365bet网上娱乐场_365双试投注是什么_365bet正网开户人民政府蒙古文网站 365bet网上娱乐场_365双试投注是什么_365bet正网开户

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠲᠠᠮᠢᠷ ᠤᠨ ᠬᠥᠳᠡᠯᠭᠡᠭᠡᠨ ᠬᠡᠦᠬᠡᠳ ᠤᠨ ᠰᠤᠷᠤᠯᠴᠠᠬᠤ ᠤᠷᠮ᠎ᠠ ᠶᠢ ᠬᠦᠭᠵᠢᠭᠡᠳᠡᠭ
        ᠨᠡᠶᠢᠲᠡᠯᠡᠭᠰᠡᠨ ᠴᠠᠭ᠄
        2022/8/29
              ᠲᠦᠮᠡᠨ ᠪᠣᠳᠠᠰ ᠰᠢᠨᠡᠳᠦᠨ ᠠᠮᠢᠵᠢᠷᠠᠯ ᠤᠨ ᠬᠦᠴᠦᠨ ᠪᠢᠯᠬᠠᠭᠰᠠᠨ ᠬᠠᠪᠤᠷ ᠤᠨ ᠤᠯᠠᠷᠢᠯ ᠳᠤ ᠪᠠᠭᠠᠴᠤᠳ ᠬᠡᠦᠬᠡᠳ ᠮᠠᠨᠢ ᠪᠠᠰᠠ ᠨᠢᠬᠡᠨ  ᠰᠢᠨ᠎ᠡ ᠰᠤᠷᠤᠯᠭ᠎ᠠ ᠶᠢᠨ ᠬᠤᠭᠤᠴᠠᠭ᠎ᠠ ᠪᠠᠨ ᠤᠭᠲᠤᠯ᠎ᠠ᠃ ᠡᠪᠦᠯ ᠤᠨ ᠠᠮᠠᠷᠠᠯᠲᠠ ᠳᠠᠭᠠᠨ ᠨᠡᠯᠢᠶᠡᠳ ᠤᠳᠠᠭᠠᠨ ᠠᠮᠠᠷᠠᠵᠤ ᠰᠡᠯᠡᠭᠦᠴᠡᠭᠰᠡᠨ  ᠪᠤᠯᠬᠤᠷ ᠪᠡᠶ᠎ᠡ ᠰᠡᠳᠬᠢᠯ ᠤᠨ ᠳᠠᠯ᠎ᠠ ᠪᠠᠷ ᠬᠤᠶᠢᠷᠭᠤᠰᠢᠵᠤ᠂ ᠰᠤᠷᠭᠠᠭᠤᠯᠢ ᠳᠠᠭᠠᠨ ᠪᠤᠴᠠᠭᠰᠠᠨ ᠴᠤ ᠰᠤᠷᠤᠯᠭ᠎ᠠ ᠬᠢᠴᠢᠶᠡᠯ ᠳᠡᠭᠡᠨ ᠰᠡᠳᠬᠢᠯ  ᠲᠦᠪᠯᠡᠷᠡᠬᠦ ᠦᠬᠡᠢ ᠪᠠᠶᠢᠬᠤ ᠨᠢ ᠪᠠᠭᠰᠢ ᠭᠡᠷ ᠤᠨ ᠠᠬᠠᠮᠠᠳ ᠤᠨ ᠰᠠᠨᠠᠭ᠎ᠠ ᠪᠤᠯᠳᠠᠭ ᠤᠴᠢᠷ ᠪᠤᠯᠤᠯ᠎ᠠ᠃ ᠡᠭᠦᠨ ᠳᠤ ᠪᠡᠶ᠎ᠡ ᠶᠢᠨ ᠲᠠᠮᠢᠷ ᠤᠨ  ᠬᠦᠳᠡᠯᠭᠡᠭᠡᠨ ᠳᠤ ᠵᠤᠬᠢᠰᠲᠠᠢ ᠤᠷᠤᠯᠴᠠᠬᠤ ᠨᠢ ᠰᠤᠷᠤᠭᠴᠢᠳ ᠤᠨ ᠰᠤᠷᠤᠯᠴᠠᠯᠭ᠎ᠠ ᠬᠢᠴᠢᠶᠡᠯ ᠳᠡᠭᠡᠨ ᠲᠦᠷᠭᠡᠨ ᠲᠣᠬᠢᠷᠠᠭᠤᠯᠤᠯᠲᠠ ᠬᠢᠵᠦ᠂  ᠰᠢᠨ᠎ᠡ ᠰᠤᠷᠤᠯᠭ᠎ᠠ ᠶᠢᠨ ᠬᠤᠭᠤᠴᠠᠭᠠᠨ ᠳᠠᠬᠢ ᠰᠤᠷᠤᠯᠴᠠᠬᠤ ᠤᠷᠮ᠎ᠠ ᠪᠠᠨ ᠬᠦᠭᠵᠢᠭᠡᠬᠦ ᠪᠦᠲᠦᠮᠵᠢᠲᠡᠶ ᠠᠷᠭ᠎ᠠ ᠪᠠᠷᠢᠯ ᠪᠤᠯᠳᠠᠭ ᠰᠢᠦ᠃            ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠬᠦ ᠠᠴᠠ ᠡᠮᠦᠨ᠎ᠡ᠂ ᠵᠠᠷᠢᠮ ᠰᠤᠷᠤᠭᠴᠢᠳ ᠰᠡᠳᠬᠢᠴᠡ ᠶᠢᠨ ᠲᠠᠯ᠎ᠠ ᠪᠠᠷ ᠳᠠᠷᠤᠯᠲᠠ ᠲᠠᠢ  ᠪᠤᠯᠵᠤ᠂ ᠨᠠᠵᠠᠭᠠᠢ ᠲᠠᠯ᠎ᠠ ᠶᠢᠨ ᠤᠷᠮ᠎ᠠ ᠰᠡᠳᠬᠢᠯᠭᠡ ᠲᠠᠢ ᠪᠤᠯᠬᠤ ᠨᠢ ᠬᠡᠪ ᠤᠨ ᠤᠴᠢᠷ ᠪᠠᠶᠢᠳᠠᠭ᠃ ᠤᠴᠢᠷ ᠨᠢ ᠨᠡᠯᠢᠶᠡᠳ ᠣᠷᠳᠣ ᠡᠪᠦᠯ ᠤᠨ  ᠠᠮᠠᠷᠠᠯᠲᠠ ᠶᠢᠨ ᠠᠮᠢᠳᠤᠷᠠᠯ ᠳᠤᠮᠳᠠ ᠮᠠᠰᠢ ᠣᠯᠠᠨ ᠰᠤᠷᠤᠭᠴᠢᠳ ᠰᠠᠨᠠᠭᠠᠨ ᠤ ᠠᠶ᠎ᠠ ᠪᠠᠷ ᠨᠠᠭᠠᠳᠤᠨ ᠲᠤᠭᠯᠠᠵᠤ᠂ ᠠᠭᠤᠵᠢᠭᠤ ᠲᠠᠯᠪᠢᠭᠤ  ᠪᠠᠶᠠᠷ ᠪᠠᠶᠠᠰᠬᠤᠯᠠᠩ ᠲᠠᠢ ᠦᠩᠭᠡᠷᠡᠭᠦᠯᠦᠭᠰᠡᠨ ᠢᠶᠠᠷ᠂ ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠬᠦ ᠳᠤ ᠰᠤᠷᠤᠯᠴᠠᠵᠤ ᠠᠮᠠᠷᠠᠬᠤ ᠲᠠᠯ᠎ᠠ ᠪᠠᠷ  ᠨᠡᠯᠢᠶᠡᠳ ᠶᠡᠭᠡ ᠵᠥᠷᠢᠶ᠎ᠡ ᠲᠠᠢ ᠪᠤᠯᠵᠤ᠂ ᠦᠷᠯᠦᠭᠡ ᠡᠷᠲᠡ ᠪᠤᠰᠤᠨ ᠰᠤᠷᠭᠠᠭᠤᠯᠢ ᠳᠠᠭᠠᠨ ᠬᠦᠷᠴᠦ ᠬᠢᠴᠢᠶᠡᠯᠯᠡᠬᠦ ᠨᠢ ᠰᠤᠷᠤᠭᠴᠢᠳ ᠲᠤ ᠪᠠᠭ᠎ᠠ  ᠪᠤᠰᠤ ᠥᠷᠢᠰᠥᠯᠳᠦᠭᠡᠨ ᠲᠠᠢ ᠰᠠᠨᠠᠭᠳᠠᠭᠤᠯᠳᠠᠭ ᠪᠢᠯᠡ᠃ ᠭᠡᠪᠡᠴᠦ ᠰᠤᠷᠭᠠᠭᠤᠯᠢ ᠡᠬᠢᠯᠡᠭᠰᠡᠨ ᠶᠤᠮ ᠴᠢᠨᠢ ᠴᠠᠭ ᠲᠤᠬᠠᠶ ᠳᠤᠨᠢ ᠦᠪᠡᠷ ᠤᠨ  ᠪᠠᠶᠢᠳᠠᠯ ᠳᠠᠭᠠᠨ ᠳᠤᠬᠢᠷᠠᠭᠤᠯᠤᠯᠳᠠ ᠬᠢᠵᠦ᠂ ᠵᠢᠮ᠎ᠡ ᠶᠣᠰᠣ ᠲᠠᠢ ᠰᠤᠷᠤᠯᠴᠠᠯᠭ᠎ᠠ ᠠᠮᠢᠳᠤᠷᠠᠯ ᠢᠶᠠᠨ ᠰᠡᠷᠭᠦᠭᠡᠬᠦ ᠨᠢ ᠴᠢᠬᠤᠯᠠ᠃ ᠪᠡᠶ᠎ᠡ ᠶᠢᠨ  ᠲᠠᠮᠢᠷ ᠤᠨ ᠬᠦᠳᠡᠯᠭᠡᠭᠡᠨ ᠳᠤ ᠵᠤᠬᠢᠰᠲᠠᠢ ᠤᠷᠤᠯᠴᠠᠬᠤ ᠨᠢ ᠰᠤᠷᠤᠭᠴᠢᠳ ᠤᠨ ᠪᠡᠶ᠎ᠡ ᠪᠠᠨ ᠪᠠᠷᠢᠬᠤ ᠴᠢᠳᠠᠪᠤᠷᠢ ᠪᠠ ᠰᠠᠶᠢᠨ ᠰᠠᠶᠢᠬᠠᠨ  ᠰᠤᠷᠤᠯᠴᠠᠬᠤ ᠳᠠᠳᠬᠠᠯ ᠢ ᠪᠣᠶ ᠪᠣᠯᠭᠠᠬᠤ ᠳᠤ ᠠᠰᠢᠭᠲᠠᠢ ᠶᠤᠮ᠃            ᠪᠢᠳᠡ ᠪᠡᠶ᠎ᠡ ᠶᠢᠨ ᠲᠠᠮᠢᠷ ᠤᠨ ᠬᠦᠳᠡᠯᠭᠡᠭᠡᠨ ᠢᠶᠠᠷ ᠰᠤᠷᠭᠠᠭᠤᠯᠢ ᠡᠬᠢᠯᠡᠬᠦ ᠶᠢᠨ ᠤᠷᠢᠳᠠᠭᠤᠷ ᠬᠤᠶᠢᠭᠤᠷᠬᠢ ᠰᠤᠷᠤᠭᠴᠢᠳ ᠤᠨ  ᠰᠤᠷᠤᠯᠴᠠᠬᠤ ᠪᠠ ᠠᠮᠠᠷᠠᠬᠤ ᠶᠢ ᠲᠦᠷᠭᠡᠨ ᠲᠣᠬᠢᠷᠠᠭᠤᠯᠬᠤ ᠠᠷᠭ᠎ᠠ ᠪᠠᠷᠢᠯ ᠪᠣᠯᠭᠠᠵᠤ ᠪᠣᠯᠤᠨ᠎ᠠ᠂ ᠭᠡᠷ ᠪᠦᠯᠢ᠂ ᠰᠤᠷᠭᠠᠭᠤᠯᠢ ᠪᠠ ᠨᠡᠶᠢᠭᠡᠮ ᠠᠴᠠ  ᠰᠤᠷᠤᠭᠴᠢᠳ ᠲᠤ ᠰᠠᠨᠠᠭᠠᠴᠢᠯᠠᠭ᠎ᠠ ᠠᠴᠠ ᠪᠠᠨ ᠳᠠᠮᠢᠷ ᠤᠨ ᠬᠦᠳᠡᠯᠬᠡᠬᠡᠨ ᠳᠤ ᠤᠷᠤᠯᠴᠠᠵᠤ᠂ ᠰᠠᠨᠠᠭᠠᠴᠢᠯᠠᠭ᠎ᠠ ᠠᠴᠠ ᠪᠠᠨ ᠪᠡᠶ᠎ᠡ ᠮᠠᠬᠠᠪᠤᠳ ᠢᠶᠠᠨ  ᠪᠤᠯᠪᠠᠰᠤᠷᠠᠭᠤᠯᠬᠤ ᠤᠷᠴᠢᠨ ᠠᠬᠤᠢ ᠶᠢ ᠡᠬᠦᠳᠦᠨ ᠦᠭᠴᠦ᠂ ᠬᠡᠦᠬᠡᠳ ᠢ ᠰᠢᠨᠵᠢᠯᠡᠬᠦ ᠤᠬᠠᠭᠠᠨᠴᠢ᠂ ᠲᠦᠬᠦᠮ ᠲᠦᠳᠡ᠂ ᠠᠯᠬᠤᠮ  ᠳᠠᠷᠠᠭ᠎ᠠ ᠲᠠᠢ ᠪᠠᠷ ᠳᠠᠮᠢᠷ ᠤᠨ ᠬᠦᠳᠡᠯᠬᠡᠬᠡᠨ ᠳᠤ ᠤᠷᠤᠯᠴᠠᠭᠤᠯᠪᠠᠯ ᠵᠤᠬᠢᠨ᠎ᠠ᠃ ᠳᠠᠮᠢᠷ ᠤᠨ ᠬᠥᠳᠡᠯᠭᠡᠭᠡᠨ ᠢᠶᠠᠷ ᠳᠠᠮᠵᠢᠨ᠂ ᠬᠡᠤᠬᠡᠳ ᠤᠳ  ᠪᠡᠶ᠎ᠡ ᠪᠠᠨ ᠪᠠᠷᠢᠬᠤ ᠴᠢᠳᠠᠪᠤᠷᠢ ᠶᠢ ᠰᠤᠷᠴᠤ ᠪᠣᠯᠤᠨ᠎ᠠ᠃ ᠢᠯᠠᠩᠭᠤᠶ᠎ᠠ ᠰᠤᠷᠭᠠᠭᠤᠯᠢ ᠡᠬᠢᠯᠡᠬᠦ ᠶᠢᠨ ᠦᠶ᠎ᠠ ᠪᠠᠷ ᠬᠡᠦᠬᠡᠳ ᠪᠠᠭᠠᠴᠤᠳ ᠢ  ᠢᠳᠡᠪᠬᠢᠲᠡᠢ ᠪᠦᠲᠦᠮᠵᠢᠲᠡᠶ ᠳᠠᠮᠢᠷ ᠤᠨ ᠪᠣᠯᠪᠠᠰᠤᠷᠠᠯ ᠳᠤ ᠤᠷᠤᠯᠴᠠᠭᠤᠯᠬᠤ ᠨᠢ ᠬᠡᠦᠬᠡᠳ ᠤᠨ ᠰᠤᠷᠤᠯᠴᠠᠬᠤ ᠤᠷᠮ᠎ᠠ ᠶᠢ ᠠᠯᠢ ᠲᠦᠷᠬᠡᠨ ᠢᠶᠠᠷ  