365bet网上娱乐场_365双试投注是什么_365bet正网开户人民政府蒙古文网站 365bet网上娱乐场_365双试投注是什么_365bet正网开户

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠣᠷᠳᠣᠰ ᠬᠤᠲᠠ ᠶᠢᠨ ︽ᠬᠠᠭᠠᠰ ᠳᠤᠲᠠᠭᠤ ᠤᠷᠬᠢᠭᠰᠠᠨ︾ 4 ᠪᠠᠷᠢᠯᠭ᠎ᠠ ᠶᠢᠨ ᠲᠥᠷᠥᠯ ᠵᠤᠶᠢᠯ ᠠᠵᠢᠯ ᠢᠶᠠᠨ ᠰᠡᠷᠭᠦᠭᠡᠪᠡ
        ᠨᠡᠶᠢᠲᠡᠯᠡᠭᠰᠡᠨ ᠴᠠᠭ᠄
        2022/11/11
              ᠤᠶᠢᠷ᠎ᠠ ᠶᠢᠨ ᠡᠳᠦᠷ᠂  ᠰᠤᠷᠪᠤᠯᠵᠢᠯᠠᠭᠴᠢ ᠬᠢᠶ᠎ᠠ ᠪᠠᠭᠰᠢ ᠲᠣᠭᠤᠷᠢᠭ ᠤᠨ ᠳᠣᠯᠣᠳᠤᠭᠠᠷ ᠪᠠᠭ᠎ᠠ ᠰᠤᠷᠭᠠᠭᠤᠯᠢ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ  ᠪᠠᠷᠢᠯᠭ᠎ᠠ ᠶᠢᠨ ᠭᠠᠵᠠᠷ ᠲᠤ ᠬᠦᠷᠬᠦᠯᠠᠷ᠂ ᠠᠵᠢᠯᠴᠢᠳ ᠺᠣᠳ᠋ ᠰᠢᠷᠪᠢᠵᠦ ᠰᠢᠯᠭᠠᠭᠤᠯᠤᠭᠠᠳ ᠪᠠᠷᠢᠯᠭ᠎ᠠ ᠶᠢᠨ ᠭᠠᠵᠠᠷ ᠲᠤ ᠤᠷᠤᠭᠰᠠᠨ ᠢᠶᠠᠨ  ᠦᠪᠡᠷᠰᠡᠳ ᠤᠨ ᠬᠤᠪᠢᠳᠠᠭᠰᠠᠨ ᠠᠵᠢᠯ ᠳᠠᠭᠠᠨ ᠶᠠᠭᠠᠷᠠᠵᠤ ᠡᠬᠢᠯᠡᠪᠡ᠃           ᠬᠢᠶ᠎ᠠ ᠪᠠᠭᠰᠢ ᠲᠣᠭᠤᠷᠢᠭ ᠤᠨ ᠳᠣᠯᠣᠳᠤᠭᠠᠷ ᠪᠠᠭ᠎ᠠ ᠰᠤᠷᠭᠠᠭᠤᠯᠢ ᠶᠢᠨ ᠲᠥᠷᠥᠯ ᠵᠦᠢᠯ ᠤᠨ ᠠᠵᠢᠯ ᠵᠤᠭᠰᠤᠭᠠᠳ ᠨᠢᠭᠡᠨᠳᠠ 10 ᠵᠢᠯ  ᠰᠢᠬᠠᠮ ᠪᠤᠯᠵᠠᠢ᠃ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠯᠢ ᠵᠸᠡᠭ ᠸᠧᠢ᠄ ︽ᠪᠢᠳᠡ ᠬᠢᠵᠢᠭ ᠤᠨ  ᠪᠠᠶᠢᠲᠠᠯ ᠤᠨ ᠨᠥᠯᠥ᠋ᠭᠡ ᠶᠢ ᠢᠯᠡᠨ ᠳᠠᠪᠠᠵᠤ᠂ ᠠᠷᠭ᠎ᠠ ᠪᠦᠬᠦᠨ ᠢ ᠰᠦᠪᠡᠭᠴᠢᠯᠡᠨ ᠪᠠᠷᠢᠯᠭ᠎ᠠ ᠶᠢᠨ ᠮᠠᠲ᠋ᠧᠷᠢᠶᠠᠯ ᠢ ᠤᠷᠤᠭᠤᠯᠤᠨ ᠠᠪᠴᠢᠷᠠᠬᠤ  ᠠᠵᠢᠯ ᠢ ᠦᠨᠡᠨ ᠬᠦ ᠪᠠᠲᠤᠯᠠᠵᠤ᠂ ᠣᠳᠣᠬᠠᠨ ᠳᠤ ᠵᠢᠭᠠᠨ ᠰᠤᠷᠭᠠᠯᠲᠠ ᠶᠢᠨ ᠠᠰᠠᠷ᠂ ᠪᠡᠶ᠎ᠡ ᠶᠢᠨ ᠲᠠᠮᠢᠷ ᠤᠨ ᠠᠰᠠᠷ᠂ ᠵᠠᠰᠠᠭ ᠵᠠᠬᠢᠷᠭᠠᠨ ᠤ  ᠠᠰᠠᠷ ᠤᠨ ᠰᠠᠭᠤᠷᠢ ᠶᠢ ᠪᠦᠬᠦᠨ ᠢ ᠲᠠᠯᠪᠢᠵᠦ ᠳᠠᠭᠤᠰᠬᠠᠵᠠᠶ᠂ ᠡᠨᠡ ᠵᠢᠯ ᠤᠨ ᠳᠣᠲᠣᠷ᠎ᠠ ᠭᠤᠤᠯ ᠴᠣᠭᠴᠠ ᠶᠢᠨ ᠪᠠᠷᠢᠯᠭ᠎ᠠ ᠶᠢᠨ ᠠᠵᠢᠯ ᠤᠨ  50%᠎ ᠶᠢ ᠲᠠᠭᠤᠰᠬᠠᠵᠦ᠂ 2023 ᠣᠨ ᠤ 9 ᠰᠠᠷ᠎ᠠ ᠳᠤ ᠪᠦᠲᠦᠬᠡᠨ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠤᠷᠤᠭᠤᠯᠤᠨ᠂  ᠪᠦᠲᠦᠬᠡᠨ ᠪᠠᠶᠢᠭᠤᠯᠵᠤ ᠳᠠᠭᠤᠰᠤᠭᠰᠠᠨ ᠤ ᠳᠠᠷᠠᠭ᠎ᠠ ᠡᠷᠬᠢᠨ ᠲᠣᠭᠤᠷᠢᠨ ᠠᠴᠠ 1080 ᠰᠤᠷᠤᠭᠴᠢ ᠡᠯᠰᠡᠵᠦ ᠲᠡᠶᠢᠯᠬᠦ ᠪᠤᠯᠤᠨ᠎ᠠ ︾ ᠭᠡᠵᠦ  ᠰᠤᠷᠪᠤᠯᠵᠢᠯᠠᠭᠴᠢ ᠳᠤ ᠭᠡᠯᠡᠪᠠ᠃          ᠣᠶᠢᠯᠠᠭᠠᠭᠰᠠᠨ ᠢᠶᠠᠷ᠂ ᠬᠢᠶ᠎ᠠ ᠪᠠᠭᠰᠢ ᠲᠣᠭᠤᠷᠢᠭ ︽ᠬᠠᠭᠠᠰ ᠳᠤᠲᠠᠭᠤ ᠤᠷᠬᠢᠭᠰᠠᠨ︾ ᠪᠠᠷᠢᠯᠭ᠎ᠠ ᠶᠢᠨ ᠲᠠᠪᠤ ᠶᠢ ᠲᠦᠢᠯᠪᠤᠷᠢᠲᠠᠢ  ᠪᠠᠶᠢᠴᠠᠭᠠᠬᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠣᠷᠳᠣᠰ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠪᠣᠯᠤᠨ  ᠬᠤᠲᠠ ᠶᠢᠨ ᠬᠥᠭᠵᠢᠭᠦᠯᠦ᠋ᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠡᠮᠵᠢᠯᠭᠡ ᠵᠢᠴᠢ ᠲᠥᠷᠥ ᠶᠢᠨ ᠪᠣᠳᠣᠯᠭ᠎ᠠ ᠶᠢᠨ ᠬᠠᠮᠠᠭᠠᠯᠠᠯᠲᠠ  ᠳᠤᠤᠷ᠎ᠠ᠂ ᠤᠤᠯ ᠨᠢ 30 ᠡᠳᠦᠷ ᠬᠡᠷᠡᠭᠰᠡᠪᠡᠯ ᠰᠠᠶ᠋ᠢ ᠭᠦᠶ᠋ᠴᠡᠳᠭᠡᠵᠦ ᠳᠡᠶᠢᠯᠬᠦ ᠭᠠᠷᠳᠠᠮ ᠤᠨ ᠬᠢᠨᠠᠨ ᠵᠥᠪᠰᠢᠶᠡᠷᠡᠬᠦ ᠡᠭᠦᠷᠭᠡ ᠶᠢ ᠵᠥᠪᠬᠡᠨ  ᠠᠷᠪᠠᠭᠠᠳ ᠡᠳᠦᠷ ᠤᠨ ᠯᠡ ᠴᠠᠭ ᠵᠠᠷᠤᠴᠠᠭᠤᠯᠵᠤ ᠪᠦᠬᠦᠨ ᠢ ᠪᠡᠶᠡᠯᠡᠭᠦᠯᠪᠡ᠃ ᠡᠭᠦᠨ ᠤ ᠬᠠᠮᠲᠤ᠂ ᠬᠢᠶ᠎ᠠ ᠪᠠᠭᠰᠢ ᠲᠣᠭᠤᠷᠢᠭ ᠤᠨ ᠣᠷᠣᠨ  ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠠᠵᠢᠯ ᠤᠨ ᠲᠤᠰᠬᠠᠶ ᠠᠩᠭᠢ ᠪᠠᠶᠢᠭᠤᠯᠵᠤ᠂ ᠠᠵᠢᠯ ᠤᠨ  ᠲᠥᠰᠦᠯ ᠲᠣᠭᠲᠠᠭᠠᠨ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠥᠷᠥᠯ ᠵᠦᠶ᠋ᠯ ᠤᠨ ᠪᠥᠲᠥᠭᠡᠨ ᠪᠠᠶᠢᠭᠤᠯᠤᠯᠲᠠ ᠶᠢᠨ ᠬᠠᠮᠢᠶ᠎ᠠ  ᠪᠥᠬᠦᠶ ᠠᠵᠢᠯ ᠢ ᠳᠠᠬᠢᠨ ᠡᠬᠢᠯᠡᠭᠦᠯᠬᠦ ᠶᠢ ᠠᠬᠢᠭᠤᠯᠪᠠ᠃          ᠣᠷᠳᠣᠰ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂  ᠣᠷᠳᠣᠰ ᠬᠤᠲᠠ ᠶᠢᠨ ᠬᠦᠭᠵᠢᠬᠦᠯᠤᠯᠳᠠ ᠪᠠ ᠥᠭᠡᠷᠡᠴᠢᠯᠡᠯᠲᠡ ᠶᠢᠨ ᠵᠥᠪᠯᠡᠯ ᠵᠦᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ ᠪᠠ ︽ᠬᠠᠭᠠᠰ  ᠳᠤᠲᠠᠭᠤ ᠤᠷᠬᠢᠭᠰᠠᠨ︾ ᠪᠠᠷᠢᠯᠭ᠎ᠠ ᠶᠢᠨ ᠲᠠᠪᠤ ᠶᠢ ᠲᠦᠢᠯᠪᠤᠷᠢᠲᠠᠢ ᠪᠠᠶᠢᠴᠠᠭᠠᠬᠤ ᠠᠵᠢᠯ ᠢ ᠠᠬᠢᠭᠤᠯᠬᠤ ᠠᠬᠢᠴᠠ ᠳᠤ᠂ ᠨᠢᠭᠡᠳᠦᠯᠲᠡᠶ  ᠲᠥᠯᠥ᠋ᠪᠵᠢᠬᠦᠯᠬᠦ᠂ ᠰᠢᠰᠲ᠋ᠧᠮ ᠲᠠᠢ ᠡᠮᠬᠢᠯᠡᠬᠦ᠂ ᠲᠥᠷᠥᠯ ᠬᠤᠪᠢᠶᠠᠨ ᠪᠣᠭᠤᠮᠲᠠ ᠰᠢᠪᠲᠤᠯᠬᠤ ᠶᠢ ᠴᠢᠩᠭᠠᠳᠬᠠᠵᠤ᠂ ᠲᠠᠪᠤ ᠶᠢ ᠲᠦᠢᠯᠪᠤᠷᠢᠲᠠᠢ  ᠪᠠᠶᠢᠴᠠᠭᠠᠬᠤ ᠠᠵᠢᠯ ᠤᠨ ᠡᠬᠡ ᠲᠠᠩᠰᠠ ᠶᠢ ᠪᠠᠶᠢᠭᠤᠯᠤᠨ᠂ ᠤᠨᠤᠴᠠᠲᠠᠢ ᠪᠥᠭᠡᠳ ᠦᠨᠳᠦᠰᠦᠯᠡᠯ ᠲᠠᠢ ᠪᠠᠶᠢᠯᠭᠠᠪᠡ᠃ ᠣᠳᠣᠬᠠᠨ ᠪᠣᠯᠲᠠᠯ᠎ᠠ᠂  ᠪᠥᠬᠦ ᠬᠤᠲᠠ ᠶᠢᠨ ᠨᠡᠶᠢᠲᠡ 1170 ᠵᠦᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ ᠢ ᠡᠮᠬᠢᠯᠡᠨ ᠳᠢᠭᠯᠡᠵᠦ᠂ 402 ᠲᠥᠷᠥᠯ ᠵᠦᠢᠯ ᠢ  ᠨᠥᠬᠦᠨ ᠵᠥᠪᠰᠢᠶᠡᠷᠡᠵᠦ᠂ ᠡᠯ᠎ᠡ ᠱᠠᠲᠤᠨ ᠤ ᠡᠯ᠎ᠡ ᠲᠥᠷᠥᠯ ᠤᠨ ︽ᠬᠠᠭᠠᠰ ᠳᠤᠲᠠᠭᠤ ᠤᠷᠬᠢᠭᠰᠠᠨ︾ ᠪᠠᠷᠢᠯᠭ᠎ᠠ 45 ᠵᠦᠢᠯ ᠪᠠᠶᠢᠵᠤ᠂  ᠵᠦᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ ᠪᠠ ︽ᠬᠠᠭᠠᠰ ᠳᠤᠲᠠᠭᠤ ᠤᠷᠬᠢᠭᠰᠠᠨ︾ ᠪᠠᠷᠢᠯᠭ᠎ᠠ ᠶᠢᠨ ᠲᠠᠪᠤ ᠶᠢ ᠲᠦᠢᠯᠪᠤᠷᠢᠲᠠᠢ  ᠪᠠᠶᠢᠴᠠᠭᠠᠬᠤ ᠠᠵᠢᠯ ᠨᠢᠭᠡᠨᠲᠡ ᠰᠢᠶ᠋ᠳᠪᠦᠷᠢᠯᠡᠬᠦ ᠱᠠᠲᠤᠨ ᠳᠤ ᠪᠥᠬᠦ ᠲᠠᠯ᠎ᠠ ᠪᠠᠷ ᠰᠢᠯᠵᠢᠪᠡ᠃ ᠨᠢᠭᠡᠨᠲᠡ ᠮᠧᠩ ᠶᠤᠸᠠᠨ ᠲᠣᠮᠣ ᠠᠰᠠᠷ ᠤᠨ  ᠶᠡᠷᠦᠩᠬᠡᠶᠢᠯᠡᠭᠰᠡᠨ ᠠᠵᠢᠯ ᠤᠨ ᠠᠰᠠᠷ᠂ ᠬᠢᠶ᠎ᠠ ᠪᠠᠭᠰᠢ ᠲᠣᠭᠤᠷᠢᠭ ᠤᠨ ᠳᠣᠯᠣᠳᠤᠭᠠᠷ ᠪᠠᠭ᠎ᠠ ᠰᠤᠷᠭᠠᠭᠤᠯᠢ᠂ ᠣᠲᠤᠭ ᠤᠨ ᠡᠮᠦᠨᠡᠲᠦ  ᠬᠤᠰᠢᠭᠤᠨ ᠤ ᠱᠠᠩᠬᠠᠢ ᠶᠢᠨ ᠰᠦᠮ᠎ᠡ ᠪᠠᠯᠭᠠᠰᠤᠨ ᠤ ᠲᠠᠪᠤᠳᠤᠭᠠᠷ ᠬᠤᠭᠤᠴᠠᠭᠠᠨ ᠤ ᠨᠡᠭᠦᠳᠡᠯ ᠠᠷᠠᠳ ᠤᠨ ᠪᠠᠲᠤᠯᠠᠭ᠎ᠠ ᠶᠢᠨ ᠴᠢᠨᠠᠷᠲᠠᠶ ᠣᠷᠣᠨ  ᠰᠠᠭᠤᠴᠠ᠂ ᠣᠲᠤᠭ ᠤᠨ ᠡᠮᠦᠨᠡᠲᠦ ᠬᠤᠰᠢᠭᠤᠨ ᠤ ᠱᠠᠩᠬᠠᠢ ᠶᠢᠨ ᠰᠦᠮ᠎ᠡ ᠭᠤᠤᠯ ᠡᠮᠨᠡᠯᠭᠡ ᠶᠢᠨ ᠬᠤᠷᠢᠶ᠎ᠠ ᠵᠡᠷᠭᠡ 4 ᠲᠥᠷᠥᠯ ᠵᠦᠢᠯ ᠤᠨ  ᠪᠥᠲᠥᠭᠡᠨ ᠪᠠᠶᠢᠭᠤᠯᠤᠯᠲᠠ ᠶᠢᠨ ᠠᠵᠢᠯ ᠢ ᠰᠡᠷᠭᠦᠭᠡᠵᠦ᠂ ᠣᠳᠣᠬᠠᠨ ᠳᠤ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠡᠷᠴᠢᠮᠲᠠᠢ ᠶᠠᠪᠤᠭᠳᠠᠵᠤ  ᠪᠠᠶᠢᠨ᠎ᠠ᠃          ᠰᠢᠨ᠎ᠡ ᠪᠠᠷ ᠠᠵᠢᠯ ᠢᠶᠠᠨ ᠰᠡᠷᠭᠦᠭᠡᠭᠰᠡᠨ ᠮᠧᠩ ᠶᠤᠸᠠᠨ ᠲᠣᠮᠣ ᠠᠰᠠᠷ ᠤᠨ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠤᠨ ᠠᠰᠠᠷ ᠤᠨ  ᠲᠥᠷᠥᠯ ᠵᠦᠢᠯ ᠤᠨ ᠪᠠᠷᠢᠯᠭ᠎ᠠ ᠶᠢᠨ ᠭᠠᠵᠠᠷ ᠲᠤ᠂ ᠠᠵᠢᠯᠴᠢᠳ ᠠᠰᠠᠷ ᠤᠨ ᠭᠠᠳᠠᠨᠠᠬᠢ ᠭᠠᠵᠠᠷ ᠢ ᠱᠠᠯᠠᠪᠳᠠᠨ ᠳᠡᠪᠢᠰᠴᠦ᠂ ᠠᠰᠠᠷ ᠤᠨ  ᠳᠣᠲᠣᠷᠠᠬᠢ ᠶᠢ ᠨᠤᠷᠠᠭᠠᠵᠤ ᠦᠭᠡᠷᠡᠴᠢᠯᠡᠨ ᠵᠠᠰᠠᠵᠤ ᠂ ᠬᠦᠷᠢᠶᠡᠨ ᠳᠣᠲᠣᠷᠠᠬᠢ ᠦᠵᠡᠮᠵᠢ ᠶᠢᠨ ᠰᠠᠭᠤᠷᠢ ᠲᠥᠬᠦᠭᠡᠷᠦᠮᠵᠢ ᠶᠢ ᠤᠭᠰᠠᠷᠠᠨ᠂  ᠪᠦᠲᠦᠭᠡᠨ ᠪᠠᠶᠢᠭᠤᠯᠤᠯᠲᠠ ᠶᠢᠨ ᠠᠵᠢᠯ ᠡᠮᠬᠢ ᠵᠢᠷᠤᠮ ᠲᠠᠢ ᠶᠠᠪᠤᠭᠳᠠᠵᠤ ᠪᠣᠶ᠃ ᠲᠥᠷᠥᠯ ᠵᠦᠢᠯ ᠨᠢ ᠤᠤᠯ ᠤᠨ ᠬᠤᠯᠪᠣᠭᠳᠠᠯ ᠪᠥᠬᠦᠶ  ᠬᠡᠷᠡᠭᠴᠡᠭᠡ ᠶᠢ ᠬᠤᠪᠢᠷᠠᠭᠤᠯᠵᠤ᠂ ᠥᠮᠴᠢᠯᠡᠯ ᠤᠨ ᠡᠷᠬᠡ ᠶᠢ ᠬᠤᠪᠢᠶᠠᠷᠢᠯᠠᠨ ᠰᠢᠯᠵᠢᠭᠦᠯᠵᠦ᠂ ᠲᠥᠰᠦᠯ ᠢ ᠵᠢᠷᠤᠵᠤ ᠲᠦᠯᠤᠪᠯᠡᠪᠡ᠃ ᠲᠦᠷᠦᠯ  ᠵᠦᠢᠯ ᠤᠨ ᠬᠠᠷᠢᠭᠤᠴᠠᠯᠭᠠᠲᠠᠨ ᠶᠠᠩ ᠱᠢ ᠰᠢᠶᠦ᠋ᠩ᠄ ︽ᠣᠳᠣᠬᠠᠨ ᠳᠤ ᠲᠦᠷᠦᠯ ᠵᠦᠢᠯ ᠤᠨ ᠪᠦᠬᠦᠯᠢ ᠴᠣᠭᠴᠠ ᠶᠢᠨ 15%᠎ ᠶᠢᠨ  ᠪᠦᠳᠦᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠵᠦ᠂ 2023 ᠣᠨ ᠤ 3 ᠰᠠᠷ᠎ᠠ ᠳᠤ ᠲᠦᠷᠦᠯ ᠵᠦᠢᠯ ᠤᠨ ᠪᠦᠬᠦ ᠪᠦᠳᠦᠭᠡᠨ  ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠬᠦ ᠶᠢᠨ ᠬᠠᠮᠲᠤ ᠠᠰᠢᠭᠯᠠᠯᠲᠠ ᠳᠤ ᠣᠷᠣᠭᠤᠯᠬᠤ ᠪᠠᠷ ᠲᠥᠯᠥ᠋ᠪᠯᠡᠵᠦ ᠪᠠᠶᠢᠨ᠎ᠠ᠃ ᠲᠥᠷᠥᠯ ᠵᠦᠶ᠋ᠯ ᠢ  ᠪᠦᠳᠤᠭᠡᠨ ᠪᠠᠶᠢᠭᠤᠯᠤᠭᠰᠠᠨ ᠤ ᠳᠠᠷᠠᠭ᠎ᠠ ᠰᠤᠳᠤᠯᠤᠨ ᠨᠡᠭᠡᠭᠡᠬᠦ ᠲᠤᠷᠰᠢᠯᠲᠠ᠂ ᠴᠢᠳᠠᠪᠤᠷᠢᠲᠠᠨ ᠤ ᠦᠢᠯᠡᠴᠢᠯᠡᠭᠡ᠂ ᠰᠢᠨᠵᠢᠯᠡᠬᠦ ᠤᠬᠠᠭᠠᠨ  ᠮᠡᠷᠭᠡᠵᠢᠯ ᠤᠨ ᠮᠥᠩᠭᠦᠨ ᠭᠬᠦ᠋ᠢᠯᠬᠡᠬᠡᠨ᠂ ᠠᠵᠤ ᠠᠬᠤᠶᠢᠯᠠᠯ ᠤᠨ ᠨᠠᠪᠴᠢᠬᠦᠯᠤᠯᠳᠠ᠂ ᠦᠷ᠎ᠡ ᠪᠦᠲᠦᠭᠡᠯ ᠤᠨ ᠤᠨᠳᠤᠤᠰᠢᠭᠤᠯᠤᠯᠲᠠ᠂  ᠦᠶ᠋ᠯᠡᠳᠬᠦᠨ ᠤ ᠦᠵᠡᠭᠦᠯᠭᠡ᠂ ᠠᠮᠢᠳᠤᠷᠠᠯ ᠤᠨ ᠦᠢᠯᠡᠴᠢᠯᠡᠭᠡ ᠶᠢ ᠨᠢᠭᠡ ᠴᠣᠭᠴᠠᠵᠢᠭᠤᠯᠤᠭᠰᠠᠨ ᠴᠢᠳᠠᠪᠤᠷᠢᠲᠠᠨ ᠤ ᠰᠢᠨᠵᠢᠯᠡᠬᠦ ᠤᠬᠠᠭᠠᠨ  ᠮᠡᠷᠭᠡᠵᠢᠯ ᠤᠨ ᠰᠢᠨ᠎ᠡ ᠶᠢ ᠡᠭᠦᠳᠬᠦ ᠶᠡᠷᠦᠩᠬᠡᠶᠢᠯᠡᠭᠰᠡᠨ ᠦᠢᠯᠡᠴᠢᠯᠡᠬᠡᠨ ᠤ ᠲᠥᠪ ᠪᠣᠯᠵᠣ᠂ ᠣᠷᠳᠣᠰ ᠬᠤᠲᠠ ᠶᠢᠨ ᠪᠥᠬᠦ ᠤᠯᠤᠰ ᠤᠨ  ᠲᠡᠷᠢᠭᠦᠨ ᠤ ᠴᠢᠳᠠᠪᠤᠷᠢᠲᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠥᠨᠳᠦᠷᠯᠢᠭ ᠢ ᠴᠣᠭᠴᠠᠯᠠᠬᠤ ᠳᠤ ᠴᠢᠬᠤᠯᠠ  ᠪᠠᠲᠤᠯᠠᠭ᠎ᠠ ᠬᠠᠩᠭᠠᠬᠤ ᠪᠣᠯᠤᠨ᠎ᠠ︾ ᠭᠡᠵᠦ ᠰᠤᠷᠪᠤᠯᠵᠢᠯᠠᠭᠴᠢ ᠳᠤ ᠬᠡᠯᠡᠪᠡ᠃  
        ᠢᠷᠡᠯᠲᠡ᠄ ᠤᠷᠳᠤᠰ ᠤᠨ ᠮᠤᠩᠭᠤᠯ ᠭᠡᠯᠡᠨ ᠤ ᠰᠤᠨᠢᠨ ᠮᠡᠳᠡᠭᠡᠨ ᠤ ᠰᠦᠯᠵᠢᠶ᠎ᠡ