365bet网上娱乐场_365双试投注是什么_365bet正网开户人民政府蒙古文网站 365bet网上娱乐场_365双试投注是什么_365bet正网开户

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ︽ᠪᠠᠳᠤ ᠶᠢᠨ ᠲᠤᠬᠤᠢ︾ ᠭᠡᠵᠤ ᠰᠤᠨᠤᠰᠴᠤ ᠪᠠᠶᠢᠭᠰᠠᠨ ᠤᠤ︖
        ᠨᠡᠶᠢᠲᠡᠯᠡᠭᠰᠡᠨ ᠴᠠᠭ᠄
        2022/8/19
                                  ᠱᠠᠨᠪᠸᠢ ᠶᠢᠨ ᠦᠨᠳᠦᠷᠯᠢᠭ ᠠᠴᠠ ᠡᠬᠢ ᠠᠪᠤᠭᠰᠠᠨ ᠰᠢᠷᠬᠤᠰᠤᠨ ᠭᠤᠤᠯ ᠬᠤᠶᠢᠰᠢ ᠪᠠᠨ ᠤᠷᠤᠰᠴᠤ᠂ ᠱᠠᠨᠰᠢ ᠮᠤᠵᠢ ᠶᠢᠨ ᠳ᠋ᠢᠩᠪᠢᠶᠠᠨ᠂ ᠵᠢᠩᠪᠢᠶᠠᠨ ᠬᠤᠶᠠᠷ ᠰᠢᠶᠠᠨ ᠢᠶᠠᠷ ᠦᠡᠭᠭᠡᠷᠡᠨ᠂ ᠤᠷᠳᠤᠰ ᠬᠤᠳᠠ ᠶᠢᠨ ᠤᠳᠤᠭ ᠤᠨ ᠡᠮᠤᠨᠡᠳᠤ ᠬᠤᠰᠢᠭᠤ ᠪᠤᠯᠤᠨ ᠦᠤᠰᠢᠨ ᠬᠤᠰᠢᠭᠤ ᠪᠠᠷ ᠲᠡᠮᠵᠢᠨ᠂ ᠮᠤᠤᠠᠤᠰᠤ ᠶᠢᠨ ᠡᠯᠡᠰᠤᠨ ᠤ ᠵᠡᠭᠦᠨ ᠡᠮᠤᠨ᠎ᠠ ᠪᠠᠶ᠎ᠠ ᠪᠠᠷ ᠪᠠᠳᠤ ᠶᠢᠨ ᠲᠤᠬᠤᠢ ᠳᠤ ᠬᠦᠷᠤᠭᠡᠳ ᠲᠤᠬᠤᠢᠢᠷᠠᠨ ᠤᠷᠤᠰᠴᠤ᠂ ᠡᠯᠡᠰᠤ ᠮᠠᠩᠬ᠎ᠠ᠂ ᠠᠭᠤᠯᠠ ᠤᠰᠤ᠂ ᠤᠢ ᠮᠤᠳᠤ ᠲᠠᠢ ᠪᠠᠶᠢᠭᠠᠯᠢ ᠶᠢᠨ ᠦᠡᠭᠭᠡ ᠦᠵᠡᠮᠵᠢ ᠶᠢ ᠪᠦᠷᠢᠳᠦᠭᠦᠯᠦᠭᠰᠡᠨ ᠪᠠᠶᠢᠨ᠎ᠠ᠃ ᠤᠤᠯ ᠨᠢ ᠡ᠊ᠨᠳᠡ ᠪᠠᠳᠤ ᠭᠡᠳᠡᠭ ᠮᠤᠩᠭᠤᠯ ᠬᠦᠮᠤᠨ ᠰᠠᠭᠤᠵᠤ ᠪᠠᠶᠢᠭᠰᠠᠨ ᠢᠶᠠᠷ ︽ᠪᠠᠳᠤ ᠶᠢᠨ ᠲᠤᠬᠤᠢ︾ ᠭᠡᠵᠤ ᠨᠡᠷᠡᠯᠡᠭᠦ ᠪᠤᠯᠤᠭᠰᠠᠨ ᠭᠡᠳᠡᠭ᠃ ᠤᠳᠤ ᠪᠠᠳᠤ ᠶᠢᠨ ᠲᠤᠬᠤᠢ ᠲᠤᠰᠬᠤᠨ ᠳᠤ ᠪᠠᠶᠢᠡᠭᠭᠤ ᠰᠠᠭᠤᠭ᠎ᠠ ᠬᠦᠮᠤᠨ ᠠᠮᠠ 1400 ᠭᠠᠷᠤᠢ ᠪᠠᠶᠢᠳᠠᠭ᠃ ᠲᠡᠳᠡ ᠭᠤᠤᠯᠳᠠᠭᠤ ᠲᠠᠷᠢᠶᠠᠯᠠᠩ ᠦᠢᠯᠡᠳᠪᠤᠷᠢᠯᠡᠯ᠂ ᠵᠢᠭᠠᠰᠤᠨ ᠤ ᠦᠢᠯᠡᠰ ᠲᠤ ᠲᠦᠰᠢᠭᠯᠡᠨ ᠠᠵᠤ ᠲᠦᠷᠤᠵᠤ᠂ ᠰᠡᠭᠦᠯ ᠤᠨ ᠦᠶ᠎ᠠ ᠳᠤ ᠠᠶᠠᠯᠠᠯ ᠵᠢᠭᠤᠯᠴᠢᠯᠠᠯ ᠤᠨ ᠦᠢᠯᠡᠰ ᠢ ᠡᠷᠴᠢᠮᠳᠠᠢ ᠬᠦᠭᠵᠢᠭᠦᠯᠵᠤ ᠪᠠᠶᠢᠨ᠎ᠠ᠃

