365bet网上娱乐场_365双试投注是什么_365bet正网开户人民政府蒙古文网站 365bet网上娱乐场_365双试投注是什么_365bet正网开户

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠳᠤᠮᠳᠠᠳᠤ ᠤᠯᠤᠰ ᠤᠨ ᠠᠭᠤᠷᠬᠠᠢ ᠶᠢᠨ ᠦᠢᠯᠡᠰ ᠤᠨ ᠶᠡᠭᠡ ᠰᠤᠷᠭᠠᠭᠤᠯᠢ ︵ᠪᠡᠭᠡᠵᠢᠩ︶᠎ ᠶᠢᠨ ᠦᠪᠦᠷ ᠮᠤᠩᠭᠤᠯ ᠤᠨ ᠰᠤᠳᠤᠯᠭᠠᠨ ᠤ ᠬᠦᠷᠢᠶᠡᠯᠡᠩ ᠮᠠᠨ ᠤ ᠬᠤᠳᠠ ᠳᠤ ᠫᠠᠶᠢᠰᠠ ᠡᠯᠭᠦᠵᠦ ᠪᠠᠶᠢᠭᠤᠯᠤᠭᠳᠠᠯ᠎ᠠ    ᠳ᠋ᠦ᠋ ᠬᠤᠢ ᠯᠢᠶᠠᠩ    ᠭᠧ ᠱᠢ ᠷᠦᠩ ᠰᠤᠳᠤᠯᠭᠠᠨ ᠤ ᠬᠦᠷᠢᠶᠡᠯᠡᠩ ᠤᠨ ᠫᠠᠶᠢᠰᠠ ᠶᠢ ᠰᠡᠬᠦᠪᠡ
        ᠨᠡᠶᠢᠲᠡᠯᠡᠭᠰᠡᠨ ᠴᠠᠭ᠄
        2022/9/13
               ᠤᠶᠢᠷ᠎ᠠ ᠶᠢᠨ ᠡᠳᠦᠷ᠂ ᠳᠤᠮᠳᠠᠳᠤ ᠤᠯᠤᠰ ᠤᠨ ᠠᠭᠤᠷᠬᠠᠶ ᠶᠢᠨ ᠦᠢᠯᠡᠰ ᠤᠨ ᠶᠡᠭᠡ ᠰᠤᠷᠭᠠᠭᠤᠯᠢ ︵ᠪᠡᠭᠡᠵᠢᠩ︶᠎ ᠶᠢᠨ ᠥᠪᠥᠷ ᠮᠣᠩᠭᠤᠯ ᠤᠨ ᠰᠤᠳᠤᠯᠭᠠᠨ ᠤ ᠬᠦᠷᠢᠶᠡᠯᠡᠩ ᠤᠨ ᠫᠠᠶᠢᠰᠠ ᠡᠯᠭᠦᠬᠦ ᠶᠣᠰᠣᠯᠠᠯ ᠮᠠᠨ ᠤ ᠬᠤᠳᠠ ᠳᠤ ᠶᠠᠪᠤᠭᠳᠠᠪᠠ᠃ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠳ᠋ᠦ᠋ ᠬᠤᠢ ᠯᠢᠶᠠᠩ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ᠂ ᠳᠤᠮᠳᠠᠳᠤ ᠤᠯᠤᠰ ᠤᠨ ᠠᠭᠤᠷᠬᠠᠢ ᠶᠢᠨ ᠦᠢᠯᠡᠰ ᠤᠨ ᠶᠡᠭᠡ ᠰᠤᠷᠭᠠᠭᠤᠯᠢ ︵ᠪᠡᠭᠡᠵᠢᠩ︶᠎ ᠶᠢᠨ ᠵᠠᠬᠢᠷᠤᠯ ᠭᠧ ᠱᠢ ᠷᠦᠩ ᠶᠤᠰᠤᠯᠠᠯ ᠳᠤ ᠤᠷᠤᠯᠴᠠᠵᠦ᠂ ᠰᠤᠳᠤᠯᠭᠠᠨ ᠤ ᠬᠦᠷᠢᠶᠡᠯᠡᠩ ᠤᠨ ᠫᠠᠶᠢᠰᠠ ᠶᠢ ᠬᠠᠮᠳᠤ ᠪᠠᠷ ᠰᠡᠬᠦᠪᠡ᠃ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ ᠡᠤ ᠴᠢᠶᠠᠩ᠂ ᠬᠤᠳᠠ ᠶᠢᠨ ᠵᠠᠰᠠᠭ ᠤᠨ ᠤᠷᠳᠤᠨ ᠤ ᠨᠠᠷᠢᠨ ᠪᠢᠴᠢᠭ ᠤᠨ ᠳᠠᠷᠤᠭ᠎ᠠ ᠵᠠᠩ ᠵᠦᠩ ᡁᠢ ᠶᠤᠰᠤᠯᠠᠯ ᠳᠤ ᠤᠷᠤᠯᠴᠠᠵᠦ᠂ ᠬᠤᠳᠠ ᠶᠢᠨ ᠳᠡᠳ᠋ ᠳᠠᠷᠤᠭ᠎ᠠ ᠸᠠᠩ ᠰᠢᠨ ᠢᠦᠢ ᠪᠠᠶᠠᠷ ᠤᠨ ᠦᠭᠡ ᠬᠡᠯᠡᠵᠡᠢ᠃

        矿业大学1.jpg

            

            ᠤᠶᠢᠯᠠᠭᠠᠭᠰᠠᠨ ᠢᠶᠠᠷ᠂ ᠳᠤᠮᠳᠠᠳᠤ ᠤᠯᠤᠰ ᠤᠨ ᠠᠭᠤᠷᠬᠠᠢ ᠶᠢᠨ ᠦᠢᠯᠡᠰ ᠤᠨ ᠶᠡᠭᠡ ᠰᠤᠷᠭᠠᠭᠤᠯᠢ ︵ᠪᠡᠭᠡᠵᠢᠩ︶᠎ ᠶᠢᠨ ᠦᠪᠦᠷ ᠮᠤᠩᠭᠤᠯ ᠤᠨ ᠰᠤᠳᠤᠯᠭᠠᠨ ᠤ

        ᠬᠦᠷᠢᠶᠡᠯᠡᠩ ᠢ ᠤᠷᠳᠤᠰ ᠬᠤᠳᠠ ᠶᠢᠨ ᠵᠠᠰᠠᠭ ᠤᠨ ᠤᠷᠳᠤᠨ᠂ ᠳᠤᠮᠳᠠᠳᠤ ᠤᠯᠤᠰ ᠤᠨ ᠠᠭᠤᠷᠬᠠᠢ ᠶᠢᠨ ᠦᠢᠯᠡᠰ ᠤᠨ ᠶᠡᠭᠡ ᠰᠤᠷᠭᠠᠭᠤᠯᠢ ︵ᠪᠡᠭᠡᠵᠢᠩ︶᠂

        ᠤᠷᠳᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠦ ᠦᠢᠯᠡᠰ ᠤᠨ ᠨᠡᠭᠡᠭᠡᠯᠳᠡ ᠶᠢᠨ ᠤᠷᠤᠨ ᠤ ᠬᠠᠮᠢᠶᠠᠷᠤᠯᠳᠠ ᠶᠢᠨ ᠵᠦᠪᠯᠡᠯ ᠠᠴᠠ ᠤᠷᠳᠤᠰ ᠤᠨ ᠳᠡᠭᠡᠳᠦ ᠰᠢᠨ᠎ᠡ

        ᠮᠡᠷᠭᠡᠵᠢᠯ ᠤᠨ ᠠᠵᠦ ᠦᠢᠯᠡᠰ ᠤᠨ ᠨᠡᠭᠡᠭᠡᠯᠳᠡ ᠶᠢᠨ ᠤᠷᠤᠨ ᠳᠤ ᠬᠠᠮᠳᠤᠷᠠᠨ ᠪᠠᠶᠢᠭᠤᠯᠤᠨ᠎ᠠ᠃《 ᠰᠢᠨᠵᠢᠯᠡᠬᠦ ᠤᠬᠠᠭᠠᠨ ᠮᠡᠷᠭᠡᠵᠢᠯ ᠢᠶᠠᠷ ᠦᠪᠦᠷ ᠮᠤᠩᠭᠤᠯ ᠢᠶᠠᠨ

        ᠮᠠᠨᠳᠤᠭᠤᠯᠬᠤ》ᠪᠠᠶᠢᠯᠳᠤᠬᠤ ᠪᠤᠳᠤᠯᠭ᠎ᠠ ᠶᠢᠨ ᠬᠡᠷᠡᠭᠴᠡᠭᠡ ᠪᠤᠯᠤᠨ ᠤᠷᠳᠤᠰ ᠤᠨ ᠠᠵᠦ ᠠᠬᠤᠶᠢᠯᠠᠯ ᠤᠨ ᠰᠢᠨᠵᠢᠯᠠᠬᠦ ᠤᠬᠠᠭᠠᠨ ᠮᠡᠷᠭᠡᠵᠢᠯ ᠤᠨ ᠬᠦᠭᠵᠢᠯᠳᠡ ᠶᠢᠨ

        ᠬᠡᠷᠡᠭᠴᠡᠭᠡ ᠱᠠᠭᠠᠷᠳᠠᠯᠭ᠎ᠠ ᠶᠢᠨ ᠲᠤᠭᠤᠷᠢᠨ ᠳᠤ᠂ ᠡᠯ᠎ᠡ ᠲᠠᠯ᠎ᠠ ᠶᠢᠨ ᠬᠢᠨ ᠳᠠᠪᠴᠠᠩ ᠤᠨ ᠠᠴᠢᠶᠠᠯᠠᠪᠤᠷᠢ ᠶᠢᠨ ᠪᠠᠶᠢᠭᠤᠯᠤᠯᠳᠠ᠂ ᠮᠡᠷᠭᠡᠵᠢᠯ ᠤᠨ ᠰᠤᠳᠤᠯᠤᠨ ᠨᠡᠭᠡᠭᠡᠯᠳᠡ

        ᠂ ᠦᠷ᠎ᠡ ᠪᠦᠳᠦᠭᠡᠯ ᠤᠨ ᠬᠤᠪᠢᠷᠠᠭᠤᠯᠤᠯᠳᠠ᠂ ᠠᠵᠦ ᠦᠢᠯᠡᠰ ᠤᠨ ᠪᠤᠶᠢᠵᠢᠭᠤᠯᠤᠯᠳᠠ᠂ ᠴᠢᠳᠠᠪᠤᠷᠢᠳᠠᠨ ᠢ ᠬᠦᠮᠦᠵᠢᠬᠦᠯᠬᠦ ᠪᠠ ᠤᠷᠤᠭᠤᠯᠤᠨ ᠠᠪᠴᠢᠷᠠᠬᠤ᠂

        ᠰᠤᠷᠭᠠᠭᠤᠯᠢ ᠶᠢᠨ ᠬᠤᠭᠤᠷᠤᠨᠳᠤᠬᠢ ᠬᠠᠮᠳᠤᠷᠠᠯᠴᠠᠭ᠎ᠠ ᠶᠢᠨ ᠲᠠᠯ᠎ᠠ ᠪᠠᠷ ᠭᠦᠨᠵᠡᠭᠡᠢ ᠬᠠᠮᠳᠤᠷᠠᠯᠴᠠᠭ᠎ᠠ ᠬᠢᠵᠦ᠂ ᠰᠤᠳᠤᠯᠭᠠᠨ ᠤ ᠬᠦᠷᠢᠶᠡᠯᠡᠩ ᠢ ᠤᠳᠤ ᠦᠶ᠎ᠡ ᠶᠢᠨ

