ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ 12 ᠳ᠋ᠤᠭᠠᠷ ᠰᠠᠷ᠎ᠠ ᠶᠢᠨ 15 ᠤ ᠡᠳᠦᠷ ᠤᠨ | ᠦᠳᠡ ᠶᠢᠨ ᠬᠤᠶᠢᠨ᠎ᠠ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ ᠂ ᠦᠨᠳᠦᠰᠦᠨ ᠱᠠᠲᠤᠨ ᠤ ᠡᠮᠴᠢᠯᠡᠭᠡᠨ ᠤ ᠦᠢᠯᠡᠴᠢᠯᠡᠭᠡ ᠪᠠᠲᠤᠯᠠᠭ᠎ᠠ ᠶᠢᠨ | ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠵᠠᠢ ᠂ ᠬᠠᠮᠲᠤ ᠪᠠᠷ ᠦᠵᠡᠵᠡᠭᠡᠶ᠎ᠡ︕ | ᠬᠢᠵᠢᠭ ᠢ ᠰᠡᠷᠭᠡᠶᠢᠯᠡᠬᠦ ᠭᠤᠣᠯᠳᠠᠯᠭ᠎ᠠ ᠨᠢ ᠬᠠᠯᠳᠠᠪᠤᠷᠢᠯᠠᠯ ᠢ ᠰᠡᠷᠭᠡᠶᠢᠯᠡᠨ ᠡᠵᠡᠮᠳᠡᠵᠦ ᠪᠠᠶᠢᠭᠰᠠᠨ ᠠᠴᠠ ᠠᠪᠤᠷᠠᠨ ᠵᠠᠰᠠᠬᠤ ᠠᠵᠢᠯ ᠲᠡᠶᠢᠰᠢ ᠰᠢᠯᠵᠢᠪᠡ | ᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠭᠤᠣᠯᠳᠠᠯᠭ᠎ᠠ ᠨᠢ ᠬᠠᠯᠳᠠᠪᠤᠷᠢᠯᠠᠯ ᠢ ᠰᠡᠷᠭᠡᠶᠢᠯᠡᠨ ᠡᠵᠡᠮᠳᠡᠬᠦ ᠠᠴᠠ ᠡᠮᠨᠡᠯᠭᠡ ᠶᠢᠨ | ᠠᠪᠤᠷᠠᠨ ᠵᠠᠰᠠᠯᠲᠠ ᠲᠡᠶᠢᠰᠢ ᠰᠢᠯᠵᠢᠵᠦ ᠪᠠᠶᠢᠨ᠎ᠠ ᠃ ᠨᠡᠶᠢᠭᠡᠮ ᠲᠣᠭᠤᠷᠢᠭ ᠂ ᠬᠥᠳᠡᠭᠡ ᠲᠣᠰᠬᠤᠨ ᠪᠣᠯ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠬᠠᠮᠤᠭ ᠤᠨ ᠡᠴᠦᠰ ᠤᠨ ᠨᠢᠭᠡ ᠺᠢᠯᠣᠮᠧᠲᠷ ᠪᠣᠯᠣᠨ᠎ᠠ ᠂ ᠭᠡᠷ ᠪᠦᠯᠢ ᠶᠢᠨ ᠡᠮᠴᠢ ᠂ ᠬᠥᠳᠡᠭᠡ ᠲᠣᠰᠬᠤᠨ ᠤ ᠡᠮᠴᠢ ᠪᠣᠯ ᠤᠯᠠᠨ ᠲᠦᠮᠡᠨ ᠤ ᠡᠷᠡᠭᠦᠯ ᠮᠡᠨᠳᠤ ᠶᠢᠨ | ᠮᠠᠨᠠᠭᠠᠴᠢ ᠮᠥᠨ ᠃ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠤᠭᠤᠳ ᠬᠠᠯᠳᠠᠪᠤᠷᠢᠯᠠᠭᠰᠠᠳ ᠢ ᠲᠠᠰ ᠲᠥᠷᠥᠯ ᠬᠤᠪᠢᠶᠠᠨ | ᠭᠥᠯᠢᠶᠡᠨ ᠠᠪᠴᠤ ᠡᠮᠨᠡᠨ ᠵᠠᠰᠠᠬᠤ ᠂ ᠲᠦᠭᠰᠢᠭᠦᠷᠢᠲᠦ ᠬᠥᠮᠥᠰ ᠤᠨ ᠡᠷᠡᠭᠦᠯ ᠮᠡᠨᠳᠦ ᠶᠢ ᠬᠢᠨᠠᠨ ᠰᠢᠨᠵᠢᠯᠡᠵᠦ ᠬᠠᠮᠢᠶᠠᠷᠬᠤ ᠂ ᠨᠠᠰᠤᠲᠠᠶᠢᠴᠤᠳ ᠪᠠ ᠬᠡᠦᠬᠡᠳ ᠵᠡᠷᠭᠡ | ᠭᠤᠣᠯᠳᠠᠯᠭ᠎ᠠ ᠲᠠᠢ ᠬᠥᠮᠥᠰ ᠤᠨ ᠡᠮ ᠡᠮᠨᠡᠯᠭᠡ ᠶᠢᠨ ᠦᠢᠯᠡᠴᠢᠯᠡᠭᠡᠨ ᠤ ᠪᠠᠲᠤᠯᠠᠭ᠎ᠠ ᠶᠢ ᠠᠬᠢᠭᠤᠯᠬᠤ ᠳᠤ ᠴᠢᠬᠤᠯᠠ ᠦᠢᠯᠡᠳᠦᠯ ᠢᠶᠠᠨ ᠪᠠᠳᠠᠷᠠᠭᠤᠯᠬᠤ ᠪᠣᠯᠣᠨ᠎ᠠ ᠃ | ᠬᠢᠵᠢᠭ ᠤᠨ ᠪᠠᠶᠢᠳᠠᠯ ᠂ ᠡᠪᠡᠳᠴᠢᠨ ᠤ ᠪᠠᠶᠢᠳᠠᠯ ᠤᠨ ᠬᠦᠨᠳᠦ ᠬᠥᠩᠭᠡᠨ ᠠᠯᠭᠤᠷ ᠪᠠᠴᠢᠮ ᠤᠨ ᠬᠡᠮᠵᠢᠶ᠎ᠡ ᠵᠡᠷᠭᠡ ᠶᠢ ᠦᠨᠳᠦᠰᠦᠯᠡᠨ ᠡᠮ ᠡᠮᠨᠡᠯᠭᠡ ᠶᠢᠨ ᠡᠬᠢ ᠪᠠᠶᠠᠯᠢᠭ ᠢ | ᠵᠦᠢ ᠵᠣᠬᠢᠰᠲᠠᠢ ᠪᠠᠷ ᠬᠤᠪᠢᠶᠠᠷᠢᠯᠠᠵᠤ ᠂ ᠦᠢᠯᠡᠴᠢᠯᠡᠭᠡᠨ ᠤ ᠦᠷ᠎ᠡ ᠪᠦᠲᠦᠮᠵᠢ ᠪᠠ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ︔ | ᠭᠤᠣᠯᠳᠠᠯᠭ᠎ᠠ ᠲᠠᠢ ᠬᠥᠮᠥᠰ ᠤᠨ ᠡᠷᠡᠭᠦᠯ ᠮᠡᠨᠳᠦ ᠶᠢᠨ ᠬᠢᠨᠠᠨ ᠰᠢᠨᠵᠢᠯᠡᠯᠲᠡ ᠪᠠ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ ᠂ ᠴᠠᠭ ᠲᠤᠬᠠᠢ ᠳᠤ ᠨᠢ ᠯᠠᠪᠯᠠᠭ᠎ᠠ | ᠵᠢᠯᠣᠭᠤᠳᠤᠯᠭ᠎ᠠ ᠬᠠᠩᠭᠠᠬᠤ ᠬᠡᠷᠡᠭᠲᠡᠢ︔ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠠᠯᠠᠭᠤᠷᠠᠯ ᠤᠨ ᠡᠭᠦᠳᠡᠨ ᠡᠮᠨᠡᠯᠭᠡ ᠶᠢᠨ | ᠲᠣᠬᠢᠷᠠᠭᠤᠯᠤᠯᠲᠠ ᠶᠢ ᠴᠢᠩᠭᠠᠳᠬᠠᠵᠤ ᠂ ᠦᠨᠳᠦᠰᠦᠨ ᠱᠠᠲᠤᠨ ᠤ ᠠᠩᠬᠠᠨ ᠤ ᠣᠨᠣᠰᠢᠯᠠᠯᠲᠠ ᠶᠢᠨ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ | ᠬᠡᠷᠡᠭᠲᠡᠢ ᠃ | ᠦᠨᠳᠦᠰᠦᠨ ᠱᠠᠲᠤᠨ ᠤ ᠬᠢᠵᠢᠭ ᠢ ᠰᠡᠷᠭᠡᠶᠢᠯᠡᠬᠦ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠬᠤᠪᠢᠷᠠᠯᠲᠠ | ᠡᠭᠦᠨ ᠳᠤ ᠭᠤᠣᠯᠳᠠᠭᠤ ᠥᠩᠭᠡᠷᠡᠭᠰᠡᠨ ᠤ ᠡᠷᠲᠡ ᠢᠯᠡᠷᠡᠭᠦᠯᠬᠦ ᠂ ᠡᠷᠲᠡ ᠲᠤᠰᠠᠭᠠᠷᠯᠠᠬᠤ ᠪᠠ ᠬᠠᠯᠳᠠᠪᠤᠷᠢᠯᠠᠯ ᠢ ᠭᠤᠣᠯᠳᠠᠯᠭ᠎ᠠ ᠲᠠᠢ ᠰᠡᠷᠭᠡᠶᠢᠯᠡᠵᠦ ᠪᠠᠶᠢᠭᠰᠠᠨ ᠠᠴᠠ | ᠲᠦᠷᠦᠯ ᠳᠡᠰ ᠬᠤᠪᠢᠶᠠᠨ ᠡᠷᠡᠭᠦᠯ ᠮᠡᠨᠳᠦ ᠶᠢᠨ ᠦᠢᠯᠡᠴᠢᠯᠡᠭᠡ ᠪᠣᠯᠣᠨ ᠡᠮ ᠡᠮᠨᠡᠯᠭᠡ ᠶᠢᠨ ᠠᠪᠤᠷᠠᠨ ᠵᠠᠰᠠᠯᠲᠠ ᠶᠢ ᠬᠡᠷᠡᠭᠵᠢᠭᠦᠯᠬᠦ ᠲᠡᠶᠢᠰᠢ ᠬᠤᠪᠢᠷᠠᠭᠤᠯᠤᠨ᠎ᠠ ᠃ | ᠨᠢᠭᠡ ᠳᠤ ᠂ ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠬᠤ ᠬᠡᠷᠡᠭᠲᠡᠢ ᠃ ᠭᠤᠣᠯᠳᠠᠯᠭ᠎ᠠ ᠲᠠᠢ ᠬᠥᠮᠥᠰ ᠤᠨ ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠵᠤ ᠂ | ᠨᠡᠶᠢᠭᠡᠮ ᠲᠣᠭᠤᠷᠢᠭ ︵ᠲᠣᠰᠬᠤᠨ︶ ᠪᠣᠯᠣᠨ ᠦᠨᠳᠦᠰᠦᠨ ᠱᠠᠲᠤᠨ ᠤ ᠡᠮᠨᠡᠯᠭᠡ ᠶᠢᠨ ᠠᠵᠢᠯᠲᠠᠳ ᠣᠯᠠᠨ ᠵᠦᠢᠯ ᠤᠨ ᠠᠷᠭ᠎ᠠ ᠵᠠᠮ ᠢᠶᠠᠷ ᠳᠡᠮᠵᠢᠨ ᠂ ᠰᠠᠭᠤᠷᠢ | ᠡᠪᠡᠳᠴᠢᠨ ᠳᠠᠪᠬᠤᠴᠠᠭᠰᠠᠨ ᠨᠠᠰᠤᠲᠠᠶᠢᠴᠤᠳ ᠤᠨ ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠬᠤ ᠬᠡᠷᠡᠭᠲᠡᠢ ᠃ ᠡᠭᠦᠨ ᠤ ᠬᠠᠮᠲᠤ ᠂ ᠵᠢᠷᠮᠦᠰᠦᠨ ᠬᠥᠩᠭᠡᠵᠢᠭᠰᠡᠨ | ᠡᠬᠡᠴᠦᠳ ᠂ ᠬᠡᠦᠬᠡᠳ ᠵᠡᠷᠭᠡ ᠬᠥᠮᠥᠰ ᠤᠨ ᠬᠠᠮᠢᠶᠠᠷᠤᠯᠲᠠ ᠦᠢᠯᠡᠴᠢᠯᠡᠭᠡ ᠶᠢ ᠥᠩᠭᠡᠷᠡᠭᠰᠡᠨ ᠳᠤ ᠨᠢᠭᠡᠨᠲᠡ ᠨᠠᠶᠢᠳᠠᠪᠤᠷᠢᠵᠢᠭᠤᠯᠤᠭᠰᠠᠨ ᠤᠴᠢᠷ ᠠᠴᠠ ᠣᠲᠣ ᠶᠢᠨ | ᠭᠤᠣᠯᠳᠠᠯᠭ᠎ᠠ ᠲᠠᠢ ᠦᠢᠯᠡᠴᠢᠯᠡᠬᠦ ᠡᠲᠡᠭᠡᠳ ᠪᠣᠯ ᠨᠠᠰᠤᠲᠠᠶᠢᠴᠤᠳ ᠪᠣᠯᠣᠨ᠎ᠠ ᠂ ᠣᠨᠴᠠᠭᠠᠶᠢᠯᠠᠨ ᠤᠷᠢᠳ ᠢᠶᠠᠷ ᠰᠠᠭᠤᠷᠢ ᠡᠪᠡᠳᠴᠢᠨ ᠳᠠᠪᠬᠤᠴᠠᠭᠰᠠᠨ ᠬᠥᠮᠥᠰ ᠤᠨ | ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠬᠤ ᠬᠡᠷᠡᠭᠲᠡᠢ ᠃ | ᠬᠤᠶᠠᠷ ᠲᠤ ᠂ ᠲᠦᠷᠦᠯ ᠬᠤᠪᠢᠶᠠᠬᠤ ᠬᠡᠷᠡᠭᠲᠡᠢ ᠃ ᠪᠠᠶᠢᠳᠠᠯ ᠢ ᠣᠶᠢᠯᠠᠭᠠᠨ ᠳᠠᠩᠰᠠᠯᠠᠭᠰᠠᠨ ᠭᠤᠣᠯᠳᠠᠯᠭ᠎ᠠ ᠲᠠᠢ ᠬᠥᠮᠥᠰ ᠲᠤ ᠲᠥᠷᠥᠯ ᠪᠠ ᠲᠠᠰ ᠬᠤᠪᠢᠶᠠᠨ | ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠨ᠎ᠠ ︵ᠭᠤᠣᠯᠳᠠᠯᠭ᠎ᠠ ᠲᠠᠢ ᠬᠥᠮᠥᠰ ᠂ ᠳᠡᠳ᠋ ᠭᠤᠣᠯᠳᠠᠯᠭ᠎ᠠ ᠲᠠᠢ ᠬᠥᠮᠥᠰ ᠪᠠ ᠡᠩ ᠤᠨ ᠬᠥᠮᠥᠰ︶ ᠃ ᠲᠥᠷᠥᠯ | ᠠᠩᠭᠢᠯᠠᠯ ᠤᠨ ᠠᠳᠠᠯᠢ ᠪᠤᠰᠤ ᠶᠢ ᠦᠨᠳᠦᠰᠦᠯᠡᠨ ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠪᠠᠷ ᠳᠠᠮᠵᠢᠭᠤᠯᠤᠨ ᠂ ᠣᠯᠠᠨ ᠵᠦᠢᠯ ᠤᠨ ᠠᠷᠭ᠎ᠠ ᠮᠠᠶ᠋ᠢᠭ ᠤᠨ | ᠡᠷᠡᠭᠦᠯ ᠮᠡᠨᠳᠦ ᠶᠢᠨ ᠵᠢᠯᠣᠭᠤᠳᠤᠯᠭ᠎ᠠ ᠂ ᠡᠷᠡᠭᠦᠯ ᠮᠡᠨᠳᠦ ᠶᠢᠨ ᠬᠢᠨᠠᠨ ᠰᠢᠨᠵᠢᠯᠡᠯᠲᠡ ᠂ ᠮᠥᠷᠳᠡᠨ ᠰᠤᠷᠪᠤᠯᠵᠢᠯᠠᠬᠤ ᠶᠢ ᠬᠠᠩᠭᠠᠵᠤ ᠂ ᠥᠳᠥᠭᠡᠭᠴᠢ ᠶᠢᠨ ᠪᠠᠶᠢᠴᠠᠭᠠᠯᠲᠠ | ᠬᠢᠬᠦ ᠶᠢ ᠵᠢᠯᠤᠭᠤᠳᠴᠤ ᠂ ᠡᠪᠡᠳᠴᠢᠨ ᠳᠤ ᠨᠢ ᠲᠠᠭᠠᠷᠠᠭᠤᠯᠵᠤ ᠡᠮ ᠬᠡᠷᠡᠭᠯᠡᠬᠦ ᠲᠠᠯ᠎ᠠ ᠪᠠᠷ ᠵᠢᠯᠣᠭᠤᠳᠤᠯᠭ᠎ᠠ ᠬᠢᠬᠦ ᠳᠤᠩ ᠭᠤᠣᠯᠳᠠᠯᠭ᠎ᠠ ᠨᠢ ᠳᠠᠷᠤᠢ ᠲᠡᠳᠡᠨ ᠳᠤ | ᠡᠮᠴᠢᠯᠡᠭᠡᠨ ᠤ ᠲᠠᠯ᠎ᠠ ᠶᠢᠨ ᠦᠢᠯᠡᠴᠢᠯᠡᠭᠡ ᠬᠠᠩᠭᠠᠨ᠎ᠠ ᠃ | ᠭᠤᠷᠪᠠ ᠳᠤ ᠂ ᠱᠠᠲᠤ ᠬᠤᠪᠢᠶᠠᠨ ᠠᠪᠤᠷᠠᠨ ᠵᠠᠰᠠᠬᠤ ᠶᠢ ᠨᠠᠶᠢᠳᠠᠪᠤᠷᠢᠵᠢᠭᠤᠯᠬᠤ ᠬᠡᠷᠡᠭᠲᠡᠢ ᠃ ᠨᠥᠬᠦᠴᠡᠯ ᠡᠭᠦᠳᠴᠦ ᠪᠠᠶᠢᠭᠠᠳ ᠰᠢᠶᠠᠩ ᠪᠠᠯᠭᠠᠰᠤᠨ ᠤ ᠡᠷᠡᠭᠦᠯ | ᠬᠠᠮᠠᠭᠠᠯᠠᠯ ᠤᠨ ᠬᠤᠷᠢᠶ᠎ᠠ ᠪᠣᠯᠣᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠲᠤ ᠬᠠᠯᠠᠭᠤᠷᠠᠯ ᠤᠨ ᠡᠮᠴᠢᠯᠡᠭᠡᠨ ᠤ ᠲᠠᠰᠤᠭ | ᠭᠠᠷᠭᠠᠵᠤ ᠂ ᠨᠡᠭᠡᠭᠡᠬᠦ ᠶᠣᠰᠣᠲᠠᠢ ᠨᠢ ᠠᠯᠢ ᠴᠢᠳᠠᠬᠤ ᠪᠠᠷ ᠨᠡᠭᠡᠭᠡᠬᠦ ᠬᠡᠷᠡᠭᠲᠡᠢ ᠃ ᠠᠩᠬᠠᠨ ᠤ ᠣᠨᠣᠰᠢᠯᠠᠯᠲᠠ ᠶᠢᠨ ᠳᠦᠷᠢᠮ ᠢ ᠨᠠᠶᠢᠳᠠᠪᠤᠷᠢᠵᠢᠭᠤᠯᠵᠤ ᠂ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠡᠪᠡᠳᠴᠢᠨ ᠤ ᠢᠯᠡᠷᠡᠯ ᠲᠠᠢ ᠡᠪᠡᠳᠴᠢᠲᠡᠨ ᠳᠤ ᠣᠨᠣᠰᠢᠯᠠᠨ ᠡᠮᠨᠡᠬᠦ ᠪᠠ ᠡᠮ ᠬᠡᠷᠡᠭᠯᠡᠬᠦ ᠦᠢᠯᠡᠴᠢᠯᠡᠭᠡ ᠬᠠᠩᠭᠠᠬᠤ ᠬᠡᠷᠡᠭᠲᠡᠢ ᠃ | ᠨᠡᠶᠢᠭᠡᠮ ᠲᠣᠭᠤᠷᠢᠭ ︵ᠲᠣᠰᠬᠤᠨ︶ ᠵᠢᠴᠢ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠨᠤᠭᠤᠳ ᠳᠠᠶᠢᠴᠢᠯᠠᠯᠲᠠ ᠤᠬᠠᠭᠤᠯᠭ᠎ᠠ ᠶᠢ ᠥᠷᠭᠡᠨ ᠢᠶᠠᠷ | ᠥᠷᠨᠢᠭᠦᠯᠵᠦ ᠂ ᠡᠷᠡᠭᠦᠯ ᠮᠡᠨᠳᠦ ᠶᠢᠨ ᠬᠥᠮᠦᠵᠢᠯ ᠂ ᠡᠪᠡᠳᠴᠢᠨ ᠦᠵᠡᠭᠦᠯᠬᠦ ᠂ ᠡᠮ ᠬᠤᠳᠠᠯᠳᠤᠨ ᠠᠪᠴᠤ ᠡᠮ ᠬᠦᠷᠭᠡᠬᠦ ᠵᠡᠷᠭᠡ ᠦᠢᠯᠡᠴᠢᠯᠡᠭᠡᠨ ᠤ ᠪᠠᠲᠤᠯᠠᠭ᠎ᠠ ᠳᠤ | ᠬᠠᠮᠵᠢᠯᠴᠠᠬᠤ ᠬᠡᠷᠡᠭᠲᠡᠢ ᠃ ᠡᠭᠦᠨ ᠤ ᠵᠣᠷᠢᠯᠭ᠎ᠠ ᠨᠢ ᠭᠡᠷ ᠲᠤ ᠪᠠᠨ ᠰᠠᠭᠤᠵᠤ ᠡᠮᠨᠡᠭᠦᠯᠬᠦ ᠳᠤ ᠲᠣᠬᠢᠷᠠᠬᠤ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠰᠠᠳ ᠪᠤᠶᠤ | ᠬᠥᠩᠭᠡᠨ ᠬᠡᠯᠪᠡᠷᠢ ᠶᠢᠨ ᠡᠪᠡᠳᠴᠢᠲᠡᠨ ᠳᠤ ᠵᠣᠬᠢᠬᠤ ᠡᠳᠡᠭᠡᠷᠡᠯᠲᠡ ᠪᠠ ᠡᠮ ᠬᠡᠷᠡᠭᠯᠡᠬᠦ ᠵᠢᠯᠣᠭᠤᠳᠤᠯᠭ᠎ᠠ ᠬᠠᠩᠭᠠᠬᠤ ᠶᠢᠨ ᠲᠥᠯᠥᠭᠡ ᠶᠤᠮ ᠃ | ᠨᠠᠰᠤᠲᠠᠶᠢᠴᠤᠳ ᠂ ᠰᠠᠭᠤᠷᠢ ᠡᠪᠡᠳᠴᠢᠨ ᠲᠠᠢ ᠡᠪᠡᠳᠴᠢᠲᠡᠨ ᠂ ᠴᠢᠰᠤ ᠨᠡᠪᠴᠢᠭᠦᠯᠬᠦ ᠡᠪᠡᠳᠴᠢᠲᠡᠨ ᠵᠡᠷᠭᠡ ᠬᠥᠮᠥᠰ ᠤᠨ ᠪᠠᠶᠢᠳᠠᠯ ᠢ ᠣᠶᠢᠯᠠᠭᠠᠬᠤ ᠪᠠᠶᠢᠴᠠᠭᠠᠯᠲᠠ | ᠬᠢᠨ᠎ᠡ | ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ 12 ᠳ᠋ᠤᠭᠠᠷ ᠰᠠᠷ᠎ᠠ ᠶᠢᠨ 1 ᠤ ᠡᠳᠦᠷ ᠮᠡᠳᠡᠭᠳᠡᠯ ᠪᠠᠭᠤᠯᠭᠠᠭᠰᠠᠨ ᠤ ᠬᠠᠮᠲᠤ ᠪᠦᠬᠦ ᠲᠠᠯ᠎ᠠ | ᠶᠢᠨ ᠪᠠᠶᠢᠷᠢᠯᠠᠭᠤᠯᠤᠯᠲᠠ ᠬᠢᠵᠦ ᠂ ᠡᠯ᠎ᠡ ᠭᠠᠵᠠᠷ ᠤᠨ ᠬᠢᠨ 65 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠂ ᠢᠯᠠᠩᠭᠤᠶ᠎ᠠ ᠵᠢᠷᠦᠬᠡᠨ ᠤ ᠲᠢᠲᠢᠮ ᠡᠪᠡᠳᠴᠢᠨ ᠂ | ᠲᠠᠷᠢᠬᠢᠨ ᠤ ᠰᠠ ᠡᠪᠡᠳᠴᠢᠨ ᠂ ᠴᠢᠰᠤᠨ ᠳᠠᠷᠤᠯᠲᠠ ᠥᠨᠳᠥᠷ ᠡᠪᠡᠳᠴᠢᠨ ᠂ ᠠᠭᠤᠰᠬᠢᠨ ᠤ ᠠᠷᠬᠠᠭ ᠪᠥᠭᠯᠡᠷᠡᠯᠲᠡ ᠡᠪᠡᠳᠴᠢᠨ ᠂ ᠰᠢᠬᠢᠷ ᠰᠢᠵᠢᠩ ᠡᠪᠡᠳᠴᠢᠨ ᠂ | ᠤᠳᠠᠭᠠᠨ ᠴᠢᠨᠠᠷᠲᠠᠢ ᠪᠥᠭᠡᠷᠡᠨ ᠤ ᠡᠪᠡᠳᠴᠢᠨ ᠂ ᠬᠤᠣᠷᠲᠤ ᠬᠠᠪᠤᠳᠠᠷ ᠤᠨ ᠰᠠᠴᠤᠷᠠᠭ ᠵᠢᠴᠢ ᠬᠢᠮᠢ ᠶᠢᠨ ᠵᠠᠰᠠᠯ ᠬᠢᠯᠭᠡᠵᠦ ᠪᠠᠶᠢᠭ᠎ᠠ ᠡᠪᠡᠳᠴᠢᠲᠡᠨ ᠂ ᠪᠠᠰᠠ | ᠡᠭᠡᠯᠢᠯᠡᠭᠡ ᠶᠢᠨ ᠴᠢᠳᠠᠪᠤᠷᠢ ᠬᠤᠮᠰᠠᠳᠠᠯ ᠲᠠᠢ ᠡᠪᠡᠳᠴᠢᠲᠡᠨ ᠤ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠬᠢᠬᠦ ᠶᠢᠨ ᠬᠠᠮᠲᠤ ᠲᠡᠳᠡᠨ ᠤ ᠸᠠᠺᠼᠢᠨ ᠤ ᠲᠠᠷᠢᠯᠭ᠎ᠠ ᠶᠢᠨ | ᠪᠠᠶᠢᠳᠠᠯ ᠢ ᠣᠶᠢᠯᠠᠭᠠᠬᠤ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ ᠃ ᠣᠷᠣᠨ ᠨᠤᠲᠤᠭ ᠤᠨ ᠬᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠂ ᠣᠲᠣ ᠶᠢᠨ | ᠪᠠᠶᠢᠭ᠎ᠠ ᠬᠤᠪᠢ ᠬᠥᠮᠥᠨ ᠤ ᠡᠷᠡᠭᠦᠯ ᠮᠡᠨᠳᠦ ᠶᠢᠨ ᠲᠠᠩᠰᠠ ᠡᠪᠬᠡᠮᠡᠯ ᠂ ᠨᠠᠰᠤᠲᠠᠶᠢᠴᠤᠳ ᠤᠨ ᠡᠷᠡᠭᠦᠯ ᠮᠡᠨᠳᠦ ᠶᠢᠨ ᠪᠠᠶᠢᠴᠠᠭᠠᠯᠲᠠ ᠂ ᠠᠷᠠᠳ ᠤᠨ ᠶᠠᠪᠤᠳᠠᠯ ᠤᠨ | ᠨᠠᠰᠤᠲᠠᠶᠢᠴᠤᠳ ᠤᠨ ᠳᠠᠩᠰᠠᠯᠠᠯᠲᠠ ᠶᠢᠨ ᠰᠢᠰᠲ᠋ᠧᠮ ᠵᠢᠴᠢ ᠸᠠᠺᠼᠢᠨ ᠤ ᠲᠠᠷᠢᠯᠭ᠎ᠠ ᠶᠢᠨ ᠬᠠᠮᠢᠶ᠎ᠠ ᠪᠦᠬᠦᠢ ᠮᠡᠳᠡᠭᠡ ᠵᠠᠩᠭᠢ ᠶᠢ ᠵᠠᠳᠠᠯᠤᠨ ᠬᠠᠷᠢᠴᠠᠭᠤᠯᠵᠤ ᠪᠣᠯᠣᠨ᠎ᠠ ᠂ | ᠴᠢᠬᠤᠯᠠᠲᠠᠢ ᠦᠶ᠎ᠡ ᠳᠤ ᠪᠠᠰᠠ ᠡᠷᠦᠬᠡ ᠳᠤ ᠬᠦᠷᠴᠦ ᠪᠠᠶᠢᠴᠠᠭᠠᠯᠲᠠ ᠬᠢᠵᠦ ᠂ ᠡᠲᠡᠭᠡᠷ ᠬᠥᠮᠥᠰ ᠤᠨ ᠪᠠᠶᠢᠳᠠᠯ ᠢ ᠲᠣᠳᠣᠷᠬᠠᠢ ᠣᠶᠢᠯᠠᠭᠠᠬᠤ ᠬᠡᠷᠡᠭᠲᠡᠢ ᠃ ᠪᠠᠶᠢᠴᠠᠭᠠᠵᠤ | ᠳᠠᠭᠤᠰᠤᠭᠰᠠᠨ ᠤ ᠳᠠᠷᠠᠭ᠎ᠠ ᠂ ᠲᠡᠳᠡᠨ ᠤ ᠰᠠᠭᠤᠷᠢ ᠡᠪᠡᠳᠴᠢᠨ ᠤ ᠪᠠᠶᠢᠳᠠᠯ ᠂ ᠨᠠᠰᠤᠨ ᠤ ᠪᠠᠶᠢᠳᠠᠯ ᠂ ᠸᠠᠺᠼᠢᠨ ᠤ ᠲᠠᠷᠢᠯᠭ᠎ᠠ ᠶᠢᠨ ᠪᠠᠶᠢᠳᠠᠯ ᠵᠡᠷᠭᠡ ᠶᠢ ᠦᠨᠳᠦᠰᠦᠯᠡᠨ | ᠲᠥᠷᠥᠯ ᠬᠤᠪᠢᠶᠠᠵᠤ ᠂ ᠠᠳᠠᠯᠢ ᠪᠤᠰᠤ ᠬᠥᠮᠥᠰ ᠲᠤ ᠭᠤᠷᠪᠠᠨ ᠳᠡᠰ ᠬᠤᠪᠢᠶᠠᠨ ᠦᠢᠯᠡᠴᠢᠯᠡᠭᠡ ᠬᠠᠩᠭᠠᠨ᠎ᠠ ᠃ ᠵᠠᠷᠢᠮ ᠭᠠᠵᠠᠷ ᠤᠨ ᠬᠢᠨ ᠮᠠᠰᠢ ᠰᠠᠶᠢᠨ ᠲᠤᠷᠰᠢᠯᠭ᠎ᠠ | ᠬᠤᠷᠠᠮᠳᠤᠭᠤᠯᠵᠤ ᠂ ᠲᠡᠳᠡ ᠲᠣᠮᠣ ᠳ᠋ᠠᠶᠢᠲ᠋ᠠ ᠶᠢᠨ ᠬᠠᠷᠢᠴᠠᠭᠤᠯᠤᠯ ᠢᠶᠠᠷ ᠲᠠᠮᠵᠢᠨ ᠭᠤᠣᠯᠳᠠᠯᠭ᠎ᠠ ᠲᠠᠢ ᠬᠥᠮᠥᠰ ᠢ ᠰᠢᠭᠤᠳ ᠵᠠᠭᠠᠭᠯᠠᠨ ᠲᠣᠭᠲᠠᠭᠠᠵᠤ ᠂ ᠡᠳᠡᠭᠡᠷ | ᠭᠤᠣᠯᠳᠠᠯᠭ᠎ᠠ ᠲᠠᠢ ᠬᠥᠮᠥᠰ ᠤᠨ ᠪᠠᠶᠢᠳᠠᠯ ᠢ ᠨᠡᠶᠢᠭᠡᠮ ᠲᠣᠭᠤᠷᠢᠭ ᠲᠤ ᠳᠠᠮᠵᠢᠭᠤᠯᠵᠤ ᠂ ᠲᠠᠬᠢᠨ ᠨᠡᠶᠢᠭᠡᠮ ᠲᠣᠭᠤᠷᠢᠭ ᠢᠶᠠᠷ ᠪᠠᠶᠢᠳᠠᠯ ᠢ ᠣᠶᠢᠯᠠᠭᠠᠬᠤ ᠪᠠᠶᠢᠴᠠᠭᠠᠯᠲᠠ | ᠬᠢᠯᠭᠡᠬᠦ ᠨᠢ ᠬᠥᠮᠥᠨ ᠤ ᠬᠦᠴᠦᠨ ᠢ ᠠᠷᠪᠢᠯᠠᠭᠰᠠᠨ ᠢᠶᠠᠷ ᠪᠠᠷᠠᠬᠤ ᠦᠭᠡᠢ ᠠᠵᠢᠯ ᠤᠨ ᠶᠠᠰᠤ ᠴᠢᠨᠠᠷ ᠢ ᠴᠤ ᠳᠡᠭᠡᠭᠰᠢᠯᠡᠭᠦᠯᠦᠭᠰᠡᠨ ᠪᠣᠯᠬᠤᠷ ᠡᠯ᠎ᠡ ᠭᠠᠵᠠᠷ ᠤᠨ ᠬᠢᠨ | ᠲᠣᠯᠢ ᠪᠣᠯᠭᠠᠭᠤᠰᠢᠲᠠᠢ ᠪᠠᠶᠢᠨ᠎ᠠ ᠃ | ᠨᠠᠰᠤᠲᠠᠶᠢᠴᠤᠳ ᠢ ᠬᠠᠷᠢᠶ᠎ᠠ ᠲᠣᠭᠤᠷᠢᠭ ᠤᠨ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠪᠠ ᠭᠡᠷ ᠪᠦᠯᠢ ᠶᠢᠨ ᠡᠮᠴᠢ ᠲᠠᠢ | ᠰᠠᠨᠠᠭᠠᠴᠢᠯᠠᠭ᠎ᠠ ᠠᠴᠠ ᠪᠠᠨ ᠬᠠᠮᠵᠢᠯᠴᠠᠵᠤ ᠪᠠᠶᠢᠭᠠᠳ ᠡᠷᠡᠭᠦᠯ ᠮᠡᠨᠳᠦ ᠶᠢᠨ ᠮᠡᠳᠡᠭᠡ ᠵᠠᠩᠭᠢ ᠪᠠᠨ ᠳᠠᠩᠰᠠᠯᠠᠭᠤᠯᠵᠤ ᠂ ᠢᠯᠠᠩᠭᠤᠶ᠎ᠠ ᠭᠤᠣᠯᠳᠠᠯᠭ᠎ᠠ ᠲᠠᠢ ᠬᠥᠮᠥᠰ ᠤᠨ ᠭᠡᠷ | ᠪᠦᠯᠢ ᠶᠢᠨ ᠡᠮᠴᠢ ᠶᠢᠨ ᠦᠢᠯᠡᠴᠢᠯᠡᠭᠡ ᠶᠢᠨ ᠭᠡᠷ᠎ᠡ ᠲᠣᠭᠲᠠᠵᠤ ᠴᠢᠳᠠᠬᠤ ᠨᠢ ᠠᠯᠢ ᠴᠢᠳᠠᠬᠤ ᠪᠠᠷ ᠭᠡᠷ᠎ᠡ ᠲᠣᠭᠲᠠᠬᠤ ᠶᠢ ᠤᠷᠢᠶᠠᠯᠠᠵᠤ ᠪᠠᠶᠢᠨ᠎ᠠ ᠃ | ᠥᠨᠳᠥᠷ ᠨᠠᠰᠤᠲᠠᠢ ᠰᠠᠭᠤᠷᠢ ᠡᠪᠡᠳᠴᠢᠨ ᠲᠠᠢ ᠨᠠᠰᠤᠲᠠᠶᠢᠴᠤᠳ ᠲᠤ ᠲᠥᠷᠥᠯ ᠲᠠᠰ ᠬᠤᠪᠢᠶᠠᠬᠤ ᠦᠢᠯᠡᠴᠢᠯᠡᠭᠡ ᠬᠠᠩᠭᠠᠨ᠎ᠠ | ᠨᠠᠰᠤᠲᠠᠶᠢᠴᠤᠳ ᠢ ᠭᠤᠷᠪᠠᠨ ᠲᠥᠷᠥᠯ ᠳᠤ ᠬᠤᠪᠢᠶᠠᠨ᠎ᠠ ᠂ ᠨᠢᠭᠡᠳᠦᠭᠡᠷ ᠲᠥᠷᠥᠯ ᠨᠢ ᠡᠩ ᠤᠨ ᠬᠥᠮᠥᠰ ᠂ ᠳᠠᠷᠤᠢ ᠲᠦᠭᠰᠢᠭᠦᠷᠢ ᠪᠠᠷ ᠳᠣᠣᠷ᠎ᠠ ᠬᠥᠮᠥᠰ ᠪᠣᠯᠣᠨ᠎ᠠ ᠂ | ᠡᠶᠢᠮᠦ ᠬᠥᠮᠥᠰ ᠲᠤ ᠭᠤᠣᠯᠳᠠᠭᠤ ᠡᠷᠡᠭᠦᠯ ᠮᠡᠨᠳᠦ ᠶᠢᠨ ᠬᠥᠮᠦᠵᠢᠯ ᠢ ᠴᠢᠩᠭᠠᠳᠬᠠᠵᠤ ᠂ ᠸᠠᠺᠼᠢᠨ ᠤ ᠲᠠᠷᠢᠯᠭ᠎ᠠ ᠬᠢᠭᠰᠡᠨ ᠦᠭᠡᠢ ᠬᠥᠮᠥᠰ ᠢ ᠴᠠᠭ ᠲᠤᠬᠠᠢ ᠳᠤ ᠨᠢ | ᠸᠠᠺᠼᠢᠨ ᠤ ᠲᠠᠷᠢᠯᠭ᠎ᠠ ᠬᠢᠯᠭᠡᠬᠦ ᠪᠠᠷ ᠳᠠᠶᠢᠴᠢᠯᠠᠬᠤ ᠬᠡᠷᠡᠭᠲᠡᠢ ᠃ ᠬᠤᠶᠠᠳᠤᠭᠠᠷ ᠲᠥᠷᠥᠯ ᠨᠢ ᠳᠡᠳ᠋ ᠭᠤᠣᠯᠳᠠᠯᠭ᠎ᠠ ᠲᠠᠢ ᠬᠥᠮᠥᠰ ᠪᠣᠯᠣᠨ᠎ᠠ ᠂ ᠥᠭᠡᠷ᠎ᠡ ᠪᠠᠷ ᠬᠡᠯᠡᠪᠡᠯ | ᠵᠣᠬᠢᠬᠤ ᠲᠦᠭᠰᠢᠭᠦᠷᠢ ᠲᠠᠢ ᠬᠥᠮᠥᠰ ᠪᠣᠯᠣᠨ᠎ᠠ ᠂ ᠡᠨᠡ ᠲᠥᠷᠥᠯ ᠤᠨ ᠬᠥᠮᠥᠰ ᠲᠤ ᠨᠢᠭᠡᠳᠦᠭᠡᠷ ᠳᠡᠰ ᠤᠨ ᠦᠢᠯᠡᠴᠢᠯᠡᠭᠡᠨ ᠤ ᠰᠠᠭᠤᠷᠢᠨ ᠳᠡᠭᠡᠷ᠎ᠡ ᠭᠡᠷ ᠪᠦᠯᠢ ᠶᠢᠨ | ᠠᠵᠢᠭᠯᠠᠯᠲᠠ ᠬᠢᠬᠦ ᠶᠢ ᠴᠢᠩᠭᠠᠳᠬᠠᠵᠤ ᠂ ᠴᠠᠭ ᠲᠤᠬᠠᠢ ᠳᠤ ᠨᠢ ᠡᠮ ᠬᠡᠷᠡᠭᠯᠡᠬᠦ ᠵᠢᠯᠣᠭᠤᠳᠤᠯᠭ᠎ᠠ ᠬᠠᠩᠭᠠᠵᠤ ᠂ ᠦᠨᠳᠦᠰᠦᠨ ᠱᠠᠲᠤᠨ ᠳᠤ ᠰᠢᠢᠳᠪᠦᠷᠢᠯᠡᠵᠦ ᠳᠡᠶᠢᠯᠬᠦ | ᠦᠭᠡᠢ ᠠᠰᠠᠭᠤᠳᠠᠯ ᠪᠠᠶᠢᠬᠤ ᠶᠢ ᠣᠯᠵᠤ ᠮᠡᠳᠡᠪᠡᠯ ᠴᠠᠭ ᠲᠤᠬᠠᠢ ᠳᠤ ᠨᠢ ᠰᠢᠯᠵᠢᠭᠦᠯᠦᠨ ᠡᠮᠨᠡᠭᠦᠯᠬᠦ ᠬᠡᠷᠡᠭᠲᠡᠢ ᠃ ᠭᠤᠷᠪᠠᠳᠤᠭᠠᠷ ᠲᠥᠷᠥᠯ ᠤᠨ ᠬᠥᠮᠥᠰ ᠪᠣᠯ | ᠭᠤᠣᠯᠳᠠᠭᠤ ᠲᠦᠭᠰᠢᠭᠦᠷᠢ ᠪᠠᠷ ᠨᠡᠯᠢᠶᠡᠳ ᠥᠨᠳᠥᠷ ᠬᠥᠮᠥᠰ ᠪᠣᠯᠣᠨ᠎ᠠ ᠂ ᠨᠠᠰᠤ ᠨᠢ ᠨᠡᠯᠢᠶᠡᠳ ᠥᠨᠳᠥᠷ ᠂ 80 ᠠᠴᠠ ᠳᠡᠭᠡᠭᠰᠢᠬᠢ ᠂ ᠰᠠᠭᠤᠷᠢ ᠡᠪᠡᠳᠴᠢᠨ ᠲᠠᠢ | ᠪᠥᠭᠡᠳ ᠲᠣᠭᠲᠠᠭᠤᠨ ᠪᠤᠰᠤ ᠂ ᠥᠩᠭᠡᠷᠡᠭᠰᠡᠨ ᠳᠤ ᠪᠠᠰᠠ ᠡᠭᠡᠯᠢᠯᠡᠭᠡ ᠶᠢᠨ ᠲᠠᠷᠢᠯᠭ᠎ᠠ ᠬᠢᠯᠭᠡᠭᠰᠡᠨ ᠦᠭᠡᠢ ᠪᠠᠶᠢᠵᠤ ᠮᠡᠳᠡᠨ᠎ᠡ ᠂ ᠡᠶᠢᠮᠦ ᠬᠥᠮᠥᠰ ᠲᠤ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠳᠤ ᠨᠡᠷᠪᠡᠭᠳᠡᠭᠰᠡᠨ ᠢ ᠣᠯᠵᠤ ᠮᠡᠳᠡᠪᠡᠯ ᠳᠠᠷᠤᠢ ᠦᠨᠡᠯᠡᠨ ᠵᠢᠱᠢᠯᠲᠡ ᠬᠢᠵᠦ ᠂ ᠬᠡᠷᠡᠭᠴᠡᠭᠡ ᠱᠠᠭᠠᠷᠳᠠᠯᠭ᠎ᠠ ᠪᠠᠨ ᠦᠨᠳᠦᠰᠦᠯᠡᠨ ᠴᠠᠭ | ᠲᠤᠬᠠᠢ ᠳᠤ ᠨᠢ ᠳᠡᠭᠡᠳᠦ ᠱᠠᠲᠤᠨ ᠤ ᠡᠮᠨᠡᠯᠭᠡ ᠶᠢᠨ ᠬᠤᠷᠢᠶ᠎ᠠ ᠳᠤ ᠰᠢᠯᠵᠢᠭᠦᠯᠬᠦ ᠬᠡᠷᠡᠭᠲᠡᠢ ᠃ ᠡᠭᠦᠨ ᠤ ᠭᠤᠣᠯᠳᠠᠯᠭ᠎ᠠ ᠨᠢ ᠡᠷᠡᠭᠦᠯ ᠮᠡᠨᠳᠦ ᠶᠢ ᠪᠠᠲᠤᠯᠠᠨ ᠂ ᠬᠦᠨᠳᠦ | ᠡᠪᠡᠳᠴᠢᠨ ᠢ ᠰᠡᠷᠭᠡᠶᠢᠯᠡᠵᠦ ᠂ ᠠᠳᠠᠯᠢ ᠪᠤᠰᠤ ᠬᠥᠮᠥᠰ ᠲᠤ ᠲᠥᠷᠥᠯ ᠳᠡᠰ ᠬᠤᠪᠢᠶᠠᠨ ᠦᠢᠯᠡᠴᠢᠯᠡᠭᠡ ᠬᠠᠩᠭᠠᠨ᠎ᠠ ᠃ ᠬᠢᠵᠠᠭᠠᠷᠲᠠᠢ ᠡᠮ ᠡᠮᠨᠡᠯᠭᠡ ᠶᠢᠨ ᠡᠬᠢ ᠪᠠᠶᠠᠯᠢᠭ ᠢ | ᠬᠠᠮᠤᠭ ᠤᠨ ᠬᠡᠷᠡᠭᠴᠡᠭᠡ ᠲᠠᠢ ᠬᠥᠮᠥᠰ ᠲᠤ ᠬᠦᠷᠭᠡᠵᠦ ᠂ ᠡᠮ ᠡᠮᠨᠡᠯᠭᠡ ᠶᠢᠨ ᠡᠬᠢ ᠪᠠᠶᠠᠯᠢᠭ ᠢ ᠪᠦᠷᠢᠯᠭᠡᠬᠦ ᠠᠴᠠ ᠵᠠᠶᠢᠯᠠᠰᠬᠢᠵᠦ ᠂ ᠡᠮ ᠡᠮᠨᠡᠯᠭᠡ ᠶᠢᠨ ᠦᠢᠯᠡᠴᠢᠯᠡᠭᠡᠨ ᠤ | ᠦᠷ᠎ᠡ ᠪᠦᠲᠦᠮᠵᠢ ᠪᠠ ᠶᠠᠰᠤ ᠴᠢᠨᠠᠷ ᠢ ᠳᠡᠭᠡᠭᠰᠢᠯᠡᠭᠦᠯᠦᠨ᠎ᠡ ᠃ | ᠣᠳᠣᠬᠠᠨ ᠳᠤ ᠮᠠᠨ ᠤ ᠤᠯᠤᠰ ᠤᠨ ᠦᠨᠳᠦᠰᠦᠨ ᠱᠠᠲᠤᠨ ᠤ ᠬᠠᠯᠠᠭᠤᠷᠠᠯ ᠤᠨ ᠡᠮᠴᠢᠯᠡᠭᠡᠨ ᠤ ᠲᠠᠰᠤᠭ ᠤᠨ ᠪᠠᠶᠢᠭᠤᠯᠤᠯᠲᠠ ᠶᠠᠮᠠᠷ ᠪᠠᠶᠢᠳᠠᠯ ᠲᠠᠢ ᠪᠣᠢ︖ | 2022 ᠣᠨ ᠤ 10 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ ᠂ ᠪᠥᠬᠦ ᠤᠯᠤᠰ ᠤᠨ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠪᠠ ᠨᠡᠶᠢᠭᠡᠮ | ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠬᠠᠯᠠᠭᠤᠷᠠᠯ ᠤᠨ ᠡᠮᠴᠢᠯᠡᠭᠡᠨ ᠤ ᠲᠠᠰᠤᠭ ︵ᠡᠭᠦᠳᠡᠨ ᠡᠮᠨᠡᠯᠭᠡ︶ ᠢ ᠨᠡᠶᠢᠲᠡ 1.94 ᠲᠦᠮᠡ | ᠪᠠᠶᠢᠭᠤᠯᠵᠤ ᠂ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ 45% ᠶᠢ ᠡᠵᠡᠯᠡᠪᠡ ᠃ ᠡᠭᠦᠨ ᠠᠴᠠ ᠭᠠᠳᠠᠨ᠎ᠠ ᠂ ᠤᠷᠢᠳᠴᠢᠯᠠᠨ | ᠪᠠᠶᠢᠴᠠᠭᠠᠵᠤ ᠬᠤᠪᠢᠶᠠᠨ ᠣᠨᠣᠰᠢᠯᠠᠬᠤ ᠴᠢᠳᠠᠮᠵᠢ ᠲᠠᠢ ᠬᠠᠯᠠᠭᠤᠷᠠᠯ ᠤᠨ ᠴᠡᠭ ᠢ 2.2 ᠲᠦᠮᠡ ᠪᠠᠶᠢᠭᠤᠯᠵᠤ ᠂ 52% ᠢ ᠡᠵᠡᠯᠡᠵᠦ ᠪᠠᠶᠢᠨ᠎ᠠ ᠃ ᠣᠳᠣᠬᠠᠨ ᠳᠤ | ᠵᠧᠵᠢᠶᠠᠩ ᠂ ᠱᠠᠨᠳᠦ᠋ᠩ ᠂ ᠾᠧᠨᠠᠨ ᠂ ᠬᠤᠪᠧᠢ ᠪᠣᠯᠣᠨ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠵᠡᠷᠭᠡ 5 ᠮᠤᠵᠢ ᠣᠷᠣᠨ ᠤ | ᠪᠦᠲᠦᠭᠡᠨ ᠪᠠᠶᠢᠭᠤᠯᠵᠤ ᠪᠠᠶᠢᠭ᠎ᠠ ᠬᠠᠯᠠᠭᠤᠷᠠᠯ ᠤᠨ ᠡᠮᠴᠢᠯᠡᠭᠡᠨ ᠤ ᠲᠠᠰᠤᠭ ︵ᠡᠭᠦᠳᠡᠨ ᠡᠮᠨᠡᠯᠭᠡ︶ 90% ᠠᠴᠠ ᠳᠡᠭᠡᠭᠰᠢ ᠪᠣᠯᠵᠤ ᠂ ᠪᠤᠰᠤᠳ ᠮᠤᠵᠢ ᠬᠤᠲᠠ ᠠᠴᠠ | ᠮᠥᠨ ᠴᠦ ᠪᠦᠲᠦᠭᠡᠨ ᠪᠠᠶᠢᠭᠤᠯᠤᠯᠲᠠ ᠪᠠᠨ ᠲᠦᠷᠭᠡᠳᠬᠡᠵᠦ ᠪᠠᠶᠢᠨ᠎ᠠ ᠃ ᠵᠠᠷᠢᠮ ᠭᠠᠵᠠᠷ ᠤᠨ ᠦᠨᠳᠦᠰᠦᠨ ᠱᠠᠲᠤᠨ ᠤ ᠬᠠᠯᠠᠭᠤᠷᠠᠯ ᠤᠨ ᠡᠮᠴᠢᠯᠡᠭᠡᠨ ᠤ ᠲᠠᠰᠤᠭ ︵ | ᠡᠭᠦᠳᠡᠨ ᠡᠮᠨᠡᠯᠭᠡ︶ ᠴᠤ ᠨᠢᠭᠡᠨᠲᠡ ᠮᠠᠰᠢ ᠰᠠᠶᠢᠨ ᠦᠢᠯᠡᠳᠦᠯ ᠢᠶᠠᠨ ᠪᠠᠳᠠᠷᠠᠭᠤᠯᠬᠤ ᠪᠣᠯᠵᠠᠢ ᠃ | ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢᠨ ᠲᠠᠰᠤᠷᠠᠯᠲᠠ ᠦᠭᠡᠢ ᠰᠢᠯᠢᠳᠡᠭᠵᠢᠨ ᠲᠡᠭᠦᠯᠳᠡᠷᠵᠢᠬᠦ ᠶᠢ | ᠳᠠᠭᠠᠯᠳᠤᠨ ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠡᠯ᠎ᠡ ᠭᠠᠵᠠᠷ ᠤᠨ ᠬᠢᠨ ᠢ ᠵᠢᠭᠠᠨ ᠵᠢᠯᠤᠭᠤᠳᠴᠤ ᠪᠠᠶᠢᠭᠠᠳ ᠬᠠᠯᠠᠭᠤᠷᠠᠯ ᠤᠨ | ᠡᠮᠴᠢᠯᠡᠭᠡᠨ ᠤ ᠲᠠᠰᠤᠭ ︵ᠡᠭᠦᠳᠡᠨ ᠡᠮᠨᠡᠯᠭᠡ︶ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ ᠂ ᠬᠠᠯᠠᠭᠤᠷᠠᠯ ᠤᠨ ᠴᠡᠭ ᠢ ᠥᠭᠡᠷᠡᠴᠢᠯᠡᠵᠦ | ᠥᠷᠭᠡᠳᠬᠡᠨ ᠪᠠᠶᠢᠭᠤᠯᠬᠤ ᠂ ᠤᠭᠰᠠᠷᠠᠮᠠᠯ ᠪᠠᠶᠢᠰᠢᠩ ᠬᠤᠳᠠᠯᠳᠤᠨ ᠠᠪᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠂ ᠬᠠᠯᠠᠭᠤᠷᠠᠯ ᠤᠨ | ᠡᠮᠴᠢᠯᠡᠭᠡᠨ ᠤ ᠲᠠᠰᠤᠭ ︵ᠡᠭᠦᠳᠡᠨ ᠡᠮᠨᠡᠯᠭᠡ︶ ᠤᠨ ᠲᠣᠬᠢᠷᠠᠭᠤᠯᠤᠨ ᠪᠠᠶᠢᠭᠤᠯᠬᠤ ᠨᠣᠷᠮ᠎ᠠ ᠶᠢ ᠲᠦᠷᠭᠡᠳᠬᠡᠨ ᠳᠡᠭᠡᠭᠰᠢᠯᠡᠭᠦᠯᠵᠦ ᠪᠠᠶᠢᠨ᠎ᠠ ᠃ ᠦᠨᠡᠨ ᠳᠤ ᠪᠠᠨ | ᠬᠠᠯᠠᠭᠤᠷᠠᠯ ᠤᠨ ᠡᠮᠴᠢᠯᠡᠭᠡᠨ ᠤ ᠲᠠᠰᠤᠭ ︵ᠡᠭᠦᠳᠡᠨ ᠡᠮᠨᠡᠯᠭᠡ︶ ᠣᠨᠴᠠᠭᠠᠶᠢᠯᠠᠨ ᠦᠨᠳᠦᠰᠦᠨ ᠱᠠᠲᠤᠨ ᠤ ᠬᠠᠯᠠᠭᠤᠷᠠᠯ ᠤᠨ ᠡᠮᠴᠢᠯᠡᠭᠡᠨ ᠤ ᠲᠠᠰᠤᠭ ︵ᠡᠭᠦᠳᠡᠨ | ᠡᠮᠨᠡᠯᠭᠡ ︶ ᠨᠢ ᠲᠡᠶᠢᠮᠦ ᠪᠤᠳᠤᠯᠢᠶᠠᠨᠲᠠᠢ ᠪᠢᠰᠢ ᠂ ᠵᠠᠷᠢᠮ ᠭᠠᠵᠠᠷ ᠤᠨ ᠬᠢᠨ ᠨᠢᠭᠡ ᠬᠤᠶᠠᠷ ᠲᠠᠰᠤᠯᠭ᠎ᠠ ᠤᠭᠰᠠᠷᠠᠮᠠᠯ ᠪᠠᠶᠢᠰᠢᠩ ᠢ ᠬᠠᠷᠢᠴᠠᠩᠭᠤᠢ ᠪᠠᠷ ᠲᠤᠰᠠᠭᠠᠷ ᠣᠷᠣᠨ | ᠵᠠᠢ ᠳᠤ ᠲᠣᠬᠢᠷᠠᠭᠤᠯᠤᠭᠰᠠᠨ ᠪᠠᠶᠢᠳᠠᠭ ᠃ ᠭᠡᠪᠡᠴᠦ ᠨᠥᠬᠦᠴᠡᠯ ᠲᠠᠢ ᠭᠠᠵᠠᠷ ᠣᠷᠣᠨ ᠤ ᠬᠢᠨ ᠬᠠᠰᠢ ᠯᠡ ᠪᠠᠷᠢᠮᠵᠢᠶ᠎ᠠ ᠶᠣᠰᠣᠭᠠᠷ ᠪᠠᠶᠢᠭᠤᠯᠪᠠᠯ ᠬᠠᠮᠤᠭ ᠤᠨ ᠰᠠᠶᠢᠨ | ᠶᠤᠮ ᠃ ᠡᠶᠢᠮᠦ ᠠᠴᠠ ᠪᠢᠳᠡ 2023 ᠣᠨ ᠤ 3 ᠳ᠋ᠤᠭᠠᠷ ᠰᠠᠷ᠎ᠠ ᠶᠢᠨ ᠰᠡᠭᠦᠯᠴᠢ ᠪᠠᠷ ᠂ ᠡᠯ᠎ᠡ ᠭᠠᠵᠠᠷ ᠤᠨ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠶᠢᠨ ᠬᠠᠯᠠᠭᠤᠷᠠᠯ ᠤᠨ ᠡᠮᠴᠢᠯᠡᠭᠡᠨ ᠤ ᠲᠠᠰᠤᠭ ︵ᠡᠭᠦᠳᠡᠨ ᠡᠮᠨᠡᠯᠭᠡ︶ ᠤᠨ ᠪᠠᠶᠢᠭᠤᠯᠤᠯᠲᠠ ᠶᠢ 90% ᠳᠤ ᠬᠦᠷᠭᠡᠬᠦ ᠬᠡᠷᠡᠭᠲᠡᠢ ᠭᠡᠵᠦ | ᠳᠤᠷᠠᠳᠪᠠ ᠃ ᠦᠨᠡᠨ ᠳᠤ ᠪᠠᠨ ᠣᠷᠣᠨ ᠨᠤᠲᠤᠭ ᠤᠨ ᠵᠠᠰᠠᠭ ᠤᠨ ᠣᠷᠳᠣᠨ ᠠᠴᠠ ᠴᠢᠬᠤᠯᠠᠴᠢᠯᠠᠨ ᠦᠵᠡᠳᠡᠭ ᠯᠡ ᠶᠤᠮ ᠪᠣᠯ ᠡᠨᠡ ᠬᠦ ᠬᠠᠷᠠᠯᠲᠠ ᠶᠢ ᠪᠡᠶᠡᠯᠡᠭᠦᠯᠵᠦ | ᠪᠣᠯᠬᠤ ᠶᠤᠮ ᠂ ᠡᠨᠡ ᠨᠢ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠠᠯᠠᠭᠤᠷᠠᠵᠤ ᠪᠠᠶᠢᠭ᠎ᠠ ᠡᠪᠡᠳᠴᠢᠲᠡᠨ ᠢ ᠭᠥᠯᠢᠶᠡᠨ | ᠠᠪᠴᠤ ᠡᠮᠨᠡᠨ ᠵᠠᠰᠠᠬᠤ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠵᠦ ᠴᠢᠳᠠᠨ᠎ᠠ ᠃ | ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠥᠮᠥᠨ ᠤ ᠬᠦᠴᠦᠨ ᠬᠦᠷᠦᠯᠴᠡᠬᠦ ᠦᠭᠡᠢ ᠪᠠᠶᠢᠪᠠᠯ ᠶᠠᠭᠠᠬᠢᠬᠤ ᠪᠤᠢ︖ | ᠬᠥᠮᠥᠨ ᠤ ᠬᠦᠴᠦᠨ ᠢ ᠣᠬᠤᠷᠬᠠᠨ ᠬᠤᠭᠤᠴᠠᠭᠠᠨ ᠤ ᠳᠣᠲᠣᠷ᠎ᠠ ᠬᠥᠮᠥᠵᠢᠭᠦᠯᠬᠦ ᠳᠤ ᠨᠡᠯᠢᠶᠡᠳ ᠬᠦᠴᠢᠷᠲᠡᠢ ᠶᠤᠮ ᠂ ᠣᠬᠤᠷᠬᠠᠨ ᠬᠤᠭᠤᠴᠠᠭᠠᠨ ᠤ ᠳᠣᠲᠣᠷ᠎ᠠ | ᠬᠤᠶᠠᠳᠤᠭᠠᠷ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠠᠴᠠ ᠬᠥᠮᠥᠨ ᠲᠣᠮᠢᠯᠠᠨ ᠳᠣᠷᠣᠭᠰᠢ ᠪᠠᠭᠤᠯᠭᠠᠬᠤ ᠪᠠᠷ ᠳᠠᠮᠵᠢᠭᠤᠯᠤᠨ ᠂ ᠦᠨᠳᠦᠰᠦᠨ ᠱᠠᠲᠤ ᠶᠢ | ᠳᠡᠮᠵᠢᠵᠦ ᠪᠣᠯᠣᠨ᠎ᠠ ᠂ ᠪᠠᠰᠠ ᠣᠶᠢᠷ᠎ᠠ ᠶᠢᠨ ᠲᠠᠪᠤᠨ ᠵᠢᠯ ᠤᠨ ᠲᠤᠷᠰᠢ ᠨᠢᠭᠡᠨᠲᠡ ᠠᠵᠢᠯ ᠠᠴᠠ ᠪᠠᠨ ᠪᠠᠭᠤᠵᠤ ᠠᠮᠠᠷᠠᠭᠰᠠᠨ ᠡᠮᠨᠡᠯᠭᠡ ᠶᠢᠨ ᠠᠵᠢᠯᠲᠠᠳ ᠢ ᠤᠷᠢᠵᠤ ᠂ | ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠠᠵᠢᠯᠯᠠᠭᠤᠯᠵᠤ ᠪᠣᠯᠣᠨ᠎ᠠ ᠃ ᠪᠠᠰᠠ ᠵᠠᠷᠢᠮ ᠪᠤᠰᠤᠳ ᠠᠵᠢᠯ ᠤᠨ ᠪᠠᠶᠢᠷᠢᠨ ᠳᠤ | ᠪᠠᠶᠢᠭ᠎ᠠ ᠡᠮ ᠡᠮᠨᠡᠯᠭᠡ ᠡᠷᠡᠭᠦᠯ ᠬᠠᠮᠠᠭᠠᠯᠠᠯ ᠤᠨ ᠠᠵᠢᠯᠲᠠᠨ ᠢ ᠴᠥᠮ ᠦᠨᠳᠦᠰᠦᠨ ᠱᠠᠲᠤᠨ ᠤ ᠪᠠᠶᠢᠭᠤᠯᠤᠮᠵᠢ ᠳᠤ ᠡᠯᠰᠡᠨ ᠠᠪᠴᠢᠷᠠᠵᠤ ᠂ ᠦᠨᠳᠦᠰᠦᠨ ᠱᠠᠲᠤᠨ ᠤ | ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠳᠠᠷᠤᠭᠠᠰᠤ ᠶᠢ ᠨᠢ ᠬᠥᠩᠭᠡᠯᠡᠵᠦ ᠪᠣᠯᠣᠨ᠎ᠠ ᠃ ᠡᠭᠦᠨ ᠤ ᠬᠠᠮᠲᠤ ᠂ ᠭᠡᠷ ᠪᠦᠯᠢ ᠶᠢᠨ ᠡᠮᠴᠢ ᠶᠢᠨ | ᠦᠢᠯᠡᠳᠦᠯ ᠢ ᠦᠨᠡᠨ ᠬᠦ ᠪᠠᠳᠠᠷᠠᠭᠤᠯᠵᠤ ᠂ ᠭᠤᠣᠯᠳᠠᠯᠭ᠎ᠠ ᠲᠠᠢ ᠬᠥᠮᠥᠰ ᠤᠨ ᠭᠡᠷᠡᠲᠦ ᠦᠢᠯᠡᠴᠢᠯᠡᠭᠡ ᠲᠣᠭᠲᠠᠬᠤ ᠶᠢ ᠠᠬᠢᠭᠤᠯᠤᠨ ᠂ ᠪᠦᠬᠦᠨ ᠢ ᠬᠠᠮᠤᠷᠤᠭᠤᠯᠬᠤ ᠪᠠᠷ | ᠴᠢᠷᠮᠠᠶᠢᠵᠤ ᠂ ᠬᠡᠷᠡᠭᠴᠡᠭᠡ ᠲᠠᠢ ᠦᠶ᠎ᠡ ᠳᠤ ᠭᠡᠷ ᠪᠦᠯᠢ ᠶᠢᠨ ᠡᠮᠴᠢ ᠲᠠᠢ ᠬᠠᠷᠢᠯᠴᠠᠵᠤ ᠪᠣᠯᠬᠤ ᠶᠢ ᠪᠠᠲᠤᠯᠠᠬᠤ ᠬᠡᠷᠡᠭᠲᠡᠢ ᠃ | ᠡᠭᠦᠨ ᠠᠴᠠ ᠭᠠᠳᠠᠨ᠎ᠠ ᠂ ᠡᠮ ᠡᠮᠨᠡᠯᠭᠡ ᠶᠢᠨ ᠬᠤᠯᠪᠣᠭᠠᠲᠤ ᠴᠣᠭᠴᠠ ᠂ ᠡᠮ ᠡᠮᠨᠡᠯᠭᠡ ᠶᠢᠨ ᠬᠠᠮᠲᠤ ᠶᠢᠨ ᠴᠣᠭᠴᠠ ᠶᠢᠨ ᠦᠢᠯᠡᠳᠦᠯ ᠢ ᠢᠳᠡᠪᠬᠢᠲᠡᠢ ᠪᠠᠳᠠᠷᠠᠭᠤᠯᠬᠤ | ᠬᠡᠷᠡᠭᠲᠡᠢ ᠃ ᠢᠯᠠᠩᠭᠤᠶ᠎ᠠ ᠳᠠᠭᠠᠭᠤᠯᠤᠭᠴᠢ ᠡᠮᠨᠡᠯᠭᠡ ᠶᠢᠨ ᠬᠤᠷᠢᠶ᠎ᠠ ᠶᠢᠨ ᠦᠢᠯᠡᠳᠦᠯ ᠢ ᠪᠠᠳᠠᠷᠠᠭᠤᠯᠵᠤ ᠂ ᠪᠦᠷᠢᠯᠳᠦᠭᠦᠨ ᠨᠢᠭᠡᠴᠢ ᠶᠢᠨ ᠬᠠᠯᠠᠭᠤᠷᠠᠯ ᠤᠨ ᠡᠭᠦᠳᠡᠨ | ᠡᠮᠨᠡᠯᠭᠡ ᠶᠢᠨ ᠪᠦᠲᠦᠭᠡᠨ ᠪᠠᠶᠢᠭᠤᠯᠤᠯᠲᠠ ᠵᠢᠴᠢ ᠠᠵᠢᠯᠯᠠᠭᠠᠨ ᠤ ᠪᠠᠶᠢᠳᠠᠯ ᠳᠤ ᠵᠢᠯᠣᠭᠤᠳᠤᠯᠭ᠎ᠠ ᠦᠵᠡᠭᠦᠯᠬᠦ ᠶᠢ ᠴᠢᠩᠭᠠᠳᠬᠠᠬᠤ ᠬᠡᠷᠡᠭᠲᠡᠢ ᠃ ᠡᠮ ᠡᠮᠨᠡᠯᠭᠡ ᠶᠢᠨ | ᠬᠤᠯᠪᠣᠭᠠᠲᠤ ᠴᠣᠭᠴᠠ ᠶᠢᠨ ᠳᠣᠲᠣᠭᠠᠳᠤ ᠳᠠᠬᠢ ᠠᠵᠢᠯᠲᠠᠨ ᠤ ᠲᠣᠬᠢᠷᠠᠭᠤᠯᠤᠯᠲᠠ ᠶᠢ ᠨᠢᠭᠡᠳᠦᠯᠲᠡᠢ ᠲᠥᠯᠥᠪᠯᠡᠵᠦ ᠂ ᠬᠤᠣᠰ ᠴᠢᠭᠯᠡᠯ ᠢᠶᠠᠷ ᠰᠢᠯᠵᠢᠭᠦᠯᠦᠨ ᠡᠮᠨᠡᠭᠦᠯᠬᠦ | ᠵᠠᠮ ᠢ ᠰᠠᠭᠠᠳ ᠦᠭᠡᠢ ᠨᠠᠪᠲᠠᠷᠡᠭᠦᠯᠵᠦ ᠂ ᠦᠨᠳᠦᠰᠦᠨ ᠱᠠᠲᠤᠨ ᠳᠤ ᠦᠵᠡᠭᠦᠯᠬᠦ ᠮᠡᠷᠭᠡᠵᠢᠯ ᠤᠨ ᠳᠡᠮᠵᠢᠯᠭᠡ ᠂ ᠪᠣᠯᠪᠠᠰᠤᠷᠠᠭᠤᠯᠤᠯ ᠢ ᠴᠢᠩᠭᠠᠳᠬᠠᠨ ᠂ | ᠵᠢᠯᠣᠭᠤᠳᠤᠯᠭ᠎ᠠ ᠪᠠᠨ ᠴᠢᠩᠭᠠᠳᠬᠠᠬᠤ ᠶᠢᠨ ᠬᠠᠮᠲᠤ ᠶᠠᠰᠤ ᠴᠢᠨᠠᠷ ᠤᠨ ᠡᠵᠡᠮᠳᠡᠯ ᠢ ᠴᠢᠩᠭᠠᠳᠬᠠᠬᠤ ᠬᠡᠷᠡᠭᠲᠡᠢ ᠃ | | | | | | |