ᠬᠤᠲᠠ ᠬᠥᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠭᠥᠷᠳᠡᠬᠦ ᠡᠲᠡᠭᠡᠳ ᠪᠠ ᠬᠥᠳᠡᠭᠡ ᠲᠣᠰᠬᠤᠨ ᠤ ᠣᠨᠴᠠ ᠬᠦᠴᠢᠷᠳᠡᠯᠲᠡᠢ ᠬᠥᠮᠥᠰ ᠤᠨ | ᠦᠨᠳᠦᠰᠦᠨ ᠠᠮᠢᠳᠤᠷᠠᠯ ᠤᠨ ᠳᠠᠷᠤᠭᠠᠰᠤ ᠶᠢ ᠬᠥᠩᠭᠡᠷᠡᠭᠦᠯᠬᠦ ᠶᠢᠨ ᠲᠥᠯᠥᠭᠡ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ ᠤᠨ ︽ᠮᠠᠨ ᠤ ᠣᠷᠣᠨ ᠤ ᠰᠠᠭᠤᠭᠠᠯᠢ ᠠᠷᠠᠳ ᠤᠨ ᠠᠮᠢᠳᠤᠷᠠᠯ ᠳᠤ ᠬᠡᠷᠡᠭᠯᠡᠬᠦ ᠴᠠᠬᠢᠯᠭᠠᠨ ᠳᠤ ᠱᠠᠲᠤᠯᠢᠭ ᠴᠠᠬᠢᠯᠭᠠᠨ ᠤ ᠦᠨ᠎ᠡ ᠶᠢ ᠲᠤᠷᠰᠢᠨ ᠬᠡᠷᠡᠭᠵᠢᠭᠦᠯᠬᠦ | ᠲᠤᠬᠠᠢ ᠮᠡᠳᠡᠭᠳᠡᠯ︾ ᠪᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ︽ᠥᠪᠥᠷ ᠮᠣᠩᠭᠤᠯ ᠤᠨ ᠮᠧᠩ ᠰᠢ ᠣᠷᠣᠨ ᠤ 2022 | ᠣᠨ ᠤ 4 — 6 ᠳ᠋ᠤᠭᠠᠷ ᠰᠠᠷ᠎ᠠ ᠶᠢᠨ ᠬᠤᠲᠠ ᠬᠥᠳᠡᠭᠡ ᠶᠢᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ ᠪᠠ ᠮᠠᠯᠵᠢᠬᠤ ᠲᠠᠷᠢᠶᠠᠯᠠᠬᠤ ᠣᠷᠣᠨ ᠤ ᠣᠨᠴᠠ | ᠬᠦᠴᠢᠷᠳᠡᠯᠲᠡᠢ ᠬᠥᠮᠥᠰ ᠲᠤ ᠴᠠᠬᠢᠯᠭᠠᠨ ᠤ ᠦᠨ᠎ᠡ ᠶᠢᠨ ᠨᠥᠬᠦᠪᠦᠷᠢ ᠮᠥᠩᠭᠦ ᠶᠢ ᠪᠠᠭᠤᠯᠭᠠᠬᠤ ᠲᠤᠬᠠᠢ ᠮᠡᠳᠡᠭᠳᠡᠯ︾ ︵ᠥᠪᠥᠷ ᠠᠷᠠᠳ ᠶᠠᠪᠤᠳᠠᠯ ᠠᠯᠪᠠᠨ | ᠦᠰᠦᠭᠳᠦ ﹇2022﹈ 54 ᠳ᠋ᠣᠭᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠮᠠᠨ ᠤ ᠲᠣᠪᠴᠢᠶ᠎ᠠ ᠴᠠᠬᠢᠯᠭᠠᠨ ᠤ ᠦᠨ᠎ᠡ ᠶᠢᠨ ᠨᠥᠬᠦᠪᠦᠷᠢ ᠮᠥᠩᠭᠦ ᠶᠢ ᠴᠠᠭ | ᠲᠤᠬᠠᠢ ᠳᠤᠨᠢ ᠬᠤᠰᠢᠭᠤ ᠲᠣᠭᠤᠷᠢᠭ ᠲᠤ ᠰᠠᠯᠭᠠᠨ ᠦᠭᠴᠣ ᠳᠡᠷᠡᠴᠢᠯᠡᠨ15 ᠠᠵᠢᠯᠯᠠᠬᠤ ᠡᠳᠦᠷ ᠤᠨ ᠳᠣᠲᠣᠷ᠎ᠠ ᠲᠠᠷᠬᠠᠭᠠᠵᠤ ᠳᠠᠭᠤᠰᠬᠠᠪᠠ᠃ | ᠪᠥᠬᠦ ᠬᠤᠲᠠ ᠲᠦᠷᠦᠭᠦᠸ ᠬᠠᠭᠠᠰ ᠵᠢᠯ ᠳᠤ ᠨᠡᠶᠢᠲᠡ 72.29 ᠲᠦᠮᠡᠨ ᠲᠥᠭᠦᠷᠢᠭ ᠤᠨ ᠴᠠᠬᠢᠯᠭᠠᠨ ᠤ ᠦᠨ᠎ᠡ ᠶᠢᠨ ᠨᠥᠬᠦᠪᠦᠷᠢ ᠮᠥᠩᠭᠦ ᠲᠠᠷᠬᠠᠭᠠᠵᠤ᠂ | ᠨᠡᠶᠢᠲᠡ58299 ᠡᠷᠤᠭᠡ ᠬᠤᠲᠠ ᠬᠥᠳᠡᠭᠡ ᠶᠢᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠡᠲᠡᠭᠡᠳ ᠪᠠ ᠬᠥᠳᠡᠭᠡ ᠲᠣᠰᠬᠤᠨ ᠤ ᠣᠨᠴᠠ | ᠬᠦᠴᠢᠷᠳᠡᠯᠲᠡᠢ ᠬᠥᠮᠥᠰ ᠲᠤ ᠳᠤ ᠠᠰᠢᠭ ᠬᠦᠷᠲᠡᠭᠡᠪᠡ᠃ | | |