ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠠᠭᠠᠵᠢᠮ ᠢᠶᠠᠷ ᠲᠣᠭᠲᠠᠭᠤᠨ ᠪᠤᠯᠬᠤ ᠶᠢ ᠳᠠᠭᠠᠯᠳᠤᠨ᠂ ᠲᠣᠭᠲᠠᠭᠤᠨ ᠢᠶᠠᠷ ᠨᠡᠮᠡᠭᠳᠡᠭᠦᠯᠵᠤ᠂ | ᠬᠡᠷᠡᠭᠯᠡᠭᠡ ᠶᠢ ᠠᠬᠢᠭᠤᠯᠬᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠨᠢ ᠠᠯᠬᠤᠮ ᠠᠯᠬᠤᠮ ᠢᠶᠠᠷ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠢᠯᠡᠷᠡᠵᠤ᠂ | ᠬᠡᠷᠡᠭᠯᠡᠭᠡᠨ ᠤ ᠰᠠᠭᠠᠷᠳᠠᠯᠭ᠎ᠠ ᠤᠯᠠᠮ ᠨᠢᠭᠡ ᠠᠯᠬᠤᠮ ᠳᠠᠯᠪᠢᠷᠠᠵᠤ᠂ ᠳ᠋ᠦᠩᠱᠧᠩ ᠲᠣᠭᠤᠷᠢᠭ ᠤᠨ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠲᠤ ᠦᠷᠭᠦᠯᠵᠢᠯᠡᠨ | ᠰᠠᠶᠢᠵᠢᠷᠠᠬᠤ ᠪᠠᠶᠢᠳᠠᠯ ᠢᠯᠡᠷᠡᠪᠡ᠃ | ᠳᠡᠭᠡᠷ᠎ᠡ ᠬᠠᠭᠠᠰ ᠵᠢᠯ ᠳᠤ᠂ ᠳ᠋ᠦᠩᠱᠧᠩ ᠲᠣᠭᠤᠷᠢᠭ ᠤᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠬᠡᠮᠵᠢᠶ᠎ᠡ 102. | 09 ᠳ᠋ᠦᠩᠰᠢᠭᠤᠷ ᠲᠥᠭᠦᠷᠢᠭ ᠲᠤ ᠬᠦᠷᠴᠦ᠂ ᠶᠡᠷᠦᠩᠬᠡᠢ ᠬᠡᠮᠵᠢᠶ᠎ᠡ ᠨᠢ ᠪᠦᠭᠦ ᠬᠤᠳᠠ ᠳᠠᠭᠠᠨ ᠲᠡᠷᠢᠬᠦᠯᠡᠵᠤ᠂ ᠠᠳᠠᠯᠢ ᠬᠤᠭᠤᠴᠠᠭᠠᠨ ᠤ ᠬᠢ ᠠᠴᠠ 2.9% ᠢᠶᠠᠷ | ᠨᠡᠮᠡᠭᠳᠡᠵᠦ᠂ ᠨᠡᠮᠡᠭᠳᠡᠯ ᠤᠨ ᠬᠡᠮᠵᠢᠶ᠎ᠡ ᠨᠢ 1— 5 ᠰᠠᠷ᠎ᠠ ᠶᠢᠨ ᠬᠢ ᠠᠴᠠ ᠵᠠᠭᠤᠨ ᠤ ᠬᠤᠪᠢ ᠶᠢᠨ ᠬᠠᠷᠢᠴᠠᠯ ᠪᠠᠷ 1.4 ᠳᠡᠭᠡᠭᠰᠢᠯᠡᠵᠦ᠂ ᠨᠡᠮᠡᠭᠳᠡᠯ ᠤᠨ ᠬᠤᠷᠳᠤᠴᠠ | ᠨᠢ ᠪᠦᠭᠦ ᠬᠤᠳᠠ ᠳᠠᠭᠠᠨ ᠭᠤᠷᠪᠠᠳᠤᠭᠠᠷ ᠲᠤ ᠣᠷᠣᠪᠠ᠃ ᠡᠭᠦᠨ ᠳᠤ᠂ ᠬᠢᠵᠠᠭᠠᠷᠯᠠᠭᠰᠠᠨ ᠳᠤᠭ᠎ᠠ ᠠᠴᠠ ᠳᠡᠭᠡᠭᠰᠢᠬᠢ ᠨᠢᠭᠡᠴᠢ ᠪᠡᠶ᠎ᠡ ᠶᠢᠨ ᠪᠡᠶᠡᠯᠡᠭᠦᠯᠦᠭᠰᠡᠨ | ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠭᠡᠮᠵᠢᠶ᠎ᠡ 52.29 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.9% | ᠨᠡᠮᠡᠭᠳᠡᠵᠦ᠂ ᠨᠡᠮᠡᠭᠳᠡᠯ ᠤᠨ ᠬᠡᠮᠵᠢᠶ᠎ᠡ ᠨᠢ 1—5 ᠳ᠋ᠤᠭᠠᠷ ᠰᠠᠷ᠎ᠠ ᠶᠢᠨ ᠬᠢ ᠠᠴᠠ ᠵᠠᠭᠤᠨ ᠤ ᠬᠤᠪᠢ ᠶᠢᠨ ᠬᠠᠷᠢᠴᠠᠯ ᠢᠶᠠᠷ 2.6 ᠳᠡᠭᠡᠭᠰᠢᠯᠡᠵᠡᠢ᠃ | | |