| ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ 11 ᠳ᠋ᠦ᠋ᠭᠡᠷ ᠰᠠᠷ᠎ᠠ ᠶᠢᠨ 22 ᠤᠨ ᠡᠳᠦᠷ ᠰᠣᠨᠢᠨ | ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠰᠢᠯᠢᠳᠡᠭᠵᠢᠭᠦᠯᠬᠦ ᠠᠷᠭ᠎ᠠ ᠬᠡᠮᠵᠢᠶ᠎ᠡ ᠶᠢ ᠲᠡᠷᠡ ᠬᠡᠪ ᠢᠶᠠᠷ ᠨᠢ | ᠨᠠᠶᠢᠳᠠᠪᠤᠷᠢᠵᠢᠭᠤᠯᠵᠤ᠂ ᠣᠳᠣᠬᠠᠨ ᠤ ᠬᠢᠵᠢᠭ ᠤᠨ ᠪᠠᠶᠢᠳᠠᠯ ᠢ ᠰᠢᠢᠳᠪᠦᠷᠢᠯᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠲᠤᠬᠠᠢ ᠲᠠᠨᠢᠯᠴᠠᠭᠤᠯᠪᠠ᠃ | ᠬᠠᠮᠲᠤ ᠪᠠᠷ ᠣᠶᠢᠯᠠᠭᠠᠵᠠᠭᠠᠶ᠎ᠠ ︱ | ᠶᠢᠰᠦᠳᠦᠭᠡᠷ ᠬᠡᠪᠯᠡᠯ ᠤᠨ ᠰᠡᠷᠭᠡᠶᠢᠯᠡᠨ ᠡᠵᠡᠮᠳᠡᠬᠦ ᠲᠥᠰᠥᠯ ᠪᠠ ᠬᠤᠷᠢᠨ ᠵᠦᠢᠯ ᠤᠨ ᠠᠷᠭ᠎ᠠ ᠬᠡᠮᠵᠢᠶ᠎ᠡ ᠶᠢ ᠭᠤᠶᠢᠪᠢᠰᠢ ᠦᠭᠡᠢ ᠪᠥᠭᠡᠳ ᠥᠭᠡᠷᠡᠲᠦᠭᠦᠯᠬᠦ | ᠦᠭᠡᠢ ᠪᠠᠷ ᠬᠡᠷᠡᠭᠵᠢᠭᠦᠯᠬᠦ ᠶᠢ ᠪᠠᠷᠢᠮᠲᠠᠯᠠᠨ᠎ᠠ | ᠣᠶᠢᠷ᠎ᠠ ᠶᠢᠨ ᠬᠤᠭᠤᠴᠠᠭᠠᠨ ᠳᠤ᠂ ᠪᠥᠬᠦ ᠤᠯᠤᠰ ᠤᠨ ᠲᠤᠬᠠᠢ ᠶᠢᠨ ᠭᠠᠵᠠᠷ ᠤᠨ ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ ᠬᠡᠪᠴᠢᠶ᠎ᠡ ᠥᠷᠭᠡᠳᠴᠦ᠂ | ᠬᠠᠯᠳᠠᠪᠤᠷᠢᠯᠠᠬᠤ ᠬᠡᠯᠬᠢᠶ᠎ᠡ ᠣᠯᠠᠰᠢᠷᠠᠵᠤ᠂ ᠬᠢᠵᠢᠭ ᠤᠨ ᠪᠠᠶᠢᠳᠠᠯ ᠤᠨ ᠨᠥᠯᠥᠭᠡᠯᠡᠬᠦ ᠬᠡᠪᠴᠢᠶ᠎ᠡ ᠨᠢ ᠥᠷᠭᠡᠳᠦᠭᠰᠡᠨ ᠬᠦᠨᠳᠦ ᠨᠣᠴᠢᠲᠠᠢ ᠨᠠᠷᠢᠨ ᠪᠤᠳᠤᠯᠢᠶᠠᠨᠲᠠᠢ ᠪᠠᠶᠢᠳᠠᠯ | ᠢᠯᠡᠷᠡᠵᠡᠢ᠃ | ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠡᠷᠡᠰ ᠭᠤᠶᠢᠪᠢᠰᠢ ᠦᠭᠡᠢ ᠪᠠᠷᠢᠮᠲᠠᠯᠠᠵᠤ᠂ ︽ᠭᠠᠳᠠᠨ᠎ᠠ ᠠᠴᠠ ᠣᠷᠣᠭᠤᠯᠬᠤ ᠶᠢ ᠰᠡᠷᠭᠡᠶᠢᠯᠡᠬᠦ᠂ | ᠳᠣᠲᠣᠭᠠᠳᠤ ᠳᠤ ᠪᠠᠨ ᠲᠠᠬᠢᠨ ᠡᠭᠦᠰᠬᠦ ᠶᠢ ᠰᠡᠷᠭᠡᠶᠢᠯᠡᠬᠦ︾ ᠶᠡᠷᠦᠩᠬᠡᠢ ᠠᠷᠭ᠎ᠠ ᠪᠣᠳᠣᠯᠭ᠎ᠠ ᠶᠢ ᠡᠷᠡᠰ ᠭᠤᠶᠢᠪᠢᠰᠢ ᠦᠭᠡᠢ ᠪᠠᠷᠢᠮᠲᠠᠯᠠᠵᠤ᠂ ︽ᠬᠥᠳᠡᠯᠦᠩᠭᠦᠢ ᠪᠠᠷ | ᠠᠷᠢᠯᠭᠠᠨ ᠴᠡᠪᠡᠷᠯᠡᠬᠦ︾ ᠶᠡᠷᠦᠩᠬᠡᠢ ᠴᠢᠭᠯᠡᠯᠲᠡ ᠶᠢ ᠡᠷᠡᠰ ᠭᠤᠶᠢᠪᠢᠰᠢ ᠦᠭᠡᠢ ᠪᠠᠷᠢᠮᠲᠠᠯᠠᠵᠤ᠂ ᠮᠢᠨᠴᠦᠭᠦᠷᠡᠨ ᠰᠤᠯᠠᠷᠠᠬᠤ ᠰᠡᠳᠬᠢᠴᠡ᠂ ᠪᠠᠶᠢᠳᠠᠯ ᠢ ᠠᠵᠢᠭᠯᠠᠬᠤ | ᠰᠡᠳᠬᠢᠴᠡ ᠶᠢ ᠡᠷᠡᠰ ᠲᠡᠪᠴᠢᠵᠦ᠂ ᠶᠢᠰᠦᠳᠦᠭᠡᠷ ᠬᠡᠪᠯᠡᠯ ᠤᠨ ᠰᠡᠷᠭᠡᠶᠢᠯᠡᠨ ᠡᠵᠡᠮᠳᠡᠬᠦ ᠲᠥᠰᠥᠯ ᠪᠣᠯᠣᠨ ᠬᠤᠷᠢᠨ ᠵᠦᠢᠯ ᠤᠨ ᠠᠷᠭ᠎ᠠ ᠬᠡᠮᠵᠢᠶ᠎ᠡ ᠶᠢ ᠭᠤᠶᠢᠪᠢᠰᠢ ᠦᠭᠡᠢ | ᠪᠥᠭᠡᠳ ᠥᠭᠡᠷᠡᠲᠦᠭᠦᠯᠬᠦ ᠦᠭᠡᠢ ᠪᠠᠷ ᠬᠡᠷᠡᠭᠵᠢᠭᠦᠯᠬᠦ ᠶᠢ ᠪᠠᠷᠢᠮᠲᠠᠯᠠᠵᠤ᠂ ᠰᠡᠷᠭᠡᠶᠢᠯᠡᠬᠦ ᠳᠤ ᠰᠠᠭᠤᠷᠢᠯᠠᠬᠤ᠂ ᠡᠷᠲᠡ ᠢᠯᠡᠷᠡᠭᠦᠯᠬᠦ ᠳᠤ ᠰᠠᠭᠤᠷᠢᠯᠠᠬᠤ ᠪᠠ ᠲᠦᠷᠭᠡᠨ | ᠰᠢᠢᠳᠪᠦᠷᠢᠯᠡᠬᠦ ᠳᠤ ᠰᠠᠭᠤᠷᠢᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠰᠢᠨᠵᠢᠯᠡᠬᠦ ᠤᠬᠠᠭᠠᠨᠴᠢ ᠪᠥᠭᠡᠳ ᠣᠨᠣᠴᠠᠲᠠᠢ ᠪᠠᠷ | ᠰᠠᠶᠢᠲᠤᠷ ᠬᠢᠬᠦ ᠬᠡᠷᠡᠭᠲᠡᠢ᠃ | ᠬᠢᠵᠢᠭ ᠤᠨ ᠪᠠᠶᠢᠳᠠᠯ ᠡᠭᠦᠰᠦᠭᠰᠡᠨ ᠭᠠᠵᠠᠷ ᠣᠷᠣᠨ ᠤ ᠬᠢᠨ ᠲᠦᠷᠭᠡᠨ ᠢ ᠲᠦᠷᠭᠡᠨ ᠢᠶᠠᠷ ᠠᠷᠭᠠᠴᠠᠭᠠᠬᠤ ᠠᠷᠭ᠎ᠠ ᠬᠡᠮᠵᠢᠶ᠎ᠡ ᠪᠠᠷ ᠬᠢᠵᠢᠭ ᠤᠨ ᠪᠠᠶᠢᠳᠠᠯ ᠢ | ᠰᠢᠢᠳᠪᠦᠷᠢᠯᠡᠬᠦ ᠠᠵᠢᠯ ᠢ ᠥᠷᠨᠢᠭᠦᠯᠵᠦ᠂ ᠲᠦᠭᠰᠢᠭᠦᠷᠢ ᠲᠠᠢ ᠣᠷᠣᠨ ᠢ ᠣᠨᠣᠪᠴᠢᠲᠠᠶ ᠬᠤᠪᠢᠶᠠᠷᠢᠯᠠᠨ᠂ ᠪᠥᠭᠡᠮ ᠬᠦᠴᠢᠯ ᠤᠨ ᠪᠠᠶᠢᠴᠠᠭᠠᠯᠲᠠ ᠶᠢ ᠡᠮᠬᠢ ᠵᠢᠷᠤᠮ ᠲᠠᠢ | ᠵᠣᠬᠢᠶᠠᠨ ᠪᠠᠶᠢᠭᠤᠯᠵᠤ᠂ ᠲᠦᠭᠰᠢᠭᠦᠷᠢ ᠲᠠᠢ ᠬᠥᠮᠥᠰ ᠢ ᠪᠦᠲᠦᠮᠵᠢᠲᠡᠶ ᠬᠠᠮᠢᠶᠠᠷᠤᠨ ᠡᠵᠡᠮᠳᠡᠵᠦ᠂ ᠲᠤᠰᠠᠭᠠᠷᠯᠠᠬᠤ ᠠᠵᠢᠯ ᠢ ᠴᠢᠩᠭ᠎ᠠ ᠵᠢᠷᠤᠮᠵᠢᠭᠤᠯᠤᠨ᠂ ᠬᠠᠷᠢᠶ᠎ᠠ | ᠭᠠᠵᠠᠷ᠂ ᠰᠠᠯᠠᠭ᠎ᠠ ᠮᠥᠴᠢᠷ᠂ ᠪᠠᠶᠢᠭᠤᠯᠭ᠎ᠠ ᠨᠢᠭᠡᠴᠢ᠂ ᠬᠤᠪᠢ ᠬᠥᠮᠥᠨ ︽ᠳᠥᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠨᠠᠶᠢᠳᠠᠪᠤᠷᠢᠵᠢᠭᠤᠯᠤᠨ | ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠵᠤ᠂ ᠬᠢᠵᠢᠭ ᠤᠨ ᠪᠠᠶᠢᠳᠠᠯ ᠤᠨ ᠥᠷᠭᠡᠵᠢᠨ ᠳᠡᠯᠭᠡᠷᠡᠬᠦ ᠶᠢ ᠠᠯᠢ ᠲᠦᠷᠭᠡᠨ ᠢᠶᠠᠷ ᠬᠤᠷᠢᠭᠯᠠᠬᠤ ᠬᠡᠷᠡᠭᠲᠡᠢ᠃ | ᠱᠠᠲᠤ ᠱᠠᠲᠤ ᠪᠠᠷ ᠱᠠᠭᠠᠷᠳᠠᠯᠭ᠎ᠠ ᠨᠡᠮᠡᠬᠦ ᠶᠢ ᠦᠷᠭᠦᠯᠵᠢᠯᠡᠨ ᠴᠡᠭᠴᠡᠯᠡᠨ ᠵᠠᠰᠠᠵᠤ᠂ ᠬᠠᠮᠢᠶᠠᠷᠬᠤ ᠶᠣᠰᠣᠲᠠᠢ ᠶᠢ ᠨᠢ ᠡᠷᠡᠰ ᠬᠠᠮᠢᠶᠠᠷᠴᠤ᠂ ᠬᠦᠴᠦᠨ ᠦᠭᠡᠢ | ᠪᠣᠯᠭᠠᠬᠤ ᠶᠣᠰᠣᠲᠠᠢ ᠶᠢ ᠨᠢ ᠡᠷᠡᠰ ᠬᠦᠴᠦᠨ ᠦᠭᠡᠢ ᠪᠣᠯᠭᠠᠵᠤ᠂ ᠨᠠᠶᠢᠳᠠᠪᠤᠷᠢᠵᠢᠭᠤᠯᠬᠤ ᠶᠣᠰᠣᠲᠠᠢ ᠶᠢ ᠨᠢ ᠪᠣᠳᠠᠲᠠᠢ ᠳᠤ ᠨᠠᠶᠢᠳᠠᠪᠤᠷᠢᠵᠢᠭᠤᠯᠵᠤ᠂ ᠬᠢᠵᠢᠭ ᠤᠨ | ᠪᠠᠶᠢᠳᠠᠯ ᠢ ᠰᠢᠢᠳᠪᠦᠷᠢᠯᠡᠬᠦ ᠬᠤᠭᠤᠴᠠᠭᠠᠨ ᠳᠠᠬᠢ ᠤᠯᠠᠨ ᠲᠦᠮᠡᠨ ᠤ ᠦᠨᠳᠦᠰᠦᠨ ᠠᠮᠢᠳᠤᠷᠠᠯ ᠪᠣᠯᠣᠨ ᠡᠪᠡᠳᠴᠢᠨ ᠦᠵᠡᠭᠦᠯᠬᠦ ᠬᠡᠷᠡᠭᠴᠡᠭᠡ ᠶᠢ ᠰᠠᠶᠢᠲᠤᠷ ᠪᠠᠲᠤᠯᠠᠬᠤ | ᠬᠡᠷᠡᠭᠲᠡᠢ᠃ | ᠱᠠᠲᠤ ᠱᠠᠲᠤ ᠪᠠᠷ ᠱᠠᠭᠠᠷᠳᠠᠯᠭ᠎ᠠ ᠨᠡᠮᠡᠬᠦ ᠠᠰᠠᠭᠤᠳᠠᠯ ᠢ ᠴᠡᠭᠴᠡᠯᠡᠨ ᠵᠠᠰᠠᠬᠤ ᠡᠷᠴᠢᠮ ᠢ ᠴᠢᠩᠭᠠᠷᠠᠭᠤᠯᠤᠨ᠎ᠠ | ᠡᠯ᠎ᠡ ᠭᠠᠵᠠᠷ ᠤᠨ ᠬᠢᠨ ᠱᠠᠲᠤ ᠱᠠᠲᠤ ᠪᠠᠷ ᠱᠠᠭᠠᠷᠳᠠᠯᠭ᠎ᠠ ᠨᠡᠮᠡᠬᠦ ᠠᠰᠠᠭᠤᠳᠠᠯ ᠢ ᠴᠡᠭᠴᠡᠯᠡᠨ ᠵᠠᠰᠠᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ | ᠰᠤᠷᠭᠠᠭᠤᠯᠢ ᠶᠢ ᠳᠤᠷ᠎ᠠ ᠪᠠᠷ ᠢᠶᠠᠨ ᠪᠢᠲᠡᠭᠦᠮᠵᠢᠯᠡᠨ ᠬᠢᠴᠢᠶᠡᠯ ᠵᠣᠭᠰᠤᠭᠠᠬᠤ᠂ ᠠᠵᠢᠯ ᠢ ᠵᠣᠭᠰᠣᠭᠠᠵᠤ ᠦᠢᠯᠡᠳᠪᠦᠷᠢᠯᠡᠯ ᠢ ᠵᠣᠭᠰᠤᠭᠠᠬᠤ᠂ ᠵᠥᠪᠰᠢᠶᠡᠷᠡᠯ ᠦᠭᠡᠢ ᠪᠠᠷ | ᠵᠠᠮ ᠬᠠᠷᠢᠯᠴᠠᠭ᠎ᠠ ᠶᠢ ᠲᠠᠰᠤᠯᠬᠤ᠂ ᠳᠤᠷ᠎ᠠ ᠪᠠᠷ ︽ᠪᠢᠲᠡᠭᠦᠮᠵᠢᠲᠦ︾ ᠬᠠᠮᠢᠶᠠᠷᠤᠯᠲᠠ ᠶᠠᠪᠤᠭᠤᠯᠬᠤ᠂ ᠳᠤᠷ᠎ᠠ ᠪᠠᠷ ᠪᠢᠲᠡᠭᠦᠮᠵᠢᠯᠡᠨ ᠡᠵᠡᠮᠳᠡᠬᠦ᠂ ᠤᠷᠳᠤ | ᠬᠤᠭᠤᠴᠠᠭ᠎ᠠ ᠪᠠᠷ ᠪᠢᠲᠡᠭᠦᠮᠵᠢᠯᠡᠯ ᠢ ᠲᠠᠶᠢᠯᠬᠤ ᠦᠭᠡᠢ᠂ ᠡᠮᠨᠡᠭᠦᠯᠬᠦ ᠶᠢ ᠳᠤᠷ᠎ᠠ ᠪᠠᠷ ᠵᠣᠭᠰᠤᠭᠠᠬᠤ ᠵᠡᠷᠭᠡ ᠠᠰᠠᠭᠤᠳᠠᠯ ᠢ ᠭᠤᠣᠯᠳᠠᠯᠭ᠎ᠠ ᠲᠠᠢ ᠴᠡᠭᠴᠡᠯᠡᠨ ᠵᠠᠰᠠᠵᠤ᠂ | ᠤᠯᠠᠨ ᠲᠦᠮᠡᠨ ᠤ ᠵᠠᠭᠠᠯᠳᠤᠵᠤ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠤᠯᠠᠨ ᠲᠦᠮᠡᠨ ᠤ ᠵᠠᠭᠠᠯᠳᠤᠭᠰᠠᠨ ᠪᠠᠴᠢᠮᠳᠠᠵᠤ ᠪᠡᠷᠬᠡᠳᠡᠵᠦ | ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠴᠠᠭ ᠲᠤᠬᠠᠢ ᠳᠤ ᠨᠢ ᠰᠢᠢᠳᠪᠦᠷᠢᠯᠡᠵᠦ᠂ ᠬᠤᠷᠢᠨ ᠵᠦᠢᠯ ᠤᠨ ᠰᠢᠯᠢᠳᠡᠭᠵᠢᠭᠦᠯᠬᠦ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠨ ᠪᠣᠳᠠᠲᠠᠶᠢᠵᠢᠭᠤᠯᠵᠤ᠂ ᠦᠷ᠎ᠡ ᠪᠦᠲᠦᠮᠵᠢ ᠭᠠᠷᠭᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ | ᠣᠳᠣᠬᠠᠨ ᠳᠤ ᠮᠠᠨ ᠤ ᠤᠯᠤᠰ ᠤᠨ ᠲᠤᠬᠠᠢ ᠶᠢᠨ ᠭᠠᠵᠠᠷ ᠤᠨ ᠬᠢᠵᠢᠭ ᠤᠨ ᠪᠠᠶᠢᠳᠠᠯ ᠮᠥᠨ ᠯᠡ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠠᠶᠢᠵᠤ᠂ ᠵᠠᠷᠢᠮ | ᠮᠤᠵᠢ ᠣᠷᠣᠨ ᠭᠤᠷᠪᠠᠨ ᠵᠢᠯ ᠤᠨ ᠲᠤᠷᠰᠢᠬᠢ ᠬᠠᠮᠤᠭ ᠤᠨ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠠᠶᠢᠳᠠᠯ ᠳᠤ ᠲᠤᠯᠭᠠᠷᠠᠵᠤ ᠪᠤᠢ | ᠣᠳᠣᠬᠠᠨ ᠳᠤ ᠮᠠᠨ ᠤ ᠤᠯᠤᠰ ᠤᠨ ᠲᠤᠬᠠᠢ ᠶᠢᠨ ᠭᠠᠵᠠᠷ ᠤᠨ ᠬᠢᠵᠢᠭ ᠤᠨ ᠪᠠᠶᠢᠳᠠᠯ ᠮᠥᠨ ᠬᠦ ᠬᠦᠨᠳᠦ ᠨᠣᠴᠢᠲᠠᠢ ᠪᠥᠭᠡᠳ ᠨᠠᠷᠢᠨ ᠪᠤᠳᠤᠯᠢᠶᠠᠨᠲᠠᠢ ᠪᠠᠶᠢᠵᠤ᠂ ᠬᠡᠰᠡᠭ | ᠭᠠᠵᠠᠷ ᠣᠷᠣᠨ ᠤ ᠬᠢᠵᠢᠭ ᠤᠨ ᠪᠠᠶᠢᠳᠠᠯ ᠤᠨ ᠲᠠᠷᠬᠠᠬᠤ ᠬᠤᠷᠳᠤᠴᠠ ᠲᠦᠷᠭᠡᠳᠴᠦ᠂ ᠰᠡᠷᠭᠡᠶᠢᠯᠡᠨ ᠡᠵᠡᠮᠳᠡᠬᠦ ᠬᠦᠴᠢᠷᠳᠡᠯ ᠲᠠᠰᠤᠷᠠᠯᠲᠠ ᠦᠭᠡᠢ ᠨᠡᠮᠡᠭᠳᠡᠵᠦ ᠪᠠᠶᠢᠨ᠎ᠠ᠃ | ᠣᠶᠢᠷ᠎ᠠ ᠶᠢᠨ ᠬᠤᠭᠤᠴᠠᠭᠠᠨ ᠳᠤ ᠡᠭᠦᠰᠦᠭᠰᠡᠨ ᠬᠢᠵᠢᠭ ᠤᠨ ᠪᠠᠶᠢᠳᠠᠯ ᠳᠤ ᠳᠣᠣᠷᠠᠬᠢ ᠮᠡᠲᠦ ᠣᠨᠴᠠᠯᠢᠭ ᠲᠠᠢ᠄ ᠨᠢᠭᠡ ᠳᠤ᠂ ᠰᠢᠨ᠎ᠡ ᠪᠠᠷ ᠨᠡᠮᠡᠭᠳᠡᠭᠰᠡᠨ | ᠬᠠᠯᠳᠠᠪᠤᠷᠢᠯᠠᠭᠰᠠᠳ ᠤᠨ ᠲᠤᠭ᠎ᠠ ᠬᠡᠮᠵᠢᠶ᠎ᠡ ᠦᠷᠭᠦᠯᠵᠢᠯᠡᠨ ᠨᠡᠮᠡᠭᠳᠡᠵᠦ ᠪᠠᠶᠢᠨ᠎ᠠ᠃ 11 ᠳ᠋ᠦ᠋ᠭᠡᠷ ᠰᠠᠷ᠎ᠠ ᠶᠢᠨ 1 ᠤ ᠡᠳᠦᠷ ᠠᠴᠠ ᠨᠠᠭᠠᠰᠢ᠂ ᠪᠥᠬᠦ ᠤᠯᠤᠰ ᠲᠤ | ᠨᠡᠶᠢᠲᠡ 25.3 ᠲᠦᠮᠡᠨ ᠬᠠᠯᠳᠠᠪᠤᠷᠢᠯᠠᠭᠰᠠᠳ ᠰᠢᠨ᠎ᠡ ᠪᠠᠷ ᠨᠡᠮᠡᠭᠳᠡᠵᠦ᠂ ᠣᠶᠢᠷ᠎ᠠ ᠶᠢᠨ ᠨᠢᠭᠡ ᠭᠠᠷᠠᠭ ᠲᠤ ᠳᠤᠮᠳᠠᠴᠢ ᠪᠠᠷ ᠡᠳᠦᠷ ᠪᠦᠷᠢ 2.22 ᠲᠦᠮᠡᠨ | ᠬᠠᠯᠳᠠᠪᠤᠷᠢᠯᠠᠭᠰᠠᠳ ᠰᠢᠨ᠎ᠡ ᠪᠠᠷ ᠨᠡᠮᠡᠭᠳᠡᠵᠦ᠂ ᠲᠦᠷᠦᠭᠦᠸ ᠨᠢᠭᠡ ᠭᠠᠷᠠᠭ ᠤᠨ ᠬᠢ ᠠᠴᠠ ᠨᠢᠭᠡ ᠳᠠᠬᠢᠨ ᠨᠡᠮᠡᠭᠳᠡᠵᠡᠢ᠃ ᠬᠤᠶᠠᠷ ᠲᠤ᠂ ᠬᠢᠵᠢᠭ ᠤᠨ ᠪᠠᠶᠢᠳᠠᠯ ᠤᠨ | ᠬᠠᠮᠤᠷᠬᠤ ᠬᠡᠪᠴᠢᠶ᠎ᠡ ᠨᠢ ᠥᠷᠭᠡᠨ᠂ ᠬᠠᠯᠳᠠᠪᠤᠷᠢᠯᠠᠬᠤ ᠬᠡᠯᠬᠢᠶ᠎ᠡ ᠨᠢ ᠪᠤᠳᠤᠯᠢᠶᠠᠨᠲᠠᠢ ᠪᠣᠯᠵᠤ ᠪᠠᠶᠢᠨ᠎ᠠ᠃ ᠣᠯᠠᠩᠬᠢ ᠮᠤᠵᠢ ᠣᠷᠣᠨ ᠳᠤ ᠬᠢᠵᠢᠭ ᠤᠨ ᠪᠠᠶᠢᠳᠠᠯ | ᠦᠷᠭᠦᠯᠵᠢᠯᠡᠨ ᠦᠷᠪᠢᠰᠴᠦ᠂ ᠣᠯᠠᠨ ᠮᠤᠵᠢ ᠣᠷᠣᠨ ᠤ ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ ᠬᠡᠪᠴᠢᠶ᠎ᠡ ᠥᠷᠭᠡᠳᠴᠦ᠂ ᠬᠠᠯᠳᠠᠪᠤᠷᠢᠯᠠᠬᠤ ᠬᠡᠯᠬᠢᠶ᠎ᠡ ᠨᠢ | ᠣᠯᠠᠰᠢᠷᠠᠵᠤ᠂ ᠵᠠᠷᠢᠮ ᠮᠤᠵᠢ ᠣᠷᠣᠨ ᠭᠤᠷᠪᠠᠨ ᠵᠢᠯ ᠤᠨ ᠲᠤᠷᠰᠢᠬᠢ ᠬᠠᠮᠤᠭ ᠤᠨ ᠬᠦᠨᠳᠦ ᠬᠡᠴᠡᠭᠦᠦ ᠪᠥᠭᠡᠳ ᠨᠠᠷᠢᠨ ᠪᠤᠳᠤᠯᠢᠶᠠᠨᠲᠠᠢ ᠪᠠᠶᠢᠳᠠᠯ ᠳᠤ ᠲᠤᠯᠭᠠᠷᠠᠵᠤ ᠪᠤᠢ | ᠃ ᠭᠤᠷᠪᠠ ᠳᠤ᠂ ᠬᠥᠮᠥᠨ ᠠᠮᠠ ᠨᠢᠭᠲᠠᠷᠠᠭᠰᠠᠨ ᠬᠤᠲᠠ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠣᠯᠳᠠᠯᠭ᠎ᠠ ᠲᠠᠢ ᠭᠠᠵᠠᠷ ᠣᠷᠣᠨ ᠪᠣᠯᠪᠠ᠃ | ᠭᠤᠸᠠᠩᠵᠧᠦ᠂ ᠴᠦᠩᠴᠢᠩ ᠢᠶᠠᠷ ᠠᠪᠴᠤ ᠬᠡᠯᠡᠪᠡᠯ᠂ ᠬᠥᠮᠥᠨ ᠠᠮᠠ ᠶᠢᠨ ᠬᠡᠪᠴᠢᠶ᠎ᠡ ᠶᠡᠭᠡ᠂ ᠬᠥᠮᠥᠨ ᠠᠮᠠ ᠶᠢᠨ ᠨᠡᠭᠦᠳᠡᠯ ᠴᠢᠨᠠᠷ ᠴᠢᠩᠭ᠎ᠠ᠂ ᠶᠡᠭᠡ ᠳᠡᠭᠡᠳᠦ | ᠰᠤᠷᠭᠠᠭᠤᠯᠢ ᠵᠡᠷᠭᠡ ᠭᠤᠣᠯᠳᠠᠯᠭ᠎ᠠ ᠲᠠᠢ ᠲᠠᠯᠠᠪᠤᠷ ᠭᠠᠵᠠᠷ ᠲᠥᠪᠯᠡᠷᠡᠵᠦ᠂ ᠬᠥᠮᠥᠰ ᠤᠨ ᠴᠤᠭᠯᠠᠷᠠᠯ ᠤᠨ ᠴᠢᠨᠠᠷᠲᠠᠢ ᠠᠵᠢᠯᠯᠠᠭ᠎ᠠ ᠣᠯᠠᠨ ᠠᠴᠠ ᠪᠣᠯᠵᠤ᠂ ᠬᠢᠵᠢᠭ ᠤᠨ | ᠲᠠᠷᠬᠠᠯᠲᠠ ᠶᠢᠨ ᠲᠦᠭᠰᠢᠭᠦᠷᠢ ᠪᠠ ᠰᠡᠷᠭᠡᠶᠢᠯᠡᠨ ᠡᠵᠡᠮᠳᠡᠬᠦ ᠬᠦᠴᠢᠷᠳᠡᠯ ᠢ ᠬᠦᠨᠳᠦᠷᠡᠭᠦᠯᠦᠭᠰᠡᠨ ᠪᠠᠶᠢᠨ᠎ᠠ᠃ | ᠣᠨᠴᠠᠭᠠᠶᠢᠯᠠᠨ ᠣᠯᠠᠨ ᠳᠤ ᠰᠠᠨᠠᠭᠤᠯᠬᠤ ᠴᠢᠬᠤᠯᠠᠲᠠᠢ ᠵᠦᠢᠯ ᠭᠡᠪᠡᠯ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠪᠣᠯ ᠠᠮᠢᠰᠬᠤᠯ ᠤᠨ ᠰᠢᠰᠲ᠋ᠧᠮ ᠤᠨ | ᠡᠪᠡᠳᠴᠢᠨ ᠮᠥᠨ᠂ ᠰᠢᠨ᠎ᠡ ᠲᠢᠲᠢᠮᠯᠢᠭ ᠸᠢᠷᠦ᠋ᠰ ᠨᠢ ᠭᠤᠣᠯᠳᠠᠭᠤ ᠠᠮᠢᠰᠬᠤᠯ ᠤᠨ ᠵᠠᠮ ᠤᠨ ᠰᠢᠯᠦᠰᠦ ᠪᠠ ᠨᠢᠭᠲᠠ ᠬᠦᠷᠦᠯᠴᠡᠬᠦ ᠵᠡᠷᠭᠡ ᠠᠷᠭ᠎ᠠ ᠵᠠᠮ ᠢᠶᠠᠷ ᠲᠠᠷᠬᠠᠳᠠᠭ | ᠃ ᠡᠶᠢᠮᠦ ᠠᠴᠠ ᠪᠢᠳᠡ ᠡᠳᠦᠷ ᠲᠤᠲᠤᠮ ᠤᠨ ᠠᠮᠢᠳᠤᠷᠠᠯ ᠪᠠ ᠠᠵᠢᠯ ᠤᠨ ᠳᠤᠮᠳᠠ ᠪᠠᠨ ᠣᠯᠠᠨ ᠢᠶᠠᠷ ᠢᠶᠠᠨ ᠴᠥᠮ ᠬᠢᠵᠢᠭ ᠢ ᠰᠡᠷᠭᠡᠶᠢᠯᠡᠬᠦ ᠦᠨᠳᠦᠰᠦᠨ ᠪᠠᠷᠢᠮᠵᠢᠶ᠎ᠠ ᠶᠢ | ᠵᠢᠷᠤᠮᠯᠠᠵᠤ᠂ ᠭᠠᠷ ᠢᠶᠠᠨ ᠰᠠᠶᠢᠲᠤᠷ ᠤᠬᠢᠶᠠᠬᠤ᠂ ᠠᠮᠠᠪᠴᠢ ᠵᠡᠭᠦᠬᠦ᠂ ᠨᠡᠶᠢᠭᠡᠮ ᠤᠨ ᠬᠠᠷᠢᠯᠴᠠᠭᠠᠨ ᠤ ᠵᠠᠢ ᠶᠢ ᠪᠠᠲᠤᠯᠠᠬᠤ ᠪᠠ ᠠᠷᠢᠭᠤᠳᠬᠠᠨ ᠴᠡᠪᠡᠷᠯᠡᠵᠦ᠂ ᠥᠪᠡᠷ ᠤᠨ | ᠡᠷᠡᠭᠦᠯ ᠮᠡᠨᠳᠦ ᠶᠢᠨ ᠢᠶᠠᠨ ᠨᠢᠭᠡᠳᠦᠭᠡᠷ ᠬᠠᠷᠢᠭᠤᠴᠠᠯᠭᠠᠲᠠᠨ ᠪᠣᠯᠬᠤ ᠬᠡᠷᠡᠭᠲᠡᠢ᠃ | ᠠᠪᠤᠷᠠᠨ ᠵᠠᠰᠠᠬᠤ ᠴᠢᠬᠤᠯᠠ ᠰᠠᠯᠠᠭ᠎ᠠ ᠲᠠᠰᠤᠭ ᠢ ︽ᠴᠢᠬᠤᠯᠠ ᠦᠭᠡᠢ ᠪᠣᠯ ᠪᠢᠲᠡᠭᠦᠮᠵᠢᠯᠡᠨ ᠡᠵᠡᠮᠳᠡᠬᠦ ᠦᠭᠡᠢ︾ ᠪᠠᠶᠢᠬᠤ ᠶᠢ ᠪᠡᠶᠡᠯᠡᠭᠦᠯᠬᠦ ᠬᠡᠷᠡᠭᠲᠡᠢ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠷ ᠰᠢᠯᠲᠠᠭ ᠪᠣᠯᠭᠠᠵᠤ ᠬᠢᠵᠢᠭ ᠤᠨ ᠪᠠᠶᠢᠳᠠᠯ ᠤᠨ ᠠᠶᠤᠯ ᠲᠦᠭᠰᠢᠭᠦᠷᠢ ᠡᠭᠦᠰᠦᠭᠰᠡᠨ ᠡᠮᠴᠢᠯᠡᠭᠡᠨ ᠤ | ᠪᠠᠶᠢᠭᠤᠯᠤᠮᠵᠢ ᠶᠢ ᠬᠠᠭᠠᠵᠤ ᠪᠢᠲᠡᠭᠦᠮᠵᠢᠯᠡᠵᠦ ᠪᠣᠯᠬᠤ ᠦᠭᠡᠢ᠂ ᠢᠯᠠᠩᠭᠤᠶ᠎ᠠ ᠡᠮᠴᠢᠯᠡᠭᠡᠨ ᠤ ᠪᠠᠶᠢᠭᠤᠯᠤᠮᠵᠢ ᠶᠢᠨ ᠲᠦᠷᠭᠡᠨ ᠡᠮᠨᠡᠬᠦ᠂ ᠨᠡᠪᠴᠢᠭᠦᠯᠦᠨ ᠢᠯᠭᠠᠷᠠᠭᠤᠯᠬᠤ | ᠲᠠᠰᠤᠭ᠂ ᠮᠡᠰᠡ ᠵᠠᠰᠠᠯ ᠤᠨ ᠲᠠᠰᠤᠭ᠂ ᠬᠥᠩᠭᠡᠵᠢᠯᠲᠡ ᠶᠢᠨ ᠲᠠᠰᠤᠭ᠂ ᠬᠦᠨᠳᠦ ᠡᠪᠡᠳᠴᠢᠲᠡᠨ ᠢ ᠬᠠᠷᠠᠭᠠᠯᠵᠠᠨ ᠬᠠᠮᠠᠭᠠᠯᠠᠬᠤ ᠲᠠᠰᠤᠭ ᠵᠡᠷᠭᠡ ᠴᠢᠬᠤᠯᠠ ᠪᠦᠬᠦᠢ | ᠠᠪᠤᠷᠠᠨ ᠵᠠᠰᠠᠬᠤ ᠰᠠᠯᠠᠭ᠎ᠠ ᠲᠠᠰᠤᠭ ᠢ ︽ᠴᠢᠬᠤᠯᠠ ᠦᠭᠡᠢ ᠪᠣᠯ ᠪᠢᠲᠡᠭᠦᠮᠵᠢᠯᠡᠨ ᠡᠵᠡᠮᠳᠡᠬᠦ ᠦᠭᠡᠢ︾ ᠪᠠᠶᠢᠬᠤ ᠶᠢ ᠪᠡᠶᠡᠯᠡᠭᠦᠯᠵᠦ᠂ ᠡᠪᠡᠳᠴᠢᠲᠡᠨ ᠢ ᠠᠪᠤᠷᠠᠨ | ᠵᠠᠰᠠᠬᠤ ᠶᠢ ᠪᠠᠲᠤᠯᠠᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠠᠴᠠ ᠪᠣᠯᠵᠤ ᠡᠮᠴᠢᠯᠡᠭᠡ ᠶᠢ ᠲᠦᠷ ᠵᠣᠭᠰᠤᠭᠠᠬᠤ ᠴᠢᠬᠤᠯᠠᠲᠠᠢ | ᠡᠮᠴᠢᠯᠡᠭᠡᠨ ᠤ ᠪᠠᠶᠢᠭᠤᠯᠤᠮᠵᠢ ᠶᠢᠨ ᠵᠠᠷᠢᠮ ᠰᠠᠯᠠᠭ᠎ᠠ ᠲᠠᠰᠤᠭ ᠢ ᠲᠤᠬᠠᠢ ᠶᠢᠨ ᠭᠠᠵᠠᠷ ᠤᠨ ᠵᠠᠭᠤᠴᠢᠯᠠᠭᠤᠷ ᠵᠢᠴᠢ ᠡᠮᠨᠡᠯᠭᠡ ᠶᠢᠨ ᠬᠤᠷᠢᠶᠠᠨ ᠤ ᠸᠢᠴᠠᠲ ᠤᠨ | ᠨᠡᠶᠢᠲᠡ ᠶᠢᠨ ᠳ᠋ᠤᠭᠠᠷ ᠵᠡᠷᠭᠡ ᠲᠠᠪᠴᠠᠩ ᠢᠶᠠᠷ ᠳᠠᠮᠵᠢᠭᠤᠯᠤᠨ ᠨᠡᠶᠢᠭᠡᠮ ᠳᠤ ᠨᠡᠶᠢᠲᠡᠯᠡᠵᠦ᠂ ᠡᠮᠴᠢᠯᠡᠭᠡ ᠶᠢ ᠵᠣᠭᠰᠣᠭᠠᠭᠰᠠᠨ ᠬᠤᠯᠪᠣᠭᠳᠠᠯ ᠪᠦᠬᠦᠢ ᠮᠡᠳᠡᠭᠡ ᠵᠠᠩᠭᠢ ᠶᠢ | ᠠᠷᠠᠳ ᠣᠯᠠᠨ ᠳᠤ ᠮᠡᠳᠡᠭᠦᠯᠬᠦ ᠬᠡᠷᠡᠭᠲᠡᠢ᠃ ᠡᠭᠦᠨ ᠳᠤ ᠴᠠᠭ ᠲᠤᠬᠠᠢ ᠳᠤ ᠨᠢ ᠪᠣᠳᠠᠲᠠᠢ ᠪᠠᠷ ᠮᠡᠳᠡᠭᠦᠯᠦᠨ ᠣᠶᠢᠯᠠᠭᠠᠭᠤᠯᠬᠤ ᠶᠢ ᠴᠢᠷᠮᠠᠶᠢᠨ ᠭᠦᠢᠴᠡᠳᠬᠡᠬᠦ ᠬᠡᠷᠡᠭᠲᠡᠢ᠃ | ᠦᠨᠡᠨ ᠬᠦ ᠲᠦᠭᠰᠢᠭᠦᠷᠢ ᠲᠠᠢ ᠪᠠᠶᠢᠵᠤ ᠪᠢᠲᠡᠭᠦᠮᠵᠢᠯᠡᠨ ᠡᠵᠡᠮᠳᠡᠬᠦ ᠴᠢᠬᠤᠯᠠᠲᠠᠢ ᠡᠮᠴᠢᠯᠡᠭᠡᠨ ᠤ ᠪᠠᠶᠢᠭᠤᠯᠤᠮᠵᠢ ᠵᠢᠴᠢ ᠬᠠᠮᠢᠶ᠎ᠠ ᠪᠦᠬᠦᠢ ᠰᠠᠯᠠᠭ᠎ᠠ ᠲᠠᠰᠤᠭ ᠲᠤ᠂ ᠪᠠᠴᠢᠮ | ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠲᠣᠭᠲᠠᠴᠠ ᠶᠢ ᠴᠢᠩᠭᠠᠷᠠᠭᠤᠯᠵᠤ᠂ ᠣᠷᠴᠢᠨ ᠲᠣᠭᠤᠷᠢᠨ ᠢ ᠠᠷᠢᠭᠤᠳᠬᠠᠬᠤ᠂ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ | ᠵᠡᠷᠭᠡ ᠠᠵᠢᠯ ᠢ ᠴᠠᠭ ᠲᠤᠬᠠᠢ ᠳᠤ ᠨᠢ ᠥᠷᠨᠢᠭᠦᠯᠵᠦ᠂ ᠬᠠᠯᠳᠠᠪᠤᠷᠢᠯᠠᠬᠤ ᠲᠦᠭᠰᠢᠭᠦᠷᠢ ᠶᠢ ᠬᠠᠮᠤᠭ ᠤᠨ ᠲᠦᠷᠭᠡᠨ ᠢᠶᠠᠷ ᠦᠭᠡᠶᠢᠰᠬᠡᠵᠦ᠂ ᠲᠦᠷᠭᠡᠨ ᠪᠢᠲᠡᠭᠦᠮᠵᠢᠯᠡᠵᠦ | ᠲᠦᠷᠭᠡᠨ ᠲᠠᠶᠢᠯᠬᠤ ᠶᠢ ᠪᠡᠶᠡᠯᠡᠭᠦᠯᠵᠦ᠂ ᠪᠢᠲᠡᠭᠦᠮᠵᠢᠯᠡᠯ ᠢ ᠲᠠᠶᠢᠯᠬᠤ ᠨᠥᠬᠦᠴᠡᠯ ᠳᠤ ᠭᠦᠷᠦᠭᠰᠡᠨ ᠤ ᠳᠠᠷᠠᠭ᠎ᠠ ᠲᠡᠷᠡ ᠳᠠᠷᠤᠢ ᠳᠤ ᠨᠢ ᠨᠡᠶᠢᠭᠡᠮ ᠳᠤ ᠨᠡᠶᠢᠲᠡᠯᠡᠵᠦ᠂ | ᠵᠣᠬᠢᠬᠤ ᠣᠨᠣᠰᠢᠯᠠᠨ ᠡᠮᠨᠡᠬᠦ ᠦᠢᠯᠡᠴᠢᠯᠡᠭᠡ ᠶᠢ ᠰᠡᠷᠭᠦᠭᠡᠬᠦ ᠬᠡᠷᠡᠭᠲᠡᠢ᠃ | ᠰᠢᠨ᠎ᠡ ᠪᠠᠷ ᠨᠡᠮᠡᠭᠳᠡᠭᠰᠡᠨ ᠬᠠᠯᠳᠠᠪᠤᠷᠢᠯᠠᠭᠰᠠᠳ ᠤᠨ ᠳᠣᠲᠣᠷ᠎ᠠ᠂ ᠶᠠᠭᠤᠨ ᠤ ᠤᠴᠢᠷ ᠠᠴᠠ ᠨᠡᠶᠢᠭᠡᠮ ᠤᠨ ᠲᠠᠯ᠎ᠠ ᠶᠢᠨ ᠬᠢᠨ ᠤ ᠰᠢᠭᠰᠢᠨ ᠪᠠᠶᠢᠴᠠᠭᠠᠯᠲᠠ ᠶᠢᠨ | ᠡᠵᠡᠯᠡᠬᠦ ᠬᠠᠷᠢᠴᠠᠯ ᠨᠡᠯᠢᠶᠡᠳ ᠥᠨᠳᠥᠷ ᠪᠠᠶᠢᠭ᠎ᠠ ᠪᠤᠶ ︖ | ᠨᠡᠶᠢᠭᠡᠮ ᠤᠨ ᠲᠠᠯ᠎ᠠ ᠶᠢᠨ ᠡᠪᠡᠳᠴᠢᠲᠡᠨ ᠤ ᠡᠵᠡᠯᠡᠬᠦ ᠬᠠᠷᠢᠴᠠᠯ ᠨᠡᠯᠢᠶᠡᠳ ᠥᠨᠳᠥᠷ ᠪᠠᠶᠢᠳᠠᠭ ᠨᠢ ᠭᠤᠣᠯᠳᠠᠭᠤ ᠬᠤᠶᠠᠷ ᠲᠠᠯ᠎ᠠ ᠶᠢᠨ ᠰᠢᠯᠲᠠᠭᠠᠨ ᠲᠠᠢ | ᠬᠤᠯᠪᠣᠭ᠎ᠠ ᠲᠠᠢ᠄ | ᠨᠢᠭᠡ ᠳᠤ᠂ ᠸᠢᠷᠦ᠋ᠰ ᠤᠨ ᠣᠨᠴᠠᠯᠢᠭ ᠰᠢᠨᠵᠢ ᠲᠠᠢ ᠬᠤᠯᠪᠣᠭ᠎ᠠ ᠲᠠᠢ᠃ ᠰᠢᠨ᠎ᠡ ᠲᠢᠲᠢᠮᠯᠢᠭ ᠸᠢᠷᠦ᠋ᠰ ᠨᠢ ᠦᠷᠭᠦᠯᠵᠢᠯᠡᠨ ᠤᠯᠠᠷᠢᠨ ᠬᠤᠪᠢᠰᠴᠤ᠂ ᠣᠮᠢᠺᠷᠦᠨ | ᠣᠨᠳᠣᠣᠰᠢᠭᠰᠠᠨ ᠸᠢᠷᠦ᠋ᠰ ᠨᠢ ᠲᠠᠷᠬᠠᠭᠠᠳ ᠨᠢᠭᠡᠨᠲᠡ ᠵᠢᠯ ᠭᠠᠷᠤᠢ ᠪᠣᠯᠤᠭᠰᠠᠨ ᠪᠥᠭᠡᠳ ᠪᠠᠰᠠ ᠮᠠᠰᠢ ᠦᠷᠭᠦᠯᠵᠢᠯᠡᠨ ᠰᠠᠯᠪᠤᠷᠢᠯᠠᠨ ᠬᠤᠪᠢᠰᠴᠤ᠂ ᠨᠢᠭᠤᠭᠳᠠᠮᠠᠯ ᠴᠢᠨᠠᠷ | ᠨᠢ ᠨᠡᠩ ᠴᠢᠩᠭ᠎ᠠ᠂ ᠲᠠᠷᠬᠠᠬᠤ ᠬᠤᠷᠳᠤᠴᠠ ᠨᠢ ᠴᠦ ᠨᠡᠩ ᠲᠦᠷᠭᠡᠨ ᠪᠣᠯᠤᠭᠰᠠᠨ ᠪᠠᠶᠢᠨ᠎ᠠ᠃ ᠬᠡᠷᠪᠡ ᠪᠢᠳ᠋ᠨ ᠪᠠᠶᠢᠩᠭᠤ ᠶᠢᠨ ᠰᠢᠯᠭᠠᠨ ᠪᠠᠶᠢᠴᠠᠭᠠᠬᠤ ᠪᠠ | ᠤᠷᠢᠳᠴᠢᠯᠠᠨ ᠰᠡᠷᠡᠮᠵᠢᠯᠡᠭᠦᠯᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠢ ᠪᠣᠯ ᠬᠢᠵᠢᠭ ᠤᠨ ᠪᠠᠶᠢᠳᠠᠯ ᠢ ᠡᠷᠲᠡ ᠢᠯᠡᠷᠡᠭᠦᠯᠵᠦ ᠳᠡᠶᠢᠯᠬᠦ | ᠦᠭᠡᠢ ᠪᠠᠶᠢᠵᠤ᠂ ᠰᠡᠷᠡᠵᠦ ᠮᠡᠳᠡᠬᠦ ᠦᠶ᠎ᠡ ᠳᠤ ᠨᠢᠭᠡᠨᠲᠡ ᠨᠡᠶᠢᠭᠡᠮ ᠲᠣᠭᠤᠷᠢᠭ ᠲᠤ ᠥᠷᠭᠡᠨ ᠢᠶᠠᠷ ᠲᠠᠷᠬᠠᠵᠤ᠂ ᠨᠡᠶᠢᠭᠡᠮ ᠤᠨ ᠲᠠᠯ᠎ᠠ ᠶᠢᠨ ᠬᠠᠯᠳᠠᠪᠤᠷᠢᠯᠠᠭᠰᠠᠳ ᠴᠤ | ᠤᠯᠠᠨ ᠪᠣᠯᠳᠠᠭ᠃ | ᠬᠤᠶᠠᠷ ᠲᠤ᠂ ᠬᠢᠵᠢᠭ ᠤᠨ ᠪᠠᠶᠢᠳᠠᠯ ᠳᠤ ᠬᠠᠨᠳᠤᠬᠤ ᠬᠤᠷᠳᠤᠴᠠ ᠲᠠᠢ ᠬᠤᠯᠪᠣᠭ᠎ᠠ ᠲᠠᠢ᠃ ᠬᠢᠵᠢᠭ ᠤᠨ ᠪᠠᠶᠢᠳᠠᠯ ᠢ ᠢᠯᠡᠷᠡᠭᠦᠯᠦᠭᠰᠡᠨ ᠡᠬᠢᠨ ᠤ | ᠬᠤᠭᠤᠴᠠᠭᠠᠨ ᠳᠤ᠂ ᠨᠡᠶᠢᠭᠡᠮ ᠤᠨ ᠬᠠᠯᠳᠠᠪᠤᠷᠢᠯᠠᠭᠳᠠᠭᠰᠠᠳ ᠢ ᠴᠠᠭ ᠲᠤᠬᠠᠢ ᠳᠤ ᠨᠢ ᠢᠯᠡᠷᠡᠭᠦᠯᠬᠦ ᠪᠠ ᠬᠠᠮᠢᠶᠠᠷᠤᠨ ᠡᠵᠡᠮᠳᠡᠵᠦ᠂ ᠨᠢᠭᠲᠠ ᠣᠶᠢᠷᠠᠲᠤᠭᠰᠠᠳ ᠢ ᠨᠢ | ᠣᠨᠣᠪᠴᠢᠲᠠᠶ ᠮᠠᠭᠠᠳᠯᠠᠨ ᠲᠣᠭᠲᠠᠭᠠᠬᠤ ᠪᠠ ᠬᠠᠮᠢᠶᠠᠷᠤᠨ ᠡᠵᠡᠮᠳᠡᠵᠦ᠂ ᠲᠦᠭᠰᠢᠭᠦᠷᠢᠲᠦ ᠣᠷᠣᠨ ᠢ ᠴᠠᠭ ᠲᠤᠬᠠᠢ ᠳᠤ ᠨᠢ ᠣᠨᠣᠪᠴᠢᠲᠠᠶ ᠵᠠᠭᠠᠭᠯᠠᠨ | ᠲᠣᠭᠲᠠᠭᠠᠬᠤ ᠶᠢᠨ ᠬᠠᠮᠲᠤ ᠨᠡᠶᠢᠲᠡᠯᠡᠬᠦ ᠵᠡᠷᠭᠡ ᠪᠣᠯ ᠴᠥᠮ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠩᠬᠠᠨ ᠤ ᠲᠣᠬᠢᠶᠠᠯ ᠢ ᠡᠵᠡᠮᠳᠡᠬᠦ ᠵᠠᠩᠭᠢᠯᠠᠭ᠎ᠠ ᠮᠥᠨ᠃ | ᠬᠡᠷᠪᠡ ᠡᠷᠡᠭᠡᠯᠵᠡᠨ ᠲᠠᠲᠠᠭᠠᠯᠵᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠠᠩᠭᠢᠯᠠᠭ᠎ᠠ ᠶᠢᠨ ᠬᠤᠭᠤᠴᠠᠭ᠎ᠠ ᠶᠢ ᠠᠯᠳᠠᠬᠤ ᠳᠤ ᠬᠦᠷᠪᠡᠯ᠂ ᠰᠡᠭᠦᠯᠴᠢ ᠶᠢᠨ | ᠬᠤᠭᠤᠴᠠᠭᠠᠨ ᠳᠤ ᠨᠡᠶᠢᠭᠡᠮ ᠤᠨ ᠲᠠᠯ᠎ᠠ ᠶᠢᠨ ᠬᠠᠯᠳᠠᠪᠤᠷᠢᠯᠠᠭᠰᠠᠳ ᠣᠬᠤᠷᠬᠠᠨ ᠬᠤᠭᠤᠴᠠᠭᠠᠨ ᠳᠤ ᠲᠦᠷᠭᠡᠨ ᠢᠶᠠᠷ ᠨᠡᠮᠡᠭᠳᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠬᠦᠴᠢᠷᠳᠡᠯ ᠤᠨ ᠬᠡᠮᠵᠢᠶ᠎ᠡ ᠴᠦ ᠶᠡᠭᠡ ᠪᠠᠷ ᠨᠡᠮᠡᠭᠳᠡᠬᠦ ᠪᠣᠯᠣᠨ᠎ᠠ᠃ | ᠥᠨᠳᠥᠷ ᠳᠡᠰ ᠤᠨ ᠲᠦᠭᠰᠢᠭᠦᠷᠢᠲᠦ ᠣᠷᠣᠨ ᠢ ᠬᠦᠴᠦᠨ ᠦᠭᠡᠢ ᠪᠣᠯᠭᠠᠬᠤ ᠦᠨᠳᠦᠰᠦᠯᠡᠯ ᠨᠢ ᠶᠠᠭᠤ ᠪᠣᠶ︖ | ᠥᠨᠳᠥᠷ ᠳᠡᠰ ᠤᠨ ᠲᠦᠭᠰᠢᠭᠦᠷᠢᠲᠦ ᠣᠷᠣᠨ ᠳᠤ ᠵᠠᠯᠭᠠᠭ᠎ᠠ ᠪᠠᠷ 5 ᠡᠳᠦᠷ ᠰᠢᠨ᠎ᠡ ᠪᠠᠷ ᠨᠡᠮᠡᠭᠳᠡᠭᠰᠡᠨ ᠬᠠᠯᠳᠠᠪᠤᠷᠢᠯᠠᠭᠰᠠᠳ ᠢᠯᠡᠷᠡᠬᠦ ᠦᠭᠡᠢ ᠪᠣᠯ ᠳᠣᠣᠷ᠎ᠠ | ᠳᠡᠰ ᠤᠨ ᠲᠦᠭᠰᠢᠭᠦᠷᠢᠲᠦ ᠣᠷᠣᠨ ᠪᠣᠯᠭᠠᠨ ᠪᠠᠭᠤᠷᠠᠭᠤᠯᠵᠤ ᠪᠣᠯᠣᠨ᠎ᠠ᠂ ᠡᠶᠢᠮᠦᠷᠬᠦᠦ ᠲᠣᠬᠢᠷᠠᠭᠤᠯᠤᠯᠲᠠ ᠨᠢ ᠭᠤᠣᠯᠳᠠᠭᠤ ᠶᠢᠰᠦᠳᠦᠭᠡᠷ ᠬᠡᠪᠯᠡᠯ ᠤᠨ ᠰᠡᠷᠭᠡᠶᠢᠯᠡᠨ | ᠡᠵᠡᠮᠳᠡᠬᠦ ᠲᠥᠰᠥᠯ ᠤᠨ ᠦᠢᠯᠡᠳᠦᠯᠭᠡ ᠶᠢᠨ ᠦᠨᠡᠯᠡᠨ ᠵᠢᠱᠢᠯᠲᠡ ᠶᠢᠨ ᠲᠤᠭ᠎ᠠ ᠪᠠᠷᠢᠮᠲᠠ ᠵᠢᠴᠢ ᠲᠦᠭᠰᠢᠭᠦᠷᠢ ᠶᠢ ᠰᠤᠳᠤᠯᠤᠨ ᠮᠠᠭᠠᠳᠯᠠᠬᠤ ᠭᠡᠷᠡᠴᠢ ᠪᠠᠷᠢᠮᠲᠠ ᠳᠤ | ᠰᠠᠭᠤᠷᠢᠯᠠᠭᠰᠠᠨ ᠶᠤᠮ᠃ ᠥᠭᠡᠷ᠎ᠡ ᠪᠠᠷ ᠬᠡᠯᠡᠪᠡᠯ᠂ ᠪᠥᠭᠡᠮ ᠬᠦᠴᠢᠯ ᠤᠨ ᠪᠠᠶᠢᠴᠠᠭᠠᠯᠲᠠ ᠶᠢᠨ ᠠᠷᠭ᠎ᠠ ᠴᠢᠨᠠᠷᠲᠠᠢ ᠬᠥᠮᠥᠰ ᠵᠢᠴᠢ ᠲᠡᠭᠦᠨ ᠲᠠᠢ ᠨᠢᠭᠲᠠ | ᠣᠶᠢᠷᠠᠲᠤᠭᠰᠠᠳ ᠢ ᠴᠥᠮ ᠪᠤᠰᠢᠭᠤ ᠲᠦᠷᠭᠡᠨ ᠢᠶᠠᠷ ᠲᠤᠰᠠᠭᠠᠷᠯᠠᠨ ᠬᠠᠮᠢᠶᠠᠷᠬᠤ ᠪᠠ ᠡᠵᠡᠮᠳᠡᠬᠦ ᠶᠢᠨ ᠬᠠᠮᠲᠤ ᠴᠠᠭ ᠲᠤᠬᠠᠢ ᠳᠤ ᠨᠢ ᠰᠢᠯᠵᠢᠭᠦᠯᠦᠨ ᠵᠥᠭᠡᠭᠡᠪᠦᠷᠢᠯᠡᠵᠦ | ᠴᠢᠳᠠᠭᠰᠠᠨ ᠪᠠᠶᠢᠳᠠᠯ ᠳᠣᠣᠷ᠎ᠠ᠂ ᠥᠨᠳᠥᠷ ᠳᠡᠰ ᠤᠨ ᠲᠦᠭᠰᠢᠭᠦᠷᠢᠲᠦ ᠣᠷᠣᠨ ᠤ ᠬᠠᠮᠢᠶᠠᠷᠤᠨ ᠡᠵᠡᠮᠳᠡᠬᠦ ᠬᠥᠮᠥᠰ ᠤᠨ ᠳᠣᠲᠣᠷ᠎ᠠ 5 ᠡᠳᠦᠷ ᠳᠠᠷᠠᠭᠠᠯᠠᠨ ᠰᠢᠨ᠎ᠡ ᠪᠠᠷ | ᠨᠡᠮᠡᠭᠳᠡᠭᠰᠡᠨ ᠬᠠᠯᠳᠠᠪᠤᠷᠢᠯᠠᠭᠰᠠᠳ ᠢᠯᠡᠷᠡᠬᠦ ᠦᠭᠡᠢ ᠪᠣᠯ ᠥᠨᠳᠥᠷ ᠳᠡᠰ ᠤᠨ ᠲᠦᠭᠰᠢᠭᠦᠷᠢᠲᠦ ᠣᠷᠣᠨ ᠤ ᠨᠡᠶᠢᠭᠡᠮ ᠲᠣᠭᠤᠷᠢᠭ ᠲᠠᠬᠢ ᠲᠠᠷᠬᠠᠭᠠᠯᠲᠠ | ᠦᠨᠳᠦᠰᠦᠨ ᠳᠤ ᠪᠠᠨ ᠲᠠᠰᠤᠯᠤᠭᠳᠠᠭᠰᠠᠨ ᠢ ᠬᠠᠷᠠᠭᠤᠯᠵᠤ ᠪᠠᠶᠢᠨ᠎ᠠ᠃ ᠣᠷᠣᠨ ᠬᠡᠪᠴᠢᠶᠡᠨ ᠤ ᠬᠥᠮᠥᠰ ᠤᠨ ᠴᠢᠬᠤᠯᠠ ᠪᠤᠰᠤ ᠬᠠᠮᠢᠶᠠᠷᠤᠯᠲᠠ ᠡᠵᠡᠮᠳᠡᠯ ᠢ ᠠᠯᠢ | ᠴᠢᠳᠠᠬᠤ ᠪᠠᠷ ᠪᠠᠭᠠᠰᠬᠠᠬᠤ ᠶᠢᠨ ᠲᠥᠯᠥᠭᠡ᠂ ᠬᠤᠷᠢᠨ ᠵᠦᠢᠯ ᠤᠨ ᠰᠢᠯᠢᠳᠡᠭᠵᠢᠭᠦᠯᠬᠦ ᠠᠷᠭ᠎ᠠ ᠬᠡᠮᠵᠢᠶ᠎ᠡ ᠳᠤ ᠤᠤᠯ ᠤᠨ 7 ᠡᠳᠦᠷ ᠲᠤᠰᠠᠭᠠᠷᠯᠠᠬᠤ ᠠᠴᠠ 5 ᠡᠳᠦᠷ | ᠲᠤᠰᠠᠭᠠᠷᠯᠠᠬᠤ ᠪᠣᠯᠭᠠᠨ ᠲᠣᠬᠢᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠠᠩ ᠰᠠᠶᠢᠲᠤᠷ | ᠨᠢᠭᠡᠳᠦᠯᠲᠡᠢ ᠲᠥᠯᠥᠪᠯᠡᠬᠦ ᠳᠤ ᠠᠰᠢᠭᠲᠠᠢ ᠪᠣᠯᠭᠠᠪᠠ᠃ | ᠳᠣᠣᠷ᠎ᠠ ᠳᠡᠰ ᠤᠨ ᠲᠦᠭᠰᠢᠭᠦᠷᠢᠲᠦ ᠣᠷᠣᠨ ᠭᠡᠳᠡᠭ ᠨᠢ ᠶᠠᠮᠠᠷ ᠤᠬᠠᠭᠳᠠᠬᠤᠨ ᠪᠣᠶ︖ | ᠳᠣᠣᠷ᠎ᠠ ᠳᠡᠰ ᠤᠨ ᠲᠦᠭᠰᠢᠭᠦᠷᠢᠲᠦ ᠣᠷᠣᠨ ᠤ ᠤᠬᠠᠭᠳᠠᠬᠤᠨ ᠨᠢ ᠳᠠᠷᠤᠢ ᠥᠨᠳᠥᠷ ᠳᠡᠰ ᠤᠨ ᠲᠦᠭᠰᠢᠭᠦᠷᠢᠲᠦ ᠣᠷᠣᠨ ᠤ ᠪᠠᠶᠢᠭ᠎ᠠ ᠰᠢᠶᠠᠨ ︵ᠬᠤᠲᠠ᠂ | ᠲᠣᠭᠤᠷᠢᠭ᠂ ᠬᠤᠰᠢᠭᠤ︶ ᠤ ᠳᠣᠲᠣᠷᠠᠬᠢ ᠥᠨᠳᠥᠷ ᠳᠡᠰ ᠤᠨ ᠲᠦᠭᠰᠢᠭᠦᠷᠢᠲᠦ ᠣᠷᠣᠨ ᠠᠴᠠ ᠪᠤᠰᠤᠳ ᠭᠠᠵᠠᠷ ᠣᠷᠣᠨ ᠢ ᠳᠣᠣᠷ᠎ᠠ ᠳᠡᠰ ᠤᠨ ᠲᠦᠭᠰᠢᠭᠦᠷᠢᠲᠦ | ᠣᠷᠣᠨ ᠪᠣᠯᠭᠠᠨ ᠵᠠᠭᠠᠭᠯᠠᠨ ᠲᠣᠭᠲᠠᠭᠠᠭᠰᠠᠨ ᠢ ᠵᠢᠭᠠᠵᠤ ᠪᠤᠢ᠃ ᠳᠣᠣᠷ᠎ᠠ ᠳᠡᠰ ᠤᠨ ᠲᠦᠭᠰᠢᠭᠦᠷᠢᠲᠦ ᠣᠷᠣᠨ ᠳᠤ ᠪᠢᠳᠡ ︽ᠬᠤᠪᠢ ᠬᠥᠮᠥᠨ ᠰᠡᠷᠭᠡᠶᠢᠯᠡᠨ | ᠬᠠᠮᠠᠭᠠᠯᠠᠬᠤ᠂ ᠴᠤᠭᠯᠠᠷᠠᠬᠤ ᠠᠴᠠ ᠵᠠᠶᠢᠯᠠᠰᠬᠢᠬᠦ︾ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ ᠳᠣᠣᠷ᠎ᠠ ᠳᠡᠰ ᠤᠨ ᠲᠦᠭᠰᠢᠭᠦᠷᠢᠲᠦ ᠣᠷᠣᠨ ᠤ | ᠤᠯᠠᠨ ᠲᠦᠮᠡᠨ ᠭᠠᠳᠠᠭᠰᠢ ᠭᠠᠷᠬᠤ ᠪᠠᠨ ᠴᠥᠭᠡᠳᠬᠡᠵᠦ᠂ ᠪᠥᠭᠡᠮᠨᠡᠷᠡᠨ ᠴᠤᠭᠯᠠᠷᠠᠬᠤ ᠦᠭᠡᠢ ᠪᠠᠶᠢᠵᠤ᠂ ᠭᠠᠳᠠᠭᠰᠢ ᠭᠠᠷᠬᠤ ᠳᠤ ᠪᠠᠨ ᠰᠠᠶᠢᠲᠤᠷ ᠰᠡᠷᠭᠡᠶᠢᠯᠡᠨ | ᠬᠠᠮᠠᠭᠠᠯᠠᠬᠤ ᠬᠡᠷᠡᠭᠲᠡᠢ︔ ᠣᠷᠣᠨ ᠬᠡᠪᠴᠢᠶᠡᠨ ᠤ ᠳᠣᠲᠣᠷᠠᠬᠢ ᠲᠦᠭᠰᠢᠭᠦᠷᠢᠲᠦ ᠬᠥᠮᠥᠰ ᠢ ᠵᠢᠭᠰᠠᠭᠠᠨ ᠪᠠᠶᠢᠴᠠᠭᠠᠬᠤ᠂ ᠪᠥᠭᠡᠮ ᠬᠦᠴᠢᠯ ᠤᠨ ᠪᠠᠶᠢᠴᠠᠭᠠᠯᠲᠠ ᠬᠢᠬᠦ | ᠵᠡᠷᠭᠡ ᠬᠢᠵᠢᠭ ᠢ ᠰᠡᠷᠭᠡᠶᠢᠯᠡᠬᠦ ᠠᠵᠢᠯ ᠳᠤ ᠰᠠᠨᠠᠭᠠᠴᠢᠯᠠᠭ᠎ᠠ ᠠᠴᠠ ᠪᠠᠨ ᠬᠠᠮᠵᠢᠯᠴᠠᠬᠤ ᠬᠡᠷᠡᠭᠲᠡᠢ︔ ᠬᠠᠯᠠᠭᠤᠷᠠᠬᠤ᠂ ᠬᠠᠭᠤᠷᠠᠢ ᠪᠠᠷ ᠬᠠᠨᠢᠶᠠᠬᠤ᠂ ᠲᠠᠮᠢᠷᠳᠠᠬᠤ᠂ | ᠬᠤᠭᠤᠯᠠᠢ ᠡᠪᠡᠳᠬᠦ᠂ ᠠᠮᠲᠠᠯᠠᠬᠤ ᠰᠡᠷᠡᠯ ᠪᠠ ᠦᠨᠦᠷᠯᠡᠬᠦ ᠰᠡᠷᠡᠯ ᠮᠠᠭᠤᠳᠠᠬᠤ᠂ ᠬᠠᠮᠠᠷ ᠪᠥᠭᠯᠡᠷᠡᠬᠦ᠂ ᠨᠢᠰᠤ ᠭᠤᠭᠤᠵᠢᠬᠤ᠂ ᠨᠡᠶᠢᠯᠡᠮᠡᠯ ᠪᠦᠷᠬᠦᠪᠴᠢ ᠶᠢᠨ ᠦᠷᠪᠢᠰᠦᠯ᠂ | ᠪᠤᠯᠴᠢᠩ ᠡᠪᠡᠳᠬᠦ᠂ ᠰᠠᠭᠤᠯᠭᠠᠬᠤ ᠵᠡᠷᠭᠡ ᠪᠠᠶᠢᠳᠠᠯ ᠢᠯᠡᠷᠡᠪᠡᠯ᠂ ᠳᠠᠷᠤᠢ ᠤᠯᠠᠨ ᠲᠦᠮᠡᠨ ᠤ ᠦᠷᠭᠦᠯᠵᠢ ᠬᠡᠯᠡᠯᠴᠡᠳᠡᠭ ︽ᠠᠷᠪᠠᠨ ᠶᠡᠭᠡ ᠡᠪᠡᠳᠴᠢᠨ ᠤ ᠢᠯᠡᠷᠡᠯ︾ | ᠭᠠᠷᠤᠭᠰᠠᠨ ᠤ ᠳᠠᠷᠠᠭ᠎ᠠ᠂ ᠴᠠᠭ ᠲᠤᠬᠠᠢ ᠳᠤ ᠨᠢ ᠰᠠᠨᠠᠭᠠᠴᠢᠯᠠᠭ᠎ᠠ ᠠᠴᠠ ᠪᠠᠨ ᠡᠮᠴᠢᠯᠡᠭᠡᠨ ᠤ ᠪᠠᠶᠢᠭᠤᠯᠤᠮᠵᠢ ᠳᠤ ᠬᠦᠷᠴᠦ ᠡᠮᠨᠡᠭᠦᠯᠦᠨ᠂ ᠸᠢᠷᠦ᠋ᠰ ᠤᠨ ᠬᠠᠯᠳᠠᠪᠤᠷᠢᠯᠠᠯ ᠢ | ᠴᠠᠭ ᠲᠤᠬᠠᠢ ᠳᠤ ᠨᠢ ᠪᠠᠶᠢᠴᠠᠭᠠᠬᠤ ᠬᠡᠷᠡᠭᠲᠡᠢ᠃ ᠡᠭᠦᠨ ᠤ ᠵᠡᠷᠭᠡ ᠳᠤ᠂ ᠳᠣᠣᠷ᠎ᠠ ᠳᠡᠰ ᠤᠨ ᠲᠦᠭᠰᠢᠭᠦᠷᠢᠲᠦ ᠣᠷᠣᠨ ᠤ ᠣᠯᠠᠨ ᠲᠦᠮᠡᠨ ᠢ ᠡᠷᠬᠡᠪᠰᠢ ᠲᠣᠰ ᠣᠷᠣᠨ | ᠪᠦᠰᠡ ᠠᠴᠠ ᠪᠠᠨ ᠰᠠᠯᠬᠤ ᠦᠭᠡᠢ ᠪᠠᠶᠢᠬᠤ ᠶᠢ ᠰᠠᠨᠠᠭᠠᠴᠢᠯᠠᠨ᠎ᠠ᠂ ᠬᠡᠷᠪᠡ ᠦᠨᠡᠨ ᠬᠦ ᠪᠠᠶᠢᠭ᠎ᠠ ᠬᠤᠲᠠ ᠠᠴᠠ ᠪᠠᠨ ᠰᠠᠯᠬᠤ ᠴᠢᠬᠤᠯᠠᠲᠠᠢ ᠪᠣᠯ ᠡᠷᠬᠡᠪᠰᠢ 48 ᠴᠠᠭ ᠤᠨ | ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠪᠠᠶᠢᠬᠤ ᠬᠡᠷᠡᠭᠲᠡᠢ᠃ | ᠭᠡᠷ ᠲᠤ ᠪᠠᠨ ᠲᠤᠰᠠᠭᠠᠷᠯᠠᠬᠤ ᠪᠠ ᠭᠡᠷ ᠲᠤ ᠪᠠᠨ ᠡᠷᠡᠭᠦᠯ ᠮᠡᠨᠳᠦ ᠶᠢᠨ ᠬᠢᠨᠠᠨ ᠪᠠᠶᠢᠴᠠᠭᠠᠯᠲᠠ ᠬᠢᠬᠦ ᠨᠢ ᠶᠠᠮᠠᠷ ᠢᠯᠭᠠᠭ᠎ᠠ ᠲᠠᠢ ᠪᠣᠶ︖ | ᠭᠡᠷ ᠲᠤ ᠪᠠᠨ ᠲᠤᠰᠠᠭᠠᠷᠯᠠᠬᠤ ᠪᠠ ᠭᠡᠷ ᠲᠤ ᠪᠠᠨ ᠡᠷᠡᠭᠦᠯ ᠮᠡᠨᠳᠦ ᠶᠢᠨ ᠬᠢᠨᠠᠨ ᠪᠠᠶᠢᠴᠠᠭᠠᠯᠲᠠ ᠬᠢᠬᠦ ᠬᠥᠮᠥᠰ ᠲᠤ ᠶᠠᠮᠠᠷ ᠭᠤᠣᠯ ᠢᠯᠭᠠᠭ᠎ᠠ ᠲᠠᠢ ᠪᠣᠶ ︖ ᠡᠨᠡ | ᠬᠤᠶᠠᠷ ᠲᠥᠷᠥᠯ ᠤᠨ ᠬᠥᠮᠥᠰ ᠤᠨ ᠬᠠᠯᠳᠠᠪᠤᠷᠢᠯᠠᠬᠤ ᠲᠦᠭᠰᠢᠭᠦᠷᠢ ᠶᠢᠨ ᠶᠡᠭᠡ ᠪᠠᠭ᠎ᠠ ᠨᠢ ᠠᠳᠠᠯᠢ ᠦᠭᠡᠢ ᠪᠠᠶᠢᠳᠠᠭ᠂ ᠡᠶᠢᠮᠦ ᠠᠴᠠ ᠪᠦᠬᠦᠶᠢᠯᠡ ᠬᠠᠮᠢᠶᠠᠷᠤᠯᠲᠠ ᠶᠢᠨ | ᠱᠠᠭᠠᠷᠳᠠᠯᠭ᠎ᠠ ᠶᠢᠨ ᠲᠠᠯ᠎ᠠ ᠪᠠᠷ ᠴᠤ ᠠᠳᠠᠯᠢ ᠦᠭᠡᠢ ᠪᠠᠶᠢᠳᠠᠭ᠃ | ᠡᠩ ᠲᠡᠷᠢᠭᠦᠨ ᠳᠤ ᠭᠡᠷ ᠲᠤ ᠪᠠᠨ ᠲᠤᠰᠠᠭᠠᠷᠯᠠᠬᠤ ᠬᠥᠮᠥᠰ ᠨᠢ ᠲᠤᠰᠠᠭᠠᠷᠯᠠᠵᠤ ᠪᠠᠶᠢᠭ᠎ᠠ ᠬᠤᠭᠤᠴᠠᠭᠠᠨ ᠳᠤ ᠲᠡᠳᠡᠨᠦᠰ ᠲᠤ ᠺᠣᠳ᠋ ᠣᠯᠭᠤᠵᠤ᠂ ᠲᠣᠰ ᠬᠥᠮᠥᠨ ᠪᠠ | ᠬᠠᠮᠲᠤ ᠰᠠᠭᠤᠵᠤ ᠪᠠᠶᠢᠭ᠎ᠠ ᠬᠥᠮᠥᠰ ᠤᠨ ᠭᠠᠳᠠᠭᠰᠢ ᠭᠠᠷᠬᠤ ᠶᠢ ᠴᠢᠩᠭ᠎ᠠ ᠬᠢᠵᠠᠭᠠᠷᠯᠠᠵᠤ᠂ ᠠᠯᠢᠪᠠ ᠡᠷᠭᠢᠨ ᠦᠵᠡᠬᠦ ᠦᠢᠯᠡ ᠠᠵᠢᠯᠯᠠᠭ᠎ᠠ ᠶᠢ ᠵᠥᠪᠰᠢᠶᠡᠷᠡᠬᠦ ᠦᠭᠡᠢ | ᠪᠠᠶᠢᠵᠤ᠂ ᠡᠨᠡ ᠬᠤᠭᠤᠴᠠᠭᠠᠨ ᠳᠤ ᠪᠥᠭᠡᠮ ᠬᠦᠴᠢᠯ ᠤᠨ ᠪᠠᠶᠢᠴᠠᠭᠠᠯᠲᠠ ᠬᠢᠬᠦ ᠳᠤ ᠨᠡᠶᠢᠭᠡᠮ ᠲᠣᠭᠤᠷᠢᠭ ᠤᠨ ᠵᠣᠬᠢᠶᠠᠨ ᠪᠠᠶᠢᠭᠤᠯᠵᠤ ᠥᠯᠢᠭᠡᠷ ᠠᠪᠬᠤ ᠬᠥᠮᠥᠰ | ᠭᠡᠷ ᠲᠤ ᠨᠢ ᠬᠦᠷᠴᠦ ᠥᠯᠢᠭᠡᠷ ᠠᠪᠤᠨ᠎ᠠ᠃ ᠬᠡᠯᠡᠯᠭᠡᠨ ᠦᠭᠡᠢ᠂ ᠲᠤᠰᠠᠭᠠᠷᠯᠠᠬᠤ ᠬᠤᠭᠤᠴᠠᠭᠠᠨ ᠳᠤ ᠡᠪᠡᠳᠴᠢᠨ ᠦᠵᠡᠭᠦᠯᠬᠦ ᠵᠡᠷᠭᠡ ᠰᠢᠯᠲᠠᠭᠠᠨ ᠠᠴᠠ ᠪᠣᠯᠵᠤ | ᠭᠠᠳᠠᠭᠰᠢ ᠭᠠᠷᠬᠤ ᠴᠢᠬᠤᠯᠠᠲᠠᠢ ᠦᠶ᠎ᠡ ᠳᠤ᠂ ᠨᠡᠶᠢᠭᠡᠮ ᠲᠣᠭᠤᠷᠢᠭ ᠠᠴᠠ ᠲᠤᠰᠬᠠᠢ ᠬᠥᠮᠥᠨ ᠪᠠ ᠲᠤᠰᠬᠠᠢ ᠲᠡᠷᠭᠡ ᠲᠣᠬᠢᠷᠠᠭᠤᠯᠵᠤ᠂ ᠪᠥᠬᠦ ᠶᠠᠪᠤᠴᠠ ᠳᠤ ᠬᠤᠪᠢ | ᠬᠥᠮᠥᠨ ᠤ ᠬᠠᠮᠠᠭᠠᠯᠠᠯᠲᠠ ᠶᠢ ᠰᠠᠶᠢᠲᠤᠷ ᠬᠢᠵᠦ᠂ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠨᠠᠶᠢᠳᠠᠪᠤᠷᠢᠵᠢᠭᠤᠯᠬᠤ ᠬᠡᠷᠡᠭᠲᠡᠢ᠃ | ᠭᠡᠷ ᠲᠤ ᠪᠠᠨ ᠡᠷᠡᠭᠦᠯ ᠮᠡᠨᠳᠦ ᠶᠢᠨ ᠬᠢᠨᠠᠨ ᠪᠠᠶᠢᠴᠠᠭᠠᠯᠲᠠ ᠬᠢᠬᠦ ᠬᠥᠮᠥᠰ ᠨᠢ ᠬᠠᠮᠢᠶᠠᠷᠤᠯᠲᠠ ᠶᠢᠨ ᠬᠤᠭᠤᠴᠠᠭᠠᠨ ᠳᠤ ᠴᠢᠳᠠᠬᠤ ᠶᠢᠨ ᠳᠣᠲᠣᠷ᠎ᠠ ᠭᠠᠳᠠᠭᠰᠢ | ᠭᠠᠷᠬᠤ ᠦᠭᠡᠢ ᠪᠠᠶᠢᠬᠤ ᠬᠡᠷᠡᠭᠲᠡᠢ᠃ ᠬᠡᠷᠪᠡ ᠦᠨᠡᠨ ᠬᠦ ᠡᠪᠡᠳᠴᠢᠨ ᠦᠵᠡᠭᠦᠯᠬᠦ ᠬᠡᠷᠡᠭᠴᠡᠭᠡ ᠠᠴᠠ ᠪᠣᠯᠵᠤ ᠭᠠᠳᠠᠭᠰᠢ ᠭᠠᠷᠬᠤ ᠴᠢᠬᠤᠯᠠᠲᠠᠢ ᠪᠣᠯ᠂ ᠡᠨᠡ ᠦᠶ᠎ᠡ ᠳᠤ | ᠬᠤᠪᠢ ᠬᠥᠮᠥᠨ ᠤ ᠬᠠᠮᠠᠭᠠᠯᠠᠯᠲᠠ ᠪᠠᠨ ᠰᠠᠶᠢᠲᠤᠷ ᠬᠢᠵᠦ᠂ ᠱᠠᠭᠠᠷᠳᠠᠯᠭ᠎ᠠ ᠶᠣᠰᠣᠭᠠᠷ N95/KN95 ᠮᠥᠬᠦᠯᠢᠭᠲᠦ ᠪᠣᠳᠠᠰ ᠤᠨ ᠬᠠᠮᠠᠭᠠᠯᠠᠯᠲᠠ ᠶᠢᠨ ᠠᠮᠠᠪᠴᠢ | ᠵᠡᠭᠦᠵᠦ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠠᠭᠤᠬᠤ ᠠᠴᠠ ᠵᠠᠶᠢᠯᠠᠰᠬᠢᠬᠦ ᠶᠢᠨ ᠬᠠᠮᠲᠤ ᠬᠥᠮᠥᠨ ᠣᠯᠠᠨ ᠴᠤᠭᠯᠠᠷᠠᠬᠤ ᠨᠡᠶᠢᠲᠡ ᠶᠢᠨ | ᠲᠠᠯᠠᠪᠤᠷ ᠲᠤ ᠣᠴᠢᠵᠤ ᠪᠣᠯᠬᠤ ᠦᠭᠡᠢ ᠃ ᠭᠡᠪᠡᠴᠦ ᠨᠢᠭᠡᠨ ᠮᠠᠰᠢ ᠣᠨᠳᠣᠣ ᠲᠠᠯ᠎ᠠ ᠭᠡᠪᠡᠯ ᠳᠠᠷᠤᠢ ᠲᠡᠳᠡᠨ ᠤ ᠬᠠᠮᠲᠤ ᠰᠠᠭᠤᠵᠤ ᠪᠠᠶᠢᠭ᠎ᠠ ᠬᠥᠮᠥᠰ ᠤᠨ ᠠᠵᠢᠯᠯᠠᠭ᠎ᠠ | ᠶᠢ ᠬᠢᠵᠠᠭᠠᠷᠯᠠᠬᠤ ᠦᠭᠡᠢ ᠪᠠᠶᠢᠬᠤ ᠶᠠᠪᠤᠳᠠᠯ ᠪᠣᠯᠣᠨ᠎ᠠ᠃ | 10 ᠲᠦᠮᠡᠨ ᠬᠥᠮᠥᠨ ᠪᠦᠷᠢ ᠳᠤ ᠨᠣᠭᠳᠠᠬᠤ ᠬᠦᠨᠳᠦ ᠡᠪᠡᠳᠴᠢᠲᠡᠨ ᠤ ᠡᠮᠴᠢᠯᠡᠭᠡᠨ ᠤ ᠣᠷᠣ 4 ᠬᠦᠷᠬᠦ ᠦᠭᠡᠢ ᠪᠠᠶᠢᠵᠤ᠂ ᠬᠦᠨᠳᠦ ᠡᠪᠡᠳᠴᠢᠲᠡᠨ ᠢ ᠡᠮᠨᠡᠨ | ᠵᠠᠰᠠᠬᠤ ᠬᠦᠴᠦᠨ ᠤ ᠨᠥᠭᠡᠴᠡᠯᠡᠯᠲᠡ ᠶᠢ ᠴᠢᠩᠭᠠᠳᠬᠠᠬᠤ ᠨᠢ ᠲᠤᠶᠢᠯ ᠤᠨ ᠴᠢᠬᠤᠯᠠ ᠪᠠᠶᠢᠳᠠᠭ | ᠮᠠᠨ ᠤ ᠤᠯᠤᠰ ᠤᠨ ᠡᠮᠴᠢᠯᠡᠭᠡᠨ ᠤ ᠡᠬᠢ ᠪᠠᠶᠠᠯᠢᠭ ᠤᠨ ᠬᠥᠭᠵᠢᠯᠲᠡ ᠲᠡᠩᠴᠡᠭᠦᠷᠢ ᠦᠭᠡᠢ ᠪᠥᠭᠡᠳ ᠭᠦᠢᠴᠡᠳ ᠦᠭᠡᠢ ᠪᠠᠶᠢᠵᠤ᠂ ᠢᠯᠠᠩᠭᠤᠶ᠎ᠠ ᠭᠠᠵᠠᠷ | ᠣᠷᠣᠨ ᠤ ᠬᠤᠭᠤᠷᠣᠨᠳᠣᠬᠢ᠂ ᠬᠤᠲᠠ ᠬᠥᠳᠡᠭᠡ ᠶᠢᠨ ᠬᠤᠭᠤᠷᠣᠨᠳᠣᠬᠢ ᠵᠥᠷᠢᠶ᠎ᠡ ᠨᠡᠯᠢᠶᠡᠳ ᠶᠡᠭᠡ ᠪᠠᠶᠢᠳᠠᠭ︔ ᠮᠠᠨ ᠤ ᠡᠮᠴᠢᠯᠡᠭᠡᠨ ᠤ ᠡᠬᠢ ᠪᠠᠶᠠᠯᠢᠭ | ᠶᠡᠷᠦᠩᠬᠡᠢ ᠳᠤ ᠪᠠᠨ ᠬᠠᠷᠢᠴᠠᠩᠭᠤᠢ ᠳᠤᠲᠠᠮᠠᠭ ᠪᠠᠶᠢᠵᠤ᠂ ᠮᠢᠩᠭᠠᠨ ᠬᠥᠮᠥᠨ ᠪᠦᠷᠢ ᠳᠤ ᠨᠣᠭᠳᠠᠬᠤ ᠡᠮᠴᠢᠯᠡᠭᠡᠨ ᠤ ᠣᠷᠣ ᠣᠲᠣ 6.7 ᠪᠠᠶᠢᠵᠤ᠂ 10 ᠲᠦᠮᠡᠨ | ᠬᠥᠮᠥᠨ ᠪᠦᠷᠢ ᠳᠤ ᠨᠣᠭᠳᠠᠬᠤ ᠬᠦᠨᠳᠦ ᠡᠪᠡᠳᠴᠢᠲᠡᠨ ᠤ ᠡᠮᠴᠢᠯᠡᠭᠡᠨ ᠤ ᠣᠷᠣ 4 ᠬᠦᠷᠬᠦ ᠦᠭᠡᠢ ᠪᠠᠶᠢᠨ᠎ᠠ᠃ ᠣᠳᠣᠬᠠᠨ ᠤ ᠣᠮᠢᠺᠷᠦᠨ ᠣᠨᠳᠣᠣᠰᠢᠭᠰᠠᠨ | ᠸᠢᠷᠦ᠋ᠰ ᠤᠨ ᠬᠠᠯᠳᠠᠪᠤᠷᠢᠯᠠᠬᠤ ᠴᠢᠨᠠᠷ ᠴᠢᠩᠭ᠎ᠠ᠂ ᠲᠠᠷᠬᠠᠬᠤ ᠬᠤᠷᠳᠤᠴᠠ ᠨᠢ ᠲᠦᠷᠭᠡᠨ᠂ ᠣᠨᠴᠠᠭᠠᠶᠢᠯᠠᠨ ᠮᠠᠰᠢ ᠣᠬᠤᠷᠬᠠᠨ ᠬᠤᠭᠤᠴᠠᠭᠠᠨ ᠳᠤ ᠴᠤᠭᠯᠠᠷᠠᠯ ᠤᠨ | ᠴᠢᠨᠠᠷᠲᠠᠢ ᠬᠢᠵᠢᠭ ᠤᠨ ᠪᠠᠶᠢᠳᠠᠯ ᠴᠢᠨᠠᠭᠰᠢᠯᠠᠪᠠᠯ ᠨᠡᠯᠢᠶᠡᠳ ᠶᠡᠭᠡ ᠬᠡᠪᠴᠢᠶᠡᠨ ᠤ ᠬᠢᠵᠢᠭ ᠤᠨ ᠪᠠᠶᠢᠳᠠᠯ ᠢ ᠡᠭᠦᠰᠬᠡᠵᠦ ᠮᠡᠳᠡᠨ᠎ᠡ᠃ ᠤᠳᠤ ᠪᠢᠳᠡ ᠡᠯ᠎ᠡ ᠮᠤᠵᠢ ᠳᠤ | ᠴᠤᠭᠯᠠᠷᠠᠯ ᠤᠨ ᠴᠢᠨᠠᠷᠲᠠᠢ ᠬᠢᠵᠢᠭ ᠤᠨ ᠪᠠᠶᠢᠳᠠᠯ ᠤᠨ ᠡᠭᠦᠰᠴᠦ ᠪᠠᠶᠢᠬᠤ ᠪᠠ ᠬᠡᠪᠴᠢᠶ᠎ᠡ ᠨᠢ ᠲᠠᠰᠤᠷᠠᠯᠳᠠ ᠦᠭᠡᠢ ᠥᠷᠭᠡᠳᠴᠦ ᠪᠠᠶᠢᠬᠤ ᠶᠢ ᠣᠯᠵᠤ ᠦᠵᠡᠯ᠎ᠡ᠃ | ᠮᠠᠨ ᠤ ᠤᠯᠤᠰ ᠪᠣᠯ 14 ᠳ᠋ᠦᠩᠰᠢᠭᠤᠷ ᠬᠥᠮᠥᠨ ᠠᠮᠠ ᠲᠠᠢ ᠲᠣᠮᠣ ᠤᠯᠤᠰ ᠮᠥᠨ᠂ ᠨᠠᠰᠤᠵᠢᠭᠰᠠᠨ ᠬᠥᠮᠥᠨ ᠠᠮᠠ ᠤᠯᠠᠨ᠂ ᠰᠠᠭᠤᠷᠢ ᠴᠢᠨᠠᠷᠲᠠᠢ ᠡᠪᠡᠳᠴᠢᠨ ᠲᠠᠢ | ᠬᠥᠮᠥᠨ ᠴᠦ ᠤᠯᠠᠨ ᠪᠠᠶᠢᠵᠤ᠂ ᠨᠠᠰᠤᠲᠠᠶᠢᠴᠤᠳ ᠵᠢᠴᠢ ᠰᠠᠭᠤᠷᠢ ᠴᠢᠨᠠᠷᠲᠠᠢ ᠡᠪᠡᠳᠴᠢᠨ ᠲᠠᠢ ᠬᠥᠮᠥᠨ ᠪᠣᠯ ᠴᠥᠮ ᠬᠦᠨᠳᠦ ᠡᠪᠡᠳᠴᠢᠨ ᠳᠤ ᠠᠮᠠᠷᠬᠠᠨ ᠨᠡᠷᠪᠡᠭᠳᠡᠳᠡᠭ | ᠪᠠᠭᠤᠷᠠᠢ ᠬᠥᠮᠥᠰ ᠮᠥᠨ᠃ ᠬᠦᠨᠳᠦ ᠡᠪᠡᠳᠴᠢᠲᠡᠨ ᠤ ᠳᠣᠲᠣᠷ᠎ᠠ᠂ ᠨᠢᠭᠡ ᠲᠠᠯ᠎ᠠ ᠪᠠᠷ ᠰᠢᠨ᠎ᠡ ᠲᠢᠲᠢᠮᠯᠢᠭ ᠸᠢᠷᠦ᠋ᠰ ᠠᠴᠠ ᠪᠣᠯᠤᠭᠰᠠᠨ ᠬᠦᠨᠳᠦ ᠡᠪᠡᠳᠴᠢᠲᠡᠨ ᠪᠠᠶᠢᠵᠤ | ᠂ ᠨᠥᠭᠦᠭᠡ ᠲᠠᠯ᠎ᠠ ᠪᠠᠷ ᠶᠡᠬᠡᠩᠬᠢ ᠬᠡᠰᠡᠭ ᠨᠢ ᠰᠠᠭᠤᠷᠢ ᠴᠢᠨᠠᠷᠲᠠᠢ ᠡᠪᠡᠳᠴᠢᠨ ᠤ ᠳᠡᠭᠡᠷ᠎ᠡ ᠰᠢᠨ᠎ᠡ ᠲᠢᠲᠢᠮᠯᠢᠭ ᠡᠪᠡᠳᠴᠢᠨ ᠤ ᠬᠠᠯᠳᠠᠪᠤᠷᠢᠯᠠᠯ ᠳᠠᠪᠬᠤᠴᠠᠭᠰᠠᠨ ᠠᠴᠠ | ᠪᠣᠯᠵᠤ᠂ ᠡᠨᠡ ᠬᠡᠰᠡᠭ ᠡᠪᠡᠳᠴᠢᠲᠡᠨ ᠳᠤ ᠮᠥᠨ ᠴᠦ ᠣᠯᠠᠨ ᠰᠢᠨᠵᠢᠯᠡᠭᠡᠨ ᠤ ᠰᠠᠯᠠᠭ᠎ᠠ ᠶᠢᠨ ᠡᠮᠨᠡᠨ ᠵᠠᠰᠠᠯᠲᠠ ᠬᠢᠬᠦ ᠶᠢ ᠱᠠᠭᠠᠷᠳᠠᠨ᠎ᠠ᠃ ᠡᠶᠢᠮᠦ ᠠᠴᠠ ᠬᠦᠨᠳᠦ | ᠡᠪᠡᠳᠴᠢᠲᠡᠨ ᠢ ᠡᠮᠨᠡᠨ ᠵᠠᠰᠠᠬᠤ ᠬᠦᠴᠦᠨ ᠤ ᠨᠥᠭᠡᠴᠡ ᠶᠢ ᠴᠢᠩᠭᠠᠳᠬᠠᠬᠤ᠂ ᠢᠯᠠᠩᠭᠤᠶ᠎ᠠ ᠣᠯᠠᠨ ᠰᠢᠨᠵᠢᠯᠡᠭᠡᠨ ᠤ ᠶᠡᠷᠦᠩᠬᠡᠶᠢᠯᠡᠭᠰᠡᠨ ᠴᠢᠳᠠᠪᠤᠷᠢ ᠶᠢ ᠳᠡᠭᠡᠭᠰᠢᠯᠡᠭᠦᠯᠬᠦ | ᠪᠣᠯ ᠮᠠᠰᠢ ᠴᠢᠬᠤᠯᠠ ᠶᠤᠮ᠃ | ᠣᠳᠣᠬᠠᠨ ᠳᠤ ᠪᠥᠬᠦ ᠤᠯᠤᠰ ᠲᠤ ᠨᠢᠭᠡᠨᠲᠡ 100 ᠭᠠᠷᠤᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠦᠨᠳᠦ ᠡᠪᠡᠳᠴᠢᠲᠡᠨ ᠪᠠᠶᠢᠵᠤ᠂ ᠡᠨᠡ ᠨᠢ ᠶᠠᠭ | ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠨᠠᠰᠤᠲᠠᠶᠢᠴᠤᠳ ᠪᠠ ᠰᠠᠭᠤᠷᠢ ᠴᠢᠨᠠᠷᠲᠠᠢ ᠡᠪᠡᠳᠴᠢᠨ ᠲᠠᠢ ᠬᠥᠮᠥᠰ ᠲᠤ ᠦᠵᠡᠭᠦᠯᠬᠦ ᠡᠷᠡᠭᠦᠯ ᠮᠡᠨᠳᠦ ᠶᠢᠨ | ᠰᠦᠷᠳᠡᠭᠦᠯᠦᠯ ᠨᠡᠯᠢᠶᠡᠳ ᠶᠡᠭᠡ ᠪᠠᠶᠢᠬᠤ ᠶᠢ ᠬᠠᠷᠠᠭᠤᠯᠵᠤ ᠪᠠᠶᠢᠨ᠎ᠠ᠃ ᠪᠢᠳᠡᠨ ᠤ ᠣᠲᠣ ᠶᠢᠨ ᠠᠪᠴᠤ ᠪᠠᠶᠢᠭ᠎ᠠ ᠢᠳᠡᠪᠬᠢᠲᠡᠢ ᠰᠡᠷᠭᠡᠶᠢᠯᠡᠬᠦ ᠠᠷᠭ᠎ᠠ ᠪᠣᠳᠣᠯᠭ᠎ᠠ ᠪᠣᠯ | ᠬᠠᠯᠳᠠᠪᠤᠷᠢᠯᠠᠭᠰᠠᠳ ᠢ ᠴᠢᠷᠮᠠᠶᠢᠨ ᠪᠠᠭᠠᠰᠬᠠᠪᠠᠯ ᠰᠠᠶ᠋ᠢ ᠬᠦᠨᠳᠦ ᠡᠪᠡᠳᠴᠢᠨ ᠤ ᠨᠣᠷᠮ᠎ᠠ ᠪᠠ ᠡᠪᠡᠳᠴᠢᠨ ᠢᠶᠠᠷ ᠦᠬᠦᠬᠦ ᠨᠣᠷᠮ᠎ᠠ ᠶᠢ ᠤᠯᠠᠮ ᠨᠢᠭᠡ ᠠᠯᠬᠤᠮ | ᠪᠠᠭᠤᠷᠠᠭᠤᠯᠵᠤ ᠴᠢᠳᠠᠨ᠎ᠠ᠃ ᠡᠶᠢᠮᠦ ᠠᠴᠠ ︽ᠰᠡᠷᠭᠡᠶᠢᠯᠡᠬᠦ︾ ᠪᠣᠯ ᠬᠠᠮᠤᠭ ᠤᠨ ᠪᠦᠲᠦᠮᠵᠢᠲᠡᠶ ᠠᠷᠭ᠎ᠠ ᠬᠡᠮᠵᠢᠶ᠎ᠡ ᠮᠥᠨ᠃ ᠭᠡᠪᠡᠴᠦ ᠡᠭᠦᠨ ᠢ ᠦᠨᠳᠦᠰᠦᠯᠡᠨ ᠬᠦᠨᠳᠦ | ᠡᠪᠡᠳᠴᠢᠲᠡᠨ ᠤ ᠡᠮᠴᠢᠯᠡᠭᠡᠨ ᠤ ᠣᠷᠣ ᠶᠢ ᠨᠡᠮᠡᠭᠳᠡᠭᠦᠯᠬᠦ ᠴᠢᠬᠤᠯᠠ ᠦᠭᠡᠢ ᠭᠡᠵᠦ ᠦᠵᠡᠵᠦ ᠪᠣᠯᠬᠤ ᠦᠭᠡᠢ᠃ | |