365bet网上娱乐场_365双试投注是什么_365bet正网开户人民政府蒙古文网站 365bet网上娱乐场_365双试投注是什么_365bet正网开户

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠳ᠋ᠦᠩᠱᠧᠩ ᠲᠣᠭᠤᠷᠢᠭ ᠤᠨ 2022 ᠣᠨ ᠤ ᠳᠡᠭᠡᠷ᠎ᠡ ᠬᠠᠭᠠᠰ ᠵᠢᠯ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠡᠨᠧᠷᠭᠢ ᠶᠢᠨ ᠬᠤᠷᠣᠭᠳᠠᠯ ᠤᠨ ᠶᠡᠷᠦᠩᠬᠡᠢ ᠪᠠᠶᠢᠳᠠᠯ
        ᠨᠡᠶᠢᠲᠡᠯᠡᠭᠰᠡᠨ ᠴᠠᠭ᠄
        2022/8/8
              ︵ᠨᠢᠭᠡ︶ ᠳᠡᠭᠡᠷ᠎ᠡ ᠬᠠᠭᠠᠰ ᠵᠢᠯ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠡᠨᠧᠷᠭᠢ ᠶᠢᠨ ᠬᠡᠷᠡᠭᠯᠡᠭᠡᠨ ᠤ ᠪᠠᠶᠢᠳᠠᠯ      2022 ᠣᠨ ᠤ ᠳᠡᠭᠡᠷ᠎ᠡ ᠬᠠᠭᠠᠰ ᠵᠢᠯ ᠳᠤ᠂ ᠳ᠋ᠦᠩᠱᠧᠩ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠡᠨᠧᠷᠭᠢ ᠶᠢᠨ ᠶᠡᠷᠦᠩᠬᠡᠶᠢᠯᠡᠭᠰᠡᠨ ᠬᠡᠷᠡᠭᠯᠡᠭᠡᠨ ᠤ ᠬᠡᠮᠵᠢᠶ᠎ᠡ ︵ᠢᠵᠢᠯᠢ ᠥᠷᠲᠡᠭ ᠤᠨ︶ ᠠᠳᠠᠯᠢ ᠬᠤᠭᠤᠴᠠᠭᠠᠨ ᠤ ᠬᠢ ᠠᠴᠠ 1.77%᠎ ᠪᠠᠷ ᠨᠡᠮᠡᠭᠳᠡᠪᠡ᠃ ᠡᠭᠦᠨ ᠳᠤ᠄ ᠴᠠᠭᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠡᠨᠧᠷᠭᠢ ᠶᠢᠨ ᠬᠤᠷᠣᠭᠳᠠᠯ ᠨᠢ ᠠᠳᠠᠯᠢ ᠬᠤᠭᠤᠴᠠᠭᠠᠨ ᠤ ᠬᠢ ᠠᠴᠠ 0.25%᠎ ᠪᠠᠷ ᠪᠠᠭᠤᠷᠠᠵᠤ᠂ ᠳ᠋ᠦᠩᠱᠧᠩ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠡᠨᠧᠷᠭᠢ ᠶᠢᠨ ᠬᠤᠷᠣᠭᠳᠠᠯ ᠤᠨ 45.99%᠎ ᠶᠢ ᠡᠵᠡᠯᠡᠪᠡ︔ ᠦᠶᠯᠡᠳᠭᠦ ᠦᠢᠯᠡᠰ ᠤᠨ ᠡᠨᠧᠷᠭᠢ ᠶᠢᠨ ᠬᠤᠷᠣᠭᠳᠠᠯ ᠨᠢ ᠠᠳᠠᠯᠢ ᠬᠤᠭᠤᠴᠠᠭᠠᠨ ᠤ ᠬᠢ ᠠᠴᠠ 3.62% ᠨᠡᠮᠡᠭᠳᠡᠵᠦ᠂ ᠳ᠋ᠦᠩᠱᠧᠩ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠡᠨᠧᠷᠭᠢ ᠶᠢᠨ ᠬᠤᠷᠣᠭᠳᠠᠯ ᠤᠨ 35.32%᠎ ᠢ ᠡᠵᠡᠯᠡᠪᠡ︔ ᠠᠭᠤᠷᠬᠠᠢ ᠮᠠᠯᠲᠠᠬᠤ ᠦᠢᠯᠡᠰ ᠤᠨ ᠡᠨᠧᠷᠭᠢ ᠶᠢᠨ ᠬᠤᠷᠣᠭᠳᠠᠯ ᠨᠢ ᠠᠳᠠᠯᠢ ᠬᠤᠭᠤᠴᠠᠭᠠᠨ ᠤ ᠬᠢ ᠠᠴᠠ 3.42% ᠨᠡᠮᠡᠭᠳᠡᠵᠦ᠂ ᠳ᠋ᠦᠩᠱᠧᠩ ᠲᠣᠭᠤᠷᠢᠭ ‍ᠤᠨ‌‍ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠡᠨᠧᠷᠭᠢ ᠶᠢᠨ ᠬᠤᠷᠣᠭᠳᠠᠯ ᠤᠨ 18.71%᠎ ᠶᠢ ᠡᠵᠡᠯᠡᠪᠡ᠃      ︵ᠬᠤᠶᠠᠷ︶ ᠡᠨᠧᠷᠭᠢ ᠶᠢᠨ ᠬᠡᠷᠡᠭᠯᠡᠭᠡᠨ ᠤ ᠪᠦᠲᠦᠴᠡ ᠨᠢ ᠨᠡᠭᠦᠷᠡᠰᠦ ᠪᠠᠷ ᠭᠤᠤᠯᠯᠠᠨ᠎ᠠ      ᠳᠡᠭᠡᠷ᠎ᠡ ᠬᠠᠭᠠᠰ ᠵᠢᠯ ᠳᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ 379.13 ᠲᠦᠮᠡᠨ ᠲᠣᠨ ᠨᠡᠭᠦᠷᠡᠰᠦ ᠵᠠᠷᠤᠴᠠᠭᠤᠯᠵᠤ᠂ ᠡᠨᠧᠷᠭᠢ ᠶᠢᠨ ᠣᠷᠣᠭᠤᠯᠤᠯᠲᠠ ᠶᠢᠨ ᠬᠡᠮᠵᠢᠶᠡᠨ ᠤ  91.98%᠎ ᠶᠢ ᠡᠵᠡᠯᠡᠪᠡ︔ 125035.75 ᠲᠦᠮᠡᠨ ᠺᠢᠯᠣᠸᠠᠲ ᠴᠠᠭ ᠤᠨ ᠴᠠᠬᠢᠯᠭᠠᠨ ᠵᠠᠷᠤᠴᠠᠭᠤᠯᠵᠤ᠂ ᠡᠨᠧᠷᠭᠢ ᠶᠢᠨ ᠣᠷᠣᠭᠤᠯᠤᠯᠲᠠ ᠶᠢᠨ ᠬᠡᠮᠵᠢᠶᠡᠨ ᠤ 7.1%᠎ ᠶᠢ ᠡᠵᠡᠯᠡᠪᠡ︔ ᠢᠯᠴᠢ ᠶᠢᠨ ᠬᠦᠴᠦ ᠶᠢ 109459 ᠵᠠᠭᠤᠨ ᠲᠦᠮᠡᠨ ᠺᠢᠯᠤᠵᠦ᠋ᠯ ᠵᠠᠷᠤᠴᠠᠭᠤᠯᠵᠤ᠂ ᠡᠨᠧᠷᠭᠢ ᠶᠢᠨ ᠣᠷᠣᠭᠤᠯᠤᠯᠲᠠ ᠶᠢᠨ ᠬᠡᠮᠵᠢᠶ᠎ᠡ ᠶᠢᠨ 0.17%᠎ ᠶᠢ ᠡᠵᠡᠯᠡᠪᠡ︔ ᠴᠠᠶᠢᠶ᠋ᠢᠦ 1901. 25 ᠲᠣᠨ ᠵᠠᠷᠤᠴᠠᠭᠤᠯᠵᠤ᠂ ᠡᠨᠧᠷᠭᠢ ᠶᠢᠨ ᠣᠷᠣᠭᠤᠯᠤᠯᠲᠠ ᠶᠢᠨ ᠬᠡᠮᠵᠢᠶ᠎ᠡ ᠶᠢᠨ 0.13%᠎ ᠶᠢ ᠡᠵᠡᠯᠡᠪᠡ︔ 10695.28 ᠲᠣᠨ ᠴᠢᠯᠠᠭᠤᠨ ᠲᠤᠰᠤᠨ ᠤ ᠬᠡᠦᠷᠡᠰᠦ ᠶᠢ ᠵᠠᠷᠤᠴᠠᠭᠤᠯᠵᠤ᠂ ᠡᠨᠧᠷᠭᠢ ᠶᠢᠨ ᠣᠷᠣᠭᠤᠯᠤᠯᠲᠠ ᠶᠢᠨ ᠬᠡᠮᠵᠢᠶᠡᠨ ᠤ 0.54%᠎ ᠶᠢ ᠡᠵᠡᠯᠡᠪᠡ︔ 124.4 ᠲᠦᠮᠡᠨ ᠪᠣᠰᠤᠭ᠎ᠠ ᠳᠥᠷᠪᠡᠯᠵᠢᠨ ᠮᠧᠲᠷ ᠤᠨ ᠪᠠᠶᠢᠭᠠᠯᠢ ᠶᠢᠨ ᠰᠢᠲᠠᠮᠠᠬᠠᠢ ᠬᠡᠢ ᠶᠢ ᠵᠠᠷᠤᠴᠠᠭᠤᠯᠵᠤ᠂ ᠡᠨᠧᠷᠭᠢ ᠶᠢᠨ ᠣᠷᠣᠭᠤᠯᠤᠯᠲᠠ ᠶᠢᠨ ᠬᠡᠮᠵᠢᠶ᠎ᠡ ᠶᠢᠨ 0.08%᠎ ᠶᠢ ᠡᠵᠡᠯᠡᠪᠡ︔ ᠨᠡᠭᠦᠷᠡᠰᠦ ᠨᠢ ᠡᠨᠧᠷᠭᠢ ᠶᠢᠨ ᠰᠤᠷᠪᠤᠯᠵᠢ ᠶᠢᠨ ᠪᠦᠭᠦ ᠣᠷᠣᠭᠤᠯᠤᠯᠲᠠ ᠶᠢᠨ ᠬᠡᠮᠵᠢᠶᠡᠨ ᠤ ᠶᠢᠰᠦᠨ ᠬᠤᠪᠢ ᠠᠴᠠ ᠳᠡᠭᠡᠭᠰᠢᠬᠢ ᠶᠢ ᠡᠵᠡᠯᠡᠪᠡ᠃      ︵ᠭᠤᠷᠪᠠ︶ ᠡᠨᠧᠷᠭᠢ ᠶᠢᠨ ᠪᠤᠯᠪᠠᠰᠤᠷᠠᠭᠤᠯᠤᠨ ᠬᠤᠪᠢᠷᠠᠭᠤᠯᠬᠤ ᠦᠷ᠎ᠡ ᠪᠦᠲᠦᠮᠵᠢ ᠲᠣᠭᠲᠠᠭᠤᠨ ᠢᠶᠠᠷ ᠳᠡᠭᠡᠭᠰᠢᠯᠡᠪᠡ      ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠡᠨᠧᠷᠭᠢ ᠶᠢ ᠪᠤᠯᠪᠠᠰᠤᠷᠠᠭᠤᠯᠤᠨ ᠬᠤᠪᠢᠷᠠᠭᠤᠯᠬᠤ ᠳᠤ 196.29 ᠲᠦᠮᠡᠨ ᠲᠣᠨ ᠪᠠᠷᠢᠮᠵᠢᠶᠠᠲᠤ ᠨᠡᠭᠦᠷᠡᠰᠦ ᠤᠷᠤᠭᠤᠯᠵᠤ᠂ 124.8 ᠲᠦᠮᠡᠨ ᠲᠣᠨ ᠪᠠᠷᠢᠮᠵᠢᠶᠠᠲᠤ ᠨᠡᠭᠦᠷᠡᠰᠦ ᠭᠠᠷᠭᠠᠵᠤ᠂ ᠡᠨᠧᠷᠭᠢ ᠶᠢᠨ ᠪᠣᠯᠪᠠᠰᠤᠷᠠᠭᠤᠯᠤᠨ ᠬᠤᠪᠢᠷᠠᠭᠤᠯᠬᠤ ᠠᠰᠢᠭᠯᠠᠮᠵᠢ ᠨᠢ 63.6%᠎ ᠳᠤ ᠬᠦᠷᠪᠡ︔ ᠭᠠᠯ ᠤᠨ ᠬᠦᠴᠦᠨ ᠤ ᠴᠠᠭᠢᠯᠭᠠᠨ ᠭᠠᠷᠭᠠᠯᠲᠠ ᠶᠢᠨ ᠠᠰᠢᠭᠯᠠᠮᠵᠢ ᠨᠢ 44.1%  ᠬᠦᠷᠴᠤ᠂ ᠳᠡᠭᠡᠷ᠎ᠡ ᠵᠢᠯ ᠤᠨ ᠬᠢ ᠠᠴᠠ ᠵᠠᠭᠤᠨ ᠤ ᠬᠤᠪᠢ ᠎ ᠶᠢᠨ ᠬᠠᠷᠢᠴᠠᠯ ᠢᠶᠠᠷ 1.2 ᠳᠡᠭᠡᠭᠰᠢᠯᠡᠪᠡ︔ ᠢᠯᠴᠢ ᠬᠠᠩᠭᠠᠬᠤ ᠠᠰᠢᠭᠯᠠᠮᠵᠢ ᠨᠢ 81.5% ᠬᠦᠷᠴᠤ᠂ ᠳᠡᠭᠡᠷ᠎ᠡ ᠵᠢᠯ ᠬᠢ ᠠᠴᠠ ᠵᠠᠭᠤᠨ ᠤ ᠬᠤᠪᠢ ᠶᠢᠨ ᠬᠠᠷᠢᠴᠠᠯ ᠎ ᠢᠶᠠᠷ 2.4 ᠪᠠᠭᠤᠷᠠᠪᠠ︔ ᠢᠯᠴᠢ ᠴᠠᠭᠢᠯᠭᠠᠨ ᠤ ᠬᠤᠯᠪᠤᠭᠠᠯᠠᠨ ᠦᠢᠯᠡᠳᠪᠦᠷᠢᠯᠡᠬᠦ ᠠᠰᠢᠭᠯᠠᠮᠵᠢ ᠨᠢ 53.5% ᠬᠦᠷᠴᠤ᠂ ᠳᠡᠭᠡᠷ᠎ᠡ ᠵᠢᠯ ᠤᠨ ᠬᠢ ᠠᠴᠠ ᠵᠠᠭᠤᠨ ᠤ ᠬᠤᠪᠢ ᠶᠢᠨ ᠬᠠᠷᠢᠴᠠᠯ ᠢᠶᠠᠷ ᠠᠴᠠ 1. 3 ᠳᠡᠭᠡᠭᠰᠢᠯᠡᠪᠡ᠃
        ᠢᠷᠡᠯᠲᠡ᠄ ᠤᠷᠳᠤᠰ ᠤᠨ ᠮᠤᠩᠭᠤᠯ ᠭᠡᠯᠡᠨ ᠤ ᠰᠤᠨᠢᠨ ᠮᠡᠳᠡᠭᠡᠨ ᠤ ᠰᠦᠯᠵᠢᠶ᠎ᠡ