ᠬᠦᠭᠵᠢᠭᠡᠵᠦ ᠴᠢᠳᠠᠨ᠎ᠠ᠃            ᠬᠦᠮᠦᠰ ᠳᠠᠩᠳᠠ ᠪᠠᠨ ᠰᠤᠷᠭᠠᠭᠤᠯᠢ ᠡᠬᠢᠯᠡᠪᠡᠯ ᠰᠤᠷᠤᠭᠴᠢᠳ ᠤᠨ ᠰᠤᠷᠤᠯᠭ᠎ᠠ ᠶᠢᠨ ᠳᠠᠷᠤᠭᠠᠰᠤ ᠶᠡᠭᠡ ᠪᠤᠯᠵᠤ᠂ ᠪᠡᠶ᠎ᠠ ᠪᠠᠨ  ᠪᠣᠯᠪᠠᠰᠤᠷᠠᠭᠤᠯᠬᠤ ᠴᠠᠭ ᠬᠢᠵᠠᠭᠠᠷ ᠲᠠᠢ᠂ ᠠᠮᠠᠷᠠᠯᠳᠠ ᠳᠠᠯᠪᠢᠪᠠᠯ ᠰᠠᠶ᠋ᠢ ᠴᠠᠭ ᠡᠯᠪᠡᠭ ᠪᠤᠯᠤᠨ᠎ᠠ ᠬᠡᠵᠦ ᠶᠠᠷᠢᠳᠠᠭ᠃ ᠦᠨᠡᠨ ᠳᠡᠭᠡᠨ ᠬᠡᠦᠬᠡᠳ ᠢ  ᠢᠳᠡᠪᠬᠢᠲᠡᠶ ᠪᠦᠲᠦᠮᠵᠢᠲᠡᠶ ᠪᠠᠷ ᠬᠥᠲᠥᠯᠥᠨ ᠵᠢᠯᠤᠭᠤᠳᠴᠤ ᠲᠠᠮᠢᠷ ᠤᠨ ᠬᠦᠳᠡᠯᠭᠡᠭᠡᠨ ᠳᠤ ᠤᠷᠤᠯᠴᠠᠬᠤ ᠳᠠᠳᠬᠠᠯ ᠲᠠᠢ ᠪᠤᠯᠭᠠᠬᠤ ᠨᠢ  ᠬᠡᠦᠬᠡᠳ ᠤᠨ ᠪᠡᠶ᠎ᠠ ᠪᠠᠨ ᠪᠠᠷᠢᠬᠤ ᠴᠢᠳᠠᠪᠤᠷᠢ ᠶᠢ ᠴᠢᠩᠭᠠᠳᠬᠠᠵᠤ᠂ ᠡᠭᠦᠨ ᠤ ᠤᠯᠠᠮ ᠢᠶᠠᠷ ᠰᠤᠷᠤᠯᠭ᠎ᠠ ᠶᠢᠨ ᠬᠢᠷᠢ ᠪᠦᠲᠦᠮᠵᠢ ᠪᠠᠨ  ᠳᠡᠭᠡᠭᠰᠢᠯᠡᠭᠦᠯᠬᠦ ᠳᠤ ᠨᠢ ᠠᠰᠢᠭᠲᠠᠢ ᠪᠠᠶᠢᠳᠠᠭ᠃ ᠣᠳᠣᠬᠠᠨ ᠳᠤ ᠨᠡᠶᠢᠭᠡᠮ ᠳᠡᠭᠡᠷ᠎ᠡ ᠰᠡᠯᠡᠭᠦᠴᠡᠯ ᠵᠤᠭ᠎ᠠ ᠴᠡᠩᠭᠡᠯ ᠤᠨ ᠵᠦᠶ᠋ᠯᠡᠰ ᠮᠠᠰᠢ ᠣᠯᠠᠨ  ᠪᠠᠶᠢᠵᠤ᠂ ᠬᠡᠷ ᠤᠨ ᠠᠬᠠᠮᠠᠳ᠂ ᠰᠤᠷᠭᠠᠭᠤᠯᠢ᠂ ᠨᠡᠶᠢᠭᠡᠮ ᠠᠴᠠ ᠬᠡᠤᠬᠡᠳ ᠢ ᠰᠠᠨᠠᠭᠠᠴᠢᠯᠠᠭ᠎ᠠ ᠲᠠᠢ ᠪᠠᠷ ᠬᠥᠲᠥᠯᠥᠨ ᠵᠢᠯᠣᠭᠤᠳᠴᠤ ᠪᠠᠶᠢᠭᠠᠳ  ᠢᠳᠡᠪᠬᠢᠲᠡᠶ ᠡᠷᠡᠬᠦᠯ ᠴᠢᠬᠢᠷᠠᠭ ᠳᠠᠮᠢᠷ ᠤᠨ ᠬᠦᠳᠡᠯᠬᠡᠬᠡᠨ ᠳᠤ ᠢᠯᠡᠭᠦᠦ ᠤᠷᠤᠯᠴᠠᠭᠤᠯᠬᠤ ᠨᠢ ᠬᠡᠦᠬᠡᠳ ᠪᠠᠭᠠᠴᠤᠳ ᠤᠨ ᠳᠠᠮᠢᠷ ᠤᠨ  ᠬᠦᠳᠡᠯᠬᠡᠬᠡᠨ ᠤ ᠳᠠᠳᠬᠠᠯ ᠲᠠᠢ ᠪᠤᠯᠬᠤ᠂ ᠴᠠᠭ ᠤᠨ ᠬᠠᠮᠢᠶᠠᠷᠤᠯᠳᠠ ᠶᠢᠨ ᠴᠢᠳᠠᠪᠤᠷᠢ ᠲᠠᠢ ᠪᠤᠯᠬᠤ᠂ ᠦᠪᠡᠷ ᠤᠨ ᠪᠡᠶ᠎ᠠ ᠪᠠᠨ ᠴᠢᠩᠭ᠎ᠠ  ᠱᠠᠭᠠᠷᠳᠠᠬᠤ ᠪᠠ ᠪᠡᠶ᠎ᠡ ᠳᠡᠭᠡᠨ ᠢᠳᠡᠬᠡᠯ ᠲᠠᠢ ᠪᠤᠯᠬᠤ ᠵᠡᠷᠭᠡ ᠳᠠᠳᠬᠠᠯ ᠢ ᠠᠶᠠᠨᠳᠠᠭᠠᠨ ᠬᠦᠮᠦᠵᠢᠬᠦᠯᠵᠦ ᠳᠡᠶᠢᠯᠳᠡᠭ ᠰᠠᠨ᠃            ᠳᠠᠮᠢᠷ ᠤᠨ ᠬᠦᠳᠡᠯᠭᠡᠬᠡᠨ ᠳᠤ ᠢᠯᠡᠬᠦᠬᠡᠨ ᠤᠷᠤᠯᠴᠠᠬᠤ ᠨᠢ ᠬᠦᠮᠦᠰ ᠤᠨ ᠪᠡᠶ᠎ᠡ ᠮᠠᠬᠠᠪᠤᠳ ᠢ ᠳᠠᠪᠳᠠᠨ ᠪᠤᠯᠪᠠᠰᠤᠷᠠᠭᠤᠯᠬᠤ ᠲᠡᠳᠦᠢ  ᠦᠭᠡᠢ᠂ ᠪᠠᠰᠠ ᠵᠤᠷᠢᠭ ᠳᠠᠪᠴᠢᠶᠡᠷᠢ ᠲᠠᠢ ᠪᠤᠯᠭᠠᠨ᠎ᠠ᠃ ᠬᠠᠪᠤᠷ ᠤᠨ ᠤᠷᠢᠨ ᠳᠤᠯᠠᠭᠠᠬᠠᠨ ᠴᠠᠭ ᠲᠤ ᠳᠠᠮᠢᠷ ᠤᠨ ᠬᠦᠳᠡᠯᠬᠡᠬᠡᠨ ᠳᠤ ᠢᠯᠡᠬᠦᠬᠡᠨ  ᠤᠷᠤᠯᠴᠠᠵᠤ ᠵᠢᠪᠬᠤᠭ᠎ᠠ ᠳᠡᠬᠦᠯᠳᠡᠷ ᠬᠡᠦᠬᠡᠳ ᠪᠠᠭᠠᠴᠤᠳ ᠪᠤᠯᠵᠠᠭᠠᠶ᠎ᠠ︕ 
        ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