| ⒈ ᠠᠷᠠᠳᠴᠢᠯᠠᠯᠲᠠ ᠬᠠᠮᠢᠶᠠᠷᠤᠯᠲᠠ ᠶᠢ ᠴᠢᠩᠭᠠᠳᠬᠠᠨ ᠡᠷᠡᠭᠦᠯ ᠬᠠᠮᠠᠭᠠᠯᠠᠯ᠂ ᠠᠷᠢᠭᠤᠳᠬᠠᠬᠤ ᠠᠵᠢᠯ ᠢ ᠰᠠᠶᠢᠨ ᠬᠢᠵᠦ ᠮᠠᠯ ᠤᠨ ᠪᠡᠶ᠎ᠡ ᠶᠢᠨ ᠡᠰᠡᠷᠭᠦᠴᠡᠬᠦ | ᠬᠦᠴᠦ ᠶᠢ ᠳᠡᠭᠡᠭᠰᠢᠯᠡᠭᠦᠯᠦᠨ᠂ ︽ᠥᠪᠡᠷᠲᠡᠭᠡᠨ ᠦᠷᠡᠵᠢᠭᠦᠯᠵᠦ ᠥᠪᠡᠷᠲᠡᠭᠡᠨ ᠠᠷᠠᠴᠢᠯᠠᠬᠤ︾ ᠵᠠᠷᠴᠢᠮ ᠢ ᠪᠠᠷᠢᠮᠲᠠᠯᠠᠵᠤ᠂ ᠡᠪᠡᠳᠴᠢᠨ ᠬᠢᠵᠢᠭ ᠤᠨ | ᠬᠠᠯᠳᠠᠪᠤᠷᠢᠯᠠᠬᠤ ᠶᠢ ᠪᠠᠭᠠᠰᠬᠠᠬᠤ ᠬᠡᠷᠡᠭᠲᠡᠢ᠃ | ⒉ ᠲᠣᠭᠲᠠᠭᠰᠠᠨ ᠬᠤᠭᠤᠴᠠᠭᠠᠨ ᠳᠤ ᠡᠭᠡᠯᠢᠯᠡᠭᠡ ᠶᠢᠨ ᠲᠠᠷᠢᠯᠭ᠎ᠠ ᠪᠠ ᠨᠥᠬᠦᠪᠦᠷᠢ ᠲᠠᠷᠢᠯᠭ᠎ᠠ ᠬᠢᠬᠦ ᠲᠥᠯᠥᠪᠯᠡᠭᠡ ᠲᠣᠭᠲᠠᠭᠠᠵᠤ ᠬᠡᠷᠡᠭᠵᠢᠭᠦᠯᠦᠨ᠎ᠡ᠃ | ⒊ ᠠᠷᠢᠭᠤᠳᠬᠠᠬᠤ᠂ ᠬᠤᠷᠣᠬᠠᠢ ᠪᠠ ᠬᠤᠯᠤᠭᠠᠨ᠎ᠠ ᠶᠢ ᠤᠰᠠᠳᠬᠠᠬᠤ ᠠᠵᠢᠯ ᠢ ᠰᠠᠶᠢᠨ ᠬᠢᠵᠦ ᠪᠠᠭᠠᠰᠤ ᠰᠢᠭᠡᠰᠦ ᠶᠢ ᠨᠢ ᠠᠶᠤᠯ ᠦᠭᠡᠢ ᠰᠢᠢᠳᠪᠦᠷᠢᠯᠡᠨ᠎ᠡ᠃ | | ⒋ ᠤᠯᠤᠰ ᠤᠨ ᠬᠢᠯᠢ ᠶᠢᠨ ᠬᠢᠵᠢᠭ ᠤᠨ ᠪᠠᠶᠢᠴᠠᠭᠠᠯᠲᠠ᠂ ᠵᠠᠮ ᠬᠠᠷᠢᠯᠴᠠᠭᠠᠨ ᠤ ᠬᠢᠵᠢᠭ ᠤᠨ ᠪᠠᠶᠢᠴᠠᠭᠠᠯᠲᠠ᠂ ᠵᠠᠬ᠎ᠠ ᠳᠡᠯᠭᠡᠭᠦᠷ ᠤᠨ ᠬᠢᠵᠢᠭ ᠤᠨ | ᠪᠠᠶᠢᠴᠠᠭᠠᠯᠲᠠ ᠵᠡᠷᠭᠡ ᠠᠵᠢᠯ ᠢ ᠨᠠᠷᠢᠨ ᠬᠢᠨᠠᠮᠠᠭᠠᠢ ᠬᠢᠵᠦ᠂ ᠬᠠᠯᠳᠠᠪᠤᠷᠢ ᠶᠢᠨ ᠡᠬᠢ ᠶᠢ ᠴᠠᠭ ᠲᠤᠬᠠᠢ ᠳᠤ ᠨᠢ ᠮᠡᠳᠡᠵᠤ ᠤᠰᠠᠳᠬᠠᠬᠤ ᠬᠡᠷᠡᠭᠲᠡᠢ᠃ | ⒌ ᠡᠯ᠎ᠡ ᠭᠠᠵᠠᠷ ᠤᠨ ᠮᠠᠯ ᠡᠮᠨᠡᠯᠭᠡ ᠶᠢᠨ ᠪᠠᠶᠢᠭᠤᠯᠭ᠎ᠠ ᠲᠤᠬᠠᠢ ᠶᠢᠨ ᠭᠠᠵᠠᠷ ᠤᠨ ᠡᠪᠡᠳᠴᠢᠨ ᠬᠢᠵᠢᠭ ᠤᠨ ᠲᠠᠷᠬᠠᠯᠲᠠ ᠶᠢ ᠰᠤᠳᠤᠯᠤᠨ᠂ ᠵᠡᠷᠭᠡᠯᠡᠳᠡᠭᠡ | ᠣᠷᠣᠨ ᠢ ᠵᠣᠬᠢᠶᠠᠨ ᠪᠠᠶᠢᠭᠤᠯᠵᠤ᠂ ᠮᠠᠯ ᠤᠨ ᠬᠠᠯᠳᠠᠪᠤᠷᠢᠲᠤ ᠡᠪᠡᠳᠴᠢᠨ ᠢ ᠬᠤᠯᠪᠤᠭᠠᠯᠠᠨ ᠰᠡᠷᠭᠡᠶᠢᠯᠡᠵᠦ᠂ ᠡᠳᠡᠭᠡᠷ ᠡᠪᠡᠳᠴᠢᠨ ᠢ ᠲᠥᠯᠥᠪᠯᠡᠭᠡ ᠲᠠᠢ ᠪᠠᠷ | ᠤᠰᠠᠳᠬᠠᠬᠤ ᠪᠠ ᠬᠢᠵᠠᠭᠠᠷᠯᠠᠬᠤ᠂ ᠭᠠᠳᠠᠨ᠎ᠠ ᠠᠴᠠ ᠡᠪᠡᠳᠴᠢᠨ ᠬᠢᠵᠢᠭ ᠣᠷᠣᠵᠤ ᠢᠷᠡᠬᠦ ᠶᠢ ᠰᠡᠷᠭᠡᠶᠢᠯᠡᠨ᠎ᠡ᠃ | | | |