| ᠠᠯᠳᠡᠨ ᠨᠠᠮᠤᠷ ᠤᠨ ᠤᠯᠠᠷᠢᠯ ᠳᠤ ᠬᠦᠳᠡᠭᠡ ᠲᠠᠯ᠎ᠠ ᠪᠠᠷ ᠮᠠᠯᠴᠢᠨ ᠲᠠᠷᠢᠶᠠᠴᠢᠳ ᠤᠨ ᠡᠯᠪᠡᠭ ᠬᠤᠷᠢᠶᠠᠯᠳᠡ ᠶᠢᠨ ᠪᠠᠶᠠᠷ ᠤᠨ ᠲᠠᠭᠤᠨ ᠴᠤᠤᠷᠢᠶᠠᠳᠤᠨ᠎ᠠ᠃ 9 | ᠰᠠᠷ᠎ᠠ ᠶᠢᠨ 23 ᠤ ᠡᠳᠤᠷ᠂ ︽ᠡᠯᠪᠡᠭ ᠬᠤᠷᠢᠶᠠᠯᠳᠡ ᠶᠢ ᠪᠡᠯᠭᠡᠯᠡᠵᠤ ᠦᠪᠡᠳᠡᠭᠰᠢ ᠬᠤᠷᠠᠯ ᠢ ᠤᠬᠳᠤᠬᠤ ︾ ᠤᠷᠳᠤᠰ ᠬᠤᠳᠠ ᠶᠢᠨ 2022 ᠤᠨ ᠤ ︽ | ᠲᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠳᠡ ᠶᠢᠨ ᠪᠠᠶᠠᠷ ︾ ᠵᠢᠴᠢ ᠤᠷᠳᠤᠰ ᠬᠤᠳᠠ ᠶᠢᠨ ᠠᠩᠬᠠᠳᠤᠭᠠᠷ ᠬᠤᠭᠤᠴᠠᠭᠠᠨ ᠤ ᠪᠤᠬᠢᠷᠳᠦᠯ ᠦᠭᠡᠢ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠳᠦᠭᠡᠭᠳᠡᠭᠦᠨ ᠤ ᠦᠵᠡᠰᠭᠦᠯᠡᠩ ᠦᠤᠰᠢᠨ ᠬᠤᠰᠢᠭᠤᠨ ᠤ ᠴᠠᠭᠠᠨ ᠰᠦᠯᠳᠡ ᠠᠮᠢ ᠠᠬᠤᠢ ᠶᠢᠨ ᠵᠢᠭᠤᠯᠴᠢᠯᠠᠯ ᠤᠨ | ᠤᠷᠤᠨ ᠳᠤ ᠡᠬᠢᠯᠡᠪᠡ᠃ | | | | | ᠲᠤᠬᠠᠢ ᠶᠢᠨ ᠲᠠᠯᠠᠪᠤᠷ ᠲᠤ ᠭᠤᠸ᠋ᠨ ᠵᠢᠮᠢᠰ ᠤᠨ ᠠᠩᠬᠢᠯᠤᠮ᠎ᠠ ᠦᠨᠤᠷ ᠬᠠᠨᠭ᠍ᠬᠤᠯᠵᠤ᠂ ᠡᠯᠪᠡᠭ ᠬᠤᠷᠢᠶᠠᠯᠳᠡ ᠶᠢᠨ ᠠᠭᠤᠷ ᠠᠮᠢᠰᠬᠤᠯ ᠪᠢᠯᠬᠠᠨ᠎ᠠ᠃ ᠪᠦᠬᠦ | ᠬᠤᠳᠠ ᠶᠢᠨ 9 ᠬᠤᠰᠢᠭᠤ ᠲᠤᠭᠤᠷᠢᠭ ᠠᠴᠠ ᠬᠦᠷᠦᠯᠴᠡᠨ ᠢᠷᠡᠭᠰᠡᠨ ᠮᠠᠯᠴᠢᠨ ᠲᠠᠷᠢᠶᠠᠴᠢᠳ ᠤᠷᠤᠨ ᠨᠤᠳᠤᠭ ᠤᠨ ᠤᠨᠴᠠᠯᠢᠭ ᠲᠠᠢ ᠮᠠᠯ ᠲᠠᠷᠢᠶᠠᠯᠠᠩ ᠤᠨ | ᠪᠦᠳᠦᠭᠡᠭᠳᠡᠭᠦᠨ ᠢᠶᠠᠨ ᠤᠯᠡᠨ ᠳᠤ ᠬᠠᠷᠠᠭᠤᠯᠵᠤ ᠪᠠᠶᠢᠯ᠎ᠠ᠃ ᠲᠤᠰ ᠤᠳᠠᠭᠠᠨ ᠤ ᠨᠠᠶᠢᠷ ᠲᠤ ᠪᠤᠬᠢᠷᠳᠦᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠳᠦᠭᠡᠭᠳᠡᠭᠦᠨ ᠤ ᠦᠵᠡᠰᠭᠦᠯᠡᠩ ᠤᠨ ᠴᠤᠬᠯᠠᠭᠠᠨ᠂ ᠰᠤᠶᠤᠯ ᠤᠨ ᠡᠭᠦᠳᠦᠯᠳᠡ ᠶᠢᠨ ᠪᠦᠳᠦᠭᠡᠭᠳᠡᠭᠦᠨ ᠢ ᠲᠠᠨᠢᠯᠴᠠᠭᠤᠯᠬᠤ ᠠᠵᠢᠯᠯᠠᠭ᠎ᠠ᠂ ᠤᠯᠠᠮᠵᠢᠯᠠᠯᠳᠤ ᠨᠠᠭᠠᠳᠤᠮ | ᠵᠡᠷᠭᠡ ᠶᠢ ᠲᠤᠬᠢᠷᠠᠭᠤᠯᠤᠨ᠂ ᠪᠦᠬᠦ ᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠬᠦᠭᠵᠢᠯᠳᠡ ᠶᠢᠨ ᠰᠢᠨ᠎ᠡ ᠠᠮᠵᠢᠯᠳᠡ ᠪᠦᠳᠦᠮᠵᠢ᠂ ᠰᠢᠨ᠎ᠡ ᠲᠦᠷᠰᠦ | ᠪᠠᠶᠢᠳᠠᠯ ᠢ ᠭᠤᠷᠪᠡᠨ ᠡᠳᠤᠷ ᠤᠨ ᠬᠤᠭᠤᠴᠠᠭᠠᠨ ᠳᠤ ᠪᠦᠬᠦ ᠲᠠᠯ᠎ᠠ ᠪᠠᠷ ᠲᠡᠯᠭᠡᠨ ᠦᠵᠡᠭᠦᠯᠬᠦ ᠪᠠᠷ ᠪᠤᠢ᠃ | | | | | | |