ᠠᠷᠠᠳ ᠤᠨ ᠡᠳᠦᠷ ᠤᠨ ᠰᠣᠨᠢᠨ ᠤ ᠪᠡᠭᠡᠵᠢᠩ ᠤᠨ 3 ᠰᠠᠷ᠎ᠠ ᠶᠢᠨ 14 ᠤ ᠡᠳᠦᠷ ᠤᠨ ᠮᠡᠳᠡᠭᠡ ( ᠰᠤᠷᠪᠤᠯᠵᠢᠯᠠᠭᠴᠢ ᠯᠦᠸᠧ ᠱᠠᠨ ᠱᠠᠨ ) | ᠰᠤᠷᠪᠤᠯᠵᠢᠯᠠᠭᠴᠢ 14 ᠤ ᠡᠳᠦᠷ | ᠬᠤᠳᠠᠯᠳᠤᠭᠠᠨ ᠤ ᠶᠠᠪᠤᠳᠠᠯ ᠤᠨ ᠶᠠᠮᠤᠨ ᠠᠴᠠ ᠣᠶᠢᠯᠠᠭᠠᠭᠰᠠᠨ ᠢᠶᠠᠷ᠄ ᠡᠨᠡ ᠵᠢᠯ ᠤᠨ ᠲᠦᠷᠦᠬᠦᠦ 2 ᠰᠠᠷ᠎ᠠ ᠳᠤ᠂ ᠮᠠᠨ ᠤ ᠤᠯᠤᠰ ᠤᠨ ᠪᠣᠳᠠᠲᠠᠶ | ᠬᠡᠷᠡᠭᠯᠡᠭᠰᠡᠨ ᠭᠠᠳᠠᠭᠠᠳᠤ ᠪᠠᠯᠠ 2437 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠪᠠᠨ 37.9 % ᠪᠠᠷ ᠨᠡᠮᠡᠭᠳᠡᠪᠡ᠃ | | ᠠᠵᠢᠯ ᠲᠥᠷᠥᠯ ᠠᠴᠠ ᠨᠢ ᠠᠪᠴᠤ ᠦᠵᠡᠪᠡᠯ᠂ ᠦᠢᠯᠡᠴᠢᠯᠡᠭᠡᠨ ᠤ ᠦᠢᠯᠡᠰ ᠤᠨ ᠪᠣᠳᠠᠲᠠᠶ ᠬᠡᠷᠡᠭᠯᠡᠭᠰᠡᠨ ᠭᠠᠳᠠᠭᠠᠳᠤ ᠪᠠᠯᠠ 1757 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠪᠠᠨ 24 % ᠪᠠᠷ ᠨᠡᠮᠡᠭᠳᠡᠪᠡ᠃ ᠳᠡᠭᠡᠳᠦ ᠮᠡᠷᠭᠡᠵᠢᠯ ᠤᠨ ᠠᠵᠤ ᠦᠢᠯᠡᠰ ᠤᠨ ᠪᠣᠳᠠᠲᠠᠶ | ᠬᠡᠷᠡᠭᠯᠡᠭᠰᠡᠨ ᠭᠠᠳᠠᠭᠠᠳᠤ ᠪᠠᠯᠠ ᠠᠳᠠᠯᠢ ᠬᠤᠭᠤᠴᠠᠭᠠᠨ ᠤ ᠬᠢ ᠠᠴᠠ ᠪᠠᠨ 73.8% ᠪᠠᠷ ᠨᠡᠮᠡᠭᠳᠡᠪᠡ᠃ ᠡᠭᠦᠨ ᠳᠤ᠂ ᠳᠡᠭᠡᠳᠦ ᠮᠡᠷᠭᠡᠵᠢᠯ ᠤᠨ ᠦᠢᠯᠡᠳᠬᠦ ᠦᠢᠯᠡᠰ | ᠤᠨ ᠬᠢ 69.2 % ᠢᠶᠠᠷ ᠨᠡᠮᠡᠭᠳᠡᠵᠦ᠂ ᠳᠡᠭᠡᠳᠦ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠬᠢ 74 .9 % ᠪᠠᠷ ᠨᠡᠮᠡᠭᠳᠡᠪᠡ᠃ ᠢᠷᠡᠯᠲᠡ ᠠᠴᠠ ᠨᠢ | ᠠᠪᠴᠤ ᠦᠵᠡᠪᠡᠯ᠂ ︿ᠨᠢᠭᠡ ᠪᠦᠰᠡ ᠨᠢᠭᠡ ᠵᠠᠮ ﹀ ᠲᠠᠭᠠᠤ ᠤᠯᠤᠰ ᠪᠠ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠪᠣᠳᠠᠲᠠᠶ ᠪᠠᠯᠠ | ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ ᠪᠠᠨ ᠲᠣᠰ ᠲᠣᠰ 27.8% ᠪᠠ 25.5 % ᠪᠠᠷ ᠨᠡᠮᠡᠭᠳᠡᠪᠡ᠃ ᠣᠷᠣᠨ ᠪᠦᠰᠡ ᠶᠢᠨ | ᠲᠠᠷᠬᠠᠯᠲᠠ ᠠᠴᠠ ᠨᠢ ᠠᠪᠴᠤ ᠦᠵᠡᠪᠡᠯ᠂ ᠮᠠᠨ ᠤ ᠤᠯᠤᠰ ᠤᠨ ᠵᠡᠭᠦᠨ ᠬᠡᠰᠡᠭ᠂ ᠳᠤᠮᠳᠠ ᠬᠡᠰᠡᠭ᠂ ᠪᠠᠷᠠᠭᠤᠨ ᠬᠡᠰᠡᠭ ᠤᠨ ᠭᠠᠵᠠᠷ ᠣᠷᠣᠨ ᠤ ᠪᠣᠳᠠᠲᠠᠶ | ᠬᠡᠷᠡᠭᠯᠡᠭᠰᠡᠨ ᠭᠠᠳᠠᠭᠠᠳᠤ ᠪᠠᠯᠠ ᠠᠳᠠᠯᠢ ᠬᠤᠭᠤᠴᠠᠭᠠᠨ ᠤ ᠬᠢ ᠠᠴᠠ ᠪᠠᠨ ᠲᠣᠰ ᠲᠣᠰ 36.6 %᠂ 74.9 % ᠪᠠ 13 % ᠪᠠᠷ ᠨᠡᠮᠡᠭᠳᠡᠪᠡ᠃ | | ᠣᠶᠢᠷ᠎ᠠ ᠶᠢᠨ ᠬᠤᠶᠠᠷ ᠵᠢᠯ ᠳᠤ᠂ ᠬᠢᠵᠢᠭ ᠤᠨ ᠨᠥᠯᠥᠭᠡ ᠵᠢᠴᠢ ᠪᠥᠬᠦ ᠪᠥᠮᠪᠥᠷᠴᠡᠭ ᠤᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ | ᠪᠠᠶᠢᠷᠢᠰᠢᠭᠤᠯᠤᠯᠲᠠ ᠶᠢᠨ ᠲᠣᠬᠢᠷᠠᠭᠤᠯᠤᠯᠲᠠ ᠠᠴᠠ ᠪᠣᠯᠵᠣ᠂ ᠪᠥᠬᠦ ᠪᠥᠮᠪᠥᠷᠴᠡᠭ ᠤᠨ ᠤᠯᠤᠰ ᠠᠯᠤᠰᠯᠠᠭᠰᠠᠨ ᠪᠠᠯᠠ ᠣᠷᠣᠭᠤᠯᠤᠯᠲᠠ ᠶᠢᠨ ᠬᠡᠯᠪᠡᠯᠵᠡᠯ ᠨᠡᠯᠢᠶᠡᠳ | ᠶᠡᠭᠡ ᠪᠣᠯᠤᠭᠰᠠᠨ ᠪᠣᠯᠪᠠᠴᠤ ᠮᠠᠨ ᠤ ᠤᠯᠤᠰ ᠤᠨ ᠭᠠᠳᠠᠭᠠᠳᠤ ᠪᠠᠯᠠ ᠶᠢᠨ ᠠᠰᠢᠭᠯᠠᠯᠲᠠ ᠲᠣᠭᠲᠠᠭᠤᠨ ᠢᠶᠠᠷ ᠨᠡᠮᠡᠭᠳᠡᠭᠰᠡᠭᠡᠷ ᠪᠠᠶᠢᠨ᠎ᠠ᠃ 2021 ᠣᠨ ᠳᠤ ᠪᠥᠬᠦ | ᠤᠯᠤᠰ ᠤᠨ ᠪᠣᠳᠠᠲᠠᠶ ᠬᠡᠷᠡᠭᠯᠡᠭᠰᠡᠨ ᠭᠠᠳᠠᠭᠠᠳᠤ ᠪᠠᠯᠠ ᠶᠢᠨ ᠵᠣᠭᠤᠰ ᠤᠨ ᠲᠤᠭ᠎ᠠ 11493.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ ᠪᠠᠨ 14. 9 % ᠪᠠᠷ ᠨᠡᠮᠡᠭᠳᠡᠵᠦ᠂ ᠬᠤᠶᠠᠷ ᠣᠷᠣᠨᠲᠤ ᠲᠤᠭ᠎ᠠ ᠶᠢᠨ ᠨᠡᠮᠡᠭᠳᠡᠯ ᠢ ᠪᠡᠶᠡᠯᠡᠭᠦᠯᠵᠦ᠂ ᠬᠡᠪᠴᠢᠶ᠎ᠡ ᠨᠢ ᠳᠠᠬᠢᠨᠲᠠ ᠰᠢᠨ᠎ᠡ | ᠲᠡᠮᠳᠡᠭᠯᠡᠯ ᠢ ᠡᠭᠦᠳᠪᠡ᠃ ᠥᠨᠳᠥᠷ ᠰᠠᠭᠤᠷᠢ ᠲᠣᠭᠠᠨ ᠤ ᠰᠠᠭᠤᠷᠢᠨ ᠳᠡᠭᠡᠷ᠎ᠡ᠂ ᠡᠨᠡ ᠵᠢᠯ ᠤᠨ ᠲᠦᠷᠦᠬᠦᠦ 2 ᠰᠠᠷ᠎ᠠ ᠳᠤ᠂ ᠮᠠᠨ ᠤ ᠤᠯᠤᠰ ᠤᠨ ᠭᠠᠳᠠᠭᠠᠳᠤ | ᠪᠠᠯᠠ ᠶᠢ ᠲᠠᠲᠠᠬᠤ ᠠᠵᠢᠯ ᠲᠣᠭᠲᠠᠭᠤᠨ ᠢᠶᠠᠷ ᠡᠭᠦᠳᠡ ᠪᠠᠨ ᠨᠡᠭᠡᠭᠡᠵᠦ᠂ ᠲᠣᠭᠲᠠᠭᠤᠨ ᠤ ᠳᠤᠮᠳᠠ ᠰᠠᠶᠢᠵᠢᠷᠠᠬᠤ ᠬᠠᠨᠳᠤᠰᠢ ᠪᠠᠨ ᠪᠠᠲᠤᠯᠠᠪᠠ᠃ | ᠡᠨᠡ ᠵᠢᠯ ᠬᠤᠳᠠᠯᠳᠤᠭᠠᠨ ᠤ ᠶᠠᠪᠤᠳᠠᠯ ᠤᠨ ᠶᠠᠮᠤᠨ ᠥᠨᠳᠥᠷ ᠲᠦᠪᠰᠢᠨ ᠪᠥᠬᠦᠶ ᠨᠡᠭᠡᠭᠡᠯᠲᠡ ᠶᠢ ᠤᠯᠠᠮ ᠴᠢᠨᠠᠬᠰᠢᠳᠠ ᠥᠷᠭᠡᠳᠬᠡᠵᠦ ᠂ ᠬᠤᠳᠠᠯᠳᠤᠭ᠎ᠠ | ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠬᠦᠯᠬᠦ ᠪᠣᠯᠣᠨ᠎ᠠ᠃ ᠨᠢᠭᠡ ᠲᠠᠯ᠎ᠠ ᠪᠠᠷ᠂ ᠬᠠᠳᠠᠭᠠᠯᠠᠯᠲᠠ ᠶᠢᠨ ᠬᠡᠮᠵᠢᠶ᠎ᠡ ᠶᠢ ᠲᠣᠭᠲᠠᠪᠤᠷᠢᠵᠢᠭᠤᠯᠤᠨ᠂ ᠨᠡᠮᠡᠭᠳᠡᠯ ᠢ | ᠠᠬᠢᠭᠤᠯᠵᠤ᠂ ᠭᠠᠳᠠᠭᠠᠳᠤ ᠪᠡᠯᠡ ᠶᠢᠨ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ ᠦᠷᠭᠦᠯᠵᠢᠯᠡᠨ ᠠᠭᠤᠵᠢᠭᠤ ᠪᠣᠯᠭᠠᠵᠤ᠂ ᠴᠢᠯᠥᠭᠡᠲᠦ ᠠᠷᠠᠯᠵᠢᠶᠠᠨ ᠤ | ᠲᠤᠷᠰᠢᠯᠲᠠ ᠶᠢᠨ ᠣᠷᠣᠨ᠂ ᠭᠠᠳᠠᠭᠠᠳᠤ ᠣᠷᠣᠭᠤᠯᠤᠯᠲᠠ ᠶᠢᠨ ᠦᠵᠡᠰᠬᠦᠯᠡᠩ ᠤᠨ ᠴᠤᠭᠯᠠᠭᠠᠨ ᠵᠡᠷᠭᠡ ᠨᠡᠭᠡᠭᠡᠯᠲᠡᠲᠦ ᠲᠠᠪᠴᠠᠩ ᠤᠨ ᠬᠤᠳᠠᠯᠳᠤᠭᠠᠴᠢᠨ ᠤᠷᠢᠵᠤ | ᠪᠡᠯᠡ ᠮᠥᠩᠭᠦ ᠣᠷᠣᠭᠤᠯᠬᠤ ᠦᠢᠯᠡᠳᠦᠯ ᠢ ᠰᠠᠶᠢᠲᠤᠷ ᠪᠠᠳᠠᠷᠠᠭᠤᠯᠤᠨ᠎ᠠ︔ ᠨᠦᠬᠦᠭᠡ ᠲᠠᠯ᠎ᠠ ᠪᠠᠷ᠂ ᠪᠦᠲᠦᠴᠡ ᠶᠢ ᠰᠢᠯᠢᠳᠡᠭᠵᠢᠭᠦᠯᠦᠨ᠂ ᠶᠠᠰᠤ ᠴᠢᠨᠠᠷ ᠢ | ᠳᠡᠭᠡᠭᠰᠢᠯᠡᠭᠦᠯᠵᠦ᠂ ᠭᠠᠳᠠᠭᠠᠳᠤ ᠪᠡᠯᠡ ᠶᠢ ᠬᠦᠳᠦᠯᠦᠨ ᠵᠢᠯᠣᠭᠤᠳᠴᠤ ᠪᠠᠶᠢᠭᠠᠳ ᠲᠡᠷᠢᠭᠦᠨ ᠤ ᠦᠢᠯᠡᠳᠬᠦ ᠦᠢᠯᠡᠰ᠂ ᠪᠠᠶᠢᠯᠳᠤᠬᠤ ᠪᠤᠳᠤᠯᠭ᠎ᠠ ᠶᠢᠨ | ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠵᠢᠴᠢ ᠲᠤᠭᠠᠵᠢᠭᠤᠯᠤᠭᠰᠠᠨ ᠠᠵᠤ ᠠᠬᠤᠢ᠂ ᠪᠣᠬᠢᠷᠲᠤᠯ ᠦᠭᠡᠢ ᠬᠥᠭᠵᠢᠯᠲᠡ ᠵᠡᠷᠭᠡ ᠬᠦᠷᠢᠶᠡᠨ ᠳᠤ ᠨᠡᠩ | ᠢᠯᠡᠭᠦᠦ ᠣᠷᠣᠭᠤᠯᠤᠯᠲᠠ ᠬᠢᠯᠭᠡᠨ᠎ᠡ᠃ | |