ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠵᠤ᠂ ᠪᠣᠳᠠᠲᠠᠶᠢᠵᠢᠭᠤᠯᠬᠤ ᠪᠠᠷ ᠬᠢᠶ᠎ᠠ ᠪᠠᠭᠰᠢ ᠲᠣᠭᠤᠷᠢᠭ ᠤᠨ ᠰᠣᠶᠣᠯ ᠪᠠ ᠵᠤᠭᠠᠴᠠᠯ ᠤᠨ | ᠲᠤᠪᠴᠢᠶ᠎ᠠ ᠨᠢ ᠬᠢᠶ᠎ᠠ ᠪᠠᠭᠰᠢ ᠲᠣᠭᠤᠷᠢᠭ ᠤᠨ ᠬᠤᠪᠢᠰᠬᠠᠯ ᠤᠨ ᠰᠠᠭᠤᠷᠢᠨ ᠭᠠᠵᠠᠷ ᠤᠨ ᠵᠤᠭᠠᠴᠠᠯ ᠢ ᠪᠡᠶᠡᠴᠢᠯᠡᠨ ᠣᠶᠢᠯᠠᠭᠠᠬᠤ ᠵᠠᠮ ᠱᠤᠭᠤᠮ ᠢ ᠭᠠᠷᠭᠠᠵᠤ᠂ ᠥᠷᠭᠡᠨ | ᠣᠯᠠᠨ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠪᠠ ᠵᠠᠯᠠᠭᠤᠴᠤᠳ ᠪᠠᠭᠠᠴᠤᠳ ᠢ ᠬᠥᠲᠥᠯᠦᠨ ᠵᠢᠯᠣᠭᠤᠳᠴᠤ ᠪᠠᠶᠢᠭᠠᠳ ᠬᠤᠪᠢᠰᠬᠠᠯ ᠤᠨ ᠰᠠᠭᠤᠷᠢᠨ ᠭᠠᠵᠠᠷ ᠤᠨ | ᠵᠤᠭᠠᠴᠠᠯ ᠳᠤ ᠣᠷᠣᠯᠴᠠᠭᠤᠯᠵᠤ᠂ ᠬᠤᠪᠢᠰᠬᠠᠯ ᠤᠨ ᠰᠣᠶᠣᠯ ᠢ ᠪᠠᠳᠠᠷᠠᠭᠤᠯᠤᠨ᠂ ᠬᠤᠪᠢᠰᠬᠠᠯ ᠤᠨ ᠤᠳᠤᠮᠰᠢᠯ ᠢ ᠵᠠᠯᠭᠠᠮᠵᠢᠯᠠᠭᠰᠠᠨ ᠪᠠᠶᠢᠨ᠎ᠠ᠃ | ᠨᠠᠮ ᠤᠨ ᠭᠡᠰᠢᠭᠦᠳ ᠤᠨ ᠤᠯᠤᠰ ᠲᠦᠷᠦ ᠶᠢᠨ ᠠᠮᠢᠳᠤᠷᠠᠯ ᠤᠨ ᠣᠷᠳᠣᠨ | ᠨᠠᠮ ᠤᠨ ᠭᠡᠰᠢᠭᠦᠳ ᠤᠨ ᠤᠯᠤᠰ ᠲᠦᠷᠦ ᠶᠢᠨ ᠠᠮᠢᠳᠤᠷᠠᠯ ᠤᠨ ᠣᠷᠳᠣᠨ ᠨᠢ ᠬᠤᠪᠢᠰᠬᠠᠯ ᠤᠨ ᠵᠣᠷᠢᠭ ᠰᠠᠨᠠᠭ᠎ᠠ ᠶᠢ ᠤᠯᠠᠮᠵᠢᠯᠠᠬᠤ᠂ ᠨᠠᠮᠴᠢ ᠴᠢᠨᠠᠷ ᠤᠨ | ᠬᠥᠮᠦᠵᠢᠯ ᠬᠦᠷᠳᠡᠭᠡᠬᠦ᠂ ᠺᠠᠳ᠋ᠷ ᠤᠨ ᠪᠣᠯᠪᠠᠰᠤᠷᠠᠯ ᠬᠢᠬᠦ᠂ ᠤᠯᠤᠰ ᠢᠶᠠᠨ ᠬᠠᠶᠢᠷᠠᠯᠠᠬᠤ ᠦᠵᠡᠯ ᠤᠨ ᠰᠤᠷᠤᠯᠴᠠᠯᠭ᠎ᠠ ᠬᠢᠬᠦ᠂ ᠶᠡᠷᠦᠩᠬᠡᠶᠢᠯᠡᠭᠰᠡᠨ ᠥᠷᠭᠡᠳᠭᠡᠯ ᠪᠤᠯᠪᠠᠰᠤᠷᠠᠯ | ᠬᠢᠬᠦ᠂ ᠠᠶᠠᠯᠠᠨ ᠵᠤᠭᠠᠴᠠᠬᠤ ᠵᠡᠷᠭᠡ ᠤᠯᠠᠨ ᠴᠢᠳᠠᠪᠬᠢ ᠶᠢ ᠴᠤᠬᠴᠠᠵᠢᠭᠤᠯᠤᠬᠰᠠᠨ ᠬᠤᠪᠢᠰᠬᠠᠯ ᠤᠨ ᠰᠣᠶᠣᠯ ᠤᠨ ᠬᠥᠮᠦᠵᠢᠯ ᠪᠣᠯᠪᠠᠰᠤᠷᠠᠯ ᠤᠨ ᠶᠡᠷᠦᠩᠬᠡᠶᠢᠯᠡᠭᠰᠡᠨ | ᠴᠣᠭᠴᠠ ᠪᠣᠯᠤᠨ᠎ᠠ᠃ | ᠨᠡᠭᠡᠭᠡᠯᠳᠡ ᠬᠢᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ 9᠄ 00 — 12᠄ 00᠂ 14᠄ 00 — 17᠄ 30 ᠴᠠᠭ ᠤᠨ | ᠬᠤᠭᠤᠷᠤᠨᠳᠤ ᠨᠡᠭᠡᠭᠡᠯᠳᠡ ᠬᠢᠨ᠎ᠡ᠃ | ᠬᠠᠶ᠋ᠢᠭ᠄ ᠬᠢᠶ᠎ᠠ ᠪᠠᠭᠰᠢ ᠲᠣᠭᠤᠷᠢᠭ ᠤᠨ ᠴᠢᠩ ᠴᠦᠨ ᠱᠠᠨ ᠰᠣᠶᠣᠯ ᠤᠨ ᠦᠵᠡᠮᠵᠢ ᠶᠢᠨ ᠣᠷᠣᠨ | ᠯᠠᠪᠯᠠᠬᠤ ᠤᠲᠠᠰᠤ᠄ 0477-5108209/15848138209 | | ᠤᠷᠳᠤᠰ ᠬᠤᠳᠠ ᠶᠢᠨ ᠿᠢ ᠰᠢᠩ ᠬᠤᠪᠢᠰᠬᠠᠯ ᠤᠨ ᠰᠣᠶᠣᠯ ᠤᠨ ᠮᠦᠽᠸᠢ | ᠤᠷᠳᠤᠰ ᠬᠤᠳᠠ ᠶᠢᠨ ᠿᠢ ᠰᠢᠩ ᠬᠤᠪᠢᠰᠬᠠᠯ ᠤᠨ ᠰᠣᠶᠣᠯ ᠤᠨ ᠮᠦᠽᠸᠢ ᠪᠣᠯ ᠬᠤᠷᠢᠶᠠᠨ ᠬᠠᠳᠠᠭᠠᠯᠠᠬᠤ᠂ ᠳᠡᠯᠭᠡᠨ ᠦᠵᠡᠭᠦᠯᠬᠦ᠂ ᠬᠠᠮᠠᠭᠠᠯᠠᠬᠤ ᠪᠠᠷ ᠭᠤᠣᠯ | ᠪᠣᠯᠭᠠᠭᠰᠠᠨ ᠰᠤᠳᠤᠯᠤᠨ ᠰᠤᠷᠤᠯᠴᠠᠬᠤ ᠵᠤᠭᠠᠴᠠᠯ ᠪᠠ ᠤᠯᠤᠰ ᠢᠶᠠᠨ ᠬᠠᠶᠢᠷᠠᠯᠠᠬᠤ ᠦᠵᠡᠯ ᠤᠨ ᠰᠤᠷᠭᠠᠨ ᠬᠥᠮᠦᠵᠢᠯ ᠤᠨ ᠰᠠᠭᠤᠷᠢᠨ ᠪᠣᠯᠤᠨ᠎ᠠ᠃ ᠣᠳᠣᠬᠠᠨ ᠳᠤ ᠮᠠᠤ | ᠽᠧ ᠳ᠋ᠦᠩ ᠤᠨ ᠬᠥᠷᠥᠭ᠂ ᠱᠤᠭᠤᠮᠠᠯ᠂ ᠵᠢᠷᠤᠭ ᠵᠢᠴᠢ ᠲᠡᠤᠬᠡ ᠶᠢᠨ ᠲᠤᠯᠭᠤᠷ ᠪᠢᠴᠢᠭ ᠮᠠᠲ᠋ᠧᠷᠢᠶᠠᠯ ᠵᠡᠷᠭᠡ ᠶᠢ ᠪᠠᠭᠲᠠᠭᠠᠭᠰᠠᠨ 1900 ᠭᠠᠷᠤᠶ ᠬᠠᠳᠠᠭᠠᠯᠠᠮᠵᠢ ᠶᠢ | ᠳᠡᠯᠭᠡᠨ ᠦᠵᠡᠭᠦᠯᠵᠦ ᠪᠠᠶᠢᠨ᠎ᠠ᠃ | ᠨᠡᠭᠡᠭᠡᠯᠳᠡ ᠬᠢᠬᠦ ᠴᠠᠭ᠄ ᠭᠠᠷᠠᠭ ᠪᠦᠷᠢ ᠶᠢᠨ ᠭᠠᠷᠠᠭ ᠤᠨ ᠬᠤᠶᠠᠷ ᠠᠴᠠ ᠭᠠᠷᠠᠭ ᠤᠨ ᠵᠢᠷᠭᠤᠭᠠᠨ ᠪᠤᠯᠳᠠᠯ᠎ᠠ ᠨᠡᠭᠡᠭᠡᠯᠳᠡ ᠬᠢᠨ᠎ᠡ᠃ ᠵᠤᠨ ᠤ ᠤᠯᠠᠷᠢᠯ ᠳᠤ 9᠄ | 00 — 17᠄ 30᠂ ᠡᠪᠦᠯ ᠤᠨ ᠤᠯᠠᠷᠢᠯ ᠳᠤ 9᠄ 00 — 17᠄ 00 ᠴᠠᠭ ᠤᠨ ᠬᠤᠭᠤᠷᠤᠨᠳᠤ ᠨᠡᠭᠡᠭᠡᠨ᠎ᠡ᠃ | ᠬᠠᠶ᠋ᠢᠭ᠄ ᠬᠢᠶ᠎ᠠ ᠪᠠᠭᠰᠢ ᠲᠣᠭᠤᠷᠢᠭ ᠤᠨ ᠿᠢ ᠰᠢᠩ ᠲᠣᠮᠣ ᠠᠰᠠᠷ ᠤᠨ ᠨᠢᠭᠡᠳᠦᠭᠡᠷ ᠳᠠᠪᠬᠤᠷᠭ᠎ᠠ | ᠯᠠᠪᠯᠠᠬᠤ ᠤᠲᠠᠰᠤ᠄ 15248495610 | | ᠲᠠᠯ᠎ᠠ ᠨᠤᠲᠤᠭ ᠤᠨ ᠰᠡᠬᠡᠭᠡᠲᠡᠨ ᠵᠠᠯᠠᠭᠤᠴᠤᠳ ᠤᠨ ᠮᠦᠽᠸᠢ | ᠲᠠᠯ᠎ᠠ ᠨᠤᠲᠤᠭ ᠤᠨ ᠰᠡᠬᠡᠭᠡᠲᠡᠨ ᠵᠠᠯᠠᠭᠤᠴᠤᠳ ᠤᠨ ᠮᠦᠽᠸᠢ ᠨᠢ ᠬᠤᠪᠢᠰᠬᠠᠯ ᠤᠨ ᠰᠤᠶᠤᠯ ᠢ ᠤᠯᠠᠮᠵᠢᠯᠠᠬᠤ᠂ ᠰᠡᠬᠡᠭᠡᠲᠡᠨ ᠵᠠᠯᠠᠭᠤᠴᠤᠳ ᠤᠨ ᠵᠣᠷᠢᠭ | ᠰᠠᠨᠠᠭ᠎ᠠ ᠶᠢ ᠪᠠᠳᠠᠷᠠᠭᠤᠯᠬᠤ᠂ ᠬᠤᠶᠢᠴᠢ ᠦᠶ᠎ᠡ ᠶᠢᠨ ᠬᠥᠮᠦᠰ ᠢ ᠰᠡᠩᠬᠡᠷᠡᠭᠦᠯᠬᠦ ᠪᠠᠷ ᠵᠣᠷᠢᠯᠲᠠ ᠪᠠᠨ ᠪᠣᠯᠭᠠᠭᠰᠠᠨ ᠦᠵᠡᠬᠦᠯᠭᠡ ᠶᠢᠨ ᠭᠠᠵᠠᠷ ᠪᠤᠯᠤᠨ᠎ᠠ᠃ ᠲᠤᠰ | ᠮᠥᠽᠸᠢ ᠨᠢ ᠳᠡᠭᠡᠷ᠎ᠡ ᠵᠠᠭᠤᠨ ᠤ ᠵᠢᠷᠠ ᠳᠠᠯᠠᠭᠠᠳ ᠣᠨ ᠤ ᠦᠶ᠎ᠡ ᠳᠤ ᠬᠥᠳᠡᠭᠡ ᠪᠠᠭᠤᠭᠰᠠᠨ ᠰᠡᠬᠡᠭᠡᠲᠡᠨ ᠵᠠᠯᠠᠭᠤᠴᠤᠳ ᠤᠨ ᠤᠷᠳᠤᠰ ᠤᠨ ᠲᠠᠯ᠎ᠠ ᠨᠤᠲᠤᠭ ᠲᠤ | ᠰᠠᠭᠤᠷᠢᠰᠢᠭᠰᠠᠨ ᠲᠡᠦᠬᠡ ᠶᠢ ᠦᠨᠡᠨ ᠪᠣᠳᠠᠲᠠᠶ ᠪᠠᠷ ᠬᠠᠷᠠᠭᠤᠯᠵᠤ᠂ ᠰᠡᠬᠡᠭᠡᠲᠡᠨ ᠵᠠᠯᠠᠭᠤᠴᠤᠳ ᠤᠨ ᠲᠠᠯ᠎ᠠ ᠨᠤᠲᠤᠭ ᠲᠤ ᠳᠠᠪᠲᠠᠭᠳᠠᠨ ᠪᠤᠶᠢᠵᠢᠭᠰᠠᠨ ᠥᠩᠭᠡᠷᠡᠯᠲᠡ | ᠪᠣᠯᠤᠨ ᠤᠷᠳᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠶᠢ ᠳᠤᠪᠤᠶᠢᠯᠭᠠᠵᠤ᠂ ᠰᠡᠬᠡᠭᠡᠲᠡᠨ ᠵᠠᠯᠠᠭᠤᠴᠤᠳ ᠬᠢᠭᠡᠳ ᠲᠠᠯ᠎ᠠ | ᠨᠤᠲᠤᠭ ᠤᠨ ᠠᠷᠠᠳ ᠲᠦᠮᠡᠨ ᠤ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠢᠯᠡᠷᠡᠭᠦᠯᠵᠡᠢ᠃ ᠮᠦᠽᠸᠢ ᠨᠢ ᠰᠡᠬᠡᠭᠡᠷᠡᠭᠦᠯᠬᠦ ᠬᠥᠮᠦᠵᠢᠯ ᠤᠨ ᠣᠶᠢᠯᠠᠭᠠᠭᠳᠠᠬᠤᠨ ᠢ | ᠪᠠᠷᠢᠮᠲᠠᠯᠠᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠳᠠ ᠶᠢ ᠪᠠᠳᠠᠷᠠᠭᠤᠯᠵᠤ᠂ ᠰᠡᠬᠡᠭᠡᠲᠡᠨ ᠵᠠᠯᠠᠭᠤᠴᠤᠳ ᠤᠨ ᠲᠡᠰᠪᠦᠷᠢ ᠬᠠᠲᠠᠭᠤᠵᠢᠯᠲᠠᠢ ᠪᠠᠷ | ᠴᠢᠷᠮᠠᠶᠢᠨ ᠲᠡᠮᠡᠴᠡᠬᠦ ᠵᠣᠷᠢᠭ ᠰᠠᠨᠠᠭ᠎ᠠ ᠶᠢ ᠤᠯᠠᠮᠵᠢᠯᠠᠨ᠂ ᠰᠢᠨ᠎ᠡ ᠨᠢᠭᠡ ᠦᠶ᠎ᠡ ᠶᠢᠨ ᠲᠠᠯ᠎ᠠ ᠨᠤᠲᠤᠭ ᠤᠨ ᠬᠥᠪᠡᠭᠦᠳ ᠥᠬᠢᠳ ᠤᠨ ᠰᠠᠬᠢᠨ ᠪᠠᠷᠠᠯᠠᠵᠦ ᠬᠠᠷᠢᠯᠴᠠᠨ | ᠬᠠᠪᠰᠤᠷᠤᠯᠴᠠᠨ᠂ ᠪᠦᠯᠬᠦᠮᠳᠡᠨ ᠲᠡᠮᠡᠴᠡᠬᠦ ᠶᠢ ᠵᠣᠷᠢᠭᠵᠢᠭᠤᠯᠵᠤ᠂ ᠡᠭᠡ ᠤᠯᠤᠰ ᠤᠨ ᠤᠮᠠᠷᠠᠲᠤ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠦᠳᠤᠬᠡᠨ | ᠪᠠᠶᠢᠭᠤᠯᠬᠤ ᠶᠢᠨ ᠲᠥᠯᠥᠭᠡ ᠴᠥᠬᠦᠷᠡᠰᠢ ᠦᠬᠡᠢ ᠲᠡᠮᠡᠴᠡᠬᠦ ᠶᠢ ᠵᠣᠷᠢᠭᠵᠢᠭᠤᠯᠪᠠ᠃ | ᠨᠡᠭᠡᠭᠡᠯᠳᠡ ᠬᠢᠬᠦ ᠴᠠᠭ᠄ ᠭᠠᠷᠠᠭ ᠪᠦᠷᠢ ᠶᠢᠨ ᠭᠠᠷᠠᠭ ᠤᠨ ᠬᠤᠶᠠᠷ ᠠᠴᠠ ᠭᠠᠷᠠᠭ ᠤᠨ ᠡᠳᠦᠷ ᠪᠤᠯᠳᠠᠯ᠎ᠠ ᠨᠡᠭᠡᠭᠡᠯᠳᠡ ᠬᠢᠨ᠎ᠡ᠃ ᠵᠤᠨ ᠤ ᠤᠯᠠᠷᠢᠯ ᠳᠤ 9᠄ 00 | — 17᠄ 30 ᠴᠠᠭ ᠤᠨ ᠬᠤᠭᠤᠷᠤᠨᠳᠤ ᠨᠡᠭᠡᠭᠡᠵᠤ᠂ ᠡᠪᠦᠯ ᠤᠨ ᠤᠯᠠᠷᠢᠯ ᠳᠤ 9᠄ 00 — 17᠄ 00 ᠴᠠᠭ ᠤᠨ ᠬᠤᠭᠤᠷᠤᠨᠳᠤ ᠨᠡᠭᠡᠭᠡᠨ᠎ᠡ᠃ | ᠬᠠᠶ᠋ᠢᠭ᠄ ᠣᠷᠳᠣᠰ ᠬᠤᠲᠠ ᠶᠢᠨ ᠯᠧ ᠺᠠᠩ ᠪᠠ B ᠲᠣᠭᠤᠷᠢᠭ ᠤᠨ 9 ᠳ᠋ᠤᠭᠡᠷ ᠨᠣᠮᠧᠷ | ᠯᠠᠪᠯᠠᠬᠤ ᠤᠲᠠᠰᠤ᠄ 15049596161/ 15848831758 | | | |