ᠣᠶᠢᠷ᠎ᠠ ᠶᠢᠨ ᠵᠢᠯ ᠠᠴᠠ ᠡᠵᠡᠨ ᠬᠤᠷᠤᠭ᠎ᠠ ᠬᠤᠰᠢᠭᠤᠨ ᠤ ᠤᠯᠠᠭᠠᠨᠮᠥ᠋ᠷᠡᠨ ᠪᠠᠯᠭᠠᠰᠤᠨ ᠤ ᠬᠤᠷᠤᠬᠠᠶᠢᠲᠤ ᠲᠣᠰᠬᠤᠨ ᠨᠠᠮ ᠤᠨ ᠪᠠᠶᠢᠭᠤᠯᠤᠯᠲᠠ ᠪᠠᠷ | ᠤᠳᠤᠷᠢᠳᠤᠮᠵᠢ ᠪᠤᠯᠭᠠᠵᠤ᠂ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠭᠡᠳ᠂ ᠦᠭᠡᠢ ᠠᠴᠠ ᠪᠠᠶᠢᠬᠤ᠂ ᠪᠠᠭᠤᠷᠠᠢ ᠠᠴᠠ ᠬᠦᠴᠦᠷᠬᠡᠭ ᠪᠣᠯᠬᠤ | ᠬᠥᠭᠵᠢᠯᠲᠡ ᠶᠢ ᠪᠡᠶᠡᠯᠡᠭᠦᠯᠪᠡ᠃ ᠣᠷᠴᠢᠮ ᠬᠤᠷᠤᠬᠠᠶᠢᠲᠤ ᠲᠣᠰᠬᠤᠨ ᠤ ᠬᠠᠮᠲᠤ ᠶᠢᠨ ᠠᠵᠤ ᠠᠬᠤᠢ ᠶᠢᠨ ᠲᠡᠵᠢᠭᠡᠨ ᠦᠷᠡᠵᠢᠭᠦᠯᠵᠦ ᠪᠠᠶᠢᠭ᠎ᠠ ᠤᠰᠤᠨ ᠭᠠᠷᠤᠯᠲᠠ | ᠡᠯᠪᠡᠭ ᠬᠤᠷᠢᠶᠠᠯᠲᠠ ᠣᠯᠵᠤ᠂ ᠲᠣᠰᠬᠤᠨ ᠤ ᠠᠷᠠᠳ ᠵᠢᠭᠠᠰᠤᠨ ᠴᠥᠭᠦᠷᠥᠮ ᠳᠤ ᠢᠷᠡᠵᠦ ᠲᠣᠣᠷ ᠢᠶᠠᠨ ᠬᠠᠶᠠᠵᠤ ᠵᠢᠭᠠᠰᠤ ᠱᠦᠭᠦᠨ ᠶᠠᠭᠠᠷᠠᠯᠳᠤᠨ᠎ᠠ᠃ | ᠬᠤᠷᠤᠬᠠᠶᠢᠲᠤ ᠲᠣᠰᠬᠤᠨ ᠤ ᠭᠠᠵᠠᠷ ᠤᠨ ᠪᠠᠶᠢᠴᠠ ᠳᠣᠪᠣᠷᠬᠠᠭ᠂ ᠭᠤᠤ ᠭᠠᠩᠭ᠎ᠠ ᠪᠠᠷ ᠭᠤᠣᠯᠯᠠᠵᠤ᠂ ᠤᠷᠭᠤᠮᠠᠯ ᠤᠨ ᠬᠤᠴᠢᠯᠭ᠎ᠠ ᠨᠡᠯᠢᠶᠡᠳ ᠰᠠᠶᠢᠨ ᠪᠠᠶᠢᠳᠠᠭ | ᠃ ᠪᠥᠬᠦ ᠲᠣᠰᠬᠤᠨ ᠳᠤ 4608 ᠮᠦ ᠲᠠᠷᠢᠶᠠᠨ ᠭᠠᠵᠠᠷ ᠲᠠᠢ᠂ ᠡᠭᠦᠨ ᠳᠤ ᠤᠰᠤᠨ ᠲᠠᠷᠢᠶ᠎ᠠ 1020 ᠮᠦ᠂ ᠬᠠᠳᠤᠯᠠᠩ ᠪᠡᠯᠴᠢᠭᠡᠷ 40652 ᠮᠦ ᠪᠣᠶ᠃ ᠲᠣᠰ | ᠲᠣᠰᠬᠤᠨ ᠡᠷᠬᠢᠨ ᠲᠣᠭᠤᠷᠢᠨ ᠤ ᠡᠬᠢ ᠪᠠᠶᠠᠯᠢᠭ ᠲᠠᠭᠠᠨ ᠲᠦᠰᠢᠭᠯᠡᠨ᠂ ᠨᠠᠮ ᠤᠨ ᠡᠭᠦᠷ ᠤᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠵᠤ᠂ ᠪᠣᠬᠢᠷᠳᠤᠯ ᠦᠭᠡᠢ | ᠠᠮᠢ ᠠᠬᠤᠢ ᠶᠢᠨ ᠠᠵᠤ ᠦᠢᠯᠡᠰ ᠢ ᠢᠳᠡᠪᠬᠢᠲᠡᠢ ᠬᠥᠭᠵᠢᠭᠦᠯᠦᠨ᠂ ᠲᠣᠰᠬᠤᠨ ᠤ ᠱᠠᠲᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠠᠷᠭ᠎ᠠ | ᠵᠠᠮ ᠢ ᠨᠡᠭᠡᠭᠡᠭᠰᠡᠨ ᠪᠠᠶᠢᠨ᠎ᠠ᠃ ᠲᠤᠰᠬᠤᠨ ᠤ ᠨᠢᠭᠡᠳᠦᠭᠡᠷ ᠱᠦᠵᠢ ᠶᠠᠩ ᠰᠢᠶᠣᠣ ᠵᠢᠶᠦ᠋ᠨ᠄ ︽ᠮᠠᠨ ᠤ ᠲᠣᠰᠬᠤᠨ 2020 ᠣᠨ ᠠᠴᠠ 40 ᠮᠦ ᠵᠢᠭᠠᠰᠤᠨ | ᠴᠥᠭᠦᠷᠥᠮ ᠢ ᠬᠠᠮᠲᠤ ᠪᠠᠷ ᠬᠠᠮᠢᠶᠠᠷᠤᠨ ᠡᠵᠡᠩᠨᠡᠵᠦ᠂ ᠠᠮᠤᠷ ᠵᠢᠭᠠᠰᠤ᠂ ᠮᠥᠷᠭᠦ ᠵᠢᠭᠠᠰᠤ ᠵᠡᠷᠭᠡ ᠶᠢ ᠲᠡᠵᠢᠭᠡᠭᠡᠳ ᠨᠢᠭᠡᠳᠦᠭᠡᠷ ᠵᠢᠯ ᠲᠦᠮᠡᠨ ᠵᠢᠩ ᠰᠢᠬᠠᠮ ᠵᠢᠭᠠᠰᠤ | ᠬᠤᠳᠠᠯᠳᠤᠵᠤ᠂ ᠣᠷᠣᠯᠭ᠎ᠠ ᠨᠢ 25 ᠲᠦᠮᠡᠨ ᠲᠥᠭᠦᠷᠢᠭ ᠲᠤ ᠬᠦᠷᠴᠦ᠂ ᠨᠢᠳᠤᠨᠤᠨ 3 ᠲᠦᠮᠡᠨ ᠵᠢᠩ ᠬᠤᠳᠠᠯᠳᠤᠵᠤ᠂ ᠣᠷᠣᠯᠭ᠎ᠠ ᠨᠢ 75 ᠲᠦᠮᠡᠨ | ᠲᠥᠭᠦᠷᠢᠭ ᠲᠤ ᠬᠦᠷᠴᠡᠢ᠃ ᠡᠨᠡ ᠵᠢᠯ ᠪᠠᠷᠤᠭ 4 ᠲᠦᠮᠡᠨ ᠵᠢᠩ ᠬᠤᠳᠠᠯᠳᠤᠵᠤ᠂ ᠣᠷᠣᠯᠭ᠎ᠠ ᠨᠢ ᠵᠢᠱᠢᠯᠲᠡ ᠪᠠᠷ ᠵᠠᠭᠤᠨ ᠲᠦᠮᠡᠨ ᠲᠥᠭᠦᠷᠢᠭ ᠢ ᠳᠠᠪᠠᠭᠤ ᠪᠣᠯᠣᠨ᠎ᠠ︾ | ᠭᠡᠪᠡ᠃ | ︽ᠲᠣᠰᠬᠤᠨ ᠤ ᠡᠯ᠎ᠡ ᠵᠦᠢᠯ ᠤᠨ ᠠᠵᠢᠯ ᠳᠤ ᠰᠠᠨᠠᠭᠠᠴᠢᠯᠠᠭ᠎ᠠ ᠠᠴᠠ ᠪᠠᠨ ᠬᠠᠮᠵᠢᠯᠴᠠᠬᠤ ᠬᠡᠷᠡᠭᠲᠡᠢ︾᠂ ︽ᠲᠣᠰᠬᠤᠨ ᠤ ᠬᠦᠴᠢᠷᠳᠡᠯᠲᠡᠢ ᠬᠥᠮᠥᠰ ᠲᠤ | ᠰᠠᠨᠠᠭᠠᠴᠢᠯᠠᠭ᠎ᠠ ᠠᠴᠠ ᠪᠠᠨ ᠬᠠᠪᠰᠤᠷᠤᠯᠭ᠎ᠠ ᠦᠵᠡᠭᠦᠯᠬᠦ ᠬᠡᠷᠡᠭᠲᠡᠢ︾᠂ ︽ᠰᠠᠶᠢᠨ ᠳᠤᠷ᠎ᠠ ᠠᠴᠠ ᠪᠠᠨ ᠠᠯᠪᠠᠨ ᠵᠢᠷᠤᠮ ᠤᠨ ᠬᠥᠳᠡᠯᠮᠦᠷᠢ ᠳᠤ ᠣᠷᠤᠯᠴᠠᠬᠤ ᠬᠡᠷᠡᠭᠲᠡᠢ︾ | ᠁ ᠬᠤᠷᠤᠬᠠᠶᠢᠲᠤ ᠲᠣᠰᠬᠤᠨ ᠤ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠬᠤᠪᠢ ᠬᠤᠷᠠᠮᠳᠤᠭᠤᠯᠬᠤ ᠬᠡᠲᠦ ᠳᠡᠯᠭᠡᠭᠦᠷ ᠲᠤ ᠡᠯ᠎ᠡ ᠵᠦᠢᠯ ᠤᠨ ᠰᠢᠨ᠎ᠡ | ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠱᠠᠩᠨᠠᠯ ᠬᠥᠬᠢᠭᠦᠯᠦ᠋ᠯ ᠤᠨ ᠳᠦᠷᠢᠮ ᠢᠯᠡ ᠬᠠᠷᠠᠭᠳᠠᠨ᠎ᠠ᠃ | ᠬᠤᠷᠤᠬᠠᠶᠢᠲᠤ ᠲᠣᠰᠬᠤᠨ ᠴᠡᠭ ᠢᠶᠠᠷ ᠨᠡᠶᠢᠳᠡᠮ ᠢ ᠳᠠᠶᠢᠴᠢᠯᠠᠵᠤ᠂ ᠠᠶᠢᠯ ᠡᠷᠦᠬᠡ ᠪᠣᠯᠭᠠᠨ ᠤᠬᠠᠮᠰᠠᠷ ᠠᠴᠠ ᠪᠠᠨ ᠬᠥᠳᠡᠯᠦ᠋ᠯᠴᠡᠵᠦ᠂ ᠡᠷᠦᠬᠡ ᠪᠦᠷᠢ | ᠬᠠᠷᠢᠯᠴᠠᠨ ︽ᠠᠳᠠᠯᠢᠳᠬᠠᠨ ᠠᠵᠢᠯᠯᠠᠵᠤ︾᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠰᠢᠨ᠎ᠡ ᠳᠦᠷᠰᠦ ᠪᠠᠶᠢᠳᠠᠯ ᠢ ᠪᠣᠶ ᠪᠣᠯᠭᠠᠪᠠ᠃ | ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠲᠣᠰᠬᠤᠨ ᠤ ᠳᠦᠷᠰᠦ ᠪᠠᠶᠢᠳᠠᠯ ᠢ ᠰᠠᠶᠢᠵᠢᠷᠠᠭᠤᠯᠵᠤ᠂ ᠠᠷᠠᠳ ᠤᠨ ᠵᠣᠯ ᠵᠢᠷᠭᠠᠯᠲᠤ ᠲᠥᠷᠥᠭᠳᠡᠯ ᠢ | ᠨᠡᠮᠡᠭᠳᠡᠭᠦᠯᠬᠦ ᠶᠢᠨ ᠲᠥᠯᠥ᠋ᠭᠡ ᠬᠤᠷᠤᠬᠠᠶᠢᠲᠤ ᠲᠣᠰᠬᠤᠨ 70 ᠭᠠᠷᠤᠢ ᠲᠦᠮᠡᠨ ᠲᠥᠭᠦᠷᠢᠭ ᠤᠨ ᠪᠡᠯᠡ ᠣᠷᠣᠭᠤᠯᠵᠤ᠂ 200 ᠭᠠᠷᠤᠢ ᠲᠡᠭᠰᠢ ᠳᠥᠷᠪᠡᠯᠵᠢᠨ ᠮᠧᠲᠷ | ᠲᠣᠰᠬᠤᠨ ᠤ ᠠᠵᠢᠯᠯᠠᠭᠠᠨ ᠤ ᠲᠠᠰᠤᠭ ᠢ ᠰᠢᠨ᠎ᠡ ᠪᠠᠷ ᠥᠷᠭᠡᠳᠬᠡᠨ ᠪᠠᠶᠢᠭᠤᠯᠵᠤ᠂ 6 ᠲᠦᠮᠡ ᠭᠠᠷᠤᠢ ᠲᠥᠭᠦᠷᠢᠭ ᠤᠨ ᠪᠡᠯᠡ ᠣᠷᠣᠭᠤᠯᠤᠨ᠂ ᠵᠠᠮ ᠤᠨ ᠳ᠋ᠧᠩ | ᠤᠭᠰᠠᠷᠠᠵᠤ᠂ ᠡᠪᠳᠡᠷᠡᠵᠦ ᠰᠦᠢᠳᠦᠭᠰᠡᠨ ᠵᠠᠮ ᠢ ᠰᠡᠯᠪᠢᠨ ᠵᠠᠰᠠᠪᠠ᠃ 2020 ᠣᠨ ᠠᠴᠠ ᠶᠡᠭᠡ ᠳᠡᠭᠡᠳᠦ ᠰᠤᠷᠭᠠᠭᠤᠯᠢ ᠳᠤ ᠣᠷᠣᠭᠰᠠᠨ ᠣᠶᠤᠲᠠᠳ ᠲᠤ ᠬᠥᠮᠥᠨ | ᠪᠦᠷᠢ ᠳᠤ 1000 ᠲᠥᠭᠦᠷᠢᠭ ᠲᠤᠰᠠᠯᠠᠵᠤ᠂ 2021 ᠣᠨ ᠳᠤ 70 ᠨᠠᠰᠤᠨ ᠠᠴᠠ ᠳᠡᠭᠡᠭᠰᠢᠬᠢ 68 ᠨᠠᠰᠤᠲᠠᠨ ᠳᠤ ᠡᠮ ᠡᠮᠨᠡᠯᠭᠡ ᠶᠢᠨ ᠳᠠᠭᠠᠳᠬᠠᠯ ᠲᠤᠰᠢᠶᠠᠵᠤ | ᠥᠭᠪᠡ᠃ ᠬᠤᠷᠤᠬᠠᠶᠢᠲᠤ ᠲᠣᠰᠬᠤᠨ ᠳᠡᠭᠡᠳᠦ ᠱᠠᠲᠤᠨ ᠤ ᠰᠠᠯᠠᠭ᠎ᠠ ᠮᠥᠴᠢᠷ ᠠᠴᠠ 43 ᠲᠦᠮᠡᠨ ᠲᠥᠭᠦᠷᠢᠭ ᠤᠨ ᠪᠡᠯᠡ ᠮᠥᠩᠭᠦ ᠣᠯᠵᠤ᠂ ᠥᠪᠡᠰᠦᠪᠡᠨ 6 | ᠲᠦᠮᠡᠨ ᠲᠥᠭᠦᠷᠢᠭ ᠴᠤᠭᠯᠠᠭᠤᠯᠵᠤ᠂ 6.2 ᠺᠢᠯᠣᠮᠧᠲᠷ ᠤᠨ ᠬᠠᠶᠢᠷ ᠴᠢᠯᠠᠭᠤᠨ ᠵᠠᠮ ᠢ ᠰᠢᠨ᠎ᠡ ᠪᠠᠷ ᠵᠠᠰᠠᠪᠠ᠃ | ᠬᠥᠳᠡᠭᠡ ᠲᠣᠰᠬᠤᠨ ᠤ ᠪᠠᠶᠠᠨ ᠡᠰᠡᠬᠦ ᠶᠢᠨ ᠵᠠᠩᠭᠢᠯᠠᠭ᠎ᠠ ᠨᠢ ᠨᠠᠮ ᠤᠨ ᠡᠭᠦᠷ ᠲᠤ ᠪᠠᠶᠢᠨ᠎ᠠ᠂ ᠬᠠᠮᠲᠤ ᠨᠡᠶᠢᠲᠡ ᠶᠢᠨ ᠬᠦᠴᠦᠷᠬᠡᠭ ᠡᠰᠡᠬᠦ ᠨᠢ | ᠳᠠᠭᠠᠭᠤᠯᠤᠭᠴᠢ ᠳᠤ ᠪᠠᠶᠢᠨ᠎ᠠ᠃ ᠥᠨᠥᠳᠥᠷ ᠬᠤᠷᠤᠬᠠᠶᠢᠲᠤ ᠲᠣᠰᠬᠤᠨ ᠤ ᠠᠵᠤ ᠦᠢᠯᠡᠰ ᠬᠥᠭᠵᠢᠨ᠂ ᠠᠷᠠᠳ ᠤᠨ ᠠᠮᠢᠳᠤᠷᠠᠯ ᠴᠢᠨᠡᠭᠡᠯᠢᠭᠵᠢᠵᠦ᠂ ᠰᠢᠨ᠎ᠡ ᠬᠥᠳᠡᠭᠡ | ᠲᠣᠰᠬᠤᠨ ᠤ ᠳᠦᠷᠰᠦ ᠪᠠᠶᠢᠳᠠᠯ ᠢᠳᠡᠭ ᠢᠳᠡᠭ ᠢᠶᠠᠷ ᠪᠡᠶᠡᠯᠡᠭᠳᠡᠵᠦ ᠪᠠᠶᠢᠨ᠎ᠠ᠃ ᠬᠤᠷᠤᠬᠠᠶᠢᠲᠤ ᠲᠣᠰᠬᠤᠨ ᠤᠷᠢᠳ ᠬᠤᠵᠢᠳ ᠥᠪᠡᠷᠲᠡᠭᠡᠨ ᠵᠠᠰᠠᠬᠤ ᠣᠷᠣᠨ᠂ | ᠬᠤᠲᠠ᠂ ᠬᠤᠰᠢᠭᠤᠨ ᠤ ᠡᠷᠡᠭᠦᠯ ᠬᠠᠮᠠᠭᠠᠯᠠᠯ ᠤᠨ ᠲᠣᠰᠬᠤᠨ᠂ ᠪᠣᠯᠪᠠᠰᠤᠨ ᠭᠠᠴᠠᠭ᠎ᠠ ᠲᠣᠰᠬᠤᠨ ᠢᠶᠠᠷ ᠨᠡᠷᠡᠶᠢᠳᠦᠭᠳᠡᠵᠦ᠂ ᠲᠣᠰᠬᠤᠨ ᠤ ᠨᠠᠮ ᠤᠨ ᠡᠭᠦᠷ ᠨᠢ | ᠬᠤᠰᠢᠭᠤᠨ ᠤ ᠵᠣᠬᠢᠶᠠᠨ ᠪᠠᠶᠢᠭᠤᠯᠬᠤ ᠬᠡᠯᠲᠡᠰ ᠲᠤ ︽ᠠᠷᠪᠠᠨ ᠣᠳᠣᠨ ᠲᠠᠰ ᠤᠨ ᠨᠠᠮ ᠤᠨ ᠡᠭᠦᠷ︾ ᠢᠶᠠᠷ ᠨᠡᠷᠡᠶᠢᠳᠦᠭᠳᠡᠵᠡᠢ᠃ | | |