| 9 ᠤ ᠡᠳᠦᠷ᠂ ᠬᠤᠶᠠᠳᠤᠭᠠᠷ ᠬᠤᠭᠤᠴᠠᠭᠠᠨ ᠤ ᠮᠠᠯ ᠵᠢᠭᠦᠷᠲᠡᠨ ᠤ ᠡᠭᠦᠯᠳᠡᠷ ᠤᠨ ᠠᠵᠤ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠳᠡᠭᠡᠳᠦ ᠲᠦᠪᠰᠢᠨ ᠤ ᠬᠤᠷᠠᠯ ᠳᠤ᠂ ᠤᠯᠤᠰ ᠤᠨ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠤᠨ ᠵᠥᠪᠯᠡᠯ ᠤᠨ ᠬᠢᠨᠠᠨ | ᠲᠣᠭᠲᠠᠭᠠᠭᠰᠠᠨ ᠢᠶᠠᠷ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠪᠡᠭᠡᠵᠢᠩ ᠤᠨ ᠮᠠᠯ ᠠᠵᠤ ᠠᠬᠤᠶ ᠮᠠᠯ | ᠡᠮᠨᠡᠯᠭᠡ ᠶᠢᠨ ᠰᠤᠳᠤᠯᠭᠠᠨ ᠤ ᠭᠠᠵᠠᠷ ᠠᠴᠠ ᠭᠤᠣᠯᠯᠠᠨ ᠪᠤᠶᠢᠵᠢᠭᠤᠯᠤᠭᠰᠠᠨ ︽ ᠬᠤᠸᠠ ᠰᠢ ᠦᠬᠡᠷ︾ ᠤᠯᠤᠰ ᠤᠨ ᠮᠠᠯ ᠵᠢᠭᠦᠷᠲᠡᠨ ᠤ ᠰᠢᠨ᠎ᠡ ᠡᠭᠦᠯᠳᠡᠷ ᠤᠨ | ᠦᠨᠡᠮᠯᠡᠯ ᠢ ᠣᠯᠵᠤ᠂ ᠮᠠᠨ ᠤ ᠤᠯᠤᠰ ᠤᠨ ᠪᠦᠷᠢᠮᠦᠰᠦᠨ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠲᠠᠢ ᠲᠤᠰᠬᠠᠶᠢᠵᠢᠭᠰᠠᠨ | ᠠᠯᠠᠰᠢᠨ ᠦᠬᠡᠷ ᠤᠨ ᠰᠢᠨ᠎ᠡ ᠡᠭᠦᠯᠳᠡᠷ ᠪᠣᠯᠵᠣ᠂ ᠮᠠᠨ ᠤ ᠤᠯᠤᠰ ᠠᠯᠠᠰᠢᠨ ᠦᠬᠡᠷ ᠤᠨ ᠡᠭᠦᠯᠳᠡᠷ ᠪᠤᠶᠢᠵᠢᠭᠤᠯᠬᠤ ᠲᠠᠯ᠎ᠠ ᠪᠠᠷ ᠴᠢᠬᠤᠯᠠ ᠶᠡᠭᠡ | ᠰᠢᠪᠲᠤᠯᠤᠯᠲᠠ ᠲᠠᠢ ᠪᠣᠯᠪᠠ᠃ | ᠲᠠᠨᠢᠯᠴᠠᠭᠤᠯᠬᠤ ᠪᠠᠷ᠂ ︽ᠬᠤᠸᠠ ᠰᠢ ᠦᠬᠡᠷ ︾ ᠨᠢ ᠥᠰᠥᠯᠲᠡ ᠲᠦᠷᠭᠡᠨ᠂ ᠠᠵᠤ ᠠᠬᠤᠶ ᠶᠢᠨ ᠦᠷ᠎ᠡ ᠠᠰᠢᠭ ᠥᠨᠳᠥᠷ ᠵᠡᠷᠭᠡ ᠣᠨᠴᠠᠯᠢᠭ ᠲᠠᠢ ᠪᠠᠶᠢᠵᠤ | ᠂ ᠪᠥᠬᠦ ᠤᠯᠤᠰ ᠤᠨ ᠪᠣᠶ ᠪᠥᠬᠦᠶ ᠮᠠᠯᠵᠢᠬᠤ ᠣᠷᠣᠨ᠂ ᠲᠠᠷᠢᠶᠠᠯᠠᠬᠤ ᠣᠷᠣᠨ ᠪᠠ ᠤᠮᠠᠷᠠᠲᠤ ᠶᠢᠨ ᠲᠠᠷᠢᠶᠠᠯᠠᠩ ᠮᠠᠯ ᠠᠵᠤ ᠠᠬᠤᠶ ᠶᠢᠨ ᠰᠣᠯᠪᠢᠴᠠᠭᠰᠠᠨ | ᠪᠦᠰᠡ ᠳᠤ ᠳᠣᠭᠢᠷᠠᠬᠤ ᠪᠠᠷ ᠪᠠᠷᠠᠬᠤ ᠥᠬᠡᠶ ᠪᠠᠰᠠ ᠡᠮᠦᠨᠡᠲᠦ ᠣᠷᠣᠨ ᠤ ᠠᠭᠤᠯᠠᠨ ᠭᠠᠵᠠᠷ᠂ ᠬᠥᠲᠥᠯ ᠭᠠᠵᠠᠷ ᠲᠤ ᠳᠣᠭᠢᠷᠠᠨ᠎ᠠ᠃ | ᠣᠳᠣᠬᠠᠨ ᠳᠤ᠂ ᠪᠥᠬᠦ ᠤᠯᠤᠰ ᠲᠤ ︽ᠬᠤᠸᠠ ᠰᠢ ᠦᠬᠡᠷ︾ ᠮᠠᠯᠵᠢᠬᠤ ᠴᠢᠬᠤᠯᠠ ᠲᠠᠯᠠᠪᠠᠶ᠂ ᠡᠷᠦᠬᠡ 41 ᠪᠣᠯᠵᠣ᠂ ᠬᠠᠮᠲᠤᠷᠠᠭᠰᠠᠨ ᠡᠭᠦᠯᠳᠡᠷ | ᠪᠤᠶᠢᠵᠢᠭᠤᠯᠬᠤ ᠠᠵᠤ ᠠᠬᠤᠶᠢᠯᠠᠯ ᠤᠨ ᠶᠡᠷᠦᠩᠬᠡᠶ ᠲᠤᠭ᠎ᠠ 60 ᠭᠠᠷᠤᠶ ᠪᠣᠯᠵᠠᠶ᠃ ᠣᠳᠣ ︽ᠬᠤᠸᠠ ᠰᠢ ᠦᠬᠡᠷ︾ ᠨᠢᠭᠡᠨᠲᠡ ᠲᠠᠪᠤᠳᠤᠭᠠᠷ ᠦᠶ᠎ᠡ ᠶᠢᠨ ᠰᠣᠩᠭᠤᠨ | ᠪᠤᠶᠢᠵᠢᠭᠤᠯᠬᠤ ᠠᠵᠢᠯ ᠢᠶᠠᠨ ᠡᠬᠢᠯᠡᠭᠦᠯᠦᠭᠰᠡᠨ ᠪᠠᠶᠢᠨ᠎ᠠ᠃ ᠣᠳᠣᠬᠠᠨ ᠤ ᠤᠳᠤᠮᠰᠢᠯ ᠤᠨ ᠠᠬᠢᠴᠠ ᠪᠠᠷ ᠲᠥᠰᠦᠭᠡᠯᠡᠨ ᠪᠤᠳᠤᠪᠠᠯ᠂ ︽ᠬᠤᠸᠠ ᠰᠢ ᠦᠬᠡᠷ︾ ᠢ | ᠳᠠᠬᠢᠨ 5 ︱10 ᠵᠢᠯ ᠰᠣᠩᠭᠤᠨ ᠪᠣᠶᠢᠵᠢᠭᠤᠯᠬᠤ ᠪᠠᠷ ᠳᠡᠮᠵᠢᠨ᠂ ᠲᠡᠭᠦᠨ ᠤ ᠥᠰᠥᠯᠲᠡ ᠶᠢᠨ ᠬᠤᠷᠳᠤᠴᠠ ᠵᠡᠷᠭᠡ ᠭᠤᠣᠯ ᠭᠦᠢᠴᠡᠳᠬᠡᠯ ᠲᠤᠭ᠎ᠠ ᠨᠢ | ᠳᠡᠯᠡᠬᠡᠶ ᠶᠢᠨ ᠲᠡᠷᠢᠭᠦᠨ ᠤ ᠬᠢᠷᠢ ᠲᠦᠪᠰᠢᠨ ᠳᠤ ᠬᠥᠷᠬᠦ ᠪᠣᠯᠤᠨ᠎ᠠ᠃ | | | |