| ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠠᠴᠠ 12 ᠳ᠋ᠤᠭᠠᠷ ᠰᠠᠷ᠎ᠠ ᠶᠢᠨ 13 ᠤ ᠡᠳᠦᠷ | ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ ᠂ ᠭᠤᠣᠯᠳᠠᠯᠭ᠎ᠠ ᠲᠠᠢ ᠬᠥᠮᠥᠰ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠪᠠᠶᠢᠳᠠᠯ ᠢ | ᠲᠠᠨᠢᠯᠴᠠᠭᠤᠯᠪᠠ ᠃ ᠪᠢᠳᠡ ᠬᠠᠮᠲᠤ ᠪᠠᠷ ᠣᠶᠢᠯᠠᠭᠠᠵᠠᠭᠠᠶ᠎ᠠ —— | ᠵᠢᠷᠮᠦᠰᠦᠨ ᠬᠥᠩᠭᠡᠵᠢᠭᠰᠡᠨ ᠡᠬᠡᠴᠦᠳ | ᠵᠢᠷᠮᠦᠰᠦᠨ ᠬᠥᠩᠭᠡᠵᠢᠭᠰᠡᠨ ᠡᠬᠡᠴᠦᠳ ᠬᠢᠵᠢᠭ ᠲᠤ ᠬᠠᠯᠳᠠᠪᠤᠷᠢᠯᠠᠭᠳᠠᠪᠠᠯ ᠶᠠᠮᠠᠷ ᠡᠪᠡᠳᠴᠢᠨ ᠤ ᠢᠯᠡᠷᠡᠯ ᠲᠠᠢ ᠪᠣᠢ︖ | ᠤᠯᠤᠰ ᠤᠨ ᠳᠣᠲᠣᠭᠠᠳᠤ ᠳᠠᠬᠢ ᠪᠦᠬᠦ ᠤᠯᠤᠰ ᠤᠨ ᠬᠥᠩᠭᠡᠵᠢᠯᠲᠡ ᠶᠢᠨ ᠰᠠᠯᠠᠭᠠᠨ ᠤ ᠶᠠᠰᠤ ᠴᠢᠨᠠᠷ ᠢ ᠡᠵᠡᠮᠳᠡᠬᠦ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ | ᠬᠤᠷᠢᠶᠠᠩᠭᠤᠶᠢᠯᠠᠭᠰᠠᠨ ᠤᠯᠤᠰ ᠤᠨ ᠳᠣᠲᠣᠭᠠᠳᠤ ᠶᠢᠨ ᠪᠠᠶᠢᠳᠠᠯ ᠪᠠ ᠣᠯᠠᠨ ᠤᠯᠤᠰ ᠤᠨ ᠮᠡᠳᠡᠭᠡᠯᠡᠯ ᠠᠴᠠ ᠦᠵᠡᠪᠡᠯ ᠂ ᠵᠢᠷᠮᠦᠰᠦᠨ ᠬᠥᠩᠭᠡᠵᠢᠭᠰᠡᠨ ᠡᠬᠡᠴᠦᠳ | ᠰᠢᠨ᠎ᠡ ᠲᠢᠲᠢᠮᠯᠢᠭ ᠸᠢᠷᠦ᠋ᠰ ᠲᠤ ᠬᠠᠯᠳᠠᠪᠤᠷᠢᠯᠠᠭᠳᠠᠭᠰᠠᠨ ᠤ ᠳᠠᠷᠠᠭ᠎ᠠ ᠶᠡᠷᠦᠩᠬᠡᠢ ᠳᠤ ᠪᠠᠨ ᠡᠪᠡᠳᠴᠢᠯᠡᠬᠦ ᠨᠤᠷᠮ᠎ᠠ ᠪᠠ ᠡᠪᠡᠳᠴᠢᠨ ᠤ ᠪᠠᠶᠢᠳᠠᠯ ᠂ ᠡᠪᠡᠳᠴᠢᠨ ᠤ | ᠶᠠᠪᠤᠴᠠ ᠶᠢᠨ ᠪᠠᠶᠢᠳᠠᠯ ᠨᠢ ᠪᠦᠷ ᠡᠩ ᠤᠨ ᠬᠥᠮᠥᠰ ᠲᠠᠢ ᠨᠡᠯᠢᠶᠡᠳ ᠣᠶᠢᠷᠠᠯᠴᠠᠭ᠎ᠠ ᠪᠠᠶᠢᠳᠠᠭ ᠃ ᠡᠪᠡᠳᠴᠢᠨ ᠤ ᠢᠯᠡᠷᠡᠯ ᠨᠢ ᠭᠤᠣᠯᠳᠠᠭᠤ ᠠᠮᠢᠰᠬᠤᠯ ᠤᠨ ᠳᠡᠭᠡᠳᠦ | ᠵᠠᠮ ᠤᠨ ᠬᠠᠯᠳᠠᠪᠤᠷᠢᠯᠠᠯ ᠪᠣᠯᠣᠨ᠎ᠠ ᠂ ᠵᠢᠱᠢᠶᠡᠯᠡᠪᠡᠯ ᠬᠠᠨᠢᠶᠠᠯᠭᠠᠬᠤ ᠂ ᠬᠤᠭᠤᠯᠠᠢ ᠡᠪᠡᠳᠬᠦ ᠂ ᠨᠠᠶᠢᠲᠠᠭᠠᠬᠤ ᠂ ᠬᠠᠮᠠᠷ ᠪᠢᠲᠡᠭᠦᠷᠡᠬᠦ ᠂ ᠨᠢᠰᠤ ᠭᠤᠭᠤᠵᠢᠬᠤ ᠂ ᠪᠦᠬᠦ ᠪᠡᠶ᠎ᠡ | ᠱᠠᠷᠬᠢᠷᠠᠨ ᠡᠪᠡᠳᠬᠦ ᠂ ᠬᠠᠯᠠᠭᠤᠷᠠᠬᠤ ᠵᠡᠷᠭᠡ ᠢᠯᠡᠷᠡᠯ ᠲᠠᠢ ᠂ ᠬᠦᠨᠳᠦ ᠡᠪᠡᠳᠴᠢᠨ ᠤ ᠰᠢᠨᠵᠢ ᠲᠡᠮᠳᠡᠭ ᠲᠤᠩ ᠴᠥᠭᠡᠨ ᠪᠠᠶᠢᠳᠠᠭ ᠂ ᠡᠶᠢᠮᠦ ᠠᠴᠠ ᠠᠶᠤᠨ | ᠰᠠᠨᠳᠤᠷᠤᠭᠰᠠᠨ ᠤ ᠬᠡᠷᠡᠭ ᠦᠭᠡᠢ ᠂ ᠡᠪᠡᠳᠴᠢᠨ ᠤ ᠶᠠᠪᠤᠴᠠ ᠨᠢ ᠴᠦ ᠦᠨᠳᠦᠰᠦᠨ ᠳᠤ ᠪᠠᠨ 5 ᠠᠴᠠ 7 ᠡᠳᠦᠷ ᠪᠣᠯᠣᠨ᠎ᠠ ᠃ ᠣᠳᠣᠬᠠᠨ ᠤ ᠪᠠᠶᠢᠳᠠᠯ ᠠᠴᠠ ᠦᠵᠡᠪᠡᠯ ᠂ | ᠡᠮᠦᠨᠡᠲᠦ ᠣᠷᠣᠨ ᠪᠠ ᠤᠮᠠᠷᠠᠲᠤ ᠣᠷᠣᠨ ᠤ ᠣᠨᠳᠣᠣᠰᠢᠭᠰᠠᠨ ᠸᠢᠷᠦ᠋ᠰ ᠤᠨ ᠰᠠᠭᠤᠷᠢ ᠨᠢ ᠵᠢᠭᠠᠬᠠᠨ ᠠᠳᠠᠯᠢ ᠦᠭᠡᠢ ᠪᠠᠶᠢᠵᠤ ᠂ ᠤᠮᠠᠷᠠᠲᠤ ᠣᠷᠣᠨ ᠳᠤ ᠵᠢᠭᠠᠬᠠᠨ | ᠬᠠᠭᠤᠷᠠᠢ ᠂ ᠠᠭᠤᠷ ᠠᠮᠢᠰᠬᠤᠯ ᠨᠡᠯᠢᠶᠡᠳ ᠬᠦᠢᠲᠡᠨ ᠂ ᠡᠪᠡᠳᠴᠢᠨ ᠤ ᠪᠠᠶᠢᠳᠠᠯ ᠨᠢ ᠬᠠᠷᠢᠴᠠᠩᠭᠤᠢ ᠬᠦᠨᠳᠦ ᠂ ᠭᠡᠪᠡᠴᠦ ᠡᠪᠡᠳᠴᠢᠨ ᠤ ᠶᠠᠪᠤᠴᠠ ᠨᠢ | ᠦᠨᠳᠦᠰᠦᠨ ᠳᠤ ᠪᠠᠨ 5 ᠠᠴᠠ 7 ᠡᠳᠦᠷ ᠪᠠᠶᠢᠳᠠᠭ ᠂ ᠣᠨᠴᠠ ᠵᠠᠷᠢᠮ ᠬᠦᠨᠳᠦ ᠡᠪᠡᠳᠴᠢᠲᠡᠨ ᠨᠢ ᠭᠤᠣᠯᠳᠠᠭᠤ ᠲᠡᠭᠦᠨ ᠤ ᠰᠠᠭᠤᠷᠢ ᠡᠪᠡᠳᠴᠢᠨ ᠲᠠᠢ ᠬᠤᠯᠪᠣᠭ᠎ᠠ ᠲᠠᠢ | ᠪᠠᠶᠢᠳᠠᠭ ᠂ ᠵᠢᠱᠢᠶᠡᠯᠡᠪᠡᠯ ᠤᠤᠯ ᠳᠤ ᠪᠠᠨ ᠡᠯᠢᠭᠡ ᠪᠥᠭᠡᠷᠡᠨ ᠤ ᠠᠵᠢᠯᠯᠠᠭ᠎ᠠ ᠮᠠᠭᠤᠲᠠᠢ ᠂ ᠴᠢᠰᠤᠨ ᠳᠠᠷᠤᠯᠲᠠ ᠥᠨᠳᠥᠷ ᠂ ᠰᠢᠬᠢᠷ ᠰᠢᠵᠢᠩ ᠡᠪᠡᠳᠴᠢᠨ ᠲᠠᠢ ᠪᠠᠶᠢᠪᠠᠯ ᠂ | ᠡᠳᠡᠭᠡᠷ ᠬᠥᠮᠥᠰ ᠴᠠᠭ ᠲᠤᠬᠠᠢ ᠳᠤ ᠨᠢ ᠡᠮᠨᠡᠭᠦᠯᠬᠦ ᠬᠡᠷᠡᠭᠲᠡᠢ ᠃ | ᠵᠢᠷᠮᠦᠰᠦᠨ ᠬᠥᠩᠭᠡᠵᠢᠭᠰᠡᠨ ᠡᠬᠡᠴᠦᠳ ᠬᠢᠵᠢᠭ ᠲᠤ ᠬᠠᠯᠳᠠᠪᠤᠷᠢᠯᠠᠭᠳᠠᠪᠠᠯ ᠬᠡᠪᠡᠯᠢ ᠳᠠᠬᠢ ᠬᠡᠦᠬᠡᠳ ᠢ ᠨᠥᠯᠥᠭᠡᠯᠡᠨ᠎ᠡ ᠤᠤ︖ | ᠵᠢᠷᠮᠦᠰᠦᠨ ᠬᠥᠩᠭᠡᠵᠢᠭᠰᠡᠨ ᠡᠬᠡᠴᠦᠳ ᠰᠢᠨ᠎ᠡ ᠲᠢᠲᠢᠮᠯᠢᠭ ᠸᠢᠷᠦ᠋ᠰ ᠲᠤ ᠨᠡᠷᠪᠡᠭᠳᠡᠭᠰᠡᠨ ᠤ ᠳᠠᠷᠠᠭ᠎ᠠ ᠬᠡᠪᠡᠯᠢ ᠳᠠᠬᠢ ᠬᠡᠦᠬᠡᠳ ᠲᠤ ᠬᠠᠯᠳᠠᠪᠤᠷᠢᠯᠠᠬᠤ ᠦᠭᠡᠢ ᠂ | ᠤᠴᠢᠷ ᠨᠢ ᠡᠬᠡ ᠶᠢᠨ ᠪᠡᠶ᠎ᠡ ᠳᠤ ᠢᠬᠡᠰ ᠭᠡᠬᠦ ᠮᠠᠰᠢ ᠰᠠᠶᠢᠨ ᠬᠠᠮᠠᠭᠠᠯᠠᠯᠲᠠ ᠶᠢᠨ ᠬᠠᠯᠬᠠᠪᠴᠢ ᠪᠠᠶᠢᠳᠠᠭ ᠠᠴᠠ ᠬᠡᠪᠡᠯᠢ ᠳᠠᠬᠢ ᠬᠡᠦᠬᠡᠳ ᠲᠤ ᠪᠠᠷᠤᠭ ᠬᠠᠯᠳᠠᠪᠤᠷᠢᠯᠠᠬᠤ | ᠦᠭᠡᠢ ᠶᠤᠮ ᠃ ᠭᠡᠪᠡᠴᠦ ᠬᠥᠩᠭᠡᠵᠢᠭᠰᠡᠨ ᠤ ᠳᠠᠷᠠᠭ᠎ᠠ ᠡᠵᠢ ᠨᠢ ᠬᠡᠦᠬᠡᠳ ᠲᠠᠢ ᠪᠠᠨ ᠬᠠᠮᠲᠤ ᠪᠠᠶᠢᠪᠠᠯ ᠲᠤᠰᠠᠭᠠᠷᠯᠠᠬᠤ ᠶᠢ ᠠᠩᠬᠠᠷᠬᠤ ᠬᠡᠷᠡᠭᠲᠡᠢ ᠂ ᠡᠵᠢ ᠨᠢ ᠣᠷᠣᠨ | ᠵᠠᠢ ᠶᠢᠨ ᠲᠠᠯ᠎ᠠ ᠪᠠᠷ ᠨᠢᠷᠠᠢ ᠬᠡᠦᠬᠡᠳ ᠠᠴᠠ ᠪᠠᠨ ᠵᠣᠬᠢᠬᠤ ᠬᠡᠮᠵᠢᠶ᠎ᠡ ᠪᠠᠷ ᠲᠤᠰᠠᠭᠠᠷᠯᠠᠬᠤ ᠪᠤᠶᠤ N95 ᠠᠮᠠᠪᠴᠢ ᠵᠡᠭᠦᠪᠡᠯ ᠡᠬᠡ ᠶᠢᠨ ᠰᠦ ᠪᠠᠨ ᠬᠥᠬᠦᠭᠦᠯᠵᠦ | ᠪᠣᠯᠣᠨ᠎ᠠ ᠃ | ᠵᠢᠷᠮᠦᠰᠦᠨ ᠬᠥᠩᠭᠡᠵᠢᠭᠰᠡᠨ ᠡᠬᠡᠴᠦᠳ ᠬᠠᠯᠠᠭᠤᠷᠠᠬᠤ ᠪᠤᠶᠤ ᠬᠠᠭᠤᠷᠠᠢ ᠪᠠᠷ ᠬᠠᠨᠢᠶᠠᠯᠭᠠᠬᠤ ᠡᠪᠡᠳᠴᠢᠨ ᠤ ᠢᠯᠡᠷᠡᠯ ᠭᠠᠷᠪᠠᠯ ᠶᠠᠭᠠᠬᠢᠪᠠᠯ ᠵᠣᠬᠢᠬᠤ ᠪᠣᠢ︖ | ᠵᠢᠷᠮᠦᠰᠦᠨ ᠬᠥᠩᠭᠡᠵᠢᠭᠰᠡᠨ ᠡᠬᠡᠴᠦᠳ ᠬᠠᠯᠠᠭᠤᠷᠠᠬᠤ ᠂ ᠬᠠᠭᠤᠷᠠᠢ ᠪᠠᠷ ᠬᠠᠨᠢᠶᠠᠯᠭᠠᠬᠤ ᠵᠡᠷᠭᠡ ᠠᠮᠢᠰᠬᠤᠯ ᠤᠨ ᠵᠠᠮ ᠤᠨ ᠡᠪᠡᠳᠴᠢᠨ ᠤ ᠢᠯᠡᠷᠡᠯ ᠭᠠᠷᠬᠤ | ᠦᠶ᠎ᠡ ᠳᠤ ᠂ ᠪᠥᠭᠡᠮ ᠬᠦᠴᠢᠯ ᠤᠨ ᠪᠠᠶᠢᠴᠠᠭᠠᠯᠲᠠ ᠪᠤᠶᠤ ᠥᠳᠥᠭᠡᠭᠴᠢ ᠶᠢᠨ ᠪᠠᠶᠢᠴᠠᠭᠠᠯᠲᠠ ᠬᠢᠵᠦ ᠂ ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠮᠥᠨ | ᠡᠰᠡᠬᠦ ᠶᠢ ᠲᠣᠳᠣᠯᠠᠵᠤ ᠪᠣᠯᠣᠨ᠎ᠠ ᠂ ᠡᠶᠢᠮᠦ ᠠᠴᠠ ᠭᠡᠷ ᠲᠤ ᠪᠠᠨ ᠥᠳᠥᠭᠡᠭᠴᠢ ᠶᠢᠨ ᠪᠠᠶᠢᠴᠠᠭᠠᠯᠲᠠ ᠬᠢᠪᠡᠯ ᠨᠡᠩ ᠲᠥᠬᠦᠮ ᠪᠠᠶᠢᠳᠠᠭ ᠂ ᠭᠡᠪᠡᠴᠦ ᠰᠢᠨ᠎ᠡ ᠲᠢᠲᠢᠮᠯᠢᠭ | ᠸᠢᠷᠦ᠋ᠰ ᠤᠨ ᠬᠠᠯᠳᠠᠪᠤᠷᠢᠯᠠᠯ ᠮᠥᠨ ᠡᠰᠡᠬᠦ ᠬᠠᠮᠢᠶ᠎ᠠ ᠦᠭᠡᠢ ᠡᠪᠡᠳᠴᠢᠨ ᠤ ᠪᠠᠶᠢᠳᠠᠯ ᠳᠤ ᠨᠢ ᠲᠠᠭᠠᠷᠠᠭᠤᠯᠤᠨ ᠠᠷᠭ᠎ᠠ ᠬᠡᠮᠵᠢᠶ᠎ᠡ ᠠᠪᠬᠤ ᠳᠤ ᠪᠠᠨ ᠢᠯᠡᠭᠦᠬᠡᠨ ᠤᠰᠤ | ᠤᠤᠭᠤᠯᠭᠠᠬᠤ ᠂ ᠹᠢᠽᠢᠺ ᠤᠨ ᠠᠷᠭ᠎ᠠ ᠪᠠᠷ ᠬᠠᠯᠠᠭᠤᠨ ᠢ ᠨᠢ ᠪᠠᠭᠤᠷᠠᠭᠤᠯᠬᠤ ᠪᠠ ᠵᠢᠷᠮᠦᠰᠦᠨ ᠬᠥᠩᠭᠡᠵᠢᠭᠰᠡᠨ ᠡᠬᠡᠴᠦᠳ ᠤᠨ ᠬᠡᠷᠡᠭᠯᠡᠵᠦ ᠪᠣᠯᠬᠤ ᠬᠢᠲᠠᠳ ᠡᠮ ᠢ | ᠰᠣᠩᠭᠤᠵᠤ ᠡᠪᠡᠳᠴᠢᠨ ᠤ ᠢᠯᠡᠷᠡᠯ ᠳᠤ ᠨᠢ ᠲᠠᠭᠠᠷᠠᠭᠤᠯᠵᠤ ᠡᠮᠨᠡᠨ ᠵᠠᠰᠠᠵᠤ ᠪᠣᠯᠣᠨ᠎ᠠ ᠃ | ᠬᠡᠷᠪᠡ ᠬᠠᠯᠠᠭᠤᠨ ᠢ ᠪᠠᠭᠤᠷᠠᠭᠤᠯᠬᠤ ᠡᠸᠦ᠋ᠷᠦᠫᠡ ᠡᠮ ᠢ ᠬᠡᠷᠡᠭᠯᠡᠬᠦ ᠳᠤ ᠂ 38.5 ᠭᠷᠡᠳᠦ᠋ᠰ ᠠᠴᠠ ᠳᠡᠭᠡᠭᠰᠢ ᠪᠠᠶᠢᠪᠠᠯ ᠫᠠᠷᠠᠽᠧᠲ᠋ᠠᠮᠣᠯ ᠢ ᠰᠣᠩᠭᠤᠨ ᠬᠡᠷᠡᠭᠯᠡᠵᠦ | ᠪᠣᠯᠣᠨ᠎ᠠ ᠂ ᠡᠨᠡ ᠨᠢ ᠵᠢᠷᠮᠦᠰᠦᠨ ᠬᠥᠩᠭᠡᠵᠢᠭᠰᠡᠨ ᠡᠬᠡᠴᠦᠳ ᠲᠤ ᠬᠠᠷᠢᠴᠠᠩᠭᠤᠢ ᠠᠶᠤᠯ ᠦᠭᠡᠢ ᠪᠠᠶᠢᠳᠠᠭ ᠂ ᠣᠨᠴᠠᠭᠠᠶᠢᠯᠠᠨ ᠠᠩᠬᠠᠷᠤᠭᠤᠰᠢᠲᠠᠢ ᠵᠦᠢᠯ ᠭᠡᠪᠡᠯ ᠂ | ᠬᠠᠯᠠᠭᠤᠨ ᠢ ᠨᠢ ᠪᠠᠭᠤᠷᠠᠭᠤᠯᠬᠤ ᠡᠮ ᠢ ᠬᠡᠷᠡᠭᠯᠡᠬᠦ ᠳᠤ ᠪᠠᠨ ᠨᠢᠭᠡ ᠯᠡ ᠵᠦᠢᠯ ᠤᠨ ᠡᠮ ᠢ ᠬᠡᠷᠡᠭᠯᠡᠬᠦ ᠠᠴᠠ ᠪᠢᠰᠢ ᠂ ᠳᠠᠪᠬᠤᠷᠳᠠᠭᠤᠯᠤᠨ ᠬᠡᠷᠡᠭᠯᠡᠵᠦ ᠪᠣᠯᠬᠤ ᠦᠭᠡᠢ ᠂ | ᠡᠨᠡ ᠨᠢ ᠡᠯᠢᠭᠡ ᠪᠥᠭᠡᠷᠡᠨ ᠤ ᠭᠡᠮᠲᠦᠯ ᠢ ᠬᠠᠷᠢᠴᠠᠩᠭᠤᠢ ᠪᠠᠷ ᠪᠠᠭᠠᠰᠬᠠᠵᠤ ᠪᠣᠯᠣᠨ᠎ᠠ ᠃ | ᠣᠨᠴᠠᠭᠠᠶᠢᠯᠠᠨ ᠵᠢᠷᠮᠦᠰᠦᠨ ᠬᠥᠩᠭᠡᠵᠢᠭᠰᠡᠨ ᠡᠬᠡᠴᠦᠳ ᠲᠤ ᠠᠪᠴᠤ ᠬᠡᠯᠡᠪᠡᠯ ᠂ ᠭᠤᠷᠪᠠᠨ ᠲᠠᠯ᠎ᠠ ᠶᠢᠨ ᠬᠢᠨᠠᠨ ᠰᠢᠨᠵᠢᠯᠡᠯᠲᠡ ᠶᠢ ᠠᠩᠬᠠᠷᠬᠤ ᠬᠡᠷᠡᠭᠲᠡᠢ ᠂ ᠡᠨᠡ | ᠭᠤᠷᠪᠠᠨ ᠲᠠᠯ᠎ᠠ ᠶᠢᠨ ᠬᠢᠨᠠᠨ ᠰᠢᠨᠵᠢᠯᠡᠯᠲᠡ ᠨᠢ ᠳᠠᠷᠤᠢ ᠪᠡᠶ᠎ᠡ ᠶᠢᠨ ᠳᠤᠯᠠᠭᠠᠨ ᠂ ᠵᠢᠷᠦᠬᠡᠨ ᠤ ᠴᠣᠬᠢᠯᠭ᠎ᠠ ᠪᠠ ᠴᠢᠰᠤᠨ ᠳᠠᠷᠤᠯᠲᠠ ᠪᠣᠯᠣᠨ᠎ᠠ ᠃ ᠡᠶᠢᠮᠦ ᠠᠴᠠ | ᠵᠢᠷᠮᠦᠰᠦᠨ ᠬᠥᠩᠭᠡᠵᠢᠭᠰᠡᠨ ᠡᠬᠡᠴᠦᠳ ᠡᠷᠬᠡᠪᠰᠢ ᠪᠡᠶ᠎ᠡ ᠶᠢᠨ ᠳᠤᠯᠠᠭᠠᠨ ᠤ ᠬᠡᠮᠵᠢᠭᠦᠷ ᠂ ᠵᠢᠷᠦᠬᠡᠨ ᠤ ᠴᠣᠬᠢᠯᠭ᠎ᠠ ᠪᠠ ᠴᠢᠰᠤᠨ ᠳᠠᠷᠤᠯᠲᠠ ᠶᠢ ᠬᠢᠨᠠᠨ ᠰᠢᠨᠵᠢᠯᠡᠬᠦ ᠪᠠᠭᠠᠵᠢ | ᠪᠡᠯᠡᠳᠬᠡᠬᠦ ᠬᠡᠷᠡᠭᠲᠡᠢ ᠃ ᠪᠠᠰᠠ ᠥᠪᠡᠷ ᠤᠨ ᠦᠨᠳᠦᠰᠦᠨ ᠴᠢᠰᠤᠨ ᠳᠠᠷᠤᠯᠲᠠ ᠶᠢᠨ ᠪᠠᠶᠢᠴᠠᠭᠠᠯᠲᠠ ᠬᠢᠬᠦ ᠬᠡᠷᠡᠭᠲᠡᠢ ᠂ ᠢᠩᠭᠢᠪᠡᠯ ᠴᠢᠰᠤᠨ ᠳᠠᠷᠤᠯᠲᠠ ᠨᠢ ᠬᠡᠪ ᠤᠨ | ᠪᠤᠰᠤ ᠪᠠᠶᠢᠳᠠᠯ ᠢᠯᠡᠷᠡᠪᠡᠯ ᠨᠡᠯᠢᠶᠡᠳ ᠡᠷᠲᠡ ᠰᠡᠷᠡᠵᠦ ᠮᠡᠳᠡᠵᠦ ᠪᠣᠯᠣᠨ᠎ᠠ ᠃ | ᠣᠨᠴᠠᠭᠠᠶᠢᠯᠠᠨ ᠠᠩᠬᠠᠷᠤᠭᠤᠰᠢᠲᠠᠢ ᠵᠦᠢᠯ ᠭᠡᠪᠡᠯ ᠂ ᠵᠢᠷᠮᠦᠰᠦᠨ ᠤ ᠰᠡᠭᠦᠯᠴᠢ ᠶᠢᠨ ᠬᠤᠭᠤᠴᠠᠭᠠᠨ ᠤ ᠵᠢᠷᠮᠦᠰᠦᠨ ᠬᠥᠩᠭᠡᠵᠢᠭᠰᠡᠨ ᠡᠬᠡᠴᠦᠳ ᠪᠠᠰᠠ ᠬᠡᠦᠬᠡᠢ ᠶᠢᠨ | ᠬᠥᠳᠡᠯᠦᠯ ᠤᠨ ᠬᠢᠨᠠᠨ ᠰᠢᠨᠵᠢᠯᠡᠯᠲᠡ ᠶᠢ ᠠᠩᠬᠠᠷᠴᠤ ᠂ ᠵᠢᠷᠮᠦᠰᠦᠨ ᠤ ᠰᠡᠭᠦᠯᠴᠢ ᠶᠢᠨ ᠬᠤᠭᠤᠴᠠᠭᠠᠨ ᠤ ᠬᠡᠦᠬᠡᠢ ᠶᠢᠨ ᠬᠥᠳᠡᠯᠦᠯ ᠢ ᠡᠳᠦᠷ ᠪᠦᠷᠢ ᠨᠢᠭᠡ ᠴᠠᠭ ᠬᠢᠨᠠᠨ | ᠰᠢᠨᠵᠢᠯᠡᠵᠦ ᠂ ᠴᠠᠭ ᠪᠦᠷᠢ ᠭᠤᠷᠪᠠ ᠠᠴᠠ ᠳᠡᠭᠡᠭᠰᠢ ᠤᠳᠠᠭᠠᠨ ᠤ ᠬᠡᠦᠬᠡᠢ ᠶᠢᠨ ᠬᠥᠳᠡᠯᠦᠯ ᠲᠠᠢ ᠪᠠᠶᠢᠬᠤ ᠬᠡᠷᠡᠭᠲᠡᠢ ᠃ ᠬᠡᠷᠪᠡ ᠦᠷᠭᠦᠯᠵᠢᠯᠡᠨ 3 ᠡᠳᠦᠷ ᠠᠴᠠ | ᠳᠡᠭᠡᠭᠰᠢ ᠬᠠᠯᠠᠭᠤᠷᠠᠬᠤ ᠡᠪᠡᠳᠴᠢᠨ ᠤ ᠢᠯᠡᠷᠡᠯ ᠲᠠᠢ ᠪᠥᠭᠡᠳ ᠬᠠᠯᠠᠭᠤᠨ ᠢ ᠪᠠᠭᠤᠷᠠᠭᠤᠯᠬᠤ ᠡᠮ ᠬᠡᠷᠡᠭᠯᠡᠭᠡᠳ ᠨᠠᠮᠳᠠᠬᠤ ᠦᠭᠡᠢ ᠪᠤᠶᠤ ᠬᠡᠦᠬᠡᠢ ᠶᠢᠨ ᠬᠥᠳᠡᠯᠦᠯ ᠦᠭᠡᠢ ᠂ | ᠴᠡᠭᠡᠵᠢ ᠡᠪᠡᠳᠬᠦ ᠂ ᠴᠡᠭᠡᠵᠢ ᠪᠠᠭᠲᠠᠷᠠᠬᠤ ᠂ ᠭᠡᠳᠡᠰᠦ ᠡᠪᠡᠳᠬᠦ ᠵᠡᠷᠭᠡ ᠪᠠᠶᠢᠳᠠᠯ ᠢᠯᠡᠷᠡᠪᠡᠯ ᠂ ᠴᠠᠭ ᠲᠤᠬᠠᠢ ᠳᠤ ᠨᠢ ᠡᠬᠡ ᠪᠠᠷᠢᠬᠤ ᠪᠠᠶᠢᠭᠤᠯᠤᠮᠵᠢ ᠲᠠᠢ ᠬᠠᠷᠢᠯᠴᠠᠵᠤ ᠂ | ᠴᠠᠭ ᠲᠤᠬᠠᠢ ᠳᠤ ᠨᠢ ᠡᠮᠴᠢᠯᠡᠭᠦᠯᠬᠦ ᠬᠡᠷᠡᠭᠲᠡᠢ ᠃ | ᠵᠢᠷᠮᠦᠰᠦᠨ ᠬᠥᠩᠭᠡᠵᠢᠭᠰᠡᠨ ᠡᠬᠡᠴᠦᠳ ᠤᠨ ᠳᠡᠷᠭᠡᠳᠡ ᠬᠡᠷᠪᠡ ᠬᠠᠯᠳᠠᠪᠤᠷᠢᠯᠠᠭᠰᠠᠳ ᠪᠤᠶᠤ ᠨᠢᠭᠲᠠ ᠣᠶᠢᠷᠠᠲᠤᠭᠰᠠᠳ ᠭᠠᠷᠪᠠᠯ ᠶᠠᠭᠠᠬᠢᠬᠤ ᠪᠤᠢ︖ | ᠵᠢᠷᠮᠦᠰᠦᠨ ᠬᠥᠩᠭᠡᠵᠢᠭᠰᠡᠨ ᠡᠬᠡᠴᠦᠳ ᠤᠨ ᠳᠡᠷᠭᠡᠳᠡ ᠬᠡᠷᠪᠡ ᠬᠠᠯᠳᠠᠪᠤᠷᠢᠯᠠᠭᠰᠠᠳ ᠭᠠᠷᠪᠠᠯ ᠂ ᠠᠶᠤᠵᠤ ᠰᠠᠨᠳᠤᠷᠤᠭᠰᠠᠨ ᠤ ᠬᠡᠷᠡᠭ ᠦᠭᠡᠢ ᠃ ᠬᠡᠷᠪᠡ ᠭᠡᠷ ᠤᠨ | ᠬᠥᠮᠥᠰ ᠨᠢ ᠬᠠᠯᠳᠠᠪᠤᠷᠢᠯᠠᠭᠳᠠᠭᠰᠠᠨ ᠪᠠᠶᠢᠪᠠᠯ ᠂ ᠭᠤᠣᠯᠳᠠᠭᠤ ᠭᠡᠷ ᠪᠦᠯᠢ ᠶᠢᠨ ᠨᠥᠬᠦᠴᠡᠯ ᠠᠴᠠ ᠪᠠᠨ ᠡᠭᠦᠰᠦᠨ ᠂ ᠠᠯᠢ ᠴᠢᠳᠠᠬᠤ ᠪᠠᠷ ᠣᠷᠣᠨ ᠵᠠᠢ ᠶᠢᠨ ᠲᠠᠯ᠎ᠠ ᠪᠠᠷ | ᠬᠠᠷᠢᠴᠠᠩᠭᠤᠢ ᠲᠤᠰᠠᠭᠠᠷᠯᠠᠵᠤ ᠂ ᠬᠠᠮᠲᠤ ᠬᠤᠭᠤᠯᠠᠯᠠᠬᠤ ᠦᠭᠡᠢ ᠂ ᠠᠮᠢᠳᠤᠷᠠᠯ ᠤᠨ ᠡᠳ᠋ ᠪᠣᠳᠠᠰ ᠢᠶᠠᠨ ᠠᠯᠢ ᠴᠢᠳᠠᠬᠤ ᠪᠠᠷ ᠰᠠᠯᠭᠠᠵᠤ ᠂ ᠡᠷᠡᠭᠦᠯ ᠬᠠᠮᠠᠭᠠᠯᠠᠯ ᠤᠨ | ᠦᠷᠦᠭᠡ ᠪᠠᠨ ᠠᠷᠢᠭᠤᠳᠬᠠᠨ ᠴᠡᠪᠡᠷᠯᠡᠵᠦ ᠂ ᠶᠡᠷᠦ ᠶᠢᠨ ᠦᠶ᠎ᠡ ᠳᠤ ᠠᠮᠢᠳᠤᠷᠠᠬᠤ ᠣᠷᠴᠢᠨ ᠳᠤ ᠪᠠᠨ ᠠᠯᠢ ᠴᠢᠳᠠᠬᠤ ᠪᠠᠷ ᠠᠭᠠᠷ ᠰᠠᠯᠬᠢ ᠨᠡᠪᠲᠡᠷᠡᠭᠦᠯᠬᠦ ᠶᠢ ᠠᠩᠬᠠᠷᠬᠤ | ᠬᠡᠷᠡᠭᠲᠡᠢ ᠃ | ᠬᠡᠷᠪᠡ ᠬᠠᠮᠲᠤ ᠠᠵᠢᠯᠯᠠᠭᠰᠠᠳ ᠲᠤ ᠨᠢ ᠠᠷᠭ᠎ᠠ ᠴᠢᠨᠠᠷ ᠢᠯᠡᠷᠡᠪᠡᠯ ᠂ ᠭᠡᠷ ᠲᠤ ᠪᠠᠨ ᠠᠵᠢᠯᠯᠠᠬᠤ ᠪᠣᠯᠣᠮᠵᠢ ᠪᠠᠶᠢᠪᠠᠯ ᠬᠠᠮᠤᠭ ᠤᠨ ᠰᠠᠶᠢᠨ ᠂ ᠬᠡᠷᠪᠡ ᠠᠵᠢᠯ ᠤᠨ | ᠬᠡᠷᠡᠭᠴᠡᠭᠡ ᠠᠴᠠ ᠪᠣᠯᠵᠤ ᠵᠠᠪᠠᠯ ᠬᠠᠮᠲᠤ ᠶᠢᠨ ᠣᠷᠣᠨ ᠵᠠᠢ ᠳᠤ ᠠᠵᠢᠯᠯᠠᠬᠤ ᠱᠠᠭᠠᠷᠳᠠᠯᠭ᠎ᠠ ᠲᠠᠢ ᠪᠣᠯ ᠂ ᠮᠥᠨ ᠴᠦ ᠠᠵᠢᠯᠯᠠᠬᠤ ᠣᠷᠴᠢᠨ ᠤ ᠪᠠᠨ ᠠᠭᠠᠷ ᠰᠠᠯᠬᠢ | ᠨᠡᠪᠲᠡᠷᠡᠭᠦᠯᠬᠦ ᠶᠢ ᠣᠨᠴᠠᠭᠠᠶᠢᠯᠠᠨ ᠠᠩᠬᠠᠷᠬᠤ ᠬᠡᠷᠡᠭᠲᠡᠢ ᠃ ᠡᠭᠦᠨ ᠠᠴᠠ ᠭᠠᠳᠠᠨ᠎ᠠ ᠡᠷᠬᠡᠪᠰᠢ N95 ᠠᠮᠠᠪᠴᠢ ᠵᠡᠭᠦᠬᠦ ᠬᠡᠷᠡᠭᠲᠡᠢ ᠂ ᠡᠨᠡ ᠨᠢ ᠮᠠᠰᠢ ᠴᠢᠬᠤᠯᠠ ᠪᠠᠶᠢᠳᠠᠭ ᠃ | ᠦᠨᠡᠨ ᠳᠤ ᠪᠠᠨ ᠵᠢᠷᠮᠦᠰᠦᠨ ᠬᠥᠩᠭᠡᠵᠢᠭᠰᠡᠨ ᠡᠬᠡᠴᠦᠳ ᠲᠤ ᠠᠪᠴᠤ ᠬᠡᠯᠡᠪᠡᠯ ᠤᠷᠢᠳᠴᠢᠯᠠᠨ ᠰᠡᠷᠭᠡᠶᠢᠯᠡᠬᠦ ᠨᠢ ᠬᠠᠮᠤᠭ ᠠᠴᠠ ᠴᠢᠬᠤᠯᠠ ᠶᠤᠮ ᠃ | ᠬᠡᠦᠬᠡᠳ | ᠬᠡᠦᠬᠡᠳ ᠲᠠᠢ ᠭᠡᠷ ᠪᠦᠯᠢ ᠶᠢᠨ ᠬᠢᠨ ᠶᠠᠮᠠᠷ ᠡᠮ ᠨᠥᠭᠡᠴᠡᠯᠡᠵᠦ ᠪᠣᠯᠬᠤ ᠪᠤᠢ︖ | ᠬᠡᠦᠬᠡᠳ ᠲᠠᠢ ᠭᠡᠷ ᠪᠦᠯᠢ ᠶᠢᠨ ᠬᠢᠨ ᠬᠡᠦᠬᠡᠳ ᠤᠨ ᠦᠷᠭᠦᠯᠵᠢ ᠬᠡᠷᠡᠭᠯᠡᠳᠡᠭ ᠪᠠᠴᠢᠮ ᠡᠪᠡᠳᠴᠢᠨ ᠢ ᠠᠷᠭᠠᠴᠠᠭᠠᠬᠤ ᠡᠮ ᠢ ᠵᠣᠬᠢᠬᠤ ᠬᠡᠮᠵᠢᠶ᠎ᠡ ᠪᠠᠷ ᠨᠥᠭᠡᠴᠡᠯᠡᠪᠡᠯ | ᠵᠣᠬᠢᠨ᠎ᠠ ᠂ ᠭᠡᠬᠦ ᠳᠤ ᠪᠠᠨ ᠣᠯᠠᠨ ᠵᠦᠢᠯ ᠤᠨ ᠡᠮ ᠨᠥᠭᠡᠴᠡᠯᠡᠬᠦ ᠱᠠᠭᠠᠷᠳᠠᠯᠭ᠎ᠠ ᠦᠭᠡᠢ ᠂ ᠣᠯᠠᠨ ᠵᠦᠢᠯ ᠤᠨ ᠡᠮ ᠨᠥᠭᠡᠴᠡᠯᠡᠭᠰᠡᠨ ᠴᠦ ᠵᠣᠬᠢᠰ ᠦᠭᠡᠢ | ᠬᠠᠳᠠᠭᠠᠯᠠᠭᠰᠠᠨ ᠠᠴᠠ ᠪᠣᠯᠵᠤ ᠬᠡᠦᠬᠡᠳ ᠪᠤᠷᠤᠭᠤ ᠡᠮ ᠢ ᠠᠳᠡᠭᠦᠷᠡᠨ ᠬᠡᠷᠡᠭᠯᠡᠵᠦ ᠮᠡᠳᠡᠨ᠎ᠡ ᠃ | ᠨᠥᠭᠡᠴᠡᠯᠡᠬᠦ ᠴᠢᠬᠤᠯᠠᠲᠠᠢ ᠡᠮ ᠠᠴᠠ ᠲᠠᠨᠢᠯᠴᠠᠭᠤᠯᠪᠠᠯ ᠂ ᠨᠢᠭᠡᠳᠦᠭᠡᠷ ᠲᠥᠷᠥᠯ ᠨᠢ ᠬᠠᠯᠠᠭᠤᠨ ᠢ ᠪᠠᠭᠤᠷᠠᠭᠤᠯᠬᠤ ᠡᠮ ᠂ ᠬᠡᠦᠬᠡᠳ ᠬᠠᠯᠠᠭᠤᠷᠠᠬᠤ ᠨᠢ ᠦᠷᠭᠦᠯᠵᠢ | ᠲᠣᠬᠢᠶᠠᠯᠳᠤᠳᠠᠭ ᠶᠠᠪᠤᠳᠠᠯ ᠪᠠᠶᠢᠵᠤ ᠂ 6 ᠰᠠᠷ᠎ᠠ ᠠᠴᠠ ᠳᠡᠭᠡᠭᠰᠢᠬᠢ ᠬᠡᠦᠬᠡᠳ ᠲᠤ ᠪᠢᠳᠡ ᠢᠪᠦ᠋ᠫᠷᠣᠹᠧᠨ ᠂ ᠫᠠᠷᠠᠽᠧᠲ᠋ᠠᠮᠣᠯ ᠢ ᠰᠣᠩᠭᠤᠵᠤ ᠪᠣᠯᠣᠨ᠎ᠠ ᠂ ᠡᠭᠦᠨ ᠤ | ᠳᠣᠲᠣᠷ᠎ᠠ ᠠᠴᠠ ᠨᠢᠭᠡ ᠵᠦᠢᠯ ᠨᠢ ᠪᠠᠶᠢᠪᠠᠯ ᠪᠣᠯᠴᠢᠬᠠᠨ᠎ᠠ ᠃ 2 ᠰᠠᠷ᠎ᠠ ᠠᠴᠠ 6 ᠰᠠᠷ᠎ᠠ ᠲᠠᠢ ᠬᠡᠦᠬᠡᠳ ᠲᠤ ᠢᠪᠦ᠋ᠫᠷᠣᠹᠧᠨ ᠢ ᠬᠡᠷᠡᠭᠯᠡᠬᠦ ᠳᠤ ᠲᠣᠬᠢᠷᠠᠮᠵᠢ ᠦᠭᠡᠢ | ᠤᠴᠢᠷ ᠠᠴᠠ ᠫᠠᠷᠠᠽᠧᠲ᠋ᠠᠮᠣᠯ ᠢ ᠰᠣᠩᠭᠤᠵᠤ ᠪᠣᠯᠣᠨ᠎ᠠ ᠃ ᠬᠤᠶᠠᠷ ᠰᠠᠷ᠎ᠠ ᠠᠴᠠ ᠪᠠᠭ᠎ᠠ ᠨᠢᠷᠠᠢ ᠬᠡᠦᠬᠡᠳ ᠲᠤ ᠬᠠᠯᠠᠭᠤᠨ ᠢ ᠪᠠᠭᠤᠷᠠᠭᠤᠯᠬᠤ ᠡᠩ ᠤᠨ ᠡᠮ | ᠬᠡᠷᠡᠭᠯᠡᠬᠦ ᠶᠢ ᠵᠥᠪᠯᠡᠬᠦ ᠦᠭᠡᠢ ᠂ ᠹᠢᠽᠢᠺ ᠤᠨ ᠠᠷᠭ᠎ᠠ ᠪᠠᠷ ᠬᠠᠯᠠᠭᠤᠨ ᠢ ᠨᠢ ᠪᠠᠭᠤᠷᠠᠭᠤᠯᠬᠤ ᠵᠡᠷᠭᠡ ᠠᠷᠭ᠎ᠠ ᠬᠡᠮᠵᠢᠶ᠎ᠡ ᠠᠪᠬᠤ ᠶᠢᠨ ᠬᠠᠮᠲᠤ ᠴᠠᠭ ᠲᠤᠬᠠᠢ ᠳᠤ ᠨᠢ | ᠡᠮᠴᠢᠯᠡᠭᠦᠯᠬᠦ ᠬᠡᠷᠡᠭᠲᠡᠢ ᠃ | ᠪᠠᠰᠠ ᠬᠠᠯᠠᠭᠤᠷᠠᠬᠤ ᠂ ᠬᠠᠨᠢᠶᠠᠯᠭᠠᠬᠤ ᠮᠡᠲᠦ ᠶᠢᠨ ᠠᠮᠢᠰᠬᠤᠯ ᠤᠨ ᠵᠠᠮ ᠤᠨ ᠬᠠᠯᠳᠠᠪᠤᠷᠢᠯᠠᠯ ᠤᠨ ᠪᠠᠶᠢᠳᠠᠯ ᠢ ᠰᠡᠷᠭᠡᠶᠢᠯᠡᠬᠦ ᠳᠤ ᠪᠢᠳᠡ ᠬᠠᠯᠠᠭᠤᠨ ᠢ ᠲᠠᠭᠤᠵᠤ ᠴᠡᠷ ᠢ | ᠠᠷᠢᠯᠭᠠᠬᠤ ᠡᠮ ᠨᠥᠭᠡᠴᠡᠯᠡᠵᠦ ᠪᠣᠯᠣᠨ᠎ᠠ ᠃ ᠬᠠᠨᠢᠶᠠᠯᠭᠠᠬᠤ ᠨᠢ ᠠᠮᠢᠰᠬᠤᠯ ᠤᠨ ᠵᠠᠮ ᠤᠨ ᠰᠢᠭᠦᠷᠡᠳᠡᠰᠦ ᠶᠢ ᠭᠠᠳᠠᠭᠰᠢᠯᠠᠭᠤᠯᠬᠤ ᠳᠤ ᠲᠤᠰᠠᠲᠠᠢ ᠪᠠᠶᠢᠵᠤ ᠂ ᠬᠡᠦᠬᠡᠳ | ᠬᠡᠷᠪᠡ ᠬᠥᠩᠭᠡᠨ ᠬᠠᠨᠢᠶᠠᠯᠭᠠᠵᠤ ᠪᠠᠶᠢᠪᠠᠯ ᠡᠮ ᠬᠡᠷᠡᠭᠯᠡᠬᠦ ᠶᠢ ᠵᠥᠪᠯᠡᠬᠦ ᠦᠭᠡᠢ ᠂ ᠬᠡᠷᠪᠡ ᠬᠠᠮᠠᠷ ᠨᠢ ᠪᠢᠲᠡᠭᠦᠷᠡᠵᠦ ᠂ ᠰᠢᠷᠦᠭᠦᠨ ᠬᠠᠨᠢᠶᠠᠯᠭᠠᠪᠠᠯ ᠤᠲᠤᠯᠭ᠎ᠠ ᠬᠢᠵᠦ ᠂ | ᠬᠠᠮᠠᠷ ᠢ ᠨᠢ ᠤᠬᠢᠶᠠᠵᠤ ᠪᠣᠯᠣᠨ᠎ᠠ ᠃ ᠡᠶᠢᠮᠦ ᠠᠴᠠ ᠭᠡᠷ ᠲᠤ ᠪᠠᠨ ᠴᠢᠭᠢᠭᠲᠦᠴᠡ ᠨᠡᠮᠡᠭᠳᠡᠭᠦᠯᠦᠭᠴᠢ ᠬᠡᠷᠡᠭᠯᠡᠨ ᠠᠭᠠᠷ ᠤᠨ ᠴᠢᠭᠢᠭᠲᠦᠴᠡ ᠶᠢ ᠨᠡᠮᠡᠭᠳᠡᠭᠦᠯᠵᠦ ᠪᠣᠯᠣᠨ᠎ᠠ ᠂ | ᠢᠩᠭᠢᠪᠡᠯ ᠬᠡᠦᠬᠡᠳ ᠲᠤ ᠢᠯᠡᠭᠦᠦ ᠲᠠᠭᠠᠯᠠᠮᠵᠢ ᠲᠠᠢ ᠪᠣᠯᠬᠤ ᠪᠣᠯᠣᠨ᠎ᠠ ᠃ | ᠰᠢᠷᠦᠭᠦᠨ ᠬᠠᠨᠢᠶᠠᠯᠭᠠᠪᠠᠯ ᠪᠢᠳᠡ ᠬᠠᠯᠠᠭᠤᠨ ᠢ ᠲᠠᠭᠤᠵᠤ ᠴᠡᠷ ᠢ ᠠᠷᠢᠯᠭᠠᠬᠤ ᠬᠢᠲᠠᠳ ᠪᠡᠯᠡᠨ ᠡᠮ ᠪᠡᠯᠡᠳᠬᠡᠵᠦ ᠪᠣᠯᠣᠨ᠎ᠠ ᠂ ᠡᠭᠦᠨ ᠳᠤ ᠬᠡᠦᠬᠡᠳ ᠤᠨ ᠨᠠᠰᠤ ᠶᠢ | ᠦᠨᠳᠦᠰᠦᠯᠡᠨ ᠂ ᠨᠠᠰᠤᠨ ᠳᠤ ᠨᠢ ᠲᠣᠬᠢᠷᠠᠬᠤ ᠡᠮ ᠬᠡᠷᠡᠭᠯᠡᠪᠡᠯ ᠪᠣᠯᠴᠢᠬᠠᠨ᠎ᠠ ᠃ ᠭᠡᠪᠡᠴᠦ ᠬᠤᠶᠠᠷ ᠪᠤᠶᠤ ᠲᠡᠭᠦᠨ ᠠᠴᠠ ᠳᠡᠭᠡᠭᠰᠢ ᠣᠯᠠᠨ ᠵᠦᠢᠯ ᠤᠨ ᠡᠮ ᠢ | ᠬᠠᠮᠲᠤ ᠳᠤ ᠨᠢ ᠬᠡᠷᠡᠭᠯᠡᠬᠦ ᠦᠭᠡᠢ ᠪᠠᠶᠢᠬᠤ ᠶᠢ ᠰᠠᠨᠠᠭᠤᠯᠵᠤ ᠪᠠᠶᠢᠨ᠎ᠠ ᠃ | ᠬᠡᠦᠬᠡᠳ ᠲᠤ ᠡᠮ ᠬᠡᠷᠡᠭᠯᠡᠬᠦ ᠳᠤ ᠶᠠᠮᠠᠷ ᠶᠠᠮᠠᠷ ᠠᠩᠬᠠᠷᠬᠤ ᠵᠦᠢᠯ ᠪᠠᠶᠢᠬᠤ ᠪᠣᠢ︖ | ᠬᠡᠦᠬᠡᠳ ᠲᠤ ᠡᠮ ᠬᠡᠷᠡᠭᠯᠡᠬᠦ ᠳᠤ ᠪᠠᠰᠠ ᠠᠩᠬᠠᠷᠬᠤ ᠵᠦᠢᠯ ᠪᠠᠶᠢᠳᠠᠭ ᠂ ᠵᠢᠱᠢᠶᠡᠯᠡᠪᠡᠯ ᠬᠠᠯᠠᠭᠤᠨ ᠢ ᠪᠠᠭᠤᠷᠠᠭᠤᠯᠬᠤ ᠡᠮ ᠶᠢ ᠬᠡᠷᠡᠭᠯᠡᠬᠦ ᠳᠤ ᠪᠠᠨ ᠂ ᠬᠤᠶᠠᠷ | ᠵᠦᠢᠯ ᠤᠨ ᠡᠮ ᠢ ᠬᠠᠮᠲᠤ ᠳᠤ ᠨᠢ ᠤᠤᠭᠤᠯᠭᠠᠵᠤ ᠪᠣᠯᠬᠤ ᠦᠭᠡᠢ ᠂ ᠪᠠᠰᠠ ᠡᠭᠡᠯᠵᠢᠯᠡᠨ ᠤᠤᠭᠤᠬᠤ ᠴᠢᠬᠤᠯᠠ ᠦᠭᠡᠢ ᠃ ᠲᠣᠳᠣᠷᠬᠠᠶᠢᠯᠠᠯᠲᠠ ᠶᠢᠨ ᠪᠢᠴᠢᠭ ᠲᠤ ᠨᠢ | ᠵᠢᠭᠠᠭᠰᠠᠨ ᠲᠣᠬᠢᠷᠠᠬᠤ ᠨᠠᠰᠤᠨ ᠤ ᠠᠩᠭᠢᠯᠠᠯ ᠰᠠᠨᠠᠭᠤᠯᠵᠤ ᠪᠠᠶᠢᠭ᠎ᠠ ᠲᠤᠩ ᠬᠡᠮᠵᠢᠶ᠎ᠡ ᠪᠤᠶᠤ ᠡᠮᠴᠢ ᠶᠢᠨ ᠵᠢᠭᠠᠪᠤᠷᠢ ᠪᠠᠷ ᠡᠮ ᠬᠡᠷᠡᠭᠯᠡᠬᠦ ᠶᠢᠨ ᠬᠠᠮᠲᠤ ᠤᠳᠠᠭ᠎ᠠ | ᠪᠦᠷᠢ ᠶᠢᠨ ᠬᠤᠭᠤᠷᠣᠨᠳᠤᠬᠢ ᠠᠯᠤᠰᠯᠠᠬᠤ ᠴᠠᠭ ᠢ ᠠᠩᠬᠠᠷᠬᠤ ᠬᠡᠷᠡᠭᠲᠡᠢ ᠃ | ᠭᠡᠷ ᠤᠨ ᠠᠬᠠᠮᠠᠳ ᠥᠪᠡᠷ ᠤᠨ ᠲᠤᠷᠰᠢᠯᠭ᠎ᠠ ᠪᠤᠶᠤ ᠲᠠᠭᠠᠮᠠᠭᠯᠠᠯ ᠢᠶᠠᠷ ᠢᠶᠠᠨ ᠬᠡᠦᠬᠡᠳ ᠲᠤ ᠪᠠᠨ ᠡᠮ ᠬᠡᠷᠡᠭᠯᠡᠵᠦ ᠪᠣᠯᠬᠤ ᠦᠭᠡᠢ ᠂ ᠤᠴᠢᠷ ᠨᠢ ᠬᠡᠦᠬᠡᠳ ᠤᠨ | ᠡᠷᠬᠡᠲᠡᠨ ᠤ ᠪᠤᠶᠢᠵᠢᠯᠲᠠ ᠨᠢ ᠲᠡᠳᠦᠢ ᠪᠣᠯᠪᠠᠰᠤᠷᠠᠩᠭᠤᠢ ᠪᠢᠰᠢ ᠪᠣᠯᠬᠤᠷ ᠡᠮ ᠬᠡᠷᠡᠭᠯᠡᠬᠦ ᠳᠤ ᠪᠠᠨ ᠨᠡᠩ ᠳᠦᠷᠢᠮᠵᠢᠭᠦᠨ ᠪᠥᠭᠡᠳ ᠪᠣᠯᠭᠤᠮᠵᠢᠲᠠᠢ ᠪᠠᠶᠢᠬᠤ ᠬᠡᠷᠡᠭᠲᠡᠢ ᠃ | ᠣᠳᠣ ᠮᠠᠰᠢ ᠣᠯᠠᠨ ᠡᠮᠨᠡᠯᠭᠡ ᠶᠢᠨ ᠬᠤᠷᠢᠶ᠎ᠠ ᠨᠢ ᠪᠦᠷ ᠢᠨᠲ᠋ᠧᠷ ᠰᠦᠯᠵᠢᠶᠡᠨ ᠤ ᠡᠮᠴᠢᠯᠡᠭᠡ ᠶᠢ ᠨᠡᠪᠲᠡᠷᠡᠭᠦᠯᠪᠡ ᠂ ᠥᠪᠡᠷ ᠢᠶᠠᠨ ᠰᠢᠢᠳᠴᠦ ᠴᠢᠳᠠᠬᠤ ᠦᠭᠡᠢ | ᠦᠶ᠎ᠡ ᠳᠤ ᠂ ᠪᠢᠳᠡ ᠪᠠᠰᠠ ᠠᠯᠤᠰ ᠵᠠᠢ ᠠᠴᠠ ᠡᠮᠴᠢᠯᠡᠭᠦᠯᠬᠦ ᠪᠠᠷ ᠳᠠᠮᠵᠢᠨ ᠲᠤᠰᠬᠠᠢ ᠮᠡᠷᠭᠡᠵᠢᠯᠲᠡᠨ ᠤ ᠡᠮ ᠬᠡᠷᠡᠭᠯᠡᠬᠦ ᠵᠢᠯᠣᠭᠤᠳᠤᠯᠭ᠎ᠠ ᠰᠠᠨᠠᠭᠤᠯᠭ᠎ᠠ ᠶᠢ ᠠᠪᠴᠤ | ᠪᠣᠯᠣᠨ᠎ᠠ ᠃ | ᠬᠡᠦᠬᠡᠳ ᠰᠢᠨ᠎ᠡ ᠲᠢᠲᠢᠮᠯᠢᠭ ᠸᠢᠷᠦ᠋ᠰ ᠲᠤ ᠬᠠᠯᠳᠠᠪᠤᠷᠢᠯᠠᠭᠳᠠᠭᠰᠠᠨ ᠤ ᠳᠠᠷᠠᠭ᠎ᠠ ᠶᠠᠮᠠᠷ ᠢᠯᠡᠷᠡᠯ ᠲᠠᠢ ᠪᠣᠢ ︖ | ᠬᠡᠦᠬᠡᠳ ᠤᠨ ᠰᠢᠨ᠎ᠡ ᠲᠢᠲᠢᠮᠯᠢᠭ ᠸᠢᠷᠦ᠋ᠰ ᠲᠤ ᠬᠠᠯᠳᠠᠪᠤᠷᠢᠯᠠᠭᠳᠠᠭᠰᠠᠨ ᠤ ᠳᠠᠷᠠᠭᠠᠬᠢ ᠢᠯᠡᠷᠡᠯ ᠨᠢ ᠲᠣᠮᠣ ᠬᠥᠮᠥᠨ ᠤ ᠬᠢ ᠲᠠᠢ ᠠᠳᠠᠯᠢᠪᠲᠤᠷ ᠪᠠᠶᠢᠵᠤ ᠂ ᠮᠥᠨ | ᠴᠦ ᠭᠤᠣᠯᠳᠠᠭᠤ ᠠᠮᠢᠰᠬᠤᠯ ᠤᠨ ᠳᠡᠭᠡᠳᠦ ᠵᠠᠮ ᠤᠨ ᠬᠠᠯᠳᠠᠪᠤᠷᠢᠯᠠᠯ ᠤᠨ ᠢᠯᠡᠷᠡᠯ ᠪᠣᠯᠣᠨ᠎ᠠ ᠃ ᠡᠭᠦᠨ ᠳᠤ ᠬᠠᠯᠠᠭᠤᠷᠠᠬᠤ ᠂ ᠬᠠᠨᠢᠶᠠᠯᠭᠠᠬᠤ ᠂ ᠨᠢᠰᠤ ᠭᠤᠭᠤᠵᠢᠬᠤ ᠂ | ᠬᠠᠮᠠᠷ ᠪᠢᠲᠡᠭᠦᠷᠡᠬᠦ ᠵᠡᠷᠭᠡ ᠢᠯᠡᠷᠡᠯ ᠭᠠᠷᠴᠤ ᠂ ᠡᠨᠡ ᠨᠢ ᠣᠯᠠᠩᠬᠢ ᠬᠡᠦᠬᠡᠳ ᠤᠨ ᠢᠯᠡᠷᠡᠯ ᠪᠣᠯᠣᠨ᠎ᠠ ᠃ ᠪᠠᠰᠠ ᠨᠢᠭᠡ ᠪᠦᠯᠦᠭ ᠨᠢ ᠲᠠᠮᠢᠷᠳᠠᠬᠤ ᠂ ᠬᠤᠭᠤᠯᠠᠨ ᠤ | ᠳᠤᠷᠠᠰᠢᠯ ᠮᠠᠭᠤᠳᠠᠬᠤ ᠂ ᠪᠥᠭᠡᠯᠵᠢᠬᠦ ᠂ ᠴᠢᠨᠠᠭᠰᠢᠯᠠᠪᠠᠯ ᠰᠠᠭᠤᠯᠭᠠᠬᠤ ᠵᠡᠷᠭᠡ ᠨᠡᠶᠢᠲᠡᠯᠢᠭ ᠪᠤᠰᠤ ᠡᠪᠡᠳᠴᠢᠨ ᠤ ᠢᠯᠡᠷᠡᠯ ᠲᠠᠢ ᠪᠠᠶᠢᠳᠠᠭ ᠃ ᠪᠠᠰᠠ ᠵᠠᠷᠢᠮ ᠬᠡᠦᠬᠡᠳ ᠤᠨ | ᠠᠮᠢᠰᠬᠤᠭ᠎ᠠ ᠨᠢ ᠳᠠᠪᠬᠤᠴᠠᠵᠤ ᠂ ᠳᠠᠭᠤ ᠨᠢ ᠰᠥᠭᠡᠩᠭᠢ ᠪᠣᠯᠬᠤ ᠵᠡᠷᠭᠡ ᠪᠠᠶᠢᠳᠠᠯ ᠢᠯᠡᠷᠡᠨ᠎ᠡ ᠃ | ᠭᠡᠪᠡᠴᠦ ᠬᠡᠦᠬᠡᠳ ᠤᠳ ᠤᠨ ᠬᠠᠯᠠᠭᠤᠷᠠᠬᠤ ᠬᠡᠮᠵᠢᠶᠡᠨ ᠤ ᠵᠥᠷᠢᠶ᠎ᠡ ᠨᠢ ᠨᠡᠯᠢᠶᠡᠳ ᠶᠡᠭᠡ ᠪᠠᠶᠢᠵᠤ ᠂ ᠵᠠᠷᠢᠮ ᠬᠡᠦᠬᠡᠳ ᠨᠢ ᠨᠡᠯᠢᠶᠡᠳ ᠥᠨᠳᠥᠷ ᠬᠠᠯᠠᠭᠤᠷᠠᠵᠤ ᠂ | ᠴᠢᠨᠠᠭᠰᠢᠯᠠᠪᠠᠯ 39 ᠭᠷᠡᠳᠦ᠋ᠰ ᠢ ᠳᠠᠪᠠᠨ ᠂ 40 ᠭᠷᠡᠳᠦ᠋ᠰ ᠴᠦ ᠬᠦᠷᠴᠦ ᠮᠠᠭᠠᠳ ᠂ ᠭᠡᠪᠡᠴᠦ ᠲᠡᠳᠡᠨ ᠤ ᠬᠠᠯᠠᠭᠤᠷᠠᠬᠤ ᠬᠤᠭᠤᠴᠠᠭ᠎ᠠ ᠨᠢ ᠶᠡᠷᠦ ᠳᠤ ᠪᠠᠨ 2 ᠠᠴᠠ 3 | ᠡᠳᠦᠷ ᠪᠠᠶᠢᠳᠠᠭ ᠃ ᠪᠢᠳᠡᠨ ᠤ ᠣᠳᠣᠬᠠᠨ ᠤ ᠠᠵᠢᠭᠯᠠᠯᠲᠠ ᠪᠠᠷ 2 ᠠᠴᠠ 3 ᠡᠳᠦᠷ ᠲᠤ ᠣᠯᠠᠩᠬᠢ ᠬᠡᠦᠬᠡᠳ ᠤᠨ ᠬᠠᠯᠠᠭᠤᠨ ᠨᠢ ᠪᠠᠭᠤᠷᠠᠴᠢᠬᠠᠳᠠᠭ ᠃ ᠡᠶᠢᠮᠦ ᠠᠴᠠ | ᠡᠪᠡᠳᠴᠢᠯᠡᠯᠲᠡ ᠶᠢᠨ ᠶᠠᠪᠤᠴᠠ ᠨᠢ 3 ᠠᠴᠠ 5 ᠡᠳᠦᠷ ᠣᠷᠴᠢᠮ ᠪᠠᠶᠢᠳᠠᠭ ᠂ ᠡᠨᠡ ᠨᠢ ᠣᠯᠠᠩᠬᠢ ᠬᠡᠦᠬᠡᠳ ᠤᠨ ᠢᠯᠡᠷᠡᠯ ᠪᠠᠶᠢᠵᠤ ᠂ ᠬᠦᠨᠳᠦ ᠡᠪᠡᠳᠴᠢᠯᠡᠯᠲᠡ ᠤᠨ | ᠲᠣᠬᠢᠶᠠᠯᠳᠤᠮᠵᠢ ᠨᠢ ᠮᠠᠰᠢ ᠳᠣᠣᠷ᠎ᠠ ᠃ | ᠬᠡᠷᠪᠡ ᠬᠡᠦᠬᠡᠳ ᠬᠠᠯᠠᠭᠤᠷᠠᠬᠤ ᠵᠡᠷᠭᠡ ᠢᠯᠡᠷᠡᠯ ᠭᠠᠷᠪᠠᠯ ᠶᠠᠮᠠᠷ ᠪᠠᠶᠢᠳᠠᠯ ᠳᠤ ᠡᠮᠨᠡᠯᠭᠡ ᠳᠤ ᠣᠴᠢᠬᠤ ᠴᠢᠬᠤᠯᠠ ᠲᠠᠢ ᠂ ᠶᠠᠮᠠᠷ ᠪᠠᠶᠢᠳᠠᠯ ᠳᠤ ᠣᠴᠢᠬᠤ ᠴᠢᠬᠤᠯᠠ | ᠦᠭᠡᠢ ᠪᠣᠢ︖ | ᠬᠠᠮᠤᠭ ᠤᠨ ᠳᠥᠭᠦᠮ ᠢᠯᠭᠠᠬᠤ ᠠᠷᠭ᠎ᠠ ᠭᠡᠪᠡᠯ ᠂ ᠪᠢᠳᠡ ᠵᠠᠪᠠᠯ ᠬᠡᠦᠬᠡᠳ ᠤᠨ ᠴᠤᠭ ᠰᠦᠯᠳᠡ ᠶᠢ ᠨᠢ ᠦᠵᠡᠬᠦ ᠬᠡᠷᠡᠭᠲᠡᠢ ᠂ ᠬᠡᠷᠪᠡ ᠬᠡᠦᠬᠡᠳ ᠬᠠᠯᠠᠭᠤᠷᠠᠬᠤ | ᠵᠡᠷᠭᠡ ᠢᠯᠡᠷᠡᠯ ᠲᠠᠢ ᠪᠣᠯᠪᠠᠴᠤ ᠨᠡᠯᠢᠶᠡᠳ ᠴᠤᠭ ᠵᠢᠪᠬᠤᠭ᠎ᠠ ᠲᠠᠢ ᠂ ᠢᠯᠠᠩᠭᠤᠶ᠎ᠠ ᠬᠠᠯᠠᠭᠤᠨ ᠨᠢ ᠪᠠᠭᠤᠷᠠᠭᠰᠠᠨ ᠤ ᠳᠠᠷᠠᠭ᠎ᠠ ᠢᠳᠡᠬᠦ ᠤᠤᠭᠤᠬᠤ ᠨᠠᠭᠠᠳᠬᠤ ᠨᠢ | ᠬᠡᠪ ᠤᠨ ᠪᠠᠶᠢᠳᠠᠯ ᠲᠠᠢ ᠪᠠᠶᠢᠪᠠᠯ ᠣᠨᠴᠠᠭᠠᠶ ᠪᠠᠴᠢᠮᠳᠠᠵᠤ ᠰᠠᠨᠳᠤᠷᠤᠭᠰᠠᠨ ᠤ ᠬᠡᠷᠡᠭ ᠦᠭᠡᠢ ᠂ ᠮᠥᠨ ᠴᠦ ᠳᠠᠷᠤᠶᠢᠬᠠᠨ ᠡᠮᠨᠡᠯᠭᠡ ᠳᠤ ᠣᠴᠢᠵᠤ ᠡᠮᠨᠡᠭᠦᠯᠬᠦ ᠴᠢᠬᠤᠯᠠ | ᠦᠭᠡᠢ ᠂ ᠭᠡᠷ ᠲᠤ ᠪᠠᠨ ᠦᠷᠭᠦᠯᠵᠢᠯᠡᠨ ᠠᠵᠢᠭᠯᠠᠵᠤ ᠂ ᠡᠪᠡᠳᠴᠢᠨ ᠤ ᠢᠯᠡᠷᠡᠯ ᠳᠤ ᠨᠢ ᠲᠠᠭᠠᠷᠠᠭᠤᠯᠤᠨ ᠠᠷᠭ᠎ᠠ ᠬᠡᠮᠵᠢᠶ᠎ᠡ ᠠᠪᠤᠪᠠᠯ ᠪᠣᠯᠴᠢᠬᠠᠨ᠎ᠠ ᠃ | ᠭᠡᠪᠡᠴᠦ ᠳᠣᠣᠷᠠᠬᠢ ᠮᠡᠲᠦ ᠬᠡᠳᠦᠨ ᠵᠦᠢᠯ ᠤᠨ ᠢᠯᠡᠷᠡᠯ ᠭᠠᠷᠪᠠᠯ ᠡᠮᠨᠡᠯᠭᠡ ᠳᠤ ᠣᠴᠢᠬᠤ ᠶᠢ ᠰᠠᠨᠠᠭᠤᠯᠵᠤ ᠪᠠᠶᠢᠨ᠎ᠠ ᠂ ᠵᠢᠱᠢᠶᠡᠯᠡᠪᠡᠯ ᠂ 3 ᠡᠳᠦᠷ ᠠᠴᠠ ᠳᠡᠭᠡᠭᠰᠢ | ᠬᠠᠯᠠᠭᠤᠷᠠᠵᠤ ᠳᠡᠭᠡᠷᠡᠳᠡᠬᠦ ᠪᠠᠶᠢᠳᠠᠯ ᠦᠭᠡᠢ ᠪᠠᠶᠢᠪᠠᠯ ᠡᠮᠨᠡᠯᠭᠡ ᠳᠤ ᠣᠴᠢᠪᠠᠯ ᠵᠣᠬᠢᠨ᠎ᠠ︔ ᠳᠠᠬᠢᠪᠠᠯ ᠬᠡᠦᠬᠡᠳ ᠴᠤᠭ ᠰᠦᠯᠳᠡ ᠦᠭᠡᠢ ᠂ ᠥᠭᠡᠷ᠎ᠡ ᠪᠠᠷ ᠬᠡᠯᠡᠪᠡᠯ | ᠬᠠᠯᠠᠭᠤᠨ ᠨᠢ ᠪᠠᠭᠤᠷᠠᠭᠰᠠᠨ ᠴᠤ ᠴᠤᠭ ᠰᠦᠯᠳᠡ ᠦᠭᠡᠢ ᠪᠠᠶᠢᠬᠤ ᠂ ᠡᠭᠦᠨ ᠳᠤ ᠨᠢᠷᠠᠢ ᠬᠡᠦᠬᠡᠳ ᠵᠠᠷᠢᠮ ᠳᠤ ᠪᠠᠨ ᠤᠬᠢᠯᠠᠨ ᠪᠤᠬᠢᠨᠢᠳᠤᠵᠤ ᠲᠠᠶᠢᠳᠬᠤᠷᠠᠭᠤᠯᠬᠤ ᠳᠤ | ᠬᠡᠴᠡᠭᠦᠦ ᠂ ᠲᠣᠮᠣ ᠬᠡᠦᠬᠡᠳ ᠳᠠᠩᠳᠠ ᠤᠨᠲᠠᠵᠤ ᠂ ᠴᠤᠭ ᠰᠦᠯᠳᠡ ᠦᠭᠡᠢ ᠂ ᠴᠢᠷᠠᠢ ᠶᠢᠨ ᠥᠩᠭᠡ ᠨᠢ ᠪᠠᠷᠤᠭᠲᠠᠢ ᠂ ᠡᠶᠢᠮᠦᠷᠬᠦᠦ ᠪᠠᠶᠢᠳᠠᠯ ᠳᠤ ᠪᠡᠶ᠎ᠡ ᠶᠢᠨ | ᠬᠠᠯᠠᠭᠤᠨ ᠤ ᠥᠨᠳᠥᠷ ᠳᠣᠣᠷ᠎ᠠ ᠶᠢ ᠬᠠᠮᠢᠶᠠᠷᠤᠯ ᠦᠭᠡᠢ ᠪᠠᠷ ᠡᠮᠨᠡᠯᠭᠡ ᠳᠤ ᠣᠴᠢᠵᠤ ᠡᠮᠴᠢᠯᠡᠭᠦᠯᠬᠦ ᠬᠡᠷᠡᠭᠲᠡᠢ︔ ᠪᠠᠰᠠ ᠵᠠᠷᠢᠮ ᠪᠠᠶᠢᠳᠠᠯ ᠳᠤ ᠬᠠᠨᠢᠶᠠᠯᠭᠠᠬᠤ ᠨᠢ | ᠠᠬᠠᠳᠠᠬᠤ ᠪᠠ ᠣᠯᠠᠰᠢᠷᠠᠵᠤ ᠂ ᠡᠳᠦᠷ ᠲᠤᠲᠤᠮ ᠤᠨ ᠠᠮᠢᠳᠤᠷᠠᠯ ᠪᠠ ᠤᠨᠲᠠᠵᠤ ᠠᠮᠠᠷᠠᠬᠤ ᠶᠢ ᠨᠢ ᠨᠥᠯᠥᠭᠡᠯᠡᠬᠦ ᠳᠤ ᠬᠦᠷᠪᠡᠯ ᠳᠠᠷᠤᠢ ᠡᠮᠨᠡᠯᠭᠡ ᠳᠤ ᠣᠴᠢᠵᠤ ᠡᠮᠨᠡᠭᠦᠯᠬᠦ | ᠬᠡᠷᠡᠭᠲᠡᠢ︔ ᠡᠭᠦᠨ ᠠᠴᠠ ᠭᠠᠳᠠᠨ᠎ᠠ ᠪᠠᠰᠠ ᠵᠠᠷᠢᠮ ᠬᠡᠦᠬᠡᠳ ᠠᠮᠢᠰᠬᠤᠭᠠᠳᠠᠬᠤ ᠂ ᠠᠮᠢᠰᠬᠤᠭ᠎ᠠ ᠨᠢ ᠲᠦᠷᠭᠡᠰᠴᠦ ᠂ ᠴᠢᠨᠠᠭᠰᠢᠯᠠᠭᠠᠳ ᠠᠮᠢᠰᠬᠤᠯ ᠴᠢᠬᠤᠯᠳᠠᠬᠤ ᠂ | ᠳᠠᠭᠤ ᠨᠢ ᠨᠡᠯᠢᠶᠡᠳ ᠰᠥᠭᠡᠩᠭᠢ ᠪᠣᠯᠬᠤ ᠵᠡᠷᠭᠡ ᠢᠯᠡᠷᠡᠯ ᠭᠠᠷᠪᠠᠯ ᠲᠥᠪᠥᠩᠬᠡᠢ ᠶᠢᠨ ᠦᠷᠪᠢᠰᠦᠯ ᠂ ᠮᠥᠭᠡᠷᠰᠦᠨ ᠬᠤᠭᠤᠯᠠᠢ ᠶᠢᠨ ᠦᠷᠪᠢᠰᠦᠯ ᠪᠠᠶᠢᠵᠤ ᠮᠠᠭᠠᠳ | ᠤᠴᠢᠷ ᠠᠴᠠ ᠴᠠᠭ ᠲᠤᠬᠠᠢ ᠳᠤ ᠨᠢ ᠡᠮᠴᠢᠯᠡᠭᠦᠯᠪᠡᠯ ᠵᠣᠬᠢᠨ᠎ᠠ︔ ᠶᠠᠷᠢᠶᠠᠨ ᠦᠭᠡᠢ ᠤᠬᠠᠭᠠᠨ ᠠᠯᠳᠠᠵᠤ ᠂ ᠲᠠᠲᠠᠬᠤ ᠵᠡᠷᠭᠡ ᠪᠠᠶᠢᠳᠠᠯ ᠭᠠᠷᠪᠠᠯ ᠨᠡᠩ ᠳᠠᠷᠤᠶᠢᠬᠠᠨ | ᠡᠮᠨᠡᠯᠭᠡ ᠳᠤ ᠣᠴᠢᠵᠤ ᠡᠮᠨᠡᠭᠦᠯᠬᠦ ᠬᠡᠷᠡᠭᠲᠡᠢ ᠃ | ᠣᠨᠴᠠᠭᠠᠶᠢᠯᠠᠨ ᠠᠩᠬᠠᠷᠤᠭᠤᠰᠢᠲᠠᠢ ᠨᠢ ᠂ ᠰᠠᠶ᠋ᠢᠬᠠᠨ ᠲᠥᠷᠥᠭᠰᠡᠨ ᠨᠢᠷᠠᠢ ᠪᠠ ᠨᠢᠯᠬ᠎ᠠ ᠬᠡᠦᠬᠡᠳ ᠢ ᠪᠠᠭᠲᠠᠭᠠᠭᠰᠠᠨ ᠭᠤᠷᠪᠠᠨ ᠰᠠᠷ᠎ᠠ ᠠᠴᠠ ᠳᠣᠷᠣᠭᠰᠢᠬᠢ | ᠨᠠᠰᠤᠨ ᠤ ᠬᠡᠦᠬᠡᠳ ᠪᠣᠯ ᠣᠨᠴᠠᠭᠠᠶ ᠪᠦᠯᠦᠭ ᠤᠨ ᠬᠥᠮᠥᠰ ᠪᠠᠶᠢᠵᠤ ᠂ ᠬᠡᠷᠪᠡ ᠬᠠᠯᠠᠭᠤᠷᠠᠬᠤ ᠪᠠᠶᠢᠳᠠᠯ ᠢᠯᠡᠷᠡᠪᠡᠯ ᠴᠠᠭ ᠲᠤᠬᠠᠢ ᠳᠤ ᠨᠢ ᠡᠮᠨᠡᠯᠭᠡ ᠳᠤ ᠣᠴᠢᠵᠤ | ᠡᠮᠴᠢᠯᠡᠭᠦᠯᠬᠦ ᠶᠢ ᠰᠠᠨᠠᠭᠤᠯᠵᠤ ᠪᠠᠶᠢᠨ᠎ᠠ ᠃ | ᠨᠠᠰᠤᠲᠠᠶᠢᠴᠤᠳ | ᠨᠠᠰᠤᠲᠠᠶᠢᠴᠤᠳᠥᠪᠡᠷ ᠢ ᠪᠠᠨ ᠬᠡᠷᠬᠢᠨ ᠬᠠᠮᠠᠭᠠᠯᠠᠪᠠᠯ ᠵᠣᠬᠢᠬᠤ ᠪᠣᠢ︖ | ᠡᠩ ᠲᠡᠷᠢᠭᠦᠨ ᠳᠤ ᠂ ᠸᠠᠺᠼᠢᠨ ᠳᠠᠷᠢᠬᠤ ᠬᠡᠷᠡᠭᠲᠡᠢ ᠃ ᠡᠭᠦᠨ ᠳᠤ ᠪᠥᠬᠦ ᠶᠠᠪᠤᠴᠠ ᠶᠢᠨ ᠸᠠᠺᠼᠢᠨ ᠳᠠᠷᠢᠬᠤ ᠪᠠ ᠴᠢᠩᠭᠠᠳᠬᠠᠭᠰᠠᠨ ᠸᠠᠺᠼᠢᠨ ᠤ ᠲᠠᠷᠢᠯᠭ᠎ᠠ ᠬᠢᠬᠦ | ᠵᠡᠷᠭᠡ ᠶᠢ ᠪᠠᠭᠲᠠᠭᠠᠨ᠎ᠠ ᠃ ᠸᠠᠺᠼᠢᠨ ᠤ ᠲᠠᠷᠢᠯᠭ᠎ᠠ ᠬᠢᠭᠰᠡᠨ ᠤ ᠳᠠᠷᠠᠭ᠎ᠠ ᠂ ᠨᠠᠰᠤᠲᠠᠶᠢᠴᠤᠳ ᠤᠨ ᠬᠦᠨᠳᠦ ᠡᠪᠡᠳᠴᠢᠨ ᠳᠤ ᠨᠡᠷᠪᠡᠭᠳᠡᠬᠦ ᠨᠣᠷᠮ᠎ᠠ ᠢᠯᠡᠳᠲᠡ ᠪᠠᠭᠤᠷᠠᠬᠤ | ᠪᠣᠯᠣᠨ᠎ᠠ ᠃ | ᠬᠤᠶᠠᠳᠤᠭᠠᠷ ᠲᠤ ᠂ ᠣᠲᠣ ᠶᠢᠨ ᠪᠠᠶᠢᠳᠠᠯ ᠳᠣᠣᠷ᠎ᠠ ᠂ ᠨᠠᠰᠤᠲᠠᠶᠢᠴᠤᠳ ᠤᠨ ᠭᠠᠳᠠᠭᠰᠢ ᠳᠤᠲᠠᠭᠤ ᠭᠠᠷᠬᠤ ᠶᠢ ᠬᠦᠰᠡᠵᠦ ᠪᠠᠶᠢᠨ᠎ᠠ ᠂ ᠢᠯᠠᠩᠭᠤᠶ᠎ᠠ ᠬᠥᠮᠥᠨ ᠣᠯᠠᠨ | ᠴᠤᠭᠯᠠᠷᠠᠳᠠᠭ ᠪᠢᠲᠡᠭᠦᠮᠵᠢᠯᠡᠭᠰᠡᠨ ᠭᠠᠵᠠᠷ ᠲᠤ ᠣᠴᠢᠬᠤ ᠠᠴᠠ ᠵᠠᠶᠢᠯᠠᠰᠬᠢᠬᠦ ᠶᠢ ᠬᠦᠰᠡᠵᠦ ᠪᠠᠶᠢᠨ᠎ᠠ ᠂ ᠬᠡᠷᠪᠡ ᠵᠠᠪᠠᠯ ᠣᠴᠢᠬᠤ ᠴᠢᠬᠤᠯᠠ ᠲᠠᠢ ᠪᠣᠯ ᠠᠮᠠᠪᠴᠢ ᠪᠠᠨ | ᠰᠠᠶᠢᠲᠤᠷ ᠵᠡᠭᠦᠬᠦ ᠬᠡᠷᠡᠭᠲᠡᠢ ᠃ ᠡᠭᠦᠨ ᠠᠴᠠ ᠭᠠᠳᠠᠨ᠎ᠠ ᠂ ᠪᠦᠬᠦᠶᠢᠯᠡ ᠶᠠᠪᠤᠴᠠ ᠳᠤ ᠂ ᠭᠠᠳᠠᠭᠠᠳᠤ ᠣᠷᠴᠢᠨ ᠲᠠᠢ ᠣᠶᠢᠷᠠᠳᠬᠤ ᠪᠠᠨ ᠠᠯᠢ ᠴᠢᠳᠠᠬᠤ ᠪᠠᠷ ᠪᠠᠭᠠᠰᠬᠠᠵᠤ ᠂ | ᠪᠤᠴᠠᠵᠤ ᠢᠷᠡᠪᠡᠯ ᠭᠠᠷ ᠢᠶᠠᠨ ᠵᠠᠪᠠᠯ ᠤᠬᠢᠶᠠᠬᠤ ᠬᠡᠷᠡᠭᠲᠡᠢ ᠃ | ᠭᠤᠷᠪᠠᠳᠤᠭᠠᠷ ᠲᠤ ᠂ ᠢᠯᠡᠭᠦᠬᠡᠨ ᠰᠠᠯᠬᠢ ᠨᠡᠪᠲᠡᠷᠡᠭᠦᠯᠦᠨ᠎ᠡ ᠃ ᠣᠲᠣ ᠶᠠᠭ ᠡᠪᠦᠯ ᠤᠨ ᠤᠯᠠᠷᠢᠯ ᠪᠣᠯᠵᠤ ᠂ ᠢᠯᠠᠩᠭᠤᠶ᠎ᠠ ᠤᠮᠠᠷᠠᠲᠤ ᠣᠷᠣᠨ ᠤ ᠠᠭᠤᠷ ᠠᠮᠢᠰᠬᠤᠯ | ᠨᠡᠯᠢᠶᠡᠳ ᠬᠦᠢᠲᠡᠨ ᠪᠣᠯᠬᠤᠷ ᠰᠠᠯᠬᠢ ᠨᠡᠪᠲᠡᠷᠡᠭᠦᠯᠬᠦ ᠶᠠᠪᠤᠴᠠ ᠳᠤ ᠨᠠᠰᠤᠲᠠᠶᠢᠴᠤᠳ ᠤᠨ ᠳᠤᠯᠠᠭᠠᠯᠠᠭ᠎ᠠ ᠶᠢᠨ ᠠᠰᠠᠭᠤᠳᠠᠯ ᠢ ᠠᠩᠬᠠᠷᠴᠤ ᠂ ᠨᠠᠰᠤᠲᠠᠶᠢᠴᠤᠳ ᠢ ᠥᠭᠡᠷ᠎ᠡ | ᠨᠢᠭᠡ ᠥᠷᠥᠭᠡᠨ ᠳᠤ ᠣᠷᠣᠭᠤᠯᠵᠤ ᠪᠣᠯᠣᠨ᠎ᠠ ᠂ ᠰᠠᠯᠬᠢ ᠨᠡᠪᠲᠡᠷᠡᠭᠦᠯᠦᠭᠰᠡᠨ ᠤ ᠳᠠᠷᠠᠭ᠎ᠠ ᠂ ᠭᠡᠷ ᠤᠨ ᠳᠤᠯᠠᠭᠠᠨ ᠬᠡᠪ ᠤᠨ ᠪᠠᠶᠢᠳᠠᠯ ᠳᠤ ᠪᠠᠨ ᠣᠷᠣᠭᠰᠠᠨ ᠤ ᠳᠠᠷᠠᠭ᠎ᠠ | ᠨᠠᠰᠤᠲᠠᠶᠢᠴᠤᠳ ᠢ ᠰᠠᠶ᠋ᠢ ᠲᠣᠰ ᠥᠷᠥᠭᠡᠨ ᠳᠤ ᠨᠢ ᠪᠤᠴᠠᠭᠠᠨ᠎ᠠ ᠃ | ᠳᠥᠷᠪᠡᠳᠦᠭᠡᠷ ᠲᠤ ᠂ ᠨᠠᠰᠤᠲᠠᠶᠢᠴᠤᠳ ᠲᠤ ᠶᠡᠷᠦ ᠳᠤ ᠪᠠᠨ ᠡᠨᠡ ᠲᠡᠷᠡ ᠰᠠᠭᠤᠷᠢ ᠡᠪᠡᠳᠴᠢᠨ ᠳᠠᠪᠬᠤᠴᠠᠵᠤ ᠪᠠᠶᠢᠳᠠᠭ ᠂ ᠰᠠᠭᠤᠷᠢ ᠡᠪᠡᠳᠴᠢᠨ ᠢ ᠣᠳᠣᠬᠢ | ᠱᠠᠲᠤᠨ ᠳᠤ ᠵᠠᠪᠠᠯ ᠰᠠᠶᠢᠲᠤᠷ ᠡᠵᠡᠮᠳᠡᠵᠦ ᠂ ᠡᠮᠨᠡᠯᠭᠡ ᠳᠤ ᠣᠴᠢᠵᠤ ᠡᠮ ᠠᠪᠬᠤ ᠠᠴᠠ ᠪᠠᠨ ᠠᠶᠤᠭᠠᠳ ᠡᠮ ᠢᠶᠠᠨ ᠵᠣᠭᠰᠣᠭᠠᠵᠤ ᠪᠣᠯᠬᠤ ᠦᠭᠡᠢ ᠂ ᠡᠯ᠎ᠡ ᠵᠦᠢᠯ ᠤᠨ | ᠠᠷᠭ᠎ᠠ ᠵᠠᠮ ᠢᠶᠠᠷ ᠡᠮ ᠬᠤᠳᠠᠯᠳᠤᠨ ᠠᠪᠬᠤ ᠪᠤᠶᠤ ᠲᠥᠷᠥᠯ ᠰᠠᠳᠤᠨ ᠨᠠᠶᠢᠵᠠ ᠨᠥᠬᠦᠳ ᠢᠶᠠᠷ ᠢᠶᠠᠨ ᠡᠮ ᠬᠤᠳᠠᠯᠳᠤᠨ ᠠᠪᠤᠭᠤᠯᠵᠤ ᠪᠣᠯᠣᠨ᠎ᠠ ᠃ | ᠲᠠᠪᠤᠳᠤᠭᠠᠷ ᠲᠤ ᠂ ᠨᠠᠰᠤᠲᠠᠶᠢᠴᠤᠳ ᠣᠶᠢᠷ᠎ᠠ ᠶᠢᠨ ᠬᠤᠭᠤᠴᠠᠭᠠᠨ ᠳᠤ ᠡᠷᠬᠡᠪᠰᠢ ᠵᠢᠮ᠎ᠡ ᠶᠣᠰᠣ ᠲᠠᠢ ᠪᠠᠷ ᠠᠮᠢᠳᠤᠷᠠᠵᠤ ᠂ ᠬᠡᠲᠦᠷᠬᠡᠢ ᠰᠠᠨᠳᠤᠷᠬᠤ ᠬᠡᠷᠡᠭ ᠦᠭᠡᠢ ᠃ | ᠵᠢᠮ᠎ᠡ ᠶᠣᠰᠣ ᠲᠠᠢ ᠪᠠᠷ ᠤᠨᠲᠠᠵᠤ ᠠᠮᠠᠷᠠᠨ ᠂ ᠰᠢᠮ᠎ᠡ ᠲᠡᠵᠢᠭᠡᠯ ᠢᠶᠠᠨ ᠪᠠᠲᠤᠯᠠᠬᠤ ᠬᠡᠷᠡᠭᠲᠡᠢ ᠂ ᠭᠡᠪᠡᠴᠦ ᠬᠡᠲᠦᠷᠡᠲᠡᠯ᠎ᠡ ᠢᠳᠡᠵᠦ ᠤᠤᠭᠤᠵᠤ ᠪᠣᠯᠬᠤ ᠦᠭᠡᠢ ᠃ | ᠡᠭᠦᠨ ᠠᠴᠠ ᠭᠠᠳᠠᠨ᠎ᠠ ᠂ ᠠᠷᠢᠬᠢ ᠡᠳ᠋ᠯᠡᠬᠦ ᠪᠠᠨ ᠠᠯᠢ ᠴᠢᠳᠠᠬᠤ ᠪᠠᠷ ᠪᠠᠭᠠᠰᠬᠠᠨ᠎ᠠ ᠃ ᠬᠡᠷᠪᠡ ᠨᠠᠰᠤᠲᠠᠶᠢᠴᠤᠳ ᠲᠠᠢ ᠬᠠᠮᠲᠤ ᠠᠮᠢᠳᠤᠷᠠᠬᠤ ᠦᠭᠡᠢ ᠭᠡᠷ ᠤᠨ ᠬᠥᠮᠥᠰ ᠨᠢ | ᠣᠶᠢᠷ᠎ᠠ ᠶᠢᠨ ᠬᠤᠭᠤᠴᠠᠭᠠᠨ ᠳᠤ ᠨᠠᠰᠤᠲᠠᠶᠢᠴᠤᠳ ᠢᠶᠠᠨ ᠡᠷᠭᠢᠵᠦ ᠦᠵᠡᠬᠦ ᠪᠠᠨ ᠴᠥᠭᠡᠳᠬᠡᠵᠦ ᠂ ᠸᠢᠷᠦ᠋ᠰ ᠯᠡᠪᠡᠷᠡᠬᠦ ᠲᠣᠬᠢᠶᠠᠯ ᠢ ᠪᠠᠭᠠᠰᠬᠠᠵᠤ ᠪᠣᠯᠣᠨ᠎ᠠ ᠃ | ᠬᠡᠷᠪᠡ ᠭᠡᠷ ᠤᠨ ᠬᠥᠮᠥᠰ ᠨᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠳᠤ ᠨᠡᠷᠪᠡᠭᠳᠡᠪᠡᠯ ᠨᠠᠰᠤᠲᠠᠶᠢᠴᠤᠳ ᠥᠪᠡᠷ ᠢ ᠪᠠᠨ ᠬᠡᠷᠬᠢᠨ ᠰᠠᠶᠢᠲᠤᠷ ᠬᠠᠮᠠᠭᠠᠯᠠᠬᠤ | ᠪᠣᠶ︖ | ᠬᠡᠷᠪᠡ ᠬᠠᠮᠲᠤ ᠠᠮᠢᠳᠤᠷᠠᠵᠤ ᠪᠠᠶᠢᠭ᠎ᠠ ᠬᠥᠮᠥᠨ ᠨᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠳᠤ ᠨᠡᠷᠪᠡᠭᠳᠡᠪᠡᠯ ᠂ ᠨᠠᠰᠤᠲᠠᠶᠢᠴᠤᠳ ᠤᠨ ᠸᠢᠷᠦ᠋ᠰ ᠲᠠᠢ | ᠣᠶᠢᠷᠠᠳᠬᠤ ᠲᠣᠬᠢᠶᠠᠯ ᠢ ᠠᠯᠢ ᠴᠢᠳᠠᠬᠤ ᠪᠠᠷ ᠪᠠᠭᠠᠰᠬᠠᠬᠤ ᠪᠣᠯ ᠬᠠᠮᠤᠭ ᠤᠨ ᠴᠢᠬᠤᠯᠠ ᠵᠠᠷᠴᠢᠮ ᠪᠣᠯᠣᠨ᠎ᠠ ᠃ ᠬᠡᠷᠪᠡ ᠨᠥᠬᠦᠴᠡᠯ ᠲᠠᠢ ᠪᠣᠯ ᠨᠠᠰᠤᠲᠠᠶᠢᠴᠤᠳ ᠢ | ᠥᠭᠡᠷ᠎ᠡ ᠨᠢᠭᠡ ᠣᠷᠣᠨ ᠰᠠᠭᠤᠴᠠ ᠳ᠋ᠤ᠋ᠠᠪᠠᠴᠢᠨ ᠰᠠᠭᠤᠯᠭᠠᠵᠤ ᠪᠣᠯᠣᠨ᠎ᠠ ᠃ ᠬᠡᠷᠪᠡ ᠨᠥᠬᠦᠴᠡᠯ ᠦᠭᠡᠢ ᠪᠣᠯ ᠨᠢᠭᠡᠨ ᠲᠤᠰᠠᠭᠠᠷ ᠦᠷᠦᠭᠡ ᠭᠠᠷᠭᠠᠵᠤ ᠂ ᠡᠭᠦᠳᠡ ᠪᠠᠨ | ᠰᠠᠶᠢᠲᠤᠷ ᠬᠠᠭᠠᠵᠤ ᠂ ᠰᠠᠯᠬᠢ ᠨᠡᠪᠲᠡᠷᠡᠭᠦᠯᠬᠦ ᠶᠢ ᠴᠢᠩᠭᠠᠳᠬᠠᠬᠤ ᠬᠡᠷᠡᠭᠲᠡᠢ ᠃ ᠰᠠᠯᠬᠢ ᠨᠡᠪᠲᠡᠷᠡᠭᠦᠯᠬᠦ ᠳᠤ ᠠᠩᠬᠠᠷᠬᠤ ᠵᠦᠢᠯ ᠨᠢ ᠳᠡᠭᠡᠷ᠎ᠡ ᠳᠤᠷᠠᠳᠤᠭᠰᠠᠨ ᠲᠠᠢ ᠠᠳᠠᠯᠢ | ᠶᠤᠮ ᠃ ᠪᠠᠰᠠ ᠨᠢᠭᠡ ᠵᠦᠢᠯ ᠭᠡᠪᠡᠯ ᠂ ᠣᠷᠴᠢᠨ ᠲᠣᠭᠤᠷᠢᠨ ᠤ ᠠᠷᠢᠭᠤᠳᠬᠠᠯ ᠢ ᠴᠢᠩᠭᠠᠳᠬᠠᠬᠤ ᠬᠡᠷᠡᠭᠲᠡᠢ ᠂ ᠢᠯᠠᠩᠭᠤᠶ᠎ᠠ ᠣᠯᠠᠨ ᠨᠡᠶᠢᠲᠡ ᠶᠢᠨ ᠢᠯᠡ ᠣᠷᠴᠢᠨ | ᠲᠣᠭᠤᠷᠢᠨ ᠳᠤ ᠂ ᠵᠢᠱᠢᠶᠡᠯᠡᠪᠡᠯ ᠵᠣᠷᠯᠣᠩ ᠂ ᠡᠭᠦᠳᠡᠨ ᠤ ᠪᠠᠷᠢᠭᠤᠯ ᠂ ᠤᠰᠤᠨ ᠴᠣᠷᠭᠤ ᠳᠤ ᠡᠪᠡᠳᠴᠢᠲᠡᠨ ᠬᠦᠷᠦᠯᠴᠡᠭᠰᠡᠨ ᠤ ᠳᠠᠷᠠᠭ᠎ᠠ ᠵᠠᠪᠠᠯ ᠠᠷᠢᠭᠤᠳᠬᠠᠬᠤ | ᠬᠡᠷᠡᠭᠲᠡᠢ ᠃ ᠡᠭᠦᠨ ᠠᠴᠠ ᠭᠠᠳᠠᠨ᠎ᠠ ᠂ ᠨᠠᠰᠤᠲᠠᠶᠢᠴᠤᠳ ᠤᠨ ᠪᠠᠶᠢᠳᠠᠯ ᠤᠨ ᠬᠤᠪᠢᠷᠠᠯᠲᠠ ᠶᠢ ᠠᠩᠬᠠᠷᠴᠤ ᠂ ᠬᠡᠷᠪᠡ ᠠᠰᠠᠭᠤᠳᠠᠯ ᠭᠠᠷᠪᠠᠯ ᠡᠷᠲᠡᠬᠡᠨ ᠢᠯᠭᠠᠨ | ᠲᠣᠳᠣᠯᠠᠵᠤ ᠂ ᠡᠷᠲᠡᠬᠡᠨ ᠣᠨᠣᠰᠢᠯᠠᠬᠤ ᠬᠡᠷᠡᠭᠲᠡᠢ ᠃ | ᠨᠠᠰᠤᠲᠠᠶᠢᠴᠤᠳ ᠰᠢᠨ᠎ᠡ ᠲᠢᠲᠢᠮᠯᠢᠭ ᠠᠭᠤᠰᠬᠢᠨ ᠦᠷᠪᠢᠰᠦᠯ ᠳᠤ ᠨᠡᠷᠪᠡᠭᠳᠡᠪᠡᠯ ᠶᠠᠭᠠᠬᠢᠪᠠᠯ ᠵᠣᠬᠢᠬᠤ ᠪᠣᠶ︖ | ᠨᠢᠭᠡᠳᠦᠭᠡᠷ ᠲᠤ ᠂ ᠨᠠᠰᠤᠲᠠᠶᠢᠴᠤᠳ ᠬᠡᠷᠪᠡ ᠰᠢᠨ᠎ᠡ ᠲᠢᠲᠢᠮᠯᠢᠭ ᠠᠭᠤᠰᠬᠢᠨ ᠦᠷᠪᠢᠰᠦᠯ ᠳᠤ ᠨᠡᠷᠪᠡᠭᠳᠡᠭᠰᠡᠨ ᠤ ᠳᠠᠷᠠᠭ᠎ᠠ ᠂ ᠶᠠᠭᠤᠨ ᠤ ᠡᠮᠦᠨ᠎ᠡ ᠠᠵᠢᠭᠯᠠᠯᠲᠠ ᠪᠠ | ᠬᠢᠨᠠᠨ ᠰᠢᠨᠵᠢᠯᠡᠯᠲᠡ ᠶᠢ ᠴᠢᠩᠭᠠᠳᠬᠠᠬᠤ ᠬᠡᠷᠡᠭᠲᠡᠢ ᠃ | ᠬᠤᠶᠠᠳᠤᠭᠠᠷ ᠲᠤ ᠂ ᠡᠳᠦᠷ ᠲᠤᠲᠤᠮ ᠤᠨ ᠰᠤᠪᠢᠯᠠᠯᠲᠠ ᠶᠢ ᠴᠢᠩᠭᠠᠳᠬᠠᠬᠤ ᠬᠡᠷᠡᠭᠲᠡᠢ ᠂ ᠡᠨᠡ ᠬᠦ ᠡᠳᠦᠷ ᠲᠤᠲᠤᠮ ᠤᠨ ᠰᠤᠪᠢᠯᠠᠯᠲᠠ ᠳᠤ ᠬᠠᠷᠠᠰᠣ ᠢᠳᠡᠭᠡᠨ | ᠤᠮᠳᠠᠭᠠᠨ ᠢ ᠪᠠᠭᠲᠠᠭᠠᠨ᠎ᠠ ᠃ ᠨᠠᠰᠤᠲᠠᠢ ᠬᠥᠮᠥᠨ ᠬᠠᠯᠳᠠᠪᠤᠷᠢᠯᠠᠭᠳᠠᠭᠰᠠᠨ ᠤ ᠳᠠᠷᠠᠭ᠎ᠠ ᠬᠤᠳᠣᠭᠤᠳᠤ ᠭᠡᠳᠡᠰᠦᠨ ᠤ ᠵᠠᠮ ᠤᠨ ᠴᠢᠳᠠᠮᠵᠢ ᠨᠢ ᠮᠠᠭᠤᠳᠠᠬᠤ ᠪᠣᠯᠬᠤᠷ ᠪᠠᠭ᠎ᠠ | ᠢᠳᠡᠵᠦ ᠣᠯᠠᠨ ᠤᠳᠠᠭ᠎ᠠ ᠬᠤᠭᠤᠯᠠᠯᠠᠵᠤ ᠂ ᠨᠢᠭᠡ ᠤᠳᠠᠭ᠎ᠠ ᠶᠡᠭᠡ ᠬᠡᠮᠵᠢᠶ᠎ᠡ ᠪᠠᠷ ᠢᠳᠡᠭᠰᠡᠨ ᠤ ᠳᠠᠷᠠᠭ᠎ᠠ ᠪᠥᠭᠡᠯᠵᠢᠬᠦ ᠠᠴᠠ ᠵᠠᠶᠢᠯᠠᠰᠬᠢᠬᠦ ᠶᠢ ᠰᠠᠨᠠᠭᠤᠯᠵᠤ ᠪᠠᠶᠢᠨ᠎ᠠ︔ | ᠡᠭᠦᠨ ᠠᠴᠠ ᠭᠠᠳᠠᠨ᠎ᠠ ᠨᠠᠰᠤᠲᠠᠶᠢᠴᠤᠳ ᠤᠨ ᠤᠨᠲᠠᠵᠤ ᠠᠮᠠᠷᠠᠬᠤ ᠶᠢ ᠪᠠᠲᠤᠯᠠᠬᠤ ᠬᠡᠷᠡᠭᠲᠡᠢ︔ ᠪᠠᠰᠠ ᠵᠣᠬᠢᠬᠤ ᠬᠡᠮᠵᠢᠶᠡᠨ ᠤ ᠤᠰᠤ ᠨᠥᠬᠦᠪᠦᠷᠢᠯᠡᠬᠦ ᠬᠡᠷᠡᠭᠲᠡᠢ ᠂ | ᠤᠰᠤᠨ ᠤ ᠬᠡᠮᠵᠢᠶ᠎ᠡ ᠶᠢ ᠢᠳᠡᠭᠡᠨ ᠤᠮᠳᠠᠭᠠᠨ ᠲᠠᠢ ᠠᠳᠠᠯᠢ ᠪᠠᠶᠢᠯᠭᠠᠵᠤ ᠂ ᠪᠡᠶ᠎ᠡ ᠶᠢᠨ ᠳᠤᠯᠠᠭᠠᠨ ᠪᠠ ᠬᠥᠯᠥᠰᠦ ᠭᠠᠷᠬᠤ ᠪᠠᠶᠢᠳᠠᠯ ᠲᠠᠢ ᠨᠢ ᠤᠶᠠᠯᠳᠤᠭᠤᠯᠤᠨ | ᠵᠣᠬᠢᠰᠲᠠᠢ ᠨᠥᠬᠦᠪᠦᠷᠢᠯᠡᠬᠦ ᠶᠢ ᠰᠠᠨᠠᠭᠤᠯᠵᠤ ᠪᠠᠶᠢᠨ᠎ᠠ ᠃ ᠤᠰᠤ ᠶᠢ ᠪᠠᠰᠠ ᠪᠠᠭ᠎ᠠ ᠬᠡᠮᠵᠢᠶ᠎ᠡ ᠪᠠᠷ ᠣᠯᠠᠨ ᠤᠳᠠᠭ᠎ᠠ ᠨᠥᠬᠦᠪᠦᠷᠢᠯᠡᠵᠦ ᠂ ᠨᠢᠭᠡ ᠤᠳᠠᠭ᠎ᠠ ᠶᠡᠭᠡ | ᠬᠡᠮᠵᠢᠶᠡᠨ ᠤ ᠤᠰᠤ ᠨᠥᠬᠦᠪᠦᠷᠢᠯᠡᠭᠡᠳ ᠬᠤᠳᠣᠭᠤᠳᠤ ᠭᠡᠳᠡᠰᠦ ᠨᠢ ᠡᠪ ᠦᠭᠡᠶᠢᠷᠡᠬᠦ ᠪᠠ ᠵᠢᠷᠦᠬᠡᠨ ᠤ ᠳᠠᠷᠤᠭᠠᠰᠤ ᠶᠢ ᠨᠢ ᠬᠦᠨᠳᠦᠷᠡᠭᠦᠯᠬᠦ ᠠᠴᠠ ᠰᠡᠷᠭᠡᠶᠢᠯᠡᠬᠦ ᠬᠡᠷᠡᠭᠲᠡᠢ ᠃ | | ᠭᠤᠷᠪᠠᠳᠤᠭᠠᠷ ᠲᠤ ᠂ ᠬᠠᠯᠠᠭᠤᠨ ᠢ ᠪᠠᠭᠤᠷᠠᠭᠤᠯᠬᠤ ᠡᠮ ᠢ ᠨᠠᠰᠤᠲᠠᠶᠢᠴᠤᠳ ᠲᠤ ᠬᠡᠷᠡᠭᠯᠡᠬᠦ ᠳᠤ ᠪᠠᠨ ᠨᠡᠩ ᠪᠣᠯᠭᠤᠮᠵᠢᠲᠠᠢ ᠪᠠᠶᠢᠵᠤ ᠂ ᠪᠡᠶ᠎ᠡ ᠶᠢᠨ ᠳᠤᠯᠠᠭᠠᠨ ᠨᠢ | ᠬᠡᠳᠦᠢ ᠥᠨᠳᠥᠷ ᠂ ᠨᠠᠰᠤ ᠨᠢ ᠬᠡᠳᠦᠢ ᠥᠨᠳᠥᠷ ᠪᠣᠯ ᠂ ᠡᠮ ᠬᠡᠷᠡᠭᠯᠡᠬᠦ ᠳᠤ ᠪᠠᠨ ᠨᠡᠩ ᠪᠣᠯᠭᠤᠮᠵᠢᠲᠠᠢ ᠪᠠᠶᠢᠬᠤ ᠬᠡᠷᠡᠭᠲᠡᠢ ᠃ ᠡᠭᠦᠨ ᠳᠤ 38℃ ᠲᠤ 1 ᠦᠷᠢᠯ ᠂ | 39℃ ᠲᠤ 2 ᠦᠷᠢᠯ ᠭᠡᠬᠦ ᠮᠡᠲᠦ ᠪᠠᠷ ᠬᠡᠷᠡᠭᠯᠡᠬᠦ ᠪᠢᠰᠢ ᠃ ᠬᠠᠯᠠᠭᠤᠷᠠᠬᠤ ᠨᠢ ᠬᠡᠳᠦᠢ ᠥᠨᠳᠥᠷ ᠪᠣᠯᠬᠤ ᠲᠤᠳᠤᠮ ᠂ ᠡᠮ ᠬᠡᠷᠡᠭᠯᠡᠬᠦ ᠳᠤ ᠪᠠᠨ ᠲᠡᠳᠦᠢ ᠪᠣᠯᠭᠤᠮᠵᠢᠲᠠᠢ | ᠪᠠᠶᠢᠬᠤ ᠬᠡᠷᠡᠭᠲᠡᠢ ᠃ ᠡᠨᠡ ᠨᠢ ᠭᠤᠣᠯᠳᠠᠭᠤ ᠨᠠᠰᠤᠲᠠᠶᠢᠴᠤᠳ ᠲᠤ ᠬᠠᠯᠠᠭᠤᠨ ᠢ ᠪᠠᠭᠤᠷᠠᠭᠤᠯᠬᠤ ᠡᠮ ᠬᠡᠷᠡᠭᠯᠡᠭᠰᠡᠨ ᠤ ᠳᠠᠷᠠᠭ᠎ᠠ ᠨᠢᠭᠡ ᠤᠳᠠᠭ᠎ᠠ ᠶᠡᠭᠡ ᠬᠡᠮᠵᠢᠶᠡᠨ ᠤ | ᠬᠥᠯᠥᠰᠦ ᠭᠠᠷᠬᠤ ᠠᠴᠠ ᠪᠣᠯᠵᠤ ᠲᠠᠮᠢᠷᠳᠠᠨ ᠮᠠᠨᠠᠷᠠᠬᠤ ᠪᠤᠶᠤ ᠴᠢᠨᠠᠭᠰᠢᠯᠠᠪᠠᠯ ᠴᠢᠰᠤᠨ ᠳᠠᠷᠤᠯᠲᠠ ᠳᠣᠣᠷ᠎ᠠ ᠪᠣᠯᠬᠤ ᠪᠠᠶᠢᠳᠠᠯ ᠠᠴᠠ ᠰᠡᠷᠭᠡᠶᠢᠯᠡᠬᠦ ᠶᠢᠨ ᠲᠥᠯᠥᠭᠡ ᠶᠤᠮ ᠃ | ᠡᠭᠦᠨ ᠢ ᠤᠯᠠᠨ ᠳᠤ ᠣᠨᠴᠠᠭᠠᠶᠢᠯᠠᠨ ᠰᠠᠨᠠᠭᠤᠯᠵᠤ ᠪᠠᠶᠢᠨ᠎ᠠ ᠃ ᠡᠭᠦᠨ ᠠᠴᠠ ᠭᠠᠳᠠᠨ᠎ᠠ ᠂ ᠡᠨᠡ ᠬᠤᠭᠤᠴᠠᠭᠠᠨ ᠳᠤ ᠬᠠᠯᠠᠭᠤᠨ ᠢ ᠪᠠᠭᠤᠷᠠᠭᠤᠯᠬᠤ ᠶᠢ | ᠤᠳᠠᠭᠠᠰᠢᠷᠠᠭᠤᠯᠵᠤ ᠂ ᠹᠢᠽᠢᠺ ᠤᠨ ᠠᠷᠭ᠎ᠠ ᠪᠠᠷ ᠬᠠᠯᠠᠭᠤᠨ ᠢ ᠨᠢ ᠪᠠᠭᠤᠷᠠᠭᠤᠯᠵᠤ ᠪᠣᠯᠣᠨ᠎ᠠ︔ ᠪᠠᠰᠠ ᠬᠠᠯᠠᠭᠤᠨ ᠢ ᠪᠠᠭᠤᠷᠠᠭᠤᠯᠬᠤ ᠡᠮ ᠬᠡᠷᠡᠭᠯᠡᠬᠦ ᠳᠤ ᠪᠠᠨ ᠣᠯᠠᠨ | ᠵᠦᠢᠯ ᠤᠨ ᠡᠮ ᠢ ᠬᠠᠮᠲᠤ ᠳᠤ ᠨᠢ ᠬᠡᠷᠡᠭᠯᠡᠬᠦ ᠠᠴᠠ ᠵᠠᠶᠢᠯᠠᠰᠬᠢᠨ᠎ᠡ ᠃ ᠪᠠᠰᠠ ᠵᠠᠷᠢᠮ ᠲᠠᠭᠰᠢᠭᠤᠷ ᠤᠨ ᠡᠮ ᠨᠢ ᠨᠡᠶᠢᠯᠡᠮᠡᠯ ᠵᠣᠷ ᠤᠨ ᠨᠠᠶᠢᠷᠠᠯᠭ᠎ᠠ ᠲᠠᠢ ᠪᠠᠶᠢᠵᠤ ᠂ ᠡᠰᠡᠷᠭᠦ | ᠫᠠᠷᠠᠽᠧᠲ᠋ᠠᠮᠣᠯ ᠠᠭᠤᠯᠵᠤ ᠮᠡᠳᠡᠨ᠎ᠡ ᠂ ᠬᠡᠷᠪᠡ ᠡᠳᠡᠭᠡᠷ ᠡᠮ ᠢ ᠬᠠᠮᠲᠤ ᠳᠤ ᠨᠢ ᠬᠡᠷᠡᠭᠯᠡᠪᠡᠯ ᠡᠮ ᠤᠨ ᠬᠡᠮᠵᠢᠶ᠎ᠡ ᠨᠢ ᠬᠡᠲᠦᠷᠡᠬᠦ ᠪᠠᠶᠢᠳᠠᠯ ᠭᠠᠷᠴᠤ ᠮᠡᠳᠡᠨ᠎ᠡ ᠃ ᠡᠶᠢᠮᠦ ᠠᠴᠠ | ᠡᠷᠬᠡᠪᠰᠢ ᠡᠮ ᠤᠨ ᠲᠣᠳᠣᠷᠬᠠᠶᠢᠯᠠᠯᠲᠠ ᠶᠢᠨ ᠪᠢᠴᠢᠭ ᠢ ᠰᠠᠶᠢᠲᠤᠷ ᠯᠠᠪᠯᠠᠬᠤ ᠬᠡᠷᠡᠭᠲᠡᠢ ᠃ | ᠳᠥᠷᠪᠡᠳᠦᠭᠡᠷ ᠲᠤ ᠂ ᠬᠢᠲᠠᠳ ᠪᠡᠯᠡᠨ ᠡᠮ ᠃ ᠬᠢᠲᠠᠳ ᠪᠡᠯᠡᠨ ᠡᠮ ᠢ ᠬᠡᠷᠡᠭᠯᠡᠬᠦ ᠳᠤ ᠴᠦ ᠠᠳᠠᠯᠢᠬᠠᠨ ᠪᠠᠶᠢᠳᠠᠭ ᠂ ᠵᠠᠪᠠᠯ ᠴᠥᠭᠡᠨ ᠮᠥᠷᠲᠡᠭᠡᠨ ᠨᠠᠷᠢᠯᠢᠭ ᠪᠠᠶᠢᠬᠤ | ᠬᠡᠷᠡᠭᠲᠡᠢ ᠃ ᠨᠢᠭᠡ ᠵᠦᠢᠯ ᠤᠨ ᠡᠮ ᠢ ᠰᠣᠩᠭᠤᠨ ᠬᠡᠷᠡᠭᠯᠡᠵᠦ ᠪᠣᠯᠣᠨ᠎ᠠ ᠂ ᠠᠳᠠᠯᠢ ᠦᠢᠯᠡᠳᠦᠯ ᠲᠠᠢ ᠣᠯᠠᠨ ᠵᠦᠢᠯ ᠤᠨ ᠬᠢᠲᠠᠳ ᠪᠡᠯᠡᠨ ᠡᠮ ᠢ ᠬᠠᠮᠲᠤ ᠳᠤ ᠨᠢ | ᠬᠡᠷᠡᠭᠯᠡᠵᠦ ᠪᠣᠯᠬᠤ ᠦᠭᠡᠢ ᠃ | ᠲᠠᠪᠤᠳᠤᠭᠠᠷ ᠲᠤ ᠂ ᠰᠠᠭᠤᠷᠢ ᠡᠪᠡᠳᠴᠢᠨ ᠳᠠᠪᠬᠤᠴᠠᠭᠰᠠᠨ ᠨᠠᠰᠤᠲᠠᠶᠢᠴᠤᠳ ᠡᠷᠬᠡᠪᠰᠢ ᠰᠠᠭᠤᠷᠢ ᠡᠪᠡᠳᠴᠢᠨ ᠤ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠢ ᠃ | ᠠᠳᠡ ᠬᠤᠶᠠᠷ ᠲᠠᠯ᠎ᠠ ᠶᠢ ᠣᠨᠴᠠᠭᠠᠶᠢᠯᠠᠨ ᠴᠢᠬᠤᠯᠠᠴᠢᠯᠠᠵᠤ ᠪᠠᠶᠢᠨ᠎ᠠ ᠃ ᠨᠢᠭᠡ ᠨᠢ ᠴᠢᠰᠤᠨ ᠳᠠᠷᠤᠯᠲᠠ ᠥᠨᠳᠥᠷ ᠡᠪᠡᠳᠴᠢᠨ ᠢ ᠰᠡᠷᠭᠡᠶᠢᠯᠡᠬᠦ ᠡᠮ ᠂ ᠤᠴᠢᠷ ᠨᠢ | ᠬᠠᠯᠠᠭᠤᠷᠠᠭᠰᠠᠨ ᠠᠴᠠ ᠪᠣᠯᠵᠤ ᠶᠡᠭᠡ ᠬᠡᠮᠵᠢᠶᠡᠨ ᠤ ᠤᠰᠤ ᠠᠯᠳᠠᠭᠳᠠᠵᠤ ᠴᠢᠰᠤᠨ ᠳᠠᠷᠤᠯᠲᠠ ᠶᠢ ᠪᠠᠭᠤᠷᠠᠭᠤᠯᠵᠤ ᠮᠡᠳᠡᠨ᠎ᠡ ᠃ ᠬᠠᠯᠠᠭᠤᠷᠠᠵᠤ ᠪᠠᠶᠢᠭ᠎ᠠ | ᠬᠤᠭᠤᠴᠠᠭᠠᠨ ᠳᠤ ᠂ ᠣᠨᠴᠠᠭᠠᠶᠢᠯᠠᠨ ᠬᠠᠯᠠᠭᠤᠨ ᠢ ᠪᠠᠭᠤᠷᠠᠭᠤᠯᠬᠤ ᠡᠮ ᠬᠡᠷᠡᠭᠯᠡᠬᠦ ᠦᠶ᠎ᠡ ᠳᠤ ᠡᠷᠬᠡᠪᠰᠢ ᠴᠢᠰᠤᠨ ᠳᠠᠷᠤᠯᠲᠠ ᠶᠢ ᠨᠢ ᠪᠠᠶᠢᠴᠠᠭᠠᠬᠤ ᠶᠢ ᠠᠩᠬᠠᠷᠬᠤ | ᠬᠡᠷᠡᠭᠲᠡᠢ ᠃ ᠬᠡᠷᠪᠡ ᠴᠢᠰᠤᠨ ᠳᠠᠷᠤᠯᠲᠠ ᠨᠢ ᠳᠣᠣᠷᠠᠳᠠᠵᠤ ᠬᠡᠪ ᠤᠨ ᠬᠡᠮᠵᠢᠶ᠎ᠡ ᠠᠴᠠ ᠳᠣᠣᠷ᠎ᠠ ᠪᠣᠯᠪᠠᠯ ᠴᠢᠰᠤᠨ ᠳᠠᠷᠤᠯᠲᠠ ᠶᠢ ᠪᠠᠭᠤᠷᠠᠭᠤᠯᠬᠤ ᠡᠮ ᠤᠨ ᠬᠡᠮᠵᠢᠶ᠎ᠡ ᠶᠢ | ᠪᠠᠭᠠᠰᠬᠠᠬᠤ ᠪᠤᠶᠤ ᠴᠢᠨᠠᠭᠰᠢᠯᠠᠪᠠᠯ ᠬᠡᠷᠡᠭᠯᠡᠬᠦ ᠪᠠᠨ ᠵᠣᠭᠰᠣᠵᠤ ᠂ ᠴᠢᠰᠤᠨ ᠳᠠᠷᠤᠯᠲᠠ ᠨᠢ ᠬᠡᠪ ᠤᠨ ᠪᠠᠶᠢᠳᠠᠯ ᠳᠤ ᠪᠠᠨ ᠣᠷᠣᠭᠰᠠᠨ ᠤ ᠳᠠᠷᠠᠭ᠎ᠠ ᠰᠠᠶ᠋ᠢ ᠵᠤᠷᠰᠢᠯ | ᠶᠣᠰᠣᠭᠠᠷ ᠬᠡᠷᠡᠭᠯᠡᠨ᠎ᠡ ᠃ ᠨᠥᠭᠦᠭᠡ ᠨᠢᠭᠡ ᠨᠢ ᠴᠢᠰᠤᠨ ᠰᠢᠬᠢᠷ ᠢ ᠪᠠᠭᠤᠷᠠᠭᠤᠯᠬᠤ ᠡᠮ ᠪᠣᠯᠣᠨ᠎ᠠ ᠂ ᠨᠠᠰᠤᠲᠠᠶᠢᠴᠤᠳ ᠰᠢᠨ᠎ᠡ ᠲᠢᠲᠢᠮᠯᠢᠭ ᠠᠭᠤᠰᠬᠢᠨ ᠦᠷᠪᠢᠰᠦᠯ ᠳᠤ | ᠨᠡᠷᠪᠡᠭᠳᠡᠭᠰᠡᠨ ᠤ ᠳᠠᠷᠠᠭ᠎ᠠ ᠢᠳᠡᠬᠦ ᠬᠤᠭᠤᠯᠠᠨ ᠤ ᠬᠡᠮᠵᠢᠶ᠎ᠡ ᠨᠢ ᠮᠠᠰᠢ ᠪᠠᠭᠠᠳᠠᠵᠤ ᠮᠡᠳᠡᠨ᠎ᠡ ᠂ ᠡᠶᠢᠮᠦ ᠠᠴᠠ ᠪᠢᠳᠡ ᠴᠢᠰᠤᠨ ᠰᠢᠬᠢᠷ ᠤᠨ ᠬᠤᠪᠢᠷᠠᠯᠲᠠ ᠶᠢ ᠬᠢᠨᠠᠨ | ᠰᠢᠨᠵᠢᠯᠡᠵᠦ ᠂ ᠴᠢᠰᠤᠨ ᠰᠢᠬᠢᠷ ᠳᠣᠣᠷ᠎ᠠ ᠪᠣᠯᠬᠤ ᠠᠴᠠ ᠰᠡᠷᠭᠡᠶᠢᠯᠡᠬᠦ ᠬᠡᠷᠡᠭᠲᠡᠢ ᠃ | ᠬᠠᠮᠤᠭ ᠤᠨ ᠰᠡᠬᠦᠯ ᠳᠤ ᠂ ᠨᠠᠰᠤᠲᠠᠶᠢᠴᠤᠳ ᠲᠤ ᠣᠨᠴᠠᠭᠠᠶᠢᠯᠠᠨ ᠰᠠᠨᠠᠭᠤᠯᠬᠤ ᠨᠢ ᠂ ᠨᠠᠰᠤᠲᠠᠶᠢᠴᠤᠳ ᠰᠢᠨ᠎ᠡ ᠲᠢᠲᠢᠮᠯᠢᠭ ᠠᠭᠤᠰᠬᠢᠨ ᠦᠷᠪᠢᠰᠦᠯ ᠳᠤ | ᠨᠡᠷᠪᠡᠭᠳᠡᠪᠡᠯ ᠂ ᠲᠣᠭᠲᠠᠪᠤᠷᠢᠵᠢᠭᠤᠯᠬᠤ ᠴᠢᠳᠠᠪᠤᠷᠢ ᠨᠢ ᠪᠠᠭᠤᠷᠠᠳᠠᠭ ᠂ ᠵᠠᠯᠠᠭᠤᠴᠤᠳ ᠲᠤ ᠴᠤ ᠡᠶᠢᠮᠦ ᠲᠥᠷᠥᠭᠳᠡᠯ ᠪᠠᠶᠢᠵᠤ ᠮᠡᠳᠡᠨ᠎ᠡ ᠃ ᠬᠠᠯᠠᠭᠤᠷᠠᠭᠰᠠᠨ ᠤ ᠲᠠᠷᠠᠭ᠎ᠠ | ᠵᠠᠮ ᠶᠠᠪᠤᠬᠤ ᠳᠤ ᠪᠠᠨ ᠵᠢᠭᠠᠬᠠᠨ ᠬᠠᠶᠢᠪᠠᠯᠵᠠᠬᠤ ᠪᠣᠯᠣᠨ᠎ᠠ ᠂ ᠨᠠᠰᠤᠲᠠᠶᠢᠴᠤᠳ ᠲᠤ ᠡᠶᠢᠮᠦ ᠪᠠᠶᠢᠳᠠᠯ ᠭᠠᠷᠤᠭᠰᠠᠨ ᠤ ᠲᠠᠷᠠᠭ᠎ᠠ ᠮᠠᠰᠢ ᠠᠮᠠᠷᠬᠠᠨ ᠣᠶᠢᠴᠢᠳᠠᠭ ᠂ | ᠣᠶᠢᠴᠢᠭᠰᠠᠨ ᠤ ᠲᠠᠷᠠᠭ᠎ᠠ ᠠᠮᠠᠷᠬᠠᠨ ᠶᠠᠰᠤ ᠬᠤᠭᠤᠷᠠᠳᠠᠭ ᠶᠤᠮ ᠃ ᠡᠶᠢᠮᠦ ᠠᠴᠠ ᠨᠠᠰᠤᠲᠠᠶᠢᠴᠤᠳ ᠬᠠᠯᠠᠭᠤᠷᠠᠬᠤ ᠂ ᠨᠡᠯᠢᠶᠡᠳ ᠲᠠᠮᠢᠷᠳᠠᠬᠤ ᠦᠶ᠎ᠡ ᠳᠤ | ᠣᠶᠢᠴᠢᠬᠤ ᠠᠴᠠ ᠣᠨᠴᠠ ᠰᠡᠷᠭᠡᠶᠢᠯᠡᠬᠦ ᠬᠡᠷᠡᠭᠲᠡᠢ ᠃ | ᠶᠠᠮᠠᠷ ᠪᠠᠶᠢᠳᠠᠯ ᠳᠤ ᠨᠠᠰᠤᠲᠠᠶᠢᠴᠤᠳ ᠤᠨ ᠡᠮᠨᠡᠯᠭᠡ ᠳᠤ ᠣᠴᠢᠵᠤ ᠡᠮᠨᠡᠭᠦᠯᠬᠦ ᠶᠢ ᠪᠣᠳᠣᠯᠬᠢᠯᠠᠬᠤ ᠴᠢᠬᠤᠯᠠᠲᠠᠢ ᠪᠣᠶ︖ | ᠨᠢᠭᠡᠳᠦᠭᠡᠷ ᠲᠤ ᠂ ᠡᠪᠡᠳᠴᠢᠨ ᠤ ᠢᠯᠡᠷᠡᠯ ᠨᠢ ᠦᠷᠭᠦᠯᠵᠢᠯᠡᠬᠦ ᠪᠤᠶᠤ ᠬᠦᠨᠳᠦᠷᠡᠬᠦ ᠂ ᠵᠢᠱᠢᠶᠡᠯᠡᠪᠡᠯ ᠦᠷᠭᠦᠯᠵᠢᠯᠡᠨ ᠬᠠᠯᠠᠭᠤᠷᠠᠬᠤ ᠪᠤᠶᠤ ᠴᠢᠨᠠᠭᠰᠢᠯᠠᠪᠠᠯ ᠬᠦᠨᠳᠦᠷᠡᠬᠦ | ᠬᠠᠨᠳᠤᠰᠢ ᠲᠠᠢ ᠃ | ᠬᠤᠶᠠᠳᠤᠭᠠᠷ ᠲᠤ ᠂ ᠰᠢᠨ᠎ᠡ ᠡᠪᠡᠳᠴᠢᠨ ᠤ ᠰᠢᠨᠵᠢ ᠢᠯᠡᠷᠡᠬᠦ ᠂ ᠵᠢᠱᠢᠶᠡᠯᠡᠪᠡᠯ ᠴᠡᠭᠡᠵᠢ ᠡᠪᠡᠳᠬᠦ ᠂ ᠠᠮᠢᠰᠬᠤᠯ ᠴᠢᠬᠤᠯᠳᠠᠬᠤ ᠂ ᠥᠳᠬᠡᠨ ᠰᠢᠩᠭᠡᠨ ᠮᠥᠷ | ᠠᠯᠳᠠᠭᠳᠠᠬᠤ ᠪᠤᠶᠤ ᠭᠡᠨᠡᠳᠲᠡ ᠮᠥᠴᠢ ᠪᠠᠨ ᠬᠥᠳᠡᠯᠭᠡᠵᠦ ᠳᠡᠶᠢᠯᠬᠦ ᠦᠭᠡᠢ ᠪᠣᠯᠬᠤ ᠂ ᠣᠨᠴᠠᠭᠠᠶᠢᠯᠠᠨ ᠥᠷᠥᠭᠡᠰᠦᠨ ᠲᠠᠯ᠎ᠠ ᠶᠢᠨ ᠮᠥᠴᠢ ᠶᠢᠨ ᠬᠥᠳᠡᠯᠭᠡᠭᠡᠨ ᠬᠢᠵᠦ | ᠳᠡᠶᠢᠯᠬᠦ ᠦᠭᠡᠢ ᠪᠣᠯᠬᠤ ᠂ ᠡᠰᠡᠬᠦᠯ᠎ᠡ ᠬᠤᠭᠤᠯᠠ ᠢᠳᠡᠵᠦ ᠳᠡᠶᠢᠯᠬᠦ ᠦᠭᠡᠢ ᠪᠣᠯᠬᠤ ᠂ ᠳᠤᠷ᠎ᠠ ᠪᠣᠯᠭᠢᠵᠤ ᠪᠥᠭᠡᠯᠵᠢᠬᠦ ᠪᠠᠶᠢᠳᠠᠯ ᠢᠯᠡᠷᠡᠬᠦ ᠂ ᠡᠰᠡᠬᠦᠯ᠎ᠡ ᠳᠠᠩᠳᠠ ᠤᠨᠲᠠᠬᠤ | ᠪᠠᠶᠢᠳᠠᠯ ᠲᠠᠢ ᠪᠣᠯᠬᠤ ᠂ ᠬᠥᠮᠥᠨ ᠢ ᠲᠠᠨᠢᠬᠤ ᠦᠭᠡᠢ ᠪᠣᠯᠬᠤ ᠂ ᠲᠣᠭᠲᠠᠭᠰᠠᠨ ᠴᠢᠭᠯᠡᠯ ᠤᠨ ᠰᠠᠭᠠᠳ ᠲᠠᠢ ᠪᠣᠯᠬᠤ ᠵᠡᠷᠭᠡ ᠨᠢ ᠪᠦᠷ ᠠᠶᠤᠯ ᠲᠦᠭᠰᠢᠭᠦᠷᠢ ᠶᠢᠨ ᠳᠣᠬᠢᠶ᠎ᠠ | ᠪᠣᠯᠣᠨ᠎ᠠ ᠃ | ᠡᠭᠦᠨ ᠠᠴᠠ ᠭᠠᠳᠠᠨ᠎ᠠ ᠂ ᠰᠠᠭᠤᠷᠢ ᠡᠪᠡᠳᠴᠢᠨ ᠨᠢ ᠬᠦᠨᠳᠦᠷᠡᠬᠦ ᠂ ᠵᠢᠱᠢᠶᠡᠯᠡᠪᠡᠯ ᠨᠠᠰᠤᠲᠠᠶᠢᠴᠤᠳ ᠤᠤᠯ ᠳᠤ ᠪᠠᠨ ᠵᠢᠷᠦᠬᠡᠨ ᠤ ᠲᠢᠲᠢᠮ ᠡᠪᠡᠳᠴᠢᠨ ᠲᠠᠢ ᠪᠣᠯ ᠂ | ᠵᠢᠷᠦᠬᠡ ᠪᠠᠵᠠᠯᠠᠨ ᠡᠪᠡᠳᠬᠦ ᠢᠯᠡᠷᠡᠯ ᠲᠠᠢ ᠂ ᠤᠤᠯ ᠨᠢ ᠠᠭᠤᠰᠬᠢᠨ ᠤ ᠠᠷᠬᠠᠭ ᠡᠪᠡᠳᠴᠢᠨ ᠪᠤᠶᠤ ᠠᠭᠰᠠᠭ᠎ᠠ ᠲᠠᠢ ᠪᠣᠯ ᠂ ᠠᠭᠤᠰᠬᠢᠨ ᠤ ᠠᠷᠬᠠᠭ ᠡᠪᠡᠳᠴᠢᠨ ᠪᠠ | ᠠᠭᠰᠠᠭ᠎ᠠ ᠨᠢ ᠬᠦᠨᠳᠦᠷᠡᠬᠦ ᠢᠯᠡᠷᠡᠯ ᠲᠠᠢ ᠪᠠᠶᠢᠵᠤ ᠂ ᠬᠦᠨᠳᠦᠷᠡᠬᠦ ᠦᠶ᠎ᠡ ᠳᠤ ᠨᠠᠰᠤᠲᠠᠶᠢᠴᠤᠳ ᠡᠷᠬᠡᠪᠰᠢ ᠡᠮᠨᠡᠭᠦᠯᠬᠦ ᠴᠢᠬᠤᠯᠠᠲᠠᠢ ᠶᠢ ᠣᠨᠴᠠᠭᠠᠶᠢᠯᠠᠨ ᠰᠠᠨᠠᠭᠤᠯᠵᠤ | ᠪᠠᠶᠢᠨ᠎ᠠ ᠃ | ᠡᠭᠦᠨ ᠠᠴᠠ ᠭᠠᠳᠠᠨ᠎ᠠ ᠂ ᠵᠠᠷᠢᠮ ᠰᠠᠭᠤᠷᠢ ᠡᠪᠡᠳᠴᠢᠨ ᠤ ᠲᠣᠰ ᠪᠡᠶ᠎ᠡ ᠨᠢ ᠲᠣᠭᠲᠠᠭᠤᠨ ᠪᠤᠰᠤ ᠪᠠᠶᠢᠳᠠᠭ ᠂ ᠵᠢᠱᠢᠶᠡᠯᠡᠪᠡᠯ ᠠᠮᠢᠰᠬᠤᠯ ᠤᠨ ᠰᠢᠰᠲ᠋ᠧᠮ ᠤᠨ ᠬᠦᠨᠳᠦ | ᠡᠪᠡᠳᠴᠢᠨ ᠲᠠᠢ ᠂ ᠵᠢᠷᠦᠬᠡᠨ ᠤ ᠬᠦᠨᠳᠦ ᠡᠪᠡᠳᠴᠢᠨ ᠲᠠᠢ ᠂ ᠡᠰᠡᠬᠦᠯ᠎ᠡ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭ᠎ᠠ ᠬᠢᠭᠰᠡᠨ ᠦᠭᠡᠢ 80 | ᠨᠠᠰᠤᠨ ᠠᠴᠠ ᠳᠡᠭᠡᠭᠰᠢᠬᠢ ᠨᠠᠰᠤᠲᠠᠶᠢᠴᠤᠳ ᠪᠣᠯ ᠬᠦᠨᠳᠦ ᠢᠯᠡᠷᠡᠯ ᠲᠠᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠂ ᠠᠶᠤᠯ ᠶᠡᠬᠡᠲᠡᠢ ᠬᠥᠮᠥᠰ ᠤᠨ ᠳᠤᠮᠳᠠ ᠠᠶᠤᠯ | ᠶᠡᠬᠡᠲᠡᠢ ᠬᠥᠮᠥᠰ ᠪᠣᠯᠬᠤᠷ ᠣᠨᠴᠠᠭᠠᠶ ᠠᠩᠬᠠᠷᠬᠤ ᠴᠢᠬᠤᠯᠠᠲᠠᠢ ᠶᠤᠮ ᠃ | ᠶᠠᠭᠠᠬᠢᠭᠠᠳ ᠸᠠᠺᠼᠢᠨ ᠤ ᠲᠠᠷᠢᠯᠭ᠎ᠠ ᠬᠢᠭᠰᠡᠨ ᠦᠭᠡᠢ ᠨᠠᠰᠤᠲᠠᠶᠢᠴᠤᠳ ᠤᠨ ᠠᠶᠤᠯ ᠲᠦᠭᠰᠢᠭᠦᠷᠢ ᠨᠢ ᠶᠡᠭᠡ ᠪᠠᠶᠢᠳᠠᠭ ᠪᠣᠶ︖ | ᠡᠭᠦᠨ ᠳᠤ ᠬᠤᠶᠠᠷ ᠰᠢᠯᠲᠠᠭᠠᠨ ᠪᠣᠶ ᠂ ᠨᠢᠭᠡ ᠳᠤ ᠂ ᠨᠠᠰᠤ ᠨᠢ ᠨᠡᠮᠡᠭᠳᠡᠬᠦ ᠶᠢ ᠳᠠᠭᠠᠯᠳᠤᠨ ᠂ ᠲᠡᠭᠦᠨ ᠤ ᠡᠭᠡᠯᠢᠯᠡᠭᠡ ᠶᠢᠨ ᠴᠢᠳᠠᠪᠤᠷᠢ ᠨᠢ ᠮᠠᠭᠤᠳᠠᠵᠤ ᠪᠠᠶᠢᠨ᠎ᠠ ᠂ | ᠬᠤᠶᠠᠷ ᠲᠤ ᠂ ᠣᠯᠠᠩᠬᠢ ᠨᠠᠰᠤᠲᠠᠶᠢᠴᠤᠳ ᠴᠥᠮ ᠰᠠᠭᠤᠷᠢ ᠴᠢᠨᠠᠷᠲᠠᠢ ᠡᠪᠡᠳᠴᠢᠨ ᠳᠤ ᠨᠡᠷᠪᠡᠭᠳᠡᠵᠦ ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠳᠤ | ᠨᠡᠷᠪᠡᠭᠳᠡᠭᠰᠡᠨ ᠤ ᠳᠠᠷᠠᠭ᠎ᠠ ᠂ ᠡᠨᠡ ᠬᠦ ᠰᠠᠭᠤᠷᠢ ᠴᠢᠨᠠᠷᠲᠠᠢ ᠡᠪᠡᠳᠴᠢᠨ ᠢ ᠬᠦᠨᠳᠦᠷᠡᠬᠦ ᠲᠦᠭᠰᠢᠭᠦᠷᠢ ᠲᠠᠢ ᠪᠠᠶᠢᠳᠠᠭ ᠃ | ᠡᠶᠢᠮᠦ ᠪᠠᠶᠢᠳᠠᠯ ᠳᠣᠣᠷ᠎ᠠ ᠂ ᠨᠠᠰᠤᠲᠠᠶᠢᠴᠤᠳ ᠭᠠᠭᠴᠠᠭᠠᠷ ᠰᠠᠭᠤᠵᠤ ᠪᠠᠶᠢᠭᠰᠠᠨ ᠴᠤ ᠲᠡᠷᠡ ᠂ ᠭᠡᠷ ᠤᠨ ᠬᠥᠮᠥᠰ ᠲᠠᠢ ᠪᠠᠨ ᠬᠠᠮᠲᠤ ᠰᠠᠭᠤᠵᠤ ᠪᠠᠶᠢᠭᠰᠠᠨ ᠴᠤ ᠲᠡᠷᠡ ᠂ | ᠸᠠᠺᠼᠢᠨ ᠤ ᠲᠠᠷᠢᠯᠭ᠎ᠠ ᠶᠢ ᠬᠢᠵᠦ ᠳᠠᠭᠤᠰᠬᠠᠭᠰᠠᠨ ᠦᠭᠡᠢ ᠯᠡ ᠶᠤᠮ ᠪᠣᠯ ᠂ ᠲᠠᠷᠢᠯᠭ᠎ᠠ ᠶᠢ ᠬᠢᠵᠦ ᠳᠠᠭᠤᠰᠬᠠᠬᠤ ᠶᠢ ᠰᠠᠨᠠᠭᠤᠯᠵᠤ ᠪᠠᠶᠢᠨ᠎ᠠ ᠃ ᠡᠭᠦᠨ ᠳᠤ ᠪᠥᠬᠦ | ᠶᠠᠪᠤᠴᠠ ᠶᠢᠨ ᠲᠠᠷᠢᠯᠭ᠎ᠠ ᠂ ᠴᠢᠩᠭᠠᠳᠬᠠᠬᠤ ᠲᠠᠷᠢᠯᠭ᠎ᠠ ᠶᠢ ᠪᠠᠭᠲᠠᠭᠠᠨ᠎ᠠ ᠃ | ᠡᠭᠦᠨ ᠠᠴᠠ ᠡᠮᠦᠨ᠎ᠡ ᠨᠥᠬᠦᠴᠡᠯ ᠳᠤ ᠨᠡᠶᠢᠴᠡᠬᠦ ᠦᠭᠡᠢ ᠨᠠᠰᠤᠲᠠᠶᠢᠴᠤᠳ ᠲᠤ ᠬᠡᠵᠢᠶᠡᠳᠡ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ | ᠲᠠᠷᠢᠯᠭ᠎ᠠ ᠬᠢᠵᠦ ᠪᠣᠯᠬᠤ ᠦᠭᠡᠢ ᠦᠦ︖ | ᠸᠠᠺᠼᠢᠨ ᠤ ᠲᠠᠷᠢᠯᠭ᠎ᠠ ᠬᠢᠬᠦ ᠶᠠᠪᠤᠴᠠ ᠳᠤ ᠪᠢᠳᠡ ᠡᠶᠢᠮᠦ ᠨᠢᠭᠡᠨ ᠴᠢᠩᠭ᠎ᠠ ᠴᠡᠭᠡᠷ ᠪᠠᠶᠢᠳᠠᠭ ᠂ ᠲᠤᠬᠠᠶᠢᠯᠠᠪᠠᠯ ᠸᠠᠺᠼᠢᠨ ᠤ ᠲᠠᠷᠢᠯᠭ᠎ᠠ ᠬᠢᠭᠰᠡᠨ ᠤ ᠳᠠᠷᠠᠭ᠎ᠠ | ᠬᠦᠨᠳᠦ ᠨᠣᠴᠢᠲᠠᠢ ᠬᠠᠷᠰᠢᠮᠠᠲᠠᠭᠠᠢ ᠤᠷᠪᠠᠯ ᠭᠠᠷᠤᠭᠰᠠᠨ ᠪᠣᠯ ᠡᠨᠡ ᠬᠦ ᠸᠠᠺᠼᠢᠨ ᠢ ᠳᠠᠬᠢᠵᠤ ᠳᠠᠷᠢᠵᠤ ᠪᠣᠯᠬᠤ ᠦᠭᠡᠢ ᠃ ᠪᠤᠰᠤᠳ ᠣᠯᠠᠩᠬᠢ ᠪᠠᠶᠢᠳᠠᠯ ᠨᠢ ᠴᠥᠮ | ᠠᠯᠭᠤᠷ ᠲᠠᠷᠢᠯᠭ᠎ᠠ ᠬᠢᠵᠦ ᠪᠣᠯᠬᠤ ᠪᠠᠶᠢᠳᠠᠯ ᠳᠤ ᠲᠣᠭᠠᠴᠠᠭᠳᠠᠨ᠎ᠠ ᠂ ᠡᠭᠦᠨ ᠳᠤ ᠡᠮᠦᠨᠡᠬᠢ ᠬᠤᠭᠤᠴᠠᠭᠠᠨ ᠳᠤ ᠰᠠᠭᠤᠷᠢ ᠴᠢᠨᠠᠷᠲᠠᠢ ᠡᠪᠡᠳᠴᠢᠨ ᠠᠴᠠ ᠪᠣᠯᠵᠤ ᠦᠨᠡᠯᠡᠨ | ᠵᠢᠱᠢᠬᠦ ᠶᠠᠪᠤᠴᠠ ᠳᠤ ᠸᠠᠺᠼᠢᠨ ᠤ ᠲᠠᠷᠢᠯᠭ᠎ᠠ ᠬᠢᠵᠦ ᠪᠣᠯᠬᠤ ᠦᠭᠡᠢ ᠪᠠᠶᠢᠳᠠᠯ ᠢ ᠪᠠᠭᠲᠠᠭᠠᠨ᠎ᠠ ᠂ ᠡᠭᠦᠨ ᠳᠤ ᠣᠯᠠᠩᠬᠢ ᠨᠢ ᠠᠯᠭᠤᠷ ᠲᠠᠷᠢᠯᠭ᠎ᠠ ᠬᠢᠬᠦ ᠪᠠᠶᠢᠳᠠᠯ ᠳᠤ | ᠲᠣᠭᠠᠴᠠᠭᠳᠠᠨ᠎ᠠ ᠃ | ᠬᠡᠷᠪᠡ ᠨᠠᠰᠤᠲᠠᠶᠢᠴᠤᠳ ᠰᠠᠭᠤᠷᠢ ᠴᠢᠨᠠᠷᠲᠠᠢ ᠡᠪᠡᠳᠴᠢᠨ ᠲᠠᠢ ᠪᠣᠯ ᠡᠬᠢᠨ ᠤ ᠬᠤᠭᠤᠴᠠᠭᠠᠨ ᠳᠤ ᠲᠦᠷᠭᠡᠨ ᠴᠢᠨᠠᠷᠲᠠᠢ ᠬᠥᠳᠡᠯᠬᠦ ᠬᠤᠭᠤᠴᠠᠭᠠᠨ ᠳᠤ ᠣᠷᠣᠰᠢᠵᠤ ᠂ | ᠬᠡᠰᠡᠭ ᠬᠤᠭᠤᠴᠠᠭ᠎ᠠ ᠡᠮᠨᠡᠭᠦᠯᠦᠭᠰᠡᠨ ᠤ ᠳᠠᠷᠠᠭ᠎ᠠ ᠲᠣᠭᠲᠠᠮᠠᠯ ᠬᠤᠭᠤᠴᠠᠭᠠᠨ ᠳᠤ ᠣᠷᠣᠰᠢᠬᠤ ᠂ ᠥᠭᠡᠷ᠎ᠡ ᠪᠠᠷ ᠬᠡᠯᠡᠪᠡᠯ ᠣᠨᠴᠠᠭᠠᠶ ᠵᠠᠰᠠᠯ ᠠᠴᠠ ᠪᠣᠯᠵᠤ ᠸᠠᠺᠼᠢᠨ ᠤ | ᠲᠠᠷᠢᠯᠭ᠎ᠠ ᠬᠢᠵᠦ ᠪᠣᠯᠬᠤ ᠦᠭᠡᠢ ᠪᠠᠶᠢᠭᠰᠠᠨ ᠪᠣᠯ ᠂ ᠡᠶᠢᠮᠦᠷᠬᠦᠦ ᠣᠨᠴᠠᠭᠠᠶ ᠵᠠᠰᠠᠯ ᠨᠢ ᠳᠠᠭᠤᠰᠤᠭᠰᠠᠨ ᠤ ᠳᠠᠷᠠᠭ᠎ᠠ ᠡᠲᠡᠭᠡᠷ ᠬᠥᠮᠥᠰ ᠴᠥᠮ ᠲᠠᠷᠢᠯᠭ᠎ᠠ ᠬᠢᠬᠦ ᠶᠢ | ᠪᠣᠳᠣᠯᠬᠢᠯᠠᠵᠤ ᠪᠣᠯᠣᠨ᠎ᠠ ᠃ ᠢᠯᠠᠩᠭᠤᠶ᠎ᠠ ᠣᠳᠣᠬᠠᠨ ᠳᠤ ᠡᠶᠢᠮᠦᠷᠬᠦᠦ ᠬᠢᠵᠢᠭ ᠳᠡᠯᠭᠡᠷᠡᠬᠦ ᠬᠦᠴᠦᠯᠡᠴᠡ ᠨᠢ ᠨᠡᠯᠢᠶᠡᠳ ᠴᠢᠩᠭ᠎ᠠ ᠂ ᠬᠠᠯᠳᠠᠪᠤᠷᠢᠯᠠᠬᠤ ᠡᠬᠢ ᠰᠤᠷᠪᠤᠯᠵᠢ | ᠨᠢ ᠨᠡᠯᠢᠶᠡᠳ ᠠᠷᠪᠢᠨ ᠪᠠᠶᠢᠬᠤ ᠪᠠᠶᠢᠳᠠᠯ ᠳᠣᠣᠷ᠎ᠠ ᠂ ᠡᠲᠡᠭᠡᠷ ᠬᠥᠮᠥᠰ ᠲᠤ ᠳᠠᠬᠢᠨᠲᠠ ᠦᠨᠡᠯᠡᠨ ᠵᠢᠱᠢᠯᠲᠡ ᠬᠢᠵᠦ ᠲᠠᠷᠢᠯᠭ᠎ᠠ ᠬᠢᠵᠦ ᠪᠣᠯᠬᠤ ᠳᠤ ᠬᠦᠷᠪᠡᠯ ᠳᠠᠷᠤᠢ | ᠲᠠᠷᠢᠯᠭ᠎ᠠ ᠬᠢᠵᠦ ᠪᠣᠯᠣᠨ᠎ᠠ ᠃ | ᠵᠢᠷᠦᠬᠡ ᠴᠢᠰᠤᠨ ᠰᠤᠳᠠᠯ ᠤᠨ ᠡᠪᠡᠳᠴᠢᠲᠡᠨ | ᠵᠢᠷᠦᠬᠡ ᠴᠢᠰᠤᠨ ᠰᠤᠳᠠᠯ ᠤᠨ ᠡᠪᠡᠳᠴᠢᠲᠡᠨ ᠲᠣᠳᠣᠯᠠᠭᠰᠠᠨ ᠡᠪᠡᠳᠴᠢᠨ ᠤ ᠵᠢᠱᠢᠶ᠎ᠡ ᠪᠠᠷ ᠣᠨᠣᠰᠢᠯᠠᠭᠳᠠᠭᠰᠠᠨ ᠤ ᠳᠠᠷᠠᠭ᠎ᠠ᠂ ᠭᠡᠷ ᠲᠤ ᠪᠠᠨ ᠡᠮᠨᠡᠨ ᠵᠠᠰᠠᠬᠤ ᠳᠤ | ᠶᠠᠭᠤ ᠶᠢ ᠠᠩᠬᠠᠷᠪᠠᠯ ᠵᠣᠬᠢᠬᠤ ᠪᠣᠢ︖ | ᠤᠤᠯ ᠨᠢ ᠵᠢᠷᠦᠬᠡ ᠴᠢᠰᠤᠨ ᠰᠤᠳᠠᠯ ᠤᠨ ᠰᠠᠭᠤᠷᠢ ᠡᠪᠡᠳᠴᠢᠨ ᠲᠠᠢ ᠬᠥᠮᠥᠰ ᠰᠢᠨ᠎ᠡ ᠲᠢᠲᠢᠮᠯᠢᠭ ᠠᠭᠤᠰᠬᠢᠨ ᠦᠷᠪᠢᠰᠦᠯ ᠳᠤ ᠨᠡᠷᠪᠡᠭᠳᠡᠭᠰᠡᠨ ᠴᠦ ᠰᠠᠨᠠᠭ᠎ᠠ | ᠵᠣᠪᠠᠭ᠋ᠤ ᠬᠡᠷᠡᠭ ᠦᠭᠡᠢ᠂ ᠲᠡᠳᠡ ᠭᠡᠷ ᠲᠤ ᠪᠠᠨ ᠰᠠᠭᠤᠵᠤ ᠤᠤᠯ ᠤᠨ ᠡᠪᠡᠳᠴᠢᠨ ᠢᠶᠠᠨ ᠰᠠᠶᠢᠲᠤᠷ ᠵᠠᠰᠠᠭᠤᠯᠬᠤ ᠬᠡᠷᠡᠭᠲᠡᠢ᠂ ᠲᠡᠳᠡᠨᠦᠰ ᠤᠨ ᠣᠯᠠᠩᠬᠢ ᠨᠢ ᠪᠦᠷ | ᠵᠢᠷᠦᠬᠡᠨ ᠤ ᠲᠢᠲᠢᠮ ᠡᠪᠡᠳᠴᠢᠨ᠂ ᠴᠢᠰᠤᠨ ᠳᠠᠷᠤᠯᠲᠠ ᠥᠨᠳᠥᠷ ᠡᠪᠡᠳᠴᠢᠨ ᠪᠤᠶᠤ ᠵᠢᠷᠦᠬᠡ ᠮᠠᠭᠤᠳᠠᠬᠤ ᠮᠡᠲᠦ ᠶᠢᠨ ᠡᠪᠡᠳᠴᠢᠨ ᠳᠤ ᠨᠡᠷᠪᠡᠭᠳᠡᠵᠦ᠂ ᠪᠦᠷ ᠰᠠᠭᠤᠷᠢ | ᠡᠪᠡᠳᠴᠢᠨ ᠤ ᠡᠮ ᠤᠤᠭᠤᠵᠤ ᠪᠠᠶᠢᠳᠠᠭ᠃ | ᠶᠡᠭᠡ ᠪᠠᠷ ᠬᠠᠯᠠᠭᠤᠷᠠᠭᠰᠠᠨ ᠤ ᠳᠠᠷᠠᠭ᠎ᠠ ᠤᠰᠤ ᠠᠷᠪᠢᠨ ᠤᠤᠭᠤᠪᠠᠯ ᠵᠢᠷᠦᠬᠡ ᠮᠠᠭᠤᠳᠠᠬᠤ ᠢᠯᠡᠷᠡᠯ ᠢ ᠨᠥᠯᠥᠭᠡᠯᠡᠵᠦ ᠮᠡᠳᠡᠨ᠎ᠡ᠂ ᠵᠢᠱᠢᠶᠡᠯᠡᠪᠡᠯ ᠪᠤᠯᠴᠢᠩ ᠮᠢᠬ᠎ᠠ | ᠱᠠᠷᠬᠢᠷᠠᠵᠤ ᠡᠪᠡᠳᠬᠦ ᠶᠢ ᠨᠠᠮᠳᠠᠭᠤᠯᠬᠤ ᠡᠮ ᠪᠠ ᠵᠢᠷᠦᠬᠡ ᠴᠢᠰᠤᠨ ᠰᠤᠳᠠᠯ ᠤᠨ ᠵᠠᠰᠠᠯ ᠤᠨ ᠡᠮ ᠵᠡᠷᠭᠡ ᠨᠢ ᠣᠳᠣᠬᠠᠨ ᠳᠤ ᠲᠡᠳᠡᠭᠡᠷ ᠤᠨ ᠬᠤᠭᠤᠷᠣᠨᠳᠣᠬᠢ ᠡᠰᠡᠷᠭᠦ | ᠦᠢᠯᠡᠳᠦᠯ ᠢ ᠬᠠᠷᠠᠬᠠᠨ ᠣᠯᠵᠤ ᠮᠡᠳᠡᠭᠡᠳᠦᠢ ᠂ ᠡᠶᠢᠮᠦ ᠠᠴᠠ ᠰᠠᠨᠠᠭ᠎ᠠ ᠵᠣᠪᠠᠭᠰᠠᠨ ᠤ ᠬᠡᠷᠡᠭ ᠠᠯᠠᠭ᠎ᠠ᠃ ᠤᠴᠢᠷ ᠨᠢ ᠠᠩᠬᠠᠷᠬᠤ ᠴᠢᠬᠤᠯᠠᠲᠠᠢ ᠭᠤᠣᠯ ᠠᠰᠠᠭᠤᠳᠠᠯ | ᠭᠡᠪᠡᠯ ᠵᠢᠷᠦᠬᠡ ᠴᠢᠰᠤᠨ ᠰᠤᠳᠠᠯ ᠤᠨ ᠡᠪᠡᠳᠴᠢᠨ ᠢ ᠡᠭᠦᠰᠬᠡᠬᠦ ᠪᠠ ᠬᠦᠨᠳᠦᠷᠡᠭᠦᠯᠬᠦ ᠶᠠᠪᠤᠳᠠᠯ ᠪᠠᠶᠢᠵᠤ᠂ ᠵᠢᠷᠦᠬᠡᠨ ᠤ ᠰᠠᠭᠤᠷᠢ ᠡᠪᠡᠳᠴᠢᠨ ᠢ ᠰᠠᠶᠢᠲᠤᠷ ᠵᠠᠰᠠᠬᠤ ᠳᠤ᠂ | ᠤᠤᠯ ᠤᠨ ᠪᠠᠶᠢᠭᠰᠠᠨ ᠵᠢᠷᠦᠬᠡ ᠴᠢᠰᠤᠨ ᠰᠤᠳᠠᠯ ᠤᠨ ᠡᠪᠡᠳᠴᠢᠨ ᠤ ᠡᠮ ᠢᠶᠠᠨ ᠰᠠᠶᠢᠲᠤᠷ ᠬᠡᠷᠡᠭᠯᠡᠵᠦ᠂ ᠪᠡᠶ᠎ᠡ ᠮᠠᠬᠠᠪᠤᠳ ᠤᠨ ᠡᠭᠡᠯᠢᠯᠡᠭᠡ ᠶᠢᠨ ᠴᠢᠳᠠᠯ ᠢᠶᠠᠨ | ᠨᠡᠮᠡᠭᠳᠡᠭᠦᠯᠦᠨ᠂ ᠤᠨᠲᠠᠯᠭ᠎ᠠ ᠪᠠᠨ ᠰᠠᠶᠢᠵᠢᠷᠠᠭᠤᠯᠵᠤ᠂ ᠪᠤᠬᠢᠨᠢᠳᠤᠵᠤ ᠵᠣᠪᠠᠭ᠋ᠤ ᠪᠣᠳᠣᠯ ᠢ ᠲᠡᠪᠴᠢᠬᠦ ᠬᠡᠷᠡᠭᠲᠡᠢ᠃ ᠣᠯᠠᠩᠬᠢ ᠵᠢᠷᠦᠬᠡᠨ ᠤ ᠡᠪᠡᠳᠴᠢᠲᠡᠨ ᠨᠢ ᠮᠠᠰᠢ | ᠣᠯᠠᠨ ᠨᠠᠵᠠᠭᠠᠢ ᠰᠤᠷᠠᠭ ᠴᠢᠮᠡᠭᠡ ᠶᠢ ᠣᠯᠵᠤ ᠰᠣᠨᠣᠰᠤᠭᠰᠠᠭᠠᠷ ᠳᠠᠷᠤᠢ ᠡᠪᠡᠳᠴᠢᠨ ᠨᠢ ᠬᠦᠨᠳᠦᠷᠡᠳᠡᠭ᠃ ᠡᠶᠢᠮᠦ ᠠᠴᠠ ᠠᠶᠤᠵᠤ ᠰᠦᠷᠳᠡᠭᠰᠡᠨ ᠤ ᠬᠡᠷᠡᠭ ᠦᠭᠡᠢ᠂ | ᠡᠶᠢᠮᠦᠷᠬᠦᠦ ᠰᠡᠳᠬᠢᠴᠡ ᠶᠢ ᠢᠯᠠᠨ ᠳᠠᠪᠠᠭ᠋ᠤ ᠬᠡᠷᠡᠭᠲᠡᠢ᠃ ᠡᠭᠦᠨ ᠠᠴᠠ ᠭᠠᠳᠠᠨ᠎ᠠ ᠤᠷᠲᠤ ᠬᠤᠭᠤᠴᠠᠭ᠎ᠠ ᠪᠠᠷ ᠤᠤᠭᠤᠵᠤ ᠪᠠᠶᠢᠭᠰᠠᠨ ᠵᠢᠷᠦᠬᠡ ᠴᠢᠰᠤᠨ ᠰᠤᠳᠠᠯ ᠤᠨ | ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠡᠮ ᠢᠶᠠᠨ ᠵᠣᠭᠰᠣᠭᠠᠵᠤ ᠪᠣᠯᠬᠤ ᠦᠭᠡᠢ᠂ ᠡᠮ ᠤᠤᠭᠤᠬᠤ ᠪᠠᠨ ᠵᠣᠭᠰᠣᠪᠠᠯ ᠡᠪᠡᠳᠴᠢᠨ ᠢ ᠡᠭᠦᠰᠬᠡᠬᠦ ᠪᠤᠶᠤ | ᠬᠦᠨᠳᠦᠷᠡᠭᠦᠯᠵᠦ ᠮᠡᠳᠡᠨ᠎ᠡ᠃ ᠬᠡᠷᠪᠡ ᠦᠷᠭᠦᠯᠵᠢᠯᠡᠭᠰᠡᠨ ᠴᠢᠨᠠᠷᠲᠠᠢ ᠴᠡᠭᠡᠵᠢ ᠡᠪᠡᠳᠬᠦ ᠳᠤ ᠬᠦᠷᠪᠡᠯ ᠡᠮᠨᠡᠯᠭᠡ ᠳᠤ ᠣᠴᠢᠵᠤ ᠪᠠᠶᠢᠴᠠᠭᠠᠯᠭᠠᠬᠤ ᠬᠡᠷᠡᠭᠲᠡᠢ᠃ ᠡᠮᠨᠡᠯᠭᠡ ᠶᠢᠨ | ᠬᠤᠷᠢᠶ᠎ᠠ 24 ᠴᠠᠭ ᠲᠤ ᠪᠦᠷ ᠨᠡᠭᠡᠭᠡᠯᠲᠡᠲᠡᠢ ᠪᠠᠶᠢᠵᠤ᠂ ᠤᠯᠠᠮ ᠨᠢᠭᠡ ᠠᠯᠬᠤᠮ ᠣᠨᠣᠰᠢᠯᠠᠬᠤ ᠪᠠ ᠡᠮᠨᠡᠨ ᠵᠠᠰᠠᠭᠤᠯᠵᠤ ᠪᠣᠯᠣᠨ᠎ᠠ᠃ | ᠵᠢᠷᠦᠬᠡ ᠴᠢᠰᠤᠨ ᠰᠤᠳᠠᠯ ᠤᠨ ᠡᠪᠡᠳᠴᠢᠲᠡᠨ ᠬᠠᠯᠳᠠᠪᠤᠷᠢᠯᠠᠯ ᠢ ᠬᠡᠷᠬᠢᠨ ᠰᠡᠷᠭᠡᠶᠢᠯᠡᠬᠦ ᠪᠣᠢ︖ | ᠤᠤᠯ ᠳᠤ ᠪᠠᠨ ᠵᠢᠷᠦᠬᠡ ᠴᠢᠰᠤᠨ ᠰᠤᠳᠠᠯ ᠤᠨ ᠡᠪᠡᠳᠴᠢᠨ ᠲᠠᠢ ᠬᠥᠮᠥᠰ᠂ ᠣᠨᠴᠠᠭᠠᠶᠢᠯᠠᠨ ᠴᠢᠰᠤᠨ ᠳᠠᠷᠤᠯᠲᠠ ᠥᠨᠳᠥᠷ᠂ ᠵᠢᠷᠦᠬᠡᠨ ᠤ ᠲᠢᠲᠢᠮ ᠡᠪᠡᠳᠴᠢᠨ᠂ | ᠵᠢᠷᠦᠬᠡ ᠮᠠᠭᠤᠳᠠᠬᠤ ᠵᠡᠷᠭᠡ ᠡᠪᠡᠳᠴᠢᠲᠡᠨ᠂ ᠪᠠᠰᠠ ᠵᠢᠷᠦᠬᠡᠨ ᠤ ᠵᠠᠰᠠᠯ ᠬᠢᠯᠭᠡᠭᠰᠡᠨ ᠡᠪᠡᠳᠴᠢᠲᠡᠨ᠂ ᠡᠰᠡᠬᠦᠯ᠎ᠡ ᠵᠢᠷᠦᠬᠡᠨ ᠤ ᠭᠠᠳᠠᠷ ᠮᠡᠰᠡ ᠵᠠᠰᠠᠯ ᠬᠢᠯᠭᠡᠭᠰᠡᠨ | ᠡᠪᠡᠳᠴᠢᠲᠡᠨ ᠭᠡᠷ ᠲᠤ ᠪᠠᠨ ᠰᠠᠭᠤᠬᠤ ᠳᠤ ᠪᠠᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠠᠯᠳᠠᠪᠤᠷᠢᠯᠠᠯ ᠠᠴᠠ ᠣᠨᠴᠠᠭᠠᠶᠢᠯᠠᠨ ᠰᠡᠷᠭᠡᠶᠢᠯᠡᠬᠦ ᠬᠡᠷᠡᠭᠲᠡᠢ᠃ | ᠳᠣᠣᠷᠠᠬᠢ ᠳᠥᠷᠪᠡᠨ ᠲᠠᠯ᠎ᠠ ᠨᠢ ᠣᠯᠠᠨ ᠤᠯᠤᠰ ᠤᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠠᠴᠠ ᠲᠣᠭᠲᠠᠭᠠᠭᠰᠠᠨ ᠭᠡᠷ ᠪᠦᠯᠢ ᠶᠢᠨ | ᠠᠮᠢᠳᠤᠷᠠᠯ ᠤᠨ ᠵᠠᠷᠴᠢᠮ ᠪᠣᠯᠣᠨ᠎ᠠ᠄ | ᠨᠢᠭᠡᠳᠦᠭᠡᠷ ᠲᠤ᠂ ᠢᠳᠡᠭᠡᠨ ᠤᠮᠳᠠᠭᠠᠨ ᠢᠶᠠᠨ ᠵᠣᠬᠢᠰᠲᠠᠢ ᠪᠠᠶᠢᠯᠭᠠᠬᠤ ᠬᠡᠷᠡᠭᠲᠡᠢ᠃ ᠰᠢᠬᠢᠷ ᠲᠣᠰᠣ ᠳᠠᠪᠤᠰᠤ ᠶᠢ ᠬᠡᠲᠦᠷᠡᠲᠡᠯ᠎ᠡ ᠢᠳᠡᠪᠡᠯ ᠯᠠᠪᠲᠠᠢ ᠡᠷᠡᠭᠦᠯ | ᠮᠡᠨᠳᠦ ᠳᠤ ᠠᠰᠢᠭ ᠦᠭᠡᠢ ᠪᠠᠶᠢᠵᠤ᠂ ᠵᠢᠷᠦᠬᠡᠨ ᠤ ᠳᠠᠭᠠᠭᠠᠴᠠ ᠶᠢ ᠨᠡᠮᠡᠭᠳᠡᠭᠦᠯᠦᠨ᠎ᠡ᠂ ᠡᠶᠢᠮᠦ ᠠᠴᠠ ᠵᠠᠪᠠᠯ ᠰᠢᠬᠢᠷ ᠲᠣᠰᠣ ᠳᠠᠪᠤᠰᠤ ᠢᠳᠡᠬᠦ ᠬᠡᠮᠵᠢᠶ᠎ᠡ ᠪᠠᠨ | ᠬᠢᠵᠠᠭᠠᠷᠯᠠᠬᠤ ᠬᠡᠷᠡᠭᠲᠡᠢ᠃ | ᠬᠤᠶᠠᠳᠤᠭᠠᠷ ᠲᠤ᠂ ᠲᠠᠮᠠᠬᠢ ᠪᠠᠨ ᠵᠣᠭᠰᠣᠵᠤ ᠠᠷᠢᠬᠢ ᠪᠠᠨ ᠬᠢᠵᠠᠭᠠᠷᠯᠠᠨ᠎ᠠ᠃ ᠣᠯᠠᠩᠬᠢ ᠬᠥᠮᠥᠰ 65 ᠭᠷᠡᠳᠦ᠋ᠰ ᠠᠴᠠ ᠳᠡᠭᠡᠭᠰᠢᠬᠢ ᠠᠷᠢᠬᠢ ᠨᠢ ᠰᠢᠨ᠎ᠡ | ᠲᠢᠲᠢᠮᠯᠢᠭ ᠸᠢᠷᠦ᠋ᠰ ᠢ ᠠᠯᠠᠵᠤ ᠳᠡᠶᠢᠯᠦᠨ᠎ᠡ ᠭᠡᠵᠦ ᠦᠵᠡᠳᠡᠭ᠂ ᠭᠡᠪᠡᠴᠦ ᠠᠷᠢᠬᠢ ᠤᠤᠭᠤᠪᠠᠯ ᠯᠠᠪᠲᠠᠢ ᠤᠷᠢᠳ ᠢᠶᠠᠷ ᠵᠢᠷᠦᠬᠡᠨ ᠡᠪᠡᠳᠴᠢᠨ ᠢ ᠬᠥᠳᠡᠯᠭᠡᠨ᠎ᠡ᠃ | ᠡᠶᠢᠮᠦ ᠠᠴᠠ ᠲᠠᠮᠠᠬᠢ ᠪᠠᠨ ᠵᠣᠭᠰᠣᠵᠤ ᠠᠷᠢᠬᠢ ᠪᠠᠨ ᠬᠢᠵᠠᠭᠠᠷᠯᠠᠬᠤ ᠨᠢ ᠵᠢᠷᠦᠬᠡ ᠴᠢᠰᠤᠨ ᠰᠤᠳᠠᠯ ᠤᠨ ᠡᠪᠡᠳᠴᠢᠨ ᠳᠤ ᠯᠠᠪ ᠠᠰᠢᠭᠲᠠᠢ ᠭᠡᠳᠡᠭ ᠢ ᠣᠯᠠᠨ ᠳᠤ | ᠰᠠᠨᠠᠭᠤᠯᠵᠤ ᠪᠠᠶᠢᠨ᠎ᠠ᠃ | ᠭᠤᠷᠪᠠᠳᠤᠭᠠᠷ ᠲᠤ᠂ ᠵᠣᠬᠢᠬᠤ ᠬᠡᠮᠵᠢᠶᠡᠨ ᠤ ᠬᠥᠳᠡᠯᠭᠡᠭᠡᠨ ᠬᠢᠨ᠎ᠡ᠃ ᠭᠡᠷ ᠲᠤ ᠪᠠᠨ ᠪᠠᠶᠢᠬᠤ ᠬᠤᠭᠤᠴᠠᠭᠠᠨ ᠳᠤ ᠪᠠᠨ ᠵᠢᠷᠦᠬᠡ ᠴᠢᠰᠤᠨ ᠰᠤᠳᠠᠯ ᠤᠨ ᠰᠠᠭᠤᠷᠢ | ᠡᠪᠡᠳᠴᠢᠨ ᠲᠠᠢ ᠪᠣᠯ ᠶᠡᠷᠦ ᠳᠤ ᠪᠠᠨ ᠪᠤᠯᠴᠢᠩ ᠤᠨ ᠬᠥᠳᠡᠯᠭᠡᠭᠡᠨ ᠬᠢᠬᠦ ᠶᠢ ᠠᠩᠬᠠᠷᠴᠤ᠂ ᠬᠦᠴᠢᠯᠲᠥ᠋ᠷᠥᠭᠴᠢ ᠦᠭᠡᠢ ᠬᠥᠳᠡᠯᠭᠡᠭᠡᠨ ᠬᠢᠵᠦ᠂ ᠶᠠᠯᠢᠩ ᠡᠷᠭᠦᠬᠦ ᠪᠤᠶᠤ | ᠤᠰᠤᠨ ᠯᠣᠩᠬᠤ ᠪᠠᠷ ᠮᠥᠴᠢ ᠶᠢᠨ ᠬᠥᠳᠡᠯᠭᠡᠭᠡᠨ ᠬᠢᠵᠦ ᠪᠣᠯᠣᠨ᠎ᠠ᠂ ᠮᠥᠴᠢ ᠶᠢᠨ ᠬᠥᠳᠡᠯᠭᠡᠭᠡᠨ ᠨᠢ ᠵᠢᠷᠦᠬᠡᠨ ᠤ ᠠᠵᠢᠯᠯᠠᠭ᠎ᠠ ᠪᠠ ᠵᠢᠷᠦᠬᠡᠨ ᠤ ᠴᠢᠰᠤᠨ ᠰᠤᠳᠠᠯ ᠳᠤ | ᠪᠦᠷ ᠰᠠᠶᠢᠨ ᠪᠠᠶᠢᠳᠠᠭ᠃ | ᠳᠥᠷᠪᠡᠳᠦᠭᠡᠷ ᠲᠤ᠂ ᠰᠡᠳᠬᠢᠯ ᠰᠠᠨᠠᠭ᠎ᠠ ᠪᠠᠨ ᠲᠠᠶᠢᠪᠤᠭᠤᠨ ᠪᠠᠶᠢᠯᠭᠠᠨ᠎ᠠ᠃ ᠠᠶᠤᠵᠤ ᠰᠦᠷᠳᠡᠬᠦ ᠶᠢ ᠢᠯᠠᠨ ᠳᠠᠪᠠᠭ᠋ᠤ ᠬᠡᠷᠡᠭᠲᠡᠢ᠃ ᠡᠨᠡ ᠬᠦ ᠰᠢᠨ᠎ᠡ ᠲᠢᠲᠢᠮᠯᠢᠭ | ᠸᠢᠷᠦ᠋ᠰ ᠨᠢ ᠶᠠᠭ ᠪᠢᠳᠡᠨ ᠤ ᠲᠡᠯᠡᠶ ᠪᠠᠷ ᠠᠶᠠᠯᠠᠬᠤ ᠲᠠᠢ ᠠᠳᠠᠯᠢ ᠪᠠᠶᠢᠵᠤ᠂ ᠯᠠᠪᠲᠠᠢ ᠢᠯᠠᠨ ᠳᠠᠪᠠᠵᠤ ᠴᠢᠳᠠᠨ᠎ᠠ᠃ ᠵᠢᠷᠦᠬᠡ ᠴᠢᠰᠤᠨ ᠰᠤᠳᠠᠯ ᠤᠨ ᠡᠪᠡᠳᠴᠢᠨ ᠢᠶᠠᠨ | ᠬᠦᠨᠳᠦᠷᠡᠭᠦᠯᠵᠦ ᠪᠣᠯᠬᠤ ᠦᠭᠡᠢ᠂ ᠭᠡᠷ ᠲᠤ ᠪᠠᠨ ᠰᠠᠭᠤᠬᠤ ᠳᠤ ᠪᠠᠨ ᠴᠤ ᠡᠪᠡᠳᠴᠢᠨ ᠡᠭᠦᠰᠴᠦ ᠬᠦᠨᠳᠦᠷᠡᠬᠦ ᠠᠴᠠ ᠰᠡᠷᠭᠡᠶᠢᠯᠡᠬᠦ ᠬᠡᠷᠡᠭᠲᠡᠢ᠃ | | | | | | | | |