        3.jpg

              

               ᠪᠠᠳᠤ ᠶᠢᠨ ᠲᠤᠬᠤᠢ ᠪᠤᠯ ᠪᠠᠷᠠᠭᠤᠨ ᠬᠤᠶᠢᠳᠤ ᠤᠷᠤᠨ ᠤ ᠬᠤᠪᠢᠰᠬᠠᠯ ᠨᠠᠯᠢᠶᠠᠳ ᠡᠷᠳᠡ ᠦᠷᠨᠢᠭᠰᠡᠨ ᠭᠠᠵᠠᠷ ᠤᠨ ᠨᠢᠭᠡ ᠶᠤᠮ᠃ ᠲᠡᠭᠡᠷ᠎ᠠ ᠵᠠᠭᠤᠨ ᠤ

        ᠭᠤᠴᠢᠭᠠᠳ ᠤᠨ ᠤ ᠦᠶ᠎ᠠ ᠪᠠᠷ ᠤᠯᠠᠭᠠᠨᠭᠦᠦ᠂ ᠸᠠᠩ ᠵᠧᠨ᠂ ᠰᠦᠡᠭ ᠷᠧᠨ ᠴᠢᠶᠦ᠋ᠡᠭ ᠵᠡᠷᠭᠡ ᠠᠬᠠᠮᠠᠳ ᠨᠢᠭᠡ ᠦᠶ᠎ᠠ ᠶᠢᠨ ᠬᠤᠪᠢᠰᠬᠠᠯᠴᠢᠳ ᠡᠨᠡ ᠨᠤᠳᠤᠭ ᠲᠤ

        ᠬᠤᠪᠢᠰᠬᠠᠯ ᠬᠢᠵᠤ ᠪᠠᠶᠢᠭᠰᠠᠨ ᠦᠯᠢᠭᠡᠷ ᠲᠡᠤᠭᠡ ᠲᠠᠢ᠃ ᠲᠡᠶᠢᠮᠤ ᠤᠴᠢᠷ ᠠᠴᠠ ᠪᠠᠳᠤ ᠶᠢᠨ ᠲᠤᠬᠤᠢ ᠨᠢ ᠦᠤᠰᠢᠨ ᠬᠤᠰᠢᠭᠤᠨ ᠤ ᠬᠤᠪᠢᠰᠬᠠᠯ ᠤᠨ ᠲᠡᠤᠭᠡᠨ ᠳᠤ

        ᠴᠢᠬᠤᠯᠠ ᠪᠠᠶᠢᠷᠢ ᠰᠠᠭᠤᠷᠢ ᠲᠠᠢ ᠪᠠᠶᠢᠳᠠᠭ᠃ 

          

        10.jpg

             

             

              1935 ᠤᠨ ᠤ 5 ᠳ᠋ᠤᠭᠠᠷ ᠰᠠᠷ᠎ᠠ ᠠᠴᠠ 1950 ᠤᠨ ᠤ ᠬᠠᠪᠤᠷ ᠪᠤᠯᠳᠠᠯ᠎ᠠ᠂  ᠪᠠᠳᠤ ᠶᠢᠨ ᠲᠤᠬᠤᠢ ᠶᠢᠨ ᠡᠷᠤᠭᠡ ᠶᠢᠨ ᠴᠡᠷᠢᠭ ᠡᠪ ᠬᠠᠮᠳᠤ ᠨᠠᠮ ᠤᠨ

        ᠤᠳᠤᠷᠢᠳᠤᠯᠭ᠎ᠠ ᠪᠠᠷ ᠲᠤᠬᠠᠢ ᠶᠢᠨ ᠭᠠᠵᠠᠷ ᠤᠨ ᠠᠮᠤᠷ ᠢ ᠬᠠᠮᠠᠭᠠᠯᠠᠬᠤ᠂ ᠲᠠᠶᠢᠰᠤᠨ ᠤ ᠡᠰᠡᠷᠭᠦ ᠵᠡᠪᠰᠡᠭᠳᠤ ᠲᠡᠮᠡᠴᠡᠯ ᠶᠠᠪᠤᠭᠤᠯᠬᠤ᠂ ᠲᠠᠶᠢᠨ ᠤ ᠡᠮᠤᠨ᠎ᠠ ᠹᠷᠤᠨᠲ ᠢ

        ᠲᠡᠮᠵᠢᠭᠦ᠂ ᠲᠠᠷᠢᠶᠠᠯᠠᠩ ᠦᠢᠯᠡᠳᠪᠤᠷᠢᠯᠡᠯ ᠳᠤ ᠲᠤᠰᠠᠯᠠᠬᠤ ᠵᠡᠷᠭᠡ ᠤᠯᠠᠨ ᠡᠭᠦᠷᠭᠡ ᠶᠢ ᠬᠦᠢᠴᠡᠳᠭᠡᠵᠤ᠂ ᠲᠡᠭᠡᠷᠡᠮ ᠲᠠᠶᠢᠰᠤᠨ ᠤ ᠲᠠᠭᠠᠷᠢᠯᠳᠠ ᠶᠢ ᠤᠯᠠᠨ ᠤᠳᠠᠭ᠎ᠠ

        ᠴᠤᠬᠢᠨ ᠤᠬᠤᠷᠢᠭᠤᠯᠵᠤ᠂ ᠡᠪ ᠬᠠᠮᠳᠤ ᠨᠠᠮ ᠤᠨ ᠤᠳᠤᠷᠢᠳᠤᠭᠰᠠᠨ ᠴᠡᠷᠢᠭ ᠠᠩᠬᠢ ᠳᠤ ᠮᠠᠰᠢ ᠤᠯᠠᠨ ᠰᠢᠯᠢᠳᠡᠭ ᠪᠠᠶᠢᠯᠳᠤᠭᠴᠢ ᠶᠢ ᠬᠦᠮᠤᠵᠢᠭᠦᠯᠵᠤ ᠦᠭᠭᠦᠭᠰᠡᠨ

        ᠶᠤᠮ᠃ ᠲᠡᠷᠡ ᠦᠶ᠎ᠠ ᠳᠤ ᠱᠠᠨᠰᠢ ᠭᠠᠨᠰᠤ ᠨᠢᠩᠰᠢᠶᠠ ᠶᠢᠨ ᠬᠢᠵᠠᠭᠠᠷ ᠤᠷᠤᠨ ᠤ ᠬᠠᠮᠠᠭᠠᠯᠠᠯᠳᠠ ᠶᠢᠨ ᠭᠤᠷᠪᠠᠳᠤᠭᠠᠷ ᠪᠠᠷᠢᠭᠠᠳᠠ᠂ ᠮᠤᠩᠭᠤᠯ ᠬᠢᠳᠠᠳ ᠮᠤᠷᠢᠳᠤ

        ᠴᠡᠷᠢᠭ ᠤᠨ ᠫᠠᠷᠲ᠋ᠢᠽᠠᠨ ᠠᠩᠬᠢ᠂ ᠳ᠋ᠢᠩᠪᠢᠶᠠᠨ᠂ ᠵᠢᠩᠪᠢᠶᠠᠨ᠂ ᠠᠨᠪᠢᠶᠠᠨ ᠤ ᠮᠤᠷᠢᠳᠤ ᠴᠡᠷᠢᠭ ᠪᠠᠳᠤ ᠶᠢᠨ ᠲᠤᠬᠤᠢ ᠳᠤ ᠤᠯᠠᠨ ᠤᠳᠠᠭ᠎ᠠ ᠪᠠᠭᠤᠳᠠᠯᠯᠠᠵᠤ

        ᠦᠡᠭᠭᠡᠷᠡᠭᠰᠡᠨ ᠲᠡᠮᠳᠡᠭᠯᠡᠯ ᠲᠠᠢ᠃    

        1.jpg

             

              1949 ᠤᠨ ᠤ 9 ᠳ᠋ᠤᠭᠡᠷ ᠰᠠᠷ ᠎ᠠ ᠶᠢᠨ 22᠎ ᠤ ᠡᠳᠤᠷ ᠤᠤᠯ ᠤᠨ ᠭᠤᠮᠢᠨᠳᠡᠩ ᠤᠨ ᠦᠤᠰᠢᠨ ᠬᠤᠰᠢᠭᠤᠨ ᠤ ᠵᠠᠰᠠᠭ ᠤᠨ ᠤᠷᠳᠤᠨ ᠤ ᠵᠠᠰᠠᠭ ᠪᠠᠶᠢᠭᠰᠠᠨ

        ᠴᠢ ᠢᠤᠢ ᠱᠠᠨ ᠨᠠᠶᠢᠷᠠᠮᠳᠠᠯ ᠢᠶᠠᠷ ᠪᠠᠭᠤᠵᠤ ᠦᠭᠭᠦᠭᠰᠡᠨ ᠬᠠᠭᠤᠴᠢᠨ ᠴᠡᠷᠢᠭ ᠢᠶᠠᠨ ᠦᠳᠤᠭᠡᠨ ᠤᠷᠪᠠᠯᠭ᠎ᠠ ᠭᠠᠷᠭᠠᠭᠰᠠᠨ ᠢᠶᠠᠷ ᠲᠤᠮᠳᠠᠳᠤ ᠤᠯᠤᠰ ᠤᠨ ᠡᠪ ᠬᠠᠮᠳᠤ

        ᠨᠠᠮ ᠤᠨ ᠦᠤᠰᠢᠨ ᠬᠤᠰᠢᠭᠤᠨ ᠤ ᠬᠤᠷᠢᠶ᠎ᠠ ᠪᠤᠯᠤᠨ ᠰᠠᠶ᠋ᠢᠬᠠᠨ ᠪᠠᠶᠢᠭᠤᠯᠤᠭᠳᠠᠭᠰᠠᠨ ᠠᠷᠠᠳ ᠤᠨ ᠵᠠᠰᠠᠭ ᠤᠨ ᠤᠷᠳᠤᠨ ᠬᠦᠨᠳᠤ ᠨᠤᠴᠢᠳᠠᠢ ᠬᠤᠬᠢᠷᠠᠯ ᠳᠤ

        ᠤᠴᠠᠷᠠᠵᠤ᠂ ᠨᠠᠮ ᠤᠨ ᠵᠤᠬᠢᠶᠠᠨ ᠪᠠᠶᠢᠭᠤᠯᠤᠯᠳᠠ ᠦᠨᠳᠤᠰᠤᠨ ᠳᠡᠭᠡᠨ ᠲᠡᠮᠫᠤᠷᠠᠭᠰᠠᠨ ᠪᠠᠶᠢᠨ᠎ᠠ᠃ ᠢᠡᠭᠬᠢᠭᠡᠳ 1949 ᠤᠨ ᠤ ᠨᠠᠮᠤᠷ ᠤᠨ ᠰᠡᠭᠦᠯᠴᠢ ᠪᠠᠷ ᠲᠤᠮᠳᠠᠳᠤ

        ᠤᠯᠤᠰ ᠤᠨ ᠡᠪ ᠬᠠᠮᠳᠤ ᠨᠠᠮ ᠤᠨ ᠦᠤᠰᠢᠨ ᠬᠤᠰᠢᠭᠤᠨ ᠤ ᠬᠤᠷᠢᠶ᠎ᠠ ᠲᠠᠬᠢᠨ ᠠᠵᠢᠯ ᠢᠶᠠᠨ ᠰᠡᠷᠭᠦᠭᠡᠵᠤ᠂ 1950 ᠤᠨ ᠤ ᠬᠠᠪᠤᠷ ᠪᠤᠯᠳᠠᠯ᠎ᠠ ᠪᠠᠳᠤ ᠶᠢᠨ

        ᠲᠤᠬᠤᠢ ᠳᠤ ᠠᠯᠪᠠᠯᠠᠭᠰᠠᠨ ᠪᠠᠶᠢᠨ᠎ᠠ᠃  

        5.jpg

           

               ᠤᠳᠤ ᠰᠢᠨ᠎ᠠ ᠴᠠᠭ ᠦᠶ᠎ᠠ ᠳᠤ ᠲᠠᠪᠰᠢᠨ ᠤᠷᠤᠭᠰᠠᠨ ᠪᠠᠳᠤ ᠶᠢᠨ ᠲᠤᠬᠤᠢ ᠲᠤᠰᠬᠤᠨ ᠤ ᠬᠢᠨ ᠬᠤᠪᠢᠰᠬᠠᠯ ᠤᠨ ᠦᠪ ᠤᠯᠠᠮᠵᠢᠯᠠᠯ ᠢᠶᠠᠨ ᠪᠠᠳᠠᠷᠠᠭᠤᠯᠵᠤ᠂

        ᠪᠠᠳᠤ ᠶᠢᠨ ᠲᠤᠬᠤᠢ ᠶᠢ ᠬᠤᠪᠢᠰᠬᠠᠯᠳᠤ ᠬᠦᠮᠤᠵᠢᠯ ᠤᠨ ᠰᠠᠭᠤᠷᠢᠨ ᠭᠠᠵᠠᠷ᠂ ᠬᠤᠪᠢᠰᠬᠠᠯ ᠤᠨ ᠰᠡᠳᠤᠪᠳᠤ ᠵᠢᠭᠤᠯᠴᠢᠯᠠᠯ ᠤᠨ ᠤᠷᠤᠨ ᠪᠤᠯᠭᠠᠬᠤ ᠪᠠᠷ ᠲᠦᠰᠤᠪᠯᠡᠨ

        ᠠᠵᠢᠯᠯᠠᠵᠤ ᠪᠠᠶᠢᠨ᠎ᠠ᠃ ᠡᠭᠦᠨ ᠤ ᠬᠠᠮᠳᠤ ᠠᠮᠢ ᠠᠬᠤᠢ ᠶᠢᠨ ᠠᠶᠠᠯᠠᠯ ᠵᠢᠭᠤᠯᠴᠢᠯᠠᠯ ᠢ ᠡᠷᠴᠢᠮᠳᠠᠢ ᠬᠦᠭᠵᠢᠭᠦᠯᠵᠤ᠂ ᠰᠢᠷᠬᠤᠰᠤᠨ ᠭᠤᠤᠯ ᠤᠨ ᠵᠢᠭᠤᠯᠴᠢᠯᠠᠯ ᠤᠨ

        ᠤᠷᠤᠨ ᠤ ᠡᠬᠢ ᠪᠠᠶᠠᠯᠢᠭ ᠢ ᠬᠦᠢᠴᠡᠳ ᠠᠰᠢᠭᠯᠠᠨ᠂ ᠬᠦᠳᠡᠭᠡ ᠠᠶᠢᠯ ᠤᠨ ᠠᠮᠠᠷᠠᠯᠳᠠ ᠰᠡᠯᠡᠭᠦᠴᠡᠯ ᠤᠨ ᠭᠠᠵᠠᠷ᠂ ᠬᠤᠨᠤᠭ ᠪᠠᠭᠤᠳᠠᠯ᠂ ᠬᠤᠭᠤᠯᠠᠨ ᠤ ᠭᠠᠵᠠᠷ᠂

        ᠤᠰᠤᠨ ᠲᠡᠭᠡᠷᠡᠬᠢ ᠨᠠᠭᠠᠳᠤᠮ ᠴᠡᠩᠭᠡᠭᠦᠨ ᠵᠡᠷᠭᠡ ᠤᠳᠤ ᠦᠶ᠎ᠠ ᠶᠢᠨ ᠦᠢᠯᠡᠴᠢᠯᠡᠭᠡᠨ ᠤ ᠦᠢᠯᠡᠰ ᠢ ᠬᠦᠭᠵᠢᠭᠦᠯᠤᠨ ᠠᠷᠠᠳ ᠤᠯᠠᠨ ᠤ ᠠᠰᠢᠭ ᠤᠷᠤᠯᠭ᠎ᠠ ᠶᠢ

        ᠨᠡᠮᠡᠭᠳᠡᠭᠦᠯᠵᠤ ᠪᠠᠶᠢᠨ᠎ᠠ᠃ ᠰᠢᠷᠬᠤᠰᠤᠨ ᠭᠤᠤᠯ ᠤᠨ ᠵᠢᠭᠤᠯᠴᠢᠯᠠᠯ ᠤᠨ ᠤᠷᠤᠨ ᠤ ᠤᠢᠢᠷᠠᠯᠴᠠᠭ᠎ᠠ ᠬᠤᠨᠤᠭ ᠪᠠᠭᠤᠳᠠᠯ᠂ ᠬᠤᠭᠤᠯᠠᠨ ᠭᠡᠷ ᠡᠷᠬᠢᠯᠡᠵᠤ ᠪᠠᠶᠢᠭ᠎ᠠ ᠱᠤᠤ

        ᠬᠤᠸᠠ ᠬᠤᠸᠠ ᠵᠢᠯ ᠳᠡᠭᠡᠨ ᠪᠠᠷᠤᠭ 100 ᠲᠦᠮᠡᠨ ᠲᠦᠭᠦᠷᠢᠭ ᠤᠨ ᠠᠰᠢᠭ ᠤᠷᠤᠯᠭ᠎ᠠ ᠤᠯᠳᠠᠭ᠃ ᠲᠡᠷᠡᠪᠡᠷ ︽ᠤᠳᠤ ᠮᠠᠨ ᠤ ᠨᠤᠳᠤᠭ ᠤᠨ ᠠᠮᠢ ᠠᠬᠤᠢ

        ᠪᠠᠶᠢᠭᠠᠯᠢ ᠤᠷᠴᠢᠨ ᠶᠠᠪᠤᠬᠤ ᠲᠤᠳᠤᠮ ᠰᠠᠶᠢᠵᠢᠷᠠᠭᠰᠠᠨ ᠢᠶᠠᠷ ᠵᠢᠭᠤᠯᠴᠢᠯᠠᠵᠤ ᠢᠷᠡᠭᠦ ᠬᠦᠮᠤᠨ ᠴᠤ ᠤᠯᠠᠰᠢᠷᠠᠵᠤ᠂ ᠠᠷᠠᠯᠵᠢᠶ᠎ᠠ ᠮᠠᠶᠢᠮᠠᠢ᠂ ᠠᠵᠤ ᠠᠮᠢᠳᠤᠷᠠᠯ ᠴᠤ

        ᠡᠳᠤᠷ ᠠᠴᠠ ᠡᠳᠤᠷ ᠦᠭᠡᠳᠡᠯᠡᠵᠤ᠂ ᠬᠤᠶᠢᠰᠢᠳᠠ ᠨᠡᠩ ᠰᠠᠶᠢᠨ ᠰᠠᠶᠢᠬᠠᠨ ᠪᠤᠯᠤᠨ᠎ᠠ ᠭᠡᠳᠡᠭ ᠲᠤ ᠢᠳᠡᠭᠡᠯ ᠲᠠᠢ ᠪᠠᠶᠢᠨ᠎ᠠ︾ ᠭᠡᠯ᠎ᠠ᠃   

               ᠬᠤᠪᠢᠰᠬᠠᠯ ᠤᠨ ᠬᠠᠭᠤᠴᠢ ᠦᠯᠡᠳᠡᠭᠳᠡᠯ᠂ ᠤᠰᠤ ᠨᠤᠳᠤᠭ ᠤᠨ ᠦᠡᠭᠭᠡ ᠪᠦᠷᠢᠳᠦᠭᠰᠡᠨ ᠪᠠᠳᠤ ᠶᠢᠨ ᠲᠤᠬᠤᠢ ᠲᠤᠰᠬᠤᠨ ᠤᠳᠤ ᠬᠦᠳᠡᠭᠡ ᠲᠤᠰᠬᠤᠨ ᠢ

        ᠬᠦᠭᠵᠢᠭᠦᠯᠭᠦ ᠪᠠᠶᠢᠯᠳᠤᠬᠤ ᠪᠤᠳᠤᠯᠭ᠎ᠠ ᠶᠢ ᠡᠷᠴᠢᠮᠳᠠᠢ ᠭᠡᠷᠡᠭᠵᠢᠭᠦᠯᠵᠤ᠂ ︽ᠪᠦᠬᠦ ᠤᠯᠤᠰ ᠤᠨ ᠬᠦᠳᠡᠭᠡ ᠲᠤᠰᠬᠤᠨ ᠤ ᠠᠶᠠᠯᠠᠯ ᠵᠢᠭᠤᠯᠴᠢᠯᠠᠯ ᠤᠨ ᠭᠤᠤᠯᠳᠠᠯᠭ᠎ᠠ ᠲᠠᠢ

        ᠭᠠᠴᠠᠭ᠎ᠠ ᠲᠤᠰᠬᠤᠨ ᠤ ᠨᠡᠷᠡᠰ︾᠎ ᠲᠤ ᠵᠢᠭᠰᠠᠭᠠᠭᠳᠠᠵᠤ᠂ ᠰᠢᠨ᠎ᠠ ᠲᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠠᠮᠵᠢᠯᠳᠠ ᠲᠦᠭᠦᠷᠡᠩ᠂

        ᠤᠳᠬ᠎ᠠ ᠲᠡᠭᠦᠯᠳᠡᠷ ᠤᠭᠳᠤᠵᠤ ᠪᠠᠶᠢᠨ᠎ᠠ᠃    

             

         

        ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