ᠠᠷᠠᠳ ᠤᠨ ᠡᠳᠦᠷ ᠤᠨ ᠰᠣᠨᠢᠨ ᠤ ᠪᠡᠭᠡᠵᠢᠩ ᠤᠨ 3 ᠰᠠᠷ᠎ᠠ ᠶᠢᠨ 15 ᠤ ᠡᠳᠦᠷ ᠤᠨ ᠮᠡᠳᠡᠭᠡ ︵ᠰᠤᠷᠪᠤᠯᠵᠢᠯᠠᠭᠴᠢ ᠯᠦ ᠶᠠ ᠨᠠᠨ︶ ᠵᠢᠯ ᠤᠨ ᠡᠬᠢᠨ ᠳᠤ | ᠳᠤᠮᠳᠠᠳᠤ ᠤᠯᠤᠰ ᠤᠨ ᠠᠵᠤ ᠠᠬᠤᠶ ᠶᠢᠨ ᠰᠡᠷᠭᠦᠯᠲᠡ ᠵᠢᠱᠢᠯᠲᠡ ᠠᠴᠠ ᠪᠠᠨ ᠰᠠᠶᠢᠨ ᠪᠣᠯᠪᠠ᠃ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ 3 | ᠰᠠᠷ᠎ᠠ ᠶᠢᠨ15 ᠤ ᠡᠳᠦᠷ ᠨᠡᠶᠢᠲᠡᠯᠡᠭᠰᠡᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠄ 1 ᠰᠠᠷ᠎ᠠ ᠠᠴᠠ 2 ᠰᠠᠷ᠎ᠠ ᠪᠣᠯᠲᠠᠯ᠎ᠠ᠂ ᠤᠯᠤᠰ ᠠᠷᠠᠳ ᠤᠨ ᠠᠵᠤ | ᠠᠬᠤᠶ ᠦᠷᠭᠦᠯᠵᠢᠯᠡᠨ ᠲᠣᠭᠲᠠᠭᠤᠨ ᠢᠶᠠᠷ ᠰᠡᠷᠭᠦᠵᠦ᠂ ᠰᠢᠨ᠎ᠡ ᠬᠥᠳᠡᠯᠭᠡᠭᠴᠢ ᠡᠨᠧᠷᠭᠢ ᠦᠷᠭᠦᠯᠵᠢᠯᠡᠨ ᠦᠰᠦᠨ ᠪᠤᠶᠢᠵᠢᠵᠤ᠂ ᠴᠢᠨᠠᠷ ᠰᠠᠶᠢᠲᠠᠶ ᠬᠥᠭᠵᠢᠯᠲᠡ | ᠰᠢᠨ᠎ᠡ ᠠᠬᠢᠯᠲᠠ ᠲᠠᠢ ᠪᠣᠯᠪᠠ᠃ | ᠠᠵᠤ ᠦᠢᠯᠡᠳᠪᠦᠷᠢ᠂ ᠦᠢᠯᠡᠴᠢᠯᠡᠭᠡᠨ ᠤ ᠦᠢᠯᠡᠰ ᠠᠯᠬᠤᠮ ᠠᠯᠬᠤᠮ ᠢᠶᠠᠷ ᠰᠡᠷᠭᠦᠵᠦ ᠳᠡᠭᠡᠭᠰᠢᠯᠡᠪᠡ᠃ | 1 ᠰᠠᠷ᠎ᠠ ᠠᠴᠠ 2 ᠰᠠᠷ᠎ᠠ ᠪᠣᠯᠲᠠᠯ᠎ᠠ᠂ ᠪᠦᠬᠦ ᠤᠯᠤᠰ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠲᠦᠷᠦᠬᠦᠦ | ᠵᠢᠯ ᠤᠨ ᠠᠳᠠᠯᠢ ᠬᠤᠭᠤᠴᠠᠭᠠᠨ ᠤ ᠬᠢ ᠠᠴᠠ ᠪᠠᠨ 7.5% ᠪᠠᠷ ᠨᠡᠮᠡᠭᠳᠡᠵᠦ᠂ 2021 ᠣᠨ ᠤ 12ᠰᠠᠷ᠎ᠠ ᠶᠢᠨ ᠬᠢ ᠠᠴᠠ ᠪᠠᠨ 3.2 ᠵᠠᠭᠤᠨ ᠤ ᠬᠤᠪᠢ ᠶᠢᠨ | ᠴᠡᠭ ᠲᠦᠷᠭᠡᠳᠴᠦ᠂ 