ᠥᠥᠰᠢᠨ ᠬᠤᠰᠢᠭᠤᠨ ᠤ ᠦᠣᠰᠢᠨᠵᠣᠣ ᠪᠠᠯᠭᠠᠰᠣ ᠶᠢᠨ ᠪᠥᠷᠢᠳᠤ ᠭᠠᠴᠠᠭᠠᠨ ᠤ ᠮᠠᠯᠴᠢᠨ ᠸᠢᠢᠰᠢᠨᠪᠠᠭᠠᠨ᠎ᠠ ᠬᠠᠷᠠᠬᠠᠨ ᠪᠠᠭ᠎ᠠ ᠠᠴᠠ ᠪᠠᠨ ᠬᠠᠭᠤᠴᠢᠨ ᠡᠳ᠋ᠯᠡᠯ | ᠴᠣᠭᠯᠠᠭᠤᠯᠣᠨ ᠬᠠᠳᠠᠭᠠᠯᠠᠬᠤ ᠲᠣᠷ᠎ᠠ ᠰᠣᠨᠢᠷᠠᠬᠠᠯ ᠲᠠᠢ᠃ ᠬᠤᠷᠢ ᠭᠠᠷᠣᠢ ᠵᠢᠯ ᠤᠨ ᠲᠣᠷᠰᠢ ᠲᠡᠷᠡ ᠲᠠᠮᠠᠬᠢᠨ ᠳᠣᠭᠤᠭ᠎ᠠ᠂ ᠮᠦᠩᠬᠦᠨ ᠠᠶᠠᠭ᠎ᠠ᠂ ᠡᠮᠡᠭᠡᠯ ᠵᠡᠷᠭᠡ | ᠦᠨᠳᠣᠰᠣᠳᠡᠨ ᠤ ᠬᠡᠪ ᠨᠠᠮᠪᠠ ᠲᠠᠢ ᠡᠳ᠋ᠯᠡᠯ ᠬᠡᠷᠡᠭᠰᠡᠯ ᠢ ᠭᠤᠣᠯᠴᠢᠯᠠᠨ ᠴᠤᠭᠯᠠᠭᠤᠯᠤᠨ ᠬᠠᠳᠠᠭᠠᠯᠠᠵᠤ᠂ ᠡᠨᠡ ᠤᠯᠠᠨ ᠵᠦᠢᠯ ᠤᠨ ᠡᠳ᠋ᠯᠡᠯ ᠳᠤᠳᠤᠷ᠎ᠠ ᠲᠠᠮᠠᠬᠢᠨ | ᠲᠤᠭᠤᠭ᠎ᠠ ᠶᠢ ᠬᠠᠮᠤᠭ ᠠᠴᠠ ᠬᠠᠶᠢᠷᠠᠯᠠᠵᠤ᠂ ᠬᠠᠮᠤᠭ ᠠᠴᠠ ᠲᠤᠷ᠎ᠠ ᠲᠠᠢ ᠴᠤᠭᠯᠠᠭᠤᠯᠳᠠᠭ ᠪᠠᠶᠢᠵᠠᠢ᠃ ᠸᠢᠢᠰᠢᠨᠪᠠᠭᠠᠨ᠎ᠠ ᠪᠦᠬᠦ ᠣᠯᠣᠰ ᠤᠨ ᠡᠯ᠎ᠡ ᠦᠨᠳᠣᠰᠣᠳᠠᠨ ᠤ | ᠠᠷᠡᠳ ᠳᠦᠮᠡᠨ ᠤ ᠡᠳ᠋ᠯᠡᠨ ᠭᠡᠷᠡᠭᠯᠡᠵᠥ ᠪᠠᠶᠢᠭᠰᠠᠨ ᠲᠠᠮᠠᠬᠢᠨ ᠳᠣᠭᠤᠭ᠎ᠠ ᠶᠢ ᠨᠢᠭᠡᠨᠳᠡ 600 ᠭᠠᠷᠤᠢ ᠴᠣᠭᠯᠠᠭᠤᠯᠣᠨ ᠬᠤᠷᠢᠶᠠᠵᠣ᠂ ᠤᠯᠠᠮᠵᠢᠯᠠᠯᠳᠤ ᠰᠤᠶᠤᠯ ᠢᠶᠠᠨ | ᠦᠪᠯᠡᠵᠤ ᠶᠠᠪᠤᠨ᠎ᠠ᠃ ᠬᠤᠵᠢᠮ ᠨᠡᠩ ᠤᠯᠠᠨ ᠲᠠᠮᠠᠬᠢᠨ ᠲᠤᠭᠤᠭ᠎ᠠ ᠴᠤᠭᠯᠠᠭᠤᠯᠵᠤ᠂ ᠲᠠᠮᠠᠬᠢᠨ ᠳᠣᠭᠤᠭ᠎ᠠ ᠶᠢᠨ ᠳᠡᠯᠭᠡᠨ ᠦᠵᠡᠭᠦᠯᠭᠡ ᠭᠠᠷᠭᠠᠬᠤ ᠰᠠᠨᠠᠭ᠎ᠠ ᠲᠠᠢ | ᠪᠠᠶᠢᠵᠤ᠂ ᠲᠠᠮᠠᠬᠢ ᠳᠠᠲᠠᠬᠤ ᠶᠢᠨ ᠬᠤᠤᠷ ᠬᠦᠨᠦᠭᠡᠯ ᠢ ᠤᠯᠠᠨ ᠲᠦᠮᠡᠨ ᠳᠤ ᠮᠡᠳᠡᠷᠡᠬᠦᠯᠵᠦ᠂ ᠲᠠᠮᠠᠬᠢ ᠵᠤᠭᠰᠤᠭᠠᠬᠤ ᠶᠢᠨ ᠠᠰᠢᠭ ᠲᠤᠰᠠ ᠶᠢ ᠳᠠᠶᠠᠭᠠᠷ ᠤᠯᠠᠨ ᠳᠤ | ᠤᠬᠠᠭᠤᠯᠬᠤ ᠪᠠᠷ ᠪᠠᠶᠢᠨ᠎ᠠ᠃ | | | | | | | ᠮᠠᠯᠴᠢᠨ ᠸᠢᠢᠰᠢᠨᠪᠠᠭᠠᠨ᠎ᠠ᠄ ︽ᠪᠢ ᠪᠤᠯ ᠦᠨᠳᠦᠰᠦᠳᠡᠨ ᠤ ᠰᠤᠶᠤᠯ ᠳᠠᠭᠠᠨ ᠬᠠᠶᠢᠷᠠᠲᠠᠢ ᠬᠦᠮᠦᠨ᠃ ᠲᠡᠶᠢᠮᠦ ᠤᠴᠢᠷ ᠠᠴᠠ ᠦᠨᠳᠦᠰᠦᠳᠡᠨ ᠤ | ᠤᠨᠴᠠᠯᠢᠭ ᠲᠠᠢ ᠬᠠᠭᠤᠴᠢᠨ ᠡᠳ᠋ᠯᠡᠯ ᠬᠡᠷᠡᠭᠰᠡᠯ ᠢ ᠤᠳᠠᠭᠠᠨ ᠵᠢᠯ ᠬᠤᠷᠢᠶᠠᠨ ᠬᠠᠳᠠᠭᠠᠯᠠᠭᠠᠳ ᠢᠷᠡᠭᠰᠡᠨ ᠶᠤᠮ᠃ ᠤᠳᠤ ᠪᠤᠯᠬᠤ ᠳᠤ ᠡᠨᠡ ᠠᠵᠢᠯ ᠢ ᠬᠢᠭᠡᠳ | ᠬᠤᠷᠢᠭᠠᠳ ᠵᠢᠯ ᠪᠤᠯᠵᠤ ᠪᠠᠶᠢᠨ᠎ᠠ᠃ ᠮᠢᠨᠤ ᠬᠠᠳᠠᠭᠠᠯᠠᠵᠤ ᠪᠠᠶᠢᠭ᠎ᠠ ᠶᠠᠭᠤᠮ᠎ᠠ ᠲᠤᠳᠤᠷᠠᠬᠢ ᠨᠠᠳᠠ ᠳᠤ ᠬᠠᠮᠤᠭ ᠤᠨ ᠰᠠᠶᠢᠬᠠᠨ ᠰᠠᠨᠠᠭᠳᠠᠳᠠᠭ᠂ ᠮᠦᠨ ᠴᠤ ᠮᠢᠨᠤ | ᠬᠠᠮᠤᠭ ᠤᠨ ᠬᠠᠶᠢᠷᠠᠲᠠᠢ ᠵᠦᠢᠯ ᠪᠤᠯ ᠳᠠᠷᠤᠢ ᠲᠠᠮᠠᠬᠢᠨ ᠲᠤᠭᠤᠭ᠎ᠠ ᠪᠤᠯᠤᠨ᠎ᠠ᠃ ᠲᠠᠮᠠᠬᠢ ᠭᠡᠳᠡᠭ ᠵᠦᠢᠯ ᠪᠤᠯ ᠠᠯᠢ ᠲᠦᠷᠦ ᠳᠤ ᠴᠤ ᠲᠤᠳᠠᠭᠳᠠᠵᠤ ᠪᠠᠶᠢᠭᠰᠠᠨ | ᠦᠭᠡᠢ᠂ ᠠᠯᠢ ᠲᠦᠷᠤ ᠳᠤ ᠴᠤ ᠲᠠᠮᠠᠬᠢ ᠶᠢ ᠳᠠᠲᠠᠭᠠᠳ ᠢᠷᠡᠭᠰᠡᠨ᠂ ᠲᠡᠷᠡ ᠪᠤᠯ ᠬᠦᠮᠦᠨ ᠤ ᠪᠡᠶ᠎ᠡ ᠳᠤ ᠲᠦᠢᠯ ᠤᠨ ᠬᠤᠤᠷ ᠲᠠᠢ ᠵᠦᠢᠯ᠃ ᠬᠤᠵᠢᠮ ᠳᠠᠭᠠᠨ ᠪᠢ | ᠡᠳᠡᠭᠡᠷ ᠲᠠᠮᠠᠬᠢᠨ ᠲᠤᠭᠤᠭ᠎ᠠ ᠪᠠᠨ ᠴᠤᠭᠯᠠᠭᠤᠯᠵᠤ ᠪᠠᠶᠢᠭᠠᠳ ᠨᠢᠭᠡ ᠰᠠᠶᠢᠬᠠᠨ ᠳᠡᠯᠭᠡᠨ ᠦᠵᠡᠭᠦᠯᠭᠡ ᠬᠢᠬᠦ ᠰᠠᠨᠠᠭᠠᠲᠡᠢ ᠪᠠᠶᠢᠨ᠎ᠠ᠃ ᠨᠡᠩ ᠤᠯᠠᠨ ᠬᠦᠮᠦᠨ ᠳᠤ ᠲᠠᠮᠠᠬᠢ | ᠳᠠᠲᠠᠬᠤ ᠶᠢᠨ ᠬᠤᠤᠷ ᠬᠦᠨᠦᠭᠡᠯ ᠢ ᠮᠡᠳᠡᠷᠡᠬᠦᠯᠵᠦ᠂ ᠴᠢᠨᠠᠭᠰᠢᠳᠠ ᠦᠷ᠎ᠡ ᠬᠤᠶᠢᠴᠢᠰ ᠲᠠᠭᠠᠨ ᠲᠠᠮᠠᠬᠢᠨ ᠲᠤᠭᠤᠭ᠎ᠠ ᠭᠡᠳᠡᠭ ᠡᠶᠢᠮᠤ ᠨᠢᠭᠡ ᠶᠠᠭᠤᠮ᠎ᠠ ᠭᠡᠳᠡᠭ ᠢ | ᠦᠵᠡᠭᠦᠯᠬᠦ ᠰᠠᠨᠠᠭᠠᠲᠠᠢ︾ ᠬᠡᠵᠤ ᠪᠠᠶᠢᠯ᠎ᠠ᠃ | | |