365bet网上娱乐场_365双试投注是什么_365bet正网开户人民政府蒙古文网站 365bet网上娱乐场_365双试投注是什么_365bet正网开户

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠠᠤᠯᠢ︾ ᠨᠡᠶᠢᠲᠡᠯᠡᠭᠳᠡᠪᠡ
        ᠨᠡᠶᠢᠲᠡᠯᠡᠭᠰᠡᠨ ᠴᠠᠭ᠄
        2022/8/5
                     ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠶᠢᠨ ᠵᠠᠷᠯᠢᠭ                               ᠵᠠᠭᠤ ᠠᠷᠪᠠᠨ ᠬᠤᠶᠠᠳᠤᠭᠠᠷ ᠲᠣᠭᠠᠲᠤ       ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠠᠤᠯᠢ︾᠎ ᠶᠢ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠨ ᠳᠥᠷᠪᠡᠳᠦᠭᠡᠷ ᠬᠤᠷᠠᠯᠳᠤᠭᠠᠨ ᠠᠴᠠ 2022 ᠣᠨ ᠤ 4 ᠰᠠᠷ᠎ᠠ ᠶᠢᠨ 20᠎ ᠤ ᠡᠳᠦᠷ ᠵᠠᠰᠠᠪᠤᠷᠢ ᠣᠷᠣᠭᠤᠯᠵᠤ ᠪᠠᠲᠤᠯᠠᠪᠠ᠃ ᠡᠳᠦᠭᠡ ᠨᠡᠶᠢᠲᠡᠯᠡᠪᠡ᠂ 2022 ᠣᠨ ᠤ 5 ᠰᠠᠷ᠎ᠠ ᠶᠢᠨ 1᠎ ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃                                                                                                                      ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠰᠢ ᠶᠢᠨ ᠫᠢᠩ                                                          2022 ᠣᠨ ᠤ 4 ᠰᠠᠷ᠎ᠠ ᠶᠢᠨ 20᠎ ᠤ ᠡᠳᠦᠷ                   ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠠᠤᠯᠢ        ︵1996 ᠣᠨ ᠤ 5 ᠰᠠᠷ᠎ᠠ ᠶᠢᠨ 15᠎ ᠤ ᠡᠳᠦᠷ ᠨᠠᠢᠮᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠ ᠶᠢᠰᠦᠳᠦᠭᠡᠷ ᠬᠤᠷᠠᠯᠳᠤᠭᠠᠨ ᠠᠴᠠ ᠪᠠᠲᠤᠯᠠᠪᠠ᠃ 2022 ᠣᠨ ᠤ 4 ᠰᠠᠷ᠎ᠠ ᠶᠢᠨ 20᠎ ᠤ ᠡᠳᠦᠷ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠨ ᠳᠥᠷᠪᠡᠳᠦᠭᠡᠷ ᠬᠤᠷᠠᠯᠳᠤᠭᠠᠨ ᠠᠴᠠ ᠵᠠᠰᠠᠪᠤᠷᠢ ᠣᠷᠣᠭᠤᠯᠪᠠ︶        ᠭᠠᠷᠴᠠᠭ        ᠨᠢᠭᠡᠳᠦᠭᠡᠷ ᠪᠦᠯᠦᠭ      ᠶᠡᠷᠦᠩᠬᠡᠶ ᠳᠦᠷᠢᠮ         ᠬᠤᠶᠠᠳᠤᠭᠠᠷ ᠪᠦᠯᠦᠭ     ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠳᠣᠭᠲᠠᠯᠴᠠᠭ᠎ᠠ        ᠭᠤᠷᠪᠠᠳᠤᠭᠠᠷ ᠪᠦᠯᠦᠭ    ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠡᠷᠡᠭᠵᠢᠭᠦᠯᠦᠯᠲᠡ        ᠳᠥᠷᠪᠡᠳᠦᠭᠡᠷ ᠪᠦᠯᠦᠭ     ᠠᠵᠢᠯ ᠮᠡᠷᠭᠡᠵᠢᠯ ᠤᠨ ᠰᠤᠷᠭᠠᠭᠤᠯᠢ ᠪᠠ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ        ᠲᠠᠪᠤᠳᠤᠭᠠᠷ ᠪᠦᠯᠦᠭ     ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠠᠭᠰᠢ ᠪᠠ ᠰᠤᠷᠭᠠᠨ ᠬᠥᠮᠦᠵᠢᠯ ᠭᠦᠷᠲᠡᠭᠰᠡᠳ         ᠵᠢᠷᠭᠤᠳᠤᠭᠠᠷ ᠪᠦᠯᠦᠭ      ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠠᠲᠤᠯᠠᠭ᠎ᠠ         ᠳᠣᠯᠣᠳᠤᠭᠠᠷ ᠪᠦᠯᠦᠭ     ᠬᠠᠤᠯᠢ ᠶᠢᠨ ᠬᠠᠷᠢᠭᠤᠴᠠᠯᠭ᠎ᠠ         ᠨᠠᠢᠮᠠᠳᠤᠭᠠᠷ ᠪᠦᠯᠦᠭ    ᠳᠠᠭᠠᠯᠳᠤᠭᠤᠯᠤᠭᠰᠠᠨ ᠲᠦᠷᠢᠮ             ᠨᠢᠭᠡᠳᠦᠭᠡᠷ ᠪᠦᠯᠦᠭ      ᠶᠡᠷᠦᠩᠬᠡᠶ ᠳᠦᠷᠢᠮ        ᠨᠢᠭᠡᠳᠦᠭᠡᠷ ᠵᠦᠢᠯ   ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢ ᠠᠬᠢᠭᠤᠯᠵᠤ᠂ ᠬᠥᠳᠡᠯᠮᠦᠷᠢᠴᠢᠳ ᠤᠨ ᠬᠡᠪ ᠴᠢᠨᠠᠷ ᠪᠠ ᠮᠡᠷᠭᠡᠵᠢᠯ ᠤᠨ ᠤᠷ᠎ᠠ ᠴᠢᠳᠠᠪᠤᠷᠢ ᠶᠢᠨ ᠲᠦᠪᠰᠢᠨ ᠢ ᠳᠡᠭᠡᠭᠰᠢᠯᠡᠭᠦᠯᠵᠦ᠂ ᠠᠵᠢᠯ ᠣᠯᠵᠤ ᠦᠢᠯᠡᠰ ᠪᠤᠰᠬᠠᠬᠤ ᠶᠢ ᠠᠬᠢᠭᠤᠯᠵᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ᠂ ᠬᠥᠮᠦᠨ ᠤ ᠬᠦᠴᠦᠨ ᠤ ᠡᠬᠢ ᠪᠠᠶᠠᠯᠢᠭ ᠤᠨ ᠬᠦᠴᠦᠷᠬᠡᠭ ᠤᠯᠤᠰ ᠪᠠ ᠤᠷ᠎ᠠ ᠴᠢᠳᠠᠪᠤᠷᠢ ᠶᠢᠨ ᠬᠡᠯᠪᠡᠷᠢᠲᠦ ᠨᠡᠶᠢᠭᠡᠮ ᠢ ᠪᠦᠳᠦᠭᠡᠨ ᠪᠠᠶᠢᠭᠤᠯᠵᠤ᠂ ᠨᠡᠶᠢᠭᠡᠮ ᠵᠢᠷᠤᠮᠲᠤ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠶᠢᠨ ᠲᠥᠯᠥᠭᠡ᠂ ᠦᠨᠳᠦᠰᠦᠨ ᠬᠠᠤᠯᠢ ᠶᠢ ᠦᠨᠳᠦᠰᠦᠯᠡᠵᠦ᠂ ᠲᠤᠰ ᠬᠠᠤᠯᠢ ᠶᠢ ᠲᠣᠭᠲᠠᠭᠠᠪᠠ᠃        ᠬᠤᠶᠠᠳᠤᠭᠠᠷ ᠵᠦᠢᠯ     ᠲᠤᠰ ᠬᠠᠤᠯᠢ ᠳᠠᠬᠢ ᠠᠵᠢᠯ ᠮᠡᠷᠭᠡᠵᠢᠯ ᠤᠨ ᠰᠤᠷᠭᠠᠨ ᠬᠥᠮᠦᠵᠢᠯ ᠭᠡᠳᠡᠭ ᠪᠣᠯ ᠥᠨᠳᠥᠷ ᠬᠡᠪ ᠴᠢᠨᠠᠷ ᠪᠦᠬᠦᠢ ᠮᠡᠷᠭᠡᠵᠢᠯ ᠤᠨ ᠤᠷ᠎ᠠ ᠴᠢᠳᠠᠪᠤᠷᠢᠲᠤ ᠴᠢᠳᠠᠪᠤᠷᠢᠲᠠᠨ ᠢ ᠬᠥᠮᠦᠵᠢᠭᠦᠯᠵᠦ᠂ ᠰᠤᠷᠭᠠᠨ ᠬᠥᠮᠦᠵᠢᠯ ᠬᠦᠷᠲᠡᠭᠰᠡᠳ ᠢ ᠶᠠᠮᠠᠷ ᠨᠢᠭᠡᠨ ᠠᠵᠢᠯ ᠮᠡᠷᠭᠡᠵᠢᠯ ᠡᠷᠬᠢᠯᠡᠬᠦ ᠪᠤᠶᠤ ᠠᠵᠢᠯ ᠮᠡᠷᠭᠡᠵᠢᠯ ᠤᠨ ᠬᠥᠭᠵᠢᠯᠲᠡ ᠶᠢ ᠪᠡᠶᠡᠯᠡᠭᠦᠯᠬᠦ ᠳᠤ ᠱᠠᠭᠠᠷᠳᠠᠭᠳᠠᠬᠤ ᠠᠵᠢᠯ ᠮᠡᠷᠭᠡᠵᠢᠯ ᠤᠨ ᠶᠣᠰᠣ ᠮᠣᠷᠠᠯ᠂ ᠰᠢᠨᠵᠢᠯᠡᠬᠦ ᠤᠬᠠᠭᠠᠨ ᠰᠣᠶᠣᠯ ᠪᠠ ᠲᠤᠰᠬᠠᠢ ᠮᠡᠷᠭᠡᠵᠢᠯ ᠤᠨ ᠮᠡᠳᠡᠯᠭᠡ᠂ ᠮᠡᠷᠭᠡᠵᠢᠯ ᠤᠨ ᠤᠷ᠎ᠠ ᠴᠢᠳᠠᠪᠤᠷᠢ ᠵᠡᠷᠭᠡ ᠠᠵᠢᠯ ᠮᠡᠷᠭᠡᠵᠢᠯ ᠤᠨ ᠶᠡᠷᠦᠩᠬᠡᠶᠢᠯᠡᠭᠰᠡᠨ ᠬᠡᠪ ᠴᠢᠨᠠᠷ ᠪᠠ ᠠᠵᠢᠯᠯᠠᠬᠤ ᠴᠢᠳᠠᠪᠤᠷᠢ ᠲᠠᠢ ᠪᠣᠯᠭᠠᠬᠤ ᠶᠢᠨ ᠲᠥᠯᠥᠭᠡ ᠬᠡᠷᠡᠭᠵᠢᠭᠦᠯᠦᠭᠰᠡᠨ ᠰᠤᠷᠭᠠᠨ ᠬᠥᠮᠦᠵᠢᠯ ᠢ ᠵᠢᠭᠠᠵᠤ ᠪᠠᠶᠢᠨ᠎ᠠ᠂ ᠡᠭᠦᠨ ᠳᠤ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠭᠠᠨ ᠬᠥᠮᠦᠵᠢᠯ ᠪᠠ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠢ ᠪᠠᠭᠲᠠᠭᠠᠨ᠎ᠠ᠃       ᠪᠠᠶᠢᠭᠤᠯᠭ᠎ᠠ᠂ ᠠᠵᠢᠯ ᠦᠢᠯᠡᠰ ᠤᠨ ᠨᠢᠭᠡᠴᠢ ᠠᠴᠠ ᠠᠵᠢᠯᠳᠡᠠ ᠳᠤ ᠬᠡᠷᠡᠭᠵᠢᠭᠦᠯᠬᠦ ᠲᠤᠰᠬᠠᠢ ᠪᠣᠯᠪᠠᠰᠤᠷᠠᠭᠤᠯᠤᠯ ᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠠᠰ ᠲᠤ ᠨᠢ ᠲᠣᠭᠲᠠᠭᠠᠨ᠎ᠠ᠃       ᠭᠤᠷᠪᠠᠳᠤᠭᠠᠷ ᠵᠦᠢᠯ    ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠣᠯ ᠡᠩ ᠤᠨ ᠰᠤᠷᠭᠠᠨ ᠬᠥᠮᠦᠵᠢᠯ ᠲᠠᠢ ᠠᠳᠠᠯᠢ ᠴᠢᠬᠤᠯᠠ ᠪᠠᠶᠢᠷᠢ ᠰᠠᠭᠤᠷᠢ ᠲᠠᠢ ᠰᠤᠷᠭᠠᠨ ᠬᠥᠮᠦᠵᠢᠯ ᠤᠨ ᠲᠥᠷᠥᠯ ᠬᠡᠯᠪᠡᠷᠢ᠂ ᠤᠯᠤᠰ ᠠᠷᠠᠳ ᠤᠨ ᠰᠤᠷᠭᠠᠨ ᠬᠥᠮᠦᠵᠢᠯ ᠤᠨ ᠳᠣᠭᠲᠠᠯᠴᠠᠭ᠎ᠠ ᠪᠣᠯᠤᠨ ᠬᠥᠮᠦᠨ ᠤ ᠬᠦᠴᠦᠨ ᠤ ᠡᠬᠢ ᠪᠠᠶᠠᠯᠢᠭ ᠤᠨ ᠨᠡᠭᠡᠭᠡᠯᠲᠡ ᠶᠢᠨ ᠴᠢᠬᠤᠯᠠ ᠪᠦᠷᠢᠯᠳᠦᠬᠦᠨ ᠬᠡᠰᠡᠭ᠂ ᠣᠯᠠᠨ ᠶᠠᠩᠵᠤ ᠶᠢᠨ ᠴᠢᠳᠠᠪᠤᠷᠢᠲᠠᠨ ᠢ ᠬᠥᠮᠦᠵᠢᠭᠦᠯᠬᠦ᠂ ᠮᠡᠷᠭᠡᠵᠢᠯ ᠤᠨ ᠤᠷ᠎ᠠ ᠴᠢᠳᠠᠪᠤᠷᠢ ᠶᠢ ᠤᠯᠠᠮᠵᠢᠯᠠᠬᠤ᠂ ᠠᠵᠢᠯ ᠣᠯᠵᠤ ᠦᠢᠯᠡᠰ ᠪᠣᠰᠬᠠᠬᠤ ᠶᠢ ᠠᠬᠢᠭᠤᠯᠬᠤ ᠴᠢᠬᠤᠯᠠ ᠠᠷᠭ᠎ᠠ ᠵᠠᠮ ᠮᠥᠨ᠃      ᠤᠯᠤᠰ ᠠᠴᠠ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠶᠡᠭᠡ ᠪᠠᠷ ᠬᠥᠭᠵᠢᠭᠦᠯᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠠᠬᠢᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠵᠣᠬᠢᠴᠠᠬᠤ ᠴᠢᠨᠠᠷ ᠢ ᠴᠢᠩᠭᠠᠳᠬᠠᠵᠤ᠂ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠳᠤ ᠵᠣᠬᠢᠴᠠᠭᠰᠠᠨ᠂ ᠮᠡᠷᠭᠡᠵᠢᠯ ᠤᠨ ᠤᠷ᠎ᠠ ᠴᠢᠳᠠᠪᠤᠷᠢᠲᠤ ᠴᠢᠳᠠᠪᠤᠷᠢᠲᠠᠨ ᠤ ᠦᠰᠦᠨ ᠪᠤᠶᠢᠵᠢᠬᠤ ᠵᠢᠮ᠎ᠡ ᠶᠣᠰᠣᠨ ᠳᠤ ᠨᠡᠶᠢᠴᠡᠭᠰᠡᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠦᠷᠢᠮ ᠤᠨ ᠳᠣᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠵᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠳᠤ ᠴᠢᠳᠠᠪᠤᠷᠢᠲᠠᠨ ᠪᠠ ᠤᠷ᠎ᠠ ᠴᠢᠳᠠᠪᠤᠷᠢ ᠶᠢᠨ ᠬᠦᠴᠦᠲᠡᠢ ᠲᠤᠯᠭᠠᠭᠤᠷᠢᠯᠠᠯ ᠢ ᠬᠠᠩᠭᠠᠨ᠎ᠠ᠃       ᠳᠥᠷᠪᠡᠳᠦᠭᠡᠷ ᠵᠦᠢᠯ    ᠠᠵᠢᠯ ᠮᠡᠷᠭᠡᠵᠢᠯ ᠤᠨ ᠰᠤᠷᠭᠠᠨ ᠬᠥᠮᠦᠵᠢᠯ ᠡᠷᠬᠡᠪᠰᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠨᠡᠶᠢᠭᠡᠮ ᠵᠢᠷᠤᠮ ᠤᠨ ᠰᠤᠷᠭᠠᠭᠤᠯᠢ ᠡᠷᠬᠢᠯᠡᠬᠦ ᠴᠢᠭᠯᠡᠯ ᠢ ᠪᠠᠷᠢᠮᠲᠠᠯᠠᠵᠤ᠂ ᠤᠯᠤᠰ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠲᠤᠭᠤᠰᠢᠯᠠᠭᠤᠯᠵᠤ᠂ ᠶᠣᠰᠣ ᠰᠤᠷᠲᠠᠬᠤᠨ ᠢ ᠪᠣᠢ ᠪᠣᠯᠭᠠᠵᠤ ᠬᠥᠮᠦᠨ ᠢ ᠬᠥᠮᠦᠵᠢᠭᠦᠯᠬᠦ᠂ ᠶᠣᠰᠣ ᠰᠤᠷᠲᠠᠬᠤᠨ ᠪᠠ ᠮᠡᠷᠭᠡᠵᠢᠯ ᠢ ᠵᠡᠷᠭᠡ ᠪᠠᠷ ᠰᠤᠷᠬᠤ ᠶᠢ ᠪᠠᠷᠢᠮᠲᠠᠯᠠᠵᠤ᠂ ᠦᠢᠯᠡᠳᠪᠦᠷᠢᠯᠡᠯ ᠪᠠ ᠵᠢᠭᠠᠨ ᠰᠤᠷᠭᠠᠯᠲᠠ ᠶᠢ ᠠᠭᠤᠰᠬᠠᠬᠤ᠂ ᠰᠤᠷᠭᠠᠭᠤᠯᠢ ᠪᠠ ᠠᠵᠤ ᠠᠬᠤᠶᠢᠯᠠᠯ ᠢ ᠬᠠᠮᠲᠤᠷᠠᠯᠴᠠᠭᠤᠯᠬᠤ ᠶᠢ ᠪᠠᠷᠢᠮᠲᠠᠯᠠᠵᠤ᠂ ᠵᠠᠬ᠎ᠠ ᠳᠡᠯᠭᠡᠭᠦᠷ ᠲᠤ ᠬᠠᠨᠳᠤᠭᠤᠯᠵᠤ᠂ ᠠᠵᠢᠯ ᠣᠯᠭᠤᠯᠲᠠ ᠶᠢ ᠠᠬᠢᠭᠤᠯᠬᠤ ᠶᠢ ᠪᠠᠷᠢᠮᠲᠠᠯᠠᠵᠤ᠂ ᠦᠢᠯᠡᠳᠦᠯᠭᠡ ᠳᠤ ᠬᠠᠨᠳᠤᠭᠤᠯᠵᠤ᠂ ᠴᠢᠳᠠᠪᠤᠷᠢ ᠶᠢ ᠴᠢᠩᠭᠠᠳᠬᠠᠬᠤ ᠶᠢ ᠪᠠᠷᠢᠮᠲᠠᠯᠠᠵᠤ᠂ ᠬᠥᠮᠦᠨ ᠪᠦᠬᠦᠨ ᠳᠤ ᠬᠠᠨᠳᠤᠭᠤᠯᠵᠤ᠂ ᠠᠪᠢᠶᠠᠰ ᠲᠤ ᠨᠢ ᠲᠤᠬᠢᠷᠠᠭᠤᠯᠤᠨ ᠵᠢᠭᠠᠨ ᠰᠤᠷᠭᠠᠬᠤ ᠶᠢ ᠪᠠᠷᠢᠮᠲᠠᠯᠠᠬᠤ ᠬᠡᠷᠡᠭᠲᠡᠢ᠃       ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠬᠡᠷᠡᠭᠵᠢᠭᠦᠯᠬᠦ ᠳᠤ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢ ᠪᠠᠳᠠᠷᠠᠭᠤᠯᠵᠤ᠂ ᠰᠤᠷᠭᠠᠨ ᠬᠥᠮᠦᠵᠢᠯ ᠭᠦᠷᠲᠡᠭᠰᠡᠳ ᠲᠤ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠪᠠ ᠠᠵᠢᠯ ᠮᠡᠷᠭᠡᠵᠢᠯ ᠤᠨ ᠶᠣᠰᠣ ᠮᠣᠷᠠᠯ ᠤᠨ ᠬᠥᠮᠦᠵᠢᠯ ᠬᠢᠵᠦ᠂ ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ᠂ ᠬᠥᠳᠡᠯᠮᠦᠷᠢ ᠶᠢᠨ ᠵᠣᠷᠢᠭ ᠰᠠᠨᠠᠭ᠎ᠠ᠂ ᠤᠷᠠᠨ ᠳᠠᠷᠬᠠᠨ ᠤ ᠵᠣᠷᠢᠭ ᠰᠠᠨᠠᠭ᠎ᠠ ᠶᠢ ᠬᠥᠮᠦᠵᠢᠭᠦᠯᠵᠦ᠂ ᠰᠢᠨᠵᠢᠯᠡᠬᠦ ᠤᠬᠠᠭᠠᠨ ᠰᠣᠶᠣᠯ ᠪᠠ ᠲᠤᠰᠬᠠᠢ ᠮᠡᠷᠭᠡᠵᠢᠯ ᠤᠨ ᠮᠡᠳᠡᠯᠭᠡ ᠶᠢ ᠤᠯᠠᠮᠵᠢᠯᠠᠵᠤ᠂ ᠮᠡᠷᠭᠡᠵᠢᠯ ᠤᠨ ᠤᠷ᠎ᠠ ᠴᠢᠳᠠᠪᠤᠷᠢ ᠶᠢ ᠬᠥᠮᠦᠵᠢᠭᠦᠯᠵᠦ᠂ ᠠᠵᠢᠯ ᠮᠡᠷᠭᠡᠵᠢᠯ ᠤᠨ ᠵᠢᠯᠤᠭᠤᠳᠤᠯᠭ᠎ᠠ ᠬᠢᠵᠦ᠂ ᠰᠤᠷᠭᠠᠨ ᠬᠥᠮᠦᠵᠢᠯ ᠭᠦᠷᠲᠡᠭᠰᠡᠳ ᠤᠨ ᠬᠡᠪ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃       ᠲᠠᠪᠤᠳᠤᠭᠠᠷ ᠵᠦᠢᠯ     ᠠᠷᠠᠳ ᠢᠷᠭᠡᠨ ᠬᠠᠤᠯᠢ ᠶᠣᠰᠤ ᠪᠠᠷ ᠠᠵᠢᠯ ᠮᠡᠷᠭᠡᠵᠢᠯ ᠤᠨ ᠰᠤᠷᠭᠠᠨ ᠬᠥᠮᠦᠵᠢᠯ ᠬᠦᠷᠳᠡᠬᠦ ᠡᠷᠬᠡ ᠲᠠᠢ᠃       ᠵᠢᠷᠭᠤᠳᠤᠭᠠᠷ ᠵᠦᠢᠯ     ᠠᠵᠢᠯ ᠮᠡᠷᠭᠡᠵᠢᠯ ᠤᠨ ᠰᠤᠷᠭᠠᠨ ᠬᠥᠮᠦᠵᠢᠯ ᠳᠤ ᠵᠠᠰᠠᠭ ᠤᠨ ᠣᠷᠳᠣᠨ ᠨᠢᠭᠡᠳᠦᠯᠲᠡᠶ ᠲᠥᠯᠥᠪᠯᠡᠬᠦ᠂ ᠱᠠᠲᠤ ᠬᠤᠪᠢᠶᠠᠨ ᠬᠠᠮᠢᠶᠠᠷᠬᠤ᠂ ᠣᠷᠣᠨ ᠨᠤᠲᠤᠭ ᠢᠶᠠᠷ ᠭᠤᠣᠯᠯᠠᠭᠤᠯᠬᠤ᠂ ᠠᠵᠢᠯ ᠲᠥᠷᠥᠯ ᠢᠶᠠᠷ ᠵᠢᠯᠣᠭᠤᠳᠬᠤ᠂ ᠰᠤᠷᠭᠠᠭᠤᠯᠢ ᠪᠠ ᠠᠵᠤ ᠠᠬᠤᠶᠢᠯᠠᠯ ᠬᠤᠷᠰᠢᠶᠠᠯᠠᠬᠤ᠂ ᠨᠡᠶᠢᠭᠡᠮ ᠤᠨ ᠬᠢᠨ ᠣᠷᠣᠯᠴᠠᠬᠤ ᠶᠢ ᠬᠡᠷᠡᠭᠵᠢᠭᠦᠯᠦᠨ᠎ᠡ᠃       ᠳᠣᠯᠣᠳᠤᠭᠠᠷ ᠵᠦᠢᠯ    ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠬᠥᠭᠵᠢᠭᠦᠯᠬᠦ ᠶᠢ ᠤᠯᠤᠰ ᠠᠷᠠᠳ ᠤᠨ ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠳᠤ ᠪᠠᠨ ᠣᠷᠣᠭᠤᠯᠵᠤ᠂ ᠠᠵᠢᠯ ᠣᠯᠵᠤ ᠦᠢᠯᠡᠰ ᠪᠣᠰᠬᠠᠬᠤ ᠶᠢ ᠠᠬᠢᠭᠤᠯᠬᠤ ᠪᠠ ᠬᠥᠭᠵᠢᠭᠦᠯᠬᠦ ᠠᠷᠭ᠎ᠠ ᠮᠠᠶ᠋ᠢᠭ ᠢᠶᠠᠨ ᠬᠤᠪᠢᠷᠠᠭᠤᠯᠬᠤ ᠶᠢ ᠠᠬᠢᠭᠤᠯᠬᠤ᠂ ᠠᠵᠤ ᠦᠢᠯᠡᠰ ᠤᠨ ᠪᠦᠲᠦᠴᠡ ᠶᠢ ᠲᠣᠬᠢᠷᠠᠭᠤᠯᠬᠤ᠂ ᠮᠡᠷᠭᠡᠵᠢᠯ ᠢ ᠰᠢᠯᠢᠳᠡᠭᠵᠢᠭᠦᠯᠦᠨ ᠳᠡᠰ ᠳᠡᠪᠰᠢᠭᠦᠯᠬᠦ ᠵᠡᠷᠭᠡ ᠪᠦᠬᠦᠯᠢ ᠴᠣᠭᠴᠠ ᠶᠢᠨ ᠪᠠᠶᠢᠷᠢᠯᠠᠭᠤᠯᠤᠯᠲᠠ ᠯᠤᠭ᠎ᠠ ᠨᠢᠭᠡᠳᠦᠯᠲᠡᠶ ᠲᠥᠯᠥᠪᠯᠡᠨ ᠬᠡᠷᠡᠭᠵᠢᠭᠦᠯᠦᠨ᠎ᠡ᠃       ᠨᠠᠢᠮᠠᠳᠤᠭᠠᠷ ᠵᠦᠢᠯ     ᠲᠥᠷᠥ ᠶᠢᠨ ᠶᠠᠪᠤᠳᠠᠯ ᠤᠨ ᠬᠤᠷᠢᠶᠠᠨ ᠠᠴᠠ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯ ᠢ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠪᠦᠬᠦ ᠤᠯᠤᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠤᠨ᠎ᠠ᠃      ᠲᠥᠷᠥ ᠶᠢᠨ ᠶᠠᠪᠤᠳᠠᠯ ᠤᠨ ᠬᠤᠷᠢᠶᠠᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯ ᠢ ᠨᠢᠭᠡᠳᠦᠯᠲᠡᠶ ᠲᠥᠯᠥᠪᠵᠢᠭᠦᠯᠬᠦ᠂ ᠶᠡᠷᠦᠩᠬᠡᠶᠢᠯᠡᠨ ᠵᠣᠬᠢᠴᠠᠭᠤᠯᠬᠤ᠂ ᠬᠤᠷᠸ᠎ᠠ ᠲᠠᠯ᠎ᠠ ᠠᠴᠠ ᠬᠠᠮᠢᠶᠠᠷᠬᠤ ᠠᠵᠢᠯ ᠢ ᠬᠠᠷᠢᠭᠤᠴᠠᠨ᠎ᠠ᠃ ᠲᠥᠷᠥ ᠶᠢᠨ ᠶᠠᠪᠤᠳᠠᠯ ᠤᠨ ᠬᠤᠷᠢᠶᠠᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭᠠᠨ ᠤ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠣᠯᠤᠨ ᠪᠤᠰᠤᠳ ᠬᠤᠯᠪᠤᠭᠳᠠᠬᠤ ᠰᠠᠯᠠᠭ᠎ᠠ ᠮᠥᠴᠢᠷ ᠤᠨ ᠬᠢᠨ ᠲᠥᠷᠥ ᠶᠢᠨ ᠶᠠᠪᠤᠳᠠᠯ ᠤᠨ ᠬᠤᠷᠢᠶᠠᠨ ᠤ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠤ ᠬᠤᠯᠪᠤᠭᠳᠠᠬᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯ ᠢ ᠲᠤᠰ ᠲᠤᠰ ᠬᠠᠷᠢᠭᠤᠴᠠᠨ᠎ᠠ᠃      ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠲᠤᠰ ᠵᠠᠰᠠᠭ ᠵᠠᠬᠢᠷᠭᠠᠨ ᠤ ᠣᠷᠣᠨ ᠤ ᠪᠠᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯ ᠤᠨ ᠤᠳᠤᠷᠢᠳᠤᠯᠭ᠎ᠠ ᠪᠠᠨ ᠴᠢᠩᠭᠠᠳᠬᠠᠵᠤ᠂ ᠵᠠᠰᠠᠭ ᠵᠠᠬᠢᠷᠭᠠᠨ ᠤ ᠬᠤᠪᠢᠶᠠᠷᠢ ᠪᠠᠷ ᠬᠤᠲᠠ᠂ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠣᠳᠠᠲᠠᠶ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠭᠦᠯᠦᠯᠲᠡ ᠶᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠬᠢᠨᠠᠨ ᠵᠢᠯᠣᠭᠤᠳᠴᠤ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃       ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠬᠤᠯᠪᠤᠭᠳᠠᠬᠤ ᠰᠠᠯᠠᠭ᠎ᠠ ᠮᠥᠴᠢᠷ ᠤᠨ ᠬᠢᠨ ᠨᠡᠪᠲᠡᠷᠡᠯᠴᠡᠭᠡ ᠪᠠ ᠬᠠᠮᠵᠢᠯᠴᠠᠭ᠎ᠠ ᠪᠠᠨ ᠴᠢᠩᠭᠠᠳᠬᠠᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯ ᠢ ᠬᠠᠮᠲᠤ ᠪᠠᠷ ᠠᠬᠢᠭᠤᠯᠬᠤ ᠬᠡᠷᠡᠭᠲᠡᠢ᠃       ᠶᠢᠰᠦᠳᠦᠭᠡᠷ ᠵᠦᠢᠯ     ᠤᠯᠤᠰ ᠠᠴᠠ ᠤᠯᠡᠠ ᠲᠦᠷᠦᠯ ᠤᠨ ᠲᠡᠰ ᠳᠠᠪᠬᠤᠷᠭ᠎ᠠ ᠪᠠ ᠬᠡᠯᠪᠡᠷᠢ ᠮᠠᠶ᠋ᠢᠭᠲᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠬᠥᠭᠵᠢᠭᠦᠯᠬᠦ ᠶᠢ ᠵᠣᠷᠢᠭᠵᠢᠭᠤᠯᠵᠤ᠂ ᠤᠯᠡᠠ ᠡᠰᠢᠲᠦ ᠰᠤᠷᠭᠠᠭᠤᠯᠢ ᠡᠷᠬᠢᠯᠡᠬᠦ ᠶᠢ ᠠᠬᠢᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠳᠤ ᠨᠡᠶᠢᠭᠡᠮ ᠤᠨ ᠬᠦᠴᠦᠨ ᠤ ᠥᠷᠭᠡᠨ ᠢᠶᠠᠷ᠂ ᠡᠷᠬᠡ ᠲᠡᠭᠰᠢ ᠪᠠᠷ ᠣᠷᠣᠯᠴᠠᠬᠤ ᠶᠢ ᠲᠡᠮᠵᠢᠨ᠎ᠡ᠃      ᠤᠯᠤᠰ ᠠᠴᠠ ᠠᠵᠤ ᠠᠬᠤᠶᠢᠯᠠᠯ ᠤᠨ ᠰᠤᠷᠭᠠᠭᠤᠯᠢ ᠡᠷᠭᠢᠯᠡᠬᠦ ᠭᠤᠤᠯ ᠴᠣᠭᠴᠠ ᠶᠢᠨ ᠴᠢᠬᠤᠯᠠ ᠦᠢᠯᠡᠳᠦᠯ ᠢ ᠪᠠᠳᠠᠷᠠᠭᠤᠯᠵᠤ᠂ ᠠᠵᠤ ᠠᠬᠤᠶᠢᠯᠠᠯ ᠤᠨ ᠬᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠳᠤ ᠭᠦᠨᠵᠡᠭᠡᠶ ᠣᠷᠣᠯᠴᠠᠬᠤ ᠶᠢ ᠠᠬᠢᠭᠤᠯᠵᠤ᠂ ᠠᠵᠤ ᠠᠬᠤᠶᠢᠯᠠᠯ ᠠᠴᠠ ᠴᠢᠨᠠᠷᠯᠢᠭ ᠠᠵᠢᠯ ᠮᠡᠷᠭᠡᠵᠢᠯ ᠤᠨ ᠰᠤᠷᠭᠠᠨ ᠬᠥᠮᠦᠵᠢᠯ ᠡᠷᠭᠢᠯᠡᠬᠦ ᠶᠢ ᠵᠣᠷᠢᠭᠵᠢᠭᠤᠯᠤᠨ᠎ᠠ᠃      ᠬᠤᠯᠪᠤᠭᠳᠠᠬᠤ ᠠᠵᠢᠯ ᠲᠥᠷᠥᠯ ᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠂ ᠠᠵᠢᠯᠴᠢᠨ ᠤ ᠡᠪᠯᠡᠯ ᠪᠣᠯᠤᠨ ᠳᠤᠮᠳᠠᠳᠤ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠤᠷᠢᠶ᠎ᠠ ᠵᠡᠷᠭᠡ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ᠂ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ᠂ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠵᠡᠷᠭᠡ ᠶᠢᠨ ᠬᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠬᠡᠷᠡᠭᠵᠢᠭᠦᠯᠬᠦ ᠡᠭᠦᠷᠭᠡ ᠪᠠᠨ ᠬᠠᠤᠯᠢ ᠶᠣᠰᠤ ᠪᠠᠷ ᠭᠦᠢᠴᠡᠳᠬᠡᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠳᠤ ᠣᠷᠣᠯᠴᠠᠵᠤ᠂ ᠳᠡᠮᠵᠢᠬᠦ ᠪᠤᠶᠤ ᠠᠵᠢᠯ ᠮᠡᠷᠭᠡᠵᠢᠯ ᠤᠨ ᠰᠤᠷᠭᠠᠨ ᠬᠥᠮᠥᠵᠢᠯ ᠢ ᠥᠷᠨᠢᠭᠦᠯᠦᠨ᠎ᠡ᠃      ᠠᠷᠪᠠᠳᠤᠭᠠᠷ ᠵᠦᠢᠯ   ᠤᠯᠤᠰ ᠠᠴᠠ ᠠᠷᠭ᠎ᠠ ᠬᠡᠮᠵᠢᠶ᠎ᠡ ᠠᠪᠴᠤ ᠮᠡᠷᠭᠡᠵᠢᠯ ᠤᠨ ᠠᠵᠢᠯᠴᠢᠨ ᠤ ᠰᠤᠷᠭᠠᠨ ᠬᠥᠮᠦᠵᠢᠯ ᠢ ᠶᠡᠭᠡ ᠪᠠᠷ ᠬᠥᠭᠵᠢᠭᠦᠯᠵᠦ᠂ ᠠᠵᠤ ᠦᠢᠯᠡᠳᠪᠦᠷᠢ ᠶᠢᠨ ᠠᠵᠢᠯᠴᠢᠨ ᠤ ᠬᠡᠪ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃      ᠤᠯᠤᠰ ᠠᠴᠠ ᠠᠷᠭ᠎ᠠ ᠬᠡᠮᠵᠢᠶ᠎ᠡ ᠠᠪᠴᠤ᠂ ᠬᠥᠳᠡᠭᠡ ᠲᠣᠰᠬᠤᠨ ᠳᠤ ᠬᠠᠨᠳᠤᠭᠤᠯᠤᠭᠰᠠᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠡᠷᠬᠢᠯᠡᠬᠦ ᠶᠢ ᠳᠡᠮᠵᠢᠵᠦ᠂ ᠲᠠᠷᠢᠶᠠᠯᠠᠩ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ᠂ ᠨᠤᠲᠤᠭ ᠲᠤ ᠪᠠᠨ ᠪᠤᠴᠠᠵᠤ ᠦᠢᠯᠡᠰ ᠪᠣᠰᠬᠠᠬᠤ ᠠᠵᠢᠯ ᠣᠯᠭᠤᠯᠲᠠ ᠶᠢᠨ ᠪᠣᠯᠪᠠᠰᠤᠷᠠᠭᠤᠯᠤᠯ ᠪᠠ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠥᠨᠳᠥᠷ ᠬᠡᠪ ᠴᠢᠨᠠᠷ ᠪᠦᠬᠦᠢ ᠴᠢᠳᠠᠪᠤᠷᠢᠲᠠᠨ ᠢ ᠬᠥᠮᠦᠵᠢᠭᠦᠯᠦᠨ᠎ᠡ᠃     ᠤᠯᠤᠰ ᠠᠴᠠ ᠠᠷᠭ᠎ᠠ ᠬᠡᠮᠵᠢᠶ᠎ᠡ ᠠᠪᠴᠤ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ᠂ ᠦᠨᠳᠦᠰᠦᠲᠡᠨ ᠤ ᠭᠠᠵᠠᠷ ᠣᠷᠣᠨ᠂ ᠵᠠᠬ᠎ᠠ ᠬᠢᠵᠠᠭᠠᠷ ᠣᠷᠣᠨ᠂ ᠬᠥᠭᠵᠢᠭᠡᠳᠦᠢ ᠭᠠᠵᠠᠷ ᠣᠷᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢ ᠲᠡᠳᠬᠦᠨ ᠲᠡᠮᠵᠢᠨ᠎ᠠ᠃      ᠤᠯᠤᠰ ᠠᠴᠠ ᠠᠷᠭ᠎ᠠ ᠬᠡᠮᠵᠢᠶ᠎ᠡ ᠠᠪᠴᠤ ᠡᠯ᠎ᠡ ᠲᠥᠷᠥᠯ ᠤᠨ ᠠᠵᠢᠯ ᠤᠨ ᠪᠠᠶᠢᠷᠢ ᠰᠢᠯᠵᠢᠬᠦ᠂ ᠳᠠᠬᠢᠨ ᠠᠵᠢᠯ ᠣᠯᠬᠤ᠂ ᠠᠵᠢᠯ ᠠᠯᠳᠠᠭᠰᠠᠳ ᠵᠢᠴᠢ ᠣᠨᠴᠠᠭᠠᠢ ᠬᠥᠮᠦᠰ ᠵᠡᠷᠭᠡ ᠶᠢᠨ ᠡᠯ᠎ᠡ ᠵᠦᠢᠯ ᠤᠨ ᠬᠡᠯᠪᠡᠷᠢ ᠮᠠᠶ᠋ᠢᠭᠲᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠬᠦᠷᠲᠡᠬᠦ ᠶᠢ ᠵᠣᠬᠢᠶᠠᠨ ᠪᠠᠶᠢᠭᠤᠯᠵᠤ᠂ ᠵᠡᠮᠳᠡᠭᠴᠦᠳ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠬᠥᠭᠵᠢᠭᠦᠯᠬᠦ ᠶᠢ ᠳᠡᠮᠵᠢᠨ᠎ᠡ᠃      ᠤᠯᠤᠰ ᠠᠴᠠ ᠡᠮᠡᠭᠲᠡᠶᠢᠴᠦᠳ ᠤᠨ ᠡᠷᠬᠡ ᠲᠡᠭᠰᠢ ᠪᠠᠷ ᠠᠵᠢᠯ ᠮᠡᠷᠭᠡᠵᠢᠯ ᠤᠨ ᠰᠤᠷᠭᠠᠨ ᠬᠥᠮᠦᠵᠢᠯ ᠬᠦᠷᠳᠡᠬᠦ ᠡᠷᠬᠡ ᠶᠢ ᠪᠠᠲᠤᠯᠠᠨ᠎ᠠ᠃     ᠠᠷᠪᠠᠨ ᠨᠢᠭᠡᠳᠦᠭᠡᠷ ᠵᠦᠢᠯ    ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠬᠡᠷᠡᠭᠵᠢᠭᠦᠯᠬᠦ ᠳᠤ ᠪᠠᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠶᠢ ᠦᠨᠳᠦᠰᠦᠯᠡᠨ᠂ ᠠᠵᠢᠯ ᠮᠡᠷᠭᠡᠵᠢᠯ ᠤᠨ ᠠᠩᠭᠢᠯᠠᠯ᠂ ᠠᠵᠢᠯ ᠮᠡᠷᠭᠡᠵᠢᠯ ᠤᠨ ᠪᠠᠷᠢᠮᠵᠢᠶ᠎ᠠ᠂ ᠠᠵᠢᠯ ᠮᠡᠷᠭᠡᠵᠢᠯ ᠤᠨ ᠬᠥᠭᠵᠢᠯᠲᠡ ᠶᠢᠨ ᠬᠡᠷᠡᠭᠴᠡᠭᠡ ᠲᠠᠢ ᠤᠶᠠᠯᠳᠤᠭᠤᠯᠤᠨ᠂ ᠰᠤᠷᠭᠠᠨ ᠬᠥᠮᠦᠵᠢᠯ ᠤᠨ ᠪᠠᠷᠢᠮᠵᠢᠶ᠎ᠠ ᠪᠤᠶᠤ ᠪᠣᠯᠪᠠᠰᠤᠷᠠᠭᠤᠯᠤᠯ ᠤᠨ ᠲᠥᠰᠦᠯ ᠢ ᠲᠣᠭᠲᠠᠭᠠᠵᠤ᠂ ᠰᠤᠷᠤᠯᠭ᠎ᠠ ᠶᠢᠨ ᠨᠠᠮᠲᠠᠷ ᠤᠨ ᠦᠨᠡᠮᠯᠡᠯ ᠵᠢᠴᠢ ᠪᠤᠰᠤᠳ ᠰᠤᠷᠤᠯᠭ᠎ᠠ ᠶᠢᠨ ᠦᠨᠡᠮᠯᠡᠯ᠂ ᠪᠣᠯᠪᠠᠰᠤᠷᠠᠭᠤᠯᠤᠯ ᠤᠨ ᠦᠨᠡᠮᠯᠡᠯ᠂ ᠠᠵᠢᠯ ᠮᠡᠷᠭᠡᠵᠢᠯ ᠤᠨ ᠬᠢᠷᠢ ᠬᠡᠮ ᠤᠨ ᠦᠨᠡᠮᠯᠡᠯ ᠪᠠ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠳᠡᠰ ᠤᠨ ᠦᠨᠡᠮᠯᠡᠯ ᠤᠨ ᠳᠦᠷᠢᠮ ᠢ ᠬᠡᠷᠡᠭᠵᠢᠭᠦᠯᠦᠨ᠎ᠡ᠃      ᠤᠯᠤᠰ ᠠᠴᠠ ᠬᠥᠳᠡᠯᠮᠦᠷᠢᠴᠢᠳ ᠲᠤ ᠠᠵᠢᠯ ᠤᠯᠬᠤ ᠠᠴᠠ ᠡᠮᠦᠨ᠎ᠡ ᠪᠤᠶᠤ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠴᠢᠬᠤᠯᠠ ᠪᠦᠬᠦᠢ ᠠᠵᠢᠯ ᠮᠡᠷᠭᠡᠵᠢᠯ ᠤᠨ ᠰᠤᠷᠭᠠᠨ ᠬᠥᠮᠦᠵᠢᠯ ᠬᠦᠷᠳᠡᠬᠦ ᠲᠦᠷᠢᠮ ᠢ ᠬᠡᠷᠡᠭᠵᠢᠭᠦᠯᠦᠨ᠎ᠡ᠃     ᠠᠷᠪᠠᠨ ᠬᠤᠶᠠᠳᠤᠭᠠᠷ ᠵᠦᠢᠯ    ᠤᠯᠤᠰ ᠠᠴᠠ ᠠᠷᠭ᠎ᠠ ᠬᠡᠮᠵᠢᠶ᠎ᠡ ᠠᠪᠴᠤ ᠮᠡᠷᠭᠡᠵᠢᠯ ᠤᠨ ᠤᠷ᠎ᠠ ᠴᠢᠳᠠᠪᠤᠷᠢᠲᠤ ᠴᠢᠳᠠᠪᠤᠷᠢᠲᠠᠨ ᠤ ᠨᠡᠶᠢᠭᠡᠮ ᠤᠨ ᠪᠠᠶᠢᠷᠢ ᠰᠠᠭᠤᠷᠢ ᠪᠠ ᠬᠠᠷᠠᠭᠠᠯᠵᠠᠯ ᠢ ᠳᠡᠭᠡᠭᠰᠢᠯᠡᠭᠦᠯᠵᠦ᠂ ᠬᠥᠳᠡᠯᠮᠦᠷᠢ ᠢᠷᠠᠭᠤ ᠠᠯᠳᠠᠷᠲᠠᠢ᠂ ᠴᠢᠳᠠᠪᠤᠷᠢ ᠡᠷᠬᠢᠮ ᠨᠠᠨᠳᠢᠨ᠂ ᠡᠭᠦᠳᠦᠯᠲᠡ ᠠᠭᠤᠤ ᠶᠡᠭᠡ ᠭᠡᠬᠦ ᠴᠠᠭ ᠦᠶ᠎ᠡ ᠶᠢᠨ ᠬᠡᠪ ᠰᠤᠷᠲᠠᠯ ᠢ ᠪᠠᠳᠠᠷᠠᠭᠤᠯᠤᠨ᠎ᠠ᠃      ᠤᠯᠤᠰ ᠠᠴᠠ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯ ᠳᠤ ᠪᠠᠨ ᠢᠯᠡᠳᠲᠡ ᠠᠮᠵᠢᠯᠲᠠ ᠪᠦᠲᠦᠮᠵᠢ ᠭᠠᠷᠭᠠᠭᠰᠠᠨ ᠨᠢᠭᠡᠴᠢ ᠪᠠ ᠬᠤᠪᠢ ᠬᠥᠮᠦᠨ ᠢ ᠬᠤᠯᠪᠤᠭᠳᠠᠬᠤ ᠲᠣᠭᠲᠠᠭᠠᠯ ᠶᠣᠰᠤ ᠪᠠᠷ ᠬᠥᠬᠢᠭᠦᠯᠦᠨ ᠱᠠᠩᠨᠠᠨ᠎ᠠ᠃      ᠵᠢᠯ ᠪᠦᠷᠢ ᠶᠢᠨ 5 ᠳ᠋ᠤᠭᠠᠷ ᠰᠠᠷ᠎ᠠ ᠶᠢᠨ ᠬᠤᠶᠠᠳᠤᠭᠠᠷ ᠭᠠᠷᠠᠭ ᠢ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯᠯᠠᠭᠠᠨ ᠤ ᠭᠠᠷᠠᠭ ᠪᠣᠯᠭᠠᠪᠠ᠃      ᠠᠷᠪᠠᠨ ᠭᠤᠷᠪᠠᠳᠤᠭᠠᠷ ᠵᠦᠢᠯ    ᠤᠯᠤᠰ ᠠᠴᠠ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶᠡᠨ ᠳᠠᠬᠢ ᠭᠠᠳᠠᠭᠠᠳᠤ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠵᠣᠷᠢᠭᠵᠢᠭᠤᠯᠵᠤ᠂ ᠬᠢᠯᠢ ᠶᠢᠨ ᠭᠠᠳᠠᠨᠠᠬᠢ ᠴᠢᠨᠠᠷᠯᠢᠭ ᠡᠬᠢ ᠪᠠᠶᠠᠯᠢᠭ ᠢ ᠣᠷᠣᠭᠤᠯᠤᠨ ᠠᠪᠴᠢᠷᠠᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠬᠥᠭᠵᠢᠭᠦᠯᠬᠦ ᠶᠢ ᠳᠡᠮᠵᠢᠵᠦ᠂ ᠨᠥᠬᠦᠴᠡᠯ ᠲᠠᠢ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠠᠶᠢᠭᠤᠯᠤᠮᠵᠢ ᠶᠢᠨ ᠬᠢᠨ ᠬᠢᠯᠢ ᠶᠢᠨ ᠭᠠᠳᠠᠨ᠎ᠠ ᠣᠴᠢᠵᠤ ᠰᠤᠷᠭᠠᠭᠤᠯᠢ ᠡᠷᠬᠢᠯᠡᠬᠦ ᠶᠢ ᠵᠣᠷᠢᠭᠵᠢᠭᠤᠯᠵᠤ᠂ ᠤᠯᠠᠨ ᠵᠦᠢᠯ ᠤᠨ ᠬᠡᠯᠪᠡᠷᠢᠲᠦ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠬᠠᠷᠢᠯᠴᠠᠨ ᠮᠡᠳᠡᠷᠡᠬᠦ ᠶᠢ ᠳᠡᠮᠵᠢᠨ᠎ᠡ᠃       ᠬᠤᠶᠠᠳᠤᠭᠠᠷ ᠪᠦᠯᠦᠭ   ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠳᠣᠭᠲᠠᠯᠴᠠᠭ᠎ᠠ       ᠠᠷᠪᠠᠨ ᠳᠥᠷᠪᠡᠳᠦᠭᠡᠷ ᠵᠦᠢᠯ     ᠤᠯᠤᠰ ᠠᠴᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠳᠤ ᠵᠣᠬᠢᠴᠠᠭᠤᠯᠵᠤ᠂ ᠦᠢᠯᠡᠳᠪᠦᠷᠢᠯᠡᠯ ᠪᠠ ᠵᠢᠭᠠᠨ ᠰᠤᠷᠭᠠᠯᠲᠠ ᠶᠢ ᠭᠦᠨᠵᠡᠭᠡᠢ ᠠᠭᠤᠰᠬᠠᠵᠤ᠂ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠭᠠᠨ ᠬᠥᠮᠦᠵᠢᠯ ᠪᠠ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠢ ᠵᠡᠷᠭᠡ ᠪᠠᠷ ᠴᠢᠬᠤᠯᠠᠴᠢᠯᠠᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠣᠯᠤᠨ ᠡᠩ ᠤᠨ ᠰᠤᠷᠭᠠᠨ ᠬᠥᠮᠦᠵᠢᠯ ᠢ ᠠᠭᠤᠰᠬᠠᠨ ᠨᠡᠪᠲᠡᠷᠡᠭᠦᠯᠵᠦ᠂ ᠠᠳᠠᠯᠢ ᠪᠤᠰᠤ ᠳᠡᠰ ᠳᠠᠪᠬᠤᠷᠭ᠎ᠠ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠪᠦᠲᠦᠮᠵᠢᠲᠡᠢ ᠨᠡᠪᠲᠡᠷᠡᠭᠦᠯᠵᠦ᠂ ᠪᠦᠬᠦ ᠠᠷᠠᠳ ᠤᠨ ᠨᠠᠰᠤᠨ ᠲᠤᠷᠰᠢᠳᠠ ᠰᠤᠷᠤᠯᠴᠠᠬᠤ ᠳᠤ ᠦᠢᠯᠡᠴᠢᠯᠡᠬᠦ ᠤᠳᠤ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠳᠣᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃     ᠤᠯᠤᠰ ᠠᠴᠠ ᠰᠤᠷᠭᠠᠨ ᠬᠥᠮᠦᠵᠢᠯ ᠤᠨ ᠪᠦᠲᠦᠴᠡ ᠶᠢ ᠰᠢᠯᠢᠳᠡᠭᠵᠢᠭᠦᠯᠵᠦ᠂ ᠰᠤᠷᠭᠠᠨ ᠬᠥᠮᠦᠵᠢᠯ ᠤᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠳᠠᠷᠠᠭᠠᠬᠢ ᠠᠳᠠᠯᠢ ᠪᠤᠰᠤ ᠱᠠᠲᠤᠨ ᠤ ᠭᠠᠵᠠᠷ ᠣᠷᠣᠨ ᠤ ᠪᠠᠶᠢᠳᠠᠯ ᠳᠤ ᠨᠢ ᠲᠤᠬᠢᠷᠠᠭᠤᠯᠤᠨ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠣᠯᠤᠨ ᠡᠩ ᠤᠨ ᠰᠤᠷᠭᠠᠨ ᠬᠥᠮᠦᠵᠢᠯ ᠤᠨ ᠵᠣᠬᠢᠴᠠᠩᠭᠤᠢ ᠬᠥᠭᠵᠢᠯᠲᠡ ᠶᠢ ᠨᠢᠭᠡᠳᠦᠯᠲᠡᠢ ᠳᠤ ᠲᠥᠯᠥᠪᠯᠡᠨ ᠠᠬᠢᠭᠤᠯᠤᠨ᠎ᠠ᠃      ᠠᠷᠪᠠᠨ ᠲᠠᠪᠤᠳᠤᠭᠠᠷ ᠵᠦᠢᠯ   ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠭᠠᠨ ᠬᠥᠮᠦᠵᠢᠯ ᠢ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠭᠠᠨ ᠬᠥᠮᠦᠵᠢᠯ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠭᠠᠨ ᠬᠥᠮᠦᠵᠢᠯ ᠭᠡᠵᠦ ᠬᠤᠪᠢᠶᠠᠨ᠎ᠠ᠃      ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠭᠠᠨ ᠬᠥᠮᠦᠵᠢᠯ ᠢ ᠳᠡᠭᠡᠳᠦ ᠵᠡᠷᠭᠡ ᠶᠢᠨ ᠳᠤᠮᠳᠠ ᠵᠡᠷᠭᠡ ᠶᠢᠨ ᠰᠤᠷᠭᠠᠨ ᠬᠥᠮᠦᠵᠢᠯ ᠤᠨ ᠳᠡᠰ ᠳᠠᠪᠬᠤᠷᠭᠠᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ︵ᠮᠡᠷᠭᠡᠵᠢᠯ ᠤᠨ ᠠᠵᠢᠯᠴᠢᠨ ᠤ ᠰᠤᠷᠭᠠᠭᠤᠯᠢ ᠶᠢ ᠪᠠᠭᠲᠠᠭᠠᠨ᠎ᠠ︶᠎ ᠠᠴᠠ ᠬᠡᠷᠡᠭᠵᠢᠭᠦᠯᠦᠨ᠎ᠡ᠃      ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠭᠠᠨ ᠬᠥᠮᠦᠵᠢᠯ ᠢ ᠲᠤᠰᠬᠠᠢ ᠮᠡᠷᠭᠡᠵᠢᠯ᠂ ᠦᠨᠳᠦᠰᠦᠨ ᠠᠩᠬᠢ ᠵᠢᠴᠢ ᠲᠡᠭᠦᠨ ᠠᠴᠠ ᠳᠡᠭᠡᠭᠰᠢᠬᠢ ᠰᠤᠷᠭᠠᠨ ᠬᠥᠮᠦᠵᠢᠯ ᠤᠨ ᠲᠡᠰ ᠳᠠᠪᠬᠤᠷᠭᠠᠨ ᠤ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠ ᠡᠩ ᠤᠨ ᠳᠡᠭᠡᠳᠦ ᠰᠤᠷᠭᠠᠭᠤᠯᠢ ᠠᠴᠠ ᠬᠡᠷᠡᠭᠵᠢᠭᠦᠯᠦᠨ᠎ᠡ᠃     ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠᠶᠢᠭᠤᠯᠬᠤ ᠳᠦᠷᠢᠮ ᠤᠨ ᠲᠣᠭᠲᠠᠭᠠᠯ ᠢ ᠦᠨᠳᠦᠰᠦᠯᠡᠨ᠂ ᠨᠥᠬᠦᠴᠡᠯ ᠳᠤ ᠨᠡᠶᠢᠴᠡᠬᠦ ᠮᠠᠰᠲ᠋ᠧᠷ ᠤᠨ ᠳᠡᠭᠡᠳᠦ ᠰᠤᠷᠭᠠᠭᠤᠯᠢ ᠶᠢ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠵᠢᠭᠰᠠᠯ ᠳᠤ ᠣᠷᠣᠭᠤᠯᠤᠨ᠎ᠠ᠃ ᠪᠤᠰᠤᠳ ᠰᠤᠷᠭᠠᠭᠤᠯᠢ᠂ ᠰᠤᠷᠭᠠᠨ ᠬᠥᠮᠦᠵᠢᠯ ᠤᠨ ᠪᠠᠶᠢᠭᠤᠯᠤᠮᠵᠢ ᠪᠤᠶᠤ ᠨᠥᠬᠦᠴᠡᠯ ᠳᠤ ᠨᠡᠶᠢᠴᠡᠬᠦ ᠠᠵᠤ ᠠᠬᠤᠶᠢᠯᠠᠯ᠂ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠨᠢ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠨᠢᠭᠡᠳᠦᠯᠲᠡᠶ ᠲᠥᠯᠥᠪᠵᠢᠭᠦᠯᠭᠡ ᠶᠣᠰᠤ ᠪᠠᠷ ᠬᠠᠷᠠᠭᠠᠯᠵᠠᠭᠰᠠᠨ ᠳᠡᠰ ᠳᠠᠪᠬᠤᠷᠭᠠᠨ ᠤ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠭᠠᠨ ᠬᠥᠮᠦᠵᠢᠯ ᠢ ᠬᠡᠷᠡᠭᠵᠢᠭᠦᠯᠬᠦ ᠪᠤᠶᠤ ᠴᠢᠳᠠᠪᠤᠷᠢᠲᠠᠨ ᠢ ᠬᠥᠮᠦᠵᠢᠭᠦᠯᠬᠦ ᠲᠥᠰᠦᠯ ᠳᠤ ᠣᠷᠣᠭᠤᠯᠤᠭᠰᠠᠨ ᠰᠤᠷᠤᠯᠭ᠎ᠠ ᠶᠢᠨ ᠬᠤᠪᠢ ᠶᠢᠨ ᠬᠢᠴᠢᠶᠡᠯ ᠢ ᠬᠠᠩᠭᠠᠵᠤ ᠪᠣᠯᠤᠨ᠎ᠠ᠃           ᠠᠷᠪᠠᠨ ᠵᠢᠷᠭᠤᠳᠤᠭᠠᠷ ᠵᠦᠢᠯ    ᠠᠵᠢᠯ ᠮᠡᠷᠭᠡᠵᠢᠯ ᠤᠨ ᠪᠣᠯᠪᠠᠰᠤᠷᠠᠭᠤᠯᠤᠯ ᠳᠤ ᠠᠵᠢᠯ ᠣᠯᠬᠤ ᠠᠴᠠ ᠡᠮᠦᠨᠡᠬᠢ ᠪᠣᠯᠪᠠᠰᠤᠷᠠᠭᠤᠯᠤᠯ᠂ ᠠᠵᠢᠯ ᠤᠨ ᠪᠠᠶᠢᠷᠢ ᠶᠢᠨ ᠪᠣᠯᠪᠠᠰᠤᠷᠠᠭᠤᠯᠤᠯ᠂ ᠳᠠᠬᠢᠨ ᠠᠵᠢᠯ ᠣᠯᠬᠤ ᠪᠣᠯᠪᠠᠰᠤᠷᠠᠭᠤᠯᠤᠯ ᠵᠢᠴᠢ ᠪᠤᠰᠤᠳ ᠡᠷᠬᠢᠯᠡᠭᠰᠡᠨ ᠠᠵᠢᠯ ᠤᠨ ᠴᠢᠨᠠᠷᠲᠠᠶ ᠪᠣᠯᠪᠠᠰᠤᠷᠠᠭᠤᠯᠤᠯ ᠢ ᠪᠠᠭᠲᠠᠭᠠᠨ᠎ᠠ᠂ ᠪᠣᠳᠠᠲᠤ ᠪᠠᠶᠢᠳᠠᠯ ᠢᠶᠠᠨ ᠦᠨᠳᠦᠰᠦᠯᠡᠨ ᠳᠡᠰ ᠬᠤᠪᠢᠶᠠᠨ ᠲᠥᠷᠥᠯ ᠬᠤᠪᠢᠶᠠᠨ ᠬᠡᠷᠡᠭᠵᠢᠭᠦᠯᠦᠨ᠎ᠡ᠃       ᠠᠵᠢᠯ ᠮᠡᠷᠭᠡᠵᠢᠯ ᠤᠨ ᠪᠣᠯᠪᠠᠰᠤᠷᠠᠭᠤᠯᠤᠯ ᠢ ᠵᠣᠬᠢᠴᠠᠭᠰᠠᠨ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ᠂ ᠠᠵᠢᠯ ᠮᠡᠷᠭᠡᠵᠢᠯ ᠤᠨ ᠰᠤᠷᠭᠠᠭᠤᠯᠢ ᠠᠴᠠ ᠬᠡᠷᠡᠭᠵᠢᠭᠦᠯᠦᠨ᠎ᠡ᠃      ᠪᠤᠰᠤᠳ ᠰᠤᠷᠭᠠᠭᠤᠯᠢ ᠪᠤᠶᠤ ᠰᠤᠷᠭᠠᠨ ᠬᠥᠮᠦᠵᠢᠯ ᠤᠨ ᠪᠠᠶᠢᠭᠤᠯᠤᠮᠵᠢ ᠵᠢᠴᠢ ᠠᠵᠤ ᠠᠬᠤᠶᠢᠯᠠᠯ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠢᠨ ᠰᠤᠷᠭᠠᠭᠤᠯᠢ ᠡᠷᠬᠢᠯᠡᠬᠦ ᠴᠢᠳᠠᠪᠤᠷᠢ᠂ ᠨᠡᠶᠢᠭᠡᠮ ᠤᠨ ᠬᠡᠷᠡᠭᠴᠡᠭᠡ ᠪᠠᠨ ᠦᠨᠳᠦᠰᠦᠯᠡᠨ ᠨᠡᠶᠢᠭᠡᠮ ᠳᠤ ᠬᠠᠨᠳᠤᠭᠤᠯᠤᠭᠰᠠᠨ᠂ ᠣᠯᠠᠨ ᠵᠦᠢᠯ ᠤᠨ ᠬᠡᠯᠪᠡᠷᠢ ᠮᠠᠶ᠋ᠢᠭᠲᠤ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠢ ᠬᠠᠤᠯᠢ ᠶᠣᠰᠤ ᠪᠠᠷ ᠥᠷᠨᠢᠭᠦᠯᠵᠦ ᠪᠣᠯᠤᠨ᠎ᠠ᠃      ᠠᠷᠪᠠᠨ ᠳᠣᠯᠣᠳᠤᠭᠠᠷ ᠵᠦᠢᠯ    ᠤᠯᠤᠰ ᠠᠴᠠ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠶᠢᠨ ᠰᠤᠷᠭᠠᠨ ᠬᠥᠮᠦᠵᠢᠯ ᠪᠣᠯᠤᠨ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠰᠤᠷᠤᠯᠭ᠎ᠠ ᠶᠢᠨ ᠬᠤᠪᠢ᠂ ᠬᠢᠷᠢ ᠬᠡᠮ ᠵᠢᠴᠢ ᠰᠤᠷᠤᠯᠭ᠎ᠠ ᠶᠢᠨ ᠪᠤᠰᠤᠳ ᠦᠷ᠎ᠡ ᠪᠦᠲᠦᠭᠡᠯ ᠢ ᠭᠡᠷᠡᠴᠢᠯᠡᠬᠦ᠂ ᠬᠤᠷᠠᠮᠳᠤᠭᠤᠯᠬᠤ ᠪᠠ ᠬᠤᠪᠢᠷᠠᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠤᠯᠤᠰ ᠤᠨ ᠰᠤᠷᠤᠯᠭ᠎ᠠ ᠶᠢᠨ ᠬᠤᠪᠢ ᠶᠢᠨ ᠪᠠᠩᠬᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠣᠯᠤᠨ ᠡᠩ ᠤᠨ ᠰᠤᠷᠭᠠᠨ ᠬᠥᠮᠦᠵᠢᠯ ᠤᠨ ᠰᠤᠷᠤᠯᠴᠠᠯᠭ᠎ᠠ ᠶᠢᠨ ᠦᠷ᠎ᠡ ᠪᠦᠲᠦᠭᠡᠯ ᠤᠨ ᠠᠭᠤᠰᠤᠯᠴᠠᠨ ᠨᠡᠪᠲᠡᠷᠡᠬᠦ᠂ ᠬᠠᠷᠢᠯᠴᠠᠨ ᠮᠡᠳᠡᠷᠡᠬᠦ ᠶᠢ ᠠᠬᠢᠭᠤᠯᠤᠨ᠎ᠠ᠃     ᠴᠡᠷᠢᠭ ᠠᠩᠭᠢ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠢ ᠤᠯᠤᠰ ᠤᠨ ᠠᠵᠢᠯ ᠮᠡᠷᠭᠡᠵᠢᠯ ᠤᠨ ᠬᠢᠷᠢ ᠬᠡᠮ ᠢ ᠭᠡᠷᠡᠴᠢᠯᠡᠬᠦ ᠪᠠ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠢ ᠦᠨᠡᠯᠡᠬᠦ ᠳᠣᠭᠲᠠᠯᠴᠠᠭᠠᠨ ᠳᠤ ᠣᠷᠣᠭᠤᠯᠤᠨ᠎ᠠ᠃      ᠠᠷᠪᠠᠨ ᠨᠠᠢᠮᠠᠳᠤᠭᠠᠷ ᠵᠦᠢᠯ    ᠵᠡᠮᠳᠡᠭᠴᠦᠳ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠵᠡᠮᠳᠡᠭᠴᠦᠳ ᠤᠨ ᠰᠤᠷᠭᠠᠨ ᠬᠥᠮᠦᠵᠢᠯ ᠤᠨ ᠪᠠᠶᠢᠭᠤᠯᠤᠮᠵᠢ ᠠᠴᠠ ᠬᠡᠷᠡᠭᠵᠢᠭᠦᠯᠬᠦ ᠠᠴᠠ ᠭᠠᠳᠠᠨ᠎ᠠ ᠡᠯ᠎ᠡ ᠱᠠᠲᠤᠨ ᠤ ᠡᠯ᠎ᠡ ᠲᠥᠷᠥᠯ ᠤᠨ ᠠᠵᠢᠯ ᠮᠡᠷᠭᠡᠵᠢᠯ ᠤᠨ ᠰᠤᠷᠭᠠᠭᠤᠯᠢ ᠪᠣᠯᠤᠨ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠵᠢᠴᠢ ᠪᠤᠰᠤᠳ ᠰᠤᠷᠭᠠᠨ ᠬᠥᠮᠦᠵᠢᠯ ᠤᠨ ᠪᠠᠶᠢᠭᠤᠯᠤᠮᠵᠢ ᠠᠴᠠ ᠤᠯᠤᠰ ᠤᠨ ᠬᠤᠯᠪᠤᠭᠳᠠᠬᠤ ᠲᠣᠭᠲᠠᠭᠠᠯ ᠶᠣᠰᠤ ᠪᠠᠷ ᠵᠡᠮᠳᠡᠭ ᠰᠣᠷᠣᠭᠴᠢ ᠶᠢ ᠭᠥᠯᠢᠶᠡᠨ ᠠᠪᠬᠤ ᠶᠢᠨ ᠬᠠᠮᠲᠤ ᠰᠠᠭᠠᠳ ᠥᠬᠡᠶ ᠣᠷᠴᠢᠨ ᠲᠣᠭᠤᠷᠢᠨ ᠤ ᠪᠥᠲᠥᠭᠡᠨ ᠪᠠᠶᠢᠭᠤᠯᠤᠯᠲᠠ ᠪᠠᠨ ᠴᠢᠩᠭᠠᠳᠬᠠᠵᠤ᠂ ᠵᠡᠮᠳᠡᠭ ᠰᠣᠷᠣᠭᠴᠢ ᠶᠢᠨ ᠰᠤᠷᠤᠯᠭ᠎ᠠ ᠪᠠ ᠠᠮᠢᠳᠤᠷᠠᠯ ᠳᠤ ᠴᠢᠬᠤᠯᠠ ᠪᠥᠬᠦᠶ ᠬᠠᠪᠰᠤᠷᠤᠯᠭ᠎ᠠ ᠪᠣᠯᠤᠨ ᠲᠥᠬᠦᠮ ᠦᠵᠡᠭᠦᠯᠦᠨ᠎ᠡ᠃      ᠤᠯᠤᠰ ᠠᠴᠠ ᠠᠷᠭ᠎ᠠ ᠬᠡᠮᠵᠢᠶ᠎ᠡ ᠠᠪᠴᠤ ᠵᠡᠮᠳᠡᠭᠴᠦᠳ ᠤᠨ ᠰᠤᠷᠭᠠᠨ ᠬᠥᠮᠦᠵᠢᠯ ᠤᠨ ᠪᠠᠶᠢᠭᠤᠯᠤᠮᠵᠢ᠂ ᠠᠵᠢᠯ ᠮᠡᠷᠭᠡᠵᠢᠯ ᠤᠨ ᠰᠤᠷᠭᠠᠭᠤᠯᠢ᠂ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠵᠢᠴᠢ ᠪᠤᠰᠤᠳ ᠰᠤᠷᠭᠠᠨ ᠬᠥᠮᠦᠵᠢᠯ ᠤᠨ ᠪᠠᠶᠢᠭᠤᠯᠤᠮᠵᠢ ᠠᠴᠠ ᠵᠡᠮᠳᠡᠭᠴᠦᠳ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠥᠷᠨᠢᠭᠦᠯᠬᠦ ᠪᠤᠶᠤ ᠬᠠᠮᠲᠤᠷᠠᠨ ᠥᠷᠨᠢᠭᠦᠯᠬᠦ ᠶᠢ ᠳᠡᠮᠵᠢᠨ᠎ᠡ᠃      ᠵᠡᠮᠳᠡᠭᠴᠦᠳ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠡᠷᠬᠢᠯᠡᠵᠦ ᠪᠠᠶᠢᠭ᠎ᠠ ᠣᠨᠴᠠᠭᠠᠢ ᠰᠤᠷᠭᠠᠨ ᠬᠥᠮᠦᠵᠢᠯ ᠤᠨ ᠪᠠᠭᠰᠢ ᠨᠠᠷ ᠲᠣᠭᠲᠠᠭᠠᠯ ᠶᠣᠰᠤ ᠪᠠᠷ ᠣᠨᠴᠠᠭᠠᠢ ᠰᠤᠷᠭᠠᠨ ᠬᠥᠮᠦᠵᠢᠯ ᠤᠨ ᠨᠡᠮᠡᠭᠦᠷᠢ ᠶᠢ ᠬᠦᠷᠲᠡᠨ᠎ᠡ᠃     ᠠᠷᠪᠠ ᠶᠢᠰᠦᠳᠦᠭᠡᠷ ᠵᠦᠢᠯ     ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠢᠨ ᠡᠩ ᠤᠨ ᠳᠤᠮᠳᠠᠳᠤ ᠪᠠᠭ᠎ᠠ ᠰᠤᠷᠭᠠᠭᠤᠯᠢ᠂ ᠡᠩ ᠤᠨ ᠳᠡᠭᠡᠳᠦ ᠰᠤᠷᠭᠠᠭᠤᠯᠢ ᠶᠢᠨ ᠬᠢᠨ ᠪᠣᠳᠠᠲᠤ ᠬᠡᠷᠡᠭᠴᠡᠭᠡ ᠪᠠᠨ ᠦᠨᠳᠦᠰᠦᠯᠡᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠲᠠᠢ ᠬᠤᠯᠪᠤᠭᠳᠠᠬᠤ ᠵᠢᠭᠠᠨ ᠰᠤᠷᠭᠠᠬᠤ ᠠᠭᠤᠯᠭ᠎ᠠ ᠶᠢ ᠨᠡᠮᠡᠵᠦ᠂ ᠠᠵᠢᠯ ᠮᠡᠷᠭᠡᠵᠢᠯ ᠤᠨ ᠰᠡᠩᠬᠡᠷᠡᠭᠦᠯᠦᠯ᠂ ᠠᠵᠢᠯ ᠮᠡᠷᠭᠡᠵᠢᠯ ᠤᠨ ᠲᠠᠨᠢᠨ ᠮᠡᠳᠡᠬᠦᠢ᠂ ᠠᠵᠢᠯ ᠮᠡᠷᠭᠡᠵᠢᠯ ᠢ ᠪᠡᠶᠡᠴᠢᠯᠡᠨ ᠣᠶᠢᠯᠠᠭᠠᠬᠤ᠂ ᠠᠵᠢᠯ ᠮᠡᠷᠭᠡᠵᠢᠯ ᠤᠨ ᠲᠥᠯᠥᠪᠵᠢᠭᠦᠯᠭᠡ ᠶᠢ ᠵᠢᠯᠣᠭᠤᠳᠬᠤ᠂ ᠬᠥᠳᠡᠯᠮᠦᠷᠢ ᠶᠢᠨ ᠬᠥᠮᠦᠵᠢᠯ ᠢ ᠥᠷᠨᠢᠭᠦᠯᠬᠦ ᠶᠢ ᠵᠣᠷᠢᠭᠵᠢᠭᠤᠯᠤᠨ ᠳᠡᠮᠵᠢᠬᠦ ᠶᠢᠨ ᠬᠠᠮᠲᠤ ᠠᠵᠢᠯ ᠮᠡᠷᠭᠡᠵᠢᠯ ᠤᠨ ᠰᠤᠷᠭᠠᠭᠤᠯᠢ᠂ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ᠂ ᠠᠵᠤ ᠠᠬᠤᠶᠢᠯᠠᠯ ᠪᠠ ᠠᠵᠢᠯ ᠲᠦᠷᠦᠯ ᠤᠨ ᠵᠣᠬᠢᠶᠠᠨ ᠪᠠᠶᠢᠭᠤᠯᠤᠯᠲᠠ ᠵᠡᠷᠭᠡ ᠶᠢ ᠵᠣᠬᠢᠶᠠᠨ ᠪᠠᠶᠢᠭᠤᠯᠤᠨ ᠬᠦᠲᠦᠯᠦᠨ ᠵᠢᠯᠣᠭᠤᠳᠴᠤ ᠨᠥᠬᠦᠴᠡᠯ ᠪᠠ ᠳᠡᠮᠵᠢᠯᠭᠡ ᠬᠠᠩᠭᠠᠨ᠎ᠠ᠃     ᠭᠤᠷᠪᠠᠳᠤᠭᠠᠷ ᠪᠦᠯᠦᠭ     ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠡᠷᠡᠭᠵᠢᠭᠦᠯᠦᠯᠲᠡ      ᠬᠤᠷᠢᠳᠤᠭᠠᠷ ᠵᠦᠢᠯ    ᠲᠥᠷᠥ ᠶᠢᠨ ᠶᠠᠪᠤᠳᠠᠯ ᠤᠨ ᠬᠤᠷᠢᠶᠠᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠢᠨ ᠬᠤᠯᠪᠤᠭᠳᠠᠬᠤ ᠰᠠᠯᠠᠭ᠎ᠠ ᠮᠥᠴᠢᠷ ᠲᠠᠢ ᠬᠠᠮᠲᠤᠷᠠᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠪᠣᠯᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠣᠨᠴᠠᠯᠢᠭ ᠢ ᠦᠨᠳᠦᠰᠦᠯᠡᠨ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠤᠰᠬᠠᠶ ᠮᠡᠷᠭᠡᠵᠢᠯ ᠤᠨ ᠭᠠᠷᠴᠠᠭ ᠢ ᠵᠣᠬᠢᠶᠠᠨ ᠪᠠᠶᠢᠭᠤᠯᠤᠨ ᠲᠣᠭᠲᠠᠭᠠᠬᠤ ᠪᠠ ᠵᠠᠰᠠᠪᠤᠷᠢ ᠣᠷᠣᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠵᠡᠷᠭᠡ ᠶᠢᠨ ᠪᠠᠷᠢᠮᠵᠢᠶ᠎ᠠ ᠶᠢ ᠲᠡᠭᠦᠯᠳᠡᠷᠵᠢᠭᠦᠯᠵᠦ᠂ ᠠᠵᠢᠯ ᠮᠡᠷᠭᠡᠵᠢᠯ ᠤᠨ ᠰᠤᠷᠭᠠᠭᠤᠯᠢ ᠶᠢᠨ ᠵᠢᠭᠠᠬᠤ ᠮᠠᠲ᠋ᠧᠷᠢᠶᠠᠯ ᠤᠨ ᠪᠠᠶᠢᠭᠤᠯᠤᠯᠲᠠ ᠶᠢ ᠬᠤᠷᠸ᠎ᠠ ᠲᠠᠯ᠎ᠠ ᠠᠴᠠ ᠬᠠᠮᠢᠶᠠᠷᠤᠨ ᠵᠢᠯᠣᠭᠤᠳᠤᠨ᠎ᠠ᠃     ᠬᠤᠷᠢᠨ ᠨᠢᠭᠡᠳᠦᠭᠡᠷ ᠵᠦᠢᠯ   ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠡᠷᠬᠡᠪᠰᠢ ᠭᠤᠣᠯᠯᠠᠭᠴᠢ ᠬᠦᠴᠦᠨ ᠪᠠ ᠳᠠᠭᠤᠷᠢᠶᠠᠯ ᠦᠵᠡᠭᠦᠯᠬᠦ ᠦᠢᠯᠡᠳᠦᠯ ᠢ ᠪᠠᠳᠠᠷᠠᠭᠤᠯᠬᠤ ᠠᠵᠢᠯ ᠮᠡᠷᠭᠡᠵᠢᠯ ᠤᠨ ᠰᠤᠷᠭᠠᠭᠤᠯᠢ᠂ ᠠᠵᠢᠯ ᠮᠡᠷᠭᠡᠵᠢᠯ ᠤᠨ ᠪᠣᠯᠪᠠᠰᠠᠤᠷᠠᠭᠤᠯᠤᠯ ᠤᠨ ᠪᠠᠶᠢᠭᠤᠯᠤᠮᠵᠢ ᠶᠢ ᠡᠷᠬᠢᠯᠡᠬᠦ ᠪᠤᠶᠤ ᠡᠷᠬᠢᠯᠡᠬᠦ ᠳᠤ ᠣᠷᠣᠯᠴᠠᠵᠤ᠂ ᠨᠡᠶᠢᠭᠡᠮ ᠤᠨ ᠬᠦᠴᠦᠨ ᠤ ᠬᠠᠤᠯᠢ ᠶᠣᠰᠤ ᠪᠠᠷ ᠡᠷᠬᠢᠯᠡᠭᠰᠡᠨ ᠠᠵᠢᠯ ᠮᠡᠷᠭᠡᠵᠢᠯ ᠤᠨ ᠰᠤᠷᠭᠠᠭᠤᠯᠢ ᠪᠠ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠵᠢᠯᠣᠭᠤᠳᠤᠨ ᠳᠡᠮᠵᠢᠨ᠎ᠡ᠃      ᠤᠯᠤᠰ ᠠᠴᠠ ᠠᠵᠤ ᠦᠢᠯᠡᠰ ᠤᠨ ᠪᠠᠶᠢᠷᠢᠯᠠᠭᠤᠯᠤᠯᠲᠠ ᠪᠠ ᠠᠵᠢᠯ ᠲᠥᠷᠥᠯ ᠤᠨ ᠬᠥᠭᠵᠢᠯᠲᠡ ᠶᠢᠨ ᠬᠡᠷᠡᠭᠴᠡᠭᠡ ᠶᠢ ᠦᠨᠳᠦᠰᠦᠯᠡᠨ᠂ ᠠᠷᠭ᠎ᠠ ᠬᠡᠮᠵᠢᠶ᠎ᠡ ᠠᠪᠴᠤ ᠂ ᠲᠡᠷᠢᠭᠦᠨ ᠤ ᠦᠢᠯᠡᠳᠬᠦ ᠦᠢᠯᠡᠰ ᠵᠡᠷᠭᠡ ᠠᠵᠤ ᠦᠢᠯᠡᠰ ᠤᠨ ᠬᠡᠷᠡᠭᠴᠡᠭᠡ ᠳᠤ ᠱᠠᠭᠠᠷᠳᠠᠭᠳᠠᠬᠤ ᠰᠢᠨ᠎ᠡ ᠪᠠᠷ ᠬᠥᠭᠵᠢᠭᠰᠡᠨ ᠲᠤᠰᠬᠠᠶ ᠮᠡᠷᠭᠡᠵᠢᠯ ᠢ ᠶᠡᠭᠡ ᠪᠠᠷ ᠬᠥᠭᠵᠢᠭᠦᠯᠵᠦ᠂ ᠥᠨᠳᠥᠷ ᠬᠢᠷᠢ ᠲᠦᠪᠰᠢᠨ ᠪᠥᠬᠦᠶ ᠠᠵᠢᠯ ᠮᠡᠷᠭᠡᠵᠢᠯ ᠤᠨ ᠰᠤᠷᠭᠠᠭᠤᠯᠢ᠂ ᠲᠤᠰᠬᠠᠶ ᠮᠡᠷᠭᠡᠵᠢᠯ ᠤᠨ ᠪᠠᠶᠢᠭᠤᠯᠤᠯᠲᠠ ᠶᠢ ᠳᠡᠮᠵᠢᠨ᠎ᠡ᠃      ᠤᠯᠤᠰ ᠠᠴᠠ ᠠᠷᠭ᠎ᠠ ᠬᠡᠮᠵᠢᠶ᠎ᠡ ᠠᠪᠴᠤ ᠨᠠᠶᠢᠳᠠᠨ ᠬᠥᠮᠦᠵᠢᠭᠦᠯᠬᠦ᠂ ᠰᠤᠪᠢᠯᠠᠬᠤ᠂ ᠡᠷᠡᠭᠦᠯᠵᠢᠯ ᠰᠤᠪᠢᠯᠠᠯᠲᠠ᠂ ᠭᠡᠷ ᠤᠨ ᠶᠠᠪᠤᠳᠠᠯ ᠵᠡᠷᠭᠡ ᠶᠢᠨ ᠮᠡᠷᠭᠡᠵᠢᠯ ᠤᠨ ᠤᠷ᠎ᠠ ᠴᠢᠳᠠᠪᠤᠷᠢᠲᠤ ᠴᠢᠳᠠᠪᠤᠷᠢᠲᠠᠨ ᠢ ᠥᠳᠲᠡᠷ ᠲᠦᠷᠭᠡᠨ ᠬᠥᠮᠦᠵᠢᠭᠦᠯᠦᠨ᠎ᠡ᠃      ᠬᠤᠷᠢᠨ ᠬᠤᠶᠠᠳᠤᠭᠠᠷ ᠵᠦᠢᠯ     ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠰᠢᠶᠠᠨ ᠤ ᠬᠡᠪᠴᠢᠶᠡᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠪᠠᠨ ᠦᠨᠳᠦᠰᠦᠯᠡᠨ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠭᠤᠣᠯ ᠰᠤᠷᠭᠠᠭᠤᠯᠢ ᠪᠠᠶᠢᠭᠤᠯᠵᠤ᠂ ᠣᠯᠠᠨ ᠵᠦᠢᠯ ᠤᠨ ᠬᠡᠯᠪᠡᠷᠢᠲᠦ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠥᠷᠨᠢᠭᠦᠯᠵᠦ᠂ ᠬᠡᠷᠡᠭᠯᠡᠭᠡᠨ ᠤ ᠮᠡᠷᠭᠡᠵᠢᠯ ᠤᠨ ᠪᠣᠯᠪᠠᠰᠤᠷᠠᠭᠤᠯᠤᠯ ᠢ ᠬᠡᠷᠡᠭᠵᠢᠭᠦᠯᠵᠦ ᠪᠣᠯᠤᠨ᠎ᠠ᠃ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠭᠤᠤᠯ ᠰᠤᠷᠭᠠᠭᠤᠯᠢ ᠳᠤ ᠨᠠᠶᠢᠳᠠᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢ ᠵᠢᠯᠣᠭᠤᠳᠬᠤ᠂ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ ᠦᠨᠡᠯᠡᠬᠦ᠂ ᠪᠠᠭᠰᠢ ᠶᠢᠨ ᠪᠣᠯᠪᠠᠰᠤᠷᠠᠭᠤᠯᠤᠯ ᠵᠡᠷᠭᠡ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠣᠯᠠᠨ ᠨᠡᠶᠢᠲᠡ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠠᠵᠢᠯ ᠢ ᠡᠭᠦᠷᠭᠡᠯᠡᠭᠦᠯᠵᠦ ᠪᠣᠯᠤᠨ᠎ᠠ᠃      ᠬᠤᠷᠢᠨ ᠭᠤᠷᠪᠠᠳᠤᠭᠠᠷ ᠵᠦᠢᠯ    ᠠᠵᠢᠯ ᠲᠥᠷᠥᠯ ᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠠᠵᠢᠯ ᠲᠥᠷᠥᠯ᠂ ᠠᠵᠤ ᠦᠢᠯᠡᠰ ᠤᠨ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠶᠣᠰᠤ ᠪᠠᠷ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠵᠢᠯᠣᠭᠤᠳᠣᠯᠭ᠎ᠠ ᠪᠠᠨ ᠴᠢᠩᠭᠠᠳᠬᠠᠵᠤ᠂ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠶᠢᠨ ᠮᠡᠳᠡᠭᠡ ᠵᠠᠩᠭᠢ ᠶᠢ ᠲᠣᠭᠲᠠᠮᠠᠯ ᠬᠤᠭᠤᠴᠠᠭᠠᠲᠠᠢ ᠨᠡᠶᠢᠲᠡᠯᠡᠨ᠎ᠡ᠃ ᠠᠵᠢᠯ ᠲᠥᠷᠥᠯ ᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠂ ᠠᠵᠢᠯᠴᠢᠨ ᠤ ᠡᠪᠯᠡᠯ ᠪᠣᠯᠤᠨ ᠳᠤᠮᠳᠠᠳᠤ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠤᠷᠢᠶ᠎ᠠ ᠵᠡᠷᠭᠡ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ᠂ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠨᠢ ᠬᠡᠷᠡᠭᠴᠡᠭᠡ ᠪᠠᠨ ᠦᠨᠳᠦᠰᠦᠯᠡᠨ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠤᠰᠬᠠᠶ ᠮᠡᠷᠭᠡᠵᠢᠯ ᠤᠨ ᠭᠠᠷᠴᠠᠭ ᠪᠣᠯᠤᠨ ᠬᠤᠯᠪᠤᠭᠳᠠᠬᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠠᠷᠢᠮᠵᠢᠶ᠎ᠠ ᠶᠢ ᠲᠣᠭᠲᠠᠭᠠᠬᠤ ᠳᠤ ᠣᠷᠣᠯᠴᠠᠵᠤ᠂ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠶᠢ ᠲᠥᠰᠦᠭᠡᠯᠡᠬᠦ᠂ ᠠᠵᠢᠯ ᠮᠡᠷᠭᠡᠵᠢᠯ ᠤᠨ ᠠᠮᠢᠳᠤᠷᠠᠬᠤᠢ ᠶᠢᠨ ᠬᠥᠭᠵᠢᠯᠲᠡ ᠶᠢᠨ ᠰᠤᠳᠤᠯᠭᠠᠨ ᠵᠢᠴᠢ ᠮᠡᠳᠡᠭᠡ ᠵᠠᠩᠭᠢ ᠶᠢᠨ ᠵᠦᠪᠯᠡᠯᠭᠡ ᠥᠭᠬᠦ ᠶᠢ ᠥᠷᠨᠢᠭᠦᠯᠵᠦ᠂ ᠬᠠᠩᠭᠠᠯᠭ᠎ᠠ ᠪᠠ ᠬᠡᠷᠡᠭᠴᠡᠭᠡ ᠳᠤ ᠵᠣᠬᠢᠴᠠᠭᠰᠠᠨ ᠦᠢᠯᠡᠳᠪᠦᠷᠢᠯᠡᠯ ᠪᠠ ᠵᠢᠭᠠᠨ ᠰᠤᠷᠭᠠᠯᠲᠠ ᠶᠢ ᠠᠭᠤᠰᠬᠠᠭᠰᠠᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠪᠤᠶᠢᠵᠢᠭᠤᠯᠵᠤ᠂ ᠠᠵᠢᠯ ᠮᠡᠷᠭᠡᠵᠢᠯ ᠤᠨ ᠰᠤᠷᠭᠠᠭᠤᠯᠢ᠂ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠡᠷᠭᠢᠯᠡᠬᠦ ᠪᠤᠶᠤ ᠬᠠᠮᠲᠤᠷᠠᠨ ᠡᠷᠭᠢᠯᠡᠵᠦ᠂ ᠬᠤᠯᠪᠤᠭᠳᠠᠬᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠵᠣᠬᠢᠴᠠᠭᠤᠯᠤᠨ ᠵᠢᠯᠣᠭᠤᠳᠴᠤ ᠠᠵᠢᠯ ᠮᠡᠷᠭᠡᠵᠢᠯ ᠤᠨ ᠰᠤᠷᠭᠠᠭᠤᠯᠢ᠂ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠡᠷᠭᠢᠯᠡᠵᠦ ᠪᠣᠯᠤᠨ᠎ᠠ᠃      ᠬᠤᠷᠢᠨ ᠳᠥᠷᠪᠡᠳᠦᠭᠡᠷ ᠵᠦᠢᠯ    ᠠᠵᠤ ᠠᠬᠤᠶᠢᠯᠠᠯ ᠡᠷᠬᠡᠪᠰᠢ ᠲᠤᠰ ᠨᠢᠭᠡᠴᠢ ᠶᠢᠨ ᠢᠶᠠᠨ ᠪᠣᠳᠠᠲᠤ ᠪᠠᠶᠢᠳᠠᠯ ᠢ ᠦᠨᠳᠦᠰᠦᠯᠡᠨ᠂ ᠲᠤᠰ ᠨᠢᠭᠡᠴᠢ ᠶᠢᠨ ᠢᠶᠠᠨ ᠠᠵᠢᠯᠳᠠᠨ ᠠᠵᠢᠯᠴᠢᠨ ᠪᠠ ᠡᠯᠰᠡᠵᠦ ᠬᠡᠷᠡᠭᠯᠡᠬᠦ ᠪᠠᠷ ᠪᠡᠯᠡᠳᠬᠡᠵᠦ ᠪᠠᠶᠢᠭ᠎ᠠ ᠬᠥᠮᠦᠰ ᠲᠤ ᠲᠥᠯᠥᠪᠯᠡᠭᠡ ᠲᠠᠢ ᠪᠠᠷ ᠠᠵᠢᠯ ᠮᠡᠷᠭᠡᠵᠢᠯ ᠤᠨ ᠬᠥᠮᠦᠵᠢᠯ ᠬᠢᠬᠦ ᠬᠡᠷᠡᠭᠲᠡᠢ ᠪᠥᠭᠡᠳ ᠲᠤᠰᠬᠠᠢ ᠲᠤᠰᠢᠶᠠᠯ ᠤᠨ ᠪᠤᠶᠤ ᠲᠤᠰᠢᠶᠠᠯ ᠬᠠᠪᠰᠤᠷᠭᠠᠭᠰᠠᠨ ᠠᠵᠢᠯ ᠮᠡᠷᠭᠡᠵᠢᠯ ᠤᠨ ᠬᠥᠮᠦᠵᠢᠯ ᠤᠨ ᠠᠵᠢᠯ ᠤᠨ ᠪᠠᠶᠢᠷᠢ ᠭᠠᠷᠭᠠᠵᠤ ᠪᠣᠯᠤᠨ᠎ᠠ᠃       ᠠᠵᠤ ᠠᠬᠤᠶᠢᠯᠠᠯ ᠤᠨ ᠬᠢᠨ ᠤᠯᠤᠰ ᠤᠨ ᠬᠤᠯᠪᠤᠭᠳᠠᠬᠤ ᠲᠣᠭᠲᠠᠭᠠᠯ ᠶᠣᠰᠤ ᠪᠠᠷ ᠪᠣᠯᠪᠠᠰᠤᠷᠠᠭᠤᠯᠵᠤ ᠠᠵᠢᠯ ᠤᠨ ᠪᠠᠶᠢᠷᠢ ᠳᠤ ᠭᠠᠷᠭᠠᠬᠤ ᠲᠦᠷᠢᠮ ᠢ ᠬᠡᠷᠡᠭᠵᠢᠭᠦᠯᠦᠨ᠎ᠡ᠃ ᠠᠵᠤ ᠠᠬᠤᠶᠢᠯᠠᠯ ᠤᠨ ᠡᠯᠰᠡᠵᠦ ᠬᠡᠷᠡᠭᠯᠡᠭᠰᠡᠨ ᠮᠡᠷᠭᠡᠵᠢᠯ ᠤᠨ ᠲᠦᠷᠦᠯ ᠤᠨ ᠬᠥᠳᠡᠯᠮᠦᠷᠢᠴᠢᠨ ᠠᠵᠢᠯ ᠤᠨ ᠪᠠᠶᠢᠷᠢ ᠳᠤ ᠭᠠᠷᠬᠤ ᠠᠴᠠ ᠡᠮᠦᠨ᠎ᠡ ᠡᠷᠬᠡᠪᠰᠢ ᠠᠶᠤᠯ ᠦᠭᠡᠢ ᠦᠢᠯᠡᠳᠪᠦᠷᠢᠯᠡᠯ ᠤᠨ ᠬᠥᠮᠦᠵᠢᠯ ᠪᠠ ᠮᠡᠷᠭᠡᠵᠢᠯ ᠤᠨ ᠪᠣᠯᠪᠠᠰᠤᠷᠠᠭᠤᠯᠤᠯ ᠭᠦᠷᠲᠡᠨ᠎ᠡ︔ ᠣᠯᠠᠨ ᠨᠡᠶᠢᠲᠡ ᠶᠢᠨ ᠠᠮᠤᠷ ᠲᠦᠪᠰᠢᠨ᠂ ᠬᠥᠮᠦᠨ ᠤ ᠪᠡᠶ᠎ᠡ ᠶᠢᠨ ᠡᠷᠡᠭᠦᠯ ᠮᠡᠨᠳᠦ᠂ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠵᠡᠷᠭᠡ ᠳᠤ ᠬᠤᠯᠪᠣᠭᠳᠠᠬᠤ ᠣᠨᠴᠠᠭᠠᠶ ᠠᠵᠢᠯ ᠮᠡᠷᠭᠡᠵᠢᠯ ︵ᠠᠵᠢᠯ ᠲᠥᠷᠥᠯ︶᠎ ᠳᠤ ᠡᠯᠰᠡᠵᠦ ᠬᠡᠷᠡᠭᠯᠡᠭᠰᠡᠨ ᠬᠥᠳᠡᠯᠮᠦᠷᠢᠴᠢᠨ ᠡᠷᠬᠡᠪᠰᠢ ᠪᠣᠯᠪᠠᠰᠤᠷᠠᠭᠤᠯᠤᠯ ᠭᠥᠷᠳᠡᠬᠦ ᠶᠢᠨ ᠬᠠᠮᠲᠤ ᠬᠠᠤᠯᠢ ᠶᠣᠰᠤ ᠪᠠᠷ ᠠᠵᠢᠯ ᠮᠡᠷᠭᠡᠵᠢᠯ ᠤᠨ ᠬᠢᠷᠢ ᠬᠡᠮ ᠪᠤᠶᠤ ᠣᠨᠴᠠᠭᠠᠶ ᠲᠥᠷᠥᠯ ᠤᠨ ᠠᠵᠢᠯ ᠬᠢᠬᠦ ᠬᠢᠷᠢ ᠬᠡᠮ ᠣᠯᠤᠭᠰᠠᠨ ᠪᠠᠶᠢᠬᠤ ᠬᠡᠷᠡᠭᠲᠡᠶ᠃      ᠠᠵᠤ ᠠᠬᠤᠶᠢᠯᠠᠯ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠥᠷᠨᠢᠭᠦᠯᠦᠭᠰᠡᠨ ᠪᠠᠶᠢᠳᠠᠯ ᠢ ᠠᠵᠤ ᠠᠬᠤᠶᠢᠯᠠᠯ ᠤᠨ ᠨᠡᠶᠢᠭᠡᠮ ᠤᠨ ᠬᠠᠷᠢᠭᠤᠴᠠᠯᠭ᠎ᠠ ᠶᠢᠨ ᠮᠡᠳᠡᠭᠦᠯᠦᠯᠲᠡ ᠳᠤ ᠣᠷᠣᠭᠤᠯᠤᠨ᠎ᠠ᠃       ᠬᠤᠷᠢᠨ ᠲᠠᠪᠤᠳᠤᠭᠠᠷ ᠵᠦᠢᠯ    ᠠᠵᠤ ᠠᠬᠤᠶᠢᠯᠠᠯ ᠨᠢ ᠬᠥᠷᠥᠩᠭᠡ᠂ ᠮᠡᠷᠭᠡᠵᠢᠯ᠂ ᠮᠡᠳᠡᠯᠭᠡ᠂ ᠪᠡᠯᠡᠳᠬᠡᠮᠵᠢ᠂ ᠲᠥᠬᠦᠭᠡᠷᠦᠮᠵᠢ᠂ ᠪᠠᠶᠢᠷᠢ ᠲᠠᠯᠠᠪᠤᠷ ᠪᠣᠯᠤᠨ ᠬᠠᠮᠢᠶᠠᠷᠤᠯᠲᠠ ᠵᠡᠷᠭᠡ ᠬᠦᠴᠦᠨ ᠵᠦᠢᠯ ᠢ ᠠᠰᠢᠭᠯᠠᠨ᠂ ᠠᠵᠢᠯ ᠮᠡᠷᠭᠡᠵᠢᠯ ᠤᠨ ᠰᠤᠷᠭᠠᠭᠤᠯᠢ᠂ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠡᠷᠬᠢᠯᠡᠬᠦ ᠪᠤᠶᠤ ᠬᠠᠮᠲᠤᠷᠠᠨ ᠡᠷᠬᠢᠯᠡᠵᠦ ᠪᠣᠯᠤᠨ᠎ᠠ᠃      ᠬᠤᠷᠢᠨ ᠵᠢᠷᠭᠤᠳᠤᠭᠠᠷ ᠵᠦᠢᠯ   ᠤᠯᠤᠰ ᠠᠴᠠ ᠠᠵᠤ ᠠᠬᠤᠶᠢᠯᠠᠯ ᠪᠠ ᠨᠡᠶᠢᠭᠡᠮ ᠤᠨ ᠪᠤᠰᠤᠳ ᠬᠦᠴᠦᠨ ᠤ ᠬᠠᠤᠯᠢ ᠶᠣᠰᠤ ᠪᠠᠷ ᠠᠵᠢᠯ ᠮᠡᠷᠭᠡᠵᠢᠯ ᠤᠨ ᠰᠤᠷᠭᠠᠭᠤᠯᠢ᠂ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠡᠷᠬᠢᠯᠡᠬᠦ ᠶᠢ ᠵᠣᠷᠢᠭᠵᠢᠭᠤᠯᠤᠨ ᠵᠢᠯᠣᠭᠤᠳᠴᠤ ᠳᠡᠮᠵᠢᠨ᠎ᠡ᠃       ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠴᠤ᠂ ᠰᠤᠷᠤᠭᠴᠢᠳ ᠲᠤ ᠰᠤᠷᠤᠯᠭ᠎ᠠ ᠶᠢ ᠳᠡᠳᠬᠦᠬᠦ ᠵᠢᠭᠡᠯᠡᠯᠭᠡ᠂ ᠰᠤᠷᠤᠯᠭ᠎ᠠ ᠶᠢᠨ ᠱᠠᠩᠨᠠᠯ ᠤᠨ ᠮᠥᠩᠭᠦ ᠬᠠᠩᠭᠠᠬᠤ ᠵᠡᠷᠭᠡ ᠠᠷᠭ᠎ᠠ ᠬᠡᠮᠵᠢᠶ᠎ᠡ ᠠᠪᠴᠤ᠂ ᠠᠵᠤ ᠠᠬᠤᠶᠢᠯᠠᠯ ᠪᠣᠯᠤᠨ ᠨᠡᠶᠢᠭᠡᠮ ᠤᠨ ᠪᠤᠰᠤᠳ ᠬᠦᠴᠦᠨ ᠤ ᠬᠠᠤᠯᠢ ᠶᠣᠰᠤ ᠪᠠᠷ ᠡᠷᠬᠢᠯᠡᠭᠰᠡᠨ ᠠᠵᠢᠯ ᠮᠡᠷᠭᠡᠵᠢᠯ ᠤᠨ ᠰᠤᠷᠭᠠᠭᠤᠯᠢ ᠪᠣᠯᠤᠨ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠲᠡᠳᠬᠦᠨ ᠳᠡᠮᠵᠢᠨ᠎ᠡ︔ ᠡᠭᠦᠨ ᠳᠠᠬᠢ ᠠᠰᠢᠭ ᠣᠯᠵᠠᠪᠤᠷᠢ ᠶᠢᠨ ᠪᠤᠰᠤ ᠴᠢᠨᠠᠷᠲᠠᠶ ᠠᠵᠢᠯ ᠮᠡᠷᠭᠡᠵᠢᠯ ᠤᠨ ᠰᠤᠷᠭᠠᠭᠤᠯᠢ ᠪᠣᠯᠤᠨ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠳᠤ ᠪᠠᠰᠠ ᠵᠠᠰᠠᠭ ᠤᠨ ᠣᠷᠳᠣᠨ ᠤ ᠨᠥᠬᠦᠪᠥᠷᠢ᠂ ᠰᠠᠭᠤᠷᠢ ᠮᠥᠩᠭᠦ ᠪᠠᠷ ᠱᠠᠩᠨᠠᠬᠤ᠂ ᠪᠡᠯᠡ ᠮᠥᠩᠭᠦ ᠪᠠᠷ ᠲᠤᠰᠠᠯᠠᠵᠤ ᠤᠷᠮᠠᠰᠢᠭᠤᠯᠬᠤ ᠵᠡᠷᠭᠡ ᠲᠡᠳᠬᠦᠬᠦ ᠠᠷᠭ᠎ᠠ ᠬᠡᠮᠵᠢᠶ᠎ᠡ ᠶᠢ ᠠᠪᠴᠤ᠂ ᠠᠳᠠᠯᠢ ᠱᠠᠲᠤᠨ ᠤ ᠠᠳᠠᠯᠢ ᠲᠥᠷᠥᠯ ᠤᠨ ᠠᠯᠪᠠᠨ ᠠᠴᠠ ᠡᠷᠬᠢᠯᠡᠭᠰᠡᠨ ᠰᠤᠷᠭᠠᠭᠤᠯᠢ ᠶᠢᠨ ᠰᠤᠷᠤᠭᠴᠢ ᠨᠢᠭᠡ ᠪᠦᠷᠢ ᠶᠢᠨ ᠳᠤᠮᠳᠠᠴᠢ ᠵᠠᠷᠤᠳᠠᠯ ᠵᠡᠷᠭᠡ ᠬᠤᠯᠪᠤᠭᠳᠠᠬᠤ ᠵᠠᠷᠤᠳᠠᠯ ᠤᠨ ᠪᠠᠷᠢᠮᠵᠢᠶ᠎ᠠ ᠪᠣᠯᠤᠨ ᠳᠡᠮᠵᠢᠬᠦ ᠲᠥᠷᠥ ᠶᠢᠨ ᠪᠣᠳᠣᠯᠭ᠎ᠠ ᠪᠠᠷ ᠯᠠᠪᠯᠠᠯᠲᠠ ᠪᠣᠯᠭᠠᠨ ᠵᠣᠬᠢᠰᠲᠠᠶ ᠨᠥᠬᠦᠪᠥᠷᠢ ᠥᠭᠴᠦ ᠪᠣᠯᠤᠨ᠎ᠠ᠃      ᠬᠤᠷᠢᠨ ᠳᠣᠯᠣᠳᠤᠭᠠᠷ ᠵᠦᠢᠯ    ᠠᠵᠤ ᠦᠢᠯᠡᠰ ᠪᠣᠯᠤᠨ ᠰᠤᠷᠭᠠᠨ ᠬᠥᠮᠦᠵᠢᠯ ᠤᠨ ᠠᠭᠤᠰᠤᠯᠴᠠᠭ᠎ᠠ᠂ ᠰᠤᠷᠭᠠᠭᠤᠯᠢ ᠪᠣᠯᠤᠨ ᠠᠵᠤ ᠠᠬᠤᠶᠢᠯᠠᠯ ᠤᠨ ᠬᠠᠮᠲᠤᠷᠠᠯᠴᠠᠭ᠎ᠠ ᠳᠤ ᠭᠦᠨᠵᠡᠭᠡᠶ ᠣᠷᠣᠯᠴᠠᠵᠤ᠂ ᠮᠡᠷᠭᠡᠵᠢᠯ ᠤᠨ ᠤᠷ᠎ᠠ ᠴᠢᠳᠠᠪᠤᠷᠢ ᠶᠢᠨ ᠴᠢᠳᠠᠪᠤᠷᠢᠲᠠᠨ ᠢ ᠬᠥᠮᠦᠵᠢᠭᠦᠯᠬᠦ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ᠂ ᠠᠵᠢᠯ ᠣᠯᠭᠤᠯᠲᠠ ᠶᠢ ᠠᠬᠢᠭᠤᠯᠬᠤ ᠶᠠᠪᠤᠴᠠ ᠳᠤ ᠴᠢᠬᠤᠯᠠ ᠭᠤᠤᠯ ᠴᠣᠭᠴᠠ ᠶᠢᠨ ᠦᠢᠯᠡᠳᠦᠯ ᠢ ᠪᠠᠳᠠᠷᠠᠭᠤᠯᠤᠭᠰᠠᠨ ᠠᠵᠤ ᠠᠬᠤᠶᠢᠯᠠᠯ ᠢ ᠲᠣᠭᠲᠠᠭᠠᠯ ᠶᠣᠰᠤ ᠪᠠᠷ ᠱᠠᠩᠨᠠᠨ᠎ᠠ︔ ᠨᠥᠬᠦᠴᠡᠯ ᠳᠤ ᠨᠡᠶᠢᠴᠡᠭᠰᠡᠨ ᠠᠵᠤ ᠦᠢᠯᠡᠰ ᠪᠣᠯᠤᠨ ᠰᠤᠷᠭᠠᠨ ᠬᠥᠮᠦᠵᠢᠯ ᠢ ᠠᠭᠤᠰᠬᠠᠭᠰᠠᠨ ᠬᠡᠯᠪᠡᠷᠢᠲᠦ ᠠᠵᠤ ᠠᠬᠤᠶᠢᠯᠠᠯ ᠢᠶᠠᠷ ᠮᠠᠭᠠᠳᠯᠠᠨ ᠲᠣᠭᠲᠠᠭᠠᠭᠰᠠᠨ ᠪᠣᠯ ᠲᠣᠭᠲᠠᠭᠠᠯ ᠶᠣᠰᠤ ᠪᠠᠷ ᠮᠥᠩᠭᠦᠨ ᠭᠦᠢᠯᠭᠡᠭᠡ᠂ ᠡᠳ᠋ ᠤᠨ ᠵᠠᠰᠠᠭ᠂ ᠭᠠᠵᠠᠷ ᠰᠢᠷᠣᠶ ᠵᠡᠷᠭᠡ ᠶᠢᠨ ᠳᠡᠮᠵᠢᠯᠭᠡ ᠣᠯᠭᠤᠵᠤ᠂ ᠰᠤᠷᠭᠠᠨ ᠬᠥᠮᠦᠵᠢᠯ ᠤᠨ ᠨᠡᠮᠡᠯᠲᠡ ᠵᠠᠷᠤᠳᠠᠯ᠂ ᠣᠷᠣᠨ ᠨᠤᠲᠤᠭ ᠤᠨ ᠰᠤᠷᠭᠠᠨ ᠬᠥᠮᠦᠵᠢᠯ ᠤᠨ ᠨᠡᠮᠡᠯᠲᠡ ᠵᠠᠷᠤᠳᠠᠯ ᠢ ᠬᠠᠰᠤᠵᠤ ᠭᠡᠯᠳᠦᠷᠢᠭᠦᠯᠬᠦ ᠵᠢᠴᠢ ᠪᠤᠰᠤᠳ ᠭᠠᠶᠢᠯᠢ ᠪᠠ ᠰᠦᠢᠳᠭᠡᠯ ᠤᠨ ᠬᠠᠷᠠᠭᠠᠯᠵᠠᠯ ᠢ ᠨᠠᠶᠢᠳᠠᠪᠤᠷᠢᠵᠢᠭᠤᠯᠤᠨ᠎ᠠ᠃     ᠬᠤᠷᠢᠨ ᠨᠠᠢᠮᠠᠳᠤᠭᠠᠷ ᠵᠦᠢᠯ    ᠠᠵᠢᠯ ᠮᠡᠷᠭᠡᠵᠢᠯ ᠤᠨ ᠰᠤᠷᠭᠠᠭᠤᠯᠢ᠂ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠬᠠᠮᠲᠤᠷᠠᠨ ᠡᠷᠬᠢᠯᠡᠬᠦ ᠳᠤ ᠡᠷᠬᠢᠯᠡᠨ ᠪᠠᠶᠢᠭᠤᠯᠤᠭᠴᠢ ᠨᠢ ᠬᠠᠮᠲᠤᠷᠠᠨ ᠰᠤᠷᠭᠠᠭᠤᠯᠢ ᠡᠷᠬᠢᠯᠡᠬᠦ ᠬᠡᠯᠡᠯᠴᠡᠭᠡᠷ ᠲᠣᠭᠲᠠᠭᠠᠵᠤ᠂ ᠡᠯ᠎ᠡ ᠲᠠᠯ᠎ᠠ ᠶᠢᠨ ᠬᠢᠨ ᠤ ᠡᠷᠬᠡ ᠪᠠ ᠡᠭᠦᠷᠭᠡ ᠶᠢ ᠪᠣᠯᠵᠣᠨ ᠲᠣᠭᠲᠠᠭᠠᠬᠤ ᠬᠡᠷᠡᠭᠲᠡᠢ᠃ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠠᠵᠢᠯ ᠲᠥᠷᠥᠯ ᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠨᠡᠶᠢᠭᠡᠮ ᠤᠨ ᠬᠦᠴᠦᠨ ᠤ ᠬᠠᠮᠲᠤᠷᠠᠨ ᠰᠤᠷᠭᠠᠭᠤᠯᠢ ᠡᠷᠬᠢᠯᠡᠬᠦ ᠳᠤ ᠬᠠᠤᠯᠢ ᠶᠣᠰᠤ ᠪᠠᠷ ᠣᠷᠣᠯᠴᠠᠬᠤ ᠶᠢ ᠳᠡᠮᠵᠢᠵᠦ᠂ ᠣᠯᠠᠨ ᠵᠦᠢᠯ ᠤᠨ ᠬᠡᠯᠪᠡᠷᠢᠲᠦ ᠠᠵᠢᠯ ᠮᠡᠷᠭᠡᠵᠢᠯ ᠤᠨ ᠰᠤᠷᠭᠠᠭᠤᠯᠢ᠂ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠡᠷᠬᠢᠯᠡᠨ᠎ᠡ᠃ ᠠᠵᠢᠯ ᠲᠥᠷᠥᠯ ᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠂ ᠠᠵᠢᠯᠴᠢᠨ ᠤ ᠡᠪᠯᠡᠯ ᠵᠡᠷᠭᠡ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ᠂ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ᠂ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠵᠡᠷᠭᠡ ᠨᠢ ᠰᠤᠷᠭᠠᠭᠤᠯᠢ᠂ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠳᠤ ᠨᠠᠶᠢᠳᠠᠵᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠬᠡᠷᠡᠭᠵᠢᠭᠦᠯᠬᠦ ᠨᠠᠶᠢᠳᠠᠯᠭ᠎ᠠ ᠶᠢᠨ ᠭᠡᠷ᠎ᠡ ᠲᠣᠭᠲᠠᠬᠤ ᠬᠡᠷᠡᠭᠲᠡᠶ᠃     ᠬᠤᠷᠢ ᠶᠢᠰᠦᠳᠦᠭᠡᠷ ᠵᠦᠢᠯ    ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠠᠵᠢᠯ ᠲᠦᠷᠦᠯ ᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠂ ᠠᠵᠢᠯᠴᠢᠨ ᠤ ᠡᠪᠯᠡᠯ ᠵᠡᠷᠭᠡ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ᠂ ᠠᠵᠢᠯ ᠲᠦᠷᠦᠯ ᠤᠨ ᠵᠣᠬᠢᠶᠠᠨ ᠪᠠᠶᠢᠭᠤᠯᠤᠯᠲᠠ᠂ ᠠᠵᠤ ᠠᠬᠤᠶᠢᠯᠠᠯ ᠵᠡᠷᠭᠡ ᠶᠢ ᠵᠣᠬᠢᠶᠠᠨ ᠪᠠᠶᠢᠭᠤᠯᠵᠤ ᠣᠷᠣᠨ ᠪᠦᠰᠡ ᠪᠤᠶᠤ ᠠᠵᠢᠯ ᠲᠦᠷᠦᠯ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠡᠷᠡᠭᠴᠡᠭᠡ ᠶᠢ ᠦᠨᠳᠦᠰᠦᠯᠡᠨ ᠥᠨᠳᠥᠷ ᠬᠢᠷᠢ ᠲᠦᠪᠰᠢᠨᠲᠦ᠂ ᠲᠤᠰᠬᠠᠶᠢᠵᠢᠭᠰᠠᠨ᠂ ᠨᠡᠭᠡᠭᠡᠯᠲᠡᠲᠦ ᠬᠠᠮᠲᠤ ᠪᠠᠷ ᠡᠳ᠋ᠯᠡᠬᠦ ᠦᠢᠯᠡᠳᠪᠦᠷᠢᠯᠡᠯ ᠪᠠ ᠵᠢᠭᠠᠨ ᠰᠤᠷᠭᠠᠯᠲᠠ ᠶᠢ ᠠᠭᠤᠰᠬᠠᠭᠰᠠᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠢ ᠪᠠᠶᠢᠭᠤᠯᠵᠤ᠂ ᠠᠵᠢᠯ ᠮᠡᠷᠭᠡᠵᠢᠯ ᠤᠨ ᠰᠤᠷᠭᠠᠭᠤᠯᠢ᠂ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠳᠠᠳᠤᠯᠭ᠎ᠠ ᠪᠣᠯᠪᠠᠰᠤᠷᠠᠯ ᠢ ᠥᠷᠨᠢᠭᠦᠯᠬᠦ ᠪᠠ ᠠᠵᠤ ᠠᠬᠤᠶᠢᠯᠠᠯ ᠤᠨ ᠪᠣᠯᠪᠠᠰᠤᠷᠠᠭᠤᠯᠤᠯ ᠢ ᠥᠷᠨᠢᠭᠦᠯᠬᠦ ᠳᠤ ᠨᠥᠬᠦᠴᠡᠯ ᠪᠠ ᠳᠡᠮᠵᠢᠯᠭᠡ ᠬᠠᠩᠭᠠᠬᠤ ᠬᠡᠷᠡᠭᠲᠡᠢ᠃      ᠭᠤᠴᠢᠳᠤᠭᠠᠷ ᠵᠦᠢᠯ    ᠤᠯᠤᠰ ᠠᠴᠠ ᠳᠤᠮᠳᠠᠳᠤ ᠤᠯᠤᠰ ᠤᠨ ᠣᠨᠴᠠᠯᠢᠭ ᠪᠦᠬᠦᠢ ᠱᠠᠪᠢᠯᠠᠬᠤ ᠳᠦᠷᠢᠮ ᠢ ᠬᠡᠷᠡᠭᠵᠢᠭᠦᠯᠵᠦ᠂ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠠᠵᠢᠯ ᠤᠨ ᠪᠠᠶᠢᠷᠢ ᠶᠢᠨ ᠶᠡᠷᠦᠩᠬᠡᠶ ᠬᠡᠮᠵᠢᠶᠡᠨ ᠤ ᠵᠣᠬᠢᠬᠤ ᠬᠠᠷᠢᠴᠠᠯ ᠢᠶᠠᠷ ᠱᠠᠪᠢᠯᠠᠬᠤ ᠠᠵᠢᠯ ᠤᠨ ᠪᠠᠶᠢᠷᠢ ᠭᠠᠷᠭᠠᠵᠤ᠂ ᠮᠡᠷᠭᠡᠵᠢᠯ ᠤᠨ ᠤᠷ᠎ᠠ ᠴᠢᠳᠠᠪᠤᠷᠢᠲᠤ ᠴᠢᠳᠠᠪᠤᠷᠢᠲᠠᠨ ᠢ ᠬᠥᠮᠦᠵᠢᠭᠦᠯᠬᠦ ᠴᠢᠳᠠᠪᠤᠷᠢ ᠲᠠᠢ ᠠᠵᠤ ᠠᠬᠤᠶᠢᠯᠠᠯ ᠣᠨᠴᠠᠭᠠᠶᠢᠯᠠᠨ ᠦᠢᠯᠡᠳᠪᠦᠷᠢᠯᠡᠯ ᠪᠠ ᠵᠢᠭᠠᠨ ᠰᠤᠷᠭᠠᠯᠲᠠ ᠶᠢ ᠤᠶᠠᠯᠳᠤᠭᠤᠯᠤᠭᠰᠠᠨ ᠬᠡᠯᠪᠡᠷᠢ ᠶᠢᠨ ᠠᠵᠤ ᠠᠬᠤᠶᠢᠯᠠᠯ ᠬᠢᠭᠡᠳ ᠠᠵᠢᠯ ᠮᠡᠷᠭᠡᠵᠢᠯ ᠤᠨ ᠰᠤᠷᠭᠠᠭᠤᠯᠢ᠂ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠬᠠᠮᠲᠤᠷᠠᠯᠴᠠᠭ᠎ᠠ ᠥᠷᠨᠢᠭᠦᠯᠬᠦ ᠶᠢ ᠵᠣᠷᠢᠭᠵᠢᠭᠤᠯᠤᠨ ᠳᠡᠮᠵᠢᠵᠦ᠂ ᠰᠢᠨ᠎ᠡ ᠪᠠᠷ ᠡᠯᠰᠡᠵᠦ ᠬᠡᠷᠡᠭᠯᠡᠭᠰᠡᠨ ᠠᠵᠢᠯᠲᠠᠨ ᠠᠵᠢᠯᠴᠢᠨ᠂ ᠠᠵᠢᠯ ᠤᠨ ᠪᠠᠶᠢᠷᠢ ᠳᠤ ᠪᠠᠶᠢᠭ᠎ᠠ ᠠᠵᠢᠯᠲᠠᠨ ᠠᠵᠢᠯᠴᠢᠨ ᠪᠠ ᠠᠵᠢᠯ ᠤᠨ ᠪᠠᠶᠢᠷᠢ ᠰᠢᠯᠵᠢᠭᠰᠡᠨ ᠠᠵᠢᠯᠲᠠᠨ ᠠᠵᠢᠯᠴᠢᠨ ᠢ ᠪᠣᠯᠪᠠᠰᠤᠷᠠᠭᠤᠯᠬᠤ ᠪᠤᠶᠤ ᠠᠵᠢᠯ ᠮᠡᠷᠭᠡᠵᠢᠯ ᠤᠨ ᠰᠤᠷᠭᠠᠭᠤᠯᠢ ᠲᠠᠢ ᠬᠠᠮᠲᠤᠷᠠᠨ ᠰᠤᠷᠤᠭᠴᠢ ᠡᠯᠰᠡᠵᠦ᠂ ᠠᠵᠢᠯᠯᠠᠵᠤ ᠰᠤᠷᠤᠯᠴᠠᠬᠤ ᠶᠢ ᠤᠶᠠᠯᠳᠤᠭᠤᠯᠬᠤ ᠬᠡᠯᠪᠡᠷᠢ ᠪᠠᠷ ᠱᠠᠪᠢ ᠠᠵᠢᠯᠴᠢᠨ ᠢ ᠬᠥᠮᠦᠵᠢᠭᠦᠯᠦᠨ᠎ᠡ᠃ ᠬᠤᠯᠪᠤᠭᠳᠠᠬᠤ ᠠᠵᠤ ᠠᠬᠤᠶᠢᠯᠠᠯ ᠲᠣᠭᠲᠠᠭᠠᠯ ᠶᠣᠰᠤ ᠪᠠᠷ ᠨᠥᠬᠦᠪᠥᠷᠢ ᠮᠥᠩᠭᠦ ᠣᠯᠵᠤ ᠪᠣᠯᠤᠨ᠎ᠠ᠃ ᠠᠵᠤ ᠠᠬᠤᠶᠢᠯᠠᠯ ᠪᠣᠯᠤᠨ ᠠᠵᠢᠯ ᠮᠡᠷᠭᠡᠵᠢᠯ ᠤᠨ ᠰᠤᠷᠭᠠᠭᠤᠯᠢ ᠬᠤᠯᠪᠣᠭᠠᠯᠠᠨ ᠰᠤᠷᠤᠭᠴᠢ ᠡᠯᠰᠡᠵᠦ᠂ ᠠᠵᠢᠯᠯᠠᠵᠤ ᠰᠤᠷᠤᠯᠴᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠱᠠᠪᠢ ᠬᠥᠮᠦᠵᠢᠭᠦᠯᠬᠦ ᠳᠤ ᠱᠠᠪᠢ ᠬᠥᠮᠦᠵᠢᠭᠦᠯᠬᠦ ᠬᠡᠯᠡᠯᠴᠡᠭᠡᠷ ᠲᠣᠭᠲᠠᠭᠠᠬᠤ ᠬᠡᠷᠡᠭᠲᠡᠢ᠃     ᠭᠤᠴᠢᠨ ᠨᠢᠭᠡᠳᠦᠭᠡᠷ ᠵᠦᠢᠯ    ᠤᠯᠤᠰ ᠠᠴᠠ ᠠᠵᠢᠯ ᠲᠦᠷᠦᠯ ᠤᠨ ᠵᠣᠬᠢᠶᠠᠨ ᠪᠠᠶᠢᠭᠤᠯᠤᠯᠲᠠ᠂ ᠠᠵᠤ ᠠᠬᠤᠶᠢᠯᠠᠯ ᠵᠡᠷᠭᠡ ᠶᠢᠨ ᠬᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠤᠰᠬᠠᠢ ᠮᠡᠷᠭᠡᠵᠢᠯ ᠤᠨ ᠵᠢᠭᠠᠬᠤ ᠮᠠᠲ᠋ᠧᠷᠢᠶᠠᠯ ᠢ ᠨᠡᠭᠡᠭᠡᠨ ᠬᠥᠭᠵᠢᠭᠦᠯᠬᠦ ᠳᠤ ᠣᠷᠣᠯᠴᠠᠬᠤ ᠶᠢ ᠵᠣᠷᠢᠭᠵᠢᠭᠤᠯᠵᠤ᠂ ᠰᠢᠨ᠎ᠡ ᠮᠡᠷᠭᠡᠵᠢᠯ᠂ ᠰᠢᠨ᠎ᠡ ᠤᠷᠠᠯᠠᠯ᠂ ᠰᠢᠨ᠎ᠡ ᠣᠨᠣᠯᠵᠢᠬᠤᠨ ᠢ ᠠᠵᠢᠯ ᠮᠡᠷᠭᠡᠵᠢᠯ ᠤᠨ ᠰᠤᠷᠭᠠᠭᠤᠯᠢ ᠶᠢᠨ ᠵᠢᠭᠠᠬᠤ ᠮᠠᠲ᠋ᠧᠷᠢᠶᠠᠯ ᠳᠤ ᠣᠷᠣᠭᠤᠯᠬᠤ ᠶᠢᠨ ᠬᠠᠮᠲᠤ ᠵᠠᠳᠠᠭᠠᠢ ᠬᠠᠭᠤᠳᠠᠰᠤᠲᠤ ᠵᠢᠭᠠᠬᠤ ᠮᠠᠲ᠋ᠧᠷᠢᠶᠠᠯ ᠵᠡᠷᠭᠡ ᠤᠯᠠᠨ ᠵᠦᠢᠯ ᠤᠨ ᠠᠷᠭ᠎ᠠ ᠮᠠᠶ᠋ᠢᠭ ᠢᠶᠠᠷ ᠬᠥᠳᠡᠯᠦᠩᠭᠦᠢ ᠪᠠᠷ ᠰᠢᠨᠡᠳᠬᠡᠵᠦ ᠪᠣᠯᠤᠨ᠎ᠠ︔ ᠮᠡᠳᠡᠭᠡ ᠵᠠᠩᠭᠢ ᠶᠢᠨ ᠮᠡᠷᠭᠡᠵᠢᠯ ᠪᠣᠯᠤᠨ ᠪᠤᠰᠤᠳ ᠣᠳᠣᠬᠢᠴᠢᠯᠠᠭᠰᠠᠨ ᠵᠢᠭᠠᠬᠤ ᠠᠷᠭ᠎ᠠ ᠮᠠᠶ᠋ᠢᠭ ᠢ ᠬᠡᠷᠡᠭᠯᠡᠬᠦ ᠶᠢ ᠳᠡᠮᠵᠢᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠦᠯᠵᠢᠶᠡᠨ ᠳᠠᠬᠢ ᠬᠢᠴᠢᠶᠡᠯ ᠵᠡᠷᠭᠡ ᠰᠤᠷᠤᠯᠴᠠᠬᠤ ᠡᠬᠢ ᠪᠠᠶᠠᠯᠢᠭ ᠢ ᠨᠡᠭᠡᠭᠡᠵᠦ᠂ ᠵᠢᠭᠠᠬᠤ ᠠᠷᠭ᠎ᠠ ᠮᠠᠶ᠋ᠢᠭ ᠪᠣᠯᠤᠨ ᠰᠤᠷᠭᠠᠭᠤᠯᠢ ᠶᠢᠨ ᠬᠠᠮᠢᠶᠠᠷᠤᠯᠲᠠ ᠶᠢᠨ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠮᠡᠳᠡᠭᠡ ᠵᠠᠩᠭᠢᠴᠢᠯᠠᠯᠲᠠ ᠶᠢᠨ ᠪᠠᠶᠢᠭᠤᠯᠤᠯᠲᠠ ᠪᠠ ᠠᠭᠤᠰᠬᠠᠨ ᠬᠡᠷᠡᠭᠯᠡᠬᠦ ᠶᠢ ᠠᠬᠢᠭᠤᠯᠤᠨ᠎ᠠ᠃      ᠭᠤᠴᠢᠨ ᠬᠤᠶᠠᠳᠤᠭᠠᠷ ᠵᠦᠢᠯ    ᠤᠯᠤᠰ ᠠᠴᠠ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠬᠦ ᠪᠠᠷ ᠳᠠᠮᠵᠢᠭᠤᠯᠤᠨ᠂ ᠮᠡᠷᠭᠡᠵᠢᠯ ᠤᠨ ᠤᠷ᠎ᠠ ᠴᠢᠳᠠᠪᠤᠷᠢᠲᠤ ᠴᠢᠳᠠᠪᠤᠷᠢᠲᠠᠨ ᠳᠤ ᠤᠷ᠎ᠠ ᠴᠢᠳᠠᠪᠤᠷᠢ ᠪᠠᠨ ᠳᠡᠯᠭᠡᠨ ᠦᠵᠡᠭᠦᠯᠬᠦ᠂ ᠤᠷ᠎ᠠ ᠮᠡᠷᠭᠡᠰᠢᠯ ᠢᠶᠠᠨ ᠰᠣᠯᠢᠯᠴᠠᠬᠤ ᠲᠠᠪᠴᠠᠩ ᠢ ᠬᠠᠩᠭᠠᠵᠤ᠂ ᠥᠨᠳᠥᠷ ᠬᠡᠪ ᠴᠢᠨᠠᠷ ᠪᠦᠬᠦᠢ ᠮᠡᠷᠭᠡᠵᠢᠯ ᠤᠨ ᠤᠷ᠎ᠠ ᠴᠢᠳᠠᠪᠤᠷᠢᠲᠤ ᠴᠢᠳᠠᠪᠤᠷᠢᠲᠠᠨ᠂ ᠤᠷᠠᠨ ᠳᠠᠷᠬᠠᠨ ᠪᠠ ᠤᠯᠤᠰ ᠤᠨ ᠲᠤᠮᠤ ᠤᠷᠠᠨ ᠳᠠᠷᠬᠠᠨ ᠢ ᠦᠷᠭᠦᠯᠵᠢᠯᠡᠨ ᠬᠥᠮᠦᠵᠢᠭᠦᠯᠦᠨ᠎ᠡ᠃     ᠳᠥᠷᠪᠡᠳᠦᠭᠡᠷ ᠪᠦᠯᠦᠭ   ᠠᠵᠢᠯ ᠮᠡᠷᠭᠡᠵᠢᠯ ᠤᠨ ᠰᠤᠷᠭᠠᠭᠤᠯᠢ ᠪᠠ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ     ᠭᠤᠴᠢᠨ ᠭᠤᠷᠪᠠᠳᠤᠭᠠᠷ ᠵᠦᠢᠯ    ᠠᠵᠢᠯ ᠮᠡᠷᠭᠡᠵᠢᠯ ᠤᠨ ᠰᠤᠷᠭᠠᠭᠤᠯᠢ ᠪᠠᠶᠢᠭᠤᠯᠬᠤ ᠳᠤ ᠳᠣᠣᠷ᠎ᠠ ᠵᠢᠭᠰᠠᠭᠠᠭᠰᠠᠨ ᠦᠨᠳᠦᠰᠦᠨ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠢ᠄      ︵ᠨᠢᠭᠡ︶ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠪᠠ ᠳᠦᠷᠢᠮ ᠲᠠᠢ ᠪᠠᠶᠢᠬᠤ︔     ︵ᠬᠤᠶᠠᠷ︶ ᠬᠢᠷᠢ ᠲᠡᠩᠴᠡᠭᠰᠡᠨ ᠪᠠᠭᠰᠢ ᠪᠠ ᠬᠠᠮᠢᠶᠠᠷᠤᠯᠲᠠ ᠶᠢᠨ ᠠᠵᠢᠯᠳᠡᠠ ᠲᠠᠢ ᠪᠠᠶᠢᠬᠤ︔      ︵ᠭᠤᠷᠪᠠ︶ ᠬᠡᠷᠡᠭᠵᠢᠭᠦᠯᠵᠦ ᠪᠠᠶᠢᠭ᠎ᠠ ᠠᠵᠢᠯ ᠮᠡᠷᠭᠡᠵᠢᠯ ᠤᠨ ᠰᠤᠷᠭᠠᠨ ᠬᠥᠮᠦᠵᠢᠯ ᠯᠦᠭᠡ ᠲᠣᠬᠢᠷᠠᠯᠴᠠᠭᠰᠠᠨ᠂ ᠳᠣᠭᠲᠠᠭᠰᠠᠨ ᠪᠠᠷᠢᠮᠵᠢᠶ᠎ᠠ ᠪᠣᠯᠤᠨ ᠠᠶᠤᠯ ᠦᠭᠡᠶ ᠶᠢᠨ ᠱᠠᠭᠠᠷᠳᠠᠯᠭ᠎ᠠ ᠳᠤ ᠨᠡᠶᠢᠴᠡᠭᠰᠡᠨ ᠵᠢᠭᠠᠨ ᠰᠤᠷᠭᠠᠯᠲᠠ ᠵᠢᠴᠢ ᠳᠠᠳᠤᠯᠭ᠎ᠠ ᠪᠣᠯᠪᠠᠰᠤᠷᠠᠭᠤᠯᠤᠯ ᠤᠨ ᠪᠠᠶᠢᠷᠢ ᠲᠠᠯᠠᠪᠤᠷ᠂ ᠪᠡᠯᠡᠳᠬᠡᠮᠵᠢ᠂ ᠲᠥᠬᠦᠭᠡᠷᠦᠮᠵᠢ ᠵᠢᠴᠢ ᠬᠢᠴᠢᠶᠡᠯ ᠤᠨ ᠳᠣᠭᠲᠠᠯᠴᠠᠭ᠎ᠠ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠡᠬᠢ ᠪᠠᠶᠠᠯᠢᠭ ᠵᠡᠷᠭᠡ ᠲᠠᠢ ᠪᠠᠶᠢᠬᠤ︔       ︵ᠳᠥᠷᠪᠡ︶ ᠰᠤᠷᠭᠠᠭᠤᠯᠢ ᠡᠷᠬᠢᠯᠡᠬᠦ ᠴᠢᠬᠤᠯᠠ ᠪᠦᠬᠦᠢ ᠪᠡᠯᠡ ᠮᠥᠩᠭᠦ ᠪᠣᠯᠤᠨ ᠰᠤᠷᠭᠠᠭᠤᠯᠢ ᠡᠷᠬᠢᠯᠡᠬᠦ ᠬᠡᠪᠴᠢᠶ᠎ᠡ ᠯᠦᠭᠡ ᠲᠣᠬᠢᠷᠠᠯᠴᠠᠭᠰᠠᠨ ᠲᠣᠭᠲᠠᠪᠤᠷᠢᠲᠠᠶ ᠵᠠᠷᠤᠳᠠᠯ ᠤᠨ ᠢᠷᠡᠯᠲᠡᠢ ᠪᠠᠶᠢᠬᠤ᠃ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠᠶᠢᠭᠤᠯᠬᠤ ᠳᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠪᠤᠶᠤ ᠬᠤᠯᠪᠤᠭᠳᠠᠬᠤ ᠰᠠᠯᠠᠭ᠎ᠠ ᠮᠥᠴᠢᠷ ᠠᠴᠠ ᠲᠣᠭᠲᠠᠭᠠᠭᠰᠠᠨ ᠡᠷᠬᠡ ᠶᠢᠨ ᠬᠡᠪᠴᠢᠶ᠎ᠡ ᠶᠣᠰᠤ ᠪᠠᠷ ᠬᠢᠨᠠᠨ ᠵᠥᠪᠰᠢᠶᠡᠷᠡᠨ᠎ᠡ︔ ᠲᠤᠰᠬᠠᠢ ᠮᠡᠷᠭᠡᠵᠢᠯ ᠤᠨ ᠲᠡᠰ ᠤᠨ ᠰᠤᠷᠭᠠᠨ ᠬᠥᠮᠦᠵᠢᠯ ᠢ ᠬᠡᠷᠡᠭᠵᠢᠭᠦᠯᠬᠦ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠᠶᠢᠭᠤᠯᠬᠤ ᠳᠤ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠬᠢᠨᠠᠨ ᠵᠥᠪᠰᠢᠶᠡᠷᠡᠵᠦ᠂ ᠲᠦᠷᠦ ᠶᠢᠨ ᠶᠠᠪᠤᠳᠠᠯ ᠤᠨ ᠬᠤᠷᠢᠶᠠᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠮᠡᠳᠡᠭᠦᠯᠵᠦ ᠳᠠᠩᠰᠠᠯᠠᠭᠤᠯᠤᠨ᠎ᠠ︔ ᠦᠨᠳᠦᠰᠦᠨ ᠠᠩᠬᠢ ᠵᠢᠴᠢ ᠲᠡᠭᠦᠨ ᠠᠴᠠ ᠳᠡᠭᠡᠭᠰᠢᠬᠢ ᠲᠡᠰ ᠤᠨ ᠰᠤᠷᠭᠠᠨ ᠬᠥᠮᠦᠵᠢᠯ ᠢ ᠬᠡᠷᠡᠭᠵᠢᠭᠦᠯᠬᠦ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢ ᠪᠠᠶᠢᠭᠤᠯᠬᠤ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠬᠢᠨᠠᠨ ᠵᠥᠪᠰᠢᠶᠡᠷᠡᠨ᠎ᠡ᠃        ᠲᠤᠰᠬᠠᠢ ᠮᠡᠷᠭᠡᠵᠢᠯ ᠤᠨ ᠲᠡᠰ ᠤᠨ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠲᠤᠬᠢᠷᠠᠭᠤᠯᠤᠭᠰᠠᠨ ᠳᠡᠭᠡᠳᠦ ᠲᠡᠰ ᠤᠨ ᠮᠡᠷᠭᠡᠵᠢᠯ ᠤᠨ ᠤᠷ᠎ᠠ ᠴᠢᠳᠠᠪᠤᠷᠢᠲᠤ ᠴᠢᠳᠠᠪᠤᠷᠢᠲᠠᠨ ᠢ ᠬᠥᠮᠦᠵᠢᠭᠦᠯᠬᠦ ᠬᠡᠰᠡᠭ ᠲᠤᠰᠬᠠᠢ ᠮᠡᠷᠭᠡᠵᠢᠯ ᠨᠢ ᠦᠢᠯᠡᠳᠪᠦᠷᠢᠯᠡᠯ ᠪᠠ ᠵᠢᠭᠠᠨ ᠰᠤᠷᠭᠠᠯᠲᠠ ᠶᠢ ᠭᠦᠨᠵᠡᠭᠡᠢ ᠠᠭᠤᠰᠬᠠᠵᠤ᠂ ᠰᠤᠷᠭᠠᠭᠤᠯᠢ ᠡᠷᠬᠢᠯᠡᠬᠦ ᠣᠨᠴᠠᠯᠢᠭ ᠢᠯᠡ ᠲᠣᠳᠣ᠂ ᠬᠥᠮᠦᠵᠢᠭᠦᠯᠬᠦ ᠴᠢᠨᠠᠷ ᠴᠢᠨᠰᠠᠭ᠎ᠠ ᠨᠡᠯᠢᠶᠡᠳ ᠥᠨᠳᠥᠷ ᠵᠡᠷᠭᠡ ᠨᠥᠬᠦᠴᠡᠯ ᠳᠤ ᠨᠡᠶᠢᠴᠡᠭᠰᠡᠨ ᠪᠣᠯ ᠲᠦᠷᠦ ᠶᠢᠨ ᠶᠠᠪᠤᠳᠠᠯ ᠤᠨ ᠬᠤᠷᠢᠶᠠᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠬᠢᠨᠠᠨ ᠵᠥᠪᠰᠢᠶᠡᠷᠡᠭᠦᠯᠦᠭᠡᠳ᠂ ᠦᠨᠳᠦᠰᠦᠨ ᠠᠩᠭᠢ ᠶᠢᠨ ᠲᠡᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠬᠡᠷᠡᠭᠵᠢᠭᠦᠯᠵᠦ ᠪᠣᠯᠤᠨ᠎ᠠ᠃     ᠭᠤᠴᠢᠨ ᠳᠥᠷᠪᠡᠳᠦᠭᠡᠷ ᠵᠦᠢᠯ    ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠪᠠᠶᠢᠭᠤᠯᠬᠤ ᠳᠤ ᠳᠣᠣᠷ᠎ᠠ ᠵᠢᠭᠰᠠᠭᠠᠭᠰᠠᠨ ᠦᠨᠳᠦᠰᠦᠨ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠢ᠄      ︵ᠨᠢᠭᠡ︶ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠪᠠ ᠬᠠᠮᠢᠶᠠᠷᠤᠯᠲᠠ ᠶᠢᠨ ᠲᠦᠷᠢᠮ ᠲᠠᠢ ᠪᠠᠶᠢᠬᠤ︔      ︵ᠬᠤᠶᠠᠷ︶ ᠪᠣᠯᠪᠠᠰᠤᠷᠠᠭᠤᠯᠤᠯ ᠤᠨ ᠡᠭᠦᠷᠭᠡ ᠯᠦᠭᠡ ᠲᠣᠬᠢᠷᠠᠯᠴᠠᠭᠰᠠᠨ ᠬᠢᠴᠢᠶᠡᠯ ᠤᠨ ᠳᠣᠭᠲᠠᠯᠴᠠᠭ᠎ᠠ᠂ ᠪᠠᠭᠰᠢ ᠪᠤᠶᠤ ᠪᠤᠰᠤᠳ ᠬᠢᠴᠢᠶᠡᠯᠯᠡᠭᠴᠢ᠂ ᠬᠠᠮᠢᠶᠠᠷᠤᠯᠲᠠ ᠶᠢᠨ ᠠᠵᠢᠯᠲᠠᠨ ᠲᠠᠢ ᠪᠠᠶᠢᠬᠤ︔      ︵ᠭᠤᠷᠪᠠ︶ ᠪᠣᠯᠪᠠᠰᠤᠷᠠᠭᠤᠯᠤᠯ ᠤᠨ ᠡᠭᠦᠷᠭᠡ ᠯᠦᠭᠡ ᠲᠣᠬᠢᠷᠠᠭᠰᠠᠨ᠂ ᠠᠶᠤᠯ ᠦᠭᠡᠶ ᠶᠢᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠷᠢ ᠲᠠᠯᠠᠪᠤᠷ᠂ ᠪᠡᠯᠡᠳᠬᠡᠮᠵᠢ᠂ ᠲᠥᠬᠦᠭᠡᠷᠦᠮᠵᠢ ᠲᠠᠢ ᠪᠠᠶᠢᠬᠤ︔      ︵ᠳᠥᠷᠪᠡ︶ ᠵᠣᠬᠢᠴᠠᠩᠭᠤᠶ ᠵᠠᠷᠤᠳᠠᠯ ᠲᠠᠢ ᠪᠠᠶᠢᠬᠤ᠃ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠪᠠᠶᠢᠭᠤᠯᠬᠤ᠂ ᠬᠤᠪᠢᠷᠠᠭᠤᠯᠬᠤ ᠪᠠ ᠵᠣᠭᠰᠣᠭᠠᠬᠤ ᠳᠤ ᠤᠯᠤᠰ ᠤᠨ ᠬᠤᠯᠪᠤᠭᠳᠠᠬᠤ ᠲᠣᠭᠲᠠᠭᠠᠯ ᠶᠣᠰᠤ ᠪᠠᠷ ᠬᠡᠷᠡᠭᠵᠢᠭᠦᠯᠦᠨ᠎ᠡ᠃      ᠭᠤᠴᠢᠨ ᠲᠠᠪᠤᠳᠤᠭᠠᠷ ᠵᠦᠢᠯ    ᠠᠯᠪᠠᠨ ᠠᠴᠠ ᠡᠷᠬᠢᠯᠡᠭᠰᠡᠨ ᠠᠵᠢᠯ ᠮᠡᠷᠭᠡᠵᠢᠯ ᠤᠨ ᠰᠤᠷᠭᠠᠭᠤᠯᠢ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠵᠢᠯ ᠮᠡᠷᠭᠡᠵᠢᠯ ᠤᠨ ᠰᠤᠷᠭᠠᠭᠤᠯᠢ ᠶᠢᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠭᠰᠠᠨ ᠰᠤᠷᠭᠠᠭᠤᠯᠢ ᠶᠢᠨ ᠵᠠᠬᠢᠷᠤᠯ ᠬᠠᠷᠢᠭᠤᠴᠠᠬᠤ ᠳᠦᠷᠢᠮ ᠢ ᠬᠡᠷᠡᠭᠵᠢᠭᠦᠯᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠵᠢᠯ ᠮᠡᠷᠭᠡᠵᠢᠯ ᠤᠨ ᠰᠤᠷᠭᠠᠭᠤᠯᠢ ᠶᠢᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠳᠦᠷᠢᠮ ᠪᠣᠯᠤᠨ ᠬᠤᠯᠪᠤᠭᠳᠠᠬᠤ ᠲᠣᠭᠲᠠᠭᠠᠯ ᠶᠣᠰᠤ ᠪᠠᠷ ᠰᠤᠷᠭᠠᠭᠤᠯᠢ ᠶᠢᠨ ᠠᠵᠢᠯ ᠢ ᠪᠦᠬᠦ ᠲᠠᠯ᠎ᠠ ᠪᠠᠷ ᠤᠳᠤᠷᠢᠳᠴᠤ ᠂ ᠰᠤᠷᠭᠠᠭᠤᠯᠢ ᠶᠢᠨ ᠵᠠᠬᠢᠷᠤᠯ ᠤᠨ ᠡᠷᠬᠡ ᠲᠤᠰᠢᠶᠠᠯ ᠢᠶᠠᠨ ᠪᠡᠶ᠎ᠡ ᠪᠠᠨ ᠳᠠᠭᠠᠭᠠᠵᠤ ᠬᠠᠷᠢᠭᠤᠴᠠᠨ ᠬᠡᠷᠡᠭᠵᠢᠭᠦᠯᠬᠦ ᠶᠢ ᠳᠡᠮᠵᠢᠨ᠎ᠡ᠃ ᠠᠷᠠᠳ ᠠᠴᠠ ᠡᠷᠭᠢᠯᠡᠭᠰᠡᠨ ᠠᠵᠢᠯ ᠮᠡᠷᠭᠡᠵᠢᠯ ᠤᠨ ᠰᠤᠷᠭᠠᠭᠤᠯᠢ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠣᠭᠲᠠᠴᠠ ᠪᠠᠨ ᠬᠠᠤᠯᠢ ᠶᠣᠰᠤ ᠪᠠᠷ ᠲᠡᠭᠦᠯᠳᠡᠷᠵᠢᠭᠦᠯᠵᠦ᠂ ᠰᠤᠷᠭᠠᠭᠤᠯᠢ ᠶᠢᠨ ᠢᠶᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠤᠯᠤᠰ ᠲᠥᠷᠥ ᠶᠢᠨ ᠴᠢᠳᠠᠮᠵᠢ ᠶᠢ ᠴᠢᠩᠭᠠᠷᠠᠭᠤᠯᠵᠤ᠂ ᠰᠤᠷᠭᠠᠭᠤᠯᠢ ᠶᠢᠨ ᠴᠢᠬᠤᠯᠠ ᠶᠡᠭᠡ ᠬᠡᠷᠡᠭ ᠶᠠᠪᠤᠳᠠᠯ ᠳᠤ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠬᠢᠨᠠᠯᠲᠠ ᠲᠠᠯᠪᠢᠬᠤ᠂ ᠬᠡᠷᠡᠭᠵᠢᠭᠦᠯᠬᠦ ᠡᠯ᠎ᠡ ᠭᠤᠭᠴᠤᠭ᠎ᠠ ᠳᠠᠬᠢ ᠦᠢᠯᠡᠳᠦᠯ ᠢ ᠪᠦᠲᠦᠮᠵᠢᠲᠡᠶ ᠪᠠᠳᠠᠷᠠᠭᠤᠯᠬᠤ ᠶᠢ ᠪᠠᠲᠤᠯᠠᠨ᠎ᠠ᠃ ᠰᠤᠷᠭᠠᠭᠤᠯᠢ ᠶᠢᠨ ᠵᠠᠬᠢᠷᠤᠯ ᠲᠤᠰ ᠰᠤᠷᠭᠠᠭᠤᠯᠢ ᠶᠢᠨ ᠢᠶᠠᠨ ᠵᠢᠭᠠᠨ ᠰᠤᠷᠭᠠᠯᠲᠠ᠂ ᠰᠢᠨᠵᠢᠯᠡᠬᠦ ᠤᠬᠠᠭᠠᠨ ᠤ ᠰᠤᠳᠤᠯᠭᠠᠨ ᠪᠠ ᠪᠤᠰᠤᠳ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠠᠵᠢᠯ ᠢ ᠪᠦᠬᠦ ᠲᠠᠯ᠎ᠠ ᠪᠠᠷ ᠬᠠᠷᠢᠭᠤᠴᠠᠨ᠎ᠠ᠃      ᠰᠤᠷᠭᠠᠭᠤᠯᠢ ᠶᠢᠨ ᠵᠠᠬᠢᠷᠤᠯ ᠨᠢ ᠰᠤᠷᠭᠠᠭᠤᠯᠢ ᠶᠢᠨ ᠵᠠᠬᠢᠷᠤᠯ ᠤᠨ ᠠᠯᠪᠠᠨ ᠤ ᠬᠤᠷᠠᠯ ᠪᠤᠶᠤ ᠰᠤᠷᠭᠠᠭᠤᠯᠢ ᠶᠢᠨ ᠶᠠᠪᠤᠳᠠᠯ ᠤᠨ ᠬᠤᠷᠠᠯ ᠢᠶᠠᠷ ᠳᠠᠮᠵᠢᠨ ᠡᠷᠬᠡ ᠲᠤᠰᠢᠶᠠᠯ ᠢᠶᠠᠨ ᠬᠡᠷᠡᠭᠵᠢᠭᠦᠯᠵᠦ᠂ ᠬᠠᠤᠯᠢ ᠶᠣᠰᠤ ᠪᠠᠷ ᠬᠢᠨᠠᠯᠲᠠ ᠲᠠᠯᠪᠢᠬᠤ ᠶᠢ ᠬᠦᠯᠢᠶᠡᠨ᠎ᠡ᠃      ᠠᠵᠢᠯ ᠮᠡᠷᠭᠡᠵᠢᠯ ᠤᠨ ᠰᠤᠷᠭᠠᠭᠤᠯᠢ ᠵᠦᠪᠯᠡᠯᠭᠡ ᠥᠭᠬᠦ᠂ ᠵᠥᠪᠳᠡᠯᠴᠡᠬᠦ ᠵᠡᠷᠭᠡ ᠣᠯᠠᠨ ᠵᠦᠢᠯ ᠤᠨ ᠬᠡᠯᠪᠡᠷᠢ ᠮᠠᠶ᠋ᠢᠭ ᠢᠶᠠᠷ ᠳᠠᠮᠵᠢᠭᠤᠯᠤᠨ᠂ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ᠂ ᠠᠵᠤ ᠠᠬᠤᠶᠢᠯᠠᠯ᠂ ᠰᠤᠷᠭᠠᠭᠤᠯᠢ ᠲᠡᠭᠦᠰᠦᠭᠰᠡᠳ ᠵᠡᠷᠭᠡ ᠲᠠᠯ᠎ᠠ ᠶᠢᠨ ᠬᠢᠨ ᠤ ᠲᠥᠯᠥᠭᠡᠯᠡᠭᠴᠢ ᠶᠢᠨ ᠰᠠᠨᠠᠯ ᠢ ᠰᠣᠨᠣᠰᠴᠤ᠂ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠳᠤ ᠣᠷᠣᠯᠴᠠᠬᠤ᠂ ᠰᠤᠷᠭᠠᠭᠤᠯᠢ ᠶᠢᠨ ᠬᠥᠭᠵᠢᠯᠲᠡ ᠶᠢ ᠳᠡᠮᠵᠢᠬᠦ ᠦᠢᠯᠡᠳᠦᠯ ᠢ ᠪᠠᠳᠠᠷᠠᠭᠤᠯᠵᠤ ᠪᠣᠯᠤᠨ᠎ᠠ᠃       ᠭᠤᠴᠢᠨ ᠵᠢᠷᠭᠤᠳᠤᠭᠠᠷ ᠵᠦᠢᠯ    ᠠᠵᠢᠯ ᠮᠡᠷᠭᠡᠵᠢᠯ ᠤᠨ ᠰᠤᠷᠭᠠᠭᠤᠯᠢ ᠬᠠᠤᠯᠢ ᠶᠣᠰᠤ ᠪᠠᠷ ᠰᠤᠷᠭᠠᠭᠤᠯᠢ ᠡᠷᠬᠢᠯᠡᠵᠦ᠂ ᠳᠦᠷᠢᠮ ᠢᠶᠠᠨ ᠦᠨᠳᠦᠰᠦᠯᠡᠨ ᠡᠵᠡᠨ ᠮᠡᠳᠡᠨ ᠬᠠᠮᠢᠶᠠᠷᠬᠤ ᠬᠡᠷᠡᠭᠲᠡᠶ᠃      ᠠᠵᠢᠯ ᠮᠡᠷᠭᠡᠵᠢᠯ ᠤᠨ ᠰᠤᠷᠭᠠᠭᠤᠯᠢ ᠰᠤᠷᠭᠠᠭᠤᠯᠢ ᠡᠷᠬᠢᠯᠡᠬᠦ ᠳᠤ ᠪᠠᠨ ᠳᠣᠣᠷ᠎ᠠ ᠵᠢᠭᠰᠠᠭᠠᠭᠰᠠᠨ ᠠᠵᠢᠯᠯᠠᠭ᠎ᠠ ᠢ ᠥᠷᠨᠢᠭᠦᠯᠵᠦ ᠪᠣᠯᠤᠨ᠎ᠠ᠄       ︵ᠨᠢᠭᠡ︶ ᠠᠵᠤ ᠦᠢᠯᠡᠰ ᠤᠨ ᠬᠡᠷᠡᠭᠴᠡᠭᠡ ᠶᠢ ᠦᠨᠳᠦᠰᠦᠯᠡᠨ᠂ ᠲᠤᠰᠬᠠᠶ ᠮᠡᠷᠭᠡᠵᠢᠯ ᠢ ᠬᠠᠤᠯᠢ ᠶᠣᠰᠤ ᠪᠠᠷ ᠡᠵᠡᠨ ᠮᠡᠳᠡᠨ ᠪᠠᠶᠢᠷᠢᠯᠠᠭᠤᠯᠤᠨ᠎ᠠ︔       ︵ᠬᠤᠶᠠᠷ︶ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠠᠷᠢᠮᠵᠢᠶ᠎ᠠ ᠳᠤ ᠰᠠᠭᠤᠷᠢᠯᠠᠨ ᠴᠢᠳᠠᠪᠤᠷᠢᠲᠠᠨ ᠢ ᠬᠥᠮᠦᠵᠢᠭᠦᠯᠬᠦ ᠲᠥᠰᠦᠯ ᠢ ᠲᠣᠭᠲᠠᠭᠠᠵᠤ᠂ ᠲᠤᠰᠬᠠᠶ ᠮᠡᠷᠭᠡᠵᠢᠯ ᠤᠨ ᠬᠢᠴᠢᠶᠡᠯ ᠤᠨ ᠵᠢᠭᠠᠬᠤ ᠮᠠᠲ᠋ᠧᠷᠢᠶᠠᠯ ᠢ ᠬᠠᠤᠯᠢ ᠶᠣᠰᠣ ᠪᠠᠷ ᠡᠵᠡᠨ ᠮᠡᠳᠡᠨ ᠰᠣᠩᠭᠤᠨ ᠬᠡᠷᠡᠭᠯᠡᠬᠦ ᠪᠤᠶᠤ ᠨᠠᠶᠢᠷᠠᠭᠤᠯᠤᠨ ᠪᠢᠴᠢᠨ᠎ᠡ︔       ︵ᠭᠤᠷᠪᠠ︶ ᠮᠡᠷᠭᠡᠵᠢᠯ ᠤᠨ ᠤᠷ᠎ᠠ ᠴᠢᠳᠠᠪᠤᠷᠢᠲᠤ ᠴᠢᠳᠠᠪᠤᠷᠢᠲᠠᠨ ᠢ ᠬᠥᠮᠦᠵᠢᠭᠦᠯᠬᠦ ᠬᠡᠷᠡᠭᠴᠡᠭᠡ ᠶᠢ ᠦᠨᠳᠦᠰᠦᠯᠡᠨ᠂ ᠰᠤᠷᠤᠯᠴᠠᠬᠤ ᠲᠦᠷᠢᠮ ᠢ ᠡᠵᠡᠨ ᠮᠡᠳᠡᠨ ᠳᠣᠭᠲᠠᠭᠠᠵᠤ᠂ ᠵᠢᠭᠠᠨ ᠰᠤᠷᠭᠠᠬᠤ ᠶᠠᠪᠤᠴᠠ ᠶᠢ ᠲᠤᠬᠢᠷᠠᠭᠤᠯᠤᠨ᠎ᠠ︔      ︵ᠲᠦᠷᠪᠡ︶ ᠰᠤᠷᠤᠯᠭ᠎ᠠ ᠶᠢᠨ ᠦᠨᠳᠦᠰᠦᠨ ᠲᠦᠷᠢᠮ ᠤᠨ ᠰᠠᠭᠤᠷᠢᠨ ᠳᠡᠭᠡᠷ᠎ᠡ ᠰᠤᠷᠭᠠᠭᠤᠯᠢ ᠳᠤ ᠰᠤᠷᠦᠯᠴᠡᠬᠤ ᠬᠤᠭᠤᠴᠠᠭ᠎ᠠ ᠶᠢ ᠵᠣᠬᠢᠰᠲᠠᠢ ᠲᠤᠬᠢᠷᠡᠭᠤᠯᠵᠦ ᠂ ᠤᠶᠠᠨ ᠬᠠᠳᠡᠠ ᠰᠤᠷᠦᠯᠴᠡᠬᠤ ᠲᠦᠷᠢᠮ ᠢ ᠬᠡᠷᠡᠭᠵᠢᠭᠦᠯᠦᠨ᠎ᠡ︔      ︵ᠲᠠᠪᠤ︶ ᠲᠤᠰᠬᠠᠶ ᠮᠡᠷᠭᠡᠵᠢᠯ ᠤᠨ ᠬᠢᠴᠢᠶᠡᠯ ᠤᠨ ᠪᠠᠭᠰᠢ ᠶᠢ ᠬᠠᠤᠯᠢ ᠶᠣᠰᠤ ᠪᠠᠷ ᠡᠵᠡᠨ ᠮᠡᠳᠡᠵᠦ ᠰᠣᠩᠭᠤᠨ ᠤᠷᠢᠨ᠎ᠠ᠃       ᠭᠤᠴᠢᠨ ᠳᠣᠯᠣᠳᠤᠭᠠᠷ ᠵᠦᠢᠯ     ᠤᠯᠤᠰ ᠠᠴᠠ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠣᠨᠴᠠᠯᠢᠭ ᠲᠤ ᠨᠡᠶᠢᠴᠡᠭᠰᠡᠨ ᠰᠢᠯᠭᠠᠯᠲᠠ ᠪᠠᠷ ᠰᠤᠷᠤᠭᠴᠢ ᠡᠯᠰᠡᠬᠦ ᠳᠦᠷᠢᠮ ᠢ ᠪᠠᠶᠢᠭᠤᠯᠤᠨ᠎ᠠ᠃ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠤᠯᠤᠰ ᠤᠨ ᠬᠤᠯᠪᠤᠭᠳᠠᠬᠤ ᠲᠣᠭᠲᠠᠭᠠᠯ ᠶᠣᠰᠤ ᠪᠠᠷ ᠬᠤᠯᠪᠤᠭᠳᠠᠬᠤ ᠲᠤᠰᠬᠠᠶ ᠮᠡᠷᠭᠡᠵᠢᠯ ᠳᠤ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠭᠠᠨ ᠬᠥᠮᠦᠵᠢᠯ ᠯᠦᠭᠡ ᠨᠡᠪᠲᠡᠷᠡᠭᠰᠡᠨ ᠰᠤᠷᠤᠭᠴᠢ ᠡᠯᠰᠡᠬᠦ ᠪᠠ ᠬᠥᠮᠦᠵᠢᠭᠦᠯᠬᠦ ᠶᠢ ᠬᠡᠷᠡᠭᠵᠢᠭᠦᠯᠵᠦ ᠪᠣᠯᠤᠨ᠎ᠠ᠃ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠬᠢᠨ ᠤᠯᠤᠰ ᠤᠨ ᠬᠤᠯᠪᠤᠭᠳᠠᠬᠤ ᠲᠣᠭᠲᠠᠭᠠᠯ ᠶᠣᠰᠤ ᠪᠠᠷ ᠰᠣᠶᠣᠯ ᠤᠨ ᠬᠡᠪ ᠴᠢᠨᠠᠷ ᠪᠣᠯᠤᠨ ᠡᠷᠬᠢᠯᠡᠭᠰᠡᠨ ᠠᠵᠢᠯ ᠤᠨ ᠮᠡᠷᠭᠡᠵᠢᠯ ᠴᠢᠳᠠᠪᠤᠷᠢ ᠶᠢ ᠤᠶᠠᠯᠳᠤᠭᠤᠯᠤᠭᠰᠠᠨ ᠬᠢᠨᠠᠨ ᠰᠢᠯᠭᠠᠬᠤ ᠠᠷᠭ᠎ᠠ ᠮᠠᠶ᠋ᠢᠭ ᠢ ᠠᠪᠴᠤ ᠰᠤᠷᠤᠭᠴᠢ ᠡᠯᠰᠡᠵᠦ ᠪᠣᠯᠤᠨ᠎ᠠ︔ ᠲᠤᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠮᠡᠷᠭᠡᠵᠢᠯ ᠤᠨ ᠤᠷ᠎ᠠ ᠴᠢᠳᠠᠪᠤᠷᠢᠲᠤ ᠴᠢᠳᠠᠪᠤᠷᠢᠲᠠᠨ ᠢ ᠬᠢᠨᠠᠨ ᠰᠢᠯᠭᠠᠭᠠᠳ ᠬᠢᠷᠢ ᠲᠡᠩᠴᠡᠪᠡᠯ ᠳᠦᠷᠢᠮ ᠠᠴᠠ ᠳᠠᠪᠠᠭᠤᠯᠤᠨ ᠡᠯᠰᠡᠵᠦ ᠪᠣᠯᠤᠨ᠎ᠠ᠃       ᠮᠤᠵᠢ ᠶᠢᠨ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠢᠨ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠤᠯᠪᠤᠭᠳᠠᠬᠤ ᠰᠠᠯᠠᠭ᠎ᠠ ᠮᠥᠴᠢᠷ ᠲᠠᠢ ᠬᠠᠮᠲᠤᠷᠠᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠨᠢᠭᠡᠳᠦᠯᠲᠡᠶ ᠰᠤᠷᠤᠭᠴᠢ ᠡᠯᠰᠡᠬᠦ ᠲᠠᠪᠴᠠᠩ ᠢ ᠪᠠᠶᠢᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠬᠡᠷᠡᠭᠵᠢᠭᠦᠯᠬᠦ ᠰᠤᠷᠭᠠᠭᠤᠯᠢ ᠵᠢᠴᠢ ᠲᠤᠰᠬᠠᠶ ᠮᠡᠷᠭᠡᠵᠢᠯ ᠤᠨ ᠪᠠᠶᠢᠷᠢᠯᠠᠭᠤᠯᠤᠯᠲᠠ᠂ ᠰᠤᠷᠤᠭᠴᠢ ᠡᠯᠰᠡᠭᠰᠡᠨ ᠪᠠᠶᠢᠳᠠᠯ ᠵᠡᠷᠭᠡ ᠮᠡᠳᠡᠭᠡ ᠵᠠᠩᠭᠢ ᠶᠢ ᠬᠤᠷᠢᠶᠠᠩᠭᠤᠶᠢᠯᠠᠨ ᠨᠡᠶᠢᠲᠡᠯᠡᠵᠦ᠂ ᠪᠠᠶᠢᠴᠠᠭᠠᠨ ᠯᠠᠪᠯᠠᠬᠤ᠂ ᠨᠡᠷ᠎ᠡ ᠮᠡᠳᠡᠭᠦᠯᠬᠦ ᠵᠡᠷᠭᠡ ᠦᠢᠯᠡᠴᠢᠯᠡᠭᠡ ᠶᠢ ᠬᠠᠩᠭᠠᠨ᠎ᠠ᠃      ᠭᠤᠴᠢᠨ ᠨᠠᠢᠮᠠᠳᠤᠭᠠᠷ ᠵᠦᠢᠯ   ᠠᠵᠢᠯ ᠮᠡᠷᠭᠡᠵᠢᠯ ᠤᠨ ᠰᠤᠷᠭᠠᠭᠤᠯᠢ ᠶᠢᠨ ᠬᠢᠨ ᠰᠤᠷᠭᠠᠭᠤᠯᠢ ᠶᠢᠨ ᠰᠤᠷᠲᠠᠯ ᠰᠤᠷᠤᠯᠴᠠᠬᠤ ᠰᠤᠷᠲᠠᠯ᠂ ᠪᠠᠭᠰᠢ ᠶᠢᠨ ᠮᠣᠷᠠᠯ ᠰᠤᠷᠲᠠᠯ ᠤᠨ ᠪᠠᠶᠢᠭᠤᠯᠤᠯᠲᠠ ᠪᠠᠨ ᠴᠢᠩᠭᠠᠳᠬᠠᠵᠤ᠂ ᠰᠠᠶᠢᠨ ᠰᠠᠶᠢᠬᠠᠨ ᠰᠤᠷᠤᠯᠴᠠᠬᠤ ᠣᠷᠴᠢᠨ ᠲᠣᠭᠤᠷᠢᠨ ᠢ ᠪᠣᠶ ᠪᠣᠯᠭᠠᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠴᠢᠨᠠᠷ ᠴᠢᠨᠰᠠᠭ᠎ᠠ ᠶᠢ ᠪᠠᠲᠤᠯᠠᠬᠤ ᠬᠡᠷᠡᠭᠲᠡᠶ᠃      ᠭᠤᠴᠢ ᠶᠢᠰᠦᠳᠦᠭᠡᠷ ᠵᠦᠢᠯ     ᠠᠵᠢᠯ ᠮᠡᠷᠭᠡᠵᠢᠯ ᠤᠨ ᠰᠤᠷᠭᠠᠭᠤᠯᠢ ᠶᠢᠨ ᠬᠢᠨ ᠠᠵᠢᠯ ᠣᠯᠵᠤ ᠦᠢᠯᠡᠰ ᠪᠣᠰᠬᠠᠬᠤ ᠶᠢ ᠠᠬᠢᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠣᠯᠠᠨ ᠵᠦᠢᠯ ᠤᠨ ᠬᠡᠯᠪᠡᠷᠢ ᠪᠠᠷ ᠰᠤᠷᠤᠭᠴᠢᠳ ᠲᠤ ᠠᠵᠢᠯ ᠮᠡᠷᠭᠡᠵᠢᠯ ᠢ ᠲᠥᠯᠦᠪᠵᠢᠭᠦᠯᠬᠦ᠂ ᠠᠵᠢᠯ ᠮᠡᠷᠭᠡᠵᠢᠯ ᠢ ᠣᠶᠢᠯᠠᠭᠠᠭᠤᠯᠬᠤ ᠂ ᠠᠵᠢᠯ ᠡᠷᠢᠬᠦ ᠶᠢ ᠵᠢᠯᠣᠭᠤᠳᠬᠤ ᠵᠡᠷᠭᠡ ᠠᠵᠢᠯ ᠣᠯᠵᠤ ᠦᠢᠯᠡᠰ ᠪᠣᠰᠬᠠᠬᠤ ᠦᠢᠯᠡᠴᠢᠯᠡᠭᠡ ᠶᠢ ᠬᠠᠩᠭᠠᠵᠤ᠂ ᠰᠤᠷᠤᠭᠴᠢᠳ ᠤᠨ ᠠᠵᠢᠯ ᠣᠯᠵᠤ ᠦᠢᠯᠡᠰ ᠪᠣᠰᠬᠠᠬᠤ ᠴᠢᠳᠠᠪᠤᠷᠢ ᠶᠢ ᠨᠡᠮᠡᠭᠳᠡᠭᠦᠯᠬᠦ ᠬᠡᠷᠡᠭᠲᠡᠶ᠃      ᠳᠥᠴᠢᠳᠦᠭᠡᠷ ᠵᠦᠢᠯ   ᠠᠵᠢᠯ ᠮᠡᠷᠭᠡᠵᠢᠯ ᠤᠨ ᠰᠤᠷᠭᠠᠭᠤᠯᠢ᠂ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠬᠡᠷᠡᠭᠵᠢᠭᠦᠯᠬᠦ ᠳᠤ ᠪᠠᠨ ᠠᠵᠤ ᠦᠢᠯᠡᠰ ᠪᠠ ᠰᠤᠷᠭᠠᠨ ᠬᠥᠮᠦᠵᠢᠯ ᠤᠨ ᠠᠭᠤᠰᠤᠯᠴᠠᠭ᠎ᠠ ᠶᠢ ᠴᠢᠬᠤᠯᠠᠴᠢᠯᠠᠵᠤ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠬᠡᠷᠡᠭᠵᠢᠭᠦᠯᠬᠦ ᠬᠡᠷᠡᠭᠲᠡᠢ᠃ ᠠᠵᠢᠯ ᠮᠡᠷᠭᠡᠵᠢᠯ ᠤᠨ ᠰᠤᠷᠭᠠᠭᠤᠯᠢ᠂ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠨᠢ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ᠂ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠵᠡᠷᠭᠡ ᠯᠦᠭᠡ ᠬᠠᠮᠲᠤ ᠪᠠᠷ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠠᠶᠢᠭᠤᠯᠤᠮᠵᠢ ᠶᠢ ᠡᠷᠬᠢᠯᠡᠬᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠦᠯᠦᠭᠯᠡᠯ ᠢ ᠵᠣᠬᠢᠶᠠᠨ ᠪᠠᠶᠢᠭᠤᠯᠬᠤ᠂ ᠵᠠᠬᠢᠶᠠᠯᠠᠭ᠎ᠠ ᠪᠠᠷ ᠬᠥᠮᠦᠵᠢᠭᠦᠯᠬᠦ ᠵᠡᠷᠭᠡ ᠣᠯᠠᠨ ᠵᠦᠢᠯ ᠤᠨ ᠬᠡᠯᠪᠡᠷᠢ ᠮᠠᠶ᠋ᠢᠭ ᠢᠶᠠᠷ ᠳᠠᠮᠵᠢᠭᠤᠯᠤᠨ ᠬᠤᠷᠰᠢᠶᠠᠯᠠᠵᠤ ᠪᠣᠯᠤᠨ᠎ᠠ᠃      ᠤᠯᠤᠰ ᠠᠴᠠ ᠠᠵᠢᠯ ᠮᠡᠷᠭᠡᠵᠢᠯ ᠤᠨ ᠰᠤᠷᠭᠠᠭᠤᠯᠢ ᠶᠢᠨ ᠰᠣᠷᠣᠭᠴᠢ ᠡᠯᠰᠡᠵᠦ ᠠᠵᠢᠯ ᠣᠯᠭᠤᠬᠤ᠂ ᠴᠢᠳᠠᠪᠤᠷᠢᠲᠠᠨ ᠢ ᠬᠥᠮᠦᠵᠢᠭᠦᠯᠬᠦ ᠲᠥᠰᠦᠯ ᠲᠣᠭᠲᠠᠭᠠᠬᠤ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ᠂ ᠲᠤᠰᠬᠠᠶ ᠮᠡᠷᠭᠡᠵᠢᠯ ᠤᠨ ᠲᠥᠯᠥᠪᠵᠢᠭᠦᠯᠭᠡ᠂ ᠬᠢᠴᠢᠶᠡᠯ ᠤᠨ ᠲᠣᠬᠢᠷᠠᠭᠤᠯᠤᠯᠲᠠ᠂ ᠵᠢᠭᠠᠬᠤ ᠮᠠᠲ᠋ᠧᠷᠢᠶᠠᠯ ᠤᠨ ᠨᠡᠭᠡᠭᠡᠯᠲᠡ᠂ ᠵᠢᠭᠠᠨ ᠰᠤᠷᠭᠠᠯᠲᠠ ᠶᠢᠨ ᠵᠢᠷᠤᠭ ᠲᠥᠯᠥᠪᠯᠡᠭᠡ᠂ ᠵᠢᠭᠠᠨ ᠰᠤᠷᠭᠠᠯᠲᠠ ᠶᠢᠨ ᠬᠡᠷᠡᠭᠵᠢᠭᠦᠯᠦᠯᠲᠡ᠂ ᠴᠢᠨᠠᠷ ᠴᠢᠨᠰᠠᠭ᠎ᠠ ᠶᠢᠨ ᠦᠨᠡᠯᠡᠯᠲᠡ᠂ ᠰᠢᠨᠵᠢᠯᠡᠬᠦ ᠤᠬᠠᠭᠠᠨ ᠤ ᠰᠤᠳᠤᠯᠭᠠᠨ᠂ ᠮᠡᠷᠭᠡᠵᠢᠯ ᠤᠨ ᠦᠢᠯᠡᠴᠢᠯᠡᠭᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠵᠢᠴᠢ ᠮᠡᠷᠭᠡᠵᠢᠯ ᠤᠨ ᠤᠷ᠎ᠠ ᠴᠢᠳᠠᠪᠤᠷᠢ ᠶᠢᠨ ᠰᠢᠨ᠎ᠡ ᠶᠢ ᠡᠭᠦᠳᠬᠦ ᠲᠠᠪᠴᠠᠩ᠂ ᠲᠤᠰᠬᠠᠶᠢᠵᠢᠭᠰᠠᠨ ᠮᠡᠷᠭᠡᠵᠢᠯ ᠢ ᠰᠢᠯᠵᠢᠭᠦᠯᠬᠦ ᠪᠠᠶᠢᠭᠤᠯᠤᠮᠵᠢ᠂ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠵᠡᠷᠭᠡ ᠲᠠᠯ᠎ᠠ ᠪᠠᠷ ᠬᠤᠯᠪᠤᠭᠳᠠᠬᠤ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ᠂ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠵᠡᠷᠭᠡ ᠯᠦᠭᠡ ᠬᠠᠮᠲᠤᠷᠠᠯᠴᠠᠭᠠᠨ ᠤ ᠲᠣᠭᠲᠠᠴᠠ ᠪᠠᠶᠢᠭᠤᠯᠬᠤ ᠶᠢ ᠵᠣᠷᠢᠭᠵᠢᠭᠤᠯᠤᠨ᠎ᠠ᠃ ᠬᠠᠮᠲᠤᠷᠠᠯᠴᠠᠭ᠎ᠠ ᠥᠷᠨᠢᠭᠦᠯᠬᠦ ᠳᠤ ᠬᠡᠯᠡᠯᠴᠡᠭᠡᠷ ᠲᠣᠭᠲᠠᠵᠤ᠂ ᠬᠤᠶᠠᠷ ᠲᠠᠯ᠎ᠠ ᠶᠢᠨ ᠡᠷᠬᠡ ᠪᠠ ᠡᠭᠦᠷᠭᠡ ᠶᠢ ᠲᠣᠳᠣᠷᠬᠠᠶᠢᠯᠠᠬᠤ ᠬᠡᠷᠡᠭᠲᠡᠢ᠃      ᠳᠥᠴᠢᠨ ᠨᠢᠭᠡᠳᠦᠭᠡᠷ ᠵᠦᠢᠯ   ᠠᠵᠢᠯ ᠮᠡᠷᠭᠡᠵᠢᠯ ᠤᠨ ᠰᠤᠷᠭᠠᠭᠤᠯᠢ᠂ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠥᠷᠨᠢᠭᠦᠯᠵᠦ᠂ ᠨᠡᠶᠢᠭᠡᠮ ᠤᠨ ᠦᠢᠯᠡᠴᠢᠯᠡᠭᠡ ᠬᠠᠩᠭᠠᠬᠤ ᠪᠤᠶᠤ ᠳᠠᠳᠤᠯᠭ᠎ᠠ ᠪᠣᠯᠪᠠᠰᠤᠷᠠᠯ ᠬᠢᠬᠦ ᠪᠠᠷ ᠵᠣᠷᠢᠯᠭ᠎ᠠ ᠪᠣᠯᠭᠠᠨ ᠠᠵᠤ ᠠᠬᠤᠶᠢᠯᠠᠯ ᠡᠷᠬᠢᠯᠡᠵᠦ᠂ ᠡᠵᠡᠩᠨᠡᠯᠲᠡ ᠶᠢᠨ ᠠᠵᠢᠯᠯᠠᠭ᠎ᠠ ᠥᠷᠨᠢᠭᠦᠯᠦᠭᠡᠳ ᠣᠯᠤᠭᠰᠠᠨ ᠣᠷᠣᠯᠭ᠎ᠠ ᠶᠢ ᠰᠤᠷᠭᠠᠭᠤᠯᠢ ᠡᠷᠬᠢᠯᠡᠬᠦ ᠨᠥᠬᠦᠴᠡᠯ ᠢᠶᠠᠨ ᠰᠠᠶᠢᠵᠢᠷᠠᠭᠤᠯᠬᠤ ᠳᠤ ᠬᠡᠷᠡᠭᠯᠡᠨ᠎ᠡ︔ ᠣᠷᠣᠯᠭ᠎ᠠ ᠶᠢᠨ ᠵᠣᠬᠢᠬᠤ ᠬᠠᠷᠢᠴᠠᠯ ᠢ ᠪᠠᠭᠰᠢ᠂ ᠠᠵᠤ ᠠᠬᠤᠶᠢᠯᠠᠯ ᠤᠨ ᠲᠤᠰᠬᠠᠶ ᠮᠡᠷᠭᠡᠵᠢᠯᠲᠡᠨ᠂ ᠭᠠᠳᠠᠨ᠎ᠠ ᠠᠴᠠ ᠤᠷᠢᠭᠳᠠᠭᠴᠢ ᠪᠠ ᠰᠤᠷᠭᠠᠨ ᠬᠥᠮᠦᠵᠢᠯ ᠬᠦᠷᠲᠡᠭᠴᠢ ᠶᠢᠨ ᠬᠥᠳᠡᠯᠮᠦᠷᠢ ᠶᠢᠨ ᠬᠥᠯᠥᠰᠥ ᠣᠯᠭᠤᠮᠵᠢ ᠶᠢ ᠥᠭᠬᠦ ᠳᠤ ᠬᠡᠷᠡᠭᠯᠡᠵᠦ ᠪᠣᠯᠤᠨ᠎ᠠ᠂ ᠪᠠᠰᠠ ᠬᠢᠷᠢ ᠪᠦᠲᠦᠮᠵᠢ ᠶᠢᠨ ᠴᠠᠯᠢᠩ ᠤᠨ ᠢᠷᠡᠯᠲᠡ ᠪᠣᠯᠭᠠᠵᠤ᠂ ᠤᠯᠤᠰ ᠤᠨ ᠲᠣᠭᠲᠠᠭᠠᠯ ᠳᠤ ᠨᠡᠶᠢᠴᠡᠪᠡᠯ ᠬᠢᠷᠢ ᠪᠦᠲᠦᠮᠵᠢ ᠶᠢᠨ ᠴᠠᠯᠢᠩ ᠤᠨ ᠶᠡᠷᠦᠩᠬᠡᠶ ᠬᠡᠮᠵᠢᠶ᠎ᠡ ᠶᠢᠨ ᠬᠢᠵᠠᠭᠠᠷᠯᠠᠯ ᠢ ᠬᠦᠯᠢᠶᠡᠬᠦ ᠦᠭᠡᠶ ᠪᠠᠶᠢᠵᠤ ᠪᠣᠯᠤᠨ᠎ᠠ᠃ ᠠᠵᠢᠯ ᠮᠡᠷᠭᠡᠵᠢᠯ ᠤᠨ ᠰᠤᠷᠭᠠᠭᠤᠯᠢ᠂ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠡᠮᠦᠨᠡᠬᠢ ᠵᠤᠷᠪᠤᠰ ᠲᠤ ᠲᠣᠭᠲᠠᠭᠠᠭᠰᠠᠨ ᠠᠵᠢᠯᠯᠠᠭ᠎ᠠ ᠶᠢ ᠬᠢᠬᠦ ᠳᠤ ᠤᠯᠤᠰ ᠤᠨ ᠬᠤᠯᠪᠤᠭᠳᠠᠬᠤ ᠲᠣᠭᠲᠠᠭᠠᠯ ᠳᠤ ᠨᠡᠶᠢᠴᠡᠪᠡᠯ᠂ ᠬᠤᠯᠪᠤᠭᠳᠠᠬᠤ ᠭᠠᠶᠢᠯᠢ ᠪᠠ ᠰᠦᠢᠳᠬᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠦᠷᠲᠡᠨ᠎ᠡ᠃      ᠳᠥᠴᠢᠨ ᠬᠤᠶᠠᠳᠤᠭᠠᠷ ᠵᠦᠢᠯ    ᠠᠵᠢᠯ ᠮᠡᠷᠭᠡᠵᠢᠯ ᠤᠨ ᠰᠤᠷᠭᠠᠭᠤᠯᠢ ᠶᠢᠨ ᠬᠢᠨ ᠳᠣᠭᠲᠠᠭᠰᠠᠨ ᠰᠦᠢᠳᠬᠡᠯ ᠬᠤᠷᠢᠶᠠᠬᠤ ᠪᠠᠷᠢᠮᠵᠢᠶ᠎ᠠ ᠪᠠ ᠠᠷᠭ᠎ᠠ ᠶᠢᠨ ᠶᠣᠰᠤ ᠪᠠᠷ ᠰᠤᠷᠤᠯᠭ᠎ᠠ ᠶᠢᠨ ᠰᠦᠢᠳᠬᠡᠯ ᠪᠠ ᠪᠤᠰᠤᠳ ᠴᠢᠬᠤᠯᠠ ᠪᠦᠬᠦᠢ ᠰᠦᠢᠳᠬᠡᠯ ᠢ ᠬᠤᠷᠢᠶᠠᠨ᠎ᠠ︔ ᠤᠯᠤᠰ ᠠᠴᠠ ᠲᠣᠭᠲᠠᠭᠠᠭᠰᠠᠨ ᠨᠥᠬᠦᠴᠡᠯ ᠳᠤ ᠨᠡᠶᠢᠴᠡᠭᠰᠡᠨ ᠪᠣᠯ ᠬᠠᠰᠤᠵᠤ ᠬᠡᠯᠲᠦᠷᠢᠭᠦᠯᠬᠦ ᠬᠡᠷᠡᠭᠲᠡᠶ︔ ᠠᠵᠢᠯ ᠲᠠᠨᠢᠯᠴᠠᠭᠤᠯᠬᠤ᠂ ᠳᠠᠳᠤᠯᠭ᠎ᠠ ᠪᠣᠯᠪᠠᠰᠤᠷᠠᠯ ᠬᠢᠬᠦ ᠵᠡᠷᠭᠡ ᠨᠡᠷ᠎ᠡ ᠪᠠᠷ ᠬᠠᠤᠯᠢ ᠶᠢ ᠵᠥᠷᠢᠴᠡᠨ ᠰᠦᠢᠳᠭᠡᠯ ᠬᠤᠷᠢᠶᠠᠵᠤ ᠪᠣᠯᠬᠤ ᠥᠬᠡᠶ᠃ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ᠂ ᠠᠵᠢᠯ ᠮᠡᠷᠭᠡᠵᠢᠯ ᠤᠨ ᠰᠤᠷᠭᠠᠭᠤᠯᠢ ᠨᠡᠶᠢᠭᠡᠮ ᠳᠤ ᠬᠠᠨᠳᠤᠭᠤᠯᠤᠨ ᠪᠣᠯᠪᠠᠰᠤᠷᠠᠭᠤᠯᠤᠯ ᠥᠷᠨᠢᠭᠦᠯᠦᠭᠰᠡᠨ ᠪᠣᠯ ᠤᠯᠤᠰ ᠤᠨ ᠬᠤᠯᠪᠤᠭᠳᠠᠬᠤ ᠲᠣᠭᠲᠠᠭᠠᠯ ᠶᠣᠰᠤ ᠪᠠᠷ ᠰᠦᠢᠳᠬᠡᠯ ᠬᠤᠷᠢᠶᠠᠨ᠎ᠠ᠃      ᠳᠥᠴᠢᠨ ᠭᠤᠷᠪᠠᠳᠤᠭᠠᠷ ᠵᠦᠢᠯ    ᠠᠵᠢᠯ ᠮᠡᠷᠭᠡᠵᠢᠯ ᠤᠨ ᠰᠤᠷᠭᠠᠭᠤᠯᠢ᠂ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠬᠢᠨ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ ᠦᠨᠡᠯᠡᠬᠦ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ᠂ ᠠᠵᠤ ᠠᠬᠤᠶᠢᠯᠠᠯ ᠵᠡᠷᠭᠡ ᠶᠢ ᠰᠢᠩᠭᠡᠭᠡᠨ ᠠᠪᠴᠤ ᠦᠨᠡᠯᠡᠬᠦ ᠳᠤ ᠣᠷᠣᠯᠴᠠᠭᠤᠯᠬᠤ ᠶᠢᠨ ᠬᠠᠮᠲᠤ ᠬᠤᠯᠪᠤᠭᠳᠠᠬᠤ ᠮᠡᠳᠡᠭᠡ ᠵᠠᠩᠭᠢ ᠶᠢ ᠳᠠᠷᠤᠢ ᠳᠤ ᠨᠢ ᠢᠯᠡ ᠪᠣᠯᠭᠠᠵᠤ᠂ ᠰᠤᠷᠭᠠᠨ ᠬᠥᠮᠦᠵᠢᠯ ᠢ ᠬᠢᠨᠠᠨ ᠵᠢᠯᠣᠭᠤᠳᠬᠤ ᠪᠠ ᠨᠡᠶᠢᠭᠡᠮ ᠤᠨ ᠬᠢᠨᠠᠯᠲᠠ ᠲᠠᠯᠪᠢᠬᠤ ᠶᠢ ᠬᠦᠯᠢᠶᠡᠬᠦ ᠬᠡᠷᠡᠭᠲᠡᠶ᠃      ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠢᠨ ᠬᠤᠯᠪᠤᠭᠳᠠᠬᠤ ᠰᠠᠯᠠᠭ᠎ᠠ ᠮᠥᠴᠢᠷ᠂ ᠠᠵᠢᠯ ᠲᠦᠷᠦᠯ ᠤᠨ ᠵᠣᠬᠢᠶᠠᠨ ᠪᠠᠶᠢᠭᠤᠯᠤᠯᠲᠠ ᠲᠠᠢ ᠬᠠᠮᠲᠤᠷᠠᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠣᠨᠴᠠᠯᠢᠭ ᠲᠤ ᠨᠡᠶᠢᠴᠡᠭᠰᠡᠨ ᠴᠢᠨᠠᠷ ᠴᠢᠨᠰᠠᠭ᠎ᠠ ᠶᠢ ᠦᠨᠡᠯᠡᠬᠦ ᠳᠣᠭᠲᠠᠯᠴᠠᠭ᠎ᠠ ᠶᠢ ᠪᠠᠶᠢᠭᠤᠯᠵᠤ᠂ ᠠᠵᠢᠯ ᠲᠦᠷᠦᠯ ᠤᠨ ᠵᠣᠬᠢᠶᠠᠨ ᠪᠠᠶᠢᠭᠤᠯᠤᠯᠲᠠ᠂ ᠠᠵᠤ ᠠᠬᠤᠶᠢᠯᠠᠯ ᠪᠠ ᠭᠤᠷᠪᠠᠳᠠᠬᠢ ᠡᠲᠡᠭᠡᠳ ᠤᠨ ᠲᠤᠰᠬᠠᠢ ᠮᠡᠷᠭᠡᠵᠢᠯ ᠤᠨ ᠪᠠᠶᠢᠭᠤᠯᠤᠮᠵᠢ ᠶᠢ ᠵᠣᠬᠢᠶᠠᠨ ᠪᠠᠶᠢᠭᠤᠯᠬᠤ ᠪᠤᠶᠤ ᠨᠠᠶᠢᠳᠠᠵᠤ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠴᠢᠨᠠᠷ ᠴᠢᠨᠰᠠᠭ᠎ᠠ ᠶᠢ ᠦᠨᠡᠯᠡᠨ ᠵᠢᠱᠢᠬᠦ ᠶᠢᠨ ᠬᠠᠮᠲᠤ ᠦᠨᠡᠯᠡᠨ ᠵᠢᠱᠢᠭᠰᠡᠨ ᠦᠷ᠎ᠡ ᠳ᠋ᠦᠩ ᠢ ᠳᠠᠷᠤᠢ ᠳᠤ ᠨᠢ ᠢᠯᠡ ᠪᠣᠯᠭᠠᠬᠤ ᠬᠡᠷᠡᠭᠲᠡᠢ᠃      ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢᠨ ᠦᠨᠡᠯᠡᠯᠲᠡ ᠨᠢ ᠠᠵᠢᠯ ᠣᠯᠭᠤᠬᠤ ᠤᠳᠤᠷᠢᠳᠤᠮᠵᠢ ᠶᠢ ᠲᠣᠪᠤᠶᠢᠯᠭᠠᠵᠤ᠂ ᠰᠤᠷᠭᠠᠨ ᠬᠥᠮᠦᠵᠢᠯ ᠬᠦᠷᠲᠡᠭᠰᠡᠳ ᠤᠨ ᠡᠷᠬᠢᠯᠡᠭᠰᠡᠨ ᠠᠵᠢᠯ ᠤᠨ ᠶᠣᠰᠣ ᠮᠣᠷᠠᠯ᠂ ᠤᠷ᠎ᠠ ᠴᠢᠳᠠᠪᠤᠷᠢ ᠶᠢᠨ ᠬᠢᠷᠢ ᠬᠡᠮᠵᠢᠶ᠎ᠡ᠂ ᠠᠵᠢᠯ ᠣᠯᠬᠤ ᠴᠢᠨᠠᠷ ᠴᠢᠨᠰᠠᠭ᠎ᠠ ᠪᠠᠷ ᠴᠢᠬᠤᠯᠠ ᠭᠦᠢᠴᠡᠳᠬᠡᠬᠦ ᠲᠤᠭ᠎ᠠ ᠪᠣᠯᠭᠠᠵᠤ᠂ ᠠᠵᠢᠯ ᠮᠡᠷᠭᠡᠵᠢᠯ ᠤᠨ ᠰᠤᠷᠭᠠᠭᠤᠯᠢ ᠶᠢ ᠬᠥᠲᠥᠯᠥᠨ ᠵᠢᠯᠣᠭᠤᠳᠴᠤ ᠥᠨᠳᠥᠷ ᠮᠡᠳᠡᠯᠭᠡ ᠪᠣᠯᠪᠠᠰᠤᠷᠠᠯ ᠲᠠᠢ ᠮᠡᠷᠭᠡᠵᠢᠯ ᠤᠨ ᠤᠷ᠎ᠠ ᠴᠢᠳᠠᠪᠤᠷᠢᠲᠤ ᠴᠢᠳᠠᠪᠤᠷᠢᠲᠠᠨ ᠢ ᠬᠥᠮᠦᠵᠢᠭᠦᠯᠬᠦ ᠬᠡᠷᠡᠭᠲᠡᠶ᠃ ᠬᠤᠯᠪᠤᠭᠳᠠᠬᠤ ᠰᠠᠯᠠᠭ᠎ᠠ ᠮᠥᠴᠢᠷ ᠤᠨ ᠬᠢᠨ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠣᠰᠤ ᠪᠠᠷ ᠠᠵᠢᠯ ᠮᠡᠷᠭᠡᠵᠢᠯ ᠤᠨ ᠰᠤᠷᠭᠠᠭᠤᠯᠢ᠂ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠶ᠃       ᠲᠠᠪᠤᠳᠤᠭᠠᠷ ᠪᠦᠯᠦᠭ    ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠠᠭᠰᠢ ᠪᠠ ᠰᠤᠷᠭᠠᠨ ᠬᠥᠮᠦᠵᠢᠯ ᠬᠦᠷᠳᠡᠭᠴᠢᠦᠠ      ᠳᠥᠴᠢᠨ ᠳᠥᠷᠪᠡᠳᠦᠭᠡᠷ ᠵᠦᠢᠯ    ᠤᠯᠤᠰ ᠠᠴᠠ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠠᠭᠰᠢ ᠶᠢᠨ ᠡᠷᠬᠡ ᠶᠢ ᠪᠠᠲᠤᠯᠠᠵᠤ᠂ ᠲᠤᠰᠬᠠᠢ ᠮᠡᠷᠭᠡᠵᠢᠯ ᠤᠨ ᠬᠡᠪ ᠴᠢᠨᠠᠷ ᠪᠠ ᠨᠡᠶᠢᠭᠡᠮ ᠤᠨ ᠪᠠᠶᠢᠷᠢ ᠰᠠᠭᠤᠷᠢ ᠶᠢ ᠳᠡᠭᠡᠭᠰᠢᠯᠡᠭᠦᠯᠦᠨ᠎ᠡ᠃ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠵᠢᠴᠢ ᠬᠤᠯᠪᠤᠭᠳᠠᠬᠤ ᠰᠠᠯᠠᠭ᠎ᠠ ᠮᠥᠴᠢᠷ ᠤᠨ ᠬᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠠᠭᠰᠢ ᠶᠢ ᠬᠥᠮᠦᠵᠢᠭᠦᠯᠦᠨ ᠪᠣᠯᠪᠠᠰᠤᠷᠠᠭᠤᠯᠬᠤ ᠠᠵᠢᠯ ᠢ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢᠨ ᠲᠥᠯᠥᠪᠵᠢᠭᠦᠯᠭᠡ ᠳᠤ ᠪᠠᠨ ᠣᠷᠣᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠠᠭᠰᠢ ᠶᠢᠨ ᠡᠩᠨᠡᠭᠡ ᠶᠢ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠭᠦᠯᠦᠯᠲᠡ ᠶᠢᠨ ᠬᠡᠷᠡᠭᠴᠡᠭᠡ ᠳᠤ ᠵᠣᠬᠢᠴᠠᠭᠤᠯᠬᠤ ᠶᠢ ᠪᠠᠲᠤᠯᠠᠬᠤ ᠬᠡᠷᠡᠭᠲᠡᠢ᠃       ᠳᠥᠴᠢᠨ ᠲᠠᠪᠤᠳᠤᠭᠠᠷ ᠵᠦᠢᠯ    ᠤᠯᠤᠰ ᠠᠴᠠ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠠᠭᠰᠢ ᠶᠢ ᠬᠥᠮᠦᠵᠢᠭᠦᠯᠦᠨ ᠪᠣᠯᠪᠠᠰᠤᠷᠠᠭᠤᠯᠬᠤ ᠳᠣᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠷᠭ᠎ᠠ ᠬᠡᠮᠵᠢᠶ᠎ᠡ ᠠᠪᠴᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠠᠭᠰᠢ ᠶᠢᠨ ᠲᠤᠰᠬᠠᠶᠢᠵᠢᠭᠰᠠᠨ ᠬᠥᠮᠦᠵᠢᠯ ᠪᠣᠯᠪᠠᠰᠤᠷᠠᠭᠤᠯᠤᠯ ᠢ ᠴᠢᠩᠭᠠᠳᠬᠠᠵᠤ᠂ ᠲᠤᠰᠬᠠᠶ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠠᠭᠰᠢ ᠶᠢᠨ ᠳᠡᠭᠡᠳᠦ ᠰᠤᠷᠭᠠᠭᠤᠯᠢ ᠪᠠᠶᠢᠭᠤᠯᠬᠤ ᠶᠢ ᠵᠣᠷᠢᠭᠵᠢᠭᠤᠯᠵᠤ᠂ ᠳᠡᠭᠡᠳᠦ ᠰᠤᠷᠭᠠᠭᠤᠯᠢ ᠠᠴᠠ ᠬᠤᠯᠪᠤᠭᠳᠠᠬᠤ ᠲᠤᠰᠬᠠᠶ ᠮᠡᠷᠭᠡᠵᠢᠯ ᠪᠠᠶᠢᠭᠤᠯᠬᠤ ᠶᠢ ᠳᠡᠮᠵᠢᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠠᠭᠰᠢ ᠶᠢ ᠬᠥᠮᠦᠵᠢᠭᠦᠯᠬᠦ ᠬᠡᠷᠡᠭᠲᠡᠶ︔     ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ᠂ ᠠᠵᠤ ᠠᠬᠤᠶᠢᠯᠠᠯ ᠬᠠᠮᠲᠤ ᠪᠠᠷ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠠᠭᠰᠢ ᠶᠢ ᠬᠥᠮᠦᠵᠢᠭᠦᠯᠬᠦ ᠪᠠ ᠪᠣᠯᠪᠠᠰᠤᠷᠠᠭᠤᠯᠬᠤ ᠳᠤ ᠣᠷᠣᠯᠴᠠᠬᠤ ᠶᠢ ᠵᠣᠷᠢᠭᠵᠢᠭᠤᠯᠤᠨ᠎ᠠ᠃ ᠠᠵᠤ ᠦᠢᠯᠡᠰ ᠪᠣᠯᠤᠨ ᠰᠤᠷᠭᠠᠨ ᠬᠥᠮᠦᠵᠢᠯ ᠢ ᠠᠭᠤᠰᠬᠠᠭᠰᠠᠨ ᠠᠵᠤ ᠠᠬᠤᠶᠢᠯᠠᠯ᠂ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠤᠳ ᠵᠣᠬᠢᠬᠤ ᠬᠠᠷᠢᠴᠠᠯ ᠢᠶᠠᠷ ᠠᠵᠢᠯ ᠤᠨ ᠪᠠᠶᠢᠷᠢ ᠳᠣᠭᠢᠷᠠᠭᠤᠯᠵᠤ᠂ ᠠᠵᠢᠯ ᠮᠡᠷᠭᠡᠵᠢᠯ ᠤᠨ ᠰᠤᠷᠭᠠᠭᠤᠯᠢ᠂ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠪᠠᠭᠰᠢ ᠨᠠᠷ ᠤᠨ ᠦᠢᠯᠡᠳᠦᠯᠭᠡ ᠳᠤ ᠣᠷᠣᠯᠴᠠᠬᠤ ᠶᠢ ᠭᠥᠯᠢᠶᠡᠨ ᠠᠪᠬᠤ ᠬᠡᠷᠡᠭᠲᠡᠶ᠃      ᠳᠥᠴᠢᠨ ᠵᠢᠷᠭᠤᠳᠤᠭᠠᠷ ᠵᠦᠢᠯ   ᠤᠯᠤᠰ ᠠᠴᠠ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠣᠨᠴᠠᠯᠢᠭ ᠪᠠ ᠬᠥᠭᠵᠢᠯᠲᠡ ᠶᠢᠨ ᠱᠠᠭᠠᠷᠳᠠᠯᠭ᠎ᠠ ᠳᠤ ᠨᠡᠶᠢᠴᠡᠭᠰᠡᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠠᠭᠰᠢ ᠶᠢᠨ ᠠᠵᠢᠯ ᠤᠨ ᠪᠠᠶᠢᠷᠢ ᠶᠢᠨ ᠪᠠᠶᠢᠷᠢᠯᠠᠭᠤᠯᠤᠯᠲᠠ ᠪᠠ ᠲᠤᠰᠢᠶᠠᠯ ︵ᠮᠡᠷᠭᠡᠵᠢᠯ ᠤᠨ ᠴᠣᠯᠠ︶ ᠲᠣᠭᠲᠠᠭᠠᠬᠤ ᠪᠠ ᠤᠷᠢᠬᠤ ᠳᠦᠷᠢᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃      ᠠᠵᠢᠯ ᠮᠡᠷᠭᠡᠵᠢᠯ ᠤᠨ ᠰᠤᠷᠭᠠᠭᠤᠯᠢ ᠶᠢᠨ ᠲᠤᠰᠬᠠᠶ ᠮᠡᠷᠭᠡᠵᠢᠯ ᠤᠨ ᠬᠢᠴᠢᠶᠡᠯ ᠤᠨ ᠪᠠᠭᠰᠢ ︵ᠳᠠᠳᠤᠯᠭ᠎ᠠ ᠶᠢ ᠵᠢᠭᠠᠨ ᠵᠢᠯᠣᠭᠤᠳᠬᠤ ᠪᠠᠭᠰᠢ ᠶᠢ ᠪᠠᠭᠲᠠᠭᠠᠨ᠎ᠠ︶᠎ ᠨᠢ ᠵᠣᠬᠢᠬᠤ ᠵᠢᠯ ᠤᠨ ᠬᠠᠷᠠᠭᠠᠯᠵᠠᠭᠰᠠᠨ ᠠᠵᠢᠯ ᠤᠨ ᠳᠤᠷᠰᠢᠯᠭ᠎ᠠ ᠲᠠᠢ ᠪᠤᠶᠤ ᠦᠢᠯᠡᠳᠦᠯᠭᠡ ᠶᠢᠨ ᠲᠤᠷᠰᠢᠯᠭ᠎ᠠ ᠲᠠᠢ ᠪᠠᠶᠢᠵᠤ᠂ ᠵᠣᠬᠢᠬᠤ ᠤᠷ᠎ᠠ ᠴᠢᠳᠠᠪᠤᠷᠢ ᠶᠢᠨ ᠬᠢᠷᠢ ᠲᠦᠪᠰᠢᠨ ᠳᠤ ᠬᠦᠷᠦᠭᠰᠡᠨ ᠪᠠᠶᠢᠬᠤ ᠬᠡᠷᠡᠭᠲᠡᠶ᠃ ᠨᠥᠬᠦᠴᠡᠯ ᠪᠦᠷᠢᠳᠦᠭᠰᠡᠨ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠶᠢᠨ ᠡᠵᠡᠩᠨᠡᠯᠲᠡ ᠬᠠᠮᠢᠶᠠᠷᠤᠯᠲᠠ ᠪᠠ ᠲᠤᠰᠬᠠᠢ ᠮᠡᠷᠭᠡᠵᠢᠯ ᠤᠨ ᠠᠵᠢᠯᠳᠠᠨ ᠵᠢᠴᠢ ᠲᠤᠰᠬᠠᠢ ᠮᠡᠷᠭᠡᠵᠢᠯ ᠤᠨ ᠮᠡᠳᠡᠯᠭᠡ ᠲᠠᠢ ᠪᠤᠶᠤ ᠣᠨᠴᠠᠭᠠᠢ ᠤᠷ᠎ᠠ ᠴᠢᠳᠠᠪᠤᠷᠢ ᠲᠠᠢ ᠪᠤᠰᠤᠳ ᠠᠵᠢᠯᠳᠠᠨ ᠰᠤᠷᠭᠠᠨ ᠬᠥᠮᠦᠵᠢᠭᠦᠯᠬᠦ ᠪᠠ ᠵᠢᠭᠠᠨ ᠰᠤᠷᠭᠠᠬᠤ ᠴᠢᠳᠠᠪᠤᠷᠢ ᠶᠢᠨ ᠪᠣᠯᠪᠠᠰᠤᠷᠠᠭᠤᠯᠤᠯ ᠳᠤ ᠬᠢᠷᠢ ᠲᠡᠩᠴᠡᠭᠰᠡᠨ ᠪᠣᠯ ᠠᠵᠢᠯ ᠮᠡᠷᠭᠡᠵᠢᠯ ᠤᠨ ᠰᠤᠷᠭᠠᠭᠤᠯᠢ ᠶᠢᠨ ᠲᠤᠰᠬᠠᠢ ᠲᠤᠰᠢᠶᠠᠯ ᠤᠨ ᠪᠤᠶᠤ ᠲᠤᠰᠢᠶᠠᠯ ᠬᠠᠪᠰᠤᠷᠭᠠᠭᠰᠠᠨ ᠲᠤᠰᠬᠠᠢ ᠮᠡᠷᠭᠡᠵᠢᠯ ᠤᠨ ᠬᠢᠴᠢᠶᠡᠯ ᠤᠨ ᠪᠠᠭᠰᠢ ᠪᠤᠯᠵᠤ ᠪᠣᠯᠤᠨ᠎ᠠ︔ ᠪᠠᠭᠰᠢ ᠶᠢᠨ ᠬᠢᠷᠢ ᠬᠡᠮ ᠢ ᠣᠯᠤᠭᠰᠠᠨ ᠪᠣᠯ ᠲᠡᠭᠦᠨ ᠤ ᠮᠡᠷᠭᠡᠵᠢᠯ ᠤᠨ ᠴᠣᠯᠠ ᠶᠢ ᠦᠨᠳᠦᠰᠦᠯᠡᠨ ᠵᠣᠬᠢᠬᠤ ᠪᠠᠭᠰᠢ ᠶᠢᠨ ᠲᠤᠰᠢᠶᠠᠯ ᠳᠤ ᠤᠷᠢᠵᠤ ᠪᠣᠯᠤᠨ᠎ᠠ᠃ ᠠᠵᠢᠯ ᠮᠡᠷᠭᠡᠵᠢᠯ ᠤᠨ ᠰᠤᠷᠭᠠᠭᠤᠯᠢ ᠶᠢᠨ ᠲᠤᠰᠬᠠᠶ ᠮᠡᠷᠭᠡᠵᠢᠯ ᠤᠨ ᠬᠢᠴᠢᠶᠡᠯ ᠤᠨ ᠪᠠᠭᠰᠢ ᠶᠢᠨ ᠬᠢᠷᠢ ᠬᠡᠮ ᠢ ᠤᠯᠬᠤ ᠳᠤ ᠪᠠᠶᠢᠳᠠᠯ ᠢ ᠦᠵᠡᠵᠦ ᠰᠤᠷᠤᠯᠭ᠎ᠠ ᠶᠢᠨ ᠨᠠᠮᠲᠠᠷ ᠤᠨ ᠱᠠᠭᠠᠷᠳᠠᠯᠭ᠎ᠠ ᠶᠢ ᠪᠠᠭᠤᠷᠠᠭᠤᠯᠵᠤ ᠪᠣᠯᠤᠨ᠎ᠠ᠃      ᠳᠥᠴᠢᠨ ᠳᠣᠯᠣᠳᠤᠭᠠᠷ ᠵᠦᠢᠯ   ᠤᠯᠤᠰ ᠠᠴᠠ ᠠᠵᠢᠯ ᠮᠡᠷᠭᠡᠵᠢᠯ ᠤᠨ ᠰᠤᠷᠭᠠᠭᠤᠯᠢ ᠶᠢᠨ ᠤᠷ᠎ᠠ ᠴᠢᠳᠠᠪᠤᠷᠢᠲᠤ ᠶᠡᠭᠡ ᠮᠠᠰᠲ᠋ᠧᠷ᠂ ᠬᠥᠳᠡᠯᠮᠦᠷᠢ ᠶᠢᠨ ᠵᠢᠱᠢᠶᠡᠴᠢ ᠂ ᠤᠷᠠᠨ ᠳᠠᠷᠬᠠᠨ᠂ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠤᠯᠠᠮᠵᠢᠯᠠᠨ ᠵᠠᠯᠭᠠᠮᠵᠢᠯᠠᠭᠴᠢ ᠵᠡᠷᠭᠡ ᠳᠡᠭᠡᠳᠦ ᠳᠡᠰ ᠤᠨ ᠤᠷ᠎ᠠ ᠴᠢᠳᠠᠪᠤᠷᠢᠲᠤ ᠴᠢᠳᠠᠪᠤᠷᠢᠲᠠᠨ ᠢ ᠤᠷᠢᠵᠤ᠂ ᠲᠤᠰᠬᠠᠢ ᠪᠤᠶᠤ ᠲᠤᠰᠢᠶᠠᠯ ᠬᠠᠪᠰᠤᠷᠭᠠᠭᠰᠠᠨ ᠲᠤᠰᠬᠠᠢ ᠮᠡᠷᠭᠡᠵᠢᠯ ᠤᠨ ᠬᠢᠴᠢᠶᠡᠯ ᠤᠨ ᠪᠠᠭᠰᠢ ᠪᠣᠯᠭᠠᠵᠤ᠂ ᠠᠵᠢᠯᠯᠠᠬᠤ ᠲᠠᠰᠤᠭ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠴᠢᠳᠠᠪᠤᠷᠢᠲᠠᠨ ᠢ ᠬᠥᠮᠦᠵᠢᠭᠦᠯᠬᠦ᠂ ᠮᠡᠷᠭᠡᠵᠢᠯ ᠢ ᠨᠡᠭᠡᠭᠡᠨ ᠬᠥᠭᠵᠢᠭᠦᠯᠬᠦ᠂ ᠤᠷ᠎ᠠ ᠴᠢᠳᠠᠪᠤᠷᠢ ᠶᠢ ᠤᠯᠠᠮᠵᠢᠯᠠᠨ ᠵᠠᠯᠭᠠᠮᠵᠢᠯᠠᠬᠤ ᠵᠡᠷᠭᠡ ᠠᠵᠢᠯ ᠳᠤ ᠣᠷᠣᠯᠴᠠᠭᠤᠯᠬᠤ ᠶᠢ ᠵᠣᠷᠢᠭᠵᠢᠭᠤᠯᠤᠨ᠎ᠠ᠃      ᠳᠥᠴᠢᠨ ᠨᠠᠢᠮᠠᠳᠤᠭᠠᠷ ᠵᠦᠢᠯ   ᠤᠯᠤᠰ ᠠᠴᠠ ᠠᠵᠢᠯ ᠮᠡᠷᠭᠡᠵᠢᠯ ᠤᠨ ᠰᠤᠷᠭᠠᠭᠤᠯᠢ ᠶᠢᠨ ᠪᠠᠭᠰᠢ ᠠᠵᠢᠯᠳᠡᠠ ᠠᠵᠢᠯᠴᠢᠨ ᠢ ᠲᠤᠬᠢᠷᠡᠭᠤᠯᠬᠤ ᠦᠨᠳᠦᠰᠦᠨ ᠪᠠᠷᠢᠮᠵᠢᠶ᠎ᠠ ᠶᠢ ᠲᠣᠭᠲᠠᠭᠠᠨ᠎ᠠ᠃ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠦᠨᠳᠦᠰᠦᠨ ᠪᠠᠷᠢᠮᠵᠢᠶ᠎ᠠ ᠶᠢ ᠦᠨᠳᠦᠰᠦᠯᠡᠨ ᠲᠤᠰ ᠭᠠᠵᠠᠷ ᠣᠷᠣᠨ ᠤ ᠪᠠᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠠᠭᠰᠢ ᠠᠵᠢᠯᠲᠠᠨ ᠠᠵᠢᠯᠴᠢᠨ ᠢ ᠲᠣᠬᠢᠷᠠᠭᠤᠯᠬᠤ ᠪᠠᠷᠢᠮᠵᠢᠶ᠎ᠠ ᠶᠢ ᠳᠣᠭᠲᠠᠭᠠᠨ᠎ᠠ᠃ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠪᠠᠭᠰᠢ ᠠᠵᠢᠯᠲᠠᠨ ᠠᠵᠢᠯᠴᠢᠨ ᠢ ᠲᠣᠬᠢᠷᠠᠭᠤᠯᠬᠤ ᠪᠠᠷᠢᠮᠵᠢᠶ᠎ᠠ᠂ ᠰᠤᠷᠭᠠᠭᠤᠯᠢ ᠡᠷᠬᠢᠯᠡᠬᠦ ᠬᠡᠪᠴᠢᠶ᠎ᠡ ᠵᠡᠷᠭᠡ ᠶᠢ ᠦᠨᠳᠦᠰᠦᠯᠡᠨ᠂ ᠠᠯᠪᠠᠨ ᠠᠴᠠ ᠡᠷᠬᠢᠯᠡᠭᠰᠡᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠠᠭᠰᠢ ᠠᠵᠢᠯᠲᠠᠨ ᠠᠵᠢᠯᠴᠢᠨ ᠤ ᠬᠡᠪᠴᠢᠶ᠎ᠡ ᠶᠢ ᠲᠣᠭᠲᠠᠭᠠᠬᠤ ᠬᠡᠷᠡᠭᠲᠡᠶ᠂ ᠡᠭᠦᠨ ᠳᠤ ᠵᠣᠬᠢᠬᠤ ᠬᠠᠷᠢᠴᠠᠯ ᠢ ᠠᠵᠢᠯ ᠮᠡᠷᠭᠡᠵᠢᠯ ᠤᠨ ᠰᠤᠷᠭᠠᠭᠤᠯᠢ ᠶᠢᠨ ᠨᠡᠶᠢᠭᠡᠮ ᠳᠤ ᠬᠠᠨᠳᠤᠭᠤᠯᠤᠨ ᠲᠤᠰᠬᠠᠶ ᠮᠡᠷᠭᠡᠵᠢᠯ ᠤᠨ ᠠᠵᠢᠯᠲᠠᠨ ᠂ ᠤᠷ᠎ᠠ ᠴᠢᠳᠠᠪᠤᠷᠢᠲᠤ ᠴᠢᠳᠠᠪᠤᠷᠢᠲᠠᠨ ᠢ ᠢᠯᠡ ᠪᠠᠷ ᠤᠷᠢᠵᠤ ᠲᠤᠰᠬᠠᠶ ᠪᠤᠶᠤ ᠲᠤᠰᠢᠶᠠᠯ ᠬᠠᠪᠰᠤᠷᠭᠠᠭᠰᠠᠨ ᠪᠠᠭᠰᠢ ᠪᠣᠯᠭᠠᠨ ᠬᠡᠷᠡᠭᠯᠡᠵᠦ ᠪᠣᠯᠤᠨ᠎ᠠ᠃     ᠳᠥᠴᠢ ᠶᠢᠰᠦᠳᠦᠭᠡᠷ ᠵᠦᠢᠯ    ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢᠳ ᠬᠠᠤᠯᠢ ᠴᠠᠭᠠᠵᠠ᠂ ᠬᠠᠤᠯᠢ ᠳᠦᠷᠢᠮ ᠪᠣᠯᠤᠨ ᠰᠤᠷᠤᠭᠴᠢ ᠶᠢᠨ ᠦᠢᠯᠡ ᠠᠵᠢᠯᠯᠠᠭᠠᠨ ᠤ ᠳᠦᠷᠢᠮᠵᠢᠯ ᠢ ᠵᠢᠷᠤᠮᠯᠠᠨ᠂ ᠰᠠᠶᠢᠨ ᠰᠠᠶᠢᠬᠠᠨ ᠠᠵᠢᠯ ᠮᠡᠷᠭᠡᠵᠢᠯ ᠤᠨ ᠶᠣᠰᠣ ᠮᠣᠷᠠᠯ᠂ ᠠᠵᠢᠯ ᠮᠡᠷᠭᠡᠵᠢᠯ ᠤᠨ ᠵᠣᠷᠢᠭ ᠰᠠᠨᠠᠭ᠎ᠠ ᠪᠣᠯᠤᠨ ᠦᠢᠯᠡ ᠠᠵᠢᠯᠯᠠᠭᠠᠨ ᠤ ᠳᠠᠳᠬᠠᠯ ᠲᠠᠢ ᠪᠣᠯᠵᠣ᠂ ᠴᠢᠷᠮᠠᠶᠢᠨ ᠰᠤᠷᠤᠯᠴᠠᠵᠤ᠂ ᠳᠣᠭᠲᠠᠭᠰᠠᠨ ᠰᠤᠷᠤᠯᠴᠠᠬᠤ ᠡᠭᠦᠷᠭᠡ ᠪᠠᠨ ᠪᠡᠶᠡᠯᠡᠭᠦᠯᠦᠨ᠂ ᠱᠠᠭᠠᠷᠳᠠᠯᠭ᠎ᠠ ᠶᠣᠰᠤ ᠪᠠᠷ ᠳᠠᠳᠤᠯᠭ᠎ᠠ ᠪᠣᠯᠪᠠᠰᠤᠷᠠᠯ ᠳᠤ ᠣᠷᠣᠯᠴᠠᠵᠤ᠂ ᠮᠡᠷᠭᠡᠵᠢᠯ ᠤᠨ ᠤᠷ᠎ᠠ ᠴᠢᠳᠠᠪᠤᠷᠢ ᠶᠢ ᠡᠵᠡᠮᠰᠢᠬᠦ ᠬᠡᠷᠡᠭᠲᠡᠶ᠃ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠪᠠᠷ ᠬᠠᠮᠠᠭᠠᠯᠠᠨ᠎ᠠ᠃      ᠲᠠᠪᠢᠳᠤᠭᠠᠷ ᠵᠦᠢᠯ   ᠤᠯᠤᠰ ᠠᠴᠠ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠶᠢᠨ ᠬᠢᠨ ᠳᠠᠳᠤᠯᠭ᠎ᠠ ᠬᠢᠬᠦ ᠠᠵᠢᠯ ᠤᠨ ᠪᠠᠶᠢᠷᠢ ᠲᠣᠬᠢᠷᠠᠭᠤᠯᠵᠤ᠂ ᠠᠵᠢᠯ ᠮᠡᠷᠭᠡᠵᠢᠯ ᠤᠨ ᠰᠤᠷᠭᠠᠭᠤᠯᠢ ᠪᠠ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠰᠤᠷᠤᠭᠴᠢᠳ ᠤᠨ ᠳᠠᠳᠤᠯᠭ᠎ᠠ ᠬᠢᠬᠦ ᠶᠢ ᠬᠦᠯᠢᠶᠡᠨ ᠠᠪᠬᠤ ᠶᠢ ᠵᠣᠷᠢᠭᠵᠢᠭᠤᠯᠤᠨ᠎ᠠ᠃ ᠳᠠᠳᠤᠯᠭ᠎ᠠ ᠶᠢ ᠬᠦᠯᠢᠶᠡᠨ ᠠᠪᠤᠭᠰᠠᠨ ᠨᠢᠭᠡᠴᠢ ᠨᠢ ᠰᠤᠷᠤᠭᠴᠢᠳ ᠤᠨ ᠳᠠᠳᠤᠯᠭ᠎ᠠ ᠶᠢᠨ ᠬᠤᠭᠤᠴᠠᠭᠠᠨ ᠳᠤ ᠪᠠᠨ ᠲᠣᠭᠲᠠᠭᠠᠯ ᠶᠣᠰᠤ ᠪᠠᠷ ᠠᠮᠠᠷᠠᠯᠲᠠ ᠪᠠ ᠠᠮᠠᠷᠠᠯᠲᠠ ᠶᠢᠨ ᠴᠢᠯᠦᠭᠡ ᠶᠢ ᠡᠳ᠋ᠯᠡᠬᠦ᠂ ᠬᠥᠳᠡᠯᠮᠦᠷᠢ ᠶᠢᠨ ᠠᠶᠤᠯ ᠦᠭᠡᠢ ᠪᠠᠶᠢᠳᠠᠯ ᠪᠠ ᠡᠷᠡᠭᠦᠯ ᠬᠠᠮᠠᠭᠠᠯᠠᠯ ᠤᠨ ᠬᠠᠮᠠᠭᠠᠯᠠᠯᠲᠠ ᠬᠦᠷᠲᠡᠬᠦ᠂ ᠬᠤᠯᠪᠤᠭᠳᠠᠬᠤ ᠳᠠᠭᠠᠳᠬᠠᠯ ᠳᠤ ᠣᠷᠣᠯᠴᠠᠬᠤ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠢᠯᠤᠭᠤᠳᠤᠯᠭ᠎ᠠ ᠶᠢ ᠬᠦᠯᠢᠶᠡᠬᠦ ᠵᠡᠷᠭᠡ ᠡᠷᠬᠡ ᠶᠢ ᠪᠠᠲᠤᠯᠠᠬᠤ ᠬᠡᠷᠡᠭᠲᠡᠢ︔ ᠠᠵᠢᠯ ᠤᠨ ᠪᠠᠶᠢᠷᠢ ᠳᠤ ᠭᠠᠷᠴᠤ ᠳᠠᠳᠤᠯᠭ᠎ᠠ ᠬᠢᠭᠰᠡᠨ ᠪᠣᠯ ᠳᠠᠳᠤᠯᠭ᠎ᠠ ᠬᠢᠬᠦ ᠬᠡᠯᠡᠯᠴᠡᠭᠡᠷ ᠲᠣᠭᠲᠠᠭᠠᠵᠤ᠂ ᠵᠣᠬᠢᠬᠤ ᠬᠥᠳᠡᠯᠮᠦᠷᠢ ᠶᠢᠨ ᠬᠥᠯᠥᠰᠥ ᠬᠠᠷᠠᠮᠵᠢ ᠥᠭᠬᠦ ᠬᠡᠷᠡᠭᠲᠡᠢ᠃ ᠠᠵᠢᠯ ᠮᠡᠷᠭᠡᠵᠢᠯ ᠤᠨ ᠰᠤᠷᠭᠠᠭᠤᠯᠢ ᠪᠠ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠳᠠᠳᠤᠯᠭ᠎ᠠ ᠪᠣᠯᠪᠠᠰᠤᠷᠠᠯ ᠤᠨ ᠰᠤᠷᠤᠭᠴᠢᠳ ᠲᠤ ᠬᠢᠬᠦ ᠵᠢᠯᠣᠭᠤᠳᠣᠯᠭ᠎ᠠ ᠪᠠᠨ ᠴᠢᠩᠭᠠᠳᠬᠠᠵᠤ᠂ ᠠᠶᠤᠯ ᠥᠬᠡᠶ ᠦᠢᠯᠡᠳᠪᠦᠷᠢᠯᠡᠯ ᠤᠨ ᠬᠥᠮᠦᠵᠢᠯ ᠢ ᠴᠢᠩᠭᠠᠳᠬᠠᠵᠤ᠂ ᠳᠠᠳᠤᠯᠭ᠎ᠠ ᠬᠢᠬᠦ ᠨᠢᠭᠡᠴᠢ ᠯᠦᠭᠡ ᠵᠥᠪᠳᠡᠯᠴᠡᠵᠦ ᠰᠤᠷᠤᠭᠴᠢᠳ ᠤᠨ ᠰᠣᠷᠣᠭᠰᠠᠨ ᠲᠤᠰᠬᠠᠶ ᠮᠡᠷᠭᠡᠵᠢᠯ ᠯᠦᠭᠡ ᠳᠣᠭᠢᠷᠠᠯᠴᠠᠭᠰᠠᠨ ᠠᠵᠢᠯ ᠤᠨ ᠪᠠᠶᠢᠷᠢ ᠳᠤ ᠳᠣᠭᠢᠷᠠᠭᠤᠯᠵᠤ᠂ ᠳᠠᠳᠤᠯᠭ᠎ᠠ ᠪᠣᠯᠪᠠᠰᠤᠷᠠᠯ ᠤᠨ ᠠᠭᠤᠯᠭ᠎ᠠ ᠪᠠ ᠪᠠᠷᠢᠮᠵᠢᠶ᠎ᠠ ᠶᠢ ᠲᠣᠳᠣᠷᠬᠠᠶᠢᠯᠠᠬᠤ ᠬᠡᠷᠡᠭᠲᠡᠶ᠂ ᠰᠤᠷᠤᠭᠴᠢᠳ ᠢᠶᠠᠷ ᠰᠣᠷᠣᠭᠰᠠᠨ ᠲᠤᠰᠬᠠᠶ ᠮᠡᠷᠭᠡᠵᠢᠯ ᠲᠠᠢ ᠨᠢ ᠬᠤᠯᠪᠤᠭᠳᠠᠬᠤ ᠥᠬᠡᠶ ᠳᠠᠳᠤᠯᠭ᠎ᠠ ᠪᠣᠯᠪᠠᠰᠤᠷᠠᠯ ᠬᠢᠯᠭᠡᠬᠦ ᠪᠠᠷ ᠲᠣᠬᠢᠷᠠᠭᠤᠯᠵᠤ ᠪᠣᠯᠬᠤ ᠥᠬᠡᠶ᠂ ᠬᠤᠯᠪᠤᠭᠳᠠᠬᠤ ᠲᠣᠭᠲᠠᠭᠠᠯ ᠢ ᠵᠥᠷᠢᠴᠡᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ᠂ ᠬᠥᠳᠡᠯᠮᠦᠷᠢ ᠦᠢᠯᠡᠴᠢᠯᠡᠭᠡ ᠲᠣᠮᠢᠯᠠᠬᠤ ᠨᠢᠭᠡᠴᠢ᠂ ᠡᠰᠡᠬᠦᠯ᠎ᠡ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡ᠂ ᠬᠥᠳᠡᠯᠮᠦᠷᠢ ᠦᠢᠯᠡᠴᠢᠯᠡᠭᠡ ᠲᠣᠮᠢᠯᠠᠬᠤ ᠲᠤᠬᠠᠶᠢᠯᠠᠭᠰᠠᠨ ᠠᠵᠢᠯ ᠢ ᠬᠠᠤᠯᠢ ᠪᠤᠰᠤ ᠪᠠᠷ ᠡᠷᠭᠢᠯᠡᠵᠦ ᠪᠠᠶᠢᠭ᠎ᠠ ᠨᠢᠭᠡᠴᠢ ᠪᠤᠶᠤ ᠬᠤᠪᠢ ᠬᠥᠮᠦᠨ ᠤ ᠵᠣᠬᠢᠶᠠᠨ ᠪᠠᠶᠢᠭᠤᠯᠬᠤ ᠪᠠᠷ ᠳᠠᠮᠵᠢᠭᠤᠯᠤᠨ ᠰᠤᠷᠤᠭᠴᠢᠳ ᠤᠨ ᠳᠠᠳᠤᠯᠭ᠎ᠠ ᠪᠣᠯᠪᠠᠰᠤᠷᠠᠯ ᠢ ᠳᠣᠭᠢᠷᠠᠭᠤᠯᠤᠨ ᠬᠠᠮᠢᠶᠠᠷᠴᠤ ᠪᠣᠯᠬᠤ ᠥᠬᠡᠶ᠃      ᠲᠡᠪᠢᠠ ᠨᠢᠭᠡᠳᠦᠭᠡᠷ ᠵᠦᠢᠯ   ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠭᠠᠨ ᠬᠥᠮᠦᠵᠢᠯ ᠬᠦᠷᠳᠡᠬᠦ ᠳᠤ ᠬᠠᠷᠠᠭᠠᠯᠵᠠᠭᠰᠠᠨ ᠰᠤᠷᠤᠯᠭ᠎ᠠ ᠶᠢᠨ ᠱᠠᠭᠠᠷᠳᠠᠯᠭ᠎ᠠ ᠳᠤ ᠬᠦᠷᠦᠭᠰᠡᠠ ᠪᠥᠭᠡᠳ ᠰᠤᠷᠭᠠᠭᠤᠯᠢ ᠶᠢᠨ ᠬᠢᠨᠠᠨ ᠰᠢᠯᠭᠠᠯᠲᠠ ᠳᠤ ᠬᠢᠷᠢ ᠲᠡᠩᠴᠡᠪᠡᠯ ᠬᠠᠷᠠᠭᠠᠯᠵᠠᠭᠰᠠᠨ ᠰᠤᠷᠤᠯᠭ᠎ᠠ ᠶᠢᠨ ᠦᠨᠡᠮᠯᠡᠯ ᠣᠯᠭᠤᠨ᠎ᠠ︔ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠭᠦᠷᠲᠡᠬᠦ ᠳᠤ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠪᠤᠶᠤ ᠠᠵᠢᠯ ᠮᠡᠷᠭᠡᠵᠢᠯ ᠤᠨ ᠰᠤᠷᠭᠠᠭᠤᠯᠢ ᠶᠢᠨ ᠬᠢᠨᠠᠨ ᠰᠢᠯᠭᠠᠯᠲᠠ ᠳᠤ ᠬᠢᠷᠢ ᠲᠡᠩᠴᠡᠪᠡᠯ ᠬᠠᠷᠠᠭᠠᠯᠵᠠᠭᠰᠠᠨ ᠪᠣᠯᠪᠠᠰᠤᠷᠠᠭᠤᠯᠤᠯ ᠤᠨ ᠦᠨᠡᠮᠯᠡᠯ ᠣᠯᠭᠤᠨ᠎ᠠ︔ ᠤᠯᠤᠰ ᠤᠨ ᠲᠣᠭᠲᠠᠭᠠᠯ ᠳᠤ ᠨᠡᠶᠢᠴᠡᠭᠰᠡᠨ ᠲᠤᠰᠬᠠᠢ ᠪᠠᠶᠢᠭᠤᠯᠤᠮᠵᠢ ᠶᠢᠨ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠪᠣᠯ ᠬᠠᠷᠠᠭᠠᠯᠵᠠᠭᠰᠠᠨ ᠠᠵᠢᠯ ᠮᠡᠷᠭᠡᠵᠢᠯ ᠤᠨ ᠬᠢᠷᠢ ᠬᠡᠮ ᠤᠨ ᠦᠨᠡᠮᠯᠡᠯ ᠪᠤᠶᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠳᠡᠰ ᠤᠨ ᠦᠨᠡᠮᠯᠡᠯ ᠣᠯᠭᠤᠨ᠎ᠠ᠃ ᠰᠤᠷᠤᠯᠭ᠎ᠠ ᠶᠢᠨ ᠦᠨᠡᠮᠯᠡᠯ᠂ ᠪᠣᠯᠪᠠᠰᠤᠷᠠᠭᠤᠯᠤᠯ ᠤᠨ ᠦᠨᠡᠮᠯᠡᠯ᠂ ᠠᠵᠢᠯ ᠮᠡᠷᠭᠡᠵᠢᠯ ᠤᠨ ᠬᠢᠷᠢ ᠬᠡᠮ ᠤᠨ ᠦᠨᠡᠮᠯᠡᠯ ᠪᠠ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠳᠡᠰ ᠤᠨ ᠦᠨᠡᠮᠯᠡᠯ ᠢ ᠤᠯᠤᠰ ᠤᠨ ᠬᠤᠯᠪᠤᠭᠳᠠᠬᠤ ᠲᠣᠭᠲᠠᠭᠠᠯ ᠶᠣᠰᠤ ᠪᠠᠷ ᠰᠤᠷᠭᠠᠨ ᠬᠥᠮᠦᠵᠢᠯ ᠬᠦᠷᠳᠡᠭᠴᠢ ᠶᠢᠨ ᠠᠵᠢᠯ ᠡᠷᠬᠢᠯᠡᠬᠦ ᠭᠡᠷᠡᠴᠢ ᠪᠠᠷᠢᠮᠲᠠ ᠪᠣᠯᠭᠠᠨ᠎ᠠ᠃ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠭᠦᠷᠲᠡᠵᠦ ᠣᠯᠤᠭᠰᠠᠨ ᠠᠵᠢᠯ ᠤᠨ ᠮᠡᠷᠭᠡᠵᠢᠯ ᠴᠢᠳᠠᠪᠤᠷᠢ ᠶᠢᠨ ᠳᠡᠰ ᠤᠨ ᠦᠨᠡᠮᠯᠡᠯ᠂ ᠪᠣᠯᠪᠠᠰᠤᠷᠠᠭᠤᠯᠤᠯ ᠤᠨ ᠦᠨᠡᠮᠯᠡᠯ ᠵᠡᠷᠭᠡ ᠰᠤᠷᠤᠯᠴᠠᠭᠰᠠᠨ ᠦᠷ᠎ᠡ ᠪᠦᠲᠦᠭᠡᠯ ᠢ ᠠᠵᠢᠯ ᠮᠡᠷᠭᠡᠵᠢᠯ ᠤᠨ ᠰᠤᠷᠭᠠᠭᠤᠯᠢ ᠪᠠᠷ ᠭᠡᠷᠡᠴᠢᠯᠡᠭᠦᠯᠵᠦ ᠬᠠᠷᠠᠭᠠᠯᠵᠠᠭᠰᠠᠨ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠤᠨ ᠰᠤᠷᠤᠯᠭ᠎ᠠ ᠶᠢᠨ ᠬᠤᠪᠢ ᠪᠣᠯᠭᠠᠨ ᠬᠤᠪᠢᠷᠠᠭᠤᠯᠵᠤ ᠪᠣᠯᠤᠨ᠎ᠠ︔ ᠬᠠᠷᠠᠭᠠᠯᠵᠠᠭᠰᠠᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠯᠭ᠎ᠠ ᠶᠢᠨ ᠱᠠᠭᠠᠷᠳᠠᠯᠭ᠎ᠠ ᠳᠤ ᠬᠦᠷᠦᠭᠰᠡᠨ ᠪᠣᠯ ᠬᠠᠷᠠᠭᠠᠯᠵᠠᠭᠰᠠᠨ ᠰᠤᠷᠤᠯᠭ᠎ᠠ ᠶᠢᠨ ᠦᠨᠡᠮᠯᠡᠯ ᠣᠯᠵᠤ ᠪᠣᠯᠤᠨ᠎ᠠ᠃ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠭᠠᠨ ᠬᠥᠮᠦᠵᠢᠯ᠂ ᠰᠤᠷᠤᠯᠭ᠎ᠠ ᠶᠢᠨ ᠬᠢᠷᠢ ᠬᠡᠮᠵᠢᠶ᠎ᠡ ᠨᠢ ᠤᠯᠤᠰ ᠠᠴᠠ ᠲᠣᠭᠲᠠᠭᠠᠭᠰᠠᠨ ᠡᠷᠳᠡᠮ ᠤᠨ ᠴᠣᠯᠠ ᠶᠢᠨ ᠪᠠᠷᠢᠮᠵᠢᠶ᠎ᠠ ᠳᠤ ᠬᠦᠷᠦᠭᠰᠡᠨ ᠪᠣᠯ ᠬᠠᠤᠯᠢ ᠶᠣᠰᠤ ᠪᠠᠷ ᠬᠠᠷᠠᠭᠠᠯᠵᠠᠭᠰᠠᠨ ᠡᠷᠳᠡᠮ ᠤᠨ ᠴᠣᠯᠠ ᠭᠤᠶᠤᠴᠢᠯᠠᠵᠤ ᠪᠣᠯᠤᠨ᠎ᠠ᠃      ᠲᠡᠪᠢᠠ ᠬᠤᠶᠠᠳᠤᠭᠠᠷ ᠵᠦᠢᠯ    ᠤᠯᠤᠰ ᠠᠴᠠ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢᠳ ᠢ ᠱᠠᠩᠨᠠᠨ ᠬᠥᠬᠢᠭᠦᠯᠬᠦ ᠪᠠ ᠳᠡᠳᠬᠦᠨ ᠲᠤᠰᠠᠯᠠᠬᠤ ᠲᠦᠷᠢᠮ ᠢ ᠪᠠᠶᠢᠭᠤᠯᠵᠤ᠂ ᠣᠨᠴᠠᠭᠠᠢ ᠰᠢᠯᠢᠳᠡᠭ ᠰᠤᠷᠤᠭᠴᠢ ᠶᠢ ᠱᠠᠩᠨᠠᠨ ᠬᠥᠬᠢᠭᠦᠯᠵᠦ᠂ ᠠᠵᠤ ᠠᠬᠤᠢ ᠶᠢᠨ ᠲᠠᠯ᠎ᠠ ᠪᠠᠷ ᠬᠦᠴᠢᠷᠳᠡᠯᠲᠡᠢ ᠰᠤᠷᠤᠭᠴᠢ ᠶᠢ ᠳᠡᠳᠬᠦᠨ ᠲᠤᠰᠠᠯᠠᠬᠤ ᠶᠢᠨ ᠬᠠᠮᠲᠤ ᠪᠡᠷᠬᠡ ᠬᠠᠲᠠᠭᠤᠵᠢᠯᠲᠠᠢ᠂ ᠣᠨᠴᠠᠭᠠᠢ ᠠᠵᠢᠯ ᠲᠦᠷᠦᠯ ᠵᠡᠷᠭᠡ ᠲᠤᠰᠬᠠᠢ ᠮᠡᠷᠭᠡᠵᠢᠯ ᠤᠨ ᠰᠤᠷᠤᠭᠴᠢ ᠳᠤ ᠵᠣᠬᠢᠰᠲᠠᠢ ᠪᠠᠷ ᠬᠡᠯᠪᠠᠶᠢᠯᠭᠡᠨ᠎ᠡ᠃ ᠤᠯᠤᠰ ᠠᠴᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠦᠨᠳᠦᠰᠦᠯᠡᠨ ᠱᠠᠩᠨᠠᠬᠤ ᠪᠠ ᠳᠡᠳᠬᠦᠨ ᠲᠤᠰᠠᠯᠠᠬᠤ ᠪᠠᠷᠢᠮᠵᠢᠶ᠎ᠠ ᠳᠤ ᠳᠠᠷᠤᠢ ᠳᠤ ᠨᠢ ᠲᠣᠬᠢᠷᠠᠭᠤᠯᠤᠨ᠎ᠠ᠃ ᠤᠯᠤᠰ ᠠᠴᠠ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠢᠴᠢ ᠠᠷᠠᠳ ᠢᠷᠭᠡᠨ ᠬᠤᠪᠢ ᠬᠥᠮᠦᠨ ᠤ ᠤᠯᠤᠰ ᠤᠨ ᠬᠤᠯᠪᠤᠭᠳᠠᠬᠤ ᠲᠣᠭᠲᠠᠭᠠᠯ ᠶᠣᠰᠤ ᠪᠠᠷ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠤᠷᠤᠯᠭ᠎ᠠ ᠶᠢᠨ ᠱᠠᠩᠨᠠᠯ ᠤᠨ ᠮᠥᠩᠭᠦ᠂ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠶᠢ ᠪᠠᠶᠢᠭᠤᠯᠵᠤ᠂ ᠰᠢᠯᠢᠳᠡᠭ ᠰᠤᠷᠤᠭᠴᠢ ᠶᠢ ᠱᠠᠩᠨᠠᠨ ᠬᠥᠬᠢᠭᠦᠯᠵᠦ᠂ ᠠᠵᠤ ᠠᠬᠤᠢ ᠨᠢ ᠬᠦᠴᠢᠷᠳᠡᠯᠲᠡᠢ ᠰᠤᠷᠤᠭᠴᠢ ᠶᠢ ᠳᠡᠳᠬᠦᠨ ᠲᠤᠰᠠᠯᠠᠬᠤ ᠶᠢ ᠳᠡᠮᠵᠢᠨ᠎ᠡ᠃ ᠠᠵᠢᠯ ᠮᠡᠷᠭᠡᠵᠢᠯ ᠤᠨ ᠰᠤᠷᠭᠠᠭᠤᠯᠢ ᠶᠢᠨ ᠬᠢᠨ ᠤᠯᠤᠰ ᠤᠨ ᠬᠤᠯᠪᠤᠭᠳᠠᠬᠤ ᠲᠣᠭᠲᠠᠭᠠᠯ ᠶᠣᠰᠤ ᠪᠠᠷ ᠠᠵᠢᠯ ᠦᠢᠯᠡᠰ ᠤᠨ ᠣᠷᠣᠯᠭ᠎ᠠ ᠪᠤᠶᠤ ᠰᠤᠷᠤᠯᠭ᠎ᠠ ᠶᠢᠨ ᠰᠦᠢᠳᠬᠡᠯ ᠤᠨ ᠣᠷᠣᠯᠭ᠎ᠠ ᠶᠢᠨ ᠳᠣᠲᠣᠷ᠎ᠠ ᠠᠴᠠ ᠵᠣᠬᠢᠬᠤ ᠬᠠᠷᠢᠴᠠᠯ ᠢᠶᠠᠷ ᠪᠡᠯᠡ ᠮᠥᠩᠭᠦ ᠭᠠᠷᠭᠠᠵᠤ᠂ ᠰᠤᠷᠤᠭᠴᠢ ᠶᠢ ᠱᠠᠩᠨᠠᠬᠤ ᠪᠠ ᠲᠤᠰᠠᠯᠠᠬᠤ ᠳᠤ ᠬᠡᠷᠡᠭᠯᠡᠨ᠎ᠡ᠃ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠤᠯᠪᠤᠭᠳᠠᠬᠤ ᠰᠠᠯᠠᠭ᠎ᠠ ᠮᠥᠴᠢᠷ ᠤᠨ ᠬᠢᠨ ᠠᠵᠢᠯ ᠮᠡᠷᠭᠡᠵᠢᠯ ᠤᠨ ᠰᠤᠷᠭᠠᠭᠤᠯᠢ ᠶᠢ ᠳᠡᠳᠬᠦᠨ ᠲᠤᠰᠠᠯᠠᠬᠤ ᠪᠡᠯᠡ ᠮᠥᠩᠭᠦᠨ ᠤ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠵᠦ᠂ ᠳᠡᠳᠬᠦᠨ ᠲᠤᠰᠠᠯᠠᠬᠤ ᠪᠡᠯᠡ ᠮᠥᠩᠭᠦᠨ ᠤ ᠬᠠᠮᠢᠶᠠᠷᠤᠯᠲᠠ ᠪᠠ ᠬᠡᠷᠡᠭᠯᠡᠯᠲᠡ ᠶᠢ ᠳᠦᠷᠢᠮᠵᠢᠭᠦᠯᠦᠨ᠎ᠡ᠃     ᠲᠠᠪᠢᠨ ᠭᠤᠷᠪᠠᠳᠤᠭᠠᠷ ᠵᠦᠢᠯ   ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢ ᠰᠤᠷᠭᠠᠭᠤᠯᠢ ᠳᠡᠪᠰᠢᠬᠦ᠂ ᠠᠵᠢᠯ ᠣᠯᠬᠤ᠂ ᠠᠵᠢᠯ ᠮᠡᠷᠭᠡᠵᠢᠯ ᠤᠨ ᠬᠥᠭᠵᠢᠯᠲᠡ ᠵᠡᠷᠭᠡ ᠲᠠᠯ᠎ᠠ ᠪᠠᠷ ᠠᠳᠠᠯᠢ ᠳᠡᠰ ᠤᠨ ᠡᠩ ᠤᠨ ᠰᠤᠷᠭᠠᠭᠤᠯᠢ ᠶᠢᠨ ᠰᠤᠷᠤᠭᠴᠢ ᠲᠠᠢ ᠠᠳᠠᠯᠢ ᠲᠡᠭᠰᠢ ᠲᠣᠬᠢᠶᠠᠯ ᠲᠠᠢ᠃ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠬᠡᠷᠡᠭᠵᠢᠭᠦᠯᠬᠦ ᠡᠩ ᠤᠨ ᠳᠡᠭᠡᠳᠦ ᠰᠤᠷᠭᠠᠭᠤᠯᠢ ᠰᠤᠷᠤᠭᠴᠢ ᠡᠯᠰᠡᠬᠦ ᠲᠥᠯᠥᠪᠯᠡᠭᠡ ᠳᠤ ᠪᠠᠨ ᠵᠣᠬᠢᠬᠤ ᠬᠠᠷᠢᠴᠠᠯ ᠲᠣᠭᠲᠠᠭᠠᠬᠤ ᠪᠤᠶᠤ ᠲᠤᠰᠠᠭᠠᠷ ᠰᠢᠯᠭᠠᠬᠤ ᠠᠷᠭ᠎ᠠ ᠶᠢ ᠠᠪᠴᠤ ᠠᠵᠢᠯ ᠮᠡᠷᠭᠡᠵᠢᠯ ᠤᠨ ᠰᠤᠷᠭᠠᠭᠤᠯᠢ ᠲᠡᠭᠦᠰᠦᠭᠰᠡᠳ ᠢ ᠲᠤᠰᠬᠠᠶᠢᠯᠠᠨ ᠡᠯᠰᠡᠬᠦ ᠬᠡᠷᠡᠭᠲᠡᠢ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠡᠷᠬᠡ ᠲᠡᠭᠰᠢ ᠪᠠᠷ ᠠᠵᠢᠯ ᠣᠯᠭᠤᠬᠤ ᠣᠷᠴᠢᠨ ᠲᠣᠭᠤᠷᠢᠨ ᠢ ᠡᠭᠦᠳᠬᠦ ᠬᠡᠷᠡᠭᠲᠡᠶ᠃ ᠬᠥᠮᠦᠨ ᠬᠡᠷᠡᠭᠯᠡᠬᠦ ᠨᠢᠭᠡᠴᠢ ᠠᠵᠢᠯ ᠮᠡᠷᠭᠡᠵᠢᠯ ᠤᠨ ᠰᠤᠷᠭᠠᠭᠤᠯᠢ ᠲᠡᠭᠦᠰᠦᠭᠰᠡᠳ ᠤᠨ ᠡᠷᠬᠡ ᠲᠡᠭᠰᠢ ᠪᠠᠷ ᠠᠵᠢᠯ ᠣᠯᠬᠤ᠂ ᠡᠷᠬᠡ ᠲᠡᠭᠰᠢ ᠪᠠᠷ ᠥᠷᠢᠰᠥᠯᠳᠦᠬᠦ ᠶᠢ ᠬᠠᠷᠰᠢᠯᠠᠬᠤ ᠰᠢᠯᠭᠠᠭᠤᠯᠬᠤ᠂ ᠡᠯᠰᠡᠬᠦ᠂ ᠤᠷᠢᠬᠤ ᠨᠥᠬᠦᠴᠡᠯ ᠲᠣᠬᠢᠷᠠᠭᠤᠯᠵᠤ ᠪᠣᠯᠬᠤ ᠦᠭᠡᠶ᠃ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠢ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠳ ᠮᠡᠷᠭᠡᠵᠢᠯ ᠤᠨ ᠤᠷ᠎ᠠ ᠴᠢᠳᠠᠪᠤᠷᠢ ᠶᠢᠨ ᠠᠵᠢᠯ ᠤᠨ ᠪᠠᠶᠢᠷᠢ ᠳᠤ ᠠᠵᠢᠯᠲᠠᠨ ᠡᠯᠰᠡᠬᠦ᠂ ᠤᠷᠢᠬᠤ ᠳᠤ ᠪᠠᠨ ᠮᠡᠷᠭᠡᠵᠢᠯ ᠤᠨ ᠤᠷ᠎ᠠ ᠴᠢᠳᠠᠪᠤᠷᠢ ᠶᠢᠨ ᠱᠠᠭᠠᠷᠳᠠᠯᠭ᠎ᠠ ᠶᠢ ᠲᠣᠳᠣᠷᠬᠠᠶᠢᠯᠠᠵᠤ᠂ ᠮᠡᠷᠭᠡᠵᠢᠯ ᠤᠨ ᠤᠷ᠎ᠠ ᠴᠢᠳᠠᠪᠤᠷᠢ ᠶᠢᠨ ᠬᠢᠷᠢ ᠬᠡᠮᠵᠢᠶ᠎ᠡ ᠶᠢ ᠡᠯᠰᠡᠬᠦ᠂ ᠤᠷᠢᠬᠤ ᠶᠢᠨ ᠴᠢᠬᠤᠯᠠ ᠨᠥᠬᠦᠴᠡᠯ ᠪᠣᠯᠭᠠᠬᠤ ᠬᠡᠷᠡᠭᠲᠡᠢ᠃ ᠠᠵᠢᠯ ᠦᠢᠯᠡᠰ ᠤᠨ ᠨᠢᠭᠡᠴᠢ ᠠᠴᠠ ᠢᠯᠡ ᠪᠠᠷ ᠠᠵᠢᠯᠲᠠᠨ ᠡᠯᠰᠡᠬᠦ ᠶᠠᠪᠤᠴᠠ ᠳᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠳᠡᠰ ᠤᠨ ᠱᠠᠭᠠᠷᠳᠠᠯᠭ᠎ᠠ ᠲᠠᠢ ᠠᠵᠢᠯ ᠤᠨ ᠪᠠᠶᠢᠷᠢ ᠳᠤ ᠰᠤᠷᠤᠯᠭ᠎ᠠ ᠶᠢᠨ ᠨᠠᠮᠲᠠᠷ ᠤᠨ ᠱᠠᠭᠠᠷᠳᠠᠯᠭ᠎ᠠ ᠶᠢ ᠵᠣᠬᠢᠬᠤ ᠬᠡᠮᠵᠢᠶ᠎ᠡ ᠪᠠᠷ ᠪᠠᠭᠤᠷᠠᠭᠤᠯᠵᠤ ᠪᠣᠯᠤᠨ᠎ᠠ᠃       ᠵᠢᠷᠭᠤᠳᠤᠭᠠᠷ ᠪᠦᠯᠦᠭ   ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠠᠲᠤᠯᠠᠭ᠎ᠠ       ᠲᠠᠪᠢᠨ ᠳᠥᠷᠪᠡᠳᠦᠭᠡᠷ ᠵᠦᠢᠯ   ᠤᠯᠤᠰ ᠠᠴᠠ ᠰᠤᠷᠭᠠᠨ ᠬᠥᠮᠦᠵᠢᠯ ᠤᠨ ᠵᠠᠷᠤᠳᠠᠯ ᠤᠨ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠵᠠᠷᠤᠳᠠᠯ ᠤᠨ ᠪᠡᠯᠡ ᠣᠷᠣᠭᠤᠯᠤᠯᠲᠠ ᠶᠢ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠬᠡᠷᠡᠭᠴᠡᠭᠡ ᠲᠠᠢ ᠵᠣᠬᠢᠴᠠᠭᠤᠯᠵᠤ᠂ ᠣᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠬᠥᠭᠵᠢᠭᠦᠯᠬᠦ ᠪᠡᠯᠡ ᠮᠥᠩᠭᠦ ᠶᠢ ᠬᠠᠤᠯᠢ ᠶᠣᠰᠤ ᠪᠠᠷ ᠴᠤᠭᠯᠠᠭᠤᠯᠬᠤ ᠶᠢ ᠵᠣᠷᠢᠭᠵᠢᠭᠤᠯᠤᠨ᠎ᠠ᠃      ᠲᠠᠪᠢᠨ ᠲᠠᠪᠤᠳᠤᠭᠠᠷ ᠵᠦᠢᠯ   ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠵᠢᠯ ᠤᠨ ᠡᠷᠬᠡ ᠪᠣᠯᠤᠨ ᠵᠠᠷᠤᠯᠭ᠎ᠠ ᠶᠢᠨ ᠬᠠᠷᠢᠭᠤᠴᠠᠯᠭ᠎ᠠ ᠪᠠᠨ ᠬᠠᠷᠢᠯᠴᠠᠨ ᠲᠣᠬᠢᠷᠠᠭᠤᠯᠬᠤ ᠵᠠᠷᠴᠢᠮ ᠶᠣᠰᠤ ᠪᠠᠷ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠤᠷᠭᠠᠭᠤᠯᠢ ᠡᠷᠬᠢᠯᠡᠬᠦ ᠬᠡᠪᠴᠢᠶ᠎ᠡ᠂ ᠬᠥᠮᠦᠵᠢᠭᠦᠯᠬᠦ ᠥᠪᠡᠷ ᠤᠨ ᠥᠷᠲᠡᠭ ᠪᠣᠯᠤᠨ ᠰᠤᠷᠭᠠᠭᠤᠯᠢ ᠡᠷᠬᠢᠯᠡᠬᠦ ᠴᠢᠨᠠᠷ ᠴᠢᠨᠰᠠᠭ᠎ᠠ ᠵᠡᠷᠭᠡ ᠶᠢ ᠦᠨᠳᠦᠰᠦᠯᠡᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠵᠠᠷᠤᠳᠠᠯ ᠢ ᠨᠠᠶᠢᠳᠠᠪᠤᠷᠢᠵᠢᠭᠤᠯᠬᠤ ᠶᠢᠨ ᠬᠠᠮᠲᠤ ᠲᠥᠰᠦᠪ ᠤᠨ ᠬᠢᠷᠢ ᠪᠦᠲᠦᠮᠵᠢ ᠶᠢᠨ ᠬᠠᠮᠢᠶᠠᠷᠤᠯᠲᠠ ᠪᠠᠨ ᠴᠢᠩᠭᠠᠳᠬᠠᠵᠤ᠂ ᠪᠡᠯᠡ ᠮᠥᠩᠭᠦ ᠬᠡᠷᠡᠭᠯᠡᠬᠦ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠶ᠃ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠲᠤᠰ ᠭᠠᠵᠠᠷ ᠣᠷᠣᠨ ᠤ ᠪᠠᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢ ᠨᠢᠭᠡ ᠪᠦᠷᠢ ᠶᠢᠨ ᠳᠤᠮᠳᠠᠴᠢ ᠵᠠᠷᠤᠳᠠᠯ ᠤᠨ ᠪᠠᠷᠢᠮᠵᠢᠶ᠎ᠠ ᠪᠤᠶᠤ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠪᠠᠷᠢᠮᠵᠢᠶ᠎ᠠ ᠶᠢ ᠲᠣᠭᠲᠠᠭᠠᠬᠤ ᠬᠡᠷᠡᠭᠲᠡᠶ᠃ ᠠᠵᠢᠯ ᠮᠡᠷᠭᠡᠵᠢᠯ ᠤᠨ ᠰᠤᠷᠭᠠᠭᠤᠯᠢ ᠡᠷᠬᠢᠯᠡᠭᠰᠡᠳ ᠰᠤᠷᠤᠭᠴᠢ ᠨᠢᠭᠡ ᠪᠦᠷᠢ ᠶᠢᠨ ᠳᠤᠮᠳᠠᠴᠢ ᠵᠠᠷᠤᠳᠠᠯ ᠤᠨ ᠪᠠᠷᠢᠮᠵᠢᠶ᠎ᠠ ᠪᠤᠶᠤ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠪᠠᠷᠢᠮᠵᠢᠶ᠎ᠠ ᠶᠣᠰᠤ ᠪᠠᠷ ᠵᠠᠷᠤᠳᠠᠯ ᠢ ᠬᠤᠭᠤᠴᠠᠭᠠᠨ ᠳᠤ ᠪᠠᠨ ᠭᠦᠢᠴᠡᠳ ᠲᠤᠭ᠎ᠠ ᠪᠠᠷ ᠰᠠᠯᠭᠠᠨ ᠥᠭᠴᠦ᠂ ᠰᠤᠷᠭᠠᠭᠤᠯᠢ ᠡᠷᠬᠢᠯᠡᠬᠦ ᠨᠥᠬᠦᠴᠡᠯ ᠢᠶᠠᠨ ᠲᠠᠰᠤᠷᠠᠯᠲᠠ ᠤᠢᠭᠡᠢ ᠰᠠᠶᠢᠵᠢᠷᠠᠭᠤᠯᠬᠤ ᠬᠡᠷᠡᠭᠲᠡᠶ᠃ ᠰᠤᠷᠤᠯᠭ᠎ᠠ ᠶᠢᠨ ᠰᠦᠢᠳᠬᠡᠯ᠂ ᠨᠡᠶᠢᠭᠡᠮ ᠤᠨ ᠦᠢᠯᠡᠴᠢᠯᠡᠭᠡᠨ ᠤ ᠣᠷᠣᠯᠭ᠎ᠠ ᠪᠠᠷ ᠰᠤᠷᠤᠭᠴᠢ ᠶᠢᠨ ᠳᠤᠮᠳᠠᠴᠢ ᠰᠠᠯᠭᠠᠨ ᠥᠭᠬᠦ ᠵᠣᠭᠤᠰ ᠢ ᠲᠤᠯᠭᠠᠨ ᠪᠣᠳᠣᠵᠤ ᠪᠣᠯᠬᠤ ᠦᠭᠡᠶ᠃ ᠠᠷᠠᠳ ᠠᠴᠠ ᠡᠷᠬᠢᠯᠡᠭᠰᠡᠨ ᠠᠵᠢᠯ ᠮᠡᠷᠭᠡᠵᠢᠯ ᠤᠨ ᠰᠤᠷᠭᠠᠭᠤᠯᠢ ᠡᠷᠬᠢᠯᠡᠭᠰᠡᠳ ᠠᠳᠠᠯᠢ ᠳᠡᠰ ᠤᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢ ᠨᠢᠭᠡ ᠪᠦᠷᠢ ᠶᠢᠨ ᠳᠤᠮᠳᠠᠴᠢ ᠵᠠᠷᠤᠳᠠᠯ ᠤᠨ ᠪᠠᠷᠢᠮᠵᠢᠶ᠎ᠠ ᠪᠠᠷ ᠯᠠᠪᠯᠠᠯᠲᠠ ᠪᠣᠯᠭᠠᠵᠤ᠂ ᠣᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ ᠵᠠᠷᠤᠳᠠᠯ ᠴᠤᠭᠯᠠᠭᠤᠯᠬᠤ ᠬᠡᠷᠡᠭᠲᠡᠶ᠃ ᠡᠳ᠋ ᠤᠨ ᠵᠠᠰᠠᠭ ᠤᠨ ᠲᠤᠰᠬᠠᠶ ᠵᠦᠢᠯ ᠢᠶᠠᠷ ᠲᠣᠬᠢᠷᠠᠭᠤᠯᠤᠭᠰᠠᠨ᠂ ᠨᠡᠶᠢᠭᠡᠮ ᠤᠨ ᠬᠢᠨ ᠤ ᠲᠤᠰᠠᠯᠠᠨ ᠬᠦᠷᠭᠡᠭᠰᠡᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠳᠤ ᠬᠡᠷᠡᠭᠯᠡᠬᠦ ᠪᠠᠷ ᠳᠣᠭᠲᠠᠭᠠᠭᠰᠠᠨ ᠵᠠᠷᠤᠳᠠᠯ ᠢ ᠶᠠᠮᠠᠷᠪᠠ ᠵᠣᠬᠢᠶᠠᠨ ᠪᠠᠶᠢᠭᠤᠯᠤᠯᠲᠠ ᠪᠣᠯᠤᠨ ᠬᠤᠪᠢ ᠬᠥᠮᠦᠨ ᠨᠡᠭᠦᠯᠭᠡᠨ ᠬᠡᠷᠡᠭᠯᠡᠬᠦ ᠪᠠ ᠳᠠᠷᠤᠵᠤ ᠦᠯᠡᠳᠡᠭᠡᠵᠦ ᠪᠣᠯᠬᠤ ᠦᠭᠡᠶ᠃      ᠲᠠᠪᠢᠨ ᠵᠢᠷᠭᠤᠳᠤᠭᠠᠷ ᠵᠦᠢᠯ    ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠣᠷᠣᠨ ᠨᠤᠲᠤᠭ ᠤᠨ ᠰᠤᠷᠭᠠᠨ ᠬᠥᠮᠦᠵᠢᠯ ᠤᠨ ᠨᠡᠮᠡᠯᠲᠡ ᠵᠡᠷᠭᠡ ᠵᠠᠷᠤᠳᠠᠯ ᠢ ᠲᠤᠬᠢᠷᠠᠭᠤᠯᠬᠤ ᠳᠤ ᠪᠠᠨ ᠲᠡᠭᠦᠨ ᠤ ᠳᠣᠲᠣᠷᠠᠬᠢ ᠠᠵᠢᠯ ᠮᠡᠷᠭᠡᠵᠢᠯ ᠤᠨ ᠰᠤᠷᠭᠠᠨ ᠬᠥᠮᠦᠵᠢᠯ ᠳᠤ ᠬᠡᠷᠡᠭᠯᠡᠵᠦ ᠪᠣᠯᠬᠤ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠬᠡᠷᠡᠭᠯᠡᠬᠦ ᠬᠡᠷᠡᠭᠲᠡᠢ︔ ᠠᠵᠢᠯ ᠠᠯᠳᠠᠭᠰᠠᠳ ᠤᠨ ᠳᠠᠭᠠᠳᠬᠠᠯ ᠤᠨ ᠰᠠᠭᠤᠷᠢ ᠮᠥᠩᠭᠦᠨ ᠤ ᠦᠢᠯᠡᠳᠦᠯ ᠢ ᠪᠠᠳᠠᠷᠠᠭᠤᠯᠵᠤ᠂ ᠠᠵᠢᠯᠳᠠᠨ ᠠᠵᠢᠯᠴᠢᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠪᠠᠨ ᠳᠡᠭᠡᠭᠰᠢᠯᠡᠭᠦᠯᠬᠦ ᠶᠢ ᠲᠡᠮᠵᠢᠨ᠎ᠠ᠃      ᠲᠠᠪᠢᠨ ᠳᠣᠯᠣᠳᠤᠭᠠᠷ ᠵᠦᠢᠯ   ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠬᠥᠳᠡᠭᠡ ᠲᠣᠰᠬᠤᠨ ᠳᠤ ᠬᠠᠨᠳᠤᠭᠤᠯᠤᠭᠰᠠᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠡᠯᠡ ᠣᠷᠣᠭᠤᠯᠤᠯᠲᠠ ᠪᠠᠨ ᠨᠡᠮᠡᠭᠳᠡᠭᠦᠯᠵᠦ᠂ ᠬᠥᠳᠡᠭᠡ ᠲᠣᠰᠬᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠭᠡᠭᠡᠯᠲᠡ᠂ ᠮᠡᠷᠭᠡᠵᠢᠯ ᠤᠨ ᠳᠡᠯᠭᠡᠷᠡᠭᠦᠯᠦᠯᠲᠡ ᠶᠢᠨ ᠵᠠᠷᠤᠳᠠᠯ ᠢ ᠬᠥᠳᠡᠭᠡ ᠲᠣᠰᠬᠤᠨ ᠤ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠳᠤ ᠵᠣᠬᠢᠰᠲᠠᠢ ᠬᠡᠷᠡᠭᠯᠡᠵᠦ ᠪᠣᠯᠤᠨ᠎ᠠ᠃       ᠲᠡᠪᠢᠠ ᠨᠠᠢᠮᠠᠳᠤᠭᠠᠷ ᠵᠦᠢᠯ    ᠠᠵᠤ ᠠᠬᠤᠶᠢᠯᠠᠯ ᠡᠷᠬᠡᠪᠰᠢ ᠲᠦᠷᠦ ᠶᠢᠨ ᠶᠠᠪᠤᠳᠠᠯ ᠤᠨ ᠬᠤᠷᠢᠶᠠᠨ ᠤ ᠲᠣᠭᠲᠠᠭᠠᠭᠰᠠᠨ ᠪᠠᠷᠢᠮᠵᠢᠶ᠎ᠠ ᠶᠢ ᠦᠨᠳᠦᠰᠦᠯᠡᠨ᠂ ᠠᠵᠢᠯᠳᠡᠠ ᠠᠵᠢᠯᠴᠢᠨ ᠤ ᠴᠠᠯᠢᠩ ᠤᠨ ᠪᠦᠬᠦ ᠲᠣᠭᠠᠨ ᠤ ᠵᠣᠬᠢᠬᠤ ᠬᠠᠷᠢᠴᠠᠯ ᠢᠶᠠᠷ ᠠᠵᠢᠯᠳᠡᠠ ᠠᠵᠢᠯᠴᠢᠨ ᠤ ᠰᠤᠷᠭᠠᠨ ᠬᠥᠮᠦᠵᠢᠯ ᠤᠨ ᠵᠠᠷᠤᠳᠠᠯ ᠢ ᠭᠠᠷᠭᠠᠨ ᠠᠪᠴᠤ ᠬᠡᠷᠡᠭᠯᠡᠨ᠎ᠡ᠃ ᠠᠵᠢᠯᠲᠠᠨ ᠠᠵᠢᠯᠴᠢᠨ ᠤ ᠰᠤᠷᠭᠠᠨ ᠬᠥᠮᠦᠵᠢᠯ ᠤᠨ ᠵᠠᠷᠤᠳᠠᠯ ᠢ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠠᠶᠢᠭᠤᠯᠤᠮᠵᠢ ᠶᠢ ᠡᠷᠬᠢᠯᠡᠬᠦ᠂ ᠲᠤᠰ ᠨᠢᠭᠡᠴᠢ ᠶᠢᠨ ᠢᠶᠠᠨ ᠠᠵᠢᠯᠲᠠᠨ ᠠᠵᠢᠯᠴᠢᠨ ᠪᠣᠯᠤᠨ ᠡᠯᠰᠡᠬᠦ ᠪᠠᠷ ᠪᠠᠶᠢᠭ᠎ᠠ ᠬᠥᠮᠦᠰ ᠲᠤ ᠠᠵᠢᠯ ᠮᠡᠷᠭᠡᠵᠢᠯ ᠤᠨ ᠬᠥᠮᠦᠵᠢᠯ ᠢ ᠥᠷᠨᠢᠭᠦᠯᠬᠦ ᠵᠡᠷᠭᠡ ᠵᠦᠢ ᠵᠣᠬᠢᠰᠲᠠᠶ ᠵᠦᠢᠯ ᠳᠤ ᠬᠡᠷᠡᠭᠯᠡᠵᠦ ᠪᠣᠯᠤᠨ᠎ᠠ᠂ ᠡᠭᠦᠨ ᠳᠤ ᠠᠵᠤ ᠠᠬᠤᠶᠢᠯᠠᠯ ᠤᠨ ᠨᠢᠭᠡᠳᠦᠭᠡᠷ ᠹᠷᠣᠨᠲ ᠤᠨ ᠠᠵᠢᠯᠲᠠᠨ ᠠᠵᠢᠯᠴᠢᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠳᠤ ᠬᠡᠷᠡᠭᠯᠡᠬᠦ ᠵᠠᠷᠤᠳᠠᠯ ᠢ ᠤᠯᠤᠰ ᠠᠴᠠ ᠲᠣᠭᠲᠠᠭᠠᠭᠰᠠᠨ ᠬᠠᠷᠢᠴᠠᠯ ᠳᠤ ᠬᠦᠷᠦᠭᠦᠯᠬᠦ ᠬᠡᠷᠡᠭᠲᠡᠶ᠃ ᠬᠥᠮᠦᠨ ᠬᠡᠷᠡᠭᠯᠡᠬᠦ ᠨᠢᠭᠡᠴᠢ ᠠᠵᠢᠯᠲᠠᠨ ᠠᠵᠢᠯᠴᠢᠨ ᠢ ᠠᠵᠢᠯ ᠮᠡᠷᠭᠡᠵᠢᠯ ᠤᠨ ᠰᠤᠷᠭᠠᠭᠤᠯᠢ ᠪᠤᠶᠤ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠳᠤ ᠲᠣᠬᠢᠷᠠᠭᠤᠯᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠬᠦᠷᠲᠡᠭᠡᠪᠡᠯ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠬᠦᠷᠲᠡᠵᠦ ᠪᠠᠶᠢᠭ᠎ᠠ ᠬᠤᠭᠤᠴᠠᠭᠠᠨ ᠳᠤ ᠬᠠᠤᠯᠢ ᠶᠣᠰᠤ ᠪᠠᠷ ᠴᠠᠯᠢᠩ ᠣᠯᠭᠤᠵᠤ᠂ ᠬᠠᠮᠢᠶ᠎ᠠ ᠪᠦᠬᠦᠢ ᠣᠯᠭᠤᠮᠵᠢ ᠶᠢ ᠪᠠᠲᠤᠯᠠᠬᠤ ᠬᠡᠷᠡᠭᠲᠡᠶ᠃ ᠠᠵᠤ ᠠᠬᠤᠶᠢᠯᠠᠯ ᠨᠢ ᠦᠢᠯᠡᠳᠪᠦᠷᠢᠯᠡᠯ ᠪᠣᠯᠤᠨ ᠵᠢᠭᠠᠨ ᠰᠤᠷᠭᠠᠯᠲᠠ ᠶᠢᠨ ᠴᠢᠳᠠᠮᠵᠢ ᠲᠠᠢ ᠠᠵᠤ ᠦᠢᠯᠡᠰ ᠪᠣᠯᠤᠨ ᠵᠢᠭᠠᠨ ᠰᠤᠷᠭᠠᠯᠲᠠ ᠶᠢ ᠠᠭᠤᠰᠬᠠᠭᠰᠠᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠪᠠᠶᠢᠭᠤᠯᠤᠭᠰᠠᠨ ᠠᠴᠠ ᠪᠣᠢ ᠪᠣᠯᠤᠭᠰᠠᠨ ᠵᠠᠷᠤᠳᠠᠯ ᠢ ᠠᠵᠢᠯ ᠮᠡᠷᠭᠡᠵᠢᠯ ᠤᠨ ᠰᠤᠷᠭᠠᠭᠤᠯᠢ ᠶᠢᠨ ᠵᠣᠬᠢᠬᠤ ᠬᠡᠷᠡᠭᠯᠡᠬᠦ ᠭᠠᠵᠠᠷ᠂ ᠨᠡᠶᠢᠲᠡ ᠶᠢᠨ ᠬᠡᠷᠡᠭᠯᠡᠭᠡᠨ ᠤ ᠠᠵᠢᠯ ᠦᠢᠯᠡᠰ ᠤᠨ ᠵᠠᠷᠤᠳᠠᠯ ᠵᠡᠷᠭᠡ ᠶᠢᠨ ᠬᠠᠷᠠᠭᠠᠯᠵᠠᠯ ᠢᠶᠠᠷ ᠯᠠᠪᠯᠠᠯᠲᠠ ᠪᠣᠯᠭᠠᠵᠤ ᠪᠣᠯᠤᠨ᠎ᠠ᠃       ᠲᠠᠪᠢ ᠶᠢᠰᠦᠳᠦᠭᠡᠷ ᠵᠦᠢᠯ    ᠤᠯᠤᠰ ᠠᠴᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠢᠨ ᠮᠥᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠬᠤ ᠪᠠᠷ ᠳᠠᠮᠵᠢᠭᠤᠯᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢ ᠳᠡᠮᠵᠢᠬᠦ ᠶᠢ ᠵᠣᠷᠢᠭᠵᠢᠭᠤᠯᠤᠨ᠎ᠠ᠃       ᠵᠢᠷᠠᠳᠤᠭᠠᠷ ᠵᠦᠢᠯ    ᠤᠯᠤᠰ ᠠᠴᠠ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠢᠴᠢ ᠠᠷᠠᠳ ᠢᠷᠭᠡᠨ ᠬᠤᠪᠢ ᠬᠥᠮᠦᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠤᠷᠤᠯᠭ᠎ᠠ ᠶᠢ ᠳᠡᠳᠬᠦᠨ ᠲᠤᠰᠠᠯᠠᠬᠤ ᠶᠢ ᠵᠣᠷᠢᠭᠵᠢᠭᠤᠯᠵᠤ᠂ ᠬᠢᠯᠢ ᠶᠢᠨ ᠭᠠᠳᠠᠨᠠᠬᠢ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠡᠳ᠋ ᠮᠥᠩᠭᠦ ᠪᠠᠷ ᠳᠡᠳᠬᠦᠨ ᠲᠤᠰᠠᠯᠠᠬᠤ ᠪᠠ ᠪᠡᠯᠡᠭᠯᠡᠨ ᠬᠦᠷᠭᠡᠬᠦ ᠶᠢ ᠵᠣᠷᠢᠭᠵᠢᠭᠤᠯᠤᠨ᠎ᠠ᠃ ᠬᠠᠩᠭᠠᠭᠰᠠᠨ ᠳᠡᠳᠬᠦᠮᠵᠢ ᠪᠠ ᠬᠦᠷᠭᠡᠯᠲᠡ ᠶᠢ ᠡᠷᠬᠡᠪᠰᠢ ᠠᠵᠢᠯ ᠮᠡᠷᠭᠡᠵᠢᠯ ᠤᠨ ᠰᠤᠷᠭᠠᠨ ᠬᠥᠮᠦᠵᠢᠯ ᠳᠤ ᠬᠡᠷᠡᠭᠯᠡᠬᠦ ᠬᠡᠷᠡᠭᠲᠡᠶ᠃     ᠵᠢᠷᠠᠨ ᠨᠢᠭᠡᠳᠦᠭᠡᠷ ᠵᠦᠢᠯ   ᠤᠯᠤᠰ ᠠᠴᠠ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠭᠠᠨ᠂ ᠵᠢᠭᠠᠬᠤ ᠮᠠᠲ᠋ᠧᠷᠢᠶᠠᠯ ᠪᠠ ᠵᠢᠭᠠᠨ ᠰᠤᠷᠭᠠᠯᠲᠠ ᠶᠢᠨ ᠡᠬᠢ ᠪᠠᠶᠠᠯᠢᠭ ᠤᠨ ᠨᠡᠭᠡᠭᠡᠨ ᠬᠥᠭᠵᠢᠭᠦᠯᠦᠯᠲᠡ ᠥᠷᠨᠢᠭᠦᠯᠬᠦ ᠶᠢ ᠵᠣᠷᠢᠭᠵᠢᠭᠤᠯᠤᠨ ᠳᠡᠮᠵᠢᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠡᠬᠢ ᠪᠠᠶᠠᠯᠢᠭ ᠢ ᠣᠷᠣᠨ ᠪᠦᠰᠡ ᠠᠯᠤᠰᠯᠠᠨ᠂ ᠠᠵᠢᠯ ᠲᠦᠷᠦᠯ ᠠᠯᠤᠰᠯᠠᠨ᠂ ᠰᠠᠯᠠᠭ᠎ᠠ ᠮᠥᠴᠢᠷ ᠠᠯᠤᠰᠯᠠᠨ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ ᠠᠬᠢᠭᠤᠯᠤᠨ᠎ᠠ᠃ ᠤᠯᠤᠰ ᠠᠴᠠ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠣᠨᠴᠠᠯᠢᠭ ᠪᠠ ᠴᠢᠳᠠᠮᠵᠢ ᠶᠢ ᠲᠤᠰᠬᠠᠬᠤ ᠮᠡᠳᠡᠭᠡ ᠵᠠᠩᠭᠢ ᠶᠢᠨ ᠪᠦᠷᠢᠳᠬᠡᠯ ᠪᠠ ᠬᠠᠮᠢᠶᠠᠷᠤᠯᠲᠠ ᠶᠢᠨ ᠳᠣᠭᠲᠠᠯᠴᠠᠭ᠎ᠠ ᠶᠢ ᠠᠯᠬᠤᠮ ᠠᠯᠬᠤᠮ ᠢᠶᠠᠷ ᠪᠠᠶᠢᠭᠤᠯᠤᠨ᠎ᠠ᠃ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠬᠤᠯᠪᠤᠭᠳᠠᠬᠤ ᠰᠠᠯᠠᠭ᠎ᠠ ᠮᠥᠴᠢᠷ ᠤᠨ ᠬᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠦᠢᠯᠡᠴᠢᠯᠡᠭᠡ ᠪᠠ ᠪᠠᠲᠤᠯᠠᠭᠠᠨ ᠤ ᠳᠣᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠵᠦ᠂ ᠠᠵᠢᠯᠴᠢᠨ ᠤ ᠡᠪᠯᠡᠯ ᠵᠡᠷᠭᠡ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ᠂ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ᠂ ᠠᠵᠤ ᠠᠬᠤᠶᠢᠯᠠᠯ᠂ ᠰᠤᠷᠭᠠᠭᠤᠯᠢ ᠵᠡᠷᠭᠡ ᠶᠢ ᠵᠣᠬᠢᠶᠠᠨ ᠪᠠᠶᠢᠭᠤᠯᠤᠨ ᠬᠥᠳᠥᠯᠥᠨ ᠵᠢᠯᠣᠭᠤᠳᠴᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠤᠳᠤᠯᠭᠠᠨ᠂ ᠤᠬᠠᠭᠤᠯᠤᠨ ᠳᠡᠯᠭᠡᠷᠡᠭᠦᠯᠬᠦ᠂ ᠴᠢᠳᠠᠪᠤᠷᠢᠲᠠᠨ ᠤ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠵᠡᠷᠭᠡ ᠠᠵᠢᠯᠯᠠᠭ᠎ᠠ ᠶᠢ ᠥᠷᠨᠢᠭᠦᠯᠬᠦ ᠬᠡᠷᠡᠭᠲᠡᠢ᠃     ᠵᠢᠷᠠᠨ ᠬᠤᠶᠠᠳᠤᠭᠠᠷ ᠵᠦᠢᠯ    ᠰᠣᠨᠢᠨ ᠮᠡᠳᠡᠭᠡᠨ ᠤ ᠵᠠᠭᠤᠴᠢᠯᠠᠭᠤᠷ ᠪᠠ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠤᠯᠪᠤᠭᠳᠠᠬᠤ ᠲᠠᠯ᠎ᠠ ᠶᠢᠨ ᠬᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠶᠢ ᠢᠳᠡᠪᠬᠢᠲᠡᠢ ᠥᠷᠨᠢᠭᠦᠯᠵᠦ᠂ ᠮᠡᠷᠭᠡᠵᠢᠯ ᠤᠨ ᠤᠷ᠎ᠠ ᠴᠢᠳᠠᠪᠤᠷᠢᠲᠤ ᠴᠢᠳᠠᠪᠤᠷᠢᠲᠠᠨ ᠤ ᠦᠰᠦᠨ ᠪᠤᠶᠢᠵᠢᠵᠤ ᠴᠢᠳᠠᠪᠤᠷᠢᠲᠠᠨ ᠪᠣᠯᠤᠭᠰᠠᠨ ᠨᠡᠶᠢᠲᠡᠯᠢᠭ ᠦᠢᠯᠡ ᠠᠵᠢᠯᠯᠠᠭ᠎ᠠ ᠶᠢ ᠪᠠᠳᠠᠷᠠᠭᠤᠯᠵᠤ᠂ ᠬᠥᠮᠦᠨ ᠪᠣᠯᠭᠠᠨ ᠴᠢᠳᠠᠪᠤᠷᠢᠲᠠᠨ ᠪᠣᠯᠬᠤ ᠪᠠᠷ ᠴᠢᠷᠮᠠᠶᠢᠬᠤ᠂ ᠬᠥᠮᠦᠨ ᠪᠣᠯᠭᠠᠨ ᠴᠢᠳᠠᠪᠤᠷᠢᠲᠠᠨ ᠪᠤᠯᠵᠤ ᠪᠣᠯᠬᠤ᠂ ᠬᠥᠮᠦᠨ ᠪᠣᠯᠭᠠᠨ ᠡᠷᠳᠡᠮ ᠴᠢᠳᠠᠪᠤᠷᠢ ᠪᠠᠨ ᠭᠦᠢᠴᠡᠳ ᠪᠠᠳᠠᠷᠠᠭᠤᠯᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃     ᠳᠣᠯᠣᠳᠤᠭᠠᠷ ᠪᠦᠯᠦᠭ    ᠬᠠᠤᠯᠢ ᠶᠢᠨ ᠬᠠᠷᠢᠭᠤᠴᠠᠯᠭ᠎ᠠ      ᠵᠢᠷᠠᠨ ᠭᠤᠷᠪᠠᠳᠤᠭᠠᠷ ᠵᠦᠢᠯ    ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯᠯᠠᠭᠠᠨ ᠤ ᠶᠠᠪᠤᠴᠠ ᠳᠤ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠤᠷᠭᠠᠨ ᠬᠥᠮᠦᠵᠢᠯ ᠤᠨ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠯᠮᠦᠷᠢ ᠶᠢᠨ ᠬᠠᠤᠯᠢ︾ ᠵᠡᠷᠭᠡ ᠬᠤᠯᠪᠤᠭᠳᠠᠬᠤ ᠬᠠᠤᠯᠢ ᠴᠠᠭᠠᠵᠠ ᠶᠢᠨ ᠲᠣᠭᠲᠠᠭᠠᠯ ᠢ ᠵᠥᠷᠢᠴᠡᠭᠰᠡᠨ ᠪᠣᠯ ᠬᠤᠯᠪᠤᠭᠳᠠᠬᠤ ᠬᠠᠤᠯᠢ ᠴᠠᠭᠠᠵᠠ ᠶᠢᠨ ᠲᠣᠭᠲᠠᠭᠠᠯ ᠶᠣᠰᠤ ᠪᠠᠷ ᠰᠢᠢᠳᠭᠡᠨ᠎ᠡ᠃     ᠵᠢᠷᠠᠨ ᠳᠥᠷᠪᠡᠳᠦᠭᠡᠷ ᠵᠦᠢᠯ    ᠠᠵᠤ ᠠᠬᠤᠶᠢᠯᠠᠯ ᠲᠤᠰ ᠬᠠᠤᠯᠢ ᠶᠢᠨ ᠲᠣᠭᠲᠠᠭᠠᠯ ᠶᠣᠰᠤ ᠪᠠᠷ ᠲᠤᠰ ᠨᠢᠭᠡᠴᠢ ᠶᠢᠨ ᠢᠶᠠᠨ ᠠᠵᠢᠯᠲᠠᠨ ᠠᠵᠢᠯᠴᠢᠨ ᠪᠠ ᠡᠯᠰᠡᠬᠦ ᠪᠠᠷ ᠪᠡᠯᠡᠳᠬᠡᠵᠦ ᠪᠠᠶᠢᠭ᠎ᠠ ᠬᠥᠮᠦᠰ ᠲᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠬᠦᠷᠲᠡᠭᠡᠭᠰᠡᠨ ᠦᠭᠡᠢ᠂ ᠠᠵᠢᠯᠲᠠᠨ ᠠᠵᠢᠯᠴᠢᠨ ᠤ ᠰᠤᠷᠭᠠᠨ ᠬᠥᠮᠦᠵᠢᠯ ᠤᠨ ᠵᠠᠷᠤᠳᠠᠯ ᠢ ᠭᠠᠷᠭᠠᠵᠤ ᠠᠪᠤᠭᠰᠠᠨ ᠪᠠ ᠬᠡᠷᠡᠭᠯᠡᠭᠰᠡᠨ ᠦᠭᠡᠢ ᠪᠣᠯ ᠬᠤᠯᠪᠤᠭᠳᠠᠬᠤ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠤᠭᠤᠯᠤᠨ᠎ᠠ︔ ᠵᠠᠯᠠᠷᠠᠭᠤᠯᠬᠤ ᠶᠢ ᠲᠡᠪᠴᠢᠭᠰᠡᠨ ᠪᠣᠯ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ ᠲᠡᠭᠦᠨ ᠤ ᠡᠭᠦᠷᠭᠡᠯᠡᠪᠡᠰᠦ ᠵᠣᠬᠢᠬᠤ ᠠᠵᠢᠯᠳᠠᠨ ᠠᠵᠢᠯᠴᠢᠨ ᠤ ᠰᠤᠷᠭᠠᠨ ᠬᠥᠮᠦᠵᠢᠯ ᠤᠨ ᠵᠠᠷᠤᠳᠠᠯ ᠢ ᠬᠤᠷᠢᠶᠠᠨ ᠠᠪᠴᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠳᠤ ᠬᠡᠷᠡᠭᠯᠡᠨ᠎ᠡ᠃      ᠵᠢᠷᠠᠨ ᠲᠠᠪᠤᠳᠤᠭᠠᠷ ᠵᠦᠢᠯ   ᠠᠵᠢᠯ ᠮᠡᠷᠭᠡᠵᠢᠯ ᠤᠨ ᠰᠤᠷᠭᠠᠭᠤᠯᠢ᠂ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯᠯᠠᠭᠠᠨ ᠤ ᠶᠠᠪᠤᠴᠠ ᠳᠤ ᠲᠤᠰ ᠬᠠᠤᠯᠢ ᠶᠢᠨ ᠲᠣᠭᠲᠠᠭᠠᠯ ᠢ ᠵᠥᠷᠢᠴᠡᠭᠰᠡᠨ ᠪᠣᠯ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠤᠶᠤ ᠪᠤᠰᠤᠳ ᠬᠤᠯᠪᠤᠭᠳᠠᠬᠤ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠤᠭᠤᠯᠤᠨ᠎ᠠ︔ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠴᠢᠨᠠᠷ ᠴᠢᠨᠰᠠᠭ᠎ᠠ ᠨᠢ ᠳᠣᠣᠷ᠎ᠠ ᠪᠤᠶᠤ ᠬᠠᠮᠢᠶᠠᠷᠤᠯᠲᠠ ᠨᠢ ᠡᠮᠬᠢ ᠵᠠᠮᠪᠠᠷᠠᠭ᠎ᠠ ᠤᠢᠭᠡᠢ ᠠᠴᠠ ᠪᠤᠯᠵᠦ ᠬᠦᠨᠳᠦ ᠨᠣᠴᠢᠲᠠᠢ ᠤᠷᠰᠢᠭ ᠲᠠᠲᠠᠭᠰᠠᠨ ᠪᠣᠯ ᠵᠠᠷᠯᠢᠭᠳᠠᠵᠤ ᠰᠤᠷᠦᠬᠴᠢ ᠡᠯᠰᠡᠬᠦ ᠶᠢ ᠲᠦᠷ ᠵᠣᠭᠰᠣᠭᠠᠵᠤ᠂ ᠬᠤᠭᠤᠴᠠᠭ᠎ᠠ ᠲᠣᠭᠲᠠᠭᠠᠨ ᠴᠡᠭᠴᠡᠯᠡᠭᠦᠯᠦᠨ᠎ᠡ︔ ᠬᠤᠭᠤᠴᠠᠭ᠎ᠠ ᠬᠡᠲᠦᠷᠡᠲᠡᠯ᠎ᠡ ᠴᠡᠭᠴᠡᠯᠡᠭᠰᠡᠨ ᠦᠭᠡᠢ ᠪᠤᠶᠤ ᠴᠡᠭᠴᠡᠯᠡᠭᠡᠳ ᠱᠠᠭᠠᠷᠳᠠᠯᠭ᠎ᠠ ᠳᠤ ᠬᠦᠷᠦᠭᠰᠡᠨ ᠦᠭᠡᠢ ᠪᠣᠯ ᠰᠤᠷᠭᠠᠭᠤᠯᠢ ᠡᠷᠬᠢᠯᠡᠬᠦ ᠵᠥᠪᠰᠢᠶᠡᠷᠡᠯ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠬᠤ ᠪᠤᠶᠤ ᠰᠤᠷᠭᠠᠭᠤᠯᠢ ᠡᠷᠬᠢᠯᠡᠬᠦ ᠶᠢ ᠵᠠᠷᠯᠢᠭᠳᠠᠨ ᠵᠣᠭᠰᠣᠭᠠᠨ᠎ᠠ᠃    ᠵᠢᠷᠠᠨ ᠵᠢᠷᠭᠤᠳᠤᠭᠠᠷ ᠵᠦᠢᠯ    ᠠᠵᠢᠯ ᠮᠡᠷᠭᠡᠵᠢᠯ ᠤᠨ ᠰᠤᠷᠭᠠᠭᠤᠯᠢ ᠪᠠ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠰᠤᠷᠤᠭᠴᠢᠳ ᠤᠨ ᠳᠠᠳᠤᠯᠭ᠎ᠠ ᠶᠢ ᠬᠦᠯᠢᠶᠡᠨ ᠠᠪᠤᠭᠰᠠᠨ ᠨᠢᠭᠡᠴᠢ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠰᠤᠷᠤᠭᠴᠢᠳ ᠤᠨ ᠠᠮᠠᠷᠠᠯᠲᠠ ᠪᠠ ᠠᠮᠠᠷᠠᠯᠲᠠ ᠶᠢᠨ ᠴᠢᠯᠥᠭᠡ ᠠᠪᠬᠤ ᠂ ᠬᠥᠳᠡᠯᠮᠦᠷᠢ ᠶᠢᠨ ᠠᠶᠤᠯ ᠦᠭᠡᠢ ᠪᠠᠶᠢᠳᠠᠯ ᠪᠠ ᠡᠷᠡᠭᠦᠯ ᠬᠠᠮᠠᠭᠠᠯᠠᠯ ᠤᠨ ᠬᠠᠮᠠᠭᠠᠯᠠᠯᠲᠠ ᠶᠢ ᠣᠯᠬᠤ᠂ ᠬᠤᠯᠪᠤᠭᠳᠠᠬᠤ ᠳᠠᠭᠠᠳᠬᠠᠯ ᠳᠤ ᠣᠷᠣᠯᠴᠠᠬᠤ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠢᠯᠤᠭᠤᠳᠤᠯᠭ᠎ᠠ ᠶᠢ ᠬᠦᠯᠢᠶᠡᠬᠦ ᠵᠡᠷᠭᠡ ᠡᠷᠬᠡ ᠳᠤ ᠬᠠᠯᠳᠠᠭᠰᠠᠨ ᠪᠣᠯ ᠬᠠᠤᠯᠢ ᠶᠣᠰᠤ ᠪᠠᠷ ᠵᠣᠬᠢᠰᠲᠠᠢ ᠬᠠᠤᠯᠢ ᠶᠢᠨ ᠬᠠᠷᠢᠭᠤᠴᠠᠯᠭ᠎ᠠ ᠡᠭᠦᠷᠭᠡᠯᠡᠨ᠎ᠡ᠃ ᠠᠵᠢᠯ ᠮᠡᠷᠭᠡᠵᠢᠯ ᠤᠨ ᠰᠤᠷᠭᠠᠭᠤᠯᠢ᠂ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ᠂ ᠬᠥᠳᠡᠯᠮᠦᠷᠢ ᠦᠢᠯᠡᠴᠢᠯᠡᠭᠡ ᠲᠣᠮᠢᠯᠠᠬᠤ ᠨᠢᠭᠡᠴᠢ ᠪᠤᠶᠤ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡ᠂ ᠬᠥᠳᠡᠯᠮᠦᠷᠢ ᠦᠢᠯᠡᠴᠢᠯᠡᠭᠡ ᠲᠣᠮᠢᠯᠠᠬᠤ ᠲᠤᠬᠠᠶᠢᠯᠠᠭᠰᠠᠨ ᠠᠵᠢᠯ ᠢ ᠬᠠᠤᠯᠢ ᠪᠤᠰᠤ ᠪᠠᠷ ᠬᠢᠵᠦ ᠪᠠᠶᠢᠭ᠎ᠠ ᠨᠢᠭᠡᠴᠢ ᠪᠤᠶᠤ ᠬᠤᠪᠢ ᠬᠥᠮᠦᠨ ᠤ ᠵᠣᠬᠢᠶᠠᠨ ᠪᠠᠶᠢᠭᠤᠯᠬᠤ ᠪᠠᠷ ᠳᠠᠮᠵᠢᠭᠤᠯᠤᠨ ᠰᠤᠷᠤᠭᠴᠢᠳ ᠤᠨ ᠳᠠᠳᠤᠯᠭ᠎ᠠ ᠪᠣᠯᠪᠠᠰᠤᠷᠠᠯ ᠬᠢᠬᠦ ᠶᠢ ᠲᠤᠬᠢᠷᠠᠭᠤᠯᠤᠨ ᠬᠠᠮᠢᠶᠠᠷᠤᠭᠰᠠᠨ ᠪᠣᠯ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭᠠᠨ ᠤ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠤᠶᠤ ᠪᠤᠰᠤᠳ ᠬᠤᠯᠪᠤᠭᠳᠠᠬᠤ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠤᠭᠤᠯᠵᠤ᠂ ᠬᠠᠤᠯᠢ ᠶᠢ ᠵᠥᠷᠢᠴᠡᠵᠦ ᠣᠯᠤᠭᠰᠠᠨ ᠠᠰᠢᠭ ᠬᠤᠨᠵᠢᠪᠤᠷᠢ ᠶᠢ ᠨᠢ ᠬᠤᠷᠢᠶᠠᠨ ᠠᠪᠴᠤ᠂ ᠬᠠᠤᠯᠢ ᠶᠢ ᠵᠥᠷᠢᠴᠡᠵᠦ ᠣᠯᠤᠭᠰᠠᠨ ᠠᠰᠢᠭ ᠬᠤᠨᠵᠢᠪᠤᠷᠢ ᠶᠢᠨ ᠨᠢᠭᠡ ᠲᠠᠬᠢᠨ ᠠᠴᠠ ᠳᠡᠭᠡᠭᠰᠢ ᠲᠠᠪᠤᠨ ᠲᠠᠬᠢᠨ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠭᠡᠨ᠎ᠡ︔ ᠬᠠᠤᠯᠢ ᠶᠢ ᠵᠥᠷᠢᠴᠡᠵᠦ ᠣᠯᠤᠭᠰᠠᠨ ᠠᠰᠢᠭ ᠬᠤᠨᠵᠢᠪᠤᠷᠢ ᠨᠢ ᠲᠦᠮᠡᠨ ᠲᠥᠭᠦᠷᠢᠭ ᠲᠤ ᠬᠦᠷᠬᠦ ᠦᠭᠡᠢ ᠪᠣᠯ ᠲᠦᠮᠡᠨ ᠲᠥᠭᠦᠷᠢᠭ ᠢᠶᠠᠷ ᠪᠤᠳᠤᠨ᠎ᠠ᠃ ᠡᠮᠦᠨᠡᠬᠢ ᠪᠠᠳᠠᠭ ᠲᠤ ᠲᠣᠭᠲᠠᠭᠠᠭᠰᠠᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ᠂ ᠬᠥᠳᠡᠯᠮᠦᠷᠢ ᠦᠢᠯᠡᠴᠢᠯᠡᠭᠡ ᠲᠣᠮᠢᠯᠠᠬᠤ ᠨᠢᠭᠡᠴᠢ ᠪᠤᠶᠤ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡ᠂ ᠬᠥᠳᠡᠯᠮᠦᠷᠢ ᠦᠢᠯᠡᠴᠢᠯᠡᠭᠡ ᠲᠣᠮᠢᠯᠠᠬᠤ ᠲᠤᠬᠠᠶᠢᠯᠠᠭᠰᠠᠨ ᠠᠵᠢᠯ ᠢ ᠬᠠᠤᠯᠢ ᠪᠤᠰᠤ ᠪᠠᠷ ᠡᠷᠬᠢᠯᠡᠭᠰᠡᠨ ᠨᠢᠭᠡᠴᠢ ᠪᠤᠶᠤ ᠬᠤᠪᠢ ᠬᠥᠮᠦᠨ ᠢ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭᠠᠨ ᠤ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠤᠶᠤ ᠪᠤᠰᠤᠳ ᠬᠤᠯᠪᠤᠭᠳᠠᠬᠤ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠤᠭᠤᠯᠵᠤ᠂ ᠬᠠᠤᠯᠢ ᠶᠢ ᠵᠥᠷᠢᠴᠡᠵᠦ ᠣᠯᠤᠭᠰᠠᠨ ᠠᠰᠢᠭ ᠬᠤᠨᠵᠢᠪᠤᠷᠢ ᠶᠢ ᠨᠢ ᠬᠤᠷᠢᠶᠠᠨ ᠠᠪᠴᠤ᠂ ᠬᠠᠤᠯᠢ ᠶᠢ ᠵᠥᠷᠢᠴᠡᠵᠦ ᠣᠯᠤᠭᠰᠠᠨ ᠠᠰᠢᠭ ᠬᠤᠨᠵᠢᠪᠤᠷᠢ ᠶᠢᠨ ᠨᠢᠭᠡ ᠳᠠᠬᠢᠨ ᠠᠴᠠ ᠳᠡᠭᠡᠭᠰᠢ ᠲᠠᠪᠤᠨ ᠳᠠᠬᠢᠨ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠭᠡᠨ᠎ᠡ︔ ᠬᠠᠤᠯᠢ ᠶᠢ ᠵᠥᠷᠢᠴᠡᠵᠦ ᠣᠯᠤᠭᠰᠠᠨ ᠠᠰᠢᠭ ᠬᠤᠨᠵᠢᠪᠤᠷᠢ ᠨᠢ ᠲᠦᠮᠡᠨ ᠲᠥᠭᠦᠷᠢᠭ ᠲᠤ ᠬᠦᠷᠬᠦ ᠦᠭᠡᠢ ᠪᠣᠯ ᠲᠦᠮᠡᠨ ᠲᠥᠭᠦᠷᠢᠭ ᠢᠶᠠᠷ ᠪᠤᠳᠤᠨ᠎ᠠ᠃     ᠵᠢᠷᠠᠨ ᠳᠣᠯᠣᠳᠤᠭᠠᠷ ᠵᠦᠢᠯ   ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭᠠᠨ ᠤ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠤᠶᠤ ᠪᠤᠰᠤᠳ ᠬᠤᠯᠪᠤᠭᠳᠠᠬᠤ ᠰᠠᠯᠠᠭ᠎ᠠ ᠮᠥᠴᠢᠷ ᠤᠨ ᠠᠵᠢᠯᠳᠠᠨ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠨ᠂ ᠲᠤᠰᠢᠶᠠᠯ ᠬᠠᠷᠢᠭᠤᠴᠠᠯᠭ᠎ᠠ ᠪᠠᠨ ᠣᠮᠲᠣᠭᠠᠶᠢᠯᠠᠵᠤ᠂ ᠬᠤᠪᠢ ᠶᠢᠨ ᠨᠠᠶᠢᠷ ᠢ ᠪᠣᠳᠤᠵᠤ ᠬᠠᠤᠯᠢ ᠶᠣᠰᠣ ᠶᠢ ᠵᠥᠷᠢᠴᠡᠭᠰᠡᠨ ᠪᠣᠯ ᠬᠠᠤᠯᠢ ᠶᠣᠰᠤ ᠪᠠᠷ ᠰᠢᠢᠳᠭᠡᠯ ᠥᠭᠭᠦᠨ᠎ᠡ︔ ᠶᠠᠯ᠎ᠠ ᠪᠤᠯᠵᠦ ᠪᠦᠷᠢᠯᠳᠦᠭᠰᠡᠨ ᠪᠣᠯ ᠬᠠᠤᠯᠢ ᠶᠣᠰᠤ ᠪᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠨᠠᠢᠮᠠᠳᠤᠭᠠᠷ ᠪᠦᠯᠦᠭ    ᠳᠠᠭᠠᠯᠳᠤᠭᠤᠯᠤᠭᠰᠠᠨ ᠲᠦᠷᠢᠮ     ᠵᠢᠷᠠᠨ ᠨᠠᠢᠮᠠᠳᠤᠭᠠᠷ ᠵᠦᠢᠯ    ᠬᠢᠯᠢ ᠶᠢᠨ ᠭᠠᠳᠠᠨᠠᠬᠢ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠬᠢᠯᠢ ᠶᠢᠨ ᠳᠣᠲᠣᠷ᠎ᠠ ᠠᠵᠢᠯ ᠮᠡᠷᠭᠡᠵᠢᠯ ᠤᠨ ᠰᠤᠷᠭᠠᠭᠤᠯᠢ ᠂ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠪᠠᠶᠢᠭᠤᠯᠬᠤ ᠳᠤ ᠲᠤᠰ ᠬᠠᠤᠯᠢ ᠶᠢ ᠬᠡᠷᠡᠭᠯᠡᠨ᠎ᠡ︔ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠪᠣᠯ ᠳᠤᠰᠬᠠᠢ ᠶᠢᠨ ᠲᠣᠭᠲᠠᠭᠠᠯ ᠢ ᠵᠢᠷᠤᠮᠯᠠᠨ᠎ᠠ᠃ ᠵᠢᠷᠠ ᠶᠢᠰᠦᠳᠦᠭᠡᠷ ᠵᠦᠢᠯ ᠲᠤᠰ ᠬᠠᠤᠯᠢ ᠶᠢ 2022 ᠣᠨ ᠤ 5 ᠰᠠᠷ᠎ᠠ ᠶᠢᠨ 1᠎ ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃      
        ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠰᠤᠷᠭᠠᠨ ᠬᠥᠮᠦᠵᠢᠯ ᠤᠨ ᠲᠢᠩᠬᠢᠮ