        ᠡᠨᠧᠷᠬᠢ ᠶᠢᠨ ᠰᠢᠨ᠎ᠡ ᠬᠦᠭᠵᠢᠯᠳᠡ ᠶᠢᠨ ᠪᠠᠶᠢᠳᠠᠯ ᠳᠤᠤᠷᠠᠬᠢ ᠤᠯᠤᠰ ᠤᠨ ᠳᠤᠳᠤᠭᠠᠳᠤ ᠶᠢᠨ ᠲᠡᠷᠢᠭᠦᠨ ᠤ ᠡᠨᠧᠷᠬᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ

        ᠰᠢᠨ᠎ᠡ ᠶᠢ ᠡᠭᠦᠳᠬᠦ ᠰᠠᠭᠤᠷᠢᠨ ᠭᠠᠵᠠᠷ᠂ ᠠᠵᠦ ᠦᠢᠯᠡᠰ ᠤᠨ ᠬᠦᠭᠵᠢᠯᠳᠡ ᠶᠢᠨ ᠰᠠᠭᠤᠷᠢᠨ ᠭᠠᠵᠠᠷ ᠪᠠ ᠦᠨᠳᠦᠷ ᠳᠦᠪᠰᠢᠨ ᠪᠦᠬᠦᠢ ᠴᠢᠳᠠᠪᠤᠷᠢᠳᠠᠨ ᠢ

        ᠬᠦᠮᠦᠵᠢᠭᠦᠯᠬᠦ ᠰᠠᠭᠤᠷᠢᠨ ᠭᠠᠵᠠᠷ ᠪᠤᠯᠭᠠᠨ ᠪᠠᠶᠢᠭᠤᠯᠬᠤ ᠪᠠᠷ ᠬᠦᠴᠦᠯᠡᠵᠦ᠂ ᠤᠷᠳᠤᠰ ᠬᠤᠳᠠ ᠶᠢᠨ ᠨᠡᠭᠦᠷᠡᠰᠦᠨ ᠤ ᠡᠬᠢ ᠪᠠᠶᠠᠯᠢᠭ ᠢ ᠪᠤᠬᠢᠷᠳᠤᠯ ᠦᠭᠡᠢ ᠨᠡᠭᠡᠭᠡᠨ

        ᠠᠰᠢᠭᠯᠠᠬᠤ ᠪᠠ ᠴᠡᠪᠡᠷ ᠠᠰᠢᠭᠯᠠᠬᠤ᠂ ᠠᠭᠤᠷᠬᠠᠢ ᠶᠢᠨ ᠤᠷᠤᠨ ᠤ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠵᠢᠴᠢ ᠪᠠᠶᠢᠯᠳᠤᠬᠤ ᠪᠤᠳᠤᠯᠭ᠎ᠠ ᠶᠢᠨ ᠰᠢᠨ᠎ᠡ ᠪᠠᠷ

        ᠬᠦᠭᠵᠢᠭᠰᠡᠨ ᠠᠵᠦ ᠦᠢᠯᠡᠰ ᠤᠨ ᠬᠦᠷᠢᠶᠡᠨ ᠳᠠᠬᠢ ᠦᠷᠭᠦᠯᠵᠢᠯᠡᠭᠰᠡᠨ᠂ ᠴᠢᠨᠠᠷ ᠰᠠᠶᠢᠳᠠᠢ ᠬᠦᠭᠵᠢᠯᠳᠡ ᠶᠢ ᠪᠦᠳᠦᠮᠵᠢᠳᠡᠢ ᠠᠬᠢᠭᠤᠯᠵᠦ᠂ ᠤᠷᠳᠤᠰ ᠤᠨ ᠤᠳᠤ

