ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ | ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ | ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃ | ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠪᠤᠷᠢᠵᠢᠭᠤᠯᠬᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠪᠦᠬᠦ ᠵᠢᠯ ᠤᠨ ᠠᠮᠤ ᠪᠤᠳᠠᠭᠠᠨ ᠤ | ᠡᠯᠪᠡᠭ ᠬᠤᠷᠢᠶᠠᠯᠲᠠ ᠶᠢ ᠪᠠᠲᠤᠯᠠᠬᠤ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠪᠠᠶᠢᠷᠢᠯᠠᠭᠤᠯᠪᠠ᠃ | ᠮᠠᠰᠢᠨ ᠲᠡᠷᠭᠡᠨ ᠤ ᠬᠡᠷᠡᠭᠯᠡᠭᠡ ᠶᠢᠨ ᠳᠡᠮᠵᠢᠯᠭᠡ ᠶᠢ ᠨᠡᠮᠡᠭᠳᠡᠭᠦᠯᠬᠦ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ | ᠮᠥᠩᠭᠦ ᠶᠢᠨ ᠲᠤᠰᠠᠯᠠᠮᠵᠢ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠬᠦ ᠠᠷᠭ᠎ᠠ ᠬᠡᠮᠵᠢᠶ᠎ᠡ ᠶᠢ ᠲᠣᠭᠲᠠᠭᠠᠪᠠ᠃ | ᠰᠢᠨᠬᠤᠸᠠ ᠬᠤᠷᠢᠶᠠᠨ ᠤ ᠪᠡᠭᠡᠵᠢᠩ ᠤᠨ 6 ᠳ᠋ᠤᠭᠠᠷ ᠰᠠᠷ᠎ᠠ ᠶᠢᠨ 22 ᠤᠨ ᠴᠠᠬᠢᠯᠭᠠᠨ ᠮᠡᠳᠡᠭᠡ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ | ᠯᠢ ᠺᠧ ᠴᠢᠶᠠᠩ 6 ᠳ᠋ᠤᠭᠠᠷ ᠰᠠᠷ᠎ᠠ ᠶᠢᠨ 22 ᠤᠨ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ | ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ | ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃ ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠪᠤᠷᠢᠵᠢᠭᠤᠯᠬᠤ ᠠᠵᠢᠯ ᠤᠨ ᠬᠠᠷᠢᠭᠤ ᠮᠡᠳᠡᠭᠦᠯᠦᠯᠲᠡ ᠶᠢ | ᠰᠣᠨᠣᠰᠴᠤ᠂ ᠪᠦᠬᠦ ᠵᠢᠯ ᠤᠨ ᠠᠮᠤ ᠪᠤᠳᠠᠭᠠᠨ ᠤ ᠡᠯᠪᠡᠭ ᠬᠤᠷᠢᠶᠠᠯᠲᠠ ᠶᠢ ᠪᠠᠲᠤᠯᠠᠬᠤ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠪᠠᠶᠢᠷᠢᠯᠠᠭᠤᠯᠪᠠ︔ ᠮᠠᠰᠢᠨ | ᠲᠡᠷᠭᠡᠨ ᠤ ᠬᠡᠷᠡᠭᠯᠡᠭᠡ ᠶᠢᠨ ᠳᠡᠮᠵᠢᠯᠭᠡ ᠶᠢ ᠨᠡᠮᠡᠭᠳᠡᠭᠦᠯᠬᠦ ᠲᠥᠷᠥ ᠶᠢᠨ ᠪᠣᠳᠣᠯᠭ᠎ᠠ ᠶᠢ ᠲᠣᠭᠲᠠᠭᠠᠪᠠ︔ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ ᠮᠥᠩᠭᠦᠨ ᠤ | ᠲᠤᠰᠠᠯᠠᠮᠵᠢ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠬᠦ ᠠᠷᠭ᠎ᠠ ᠬᠡᠮᠵᠢᠶ᠎ᠡ ᠶᠢ ᠲᠣᠭᠲᠠᠭᠠᠪᠠ᠃ | ᠬᠤᠷᠠᠯ ᠠᠴᠠ ᠵᠢᠭᠠᠬᠤ ᠳᠤ ᠪᠠᠨ᠂ ᠡᠮᠦᠨ᠎ᠡ ᠨᠢᠭᠡ ᠬᠤᠭᠤᠴᠠᠭᠠᠨ ᠳᠤ ᠡᠮᠦᠨᠡᠲᠦ ᠣᠷᠣᠨ ᠤ ᠣᠯᠠᠨ ᠭᠠᠵᠠᠷ ᠲᠤ ᠦᠷᠭᠦᠯᠵᠢᠯᠡᠨ ᠰᠢᠷᠦᠭᠦᠨ ᠪᠣᠷᠣᠭᠠᠨ ᠣᠷᠣᠵᠤ | ᠂ ᠬᠤᠯᠪᠣᠭᠳᠠᠯ ᠪᠦᠬᠦᠢ ᠲᠠᠯ᠎ᠠ ᠶᠢᠨ ᠬᠢᠨ ᠴᠠᠭ ᠲᠤᠬᠠᠢ ᠳᠤ ᠨᠢ ᠠᠷᠭᠠᠴᠠᠭᠠᠵᠤ᠂ ᠭᠠᠮᠰᠢᠭ ᠤᠨ ᠬᠤᠬᠢᠷᠠᠯ ᠢ ᠪᠠᠭᠠᠰᠬᠠᠬᠤ ᠪᠠᠷ ᠴᠢᠷᠮᠠᠶᠢᠵᠠᠢ᠃ ᠵᠢᠱᠢᠯᠲᠡ ᠪᠠᠷ᠂ ᠡᠨᠡ | ᠵᠢᠯ ᠤᠨ ᠦᠶᠡᠷ ᠤᠨ ᠬᠤᠭᠤᠴᠠᠭᠠᠨ ᠳᠤ ᠮᠠᠨ ᠤ ᠤᠯᠤᠰ ᠤᠨ ᠲᠤᠶᠢᠯ ᠤᠨ ᠴᠠᠭ ᠠᠭᠤᠷ ᠨᠡᠯᠢᠶᠡᠳ ᠠᠷᠪᠢᠨ ᠪᠠᠶᠢᠵᠤ᠂ ᠣᠶᠢᠷ᠎ᠠ ᠶᠢᠨ ᠬᠤᠭᠤᠴᠠᠭᠠᠨ ᠳᠤ ᠭᠤᠣᠯ | ᠪᠣᠷᠣᠭᠠᠨ ᠤ ᠪᠦᠰᠡ ᠱᠠᠲᠤᠯᠢᠭ ᠬᠡᠯᠪᠡᠷᠢ ᠪᠠᠷ ᠤᠮᠠᠷᠠᠰᠢ ᠨᠡᠭᠦᠵᠦ ᠪᠤᠢ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ | ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢ ᠴᠢᠩᠭᠠᠳᠬᠠᠨ᠂ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠭᠠᠬᠤ ᠶᠢ | ᠴᠤᠤᠷᠢᠶᠠᠳᠤᠨ ᠳᠠᠭᠠᠬᠤ ᠲᠣᠭᠲᠠᠴᠠ ᠶᠢ ᠲᠡᠭᠦᠯᠳᠡᠷᠵᠢᠭᠦᠯᠵᠦ᠂ ᠦᠶᠡᠷ ᠢ ᠰᠡᠷᠭᠡᠶᠢᠯᠡᠨ ᠭᠠᠮᠰᠢᠭ ᠠᠴᠠ ᠠᠪᠤᠷᠠᠬᠤ ᠶᠢ ᠦᠷᠭᠦᠯᠵᠢᠯᠡᠨ ᠰᠠᠶᠢᠲᠤᠷ ᠬᠢᠵᠦ᠂ ᠠᠷᠠᠳ | ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠨᠢᠭᠡ ᠳᠤ᠂ ᠭᠤᠣᠯᠳᠠᠯᠭ᠎ᠠ ᠲᠠᠢ ᠰᠠᠪᠠ ᠭᠠᠵᠠᠷ ᠢ ᠴᠢᠩᠭ᠎ᠠ ᠠᠩᠬᠠᠷᠴᠤ᠂ | ᠦᠶᠡᠷ ᠢ ᠰᠡᠷᠭᠡᠶᠢᠯᠡᠬᠦ ᠪᠠᠷᠢᠯᠭ᠎ᠠ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠲᠣᠭᠤᠷᠢᠨ ᠪᠠᠶᠢᠴᠠᠭᠠᠵᠤ ᠰᠡᠷᠭᠡᠶᠢᠯᠡᠨ ᠬᠤᠷᠢᠭᠯᠠᠬᠤ ᠪᠠ ᠪᠠᠴᠢᠮ ᠪᠠᠶᠢᠳᠠᠯ ᠢ | ᠠᠷᠭᠠᠴᠠᠭᠠᠨ ᠰᠢᠢᠳᠪᠦᠷᠢᠯᠡᠬᠦ ᠠᠵᠢᠯ ᠢ ᠴᠢᠩᠭᠠᠳᠬᠠᠵᠤ᠂ ᠶᠡᠭᠡ ᠭᠤᠣᠯ ᠮᠥᠷᠡᠨ᠂ ᠲᠣᠮᠣ ᠬᠡᠯᠪᠡᠷᠢ ᠶᠢᠨ ᠤᠰᠤᠨ ᠴᠥᠭᠦᠷᠥᠮ ᠤᠨ ᠦᠶᠡᠷ ᠢ ᠠᠮᠤᠷ ᠲᠦᠪᠰᠢᠨ ᠢᠶᠠᠷ | ᠥᠩᠭᠡᠷᠡᠭᠦᠯᠬᠦ ᠶᠢ ᠪᠠᠲᠤᠯᠠᠬᠤ ᠬᠡᠷᠡᠭᠲᠡᠢ᠃ ᠬᠤᠶᠠᠷ ᠲᠤ᠂ ᠤᠮᠠᠷᠠᠲᠤ ᠣᠷᠣᠨ ᠤ ᠦᠶᠡᠷ ᠠᠴᠠ ᠰᠡᠷᠭᠡᠶᠢᠯᠡᠬᠦ ᠪᠡᠯᠡᠳᠬᠡᠯ ᠠᠵᠢᠯ ᠢ ᠪᠣᠳᠠᠲᠠᠢ ᠪᠠᠷ ᠠᠳᠬᠤᠵᠤ᠂ ᠠᠶᠤᠯ | ᠲᠦᠭᠰᠢᠭᠦᠷᠢ ᠶᠢᠨ ᠲᠠᠯᠳᠠ ᠭᠡᠮ ᠢ ᠪᠠᠶᠢᠴᠠᠭᠠᠨ ᠴᠡᠭᠴᠡᠯᠡᠵᠦ᠂ ᠠᠶᠤᠯ ᠠᠴᠠ ᠠᠪᠤᠷᠠᠬᠤ ᠡᠩᠨᠡᠭᠡ᠂ ᠡᠳ᠋ ᠪᠣᠳᠠᠰ ᠵᠡᠷᠭᠡ ᠶᠢᠨ ᠪᠡᠯᠡᠳᠬᠡᠯ ᠢ ᠰᠠᠶᠢᠲᠤᠷ ᠬᠢᠬᠦ ᠬᠡᠷᠡᠭᠲᠡᠢ᠃ | ᠭᠤᠷᠪᠠ ᠳᠤ᠂ ᠬᠦᠮᠦᠰ ᠢ ᠰᠢᠯᠵᠢᠭᠦᠯᠵᠦ ᠠᠶᠤᠯ ᠠᠴᠠ ᠵᠠᠶᠢᠯᠠᠭᠤᠯᠬᠤ ᠶᠢ ᠰᠠᠶᠢᠲᠤᠷ ᠠᠳᠬᠤᠵᠤ᠂ ᠪᠠᠴᠢᠮ ᠪᠠᠶᠢᠳᠠᠯ ᠢ ᠠᠷᠭᠠᠴᠠᠭᠠᠬᠤ ᠲᠥᠰᠥᠯ ᠢ ᠨᠠᠷᠢᠯᠢᠭᠵᠢᠭᠤᠯᠵᠤ᠂ | ᠠᠶᠤᠯ ᠭᠠᠷᠤᠮᠠᠭᠴᠠ ᠬᠠᠭᠠᠵᠤ ᠵᠣᠭᠰᠣᠭᠠᠬᠤ ᠶᠣᠰᠣᠲᠠᠢ ᠭᠠᠵᠠᠷ ᠢ ᠬᠠᠭᠠᠵᠤ ᠵᠣᠭᠰᠣᠭᠠᠵᠤ᠂ ᠬᠦᠮᠦᠰ ᠢ ᠰᠢᠯᠵᠢᠭᠦᠯᠬᠦ ᠶᠣᠰᠣᠲᠠᠢ ᠶᠢ ᠨᠢ ᠰᠢᠯᠵᠢᠭᠦᠯᠬᠦ ᠬᠡᠷᠡᠭᠲᠡᠢ᠃ | ᠳᠥᠷᠪᠡ ᠳᠤ᠂ ᠭᠠᠮᠰᠢᠭᠳᠠᠭᠰᠠᠨ ᠤᠯᠠᠨ ᠲᠦᠮᠡᠨ ᠢ ᠲᠣᠬᠢᠲᠠᠢ ᠲᠥᠪᠬᠢᠨᠡᠭᠦᠯᠵᠦ ᠦᠶᠡᠷ ᠲᠤ ᠡᠪᠳᠡᠭᠳᠡᠭᠰᠡᠨ ᠪᠡᠯᠡᠳᠬᠡᠮᠵᠢ ᠶᠢ ᠴᠠᠭ ᠲᠤᠬᠠᠢ ᠳᠤ ᠨᠢ ᠰᠡᠯᠪᠢᠨ ᠵᠠᠰᠠᠬᠤ | ᠬᠡᠷᠡᠭᠲᠡᠢ᠃ ᠲᠠᠪᠤ ᠳᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠣᠷᠣᠨ ᠨᠤᠲᠤᠭ ᠢ ᠵᠢᠯᠣᠭᠤᠳᠤᠨ ᠳᠡᠮᠵᠢᠬᠦ ᠪᠠᠨ ᠴᠢᠩᠭᠠᠳᠬᠠᠵᠤ᠂ ᠪᠡᠯᠡ ᠮᠥᠩᠭᠦ ᠪᠠ ᠡᠳ᠋ | ᠪᠣᠳᠠᠰ ᠢ ᠴᠠᠭ ᠲᠤᠬᠠᠢ ᠳᠤ ᠨᠢ ᠳᠣᠷᠣᠭᠰᠢ ᠪᠠᠭᠤᠯᠭᠠᠬᠤ ᠬᠡᠷᠡᠭᠲᠡᠢ᠃ ᠡᠭᠦᠨ ᠤ ᠬᠠᠮᠲᠤ ᠦᠶᠡᠷ ᠢ ᠰᠡᠷᠭᠡᠶᠢᠯᠡᠬᠦ ᠪᠠ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ | ᠨᠢᠭᠡᠳᠦᠯᠲᠡᠢ ᠲᠥᠯᠥᠪᠯᠡᠨ ᠰᠠᠶᠢᠲᠤᠷ ᠬᠢᠬᠦ ᠬᠡᠷᠡᠭᠲᠡᠢ ᠭᠡᠵᠡᠢ᠃ | ᠬᠤᠷᠠᠯ ᠠᠴᠠ ᠵᠢᠭᠠᠬᠤ ᠳᠤ ᠪᠠᠨ᠂ ᠣᠳᠣᠬᠠᠨ ᠤ ᠨᠠᠷᠢᠨ ᠪᠤᠳᠤᠯᠢᠶᠠᠨᠲᠠᠢ ᠪᠥᠭᠡᠳ ᠬᠦᠨᠳᠦ ᠬᠡᠴᠡᠭᠦᠦ᠂ ᠵᠣᠭᠤᠰᠣᠨ ᠤ ᠮᠠᠭᠤᠳᠠᠯ ᠬᠡᠴᠡᠭᠦᠳᠡᠵᠦ ᠪᠠᠶᠢᠭ᠎ᠠ | ᠳᠡᠯᠡᠬᠡᠢ ᠶᠢᠨ ᠣᠷᠴᠢᠨ ᠨᠥᠬᠦᠴᠡᠯ ᠤᠨ ᠡᠮᠦᠨ᠎ᠡ᠂ ᠡᠷᠬᠡᠪᠰᠢ ᠥᠪᠡᠷ ᠤᠨ ᠤᠴᠢᠷ ᠶᠠᠪᠤᠳᠠᠯ ᠢᠶᠠᠨ ᠬᠦᠴᠦ ᠲᠠᠯᠪᠢᠨ ᠰᠠᠶᠢᠲᠤᠷ ᠬᠢᠬᠦ ᠬᠡᠷᠡᠭᠲᠡᠢ᠃ ᠪᠠᠷᠠᠭᠠᠨ ᠤ | ᠦᠨ᠎ᠡ ᠶᠢ ᠲᠣᠭᠲᠠᠪᠤᠷᠢᠵᠢᠭᠤᠯᠬᠤ ᠨᠢ ᠠᠵᠤ ᠠᠬᠤᠢ ᠶᠢᠨ ᠶᠡᠭᠡ ᠲᠠᠯ᠎ᠠ ᠶᠢ ᠲᠣᠭᠲᠠᠪᠤᠷᠢᠵᠢᠭᠤᠯᠬᠤ ᠳᠤ ᠲᠤᠶᠢᠯ ᠤᠨ ᠴᠢᠬᠤᠯᠠ ᠪᠠᠶᠢᠳᠠᠭ᠂ ᠠᠮᠤ ᠪᠤᠳᠠᠭᠠᠨ ᠤ | ᠤᠨᠠᠯᠲᠠ ᠶᠢ ᠲᠣᠭᠲᠠᠪᠤᠷᠢᠵᠢᠭᠤᠯᠤᠨ ᠤᠨᠠᠯᠲᠠ ᠶᠢ ᠨᠡᠮᠡᠭᠳᠡᠭᠦᠯᠬᠦ ᠪᠣᠯ ᠪᠠᠷᠠᠭᠠᠨ ᠤ ᠦᠨ᠎ᠡ ᠶᠢ ᠲᠣᠭᠲᠠᠪᠤᠷᠢᠵᠢᠭᠤᠯᠬᠤ᠂ ᠠᠮᠤ ᠪᠤᠳᠠᠭᠠᠨ ᠤ ᠠᠮᠤᠷ ᠲᠦᠪᠰᠢᠨ ᠢ | ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠬᠦ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠪᠣᠯᠬᠤ ᠪᠥᠭᠡᠳ ᠳᠡᠯᠡᠬᠡᠢ ᠶᠢᠨ ᠠᠮᠤ ᠪᠤᠳᠠᠭᠠᠨ ᠤ ᠵᠠᠬ᠎ᠠ ᠳᠡᠯᠭᠡᠭᠦᠷ ᠢ | ᠲᠣᠭᠲᠠᠪᠤᠷᠢᠵᠢᠭᠤᠯᠬᠤ ᠳᠤ ᠠᠰᠢᠭ ᠲᠠᠢ᠃ ᠡᠯ᠎ᠡ ᠬᠤᠯᠪᠣᠭᠳᠠᠯ ᠪᠦᠬᠦᠢ ᠲᠠᠯ᠎ᠠ ᠶᠢᠨ ᠬᠢᠨ ᠠᠮᠤ ᠪᠤᠳᠠᠭᠠᠨ ᠤ ᠦᠢᠯᠡᠳᠪᠦᠷᠢᠯᠡᠯ ᠢ ᠬᠦᠴᠦᠲᠡᠢ ᠠᠳᠬᠤᠭᠰᠠᠨ ᠠᠴᠠ | ᠡᠨᠡ ᠵᠤᠨ ᠤ ᠠᠮᠤ ᠪᠤᠳᠠᠭᠠᠨ ᠤ ᠪᠤᠭᠤᠳᠠᠢ ᠶᠢᠨ ᠬᠤᠷᠢᠶᠠᠯᠲᠠ ᠨᠡᠮᠡᠭᠳᠡᠵᠦ ᠡᠯᠪᠡᠭ ᠬᠤᠷᠢᠶᠠᠯᠲᠠ ᠣᠯᠬᠤ ᠬᠠᠨᠳᠤᠰᠢ ᠨᠢᠭᠡᠨᠲᠡ ᠲᠣᠭᠲᠠᠵᠤ᠂ ᠶᠠᠰᠤ ᠴᠢᠨᠠᠷ ᠨᠢ | ᠡᠩ ᠤᠨ ᠵᠢᠯ ᠤᠨ ᠬᠢ ᠠᠴᠠ ᠰᠠᠶᠢᠨ ᠪᠣᠯᠵᠤ᠂ ᠡᠯᠳᠡᠪ ᠠᠮᠤ ᠪᠤᠷᠴᠠᠭ ᠤᠨ ᠬᠤᠷᠢᠶᠠᠯᠲᠠ ᠴᠦ ᠵᠣᠬᠢᠬᠤ ᠬᠡᠮᠵᠢᠶ᠎ᠡ ᠪᠠᠷ ᠨᠡᠮᠡᠭᠳᠡᠵᠦ᠂ ᠰᠢᠯᠢᠮᠳᠡᠭ ᠤᠨ ᠦᠷ᠎ᠡ ᠶᠢᠨ | ᠬᠤᠷᠢᠶᠠᠯᠲᠠ ᠮᠡᠳᠡᠭᠳᠡᠬᠦᠶᠢᠴᠡ ᠨᠡᠮᠡᠭᠳᠡᠵᠦ᠂ ᠡᠷᠳᠡᠨᠢ ᠰᠢᠰᠢ ᠵᠡᠷᠭᠡ ᠶᠢᠨ ᠵᠤᠨ ᠤ ᠲᠠᠷᠢᠶᠠᠯᠠᠭ᠎ᠠ ᠶᠢᠨ ᠬᠤᠷᠢᠶᠠᠯᠲᠠ ᠨᠢᠭᠡᠨᠲᠡ 80 ᠬᠤᠪᠢ ᠰᠢᠬᠠᠮ ᠪᠣᠯᠵᠤ᠂ | ᠡᠷᠲᠡ ᠶᠢᠨ ᠲᠤᠲᠤᠷᠭ᠎ᠠ ᠪᠠ ᠨᠠᠮᠤᠷ ᠤᠨ ᠠᠮᠤ ᠪᠤᠳᠠᠭᠠᠨ ᠤ ᠤᠷᠭᠤᠴᠠ ᠰᠠᠶᠢᠨ ᠪᠠᠶᠢᠨ᠎ᠠ᠃ ᠵᠣᠠ ᠤ ᠠᠮᠤ ᠪᠤᠳᠠᠭ᠎ᠠ ᠡᠯᠪᠡᠭ ᠬᠤᠷᠢᠶᠠᠯᠲᠠ ᠣᠯᠣᠭᠰᠠᠨ ᠪᠠ ᠨᠠᠮᠤᠷ ᠤᠨ | ᠠᠮᠤ ᠪᠤᠳᠠᠭᠠᠨ ᠤ ᠰᠠᠭᠤᠷᠢ ᠰᠠᠶᠢᠨ ᠪᠠᠶᠢᠭ᠎ᠠ ᠨᠢ ᠨᠢᠭᠡᠨ ᠬᠢᠯᠪᠠᠷ ᠪᠤᠰᠤ ᠶᠠᠪᠤᠳᠠᠯ ᠶᠤᠮ᠂ ᠡᠨᠡ ᠨᠢ ᠪᠦᠬᠦ ᠵᠢᠯ ᠤᠨ ᠠᠮᠤ ᠪᠤᠳᠠᠭᠠᠨ ᠤ ᠲᠣᠭᠲᠠᠭᠤᠨ ᠤᠨᠠᠯᠲᠠ ᠳᠤ | ᠪᠠᠲᠤ ᠪᠠᠬᠢ ᠲᠦᠰᠢᠭ ᠲᠤᠯᠭᠠᠭᠤᠷᠢ ᠬᠠᠩᠭᠠᠭᠰᠠᠨ ᠪᠠᠶᠢᠨ᠎ᠠ᠃ ᠬᠠᠷᠢᠭᠤᠴᠠᠯᠭ᠎ᠠ ᠶᠢ ᠦᠷᠭᠦᠯᠵᠢᠯᠡᠨ ᠪᠣᠳᠠᠲᠠᠶᠢᠵᠢᠭᠤᠯᠵᠤ᠂ ᠪᠦᠬᠦ ᠵᠢᠯ ᠤᠨ ᠠᠮᠤ ᠪᠤᠳᠠᠭᠠᠨ ᠤ | ᠤᠨᠠᠯᠲᠠ ᠶᠢ 1.3 ᠲᠦᠮᠡᠨ ᠳ᠋ᠦᠩᠰᠢᠭᠤᠷ ᠵᠢᠩ ᠠᠴᠠ ᠳᠡᠭᠡᠭᠰᠢ ᠪᠠᠶᠢᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠨᠢᠭᠡ ᠳᠤ᠂ ᠵᠣᠨ ᠤ ᠠᠮᠤ ᠪᠤᠳᠠᠭ᠎ᠠ | ᠬᠤᠳᠠᠯᠳᠤᠨ ᠠᠪᠴᠤ ᠨᠥᠭᠡᠴᠡᠯᠡᠬᠦ ᠶᠢ ᠰᠠᠶᠢᠲᠤᠷ ᠠᠳᠬᠤᠵᠤ᠂ ᠣᠯᠠᠨ ᠡᠰᠢᠲᠦ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠤᠳᠠᠯᠳᠤᠨ ᠠᠪᠬᠤ᠂ ᠲᠤᠭ᠎ᠠ | ᠬᠡᠮᠵᠢᠶ᠎ᠡ ᠶᠢ ᠪᠠᠲᠤᠯᠠᠨ ᠬᠥᠮᠥᠷᠭᠡ ᠳᠤ ᠣᠷᠣᠭᠤᠯᠬᠤ ᠶᠢ ᠵᠣᠷᠢᠭᠵᠢᠭᠤᠯᠬᠤ ᠬᠡᠷᠡᠭᠲᠡᠢ᠃ ᠬᠤᠶᠠᠷ ᠲᠤ᠂ ᠲᠠᠷᠢᠶᠠᠯᠠᠭ᠎ᠠ ᠶᠢᠨ ᠴᠠᠭ ᠢ ᠰᠠᠭᠠᠲᠠᠭᠠᠬᠤ ᠦᠭᠡᠢ ᠪᠠᠷ ᠵᠣᠨ ᠤ | ᠲᠠᠷᠢᠶᠠᠯᠠᠭ᠎ᠠ ᠶᠢᠨ ᠲᠠᠯᠠᠪᠠᠢ ᠶᠢ ᠨᠠᠶᠢᠳᠠᠪᠤᠷᠢᠵᠢᠭᠤᠯᠵᠤ᠂ ᠡᠷᠳᠡᠨᠢ ᠰᠢᠰᠢ ᠶᠢᠨ ᠬᠠᠮᠤᠭ ᠤᠨ ᠡᠴᠦᠰ ᠤᠨ ᠲᠠᠷᠢᠶᠠᠯᠠᠭ᠎ᠠ ᠶᠢ ᠰᠠᠶᠢᠲᠤᠷ ᠠᠳᠬᠤᠵᠤ᠂ ᠬᠤᠶᠠᠷ | ᠤᠯᠠᠷᠢᠯ ᠤᠨ ᠣᠷᠣᠢ ᠶᠢᠨ ᠲᠤᠲᠤᠷᠭ᠎ᠠ ᠶᠢ ᠲᠣᠭᠲᠠᠪᠤᠷᠢᠵᠢᠭᠤᠯᠵᠤ᠂ ᠰᠢᠷ᠎ᠠ ᠪᠤᠷᠴᠠᠭ ᠪᠠ ᠡᠷᠳᠡᠨᠢ ᠰᠢᠰᠢ ᠶᠢ ᠪᠦᠰᠡᠯᠢᠭ ᠬᠡᠯᠪᠡᠷᠢ ᠪᠠᠷ ᠨᠡᠶᠢᠯᠡᠭᠦᠯᠦᠨ ᠳᠠᠷᠢᠬᠤ | ᠡᠭᠦᠷᠭᠡ ᠶᠢ ᠨᠠᠶᠢᠳᠠᠪᠤᠷᠢᠵᠢᠭᠤᠯᠬᠤ ᠬᠡᠷᠡᠭᠲᠡᠢ᠃ ᠭᠤᠷᠪᠠ ᠳᠤ᠂ ᠨᠠᠮᠤᠷ ᠤᠨ ᠠᠮᠤ ᠪᠤᠳᠠᠭᠠᠨ ᠤ ᠲᠠᠷᠢᠶᠠᠨ ᠤ ᠬᠠᠮᠢᠶᠠᠷᠤᠯᠲᠠ ᠶᠢ ᠰᠠᠶᠢᠲᠤᠷ ᠠᠳᠬᠤᠵᠤ᠂ ᠦᠶᠡᠷ | ᠤᠰᠤᠲᠤᠯ᠂ ᠵᠤᠨ ᠤ ᠹᠦ᠋ ᠶᠢᠨ ᠭᠠᠩ᠂ ᠡᠪᠡᠳᠴᠢᠨ ᠬᠤᠷᠣᠬᠠᠢ ᠵᠡᠷᠭᠡ ᠭᠠᠢ ᠭᠠᠮᠰᠢᠭ ᠢ ᠰᠡᠷᠭᠡᠶᠢᠯᠡᠬᠦ ᠬᠡᠷᠡᠭᠲᠡᠢ᠃ ᠡᠭᠦᠨ ᠤ ᠬᠠᠮᠲᠤ ᠭᠠᠭ᠋ᠠᠢ ᠶᠢᠨ ᠮᠢᠬ᠎ᠠ ᠵᠡᠷᠭᠡ | ᠢᠳᠡᠰᠢᠨ ᠨᠣᠭᠤᠭ᠎ᠠ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠢ ᠴᠢᠩᠭ᠎ᠠ ᠠᠳᠬᠤᠬᠤ ᠬᠡᠷᠡᠭᠲᠡᠢ ᠭᠡᠵᠡᠢ᠃ | ᠬᠤᠷᠠᠯ ᠠᠴᠠ ᠵᠢᠭᠠᠬᠤ ᠳᠤ ᠪᠠᠨ᠂ ᠬᠡᠷᠡᠭᠯᠡᠭᠡ ᠪᠣᠯ ᠠᠵᠤ ᠠᠬᠤᠢ ᠶᠢᠨ ᠭᠤᠣᠯ ᠬᠥᠳᠡᠯᠭᠡᠬᠦ ᠬᠦᠴᠦᠨ ᠮᠥᠨ᠂ ᠣᠳᠣᠬᠠᠨ ᠤ ᠠᠵᠤ ᠠᠬᠤᠢ ᠶᠢᠨ | ᠠᠵᠢᠯᠯᠠᠭᠠᠨ ᠢ ᠵᠥᠪ ᠵᠠᠮ ᠢᠶᠠᠷ ᠬᠥᠲᠥᠯᠬᠦ ᠶᠢ ᠠᠬᠢᠭᠤᠯᠬᠤ ᠴᠢᠬᠤᠯᠠ ᠬᠦᠴᠦᠯᠡᠬᠦ ᠴᠡᠭ ᠮᠥᠨ᠃ ᠬᠡᠷᠡᠭᠯᠡᠭᠡ ᠶᠢ ᠠᠬᠢᠭᠤᠯᠬᠤ ᠲᠦᠷᠦ ᠶᠢᠨ ᠪᠣᠳᠣᠯᠭ᠎ᠠ ᠶᠢ | ᠴᠢᠳᠠᠬᠤ ᠶᠢᠨ ᠳᠣᠲᠣᠷ᠎ᠠ ᠣᠯᠠᠨ ᠭᠠᠷᠭᠠᠬᠤ ᠬᠡᠷᠡᠭᠲᠡᠢ᠃ ᠮᠠᠰᠢᠨ ᠲᠡᠷᠭᠡᠨ ᠤ ᠬᠡᠷᠡᠭᠯᠡᠭᠡ ᠶᠢᠨ ᠳᠠᠯᠳᠠ ᠬᠦᠴᠦᠨ ᠢ ᠤᠯᠠᠮ ᠨᠢᠭᠡ ᠠᠯᠬᠤᠮ ᠪᠠᠳᠠᠷᠠᠭᠤᠯᠬᠤ ᠬᠡᠷᠡᠭᠲᠡᠢ᠄ | ᠨᠢᠭᠡ ᠳᠤ᠂ ᠭᠠᠷ ᠳᠠᠮᠵᠢᠭᠰᠠᠨ ᠮᠠᠰᠢᠨ ᠲᠡᠷᠭᠡᠨ ᠤ ᠵᠠᠬ᠎ᠠ ᠳᠡᠯᠭᠡᠭᠦᠷ ᠢ ᠬᠥᠭᠵᠢᠶᠡᠨᠲᠡᠢ ᠪᠣᠯᠭᠠᠵᠤ᠂ ᠮᠠᠰᠢᠨ ᠲᠡᠷᠭᠡᠨ ᠤ ᠰᠢᠨ᠎ᠡ ᠬᠡᠷᠡᠭᠯᠡᠭᠡ ᠶᠢ ᠠᠬᠢᠭᠤᠯᠤᠨ᠎ᠠ᠃ | ᠡᠵᠡᠩᠨᠡᠯᠲᠡ ᠶᠢᠨ ᠪᠤᠰᠤ ᠵᠢᠵᠢᠭ ᠬᠡᠯᠪᠡᠷᠢ ᠶᠢᠨ ᠭᠠᠷ ᠳᠠᠮᠵᠢᠭᠰᠠᠨ ᠮᠠᠰᠢᠨ ᠲᠡᠷᠭᠡ ᠳᠤ 8 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠤᠯᠤᠰ ᠤᠨ ᠲᠠᠪᠤᠳᠤᠭᠠᠷ | ᠬᠤᠭᠤᠴᠠᠭᠠᠨ ᠤ ᠪᠣᠬᠢᠷᠳᠤᠯ ᠪᠣᠳᠠᠰ ᠭᠠᠳᠠᠭᠰᠢᠯᠠᠭᠤᠯᠬᠤ ᠪᠠᠷᠢᠮᠵᠢᠶ᠎ᠠ ᠳᠤ ᠨᠡᠶᠢᠴᠡᠬᠦ ᠮᠠᠰᠢᠨ ᠲᠡᠷᠭᠡ ᠶᠢ ᠣᠷᠣᠭᠤᠯᠬᠤ ᠬᠢᠵᠠᠭᠠᠷᠯᠠᠯ ᠢ ᠪᠥᠬᠦ ᠲᠠᠯ᠎ᠠ ᠪᠠᠷ ᠬᠦᠴᠦᠨ | ᠦᠭᠡᠢ ᠪᠣᠯᠭᠠᠵᠤ᠂ 10 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠮᠠᠰᠢᠨ ᠲᠡᠷᠭᠡ ᠪᠣᠷᠣᠯᠠᠭᠤᠯᠬᠤ ᠠᠵᠤ ᠠᠬᠤᠶᠢᠯᠠᠯ ᠰᠢᠯᠵᠢᠭᠦᠯᠬᠦ ᠳᠠᠩᠰᠠᠯᠠᠯᠲᠠ ᠬᠢᠯᠭᠡᠬᠦ ᠪᠠᠷ | ᠭᠤᠶᠤᠴᠢᠯᠠᠬᠤ ᠦᠶ᠎ᠡ ᠳᠤ ᠲᠤᠰᠠᠭᠠᠷ ᠴᠣᠬᠤᠯᠠᠪᠤᠷᠢᠯᠠᠬᠤ ᠬᠠᠮᠢᠶᠠᠷᠤᠯᠲᠠ ᠶᠢ ᠬᠡᠷᠡᠭᠵᠢᠭᠦᠯᠵᠦ᠂ ᠲᠦᠷ ᠴᠠᠭ ᠤᠨ ᠨᠣᠮᠧᠷ ᠤᠨ ᠫᠠᠶᠢᠰᠠ ᠶᠢ ᠬᠢᠨᠠᠨ ᠣᠯᠭᠤᠨ᠎ᠠ᠃ | ᠬᠤᠶᠠᠷ ᠲᠤ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠡᠷᠡᠭᠯᠡᠭᠡ ᠶᠢ ᠲᠡᠮᠵᠢᠨ᠎ᠡ᠃ ᠲᠡᠷᠭᠡ ᠬᠥᠰᠬᠡ ᠬᠤᠳᠠᠯᠳᠤᠨ ᠠᠪᠬᠤ ᠭᠠᠶᠢᠯᠢ ᠶᠢ ᠭᠤᠣᠯᠳᠠᠭᠤ ᠵᠠᠰᠠᠮᠠᠯ | ᠵᠠᠮ ᠤᠨ ᠪᠦᠲᠦᠭᠡᠨ ᠪᠠᠶᠢᠭᠤᠯᠤᠯᠲᠠ ᠵᠡᠷᠭᠡ ᠳᠤ ᠬᠡᠷᠡᠭᠯᠡᠵᠦ᠂ ᠣᠳᠣᠬᠠᠨ ᠤ ᠪᠠᠶᠢᠳᠠᠯ ᠢ ᠪᠣᠳᠣᠯᠬᠢᠯᠠᠨ ᠰᠢᠨ᠎ᠡ ᠡᠨᠧᠷᠭᠢ ᠶᠢᠨ ᠮᠠᠰᠢᠨ ᠲᠡᠷᠭᠡ ᠬᠤᠳᠠᠯᠳᠤᠨ ᠠᠪᠬᠤ | ᠭᠠᠶᠢᠯᠢ ᠶᠢ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠵᠢᠯ ᠤᠨ ᠡᠴᠦᠰ ᠲᠤ ᠬᠤᠭᠤᠴᠠᠭ᠎ᠠ ᠲᠤᠯᠤᠭᠰᠠᠨ ᠤ ᠳᠠᠷᠠᠭ᠎ᠠ ᠬᠤᠶᠢᠰᠢᠯᠠᠭᠤᠯᠬᠤ ᠡᠰᠡᠬᠦ ᠠᠰᠠᠭᠤᠳᠠᠯ ᠢ | ᠪᠣᠳᠠᠲᠠᠢ ᠰᠤᠳᠤᠯᠬᠤ ᠬᠡᠷᠡᠭᠲᠡᠢ᠃ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠵᠠᠬ᠎ᠠ ᠳᠡᠯᠭᠡᠭᠦᠷ ᠤᠨ ᠣᠷᠣᠨ ᠨᠤᠲᠤᠭ ᠤᠨ ᠬᠠᠮᠠᠭᠠᠯᠠᠯᠲᠠ ᠶᠢ ᠦᠭᠡᠶᠢᠰᠬᠡᠨ᠎ᠡ᠃ | ᠭᠤᠷᠪᠠ ᠳᠤ᠂ ᠮᠠᠰᠢᠨ ᠲᠡᠷᠭᠡ ᠶᠢᠨ ᠦᠢᠯᠡᠳᠪᠦᠷᠢ ᠶᠢᠨ ᠲᠠᠰᠤᠭ ᠠᠴᠠ ᠰᠢᠭᠤᠳ ᠭᠠᠳᠠᠭᠠᠳᠤ ᠠᠴᠠ ᠣᠷᠣᠭᠤᠯᠬᠤ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ | ᠮᠠᠰᠢᠨ ᠲᠡᠷᠭᠡᠨ ᠤ ᠪᠡᠯᠡ ᠲᠣᠬᠢᠷᠠᠭᠤᠯᠭ᠎ᠠ ᠶᠢᠨ ᠲᠦᠷᠢᠶᠡᠰᠦᠯᠡᠯ ᠢ ᠡᠮᠬᠢ ᠵᠢᠷᠤᠮ ᠲᠠᠢ ᠪᠠᠷ ᠬᠥᠭᠵᠢᠭᠦᠯᠵᠦ᠂ ᠲᠡᠷᠭᠡᠨ ᠵᠣᠭᠰᠣᠭᠠᠯ ᠵᠡᠷᠭᠡ ᠶᠢᠨ ᠪᠦᠲᠦᠭᠡᠨ | ᠪᠠᠶᠢᠭᠤᠯᠤᠯᠲᠠ ᠶᠢ ᠲᠡᠮᠵᠢᠨ᠎ᠠ᠃ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠶᠢᠨ ᠵᠢᠱᠢᠯᠲᠡ ᠪᠠᠷ ᠡᠨᠡ ᠵᠢᠯ ᠮᠠᠰᠢᠨ ᠲᠡᠷᠭᠡ ᠵᠢᠴᠢ ᠬᠤᠯᠪᠣᠭᠳᠠᠯ ᠪᠦᠬᠦᠢ | ᠬᠡᠷᠡᠭᠯᠡᠭᠡ ᠶᠢ ᠪᠠᠷᠤᠭ 2000 ᠳ᠋ᠦᠩᠰᠢᠭᠤᠷ ᠲᠥᠭᠦᠷᠢᠭ ᠨᠡᠮᠡᠭᠳᠡᠭᠦᠯᠦᠨ᠎ᠡ ᠭᠡᠵᠡᠢ᠃ | ᠬᠤᠷᠠᠯ ᠠᠴᠠ ᠵᠢᠭᠠᠬᠤ ᠳᠤ ᠪᠠᠨ᠂ ᠤᠯᠤᠰ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ ᠮᠥᠩᠭᠦ ᠨᠢ ᠰᠢᠨᠵᠢᠯᠡᠬᠦ ᠤᠬᠠᠭᠠᠨ ᠤ ᠰᠤᠳᠤᠯᠭᠠᠨ ᠢ | ᠠᠬᠢᠭᠤᠯᠬᠤ᠂ ᠴᠢᠳᠠᠪᠤᠷᠢᠲᠠᠨ ᠢ ᠬᠥᠮᠥᠵᠢᠭᠦᠯᠬᠦ ᠳᠤ ᠴᠢᠬᠤᠯᠠ ᠦᠢᠯᠡᠳᠦᠯ ᠦᠵᠡᠭᠦᠯᠵᠦ ᠪᠠᠶᠢᠨ᠎ᠠ᠃ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠠᠭᠤᠷᠢ | ᠰᠤᠳᠤᠯᠭᠠᠨ᠂ ᠬᠡᠷᠡᠭᠯᠡᠭᠡᠨ ᠤ ᠰᠠᠭᠤᠷᠢ ᠰᠤᠳᠤᠯᠭᠠᠨ᠂ ᠰᠣᠯᠪᠢᠴᠠᠯ ᠰᠢᠨᠵᠢᠯᠡᠬᠦ ᠤᠬᠠᠭᠠᠨ ᠵᠡᠷᠭᠡ ᠳᠠᠬᠢ ᠣᠷᠣᠭᠤᠯᠤᠯᠲᠠ ᠶᠢ ᠨᠡᠮᠡᠭᠳᠡᠭᠦᠯᠵᠦ᠂ ᠵᠠᠯᠠᠭᠤ | ᠴᠢᠳᠠᠪᠤᠷᠢᠲᠠᠨ ᠳᠠᠬᠢ ᠳᠡᠮᠵᠢᠯᠭᠡ ᠶᠢ ᠴᠢᠩᠭᠠᠳᠬᠠᠵᠤ᠂ ᠰᠠᠭᠤᠷᠢ ᠮᠥᠩᠭᠦᠨ ᠤ ᠬᠥᠲᠥᠯᠥᠨ ᠵᠢᠯᠤᠭᠤᠳᠬᠤ ᠦᠢᠯᠡᠳᠦᠯ ᠢ ᠪᠠᠳᠠᠷᠠᠭᠤᠯᠵᠤ᠂ ᠨᠡᠮᠡᠨ ᠪᠤᠳᠤᠵᠤ | ᠰᠠᠭᠤᠳᠬᠠᠨ ᠠᠪᠬᠤ ᠲᠦᠷᠦ ᠶᠢᠨ ᠪᠣᠳᠣᠯᠭ᠎ᠠ ᠶᠢ ᠰᠠᠶᠢᠲᠤᠷ ᠬᠡᠷᠡᠭᠯᠡᠨ ᠠᠵᠤ ᠠᠬᠤᠶᠢᠯᠠᠯ ᠢ ᠲᠠᠲᠠᠨ ᠣᠷᠣᠭᠤᠯᠬᠤ ᠶᠢ ᠬᠠᠮᠵᠢᠯᠴᠠᠨ ᠰᠤᠳᠤᠯᠬᠤ ᠬᠡᠷᠡᠭᠲᠡᠢ᠃ ᠤᠯᠠᠨ | ᠤᠯᠤᠰ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠬᠡᠷᠡᠭᠲᠡᠢ ᠭᠡᠵᠡᠢ᠃ |