲᠤ ᠬᠦᠴᠦᠨ᠂ ᠶᠡᠷᠦᠩᠬᠡᠶᠢᠯᠡᠭᠰᠡᠨ ᠤᠯᠤᠰ ᠤᠨ ᠬᠦᠴᠦᠨ ᠶᠡᠭᠡ ᠪᠠᠷ ᠳᠡᠭᠡᠭᠰᠢᠯᠡᠵᠦ᠂ ᠬᠥᠮᠥᠨ ᠳᠤᠮᠳᠠᠴᠢ ᠶᠢᠨ ᠤᠯᠤᠰ ᠤᠨ | ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠦᠷᠳᠡᠭ ᠰᠢᠨ᠎ᠡ ᠶᠡᠭᠡ ᠳᠡᠭᠲᠡᠷ ᠲᠤ ᠭᠠᠷᠴᠤ᠂ ᠳᠤᠮᠳᠠ ᠵᠡᠷᠭᠡ ᠶᠢᠨ ᠬᠥᠭᠵᠢᠭᠰᠡᠨ ᠤᠯᠤᠰ ᠤᠨ ᠲᠦᠪᠰᠢᠨ ᠳᠤ | ᠭᠦᠷᠦᠨ᠎ᠡ ︔ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠪᠡᠶᠡᠯᠡᠭᠦᠯᠵᠦ᠂ | ᠰᠢᠨ᠎ᠡ ᠶᠢ ᠡᠭᠦᠳᠭᠦ ᠭᠡᠯᠪᠡᠷᠢ ᠶᠢᠨ ᠤᠯᠤᠰ ᠤᠨ ᠡᠮᠦᠨ᠎ᠡ ᠡᠩᠨᠡᠭᠡᠨ ᠳᠤ ᠣᠷᠣᠨ᠎ᠠ ︔ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ ᠪᠡᠶᠡᠯᠡᠭᠦᠯᠵᠦ᠂ ᠰᠢᠨ᠎ᠡ | ᠬᠥᠭᠵᠢᠯᠲᠡ ᠶᠢᠨ ᠪᠠᠶᠢᠷᠢᠰᠢᠯ ᠢ ᠪᠦᠷᠢᠯᠳᠦᠭᠦᠯᠵᠦ᠂ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ᠂ ᠮᠡᠳᠡᠭᠡ ᠵᠠᠩᠭᠢᠵᠢᠯᠲᠠ᠂ ᠬᠤᠳᠠ ᠪᠠᠯᠭᠠᠰᠤᠵᠢᠯᠲᠠ᠂ | ᠲᠠᠷᠢᠶᠠᠯᠠᠩ ᠤᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠦᠨ᠎ᠡ ︔ ᠤᠯᠤᠰ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ | ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠵᠦ᠂ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠤᠨ ᠳᠦᠷᠢᠮ ᠢ ᠨᠡᠩ ᠪᠦᠷᠢᠨᠰᠢᠭᠦᠯᠦᠨ᠂ ᠬᠠᠤᠯᠢᠵᠢᠯ ᠤᠨ | ᠤᠯᠤᠰ᠂ ᠬᠠᠤᠯᠢᠵᠢᠯ ᠤᠨ ᠵᠠᠰᠠᠭ ᠤᠨ ᠣᠷᠳᠣᠨ᠂ ᠬᠠᠤᠯᠢᠵᠢᠯ ᠤᠨ ᠨᠡᠶᠢᠭᠡᠮ ᠢ ᠦᠨᠳᠦᠰᠦᠨ ᠳᠡᠭᠡᠨ ᠪᠠᠶᠢᠭᠤᠯᠤᠨ᠎ᠡ ︔ ᠰᠤᠷᠭᠠᠨ ᠬᠥᠮᠦᠵᠢᠯ ᠤᠨ ᠬᠦᠴᠦᠷᠬᠡᠭ | ᠤᠯᠤᠰ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ᠂ ᠴᠢᠳᠠᠪᠤᠷᠢᠲᠠᠨ ᠤ ᠬᠦᠴᠦᠷᠬᠡᠭ ᠤᠯᠤᠰ᠂ ᠰᠣᠶᠣᠯ ᠤᠨ ᠬᠦᠴᠦᠷᠬᠡᠭ ᠤᠯᠤᠰ᠂ | ᠪᠡᠶ᠎ᠡ ᠶᠢᠨ ᠲᠠᠮᠢᠷ ᠤᠨ ᠬᠦᠴᠦᠷᠬᠡᠭ ᠤᠯᠤᠰ᠂ ᠡᠷᠡᠭᠦᠯ ᠡᠩᠬᠡ ᠳᠤᠮᠳᠠᠳᠤ ᠤᠯᠤᠰ ᠢ ᠪᠠᠶᠢᠭᠤᠯᠵᠤ᠂ ᠤᠯᠤᠰ ᠤᠨ ᠰᠣᠶᠣᠯ ᠤᠨ ᠵᠥᠭᠡᠯᠡᠨ ᠪᠣᠳᠠᠲᠤ ᠬᠦᠴᠦᠨ ᠢ | ᠢᠯᠡᠳᠲᠡ ᠴᠢᠩᠭᠠᠷᠠᠭᠤᠯᠤᠨ᠎ᠠ ︔ ᠠᠷᠠᠳ ᠤᠨ ᠠᠮᠢᠳᠤᠷᠠᠯ ᠢ ᠨᠡᠩ ᠵᠣᠯ ᠵᠢᠷᠭᠠᠯ ᠲᠠᠢ ᠰᠠᠶᠢᠨ ᠰᠠᠶᠢᠬᠠᠨ ᠪᠤᠯᠭᠠᠵᠤ᠂ ᠰᠠᠭᠤᠭᠠᠯᠢ ᠠᠷᠠᠳ ᠤᠨ ᠬᠥᠮᠥᠨ | ᠳᠤᠮᠳᠠᠴᠢ ᠶᠢᠨ ᠡᠵᠡᠮᠳᠡᠵᠦ ᠪᠤᠯᠬᠤ ᠣᠷᠣᠯᠭ᠎ᠠ ᠶᠢ ᠲᠠᠭᠢᠨ ᠰᠢᠨ᠎ᠡ ᠳᠡᠭᠲᠡᠷ ᠲᠤ ᠭᠠᠷᠭᠠᠵᠤ᠂ ᠳᠤᠮᠳᠠ ᠵᠡᠷᠭᠡ ᠶᠢᠨ ᠣᠷᠣᠯᠭ᠎ᠠ ᠲᠠᠢ ᠬᠥᠮᠥᠰ ᠤᠨ ᠬᠤᠪᠢ ᠶᠢᠨ ᠵᠢᠩ ᠢ | ᠢᠯᠡᠳᠲᠡ ᠳᠡᠭᠡᠭᠰᠢᠯᠡᠭᠦᠯᠵᠦ᠂ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡ ᠶᠢ ᠲᠡᠩᠴᠡᠭᠦᠷᠢᠰᠢᠭᠦᠯᠬᠦ ᠶᠢ ᠪᠡᠶᠡᠯᠡᠭᠦᠯᠵᠦ᠂ ᠬᠥᠳᠡᠭᠡ ᠲᠣᠰᠬᠤᠨ ᠳᠤ ᠤᠳᠤ | ᠦᠶ᠎ᠡ ᠶᠢᠨ ᠠᠮᠢᠳᠤᠷᠠᠯ ᠤᠨ ᠨᠥᠬᠦᠴᠡᠯ ᠢ ᠦᠨᠳᠦᠰᠦᠨ ᠳᠡᠭᠡᠨ ᠪᠦᠷᠢᠯᠳᠦᠭᠦᠯᠵᠦ᠂ ᠨᠡᠶᠢᠭᠡᠮ ᠢ ᠤᠷᠳᠤ ᠬᠤᠭᠤᠴᠠᠭ᠎ᠠ ᠪᠠᠷ ᠲᠣᠭᠲᠠᠭᠤᠨ ᠪᠠᠶᠢᠯᠭᠠᠵᠤ᠂ ᠬᠥᠮᠥᠨ ᠤ | ᠪᠦᠭᠦ ᠲᠠᠯ᠎ᠠ ᠶᠢᠨ ᠬᠥᠭᠵᠢᠯᠲᠡ᠂ ᠪᠦᠭᠦ ᠠᠷᠠᠳ ᠲᠦᠮᠡᠨ ᠬᠠᠮᠲᠤ ᠪᠠᠷ ᠪᠠᠶᠠᠵᠢᠬᠤ ᠶᠢ ᠨᠡᠩ ᠢᠯᠡᠷᠬᠡᠢ ᠮᠥᠨ ᠴᠢᠨᠠᠷ ᠤᠨ ᠠᠬᠢᠴᠠ ᠲᠠᠢ ᠪᠤᠯᠭᠠᠨ᠎ᠠ ︔ ᠪᠣᠬᠢᠷᠳᠤᠯ | ᠦᠭᠡᠢ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠢ ᠥᠷᠭᠡᠨ ᠢᠶᠠᠷ ᠪᠤᠢ ᠪᠤᠯᠭᠠᠵᠤ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠤᠷᠭᠢᠯ | ᠬᠡᠮᠵᠢᠭᠳᠡᠯ ᠳᠤ ᠭᠦᠷᠦᠭᠰᠡᠨ ᠤ ᠲᠠᠷᠠᠭ᠎ᠠ ᠲᠣᠭᠲᠠᠭᠤᠨ ᠪᠠᠶᠢᠯᠭᠠᠬᠤ ᠶᠢᠨ ᠵᠡᠷᠭᠡ ᠳᠤ ᠪᠠᠭᠤᠷᠠᠭᠤᠯᠵᠤ᠂ ᠠᠮᠢ ᠠᠬᠤᠢ ᠣᠷᠴᠢᠨ ᠲᠣᠭᠤᠷᠢᠨ ᠢ ᠦᠨᠳᠦᠰᠦᠨ ᠠᠴᠠ ᠨᠢ | ᠰᠠᠶᠢᠵᠢᠷᠠᠭᠤᠯᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠬᠠᠷᠠᠯᠲᠠ ᠶᠢ ᠦᠨᠳᠦᠰᠦᠨ ᠳᠡᠭᠡᠨ ᠪᠡᠶᠡᠯᠡᠭᠦᠯᠦᠨ᠎ᠡ ︔ ᠤᠯᠤᠰ ᠤᠨ | ᠠᠮᠤᠷ ᠲᠦᠪᠰᠢᠨ ᠤ ᠰᠢᠰᠲ᠋ᠧᠮ ᠪᠠ ᠴᠢᠳᠠᠪᠤᠷᠢ ᠶᠢ ᠪᠦᠭᠦ ᠲᠠᠯ᠎ᠠ ᠪᠠᠷ ᠴᠢᠩᠭᠠᠳᠬᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ | ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠦᠨ᠎ᠡ᠃ | ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠪᠢᠳᠡ ᠦᠷᠭᠦᠯᠵᠢᠯᠡᠨ ᠲᠡᠮᠡᠴᠡᠵᠦ᠂ ᠲᠤᠰ ᠵᠠᠭᠤᠨ ᠤ ᠳᠤᠮᠳᠠᠴᠢ | ᠪᠤᠯᠬᠤ ᠳᠤ ᠮᠠᠨ ᠤ ᠤᠯᠤᠰ ᠢᠶᠠᠨ ᠶᠡᠷᠦᠩᠬᠡᠶᠢᠯᠡᠭᠰᠡᠨ ᠤᠯᠤᠰ ᠤᠨ ᠬᠦᠴᠦᠨ ᠪᠠ ᠳᠡᠯᠡᠬᠡᠢ ᠳᠡᠭᠡᠷᠡᠬᠢ ᠨᠥᠯᠥᠭᠡᠯᠡᠬᠦ ᠬᠦᠴᠦᠨ ᠢᠶᠠᠷ ᠣᠷᠣᠶᠢᠯᠠᠭᠰᠠᠨ ᠨᠡᠶᠢᠭᠡᠮ ᠵᠢᠷᠤᠮᠲᠤ | ᠣᠳᠣᠬᠢᠴᠢᠯᠠᠭᠰᠠᠨ ᠬᠦᠴᠦᠷᠬᠡᠭ ᠤᠯᠤᠰ ᠪᠣᠯᠭᠠᠨ ᠪᠦᠲᠦᠭᠡᠨ ᠪᠠᠶᠢᠭᠤᠯᠤᠨ᠎ᠠ᠃ | ᠢᠷᠡᠭᠡᠳᠦᠢ ᠶᠢᠨ ᠲᠠᠪᠤᠨ ᠵᠢᠯ ᠪᠣᠯ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠡᠭᠢᠯᠡᠯᠲᠡ ᠶᠢᠨ ᠵᠠᠩᠭᠢᠯᠠᠭ᠎ᠠ ᠶᠢᠨ | ᠬᠤᠭᠤᠴᠠᠭ᠎ᠠ ᠪᠣᠯᠣᠨ᠎ᠠ᠂ ᠭᠤᠣᠯ ᠬᠠᠷᠠᠯᠲᠠ ᠡᠭᠦᠷᠭᠡ ᠪᠣᠯ᠄ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠰᠢᠨ᠎ᠡ ᠰᠢᠪᠲᠤᠯᠤᠯᠲᠠ ᠲᠠᠢ ᠪᠣᠯᠵᠤ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠴᠢᠳᠠᠪᠤᠷᠢ ᠢᠯᠡᠳᠲᠡ ᠳᠡᠭᠡᠭᠰᠢᠯᠡᠵᠦ᠂ ᠰᠢᠨ᠎ᠡ ᠬᠥᠭᠵᠢᠯᠲᠡ ᠶᠢᠨ | ᠪᠠᠶᠢᠷᠢᠰᠢᠯ ᠢ ᠪᠠᠶᠢᠭᠤᠯᠬᠤ ᠪᠠ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ ᠪᠠᠶᠢᠭᠤᠯᠬᠤ ᠠᠵᠢᠯ ᠴᠢᠬᠤᠯᠠ ᠶᠡᠭᠡ ᠠᠬᠢᠴᠠ ᠲᠠᠢ ᠪᠤᠯᠤᠨ᠎ᠠ ︔ | ᠥᠭᠡᠷᠡᠴᠢᠯᠡᠯᠲᠡ ᠨᠡᠭᠡᠭᠡᠯᠲᠡ ᠰᠢᠨ᠎ᠡ ᠠᠯᠬᠤᠮ ᠢ ᠠᠯᠬᠤᠵᠤ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ | ᠭᠦᠨᠵᠡᠭᠡᠢ ᠠᠬᠢᠭᠤᠯᠵᠤ᠂ ᠨᠡᠶᠢᠭᠡᠮ ᠵᠢᠷᠤᠮᠲᠤ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠮᠵᠢ ᠶᠢ ᠨᠡᠩ ᠲᠡᠭᠦᠯᠳᠡᠷᠵᠢᠭᠦᠯᠵᠦ᠂ ᠨᠡᠩ ᠥᠨᠳᠥᠷ ᠲᠦᠪᠰᠢᠨ | ᠪᠦᠬᠦᠢ ᠨᠡᠭᠡᠭᠡᠯᠲᠡᠲᠤ ᠮᠠᠶ᠋ᠢᠭ ᠤᠨ ᠠᠵᠤ ᠠᠬᠤᠢ ᠶᠢᠨ ᠰᠢᠨ᠎ᠡ ᠪᠠᠶᠢᠭᠤᠯᠤᠮᠵᠢ ᠶᠢ ᠦᠨᠳᠦᠰᠦᠨ ᠳᠡᠭᠡᠨ ᠪᠦᠷᠢᠯᠳᠦᠭᠦᠯᠦᠨ᠎ᠡ ︔ ᠪᠦᠭᠦ ᠶᠠᠪᠤᠴᠠ ᠶᠢᠨ ᠠᠷᠠᠳ ᠤᠨ | ᠠᠷᠠᠳᠴᠢᠯᠠᠯ ᠢ ᠳᠦᠷᠢᠮᠵᠢᠭᠦᠯᠬᠦ᠂ ᠵᠢᠷᠤᠮᠵᠢᠭᠤᠯᠬᠤ᠂ ᠲᠡᠰ ᠲᠠᠷᠠᠭᠠᠯᠠᠯᠵᠢᠭᠤᠯᠬᠤ ᠬᠢᠷᠢ ᠲᠦᠪᠰᠢᠨ ᠢ ᠤᠯᠠᠮ ᠴᠢᠨᠠᠭᠰᠢᠳᠠ ᠳᠡᠭᠡᠭᠰᠢᠯᠡᠭᠦᠯᠵᠦ᠂ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢᠵᠢᠯ ᠤᠨ ᠰᠢᠰᠲ᠋ᠧᠮ ᠢ ᠨᠡᠩ ᠲᠡᠭᠦᠯᠳᠡᠷᠵᠢᠭᠦᠯᠦᠨ᠎ᠡ ︔ ᠠᠷᠠᠳ ᠲᠦᠮᠡᠨ ᠤ ᠤᠶᠤᠨ ᠤ ᠪᠠ ᠰᠣᠶᠣᠯ ᠤᠨ | ᠠᠮᠢᠳᠤᠷᠠᠯ ᠢ ᠨᠡᠩ ᠪᠠᠶᠠᠯᠢᠭᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠨᠢᠭᠲᠠᠷᠠᠯ ᠤᠨ ᠬᠦᠴᠦᠨ ᠪᠠ ᠳᠤᠮᠳᠠᠳᠤ ᠶᠢᠨ ᠰᠣᠶᠣᠯ ᠤᠨ ᠨᠥᠯᠥᠭᠡᠯᠡᠬᠦ ᠬᠦᠴᠦᠨ ᠢ | ᠲᠠᠰᠤᠷᠠᠯᠲᠠ ᠦᠭᠡᠢ ᠴᠢᠩᠭᠠᠷᠠᠭᠤᠯᠤᠨ᠎ᠠ ︔ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠪᠠ ᠠᠵᠤ ᠠᠬᠤᠢ ᠶᠢᠨ ᠨᠡᠮᠡᠭᠳᠡᠯ ᠢ ᠦᠨᠳᠦᠰᠦᠨ ᠳᠡᠭᠡᠨ ᠠᠳᠠᠯᠢ | ᠠᠯᠬᠤᠮ ᠲᠠᠢ ᠪᠠᠶᠢᠯᠭᠠᠵᠤ᠂ ᠭᠦᠳᠡᠯᠮᠦᠷᠢ ᠶᠢᠨ ᠬᠥᠯᠥᠰᠦ ᠣᠯᠭᠤᠮᠵᠢ ᠶᠢᠨ ᠳᠡᠭᠡᠭᠰᠢᠯᠡᠯᠲᠡ ᠶᠢ ᠭᠦᠳᠡᠯᠮᠦᠷᠢ ᠦᠢᠯᠡᠳᠪᠦᠷᠢᠯᠡᠯ ᠤᠨ ᠨᠤᠷᠮ᠎ᠠ ᠶᠢᠨ ᠳᠡᠭᠡᠭᠰᠢᠯᠡᠯᠲᠡ ᠲᠠᠢ | ᠦᠨᠳᠦᠰᠦᠨ ᠳᠡᠭᠡᠨ ᠠᠳᠠᠯᠢ ᠠᠯᠬᠤᠮ ᠲᠠᠢ ᠪᠠᠶᠢᠯᠭᠠᠵᠤ᠂ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡ ᠶᠢ ᠲᠡᠩᠴᠡᠭᠦᠷᠢᠰᠢᠭᠦᠯᠬᠦ ᠬᠢᠷᠢ ᠲᠦᠪᠰᠢᠨ ᠢ ᠢᠯᠡᠳᠲᠡ | ᠳᠡᠭᠡᠭᠰᠢᠯᠡᠭᠦᠯᠵᠦ᠂ ᠤᠯᠠᠨ ᠲᠡᠰ ᠳᠠᠪᠬᠤᠷᠭ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠨᠡᠩ ᠲᠡᠭᠦᠯᠳᠡᠷᠵᠢᠭᠦᠯᠦᠨ᠎ᠡ ︔ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠢᠯᠡᠳᠲᠡ ᠰᠠᠶᠢᠵᠢᠷᠠᠭᠤᠯᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ | ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠤᠨ᠎ᠠ ︔ ᠤᠯᠤᠰ ᠤᠨ ᠠᠮᠤᠷ ᠲᠦᠪᠰᠢᠨ ᠨᠡᠩ ᠪᠠᠬᠢᠵᠢᠵᠦ᠂ ᠴᠡᠷᠢᠭ ᠪᠠᠶᠢᠭᠤᠯᠤᠭᠳᠠᠭᠰᠠᠨ ᠵᠠᠭᠤᠨ ᠵᠢᠯ ᠤᠨ | ᠲᠡᠮᠡᠴᠡᠬᠦ ᠬᠠᠷᠠᠯᠲᠠ ᠲᠣᠭᠲᠠᠭᠰᠠᠨ ᠬᠤᠭᠤᠴᠠᠭᠠᠨ ᠳᠠᠭᠠᠨ ᠪᠡᠶᠡᠯᠡᠭᠳᠡᠵᠦ᠂ ᠠᠮᠤᠭᠤᠯᠠᠩᠲᠤ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ | ᠪᠠᠲᠤᠲᠠᠢ ᠠᠭᠢᠭᠤᠯᠤᠨ᠎ᠠ ︔ ᠳᠤᠮᠳᠠᠳᠤ ᠤᠯᠤᠰ ᠤᠨ ᠳᠡᠯᠡᠬᠡᠢ ᠳᠡᠭᠡᠷᠡᠬᠢ ᠪᠠᠶᠢᠷᠢ ᠰᠠᠭᠤᠷᠢ ᠪᠣᠯᠣᠨ ᠨᠥᠯᠥᠭᠡ ᠲᠤᠰᠬᠠᠯ ᠤᠯᠠᠮ ᠴᠢᠨᠠᠭᠰᠢᠳᠠ ᠳᠡᠭᠡᠭᠰᠢᠯᠡᠵᠦ᠂ ᠪᠦᠭᠦ | ᠪᠥᠮᠪᠥᠷᠴᠡᠭ ᠤᠨ ᠵᠠᠰᠠᠯᠲᠠ ᠳᠤ ᠨᠡᠩ ᠶᠡᠭᠡ ᠦᠢᠯᠡᠳᠦᠯ ᠦᠵᠡᠭᠦᠯᠦᠨ᠎ᠡ᠃ | ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠪᠣᠯ ᠨᠢᠭᠡᠨ ᠠᠭᠤᠤ ᠶᠡᠭᠡ ᠪᠥᠭᠡᠳ ᠪᠡᠷᠬᠡ ᠬᠠᠲᠠᠭᠤᠵᠢᠯᠲᠠᠢ | ᠦᠢᠯᠡᠰ ᠮᠥᠨ᠂ ᠢᠷᠡᠭᠡᠳᠦᠢ ᠭᠡᠭᠡᠨ ᠰᠠᠷᠠᠭᠤᠯ᠂ ᠡᠭᠦᠷᠭᠡ ᠬᠦᠨᠳᠦ ᠵᠠᠮ ᠬᠤᠯᠠ ᠶᠤᠮ᠃ ᠣᠳᠣᠬᠠᠨ ᠳᠤ᠂ ᠳᠡᠯᠡᠬᠡᠢ ᠳ᠋ᠠᠬᠢᠨ ᠤ ᠵᠠᠭᠤᠨ ᠵᠢᠯ ᠳᠤ ᠲᠣᠬᠢᠶᠠᠯᠳᠤᠭ᠎ᠠ | ᠦᠭᠡᠢ ᠶᠡᠭᠡ ᠬᠤᠪᠢᠰᠤᠯᠲᠠ ᠲᠦᠷᠭᠡᠰᠦᠨ ᠬᠥᠭᠵᠢᠵᠦ᠂ ᠰᠢᠨ᠎ᠡ ᠨᠢᠭᠡᠨ ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠪᠣᠯᠣᠨ ᠠᠵᠤ | ᠦᠢᠯᠡᠰ ᠤᠨ ᠬᠤᠪᠢᠰᠤᠯᠲᠠ ᠭᠦᠨᠵᠡᠭᠡᠶᠢᠷᠡᠨ ᠬᠥᠭᠵᠢᠵᠦ᠂ ᠤᠯᠠᠨ ᠤᠯᠤᠰ ᠤᠨ ᠬᠦᠴᠦᠨ ᠤ ᠬᠠᠷᠢᠴᠠᠯ ᠳᠤ ᠭᠦᠨᠵᠡᠭᠡᠢ ᠲᠣᠬᠢᠷᠠᠭᠤᠯᠤᠯᠲᠠ ᠭᠠᠷᠴᠤ᠂ ᠮᠠᠨ ᠤ | ᠤᠯᠤᠰ ᠤᠨ ᠬᠥᠭᠵᠢᠯᠲᠡ ᠳᠤ ᠰᠢᠨ᠎ᠡ ᠪᠠᠶᠢᠯᠳᠤᠬᠤ ᠪᠣᠳᠣᠯᠭ᠎ᠠ ᠶᠢᠨ ᠠᠵᠠ ᠲᠣᠭᠢᠶᠠᠯ ᠲᠤᠯᠭᠠᠷᠠᠵᠤ ᠪᠠᠶᠢᠨ᠎ᠠ᠃ ᠡᠭᠦᠨ ᠤ ᠵᠡᠷᠭᠡ ᠪᠠᠷ᠂ ᠡᠷᠢᠨ ᠵᠠᠭᠤᠨ ᠳᠤ | ᠲᠣᠬᠢᠶᠠᠯᠳᠤᠭ᠎ᠠ ᠦᠭᠡᠢ ᠬᠢᠵᠢᠭ ᠤᠨ ᠪᠠᠶᠢᠳᠠᠯ ᠤᠨ ᠨᠥᠯᠥᠭᠡ ᠭᠦᠨ ᠭᠦᠨᠵᠡᠭᠡᠢ ᠪᠠᠶᠢᠵᠤ᠂ ᠳᠡᠯᠡᠬᠡᠶᠢᠵᠢᠯᠲᠡ ᠶᠢ ᠰᠥᠷᠬᠦ ᠦᠵᠡᠯ ᠰᠠᠨᠠᠭᠠᠨ ᠤ ᠤᠷᠤᠰᠬᠠᠯ ᠲᠣᠯᠣᠭᠠᠢ | ᠥᠨᠳᠡᠶᠢᠵᠦ᠂ ᠭᠠᠭᠴᠠ ᠲᠠᠯᠠᠲᠤ ᠦᠵᠡᠯ᠂ ᠬᠠᠮᠠᠭᠠᠯᠠᠬᠤ ᠦᠵᠡᠯ ᠢᠯᠡᠳᠲᠡ ᠨᠡᠮᠡᠭᠳᠡᠵᠦ᠂ ᠳᠡᠯᠡᠬᠡᠢ ᠶᠢᠨ ᠠᠵᠤ ᠠᠬᠤᠢ ᠶᠢᠨ ᠰᠡᠷᠭᠦᠯᠲᠡ ᠬᠦᠴᠦᠨ ᠦᠭᠡᠢ ᠪᠠᠶᠢᠵᠤ᠂ | ᠬᠡᠰᠡᠭ ᠲᠠᠯ᠎ᠠ ᠶᠢᠨ ᠮᠥᠷᠭᠦᠯᠳᠦᠭᠡᠨ ᠪᠠ ᠦᠢᠮᠡᠭᠡᠨ ᠰᠠᠮᠠᠭᠤᠷᠠᠯ ᠣᠯᠠᠨᠲᠠ ᠡᠭᠦᠰᠴᠦ᠂ ᠪᠦᠭᠦ ᠪᠥᠮᠪᠥᠷᠴᠡᠭ ᠤᠨ ᠴᠢᠨᠠᠷᠲᠠᠢ ᠠᠰᠠᠭᠤᠳᠠᠯ ᠰᠢᠷᠦᠭᠦᠰᠴᠦ᠂ ᠳᠡᠯᠡᠬᠡᠢ | ᠳ᠋ᠠᠬᠢᠨ ᠰᠢᠨ᠎ᠡ ᠣᠷᠤᠭ᠎ᠠ ᠪᠤᠰᠬᠠᠭ᠎ᠠ ᠬᠤᠪᠢᠰᠤᠯᠲᠠ ᠶᠢᠨ ᠬᠤᠭᠤᠴᠠᠭᠠᠨ ᠳᠤ ᠣᠷᠣᠪᠠ᠃ ᠮᠠᠨ ᠤ ᠤᠯᠤᠰ ᠤᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠴᠥᠭᠡᠨ | ᠪᠤᠰᠤ ᠭᠦᠨ ᠳᠠᠪᠬᠤᠷᠭ᠎ᠠ ᠶᠢᠨ ᠵᠥᠷᠢᠴᠡᠯ ᠳᠤ ᠲᠤᠯᠭᠠᠷᠠᠵᠤ ᠵᠠᠶᠢᠯᠠᠵᠤ ᠲᠡᠶᠢᠯᠭᠦ ᠦᠭᠡᠢ᠂ ᠲᠣᠭᠤᠷᠢᠵᠤ ᠭᠠᠷᠴᠤ ᠲᠡᠶᠢᠯᠭᠦ ᠦᠭᠡᠢ ᠶᠤᠮ᠂ ᠨᠠᠮ ᠤᠨ ᠪᠠᠶᠢᠭᠤᠯᠤᠯᠲᠠ | ᠢᠯᠠᠩᠭᠤᠶ᠎ᠠ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠲᠡᠮᠡᠴᠡᠯ ᠳᠤ ᠴᠥᠭᠡᠨ ᠪᠤᠰᠤ ᠪᠤᠷᠤᠩᠬᠤᠢ ᠴᠢᠨᠠᠷ ᠲᠠᠢ᠂ | ᠣᠯᠠᠨᠲᠠ ᠡᠭᠦᠰᠭᠦ ᠴᠢᠨᠠᠷᠲᠠᠢ ᠠᠰᠠᠭᠤᠳᠠᠯ ᠲᠤᠯᠭᠠᠷᠠᠵᠤ᠂ ᠭᠠᠳᠠᠨ᠎ᠠ ᠠᠴᠠ ᠢᠷᠡᠭᠰᠡᠨ ᠴᠣᠬᠢᠯᠲᠠ ᠪᠠ ᠬᠤᠷᠢᠭᠯᠠᠯᠲᠠ ᠶᠢᠨ ᠠᠵᠢᠯᠯᠠᠭ᠎ᠠ ᠴᠠᠭ ᠢᠮᠠᠭᠲᠠ ᠲᠡᠰ | ᠳᠠᠪᠰᠢᠵᠤ ᠮᠡᠳᠡᠨ᠎ᠠ᠃ ᠮᠠᠨ ᠤ ᠤᠯᠤᠰ ᠤᠨ ᠬᠥᠭᠵᠢᠯᠲᠡ ᠪᠠᠶᠢᠯᠳᠤᠬᠤ ᠪᠣᠳᠣᠯᠭ᠎ᠠ ᠶᠢᠨ ᠠᠵᠠ ᠲᠣᠭᠢᠶᠠᠯ ᠪᠠ ᠠᠶᠤᠯ ᠲᠦᠭᠰᠢᠭᠦᠷᠢ ᠥᠷᠢᠰᠦᠯᠳᠦᠭᠡᠨ ᠵᠡᠷᠭᠡ ᠪᠠᠷ | ᠣᠷᠣᠰᠢᠵᠤ᠂ ᠲᠤᠬᠲᠠᠭᠠᠯᠲᠤ ᠪᠤᠰᠤ ᠴᠢᠨᠠᠷ ᠵᠢᠱᠢᠬᠦᠶ᠎ᠡ ᠪᠡᠷᠬᠡ ᠬᠦᠴᠦᠨ ᠵᠦᠢᠯ ᠨᠡᠮᠡᠭᠳᠡᠵᠦ ᠪᠠᠶᠢᠭ᠎ᠠ ᠴᠠᠭ ᠦᠶ᠎ᠡ ᠳᠤ ᠣᠷᠣᠵᠤ᠂ ᠡᠯ᠎ᠡ ᠵᠦᠢᠯ ᠤᠨ ︽ᠬᠠᠷ᠎ᠠ ᠬᠤᠨ︾ | ᠂ ︽ᠰᠠᠭᠠᠷᠠᠯ ᠬᠡᠷᠢᠰ︾ ᠤᠨ ᠬᠡᠷᠡᠭ ᠬᠡᠵᠢᠶ᠎ᠡ ᠴᠦ ᠡᠭᠦᠰᠴᠦ ᠮᠡᠳᠡᠨ᠎ᠠ᠃ ᠪᠢᠳᠡ ᠡᠷᠬᠡᠪᠰᠢ ᠰᠠᠨᠠᠭᠠᠰᠢᠷᠠᠬᠤ ᠤᠬᠠᠮᠰᠠᠷ ᠢᠶᠠᠨ ᠴᠢᠩᠭᠠᠳᠬᠠᠵᠤ᠂ ᠬᠤᠷᠢᠭ᠎ᠠ | ᠱᠤᠭᠤᠮ ᠤᠨ ᠰᠡᠳᠬᠢᠬᠦᠢ ᠶᠢ ᠪᠠᠷᠢᠮᠲᠠᠯᠠᠨ᠂ ᠠᠮᠤᠷ ᠲᠦᠪᠰᠢᠨ ᠪᠠᠶᠢᠬᠤ ᠳᠠᠭᠠᠨ ᠠᠶᠤᠯ ᠲᠦᠭᠰᠢᠭᠦᠷᠢ ᠶᠢ ᠪᠣᠳᠣᠯᠬᠢᠯᠠᠵᠤ᠂ ᠪᠡᠯᠡᠳᠬᠡᠯ ᠠᠵᠢᠯ ᠢ ᠤᠷᠢᠳᠴᠢᠯᠠᠨ ᠬᠢᠵᠦ᠂ | ᠰᠠᠯᠬᠢ ᠳᠠᠪᠠᠯᠭᠠᠨ ᠢ ᠲᠤᠭᠤᠯᠬᠤ ᠴᠢᠨᠠᠭᠰᠢᠯᠠᠪᠠᠯ ᠲᠤᠬᠰᠢᠨ ᠰᠠᠯᠬᠢ ᠰᠢᠷᠦᠭᠦᠨ ᠳᠠᠪᠠᠯᠭᠠᠨ ᠤ ᠬᠦᠨᠳᠦ ᠶᠡᠭᠡ ᠰᠢᠯᠭᠠᠯᠲᠠ ᠶᠢ ᠲᠤᠭᠤᠯᠬᠤ ᠪᠡᠯᠡᠳᠬᠡᠯ ᠲᠠᠢ ᠪᠠᠶᠢᠬᠤ | ᠬᠡᠷᠡᠭᠲᠡᠢ᠃ ᠤᠷᠤᠭᠰᠢᠯᠠᠯᠲᠠ ᠶᠢᠨ ᠵᠠᠮ ᠳᠤ ᠡᠷᠬᠡᠪᠰᠢ ᠳᠣᠣᠷᠠᠬᠢ ᠴᠢᠬᠤᠯᠠ ᠶᠡᠭᠡ ᠵᠠᠷᠴᠢᠮ ᠤᠳ ᠢ ᠪᠠᠲᠤ ᠡᠵᠡᠮᠳᠡᠬᠦ ᠬᠡᠷᠡᠭᠲᠡᠢ᠃ | — ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠨᠠᠮ ᠤᠨ ᠲᠥᠪ ᠬᠤᠷᠢᠶᠠᠨ ᠤ ᠡᠷᠬᠡ ᠰᠦᠷ ᠪᠠ ᠲᠥᠪᠯᠡᠷᠡᠩᠭᠦᠢ | ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ᠨᠠᠮ ᠤᠨ ᠤᠳᠤᠷᠢᠳᠤᠯᠭ᠎ᠠ ᠶᠢ ᠨᠠᠮ ᠪᠠ ᠤᠯᠤᠰ ᠤᠨ ᠠᠵᠢᠯ ᠦᠢᠯᠡᠰ ᠤᠨ ᠡᠯ᠎ᠡ ᠬᠦᠷᠢᠶ᠎ᠡ ᠡᠯ᠎ᠡ ᠲᠠᠯ᠎ᠠ ᠡᠯ᠎ᠡ | ᠭᠤᠭᠴᠤᠭ᠎ᠠ ᠳᠤ ᠨᠠᠶᠢᠳᠠᠪᠤᠷᠢᠵᠢᠭᠤᠯᠵᠤ᠂ ᠨᠠᠮ ᠢ ᠢᠮᠠᠭᠲᠠ ᠬᠦᠴᠢᠷ ᠪᠡᠷᠬᠡᠰᠢᠶᠡᠯ ᠠᠶᠤᠯ ᠲᠦᠭᠰᠢᠭᠦᠷᠢ ᠲᠤᠯᠭᠠᠷᠠᠬᠤ ᠦᠶ᠎ᠡ ᠳᠤ ᠪᠦᠭᠦ ᠠᠷᠠᠳ ᠲᠦᠮᠡᠨ ᠤ | ᠬᠠᠮᠤᠭ ᠤᠨ ᠨᠠᠶᠢᠳᠠᠪᠤᠷᠢᠲᠠᠢ ᠲᠦᠰᠢᠭ ᠲᠤᠯᠭᠠᠭᠤᠷᠢ ᠪᠤᠯᠭᠠᠵᠤ᠂ ᠮᠠᠨ ᠤ ᠤᠯᠤᠰ ᠤᠨ ᠨᠡᠶᠢᠭᠡᠮ ᠵᠢᠷᠤᠮᠲᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ | ᠵᠥᠪ ᠴᠢᠭᠯᠡᠯ ᠢ ᠦᠨᠡᠨ ᠬᠦ ᠪᠠᠲᠤᠯᠠᠵᠤ᠂ ᠪᠦᠯᠬᠦᠮᠳᠡᠨ ᠲᠡᠮᠡᠴᠡᠬᠦ ᠬᠦᠴᠦᠷᠬᠡᠭ ᠶᠡᠭᠡ ᠤᠯᠤᠰ ᠲᠦᠷᠦ ᠶᠢᠨ ᠨᠢᠭᠲᠠᠷᠠᠯ ᠤᠨ ᠬᠦᠴᠦᠨ᠂ ᠬᠥᠭᠵᠢᠯᠲᠡ ᠶᠢᠨ ᠢᠲᠡᠭᠡᠯ | ᠵᠣᠷᠢᠭ ᠲᠠᠢ ᠪᠠᠶᠢᠬᠤ ᠶᠢ ᠦᠨᠡᠨ ᠬᠦ ᠪᠠᠲᠤᠯᠠᠵᠤ᠂ ᠲᠦᠮᠡᠨ ᠤᠯᠠᠨ ᠢᠶᠠᠷ ᠢᠶᠠᠨ ᠰᠡᠳᠬᠢᠯ ᠨᠢᠭᠡᠳᠦᠨ᠂ ᠴᠠᠭ ᠤᠨ ᠪᠡᠷᠬᠡ ᠶᠢ ᠬᠠᠮᠲᠤ ᠪᠠᠷ ᠲᠤᠭᠤᠯᠬᠤ ᠰᠦᠷ | ᠳᠠᠯᠠᠶᠢᠴᠠᠲᠠᠢ ᠬᠦᠴᠦᠨ ᠢ ᠨᠢᠭᠲᠠᠷᠠᠭᠤᠯᠤᠨ᠎ᠠ᠃ | — ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠢ ᠪᠠᠷᠢᠮᠲᠠᠯᠠᠨ᠎ᠠ᠃ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠪᠠᠷ ᠭᠤᠣᠯᠳᠠᠯᠭ᠎ᠠ | ᠪᠤᠯᠭᠠᠬᠤ ᠶᠢ ᠪᠠᠷᠢᠮᠲᠠᠯᠠᠵᠤ᠂ ᠲᠦᠷᠪᠡᠨ ᠦᠨᠳᠦᠰᠦᠨ ᠵᠠᠷᠴᠢᠮ ᠢ ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠲᠡ ᠬᠢᠬᠦ ᠶᠢ ᠪᠠᠷᠢᠮᠲᠠᠯᠠᠵᠤ᠂ ᠪᠡᠶ᠎ᠡ ᠪᠠᠨ ᠳᠠᠭᠠᠭᠠᠵᠤ ᠡᠵᠡᠨ | ᠮᠡᠳᠡᠭᠦ᠂ ᠥᠪᠡᠷ ᠤᠨ ᠬᠦᠴᠦ ᠪᠠᠷ ᠢᠶᠠᠨ ᠳᠡᠭᠵᠢᠷᠡᠬᠦ ᠶᠢ ᠪᠠᠷᠢᠮᠲᠠᠯᠠᠵᠤ᠂ ᠵᠠᠮ ᠢᠶᠠᠨ ᠬᠤᠪᠢᠷᠠᠭᠤᠯᠬᠤ ᠦᠭᠡᠢ᠂ ᠵᠣᠷᠢᠭ ᠢᠶᠠᠨ ᠬᠤᠪᠢᠷᠠᠭᠤᠯᠬᠤ ᠦᠭᠡᠢ ᠪᠠᠶᠢᠬᠤ ᠶᠢ | ᠪᠠᠷᠢᠮᠲᠠᠯᠠᠵᠤ᠂ ᠲᠦᠭᠵᠢᠮᠡᠯ ᠬᠥᠰᠢᠭᠦᠨ ᠬᠠᠭᠤᠴᠢᠨ ᠵᠠᠮ ᠢᠶᠠᠷ ᠶᠠᠪᠤᠬᠤ ᠦᠭᠡᠢ ᠪᠥᠭᠡᠳ ᠲᠤᠭ ᠲᠡᠮᠳᠡᠭ ᠢᠶᠠᠨ ᠬᠠᠯᠠᠬᠤ ᠭᠠᠵᠢᠭᠤ ᠵᠠᠮ ᠢᠶᠠᠷ ᠶᠠᠪᠤᠬᠤ ᠦᠭᠡᠢ ᠪᠠᠶᠢᠵᠤ | ᠂ ᠤᠯᠤᠰ ᠪᠠ ᠦᠨᠳᠦᠰᠦᠲᠡᠨ ᠤ ᠬᠥᠭᠵᠢᠯᠲᠡ ᠶᠢ ᠥᠪᠡᠷ ᠤᠨ ᠬᠦᠴᠦᠨ ᠳᠡᠭᠡᠨ ᠰᠠᠭᠤᠷᠢᠯᠠᠭᠤᠯᠬᠤ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠬᠥᠭᠵᠢᠯᠲᠡ | ᠲᠠᠪᠰᠢᠯᠳᠠ ᠶᠢᠨ ᠬᠤᠪᠢ ᠵᠠᠶᠠᠭ᠎ᠠ ᠶᠢ ᠥᠪᠡᠷ ᠤᠨ ᠭᠠᠷ ᠲᠠᠭᠠᠨ ᠪᠠᠲᠤ ᠡᠵᠡᠮᠳᠡᠬᠦ ᠶᠢ ᠪᠠᠷᠢᠮᠲᠠᠯᠠᠨ᠎ᠠ᠃ | — ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ᠎ᠠ᠃ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ | ᠬᠠᠮᠠᠭᠠᠯᠠᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠵᠦ᠂ ᠠᠷᠠᠳ ᠲᠦᠮᠡᠨ ᠤ ᠲᠥᠯᠥᠭᠡ ᠬᠥᠭᠵᠢᠭᠦᠯᠬᠦ᠂ ᠬᠥᠭᠵᠢᠭᠦᠯᠬᠦ ᠳᠤ ᠠᠷᠠᠳ ᠲᠦᠮᠡᠨ ᠢ | ᠲᠦᠰᠢᠭᠯᠡᠬᠦ᠂ ᠬᠥᠭᠵᠢᠯᠲᠡ ᠶᠢᠨ ᠦᠷ᠎ᠡ ᠪᠦᠲᠦᠭᠡᠯ ᠢ ᠠᠷᠠᠳ ᠲᠦᠮᠡᠨ ᠳᠤ ᠬᠠᠮᠲᠤ ᠪᠠᠷ ᠡᠳ᠋ᠯᠡᠭᠦᠯᠭᠦ ᠶᠢ ᠲᠠᠰᠤᠷᠠᠯᠳᠠ ᠦᠭᠡᠢ ᠪᠡᠶᠡᠯᠡᠭᠦᠯᠵᠦ᠂ ᠣᠳᠣᠬᠢᠴᠢᠯᠠᠬᠤ | ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠦᠭᠦ ᠠᠷᠠᠳ ᠲᠦᠮᠡᠨ ᠳᠤ ᠨᠡᠩ ᠤᠯᠠᠨ ᠨᠡᠩ ᠭᠤᠣᠯᠴᠢ ᠪᠠᠷ ᠬᠦᠷᠲᠡᠭᠡᠨ᠎ᠡ᠃ | — ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ ᠶᠢ ᠪᠠᠷᠢᠮᠲᠠᠯᠠᠨ᠎ᠠ᠃ ᠥᠭᠡᠷᠡᠴᠢᠯᠡᠯᠲᠡ ᠬᠢᠵᠦ ᠰᠢᠨ᠎ᠡ ᠶᠢ ᠡᠭᠦᠳᠭᠦ ᠶᠢ ᠭᠦᠨᠵᠡᠭᠡᠢ ᠠᠬᠢᠭᠤᠯᠵᠤ᠂ | ᠡᠷᠡᠰ ᠭᠤᠶᠢᠪᠢᠰᠢ ᠦᠭᠡᠢ ᠪᠠᠷ ᠨᠡᠭᠡᠭᠡᠯᠲᠡ ᠬᠢᠬᠦ ᠶᠢ ᠥᠷᠭᠡᠳᠬᠡᠵᠦ᠂ ᠭᠦᠨ ᠳᠠᠪᠬᠤᠷᠭ᠎ᠠ ᠶᠢᠨ ᠪᠠᠶᠢᠭᠤᠯᠤᠮᠵᠢ ᠲᠣᠭᠲᠠᠴᠠ ᠶᠢᠨ ᠬᠠᠷᠰᠢ ᠰᠠᠭᠠᠳ ᠢ ᠬᠦᠴᠦᠯᠡᠨ | ᠰᠢᠢᠳᠪᠦᠷᠢᠯᠡᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠤᠨ ᠳᠠᠪᠠᠭᠤᠯᠢᠭ ᠢ ᠲᠠᠰᠤᠷᠠᠯᠲᠠ ᠦᠭᠡᠢ ᠢᠯᠡᠷᠡᠭᠦᠯᠵᠦ᠂ ᠨᠡᠶᠢᠭᠡᠮ | ᠵᠢᠷᠤᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠬᠦᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ | ᠴᠢᠩᠭᠠᠳᠬᠠᠵᠤ᠂ ᠮᠠᠨ ᠤ ᠤᠯᠤᠰ ᠤᠨ ᠪᠠᠶᠢᠭᠤᠯᠤᠯ ᠤᠨ ᠳᠠᠪᠠᠭᠤᠯᠢᠭ ᠢ ᠤᠯᠤᠰ ᠤᠨ ᠵᠠᠰᠠᠯᠲᠠ ᠶᠢᠨ ᠦᠷ᠎ᠡ ᠪᠦᠲᠦᠮᠵᠢ ᠪᠣᠯᠭᠠᠨ ᠨᠡᠩ ᠰᠠᠶᠢᠲᠤᠷ ᠬᠤᠪᠢᠷᠠᠭᠤᠯᠤᠨ᠎ᠠ᠃ | | — ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠬᠤ ᠶᠢ ᠪᠠᠷᠢᠮᠲᠠᠯᠠᠨ᠎ᠠ᠃ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ | ᠡᠷᠴᠢ ᠵᠣᠷᠢᠭ᠂ ᠰᠥᠰᠥ ᠵᠣᠷᠢᠭ᠂ ᠢᠲᠡᠭᠡᠯ ᠵᠣᠷᠢᠭ ᠢ ᠴᠢᠩᠭᠠᠷᠠᠭᠤᠯᠵᠤ᠂ ᠭᠠᠵᠢᠭᠤ ᠪᠤᠷᠤᠭᠤ ᠶᠢ ᠢᠲᠡᠭᠡᠭᠦ ᠦᠭᠡᠢ᠂ ᠪᠤᠭ ᠴᠢᠳᠬᠦᠷ ᠠᠴᠠ ᠠᠶᠤᠬᠤ ᠦᠭᠡᠢ᠂ | ᠳᠠᠷᠤᠯᠲᠠ ᠠᠴᠠ ᠰᠦᠷᠳᠡᠭᠦ ᠦᠭᠡᠢ ᠪᠠᠷ ᠬᠦᠴᠢᠷ ᠢ ᠮᠡᠳᠡᠵᠦ ᠪᠠᠶᠢᠭᠠᠳ ᠬᠦᠴᠦᠯᠡᠨ ᠲᠡᠮᠡᠦᠯᠵᠦ᠂ ᠬᠦᠴᠢᠷ ᠢ ᠰᠥᠷᠦᠨ ᠤᠷᠤᠭᠰᠢᠯᠠᠵᠤ᠂ ᠬᠥᠭᠵᠢᠯᠲᠡ ᠪᠠ ᠠᠮᠤᠷ | ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠤᠷᠤᠭᠰᠢᠯᠠᠯᠲᠠ ᠶᠢᠨ ᠵᠠᠮ ᠳᠡᠭᠡᠷᠡᠬᠢ ᠡᠯ᠎ᠡ ᠵᠦᠢᠯ ᠤᠨ ᠬᠦᠴᠢᠷ ᠪᠡᠷᠬᠡᠰᠢᠶᠡᠯ ᠪᠠ ᠥᠷᠢᠰᠦᠯᠳᠦᠭᠡᠨ ᠢ ᠪᠦᠭᠦ | ᠬᠦᠴᠦᠨ ᠢᠶᠠᠷ ᠢᠶᠠᠨ ᠢᠯᠠᠨ ᠳᠠᠪᠠᠵᠤ᠂ ᠰᠢᠷᠭᠠᠭᠤ ᠬᠠᠲᠠᠭᠤᠵᠢᠯᠲᠠᠢ ᠲᠡᠮᠡᠴᠡᠯ ᠳᠤ ᠲᠦᠰᠢᠭᠯᠡᠨ ᠠᠵᠢᠯ ᠦᠢᠯᠡᠰ ᠤᠨ ᠬᠥᠭᠵᠢᠯᠲᠡ ᠶᠢᠨ ᠰᠢᠨ᠎ᠡ ᠬᠦᠷᠢᠶ᠎ᠡ ᠶᠢ ᠨᠡᠭᠡᠭᠡᠨ᠎ᠡ | ᠃ | ᠨᠥᠬᠦᠳ ᠠ᠋︕ ᠥᠨᠥᠳᠥᠷ ᠪᠢᠳᠡ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠬᠠᠷᠠᠯᠲᠠ ᠶᠢ ᠪᠡᠶᠡᠯᠡᠭᠦᠯᠬᠦ ᠳᠤ ᠲᠡᠦᠬᠡ ᠶᠢᠨ ᠠᠯᠢ | ᠴᠦ ᠦᠶ᠎ᠡ ᠠᠴᠠ ᠢᠯᠡᠭᠦᠦ ᠣᠶᠢᠷᠠᠳᠴᠤ᠂ ᠨᠡᠩ ᠢᠯᠡᠭᠦᠦ ᠢᠲᠡᠭᠡᠯ ᠪᠠ ᠴᠢᠳᠠᠪᠤᠷᠢ ᠲᠠᠢ ᠪᠣᠯᠵᠠᠢ᠂ ᠡᠭᠦᠨ ᠤ ᠬᠠᠮᠲᠤ ᠡᠷᠬᠡᠪᠰᠢ ᠨᠡᠩ ᠬᠠᠲᠠᠭᠤ ᠪᠡᠷᠬᠡ ᠲᠠᠢ᠂ ᠨᠡᠩ | ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠭᠠᠷᠭᠠᠬᠤ ᠪᠠᠷ ᠪᠡᠯᠡᠳᠬᠡᠬᠦ ᠬᠡᠷᠡᠭᠲᠡᠢ᠃ ᠪᠦᠭᠦ ᠨᠠᠮ ᠢᠶᠠᠷ ᠢᠶᠠᠨ ᠡᠷᠬᠡᠪᠰᠢ ᠢᠲᠡᠭᠡᠯ ᠵᠣᠷᠢᠭ ᠢᠶᠠᠨ ᠪᠠᠲᠤᠳᠬᠠᠨ ᠵᠣᠷᠢᠭᠲᠠᠢ | ᠵᠢᠳᠬᠦᠵᠦ᠂ ᠰᠠᠨᠠᠭᠠᠴᠢᠯᠠᠭ᠎ᠠ ᠠᠴᠠ ᠪᠠᠨ ᠬᠤᠪᠢᠷᠠᠯᠲᠠ ᠶᠢ ᠲᠠᠨᠢᠵᠤ ᠬᠤᠪᠢᠷᠠᠯᠲᠠ ᠶᠢ ᠠᠷᠭᠠᠴᠠᠭᠠᠨ ᠬᠤᠪᠢᠷᠠᠯᠲᠠ ᠶᠢ ᠡᠷᠢᠯᠬᠢᠯᠡᠵᠦ᠂ ᠠᠶᠤᠯ ᠲᠦᠭᠰᠢᠭᠦᠷᠢ ᠶᠢ | ᠰᠠᠨᠠᠭᠠᠴᠢᠯᠠᠭ᠎ᠠ ᠠᠴᠠ ᠪᠠᠨ ᠰᠡᠷᠭᠡᠶᠢᠯᠡᠨ ᠠᠷᠢᠯᠭᠠᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠢᠯᠠᠯᠲᠠ | ᠶᠢ ᠲᠠᠰᠤᠷᠠᠯᠲᠠ ᠦᠭᠡᠢ ᠲᠡᠮᠡᠴᠡᠨ ᠣᠯᠰᠤᠭᠠᠢ︕ | | | ᠳᠥᠷᠪᠡ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠤᠨ᠎ᠠ | ᠴᠢᠨᠠᠷ ᠰᠠᠶᠢᠲᠠᠢ ᠬᠥᠭᠵᠢᠯᠲᠡ ᠪᠣᠯ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠲᠡᠷᠢᠭᠦᠨ ᠴᠢᠬᠤᠯᠠ | ᠡᠭᠦᠷᠭᠡ ᠮᠥᠨ᠃ ᠬᠥᠭᠵᠢᠭᠦᠯᠬᠦ ᠪᠣᠯ ᠨᠠᠮ ᠤᠨ ᠲᠥᠷᠥ ᠪᠠᠷᠢᠵᠤ ᠤᠯᠤᠰ ᠢᠶᠠᠨ ᠮᠠᠨᠳᠤᠭᠤᠯᠬᠤ ᠶᠢᠨ ᠲᠡᠷᠢᠭᠦᠨ ᠴᠢᠬᠤᠯᠠ ᠡᠭᠦᠷᠭᠡ ᠪᠣᠯᠣᠨ᠎ᠠ᠃ ᠪᠣᠳᠠᠰ ᠤᠨ ᠪᠠ | ᠮᠡᠷᠭᠡᠵᠢᠯ ᠤᠨ ᠪᠠᠲᠤ ᠰᠠᠭᠤᠷᠢ ᠪᠠᠶᠢᠬᠤ ᠦᠭᠡᠢ ᠪᠣᠯ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠵᠤ | ᠴᠢᠳᠠᠬᠤ ᠦᠭᠡᠢ ᠶᠤᠮ᠃ ᠡᠷᠬᠡᠪᠰᠢ ᠬᠥᠭᠵᠢᠯᠲᠡ ᠶᠢᠨ ᠰᠢᠨ᠎ᠡ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠴᠠᠲᠠᠢ᠂ ᠪᠦᠭᠦ ᠲᠠᠯ᠎ᠠ ᠪᠠᠷ ᠲᠤᠭᠤᠰᠢᠯᠠᠭᠤᠯᠵᠤ᠂ | ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠥᠭᠡᠷᠡᠴᠢᠯᠡᠯᠲᠡ ᠶᠢᠨ ᠴᠢᠭᠯᠡᠯ ᠢ ᠪᠠᠷᠢᠮᠲᠠᠯᠠᠨ᠂ ᠥᠨᠳᠥᠷ ᠲᠦᠪᠰᠢᠨ ᠪᠦᠬᠦᠢ ᠭᠠᠳᠠᠭᠠᠳᠤ | ᠨᠡᠭᠡᠭᠡᠯᠲᠡ ᠶᠢ ᠪᠠᠷᠢᠮᠲᠠᠯᠠᠵᠤ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢᠶᠠᠷ ᠭᠤᠣᠯ ᠴᠣᠭᠴᠠ ᠪᠤᠯᠭᠠᠬᠰᠠᠨ᠂ ᠤᠯᠤᠰ ᠤᠨ ᠳᠣᠲᠣᠭᠠᠳᠤ ᠶᠢᠨ ᠪᠠ ᠣᠯᠠᠨ | ᠤᠯᠤᠰ ᠤᠨ ᠬᠤᠣᠰ ᠣᠷᠴᠢᠯ ᠤᠨ ᠬᠠᠷᠢᠯᠴᠠᠨ ᠠᠬᠢᠭᠤᠯᠤᠯᠴᠠᠭᠰᠠᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠲᠦᠷᠭᠡᠳᠬᠡᠨ ᠪᠠᠶᠢᠭᠤᠯᠤᠨ᠎ᠠ᠃ | ᠪᠢᠳᠡ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠭᠤᠣᠯ ᠰᠡᠳᠦᠪ ᠪᠤᠯᠭᠠᠬᠤ ᠶᠢ ᠪᠠᠷᠢᠮᠲᠠᠯᠠᠨ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ | ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠯᠦᠭᠡ ᠣᠷᠭᠠᠨᠢᠭ ᠢᠶᠠᠷ ᠤᠶᠠᠯᠳᠤᠭᠤᠯᠵᠤ᠂ | ᠤᠯᠤᠰ ᠤᠨ ᠳᠣᠲᠣᠭᠠᠳᠤ ᠶᠢᠨ ᠶᠡᠭᠡ ᠣᠷᠴᠢᠯ ᠤᠨ ᠳᠣᠲᠣᠭᠠᠳᠤ ᠬᠦᠳᠡᠯᠭᠡᠬᠦ ᠬᠦᠴᠦᠨ ᠪᠣᠯᠣᠨ ᠨᠠᠶᠢᠳᠠᠪᠤᠷᠢᠲᠤ ᠴᠢᠨᠠᠷ ᠢ ᠴᠢᠩᠭᠠᠳᠬᠠᠨ᠂ | ᠣᠯᠠᠨ ᠤᠯᠤᠰ ᠤᠨ ᠣᠷᠴᠢᠯ ᠤᠨ ᠶᠠᠰᠤ ᠴᠢᠨᠠᠷ ᠪᠠ ᠬᠢᠷᠢ ᠲᠦᠪᠰᠢᠨ ᠢ ᠳᠡᠭᠡᠭᠰᠢᠯᠡᠭᠦᠯᠵᠤ᠂ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ ᠲᠦᠷᠭᠡᠳᠬᠡᠨ | ᠪᠠᠶᠢᠭᠤᠯᠵᠤ᠂ ᠪᠦᠭᠦ ᠡᠯᠧᠮᠧᠨ᠋ᠲ ᠤᠨ ᠦᠢᠯᠡᠳᠪᠦᠷᠢᠯᠡᠯ ᠤᠨ ᠨᠣᠷᠮ᠎ᠠ ᠶᠢ ᠬᠦᠴᠦᠯᠡᠨ ᠳᠡᠭᠡᠭᠰᠢᠯᠡᠭᠦᠯᠵᠦ᠂ ᠠᠵᠤ ᠦᠢᠯᠡᠰ ᠤᠨ ᠬᠡᠯᠬᠢᠶ᠎ᠡ ᠪᠠ ᠬᠠᠩᠭᠠᠯᠭ᠎ᠠ ᠶᠢᠨ | ᠬᠡᠯᠬᠢᠶ᠎ᠡ ᠶᠢᠨ ᠤᠶᠠᠨ ᠬᠠᠳᠠᠨ ᠴᠢᠨᠠᠷ ᠪᠣᠯᠣᠨ ᠠᠮᠤᠷ ᠲᠦᠪᠰᠢᠨ ᠤ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠵᠦ᠂ ᠬᠤᠲᠠ ᠬᠥᠳᠡᠭᠡ ᠶᠢᠨ ᠠᠭᠤᠰᠤᠯᠴᠠᠯ ᠪᠣᠯᠣᠨ | ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠬᠦᠴᠦᠯᠡᠨ ᠠᠬᠢᠭᠤᠯᠵᠤ᠂ ᠠᠵᠤ ᠠᠬᠤᠢ ᠶᠢᠨ ᠶᠠᠰᠤ ᠴᠢᠨᠠᠷ ᠤᠨ ᠪᠦᠲᠦᠮᠵᠢᠲᠡᠢ ᠳᠡᠭᠡᠭᠰᠢᠯᠡᠯᠲᠡ ᠪᠣᠯᠣᠨ | ᠲᠤᠭ᠎ᠠ ᠬᠡᠮᠵᠢᠶᠡᠨ ᠤ ᠵᠦᠢ ᠵᠣᠬᠢᠰᠲᠠᠢ ᠨᠡᠮᠡᠭᠳᠡᠯ ᠢ ᠪᠡᠶᠡᠯᠡᠭᠦᠯᠬᠦ ᠶᠢ ᠠᠬᠢᠭᠤᠯᠤᠨ᠎ᠠ᠃ | ︵ᠨᠢᠭᠡ︶ ᠥᠨᠳᠥᠷ ᠲᠦᠪᠰᠢᠨ ᠪᠦᠬᠦᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯ ᠢ ᠪᠠᠶᠢᠭᠤᠯᠤᠨ᠎ᠠ᠃ ᠨᠡᠶᠢᠭᠡᠮ ᠵᠢᠷᠤᠮ | ᠤᠨ ᠦᠨᠳᠦᠰᠦᠨ ᠠᠵᠤ ᠠᠬᠤᠢ ᠶᠢᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠨᠡᠶᠢᠲᠡ ᠶᠢᠨ ᠥᠮᠴᠢᠯᠡᠯ ᠤᠨ ᠠᠵᠤ ᠠᠬᠤᠢ ᠶᠢ ᠭᠤᠶᠢᠪᠢᠰᠢ ᠦᠭᠡᠢ ᠪᠠᠷ | ᠪᠠᠬᠢᠵᠢᠭᠦᠯᠦᠨ ᠬᠥᠭᠵᠢᠭᠦᠯᠵᠦ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠭᠵᠢᠯᠲᠡ ᠶᠢ ᠭᠤᠶᠢᠪᠢᠰᠢ ᠦᠭᠡᠢ ᠪᠠᠷ ᠵᠣᠷᠢᠭᠵᠢᠭᠤᠯᠤᠨ ᠳᠡᠮᠵᠢᠭᠦ ᠪᠠ | ᠬᠥᠲᠥᠯᠥᠨ ᠵᠢᠯᠤᠭᠤᠳᠴᠤ᠂ ᠡᠬᠢ ᠪᠠᠶᠠᠯᠢᠭ ᠢ ᠲᠣᠬᠢᠷᠠᠭᠤᠯᠬᠤ ᠶᠠᠪᠤᠴᠠ ᠳᠠᠬᠢ ᠵᠠᠬ᠎ᠠ ᠳᠡᠯᠭᠡᠭᠦᠷ ᠤᠨ ᠰᠢᠢᠳᠪᠦᠷᠢᠯᠡᠭᠴᠢ ᠴᠢᠨᠠᠷᠲᠠᠢ ᠦᠢᠯᠡᠳᠦᠯ ᠢ ᠭᠦᠢᠴᠡᠳ | ᠪᠠᠳᠠᠷᠠᠭᠤᠯᠤᠨ᠂ ᠵᠠᠰᠠᠭ ᠤᠨ ᠣᠷᠳᠣᠨ ᠤ ᠦᠢᠯᠡᠳᠦᠯ ᠢ ᠨᠡᠩ ᠰᠠᠶᠢᠨ ᠪᠠᠳᠠᠷᠠᠭᠤᠯᠤᠨ᠎ᠠ᠃ ᠤᠯᠤᠰ ᠤᠨ ᠥᠮᠴᠢᠯᠡᠯ ᠤᠨ ᠡᠳ᠋ ᠬᠥᠷᠥᠩᠭᠡ ᠪᠣᠯᠣᠨ ᠤᠯᠤᠰ ᠤᠨ | ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠢ ᠶᠢᠨ ᠪᠠᠶᠢᠷᠢᠰᠢᠯ ᠢ ᠰᠢᠯᠢᠳᠡᠭᠵᠢᠭᠦᠯᠬᠦ | ᠪᠠ ᠪᠦᠲᠦᠴᠡ ᠶᠢ ᠲᠣᠬᠢᠷᠠᠭᠤᠯᠬᠤ ᠶᠢ ᠲᠦᠷᠭᠡᠳᠬᠡᠨ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠪᠣᠯᠣᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ | ᠬᠦᠴᠦᠷᠬᠡᠭᠵᠢᠭᠦᠯᠦᠨ ᠰᠢᠯᠢᠳᠡᠭᠵᠢᠭᠦᠯᠵᠦ ᠪᠤᠵᠠᠭᠠᠶᠢᠷᠠᠭᠤᠯᠬᠤ ᠶᠢ ᠠᠬᠢᠭᠤᠯᠵᠤ᠂ ᠠᠵᠤ ᠠᠬᠤᠶᠢᠯᠠᠯ ᠤᠨ ᠭᠤᠣᠯᠯᠠᠬᠤ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ | ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠦᠨ᠂ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠤᠨ ᠥᠮᠴᠢᠯᠡᠯ ᠤᠨ ᠡᠷᠬᠡ ᠪᠣᠯᠣᠨ ᠠᠵᠤ ᠠᠬᠤᠶᠢᠯᠠᠯᠲᠠᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠵᠤ᠂ ᠠᠷᠠᠳ ᠤᠨ ᠡᠵᠡᠩᠨᠡᠯᠲᠡ ᠶᠢᠨ ᠠᠵᠤ | ᠠᠬᠤᠢ ᠶᠢᠨ ᠬᠥᠭᠵᠢᠨ ᠪᠤᠵᠠᠭᠠᠶᠢᠷᠠᠬᠤ ᠶᠢ ᠠᠬᠢᠭᠤᠯᠤᠨ᠎ᠠ᠃ ᠳᠤᠮᠳᠠᠳᠤ ᠤᠯᠤᠰ ᠤᠨ ᠣᠨᠴᠠᠯᠢᠭ ᠲᠠᠢ ᠣᠳᠣ ᠦᠶ᠎ᠡ ᠶᠢᠨ ᠠᠵᠤ ᠠᠬᠤᠶᠢᠯᠠᠯ ᠤᠨ ᠳᠦᠷᠢᠮ ᠢ | ᠲᠡᠭᠦᠯᠳᠡᠷᠵᠢᠭᠦᠯᠵᠦ᠂ ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠳᠡᠯᠡᠬᠡᠢ ᠶᠢᠨ ᠲᠡᠷᠢᠭᠦᠨ ᠵᠡᠷᠭᠡ ᠶᠢᠨ ᠠᠵᠤ ᠠᠬᠤᠶᠢᠯᠠᠯ ᠢ ᠲᠦᠷᠭᠡᠳᠬᠡᠨ | ᠪᠠᠶᠢᠭᠤᠯᠤᠨ᠎ᠠ᠃ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠨ᠎ᠡ᠃ ᠵᠠᠰᠠᠭ ᠢ ᠴᠤᠮᠬᠠᠳᠬᠠᠨ ᠡᠷᠬᠡ ᠶᠢ ᠲᠠᠯᠪᠢᠬᠤ᠂ ᠲᠠᠯᠪᠢᠬᠤ | ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠪᠦᠭᠦ ᠤᠯᠤᠰ ᠤᠨ ᠨᠢᠭᠡᠳᠦᠯᠲᠡᠢ ᠲᠣᠮᠣ | ᠵᠠᠬ᠎ᠠ ᠳᠡᠯᠭᠡᠭᠦᠷ ᠢ ᠪᠠᠶᠢᠭᠤᠯᠵᠤ᠂ ᠡᠯᠧᠮᠧᠨ᠋ᠲ ᠤᠨ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ ᠤᠨ | ᠰᠢᠰᠲ᠋ᠧᠮ ᠢ ᠪᠠᠶᠢᠭᠤᠯᠤᠨ᠎ᠠ᠃ ᠥᠮᠴᠢᠯᠡᠯ ᠤᠨ ᠡᠷᠬᠡ ᠶᠢᠨ ᠬᠠᠮᠠᠭᠠᠯᠠᠯᠲᠠ᠂ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ᠂ ᠭᠤᠣᠯᠴᠢ ᠪᠠᠷ ᠥᠷᠢᠰᠦᠯᠳᠦᠬᠦ᠂ | ᠨᠡᠶᠢᠭᠡᠮ ᠤᠨ ᠦᠨᠡᠨᠴᠢ ᠢᠲᠡᠭᠡᠮᠵᠢ ᠵᠡᠷᠭᠡ ᠵᠠᠬ᠎ᠠ ᠳᠡᠯᠭᠡᠭᠦᠷ ᠤᠨ ᠠᠵᠤ ᠠᠬᠤᠢ ᠶᠢᠨ ᠰᠠᠭᠤᠷᠢ ᠳᠦᠷᠢᠮ ᠢ ᠲᠡᠭᠦᠯᠳᠡᠷᠵᠢᠭᠦᠯᠵᠦ᠂ ᠬᠤᠳᠠᠯᠳᠤᠭ᠎ᠠ ᠡᠷᠭᠢᠯᠡᠭᠦ ᠣᠷᠴᠢᠨ | ᠨᠥᠬᠦᠴᠡᠯ ᠢ ᠰᠢᠯᠢᠳᠡᠭᠵᠢᠭᠦᠯᠦᠨ᠎ᠡ᠃ ᠬᠤᠷᠸ᠎ᠠ ᠠᠵᠤ ᠠᠬᠤᠢ ᠶᠢᠨ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠤᠯᠤᠰ ᠤᠨ ᠬᠥᠭᠵᠢᠯᠲᠡ ᠶᠢᠨ | ᠲᠥᠯᠦᠪᠵᠢᠭᠦᠯᠭᠡ ᠶᠢᠨ ᠪᠠᠶᠢᠯᠳᠤᠬᠤ ᠪᠣᠳᠣᠯᠭ᠎ᠠ ᠶᠢᠨ ᠤᠳᠤᠷᠢᠳᠤᠮᠵᠢ ᠶᠢᠨ ᠦᠢᠯᠡᠳᠦᠯ ᠢ ᠪᠠᠳᠠᠷᠠᠭᠤᠯᠵᠤ᠂ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠪᠠ | ᠵᠣᠭᠤᠰᠤᠨ ᠤ ᠲᠥᠷᠥ ᠶᠢᠨ ᠪᠣᠳᠣᠯᠭ᠎ᠠ ᠶᠢᠨ ᠵᠣᠬᠢᠴᠠᠭᠤᠯᠭ᠎ᠠ ᠬᠠᠮᠵᠢᠯᠴᠠᠭ᠎ᠠ ᠶᠢ ᠴᠢᠩᠭᠠᠳᠬᠠᠨ᠂ ᠳᠣᠲᠣᠭᠠᠳᠤ ᠬᠡᠷᠡᠭᠴᠡᠭᠡ ᠶᠢ ᠬᠦᠴᠦᠯᠡᠨ ᠥᠷᠭᠡᠳᠬᠡᠵᠦ᠂ | ᠬᠡᠷᠡᠭᠯᠡᠭᠡ ᠶᠢᠨ ᠠᠵᠤ ᠠᠬᠤᠢ ᠶᠢᠨ ᠬᠥᠭᠵᠢᠯᠲᠡ ᠳᠤ ᠦᠵᠡᠭᠦᠯᠭᠦ ᠰᠠᠭᠤᠷᠢ ᠴᠢᠨᠠᠷᠲᠠᠢ ᠦᠢᠯᠡᠳᠦᠯ ᠪᠣᠯᠣᠨ ᠪᠡᠯᠡ ᠣᠷᠣᠭᠤᠯᠤᠯᠲᠠ ᠶᠢᠨ ᠬᠠᠩᠭᠠᠯᠭ᠎ᠠ ᠶᠢᠨ ᠪᠦᠲᠦᠴᠡ | ᠶᠢ ᠰᠢᠯᠢᠳᠡᠭᠵᠢᠭᠦᠯᠬᠦ ᠳᠤ ᠦᠵᠡᠭᠦᠯᠭᠦ ᠵᠠᠩᠭᠢᠯᠠᠭ᠎ᠠ ᠶᠢᠨ ᠦᠢᠯᠡᠳᠦᠯ ᠢ ᠴᠢᠩᠭᠠᠳᠬᠠᠨ᠎ᠠ᠃ ᠣᠳᠣ ᠦᠶ᠎ᠡ ᠶᠢᠨ ᠲᠥᠰᠥᠪ ᠤᠨ ᠳᠦᠷᠢᠮ ᠢ ᠲᠡᠭᠦᠯᠳᠡᠷᠵᠢᠭᠦᠯᠵᠦ᠂ | ᠭᠠᠶᠢᠯᠢ ᠶᠢᠨ ᠳᠦᠷᠢᠮ ᠤᠨ ᠪᠦᠲᠦᠴᠡ ᠶᠢ ᠰᠢᠯᠢᠳᠡᠭᠵᠢᠭᠦᠯᠦᠨ᠂ ᠡᠳ᠋ ᠤᠨ ᠵᠠᠰᠠᠭ ᠤᠨ ᠰᠢᠯᠵᠢᠭᠦᠯᠦᠨ ᠥᠭᠭᠦ ᠰᠢᠰᠲ᠋ᠧᠮ ᠢ ᠲᠡᠭᠦᠯᠳᠡᠷᠵᠢᠭᠦᠯᠦᠨ᠎ᠡ᠃ ᠮᠥᠩᠭᠦᠨ | ᠭᠦᠢᠯᠭᠡᠭᠡᠨ ᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠣᠳᠣ ᠦᠶ᠎ᠡ ᠶᠢᠨ ᠲᠥᠪ ᠪᠠᠩᠬᠢ ᠶᠢᠨ ᠳᠦᠷᠢᠮ ᠢ ᠪᠠᠶᠢᠭᠤᠯᠵᠤ᠂ ᠣᠳᠣ ᠦᠶ᠎ᠡ ᠶᠢᠨ | ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ ᠲᠡᠭᠦᠯᠳᠡᠷᠵᠢᠭᠦᠯᠵᠦ᠂ ᠮᠥᠩᠭᠦᠨ ᠭᠦᠢᠯᠭᠡᠭᠡᠨ ᠤ ᠲᠣᠭᠲᠠᠭᠤᠨ ᠪᠠᠶᠢᠳᠠᠯ ᠢ ᠪᠠᠲᠤᠯᠠᠬᠤ | ᠰᠢᠰᠲ᠋ᠧᠮ ᠢ ᠴᠢᠩᠭᠠᠷᠠᠭᠤᠯᠤᠨ᠂ ᠡᠯ᠎ᠡ ᠲᠥᠷᠥᠯ ᠤᠨ ᠮᠥᠩᠭᠦᠨ ᠭᠦᠢᠯᠭᠡᠭᠡᠨ ᠤ ᠠᠵᠢᠯᠯᠠᠭ᠎ᠠ ᠶᠢ ᠪᠦᠭᠦᠨ ᠢ ᠬᠠᠤᠯᠢ ᠶᠣᠰᠣᠭᠠᠷ ᠬᠢᠨᠠᠯᠲᠠ ᠬᠠᠮᠢᠶᠠᠷᠤᠯᠲᠠ ᠳᠤ | ᠣᠷᠣᠭᠤᠯᠵᠤ᠂ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠰᠠᠬᠢᠨ᠎ᠠ᠃ ᠬᠥᠷᠥᠩᠭᠡ ᠶᠢᠨ ᠵᠠᠬ᠎ᠠ ᠳᠡᠯᠭᠡᠭᠦᠷ ᠤᠨ | ᠴᠢᠳᠠᠮᠵᠢ ᠶᠢ ᠲᠡᠭᠦᠯᠳᠡᠷᠵᠢᠭᠦᠯᠵᠦ᠂ ᠰᠢᠭᠤᠳ ᠪᠡᠯᠡ ᠬᠤᠷᠠᠮᠳᠤᠭᠤᠯᠬᠤ ᠬᠠᠷᠢᠴᠠᠯ ᠢ ᠳᠡᠭᠡᠭᠰᠢᠯᠡᠭᠦᠯᠦᠨ᠎ᠡ᠃ ᠭᠠᠭᠴᠠᠭᠠᠷ ᠡᠵᠡᠮᠰᠢᠯ ᠢ ᠡᠰᠡᠷᠭᠦᠴᠡᠬᠦ ᠪᠠ ᠵᠦᠢ ᠪᠤᠰᠤ | ᠥᠷᠢᠰᠦᠯᠳᠦᠭᠡᠨ ᠢ ᠡᠰᠡᠷᠭᠦᠴᠡᠬᠦ ᠠᠵᠢᠯ ᠢ ᠴᠢᠩᠭᠠᠳᠬᠠᠵᠤ᠂ ᠣᠷᠣᠨ ᠨᠤᠲᠤᠭ ᠤᠨ ᠬᠠᠮᠠᠭᠠᠯᠠᠯᠲᠠ ᠪᠣᠯᠣᠨ ᠵᠠᠰᠠᠭ ᠵᠠᠬᠢᠷᠭᠠᠨ ᠤ ᠴᠢᠨᠠᠷᠲᠠᠢ ᠭᠠᠭᠴᠠᠭᠠᠷ ᠡᠵᠡᠮᠰᠢᠯ ᠢ | ᠡᠪᠳᠡᠵᠦ᠂ ᠬᠥᠷᠥᠩᠭᠡ ᠶᠢᠨ ᠡᠷᠡᠭᠦᠯ ᠢᠶᠠᠷ ᠭᠦᠭᠵᠢᠭᠦ ᠶᠢ ᠬᠠᠤᠯᠢ ᠶᠣᠰᠣᠭᠠᠷ ᠵᠢᠷᠤᠮᠵᠢᠭᠤᠯᠤᠨ ᠬᠥᠲᠥᠯᠥᠨ ᠵᠢᠯᠣᠭᠤᠳᠤᠨ᠎ᠠ᠃ | ︵ᠬᠤᠶᠠᠷ︶ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠤᠨ᠎ᠠ᠃ ᠠᠵᠤ ᠠᠬᠤᠢ ᠶᠢ ᠬᠥᠭᠵᠢᠭᠦᠯᠬᠦ ᠬᠦᠴᠦᠯᠡᠬᠦ ᠴᠡᠭ ᠢ ᠪᠣᠳᠠᠲᠤ ᠴᠣᠭᠴᠠ | ᠶᠢᠨ ᠠᠵᠤ ᠠᠬᠤᠢ ᠳᠡᠭᠡᠷ᠎ᠡ ᠲᠠᠯᠪᠢᠬᠤ ᠶᠢ ᠪᠠᠷᠢᠮᠲᠠᠯᠠᠵᠤ᠂ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠠᠬᠢᠭᠤᠯᠵᠤ᠂ ᠦᠢᠯᠡᠳᠭᠦ ᠦᠢᠯᠡᠰ ᠤᠨ | ᠬᠦᠴᠦᠷᠬᠡᠭ ᠤᠯᠤᠰ᠂ ᠶᠠᠰᠤ ᠴᠢᠨᠠᠷ ᠤᠨ ᠬᠦᠴᠦᠷᠬᠡᠭ ᠤᠯᠤᠰ᠂ ᠰᠠᠨᠰᠠᠷ ᠤᠨ ᠠᠶᠠᠯᠠᠯ ᠤᠨ ᠬᠦᠴᠦᠷᠬᠡᠭ ᠤᠯᠤᠰ᠂ ᠵᠠᠮ ᠬᠠᠷᠢᠯᠴᠠᠭᠠᠨ ᠤ ᠬᠦᠴᠦᠷᠬᠡᠭ ᠤᠯᠤᠰ᠂ | ᠢᠨᠲ᠋ᠧᠷ ᠰᠦᠯᠵᠢᠶᠡᠨ ᠤ ᠬᠦᠴᠦᠷᠬᠡᠭ ᠤᠯᠤᠰ᠂ ᠲᠣᠭᠠᠴᠢᠯᠠᠭᠰᠠᠨ ᠳᠤᠮᠳᠠᠳᠤ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠤᠨ᠎ᠠ᠃ ᠠᠵᠤ ᠦᠢᠯᠡᠰ ᠤᠨ ᠰᠠᠭᠤᠷᠢ | ᠶᠢ ᠳᠠᠭᠢᠨ ᠴᠣᠭᠴᠠᠯᠠᠬᠤ ᠢᠨᠵᠧᠨᠧᠷᠢᠩ ᠪᠣᠯᠣᠨ ᠴᠢᠬᠤᠯᠠ ᠶᠡᠭᠡ ᠲᠸᠭᠨᠢᠭ ᠮᠡᠷᠭᠡᠵᠢᠯ ᠤᠨ ᠮᠠᠰᠢᠨ ᠲᠣᠨᠣᠭᠯᠠᠯ ᠤᠨ ᠪᠣᠭᠤᠮᠲᠠ ᠰᠢᠪᠲᠤᠯᠬᠤ ᠢᠨᠵᠧᠨᠧᠷᠢᠩ ᠢ | ᠬᠡᠷᠡᠭᠵᠢᠭᠦᠯᠵᠦ᠂ ᠲᠤᠰᠬᠠᠶᠢᠵᠢᠭᠰᠠᠨ ᠨᠠᠷᠢᠯᠢᠭᠵᠢᠭᠰᠠᠨ ᠣᠨᠴᠠᠯᠢᠭᠲᠤ ᠰᠢᠨ᠎ᠡ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠵᠦ᠂ ᠦᠢᠯᠡᠳᠭᠦ ᠦᠢᠯᠡᠰ ᠤᠨ ᠳᠡᠭᠡᠳᠦ | ᠳᠡᠰᠵᠢᠭᠦ᠂ ᠣᠶᠤᠨᠴᠢᠯᠠᠬᠤ᠂ ᠪᠣᠬᠢᠷᠳᠤᠯ ᠦᠭᠡᠢ ᠬᠥᠭᠵᠢᠯᠲᠡ ᠶᠢ ᠠᠬᠢᠭᠤᠯᠤᠨ᠎ᠠ᠃ ᠳᠠᠪᠠᠭᠤᠯᠢᠭᠲᠤ ᠠᠵᠤ ᠦᠢᠯᠡᠰ ᠤᠨ ᠲᠡᠷᠢᠭᠦᠨ ᠤ ᠪᠠᠶᠢᠷᠢ ᠰᠠᠭᠤᠷᠢ ᠶᠢ | ᠪᠠᠬᠢᠵᠢᠭᠦᠯᠦᠨ᠂ ᠠᠮᠤᠷ ᠲᠦᠪᠰᠢᠨ ᠬᠥᠭᠵᠢᠯᠲᠡ ᠳᠤ ᠬᠤᠯᠪᠣᠭᠳᠠᠬᠤ ᠬᠦᠷᠢᠶ᠎ᠡ ᠴᠠᠷᠠᠭᠠᠨ ᠳᠠᠬᠢ ᠳᠤᠲᠠᠭᠤᠳᠠᠯ ᠢᠶᠠᠨ ᠲᠦᠷᠭᠡᠨ ᠨᠥᠬᠦᠪᠦᠷᠢᠯᠡᠵᠦ᠂ ᠪᠠᠶᠢᠯᠳᠤᠬᠤ | ᠪᠣᠳᠣᠯᠭ᠎ᠠ ᠶᠢᠨ ᠴᠢᠨᠠᠷᠲᠠᠢ ᠡᠬᠢ ᠪᠠᠶᠠᠯᠢᠭ ᠤᠨ ᠬᠠᠩᠭᠠᠯᠭ᠎ᠠ ᠶᠢᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠠᠶᠢᠯᠳᠤᠬᠤ ᠪᠣᠳᠣᠯᠭ᠎ᠠ ᠶᠢᠨ ᠴᠢᠨᠠᠷᠲᠠᠢ | ᠰᠢᠨ᠎ᠡ ᠪᠠᠷ ᠬᠥᠭᠵᠢᠵᠦ ᠪᠠᠶᠢᠭ᠎ᠠ ᠠᠵᠤ ᠦᠢᠯᠡᠰ ᠤᠨ ᠠᠭᠤᠰᠤᠯᠴᠠᠨ ᠪᠦᠯᠦᠭᠵᠢᠵᠦ ᠭᠦᠭᠵᠢᠭᠦ ᠶᠢ ᠠᠬᠢᠭᠤᠯᠵᠤ᠂ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ | ᠮᠡᠷᠭᠡᠵᠢᠯ᠂ ᠵᠣᠬᠢᠶᠠᠮᠠᠯ ᠣᠶᠤᠨ ᠴᠢᠳᠠᠪᠤᠷᠢ᠂ ᠠᠮᠢᠳᠤ ᠪᠣᠳᠠᠰ ᠤᠨ ᠮᠡᠷᠭᠡᠵᠢᠯ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠳᠡᠭᠡᠳᠦ ᠳᠡᠰ ᠤᠨ ᠮᠠᠰᠢᠨ ᠲᠣᠨᠣᠭᠯᠠᠯ᠂ | ᠪᠣᠬᠢᠷᠳᠤᠯ ᠦᠭᠡᠢ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠨᠢᠭᠡ ᠪᠦᠯᠦᠭ ᠰᠢᠨ᠎ᠡ ᠨᠡᠮᠡᠭᠳᠡᠯ ᠤᠨ ᠬᠥᠳᠡᠯᠭᠡᠭᠦᠷ ᠢ ᠪᠠᠶᠢᠭᠤᠯᠤᠨ᠎ᠠ᠃ ᠴᠢᠨᠠᠷ ᠰᠠᠶᠢᠲᠠᠢ ᠥᠨᠳᠥᠷ | ᠪᠦᠲᠦᠮᠵᠢᠲᠡᠢ ᠦᠢᠯᠡᠴᠢᠯᠡᠭᠡᠨ ᠤ ᠦᠢᠯᠡᠰ ᠤᠨ ᠰᠢᠨ᠎ᠡ ᠰᠢᠰᠲ᠋ᠧᠮ ᠢ ᠪᠠᠶᠢᠭᠤᠯᠵᠤ᠂ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠢ ᠲᠡᠷᠢᠭᠦᠨ ᠤ ᠦᠢᠯᠡᠳᠭᠦ | ᠦᠢᠯᠡᠰ᠂ ᠣᠳᠣ ᠦᠶ᠎ᠡ ᠶᠢᠨ ᠬᠥᠳᠡᠭᠡ ᠠᠵᠤ ᠠᠬᠤᠢ ᠲᠠᠢ ᠭᠦᠨᠵᠡᠭᠡᠢ ᠠᠭᠤᠰᠤᠯᠴᠠᠭᠤᠯᠬᠤ ᠶᠢ ᠠᠬᠢᠭᠤᠯᠤᠨ᠎ᠠ᠃ ᠪᠣᠳᠠᠰ ᠤᠳ ᠢ ᠬᠠᠷᠢᠯᠴᠠᠨ ᠬᠤᠯᠪᠣᠬᠤ | ᠢᠨᠲ᠋ᠧᠷ ᠰᠦᠯᠵᠢᠶ᠎ᠡ ᠶᠢ ᠲᠦᠷᠭᠡᠳᠬᠡᠨ ᠬᠥᠭᠵᠢᠭᠦᠯᠵᠦ᠂ ᠥᠨᠳᠥᠷ ᠪᠦᠲᠦᠮᠵᠢᠲᠡᠢ ᠪᠥᠭᠡᠳ ᠢᠯᠭᠤᠮ ᠰᠢᠯᠤᠭᠤᠨ ᠭᠦᠢᠯᠭᠡᠭᠡ ᠶᠢᠨ ᠰᠢᠰᠲ᠋ᠧᠮ ᠢ ᠪᠠᠶᠢᠭᠤᠯᠵᠤ᠂ ᠡᠳ᠋ | ᠪᠠᠷᠠᠭᠠᠨ ᠤ ᠭᠦᠢᠯᠭᠡᠭᠡ ᠶᠢᠨ ᠥᠪᠡᠷ ᠤᠨ ᠥᠷᠲᠡᠭ ᠢ ᠪᠠᠭᠤᠷᠠᠭᠤᠯᠤᠨ᠎ᠠ᠃ ᠲᠣᠭᠠᠴᠢᠯᠠᠭᠰᠠᠨ ᠠᠵᠤ ᠠᠬᠤᠢ ᠶᠢ ᠲᠦᠷᠭᠡᠳᠬᠡᠨ ᠬᠥᠭᠵᠢᠭᠦᠯᠵᠦ᠂ ᠲᠣᠭᠠᠴᠢᠯᠠᠭᠰᠠᠨ | ᠠᠵᠤ ᠠᠬᠤᠢ ᠪᠠ ᠪᠣᠳᠠᠲᠤ ᠴᠣᠭᠴᠠ ᠶᠢᠨ ᠠᠵᠤ ᠠᠬᠤᠢ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠳᠡᠯᠡᠬᠡᠢ ᠳ᠋ᠠᠬᠢᠨ ᠳᠤ ᠥᠷᠢᠰᠦᠯᠳᠦᠬᠦ ᠬᠦᠴᠦᠨ ᠲᠠᠢ | ᠲᠣᠭᠠᠴᠢᠯᠠᠭᠰᠠᠨ ᠠᠵᠤ ᠦᠢᠯᠡᠰ ᠤᠨ ᠪᠦᠯᠦᠭᠵᠢᠯ ᠢ ᠴᠣᠭᠴᠠᠯᠠᠨ᠎ᠠ᠃ ᠰᠠᠭᠤᠷᠢ ᠲᠥᠬᠦᠭᠡᠷᠦᠮᠵᠢ ᠶᠢᠨ ᠪᠠᠶᠢᠷᠢᠰᠢᠯ᠂ ᠪᠦᠲᠦᠴᠡ᠂ ᠴᠢᠳᠠᠮᠵᠢ ᠪᠠ ᠰᠢᠰᠲ᠋ᠧᠮ ᠤᠨ | ᠴᠤᠭᠯᠠᠷᠠᠯ ᠢ ᠰᠢᠯᠢᠳᠡᠭᠵᠢᠭᠦᠯᠵᠦ᠂ ᠣᠳᠣᠬᠢᠴᠢᠯᠠᠭᠰᠠᠨ ᠰᠠᠭᠤᠷᠢ ᠲᠥᠬᠦᠭᠡᠷᠦᠮᠵᠢ ᠶᠢᠨ ᠰᠢᠰᠲ᠋ᠧᠮ ᠢ ᠪᠠᠶᠢᠭᠤᠯᠤᠨ᠎ᠠ᠃ | ︵ᠭᠤᠷᠪᠠ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠭᠦ ᠲᠠᠯ᠎ᠠ ᠪᠠᠷ ᠠᠬᠢᠭᠤᠯᠤᠨ᠎ᠠ᠃ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ | ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠬᠠᠮᠤᠭ ᠤᠨ ᠪᠡᠷᠬᠡ ᠬᠠᠲᠠᠭᠤᠵᠢᠯᠲᠠᠢ ᠬᠠᠮᠤᠭ ᠤᠨ ᠨᠦᠰᠡᠷ ᠬᠦᠨᠳᠦ ᠡᠭᠦᠷᠭᠡ ᠮᠥᠨ ᠬᠦ ᠬᠥᠳᠡᠭᠡ ᠲᠣᠰᠬᠤᠨ ᠳᠤ | ᠪᠠᠶᠢᠨ᠎ᠠ᠃ ᠬᠥᠳᠡᠭᠡ ᠠᠵᠤ ᠠᠬᠤᠢ ᠬᠥᠳᠡᠭᠡ ᠲᠣᠰᠬᠤᠨ ᠢ ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠨ᠂ ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ | ᠶᠢ ᠪᠠᠷᠢᠮᠲᠠᠯᠠᠵᠤ᠂ ᠬᠤᠳᠠ ᠬᠥᠳᠡᠭᠡ ᠶᠢᠨ ᠬᠦᠴᠦᠨ ᠵᠦᠢᠯᠡᠰ ᠤᠨ ᠰᠢᠯᠵᠢᠯᠲᠡ ᠶᠢ ᠰᠢᠯᠤᠭᠤᠳᠬᠠᠨ᠎ᠠ᠃ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠢ | ᠲᠦᠷᠭᠡᠳᠬᠡᠨ ᠪᠦᠲᠦᠭᠡᠨ ᠪᠠᠶᠢᠭᠤᠯᠵᠤ᠂ ᠬᠥᠳᠡᠭᠡ ᠲᠣᠰᠬᠤᠨ ᠤ ᠠᠵᠤ ᠦᠢᠯᠡᠰ᠂ ᠴᠢᠳᠠᠪᠤᠷᠢᠲᠠᠨ᠂ ᠰᠣᠶᠣᠯ᠂ ᠠᠮᠢ ᠠᠬᠤᠢ᠂ ᠵᠣᠬᠢᠶᠠᠨ ᠪᠠᠶᠢᠭᠤᠯᠤᠯᠲᠠ ᠶᠢ | ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠤᠨ᠎ᠠ᠃ ᠠᠮᠤ ᠪᠤᠳᠠᠭᠠᠨ ᠤ ᠠᠮᠤᠷ ᠲᠦᠪᠰᠢᠨ ᠤ ᠦᠨᠳᠦᠰᠦ ᠰᠠᠭᠤᠷᠢ ᠶᠢ ᠪᠦᠭᠦ ᠲᠠᠯ᠎ᠠ ᠪᠠᠷ | ᠪᠠᠬᠢᠵᠢᠭᠦᠯᠦᠨ᠂ ᠠᠮᠤ ᠪᠤᠳᠠᠭᠠᠨ ᠤ ᠠᠮᠤᠷ ᠲᠦᠪᠰᠢᠨ ᠳᠤ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠷᠪᠠᠨ | ᠨᠠᠢᠮᠠᠨ ᠳ᠋ᠦᠩᠰᠢᠭᠤᠷ ᠮᠦ ᠲᠠᠷᠢᠶᠠᠨ ᠭᠠᠵᠠᠷ ᠤᠨ ᠤᠯᠠᠭᠠᠨ ᠱᠤᠭᠤᠮ ᠢ ᠪᠠᠲᠤ ᠰᠠᠬᠢᠵᠤ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠪᠦᠭᠦᠨ ᠢ ᠠᠯᠬᠤᠮ | ᠠᠯᠬᠤᠮ ᠢᠶᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠪᠦᠲᠦᠭᠡᠨ ᠪᠠᠶᠢᠭᠤᠯᠵᠤ᠂ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ | ᠭᠦᠨᠵᠡᠭᠡᠢ ᠬᠡᠷᠡᠭᠵᠢᠭᠦᠯᠦᠨ᠂ ᠬᠥᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠪᠣᠯᠣᠨ ᠲᠣᠨᠣᠭᠯᠠᠯ ᠤᠨ ᠲᠤᠯᠭᠠᠭᠤᠷᠢᠯᠠᠯ ᠢ ᠴᠢᠩᠭᠠᠳᠬᠠᠵᠤ᠂ | ᠠᠮᠤ ᠪᠤᠳᠠᠭᠠᠨ ᠤ ᠲᠠᠷᠢᠮᠠᠯ ᠳᠠᠷᠢᠭᠰᠠᠨ ᠲᠠᠷᠢᠶᠠᠴᠢᠳ ᠤᠨ ᠠᠰᠢᠭ ᠣᠷᠣᠯᠭ᠎ᠠ ᠶᠢ ᠪᠠᠲᠤᠯᠠᠬᠤ ᠲᠣᠭᠲᠠᠴᠠ ᠪᠣᠯᠣᠨ ᠭᠤᠣᠯ ᠭᠠᠷᠤᠯᠲᠠ ᠶᠢᠨ ᠣᠷᠣᠨ ᠤ ᠠᠰᠢᠭ | ᠲᠤᠰᠠ ᠶᠢ ᠨᠥᠬᠦᠪᠦᠷᠢᠯᠡᠬᠦ ᠲᠣᠭᠲᠠᠴᠠ ᠶᠢ ᠪᠦᠷᠢᠨᠰᠢᠭᠦᠯᠵᠦ᠂ ᠳᠤᠮᠳᠠᠳᠤᠴᠤᠳ ᠤᠨ ᠪᠤᠳᠠᠭᠠᠨ ᠠᠶᠠᠭ᠎ᠠ ᠪᠠᠨ ᠥᠪᠡᠷ ᠤᠨ ᠭᠠᠷ ᠲᠠᠭᠠᠨ ᠪᠠᠲᠤ ᠪᠠᠶᠢᠯᠭᠠᠬᠤ ᠶᠢ | ᠦᠨᠡᠨ ᠬᠦ ᠪᠠᠲᠤᠯᠠᠨ᠎ᠠ᠃ ᠬᠠᠮ ᠢᠳᠡᠭᠡᠨ ᠤ ᠦᠵᠡᠯᠲᠡ ᠶᠢ ᠪᠤᠶ ᠪᠤᠯᠭᠠᠵᠤ᠂ ᠲᠥᠬᠦᠭᠡᠷᠦᠮᠵᠢᠲᠦ ᠲᠠᠷᠢᠶᠠᠯᠠᠩ ᠢ ᠬᠥᠭᠵᠢᠭᠦᠯᠦᠨ᠂ ᠢᠳᠡᠭᠡᠨ ᠤ ᠣᠯᠠᠨ ᠡᠰᠢᠵᠢᠭᠰᠡᠨ | ᠬᠠᠩᠭᠠᠯᠭ᠎ᠠ ᠶᠢᠨ ᠰᠢᠰᠲ᠋ᠧᠮ ᠢ ᠪᠠᠶᠢᠭᠤᠯᠤᠨ᠎ᠠ᠃ ᠬᠥᠳᠡᠭᠡ ᠲᠣᠰᠬᠤᠨ ᠤ ᠣᠨᠴᠠᠯᠢᠭᠲᠤ ᠠᠵᠤ ᠦᠢᠯᠡᠰ ᠢ ᠬᠥᠭᠵᠢᠭᠦᠯᠵᠦ᠂ ᠲᠠᠷᠢᠶᠠᠴᠢᠳ ᠤᠨ ᠣᠷᠣᠯᠭ᠎ᠠ ᠪᠠᠨ | ᠨᠡᠮᠡᠭᠳᠡᠭᠦᠯᠵᠦ ᠪᠠᠶᠠᠵᠢᠬᠤ ᠠᠷᠭ᠎ᠠ ᠵᠠᠮ ᠢ ᠥᠷᠭᠡᠳᠬᠡᠨ᠎ᠡ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠵᠦ᠂ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠪᠣᠯᠣᠨ ᠶᠠᠳᠠᠭᠤ ᠠᠴᠠ ᠠᠩᠭᠢᠵᠢᠷᠠᠭᠰᠠᠨ ᠣᠯᠠᠨ ᠲᠦᠮᠡᠨ ᠤ ᠳᠣᠲᠣᠭᠠᠳᠤ ᠬᠥᠭᠵᠢᠯᠲᠡ ᠶᠢᠨ | ᠬᠦᠳᠡᠯᠭᠡᠬᠦ ᠬᠦᠴᠦᠨ ᠢ ᠴᠢᠩᠭᠠᠷᠠᠭᠤᠯᠤᠨ᠎ᠠ᠃ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠪᠣᠯᠣᠨ ᠤᠯᠠᠨ ᠨᠡᠶᠢᠲᠡ ᠶᠢᠨ ᠦᠢᠯᠡᠴᠢᠯᠡᠭᠡᠨ | ᠤ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ ᠦᠢᠯᠡᠰ ᠪᠣᠰᠬᠠᠬᠤ ᠳᠤ ᠲᠣᠬᠢᠷᠠᠮᠵᠢᠲᠠᠢ | ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠤᠨ᠎ᠠ᠃ ᠬᠥᠳᠡᠭᠡ ᠲᠣᠰᠬᠤᠨ ᠤ ᠦᠨᠳᠦᠰᠦᠨ ᠡᠵᠡᠩᠨᠡᠯᠲᠡ ᠶᠢᠨ ᠳᠦᠷᠢᠮ ᠢ ᠪᠠᠬᠢᠵᠢᠭᠦᠯᠦᠨ | ᠲᠡᠭᠦᠯᠳᠡᠷᠵᠢᠭᠦᠯᠵᠦ᠂ ᠰᠢᠨ᠎ᠡ ᠭᠡᠯᠪᠡᠷᠢ ᠶᠢᠨ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ᠂ ᠰᠢᠨ᠎ᠡ ᠭᠡᠯᠪᠡᠷᠢ ᠶᠢᠨ ᠬᠥᠳᠡᠭᠡ ᠠᠵᠤ ᠠᠬᠤᠢ | ᠶᠢᠨ ᠡᠵᠡᠩᠨᠡᠯᠲᠡ ᠶᠢᠨ ᠭᠤᠣᠯ ᠴᠣᠭᠴᠠ ᠪᠠ ᠨᠡᠶᠢᠭᠡᠮᠴᠢᠯᠡᠭᠰᠡᠨ ᠦᠢᠯᠡᠴᠢᠯᠡᠭᠡ ᠶᠢ ᠬᠥᠭᠵᠢᠭᠦᠯᠵᠦ᠂ ᠬᠥᠳᠡᠭᠡ ᠠᠵᠤ ᠠᠬᠤᠢ ᠶᠢᠨ ᠵᠣᠬᠢᠬᠤ ᠬᠡᠪᠴᠢᠶᠡᠲᠦ ᠡᠵᠡᠩᠨᠡᠯᠲᠡ | ᠶᠢ ᠬᠥᠭᠵᠢᠭᠦᠯᠦᠨ᠎ᠡ᠃ ᠬᠥᠳᠡᠭᠡ ᠲᠣᠰᠬᠤᠨ ᠤ ᠭᠠᠵᠠᠷ ᠰᠢᠷᠣᠢ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠠᠷᠢᠶᠠᠴᠢᠳ ᠲᠤ ᠨᠠᠩ ᠭᠦᠢᠴᠡᠳ | ᠡᠳ᠋ ᠬᠥᠷᠥᠩᠭᠡ ᠶᠢᠨ ᠡᠷᠬᠡ ᠠᠰᠢᠭ ᠣᠯᠭᠤᠨ᠎ᠠ᠃ ᠬᠤᠲᠠ ᠳᠤ ᠡᠷᠦᠭᠡ ᠠᠮᠠ ᠣᠷᠣᠭᠰᠠᠨ ᠲᠠᠷᠢᠶᠠᠴᠢᠳ ᠤᠨ ᠬᠠᠤᠯᠢ ᠶᠣᠰᠣᠨ ᠤ ᠭᠠᠵᠠᠷ ᠰᠢᠷᠣᠢ ᠶᠢᠨ ᠡᠷᠬᠡ | ᠠᠰᠢᠭ ᠢ ᠪᠠᠲᠤᠯᠠᠵᠤ᠂ ᠬᠠᠤᠯᠢ ᠶᠣᠰᠣᠭᠠᠷ ᠰᠠᠶᠢᠨ ᠳᠤᠷ᠎ᠠ ᠠᠴᠠ ᠪᠠᠨ ᠦᠨ᠎ᠡ ᠲᠥᠯᠥᠪᠦᠷᠢ ᠲᠠᠢ ᠪᠠᠷ ᠰᠢᠯᠵᠢᠭᠦᠯᠭᠦ ᠶᠢ ᠵᠣᠷᠢᠭᠵᠢᠭᠤᠯᠤᠨ᠎ᠠ᠃ ᠬᠥᠳᠡᠭᠡ ᠠᠵᠤ | ᠠᠬᠤᠢ ᠶᠢ ᠲᠡᠮᠵᠢᠵᠦ ᠬᠠᠮᠠᠭᠠᠯᠠᠬᠤ ᠳᠦᠷᠢᠮ ᠢ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠰᠢᠰᠲ᠋ᠧᠮ ᠢ | ᠲᠡᠭᠦᠯᠳᠡᠷᠵᠢᠭᠦᠯᠦᠨ᠎ᠡ᠃ | ︵ᠳᠥᠷᠪᠡ︶ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠤᠨ᠎ᠠ᠃ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠪᠠᠶᠢᠯᠳᠤᠬᠤ | ᠪᠣᠳᠣᠯᠭ᠎ᠠ᠂ ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ᠂ ᠭᠤᠣᠯ ᠴᠣᠭᠴᠠ ᠶᠢᠨ ᠴᠢᠳᠠᠮᠵᠢᠲᠤ ᠣᠷᠣᠨ ᠤ ᠪᠠᠶᠢᠯᠳᠤᠬᠤ ᠪᠣᠳᠣᠯᠭ᠎ᠠ᠂ ᠰᠢᠨ᠎ᠡ | ᠭᠡᠯᠪᠡᠷᠢ ᠶᠢᠨ ᠬᠤᠳᠠ ᠪᠠᠯᠭᠠᠰᠤᠵᠢᠯᠲᠠ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠴᠢᠬᠤᠯᠠ ᠶᠡᠭᠡ ᠦᠢᠯᠡᠳᠪᠦᠷᠢᠯᠡᠯ ᠤᠨ ᠬᠦᠴᠦᠨ ᠤ | ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠭᠰᠡᠨ᠂ ᠴᠢᠨᠠᠷ ᠰᠠᠶᠢᠲᠠᠢ ᠬᠥᠭᠵᠢᠯᠲᠡ ᠶᠢᠨ ᠣᠷᠣᠨ ᠪᠦᠰᠡ ᠶᠢᠨ ᠠᠵᠤ | ᠠᠬᠤᠢ ᠶᠢᠨ ᠪᠠᠶᠢᠷᠢᠰᠢᠭᠤᠯᠤᠯᠲᠠ ᠪᠣᠯᠣᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠰᠢᠰᠲ᠋ᠧᠮ ᠢ ᠪᠠᠶᠢᠭᠤᠯᠤᠨ᠎ᠠ᠃ ᠪᠠᠷᠠᠭᠤᠨ ᠣᠷᠣᠨ ᠢ ᠶᠡᠭᠡ ᠪᠠᠷ | ᠨᠡᠭᠡᠭᠡᠨ ᠬᠥᠭᠵᠢᠭᠦᠯᠬᠦ ᠶᠢ ᠠᠬᠢᠭᠤᠯᠤᠨ ᠰᠢᠨ᠎ᠡ ᠪᠠᠶᠢᠷᠢᠰᠢᠯ ᠢ ᠪᠤᠢ ᠪᠤᠯᠭᠠᠵᠦ᠂ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠠᠵᠢᠯ | ᠳᠤ ᠰᠢᠨ᠎ᠡ ᠰᠢᠪᠲᠤᠯᠤᠯᠲᠠ ᠲᠠᠢ ᠪᠤᠯᠬᠤ ᠶᠢ ᠠᠬᠢᠭᠤᠯᠵᠤ᠂ ᠳᠤᠮᠳᠠ ᠪᠡᠶ᠎ᠡ ᠶᠢᠨ ᠭᠠᠵᠠᠷ ᠣᠷᠣᠨ ᠤ ᠲᠦᠷᠭᠡᠪᠴᠢᠯᠡᠨ ᠭᠦᠭᠵᠢᠭᠦ ᠶᠢ ᠠᠬᠢᠭᠤᠯᠵᠤ᠂ ᠵᠡᠭᠦᠨ ᠪᠡᠶ᠎ᠡ ᠶᠢᠨ | ᠭᠠᠵᠠᠷ ᠣᠷᠣᠨ ᠤ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠬᠤ ᠶᠢ ᠵᠣᠷᠢᠭᠵᠢᠭᠤᠯᠤᠨ᠎ᠠ᠃ ᠬᠤᠪᠢᠰᠬᠠᠯ ᠤᠨ ᠬᠠᠭᠤᠴᠢᠨ ᠰᠠᠭᠤᠷᠢᠨ᠂ ᠦᠨᠳᠦᠰᠦᠲᠡᠨ ᠤ ᠭᠠᠵᠠᠷ | ᠣᠷᠣᠨ ᠤ ᠬᠥᠭᠵᠢᠯᠲᠡ ᠪᠠᠨ ᠲᠦᠷᠭᠡᠳᠬᠡᠬᠦ ᠶᠢ ᠳᠡᠮᠵᠢᠵᠦ᠂ ᠬᠢᠯᠢ ᠬᠢᠵᠠᠭᠠᠷ ᠣᠷᠣᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠬᠢᠯᠢ ᠬᠢᠵᠠᠭᠠᠷ ᠢ | ᠬᠥᠭᠵᠢᠭᠦᠯᠦᠨ ᠠᠷᠠᠳ ᠢ ᠪᠠᠶᠠᠵᠢᠭᠤᠯᠬᠤ᠂ ᠬᠢᠯᠢ ᠬᠢᠵᠠᠭᠠᠷ ᠢ ᠲᠣᠭᠲᠠᠪᠤᠷᠢᠵᠢᠭᠤᠯᠤᠨ ᠪᠠᠬᠢᠵᠢᠭᠦᠯᠬᠦ ᠶᠢ ᠠᠬᠢᠭᠤᠯᠤᠨ᠎ᠠ᠃ ᠪᠡᠭᠡᠵᠢᠩ ᠲᠢᠶᠠᠨᠵᠢᠨ ᠾᠧᠪᠧᠢ ᠶᠢᠨ | ᠬᠠᠮᠵᠢᠯᠴᠠᠭᠰᠠᠨ ᠬᠥᠭᠵᠢᠯᠲᠡ᠂ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠬᠥᠭᠵᠢᠯᠲᠡ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ | ᠬᠥᠭᠵᠢᠯᠲᠡ ᠶᠢ ᠠᠬᠢᠭᠤᠯᠵᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ | ᠰᠢᠶᠦ᠋ᠩ ᠠᠨ ᠰᠢᠨ᠎ᠡ ᠲᠣᠭᠤᠷᠢᠭ ᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠵᠤ᠂ ᠴᠧᠩᠳᠦ᠋ ᠴᠦᠩᠴᠢᠩ ᠤᠨ ᠭᠠᠵᠠᠷ ᠣᠷᠣᠨ ᠤ ᠬᠤᠣᠰ | ᠬᠤᠳᠠ ᠶᠢᠨ ᠠᠵᠤ ᠠᠬᠤᠢ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠭᠤᠣᠯ ᠴᠣᠭᠴᠠ ᠶᠢᠨ ᠴᠢᠳᠠᠮᠵᠢᠲᠤ ᠣᠷᠣᠨ ᠤ ᠳᠦᠷᠢᠮ ᠢ | ᠲᠡᠭᠦᠯᠳᠡᠷᠵᠢᠭᠦᠯᠵᠦ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠬᠥᠭᠵᠢᠯᠲᠡ ᠶᠢᠨ ᠪᠠᠶᠢᠷᠢᠰᠢᠯ ᠢ ᠰᠢᠯᠢᠳᠡᠭᠵᠢᠭᠦᠯᠦᠨ᠎ᠡ᠃ ᠬᠥᠮᠥᠨ ᠢᠶᠠᠷ ᠭᠤᠣᠯ | ᠪᠤᠯᠭᠠᠬᠰᠠᠨ ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠶᠢ ᠠᠬᠢᠭᠤᠯᠵᠤ᠂ ᠲᠠᠷᠢᠶᠠᠯᠠᠩ ᠠᠴᠠ ᠰᠢᠯᠵᠢᠭᠰᠡᠨ ᠬᠥᠮᠥᠨ ᠠᠮᠠ ᠶᠢ ᠬᠤᠲᠠ ᠶᠢᠨ ᠠᠷᠠᠳ ᠪᠤᠯᠭᠠᠬᠤ | ᠶᠢ ᠲᠦᠷᠭᠡᠳᠬᠡᠨ᠎ᠡ᠃ ᠬᠤᠲᠠ ᠶᠢᠨ ᠰᠦᠷᠦᠭᠵᠢᠯ᠂ ᠬᠤᠲᠠ ᠶᠢᠨ ᠴᠠᠭᠠᠷᠢᠭ ᠢᠶᠠᠷ ᠲᠦᠰᠢᠭ ᠪᠣᠯᠭᠠᠨ ᠲᠣᠮᠣ ᠳᠤᠮᠳᠠ ᠪᠠᠭ᠎ᠠ ᠬᠤᠲᠠ ᠶᠢᠨ ᠵᠣᠬᠢᠴᠠᠩᠭᠤᠢ | ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠰᠢᠶᠠᠨ ᠤ ᠬᠤᠲᠠ ᠪᠠᠷ ᠴᠢᠬᠤᠯᠠ ᠠᠴᠢᠶᠠᠯᠠᠪᠤᠷᠢ ᠪᠤᠯᠭᠠᠬᠰᠠᠨ ᠬᠤᠲᠠ ᠪᠠᠯᠭᠠᠰᠤᠵᠢᠯᠲᠠ ᠶᠢᠨ ᠪᠦᠲᠦᠭᠡᠨ | ᠪᠠᠶᠢᠭᠤᠯᠤᠯᠲᠠ ᠶᠢ ᠠᠬᠢᠭᠤᠯᠤᠨ᠎ᠠ᠃ ᠠᠷᠠᠳ ᠤᠨ ᠬᠤᠲᠠ ᠶᠢ ᠠᠷᠠᠳ ᠲᠦᠮᠡᠨ ᠪᠠᠶᠢᠭᠤᠯᠬᠤ᠂ ᠠᠷᠠᠳ ᠤᠨ ᠬᠤᠲᠠ ᠶᠢ ᠠᠷᠠᠳ ᠲᠦᠮᠡᠨ ᠤ ᠲᠥᠯᠥᠭᠡ ᠪᠠᠶᠢᠭᠤᠯᠬᠤ | ᠶᠢ ᠪᠠᠷᠢᠮᠲᠠᠯᠠᠨ᠂ ᠬᠤᠲᠠ ᠶᠢᠨ ᠲᠥᠯᠦᠪᠵᠢᠭᠦᠯᠭᠡ᠂ ᠪᠦᠲᠦᠭᠡᠨ ᠪᠠᠶᠢᠭᠤᠯᠤᠯᠲᠠ᠂ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠭᠡᠲᠦ ᠲᠣᠮᠣ ᠣᠨᠴᠠ ᠲᠣᠮᠣ | ᠬᠤᠲᠠ ᠶᠢᠨ ᠬᠥᠭᠵᠢᠯᠲᠡ ᠶᠢᠨ ᠠᠷᠭ᠎ᠠ ᠭᠡᠯᠪᠡᠷᠢ ᠶᠢ ᠲᠦᠷᠭᠡᠳᠬᠡᠨ ᠬᠤᠪᠢᠷᠠᠭᠤᠯᠵᠤ᠂ ᠬᠤᠲᠠ ᠶᠢ ᠰᠢᠨᠡᠳᠬᠡᠬᠦ ᠠᠵᠢᠯᠯᠠᠭ᠎ᠠ ᠶᠢ ᠬᠡᠷᠡᠭᠵᠢᠭᠦᠯᠦᠨ᠂ ᠬᠤᠲᠠ ᠶᠢᠨ | ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ᠂ ᠤᠶᠠᠨ ᠬᠠᠲᠠᠨ ᠴᠢᠨᠠᠷᠲᠠᠢ᠂ | ᠣᠶᠤᠨᠴᠢ ᠬᠤᠲᠠ ᠶᠢ ᠪᠦᠲᠦᠭᠡᠨ ᠪᠠᠶᠢᠭᠤᠯᠤᠨ᠎ᠠ᠃ ᠳᠠᠯᠠᠢ ᠲᠠᠩᠭᠢᠰ ᠤᠨ ᠠᠵᠤ ᠠᠬᠤᠢ ᠶᠢ ᠬᠥᠭᠵᠢᠭᠦᠯᠵᠦ᠂ ᠳᠠᠯᠠᠢ ᠲᠠᠩᠭᠢᠰ ᠤᠨ ᠠᠮᠢ ᠠᠬᠤᠢ ᠣᠷᠴᠢᠨ | ᠲᠣᠭᠤᠷᠢᠨ ᠢ ᠬᠠᠮᠠᠭᠠᠯᠠᠵᠤ᠂ ᠳᠠᠯᠠᠢ ᠲᠠᠩᠭᠢᠰ ᠤᠨ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠤᠨ᠎ᠠ᠃ | ︵ᠲᠠᠪᠤ︶ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠤᠨ᠎ᠠ᠃ ᠮᠠᠨ ᠤ ᠤᠯᠤᠰ ᠤᠨ ᠭᠡᠳᠤ ᠶᠡᠭᠡ ᠬᠡᠪᠴᠢᠶᠡᠨ ᠤ ᠵᠠᠬ᠎ᠠ ᠳᠡᠯᠭᠡᠭᠦᠷ ᠤᠨ | ᠳᠠᠪᠠᠭᠤᠯᠢᠭ ᠲᠤ ᠲᠦᠰᠢᠭᠯᠡᠨ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢᠶᠠᠷ ᠪᠦᠭᠦ ᠪᠥᠮᠪᠥᠷᠴᠡᠭ ᠤᠨ ᠡᠬᠢ ᠪᠠᠶᠠᠯᠢᠭ ᠤᠨ ᠡᠯᠧᠮᠧᠨ᠋ᠲ ᠢ ᠲᠠᠲᠠᠵᠤ᠂ ᠤᠯᠤᠰ | ᠤᠨ ᠳᠣᠲᠣᠭᠠᠳᠤ ᠭᠠᠳᠠᠭᠠᠳᠤ ᠶᠢᠨ ᠬᠤᠶᠠᠷ ᠵᠠᠬ᠎ᠠ ᠳᠡᠯᠭᠡᠭᠦᠷ ᠬᠤᠶᠠᠷ ᠵᠦᠢᠯ ᠤᠨ ᠡᠬᠢ ᠪᠠᠶᠠᠯᠢᠭ ᠤᠨ ᠬᠤᠯᠪᠣᠯᠳᠤᠨ ᠬᠥᠳᠡᠯᠦᠯᠴᠡᠬᠦ ᠦᠷ᠎ᠡ ᠠᠰᠢᠭ ᠢ | ᠨᠡᠮᠡᠭᠳᠡᠭᠦᠯᠦᠨ᠂ ᠠᠷᠠᠯᠵᠢᠶ᠎ᠠ ᠪᠡᠯᠡ ᠣᠷᠣᠭᠤᠯᠤᠯᠲᠠ ᠬᠠᠮᠲᠤᠷᠠᠯᠴᠠᠭᠠᠨ ᠤ ᠶᠠᠰᠤ ᠴᠢᠨᠠᠷ ᠪᠠ ᠲᠦᠪᠰᠢᠨ ᠢ ᠳᠡᠭᠡᠭᠰᠢᠯᠡᠭᠦᠯᠦᠨ᠎ᠡ᠃ ᠳᠦᠷᠢᠮ᠂ ᠳᠦᠷᠢᠮ ᠲᠣᠭᠲᠠᠭᠠᠯ᠂ | ᠬᠠᠮᠢᠶᠠᠷᠤᠯᠲᠠ᠂ ᠪᠠᠷᠢᠮᠵᠢᠶ᠎ᠠ ᠵᠡᠷᠭᠡ ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ ᠯᠠᠪᠳᠠᠭᠤᠨ ᠢᠶᠠᠷ ᠥᠷᠭᠡᠳᠬᠡᠨ᠎ᠡ᠃ ᠪᠠᠷᠠᠭᠠᠨ ᠤ ᠠᠷᠠᠯᠵᠢᠶ᠎ᠠ ᠶᠢ ᠰᠢᠯᠢᠳᠡᠭᠵᠢᠭᠦᠯᠦᠨ | ᠲᠡᠰ ᠳᠡᠪᠰᠢᠭᠦᠯᠭᠦ ᠶᠢ ᠠᠬᠢᠭᠤᠯᠵᠤ᠂ ᠦᠢᠯᠡᠴᠢᠯᠡᠭᠡᠨ ᠤ ᠠᠷᠠᠯᠵᠢᠶᠠᠨ ᠤ ᠬᠥᠭᠵᠢᠯᠲᠡ ᠶᠢᠨ ᠲᠣᠭᠲᠠᠴᠠ ᠶᠢᠨ ᠰᠢᠨ᠎ᠡ ᠶᠢ ᠡᠭᠦᠳᠦᠨ᠂ ᠲᠣᠭᠠᠴᠢᠯᠠᠭᠰᠠᠨ ᠠᠷᠠᠯᠵᠢᠶ᠎ᠠ | ᠶᠢ ᠬᠥᠭᠵᠢᠭᠦᠯᠵᠦ᠂ ᠠᠷᠠᠯᠵᠢᠶᠠᠨ ᠤ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠤᠨ᠎ᠠ᠃ ᠭᠠᠳᠠᠭᠠᠳᠤ ᠪᠡᠯᠡ ᠶᠢᠨ ᠣᠷᠣᠬᠤ ᠶᠢ ᠵᠥᠪᠰᠢᠶᠡᠷᠡᠬᠦ | ᠨᠠᠵᠠᠭᠠᠢ ᠲᠠᠯ᠎ᠠ ᠶᠢᠨ ᠨᠠᠷᠢᠨ ᠳᠠᠩᠰᠠ ᠶᠢ ᠵᠣᠬᠢᠰᠲᠠᠢ ᠪᠠᠭᠠᠰᠬᠠᠵᠤ᠂ ᠭᠠᠳᠠᠭᠠᠳᠤ ᠶᠢᠨ ᠠᠷᠠᠯᠵᠢᠶᠠᠴᠢᠨ ᠤ ᠪᠡᠯᠡ ᠣᠷᠣᠭᠤᠯᠤᠯᠲᠠ ᠶᠢᠨ ᠡᠷᠬᠡ ᠠᠰᠢᠭ ᠢ ᠬᠠᠤᠯᠢ | ᠶᠣᠰᠣᠭᠠᠷ ᠬᠠᠮᠠᠭᠠᠯᠠᠵᠤ᠂ ᠵᠠᠬ᠎ᠠ ᠳᠡᠯᠭᠡᠭᠦᠷᠵᠢᠭᠰᠡᠨ᠂ ᠬᠠᠤᠯᠢᠵᠢᠭᠰᠠᠨ᠂ ᠳᠡᠯᠡᠬᠡᠶᠢᠵᠢᠭᠰᠡᠨ ᠲᠡᠷᠢᠭᠦᠨ ᠵᠡᠷᠭᠡ ᠶᠢᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ | ᠪᠤᠢ ᠪᠣᠯᠭᠠᠨ᠎ᠠ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠵᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠣᠷᠣᠨ ᠪᠦᠰᠡ ᠶᠢᠨ | ᠨᠡᠭᠡᠭᠡᠯᠲᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠵᠡᠭᠦᠨ ᠪᠡᠶ᠎ᠡ ᠶᠢᠨ ᠲᠠᠯᠠᠢ ᠳᠠᠭᠠᠤ ᠣᠷᠣᠨ ᠤ ᠨᠡᠭᠡᠭᠡᠯᠲᠡ ᠶᠢᠨ ᠤᠳᠤᠷᠢᠳᠤᠮᠵᠢ ᠶᠢᠨ ᠪᠠᠶᠢᠷᠢ ᠰᠠᠭᠤᠷᠢ | ᠶᠢ ᠪᠠᠬᠢᠵᠢᠭᠦᠯᠦᠨ᠂ ᠳᠤᠮᠳᠠ ᠪᠡᠶ᠎ᠡ ᠪᠠᠷᠠᠭᠤᠨ ᠪᠡᠶ᠎ᠡ ᠶᠢᠨ ᠭᠠᠵᠠᠷ ᠣᠷᠣᠨ ᠪᠣᠯᠣᠨ ᠵᠡᠭᠦᠨ ᠬᠤᠶᠢᠲᠤ ᠣᠷᠣᠨ ᠤ ᠨᠡᠭᠡᠭᠡᠯᠲᠡ ᠶᠢᠨ ᠲᠦᠪᠰᠢᠨ ᠢ ᠳᠡᠭᠡᠭᠰᠢᠯᠡᠭᠦᠯᠦᠨ᠎ᠡ᠃ | ᠪᠠᠷᠠᠭᠤᠨ ᠣᠷᠣᠨ ᠤ ᠡᠬᠡ ᠬᠠᠭᠤᠷᠠᠢ ᠲᠠᠯᠠᠢ ᠲᠠᠩᠭᠢᠰ ᠤᠨ ᠰᠢᠨ᠎ᠡ ᠨᠡᠪᠲᠡᠷᠡᠬᠦ ᠵᠠᠮ ᠢ ᠲᠦᠷᠭᠡᠳᠬᠡᠨ ᠪᠦᠲᠦᠭᠡᠨ ᠪᠠᠶᠢᠭᠤᠯᠤᠨ᠎ᠠ᠃ ᠬᠠᠶᠢᠨᠠᠨ ᠤ ᠴᠢᠯᠦᠭᠡᠲᠦ | ᠠᠷᠠᠯᠵᠢᠶᠠᠨ ᠤ ᠭᠠᠷᠠᠮ ᠢ ᠲᠦᠷᠭᠡᠳᠬᠡᠨ ᠪᠦᠲᠦᠭᠡᠨ ᠪᠠᠶᠢᠭᠤᠯᠵᠤ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠳᠡᠭᠡᠭᠰᠢᠯᠡᠭᠦᠯᠭᠦ ᠪᠠᠶᠢᠯᠳᠤᠬᠤ | ᠪᠣᠳᠣᠯᠭ᠎ᠠ ᠶᠢ ᠬᠡᠷᠡᠭᠵᠢᠭᠦᠯᠵᠦ᠂ ᠪᠦᠭᠦ ᠪᠥᠮᠪᠥᠷᠴᠡᠭ ᠲᠤ ᠬᠠᠨᠳᠤᠭᠤᠯᠤᠭᠰᠠᠨ ᠥᠨᠳᠥᠷ ᠪᠠᠷᠢᠮᠵᠢᠶᠠᠲᠤ ᠴᠢᠯᠦᠭᠡᠲᠦ ᠠᠷᠠᠯᠵᠢᠶᠠᠨ ᠤ ᠣᠷᠣᠨ ᠤ ᠲᠣᠣᠷ ᠢ | ᠥᠷᠭᠡᠳᠬᠡᠨ᠎ᠡ᠃ ᠠᠷᠠᠳ ᠤᠨ ᠵᠣᠭᠤᠰ ᠤᠨ ᠳᠡᠯᠡᠬᠡᠶᠢᠵᠢᠯᠲᠡ ᠶᠢ ᠡᠮᠬᠢ ᠵᠢᠷᠤᠮ ᠲᠠᠢ ᠪᠠᠷ ᠠᠬᠢᠭᠤᠯᠤᠨ᠎ᠠ᠃ ᠪᠦᠭᠦ ᠪᠥᠮᠪᠥᠷᠴᠡᠭ ᠤᠨ ᠠᠵᠤ ᠦᠢᠯᠡᠰ ᠤᠨ ᠠᠵᠢᠯ ᠤᠨ | ᠬᠤᠪᠢᠶᠠᠷᠢᠯᠠᠯ ᠪᠠ ᠬᠠᠮᠲᠤᠷᠠᠯᠴᠠᠭ᠎ᠠ ᠳᠤ ᠭᠦᠨᠵᠡᠭᠡᠢ ᠣᠷᠣᠯᠴᠠᠵᠤ᠂ ᠤᠯᠠᠨ ᠡᠰᠢᠲᠦ ᠪᠥᠭᠡᠳ ᠲᠣᠭᠲᠠᠪᠤᠷᠢᠲᠠᠢ ᠤᠯᠠᠨ ᠤᠯᠤᠰ ᠤᠨ ᠠᠵᠤ ᠠᠬᠤᠢ ᠶᠢᠨ ᠪᠠᠶᠢᠷᠢᠰᠢᠯ | ᠪᠠ ᠠᠵᠤ ᠠᠬᠤᠢ ᠠᠷᠠᠯᠵᠢᠶᠠᠨ ᠤ ᠬᠠᠷᠢᠴᠠᠭ᠎ᠠ ᠶᠢ ᠬᠠᠮᠠᠭᠠᠯᠠᠨ᠎ᠠ᠃ | | | ᠲᠠᠪᠤ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ ᠣᠳᠣᠬᠢᠴᠢᠯᠠᠯᠲᠠ ᠶᠢᠨ | ᠪᠦᠲᠦᠭᠡᠨ ᠪᠠᠶᠢᠭᠤᠯᠤᠯᠲᠠ ᠶᠢᠨ ᠴᠢᠳᠠᠪᠤᠷᠢᠲᠠᠨ ᠤ ᠲᠤᠯᠭᠠᠭᠤᠷᠢᠯᠠᠯ ᠢ ᠴᠢᠩᠭᠠᠳᠬᠠᠨ᠎ᠠ | ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠴᠢᠳᠠᠪᠤᠷᠢᠲᠠᠨ ᠪᠣᠯ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ | ᠪᠦᠲᠦᠭᠡᠨ ᠪᠠᠶᠢᠭᠤᠯᠬᠤ ᠶᠢᠨ ᠰᠠᠭᠤᠷᠢ ᠴᠢᠨᠠᠷᠲᠠᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠲᠤᠯᠭᠠᠭᠤᠷᠢᠯᠠᠯ ᠮᠥᠨ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ | ᠪᠣᠯ ᠨᠢᠭᠡᠳᠦᠭᠡᠷ ᠦᠢᠯᠡᠳᠪᠦᠷᠢᠯᠡᠯ ᠤᠨ ᠬᠦᠴᠦᠨ᠂ ᠴᠢᠳᠠᠪᠤᠷᠢᠲᠠᠨ ᠪᠣᠯ ᠨᠢᠭᠡᠳᠦᠭᠡᠷ ᠡᠬᠢ ᠪᠠᠶᠠᠯᠢᠭ᠂ ᠰᠢᠨ᠎ᠡ ᠶᠢ ᠡᠭᠦᠳᠭᠦ ᠪᠣᠯ ᠨᠢᠭᠡᠳᠦᠭᠡᠷ | ᠬᠦᠳᠡᠯᠭᠡᠬᠦ ᠬᠦᠴᠦᠨ ᠪᠤᠯᠬᠤ ᠶᠢ ᠡᠷᠬᠡᠪᠰᠢ ᠪᠠᠷᠢᠮᠲᠠᠯᠠᠵᠤ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ | ᠪᠠᠶᠢᠯᠳᠤᠬᠤ ᠪᠣᠳᠣᠯᠭ᠎ᠠ᠂ ᠴᠢᠳᠠᠪᠤᠷᠢᠲᠠᠨ ᠢᠶᠠᠷ ᠤᠯᠤᠰ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ᠂ ᠰᠢᠨ᠎ᠡ ᠶᠢ ᠡᠭᠦᠳᠭᠦ ᠪᠠᠷ ᠬᠥᠭᠵᠢᠯᠲᠡ ᠶᠢᠨ | ᠬᠥᠳᠡᠯᠭᠡᠭᠦᠷ ᠪᠤᠯᠭᠠᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠬᠥᠭᠵᠢᠯᠲᠡ ᠶᠢᠨ ᠰᠢᠨ᠎ᠡ ᠬᠦᠷᠢᠶ᠎ᠡ ᠴᠠᠷᠠᠭ᠎ᠠ ᠰᠢᠨ᠎ᠡ ᠤᠷᠤᠯᠳᠤᠭᠠᠨ ᠤ ᠵᠠᠮ ᠢ | ᠨᠡᠭᠡᠭᠡᠵᠦ᠂ ᠬᠥᠭᠵᠢᠯᠲᠡ ᠶᠢᠨ ᠰᠢᠨ᠎ᠡ ᠬᠦᠳᠡᠯᠭᠡᠬᠦ ᠡᠨᠧᠷᠭᠢ ᠰᠢᠨ᠎ᠡ ᠳᠠᠪᠠᠭᠤᠯᠢᠭ ᠢ ᠲᠠᠰᠤᠷᠠᠯᠳᠠ ᠦᠭᠡᠢ ᠪᠤᠢ ᠪᠣᠯᠭᠠᠨ᠎ᠠ᠃ | ᠪᠢᠳᠡ ᠰᠤᠷᠭᠠᠨ ᠬᠥᠮᠦᠵᠢᠯ ᠢ ᠤᠷᠢᠳ ᠢᠶᠠᠷ ᠬᠥᠭᠵᠢᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠬᠦᠴᠦᠷᠬᠡᠭᠵᠢᠬᠦ᠂ | ᠴᠢᠳᠠᠪᠤᠷᠢᠲᠠᠨ ᠤ ᠳᠠᠭᠠᠭᠤᠯᠭ᠎ᠠ ᠪᠠᠷ ᠬᠥᠳᠡᠯᠭᠡᠭᠦᠷ ᠪᠤᠯᠭᠠᠬᠤ ᠶᠢ ᠪᠠᠷᠢᠮᠲᠠᠯᠠᠨ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠬᠦᠴᠦᠷᠬᠡᠭ ᠤᠯᠤᠰ᠂ ᠴᠢᠳᠠᠪᠤᠷᠢᠲᠠᠨ ᠤ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠵᠤ᠂ ᠨᠠᠮ ᠤᠨ ᠲᠥᠯᠥᠭᠡ ᠬᠥᠮᠥᠨ | ᠬᠥᠮᠥᠵᠢᠭᠦᠯᠬᠦ᠂ ᠤᠯᠤᠰ ᠤᠨ ᠲᠥᠯᠥᠭᠡ ᠴᠢᠳᠠᠪᠤᠷᠢᠲᠠᠨ ᠬᠥᠮᠥᠵᠢᠭᠦᠯᠬᠦ ᠶᠢ ᠪᠠᠷᠢᠮᠲᠠᠯᠠᠨ᠂ ᠴᠢᠳᠠᠪᠤᠷᠢᠲᠠᠨ ᠢ ᠪᠡᠶ᠎ᠡ ᠪᠠᠨ ᠳᠠᠭᠠᠭᠠᠵᠤ ᠬᠥᠮᠥᠵᠢᠭᠦᠯᠬᠦ ᠴᠢᠨᠠᠷ ᠴᠢᠨᠰᠠᠭ᠎ᠠ | ᠶᠢ ᠪᠦᠭᠦ ᠲᠠᠯ᠎ᠠ ᠪᠠᠷ ᠳᠡᠭᠡᠭᠰᠢᠯᠡᠭᠦᠯᠵᠦ᠂ ᠰᠢᠨ᠎ᠡ ᠶᠢ ᠡᠭᠦᠳᠭᠦ ᠣᠷᠣᠶᠢᠯᠠᠭᠰᠠᠨ ᠴᠢᠳᠠᠪᠤᠷᠢᠲᠠᠨ ᠢ ᠬᠦᠴᠦᠯᠡᠨ ᠬᠥᠮᠥᠵᠢᠭᠦᠯᠵᠦ᠂ ᠳᠡᠯᠡᠬᠡᠢ ᠳ᠋ᠠᠬᠢᠨ ᠤ ᠡᠷᠳᠡᠮᠲᠡᠨ | ᠴᠢᠳᠠᠪᠤᠷᠢᠲᠠᠨ ᠢ ᠴᠤᠭᠯᠠᠭᠤᠯᠤᠨ ᠬᠡᠷᠡᠭᠯᠡᠨ᠎ᠡ᠃ | ︵ᠨᠢᠭᠡ︶ ᠠᠷᠠᠳ ᠲᠦᠮᠡᠨ ᠤ ᠰᠡᠳᠬᠢᠯ ᠬᠠᠨᠤᠮᠵᠢᠲᠠᠢ ᠰᠤᠷᠭᠠᠨ ᠬᠥᠮᠦᠵᠢᠯ ᠢ ᠰᠠᠶᠢᠲᠤᠷ ᠡᠷᠭᠢᠯᠡᠨ᠎ᠠ᠃ ᠰᠤᠷᠭᠠᠨ ᠬᠥᠮᠦᠵᠢᠯ ᠪᠣᠯ ᠤᠯᠤᠰ ᠤᠨ ᠶᠡᠭᠡ | ᠪᠣᠳᠣᠯᠭ᠎ᠠ᠂ ᠨᠠᠮ ᠤᠨ ᠶᠡᠭᠡ ᠪᠣᠳᠣᠯᠭ᠎ᠠ ᠮᠥᠨ᠃ ᠶᠠᠮᠠᠷ ᠬᠥᠮᠥᠨ ᠢ ᠬᠥᠮᠥᠵᠢᠭᠦᠯᠬᠦ᠂ ᠬᠥᠮᠥᠨ ᠢ ᠬᠡᠷᠬᠢᠨ ᠬᠥᠮᠥᠵᠢᠭᠦᠯᠬᠦ᠂ ᠬᠡᠨ ᠤ ᠲᠥᠯᠥᠭᠡ ᠬᠥᠮᠥᠨ | ᠬᠥᠮᠥᠵᠢᠭᠦᠯᠬᠦ ᠪᠣᠯ ᠰᠤᠷᠭᠠᠨ ᠬᠥᠮᠦᠵᠢᠯ ᠤᠨ ᠦᠨᠳᠦᠰᠦᠨ ᠠᠰᠠᠭᠤᠳᠠᠯ ᠮᠥᠨ᠃ ᠬᠥᠮᠥᠨ ᠢ ᠬᠥᠮᠥᠵᠢᠭᠦᠯᠬᠦ ᠶᠢᠨ ᠦᠨᠳᠦᠰᠦ ᠨᠢ ᠶᠣᠰᠣ ᠰᠤᠷᠲᠠᠬᠤᠨ ᠢ ᠪᠤᠢ | ᠪᠤᠯᠭᠠᠬᠤ ᠳᠤ ᠪᠠᠶᠢᠨ᠎ᠠ᠃ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠭᠦ ᠲᠠᠯ᠎ᠠ ᠪᠠᠷ ᠲᠤᠭᠤᠰᠢᠯᠠᠭᠤᠯᠤᠨ᠂ ᠶᠣᠰᠣ ᠰᠤᠷᠲᠠᠬᠤᠨ ᠢᠶᠠᠷ ᠬᠥᠮᠥᠨ ᠢ | ᠬᠥᠮᠥᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠭᠦᠳᠡᠯᠮᠦᠷᠢ ᠪᠦᠭᠦ | ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠥᠵᠢᠭᠦᠯᠦᠨ᠎ᠡ᠃ ᠠᠷᠠᠳ ᠲᠦᠮᠡᠨ ᠢᠶᠠᠷ ᠭᠤᠣᠯ ᠪᠤᠯᠭᠠᠬᠰᠠᠨ | ᠰᠤᠷᠭᠠᠨ ᠬᠥᠮᠦᠵᠢᠯ ᠢ ᠬᠥᠭᠵᠢᠭᠦᠯᠬᠦ ᠶᠢ ᠪᠠᠷᠢᠮᠲᠠᠯᠠᠨ᠂ ᠴᠢᠨᠠᠷ ᠰᠠᠶᠢᠲᠠᠢ ᠰᠤᠷᠭᠠᠨ ᠬᠥᠮᠦᠵᠢᠯ ᠤᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠬᠡᠪ ᠪᠣᠯᠪᠠᠰᠤᠷᠠᠯ ᠤᠨ | ᠰᠤᠷᠭᠠᠨ ᠬᠥᠮᠦᠵᠢᠯ ᠢ ᠬᠥᠭᠵᠢᠭᠦᠯᠦᠨ᠂ ᠰᠤᠷᠭᠠᠨ ᠬᠥᠮᠦᠵᠢᠯ ᠤᠨ ᠭᠤᠣᠯᠴᠢ ᠪᠠᠶᠢᠬᠤ ᠶᠢ ᠠᠬᠢᠭᠤᠯᠤᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷ | ᠰᠠᠶᠢᠲᠠᠢ ᠲᠡᠩᠴᠡᠭᠦᠷᠢᠲᠡᠢ ᠬᠥᠭᠵᠢᠭᠦᠯᠬᠦ ᠪᠠ ᠬᠤᠲᠠ ᠬᠥᠳᠡᠭᠡ ᠶᠢ ᠨᠢᠭᠡ ᠴᠣᠭᠴᠠᠵᠢᠭᠤᠯᠬᠤ ᠶᠢ ᠲᠦᠷᠭᠡᠳᠬᠡᠵᠦ᠂ ᠣᠷᠣᠨ ᠪᠦᠰᠡ ᠶᠢᠨ ᠰᠤᠷᠭᠠᠨ ᠬᠥᠮᠦᠵᠢᠯ ᠤᠨ | ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ ᠤᠨᠴᠠᠭᠠᠢ ᠰᠤᠷᠭᠠᠨ ᠬᠥᠮᠦᠵᠢᠯ | ᠤᠨ ᠲᠦᠭᠡᠮᠡᠯ ᠬᠠᠷᠠᠭᠠᠯᠵᠠᠯᠠᠯᠲᠤ ᠬᠥᠭᠵᠢᠯᠲᠡ ᠶᠢ ᠴᠢᠩᠭᠠᠷᠠᠭᠤᠯᠵᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠭᠤᠯᠢ ᠶᠢ ᠣᠯᠠᠨ | ᠶᠠᠩᠵᠤᠴᠢᠯᠠᠨ ᠬᠥᠭᠵᠢᠭᠦᠯᠬᠦ ᠶᠢ ᠪᠠᠷᠢᠮᠲᠠᠯᠠᠨ᠂ ᠪᠦᠭᠦ ᠰᠤᠷᠤᠯᠭ᠎ᠠ ᠶᠢᠨ ᠱᠠᠲᠤ ᠶᠢ ᠬᠠᠮᠤᠷᠤᠭᠰᠠᠨ ᠰᠤᠷᠤᠬᠴᠢᠳ ᠢ ᠲᠤᠰᠠᠯᠠᠨ ᠲᠡᠳᠭᠦᠭᠦ ᠰᠢᠰᠲ᠋ᠧᠮ ᠢ | ᠲᠡᠭᠦᠯᠳᠡᠷᠵᠢᠭᠦᠯᠦᠨ᠎ᠡ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ᠂ ᠦᠷᠭᠦᠯᠵᠢᠯᠡᠭᠰᠡᠨ ᠰᠤᠷᠭᠠᠨ ᠬᠥᠮᠦᠵᠢᠯ ᠤᠨ | ᠬᠠᠮᠵᠢᠯᠴᠠᠨ ᠰᠢᠨ᠎ᠡ ᠶᠢ ᠡᠭᠦᠳᠭᠦ ᠶᠢ ᠨᠢᠭᠡᠳᠦᠯᠲᠡᠢ ᠲᠥᠯᠥᠪᠯᠡᠵᠦ᠂ ᠠᠵᠢᠯ ᠮᠡᠷᠭᠡᠵᠢᠯ ᠪᠠ ᠡᠩ ᠤᠨ ᠰᠤᠷᠭᠠᠨ ᠬᠥᠮᠦᠵᠢᠯ ᠢ ᠠᠭᠤᠰᠤᠯᠴᠠᠭᠤᠯᠬᠤ᠂ ᠦᠢᠯᠡᠳᠪᠦᠷᠢᠯᠡᠯ | ᠪᠠ ᠵᠢᠭᠠᠨ ᠰᠤᠷᠭᠠᠯᠲᠠ ᠶᠢ ᠠᠭᠤᠰᠤᠯᠴᠠᠭᠤᠯᠬᠤ᠂ ᠰᠢᠨᠵᠢᠯᠡᠬᠦ ᠤᠬᠠᠭᠠᠨ ᠪᠠ ᠰᠤᠷᠭᠠᠨ ᠬᠥᠮᠦᠵᠢᠯ ᠢ ᠠᠭᠤᠰᠤᠯᠴᠠᠭᠤᠯᠬᠤ ᠶᠢ ᠠᠬᠢᠭᠤᠯᠵᠤ᠂ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠤᠨ ᠲᠥᠷᠥᠯ ᠭᠡᠯᠪᠡᠷᠢ ᠶᠢᠨ ᠪᠠᠶᠢᠷᠢ ᠲᠣᠭᠲᠠᠭᠠᠯᠲᠠ ᠶᠢ ᠰᠢᠯᠢᠳᠡᠭᠵᠢᠭᠦᠯᠦᠨ᠎ᠡ᠃ ᠰᠠᠭᠤᠷᠢ ᠰᠢᠨᠵᠢᠯᠡᠭᠡᠨ ᠤ ᠰᠠᠯᠠᠭ᠎ᠠ᠂ ᠰᠢᠨ᠎ᠡ ᠪᠠᠷ ᠬᠥᠭᠵᠢᠭᠰᠡᠨ | ᠰᠢᠨᠵᠢᠯᠡᠭᠡᠨ ᠤ ᠰᠠᠯᠠᠭ᠎ᠠ᠂ ᠰᠣᠯᠪᠢᠴᠠᠯ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠳᠤᠮᠳᠠᠳᠤ ᠤᠯᠤᠰ ᠤᠨ ᠣᠨᠴᠠᠯᠢᠭ ᠲᠠᠢ᠂ ᠳᠡᠯᠡᠬᠡᠢ | ᠶᠢᠨ ᠲᠡᠷᠢᠭᠦᠨ ᠵᠡᠷᠭᠡ ᠶᠢᠨ ᠶᠡᠭᠡ ᠰᠤᠷᠭᠠᠭᠤᠯᠢ ᠪᠣᠯᠣᠨ ᠳᠠᠪᠠᠭᠤᠯᠢᠭᠲᠤ ᠰᠢᠨᠵᠢᠯᠡᠭᠡᠨ ᠤ ᠰᠠᠯᠠᠭ᠎ᠠ ᠶᠢ ᠲᠦᠷᠭᠡᠳᠬᠡᠨ ᠪᠠᠶᠢᠭᠤᠯᠤᠨ᠎ᠠ᠃ ᠠᠷᠠᠳ ᠠᠴᠠ ᠡᠷᠭᠢᠯᠡᠭᠰᠡᠨ | ᠰᠤᠷᠭᠠᠨ ᠬᠥᠮᠦᠵᠢᠯ ᠤᠨ ᠬᠥᠭᠵᠢᠯᠲᠡ ᠶᠢ ᠬᠥᠲᠥᠯᠥᠨ ᠵᠢᠯᠤᠭᠤᠳᠴᠤ ᠵᠢᠷᠤᠮᠵᠢᠭᠤᠯᠤᠨ᠎ᠠ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ | ᠳᠡᠯᠭᠡᠷᠡᠭᠦᠯᠬᠦ ᠡᠷᠴᠢᠮ ᠢ ᠴᠢᠩᠭᠠᠷᠠᠭᠤᠯᠤᠨ᠎ᠠ᠃ ᠰᠤᠷᠭᠠᠨ ᠬᠥᠮᠦᠵᠢᠯ ᠤᠨ ᠬᠦᠷᠢᠶᠡᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠢᠭᠠᠬᠤ | ᠮᠠᠲ᠋ᠧᠷᠢᠶᠠᠯ ᠤᠨ ᠪᠠᠶᠢᠭᠤᠯᠤᠯᠲᠠ ᠪᠠ ᠬᠠᠮᠢᠶᠠᠷᠤᠯᠲᠠ ᠶᠢ ᠴᠢᠩᠭᠠᠳᠬᠠᠨ᠂ ᠰᠤᠷᠭᠠᠭᠤᠯᠢ ᠶᠢᠨ ᠬᠠᠮᠢᠶᠠᠷᠤᠯᠲᠠ ᠪᠣᠯᠣᠨ ᠰᠤᠷᠭᠠᠨ ᠬᠥᠮᠦᠵᠢᠯ ᠤᠨ ᠦᠨᠡᠯᠡᠯᠲᠡ ᠶᠢᠨ | ᠰᠢᠰᠲ᠋ᠧᠮ ᠢ ᠲᠡᠭᠦᠯᠳᠡᠷᠵᠢᠭᠦᠯᠵᠦ᠂ ᠰᠤᠷᠭᠠᠭᠤᠯᠢ ᠭᠡᠷ ᠪᠦᠯᠢ ᠨᠡᠶᠢᠭᠡᠮ ᠤᠨ ᠬᠥᠮᠥᠨ ᠬᠥᠮᠥᠵᠢᠭᠦᠯᠬᠦ ᠲᠣᠭᠲᠠᠴᠠ ᠶᠢ ᠪᠦᠷᠢᠨᠰᠢᠭᠦᠯᠦᠨ᠎ᠡ᠃ ᠪᠠᠭᠰᠢ ᠶᠢᠨ ᠮᠣᠷᠠᠯ | ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠂ ᠥᠨᠳᠥᠷ ᠬᠡᠪ ᠪᠣᠯᠪᠠᠰᠤᠷᠠᠯ ᠲᠠᠢ ᠪᠠᠭᠰᠢ ᠶᠢᠨ ᠡᠩᠨᠡᠭᠡ ᠶᠢ ᠬᠥᠮᠥᠵᠢᠭᠦᠯᠵᠦ᠂ ᠪᠠᠭᠰᠢ ᠶᠢ | ᠬᠦᠨᠳᠦᠳᠬᠡᠨ ᠰᠤᠷᠭᠠᠨ ᠬᠥᠮᠦᠵᠢᠯ ᠢ ᠴᠢᠬᠤᠯᠠᠴᠢᠯᠠᠬᠤ ᠨᠡᠶᠢᠭᠡᠮ ᠤᠨ ᠬᠡᠪ ᠰᠤᠷᠲᠠᠯ ᠢ ᠪᠠᠳᠠᠷᠠᠭᠤᠯᠤᠨ᠎ᠠ᠃ ᠰᠤᠷᠭᠠᠨ ᠬᠥᠮᠦᠵᠢᠯ ᠤᠨ ᠲᠣᠭᠠᠴᠢᠯᠠᠯᠲᠠ ᠶᠢ | ᠠᠬᠢᠭᠤᠯᠵᠤ᠂ ᠪᠦᠭᠦ ᠠᠷᠠᠳ ᠢᠶᠠᠷ ᠢᠶᠠᠨ ᠨᠠᠰᠤᠨ ᠲᠤᠷᠰᠢᠲᠠ ᠰᠤᠷᠤᠯᠴᠠᠬᠤ ᠭᠡᠯᠪᠡᠷᠢ ᠶᠢᠨ ᠨᠡᠶᠢᠭᠡᠮ᠂ ᠰᠤᠷᠤᠯᠴᠠᠬᠤ ᠭᠡᠯᠪᠡᠷᠢ ᠶᠢᠨ ᠲᠣᠮᠣ ᠤᠯᠤᠰ ᠢ ᠪᠦᠲᠦᠭᠡᠨ | ᠪᠠᠶᠢᠭᠤᠯᠤᠨ᠎ᠠ᠃ | ︵ᠬᠤᠶᠠᠷ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠭᠦ ᠰᠢᠰᠲ᠋ᠧᠮ ᠢ ᠲᠡᠭᠦᠯᠳᠡᠷᠵᠢᠭᠦᠯᠦᠨ᠎ᠡ᠃ ᠰᠢᠨ᠎ᠡ ᠶᠢ ᠡᠭᠦᠳᠭᠦ ᠶᠢᠨ ᠮᠠᠨ ᠤ | ᠤᠯᠤᠰ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠪᠦᠭᠦ ᠲᠠᠯ᠎ᠠ ᠳᠠᠬᠢ ᠭᠤᠣᠯᠯᠠᠬᠤ ᠪᠠᠶᠢᠷᠢ ᠰᠠᠭᠤᠷᠢ ᠶᠢ ᠪᠠᠷᠢᠮᠲᠠᠯᠠᠨ᠎ᠠ᠃ ᠨᠠᠮ ᠤᠨ ᠲᠥᠪ ᠬᠤᠷᠢᠶ᠎ᠠ | ᠠᠴᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯ ᠢ ᠨᠢᠭᠡᠳᠦᠯᠲᠡᠢ ᠤᠳᠤᠷᠢᠳᠬᠤ ᠪᠠᠶᠢᠭᠤᠯᠤᠮᠵᠢ ᠶᠢ ᠲᠡᠭᠦᠯᠳᠡᠷᠵᠢᠭᠦᠯᠵᠦ᠂ ᠰᠢᠨ᠎ᠡ ᠭᠡᠯᠪᠡᠷᠢ ᠶᠢᠨ ᠤᠯᠤᠰ | ᠳᠠᠶᠠᠭᠠᠷ ᠤᠨ ᠪᠠᠶᠢᠭᠤᠯᠤᠮᠵᠢ ᠶᠢ ᠪᠦᠷᠢᠨᠰᠢᠭᠦᠯᠦᠨ᠂ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ ᠢ | ᠴᠢᠩᠭᠠᠷᠠᠭᠤᠯᠵᠤ᠂ ᠰᠢᠨ᠎ᠡ ᠶᠢ ᠡᠭᠦᠳᠭᠦ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠵᠤ᠂ ᠤᠯᠤᠰ ᠤᠨ ᠰᠢᠨᠵᠢᠯᠡᠬᠦ ᠤᠬᠠᠭᠠᠨ ᠤ ᠰᠤᠳᠤᠯᠭᠠᠨ ᠤ | ᠪᠠᠶᠢᠭᠤᠯᠤᠮᠵᠢ᠂ ᠥᠨᠳᠥᠷ ᠲᠦᠪᠰᠢᠨ ᠪᠦᠬᠦᠢ ᠰᠤᠳᠤᠯᠭᠠᠨ ᠤ ᠭᠡᠯᠪᠡᠷᠢ ᠶᠢᠨ ᠶᠡᠭᠡ ᠰᠤᠷᠭᠠᠭᠤᠯᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠭᠠᠭᠤᠯᠤᠭᠴᠢ | ᠠᠵᠤ ᠠᠬᠤᠶᠢᠯᠠᠯ ᠤᠨ ᠪᠠᠶᠢᠷᠢ ᠲᠣᠭᠲᠠᠭᠠᠯᠲᠠ ᠪᠠ ᠪᠠᠶᠢᠷᠢᠰᠢᠯ ᠢ ᠰᠢᠯᠢᠳᠡᠭᠵᠢᠭᠦᠯᠵᠦ᠂ ᠤᠯᠤᠰ ᠤᠨ ᠲᠤᠷᠰᠢᠯᠲᠠ ᠶᠢᠨ ᠲᠠᠰᠤᠭ ᠤᠨ ᠰᠢᠰᠲ᠋ᠧᠮ ᠢ ᠪᠤᠢ ᠪᠣᠯᠭᠠᠨ᠂ | ᠤᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠭᠦ ᠲᠥᠪ᠂ ᠣᠷᠣᠨ ᠪᠦᠰᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ | ᠤᠨ ᠰᠢᠨ᠎ᠡ ᠶᠢ ᠡᠭᠦᠳᠭᠦ ᠲᠥᠪ ᠤᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠠᠭᠤᠷᠢ | ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠯᠳᠤᠬᠤ ᠪᠣᠳᠣᠯᠭ᠎ᠠ ᠶᠢᠨ ᠵᠥᠪᠯᠡᠯᠭᠡ ᠥᠭᠭᠦ ᠶᠢ | ᠴᠢᠩᠭᠠᠳᠬᠠᠵᠤ᠂ ᠤᠯᠤᠰ ᠤᠨ ᠰᠢᠨ᠎ᠡ ᠶᠢ ᠡᠭᠦᠳᠭᠦ ᠰᠢᠰᠲ᠋ᠧᠮ ᠤᠨ ᠪᠦᠬᠦᠯᠢ ᠴᠣᠭᠴᠠ ᠶᠢᠨ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠨᠡᠯᠡᠯᠲᠡ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠯᠠᠨ ᠡᠰᠢᠵᠢᠭᠰᠡᠨ ᠪᠡᠯᠡ ᠣᠷᠣᠭᠤᠯᠤᠯᠲᠠ ᠶᠢ ᠨᠡᠮᠡᠭᠳᠡᠭᠦᠯᠦᠨ᠂ ᠮᠡᠳᠡᠯᠭᠡ | ᠶᠢᠨ ᠥᠮᠴᠢᠯᠡᠬᠦ ᠡᠷᠬᠡ ᠶᠢᠨ ᠬᠠᠤᠯᠢᠵᠢᠯ ᠤᠨ ᠪᠠᠲᠤᠯᠠᠭ᠎ᠠ ᠶᠢ ᠴᠢᠩᠭᠠᠳᠬᠠᠵᠤ᠂ ᠪᠦᠭᠦ ᠲᠠᠯ᠎ᠠ ᠪᠠᠷ ᠰᠢᠨ᠎ᠡ ᠶᠢ ᠡᠭᠦᠳᠭᠦ ᠶᠢ ᠳᠡᠮᠵᠢᠭᠦ ᠰᠠᠭᠤᠷᠢ ᠳᠦᠷᠢᠮ ᠢ | ᠪᠦᠷᠢᠯᠳᠦᠭᠦᠯᠦᠨ᠎ᠡ᠃ ᠰᠢᠨ᠎ᠡ ᠶᠢ ᠡᠭᠦᠳᠭᠦ ᠰᠣᠶᠣᠯ ᠢ ᠪᠣᠶᠢᠵᠢᠭᠤᠯᠵᠤ᠂ ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠰᠢᠯᠢᠳᠡᠭ ᠰᠠᠶᠢᠨ | ᠰᠤᠷᠤᠯᠴᠠᠬᠤ ᠰᠤᠷᠲᠠᠯ ᠢ ᠬᠥᠮᠥᠵᠢᠭᠦᠯᠵᠦ᠂ ᠰᠢᠨ᠎ᠡ ᠶᠢ ᠡᠭᠦᠳᠭᠦ ᠠᠭᠤᠷ ᠠᠮᠢᠰᠬᠤᠯ ᠢ ᠪᠤᠢ ᠪᠣᠯᠭᠠᠨ᠎ᠠ᠃ ᠤᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠥᠷᠭᠡᠳᠬᠡᠨ᠂ ᠤᠯᠠᠨ ᠤᠯᠤᠰᠴᠢᠯᠠᠭᠰᠠᠨ ᠰᠢᠨᠵᠢᠯᠡᠬᠦ ᠤᠬᠠᠭᠠᠨ ᠤ ᠰᠤᠳᠤᠯᠭᠠᠨ ᠤ ᠣᠷᠴᠢᠨ ᠨᠥᠬᠦᠴᠡᠯ ᠤᠨ | ᠪᠠᠶᠢᠭᠤᠯᠤᠯᠲᠠ ᠶᠢ ᠴᠢᠩᠭᠠᠳᠬᠠᠵᠤ᠂ ᠳᠡᠯᠡᠬᠡᠢ ᠳ᠋ᠠᠬᠢᠨ ᠳᠤ ᠥᠷᠢᠰᠦᠯᠳᠦᠬᠦ ᠬᠦᠴᠦᠨ ᠪᠦᠬᠦᠢ ᠨᠡᠭᠡᠭᠡᠯᠲᠡᠲᠤ ᠰᠢᠨ᠎ᠡ ᠶᠢ ᠡᠭᠦᠳᠭᠦ ᠠᠮᠢ ᠠᠬᠤᠢ ᠶᠢ ᠪᠤᠢ ᠪᠣᠯᠭᠠᠨ᠎ᠠ᠃ | ︵ᠭᠤᠷᠪᠠ︶ ᠰᠢᠨ᠎ᠡ ᠶᠢ ᠡᠭᠦᠳᠭᠦ ᠪᠠᠷ ᠬᠥᠭᠵᠢᠯᠲᠡ ᠶᠢᠨ ᠬᠥᠳᠡᠯᠭᠡᠭᠦᠷ ᠪᠤᠯᠭᠠᠬᠤ ᠪᠠᠶᠢᠯᠳᠤᠬᠤ ᠪᠣᠳᠣᠯᠭ᠎ᠠ ᠶᠢ ᠲᠦᠷᠭᠡᠳᠬᠡᠨ ᠬᠡᠷᠡᠭᠵᠢᠭᠦᠯᠦᠨ᠎ᠡ᠃ ᠳᠡᠯᠡᠬᠡᠢ | ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠤᠰᠢᠭᠤᠷᠠᠯ ᠳᠤ ᠬᠠᠨᠳᠤᠭᠤᠯᠬᠤ᠂ ᠠᠵᠤ ᠠᠬᠤᠢ ᠶᠢᠨ ᠭᠤᠣᠯ ᠳᠠᠶᠢᠯᠠᠯᠳᠤᠭᠠᠨ ᠤ ᠲᠠᠯᠠᠪᠤᠷ ᠲᠤ ᠬᠠᠨᠳᠤᠭᠤᠯᠬᠤ | ᠂ ᠤᠯᠤᠰ ᠤᠨ ᠴᠢᠬᠤᠯᠠ ᠶᠡᠭᠡ ᠬᠡᠷᠡᠭᠴᠡᠭᠡ ᠱᠠᠭᠠᠷᠳᠠᠯᠭ᠎ᠠ ᠳᠤ ᠬᠠᠨᠳᠤᠭᠤᠯᠬᠤ᠂ ᠠᠷᠠᠳ ᠲᠦᠮᠡᠨ ᠤ ᠠᠮᠢ ᠨᠠᠰᠤ ᠡᠷᠡᠭᠦᠯ ᠮᠡᠨᠳᠦ ᠳᠤ ᠬᠠᠨᠳᠤᠭᠤᠯᠬᠤ ᠶᠢ | ᠪᠠᠷᠢᠮᠲᠠᠯᠠᠵᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠲᠦᠷᠭᠡᠳᠬᠡᠨ | ᠪᠡᠶᠡᠯᠡᠭᠦᠯᠦᠨ᠎ᠡ᠃ ᠤᠯᠤᠰ ᠤᠨ ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡ ᠪᠠᠷ ᠤᠳᠤᠷᠢᠳᠤᠮᠵᠢ ᠪᠤᠯᠭᠠᠵᠤ᠂ ᠤᠤᠭᠠᠯ ᠡᠭᠦᠳᠦᠯᠲᠡ ᠶᠢᠨ ᠴᠢᠨᠠᠷᠲᠠᠢ ᠬᠥᠲᠥᠯᠥᠨ | ᠳᠠᠭᠠᠭᠤᠯᠬᠤ ᠴᠢᠨᠠᠷᠲᠠᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠪᠡᠷᠬᠡ ᠠᠰᠠᠭᠤᠳᠠᠯ ᠢ ᠬᠦᠴᠦᠨ ᠢᠶᠠᠨ ᠲᠥᠪᠯᠡᠷᠡᠭᠦᠯᠦᠨ ᠰᠢᠢᠳᠪᠦᠷᠢᠯᠡᠵᠦ᠂ ᠵᠠᠩᠭᠢᠯᠠᠭ᠎ᠠ ᠶᠢᠨ | ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠵᠠᠪᠠᠯ ᠣᠯᠣᠨ᠎ᠠ᠃ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠪᠦᠭᠦ ᠲᠠᠯ᠎ᠠ ᠶᠢᠨ | ᠴᠢᠨᠠᠷᠲᠠᠢ ᠪᠠᠷᠠᠯᠠᠯᠳᠦ ᠴᠢᠨᠠᠷᠲᠠᠢ ᠨᠢᠭᠡ ᠪᠦᠯᠦᠭ ᠤᠯᠤᠰ ᠤᠨ ᠴᠢᠬᠤᠯᠠ ᠶᠡᠭᠡ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠲᠦᠷᠦᠯ ᠵᠦᠢᠯ ᠢ ᠲᠦᠷᠭᠡᠳᠬᠡᠨ | ᠬᠡᠷᠡᠭᠵᠢᠭᠦᠯᠵᠦ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠭᠦ ᠴᠢᠳᠠᠪᠤᠷᠢ ᠪᠠᠨ ᠴᠢᠩᠭᠠᠳᠬᠠᠨ᠎ᠠ᠃ ᠰᠠᠭᠤᠷᠢ ᠰᠤᠳᠤᠯᠭᠠᠨ ᠢ ᠴᠢᠩᠭᠠᠳᠬᠠᠵᠤ᠂ ᠤᠤᠭᠠᠯ ᠡᠭᠦᠳᠦᠯᠲᠡ | ᠶᠢ ᠲᠣᠪᠤᠶᠢᠯᠭᠠᠨ᠂ ᠴᠢᠯᠦᠭᠡᠲᠡᠢ ᠪᠠᠷ ᠬᠠᠶᠢᠨ ᠰᠦᠪᠡᠭᠴᠢᠯᠡᠬᠦ ᠶᠢ ᠵᠣᠷᠢᠭᠵᠢᠭᠤᠯᠤᠨ᠎ᠠ᠃ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠪᠡᠯᠡ ᠣᠷᠣᠭᠤᠯᠤᠯᠲᠠ ᠶᠢᠨ | ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠵᠦ᠂ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠵᠠᠷᠤᠳᠠᠯ ᠤᠨ ᠬᠤᠪᠢᠶᠠᠷᠢᠯᠠᠯᠲᠠ ᠪᠠ | ᠬᠡᠷᠡᠭᠯᠡᠯᠲᠡ ᠶᠢᠨ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠰᠢᠨ᠎ᠡ ᠶᠢ ᠡᠭᠦᠳᠭᠦ ᠠᠮᠢᠳᠤᠯᠢᠭ ᠬᠦᠴᠦᠨ ᠢ ᠬᠥᠭᠵᠢᠭᠡᠨ᠎ᠡ᠃ ᠠᠵᠤ ᠠᠬᠤᠶᠢᠯᠠᠯ | ᠢᠶᠠᠷ ᠤᠳᠤᠷᠢᠳᠤᠮᠵᠢ ᠪᠤᠯᠭᠠᠬᠰᠠᠨ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠢ ᠭᠦᠨᠵᠡᠭᠡᠢ ᠠᠭᠤᠰᠤᠯᠴᠠᠭᠤᠯᠬᠤ ᠶᠢ ᠴᠢᠩᠭᠠᠳᠬᠠᠵᠤ᠂ ᠬᠠᠷᠠᠯᠲᠠ ᠪᠠᠷ | ᠤᠳᠤᠷᠢᠳᠤᠮᠵᠢ ᠪᠤᠯᠭᠠᠬᠤ ᠶᠢ ᠴᠢᠩᠭᠠᠷᠠᠭᠤᠯᠤᠨ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠪᠠ ᠠᠵᠤ ᠦᠢᠯᠡᠰᠵᠢᠭᠦᠯᠬᠦ | ᠲᠦᠪᠰᠢᠨ ᠢ ᠳᠡᠭᠡᠭᠰᠢᠯᠡᠭᠦᠯᠦᠨ᠎ᠡ᠃ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠭᠦ ᠭᠤᠣᠯ ᠴᠣᠭᠴᠠ ᠶᠢᠨ ᠪᠠᠶᠢᠷᠢ | ᠰᠠᠭᠤᠷᠢ ᠶᠢ ᠴᠢᠩᠭᠠᠷᠠᠭᠤᠯᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠭᠡᠯᠪᠡᠷᠢ ᠶᠢᠨ ᠭᠤᠣᠯᠯᠠᠭᠴᠢ ᠠᠵᠤ ᠠᠬᠤᠶᠢᠯᠠᠯ ᠤᠨ ᠬᠥᠲᠥᠯᠥᠨ ᠳᠠᠭᠠᠭᠤᠯᠵᠤ | ᠲᠤᠯᠭᠠᠭᠤᠷᠢᠯᠠᠬᠤ ᠦᠢᠯᠡᠳᠦᠯ ᠢ ᠪᠠᠳᠠᠷᠠᠭᠤᠯᠤᠨ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠭᠡᠯᠪᠡᠷᠢ ᠶᠢᠨ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ | ᠦᠰᠦᠨ ᠪᠣᠶᠢᠵᠢᠬᠤ ᠳᠤ ᠠᠰᠢᠭᠲᠠᠢ ᠰᠢᠯᠢᠳᠡᠭ ᠰᠠᠶᠢᠨ ᠣᠷᠴᠢᠨ ᠨᠥᠬᠦᠴᠡᠯ ᠢ ᠪᠤᠶ ᠪᠤᠯᠭᠠᠵᠤ᠂ ᠰᠢᠨ᠎ᠡ ᠶᠢ ᠡᠭᠦᠳᠭᠦ ᠬᠡᠯᠬᠢᠶ᠎ᠡ᠂ ᠠᠵᠤ ᠦᠢᠯᠡᠰ ᠤᠨ ᠬᠡᠯᠬᠢᠶ᠎ᠡ᠂ | ᠪᠡᠯᠡ ᠮᠥᠩᠭᠦ ᠶᠢᠨ ᠬᠡᠯᠬᠢᠶ᠎ᠡ᠂ ᠴᠢᠳᠠᠪᠤᠷᠢᠲᠠᠨ ᠤ ᠬᠡᠯᠬᠢᠶ᠎ᠡ ᠶᠢᠨ ᠭᠦᠨᠵᠡᠭᠡᠢ ᠠᠭᠤᠰᠤᠯᠴᠠᠬᠤ ᠶᠢ ᠠᠬᠢᠭᠤᠯᠤᠨ᠎ᠠ᠃ | ︵ᠳᠥᠷᠪᠡ︶ ᠴᠢᠳᠠᠪᠤᠷᠢᠲᠠᠨ ᠢᠶᠠᠷ ᠤᠯᠤᠰ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠦᠨ᠎ᠡ᠃ ᠮᠣᠷᠠᠯ ᠴᠢᠳᠠᠪᠤᠷᠢ | ᠬᠤᠣᠰᠯᠠᠭᠰᠠᠨ ᠥᠨᠳᠥᠷ ᠬᠡᠪ ᠪᠣᠯᠪᠠᠰᠤᠷᠠᠯ ᠲᠠᠢ ᠦᠯᠡᠮᠵᠢ ᠤᠯᠠᠨ ᠴᠢᠳᠠᠪᠤᠷᠢᠲᠠᠨ ᠢ ᠬᠥᠮᠥᠵᠢᠭᠦᠯᠦᠨ ᠪᠣᠶᠢᠵᠢᠭᠤᠯᠬᠤ ᠪᠣᠯ ᠤᠯᠤᠰ ᠪᠠ ᠦᠨᠳᠦᠰᠦᠲᠡᠨ ᠤ ᠠᠯᠤᠰ | ᠭᠡᠳᠤ ᠶᠢᠨ ᠬᠥᠭᠵᠢᠯᠲᠡ ᠶᠢᠨ ᠶᠡᠭᠡ ᠪᠣᠳᠣᠯᠭ᠎ᠠ ᠮᠥᠨ᠃ ᠭᠠᠪᠢᠶ᠎ᠠ ᠶᠢ ᠴᠢᠳᠠᠪᠤᠷᠢᠲᠠᠨ ᠪᠦᠲᠦᠭᠡᠵᠦ᠂ ᠦᠢᠯᠡᠰ ᠢ ᠴᠢᠳᠠᠪᠤᠷᠢᠲᠠᠨ ᠥᠷᠭᠡᠳᠬᠡᠳᠡᠭ᠃ ᠨᠠᠮ ᠠᠴᠠ | ᠴᠢᠳᠠᠪᠤᠷᠢᠲᠠᠨ ᠢ ᠬᠠᠮᠢᠶᠠᠷᠬᠤ ᠵᠠᠷᠴᠢᠮ ᠢ ᠪᠠᠷᠢᠮᠲᠠᠯᠠᠨ᠂ ᠭᠦᠳᠡᠯᠮᠦᠷᠢ ᠶᠢ ᠬᠦᠨᠳᠦᠳᠬᠡᠬᠦ᠂ ᠮᠡᠳᠡᠯᠭᠡ ᠶᠢ ᠬᠦᠨᠳᠦᠳᠬᠡᠬᠦ᠂ ᠴᠢᠳᠠᠪᠤᠷᠢᠲᠠᠨ ᠢ ᠬᠦᠨᠳᠦᠳᠬᠡᠬᠦ᠂ ᠡᠭᠦᠳᠦᠨ | ᠪᠦᠲᠦᠭᠡᠯᠲᠡ ᠶᠢ ᠬᠦᠨᠳᠦᠳᠬᠡᠬᠦ ᠶᠢ ᠪᠠᠷᠢᠮᠲᠠᠯᠠᠵᠤ᠂ ᠨᠡᠩ ᠢᠳᠡᠪᠬᠢᠲᠡᠢ᠂ ᠨᠡᠩ ᠨᠡᠭᠡᠭᠡᠯᠲᠡᠲᠡᠢ᠂ ᠨᠡᠩ ᠪᠦᠲᠦᠮᠵᠢᠲᠡᠢ ᠴᠢᠳᠠᠪᠤᠷᠢᠲᠠᠨ ᠤ ᠲᠦᠷᠦ ᠶᠢᠨ ᠪᠣᠳᠣᠯᠭ᠎ᠠ ᠶᠢ | ᠬᠡᠷᠡᠭᠵᠢᠭᠦᠯᠵᠦ᠂ ᠥᠷᠭᠡᠨ ᠤᠯᠠᠨ ᠴᠢᠳᠠᠪᠤᠷᠢᠲᠠᠨ ᠤ ᠨᠠᠮ ᠢᠶᠠᠨ ᠬᠠᠶᠢᠷᠠᠯᠠᠵᠤ ᠤᠯᠤᠰ ᠲᠠᠭᠠᠨ ᠵᠢᠳᠭᠦᠭᠦ᠂ ᠠᠵᠢᠯ ᠦᠢᠯᠡᠰ ᠢᠶᠠᠨ ᠳᠡᠭᠡᠳᠦᠯᠡᠨ ᠬᠤᠪᠢ ᠨᠡᠮᠡᠷᠢ | ᠦᠵᠡᠭᠦᠯᠭᠦ᠂ ᠠᠷᠠᠳ ᠲᠦᠮᠡᠨ ᠳᠤ ᠦᠢᠯᠡᠴᠢᠯᠡᠬᠦ ᠶᠢ ᠬᠥᠲᠥᠯᠥᠨ ᠵᠢᠯᠣᠭᠤᠳᠤᠨ᠎ᠠ᠃ ᠴᠢᠳᠠᠪᠤᠷᠢᠲᠠᠨ ᠤ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ | ᠲᠡᠭᠦᠯᠳᠡᠷᠵᠢᠭᠦᠯᠵᠦ᠂ ᠡᠯ᠎ᠡ ᠲᠠᠯ᠎ᠠ ᠶᠢᠨ ᠴᠢᠳᠠᠪᠤᠷᠢᠲᠠᠨ ᠢ ᠬᠠᠮᠲᠤ ᠳᠤᠨᠢ ᠠᠳᠬᠤᠬᠤ ᠶᠢ ᠪᠠᠷᠢᠮᠲᠠᠯᠠᠨ᠂ ᠬᠡᠪᠴᠢᠶ᠎ᠡ ᠪᠠᠷ ᠠᠤᠭ᠎ᠠ ᠶᠡᠭᠡ᠂ ᠪᠦᠲᠦᠴᠡ ᠨᠢ ᠵᠦᠢ | ᠵᠣᠬᠢᠰᠲᠠᠢ᠂ ᠬᠡᠪ ᠪᠣᠯᠪᠠᠰᠤᠷᠠᠯ ᠢᠶᠠᠷ ᠰᠢᠯᠢᠳᠡᠭ ᠰᠠᠶᠢᠨ ᠴᠢᠳᠠᠪᠤᠷᠢᠲᠠᠨ ᠤ ᠡᠩᠨᠡᠭᠡ ᠶᠢ ᠪᠠᠶᠢᠭᠤᠯᠤᠨ᠎ᠠ᠃ ᠳᠡᠯᠡᠬᠡᠢ ᠶᠢᠨ ᠴᠢᠬᠤᠯᠠ ᠴᠢᠳᠠᠪᠤᠷᠢᠲᠠᠨ ᠤ ᠲᠥᠪ ᠪᠣᠯᠣᠨ | ᠰᠢᠨ᠎ᠡ ᠶᠢ ᠡᠭᠦᠳᠭᠦ ᠥᠨᠳᠦᠷᠯᠢᠭ ᠢ ᠲᠦᠷᠭᠡᠳᠬᠡᠨ ᠪᠠᠶᠢᠭᠤᠯᠵᠤ᠂ ᠴᠢᠳᠠᠪᠤᠷᠢᠲᠠᠨ ᠤ ᠣᠷᠣᠨ ᠪᠦᠰᠡ ᠶᠢᠨ ᠵᠦᠢ ᠵᠣᠬᠢᠰᠲᠠᠢ ᠪᠠᠶᠢᠷᠢᠰᠢᠯ ᠪᠠ ᠵᠣᠬᠢᠴᠠᠩᠭᠤᠢ | ᠬᠥᠭᠵᠢᠯᠲᠡ ᠶᠢ ᠠᠬᠢᠭᠤᠯᠵᠤ᠂ ᠴᠢᠳᠠᠪᠤᠷᠢᠲᠠᠨ ᠤ ᠤᠯᠠᠨ ᠤᠯᠤᠰ ᠲᠠᠬᠢ ᠥᠷᠢᠰᠦᠯᠳᠦᠭᠡᠨ ᠤ ᠬᠠᠷᠢᠴᠠᠩᠭᠤᠢ ᠳᠠᠪᠠᠭᠤᠯᠢᠭ ᠪᠠᠶᠢᠳᠠᠯ ᠢ ᠬᠦᠴᠦᠯᠡᠨ ᠪᠤᠢ ᠪᠣᠯᠭᠠᠨ᠎ᠠ᠃ | ᠤᠯᠤᠰ ᠤᠨ ᠪᠠᠶᠢᠯᠳᠤᠬᠤ ᠪᠣᠳᠣᠯᠭ᠎ᠠ ᠶᠢᠨ ᠴᠢᠳᠠᠪᠤᠷᠢᠲᠠᠨ ᠤ ᠬᠦᠴᠦᠨ ᠢ ᠲᠦᠷᠭᠡᠳᠬᠡᠨ ᠪᠠᠶᠢᠭᠤᠯᠵᠤ᠂ ᠨᠡᠩ ᠤᠯᠠᠨ ᠶᠡᠭᠡ ᠪᠠᠭᠰᠢᠲᠠᠨ᠂ ᠪᠠᠶᠢᠯᠳᠤᠬᠤ ᠪᠣᠳᠣᠯᠭ᠎ᠠ | ᠶᠢᠨ ᠰᠢᠨᠵᠢᠯᠡᠬᠦ ᠤᠬᠠᠭᠠᠨᠲᠠᠨ᠂ ᠲᠡᠷᠢᠭᠦᠨ ᠵᠡᠷᠭᠡ ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠲᠠᠨ ᠪᠠ ᠰᠢᠨ᠎ᠡ ᠶᠢ ᠡᠭᠦᠳᠭᠦ | ᠪᠦᠯᠭᠦᠮ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ᠂ ᠭᠠᠷᠮᠠᠭᠠᠢ ᠢᠨᠵᠧᠨᠧᠷ᠂ ᠲᠣᠮᠣ ᠤᠯᠤᠰ ᠤᠨ ᠤᠷᠠᠨ ᠳᠠᠷᠬᠠᠨ᠂ ᠥᠨᠳᠥᠷ ᠤᠷ᠎ᠠ | ᠴᠢᠳᠠᠪᠤᠷᠢ ᠲᠠᠢ ᠴᠢᠳᠠᠪᠤᠷᠢᠲᠠᠨ ᠢ ᠴᠢᠷᠮᠠᠶᠢᠨ ᠬᠥᠮᠥᠵᠢᠭᠦᠯᠦᠨ ᠪᠤᠢ ᠪᠣᠯᠭᠠᠨ᠎ᠠ᠃ ᠴᠢᠳᠠᠪᠤᠷᠢᠲᠠᠨ ᠤ ᠤᠯᠠᠨ ᠤᠯᠤᠰ ᠤᠨ ᠰᠣᠯᠢᠯᠴᠠᠭ᠎ᠠ ᠶᠢ ᠴᠢᠩᠭᠠᠳᠬᠠᠵᠤ᠂ ᠡᠯ᠎ᠡ | ᠲᠦᠷᠦᠯ ᠤᠨ ᠴᠢᠳᠠᠪᠤᠷᠢᠲᠠᠨ ᠢ ᠰᠠᠶᠢᠲᠤᠷ ᠬᠡᠷᠡᠭᠯᠡᠵᠦ ᠠᠮᠢᠳᠤᠯᠢᠭ ᠬᠡᠷᠡᠭᠯᠡᠨ᠎ᠡ᠃ ᠴᠢᠳᠠᠪᠤᠷᠢᠲᠠᠨ ᠤ ᠬᠥᠭᠵᠢᠯᠲᠡ ᠶᠢᠨ ᠪᠠᠶᠢᠭᠤᠯᠤᠮᠵᠢ ᠲᠣᠭᠲᠠᠴᠠ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠦᠨᠡᠨ ᠰᠡᠳᠬᠢᠯ ᠠᠴᠠ ᠪᠠᠨ ᠴᠢᠳᠠᠪᠤᠷᠢᠲᠠᠨ ᠢ ᠬᠠᠶᠢᠷᠠᠯᠠᠨ᠂ ᠪᠦᠭᠦ ᠰᠡᠳᠬᠢᠯ ᠢᠶᠠᠷ ᠢᠶᠠᠨ ᠴᠢᠳᠠᠪᠤᠷᠢᠲᠠᠨ ᠢ | ᠬᠥᠮᠥᠵᠢᠭᠦᠯᠵᠦ᠂ ᠴᠢᠩ ᠰᠡᠳᠬᠢᠯ ᠠᠴᠠ ᠪᠠᠨ ᠴᠢᠳᠠᠪᠤᠷᠢᠲᠠᠨ ᠢ ᠤᠷᠢᠵᠤ᠂ ᠰᠡᠳᠬᠢᠯ ᠲᠠᠯᠪᠢᠨ ᠴᠢᠳᠠᠪᠤᠷᠢᠲᠠᠨ ᠢ ᠬᠡᠷᠡᠭᠯᠡᠵᠦ᠂ ᠡᠷᠳᠡᠮᠲᠡᠨ ᠴᠢᠳᠠᠪᠤᠷᠢᠲᠠᠨ ᠢ | ᠬᠦᠨᠳᠦᠳᠬᠡᠨ᠂ ᠨᠢᠭᠡ ᠯᠡ ᠬᠡᠪ ᠲᠤ ᠪᠠᠷᠢᠭᠳᠠᠬᠤ ᠦᠭᠡᠢ ᠪᠠᠷ ᠡᠯ᠎ᠡ ᠲᠠᠯ᠎ᠠ ᠶᠢᠨ ᠰᠢᠯᠢᠳᠡᠭ ᠴᠢᠳᠠᠪᠤᠷᠢᠲᠠᠨ ᠢ ᠴᠤᠭᠯᠠᠭᠤᠯᠤᠨ ᠨᠠᠮ ᠪᠠ ᠠᠷᠠᠳ ᠲᠦᠮᠡᠨ ᠤ ᠦᠢᠯᠡᠰ | ᠲᠤ ᠦᠢᠯᠡᠴᠢᠯᠡᠭᠦᠯᠦᠨ᠎ᠡ᠃ | ᠵᠢᠷᠭᠤᠭ᠎ᠠ᠂ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠢ ᠬᠥᠭᠵᠢᠭᠦᠯᠵᠦ᠂ ᠠᠷᠠᠳ ᠲᠦᠮᠡᠨ ᠤ ᠡᠵᠡᠨ ᠰᠠᠭᠤᠵᠤ ᠡᠷᠬᠡ ᠮᠡᠳᠡᠭᠦ ᠶᠢ ᠪᠠᠲᠤᠯᠠᠨ᠎ᠠ | ᠮᠠᠨ ᠤ ᠤᠯᠤᠰ ᠪᠣᠯ ᠠᠵᠢᠯᠴᠢᠨ ᠠᠩᠭᠢ ᠶᠢᠨ ᠤᠳᠤᠷᠢᠳᠤᠭᠰᠠᠨ᠂ ᠠᠵᠢᠯᠴᠢᠨ ᠲᠠᠷᠢᠶᠠᠴᠢᠨ ᠤ ᠬᠤᠯᠪᠤᠭ᠎ᠠ ᠪᠠᠷ ᠰᠠᠭᠤᠷᠢ ᠪᠤᠯᠭᠠᠬᠰᠠᠨ ᠠᠷᠠᠳ ᠤᠨ | ᠠᠷᠠᠳᠴᠢᠯᠠᠭᠰᠠᠨ ᠳᠠᠷᠤᠩᠭᠤᠶᠢᠯᠠᠬᠤ ᠵᠠᠰᠠᠭᠲᠤ ᠨᠡᠶᠢᠭᠡᠮ ᠵᠢᠷᠤᠮᠲᠤ ᠤᠯᠤᠰ ᠮᠥᠨ᠂ ᠲᠦᠷᠦ ᠶᠢᠨ ᠠᠯᠢᠪᠠ ᠡᠷᠬᠡ ᠪᠣᠯ ᠠᠷᠠᠳ ᠲᠦᠮᠡᠨ ᠤ ᠬᠢ ᠶᠤᠮ᠃ ᠠᠷᠠᠳ ᠤᠨ | ᠠᠷᠠᠳᠴᠢᠯᠠᠯ ᠪᠣᠯ ᠨᠡᠶᠢᠭᠡᠮ ᠵᠢᠷᠤᠮ ᠤᠨ ᠠᠮᠢ ᠨᠠᠰᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠪᠠᠶᠢᠪᠠᠰᠤ | ᠵᠣᠬᠢᠬᠤ ᠠᠭᠤᠯᠭ᠎ᠠ ᠮᠥᠨ᠃ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠪᠣᠯ ᠨᠡᠶᠢᠭᠡᠮ ᠵᠢᠷᠤᠮ ᠤᠨ ᠠᠷᠠᠳᠴᠢᠯᠠᠭᠰᠠᠨ ᠤᠯᠤᠰ ᠲᠦᠷᠦ ᠶᠢᠨ ᠮᠥᠨ ᠴᠢᠨᠠᠷ ᠤᠨ | ᠰᠢᠨᠵᠢ ᠮᠥᠨ᠂ ᠬᠠᠮᠤᠭ ᠤᠨ ᠥᠷᠭᠡᠨ ᠳᠡᠯᠭᠡᠷ᠂ ᠬᠠᠮᠤᠭ ᠤᠨ ᠦᠨᠡᠨ ᠪᠣᠳᠠᠲᠠᠢ᠂ ᠬᠠᠮᠤᠭ ᠤᠨ ᠲᠤᠰᠠᠲᠠᠢ ᠠᠷᠠᠳᠴᠢᠯᠠᠯ ᠮᠥᠨ᠃ ᠡᠷᠬᠡᠪᠰᠢ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠤᠯᠤᠰ ᠲᠦᠷᠦ ᠶᠢᠨ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠨᠠᠮ ᠤᠨ ᠤᠳᠤᠷᠢᠳᠤᠯᠭ᠎ᠠ᠂ ᠠᠷᠠᠳ | ᠲᠦᠮᠡᠨ ᠡᠵᠡᠨ ᠰᠠᠭᠤᠵᠤ ᠡᠷᠬᠡ ᠮᠡᠳᠡᠭᠦ᠂ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠣᠷᠭᠠᠨᠢᠭ ᠢᠶᠠᠷ ᠨᠢᠭᠡᠳᠬᠡᠬᠦ ᠶᠢ ᠪᠠᠷᠢᠮᠲᠠᠯᠠᠨ᠂ ᠠᠷᠠᠳ ᠲᠦᠮᠡᠨ ᠤ ᠭᠤᠣᠯ | ᠴᠣᠭᠴᠠ ᠶᠢᠨ ᠪᠠᠶᠢᠷᠢ ᠰᠠᠭᠤᠷᠢ ᠶᠢ ᠪᠠᠷᠢᠮᠲᠠᠯᠠᠵᠤ᠂ ᠠᠷᠠᠳ ᠲᠦᠮᠡᠨ ᠤ ᠬᠦᠰᠡᠯ ᠵᠣᠷᠢᠭ ᠢ ᠭᠦᠢᠴᠡᠳ ᠢᠯᠡᠷᠡᠭᠦᠯᠦᠨ᠂ ᠠᠷᠠᠳ ᠲᠦᠮᠡᠨ ᠤ ᠡᠷᠬᠡ ᠠᠰᠢᠭ ᠢ | ᠪᠠᠲᠤᠯᠠᠵᠤ᠂ ᠠᠷᠠᠳ ᠲᠦᠮᠡᠨ ᠤ ᠡᠭᠦᠳᠦᠨ ᠪᠦᠲᠦᠭᠡᠬᠦ ᠠᠮᠢᠳᠤᠯᠢᠭ ᠬᠦᠴᠦᠨ ᠢ ᠬᠥᠭᠵᠢᠭᠡᠨ᠎ᠡ᠃ | ᠪᠢᠳᠡ ᠠᠷᠠᠳ ᠲᠦᠮᠡᠨ ᠤ ᠡᠵᠡᠨ ᠰᠠᠭᠤᠵᠤ ᠡᠷᠬᠡ ᠮᠡᠳᠡᠭᠦ ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠵᠦ᠂ ᠠᠷᠠᠳ ᠲᠦᠮᠡᠨ ᠤ ᠡᠮᠬᠢ ᠵᠢᠷᠤᠮ ᠲᠠᠢ ᠪᠠᠷ | ᠤᠯᠤᠰ ᠲᠦᠷᠦ ᠳᠤ ᠣᠷᠤᠯᠴᠠᠬᠤ ᠶᠢ ᠥᠷᠭᠡᠳᠬᠡᠨ᠂ ᠠᠷᠠᠳ ᠲᠦᠮᠡᠨ ᠤ ᠠᠷᠠᠳᠴᠢᠯᠠᠯ ᠢᠶᠠᠷ ᠰᠣᠩᠭᠤᠭᠤᠯᠢ ᠶᠠᠪᠤᠭᠤᠯᠬᠤ᠂ ᠠᠷᠠᠳᠴᠢᠯᠠᠯ ᠢᠶᠠᠷ ᠵᠥᠪᠳᠡᠯᠴᠡᠬᠦ᠂ | ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠠᠷᠠᠳᠴᠢᠯᠠᠯ ᠢᠶᠠᠷ ᠬᠠᠮᠢᠶᠠᠷᠬᠤ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠬᠠᠤᠯᠢ ᠶᠣᠰᠣᠭᠠᠷ | ᠬᠡᠷᠡᠭᠵᠢᠭᠦᠯᠬᠦ ᠶᠢ ᠪᠠᠲᠤᠯᠠᠵᠤ᠂ ᠠᠷᠠᠳ ᠤᠯᠠᠨ ᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠪᠠᠳᠠᠷᠠᠭᠤᠯᠤᠨ᠂ ᠠᠮᠢᠳᠤ ᠴᠣᠪᠣᠭᠤᠯᠢᠭ᠂ | ᠠᠮᠤᠷ ᠲᠣᠭᠲᠠᠭᠤᠨ ᠪᠦᠯᠬᠦᠮᠳᠡᠨ ᠨᠢᠭᠡᠳᠦᠭᠰᠡᠨ ᠤᠯᠤᠰ ᠲᠦᠷᠦ ᠶᠢᠨ ᠪᠠᠶᠢᠳᠠᠯ ᠢ ᠪᠠᠬᠢᠵᠢᠭᠦᠯᠦᠨ ᠬᠥᠭᠵᠢᠭᠦᠯᠦᠨ᠎ᠡ᠃ | ︵ᠨᠢᠭᠡ︶ ᠠᠷᠠᠳ ᠲᠦᠮᠡᠨ ᠤ ᠡᠵᠡᠨ ᠰᠠᠭᠤᠵᠤ ᠡᠷᠬᠡ ᠮᠡᠳᠡᠭᠦ ᠳᠦᠷᠢᠮ ᠤᠨ ᠪᠠᠲᠤᠯᠠᠭ᠎ᠠ ᠶᠢ ᠴᠢᠩᠭᠠᠳᠬᠠᠨ᠎ᠠ᠃ ᠮᠠᠨ ᠤ ᠤᠯᠤᠰ ᠤᠨ ᠦᠨᠳᠦᠰᠦᠨ ᠤᠯᠤᠰ | ᠲᠦᠷᠦ ᠶᠢᠨ ᠪᠠᠶᠢᠭᠤᠯᠤᠯ᠂ ᠰᠠᠭᠤᠷᠢ ᠤᠯᠤᠰ ᠲᠦᠷᠦ ᠶᠢᠨ ᠪᠠᠶᠢᠭᠤᠯᠤᠯ᠂ ᠴᠢᠬᠤᠯᠠ ᠤᠯᠤᠰ ᠲᠦᠷᠦ ᠶᠢᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ | ᠠᠷᠠᠳᠴᠢᠯᠠᠯ ᠤᠨ ᠠᠷᠭ᠎ᠠ ᠵᠠᠮ ᠢ ᠥᠷᠭᠡᠳᠬᠡᠨ᠂ ᠠᠷᠠᠳᠴᠢᠯᠠᠯ ᠤᠨ ᠭᠡᠯᠪᠡᠷᠢ ᠶᠢ ᠪᠠᠶᠠᠯᠢᠭᠵᠢᠭᠤᠯᠵᠤ᠂ ᠠᠷᠠᠳ ᠲᠦᠮᠡᠨ ᠤ ᠬᠠᠤᠯᠢ ᠶᠣᠰᠣᠭᠠᠷ ᠡᠯ᠎ᠡ ᠵᠦᠢᠯ ᠤᠨ | ᠠᠷᠭ᠎ᠠ ᠵᠠᠮ ᠪᠠ ᠭᠡᠯᠪᠡᠷᠢ ᠪᠠᠷ ᠳᠠᠮᠵᠢᠨ ᠲᠦᠷᠦ ᠶᠢᠨ ᠶᠠᠪᠤᠳᠠᠯ ᠢ ᠬᠠᠮᠢᠶᠠᠷᠬᠤ᠂ ᠠᠵᠤ ᠠᠬᠤᠢ ᠪᠠ ᠰᠣᠶᠣᠯ ᠤᠨ ᠦᠢᠯᠡᠰ ᠢ ᠬᠠᠮᠢᠶᠠᠷᠬᠤ᠂ ᠨᠡᠶᠢᠭᠡᠮ ᠤᠨ ᠶᠠᠪᠤᠳᠠᠯ ᠢ | ᠬᠠᠮᠢᠶᠠᠷᠬᠤ ᠶᠢ ᠦᠨᠡᠨ ᠬᠦ ᠪᠠᠲᠤᠯᠠᠨ᠎ᠠ᠃ ᠠᠷᠠᠳ ᠲᠦᠮᠡᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠢᠶᠠᠷ ᠳᠠᠮᠵᠢᠨ ᠲᠥᠷᠥ ᠶᠢᠨ ᠡᠷᠬᠡ ᠶᠢ | ᠬᠡᠷᠡᠭᠵᠢᠭᠦᠯᠬᠦ ᠶᠢ ᠳᠡᠮᠵᠢᠨ ᠪᠠᠲᠤᠯᠠᠵᠤ᠂ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠢ ᠴᠥᠮ ᠠᠷᠠᠳᠴᠢᠯᠠᠯ ᠢᠶᠠᠷ ᠰᠣᠩᠭᠤᠨ ᠭᠠᠷᠭᠠᠵᠤ᠂ | ᠠᠷᠠᠳ ᠲᠦᠮᠡᠨ ᠳᠤ ᠬᠠᠷᠢᠭᠤᠴᠠᠨ᠂ ᠠᠷᠠᠳ ᠲᠦᠮᠡᠨ ᠤ ᠬᠢᠨᠠᠯᠲᠠ ᠶᠢ ᠬᠦᠯᠢᠶᠡᠬᠦ ᠶᠢ ᠪᠠᠲᠤᠯᠠᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ | ᠲᠡᠭᠦᠨ ᠤ ᠪᠠᠶᠢᠩᠭᠤ ᠶᠢᠨ ᠬᠤᠷᠢᠶᠠᠨ ᠤ ᠬᠠᠤᠯᠢ ᠲᠣᠭᠲᠠᠭᠠᠬᠤ ᠡᠷᠬᠡ᠂ ᠬᠢᠨᠠᠯᠲᠠ ᠲᠠᠯᠪᠢᠬᠤ ᠡᠷᠬᠡ᠂ ᠲᠣᠭᠲᠠᠭᠠᠬᠤ ᠡᠷᠬᠡ᠂ ᠲᠣᠮᠢᠯᠠᠬᠤ ᠪᠠᠭᠤᠯᠭᠠᠬᠤ ᠡᠷᠬᠡ ᠶᠢ | ᠬᠠᠤᠯᠢ ᠶᠣᠰᠣᠭᠠᠷ ᠬᠡᠷᠡᠭᠵᠢᠭᠦᠯᠬᠦ ᠶᠢ ᠲᠡᠮᠵᠢᠨ ᠪᠠᠲᠤᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠵᠠᠰᠠᠭ ᠵᠠᠬᠢᠷᠭᠠᠨ ᠤ ᠪᠠᠶᠢᠭᠤᠯᠭ᠎ᠠ᠂ ᠬᠢᠨᠠᠨ | ᠪᠠᠶᠢᠴᠠᠭᠠᠬᠤ ᠪᠠᠶᠢᠭᠤᠯᠭ᠎ᠠ᠂ ᠰᠢᠭᠦᠨ ᠲᠠᠰᠤᠯᠬᠤ ᠪᠠᠶᠢᠭᠤᠯᠭ᠎ᠠ᠂ ᠪᠠᠶᠢᠴᠠᠭᠠᠬᠤ ᠪᠠᠶᠢᠭᠤᠯᠭ᠎ᠠ ᠳᠤ ᠬᠢᠨᠠᠯᠲᠠ ᠲᠠᠯᠪᠢᠬᠤ ᠳᠦᠷᠢᠮ ᠢ ᠲᠡᠭᠦᠯᠳᠡᠷᠵᠢᠭᠦᠯᠵᠦ᠂ ᠤᠯᠤᠰ ᠤᠨ | ᠬᠠᠤᠯᠢᠵᠢᠯ ᠤᠨ ᠨᠢᠭᠡᠳᠦᠯ᠂ ᠨᠡᠷ᠎ᠡ ᠬᠦᠨᠳᠦ᠂ ᠡᠷᠬᠡ ᠰᠦᠷ ᠢ ᠬᠠᠮᠠᠭᠠᠯᠠᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠠᠵᠢᠯ | ᠤᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠣᠨ ᠠᠷᠠᠳ ᠣᠯᠠᠨ ᠤ | ᠬᠠᠷᠢᠯᠴᠠᠭ᠎ᠠ ᠶᠢ ᠨᠢᠭᠲᠠᠷᠠᠭᠤᠯᠤᠨ᠎ᠠ᠃ ᠠᠷᠠᠳ ᠤᠨ ᠰᠠᠨᠠᠭ᠎ᠠ ᠶᠢ ᠰᠢᠩᠭᠡᠬᠡᠨ ᠠᠪᠬᠤ᠂ ᠠᠷᠠᠳ ᠤᠨ ᠤᠶᠤᠨ ᠤᠬᠠᠭᠠᠨ ᠢ ᠲᠥᠪᠯᠡᠷᠡᠭᠦᠯᠬᠦ ᠠᠵᠢᠯ ᠤᠨ ᠲᠣᠭᠲᠠᠴᠠ ᠶᠢ | ᠪᠦᠷᠢᠨᠰᠢᠭᠦᠯᠵᠦ᠂ ᠦᠨᠳᠦᠰᠦᠨ ᠱᠠᠲᠤᠨ ᠤ ᠬᠠᠤᠯᠢ ᠲᠣᠭᠲᠠᠭᠠᠬᠤ ᠬᠠᠷᠢᠯᠴᠠᠬᠤ ᠴᠡᠭ ᠢ ᠰᠠᠶᠢᠲᠤᠷ ᠪᠠᠶᠢᠭᠤᠯᠤᠨ᠎ᠠ᠃ ᠠᠵᠢᠯᠴᠢᠨ ᠤ ᠡᠪᠯᠡᠯ᠂ ᠡᠪ ᠬᠠᠮᠲᠤ | ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠤᠭ᠎ᠠ ᠵᠡᠷᠭᠡ ᠤᠯᠠᠨ ᠲᠦᠮᠡᠨ ᠤ ᠪᠦᠯᠭᠦᠮ ᠤᠨ ᠵᠣᠬᠢᠶᠠᠨ ᠪᠠᠶᠢᠭᠤᠯᠤᠯᠲᠠ ᠶᠢᠨ ᠥᠭᠡᠷᠡᠴᠢᠯᠡᠯᠲᠡ ᠪᠠ | ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠬᠥᠭᠦᠷᠭᠡ ᠬᠤᠯᠪᠣᠭᠠᠰᠤ ᠶᠢᠨ ᠦᠢᠯᠡᠳᠦᠯ ᠢ ᠪᠦᠲᠦᠮᠵᠢᠲᠡᠢ ᠪᠠᠳᠠᠷᠠᠭᠤᠯᠤᠨ᠎ᠠ᠃ ᠳᠤᠮᠳᠠᠳᠤ ᠤᠯᠤᠰ ᠤᠨ ᠬᠥᠮᠥᠨ ᠤ ᠡᠷᠬᠡ | ᠶᠢᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠪᠦᠭᠦ ᠪᠥᠮᠪᠥᠷᠴᠡᠭ ᠤᠨ ᠬᠥᠮᠥᠨ ᠤ ᠡᠷᠬᠡ ᠶᠢᠨ ᠵᠠᠰᠠᠯᠲᠠ ᠳᠤ ᠢᠳᠡᠪᠬᠢᠲᠡᠢ ᠣᠷᠣᠯᠴᠠᠨ᠂ ᠬᠥᠮᠥᠨ ᠤ | ᠡᠷᠬᠡ ᠶᠢᠨ ᠦᠢᠯᠡᠰ ᠤᠨ ᠪᠦᠭᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠎ᠠ᠃ | ︵ᠬᠤᠶᠠᠷ︶ ᠵᠥᠪᠯᠡᠭᠦ ᠠᠷᠠᠳᠴᠢᠯᠠᠯ ᠢ ᠪᠦᠭᠦ ᠲᠠᠯ᠎ᠠ ᠪᠠᠷ ᠬᠥᠭᠵᠢᠭᠦᠯᠦᠨ᠎ᠡ᠃ ᠵᠥᠪᠯᠡᠭᠦ ᠠᠷᠠᠳᠴᠢᠯᠠᠯ ᠪᠣᠯ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠢ | ᠦᠢᠯᠡᠳᠦᠯᠭᠡᠵᠢᠭᠦᠯᠬᠦ ᠴᠢᠬᠤᠯᠠ ᠭᠡᠯᠪᠡᠷᠢ ᠮᠥᠨ᠃ ᠵᠥᠪᠯᠡᠭᠦ ᠠᠷᠠᠳᠴᠢᠯᠠᠯ ᠤᠨ ᠰᠢᠰᠲ᠋ᠧᠮ ᠢ ᠲᠡᠭᠦᠯᠳᠡᠷᠵᠢᠭᠦᠯᠵᠦ᠂ ᠲᠦᠷᠦ ᠶᠢᠨ ᠨᠠᠮ ᠤᠨ ᠵᠥᠪᠯᠡᠯᠭᠡ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠵᠥᠪᠯᠡᠯᠭᠡ᠂ ᠵᠠᠰᠠᠭ ᠤᠨ ᠣᠷᠳᠣᠨ ᠤ ᠵᠥᠪᠯᠡᠯᠭᠡ᠂ ᠤᠯᠤᠰ ᠲᠦᠷᠦ ᠶᠢᠨ ᠵᠥᠪᠯᠡᠯᠭᠡᠨ ᠤ ᠵᠥᠪᠯᠡᠯᠭᠡ᠂ ᠠᠷᠠᠳ ᠤᠨ | ᠪᠦᠯᠭᠦᠮ ᠤᠨ ᠵᠥᠪᠯᠡᠯᠭᠡ᠂ ᠦᠨᠳᠦᠰᠦᠨ ᠱᠠᠲᠤᠨ ᠤ ᠵᠥᠪᠯᠡᠯᠭᠡ ᠵᠢᠴᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠵᠥᠪᠯᠡᠯᠭᠡ ᠶᠢ ᠨᠢᠭᠡᠳᠦᠯᠲᠡᠢ ᠲᠥᠯᠥᠪᠯᠡᠨ | ᠠᠬᠢᠭᠤᠯᠵᠤ᠂ ᠡᠯ᠎ᠡ ᠵᠦᠢᠯ ᠤᠨ ᠳᠦᠷᠢᠮᠵᠢᠭᠰᠡᠨ ᠵᠥᠪᠯᠡᠭᠦ ᠲᠠᠪᠴᠠᠩ ᠢ ᠪᠦᠷᠢᠨᠰᠢᠭᠦᠯᠦᠨ᠂ ᠵᠥᠪᠯᠡᠭᠦ ᠠᠷᠠᠳᠴᠢᠯᠠᠯ ᠤᠨ ᠥᠷᠭᠡᠨ ᠳᠡᠯᠭᠡᠷᠡᠩᠭᠦᠢ ᠤᠯᠠᠨ ᠲᠡᠰ | ᠳᠠᠪᠬᠤᠷᠭᠠᠲᠤ ᠳᠦᠷᠢᠮᠵᠢᠭᠰᠡᠨ ᠬᠥᠭᠵᠢᠯᠲᠡ ᠶᠢ ᠠᠬᠢᠭᠤᠯᠤᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠭᠰᠠᠨ ᠤᠯᠠᠨ ᠨᠠᠮ ᠬᠠᠮᠲᠤᠷᠠᠨ | ᠠᠵᠢᠯᠯᠠᠬᠤ ᠪᠠ ᠤᠯᠤᠰ ᠲᠦᠷᠦ ᠶᠢᠨ ᠵᠥᠪᠯᠡᠯᠭᠡ ᠬᠢᠬᠦ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠨᠠᠮ ᠤᠨ ᠤᠳᠤᠷᠢᠳᠤᠯᠭ᠎ᠠ᠂ ᠨᠢᠭᠡᠳᠦᠮᠡᠯ ᠹᠷᠣᠨᠲ᠂ | ᠵᠥᠪᠯᠡᠭᠦ ᠠᠷᠠᠳᠴᠢᠯᠠᠯ ᠢ ᠣᠷᠭᠠᠨᠢᠭ ᠢᠶᠠᠷ ᠤᠶᠠᠯᠳᠤᠭᠤᠯᠬᠤ ᠶᠢ ᠪᠠᠷᠢᠮᠲᠠᠯᠠᠨ᠂ ᠠᠷᠠᠳᠴᠢᠯᠠᠯ ᠢ ᠪᠠᠳᠠᠷᠠᠭᠤᠯᠬᠤ ᠪᠠ ᠪᠦᠯᠬᠦᠮᠳᠡᠯ ᠢ ᠴᠢᠩᠭᠠᠳᠬᠠᠬᠤ ᠶᠢ ᠬᠠᠷᠢᠯᠴᠠᠨ | ᠨᠡᠪᠲᠡᠷᠡᠯᠴᠡᠭᠦᠯᠬᠦ᠂ ᠠᠷᠭ᠎ᠠ ᠤᠬᠠᠭᠠᠨ ᠳᠡᠪᠰᠢᠭᠦᠯᠦᠨ ᠵᠠᠰᠠᠭ ᠲᠤ ᠲᠤᠰᠠᠯᠠᠬᠤ ᠪᠠ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠬᠤᠣᠰ ᠴᠢᠭᠯᠡᠯ ᠢᠶᠠᠷ ᠬᠦᠴᠦᠯᠡᠬᠦ ᠶᠢ | ᠪᠠᠷᠢᠮᠲᠠᠯᠠᠵᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠲᠤᠰᠬᠠᠢ ᠵᠥᠪᠯᠡᠭᠦ ᠪᠠᠶᠢᠭᠤᠯᠤᠮᠵᠢ ᠪᠤᠯᠬᠤ ᠦᠢᠯᠡᠳᠦᠯ ᠢ ᠪᠠᠳᠠᠷᠠᠭᠤᠯᠵᠤ᠂ ᠳᠦᠷᠢᠮᠵᠢᠭᠦᠯᠬᠦ᠂ | ᠵᠢᠷᠤᠮᠵᠢᠭᠤᠯᠬᠤ᠂ ᠲᠡᠰ ᠲᠠᠷᠠᠭᠠᠯᠠᠯᠵᠢᠭᠤᠯᠬᠤ ᠵᠡᠷᠭᠡ ᠴᠢᠳᠠᠮᠵᠢ ᠶᠢᠨ ᠪᠠᠶᠢᠭᠤᠯᠤᠯᠲᠠ ᠶᠢ ᠴᠢᠩᠭᠠᠳᠬᠠᠨ᠂ ᠭᠦᠨᠵᠡᠭᠡᠢ ᠵᠥᠪᠳᠡᠯᠴᠡᠨ ᠬᠥᠳᠡᠯᠦᠯᠴᠡᠬᠦ᠂ ᠰᠠᠨᠠᠯ ᠢᠶᠠᠨ | ᠭᠦᠢᠴᠡᠳ ᠢᠯᠡᠳᠬᠡᠬᠦ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠬᠤ ᠲᠦᠪᠰᠢᠨ ᠢ ᠳᠡᠭᠡᠭᠰᠢᠯᠡᠭᠦᠯᠵᠦ᠂ ᠠᠷᠠᠳ ᠤᠨ ᠤᠯᠤᠰ ᠲᠦᠷᠦ ᠶᠢᠨ | ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠪᠠ ᠭᠡᠰᠢᠭᠦᠳ ᠤᠨ ᠡᠯ᠎ᠡ ᠡᠲᠡᠭᠡᠳ ᠤᠨ ᠤᠯᠠᠨ ᠲᠦᠮᠡᠨ ᠲᠠᠢ ᠬᠠᠷᠢᠯᠴᠠᠬᠤ ᠳᠦᠷᠢᠮ ᠲᠣᠭᠲᠠᠴᠠ ᠶᠢ | ᠲᠡᠭᠦᠯᠳᠡᠷᠵᠢᠭᠦᠯᠦᠨ᠎ᠡ᠃ | ︵ᠭᠤᠷᠪᠠ︶ ᠦᠨᠳᠦᠰᠦᠨ ᠱᠠᠲᠤᠨ ᠤ ᠠᠷᠠᠳᠴᠢᠯᠠᠯ ᠢ ᠢᠳᠡᠪᠬᠢᠲᠡᠢ ᠬᠥᠭᠵᠢᠭᠦᠯᠦᠨ᠎ᠡ᠃ ᠦᠨᠳᠦᠰᠦᠨ ᠱᠠᠲᠤᠨ ᠤ ᠠᠷᠠᠳᠴᠢᠯᠠᠯ ᠪᠣᠯ ᠪᠦᠭᠦ ᠶᠠᠪᠤᠴᠠ ᠶᠢᠨ | ᠠᠷᠠᠳ ᠤᠨ ᠠᠷᠠᠳᠴᠢᠯᠠᠯ ᠤᠨ ᠴᠢᠬᠤᠯᠠ ᠢᠯᠡᠷᠡᠯ ᠮᠥᠨ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠭᠰᠠᠨ ᠦᠨᠳᠦᠰᠦᠨ | ᠱᠠᠲᠤᠨ ᠤ ᠤᠯᠠᠨ ᠲᠦᠮᠡᠨ ᠤ ᠥᠪᠡᠷᠲᠡᠭᠡᠨ ᠵᠠᠰᠠᠬᠤ ᠲᠣᠭᠲᠠᠴᠠ ᠶᠢ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ | ᠶᠢ ᠴᠢᠩᠭᠠᠳᠬᠠᠨ᠂ ᠦᠨᠳᠦᠰᠦᠨ ᠱᠠᠲᠤᠨ ᠤ ᠰᠢᠭᠤᠳ ᠠᠷᠠᠳᠴᠢᠯᠠᠯ ᠤᠨ ᠳᠦᠷᠢᠮ ᠤᠨ ᠰᠢᠰᠲ᠋ᠧᠮ ᠪᠣᠯᠣᠨ ᠠᠵᠢᠯ ᠤᠨ ᠰᠢᠰᠲ᠋ᠧᠮ ᠢ ᠲᠡᠭᠦᠯᠳᠡᠷᠵᠢᠭᠦᠯᠵᠦ᠂ ᠬᠤᠳᠠ | ᠬᠥᠳᠡᠭᠡ ᠶᠢᠨ ᠨᠡᠶᠢᠭᠡᠮ ᠲᠣᠭᠤᠷᠢᠭ ᠤᠨ ᠤᠯᠠᠨ ᠲᠦᠮᠡᠨ ᠤ ᠥᠪᠡᠷ ᠢ ᠪᠠᠨ ᠬᠠᠮᠢᠶᠠᠷᠬᠤ᠂ ᠥᠪᠡᠷ ᠤᠨ ᠪᠡᠶ᠎ᠡ ᠳᠡᠭᠡᠨ ᠦᠢᠯᠡᠴᠢᠯᠡᠬᠦ᠂ ᠥᠪᠡᠷ ᠢ ᠪᠠᠨ ᠬᠥᠮᠥᠵᠢᠭᠦᠯᠬᠦ᠂ | ᠥᠪᠡᠷ ᠤᠨ ᠪᠡᠶ᠎ᠡ ᠳᠡᠭᠡᠨ ᠬᠢᠨᠠᠯᠲᠠ ᠲᠠᠯᠪᠢᠬᠤ ᠪᠣᠳᠠᠲᠤ ᠦᠷ᠎ᠡ ᠪᠦᠲᠦᠮᠵᠢ ᠶᠢ ᠨᠡᠮᠡᠭᠳᠡᠭᠦᠯᠦᠨ᠎ᠡ᠃ ᠠᠯᠪᠠᠨ ᠶᠠᠪᠤᠳᠠᠯ ᠢ ᠢᠯᠡ ᠪᠠᠷ ᠶᠠᠪᠤᠭᠳᠠᠭᠤᠯᠬᠤ ᠳᠦᠷᠢᠮ ᠢ | ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠡᠯ᠎ᠡ ᠲᠦᠷᠦᠯ ᠤᠨ ᠬᠠᠮᠲᠤ ᠴᠣᠭᠴᠠ ᠶᠢᠨ ᠦᠨᠳᠦᠰᠦᠨ ᠱᠠᠲᠤᠨ ᠤ ᠵᠠᠰᠠᠯᠲᠠ ᠳᠤ ᠡᠮᠬᠢ ᠵᠢᠷᠤᠮ ᠲᠠᠢ ᠪᠠᠷ | ᠣᠷᠤᠯᠴᠠᠬᠤ ᠠᠷᠭ᠎ᠠ ᠵᠠᠮ ᠢ ᠥᠷᠭᠡᠳᠬᠡᠨ᠂ ᠠᠷᠠᠳ ᠲᠦᠮᠡᠨ ᠤ ᠦᠨᠳᠦᠰᠦᠨ ᠱᠠᠲᠤᠨ ᠤ ᠤᠯᠠᠨ ᠨᠡᠶᠢᠲᠡ ᠶᠢᠨ ᠬᠡᠷᠡᠭ ᠶᠠᠪᠤᠳᠠᠯ ᠪᠣᠯᠣᠨ ᠨᠡᠶᠢᠲᠡ ᠶᠢᠨ ᠠᠰᠠᠷᠠᠮᠵᠢ | ᠶᠢᠨ ᠦᠢᠯᠡᠰ ᠢ ᠬᠠᠤᠯᠢ ᠶᠣᠰᠣᠭᠠᠷ ᠬᠠᠮᠢᠶᠠᠷᠬᠤ ᠶᠢ ᠪᠠᠲᠤᠯᠠᠨ᠎ᠠ᠃ ᠪᠦᠭᠦ ᠰᠡᠳᠬᠢᠯ ᠪᠦᠭᠦ ᠵᠣᠷᠢᠭ ᠢᠶᠠᠷ ᠢᠶᠠᠨ ᠠᠵᠢᠯᠴᠢᠨ ᠠᠩᠭᠢ ᠳᠤ ᠲᠦᠰᠢᠭᠯᠡᠨ᠂ ᠠᠵᠢᠯᠲᠠᠨ | ᠠᠵᠢᠯᠴᠢᠨ ᠤ ᠲᠥᠯᠥᠭᠡᠯᠡᠭᠴᠢᠳ ᠤᠨ ᠶᠡᠭᠡ ᠬᠤᠷᠠᠯ ᠢᠶᠠᠷ ᠦᠨᠳᠦᠰᠦᠨ ᠭᠡᠯᠪᠡᠷᠢ ᠪᠤᠯᠭᠠᠬᠰᠠᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠠᠷᠠᠳᠴᠢᠯᠠᠯ | ᠢᠶᠠᠷ ᠬᠠᠮᠢᠶᠠᠷᠬᠤ ᠳᠦᠷᠢᠮ ᠢ ᠪᠦᠷᠢᠨᠰᠢᠭᠦᠯᠵᠦ᠂ ᠠᠵᠢᠯᠲᠠᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ | ︵ᠳᠥᠷᠪᠡ︶ ᠬᠠᠮᠤᠭ ᠤᠨ ᠥᠷᠭᠡᠨ ᠳᠡᠯᠭᠡᠷ ᠡᠬᠡ ᠣᠷᠣᠨᠴᠢ ᠨᠢᠭᠡᠳᠦᠮᠡᠯ ᠹᠷᠣᠨᠲ ᠢ ᠪᠠᠬᠢᠵᠢᠭᠦᠯᠦᠨ ᠬᠥᠭᠵᠢᠭᠦᠯᠦᠨ᠎ᠡ᠃ ᠬᠥᠮᠥᠨ ᠤ ᠰᠡᠳᠬᠢᠯ ᠪᠣᠯ ᠬᠠᠮᠤᠭ | ᠤᠨ ᠶᠡᠭᠡ ᠤᠯᠤᠰ ᠲᠦᠷᠦ ᠮᠥᠨ᠂ ᠨᠢᠭᠡᠳᠦᠮᠡᠯ ᠹᠷᠣᠨᠲ ᠪᠣᠯ ᠬᠥᠮᠥᠨ ᠤ ᠰᠡᠳᠬᠢᠯ ᠢ ᠨᠢᠭᠲᠠᠷᠠᠭᠤᠯᠬᠤ᠂ ᠬᠦᠴᠦᠨ ᠴᠢᠳᠠᠯ ᠢ ᠨᠢᠭᠲᠠᠷᠠᠭᠤᠯᠬᠤ ᠬᠦᠴᠦᠷᠬᠡᠭ ᠶᠡᠭᠡ | ᠡᠷᠳᠡᠨᠢ ᠮᠥᠨ᠃ ᠶᠡᠭᠡ ᠨᠢᠭᠡᠳᠦᠮᠡᠯ ᠹᠷᠣᠨᠲ ᠤᠨ ᠠᠵᠢᠯ ᠤᠨ ᠪᠠᠶᠢᠷᠢᠰᠢᠯ ᠢ ᠲᠡᠭᠦᠯᠳᠡᠷᠵᠢᠭᠦᠯᠦᠨ᠂ ᠶᠡᠭᠡ ᠪᠦᠯᠬᠦᠮᠳᠡᠯ ᠶᠡᠭᠡ ᠬᠤᠯᠪᠣᠭᠠᠯᠠᠯ ᠢ ᠪᠠᠷᠢᠮᠲᠠᠯᠠᠵᠤ᠂ ᠪᠦᠭᠦ | ᠳᠤᠮᠳᠠᠳᠤ ᠶᠢᠨ ᠬᠥᠪᠡᠭᠦᠳ ᠥᠬᠢᠳ ᠢ ᠲᠠᠶᠢᠴᠢᠯᠠᠨ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ | ᠪᠡᠶᠡᠯᠡᠭᠦᠯᠬᠦ ᠲᠣᠭᠤᠷᠢᠨ ᠳᠤ ᠬᠠᠮᠲᠤ ᠪᠠᠷ ᠰᠡᠳᠬᠢᠵᠦ᠂ ᠬᠠᠮᠲᠤ ᠪᠠᠷ ᠠᠵᠢᠯᠯᠠᠨ᠎ᠠ᠃ ᠮᠠᠨ ᠤ ᠤᠯᠤᠰ ᠤᠨ ᠨᠡᠶᠢᠭᠡᠮ ᠵᠢᠷᠤᠮ ᠤᠨ ᠰᠢᠨ᠎ᠡ ᠭᠡᠯᠪᠡᠷᠢ ᠶᠢᠨ ᠲᠦᠷᠦ ᠶᠢᠨ | ᠨᠠᠮ ᠤᠨ ᠪᠠᠶᠢᠭᠤᠯᠤᠯ ᠤᠨ ᠳᠠᠪᠠᠭᠤᠯᠢᠭ ᠢ ᠪᠠᠳᠠᠷᠠᠭᠤᠯᠵᠤ᠂ ᠤᠷᠳᠤ ᠬᠤᠭᠤᠴᠠᠭ᠎ᠠ ᠪᠠᠷ ᠵᠡᠷᠭᠡᠴᠡᠨ ᠣᠷᠣᠰᠢᠬᠤ᠂ ᠬᠠᠷᠢᠯᠴᠠᠨ ᠬᠢᠨᠠᠯᠲᠠ ᠲᠠᠯᠪᠢᠬᠤ᠂ ᠦᠨᠡᠨ ᠰᠡᠳᠬᠢᠯ | ᠠᠴᠠ ᠪᠠᠨ ᠨᠥᠬᠦᠷᠯᠡᠬᠦ᠂ ᠵᠢᠷᠭᠠᠯ ᠵᠣᠪᠠᠯᠠᠩ ᠢᠶᠠᠨ ᠬᠠᠮᠲᠤᠳᠬᠠᠬᠤ ᠶᠢ ᠪᠠᠷᠢᠮᠲᠠᠯᠠᠨ᠂ ᠠᠷᠠᠳᠴᠢᠯᠠᠭᠰᠠᠨ ᠨᠠᠮ ᠪᠦᠯᠦᠭ ᠪᠣᠯᠣᠨ ᠨᠠᠮ ᠪᠦᠯᠦᠭ ᠤᠨ ᠪᠤᠰᠤ ᠬᠥᠮᠥᠰ | ᠯᠦᠭᠡ ᠶᠢᠨ ᠪᠦᠯᠬᠦᠮᠳᠡᠯ ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠷᠠᠳᠴᠢᠯᠠᠭᠰᠠᠨ ᠨᠠᠮ ᠪᠦᠯᠦᠭ ᠤᠨ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠨ᠂ | ᠡᠭᠦᠷᠭᠡ ᠴᠢᠳᠠᠪᠤᠷᠢ ᠪᠠᠨ ᠨᠡᠩ ᠰᠠᠶᠢᠨ ᠭᠦᠢᠴᠡᠳᠬᠡᠬᠦ ᠶᠢ ᠲᠡᠮᠵᠢᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ | ᠪᠤᠯᠭᠠᠬᠤ ᠪᠠᠷ ᠭᠤᠣᠯ ᠰᠢᠵᠢᠮ ᠪᠣᠯᠭᠠᠨ᠂ ᠳᠤᠮᠳᠠᠳᠤ ᠤᠯᠤᠰ ᠤᠨ ᠣᠨᠴᠠᠯᠢᠭ ᠲᠠᠢ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠵᠥᠪ ᠵᠠᠮ ᠢᠶᠠᠷ ᠡᠷᠡᠰ | ᠭᠤᠶᠢᠪᠢᠰᠢ ᠦᠭᠡᠢ ᠵᠠᠮᠨᠠᠵᠤ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠨᠠᠮ ᠤᠨ ᠦᠨᠳᠦᠰᠦᠲᠡᠨ ᠤ | ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠢ ᠪᠦᠭᠦ ᠲᠠᠯ᠎ᠠ ᠪᠠᠷ ᠠᠬᠢᠭᠤᠯᠤᠨ᠎ᠠ᠃ ᠮᠠᠨ ᠤ ᠤᠯᠤᠰ ᠤᠨ | ᠱᠠᠰᠢᠨ ᠰᠤᠷᠲᠠᠬᠤᠨ ᠤ ᠳᠤᠮᠳᠠᠳᠤ ᠤᠯᠤᠰᠴᠢᠯᠠᠬᠤ ᠴᠢᠭᠯᠡᠯ ᠢ ᠪᠠᠷᠢᠮᠲᠠᠯᠠᠵᠤ᠂ ᠱᠠᠰᠢᠨ ᠰᠤᠷᠲᠠᠬᠤᠨ ᠢ ᠢᠳᠡᠪᠬᠢᠲᠡᠢ ᠬᠥᠲᠥᠯᠥᠨ ᠵᠢᠯᠤᠭᠤᠳᠴᠤ ᠪᠠᠶᠢᠭᠠᠳ ᠨᠡᠶᠢᠭᠡᠮ | ᠵᠢᠷᠤᠮᠲᠤ ᠨᠡᠶᠢᠭᠡᠮ ᠲᠠᠢ ᠵᠣᠬᠢᠴᠠᠭᠤᠯᠤᠨ᠎ᠠ᠃ ᠨᠠᠮ ᠤᠨ ᠭᠠᠳᠠᠨᠠᠬᠢ ᠰᠡᠬᠡᠭᠡᠲᠡᠨ ᠤ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠢ ᠴᠢᠩᠭᠠᠳᠬᠠᠵᠤ᠂ ᠨᠡᠶᠢᠭᠡᠮ ᠤᠨ | ᠰᠢᠨ᠎ᠡ ᠳᠠᠪᠬᠤᠷᠭ᠎ᠠ ᠶᠢᠨ ᠬᠥᠮᠥᠰ ᠤᠨ ᠠᠵᠢᠯ ᠢ ᠰᠠᠶᠢᠲᠤᠷ ᠬᠢᠵᠦ᠂ ᠬᠠᠮᠲᠤ ᠪᠠᠷ ᠲᠡᠮᠡᠴᠡᠬᠦ ᠤᠯᠤᠰ ᠲᠦᠷᠦ ᠶᠢᠨ ᠵᠢᠯᠣᠭᠤᠳᠤᠯᠭ᠎ᠠ ᠶᠢ ᠴᠢᠩᠭᠠᠳᠬᠠᠨ᠎ᠠ᠃ ᠵᠠᠰᠠᠭ | ᠤᠨ ᠣᠷᠳᠣᠨ ᠪᠣᠯᠣᠨ ᠠᠷᠠᠯᠵᠢᠶᠠᠴᠢᠨ ᠤ ᠬᠤᠭᠤᠷᠣᠨᠳᠣᠭᠢ ᠳᠣᠲᠣᠨᠣ ᠴᠢᠬᠡᠴᠢ ᠬᠠᠷᠢᠴᠠᠭ᠎ᠠ ᠶᠢ ᠪᠦᠭᠦ ᠲᠠᠯ᠎ᠠ ᠪᠠᠷ ᠪᠠᠶᠢᠭᠤᠯᠵᠤ᠂ ᠨᠡᠶᠢᠲᠡ ᠶᠢᠨ ᠥᠮᠴᠢᠯᠡᠯ ᠤᠨ | ᠪᠤᠰᠤ ᠠᠵᠤ ᠠᠬᠤᠢ ᠶᠢᠨ ᠡᠷᠡᠭᠦᠯ ᠢᠶᠠᠷ ᠭᠦᠭᠵᠢᠭᠦ ᠪᠠ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠮᠥᠰ ᠤᠨ ᠡᠷᠡᠭᠦᠯ ᠢᠶᠠᠷ ᠦᠰᠦᠨ ᠪᠣᠶᠢᠵᠢᠬᠤ | ᠶᠢ ᠠᠬᠢᠭᠤᠯᠤᠨ᠎ᠠ᠃ ᠬᠠᠷᠢᠶᠠᠲᠤ ᠨᠠᠷ ᠤᠨ ᠶᠠᠪᠤᠳᠠᠯ ᠤᠨ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠲᠥᠯᠥᠭᠡ | ᠬᠠᠮᠲᠤ ᠪᠠᠷ ᠴᠢᠷᠮᠠᠶᠢᠨ ᠵᠢᠳᠭᠦᠭᠦ ᠬᠦᠴᠦᠷᠬᠡᠭ ᠶᠡᠭᠡ ᠬᠦᠴᠦᠨ ᠴᠢᠳᠠᠯ ᠢ ᠪᠦᠷᠢᠯᠳᠦᠭᠦᠯᠦᠨ᠎ᠡ᠃ | | | ᠳᠣᠯᠤᠭ᠎ᠠ᠂ ᠪᠦᠭᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠢ ᠪᠠᠷᠢᠮᠲᠠᠯᠠᠵᠤ᠂ ᠬᠠᠤᠯᠢᠵᠢᠯ ᠤᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ | ᠶᠢ ᠠᠬᠢᠭᠤᠯᠤᠨ᠎ᠠ | ᠪᠦᠭᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠪᠣᠯ ᠲᠦᠷᠦ ᠶᠢ ᠵᠠᠰᠠᠬᠤ ᠨᠢᠭᠡᠨ ᠤᠳᠠᠭ᠎ᠠ ᠶᠢᠨ ᠭᠦᠨᠵᠡᠭᠡᠢ ᠬᠤᠪᠢᠰᠬᠠᠯ ᠮᠥᠨ᠂ ᠲᠡᠷᠡ ᠨᠢ ᠨᠠᠮ ᠤᠨ | ᠲᠦᠷᠦ ᠪᠠᠷᠢᠵᠤ ᠤᠯᠤᠰ ᠢᠶᠠᠨ ᠮᠠᠨᠳᠤᠭᠤᠯᠬᠤ ᠲᠠᠢ ᠬᠤᠯᠪᠣᠭᠳᠠᠵᠤ᠂ ᠠᠷᠠᠳ ᠲᠦᠮᠡᠨ ᠤ ᠵᠣᠯ ᠵᠢᠷᠭᠠᠯ ᠠᠮᠤᠷ ᠠᠮᠤᠭᠤᠯᠠᠩ ᠲᠠᠢ ᠬᠤᠯᠪᠣᠭᠳᠠᠵᠤ᠂ ᠨᠠᠮ ᠪᠠ ᠤᠯᠤᠰ | ᠣᠷᠣᠨ ᠤ ᠥᠨᠢ ᠤᠳᠠᠭᠠᠨ ᠠᠮᠤᠷ ᠲᠦᠪᠰᠢᠨ ᠲᠠᠢ ᠬᠤᠯᠪᠣᠭᠳᠠᠳᠠᠭ᠃ ᠡᠷᠬᠡᠪᠰᠢ ᠬᠠᠤᠯᠢᠵᠢᠯ ᠤᠨ ᠦᠨᠳᠦᠰᠦ ᠶᠢ ᠪᠠᠬᠢᠵᠢᠭᠦᠯᠬᠦ᠂ ᠵᠢᠱᠢᠯᠲᠡ ᠶᠢ | ᠲᠣᠭᠲᠠᠪᠤᠷᠢᠵᠢᠭᠤᠯᠬᠤ᠂ ᠠᠯᠤᠰ ᠭᠡᠳᠤ ᠳᠤ ᠠᠰᠢᠭᠲᠠᠢ ᠪᠠᠶᠢᠬᠤ ᠪᠠᠲᠤᠯᠠᠭ᠎ᠠ ᠶᠢᠨ ᠦᠢᠯᠡᠳᠦᠯ ᠢ ᠨᠡᠩ ᠰᠠᠶᠢᠨ ᠪᠠᠳᠠᠷᠠᠭᠤᠯᠵᠤ᠂ ᠬᠠᠤᠯᠢᠵᠢᠯ ᠤᠨ ᠵᠠᠮ ᠢᠶᠠᠷ ᠨᠡᠶᠢᠭᠡᠮ | ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠡᠷᠡᠭᠲᠡᠢ᠃ | ᠪᠢᠳᠡ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢᠵᠢᠯ ᠤᠨ ᠵᠠᠮ ᠢᠶᠠᠷ ᠵᠠᠮᠨᠠᠬᠤ ᠶᠢ ᠪᠠᠷᠢᠮᠲᠠᠯᠠᠨ᠂ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢᠵᠢᠯ ᠤᠨ ᠰᠢᠰᠲ᠋ᠧᠮ ᠢ ᠪᠠᠶᠢᠭᠤᠯᠵᠤ᠂ ᠨᠡᠶᠢᠭᠡᠮ ᠵᠢᠷᠤᠮ ᠤᠨ ᠬᠠᠤᠯᠢᠵᠢᠯ ᠤᠨ ᠤᠯᠤᠰ ᠢ ᠪᠦᠲᠦᠭᠡᠨ ᠪᠠᠶᠢᠭᠤᠯᠵᠤ᠂ | ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠪᠠᠲᠤᠯᠠᠨ ᠠᠬᠢᠭᠤᠯᠬᠤ ᠲᠣᠭᠤᠷᠢᠨ ᠳᠤ ᠬᠠᠤᠯᠢ ᠪᠠᠷ ᠤᠯᠤᠰ ᠢᠶᠠᠨ ᠵᠠᠰᠠᠬᠤ᠂ ᠬᠠᠤᠯᠢ ᠪᠠᠷ ᠲᠥᠷᠥ ᠪᠠᠷᠢᠬᠤ᠂ | ᠬᠠᠤᠯᠢ ᠪᠠᠷ ᠵᠠᠰᠠᠭ ᠶᠠᠪᠤᠭᠤᠯᠬᠤ ᠶᠢ ᠬᠠᠮᠲᠤ ᠪᠠᠷ ᠠᠬᠢᠭᠤᠯᠬᠤ ᠶᠢ ᠪᠠᠷᠢᠮᠲᠠᠯᠠᠵᠤ᠂ ᠬᠠᠤᠯᠢᠵᠢᠯ ᠤᠨ ᠤᠯᠤᠰ᠂ ᠬᠠᠤᠯᠢᠵᠢᠯ ᠤᠨ ᠵᠠᠰᠠᠭ ᠤᠨ ᠣᠷᠳᠣᠨ᠂ ᠬᠠᠤᠯᠢᠵᠢᠯ | ᠤᠨ ᠨᠡᠶᠢᠭᠡᠮ ᠢ ᠨᠢᠭᠡ ᠴᠣᠭᠴᠠᠵᠢᠭᠤᠯᠤᠨ ᠪᠦᠲᠦᠭᠡᠨ ᠪᠠᠶᠢᠭᠤᠯᠬᠤ ᠶᠢ ᠪᠠᠷᠢᠮᠲᠠᠯᠠᠨ᠂ ᠰᠢᠨᠵᠢᠯᠡᠬᠦ ᠤᠬᠠᠭᠠᠨᠴᠢ ᠪᠠᠷ ᠬᠠᠤᠯᠢ ᠲᠣᠭᠲᠠᠭᠠᠬᠤ᠂ ᠬᠠᠤᠯᠢ ᠶᠢ ᠴᠢᠩᠭ᠎ᠠ | ᠬᠡᠷᠡᠭᠵᠢᠭᠦᠯᠬᠦ᠂ ᠲᠥᠪ ᠭᠤᠤᠯᠴᠢ ᠪᠠᠷ ᠬᠠᠤᠯᠢ ᠪᠠᠷᠢᠬᠤ᠂ ᠪᠦᠭᠦ ᠠᠷᠠᠳ ᠢᠶᠠᠷ ᠢᠶᠠᠨ ᠬᠠᠤᠯᠢ ᠶᠢ ᠰᠠᠬᠢᠬᠤ ᠶᠢ ᠪᠦᠭᠦ ᠲᠠᠯ᠎ᠠ ᠪᠠᠷ ᠠᠬᠢᠭᠤᠯᠵᠤ᠂ ᠤᠯᠤᠰ ᠤᠨ ᠡᠯ᠎ᠡ | ᠲᠠᠯ᠎ᠠ ᠶᠢᠨ ᠠᠵᠢᠯ ᠤᠨ ᠬᠠᠤᠯᠢ ᠪᠠᠷ ᠵᠠᠰᠠᠬᠤ ᠶᠢ ᠪᠦᠭᠦ ᠲᠠᠯ᠎ᠠ ᠪᠠᠷ ᠠᠬᠢᠭᠤᠯᠤᠨ᠎ᠠ᠃ | ︵ᠨᠢᠭᠡ︶ ᠦᠨᠳᠦᠰᠦᠨ ᠬᠠᠤᠯᠢ ᠪᠠᠷ ᠭᠤᠣᠯ ᠪᠤᠯᠭᠠᠬᠰᠠᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢ ᠴᠠᠭᠠᠵᠠ ᠶᠢᠨ ᠰᠢᠰᠲ᠋ᠧᠮ | ᠢ ᠲᠡᠭᠦᠯᠳᠡᠷᠵᠢᠭᠦᠯᠦᠨ᠎ᠡ᠃ ᠬᠠᠤᠯᠢ ᠪᠠᠷ ᠤᠯᠤᠰ ᠢᠶᠠᠨ ᠵᠠᠰᠠᠬᠤ ᠶᠢ ᠪᠠᠷᠢᠮᠲᠠᠯᠠᠬᠤ ᠳᠤ ᠡᠩ ᠲᠡᠷᠢᠭᠦᠨ ᠳᠤ ᠡᠷᠬᠡᠪᠰᠢ ᠦᠨᠳᠦᠰᠦᠨ ᠬᠠᠤᠯᠢ ᠪᠠᠷ ᠤᠯᠤᠰ ᠢᠶᠠᠨ | ᠵᠠᠰᠠᠬᠤ ᠶᠢ ᠪᠠᠷᠢᠮᠲᠠᠯᠠᠵᠤ᠂ ᠬᠠᠤᠯᠢ ᠶᠣᠰᠣᠭᠠᠷ ᠲᠦᠷᠦ ᠪᠠᠷᠢᠬᠤ ᠶᠢ ᠪᠠᠷᠢᠮᠲᠠᠯᠠᠬᠤ ᠳᠤ ᠡᠩ ᠲᠡᠷᠢᠭᠦᠨ ᠳᠤ ᠦᠨᠳᠦᠰᠦᠨ ᠬᠠᠤᠯᠢ ᠪᠠᠷ ᠲᠦᠷᠦ ᠪᠠᠷᠢᠬᠤ ᠶᠢ | ᠪᠠᠷᠢᠮᠲᠠᠯᠠᠵᠤ᠂ ᠦᠨᠳᠦᠰᠦᠨ ᠬᠠᠤᠯᠢ ᠳᠤ ᠲᠣᠭᠲᠠᠭᠠᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠬᠤ ᠪᠠᠶᠢᠷᠢ ᠰᠠᠭᠤᠷᠢ ᠶᠢ ᠭᠤᠶᠢᠪᠢᠰᠢ ᠦᠭᠡᠢ | ᠪᠠᠷᠢᠮᠲᠠᠯᠠᠨ᠂ ᠦᠨᠳᠦᠰᠦᠨ ᠬᠠᠤᠯᠢ ᠳᠤ ᠲᠣᠭᠲᠠᠭᠠᠭᠰᠠᠨ ᠠᠷᠠᠳ ᠤᠨ ᠠᠷᠠᠳᠴᠢᠯᠠᠭᠰᠠᠨ ᠳᠠᠷᠤᠩᠭᠤᠶᠢᠯᠠᠬᠤ ᠵᠠᠰᠠᠭ ᠤᠨ ᠲᠦᠷᠦ ᠶᠢᠨ ᠪᠦᠲᠦᠴᠡ ᠪᠣᠯᠣᠨ ᠠᠷᠠᠳ | ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠤᠨ ᠵᠠᠰᠠᠭ ᠤᠨ ᠪᠦᠲᠦᠴᠡ ᠶᠢ ᠭᠤᠶᠢᠪᠢᠰᠢ ᠦᠭᠡᠢ ᠪᠠᠷᠢᠮᠲᠠᠯᠠᠨ᠎ᠠ᠃ ᠦᠨᠳᠦᠰᠦᠨ ᠬᠠᠤᠯᠢ ᠶᠢᠨ | ᠬᠡᠷᠡᠭᠵᠢᠭᠦᠯᠦᠯᠲᠡ ᠪᠠ ᠬᠢᠨᠠᠯᠲᠠ ᠶᠢ ᠴᠢᠩᠭᠠᠳᠬᠠᠵᠤ᠂ ᠦᠨᠳᠦᠰᠦᠨ ᠬᠠᠤᠯᠢ ᠶᠢ ᠪᠦᠭᠦ ᠲᠠᠯ᠎ᠠ ᠪᠠᠷ ᠬᠡᠷᠡᠭᠵᠢᠭᠦᠯᠬᠦ ᠶᠢ ᠪᠠᠲᠤᠯᠠᠬᠤ ᠳᠦᠷᠢᠮ ᠤᠨ ᠰᠢᠰᠲ᠋ᠧᠮ ᠢ | ᠪᠦᠷᠢᠨᠰᠢᠭᠦᠯᠦᠨ᠂ ᠲᠦᠷᠦ ᠶᠢ ᠵᠠᠰᠠᠵᠤ ᠵᠠᠰᠠᠭ ᠢ ᠡᠷᠭᠢᠯᠡᠭᠦ ᠳᠤᠮᠳᠠᠬᠢ ᠦᠨᠳᠦᠰᠦᠨ ᠬᠠᠤᠯᠢ ᠶᠢᠨ ᠴᠢᠬᠤᠯᠠ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ | ᠦᠨᠳᠦᠰᠦᠨ ᠬᠠᠤᠯᠢ ᠶᠢᠨ ᠡᠷᠬᠡ ᠰᠦᠷ ᠢ ᠬᠠᠮᠠᠭᠠᠯᠠᠨ᠎ᠠ᠃ ᠭᠤᠣᠯᠳᠠᠯᠭ᠎ᠠ ᠲᠠᠢ ᠬᠦᠷᠢᠶ᠎ᠡ᠂ ᠰᠢᠨ᠎ᠡ ᠪᠠᠷ ᠬᠥᠭᠵᠢᠭᠰᠡᠨ ᠬᠦᠷᠢᠶ᠎ᠡ᠂ ᠭᠠᠳᠠᠭᠠᠳᠤ ᠳᠤ ᠬᠤᠯᠪᠣᠭᠳᠠᠬᠤ | ᠬᠦᠷᠢᠶᠡᠨ ᠳᠠᠬᠢ ᠬᠠᠤᠯᠢ ᠲᠣᠭᠲᠠᠭᠠᠯᠲᠠ ᠶᠢ ᠴᠢᠩᠭᠠᠳᠬᠠᠵᠤ᠂ ᠤᠯᠤᠰ ᠤᠨ ᠳᠣᠲᠣᠭᠠᠳᠤ ᠶᠢᠨ ᠬᠠᠤᠯᠢᠵᠢᠯ ᠪᠠ ᠭᠠᠳᠠᠭᠠᠳᠤ ᠳᠤ ᠬᠤᠯᠪᠣᠭᠳᠠᠬᠤ ᠬᠠᠤᠯᠢᠵᠢᠯ ᠢ | ᠨᠢᠭᠡᠳᠦᠯᠲᠡᠢ ᠲᠥᠯᠥᠪᠯᠡᠨ ᠠᠬᠢᠭᠤᠯᠵᠤ᠂ ᠰᠠᠶᠢᠨ ᠬᠠᠤᠯᠢ ᠪᠠᠷ ᠬᠥᠭᠵᠢᠯᠲᠡ ᠶᠢ ᠠᠬᠢᠭᠤᠯᠵᠤ᠂ ᠴᠢᠳᠠᠮᠠᠭᠠᠢ ᠵᠠᠰᠠᠬᠤ ᠶᠢ ᠪᠠᠲᠤᠯᠠᠨ᠎ᠠ᠃ ᠰᠢᠨᠵᠢᠯᠡᠬᠦ ᠤᠬᠠᠭᠠᠨᠴᠢ ᠪᠠᠷ | ᠬᠠᠤᠯᠢ ᠲᠣᠭᠲᠠᠭᠠᠬᠤ᠂ ᠠᠷᠠᠳᠴᠢᠯᠠᠯ ᠢᠶᠠᠷ ᠬᠠᠤᠯᠢ ᠲᠣᠭᠲᠠᠭᠠᠬᠤ᠂ ᠬᠠᠤᠯᠢ ᠶᠣᠰᠣᠭᠠᠷ ᠬᠠᠤᠯᠢ ᠲᠣᠭᠲᠠᠭᠠᠬᠤ ᠶᠢ ᠠᠬᠢᠭᠤᠯᠵᠤ᠂ ᠥᠭᠡᠷᠡᠴᠢᠯᠡᠬᠦ ᠤᠰᠠᠳᠬᠠᠬᠤ | ᠲᠠᠶᠢᠯᠪᠤᠷᠢᠯᠠᠬᠤ ᠨᠠᠶᠢᠷᠠᠭᠤᠯᠬᠤ ᠶᠢ ᠨᠢᠭᠡᠳᠦᠯᠲᠡᠢ ᠲᠥᠯᠥᠪᠯᠡᠵᠦ᠂ ᠬᠠᠤᠯᠢ ᠲᠣᠭᠲᠠᠭᠠᠯᠲᠠ ᠶᠢᠨ ᠰᠢᠰᠲ᠋ᠧᠮᠲᠦ ᠴᠢᠨᠠᠷ᠂ ᠪᠦᠬᠦᠯᠢ ᠴᠣᠭᠴᠠᠲᠤ ᠴᠢᠨᠠᠷ᠂ ᠬᠠᠮᠵᠢᠯᠴᠠᠬᠤ | ᠴᠢᠨᠠᠷ᠂ ᠴᠠᠭᠴᠢ ᠴᠢᠨᠠᠷ ᠢ ᠴᠢᠩᠭᠠᠳᠬᠠᠨ᠎ᠠ᠃ ᠳᠠᠩᠰᠠᠯᠠᠵᠤ ᠬᠢᠨᠠᠨ ᠪᠠᠶᠢᠴᠠᠭᠠᠬᠤ ᠳᠦᠷᠢᠮ ᠢ ᠲᠡᠭᠦᠯᠳᠡᠷᠵᠢᠭᠦᠯᠦᠨ ᠴᠢᠩᠭᠠᠳᠬᠠᠨ᠎ᠠ᠃ ᠰᠢᠨᠵᠢᠯᠡᠬᠦ ᠤᠬᠠᠭᠠᠨᠴᠢ ᠪᠠᠷ | ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ | ᠲᠣᠭᠲᠠᠭᠠᠬᠤ ᠶᠢ ᠪᠠᠷᠢᠮᠲᠠᠯᠠᠵᠤ᠂ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠳᠡᠰ ᠳᠠᠷᠠᠭᠠᠯᠠᠯ ᠤᠨ ᠳᠦᠷᠢᠮ ᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ | ︵ᠬᠤᠶᠠᠷ︶ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠤᠨ᠎ᠠ᠃ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ | ᠪᠣᠯ ᠪᠦᠭᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠢᠨ ᠭᠤᠣᠯᠳᠠᠯᠭ᠎ᠠ ᠲᠠᠢ ᠡᠭᠦᠷᠭᠡ ᠪᠠ ᠭᠤᠣᠯ ᠴᠣᠭᠴᠠ ᠶᠢᠨ ᠢᠨᠵᠧᠨᠧᠷᠢᠩ ᠮᠥᠨ᠃ ᠵᠠᠰᠠᠭ ᠤᠨ | ᠣᠷᠳᠣᠨ ᠤ ᠡᠭᠦᠷᠭᠡ ᠴᠢᠳᠠᠪᠬᠢ ᠶᠢ ᠬᠤᠪᠢᠷᠠᠭᠤᠯᠤᠨ᠂ ᠵᠠᠰᠠᠭ ᠤᠨ ᠣᠷᠳᠣᠨ ᠤ ᠲᠤᠰᠢᠶᠠᠯ ᠬᠠᠷᠢᠭᠤᠴᠠᠯᠭ᠎ᠠ ᠶᠢᠨ ᠰᠢᠰᠲ᠋ᠧᠮ ᠪᠣᠯᠣᠨ ᠵᠣᠬᠢᠶᠠᠨ ᠪᠠᠶᠢᠭᠤᠯᠤᠯᠲᠠ ᠶᠢᠨ | ᠪᠦᠲᠦᠴᠡ ᠶᠢ ᠰᠢᠯᠢᠳᠡᠭᠵᠢᠭᠦᠯᠵᠦ᠂ ᠪᠠᠶᠢᠭᠤᠯᠤᠮᠵᠢ᠂ ᠡᠭᠦᠷᠭᠡ ᠴᠢᠳᠠᠪᠬᠢ᠂ ᠡᠷᠬᠡ ᠶᠢᠨ ᠬᠢᠵᠠᠭᠠᠷ᠂ ᠳᠡᠰ ᠳᠠᠷᠠᠭᠠᠯᠠᠯ᠂ ᠬᠠᠷᠢᠭᠤᠴᠠᠯᠭ᠎ᠠ ᠶᠢᠨ ᠬᠠᠤᠯᠢᠵᠢᠯᠲᠠ ᠶᠢ | ᠠᠬᠢᠭᠤᠯᠵᠤ᠂ ᠵᠠᠰᠠᠭ ᠵᠠᠬᠢᠷᠭᠠᠨ ᠤ ᠦᠷ᠎ᠡ ᠪᠦᠲᠦᠮᠵᠢ ᠪᠠ ᠢᠲᠡᠭᠡᠭᠦᠯᠭᠦ ᠬᠦᠴᠦᠨ ᠢ ᠳᠡᠭᠡᠭᠰᠢᠯᠡᠭᠦᠯᠦᠨ᠎ᠡ᠃ ᠠᠵᠢᠯ ᠦᠢᠯᠡᠰ ᠤᠨ ᠨᠢᠭᠡᠴᠢ ᠶᠢᠨ ᠥᠭᠡᠷᠡᠴᠢᠯᠡᠯᠲᠡ | ᠶᠢ ᠭᠦᠨᠵᠡᠭᠡᠶᠢᠷᠡᠭᠦᠯᠦᠨ᠎ᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠴᠢᠩᠭ᠎ᠠ ᠵᠢᠷᠤᠮᠵᠢᠭᠤᠨ | ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠪᠦᠭᠦ ᠲᠠᠯ᠎ᠠ ᠪᠠᠷ ᠠᠬᠢᠭᠤᠯᠵᠤ᠂ ᠤᠯᠠᠨ ᠲᠦᠮᠡᠨ ᠤ ᠬᠤᠪᠢ ᠪᠡᠶ᠎ᠡ ᠶᠢᠨ ᠠᠰᠢᠭ ᠲᠤᠰᠠ ᠳᠤ | ᠬᠤᠯᠪᠣᠭᠳᠠᠬᠤ ᠭᠤᠣᠯᠳᠠᠯᠭ᠎ᠠ ᠲᠠᠢ ᠬᠦᠷᠢᠶᠡᠨ ᠤ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠤᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠠᠪᠤᠴᠠ ᠶᠢ | ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠲᠠᠰᠤᠯᠤᠯᠲᠠ ᠶᠢᠨ ᠦᠨᠳᠦᠰᠦᠨ ᠪᠠᠷᠢᠮᠵᠢᠶ᠎ᠠ ᠶᠢ ᠪᠦᠷᠢᠨᠰᠢᠭᠦᠯᠦᠨ᠎ᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ | ᠳᠤ ᠬᠢᠨᠠᠯᠲᠠ ᠲᠠᠯᠪᠢᠬᠤ ᠲᠣᠭᠲᠠᠴᠠ ᠪᠣᠯᠣᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠷᠠᠭᠤᠯᠤᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ | ᠶᠢᠨ ᠳᠦᠷᠢᠮ ᠪᠣᠯᠣᠨ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠬᠦ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠦᠨ᠎ᠡ᠃ | ︵ᠭᠤᠷᠪᠠ︶ ᠲᠥᠪ ᠭᠤᠣᠯᠴᠢ ᠪᠠᠷ ᠬᠠᠤᠯᠢ ᠪᠠᠷᠢᠬᠤ ᠶᠢ ᠴᠢᠩᠳᠠᠯᠠᠨ᠎ᠠ᠃ ᠲᠥᠪ ᠭᠤᠣᠯᠴᠢ ᠪᠠᠷ ᠬᠠᠤᠯᠢ ᠪᠠᠷᠢᠬᠤ ᠪᠣᠯ ᠨᠡᠶᠢᠭᠡᠮ ᠤᠨ ᠲᠥᠪ ᠭᠤᠣᠯᠴᠢ | ᠰᠢᠳᠤᠷᠭᠤ ᠶᠣᠰᠣ ᠶᠢ ᠬᠠᠮᠠᠭᠠᠯᠠᠬᠤ ᠡᠴᠦᠰ ᠤᠨ ᠰᠡᠷᠭᠡᠶᠢᠯᠡᠯᠲᠡ ᠶᠢᠨ ᠱᠤᠭᠤᠮ ᠮᠥᠨ᠃ ᠬᠠᠤᠯᠢ ᠴᠠᠭᠠᠵᠠ ᠶᠢᠨ ᠪᠠᠶᠢᠭᠤᠯᠤᠮᠵᠢ ᠶᠢᠨ ᠶᠡᠷᠦᠩᠬᠡᠶᠢᠯᠡᠭᠰᠡᠨ ᠢᠵᠢ | ᠪᠦᠷᠢᠳᠦᠭᠦᠯᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠳᠦᠷᠢᠮ ᠢ ᠪᠦᠭᠦ ᠲᠠᠯ᠎ᠠ ᠪᠠᠷ ᠣᠨᠣᠪᠴᠢᠲᠠᠢ | ᠨᠠᠶᠢᠳᠠᠪᠤᠷᠢᠵᠢᠭᠤᠯᠵᠤ᠂ ᠲᠥᠪ ᠭᠤᠣᠯᠴᠢ ᠥᠨᠳᠥᠷ ᠪᠦᠲᠦᠮᠵᠢᠲᠡᠢ ᠡᠷᠬᠡ ᠰᠦᠷᠲᠦ ᠨᠡᠶᠢᠭᠡᠮ ᠵᠢᠷᠤᠮ ᠤᠨ ᠬᠠᠤᠯᠢ ᠴᠠᠭᠠᠵᠠ ᠶᠢᠨ ᠳᠦᠷᠢᠮ ᠢ ᠲᠦᠷᠭᠡᠳᠬᠡᠨ | ᠪᠠᠶᠢᠭᠤᠯᠵᠤ᠂ ᠬᠠᠤᠯᠢ ᠴᠠᠭᠠᠵᠠ ᠶᠢᠨ ᠬᠡᠷᠡᠭ ᠪᠣᠯᠭᠠᠨ ᠠᠴᠠ ᠠᠷᠠᠳ ᠤᠯᠠᠨ ᠳᠤ ᠲᠥᠪ ᠭᠤᠣᠯᠴᠢ ᠰᠢᠳᠤᠷᠭᠤ ᠶᠣᠰᠣ ᠶᠢ ᠮᠡᠳᠡᠷᠡᠭᠦᠯᠬᠦ ᠪᠠᠷ ᠴᠢᠷᠮᠠᠶᠢᠨ᠎ᠠ᠃ ᠬᠠᠤᠯᠢ | ᠪᠠᠷᠢᠬᠤ ᠡᠷᠬᠡ ᠶᠢᠨ ᠠᠵᠢᠯᠯᠠᠭᠠᠨ ᠢ ᠵᠢᠷᠤᠮᠵᠢᠭᠤᠯᠵᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂ ᠪᠠᠶᠢᠴᠠᠭᠠᠬᠤ ᠪᠠᠶᠢᠭᠤᠯᠭ᠎ᠠ᠂ ᠰᠢᠭᠦᠨ ᠲᠠᠰᠤᠯᠬᠤ ᠪᠠᠶᠢᠭᠤᠯᠭ᠎ᠠ᠂ | ᠬᠠᠤᠯᠢ ᠪᠠᠷᠢᠬᠤ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ᠂ ᠬᠠᠷᠢᠯᠴᠠᠨ ᠬᠠᠮᠵᠢᠯᠴᠠᠬᠤ᠂ ᠬᠠᠷᠢᠯᠴᠠᠨ | ᠬᠢᠵᠠᠭᠠᠷᠯᠠᠬᠤ ᠪᠠᠶᠢᠭᠤᠯᠤᠮᠵᠢ ᠲᠣᠭᠲᠠᠴᠠ ᠶᠢ ᠪᠦᠷᠢᠨᠰᠢᠭᠦᠯᠦᠨ᠎ᠡ᠃ ᠬᠠᠤᠯᠢ ᠪᠠᠷᠢᠬᠤ ᠠᠵᠢᠯᠯᠠᠭ᠎ᠠ ᠶᠢᠨ ᠬᠢᠵᠠᠭᠠᠷᠯᠠᠯ ᠬᠢᠨᠠᠯᠲᠠ ᠶᠢ ᠴᠢᠩᠭᠠᠳᠬᠠᠵᠤ᠂ ᠲᠥᠪ ᠭᠤᠣᠯᠴᠢ | ᠪᠠᠷ ᠬᠠᠤᠯᠢ ᠪᠠᠷᠢᠬᠤ ᠶᠢ ᠠᠬᠢᠭᠤᠯᠤᠨ᠎ᠠ᠃ ᠪᠠᠶᠢᠴᠠᠭᠠᠬᠤ ᠪᠠᠶᠢᠭᠤᠯᠭ᠎ᠠ ᠶᠢᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠠᠵᠢᠯ ᠢ ᠴᠢᠩᠭᠠᠳᠬᠠᠨ᠎ᠠ᠃ ᠨᠡᠶᠢᠲᠡ ᠶᠢᠨ | ᠠᠰᠠᠷᠠᠮᠵᠢ ᠶᠢᠨ ᠵᠠᠷᠭᠤ ᠶᠢᠨ ᠳᠦᠷᠢᠮ ᠢ ᠲᠡᠭᠦᠯᠳᠡᠷᠵᠢᠭᠦᠯᠦᠨ᠎ᠡ᠃ | ︵ᠳᠥᠷᠪᠡ︶ ᠬᠠᠤᠯᠢᠵᠢᠯ ᠤᠨ ᠨᠡᠶᠢᠭᠡᠮ ᠢ ᠲᠦᠷᠭᠡᠳᠬᠡᠨ ᠪᠠᠶᠢᠭᠤᠯᠤᠨ᠎ᠠ᠃ ᠬᠠᠤᠯᠢᠵᠢᠯ ᠤᠨ ᠨᠡᠶᠢᠭᠡᠮ ᠪᠣᠯ ᠬᠠᠤᠯᠢᠵᠢᠯ ᠤᠨ ᠤᠯᠤᠰ ᠢ ᠪᠦᠲᠦᠭᠡᠨ | ᠪᠠᠶᠢᠭᠤᠯᠬᠤ ᠶᠢᠨ ᠰᠠᠭᠤᠷᠢ ᠮᠥᠨ᠃ ᠨᠡᠶᠢᠭᠡᠮ ᠵᠢᠷᠤᠮ ᠤᠨ ᠬᠠᠤᠯᠢᠵᠢᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠬᠠᠤᠯᠢ | ᠴᠠᠭᠠᠵᠠ ᠶᠢᠨ ᠰᠣᠶᠣᠯ ᠢ ᠵᠠᠯᠭᠠᠮᠵᠢᠯᠠᠨ᠂ ᠪᠦᠭᠦ ᠠᠷᠠᠳ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠨᠡᠶᠢᠭᠡᠮ ᠵᠢᠷᠤᠮ ᠤᠨ ᠬᠠᠤᠯᠢᠵᠢᠯ ᠤᠨ ᠦᠨᠡᠨᠴᠢ | ᠰᠢᠳᠤᠷᠭᠤ ᠡᠷᠬᠢᠮᠯᠡᠨ ᠳᠡᠭᠡᠳᠦᠯᠡᠭᠴᠢ᠂ ᠤᠬᠠᠮᠰᠠᠷ ᠠᠴᠠ ᠪᠠᠨ ᠵᠢᠷᠤᠮᠯᠠᠨ ᠰᠠᠬᠢᠭᠴᠢ᠂ ᠡᠷᠡᠰ ᠪᠠᠲᠤ ᠬᠠᠮᠠᠭᠠᠯᠠᠭᠴᠢ ᠪᠣᠯᠭᠠᠨ᠎ᠠ᠃ ᠬᠤᠳᠠ ᠬᠥᠳᠡᠭᠡ ᠶᠢ ᠬᠠᠮᠤᠷᠤᠭᠰᠠᠨ | ᠤᠳᠤ ᠦᠶ᠎ᠡ ᠶᠢᠨ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠬᠠᠤᠯᠢᠵᠢᠯ ᠤᠨ ᠤᠬᠠᠭᠤᠯᠭ᠎ᠠ ᠬᠥᠮᠦᠵᠢᠯ ᠢ | ᠭᠦᠨᠵᠡᠭᠡᠢ ᠥᠷᠨᠢᠭᠦᠯᠵᠦ᠂ ᠪᠦᠭᠦ ᠠᠷᠠᠳ ᠤᠨ ᠬᠠᠤᠯᠢᠵᠢᠯ ᠤᠨ ᠦᠵᠡᠯᠲᠡ ᠶᠢ ᠴᠢᠩᠭᠠᠳᠬᠠᠨ᠎ᠠ᠃ ᠤᠯᠠᠨ ᠲᠡᠰ ᠳᠠᠪᠬᠤᠷᠭ᠎ᠠ ᠤᠯᠠᠨ ᠬᠦᠷᠢᠶ᠎ᠡ ᠴᠠᠷᠠᠭᠠᠨ ᠤ ᠬᠠᠤᠯᠢ | ᠪᠠᠷ ᠵᠠᠰᠠᠬᠤ ᠶᠢ ᠠᠬᠢᠭᠤᠯᠵᠤ᠂ ᠨᠡᠶᠢᠭᠡᠮ ᠤᠨ ᠵᠠᠰᠠᠯᠲᠠ ᠶᠢᠨ ᠬᠠᠤᠯᠢᠵᠢᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠤᠳᠤᠷᠢᠳᠬᠤ ᠺᠠᠳ᠋ᠷᠴᠤᠳ ᠤᠨ ᠵᠢᠱᠢᠶ᠎ᠡ | ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠬᠠᠤᠯᠢ ᠶᠢ ᠬᠦᠨᠳᠦᠳᠬᠡᠬᠦ ᠬᠠᠤᠯᠢ ᠶᠢ ᠰᠤᠷᠤᠯᠴᠠᠬᠤ ᠬᠠᠤᠯᠢ ᠶᠢ ᠰᠠᠬᠢᠬᠤ ᠬᠠᠤᠯᠢ ᠶᠢ | ᠬᠡᠷᠡᠭᠯᠡᠬᠦ ᠶᠢ ᠪᠦᠭᠦ ᠨᠡᠶᠢᠭᠡᠮ ᠤᠨ ᠬᠡᠪ ᠵᠠᠩᠰᠢᠯ ᠪᠤᠯᠭᠠᠬᠤ ᠪᠠᠷ ᠴᠢᠷᠮᠠᠶᠢᠨ᠎ᠠ᠃ | | | ᠨᠠᠢᠮᠠ᠂ ᠰᠣᠶᠣᠯ ᠤᠨ ᠢᠲᠡᠭᠡᠯ ᠬᠦᠴᠦᠷᠬᠡᠭᠵᠢᠯ ᠢ ᠠᠬᠢᠭᠤᠯᠵᠤ᠂ ᠨᠡᠶᠢᠭᠡᠮ ᠵᠢᠷᠤᠮ ᠤᠨ ᠰᠣᠶᠣᠯ ᠤᠨ ᠭᠡᠷᠡᠯ ᠰᠠᠴᠤᠷᠠᠩᠭᠤᠢ ᠰᠢᠨ᠎ᠡ ᠠᠮᠵᠢᠯᠲᠠ ᠶᠢ | ᠡᠭᠦᠳᠦᠨ᠎ᠡ | ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠳᠤ᠂ ᠡᠷᠬᠡᠪᠰᠢ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠰᠣᠶᠣᠯ ᠤᠨ ᠬᠥᠭᠵᠢᠯᠲᠡ ᠶᠢᠨ ᠵᠠᠮ ᠢ ᠪᠠᠷᠢᠮᠲᠠᠯᠠᠨ᠂ ᠰᠣᠶᠣᠯ ᠤᠨ ᠢᠲᠡᠭᠡᠯ ᠢᠶᠠᠨ ᠴᠢᠩᠭᠠᠳᠬᠠᠵᠤ᠂ ᠲᠤᠭ ᠢᠶᠠᠨ ᠮᠠᠨᠳᠤᠭᠤᠯᠬᠤ᠂ ᠠᠷᠠᠳ | ᠤᠨ ᠰᠡᠳᠬᠢᠯ ᠢ ᠨᠢᠭᠲᠠᠷᠠᠭᠤᠯᠬᠤ᠂ ᠰᠢᠨ᠎ᠡ ᠬᠥᠮᠥᠨ ᠢ ᠬᠥᠮᠥᠵᠢᠭᠦᠯᠬᠦ᠂ ᠰᠣᠶᠣᠯ ᠢ ᠴᠡᠴᠡᠭᠯᠡᠭᠦᠯᠬᠦ᠂ ᠳᠦᠷᠢ ᠲᠥᠷᠬᠦ ᠪᠠᠨ ᠢᠯᠡᠷᠡᠭᠦᠯᠭᠦ ᠲᠣᠭᠤᠷᠢᠨ ᠳᠤ᠂ ᠨᠡᠶᠢᠭᠡᠮ | ᠵᠢᠷᠤᠮ ᠤᠨ ᠰᠣᠶᠣᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠵᠤ᠂ ᠣᠳᠣᠬᠢᠴᠢᠯᠠᠯᠲᠠ ᠳᠤ ᠬᠠᠨᠳᠤᠭᠤᠯᠤᠭᠰᠠᠨ᠂ ᠳᠡᠯᠡᠬᠡᠢ ᠳ᠋ᠠᠬᠢᠨ ᠳᠤ ᠬᠠᠨᠳᠤᠭᠤᠯᠤᠭᠰᠠᠨ᠂ | ᠢᠷᠡᠭᠡᠳᠦᠢ ᠳᠤ ᠬᠠᠨᠳᠤᠭᠤᠯᠤᠭᠰᠠᠨ᠂ ᠦᠨᠳᠦᠰᠦᠲᠡᠨ ᠤ᠂ ᠰᠢᠨᠵᠢᠯᠡᠬᠦ ᠤᠬᠠᠭᠠᠨᠴᠢ᠂ ᠤᠯᠠᠨ ᠲᠦᠮᠡᠨᠴᠢ ᠨᠡᠶᠢᠭᠡᠮ ᠵᠢᠷᠤᠮ ᠤᠨ ᠰᠣᠶᠣᠯ ᠢ ᠬᠥᠭᠵᠢᠭᠦᠯᠵᠦ᠂ ᠪᠦᠭᠦ | ᠦᠨᠳᠦᠰᠦᠲᠡᠨ ᠤ ᠰᠣᠶᠣᠯ ᠤᠨ ᠰᠢᠨ᠎ᠡ ᠶᠢ ᠡᠭᠦᠳᠭᠦ ᠪᠠ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠬᠥᠭᠵᠢᠭᠡᠨ᠂ ᠳᠤᠮᠳᠠᠳᠤ ᠶᠢᠨ ᠦᠨᠳᠦᠰᠦᠲᠡᠨ ᠤ | ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠤᠶᠤᠨ ᠰᠠᠨᠠᠭᠠᠨ ᠤ ᠬᠦᠴᠦᠨ ᠴᠢᠳᠠᠯ ᠢ ᠴᠢᠩᠭᠠᠷᠠᠭᠤᠯᠤᠨ᠎ᠠ᠃ | ᠪᠢᠳᠡ ᠦᠵᠡᠯ ᠤᠬᠠᠮᠰᠠᠷ ᠤᠨ ᠭᠡᠯᠪᠡᠷᠢ ᠶᠢᠨ ᠬᠦᠷᠢᠶᠡᠨ ᠳᠤ ᠮᠠᠷᠺᠰ ᠤᠨ ᠦᠵᠡᠯ ᠤᠨ ᠵᠢᠯᠤᠭᠤᠳᠬᠤ ᠪᠠᠶᠢᠷᠢ ᠰᠠᠭᠤᠷᠢ ᠶᠢᠨ ᠦᠨᠳᠦᠰᠦᠨ ᠪᠠᠶᠢᠭᠤᠯᠤᠯ ᠢ | ᠪᠠᠷᠢᠮᠲᠠᠯᠠᠨ᠂ ᠠᠷᠠᠳ ᠲᠦᠮᠡᠨ ᠳᠤ ᠦᠢᠯᠡᠴᠢᠯᠡᠬᠦ᠂ ᠨᠡᠶᠢᠭᠡᠮ ᠵᠢᠷᠤᠮ ᠳᠤ ᠦᠢᠯᠡᠴᠢᠯᠡᠬᠦ ᠶᠢ ᠪᠠᠷᠢᠮᠲᠠᠯᠠᠵᠤ᠂ ᠴᠡᠴᠡᠭ ᠪᠦᠭᠦᠨ ᠢ ᠵᠡᠷᠭᠡ ᠪᠠᠷ ᠳᠡᠯᠭᠡᠷᠡᠭᠦᠯᠦᠨ᠂ | ᠡᠷᠳᠡᠮᠲᠡᠨ ᠪᠦᠭᠦᠠ ᠢ ᠴᠢᠯᠦᠭᠡᠲᠡᠢ ᠶᠠᠷᠢᠯᠴᠠᠭᠤᠯᠬᠤ ᠶᠢ ᠪᠠᠷᠢᠮᠲᠠᠯᠠᠵᠤ᠂ ᠪᠦᠲᠦᠭᠡᠯᠴᠢ ᠴᠢᠨᠠᠷᠲᠠᠢ ᠪᠠᠷ ᠬᠤᠪᠢᠷᠠᠭᠤᠯᠬᠤ᠂ ᠰᠢᠨ᠎ᠡ ᠶᠢ ᠡᠭᠦᠳᠭᠦ ᠴᠢᠨᠠᠷᠲᠠᠢ ᠪᠠᠷ | ᠬᠥᠭᠵᠢᠭᠦᠯᠬᠦ ᠶᠢ ᠪᠠᠷᠢᠮᠲᠠᠯᠠᠵᠤ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠪᠠᠷ ᠤᠳᠤᠷᠢᠳᠤᠮᠵᠢ ᠪᠣᠯᠭᠠᠨ᠂ ᠨᠡᠶᠢᠭᠡᠮ ᠵᠢᠷᠤᠮ ᠤᠨ ᠲᠡᠷᠢᠭᠦᠨ ᠤ | ᠰᠣᠶᠣᠯ ᠢ ᠬᠥᠭᠵᠢᠭᠦᠯᠵᠦ᠂ ᠬᠤᠪᠢᠰᠬᠠᠯ ᠤᠨ ᠰᠣᠶᠣᠯ ᠢ ᠪᠠᠳᠠᠷᠠᠭᠤᠯᠤᠨ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠵᠤ᠂ | ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠣᠶᠤᠨ ᠰᠠᠨᠠᠭ᠎ᠠ ᠰᠣᠶᠣᠯ ᠤᠨ ᠬᠡᠷᠡᠭᠴᠡᠭᠡ ᠶᠢ ᠬᠠᠩᠭᠠᠵᠤ᠂ ᠪᠦᠭᠦ ᠨᠠᠮ ᠪᠦᠭᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠦᠯᠬᠦᠮᠳᠡᠨ ᠲᠡᠮᠡᠴᠡᠬᠦ ᠬᠠᠮᠲᠤ ᠶᠢᠨ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠵᠦ᠂ ᠤᠯᠤᠰ ᠤᠨ ᠰᠣᠶᠣᠯ ᠤᠨ | ᠵᠥᠭᠡᠯᠡᠨ ᠪᠣᠳᠠᠲᠤ ᠬᠦᠴᠦᠨ ᠪᠣᠯᠣᠨ ᠳᠤᠮᠳᠠᠳᠤ ᠶᠢᠨ ᠰᠣᠶᠣᠯ ᠤᠨ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠤᠨ᠎ᠠ᠃ | ︵ᠨᠢᠭᠡ︶ ᠬᠦᠴᠦᠷᠬᠡᠭ ᠶᠡᠭᠡ ᠨᠢᠭᠲᠠᠷᠠᠭᠤᠯᠬᠤ ᠬᠦᠴᠦᠨ ᠪᠠ ᠬᠥᠲᠥᠯᠥᠨ ᠳᠠᠭᠠᠭᠤᠯᠬᠤ ᠬᠦᠴᠦᠨ ᠪᠦᠬᠦᠢ ᠨᠡᠶᠢᠭᠡᠮ ᠵᠢᠷᠤᠮ ᠤᠨ ᠦᠵᠡᠯ ᠤᠬᠠᠮᠰᠠᠷ ᠤᠨ | ᠭᠡᠯᠪᠡᠷᠢ ᠶᠢ ᠪᠠᠶᠢᠭᠤᠯᠤᠨ᠎ᠠ᠃ ᠦᠵᠡᠯ ᠤᠬᠠᠮᠰᠠᠷ ᠤᠨ ᠭᠡᠯᠪᠡᠷᠢ ᠶᠢᠨ ᠠᠵᠢᠯ ᠪᠣᠯ ᠤᠶᠤᠨ ᠰᠠᠨᠠᠭᠠᠨ ᠤ ᠭᠡᠷ ᠣᠷᠣᠨ ᠢ ᠴᠣᠭᠴᠠᠯᠠᠵᠤ᠂ ᠦᠨᠳᠦᠰᠦᠲᠡᠨ ᠤ ᠰᠦᠭ | ᠰᠦᠨᠡᠰᠦ ᠶᠢ ᠱᠤᠭᠤᠬᠤ ᠠᠵᠢᠯ ᠮᠥᠨ᠃ ᠦᠵᠡᠯ ᠤᠬᠠᠮᠰᠠᠷ ᠤᠨ ᠭᠡᠯᠪᠡᠷᠢ ᠶᠢᠨ ᠠᠵᠢᠯ ᠳᠠᠬᠢ ᠨᠠᠮ ᠤᠨ ᠤᠳᠤᠷᠢᠳᠬᠤ ᠡᠷᠬᠡ ᠶᠢ ᠪᠠᠲᠤ ᠡᠵᠡᠮᠳᠡᠵᠦ᠂ ᠦᠵᠡᠯ | ᠤᠬᠠᠮᠰᠠᠷ ᠤᠨ ᠭᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠤᠨ᠂ ᠰᠢᠨ᠎ᠡ ᠴᠠᠭ ᠦᠶ᠎ᠡ ᠳᠤ ᠡᠷᠡᠮᠡᠬᠡᠶᠢᠯᠡᠨ | ᠤᠷᠤᠭᠰᠢᠯᠠᠬᠤ ᠭᠤᠣᠯ ᠦᠵᠡᠯ ᠰᠠᠨᠠᠭ᠎ᠠ ᠶᠠᠷᠢᠶ᠎ᠠ ᠬᠡᠯᠡᠯᠴᠡᠭᠡ ᠶᠢ ᠪᠠᠬᠢᠵᠢᠭᠦᠯᠦᠨ ᠪᠤᠵᠠᠭᠠᠶᠢᠷᠠᠭᠤᠯᠤᠨ᠎ᠠ᠃ ᠨᠠᠮ ᠤᠨ ᠰᠢᠨ᠎ᠡ ᠡᠭᠦᠳᠦᠯᠲᠡ ᠶᠢᠨ ᠤᠨᠤᠯ ᠢᠶᠠᠷ ᠪᠦᠭᠦ | ᠨᠠᠮ ᠢ ᠵᠡᠪᠰᠡᠭᠯᠡᠬᠦ᠂ ᠠᠷᠠᠳ ᠲᠦᠮᠡᠨ ᠢ ᠬᠥᠮᠥᠵᠢᠭᠦᠯᠬᠦ᠂ ᠦᠢᠯᠡᠳᠦᠯᠭᠡ ᠶᠢ ᠵᠢᠯᠣᠭᠤᠳᠤᠭᠤᠯᠬᠤ ᠠᠵᠢᠯ ᠤᠨ ᠰᠢᠰᠲ᠋ᠧᠮ ᠢ ᠪᠦᠷᠢᠨᠰᠢᠭᠦᠯᠦᠨ᠎ᠡ᠃ ᠮᠠᠷᠺᠰ ᠤᠨ ᠦᠵᠡᠯ | ᠤᠨ ᠤᠨᠤᠯ ᠤᠨ ᠰᠤᠳᠤᠯᠭᠠᠨ ᠪᠠ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠳᠤᠮᠳᠠᠳᠤ ᠤᠯᠤᠰ ᠤᠨ ᠣᠨᠴᠠᠯᠢᠭ ᠲᠠᠢ ᠭᠦᠨ | ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠰᠢᠨᠵᠢᠯᠡᠭᠡᠨ ᠤ ᠰᠠᠯᠠᠭᠠᠨ ᠤ ᠰᠢᠰᠲ᠋ᠧᠮ᠂ ᠡᠷᠳᠡᠮ ᠰᠢᠨᠵᠢᠯᠡᠭᠡᠨ ᠤ ᠰᠢᠰᠲ᠋ᠧᠮ᠂ ᠦᠭᠡ ᠶᠠᠷᠢᠶᠠᠨ ᠤ ᠰᠢᠰᠲ᠋ᠧᠮ ᠢ | ᠲᠦᠷᠭᠡᠳᠬᠡᠨ ᠪᠠᠶᠢᠭᠤᠯᠵᠤ᠂ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠴᠢᠳᠠᠪᠤᠷᠢᠲᠠᠨ ᠤ ᠡᠩᠨᠡᠭᠡ ᠶᠢ ᠪᠣᠶᠢᠵᠢᠭᠤᠯᠤᠨ ᠪᠤᠵᠠᠭᠠᠶᠢᠷᠠᠭᠤᠯᠤᠨ᠎ᠠ᠃ | ᠪᠦᠷᠢᠨ ᠵᠠᠭᠤᠴᠢᠯᠠᠭᠤᠷ ᠤᠨ ᠳᠠᠮᠵᠢᠭᠤᠯᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠭᠤᠣᠯ ᠶᠠᠷᠢᠶ᠎ᠠ ᠬᠡᠯᠡᠯᠴᠡᠭᠡᠨ ᠤ ᠰᠢᠨ᠎ᠡ ᠪᠠᠶᠢᠷᠢᠰᠢᠯ ᠢ ᠪᠤᠢ | ᠪᠣᠯᠭᠠᠨ᠎ᠠ᠃ ᠰᠦᠯᠵᠢᠶᠡᠨ ᠤ ᠶᠡᠷᠦᠩᠬᠡᠶᠢᠯᠡᠭᠰᠡᠨ ᠵᠠᠰᠠᠯᠲᠠ ᠶᠢᠨ ᠰᠢᠰᠲ᠋ᠧᠮ ᠢ ᠪᠦᠷᠢᠨᠰᠢᠭᠦᠯᠵᠦ᠂ ᠰᠦᠯᠵᠢᠶᠡᠨ ᠤ ᠰᠠᠶᠢᠨ ᠰᠠᠶᠢᠬᠠᠨ ᠠᠮᠢ ᠠᠬᠤᠢ ᠶᠢ ᠪᠤᠢ ᠪᠤᠯᠭᠠᠬᠤ | ᠶᠢ ᠠᠬᠢᠭᠤᠯᠤᠨ᠎ᠠ᠃ | ︵ᠬᠤᠶᠠᠷ︶ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠥᠷᠭᠡᠨ ᠳᠡᠯᠭᠡᠷ ᠦᠢᠯᠡᠳᠦᠯᠭᠡᠵᠢᠭᠦᠯᠦᠨ᠎ᠡ᠃ ᠨᠡᠶᠢᠭᠡᠮ ᠵᠢᠷᠤᠮ ᠤᠨ | ᠭᠤᠣᠯᠯᠠᠭᠴᠢ ᠦᠷᠳᠡᠭ ᠤᠨ ᠦᠵᠡᠯᠲᠡ ᠪᠣᠯ ᠬᠥᠮᠥᠰ ᠤᠨ ᠰᠡᠳᠬᠢᠯ ᠪᠠ ᠠᠷᠠᠳ ᠤᠨ ᠬᠦᠴᠦᠨ ᠢ ᠨᠢᠭᠲᠠᠷᠠᠭᠤᠯᠬᠤ ᠬᠦᠴᠦᠷᠬᠡᠭ ᠶᠡᠭᠡ ᠬᠦᠴᠦᠨ ᠮᠥᠨ᠃ ᠨᠠᠮ | ᠪᠠᠶᠢᠭᠤᠯᠤᠭᠰᠠᠨ ᠠᠭᠤᠤ ᠶᠡᠭᠡ ᠵᠣᠷᠢᠭ ᠰᠠᠨᠠᠭ᠎ᠠ ᠪᠠᠷ ᠡᠬᠢ ᠰᠤᠷᠪᠤᠯᠵᠢ ᠪᠤᠯᠭᠠᠬᠰᠠᠨ ᠳᠤᠮᠳᠠᠳᠤ ᠤᠯᠤᠰ ᠤᠨ ᠡᠪ ᠬᠠᠮᠲᠤᠴᠤᠳ ᠤᠨ ᠵᠣᠷᠢᠭ ᠰᠠᠨᠠᠭᠠᠨ ᠤ ᠴᠠᠳᠢᠭ ᠢ | ᠪᠠᠳᠠᠷᠠᠭᠤᠯᠵᠤ᠂ ᠬᠤᠪᠢᠰᠬᠠᠯ ᠤᠨ ᠡᠬᠢ ᠪᠠᠶᠠᠯᠢᠭ ᠢ ᠰᠠᠶᠢᠲᠤᠷ ᠬᠡᠷᠡᠭᠯᠡᠨ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢᠨ ᠤᠬᠠᠭᠤᠯᠭ᠎ᠠ | ᠬᠥᠮᠦᠵᠢᠯ ᠢ ᠭᠦᠨᠵᠡᠭᠡᠢ ᠥᠷᠨᠢᠭᠦᠯᠵᠦ᠂ ᠤᠯᠤᠰ ᠢᠶᠠᠨ ᠬᠠᠶᠢᠷᠠᠯᠠᠬᠤ ᠦᠵᠡᠯ᠂ ᠨᠡᠶᠢᠲᠡᠴᠢ ᠦᠵᠡᠯ᠂ ᠨᠡᠶᠢᠭᠡᠮ ᠵᠢᠷᠤᠮ ᠤᠨ ᠬᠥᠮᠦᠵᠢᠯ ᠢ ᠭᠦᠨᠵᠡᠭᠡᠶᠢᠷᠡᠭᠦᠯᠦᠨ᠂ | ᠦᠨᠳᠦᠰᠦᠲᠡᠨ ᠤ ᠰᠡᠷᠭᠦᠨ ᠮᠠᠨᠳᠤᠯᠲᠠ ᠶᠢᠨ ᠶᠡᠭᠡ ᠡᠭᠦᠷᠭᠡ ᠶᠢ ᠡᠭᠦᠷᠭᠡᠯᠡᠬᠦ ᠴᠠᠭ ᠦᠶ᠎ᠡ ᠶᠢᠨ ᠰᠢᠨ᠎ᠡ ᠬᠥᠮᠥᠨ ᠢ ᠬᠦᠴᠦᠯᠡᠨ ᠬᠥᠮᠥᠵᠢᠭᠦᠯᠦᠨ᠎ᠡ᠃ ᠬᠦᠰᠡᠯᠡᠩ | ᠢᠲᠡᠭᠡᠯ ᠪᠢᠰᠢᠷᠡᠯ ᠤᠨ ᠬᠥᠮᠦᠵᠢᠯ ᠢ ᠪᠠᠶᠢᠩᠭᠤᠵᠢᠭᠤᠯᠤᠨ ᠳᠦᠷᠢᠮᠵᠢᠭᠦᠯᠬᠦ ᠶᠢ ᠠᠬᠢᠭᠤᠯᠵᠤ᠂ ᠨᠠᠮ ᠤᠨ ᠲᠡᠦᠬᠡ᠂ ᠰᠢᠨ᠎ᠡ ᠳᠤᠮᠳᠠᠳᠤ ᠤᠯᠤᠰ ᠤᠨ ᠲᠡᠦᠬᠡ᠂ | ᠥᠭᠡᠷᠡᠴᠢᠯᠡᠯᠲᠡ ᠨᠡᠭᠡᠭᠡᠯᠲᠡ ᠶᠢᠨ ᠲᠡᠦᠬᠡ᠂ ᠨᠡᠶᠢᠭᠡᠮ ᠵᠢᠷᠤᠮ ᠤᠨ ᠬᠥᠭᠵᠢᠯᠲᠡ ᠶᠢᠨ ᠲᠡᠦᠬᠡ ᠶᠢᠨ ᠤᠬᠠᠭᠤᠯᠭ᠎ᠠ ᠬᠥᠮᠦᠵᠢᠯ ᠢ ᠦᠷᠭᠦᠯᠵᠢᠯᠡᠨ ᠰᠠᠶᠢᠲᠤᠷ ᠠᠳᠬᠤᠵᠤ | ᠂ ᠠᠷᠠᠳ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠲᠡᠦᠬᠡ ᠪᠠᠨ ᠮᠡᠳᠡᠵᠦ ᠨᠠᠮ ᠢᠶᠠᠨ ᠬᠠᠶᠢᠷᠠᠯᠠᠬᠤ᠂ ᠲᠡᠦᠬᠡ ᠪᠠᠨ ᠮᠡᠳᠡᠵᠦ ᠤᠯᠤᠰ ᠢᠶᠠᠨ ᠬᠠᠶᠢᠷᠠᠯᠠᠬᠤ ᠶᠢ | ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠮᠲᠤ ᠶᠢᠨ ᠬᠦᠰᠡᠯᠡᠩ ᠢ ᠲᠠᠰᠤᠷᠠᠯᠲᠠ ᠦᠭᠡᠢ ᠪᠠᠲᠤᠳᠬᠠᠨ᠎ᠠ᠃ ᠨᠡᠶᠢᠭᠡᠮ | ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠪᠠᠷ ᠰᠦᠭ ᠰᠦᠨᠡᠰᠦ ᠶᠢ ᠱᠤᠭᠤᠵᠤ ᠬᠥᠮᠥᠨ ᠢ ᠬᠥᠮᠥᠵᠢᠭᠦᠯᠵᠦ᠂ ᠦᠵᠡᠯ ᠰᠠᠨᠠᠭ᠎ᠠ ᠤᠯᠤᠰ ᠲᠦᠷᠦ ᠶᠢᠨ | ᠠᠵᠢᠯ ᠤᠨ ᠰᠢᠰᠲ᠋ᠧᠮ ᠢ ᠲᠡᠭᠦᠯᠳᠡᠷᠵᠢᠭᠦᠯᠦᠨ᠂ ᠶᠡᠭᠡ ᠳᠡᠭᠡᠳᠦ ᠰᠤᠷᠭᠠᠭᠤᠯᠢ ᠪᠣᠯᠣᠨ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ | ᠬᠥᠮᠦᠵᠢᠯ ᠢ ᠨᠢᠭᠡ ᠴᠣᠭᠴᠠᠵᠢᠭᠤᠯᠬᠤ ᠪᠠᠶᠢᠭᠤᠯᠤᠯᠲᠠ ᠶᠢ ᠠᠬᠢᠭᠤᠯᠤᠨ᠎ᠠ᠃ ᠬᠠᠤᠯᠢ ᠪᠠᠷ ᠤᠯᠤᠰ ᠢ ᠵᠠᠰᠠᠬᠤ ᠪᠠ ᠶᠣᠰᠣ ᠰᠤᠷᠲᠠᠬᠤᠨ ᠢᠶᠠᠷ ᠤᠯᠤᠰ ᠢ ᠵᠠᠰᠠᠬᠤ ᠶᠢ | ᠤᠶᠠᠯᠳᠤᠭᠤᠯᠬᠤ ᠶᠢ ᠪᠠᠷᠢᠮᠲᠠᠯᠠᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠬᠠᠤᠯᠢᠵᠢᠯ ᠤᠨ ᠪᠠᠶᠢᠭᠤᠯᠤᠯᠲᠠ ᠳᠤ ᠠᠭᠤᠰᠬᠠᠨ᠂ ᠨᠡᠶᠢᠭᠡᠮ | ᠤᠨ ᠬᠥᠭᠵᠢᠯᠲᠡ ᠳᠤ ᠠᠭᠤᠰᠬᠠᠵᠤ᠂ ᠡᠳᠦᠷ ᠲᠤᠳᠤᠮ ᠤᠨ ᠠᠮᠢᠳᠤᠷᠠᠯ ᠳᠤ ᠠᠭᠤᠰᠬᠠᠨ᠎ᠠ᠃ | ︵ᠭᠤᠷᠪᠠ︶ ᠪᠦᠭᠦ ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠠᠷᠠᠳ ᠢᠷᠭᠡᠨ ᠤ ᠶᠣᠰᠣ ᠰᠤᠷᠲᠠᠬᠤᠨ ᠤ ᠪᠠᠶᠢᠭᠤᠯᠤᠯᠲᠠ ᠶᠢᠨ | ᠢᠨᠵᠧᠨᠧᠷᠢᠩ ᠢ ᠬᠡᠷᠡᠭᠵᠢᠭᠦᠯᠵᠦ᠂ ᠳᠤᠮᠳᠠᠳᠤ ᠶᠢᠨ ᠤᠯᠠᠮᠵᠢᠯᠠᠯᠲᠤ ᠰᠠᠶᠢᠬᠠᠨ ᠶᠣᠰᠣ ᠰᠤᠷᠲᠠᠬᠤᠨ ᠢ ᠪᠠᠳᠠᠷᠠᠭᠤᠯᠤᠨ᠂ ᠭᠡᠷ ᠪᠦᠯᠢ ᠶᠢᠨ ᠭᠡᠷ ᠤᠨ ᠰᠤᠷᠭᠠᠯ ᠭᠡᠷ ᠤᠨ | ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠨᠠᠰᠤᠨ ᠳᠤ ᠦᠯᠦ ᠭᠦᠷᠦᠭᠰᠡᠳ ᠤᠨ ᠦᠵᠡᠯ ᠰᠠᠨᠠᠭ᠎ᠠ ᠶᠣᠰᠣ ᠰᠤᠷᠲᠠᠬᠤᠨ ᠤ ᠪᠠᠶᠢᠭᠤᠯᠤᠯᠲᠠ ᠶᠢ | ᠴᠢᠩᠭᠠᠳᠬᠠᠨ ᠰᠠᠶᠢᠵᠢᠷᠠᠭᠤᠯᠵᠤ᠂ ᠶᠡᠭᠡ ᠶᠣᠰᠣ ᠶᠢ ᠮᠡᠳᠡᠭᠦ᠂ ᠨᠡᠶᠢᠲᠡ ᠶᠢᠨ ᠶᠣᠰᠣ ᠶᠢ ᠰᠠᠬᠢᠬᠤ᠂ ᠬᠤᠪᠢ ᠶᠢᠨ ᠶᠣᠰᠣ ᠶᠢ ᠴᠢᠩᠳᠠᠯᠠᠬᠤ ᠶᠢ ᠠᠬᠢᠭᠤᠯᠵᠤ᠂ ᠠᠷᠠᠳ | ᠲᠦᠮᠡᠨ ᠤ ᠶᠣᠰᠣ ᠰᠤᠷᠲᠠᠬᠤᠨ ᠤ ᠲᠦᠪᠰᠢᠨ ᠪᠣᠯᠣᠨ ᠪᠣᠯᠪᠠᠰᠤᠨ ᠤ ᠬᠡᠪ ᠪᠣᠯᠪᠠᠰᠤᠷᠠᠯ ᠢ ᠳᠡᠭᠡᠭᠰᠢᠯᠡᠭᠦᠯᠦᠨ᠎ᠡ᠃ ᠪᠣᠯᠪᠠᠰᠤᠨ ᠢ ᠬᠥᠮᠥᠵᠢᠭᠦᠯᠬᠦ᠂ ᠪᠣᠯᠪᠠᠰᠤᠨ ᠢ | ᠦᠢᠯᠡᠳᠦᠯᠭᠡᠵᠢᠭᠦᠯᠬᠦ᠂ ᠪᠣᠯᠪᠠᠰᠤᠨ ᠢ ᠡᠭᠦᠳᠦᠨ ᠪᠠᠶᠢᠭᠤᠯᠬᠤ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠬᠤᠳᠠ ᠬᠥᠳᠡᠭᠡ ᠶᠢᠨ ᠤᠶᠤᠨ ᠤ ᠪᠣᠯᠪᠠᠰᠤᠨ ᠤ | ᠪᠠᠶᠢᠭᠤᠯᠤᠯᠲᠠ ᠶᠢᠨ ᠠᠭᠤᠰᠤᠯᠴᠠᠨ ᠭᠦᠭᠵᠢᠭᠦ ᠶᠢ ᠠᠬᠢᠭᠤᠯᠵᠤ᠂ ᠪᠦᠭᠦ ᠨᠡᠶᠢᠭᠡᠮ ᠳᠤ ᠭᠦᠳᠡᠯᠮᠦᠷᠢ ᠶᠢᠨ ᠵᠣᠷᠢᠭ ᠰᠠᠨᠠᠭ᠎ᠠ᠂ ᠲᠡᠮᠡᠴᠡᠯ ᠤᠨ ᠵᠣᠷᠢᠭ ᠰᠠᠨᠠᠭ᠎ᠠ᠂ | ᠭᠤᠶᠠᠴᠢ ᠦᠭᠡᠢ ᠵᠢᠳᠭᠦᠭᠦ ᠵᠣᠷᠢᠭ ᠰᠠᠨᠠᠭ᠎ᠠ᠂ ᠡᠭᠦᠳᠦᠨ ᠪᠦᠲᠦᠭᠡᠬᠦ ᠵᠣᠷᠢᠭ ᠰᠠᠨᠠᠭ᠎ᠠ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠵᠣᠷᠢᠭ ᠰᠠᠨᠠᠭ᠎ᠠ ᠶᠢ | ᠪᠠᠳᠠᠷᠠᠭᠤᠯᠵᠤ᠂ ᠴᠠᠭ ᠦᠶ᠎ᠡ ᠶᠢᠨ ᠰᠢᠨ᠎ᠡ ᠬᠡᠪ ᠰᠤᠷᠲᠠᠯ ᠰᠢᠨ᠎ᠡ ᠳᠦᠷᠰᠦ ᠪᠠᠶᠢᠳᠠᠯ ᠢ ᠪᠤᠢ ᠪᠣᠯᠭᠠᠨ᠎ᠠ᠃ ᠤᠯᠤᠰ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ | ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠦᠭᠦ ᠠᠷᠠᠳ ᠤᠨ ᠨᠣᠮ ᠤᠩᠰᠢᠬᠤ ᠠᠵᠢᠯᠯᠠᠭ᠎ᠠ ᠶᠢ ᠭᠦᠨᠵᠡᠭᠡᠶᠢᠷᠡᠭᠦᠯᠦᠨ᠎ᠡ᠃ ᠰᠠᠶᠢᠨ ᠳᠤᠷ᠎ᠠ ᠶᠢᠨ | ᠦᠢᠯᠡᠴᠢᠯᠡᠭᠡᠨ ᠤ ᠳᠦᠷᠢᠮ ᠪᠣᠯᠣᠨ ᠠᠵᠢᠯ ᠤᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠦᠨᠡᠨᠴᠢ ᠢᠲᠡᠭᠡᠮᠵᠢ ᠶᠢᠨ ᠰᠣᠶᠣᠯ ᠢ ᠪᠠᠳᠠᠷᠠᠭᠤᠯᠵᠤ᠂ ᠦᠨᠡᠨᠴᠢ ᠢᠲᠡᠭᠡᠮᠵᠢ | ᠶᠢᠨ ᠪᠠᠶᠢᠭᠤᠯᠤᠯᠲᠠ ᠶᠢᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠭᠦᠯᠦᠨ᠎ᠡ᠃ ᠨᠠᠮ ᠪᠠ ᠤᠯᠤᠰ ᠤᠨ ᠭᠠᠪᠢᠶ᠎ᠠ ᠵᠢᠳᠬᠦᠯ ᠢᠷᠠᠭᠤ ᠠᠯᠳᠠᠷ | ᠢ ᠬᠥᠬᠢᠭᠦᠯᠦᠨ ᠰᠠᠶᠢᠰᠢᠶᠠᠬᠤ ᠵᠣᠷᠢᠭ ᠰᠠᠨᠠᠭᠠᠨ ᠤ ᠬᠥᠲᠥᠯᠥᠨ ᠳᠠᠭᠠᠭᠤᠯᠬᠤ᠂ ᠨᠡᠶᠢᠲᠡᠯᠢᠭ ᠵᠢᠱᠢᠶ᠎ᠡ ᠦᠵᠡᠭᠦᠯᠭᠦ ᠦᠢᠯᠡᠳᠦᠯ ᠢ ᠪᠠᠳᠠᠷᠠᠭᠤᠯᠵᠤ᠂ ᠪᠦᠭᠦ ᠨᠡᠶᠢᠭᠡᠮ ᠢᠶᠠᠷ | ᠢᠶᠠᠨ ᠡᠷᠳᠡᠮᠲᠡᠨ ᠮᠡᠷᠭᠡᠳ ᠠᠴᠠ ᠲᠠᠭᠠᠨ ᠰᠤᠷᠤᠯᠴᠠᠬᠤ᠂ ᠪᠠᠭᠠᠲᠤᠷᠴᠤᠳ ᠢ ᠳᠡᠭᠡᠳᠦᠯᠡᠬᠦ᠂ ᠬᠤᠰᠢᠭᠤᠴᠢ ᠪᠤᠯᠬᠤ ᠪᠠᠷ ᠴᠢᠷᠮᠠᠶᠢᠬᠤ ᠶᠢ ᠠᠬᠢᠭᠤᠯᠤᠨ᠎ᠠ᠃ | ︵ᠳᠥᠷᠪᠡ︶ ᠰᠣᠶᠣᠯ ᠤᠨ ᠦᠢᠯᠡᠰ ᠪᠠ ᠰᠣᠶᠣᠯ ᠤᠨ ᠠᠵᠤ ᠦᠢᠯᠡᠰ ᠢ ᠴᠡᠴᠡᠭᠯᠡᠭᠦᠯᠦᠨ ᠬᠥᠭᠵᠢᠭᠦᠯᠦᠨ᠎ᠡ᠃ ᠠᠷᠠᠳ ᠲᠦᠮᠡᠨ ᠢᠶᠠᠷ ᠭᠤᠣᠯ ᠪᠤᠯᠭᠠᠬᠰᠠᠨ | ᠵᠣᠬᠢᠶᠠᠨ ᠪᠦᠲᠦᠭᠡᠬᠦ ᠤᠳᠤᠷᠢᠳᠤᠮᠵᠢ ᠶᠢ ᠪᠠᠷᠢᠮᠲᠠᠯᠠᠨ᠂ ᠠᠷᠠᠳ ᠲᠦᠮᠡᠨ ᠤ ᠤᠶᠤᠨ ᠰᠠᠨᠠᠭᠠᠨ ᠤ ᠬᠦᠴᠦᠨ ᠴᠢᠳᠠᠯ ᠢ ᠨᠡᠮᠡᠭᠳᠡᠭᠦᠯᠬᠦ ᠰᠢᠯᠢᠳᠡᠭ ᠪᠦᠲᠦᠭᠡᠯ ᠢ ᠨᠡᠩ | ᠤᠯᠠᠨ ᠭᠠᠷᠭᠠᠵᠤ᠂ ᠮᠣᠷᠠᠯ ᠡᠷᠳᠡᠮ ᠬᠤᠣᠰᠯᠠᠭᠰᠠᠨ ᠦᠯᠡᠮᠵᠢ ᠤᠯᠠᠨ ᠤᠳᠬ᠎ᠠ ᠵᠣᠬᠢᠶᠠᠯᠴᠢ ᠤᠷᠠᠯᠢᠭᠴᠢᠳ ᠪᠣᠯᠣᠨ ᠬᠡᠪᠴᠢᠶ᠎ᠡ ᠪᠠᠷ ᠠᠤᠭ᠎ᠠ ᠶᠡᠭᠡ ᠰᠣᠶᠣᠯ ᠤᠷᠠᠯᠢᠭ | ᠤᠨ ᠴᠢᠳᠠᠪᠤᠷᠢᠲᠠᠨ ᠤ ᠡᠩᠨᠡᠭᠡ ᠶᠢ ᠬᠥᠮᠥᠵᠢᠭᠦᠯᠦᠨ ᠪᠣᠶᠢᠵᠢᠭᠤᠯᠤᠨ᠎ᠠ᠃ ᠨᠡᠶᠢᠭᠡᠮ ᠤᠨ ᠦᠷ᠎ᠡ ᠠᠰᠢᠭ ᠢ ᠲᠡᠷᠢᠭᠦᠨ ᠪᠠᠶᠢᠷᠢᠨ ᠳᠤ ᠲᠠᠯᠪᠢᠬᠤ᠂ ᠨᠡᠶᠢᠭᠡᠮ ᠤᠨ ᠦᠷ᠎ᠡ | ᠠᠰᠢᠭ ᠪᠣᠯᠣᠨ ᠠᠵᠤ ᠠᠬᠤᠢ ᠶᠢᠨ ᠦᠷ᠎ᠡ ᠠᠰᠢᠭ ᠢ ᠨᠢᠭᠡᠳᠬᠡᠬᠦ ᠶᠢ ᠪᠠᠷᠢᠮᠲᠠᠯᠠᠵᠤ᠂ ᠰᠣᠶᠣᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ | ᠰᠣᠶᠣᠯ ᠤᠨ ᠠᠵᠤ ᠠᠬᠤᠢ ᠶᠢᠨ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ ᠤᠯᠤᠰ ᠤᠨ ᠰᠣᠶᠣᠯ ᠤᠨ ᠲᠤᠭᠠᠴᠢᠯᠠᠭᠤᠯᠤᠯᠳᠠ ᠶᠢᠨ ᠪᠠᠶᠢᠯᠳᠤᠬᠤ | ᠪᠣᠳᠣᠯᠭ᠎ᠠ ᠶᠢ ᠬᠡᠷᠡᠭᠵᠢᠭᠦᠯᠵᠦ᠂ ᠤᠳᠤ ᠦᠶ᠎ᠡ ᠶᠢᠨ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠦᠨ᠂ ᠰᠣᠶᠣᠯ ᠢᠶᠠᠷ ᠠᠷᠠᠳ | ᠲᠤ ᠠᠰᠢᠭ ᠬᠦᠷᠲᠡᠭᠡᠬᠦ ᠢᠨᠵᠧᠨᠧᠷᠢᠩ ᠢ ᠰᠢᠨ᠎ᠡ ᠶᠢ ᠡᠭᠦᠳᠦᠨ ᠬᠡᠷᠡᠭᠵᠢᠭᠦᠯᠦᠨ᠎ᠡ᠃ ᠤᠳᠤ ᠦᠶ᠎ᠡ ᠶᠢᠨ ᠰᠣᠶᠣᠯ ᠤᠨ ᠠᠵᠤ ᠦᠢᠯᠡᠰ ᠤᠨ ᠰᠢᠰᠲ᠋ᠧᠮ ᠪᠣᠯᠣᠨ ᠵᠠᠬ᠎ᠠ | ᠳᠡᠯᠭᠡᠭᠦᠷ ᠤᠨ ᠰᠢᠰᠲ᠋ᠧᠮ ᠢ ᠪᠦᠷᠢᠨᠰᠢᠭᠦᠯᠵᠦ᠂ ᠴᠢᠬᠤᠯᠠ ᠶᠡᠭᠡ ᠰᠣᠶᠣᠯ ᠤᠨ ᠠᠵᠤ ᠦᠢᠯᠡᠰ ᠤᠨ ᠲᠦᠷᠦᠯ ᠵᠦᠢᠯ ᠢᠶᠠᠷ ᠳᠠᠶᠢᠴᠢᠯᠠᠬᠤ ᠪᠠᠶᠢᠯᠳᠤᠬᠤ ᠪᠣᠳᠣᠯᠭ᠎ᠠ ᠶᠢ | ᠬᠡᠷᠡᠭᠵᠢᠭᠦᠯᠦᠨ᠎ᠡ᠃ ᠲᠡᠦᠬᠡ ᠶᠢᠨ ᠳᠤᠷᠠᠰᠬᠠᠯᠲᠤ ᠵᠦᠢᠯᠡᠰ ᠪᠠ ᠰᠣᠶᠣᠯ ᠤᠨ ᠥᠪ ᠢ ᠬᠠᠮᠠᠭᠠᠯᠠᠬᠤ ᠡᠷᠴᠢᠮ ᠢ ᠴᠢᠩᠭᠠᠷᠠᠭᠤᠯᠵᠤ᠂ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠳᠤᠮᠳᠠ ᠲᠡᠦᠬᠡ ᠰᠣᠶᠣᠯ ᠢ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠬᠤ ᠶᠢ ᠴᠢᠩᠭᠠᠳᠬᠠᠵᠤ᠂ ᠤᠯᠤᠰ ᠤᠨ ᠰᠣᠶᠣᠯ ᠤᠨ ᠴᠡᠴᠡᠷᠯᠢᠭ ᠢ ᠰᠠᠶᠢᠲᠤᠷ | ᠪᠠᠶᠢᠭᠤᠯᠵᠤ ᠰᠠᠶᠢᠲᠤᠷ ᠬᠡᠷᠡᠭᠯᠡᠨ᠎ᠡ᠃ ᠰᠣᠶᠣᠯ ᠢᠶᠠᠷ ᠵᠢᠭᠤᠯᠴᠢᠯᠠᠯ ᠢ ᠱᠤᠭᠤᠬᠤ᠂ ᠵᠢᠭᠤᠯᠴᠢᠯᠠᠯ ᠢᠶᠠᠷ ᠰᠣᠶᠣᠯ ᠢ ᠢᠯᠡᠷᠡᠭᠦᠯᠭᠦ ᠶᠢ ᠪᠠᠷᠢᠮᠲᠠᠯᠠᠵᠤ᠂ ᠰᠣᠶᠣᠯ ᠪᠠ | ᠵᠢᠭᠤᠯᠴᠢᠯᠠᠯ ᠤᠨ ᠭᠦᠨᠵᠡᠭᠡᠢ ᠠᠭᠤᠰᠤᠯᠴᠠᠨ ᠭᠦᠭᠵᠢᠭᠦ ᠶᠢ ᠠᠬᠢᠭᠤᠯᠤᠨ᠎ᠠ᠃ ᠪᠦᠭᠦ ᠠᠷᠠᠳ ᠤᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠠᠵᠢᠯᠯᠠᠭ᠎ᠠ ᠶᠢ | ᠥᠷᠭᠡᠨ ᠳᠡᠯᠭᠡᠷ ᠥᠷᠨᠢᠭᠦᠯᠵᠦ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠠᠵᠢᠯ ᠢ ᠴᠢᠩᠭᠠᠳᠬᠠᠨ᠂ ᠤᠯᠠᠨ ᠲᠦᠮᠡᠨ ᠤ ᠪᠡᠶ᠎ᠡ ᠶᠢᠨ ᠲᠠᠮᠢᠷ ᠪᠣᠯᠣᠨ | ᠥᠷᠢᠰᠦᠯᠳᠦᠭᠡᠨ ᠤ ᠪᠡᠶ᠎ᠡ ᠶᠢᠨ ᠲᠠᠮᠢᠷ ᠤᠨ ᠪᠦᠭᠦ ᠲᠠᠯ᠎ᠠ ᠶᠢᠨ ᠬᠥᠭᠵᠢᠯᠲᠡ ᠶᠢ ᠠᠬᠢᠭᠤᠯᠵᠤ᠂ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠢ ᠲᠦᠷᠭᠡᠳᠬᠡᠨ | ᠪᠦᠲᠦᠭᠡᠨ ᠪᠠᠶᠢᠭᠤᠯᠤᠨ᠎ᠠ᠃ | ︵ᠲᠠᠪᠤ︶ ᠳᠤᠮᠳᠠᠳᠤ ᠶᠢᠨ ᠪᠣᠯᠪᠠᠰᠤᠨ ᠤ ᠳᠠᠮᠵᠢᠭᠤᠯᠭ᠎ᠠ ᠶᠢᠨ ᠬᠦᠴᠦᠨ ᠪᠠ ᠨᠥᠯᠥᠭᠡᠯᠡᠬᠦ ᠬᠦᠴᠦᠨ ᠢ ᠴᠢᠩᠭᠠᠷᠠᠭᠤᠯᠤᠨ᠎ᠠ᠃ ᠳᠤᠮᠳᠠᠳᠤ ᠶᠢᠨ ᠰᠣᠶᠣᠯ ᠤᠨ | ᠵᠣᠭᠰᠣᠯᠲᠠ ᠶᠢ ᠪᠠᠲᠤ ᠰᠠᠬᠢᠵᠤ᠂ ᠳᠤᠮᠳᠠᠳᠤ ᠶᠢᠨ ᠪᠣᠯᠪᠠᠰᠤᠨ ᠤ ᠤᠶᠤᠨ ᠰᠠᠨᠠᠭᠠᠨ ᠤ ᠪᠡᠯᠭᠡ ᠲᠡᠮᠳᠡᠭ ᠪᠣᠯᠣᠨ ᠰᠣᠶᠣᠯ ᠤᠨ ᠤᠭᠢ ᠰᠣᠳᠣ ᠶᠢ ᠪᠣᠯᠪᠠᠰᠤᠷᠠᠭᠤᠯᠤᠨ | ᠳᠡᠯᠭᠡᠨ ᠦᠵᠡᠭᠦᠯᠵᠦ᠂ ᠳᠤᠮᠳᠠᠳᠤ ᠤᠯᠤᠰ ᠤᠨ ᠦᠭᠡ ᠭᠡᠯᠡᠭᠦ ᠪᠠ ᠦᠭᠦᠯᠡᠭᠦ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠳᠤᠮᠳᠠᠳᠤ ᠤᠯᠤᠰ ᠤᠨ ᠦᠯᠢᠭᠡᠷ ᠢ | ᠰᠠᠶᠢᠲᠤᠷ ᠶᠠᠷᠢᠵᠤ᠂ ᠳᠤᠮᠳᠠᠳᠤ ᠤᠯᠤᠰ ᠤᠨ ᠲᠠᠭᠤᠨ ᠢ ᠰᠠᠶᠢᠲᠤᠷ ᠳᠠᠮᠵᠢᠭᠤᠯᠤᠨ᠂ ᠢᠲᠡᠭᠡᠭᠦᠰᠢᠲᠡᠢ᠂ ᠬᠠᠶᠢᠷᠠᠯᠠᠭᠤᠰᠢᠲᠠᠢ᠂ ᠬᠦᠨᠳᠦᠳᠬᠡᠭᠦᠰᠢᠲᠡᠢ ᠳᠤᠮᠳᠠᠳᠤ | ᠤᠯᠤᠰ ᠤᠨ ᠳᠦᠷᠢ ᠲᠥᠷᠬᠦ ᠶᠢ ᠬᠠᠷᠠᠭᠤᠯᠤᠨ᠎ᠠ᠃ ᠤᠯᠠᠨ ᠤᠯᠤᠰ ᠤᠨ ᠳᠠᠮᠵᠢᠭᠤᠯᠭ᠎ᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ ᠤᠯᠠᠨ ᠤᠯᠤᠰ | ᠤᠨ ᠳᠠᠮᠵᠢᠭᠤᠯᠭ᠎ᠠ ᠶᠢᠨ ᠦᠢᠯᠡᠳᠦᠯ ᠴᠢᠳᠠᠪᠤᠷᠢ ᠶᠢ ᠪᠦᠭᠦ ᠲᠠᠯ᠎ᠠ ᠪᠠᠷ ᠳᠡᠭᠡᠭᠰᠢᠯᠡᠭᠦᠯᠵᠦ᠂ ᠮᠠᠨ ᠤ ᠤᠯᠤᠰ ᠤᠨ ᠤᠯᠤᠰ ᠤᠨ ᠶᠡᠷᠦᠩᠬᠡᠢ ᠬᠦᠴᠦᠨ ᠪᠣᠯᠣᠨ ᠳᠡᠯᠡᠬᠡᠢ | ᠶᠢᠨ ᠪᠠᠶᠢᠷᠢ ᠰᠠᠭᠤᠷᠢ ᠯᠤᠭ᠎ᠠ ᠵᠣᠬᠢᠴᠠᠭᠰᠠᠨ ᠳᠡᠯᠡᠬᠡᠢ ᠳᠡᠭᠡᠷᠡᠬᠢ ᠦᠭᠡ ᠭᠡᠯᠡᠭᠦ ᠡᠷᠬᠡ ᠶᠢ ᠪᠤᠢ ᠪᠣᠯᠭᠠᠨ᠎ᠠ᠃ ᠪᠣᠯᠪᠠᠰᠤᠨ ᠤ ᠰᠣᠯᠢᠯᠴᠠᠭ᠎ᠠ ᠲᠣᠯᠢᠳᠠᠯ ᠢ | ᠭᠦᠨᠵᠡᠭᠡᠶᠢᠷᠡᠭᠦᠯᠵᠦ᠂ ᠳᠤᠮᠳᠠᠳᠤ ᠶᠢᠨ ᠰᠣᠶᠣᠯ ᠤᠨ ᠨᠡᠩ ᠰᠠᠶᠢᠨ ᠢᠶᠠᠷ ᠳᠡᠯᠡᠬᠡᠢ ᠳ᠋ᠠᠬᠢᠨ ᠳᠤ ᠬᠠᠨᠳᠤᠬᠤ ᠶᠢ ᠠᠬᠢᠭᠤᠯᠤᠨ᠎ᠠ᠃ | ᠶᠢᠰᠦ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠵᠦ᠂ ᠠᠷᠠᠳ ᠤᠨ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠦᠨ᠎ᠡ | ᠲᠥᠷᠥ ᠭᠦᠷᠦᠨ ᠪᠣᠯ ᠠᠷᠠᠳ ᠲᠦᠮᠡᠨ ᠮᠥᠨ᠂ ᠠᠷᠠᠳ ᠲᠦᠮᠡᠨ ᠪᠣᠯ ᠲᠥᠷᠥ ᠭᠦᠷᠦᠨ ᠮᠥᠨ᠃ ᠳᠤᠮᠳᠠᠳᠤ ᠤᠯᠤᠰ ᠤᠨ ᠡᠪ ᠬᠠᠮᠲᠤ ᠨᠠᠮ ᠠᠷᠠᠳ | ᠲᠦᠮᠡᠨ ᠢ ᠤᠳᠤᠷᠢᠳᠤᠨ ᠲᠦᠷᠦ ᠭᠦᠷᠤᠨ ᠢ ᠪᠠᠶᠢᠭᠤᠯᠵᠤ ᠲᠦᠷᠦ ᠭᠦᠷᠤᠨ ᠢᠶᠠᠨ ᠰᠠᠬᠢᠬᠤ ᠳᠤ᠂ ᠰᠠᠬᠢᠵᠤ ᠪᠠᠶᠢᠭ᠎ᠠ ᠨᠢ ᠠᠷᠠᠳ ᠲᠦᠮᠡᠨ ᠤ ᠰᠡᠳᠬᠢᠯ ᠶᠤᠮ᠃ | ᠲᠦᠷᠤ ᠶᠢ ᠵᠠᠰᠠᠬᠤ ᠳᠤᠷ ᠲᠣᠭᠲᠠᠭᠰᠠᠨ ᠪᠣᠳᠣᠯᠭ᠎ᠠ ᠠᠮᠣᠢ᠂ ᠠᠷᠠᠳ ᠲᠤ ᠠᠰᠢᠭ ᠬᠦᠷᠲᠡᠭᠡᠬᠦ ᠠᠨᠤ ᠦᠨᠳᠦᠰᠦ ᠪᠤᠯᠠᠢ᠃ ᠠᠷᠠᠳ ᠲᠦᠮᠡᠨ ᠳᠤ ᠪᠤᠶᠠᠨ | ᠦᠢᠯᠡᠳᠭᠦ ᠪᠣᠯ ᠨᠡᠶᠢᠲᠡ ᠶᠢᠨ ᠲᠥᠯᠥᠭᠡ ᠨᠠᠮ ᠪᠠᠶᠢᠭᠤᠯᠵᠤ᠂ ᠠᠷᠠᠳ ᠤᠨ ᠲᠥᠯᠥᠭᠡ ᠲᠦᠷᠦ ᠪᠠᠷᠢᠬᠤ ᠶᠢᠨ ᠮᠥᠨ ᠴᠢᠨᠠᠷ ᠤᠨ ᠱᠠᠭᠠᠷᠳᠠᠯᠭ᠎ᠠ ᠮᠥᠨ᠃ ᠡᠷᠬᠡᠪᠰᠢ | ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠬᠤ ᠪᠠ ᠰᠠᠶᠢᠵᠢᠷᠠᠭᠤᠯᠬᠤ ᠶᠢ ᠪᠠᠷᠢᠮᠲᠠᠯᠠᠵᠤ᠂ ᠬᠠᠮᠲᠤ ᠪᠠᠷ ᠲᠡᠮᠡᠴᠡᠨ ᠰᠠᠶᠢᠨ ᠰᠠᠶᠢᠬᠠᠨ ᠠᠮᠢᠳᠤᠷᠠᠯ ᠢ | ᠴᠣᠭᠴᠠᠯᠠᠬᠤ ᠶᠢ ᠵᠣᠷᠢᠭᠵᠢᠭᠤᠯᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠲᠠᠰᠤᠷᠠᠯᠳᠠ ᠦᠭᠡᠢ ᠪᠡᠶᠡᠯᠡᠭᠦᠯᠦᠨ᠎ᠡ᠃ | ᠪᠢᠳᠡ ᠬᠠᠮᠤᠭ ᠤᠨ ᠥᠷᠭᠡᠨ ᠤᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠰᠠᠶᠢᠲᠤᠷ ᠪᠡᠶᠡᠯᠡᠭᠦᠯᠵᠦ᠂ ᠰᠠᠶᠢᠲᠤᠷ ᠬᠠᠮᠠᠭᠠᠯᠠᠨ᠂ ᠰᠠᠶᠢᠲᠤᠷ | ᠬᠥᠭᠵᠢᠭᠦᠯᠵᠦ᠂ ᠠᠷᠠᠳ ᠲᠦᠮᠡᠨ ᠤ ᠬᠠᠮᠤᠭ ᠠᠴᠠ ᠢᠯᠡᠭᠦᠦ ᠰᠡᠳᠬᠢᠯ ᠲᠠᠯᠪᠢᠵᠤ ᠪᠠᠶᠢᠭ᠎ᠠ᠂ ᠬᠠᠮᠤᠭ ᠤᠨ ᠰᠢᠭᠤᠳ ᠬᠠᠮᠤᠭ ᠤᠨ ᠪᠣᠳᠠᠲᠠᠢ ᠠᠰᠢᠭ ᠲᠤᠰᠠ ᠶᠢᠨ | ᠠᠰᠠᠭᠤᠳᠠᠯ ᠢ ᠴᠢᠩᠭ᠎ᠠ ᠠᠳᠬᠤᠨ᠂ ᠪᠦᠭᠦ ᠬᠦᠴᠦ ᠪᠠᠷ ᠢᠶᠠᠨ ᠴᠢᠷᠮᠠᠶᠢᠬᠤ᠂ ᠴᠢᠳᠠᠯ ᠤᠨ ᠢᠶᠠᠨ ᠬᠢᠷᠢ ᠪᠠᠷ ᠬᠢᠬᠦ ᠶᠢ ᠪᠠᠷᠢᠮᠲᠠᠯᠠᠵᠤ᠂ ᠤᠯᠠᠨ ᠲᠦᠮᠡᠨ ᠤ ᠳᠤᠮᠳᠠ | ᠭᠦᠨᠵᠡᠭᠡᠶᠢᠷᠡᠨ᠂ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ ᠨᠡᠩ | ᠤᠯᠨᠨ ᠠᠷᠭ᠎ᠠ ᠬᠡᠮᠵᠢᠶ᠎ᠡ ᠠᠪᠴᠤ᠂ ᠠᠷᠠᠳ ᠤᠯᠠᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠬᠦᠴᠦᠯᠡᠨ ᠰᠠᠶᠢᠲᠤᠷ | ᠰᠢᠢᠳᠪᠦᠷᠢᠯᠡᠵᠦ᠂ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠦᠨ᠂ ᠤᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ | ᠳᠡᠭᠡᠭᠰᠢᠯᠡᠭᠦᠯᠵᠦ᠂ ᠲᠡᠩᠴᠡᠭᠦᠷᠢᠲᠦ ᠴᠢᠨᠠᠷ ᠪᠠ ᠭᠦᠷᠳᠡᠭᠦᠶᠢᠴᠡ ᠴᠢᠨᠠᠷ ᠢ ᠴᠢᠩᠭᠠᠳᠬᠠᠵᠤ᠂ ᠬᠠᠮᠲᠤ ᠪᠠᠷ ᠴᠢᠨᠡᠭᠡᠯᠢᠭᠵᠢᠬᠦ ᠶᠢ ᠯᠠᠪᠳᠠᠭᠤᠨ ᠪᠠᠲᠤᠲᠠᠢ ᠠᠬᠢᠭᠤᠯᠤᠨ᠎ᠠ᠃ | | ︵ᠨᠢᠭᠡ︶ ᠬᠤᠪᠢᠶᠠᠷᠢᠯᠠᠯᠲᠠ ᠶᠢᠨ ᠳᠦᠷᠢᠮ ᠢ ᠲᠡᠭᠦᠯᠳᠡᠷᠵᠢᠭᠦᠯᠦᠨ᠎ᠡ᠃ ᠬᠤᠪᠢᠶᠠᠷᠢᠯᠠᠯᠲᠠ ᠶᠢᠨ ᠳᠦᠷᠢᠮ ᠪᠣᠯ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ | ᠰᠠᠭᠤᠷᠢ ᠴᠢᠨᠠᠷᠲᠠᠢ ᠳᠦᠷᠢᠮ ᠮᠥᠨ᠃ ᠬᠥᠳᠡᠯᠮᠦᠷᠢᠯᠡᠭᠰᠡᠨ ᠤ ᠬᠢᠨᠢ ᠬᠢᠷᠢ ᠪᠠᠷ ᠬᠤᠪᠢᠶᠠᠷᠢᠯᠠᠬᠤ ᠪᠠᠷ ᠭᠤᠣᠯ ᠴᠣᠭᠴᠠ ᠪᠣᠯᠭᠠᠨ ᠤᠯᠠᠨ ᠲᠦᠷᠤᠯ ᠤᠨ | ᠬᠤᠪᠢᠶᠠᠷᠢᠯᠠᠯᠲᠠ ᠶᠢᠨ ᠠᠷᠭ᠎ᠠ ᠭᠡᠯᠪᠡᠷᠢ ᠶᠢ ᠵᠡᠷᠭᠡ ᠪᠠᠷ ᠬᠡᠷᠡᠭᠯᠡᠬᠦ ᠶᠢ ᠪᠠᠷᠢᠮᠲᠠᠯᠠᠵᠤ᠂ ᠠᠩᠬᠠᠨ ᠤ ᠬᠤᠪᠢᠶᠠᠷᠢᠯᠠᠯᠲᠠ᠂ ᠲᠠᠭᠢᠨ ᠬᠤᠪᠢᠶᠠᠷᠢᠯᠠᠯᠲᠠ᠂ ᠭᠤᠷᠪᠠᠳᠠᠭᠢ | ᠬᠤᠪᠢᠶᠠᠷᠢᠯᠠᠯᠲᠠ ᠶᠢ ᠵᠣᠬᠢᠴᠠᠭᠤᠯᠤᠨ ᠢᠵᠢ ᠪᠦᠷᠢᠳᠦᠭᠦᠯᠬᠦ ᠳᠦᠷᠢᠮ ᠤᠨ ᠰᠢᠰᠲ᠋ᠧᠮ ᠢ ᠪᠠᠶᠢᠭᠤᠯᠤᠨ᠎ᠠ᠃ ᠤᠯᠤᠰ ᠠᠷᠠᠳ ᠤᠨ ᠣᠷᠣᠯᠭ᠎ᠠ ᠶᠢᠨ ᠬᠤᠪᠢᠶᠠᠷᠢᠯᠠᠯᠲᠠ | ᠳᠤ ᠡᠵᠡᠯᠡᠭᠦ ᠰᠠᠭᠤᠭᠠᠯᠢ ᠠᠷᠠᠳ ᠤᠨ ᠣᠷᠣᠯᠭ᠎ᠠ ᠶᠢᠨ ᠬᠤᠪᠢ ᠶᠢᠨ ᠵᠢᠩ ᠢ ᠴᠢᠷᠮᠠᠶᠢᠨ ᠳᠡᠭᠡᠭᠰᠢᠯᠡᠭᠦᠯᠵᠦ᠂ ᠠᠩᠬᠠᠨ ᠤ ᠬᠤᠪᠢᠶᠠᠷᠢᠯᠠᠯᠲᠠ ᠳᠤ ᠡᠵᠡᠯᠡᠭᠦ ᠭᠦᠳᠡᠯᠮᠦᠷᠢ | ᠶᠢᠨ ᠬᠥᠯᠥᠰᠦ ᠣᠯᠭᠤᠮᠵᠢ ᠶᠢᠨ ᠬᠤᠪᠢ ᠶᠢᠨ ᠵᠢᠩ ᠢ ᠳᠡᠭᠡᠭᠰᠢᠯᠡᠭᠦᠯᠦᠨ᠎ᠡ᠃ ᠢᠯᠡᠭᠦᠦ ᠬᠥᠳᠡᠯᠮᠦᠷᠢᠯᠡᠪᠡᠯ ᠢᠯᠡᠭᠦᠦ ᠣᠯᠭᠤᠬᠤ ᠶᠢ ᠪᠠᠷᠢᠮᠲᠠᠯᠠᠨ᠂ ᠠᠵᠢᠯᠴᠢ | ᠭᠦᠳᠡᠯᠮᠦᠷᠢᠴᠢ ᠪᠠᠷ ᠪᠠᠶᠠᠵᠢᠬᠤ ᠶᠢ ᠵᠣᠷᠢᠭᠵᠢᠭᠤᠯᠵᠤ᠂ ᠲᠣᠭᠢᠶᠠᠯ ᠢ ᠲᠥᠪ ᠭᠤᠣᠯᠴᠢ ᠪᠠᠶᠢᠯᠭᠠᠬᠤ ᠶᠢ ᠠᠬᠢᠭᠤᠯᠤᠨ᠂ ᠣᠷᠣᠯᠭ᠎ᠠ ᠪᠠᠭᠠᠲᠠᠢ ᠬᠥᠮᠥᠰ ᠤᠨ ᠣᠷᠣᠯᠭ᠎ᠠ | ᠶᠢ ᠨᠡᠮᠡᠭᠳᠡᠭᠦᠯᠵᠦ᠂ ᠳᠤᠮᠳᠠ ᠵᠡᠷᠭᠡ ᠶᠢᠨ ᠣᠷᠣᠯᠭ᠎ᠠ ᠲᠠᠢ ᠬᠥᠮᠥᠰ ᠤᠨ ᠲᠤᠭ᠎ᠠ ᠶᠢ ᠨᠡᠮᠡᠭᠳᠡᠭᠦᠯᠦᠨ᠎ᠡ᠃ ᠬᠦᠴᠦᠨ ᠵᠦᠢᠯ ᠢᠶᠠᠷ ᠬᠤᠪᠢᠶᠠᠷᠢᠯᠠᠬᠤ ᠲᠥᠷᠥ ᠶᠢᠨ | ᠪᠣᠳᠣᠯᠭ᠎ᠠ ᠶᠢᠨ ᠳᠦᠷᠢᠮ ᠢ ᠲᠡᠭᠦᠯᠳᠡᠷᠵᠢᠭᠦᠯᠵᠦ᠂ ᠳᠤᠮᠳᠠ ᠳᠣᠣᠷ᠎ᠠ ᠣᠷᠣᠯᠭ᠎ᠠ ᠲᠠᠢ ᠣᠯᠠᠨ ᠲᠦᠮᠡᠨ ᠤ ᠬᠦᠴᠦᠨ ᠵᠦᠢᠯ ᠤᠨ ᠣᠷᠣᠯᠭ᠎ᠠ ᠶᠢ ᠣᠯᠠᠨ ᠠᠷᠭ᠎ᠠ ᠵᠠᠮ | ᠢᠶᠠᠷ ᠨᠡᠮᠡᠭᠳᠡᠭᠦᠯᠬᠦ ᠶᠢ ᠬᠠᠶᠢᠨ ᠰᠦᠪᠡᠭᠴᠢᠯᠡᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠳ᠋ ᠬᠥᠷᠥᠩᠭᠡ ᠶᠢᠨ ᠴᠢᠨᠠᠷᠲᠠᠢ ᠣᠷᠣᠯᠭ᠎ᠠ ᠶᠢ ᠣᠯᠠᠨ ᠠᠷᠭ᠎ᠠ | ᠵᠠᠮ ᠢᠶᠠᠷ ᠨᠡᠮᠡᠭᠳᠡᠭᠦᠯᠦᠨ᠎ᠡ᠃ ᠭᠠᠶᠢᠯᠢ ᠲᠠᠲᠠᠪᠤᠷᠢ᠂ ᠨᠡᠶᠢᠭᠡᠮ ᠤᠨ ᠪᠠᠲᠤᠯᠠᠭ᠎ᠠ᠂ ᠰᠢᠯᠵᠢᠭᠦᠯᠦᠨ ᠥᠭᠭᠦ ᠵᠡᠷᠭᠡ ᠶᠢ ᠲᠣᠬᠢᠷᠠᠭᠤᠯᠬᠤ ᠡᠷᠴᠢᠮ ᠢ ᠴᠢᠩᠭᠠᠷᠠᠭᠤᠯᠤᠨ᠎ᠠ᠃ | ᠬᠤᠪᠢ ᠬᠥᠮᠥᠨ ᠤ ᠠᠰᠢᠭ ᠣᠯᠵᠠᠪᠤᠷᠢ ᠶᠢᠨ ᠭᠠᠶᠢᠯᠢ ᠶᠢᠨ ᠳᠦᠷᠢᠮ ᠢ ᠲᠡᠭᠦᠯᠳᠡᠷᠵᠢᠭᠦᠯᠵᠦ᠂ ᠣᠷᠣᠯᠭ᠎ᠠ ᠶᠢᠨ ᠬᠤᠪᠢᠶᠠᠷᠢᠯᠠᠯᠲᠠ ᠶᠢᠨ ᠡᠮᠬᠢ ᠵᠢᠷᠤᠮ ᠢ | ᠵᠢᠷᠤᠮᠵᠢᠭᠤᠯᠤᠨ᠂ ᠡᠳ᠋ ᠪᠠᠶᠠᠯᠢᠭ ᠬᠤᠷᠠᠮᠳᠤᠭᠤᠯᠬᠤ ᠲᠣᠭᠲᠠᠴᠠ ᠶᠢ ᠵᠢᠷᠤᠮᠵᠢᠭᠤᠯᠵᠤ᠂ ᠬᠠᠤᠯᠢ ᠶᠣᠰᠣᠨ ᠤ ᠣᠷᠣᠯᠭ᠎ᠠ ᠶᠢ ᠬᠠᠮᠠᠭᠠᠯᠠᠨ᠂ ᠭᠡᠳᠦ ᠥᠨᠳᠥᠷ ᠣᠷᠣᠯᠭ᠎ᠠ | ᠳᠤ ᠲᠣᠬᠢᠷᠠᠭᠤᠯᠤᠯᠲᠠ ᠬᠢᠵᠦ᠂ ᠬᠠᠤᠯᠢ ᠪᠤᠰᠤ ᠣᠷᠣᠯᠭ᠎ᠠ ᠶᠢ ᠴᠠᠭᠠᠵᠠᠯᠠᠨ᠎ᠠ᠃ ᠬᠦᠰᠡᠯ ᠡᠷᠡᠮᠡᠯᠵᠡᠯ ᠲᠠᠢ ᠪᠥᠭᠡᠳ ᠴᠢᠳᠠᠪᠤᠷᠢ ᠲᠠᠢ ᠠᠵᠤ ᠠᠬᠤᠶᠢᠯᠠᠯ᠂ ᠨᠡᠶᠢᠭᠡᠮ ᠤᠨ | ᠵᠣᠬᠢᠶᠠᠨ ᠪᠠᠶᠢᠭᠤᠯᠤᠯᠲᠠ ᠪᠠ ᠬᠤᠪᠢ ᠬᠥᠮᠥᠨ ᠤ ᠨᠡᠶᠢᠲᠡ ᠶᠢᠨ ᠠᠰᠠᠷᠠᠮᠵᠢ ᠨᠢᠭᠦᠯᠡᠰᠦᠩᠭᠦᠢ ᠶᠢᠨ ᠦᠢᠯᠡᠰ ᠲᠤ ᠢᠳᠡᠪᠬᠢᠲᠡᠢ ᠣᠷᠤᠯᠴᠠᠬᠤ ᠶᠢ ᠬᠥᠲᠥᠯᠥᠨ | ᠵᠢᠯᠤᠭᠤᠳᠴᠤ ᠳᠡᠮᠵᠢᠨ᠎ᠡ᠃ | ︵ᠬᠤᠶᠠᠷ︶ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠨ᠎ᠡ᠃ ᠠᠵᠢᠯ ᠣᠯᠭᠤᠯᠲᠠ ᠪᠣᠯ ᠬᠠᠮᠤᠭ ᠤᠨ | ᠦᠨᠳᠦᠰᠦᠨ ᠠᠷᠠᠳ ᠤᠨ ᠠᠮᠢᠳᠤᠷᠠᠯ ᠮᠥᠨ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠥᠷᠥ ᠶᠢᠨ ᠪᠣᠳᠣᠯᠭ᠎ᠠ ᠶᠢ ᠴᠢᠩᠭᠠᠳᠬᠠᠨ᠂ ᠠᠵᠢᠯ ᠣᠯᠭᠤᠯᠲᠠ | ᠶᠢ ᠠᠬᠢᠭᠤᠯᠬᠤ ᠲᠣᠭᠲᠠᠴᠠ ᠶᠢ ᠪᠦᠷᠢᠨᠰᠢᠭᠦᠯᠵᠦ᠂ ᠴᠢᠨᠠᠷ ᠰᠠᠶᠢᠲᠠᠢ ᠪᠥᠭᠡᠳ ᠭᠦᠢᠴᠡᠳ ᠠᠵᠢᠯ ᠣᠯᠭᠤᠯᠲᠠ ᠶᠢ ᠠᠬᠢᠭᠤᠯᠤᠨ᠎ᠠ᠃ ᠠᠵᠢᠯ ᠣᠯᠭᠤᠯᠲᠠ ᠶᠢᠨ ᠤᠯᠠᠨ | ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠵᠦ᠂ ᠭᠤᠣᠯᠳᠠᠯᠭ᠎ᠠ ᠲᠠᠢ ᠬᠥᠮᠥᠰ ᠤᠨ ᠠᠵᠢᠯ ᠣᠯᠭᠤᠯᠲᠠ ᠶᠢ ᠳᠡᠮᠵᠢᠭᠦ ᠰᠢᠰᠲ᠋ᠧᠮ ᠢ | ᠲᠡᠭᠦᠯᠳᠡᠷᠵᠢᠭᠦᠯᠦᠨ᠂ ᠬᠦᠴᠢᠷᠳᠡᠯ ᠲᠠᠢ ᠬᠥᠮᠥᠰ ᠤᠨ ᠠᠵᠢᠯ ᠣᠯᠭᠤᠯᠲᠠ ᠳᠤ ᠦᠨᠳᠦᠰᠦᠨ ᠵᠦᠢᠯ ᠢ ᠨᠢ ᠪᠠᠲᠤᠯᠠᠵᠤ ᠬᠠᠪᠰᠤᠷᠤᠨ ᠲᠡᠳᠭᠦᠭᠦ ᠶᠢ ᠴᠢᠩᠭᠠᠳᠬᠠᠨ᠎ᠠ᠃ | ᠬᠤᠳᠠ ᠬᠥᠳᠡᠭᠡ ᠶᠢᠨ ᠠᠵᠢᠯ ᠣᠯᠭᠤᠯᠲᠠ ᠶᠢᠨ ᠲᠦᠷᠦ ᠶᠢᠨ ᠪᠣᠳᠣᠯᠭ᠎ᠠ ᠶᠢᠨ ᠰᠢᠰᠲ᠋ᠧᠮ ᠢ ᠨᠢᠭᠡᠳᠦᠯᠲᠡᠢ ᠲᠥᠯᠥᠪᠯᠡᠵᠦ᠂ ᠭᠦᠳᠡᠯᠮᠦᠷᠢ ᠬᠦᠴᠦ ᠪᠣᠯᠣᠨ | ᠴᠢᠳᠠᠪᠤᠷᠢᠲᠠᠨ ᠤ ᠰᠢᠯᠵᠢᠯᠲᠡ ᠶᠢ ᠬᠠᠷᠰᠢᠯᠠᠵᠤ ᠪᠠᠶᠢᠭ᠎ᠠ ᠪᠠᠶᠢᠭᠤᠯᠤᠮᠵᠢ ᠪᠠ ᠲᠦᠷᠦ ᠶᠢᠨ ᠪᠣᠳᠣᠯᠭ᠎ᠠ ᠶᠢᠨ ᠭᠡᠮ ᠰᠣᠭᠤᠭ ᠢ ᠠᠷᠢᠯᠭᠠᠨ᠂ ᠡᠷᠬᠡ ᠲᠡᠭᠰᠢ ᠠᠵᠢᠯ | ᠣᠯᠭᠤᠯᠲᠠ ᠶᠢ ᠨᠥᠯᠥᠭᠡᠯᠡᠵᠦ ᠪᠠᠶᠢᠭ᠎ᠠ ᠵᠦᠢ ᠵᠣᠬᠢᠰ ᠦᠭᠡᠢ ᠬᠢᠵᠠᠭᠠᠷᠯᠠᠯ ᠪᠣᠯᠣᠨ ᠠᠵᠢᠯ ᠣᠯᠭᠤᠯᠲᠠ ᠶᠢᠨ ᠭᠠᠳᠠᠭᠤᠷᠴᠢᠯᠠᠯ ᠢ ᠠᠷᠢᠯᠭᠠᠵᠤ᠂ ᠬᠥᠮᠥᠨ ᠪᠦᠭᠦᠨ ᠳᠤ | ᠴᠥᠮ ᠰᠢᠷᠭᠠᠭᠤ ᠭᠦᠳᠡᠯᠮᠦᠷᠢ ᠪᠠᠷ ᠢᠶᠠᠨ ᠥᠪᠡᠷ ᠢ ᠪᠠᠨ ᠬᠥᠭᠵᠢᠭᠦᠯᠬᠦ ᠵᠠᠪᠰᠢᠶᠠᠨ ᠲᠠᠢ ᠪᠣᠯᠭᠠᠨ᠎ᠠ᠃ ᠨᠠᠰᠤᠨ ᠲᠤᠷᠰᠢᠲᠠ ᠶᠢᠨ ᠠᠵᠢᠯ ᠮᠡᠷᠭᠡᠵᠢᠯ ᠤᠨ ᠤᠷ᠎ᠠ | ᠴᠢᠳᠠᠪᠤᠷᠢ ᠶᠢᠨ ᠪᠣᠯᠪᠠᠰᠤᠷᠠᠭᠤᠯᠤᠯ ᠤᠨ ᠳᠦᠷᠢᠮ ᠢ ᠪᠦᠷᠢᠨᠰᠢᠭᠦᠯᠵᠦ᠂ ᠪᠦᠲᠦᠴᠡ ᠶᠢᠨ ᠴᠢᠨᠠᠷᠲᠠᠢ ᠠᠵᠢᠯ ᠣᠯᠭᠤᠯᠲᠠ ᠶᠢᠨ ᠵᠥᠷᠢᠴᠡᠯ ᠢ ᠰᠢᠢᠳᠪᠦᠷᠢᠯᠡᠬᠦ ᠶᠢ | ᠠᠬᠢᠭᠤᠯᠤᠨ᠎ᠠ᠃ ᠦᠢᠯᠡᠰ ᠪᠣᠰᠬᠠᠬᠤ ᠪᠠᠷ ᠲᠠᠮᠵᠢᠨ ᠠᠵᠢᠯ ᠣᠯᠭᠤᠯᠲᠠ ᠶᠢ ᠳᠠᠶᠢᠴᠢᠯᠠᠬᠤ ᠶᠢ ᠠᠬᠢᠭᠤᠯᠬᠤ ᠪᠠᠲᠤᠯᠠᠭ᠎ᠠ ᠶᠢᠨ ᠳᠦᠷᠢᠮ ᠢ ᠲᠡᠭᠦᠯᠳᠡᠷᠵᠢᠭᠦᠯᠵᠦ᠂ ᠠᠵᠢᠯ | ᠣᠯᠭᠤᠯᠲᠠ ᠶᠢᠨ ᠰᠢᠨ᠎ᠡ ᠭᠡᠯᠪᠡᠷᠢ ᠪᠠᠶᠢᠳᠠᠯ ᠢ ᠬᠥᠭᠵᠢᠭᠦᠯᠬᠦ ᠶᠢ ᠲᠡᠮᠵᠢᠵᠤ ᠵᠢᠷᠤᠮᠵᠢᠭᠤᠯᠤᠨ᠎ᠠ᠃ ᠭᠦᠳᠡᠯᠮᠦᠷᠢ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ | ᠪᠦᠷᠢᠨᠰᠢᠭᠦᠯᠵᠦ᠂ ᠭᠦᠳᠡᠯᠮᠦᠷᠢ ᠶᠢᠨ ᠬᠠᠷᠢᠴᠠᠭ᠎ᠠ ᠶᠢ ᠵᠥᠪᠳᠡᠯᠴᠡᠨ ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠂ ᠬᠥᠳᠡᠯᠮᠦᠷᠢᠴᠢᠳ ᠤᠨ ᠡᠷᠬᠡ ᠠᠰᠢᠭ ᠤᠨ | ᠪᠠᠲᠤᠯᠠᠭ᠎ᠠ ᠶᠢᠨ ᠳᠦᠷᠢᠮ ᠢ ᠲᠡᠭᠦᠯᠳᠡᠷᠵᠢᠭᠦᠯᠵᠦ᠂ ᠠᠮᠢᠳᠤᠯᠢᠭ ᠢᠶᠠᠷ ᠠᠵᠢᠯ ᠣᠯᠬᠤ ᠪᠠ ᠰᠢᠨ᠎ᠡ ᠭᠡᠯᠪᠡᠷᠢ ᠪᠠᠶᠢᠳᠠᠯ ᠢᠶᠠᠷ ᠠᠵᠢᠯ ᠣᠯᠬᠤ ᠬᠥᠳᠡᠯᠮᠦᠷᠢᠴᠢᠳ ᠤᠨ | ᠡᠷᠬᠡ ᠠᠰᠢᠭ ᠤᠨ ᠪᠠᠲᠤᠯᠠᠭ᠎ᠠ ᠶᠢ ᠴᠢᠩᠭᠠᠳᠬᠠᠨ᠎ᠠ᠃ | ︵ᠭᠤᠷᠪᠠ︶ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠦᠨ᠎ᠡ᠃ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠪᠣᠯ ᠠᠷᠠᠳ ᠤᠨ ᠠᠮᠢᠳᠤᠷᠠᠯ ᠤᠨ | ᠠᠮᠤᠷ ᠲᠦᠪᠰᠢᠨ ᠤ ᠲᠣᠣᠷ ᠪᠠ ᠨᠡᠶᠢᠭᠡᠮ ᠤᠨ ᠠᠵᠢᠯᠯᠠᠭᠠᠨ ᠤ ᠲᠣᠭᠲᠠᠪᠤᠷᠢᠵᠢᠭᠤᠯᠤᠭᠴᠢ ᠮᠥᠨ᠃ ᠪᠦᠭᠦ ᠠᠷᠠᠳ ᠢ ᠬᠠᠮᠤᠷᠤᠭᠰᠠᠨ᠂ ᠬᠤᠳᠠ ᠬᠥᠳᠡᠭᠡ ᠶᠢ | ᠨᠢᠭᠡᠳᠦᠯᠲᠡᠢ ᠲᠥᠯᠥᠪᠵᠢᠭᠦᠯᠦᠭᠰᠡᠨ᠂ ᠲᠥᠪ ᠭᠤᠣᠯᠴᠢ ᠨᠢᠭᠡᠳᠦᠯᠲᠡᠢ᠂ ᠠᠮᠤᠷ ᠲᠦᠪᠰᠢᠨ ᠵᠢᠷᠤᠮᠵᠢᠭᠤᠨ᠂ ᠦᠷᠭᠦᠯᠵᠢᠯᠡᠬᠦᠶᠢᠴᠡ ᠤᠯᠠᠨ ᠲᠡᠰ ᠳᠠᠪᠬᠤᠷᠭ᠎ᠠ ᠶᠢᠨ | ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠦᠨ᠎ᠡ᠃ ᠨᠠᠰᠤᠵᠢᠯ ᠤᠨ ᠦᠨᠳᠦᠰᠦᠨ ᠠᠰᠠᠷᠠᠮᠵᠢ ᠶᠢᠨ ᠳᠠᠭᠠᠳᠬᠠᠯ ᠢ ᠪᠦᠭᠦ ᠤᠯᠤᠰ ᠲᠤ ᠨᠢᠭᠡᠳᠦᠯᠲᠡᠢ | ᠲᠥᠯᠥᠪᠯᠡᠬᠦ ᠳᠦᠷᠢᠮ ᠢ ᠲᠡᠭᠦᠯᠳᠡᠷᠵᠢᠭᠦᠯᠵᠦ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠤᠯᠠᠨ ᠲᠡᠰ ᠳᠠᠪᠬᠤᠷᠭᠠᠲᠤ᠂ ᠤᠯᠠᠨ ᠲᠤᠯᠭᠠᠭᠤᠷᠢᠳᠤ ᠰᠢᠰᠲ᠋ᠧᠮ ᠢ | ᠬᠥᠭᠵᠢᠭᠦᠯᠦᠨ᠎ᠡ᠃ ᠬᠠᠤᠯᠢ ᠪᠠᠷ ᠲᠣᠭᠲᠠᠭᠠᠭᠰᠠᠨ ᠠᠵᠢᠯ ᠠᠴᠠ ᠠᠮᠠᠷᠠᠬᠤ ᠨᠠᠰᠤ ᠶᠢ ᠠᠭᠠᠵᠢᠮ ᠠᠬᠢᠭᠤᠯᠬᠤ ᠮᠠᠶ᠋ᠢᠭ ᠢᠶᠠᠷ ᠬᠤᠶᠢᠰᠢᠯᠠᠭᠤᠯᠬᠤ ᠶᠢ ᠬᠡᠷᠡᠭᠵᠢᠭᠦᠯᠦᠨ᠎ᠡ᠃ | ᠨᠡᠶᠢᠭᠡᠮ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠨᠠᠰᠤᠵᠢᠯ ᠤᠨ ᠦᠨᠳᠦᠰᠦᠨ ᠠᠰᠠᠷᠠᠮᠵᠢ ᠶᠢᠨ ᠳᠠᠭᠠᠳᠬᠠᠯ᠂ ᠡᠮᠴᠢᠯᠡᠭᠡᠨ ᠤ ᠦᠨᠳᠦᠰᠦᠨ | ᠳᠠᠭᠠᠳᠬᠠᠯ ᠤᠨ ᠪᠡᠯᠡ ᠴᠤᠭᠯᠠᠭᠤᠯᠬᠤ ᠪᠠ ᠬᠠᠷᠠᠭᠠᠯᠵᠠᠯ ᠢ ᠲᠣᠬᠢᠷᠠᠭᠤᠯᠬᠤ ᠲᠣᠭᠲᠠᠴᠠ ᠶᠢ ᠪᠦᠷᠢᠨᠰᠢᠭᠦᠯᠵᠦ᠂ ᠡᠮᠴᠢᠯᠡᠭᠡᠨ ᠤ ᠦᠨᠳᠦᠰᠦᠨ ᠳᠠᠭᠠᠳᠬᠠᠯ᠂ ᠠᠵᠢᠯ | ᠠᠯᠳᠠᠯᠲᠠ ᠶᠢᠨ ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠢ ᠮᠤᠵᠢ ᠶᠢᠨ ᠱᠠᠲᠤᠨ ᠠᠴᠠ ᠨᠢᠭᠡᠳᠦᠯᠲᠡᠢ ᠲᠥᠯᠥᠪᠯᠡᠬᠦ ᠶᠢ ᠠᠬᠢᠭᠤᠯᠤᠨ᠎ᠠ᠃ | ᠣᠯᠠᠨ ᠳᠡᠰ ᠳᠠᠪᠬᠤᠷᠭ᠎ᠠ ᠶᠢᠨ ᠡᠮᠴᠢᠯᠡᠭᠡᠨ ᠤ ᠪᠠᠲᠤᠯᠠᠭ᠎ᠠ ᠶᠢ ᠡᠮᠬᠢ ᠵᠢᠷᠤᠮ ᠲᠠᠢ ᠵᠣᠯᠭᠠᠭᠤᠯᠬᠤ ᠶᠢ ᠠᠬᠢᠭᠤᠯᠵᠤ᠂ ᠬᠦᠨᠳᠦ ᠡᠪᠡᠳᠴᠢᠨ ᠤ ᠳᠠᠭᠠᠳᠬᠠᠯ ᠪᠣᠯᠣᠨ | ᠡᠮᠴᠢᠯᠡᠭᠡᠨ ᠤ ᠠᠪᠤᠷᠠᠨ ᠲᠤᠰᠠᠯᠠᠬᠤ ᠳᠦᠷᠢᠮ ᠢ ᠲᠡᠭᠦᠯᠳᠡᠷᠵᠢᠭᠦᠯᠦᠨ᠂ ᠣᠨᠳᠣᠣ ᠭᠠᠵᠠᠷ ᠲᠤ ᠡᠮᠨᠡᠭᠦᠯᠦᠭᠰᠡᠨ ᠵᠠᠷᠤᠳᠠᠯ ᠢ ᠰᠢᠭᠤᠳ ᠲᠠᠰᠤᠯᠤᠨ ᠪᠤᠳᠤᠬᠤ ᠶᠢ | ᠨᠠᠶᠢᠳᠠᠪᠤᠷᠢᠵᠢᠭᠤᠯᠵᠤ᠂ ᠤᠷᠲᠤ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠳᠦᠷᠢᠮ ᠢ ᠪᠠᠶᠢᠭᠤᠯᠤᠨ᠂ ᠬᠤᠳᠠᠯᠳᠤᠭᠠᠨ ᠤ ᠡᠮᠴᠢᠯᠡᠭᠡᠨ ᠤ ᠳᠠᠭᠠᠳᠬᠠᠯ ᠢ | ᠢᠳᠡᠪᠬᠢᠲᠡᠢ ᠬᠥᠭᠵᠢᠭᠦᠯᠦᠨ᠎ᠡ᠃ ᠪᠦᠭᠦ ᠤᠯᠤᠰ ᠤᠨ ᠨᠡᠶᠢᠭᠡᠮ ᠤᠨ ᠳᠠᠭᠠᠳᠬᠠᠯ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠨᠢᠭᠡᠳᠦᠯᠲᠡᠢ ᠲᠠᠪᠴᠠᠩ ᠢ | ᠲᠦᠷᠭᠡᠳᠬᠡᠨ ᠲᠡᠭᠦᠯᠳᠡᠷᠵᠢᠭᠦᠯᠦᠨ᠎ᠡ᠃ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠦᠷᠳᠡᠭ ᠢ ᠪᠠᠲᠤᠯᠠᠵᠤ ᠦᠷᠳᠡᠭ ᠢ ᠨᠡᠮᠡᠭᠳᠡᠭᠦᠯᠬᠦ ᠪᠠ ᠠᠮᠤᠷ | ᠲᠦᠪᠰᠢᠨ ᠤ ᠬᠢᠨᠠᠨ ᠬᠠᠮᠢᠶᠠᠷᠬᠤ ᠰᠢᠰᠲ᠋ᠧᠮ ᠢ ᠪᠦᠷᠢᠨᠰᠢᠭᠦᠯᠦᠨ᠎ᠡ᠃ ᠲᠡᠰ ᠳᠠᠪᠬᠤᠷᠭ᠎ᠠ ᠪᠠ ᠲᠦᠷᠦᠯ ᠬᠤᠪᠢᠶᠠᠭᠰᠠᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ | ᠢ ᠪᠦᠷᠢᠨᠰᠢᠭᠦᠯᠦᠨ᠎ᠡ᠃ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠤᠯᠤᠰ ᠤᠨ ᠦᠨᠳᠦᠰᠦᠨ ᠪᠣᠳᠣᠯᠭ᠎ᠠ ᠶᠢ ᠪᠠᠷᠢᠮᠲᠠᠯᠠᠵᠤ᠂ ᠡᠮᠡᠭᠲᠡᠶᠢᠴᠦᠳ ᠬᠡᠦᠬᠡᠳ ᠤᠨ ᠬᠠᠤᠯᠢ | ᠶᠣᠰᠣᠨ ᠤ ᠡᠷᠬᠡ ᠠᠰᠢᠭ ᠢ ᠪᠠᠲᠤᠯᠠᠨ᠎ᠠ᠃ ᠵᠡᠮᠳᠡᠭᠴᠦᠳ ᠤᠨ ᠨᠡᠶᠢᠭᠡᠮ ᠤᠨ ᠪᠠᠲᠤᠯᠠᠭ᠎ᠠ ᠶᠢᠨ ᠳᠦᠷᠢᠮ ᠪᠠ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠰᠢᠰᠲ᠋ᠧᠮ | ᠢ ᠲᠡᠭᠦᠯᠳᠡᠷᠵᠢᠭᠦᠯᠵᠦ᠂ ᠵᠡᠮᠳᠡᠭᠴᠦᠳ ᠤᠨ ᠦᠢᠯᠡᠰ ᠤᠨ ᠪᠦᠭᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠎ᠠ᠃ ᠭᠡᠷ ᠪᠠᠶᠢᠰᠢᠩ ᠢ ᠰᠠᠭᠤᠬᠤ ᠶᠢᠨ ᠲᠥᠯᠥᠭᠡ | ᠪᠠᠷᠢᠭᠰᠠᠨ ᠠᠴᠠ ᠪᠢᠰᠢ ᠰᠠᠷᠢᠭᠠᠯᠠᠬᠤ ᠶᠢᠨ ᠲᠥᠯᠥᠭᠡ ᠪᠠᠷᠢᠭᠰᠠᠨ ᠪᠢᠰᠢ ᠭᠡᠬᠦ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ᠤᠯᠠᠨ ᠪᠡᠶᠡᠴᠢ ᠴᠣᠭᠴᠠ ᠠᠴᠠ ᠬᠠᠩᠭᠠᠬᠤ | ᠂ ᠤᠯᠠᠨ ᠠᠷᠭ᠎ᠠ ᠵᠠᠮ ᠢᠶᠠᠷ ᠪᠠᠲᠤᠯᠠᠬᠤ᠂ ᠲᠦᠷᠢᠶᠡᠰᠦᠯᠡᠬᠦ ᠪᠠ ᠬᠤᠳᠠᠯᠳᠤᠨ ᠠᠪᠬᠤ ᠶᠢ ᠵᠡᠷᠭᠡ ᠪᠠᠷ ᠴᠢᠬᠤᠯᠠᠴᠢᠯᠠᠬᠤ ᠣᠷᠣᠨ ᠰᠠᠭᠤᠴᠠ ᠶᠢᠨ ᠳᠦᠷᠢᠮ ᠢ | ᠲᠦᠷᠭᠡᠳᠬᠡᠨ ᠪᠠᠶᠢᠭᠤᠯᠤᠨ᠎ᠠ᠃ | ︵ᠳᠥᠷᠪᠡ︶ ᠡᠷᠡᠭᠦᠯ ᠡᠩᠬᠡ ᠳᠤᠮᠳᠠᠳᠤ ᠤᠯᠤᠰ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ ᠠᠷᠠᠳ ᠲᠦᠮᠡᠨ ᠤ ᠡᠷᠡᠭᠦᠯ ᠮᠡᠨᠳᠦ ᠪᠣᠯ | ᠦᠨᠳᠦᠰᠦᠲᠡᠨ ᠤ ᠬᠥᠭᠵᠢᠯ ᠪᠠᠳᠠᠷᠠᠯ ᠪᠠ ᠤᠯᠤᠰ ᠣᠷᠣᠨ ᠤ ᠬᠦᠴᠦᠷᠬᠡᠭᠵᠢᠯ ᠤᠨ ᠴᠢᠬᠤᠯᠠ ᠪᠡᠯᠭᠡ ᠲᠡᠮᠳᠡᠭ ᠮᠥᠨ᠃ ᠠᠷᠠᠳ ᠲᠦᠮᠡᠨ ᠤ ᠡᠷᠡᠭᠦᠯ ᠮᠡᠨᠳᠦ ᠶᠢ | ᠪᠠᠲᠤᠯᠠᠬᠤ ᠶᠢ ᠤᠷᠢᠳ ᠢᠶᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢᠨ ᠪᠠᠶᠢᠷᠢᠨ ᠳᠤ ᠲᠠᠯᠪᠢᠵᠤ᠂ ᠠᠷᠠᠳ ᠲᠦᠮᠡᠨ ᠤ ᠡᠷᠡᠭᠦᠯ ᠮᠡᠨᠳᠦ ᠶᠢ ᠠᠬᠢᠭᠤᠯᠬᠤ ᠲᠥᠷᠥ ᠶᠢᠨ | ᠪᠣᠳᠣᠯᠭ᠎ᠠ ᠶᠢ ᠲᠡᠭᠦᠯᠳᠡᠷᠵᠢᠭᠦᠯᠦᠨ᠎ᠡ᠃ ᠬᠥᠮᠦᠨ ᠠᠮᠠ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠰᠢᠯᠢᠳᠡᠭᠵᠢᠭᠦᠯᠤᠨ᠂ ᠦᠷᠡᠵᠢᠯ ᠢ ᠳᠡᠮᠵᠢᠬᠦ ᠲᠥᠷᠥ ᠶᠢᠨ | ᠪᠣᠳᠣᠯᠭ᠎ᠠ ᠶᠢᠨ ᠰᠢᠰᠲ᠋ᠧᠮ ᠢ ᠪᠠᠶᠢᠭᠤᠯᠵᠤ᠂ ᠲᠦᠷᠤᠬᠦ᠂ ᠦᠰᠭᠡᠨ ᠬᠦᠮᠤᠵᠢᠬᠦᠯᠬᠦ᠂ ᠰᠤᠷᠭᠠᠨ ᠬᠥᠮᠦᠵᠢᠬᠦᠯᠬᠦ ᠥᠪᠡᠷ ᠤᠨ ᠥᠷᠲᠡᠭ ᠢ ᠪᠠᠭᠤᠷᠠᠭᠤᠯᠤᠨ᠎ᠠ᠃ ᠬᠥᠮᠦᠨ | ᠠᠮᠠ ᠶᠢᠨ ᠨᠠᠰᠤᠵᠢᠯᠲᠠ ᠶᠢ ᠢᠳᠡᠪᠬᠢᠲᠡᠢ ᠠᠷᠭᠠᠴᠠᠭᠠᠬᠤ ᠤᠯᠤᠰ ᠤᠨ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ᠨᠠᠰᠤᠵᠢᠯ ᠤᠨ ᠠᠰᠠᠷᠠᠮᠵᠢ ᠶᠢᠨ ᠠᠵᠢᠯ ᠦᠢᠯᠡᠰ | ᠪᠤᠯᠤᠨ ᠨᠠᠰᠤᠵᠢᠯ ᠤᠨ ᠠᠰᠠᠷᠠᠮᠵᠢ ᠶᠢᠨ ᠠᠵᠤ ᠦᠢᠯᠡᠰ ᠢ ᠬᠥᠭᠵᠢᠭᠦᠯᠦᠨ᠂ ᠭᠤᠤᠨᠢ ᠪᠡᠶ᠎ᠠ ᠨᠠᠰᠤᠳᠠᠨ ᠳᠤ ᠦᠢᠯᠡᠴᠢᠯᠡᠬᠦ ᠦᠢᠯᠡᠴᠢᠯᠡᠭᠡ ᠶᠢ ᠰᠢᠯᠢᠳᠡᠭᠵᠢᠭᠦᠯᠵᠦ᠂ | ᠪᠦᠬᠦᠶᠢᠯᠡ ᠨᠠᠰᠤᠲᠠᠶᠢᠴᠤᠳ ᠲᠤ ᠨᠠᠰᠤᠵᠢᠯ ᠤᠨ ᠠᠰᠠᠷᠠᠮᠵᠢ ᠶᠢᠨ ᠦᠨᠳᠦᠰᠦᠨ ᠦᠢᠯᠡᠴᠢᠯᠡᠭᠡ ᠶᠢ ᠡᠳ᠋ᠯᠡᠭᠦᠯᠬᠦ ᠶᠢ ᠠᠬᠢᠭᠤᠯᠤᠨ᠎ᠠ᠃ | ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠮᠨᠡᠯᠭᠡ ᠶᠢᠨ ᠳᠠᠭᠠᠳᠭᠠᠯ᠂ ᠡᠮᠴᠢᠯᠡᠭᠡ᠂ ᠡᠮ | ᠡᠮᠨᠡᠯᠭᠡ ᠶᠢ ᠬᠠᠮᠵᠢᠯᠴᠠᠭᠤᠯᠤᠨ ᠬᠥᠭᠵᠢᠭᠦᠯᠬᠦ ᠪᠠ ᠵᠠᠰᠠᠬᠤ ᠶᠢ ᠠᠬᠢᠭᠤᠯᠤᠨ᠎ᠠ᠃ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠤᠨ ᠬᠡᠪᠴᠢᠶ᠎ᠠ ᠶᠢ ᠥᠷᠭᠡᠳᠭᠡᠬᠦ ᠪᠠ | ᠣᠷᠣᠨ ᠪᠦᠰᠡ ᠶᠢᠨ ᠲᠡᠩᠴᠡᠭᠦᠷᠢᠲᠡᠶ ᠪᠠᠶᠢᠷᠢᠰᠢᠭᠤᠯᠤᠯᠳᠠ ᠶᠢ ᠠᠬᠢᠭᠤᠯᠵᠤ᠂ ᠰᠡᠷᠭᠡᠶᠢᠯᠡᠬᠦ ᠪᠠᠷ ᠭᠤᠤᠯ ᠪᠣᠯᠭᠠᠬᠤ ᠶᠢ ᠪᠠᠷᠢᠮᠲᠠᠯᠠᠨ᠂ ᠬᠦᠨᠳᠦ ᠶᠡᠭᠡ ᠠᠷᠬᠠᠬ | ᠡᠪᠡᠳᠴᠢᠨ ᠤ ᠡᠷᠡᠭᠦᠯ ᠮᠡᠨᠳᠦ ᠶᠢᠨ ᠬᠠᠮᠢᠶᠠᠷᠤᠯᠲᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠪᠠ ᠡᠷᠡᠭᠦᠯ | ᠮᠡᠨᠳᠦ ᠶᠢᠨ ᠬᠠᠮᠢᠶᠠᠷᠤᠯᠳᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠨᠡᠶᠢᠲᠡ ᠶᠢᠨ ᠠᠰᠠᠷᠠᠮᠵᠢ ᠶᠢᠨ ᠴᠢᠨᠠᠷ ᠢᠶᠠᠷ ᠤᠳᠤᠷᠢᠳᠤᠮᠵᠢ ᠪᠣᠯᠭᠠᠭ᠍ᠰᠠᠨ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠷᠠᠳ ᠠᠴᠠ ᠡᠵᠡᠩᠨᠡᠭᠰᠡᠨ ᠡᠮᠨᠡᠯᠭᠡ ᠶᠢᠨ ᠬᠤᠷᠢᠶᠠᠨ ᠤ ᠬᠥᠭᠵᠢᠯᠲᠡ ᠶᠢ | ᠵᠢᠷᠤᠮᠵᠢᠭᠤᠯᠤᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠡᠩᠨᠡᠭᠡ ᠶᠢ ᠬᠥᠭᠵᠢᠭᠦᠯᠦᠨ ᠪᠤᠵᠠᠭᠠᠶᠢᠷᠠᠭᠤᠯᠵᠤ᠂ ᠠᠵᠢᠯ ᠤᠨ ᠭᠤᠣᠯᠳᠠᠯᠭ᠎ᠠ ᠪᠠᠨ ᠬᠥᠳᠡᠭᠡ ᠲᠣᠰᠭᠤᠨ | ᠪᠠ ᠨᠡᠶᠢᠭᠡᠮ ᠲᠣᠭᠤᠷᠢᠭ ᠲᠤ ᠲᠠᠯᠪᠢᠨ᠎ᠠ᠃ ᠰᠡᠳᠭᠢᠴᠡ ᠶᠢᠨ ᠡᠷᠡᠭᠦᠯ ᠮᠡᠨᠳᠦ ᠪᠠ ᠮᠡᠳᠡᠷᠡᠯ ᠤᠨ ᠡᠷᠡᠭᠦᠯ ᠬᠠᠮᠠᠭᠠᠯᠠᠯ ᠢ ᠴᠢᠬᠤᠯᠠᠴᠢᠯᠠᠨ᠎ᠠ᠃ ᠬᠢᠲᠠᠳ ᠡᠮ ᠡᠮᠨᠡᠯᠭᠡ ᠶᠢ | ᠤᠯᠠᠮᠵᠢᠯᠠᠨ ᠵᠠᠯᠭᠠᠮᠵᠢᠯᠠᠬᠤ ᠪᠠ ᠰᠢᠨ᠎ᠡ ᠶᠢ ᠡᠭᠦᠳᠦᠨ ᠬᠥᠭᠵᠢᠭᠦᠯᠬᠦ ᠶᠢ ᠠᠬᠢᠭᠤᠯᠤᠨ᠎ᠠ᠃ ᠡᠮᠨᠡᠬᠦ ᠰᠡᠷᠭᠡᠶᠢᠯᠡᠬᠦ ᠶᠢ ᠬᠠᠮᠵᠢᠯᠴᠠᠭᠤᠯᠬᠤ᠂ ᠡᠮᠨᠡᠬᠦ ᠰᠡᠷᠭᠡᠶᠢᠯᠡᠬᠦ ᠶᠢ | ᠠᠭᠤᠰᠤᠯᠴᠠᠭᠤᠯᠬᠤ ᠲᠣᠭᠲᠠᠴᠠ ᠶᠢᠨ ᠰᠢᠨ᠎ᠡ ᠶᠢ ᠡᠭᠦᠳᠴᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠢᠰᠲ᠋ᠧᠮ ᠢ ᠪᠦᠷᠢᠨᠰᠢᠭᠦᠯᠦᠨ᠂ ᠬᠦᠨᠳᠦ ᠶᠡᠭᠡ | ᠬᠢᠵᠢᠭ ᠢ ᠡᠷᠲᠡᠬᠡᠨ ᠢᠯᠡᠷᠡᠭᠦᠯᠬᠦ ᠴᠢᠳᠠᠪᠤᠷᠢ ᠶᠢ ᠳᠡᠭᠡᠭᠰᠢᠯᠡᠭᠦᠯᠵᠦ᠂ ᠬᠦᠨᠳᠦ ᠶᠡᠭᠡ ᠬᠢᠵᠢᠭ ᠢ ᠰᠡᠷᠭᠡᠶᠢᠯᠡᠨ ᠬᠢᠵᠠᠭᠠᠷᠯᠠᠵᠤ ᠠᠪᠤᠷᠠᠨ ᠵᠠᠰᠠᠬᠤ ᠰᠢᠰᠲ᠋ᠧᠮ ᠪᠤᠯᠤᠨ | ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠦᠨᠳᠦ ᠶᠡᠭᠡ ᠬᠠᠯᠳᠠᠪᠤᠷᠢᠲᠤ ᠡᠪᠡᠳᠴᠢᠨ ᠤ ᠬᠠᠯᠳᠠᠪᠤᠷᠢᠯᠠᠨ ᠲᠡᠯᠭᠡᠷᠡᠬᠦ ᠶᠢ | ᠪᠦᠲᠦᠮᠵᠢᠲᠡᠶ ᠬᠤᠷᠢᠭᠯᠠᠨ᠎ᠠ᠃ ᠡᠷᠡᠭᠦᠯ ᠡᠩᠬᠡ ᠳᠤᠮᠳᠠᠳᠤ ᠤᠯᠤᠰ ᠤᠨ ᠠᠵᠢᠯᠯᠠᠭ᠎ᠠ ᠪᠤᠯᠤᠨ ᠡᠭᠡ ᠤᠷᠤᠨᠴᠢ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠶ | ᠥᠷᠨᠢᠭᠦᠯᠵᠦ᠂ ᠡᠷᠡᠭᠦᠯ ᠪᠣᠯᠪᠠᠰᠤᠨ ᠠᠮᠢᠳᠤᠷᠠᠯ ᠤᠨ ᠠᠷᠭ᠎ᠠ ᠬᠡᠯᠪᠡᠷᠢ ᠶᠢ ᠰᠠᠨᠠᠭᠠᠴᠢᠯᠠᠨ᠎ᠠ᠃ | | | ᠠᠷᠪᠠ᠂ ᠪᠤᠬᠢᠷᠳᠤᠯ ᠦᠭᠡᠢ ᠬᠥᠭᠵᠢᠯᠲᠡ ᠶᠢ ᠠᠬᠢᠭᠤᠯᠵᠤ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠩᠭᠤᠢ ᠬᠠᠮᠲᠤ ᠣᠷᠣᠰᠢᠬᠤ ᠶᠢ ᠠᠬᠢᠭᠤᠯᠤᠨ᠎ᠠ | ᠡᠬᠡ ᠪᠠᠶᠢᠭᠠᠯᠢ ᠪᠣᠯ ᠬᠥᠮᠦᠨ ᠲᠥᠷᠥᠯᠬᠢᠲᠡᠨ ᠤ ᠣᠷᠣᠰᠢᠨ ᠲᠣᠭᠲᠠᠨᠢᠵᠤ ᠬᠦᠭᠵᠢᠬᠦ ᠶᠢᠨ ᠦᠨᠳᠦᠰᠦᠨ ᠨᠥᠬᠦᠴᠡᠯ ᠮᠥᠨ᠃ ᠪᠠᠶᠢᠭᠠᠯᠢ ᠶᠢ ᠬᠦᠨᠳᠦᠳᠭᠡᠨ᠂ | ᠪᠠᠶᠢᠭᠠᠯᠢ ᠲᠠᠢ ᠵᠣᠬᠢᠴᠠᠵᠤ᠂ ᠪᠠᠶᠢᠭᠠᠯᠢ ᠶᠢ ᠬᠠᠮᠠᠭᠠᠯᠠᠬᠤ ᠪᠣᠯ ᠨᠡᠶᠢᠭᠡᠮ ᠵᠢᠷᠤᠮᠲᠤ ᠣᠳᠣᠬᠢᠴᠢᠯᠡᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠶᠢᠨ | ᠳᠣᠲᠣᠭᠠᠳᠤ ᠱᠠᠭᠠᠷᠳᠠᠯᠭ᠎ᠠ ᠮᠥᠨ᠃ ᠡᠷᠬᠡᠪᠰᠢ ᠬᠥᠬᠡᠮᠳᠦᠭ ᠨᠤᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠲᠤ | ᠪᠤᠢ ᠪᠣᠯᠭᠠᠨ ᠦᠢᠯᠡᠳᠦᠯᠭᠡᠵᠢᠭᠦᠯᠵᠦ᠂ ᠬᠥᠮᠦᠨ ᠬᠢᠬᠡᠳ ᠪᠠᠶᠢᠭᠠᠯᠢ ᠡᠶ᠎ᠡ ᠵᠣᠬᠢᠴᠠᠩᠭᠤᠢ ᠬᠠᠮᠲᠤ ᠣᠷᠣᠰᠢᠬᠤ ᠦᠨᠳᠦᠷᠴᠡ ᠠᠴᠠ ᠬᠥᠭᠵᠢᠯᠲᠡ ᠶᠢ ᠲᠦᠯᠦᠪᠯᠡᠬᠦ | ᠬᠡᠷᠡᠭᠲᠡᠢ᠃ | ᠪᠢᠳᠡ ᠦᠵᠡᠰᠭᠦᠯᠡᠩᠲᠦ ᠰᠠᠶᠢᠬᠠᠨ ᠳᠤᠮᠳᠠᠳᠤ ᠤᠯᠤᠰ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠠᠭᠤᠯᠠ ᠤᠰᠤ ᠣᠶ ᠮᠣᠳᠣ ᠲᠠᠷᠢᠶᠠᠨ ᠭᠠᠵᠠᠷ | ᠨᠠᠭᠤᠷ ᠪᠦᠷᠢᠳᠦ ᠡᠪᠡᠰᠤ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠠᠵᠤ ᠦᠢᠯᠡᠰ ᠤᠨ | ᠪᠦᠲᠦᠴᠡ ᠶᠢ ᠲᠣᠬᠢᠷᠠᠭᠤᠯᠬᠤ᠂ ᠪᠣᠬᠢᠷᠲᠤᠯ ᠢ ᠵᠠᠰᠠᠬᠤ᠂ ᠠᠮᠢ ᠠᠬᠤᠶ ᠶᠢ ᠬᠠᠮᠠᠭᠠᠯᠠᠬᠤ᠂ ᠠᠭᠤᠷ ᠠᠮᠢᠰᠭᠤᠯ ᠤᠨ ᠬᠤᠪᠢᠷᠠᠯᠲᠠ ᠶᠢ ᠠᠷᠭᠠᠴᠠᠭᠠᠬᠤ ᠶᠢ ᠨᠢᠭᠡᠳᠦᠯᠲᠡᠶ | ᠲᠥᠯᠥᠪᠵᠢᠭᠦᠯᠵᠦ᠂ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠶᠢ ᠪᠠᠭᠤᠷᠠᠭᠤᠯᠬᠤ᠂ ᠪᠣᠬᠢᠷᠲᠤᠯ ᠢ ᠪᠠᠭᠠᠰᠭᠠᠬᠤ᠂ ᠨᠣᠭᠤᠭᠠᠷᠠᠭᠤᠯᠤᠯᠲᠠ ᠶᠢ ᠥᠷᠭᠡᠳᠭᠡᠬᠦ᠂ | ᠠᠵᠤ ᠠᠬᠤᠢ ᠶᠢ ᠨᠡᠮᠡᠭᠳᠡᠭᠦᠯᠬᠦ ᠶᠢ ᠬᠠᠮᠵᠢᠯᠴᠠᠭᠤᠯᠤᠨ ᠠᠬᠢᠭᠤᠯᠵᠤ᠂ ᠠᠮᠢ ᠠᠬᠤᠶ ᠶᠢ ᠤᠷᠢᠳ ᠢᠶᠠᠷ ᠪᠤᠳᠤᠯᠬᠢᠯᠠᠬᠰᠠᠨ᠂ ᠠᠷᠪᠢᠴᠢ ᠡᠷᠴᠢᠮᠯᠢᠭ᠂ ᠪᠤᠬᠢᠷᠳᠤᠯ ᠦᠭᠡᠢ | ᠳᠤᠤᠷ᠎ᠡ ᠨᠡᠭᠦᠷᠡᠰᠦᠲᠥ᠋ᠷᠥᠭᠴᠢᠳᠦ ᠬᠥᠭᠵᠢᠯᠲᠡ ᠶᠢ ᠠᠬᠢᠭᠤᠯᠬᠤ ᠬᠡᠷᠡᠭᠲᠡᠶ᠃ | ︵ᠨᠢᠭᠡ︶ ᠬᠦᠭᠵᠢᠯᠳᠡ ᠶᠢᠨ ᠬᠡᠯᠪᠡᠷᠢ ᠶᠢᠨ ᠪᠤᠬᠢᠷᠳᠤᠯ ᠦᠬᠡᠢ ᠲᠡᠶᠢᠰᠢ ᠬᠤᠪᠢᠷᠠᠬᠤ ᠶᠢ ᠲᠦᠷᠬᠡᠤᠨᠬᠡᠨ᠎ᠠ᠃ ᠠᠵᠤ ᠠᠬᠤᠶ ᠨᠡᠶᠢᠭᠡᠮ ᠤᠨ ᠬᠥᠭᠵᠢᠯᠲᠡ ᠶᠢᠨ | ᠪᠤᠬᠢᠷᠳᠤᠯ ᠦᠭᠡᠶᠢᠵᠢᠯᠳᠡ᠂ ᠪᠠᠭ᠎ᠠ ᠨᠡᠭᠦᠷᠡᠰᠦᠳᠦ᠋ᠷᠦᠭᠴᠢᠵᠢᠯᠲᠡ ᠶᠢ ᠠᠬᠢᠭᠤᠯᠬᠤ ᠪᠣᠯ ᠴᠢᠨᠠᠷ ᠰᠠᠶᠢᠲᠠᠶ | ᠬᠥᠭᠵᠢᠯᠲᠡ ᠶᠢ ᠪᠡᠶᠡᠯᠡᠭᠦᠯᠬᠦ ᠶᠢᠨ ᠵᠠᠩᠭᠢᠯᠠᠭ᠎ᠠ ᠶᠢᠨ ᠭᠤᠭᠴᠤᠭ᠎ᠠ ᠮᠥᠨ᠃ ᠠᠵᠤ ᠦᠢᠯᠡᠰ ᠤᠨ ᠪᠦᠲᠦᠴᠡ᠂ ᠡᠨᠧᠷᠭᠢ ᠶᠢᠨ ᠰᠤᠷᠪᠤᠯᠵᠢ ᠶᠢᠨ ᠪᠦᠲᠦᠴᠡ᠂ ᠵᠠᠮ | ᠲᠡᠭᠡᠭᠡᠪᠦᠷᠢ ᠶᠢᠨ ᠪᠦᠲᠦᠴᠡ ᠵᠡᠷᠭᠡ ᠶᠢ ᠲᠤᠬᠢᠷᠠᠭᠤᠯᠤᠨ ᠰᠢᠯᠢᠳᠡᠭᠵᠢᠭᠦᠯᠬᠦ ᠶᠢ ᠲᠦᠷᠭᠡᠳᠭᠡᠨ ᠠᠬᠢᠭᠤᠯᠤᠨ᠎ᠠ᠃ ᠪᠦᠬᠦ ᠲᠠᠯ᠎ᠠ ᠪᠠᠷ ᠠᠷᠪᠢᠯᠠᠨ ᠭᠠᠮᠨᠠᠬᠤ ᠪᠠᠶᠢᠯᠳᠤᠬᠤ | ᠪᠤᠳᠤᠯᠭ᠎ᠠ ᠶᠢ ᠬᠡᠷᠡᠭᠵᠢᠭᠦᠯᠵᠦ᠂ ᠡᠯ᠎ᠡ ᠲᠦᠷᠦᠯ ᠤᠨ ᠡᠬᠢ ᠪᠠᠶᠠᠯᠢᠭ ᠢ ᠠᠷᠪᠢᠯᠠᠨ ᠭᠠᠮᠨᠠᠵᠤ ᠡᠷᠴᠢᠮᠵᠢᠭᠦᠯᠦᠨ ᠠᠰᠢᠭᠯᠠᠬᠤ ᠶᠢ ᠠᠬᠢᠭᠤᠯᠵᠤ᠂ ᠬᠠᠶᠠᠭᠳᠠᠮᠠᠯ ᠪᠣᠳᠠᠰ ᠢ | ᠣᠷᠴᠢᠯᠳᠤᠭᠤᠯᠤᠨ ᠠᠰᠢᠭᠯᠠᠬᠤ ᠰᠢᠰᠲ᠋ᠧᠮ ᠢ ᠲᠦᠷᠭᠡᠳᠭᠡᠨ ᠪᠠᠶᠢᠭᠤᠯᠤᠨ᠎ᠠ᠃ ᠪᠤᠬᠢᠷᠳᠤᠯ ᠦᠭᠡᠢ ᠬᠥᠭᠵᠢᠯᠲᠡ ᠶᠢ ᠳᠡᠮᠵᠢᠬᠦ ᠡᠳ᠋ ᠤᠨ ᠵᠠᠰᠠᠭ ᠭᠠᠶᠢᠯᠢ᠂ ᠮᠥᠩᠭᠦᠨ | ᠭᠦᠢᠯᠭᠡᠭᠡᠨ᠂ ᠪᠡᠯᠡ ᠣᠷᠣᠭᠤᠯᠤᠯᠲᠠ᠂ ᠦᠨ᠎ᠡ ᠬᠠᠩᠰᠢ ᠶᠢᠨ ᠲᠥᠷᠥ ᠶᠢᠨ ᠪᠤᠳᠤᠯᠭ᠎ᠠ ᠪᠠ ᠪᠠᠷᠢᠮᠵᠢᠶ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠪᠤᠬᠢᠷᠳᠤᠯ ᠦᠭᠡᠢ | ᠪᠠᠭ᠎ᠠ ᠨᠡᠭᠦᠷᠡᠰᠦᠲᠥ᠋ᠷᠥᠭᠴᠢᠳᠦ ᠠᠵᠤ ᠦᠢᠯᠡᠰ ᠢ ᠬᠥᠭᠵᠢᠭᠦᠯᠵᠦ᠂ ᠡᠬᠢ ᠪᠠᠶᠠᠯᠢᠭ ᠣᠷᠴᠢᠨ ᠠᠬᠤᠢ ᠶᠢᠨ ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠲᠤᠬᠢᠷᠠᠭᠤᠯᠬᠤ | ᠰᠢᠰᠲ᠋ᠧᠮ ᠢ ᠪᠦᠷᠢᠨᠰᠢᠭᠦᠯᠵᠦ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠶᠢ ᠪᠠᠭᠤᠷᠠᠭᠤᠯᠬᠤ ᠲᠡᠷᠢᠭᠦᠨ ᠤ ᠮᠡᠷᠭᠡᠵᠢᠯ ᠢ ᠰᠤᠳᠤᠯᠤᠨ | ᠨᠡᠭᠡᠭᠡᠬᠦ ᠪᠠ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠭᠡᠵᠦ᠂ ᠪᠤᠬᠢᠷᠳᠤᠯ ᠦᠭᠡᠢ ᠬᠡᠷᠡᠭᠯᠡᠭᠡ ᠶᠢ ᠰᠠᠨᠠᠭᠠᠴᠢᠯᠠᠵᠤ᠂ ᠪᠤᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ | ᠦᠢᠯᠡᠳᠪᠦᠷᠢᠯᠡᠯ ᠤᠨ ᠠᠷᠭ᠎ᠠ ᠮᠠᠶ᠋ᠢᠭ ᠪᠠ ᠠᠮᠢᠳᠤᠷᠠᠯ ᠤᠨ ᠠᠷᠭ᠎ᠠ ᠮᠠᠶ᠋ᠢᠭ ᠢ ᠪᠤᠢ ᠪᠣᠯᠭᠠᠬᠤ ᠶᠢ ᠠᠬᠢᠭᠤᠯᠤᠨ᠎ᠠ᠃ | ︵ᠬᠤᠶᠠᠷ︶ ᠣᠷᠴᠢᠨ ᠲᠣᠭᠤᠷᠢᠨ ᠤ ᠪᠣᠬᠢᠷᠲᠤᠯ ᠢ ᠰᠡᠷᠭᠡᠶᠢᠯᠡᠨ ᠵᠠᠰᠠᠬᠤ ᠶᠢ ᠭᠦᠨᠵᠡᠭᠡᠶ ᠠᠬᠢᠭᠤᠯᠤᠨ᠎ᠠ᠃ ᠨᠠᠷᠢᠯᠢᠭ ᠣᠨᠣᠴᠠᠲᠠᠶ ᠪᠠᠷ ᠪᠣᠬᠢᠷᠲᠤᠯ ᠢ ᠵᠠᠰᠠᠬᠤ᠂ | ᠰᠢᠨᠵᠢᠯᠡᠬᠦ ᠤᠬᠠᠭᠠᠨᠴᠢ ᠪᠠᠷ ᠪᠣᠬᠢᠷᠲᠤᠯ ᠢ ᠵᠠᠰᠠᠬᠤ᠂ ᠬᠠᠤᠯᠢ ᠶᠣᠰᠣᠭᠠᠷ ᠪᠣᠬᠢᠷᠲᠤᠯ ᠢ ᠵᠠᠰᠠᠬᠤ ᠶᠢ ᠪᠠᠷᠢᠮᠲᠠᠯᠠᠵᠤ᠂ ᠴᠡᠯᠮᠡᠭ ᠠᠭᠠᠷ᠂ ᠲᠤᠩᠭᠠᠯᠠᠭ ᠤᠰᠤ᠂ ᠴᠡᠪᠡᠷ | ᠬᠦᠷᠦᠰᠦ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠭᠦᠨᠵᠡᠭᠡᠶ ᠰᠠᠶᠢᠲᠤᠷ ᠬᠢᠨ᠎ᠠ᠃ ᠪᠣᠬᠢᠷᠲᠤᠯ ᠪᠣᠳᠠᠰ ᠢ ᠬᠠᠮᠵᠢᠯᠴᠠᠨ ᠬᠢᠵᠠᠭᠠᠷᠯᠠᠬᠤ ᠶᠢ ᠴᠢᠩᠭᠠᠳᠬᠠᠵᠤ᠂ | ᠬᠦᠨᠳᠦ ᠪᠣᠬᠢᠷᠲᠤᠯᠳᠤ ᠴᠠᠭ ᠠᠭᠤᠷ ᠢ ᠦᠨᠳᠦᠰᠦᠨ ᠳᠡᠭᠡᠨ ᠠᠷᠢᠯᠭᠠᠨ᠎ᠠ᠃ ᠤᠰᠤᠨ ᠤ ᠡᠬᠢ ᠪᠠᠶᠠᠯᠢᠭ᠂ ᠤᠰᠤᠨ ᠤ ᠣᠷᠴᠢᠨ ᠠᠬᠤᠢ᠂ ᠤᠰᠤᠨ ᠤ ᠠᠮᠢ | ᠠᠬᠤᠶ ᠶᠢᠨ ᠵᠠᠰᠠᠯᠲᠠ ᠶᠢ ᠨᠢᠭᠡᠳᠦᠯᠲᠡᠶ ᠲᠥᠯᠥᠪᠵᠢᠬᠦᠯᠵᠦ᠂ ᠴᠢᠬᠤᠯᠠ ᠭᠤᠤᠯ ᠮᠥᠷᠡᠨ ᠨᠠᠭᠤᠷ ᠴᠥᠭᠦᠷᠥᠮ ᠤᠨ ᠠᠮᠢ ᠠᠬᠤᠶ ᠶᠢ ᠬᠠᠮᠠᠭᠠᠯᠠᠨ ᠵᠠᠰᠠᠬᠤ ᠶᠢ | ᠠᠬᠢᠭᠤᠯᠵᠤ᠂ ᠬᠤᠲᠠ ᠶᠢᠨ ᠪᠣᠬᠢᠷ ᠦᠮᠡᠬᠡᠶ ᠤᠰᠤᠨ ᠴᠣᠭᠴᠠ ᠶᠢ ᠦᠨᠳᠦᠰᠦᠨ ᠳᠡᠭᠡᠨ ᠠᠷᠢᠯᠭᠠᠨ᠎ᠠ᠃ ᠬᠥᠷᠥᠰᠥ ᠰᠢᠷᠤᠢ ᠶᠢᠨ ᠪᠣᠬᠢᠷᠲᠤᠯ ᠢ ᠡᠬᠢ | ᠡᠬᠦᠰᠦᠯ ᠠᠴᠠ ᠨᠢ ᠰᠡᠷᠭᠡᠶᠢᠯᠡᠨ ᠬᠢᠵᠠᠭᠠᠷᠯᠠᠬᠤ ᠪᠠᠨ ᠴᠢᠩᠭᠠᠳᠬᠠᠵᠤ᠂ ᠰᠢᠨ᠎ᠡ ᠪᠣᠬᠢᠷᠲᠤᠯ ᠪᠣᠳᠠᠰ ᠢ ᠵᠠᠰᠠᠬᠤ ᠠᠵᠢᠯ ᠢ ᠥᠷᠨᠢᠭᠦᠯᠦᠨ᠎ᠡ᠃ ᠣᠷᠴᠢᠨ ᠠᠬᠤᠢ ᠶᠢᠨ | ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠬᠤᠲᠠ ᠬᠦᠳᠡᠭᠡ ᠶᠢᠨ ᠣᠷᠣᠰᠢᠨ ᠠᠮᠢᠳᠤᠷᠠᠬᠤ ᠣᠷᠴᠢᠨ | ᠨᠦᠬᠦᠴᠡᠯ ᠢ ᠴᠡᠭᠴᠡᠯᠡᠨ ᠵᠠᠰᠠᠬᠤ ᠶᠢ ᠠᠬᠢᠭᠤᠯᠤᠨ᠎ᠠ᠃ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ ᠤᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ | ᠤᠳᠤ ᠦᠶ᠎ᠡ ᠶᠢᠨ ᠣᠷᠴᠢᠨ ᠠᠬᠤᠢ ᠶᠢᠨ ᠵᠠᠰᠠᠯᠲᠠ ᠶᠢᠨ ᠰᠢᠰᠲ᠋ᠧᠮ ᠢ ᠪᠦᠷᠢᠨᠰᠢᠭᠦᠯᠦᠨ᠎ᠡ᠃ ᠣᠷᠴᠢᠨ ᠠᠬᠤᠢ ᠶᠢᠨ ᠠᠶᠤᠯ ᠲᠦᠭᠰᠢᠭᠦᠷᠢ ᠶᠢ ᠴᠢᠩᠭ᠎ᠠ ᠰᠡᠷᠭᠡᠶᠢᠯᠡᠨ | ᠡᠵᠡᠮᠳᠡᠨ᠎ᠡ᠃ ᠲᠥᠪ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢ ᠭᠦᠨᠵᠡᠭᠡᠶ ᠠᠬᠢᠭᠤᠯᠤᠨ᠎ᠠ᠃ | ︵ᠭᠤᠷᠪᠠ︶ ᠠᠮᠢ ᠠᠬᠤᠶ ᠶᠢᠨ ᠰᠢᠰᠲ᠋ᠧᠮ ᠤᠨ ᠣᠯᠠᠨ ᠶᠠᠩᠵᠤᠲᠤ ᠴᠢᠨᠠᠷ᠂ ᠲᠣᠭᠲᠠᠪᠤᠷᠢᠲᠤ ᠴᠢᠨᠠᠷ᠂ ᠦᠷᠭᠦᠯᠵᠢᠯᠡᠬᠦ ᠴᠢᠨᠠᠷ ᠢ ᠳᠡᠭᠡᠭᠰᠢᠯᠡᠭᠦᠯᠦᠨ᠎ᠡ᠃ | ᠤᠯᠤᠰ ᠤᠨ ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢᠳᠤ ᠣᠷᠣᠨ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠪᠠᠶᠢᠭᠠᠯᠢ ᠶᠢᠨ | ᠬᠠᠮᠠᠭᠠᠯᠠᠯᠲᠠ ᠶᠢᠨ ᠣᠷᠣᠨ ᠵᠡᠷᠭᠡ ᠪᠠᠷ ᠭᠤᠣᠯᠳᠠᠯᠭ᠎ᠠ ᠪᠣᠯᠭᠠᠵᠤ᠂ ᠴᠢᠬᠤᠯᠠ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠵᠠᠰᠠᠨ ᠰᠡᠷᠭᠦᠭᠡᠬᠦ ᠴᠢᠬᠤᠯᠠ ᠶᠡᠭᠡ | ᠢᠨᠵᠧᠨᠧᠷᠢᠩ ᠢ ᠲᠦᠷᠭᠡᠳᠭᠡᠨ ᠬᠡᠷᠡᠭᠵᠢᠭᠦᠯᠦᠨ᠎ᠡ᠃ ᠤᠯᠤᠰ ᠤᠨ ᠴᠡᠴᠡᠷᠯᠢᠭ ᠢᠶᠠᠷ ᠭᠤᠣᠯ ᠴᠣᠭᠴᠠ ᠪᠣᠯᠭᠠᠭᠰᠠᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ | ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠤᠨ᠎ᠠ᠃ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠴᠢᠬᠤᠯᠠ ᠶᠡᠭᠡ ᠢᠨᠵᠧᠨᠧᠷᠢᠩ ᠢ | ᠬᠡᠷᠡᠭᠵᠢᠭᠦᠯᠦᠨ᠎ᠡ᠃ ᠤᠯᠤᠰ ᠤᠨ ᠨᠤᠲᠤᠭ ᠳᠡᠪᠢᠰᠭᠡᠷ ᠢ ᠶᠡᠭᠡ ᠬᠡᠪᠴᠢᠶ᠎ᠠ ᠪᠠᠷ ᠨᠣᠭᠤᠭᠠᠷᠠᠭᠤᠯᠬᠤ ᠠᠵᠢᠯᠯᠠᠭ᠎ᠠ ᠶᠢ ᠰᠢᠨᠵᠢᠯᠡᠬᠦ ᠤᠬᠠᠭᠠᠨᠴᠢ ᠪᠠᠷ ᠥᠷᠨᠢᠭᠦᠯᠦᠨ᠎ᠡ᠃ | ᠬᠠᠮᠲᠤ ᠶᠢᠨ ᠤᠢ ᠰᠢᠭᠤᠢ ᠶᠢᠨ ᠡᠷᠬᠡ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠨᠤᠲᠤᠭ ᠪᠡᠯᠴᠢᠭᠡᠷ ᠣᠶ ᠰᠢᠭᠤᠢ ᠭᠤᠤᠯ ᠮᠥᠷᠡᠨ ᠨᠠᠭᠤᠷ | ᠪᠦᠷᠢᠲᠦ ᠨᠤᠭᠤ ᠭᠠᠵᠠᠷ ᠢ ᠠᠮᠠᠷᠠᠭᠤᠯᠤᠨ ᠰᠡᠷᠭᠦᠭᠡᠭᠦ ᠶᠢ ᠬᠡᠷᠡᠭᠵᠢᠭᠦᠯᠵᠦ᠂ ᠬᠦᠬᠡᠮᠦᠷᠡᠨ ᠳᠤ ᠵᠢᠭᠠᠰᠤ ᠠᠩᠨᠠᠬᠤ ᠶᠢ ᠠᠷᠪᠠᠨ ᠵᠢᠯ ᠴᠠᠭᠠᠵᠠᠯᠠᠬᠤ ᠶᠢ ᠰᠠᠶᠢᠲᠤᠷ | ᠬᠡᠷᠡᠭᠵᠢᠭᠦᠯᠵᠦ᠂ ᠲᠠᠷᠢᠶᠠᠨ ᠭᠠᠵᠠᠷ ᠢ ᠥᠨᠵᠢᠭᠦᠯᠦᠨ ᠳᠠᠷᠢᠬᠤ ᠡᠭᠡᠯᠵᠢᠯᠡᠨ ᠳᠠᠷᠢᠬᠤ ᠲᠦᠷᠢᠮ ᠢ ᠪᠦᠷᠢᠨᠰᠢᠭᠦᠯᠦᠨ᠎ᠡ᠃ ᠠᠮᠢ ᠠᠬᠤᠢ ᠶᠢᠨ ᠪᠦᠲᠦᠭᠡᠭᠳᠡᠬᠦᠨ ᠤ | ᠦᠷᠲᠡᠭ ᠢ ᠪᠡᠶᠡᠯᠡᠭᠦᠯᠬᠦ ᠲᠣᠭᠲᠠᠴᠠ ᠶᠢ ᠪᠠᠶᠢᠭᠤᠯᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠲᠦᠷᠢᠮ ᠢ ᠲᠡᠭᠦᠯᠳᠡᠷᠵᠢᠭᠦᠯᠦᠨ᠎ᠡ᠃ ᠠᠮᠢᠳᠤ | ᠪᠣᠳᠠᠰ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠭᠠᠳᠠᠨ᠎ᠠ ᠠᠴᠠ ᠢᠷᠡᠭᠰᠡᠨ ᠠᠮᠢᠳᠤ ᠪᠤᠳᠠᠰ ᠤᠨ ᠬᠠᠯᠳᠠᠯᠭ᠎ᠠ ᠶᠢ ᠰᠡᠷᠭᠡᠶᠢᠯᠡᠨ ᠵᠠᠰᠠᠨ᠎ᠠ᠃ | ︵ᠳᠥᠷᠪᠡ︶ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠣᠷᠭᠢᠯ ᠬᠡᠮᠵᠢᠭᠳᠡᠯ ᠳᠤ ᠬᠦᠷᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ | ᠢᠳᠡᠪᠬᠢᠲᠡᠶ ᠯᠠᠪᠳᠠᠭᠤᠨ ᠢᠶᠠᠷ ᠠᠬᠢᠭᠤᠯᠤᠨ᠎ᠠ᠃ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠣᠷᠭᠢᠯ ᠬᠡᠮᠵᠢᠭᠳᠡᠯ ᠳᠤ ᠬᠦᠷᠬᠦ᠂ ᠨᠡᠭᠦᠷᠡᠰᠦᠲᠥ᠋ᠷᠥᠭᠴᠢ ᠶᠢ | ᠰᠠᠭᠠᠷᠮᠠᠭᠵᠢᠭᠤᠯᠬᠤ ᠶᠢ ᠪᠡᠶᠡᠯᠡᠭᠦᠯᠬᠦ ᠪᠣᠯ ᠨᠢᠭᠡ ᠤᠳᠠᠭᠠᠨ ᠤ ᠥᠷᠭᠡᠨ ᠳᠡᠯᠭᠡᠷ ᠪᠥᠭᠡᠳ ᠭᠦᠨ ᠭᠦᠨᠵᠡᠭᠡᠶ ᠠᠵᠤ ᠠᠬᠤᠶ ᠨᠡᠶᠢᠭᠡᠮ ᠤᠨ ᠰᠢᠰᠲ᠋ᠧᠮᠲᠦ ᠴᠢᠨᠠᠷᠲᠠᠶ | ᠬᠤᠪᠢᠰᠤᠯᠲᠠ ᠮᠥᠨ᠃ ᠮᠠᠨ ᠤ ᠤᠯᠤᠰ ᠤᠨ ᠡᠨᠧᠷᠭᠢ ᠶᠢᠨ ᠰᠤᠷᠪᠤᠯᠵᠢ ᠡᠬᠢ ᠪᠠᠶᠠᠯᠢᠭ ᠤᠨ ᠤᠤᠷ ᠪᠠᠶᠢᠳᠠᠯ ᠳᠤ ᠰᠠᠭᠤᠷᠢᠯᠠᠨ᠂ ᠤᠷᠢᠳ ᠢᠶᠠᠷ ᠰᠢᠨ᠎ᠠ ᠪᠠᠷ | ᠪᠠᠶᠢᠭᠤᠯᠵᠤ ᠳᠠᠷᠠᠭ᠎ᠠ ᠨᠢ ᠬᠠᠭᠤᠴᠢᠨ ᠢ ᠡᠪᠳᠡᠬᠦ ᠶᠢ ᠪᠠᠷᠢᠮᠲᠠᠯᠠᠵᠤ᠂ ᠲᠦᠯᠦᠪᠯᠡᠭᠡ ᠲᠠᠢ ᠠᠯᠬᠤᠮ ᠲᠠᠷᠠᠭ᠎ᠠ ᠲᠠᠢ ᠪᠠᠷ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ | ᠤᠷᠬᠢᠯ ᠬᠡᠮᠵᠢᠭᠳᠡᠯ ᠳᠤ ᠬᠦᠷᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ ᠡᠨᠧᠷᠭᠢ ᠶᠢᠨ ᠰᠤᠷᠪᠤᠯᠵᠢ ᠶᠢᠨ ᠬᠤᠷᠣᠭᠳᠠᠭᠤᠯᠤᠯ ᠤᠨ ᠶᠡᠷᠦᠩᠬᠡᠢ ᠬᠡᠮᠵᠢᠶ᠎ᠡ ᠪᠠ | ᠬᠦᠴᠦᠯᠡᠴᠡ ᠶᠢᠨ ᠲᠣᠬᠢᠷᠠᠭᠤᠯᠤᠯ ᠡᠵᠡᠮᠳᠡᠯ ᠢ ᠲᠡᠭᠦᠯᠳᠡᠷᠵᠢᠭᠦᠯᠵᠦ᠂ ᠴᠢᠯᠠᠭᠤᠵᠢᠮᠠᠯ ᠡᠨᠧᠷᠭᠢ ᠶᠢᠨ ᠰᠤᠷᠪᠤᠯᠵᠢ ᠶᠢᠨ ᠬᠡᠷᠡᠭᠯᠡᠭᠡ ᠶᠢ ᠭᠤᠣᠯᠳᠠᠯᠭ᠎ᠠ ᠲᠠᠢ ᠬᠢᠵᠠᠭᠠᠷᠯᠠᠵᠤ᠂ | ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠪᠠ ᠬᠦᠴᠦᠯᠡᠴᠡ ᠶᠢᠨ ︽ᠬᠤᠣᠰ ᠬᠢᠵᠠᠭᠠᠷᠯᠠᠯ︾ ᠤᠨ ᠳᠦᠷᠢᠮ ᠳᠤ ᠠᠯᠬᠤᠮ ᠠᠯᠬᠤᠮ ᠢᠶᠠᠷ | ᠰᠢᠯᠵᠢᠨ᠎ᠠ᠃ ᠡᠨᠧᠷᠭᠢ ᠶᠢᠨ ᠰᠤᠷᠪᠤᠯᠵᠢ ᠶᠢ ᠴᠡᠪᠡᠷ ᠪᠠᠭ᠎ᠠ ᠨᠡᠭᠦᠷᠡᠰᠦᠲᠥ᠋ᠷᠥᠭᠴᠢᠲᠦ ᠥᠨᠳᠥᠷ ᠪᠦᠲᠦᠮᠵᠢᠲᠡᠢ ᠠᠰᠢᠭᠯᠠᠬᠤ ᠶᠢ ᠠᠬᠢᠭᠤᠯᠵᠤ᠂ ᠠᠵᠤ ᠦᠢᠯᠡᠳᠪᠦᠷᠢ᠂ | ᠪᠠᠷᠢᠯᠭ᠎ᠠ᠂ ᠵᠠᠮ ᠬᠠᠷᠢᠯᠴᠠᠭ᠎ᠠ ᠵᠡᠷᠭᠡ ᠬᠦᠷᠢᠶ᠎ᠠ ᠴᠠᠷᠠᠭᠠᠨ ᠤ ᠴᠡᠪᠡᠷ ᠪᠠᠭ᠎ᠠ ᠨᠡᠭᠦᠷᠡᠰᠦᠲᠥ᠋ᠷᠥᠭᠴᠢᠲᠦ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ᠃ ᠡᠨᠧᠷᠭᠢ ᠶᠢᠨ | ᠰᠤᠷᠪᠤᠯᠵᠢ ᠶᠢᠨ ᠬᠤᠪᠢᠰᠬᠠᠯ ᠢ ᠭᠦᠨᠵᠡᠭᠡᠢ ᠠᠬᠢᠭᠤᠯᠵᠤ᠂ ᠨᠡᠭᠦᠷᠡᠰᠦᠨ ᠤ ᠠᠷᠢᠭᠤᠨ ᠴᠡᠪᠡᠷ ᠥᠨᠳᠥᠷ ᠪᠦᠲᠦᠮᠵᠢᠲᠡᠢ ᠠᠰᠢᠭᠯᠠᠯᠲᠠ ᠶᠢ ᠴᠢᠩᠭᠠᠳᠬᠠᠵᠤ᠂ ᠲᠤᠰᠤ | ᠬᠡᠢ ᠶᠢᠨ ᠡᠬᠢ ᠪᠠᠶᠠᠯᠢᠭ ᠢ ᠬᠠᠶᠢᠨ ᠰᠢᠨᠵᠢᠯᠡᠵᠦ ᠨᠡᠭᠡᠭᠡᠨ ᠠᠰᠢᠭᠯᠠᠬᠤ ᠪᠠ ᠨᠥᠭᠡᠴᠡ ᠶᠢ ᠨᠡᠮᠡᠭᠳᠡᠭᠦᠯᠦᠨ ᠦᠢᠯᠡᠳᠪᠤᠷᠢᠯᠡᠯ ᠤᠨ ᠴᠢᠳᠠᠪᠤᠷᠢ ᠶᠢ ᠨᠡᠮᠡᠭᠳᠡᠭᠦᠯᠬᠦ ᠡᠷᠴᠢᠮ ᠢ | ᠴᠢᠩᠭᠠᠷᠠᠭᠤᠯᠵᠤ᠂ ᠰᠢᠨ᠎ᠡ ᠬᠡᠯᠪᠡᠷᠢ ᠶᠢᠨ ᠡᠨᠧᠷᠭᠢ ᠶᠢᠨ ᠰᠤᠷᠪᠤᠯᠵᠢ ᠶᠢᠨ ᠰᠢᠰᠲ᠋ᠧᠮ ᠢ ᠲᠦᠷᠬᠡᠨ ᠢᠶᠠᠷ ᠲᠥᠯᠥᠪᠵᠢᠭᠦᠯᠦᠨ ᠪᠠᠶᠢᠭᠤᠯᠵᠤ᠂ ᠤᠰᠤᠨ ᠤ ᠬᠦᠴᠦ ᠪᠠᠷ | ᠴᠠᠬᠢᠯᠭᠠᠨ ᠭᠠᠷᠭᠠᠬᠤ ᠨᠡᠭᠡᠭᠡᠨ ᠠᠰᠢᠭᠯᠠᠯᠲᠠ ᠪᠠ ᠠᠮᠢ ᠠᠬᠤᠢ ᠶᠢᠨ ᠬᠠᠮᠠᠭᠠᠯᠠᠯᠲᠠ ᠶᠢ ᠨᠢᠭᠡᠳᠦᠯᠲᠡᠢ ᠲᠦᠯᠦᠪᠵᠢᠬᠦᠯᠵᠤ᠂ ᠴᠥᠮ᠎ᠡ ᠶᠢᠨ ᠴᠠᠬᠢᠯᠭᠠᠨ ᠢ ᠠᠮᠤᠷ | ᠲᠦᠪᠰᠢᠨ ᠡᠮᠬᠢ ᠵᠢᠷᠤᠮ ᠲᠠᠢ ᠬᠥᠭᠵᠢᠭᠦᠯᠵᠦ᠂ ᠡᠨᠧᠷᠭᠢ ᠶᠢᠨ ᠰᠤᠷᠪᠤᠯᠵᠢ ᠶᠢᠨ ᠦᠢᠯᠡᠳᠪᠦᠷᠢᠯᠡᠬᠦ ᠬᠠᠩᠭᠠᠬᠤ ᠨᠥᠭᠡᠴᠡᠯᠡᠬᠦ ᠪᠣᠷᠣᠯᠠᠭᠤᠯᠬᠤ ᠰᠢᠰᠲ᠋ᠧᠮ ᠤᠨ | ᠪᠠᠶᠢᠭᠤᠯᠤᠯᠲᠠ ᠶᠢ ᠴᠢᠩᠭᠠᠳᠬᠠᠵᠤ᠂ ᠡᠨᠧᠷᠭᠢ ᠶᠢᠨ ᠰᠤᠷᠪᠤᠯᠵᠢ ᠶᠢᠨ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ | ᠬᠡᠮᠵᠢᠶ᠎ᠠ ᠶᠢ ᠪᠦᠷᠢᠳᠭᠡᠵᠦ ᠲᠣᠭᠠᠴᠠᠭ᠎ᠠ ᠬᠢᠬᠦ ᠲᠦᠷᠢᠮ ᠢ ᠲᠡᠭᠦᠯᠳᠡᠷᠵᠢᠭᠦᠯᠵᠦ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢ ᠵᠠᠬ᠎ᠠ ᠳᠡᠯᠭᠡᠭᠦᠷ ᠲᠤ | ᠠᠷᠠᠯᠵᠢᠶᠠᠯᠠᠬᠤ ᠲᠦᠷᠢᠮ ᠢ ᠪᠦᠷᠢᠨᠰᠢᠭᠦᠯᠦᠨ᠎ᠡ᠃ ᠠᠮᠢ ᠠᠬᠤᠶ ᠶᠢᠨ ᠰᠢᠰᠲ᠋ᠧᠮ ᠤᠨ ᠨᠡᠭᠦᠷᠡᠰᠦᠲᠥ᠋ᠷᠥᠭᠴᠢ ᠶᠢ ᠬᠤᠷᠠᠮᠳᠤᠭᠤᠯᠤᠨ ᠰᠢᠩᠭᠡᠭᠡᠬᠦ ᠴᠢᠳᠠᠪᠤᠷᠢ ᠶᠢ | ᠳᠡᠭᠡᠭᠰᠢᠯᠡᠭᠦᠯᠦᠨ᠎ᠡ᠃ ᠠᠭᠤᠷ ᠠᠮᠢᠰᠭᠤᠯ ᠤᠨ ᠬᠤᠪᠢᠷᠠᠯᠲᠠ ᠶᠢ ᠠᠷᠭᠠᠴᠠᠭᠠᠬᠤ ᠪᠦᠬᠦ ᠪᠦᠮᠪᠦᠷᠴᠡᠭ ᠤᠨ ᠵᠠᠰᠠᠯᠲᠠ ᠳᠤ ᠢᠳᠡᠪᠬᠢᠲᠡᠢ ᠣᠷᠣᠯᠴᠠᠨ᠎ᠠ᠃ | | | ᠠᠷᠪᠠᠨ ᠨᠢᠭᠡ᠂ ᠤᠯᠤᠰ ᠤᠨ ᠠᠮᠤᠷ ᠲᠦᠪᠰᠢᠨ ᠤ ᠰᠢᠰᠲ᠋ᠧᠮ ᠪᠠ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠵᠤ᠂ ᠤᠯᠤᠰ ᠤᠨ ᠠᠮᠤᠷ ᠲᠦᠪᠰᠢᠨ ᠪᠠ | ᠨᠡᠶᠢᠭᠡᠮ ᠤᠨ ᠲᠣᠭᠲᠠᠭᠤᠨ ᠪᠠᠶᠢᠳᠠᠯ ᠢ ᠡᠷᠡᠰ ᠬᠠᠮᠠᠭᠠᠯᠠᠨ᠎ᠠ | ᠤᠯᠤᠰ ᠤᠨ ᠠᠮᠤᠷ ᠲᠦᠪᠰᠢᠨ ᠪᠣᠯ ᠦᠨᠳᠦᠰᠦᠲᠡᠨ ᠤ ᠰᠡᠷᠭᠦᠨ ᠮᠠᠨᠳᠤᠯᠲᠠ ᠶᠢᠨ ᠦᠨᠳᠦᠰᠦ ᠰᠠᠭᠤᠷᠢ ᠮᠥᠨ᠂ ᠨᠡᠶᠢᠭᠡᠮ ᠤᠨ ᠲᠣᠭᠲᠠᠭᠤᠨ ᠪᠠᠶᠢᠳᠠᠯ ᠪᠣᠯ | ᠤᠯᠤᠰ ᠣᠷᠣᠨ ᠤ ᠬᠦᠴᠦᠷᠬᠡᠭᠵᠢᠨ ᠮᠠᠨᠳᠤᠬᠤ ᠶᠢᠨ ᠤᠷᠢᠲᠠᠯ ᠮᠥᠨ᠃ ᠡᠷᠬᠡᠪᠰᠢ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠡᠷᠡᠰ ᠭᠤᠢᠪᠢᠰᠢ | ᠦᠭᠡᠢ ᠲᠤᠭᠤᠰᠢᠯᠠᠭᠤᠯᠵᠤ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠶᠢ ᠨᠠᠮ ᠪᠠ ᠤᠯᠤᠰ ᠤᠨ ᠠᠵᠢᠯ ᠤᠨ ᠡᠯ᠎ᠡ ᠲᠠᠯ᠎ᠠ ᠪᠦᠬᠦ ᠶᠠᠪᠤᠴᠠ ᠳᠤ | ᠲᠤᠭᠤᠰᠢᠯᠠᠭᠤᠯᠤᠨ᠂ ᠤᠯᠤᠰ ᠤᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠦᠨᠡᠨ ᠬᠦ ᠪᠠᠲᠤᠯᠠᠬᠤ ᠬᠡᠷᠡᠭᠲᠡᠢ᠃ | ᠪᠢᠳᠡ ᠠᠷᠠᠳ ᠲᠦᠮᠡᠨ ᠤ ᠠᠮᠤᠷ ᠲᠦᠪᠰᠢᠨ ᠢᠶᠠᠷ ᠵᠣᠷᠢᠯᠲᠠ ᠪᠣᠯᠭᠠᠬᠤ᠂ ᠤᠯᠤᠰ ᠲᠥᠷᠥ ᠶᠢᠨ ᠠᠮᠤᠷ ᠲᠦᠪᠰᠢᠨ ᠢᠶᠠᠷ ᠦᠨᠳᠦᠰᠦ ᠪᠣᠯᠭᠠᠬᠤ᠂ ᠠᠵᠤ ᠠᠬᠤᠶ ᠶᠢᠨ | ᠠᠮᠤᠷ ᠲᠦᠪᠰᠢᠨ ᠢᠶᠠᠷ ᠰᠠᠭᠤᠷᠢ ᠪᠣᠯᠭᠠᠬᠤ᠂ ᠴᠡᠷᠢᠭ ᠤᠨ ᠶᠠᠪᠤᠳᠠᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠰᠣᠶᠣᠯ ᠨᠡᠶᠢᠭᠡᠮ ᠤᠨ ᠠᠮᠤᠷ ᠲᠦᠪᠰᠢᠨ ᠢᠶᠠᠷ | ᠪᠠᠲᠤᠯᠠᠭ᠎ᠠ ᠪᠣᠯᠭᠠᠬᠤ᠂ ᠣᠯᠠᠨ ᠤᠯᠤᠰ ᠤᠨ ᠠᠮᠤᠷ ᠲᠦᠪᠰᠢᠨ ᠢ ᠠᠬᠢᠭᠤᠯᠬᠤ ᠪᠠᠷ ᠲᠦᠰᠢᠭ ᠪᠣᠯᠭᠠᠬᠤ ᠶᠢ ᠪᠠᠷᠢᠮᠳᠠᠯᠠᠵᠦ᠂ ᠭᠠᠳᠠᠭᠠᠳᠤ ᠠᠮᠤᠷ ᠲᠦᠪᠰᠢᠨ ᠪᠠ | ᠳᠣᠲᠣᠭᠠᠳᠤ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠬᠦᠯᠬᠦ᠂ ᠨᠤᠲᠤᠭ ᠳᠡᠪᠢᠰᠭᠡᠷ ᠤᠨ ᠠᠮᠤᠷ ᠲᠦᠪᠰᠢᠨ ᠪᠠ ᠤᠯᠤᠰ ᠠᠷᠠᠳ ᠤᠨ ᠠᠮᠤᠷ ᠲᠦᠪᠰᠢᠨ᠂ | ᠤᠯᠠᠮᠵᠢᠯᠠᠯᠲᠤ ᠠᠮᠤᠷ ᠲᠦᠪᠰᠢᠨ ᠪᠠ ᠤᠯᠠᠮᠵᠢᠯᠠᠯᠲᠤ ᠪᠤᠰᠤ ᠠᠮᠤᠷ ᠲᠦᠪᠰᠢᠨ᠂ ᠲᠤᠰ ᠪᠡᠶ᠎ᠡ ᠶᠢᠨ ᠠᠮᠤᠷ ᠲᠦᠪᠰᠢᠨ ᠪᠠ ᠬᠠᠮᠲᠤ ᠶᠢᠨ ᠠᠮᠤᠷ ᠲᠦᠪᠰᠢᠨ ᠢ | ᠨᠢᠭᠡᠲᠦᠯᠲᠡᠢ ᠲᠦᠯᠦᠪᠵᠢᠬᠦᠯᠵᠦ᠂ ᠤᠯᠤᠰ ᠤᠨ ᠠᠮᠤᠷ ᠲᠦᠪᠰᠢᠨ ᠢ ᠨᠢᠭᠡᠳᠦᠯᠲᠡᠶ ᠲᠥᠯᠥᠪᠵᠢᠬᠦᠯᠦᠨ ᠬᠠᠮᠠᠭᠠᠯᠠᠬᠤ ᠪᠠ ᠪᠤᠢ ᠪᠣᠯᠭᠠᠵᠦ᠂ ᠤᠯᠤᠰ ᠤᠨ ᠠᠮᠤᠷ | ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠤᠨ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠵᠦ᠂ ᠪᠦᠬᠦ ᠪᠦᠮᠪᠦᠷᠴᠡᠭ ᠤᠨ ᠠᠮᠤᠷ ᠲᠦᠪᠰᠢᠨ ᠤ | ᠵᠠᠰᠠᠯᠲᠠ ᠳᠤ ᠣᠷᠣᠯᠴᠠᠬᠤ ᠲᠣᠭᠲᠠᠴᠠ ᠶᠢ ᠲᠡᠭᠦᠯᠳᠡᠷᠵᠢᠭᠦᠯᠵᠦ᠂ ᠨᠡᠩ ᠥᠨᠳᠥᠷ ᠲᠦᠪᠰᠢᠨ ᠪᠦᠬᠦᠢ ᠠᠮᠤᠭᠤᠯᠠᠩᠳᠤ ᠳᠤᠮᠳᠠᠳᠤ ᠤᠯᠤᠰ ᠢ ᠪᠦᠲᠦᠭᠡᠨ ᠪᠠᠶᠢᠭᠤᠯᠵᠦ᠂ | ᠰᠢᠨ᠎ᠡ ᠠᠮᠤᠷ ᠲᠦᠪᠰᠢᠨ ᠤ ᠪᠠᠶᠢᠷᠢᠰᠢᠯ ᠢᠶᠠᠷ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠲᠤᠯᠠᠨ᠎ᠠ᠃ | ︵ᠨᠢᠭᠡ︶ ᠤᠯᠤᠰ ᠤᠨ ᠠᠮᠤᠷ ᠲᠦᠪᠰᠢᠨ ᠤ ᠰᠢᠰᠲ᠋ᠧᠮ ᠢ ᠪᠦᠷᠢᠨᠰᠢᠭᠦᠯᠦᠨ᠎ᠡ᠃ ᠤᠯᠤᠰ ᠤᠨ ᠠᠮᠤᠷ ᠲᠦᠪᠰᠢᠨ ᠤ ᠠᠵᠢᠯ ᠳᠠᠬᠢ ᠨᠠᠮ ᠤᠨ ᠲᠥᠪ | ᠬᠤᠷᠢᠶᠠᠨ ᠤ ᠲᠥᠪᠯᠡᠷᠡᠩᠭᠦᠢ ᠨᠢᠭᠡᠳᠦᠯᠳᠡᠢ ᠤᠳᠤᠷᠢᠳᠤᠯᠭ᠎ᠠ ᠶᠢ ᠪᠠᠷᠢᠮᠲᠠᠯᠠᠵᠤ᠂ ᠥᠨᠳᠥᠷ ᠪᠦᠲᠦᠮᠵᠢᠲᠡᠢ ᠡᠷᠬᠡ ᠰᠦᠷᠲᠦ ᠤᠯᠤᠰ ᠤᠨ ᠠᠮᠤᠷ ᠲᠦᠪᠰᠢᠨ ᠤ | ᠤᠳᠤᠷᠢᠳᠬᠤ ᠪᠠᠶᠢᠭᠤᠯᠤᠮᠵᠢ ᠶᠢ ᠲᠡᠭᠦᠯᠳᠡᠷᠵᠢᠭᠦᠯᠦᠨ᠎ᠡ᠃ ᠤᠯᠤᠰ ᠤᠨ ᠠᠮᠤᠷ ᠲᠦᠪᠰᠢᠨ ᠤ ᠠᠵᠢᠯ ᠤᠨ ᠵᠣᠬᠢᠴᠠᠭᠤᠯᠬᠤ ᠲᠣᠭᠲᠠᠴᠠ ᠶᠢ | ᠴᠢᠩᠭᠠᠳᠬᠠᠵᠤ᠂ ᠤᠯᠤᠰ ᠤᠨ ᠠᠮᠤᠷ ᠲᠦᠪᠰᠢᠨ ᠤ ᠬᠠᠤᠯᠢᠵᠢᠯ ᠤᠨ ᠰᠢᠰᠲ᠋ᠧᠮ᠂ ᠪᠠᠶᠢᠯᠳᠤᠬᠤ ᠪᠤᠳᠤᠯᠭ᠎ᠠ ᠶᠢᠨ ᠰᠢᠰᠲ᠋ᠧᠮ᠂ ᠲᠥᠷᠥ ᠶᠢᠨ ᠪᠤᠳᠤᠯᠭ᠎ᠠ ᠶᠢᠨ | ᠰᠢᠰᠲ᠋ᠧᠮ᠂ ᠠᠶᠤᠯ ᠲᠦᠭᠰᠢᠭᠦᠷᠢ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ᠂ ᠤᠯᠤᠰ ᠤᠨ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠤ ᠠᠮᠤᠷ ᠲᠦᠪᠰᠢᠨ ᠤ ᠪᠠᠲᠤᠯᠠᠭ᠎ᠠ ᠶᠢᠨ ᠰᠢᠰᠲ᠋ᠧᠮ ᠪᠣᠯᠤᠨ | ᠴᠢᠬᠤᠯᠠ ᠲᠤᠰᠬᠠᠢ ᠲᠦᠷᠦᠯ ᠤᠨ ᠵᠣᠬᠢᠴᠠᠭᠤᠯᠤᠨ ᠵᠢᠯᠤᠭᠤᠳᠬᠤ ᠰᠢᠰᠲ᠋ᠧᠮ ᠢ ᠲᠡᠭᠦᠯᠳᠡᠷᠵᠢᠭᠦᠯᠵᠦ᠂ ᠠᠵᠤ ᠠᠬᠤᠢ᠂ ᠴᠢᠬᠤᠯᠠ ᠶᠡᠭᠡ ᠰᠠᠭᠤᠷᠢ ᠲᠥᠬᠦᠭᠡᠷᠦᠮᠵᠢ᠂ | ᠮᠥᠩᠭᠦᠨ ᠭᠦᠢᠯᠭᠡᠭᠡᠨ᠂ ᠰᠦᠯᠵᠢᠶ᠎ᠡ᠂ ᠲᠤᠭ᠎ᠠ ᠪᠠᠷᠢᠮᠲᠠ᠂ ᠠᠮᠢᠳᠤ ᠪᠣᠳᠠᠰ᠂ ᠡᠬᠢ ᠪᠠᠶᠠᠯᠢᠭ᠂ ᠴᠥᠮ᠎ᠡ᠂ ᠰᠠᠨᠰᠠᠷ᠂ ᠲᠠᠯᠠᠢ ᠲᠠᠩᠭᠢᠰ ᠵᠡᠷᠭᠡ ᠶᠢᠨ ᠠᠮᠤᠷ | ᠲᠦᠪᠰᠢᠨ ᠤ ᠪᠠᠲᠤᠯᠠᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠭᠠᠨ᠎ᠠ᠃ ᠵᠠᠯᠬᠠᠭᠠᠬᠤ ᠶᠢ ᠡᠰᠡᠷᠭᠦᠴᠡᠬᠦ᠂ ᠭᠠᠷ ᠳᠥᠷᠥᠬᠦ ᠶᠢ ᠡᠰᠡᠷᠭᠦᠴᠡᠬᠦ᠂ ︽ | ᠭᠠᠷ ᠢᠶᠠᠨ ᠤᠷᠳᠤ ᠰᠤᠩᠭᠠᠬᠰᠠᠨ ᠬᠠᠷᠢᠶᠠᠯᠠᠯ︾ ᠢ ᠡᠰᠡᠷᠭᠦᠴᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠤᠯᠤᠰ ᠤᠨ ᠠᠮᠤᠷ ᠲᠦᠪᠰᠢᠨ ᠤ ᠬᠦᠴᠦᠨ ᠤ | ᠪᠠᠶᠢᠷᠢᠰᠢᠭᠤᠯᠤᠯᠲᠠ ᠶᠢ ᠲᠡᠭᠦᠯᠳᠡᠷᠵᠢᠭᠦᠯᠵᠦ᠂ ᠪᠦᠬᠦ ᠣᠷᠣᠨ ᠪᠦᠰᠡ ᠬᠤᠯᠪᠣᠭᠠᠯᠠᠨ ᠬᠥᠳᠡᠯᠦᠯᠴᠡᠭᠰᠡᠨ᠂ ᠪᠣᠰᠤᠭ᠎ᠠ ᠴᠣᠭᠴᠠᠲᠤ ᠥᠨᠳᠥᠷ ᠪᠦᠲᠦᠮᠵᠢᠲᠡᠢ ᠤᠯᠤᠰ ᠤᠨ | ᠠᠮᠤᠷ ᠲᠦᠪᠰᠢᠨ ᠤ ᠬᠠᠮᠠᠭᠠᠯᠠᠯᠲᠠ ᠶᠢᠨ ᠰᠢᠰᠲ᠋ᠧᠮ ᠢ ᠪᠠᠶᠢᠭᠤᠯᠤᠨ᠎ᠠ᠃ | ︵ᠬᠤᠶᠠᠷ︶ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠴᠢᠳᠠᠪᠤᠷᠢ ᠶᠢ ᠴᠢᠩᠭᠠᠳᠬᠠᠨ᠎ᠠ᠃ ᠤᠯᠤᠰ ᠤᠨ ᠵᠠᠰᠠᠭ ᠤᠨ ᠡᠷᠬᠡ ᠶᠢᠨ ᠠᠮᠤᠷ ᠲᠦᠪᠰᠢᠨ᠂ | ᠪᠠᠶᠢᠭᠤᠯᠤᠯ ᠤᠨ ᠠᠮᠤᠷ ᠲᠦᠪᠰᠢᠨ᠂ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠢ ᠡᠷᠡᠰ ᠬᠠᠮᠠᠭᠠᠯᠠᠵᠤ᠂ ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠤ | ᠠᠮᠤᠷ ᠲᠦᠪᠰᠢᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠮᠤ ᠪᠤᠳᠠᠭ᠎ᠠ᠂ ᠡᠨᠧᠷᠭᠢ ᠶᠢᠨ ᠰᠤᠷᠪᠤᠯᠵᠢ ᠶᠢᠨ ᠡᠬᠢ ᠪᠠᠶᠠᠯᠢᠭ᠂ ᠴᠢᠬᠤᠯᠠ ᠠᠵᠤ | ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠵᠤ᠂ ᠭᠠᠳᠠᠭᠠᠳᠤ ᠳᠠᠬᠢ ᠠᠮᠤᠷ ᠲᠦᠪᠰᠢᠨ ᠢ ᠪᠠᠲᠤᠯᠠᠬᠤ | ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠮᠠᠨ ᠤ ᠤᠯᠤᠰ ᠤᠨ ᠠᠷᠠᠳ ᠢᠷᠭᠡᠨ᠂ ᠬᠠᠤᠯᠢ ᠶᠢᠨ ᠡᠷᠬᠡᠲᠡᠨ ᠤ ᠭᠠᠳᠠᠭᠠᠳᠤ ᠳᠠᠬᠢ ᠬᠠᠤᠯᠢ ᠶᠣᠰᠣᠨ ᠤ ᠡᠷᠬᠡ | ᠠᠰᠢᠭ ᠢ ᠬᠠᠮᠠᠭᠠᠯᠠᠵᠤ᠂ ᠳᠠᠯᠠᠢ ᠲᠠᠩᠭᠢᠰ ᠤᠨ ᠡᠷᠬᠡ ᠠᠰᠢᠭ ᠢ ᠬᠠᠮᠠᠭᠠᠯᠠᠵᠤ᠂ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ | ᠲᠤᠰᠠ ᠶᠢ ᠡᠷᠡᠰ ᠬᠠᠮᠠᠭᠠᠯᠠᠨ᠎ᠠ᠃ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠰᠢᠰᠲ᠋ᠧᠮ ᠤᠨ ᠴᠢᠨᠠᠷᠲᠠᠢ | ᠠᠮᠤᠷ ᠲᠦᠪᠰᠢᠨ ᠤ ᠠᠶᠤᠯ ᠲᠦᠭᠰᠢᠭᠦᠷᠢ ᠶᠢ ᠴᠢᠩᠭ᠎ᠠ ᠰᠡᠷᠭᠡᠶᠢᠯᠡᠵᠦ᠂ ᠲᠠᠶᠢᠰᠦᠩᠨᠠᠭᠴᠢ ᠬᠦᠴᠦᠨ ᠤ ᠨᠡᠪᠴᠢᠯᠲᠡ ᠬᠢᠬᠦ᠂ ᠡᠪᠳᠡᠯᠡᠭᠡ | ᠬᠢᠬᠦ᠂ ᠨᠤᠷᠠᠭᠠᠯᠳᠠ ᠬᠢᠬᠦ᠂ ᠬᠠᠭᠠᠴᠠᠭᠤᠯᠬᠤ ᠠᠵᠢᠯᠯᠠᠭ᠎ᠠ ᠬᠢᠬᠦ ᠳᠤ ᠴᠢᠩᠭ᠎ᠠ ᠴᠣᠬᠢᠯᠲᠠ ᠥᠭᠭᠦᠨ᠎ᠡ᠃ ᠤᠯᠤᠰ ᠤᠨ ᠠᠮᠤᠷ ᠲᠦᠪᠰᠢᠨ ᠤ ᠬᠥᠮᠦᠵᠢᠯ ᠢ ᠪᠦᠬᠦ | ᠲᠠᠯ᠎ᠠ ᠪᠠᠷ ᠴᠢᠩᠭᠠᠳᠬᠠᠵᠤ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠬᠦ ᠴᠢᠳᠠᠪᠤᠷᠢ ᠶᠢ | ᠳᠡᠭᠡᠭᠰᠢᠯᠡᠭᠦᠯᠵᠦ᠂ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠤᠬᠠᠮᠰᠠᠷ ᠪᠠ ᠬᠡᠪ ᠪᠣᠯᠪᠠᠰᠤᠷᠠᠯ ᠢ ᠴᠢᠩᠭᠠᠳᠬᠠᠵᠤ᠂ ᠤᠯᠤᠰ ᠤᠨ ᠠᠮᠤᠷ ᠲᠦᠪᠰᠢᠨ ᠤ | ᠠᠷᠠᠳ ᠲᠦᠮᠡᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠨ᠎ᠠ᠃ | ︵ᠭᠤᠷᠪᠠ︶ ᠣᠯᠠᠨ ᠨᠡᠶᠢᠲᠡ ᠶᠢᠨ ᠠᠮᠤᠷ ᠲᠦᠪᠰᠢᠨ ᠤ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠠᠮᠤᠷ ᠲᠦᠪᠰᠢᠨ ᠢ ᠲᠡᠷᠢᠭᠦᠨ ᠳᠤ ᠲᠠᠯᠪᠢᠬᠤ᠂ | ᠤᠷᠢᠳᠴᠢᠯᠠᠨ ᠰᠡᠷᠭᠡᠶᠢᠯᠡᠬᠦ ᠪᠠᠷ ᠭᠤᠣᠯ ᠪᠤᠯᠭᠠᠬᠤ ᠶᠢ ᠪᠠᠷᠢᠮᠲᠠᠯᠠᠵᠤ᠂ ᠶᠡᠭᠡ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠬᠤ ᠪᠣᠷᠣ ᠲᠥᠯᠥᠪ ᠢ ᠪᠠᠶᠢᠭᠤᠯᠤᠨ | ᠂ ᠤᠯᠠᠨ ᠨᠡᠶᠢᠲᠡ ᠶᠢᠨ ᠠᠮᠤᠷ ᠲᠦᠪᠰᠢᠨ ᠤ ᠰᠢᠰᠲ᠋ᠧᠮ ᠢ ᠲᠡᠭᠦᠯᠳᠡᠷᠵᠢᠭᠦᠯᠵᠦ᠂ ᠤᠯᠠᠨ ᠨᠡᠶᠢᠲᠡ ᠶᠢᠨ ᠠᠮᠤᠷ ᠲᠦᠪᠰᠢᠨ ᠤ ᠵᠠᠰᠠᠯᠲᠠ ᠶᠢᠨ ᠵᠠᠭᠪᠤᠷ ᠤᠨ | ᠤᠷᠢᠳᠴᠢᠯᠠᠨ ᠰᠡᠷᠭᠡᠶᠢᠯᠡᠬᠦ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ᠃ ᠠᠶᠤᠯᠭᠦᠢ ᠦᠢᠯᠡᠳᠪᠦᠷᠢᠯᠡᠯ ᠤᠨ ᠲᠦᠭᠰᠢᠭᠦᠷᠢ ᠶᠢ ᠲᠤᠰᠬᠠᠢ ᠵᠦᠢᠯ ᠢᠶᠠᠷ | ᠴᠡᠭᠴᠡᠯᠡᠨ ᠵᠠᠰᠠᠬᠤ ᠶᠢ ᠠᠬᠢᠭᠤᠯᠵᠤ᠂ ᠭᠤᠣᠯᠳᠠᠯᠭ᠎ᠠ ᠲᠠᠢ ᠠᠵᠢᠯ ᠲᠥᠷᠥᠯ᠂ ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠤ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠨ᠎ᠠ᠃ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠠᠬᠤ ᠪᠠ ᠭᠡᠨᠡᠳᠲᠡ ᠡᠭᠦᠰᠦᠭᠰᠡᠨ ᠬᠦᠨᠳᠦ ᠶᠡᠭᠡ ᠤᠯᠠᠨ ᠨᠡᠶᠢᠲᠡ ᠶᠢᠨ | ᠬᠡᠷᠡᠭ ᠢ ᠰᠢᠢᠳᠪᠦᠷᠢᠯᠡᠬᠦ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠤᠯᠤᠰ ᠤᠨ ᠣᠷᠣᠨ ᠪᠦᠰᠡ ᠶᠢᠨ ᠪᠠᠴᠢᠮ ᠪᠠᠶᠢᠳᠠᠯ ᠢ ᠠᠷᠭᠠᠴᠠᠭᠠᠬᠤ ᠬᠦᠴᠦᠨ ᠤ | ᠪᠠᠶᠢᠭᠤᠯᠤᠯᠲᠠ ᠶᠢ ᠴᠢᠩᠭᠠᠳᠬᠠᠨ᠎ᠠ᠃ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠮᠢᠳᠤ ᠪᠣᠳᠠᠰ ᠤᠨ | ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠤᠷᠢᠳᠴᠢᠯᠠᠨ ᠰᠡᠷᠡᠮᠵᠢᠯᠡᠭᠦᠯᠵᠦ ᠰᠡᠷᠭᠡᠶᠢᠯᠡᠨ ᠡᠵᠡᠮᠳᠡᠬᠦ ᠰᠢᠰᠲ᠋ᠧᠮ ᠢ ᠪᠦᠷᠢᠨᠰᠢᠭᠦᠯᠦᠨ᠎ᠡ᠃ ᠬᠤᠪᠢ ᠬᠥᠮᠥᠨ ᠤ | ᠮᠡᠳᠡᠭᠡ ᠵᠠᠩᠭᠢ ᠶᠢᠨ ᠬᠠᠮᠠᠭᠠᠯᠠᠯᠲᠠ ᠶᠢ ᠴᠢᠩᠭᠠᠳᠬᠠᠨ᠎ᠠ᠃ | ︵ᠳᠥᠷᠪᠡ︶ ᠨᠡᠶᠢᠭᠡᠮ ᠤᠨ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠬᠠᠮᠲᠤ ᠪᠠᠷ ᠪᠠᠶᠢᠭᠤᠯᠬᠤ ᠬᠠᠮᠲᠤ ᠪᠠᠷ ᠵᠠᠰᠠᠬᠤ ᠬᠠᠮᠲᠤ ᠪᠠᠷ ᠡᠳ᠋ᠯᠡᠭᠦ | ᠨᠡᠶᠢᠭᠡᠮ ᠤᠨ ᠵᠠᠰᠠᠯᠲᠠ ᠶᠢᠨ ᠳᠦᠷᠢᠮ ᠢ ᠪᠦᠷᠢᠨᠰᠢᠭᠦᠯᠵᠦ᠂ ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠨᠡᠶᠢᠭᠡᠮ ᠤᠨ ᠦᠨᠳᠦᠰᠦᠨ | ᠱᠠᠲᠤᠨ ᠳᠤ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠰᠢᠨ᠎ᠡ ᠪᠠᠶᠢᠳᠠᠯ ᠳᠣᠣᠷᠠᠬᠢ ᠠᠷᠠᠳ ᠤᠨ | ᠳᠣᠲᠣᠭᠠᠳᠤ ᠶᠢᠨ ᠵᠥᠷᠢᠴᠡᠯ ᠢ ᠵᠥᠪ ᠢᠶᠠᠷ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠦᠨ᠂ ᠠᠷᠠᠳ ᠤᠨ ᠵᠠᠬᠢᠳᠠᠯ ᠰᠤᠷᠪᠤᠯᠵᠢᠯᠠᠯ ᠤᠨ ᠠᠵᠢᠯ ᠢ ᠴᠢᠩᠭᠠᠳᠬᠠᠨ | ᠰᠠᠶᠢᠵᠢᠷᠠᠭᠤᠯᠵᠤ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠪᠠᠨ ᠢᠯᠡᠳᠬᠡᠬᠦ᠂ ᠠᠰᠢᠭ ᠲᠤᠰᠠ ᠶᠢ ᠵᠣᠬᠢᠴᠠᠭᠤᠯᠬᠤ᠂ ᠡᠷᠬᠡ ᠠᠰᠢᠭ ᠢ ᠪᠠᠲᠤᠯᠠᠬᠤ ᠵᠠᠮ ᠢ | ᠰᠢᠯᠤᠭᠤᠳᠬᠠᠨ ᠵᠢᠷᠤᠮᠵᠢᠭᠤᠯᠵᠤ᠂ ᠲᠤᠤᠷᠵᠢᠭᠤᠯᠤᠬᠰᠠᠨ ᠬᠠᠮᠢᠶᠠᠷᠤᠯᠲᠠ᠂ ᠨᠠᠷᠢᠯᠢᠭᠵᠢᠭᠤᠯᠤᠭᠰᠠᠨ ᠦᠢᠯᠡᠴᠢᠯᠡᠭᠡ᠂ ᠮᠡᠳᠡᠭᠡ ᠵᠠᠩᠭᠢᠵᠢᠯᠲᠠ ᠪᠠᠷ ᠲᠤᠯᠭᠠᠭᠤᠷᠢᠯᠠᠬᠤ | ᠦᠨᠳᠦᠰᠦᠨ ᠱᠠᠲᠤᠨ ᠤ ᠵᠠᠰᠠᠯᠲᠠ ᠶᠢᠨ ᠲᠠᠪᠴᠠᠩ ᠢ ᠲᠡᠭᠦᠯᠳᠡᠷᠵᠢᠭᠦᠯᠦᠨ᠂ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠵᠠᠰᠠᠯᠲᠠ ᠶᠢᠨ ᠰᠢᠰᠲ᠋ᠧᠮ ᠢ | ᠪᠦᠷᠢᠨᠰᠢᠭᠦᠯᠵᠦ᠂ ᠵᠥᠷᠢᠴᠡᠯ ᠵᠠᠭᠤᠷᠠᠯᠳᠤᠭᠠᠨ ᠢ ᠴᠠᠭ ᠲᠤᠬᠠᠢ ᠳᠤᠨᠢ ᠦᠨᠳᠦᠰᠦᠨ ᠱᠠᠲᠤᠨ ᠳᠤ ᠰᠢᠢᠳᠪᠦᠷᠢᠯᠡᠵᠦ᠂ ᠴᠤᠬᠤᠶᠢᠬᠤ ᠱᠠᠲᠤᠨ ᠳᠤᠨᠢ ᠠᠷᠢᠯᠭᠠᠨ᠎ᠠ᠃ | ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠵᠤ᠂ ᠬᠤᠲᠠ ᠶᠢᠨ ᠬᠡᠪᠴᠢᠶᠡᠨ ᠤ ᠨᠡᠶᠢᠭᠡᠮ ᠤᠨ | ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠨᠡᠶᠢᠭᠡᠮ ᠤᠨ ᠠᠮᠤᠷ ᠲᠦᠪᠰᠢᠨ ᠢ ᠪᠦᠬᠦᠯᠢ ᠴᠣᠭᠴᠠ ᠪᠠᠷ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠬᠠᠷ᠎ᠠ | ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ ᠪᠠᠶᠢᠩᠭᠤᠵᠢᠭᠤᠯᠬᠤ ᠶᠢ ᠠᠬᠢᠭᠤᠯᠵᠤ᠂ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠬᠠᠤᠯᠢ ᠠᠴᠠ ᠵᠥᠷᠢᠴᠡᠭᠰᠡᠨ | ᠡᠯ᠎ᠡ ᠲᠥᠷᠥᠯ ᠤᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠰᠢᠢᠳᠬᠡᠨ᠎ᠡ᠃ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠵᠠᠰᠠᠬᠤ ᠬᠦᠴᠦᠨ ᠢ | ᠬᠥᠭᠵᠢᠭᠦᠯᠦᠨ ᠪᠤᠵᠠᠭᠠᠶᠢᠷᠠᠭᠤᠯᠵᠤ᠂ ᠦᠨᠡᠨ ᠶᠣᠰᠣᠨ ᠤ ᠲᠥᠯᠥᠭᠡ ᠡᠷᠡᠯᠬᠡᠭᠯᠡᠨ ᠲᠡᠮᠡᠴᠡᠬᠦ ᠨᠡᠶᠢᠭᠡᠮ ᠤᠨ ᠠᠭᠤᠷ ᠠᠮᠢᠰᠬᠤᠯ ᠢ ᠪᠤᠢ ᠪᠤᠯᠭᠠᠵᠤ᠂ ᠬᠥᠮᠥᠨ ᠪᠦᠭᠦᠨ | ᠬᠠᠷᠢᠭᠤᠴᠠᠯᠭ᠎ᠠ ᠲᠠᠢ᠂ ᠬᠥᠮᠥᠨ ᠪᠦᠭᠦᠨ ᠬᠠᠷᠢᠭᠤᠴᠠᠯᠭ᠎ᠠ ᠪᠠᠨ ᠭᠦᠢᠴᠡᠳᠬᠡᠬᠦ᠂ ᠬᠥᠮᠥᠨ ᠪᠦᠭᠦᠨ ᠡᠳ᠋ᠯᠡᠭᠦ ᠨᠡᠶᠢᠭᠡᠮ ᠤᠨ ᠵᠠᠰᠠᠯᠲᠠ ᠶᠢᠨ ᠬᠠᠮᠲᠤ ᠶᠢᠨ ᠴᠣᠭᠴᠠ ᠶᠢ | ᠪᠠᠶᠢᠭᠤᠯᠤᠨ᠎ᠠ᠃ | | | ᠠᠷᠪᠠᠨ ᠬᠤᠶᠠᠷ᠂ ᠴᠡᠷᠢᠭ ᠠᠩᠭᠢ ᠪᠠᠶᠢᠭᠤᠯᠤᠭᠳᠠᠭᠰᠠᠨ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ | ᠪᠠ ᠴᠡᠷᠢᠭ ᠠᠩᠭᠢ ᠶᠢᠨ ᠣᠳᠣᠬᠢᠴᠢᠯᠠᠯᠲᠠ ᠶᠢᠨ ᠰᠢᠨ᠎ᠡ ᠪᠠᠶᠢᠳᠠᠯ ᠢ ᠨᠡᠭᠡᠭᠡᠨ᠎ᠡ | ᠴᠡᠷᠢᠭ ᠠᠩᠭᠢ ᠪᠠᠶᠢᠭᠤᠯᠤᠭᠳᠠᠭᠰᠠᠨ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠲᠣᠭᠲᠠᠭᠰᠠᠨ ᠬᠤᠭᠤᠴᠠᠭ᠎ᠠ ᠳᠤ ᠪᠡᠶᠡᠯᠡᠭᠦᠯᠵᠦ᠂ ᠠᠷᠠᠳ ᠤᠨ ᠴᠡᠷᠢᠭ | ᠠᠩᠭᠢ ᠶᠢ ᠳᠡᠯᠡᠬᠡᠢ ᠶᠢᠨ ᠲᠡᠷᠢᠭᠦᠨ ᠵᠡᠷᠭᠡ ᠶᠢᠨ ᠴᠡᠷᠢᠭ ᠠᠩᠭᠢ ᠪᠣᠯᠭᠠᠨ ᠪᠦᠲᠦᠭᠡᠨ ᠪᠠᠶᠢᠭᠤᠯᠬᠤ ᠶᠢ ᠲᠦᠷᠭᠡᠳᠬᠡᠬᠦ ᠪᠣᠯ ᠨᠡᠶᠢᠭᠡᠮ ᠵᠢᠷᠤᠮᠲᠤ ᠣᠳᠣᠬᠢᠴᠢᠯᠠᠭᠰᠠᠨ | ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠪᠠᠶᠢᠯᠳᠤᠬᠤ ᠪᠣᠳᠣᠯᠭ᠎ᠠ ᠶᠢᠨ ᠱᠠᠭᠠᠷᠳᠠᠯᠭ᠎ᠠ ᠮᠥᠨ᠃ ᠡᠷᠬᠡᠪᠰᠢ ᠰᠢᠨ᠎ᠡ ᠴᠠᠭ ᠦᠶ᠎ᠡ ᠶᠢᠨ ᠨᠠᠮ ᠤᠨ | ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠴᠡᠷᠢᠭ ᠤᠨ ᠶᠠᠪᠤᠳᠠᠯ ᠤᠨ ᠪᠠᠶᠢᠯᠳᠤᠬᠤ ᠪᠣᠳᠣᠯᠭ᠎ᠠ ᠶᠢᠨ | ᠴᠢᠭᠯᠡᠯᠲᠡ ᠶᠢ ᠲᠤᠭᠤᠰᠢᠯᠠᠭᠤᠯᠵᠤ᠂ ᠠᠷᠠᠳ ᠤᠨ ᠴᠡᠷᠢᠭ ᠠᠩᠭᠢ ᠳᠠᠬᠢ ᠨᠠᠮ ᠤᠨ ᠬᠠᠷᠢᠴᠠᠯᠠᠰᠢᠭᠦᠢ ᠤᠳᠤᠷᠢᠳᠤᠯᠭ᠎ᠠ ᠶᠢ ᠪᠠᠷᠢᠮᠲᠠᠯᠠᠵᠤ᠂ ᠤᠯᠤᠰ ᠲᠥᠷᠥ ᠪᠠᠷ | ᠴᠡᠷᠢᠭ ᠢ ᠪᠠᠶᠢᠭᠤᠯᠬᠤ᠂ ᠥᠭᠡᠷᠡᠴᠢᠯᠡᠯᠲᠡ ᠪᠠᠷ ᠴᠡᠷᠢᠭ ᠢ ᠬᠦᠴᠦᠷᠬᠡᠭᠵᠢᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠴᠡᠷᠢᠭ ᠢ ᠬᠦᠴᠦᠷᠬᠡᠭᠵᠢᠭᠦᠯᠬᠦ᠂ | ᠴᠢᠳᠠᠪᠤᠷᠢᠲᠠᠨ ᠢᠶᠠᠷ ᠴᠡᠷᠢᠭ ᠢ ᠬᠦᠴᠦᠷᠬᠡᠭᠵᠢᠭᠦᠯᠬᠦ᠂ ᠬᠠᠤᠯᠢ ᠶᠣᠰᠣᠭᠠᠷ ᠴᠡᠷᠢᠭ ᠢ ᠵᠠᠰᠠᠬᠤ ᠶᠢ ᠪᠠᠷᠢᠮᠲᠠᠯᠠᠵᠤ᠂ ᠲᠡᠮᠡᠴᠡᠯ ᠬᠢᠬᠦ ᠶᠢᠨ ᠳᠠᠭᠠᠤ ᠲᠠᠶᠢᠨ ᠳᠤ ᠪᠡᠯᠡᠳᠬᠡᠬᠦ | ᠪᠠ ᠪᠦᠲᠦᠭᠡᠨ ᠪᠠᠶᠢᠭᠤᠯᠤᠯᠲᠠ ᠬᠢᠬᠦ ᠶᠢ ᠪᠠᠷᠢᠮᠲᠠᠯᠠᠵᠤ᠂ ᠮᠧᠬᠠᠨᠢᠭᠵᠢᠯᠲᠠ ᠮᠡᠳᠡᠭᠡ ᠵᠠᠩᠭᠢᠵᠢᠯᠲᠠ ᠣᠶᠤᠨᠴᠢᠯᠠᠯᠲᠠ ᠶᠢ ᠠᠭᠤᠰᠤᠯᠴᠠᠭᠤᠯᠤᠨ ᠬᠥᠭᠵᠢᠭᠦᠯᠬᠦ ᠶᠢ | ᠪᠠᠷᠢᠮᠲᠠᠯᠠᠵᠤ᠂ ᠴᠡᠷᠢᠭ ᠤᠨ ᠶᠠᠪᠤᠳᠠᠯ ᠤᠨ ᠤᠨᠤᠯ ᠤᠨ ᠣᠳᠣᠬᠢᠴᠢᠯᠠᠯᠲᠠ᠂ ᠴᠡᠷᠢᠭ ᠠᠩᠭᠢ ᠶᠢᠨ ᠵᠣᠬᠢᠶᠠᠨ ᠪᠠᠶᠢᠭᠤᠯᠤᠯᠲᠠ ᠶᠢᠨ ᠭᠡᠯᠪᠡᠷᠢ ᠪᠠᠶᠢᠳᠠᠯ ᠤᠨ | ᠣᠳᠣᠬᠢᠴᠢᠯᠠᠯᠲᠠ᠂ ᠴᠡᠷᠢᠭ ᠤᠨ ᠶᠠᠪᠤᠳᠠᠯ ᠤᠨ ᠠᠵᠢᠯᠲᠠᠨ ᠤ ᠣᠳᠣᠬᠢᠴᠢᠯᠠᠯᠲᠠ᠂ ᠵᠡᠪᠰᠡᠭ ᠲᠣᠨᠣᠭᠯᠠᠯ ᠤᠨ ᠣᠳᠣᠬᠢᠴᠢᠯᠠᠯᠲᠠ ᠶᠢ ᠲᠦᠷᠭᠡᠳᠬᠡᠵᠦ᠂ ᠤᠯᠤᠰ ᠤᠨ | ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ ᠬᠠᠮᠠᠭᠠᠯᠠᠬᠤ ᠪᠠᠶᠢᠯᠳᠤᠬᠤ ᠪᠣᠳᠣᠯᠭ᠎ᠠ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠰᠢᠨ᠎ᠡ | ᠴᠠᠭ ᠦᠶ᠎ᠡ ᠶᠢᠨ ᠠᠷᠠᠳ ᠤᠨ ᠴᠡᠷᠢᠭ ᠠᠩᠭᠢ ᠶᠢᠨ ᠡᠭᠦᠷᠭᠡ ᠬᠠᠷᠢᠭᠤᠴᠠᠯᠭ᠎ᠠ ᠶᠢ ᠪᠦᠲᠦᠮᠵᠢᠲᠡᠢ ᠭᠦᠢᠴᠡᠳᠬᠡᠬᠦ ᠬᠡᠷᠡᠭᠲᠡᠢ᠃ | ᠠᠷᠠᠳ ᠤᠨ ᠴᠡᠷᠢᠭ ᠠᠩᠭᠢ ᠶᠢᠨ ᠨᠠᠮ ᠤᠨ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠵᠤ᠂ ᠵᠡᠪᠰᠡᠭ ᠥᠨᠢ ᠡᠭᠦᠷᠢᠳᠡ ᠨᠠᠮ ᠤᠨ ᠵᠢᠯᠣᠭᠤᠳᠤᠯᠭ᠎ᠠ ᠶᠢ | ᠳᠠᠭᠠᠬᠤ ᠶᠢ ᠦᠨᠡᠨ ᠬᠦ ᠪᠠᠲᠤᠯᠠᠨ᠎ᠠ᠃ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠬᠠᠷᠢᠭᠤᠴᠠᠬᠤ ᠳᠦᠷᠢᠮ ᠢ ᠲᠤᠭᠤᠰᠢᠯᠠᠭᠤᠯᠬᠤ ᠪᠠᠶᠢᠭᠤᠯᠤᠮᠵᠢ | ᠲᠣᠭᠲᠠᠴᠠ ᠶᠢ ᠪᠦᠷᠢᠨᠰᠢᠭᠦᠯᠦᠨ᠎ᠡ᠃ ᠨᠠᠮ ᠤᠨ ᠰᠢᠨ᠎ᠡ ᠡᠭᠦᠳᠦᠯᠲᠡ ᠶᠢᠨ ᠤᠨᠤᠯ ᠢᠶᠠᠷ ᠵᠡᠪᠰᠡᠭᠯᠡᠬᠦ ᠶᠢ ᠭᠦᠨᠵᠡᠭᠡᠶᠢᠷᠡᠭᠦᠯᠵᠦ᠂ ︽ᠴᠡᠷᠢᠭ ᠢ ᠬᠦᠴᠦᠷᠬᠡᠭᠵᠢᠭᠦᠯᠬᠦ ᠦᠵᠡᠯ | ᠰᠠᠨᠠᠭ᠎ᠠ ᠶᠢ ᠰᠤᠷᠤᠯᠴᠠᠵᠤ᠂ ᠴᠡᠷᠢᠭ ᠢ ᠬᠦᠴᠦᠷᠬᠡᠭᠵᠢᠭᠦᠯᠬᠦ ᠦᠢᠯᠡᠰ ᠲᠤ ᠭᠠᠪᠢᠶ᠎ᠠ ᠪᠠᠶᠢᠭᠤᠯᠬᠤ︾ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠦᠨ᠎ᠡ᠃ | ᠴᠡᠷᠢᠭ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠴᠢᠩᠭᠠᠳᠬᠠᠵᠤ᠂ ᠴᠡᠷᠢᠭ ᠢ ᠬᠦᠴᠦᠷᠬᠡᠭᠵᠢᠭᠦᠯᠬᠦ ᠰᠣᠶᠣᠯ ᠢ ᠴᠡᠴᠡᠭᠯᠡᠭᠦᠯᠦᠨ ᠬᠥᠭᠵᠢᠭᠦᠯᠵᠦ᠂ ᠲᠠᠶᠢᠴᠢᠨ | ᠵᠣᠷᠢᠭ ᠰᠠᠨᠠᠭ᠎ᠠ ᠶᠢ ᠪᠣᠶᠢᠵᠢᠭᠤᠯᠬᠤ ᠶᠢ ᠴᠢᠩᠭᠠᠳᠬᠠᠨ᠎ᠠ᠃ ᠠᠷᠠᠳ ᠤᠨ ᠴᠡᠷᠢᠭ ᠠᠩᠭᠢ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ | ᠬᠦᠴᠦᠷᠬᠡᠭᠵᠢᠭᠦᠯᠦᠨ ᠪᠠᠶᠢᠭᠤᠯᠵᠤ᠂ ᠤᠯᠤᠰ ᠲᠦᠷᠦ ᠶᠢᠨ ᠴᠡᠭᠴᠡᠯᠡᠯᠲᠡ ᠪᠣᠯᠪᠠᠰᠤᠷᠠᠯ ᠢ ᠪᠠᠶᠢᠩᠭᠤᠵᠢᠭᠤᠯᠤᠨ ᠳᠦᠷᠢᠮᠵᠢᠭᠦᠯᠬᠦ ᠶᠢ ᠠᠬᠢᠭᠤᠯᠵᠤ᠂ ᠰᠤᠷᠲᠠᠯ ᠢ ᠲᠥᠪ | ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠬᠦ ᠶᠢ ᠴᠥᠬᠦᠷᠡᠰᠢ ᠦᠭᠡᠢ ᠪᠠᠷᠢᠮᠲᠠᠯᠠᠨ᠎ᠠ᠃ | ᠴᠡᠷᠢᠭ ᠪᠤᠯᠪᠠᠰᠤᠷᠠᠭᠤᠯᠵᠤ ᠲᠠᠶᠢᠨ ᠳᠤ ᠪᠡᠯᠡᠳᠬᠡᠬᠦ ᠶᠢ ᠪᠦᠭᠦ ᠲᠠᠯ᠎ᠠ ᠪᠠᠷ ᠴᠢᠩᠭᠠᠳᠬᠠᠵᠤ᠂ ᠠᠷᠠᠳ ᠤᠨ ᠴᠡᠷᠢᠭ ᠠᠩᠭᠢ ᠶᠢᠨ ᠢᠯᠠᠯᠲᠠ ᠣᠯᠬᠤ ᠴᠢᠳᠠᠪᠤᠷᠢ ᠶᠢ | ᠳᠡᠭᠡᠭᠰᠢᠯᠡᠭᠦᠯᠦᠨ᠎ᠡ᠃ ᠮᠡᠳᠡᠭᠡ ᠵᠠᠩᠭᠢᠴᠢᠯᠠᠭᠰᠠᠨ ᠣᠶᠤᠨᠴᠢᠯᠠᠭᠰᠠᠨ ᠲᠠᠶᠢᠨ ᠤ ᠣᠨᠴᠠᠯᠢᠭ ᠪᠠ ᠵᠢᠮ᠎ᠡ ᠶᠣᠰᠣ ᠶᠢ ᠰᠤᠳᠤᠯᠤᠨ ᠡᠵᠡᠮᠰᠢᠵᠦ᠂ ᠴᠡᠷᠢᠭ ᠤᠨ ᠶᠠᠪᠤᠳᠠᠯ ᠤᠨ | ᠪᠠᠶᠢᠯᠳᠤᠬᠤ ᠪᠣᠳᠣᠯᠭ᠎ᠠ ᠶᠢᠨ ᠵᠢᠯᠣᠭᠤᠳᠤᠯᠭ᠎ᠠ ᠶᠢᠨ ᠰᠢᠨ᠎ᠡ ᠶᠢ ᠡᠭᠦᠳᠴᠦ᠂ ᠠᠷᠠᠳ ᠤᠨ ᠳᠠᠶᠢᠨ ᠤ ᠪᠠᠶᠢᠯᠳᠤᠬᠤ ᠪᠣᠳᠣᠯᠭ᠎ᠠ ᠪᠠᠶᠢᠯᠳᠤᠬᠤ ᠠᠷᠭ᠎ᠠ ᠶᠢ ᠬᠥᠭᠵᠢᠭᠦᠯᠦᠨ᠎ᠡ | ᠃ ᠪᠠᠶᠢᠯᠳᠤᠬᠤ ᠪᠣᠳᠣᠯᠭ᠎ᠠ ᠶᠢᠨ ᠬᠦᠴᠦᠷᠬᠡᠭ ᠶᠡᠭᠡ ᠰᠦᠷᠳᠡᠭᠦᠯᠭᠡ ᠶᠢᠨ ᠬᠦᠴᠦᠨ ᠤ ᠰᠢᠰᠲ᠋ᠧᠮ ᠢ ᠪᠤᠢ ᠪᠤᠯᠭᠠᠵᠦ᠂ ᠰᠢᠨ᠎ᠡ ᠬᠦᠷᠢᠶ᠎ᠡ ᠰᠢᠨ᠎ᠡ ᠣᠨᠴᠠᠯᠢᠭ ᠴᠢᠨᠠᠷ ᠤᠨ | ᠪᠠᠶᠢᠯᠳᠤᠬᠤ ᠬᠦᠴᠦᠨ ᠤ ᠬᠠᠷᠢᠴᠠᠯ ᠢ ᠨᠡᠮᠡᠭᠳᠡᠭᠦᠯᠵᠦ᠂ ᠬᠥᠮᠥᠨ ᠦᠭᠡᠢ ᠣᠶᠤᠨᠴᠢ ᠪᠠᠶᠢᠯᠳᠤᠬᠤ ᠬᠦᠴᠦᠨ ᠤ ᠬᠥᠭᠵᠢᠯᠲᠡ ᠶᠢ ᠲᠦᠷᠭᠡᠳᠬᠡᠵᠦ᠂ ᠰᠦᠯᠵᠢᠶᠡᠨ ᠤ | ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠬᠡᠷᠡᠭᠯᠡᠯᠲᠡ ᠶᠢ ᠨᠢᠭᠡᠳᠦᠯᠲᠡᠢ ᠲᠥᠯᠥᠪᠵᠢᠭᠦᠯᠦᠨ᠎ᠡ᠃ ᠬᠠᠮᠲᠤᠷᠠᠭᠰᠠᠨ ᠪᠠᠶᠢᠯᠳᠤᠭᠠᠨ ᠤ ᠵᠢᠯᠤᠭᠤᠳᠬᠤ | ᠰᠢᠰᠲ᠋ᠧᠮ ᠢ ᠰᠢᠯᠢᠳᠡᠭᠵᠢᠭᠦᠯᠵᠦ᠂ ᠲᠠᠩᠨᠠᠨ ᠪᠠᠶᠢᠴᠠᠭᠠᠵᠤ ᠤᠷᠢᠳᠴᠢᠯᠠᠨ ᠰᠡᠷᠡᠮᠵᠢᠯᠡᠭᠦᠯᠭᠦ᠂ ᠬᠠᠮᠲᠤᠷᠠᠨ ᠴᠣᠬᠢᠯᠲᠠ ᠥᠭᠭᠦ᠂ ᠪᠠᠶᠢᠯᠳᠤᠭᠠᠨ ᠤ ᠲᠠᠯᠠᠪᠤᠷ ᠤᠨ | ᠲᠤᠯᠭᠠᠭᠤᠷᠢᠯᠠᠯ᠂ ᠶᠡᠷᠦᠩᠬᠡᠶᠢᠯᠡᠭᠰᠡᠨ ᠪᠠᠲᠤᠯᠠᠭ᠎ᠠ ᠶᠢᠨ ᠰᠢᠰᠲ᠋ᠧᠮ ᠪᠠ ᠴᠢᠳᠠᠪᠤᠷᠢ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠪᠣᠳᠠᠲᠤ ᠲᠠᠶᠢᠨ ᠤ ᠮᠠᠶ᠋ᠢᠭ ᠤᠨ | ᠴᠡᠷᠢᠭ ᠤᠨ ᠪᠣᠯᠪᠠᠰᠤᠷᠠᠯ ᠢ ᠭᠦᠨᠵᠡᠭᠡᠢ ᠠᠬᠢᠭᠤᠯᠵᠤ᠂ ᠬᠠᠮᠲᠤᠷᠠᠭᠰᠠᠨ ᠪᠣᠯᠪᠠᠰᠤᠷᠠᠯ᠂ ᠡᠰᠡᠷᠭᠦᠴᠡᠯᠳᠦᠬᠦ ᠪᠣᠯᠪᠠᠰᠤᠷᠠᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠴᠡᠷᠢᠭ ᠤᠨ ᠪᠣᠯᠪᠠᠰᠤᠷᠠᠯ ᠢ ᠭᠦᠨᠵᠡᠭᠡᠶᠢᠷᠡᠭᠦᠯᠦᠨ᠎ᠡ᠃ ᠴᠡᠷᠢᠭ ᠤᠨ ᠬᠦᠴᠦᠨ ᠤ ᠪᠠᠶᠢᠩᠭᠤᠵᠢᠭᠤᠯᠤᠭᠰᠠᠨ ᠤᠯᠠᠨ ᠶᠠᠩᠵᠤᠴᠢᠯᠠᠭᠰᠠᠨ ᠬᠡᠷᠡᠭᠯᠡᠯᠲᠡ ᠶᠢ ᠴᠢᠩᠭᠠᠳᠬᠠᠵᠤ᠂ | ᠴᠡᠷᠢᠭ ᠤᠨ ᠶᠠᠪᠤᠳᠠᠯ ᠤᠨ ᠲᠡᠮᠡᠴᠡᠯ ᠢ ᠡᠷᠡᠰ ᠪᠠᠲᠤ ᠪᠥᠭᠡᠳ ᠠᠮᠢᠳᠤᠯᠢᠭ ᠢᠶᠠᠷ ᠥᠷᠨᠢᠭᠦᠯᠵᠦ᠂ ᠠᠮᠤᠷ ᠲᠦᠪᠰᠢᠨ ᠪᠠᠶᠢᠳᠠᠯ ᠢ ᠪᠤᠢ ᠪᠤᠯᠭᠠᠵᠤ᠂ ᠲᠦᠭᠰᠢᠭᠦᠷᠢ | ᠮᠥᠷᠭᠦᠯᠳᠦᠭᠡᠨ ᠢ ᠬᠤᠷᠢᠭᠯᠠᠨ ᠡᠵᠡᠮᠳᠡᠵᠦ᠂ ᠬᠡᠰᠡᠭ ᠲᠠᠯ᠎ᠠ ᠶᠢᠨ ᠲᠠᠶᠢᠨ ᠳᠤ ᠢᠯᠠᠯᠲᠠ ᠣᠯᠣᠨ᠎ᠠ᠃ | ᠴᠡᠷᠢᠭ ᠤᠨ ᠶᠠᠪᠤᠳᠠᠯ ᠤᠨ ᠵᠠᠰᠠᠯᠲᠠ ᠶᠢ ᠪᠦᠭᠦ ᠲᠠᠯ᠎ᠠ ᠪᠠᠷ ᠴᠢᠩᠭᠠᠳᠬᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ | ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠴᠡᠷᠢᠭ ᠤᠨ ᠶᠠᠪᠤᠳᠠᠯ ᠤᠨ ᠬᠦᠴᠦᠨ ᠤ ᠪᠦᠲᠦᠴᠡ ᠪᠦᠷᠢᠯᠳᠦᠯ ᠢ ᠲᠡᠭᠦᠯᠳᠡᠷᠵᠢᠭᠦᠯᠵᠦ᠂ | ᠴᠡᠷᠢᠭ ᠤᠨ ᠶᠠᠪᠤᠳᠠᠯ ᠤᠨ ᠲᠦᠷᠦ ᠶᠢᠨ ᠪᠣᠳᠣᠯᠭ᠎ᠠ ᠳᠦᠷᠢᠮ ᠲᠣᠭᠲᠠᠭᠠᠯ ᠢ ᠰᠢᠰᠲ᠋ᠧᠮᠵᠢᠭᠦᠯᠦᠨ ᠰᠢᠯᠢᠳᠡᠭᠵᠢᠭᠦᠯᠦᠨ᠎ᠡ᠃ ᠤᠯᠤᠰ ᠤᠨ ᠪᠠᠲᠤᠯᠠᠨ ᠬᠠᠮᠠᠭᠠᠯᠠᠯᠲᠠ ᠪᠠ | ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠶᠡᠭᠡ ᠡᠭᠦᠷᠭᠡ ᠶᠢᠨ ᠪᠠᠶᠢᠯᠳᠤᠭᠠᠨ ᠬᠢᠬᠦ ᠪᠦᠲᠦᠭᠡᠨ ᠪᠠᠶᠢᠭᠤᠯᠤᠯᠲᠠ ᠬᠢᠬᠦ ᠪᠠ ᠲᠠᠶᠢᠨ ᠳᠤ | ᠪᠡᠯᠡᠳᠬᠡᠬᠦ ᠶᠢ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ᠂ ᠣᠳᠣᠬᠢᠴᠢᠯᠠᠭᠰᠠᠨ ᠠᠷᠤ ᠲᠠᠯ᠎ᠠ ᠶᠢᠨ ᠦᠢᠯᠡᠴᠢᠯᠡᠭᠡ ᠶᠢ ᠲᠦᠷᠭᠡᠨ ᠢᠶᠠᠷ ᠪᠠᠶᠢᠭᠤᠯᠵᠤ᠂ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠠ ᠵᠡᠪᠰᠡᠭ ᠲᠣᠨᠣᠭᠯᠠᠯ ᠤᠨ ᠴᠢᠬᠤᠯᠠ ᠶᠡᠭᠡ ᠢᠨᠵᠧᠨᠧᠷᠢᠩ ᠢ ᠬᠡᠷᠡᠭᠵᠢᠭᠦᠯᠵᠦ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠲᠠᠶᠢᠴᠢᠨ ᠬᠦᠴᠦᠨ ᠪᠣᠯᠭᠠᠨ ᠬᠤᠪᠢᠷᠠᠭᠤᠯᠬᠤ ᠶᠢ ᠲᠦᠷᠭᠡᠳᠬᠡᠨ᠎ᠡ᠃ ᠴᠡᠷᠢᠭ ᠤᠨ ᠶᠡᠭᠡ ᠳᠡᠭᠡᠳᠦ ᠰᠤᠷᠭᠠᠭᠤᠯᠢ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠨ᠎ᠡ ᠭᠡᠯᠪᠡᠷᠢ ᠶᠢᠨ ᠴᠡᠷᠢᠭ ᠤᠨ ᠶᠠᠪᠤᠳᠠᠯ ᠤᠨ ᠴᠢᠳᠠᠪᠤᠷᠢᠲᠠᠨ ᠢ ᠬᠥᠮᠥᠵᠢᠭᠦᠯᠬᠦ ᠰᠢᠰᠲ᠋ᠧᠮ ᠢ ᠬᠦᠴᠦᠷᠬᠡᠭᠵᠢᠭᠦᠯᠦᠨ | ᠪᠠᠶᠢᠭᠤᠯᠵᠤ᠂ ᠴᠡᠷᠢᠭ ᠤᠨ ᠶᠠᠪᠤᠳᠠᠯ ᠤᠨ ᠬᠥᠮᠥᠨ ᠤ ᠬᠦᠴᠦᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠰᠢᠨ᠎ᠡ ᠶᠢ ᠡᠭᠦᠳᠦᠨ᠎ᠡ᠃ ᠬᠠᠤᠯᠢ ᠪᠠᠷ ᠴᠡᠷᠢᠭ ᠢ ᠵᠠᠰᠠᠬᠤ | ᠲᠣᠭᠲᠠᠴᠠ ᠶᠢᠨ ᠪᠠᠶᠢᠭᠤᠯᠤᠯᠲᠠ ᠪᠠ ᠪᠠᠶᠢᠯᠳᠤᠬᠤ ᠪᠣᠳᠣᠯᠭ᠎ᠠ ᠶᠢᠨ ᠲᠥᠯᠦᠪᠵᠢᠭᠦᠯᠭᠡ ᠶᠢ ᠴᠢᠩᠭᠠᠳᠬᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠴᠡᠷᠢᠭ ᠤᠨ | ᠶᠠᠪᠤᠳᠠᠯ ᠤᠨ ᠬᠠᠤᠯᠢᠵᠢᠯ ᠤᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠪᠠᠶᠢᠯᠳᠤᠬᠤ ᠪᠣᠳᠣᠯᠭ᠎ᠠ ᠶᠢᠨ ᠬᠠᠮᠢᠶᠠᠷᠤᠯᠲᠠ ᠶᠢ ᠰᠠᠶᠢᠵᠢᠷᠠᠭᠤᠯᠵᠤ᠂ ᠴᠡᠷᠢᠭ ᠤᠨ ᠶᠠᠪᠤᠳᠠᠯ ᠤᠨ | ᠰᠢᠰᠲ᠋ᠧᠮ ᠤᠨ ᠠᠵᠢᠯᠯᠠᠭᠠᠨ ᠤ ᠦᠢᠯᠡᠳᠦᠯ ᠴᠢᠳᠠᠪᠤᠷᠢ ᠪᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠡᠬᠢ ᠪᠠᠶᠠᠯᠢᠭ ᠤᠨ ᠬᠡᠷᠡᠭᠯᠡᠯᠲᠡ ᠶᠢᠨ ᠦᠷ᠎ᠡ ᠠᠰᠢᠭ ᠢ | ᠲᠡᠭᠡᠭᠰᠢᠯᠡᠭᠦᠯᠦᠨ᠎ᠡ᠃ | ᠨᠢᠭᠡ ᠴᠣᠭᠴᠠᠵᠢᠭᠰᠠᠨ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠰᠲ᠋ᠧᠮ ᠪᠠ ᠴᠢᠳᠠᠪᠤᠷᠢ ᠶᠢ ᠪᠠᠬᠢᠵᠢᠭᠦᠯᠦᠨ ᠳᠡᠭᠡᠭᠰᠢᠯᠡᠭᠦᠯᠦᠨ᠎ᠡ᠃ ᠴᠡᠷᠢᠭ ᠠᠩᠭᠢ ᠪᠠ | ᠣᠷᠣᠨ ᠨᠤᠲᠤᠭ ᠤᠨ ᠪᠠᠶᠢᠯᠳᠤᠬᠤ ᠪᠣᠳᠣᠯᠭ᠎ᠠ ᠶᠢᠨ ᠲᠥᠯᠦᠪᠵᠢᠭᠦᠯᠭᠡ ᠶᠢ ᠨᠢᠭᠡᠳᠦᠯᠲᠡᠢ ᠲᠥᠯᠥᠪᠵᠢᠭᠦᠯᠬᠦ᠂ ᠲᠦᠷᠦ ᠶᠢᠨ ᠪᠣᠳᠣᠯᠭ᠎ᠠ ᠳᠦᠷᠢᠮ ᠢ ᠵᠣᠯᠭᠠᠭᠤᠯᠬᠤ᠂ | ᠡᠬᠢ ᠪᠠᠶᠠᠯᠢᠭ ᠤᠨ ᠡᠯᠧᠮᠧᠨ᠋ᠲ ᠢ ᠬᠠᠮᠲᠤ ᠪᠠᠷ ᠡᠳ᠋ᠯᠡᠭᠦ ᠶᠢ ᠴᠢᠩᠭᠠᠳᠬᠠᠨ᠎ᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠠᠵᠤ ᠦᠢᠯᠡᠳᠪᠦᠷᠢ ᠶᠢᠨ ᠰᠢᠰᠲ᠋ᠧᠮ ᠪᠠ ᠪᠠᠶᠢᠷᠢᠰᠢᠯ ᠢ ᠰᠢᠯᠢᠳᠡᠭᠵᠢᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠠᠵᠤ ᠦᠢᠯᠡᠳᠪᠦᠷᠢ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠪᠦᠭᠦ ᠠᠷᠠᠳ ᠤᠨ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠬᠥᠮᠦᠵᠢᠯ ᠢ ᠭᠦᠨᠵᠡᠭᠡᠶᠢᠷᠡᠭᠦᠯᠦᠨ᠎ᠡ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠠ ᠪᠡᠯᠡᠳᠬᠡᠯ ᠬᠦᠴᠦᠨ ᠤ ᠪᠠᠶᠢᠭᠤᠯᠤᠯᠲᠠ ᠶᠢ | ᠴᠢᠩᠭᠠᠳᠬᠠᠵᠤ᠂ ᠤᠳᠤ ᠦᠶ᠎ᠡ ᠶᠢᠨ ᠬᠢᠯᠢ ᠲᠠᠯᠠᠢ ᠠᠭᠠᠷ ᠤᠨ ᠰᠡᠷᠭᠡᠶᠢᠯᠡᠯᠲᠡ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠴᠡᠷᠢᠭ ᠬᠥᠮᠥᠨ ᠴᠡᠷᠢᠭ ᠤᠨ | ᠭᠡᠷ ᠪᠦᠯᠢ ᠶᠢᠨ ᠢᠷᠠᠭᠤ ᠠᠯᠳᠠᠷ ᠤᠨ ᠤᠷᠮᠠᠰᠢᠭᠤᠯᠤᠯ ᠪᠠ ᠡᠷᠬᠡ ᠠᠰᠢᠭ ᠤᠨ ᠪᠠᠲᠤᠯᠠᠭ᠎ᠠ ᠶᠢ ᠴᠢᠩᠭᠠᠳᠬᠠᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ | ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠰᠠᠶᠢᠲᠤᠷ ᠬᠢᠨ᠎ᠡ᠃ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠢ ᠪᠠᠬᠢᠵᠢᠭᠦᠯᠦᠨ ᠬᠥᠭᠵᠢᠭᠦᠯᠦᠨ᠎ᠡ᠃ | ᠠᠷᠠᠳ ᠤᠨ ᠴᠡᠷᠢᠭ ᠠᠩᠭᠢ ᠪᠣᠯ ᠢᠮᠠᠭᠲᠠ ᠨᠠᠮ ᠪᠠ ᠠᠷᠠᠳ ᠲᠦᠮᠡᠨ ᠤ ᠪᠦᠷᠢᠮᠦᠰᠦᠨ ᠢᠲᠡᠭᠡᠵᠦ ᠪᠤᠯᠬᠤ ᠪᠠᠭᠠᠲᠤᠷᠯᠢᠭ ᠴᠡᠷᠢᠭ ᠠᠩᠭᠢ ᠮᠥᠨ᠂ | ᠲᠡᠲᠡᠨ ᠳᠤ ᠤᠯᠤᠰ ᠤᠨ ᠡᠷᠬᠡ ᠮᠡᠳᠡᠯ᠂ ᠨᠢᠭᠡᠳᠦᠯ ᠪᠣᠯᠣᠨ ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠶᠢ ᠬᠠᠮᠠᠭᠠᠯᠠᠬᠤ ᠢᠲᠡᠭᠡᠯ ᠵᠣᠷᠢᠭ ᠪᠠ ᠴᠢᠳᠠᠪᠤᠷᠢ | ᠪᠠᠶᠢᠨ᠎ᠠ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠪᠠᠶᠢᠯᠳᠤᠬᠤ ᠪᠣᠳᠣᠯᠭ᠎ᠠ ᠶᠢᠨ ᠲᠦᠰᠢᠭ ᠲᠤᠯᠭᠠᠭᠤᠷᠢ | ᠬᠠᠩᠭᠠᠬᠤ ᠢᠲᠡᠭᠡᠯ ᠵᠣᠷᠢᠭ ᠪᠠ ᠴᠢᠳᠠᠪᠤᠷᠢ ᠪᠠᠶᠢᠨ᠎ᠠ᠂ ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠭᠵᠢᠯᠲᠡ ᠳᠤ ᠨᠡᠩ ᠶᠡᠭᠡ ᠬᠤᠪᠢ ᠨᠡᠮᠡᠷᠢ ᠦᠵᠡᠭᠦᠯᠭᠦ ᠢᠲᠡᠭᠡᠯ | ᠵᠣᠷᠢᠭ ᠪᠠ ᠴᠢᠳᠠᠪᠤᠷᠢ ᠪᠠᠶᠢᠨ᠎ᠠ︕ | | | ᠠᠷᠪᠠᠨ ᠭᠤᠷᠪᠠ᠂ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠶᠢ ᠪᠠᠷᠢᠮᠲᠠᠯᠠᠨ ᠲᠡᠭᠦᠯᠳᠡᠷᠵᠢᠭᠦᠯᠵᠦ᠂ ᠡᠬᠡ ᠤᠯᠤᠰ ᠤᠨ ᠨᠢᠭᠡᠳᠦᠯ ᠢ | ᠠᠬᠢᠭᠤᠯᠤᠨ᠎ᠠ | ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠪᠣᠯ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ | ᠡᠭᠦᠳᠦᠯᠲᠡ ᠮᠥᠨ᠂ ᠰᠢᠶᠠᠩᠭᠠᠩ᠂ ᠣᠣᠮᠧᠨ ᠤ ᠡᠬᠡ ᠤᠯᠤᠰ ᠲᠠᠭᠠᠨ ᠪᠤᠴᠠᠵᠤ ᠢᠷᠡᠭᠰᠡᠨ ᠤ ᠳᠠᠷᠠᠭ᠎ᠠ ᠤᠷᠳᠤ ᠬᠤᠭᠤᠴᠠᠭ᠎ᠠ ᠪᠠᠷ ᠴᠡᠴᠡᠭᠯᠡᠨ ᠬᠥᠭᠵᠢᠵᠦ | ᠲᠣᠭᠲᠠᠭᠤᠨ ᠪᠠᠶᠢᠬᠤ ᠶᠢ ᠪᠠᠲᠤᠯᠠᠬᠤ ᠬᠠᠮᠤᠭ ᠤᠨ ᠰᠠᠶᠢᠨ ᠪᠠᠶᠢᠭᠤᠯᠤᠯ ᠤᠨ ᠲᠣᠬᠢᠷᠠᠭᠤᠯᠤᠯᠲᠠ ᠮᠥᠨ᠂ ᠡᠭᠦᠨ ᠢ ᠡᠷᠬᠡᠪᠰᠢ ᠤᠷᠳᠤ ᠬᠤᠭᠤᠴᠠᠭ᠎ᠠ ᠪᠠᠷᠢᠮᠲᠠᠯᠠᠬᠤ | ᠬᠡᠷᠡᠭᠲᠡᠢ᠃ | ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾᠂ ︽ᠰᠢᠶᠠᠩᠭᠠᠩ ᠤᠨ ᠬᠥᠮᠥᠨ ᠢᠶᠠᠷ ᠰᠢᠶᠠᠩᠭᠠᠩ ᠢ ᠵᠠᠰᠠᠭᠤᠯᠬᠤ︾᠂ ︽ᠣᠣᠮᠧᠨ ᠤ | ᠬᠥᠮᠥᠨ ᠢᠶᠠᠷ ᠣᠣᠮᠧᠨ ᠢ ᠵᠠᠰᠠᠭᠤᠯᠬᠤ︾᠂ ᠳᠡᠭᠡᠳᠦ ᠬᠡᠮᠵᠢᠶ᠎ᠡ ᠪᠠᠷ ᠥᠪᠡᠷᠲᠡᠭᠡᠨ ᠵᠠᠰᠠᠬᠤ ᠴᠢᠭᠯᠡᠯᠲᠡ ᠶᠢ ᠪᠦᠭᠦ ᠲᠠᠯ᠎ᠠ ᠪᠠᠷ ᠣᠨᠣᠪᠴᠢᠲᠠᠶ᠂ ᠡᠷᠡᠰ ᠭᠤᠶᠢᠪᠢᠰᠢ | ᠦᠭᠡᠢ ᠪᠠᠷ ᠲᠤᠭᠤᠰᠢᠯᠠᠭᠤᠯᠵᠤ᠂ ᠬᠠᠤᠯᠢ ᠶᠣᠰᠣᠭᠠᠷ ᠰᠢᠶᠠᠩᠭᠠᠩ ᠢ ᠵᠠᠰᠠᠬᠤ ᠣᠣᠮᠧᠨ ᠢ ᠵᠠᠰᠠᠬᠤ ᠶᠢ ᠪᠠᠷᠢᠮᠲᠠᠯᠠᠵᠤ᠂ ᠦᠨᠳᠦᠰᠦᠨ ᠬᠠᠤᠯᠢ ᠪᠠ ᠦᠨᠳᠦᠰᠦ ᠪᠤᠯᠬᠤ | ᠬᠠᠤᠯᠢ ᠳᠤ ᠲᠣᠭᠲᠠᠭᠠᠭᠰᠠᠨ ᠵᠠᠰᠠᠭ ᠵᠠᠬᠢᠷᠭᠠᠨ ᠤ ᠣᠨᠴᠠᠭᠠᠶ ᠣᠷᠣᠨ ᠤ ᠦᠨᠳᠦᠰᠦᠨ ᠬᠠᠤᠯᠢᠲᠤ ᠡᠮᠬᠢ ᠵᠢᠷᠤᠮ ᠢ ᠬᠠᠮᠠᠭᠠᠯᠠᠨ᠎ᠠ᠃ ︽ᠨᠢᠭᠡ ᠤᠯᠤᠰ ᠲᠤ ᠬᠤᠶᠠᠷ | ᠪᠠᠶᠢᠭᠤᠯᠤᠯ ᠢ ᠬᠡᠷᠡᠭᠵᠢᠭᠦᠯᠬᠦ︾ ᠪᠠᠶᠢᠭᠤᠯᠤᠯ ᠤᠨ ᠰᠢᠰᠲ᠋ᠧᠮ ᠢ ᠪᠠᠷᠢᠮᠲᠠᠯᠠᠨ ᠲᠡᠭᠦᠯᠳᠡᠷᠵᠢᠭᠦᠯᠵᠦ᠂ ᠲᠥᠪ ᠤᠨ ᠪᠦᠭᠦ ᠲᠠᠯ᠎ᠠ ᠪᠠᠷ ᠬᠠᠮᠢᠶᠠᠷᠤᠨ ᠵᠠᠰᠠᠬᠤ ᠡᠷᠬᠡ ᠶᠢ | ᠨᠠᠶᠢᠳᠠᠪᠤᠷᠢᠵᠢᠭᠤᠯᠵᠤ᠂ ︽ᠤᠯᠤᠰ ᠢᠶᠠᠨ ᠬᠠᠶᠢᠷᠠᠯᠠᠭᠴᠢᠳ ᠢᠶᠠᠷ ᠰᠢᠶᠠᠩᠭᠠᠩ ᠢ ᠵᠠᠰᠠᠭᠤᠯᠬᠤ︾᠂ ︽ᠤᠯᠤᠰ ᠢᠶᠠᠨ ᠬᠠᠶᠢᠷᠠᠯᠠᠭᠴᠢᠳ ᠢᠶᠠᠷ ᠣᠣᠮᠧᠨ ᠢ ᠵᠠᠰᠠᠭᠤᠯᠬᠤ︾ | ᠵᠠᠷᠴᠢᠮ ᠢ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠣᠨᠴᠠᠭᠠᠶ ᠣᠷᠣᠨ ᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠬᠠᠤᠯᠢ ᠴᠠᠭᠠᠵᠠ ᠶᠢᠨ ᠳᠦᠷᠢᠮ ᠪᠠ | ᠬᠡᠷᠡᠭᠵᠢᠭᠦᠯᠬᠦ ᠲᠣᠭᠲᠠᠴᠠ ᠶᠢ ᠨᠠᠶᠢᠳᠠᠪᠤᠷᠢᠵᠢᠭᠤᠯᠤᠨ᠎ᠠ᠃ ᠲᠥᠪ ᠤᠨ ᠪᠦᠭᠦ ᠲᠠᠯ᠎ᠠ ᠪᠠᠷ ᠬᠠᠮᠢᠶᠠᠷᠤᠨ ᠵᠠᠰᠠᠬᠤ ᠡᠷᠬᠡ ᠶᠢ ᠪᠠᠷᠢᠮᠲᠠᠯᠠᠬᠤ ᠪᠠ ᠵᠠᠰᠠᠭ ᠵᠠᠬᠢᠷᠭᠠᠨ ᠤ | ᠣᠨᠴᠠᠭᠠᠶ ᠣᠷᠣᠨ ᠤ ᠳᠡᠭᠡᠳᠦ ᠬᠡᠮᠵᠢᠶ᠎ᠡ ᠪᠠᠷ ᠥᠪᠡᠷᠲᠡᠭᠡᠨ ᠵᠠᠰᠠᠬᠤ ᠡᠷᠬᠡ ᠶᠢ ᠪᠠᠲᠤᠯᠠᠬᠤ ᠶᠢ ᠬᠠᠷᠢᠯᠴᠠᠨ ᠨᠢᠭᠡᠳᠬᠡᠵᠦ᠂ ᠵᠠᠰᠠᠭ ᠵᠠᠬᠢᠷᠭᠠᠨ ᠢᠶᠠᠷ ᠤᠳᠤᠷᠢᠳᠤᠮᠵᠢ | ᠪᠤᠯᠭᠠᠬᠤ ᠶᠢ ᠪᠠᠷᠢᠮᠲᠠᠯᠠᠨ᠂ ᠵᠠᠰᠠᠭ ᠵᠠᠬᠢᠷᠭᠠᠨ ᠤ ᠳᠠᠷᠤᠭ᠎ᠠ ᠪᠠ ᠵᠠᠰᠠᠭ ᠵᠠᠬᠢᠷᠭᠠᠨ ᠤ ᠣᠨᠴᠠᠭᠠᠶ ᠣᠷᠣᠨ ᠤ ᠵᠠᠰᠠᠭ ᠤᠨ ᠣᠷᠳᠣᠨ ᠤ ᠬᠠᠤᠯᠢ ᠶᠣᠰᠣᠭᠠᠷ ᠵᠠᠰᠠᠭ | ᠶᠠᠪᠤᠭᠤᠯᠬᠤ ᠶᠢ ᠲᠡᠮᠵᠢᠵᠤ᠂ ᠪᠦᠭᠦ ᠲᠠᠯ᠎ᠠ ᠪᠠᠷ ᠵᠠᠰᠠᠬᠤ ᠴᠢᠳᠠᠪᠤᠷᠢ ᠪᠠ ᠬᠠᠮᠢᠶᠠᠷᠤᠨ ᠵᠠᠰᠠᠬᠤ ᠲᠦᠪᠰᠢᠨ ᠢ ᠳᠡᠭᠡᠭᠰᠢᠯᠡᠭᠦᠯᠵᠦ᠂ ᠵᠠᠰᠠᠭ ᠵᠠᠬᠢᠷᠭᠠᠨ ᠤ ᠣᠨᠴᠠᠭᠠᠶ | ᠣᠷᠣᠨ ᠤ ᠬᠠᠤᠯᠢ ᠴᠠᠭᠠᠵᠠ ᠶᠢᠨ ᠳᠦᠷᠢᠮ ᠪᠠ ᠬᠠᠤᠯᠢ ᠴᠠᠭᠠᠵᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠰᠢᠶᠠᠩᠭᠠᠩ᠂ ᠣᠣᠮᠧᠨ ᠤ ᠬᠥᠷᠥᠩᠭᠡᠲᠦ ᠶᠣᠰᠣᠨ ᠤ | ᠪᠠᠶᠢᠭᠤᠯᠤᠯ ᠪᠠ ᠠᠮᠢᠳᠤᠷᠠᠯ ᠤᠨ ᠠᠷᠭ᠎ᠠ ᠮᠠᠶ᠋ᠢᠭ ᠢ ᠤᠷᠳᠤ ᠬᠤᠭᠤᠴᠠᠭ᠎ᠠ ᠪᠠᠷ ᠬᠤᠪᠢᠷᠠᠭᠤᠯᠬᠤ ᠦᠭᠡᠢ ᠪᠠᠶᠢᠬᠤ ᠶᠢ ᠪᠠᠲᠤᠯᠠᠵᠤ᠂ ᠰᠢᠶᠠᠩᠭᠠᠩ᠂ ᠣᠣᠮᠧᠨ ᠤ ᠤᠷᠳᠤ | ᠬᠤᠭᠤᠴᠠᠭᠠᠨ ᠤ ᠴᠡᠴᠡᠭᠯᠡᠯ ᠬᠥᠭᠵᠢᠯ ᠪᠠ ᠲᠣᠭᠲᠠᠭᠤᠨ ᠪᠠᠶᠢᠳᠠᠯ ᠢ ᠠᠬᠢᠭᠤᠯᠤᠨ᠎ᠠ᠃ | ᠰᠢᠶᠠᠩᠭᠠᠩ᠂ ᠣᠣᠮᠧᠨ ᠤ ᠠᠵᠤ ᠠᠬᠤᠢ ᠪᠠᠨ ᠬᠥᠭᠵᠢᠭᠦᠯᠬᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠳᠤᠮᠳᠠᠬᠢ ᠭᠦᠨ ᠳᠠᠪᠬᠤᠷᠭ᠎ᠠ ᠶᠢᠨ ᠵᠥᠷᠢᠴᠡᠯ ᠪᠠ ᠠᠰᠠᠭᠤᠳᠠᠯ ᠢ ᠰᠢᠢᠳᠪᠦᠷᠢᠯᠡᠬᠦ ᠶᠢ ᠲᠠᠮᠵᠢᠨ᠎ᠠ᠃ ᠰᠢᠶᠠᠩᠭᠠᠩ᠂ ᠣᠣᠮᠧᠨ ᠤ ᠳᠠᠪᠠᠭᠤᠯᠢᠭ ᠪᠠ ᠣᠨᠴᠠᠯᠢᠭ ᠢ | ᠪᠠᠳᠠᠷᠠᠭᠤᠯᠵᠤ᠂ ᠰᠢᠶᠠᠩᠭᠠᠩ᠂ ᠣᠣᠮᠧᠨ ᠤ ᠤᠯᠠᠨ ᠤᠯᠤᠰ ᠤᠨ ᠮᠥᠩᠭᠦᠨ ᠭᠦᠢᠯᠭᠡᠭᠡᠨ᠂ ᠠᠷᠠᠯᠵᠢᠶ᠎ᠠ᠂ ᠤᠰᠤᠨ ᠵᠠᠮ ᠤᠨ ᠲᠡᠭᠡᠭᠡᠪᠦᠷᠢ ᠠᠭᠠᠷ ᠤᠨ ᠲᠡᠭᠡᠭᠡᠪᠦᠷᠢ᠂ | ᠰᠢᠨ᠎ᠡ ᠶᠢ ᠡᠭᠦᠳᠭᠦ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠂ ᠰᠣᠶᠣᠯ ᠵᠢᠭᠤᠯᠴᠢᠯᠠᠯ ᠵᠡᠷᠭᠡ ᠬᠦᠷᠢᠶᠡᠨ ᠳᠠᠬᠢ ᠪᠠᠶᠢᠷᠢ ᠰᠠᠭᠤᠷᠢ ᠶᠢ ᠪᠠᠬᠢᠵᠢᠭᠦᠯᠦᠨ | ᠳᠡᠭᠡᠭᠰᠢᠯᠡᠭᠦᠯᠵᠦ᠂ ᠰᠢᠶᠠᠩᠭᠠᠩ᠂ ᠣᠣᠮᠧᠨ ᠤ ᠡᠯ᠎ᠡ ᠤᠯᠤᠰ ᠡᠯ᠎ᠡ ᠭᠠᠵᠠᠷ ᠣᠷᠣᠨ ᠯᠤᠭ᠎ᠠ ᠶᠢᠨ ᠨᠡᠩ ᠨᠡᠭᠡᠭᠡᠯᠲᠡᠲᠡᠢ᠂ ᠨᠡᠩ ᠨᠢᠭᠲᠠ ᠶᠠᠪᠤᠯᠴᠠᠭ᠎ᠠ | ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ᠃ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ | ᠰᠢᠶᠠᠩᠭᠠᠩ᠂ ᠣᠣᠮᠧᠨ ᠤ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠨᠡᠩ ᠰᠠᠶᠢᠨ ᠠᠭᠤᠰᠤᠨ ᠣᠷᠣᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ | ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠦᠢᠯᠡᠳᠦᠯ ᠢᠶᠠᠨ ᠨᠡᠩ ᠰᠠᠶᠢᠨ ᠪᠠᠳᠠᠷᠠᠭᠤᠯᠬᠤ ᠶᠢ ᠲᠠᠮᠵᠢᠨ᠎ᠠ᠃ | ᠤᠯᠤᠰ ᠢᠶᠠᠨ ᠬᠠᠶᠢᠷᠠᠯᠠᠬᠤ ᠰᠢᠶᠠᠩᠭᠠᠩ ᠢᠶᠠᠨ ᠬᠠᠶᠢᠷᠠᠯᠠᠬᠤ ᠣᠣᠮᠧᠨ ᠢᠶᠠᠨ ᠬᠠᠶᠢᠷᠠᠯᠠᠬᠤ ᠬᠦᠴᠦᠨ ᠢ ᠬᠥᠭᠵᠢᠭᠦᠯᠦᠨ ᠪᠤᠵᠠᠭᠠᠶᠢᠷᠠᠭᠤᠯᠵᠤ᠂ ᠰᠢᠶᠠᠩᠭᠠᠩ | ᠣᠣᠮᠧᠨ ᠤ ᠠᠬ᠎ᠠ ᠳᠡᠭᠦᠦ ᠨᠠᠷ ᠤᠨ ᠡᠬᠡ ᠣᠷᠣᠨᠴᠢ ᠵᠣᠷᠢᠭ ᠰᠠᠨᠠᠭ᠎ᠠ ᠶᠢ ᠴᠢᠩᠭᠠᠳᠬᠠᠨ᠂ ᠤᠯᠤᠰ ᠤᠨ ᠳᠣᠲᠣᠭᠠᠳᠤ ᠭᠠᠳᠠᠭᠠᠳᠤ ᠶᠢᠨ ︽ᠨᠢᠭᠡ ᠤᠯᠤᠰ ᠲᠤ ᠬᠤᠶᠠᠷ | ᠪᠠᠶᠢᠭᠤᠯᠤᠯ ᠢ ᠬᠡᠷᠡᠭᠵᠢᠭᠦᠯᠬᠦ︾ ᠶᠢ ᠳᠡᠮᠵᠢᠭᠦ ᠨᠡᠩ ᠥᠷᠭᠡᠨ ᠳᠡᠯᠭᠡᠷ ᠨᠢᠭᠡᠳᠦᠮᠡᠯ ᠹᠷᠣᠨᠲ ᠢ ᠪᠤᠢ ᠪᠣᠯᠭᠠᠨ᠎ᠠ᠃ ᠳᠤᠮᠳᠠᠳᠤ ᠤᠯᠤᠰ ᠢ ᠡᠰᠡᠷᠭᠦᠴᠡᠬᠦ ᠰᠢᠶᠠᠩᠭᠠᠩ | ᠣᠣᠮᠧᠨ ᠢ ᠰᠠᠮᠠᠭᠤᠷᠠᠭᠤᠯᠬᠤ ᠬᠦᠴᠦᠨ ᠳᠤ ᠡᠷᠡᠰ ᠴᠣᠬᠢᠯᠲᠠ ᠥᠭᠴᠦ᠂ ᠰᠢᠶᠠᠩᠭᠠᠩ ᠣᠣᠮᠧᠨ ᠤ ᠬᠡᠷᠡᠭ ᠶᠠᠪᠤᠳᠠᠯ ᠳᠤ ᠭᠠᠳᠠᠭᠠᠳᠤ ᠶᠢᠨ ᠬᠦᠴᠦᠨ ᠤ ᠭᠠᠷ | ᠲᠦᠷᠦᠭᠦ ᠶᠢ ᠡᠷᠡᠰ ᠰᠡᠷᠭᠡᠶᠢᠯᠡᠨ ᠬᠤᠷᠢᠭᠯᠠᠨ᠎ᠠ᠃ | ᠲᠠᠶᠢᠸᠠᠨ ᠤ ᠠᠰᠠᠭᠤᠳᠠᠯ ᠢ ᠰᠢᠢᠳᠪᠦᠷᠢᠯᠡᠵᠦ᠂ ᠡᠬᠡ ᠤᠯᠤᠰ ᠤᠨ ᠪᠦᠷᠢᠨ ᠨᠢᠭᠡᠳᠦᠯ ᠢ ᠪᠡᠶᠡᠯᠡᠭᠦᠯᠬᠦ ᠪᠣᠯ ᠨᠠᠮ ᠤᠨ ᠰᠢᠨᠲᠠᠷᠠᠰᠢ ᠦᠭᠡᠢ ᠴᠢᠷᠮᠠᠶᠢᠨ ᠲᠡᠮᠡᠴᠡᠬᠦ | ᠲᠡᠦᠬᠡᠲᠦ ᠡᠭᠦᠷᠭᠡ ᠮᠥᠨ᠂ ᠪᠦᠭᠦ ᠳᠤᠮᠳᠠᠳᠤ ᠶᠢᠨ ᠬᠥᠪᠡᠭᠦᠳ ᠥᠬᠢᠳ ᠤᠨ ᠬᠠᠮᠲᠤ ᠶᠢᠨ ᠬᠦᠰᠡᠯ ᠡᠷᠡᠮᠡᠯᠵᠡᠯ ᠮᠥᠨ᠂ ᠳᠤᠮᠳᠠᠳᠤ ᠶᠢᠨ ᠦᠨᠳᠦᠰᠦᠲᠡᠨ ᠤ ᠠᠭᠤᠤ | ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠃ ᠰᠢᠨ᠎ᠡ ᠴᠠᠭ ᠦᠶ᠎ᠡ ᠶᠢᠨ ᠨᠠᠮ ᠤᠨ ᠲᠠᠶᠢᠸᠠᠨ ᠤ ᠠᠰᠠᠭᠤᠳᠠᠯ ᠢ | ᠰᠢᠢᠳᠪᠦᠷᠢᠯᠡᠬᠦ ᠶᠡᠷᠦᠩᠬᠡᠢ ᠠᠷᠭ᠎ᠠ ᠪᠣᠳᠣᠯᠭ᠎ᠠ ᠶᠢ ᠪᠠᠷᠢᠮᠲᠠᠯᠠᠨ ᠲᠤᠭᠤᠰᠢᠯᠠᠭᠤᠯᠵᠤ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠬᠠᠷᠢᠴᠠᠭᠠᠨ ᠤ ᠭᠤᠣᠯᠯᠠᠬᠤ | ᠡᠷᠬᠡ ᠪᠠ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠵᠦ᠂ ᠡᠬᠡ ᠤᠯᠤᠰ ᠢᠶᠠᠨ ᠨᠢᠭᠡᠳᠬᠡᠬᠦ ᠶᠡᠭᠡ ᠦᠢᠯᠡᠰ ᠢ ᠡᠷᠡᠰ ᠭᠤᠶᠢᠪᠢᠰᠢ ᠦᠭᠡᠢ ᠠᠬᠢᠭᠤᠯᠤᠨ᠎ᠠ᠃ | ︽ᠨᠠᠶᠢᠷᠠᠮᠳᠠᠯ ᠢᠶᠠᠷ ᠨᠢᠭᠡᠳᠬᠡᠬᠦ᠂ ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠴᠢᠭᠯᠡᠯᠲᠡ ᠪᠣᠯ ᠲᠠᠶᠢᠸᠠᠨ ᠬᠤᠭᠤᠯᠠᠢ ᠶᠢᠨ ᠬᠤᠶᠠᠷ | ᠬᠥᠪᠡᠭᠡᠨ ᠤ ᠨᠢᠭᠡᠳᠦᠯ ᠢ ᠪᠡᠶᠡᠯᠡᠭᠦᠯᠬᠦ ᠬᠠᠮᠤᠭ ᠤᠨ ᠰᠠᠶᠢᠨ ᠠᠷᠭ᠎ᠠ ᠭᠡᠯᠪᠡᠷᠢ ᠮᠥᠨ᠂ ᠡᠨᠡ ᠨᠢ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ | ᠪᠠ ᠳᠤᠮᠳᠠᠳᠤ ᠶᠢᠨ ᠦᠨᠳᠦᠰᠦᠲᠡᠨ ᠳᠤ ᠬᠠᠮᠤᠭ ᠠᠴᠠ ᠠᠰᠢᠭᠲᠠᠢ ᠶᠤᠮ᠃ ᠪᠢᠳᠡ ᠨᠢᠭᠡ ᠯᠡ ᠳᠤᠮᠳᠠᠳᠤ ᠤᠯᠤᠰ ᠪᠠᠶᠢᠬᠤ ᠵᠠᠷᠴᠢᠮ ᠪᠠ ︽ᠶᠡᠷᠡᠨ ᠬᠤᠶᠠᠷ ᠣᠨ ᠤ | ᠬᠠᠮᠲᠤ ᠶᠢᠨ ᠲᠠᠨᠢᠯᠲᠠ︾ ᠶᠢ ᠪᠠᠷᠢᠮᠲᠠᠯᠠᠵᠤ᠂ ᠡᠨᠡ ᠬᠦ ᠰᠠᠭᠤᠷᠢᠨ ᠳᠡᠭᠡᠷ᠎ᠡ ᠪᠠᠨ ᠲᠠᠶᠢᠸᠠᠨ ᠤ ᠡᠯ᠎ᠡ ᠨᠠᠮ ᠪᠦᠯᠦᠭ᠂ ᠡᠯ᠎ᠡ ᠡᠲᠡᠭᠡᠳ ᠢᠯᠭᠠᠯ᠂ ᠡᠯ᠎ᠡ ᠳᠠᠪᠬᠤᠷᠭ᠎ᠠ ᠶᠢᠨ | ᠬᠥᠮᠥᠰ ᠲᠠᠢ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠬᠠᠷᠢᠴᠠᠭ᠎ᠠ ᠪᠣᠯᠣᠨ ᠤᠯᠤᠰ ᠣᠷᠣᠨ ᠤ ᠨᠢᠭᠡᠳᠦᠯ ᠤᠨ ᠲᠤᠬᠠᠢ ᠥᠷᠭᠡᠨ ᠳᠡᠯᠭᠡᠷ ᠭᠦᠨ ᠭᠦᠨᠵᠡᠭᠡᠢ | ᠵᠥᠪᠳᠡᠯᠴᠡᠭᠡ ᠬᠢᠬᠦ ᠶᠢ ᠠᠬᠢᠭᠤᠯᠵᠤ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠬᠠᠷᠢᠴᠠᠭ᠎ᠠ ᠶᠢᠨ ᠨᠠᠶᠢᠷᠠᠮᠳᠠᠯ ᠢᠶᠠᠷ ᠭᠦᠭᠵᠢᠭᠦ ᠶᠢ ᠬᠠᠮᠲᠤ ᠪᠠᠷ ᠠᠬᠢᠭᠤᠯᠵᠤ᠂ | ᠡᠬᠡ ᠤᠯᠤᠰ ᠢᠶᠠᠨ ᠨᠠᠶᠢᠷᠠᠮᠳᠠᠯ ᠢᠶᠠᠷ ᠨᠢᠭᠡᠳᠬᠡᠬᠦ ᠠᠬᠢᠴᠠ ᠶᠢ ᠠᠬᠢᠭᠤᠯᠤᠨ᠎ᠠ᠃ ᠪᠢᠳᠡ ᠲᠠᠶᠢᠸᠠᠨ ᠤ ᠥᠷᠭᠡᠨ ᠤᠯᠠᠨ ᠠᠬ᠎ᠠ ᠳᠡᠭᠦᠦ ᠨᠠᠷ ᠲᠠᠢ ᠪᠦᠯᠬᠦᠮᠳᠡᠬᠦ ᠶᠢ | ᠪᠠᠷᠢᠮᠲᠠᠯᠠᠵᠤ᠂ ᠲᠠᠶᠢᠸᠠᠨ ᠠᠷᠠᠯ ᠤᠨ ᠳᠣᠲᠣᠷᠠᠬᠢ ᠡᠬᠡ ᠣᠷᠣᠨᠴᠢ ᠨᠢᠭᠡᠳᠦᠮᠡᠯ ᠬᠦᠴᠦᠨ ᠢ ᠡᠷᠡᠰ ᠲᠡᠮᠵᠢᠵᠤ᠂ ᠬᠠᠮᠲᠤ ᠪᠠᠷ ᠲᠡᠦᠬᠡ ᠶᠢᠨ ᠶᠡᠭᠡ ᠬᠠᠨᠳᠤᠰᠢ ᠶᠢ | ᠡᠵᠡᠮᠳᠡᠵᠦ᠂ ᠦᠨᠳᠦᠰᠦᠲᠡᠨ ᠤ ᠶᠡᠭᠡ ᠵᠢᠷᠤᠮ ᠢ ᠪᠠᠲᠤ ᠰᠠᠬᠢᠵᠤ᠂ ︽ᠲᠤᠰᠠᠭᠠᠷ ᠲᠣᠭᠲᠠᠨᠢᠭᠤᠯᠬᠤ︾ ᠶᠢ ᠡᠰᠡᠷᠭᠦᠴᠡᠵᠦ ᠨᠢᠭᠡᠳᠦᠯ ᠢ ᠡᠷᠡᠰ ᠠᠬᠢᠭᠤᠯᠤᠨ᠎ᠠ᠃ ᠠᠭᠤᠤ | ᠶᠡᠭᠡ ᠡᠬᠡ ᠤᠯᠤᠰ ᠪᠣᠯ ᠤᠯᠤᠰ ᠢᠶᠠᠨ ᠬᠠᠶᠢᠷᠠᠯᠠᠬᠤ ᠪᠤᠢ ᠪᠦᠬᠦᠢ ᠨᠢᠭᠡᠳᠦᠮᠡᠯ ᠬᠦᠴᠦᠨ ᠤ ᠥᠨᠢ ᠡᠭᠦᠷᠢᠳᠡ ᠶᠢᠨ ᠪᠠᠲᠤ ᠴᠢᠩᠭ᠎ᠠ ᠲᠦᠰᠢᠭ ᠮᠥᠨ︕ | ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠪᠣᠯ ᠤᠳᠤᠮ ᠤᠭᠰᠠᠭ᠎ᠠ ᠨᠢᠭᠡᠲᠡᠢ᠂ ᠴᠢᠰᠤ ᠮᠢᠬᠠᠨ ᠤ ᠪᠠᠷᠢᠯᠳᠤᠯᠭ᠎ᠠ ᠲᠠᠢ ᠨᠢᠭᠡ | ᠭᠡᠷ ᠤᠨ ᠬᠥᠮᠥᠨ ᠮᠥᠨ᠃ ᠪᠢᠳᠡ ᠢᠮᠠᠭᠲᠠ ᠲᠠᠶᠢᠸᠠᠨ ᠤ ᠠᠬ᠎ᠠ ᠳᠡᠭᠦᠦ ᠨᠠᠷ ᠢ ᠭᠦᠨᠳᠦᠳᠭᠡᠵᠦ᠂ ᠬᠠᠶᠢᠷᠠᠯᠠᠨ ᠬᠠᠯᠠᠮᠵᠢᠯᠠᠵᠤ᠂ ᠲᠠᠲᠠᠨ ᠳᠤ ᠠᠵᠠ ᠵᠢᠷᠭᠠᠯ | ᠡᠳ᠋ᠯᠡᠭᠦᠯᠵᠦ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠵᠤ ᠠᠬᠤᠢ ᠰᠣᠶᠣᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠬᠤ ᠪᠠᠷ ᠦᠷᠭᠦᠯᠵᠢᠯᠡᠨ | ᠴᠢᠷᠮᠠᠶᠢᠵᠤ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠡᠯ᠎ᠡ ᠬᠦᠷᠢᠶᠡᠨ ᠤ ᠠᠭᠤᠰᠤᠯᠴᠠᠨ ᠭᠦᠭᠵᠢᠭᠦ ᠶᠢ ᠭᠦᠨᠵᠡᠭᠡᠶᠢᠷᠡᠭᠦᠯᠵᠦ᠂ ᠲᠠᠶᠢᠸᠠᠨ ᠤ ᠠᠬ᠎ᠠ ᠳᠡᠭᠦᠦ | ᠨᠠᠷ ᠤᠨ ᠪᠤᠶᠠᠨ ᠵᠢᠷᠭᠠᠯ ᠢ ᠨᠡᠮᠡᠭᠳᠡᠭᠦᠯᠬᠦ ᠳᠦᠷᠢᠮ ᠪᠠ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠬᠢᠨ ᠤ | ᠳᠤᠮᠳᠠᠳᠤ ᠶᠢᠨ ᠰᠣᠶᠣᠯ ᠢ ᠬᠠᠮᠲᠤ ᠪᠠᠷ ᠪᠠᠳᠠᠷᠠᠭᠤᠯᠬᠤ ᠶᠢ ᠠᠬᠢᠭᠤᠯᠵᠤ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠤᠨ ᠰᠠᠨᠠᠭ᠎ᠠ | ᠲᠠᠭᠠᠷᠠᠵᠤ ᠰᠡᠳᠬᠢᠯ ᠨᠡᠶᠢᠯᠡᠭᠦ ᠶᠢ ᠠᠬᠢᠭᠤᠯᠤᠨ᠎ᠠ᠃ | ᠲᠠᠶᠢᠸᠠᠨ ᠪᠣᠯ ᠳᠤᠮᠳᠠᠳᠤ ᠤᠯᠤᠰ ᠤᠨ ᠲᠠᠶᠢᠸᠠᠨ ᠮᠥᠨ᠃ ᠲᠠᠶᠢᠸᠠᠨ ᠤ ᠠᠰᠠᠭᠤᠳᠠᠯ ᠢ ᠰᠢᠢᠳᠪᠦᠷᠢᠯᠡᠬᠦ ᠪᠣᠯ ᠳᠤᠮᠳᠠᠳᠤ ᠤᠯᠤᠰ ᠤᠨ ᠬᠥᠮᠥᠨ ᠤ ᠥᠪᠡᠷ ᠤᠨ | ᠤᠴᠢᠷ ᠮᠥᠨ᠂ ᠡᠭᠦᠨ ᠢ ᠳᠤᠮᠳᠠᠳᠤ ᠤᠯᠤᠰ ᠤᠨ ᠬᠥᠮᠥᠨ ᠲᠣᠭᠲᠠᠭᠠᠬᠤ ᠬᠡᠷᠡᠭᠲᠡᠢ᠃ ᠪᠢᠳᠡ ᠬᠠᠮᠤᠭ ᠤᠨ ᠦᠨᠡᠨᠴᠢ ᠰᠡᠳᠬᠢᠯ ᠢᠶᠠᠷ᠂ ᠬᠠᠮᠤᠭ ᠤᠨ ᠶᠡᠭᠡ | ᠴᠢᠷᠮᠠᠶᠢᠯᠭ᠎ᠠ ᠭᠠᠷᠭᠠᠵᠤ ᠪᠠᠶᠢᠭᠠᠳ ᠨᠠᠶᠢᠷᠠᠮᠳᠠᠯ ᠢᠶᠠᠷ ᠨᠢᠭᠡᠳᠬᠡᠬᠦ ᠢᠷᠡᠭᠡᠳᠦᠢ ᠶᠢ ᠲᠡᠮᠡᠴᠡᠨ ᠣᠯᠬᠤ ᠶᠢ ᠪᠠᠷᠢᠮᠲᠠᠯᠠᠨ᠎ᠠ᠂ ᠭᠡᠪᠡᠴᠦ ᠵᠡᠪᠰᠡᠭᠲᠦ ᠬᠦᠴᠦᠨ ᠬᠡᠷᠡᠭᠯᠡᠬᠦ ᠶᠢ | ᠲᠠᠶᠠᠭᠳᠠᠨ᠎ᠠ ᠭᠡᠵᠦ ᠶᠠᠭᠠᠬᠢᠭᠰᠠᠨ ᠴᠸ ᠠᠮᠠᠯᠠᠬᠤ ᠦᠭᠡᠢ᠂ ᠠᠯᠢᠪᠠ ᠴᠢᠬᠤᠯᠠ ᠪᠦᠬᠦᠢ ᠠᠷᠭ᠎ᠠ ᠬᠡᠮᠵᠢᠶ᠎ᠡ ᠠᠪᠬᠤ ᠰᠣᠩᠭᠤᠯᠲᠠ ᠪᠠᠨ ᠦᠯᠡᠳᠡᠭᠡᠨ᠎ᠡ᠂ ᠡᠨᠡ ᠨᠢ | ᠭᠠᠳᠠᠭᠠᠳᠤ ᠶᠢᠨ ᠬᠦᠴᠦᠨ ᠤ ᠭᠠᠷ ᠲᠦᠷᠦᠭᠦ ᠪᠠ ᠲᠤᠶᠢᠯ ᠤᠨ ᠴᠥᠭᠡᠨ ᠲᠣᠭᠠᠨ ᠤ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠬᠠᠭᠠᠴᠠᠭᠤᠯᠬᠤ ᠡᠲᠡᠭᠡᠳ ᠵᠢᠴᠢ | ᠲᠡᠳᠡᠨ ᠤ ᠬᠠᠭᠠᠴᠠᠭᠤᠯᠬᠤ ᠠᠵᠢᠯᠯᠠᠭ᠎ᠠ ᠳᠤ ᠴᠢᠭᠯᠡᠭᠦᠯᠵᠦ ᠪᠠᠶᠢᠭ᠎ᠠ ᠶᠤᠮ᠂ ᠥᠷᠭᠡᠨ ᠤᠯᠠᠨ ᠲᠠᠶᠢᠸᠠᠨ ᠤ ᠠᠬ᠎ᠠ ᠳᠡᠭᠦᠦ ᠨᠠᠷ ᠲᠤ ᠴᠢᠭᠯᠡᠭᠦᠯᠵᠦ ᠪᠠᠶᠢᠭ᠎ᠠ ᠶᠠᠪᠤᠳᠠᠯ | ᠤᠬᠳᠤ ᠪᠢᠰᠢ᠃ ᠤᠯᠤᠰ ᠣᠷᠣᠨ ᠤ ᠨᠢᠭᠡᠳᠦᠯ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠲᠡᠦᠬᠡ ᠶᠢᠨ ᠬᠦᠷᠳᠦ ᠦᠷᠭᠦᠯᠵᠢᠯᠠᠨ ᠤᠷᠤᠭᠰᠢᠯᠠᠵᠤ ᠪᠠᠶᠢᠨ᠎ᠠ᠂ ᠡᠬᠡ | ᠤᠯᠤᠰ ᠤᠨ ᠪᠦᠷᠢᠨ ᠨᠢᠭᠡᠳᠦᠯ ᠢ ᠵᠠᠪᠠᠯ ᠪᠡᠶᠡᠯᠡᠭᠦᠯᠬᠦ ᠪᠥᠭᠡᠳ ᠯᠠᠪᠲᠠᠢ ᠪᠡᠶᠡᠯᠡᠭᠦᠯᠵᠦ ᠴᠢᠳᠠᠬᠤ ᠶᠤᠮ︕ | | | ᠠᠷᠪᠠᠨ ᠳᠥᠷᠪᠡ᠂ ᠳᠡᠯᠡᠬᠡᠢ ᠶᠢᠨ ᠡᠩᠬᠡ ᠲᠠᠶᠢᠪᠤᠩ ᠬᠢᠭᠡᠳ ᠬᠥᠭᠵᠢᠯᠲᠡ ᠶᠢ ᠠᠬᠢᠭᠤᠯᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢ ᠪᠠᠶᠢᠭᠤᠯᠬᠤ ᠶᠢ ᠠᠬᠢᠭᠤᠯᠤᠨ᠎ᠠ | ᠣᠳᠣᠬᠠᠨ ᠳᠤ᠂ ᠳᠡᠯᠡᠬᠡᠢ ᠶᠢᠨ ᠬᠤᠪᠢᠷᠠᠯᠲᠠ᠂ ᠴᠠᠭ ᠦᠶ᠎ᠡ ᠶᠢᠨ ᠬᠤᠪᠢᠷᠠᠯᠲᠠ᠂ ᠲᠡᠦᠬᠡ ᠶᠢᠨ ᠬᠤᠪᠢᠷᠠᠯᠲᠠ ᠶᠠᠭ ᠤᠷᠢᠳ ᠡᠮᠦᠨ᠎ᠡ ᠪᠠᠶᠢᠭ᠎ᠠ ᠦᠭᠡᠢ | ᠭᠡᠯᠪᠡᠷᠢ ᠪᠠᠷ ᠶᠠᠪᠤᠭᠳᠠᠵᠤ ᠪᠠᠶᠢᠨ᠎ᠠ᠃ ᠨᠢᠭᠡ ᠲᠠᠯ᠎ᠠ ᠪᠠᠷ᠂ ᠡᠩᠬᠡ ᠲᠠᠶᠢᠪᠤᠩ᠂ ᠬᠥᠭᠵᠢᠯᠲᠡ᠂ ᠬᠠᠮᠲᠤᠷᠠᠨ ᠠᠵᠢᠯᠯᠠᠬᠤ᠂ ᠬᠠᠮᠲᠤ ᠪᠠᠷ ᠠᠰᠢᠭ ᠭᠦᠷᠳᠡᠭᠦ ᠲᠡᠦᠬᠡ ᠶᠢᠨ | ᠤᠷᠤᠰᠬᠠᠯ ᠬᠤᠷᠢᠭᠯᠠᠭᠳᠠᠰᠢ ᠦᠭᠡᠢ ᠪᠠᠶᠢᠵᠤ᠂ ᠬᠥᠮᠥᠰ ᠤᠨ ᠰᠡᠳᠬᠢᠯ ᠤᠨ ᠬᠠᠨᠳᠤᠰᠢ᠂ ᠴᠠᠭ ᠤᠨ ᠪᠠᠶᠢᠳᠠᠯ ᠤᠨ ᠬᠠᠨᠳᠤᠰᠢ ᠨᠢ ᠬᠥᠮᠥᠨ ᠲᠥᠷᠥᠯᠬᠢᠲᠡᠨ ᠤ | ᠢᠷᠡᠭᠡᠳᠦᠢ ᠡᠴᠦᠰ ᠲᠡᠭᠡᠨ ᠭᠡᠭᠡᠨ ᠰᠠᠷᠠᠭᠤᠯ ᠪᠤᠯᠬᠤ ᠶᠢ ᠲᠣᠭᠲᠠᠭᠠᠪᠠ᠃ | ᠨᠦᠭᠦᠭᠡ ᠲᠠᠯ᠎ᠠ ᠪᠠᠷ᠂ ᠬᠦᠴᠦᠷᠬᠡᠭ ᠲᠡᠭᠡᠨ ᠡᠷᠳᠦᠨ ᠪᠠᠭᠤᠷᠠᠢ ᠶᠢ ᠳᠠᠷᠤᠯᠠᠬᠤ᠂ ᠮᠡᠭᠡ ᠪᠠᠷ ᠮᠥᠯᠵᠢᠵᠦ ᠬᠦᠴᠦ ᠪᠠᠷ ᠪᠤᠯᠢᠶᠠᠬᠤ᠂ ᠲᠡᠭ ᠨᠡᠶᠢᠯᠡᠪᠦᠷᠢ ᠶᠢᠨ | ᠦᠵᠡᠯᠴᠡᠭᠡᠨ ᠬᠢᠬᠦ ᠵᠡᠷᠭᠡ ᠡᠵᠡᠷᠬᠡᠭᠯᠡᠬᠦ ᠡᠵᠡᠷᠬᠡᠭᠯᠡᠨ ᠬᠠᠷᠭᠢᠰᠯᠠᠬᠤ ᠡᠵᠡᠷᠬᠡᠭᠯᠡᠨ ᠳᠠᠷᠤᠯᠠᠬᠤ ᠠᠵᠢᠯᠯᠠᠭ᠎ᠠ ᠶᠢᠨ ᠬᠤᠣᠷ ᠬᠥᠨᠥᠭᠡᠯ ᠬᠦᠨᠳᠦ ᠨᠣᠴᠢᠲᠠᠢ ᠪᠣᠯᠵᠤ᠂ ᠡᠩᠬᠡ | ᠲᠠᠶᠢᠪᠤᠩ ᠤᠨ ᠤᠯᠠᠭᠠᠨ ᠲᠤᠭ᠎ᠠ᠂ ᠬᠥᠭᠵᠢᠯᠲᠡ ᠶᠢᠨ ᠤᠯᠠᠭᠠᠨ ᠲᠤᠭ᠎ᠠ᠂ ᠠᠮᠤᠷ ᠲᠦᠪᠰᠢᠨ ᠤ ᠤᠯᠠᠭᠠᠨ ᠲᠤᠭ᠎ᠠ᠂ ᠵᠠᠰᠠᠯᠲᠠ ᠶᠢᠨ ᠤᠯᠠᠭᠠᠨ ᠲᠤᠭ᠎ᠠ ᠬᠦᠨᠳᠦᠷᠡᠵᠦ᠂ | ᠬᠥᠮᠥᠨ ᠲᠥᠷᠥᠯᠬᠢᠲᠡᠨ ᠤ ᠨᠡᠶᠢᠭᠡᠮ ᠤᠷᠢᠳ ᠡᠮᠦᠨ᠎ᠡ ᠪᠠᠶᠢᠭ᠎ᠠ ᠦᠭᠡᠢ ᠰᠢᠯᠭᠠᠯᠲᠠ ᠳᠤ ᠲᠤᠯᠭᠠᠷᠠᠵᠤ ᠪᠠᠶᠢᠨ᠎ᠠ᠃ ᠳᠡᠯᠡᠬᠡᠢ ᠶᠢᠷᠲᠢᠨᠴᠦ ᠪᠠᠰᠠ ᠨᠢᠭᠡ ᠤᠳᠠᠭ᠎ᠠ | ᠲᠡᠦᠬᠡ ᠶᠢᠨ ᠲᠣᠨᠣᠯᠵᠢᠨ ᠵᠠᠮ ᠳᠤ ᠵᠣᠭᠰᠣᠯ᠎ᠠ᠂ ᠬᠠᠮᠢᠭᠠᠰᠢ ᠪᠠᠨ ᠶᠠᠪᠤᠬᠤ ᠨᠢ ᠡᠯ᠎ᠡ ᠤᠯᠤᠰ ᠤᠨ ᠠᠷᠠᠳ ᠲᠦᠮᠡᠨ ᠤ ᠰᠣᠩᠭᠤᠯᠲᠠ ᠪᠠᠷ ᠲᠣᠭᠲᠠᠭᠠᠭᠳᠠᠨ᠎ᠠ᠃ | ᠳᠤᠮᠳᠠᠳᠤ ᠤᠯᠤᠰ ᠢᠮᠠᠭᠲᠠ ᠳᠡᠯᠡᠬᠡᠢ ᠶᠢᠨ ᠡᠩᠬᠡ ᠲᠠᠶᠢᠪᠤᠩ ᠢ ᠬᠠᠮᠠᠭᠠᠯᠠᠬᠤ᠂ ᠬᠠᠮᠲᠤ ᠶᠢᠨ ᠬᠥᠭᠵᠢᠯᠲᠡ ᠶᠢ ᠠᠬᠢᠭᠤᠯᠬᠤ ᠭᠠᠳᠠᠭᠠᠳᠤ ᠬᠠᠷᠢᠯᠴᠠᠭᠠᠨ ᠤ | ᠲᠦᠷᠦ ᠶᠢᠨ ᠪᠣᠳᠣᠯᠭ᠎ᠠ ᠶᠢᠨ ᠵᠣᠷᠢᠯᠲᠠ ᠶᠢ ᠪᠠᠷᠢᠮᠲᠠᠯᠠᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ | ᠠᠬᠢᠭᠤᠯᠬᠤ ᠪᠠᠷ ᠴᠢᠷᠮᠠᠶᠢᠨ᠎ᠠ᠃ | ᠳᠤᠮᠳᠠᠳᠤ ᠤᠯᠤᠰ ᠪᠡᠶ᠎ᠡ ᠪᠠᠨ ᠳᠠᠭᠠᠭᠠᠵᠤ ᠡᠵᠡᠨ ᠮᠡᠳᠡᠭᠦ ᠨᠠᠶᠢᠷᠠᠮᠳᠠᠯ ᠤᠨ ᠭᠠᠳᠠᠭᠠᠳᠤ ᠬᠠᠷᠢᠯᠴᠠᠭᠠᠨ ᠤ ᠲᠦᠷᠦ ᠶᠢᠨ ᠪᠣᠳᠣᠯᠭ᠎ᠠ ᠶᠢ ᠡᠷᠡᠰ ᠬᠡᠷᠡᠭᠵᠢᠭᠦᠯᠵᠦ᠂ | ᠢᠮᠠᠭᠲᠠ ᠤᠴᠢᠷ ᠶᠠᠪᠤᠳᠠᠯ ᠤᠨ ᠲᠤᠰ ᠪᠡᠶ᠎ᠡ ᠶᠢᠨ ᠵᠥᠪ ᠪᠤᠷᠤᠭᠤ ᠶᠢ ᠦᠨᠳᠦᠰᠦᠯᠡᠨ ᠥᠪᠡᠷ ᠤᠨ ᠵᠣᠭᠰᠣᠯᠲᠠ ᠪᠠ ᠲᠦᠷᠦ ᠶᠢᠨ ᠪᠣᠳᠣᠯᠭ᠎ᠠ ᠪᠠᠨ ᠲᠣᠭᠲᠠᠭᠠᠵᠤ᠂ | ᠤᠯᠤᠰ ᠤᠨ ᠬᠤᠭᠤᠷᠤᠨᠳᠤᠭᠢ ᠬᠠᠷᠢᠯᠴᠠᠭᠠᠨ ᠤ ᠦᠨᠳᠦᠰᠦᠨ ᠪᠠᠷᠢᠮᠵᠢᠶ᠎ᠠ ᠶᠢ ᠬᠠᠮᠠᠭᠠᠯᠠᠵᠤ᠂ ᠤᠯᠠᠨ ᠤᠯᠤᠰ ᠤᠨ ᠲᠥᠪ ᠭᠤᠣᠯᠴᠢ ᠰᠢᠳᠤᠷᠭᠤ ᠶᠣᠰᠣ ᠶᠢ | ᠬᠠᠮᠠᠭᠠᠯᠠᠨ᠎ᠠ᠃ ᠳᠤᠮᠳᠠᠳᠤ ᠤᠯᠤᠰ ᠡᠯ᠎ᠡ ᠤᠯᠤᠰ ᠤᠨ ᠡᠷᠬᠡ ᠮᠡᠳᠡᠯ ᠪᠠ ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠶᠢ ᠭᠦᠨᠳᠦᠳᠭᠡᠵᠦ᠂ ᠤᠯᠤᠰ ᠶᠡᠭᠡ | ᠪᠠᠭ᠎ᠠ᠂ ᠬᠦᠴᠦᠷᠬᠡᠭ ᠪᠠᠭᠤᠷᠠᠢ᠂ ᠪᠠᠶᠠᠨ ᠶᠠᠳᠠᠭᠤ ᠶᠢᠨ ᠢᠯᠭᠠᠯ ᠦᠭᠡᠢ ᠴᠥᠮ ᠡᠷᠬᠡ ᠲᠡᠭᠰᠢ ᠪᠠᠶᠢᠬᠤ ᠶᠢ ᠪᠠᠷᠢᠮᠲᠠᠯᠠᠵᠤ᠂ ᠡᠯ᠎ᠡ ᠤᠯᠤᠰ ᠤᠨ ᠠᠷᠠᠳ ᠲᠦᠮᠡᠨ ᠤ | ᠪᠡᠶ᠎ᠡ ᠪᠠᠨ ᠳᠠᠭᠠᠭᠠᠵᠤ ᠰᠣᠩᠭᠤᠭᠰᠠᠨ ᠬᠥᠭᠵᠢᠯᠲᠡ ᠶᠢᠨ ᠵᠠᠮ ᠪᠠ ᠨᠡᠶᠢᠭᠡᠮ ᠤᠨ ᠪᠠᠶᠢᠭᠤᠯᠤᠯ ᠢ ᠭᠦᠨᠳᠦᠳᠭᠡᠵᠦ᠂ ᠠᠯᠢᠪᠠ ᠭᠡᠯᠪᠡᠷᠢ ᠶᠢᠨ ᠡᠵᠡᠷᠬᠡᠬᠦ ᠦᠵᠡᠯ ᠪᠠ | ᠬᠦᠴᠦᠷᠬᠡᠭᠯᠡᠯ ᠤᠨ ᠤᠯᠤᠰ ᠲᠦᠷᠦ ᠶᠢ ᠡᠷᠡᠰ ᠡᠰᠡᠷᠭᠦᠴᠡᠵᠦ᠂ ᠬᠦᠢᠲᠡᠨ ᠲᠠᠶᠢᠨ ᠤ ᠰᠡᠳᠬᠢᠬᠦᠢ ᠶᠢ ᠡᠰᠡᠷᠭᠦᠴᠡᠵᠦ᠂ ᠪᠤᠰᠤᠳ ᠤᠯᠤᠰ ᠤᠨ ᠳᠣᠲᠣᠭᠠᠳᠤ ᠵᠠᠰᠠᠭ ᠲᠤ | ᠭᠠᠷ ᠲᠦᠷᠦᠭᠦ ᠶᠢ ᠡᠰᠡᠷᠭᠦᠴᠡᠵᠦ᠂ ᠬᠤᠶᠠᠷᠳᠠᠮᠠᠯ ᠪᠠᠷᠢᠮᠵᠢᠶ᠎ᠠ ᠲᠣᠭᠲᠠᠭᠠᠬᠤ ᠶᠢ ᠡᠰᠡᠷᠭᠦᠴᠡᠨ᠎ᠡ᠃ ᠳᠤᠮᠳᠠᠳᠤ ᠤᠯᠤᠰ ᠬᠤᠷᠢᠭᠯᠠᠯᠲᠠ ᠶᠢᠨ ᠴᠢᠨᠠᠷᠲᠠᠢ ᠤᠯᠤᠰ ᠤᠨ | ᠪᠠᠲᠤᠯᠠᠨ ᠬᠠᠮᠠᠭᠠᠯᠠᠯᠲᠠ ᠶᠢᠨ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠳᠤᠮᠳᠠᠳᠤ ᠤᠯᠤᠰ ᠤᠨ ᠬᠥᠭᠵᠢᠯᠲᠡ ᠪᠣᠯ ᠳᠡᠯᠡᠬᠡᠢ ᠶᠢᠨ ᠡᠩᠬᠡ ᠲᠠᠶᠢᠪᠤᠩ ᠤᠨ | ᠬᠦᠴᠦᠨ ᠤ ᠨᠡᠮᠡᠭᠳᠡᠯ ᠮᠥᠨ᠂ ᠬᠥᠭᠵᠢᠭᠡᠳ ᠶᠠᠮᠠᠷ ᠬᠡᠮᠵᠢᠶᠡᠨ ᠳᠤ ᠭᠦᠷᠦᠭᠰᠡᠠ ᠴᠦ ᠳᠤᠮᠳᠠᠳᠤ ᠤᠯᠤᠰ ᠡᠭᠦᠷᠢᠳᠡ ᠡᠵᠡᠷᠬᠡᠭᠴᠢ ᠪᠤᠯᠬᠤ ᠦᠭᠡᠢ᠂ ᠡᠭᠦᠷᠢᠳᠡ | ᠭᠠᠳᠠᠭᠰᠢ ᠲᠦᠷᠢᠭᠦ ᠦᠭᠡᠢ᠃ | ᠳᠤᠮᠳᠠᠳᠤ ᠤᠯᠤᠰ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠤᠨ ᠰᠠᠭᠤᠷᠢᠨ ᠳᠡᠭᠡᠷ᠎ᠡ ᠡᠯ᠎ᠡ ᠤᠯᠤᠰ ᠯᠤᠭ᠎ᠠ ᠨᠥᠭᠦᠷᠰᠡᠭ | ᠬᠠᠮᠲᠤᠷᠠᠯᠴᠠᠭ᠎ᠠ ᠪᠠᠨ ᠬᠥᠭᠵᠢᠭᠦᠯᠬᠦ ᠶᠢ ᠪᠠᠷᠢᠮᠲᠠᠯᠠᠵᠤ᠂ ᠰᠢᠨ᠎ᠡ ᠮᠠᠶ᠋ᠢᠭ ᠤᠨ ᠤᠯᠤᠰ ᠤᠨ ᠬᠤᠭᠤᠷᠤᠨᠳᠤᠭᠢ ᠬᠠᠷᠢᠯᠴᠠᠭ᠎ᠠ ᠪᠠᠶᠢᠭᠤᠯᠬᠤ ᠶᠢ ᠠᠬᠢᠭᠤᠯᠵᠤ᠂ ᠡᠷᠬᠡ | ᠲᠡᠭᠰᠢ᠂ ᠨᠡᠭᠡᠭᠡᠯᠲᠡᠲᠡᠢ᠂ ᠬᠠᠮᠲᠤᠷᠠᠨ ᠠᠵᠢᠯᠯᠠᠬᠤ ᠪᠦᠭᠦ ᠪᠥᠮᠪᠥᠷᠴᠡᠭ ᠤᠨ ᠬᠠᠨᠢᠲᠠᠨ ᠤ ᠬᠠᠷᠢᠴᠠᠭ᠎ᠠ ᠶᠢ ᠭᠦᠨᠵᠡᠭᠡᠶᠢᠷᠡᠭᠦᠯᠦᠨ ᠥᠷᠭᠡᠳᠬᠡᠵᠦ᠂ ᠡᠯ᠎ᠡ ᠤᠯᠤᠰ | ᠯᠤᠭ᠎ᠠ ᠶᠢᠨ ᠠᠰᠢᠭ ᠲᠤᠰᠠ ᠶᠢᠨ ᠨᠡᠶᠢᠯᠡᠯ ᠴᠡᠭ ᠢ ᠥᠷᠭᠡᠳᠬᠡᠬᠦ ᠪᠠᠷ ᠬᠦᠴᠦᠯᠡᠨ ᠴᠢᠷᠮᠠᠶᠢᠨ᠎ᠠ᠃ ᠲᠣᠮᠣ ᠤᠯᠤᠰ ᠤᠨ ᠵᠣᠬᠢᠴᠠᠭᠤᠯᠭ᠎ᠠ ᠪᠠ ᠰᠠᠶᠢᠨ ᠦᠢᠯᠡᠳᠦᠯᠴᠡᠯ ᠢ | ᠠᠬᠢᠭᠤᠯᠵᠤ᠂ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ᠂ ᠶᠡᠷᠦᠩᠬᠡᠢ ᠳᠡᠭᠡᠨ ᠲᠣᠭᠲᠠᠭᠤᠨ᠂ ᠲᠡᠩᠴᠡᠭᠦᠷᠢᠲᠡᠢ ᠬᠥᠭᠵᠢᠬᠦ ᠲᠣᠮᠣ ᠤᠯᠤᠰ ᠤᠨ ᠬᠠᠷᠢᠯᠴᠠᠭᠠᠨ ᠤ | ᠪᠠᠶᠢᠷᠢᠰᠢᠯ ᠢ ᠪᠠᠶᠢᠭᠤᠯᠬᠤ ᠶᠢ ᠠᠬᠢᠭᠤᠯᠤᠨ᠎ᠠ᠃ ᠳᠣᠲᠣᠨᠣ ᠦᠨᠡᠨᠴᠢ ᠠᠰᠢᠭᠲᠠᠢ ᠪᠠᠭᠲᠠᠭᠠᠮᠵᠢᠲᠠᠢ ᠪᠠᠶᠢᠬᠤ ᠪᠠ ᠬᠥᠷᠰᠢ ᠵᠡᠷᠭᠡᠯᠡᠳᠡᠭᠡ ᠲᠠᠢ ᠪᠠᠨ ᠰᠠᠶᠢᠬᠠᠨ ᠶᠠᠪᠤᠯᠴᠠᠬᠤ | ᠂ ᠬᠥᠷᠰᠢ ᠵᠡᠷᠭᠡᠯᠡᠳᠡᠭᠡ ᠲᠠᠢ ᠪᠠᠨ ᠨᠠᠶᠢᠵᠠᠯᠠᠬᠤ ᠬᠥᠷᠰᠢ ᠵᠡᠷᠭᠡᠯᠡᠳᠡᠭᠡ ᠶᠢᠨ ᠭᠠᠳᠠᠭᠠᠳᠤ ᠬᠠᠷᠢᠯᠴᠠᠭᠠᠨ ᠤ ᠴᠢᠭᠯᠡᠯᠲᠡ ᠶᠢ ᠪᠠᠷᠢᠮᠲᠠᠯᠠᠵᠤ᠂ ᠡᠷᠭᠢᠨ ᠲᠣᠭᠤᠷᠢᠨ ᠤ | ᠤᠯᠤᠰ ᠤᠳ ᠯᠤᠭ᠎ᠠ ᠶᠢᠨ ᠨᠥᠭᠦᠷᠰᠡᠭ ᠢᠲᠡᠭᠡᠯᠴᠡᠭᠡ ᠪᠠ ᠠᠰᠢᠭ ᠲᠤᠰᠠ ᠶᠢᠨ ᠠᠭᠤᠰᠤᠯᠴᠠᠭ᠎ᠠ ᠶᠢ ᠭᠦᠨᠵᠡᠭᠡᠶᠢᠷᠡᠭᠦᠯᠦᠨ᠎ᠡ᠃ ᠦᠨᠡᠨ ᠪᠣᠳᠠᠲᠠᠢ ᠳᠣᠲᠣᠨᠣ ᠦᠨᠡᠨᠴᠢ | ᠪᠠᠶᠢᠬᠤ ᠣᠶᠢᠯᠠᠭᠠᠭᠳᠠᠬᠤᠨ ᠪᠠ ᠵᠥᠪ ᠵᠢᠷᠤᠮ ᠠᠰᠢᠭ ᠤᠨ ᠦᠵᠡᠯᠲᠡ ᠶᠢ ᠪᠠᠷᠢᠮᠲᠠᠯᠠᠨ ᠬᠥᠭᠵᠢᠵᠦ ᠪᠠᠶᠢᠭ᠎ᠠ ᠤᠯᠤᠰ ᠯᠤᠭ᠎ᠠ ᠶᠢᠨ ᠪᠦᠯᠬᠦᠮᠳᠡᠯ ᠬᠠᠮᠲᠤᠷᠠᠯᠴᠠᠭ᠎ᠠ ᠪᠠᠨ | ᠴᠢᠩᠭᠠᠳᠬᠠᠵᠤ᠂ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠳᠤᠷᠠᠲᠠᠶ᠎ᠠ | ᠪᠡᠶ᠎ᠡ ᠪᠠᠨ ᠳᠠᠭᠠᠭᠠᠵᠤ ᠡᠵᠡᠨ ᠮᠡᠳᠡᠭᠦ᠂ ᠪᠦᠷᠢᠮᠦᠰᠦᠨ ᠡᠷᠬᠡ ᠲᠡᠭᠰᠢ ᠪᠠᠶᠢᠬᠤ᠂ ᠬᠠᠷᠢᠯᠴᠠᠨ ᠬᠦᠨᠳᠦᠳᠬᠡᠬᠦ᠂ ᠳᠣᠲᠣᠭᠠᠳᠤ ᠬᠡᠷᠡᠭ ᠲᠤ ᠬᠠᠷᠢᠯᠴᠠᠨ ᠭᠠᠷ ᠦᠯᠦ | ᠲᠦᠷᠦᠭᠦ ᠵᠠᠷᠴᠢᠮ ᠤᠨ ᠰᠠᠭᠤᠷᠢᠨ ᠳᠡᠭᠡᠷ᠎ᠡ ᠡᠯ᠎ᠡ ᠤᠯᠤᠰ ᠤᠨ ᠲᠦᠷᠦ ᠶᠢᠨ ᠨᠠᠮ ᠪᠠ ᠤᠯᠤᠰ ᠲᠦᠷᠦ ᠶᠢᠨ ᠵᠣᠬᠢᠶᠠᠨ ᠪᠠᠶᠢᠭᠤᠯᠤᠯᠲᠠ ᠯᠤᠭ᠎ᠠ ᠶᠢᠨ ᠰᠣᠯᠢᠯᠴᠠᠭ᠎ᠠ | ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ᠂ ᠴᠡᠷᠢᠭ ᠠᠩᠭᠢ᠂ ᠣᠷᠣᠨ ᠨᠤᠲᠤᠭ | ᠂ ᠠᠷᠠᠳ ᠤᠨ ᠬᠤᠭᠤᠷᠤᠨᠳᠤᠭᠢ ᠵᠡᠷᠭᠡ ᠡᠯ᠎ᠡ ᠲᠠᠯ᠎ᠠ ᠶᠢᠨ ᠭᠠᠳᠠᠭᠠᠳᠤ ᠬᠠᠷᠢᠯᠴᠠᠭ᠎ᠠ ᠶᠢ ᠢᠳᠡᠪᠬᠢᠲᠡᠢ ᠠᠬᠢᠭᠤᠯᠤᠨ᠎ᠠ᠃ | ᠳᠤᠮᠳᠠᠳᠤ ᠤᠯᠤᠰ ᠭᠠᠳᠠᠭᠠᠳᠤ ᠨᠡᠭᠡᠭᠡᠯᠲᠡ ᠶᠢᠨ ᠤᠯᠤᠰ ᠤᠨ ᠦᠨᠳᠦᠰᠦᠨ ᠪᠣᠳᠣᠯᠭ᠎ᠠ ᠶᠢ ᠪᠠᠷᠢᠮᠲᠠᠯᠠᠵᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ | ᠭᠦᠷᠳᠡᠭᠦ ᠨᠡᠭᠡᠭᠡᠯᠲᠡ ᠶᠢᠨ ᠪᠠᠶᠢᠯᠳᠤᠬᠤ ᠪᠣᠳᠣᠯᠭ᠎ᠠ ᠶᠢ ᠡᠷᠡᠰ ᠬᠡᠷᠡᠭᠵᠢᠭᠦᠯᠦᠨ᠂ ᠳᠤᠮᠳᠠᠳᠤ ᠤᠯᠤᠰ ᠤᠨ ᠰᠢᠨ᠎ᠡ ᠬᠥᠭᠵᠢᠯᠲᠡ ᠪᠠᠷ ᠳᠡᠯᠡᠬᠡᠢ ᠳ᠋ᠠᠬᠢᠨ ᠳᠤ ᠰᠢᠨ᠎ᠡ | ᠲᠣᠭᠢᠶᠠᠯ ᠲᠠᠰᠤᠷᠠᠯᠲᠠ ᠦᠭᠡᠢ ᠬᠠᠩᠭᠠᠵᠤ᠂ ᠨᠡᠭᠡᠭᠡᠯᠲᠡᠲᠤ ᠭᠡᠯᠪᠡᠷᠢ ᠶᠢᠨ ᠳᠡᠯᠡᠬᠡᠢ ᠶᠢᠨ ᠠᠵᠤ ᠠᠬᠤᠢ ᠶᠢ ᠪᠠᠶᠢᠭᠤᠯᠬᠤ ᠶᠢ ᠠᠬᠢᠭᠤᠯᠵᠤ᠂ ᠡᠯ᠎ᠡ ᠤᠯᠤᠰ ᠤᠨ ᠠᠷᠠᠳ | ᠲᠦᠮᠡᠨ ᠳᠤ ᠨᠡᠩ ᠰᠠᠶᠢᠨ ᠠᠰᠢᠭ ᠬᠦᠷᠲᠡᠭᠡᠨ᠎ᠡ᠃ ᠳᠤᠮᠳᠠᠳᠤ ᠤᠯᠤᠰ ᠠᠵᠤ ᠠᠬᠤᠢ ᠶᠢᠨ ᠳᠡᠯᠡᠬᠡᠶᠢᠵᠢᠯᠲᠡ ᠶᠢᠨ ᠵᠥᠪ ᠴᠢᠭᠯᠡᠯ ᠢ ᠪᠠᠷᠢᠮᠲᠠᠯᠠᠨ᠂ ᠠᠷᠠᠯᠵᠢᠶ᠎ᠠ ᠪᠣᠯᠣᠨ | ᠪᠡᠯᠡ ᠣᠷᠣᠭᠤᠯᠤᠯᠲᠠ ᠶᠢ ᠴᠢᠯᠦᠭᠡᠲᠡᠢ ᠪᠤᠯᠭᠠᠬᠤ ᠪᠠ ᠲᠦᠭᠦᠮ ᠳᠥᠲᠡ ᠪᠤᠯᠬᠤ ᠶᠢ ᠠᠬᠢᠭᠤᠯᠵᠤ᠂ ᠬᠤᠶᠠᠷ ᠲᠠᠯᠠᠲᠤ᠂ ᠣᠷᠣᠨ ᠪᠦᠰᠡ ᠶᠢᠨ ᠪᠣᠯᠣᠨ ᠤᠯᠠᠨ ᠲᠠᠯᠠᠲᠤ | ᠬᠠᠮᠲᠤᠷᠠᠯᠴᠠᠭ᠎ᠠ ᠶᠢ ᠠᠬᠢᠭᠤᠯᠤᠨ᠂ ᠤᠯᠠᠨ ᠤᠯᠤᠰ ᠤᠨ ᠬᠤᠷᠸ᠎ᠠ ᠠᠵᠤ ᠠᠬᠤᠢ ᠶᠢᠨ ᠲᠦᠷᠦ ᠶᠢᠨ ᠪᠣᠳᠣᠯᠭ᠎ᠠ ᠶᠢᠨ ᠵᠣᠬᠢᠴᠠᠭᠤᠯᠭ᠎ᠠ ᠶᠢ ᠠᠬᠢᠭᠤᠯᠵᠤ᠂ | ᠬᠥᠭᠵᠢᠯᠲᠡ ᠳᠤ ᠠᠰᠢᠭᠲᠠᠢ ᠤᠯᠠᠨ ᠤᠯᠤᠰ ᠤᠨ ᠣᠷᠴᠢᠨ ᠢ ᠬᠠᠮᠲᠤ ᠪᠠᠷ ᠪᠤᠢ ᠪᠤᠯᠭᠠᠵᠤ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠢᠨ᠎ᠡ | ᠬᠦᠳᠡᠯᠭᠡᠬᠦ ᠡᠨᠧᠷᠭᠢ ᠶᠢ ᠬᠠᠮᠲᠤ ᠪᠠᠷ ᠪᠣᠶᠢᠵᠢᠭᠤᠯᠵᠤ᠂ ᠬᠠᠮᠠᠭᠠᠯᠠᠬᠤ ᠦᠵᠡᠯ ᠢ ᠡᠰᠡᠷᠭᠦᠴᠡᠵᠦ᠂ ︽ᠬᠡᠷᠡᠮ ᠪᠣᠰᠬᠠᠵᠤ ᠪᠠᠬᠢᠯᠡᠯᠲᠡ ᠪᠠᠶᠢᠭᠤᠯᠬᠤ | ︾᠂ ︽ᠬᠠᠷᠢᠯᠴᠠᠭ᠎ᠠ ᠲᠠᠰᠤᠷᠠᠵᠤ ᠬᠡᠯᠬᠢᠶ᠎ᠡ ᠶᠢ ᠲᠠᠰᠤᠯᠬᠤ︾ ᠶᠢ ᠡᠰᠡᠷᠭᠦᠴᠡᠵᠦ᠂ ᠭᠠᠭᠴᠠ ᠲᠠᠯ᠎ᠠ ᠠᠴᠠ ᠵᠠᠯᠬᠠᠭᠠᠯ ᠦᠵᠡᠭᠦᠯᠭᠦ᠂ ᠲᠤᠶᠢᠯ ᠤᠨ ᠶᠡᠭᠡ ᠳᠠᠷᠤᠯᠲᠠ | ᠦᠵᠡᠭᠦᠯᠭᠦ ᠶᠢ ᠡᠰᠡᠷᠭᠦᠴᠡᠨ᠎ᠡ᠃ ᠳᠤᠮᠳᠠᠳᠤ ᠤᠯᠤᠰ ᠳᠤᠷᠠᠲᠠᠶ᠎ᠠ ᠪᠦᠭᠦ ᠪᠥᠮᠪᠥᠷᠴᠡᠭ ᠤᠨ ᠬᠥᠭᠵᠢᠯᠲᠡ ᠶᠢᠨ ᠬᠠᠮᠲᠤᠷᠠᠯᠴᠠᠭᠠᠨ ᠳᠠᠬᠢ ᠡᠬᠢ ᠪᠠᠶᠠᠯᠢᠭ ᠤᠨ | ᠣᠷᠣᠭᠤᠯᠤᠯᠲᠠ ᠪᠠᠨ ᠨᠡᠮᠡᠭᠳᠡᠭᠦᠯᠵᠦ᠂ ᠡᠮᠦᠨᠡᠲᠦ ᠤᠮᠠᠷᠠᠲᠤ ᠶᠢᠨ ᠵᠥᠷᠢᠶ᠎ᠡ ᠶᠢ ᠪᠠᠭᠠᠰᠬᠠᠬᠤ ᠪᠠᠷ ᠬᠦᠴᠦᠯᠡᠨ ᠴᠢᠷᠮᠠᠶᠢᠵᠤ᠂ ᠥᠷᠭᠡᠨ ᠤᠯᠠᠨ ᠬᠥᠭᠵᠢᠵᠦ ᠪᠠᠶᠢᠭ᠎ᠠ | ᠤᠯᠤᠰ ᠤᠳ ᠤᠨ ᠬᠥᠭᠵᠢᠯᠲᠡ ᠪᠠᠨ ᠲᠦᠷᠭᠡᠳᠬᠡᠬᠦ ᠶᠢ ᠡᠷᠡᠰ ᠳᠡᠮᠵᠢᠵᠦ ᠬᠠᠪᠰᠤᠷᠤᠨ᠎ᠠ᠃ | ᠳᠤᠮᠳᠠᠳᠤ ᠤᠯᠤᠰ ᠪᠦᠭᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠤᠨ ᠥᠭᠡᠷᠡᠴᠢᠯᠡᠯᠲᠡ ᠪᠣᠯᠣᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ | ᠬᠠᠮᠲᠤ ᠪᠠᠷ ᠵᠥᠪᠳᠡᠯᠴᠡᠬᠦ ᠬᠠᠮᠲᠤ ᠪᠠᠷ ᠪᠠᠶᠢᠭᠤᠯᠬᠤ ᠬᠠᠮᠲᠤ ᠪᠠᠷ ᠡᠳ᠋ᠯᠡᠭᠦ ᠪᠦᠭᠦ ᠪᠥᠮᠪᠥᠷᠴᠡᠭ ᠤᠨ ᠵᠠᠰᠠᠯᠲᠠ ᠶᠢᠨ ᠦᠵᠡᠯᠲᠡ ᠶᠢ ᠦᠢᠯᠡᠳᠦᠯᠭᠡᠵᠢᠭᠦᠯᠵᠦ᠂ ᠦᠨᠡᠨ ᠬᠦ | ᠤᠯᠠᠨ ᠲᠠᠯᠠᠲᠤ ᠦᠵᠡᠯ ᠢ ᠪᠠᠷᠢᠮᠲᠠᠯᠠᠨ᠂ ᠤᠯᠠᠨ ᠤᠯᠤᠰ ᠤᠨ ᠬᠠᠷᠢᠯᠴᠠᠭ᠎ᠠ ᠶᠢᠨ ᠠᠷᠠᠳᠴᠢᠯᠠᠯᠲᠠ ᠶᠢ ᠠᠬᠢᠭᠤᠯᠵᠤ᠂ ᠪᠦᠭᠦ ᠪᠥᠮᠪᠥᠷᠴᠡᠭ ᠤᠨ ᠵᠠᠰᠠᠯᠲᠠ ᠶᠢᠨ ᠨᠡᠩ | ᠲᠥᠪ ᠭᠤᠣᠯᠴᠢ ᠵᠦᠢ ᠵᠣᠬᠢᠰᠲᠠᠢ ᠴᠢᠭᠯᠡᠯ ᠢᠶᠠᠷ ᠭᠦᠭᠵᠢᠭᠦ ᠶᠢ ᠠᠬᠢᠭᠤᠯᠤᠨ᠎ᠠ᠃ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ | ᠤᠯᠤᠰ ᠤᠨ ᠰᠢᠰᠲ᠋ᠧᠮ᠂ ᠤᠯᠠᠨ ᠤᠯᠤᠰ ᠤᠨ ᠬᠠᠤᠯᠢ ᠪᠠᠷ ᠰᠠᠭᠤᠷᠢ ᠪᠤᠯᠭᠠᠬᠰᠠᠨ ᠤᠯᠠᠨ ᠤᠯᠤᠰ ᠤᠨ ᠡᠮᠬᠢ ᠳᠢᠭᠯᠢᠮ᠂ ᠤᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠶᠢᠨ ᠦᠨᠳᠦᠰᠦᠨ ᠳᠦᠷᠢᠮ ᠤᠨ ᠵᠣᠷᠢᠯᠲᠠ ᠪᠠ ᠵᠠᠷᠴᠢᠮ ᠢᠶᠠᠷ ᠰᠠᠭᠤᠷᠢ ᠪᠤᠯᠭᠠᠬᠰᠠᠨ ᠤᠯᠠᠨ ᠤᠯᠤᠰ ᠤᠨ ᠬᠠᠷᠢᠯᠴᠠᠭᠠᠨ ᠤ ᠦᠨᠳᠦᠰᠦᠨ ᠪᠠᠷᠢᠮᠵᠢᠶ᠎ᠠ ᠶᠢ | ᠡᠷᠡᠰ ᠬᠠᠮᠠᠭᠠᠯᠠᠵᠤ᠂ ᠶᠠᠮᠠᠷᠪᠠ ᠭᠡᠯᠪᠡᠷᠢ ᠶᠢᠨ ᠭᠠᠭᠴᠠ ᠲᠠᠯᠠᠲᠤ ᠦᠵᠡᠯ ᠢ ᠡᠰᠡᠷᠭᠦᠴᠡᠵᠦ᠂ ᠣᠨᠴᠠ ᠲᠣᠭᠲᠠᠭᠰᠠᠨ ᠤᠯᠤᠰ ᠲᠤ ᠴᠢᠭᠯᠡᠭᠦᠯᠦᠭᠰᠡᠨ ᠯᠡᠭᠧᠷ ᠤᠨ | ᠮᠠᠶ᠋ᠢᠭ ᠤᠨ ᠪᠠ ᠪᠤᠰᠤᠳ ᠢ ᠭᠠᠳᠠᠭᠤᠷᠴᠢᠯᠠᠬᠤ ᠴᠢᠨᠠᠷᠲᠠᠢ ᠵᠢᠵᠢᠭ ᠪᠦᠯᠭᠦᠮ ᠪᠠᠶᠢᠭᠤᠯᠬᠤ ᠶᠢ ᠡᠰᠡᠷᠭᠦᠴᠡᠨ᠎ᠡ᠃ ᠳᠡᠯᠡᠬᠡᠢ ᠶᠢᠨ ᠠᠷᠠᠯᠵᠢᠶᠠᠨ ᠤ ᠵᠣᠬᠢᠶᠠᠨ | ᠪᠠᠶᠢᠭᠤᠯᠤᠯᠲᠠ᠂ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠵᠡᠷᠭᠡ ᠤᠯᠠᠨ ᠲᠠᠯᠠᠲᠤ | ᠲᠣᠭᠲᠠᠴᠠ ᠶᠢᠨ ᠦᠢᠯᠡᠳᠦᠯ ᠢᠶᠠᠨ ᠨᠡᠩ ᠰᠠᠶᠢᠲᠤᠷ ᠪᠠᠳᠠᠷᠠᠭᠤᠯᠬᠤ ᠶᠢ ᠠᠬᠢᠭᠤᠯᠵᠤ᠂ ᠠᠯᠳᠠᠨ ᠲᠣᠭᠤᠰᠭ᠋᠎ᠠ ᠶᠢᠨ ᠤᠯᠤᠰ᠂ ᠱᠠᠩᠬᠠᠢ ᠶᠢᠨ ᠬᠠᠮᠲᠤᠷᠠᠯᠴᠠᠭᠠᠨ ᠤ | ᠵᠣᠬᠢᠶᠠᠨ ᠪᠠᠶᠢᠭᠤᠯᠤᠯᠲᠠ ᠵᠡᠷᠭᠡ ᠬᠠᠮᠲᠤᠷᠠᠯᠴᠠᠭᠠᠨ ᠤ ᠲᠣᠭᠲᠠᠴᠠ ᠶᠢᠨ ᠨᠥᠯᠥᠭᠡᠯᠡᠬᠦ ᠬᠦᠴᠦᠨ ᠢ ᠥᠷᠭᠡᠳᠬᠡᠵᠦ᠂ ᠰᠢᠨ᠎ᠡ ᠪᠠᠷ ᠮᠠᠨᠳᠤᠭᠰᠠᠨ ᠵᠠᠬ᠎ᠠ ᠳᠡᠯᠭᠡᠭᠦᠷ ᠤᠨ | ᠤᠯᠤᠰ ᠪᠣᠯᠣᠨ ᠬᠥᠭᠵᠢᠵᠦ ᠪᠠᠶᠢᠭ᠎ᠠ ᠤᠯᠤᠰ ᠤᠨ ᠪᠦᠭᠦ ᠪᠥᠮᠪᠥᠷᠴᠡᠭ ᠤᠨ ᠬᠡᠷᠡᠭ ᠶᠠᠪᠤᠳᠠᠯ ᠳᠠᠬᠢ ᠲᠥᠯᠥᠭᠡᠯᠡᠬᠦ ᠴᠢᠨᠠᠷ ᠪᠣᠯᠣᠨ ᠦᠭᠡ ᠭᠡᠯᠡᠭᠦ ᠡᠷᠬᠡ ᠶᠢ | ᠴᠢᠩᠭᠠᠳᠬᠠᠨ᠎ᠠ᠃ ᠳᠤᠮᠳᠠᠳᠤ ᠤᠯᠤᠰ ᠪᠦᠭᠦ ᠪᠥᠮᠪᠥᠷᠴᠡᠭ ᠤᠨ ᠠᠮᠤᠷ ᠲᠦᠪᠰᠢᠨ ᠤ ᠳᠦᠷᠢᠮ ᠢ ᠲᠣᠭᠲᠠᠭᠠᠬᠤ ᠳᠤ ᠢᠳᠡᠪᠬᠢᠲᠡᠢ ᠣᠷᠤᠯᠴᠠᠬᠤ ᠪᠠᠨ ᠪᠠᠷᠢᠮᠲᠠᠯᠠᠵᠤ᠂ | ᠤᠯᠠᠨ ᠤᠯᠤᠰ ᠤᠨ ᠠᠮᠤᠷ ᠲᠦᠪᠰᠢᠨ ᠤ ᠬᠠᠮᠲᠤᠷᠠᠯᠴᠠᠭ᠎ᠠ ᠶᠢ ᠴᠢᠩᠭᠠᠳᠬᠠᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠡᠩᠬᠡ ᠲᠠᠶᠢᠪᠤᠩ ᠢ | ᠬᠠᠮᠠᠭᠠᠯᠠᠬᠤ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠳᠡᠯᠡᠬᠡᠢ ᠶᠢᠨ ᠡᠩᠬᠡ ᠲᠠᠶᠢᠪᠤᠩ ᠪᠣᠯᠣᠨ ᠭᠠᠵᠠᠷ ᠣᠷᠣᠨ ᠤ ᠲᠣᠭᠲᠠᠭᠤᠨ ᠢ ᠬᠠᠮᠠᠭᠠᠯᠠᠬᠤ ᠳᠤ ᠪᠦᠲᠦᠭᠡᠯᠴᠢ | ᠴᠢᠨᠠᠷᠲᠠᠢ ᠦᠢᠯᠡᠳᠦᠯ ᠦᠵᠡᠭᠦᠯᠦᠨ᠎ᠡ᠃ | ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠪᠣᠯ ᠳᠡᠯᠡᠬᠡᠢ ᠶᠢᠨ ᠡᠯ᠎ᠡ ᠤᠯᠤᠰ ᠤᠨ ᠠᠷᠠᠳ ᠲᠦᠮᠡᠨ ᠤ ᠢᠷᠡᠭᠡᠳᠦᠢ | ᠮᠥᠨ᠃ ᠲᠦᠮᠡᠨ ᠪᠣᠳᠠᠰ ᠵᠡᠷᠭᠡᠳᠡ ᠠᠮᠢᠯᠠᠨ ᠲᠥᠯᠵᠢᠪᠡᠴᠦ ᠬᠠᠷᠢᠯᠴᠠᠨ ᠬᠤᠬᠢᠷᠠᠭᠤᠯᠬᠤ ᠦᠭᠡᠢ᠂ ᠶᠣᠰᠣ ᠳᠦᠷᠢᠮ ᠵᠡᠷᠭᠡᠳᠡ ᠣᠷᠣᠰᠢᠪᠠᠴᠤ ᠬᠠᠷᠢᠯᠴᠠᠨ | ᠬᠠᠷᠰᠢᠯᠳᠤᠬᠤ ᠦᠭᠡᠢ᠃ ᠭᠠᠭᠴᠠ ᠬᠦ ᠡᠯ᠎ᠡ ᠤᠯᠤᠰ ᠳᠡᠯᠡᠬᠡᠢ ᠳ᠋ᠠᠬᠢᠨ ᠤ ᠳᠠᠷᠳᠠᠩ ᠵᠠᠮ ᠢᠶᠠᠷ ᠵᠠᠮᠨᠠᠵᠤ᠂ ᠡᠶ᠎ᠡ ᠨᠠᠶᠢᠷᠰᠠᠭ ᠢᠶᠠᠷ ᠬᠠᠮᠲᠤ ᠣᠷᠣᠰᠢᠵᠤ᠂ ᠬᠠᠮᠲᠤᠷᠠᠨ | ᠠᠵᠢᠯᠯᠠᠵᠤ ᠬᠠᠮᠲᠤ ᠪᠠᠷ ᠠᠰᠢᠭ ᠭᠦᠷᠳᠡᠪᠡᠯ᠂ ᠴᠡᠴᠡᠭᠯᠡᠯ ᠬᠥᠭᠵᠢᠯ ᠰᠠᠶ᠋ᠢ ᠥᠨᠢ ᠤᠳᠠᠭᠠᠨ ᠦᠷᠭᠦᠯᠵᠢᠯᠡᠵᠦ᠂ ᠠᠮᠤᠷ ᠲᠦᠪᠰᠢᠨ ᠰᠠᠶ᠋ᠢ ᠪᠠᠲᠤᠯᠠᠭ᠎ᠠ ᠲᠠᠢ ᠪᠣᠯᠵᠤ | ᠴᠢᠳᠠᠨ᠎ᠠ᠃ ᠳᠤᠮᠳᠠᠳᠤ ᠤᠯᠤᠰ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠶᠢ | ᠳᠤᠷᠠᠳᠤᠭᠰᠠᠨ ᠪᠥᠭᠡᠳ ᠳᠤᠷᠠᠲᠠᠶ᠎ᠠ ᠳᠡᠯᠡᠬᠡᠢ ᠨᠡᠶᠢᠭᠡᠮ ᠲᠠᠢ ᠬᠠᠮᠲᠤ ᠪᠠᠷ ᠴᠢᠷᠮᠠᠶᠢᠨ ᠨᠠᠶᠢᠳᠠᠪᠤᠷᠢᠵᠢᠭᠤᠯᠤᠨ᠎ᠠ᠃ ᠳᠤᠮᠳᠠᠳᠤ ᠤᠯᠤᠰ ᠶᠠᠷᠢᠯᠴᠠᠭ᠎ᠠ ᠵᠥᠪᠳᠡᠯᠴᠡᠭᠡ | ᠬᠢᠬᠦ ᠶᠢ ᠪᠠᠷᠢᠮᠲᠠᠯᠠᠵᠤ᠂ ᠥᠨᠢ ᠤᠳᠠᠭᠠᠨ ᠡᠩᠬᠡ ᠲᠠᠶᠢᠪᠤᠩ ᠪᠠᠶᠢᠬᠤ ᠳᠡᠯᠡᠬᠡᠢ ᠶᠢᠷᠲᠢᠨᠴᠦ ᠶᠢ ᠪᠠᠶᠢᠭᠤᠯᠬᠤ ᠶᠢ ᠠᠭᠢᠭᠤᠯᠤᠨ᠎ᠠ ︔ ᠬᠠᠮᠲᠤ ᠪᠠᠷ ᠪᠠᠶᠢᠭᠤᠯᠵᠤ | ᠬᠠᠮᠲᠤ ᠪᠠᠷ ᠡᠳ᠋ᠯᠡᠭᠦ ᠶᠢ ᠪᠠᠷᠢᠮᠲᠠᠯᠠᠵᠤ᠂ ᠨᠡᠶᠢᠳᠡᠮ ᠳᠡᠭᠡᠨ ᠠᠮᠤᠷ ᠲᠦᠪᠰᠢᠨ ᠪᠠᠶᠢᠬᠤ ᠳᠡᠯᠡᠬᠡᠢ ᠶᠢᠷᠲᠢᠨᠴᠦ ᠶᠢ ᠪᠠᠶᠢᠭᠤᠯᠬᠤ ᠶᠢ ᠠᠭᠢᠭᠤᠯᠤᠨ᠎ᠠ ︔ ᠬᠠᠮᠲᠤᠷᠠᠨ | ᠠᠵᠢᠯᠯᠠᠵᠤ ᠬᠠᠮᠲᠤ ᠪᠠᠷ ᠠᠰᠢᠭ ᠭᠦᠷᠳᠡᠭᠦ ᠶᠢ ᠪᠠᠷᠢᠮᠲᠠᠯᠠᠵᠤ᠂ ᠬᠠᠮᠲᠤ ᠪᠠᠷ ᠴᠡᠴᠡᠭᠯᠡᠨ ᠬᠥᠭᠵᠢᠭᠰᠡᠨ ᠳᠡᠯᠡᠬᠡᠢ ᠶᠢᠷᠲᠢᠨᠴᠦ ᠶᠢ ᠪᠠᠶᠢᠭᠤᠯᠬᠤ ᠶᠢ ᠠᠭᠢᠭᠤᠯᠤᠨ᠎ᠠ ︔ | ᠰᠣᠯᠢᠯᠴᠠᠭ᠎ᠠ ᠬᠢᠵᠦ ᠬᠠᠷᠢᠯᠴᠠᠨ ᠲᠣᠯᠢ ᠪᠤᠯᠭᠠᠬᠤ ᠶᠢ ᠪᠠᠷᠢᠮᠲᠠᠯᠠᠵᠤ᠂ ᠨᠡᠭᠡᠭᠡᠯᠲᠡᠲᠡᠢ ᠪᠠᠭᠲᠠᠭᠠᠮᠵᠢᠲᠠᠢ ᠳᠡᠯᠡᠬᠡᠢ ᠶᠢᠷᠲᠢᠨᠴᠦ ᠶᠢ ᠪᠠᠶᠢᠭᠤᠯᠬᠤ ᠶᠢ ᠠᠭᠢᠭᠤᠯᠤᠨ᠎ᠠ ︔ | ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠶᠢ ᠪᠠᠷᠢᠮᠲᠠᠯᠠᠵᠤ᠂ ᠠᠷᠢᠭᠤᠨ ᠴᠡᠪᠡᠷ ᠦᠵᠡᠰᠬᠦᠯᠡᠩᠲᠦ ᠰᠠᠶᠢᠬᠠᠨ ᠳᠡᠯᠡᠬᠡᠢ ᠶᠢᠷᠲᠢᠨᠴᠦ ᠶᠢ | ᠪᠠᠶᠢᠭᠤᠯᠬᠤ ᠶᠢ ᠠᠬᠢᠭᠤᠯᠤᠨ᠎ᠠ᠃ | ᠳᠡᠯᠡᠬᠡᠢ ᠶᠢᠨ ᠡᠯ᠎ᠡ ᠤᠯᠤᠰ ᠤᠨ ᠬᠢᠨ ᠡᠩᠬᠡ ᠲᠠᠶᠢᠪᠤᠩ᠂ ᠬᠥᠭᠵᠢᠯᠲᠡ᠂ ᠲᠥᠪ ᠭᠤᠣᠯᠴᠢ᠂ ᠰᠢᠳᠤᠷᠭᠤ ᠶᠣᠰᠣ᠂ ᠠᠷᠠᠳᠴᠢᠯᠠᠯ᠂ ᠡᠷᠬᠡ ᠴᠢᠯᠦᠭᠡ ᠶᠢ | ᠡᠷᠬᠢᠮᠯᠡᠭᠰᠡᠨ ᠪᠦᠭᠦ ᠬᠥᠮᠥᠨ ᠲᠥᠷᠥᠯᠬᠢᠲᠡᠨ ᠤ ᠬᠠᠮᠲᠤ ᠶᠢᠨ ᠦᠷᠳᠡᠭ ᠢ ᠪᠠᠳᠠᠷᠠᠭᠤᠯᠵᠤ᠂ ᠡᠯ᠎ᠡ ᠤᠯᠤᠰ ᠤᠨ ᠠᠷᠠᠳ ᠲᠦᠮᠡᠨ ᠤ ᠬᠠᠷᠢᠯᠴᠠᠨ ᠣᠶᠢᠯᠠᠭᠠᠬᠤ ᠪᠠ | ᠳᠣᠲᠣᠨᠣᠰᠤᠭ ᠪᠠᠶᠢᠬᠤ ᠶᠢ ᠠᠬᠢᠭᠤᠯᠵᠤ᠂ ᠳᠡᠯᠡᠬᠡᠢ ᠶᠢᠨ ᠪᠣᠯᠪᠠᠰᠤᠨ ᠤ ᠤᠯᠠᠨ ᠶᠠᠩᠵᠤᠲᠤ ᠴᠢᠨᠠᠷ ᠢ ᠭᠦᠨᠳᠦᠳᠭᠡᠵᠦ᠂ ᠪᠣᠯᠪᠠᠰᠤᠨ ᠤ ᠰᠣᠯᠢᠯᠴᠠᠭ᠎ᠠ ᠪᠠᠷ | ᠪᠣᠯᠪᠠᠰᠤᠨ ᠤ ᠵᠠᠪᠰᠠᠷᠳᠠᠯ ᠢ ᠳᠠᠪᠠᠵᠤ᠂ ᠪᠣᠯᠪᠠᠰᠤᠨ ᠢᠶᠠᠨ ᠬᠠᠷᠢᠯᠴᠠᠨ ᠲᠣᠯᠢᠯᠠᠬᠤ ᠪᠠᠷ ᠪᠣᠯᠪᠠᠰᠤᠨ ᠤ ᠮᠦᠷᠭᠦᠯᠳᠦᠭᠡᠨ ᠢ ᠳᠠᠪᠠᠵᠤ᠂ ᠪᠣᠯᠪᠠᠰᠤᠨ ᠤ ᠬᠠᠮᠲᠤ ᠪᠠᠷ | ᠣᠷᠣᠰᠢᠬᠤ ᠪᠠᠷ ᠪᠣᠯᠪᠠᠰᠤᠨ ᠤ ᠳᠠᠪᠠᠮᠠᠭᠠᠶᠢᠯᠠᠯ ᠢ ᠳᠠᠪᠠᠵᠤ᠂ ᠪᠦᠭᠦ ᠪᠥᠮᠪᠥᠷᠴᠡᠭ ᠤᠨ ᠴᠢᠨᠠᠷᠲᠠᠢ ᠡᠯ᠎ᠡ ᠵᠦᠢᠯ ᠤᠨ ᠥᠷᠢᠰᠦᠯᠳᠦᠭᠡᠨ ᠢ ᠬᠠᠮᠲᠤ ᠪᠠᠷ ᠠᠷᠭᠠᠴᠠᠭᠠᠬᠤ ᠶᠢ | ᠪᠢᠳᠡ ᠴᠢᠩ ᠰᠡᠳᠬᠢᠯ ᠠᠴᠠ ᠪᠠᠨ ᠤᠷᠢᠶᠠᠯᠠᠵᠤ ᠪᠠᠶᠢᠨ᠎ᠠ᠃ | ᠪᠢᠳᠡ ᠥᠷᠢᠰᠦᠯᠳᠦᠭᠡᠨ ᠶᠡᠬᠡᠲᠡᠢ ᠴᠠᠭ ᠦᠶ᠎ᠡ ᠳᠤ ᠣᠷᠣᠰᠢᠵᠤ ᠪᠠᠶᠢᠨ᠎ᠠ᠂ ᠮᠥᠨ ᠴᠦ ᠬᠦᠰᠡᠯ ᠡᠷᠡᠮᠡᠯᠵᠡᠯ ᠢᠶᠠᠷ ᠪᠢᠯᠬᠠᠭᠰᠠᠨ ᠴᠠᠭ ᠦᠶ᠎ᠡ ᠳᠤ ᠣᠷᠣᠰᠢᠵᠤ | ᠪᠠᠶᠢᠨ᠎ᠠ᠃ ᠳᠤᠮᠳᠠᠳᠤ ᠤᠯᠤᠰ ᠤᠨ ᠠᠷᠠᠳ ᠲᠦᠮᠡᠨ ᠳᠤᠷᠠᠲᠠᠶ᠎ᠠ ᠳᠡᠯᠡᠬᠡᠢ ᠶᠢᠨ ᠠᠷᠠᠳ ᠲᠦᠮᠡᠨ ᠲᠠᠢ ᠭᠠᠷ ᠬᠤᠯᠪᠣᠨ ᠬᠥᠮᠥᠨ ᠲᠥᠷᠥᠯᠬᠢᠲᠡᠨ ᠤ ᠨᠡᠩ ᠰᠠᠶᠢᠨ | ᠰᠠᠶᠢᠬᠠᠨ ᠢᠷᠡᠭᠡᠳᠦᠢ ᠶᠢ ᠡᠭᠦᠳᠦᠨ ᠨᠡᠭᠡᠭᠡᠨ᠎ᠡ︕ | | | ᠠᠷᠪᠠᠨ ᠲᠠᠪᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠤᠶᠢᠪᠢᠰᠢ ᠦᠭᠡᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ | ᠠᠭᠤᠤ ᠶᠡᠭᠡ ᠰᠢᠨ᠎ᠡ ᠢᠨᠵᠧᠨᠧᠷᠢᠩ ᠢ ᠭᠦᠨᠵᠡᠭᠡᠢ ᠠᠬᠢᠭᠤᠯᠤᠨ᠎ᠠ | ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠶᠢᠨ ᠵᠠᠩᠭᠢᠯᠠᠭ᠎ᠠ ᠨᠢ ᠨᠠᠮ ᠳᠤ ᠪᠠᠶᠢᠨ᠎ᠠ᠃ ᠮᠠᠨ ᠤ ᠨᠠᠮ ᠳᠡᠯᠡᠬᠡᠢ ᠳᠡᠭᠡᠷᠡᠬᠢ ᠬᠠᠮᠤᠭ ᠤᠨ ᠲᠣᠮᠣ ᠮᠠᠷᠺᠰ ᠤᠨ | ᠦᠵᠡᠯ ᠤᠨ ᠲᠦᠷᠦ ᠪᠠᠷᠢᠭᠴᠢ ᠨᠠᠮ ᠪᠣᠯᠤᠭᠰᠠᠨ ᠤ ᠬᠤᠪᠢ ᠳᠤ᠂ ᠢᠮᠠᠭᠲᠠ ᠠᠷᠠᠳ ᠲᠦᠮᠡᠨ ᠤ ᠬᠦᠷᠢᠶᠡᠯᠡᠯ ᠢ ᠣᠯᠵᠤ᠂ ᠤᠷᠳᠤ ᠬᠤᠭᠤᠴᠠᠭ᠎ᠠ ᠪᠠᠷ ᠲᠦᠷᠦ ᠪᠠᠷᠢᠬᠤ | ᠪᠠᠶᠢᠷᠢ ᠰᠠᠭᠤᠷᠢ ᠪᠠᠨ ᠪᠠᠬᠢᠵᠢᠭᠦᠯᠦᠶ᠎ᠡ ᠭᠡᠪᠡᠯ᠂ ᠡᠷᠬᠡᠪᠰᠢ ᠲᠣᠮᠣ ᠨᠠᠮ ᠳᠤ ᠯᠡ ᠪᠠᠶᠢᠳᠠᠭ ᠪᠡᠷᠬᠡ ᠰᠡᠳᠦᠪ ᠢ ᠰᠢᠢᠳᠪᠦᠷᠢᠯᠡᠬᠦ ᠰᠡᠷᠭᠡᠭ ᠲᠠᠨᠢᠯᠲᠠ ᠪᠠ ᠡᠷᠡᠰ ᠪᠠᠲᠤ | ᠵᠣᠷᠢᠭ ᠢᠶᠠᠨ ᠴᠠᠭ ᠢᠮᠠᠭᠲᠠ ᠪᠠᠲᠤᠯᠠᠬᠤ ᠬᠡᠷᠡᠭᠲᠡᠢ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠᠷ | ᠲᠠᠮᠵᠢᠨ᠂ ᠪᠢᠳᠡ ᠨᠠᠮ ᠤᠨ ᠳᠣᠲᠣᠭᠠᠳᠤ ᠶᠢᠨ ᠮᠠᠰᠢ ᠤᠯᠠᠨ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠪᠡ᠂ ᠭᠡᠪᠡᠴᠦ ᠨᠠᠮ ᠳᠤ ᠲᠤᠯᠭᠠᠷᠠᠵᠤ ᠪᠠᠶᠢᠭ᠎ᠠ ᠲᠦᠷᠦ ᠪᠠᠷᠢᠬᠤ | ᠰᠢᠯᠭᠠᠯᠲᠠ᠂ ᠥᠭᠡᠷᠡᠴᠢᠯᠡᠯᠲᠡ ᠨᠡᠭᠡᠭᠡᠯᠲᠡ ᠶᠢᠨ ᠰᠢᠯᠭᠠᠯᠲᠠ᠂ ᠵᠠᠬ᠎ᠠ ᠳᠡᠯᠭᠡᠭᠦᠷ ᠤᠨ ᠠᠵᠤ ᠠᠬᠤᠢ ᠶᠢᠨ ᠰᠢᠯᠭᠠᠯᠲᠠ᠂ ᠭᠠᠳᠠᠭᠠᠳᠤ ᠣᠷᠴᠢᠨ ᠤ ᠰᠢᠯᠭᠠᠯᠲᠠ ᠤᠷᠳᠤ | ᠬᠤᠭᠤᠴᠠᠭ᠎ᠠ ᠪᠠᠷ ᠣᠷᠣᠰᠢᠵᠤ᠂ ᠤᠶᠤᠨ ᠰᠠᠨᠠᠭ᠎ᠠ ᠬᠤᠶᠢᠷᠭᠤᠰᠢᠬᠤ ᠲᠦᠭᠰᠢᠭᠦᠷᠢ᠂ ᠴᠢᠳᠠᠪᠤᠷᠢ ᠮᠡᠬᠦᠰᠳᠡᠬᠦ ᠲᠦᠭᠰᠢᠭᠦᠷᠢ᠂ ᠤᠯᠠᠨ ᠲᠦᠮᠡᠨ ᠠᠴᠠ ᠬᠥᠨᠳᠡᠶᠢᠷᠡᠬᠦ | ᠲᠦᠭᠰᠢᠭᠦᠷᠢ᠂ ᠨᠠᠵᠠᠭᠠᠶᠢᠷᠠᠨ ᠢᠯᠵᠠᠷᠠᠬᠤ ᠲᠦᠭᠰᠢᠭᠦᠷᠢ ᠤᠷᠳᠤ ᠬᠤᠭᠤᠴᠠᠭ᠎ᠠ ᠪᠠᠷ ᠣᠷᠣᠰᠢᠬᠤ ᠪᠣᠯᠣᠨ᠎ᠠ᠃ ᠪᠦᠭᠦ ᠨᠠᠮ ᠢᠶᠠᠷ ᠢᠶᠠᠨ ᠡᠷᠬᠡᠪᠰᠢ ᠪᠦᠭᠦ ᠲᠠᠯ᠎ᠠ ᠪᠠᠷ | ᠨᠠᠮ ᠢ ᠴᠢᠩᠭ᠎ᠠ ᠵᠠᠰᠠᠬᠤ ᠠᠵᠢᠯ ᠡᠭᠦᠷᠢᠳᠡ ᠵᠣᠭᠰᠣᠰᠢ ᠦᠭᠡᠢ᠂ ᠨᠠᠮ ᠤᠨ ᠥᠪᠡᠷ ᠪᠡᠶ᠎ᠡ ᠶᠢᠨ ᠬᠤᠪᠢᠰᠬᠠᠯ ᠡᠭᠦᠷᠢᠳᠡ ᠵᠣᠭᠰᠣᠰᠢ ᠦᠭᠡᠢ ᠭᠡᠳᠡᠭ ᠢ ᠪᠠᠲᠤ | ᠴᠡᠭᠡᠵᠢᠯᠡᠵᠦ᠂ ᠶᠠᠭᠠᠬᠢᠭᠰᠠᠨ ᠴᠤ ᠵᠣᠷᠢᠭ ᠮᠣᠬᠤᠬᠤ ᠦᠵᠡᠯ᠂ ᠬᠠᠯᠠᠰᠢᠷᠠᠬᠤ ᠪᠤᠳᠤᠯ ᠲᠠᠢ ᠪᠠᠶᠢᠵᠤ ᠪᠤᠯᠬᠤ ᠦᠭᠡᠢ᠂ ᠡᠷᠬᠡᠪᠰᠢ ᠪᠦᠭᠦ ᠲᠠᠯ᠎ᠠ ᠪᠠᠷ ᠨᠠᠮ ᠢ ᠴᠢᠩᠭ᠎ᠠ | ᠵᠠᠰᠠᠬᠤ ᠶᠢ ᠴᠥᠬᠦᠷᠡᠰᠢ ᠦᠭᠡᠢ ᠠᠬᠢᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠠᠭᠤᠤ ᠶᠡᠭᠡ ᠰᠢᠨ᠎ᠡ ᠢᠨᠵᠧᠨᠧᠷᠢᠩ ᠢ ᠭᠦᠨᠵᠡᠭᠡᠢ | ᠠᠬᠢᠭᠤᠯᠵᠤ᠂ ᠨᠠᠮ ᠤᠨ ᠥᠪᠡᠷ ᠪᠡᠶ᠎ᠡ ᠶᠢᠨ ᠬᠤᠪᠢᠰᠬᠠᠯ ᠢᠶᠠᠷ ᠨᠡᠶᠢᠭᠡᠮ ᠤᠨ ᠬᠤᠪᠢᠰᠬᠠᠯ ᠢ ᠬᠥᠲᠥᠯᠥᠨ ᠳᠠᠭᠠᠭᠤᠯᠬᠤ ᠬᠡᠷᠡᠭᠲᠡᠢ᠃ | ᠪᠢᠳᠡ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠪᠦᠭᠦ ᠲᠠᠯ᠎ᠠ ᠪᠠᠷ ᠨᠠᠮ ᠢ ᠴᠢᠩᠭ᠎ᠠ | ᠵᠠᠰᠠᠬᠤ ᠰᠢᠰᠲ᠋ᠧᠮ ᠢ ᠪᠦᠷᠢᠨᠰᠢᠭᠦᠯᠵᠦ᠂ ᠨᠠᠮ ᠤᠨ ᠥᠪᠡᠷ ᠢ ᠪᠠᠨ ᠴᠡᠪᠡᠷᠰᠢᠭᠦᠯᠬᠦ᠂ ᠥᠪᠡᠷ ᠢ ᠪᠠᠨ ᠲᠡᠭᠦᠯᠳᠡᠷᠵᠢᠭᠦᠯᠬᠦ᠂ ᠥᠪᠡᠷ ᠢ ᠪᠠᠨ ᠰᠢᠨᠡᠴᠢᠯᠡᠬᠦ᠂ ᠥᠪᠡᠷ ᠢ ᠪᠠᠨ | ᠳᠡᠭᠡᠭᠰᠢᠯᠡᠭᠦᠯᠭᠦ ᠶᠢ ᠪᠦᠭᠦ ᠲᠠᠯ᠎ᠠ ᠪᠠᠷ ᠠᠬᠢᠭᠤᠯᠵᠤ᠂ ᠮᠠᠨ ᠤ ᠨᠠᠮ ᠢᠶᠠᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠳᠠᠭ᠂ ᠢᠮᠠᠭᠲᠠ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠢᠯᠡᠰ ᠤᠨ ᠪᠠᠲᠤ ᠴᠢᠩᠭ᠎ᠠ ᠤᠳᠤᠷᠢᠳᠬᠤ ᠭᠤᠣᠯᠯᠠᠭᠴᠢ ᠪᠣᠯᠭᠠᠨ᠎ᠠ᠃ | ︵ᠨᠢᠭᠡ︶ ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠬᠤ ᠪᠠ ᠴᠢᠩᠭᠠᠳᠬᠠᠨ᠎ᠠ᠃ ᠨᠠᠮ ᠤᠨ ᠤᠳᠤᠷᠢᠳᠤᠯᠭ᠎ᠠ | ᠪᠣᠯ ᠪᠦᠭᠦ ᠲᠠᠯ᠎ᠠ ᠶᠢᠨ᠂ ᠰᠢᠰᠲ᠋ᠧᠮ ᠲᠠᠢ᠂ ᠪᠦᠬᠦᠯᠢ ᠴᠣᠭᠴᠠ ᠶᠢᠨ ᠶᠤᠮ᠂ ᠡᠷᠬᠡᠪᠰᠢ ᠪᠦᠭᠦ ᠲᠠᠯ᠎ᠠ ᠪᠠᠷ᠂ ᠰᠢᠰᠲ᠋ᠧᠮ ᠲᠠᠢ᠂ ᠪᠦᠬᠦᠯᠢ ᠴᠣᠭᠴᠠ ᠪᠠᠷ | ᠨᠠᠶᠢᠳᠠᠪᠤᠷᠢᠵᠢᠭᠤᠯᠬᠤ ᠬᠡᠷᠡᠭᠲᠡᠢ᠃ ᠪᠦᠭᠦ ᠲᠠᠯ᠎ᠠ ᠶᠢ ᠶᠡᠷᠦᠩᠬᠡᠶᠢᠯᠡᠨ ᠡᠵᠡᠮᠳᠡᠬᠦ᠂ ᠡᠯ᠎ᠡ ᠲᠠᠯ᠎ᠠ ᠶᠢ ᠵᠣᠬᠢᠴᠠᠭᠤᠯᠬᠤ ᠨᠠᠮ ᠤᠨ ᠤᠳᠤᠷᠢᠳᠬᠤ ᠳᠦᠷᠢᠮ ᠤᠨ ᠰᠢᠰᠲ᠋ᠧᠮ ᠢ | ᠪᠦᠷᠢᠨᠰᠢᠭᠦᠯᠵᠦ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠲᠣᠭᠲᠠᠴᠠ ᠶᠢ | ᠲᠡᠭᠦᠯᠳᠡᠷᠵᠢᠭᠦᠯᠵᠦ᠂ ᠪᠦᠭᠦ ᠨᠠᠮ ᠢᠶᠠᠷ ᠢᠶᠠᠨ ᠤᠯᠤᠰ ᠲᠦᠷᠦ ᠶᠢᠨ ᠵᠣᠭᠰᠣᠯᠲᠠ᠂ ᠤᠯᠤᠰ ᠲᠦᠷᠦ ᠶᠢᠨ ᠴᠢᠭᠯᠡᠯ᠂ ᠤᠯᠤᠰ ᠲᠦᠷᠦ ᠶᠢᠨ ᠵᠠᠷᠴᠢᠮ᠂ ᠤᠯᠤᠰ | ᠲᠦᠷᠦ ᠶᠢᠨ ᠵᠠᠮ ᠳᠡᠭᠡᠷ᠎ᠡ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠶᠢ ᠦᠨᠡᠨ ᠬᠦ ᠪᠠᠲᠤᠯᠠᠵᠤ᠂ ᠨᠠᠮ ᠤᠨ ᠪᠦᠯᠬᠦᠮᠳᠡᠯ | ᠨᠢᠭᠡᠳᠦᠯ ᠢ ᠦᠨᠡᠨ ᠬᠦ ᠪᠠᠲᠤᠯᠠᠬᠤ ᠬᠡᠷᠡᠭᠲᠡᠢ᠃ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠬᠡᠷᠡᠭ ᠵᠥᠪᠯᠡᠵᠦ ᠵᠣᠬᠢᠴᠠᠭᠤᠯᠬᠤ | ᠪᠠᠶᠢᠭᠤᠯᠤᠮᠵᠢ ᠶᠢ ᠲᠡᠭᠦᠯᠳᠡᠷᠵᠢᠭᠦᠯᠵᠦ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠠᠵᠢᠯ ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ | ᠴᠢᠩᠭᠠᠳᠬᠠᠨ᠎ᠠ᠃ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠶᠢ ᠴᠢᠩᠭᠠᠳᠬᠠᠵᠤ᠂ ᠤᠯᠤᠰ ᠲᠥᠷᠥ ᠶᠢᠨ ᠰᠠᠬᠢᠯᠭ᠎ᠠ ᠪᠠᠲᠤ ᠪᠣᠯᠣᠨ ᠤᠯᠤᠰ ᠲᠥᠷᠥ ᠶᠢᠨ ᠶᠣᠰᠣ | ᠳᠦᠷᠢᠮ ᠢ ᠴᠢᠩᠳᠠᠯᠠᠵᠤ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠨᠠᠮ ᠤᠨ ᠭᠡᠰᠢᠭᠦᠨ ᠺᠠᠳ᠋ᠷ ᠤᠨ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ | ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠢᠨᠵᠢᠯᠡᠬᠦ ᠤᠬᠠᠭᠠᠨᠴᠢ ᠪᠠᠷ ᠲᠦᠷᠦ | ᠪᠠᠷᠢᠬᠤ᠂ ᠠᠷᠠᠳᠴᠢᠯᠠᠯ ᠢᠶᠠᠷ ᠲᠦᠷᠦ ᠪᠠᠷᠢᠬᠤ᠂ ᠬᠠᠤᠯᠢ ᠶᠣᠰᠣᠭᠠᠷ ᠲᠦᠷᠦ ᠪᠠᠷᠢᠬᠤ ᠶᠢ ᠪᠠᠷᠢᠮᠲᠠᠯᠠᠨ᠂ ᠠᠷᠠᠳᠴᠢᠯᠠᠯ ᠲᠥᠪᠯᠡᠷᠡᠯ ᠤᠨ ᠶᠣᠰᠣ ᠶᠢ ᠲᠤᠭᠤᠰᠢᠯᠠᠭᠤᠯᠵᠤ᠂ | ᠤᠳᠤᠷᠢᠳᠬᠤ ᠠᠷᠭ᠎ᠠ ᠭᠡᠯᠪᠡᠷᠢ ᠶᠢᠨ ᠰᠢᠨ᠎ᠡ ᠶᠢ ᠡᠭᠦᠳᠭᠦ ᠪᠠ ᠰᠠᠶᠢᠵᠢᠷᠠᠭᠤᠯᠵᠤ᠂ ᠨᠠᠮ ᠤᠨ ᠴᠢᠭᠯᠡᠯ ᠢ ᠡᠵᠡᠮᠳᠡᠬᠦ᠂ ᠶᠡᠭᠡ ᠲᠠᠯ᠎ᠠ ᠶᠢ ᠪᠣᠳᠣᠯᠬᠢᠯᠠᠬᠤ᠂ ᠲᠦᠷᠦ ᠶᠢᠨ | ᠪᠣᠳᠣᠯᠭ᠎ᠠ ᠲᠣᠭᠲᠠᠭᠠᠬᠤ᠂ ᠥᠭᠡᠷᠡᠴᠢᠯᠡᠯᠲᠡ ᠶᠢ ᠠᠬᠢᠭᠤᠯᠬᠤ ᠴᠢᠳᠠᠪᠤᠷᠢ ᠶᠢ ᠳᠡᠭᠡᠭᠰᠢᠯᠡᠭᠦᠯᠦᠨ᠂ ᠡᠯ᠎ᠡ ᠲᠠᠯ᠎ᠠ ᠶᠢᠨ ᠬᠢᠨ ᠤ ᠢᠳᠡᠪᠬᠢᠵᠢᠯ ᠢ ᠲᠠᠶᠢᠴᠢᠯᠠᠨ᠎ᠠ᠃ ᠨᠠᠮ ᠤᠨ | ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠤᠯᠤᠰ ᠲᠥᠷᠥᠴᠢ ᠴᠢᠨᠠᠷ᠂ ᠴᠠᠭ ᠦᠶᠡᠴᠢ ᠴᠢᠨᠠᠷ᠂ ᠵᠠᠷᠴᠢᠮᠲᠤ ᠴᠢᠨᠠᠷ᠂ ᠲᠠᠶᠢᠴᠢᠨ ᠴᠢᠨᠠᠷ ᠢ | ᠴᠢᠩᠭᠠᠳᠬᠠᠵᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠤᠨ ᠵᠡᠪᠰᠡᠭ ᠢ ᠰᠠᠶᠢᠲᠤᠷ ᠬᠡᠷᠡᠭᠯᠡᠵᠦ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢ | ᠠᠬᠤᠢ ᠶᠢ ᠦᠷᠭᠦᠯᠵᠢᠯᠡᠨ ᠴᠡᠪᠡᠷᠰᠢᠭᠦᠯᠦᠨ᠎ᠡ᠃ | ︵ᠬᠤᠶᠠᠷ︶ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢ ᠨᠢᠭᠲᠠᠷᠠᠭᠤᠯᠤᠨ | ᠰᠦᠭ ᠰᠦᠨᠡᠰᠦ ᠶᠢ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠨ᠎ᠠ᠃ ᠨᠠᠮ ᠤᠨ ᠰᠢᠨ᠎ᠡ ᠶᠢ ᠡᠭᠦᠳᠭᠦ ᠤᠨᠤᠯ ᠢᠶᠠᠷ ᠪᠦᠭᠦ ᠨᠠᠮ ᠢ ᠵᠡᠪᠰᠡᠭᠯᠡᠬᠦ ᠪᠣᠯ ᠨᠠᠮ ᠤᠨ | ᠦᠵᠡᠯ ᠰᠠᠨᠠᠭᠠᠨ ᠤ ᠪᠠᠶᠢᠭᠤᠯᠤᠯᠲᠠ ᠶᠢᠨ ᠦᠨᠳᠦᠰᠦᠨ ᠡᠭᠦᠷᠭᠡ ᠮᠥᠨ᠃ ᠨᠠᠮ ᠤᠨ ᠦᠵᠡᠯ ᠰᠠᠨᠠᠭᠠᠨ ᠤ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠵᠤ᠂ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠦᠵᠡᠯ ᠰᠠᠨᠠᠭ᠎ᠠ ᠶᠢ ᠨᠢᠭᠡᠳᠬᠡᠬᠦ᠂ ᠵᠣᠷᠢᠭ ᠰᠠᠨᠠᠭ᠎ᠠ ᠶᠢ | ᠨᠢᠭᠡᠳᠬᠡᠬᠦ᠂ ᠦᠢᠯᠡ ᠠᠵᠢᠯᠯᠠᠭ᠎ᠠ ᠶᠢ ᠨᠢᠭᠡᠳᠬᠡᠬᠦ ᠶᠢ ᠪᠠᠷᠢᠮᠲᠠᠯᠠᠵᠤ᠂ ᠨᠠᠮ ᠤᠨ ᠰᠢᠨ᠎ᠡ ᠶᠢ ᠡᠭᠦᠳᠭᠦ ᠤᠨᠤᠯ ᠤᠨ ᠰᠤᠷᠤᠯᠴᠠᠯᠭ᠎ᠠ ᠬᠥᠮᠦᠵᠢᠯ ᠤᠨ ᠲᠥᠯᠥᠪᠯᠡᠭᠡ ᠶᠢ | ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠮᠠᠷᠺᠰ ᠤᠨ ᠦᠵᠡᠯ ᠤᠨ ᠰᠤᠷᠤᠯᠴᠠᠬᠤ ᠭᠡᠯᠪᠡᠷᠢ ᠶᠢᠨ ᠲᠦᠷᠦ ᠶᠢᠨ ᠨᠠᠮ ᠢ ᠪᠠᠶᠢᠭᠤᠯᠤᠨ᠎ᠠ᠃ ᠬᠦᠰᠡᠯᠡᠩ ᠢᠲᠡᠭᠡᠯ | ᠪᠢᠰᠢᠷᠡᠯ ᠤᠨ ᠬᠥᠮᠦᠵᠢᠯ ᠢ ᠴᠢᠩᠭᠠᠳᠬᠠᠵᠤ᠂ ᠪᠦᠭᠦ ᠨᠠᠮ ᠢᠶᠠᠷ ᠢᠶᠠᠨ ᠨᠠᠮ ᠤᠨ ᠵᠣᠷᠢᠯᠲᠠ ᠶᠢ ᠪᠠᠲᠤ ᠴᠡᠭᠡᠵᠢᠯᠡᠵᠦ᠂ ᠶᠢᠷᠲᠢᠨᠴᠦ ᠶᠢᠨ ᠦᠵᠡᠯᠲᠡ᠂ ᠠᠮᠢᠳᠤᠷᠠᠬᠤᠢ ᠶᠢᠨ | ᠦᠵᠡᠯᠲᠡ᠂ ᠦᠷᠲᠡᠭ ᠤᠨ ᠦᠵᠡᠯᠲᠡ ᠡᠨᠡ ᠬᠦ ᠶᠡᠷᠦᠩᠬᠡᠢ ᠨᠡᠭᠡᠭᠡᠯᠭᠡ ᠶᠢᠨ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠰᠠᠨᠠᠭᠠᠴᠢᠯᠠᠭ᠎ᠠ ᠠᠴᠠ ᠪᠠᠨ ᠡᠪ ᠬᠠᠮᠲᠤ | ᠶᠣᠰᠣᠨ ᠤ ᠠᠯᠤᠰ ᠭᠡᠳᠦ ᠶᠢᠨ ᠬᠦᠰᠡᠯᠡᠩ ᠪᠠ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠮᠲᠤ ᠶᠢᠨ ᠬᠦᠰᠡᠯᠡᠩ ᠤᠨ ᠪᠠᠲᠤ ᠴᠢᠩᠭ᠎ᠠ | ᠰᠢᠲᠦᠭᠴᠢ ᠪᠠ ᠦᠨᠡᠨᠴᠢ ᠰᠢᠳᠤᠷᠭᠤ ᠦᠢᠯᠡᠳᠦᠯᠭᠡᠵᠢᠭᠦᠯᠦᠭᠴᠢ ᠪᠤᠯᠬᠤ ᠶᠢ ᠬᠥᠲᠥᠯᠥᠨ ᠵᠢᠯᠣᠭᠤᠳᠤᠨ᠎ᠠ᠃ ᠰᠤᠷᠤᠯᠴᠠᠬᠤ ᠰᠡᠳᠭᠢᠭᠦ ᠬᠡᠷᠡᠭᠯᠡᠬᠦ ᠶᠢ ᠤᠶᠠᠯᠳᠤᠭᠤᠯᠬᠤ᠂ | ᠮᠡᠳᠡᠭᠦ ᠢᠲᠡᠭᠡᠭᠦ ᠬᠢᠬᠦ ᠶᠢ ᠨᠢᠭᠡᠳᠬᠡᠬᠦ ᠶᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠬᠦᠰᠡᠯᠡᠩ ᠢ ᠪᠠᠲᠤᠳᠬᠠᠬᠤ᠂ ᠨᠠᠮᠴᠢ ᠴᠢᠨᠠᠷ ᠢ ᠳᠠᠪᠲᠠᠨ ᠪᠤᠯᠪᠠᠰᠤᠷᠠᠭᠤᠯᠬᠤ ᠪᠠ ᠦᠢᠯᠡᠳᠦᠯᠭᠡ ᠶᠢ ᠵᠢᠯᠤᠭᠤᠳᠬᠤ᠂ ᠠᠵᠢᠯ ᠢ ᠠᠬᠢᠭᠤᠯᠬᠤ ᠬᠦᠴᠦᠷᠬᠡᠭ | ᠶᠡᠭᠡ ᠬᠦᠴᠦᠨ ᠪᠣᠯᠭᠠᠨ ᠬᠤᠪᠢᠷᠠᠭᠤᠯᠤᠨ᠎ᠠ᠃ ᠤᠨᠤᠯ ᠢᠶᠠᠷ ᠵᠡᠪᠰᠡᠭᠯᠡᠬᠦ ᠶᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠤᠨ ᠤᠷᠳᠤ | ᠬᠤᠭᠤᠴᠠᠭ᠎ᠠ ᠪᠠᠷ ᠪᠦᠲᠦᠮᠵᠢᠲᠡᠢ ᠥᠷᠨᠢᠭᠦᠯᠬᠦ ᠲᠠᠢ ᠤᠶᠠᠯᠳᠤᠭᠤᠯᠵᠤ᠂ ᠨᠠᠮ ᠤᠨ ᠭᠡᠰᠢᠭᠦᠨ᠂ ᠺᠠᠳ᠋ᠷᠴᠤᠳ ᠤᠨ ᠲᠡᠦᠬᠡ ᠶᠢ ᠰᠤᠷᠤᠯᠴᠠᠨ ᠶᠣᠰᠣ ᠶᠢ ᠣᠶᠢᠯᠠᠭᠠᠬᠤ᠂ | ᠲᠡᠦᠬᠡ ᠶᠢ ᠰᠤᠷᠤᠯᠴᠠᠨ ᠢᠲᠡᠭᠡᠯ ᠢᠶᠠᠨ ᠨᠡᠮᠡᠭᠳᠡᠭᠦᠯᠬᠦ᠂ ᠲᠡᠦᠬᠡ ᠶᠢ ᠰᠤᠷᠤᠯᠴᠠᠨ ᠶᠣᠰᠣ ᠰᠤᠷᠲᠠᠬᠤᠨ ᠢ ᠡᠷᠭᠢᠮᠯᠡᠭᠦ᠂ ᠲᠡᠦᠬᠡ ᠶᠢ ᠰᠤᠷᠤᠯᠴᠠᠨ ᠬᠦᠴᠦᠯᠡᠨ | ᠦᠢᠯᠡᠳᠦᠯᠭᠡᠵᠢᠭᠦᠯᠬᠦ ᠶᠢ ᠬᠥᠲᠥᠯᠥᠨ ᠵᠢᠯᠤᠭᠤᠳᠴᠤ᠂ ᠬᠤᠪᠢᠰᠬᠠᠯᠲᠤ ᠤᠳᠤᠮᠰᠢᠯ ᠢ ᠵᠠᠯᠭᠠᠮᠵᠢᠯᠠᠵᠤ᠂ ᠬᠤᠪᠢᠰᠬᠠᠯ ᠤᠨ ᠰᠤᠳᠠᠰᠤ ᠶᠢ ᠦᠷᠭᠦᠯᠵᠢᠯᠡᠭᠦᠯᠦᠨ᠎ᠡ᠃ | ᠰᠢᠶᠠᠨ ᠭᠠᠵᠠᠷ ᠤᠨ ᠲᠡᠰ ᠠᠴᠠ ᠳᠡᠭᠡᠭᠰᠢᠬᠢ ᠤᠳᠤᠷᠢᠳᠬᠤ ᠺᠠᠳ᠋ᠷ ᠢᠶᠠᠷ ᠭᠤᠣᠯᠳᠠᠯᠭ᠎ᠠ ᠪᠤᠯᠭᠠᠵᠤ ᠪᠦᠭᠦ ᠨᠠᠮ ᠳᠤ ᠭᠤᠣᠯ ᠰᠡᠳᠦᠪᠲᠦ ᠬᠥᠮᠦᠵᠢᠯ ᠢ ᠭᠦᠨᠵᠡᠭᠡᠢ | ᠥᠷᠨᠢᠭᠦᠯᠦᠨ᠎ᠡ᠃ | ︵ᠭᠤᠷᠪᠠ︶ ᠨᠠᠮ ᠤᠨ ᠥᠪᠡᠷ ᠪᠡᠶ᠎ᠡ ᠶᠢᠨ ᠬᠤᠪᠢᠰᠬᠠᠯ ᠬᠢᠬᠦ ᠳᠦᠷᠢᠮ ᠤᠨ ᠵᠢᠷᠤᠮᠵᠢᠯ ᠤᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠳᠦᠷᠢᠮ ᠢᠶᠠᠷ ᠨᠠᠮ ᠢ | ᠵᠠᠰᠠᠬᠤ᠂ ᠲᠣᠭᠲᠠᠭᠠᠯ ᠢᠶᠠᠷ ᠨᠠᠮ ᠢ ᠵᠠᠰᠠᠬᠤ ᠶᠢ ᠪᠠᠷᠢᠮᠲᠠᠯᠠᠵᠤ᠂ ᠨᠠᠮ ᠤᠨ ᠳᠦᠷᠢᠮ ᠢᠶᠠᠷ ᠦᠨᠳᠦᠰᠦ ᠪᠤᠯᠭᠠᠵᠤ᠂ ᠠᠷᠠᠳᠴᠢᠯᠠᠯ ᠲᠥᠪᠯᠡᠷᠡᠯ ᠤᠨ ᠶᠣᠰᠣ ᠪᠠᠷ ᠭᠤᠣᠯ | ᠪᠤᠯᠭᠠᠵᠤ᠂ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠤᠨ ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠵᠦ᠂ ᠨᠠᠮ ᠤᠨ ᠳᠣᠲᠣᠭᠠᠳᠤ ᠶᠢᠨ ᠬᠠᠤᠯᠢ | ᠲᠣᠭᠲᠠᠭᠠᠯ ᠤᠨ ᠡᠷᠬᠡ ᠰᠦᠷᠲᠦ ᠴᠢᠨᠠᠷ ᠪᠠ ᠬᠡᠷᠡᠭᠵᠢᠭᠦᠯᠬᠦ ᠬᠦᠴᠦᠨ ᠢ ᠴᠢᠩᠭᠠᠳᠬᠠᠵᠤ᠂ ᠦᠨᠡᠨ ᠶᠣᠰᠣ ᠶᠢ ᠪᠠᠷᠢᠮᠲᠠᠯᠠᠬᠤ᠂ ᠠᠯᠳᠠᠭ᠎ᠠ ᠪᠤᠷᠤᠭᠤ ᠪᠠᠨ ᠵᠠᠯᠠᠷᠠᠭᠤᠯᠬᠤ᠂ | ᠠᠰᠠᠭᠤᠳᠠᠯ ᠢ ᠢᠯᠡᠷᠡᠭᠦᠯᠭᠦ᠂ ᠵᠥᠷᠢᠶ᠎ᠡ ᠪᠠᠨ ᠵᠠᠯᠠᠷᠠᠭᠤᠯᠬᠤ ᠲᠣᠭᠲᠠᠴᠠ ᠶᠢ ᠪᠦᠷᠢᠯᠳᠦᠭᠦᠯᠦᠨ᠎ᠡ᠃ ᠨᠠᠮ ᠠᠴᠠ ᠨᠢᠭᠡᠳᠦᠯᠲᠡᠢ ᠤᠳᠤᠷᠢᠳᠤᠭᠰᠠᠨ᠂ ᠪᠦᠭᠦ ᠲᠠᠯ᠎ᠠ ᠶᠢ | ᠬᠠᠮᠤᠷᠤᠭᠰᠠᠨ᠂ ᠡᠷᠬᠡ ᠰᠦᠷᠲᠦ ᠥᠨᠳᠥᠷ ᠪᠦᠲᠦᠮᠵᠢᠲᠡᠢ ᠬᠢᠨᠠᠯᠲᠠ ᠲᠠᠯᠪᠢᠬᠤ ᠰᠢᠰᠲ᠋ᠧᠮ ᠢ ᠪᠦᠷᠢᠨᠰᠢᠭᠦᠯᠵᠦ᠂ ᠡᠷᠬᠡ ᠳᠤ ᠬᠢᠨᠠᠯᠲᠠ ᠲᠠᠯᠪᠢᠬᠤ ᠬᠢᠵᠠᠭᠠᠷᠯᠠᠬᠤ | ᠲᠣᠭᠲᠠᠴᠠ ᠶᠢ ᠲᠡᠭᠦᠯᠳᠡᠷᠵᠢᠭᠦᠯᠦᠨ᠂ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠯᠲᠠ ᠪᠠᠷ ᠤᠳᠤᠷᠢᠳᠤᠮᠵᠢ ᠪᠤᠯᠭᠠᠵᠤ᠂ ᠡᠯ᠎ᠡ ᠲᠦᠷᠦᠯ ᠤᠨ ᠬᠢᠨᠠᠯᠲᠠ | ᠲᠠᠯᠪᠢᠯᠲᠠ ᠶᠢ ᠨᠡᠪᠲᠡᠷᠡᠭᠦᠯᠦᠨ ᠵᠣᠬᠢᠴᠠᠭᠤᠯᠬᠤ ᠶᠢ ᠠᠬᠢᠭᠤᠯᠤᠨ᠂ ᠡᠷᠬᠡ ᠶᠢ ᠢᠯᠡ ᠲᠣᠳᠣ ᠬᠡᠷᠡᠭᠵᠢᠭᠦᠯᠬᠦ ᠪᠣᠯᠭᠠᠨ᠎ᠠ᠃ ᠤᠯᠤᠰ ᠲᠦᠷᠦ ᠶᠢᠨ ᠬᠢᠨᠠᠯᠲᠠ | ᠲᠠᠯᠪᠢᠯᠲᠠ ᠶᠢ ᠪᠣᠳᠠᠲᠠᠶᠢᠵᠢᠭᠤᠯᠬᠤ᠂ ᠣᠨᠣᠴᠠᠲᠠᠢ ᠪᠤᠯᠭᠠᠬᠤ᠂ ᠪᠠᠶᠢᠩᠭᠤᠵᠢᠭᠤᠯᠬᠤ ᠶᠢ ᠠᠬᠢᠭᠤᠯᠵᠤ᠂ ︽ᠨᠢᠭᠡᠳᠦᠭᠡᠷ ᠭᠠᠷ︾ ᠪᠠ ᠤᠳᠤᠷᠢᠳᠬᠤ ᠪᠠᠭ ᠲᠤ ᠬᠢᠨᠠᠯᠲᠠ | ᠲᠠᠯᠪᠢᠬᠤ ᠪᠣᠳᠠᠲᠤ ᠦᠷ᠎ᠡ ᠪᠦᠲᠦᠮᠵᠢ ᠶᠢ ᠨᠡᠮᠡᠭᠳᠡᠭᠦᠯᠦᠨ᠎ᠡ᠃ ᠤᠯᠤᠰ ᠲᠦᠷᠦ ᠶᠢᠨ ᠲᠣᠭᠤᠷᠢᠨ ᠪᠠᠶᠢᠴᠠᠭᠠᠯᠲᠠ ᠶᠢᠨ ᠬᠤᠷᠴᠠ ᠰᠡᠯᠡᠮ᠎ᠡ ᠶᠢᠨ ᠦᠢᠯᠡᠳᠦᠯ ᠢ | ᠪᠠᠳᠠᠷᠠᠭᠤᠯᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠨ᠎ᠠ᠃ ᠪᠦᠭᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠨᠡᠬᠡᠮᠵᠢᠯᠡᠬᠦ ᠬᠤᠷᠴᠠ ᠵᠡᠪᠰᠡᠭ ᠢ ᠰᠠᠶᠢᠲᠤᠷ ᠬᠡᠷᠡᠭᠯᠡᠨ᠎ᠡ᠃ | ︵ᠳᠥᠷᠪᠡ︶ ᠦᠨᠳᠦᠰᠦᠲᠡᠨ ᠤ ᠰᠡᠷᠭᠦᠨ ᠮᠠᠨᠳᠤᠯᠲᠠ ᠶᠢᠨ ᠬᠦᠨᠳᠦ ᠡᠭᠦᠷᠭᠡ ᠶᠢ ᠡᠭᠦᠷᠭᠡᠯᠡᠵᠦ ᠳᠡᠶᠢᠯᠭᠦ ᠥᠨᠳᠥᠷ ᠬᠡᠪ ᠴᠢᠨᠠᠷ ᠪᠦᠬᠦᠢ ᠺᠠᠳ᠋ᠷ ᠤᠨ ᠡᠩᠨᠡᠭᠡ ᠶᠢ | ᠪᠠᠶᠢᠭᠤᠯᠤᠨ᠎ᠠ᠃ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠡᠷᠬᠡᠪᠰᠢ ᠤᠯᠤᠰ ᠲᠦᠷᠦ ᠶᠢᠨ ᠲᠠᠯ᠎ᠠ ᠪᠠᠷ ᠪᠠᠲᠤ | ᠴᠢᠩᠭ᠎ᠠ᠂ ᠰᠢᠨ᠎ᠡ ᠴᠠᠭ ᠦᠶ᠎ᠡ ᠶᠢᠨ ᠱᠠᠭᠠᠷᠳᠠᠯᠭ᠎ᠠ ᠳᠤ ᠵᠣᠬᠢᠴᠠᠭᠰᠠᠨ᠂ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠤᠳᠤᠷᠢᠳᠬᠤ ᠴᠢᠳᠠᠪᠤᠷᠢ ᠲᠠᠢ | ᠺᠠᠳ᠋ᠷ ᠤᠨ ᠡᠩᠨᠡᠭᠡ ᠪᠠᠶᠢᠬᠤ ᠬᠡᠷᠡᠭᠲᠡᠢ᠃ ᠨᠠᠮ ᠠᠴᠠ ᠺᠠᠳ᠋ᠷ ᠢ ᠬᠠᠮᠢᠶᠠᠷᠬᠤ ᠵᠠᠷᠴᠢᠮ ᠢ ᠪᠠᠷᠢᠮᠲᠠᠯᠠᠵᠤ᠂ ᠮᠣᠷᠠᠯ ᠴᠢᠳᠠᠪᠤᠷᠢ ᠶᠢ ᠬᠤᠣᠰᠯᠠᠭᠤᠯᠬᠤ᠂ ᠮᠣᠷᠠᠯ ᠢ | ᠲᠡᠷᠢᠭᠦᠨ ᠳᠤ ᠲᠠᠯᠪᠢᠬᠤ᠂ ᠲᠠᠯ᠎ᠠ ᠲᠠᠯ᠎ᠠ ᠶᠢᠨ ᠡᠷᠳᠡᠮᠲᠡᠨ ᠴᠢᠳᠠᠪᠤᠷᠢᠲᠠᠨ ᠢ ᠰᠣᠩᠭᠤᠬᠤ᠂ ᠡᠷᠳᠡᠮᠲᠡᠨ ᠮᠡᠷᠭᠡᠳ ᠢ ᠯᠡ ᠬᠡᠷᠡᠭᠯᠡᠬᠦ ᠶᠢ ᠪᠠᠷᠢᠮᠲᠠᠯᠠᠨ᠂ ᠰᠢᠨ᠎ᠡ ᠴᠠᠭ | ᠦᠶ᠎ᠡ ᠶᠢᠨ ᠰᠠᠶᠢᠨ ᠺᠠᠳ᠋ᠷ ᠤᠨ ᠪᠠᠷᠢᠮᠵᠢᠶ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ᠎ᠠ᠃ ᠬᠥᠮᠥᠨ ᠰᠣᠩᠭᠤᠬᠤ ᠬᠥᠮᠥᠨ ᠬᠡᠷᠡᠭᠯᠡᠬᠦ ᠵᠥᠪ ᠤᠳᠤᠷᠢᠳᠤᠮᠵᠢ ᠶᠢ ᠪᠤᠢ | ᠪᠤᠯᠭᠠᠵᠤ᠂ ᠦᠨᠡᠨᠴᠢ ᠰᠢᠳᠤᠷᠭᠤ ᠴᠡᠪᠡᠷ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠥᠨᠳᠥᠷ ᠬᠡᠪ ᠴᠢᠨᠠᠷ ᠪᠦᠬᠦᠢ ᠲᠤᠰᠬᠠᠶᠢᠵᠢᠭᠰᠠᠨ ᠺᠠᠳ᠋ᠷ ᠢ ᠰᠢᠯᠢᠨ ᠳᠡᠪᠰᠢᠭᠦᠯᠵᠦ᠂ | ᠡᠯ᠎ᠡ ᠱᠠᠲᠤᠨ ᠤ ᠤᠳᠤᠷᠢᠳᠬᠤ ᠪᠠᠭ ᠲᠤ ᠰᠢᠯᠢᠳᠡᠭ ᠢ ᠨᠢ ᠰᠣᠩᠭᠤᠨ ᠳᠣᠷᠪᠢᠲᠠᠢ ᠶᠢ ᠨᠢ ᠲᠣᠬᠢᠷᠠᠭᠤᠯᠤᠨ᠎ᠠ᠃ ᠤᠯᠤᠰ ᠲᠦᠷᠦ ᠶᠢᠨ ᠪᠠᠷᠢᠮᠵᠢᠶ᠎ᠠ ᠶᠢ ᠲᠡᠷᠢᠭᠦᠨ | ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠺᠠᠳ᠋ᠷᠴᠤᠳ ᠤᠨ ᠤᠯᠤᠰ ᠲᠦᠷᠦ ᠶᠢᠨ ᠬᠡᠪ ᠴᠢᠨᠠᠷ ᠤᠨ ᠪᠠᠶᠢᠴᠠᠭᠠᠯᠲᠠ ᠶᠢ ᠭᠦᠨᠵᠡᠭᠡᠢ ᠪᠥᠭᠡᠳ ᠪᠣᠳᠠᠲᠠᠶᠢᠵᠢᠭᠤᠯᠵᠤ᠂ | ᠤᠯᠤᠰ ᠲᠦᠷᠦ ᠶᠢᠨ ᠪᠣᠭᠤᠮᠲᠠ᠂ ᠠᠷᠢᠭᠤᠨ ᠴᠢᠬᠡᠴᠢ ᠶᠢᠨ ᠪᠣᠭᠤᠮᠲᠠ ᠶᠢ ᠲᠣᠪᠤᠶᠢᠯᠭᠠᠨ ᠰᠠᠶᠢᠲᠤᠷ ᠠᠳᠬᠤᠨ᠎ᠠ᠃ ᠦᠢᠯᠡᠳᠦᠯᠭᠡ ᠶᠢᠨ ᠪᠣᠯᠪᠠᠰᠤᠷᠠᠯ᠂ ᠲᠤᠰᠬᠠᠢ | ᠮᠡᠷᠭᠡᠵᠢᠯ ᠤᠨ ᠪᠣᠯᠪᠠᠰᠤᠷᠠᠯ ᠢ ᠴᠢᠩᠭᠠᠳᠬᠠᠵᠤ᠂ ᠴᠢᠬᠤᠯᠠ ᠶᠡᠭᠡ ᠲᠡᠮᠡᠴᠡᠯ ᠤᠨ ᠳᠤᠮᠳᠠ ᠺᠠᠳ᠋ᠷ ᠢ ᠳᠠᠪᠲᠠᠨ ᠪᠤᠯᠪᠠᠰᠤᠷᠠᠭᠤᠯᠬᠤ ᠶᠢ ᠴᠢᠬᠤᠯᠠᠴᠢᠯᠠᠵᠤ᠂ ᠺᠠᠳ᠋ᠷ ᠤᠨ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠳᠠᠪᠤᠷᠢ᠂ ᠤᠯᠠᠨ ᠲᠦᠮᠡᠨ ᠳᠤ ᠦᠢᠯᠡᠴᠢᠯᠡᠬᠦ ᠴᠢᠳᠠᠪᠤᠷᠢ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ | ᠴᠢᠳᠠᠪᠤᠷᠢ ᠶᠢ ᠳᠡᠭᠡᠭᠰᠢᠯᠡᠭᠦᠯᠦᠨ᠎ᠡ᠃ ᠺᠠᠳ᠋ᠷᠴᠤᠳ ᠤᠨ ᠲᠡᠮᠡᠴᠡᠯ ᠤᠨ ᠵᠣᠷᠢᠭ ᠰᠠᠨᠠᠭ᠎ᠠ ᠪᠠ ᠲᠡᠮᠡᠴᠡᠯ ᠤᠨ ᠡᠷᠳᠡᠮ ᠴᠢᠳᠠᠪᠤᠷᠢ ᠶᠢ ᠬᠥᠮᠥᠵᠢᠭᠦᠯᠬᠦ ᠶᠢ ᠴᠢᠩᠭᠠᠳᠬᠠᠵᠤ᠂ | ᠠᠶᠤᠯ ᠲᠦᠭᠰᠢᠭᠦᠷᠢ ᠶᠢ ᠰᠡᠷᠭᠡᠶᠢᠯᠡᠬᠦ᠂ ᠥᠷᠢᠰᠦᠯᠳᠦᠭᠡᠨ ᠢ ᠤᠭᠲᠤᠬᠤ᠂ ᠳᠠᠷᠤᠯᠲᠠ ᠶᠢ ᠳᠠᠭᠠᠭᠠᠬᠤ ᠴᠢᠳᠠᠪᠤᠷᠢ ᠶᠢ ᠬᠦᠴᠦᠯᠡᠨ ᠴᠢᠩᠭᠠᠳᠬᠠᠵᠤ᠂ ᠲᠦᠷᠦᠭᠦᠯᠡᠨ | ᠬᠠᠷᠢᠭᠤᠴᠠᠯᠭ᠎ᠠ ᠡᠭᠦᠷᠭᠡᠯᠡᠵᠦ ᠵᠢᠳᠬᠦᠯ ᠴᠢᠷᠮᠠᠶᠢᠯᠭ᠎ᠠ ᠭᠠᠷᠭᠠᠵᠤ᠂ ᠡᠩ ᠤᠨ ᠦᠶ᠎ᠡ ᠳᠤ ᠦᠵᠡᠵᠦ ᠭᠠᠷᠴᠤ ᠲᠡᠶᠢᠯᠭᠦ᠂ ᠵᠠᠩᠭᠢᠯᠠᠭ᠎ᠠ ᠶᠢᠨ ᠦᠶ᠎ᠡ ᠳᠤ ᠢᠲᠡᠭᠡᠮᠵᠢᠲᠡᠢ | ᠪᠠᠶᠢᠬᠤ᠂ ᠠᠶᠤᠯ ᠲᠦᠭᠰᠢᠭᠦᠷᠢᠲᠡᠢ ᠦᠶ᠎ᠡ ᠳᠤ ᠠᠮᠢ ᠴᠦᠯᠡᠨ ᠲᠡᠮᠡᠴᠡᠬᠦ ᠪᠣᠯᠭᠠᠨ᠎ᠠ᠃ ᠺᠠᠳ᠋ᠷ ᠢ ᠬᠢᠨᠠᠨ ᠰᠢᠯᠭᠠᠵᠤ ᠦᠨᠡᠯᠡᠭᠦ ᠰᠢᠰᠲ᠋ᠧᠮ ᠢ ᠲᠡᠭᠦᠯᠳᠡᠷᠵᠢᠭᠦᠯᠵᠦ᠂ | ᠺᠠᠳ᠋ᠷᠴᠤᠳ ᠢ ᠬᠥᠲᠥᠯᠥᠨ ᠵᠢᠯᠤᠭᠤᠳᠴᠤ᠂ ᠠᠵᠢᠯ ᠤᠨ ᠪᠦᠲᠦᠮᠵᠢ ᠶᠢᠨ ᠲᠤᠬᠠᠢ ᠵᠥᠪ ᠦᠵᠡᠯᠲᠡ ᠶᠢ ᠪᠤᠢ ᠪᠤᠯᠭᠠᠬᠤ ᠪᠠ ᠦᠢᠯᠡᠳᠦᠯᠭᠡᠵᠢᠭᠦᠯᠵᠦ᠂ ᠺᠠᠳ᠋ᠷ ᠢ | ᠳᠡᠪᠰᠢᠭᠦᠯᠵᠦ ᠪᠠᠭᠤᠯᠭᠠᠵᠤ ᠪᠦᠷ ᠪᠤᠯᠬᠤ ᠶᠢ ᠠᠬᠢᠭᠤᠯᠵᠤ᠂ ᠴᠢᠳᠠᠪᠤᠷᠢ ᠲᠠᠢ ᠶᠢ ᠨᠢ ᠳᠡᠪᠰᠢᠭᠦᠯᠭᠦ᠂ ᠰᠢᠯᠢᠳᠡᠭ ᠢ ᠨᠢ ᠱᠠᠩᠨᠠᠬᠤ᠂ ᠶᠡᠷᠦᠮᠳᠡᠭ ᠢ ᠨᠢ ᠪᠠᠭᠤᠯᠭᠠᠬᠤ᠂ | ᠰᠢᠭᠠᠷᠤ ᠶᠢ ᠨᠢ ᠰᠢᠭᠰᠢᠭᠳᠡᠭᠦᠯᠬᠦ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠨ᠎ᠠ᠃ ᠵᠠᠯᠭᠠᠮᠵᠢᠯᠠᠭᠴᠢ ᠲᠠᠢ ᠪᠠᠶᠢᠬᠤ ᠡᠨᠡ ᠬᠦ ᠦᠨᠳᠦᠰᠦᠨ ᠶᠡᠭᠡ ᠪᠣᠳᠣᠯᠭ᠎ᠠ ᠶᠢ | ᠰᠠᠶᠢᠲᠤᠷ ᠠᠳᠬᠤᠵᠤ᠂ ᠰᠢᠯᠢᠳᠡᠭ ᠵᠠᠯᠠᠭᠤ ᠺᠠᠳ᠋ᠷᠴᠤᠳ ᠢ ᠬᠥᠮᠥᠵᠢᠭᠦᠯᠵᠦ ᠰᠢᠯᠢᠨ ᠳᠡᠪᠰᠢᠭᠦᠯᠭᠦ ᠪᠠᠶᠢᠩᠭᠤᠵᠢᠭᠰᠠᠨ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ | ᠦᠨᠳᠦᠰᠦᠨ ᠱᠠᠲᠤ ᠪᠠ ᠪᠡᠷᠬᠡ ᠬᠠᠲᠠᠭᠤᠵᠢᠯᠲᠠᠢ ᠭᠠᠵᠠᠷ ᠣᠷᠣᠨ ᠳᠤ ᠣᠴᠢᠵᠤ ᠳᠠᠪᠲᠠᠨ ᠪᠤᠯᠪᠠᠰᠤᠷᠠᠭᠤᠯᠬᠤ ᠶᠢ ᠵᠠᠯᠠᠭᠤ ᠺᠠᠳ᠋ᠷᠴᠤᠳ ᠢ ᠬᠥᠮᠥᠵᠢᠭᠦᠯᠬᠦ ᠴᠢᠬᠤᠯᠠ | ᠠᠷᠭ᠎ᠠ ᠵᠠᠮ ᠪᠣᠯᠭᠠᠨ᠎ᠠ᠃ ᠡᠮᠡᠭᠲᠡᠢ ᠺᠠᠳ᠋ᠷ ᠢ ᠬᠥᠮᠥᠵᠢᠭᠦᠯᠵᠦ ᠰᠢᠯᠢᠨ ᠳᠡᠪᠰᠢᠭᠦᠯᠭᠦ ᠠᠵᠢᠯ ᠢ ᠴᠢᠬᠤᠯᠠᠴᠢᠯᠠᠵᠤ᠂ ᠡᠮᠡᠭᠲᠡᠢ ᠺᠠᠳ᠋ᠷ ᠤᠨ ᠴᠢᠬᠤᠯᠠ ᠦᠢᠯᠡᠳᠦᠯ ᠢ | ᠪᠠᠳᠠᠷᠠᠭᠤᠯᠤᠨ᠎ᠠ᠃ ᠴᠥᠭᠡᠨ ᠲᠣᠭᠠᠲᠤ ᠦᠨᠳᠦᠰᠦᠲᠡᠨ ᠤ ᠺᠠᠳ᠋ᠷ ᠢ ᠬᠥᠮᠥᠵᠢᠭᠦᠯᠬᠦ ᠪᠠ ᠰᠠᠶᠢᠲᠤᠷ ᠬᠡᠷᠡᠭᠯᠡᠬᠦ ᠶᠢ ᠴᠢᠬᠤᠯᠠᠴᠢᠯᠠᠵᠤ᠂ ᠨᠠᠮ ᠤᠨ ᠭᠠᠳᠠᠨᠠᠬᠢ ᠺᠠᠳ᠋ᠷ ᠤᠨ | ᠠᠵᠢᠯ ᠢ ᠨᠢᠭᠡᠳᠦᠯᠲᠡᠢ ᠲᠥᠯᠥᠪᠵᠢᠭᠦᠯᠵᠦ ᠰᠠᠶᠢᠲᠤᠷ ᠬᠢᠨ᠎ᠡ᠃ ᠠᠵᠢᠯ ᠠᠴᠠ ᠪᠠᠨ ᠲᠠᠷᠬᠠᠯᠠᠬᠳᠠᠬᠰᠠᠨ ᠠᠵᠢᠯ ᠠᠴᠠ ᠪᠠᠨ ᠠᠮᠠᠷᠠᠭᠰᠠᠨ ᠺᠠᠳ᠋ᠷ ᠤᠨ ᠠᠵᠢᠯ ᠢ ᠰᠠᠶᠢᠲᠤᠷ | ᠬᠢᠨ᠎ᠡ᠃ ᠠᠯᠪᠠᠲᠠᠨ ᠤ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠪᠠᠶᠢᠭᠤᠯᠤᠮᠵᠢ ᠶᠢᠨ ᠣᠷᠣᠨ ᠲᠤᠭ᠎ᠠ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ | ᠰᠢᠯᠢᠳᠡᠭᠵᠢᠭᠦᠯᠦᠨ᠎ᠡ᠃ ᠴᠢᠩᠭ᠎ᠠ ᠬᠠᠮᠢᠶᠠᠷᠬᠤ ᠪᠠ ᠬᠠᠯᠠᠮᠵᠢᠯᠠᠨ ᠬᠠᠶᠢᠷᠠᠯᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠺᠠᠳ᠋ᠷᠴᠤᠳ ᠢ ᠪᠦᠭᠦ ᠲᠠᠯ᠎ᠠ ᠪᠠᠷ ᠬᠠᠮᠢᠶᠠᠷᠬᠤ | ᠪᠠ ᠪᠠᠶᠢᠩᠭᠤ ᠶᠢᠨ ᠴᠢᠨᠠᠷᠲᠠᠢ ᠬᠢᠨᠠᠯᠲᠠ ᠲᠠᠯᠪᠢᠬᠤ ᠶᠢ ᠴᠢᠩᠭᠠᠳᠬᠠᠵᠤ᠂ ︽ᠭᠤᠷᠪᠠ ᠶᠢ ᠰᠠᠯᠭᠠᠨ ᠦᠵᠡᠬᠦ︾ ᠶᠢ ᠨᠠᠶᠢᠳᠠᠪᠤᠷᠢᠵᠢᠭᠤᠯᠵᠤ᠂ ᠺᠠᠳ᠋ᠷᠴᠤᠳ ᠤᠨ | ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ᠂ ᠢᠳᠡᠪᠬᠢᠲᠡᠢ ᠪᠠᠷ ᠠᠵᠢᠯ ᠦᠢᠯᠡᠰ ᠪᠦᠲᠦᠭᠡᠬᠦ ᠶᠢ ᠤᠷᠮᠠᠰᠢᠭᠤᠯᠤᠨ ᠵᠣᠷᠢᠭᠵᠢᠭᠤᠯᠤᠨ᠎ᠠ᠃ ᠦᠨᠳᠦᠰᠦᠨ ᠱᠠᠲᠤᠨ ᠤ | ᠺᠠᠳ᠋ᠷ ᠢᠯᠠᠩᠭᠤᠶ᠎ᠠ ᠬᠠᠲᠠᠭᠤᠵᠢᠯᠲᠠᠢ ᠭᠠᠵᠠᠷ ᠣᠷᠣᠨ ᠤ ᠺᠠᠳ᠋ᠷᠴᠤᠳ ᠢ ᠬᠠᠯᠠᠮᠵᠢᠯᠠᠨ ᠬᠠᠶᠢᠷᠠᠯᠠᠨ᠎ᠠ᠃ | ︵ᠲᠠᠪᠤ︶ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠴᠢᠳᠠᠮᠵᠢ ᠪᠠ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠶᠢ ᠴᠢᠩᠭᠠᠳᠬᠠᠨ᠎ᠠ᠃ | ᠨᠢᠭᠲᠠ ᠴᠢᠩᠭ᠎ᠠ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠪᠣᠯ ᠨᠠᠮ ᠤᠨ ᠳᠠᠪᠠᠭᠤᠯᠢᠭ ᠪᠠ ᠬᠦᠴᠦᠨ ᠴᠢᠳᠠᠯ ᠮᠥᠨ᠃ ᠡᠯ᠎ᠡ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠨᠠᠮ ᠤᠨ ᠳᠦᠷᠢᠮ ᠳᠤ ᠣᠯᠭᠤᠭᠰᠠᠨ ᠡᠯ᠎ᠡ ᠵᠦᠢᠯ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠨᠠᠮ ᠤᠨ ᠱᠤᠭᠤᠮ ᠴᠢᠭᠯᠡᠯᠲᠡ | ᠲᠦᠷᠦ ᠶᠢᠨ ᠪᠣᠳᠣᠯᠭ᠎ᠠ ᠪᠠ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠡᠯ᠎ᠡ ᠬᠦᠷᠢᠶᠡᠨ ᠤ ᠥᠷᠭᠡᠨ ᠤᠯᠠᠨ ᠲᠦᠮᠡᠨ ᠢ ᠵᠣᠬᠢᠶᠠᠨ ᠪᠠᠶᠢᠭᠤᠯᠤᠨ ᠰᠠᠶᠢᠲᠤᠷ ᠨᠢᠭᠲᠠᠷᠠᠭᠤᠯᠬᠤ ᠬᠡᠷᠡᠭᠲᠡᠢ᠃ ᠦᠨᠳᠦᠰᠦᠨ ᠱᠠᠲᠤ ᠶᠢ ᠶᠡᠭᠡ ᠪᠠᠷ ᠠᠳᠬᠤᠬᠤ ᠢᠯᠡ | ᠲᠣᠳᠣ ᠤᠳᠤᠷᠢᠳᠤᠮᠵᠢ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ | ᠬᠤᠳᠠ ᠶᠢᠨ ᠨᠡᠶᠢᠭᠡᠮ ᠲᠣᠭᠤᠷᠢᠭ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠴᠢᠩᠭᠠᠳᠬᠠᠵᠤ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ | ᠵᠠᠰᠠᠯᠲᠠ ᠶᠢ ᠬᠥᠲᠥᠯᠥᠨ ᠳᠠᠭᠠᠭᠤᠯᠬᠤ ᠶᠢ ᠠᠬᠢᠭᠤᠯᠵᠤ᠂ ᠪᠠᠭᠤᠷᠠᠢ ᠰᠤᠯᠠ ᠵᠠᠳᠠᠭᠠᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠦᠷᠭᠦᠯᠵᠢᠯᠡᠨ | ᠴᠡᠭᠴᠡᠯᠡᠨ ᠵᠠᠰᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠨᠠᠮ ᠤᠨ ᠤᠳᠤᠷᠢᠳᠤᠯᠭ᠎ᠠ ᠶᠢ ᠪᠦᠲᠦᠮᠵᠢᠲᠡᠢ ᠪᠡᠶᠡᠯᠡᠭᠦᠯᠬᠦ ᠪᠠᠲᠤ ᠴᠢᠩᠭ᠎ᠠ | ᠲᠠᠶᠢᠴᠢᠨ ᠪᠠᠬᠢᠯᠡᠯᠲᠡ ᠪᠣᠯᠭᠠᠨ ᠴᠣᠭᠴᠠᠯᠠᠨ᠎ᠠ᠃ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠶᠠᠰᠤ ᠴᠢᠨᠠᠷ ᠢ ᠪᠦᠭᠦ ᠲᠠᠯ᠎ᠠ ᠪᠠᠷ ᠳᠡᠭᠡᠭᠰᠢᠯᠡᠭᠦᠯᠵᠦ᠂ ᠠᠵᠢᠯ | ᠦᠢᠯᠡᠰ ᠤᠨ ᠨᠢᠭᠡᠴᠢ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠠᠬᠢᠭᠤᠯᠤᠨ᠎ᠠ᠃ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠮᠥᠩᠭᠦᠨ ᠭᠦᠢᠯᠭᠡᠭᠡᠨ ᠤ | ᠠᠵᠤ ᠠᠬᠤᠶᠢᠯᠠᠯ ᠤᠨ ᠬᠢᠨ ᠤ ᠺᠤᠮᠫᠠᠨᠢ ᠶᠢᠨ ᠵᠠᠰᠠᠯᠲᠠ ᠶᠢ ᠲᠡᠭᠦᠯᠳᠡᠷᠵᠢᠭᠦᠯᠬᠦ ᠳᠤᠮᠳᠠ ᠨᠠᠮ ᠤᠨ ᠤᠳᠤᠷᠢᠳᠤᠯᠭ᠎ᠠ ᠶᠢ ᠴᠢᠩᠭᠠᠳᠬᠠᠬᠤ ᠶᠢ ᠠᠬᠢᠭᠤᠯᠵᠤ᠂ ᠬᠤᠯᠢᠮᠠᠭ | ᠥᠮᠴᠢᠯᠡᠯ ᠤᠨ ᠳᠦᠷᠢᠮᠲᠦ ᠠᠵᠤ ᠠᠬᠤᠶᠢᠯᠠᠯ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠴᠢᠩᠭᠠᠳᠬᠠᠵᠤ | ᠂ ᠠᠵᠢᠯ ᠲᠦᠷᠦᠯ ᠤᠨ ᠨᠡᠶᠢᠭᠡᠮᠯᠢᠭ᠂ ᠡᠷᠳᠡᠮ ᠰᠢᠨᠵᠢᠯᠡᠭᠡᠨ ᠤ ᠨᠡᠶᠢᠭᠡᠮᠯᠢᠭ᠂ ᠬᠤᠳᠠᠯᠳᠤᠭᠠᠴᠢᠳ ᠤᠨ ᠡᠪᠯᠡᠯ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ | ᠬᠠᠮᠢᠶᠠᠷᠤᠯᠲᠠ ᠶᠢᠨ ᠪᠠᠶᠢᠭᠤᠯᠤᠮᠵᠢ ᠶᠢ ᠰᠢᠯᠤᠭᠤᠳᠬᠠᠨ᠎ᠠ᠃ ᠰᠢᠨ᠎ᠡ ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂ ᠰᠢᠨ᠎ᠡ ᠨᠡᠶᠢᠭᠡᠮ ᠤᠨ ᠵᠣᠬᠢᠶᠠᠨ ᠪᠠᠶᠢᠭᠤᠯᠤᠯᠲᠠ᠂ | ᠰᠢᠨ᠎ᠡ ᠠᠵᠢᠯ ᠣᠯᠭᠤᠯᠲᠠ ᠶᠢᠨ ᠬᠠᠮᠲᠤᠯᠢᠭ ᠤᠨ ᠨᠠᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠵᠠᠯᠠᠭᠤᠴᠤᠳ ᠪᠠ ᠠᠵᠤ ᠦᠢᠯᠡᠰ ᠤᠨ ᠠᠵᠢᠯᠴᠢᠨ᠂ ᠲᠠᠷᠢᠶᠠᠴᠢᠨ | ᠂ ᠰᠡᠬᠡᠭᠡᠲᠡᠨ ᠤ ᠳᠣᠲᠣᠷ᠎ᠠ ᠠᠴᠠ ᠨᠠᠮ ᠤᠨ ᠭᠡᠰᠢᠭᠦᠨ ᠡᠯᠰᠡᠭᠦ ᠶᠢ ᠴᠢᠬᠤᠯᠠᠴᠢᠯᠠᠵᠤ᠂ ᠨᠠᠮ ᠤᠨ ᠭᠡᠰᠢᠭᠦᠨ ᠢᠯᠠᠩᠭᠤᠶ᠎ᠠ ᠨᠡᠭᠦᠳᠡᠯ ᠨᠠᠮ ᠤᠨ ᠭᠡᠰᠢᠭᠦᠨ ᠤ ᠬᠥᠮᠦᠵᠢᠯ | ᠬᠠᠮᠢᠶᠠᠷᠤᠯᠲᠠ ᠶᠢ ᠴᠢᠩᠭᠠᠳᠬᠠᠨ ᠰᠠᠶᠢᠵᠢᠷᠠᠭᠤᠯᠤᠨ᠎ᠠ᠃ ᠨᠠᠮ ᠤᠨ ᠳᠣᠲᠣᠭᠠᠳᠤ ᠶᠢᠨ ᠠᠷᠠᠳᠴᠢᠯᠠᠯ ᠤᠨ ᠳᠦᠷᠢᠮ ᠢ ᠨᠠᠶᠢᠳᠠᠪᠤᠷᠢᠵᠢᠭᠤᠯᠵᠤ᠂ ᠨᠠᠮ ᠤᠨ ᠭᠡᠰᠢᠭᠦᠨ ᠤ | ᠡᠷᠬᠡ ᠶᠢ ᠪᠠᠲᠤᠯᠠᠨ᠂ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢᠶᠠᠨ ᠪᠠᠳᠠᠷᠠᠭᠤᠯᠬᠤ ᠶᠢ ᠵᠣᠷᠢᠭᠵᠢᠭᠤᠯᠤᠨ᠎ᠠ᠃ ᠬᠢᠷᠢ ᠲᠡᠩᠴᠡᠭᠦ ᠦᠭᠡᠢ ᠨᠠᠮ ᠤᠨ | ᠭᠡᠰᠢᠭᠦᠨ ᠢ ᠲᠥᠪ ᠴᠢᠩᠭ᠎ᠠ ᠲᠣᠬᠢᠲᠠᠢ ᠰᠢᠢᠳᠪᠦᠷᠢᠯᠡᠵᠦ᠂ ᠨᠠᠮ ᠤᠨ ᠭᠡᠰᠢᠭᠦᠨ ᠤ ᠡᠩᠨᠡᠭᠡᠨ ᠤ ᠲᠡᠷᠢᠭᠦᠨ ᠤ ᠴᠢᠨᠠᠷ ᠪᠠ ᠴᠡᠪᠡᠷ ᠴᠢᠨᠠᠷ ᠢ ᠪᠠᠲᠤᠯᠠᠨ᠎ᠠ᠃ | ︵ᠵᠢᠷᠭᠤᠭ᠎ᠠ︶ ᠲᠥᠪ ᠴᠢᠩᠭ᠎ᠠ ᠦᠨᠳᠦᠰᠦᠨ ᠭᠦᠭ ᠠᠶᠠᠰ ᠢᠶᠠᠷ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠬᠤ ᠶᠢ ᠪᠠᠷᠢᠮᠲᠠᠯᠠᠨ᠎ᠠ᠃ ᠨᠠᠮ ᠤᠨ | ᠰᠤᠷᠲᠠᠯ ᠤᠨ ᠠᠰᠠᠭᠤᠳᠠᠯ ᠪᠣᠯ ᠲᠦᠷᠦ ᠪᠠᠷᠢᠭᠴᠢ ᠨᠠᠮ ᠤᠨ ᠮᠠᠨᠳᠤᠵᠤ ᠮᠥᠭᠦᠭᠦ ᠲᠠᠢ ᠬᠤᠯᠪᠣᠭᠳᠠᠵᠤ ᠪᠠᠶᠢᠳᠠᠭ᠃ ᠨᠠᠮ ᠤᠨ ᠢᠷᠠᠭᠤ ᠠᠯᠳᠠᠷᠲᠤ ᠤᠯᠠᠮᠵᠢᠯᠠᠯ ᠪᠠ | ᠰᠢᠯᠢᠳᠡᠭ ᠰᠤᠷᠲᠠᠯ ᠢ ᠪᠠᠳᠠᠷᠠᠭᠤᠯᠵᠤ᠂ ᠨᠠᠮ ᠤᠨ ᠭᠡᠰᠢᠭᠦᠨ ᠺᠠᠳ᠋ᠷᠴᠤᠳ ᠢᠯᠠᠩᠭᠤᠶ᠎ᠠ ᠤᠳᠤᠷᠢᠳᠬᠤ ᠺᠠᠳ᠋ᠷᠴᠤᠳ ᠤᠨ ᠪᠡᠶ᠎ᠡ ᠪᠠᠷ ᠢᠶᠠᠨ ᠲᠦᠷᠦᠭᠦᠯᠡᠨ ᠭᠦᠨᠵᠡᠭᠡᠢ | ᠪᠠᠶᠢᠴᠠᠭᠠᠨ ᠰᠤᠳᠤᠯᠤᠯᠲᠠ ᠬᠢᠬᠦ᠂ ᠪᠣᠳᠠᠲᠠᠢ ᠠᠵᠢᠯᠯᠠᠬᠤ᠂ ᠪᠣᠳᠠᠲᠠᠢ ᠠᠷᠭ᠎ᠠ ᠰᠦᠪᠡᠭᠴᠢᠯᠡᠬᠦ᠂ ᠪᠣᠳᠠᠲᠠᠢ ᠦᠷ᠎ᠡ ᠪᠦᠲᠦᠮᠵᠢ ᠭᠠᠷᠭᠠᠬᠤ ᠶᠢ ᠠᠬᠢᠭᠤᠯᠤᠨ᠎ᠠ᠃ ᠨᠠᠮ ᠤᠨ | ᠲᠥᠪ ᠬᠤᠷᠢᠶᠠᠨ ᠤ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠰᠢ ᠦᠭᠡᠢ ᠨᠠᠶᠢᠳᠠᠪᠤᠷᠢᠵᠢᠭᠤᠯᠵᠤ᠂ ︽ᠵᠠᠩᠭᠢᠯᠠᠭ᠎ᠠ ᠶᠢᠨ ᠴᠥᠭᠡᠨ ᠲᠣᠭᠠᠲᠠᠨ︾ ᠢ | ᠠᠳᠬᠤᠨ᠂ ᠳᠡᠭᠡᠷ᠎ᠡ ᠱᠠᠲᠤ ᠨᠢ ᠳᠣᠣᠷ᠎ᠠ ᠱᠠᠲᠤ ᠪᠠᠨ ᠳᠠᠭᠠᠭᠤᠯᠵᠤ᠂ ︽ᠲᠦᠷᠪᠡᠨ ᠰᠤᠷᠲᠠᠯ︾ ᠢ ᠵᠠᠯᠠᠷᠠᠭᠤᠯᠤᠨ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ | ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠭᠤᠣᠯᠳᠠᠯᠭ᠎ᠠ ᠲᠠᠢ ᠵᠠᠯᠠᠷᠠᠭᠤᠯᠤᠨ ᠵᠠᠰᠠᠵᠤ᠂ ᠣᠨᠴᠠ ᠡᠷᠬᠡ ᠶᠢᠨ ᠦᠵᠡᠯ ᠰᠠᠨᠠᠭ᠎ᠠ ᠪᠣᠯᠣᠨ ᠣᠨᠴᠠ ᠡᠷᠬᠡ ᠶᠢᠨ | ᠠᠵᠢᠯᠯᠠᠭ᠎ᠠ ᠶᠢ ᠡᠷᠡᠰ ᠠᠷᠢᠯᠭᠠᠨ᠎ᠠ᠃ ᠰᠤᠷᠲᠠᠯ ᠤᠨ ᠪᠠᠶᠢᠭᠤᠯᠤᠯᠲᠠ ᠶᠢᠨ ᠭᠠᠵᠠᠷ ᠣᠷᠣᠨ ᠤ ᠴᠢᠨᠠᠷᠲᠠᠢ᠂ ᠠᠵᠢᠯ ᠲᠦᠷᠦᠯ ᠤᠨ ᠴᠢᠨᠠᠷᠲᠠᠢ᠂ ᠱᠠᠲᠤᠴᠢ ᠴᠢᠨᠠᠷᠲᠠᠢ | ᠣᠨᠴᠠᠯᠢᠭ ᠢ ᠡᠵᠡᠮᠳᠡᠵᠦ᠂ ᠨᠡᠶᠢᠳᠡᠮ ᠡᠭᠦᠰᠭᠦ᠂ ᠲᠠᠭᠢᠨ ᠳᠠᠪᠲᠠᠨ ᠢᠯᠡᠷᠡᠭᠦ ᠠᠰᠠᠭᠤᠳᠠᠯ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ᠂ ᠰᠤᠷᠲᠠᠯ ᠤᠨ | ᠪᠠᠶᠢᠭᠤᠯᠤᠯᠲᠠ ᠶᠢ ᠪᠠᠶᠢᠩᠭᠤᠵᠢᠭᠤᠯᠤᠨ ᠤᠷᠳᠤ ᠬᠤᠭᠤᠴᠠᠭ᠎ᠠ ᠪᠦᠲᠦᠮᠵᠢᠲᠡᠢ ᠪᠠᠶᠢᠬᠤ ᠶᠢ ᠠᠬᠢᠭᠤᠯᠤᠨ᠎ᠠ᠃ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠭᠦ | ᠲᠠᠯ᠎ᠠ ᠪᠠᠷ ᠴᠢᠩᠭᠠᠳᠬᠠᠵᠤ᠂ ᠤᠳᠤᠷᠢᠳᠬᠤ ᠺᠠᠳ᠋ᠷᠴᠤᠳ ᠢᠯᠠᠩᠭᠤᠶ᠎ᠠ ᠳᠡᠭᠡᠳᠦ ᠲᠡᠰ ᠤᠨ ᠺᠠᠳ᠋ᠷᠴᠤᠳ ᠤᠨ ᠪᠡᠶ᠎ᠡ ᠪᠠᠨ ᠴᠢᠩᠭ᠎ᠠ ᠱᠠᠭᠠᠷᠳᠠᠬᠤ᠂ ᠬᠠᠷᠢᠭᠤᠴᠠᠯᠭ᠎ᠠ ᠪᠠᠨ | ᠴᠢᠩᠭ᠎ᠠ ᠭᠦᠢᠴᠡᠳᠬᠡᠬᠦ᠂ ᠬᠠᠷᠢᠶᠠᠨ ᠳᠣᠲᠣᠷᠠᠬᠢ ᠪᠠᠨ ᠴᠢᠩᠭ᠎ᠠ ᠬᠠᠮᠢᠶᠠᠷᠬᠤ ᠶᠢ ᠱᠠᠯᠠᠪᠳᠠᠭᠤᠯᠵᠤ᠂ ᠨᠠᠮ ᠤᠨ ᠰᠠᠬᠢᠯᠭ᠎ᠠ ᠠᠴᠠ ᠵᠥᠷᠢᠴᠡᠭᠰᠡᠨ ᠠᠰᠠᠭᠤᠳᠠᠯ ᠢ ᠨᠢᠭᠡ ᠶᠢ | ᠣᠯᠵᠤ ᠮᠡᠳᠡᠪᠡᠯ ᠨᠢᠭᠡ ᠶᠢ ᠡᠷᠡᠰ ᠪᠠᠶᠢᠴᠠᠭᠠᠨ ᠰᠢᠢᠳᠪᠦᠷᠢᠯᠡᠨ᠎ᠡ᠃ ᠨᠠᠮᠴᠢ ᠴᠢᠨᠠᠷ ᠨᠠᠮ ᠤᠨ ᠰᠤᠷᠲᠠᠯ ᠨᠠᠮ ᠤᠨ ᠰᠠᠬᠢᠯᠭ᠎ᠠ ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ | ᠂ ᠦᠵᠡᠯ ᠰᠠᠨᠠᠭᠠᠨ ᠤ ᠲᠠᠯ᠎ᠠ ᠪᠠᠷ ᠦᠨᠳᠦᠰᠦ ᠰᠠᠭᠤᠷᠢ ᠶᠢ ᠪᠠᠬᠢᠵᠢᠭᠦᠯᠵᠦ᠂ ᠨᠠᠮᠴᠢ ᠴᠢᠨᠠᠷ ᠤᠨ ᠤᠬᠠᠮᠰᠠᠷ ᠢᠶᠠᠨ ᠳᠡᠭᠡᠭᠰᠢᠯᠡᠭᠦᠯᠦᠨ᠂ ᠢᠯᠵᠠᠷᠠᠯ ᠢ ᠡᠰᠡᠷᠭᠦᠴᠡᠵᠦ | ᠴᠢᠨᠠᠷ ᠬᠤᠪᠢᠷᠠᠬᠤ ᠶᠢ ᠰᠡᠷᠭᠡᠶᠢᠯᠡᠬᠦ ᠴᠢᠳᠠᠪᠤᠷᠢ ᠪᠠᠨ ᠨᠡᠮᠡᠭᠳᠡᠭᠦᠯᠵᠦ᠂ ᠪᠠᠶᠠᠨ ᠡᠷᠬᠢᠮ ᠳᠤ ᠰᠢᠨᠤᠬᠠᠶᠢᠷᠠᠬᠤ ᠦᠭᠡᠢ᠂ ᠶᠠᠳᠠᠭᠤ ᠳᠣᠣᠷᠠᠳᠤ ᠳᠠᠭᠠᠨ ᠵᠣᠷᠢᠭ ᠮᠣᠬᠤᠬᠤ | ᠦᠭᠡᠢ᠂ ᠡᠷᠬᠡ ᠰᠦᠷ ᠲᠤ ᠡᠪᠦᠳᠦᠭ ᠨᠤᠭᠤᠷᠠᠬᠤ ᠦᠭᠡᠢ ᠲᠥᠪ ᠰᠤᠷᠲᠠᠯ ᠢ ᠪᠤᠢ ᠪᠣᠯᠭᠠᠨ᠎ᠠ᠃ | ︵ᠲᠤᠯᠤᠭ᠎ᠠ︶ ᠢᠯᠵᠠᠷᠠᠯ ᠢ ᠡᠰᠡᠷᠭᠦᠴᠡᠬᠦ ᠲᠡᠮᠡᠴᠡᠯ ᠤᠨ ᠪᠡᠷᠬᠡ ᠰᠡᠳᠦᠪ ᠢ ᠰᠢᠢᠳᠪᠦᠷᠢᠯᠡᠬᠦ ᠳᠠᠶᠢᠯᠠᠯᠳᠤᠭᠠᠨ᠂ ᠤᠳᠠᠭᠠᠨ ᠳᠠᠭᠠᠭᠠᠮᠠᠭᠠᠢ ᠳᠠᠶᠢᠯᠠᠯᠳᠤᠭᠠᠨ ᠳᠤ | ᠵᠠᠪᠠᠯ ᠢᠯᠠᠯᠲᠠ ᠣᠯᠣᠨ᠎ᠠ᠃ ᠢᠯᠵᠠᠷᠠᠯ ᠪᠣᠯ ᠨᠠᠮ ᠤᠨ ᠠᠮᠢᠵᠢᠷᠠᠯ ᠤᠨ ᠬᠦᠴᠦᠨ ᠪᠣᠯᠣᠨ ᠲᠠᠶᠢᠴᠢᠨ ᠬᠦᠴᠦᠨ ᠳᠤ ᠬᠤᠣᠷ ᠬᠥᠨᠥᠭᠡᠯ ᠤᠴᠠᠷᠠᠭᠤᠯᠬᠤ ᠬᠠᠮᠤᠭ ᠤᠨ | ᠶᠡᠭᠡ ᠬᠤᠣᠷᠲᠤ ᠬᠠᠪᠤᠳᠠᠷ ᠮᠥᠨ᠂ ᠢᠯᠵᠠᠷᠠᠯ ᠢ ᠡᠰᠡᠷᠭᠦᠴᠡᠬᠦ ᠪᠣᠯ ᠥᠪᠡᠷ ᠤᠨ ᠪᠡᠶ᠎ᠡ ᠳᠡᠭᠡᠨ ᠬᠢᠬᠦ ᠬᠠᠮᠤᠭ ᠤᠨ ᠲᠤᠶᠢᠯᠪᠤᠷᠢᠲᠠᠢ ᠬᠤᠪᠢᠰᠬᠠᠯ ᠮᠥᠨ᠃ ᠢᠯᠵᠠᠷᠠᠯ ᠤᠨ | ᠠᠰᠠᠭᠤᠳᠠᠯ ᠡᠭᠦᠰᠭᠦ ᠬᠥᠷᠥᠰᠥ ᠪᠠ ᠨᠥᠬᠦᠴᠡᠯ ᠣᠷᠣᠰᠢᠵᠤ ᠯᠡ ᠪᠠᠶᠢᠪᠠᠯ ᠢᠯᠵᠠᠷᠠᠯ ᠢ ᠡᠰᠡᠷᠭᠦᠴᠡᠬᠦ ᠲᠡᠮᠡᠴᠡᠯ ᠢ ᠨᠢᠭᠡ ᠮᠥᠴᠡ ᠴᠦ ᠵᠣᠭᠰᠤᠭᠠᠬᠤ ᠦᠭᠡᠢ᠂ | ᠳᠠᠭᠠᠷᠢᠯᠲᠠ ᠶᠢᠨ ᠪᠦᠷᠢᠶ᠎ᠡ ᠶᠢ ᠢᠮᠠᠭᠲᠠ ᠬᠠᠩᠭᠢᠨᠠᠭᠤᠯᠬᠤ ᠬᠡᠷᠡᠭᠲᠡᠢ᠃ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠤᠯᠬᠤ ᠦᠭᠡᠢ᠂ ᠢᠯᠵᠠᠷᠠᠬᠤ ᠶᠢ ᠪᠤᠳᠤᠬᠤ | ᠦᠭᠡᠢ ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠬᠤ ᠶᠢ ᠪᠠᠷᠢᠮᠲᠠᠯᠠᠵᠤ᠂ ᠵᠡᠷᠭᠡ ᠪᠠᠷ ᠬᠦᠴᠦᠯᠡᠵᠦ᠂ ᠢᠵᠢᠯ ᠴᠢᠭᠯᠡᠯ ᠢᠶᠠᠷ ᠬᠦᠴᠦᠯᠡᠵᠦ᠂ ᠶᠡᠷᠦᠩᠬᠡᠶᠢᠯᠡᠨ | ᠬᠦᠴᠦᠯᠡᠬᠦ ᠬᠡᠷᠡᠭᠲᠡᠢ᠃ ᠤᠬᠳᠤ ᠠᠭᠤᠴᠢᠯᠠᠬᠤ ᠦᠭᠡᠢ ᠣᠪᠣᠷ ᠢᠶᠠᠷ ᠢᠯᠵᠠᠷᠠᠯ ᠢ ᠡᠰᠡᠷᠭᠦᠴᠡᠨ ᠮᠠᠭᠤ ᠮᠠᠭᠤᠬᠠᠢ ᠶᠢ ᠵᠠᠯᠬᠠᠭᠠᠵᠤ᠂ ᠨᠡᠮᠡᠭᠳᠡᠯ ᠢ ᠨᠡᠩ ᠬᠦᠴᠦᠲᠡᠢ | ᠬᠤᠷᠢᠭᠯᠠᠨ᠂ ᠬᠠᠳᠠᠭᠠᠯᠠᠯᠲᠠ ᠶᠢᠨ ᠬᠡᠮᠵᠢᠶ᠎ᠡ ᠶᠢ ᠨᠡᠩ ᠪᠦᠲᠦᠮᠵᠢᠲᠡᠢ ᠪᠠᠷ ᠠᠷᠢᠯᠭᠠᠵᠤ᠂ ᠤᠯᠤᠰ ᠲᠦᠷᠦ ᠶᠢᠨ ᠠᠰᠠᠭᠤᠳᠠᠯ ᠪᠠ ᠠᠵᠤ ᠠᠬᠤᠢ ᠶᠢᠨ ᠠᠰᠠᠭᠤᠳᠠᠯ | ᠰᠣᠯᠪᠢᠴᠠᠭᠰᠠᠨ ᠢᠯᠵᠠᠷᠠᠯ ᠢ ᠡᠷᠡᠰ ᠪᠠᠶᠢᠴᠠᠭᠠᠨ ᠰᠢᠢᠳᠪᠦᠷᠢᠯᠡᠵᠦ᠂ ᠤᠳᠤᠷᠢᠳᠬᠤ ᠺᠠᠳ᠋ᠷᠴᠤᠳ ᠠᠰᠢᠭ ᠲᠤᠰᠠ ᠶᠢᠨ ᠪᠦᠯᠦᠭᠯᠡᠯ ᠪᠠ ᠡᠷᠬᠡ ᠰᠦᠷᠲᠦ ᠪᠦᠯᠭᠦᠮ ᠤᠨ | ᠣᠷᠣᠯᠠᠨ ᠥᠭᠦᠯᠡᠭᠴᠢ᠂ ᠣᠷᠣᠯᠠᠭᠴᠢ ᠪᠤᠯᠬᠤ ᠶᠢ ᠡᠷᠡᠰ ᠰᠡᠷᠭᠡᠶᠢᠯᠡᠨ ᠬᠤᠷᠢᠭᠯᠠᠵᠤ᠂ ᠵᠠᠰᠠᠭ ᠤᠨ ᠣᠷᠳᠣᠨ ᠪᠠ ᠬᠤᠳᠠᠯᠳᠤᠭᠠᠴᠢᠨ ᠰᠦᠯᠪᠡᠭᠡᠯᠳᠤᠨ ᠤᠯᠤᠰ | ᠲᠦᠷᠦ ᠶᠢᠨ ᠠᠮᠢ ᠠᠬᠤᠢ ᠪᠠ ᠠᠵᠤ ᠠᠬᠤᠢ ᠶᠢᠨ ᠬᠥᠭᠵᠢᠯᠲᠡ ᠶᠢᠨ ᠣᠷᠴᠢᠨ ᠨᠥᠬᠦᠴᠡᠯ ᠢ ᠡᠪᠳᠡᠭᠰᠡᠨ ᠠᠰᠠᠭᠤᠳᠠᠯ ᠢ ᠡᠷᠡᠰ ᠵᠠᠰᠠᠨ᠎ᠠ᠂ ᠤᠬᠳᠤ ᠢᠯᠳᠠᠷ ᠬᠠᠶᠠᠬᠤ | ᠦᠭᠡᠢ᠃ ᠡᠷᠬᠡ ᠲᠥᠪᠯᠡᠷᠡᠭᠰᠡᠨ᠂ ᠪᠡᠯᠡ ᠮᠥᠩᠭᠦ ᠨᠢᠭᠲᠠᠷᠠᠭᠰᠠᠨ᠂ ᠡᠬᠢ ᠪᠠᠶᠠᠯᠢᠭ ᠬᠤᠷᠠᠭᠰᠠᠨ ᠬᠦᠷᠢᠶᠡᠨ ᠳᠠᠬᠢ ᠢᠯᠵᠠᠷᠠᠯ ᠢ ᠴᠡᠭᠴᠡᠯᠡᠨ ᠵᠠᠰᠠᠬᠤ ᠶᠢ | ᠭᠦᠨᠵᠡᠭᠡᠶᠢᠷᠡᠭᠦᠯᠵᠦ᠂ ᠤᠯᠠᠨ ᠲᠦᠮᠡᠨ ᠤ ᠳᠡᠷᠭᠡᠳᠡᠬᠢ ︽ᠢᠯᠠᠭ᠎ᠠ︾ ᠶᠢ ᠡᠷᠡᠰ ᠵᠠᠯᠬᠠᠭᠠᠨ ᠰᠢᠢᠳᠬᠡᠵᠦ᠂ ᠤᠳᠤᠷᠢᠳᠬᠤ ᠺᠠᠳ᠋ᠷᠴᠤᠳ ᠤᠨ ᠬᠠᠨᠢ ᠨᠥᠬᠦᠷ᠂ ᠦᠷ᠎ᠡ | ᠬᠡᠦᠬᠡᠳ ᠵᠢᠴᠢ ᠲᠡᠳᠡᠨ ᠤ ᠬᠠᠨᠢ ᠨᠥᠬᠦᠷ ᠵᠡᠷᠭᠡ ᠲᠦᠷᠦᠯ ᠰᠠᠳᠤᠨ ᠪᠠ ᠳᠡᠷᠭᠡᠳᠡᠬᠢ ᠠᠵᠢᠯᠲᠠᠨ ᠤ ᠨᠥᠯᠥᠭᠡᠯᠡᠬᠦ ᠬᠦᠴᠦᠨ ᠢᠶᠠᠨ ᠠᠰᠢᠭᠯᠠᠨ ᠬᠤᠪᠢ ᠪᠠᠨ ᠪᠣᠷᠳᠣᠵᠤ | ᠱᠠᠮᠰᠢᠵᠤ ᠢᠯᠵᠠᠷᠠᠨ ᠳᠣᠷᠣᠶᠢᠲᠠᠭᠰᠠᠨ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠬᠡᠭᠡᠯᠢ ᠢᠳᠡᠵᠦ ᠬᠠᠭ᠋ᠤᠤᠯᠢ ᠲᠦᠯᠭᠢᠭᠦ ᠶᠢ ᠬᠠᠮᠲᠤ ᠳᠤᠨᠢ | ᠪᠠᠶᠢᠴᠠᠭᠠᠬᠤ ᠶᠢ ᠪᠠᠷᠢᠮᠲᠠᠯᠠᠵᠤ᠂ ᠰᠢᠨ᠎ᠡ ᠮᠠᠶ᠋ᠢᠭ ᠤᠨ ᠢᠯᠵᠠᠷᠠᠯ ᠪᠠ ᠲᠠᠯᠳᠠ ᠢᠯᠵᠠᠷᠠᠯ ᠢ ᠵᠠᠯᠬᠠᠭᠠᠨ ᠰᠢᠢᠳᠬᠡᠨ᠎ᠡ᠃ ᠢᠯᠵᠠᠷᠠᠯ ᠢ ᠡᠰᠡᠷᠭᠦᠴᠡᠬᠦ ᠤᠯᠠᠨ ᠤᠯᠤᠰ ᠤᠨ | ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠣᠷᠭᠤᠳᠠᠯ ᠶᠠᠯᠠᠳᠠᠨ ᠢ ᠨᠡᠬᠡᠮᠵᠢᠯᠡᠬᠦ ᠤᠷᠭᠤᠨ ᠳᠤᠲᠠᠭᠠᠬᠤ ᠶᠢ ᠰᠡᠷᠭᠡᠶᠢᠯᠡᠬᠦ ᠱᠠᠮᠰᠢᠭᠰᠠᠨ ᠡᠳ᠋ ᠢ ᠨᠡᠬᠡᠮᠵᠢᠯᠡᠬᠦ | ᠲᠣᠭᠲᠠᠴᠠ ᠶᠢ ᠨᠢᠭᠡ ᠴᠣᠭᠴᠠᠵᠢᠭᠤᠯᠤᠨ ᠪᠠᠶᠢᠭᠤᠯᠤᠨ᠎ᠠ᠃ ᠦᠡᠭᠭᠡᠨ ᠲᠠᠯ᠎ᠠ ᠪᠠ ᠦᠨᠳᠦᠰᠦᠨ ᠠᠴᠠ ᠨᠢ ᠵᠡᠷᠭᠡ ᠪᠠᠷ ᠵᠠᠰᠠᠬᠤ ᠶᠢ ᠭᠦᠨᠵᠡᠭᠡᠶᠢᠷᠡᠭᠦᠯᠵᠦ᠂ ᠢᠯᠵᠠᠷᠠᠯ ᠢ | ᠡᠰᠡᠷᠭᠦᠴᠡᠬᠦ ᠲᠤᠬᠠᠢ ᠤᠯᠤᠰ ᠤᠨ ᠬᠠᠤᠯᠢ ᠲᠣᠭᠲᠠᠭᠠᠯᠲᠠ ᠶᠢ ᠠᠬᠢᠭᠤᠯᠵᠤ᠂ ᠰᠢᠨ᠎ᠡ ᠴᠠᠭ ᠦᠶ᠎ᠡ ᠶᠢᠨ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ | ᠴᠢᠩᠭᠠᠳᠬᠠᠵᠤ᠂ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷᠴᠤᠳ ᠤᠨ ᠢᠯᠵᠠᠷᠠᠬᠤ ᠶᠢ ᠪᠤᠳᠤᠬᠤ ᠦᠭᠡᠢ ᠪᠠᠶᠢᠬᠤ ᠦᠵᠡᠯ ᠤᠬᠠᠮᠰᠠᠷ ᠢ ᠴᠢᠩᠭᠠᠳᠬᠠᠵᠤ᠂ | ᠠᠷᠢᠭᠤᠨ ᠴᠢᠬᠡᠴᠢ ᠪᠠᠷ ᠳᠠᠷᠤᠭ᠎ᠠ ᠰᠠᠭᠤᠵᠤ᠂ ᠴᠡᠪᠡᠷ ᠴᠢᠬᠡᠴᠢ ᠪᠠᠷ ᠠᠵᠢᠯ ᠬᠢᠬᠦ ᠶᠢ ᠬᠥᠲᠥᠯᠥᠨ ᠵᠢᠯᠤᠭᠤᠳᠴᠤ᠂ ᠴᠢᠩᠭ᠎ᠠ ᠵᠠᠯᠬᠠᠭᠠᠨ ᠰᠢᠢᠳᠬᠡᠬᠦ᠂ ᠡᠷᠬᠡ ᠶᠢ | ᠵᠢᠷᠤᠮᠵᠢᠭᠤᠯᠬᠤ᠂ ᠰᠤᠷᠭᠠᠨ ᠬᠥᠮᠥᠵᠢᠭᠦᠯᠵᠦ ᠬᠥᠲᠥᠯᠥᠨ ᠵᠢᠯᠤᠭᠤᠳᠬᠤ ᠶᠢ ᠨᠢᠭᠲᠠ ᠤᠶᠠᠯᠳᠤᠭᠤᠯᠵᠤ᠂ ᠵᠣᠬᠢᠴᠠᠭᠤᠯᠤᠨ ᠬᠤᠯᠪᠣᠯᠳᠤᠭᠤᠯᠵᠤ᠂ ᠨᠡᠩ ᠤᠯᠠᠨ | ᠳᠦᠷᠢᠮ ᠤᠨ ᠴᠢᠨᠠᠷᠲᠠᠢ ᠦᠷ᠎ᠡ ᠪᠦᠲᠦᠭᠡᠯ ᠪᠠ ᠨᠡᠩ ᠶᠡᠭᠡ ᠵᠠᠰᠠᠯᠲᠠ ᠶᠢᠨ ᠦᠷ᠎ᠡ ᠪᠦᠲᠦᠮᠵᠢ ᠶᠢ ᠲᠠᠰᠤᠷᠠᠯᠳᠠ ᠦᠭᠡᠢ ᠣᠯᠬᠤ ᠬᠡᠷᠡᠭᠲᠡᠢ᠃ | ᠨᠥᠬᠦᠳ ᠠ᠋︕ ᠴᠠᠭ ᠦᠶ᠎ᠡ ᠪᠢᠳᠠᠨ ᠢ ᠤᠷᠢᠶᠠᠯᠠᠵᠤ ᠪᠠᠶᠢᠨ᠎ᠠ᠂ ᠠᠷᠠᠳ ᠲᠦᠮᠡᠨ ᠪᠢᠳᠡᠨ ᠳᠤ ᠬᠦᠰᠡᠯ ᠡᠷᠡᠮᠡᠯᠵᠡᠯ ᠲᠠᠯᠪᠢᠵᠤ ᠪᠠᠶᠢᠨ᠎ᠠ᠂ ᠴᠥᠬᠦᠷᠡᠰᠢ ᠦᠭᠡᠢ | ᠵᠣᠷᠢᠭ ᠢᠶᠠᠷ ᠰᠢᠨᠲᠠᠷᠠᠰᠢ ᠦᠭᠡᠢ ᠰᠢᠳᠤᠷᠭᠤ ᠠᠵᠢᠯᠯᠠᠪᠠᠯ ᠰᠠᠶ᠋ᠢ ᠴᠠᠭ ᠦᠶ᠎ᠡ ᠳᠤ ᠣᠰᠣᠯᠳᠠᠬᠤ ᠦᠭᠡᠢ᠂ ᠠᠷᠠᠳ ᠲᠦᠮᠡᠨ ᠢ ᠬᠥᠰᠡᠷᠳᠡᠭᠦᠯᠬᠦ ᠦᠭᠡᠢ ᠪᠠᠶᠢᠵᠤ | ᠴᠢᠳᠠᠨ᠎ᠠ᠃ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ ᠪᠣᠯ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ | ᠬᠥᠭᠵᠢᠭᠦᠯᠬᠦ ᠶᠢᠨ ᠵᠠᠶᠢᠯᠠᠰᠢ ᠦᠭᠡᠢ ᠵᠠᠮᠨᠠᠬᠤ ᠵᠠᠮ ᠮᠥᠨ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠪᠣᠯ ᠳᠤᠮᠳᠠᠳᠤ ᠶᠢᠨ ᠦᠨᠳᠦᠰᠦᠲᠡᠨ ᠤ ᠠᠭᠤᠤ | ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ ᠵᠠᠶᠢᠯᠠᠰᠢ ᠦᠭᠡᠢ ᠵᠠᠮᠨᠠᠬᠤ ᠵᠠᠮ ᠮᠥᠨ᠂ ᠪᠦᠯᠬᠦᠮᠳᠡᠨ ᠲᠡᠮᠡᠴᠡᠬᠦ ᠪᠣᠯ ᠳᠤᠮᠳᠠᠳᠤ ᠤᠯᠤᠰ ᠤᠨ ᠠᠷᠠᠳ ᠲᠦᠮᠡᠨ ᠤ | ᠲᠡᠦᠬᠡ ᠶᠢᠨ ᠠᠭᠤᠤ ᠦᠢᠯᠡᠰ ᠢ ᠡᠭᠦᠳᠦᠨ ᠪᠦᠲᠦᠭᠡᠬᠦ ᠶᠢᠨ ᠵᠠᠶᠢᠯᠠᠰᠢ ᠦᠭᠡᠢ ᠵᠠᠮᠨᠠᠬᠤ ᠵᠠᠮ ᠮᠥᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ | ᠲᠤᠭᠤᠰᠢᠯᠠᠭᠤᠯᠬᠤ ᠪᠣᠯ ᠰᠢᠨ᠎ᠡ ᠴᠠᠭ ᠦᠶ᠎ᠡ ᠳᠤ ᠮᠠᠨ ᠤ ᠤᠯᠤᠰ ᠤᠨ ᠬᠥᠭᠵᠢᠨ ᠪᠤᠵᠠᠭᠠᠶᠢᠷᠠᠬᠤ ᠶᠢᠨ ᠵᠠᠶᠢᠯᠠᠰᠢ ᠦᠭᠡᠢ ᠵᠠᠮᠨᠠᠬᠤ ᠵᠠᠮ ᠮᠥᠨ᠂ ᠨᠠᠮ ᠢ ᠪᠦᠭᠦ | ᠲᠠᠯ᠎ᠠ ᠪᠠᠷ ᠴᠢᠩᠭ᠎ᠠ ᠵᠠᠰᠠᠬᠤ ᠪᠣᠯ ᠨᠠᠮ ᠤᠨ ᠠᠮᠢᠵᠢᠷᠠᠯ ᠤᠨ ᠬᠦᠴᠦᠨ ᠪᠠ ᠠᠮᠢᠳᠤᠯᠢᠭ ᠬᠦᠴᠦᠨ ᠢ ᠢᠮᠠᠭᠲᠠ ᠬᠠᠳᠠᠭᠠᠯᠠᠵᠤ᠂ ᠰᠢᠨ᠎ᠡ ᠰᠢᠯᠭᠠᠯᠲᠠ ᠶᠢᠨ ᠵᠠᠮ ᠢᠶᠠᠷ | ᠰᠠᠶᠢᠲᠤᠷ ᠵᠠᠮᠨᠠᠬᠤ ᠶᠢᠨ ᠵᠠᠶᠢᠯᠠᠰᠢ ᠦᠭᠡᠢ ᠵᠠᠮ ᠮᠥᠨ ᠭᠡᠳᠡᠭ ᠢ ᠪᠦᠭᠦ ᠨᠠᠮ ᠢᠶᠠᠷ ᠢᠶᠠᠨ ᠡᠷᠬᠡᠪᠰᠢ ᠪᠠᠲᠤ ᠴᠡᠭᠡᠵᠢᠯᠡᠬᠦ ᠬᠡᠷᠡᠭᠲᠡᠢ᠃ ᠡᠨᠡ ᠪᠣᠯ ᠪᠢᠳᠡᠨ ᠤ ᠤᠷᠳᠤ | ᠬᠤᠭᠤᠴᠠᠭᠠᠨ ᠤ ᠦᠢᠯᠡᠳᠦᠯᠭᠡ ᠶᠢᠨ ᠳᠤᠮᠳᠠ ᠣᠯᠣᠭᠰᠠᠨ ᠲᠤᠶᠢᠯ ᠤᠨ ᠴᠢᠬᠤᠯᠠ ᠵᠢᠮ᠎ᠡ ᠶᠣᠰᠣᠴᠢ ᠴᠢᠨᠠᠷᠲᠠᠢ ᠲᠠᠨᠢᠯᠲᠠ ᠮᠥᠨ᠂ ᠡᠷᠬᠡᠪᠰᠢ ᠬᠤᠪᠢ ᠲᠠᠭᠢᠨ | ᠨᠠᠨᠳᠢᠩᠨᠠᠨ᠂ ᠢᠮᠠᠭᠲᠠ ᠪᠠᠷᠢᠮᠲᠠᠯᠠᠵᠤ᠂ ᠵᠣᠷᠢᠭᠰᠠᠨ ᠳᠠᠭᠠᠨ ᠵᠠᠪᠠᠯ ᠬᠦᠷᠬᠦ ᠪᠠᠷ ᠰᠢᠨᠲᠠᠷᠠᠰᠢ ᠦᠭᠡᠢ ᠲᠡᠮᠡᠴᠡᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠠᠪᠤᠷᠭᠤ ᠣᠩᠭᠤᠴᠠ ᠶᠢᠨ ᠰᠠᠯᠬᠢ ᠳᠠᠪᠠᠯᠭᠠᠨ ᠢ ᠰᠥᠷᠦᠨ᠂ ᠠᠯᠤᠰ ᠢ ᠵᠣᠷᠢᠨ ᠯᠠᠪᠳᠠᠭᠤᠨ ᠪᠠᠲᠤᠲᠠᠢ ᠤᠷᠤᠭᠰᠢᠯᠠᠬᠤ ᠶᠢ ᠬᠥᠲᠥᠯᠥᠨ ᠳᠠᠭᠠᠭᠤᠯᠬᠤ ᠪᠠ | ᠪᠠᠲᠤᠯᠠᠬᠤ ᠬᠡᠷᠡᠭᠲᠡᠢ᠃ | ᠪᠦᠯᠬᠦᠮᠳᠡᠯ ᠪᠣᠯ ᠬᠦᠴᠦᠨ ᠮᠥᠨ᠂ ᠪᠦᠯᠬᠦᠮᠳᠡᠪᠡᠯ ᠰᠠᠶ᠋ᠢ ᠢᠯᠠᠯᠲᠠ ᠣᠯᠵᠤ ᠴᠢᠳᠠᠨ᠎ᠠ᠃ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ | ᠪᠦᠲᠦᠭᠡᠨ ᠪᠠᠶᠢᠭᠤᠯᠬᠤ ᠳᠤ ᠡᠷᠬᠡᠪᠰᠢ ᠲᠦᠭ ᠲᠦᠮᠡᠨ ᠠᠷᠠᠳ ᠲᠦᠮᠡᠨ ᠤ ᠡᠭᠦᠳᠦᠨ ᠪᠦᠲᠦᠭᠡᠬᠦ ᠠᠤᠭ᠎ᠠ ᠬᠦᠴᠦᠨ ᠢ ᠭᠦᠢᠴᠡᠳ ᠪᠠᠳᠠᠷᠠᠭᠤᠯᠬᠤ ᠬᠡᠷᠡᠭᠲᠡᠢ᠃ ᠪᠦᠭᠦ | ᠨᠠᠮ ᠢᠶᠠᠷ ᠢᠶᠠᠨ ᠪᠦᠭᠦ ᠰᠡᠳᠬᠢᠯ ᠪᠦᠭᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠦᠨᠳᠦᠰᠦᠨ ᠵᠣᠷᠢᠯᠲᠠ ᠶᠢ ᠪᠠᠷᠢᠮᠲᠠᠯᠠᠨ᠂ ᠤᠯᠠᠨ ᠲᠦᠮᠡᠨᠴᠢ | ᠦᠵᠡᠯᠲᠡ ᠶᠢ ᠪᠠᠲᠤ ᠪᠤᠢ ᠪᠤᠯᠭᠠᠵᠤ᠂ ᠤᠯᠠᠨ ᠲᠦᠮᠡᠨᠴᠢ ᠱᠤᠭᠤᠮ ᠢ ᠲᠤᠭᠤᠰᠢᠯᠠᠭᠤᠯᠤᠨ᠂ ᠠᠷᠠᠳ ᠲᠦᠮᠡᠨ ᠤ ᠡᠭᠦᠳᠦᠨ ᠪᠦᠲᠦᠭᠡᠬᠦ ᠵᠣᠷᠢᠭ ᠰᠠᠨᠠᠭ᠎ᠠ ᠶᠢ | ᠭᠦᠨᠳᠦᠳᠭᠡᠵᠦ᠂ ᠠᠯᠢᠪᠠ ᠪᠦᠭᠦᠨ ᠠᠷᠠᠳ ᠲᠦᠮᠡᠨ ᠤ ᠲᠥᠯᠥᠭᠡ ᠪᠠᠶᠢᠬᠤ᠂ ᠠᠯᠢᠪᠠ ᠪᠦᠭᠦᠨ ᠠᠷᠠᠳ ᠲᠦᠮᠡᠨ ᠳᠤ ᠲᠦᠰᠢᠭᠯᠡᠬᠦ᠂ ᠤᠯᠠᠨ ᠲᠦᠮᠡᠨ ᠤ | ᠳᠤᠮᠳᠠ ᠠᠴᠠ ᠢᠷᠡᠵᠤ ᠤᠯᠠᠨ ᠲᠦᠮᠡᠨ ᠤ ᠳᠤᠮᠳᠠ ᠣᠴᠢᠬᠤ ᠶᠢ ᠪᠠᠷᠢᠮᠲᠠᠯᠠᠨ᠂ ᠠᠷᠠᠳ ᠤᠯᠠᠨ ᠯᠤᠭ᠎ᠠ ᠶᠢᠨ ᠴᠢᠰᠤ ᠮᠢᠬᠠᠨ ᠤ ᠪᠠᠷᠢᠯᠳᠤᠯᠭ᠎ᠠ ᠪᠠᠨ ᠢᠮᠠᠭᠲᠠ | ᠪᠠᠲᠤᠯᠠᠵᠤ᠂ ᠢᠮᠠᠭᠲᠠ ᠠᠷᠠᠳ ᠲᠦᠮᠡᠨ ᠤ ᠰᠢᠭᠦᠮᠵᠢᠯᠡᠯ ᠪᠠ ᠬᠢᠨᠠᠯᠲᠠ ᠶᠢ ᠬᠦᠯᠢᠶᠡᠵᠦ᠂ ᠢᠮᠠᠭᠲᠠ ᠠᠷᠠᠳ ᠲᠦᠮᠡᠨ ᠲᠠᠢ ᠰᠡᠳᠬᠢᠯ ᠰᠠᠨᠠᠭ᠎ᠠ ᠪᠠᠨ ᠨᠢᠭᠡᠳᠬᠡᠨ᠂ | ᠬᠤᠪᠢ ᠵᠠᠶᠠᠭ᠎ᠠ ᠪᠠᠨ ᠬᠠᠮᠲᠤᠳᠬᠠᠵᠤ᠂ ᠰᠡᠳᠬᠢᠯ ᠵᠢᠷᠦᠬᠡ ᠪᠠᠨ ᠬᠤᠯᠪᠣᠨ᠂ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠶᠡᠭᠡ | ᠪᠦᠯᠬᠦᠮᠳᠡᠯ ᠢ ᠲᠠᠰᠤᠷᠠᠯᠳᠠ ᠦᠭᠡᠢ ᠪᠠᠬᠢᠵᠢᠭᠦᠯᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠳᠤᠮᠳᠠᠳᠤ ᠶᠢᠨ ᠬᠥᠪᠡᠭᠦᠳ ᠥᠬᠢᠳ ᠤᠨ ᠶᠡᠭᠡ ᠪᠦᠯᠬᠦᠮᠳᠡᠯ ᠢ | ᠴᠢᠩᠭᠠᠳᠬᠠᠨ᠂ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ ᠬᠦᠴᠦᠷᠬᠡᠭ ᠶᠡᠭᠡ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ᠃ | | ᠵᠠᠯᠠᠭᠤᠴᠤᠳ ᠬᠦᠴᠦᠷᠬᠡᠭᠵᠢᠪᠡᠯ ᠤᠯᠤᠰ ᠣᠷᠣᠨ ᠬᠦᠴᠦᠷᠬᠡᠭᠵᠢᠨ᠎ᠡ᠃ ᠤᠳᠤ ᠦᠶ᠎ᠡ ᠶᠢᠨ ᠳᠤᠮᠳᠠᠳᠤ ᠤᠯᠤᠰ ᠤᠨ ᠵᠠᠯᠠᠭᠤᠴᠤᠳ ᠬᠠᠮᠤᠭ ᠤᠨ ᠰᠠᠶᠢᠬᠠᠨ | ᠴᠠᠭ ᠦᠶ᠎ᠡ ᠳᠤ ᠲᠣᠬᠢᠶᠠᠵᠤ᠂ ᠠᠪᠢᠶᠠᠰ ᠴᠢᠳᠠᠪᠤᠷᠢ ᠪᠠᠨ ᠪᠠᠳᠠᠷᠠᠭᠤᠯᠬᠤ ᠲᠠᠪᠴᠠᠩ ᠬᠢᠵᠠᠭᠠᠯᠠᠰᠢ ᠦᠭᠡᠢ ᠥᠷᠭᠡᠨ ᠠᠭᠤᠳᠠᠮ ᠪᠠᠶᠢᠵᠤ᠂ ᠬᠦᠰᠡᠯ ᠵᠡᠭᠦᠳᠦ ᠪᠠᠨ | ᠪᠡᠶᠡᠯᠡᠭᠦᠯᠬᠦ ᠢᠷᠡᠭᠡᠳᠦᠢ ᠬᠢᠵᠠᠭᠠᠯᠠᠰᠢ ᠦᠭᠡᠢ ᠭᠡᠭᠡᠨ ᠰᠠᠷᠠᠭᠤᠯ ᠪᠠᠶᠢᠨ᠎ᠠ᠃ ᠪᠦᠭᠦ ᠨᠠᠮ ᠢᠶᠠᠷ ᠢᠶᠠᠨ ᠵᠠᠯᠠᠭᠤᠴᠤᠳ ᠤᠨ ᠠᠵᠢᠯ ᠢ ᠪᠠᠶᠢᠯᠳᠤᠬᠤ ᠪᠣᠳᠣᠯᠭ᠎ᠠ ᠶᠢᠨ | ᠴᠢᠨᠠᠷᠲᠠᠢ ᠠᠵᠢᠯ ᠪᠣᠯᠭᠠᠨ ᠠᠳᠬᠤᠵᠤ᠂ ᠨᠠᠮ ᠤᠨ ᠰᠢᠨᠵᠢᠯᠡᠬᠦ ᠤᠬᠠᠭᠠᠨᠴᠢ ᠤᠨᠤᠯ ᠢᠶᠠᠷ ᠵᠠᠯᠠᠭᠤᠴᠤᠳ ᠢ ᠵᠡᠪᠰᠡᠭᠯᠡᠵᠦ᠂ ᠨᠠᠮ ᠤᠨ ᠤᠭ ᠰᠠᠨᠠᠭ᠎ᠠ ᠡᠭᠦᠷᠭᠡ | ᠬᠠᠷᠢᠭᠤᠴᠠᠯᠭ᠎ᠠ ᠪᠠᠷ ᠵᠠᠯᠠᠭᠤᠴᠤᠳ ᠢ ᠤᠷᠢᠶᠠᠯᠠᠵᠤ᠂ ᠵᠠᠯᠠᠭᠤᠴᠤᠳ ᠤᠨ ᠰᠡᠳᠬᠢᠯ ᠢ ᠮᠡᠳᠡᠭᠴᠢ᠂ ᠵᠠᠯᠠᠭᠤᠴᠤᠳ ᠤᠨ ᠠᠵᠢᠯ ᠤᠨ ᠬᠠᠯᠠᠭᠤᠨ ᠰᠡᠳᠬᠢᠯᠲᠡᠨ᠂ | ᠵᠠᠯᠠᠭᠤᠴᠤᠳ ᠤᠨ ᠵᠠᠮᠴᠢᠯᠠᠭᠴᠢ ᠪᠤᠯᠬᠤ ᠬᠡᠷᠡᠭᠲᠡᠢ᠃ ᠥᠷᠭᠡᠨ ᠤᠯᠠᠨ ᠵᠠᠯᠠᠭᠤᠴᠤᠳ ᠡᠷᠡᠰ ᠭᠤᠶᠢᠪᠢᠰᠢ ᠦᠭᠡᠢ ᠪᠠᠷ ᠨᠠᠮ ᠤᠨ ᠦᠭᠡ ᠶᠢ ᠰᠣᠨᠣᠰᠴᠤ᠂ ᠨᠠᠮ ᠢᠶᠠᠨ | ᠲᠠᠭᠠᠵᠤ᠂ ᠬᠦᠰᠡᠯ ᠵᠡᠭᠦᠳᠦ ᠲᠠᠢ ᠮᠥᠷᠲᠡᠭᠡᠨ ᠯᠠᠪᠳᠠᠭᠤᠨ ᠪᠠᠲᠤᠲᠠᠢ ᠪᠠᠶᠢᠵᠤ᠂ ᠵᠣᠷᠢᠭᠲᠠᠢ ᠰᠡᠳᠬᠢᠵᠦ ᠵᠣᠷᠢᠭᠲᠠᠢ ᠬᠢᠬᠦ ᠮᠥᠷᠲᠡᠭᠡᠨ ᠴᠢᠳᠠᠮᠠᠭᠠᠢ ᠬᠢᠵᠦ ᠴᠢᠳᠠᠮᠠᠭᠠᠢ | ᠪᠦᠲᠦᠭᠡᠵᠦ᠂ ᠬᠦᠰᠡᠯᠡᠩ ᠲᠠᠢ᠂ ᠵᠣᠷᠢᠭᠲᠠᠢ ᠬᠠᠷᠢᠭᠤᠴᠠᠯᠭ᠎ᠠ ᠡᠭᠦᠷᠭᠡᠯᠡᠳᠡᠭ᠂ ᠬᠦᠴᠢᠷ ᠠᠴᠠ ᠠᠶᠤᠬᠤ ᠦᠭᠡᠢ᠂ ᠵᠣᠷᠢᠭᠲᠠᠢ ᠲᠡᠮᠡᠴᠡᠬᠦ ᠰᠢᠨ᠎ᠡ ᠴᠠᠭ ᠦᠶ᠎ᠡ ᠶᠢᠨ | ᠰᠠᠶᠢᠨ ᠵᠠᠯᠠᠭᠤᠴᠤᠳ ᠪᠤᠯᠬᠤ ᠡᠷᠴᠢ ᠵᠣᠷᠢᠭ ᠢᠶᠠᠨ ᠬᠥᠪᠴᠢᠯᠡᠵᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ | ᠭᠠᠯ ᠬᠠᠯᠠᠭᠤᠨ ᠦᠢᠯᠡᠳᠦᠯᠭᠡ ᠶᠢᠨ ᠳᠤᠮᠳᠠ ᠵᠠᠯᠠᠭᠤ ᠨᠠᠰᠤᠨ ᠤ ᠭᠡᠷᠡᠯ ᠭᠢᠯᠪᠠᠭ᠎ᠠ ᠪᠠᠨ ᠰᠠᠴᠤᠷᠠᠭᠤᠯᠬᠤ ᠬᠡᠷᠡᠭᠲᠡᠢ᠃ | ᠨᠥᠬᠦᠳ ᠠ᠋︕ ᠨᠠᠮ ᠠᠭᠤᠤ ᠶᠡᠭᠡ ᠲᠡᠮᠡᠴᠡᠯ ᠢᠶᠠᠷ ᠵᠠᠭᠤᠨ ᠵᠢᠯ ᠤᠨ ᠠᠭᠤᠤ ᠶᠡᠭᠡ ᠦᠢᠯᠡᠰ ᠢ ᠪᠦᠲᠦᠭᠡᠭᠰᠡᠨ ᠢᠶᠠᠷ ᠪᠠᠷᠠᠬᠤ ᠦᠭᠡᠢ᠂ ᠪᠠᠰᠠ ᠰᠢᠨ᠎ᠡ ᠠᠭᠤᠤ | ᠶᠡᠭᠡ ᠲᠡᠮᠡᠴᠡᠯ ᠢᠶᠠᠷ ᠰᠢᠨ᠎ᠡ ᠠᠭᠤᠤ ᠦᠢᠯᠡᠰ ᠢ ᠡᠭᠦᠳᠭᠦ ᠨᠢ ᠯᠠᠪᠲᠠᠢ᠃ ᠪᠦᠭᠦ ᠨᠠᠮ ᠪᠦᠭᠦ ᠴᠡᠷᠢᠭ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ | ᠲᠦᠮᠡᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠬᠤᠭᠤᠰᠤᠨ ᠶᠠᠷᠢᠶ᠎ᠠ ᠤᠯᠤᠰ ᠢ ᠰᠠᠭᠠᠲᠠᠭᠠᠵᠤ᠂ ᠪᠣᠳᠠᠲᠠᠢ ᠠᠵᠢᠯᠯᠠᠪᠠᠯ | ᠤᠯᠤᠰ ᠢᠶᠠᠨ ᠮᠠᠨᠳᠤᠭᠤᠯᠤᠨ᠎ᠠ ᠭᠡᠳᠡᠭ ᠢ ᠪᠠᠲᠤ ᠴᠡᠭᠡᠵᠢᠯᠡᠵᠦ᠂ ᠢᠲᠡᠭᠡᠯ ᠵᠣᠷᠢᠭ ᠢᠶᠠᠨ ᠪᠠᠲᠤᠳᠬᠠᠨ᠂ ᠨᠢᠭᠡ ᠰᠡᠳᠬᠢᠯ ᠨᠢᠭᠡ ᠵᠣᠷᠢᠭ ᠢᠶᠠᠷ ᠰᠢᠷᠭᠠᠭᠤ ᠬᠠᠲᠠᠭᠤᠵᠢᠯᠲᠠᠢ | ᠠᠵᠢᠯᠯᠠᠵᠤ᠂ ᠡᠷᠡᠯᠬᠡᠭᠯᠡᠨ ᠤᠷᠤᠭᠰᠢᠯᠠᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠰᠦᠭᠡᠢ︕ | | | |