| | | | | 8 ᠰᠠᠷ᠎ᠠ ᠶᠢᠨ 16 ᠠᠴᠠ 17 ᠤ ᠡᠳᠦᠷ ᠪᠣᠯᠲᠠᠯ᠎ᠠ᠂ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ | ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠯᠢᠶᠣᠤᠨᠢᠩ ᠳᠤ ᠰᠢᠨᠵᠢᠯᠡᠨ ᠪᠠᠶᠢᠴᠠᠭᠠᠪᠠ᠃ ᠵᠢᠷᠤᠬ ᠪᠤᠯ 16 ᠤ ᠦᠳᠡ ᠶᠢᠨ ᠬᠤᠶᠢᠨ᠎ᠠ᠂ | ᠰᠢ ᠶᠢᠨ ᠫᠢᠩ ᠵᠢᠨᠵᠧᠦ ᠬᠤᠳᠠ ᠶᠢᠨ ᠳ᠋ᠦᠩ ᠬᠤ᠋ ᠤᠢ ᠰᠢᠭᠤᠢ ᠶᠢᠨ ᠴᠡᠴᠡᠷᠯᠢᠭ ᠲᠤ ᠰᠢᠶᠤᠤ ᠯᠢᠩ ᠾᠧ ᠭᠤᠣᠯ ᠤᠨ ᠬᠦᠪᠡᠭᠡ ᠳᠠᠭᠠᠤ ᠶᠢᠨ ᠠᠮᠢ ᠠᠬᠤᠢ ᠣᠷᠴᠢᠨ | ᠲᠣᠭᠤᠷᠢᠨ ᠢ ᠪᠠᠶᠢᠴᠠᠭᠠᠨ ᠦᠵᠡᠬᠦ ᠦᠶ᠎ᠠ ᠳᠡᠭᠡᠨ᠂ ᠠᠳᠡ ᠰᠡᠯᠡᠭᠦᠴᠡᠨ ᠰᠣᠶᠣᠯ ᠤᠨ ᠠᠵᠢᠯᠯᠠᠭ᠎ᠠ ᠦᠷᠨᠢᠬᠦᠯᠵᠤ ᠪᠠᠶᠢᠭᠰᠠᠨ ᠤᠯᠠᠨ ᠲᠦᠮᠡᠨ ᠲᠠᠢ ᠲᠤᠳᠤᠨᠤᠰᠤᠭ ᠢᠶᠠᠷ | ᠶᠠᠷᠢᠯᠴᠠᠵᠤ ᠪᠠᠶᠢᠭ᠎ᠠ ᠨᠢ᠃ | ᠰᠢᠨᠬᠤᠧᠠ ᠬᠤᠷᠢᠶᠠᠨ ᠤ ᠰᠤᠷᠪᠤᠯᠵᠢᠯᠠᠬᠴᠢ ᠶᠠᠨ ᠶᠠᠨ ᠰᠡᠬᠦᠳᠡᠷᠯᠡᠪᠡ | | | | | | 8 ᠰᠠᠷ᠎ᠠ ᠶᠢᠨ 16 ᠠᠴᠠ 17 ᠤ ᠡᠳᠦᠷ ᠪᠣᠯᠲᠠᠯ᠎ᠠ᠂ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ | ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠯᠢᠶᠣᠤᠨᠢᠩ ᠳᠤ ᠰᠢᠨᠵᠢᠯᠡᠨ ᠪᠠᠶᠢᠴᠠᠭᠠᠪᠠ᠃ ᠵᠢᠷᠤᠬ ᠪᠤᠯ 17 ᠤ ᠦᠳᠡ ᠶᠢᠨ ᠬᠤᠶᠢᠨ᠎ᠠ᠂ | ᠰᠢ ᠶᠢᠨ ᠫᠢᠩ ᠮᠦᠭᠳᠡᠨ ᠤ ᠰᠢᠨ ᠰᠦᠩ ᠮᠠᠰᠢᠨ ᠬᠥᠮᠦᠨ ᠤ ᠠᠦ᠋ᠲ᠋ᠣᠴᠢᠯᠠᠭᠰᠠᠨ ᠬᠤᠪᠢᠴᠠᠭᠠᠳᠤ ᠬᠢᠵᠠᠭᠠᠷᠲᠤ ᠺᠣᠮᠫᠠᠨᠢ ᠶᠢᠨ ᠦᠵᠡᠭᠦᠯᠭᠡ ᠶᠢᠨ ᠲᠢᠩᠬᠢᠮ ᠳᠤ | ᠯᠢᠶᠣᠤᠨᠢᠩ ᠤᠨ ᠲᠡᠷᠢᠭᠦᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠳᠬᠦᠨ ᠤ ᠲᠥᠪᠯᠡᠷᠡᠬᠦᠯᠦᠭᠰᠡᠨ ᠲᠡᠯᠬᠡᠨ ᠦᠵᠡᠭᠦᠯᠭᠡ ᠶᠢ ᠪᠠᠶᠢᠴᠠᠭᠠᠨ ᠦᠵᠡᠵᠦ | ᠪᠠᠶᠢᠭ᠎ᠠ ᠨᠢ᠃ | ᠰᠢᠨᠬᠤᠧᠠ ᠬᠤᠷᠢᠶᠠᠨ ᠤ ᠰᠤᠷᠪᠤᠯᠵᠢᠯᠠᠬᠴᠢ ᠵᠢᠤᠢ ᠫᠧᠩ ᠰᠡᠬᠦᠳᠡᠷᠯᠡᠪᠡ | | ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ | ᠶᠢᠨ ᠫᠢᠩ ᠤᠢᠢᠷ᠎ᠠ ᠶᠢᠨ ᠡᠳᠦᠷ ᠯᠢᠶᠣᠤᠨᠢᠩ ᠳᠤ ᠰᠢᠨᠵᠢᠯᠡᠨ ᠪᠠᠶᠢᠴᠠᠭᠠᠬᠤ ᠳᠠᠭᠠᠨ᠂ ᠨᠠᠮ ᠤᠨ ᠲᠥᠪ ᠬᠤᠷᠢᠶᠠᠨ ᠤ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ | ᠲᠤᠭᠤᠰᠢᠯᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠵᠦ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ | ᠲᠥᠯᠥᠪᠵᠢᠭᠦᠯᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠦᠪ ᠣᠨᠣᠪᠴᠢᠲᠠᠶ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠴᠢᠨᠠᠷ | ᠰᠠᠶᠢᠲᠠᠢ ᠬᠥᠭᠵᠢᠯᠲᠡ ᠶᠢ ᠡᠷᠡᠰ ᠭᠤᠶᠢᠪᠢᠰᠢ ᠦᠭᠡᠢ ᠠᠬᠢᠭᠤᠯᠵᠤ᠂ ᠬᠠᠮᠲᠤ ᠪᠠᠷ ᠪᠠᠶᠠᠵᠢᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠵᠠᠰᠠᠯᠲᠠ ᠶᠢᠨ ᠰᠢᠰᠲ᠋ᠧᠮ | ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠲᠦᠷᠭᠡᠳᠭᠡᠨ ᠠᠬᠢᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠵᠤ᠂ | ᠰᠢᠨ᠎ᠡ ᠴᠠᠭ ᠦᠶ᠎ᠡ ᠳᠤ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠲᠠᠯ᠎ᠠ ᠪᠠᠷ ᠨᠠᠩ ᠶᠡᠭᠡ ᠬᠠᠷᠢᠭᠤᠴᠠᠯᠭ᠎ᠠ ᠡᠭᠦᠷᠭᠡᠯᠡᠯ ᠪᠠ ᠵᠢᠳᠬᠦᠯ | ᠴᠢᠷᠮᠠᠶᠢᠯᠭ᠎ᠠ ᠪᠠᠨ ᠢᠯᠡᠷᠡᠭᠦᠯᠵᠦ᠂ ᠯᠢᠶᠣᠤᠨᠢᠩ ᠤᠨ ᠮᠠᠨᠳᠤᠯᠲᠠ ᠬᠥᠭᠵᠢᠯᠲᠠ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠴᠦ᠂ ᠪᠣᠳᠠᠲᠤ ᠠᠵᠢᠯᠯᠠᠭ᠎ᠠ ᠪᠠᠷ ᠢᠶᠠᠨ | ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠠᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠴᠢᠬᠤᠯᠠᠴᠢᠯᠠᠪᠠ᠃ | 8 ᠰᠠᠷ᠎ᠠ ᠶᠢᠨ 16 ᠠᠴᠠ 17 ᠤ ᠡᠳᠦᠷ ᠪᠣᠯᠲᠠᠯ᠎ᠠ᠂ ᠰᠢ ᠶᠢᠨ ᠫᠢᠩ ᠯᠢᠶᠣᠤᠨᠢᠩ ᠮᠤᠵᠢ ᠶᠢᠨ ᠨᠠᠮ ᠤᠨ ᠬᠤᠷᠢᠶᠠᠨ ᠤ ᠱᠦᠵᠢ ᠵᠠᠩ ᠭᠦᠸᠧ ᠴᠢᠩ᠂ | ᠮᠤᠵᠢ ᠶᠢᠨ ᠳᠠᠷᠤᠭ᠎ᠠ ᠯᠢ ᠯᠧ ᠴᠧᠩ ᠤᠨ ᠪᠠᠷ᠎ᠠ ᠪᠣᠯᠣᠯᠭ᠎ᠠ ᠲᠠᠢ ᠪᠠᠷ ᠤᠷᠢᠳ ᠬᠤᠵᠢᠳ ᠵᠢᠨᠵᠧᠦ᠂ ᠮᠦᠭᠳᠡᠨ ᠵᠡᠷᠭᠡ ᠭᠠᠵᠠᠷ ᠲᠤ ᠬᠦᠷᠴᠦ᠂ ᠬᠤᠪᠢᠰᠬᠠᠯ ᠤᠨ | ᠳᠤᠷᠠᠰᠬᠠᠯ ᠤᠨ ᠣᠷᠳᠣᠨ᠂ ᠭᠤᠤᠯ ᠮᠥᠷᠡᠨ ᠨᠠᠭᠤᠷ ᠪᠦᠷᠢᠳᠦ ᠶᠢ ᠵᠠᠰᠠᠬᠤ ᠢᠨᠵᠧᠨᠧᠷᠢᠩ᠂ ᠠᠵᠤ ᠠᠬᠤᠶᠢᠯᠠᠯ᠂ ᠨᠡᠶᠢᠭᠡᠮ ᠲᠣᠭᠤᠷᠢᠭ ᠵᠡᠷᠭᠡ ᠳᠤ ᠭᠦᠨᠵᠡᠭᠡᠶᠢᠷᠡᠨ | ᠪᠠᠶᠢᠴᠠᠭᠠᠨ ᠰᠤᠳᠤᠯᠪᠠ᠃ | 16 ᠤ ᠦᠳᠡ ᠶᠢᠨ ᠬᠤᠶᠢᠨ᠎ᠠ᠂ ᠰᠢ ᠶᠢᠨ ᠫᠢᠩ ᠵᠢᠨᠵᠧᠦ ᠬᠤᠳᠠ ᠳᠤ ᠡᠩ ᠲᠡᠷᠢᠭᠦᠨ ᠳᠤ ᠯᠢᠶᠣᠤ ᠱᠧᠨ ᠤ ᠳᠠᠶᠢᠯᠠᠯᠳᠤᠭᠠᠨ ᠤ ᠳᠤᠷᠠᠰᠬᠠᠯ ᠤᠨ | ᠣᠷᠳᠣᠨ ᠢᠶᠠᠷ ᠰᠢᠨᠵᠢᠯᠡᠨ ᠪᠠᠶᠢᠴᠠᠭᠠᠪᠠ᠃ 70 ᠭᠠᠷᠤᠢ ᠵᠢᠯ ᠤᠨ ᠡᠮᠦᠨ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠠᠷᠠᠳ ᠤᠨ ᠴᠡᠷᠢᠭ ᠠᠩᠬᠢ ᠶᠢ | ᠵᠢᠯᠣᠭᠤᠳᠴᠤ ᠯᠢᠶᠣᠤ ᠱᠧᠨ ᠤ ᠳᠠᠶᠢᠯᠠᠯᠳᠤᠭᠠᠨ ᠤ ᠢᠯᠠᠯᠲᠠ ᠶᠢ ᠲᠡᠮᠡᠴᠡᠨ ᠤᠯᠪᠠ᠃ ᠰᠢ ᠶᠢᠨ ᠫᠢᠩ ᠣᠷᠣᠰᠢᠯ ᠲᠢᠩᠬᠢᠮ᠂ ᠳᠠᠶᠢᠯᠠᠯᠳᠤᠭᠠᠨ ᠤ ᠲᠡᠦᠬᠡ ᠶᠢᠨ | ᠣᠷᠳᠣᠨ᠂ ᠡᠮᠦᠨ᠎ᠡ ᠹᠷᠣᠨᠲ ᠢ ᠲᠤᠰᠠᠯᠠᠭᠰᠠᠨ ᠣᠷᠳᠣᠨ᠂ ᠦᠷᠡᠭᠳᠡᠭᠰᠡᠨ ᠪᠠᠭᠠᠲᠤᠷᠴᠤᠳ ᠤᠨ ᠣᠷᠳᠣᠨ ᠢ ᠲᠠᠷᠠᠭᠠᠯᠠᠨ ᠲᠣᠭᠤᠷᠢᠨ ᠦᠵᠡᠵᠦ᠂ ᠵᠡᠭᠦᠨ | ᠬᠤᠶᠢᠲᠤ ᠶᠢᠨ ᠴᠢᠯᠥᠭᠡᠯᠡᠬᠦ ᠳᠠᠶᠢᠨ ᠤ ᠲᠡᠦᠬᠡ ᠪᠣᠯᠤᠨ ᠯᠢᠶᠣᠤ ᠱᠧᠨ ᠤ ᠳᠠᠶᠢᠯᠠᠯᠳᠤᠭᠠᠨ ᠤ ᠢᠯᠠᠯᠲᠠ ᠶᠢᠨ ᠶᠠᠪᠤᠴᠠ ᠶᠢ ᠡᠷᠭᠢᠴᠡᠭᠦᠯᠵᠦ᠂ ᠥᠷᠭᠡᠨ ᠤᠯᠠᠨ ᠠᠷᠠᠳ | ᠲᠦᠮᠡᠨ ᠤ ᠡᠮᠦᠨ᠎ᠡ ᠹᠷᠣᠨᠲ ᠢ ᠲᠤᠰᠠᠯᠠᠭᠰᠠᠨ ᠰᠡᠳᠭᠢᠯ ᠬᠥᠳᠡᠯᠭᠡᠮ᠎ᠡ ᠦᠢᠯᠡ ᠠᠵᠢᠯᠯᠠᠭ᠎ᠠ ᠪᠣᠯᠤᠨ ᠬᠤᠪᠢᠰᠬᠠᠯᠲᠤ ᠦᠷᠡᠭᠳᠡᠭᠰᠡᠨ ᠪᠠᠭᠠᠲᠤᠷᠴᠤᠳ ᠤᠨ ᠥᠷᠡᠭᠲᠡᠯ | ᠰᠤᠶᠢᠲᠤᠯ ᠠᠴᠠ ᠠᠶᠤᠬᠤ ᠦᠭᠡᠢ ᠪᠠᠭᠠᠲᠤᠷᠯᠢᠭ ᠦᠢᠯᠡ ᠠᠵᠢᠯᠯᠠᠭ᠎ᠠ ᠶᠢ ᠰᠠᠨᠠᠭᠠᠯᠵᠠᠨ ᠡᠷᠭᠢᠴᠡᠭᠦᠯᠪᠡ᠃ ᠰᠢ ᠶᠢᠨ ᠫᠢᠩ᠂ ᠯᠢᠶᠣᠤ ᠱᠧᠨ ᠤ ᠳᠠᠶᠢᠯᠠᠯᠳᠤᠭᠠᠨ ᠤ | ᠢᠯᠠᠯᠲᠠ ᠨᠢ ᠮᠠᠤ ᠽᠧ ᠳ᠋ᠦᠩ ᠨᠥᠬᠦᠷ ᠵᠡᠷᠭᠡ ᠠᠬᠠᠮᠠᠳ ᠨᠢᠭᠡ ᠦᠶ᠎ᠡ ᠶᠢᠨ ᠬᠤᠪᠢᠰᠬᠠᠯᠴᠢᠳ ᠤᠨ ᠤᠯᠠᠨ ᠠᠴᠠ ᠬᠡᠲᠦᠶᠢᠳᠦᠭᠰᠡᠨ ᠪᠠᠶᠢᠯᠳᠤᠬᠤ ᠪᠣᠳᠣᠯᠭ᠎ᠠ ᠶᠢᠨ | ᠬᠠᠷᠠᠴᠠ ᠪᠣᠯᠤᠨ ᠪᠠᠶᠢᠯᠳᠤᠬᠤ ᠪᠣᠳᠣᠯᠭ᠎ᠠ ᠶᠢᠨ ᠤᠬᠠᠭᠠᠯᠠᠯ ᠢ ᠭᠦᠶᠴᠡᠳ ᠢᠯᠡᠷᠡᠭᠦᠯᠪᠡ᠃ ᠴᠢᠯᠥᠭᠡᠯᠡᠬᠦ ᠲᠠᠶᠢᠨ ᠤ ᠦᠶ᠎ᠡ ᠳᠤ ᠮᠠᠨ ᠤ ᠨᠠᠮ ᠪᠣᠯᠤᠨ ᠭᠤᠮᠢᠨᠳᠠᠩ ᠤᠨ | ᠬᠤᠭᠤᠷᠣᠨᠳᠣᠬᠢ ᠶᠡᠭᠡ ᠰᠢᠢᠳᠪᠦᠷᠢᠲᠦ ᠪᠠᠶᠢᠯᠳᠤᠭᠠᠨ ᠪᠣᠯ ᠴᠡᠷᠢᠭ ᠤᠨ ᠬᠦᠴᠦᠨ ᠵᠡᠪᠰᠡᠭ ᠤᠨ ᠬᠦᠴᠦᠨ ᠤ ᠪᠠᠶᠢᠯᠳᠤᠭᠠᠨ ᠪᠣᠯᠬᠤ ᠮᠥᠷᠲᠡᠭᠡᠨ ᠨᠡᠩ ᠴᠤ ᠠᠷᠠᠳ ᠤᠨ | ᠰᠡᠳᠭᠢᠯ ᠢ ᠤᠯᠵᠤ ᠠᠯᠲᠠᠬᠤ ᠲᠤᠬᠠᠢ ᠲᠡᠮᠡᠴᠡᠯ ᠪᠣᠯᠬᠤ ᠶᠤᠮ᠃ ᠯᠢᠶᠣᠤ ᠱᠧᠨ ᠤ ᠳᠠᠶᠢᠯᠠᠯᠳᠤᠭᠠᠨ ᠤ ᠢᠯᠠᠯᠲᠠ ᠶᠢ ᠵᠡᠭᠦᠨ ᠬᠤᠶᠢᠲᠤ ᠣᠷᠣᠨ ᠤ ᠠᠷᠠᠳ ᠲᠦᠮᠡᠨ | ᠪᠦᠬᠦ ᠬᠦᠴᠦ ᠪᠠᠷ ᠢᠶᠠᠨ ᠲᠤᠰᠠᠯᠠᠵᠤ ᠪᠠᠶᠢᠭᠠᠳ ᠲᠡᠮᠡᠴᠡᠨ ᠣᠯᠤᠭᠰᠠᠨ ᠶᠤᠮ᠂ ᠬᠤᠸᠠᠢ ᠬᠠᠢ ᠶᠢᠨ ᠳᠠᠶᠢᠯᠠᠯᠳᠤᠭᠠᠨ ᠤ ᠢᠯᠠᠯᠲᠠ ᠶᠢ ᠠᠷᠠᠳ ᠲᠦᠮᠡᠨ ᠵᠢᠵᠢᠭ | ᠵᠢᠳᠬᠦᠬᠦᠷ ᠲᠡᠷᠭᠡ ᠪᠠᠨ ᠲᠦᠯᠬᠢᠵᠦ ᠪᠠᠶᠢᠭᠠᠳ ᠲᠡᠮᠡᠴᠡᠨ ᠣᠯᠤᠭᠰᠠᠨ ᠶᠤᠮ᠂ ᠮᠥᠷᠡᠨ ᠭᠠᠲᠤᠯᠬᠤ ᠳᠠᠶᠢᠯᠠᠯᠳᠤᠭᠠᠨ ᠤ ᠢᠯᠠᠯᠲᠠ ᠶᠢ ᠠᠷᠠᠳ ᠲᠦᠮᠡᠨ ᠵᠢᠵᠢᠭ | ᠣᠩᠭᠤᠴᠠ ᠪᠠᠨ ᠰᠡᠯᠢᠵᠦ ᠪᠠᠶᠢᠭᠠᠳ ᠲᠡᠮᠡᠴᠡᠨ ᠣᠯᠤᠭᠰᠠᠨ ᠶᠤᠮ᠃ ᠠᠷᠠᠳ ᠤᠨ ᠰᠡᠳᠭᠢᠯ ᠪᠣᠯ ᠬᠠᠮᠤᠭ ᠤᠨ ᠶᠡᠭᠡ ᠤᠯᠤᠰ ᠲᠦᠷᠦ ᠮᠥᠨ᠂ ᠲᠡᠷᠡ ᠨᠢ ᠠᠵᠢᠯ | ᠦᠢᠯᠡᠰ ᠤᠨ ᠮᠠᠨᠳᠤᠵᠤ ᠪᠠᠭᠤᠷᠠᠬᠤ ᠢᠯᠠᠵᠤ ᠢᠯᠠᠭᠳᠠᠬᠤ ᠶᠢ ᠲᠣᠭᠲᠠᠭᠠᠳᠠᠭ᠃ ᠮᠠᠨ ᠤ ᠨᠠᠮ ᠠᠷᠠᠳ ᠤᠯᠠᠨ ᠯᠤᠭ᠎ᠠ ᠶᠢᠨ ᠴᠢᠰᠤ ᠮᠢᠬᠠᠨ ᠤ ᠬᠠᠷᠢᠴᠠᠭ᠎ᠠ ᠪᠠᠨ | ᠢᠮᠠᠭᠲᠠ ᠪᠠᠲᠤᠯᠠᠵᠤ᠂ ᠢᠮᠠᠭᠲᠠ ᠠᠷᠠᠳ ᠲᠦᠮᠡᠨ ᠲᠠᠢ ᠠᠮᠢᠰᠬᠤᠭ᠎ᠠ ᠪᠠᠨ ᠨᠢᠭᠡᠳᠭᠡᠵᠦ᠂ ᠬᠤᠪᠢ ᠵᠠᠶᠠᠭ᠎ᠠ ᠪᠠᠨ ᠬᠠᠮᠲᠤᠳᠬᠠᠨ᠂ ᠰᠡᠳᠭᠢᠯ ᠵᠢᠷᠦᠬᠡ ᠪᠠᠨ ᠬᠤᠯᠪᠣᠳᠠᠭ | ᠯᠠ ᠶᠤᠮ ᠪᠣᠯ ᠠᠯᠢᠪᠠ ᠬᠦᠴᠢᠷ ᠪᠡᠷᠬᠡᠰᠢᠶᠡᠯ ᠬᠠᠷᠰᠢ ᠰᠠᠭᠠᠳ ᠢ ᠢᠯᠠᠨ ᠳᠠᠪᠠᠭ᠋ᠤ ᠬᠦᠴᠦᠷᠬᠡᠭ ᠶᠡᠭᠡ ᠬᠦᠴᠦᠨ ᠢ ᠤᠯᠵᠤ ᠴᠢᠳᠠᠨ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠨᠠᠮ ᠤᠨ ᠲᠡᠦᠬᠡ ᠶᠢ ᠰᠤᠷᠤᠯᠴᠠᠬᠤ ᠪᠣᠯ ᠨᠠᠮ ᠤᠨ ᠭᠡᠰᠢᠭᠦᠨ ᠨᠢᠭᠡ ᠪᠦᠷᠢ ᠶᠢᠨ ᠡᠭᠦᠷᠭᠡ ᠮᠥᠨ᠃ ᠨᠠᠮ ᠤᠨ ᠲᠡᠦᠬᠡ ᠶᠢᠨ ᠰᠤᠷᠤᠯᠴᠠᠯᠭ᠎ᠠ | ᠬᠥᠮᠦᠵᠢᠯ ᠢ ᠪᠠᠶᠢᠩᠭᠤᠵᠢᠭᠤᠯᠤᠨ ᠤᠷᠲᠤ ᠬᠤᠭᠤᠴᠠᠭ᠎ᠠ ᠪᠦᠲᠦᠮᠵᠢᠲᠡᠢ ᠪᠠᠶᠢᠯᠭᠠᠬᠤ ᠶᠢ ᠠᠬᠢᠭᠤᠯᠵᠤ᠂ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷ ᠤᠨ ᠨᠠᠮ ᠤᠨ | ᠲᠡᠦᠬᠡ ᠶᠢ ᠰᠤᠷᠤᠯᠴᠠᠬᠤ ᠶᠢ ᠵᠠᠪᠠᠯ ᠰᠤᠷᠬᠤ ᠬᠢᠴᠢᠶᠡᠯ ᠪᠠ ᠪᠠᠶᠢᠩᠭᠤ ᠰᠤᠷᠬᠤ ᠬᠢᠴᠢᠶᠡᠯ ᠪᠣᠯᠭᠠᠬᠤ ᠶᠢ ᠬᠦᠳᠦᠯᠦᠨ ᠵᠢᠯᠣᠭᠤᠳᠬᠤ ᠬᠡᠷᠡᠭᠲᠡᠢ ᠭᠡᠵᠦ ᠴᠢᠬᠤᠯᠠᠴᠢᠯᠠᠪᠠ᠃ | | ᠰᠢ ᠶᠢᠨ ᠫᠢᠩ ᠠᠬᠠᠮᠠᠳ ᠪᠠᠶᠢᠯᠳᠤᠭᠴᠢ ᠠᠬᠠᠮᠠᠳ ᠨᠥᠬᠦᠳ ᠪᠣᠯᠤᠨ ᠬᠤᠪᠢᠰᠬᠠᠯᠲᠤ ᠦᠷᠡᠭᠳᠡᠭᠰᠡᠨ ᠪᠠᠭᠠᠲᠤᠷᠴᠤᠳ ᠤᠨ ᠲᠥᠷᠥᠯ ᠰᠠᠳᠤᠨ ᠤ | ᠲᠥᠯᠥᠭᠡᠯᠡᠭᠴᠢᠳ ᠲᠠᠢ ᠳᠣᠲᠣᠨᠣ ᠪᠠᠷ ᠠᠭᠤᠯᠵᠠᠵᠤ᠂ ᠲᠡᠳᠡᠨ ᠢ ᠴᠢᠩ ᠰᠡᠳᠭᠢᠯ ᠠᠴᠠ ᠪᠠᠨ ᠲᠣᠬᠤᠨᠢᠭᠤᠯᠵᠤ ᠪᠠᠶᠢᠬᠤ ᠪᠠᠨ ᠢᠯᠡᠳᠭᠡᠪᠡ᠃ ᠰᠢ ᠶᠢᠨ ᠫᠢᠩ᠂ ᠵᠡᠭᠦᠨ | ᠬᠤᠶᠢᠲᠤ ᠣᠷᠣᠨ ᠤ ᠠᠷᠠᠳ ᠲᠦᠮᠡᠨ ᠯᠢᠶᠣᠤ ᠱᠧᠨ ᠤ ᠳᠠᠶᠢᠯᠠᠯᠳᠤᠭᠠᠨ ᠤ ᠢᠯᠠᠯᠲᠠ ᠪᠣᠯᠤᠨ ᠵᠡᠭᠦᠨ ᠬᠤᠶᠢᠲᠤ ᠣᠷᠣᠨ ᠤ ᠴᠢᠯᠥᠭᠡᠯᠡᠯᠲᠡ ᠶᠢᠨ ᠲᠥᠯᠥᠭᠡ ᠯᠤᠲᠤ | ᠶᠡᠭᠡ ᠦᠷᠡᠭᠳᠡᠯ ᠭᠠᠷᠭᠠᠭᠰᠠᠨ ᠢᠶᠠᠷ ᠪᠠᠷᠠᠬᠤ ᠦᠭᠡᠢ ᠪᠠᠰᠠ ᠰᠢᠨ᠎ᠡ ᠳᠤᠮᠳᠠᠳᠤ ᠤᠯᠤᠰ ᠤᠨ ᠪᠦᠳᠦᠭᠡᠨ ᠪᠠᠶᠢᠭᠤᠯᠤᠯᠲᠠ ᠪᠣᠯᠤᠨ ᠠᠮᠧᠷᠢᠺᠠ ᠶᠢ ᠡᠰᠡᠷᠭᠦᠴᠡᠵᠦ | ᠰᠣᠯᠣᠩᠭᠤᠰ ᠢ ᠲᠤᠰᠠᠯᠠᠬᠰᠠᠨ ᠲᠠᠶᠢᠨ ᠤ ᠢᠯᠠᠯᠲᠠ ᠶᠢ ᠤᠯᠬᠤ ᠳᠤ ᠯᠤᠲᠤ ᠶᠡᠭᠡ ᠬᠤᠪᠢ ᠨᠡᠮᠡᠷᠢ ᠦᠵᠡᠭᠦᠯᠦᠭᠰᠡᠨ ᠢ ᠨᠠᠮ ᠪᠣᠯᠤᠨ ᠠᠷᠠᠳ ᠲᠦᠮᠡᠨ ᠥᠨᠢ ᠡᠭᠦᠷᠢᠳᠡ | ᠮᠠᠷᠲᠠᠬᠤ ᠦᠭᠡᠢ ᠶᠤᠮ᠃ ᠮᠠᠨ ᠤ ᠬᠤᠪᠢᠰᠬᠠᠯᠲᠤ ᠲᠦᠷᠦ ᠵᠠᠰᠠᠭ ᠢ ᠲᠦᠭ ᠲᠦᠮᠡᠨ ᠬᠤᠪᠢᠰᠬᠠᠯᠲᠤ ᠦᠷᠡᠭᠳᠡᠭᠰᠡᠨ ᠪᠠᠭᠠᠲᠤᠷᠴᠤᠳ ᠠᠷᠢᠭᠤᠨ ᠴᠢᠰᠤ ᠪᠠ ᠠᠮᠢ | ᠨᠠᠰᠤ ᠪᠠᠷ ᠢᠶᠠᠨ ᠰᠣᠯᠢᠵᠤ ᠠᠪᠴᠢᠷᠠᠭᠰᠠᠨ ᠶᠤᠮ᠃ ᠲᠥᠷᠥ ᠵᠠᠰᠠᠭ ᠪᠣᠯ ᠳᠠᠷᠤᠶ ᠠᠷᠠᠳ ᠲᠦᠮᠡᠨ᠂ ᠠᠷᠠᠳ ᠲᠦᠮᠡᠨ ᠪᠣᠯ ᠲᠠᠷᠤᠢ ᠲᠥᠷᠥ ᠵᠠᠰᠠᠭ ᠮᠦᠨ᠃ ᠪᠢᠳᠠ | ᠲᠦᠷᠦ ᠵᠠᠰᠠᠭ ᠤᠨ ᠤᠢᠩᠭᠡ ᠬᠤᠪᠢᠷᠡᠬᠤ ᠶᠢ ᠣᠭᠲᠣ ᠵᠥᠪᠰᠢᠶᠡᠷᠡᠬᠦ ᠤᠢᠭᠡᠢ᠂ ᠠᠷᠠᠳ ᠲᠦᠮᠡᠨ ᠴᠦ ᠣᠭᠲᠣ ᠵᠥᠪᠰᠢᠶᠡᠷᠡᠬᠦ ᠤᠢᠭᠡᠢ᠃ ᠤᠰᠤ ᠶᠢ ᠨᠢ ᠤᠤᠭᠤᠪᠠᠯ | ᠡᠬᠢ ᠶᠢ ᠨᠢ ᠮᠠᠷᠳᠠᠵᠤ ᠪᠤᠯᠬᠤ ᠦᠬᠡᠢ᠃ | ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠭᠠᠷᠤᠢ ᠵᠢᠯ ᠤᠨ ᠲᠤᠷᠰᠢ᠂ ᠦᠶ᠎ᠡ ᠦᠶ᠎ᠡ ᠶᠢᠨ ᠬᠥᠮᠦᠰ ᠤᠨ ᠰᠢᠷᠭᠠᠭᠤ ᠬᠠᠲᠠᠭᠤᠵᠢᠯᠲᠠᠢ | ᠲᠡᠮᠡᠴᠡᠯ ᠢᠶᠠᠷ ᠳᠠᠮᠵᠢᠨ᠂ ᠮᠠᠨ ᠤ ᠤᠯᠤᠰ ᠲᠤ ᠲᠡᠭᠷᠢ ᠭᠠᠵᠠᠷ ᠢ ᠲᠤᠩᠰᠤᠯᠭᠠᠬᠰᠠᠨ ᠬᠤᠪᠢᠷᠠᠯᠲᠠ ᠭᠠᠷᠴᠤ᠂ ᠠᠷᠠᠳ ᠲᠦᠮᠡᠨ ᠪᠦᠬᠦ ᠲᠠᠯ᠎ᠠ ᠪᠠᠷ ᠴᠢᠨᠡᠭᠡᠯᠢᠭᠵᠢᠭᠰᠡᠨ | ᠠᠮᠢᠳᠤᠷᠠᠯ ᠢ ᠡᠳ᠋ᠯᠡᠵᠦ᠂ ᠳᠤᠮᠳᠠᠳᠤ ᠶᠢᠨ ᠦᠨᠳᠦᠰᠦᠲᠡᠨ ᠳᠡᠯᠡᠬᠡᠢ ᠶᠢᠨ ᠦᠨᠳᠦᠰᠦᠲᠡᠨ ᠤ ᠳᠤᠮᠳᠠ ᠰᠡᠬᠦᠶᠢᠨ ᠰᠦᠨᠳᠡᠷᠯᠡᠪᠡ᠃ ᠪᠢᠳᠡ ᠦᠷᠭᠦᠯᠵᠢᠯᠡᠨ | ᠤᠷᠤᠭᠰᠢᠯᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠴᠢᠷᠮᠠᠶᠢᠨ ᠪᠡᠶᠡᠯᠡᠭᠦᠯᠤᠨ᠂ ᠡᠭᠦᠨ ᠢᠶᠠᠷ ᠬᠤᠪᠢᠰᠬᠠᠯ ᠤᠨ ᠤᠷᠢᠳᠤᠰ | ᠪᠣᠯᠤᠨ ᠦᠷᠡᠭᠳᠡᠭᠰᠡᠨ ᠪᠠᠭᠠᠲᠤᠷᠴᠤᠳ ᠢ ᠲᠠᠶᠢᠳᠬᠤᠷᠠᠭᠤᠯᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠠᠬᠠᠮᠠᠳ | ᠪᠠᠶᠢᠯᠳᠤᠭᠴᠢ ᠠᠬᠠᠮᠠᠳ ᠨᠥᠬᠦᠳ ᠪᠣᠯᠤᠨ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠲᠦᠷᠦᠯ ᠰᠠᠳᠤᠨ ᠢ ᠬᠠᠯᠠᠮᠵᠢᠯᠠᠵᠤ᠂ ᠠᠬᠠᠮᠠᠳ ᠪᠠᠶᠢᠯᠳᠤᠭᠴᠢ | ᠠᠬᠠᠮᠠᠳ ᠨᠥᠬᠦᠳ ᠲᠤ ᠥᠲᠡᠯᠦᠭᠡ ᠨᠠᠰᠤᠨ ᠤ ᠵᠣᠯ ᠵᠢᠷᠭᠠᠯ ᠢ ᠡᠳ᠋ᠯᠡᠭᠦᠯᠵᠦ᠂ ᠦᠷᠡᠭᠳᠡᠭᠰᠡᠨ ᠪᠠᠭᠠᠲᠤᠷᠴᠤᠳ ᠤᠨ ᠲᠦᠷᠦᠯ ᠰᠠᠳᠤᠨ ᠳᠤ ᠨᠠᠮ ᠤᠨ ᠬᠠᠶᠢᠷ᠎ᠠ | ᠬᠠᠯᠠᠮᠵᠢ ᠶᠢ ᠮᠡᠳᠡᠷᠡᠭᠦᠯᠬᠦ ᠬᠡᠷᠡᠭᠲᠡᠢ᠃ ᠬᠤᠪᠢᠰᠬᠠᠯᠲᠤ ᠲᠦᠷᠦ ᠵᠠᠰᠠᠭ ᠬᠢᠯᠪᠠᠷ ᠪᠤᠰᠤ ᠪᠠᠷ ᠢᠷᠡᠭᠰᠡᠨ ᠶᠤᠮ᠂ ᠲᠥᠷᠥ ᠵᠠᠰᠠᠭ ᠢ ᠰᠠᠶᠢᠲᠤᠷ ᠰᠠᠬᠢᠬᠤ ᠬᠠᠷᠢᠭᠤᠴᠠᠯᠭ᠎ᠠ | ᠬᠦᠨᠳᠦ ᠶᠡᠭᠡ ᠶᠤᠮ᠃ ᠨᠠᠮ ᠤᠨ ᠦᠯᠢᠭᠡᠷ᠂ ᠬᠤᠪᠢᠰᠬᠠᠯ ᠤᠨ ᠦᠯᠢᠭᠡᠷ᠂ ᠪᠠᠭᠠᠲᠤᠷᠴᠤᠳ ᠤᠨ ᠦᠯᠢᠭᠡᠷ ᠢ ᠰᠠᠶᠢᠲᠤᠷ ᠶᠠᠷᠢᠵᠤ᠂ ᠬᠤᠪᠢᠰᠬᠠᠯᠲᠤ ᠤᠳᠤᠮᠰᠢᠯ ᠢ | ᠤᠯᠠᠮᠵᠢᠯᠠᠨ ᠵᠠᠯᠭᠠᠮᠵᠢᠯᠠᠵᠤ᠂ ᠬᠤᠪᠢᠰᠬᠠᠯᠲᠤ ᠲᠦᠷᠦ ᠵᠠᠰᠠᠭ ᠢ ᠵᠠᠯᠭᠠᠮᠵᠢᠯᠠᠬᠤ ᠬᠥᠮᠦᠨ ᠲᠠᠢ᠂ ᠦᠶ᠎ᠡ ᠶᠢᠨ ᠦᠶ᠎ᠡ ᠳᠤ ᠤᠯᠠᠮᠵᠢᠯᠠᠬᠤ ᠶᠢ ᠦᠨᠡᠨ ᠬᠦ ᠪᠠᠲᠤᠯᠠᠬᠤ | ᠬᠡᠷᠡᠭᠲᠡᠢ ᠭᠡᠵᠦ ᠵᠢᠭᠠᠵᠤ ᠭᠠᠷᠭᠠᠵᠠᠢ᠃ ᠰᠢ ᠶᠢᠨ ᠫᠢᠩ ᠠᠬᠠᠮᠠᠳ ᠪᠠᠶᠢᠯᠳᠤᠭᠴᠢ ᠠᠬᠠᠮᠠᠳ ᠨᠥᠬᠦᠳ ᠢ ᠣᠷᠳᠣ ᠨᠠᠰᠤᠯᠠᠨ ᠤᠳᠠᠭᠠᠨ ᠵᠢᠷᠭᠠᠵᠤ᠂ ᠵᠣᠯ ᠵᠢᠷᠭᠠᠯ ᠲᠠᠢ | ᠠᠮᠢᠳᠤᠷᠠᠵᠦ᠂ ᠶᠠᠪᠤᠳᠠᠯ ᠪᠦᠬᠦᠨ ᠤᠷᠤᠭᠰᠢᠲᠠᠶ ᠪᠤᠯᠳᠤᠭᠠᠢ︕ ᠬᠡᠵᠦ ᠵᠥᠩᠨᠡᠪᠡ᠃ | ᠲᠠᠷᠠᠭ᠎ᠠ ᠨᠢ᠂ ᠰᠢ ᠶᠢᠨ ᠫᠢᠩ ᠵᠢᠨᠵᠧᠦ ᠶᠢᠨ ᠳ᠋ᠦᠩ ᠬᠤ᠋ ᠤᠢ ᠰᠢᠭᠤᠢ ᠶᠢᠨ ᠴᠡᠴᠡᠷᠯᠢᠭ ᠲᠤ ᠬᠦᠷᠴᠦ᠂ ᠲᠤᠬᠠᠢ ᠶᠢᠨ ᠭᠠᠵᠠᠷ ᠤᠨ ᠠᠮᠢ ᠠᠬᠤᠢ ᠣᠷᠴᠢᠨ | ᠲᠣᠭᠤᠷᠢᠨ ᠢ ᠵᠠᠰᠠᠨ ᠰᠡᠷᠭᠦᠭᠡᠬᠦ ᠶᠢ ᠴᠢᠩᠭᠠᠳᠬᠠᠵᠤ ᠪᠠᠶᠢᠭ᠎ᠠ ᠪᠠᠶᠢᠳᠠᠯ ᠢ ᠰᠢᠨᠵᠢᠯᠡᠨ ᠪᠠᠶᠢᠴᠠᠭᠠᠪᠠ᠃ ᠴᠡᠴᠡᠷᠯᠢᠭ ᠨᠢ ᠰᠢᠶᠣᠤ ᠯᠢᠩ ᠾᠧ ᠭᠤᠤᠯ ᠪᠠ ᠨᠢᠤᠢ ᠡᠯ | ᠾᠧ ᠭᠤᠤᠯ ᠤᠨ ᠠᠭᠤᠯᠵᠠᠷ ᠤᠨ ᠬᠤᠶᠢᠲᠤ ᠲᠠᠯ᠎ᠠ ᠳᠤ ᠪᠠᠶᠢᠷᠢᠯᠠᠵᠦ ᠪᠤᠢ᠃ 2014 ᠣᠨ ᠠᠴᠠ ᠡᠬᠢᠯᠡᠨ᠂ ᠵᠢᠨᠵᠧᠦ ᠬᠤᠳᠠ ᠬᠤᠶᠠᠷ ᠭᠤᠣᠯ ᠤᠨ ᠣᠷᠴᠢᠨ | ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢᠨ ᠬᠠᠮᠲᠤ ᠭᠤᠣᠯ ᠳᠠᠭᠠᠤ 10 ᠭᠠᠷᠤᠢ ᠺᠢᠯᠤᠮᠧᠲᠷ ᠤᠨ ᠨᠣᠭᠤᠭᠠᠷᠠᠭᠤᠯᠤᠯᠲᠠ ᠶᠢᠨ ᠪᠦᠰᠡ ᠶᠢ ᠪᠠᠶᠢᠭᠤᠯᠵᠤ᠂ | ᠭᠤᠣᠯ ᠳᠠᠭᠠᠤ ᠪᠡᠶ᠎ᠡ ᠴᠢᠭᠢᠷᠠᠭᠵᠢᠭᠤᠯᠵᠤ ᠰᠡᠯᠡᠭᠦᠴᠡᠨ ᠲᠤᠭᠤᠷᠢᠬᠤ ᠪᠦᠰᠡᠯᠢᠭ ᠴᠡᠴᠡᠷᠯᠢᠭ ᠢ ᠪᠦᠷᠢᠯᠳᠦᠭᠦᠯᠪᠡ᠃ ᠰᠢ ᠶᠢᠨ ᠫᠢᠩ ᠰᠢᠶᠤᠤ ᠯᠢᠩ ᠾᠧ ᠭᠤᠣᠯ ᠤᠨ | ᠬᠦᠪᠡᠭᠡ ᠳᠠᠭᠠᠤ ᠶᠢᠨ ᠠᠮᠢ ᠠᠬᠤᠢ ᠣᠷᠴᠢᠨ ᠲᠣᠭᠤᠷᠢᠨ ᠢ ᠪᠠᠶᠢᠴᠠᠭᠠᠨ ᠦᠵᠡᠪᠡ᠃ ᠲᠡᠷᠡ᠂ ᠰᠠᠶᠢᠨ ᠰᠠᠶᠢᠬᠠᠨ ᠠᠮᠢ ᠠᠬᠤᠶ ᠣᠷᠴᠢᠨ ᠲᠣᠭᠤᠷᠢᠨ ᠪᠣᠯ ᠵᠡᠭᠦᠨ | ᠬᠤᠶᠢᠲᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠷᠬᠢᠮ ᠨᠠᠨᠳᠢᠨ ᠡᠬᠢ ᠪᠠᠶᠠᠯᠢᠭ ᠮᠥᠨ᠂ ᠪᠠᠰᠠ ᠴᠤ ᠵᠡᠭᠦᠨ ᠬᠤᠶᠢᠲᠤ ᠣᠷᠣᠨ ᠢ ᠬᠥᠭᠵᠢᠭᠦᠯᠦᠨ | ᠮᠠᠨᠳᠤᠭᠤᠯᠬᠤ ᠶᠢᠨ ᠨᠢᠭᠡᠨ ᠳᠠᠪᠠᠭᠤᠯᠢᠭ ᠮᠥᠨ᠃ ᠪᠣᠬᠢᠷᠲᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠠᠮᠢ ᠠᠬᠤᠢ ᠶᠢᠨ ᠬᠠᠮᠠᠭᠠᠯᠠᠯᠲᠠ᠂ ᠣᠷᠴᠢᠨ | ᠲᠣᠭᠤᠷᠢᠨ ᠤ ᠪᠦᠳᠦᠭᠡᠨ ᠪᠠᠶᠢᠭᠤᠯᠤᠯᠲᠠ᠂ ᠦᠢᠯᠡᠳᠪᠦᠷᠢᠯᠡᠯ ᠦᠢᠯᠡᠳᠭᠡᠯ᠂ ᠬᠤᠳᠠ ᠶᠢᠨ ᠬᠥᠭᠵᠢᠯᠲᠡ᠂ ᠠᠷᠠᠳ ᠲᠦᠮᠡᠨ ᠤ ᠠᠮᠢᠳᠤᠷᠠᠯ ᠵᠡᠷᠭᠡ ᠡᠯ᠎ᠡ ᠲᠠᠯ᠎ᠠ ᠳᠤ | ᠲᠤᠭᠤᠰᠢᠯᠠᠭᠤᠯᠵᠤ᠂ ᠦᠵᠡᠰᠭᠦᠯᠡᠩᠲᠦ ᠰᠠᠶᠢᠬᠠᠨ ᠳᠤᠮᠳᠠᠳᠤ ᠤᠯᠤᠰ ᠢ ᠲᠦᠷᠭᠡᠳᠭᠡᠨ ᠪᠦᠳᠦᠭᠡᠨ ᠪᠠᠶᠢᠭᠤᠯᠬᠤ ᠬᠡᠷᠡᠭᠲᠡᠢ᠃ ᠠᠮᠢ ᠠᠬᠤᠶ ᠶᠢᠨ ᠪᠣᠯᠪᠠᠰᠤᠨ ᠤ | ᠪᠠᠶᠢᠭᠤᠯᠤᠯᠲᠠ ᠨᠢ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ ᠢ ᠢᠯᠡᠳᠲᠡ ᠳᠡᠭᠡᠭᠰᠢᠯᠡᠭᠦᠯᠲᠡᠭ᠂ ᠡᠨᠡ ᠲᠠᠯ᠎ᠠ ᠪᠠᠷ ᠠᠷᠠᠳ ᠣᠯᠠᠨ ᠤ ᠤᠯᠤᠯᠳᠠ ᠲᠥᠷᠥᠭᠳᠡᠯ | ᠴᠦ ᠬᠠᠮᠤᠭ ᠤᠨ ᠭᠦᠨᠵᠡᠭᠡᠶ ᠶᠤᠮ᠃ ᠠᠭᠤᠯᠠ᠂ ᠤᠰᠤ᠂ ᠬᠤᠳᠠ ᠶᠢ ᠵᠠᠰᠠᠬᠤ ᠶᠢ ᠨᠢᠭᠡ ᠴᠤᠬᠴᠠᠵᠢᠭᠤᠯᠤᠨ ᠠᠬᠢᠭᠤᠯᠬᠤ ᠶᠢ ᠪᠠᠷᠢᠮᠲᠠᠯᠠᠵᠤ᠂ ᠬᠤᠳᠠ ᠶᠢᠨ | ᠦᠢᠯᠡᠳᠪᠦᠷᠢᠯᠡᠯ ᠤᠨ ᠣᠷᠣᠨ ᠵᠠᠢ᠂ ᠠᠮᠢᠳᠤᠷᠠᠯ ᠤᠨ ᠣᠷᠣᠨ ᠵᠠᠢ᠂ ᠠᠮᠢ ᠠᠬᠤᠢ ᠶᠢᠨ ᠣᠷᠣᠨ ᠵᠠᠢ ᠶᠢ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠪᠠᠷ | ᠲᠥᠯᠥᠪᠵᠢᠭᠦᠯᠵᠦ᠂ ᠤᠯᠠᠨ ᠲᠦᠮᠡᠨ ᠳᠤ ᠲᠤᠭᠤᠷᠢᠵᠤ ᠰᠡᠯᠡᠭᠦᠴᠡᠬᠦ᠂ ᠪᠡᠶ᠎ᠡ ᠴᠢᠭᠢᠷᠠᠭᠵᠢᠭᠤᠯᠬᠤ᠂ ᠵᠤᠭ᠎ᠠ ᠴᠡᠩᠭᠡᠯ ᠤᠨ ᠤᠯᠠᠨ ᠨᠡᠶᠢᠲᠡ ᠶᠢᠨ ᠲᠠᠯᠠᠪᠤᠷ ᠢ ᠢᠯᠡᠭᠦᠬᠡᠨ | ᠪᠦᠲᠦᠬᠡᠨ ᠪᠠᠶᠢᠭᠤᠯᠵᠤ ᠥᠭᠬᠦ ᠬᠡᠷᠡᠭᠲᠡᠢ ᠭᠡᠵᠤ ᠴᠢᠬᠤᠯᠠᠴᠢᠯᠠᠵᠠᠢ᠃ | ᠰᠢ ᠶᠢᠨ ᠫᠢᠩ ᠲᠤᠬᠠᠢ ᠶᠢᠨ ᠲᠠᠯᠠᠪᠠᠢ ᠳᠤ ᠯᠢᠶᠣᠤᠨᠢᠩ ᠮᠤᠵᠢ ᠶᠢᠨ ᠦᠶᠡᠷ ᠢ ᠰᠡᠷᠭᠡᠶᠢᠯᠡᠬᠦ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠡᠨᠡ ᠵᠢᠯ | ᠤᠮᠠᠷᠠᠲᠤ ᠣᠷᠣᠨ ᠳᠤ ᠪᠣᠷᠣᠭᠠᠨ ᠬᠤᠷ᠎ᠠ ᠨᠡᠯᠢᠶᠡᠳ ᠡᠯᠪᠡᠭ᠂ ᠦᠶᠡᠷ ᠤᠨ ᠬᠤᠭᠤᠴᠠᠭ᠎ᠠ ᠳᠤ ᠤᠷᠤᠭᠰᠠᠨ ᠠᠴᠠ ᠨᠠᠭᠠᠰᠢ ᠯᠢᠶᠣᠤᠨᠢᠩ ᠳᠤ ᠣᠯᠠᠨ ᠤᠳᠠᠭ᠎ᠠ | ᠰᠢᠷᠦᠭᠦᠨ ᠪᠣᠷᠣᠭᠠᠨ ᠣᠷᠣᠵᠤ᠂ ᠲᠠᠷᠢᠶ᠎ᠠ ᠲᠦᠮᠦᠰᠦ ᠬᠤᠬᠢᠷᠠᠵᠤ᠂ ᠣᠯᠠᠨ ᠲᠦᠮᠡᠨ ᠤ ᠡᠳ᠋ ᠬᠥᠷᠥᠩᠭᠡ ᠬᠤᠬᠢᠷᠠᠯ ᠳᠤ ᠤᠴᠠᠷᠠᠪᠠ᠃ ᠯᠢᠶᠣᠤᠨᠢᠩ ᠮᠤᠵᠢ ᠶᠢᠨ | ᠨᠠᠮ ᠤᠨ ᠬᠤᠷᠢᠶ᠎ᠠ ᠪᠠ ᠮᠤᠵᠢ ᠶᠢᠨ ᠵᠠᠰᠠᠭ ᠤᠨ ᠣᠷᠳᠣᠨ ᠲᠥᠪ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠳᠡᠮᠵᠢᠯᠭᠡ ᠳᠣᠣᠷ᠎ᠠ᠂ ᠭᠠᠮᠰᠢᠭ ᠠᠴᠠ ᠠᠪᠤᠷᠠᠨ | ᠲᠤᠰᠠᠯᠠᠬᠤ ᠡᠯ᠎ᠡ ᠵᠦᠢᠯ ᠤᠨ ᠠᠵᠢᠯ ᠢ ᠪᠦᠬᠦ ᠬᠦᠴᠦ ᠪᠠᠷ ᠢᠶᠠᠨ ᠰᠠᠶᠢᠲᠤᠷ ᠬᠢᠵᠦ᠂ 20 ᠲᠦᠮᠡ ᠰᠢᠬᠠᠮ ᠭᠠᠮᠰᠢᠭᠳᠠᠭᠰᠠᠨ ᠤᠯᠠᠨ ᠲᠦᠮᠡᠨ ᠢ ᠴᠠᠭ ᠲᠤᠬᠠᠢ ᠳᠤᠨᠢ | ᠰᠢᠯᠵᠢᠭᠦᠯᠵᠦ᠂ ᠭᠠᠮᠰᠢᠭᠳᠠᠭᠰᠠᠨ ᠤᠯᠠᠨ ᠲᠦᠮᠡᠨ ᠤ ᠢᠳᠡᠬᠦ ᠬᠤᠭᠤᠯᠠ ᠲᠠᠢ᠂ ᠡᠮᠦᠰᠭᠦ ᠬᠤᠪᠴᠠᠰᠤ ᠲᠠᠢ᠂ ᠤᠤᠭᠤᠬᠤ ᠴᠡᠪᠡᠷ ᠤᠰᠤ ᠲᠠᠢ᠂ ᠲᠦᠷ ᠴᠠᠭ ᠤᠨ ᠠᠮᠤᠷ | ᠲᠦᠪᠰᠢᠨ ᠰᠠᠭᠤᠬᠤ ᠭᠠᠵᠠᠷ ᠲᠠᠢ᠂ ᠡᠪᠡᠳᠴᠢᠨ ᠢᠶᠠᠨ ᠴᠠᠭ ᠲᠤᠬᠠᠢ ᠳᠤᠨᠢ ᠡᠮᠨᠡᠭᠦᠯᠵᠦ ᠳᠡᠶᠢᠯᠬᠦ ᠶᠢ ᠪᠠᠲᠤᠯᠠᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ | ᠪᠠᠶᠢᠳᠠᠯ ᠢ ᠪᠠᠲᠤᠯᠠᠪᠠ᠃ ᠰᠢ ᠶᠢᠨ ᠫᠢᠩ ᠭᠠᠮᠰᠢᠭᠳᠠᠭᠰᠠᠨ ᠤᠯᠠᠨ ᠲᠦᠮᠡᠨ ᠢ ᠠᠪᠤᠷᠠᠨ ᠲᠤᠰᠠᠯᠠᠵᠤ ᠲᠥᠪᠬᠢᠨᠡᠭᠦᠯᠦᠭᠰᠡᠨ ᠪᠠᠶᠢᠳᠠᠯ ᠢ ᠮᠠᠰᠢ ᠬᠠᠯᠠᠮᠵᠢᠯᠠᠵᠤ ᠪᠠᠶᠢᠯ᠎ᠠ᠃ | ᠲᠡᠷᠡ᠂ 8 ᠰᠠᠷ᠎ᠠ ᠪᠣᠯ ᠮᠦᠨ ᠴᠤ ᠤᠮᠠᠷᠠᠲᠤ ᠣᠷᠣᠨ ᠤ ᠦᠶᠡᠷ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭ᠎ᠠ ᠪᠣᠯᠤᠨ᠎ᠠ᠃ ᠡᠯ᠎ᠡ ᠱᠠᠲᠤᠨ ᠤ ᠨᠠᠮ ᠤᠨ ᠬᠤᠷᠢᠶ᠎ᠠ | ᠪᠣᠯᠤᠨ ᠵᠠᠰᠠᠭ ᠤᠨ ᠣᠷᠳᠣᠨ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠦᠶᠡᠷ ᠤᠨ ᠪᠠᠶᠢᠳᠠᠯ ᠢ ᠬᠢᠨᠠᠨ ᠬᠡᠮᠵᠢᠬᠦ ᠪᠠᠨ | ᠴᠢᠩᠭᠠᠳᠬᠠᠵᠤ᠂ ᠠᠶᠤᠯ ᠲᠦᠭᠰᠢᠭᠦᠷᠢ ᠬᠡᠮ ᠰᠤᠭᠤᠭ ᠢ ᠴᠠᠭ ᠲᠤᠬᠠᠶ ᠳᠤᠨᠢ ᠵᠢᠭᠰᠠᠭᠠᠨ ᠪᠠᠶᠢᠴᠠᠭᠠᠵᠤ᠂ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠬᠠᠸ ᠡᠯ᠎ᠡ | ᠵᠦᠶᠯ ᠤᠨ ᠠᠷᠭ᠎ᠠ ᠬᠡᠮᠵᠢᠶ᠎ᠡ ᠶᠢ ᠨᠠᠷᠢᠯᠢᠭ ᠪᠣᠳᠠᠲᠠᠶ ᠠᠳᠬᠤᠵᠤ᠂ ᠭᠠᠮᠰᠢᠭᠳᠠᠭᠰᠠᠨ ᠣᠯᠠᠨ ᠲᠦᠮᠡᠨ ᠢ ᠲᠤᠬᠢᠳᠠᠢ ᠲᠥᠪᠬᠢᠨᠡᠭᠦᠯᠵᠦ᠂ ᠠᠷᠠᠳ ᠣᠯᠠᠨ ᠤ ᠠᠮᠢ | ᠨᠠᠰᠤᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ᠃ ᠭᠠᠮᠰᠢᠭ ᠤᠨ ᠳᠠᠷᠠᠭᠠᠬᠢ ᠰᠡᠷᠭᠦᠭᠡᠵᠦ ᠲᠠᠬᠢᠨ ᠪᠦᠳᠦᠭᠡᠨ ᠪᠠᠶᠢᠭᠤᠯᠬᠤ ᠲᠥᠯᠥᠪᠵᠢᠭᠦᠯᠭᠡ ᠶᠢ | ᠰᠠᠶᠢᠲᠤᠷ ᠬᠢᠵᠦ᠂ ᠭᠠᠮᠰᠢᠭᠳᠠᠭᠰᠠᠨ ᠤᠯᠠᠨ ᠲᠦᠮᠡᠨ ᠢ ᠬᠠᠪᠰᠤᠷᠤᠨ ᠬᠡᠪ ᠤᠨ ᠦᠢᠯᠡᠳᠪᠦᠷᠢᠯᠡᠯ ᠠᠮᠢᠳᠤᠷᠠᠯ ᠢ ᠨᠢ ᠡᠷᠲᠡᠬᠡᠨ ᠰᠡᠷᠭᠦᠭᠡᠬᠦ ᠬᠡᠷᠡᠭᠲᠡᠢ᠃ ᠪᠠᠶᠢᠭᠤᠯᠤᠮᠵᠢ | ᠲᠣᠭᠲᠡᠴᠡ ᠶᠢ ᠪᠦᠷᠢᠨᠰᠢᠬᠦᠯᠵᠤ᠂ ᠠᠷᠭᠠᠴᠡᠭᠠᠬᠤ ᠲᠥᠰᠦᠯ ᠢ ᠲᠡᠭᠦᠯᠳᠡᠷᠵᠢᠭᠦᠯᠵᠦ᠂ ᠬᠠᠴᠢᠨ ᠴᠠᠭ ᠠᠭᠤᠷ ᠢ ᠤᠷᠢᠳᠴᠢᠯᠠᠨ ᠰᠡᠷᠡᠮᠵᠢᠯᠡᠭᠦᠯᠬᠦ ᠪᠠ ᠰᠡᠷᠭᠡᠶᠢᠯᠡᠬᠦ ᠪᠠᠨ | ᠴᠢᠩᠭᠠᠳᠬᠠᠵᠤ᠂ ᠦᠶᠡᠷ ᠤᠰᠤᠲᠤᠯ ᠭᠠᠵᠠᠷ ᠤᠨ ᠭᠠᠮᠰᠢᠭ ᠢ ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠡᠭᠠᠨ ᠠᠶᠤᠯ ᠠᠴᠠ ᠠᠪᠤᠷᠠᠵᠤ ᠲᠤᠰᠠᠯᠠᠬᠤ | ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ᠣᠳᠣᠬᠠᠨ ᠳᠤ᠂ ᠵᠠᠷᠢᠮ ᠭᠠᠵᠠᠷ ᠣᠷᠣᠨ ᠬᠦᠨᠳᠦ ᠨᠣᠴᠢᠲᠠᠢ ᠭᠠᠩ ᠬᠠᠭᠰᠠᠷᠠᠭᠠᠨ ᠲᠣᠬᠢᠶᠠᠯᠳᠤᠪᠠ᠂ ᠭᠠᠩ | ᠬᠠᠭᠰᠠᠷᠠᠭᠠᠨ ᠲᠠᠢ ᠲᠡᠮᠡᠴᠡᠬᠦ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠢ ᠭᠡᠵᠤ ᠵᠢᠭᠠᠵᠤ ᠭᠠᠷᠭᠠᠵᠠᠢ᠃ | ᠳ᠋ᠦᠩ ᠬᠤ᠋ ᠰᠣᠶᠣᠯ ᠤᠨ ᠠᠭᠤᠳᠠᠮ ᠲᠠᠯᠠᠪᠠᠢ ᠳᠤ ᠰᠡᠯᠡᠭᠦᠴᠡᠨ ᠰᠣᠶᠣᠯ ᠤᠨ ᠠᠵᠢᠯᠯᠠᠭ᠎ᠠ ᠦᠷᠨᠢᠬᠦᠯᠵᠤ ᠪᠠᠶᠢᠭᠰᠠᠨ ᠤᠯᠠᠨ ᠲᠦᠮᠡᠨ ᠶᠡᠷᠦᠩᠬᠡᠢ ᠱᠦᠵᠢ ᠶᠢᠨ | ᠢᠷᠡᠭᠰᠡᠨ ᠢ ᠦᠵᠡᠭᠡᠳ᠂ ᠶᠡᠷᠦᠩᠬᠡᠢ ᠱᠦᠵᠢ ᠶᠢᠨ ᠠᠮᠤᠷ ᠢ ᠠᠰᠠᠭᠤᠵᠠᠭᠠᠵᠤ ᠪᠠᠶᠢᠯ᠎ᠠ᠃ ᠰᠢ ᠶᠢᠨ ᠫᠢᠩ ᠤᠯᠠᠨ ᠳᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠪᠣᠯ ᠪᠦᠬᠦ ᠠᠷᠠᠳ ᠲᠦᠮᠡᠨ ᠤ ᠬᠠᠮᠲᠤ ᠪᠠᠷ ᠪᠠᠶᠠᠵᠢᠬᠤ ᠣᠳᠣᠬᠢᠴᠢᠯᠠᠯᠲᠠ ᠮᠥᠨ᠂ ᠵᠥᠪᠬᠡᠨ ᠴᠥᠭᠡᠨ ᠲᠣᠭᠠᠨ ᠤ ᠬᠥᠮᠦᠰ ᠪᠠᠶᠠᠵᠢᠬᠤ ᠶᠠᠪᠤᠳᠠᠯ | ᠪᠢᠰᠢ᠂ ᠬᠠᠷᠢᠨ ᠪᠦᠬᠦ ᠠᠷᠠᠳ ᠲᠦᠮᠡᠨ ᠬᠠᠮᠲᠤ ᠪᠠᠷ ᠪᠠᠶᠠᠵᠢᠬᠤ ᠶᠠᠪᠤᠳᠠᠯ ᠮᠥᠨ︔ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠪᠣᠳᠠᠰ ᠤᠨ | ᠪᠣᠯᠪᠠᠰᠤᠨ ᠪᠠ ᠤᠶᠤᠨ ᠤ ᠪᠣᠯᠪᠠᠰᠤᠨ ᠢ ᠬᠠᠷᠢᠯᠴᠠᠨ ᠵᠣᠬᠢᠴᠠᠭᠤᠯᠤᠭᠰᠠᠨ ᠣᠳᠣᠬᠢᠴᠢᠯᠠᠯᠲᠠ ᠮᠥᠨ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ | ᠪᠠᠳᠠᠷᠠᠭᠤᠯᠵᠤ᠂ ᠬᠤᠪᠢᠰᠬᠠᠯ ᠤᠨ ᠰᠣᠶᠣᠯ ᠢ ᠰᠠᠶᠢᠲᠤᠷ ᠬᠡᠷᠡᠭᠯᠡᠵᠦ᠂ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠢ ᠬᠥᠭᠵᠢᠭᠦᠯᠵᠦ᠂ ᠠᠷᠠᠳ ᠲᠦᠮᠡᠨ ᠤ ᠤᠶᠤᠨ ᠤ | ᠪᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠬᠡᠷᠡᠭᠲᠡᠢ᠃ ᠨᠠᠮ ᠤᠨ ᠲᠥᠪ ᠬᠤᠷᠢᠶ᠎ᠠ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠶᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠃ ᠨᠠᠮ ᠤᠨ ᠠᠷᠪᠠᠨ ᠨᠠᠶᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠵᠡᠭᠦᠨ ᠬᠤᠶᠢᠲᠤ ᠣᠷᠣᠨ ᠢ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠬᠦᠯᠦᠨ ᠭᠦᠨᠵᠡᠭᠡᠶᠢᠷᠡᠬᠦᠯᠵᠦ ᠠᠬᠢᠭᠤᠯᠪᠠ᠂ ᠪᠢᠳᠡ ᠰᠢᠨ᠎ᠡ ᠴᠠᠭ ᠦᠶ᠎ᠡ ᠶᠢᠨ ᠵᠡᠭᠦᠨ ᠬᠤᠶᠢᠲᠤ | ᠣᠷᠣᠨ ᠤ ᠪᠥᠬᠦ ᠲᠠᠯ᠎ᠠ ᠪᠠᠷ ᠬᠥᠭᠵᠢᠨ ᠮᠠᠨᠳᠤᠬᠤ ᠳᠤ ᠢᠲᠡᠭᠡᠯ ᠳᠦᠭᠦᠷᠡᠩ ᠪᠠᠶᠢᠨ᠎ᠠ᠂ ᠪᠠᠰᠠ ᠬᠦᠰᠡᠯ ᠡᠷᠡᠮᠡᠯᠵᠡᠯ ᠪᠢᠯᠬᠠᠮ᠎ᠠ ᠪᠠᠶᠢᠨ᠎ᠠ᠃ ᠵᠢᠨᠵᠧᠦ ᠪᠣᠯ ᠪᠠᠭᠠᠲᠤᠷᠯᠢᠬ | ᠬᠤᠳᠠ ᠪᠣᠯᠬᠤ ᠪᠥᠭᠡᠳ ᠥᠪᠡᠷᠮᠢᠴᠡ ᠰᠣᠶᠣᠯ ᠤᠨ ᠬᠡᠪ ᠨᠠᠮᠪᠠ ᠪᠠ ᠭᠦᠨ ᠵᠤᠵᠠᠭᠠᠨ ᠲᠡᠦᠬᠡ ᠰᠣᠶᠣᠯ ᠤᠨ ᠤᠤᠷ ᠲᠤᠨᠳᠠᠰᠤ ᠲᠠᠢ ᠬᠤᠳᠠ ᠶᠤᠮ᠃ ᠴᠡᠭᠴᠡᠯᠡᠨ | ᠵᠠᠰᠠᠬᠤ ᠪᠠᠷ ᠲᠠᠮᠵᠢᠨ᠂ ᠠᠳᠡᠬᠢ ᠠᠮᠢ ᠠᠬᠤᠢ ᠣᠷᠴᠢᠨ ᠲᠣᠭᠤᠷᠢᠨ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠳᠤ ᠯᠤᠲᠤ ᠶᠡᠭᠡ ᠬᠤᠪᠢᠷᠠᠯᠲᠠ | ᠭᠠᠷᠤᠭᠰᠠᠨ ᠢ ᠦᠵᠡᠭᠡᠳ ᠮᠠᠰᠢ ᠪᠠᠶᠠᠷᠯᠠᠵᠤ ᠪᠠᠶᠢᠨ᠎ᠠ᠃ ᠤᠯᠠᠨ ᠢᠶᠠᠷ ᠢᠶᠠᠨ ᠠᠮᠢ ᠠᠬᠤᠢ ᠶᠢ ᠬᠠᠮᠠᠭᠠᠯᠠᠬᠤ᠂ ᠣᠷᠴᠢᠨ ᠲᠣᠭᠤᠷᠢᠨ ᠢ ᠬᠠᠶᠢᠷᠠᠯᠠᠬᠤ ᠤᠬᠠᠮᠰᠠᠷ ᠢᠶᠠᠨ | ᠴᠢᠩᠭᠠᠳᠬᠠᠵᠤ᠂ ᠥᠪᠡᠷ ᠤᠨ ᠭᠡᠷ ᠣᠷᠣᠨ ᠢᠶᠠᠨ ᠬᠠᠮᠲᠤ ᠪᠠᠷ ᠰᠠᠶᠢᠲᠤᠷ ᠰᠠᠬᠢᠨ ᠬᠠᠮᠠᠭᠠᠯᠠᠬᠤ ᠶᠢ ᠬᠦᠰᠡᠵᠦ ᠪᠠᠶᠢᠨ᠎ᠠ᠃ ᠨᠤᠲᠤᠭ ᠤᠨ ᠠᠬ᠎ᠠ ᠳᠡᠭᠦᠦ ᠨᠡᠷ ᠤᠨ | ᠬᠤᠶᠢᠰᠢᠳᠠ ᠶᠢᠨ ᠠᠮᠢᠳᠤᠷᠠᠯ ᠨᠡᠩ ᠵᠣᠯ ᠵᠢᠷᠭᠠᠯ ᠲᠠᠢ ᠨᠡᠩ ᠰᠠᠶᠢᠨ ᠰᠠᠶᠢᠬᠠᠨ ᠪᠣᠯᠬᠤ ᠶᠢ ᠵᠥᠩᠨᠡᠶ᠎ᠡ ᠭᠡᠵᠤ ᠲᠤᠳᠤᠨᠤᠰᠤᠭ ᠢᠶᠠᠷ ᠬᠡᠯᠡᠵᠠᠢ᠃ | ᠰᠢ ᠶᠢᠨ ᠫᠢᠩ 17 ᠤ ᠡᠳᠦᠷ ᠮᠦᠭᠳᠡᠨ ᠬᠤᠳᠠ ᠳᠤ ᠰᠢᠨᠵᠢᠯᠡᠨ ᠪᠠᠶᠢᠴᠠᠭᠠᠪᠠ᠃ ᠲᠤᠰ ᠡᠳᠦᠷ ᠤᠨ ᠦᠳᠡ ᠶᠢᠨ ᠬᠤᠶᠢᠨ᠎ᠠ᠂ ᠲᠡᠷᠡ ᠮᠦᠭᠳᠡᠨ ᠤ ᠰᠢᠨ | ᠰᠦᠩ ᠮᠠᠰᠢᠨ ᠬᠥᠮᠦᠨ ᠤ ᠠᠦ᠋ᠲ᠋ᠣᠴᠢᠯᠠᠭᠰᠠᠨ ᠬᠤᠪᠢᠴᠠᠭᠠᠳᠤ ᠬᠢᠵᠠᠭᠠᠷᠲᠤ ᠺᠣᠮᠫᠠᠨᠢ ᠳᠤ ᠬᠦᠷᠪᠡ᠃ ᠠᠵᠤ ᠠᠬᠤᠶᠢᠯᠠᠯ ᠤᠨ ᠦᠵᠡᠭᠦᠯᠭᠡ ᠶᠢᠨ ᠲᠢᠩᠬᠢᠮ ᠳᠤ᠂ ᠰᠢ | ᠶᠢᠨ ᠫᠢᠩ ᠯᠢᠶᠣᠤᠨᠢᠩ ᠤᠨ ᠰᠢᠨ᠎ᠡ ᠴᠠᠭ ᠦᠶ᠎ᠡ ᠶᠢᠨ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠪᠦᠬᠦᠯᠢ ᠴᠣᠭᠴᠠ ᠶᠢᠨ ᠪᠠᠶᠢᠳᠠᠯ ᠤᠨ | ᠲᠠᠨᠢᠯᠴᠠᠭᠤᠯᠭ᠎ᠠ ᠶᠢ ᠰᠣᠨᠣᠰᠴᠤ᠂ ᠯᠢᠶᠣᠤᠨᠢᠩ ᠤᠨ ᠲᠡᠷᠢᠭᠦᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠳᠬᠦᠨ ᠤ ᠲᠥᠪᠯᠡᠷᠡᠬᠦᠯᠦᠭᠰᠡᠨ ᠲᠡᠯᠬᠡᠨ | ᠦᠵᠡᠭᠦᠯᠭᠡ ᠶᠢ ᠪᠠᠶᠢᠴᠠᠭᠠᠨ ᠦᠵᠡᠭᠰᠡᠨ ᠪᠥᠭᠡᠳ ᠰᠢᠨ ᠰᠦᠩ ᠺᠣᠮᠫᠠᠨᠢ ᠶᠢᠨ ᠦᠢᠯᠡᠳᠪᠦᠷᠢᠯᠡᠯ ᠡᠵᠡᠩᠨᠡᠯᠲᠡ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠦᠭᠰᠡᠨ | ᠪᠠᠶᠢᠳᠠᠯ ᠢ ᠰᠢᠨᠵᠢᠯᠡᠨ ᠪᠠᠶᠢᠴᠠᠭᠠᠪᠠ᠃ ᠠᠵᠤ ᠠᠬᠤᠶᠢᠯᠠᠯ ᠤᠨ ᠦᠶᠯᠡᠳᠪᠦᠷᠢᠯᠡᠯ ᠤᠨ ᠲᠠᠰᠤᠭ ᠲᠤ᠂ ᠠᠵᠤ ᠦᠶᠯᠡᠳᠪᠦᠷᠢ ᠶᠢᠨ ᠮᠠᠰᠢᠨ ᠬᠥᠮᠦᠨ᠂ ᠬᠠᠮᠵᠢᠯᠴᠠᠵᠦ | ᠲᠡᠶᠢᠯᠬᠦ ᠮᠠᠰᠢᠨ ᠬᠥᠮᠦᠨ᠂ ᠣᠨᠴᠠ ᠲᠥᠷᠥᠯ ᠤᠨ ᠮᠠᠰᠢᠨ ᠬᠥᠮᠦᠨ ᠵᠡᠷᠭᠡ ᠶᠢ ᠶᠠᠭ ᠰᠢᠯᠭᠠᠨ ᠪᠠᠶᠢᠴᠠᠭᠠᠵᠤ ᠪᠠᠶᠢᠪᠠ᠃ ᠰᠢ ᠶᠢᠨ ᠫᠢᠩ ᠮᠡᠷᠭᠡᠵᠢᠯ ᠤᠨ ᠠᠵᠢᠯᠳᠠᠨ | ᠪᠣᠯᠤᠨ ᠠᠵᠤ ᠠᠬᠤᠶᠢᠯᠠᠯ ᠤᠨ ᠠᠵᠢᠯᠳᠠᠨ ᠠᠴᠠ ᠠᠵᠤ ᠠᠬᠤᠶᠢᠯᠠᠯ ᠤᠨ ᠭᠤᠣᠯᠯᠠᠬᠤ ᠮᠡᠷᠭᠡᠵᠢᠯ ᠤᠨ ᠪᠤᠭᠤᠮᠳᠠ ᠰᠢᠪᠳᠤᠯᠬᠤ ᠵᠡᠷᠭᠡ ᠪᠠᠶᠢᠳᠠᠯ ᠢ ᠯᠠᠪᠯᠠᠨ ᠠᠰᠠᠭᠤᠵᠤ᠂ | ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠦᠭᠰᠡᠨ ᠪᠠ ᠠᠵᠤ ᠦᠢᠯᠡᠰᠵᠢᠭᠰᠡᠨ ᠬᠥᠭᠵᠢᠯᠲᠡ ᠳᠤ ᠣᠯᠤᠭᠰᠠᠨ ᠠᠮᠵᠢᠯᠲᠠ ᠶᠢ ᠨᠤᠲᠠᠯᠠᠵᠤ᠂ ᠰᠢᠨ | ᠰᠦᠩ ᠺᠣᠮᠫᠠᠨᠢ ᠳᠤᠮᠳᠠᠳᠤ ᠤᠯᠤᠰ ᠤᠨ ᠬᠤᠷᠳᠤᠴᠠ᠂ ᠳᠤᠮᠳᠠᠳᠤ ᠤᠯᠤᠰ ᠤᠨ ᠲᠦᠪᠰᠢᠨ ᠢ ᠢᠯᠡᠷᠡᠭᠦᠯᠵᠡᠢ ᠭᠡᠵᠤ ᠢᠯᠡᠳᠭᠡᠪᠡ᠃ | ᠦᠢᠯᠡᠳᠪᠦᠷᠢ ᠶᠢᠨ ᠲᠠᠰᠤᠬ ᠤᠨ ᠭᠠᠳᠠᠨ᠎ᠠ᠂ ᠠᠵᠤ ᠠᠬᠤᠶᠢᠯᠠᠯ ᠤᠨ ᠠᠵᠢᠯᠳᠠᠨ ᠤ ᠲᠥᠯᠥᠭᠡᠯᠡᠭᠴᠢ ᠬᠦᠷᠢᠶᠡᠯᠡᠨ ᠵᠤᠬᠰᠤᠵᠦ᠂ ᠰᠢ ᠶᠢᠨ ᠫᠢᠩ ᠤᠯᠠᠨ ᠤ | ᠵᠦᠭ ᠭᠠᠷ ᠳᠠᠯᠠᠯᠤᠨ ᠮᠡᠨᠳᠦᠴᠢᠯᠡᠪᠡ᠃ ᠰᠢ ᠶᠢᠨ ᠫᠢᠩ᠂ ᠨᠠᠮ ᠤᠨ ᠲᠥᠪ ᠬᠤᠷᠢᠶ᠎ᠠ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ | ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠶᠢ ᠣᠨᠴᠠᠭᠠᠢ ᠴᠢᠬᠤᠯᠠᠴᠢᠯᠠᠵᠤ᠂ ᠰᠢᠨ᠎ᠡ ᠶᠢ ᠡᠭᠦᠳᠬᠦ ᠣᠷᠴᠢᠨ | ᠨᠦᠬᠦᠴᠡᠯ ᠤᠨ ᠪᠠᠶᠢᠭᠤᠯᠤᠯᠲᠠ ᠶᠢ ᠣᠨᠴᠠᠭᠠᠢ ᠴᠢᠬᠤᠯᠠᠴᠢᠯᠠᠵᠤ᠂ ᠮᠠᠨ ᠤ ᠤᠯᠤᠰ ᠤᠨ ᠠᠵᠤ ᠦᠢᠯᠡᠰ ᠤᠨ ᠲᠦᠪᠰᠢᠨ ᠪᠣᠯᠤᠨ ᠪᠣᠳᠠᠲᠤ ᠬᠦᠴᠦᠨ ᠢ ᠴᠢᠷᠮᠠᠶᠢᠨ | ᠳᠡᠭᠡᠭᠰᠢᠯᠡᠭᠦᠯᠵᠦ᠂ ᠮᠠᠨ ᠤ ᠤᠯᠤᠰ ᠤᠨ ᠠᠵᠤ ᠠᠬᠤᠢ ᠶᠢᠨ ᠲᠤᠮᠤ ᠤᠯᠤᠰ ᠠᠴᠠ ᠠᠵᠤ ᠠᠬᠤᠢ ᠶᠢᠨ ᠬᠦᠴᠦᠷᠬᠡᠭ ᠤᠯᠤᠰ᠂ ᠦᠢᠯᠡᠳᠬᠦ ᠦᠢᠯᠡᠰ ᠤᠨ ᠬᠦᠴᠦᠷᠬᠡᠭ | ᠤᠯᠤᠰ ᠲᠡᠶᠢᠰᠢ ᠬᠤᠪᠢᠷᠠᠬᠤ ᠶᠢ ᠠᠬᠢᠭᠤᠯᠪᠠ᠃ ᠣᠳᠣᠬᠠᠨ ᠳᠤ᠂ ᠠᠵᠤ ᠠᠬᠤᠢ ᠶᠢᠨ ᠳᠡᠯᠡᠬᠡᠶᠢᠵᠢᠯᠲᠡ ᠰᠥᠷᠭᠡᠦ ᠤᠷᠤᠰᠬᠠᠯ ᠳᠤ ᠤᠴᠠᠷᠠᠵᠤ᠂ ᠬᠠᠮᠠᠭᠠᠯᠠᠬᠤ ᠦᠵᠡᠯ | ᠴᠤᠬᠤᠶᠢᠵᠤ ᠪᠠᠶᠢᠨ᠎ᠠ᠂ ᠭᠡᠪᠡᠴᠦ ᠪᠢᠳᠡ ᠡᠭᠦᠳᠡ ᠪᠠᠨ ᠨᠡᠭᠡᠭᠡᠵᠦ ᠪᠦᠳᠦᠭᠡᠨ ᠪᠠᠶᠢᠭᠤᠯᠤᠯᠲᠠ ᠬᠢᠬᠦ ᠶᠢ ᠪᠠᠷᠢᠮᠲᠠᠯᠠᠬᠤ ᠬᠡᠷᠡᠭᠲᠡᠢ᠃ ᠮᠠᠨ ᠤ ᠤᠯᠤᠰ ᠤᠨ ᠬᠥᠭᠵᠢᠯᠲᠡ | ᠯᠠᠪᠳᠠᠭᠤᠨ ᠪᠠᠲᠤᠲᠠᠢ ᠪᠠᠶᠢᠵᠤ᠂ ᠠᠯᠬᠤᠮ ᠠᠯᠬᠤᠮ ᠢᠶᠠᠷ ᠤᠷᠤᠭᠰᠢᠯᠠᠬᠤ ᠮᠥᠷᠲᠡᠭᠡᠨ ᠪᠠᠰᠠ ᠨᠡᠭᠡᠭᠡᠯᠲᠡᠲᠡᠢ ᠪᠠᠭᠲᠠᠭᠠᠮᠵᠢᠲᠠᠢ ᠪᠠᠶᠢᠵᠤ᠂ ᠬᠠᠷᠢᠯᠴᠠᠨ ᠠᠰᠢᠭᠲᠠᠢ | ᠬᠠᠮᠲᠤ ᠪᠠᠷ ᠠᠰᠢᠭ ᠬᠦᠷᠳᠡᠵᠥ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢᠶᠠᠷ ᠭᠤᠣᠯ ᠴᠣᠭᠴᠠ ᠪᠣᠯᠭᠠᠭᠰᠠᠨ᠂ ᠤᠯᠤᠰ ᠤᠨ ᠳᠣᠲᠣᠭᠠᠳᠤ ᠭᠠᠳᠠᠭᠠᠳᠤ ᠶᠢᠨ | ᠬᠤᠣᠰ ᠣᠷᠴᠢᠯ ᠬᠠᠷᠢᠯᠴᠠᠨ ᠠᠬᠢᠭᠤᠯᠤᠭᠰᠠᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠢᠳᠡᠪᠬᠢᠲᠡᠢ ᠪᠠᠶᠢᠭᠤᠯᠬᠤ ᠬᠡᠷᠡᠭᠲᠡᠢ᠃ ᠥᠪᠡᠷ ᠤᠨ ᠬᠦᠴᠦ ᠪᠠᠷ ᠢᠶᠠᠨ | ᠳᠡᠭᠵᠢᠷᠡᠬᠦ ᠶᠢ ᠪᠠᠷᠢᠮᠲᠠᠯᠠᠵᠤ᠂ ᠤᠯᠤᠰ ᠪᠠ ᠦᠨᠳᠦᠰᠦᠲᠡᠨ ᠤ ᠬᠥᠭᠵᠢᠯᠲᠡ ᠶᠢ ᠥᠪᠡᠷ ᠤᠨ ᠬᠦᠴᠦᠨ ᠤ ᠪᠠᠨ ᠰᠠᠭᠤᠷᠢ ᠳᠡᠭᠡᠷ᠎ᠡ ᠲᠠᠯᠪᠢᠵᠤ᠂ ᠬᠥᠭᠵᠢᠯᠲᠡ ᠶᠢᠨ | ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠬᠦ ᠬᠡᠷᠡᠭᠲᠡᠢ᠃ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠵᠤ᠂ | ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠤ ᠡᠷᠬᠡᠪᠰᠢ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠵᠠᠮ ᠢᠶᠠᠷ ᠵᠠᠮᠨᠠᠬᠤ ᠬᠡᠷᠡᠭᠲᠡᠢ᠃ | ᠴᠠᠭ ᠮᠦᠴᠡ ᠲᠠᠢ ᠤᠷᠤᠯᠳᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠠᠬᠢᠭᠤᠯᠵᠤ᠂ ᠦᠷᠯᠦᠭᠡ ᠦᠳᠡᠰᠢ ᠶᠢ | ᠲᠡᠮᠡᠴᠡᠨ ︽ᠪᠣᠭᠤᠮᠢ︾ ᠠᠰᠠᠭᠤᠳᠠᠯ ᠢ ᠰᠢᠢᠳᠪᠦᠷᠢᠯᠡᠵᠦ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠪᠣᠯᠤᠨ ᠲᠣᠨᠣᠭᠯᠠᠯ ᠦᠢᠯᠡᠳᠬᠦ ᠦᠢᠯᠡᠰ ᠢ ᠥᠪᠡᠷ ᠤᠨ | ᠭᠠᠷ ᠲᠠᠭᠠᠨ ᠡᠵᠡᠮᠰᠢᠬᠦ ᠪᠠᠷ ᠴᠢᠷᠮᠠᠶᠢᠬᠤ ᠬᠡᠷᠡᠭᠲᠡᠢ᠃ ᠵᠠᠯᠠᠭᠤᠴᠤᠳ ᠴᠤᠭ ᠵᠤᠯᠢ ᠪᠠᠳᠠᠷᠠᠩᠭᠤᠶ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠪᠠᠶᠢᠬᠤ ᠪᠣᠯ ᠠᠵᠤ | ᠠᠬᠤᠶᠢᠯᠠᠯ ᠤᠨ ᠬᠥᠭᠵᠢᠯᠲᠡ ᠶᠢᠨ ᠬᠦᠰᠡᠯ ᠡᠷᠡᠮᠡᠯᠵᠡᠯ ᠮᠥᠨ᠃ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠰᠠᠶᠢᠨ ᠰᠠᠶᠢᠬᠠᠨ ᠣᠷᠴᠢᠨ | ᠨᠦᠬᠦᠴᠡᠯ ᠢ ᠪᠤᠢ ᠪᠣᠯᠭᠠᠵᠤ᠂ ᠵᠠᠯᠠᠭᠤᠴᠤᠳ ᠤᠨ ᠰᠢᠨ᠎ᠡ ᠶᠢ ᠡᠭᠦᠳᠴᠤ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠵᠦ᠂ ᠲᠡᠳᠡᠨ ᠤ | ᠡᠯ᠎ᠡ ᠬᠦᠷᠢᠶᠡᠨ ᠳᠤ ᠵᠣᠷᠢᠭᠲᠠᠢ ᠪᠠᠷ ᠰᠢᠨ᠎ᠡ ᠶᠢ ᠡᠭᠦᠳᠴᠦ᠂ ᠵᠣᠷᠢᠭᠲᠠᠢ ᠪᠠᠷ ᠨᠣᠶᠠᠨ ᠤᠷᠬᠢᠯ ᠳᠤ ᠠᠪᠠᠷᠢᠵᠤ᠂ ᠰᠢᠨ᠎ᠡ ᠴᠠᠭ ᠦᠶ᠎ᠡ ᠳᠤ ᠵᠡᠭᠦᠨ ᠬᠤᠶᠢᠲᠤ ᠣᠷᠣᠨ ᠢ | ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠶᠢ ᠵᠣᠷᠢᠭᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ ᠳᠠᠷᠠᠭ᠎ᠠ ᠨᠢ ᠬᠤᠸᠠᠩᠭᠦ᠋ ᠲᠣᠭᠤᠷᠢᠭ ᠤᠨ ᠰᠠᠨ ᠲᠠᠢ ᠽᠢ ᠵᠡᠭᠡᠯᠢ ᠭᠤᠳᠤᠮᠵᠢ ᠶᠢᠨ ᠮᠦᠳᠠᠨ ᠨᠡᠶᠢᠭᠡᠮ ᠲᠣᠭᠤᠷᠢᠭ ᠲᠤ ᠬᠦᠷᠪᠡ᠃ ᠲᠤᠰ | ᠨᠡᠶᠢᠭᠡᠮ ᠲᠣᠭᠤᠷᠢᠭ ᠨᠢ ᠳᠡᠭᠡᠷ᠎ᠡ ᠵᠠᠭᠤᠨ ᠤ ᠨᠠᠶᠠᠭᠠᠳ ᠣᠨ ᠳᠤ ᠪᠠᠶᠢᠭᠤᠯᠤᠭᠳᠠᠵᠤ᠂ 3000 ᠭᠠᠷᠤᠢ ᠡᠷᠦᠬᠡ ᠰᠠᠭᠤᠭᠠᠯᠢ ᠠᠷᠠᠳ ᠲᠠᠢ ᠪᠠᠶᠢᠵᠤ᠂ ᠤᠢᠢᠷ᠎ᠠ ᠶᠢᠨ | ᠵᠢᠯ ᠠᠴᠠ ᠰᠠᠭᠤᠷᠢ ᠲᠥᠬᠦᠭᠡᠷᠦᠮᠵᠢ ᠶᠢᠨ ᠥᠭᠡᠷᠡᠴᠢᠯᠡᠯᠲᠡ ᠪᠠ ᠦᠢᠯᠡᠴᠢᠯᠡᠭᠡ ᠰᠠᠶᠢᠵᠢᠷᠠᠭᠰᠠᠨ ᠢᠶᠠᠷ ᠦᠨᠳᠦᠰᠦᠨ ᠱᠠᠲᠤᠨ ᠤ ᠵᠠᠰᠠᠯᠲᠠ ᠶᠢᠨ ᠵᠢᠱᠢᠶ᠎ᠡ ᠦᠵᠡᠭᠦᠯᠬᠦ | ᠨᠡᠶᠢᠭᠡᠮ ᠲᠣᠭᠤᠷᠢᠭ ᠪᠣᠯᠵᠠᠢ᠃ ᠰᠢ ᠶᠢᠨ ᠫᠢᠩ ᠤᠷᠢᠳ ᠬᠤᠵᠢᠳ ᠨᠡᠶᠢᠭᠡᠮ ᠲᠣᠭᠤᠷᠢᠭ ᠤᠨ ᠨᠠᠮ ᠤᠨ ᠬᠡᠰᠢᠬᠦᠨ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ᠂ | ᠤᠯᠠᠨ ᠲᠦᠮᠡᠨ ᠤ ᠠᠵᠢᠯᠯᠠᠭᠠᠨ ᠤ ᠲᠥᠪ ᠪᠣᠯᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠲᠤ ᠬᠦᠷᠴᠦ᠂ ᠨᠡᠶᠢᠭᠡᠮ ᠲᠣᠭᠤᠷᠢᠭ ᠤᠨ ᠠᠵᠢᠯᠳᠠᠨ᠂ | ᠵᠣᠯ ᠵᠢᠷᠭᠠᠯ ᠤᠨ ᠬᠥᠮᠦᠵᠢᠯ ᠤᠨ ᠬᠢᠴᠢᠶᠡᠯ ᠤᠨ ᠲᠠᠩᠬᠢᠮ ᠤᠨ ᠪᠠᠭᠰᠢ ᠰᠤᠷᠤᠬᠴᠢ ᠪᠣᠯᠤᠨ ᠨᠠᠰᠤᠲᠠᠶᠢᠴᠤᠤᠯ ᠰᠠᠶᠢᠨ ᠳᠤᠷᠠᠴᠤᠳ ᠠᠴᠠ ᠲᠤᠬᠠᠢ ᠶᠢᠨ ᠭᠠᠵᠠᠷ ᠤᠨ | ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠴᠢᠩᠭᠠᠳᠬᠠᠭᠰᠠᠨ᠂ ᠣᠷᠣᠰᠢᠨ ᠰᠠᠭᠤᠷᠢᠰᠢᠬᠤ ᠣᠷᠴᠢᠨ ᠨᠦᠬᠦᠴᠡᠯ ᠢ ᠰᠠᠶᠢᠵᠢᠷᠠᠭᠤᠯᠤᠭᠰᠠᠨ᠂ ᠠᠷᠠᠳ | ᠲᠦᠮᠡᠨ ᠳᠤ ᠦᠢᠯᠡᠴᠢᠯᠡᠬᠦ ᠠᠵᠢᠯ ᠢ ᠥᠷᠨᠢᠭᠦᠯᠦᠭᠰᠡᠨ ᠵᠡᠷᠭᠡ ᠪᠠᠶᠢᠳᠠᠯ ᠢ ᠣᠶᠢᠯᠠᠭᠠᠪᠠ᠃ ᠨᠠᠰᠤᠲᠠᠶᠢᠴᠤᠳ ᠤᠨ ᠬᠤᠭᠤᠯᠠᠨ ᠭᠡᠷ ᠲᠤ᠂ ᠰᠢ ᠶᠢᠨ ᠫᠢᠩ | ᠬᠤᠭᠤᠯᠠ ᠪᠠᠨ ᠢᠳᠡᠵᠦ ᠪᠠᠶᠢᠬᠰᠠᠨ ᠨᠠᠰᠤᠲᠠᠶᠢᠴᠤᠳ ᠠᠴᠠ ᠬᠤᠭᠤᠯᠠ ᠨᠢ ᠦᠨᠡᠲᠡᠢ ᠪᠠᠶᠢᠬᠤ ᠡᠰᠡᠬᠦ᠂ ᠨᠡᠶᠢᠭᠡᠮ ᠲᠣᠭᠤᠷᠢᠭ ᠤᠨ ᠦᠢᠯᠡᠴᠢᠯᠡᠭᠡ ᠰᠠᠶᠢᠨ ᠪᠠᠶᠢᠬᠤ | ᠡᠰᠡᠬᠦ᠂ ᠠᠮᠢᠳᠤᠷᠠᠯ ᠤᠨ ᠲᠠᠯ᠎ᠠ ᠪᠠᠷ ᠪᠠᠰᠠ ᠶᠠᠮᠠᠷ ᠬᠦᠴᠢᠷᠳᠡᠯ ᠪᠠᠶᠢᠬᠤ ᠶᠢ ᠯᠠᠪᠯᠠᠨ ᠠᠰᠠᠭᠤᠪᠠ᠃ | ᠰᠢ ᠶᠢᠨ ᠫᠢᠩ ᠰᠠᠭᠤᠭᠠᠯᠢ ᠠᠷᠠᠳ ᠯᠢ ᠱᠦᠶ ᠶᠢᠨ ᠬᠡᠷ ᠲᠤ ᠬᠦᠷᠴᠦ᠂ ᠲᠣᠭᠤᠭᠠᠨ ᠬᠡᠷ᠂ ᠵᠤᠷᠯᠤᠩ᠂ ᠤᠨᠲᠠᠯᠭ᠎ᠠ ᠶᠢᠨ ᠥᠷᠥᠭᠡ ᠵᠡᠷᠭᠡ ᠶᠢ ᠨᠢ ᠪᠠᠶᠢᠴᠠᠭᠠᠨ | ᠦᠵᠡᠵᠦ᠂ ᠳᠠᠷᠠᠭ᠎ᠠ ᠨᠢ ᠵᠣᠴᠢᠳ ᠤᠨ ᠲᠢᠩᠬᠢᠮ ᠳᠤ ᠰᠠᠭᠤᠵᠤ ᠲᠡᠳᠡᠨ ᠤ ᠬᠡᠷ ᠤᠨ ᠬᠥᠮᠦᠰ ᠲᠠᠢ ᠳᠣᠲᠣᠨᠣ ᠪᠠᠷ ᠶᠠᠷᠢᠯᠴᠠᠪᠠ᠃ ᠣᠯᠠᠨ ᠢᠶᠠᠷ ᠢᠶᠠᠨ ᠶᠡᠷᠦᠩᠬᠡᠶ | ᠱᠦᠵᠢ ᠳᠤ᠂ ᠨᠡᠶᠢᠭᠡᠮ ᠲᠣᠭᠤᠷᠢᠭ ᠢ ᠥᠭᠡᠷᠡᠴᠢᠯᠡᠨ ᠰᠢᠨᠡᠳᠭᠡᠬᠦ ᠪᠠᠷ ᠳᠡᠮᠵᠢᠨ᠂ ᠡᠪᠦᠯ ᠤᠨ ᠤᠯᠠᠷᠢᠯ ᠳᠤ ᠬᠡᠷ ᠳᠣᠲᠣᠷ᠎ᠠ ᠳᠤᠯᠠᠭᠠᠨ ᠪᠣᠯᠵᠣ᠂ ᠵᠠᠮ ᠳᠡᠭᠡᠷ᠎ᠡ ᠤᠰᠤ | ᠲᠤᠬᠲᠠᠬᠤ ᠠᠰᠠᠭᠤᠳᠠᠯ ᠢ ᠴᠤ ᠰᠢᠶᠳᠪᠦᠷᠢᠯᠡᠵᠦ᠂ ᠣᠷᠴᠢᠨ ᠲᠣᠭᠤᠷᠢᠨ ᠰᠠᠶᠢᠵᠢᠷᠠᠵᠤ᠂ ᠰᠡᠳᠭᠢᠯ ᠰᠠᠨᠠᠭ᠎ᠠ ᠴᠤ ᠲᠡᠨᠢᠭᠦᠨ ᠪᠤᠯᠪᠠ᠃ ᠣᠳᠣ ᠬᠡᠦᠬᠡᠳ | ᠰᠤᠷᠭᠠᠭᠤᠯᠢ ᠳᠤ ᠰᠠᠭᠤᠬᠤ ᠳᠤ ᠳᠥᠭᠦᠮ᠂ ᠨᠠᠰᠤᠲᠠᠨ ᠡᠪᠡᠳᠴᠢᠨ ᠦᠵᠡᠭᠦᠯᠬᠦ ᠳᠤ ᠪᠠᠲᠤᠯᠠᠭ᠎ᠠ ᠲᠠᠢ ᠪᠤᠯᠵᠤ᠂ ᠠᠶᠢᠯ ᠰᠠᠭᠠᠬᠠᠯᠲᠠ ᠪᠠᠷ ᠢᠶᠠᠨ ᠨᠢᠭᠡ ᠭᠡᠷ ᠤᠨ | ᠬᠥᠮᠦᠨ ᠰᠢᠭ ᠡᠶ᠎ᠡ ᠨᠠᠶᠢᠷᠳᠠᠢ ᠪᠤᠯᠵᠡᠢ ᠬᠡᠵᠤ ᠬᠡᠯᠡᠵᠤ ᠦᠭᠴᠡᠢ᠃ ᠲᠡᠳᠡᠨ ᠤ ᠠᠮᠢᠳᠤᠷᠠᠯ ᠨᠢ ᠡᠶ᠎ᠡ ᠨᠠᠶᠢᠷᠳᠠᠢ ᠦᠬᠡᠳᠠᠯᠠᠵᠤ ᠪᠠᠶᠢᠭ᠎ᠠ ᠶᠢ ᠬᠠᠷᠠᠭᠠᠳ ᠰᠢ ᠶᠢᠨ ᠫᠢᠩ | ᠮᠠᠰᠢ ᠪᠠᠶᠠᠷᠯᠠᠵᠠᠢ᠃ | ᠨᠡᠶᠢᠭᠡᠮ ᠲᠣᠭᠤᠷᠢᠭ ᠠᠴᠠ ᠠᠶᠠᠷᠯᠠᠨ ᠰᠠᠯᠬᠤ ᠦᠶ᠎ᠡ ᠳᠤ᠂ ᠰᠠᠭᠤᠭᠠᠯᠢ ᠠᠷᠠᠳ ᠶᠡᠷᠦᠩᠬᠡᠢ ᠱᠦᠵᠢ ᠶᠢ ᠬᠠᠯᠠᠭᠤᠨ ᠢᠶᠠᠷ ᠦᠳᠡᠨ ᠮᠣᠷᠳᠠᠭᠤᠯᠪᠠ᠃ ᠰᠢ ᠶᠢᠨ | ᠫᠢᠩ ᠤᠯᠠᠨ ᠳᠤ᠂ ᠴᠢᠨᠡᠭᠡᠯᠢᠭᠵᠢᠯ ᠤᠨ ᠵᠡᠭᠦᠳᠦ᠂ ᠤᠯᠤᠰ ᠢᠶᠠᠨ ᠬᠦᠴᠦᠷᠬᠡᠭᠵᠢᠭᠦᠯᠬᠦ ᠵᠡᠭᠦᠳᠦ᠂ ᠳᠤᠮᠳᠠᠳᠤ ᠶᠢᠨ ᠵᠡᠭᠦᠳᠦ ᠪᠣᠯ ᠡᠴᠦᠰ ᠤᠨ ᠡᠴᠦᠰ ᠲᠡᠭᠡᠨ ᠠᠷᠠᠳ | ᠤᠯᠠᠨ ᠤ ︽ᠵᠣᠯ ᠵᠢᠷᠭᠠᠯ ᠤᠨ ᠵᠡᠭᠦᠳᠦ︾ ᠶᠤᠮ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠯᠢᠪᠠ ᠲᠡᠮᠡᠴᠡᠯ ᠪᠣᠯ ᠴᠥᠮ ᠠᠷᠠᠳ ᠲᠦᠮᠡᠨ ᠳᠤ ᠵᠣᠯ ᠵᠢᠷᠭᠠᠯ | ᠡᠳ᠋ᠯᠡᠬᠦᠯᠬᠦ ᠶᠢᠨ ᠲᠥᠯᠥᠭᠡ ᠶᠤᠮ ᠭᠡᠵᠤ ᠬᠡᠯᠡᠪᠡ᠃ ᠲᠡᠷᠡ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠰᠢᠨᠡᠳᠭᠡᠬᠦ ᠪᠣᠯ ᠠᠷᠠᠳ ᠣᠯᠠᠨ ᠤ | ᠬᠦᠷᠲᠡᠮᠵᠢ ᠶᠢᠨ ᠲᠥᠷᠥᠭᠳᠡᠯ ᠢ ᠳᠡᠭᠡᠭᠰᠢᠯᠡᠭᠦᠯᠬᠦ ᠴᠢᠬᠤᠯᠠ ᠠᠵᠢᠯ ᠪᠣᠯᠬᠤ ᠪᠥᠭᠡᠳ ᠬᠤᠲᠠ ᠶᠢ ᠰᠢᠨᠡᠳᠭᠡᠬᠦ ᠠᠵᠢᠯᠯᠠᠭ᠎ᠠ ᠶᠢᠨ ᠴᠢᠬᠤᠯᠠ ᠠᠭᠤᠯᠭ᠎ᠠ ᠪᠣᠯᠤᠨ᠎ᠠ᠃ | ᠠᠷᠠᠳ ᠤᠨ ᠲᠥᠯᠥᠭᠡ ᠪᠠᠶᠢᠬᠤ᠂ ᠠᠷᠠᠳ ᠲᠤ ᠲᠦᠬᠦᠮ ᠦᠵᠡᠭᠦᠯᠬᠦ᠂ ᠠᠷᠠᠳ ᠢ ᠠᠮᠤᠷᠵᠢᠭᠤᠯᠬᠤ ᠳᠡᠭᠡᠷ᠎ᠡ ᠠᠩᠬᠠᠷᠤᠯ ᠢᠶᠠᠨ ᠲᠥᠪᠯᠡᠷᠡᠭᠦᠯᠵᠦ᠂ ᠴᠢᠳᠠᠬᠤ ᠶᠢᠨ | ᠬᠢᠷᠢ ᠪᠠᠷ ᠣᠷᠣᠰᠢᠨ ᠰᠠᠭᠤᠷᠢᠰᠢᠬᠤ ᠣᠷᠴᠢᠨ ᠨᠥᠬᠦᠴᠡᠯ ᠢ ᠰᠠᠶᠢᠵᠢᠷᠠᠭᠤᠯᠵᠤ᠂ ᠤᠰᠤ᠂ ᠴᠠᠬᠢᠯᠭᠠᠨ᠂ ᠬᠡᠢ ᠵᠡᠷᠭᠡ ᠠᠮᠢᠳᠤᠷᠠᠯ ᠤᠨ ᠲᠤᠨᠤᠭ ᠲᠥᠬᠦᠭᠡᠷᠦᠮᠵᠢ ᠶᠢ | ᠥᠭᠡᠷᠡᠴᠢᠯᠡᠨ ᠰᠠᠶᠢᠵᠢᠷᠠᠭᠤᠯᠵᠤ᠂ ᠰᠠᠭᠤᠭᠠᠯᠢ ᠠᠷᠠᠳ ᠤᠨ ᠡᠳᠦᠷ ᠲᠤᠳᠤᠮ ᠤᠨ ᠠᠮᠢᠳᠤᠷᠠᠯ ᠤᠨ ᠬᠡᠷᠡᠭᠴᠡᠭᠡ ᠶᠢ ᠨᠡᠩ ᠰᠠᠶᠢᠲᠤᠷ ᠬᠠᠩᠭᠠᠵᠤ᠂ ᠠᠮᠤᠷ ᠲᠦᠪᠰᠢᠨ ᠢ | ᠦᠨᠡᠨ ᠬᠦ ᠪᠠᠲᠤᠯᠠᠬᠤ ᠬᠡᠷᠡᠭᠲᠡᠢ᠃ ᠨᠡᠶᠢᠭᠡᠮ ᠲᠣᠭᠤᠷᠢᠭ ᠤᠨ ᠦᠢᠯᠡᠴᠢᠯᠡᠭᠡ ᠶᠢ ᠴᠢᠩᠭᠠᠳᠬᠠᠵᠤ᠂ ᠦᠢᠯᠡᠴᠢᠯᠡᠭᠡᠨ ᠤ ᠴᠢᠳᠠᠮᠵᠢ ᠶᠢ ᠳᠡᠭᠡᠭᠰᠢᠯᠡᠭᠦᠯᠬᠦ ᠬᠡᠷᠡᠭᠲᠡᠢ᠃ | ᠨᠠᠰᠤᠲᠠᠶᠢᠴᠤᠳ ᠪᠠ ᠬᠡᠦᠬᠡᠳ ᠪᠣᠯ ᠨᠡᠶᠢᠭᠡᠮ ᠲᠣᠭᠤᠷᠢᠭ ᠤᠨ ᠬᠠᠮᠤᠭ ᠤᠨ ᠪᠠᠶᠢᠩᠭᠤ ᠰᠠᠭᠤᠭ᠎ᠠ ᠰᠠᠭᠤᠭᠠᠯᠢ ᠠᠷᠠᠳ ᠮᠥᠨ᠂ ︽ᠨᠠᠰᠤᠲᠠᠶᠢᠴᠤᠳ ᠪᠤᠯᠤᠨ ᠬᠡᠤᠬᠡᠳ︾ | ᠪᠣᠯ ᠣᠯᠠᠩᠬᠢ ᠭᠡᠷ ᠪᠦᠯᠢ ᠶᠢᠨ ᠭᠤᠣᠯ ᠠᠩᠬᠠᠷᠤᠨ ᠬᠠᠯᠠᠮᠵᠢᠯᠠᠬᠤ ᠶᠠᠪᠤᠳᠠᠯ ᠪᠣᠯᠤᠨ᠎ᠠ᠃ ᠮᠠᠨ ᠤ ᠤᠯᠤᠰ ᠨᠢᠭᠡᠨᠲᠡ ᠨᠠᠰᠤᠵᠢᠯᠳᠠ ᠶᠢᠨ ᠨᠡᠶᠢᠭᠡᠮ ᠳᠤ ᠣᠷᠣᠪᠠ᠃ | ᠨᠠᠰᠤᠵᠢᠯ ᠤᠨ ᠦᠢᠯᠡᠰ ᠪᠠ ᠨᠠᠰᠤᠵᠢᠯ ᠤᠨ ᠠᠵᠤ ᠦᠢᠯᠡᠰ ᠢ ᠶᠡᠭᠡ ᠪᠠᠷ ᠬᠥᠭᠵᠢᠭᠦᠯᠵᠦ᠂ ᠨᠥᠬᠦᠴᠡᠯ ᠲᠠᠢ ᠭᠠᠵᠠᠷ ᠣᠷᠣᠨ ᠨᠠᠰᠤᠵᠢᠯ ᠤᠨ ᠠᠰᠠᠷᠠᠮᠵᠢ ᠶᠢᠨ ᠲᠤᠨᠤᠭ | ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠪᠠᠨ ᠴᠢᠩᠭᠠᠳᠬᠠᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠢᠳᠡᠪᠬᠢᠲᠡᠢ ᠥᠷᠨᠢᠭᠦᠯᠬᠦ ᠬᠡᠷᠡᠭᠲᠡᠢ᠃ | ᠨᠠᠰᠤᠨ ᠳᠤ ᠥᠯᠥ ᠭᠦᠷᠦᠭᠰᠡᠳ ᠤᠨ ᠡᠷᠡᠭᠦᠯ ᠢᠶᠠᠷ ᠦᠰᠦᠨ ᠪᠣᠶᠢᠵᠢᠬᠤ ᠨᠢ ᠤᠯᠤᠰ ᠪᠠ ᠦᠨᠳᠦᠰᠦᠲᠡᠨ ᠤ ᠢᠷᠡᠭᠡᠳᠦᠶ ᠲᠠᠢ ᠬᠤᠯᠪᠣᠭᠳᠠᠵᠤ᠂ ᠲᠦᠭ ᠲᠦᠮᠡᠨ ᠬᠡᠷ | ᠪᠦᠯᠢ ᠶᠢᠨ ᠵᠣᠯ ᠵᠢᠷᠭᠠᠯ ᠠᠮᠤᠷ ᠠᠮᠤᠭᠤᠯᠠᠩ ᠲᠠᠢ ᠬᠤᠯᠪᠣᠭᠳᠠᠨ᠎ᠠ᠃ ᠨᠡᠶᠢᠭᠡᠮ ᠲᠣᠭᠤᠷᠢᠭ ᠤᠨ ᠬᠢᠨ ᠡᠯ᠎ᠡ ᠵᠦᠢᠯ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ | ᠬᠢᠴᠢᠶᠡᠯ ᠤᠨ ᠭᠠᠳᠠᠨᠠᠬᠢ ᠦᠢᠯᠡᠳᠦᠯᠭᠡ ᠶᠢᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠨᠠᠰᠤᠨ ᠳᠤ ᠦᠯᠦ ᠬᠦᠷᠦᠭᠰᠡᠳ ᠤᠨ ᠪᠡᠶ᠎ᠡ ᠮᠠᠬᠠᠪᠣᠳ ᠤᠨ ᠡᠷᠡᠭᠦᠯ | ᠴᠢᠭᠢᠷᠠᠭ᠂ ᠰᠡᠳᠭᠢᠴᠡ ᠶᠢᠨ ᠡᠷᠡᠭᠦᠯ ᠴᠢᠭᠢᠷᠠᠭ᠂ ᠣᠶᠤᠨ ᠰᠠᠨᠠᠭᠠᠨ ᠤ ᠡᠷᠡᠭᠦᠯ ᠴᠢᠭᠢᠷᠠᠭ ᠢ ᠠᠬᠢᠭᠤᠯᠬᠤ ᠬᠡᠷᠡᠭᠲᠡᠶ᠃ ᠨᠡᠶᠢᠭᠡᠮ ᠲᠣᠭᠤᠷᠢᠭ ᠤᠨ ᠦᠨᠳᠦᠰᠦᠨ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠵᠤ᠂ ᠨᠡᠶᠢᠭᠡᠮ ᠲᠣᠭᠤᠷᠢᠭ ᠤᠨ ᠠᠵᠢᠯ ᠢ ᠴᠢᠩᠭᠠᠳᠬᠠᠨ ᠰᠠᠶᠢᠵᠢᠷᠠᠭᠤᠯᠵᠤ᠂ | ᠨᠡᠩ ᠤᠯᠠᠨ ᠡᠬᠢ ᠪᠠᠶᠠᠯᠢᠭ ᠢ ᠨᠡᠶᠢᠭᠡᠮ ᠲᠣᠭᠤᠷᠢᠭ ᠲᠡᠶᠢᠰᠢ ᠬᠡᠯᠪᠡᠶᠢᠯᠭᠡᠬᠦ ᠶᠢ ᠠᠬᠢᠭᠤᠯᠵᠤ᠂ ᠠᠷᠠᠳ ᠤᠯᠠᠨ ᠳᠤ ᠮᠠᠨ ᠤ ᠨᠠᠮ ᠪᠣᠯ ᠪᠦᠬᠦ ᠰᠡᠳᠭᠢᠯ ᠪᠦᠬᠦ | ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠳᠡᠭ᠂ ᠨᠠᠮ ᠡᠬᠦᠷᠢᠳᠠ ᠠᠷᠠᠳ ᠤᠯᠠᠨ ᠤ ᠳᠡᠷᠭᠡᠳᠡ ᠪᠠᠶᠢᠨ᠎ᠠ ᠬᠡᠳᠡᠭ ᠢ ᠮᠡᠳᠡᠷᠡᠬᠦᠯᠬᠦ ᠬᠡᠷᠡᠭᠲᠡᠢ ᠭᠡᠵᠦ ᠵᠢᠭᠠᠵᠤ | ᠭᠠᠷᠭᠠᠪᠠ᠃ ᠰᠢ ᠶᠢᠨ ᠫᠢᠩ ᠤᠯᠠᠨ ᠤ ᠰᠢᠨ᠎ᠡ ᠴᠠᠭ ᠦᠶ᠎ᠡ ᠳᠤ ᠵᠡᠭᠦᠨ ᠬᠤᠶᠢᠲᠤ ᠣᠷᠣᠨ ᠤ ᠪᠦᠬᠦ ᠲᠠᠯ᠎ᠠ ᠶᠢᠨ ᠮᠠᠨᠳᠤᠯᠳᠠ ᠬᠦᠭᠵᠢᠯᠳᠡ ᠳᠤᠮᠳᠠ ᠠᠮᠢᠳᠤᠷᠠᠯ ᠨᠢ | ᠡᠳᠦᠷ ᠠᠴᠠ ᠡᠳᠦᠷ ᠰᠠᠶᠢᠵᠢᠷᠠᠬᠤ ᠶᠢ ᠬᠦᠰᠡᠨ ᠵᠥᠩᠨᠡᠪᠡ᠃ | ᠳ᠋ᠢᠩ ᠰᠢᠤᠸᠠᠢ ᠰᠢᠶᠠᠩ᠂ ᠯᠢᠦ ᠾᠧ᠂ ᠴᠧᠨ ᠰᠢ᠂ ᠾᠧ ᠯᠢ ᠹᠧᠩ ᠪᠣᠯᠤᠨ ᠲᠥᠪ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ | ᠨᠥᠬᠦᠳ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃ | 8 ᠰᠠᠷ᠎ᠠ ᠶᠢᠨ 17 ᠤ ᠦᠳᠡ ᠶᠢᠨ ᠡᠮᠦᠨ᠎ᠡ᠂ ᠰᠢ ᠶᠢᠨ ᠫᠢᠩ ᠮᠦᠭᠳᠡᠨ ᠬᠤᠳᠠ ᠳᠤ᠂ ᠮᠦᠭᠳᠡᠨ ᠳᠤ ᠰᠠᠭᠤᠭ᠎ᠠ ᠴᠡᠷᠢᠭ ᠠᠩᠬᠢ ᠶᠢᠨ ᠠᠬᠠᠯᠠᠬᠤ | ᠬᠤᠷᠠᠩᠳᠠ ᠠᠴᠠ ᠳᠡᠭᠡᠭᠰᠢᠬᠢ ᠤᠳᠤᠷᠢᠳᠬᠤ ᠺᠠᠳ᠋ᠷ ᠪᠣᠯᠤᠨ ᠬᠤᠷᠢᠶᠠᠨ ᠤ ᠲᠡᠰ ᠤᠨ ᠨᠢᠭᠡᠴᠢ ᠶᠢᠨ ᠭᠤᠣᠯ ᠣᠹᠢᠼᠧᠷ ᠲᠠᠢ ᠳᠣᠲᠣᠨᠣ ᠪᠠᠷ ᠠᠭᠤᠯᠵᠠᠵᠤ᠂ ᠨᠠᠮ ᠤᠨ | ᠲᠥᠪ ᠬᠤᠷᠢᠶ᠎ᠠ ᠪᠣᠯᠤᠨ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠡᠮᠦᠨ᠎ᠡ ᠠᠴᠠ ᠮᠦᠭᠳᠡᠨ ᠳᠤ ᠰᠠᠭᠤᠭ᠎ᠠ ᠴᠡᠷᠢᠭ ᠠᠩᠬᠢ ᠶᠢᠨ ᠪᠦᠬᠦ ᠳᠠᠷᠤᠭ᠎ᠠ | ᠪᠠᠶᠢᠯᠳᠤᠭᠴᠢᠳ ᠲᠤ ᠴᠢᠩ ᠰᠡᠳᠭᠢᠯ ᠤᠨ ᠮᠡᠨᠳᠦᠴᠢᠯᠡᠯ ᠬᠦᠷᠭᠡᠭᠰᠡᠨ ᠪᠥᠭᠡᠳ ᠤᠯᠠᠨ ᠲᠠᠢ ᠬᠠᠮᠲᠤ ᠬᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ᠃ ᠵᠠᠩ | ᠶᠢᠤ ᠰᠢᠶᠠ ᠪᠠᠷ᠎ᠠ ᠪᠤᠯᠵᠦ ᠠᠭᠤᠯᠵᠠᠪᠠ᠃ | |