ᠦᠢᠷ᠎ᠠ ᠶᠢᠨ ᠡᠳᠤᠷ᠂ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠶᠤᠨ ᠰᠠᠨᠠᠭᠠᠨ ᠤ ᠪᠤᠯᠪᠠᠰᠤᠨ ᠤ ᠪᠠᠶᠢᠭᠤᠯᠤᠯᠳᠡ ᠶᠢᠨ ᠠᠯᠪᠡᠨ ᠭᠡᠷ᠂ | ᠦᠪᠤᠷ ᠮᠤᠩᠭᠤᠯ ᠤᠨ ᠷᠠᠳᠢᠤ᠋ ᠲᠧᠯᠸᠢᠰ ᠬᠤᠷᠢᠶ᠎ᠠ ᠠᠴᠠ ᠬᠠᠮᠳᠤᠷᠠᠨ ᠡᠷᠬᠢᠯᠡᠭᠰᠡᠨ ᠦᠪᠤᠷ ᠮᠤᠩᠭᠤᠯ ᠤᠨ ︿ᠠᠷᠪᠡᠨ ᠰᠤᠳᠤᠨ ᠪᠤᠯᠪᠠᠰᠤᠨ ᠰᠤᠷᠭᠠᠭᠤᠯᠢ﹀ ᠶᠢ | ᠡᠭᠦᠳᠤᠨ ᠪᠠᠶᠢᠭᠤᠯᠬᠤ ᠠᠵᠢᠯ ᠤᠨ ᠰᠢᠯᠭᠠᠷᠠᠭᠤᠯᠤᠯᠳᠡ ᠶᠢᠨ ᠠᠵᠢᠯᠯᠠᠭ᠎ᠠ ᠶᠠᠪᠤᠬᠳᠠᠪᠠ᠃ ᠮᠠᠨ ᠤ ᠬᠤᠳᠠ ᠶᠢᠨ ᠡᠵᠡᠨ ᠬᠤᠷᠤᠭ᠎ᠠ ᠬᠤᠰᠢᠭᠤᠨ ᠤ ᠲᠦᠷᠪᠡᠳᠦᠭᠡᠷ | ᠪᠠᠭ᠎ᠠ ᠰᠤᠷᠭᠠᠭᠤᠯᠢ᠂ ᠬᠢᠶ᠎ᠠ ᠪᠠᠭᠰᠢ ᠲᠤᠭᠤᠷᠢᠭ ᠤᠨ ᠲᠠᠪᠤᠳᠤᠭᠠᠷ ᠪᠠᠭ᠎ᠠ ᠰᠤᠷᠭᠠᠭᠤᠯᠢ᠂ ᠳ᠋ᠦᠡᠭᠱᠸᠡᠭ ᠲᠤᠭᠤᠷᠢᠭ ᠤᠨ ᠨᠢᠭᠡᠳᠦᠭᠡᠷ ᠲᠤᠮᠳᠠᠳᠤ ᠰᠤᠷᠭᠠᠭᠤᠯᠢ ︿ | ᠠᠷᠪᠡᠨ ᠰᠤᠳᠤᠨ ᠪᠤᠯᠪᠠᠰᠤᠨ ᠰᠤᠷᠭᠠᠭᠤᠯᠢ﹀ ᠪᠠᠷ ᠦᠨᠡᠯᠡᠭᠳᠡᠪᠡ᠃ | ᠲᠤᠰ ᠤᠳᠠᠭᠠᠨ ᠤ ᠰᠢᠯᠭᠠᠷᠠᠭᠤᠯᠤᠯᠳᠡ ᠳᠤ ᠨᠡᠶᠢᠳᠡ 112 ᠰᠤᠷᠭᠠᠭᠤᠯᠢ ᠤᠷᠤᠯᠴᠠᠵᠤ᠂ ᠠᠵᠢᠯᠯᠠᠭ᠎ᠠ ᠨᠢ ᠬᠡᠷᠡᠭ ᠤᠨ ᠵᠢᠱᠢᠶ᠎ᠡ ᠶᠢ ᠴᠤᠬᠯᠠᠭᠤᠯᠬᠤ᠂ | ᠤᠬᠠᠭᠤᠯᠤᠨ ᠲᠦᠭᠡᠮᠡᠯᠵᠢᠭᠦᠯᠬᠦ᠂ ᠤᠯᠡᠨ ᠲᠦᠮᠡᠨ ᠤᠷᠤᠯᠴᠠᠨ ᠪᠢᠯᠧᠲ ᠦᠭᠬᠦ ᠵᠡᠷᠭᠡ ᠭᠤᠬᠴᠤᠭ᠎ᠠ ᠪᠠᠷ ᠶᠠᠪᠤᠬᠳᠠᠪᠠ᠃ | ᠡᠯ᠎ᠡ ᠭᠠᠵᠠᠷ ᠤᠨ ᠬᠢᠨ ᠦᠷᠭᠡᠨ ᠢᠶᠠᠷ ᠤᠬᠠᠭᠤᠯᠭ᠎ᠠ ᠬᠢᠵᠤ᠂ ᠤᠯᠡᠨ ᠲᠦᠮᠡᠨ ᠢᠳᠡᠪᠬᠢᠳᠠᠢ ᠤᠷᠤᠯᠴᠠᠨ᠂ ᠨᠢᠭᠡ ᠰᠠᠷ᠎ᠠ ᠶᠢᠨ ᠬᠤᠭᠤᠴᠠᠭᠠᠨ ᠳᠤ ᠨᠡᠶᠢᠳᠡ | 50.07 ᠲᠦᠮᠡᠨ ᠬᠦᠮᠤᠨ ᠨᠡᠶᠢᠳᠡᠯᠢᠭ ᠵᠢᠱᠢᠶ᠎ᠡ ᠶᠢ ᠰᠢᠯᠭᠠᠷᠠᠭᠤᠯᠬᠤ ᠪᠢᠯᠧᠲ ᠦᠭᠬᠦ ᠳᠤ ᠤᠷᠤᠯᠴᠠᠵᠤ᠂ ᠨᠡᠶᠢᠳᠡ ᠪᠢᠯᠧᠲ ᠦᠭᠭᠦᠭᠰᠡᠨ ᠲᠤᠭ᠎ᠠ ᠨᠢ 69.16 | ᠲᠦᠮᠨ ᠳᠤ ᠬᠦᠷᠴᠠᠢ᠃ ᠬᠢᠶ᠎ᠠ ᠪᠠᠭᠰᠢ ᠲᠤᠭᠤᠷᠢᠭ ᠤᠨ ᠲᠠᠪᠤᠳᠤᠭᠠᠷ ᠪᠠᠭ᠎ᠠ ᠰᠤᠷᠭᠠᠭᠤᠯᠢ ᠶᠢᠨ ᠲᠡᠪᠰᠢᠭᠦᠯᠦᠭᠰᠡᠨ ︿ᠰᠠᠶᠢᠨ ᠰᠠᠶᠢᠬᠠᠨ ᠢ ᠦᠨᠡᠨ ᠬᠦ ᠡᠷᠬᠢᠮᠯᠡᠨ᠂ | ᠪᠤᠯᠪᠠᠰᠤᠨ ᠤ ᠴᠡᠴᠡᠭᠡᠰ ᠢ ᠬᠠᠮᠳᠤ ᠪᠠᠷ ᠪᠤᠶᠢᠵᠢᠭᠤᠯᠤᠶ᠎ᠠ﹀ ᠵᠡᠷᠭᠡ ᠡᠭᠦᠳᠤᠨ ᠪᠠᠶᠢᠭᠤᠯᠬᠤ ᠨᠡᠶᠢᠳᠡᠯᠢᠭ ᠵᠢᠱᠢᠶ᠎ᠡ ᠨᠢ ᠲᠤᠰ ᠤᠳᠠᠭᠠᠨ ᠤ ᠰᠢᠯᠭᠠᠷᠠᠭᠤᠯᠤᠯᠳᠡ ᠳᠤ ︿ | ᠠᠷᠪᠡᠨ ᠰᠤᠳᠤᠨ ᠪᠤᠯᠪᠠᠰᠤᠨ ᠰᠤᠷᠭᠠᠭᠤᠯᠢ﹀ ᠪᠠᠷ ᠲᠤᠬᠳᠠᠭᠠᠬᠳᠠᠪᠠ᠃ | ᠨᠡᠶᠢᠳᠡᠯᠢᠭ ᠵᠢᠱᠢᠶ᠎ᠡ ᠶᠢᠨ ᠰᠢᠯᠭᠠᠷᠠᠭᠤᠯᠤᠯᠳᠡ ᠨᠢ ᠪᠦᠬᠦ ᠤᠷᠤᠨ ᠤ ᠪᠤᠯᠪᠠᠰᠤᠨ ᠰᠤᠷᠭᠠᠭᠤᠯᠢ ᠶᠢᠨ ᠬᠦᠷᠢᠶ᠎ᠡ ᠶᠢ ᠡᠭᠦᠳᠤᠨ ᠪᠠᠶᠢᠭᠤᠯᠬᠤ ᠮᠡᠳᠡᠴᠨ ᠶᠢᠨ | ᠬᠡᠮᠵᠢᠶ᠎ᠡ᠂ ᠤᠷᠤᠯᠴᠠᠬᠤ ᠨᠤᠷᠮ᠎ᠡ ᠶᠢ ᠪᠦᠳᠦᠮᠵᠢᠳᠠᠢ ᠲᠡᠭᠡᠭᠰᠢᠯᠡᠭᠦᠯᠤᠨ᠂ ᠪᠤᠯᠪᠠᠰᠤᠨ ᠰᠤᠷᠭᠠᠭᠤᠯᠢ ᠶᠢᠨ ᠨᠦᠯᠦᠭᠡᠯᠡᠬᠦ ᠬᠦᠴᠦᠨ ᠢ ᠦᠷᠭᠡᠳᠭᠡᠵᠤ᠂ ᠪᠤᠯᠪᠠᠰᠤᠨ | ᠰᠤᠷᠭᠠᠭᠤᠯᠢ ᠶᠢ ᠡᠭᠦᠳᠤᠨ ᠪᠠᠶᠢᠭᠤᠯᠬᠤ ᠰᠠᠭᠤᠷᠢ ᠶᠢ ᠪᠠᠬᠢᠵᠢᠭᠦᠯᠤᠨ᠂ ᠡᠯ᠎ᠡ ᠭᠠᠵᠠᠷ ᠤᠨ ᠡᠭᠦᠳᠤᠨ ᠪᠠᠶᠢᠭᠤᠯᠬᠤ ᠠᠵᠢᠯ ᠢ ᠦᠷᠭᠦᠯᠵᠢᠯᠡᠨ ᠬᠦᠨᠵᠡᠭᠡᠶᠢᠷᠡᠭᠦᠯᠵᠤ᠂ | ᠨᠠᠰᠤᠨ ᠳᠤ ᠦᠯᠤ ᠬᠦᠷᠦᠭᠰᠡᠳ ᠤᠨ ᠡᠷᠡᠭᠦᠯ ᠢᠶᠠᠷ ᠦᠰᠦᠨ ᠪᠤᠶᠢᠵᠢᠬᠤ ᠳᠤ ᠤᠬᠢ ᠰᠠᠶᠢᠨ ᠬᠦᠮᠤᠨ ᠢ ᠬᠦᠮᠤᠵᠢᠭᠦᠯᠬᠦ ᠤᠷᠴᠢᠨ ᠠᠬᠤᠢ ᠶᠢ ᠪᠤᠢ ᠪᠤᠯᠭᠠᠵᠠᠢ᠃ | | |