        ᠦᠶ᠎ᠡ ᠶᠢᠨ ᠡᠨᠧᠷᠬᠢ ᠶᠢᠨ ᠠᠵᠦ ᠠᠬᠤᠢ ᠶᠢᠨ ᠳᠠᠭᠤᠷᠢᠶᠠᠯ ᠦᠵᠡᠭᠦᠯᠬᠦ ᠤᠷᠤᠨ ᠤ ᠪᠦᠳᠦᠭᠡᠨ ᠪᠠᠶᠢᠭᠤᠯᠤᠯᠳᠠ ᠶᠢ ᠠᠬᠢᠭᠤᠯᠬᠤ ᠳᠤ ᠬᠦᠴᠦᠨ ᠨᠡᠮᠡᠷᠢᠯᠡᠬᠦ ᠪᠤᠯᠤᠨ᠎ᠠ᠃

        矿业大学2.jpg

           

              ᠶᠤᠰᠤᠯᠠᠯ ᠳᠡᠭᠡᠷ᠎ᠡ᠂ ᠤᠷᠳᠤᠰ ᠬᠤᠳᠠ ᠶᠢᠨ ᠠᠭᠤᠷᠬᠠᠢ ᠶᠢᠨ ᠤᠰᠤᠨ ᠤ ᠭᠠᠮᠰᠢᠭ ᠢ ᠰᠡᠷᠭᠡᠶᠢᠯᠡᠨ ᠡᠵᠡᠮᠳᠡᠬᠦ ᠮᠡᠷᠭᠡᠵᠢᠯ ᠤᠨ ᠳᠦᠪ᠂ ᠳᠤᠮᠳᠠᠳᠤ ᠤᠯᠤᠰ ᠤᠨ

        ᠠᠭᠤᠷᠬᠠᠢ ᠶᠢᠨ ᠦᠢᠯᠡᠰ ᠤᠨ ᠶᠡᠭᠡ ᠰᠤᠷᠭᠠᠭᠤᠯᠢ ︵ᠪᠡᠭᠡᠵᠢᠩ︶᠎ ᠶᠢᠨ ᠫᠤᠰᠲ ᠳ᠋ᠤᠺᠲ᠋ᠤᠷ ᠤᠨ ᠰᠢᠨ᠎ᠡ ᠶᠢ ᠡᠭᠦᠳᠬᠦ ᠰᠢᠨᠵᠢᠯᠡᠬᠦ ᠤᠬᠠᠭᠠᠨ ᠤ ᠰᠤᠳᠤᠯᠭᠠᠨ ᠤ

        ᠰᠠᠭᠤᠷᠢᠨ ᠭᠠᠵᠠᠷ᠂ ᠠᠭᠤᠷᠬᠠᠢ ᠶᠢᠨ ᠦᠢᠯᠡᠰ ᠤᠨ ᠶᠡᠭᠡ ᠰᠤᠷᠭᠠᠭᠤᠯᠢ ᠶᠢᠨ ᠬᠠᠮᠳᠤ ᠰᠤᠳᠤᠯᠭᠠᠨ ᠤ ᠦᠢᠯᠡᠰ ᠪᠦᠳᠦᠭᠡᠬᠦ ᠰᠠᠭᠤᠷᠢᠨ ᠤ ᠫᠠᠶᠢᠰᠠ ᠶᠢ ᠰᠡᠬᠦᠪᠡ᠃

        ᠬᠤᠳᠠ ᠶᠢᠨ ᠡᠨᠧᠷᠬᠢ ᠶᠢᠨ ᠳᠤᠪᠴᠢᠶ᠎ᠠ᠂ ᠳᠤᠮᠳᠠᠳᠤ ᠤᠯᠤᠰ ᠤᠨ ᠠᠭᠤᠷᠬᠠᠢ ᠶᠢᠨ ᠦᠢᠯᠡᠰ ᠤᠨ ᠶᠡᠭᠡ ᠰᠤᠷᠭᠠᠭᠤᠯᠢ ︵ᠪᠡᠭᠡᠵᠢᠩ︶᠎ ᠶᠢᠨ ᠤᠯᠤᠰ ᠤᠨ ᠨᠡᠭᠦᠷᠡᠰᠦᠨ