41 ᠶᠡᠭᠡ ᠲᠦᠷᠦᠯ ᠤᠨ ᠠᠵᠢᠯ ᠲᠦᠷᠦᠯ ᠤᠨ ᠶᠢᠰᠦᠨ ᠬᠤᠪᠢ ᠠᠴᠠ ᠳᠡᠭᠡᠭᠰᠢᠬᠢ ᠠᠵᠢᠯ ᠲᠦᠷᠦᠯ ᠨᠢ ᠨᠡᠮᠡᠭᠳᠡᠯ ᠲᠠᠢ ᠪᠤᠯᠪᠠ︔ | ᠪᠦᠬᠦ ᠤᠯᠤᠰ ᠤᠨ ᠦᠢᠯᠡᠴᠢᠯᠡᠭᠡᠨ ᠤ ᠦᠢᠯᠡᠰ ᠤᠨ ᠦᠢᠯᠡᠳᠪᠦᠷᠢᠯᠡᠯ ᠤᠨ ᠵᠢᠭᠠᠯᠲᠠ ᠲᠤᠭ᠎ᠠ ᠠᠳᠠᠯᠢ ᠬᠤᠭᠤᠴᠠᠭᠠᠨ ᠤ ᠬᠢ ᠠᠴᠠ ᠪᠠᠨ 4.2% ᠢᠶᠠᠷ ᠨᠡᠮᠡᠭᠳᠡᠵᠦ᠂ | 2021ᠣᠨ ᠤ 12 ᠰᠠᠷ᠎ᠠ ᠶᠢᠨ ᠬᠢ ᠠᠴᠠ ᠪᠠᠨ 1.2 ᠵᠠᠭᠤᠨ ᠤ ᠬᠤᠪᠢ ᠶᠢᠨ ᠴᠡᠭ ᠲᠦᠷᠭᠡᠳᠴᠡᠢ᠃ | ᠬᠡᠷᠡᠭᠯᠡᠭᠡᠨ ᠤ ᠨᠡᠮᠡᠭᠳᠡᠯ ᠤᠨ ᠬᠤᠷᠳᠤᠴᠠ ᠳᠡᠭᠡᠭᠰᠢᠯᠡᠪᠡ᠃ 1 ᠰᠠᠷ᠎ᠠ ᠠᠴᠠ 2 ᠰᠠᠷ᠎ᠠ ᠪᠣᠯᠲᠠᠯ᠎ᠠ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠪᠣᠷᠣᠯᠠᠭᠤᠯᠤᠭᠰᠠᠨ ᠶᠡᠷᠦᠩᠬᠡᠢ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ ᠪᠠᠨ 6.7% ᠪᠠᠷ ᠨᠡᠮᠡᠭᠳᠡᠵᠦ᠂ 2021 ᠣᠨ ᠤ 12 ᠰᠠᠷ᠎ᠠ ᠶᠢᠨ ᠬᠢ ᠠᠴᠠ ᠪᠠᠨ | 5 ᠵᠠᠭᠤᠨ ᠤ ᠬᠤᠪᠢ ᠶᠢᠨ ᠴᠡᠭ ᠲᠦᠷᠭᠡᠳᠪᠡ᠃ ᠦᠨ᠎ᠡ ᠬᠠᠩᠰᠢ ᠶᠢᠨ ᠡᠯᠧᠮᠧᠨ᠋ᠲ ᠢ ᠭᠠᠷᠭᠠᠪᠠᠯ᠂ 4.9 % ᠪᠠᠷ ᠪᠣᠳᠠᠲᠠᠢ ᠨᠡᠮᠡᠭᠳᠡᠵᠦ᠂ 2021 | ᠣᠨ ᠤ 12 ᠰᠠᠷ᠎ᠠ ᠶᠢᠨ ᠬᠢ ᠠᠴᠠ ᠪᠠᠨ ᠢᠯᠡᠳᠲᠡ ᠳᠡᠭᠡᠭᠰᠢᠯᠡᠵᠠᠢ᠃ | ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠰᠠᠶᠢᠨ ᠡᠬᠢᠯᠡᠯᠲᠡ ᠲᠠᠢ ᠪᠣᠯᠪᠠ᠃ 1 ᠰᠠᠷ᠎ᠠ ᠠᠴᠠ 2 ᠰᠠᠷ᠎ᠠ ᠪᠣᠯᠲᠠᠯ᠎ᠠ᠂ ᠲᠣᠭᠲᠠᠮᠠᠯ ᠬᠥᠷᠥᠩᠭᠡ ᠶᠢᠨ | ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ ᠪᠠᠨ 12.2 % ᠢᠶᠠᠷ ᠨᠡᠮᠡᠭᠳᠡᠵᠦ᠂ 2021 ᠣᠨ ᠤ ᠪᠥᠬᠦ ᠵᠢᠯ ᠤᠨ ᠬᠢ ᠠᠴᠠ 7.3 ᠵᠠᠭᠤᠨ ᠤ | ᠬᠤᠪᠢ ᠶᠢᠨ ᠴᠡᠭ ᠲᠦᠷᠭᠡᠳᠪᠡ᠃ ᠦᠢᠯᠡᠳᠬᠦ ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ ᠪᠠᠨ 20.9 % ᠪᠠᠷ ᠨᠡᠮᠡᠭᠳᠡᠵᠦ᠂ | 2021ᠣᠨ ᠤ ᠪᠥᠬᠦ ᠵᠢᠯ ᠤᠨ ᠬᠢ ᠠᠴᠠ 7.4 ᠵᠠᠭᠤᠨ ᠤ ᠬᠤᠪᠢ ᠶᠢᠨ ᠴᠡᠭ ᠲᠦᠷᠭᠡᠳᠴᠡᠢ᠃ | ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠪᠠᠶᠢᠳᠠᠯ ᠢᠯᠡᠳᠲᠡ ᠪᠣᠯᠪᠠ᠃ 1 ᠰᠠᠷ᠎ᠠ ᠠᠴᠠ 2 ᠰᠠᠷ᠎ᠠ ᠪᠣᠯᠲᠠᠯ᠎ᠠ᠂ ᠬᠡᠪᠴᠢᠶᠡᠵᠢᠯ ᠠᠴᠠ ᠳᠡᠭᠡᠭᠰᠢᠬᠢ | ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ ᠪᠠᠨ 14.4% ᠪᠠᠷ ᠨᠡᠮᠡᠭᠳᠡᠵᠦ᠂ ᠳᠡᠭᠡᠳᠦ | ᠮᠡᠷᠭᠡᠵᠢᠯ ᠤᠨ ᠦᠢᠯᠡᠳᠬᠦ ᠦᠢᠯᠡᠰ ᠤᠨ ᠪᠠᠯᠠ ᠣᠷᠣᠭᠤᠯᠤᠯᠲᠠ 42.7% ᠪᠠᠷ ᠨᠡᠮᠡᠭᠳᠡᠵᠦ᠂ ᠪᠦᠬᠦᠯᠢ ᠴᠣᠭᠴᠠ ᠶᠢᠨ ᠦᠢᠯᠡᠳᠬᠦ ᠦᠢᠯᠡᠰ ᠤᠨ | ᠦᠢᠯᠡᠳᠪᠦᠷᠢᠯᠡᠯ ᠪᠠ ᠪᠠᠯᠠ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠠᠴᠠ ᠢᠯᠡᠳᠲᠡ ᠲᠦᠷᠭᠡᠨ ᠪᠣᠯᠵᠣ᠂ ᠰᠢᠨ᠎ᠡ ᠡᠨᠧᠷᠭᠢ ᠶᠢᠨ ᠮᠠᠰᠢᠨ ᠲᠡᠷᠭᠡ᠂ ᠠᠵᠤ | ᠦᠢᠯᠡᠳᠪᠦᠷᠢ ᠶᠢᠨ ᠮᠠᠰᠢᠨ ᠬᠥᠮᠦᠨ᠂ ᠨᠡᠷᠡᠨ ᠡᠨᠧᠷᠭᠢ ᠶᠢᠨ ᠴᠠᠬᠢᠯᠭᠠᠨ ᠴᠡᠨᠡᠭ ᠤᠨ ᠭᠠᠷᠤᠯᠲᠠ ᠠᠳᠠᠯᠢ ᠬᠤᠭᠤᠴᠠᠭᠠᠨ ᠤ ᠬᠢ ᠠᠴᠠ ᠪᠠᠨ ᠲᠣᠰ ᠲᠣᠰ 150. | 5%᠂ 29.6%᠂ 26. 4% ᠪᠠᠷ ᠨᠡᠮᠡᠭᠳᠡᠵᠠᠢ᠃ | ᠠᠵᠤ ᠠᠬᠤᠢ ᠶᠢᠨ ᠪᠦᠲᠦᠴᠡ ᠦᠷᠭᠦᠯᠵᠢᠯᠡᠨ ᠰᠢᠯᠢᠳᠡᠭᠵᠢᠪᠡ᠃ 1 ᠰᠠᠷ᠎ᠠ ᠠᠴᠠ 2 ᠰᠠᠷ᠎ᠠ ᠪᠣᠯᠲᠠᠯ᠎ᠠ᠂ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠳᠤ᠂ ᠦᠢᠯᠡᠳᠬᠦ ᠦᠢᠯᠡᠰ ᠤᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ ᠪᠠᠨ 7. 3% ᠪᠠᠷ ᠨᠡᠮᠡᠭᠳᠡᠵᠦ᠂ ᠨᠡᠮᠡᠭᠳᠡᠯ ᠤᠨ | ᠬᠤᠷᠳᠤᠴᠠ ᠨᠢ 2021 ᠣᠨ ᠤ 12 ᠰᠠᠷ᠎ᠠ ᠶᠢᠨ ᠬᠢ ᠠᠴᠠ 3.5 ᠵᠠᠭᠤᠨ ᠤ ᠬᠤᠪᠢ ᠶᠢᠨ ᠴᠡᠭ ᠲᠦᠷᠭᠡᠳᠪᠡ᠃ ᠮᠡᠳᠡᠭᠡ ᠵᠠᠩᠭᠢ ᠶᠢᠨ ᠳᠠᠮᠵᠢᠭᠤᠯᠭ᠎ᠠ᠂ | ᠵᠥᠭᠡᠯᠡᠨ ᠲᠤᠨᠤᠭ ᠪᠣᠯᠤᠨ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠦᠢᠯᠡᠳᠪᠦᠷᠢᠯᠡᠯ ᠤᠨ ᠵᠢᠭᠠᠯᠲᠠ ᠲᠤᠭ᠎ᠠ ᠠᠳᠠᠯᠢ | ᠬᠤᠭᠤᠴᠠᠭᠠᠨ ᠤ ᠬᠢ ᠠᠴᠠ ᠪᠠᠨ 16.3% ᠪᠠᠷ ᠨᠡᠮᠡᠭᠳᠡᠵᠦ᠂ ᠪᠦᠬᠦ ᠦᠢᠯᠡᠴᠢᠯᠡᠭᠡᠨ ᠤ ᠦᠢᠯᠡᠰ ᠤᠨ ᠦᠢᠯᠡᠳᠪᠦᠷᠢᠯᠡᠯ ᠤᠨ ᠵᠢᠭᠠᠯᠲᠠ ᠲᠤᠭ᠎ᠠ ᠠᠴᠠ | ᠢᠯᠡᠳᠲᠡ ᠲᠦᠷᠭᠡᠨ ᠪᠣᠯᠤᠭᠰᠠᠨ ᠪᠥᠭᠡᠳ 2021 ᠣᠨ ᠤ ᠥᠨᠳᠥᠷ ᠰᠠᠭᠤᠷᠢ ᠲᠣᠭᠠᠨ ᠤ ᠰᠠᠭᠤᠷᠢᠨ ᠳᠡᠭᠡᠷ᠎ᠡ ᠦᠷᠭᠦᠯᠵᠢᠯᠡᠨ ᠨᠡᠯᠢᠶᠡᠳ ᠲᠦᠷᠭᠡᠨ ᠨᠡᠮᠡᠭᠳᠡᠯ ᠢ | ᠪᠠᠲᠤᠯᠠᠵᠠᠢ᠃ | |