ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ 6 ᠳ᠋ᠤᠭᠠᠷ ᠰᠠᠷ᠎ᠠ ᠶᠢᠨ 28 ᠤ ᠡᠳᠦᠷ ᠤᠨ | ᠦᠳᠡ ᠶᠢᠨ ᠬᠤᠶᠢᠨ᠎ᠠ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ | ᠤᠬᠠᠭᠠᠨᠴᠢ ᠪᠠᠷ ᠣᠨᠣᠪᠴᠢᠲᠠᠶ ᠰᠠᠶᠢᠳᠤᠷ ᠬᠢᠭᠰᠡᠨ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠵᠠᠢ᠃ ᠬᠠᠮᠲᠤ ᠪᠠᠷ ᠠᠩᠬᠠᠷᠴᠠᠭᠠᠶ᠎ᠠ︕ | ᠣᠶᠢᠷ᠎ᠠ ᠳᠤ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠶᠡᠷᠦᠩᠬᠡᠢ ᠳᠤ ᠪᠠᠨ ᠳᠣᠣᠷ᠎ᠠ ᠲᠦᠪᠰᠢᠨ ᠳᠤ ᠬᠡᠯᠪᠡᠯᠵᠡᠵᠦ ᠪᠤᠢ | ᠣᠶᠢᠷ᠎ᠠ ᠳᠤ᠂ ᠤᠯᠤᠰ ᠤᠨ ᠳᠣᠲᠣᠭᠠᠳᠤ ᠶᠢᠨ ᠲᠤᠬᠠᠢ ᠶᠢᠨ ᠭᠠᠵᠠᠷ ᠤᠨ ᠬᠢᠵᠢᠭ ᠤᠨ ᠪᠠᠶᠢᠳᠠᠯ ᠳᠤ ᠭᠤᠣᠯᠳᠠᠭᠤ ᠳᠣᠣᠷᠠᠬᠢ ᠮᠡᠲᠦ ᠣᠨᠴᠠᠯᠢᠭ ᠢᠯᠡᠷᠡᠪᠡ᠄ | ᠨᠢᠭᠡ ᠳᠤ᠂ ᠣᠶᠢᠷ᠎ᠠ ᠶᠢᠨ ᠬᠤᠭᠤᠴᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢᠯᠡᠳᠲᠡ ᠦᠷ᠎ᠡ ᠪᠦᠲᠦᠮᠵᠢ ᠣᠯᠵᠤ᠂ ᠪᠥᠬᠦ ᠤᠯᠤᠰ ᠤᠨ | ᠬᠢᠵᠢᠭ ᠤᠨ ᠪᠠᠶᠢᠳᠠᠯ ᠶᠡᠷᠦᠩᠬᠡᠢ ᠳᠤ ᠪᠠᠨ ᠳᠣᠣᠷ᠎ᠠ ᠲᠦᠪᠰᠢᠨ ᠳᠤ ᠬᠡᠯᠪᠡᠯᠵᠡᠵᠦ ᠪᠤᠢ᠃ 6 ᠳ᠋ᠤᠭᠠᠷ ᠰᠠᠷ᠎ᠠ ᠶᠢᠨ 18 ᠤ ᠡᠳᠦᠷ ᠠᠴᠠ ᠨᠠᠭᠠᠰᠢ᠂ ᠪᠥᠬᠦ ᠤᠯᠤᠰ ᠤᠨ | ᠡᠳᠦᠷ ᠪᠦᠷᠢ ᠶᠢᠨ ᠮᠡᠳᠡᠭᠦᠯᠦᠭᠰᠡᠨ ᠬᠠᠯᠳᠠᠪᠤᠷᠢᠯᠠᠭᠰᠠᠳ ᠤᠨ ᠲᠤᠭ᠎ᠠ ᠴᠥᠮ 50 ᠬᠥᠮᠥᠨ ᠠᠴᠠ ᠳᠣᠣᠷ᠎ᠠ ᠪᠣᠯᠵᠤ᠂ ᠣᠶᠢᠷ᠎ᠠ ᠶᠢᠨ ᠨᠢᠭᠡ ᠭᠠᠷᠠᠭ ︵6 ᠳ᠋ᠤᠭᠠᠷ | ᠰᠠᠷ᠎ᠠ ᠶᠢᠨ 20 ᠤ ᠡᠳᠦᠷ ᠠᠴᠠ 6 ᠳ᠋ᠤᠭᠠᠷ ᠰᠠᠷ᠎ᠠ ᠶᠢᠨ 27 ᠤ ᠡᠳᠦᠷ ᠪᠣᠯᠲᠠᠯ᠎ᠠ︶ ᠪᠥᠬᠦ ᠤᠯᠤᠰ ᠤᠨ ᠰᠠᠨᠠᠭᠠᠴᠢᠯᠠᠭ᠎ᠠ ᠠᠴᠠ ᠪᠠᠨ ᠮᠡᠳᠡᠭᠦᠯᠦᠭᠰᠡᠨ | ᠬᠠᠯᠳᠠᠪᠤᠷᠢᠯᠠᠭᠰᠠᠳ 198 ᠪᠠᠶᠢᠵᠤ᠂ 10 ᠮᠤᠵᠢ᠂ 24 ᠲᠤᠰᠬᠠᠢ ᠣᠷᠣᠨ ᠤ ᠳᠡᠰ ᠤᠨ ᠬᠤᠲᠠ ᠳᠤ ᠬᠤᠯᠪᠣᠭᠳᠠᠵᠤ᠂ ᠳᠤᠮᠳᠠᠴᠢ ᠪᠠᠷ ᠡᠳᠦᠷ ᠪᠦᠷᠢ 25 | ᠬᠥᠮᠥᠨ ᠢ ᠮᠡᠳᠡᠭᠦᠯᠵᠡᠢ᠃ ᠬᠤᠶᠠᠷ ᠲᠤ᠂ ᠣᠨᠴᠠ ᠵᠠᠷᠢᠮ ᠭᠠᠵᠠᠷ ᠣᠷᠣᠨ ᠳᠤ ᠦᠷᠭᠦᠯᠵᠢᠯᠡᠨ ᠬᠡᠰᠡᠭ ᠪᠤᠰᠠᠭ ᠢᠶᠠᠷ ᠨᠡᠶᠢᠭᠡᠮ ᠤᠨ ᠬᠠᠯᠳᠠᠪᠤᠷᠢᠯᠠᠯ ᠡᠭᠦᠰᠴᠦ᠂ | ᠨᠡᠶᠢᠭᠡᠮ ᠲᠣᠭᠤᠷᠢᠭ ᠤᠨ ᠲᠠᠷᠬᠠᠭᠠᠯᠲᠠ ᠶᠢᠨ ᠲᠦᠭᠰᠢᠭᠦᠷᠢ ᠵᠣᠬᠢᠬᠤ ᠬᠡᠮᠵᠢᠶ᠎ᠡ ᠪᠠᠷ ᠣᠷᠣᠰᠢᠵᠤ ᠪᠠᠶᠢᠬᠤ ᠪᠥᠭᠡᠳ ᠬᠠᠯᠳᠠᠪᠤᠷᠢᠯᠠᠭᠳᠠᠭᠰᠠᠳ ᠤᠨ ᠬᠠᠮᠢᠶᠠᠷᠤᠨ | ᠡᠵᠡᠮᠳᠡᠬᠦ ᠠᠴᠠ ᠡᠮᠦᠨᠡᠬᠢ ᠠᠵᠢᠯᠯᠠᠭ᠎ᠠ ᠶᠢᠨ ᠬᠦᠷᠢᠶ᠎ᠡ ᠬᠡᠪᠴᠢᠶ᠎ᠡ ᠨᠢ ᠨᠡᠯᠢᠶᠡᠳ ᠥᠷᠭᠡᠨ ᠪᠣᠯᠬᠤᠷ ᠵᠠᠷᠢᠮ ᠭᠠᠵᠠᠷ ᠣᠷᠣᠨ ᠳᠤ ᠬᠠᠯᠳᠠᠪᠤᠷᠢᠯᠠᠯ ᠢ ᠲᠡᠭ ᠪᠣᠯᠭᠠᠬᠤ ᠳᠤ | ᠨᠡᠯᠢᠶᠡᠳ ᠤᠷᠲᠤ ᠬᠤᠭᠤᠴᠠᠭ᠎ᠠ ᠬᠡᠷᠡᠭᠰᠡᠬᠦ ᠰᠤᠨᠵᠢᠷᠠᠯ ᠤᠨ ᠬᠤᠭᠤᠴᠠᠭ᠎ᠠ ᠶᠢ ᠪᠤᠢ ᠪᠣᠯᠭᠠᠭᠰᠠᠨ ᠪᠠᠶᠢᠨ᠎ᠠ᠃ ᠭᠤᠷᠪᠠ ᠳᠤ᠂ ᠣᠮᠢᠺᠧᠷᠣᠨ BA.2 ᠪᠣᠯ ᠮᠥᠨ ᠬᠦ | ᠮᠠᠨ ᠤ ᠤᠯᠤᠰ ᠤᠨ ᠲᠤᠬᠠᠢ ᠶᠢᠨ ᠭᠠᠵᠠᠷ ᠤᠨ ᠬᠢᠵᠢᠭ ᠤᠨ ᠭᠤᠣᠯ ᠪᠣᠯᠬᠤ ᠸᠢᠷᠦ᠋ᠰ ᠮᠥᠨ᠂ ᠭᠡᠪᠡᠴᠦ ᠣᠮᠢᠺᠧᠷᠣᠨ BA.4 ᠪᠠ BA.5 ᠶᠢᠨ ᠬᠢᠯᠢ ᠶᠢᠨ | ᠭᠠᠳᠠᠨ᠎ᠠ ᠠᠴᠠ ᠬᠠᠯᠳᠠᠪᠤᠷᠢᠯᠠᠬᠤ ᠶᠢ ᠳᠡᠭᠡᠳᠦ ᠬᠡᠮᠵᠢᠶ᠎ᠡ ᠪᠠᠷ ᠰᠡᠷᠡᠮᠵᠢᠯᠡᠬᠦ ᠬᠡᠷᠡᠭᠲᠡᠢ᠂ ᠤᠴᠢᠷ ᠨᠢ ᠣᠶᠢᠷ᠎ᠠ ᠶᠢᠨ ᠬᠤᠭᠤᠴᠠᠭᠠᠨ ᠳᠤ ᠬᠢᠯᠢ ᠶᠢᠨ ᠭᠠᠳᠠᠨ᠎ᠠ ᠠᠴᠠ | ᠣᠷᠣᠵᠤ ᠢᠷᠡᠭᠰᠡᠨ ᠡᠪᠡᠳᠴᠢᠨ ᠤ ᠵᠢᠱᠢᠶ᠎ᠡ ᠠᠴᠠ BA.4 ᠪᠠ BA.5 ᠶᠢ ᠣᠯᠵᠤ ᠮᠡᠳᠡᠭᠰᠡᠨ ᠪᠥᠭᠡᠳ ᠲᠠᠰᠤᠷᠠᠯᠲᠠ ᠦᠭᠡᠢ ᠨᠡᠮᠡᠭᠳᠡᠬᠦ ᠬᠠᠨᠳᠤᠰᠢ ᠲᠠᠢ ᠪᠠᠶᠢᠨ᠎ᠠ᠃ | ᠨᠢᠭᠲᠠ ᠣᠶᠢᠷᠠᠲᠤᠭᠰᠠᠳ᠂ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠳ ᠢ ᠲᠤᠰᠠᠭᠠᠷᠯᠠᠵᠤ ᠬᠠᠮᠢᠶᠠᠷᠤᠨ ᠡᠵᠡᠮᠳᠡᠬᠦ ᠴᠠᠭ ᠢ ︽14 + 7︾ | ᠪᠠᠶᠢᠭᠰᠠᠨ ᠠᠴᠠ ︽7 + 3︾ ᠪᠣᠯᠭᠠᠨ ᠲᠣᠬᠢᠷᠠᠭᠤᠯᠪᠠ | ︽ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠲᠥᠰᠥᠯ ︵ᠶᠢᠰᠦᠳᠦᠭᠡᠷ ᠬᠡᠪᠯᠡᠯ︶︾ ᠳᠤ | ᠲᠦᠭᠰᠢᠭᠦᠷᠢᠲᠦ ᠬᠥᠮᠥᠰ ᠢ ᠲᠤᠰᠠᠭᠠᠷᠯᠠᠨ ᠬᠠᠮᠢᠶᠠᠷᠬᠤ ᠬᠤᠭᠤᠴᠠᠭ᠎ᠠ ᠪᠠ ᠠᠷᠭ᠎ᠠ ᠮᠠᠶ᠋ᠢᠭ ᠢ ᠰᠢᠯᠢᠳᠡᠭᠵᠢᠭᠦᠯᠦᠨ ᠲᠣᠬᠢᠷᠠᠭᠤᠯᠪᠠ᠃ ᠨᠢᠭᠲᠠ ᠣᠶᠢᠷᠠᠲᠤᠭᠰᠠᠳ᠂ | ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠳ ᠢ ᠲᠤᠰᠠᠭᠠᠷᠯᠠᠵᠤ ᠬᠠᠮᠢᠶᠠᠷᠤᠨ ᠡᠵᠡᠮᠳᠡᠬᠦ ᠴᠠᠭ ᠢ ︽14 ᠡᠳᠦᠷ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ | ᠤᠬᠠᠭᠠᠨ ᠤ ᠠᠵᠢᠭᠯᠠᠯᠲᠠ ᠬᠢᠬᠦ + 7 ᠡᠳᠦᠷ ᠭᠡᠷ ᠲᠤ ᠪᠠᠨ ᠰᠠᠭᠤᠵᠤ ᠡᠷᠡᠭᠦᠯ ᠮᠡᠨᠳᠦ ᠶᠢᠨ ᠬᠢᠨᠠᠨ ᠰᠢᠨᠵᠢᠯᠡᠯᠲᠡ ᠬᠢᠬᠦ︾ ᠪᠠᠶᠢᠭᠰᠠᠨ ᠠᠴᠠ ︽7 ᠡᠳᠦᠷ | ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ + 3 ᠡᠳᠦᠷ ᠭᠡᠷ ᠲᠤ ᠪᠠᠨ ᠰᠠᠭᠤᠵᠤ ᠡᠷᠡᠭᠦᠯ ᠮᠡᠨᠳᠦ ᠶᠢᠨ ᠬᠢᠨᠠᠨ ᠰᠢᠨᠵᠢᠯᠡᠯᠲᠡ ᠬᠢᠬᠦ︾ | ᠪᠣᠯᠭᠠᠨ ᠲᠣᠬᠢᠷᠠᠭᠤᠯᠪᠠ᠃ ᠪᠥᠭᠡᠮ ᠬᠦᠴᠢᠯ ᠤᠨ ᠪᠠᠶᠢᠴᠠᠭᠠᠯᠲᠠ ᠶᠢᠨ ᠠᠷᠭ᠎ᠠ ᠬᠡᠮᠵᠢᠶ᠎ᠡ ᠶᠢ ︽ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ | ᠠᠵᠢᠭᠯᠠᠯᠲᠠ ᠬᠢᠭᠰᠡᠨ ᠤ 1᠂ 4᠂ 7᠂ 14 ᠳ᠋ᠦ᠋ᠭᠡᠷ ᠡᠳᠦᠷ ᠲᠤ ᠪᠥᠭᠡᠮ ᠬᠦᠴᠢᠯ ᠤᠨ ᠪᠠᠶᠢᠴᠠᠭᠠᠯᠲᠠ ᠬᠢᠬᠦ᠂ ᠬᠠᠮᠠᠷ ᠤᠨ ᠬᠥᠨᠳᠡᠢ ᠶᠢᠨ ᠵᠦᠯᠭᠦᠭᠦᠷ | ᠴᠤᠭᠯᠠᠭᠤᠯᠬᠤ᠂ ᠲᠤᠰᠠᠭᠠᠷᠯᠠᠬᠤ ᠶᠢ ᠲᠠᠶᠢᠯᠬᠤ ᠠᠴᠠ ᠡᠮᠦᠨ᠎ᠡ ᠬᠤᠶᠠᠷ ᠤᠳᠠᠭ᠎ᠠ ᠦᠯᠢᠭᠡᠷ ᠠᠪᠴᠤ ᠬᠤᠶᠠᠷ ᠤᠳᠠᠭ᠎ᠠ ᠪᠠᠶᠢᠴᠠᠭᠠᠯᠲᠠ ᠬᠢᠬᠦ︾ ᠠᠴᠠ ︽ | ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠭᠰᠡᠨ ᠤ 1᠂ 2᠂ 3᠂ 5᠂ 7 ᠳ᠋ᠤᠭᠠᠷ ᠡᠳᠦᠷ ᠪᠠ ᠭᠡᠷ ᠲᠤ ᠪᠠᠨ ᠰᠠᠭᠤᠵᠤ ᠡᠷᠡᠭᠦᠯ | ᠮᠡᠨᠳᠦ ᠶᠢᠨ ᠬᠢᠨᠠᠨ ᠰᠢᠨᠵᠢᠯᠡᠯᠲᠡ ᠬᠢᠭᠰᠡᠨ ᠤ 3 ᠳ᠋ᠤᠭᠠᠷ ᠡᠳᠦᠷ ᠲᠤ ᠪᠥᠭᠡᠮ ᠬᠦᠴᠢᠯ ᠤᠨ ᠪᠠᠶᠢᠴᠠᠭᠠᠯᠲᠠ ᠬᠢᠬᠦ᠂ ᠠᠮᠠᠨ ᠬᠥᠨᠳᠡᠢ ᠶᠢᠨ ᠵᠦᠯᠭᠦᠭᠦᠷ ᠴᠤᠭᠯᠠᠭᠤᠯᠬᠤ︾ | ᠪᠣᠯᠭᠠᠨ ᠲᠣᠬᠢᠷᠠᠭᠤᠯᠵᠤ᠂ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ ᠶᠢ ᠲᠠᠶᠢᠯᠬᠤ ᠠᠴᠠ ᠡᠮᠦᠨ᠎ᠡ ᠳᠠᠭᠢᠵᠤ ᠬᠤᠶᠠᠷ ᠤᠳᠠᠭ᠎ᠠ | ᠦᠯᠢᠭᠡᠷ ᠠᠪᠴᠤ ᠬᠤᠶᠠᠷ ᠤᠳᠠᠭ᠎ᠠ ᠪᠠᠶᠢᠴᠠᠭᠠᠯᠲᠠ ᠬᠢᠬᠦ ᠴᠢᠬᠤᠯᠠ ᠦᠭᠡᠢ᠃ ᠨᠢᠭᠲᠠ ᠣᠶᠢᠷᠠᠲᠤᠭᠰᠠᠳ ᠤᠨ ᠨᠢᠭᠲᠠ ᠣᠶᠢᠷᠠᠲᠤᠭᠰᠠᠳ ᠢ ᠭᠥᠯᠢᠶᠡᠨ ᠠᠪᠴᠤ | ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ︽7 ᠡᠳᠦᠷ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ︾ ᠪᠠᠶᠢᠭᠰᠠᠨ ᠠᠴᠠ ︽7 | ᠡᠳᠦᠷ ᠭᠡᠷ ᠲᠤ ᠪᠠᠨ ᠰᠠᠭᠤᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ︾ ᠪᠣᠯᠭᠠᠨ ᠲᠣᠬᠢᠷᠠᠭᠤᠯᠵᠤ᠂ 1᠂ 4᠂ 7 ᠳ᠋ᠤᠭᠠᠷ ᠡᠳᠦᠷ ᠲᠤ ᠪᠥᠭᠡᠮ ᠬᠦᠴᠢᠯ ᠤᠨ | ᠪᠠᠶᠢᠴᠠᠭᠠᠯᠲᠠ ᠬᠢᠬᠦ ᠪᠠᠷ ᠲᠣᠭᠲᠠᠭᠠᠪᠠ᠃ | ᠪᠢᠲᠡᠭᠦᠮᠵᠢᠯᠡᠨ ᠬᠠᠮᠢᠶᠠᠷᠴᠤ ᠡᠵᠡᠮᠳᠡᠬᠦ ᠣᠷᠣᠨ ᠪᠠ ᠳᠤᠮᠳᠠ᠂ ᠥᠨᠳᠥᠷ ᠳᠡᠰ ᠤᠨ ᠲᠦᠭᠰᠢᠭᠦᠷᠢᠲᠦ ᠭᠠᠵᠠᠷ ᠣᠷᠣᠨ ᠢ ᠵᠠᠭᠠᠭᠯᠠᠨ ᠲᠣᠭᠲᠠᠭᠠᠬᠤ | ᠪᠠᠷᠢᠮᠵᠢᠶ᠎ᠠ ᠶᠢ ᠨᠢᠭᠡᠳᠬᠡᠵᠦ᠂ ᠥᠨᠳᠥᠷ ᠳᠤᠮᠳᠠ ᠪᠠ ᠳᠣᠣᠷ᠎ᠠ ᠳᠡᠰ ᠤᠨ ᠲᠦᠭᠰᠢᠭᠦᠷᠢᠲᠦ ᠭᠠᠵᠠᠷ ᠣᠷᠣᠨ ᠢ ᠳᠣᠣᠷᠠᠬᠢ ᠮᠡᠲᠦ ᠵᠠᠭᠠᠭᠯᠠᠨ ᠲᠣᠭᠲᠠᠭᠠᠬᠤ ᠪᠠ | ᠰᠡᠷᠭᠡᠶᠢᠯᠡᠨ ᠡᠵᠡᠮᠳᠡᠨ᠎ᠡ | ᠶᠢᠰᠦᠳᠦᠭᠡᠷ ᠬᠡᠪᠯᠡᠯ ᠤᠨ ᠰᠡᠷᠭᠡᠶᠢᠯᠡᠨ ᠡᠵᠡᠮᠳᠡᠬᠦ ᠲᠥᠰᠥᠯ ᠳᠤ ᠪᠢᠲᠡᠭᠦᠮᠵᠢᠯᠡᠨ ᠬᠠᠮᠢᠶᠠᠷᠴᠤ ᠡᠵᠡᠮᠳᠡᠬᠦ ᠣᠷᠣᠨ ᠪᠠ ᠳᠤᠮᠳᠠ᠂ ᠥᠨᠳᠥᠷ ᠳᠡᠰ ᠤᠨ | ᠲᠦᠭᠰᠢᠭᠦᠷᠢᠲᠦ ᠭᠠᠵᠠᠷ ᠣᠷᠣᠨ ᠢ ᠵᠠᠭᠠᠭᠯᠠᠨ ᠲᠣᠭᠲᠠᠭᠠᠬᠤ ᠪᠠᠷᠢᠮᠵᠢᠶ᠎ᠠ ᠶᠢ ᠨᠢᠭᠡᠳᠬᠡᠪᠡ᠃ ᠥᠩᠭᠡᠷᠡᠭᠰᠡᠨ ᠳᠤ ᠲᠦᠭᠰᠢᠭᠦᠷᠢᠲᠦ ᠭᠠᠵᠠᠷ ᠣᠷᠣᠨ ᠢ ᠵᠠᠭᠠᠭᠯᠠᠨ | ᠲᠣᠭᠲᠠᠭᠠᠬᠤ ᠬᠤᠶᠠᠷ ᠲᠥᠷᠥᠯ ᠤᠨ ᠪᠠᠷᠢᠮᠵᠢᠶ᠎ᠠ ᠪᠠᠶᠢᠵᠠᠢ᠂ ᠨᠢᠭᠡ ᠲᠥᠷᠥᠯ ᠨᠢ ᠥᠨᠳᠥᠷ᠂ ᠳᠤᠮᠳᠠ᠂ ᠳᠣᠣᠷ᠎ᠠ ᠳᠡᠰ ᠤᠨ ᠲᠦᠭᠰᠢᠭᠦᠷᠢᠲᠦ ᠭᠠᠵᠠᠷ ᠣᠷᠣᠨ ᠢ | ᠵᠠᠭᠠᠭᠯᠠᠨ ᠲᠣᠭᠲᠠᠭᠠᠬᠤ ᠪᠠᠷᠢᠮᠵᠢᠶ᠎ᠠ᠂ ᠨᠥᠭᠦᠭᠡ ᠲᠥᠷᠥᠯ ᠨᠢ ᠪᠢᠲᠡᠭᠦᠮᠵᠢᠯᠡᠨ ᠡᠵᠡᠮᠳᠡᠬᠦ ᠣᠷᠣᠨ᠂ ᠬᠠᠮᠢᠶᠠᠷᠤᠨ ᠡᠵᠡᠮᠳᠡᠬᠦ ᠣᠷᠣᠨ᠂ ᠰᠡᠷᠭᠡᠶᠢᠯᠡᠨ ᠡᠵᠡᠮᠳᠡᠬᠦ | ᠣᠷᠣᠨ ᠢ ᠵᠠᠭᠠᠭᠯᠠᠨ ᠲᠣᠭᠲᠠᠭᠠᠬᠤ ᠪᠠᠷᠢᠮᠵᠢᠶ᠎ᠠ ᠪᠣᠯᠣᠨ᠎ᠠ᠃ ᠶᠢᠰᠦᠳᠦᠭᠡᠷ ᠬᠡᠪᠯᠡᠯ ᠤᠨ ᠰᠡᠷᠭᠡᠶᠢᠯᠡᠨ ᠡᠵᠡᠮᠳᠡᠬᠦ ᠲᠥᠰᠥᠯ ᠳᠤ ᠲᠦᠭᠰᠢᠭᠦᠷᠢᠲᠦ ᠣᠷᠣᠨ ᠪᠦᠰᠡ ᠶᠢ | ᠵᠠᠭᠠᠭᠯᠠᠨ ᠲᠣᠭᠲᠠᠭᠠᠬᠤ ᠬᠤᠶᠠᠷ ᠲᠥᠷᠥᠯ ᠤᠨ ᠪᠠᠷᠢᠮᠵᠢᠶ᠎ᠠ ᠪᠠ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠵᠣᠯᠭᠠᠯᠴᠠᠭᠤᠯᠤᠨ ᠵᠣᠬᠢᠴᠠᠯᠳᠤᠭᠤᠯᠵᠤ᠂ ᠥᠨᠳᠥᠷ | ᠳᠤᠮᠳᠠ ᠳᠣᠣᠷ᠎ᠠ ᠳᠡᠰ ᠤᠨ ᠲᠦᠭᠰᠢᠭᠦᠷᠢᠲᠦ ᠭᠠᠵᠠᠷ ᠣᠷᠣᠨ ᠤ ᠤᠬᠠᠭᠳᠠᠬᠤᠨ ᠢ ᠡᠮᠬᠢᠯᠡᠨ ᠨᠡᠶᠢᠯᠡᠭᠦᠯᠵᠦ ᠨᠢᠭᠡᠳᠦᠯᠲᠡᠢ ᠬᠡᠷᠡᠭᠯᠡᠨ᠂ ᠲᠦᠭᠰᠢᠭᠦᠷᠢᠲᠦ ᠭᠠᠵᠠᠷ | ᠣᠷᠣᠨ ᠢ ᠵᠠᠭᠠᠭᠯᠠᠨ ᠲᠣᠭᠲᠠᠭᠠᠬᠤ ᠪᠠ ᠬᠠᠮᠢᠶᠠᠷᠤᠨ ᠡᠵᠡᠮᠳᠡᠬᠦ ᠰᠢᠨ᠎ᠡ ᠲᠥᠰᠥᠯ ᠢ ᠪᠣᠶ ᠪᠣᠯᠭᠠᠪᠠ᠃ | ᠥᠨᠳᠥᠷ ᠳᠡᠰ ᠤᠨ ᠲᠦᠭᠰᠢᠭᠦᠷᠢᠲᠦ ᠭᠠᠵᠠᠷ ᠣᠷᠣᠨ ᠭᠡᠳᠡᠭ ᠨᠢ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠰᠠᠳ ᠤᠨ | ᠣᠷᠣᠰᠢᠨ ᠰᠠᠭᠤᠭ᠎ᠠ ᠭᠠᠵᠠᠷ ᠵᠢᠴᠢ ᠠᠵᠢᠯᠯᠠᠭ᠎ᠠ ᠨᠢ ᠣᠯᠠᠨ ᠪᠥᠭᠡᠳ ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ ᠲᠦᠭᠰᠢᠭᠦᠷᠢ ᠨᠢ ᠨᠡᠯᠢᠶᠡᠳ ᠥᠨᠳᠥᠷ ᠠᠵᠢᠯᠯᠠᠬᠤ | ᠭᠠᠵᠠᠷ᠂ ᠠᠵᠢᠯᠯᠠᠭ᠎ᠠ ᠬᠢᠭᠰᠡᠨ ᠭᠠᠵᠠᠷ ᠵᠡᠷᠭᠡ ᠣᠷᠣᠨ ᠪᠦᠰᠡ ᠶᠢ ᠵᠢᠭᠠᠵᠤ ᠪᠣᠶ᠃ ᠥᠨᠳᠥᠷ ᠳᠡᠰ ᠤᠨ ᠲᠦᠭᠰᠢᠭᠦᠷᠢᠲᠦ ᠭᠠᠵᠠᠷ ᠣᠷᠣᠨ ᠢ ᠵᠠᠷᠴᠢᠮ ᠳᠡᠭᠡᠷ᠎ᠡ ᠪᠠᠨ | ᠣᠷᠣᠰᠢᠨ ᠰᠠᠭᠤᠵᠤ ᠪᠠᠶᠢᠭ᠎ᠠ ᠰᠠᠭᠤᠭᠠᠯᠢ ᠠᠷᠠᠳ ᠤᠨ ᠲᠣᠭᠤᠷᠢᠭ ᠪᠤᠶᠤ ᠲᠣᠰᠬᠤᠨ ᠢᠶᠠᠷ ᠨᠢᠭᠡᠴᠢ ᠪᠣᠯᠭᠠᠨ ᠬᠤᠪᠢᠶᠠᠷᠢᠯᠠᠨ ᠲᠣᠭᠲᠠᠭᠠᠵᠤ᠂ ᠲᠠᠬᠤᠯ ᠡᠪᠡᠳᠴᠢᠨ ᠤ | ᠰᠤᠳᠤᠯᠤᠯ ᠤᠨ ᠪᠠᠶᠢᠴᠠᠭᠠᠯᠲᠠ ᠶᠢᠨ ᠦᠷ᠎ᠡ ᠳ᠋ᠦᠩ ᠢ ᠦᠨᠳᠦᠰᠦᠯᠡᠨ ᠰᠤᠳᠤᠯᠤᠨ ᠮᠠᠭᠠᠳᠯᠠᠵᠤ᠂ ᠲᠦᠭᠰᠢᠭᠦᠷᠢᠲᠦ ᠣᠷᠣᠨ ᠪᠦᠰᠡ ᠶᠢᠨ ᠬᠡᠪᠴᠢᠶ᠎ᠡ ᠳᠤ | ᠲᠣᠬᠢᠷᠠᠭᠤᠯᠤᠯᠲᠠ ᠬᠢᠵᠦ ᠪᠣᠯᠣᠨ᠎ᠠ᠃ ᠥᠨᠳᠥᠷ ᠳᠡᠰ ᠤᠨ ᠲᠦᠭᠰᠢᠭᠦᠷᠢᠲᠦ ᠭᠠᠵᠠᠷ ᠣᠷᠣᠨ ᠳᠤ ︽ᠭᠡᠷ ᠠᠴᠠ ᠪᠠᠨ ᠭᠠᠷᠬᠤ ᠦᠭᠡᠢ᠂ ᠭᠡᠷ ᠲᠤ ᠨᠢ ᠬᠦᠷᠴᠦ | ᠦᠢᠯᠡᠴᠢᠯᠡᠭᠡ ᠬᠠᠩᠭᠠᠬᠤ︾ ᠪᠢᠲᠡᠭᠦᠮᠵᠢᠯᠡᠨ ᠡᠵᠡᠮᠳᠡᠬᠦ ᠠᠷᠭ᠎ᠠ ᠬᠡᠮᠵᠢᠶ᠎ᠡ ᠠᠪᠤᠨ᠎ᠠ᠃ ᠥᠨᠳᠥᠷ ᠳᠡᠰ ᠤᠨ ᠲᠦᠭᠰᠢᠭᠦᠷᠢᠲᠦ ᠭᠠᠵᠠᠷ ᠣᠷᠣᠨ ᠳᠤ ᠵᠠᠯᠭᠠᠭ᠎ᠠ ᠪᠠᠷ 7 | ᠡᠳᠦᠷ ᠰᠢᠨ᠎ᠡ ᠪᠠᠷ ᠨᠡᠮᠡᠭᠳᠡᠭᠰᠡᠨ ᠬᠠᠯᠳᠠᠪᠤᠷᠢᠯᠠᠭᠴᠢ ᠢᠯᠡᠷᠡᠭᠰᠡᠨ ᠦᠭᠡᠢ ᠪᠣᠯ ᠳᠤᠮᠳᠠ ᠳᠡᠰ ᠤᠨ ᠲᠦᠭᠰᠢᠭᠦᠷᠢᠲᠦ ᠭᠠᠵᠠᠷ ᠣᠷᠣᠨ ᠪᠣᠯᠭᠠᠨ ᠲᠣᠬᠢᠷᠠᠭᠤᠯᠵᠤ ᠪᠣᠯᠣᠨ᠎ᠠ | ᠂ ᠡᠭᠦᠨ ᠤ ᠳᠠᠷᠠᠭ᠎ᠠ ᠬᠡᠷᠪᠡ ᠵᠠᠯᠭᠠᠭ᠎ᠠ ᠪᠠᠷ 3 ᠡᠳᠦᠷ ᠰᠢᠨ᠎ᠡ ᠪᠠᠷ ᠨᠡᠮᠡᠭᠳᠡᠭᠰᠡᠨ ᠬᠠᠯᠳᠠᠪᠤᠷᠢᠯᠠᠭᠴᠢ ᠢᠯᠡᠷᠡᠭᠰᠡᠨ ᠦᠭᠡᠢ ᠪᠣᠯ ᠳᠣᠣᠷ᠎ᠠ ᠳᠡᠰ ᠤᠨ ᠲᠦᠭᠰᠢᠭᠦᠷᠢᠲᠦ | ᠭᠠᠵᠠᠷ ᠣᠷᠣᠨ ᠪᠣᠯᠭᠠᠨ ᠲᠣᠬᠢᠷᠠᠭᠤᠯᠵᠤ ᠪᠣᠯᠣᠨ᠎ᠠ᠃ ᠣᠷᠣᠨ ᠪᠦᠰᠡ ᠠᠯᠤᠰᠯᠠᠨ ᠭᠠᠳᠠᠭᠰᠢ ᠬᠠᠯᠳᠠᠪᠤᠷᠢᠯᠠᠭᠰᠠᠨ ᠥᠨᠳᠥᠷ ᠳᠡᠰ ᠤᠨ ᠲᠦᠭᠰᠢᠭᠦᠷᠢᠲᠦ ᠭᠠᠵᠠᠷ | ᠣᠷᠣᠨ ᠤ ᠬᠥᠮᠥᠰ ᠲᠤ 7 ᠡᠳᠦᠷ ᠤᠨ ᠲᠥᠪᠯᠡᠷᠡᠭᠦᠯᠦᠨ ᠲᠤᠰᠠᠭᠠᠷᠯᠠᠬᠤ ᠠᠨᠠᠭᠠᠬᠤ ᠤᠬᠠᠭᠠᠨ ᠤ ᠠᠵᠢᠭᠯᠠᠯᠲᠠ ᠬᠢᠨ᠎ᠡ᠃ ᠲᠥᠪᠯᠡᠷᠡᠭᠦᠯᠦᠨ ᠲᠤᠰᠠᠭᠠᠷᠯᠠᠭᠰᠠᠨ 1᠂ 2 | ᠂ 3᠂ 5᠂ 7 ᠳ᠋ᠤᠭᠠᠷ ᠡᠳᠦᠷ ᠲᠤ ᠲᠣᠰ ᠲᠤᠰ ᠨᠢᠭᠡ ᠤᠳᠠᠭᠠᠨ ᠤ ᠪᠥᠭᠡᠮ ᠬᠦᠴᠢᠯ ᠤᠨ ᠪᠠᠶᠢᠴᠠᠭᠠᠯᠲᠠ ᠬᠢᠨ᠎ᠡ᠃ | ᠳᠤᠮᠳᠠ ᠳᠡᠰ ᠤᠨ ᠲᠦᠭᠰᠢᠭᠦᠷᠢᠲᠦ ᠭᠠᠵᠠᠷ ᠣᠷᠣᠨ ᠭᠡᠳᠡᠭ ᠨᠢ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠰᠠᠳ ᠤᠨ | ᠵᠣᠬᠢᠬᠤ ᠬᠤᠭᠤᠴᠠᠭ᠎ᠠ ᠪᠠᠷ ᠪᠠᠶᠢᠭᠰᠠᠨ ᠪᠠ ᠠᠵᠢᠯᠯᠠᠭ᠎ᠠ ᠬᠢᠭᠰᠡᠨ ᠭᠠᠵᠠᠷ ᠮᠥᠷᠲᠡᠭᠡᠨ ᠬᠢᠵᠢᠭ ᠤᠨ ᠪᠠᠶᠢᠳᠠᠯ ᠲᠠᠷᠬᠠᠵᠤ ᠮᠡᠳᠡᠬᠦ ᠲᠦᠭᠰᠢᠭᠦᠷᠢ ᠲᠠᠢ ᠠᠵᠢᠯᠯᠠᠬᠤ ᠭᠠᠵᠠᠷ | ᠪᠠ ᠠᠵᠢᠯᠯᠠᠭ᠎ᠠ ᠬᠢᠭᠰᠡᠨ ᠭᠠᠵᠠᠷ ᠵᠡᠷᠭᠡ ᠣᠷᠣᠨ ᠪᠦᠰᠡ ᠶᠢ ᠵᠢᠭᠠᠵᠤ ᠪᠠᠶᠢᠨ᠎ᠠ᠃ ᠲᠦᠭᠰᠢᠭᠦᠷᠢᠲᠦ ᠭᠠᠵᠠᠷ ᠣᠷᠣᠨ ᠢ ᠵᠠᠭᠠᠭᠯᠠᠨ ᠲᠣᠭᠲᠠᠭᠠᠬᠤ ᠬᠡᠪᠴᠢᠶ᠎ᠡ ᠶᠢ ᠲᠠᠬᠤᠯ | ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠶᠢᠨ ᠦᠷ᠎ᠡ ᠳ᠋ᠦᠩ ᠢ ᠦᠨᠳᠦᠰᠦᠯᠡᠨ ᠵᠠᠭᠠᠭᠯᠠᠨ ᠲᠣᠭᠲᠠᠭᠠᠨ᠎ᠠ᠃ ᠳᠤᠮᠳᠠ ᠳᠡᠰ ᠤᠨ ᠲᠦᠭᠰᠢᠭᠦᠷᠢᠲᠦ ᠭᠠᠵᠠᠷ | ᠣᠷᠣᠨ ᠳᠤ ︽ᠬᠥᠮᠥᠨ ᠨᠢ ᠲᠣᠭᠤᠷᠢᠭ ᠠᠴᠠ ᠪᠠᠨ ᠭᠠᠷᠬᠤ ᠦᠭᠡᠢ᠂ ᠣᠷᠭᠢᠯ ᠦᠶ᠎ᠡ ᠠᠴᠠ ᠵᠠᠶᠢᠯᠠᠵᠤ ᠡᠳ᠋ ᠪᠣᠳᠠᠰ ᠠᠪᠬᠤ︾ ᠬᠠᠮᠢᠶᠠᠷᠤᠨ ᠡᠵᠡᠮᠳᠡᠬᠦ ᠠᠷᠭ᠎ᠠ | ᠬᠡᠮᠵᠢᠶ᠎ᠡ ᠠᠪᠤᠨ᠎ᠠ᠃ ᠬᠡᠷᠪᠡ ᠵᠠᠯᠭᠠᠭ᠎ᠠ ᠪᠠᠷ 7 ᠡᠳᠦᠷ ᠰᠢᠨ᠎ᠡ ᠪᠠᠷ ᠨᠡᠮᠡᠭᠳᠡᠭᠰᠡᠨ ᠬᠠᠯᠳᠠᠪᠤᠷᠢᠯᠠᠭᠳᠠᠭᠴᠢ ᠦᠭᠡᠢ ᠪᠠᠶᠢᠪᠠᠯ᠂ ᠳᠣᠣᠷ᠎ᠠ ᠳᠡᠰ ᠤᠨ ᠲᠦᠭᠰᠢᠭᠦᠷᠢᠲᠦ | ᠭᠠᠵᠠᠷ ᠣᠷᠣᠨ ᠪᠣᠯᠭᠠᠨ ᠲᠣᠬᠢᠷᠠᠭᠤᠯᠵᠤ ᠪᠣᠯᠣᠨ᠎ᠠ᠃ ᠣᠷᠣᠨ ᠪᠦᠰᠡ ᠠᠯᠤᠰᠯᠠᠨ ᠭᠠᠳᠠᠭᠰᠢ ᠬᠠᠯᠳᠠᠪᠤᠷᠢᠯᠠᠭᠰᠠᠨ ᠳᠤᠮᠳᠠ ᠳᠡᠰ ᠤᠨ ᠲᠦᠭᠰᠢᠭᠦᠷᠢᠲᠦ ᠭᠠᠵᠠᠷ | ᠣᠷᠣᠨ ᠤ ᠬᠥᠮᠥᠰ ᠲᠤ 7 ᠡᠳᠦᠷ ᠭᠡᠷ ᠲᠤ ᠪᠠᠨ ᠰᠠᠭᠤᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠭᠡᠷ ᠲᠤ ᠪᠠᠨ ᠰᠠᠭᠤᠵᠤ ᠠᠨᠠᠭᠠᠬᠤ ᠤᠬᠠᠭᠠᠨ ᠤ | ᠠᠵᠢᠭᠯᠠᠯᠲᠠ ᠬᠢᠬᠦ ᠬᠤᠭᠤᠴᠠᠭᠠᠨ ᠤ 1᠂ 4᠂ 7 ᠳ᠋ᠤᠭᠠᠷ ᠡᠳᠦᠷ ᠲᠤ ᠲᠣᠰ ᠲᠣᠰ ᠨᠢᠭᠡ ᠤᠳᠠᠭᠠᠨ ᠤ ᠪᠥᠭᠡᠮ ᠬᠦᠴᠢᠯ ᠤᠨ ᠪᠠᠶᠢᠴᠠᠭᠠᠯᠲᠠ ᠬᠢᠨ᠎ᠡ᠃ ᠬᠡᠷᠪᠡ | ᠭᠡᠷ ᠲᠤ ᠪᠠᠨ ᠰᠠᠭᠤᠵᠤ ᠲᠤᠰᠠᠭᠠᠷᠯᠠᠬᠤ ᠨᠥᠬᠦᠴᠡᠯ ᠢ ᠪᠦᠷᠢᠯᠳᠦᠭᠦᠯᠦᠭᠰᠡᠨ ᠦᠭᠡᠢ ᠪᠠᠶᠢᠪᠠᠯ᠂ ᠲᠥᠪᠯᠡᠷᠡᠭᠦᠯᠦᠨ ᠲᠤᠰᠠᠭᠠᠷᠯᠠᠬᠤ ᠠᠨᠠᠭᠠᠬᠤ ᠤᠬᠠᠭᠠᠨ ᠤ ᠠᠵᠢᠭᠯᠠᠯᠲᠠ | ᠬᠢᠨ᠎ᠡ᠃ | ᠳᠤᠮᠳᠠ᠂ ᠥᠨᠳᠥᠷ ᠳᠡᠰ ᠤᠨ ᠲᠦᠭᠰᠢᠭᠦᠷᠢᠲᠦ ᠭᠠᠵᠠᠷ ᠣᠷᠣᠨ ᠤ ᠪᠠᠶᠢᠭ᠎ᠠ ᠰᠢᠶᠠᠨ ︵ᠬᠤᠲᠠ᠂ ᠲᠣᠭᠤᠷᠢᠭ᠂ ᠬᠤᠰᠢᠭᠤ︶ ᠤ ᠪᠤᠰᠤᠳ ᠭᠠᠵᠠᠷ ᠣᠷᠣᠨ ᠢ | ᠳᠣᠣᠷ᠎ᠠ ᠳᠡᠰ ᠤᠨ ᠲᠦᠭᠰᠢᠭᠦᠷᠢᠲᠦ ᠭᠠᠵᠠᠷ ᠣᠷᠣᠨ ᠢᠶᠠᠷ ᠬᠤᠪᠢᠶᠠᠷᠢᠯᠠᠨ ᠲᠣᠭᠲᠠᠭᠠᠨ᠎ᠠ᠃ ᠬᠢᠵᠢᠭ ᠤᠨ ᠪᠠᠶᠢᠳᠠᠯ ᠭᠠᠷᠤᠭᠰᠠᠨ ᠰᠢᠶᠠᠨ ︵ᠬᠤᠲᠠ᠂ ᠲᠣᠭᠤᠷᠢᠭ᠂ | ᠬᠤᠰᠢᠭᠤ︶ ᠤ ᠪᠣᠶ ᠪᠦᠬᠦᠢ ᠳᠤᠮᠳᠠ ᠥᠨᠳᠥᠷ ᠳᠡᠰ ᠤᠨ ᠲᠦᠭᠰᠢᠭᠦᠷᠢᠲᠦ ᠭᠠᠵᠠᠷ ᠣᠷᠣᠨ ᠢ ᠬᠦᠴᠦᠨ ᠦᠭᠡᠢ ᠪᠣᠯᠭᠠᠭᠰᠠᠨ ᠤ ᠳᠠᠷᠠᠭ᠎ᠠ᠂ ᠪᠠᠶᠢᠭ᠎ᠠ ᠰᠢᠶᠠᠨ ︵ | ᠬᠤᠲᠠ᠂ ᠲᠣᠭᠤᠷᠢᠭ᠂ ᠬᠤᠰᠢᠭᠤ︶ ᠤ ᠪᠥᠬᠦ ᠬᠡᠪᠴᠢᠶᠡᠨ ᠳᠤ ᠪᠠᠶᠢᠩᠭᠤ ᠶᠢᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠠᠪᠤᠨ᠎ᠠ᠃ ᠬᠢᠵᠢᠭ ᠤᠨ ᠪᠠᠶᠢᠳᠠᠯ ᠢ | ᠰᠢᠢᠳᠪᠦᠷᠢᠯᠡᠬᠦ ᠶᠠᠪᠤᠴᠠ ᠳᠤ᠂ ᠬᠡᠷᠪᠡ ᠣᠨᠴᠠ ᠵᠠᠷᠢᠮ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠰᠠᠳ ᠤᠨ ᠣᠷᠣᠰᠢᠨ ᠰᠠᠭᠤᠭ᠎ᠠ | ᠭᠠᠵᠠᠷ᠂ ᠠᠵᠢᠯᠯᠠᠵᠤ ᠪᠠᠶᠢᠭ᠎ᠠ ᠭᠠᠵᠠᠷ᠂ ᠠᠵᠢᠯᠯᠠᠭ᠎ᠠ ᠬᠢᠭᠰᠡᠨ ᠣᠷᠣᠨ ᠪᠦᠰᠡ ᠳᠠᠬᠢ ᠬᠠᠯᠳᠠᠪᠤᠷᠢᠯᠠᠬᠤ ᠲᠦᠭᠰᠢᠭᠦᠷᠢ ᠨᠢ ᠨᠡᠯᠢᠶᠡᠳ ᠳᠣᠣᠷ᠎ᠠ᠂ ᠨᠢᠭᠲᠠ | ᠣᠶᠢᠷᠠᠲᠤᠭᠰᠠᠳ ᠢ ᠨᠢ ᠨᠢᠭᠡᠨᠲᠡ ᠴᠠᠭ ᠲᠤᠬᠠᠢ ᠳᠤ ᠨᠢ ᠬᠠᠮᠢᠶᠠᠷᠤᠨ ᠡᠵᠡᠮᠳᠡᠵᠦ᠂ ᠰᠤᠳᠤᠯᠤᠨ ᠮᠠᠭᠠᠳᠯᠠᠬᠤ ᠪᠠᠷ ᠳᠡᠮᠵᠢᠨ᠂ ᠨᠡᠶᠢᠭᠡᠮ ᠲᠣᠭᠤᠷᠢᠭ ᠤᠨ | ᠬᠠᠯᠳᠠᠪᠤᠷᠢᠯᠠᠬᠤ ᠠᠶᠤᠯ ᠲᠦᠭᠰᠢᠭᠦᠷᠢ ᠦᠭᠡᠢ ᠪᠠᠶᠢᠪᠠᠯ᠂ ᠲᠦᠭᠰᠢᠭᠦᠷᠢᠲᠦ ᠣᠷᠣᠨ ᠪᠦᠰᠡ ᠪᠠᠷ ᠵᠠᠭᠠᠭᠯᠠᠨ ᠲᠣᠭᠲᠠᠭᠠᠬᠤ ᠦᠭᠡᠢ ᠪᠠᠶᠢᠵᠤ ᠪᠣᠯᠣᠨ᠎ᠠ᠃ | ᠳᠣᠣᠷ᠎ᠠ ᠳᠡᠰ ᠤᠨ ᠲᠦᠭᠰᠢᠭᠦᠷᠢᠲᠦ ᠭᠠᠵᠠᠷ ᠣᠷᠣᠨ ᠤ ᠬᠥᠮᠥᠰ ᠣᠷᠣᠨ ᠪᠦᠰᠡ ᠠᠯᠤᠰᠯᠠᠨ ᠭᠠᠳᠠᠭᠰᠢ ᠭᠠᠷᠬᠤ ᠳᠤ ᠲᠤᠰᠠᠭᠠᠷᠯᠠᠬᠤ ᠴᠢᠬᠤᠯᠠ ᠦᠭᠡᠢ | ᠳᠣᠣᠷ᠎ᠠ ᠳᠡᠰ ᠤᠨ ᠲᠦᠭᠰᠢᠭᠦᠷᠢᠲᠦ ᠭᠠᠵᠠᠷ ᠣᠷᠣᠨ ᠳᠤ ︽ᠬᠤᠪᠢ ᠬᠥᠮᠥᠨ ᠰᠡᠷᠭᠡᠶᠢᠯᠡᠨ ᠬᠠᠮᠠᠭᠠᠯᠠᠬᠤ᠂ ᠴᠤᠭᠯᠠᠷᠠᠬᠤ ᠠᠴᠠ ᠵᠠᠶᠢᠯᠠᠰᠬᠢᠬᠦ︾ | ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠠᠪᠤᠨ᠎ᠠ᠃ ᠳᠣᠣᠷ᠎ᠠ ᠳᠡᠰ ᠤᠨ ᠲᠦᠭᠰᠢᠭᠦᠷᠢᠲᠦ ᠭᠠᠵᠠᠷ ᠣᠷᠣᠨ ᠤ ᠬᠥᠮᠥᠰ ᠬᠡᠷᠪᠡ ᠪᠠᠶᠢᠭ᠎ᠠ ᠭᠠᠵᠠᠷ ᠣᠷᠣᠨ ᠪᠤᠶᠤ | ᠬᠤᠲᠠ ᠠᠴᠠ ᠪᠠᠨ ᠰᠠᠯᠪᠠᠯ᠂ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠪᠠᠨ ᠠᠪᠴᠤ ᠶᠠᠪᠤᠬᠤ ᠬᠡᠷᠡᠭᠲᠡᠢ᠃ | ᠣᠷᠣᠨ ᠪᠦᠰᠡ ᠠᠯᠤᠰᠯᠠᠨ ᠭᠠᠳᠠᠭᠰᠢ ᠭᠠᠷᠤᠭᠰᠠᠨ ᠳᠣᠣᠷ᠎ᠠ ᠳᠡᠰ ᠤᠨ ᠲᠦᠭᠰᠢᠭᠦᠷᠢᠲᠦ ᠭᠠᠵᠠᠷ ᠣᠷᠣᠨ ᠤ ᠬᠥᠮᠥᠰ ᠲᠤ ᠲᠤᠰᠠᠭᠠᠷᠯᠠᠵᠤ ᠬᠠᠮᠢᠶᠠᠷᠤᠨ ᠡᠵᠡᠮᠳᠡᠬᠦ | ᠠᠷᠭ᠎ᠠ ᠬᠡᠮᠵᠢᠶ᠎ᠡ ᠠᠪᠬᠤ ᠴᠢᠬᠤᠯᠠ ᠦᠭᠡᠢ᠂ ᠭᠡᠪᠡᠴᠦ 3 ᠡᠳᠦᠷ ᠤᠨ ᠳᠣᠲᠣᠷ᠎ᠠ ᠬᠤᠶᠠᠷ ᠤᠳᠠᠭ᠎ᠠ ᠶᠢᠨ ᠪᠥᠭᠡᠮ ᠬᠦᠴᠢᠯ ᠤᠨ ᠪᠠᠶᠢᠴᠠᠭᠠᠯᠲᠠ ᠬᠢᠬᠦ ᠶᠢᠨ ᠬᠠᠮᠲᠤ | ᠬᠤᠪᠢ ᠬᠥᠮᠥᠨ ᠤ ᠡᠷᠡᠭᠦᠯ ᠮᠡᠨᠳᠦ ᠶᠢᠨ ᠬᠢᠨᠠᠨ ᠰᠢᠨᠵᠢᠯᠡᠯᠲᠡ ᠶᠢ ᠰᠠᠶᠢᠲᠤᠷ ᠬᠢᠬᠦ ᠶᠢ ᠱᠠᠭᠠᠷᠳᠠᠨ᠎ᠠ᠃ | ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠳ ᠪᠠ ᠨᠢᠭᠲᠠ ᠣᠶᠢᠷᠠᠲᠤᠭᠰᠠᠳ ᠤᠨ ᠲᠤᠰᠠᠭᠠᠷᠯᠠᠬᠤ ᠬᠤᠭᠤᠴᠠᠭ᠎ᠠ ᠶᠢ ᠪᠣᠭᠤᠨᠢᠰᠬᠠᠵᠤ ᠪᠠᠶᠢᠭ᠎ᠠ ᠨᠢ | ᠰᠡᠷᠭᠡᠶᠢᠯᠡᠨ ᠡᠵᠡᠮᠳᠡᠬᠦ ᠶᠢ ᠰᠤᠯᠠᠷᠠᠭᠤᠯᠵᠤ ᠪᠠᠶᠢᠭ᠎ᠠ ᠶᠠᠪᠤᠳᠠᠯ ᠣᠭᠲᠣ ᠪᠢᠰᠢ | ᠶᠢᠰᠦᠳᠦᠭᠡᠷ ᠬᠡᠪᠯᠡᠯ ᠤᠨ ᠰᠡᠷᠭᠡᠶᠢᠯᠡᠨ ᠡᠵᠡᠮᠳᠡᠬᠦ ᠲᠥᠰᠥᠯ ᠳᠤ᠂ ᠨᠢᠭᠲᠠ ᠣᠶᠢᠷᠠᠲᠤᠭᠰᠠᠳ ᠪᠠ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠳ ᠤᠨ | ᠲᠤᠰᠠᠭᠠᠷᠯᠠᠬᠤ ᠬᠤᠭᠤᠴᠠᠭ᠎ᠠ ᠶᠢ ︽14 ᠡᠳᠦᠷ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ + 7 ᠡᠳᠦᠷ ᠭᠡᠷ ᠲᠤ ᠪᠠᠨ ᠰᠠᠭᠤᠵᠤ | ᠡᠷᠡᠭᠦᠯ ᠮᠡᠨᠳᠦ ᠶᠢᠨ ᠬᠢᠨᠠᠨ ᠰᠢᠨᠵᠢᠯᠡᠯᠲᠡ ᠬᠢᠬᠦ︾ ᠠᠴᠠ ︽7 ᠡᠳᠦᠷ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ + 3 ᠡᠳᠦᠷ | ᠭᠡᠷ ᠲᠤ ᠪᠠᠨ ᠰᠠᠭᠤᠵᠤ ᠡᠷᠡᠭᠦᠯ ᠮᠡᠨᠳᠦ ᠶᠢᠨ ᠬᠢᠨᠠᠨ ᠰᠢᠨᠵᠢᠯᠡᠯᠲᠡ ᠬᠢᠬᠦ︾ ᠪᠣᠯᠭᠠᠨ ᠲᠣᠬᠢᠷᠠᠭᠤᠯᠤᠭᠰᠠᠨ ᠨᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ︽ | ᠠᠭᠤᠵᠢᠭᠤ︾ ᠪᠣᠯᠭᠠᠭᠰᠠᠨ ᠢ ᠬᠠᠷᠠᠭᠤᠯᠵᠤ ᠪᠠᠶᠢᠭ᠎ᠠ ᠪᠢᠰᠢ᠃ ᠡᠨᠡ ᠨᠢ ᠤᠮᠢᠺᠧᠷᠤᠨ ᠤ ᠣᠨᠳᠣᠣᠰᠢᠭᠰᠠᠨ ᠸᠢᠷᠦ᠋ᠰ ᠤᠨ ᠲᠠᠷᠬᠠᠭᠠᠬᠤ ᠣᠨᠴᠠᠯᠢᠭ ᠢ ᠦᠨᠳᠦᠰᠦᠯᠡᠨ | ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠭᠰᠡᠨ ᠠᠴᠠ ᠪᠢᠰᠢ᠂ ᠰᠡᠷᠭᠡᠶᠢᠯᠡᠨ ᠡᠵᠡᠮᠳᠡᠬᠦ ᠡᠷᠴᠢᠮ ᠢ ᠰᠤᠯᠠᠷᠠᠭᠤᠯᠵᠤ ᠪᠠᠶᠢᠭ᠎ᠠ | ᠶᠠᠪᠤᠳᠠᠯ ᠣᠭᠲᠣ ᠪᠢᠰᠢ᠂ ᠬᠢᠵᠢᠭ ᠤᠨ ᠬᠠᠯᠳᠠᠪᠤᠷᠢᠯᠠᠬᠤ ᠲᠦᠭᠰᠢᠭᠦᠷᠢ ᠶᠢ ᠨᠡᠮᠡᠭᠳᠡᠭᠦᠯᠬᠦ ᠦᠭᠡᠢ᠂ ᠤᠯᠠᠮ ᠨᠠᠷᠢᠯᠢᠭ ᠣᠨᠣᠴᠠᠲᠠᠢ ᠪᠠᠷ ᠰᠡᠷᠭᠡᠶᠢᠯᠡᠨ ᠡᠵᠡᠮᠳᠡᠬᠦ ᠶᠢᠨ | ᠢᠯᠡᠷᠡᠯ ᠮᠥᠨ᠃ ᠡᠭᠦᠨ ᠳᠤ ᠱᠠᠭᠠᠷᠳᠠᠯᠭ᠎ᠠ ᠨᠢ ᠨᠠᠩ ᠥᠨᠳᠥᠷ ᠪᠣᠯᠵᠤ᠂ ᠨᠠᠩ ᠵᠢᠷᠤᠮᠵᠢᠭᠤᠨ᠂ ᠨᠠᠩ ᠣᠨᠣᠪᠴᠢᠲᠠᠶ᠂ ᠨᠠᠩ ᠲᠦᠷᠭᠡᠨ ᠪᠠᠶᠢᠬᠤ ᠶᠢ ᠱᠠᠭᠠᠷᠳᠠᠵᠤ ᠪᠤᠢ | ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢᠨ ᠵᠠᠩᠭᠢᠯᠠᠭ᠎ᠠ ᠨᠢ ᠬᠠᠮᠢᠶᠠᠷᠬᠤ ᠴᠢᠬᠤᠯᠠ ᠲᠠᠢ ᠭᠤᠣᠯᠳᠠᠯᠭ᠎ᠠ ᠲᠠᠢ ᠲᠦᠭᠰᠢᠭᠦᠷᠢ ᠶᠢ ᠰᠠᠶᠢᠲᠤᠷ ᠬᠠᠮᠢᠶᠠᠷᠴᠤ᠂ | ᠨᠠᠶᠢᠳᠠᠪᠤᠷᠢᠵᠢᠭᠤᠯᠬᠤ ᠴᠢᠬᠤᠯᠠᠲᠠᠢ ᠶᠢ ᠨᠢ ᠪᠣᠳᠠᠲᠠᠢ ᠳᠤ ᠨᠠᠶᠢᠳᠠᠪᠤᠷᠢᠵᠢᠭᠤᠯᠵᠤ᠂ ᠬᠦᠴᠦᠨ ᠦᠭᠡᠢ ᠪᠣᠯᠭᠠᠬᠤ ᠴᠢᠬᠤᠯᠠᠲᠠᠢ ᠶᠢ ᠨᠢ ᠡᠷᠡᠰ ᠬᠦᠴᠦᠨ ᠦᠭᠡᠢ ᠪᠣᠯᠭᠠᠬᠤ | ᠶᠠᠪᠤᠳᠠᠯ ᠪᠣᠯᠣᠨ᠎ᠠ᠃ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠤ ᠪᠠᠨ ᠲᠠᠬᠢᠨ ᠥᠷᠪᠢᠰᠬᠦ ᠶᠢ ᠰᠡᠷᠭᠡᠶᠢᠯᠡᠬᠦ︾ ᠶᠡᠷᠦᠩᠬᠡᠢ | ᠠᠷᠭ᠎ᠠ ᠪᠣᠳᠣᠯᠭ᠎ᠠ ᠪᠠ ︽ᠬᠥᠳᠡᠯᠦᠩᠭᠦᠢ ᠪᠠᠷ ᠲᠡᠭ ᠪᠣᠯᠭᠠᠬᠤ︾ ᠶᠡᠷᠦᠩᠬᠡᠢ ᠴᠢᠭᠯᠡᠯᠲᠡ ᠶᠢ ᠭᠤᠶᠢᠪᠢᠰᠢ ᠦᠭᠡᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠰᠢᠨᠵᠢᠯᠡᠬᠦ ᠤᠬᠠᠭᠠᠨᠴᠢ ᠴᠢᠨᠠᠷ᠂ ᠨᠠᠷᠢᠯᠢᠭ ᠣᠨᠣᠪᠴᠢᠲᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠬᠢ ᠪᠠᠶᠠᠯᠢᠭ ᠢ ᠭᠦᠢᠴᠡᠳ ᠠᠰᠢᠭᠯᠠᠨ᠂ | ᠰᠡᠷᠭᠡᠶᠢᠯᠡᠨ ᠡᠵᠡᠮᠳᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ | ᠨᠢᠭᠡᠳᠦᠯᠲᠡᠢ ᠲᠥᠯᠥᠪᠯᠡᠨ᠎ᠡ᠃ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ | ᠳᠤᠭᠤᠶᠢᠯᠠᠩ ᠠᠴᠠ ᠠᠵᠢᠯᠯᠠᠬᠤ ᠳᠤᠭᠤᠶᠢᠯᠠᠩ ᠲᠣᠮᠢᠯᠠᠵᠤ᠂ ᠣᠷᠣᠨ ᠨᠤᠲᠤᠭ ᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ ᠵᠢᠯᠣᠭᠤᠳᠬᠤ ᠪᠠᠷ ᠪᠤᠢ᠃ | ᠣᠳᠣᠬᠠᠨ ᠳᠤ᠂ ᠶᠢᠰᠦᠳᠦᠭᠡᠷ ᠬᠡᠪᠯᠡᠯ ᠤᠨ ᠰᠡᠷᠭᠡᠶᠢᠯᠡᠨ ᠡᠵᠡᠮᠳᠡᠬᠦ ᠲᠥᠰᠥᠯ ᠤᠨ ᠪᠥᠬᠦ ᠠᠭᠤᠯᠭ᠎ᠠ ᠳᠤ ᠲᠠᠶᠢᠯᠤᠮᠵᠢ ᠬᠢᠭᠰᠡᠨ ᠪᠢᠴᠢᠭ ᠮᠠᠲ᠋ᠧᠷᠢᠶᠠᠯ ᠢ ᠨᠢᠭᠡᠨᠲᠡ | ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠯᠪᠠᠨ ᠰᠦᠯᠵᠢᠶ᠎ᠡ ᠳᠤ ᠲᠠᠯᠪᠢᠵᠤ᠂ ᠠᠷᠠᠳ ᠣᠯᠠᠨ ᠤ ᠪᠠᠭᠤᠯᠭᠠᠨ ᠠᠪᠴᠤ ᠪᠠᠶᠢᠴᠠᠭᠠᠨ | ᠦᠵᠡᠬᠦ ᠳᠤ ᠪᠡᠯᠡᠬᠡᠨ ᠪᠣᠯᠭᠠᠪᠠ᠃ | ᠣᠳᠣᠬᠠᠨ ᠤ ᠡᠨᠡ ᠬᠦ ᠬᠤᠭᠤᠴᠠᠭᠠᠨ ᠳᠤ ᠰᠢᠨ᠎ᠡ ᠬᠡᠯᠪᠡᠷᠢ ᠶᠢᠨ ᠰᠡᠷᠭᠡᠶᠢᠯᠡᠨ ᠡᠵᠡᠮᠳᠡᠬᠦ ᠲᠥᠰᠥᠯ ᠢ ᠨᠡᠶᠢᠲᠡᠯᠡᠭᠰᠡᠨ ᠨᠢ ᠭᠤᠷᠪᠠᠨ ᠲᠠᠯ᠎ᠠ ᠠᠴᠠ ᠪᠣᠳᠣᠯᠬᠢᠯᠠᠪᠠ | ᠨᠢᠭᠡ ᠳᠤ᠂ ᠬᠢᠵᠢᠭ ᠤᠨ ᠪᠠᠶᠢᠳᠠᠯ ᠤᠨ ᠬᠤᠪᠢᠷᠠᠯᠲᠠ᠃ ᠣᠳᠣᠬᠠᠨ ᠳᠤ᠂ ᠰᠢᠨ᠎ᠡ ᠲᠢᠲᠢᠮᠯᠢᠭ ᠠᠭᠤᠰᠬᠢᠨ ᠥᠷᠪᠢᠰᠦᠯ ᠤᠨ ᠬᠢᠵᠢᠭ ᠤᠨ ᠪᠠᠶᠢᠳᠠᠯ ᠮᠥᠨ ᠬᠦ | ᠳᠡᠯᠡᠬᠡᠢ ᠶᠢᠨ ᠬᠡᠪᠴᠢᠶᠡᠨ ᠳᠤ ᠦᠷᠭᠦᠯᠵᠢᠯᠡᠨ ᠳᠡᠯᠭᠡᠷᠡᠵᠦ ᠪᠠᠶᠢᠨ᠎ᠠ᠃ ᠡᠨᠡ ᠵᠢᠯ ᠠᠴᠠ ᠨᠠᠭᠠᠰᠢ ᠪᠥᠬᠦ ᠤᠯᠤᠰ ᠤᠨ ᠲᠤᠬᠠᠢ ᠶᠢᠨ ᠭᠠᠵᠠᠷ ᠤᠨ ᠬᠢᠵᠢᠭ ᠤᠨ ᠪᠠᠶᠢᠳᠠᠯ | ᠢᠯᠡᠳᠲᠡ ᠨᠡᠮᠡᠭᠳᠡᠵᠦ᠂ ᠬᠢᠵᠢᠭ ᠤᠨ ᠪᠠᠶᠢᠳᠠᠯ ᠤᠨ ᠬᠠᠮᠤᠷᠤᠭᠰᠠᠨ ᠭᠠᠵᠠᠷ ᠣᠷᠣᠨ ᠤ ᠬᠡᠪᠴᠢᠶ᠎ᠡ ᠨᠡᠯᠢᠶᠡᠳ ᠥᠷᠭᠡᠨ ᠪᠠᠶᠢᠵᠤ᠂ ᠢᠯᠠᠩᠭᠤᠶ᠎ᠠ ᠬᠥᠬᠡᠮᠥ᠋ᠷᠡᠨ ᠤ | ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ ᠤᠨ ᠭᠠᠵᠠᠷ ᠣᠷᠣᠨ᠂ ᠪᠡᠭᠡᠵᠢᠩ ᠲᠢᠶᠠᠨᠵᠢᠨ ᠾᠧᠪᠧᠢ ᠪᠣᠯᠣᠨ ᠬᠢᠯᠢ ᠶᠢᠨ ᠪᠣᠭᠤᠮᠲᠠ ᠶᠢᠨ | ᠬᠤᠲᠠ ᠵᠡᠷᠭᠡ ᠳᠤ ᠳᠠᠭᠠᠷᠢᠯᠲᠠ ᠪᠣᠯᠵᠤ᠂ ᠮᠠᠨ ᠤ ᠤᠯᠤᠰ ᠤᠨ ︽ᠭᠠᠳᠠᠭᠠᠳᠤ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠤ ᠪᠠᠨ | ᠳᠠᠬᠢᠨ ᠥᠷᠪᠢᠰᠬᠦ ᠶᠢ ᠰᠡᠷᠭᠡᠶᠢᠯᠡᠬᠦ︾ ᠳᠠᠷᠤᠯᠲᠠ ᠲᠠᠰᠤᠷᠠᠯᠲᠠ ᠦᠭᠡᠢ ᠨᠡᠮᠡᠭᠳᠡᠵᠦ ᠂ ᠰᠡᠷᠭᠡᠶᠢᠯᠡᠨ ᠡᠵᠡᠮᠳᠡᠬᠦ ᠪᠠᠶᠢᠳᠠᠯ ᠨᠠᠩ ᠬᠦᠨᠳᠦ ᠬᠡᠴᠡᠭᠦᠦ ᠪᠥᠭᠡᠳ ᠨᠠᠷᠢᠨ | ᠪᠤᠳᠤᠯᠢᠶᠠᠨᠲᠠᠢ ᠪᠣᠯᠵᠤ ᠪᠠᠶᠢᠨ᠎ᠠ᠃ ᠣᠶᠢᠷ᠎ᠠ ᠶᠢᠨ ᠨᠢᠭᠡ ᠰᠠᠷ᠎ᠠ ᠶᠢᠨ ᠲᠤᠷᠰᠢ᠂ ᠮᠠᠨ ᠤ ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠡᠷᠦᠩᠬᠡᠢ | ᠪᠠᠶᠢᠳᠠᠯ ᠲᠣᠭᠲᠠᠭᠤᠨ ᠤ ᠳᠤᠮᠳᠠ ᠰᠠᠶᠢᠵᠢᠷᠠᠵᠤ᠂ ᠠᠷᠭ᠎ᠠ ᠴᠢᠨᠠᠷᠲᠠᠢ ᠬᠠᠯᠳᠠᠪᠤᠷᠢᠯᠠᠭᠰᠠᠳ ᠤᠨ ᠲᠤᠭ᠎ᠠ ᠦᠷᠭᠦᠯᠵᠢᠯᠡᠨ ᠪᠠᠭᠠᠰᠴᠤ᠂ ᠬᠢᠵᠢᠭ ᠤᠨ ᠪᠠᠶᠢᠳᠠᠯ ᠲᠠᠢ | ᠭᠠᠵᠠᠷ ᠣᠷᠣᠨ ᠤ ᠲᠤᠭ᠎ᠠ ᠴᠤ ᠴᠥᠬᠡᠷᠡᠵᠦ᠂ ᠰᠡᠷᠭᠡᠶᠢᠯᠡᠨ ᠡᠵᠡᠮᠳᠡᠬᠦ ᠲᠥᠰᠥᠯ ᠢ ᠰᠢᠯᠢᠳᠡᠭᠵᠢᠭᠦᠯᠦᠨ ᠲᠣᠬᠢᠷᠠᠭᠤᠯᠬᠤ ᠳᠤ ᠴᠣᠩᠬᠤᠪᠴᠢ ᠶᠢᠨ ᠬᠤᠭᠤᠴᠠᠭ᠎ᠠ ᠶᠢ | ᠡᠭᠦᠳᠴᠦ ᠥᠭᠭᠦᠭᠰᠡᠨ ᠪᠠᠶᠢᠨ᠎ᠠ᠃ | ᠬᠤᠶᠠᠷ ᠲᠤ᠂ ᠸᠢᠷᠦ᠋ᠰ ᠤᠨ ᠣᠨᠳᠣᠣᠰᠢᠯ ᠤᠨ ᠣᠨᠴᠠᠯᠢᠭ᠃ ᠣᠮᠢᠺᠷᠦᠨ ᠤ ᠣᠨᠳᠣᠣᠰᠢᠭᠰᠠᠨ ᠸᠢᠷᠦ᠋ᠰ ᠨᠢ ᠨᠢᠭᠡᠨᠲᠡ ᠮᠠᠨ ᠤ ᠤᠯᠤᠰ ᠤᠨ ᠬᠢᠯᠢ ᠶᠢᠨ | ᠭᠠᠳᠠᠨ᠎ᠠ ᠠᠴᠠ ᠬᠠᠯᠳᠠᠪᠤᠷᠢᠯᠠᠭᠰᠠᠨ ᠪᠠ ᠲᠤᠬᠠᠢ ᠶᠢᠨ ᠭᠠᠵᠠᠷ ᠤᠨ ᠬᠢᠵᠢᠭ ᠤᠨ ᠪᠠᠶᠢᠳᠠᠯ ᠤᠨ ᠳᠠᠪᠠᠭᠤᠯᠢᠭ ᠸᠢᠷᠦ᠋ᠰ ᠪᠣᠯᠤᠭᠰᠠᠨ ᠪᠠᠶᠢᠨ᠎ᠠ᠃ ᠰᠤᠳᠤᠯᠭᠠᠨ ᠢᠶᠠᠷ | ᠢᠯᠡᠷᠡᠭᠦᠯᠦᠭᠰᠡᠨ ᠨᠢ᠂ ᠣᠮᠢᠺᠷᠦᠨ ᠣᠨᠳᠣᠣᠰᠢᠭᠰᠠᠨ ᠸᠢᠷᠦ᠋ᠰ ᠤᠨ ᠳᠤᠮᠳᠠᠴᠢ ᠨᠢᠭᠤᠭᠳᠠᠮᠠᠯ ᠬᠤᠭᠤᠴᠠᠭ᠎ᠠ ᠨᠢ ᠪᠣᠭᠤᠨᠢ ᠪᠣᠯᠵᠤ᠂ ᠣᠯᠠᠩᠬᠢ ᠨᠢ 2 ︱ 4 ᠡᠳᠦᠷ | ᠪᠠᠶᠢᠵᠤ᠂ ᠵᠣᠩᠬᠢᠯᠠᠬᠤ ᠬᠡᠰᠡᠭ ᠢ ᠨᠢ ᠴᠥᠮ 7 ᠡᠳᠦᠷ ᠤᠨ ᠳᠣᠲᠣᠷ᠎ᠠ ᠪᠠᠶᠢᠴᠠᠭᠠᠨ ᠭᠠᠷᠭᠠᠵᠤ ᠴᠢᠳᠠᠬᠤ ᠪᠣᠯᠵᠠᠢ᠃ | ᠭᠤᠷᠪᠠ ᠳᠤ᠂ ᠡᠮᠦᠨᠡᠬᠢ ᠬᠤᠭᠤᠴᠠᠭᠠᠨ ᠤ ᠲᠤᠷᠰᠢᠯᠲᠠ ᠶᠢᠨ ᠴᠡᠭ ᠤᠨ ᠲᠤᠬᠠᠢ ᠰᠤᠳᠤᠯᠤᠯ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ | ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠦᠨᠳᠦᠰᠦᠯᠡᠨ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ | ᠬᠤᠯᠪᠣᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ 4 ︱ 5 ᠳ᠋ᠤᠭᠠᠷ ᠰᠠᠷ᠎ᠠ ᠶᠢᠨ ᠬᠤᠭᠤᠷᠣᠨᠳᠤ ᠳ᠋ᠠᠯᠢᠶᠠᠨ᠂ ᠰᠦᠵᠧᠦ᠂ ᠨᠢᠩᠪᠦ᠋ᠸᠧ᠂ | ᠰᠢᠶᠠᠮᠧᠨ᠂ ᠴᠢᠩᠳᠣᠣ᠂ ᠭᠤᠸᠠᠩᠵᠧᠦ ᠪᠣᠯᠣᠨ ᠴᠧᠩᠳᠦ᠋ ᠵᠡᠷᠭᠡ 7 ᠬᠤᠲᠠ ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠢᠯᠢᠳᠡᠭᠵᠢᠭᠦᠯᠬᠦ ᠲᠤᠷᠰᠢᠯᠲᠠ ᠶᠢᠨ ᠴᠡᠭ ᠤᠨ ᠰᠤᠳᠤᠯᠭᠠᠨ ᠤ ᠠᠵᠢᠯ ᠢ ᠨᠢᠭᠡ ᠰᠠᠷ᠎ᠠ ᠶᠢᠨ ᠬᠤᠭᠤᠴᠠᠭ᠎ᠠ ᠲᠠᠢ | ᠥᠷᠨᠢᠭᠦᠯᠵᠦ᠂ ᠶᠡᠭᠡ ᠬᠡᠮᠵᠢᠶᠡᠨ ᠤ ᠰᠢᠨᠵᠢᠯᠡᠬᠦ ᠤᠬᠠᠭᠠᠨᠴᠢ ᠦᠨᠳᠦᠰᠦᠯᠡᠯ ᠢ ᠣᠯᠣᠭᠰᠠᠨ ᠪᠠᠶᠢᠨ᠎ᠠ᠃ ᠡᠭᠦᠨ ᠤ ᠵᠡᠷᠭᠡ ᠳᠤ᠂ ᠡᠯ᠎ᠡ ᠭᠠᠵᠠᠷ ᠤᠨ ᠰᠡᠷᠭᠡᠶᠢᠯᠡᠨ | ᠡᠵᠡᠮᠳᠡᠬᠦ ᠠᠵᠢᠯ ᠤᠨ ᠦᠢᠯᠡᠳᠦᠯᠭᠡ᠂ ᠢᠯᠠᠩᠭᠤᠶ᠎ᠠ ᠱᠠᠩᠬᠠᠢ᠂ ᠭᠢᠷᠢᠨ ᠵᠡᠷᠭᠡ ᠭᠠᠵᠠᠷ ᠤᠨ ᠬᠢᠵᠢᠭ ᠤᠨ ᠪᠠᠶᠢᠳᠠᠯ ᠢ ᠶᠡᠭᠡ ᠬᠡᠪᠴᠢᠶ᠎ᠡ ᠪᠠᠷ ᠰᠢᠢᠳᠪᠦᠷᠢᠯᠡᠭᠰᠡᠨ | ᠲᠤᠷᠰᠢᠯᠭ᠎ᠠ ᠰᠤᠷᠭᠠᠮᠵᠢ ᠲᠠᠢ ᠤᠶᠠᠯᠳᠤᠭᠤᠯᠤᠨ᠂ ᠪᠠᠰᠠ ᠳᠡᠯᠡᠬᠡᠢ ᠶᠢᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠶᠢᠨ ᠳᠡᠭᠡᠷ᠎ᠡ ᠬᠠᠭᠠᠰ ᠵᠢᠯ ᠳᠤ | ᠨᠡᠶᠢᠲᠡᠯᠡᠭᠰᠡᠨ ᠵᠦᠭᠯᠡᠭᠦᠷ ᠢᠶᠠᠷ ᠯᠠᠪᠯᠠᠯᠲᠠ ᠪᠣᠯᠭᠠᠵᠤ᠂ ᠰᠡᠷᠭᠡᠶᠢᠯᠡᠨ ᠡᠵᠡᠮᠳᠡᠬᠦ ᠲᠥᠰᠥᠯ ᠳᠤ ᠵᠠᠰᠠᠪᠤᠷᠢ ᠣᠷᠣᠭᠤᠯᠤᠭᠰᠠᠨ ᠪᠠᠶᠢᠨ᠎ᠠ᠃ | ᠲᠦᠭᠰᠢᠭᠦᠷᠢᠲᠡᠢ ᠠᠵᠢᠯ ᠮᠡᠷᠭᠡᠵᠢᠯ ᠤᠨ ᠬᠥᠮᠥᠰ ᠤᠨ ᠪᠥᠭᠡᠮ ᠬᠦᠴᠢᠯ ᠤᠨ ᠪᠠᠶᠢᠴᠠᠭᠠᠯᠲᠠ ᠶᠢᠨ ᠤᠳᠠᠭ᠎ᠠ ᠳᠠᠪᠲᠠᠮᠵᠢ ᠶᠢ ᠨᠡᠮᠡᠭᠳᠡᠭᠦᠯᠪᠡ | ᠶᠢᠰᠦᠳᠦᠭᠡᠷ ᠬᠡᠪᠯᠡᠯ ᠤᠨ ᠰᠡᠷᠭᠡᠶᠢᠯᠡᠨ ᠡᠵᠡᠮᠳᠡᠬᠦ ᠲᠥᠰᠥᠯ ᠢ ᠥᠩᠭᠡᠷᠡᠭᠰᠡᠨ ᠤ ᠪᠠᠶᠢᠩᠭᠤ ᠶᠢᠨ ᠬᠢᠨᠠᠨ ᠰᠢᠨᠵᠢᠯᠡᠯᠲᠡ ᠶᠢᠨ ᠰᠠᠭᠤᠷᠢᠨ ᠳᠡᠭᠡᠷ᠎ᠡ᠂ | ᠲᠦᠭᠰᠢᠭᠦᠷᠢᠲᠡᠢ ᠠᠵᠢᠯ ᠮᠡᠷᠭᠡᠵᠢᠯ ᠤᠨ ᠬᠥᠮᠥᠰ ᠤᠨ ᠪᠥᠭᠡᠮ ᠬᠦᠴᠢᠯ ᠤᠨ ᠪᠠᠶᠢᠴᠠᠭᠠᠯᠲᠠ ᠶᠢᠨ ᠤᠳᠠᠭ᠎ᠠ ᠶᠢ ᠨᠡᠮᠡᠭᠳᠡᠭᠦᠯᠵᠦ᠂ ᠬᠢᠯᠢ ᠶᠢᠨ ᠭᠠᠳᠠᠨ᠎ᠠ ᠠᠴᠠ ᠣᠷᠣᠵᠤ | ᠢᠷᠡᠭᠰᠡᠳ᠂ ᠡᠳ᠋ ᠪᠣᠳᠠᠰ᠂ ᠣᠷᠴᠢᠨ ᠲᠣᠭᠤᠷᠢᠨ ᠲᠠᠢ ᠰᠢᠭᠤᠳ ᠣᠶᠢᠷᠠᠳᠬᠤ ᠬᠥᠮᠥᠰ ︵ᠵᠢᠱᠢᠶᠡᠯᠡᠪᠡᠯ ᠬᠢᠯᠢ ᠠᠯᠤᠰᠯᠠᠭᠰᠠᠨ ᠵᠠᠮ ᠬᠠᠷᠢᠯᠴᠠᠭᠠᠨ ᠤ ᠪᠠᠭᠠᠵᠢ | ᠬᠡᠷᠡᠭᠰᠡᠯ ᠤᠨ ᠵᠢᠯᠣᠭᠤᠴᠢ᠂ ᠴᠡᠪᠡᠷᠯᠡᠭᠴᠢ᠂ ᠰᠡᠯᠪᠢᠨ ᠵᠠᠰᠠᠭᠴᠢ ᠵᠡᠷᠭᠡ ᠬᠥᠮᠥᠰ᠂ ᠬᠢᠯᠢ ᠶᠢᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠬᠤ ᠡᠳ᠋ ᠪᠣᠳᠠᠰ ᠢ | ᠵᠥᠭᠡᠭᠡᠪᠦᠷᠢᠯᠡᠬᠦ ᠬᠥᠮᠥᠰ᠂ ᠪᠣᠭᠤᠮᠲᠠ᠂ ᠨᠡᠭᠦᠳᠡᠯ ᠠᠷᠠᠳ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠳ ᠪᠠ ᠡᠳ᠋ | ᠪᠣᠳᠠᠰ ᠲᠠᠢ ᠰᠢᠭᠤᠳ ᠣᠶᠢᠷᠠᠳᠬᠤ ᠨᠢᠭᠡᠳᠦᠭᠡᠷ ᠹᠷᠣᠨᠲ ᠤᠨ ᠬᠥᠮᠥᠰ ᠵᠡᠷᠭᠡ︶᠂ ᠲᠥᠪᠯᠡᠷᠡᠭᠦᠯᠦᠨ ᠲᠤᠰᠠᠭᠠᠷᠯᠠᠬᠤ ᠲᠠᠯᠠᠪᠤᠷ ᠭᠠᠵᠠᠷ ᠤᠨ ᠠᠵᠢᠯᠲᠠᠨ᠂ ᠴᠡᠭ | ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠪᠣᠯᠣᠨ ᠡᠩ ᠤᠨ ᠡᠮᠴᠢᠯᠡᠭᠡᠨ ᠤ ᠪᠠᠶᠢᠭᠤᠯᠤᠮᠵᠢ ᠶᠢᠨ ᠬᠠᠯᠠᠭᠤᠷᠠᠯ ᠤᠨ ᠡᠭᠦᠳᠡᠨ ᠡᠮᠨᠡᠯᠭᠡ ᠶᠢᠨ ᠠᠵᠢᠯᠲᠠᠨ ᠵᠡᠷᠭᠡ ᠳᠤ | ᠡᠳᠦᠷ ᠪᠦᠷᠢ ᠨᠢᠭᠡ ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ᠬᠢᠨ᠎ᠡ᠃ ᠠᠵᠢᠯ ᠡᠷᠭᠢᠯᠡᠬᠦ ᠣᠷᠴᠢᠨ ᠲᠣᠭᠤᠷᠢᠨ ᠤ ᠠᠵᠢᠯᠲᠠᠨ ᠨᠢᠭᠲᠠᠷᠠᠭᠰᠠᠨ᠂ ᠣᠶᠢᠷᠠᠳᠬᠤ | ᠬᠥᠮᠥᠨ ᠣᠯᠠᠰᠢᠷᠠᠭᠰᠠᠨ᠂ ᠰᠢᠯᠵᠢᠮᠡᠯ ᠴᠢᠨᠠᠷ ᠢᠶᠠᠷ ᠴᠢᠩᠭ᠎ᠠ ᠠᠵᠢᠯ ᠡᠷᠬᠢᠯᠡᠭᠰᠡᠳ ︵ᠲᠦᠷᠭᠡᠨ ᠬᠦᠷᠭᠡᠯᠲᠡ᠂ ᠵᠠᠬᠢᠶᠠᠯᠠᠭ᠎ᠠ ᠶᠢᠨ ᠬᠤᠭᠤᠯᠠ ᠬᠦᠷᠭᠡᠭᠰᠡᠳ᠂ | ᠪᠠᠭᠤᠳᠠᠯ ᠤᠨ ᠦᠢᠯᠡᠴᠢᠯᠡᠭᠡ᠂ ᠵᠠᠰᠠᠵᠤ ᠴᠢᠮᠡᠭᠯᠡᠬᠦ ᠪᠠ ᠠᠴᠢᠶᠠᠯᠠᠵᠤ ᠪᠠᠭᠤᠯᠭᠠᠬᠤ ᠦᠢᠯᠡᠴᠢᠯᠡᠭᠡ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠴᠢᠯᠡᠭᠡ᠂ | ᠬᠤᠳᠠᠯᠳᠤᠭ᠎ᠠ ᠬᠡᠲᠦ ᠳᠡᠯᠭᠡᠭᠦᠷ ᠪᠠ ᠲᠠᠷᠢᠶᠠᠯᠠᠩ ᠤᠨ ᠪᠦᠲᠦᠭᠡᠭᠳᠡᠬᠦᠨ ᠤ ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ ᠤᠨ ᠠᠵᠢᠯᠲᠠᠨ ᠵᠡᠷᠭᠡ︶ ᠵᠢᠴᠢ ᠡᠩ ᠤᠨ | ᠡᠮᠴᠢᠯᠡᠭᠡᠨ ᠤ ᠪᠠᠶᠢᠭᠤᠯᠤᠮᠵᠢ ᠶᠢᠨ ᠬᠠᠯᠠᠭᠤᠷᠠᠯ ᠤᠨ ᠡᠭᠦᠳᠡᠨ ᠡᠮᠨᠡᠯᠭᠡ ᠠᠴᠠ ᠪᠤᠰᠤᠳ ᠰᠠᠯᠠᠭ᠎ᠠ ᠲᠠᠰᠤᠭ ᠤᠨ ᠠᠵᠢᠯᠲᠠᠳ ᠲᠤ ᠭᠠᠷᠠᠭ ᠪᠦᠷᠢ ᠬᠤᠶᠠᠷ ᠤᠳᠠᠭ᠎ᠠ | ᠪᠥᠭᠡᠮ ᠬᠦᠴᠢᠯ ᠤᠨ ᠪᠠᠶᠢᠴᠠᠭᠠᠯᠲᠠ ᠬᠢᠨ᠎ᠡ᠃ ᠲᠤᠬᠠᠢ ᠶᠢᠨ ᠭᠠᠵᠠᠷ ᠤᠨ ᠬᠢᠵᠢᠭ ᠤᠨ ᠪᠠᠶᠢᠳᠠᠯ ᠡᠭᠦᠰᠦᠭᠰᠡᠨ ᠤ ᠳᠠᠷᠠᠭ᠎ᠠ᠂ ᠬᠢᠵᠢᠭ ᠤᠨ ᠪᠠᠶᠢᠳᠠᠯ ᠤᠨ ᠲᠠᠷᠬᠠᠬᠤ | ᠲᠦᠭᠰᠢᠭᠦᠷᠢ ᠶᠢ ᠦᠨᠳᠦᠰᠦᠯᠡᠨ ᠪᠥᠭᠡᠮ ᠬᠦᠴᠢᠯ ᠤᠨ ᠪᠠᠶᠢᠴᠠᠭᠠᠯᠲᠠ ᠶᠢᠨ ᠤᠳᠠᠭ᠎ᠠ ᠳᠠᠪᠲᠠᠮᠵᠢ ᠶᠢ ᠨᠡᠮᠡᠭᠳᠡᠭᠦᠯᠦᠨ᠎ᠡ᠃ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠪᠠᠨ ︽ᠱᠠᠲᠤ ᠱᠠᠲᠤ ᠪᠠᠷ ᠱᠠᠭᠠᠷᠳᠠᠯᠭ᠎ᠠ ᠨᠡᠮᠡᠬᠦ︾ ᠠᠰᠠᠭᠤᠳᠠᠯ ᠲᠤᠯᠭᠠᠷᠠᠪᠠᠯ᠂ ᠡᠲᠡᠭᠡᠷ ᠠᠷᠭ᠎ᠠ | ᠵᠠᠮ ᠢᠶᠠᠷ ᠲᠤᠰᠬᠠᠵᠤ ᠪᠣᠯᠣᠨ᠎ᠠ | ︽ᠶᠢᠰᠦ ᠶᠢ ᠥᠯᠥ ᠵᠥᠪᠰᠢᠶᠡᠷᠡᠬᠦ︾ ᠱᠠᠭᠠᠷᠳᠠᠯᠭ᠎ᠠ ᠶᠢ ᠨᠡᠶᠢᠲᠡᠯᠡᠭᠰᠡᠨ ᠤ ᠳᠠᠷᠠᠭ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ | ᠬᠤᠯᠪᠣᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ᠨᠢ ᠬᠤᠯᠪᠣᠭᠳᠠᠯ ᠪᠦᠬᠦᠢ ᠪᠦᠷᠢᠯᠳᠦᠭᠦᠨ ᠨᠢᠭᠡᠴᠢ ᠲᠠᠢ ᠬᠠᠮᠲᠤᠷᠠᠨ ︽ᠱᠠᠲᠤ ᠱᠠᠲᠤ ᠪᠠᠷ | ᠱᠠᠭᠠᠷᠳᠠᠯᠭ᠎ᠠ ᠨᠡᠮᠡᠬᠦ︾ ᠠᠰᠠᠭᠤᠳᠠᠯ ᠢ ᠴᠡᠭᠴᠡᠯᠡᠨ ᠵᠠᠰᠠᠬᠤ ᠲᠤᠰᠬᠠᠢ ᠠᠩᠭᠢ ᠪᠠᠶᠢᠭᠤᠯᠵᠠᠢ᠃ ᠡᠨᠡ ᠬᠦ ᠲᠤᠰᠬᠠᠢ ᠠᠩᠭᠢ ᠨᠢ ᠰᠤᠷᠭᠠᠨ ᠬᠥᠮᠦᠵᠢᠯ ᠤᠨ ᠶᠠᠮᠤᠨ᠂ | ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ᠂ | ᠬᠤᠳᠠᠯᠳᠤᠭᠠᠨ ᠤ ᠶᠠᠪᠤᠳᠠᠯ ᠤᠨ ᠶᠠᠮᠤᠨ᠂ ᠰᠣᠶᠣᠯ ᠪᠠ ᠵᠢᠭᠤᠯᠴᠢᠯᠠᠯ ᠤᠨ ᠶᠠᠮᠤᠨ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠪᠣᠭᠤᠮᠲᠠ ᠶᠢᠨ | ᠶᠡᠷᠦᠩᠬᠡᠢ ᠵᠠᠬᠢᠷᠭ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ᠂ ᠤᠯᠤᠰ ᠤᠨ ᠰᠢᠤᠳᠠᠨ ᠤ ᠲᠣᠪᠴᠢᠶ᠎ᠠ ᠵᠡᠷᠭᠡ ᠰᠠᠯᠠᠭ᠎ᠠ | ᠮᠥᠴᠢᠷ ᠢᠶᠠᠷ ᠪᠦᠷᠢᠯᠳᠦᠵᠡᠢ᠃ ᠡᠨᠡ ᠬᠦ ᠪᠦᠷᠢᠯᠳᠦᠭᠦᠨ ᠰᠠᠯᠠᠭ᠎ᠠ ᠮᠥᠴᠢᠷ ᠨᠢ ᠪᠠᠰᠠ ᠪᠠᠶᠢᠳᠠᠯ ᠤᠨ ᠬᠡᠷᠡᠭᠴᠡᠭᠡ ᠶᠢ ᠦᠨᠳᠦᠰᠦᠯᠡᠨ ᠬᠤᠯᠪᠣᠭᠳᠠᠯ ᠪᠦᠬᠦᠢ | ᠪᠦᠷᠢᠯᠳᠦᠭᠦᠨ ᠨᠢᠭᠡᠴᠢ ᠶᠢ ᠨᠡᠮᠡᠬᠦ ᠪᠣᠯᠣᠮᠵᠢ ᠲᠠᠢ᠃ ᠲᠤᠰᠬᠠᠢ ᠠᠩᠭᠢ ᠨᠢ ᠭᠤᠣᠯᠳᠠᠭᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠳᠥᠭᠦᠮᠴᠢᠯᠡᠬᠦ᠂ ︽ᠨᠢᠭᠡ | ᠯᠡ ᠪᠠᠷᠢᠮᠵᠢᠶ᠎ᠠ ᠪᠠᠷ ᠱᠠᠭᠠᠷᠳᠠᠬᠤ︾᠂ ︽ᠱᠠᠲᠤ ᠱᠠᠲᠤ ᠪᠠᠷ ᠱᠠᠭᠠᠷᠳᠠᠯᠭ᠎ᠠ ᠨᠡᠮᠡᠬᠦ︾ ᠵᠡᠷᠭᠡ ᠲᠣᠪᠣᠶᠢᠮ᠎ᠠ ᠠᠰᠠᠭᠤᠳᠠᠯ ᠢ ᠲᠤᠰᠬᠠᠶᠢᠯᠠᠨ ᠴᠡᠭᠴᠡᠯᠡᠨ ᠵᠠᠰᠠᠨ᠎ᠠ᠃ ᠡᠯ᠎ᠡ | ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠵᠢᠭᠠᠨ ᠵᠢᠯᠤᠭᠤᠳᠴᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ︽ᠶᠢᠰᠦ ᠶᠢ ᠦᠯᠦ ᠵᠥᠪᠰᠢᠶᠡᠷᠡᠬᠦ︾ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠬᠦ ᠶᠢ ᠰᠢᠮᠳᠠᠭᠤᠯᠤᠨ᠎ᠠ᠃ ᠡᠮᠦᠨᠡᠬᠢ ᠬᠤᠭᠤᠴᠠᠭᠠᠨ ᠤ | ᠪᠡᠯᠡᠳᠬᠡᠯ ᠢᠶᠠᠷ ᠳᠡᠮᠵᠢᠨ᠂ ᠣᠳᠣᠬᠠᠨ ᠳᠤ ᠲᠤᠰᠬᠠᠢ ᠠᠩᠭᠢ ᠶᠢᠨ ᠪᠦᠷᠢᠯᠳᠦᠭᠦᠨ ᠨᠢᠭᠡᠴᠢ ᠨᠦᠭᠦᠳ ᠨᠢᠭᠡᠨᠲᠡ ᠲᠣᠰ ᠰᠠᠯᠠᠭ᠎ᠠ ᠮᠥᠴᠢᠷ ᠤᠨ ᠢᠶᠠᠨ ᠫᠤᠷᠲ᠋ᠧᠯ | ᠰᠦᠯᠵᠢᠶ᠎ᠡ ᠪᠠᠷ ᠳᠠᠮᠵᠢᠭᠤᠯᠤᠨ ︽ᠱᠠᠲᠤ ᠱᠠᠲᠤ ᠪᠠᠷ ᠱᠠᠭᠠᠷᠳᠠᠯᠭ᠎ᠠ ᠨᠡᠮᠡᠬᠦ︾ ᠠᠰᠠᠭᠤᠳᠠᠯ ᠤᠨ ᠲᠤᠰᠬᠠᠢ ᠪᠤᠯᠤᠩ ᠭᠠᠷᠭᠠᠭᠰᠠᠨ ᠪᠤᠶᠤ ᠢᠯᠡᠴᠢᠯᠡᠵᠦ ᠮᠡᠳᠡᠭᠦᠯᠬᠦ | ᠤᠲᠠᠰᠤ ᠨᠡᠶᠢᠲᠡᠯᠡᠭᠰᠡᠨ ᠪᠠᠶᠢᠨ᠎ᠠ᠃ ᠣᠲᠣ ᠨᠢᠭᠡᠨᠲᠡ ᠨᠡᠶᠢᠭᠡᠮ ᠨᠡᠶᠢᠲᠡ ᠠᠴᠠ ︽ᠶᠢᠰᠦ ᠶᠢ ᠥᠯᠥ ᠵᠥᠪᠰᠢᠶᠡᠷᠡᠬᠦ︾ ᠱᠠᠭᠠᠷᠳᠠᠯᠭ᠎ᠠ ᠶᠢ ᠵᠥᠷᠢᠴᠡᠭᠰᠡᠨ | ᠠᠰᠠᠭᠤᠳᠠᠯ ᠤᠨ ᠰᠦᠪᠡᠭᠴᠢ ᠶᠢ ᠴᠤᠭᠯᠠᠭᠤᠯᠵᠤ ᠪᠠᠶᠢᠨ᠎ᠠ᠂ ᠣᠯᠠᠨ ᠲᠦᠮᠡᠨ ᠰᠦᠯᠵᠢᠶ᠎ᠡ ᠪᠤᠶᠤ ᠤᠲᠠᠰᠤ ᠪᠠᠷ ᠢᠯᠡᠴᠢᠯᠡᠨ ᠮᠡᠳᠡᠭᠦᠯᠵᠦ ᠪᠣᠯᠣᠨ᠎ᠠ᠃ | ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ᠠᠴᠠ | ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠯᠪᠠᠨ ᠰᠦᠯᠵᠢᠶ᠎ᠡ ᠶᠢᠨ ᠲᠦᠷᠦᠭᠦᠸ ᠨᠢᠭᠤᠷ ᠲᠤ ᠣᠯᠠᠨ ᠨᠡᠶᠢᠲᠡ ᠶᠢᠨ ᠦᠭᠡ ᠦᠯᠡᠳᠡᠭᠡᠬᠦ | ᠰᠠᠮᠪᠠᠷ᠎ᠠ ᠶᠢ ᠲᠣᠬᠢᠷᠠᠭᠤᠯᠪᠠ᠃ ︽ᠶᠢᠰᠦ ᠶᠢ ᠦᠯᠦ ᠵᠥᠪᠰᠢᠶᠡᠷᠡᠬᠦ︾ ᠱᠠᠭᠠᠷᠳᠠᠯᠭ᠎ᠠ ᠶᠢ ᠵᠦᠷᠢᠴᠡᠭᠰᠡᠨ ᠠᠰᠠᠭᠤᠳᠠᠯ ᠤᠨ ᠰᠦᠪᠡᠭᠴᠢ ᠶᠢ ᠬᠢᠨᠠᠮᠠᠭᠠᠢ | ᠬᠤᠷᠢᠶᠠᠩᠭᠤᠶᠢᠯᠠᠨ ᠡᠮᠬᠢᠯᠡᠵᠦ᠂ ᠣᠷᠣᠨ ᠨᠤᠲᠤᠭ ᠤᠨ ᠬᠢᠨ ᠢ ᠰᠢᠮᠳᠠᠭᠤᠯᠤᠨ ᠱᠠᠭᠠᠷᠳᠠᠵᠤ ᠪᠠᠶᠢᠭᠠᠳ ᠠᠯᠢ ᠲᠦᠷᠭᠡᠨ ᠢᠶᠠᠷ ᠴᠡᠭᠴᠡᠯᠡᠨ ᠰᠠᠶᠢᠵᠢᠷᠠᠭᠤᠯᠵᠤ᠂ | ᠨᠡᠶᠢᠲᠡᠯᠢᠭ ᠬᠡᠷᠡᠭ ᠤᠨ ᠵᠢᠱᠢᠶ᠎ᠡ ᠶᠢ ᠢᠯᠡᠴᠢᠯᠡᠨ᠎ᠡ᠃ | ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ᠤᠨ ︽ | ᠱᠠᠲᠤ ᠱᠠᠲᠤ ᠪᠠᠷ ᠱᠠᠭᠠᠷᠳᠠᠯᠭ᠎ᠠ ᠨᠡᠮᠡᠬᠦ︾ ᠠᠰᠠᠭᠤᠳᠠᠯ ᠢ ᠴᠡᠭᠴᠡᠯᠡᠨ ᠵᠠᠰᠠᠬᠤ ᠲᠤᠰᠬᠠᠢ ᠠᠩᠭᠢ ᠪᠠ ᠡᠯ᠎ᠡ ᠪᠦᠷᠢᠯᠳᠦᠭᠦᠨ ᠨᠢᠭᠡᠴᠢ ᠶᠢᠨ ᠬᠢᠨ ᠣᠯᠠᠨ ᠲᠦᠮᠡᠨ ᠤ | ᠲᠤᠰᠬᠠᠭᠰᠠᠨ ︽ᠱᠠᠲᠤ ᠱᠠᠲᠤ ᠪᠠᠷ ᠱᠠᠭᠠᠷᠳᠠᠯᠭ᠎ᠠ ᠨᠡᠮᠡᠬᠦ︾ ᠠᠰᠠᠭᠤᠳᠠᠯ ᠢ ᠬᠢᠨᠠᠮᠠᠭᠠᠢ ᠭᠥᠯᠢᠶᠡᠨ ᠠᠪᠴᠤ ᠬᠢᠨᠠᠨ ᠬᠠᠷᠭᠤᠭᠤᠯᠬᠤ ᠪᠣᠯᠣᠨ᠎ᠠ᠃ | ᠡᠯ᠎ᠡ ᠭᠠᠵᠠᠷ ᠤᠨ ᠣᠯᠠᠨ ᠲᠦᠮᠡᠨ ᠤ ᠲᠤᠰᠬᠠᠭᠰᠠᠨ ᠣᠷᠣᠨ ᠨᠤᠲᠤᠭ ᠤᠨ ᠬᠢᠨ ᠤ ︽ᠱᠠᠲᠤ ᠱᠠᠲᠤ ᠪᠠᠷ ᠱᠠᠭᠠᠷᠳᠠᠯᠭ᠎ᠠ ᠨᠡᠮᠡᠬᠦ︾ ᠠᠰᠠᠭᠤᠳᠠᠯ ᠢ ᠥᠨᠳᠥᠷ | ᠪᠦᠲᠦᠮᠵᠢᠲᠡᠶ ᠪᠠᠷ ᠰᠢᠢᠳᠪᠦᠷᠢᠯᠡᠬᠦ ᠶᠢᠨ ᠲᠤᠰᠠᠳᠠ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ | ᠲᠣᠭᠲᠠᠴᠠ ᠠᠴᠠ ᠪᠠᠰᠠ ᠡᠯ᠎ᠡ ᠮᠤᠵᠢ ᠶᠢᠨ ᠱᠠᠲᠤᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠶᠢ ᠲᠥᠷᠥ ᠶᠢᠨ ᠶᠠᠪᠤᠳᠠᠯ ᠤᠨ ᠬᠤᠷᠢᠶᠠᠨ ᠤ | ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ᠤᠨ ᠲᠤᠰᠬᠠᠢ ᠠᠩᠭᠢ ᠶᠢᠨ ᠪᠦᠲᠦᠴᠡ ᠶᠣᠰᠣᠭᠠᠷ᠂ ︽ | ᠱᠠᠲᠤ ᠱᠠᠲᠤ ᠪᠠᠷ ᠱᠠᠭᠠᠷᠳᠠᠯᠭ᠎ᠠ ᠨᠡᠮᠡᠬᠦ︾ ᠠᠰᠠᠭᠤᠳᠠᠯ ᠢ ᠴᠡᠭᠴᠡᠯᠡᠨ ᠵᠠᠰᠠᠬᠤ ᠮᠤᠵᠢ ᠶᠢᠨ ᠱᠠᠲᠤᠨ ᠤ ᠲᠤᠰᠬᠠᠢ ᠠᠩᠭᠢ ᠪᠠᠶᠢᠭᠤᠯᠬᠤ ᠶᠢ ᠱᠠᠭᠠᠷᠳᠠᠵᠤ ᠪᠤᠢ᠃ | ᠡᠭᠦᠨ ᠤ ᠵᠡᠷᠭᠡ ᠳᠤ ᠡᠯ᠎ᠡ ᠮᠤᠵᠢ ᠶᠢᠨ ᠱᠠᠲᠤᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠨᠢ ᠲᠤᠰ ᠮᠤᠵᠢ ᠶᠢᠨ ᠢᠶᠠᠨ ᠣᠯᠠᠨ ᠲᠦᠮᠡᠨ ᠤ | ᠬᠢᠵᠢᠭ ᠤᠨ ᠪᠠᠶᠢᠳᠠᠯ ᠢ ᠵᠠᠭᠠᠯᠳᠤᠵᠤ ᠢᠯᠡᠴᠢᠯᠡᠨ ᠮᠡᠳᠡᠭᠦᠯᠬᠦ ᠶᠢ ᠳᠥᠭᠦᠮᠴᠢᠯᠡᠬᠦ᠂ ︽ᠨᠢᠭᠡ ᠯᠡ ᠪᠠᠷᠢᠮᠵᠢᠶ᠎ᠠ ᠪᠠᠷ ᠱᠠᠭᠠᠷᠳᠠᠬᠤ︾᠂ ︽ᠱᠠᠲᠤ ᠱᠠᠲᠤ ᠪᠠᠷ | ᠱᠠᠭᠠᠷᠳᠠᠯᠭ᠎ᠠ ᠨᠡᠮᠡᠬᠦ︾ ᠵᠡᠷᠭᠡ ᠠᠰᠠᠭᠤᠳᠠᠯ ᠢ ᠰᠠᠭᠠᠳ ᠦᠭᠡᠢ ᠨᠡᠪᠲᠡᠷᠡᠭᠦᠯᠬᠦ ᠪᠦᠲᠦᠮᠵᠢᠲᠡᠶ ᠠᠷᠭ᠎ᠠ ᠵᠠᠮ ᠢ ᠲᠦᠷᠭᠡᠬᠡᠨ ᠨᠡᠪᠲᠡᠷᠡᠭᠦᠯᠬᠦ ᠶᠢᠨ ᠬᠠᠮᠲᠤ ᠲᠤᠰ ᠮᠤᠵᠢ ᠶᠢᠨ | ᠣᠯᠠᠨ ᠲᠦᠮᠡᠨ ᠤ ᠵᠠᠭᠠᠯᠳᠤᠵᠤ ᠢᠯᠡᠴᠢᠯᠡᠨ ᠮᠡᠳᠡᠭᠦᠯᠦᠭᠰᠡᠨ ᠬᠤᠯᠪᠣᠭᠳᠠᠯ ᠪᠦᠬᠦᠢ ᠠᠰᠠᠭᠤᠳᠠᠯ ᠤᠨ ᠰᠦᠪᠡᠭᠴᠢ ᠶᠢ ᠴᠠᠭ ᠲᠤᠬᠠᠢ ᠳᠤ ᠨᠢ ᠨᠡᠶᠢᠭᠡᠮ ᠳᠤ ᠨᠡᠶᠢᠲᠡᠯᠡᠵᠦ᠂ | ᠬᠤᠷᠢᠶᠠᠨ ᠴᠤᠭᠯᠠᠭᠤᠯᠵᠤ ᠬᠢᠨᠠᠨ ᠬᠠᠷᠭᠤᠭᠤᠯᠬᠤ ᠬᠡᠷᠡᠭᠲᠡᠢ ᠭᠡᠵᠦ ᠱᠠᠭᠠᠷᠳᠠᠪᠠ᠃ | |