        ᠠᠭᠤᠷᠬᠠᠢ ᠶᠢᠨ ᠤᠰᠤᠨ ᠤ ᠭᠠᠮᠰᠢᠭ ᠢ ᠰᠡᠷᠭᠡᠶᠢᠯᠡᠨ ᠵᠠᠰᠠᠬᠤ ᠢᠨᠵᠧᠨᠧᠷᠢᠩ ᠤᠨ ᠮᠡᠷᠭᠡᠵᠢᠯ ᠤᠨ ᠰᠤᠳᠤᠯᠭᠠᠨ ᠤ ᠳᠦᠪ᠂ ᠦᠪᠦᠷ ᠮᠤᠩᠭᠤᠯ ᠤᠨ ᠨᠡᠭᠦᠷᠡᠰᠦᠨ ᠤ

        ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠳᠠ ︵ᠪᠦᠯᠦᠭᠯᠡᠯ︶᠎ ᠶᠢᠨ117 ᠬᠢᠵᠠᠭᠠᠷᠳᠤ ᠺᠤᠮᠫᠠᠨᠢ ᠬᠠᠮᠳᠤ ᠪᠠᠷ《 ᠤᠷᠳᠤᠰ ᠬᠤᠳᠠ ᠶᠢᠨ ᠠᠭᠤᠷᠬᠠᠢ ᠶᠢᠨ ᠤᠰᠤᠨ ᠤ

        ᠭᠠᠮᠰᠢᠭ ᠢ ᠰᠡᠷᠭᠡᠶᠢᠯᠡᠨ ᠡᠵᠡᠮᠳᠡᠬᠦ ᠮᠡᠷᠭᠡᠵᠢᠯ ᠤᠨ ᠳᠦᠪ ᠤᠨ ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭᠠᠨ ᠤ ᠵᠦᠪᠳᠡᠯᠴᠡᠭᠡᠷ》᠎ ᠲᠤ ᠭᠠᠷ ᠤᠨ ᠦᠰᠦᠭ ᠵᠢᠷᠤᠪᠠ᠃

        ᠶᠤᠰᠤᠯᠠᠯ ᠳᠤ ᠤᠷᠤᠯᠴᠠᠭᠰᠠᠳ ᠳᠤᠮᠳᠠᠳᠤ ᠤᠯᠤᠰ ᠤᠨ ᠠᠭᠤᠷᠬᠠᠢ ᠶᠢᠨ ᠦᠢᠯᠡᠰ ᠤᠨ ᠶᠡᠭᠡ ᠰᠤᠷᠭᠠᠭᠤᠯᠢ ︵ᠪᠡᠭᠡᠵᠢᠩ︶᠎ ᠶᠢᠨ ᠦᠪᠦᠷ ᠮᠤᠩᠭᠤᠯ ᠤᠨ

        ᠰᠤᠳᠤᠯᠭᠠᠨ ᠤ ᠬᠦᠷᠢᠶᠡᠯᠡᠩ ᠤᠨ ᠦᠵᠡᠭᠦᠯᠭᠡ ᠶᠢᠨ ᠲᠢᠩᠬᠢᠮ ᠢ ᠲᠤᠭᠤᠷᠢᠨ ᠦᠵᠡᠪᠡ᠃

          

         

        ᠢᠷᠡᠯᠲᠡ᠄ ᠤᠷᠳᠤᠰ ᠤᠨ ᠡᠳᠦᠷ ᠤᠨ ᠰᠤᠨᠢᠨ