| ᠪᠦᠬᠦ ᠤᠯᠤᠰ ᠤᠨ ᠭᠤᠤᠯᠲᠠᠯᠭ᠎ᠠ ᠲᠠᠢ ᠲᠡᠤᠬᠡ ᠶᠢᠨ ᠲᠤᠷᠠᠰᠬᠠᠯᠲᠦ ᠵᠦᠢᠯ ᠤᠨ ᠬᠠᠮᠠᠭᠠᠯᠠᠯᠲᠠ ᠶᠢᠨ ᠨᠢᠭᠡᠴᠢ᠂ ᠲᠤᠭᠤᠶᠢᠯᠠᠩ ᠤᠨ ᠬᠦᠲᠡᠯᠭᠡᠭᠡᠨ ᠤ | ᠤᠲᠤᠷᠢᠲᠤᠭᠴᠢ᠂ ᠠᠷᠠᠤᠴᠢᠯᠠᠭᠰᠠᠨ ᠬᠤᠪᠢᠰᠬᠠᠯᠴᠢ ᠰᠢᠨᠠᠯᠠᠮ᠎ᠠ ︵ᠦᠯᠵᠠᠶᠢᠵᠢᠷᠭᠠᠯ︶ ᠶᠢᠨ ᠬᠠᠭᠤᠴᠢᠨ ᠪᠠᠭᠤᠷᠢ ᠨᠢ ᠦᠤᠰᠢᠨ ᠬᠤᠰᠢᠭᠤᠨ ᠤ ᠭᠠᠯᠠᠭᠤᠲᠦ | ᠪᠠᠯᠭᠠᠰᠤᠨ ᠠᠴᠠ ᠤᠮᠠᠷᠠᠰᠢ 20 ᠺᠢᠯᠤᠮᠧᠲᠷ ᠲᠤ ᠪᠠᠶᠢᠭ᠎ᠠ ᠭᠠᠯᠠᠭᠤᠲᠦ ᠶᠢᠨ ᠰᠦᠮ᠎ᠡ ᠶᠢᠨ ᠬᠠᠪᠢ ᠳᠤ ᠪᠠᠶᠢᠷᠢᠯᠠᠵᠦ ᠪᠤᠢ᠃ | ᠤᠯᠠᠨ ᠵᠢᠯ ᠤᠨ ᠰᠠᠯᠬᠢ ᠪᠤᠷᠤᠭᠠᠨ ᠢ ᠦᠩᠭᠡᠷᠡᠭᠡᠭᠰᠡᠨ ᠡᠨᠡ ᠬᠦ ᠬᠤᠪᠢᠰᠬᠠᠯ ᠤᠨ ᠪᠠᠭᠤᠷᠢ ᠨᠢ ᠠᠷᠠᠤᠴᠢᠯᠠᠭᠰᠠᠨ ᠬᠤᠪᠢᠰᠬᠠᠯᠴᠢ ᠰᠢᠨᠡᠯᠡᠮᠠ ᠲᠤᠬᠠᠢ ᠶᠢᠨ | ᠦᠶ᠎ᠡ ᠳᠤ ᠲᠤᠭᠤᠶᠢᠯᠠᠩ ᠤᠨ ᠬᠦᠲᠡᠯᠭᠡᠭᠡᠨ ᠢ ᠤᠲᠤᠷᠢᠲᠦᠨ ᠲᠠᠭᠠᠭᠤᠯᠵᠦ ᠪᠠᠶᠢᠭᠰᠠᠨ ᠭᠤᠤᠯ ᠰᠠᠭᠤᠷᠢᠨ ᠭᠠᠵᠠᠷ ᠪᠠᠶᠢᠵᠦ᠂ ᠲᠡᠤᠬᠡᠨ ᠬᠤᠪᠢᠰᠬᠠᠯᠲᠦ ᠰᠤᠶᠤᠯ ᠤᠨ | ᠤᠯᠠ ᠮᠦᠷ ᠲᠠᠢ ᠭᠠᠵᠠᠷ ᠪᠤᠯᠤᠨ᠎ᠠ᠃ ᠰᠢᠨᠡᠯᠠᠮ᠎ᠠ ᠶᠢᠨ ᠬᠠᠭᠤᠴᠢᠨ ᠪᠠᠭᠤᠷᠢ ᠨᠢ 324 ᠲᠡᠭᠰᠢ ᠲᠦᠷᠪᠡᠯᠵᠢᠨ ᠮᠧᠲᠷ ᠪᠠᠶᠢᠵᠦ᠂ ᠤᠷᠴᠢᠮ ᠤᠨ ᠵᠢᠯ ᠠᠴᠠ ᠦᠤᠰᠢᠨ | ᠬᠤᠰᠢᠭᠤᠨ ᠤ ᠬᠢᠨ ᠬᠠᠭᠤᠴᠢᠨ ᠪᠠᠷᠢᠯᠭ᠎ᠠ ᠶᠢᠨ ᠰᠠᠭᠤᠷᠢᠨ ᠲᠡᠭᠡᠷ᠎ᠡ ᠲᠠᠬᠢᠨ ᠰᠡᠯᠪᠢᠨ ᠵᠠᠰᠠᠵᠦ ᠬᠠᠭᠤᠴᠢᠨ ᠦᠩᠭᠡ ᠲᠦᠷᠰᠦ᠂ ᠤᠤᠯ ᠬᠡᠪ ᠪᠠᠶᠢᠲᠠᠯ ᠢ ᠪᠦᠷᠢᠨ | ᠬᠠᠲᠠᠭᠠᠯᠠᠵᠦ ᠴᠢᠲᠠᠭᠰᠠᠨ ᠪᠠᠶᠢᠨ᠎ᠠ᠃ ᠡᠭᠦᠨ ᠤ ᠬᠠᠮᠲᠦ ᠲᠡᠯᠭᠡᠨ ᠦᠵᠡᠭᠦᠯᠭᠡ ᠶᠢᠨ ᠤᠷᠲᠤᠨ ᠢ ᠪᠠᠶᠢᠭᠤᠯᠵᠦ᠂ ᠠᠷᠠᠤᠴᠢᠯᠠᠭᠰᠠᠨ ᠬᠤᠪᠢᠰᠬᠠᠯᠴᠢ ᠰᠢᠨᠠᠯᠠᠮ᠎ᠠ ᠪᠤᠯᠤᠨ | ᠲᠤᠭᠤᠶᠢᠯᠠᠩ ᠤᠨ ᠬᠦᠮᠦᠰ ᠤᠨ ᠲᠤᠬᠠᠢ ᠶᠢᠨ ᠦᠶ᠎ᠡ ᠳᠤ ᠬᠡᠷᠡᠭᠯᠡᠵᠦ ᠪᠠᠶᠢᠭᠰᠠᠨ ᠪᠦᠬᠦ᠋ᠢᠯᠡ ᠬᠡᠷᠡᠭᠰᠡᠯ ᠪᠤᠯᠤᠨ ᠡᠬᠡ ᠤᠷᠤᠨᠴᠢ ᠦᠵᠡᠯ ᠤᠨ ᠦᠯᠢᠭᠡᠷ ᠤᠴᠢᠭ ᠢ | ᠲᠡᠯᠭᠡᠨ ᠦᠵᠡᠭᠦᠯᠪᠡ᠃ ᠰᠢᠨᠡᠯᠠᠮ᠎ᠠ ᠶᠢᠨ ᠬᠠᠭᠤᠴᠢᠨ ᠪᠠᠭᠤᠷᠢ ᠨᠢ ᠦᠤᠰᠢᠨ ᠬᠤᠰᠢᠭᠤᠨ ᠤ ᠬᠤᠪᠢᠰᠬᠠᠯᠲᠦ ᠵᠤᠭᠠᠴᠠᠯ ᠤᠨ ᠴᠢᠬᠤᠯᠠ ᠨᠢᠭᠡᠨ ᠰᠠᠭᠤᠷᠢᠨ ᠭᠠᠵᠠᠷ | ᠪᠤᠯᠬᠤ ᠮᠦᠷᠲᠡᠭᠡᠨ ᠪᠦᠬᠦ ᠬᠤᠲᠠ ᠶᠢᠨ ᠡᠬᠡ ᠤᠷᠤᠨᠴᠢ ᠦᠵᠡᠯ ᠤᠨ ᠰᠤᠷᠭᠠᠨ ᠬᠦᠮᠦᠵᠢᠯ ᠤᠨ ᠴᠢᠬᠤᠯᠠ ᠰᠠᠭᠤᠷᠢᠨ ᠭᠠᠵᠠᠷ ᠪᠤᠯᠤᠭᠰᠠᠨ ᠪᠠᠶᠢᠨ᠎ᠠ᠃ | | |