ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ 6 ᠳ᠋ᠤᠭᠠᠷ ᠰᠠᠷ᠎ᠠ ᠶᠢᠨ 5 ᠤ ᠡᠳᠦᠷ ᠰᠣᠨᠢᠨ | ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ ᠂ ᠪᠥᠬᠦ ᠤᠯᠤᠰ ᠤᠨ ᠣᠶᠤᠲᠠᠳ ᠰᠤᠷᠭᠠᠭᠤᠯᠢ ᠠᠴᠠ ᠪᠠᠨ ᠰᠠᠯᠵᠤ ᠨᠤᠲᠤᠭ ᠲᠤ ᠪᠠᠨ ᠪᠤᠴᠠᠬᠤ ᠠᠵᠢᠯ ᠢ ᠰᠠᠶᠢᠲᠤᠷ | ᠬᠢᠬᠦ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ᠃ ᠬᠠᠮᠲᠤ ᠪᠠᠷ ᠠᠩᠬᠠᠷᠴᠠᠭᠠᠶ᠎ᠠ︕ | ᠪᠥᠬᠦ ᠤᠯᠤᠰ ᠤᠨ ᠲᠤᠬᠠᠢ ᠶᠢᠨ ᠭᠠᠵᠠᠷ ᠤᠨ ᠬᠠᠯᠳᠠᠪᠤᠷᠢᠯᠠᠭᠳᠠᠭᠴᠢ ᠨᠢᠭᠡᠨᠲᠡ 6 ᠡᠳᠦᠷ ᠳᠠᠷᠠᠭᠠᠯᠠᠨ 100 ᠵᠢᠱᠢᠶ᠎ᠡ ᠠᠴᠠ ᠳᠣᠷᠣᠭᠰᠢ ᠪᠣᠯᠪᠠ | ᠣᠳᠣᠬᠠᠨ ᠳᠤ ᠪᠥᠬᠦ ᠤᠯᠤᠰ ᠤᠨ ᠬᠢᠵᠢᠭ ᠤᠨ ᠪᠠᠶᠢᠳᠠᠯ ᠶᠡᠷᠦᠩᠬᠡᠢ ᠳᠤ ᠪᠠᠨ ᠲᠣᠭᠲᠠᠭᠤᠨ ᠢᠶᠠᠷ ᠪᠠᠭᠤᠷᠠᠬᠤ ᠬᠠᠨᠳᠤᠰᠢ ᠲᠠᠢ ᠪᠠᠶᠢᠨ᠎ᠠ᠃ 5 ᠳ᠋ᠤᠭᠠᠷ | ᠰᠠᠷ᠎ᠠ ᠶᠢᠨ 30 ᠤ ᠡᠳᠦᠷ ᠠᠴᠠ ᠨᠠᠭᠠᠰᠢ ᠂ ᠪᠥᠬᠦ ᠤᠯᠤᠰ ᠤᠨ ᠲᠤᠬᠠᠢ ᠶᠢᠨ ᠭᠠᠵᠠᠷ ᠤᠨ ᠬᠠᠯᠳᠠᠪᠤᠷᠢᠯᠠᠭᠳᠠᠭᠴᠢ 6 ᠡᠳᠦᠷ ᠳᠠᠷᠠᠭᠠᠯᠠᠨ 100 ᠵᠢᠱᠢᠶ᠎ᠡ ᠠᠴᠠ | ᠳᠣᠷᠣᠭᠰᠢ ᠪᠣᠯᠵᠠᠢ᠂ ᠭᠡᠪᠡᠴᠦ ᠣᠶᠢᠷ᠎ᠠ ᠶᠢᠨ 7 ᠡᠳᠦᠷ ᠲᠤ 16 ᠮᠤᠵᠢ ᠣᠷᠣᠨ ᠳᠤ ᠲᠤᠬᠠᠢ ᠶᠢᠨ ᠭᠠᠵᠠᠷ ᠤᠨ ᠬᠢᠵᠢᠭ ᠤᠨ ᠪᠠᠶᠢᠳᠠᠯ ᠢ ᠮᠡᠳᠡᠭᠦᠯᠵᠦ᠂ ᠥᠪᠥᠷ | ᠮᠣᠩᠭᠤᠯ ᠵᠡᠷᠭᠡ ᠬᠡᠰᠡᠭ ᠭᠠᠵᠠᠷ ᠣᠷᠣᠨ ᠳᠤ ᠪᠠᠰᠠ ᠴᠤᠭᠯᠠᠷᠠᠯ ᠤᠨ ᠴᠢᠨᠠᠷᠲᠠᠢ ᠬᠢᠵᠢᠭ ᠤᠨ ᠪᠠᠶᠢᠳᠠᠯ ᠢᠯᠡᠷᠡᠪᠡ ᠃ ᠣᠳᠣᠬᠠᠨ ᠳᠤ᠂ ᠪᠦᠬᠦ ᠤᠯᠤᠰ ᠤᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠮᠥᠨ ᠬᠦ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠠᠶᠢᠵᠤ ᠂ ᠡᠮᠦᠨᠡᠬᠢ ᠬᠤᠭᠤᠴᠠᠭᠠᠨ ᠳᠤ ᠬᠢᠵᠢᠭ ᠤᠨ ᠪᠠᠶᠢᠳᠠᠯ | ᠢᠯᠡᠷᠡᠭᠰᠡᠨ ᠭᠠᠵᠠᠷ ᠣᠷᠣᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠬᠢᠵᠢᠭ ᠳᠡᠯᠭᠡᠷᠡᠬᠦ ᠶᠢ ᠠᠯᠢ | ᠲᠦᠷᠭᠡᠨ ᠢᠶᠠᠷ ᠬᠤᠷᠢᠭᠯᠠᠵᠤ ᠂ ᠱᠠᠩᠬᠠᠢ ᠬᠤᠳᠠ ᠬᠢᠵᠢᠭ ᠤᠨ ᠪᠠᠶᠢᠳᠠᠯ ᠲᠠᠬᠢᠨ ᠡᠭᠦᠰᠴᠦ ᠲᠠᠬᠢᠨ ᠳᠡᠯᠭᠡᠷᠡᠬᠦ ᠶᠢ ᠡᠷᠡᠰ ᠰᠡᠷᠭᠡᠶᠢᠯᠡᠨ ᠬᠤᠷᠢᠭᠯᠠᠵᠤ᠂ ᠪᠡᠭᠡᠵᠢᠩ ᠬᠤᠳᠠ | ᠳᠡᠯᠭᠡᠷᠡᠬᠦ ᠬᠡᠯᠬᠢᠶ᠎ᠡ ᠤᠷᠲᠤᠳᠬᠤ ᠶᠢ ᠤᠯᠠᠮ ᠴᠢᠨᠠᠭᠰᠢᠳᠠ ᠬᠤᠷᠢᠭᠯᠠᠵᠤ ᠂ ᠬᠢᠷᠢᠨ ᠪᠠ ᠯᠢᠶᠣᠤᠨᠢᠩ ᠮᠤᠵᠢ ᠬᠢᠯᠢ ᠳᠠᠭᠠᠤ ᠬᠢᠵᠢᠭ ᠳᠡᠯᠭᠡᠷᠡᠬᠦ ᠶᠢ ᠦᠨᠡᠨ ᠬᠦ | ᠬᠤᠷᠢᠭᠯᠠᠬᠤ ᠬᠡᠷᠡᠭᠲᠡᠢ ︔ ᠪᠤᠰᠤᠳ ᠭᠠᠵᠠᠷ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠵᠢᠯ ᠢ ᠰᠠᠶᠢᠲᠤᠷ ᠬᠢᠵᠦ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠬᠦ ᠬᠡᠷᠡᠭᠲᠡᠢ ᠃ | ᠬᠢᠯᠪᠠᠷᠴᠢᠯᠠᠬᠤ᠂ ᠨᠢᠭᠡ ᠯᠡ ᠪᠠᠷᠢᠮᠵᠢᠶ᠎ᠠ ᠪᠠᠷ ᠱᠠᠭᠠᠷᠳᠠᠬᠤ ᠪᠠ ᠱᠠᠲᠤ ᠱᠠᠲᠤ ᠪᠠᠷ ᠳᠠᠷᠤᠭᠠᠰᠤ ᠨᠡᠮᠡᠬᠦ ᠵᠡᠷᠭᠡ ᠦᠵᠡᠭᠳᠡᠯ ᠢ ᠡᠷᠡᠰ ᠰᠡᠷᠭᠡᠶᠢᠯᠡᠵᠦ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠳᠤ ︽ᠶᠢᠰᠦ ᠶᠢ ᠦᠯᠦ ᠵᠥᠪᠰᠢᠶᠡᠷᠡᠬᠦ ︾ ᠶᠢ ᠡᠷᠡᠰ ᠪᠡᠶᠡᠯᠡᠭᠦᠯᠦᠨ᠎ᠡ | ︽ᠭᠠᠳᠠᠨ᠎ᠠ ᠠᠴᠠ ᠣᠷᠣᠭᠤᠯᠬᠤ ᠶᠢ ᠰᠡᠷᠭᠡᠶᠢᠯᠡᠬᠦ᠂ ᠳᠣᠲᠣᠭᠠᠳᠤ ᠳᠤ ᠪᠠᠨ ᠳᠠᠬᠢᠵᠤ ᠡᠭᠦᠰᠬᠦ ᠶᠢ ᠰᠡᠷᠭᠡᠶᠢᠯᠡᠬᠦ︾ ᠶᠡᠷᠦᠩᠬᠡᠢ ᠠᠷᠭ᠎ᠠ ᠪᠣᠳᠣᠯᠭ᠎ᠠ ᠪᠠ ︽ | ᠬᠥᠳᠡᠯᠦᠩᠭᠦᠢ ᠪᠠᠷ ᠦᠭᠡᠶᠢᠰᠬᠡᠬᠦ ︾ ᠶᠡᠷᠦᠩᠬᠡᠢ ᠴᠢᠭᠯᠡᠯᠲᠡ ᠶᠢ ᠭᠤᠶᠢᠪᠢᠰᠢ ᠦᠭᠡᠢ ᠪᠠᠷᠢᠮᠲᠠᠯᠠᠭᠰᠠᠨ ᠤᠷᠢᠲᠠᠯ ᠳᠣᠣᠷ᠎ᠠ᠂ ᠡᠯ᠎ᠡ ᠭᠠᠵᠠᠷ ᠤᠨ ᠬᠢᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠡᠩ ᠥᠨᠳᠥᠷ ᠪᠦᠲᠦᠮᠵᠢᠲᠡᠢ ᠪᠠᠷ ᠨᠢᠭᠡᠳᠦᠯᠲᠡᠢ ᠲᠥᠯᠥᠪᠵᠢᠭᠦᠯᠵᠦ᠂ | ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢᠨ ᠰᠢᠨᠵᠢᠯᠡᠬᠦ ᠤᠬᠠᠭᠠᠨᠴᠢ ᠴᠢᠨᠠᠷ᠂ ᠨᠠᠷᠢᠯᠢᠭ ᠣᠨᠣᠪᠴᠢᠲᠤ ᠴᠢᠨᠠᠷ᠂ ᠬᠠᠨᠳᠤᠯᠭᠠᠲᠤ ᠴᠢᠨᠠᠷ ᠢ ᠤᠯᠠᠮ ᠴᠢᠨᠠᠭᠰᠢᠳᠠ | ᠳᠡᠭᠡᠭᠰᠢᠯᠡᠭᠦᠯᠵᠦ᠂ ᠬᠢᠯᠪᠠᠷᠴᠢᠯᠠᠬᠤ᠂ ᠨᠢᠭᠡ ᠯᠡ ᠪᠠᠷᠢᠮᠵᠢᠶ᠎ᠠ ᠪᠠᠷ ᠱᠠᠭᠠᠷᠳᠠᠬᠤ ᠪᠠ ᠱᠠᠲᠤ ᠱᠠᠲᠤ ᠪᠠᠷ ᠳᠠᠷᠤᠭᠠᠰᠤ ᠨᠡᠮᠡᠬᠦ ᠵᠡᠷᠭᠡ ᠦᠵᠡᠭᠳᠡᠯ ᠢ ᠡᠷᠡᠰ ᠰᠡᠷᠭᠡᠶᠢᠯᠡᠵᠦ᠂ | ︽ᠶᠢᠰᠦ ᠶᠢ ᠦᠯᠦ ᠵᠥᠪᠰᠢᠶᠡᠷᠡᠬᠦ ︾ ᠶᠢ ᠡᠷᠡᠰ ᠪᠡᠶᠡᠯᠡᠭᠦᠯᠬᠦ ᠬᠡᠷᠡᠭᠲᠡᠢ ᠄ | 1. ᠭᠠᠳᠠᠭᠰᠢ ᠭᠠᠷᠬᠤ ᠶᠢ ᠬᠢᠵᠠᠭᠠᠷᠯᠠᠬᠤ ᠬᠡᠪᠴᠢᠶ᠎ᠡ ᠶᠢ ᠳᠤᠮᠳᠠ᠂ ᠥᠨᠳᠥᠷ ᠲᠦᠭᠰᠢᠭᠦᠷᠢᠲᠦ ᠭᠠᠵᠠᠷ ᠣᠷᠣᠨ ᠠᠴᠠ ᠪᠤᠰᠤᠳ ᠭᠠᠵᠠᠷ ᠣᠷᠣᠨ ᠲᠡᠶᠢᠰᠢ | ᠳᠤᠷ᠎ᠠ ᠪᠠᠷ ᠢᠶᠠᠨ ᠥᠷᠭᠡᠳᠬᠡᠵᠦ ᠪᠣᠯᠬᠤ ᠦᠭᠡᠢ᠃ | 2. ᠳᠣᠣᠷ᠎ᠠ ᠲᠦᠭᠰᠢᠭᠦᠷᠢᠲᠦ ᠭᠠᠵᠠᠷ ᠣᠷᠣᠨ ᠠᠴᠠ ᠢᠷᠡᠭᠰᠡᠨ ᠬᠥᠮᠥᠰ ᠲᠤ ᠠᠯᠪᠠᠳᠠᠯᠭ᠎ᠠ ᠪᠠᠷ ᠢᠳᠬᠠᠨ ᠪᠤᠴᠠᠭᠠᠬᠤ ᠂ ᠲᠤᠰᠠᠭᠠᠷᠯᠠᠬᠤ ᠵᠡᠷᠭᠡ ᠬᠢᠵᠠᠭᠠᠷᠯᠠᠬᠤ | ᠠᠷᠭ᠎ᠠ ᠬᠡᠮᠵᠢᠶ᠎ᠡ ᠠᠪᠴᠤ ᠪᠣᠯᠬᠤ ᠦᠭᠡᠢ᠃ | 3. ᠳᠤᠮᠳᠠ᠂ ᠥᠨᠳᠥᠷ ᠲᠦᠭᠰᠢᠭᠦᠷᠢᠲᠦ ᠭᠠᠵᠠᠷ ᠣᠷᠣᠨ ᠵᠢᠴᠢ ᠪᠢᠲᠡᠭᠦᠮᠵᠢᠯᠡᠨ ᠡᠵᠡᠮᠳᠡᠬᠦ ᠣᠷᠣᠨ᠂ ᠬᠠᠮᠢᠶᠠᠷᠤᠨ ᠡᠵᠡᠮᠳᠡᠬᠦ ᠣᠷᠣᠨ ᠤ ᠬᠠᠮᠢᠶᠠᠷᠤᠨ | ᠡᠵᠡᠮᠳᠡᠬᠦ ᠴᠠᠭ ᠢ ᠳᠤᠷ᠎ᠠ ᠪᠠᠷ ᠢᠶᠠᠨ ᠤᠷᠲᠤᠳᠬᠠᠵᠤ ᠪᠣᠯᠬᠤ ᠦᠭᠡᠢ᠃ | 4. ᠲᠤᠰᠠᠭᠠᠷᠯᠠᠬᠤ᠂ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠠᠪᠬᠤ ᠲᠦᠭᠰᠢᠭᠦᠷᠢᠲᠦ ᠬᠥᠮᠥᠰ ᠤᠨ ᠬᠡᠪᠴᠢᠶ᠎ᠡ ᠶᠢ ᠳᠤᠷ᠎ᠠ ᠪᠠᠷ ᠢᠶᠠᠨ ᠥᠷᠭᠡᠳᠬᠡᠵᠦ ᠪᠣᠯᠬᠤ | ᠦᠭᠡᠢ᠃ | 5. ᠲᠦᠭᠰᠢᠭᠦᠷᠢᠲᠦ ᠬᠥᠮᠥᠰ ᠤᠨ ᠲᠤᠰᠠᠭᠠᠷᠯᠠᠬᠤ ᠪᠠ ᠡᠷᠡᠭᠦᠯ ᠮᠡᠨᠳᠦ ᠶᠢ ᠨᠢ ᠬᠢᠨᠠᠨ ᠪᠠᠶᠢᠴᠠᠭᠠᠬᠤ ᠴᠠᠭ ᠢ ᠳᠤᠷ᠎ᠠ ᠪᠠᠷ ᠢᠶᠠᠨ ᠤᠷᠲᠤᠳᠬᠠᠵᠤ ᠪᠣᠯᠬᠤ ᠦᠭᠡᠢ | ᠃ | 6. ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠷ ᠰᠢᠯᠲᠠᠭᠯᠠᠵᠤ ᠪᠠᠴᠢᠮ᠂ ᠠᠶᠤᠯᠲᠠᠢ᠂ ᠬᠦᠨᠳᠦ ᠡᠪᠡᠳᠴᠢᠲᠡᠨ ᠪᠠ ᠵᠢᠮ᠎ᠡ ᠶᠣᠰᠣ ᠲᠠᠢ ᠪᠠᠷ | ᠣᠨᠣᠰᠢᠯᠠᠨ ᠡᠮᠴᠢᠯᠡᠭᠦᠯᠬᠦ ᠴᠢᠬᠤᠯᠠᠲᠠᠢ ᠡᠪᠡᠳᠴᠢᠲᠡᠨ ᠳᠤ ᠡᠮᠴᠢᠯᠡᠭᠡᠨ ᠤ ᠦᠢᠯᠡᠴᠢᠯᠡᠭᠡ ᠬᠠᠩᠭᠠᠬᠤ ᠶᠢ ᠳᠤᠷ᠎ᠠ ᠪᠠᠷ ᠢᠶᠠᠨ ᠲᠡᠪᠴᠢᠵᠦ ᠪᠣᠯᠬᠤ ᠦᠭᠡᠢ᠃ | 7. ᠨᠥᠬᠦᠴᠡᠯ ᠳᠤ ᠨᠡᠶᠢᠴᠡᠵᠦ ᠰᠤᠷᠭᠠᠭᠤᠯᠢ ᠠᠴᠠ ᠪᠠᠨ ᠰᠠᠯᠵᠤ ᠨᠤᠲᠤᠭ ᠲᠤ ᠪᠠᠨ ᠪᠤᠴᠠᠭᠰᠠᠨ ᠣᠶᠤᠲᠠᠨ ᠳᠤ ᠲᠤᠰᠠᠭᠠᠷᠯᠠᠬᠤ ᠵᠡᠷᠭᠡ ᠠᠷᠭ᠎ᠠ ᠬᠡᠮᠵᠢᠶ᠎ᠡ | ᠠᠪᠴᠤ ᠪᠣᠯᠬᠤ ᠦᠭᠡᠢ᠃ | 8. ᠬᠢᠵᠢᠭ ᠢ ᠰᠡᠷᠭᠡᠶᠢᠯᠡᠬᠦ ᠪᠠᠶᠢᠴᠠᠭᠠᠯᠲᠠ ᠶᠢᠨ ᠴᠡᠭ ᠢ ᠳᠤᠷ᠎ᠠ ᠪᠠᠷ ᠢᠶᠠᠨ ᠲᠣᠬᠢᠷᠠᠭᠤᠯᠵᠤ ᠪᠣᠯᠬᠤ ᠦᠭᠡᠢ ᠂ ᠨᠥᠬᠦᠴᠡᠯ ᠳᠤ ᠨᠡᠶᠢᠴᠡᠭᠰᠡᠨ ᠠᠶᠠᠨᠴᠢᠨ ᠪᠠ | ᠪᠠᠷᠠᠭᠠᠨ ᠤ ᠲᠡᠷᠭᠡ ᠶᠢᠨ ᠵᠢᠯᠣᠭᠤᠴᠢ ᠦᠢᠯᠡᠴᠢᠯᠡᠭᠴᠢ ᠶᠢᠨ ᠨᠡᠪᠲᠡᠷᠡᠬᠦ ᠶᠢ ᠬᠢᠵᠠᠭᠠᠷᠯᠠᠵᠤ ᠪᠣᠯᠬᠤ ᠦᠭᠡᠢ ᠃ | 9. ᠳᠣᠣᠷ᠎ᠠ ᠲᠦᠭᠰᠢᠭᠦᠷᠢᠲᠦ ᠭᠠᠵᠠᠷ ᠤᠨ ᠬᠡᠪ ᠤᠨ ᠦᠢᠯᠡᠳᠪᠦᠷᠢᠯᠡᠯ ᠠᠮᠢᠳᠤᠷᠠᠯ ᠢ ᠪᠠᠲᠤᠯᠠᠬᠤ ᠲᠠᠯᠠᠪᠤᠷ ᠢ ᠳᠤᠷ᠎ᠠ ᠪᠠᠷ ᠢᠶᠠᠨ ᠬᠠᠭᠠᠵᠤ ᠪᠣᠯᠬᠤ ᠦᠭᠡᠢ ᠃ | ᠰᠤᠷᠭᠠᠭᠤᠯᠢ ᠶᠢᠨ ᠪᠠᠶᠢᠭ᠎ᠠ ᠬᠤᠲᠠ ᠳᠤ ᠬᠢᠵᠢᠭ ᠤᠨ ᠪᠠᠶᠢᠳᠠᠯ ᠢᠯᠡᠷᠡᠭᠰᠡᠨ ᠴᠤ ᠰᠤᠷᠭᠠᠭᠤᠯᠢ ᠨᠢ ᠳᠣᠣᠷ᠎ᠠ ᠲᠦᠭᠰᠢᠭᠦᠷᠢᠲᠦ ᠭᠠᠵᠠᠷ ᠣᠷᠣᠨ ᠳᠤ ᠪᠠᠶᠢᠪᠠᠯ | ᠣᠶᠤᠲᠠᠨ ᠢᠩᠭᠢᠵᠦ ᠨᠤᠲᠤᠭ ᠲᠤ ᠪᠠᠨ ᠬᠠᠷᠢᠵᠤ ᠪᠣᠯᠣᠨ᠎ᠠ | 6 ᠳ᠋ᠤᠭᠠᠷ ᠰᠠᠷ᠎ᠠ ᠶᠢᠨ 3 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ | ᠶᠡᠷᠦᠩᠬᠡᠶᠢᠯᠡᠭᠰᠡᠨ ᠳᠤᠭᠤᠶᠢᠯᠠᠩ ︽ᠪᠥᠬᠦ ᠤᠯᠤᠰ ᠤᠨ ᠣᠶᠤᠲᠠᠳ ᠤᠨ ᠰᠤᠷᠭᠠᠭᠤᠯᠢ ᠠᠴᠠ ᠪᠠᠨ ᠰᠠᠯᠵᠤ ᠨᠤᠲᠤᠭ ᠲᠤ ᠪᠠᠨ ᠪᠤᠴᠠᠬᠤ ᠳᠤ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠪᠠ᠃ ︽ | ᠮᠡᠳᠡᠭᠳᠡᠯ︾ ᠳᠤ ᠱᠠᠭᠠᠷᠳᠠᠭᠰᠠᠨ ᠨᠢ᠂ ᠰᠤᠷᠭᠠᠭᠤᠯᠢ ᠠᠴᠠ ᠪᠠᠨ ᠰᠠᠯᠵᠤ ᠨᠤᠲᠤᠭ ᠲᠤ ᠪᠠᠨ ᠪᠤᠴᠠᠬᠤ ᠣᠶᠤᠲᠠᠳ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢ | ᠨᠠᠷᠢᠯᠢᠭ ᠣᠨᠣᠴᠠᠲᠠᠢ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ᠬᠢᠵᠢᠭ ᠤᠨ ᠪᠠᠶᠢᠳᠠᠯ ᠢᠯᠡᠷᠡᠭᠰᠡᠨ ᠭᠠᠵᠠᠷ ᠤᠨ ᠶᠡᠭᠡ ᠳᠡᠭᠡᠳᠦ ᠰᠤᠷᠭᠠᠭᠤᠯᠢ ᠳᠤ ᠬᠢᠵᠢᠭ ᠤᠨ ᠪᠠᠶᠢᠳᠠᠯ | ᠦᠭᠡᠢ ᠪᠣᠯ᠂ ᠣᠶᠤᠲᠠᠨ 7 ᠡᠳᠦᠷ ᠠᠴᠠ ᠳᠡᠭᠡᠭᠰᠢ ᠪᠢᠲᠡᠭᠦᠮᠵᠢᠯᠡᠭᠰᠡᠨ ᠬᠠᠮᠢᠶᠠᠷᠤᠯᠲᠠ ᠶᠢ ᠳᠠᠭᠤᠰᠬᠠᠭᠰᠠᠨ ᠤ ᠳᠠᠷᠠᠭ᠎ᠠ᠂ ᠰᠤᠷᠭᠠᠭᠤᠯᠢ ᠶᠢᠨ ᠲᠣᠭᠲᠠᠭᠠᠯ ᠪᠠ | ᠲᠣᠬᠢᠷᠠᠭᠤᠯᠤᠯᠲᠠ ᠶᠣᠰᠣᠭᠠᠷ᠂ ᠲᠣᠰ ᠰᠤᠷᠭᠠᠭᠤᠯᠢ ᠶᠢᠨ ᠢᠶᠠᠨ ᠭᠠᠷᠭᠠᠭᠰᠠᠨ ᠬᠠᠮᠢᠶ᠎ᠠ ᠪᠦᠬᠦᠢ ᠭᠡᠷᠡᠴᠢ ᠵᠢᠴᠢ 48 ᠴᠠᠭ ᠤᠨ ᠳᠣᠲᠣᠷᠠᠬᠢ ᠪᠥᠭᠡᠮ ᠬᠦᠴᠢᠯ ᠤᠨ | ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠪᠠᠨ ᠠᠪᠴᠤ ᠰᠤᠷᠭᠠᠭᠤᠯᠢ ᠠᠴᠠ ᠪᠠᠨ ᠰᠠᠯᠤᠨ ᠨᠤᠲᠤᠭ ᠲᠤ ᠪᠠᠨ ᠪᠤᠴᠠᠵᠤ ᠂ ᠰᠤᠷᠭᠠᠭᠤᠯᠢ ᠠᠴᠠ ᠵᠣᠷᠢᠭᠰᠠᠨ ᠭᠠᠵᠠᠷ | ᠬᠦᠷᠲᠡᠯᠡᠬᠢ ︽ᠴᠡᠭ ᠠᠴᠠ ᠴᠡᠭ ᠲᠤ ᠬᠦᠷᠬᠦ︾ ᠪᠢᠲᠡᠭᠦᠮᠵᠢᠲᠦ ᠴᠠᠭᠠᠷᠢᠭ ᠤᠨ ᠠᠷᠭ᠎ᠠ ᠪᠠᠷ ᠨᠤᠲᠤᠭ ᠲᠤ ᠪᠠᠨ ᠪᠤᠴᠠᠵᠤ ᠪᠣᠯᠣᠨ᠎ᠠ᠃ ᠳᠡᠭᠡᠷᠡᠬᠢ ᠨᠥᠬᠦᠴᠡᠯ ᠳᠤ | ᠨᠡᠶᠢᠴᠡᠭᠰᠡᠨ ᠣᠶᠤᠲᠠᠨ ᠨᠤᠲᠤᠭ ᠲᠤ ᠪᠠᠨ ᠪᠤᠴᠠᠭᠰᠠᠨ ᠤ ᠳᠠᠷᠠᠭ᠎ᠠ᠂ ᠳᠠᠭᠢᠵᠤ ᠲᠥᠪᠯᠡᠷᠡᠭᠦᠯᠦᠨ ᠲᠤᠰᠠᠭᠠᠷᠯᠠᠬᠤ ᠦᠭᠡᠢ᠂ ᠭᠡᠷ ᠲᠤ ᠪᠠᠨ ᠭᠦᠷᠦᠭᠰᠡᠨ ᠤ ᠳᠠᠷᠠᠭ᠎ᠠ 7 | ᠡᠳᠦᠷ ᠤᠨ ᠡᠷᠡᠭᠦᠯ ᠮᠡᠨᠳᠦ ᠶᠢᠨ ᠬᠢᠨᠠᠨ ᠰᠢᠨᠵᠢᠯᠡᠯᠲᠡ ᠬᠢᠵᠦ᠂ ᠬᠡᠷᠪᠡ ᠬᠡᠪ ᠤᠨ ᠪᠤᠰᠤ ᠪᠠᠶᠢᠳᠠᠯ ᠭᠠᠷᠪᠠᠯ ᠲᠤᠬᠠᠢ ᠶᠢᠨ ᠭᠠᠵᠠᠷ ᠤᠨ ᠨᠡᠶᠢᠭᠡᠮ ᠲᠣᠭᠤᠷᠢᠭ ᠪᠠ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠯᠠᠭ᠎ᠠ ᠮᠥᠴᠢᠷ ᠲᠤ ᠪᠠᠶᠢᠳᠠᠯ ᠢᠶᠠᠨ ᠮᠡᠳᠡᠭᠦᠯᠬᠦ ᠬᠡᠷᠡᠭᠲᠡᠢ᠃ ᠲᠣᠰ ︽ᠮᠡᠳᠡᠭᠳᠡᠯ︾ ᠢ ᠳᠠᠷᠤᠮᠠᠯᠯᠠᠨ | ᠲᠠᠷᠬᠠᠭᠠᠬᠤ ᠠᠴᠠ ᠡᠮᠦᠨ᠎ᠡ᠂ ᠨᠢᠭᠡᠨᠲᠡ ᠨᠤᠲᠤᠭ ᠲᠤ ᠪᠠᠨ ᠪᠤᠴᠠᠭᠰᠠᠨ ᠣᠶᠤᠲᠠᠨ ᠳᠤ᠂ ᠡᠯ᠎ᠡ ᠭᠠᠵᠠᠷ ᠤᠨ ᠬᠢᠨ ︽ᠨᠢᠭᠡ ᠬᠥᠮᠥᠨ ᠳᠤ ᠨᠢᠭᠡ ᠠᠷᠭ᠎ᠠ ᠬᠡᠷᠡᠭᠵᠢᠭᠦᠯᠬᠦ︾ | ᠵᠠᠷᠴᠢᠮ ᠶᠣᠰᠣᠭᠠᠷ᠂ ᠶᠡᠷᠦᠩᠬᠡᠶᠢᠯᠡᠨ ᠵᠢᠱᠢᠵᠦ ᠬᠠᠷᠢᠴᠠᠭᠤᠯᠤᠨ ᠬᠡᠷᠡᠭᠵᠢᠭᠦᠯᠵᠦ ᠪᠣᠯᠣᠨ᠎ᠠ ᠭᠡᠵᠡᠢ᠃ ︽ᠮᠡᠳᠡᠭᠳᠡᠯ︾ ᠳᠤ ᠪᠠᠰᠠ ᠂ ᠡᠯ᠎ᠡ ᠭᠠᠵᠠᠷ ᠤᠨ ᠬᠢᠨ | ᠣᠶᠤᠲᠠᠳ ᠤᠨ ᠰᠤᠷᠭᠠᠭᠤᠯᠢ ᠠᠴᠠ ᠪᠠᠨ ᠰᠠᠯᠵᠤ ᠨᠤᠲᠤᠭ ᠲᠤ ᠪᠠᠨ ᠪᠤᠴᠠᠬᠤ ᠲᠥᠷᠥ ᠶᠢᠨ ᠪᠣᠳᠣᠯᠭ᠎ᠠ ᠶᠢ ᠱᠠᠲᠤ ᠳᠠᠷᠠᠭᠠᠯᠠᠨ ᠤᠯᠠᠮᠵᠢᠯᠠᠵᠤ᠂ ᠱᠠᠲᠤ ᠳᠠᠷᠠᠭᠠᠯᠠᠨ | ᠨᠠᠶᠢᠳᠠᠪᠤᠷᠢᠵᠢᠭᠤᠯᠬᠤ ᠬᠡᠷᠡᠭᠲᠡᠢ᠂ ᠱᠠᠲᠤ ᠱᠠᠲᠤ ᠪᠠᠷ ᠳᠠᠷᠤᠭᠠᠰᠤ ᠨᠡᠮᠡᠵᠦ ᠪᠣᠯᠬᠤ ᠦᠭᠡᠢ᠃ ᠡᠭᠦᠨ ᠤ ᠵᠡᠷᠭᠡ ᠳᠤ᠂ ᠬᠢᠵᠢᠭ ᠤᠨ ᠪᠠᠶᠢᠳᠠᠯ ᠦᠭᠡᠢ ᠭᠠᠵᠠᠷ | ᠣᠷᠣᠨ ᠳᠤ᠂ ᠣᠶᠤᠲᠠᠳ ᠰᠤᠷᠭᠠᠭᠤᠯᠢ ᠠᠴᠠ ᠪᠠᠨ ᠰᠠᠯᠵᠤ ᠨᠤᠲᠤᠭ ᠲᠤ ᠪᠠᠨ ᠪᠤᠴᠠᠭᠰᠠᠨ ᠪᠣᠯ᠂ ᠪᠤᠴᠠᠭᠰᠠᠨ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠪᠠᠶᠢᠩᠭᠤ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠪᠠ ᠃ | ᠨᠤᠲᠤᠭ ᠲᠤ ᠪᠠᠨ ᠪᠤᠴᠠᠭᠰᠠᠨ ᠣᠶᠤᠲᠠᠳ ᠢ ᠦᠨᠡᠨ ᠬᠦ ᠲᠥᠪᠯᠡᠷᠡᠭᠦᠯᠦᠨ ᠲᠤᠰᠠᠭᠠᠷᠯᠠᠬᠤ ᠴᠢᠬᠤᠯᠠᠲᠠᠢ ᠪᠣᠯ᠂ ᠡᠯ᠎ᠡ ᠭᠠᠵᠠᠷ ᠤᠨ ᠬᠢᠨ ᠲᠥᠪᠯᠡᠷᠡᠭᠦᠯᠦᠨ | ᠲᠤᠰᠠᠭᠠᠷᠯᠠᠬᠤ ᠵᠠᠷᠤᠳᠠᠯ ᠢ ᠨᠢ ᠬᠡᠯᠲᠦᠷᠢᠭᠦᠯᠦᠨ᠎ᠡ | 6 ᠳ᠋ᠤᠭᠠᠷ ᠰᠠᠷ᠎ᠠ ᠶᠢᠨ 3 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ | ᠶᠡᠷᠦᠩᠬᠡᠶᠢᠯᠡᠭᠰᠡᠨ ᠳᠤᠭᠤᠶᠢᠯᠠᠩ ︽ᠪᠥᠬᠦ ᠤᠯᠤᠰ ᠤᠨ ᠣᠶᠤᠲᠠᠳ ᠤᠨ ᠰᠤᠷᠭᠠᠭᠤᠯᠢ ᠠᠴᠠ ᠪᠠᠨ ᠰᠠᠯᠵᠤ ᠨᠤᠲᠤᠭ ᠲᠤ ᠪᠠᠨ ᠪᠤᠴᠠᠬᠤ ᠳᠤ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ | ᠣᠶᠤᠲᠠᠳ ᠤᠨ ᠲᠤᠰᠠᠭᠠᠷᠯᠠᠬᠤ ᠵᠠᠷᠤᠳᠠᠯ ᠢ ᠬᠡᠯᠲᠦᠷᠢᠭᠦᠯᠬᠦ ᠬᠡᠷᠡᠭᠲᠡᠢ ᠭᠡᠵᠦ ᠱᠠᠭᠠᠷᠳᠠᠪᠠ᠃ ︽ᠮᠡᠳᠡᠭᠳᠡᠯ︾ ᠳᠤ ᠴᠢᠬᠤᠯᠠᠴᠢᠯᠠᠭᠰᠠᠨ ᠨᠢ᠂ ᠨᠤᠲᠤᠭ ᠲᠤ ᠪᠠᠨ | ᠪᠤᠴᠠᠭᠰᠠᠨ ᠣᠶᠤᠲᠠᠳ ᠢ ᠦᠨᠡᠨ ᠬᠦ ᠲᠥᠪᠯᠡᠷᠡᠭᠦᠯᠦᠨ ᠲᠤᠰᠠᠭᠠᠷᠯᠠᠬᠤ ᠴᠢᠬᠤᠯᠠᠲᠠᠢ ᠪᠣᠯ ᠂ ᠡᠯ᠎ᠡ ᠭᠠᠵᠠᠷ ᠤᠨ ᠬᠢᠨ ᠲᠥᠪᠯᠡᠷᠡᠭᠦᠯᠦᠨ ᠲᠤᠰᠠᠭᠠᠷᠯᠠᠬᠤ ᠵᠠᠷᠤᠳᠠᠯ ᠢ | ᠬᠡᠯᠲᠦᠷᠢᠭᠦᠯᠦᠨ᠎ᠡ ᠭᠡᠵᠡᠢ᠃ ︽ᠮᠡᠳᠡᠭᠳᠡᠯ︾ ᠳᠤ ᠪᠠᠰᠠ ᠱᠠᠭᠠᠷᠳᠠᠭᠰᠠᠨ ᠨᠢ᠂ ᠡᠯ᠎ᠡ ᠭᠠᠵᠠᠷ ᠤᠨ ᠬᠢᠨ ᠲᠥᠪᠯᠡᠷᠡᠭᠦᠯᠦᠨ ᠲᠤᠰᠠᠭᠠᠷᠯᠠᠬᠤ ᠬᠤᠭᠤᠴᠠᠭᠠᠨ ᠳᠠᠬᠢ | ᠨᠤᠲᠤᠭ ᠲᠤ ᠪᠠᠨ ᠪᠤᠴᠠᠭᠰᠠᠨ ᠣᠶᠤᠲᠠᠳ ᠢ ᠬᠠᠯᠠᠮᠵᠢᠯᠠᠨ ᠬᠠᠶᠢᠷᠠᠯᠠᠵᠤ᠂ ᠢᠳᠡᠵᠦ ᠤᠤᠭᠤᠬᠤ ᠬᠤᠨᠣᠵᠤ ᠬᠡᠪᠲᠡᠬᠦ ᠨᠥᠬᠦᠴᠡᠯ ᠢ ᠨᠢ ᠪᠠᠲᠤᠯᠠᠨ᠂ ᠣᠶᠤᠲᠠᠳ ᠤᠨ | ᠠᠮᠢᠳᠤᠷᠠᠯ᠂ ᠡᠪᠡᠳᠴᠢᠨ ᠦᠵᠡᠭᠦᠯᠬᠦ ᠵᠡᠷᠭᠡ ᠴᠢᠬᠤᠯᠠ ᠪᠦᠬᠦᠢ ᠬᠡᠷᠡᠭᠴᠡᠭᠡ ᠶᠢ ᠨᠢ ᠬᠠᠩᠭᠠᠬᠤ ᠬᠡᠷᠡᠭᠲᠡᠢ ᠭᠡᠵᠡᠢ᠃ | ᠣᠶᠤᠲᠠᠳ ᠰᠤᠷᠭᠠᠭᠤᠯᠢ ᠠᠴᠠ ᠪᠠᠨ ᠰᠠᠯᠵᠤ ᠨᠤᠲᠤᠭ ᠲᠤ ᠪᠠᠨ ᠪᠤᠴᠠᠬᠤ ᠳᠤ ᠡᠳᠡᠭᠡᠷ ᠵᠦᠢᠯ ᠢ ᠠᠩᠬᠠᠷᠬᠤ ᠬᠡᠷᠡᠭᠲᠡᠢ | ᠣᠶᠤᠲᠠᠳ ᠰᠤᠷᠭᠠᠭᠤᠯᠢ ᠠᠴᠠ ᠪᠠᠨ ᠰᠠᠯᠵᠤ ᠨᠤᠲᠤᠭ ᠲᠤ ᠪᠠᠨ ᠪᠤᠴᠠᠬᠤ ᠠᠴᠠ ᠪᠠᠨ ᠡᠮᠦᠨ᠎ᠡ ᠬᠤᠯᠪᠣᠭᠳᠠᠯ ᠪᠦᠬᠦᠢ ᠪᠡᠯᠡᠳᠬᠡᠯ ᠢ ᠰᠠᠶᠢᠲᠤᠷ ᠬᠢᠬᠦ ᠬᠡᠷᠡᠭᠲᠡᠢ᠄ | ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ᠂ ᠰᠤᠷᠭᠠᠭᠤᠯᠢ ᠠᠴᠠ ᠭᠠᠷᠭᠠᠭᠰᠠᠨ ᠬᠤᠯᠪᠣᠭᠳᠠᠯ ᠪᠦᠬᠦᠢ ᠭᠡᠷᠡᠴᠢ ᠪᠠᠨ ᠠᠪᠴᠤ ᠶᠠᠪᠤᠬᠤ | ᠬᠡᠷᠡᠭᠲᠡᠢ︔ ᠡᠷᠡᠭᠦᠯ ᠮᠡᠨᠳᠦ ᠶᠢᠨ ᠺᠣᠳ᠋ ᠪᠠ ᠠᠶᠠᠯᠠᠯ ᠤᠨ ᠺᠣᠳ᠋ ᠢ ᠨᠢ ᠪᠠᠶᠢᠴᠠᠭᠠᠨ᠎ᠠ ᠃ ᠣᠶᠤᠲᠠᠳ ᠨᠤᠲᠤᠭ ᠲᠤ ᠪᠠᠨ ᠪᠤᠴᠠᠬᠤ ᠵᠠᠮ ᠳᠤ ᠪᠠᠨ ᠠᠮᠠᠪᠴᠢ᠂ ᠲᠦᠷᠭᠡᠨ | ᠬᠠᠳᠠᠬᠤ ᠠᠷᠢᠭᠤᠳᠬᠠᠭᠴᠢ ᠵᠡᠷᠭᠡ ᠬᠤᠪᠢ ᠬᠥᠮᠥᠨ ᠤ ᠬᠠᠮᠠᠭᠠᠯᠠᠯᠲᠠ ᠶᠢᠨ ᠬᠡᠷᠡᠭᠰᠡᠯ ᠢᠶᠠᠨ ᠭᠦᠢᠴᠡᠳ ᠠᠪᠴᠤ ᠂ ᠪᠥᠬᠦ ᠶᠠᠪᠤᠴᠠ ᠳᠤ ᠬᠤᠪᠢ ᠬᠥᠮᠥᠨ ᠤ | ᠬᠠᠮᠠᠭᠠᠯᠠᠯᠲᠠ ᠪᠠᠨ ᠰᠠᠶᠢᠲᠤᠷ ᠬᠢᠬᠦ ᠬᠡᠷᠡᠭᠲᠡᠢ᠄ ᠨᠢᠭᠡ ᠳᠤ᠂ ᠪᠥᠬᠦ ᠶᠠᠪᠤᠴᠠ ᠳᠤ ᠠᠮᠠᠪᠴᠢ ᠪᠠᠨ ᠰᠠᠶᠢᠲᠤᠷ ᠵᠡᠭᠦᠵᠦ᠂ ᠪᠤᠰᠤᠳ ᠬᠥᠮᠥᠨ ᠲᠠᠢ ᠬᠦᠷᠦᠯᠴᠡᠬᠦ ᠪᠠᠨ ᠠᠯᠢ | ᠴᠢᠳᠠᠬᠤ ᠪᠠᠷ ᠪᠠᠭᠠᠰᠬᠠᠵᠤ᠂ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠡᠭᠡᠷ᠎ᠡ ᠬᠠᠮᠲᠤ ᠰᠠᠭᠤᠭᠰᠠᠳ ᠯᠤᠭ᠎ᠠ ᠵᠠᠢ ᠪᠠᠨ ᠠᠯᠢ ᠴᠢᠳᠠᠬᠤ ᠪᠠᠷ ᠪᠠᠲᠤᠯᠠᠵᠤ᠂ | ᠴᠤᠭᠯᠠᠷᠠᠬᠤ ᠠᠴᠠ ᠵᠠᠶᠢᠯᠠᠰᠬᠢᠬᠦ ᠬᠡᠷᠡᠭᠲᠡᠢ᠃ ᠬᠤᠶᠠᠷ ᠲᠤ᠂ ᠭᠠᠷ ᠤᠨ ᠠᠷᠢᠭᠤᠨ ᠴᠡᠪᠡᠷ ᠢᠶᠠᠨ ᠰᠠᠶᠢᠲᠤᠷ ᠪᠠᠲᠤᠯᠠᠵᠤ ᠂ ᠡᠭᠦᠳᠡᠨ ᠪᠠᠷᠢᠭᠤᠯ᠂ ᠴᠠᠬᠢᠯᠭᠠᠨ ᠱᠠᠲᠤ ᠶᠢᠨ | ᠳᠠᠷᠤᠭᠤᠯ ᠵᠡᠷᠭᠡ ᠨᠡᠶᠢᠲᠡ ᠶᠢᠨ ᠪᠡᠯᠡᠳᠬᠡᠮᠵᠢ ᠳᠤ ᠰᠢᠭᠤᠳ ᠬᠦᠷᠦᠯᠴᠡᠬᠦ ᠠᠴᠠ ᠠᠯᠢ ᠴᠢᠳᠠᠬᠤ ᠪᠠᠷ ᠵᠠᠶᠢᠯᠠᠰᠬᠢᠵᠦ᠂ ᠬᠦᠷᠦᠯᠴᠡᠭᠰᠡᠨ ᠤ ᠳᠠᠷᠠᠭ᠎ᠠ ᠴᠠᠭ ᠲᠤᠬᠠᠢ ᠳᠤ | ᠨᠢ ᠭᠠᠷ ᠢᠶᠠᠨ ᠤᠬᠢᠶᠠᠬᠤ ᠪᠤᠶᠤ ᠲᠦᠷᠭᠡᠨ ᠬᠠᠳᠠᠬᠤ ᠠᠷᠢᠭᠤᠳᠬᠠᠭᠴᠢ ᠵᠡᠷᠭᠡ ᠪᠠᠷ ᠠᠷᠢᠭᠤᠳᠬᠠᠬᠤ ᠬᠡᠷᠡᠭᠲᠡᠢ᠃ ᠭᠤᠷᠪᠠ ᠳᠤ᠂ ᠥᠪᠡᠷ ᠤᠨ ᠪᠡᠶ᠎ᠡ ᠶᠢᠨ ᠡᠷᠡᠭᠦᠯ | ᠮᠡᠨᠳᠦ ᠶᠢᠨ ᠬᠢᠨᠠᠨ ᠪᠠᠶᠢᠴᠠᠭᠠᠯᠲᠠ ᠪᠠᠨ ᠰᠠᠶᠢᠲᠤᠷ ᠬᠢᠬᠦ ᠬᠡᠷᠡᠭᠲᠡᠢ ᠃ ᠭᠡᠷ ᠲᠤ ᠪᠠᠨ ᠪᠤᠴᠠᠬᠤ ᠵᠠᠮ ᠳᠤ ᠪᠠᠨ ᠪᠤᠶᠤ ᠭᠡᠷ ᠲᠤ ᠪᠠᠨ ᠬᠠᠷᠢᠭᠰᠠᠨ ᠤ ᠳᠠᠷᠠᠭ᠎ᠠ᠂ | ᠰᠡᠵᠢᠭ ᠲᠠᠢ ᠰᠢᠨᠵᠢ ᠢᠯᠡᠷᠡᠯ ᠭᠠᠷᠪᠠᠯ ᠰᠠᠨᠠᠭᠠᠴᠢᠯᠠᠭ᠎ᠠ ᠠᠴᠠ ᠪᠠᠨ ᠮᠡᠳᠡᠭᠦᠯᠵᠦ᠂ ᠴᠠᠭ ᠲᠤᠬᠠᠢ ᠳᠤ ᠨᠢ ᠣᠶᠢᠷ᠎ᠠ ᠬᠠᠪᠢ ᠳᠤ ᠪᠠᠨ ᠡᠮᠴᠢᠯᠡᠭᠦᠯᠬᠦ ᠬᠡᠷᠡᠭᠲᠡᠢ᠃ ᠣᠯᠠᠨ | ᠨᠡᠶᠢᠲᠡ ᠶᠢᠨ ᠲᠠᠯᠠᠪᠤᠷ ᠲᠤ ᠣᠷᠣᠬᠤ ᠳᠤ ᠪᠠᠨ᠂ ᠲᠤᠬᠠᠢ ᠶᠢᠨ ᠭᠠᠵᠠᠷ ᠤᠨ ᠲᠣᠭᠲᠠᠭᠠᠯ ᠶᠣᠰᠣᠭᠠᠷ ᠺᠣᠳ᠋ ᠰᠢᠷᠪᠢᠵᠦ ᠪᠡᠶ᠎ᠡ ᠶᠢᠨ ᠳᠤᠯᠠᠭᠠᠨ ᠢᠶᠠᠨ ᠬᠡᠮᠵᠢᠭᠦᠯᠬᠦ | ᠬᠡᠷᠡᠭᠲᠡᠢ᠃ ᠨᠤᠲᠤᠭ ᠲᠤ ᠪᠠᠨ ᠬᠠᠷᠢᠭᠰᠠᠨ ᠤ ᠳᠠᠷᠠᠭ᠎ᠠ ᠲᠤᠰᠠᠭᠠᠷᠯᠠᠬᠤ ᠴᠢᠬᠤᠯᠠᠲᠠᠢ ᠣᠶᠤᠲᠠᠨ ᠳᠤ ᠲᠤᠰᠠᠭᠠᠷᠯᠠᠬᠤ ᠬᠠᠮᠢᠶ᠎ᠠ ᠪᠦᠬᠦᠢ ᠱᠠᠭᠠᠷᠳᠠᠯᠭ᠎ᠠ ᠶᠢ ᠵᠢᠷᠤᠮᠯᠠᠨ᠂ | ᠡᠷᠡᠭᠦᠯ ᠮᠡᠨᠳᠦ ᠶᠢᠨ ᠬᠢᠨᠠᠨ ᠪᠠᠶᠢᠴᠠᠭᠠᠯᠲᠠ ᠪᠠ ᠪᠥᠭᠡᠮ ᠬᠦᠴᠢᠯ ᠤᠨ ᠪᠠᠶᠢᠴᠠᠭᠠᠯᠲᠠ ᠶᠢ ᠰᠠᠶᠢᠲᠤᠷ ᠬᠢᠵᠦ᠂ ᠡᠳᠦᠷ ᠪᠦᠷᠢ ᠲᠣᠭᠲᠠᠭᠰᠠᠨ ᠴᠠᠭ ᠲᠤ ᠪᠡᠶ᠎ᠡ ᠶᠢᠨ | ᠳᠤᠯᠠᠭᠠᠨ ᠢ ᠨᠢ ᠬᠡᠮᠵᠢᠨ᠎ᠡ᠂ ᠬᠡᠷᠪᠡ ᠬᠠᠯᠠᠭᠤᠷᠠᠬᠤ᠂ ᠬᠡᠢ ᠬᠠᠨᠢᠶᠠᠬᠤ᠂ ᠲᠠᠮᠢᠷᠳᠠᠬᠤ᠂ ᠬᠤᠭᠤᠯᠠᠢ ᠡᠪᠡᠳᠬᠦ᠂ ᠦᠨᠦᠷ ︵ᠠᠮᠲᠠ ︶ ᠤᠨ ᠰᠡᠷᠡᠯ ᠮᠠᠭᠤᠳᠠᠬᠤ᠂ | ᠰᠠᠭᠤᠯᠭᠠᠬᠤ ᠵᠡᠷᠭᠡ ᠰᠢᠨᠵᠢ ᠢᠯᠡᠷᠡᠯ ᠭᠠᠷᠪᠠᠯ ᠴᠠᠭ ᠲᠤᠬᠠᠢ ᠳᠤ ᠨᠢ ᠮᠡᠳᠡᠭᠦᠯᠬᠦ ᠬᠡᠷᠡᠭᠲᠡᠢ᠃ | ᠲᠡᠮᠦᠷ ᠵᠠᠮ ᠤᠨ ᠰᠠᠯᠠᠭ᠎ᠠ ᠮᠥᠴᠢᠷ ᠲᠡᠭᠡᠭᠡᠪᠦᠷᠢ ᠶᠢᠨ ᠬᠦᠴᠦᠨ ᠢ ᠭᠦᠢᠴᠡᠳ ᠬᠠᠩᠭᠠᠵᠤ᠂ ᠣᠶᠤᠲᠠᠳ ᠤᠨ ᠨᠤᠲᠤᠭ ᠲᠤ ᠪᠠᠨ ᠪᠤᠴᠠᠬᠤ ᠶᠢ ᠪᠥᠬᠦ | ᠬᠦᠴᠦᠨ ᠢᠶᠠᠷ ᠢᠶᠠᠨ ᠪᠠᠲᠤᠯᠠᠬᠤ ᠪᠠᠷ ᠪᠣᠶ | ᠲᠡᠭᠡᠭᠡᠪᠦᠷᠢ ᠶᠢᠨ ᠬᠦᠴᠦᠨ ᠤ ᠪᠠᠲᠤᠯᠠᠭ᠎ᠠ ᠶᠢᠨ ᠲᠠᠯ᠎ᠠ ᠪᠠᠷ᠂ ᠲᠡᠮᠦᠷ ᠵᠠᠮ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠨᠢᠭᠡᠴᠢ ᠶᠢ ᠵᠣᠬᠢᠶᠠᠨ ᠪᠠᠶᠢᠭᠤᠯᠤᠨ | ᠮᠡᠷᠭᠡᠵᠢᠯ ᠤᠨ ᠰᠤᠳᠤᠯᠭᠠᠨ ᠥᠷᠨᠢᠭᠦᠯᠵᠦ᠂ 6 ᠳ᠋ᠤᠭᠠᠷ ᠰᠠᠷ᠎ᠠ ᠶᠢᠨ 1 ᠤ ᠡᠳᠦᠷ 12306 ᠭᠠᠷ ᠤᠲᠠᠰᠤᠨ ᠤ ᠬᠡᠷᠡᠭᠯᠡᠭᠴᠢ ᠶᠢᠨ ᠦᠵᠦᠭᠦᠷ ᠪᠣᠯᠣᠨ 12306 | ᠸᠢᠴᠠᠲ ᠤᠨ ᠵᠢᠵᠢᠭ ᠫᠷᠣᠭ᠍ᠷᠠᠮ ᠵᠡᠷᠭᠡ ᠬᠤᠶᠠᠷ ᠠᠷᠭ᠎ᠠ ᠪᠠᠷ ᠣᠶᠤᠲᠠᠳ ᠤᠨ ᠶᠠᠪᠤᠵᠤ ᠰᠠᠭᠤᠬᠤ ᠬᠡᠷᠡᠭᠴᠡᠭᠡ ᠶᠢ ᠳᠠᠩᠰᠠᠯᠠᠬᠤ ᠴᠢᠳᠠᠮᠵᠢ ᠶᠢ ᠭᠠᠷᠭᠠᠪᠠ ᠃ | ᠬᠡᠷᠡᠭᠴᠡᠭᠡ ᠶᠢ ᠦᠨᠳᠦᠰᠦᠯᠡᠨ ᠦᠷ᠎ᠡ ᠳ᠋ᠦᠩ ᠪᠠ ᠲᠡᠦᠬᠡᠨ ᠳᠠᠬᠢ ᠠᠶᠠᠨᠴᠢᠳ ᠤᠨ ᠤᠷᠤᠰᠬᠠᠯ ᠤᠨ ᠳ᠋ᠠᠶᠢᠲ᠋ᠠ ᠶᠢ ᠵᠠᠳᠠᠯᠵᠤ᠂ ᠲᠡᠭᠡᠭᠡᠪᠦᠷᠢ ᠶᠢᠨ ᠬᠦᠴᠦᠨ ᠤ ᠡᠬᠢ | ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ᠂ ᠣᠶᠤᠲᠠᠳ ᠤᠨ ᠶᠠᠪᠤᠵᠤ ᠰᠠᠭᠤᠬᠤ ᠬᠠᠯᠠᠮᠰᠢᠯ ᠴᠢᠭᠯᠡᠯ ᠪᠠ ᠲᠥᠪᠯᠡᠷᠡᠩᠭᠦᠢ ᠴᠠᠭ ᠦᠶ᠎ᠡ ᠳᠤ ᠭᠠᠯᠲᠤ | ᠲᠡᠷᠭᠡ ᠨᠡᠮᠡᠬᠦ ᠂ ᠲᠠᠰᠤᠯᠭ᠎ᠠ ᠨᠡᠮᠡᠬᠦ ᠂ ᠬᠥᠳᠡᠯᠭᠡᠭᠦᠷᠲᠦ ᠲᠡᠷᠭᠡ ᠶᠢ ᠳᠠᠬᠢᠨ ᠬᠤᠯᠪᠣᠬᠤ ᠵᠡᠷᠭᠡ ᠠᠷᠭ᠎ᠠ ᠬᠡᠮᠵᠢᠶ᠎ᠡ ᠠᠪᠴᠤ᠂ ᠲᠡᠭᠡᠭᠡᠪᠦᠷᠢ ᠶᠢᠨ ᠬᠦᠴᠦᠨ ᠢ ᠭᠦᠢᠴᠡᠳ | ᠬᠠᠩᠭᠠᠨ᠎ᠠ ᠃ ᠪᠡᠭᠡᠵᠢᠩ᠂ ᠭᠤᠸᠠᠩᠵᠧᠦ᠂ ᠦᠬᠠᠨ᠂ ᠰᠢ ᠠᠨ ᠵᠡᠷᠭᠡ ᠶᠡᠭᠡ ᠳᠡᠭᠡᠳᠦ ᠰᠤᠷᠭᠠᠭᠤᠯᠢ ᠲᠥᠪᠯᠡᠷᠡᠭᠰᠡᠨ ᠭᠠᠵᠠᠷ ᠲᠤ ᠂ ᠵᠣᠬᠢᠬᠤ ᠲᠣᠭᠠᠨ ᠤ ᠪᠡᠯᠡᠳᠬᠡᠯᠲᠦ | ᠬᠥᠳᠡᠯᠭᠡᠭᠦᠷᠲᠦ ᠲᠡᠷᠭᠡ ᠲᠣᠬᠢᠷᠠᠭᠤᠯᠵᠤ᠂ ᠪᠢᠯᠧᠲ ᠬᠤᠳᠠᠯᠳᠤᠬᠤ ᠲᠣᠮᠣ ᠳ᠋ᠠᠶᠢᠲ᠋ᠠ ᠶᠢᠨ ᠬᠥᠳᠡᠯᠦᠩᠭᠦᠢ ᠪᠠᠶᠢᠳᠠᠯ ᠢ ᠦᠨᠳᠦᠰᠦᠯᠡᠨ᠂ ᠪᠡᠯᠡᠳᠬᠡᠯ ᠴᠢᠳᠠᠪᠤᠷᠢ ᠶᠢ ᠴᠠᠭ | ᠲᠤᠬᠠᠢ ᠳᠤ ᠨᠢ ᠡᠬᠢᠯᠡᠭᠦᠯᠵᠦ᠂ ᠣᠶᠤᠲᠠᠳ ᠤᠨ ᠶᠠᠪᠤᠵᠤ ᠰᠠᠭᠤᠬᠤ ᠭᠡᠨᠡᠳᠲᠡ ᠶᠢᠨ ᠬᠡᠷᠡᠭᠴᠡᠭᠡ ᠶᠢ ᠬᠠᠩᠭᠠᠨ᠎ᠠ ᠃ | ᠦᠢᠯᠡᠴᠢᠯᠡᠭᠡᠨ ᠤ ᠪᠠᠲᠤᠯᠠᠭ᠎ᠠ ᠶᠢᠨ ᠲᠠᠯ᠎ᠠ ᠪᠠᠷ᠂ ᠨᠢᠭᠡ ᠳᠤ᠂ ᠡᠩ ᠲᠡᠷᠢᠭᠦᠨ ᠳᠤ ᠪᠢᠯᠧᠲ ᠤᠨ ᠬᠠᠩᠭᠠᠯᠭ᠎ᠠ ᠶᠢ ᠪᠠᠲᠤᠯᠠᠨ᠎ᠠ ᠃ ᠣᠶᠤᠲᠠᠳ ᠤᠨ ᠶᠠᠪᠤᠵᠤ | ᠰᠠᠭᠤᠬᠤ ᠬᠡᠷᠡᠭᠴᠡᠭᠡ ᠲᠥᠪᠯᠡᠷᠡᠭᠰᠡᠨ ᠣᠷᠣᠨ ᠬᠡᠰᠡᠭ ᠪᠠ ᠬᠠᠯᠠᠮᠰᠢᠯ ᠴᠢᠭᠯᠡᠯ ᠳᠤ ᠣᠶᠤᠲᠠᠳ ᠲᠤ ᠲᠤᠰᠬᠠᠢ ᠪᠢᠯᠧᠲ ᠦᠯᠡᠳᠡᠭᠡᠵᠦ᠂ ᠣᠶᠤᠲᠠᠳ ᠤᠨ ᠬᠤᠳᠠᠯᠳᠤᠨ | ᠠᠪᠬᠤ ᠶᠢ ᠤᠷᠢᠳ ᠢᠶᠠᠷ ᠬᠠᠩᠭᠠᠨ᠎ᠠ ᠃ ᠬᠤᠶᠠᠷ ᠲᠤ᠂ ᠥᠷᠲᠡᠭᠡᠨ ᠳᠤ ᠣᠷᠣᠵᠤ ᠲᠡᠷᠭᠡ ᠬᠦᠯᠢᠶᠡᠬᠦ ᠵᠣᠬᠢᠶᠠᠨ ᠪᠠᠶᠢᠭᠤᠯᠤᠯᠲᠠ ᠶᠢ ᠰᠢᠯᠢᠳᠡᠭᠵᠢᠭᠦᠯᠦᠨ᠎ᠡ᠃ ᠨᠥᠬᠦᠴᠡᠯ | ᠪᠦᠬᠦᠢ ᠲᠡᠷᠭᠡᠨ ᠥᠷᠲᠡᠭᠡᠨ ᠳᠤ ᠣᠶᠤᠲᠠᠳ ᠤᠨ ᠥᠷᠲᠡᠭᠡᠨ ᠳᠤ ᠣᠷᠣᠬᠤ ᠵᠠᠮ ᠭᠠᠷᠭᠠᠵᠤ᠂ ᠲᠡᠷᠭᠡ ᠬᠦᠯᠢᠶᠡᠬᠦ ᠲᠤᠰᠬᠠᠢ ᠭᠠᠵᠠᠷ ᠲᠣᠬᠢᠷᠠᠭᠤᠯᠵᠤ ᠂ ᠲᠤᠰᠬᠠᠢ | ᠬᠥᠮᠥᠨ ᠲᠣᠬᠢᠷᠠᠭᠤᠯᠤᠨ ᠦᠢᠯᠡᠴᠢᠯᠡᠨ᠎ᠡ ᠃ ᠭᠤᠷᠪᠠ ᠳᠤ᠂ ᠬᠡᠷᠡᠭᠴᠡᠭᠡᠨ ᠳᠤ ᠵᠣᠬᠢᠴᠠᠭᠤᠯᠤᠭᠰᠠᠨ ᠦᠢᠯᠡᠴᠢᠯᠡᠭᠡ ᠬᠠᠩᠭᠠᠨ᠎ᠠ᠃ ᠡᠯ᠎ᠡ ᠲᠡᠮᠦᠷ ᠵᠠᠮ ᠤᠨ | ᠲᠣᠪᠴᠢᠶ᠎ᠠ ᠶᠢᠨ ᠪᠦᠯᠦᠭᠯᠡᠯ ᠺᠣᠮᠫᠠᠨᠢ ᠶᠢ ᠲᠣᠬᠢᠷᠠᠭᠤᠯᠤᠨ ᠬᠠᠷᠢᠶ᠎ᠠ ᠭᠠᠵᠠᠷ ᠤᠨ ᠰᠤᠷᠭᠠᠭᠤᠯᠢ ᠯᠤᠭ᠎ᠠ ᠵᠣᠯᠭᠠᠭᠤᠯᠵᠤ ᠂ ᠰᠤᠷᠭᠠᠭᠤᠯᠢ ᠶᠢᠨ ᠰᠤᠷᠤᠭᠴᠢᠳ ᠢᠶᠠᠨ | ᠵᠣᠬᠢᠶᠠᠨ ᠪᠠᠶᠢᠭᠤᠯᠵᠤ ᠲᠥᠪᠯᠡᠷᠡᠭᠦᠯᠦᠨ ᠶᠠᠪᠤᠵᠤ ᠰᠠᠭᠤᠬᠤ ᠶᠢ ᠳᠡᠮᠵᠢᠵᠦ᠂ ᠰᠤᠷᠭᠠᠭᠤᠯᠢ ᠪᠠ ᠲᠡᠮᠦᠷ ᠵᠠᠮ ᠤᠨ ᠬᠤᠯᠪᠣᠭᠠᠯᠠᠯ ᠢᠶᠠᠷ ᠳᠠᠮᠵᠢᠭᠤᠯᠤᠨ᠂ ᠣᠶᠤᠲᠠᠳ ᠲᠤ | ︽ᠲᠤᠰᠬᠠᠢ ᠸᠠᠭᠤᠨ︾ ᠵᠢᠴᠢ ︽ᠣᠶᠤᠲᠠᠳ ᠤᠨ ᠲᠤᠰᠬᠠᠢ ᠭᠠᠯᠲᠤ ᠲᠡᠷᠭᠡ︾ ᠶᠢᠨ ᠦᠢᠯᠡᠴᠢᠯᠡᠭᠡ ᠶᠢ ᠢᠳᠡᠪᠬᠢᠲᠡᠢ ᠬᠠᠩᠭᠠᠨ᠎ᠠ᠃ ᠣᠶᠢᠯᠠᠭᠠᠭᠰᠠᠨ ᠢᠶᠠᠷ᠂ | ᠲᠦᠷᠦᠭᠦᠴᠢ ᠶᠢᠨ ᠬᠤᠭᠤᠴᠠᠭᠠᠨ ᠳᠤ ᠮᠦᠭᠳᠡᠨ ᠠᠴᠠ ᠳ᠋ᠠᠯᠢᠶᠠᠨ ᠬᠦᠷᠬᠦ᠂ ᠮᠦᠭᠳᠡᠨ ᠠᠴᠠ ᠳ᠋ᠠᠨᠳᠦ᠋ᠩ ᠬᠦᠷᠬᠦ᠂ ᠭᠢᠷᠢᠨ ᠠᠴᠠ ᠴᠠᠭᠠᠨᠬᠤᠲᠠ ᠬᠦᠷᠬᠦ᠂ ᠱᠢ ᠵᠢᠶᠠ | ᠵᠤᠸᠠᠩ ᠠᠴᠠ ᠴᠧᠩᠳᠧ ᠬᠦᠷᠬᠦ᠂ ᠵᠢᠴᠢ ᠱᠠᠩᠬᠠᠢ ᠠᠴᠠ ᠬᠠᠷᠪᠢᠨ᠂ ᠯᠠᠨᠵᠧᠦ᠂ ᠦᠬᠠᠨ᠂ ᠴᠠᠩᠱᠠ᠂ ᠭᠤᠸᠠᠩᠵᠧᠦ ᠬᠦᠷᠬᠦ ᠵᠡᠷᠭᠡ ᠣᠶᠤᠲᠠᠳ ᠤᠨ ᠲᠤᠰᠬᠠᠢ ᠭᠠᠯᠲᠤ | ᠲᠡᠷᠭᠡ ᠶᠢ ᠨᠢᠭᠡᠨᠲᠡ 30 ᠤᠳᠠᠭ᠎ᠠ ᠨᠡᠪᠲᠡᠷᠡᠭᠦᠯᠵᠦ᠂ ᠵᠠᠯᠭᠠᠭᠠᠳ ᠰᠤᠷᠭᠠᠭᠤᠯᠢ ᠶᠢᠨ ᠭᠤᠶᠤᠴᠢᠯᠠᠯ ᠢ ᠦᠨᠳᠦᠰᠦᠯᠡᠨ᠂ ᠵᠠᠬᠢᠶᠠᠯᠠᠭ᠎ᠠ ᠶᠢᠨ ᠲᠡᠭᠡᠭᠡᠪᠦᠷᠢ ᠶᠢᠨ | ᠪᠠᠲᠤᠯᠠᠭ᠎ᠠ ᠶᠢ ᠦᠷᠭᠦᠯᠵᠢᠯᠡᠨ ᠰᠠᠶᠢᠲᠤᠷ ᠬᠢᠬᠦ ᠪᠣᠯᠣᠨ᠎ᠠ᠃ ᠳᠥᠷᠪᠡ ᠳᠤ᠂ ᠶᠠᠪᠤᠵᠤ ᠰᠠᠭᠤᠬᠤ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠨ᠎ᠠ ᠃ | ᠡᠯ᠎ᠡ ᠭᠠᠵᠠᠷ ᠤᠨ ᠡᠯ᠎ᠡ ᠶᠡᠭᠡ ᠳᠡᠭᠡᠳᠦ ᠰᠤᠷᠭᠠᠭᠤᠯᠢ ᠨᠢ ᠣᠶᠤᠲᠠᠳ ᠤᠨ ᠰᠠᠨᠠᠭ᠎ᠠ ᠶᠢ ᠭᠦᠢᠴᠡᠳ ᠬᠦᠨᠳᠦᠳᠬᠡᠵᠦ᠂ ᠰᠤᠷᠭᠠᠭᠤᠯᠢ ᠳᠤ ᠪᠠᠨ ᠦᠯᠡᠳᠡᠭᠰᠡᠨ | ᠣᠶᠤᠲᠠᠳ ᠤᠨ ᠦᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠢ | ︽ᠪᠥᠬᠦ ᠤᠯᠤᠰ ᠤᠨ ᠣᠶᠤᠲᠠᠳ ᠤᠨ ᠰᠤᠷᠭᠠᠭᠤᠯᠢ ᠠᠴᠠ ᠪᠠᠨ ᠰᠠᠯᠵᠤ ᠨᠤᠲᠤᠭ ᠲᠤ ᠪᠠᠨ ᠪᠤᠴᠠᠬᠤ ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ᠳᠤ ᠴᠢᠬᠤᠯᠠᠴᠢᠯᠠᠭᠰᠠᠨ ᠨᠢ᠂ ᠡᠯ᠎ᠡ ᠭᠠᠵᠠᠷ ᠤᠨ ᠡᠯ᠎ᠡ ᠶᠡᠭᠡ ᠳᠡᠭᠡᠳᠦ | ᠰᠤᠷᠭᠠᠭᠤᠯᠢ ᠨᠢ ᠣᠶᠤᠲᠠᠳ ᠤᠨ ᠬᠦᠰᠡᠯ ᠰᠠᠨᠠᠭ᠎ᠠ ᠶᠢ ᠭᠦᠢᠴᠡᠳ ᠬᠦᠨᠳᠦᠳᠬᠡᠵᠦ᠂ ᠰᠤᠷᠭᠠᠭᠤᠯᠢ ᠳᠤ ᠪᠠᠨ ᠦᠯᠡᠳᠡᠭᠰᠡᠨ ᠣᠶᠤᠲᠠᠳ ᠤᠨ ᠦᠢᠯᠡᠴᠢᠯᠡᠭᠡᠨ ᠤ | ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠢ ᠭᠡᠵᠡᠢ᠃ ᠮᠡᠳᠡᠭᠳᠡᠯ ᠤᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ ᠂ ᠰᠤᠷᠭᠠᠨ | ᠬᠥᠮᠦᠵᠢᠯ ᠤᠨ ᠶᠠᠮᠤᠨ ᠠᠴᠠ ᠡᠯ᠎ᠡ ᠭᠠᠵᠠᠷ ᠣᠷᠣᠨ ᠪᠣᠯᠣᠨ ᠡᠯ᠎ᠡ ᠶᠡᠭᠡ ᠳᠡᠭᠡᠳᠦ ᠰᠤᠷᠭᠠᠭᠤᠯᠢ ᠶᠢ ᠵᠢᠯᠣᠭᠤᠳᠤᠨ ᠭᠤᠷᠪᠠᠨ ᠵᠦᠢᠯ ᠤᠨ ᠭᠤᠣᠯᠳᠠᠯᠭ᠎ᠠ ᠲᠠᠢ ᠠᠵᠢᠯ ᠢ | ᠰᠠᠶᠢᠲᠤᠷ ᠬᠢᠬᠦ ᠬᠡᠷᠡᠭᠲᠡᠢ ᠃ | ᠨᠢᠭᠡᠳᠦᠭᠡᠷ ᠲᠤ᠂ ᠣᠶᠤᠲᠠᠳ ᠤᠨ ᠰᠣᠩᠭᠤᠯᠲᠠ ᠬᠢᠬᠦ ᠰᠠᠨᠠᠭ᠎ᠠ ᠶᠢ ᠬᠦᠨᠳᠦᠳᠬᠡᠨ᠎ᠡ᠃ ᠡᠯ᠎ᠡ ᠭᠠᠵᠠᠷ ᠤᠨ ᠡᠯ᠎ᠡ ᠶᠡᠭᠡ ᠳᠡᠭᠡᠳᠦ ᠰᠤᠷᠭᠠᠭᠤᠯᠢ ᠨᠢ ᠬᠠᠮᠢᠶ᠎ᠠ | ᠪᠦᠬᠦᠢ ᠠᠵᠢᠯ ᠢ ᠪᠣᠳᠠᠲᠠᠢ ᠪᠥᠭᠡᠳ ᠨᠠᠷᠢᠯᠢᠭ ᠬᠢᠵᠦ᠂ ᠣᠶᠤᠲᠠᠳ ᠤᠨ ᠰᠤᠷᠭᠠᠭᠤᠯᠢ ᠳᠤ ᠪᠠᠨ ᠦᠯᠡᠳᠡᠬᠦ᠂ ᠳᠠᠳᠤᠯᠭ᠎ᠠ ᠳᠤ ᠣᠷᠤᠯᠴᠠᠬᠤ᠂ ᠲᠤᠷᠰᠢᠯᠲᠠ ᠶᠢᠨ | ᠰᠤᠳᠤᠯᠭᠠᠨ ᠬᠢᠬᠦ᠂ ᠥᠭᠦᠯᠡᠯ ᠵᠢᠴᠢ ᠰᠢᠯᠭᠠᠯᠲᠠ ᠳᠤ ᠪᠡᠯᠡᠳᠬᠡᠬᠦ ᠵᠡᠷᠭᠡ ᠡᠯ᠎ᠡ ᠵᠦᠢᠯ ᠤᠨ ᠵᠣᠬᠢᠰᠲᠠᠢ ᠬᠡᠷᠡᠭᠴᠡᠭᠡ ᠶᠢ ᠬᠠᠩᠭᠠᠵᠤ᠂ ᠣᠶᠤᠲᠠᠳ ᠤᠨ ᠡᠷᠡᠭᠦᠯ | ᠮᠡᠨᠳᠦ ᠶᠢᠨ ᠬᠢᠨᠠᠨ ᠪᠠᠶᠢᠴᠠᠭᠠᠯᠲᠠ ᠪᠠᠨ ᠴᠢᠩᠭᠠᠳᠬᠠᠬᠤ ᠂ ᠡᠷᠡᠭᠦᠯ ᠠᠮᠢᠳᠤᠷᠠᠯ ᠤᠨ ᠳᠠᠳᠬᠠᠯ ᠢᠶᠠᠨ ᠪᠠᠷᠢᠮᠲᠠᠯᠠᠬᠤ ᠶᠢ ᠬᠥᠮᠥᠵᠢᠭᠦᠯᠦᠨ ᠵᠢᠯᠣᠭᠤᠳᠴᠤ ᠂ ᠰᠤᠯᠠᠷᠠᠭᠤᠯᠬᠤ | ᠦᠭᠡᠢ᠂ ᠬᠥᠩᠭᠡᠨ ᠬᠠᠭᠤᠳᠠᠮ ᠬᠠᠨᠳᠤᠬᠤ ᠦᠭᠡᠢ ᠪᠠᠶᠢᠵᠤ᠂ ᠬᠤᠪᠢ ᠬᠥᠮᠥᠨ ᠤ ᠬᠠᠮᠠᠭᠠᠯᠠᠯᠲᠠ ᠪᠠᠨ ᠦᠷᠭᠦᠯᠵᠢᠯᠡᠨ ᠰᠠᠶᠢᠲᠤᠷ ᠬᠢᠬᠦ ᠶᠢ ᠬᠥᠲᠥᠯᠥᠨ ᠵᠢᠯᠣᠭᠤᠳᠤᠨ᠎ᠠ ᠃ | | ᠬᠤᠶᠠᠳᠤᠭᠠᠷ ᠲᠤ᠂ ᠰᠤᠷᠭᠠᠭᠤᠯᠢ ᠶᠢᠨ ᠬᠦᠷᠢᠶᠡᠨ ᠤ ᠦᠢᠯᠡᠴᠢᠯᠡᠭᠡᠨ ᠤ ᠪᠠᠲᠤᠯᠠᠭ᠎ᠠ ᠶᠢ ᠬᠠᠩᠭᠠᠨ᠎ᠠ ᠃ ᠰᠤᠷᠭᠠᠭᠤᠯᠢ ᠳᠤ ᠪᠠᠨ ᠦᠯᠡᠳᠡᠭᠰᠡᠨ ᠣᠶᠤᠲᠠᠳ ᠤᠨ | ᠡᠷᠡᠭᠦᠯ ᠮᠡᠨᠳᠦ᠂ ᠰᠤᠷᠤᠯᠭ᠎ᠠ᠂ ᠠᠮᠢᠳᠤᠷᠠᠯ ᠤᠨ ᠪᠠᠶᠢᠳᠠᠯ ᠬᠢᠭᠡᠳ ᠬᠡᠷᠡᠭᠴᠡᠭᠡ ᠶᠢ ᠬᠥᠳᠡᠯᠦᠩᠭᠦᠢ ᠪᠠᠷ ᠡᠵᠡᠮᠰᠢᠵᠦ᠂ ᠴᠠᠭ ᠲᠤᠬᠠᠢ ᠳᠤ ᠨᠢ ᠴᠢᠭᠯᠡᠯᠲᠦ ᠴᠢᠨᠠᠷᠲᠠᠢ | ᠦᠢᠯᠡᠴᠢᠯᠡᠭᠡ ᠬᠠᠩᠭᠠᠨ᠎ᠠ ᠃ ᠢᠯᠠᠩᠭᠤᠶ᠎ᠠ ᠵᠢᠭᠠᠨ ᠰᠤᠷᠭᠠᠯᠲᠠ ᠶᠢᠨ ᠠᠬᠢᠴᠠ ᠪᠠ ᠬᠤᠭᠤᠴᠠᠭᠠᠨ ᠡᠴᠦᠰ ᠤᠨ ᠰᠢᠯᠭᠠᠯᠲᠠ ᠶᠢ ᠨᠢᠭᠡᠳᠦᠯᠲᠡᠢ ᠲᠥᠯᠥᠪᠯᠡᠨ | ᠲᠣᠬᠢᠷᠠᠭᠤᠯᠵᠤ᠂ ᠰᠦᠯᠵᠢᠶᠡᠨ ᠳᠡᠭᠡᠷᠡᠬᠢ ᠵᠢᠭᠠᠨ ᠰᠤᠷᠭᠠᠯᠲᠠ ᠪᠠ ᠰᠦᠯᠵᠢᠶᠡᠨ ᠠᠴᠠ ᠭᠠᠳᠠᠨᠠᠬᠢ ᠵᠢᠭᠠᠨ ᠰᠤᠷᠭᠠᠯᠲᠠ ᠶᠢ ᠵᠣᠬᠢᠰᠲᠠᠢ ᠲᠣᠬᠢᠷᠠᠭᠤᠯᠵᠤ᠂ ᠬᠤᠭᠤᠯᠠ | ᠢᠳᠡᠬᠦ᠂ ᠪᠠᠷᠠᠭ᠎ᠠ ᠬᠤᠳᠠᠯᠳᠤᠨ ᠠᠪᠬᠤ᠂ ᠲᠦᠷᠭᠡᠨ ᠬᠦᠷᠭᠡᠬᠦ ᠵᠡᠷᠭᠡ ᠬᠠᠮᠢᠶ᠎ᠠ ᠪᠦᠬᠦᠢ ᠠᠷᠭ᠎ᠠ ᠬᠡᠮᠵᠢᠶ᠎ᠡ ᠶᠢ ᠰᠢᠯᠢᠳᠡᠭᠵᠢᠭᠦᠯᠦᠨ ᠲᠣᠬᠢᠷᠠᠭᠤᠯᠵᠤ᠂ ᠢᠯᠠᠩᠭᠤᠶ᠎ᠠ | ᠬᠡᠷᠡᠭᠴᠡᠭᠡ ᠶᠣᠰᠣᠭᠠᠷ ᠰᠤᠷᠭᠠᠭᠤᠯᠢ ᠶᠢᠨ ᠬᠦᠷᠢᠶᠡᠨ ᠤ ᠰᠤᠷᠤᠯᠴᠠᠬᠤ᠂ ᠪᠡᠶ᠎ᠡ ᠪᠣᠯᠪᠠᠰᠤᠷᠠᠬᠤ᠂ ᠰᠢᠨᠵᠢᠯᠡᠬᠦ ᠤᠬᠠᠭᠠᠨ ᠤ ᠰᠤᠳᠤᠯᠭᠠᠨ ᠬᠢᠬᠦ ᠵᠡᠷᠭᠡ ᠭᠤᠣᠯᠳᠠᠯᠭ᠎ᠠ ᠲᠠᠢ | ᠲᠠᠯᠠᠪᠤᠷ ᠢ ᠨᠡᠭᠡᠭᠡᠵᠦ᠂ ᠣᠶᠤᠲᠠᠳ ᠤᠨ ᠡᠪᠡᠳᠴᠢᠨ ᠦᠵᠡᠭᠦᠯᠬᠦ ᠵᠡᠷᠭᠡ ᠣᠨᠴᠠᠭᠠᠶ ᠬᠡᠷᠡᠭᠴᠡᠭᠡ ᠶᠢ ᠬᠠᠩᠭᠠᠵᠤ᠂ ᠰᠤᠷᠭᠠᠭᠤᠯᠢ ᠳᠤ ᠪᠠᠨ ᠦᠯᠡᠳᠡᠭᠰᠡᠨ ᠣᠶᠤᠲᠠᠳ ᠲᠤ | ︽ᠰᠤᠷᠭᠠᠭᠤᠯᠢ ᠳᠤ ᠪᠠᠶᠢᠬᠤ ᠨᠢ ᠭᠡᠷ ᠲᠤ ᠪᠠᠨ ᠪᠠᠶᠢᠬᠤ ᠰᠢᠭ᠋ ︾ ᠳᠣᠲᠣᠨᠣ ᠲᠥᠷᠥᠭᠳᠡᠯ ᠣᠯᠭᠤᠨ᠎ᠠ᠃ | ᠭᠤᠷᠪᠠᠳᠤᠭᠠᠷ ᠲᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ ᠃ ᠶᠡᠭᠡ ᠳᠡᠭᠡᠳᠦ ᠰᠤᠷᠭᠠᠭᠤᠯᠢ ᠨᠤᠭᠤᠳ | ᠰᠤᠷᠭᠠᠨ ᠬᠥᠮᠦᠵᠢᠯ ᠤᠨ ᠶᠠᠮᠤᠨ ᠪᠣᠯᠣᠨ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠤᠯᠪᠣᠭᠠᠯᠠᠨ ᠨᠡᠶᠢᠲᠡᠯᠡᠭᠰᠡᠨ ︽ᠶᠡᠭᠡ ᠳᠡᠭᠡᠳᠦ | ᠰᠤᠷᠭᠠᠭᠤᠯᠢ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠷᠭᠡᠵᠢᠯ ᠤᠨ ᠲᠥᠰᠥᠯ ︵ᠲᠠᠪᠤᠳᠤᠭᠠᠷ ᠬᠡᠪᠯᠡᠯ ︶ | ︾ ᠢ ᠨᠠᠶᠢᠳᠠᠪᠤᠷᠢᠵᠢᠭᠤᠯᠤᠨ᠂ ᠰᠤᠷᠭᠠᠭᠤᠯᠢ ᠶᠢᠨ ︽ᠰᠤᠷᠭᠠᠭᠤᠯᠢ ᠶᠢᠨ ᠡᠭᠦᠳᠡᠨ ᠤ ᠪᠣᠭᠤᠮᠲᠠ︾ ᠶᠢ ᠰᠠᠶᠢᠲᠤᠷ ᠰᠠᠬᠢᠵᠤ᠂ ᠬᠥᠮᠥᠨ᠂ ᠪᠣᠳᠠᠰ᠂ ᠣᠷᠴᠢᠨ | ᠲᠣᠭᠤᠷᠢᠨ ᠢ ᠵᠡᠷᠭᠡ ᠳᠤ ᠨᠢ ᠰᠡᠷᠭᠡᠶᠢᠯᠡᠬᠦ ᠶᠢ ᠪᠠᠷᠢᠮᠲᠠᠯᠠᠨ᠂ ᠢᠯᠠᠩᠭᠤᠶ᠎ᠠ ᠭᠤᠣᠯᠳᠠᠯᠭ᠎ᠠ ᠲᠠᠢ ᠬᠥᠮᠥᠰ ᠤᠨ ᠪᠥᠭᠡᠮ ᠬᠦᠴᠢᠯ ᠤᠨ ᠪᠠᠶᠢᠴᠠᠭᠠᠯᠲᠠ ᠂ ᠭᠤᠣᠯᠳᠠᠯᠭ᠎ᠠ ᠲᠠᠢ | ᠲᠠᠯᠠᠪᠤᠷ ᠤᠨ ᠣᠷᠴᠢᠨ ᠲᠣᠭᠤᠷᠢᠨ ᠢ ᠰᠠᠶᠢᠲᠤᠷ ᠠᠷᠢᠭᠤᠳᠬᠠᠵᠤ ᠂ ᠪᠠᠶᠢᠩᠭᠤ ᠶᠢᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠪᠠᠴᠢᠮ | ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠡᠯᠡᠳᠬᠡᠯ ᠲᠥᠰᠥᠯ ᠢ ᠲᠡᠭᠦᠯᠳᠡᠷᠵᠢᠭᠦᠯᠦᠨ᠎ᠡ ᠃ ᠲᠤᠬᠠᠢ ᠶᠢᠨ ᠭᠠᠵᠠᠷ ᠤᠨ ᠬᠢᠵᠢᠭ ᠤᠨ ᠪᠠᠶᠢᠳᠠᠯ ᠢ ᠦᠨᠳᠦᠰᠦᠯᠡᠨ᠂ | ᠰᠤᠷᠭᠠᠭᠤᠯᠢ ᠶᠢᠨ ᠬᠦᠷᠢᠶᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠥᠳᠡᠯᠦᠩᠭᠦᠢ ᠪᠠᠷ ᠲᠣᠬᠢᠷᠠᠭᠤᠯᠤᠨ ᠰᠢᠯᠢᠳᠡᠭᠵᠢᠭᠦᠯᠵᠦ᠂ | ᠬᠥᠮᠥᠡᠯᠢᠭ᠂ ᠬᠠᠷᠢᠮᠠᠬᠠᠢ ᠪᠠ ᠰᠢᠨᠵᠢᠯᠡᠬᠦ ᠤᠬᠠᠭᠠᠨᠴᠢᠯᠠᠭᠰᠠᠨ ᠬᠠᠮᠢᠶᠠᠷᠤᠯᠲᠠ ᠶᠢᠨ ᠠᠷᠭ᠎ᠠ ᠪᠠᠷ ᠰᠤᠷᠭᠠᠭᠤᠯᠢ ᠶᠢᠨ ᠬᠦᠷᠢᠶᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠡᠯ᠎ᠡ ᠵᠦᠢᠯ ᠤᠨ ᠠᠵᠢᠯ ᠢ ᠨᠠᠷᠢᠯᠢᠭ ᠪᠦᠲᠦᠮᠵᠢᠲᠡᠶ ᠰᠠᠶᠢᠲᠤᠷ ᠬᠢᠨ᠎ᠡ ᠃ | |