| ᠥᠨᠥᠳᠦᠷ ︵9 ᠰᠠᠷ᠎ᠠ ᠶᠢᠨ 15 ᠤ ᠡᠳᠦᠷ︶ ᠤᠨ ᠦᠳᠡ ᠶᠢᠨ ᠡᠮᠦᠨ᠎ᠡ᠂ ᠣᠷᠳᠣᠰ ᠬᠤᠲᠠ ᠶᠢᠨ ᠬᠠᠮ ᠵᠠᠭᠤᠴᠢᠯᠠᠭᠤᠷ ᠤᠨ ᠲᠥᠪ ᠤᠨ ᠫᠠᠶᠢᠰᠠ ᠰᠡᠬᠦᠬᠦ | ᠶᠣᠰᠣᠯᠠᠯ ᠬᠢᠶ᠎ᠠ ᠪᠠᠭᠰᠢ ᠲᠤᠭᠤᠷᠢᠭ ᠲᠤ ᠶᠠᠪᠤᠭᠳᠠᠪᠠ᠃ ᠡᠨᠡ ᠨᠢ ᠮᠠᠨ ᠤ ᠬᠤᠲᠠ ᠶᠢᠨ ᠰᠣᠨᠢᠨ ᠮᠡᠳᠡᠭᠡᠨ ᠤ ᠤᠬᠠᠭᠤᠯᠭ᠎ᠠ ᠶᠢᠨ ᠠᠵᠢᠯ ᠵᠠᠭᠤᠴᠢᠯᠠᠭᠤᠷ ᠤᠨ | ᠠᠭᠤᠰᠤᠯᠴᠠᠨ ᠬᠥᠭᠵᠢᠬᠦ ᠰᠢᠨ᠎ᠡ ᠠᠶᠠᠨ ᠳᠤ ᠤᠷᠤᠭᠰᠠᠨ ᠢ ᠬᠠᠷᠠᠭᠤᠯᠵᠤ ᠪᠠᠶᠢᠨ᠎ᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ | ᠬᠡᠯᠲᠡᠰ ᠤᠨ ᠳᠠᠷᠤᠭ᠎ᠠ ᠰᠤ᠋ ᠵᠥᠩ ᠱᠧᠩ ᠶᠣᠰᠣᠯᠠᠯ ᠳᠤ ᠣᠷᠣᠯᠴᠠᠵᠤ ᠫᠠᠶᠢᠰᠠ ᠰᠡᠬᠦᠪᠡ᠃ | | | | | ᠣᠷᠳᠣᠰ ᠬᠤᠲᠠ ᠶᠢᠨ ᠬᠠᠮ ᠵᠠᠭᠤᠴᠢᠯᠠᠭᠤᠷ ᠤᠨ ᠲᠥᠪ ᠨᠢ ᠤᠤᠯ ᠤᠨ ᠣᠷᠳᠣᠰ ᠤᠨ ᠡᠳᠦᠷ ᠤᠨ ᠰᠣᠨᠢᠨ ᠤ ᠬᠤᠷᠢᠶ᠎ᠠ᠂ ᠤᠤᠯ ᠤᠨ ᠣᠷᠳᠣᠰ ᠤᠨ ᠷᠠᠳᠢᠣ᠋ | ᠲᠧᠯᠸᠢᠰ ᠬᠤᠷᠢᠶ᠎ᠠ ᠪᠠᠷ ᠪᠠᠶᠢᠭᠤᠯᠤᠭᠳᠠᠵᠤ᠂ ᠬᠤᠲᠠ ᠶᠢᠨ ᠨᠠᠮ ᠤᠨ ᠬᠤᠷᠢᠶᠠᠨ ᠤ ᠰᠢᠭᠤᠳ ᠬᠠᠷᠢᠶ᠎ᠠ ᠵᠢᠩᠬᠢᠨᠢ ᠭᠠᠵᠠᠷ ᠤᠨ ᠲᠠᠰ ᠤᠨ ᠠᠵᠢᠯ ᠦᠢᠯᠡᠰ ᠤᠨ ᠨᠢᠭᠡᠴᠢ | ᠪᠣᠯᠬᠤ ᠶᠤᠮ᠃ | | | | | | | ᠡᠨᠡ ᠵᠢᠯ ᠤᠨ ᠡᠬᠢᠨ ᠳᠤ᠂ ᠲᠦᠪ ᠤᠨ ᠤᠬᠠᠭᠤᠯᠬᠤ ᠬᠡᠯᠳᠡᠰ ᠠᠴᠠ ᠮᠠᠨ ᠤ ᠬᠤᠳᠠ ᠶᠢ ᠬᠤᠳᠠ ᠶᠢᠨ ᠲᠡᠰ ᠤᠨ ᠵᠠᠭᠤᠴᠢᠯᠠᠭᠤᠷ ᠤᠨ ᠠᠭᠤᠰᠤᠯᠴᠠᠯ ᠤᠨ | ᠦᠭᠡᠷᠡᠴᠢᠯᠡᠯᠳᠡ ᠶᠢᠨ ᠲᠤᠷᠰᠢᠯᠳᠠ ᠶᠢᠨ ᠴᠡᠭ ᠤᠨ ᠬᠤᠳᠠ ᠪᠠᠷ ᠲᠤᠭᠳᠠᠭᠠᠪᠠ᠃ ᠲᠤᠷᠰᠢᠯᠳᠠ ᠶᠢᠨ ᠴᠡᠭ ᠤᠨ ᠠᠵᠢᠯ ᠡᠬᠢᠯᠡᠭᠰᠡᠨ ᠠᠴᠠ ᠨᠠᠭᠠᠰᠢ᠂ ᠬᠤᠳᠠ ᠶᠢᠨ | ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠤᠷᠳᠤᠨ ᠤ ᠪᠠᠳᠤ ᠴᠢᠩᠭ᠎ᠠ ᠤᠳᠤᠷᠢᠳᠤᠯᠭ᠎ᠠ ᠪᠠ ᠬᠤᠳᠠ ᠶᠢᠨ ᠰᠢᠭᠤᠳ ᠬᠠᠷᠢᠶ᠎ᠠ ᠡᠯ᠎ᠠ ᠬᠠᠮᠢᠶ᠎ᠠ ᠪᠦᠬᠦᠢ ᠰᠠᠯᠠᠭ᠎ᠠ | ᠮᠦᠴᠢᠷ ᠤᠨ ᠨᠢᠭᠳᠠ ᠬᠠᠮᠵᠢᠯᠴᠠᠭ᠎ᠠ ᠶᠢᠨ ᠲᠤᠤᠷ᠎ᠠ᠂ ︽ᠲᠦᠪ + ᠺᠤᠮᠫᠠᠨᠢ︾ ᠶᠢᠨ ᠦᠭᠡᠷᠡᠴᠢᠯᠡᠯᠳᠡ ᠶᠢᠨ ᠵᠠᠭᠪᠤᠷ ᠢ ᠲᠤᠭᠳᠠᠭᠠᠵᠤ᠂ ᠲᠦᠷᠪᠡᠨ ᠶᠡᠭᠡ | ᠲᠦᠷᠦᠯ ᠤᠨ 15 ᠵᠦᠢᠯ ᠤᠨ ᠦᠭᠡᠷᠡᠴᠢᠯᠡᠯᠳᠡ ᠶᠢᠨ ᠡᠭᠦᠷᠭᠡ ᠶᠢ ᠲᠤᠳᠤᠷᠬᠠᠶᠢᠯᠠᠭᠰᠠᠨ ᠪᠠᠶᠢᠨ᠎ᠠ᠃ | | | |