ᠡᠨᠡ ᠨᠠᠮᠤᠷ ᠰᠤᠷᠭᠠᠭᠤᠯᠢ ᠡᠬᠢᠯᠡᠭᠰᠡᠨ ᠤ ᠲᠠᠷᠠᠭ᠎ᠠ ᠠᠯᠪᠠᠨ ᠵᠢᠷᠤᠮ ᠤᠨ ᠰᠤᠷᠭᠠᠨ ᠬᠦᠮᠥᠵᠢᠯ ᠤᠨ ᠱᠠᠲᠤᠨ ᠳᠤ ᠰᠢᠨ᠎ᠡ ᠬᠢᠴᠢᠶᠡᠯ ᠤᠨ ᠲᠥᠰᠦᠯ ᠪᠠ | ᠬᠢᠴᠢᠶᠡᠯ ᠤᠨ ᠪᠠᠷᠢᠮᠵᠢᠶ᠎ᠡ ︵2022 ᠣᠨ ᠤ ᠬᠡᠪᠯᠡᠯ︶ ᠶᠢ ᠡᠬᠢᠯᠡᠵᠦ ᠬᠡᠷᠡᠭᠵᠢᠭᠦᠯᠪᠠ᠂ ᠲᠡᠭᠡᠪᠡᠯ ᠰᠢᠨ᠎ᠡ ᠬᠢᠴᠢᠶᠡᠯ ᠤᠨ ᠪᠠᠷᠢᠮᠵᠢᠶ᠎ᠠ ᠨᠢ ᠵᠢᠭᠠᠨ ᠰᠤᠷᠭᠠᠯᠲᠠ ᠳᠤ | ᠶᠠᠮᠠᠷ ᠬᠤᠪᠢᠷᠠᠯᠳᠠ ᠠᠪᠴᠢᠷᠠᠬᠰᠠᠨ ᠪᠣᠯ︖ | ᠡᠯ᠎ᠠ ᠬᠢᠴᠢᠶᠡᠯ ᠤᠨ ᠬᠢᠴᠢᠶᠡᠯ ᠤᠨ ᠴᠠᠭ ᠤᠨ ᠬᠠᠷᠢᠴᠠᠯ ᠳᠤ ᠲᠣᠬᠢᠷᠠᠭᠤᠯᠤᠯᠲᠠ ᠬᠢᠭᠰᠡᠨ ᠶᠠᠪᠤᠳᠠᠯ ᠪᠤᠯ 2022 ᠣᠨ ᠤ ᠡᠩ ᠤᠨ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠰᠢᠨ᠎ᠠ ᠬᠢᠴᠢᠶᠡᠯ ᠤᠨ ᠪᠠᠷᠢᠮᠵᠢᠶ᠎ᠠ ᠶᠢᠨ ᠬᠠᠮᠤᠭ ᠤᠨ ᠶᠡᠭᠡ ᠬᠤᠪᠢᠷᠠᠯᠳᠠ ᠮᠦᠨ᠃ ᠲᠠᠩ ᠬᠢᠴᠢᠶᠠᠯ ᠤᠨ ᠵᠤᠬᠰᠤᠴᠠ ᠠᠴᠠ ᠦᠵᠡᠪᠡᠯ᠂ | ᠬᠡᠯᠡ ᠪᠢᠴᠢᠭ ᠤᠨ ᠬᠢᠴᠢᠶᠡᠯ ᠤᠨ ᠴᠠᠭ ᠤᠨ ᠬᠠᠷᠢᠴᠠᠯ ᠨᠢ ᠠᠷᠪᠠᠨ ᠲᠥᠷᠦᠯ ᠤᠨ ᠶᠡᠷᠦᠩᠬᠡᠢ ᠬᠢᠴᠢᠶᠠᠯ ᠤᠨ ᠴᠠᠭ ᠤᠨ ᠬᠠᠮᠤᠭ ᠤᠨ ᠶᠡᠭᠡ ᠬᠤᠪᠢ ᠶᠢ ᠡᠵᠡᠯᠡᠵᠦ᠂ | 20% -22% ᠲᠤ ᠬᠦᠷᠴᠦ ᠪᠠᠶᠢᠨ᠎ᠠ︔ᠤᠯᠠᠮᠵᠢᠯᠠᠯᠲᠦ ᠭᠤᠷᠪᠠᠨ ᠶᠡᠭᠡ ᠭᠤᠣᠯ ᠬᠢᠴᠢᠶᠠᠯ ᠤᠨ ᠲᠤᠲᠤᠷᠠᠬᠢ ᠭᠠᠳᠠᠭᠠᠲᠤ ᠬᠡᠯᠡᠨ ᠤ ᠬᠠᠷᠢᠴᠠᠯ ᠨᠢ ᠵᠥᠪᠬᠡᠨ 6% | ᠠᠴᠠ 8% ᠶᠢ ᠡᠵᠡᠯᠡᠵᠦ᠂ ᠶᠣᠰᠤ ᠰᠤᠷᠲᠠᠬᠤᠨ ᠪᠠ ᠬᠠᠤᠯᠢ ᠪᠠᠷ ᠵᠠᠰᠠᠬᠤ ᠬᠢᠴᠢᠶᠡᠯ ᠲᠠᠢ ᠲᠡᠩᠴᠡᠵᠦ ᠪᠠᠶᠢᠨ᠎ᠠ᠃ ᠲᠣᠭᠠᠨ ᠤ ᠤᠬᠠᠭᠠᠨ 13% | ᠠᠴᠠ15% ᠶᠢ ᠡᠵᠡᠯᠡᠨ᠎ᠡ᠂ ᠪᠡᠶ᠎ᠠ ᠶᠢᠨ ᠲᠠᠮᠢᠷ ᠡᠷᠡᠭᠦᠯ ᠮᠡᠨᠳᠦ ᠶᠢᠨ ᠬᠢᠴᠢᠶᠡᠯ ᠶᠡᠷᠦᠩᠬᠡᠢ ᠬᠢᠴᠢᠶᠡᠯ ᠤᠨ ᠴᠠᠭ ᠤᠨ10%- 11% ᠶᠢ ᠡᠵᠡᠯᠡᠵᠤ᠂ ᠭᠠᠳᠠᠭᠠᠳᠤ | ᠬᠡᠯᠡ᠂ ᠹᠢᠽᠢᠺ᠂ ᠠᠮᠢᠳᠦ ᠪᠣᠳᠠᠰ ᠪᠠ ᠰᠢᠨᠵᠢᠯᠡᠬᠦ ᠤᠬᠠᠭᠠᠨ ᠤ ᠬᠢᠴᠢᠶᠡᠯ ᠤᠨ ᠴᠠᠭ ᠤᠨ ᠬᠠᠷᠢᠴᠠᠯ ᠠᠴᠠ ᠪᠦᠷ ᠶᠡᠭᠡ ᠪᠠᠶᠢᠵᠦ᠂ ᠬᠡᠯᠡ ᠪᠢᠴᠢᠭ ᠪᠠ ᠲᠣᠭᠠᠨ ᠤ | ᠤᠬᠠᠭᠠᠨ ᠤ ᠲᠠᠷᠠᠭᠠᠬᠢ ᠭᠤᠷᠪᠠᠳᠤᠭᠠᠷ ᠶᠡᠭᠡ ᠬᠢᠴᠢᠶᠡᠯ ᠲᠥᠷᠦᠯ ᠪᠣᠯᠵᠠᠢ᠃ | | ᠲᠣᠭᠠᠨ ᠤ ᠤᠬᠠᠭᠠᠠ | ᠲᠣᠭᠠᠨ ᠤ ᠤᠬᠠᠭᠠᠨ ᠤ ᠰᠤᠷᠤᠯᠭ᠎ᠠ ᠶᠢᠨ ᠱᠠᠲᠤᠨ ᠳᠤ ᠲᠣᠬᠢᠷᠠᠭᠤᠯᠤᠯᠲᠠ ᠬᠢᠵᠦ᠂ ᠤᠤᠯ ᠤᠨ ᠭᠤᠷᠪᠠᠨ ᠱᠠᠳᠤ ᠶᠢ ᠳᠥᠷᠪᠡᠨ ᠱᠠᠲᠤ ᠪᠣᠯᠭᠠᠨ | ᠲᠣᠬᠢᠷᠠᠭᠤᠯᠵᠠᠢ᠃ ᠥᠭᠡᠷ᠎ᠡ ᠪᠠᠷ ᠬᠡᠯᠡᠪᠡᠯ᠂ ᠪᠠᠭ᠎ᠠ ᠰᠤᠷᠭᠠᠭᠤᠯᠢ ᠶᠢᠨ ᠲᠣᠭᠠᠨ ᠤ ᠤᠬᠠᠭᠠᠨ ᠤ ᠤᠤᠯ ᠤᠨ ᠨᠢᠭᠡᠳᠤᠭᠡᠷ ᠬᠤᠶᠠᠳᠤᠭᠠᠷ ᠭᠤᠷᠪᠠᠳᠤᠭᠠᠷ ᠣᠨ ᠨᠢᠭᠡ | ᠰᠤᠷᠤᠯᠭ᠎ᠠ ᠶᠢᠨ ᠱᠠᠳᠤ᠂ ᠳᠦᠷᠪᠡᠳᠤᠭᠡᠷ ᠲᠠᠪᠤᠳᠤᠭᠠᠷ ᠵᠢᠷᠭᠤᠳᠤᠭᠠᠷ ᠣᠨ ᠨᠢᠭᠡ ᠰᠤᠷᠤᠯᠭ᠎ᠠ ᠶᠢᠨ ᠱᠠᠳᠤ ᠪᠠᠶᠢᠭᠰᠡᠨ ᠢ ᠨᠢᠭᠡᠳᠤᠭᠡᠷ ᠬᠤᠶᠠᠳᠤᠭᠠᠷ ᠣᠨ ᠨᠢᠭᠡ | ᠰᠤᠷᠤᠯᠭ᠎ᠠ ᠶᠢᠨ ᠱᠠᠲᠤ᠂ ᠭᠤᠷᠪᠠᠳᠤᠭᠠᠷ ᠳᠥᠷᠪᠡᠳᠦᠭᠡᠷ ᠣᠨ ᠨᠢᠭᠡ ᠰᠤᠷᠤᠯᠭ᠎ᠠ ᠶᠢᠨ ᠱᠠᠲᠦ᠂ ᠲᠠᠪᠤᠳᠤᠭᠠᠷ ᠵᠢᠷᠭᠤᠳᠤᠭᠠᠷ ᠤᠨ ᠨᠢᠭᠡ ᠰᠣᠷᠤᠯᠭ᠎ᠠ ᠶᠢᠨ ᠱᠠᠲᠤ ᠪᠠ | ᠠᠩᠬ᠎ᠠ ᠳᠤᠮᠳᠠᠳᠤ ᠶᠢ ᠨᠢᠭᠡ ᠰᠤᠷᠤᠯᠭ᠎ᠠ ᠶᠢᠨ ᠱᠠᠳᠤ ᠪᠣᠯᠭᠠᠨ ᠲᠣᠬᠢᠷᠠᠭᠤᠯᠪᠠ᠃ | | ᠭᠠᠳᠠᠭᠠᠳᠤ ᠬᠡᠯᠡ | ᠰᠢᠨ᠎ᠡ ᠬᠢᠴᠢᠶᠡᠯ ᠤᠨ ᠪᠠᠷᠢᠮᠵᠢᠶ᠎ᠠ ᠶᠢᠨ ᠠᠩᠭ᠍ᠯᠢ ᠬᠡᠯᠡᠨ ᠤ ᠬᠦᠴᠢᠷ ᠤᠨ ᠬᠡᠮᠵᠢᠶ᠎ᠠ ᠪᠠ ᠠᠮᠢᠳᠤᠯᠢᠭ ᠬᠡᠮᠵᠢᠶ᠎ᠡ ᠴᠥᠮ ᠡᠳᠦᠢ ᠲᠡᠳᠦᠢ ᠨᠡᠮᠡᠭᠳᠡᠵᠡᠢ᠃ ᠶᠠᠭᠤᠨ ᠤ | ᠡᠮᠦᠨ᠎ᠡ ᠰᠢᠨ᠎ᠠ ᠬᠢᠴᠢᠶᠡᠯ ᠤᠨ ᠪᠠᠷᠢᠮᠵᠢᠶ᠎ᠠ ᠶᠢᠨ ᠦᠭᠡᠰ ᠤᠨ ᠰᠠᠩ ᠪᠠᠭ᠎ᠠ ᠬᠡᠮᠵᠢᠶ᠎ᠡ ᠪᠠᠷ ᠨᠡᠮᠡᠭᠳᠡᠵᠤ᠂ ᠵᠢᠰᠦᠨ ᠵᠢᠯ ᠤᠨ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠱᠠᠲᠤᠨ ᠳᠤ ᠠᠩᠭ᠍ᠯᠢ ᠬᠡᠯᠡᠨ ᠤ ᠰᠤᠷᠬᠤ ᠴᠢᠬᠤᠯᠠᠲᠠᠢ ᠶᠡᠷᠦᠩᠬᠡᠢ ᠦᠭᠡᠰ ᠤᠨ ᠰᠠᠩ1600 ᠪᠠᠶᠢᠭᠰᠡᠨ ᠠᠴᠠ ᠪᠠᠨ 2000 ᠪᠣᠯᠵᠤ ᠨᠡᠮᠡᠭᠳᠡᠭᠰᠡᠨ | ᠪᠥᠭᠡᠳ ᠠᠩᠭ᠍ᠯᠢ ᠬᠡᠯᠡ ᠶᠢᠨ ᠬᠡᠷᠡᠭᠯᠡᠬᠦ ᠴᠢᠳᠠᠪᠤᠷᠢ ᠶᠢ ᠨᠡᠩ ᠴᠢᠬᠤᠯᠠᠴᠢᠯᠠᠪᠠ᠃ | | ᠪᠠᠶ᠎ᠠ ᠶᠢᠨ ᠲᠠᠮᠢᠷ | ᠬᠡᠯᠡ ᠪᠢᠴᠢᠭ ᠲᠤᠭᠠᠠ ᠠᠴᠠ ᠭᠠᠳᠠᠨᠠᠬᠢ ᠭᠤᠷᠪᠠᠨ ᠶᠡᠭᠡ ᠭᠤᠣᠯ ᠬᠢᠴᠢᠶᠡᠯ ᠤᠨ ᠬᠢᠴᠢᠶᠡᠯ ᠤᠨ ᠴᠠᠭ ᠲᠤ ᠢᠯᠡᠤᠠᠲᠠ ᠬᠤᠪᠢᠷᠠᠯᠲᠠ ᠭᠠᠷᠤᠭᠰᠠᠨ ᠠᠴᠠ | ᠭᠠᠳᠠᠨ᠎ᠠ ᠪᠡᠶ᠎ᠡ ᠶᠢᠨ ᠲᠠᠮᠢᠷ ᠤᠨ ᠪᠠᠶᠢᠷᠢ ᠰᠠᠭᠤᠷᠢ ᠤᠯᠠᠮ ᠨᠢᠭᠡ ᠠᠯᠬᠤᠮ ᠳᠡᠭᠡᠭᠰᠢᠯᠡᠵᠦ ᠬᠢᠴᠢᠶᠠᠯ ᠤᠨ ᠴᠠᠭ ᠤᠨ ᠬᠠᠷᠢᠴᠠᠯ ᠨᠢ ᠠᠩᠭ᠍ᠯᠢ ᠬᠡᠯᠡ ᠠᠴᠠ ᠳᠠᠪᠠᠵᠤ | ᠭᠤᠷᠪᠠᠳᠤᠭᠠᠷ ᠲᠤ ᠣᠷᠤᠵᠤ᠂ ᠨᠡᠶᠢᠭᠡᠮ ᠨᠡᠶᠢᠲᠡ ᠶᠢᠨ ᠠᠩᠬᠠᠷᠤᠯ ᠢ ᠶᠡᠬᠡᠳᠡ ᠲᠡᠳᠠᠵᠤ ᠪᠠᠶᠢᠨ᠎ᠠ᠃ ᠰᠢᠨ᠎ᠡ ᠬᠢᠴᠢᠶᠡᠯ ᠤᠨ ᠪᠠᠷᠢᠮᠵᠢᠶ᠎ᠠ ᠶᠢ ᠦᠨᠳᠦᠰᠦᠯᠡᠪᠡᠯ᠂ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠪᠡᠶ᠎ᠡ ᠶᠢᠨ ᠲᠠᠮᠢᠷ ᠬᠢᠭᠡᠳ ᠡᠷᠡᠭᠦᠯ ᠮᠡᠨᠳᠦ ᠶᠢᠨ ᠬᠢᠴᠢᠶᠡᠯ ᠤᠨ ᠠᠭᠤᠯᠭ᠎ᠠ ᠳᠤ ᠭᠤᠣᠯᠳᠠᠭᠤ ᠦᠨᠳᠦᠰᠦᠨ | ᠬᠥᠳᠡᠯᠭᠡᠭᠡᠨ ᠤ ᠮᠡᠷᠭᠡᠵᠢᠯ ᠴᠢᠳᠠᠪᠤᠷᠢ᠂᠂ ᠪᠡᠶ᠎ᠡ ᠶᠢᠨ ᠲᠠᠮᠢᠷ᠂ ᠡᠷᠡᠭᠦᠯ ᠮᠡᠨᠳᠦ ᠶᠢᠨ ᠬᠥᠮᠦᠵᠢᠯ᠂ ᠲᠤᠰᠬᠠᠢ ᠵᠦᠢᠯ ᠤᠨ ᠬᠥᠳᠡᠯᠭᠡᠭᠡᠨ ᠤ ᠮᠡᠷᠭᠡᠵᠢᠯ ᠴᠢᠳᠠᠪᠤᠷᠢ ᠪᠠ | ᠬᠢᠴᠢᠶᠡᠯ ᠠᠯᠤᠰᠯᠠᠭᠰᠠᠨ ᠭᠤᠣᠯ ᠰᠡᠳᠦᠪᠳᠦ ᠰᠤᠷᠤᠯᠴᠠᠯᠭ᠎ᠠ ᠪᠠᠭᠲᠠᠨ᠎ᠠ᠃ | | ᠪᠤᠰᠤᠳ ᠬᠢᠴᠢᠶᠠᠯ | ᠪᠡᠶ᠎ᠡ ᠶᠢᠨ ᠲᠠᠮᠢᠷ ᠤᠨ ᠬᠢᠴᠢᠶᠡᠯ ᠤᠨ ᠴᠠᠭ ᠤᠨ ᠨᠡᠮᠡᠭᠳᠡᠬᠦ ᠶᠢ ᠳᠠᠭᠠᠯᠳᠤᠨ ᠰᠢᠨ᠎ᠡ ᠬᠢᠴᠢᠶᠡᠯ ᠤᠨ ᠪᠠᠷᠢᠮᠵᠢᠶ᠎ᠠ ᠨᠢ ᠪᠤᠰᠤᠳ ᠬᠢᠴᠢᠶᠡᠯ ᠤᠨ ᠴᠠᠭ ᠢ | ᠰᠢᠯᠢᠳᠡᠭᠵᠢᠭᠦᠯᠦᠨ ᠳᠤᠬᠢᠷᠠᠭᠤᠯᠪᠠ᠃ ᠤᠷᠠᠯᠢᠬ ᠤᠨ ᠬᠢᠴᠢᠶᠡᠯ ᠤᠨ ᠪᠠᠶᠢᠷᠢᠯᠠᠭᠤᠯᠤᠯᠲᠠ ᠶᠢ ᠥᠭᠡᠷᠡᠴᠢᠯᠡᠵᠦ᠂ ᠨᠢᠭᠡᠳᠤᠭᠡᠷ ᠤᠨ ᠠᠴᠠ ᠳᠣᠯᠤᠳᠤᠭᠠᠷ ᠣᠨ ᠳᠤ | ᠳᠠᠭᠤᠤ ᠬᠥᠭᠵᠢᠮ᠂ ᠤᠷᠠᠨ ᠵᠢᠷᠤᠭ ᠢᠶᠠᠷ ᠭᠤᠣᠯ ᠰᠢᠵᠢᠮ ᠪᠣᠯᠭᠠᠵᠦ᠂ ᠪᠥᠵᠢᠭ᠂ ᠰᠢ ᠵᠦᠴᠦᠭᠡ᠂ ᠺᠢᠨᠣ᠋ ᠲᠧᠯᠸᠢᠰ ᠵᠡᠷᠭᠡ ᠠᠭᠤᠯᠭ᠎ᠠ ᠶᠢ ᠠᠭᠤᠰᠬᠠᠵᠤ᠂ | ᠨᠠᠢᠮᠠᠳᠤᠭᠠᠷ ᠤᠨᠡᠴᠡ ᠵᠢᠰᠦᠳᠦᠭᠡᠷ ᠤᠨ ᠳᠤ ᠲᠥᠷᠦᠯ ᠬᠤᠪᠢᠶᠠᠨ ᠰᠣᠩᠭᠤᠨ ᠬᠢᠴᠢᠶᠡᠯᠯᠡᠬᠦ ᠪᠣᠯᠤᠨ᠎ᠠ᠃ | ︵︽ᠦᠪᠦᠷ ᠮᠤᠩᠭᠤᠯ ᠤᠨ ᠡᠳᠦᠷ ᠤᠨ ᠰᠤᠨᠢᠨ︾ ᠤ ᠵᠢᠷᠬᠢᠶ᠎ᠠ ᠶᠢᠨ ᠲᠠᠪᠴᠠᠩ ᠠᠴᠠ︶ | |