| ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ 8 ᠰᠠᠷ᠎ᠠ ᠶᠢᠨ 30 ᠤ ᠡᠳᠦᠷ ᠬᠤᠷᠠᠯ ᠬᠤᠷᠠᠯᠳᠤᠭᠤᠯᠵᠤ᠂ ᠳᠤᠮᠳᠠᠳᠤ ᠤᠯᠤᠰ ᠤᠨ ᠡᠪ | ᠬᠠᠮᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠣᠯᠣᠳᠤᠭᠠᠷ ᠪᠦᠬᠦᠳᠡ ᠬᠤᠷᠠᠯ ᠪᠣᠯᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ | ᠬᠤᠷᠢᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠡᠯᠡᠳᠭᠡᠯ ᠠᠵᠢᠯ ᠢ ᠰᠤᠳᠤᠯᠪᠠ᠃ ᠨᠠᠮ ᠤᠨ ᠲᠥᠪ ᠬᠤᠷᠢᠶᠠᠨ ᠤ | ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠬᠢᠯᠡᠵᠠᠢ᠃ | ᠬᠤᠷᠠᠯ ᠠᠴᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠣᠯᠣᠳᠤᠭᠠᠷ ᠪᠦᠬᠦᠳᠡ | ᠬᠤᠷᠠᠯ ᠢ 2022 ᠣᠨ ᠤ 10 ᠰᠠᠷ᠎ᠠ ᠶᠢᠨ 9 ᠤ ᠡᠳᠦᠷ ᠪᠡᠭᠡᠵᠢᠩ ᠳᠤ ᠬᠤᠷᠠᠯᠳᠤᠭᠤᠯᠤᠨ᠎ᠠ᠃ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ | ᠲᠣᠪᠴᠢᠶ᠎ᠠ ᠠᠴᠠ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠣᠯᠣᠳᠤᠭᠠᠷ ᠪᠦᠬᠦᠳᠠ ᠬᠤᠷᠠᠯ ᠳᠤ᠂ ᠳᠤᠮᠳᠠᠳᠤ ᠤᠯᠤᠰ ᠤᠨ ᠡᠪ ᠬᠠᠮᠲᠤ | ᠨᠠᠮ ᠤᠨ ᠬᠤᠷᠢᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠢ 2022 ᠣᠨ ᠤ 10 ᠰᠠᠷ᠎ᠠ ᠶᠢᠨ 16 ᠤ ᠡᠳᠦᠷ ᠪᠡᠭᠡᠵᠢᠩ ᠳᠤ | ᠬᠤᠷᠠᠯᠳᠤᠭᠤᠯᠬᠤ ᠰᠠᠨᠠᠭᠤᠯᠭ᠎ᠠ ᠳᠤᠷᠠᠳᠬᠤ ᠪᠠᠷ ᠲᠤᠭᠳᠠᠵᠠᠢ᠃ | ᠬᠤᠷᠠᠯ ᠠᠴᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯ | ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ | ᠪᠠᠶᠢᠭᠤᠯᠬᠤ ᠰᠢᠨ᠎ᠡ ᠠᠶᠠᠨ ᠳᠠᠭᠠᠨ ᠮᠣᠷᠳᠠᠵᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠬᠤ ᠵᠠᠩᠭᠢᠯᠠᠭ᠎ᠠ ᠶᠢᠨ ᠴᠠᠭ ᠦᠶ᠎ᠡ ᠳᠤ | ᠬᠤᠷᠠᠯᠳᠤᠬᠤ ᠨᠢᠭᠡ ᠤᠳᠠᠭ᠎ᠠ ᠶᠢᠨ ᠲᠤᠶᠢᠯ ᠤᠨ ᠴᠢᠬᠤᠯᠠ ᠶᠡᠭᠡ ᠬᠤᠷᠠᠯ ᠪᠣᠯᠤᠨ᠎ᠠ᠃ ᠶᠡᠭᠡ ᠬᠤᠷᠠᠯ ᠠᠴᠠ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠣᠤ ᠫᠢᠩ ᠤᠨ | ᠣᠨᠣᠯ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠶᠢ ᠪᠠᠷᠢᠮᠳᠠᠯᠠᠵᠤ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠥᠩᠭᠡᠷᠡᠭᠰᠡᠨ | 5 ᠵᠢᠯ ᠤᠨ ᠠᠵᠢᠯ ᠢᠶᠠᠨ ᠨᠠᠷᠢᠨ ᠬᠢᠨᠠᠮᠠᠭᠠᠶ ᠳ᠋ᠦᠩᠨᠡᠵᠤ᠂ ᠰᠢᠨ᠎ᠡ ᠴᠠᠭ ᠦᠶ᠎ᠡ ᠳᠤ ᠤᠷᠤᠭᠰᠠᠨ ᠠᠴᠠ ᠨᠠᠭᠠᠰᠢᠬᠢ ᠰᠢ ᠶᠢᠨ ᠫᠢᠩ ᠨᠥᠬᠦᠷ ᠢᠶᠠᠷ ᠭᠤᠣᠯ ᠪᠤᠯᠭᠠᠭᠰᠠᠨ | ᠨᠠᠮ ᠤᠨ ᠲᠥᠪ ᠬᠤᠷᠢᠶ᠎ᠠ ᠪᠥᠬᠦ ᠨᠠᠮ ᠪᠥᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠦᠭᠡᠳ ᠣᠯᠤᠭᠰᠠᠨ ᠴᠢᠬᠤᠯᠠ ᠶᠡᠭᠡ ᠠᠮᠵᠢᠯᠲᠠ ᠪᠦᠲᠦᠮᠵᠢ ᠪᠠ ᠡᠷᠬᠢᠮ ᠨᠠᠨᠳᠢᠨ ᠲᠤᠷᠰᠢᠯᠭ᠎ᠠ ᠶᠢ ᠪᠥᠬᠦ | ᠲᠠᠯ᠎ᠠ ᠪᠠᠷ ᠳ᠋ᠦᠩᠨᠡᠵᠤ᠂ ᠤᠯᠤᠰ ᠤᠨ ᠳᠤᠳᠤᠭᠠᠳᠤ ᠭᠠᠳᠠᠭᠠᠳᠤ ᠶᠢᠨ ᠪᠠᠶᠢᠳᠠᠯ ᠢ ᠭᠦᠨᠵᠡᠭᠡᠶ ᠵᠠᠳᠠᠯᠵᠤ᠂ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠨᠠᠮ ᠪᠣᠯᠤᠨ | ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠰᠢᠨ᠎ᠡ ᠱᠠᠭᠠᠷᠳᠠᠯᠭ᠎ᠠ᠂ ᠠᠷᠠᠳ ᠣᠯᠠᠨ ᠤ ᠰᠢᠨ᠎ᠡ ᠬᠦᠰᠡᠯ ᠡᠷᠡᠮᠡᠯᠵᠡᠯ ᠢ ᠪᠦᠬᠦ ᠲᠠᠯ᠎ᠠ ᠪᠠᠷ ᠡᠵᠡᠮᠳᠡᠵᠤ᠂ | ᠠᠵᠢᠯᠯᠠᠭᠠᠨ ᠤ ᠬᠥᠲᠥᠯᠪᠦᠷᠢ ᠪᠠ ᠦᠨᠳᠦᠰᠦᠨ ᠪᠣᠳᠣᠯᠭ᠎ᠠ ᠴᠢᠭᠯᠡᠯᠲᠡ ᠶᠢ ᠲᠣᠭᠲᠠᠭᠠᠵᠤ᠂ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ | ᠲᠦᠮᠡᠨ ᠢ ᠳᠠᠶᠢᠴᠢᠯᠠᠨ ᠲᠡᠦᠬᠡ ᠶᠢᠨ ᠢᠲᠡᠭᠡᠯ ᠢᠶᠠᠨ ᠪᠠᠲᠤᠳᠬᠠᠵᠤ᠂ ᠲᠡᠦᠬᠡ ᠶᠢᠨ ᠰᠠᠨᠠᠭᠠᠴᠢᠯᠠᠭᠠᠲᠤ ᠴᠢᠨᠠᠷ ᠢ ᠴᠢᠩᠭᠠᠳᠬᠠᠵᠤ᠂ ᠲᠥᠪ ᠶᠣᠰᠣ ᠶᠢ ᠪᠠᠷᠢᠮᠲᠠᠯᠠᠨ | ᠰᠢᠨ᠎ᠡ ᠶᠢ ᠡᠭᠦᠳᠴᠤ ᠡᠷᠡᠯᠬᠡᠭ ᠢᠶᠠᠷ ᠤᠷᠤᠭᠰᠢᠯᠠᠵᠤ᠂ ᠦᠷᠭᠦᠯᠵᠢᠯᠡᠨ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠲᠠ ᠶᠢ ᠨᠢᠭᠡᠳᠦᠯᠲᠡᠢ | ᠲᠥᠯᠥᠪᠵᠢᠭᠦᠯᠦᠨ ᠠᠬᠢᠭᠤᠯᠵᠤ᠂ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠪᠦᠬᠦ | ᠠᠷᠠᠳ ᠲᠦᠮᠡᠨ ᠤ ᠬᠠᠮᠲᠤ ᠪᠠᠷ ᠪᠠᠶᠠᠵᠢᠬᠤ ᠶᠢ ᠦᠷᠭᠦᠯᠵᠢᠯᠡᠨ ᠯᠠᠪᠳᠠᠭᠤᠨ ᠪᠠᠲᠤᠲᠠᠶ ᠠᠬᠢᠭᠤᠯᠵᠤ᠂ ᠨᠠᠮ ᠤᠨ ᠪᠠᠶᠢᠭᠤᠯᠤᠯᠲᠠ ᠶᠢᠨ ᠠᠭᠤᠤ ᠶᠡᠭᠡ ᠰᠢᠨ᠎ᠡ | ᠢᠨᠵᠧᠨᠧᠷᠢᠩ ᠢ ᠦᠷᠭᠦᠯᠵᠢᠯᠡᠨ ᠬᠦᠴᠦᠲᠡᠢ ᠠᠬᠢᠭᠤᠯᠵᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠦᠷᠭᠦᠯᠵᠢᠯᠡᠨ | ᠢᠳᠡᠪᠬᠢᠲᠡᠢ ᠠᠬᠢᠭᠤᠯᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ | ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠨ᠎ᠠ ᠭᠡᠵᠦ ᠴᠢᠬᠤᠯᠠᠴᠢᠯᠠᠪᠠ᠃ | ᠶᠡᠭᠡ ᠬᠤᠷᠠᠯ ᠠᠴᠠ ᠰᠢᠨ᠎ᠡ ᠨᠢᠭᠡ ᠬᠤᠭᠤᠴᠠᠭᠠᠨ ᠤ ᠲᠥᠪ ᠬᠤᠷᠢᠶ᠎ᠠ ᠪᠣᠯᠤᠨ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢ ᠰᠣᠩᠭᠤᠨ ᠭᠠᠷᠭᠠᠨ᠎ᠠ᠃ | | ᠬᠤᠷᠠᠯ ᠠᠴᠠ᠂ ᠣᠳᠣᠬᠠᠨ ᠳᠤ ᠶᠡᠭᠡ ᠬᠤᠷᠠᠯ ᠤᠨ ᠡᠯ᠎ᠡ ᠵᠦᠢᠯ ᠤᠨ ᠪᠡᠯᠡᠳᠭᠡᠯ ᠠᠵᠢᠯ ᠤᠷᠤᠭᠰᠢᠲᠠᠢ ᠶᠠᠪᠤᠭᠳᠠᠵᠤ ᠪᠠᠶᠢᠨ᠎ᠠ᠂ ᠶᠡᠭᠡ ᠬᠤᠷᠠᠯ ᠤᠨ ᠪᠡᠯᠡᠳᠭᠡᠯ | ᠠᠵᠢᠯ ᠢ ᠦᠷᠭᠦᠯᠵᠢᠯᠡᠨ ᠯᠠᠪᠳᠠᠭᠤᠨ ᠪᠠᠲᠤᠲᠠᠢ ᠰᠠᠶᠢᠲᠤᠷ ᠬᠢᠵᠦ᠂ ᠶᠡᠭᠡ ᠬᠤᠷᠠᠯ ᠤᠨ ᠢᠯᠠᠯᠲᠠ ᠲᠠᠢ ᠬᠤᠷᠠᠯᠳᠤᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠤ | ᠵᠢᠭᠠᠵᠤ ᠭᠠᠷᠭᠠᠵᠠᠢ᠃ | ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃ |